| ᠦᠪᠦᠷ ᠵᠠᠰᠠᠭ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ 365赢多少钱会被限额_国内有真正的365平台吗_365bet博彩官网 | ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽2020 ᠣᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠦᠯᠦᠪᠯᠡᠭᠡ︾ ᠶᠢ ᠨᠢᠭᠡᠨᠲᠡ ᠦᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠪᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠭᠦᠯᠲᠦᠭᠡᠢ᠃ | | 2020 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ | | | | 2020 ᠣᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ | | | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠰᠡᠭᠦᠯ | ᠬᠤᠷᠢᠶᠠᠬᠤ ᠵᠢᠯ ᠪᠣᠯᠣᠨ᠎ᠠ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠵᠤ | ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠣᠷᠣᠨ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ︽ | ᠳᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠬᠢᠬᠦ ᠪᠠᠷ ᠬᠦᠳᠡᠯᠭᠡᠭᠴᠢ ᠬᠦᠴᠦᠨ | ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠤ ᠢᠯᠠᠯᠲᠡ ᠶᠢ ᠡᠷᠡᠰ | ᠲᠡᠮᠡᠴᠡᠨ ᠣᠯᠵᠤ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ | ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠶᠢ ᠵᠦᠢ ᠵᠣᠬᠢᠰᠲᠠᠢ ᠬᠡᠪᠴᠢᠶᠡᠨ ᠳᠤ ᠠᠵᠢᠯᠯᠠᠭᠤᠯᠬᠤ ᠶᠢ ᠪᠠᠲᠤᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠦᠨᠡᠨ ᠬᠦ ᠪᠠᠲᠤᠯᠠᠵᠤ᠂ ᠠᠷᠠᠳ | ᠣᠯᠠᠨ ᠳᠤ ᠮᠡᠳᠡᠷᠡᠭᠳᠡᠨ ᠲᠠᠭᠠᠰᠢᠶᠠᠭᠳᠠᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠭᠰᠠᠨ ᠪᠠᠶᠢᠬᠤ ᠬᠡᠷᠡᠭᠲᠡᠢ᠃ | 2020 ᠣᠨ ᠤ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ | ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠠᠵᠢᠯ ᠣᠯᠣᠭᠰᠠᠳ ᠢ 22 ᠲᠦᠮᠡ | ᠭᠠᠷᠤᠢ ᠰᠢᠨ᠎ᠡ ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 5.5% ᠣᠷᠴᠢᠮ ᠳᠤ ᠪᠠᠶᠢᠯᠭᠠᠵᠤ᠂ | ᠬᠤᠲᠠ ᠪᠠᠯᠭᠠᠰᠤᠨ ᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ ᠶᠢ 4.5% ᠲᠤᠳᠤᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ | ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠠᠯᠬᠤᠮ ᠳᠤ ᠪᠠᠶᠢᠯᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠤᠳᠤᠬᠠᠨ ᠤ ᠪᠠᠶᠢᠳᠠᠯ ᠳᠤ ᠪᠠᠨ ᠰᠠᠭᠤᠷᠢᠯᠠᠨ᠂ ᠠᠯᠤᠰ ᠬᠤᠯᠠ ᠶᠢ ᠪᠣᠳᠣᠯᠬᠢᠯᠠᠵᠤ᠂ ᠦᠪᠦᠷ | ᠮᠣᠩᠭᠤᠯ ᠤᠨ ᠠᠵᠢᠯ ᠤᠨ ᠲᠣᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠲᠤᠭᠤᠰᠢᠯᠠᠭᠤᠯᠤᠨ᠂ ᠲᠣᠭᠲᠠᠭᠤᠨ ᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠪᠠᠶᠢᠯᠭᠠᠬᠤ︾ ᠴᠢᠭᠯᠡᠯᠲᠡ ᠶᠢ ᠪᠠᠷᠢᠮᠲᠠᠯᠠᠨ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ | ᠬᠦᠳᠡᠯᠭᠡᠭᠦᠷ ᠪᠣᠯᠭᠠᠬᠤ ᠪᠠ ᠦᠭᠡᠷᠡᠴᠢᠯᠡᠯᠲᠡ ᠨᠡᠭᠡᠭᠡᠯᠲᠡ ᠪᠠᠷ ᠬᠦᠳᠡᠯᠭᠡᠭᠴᠢ ᠬᠦᠴᠦᠨ ᠪᠣᠯᠭᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠭᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ | ᠶᠢᠨ ᠠᠮᠦᠷ ᠲᠥᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠣᠯᠭᠠᠨ᠎ᠠ᠃ | ᠨᠢᠭᠡ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ | ᠲᠤᠯᠭᠠᠭᠤᠷᠢᠯᠠᠯ ᠢ ᠴᠢᠩᠭᠠᠷᠠᠭᠤᠯᠤᠨ᠎ᠠ | ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠲᠤ ᠠᠷᠠᠯᠵᠢᠶ᠎ᠠ᠂ ᠭᠠᠳᠠᠭᠠᠲᠣ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠦᠰᠦᠭᠡᠯᠡᠯ ᠢ ᠲᠣᠭᠲᠠᠭᠤᠨ | ᠪᠠᠶᠢᠯᠭᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭᠠᠷᠠᠭᠤᠯᠵᠤ᠂ ᠪᠦᠲᠦᠮᠵᠢᠲᠡᠢ ᠬᠡᠷᠡᠭᠴᠡᠭᠡ | ᠱᠠᠭᠠᠷᠳᠠᠯᠭ᠎ᠠ ᠶᠢᠨ ᠬᠡᠪᠴᠢᠶᠡᠵᠢᠯ ᠢ ᠢᠳᠡᠪᠬᠢᠲᠡᠢ ᠪᠠᠷ ᠥᠷᠭᠡᠳᠭᠡᠨ᠂ ᠠᠵᠤ ᠠᠬᠤᠢ ᠶᠢ ᠵᠦᠢ ᠵᠣᠬᠢᠰᠲᠠᠢ ᠬᠡᠪᠴᠢᠶᠡᠨ ᠳᠤ ᠠᠵᠢᠯᠯᠠᠭᠤᠯᠬᠤ ᠶᠢ ᠦᠨᠡᠨ ᠬᠦ ᠪᠠᠲᠤᠯᠠᠵᠤ᠂ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠣᠷᠤᠭᠰᠢᠯᠠᠭᠤᠯᠬᠤ ᠶᠢ ᠠᠬᠢᠭᠤᠯᠤᠨ᠎ᠠ᠃ | ︵ᠨᠢᠭᠡ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠨᠡᠩ ᠢᠳᠡᠪᠬᠢᠲᠡᠢ ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠬᠤ ᠶᠡᠷᠦᠩᠬᠡᠢ ᠬᠡᠮᠵᠢᠶ᠎ᠡ ᠶᠢ ᠲᠣᠭᠲᠠᠪᠤᠷᠢᠵᠢᠭᠤᠯᠤᠨ᠂ ᠠᠵᠢᠯ | ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ | ᠭᠤᠣᠯᠳᠠᠯᠭ᠎ᠠ ᠪᠣᠯᠭᠠᠭᠰᠠᠨ ᠵᠠᠯᠠᠭᠤᠴᠤᠳ᠂ ᠠᠵᠢᠯ ᠠᠯᠳᠠᠭᠰᠠᠳ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ | ᠣᠯᠭᠤᠬᠤ ᠶᠢ ᠰᠠᠶᠢᠲᠤᠷ ᠠᠳᠬᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠠᠵᠢᠯ ᠣᠯᠬᠤ ᠳᠤ | ᠬᠦᠴᠢᠷᠲᠡᠢ ᠬᠦᠮᠦᠰ ᠢ ᠦᠨᠳᠦᠰᠦᠨ ᠠᠴᠠ ᠨᠢ ᠬᠠᠪᠰᠤᠷᠤᠨ ᠲᠡᠳᠭᠦᠬᠦ᠂ ᠨᠢᠭᠡ ᠨᠢ ᠴᠦ ᠠᠵᠢᠯ ᠣᠯᠣᠭᠠᠳᠤᠢ ᠭᠡᠷ ᠪᠦᠯᠢ ᠳᠤ ᠬᠦᠳᠡᠯᠦᠩᠭᠦᠢ ᠪᠠᠷ ᠠᠵᠢᠯ ᠣᠯᠭᠤᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯᠲᠠᠨ ᠬᠡᠷᠡᠭᠯᠡᠬᠦ᠂ ᠠᠵᠢᠯ ᠡᠷᠢᠬᠦ ᠶᠢᠨ | ᠬᠡᠷᠡᠭᠴᠡᠭᠡ ᠱᠠᠭᠠᠷᠳᠠᠯᠭ᠎ᠠ ᠶᠢ ᠪᠣᠯᠪᠠᠰᠤᠷᠠᠭᠤᠯᠤᠯ ᠤᠨ ᠮᠡᠳᠡᠭᠡ ᠵᠠᠩᠭᠢ ᠯᠤᠭ᠎ᠠ ᠶᠢᠨ ᠵᠠᠯᠭᠠᠯᠳᠤᠭᠤᠯᠤᠭᠰᠠᠨ ᠲᠣᠭᠲᠠᠴᠠ ᠶᠢ ᠪᠠᠶᠢᠭᠤᠯᠤᠨ᠎ᠠ᠃ ᠦᠢᠯᠡᠰ ᠴᠤᠭᠴᠠᠯᠠᠬᠤ ᠪᠠᠷ | ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠢ | ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠨ᠎ᠠ᠃ ᠤᠷ᠎ᠠ ᠮᠡᠷᠭᠡᠰᠢᠯ ᠤᠨ ᠴᠢᠳᠠᠪᠤᠷᠢᠲᠠᠨ ᠲᠤᠳᠠᠭᠳᠠᠵᠤ ᠪᠠᠶᠢᠭ᠎ᠠ ᠠᠰᠠᠭᠤᠳᠠᠯ ᠢ ᠲᠦᠷᠭᠡᠬᠡᠨ | ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠪᠠ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠡᠯᠰᠡᠬᠦ ᠰᠤᠷᠤᠭᠴᠢ ᠪᠠᠨ ᠨᠡᠮᠡᠭᠳᠡᠭᠦᠯᠵᠦ ᠴᠢᠨᠠᠷ ᠴᠢᠨᠰᠠᠭ᠎ᠠ ᠪᠠᠨ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠲᠦᠴᠡ ᠶᠢᠨ ᠴᠢᠨᠠᠷᠲᠠᠢ ᠠᠵᠢᠯ | ᠣᠯᠭᠤᠯᠲᠠ ᠶᠢᠨ ᠵᠦᠷᠢᠴᠡᠯ ᠢ ᠠᠷᠢᠯᠭᠠᠨ᠎ᠠ᠃ | ︵ᠬᠤᠶᠠᠷ︶ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠮᠦᠩᠭᠦᠨ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠳᠠᠭᠠᠯᠠᠮᠵᠢ ᠶᠢᠨ | ᠪᠡᠯᠡᠳᠭᠡᠯ ᠮᠦᠩᠭᠦᠨ ᠤ ᠨᠤᠷᠮ᠎ᠠ ᠶᠢ ᠬᠠᠨᠳᠤᠯᠭ᠎ᠠ ᠲᠠᠢ ᠪᠠᠷ ᠪᠠᠭᠤᠷᠠᠭᠤᠯᠬᠤ ᠵᠡᠷᠭᠡ ᠤᠯᠤᠰ ᠤᠨ ᠵᠤᠭᠤᠰᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠰᠠᠶᠢᠲᠤᠷ | ᠬᠡᠷᠡᠭᠯᠡᠵᠦ᠂ ᠮᠦᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠪᠡᠯᠡ ᠲᠣᠬᠢᠷᠠᠭᠤᠯᠭ᠎ᠠ ᠶᠢᠨ ᠪᠦᠲᠦᠴᠡ ᠪᠠ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠠᠨᠠᠢ ᠭᠤᠭᠴᠤᠭᠠᠨ ᠳᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦ ᠦᠢᠯᠡᠰ ᠤᠨ ᠤᠷᠲᠤᠪᠲᠣᠷ | ᠪᠠ ᠤᠷᠲᠤ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢ ᠴᠢᠩᠭᠠᠳᠬᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠡᠩ ᠰᠠᠶᠢᠲᠤᠷ ᠨᠠᠮᠳᠠᠭᠠᠵᠤ᠂ ᠬᠠᠩᠭᠠᠯᠭ᠎ᠠ | ᠬᠡᠷᠡᠭᠴᠡᠭᠡ ᠬᠤᠶᠠᠷ ᠲᠠᠯ᠎ᠠ ᠪᠠᠷ ᠬᠦᠴᠦᠯᠡᠨ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢᠨ ᠰᠠᠭᠠᠳ ᠬᠠᠷᠰᠢ ᠶᠢ ᠨᠢ ᠠᠷᠢᠯᠭᠠᠵᠤ᠂ ᠰᠢᠭᠤᠳ ᠪᠡᠯᠡ ᠲᠣᠬᠢᠷᠠᠭᠤᠯᠬᠤ | ᠬᠡᠪᠴᠢᠶᠡᠵᠢᠯ ᠢ ᠥᠷᠭᠡᠳᠭᠡᠨ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠦᠪᠡᠷ ᠤᠨ ᠥᠷᠲᠡᠭ ᠤᠨ ᠪᠠᠭᠤᠷᠠᠯᠲᠠ ᠶᠢ ᠠᠬᠢᠭᠤᠯᠤᠨ᠎ᠠ᠃ | ᠲᠦᠷᠦᠯ ᠵᠦᠢᠯ ᠤᠨ ᠪᠡᠯᠡ ᠮᠦᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠤᠯᠤᠰ ᠤᠨ ᠡᠯ᠎ᠡ ᠲᠦᠷᠦᠯ ᠤᠨ ᠪᠡᠯᠡ ᠮᠦᠩᠭᠦᠨ ᠤ ᠳᠡᠮᠵᠢᠯᠭᠡ ᠶᠢ ᠢᠳᠡᠪᠬᠢᠲᠡᠢ ᠴᠢᠷᠮᠠᠶᠢᠨ | ᠣᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠲᠡᠭᠲᠦ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠮᠦᠩᠭᠦᠨ | ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠭᠤᠷᠪᠠ ᠶᠢᠨ ᠪᠡᠯᠡ ᠲᠣᠬᠢᠷᠠᠭᠤᠯᠬᠤ ᠶᠢ ᠵᠠᠯᠭᠠᠯᠳᠤᠭᠤᠯᠬᠤ ᠠᠵᠢᠯ ᠢᠶᠠᠨ ᠦᠷᠭᠦᠯᠵᠢᠯᠡᠨ ᠦᠷᠨᠢᠭᠦᠯᠵᠦ᠂ ᠵᠠᠰᠠᠭ ᠤᠨ | ᠣᠷᠳᠣᠨ ᠤ ᠡᠯ᠎ᠡ ᠲᠦᠷᠦᠯ ᠤᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠶᠢ ᠵᠢᠷᠤᠮᠵᠢᠭᠤᠯᠤᠨ ᠬᠥᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ | ᠡᠷᠴᠢᠮ ᠢ ᠴᠢᠩᠭᠠᠷᠠᠭᠤᠯᠵᠤ᠂ ᠨᠡᠩ ᠣᠯᠠᠨ ᠪᠡᠯᠡ ᠮᠦᠩᠭᠦ ᠪᠠ ᠠᠵᠤ ᠦᠢᠯᠡᠰ ᠢ ᠮᠠᠨ ᠤ ᠣᠷᠣᠨ ᠳᠤ ᠪᠠᠨ ᠲᠠᠲᠠᠵᠤ ᠠᠪᠴᠢᠷᠠᠨ᠎ᠠ᠃ | ︵ᠭᠤᠷᠪᠡ︶ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠤᠭᠲᠠᠭᠤᠨ ᠪᠠᠶᠢᠯᠭᠠᠬᠤ ᠶᠢᠨ ᠳᠠᠭᠠᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ | ᠭᠠᠳᠠᠭᠠᠳᠤ ᠠᠷᠠᠯᠵᠢᠶ᠎ᠠ ᠶᠢ ᠰᠢᠯᠢᠳᠡᠭᠵᠢᠭᠦᠯᠵᠦ ᠳᠡᠰ ᠳᠡᠪᠰᠢᠭᠦᠯᠬᠦ ᠶᠢ ᠲᠦᠷᠭᠡᠳᠭᠡᠵᠦ᠂ ᠠᠵᠤ ᠠᠬᠤᠶᠢᠯᠠᠯ ᠤᠨ ᠬᠢᠨ ᠤ ᠣᠯᠠᠨ ᠡᠰᠢᠵᠢᠭᠰᠡᠨ ᠵᠠᠬ᠎ᠠ ᠳᠡᠯᠭᠡᠭᠦᠷ ᠢ | ᠨᠡᠭᠡᠭᠡᠨ ᠥᠷᠭᠡᠳᠭᠡᠬᠦ ᠶᠢ ᠨᠢ ᠵᠣᠷᠢᠭᠵᠢᠭᠤᠯᠤᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ | ᠠᠬᠢᠭᠤᠯᠵᠤ᠂ ᠨᠡᠩ ᠣᠯᠠᠨ ︽ᠮᠧᠩ ︵ᠬᠢᠲᠠᠳ ᠦᠰᠦᠭ︶ ᠦᠰᠦᠭᠲᠦ ᠲᠡᠮᠲᠡᠭ︾ ᠲᠠᠢ ᠴᠢᠨᠠᠷ ᠰᠠᠶᠢᠲᠠᠢ ᠪᠦᠲᠦᠭᠡᠭᠳᠡᠭᠦᠨ ᠢ ᠭᠠᠳᠠᠭᠰᠢ ᠭᠠᠷᠭᠠᠬᠤ ᠶᠢ ᠨᠢ | ᠠᠬᠢᠭᠤᠯᠤᠨ᠎ᠠ᠃ ᠬᠢᠯᠢ ᠶᠢᠨ ᠠᠷᠠᠯᠵᠢᠶ᠎ᠠ ᠶᠢᠨ ᠪᠣᠯᠪᠠᠰᠤᠷᠠᠭᠤᠯᠬᠤ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠪᠣᠢ ᠪᠣᠯᠭᠠᠵᠤ᠂ ᠦᠢᠯᠡᠴᠢᠯᠡᠭᠡᠨ ᠤ ᠠᠷᠠᠯᠵᠢᠶ᠎ᠠ ᠶᠢ | ᠶᠡᠭᠡ ᠪᠠᠷ ᠬᠥᠭᠵᠢᠭᠦᠯᠦᠨ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ᠃ ᠮᠠᠨ ᠤ ᠣᠷᠣᠨ ᠠᠴᠠ | ᠠᠶᠠᠯᠠᠯ ᠢᠶᠠᠨ ᠡᠬᠢᠯᠡᠭᠦᠯᠵᠦ ᠪᠠᠶᠢᠭ᠎ᠠ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠴᠢᠨᠠᠷ ᠢ ᠰᠠᠶᠢᠵᠢᠷᠠᠭᠤᠯᠤᠨ ᠪᠠᠭᠲᠠᠭᠠᠮᠵᠢ ᠶᠢ ᠨᠡᠮᠡᠭᠳᠡᠭᠦᠯᠬᠦ ᠶᠢ ᠨᠢ | ᠳᠡᠮᠵᠢᠵᠦ᠂ ᠭᠠᠳᠠᠭᠠᠳᠤ ᠠᠴᠠ ᠣᠷᠤᠭᠤᠯᠤᠨ ᠭᠠᠳᠠᠭᠠᠳᠤ ᠳᠤ ᠭᠠᠷᠭᠠᠬᠤ ᠭᠦᠢᠯᠭᠡᠭᠡᠨ ᠶᠡᠬᠡᠲᠡᠢ ᠪᠦᠲᠦᠭᠡᠭᠳᠡᠭᠦᠨ ᠢ ᠪᠤᠲᠠᠲᠠᠢ ᠭᠠᠵᠠᠷ ᠲᠤ ᠰᠠᠭᠤᠷᠢᠰᠢᠭᠤᠯᠵᠤ | ᠪᠣᠯᠪᠠᠰᠤᠷᠠᠭᠤᠯᠬᠤ ᠶᠢ ᠠᠬᠢᠭᠤᠯᠵᠤ᠂ ᠪᠦᠬᠦ ᠵᠢᠯ ᠳᠠᠬᠢ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 260 ᠠᠶᠠᠯᠠᠭᠤᠯᠬᠤ ᠪᠠᠷ ᠴᠢᠷᠮᠠᠶᠢᠨ᠎ᠠ᠃ | ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠬᠤ ᠪᠠ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠪᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠪᠤᠭᠤᠮᠲᠠ ᠶᠢᠨ | ᠣᠨᠴᠠᠭᠠᠢ ᠬᠢᠨᠠᠨ ᠬᠠᠮᠢᠶᠠᠷᠬᠤ ᠣᠷᠣᠨ ᠤ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠶᠢ ᠠᠬᠢᠭᠤᠯᠤᠨ ᠳᠡᠭᠡᠭᠰᠢᠯᠡᠭᠦᠯᠦᠨ᠎ᠡ᠃ ︽ᠭᠠᠳᠠᠭᠠᠳᠤ ᠪᠡᠯᠡ ᠶᠢ ᠠᠰᠢᠭᠯᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2019﹈ 23 ᠳ᠋ᠤᠭᠠᠷ | ᠲᠣᠭᠠᠲᠤ︶᠂ ︽ᠬᠢᠯᠢ ᠠᠯᠤᠰᠯᠠᠭᠰᠠᠨ ᠠᠷᠠᠯᠵᠢᠶ᠎ᠠ ᠪᠡᠯᠡ ᠣᠷᠤᠭᠤᠯᠤᠯᠲᠠ ᠳᠤ ᠳᠦᠭᠦᠮ ᠦᠵᠡᠭᠦᠯᠬᠦ ᠶᠢ ᠠᠬᠢᠭᠤᠯᠬᠤ ᠲᠣᠬᠠᠢ ᠤᠯᠤᠰ ᠤᠨ ᠭᠠᠳᠠᠭᠠᠳᠤ | ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠮᠡᠳᠡᠭᠳᠡᠯ︾ | ︵ᠭᠤᠪᠢᠭᠤᠯᠭ᠎ᠠ ᠲᠠᠷᠬᠠᠭᠠᠭᠰᠠᠨ ﹇2019﹈ 28 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ | ︵ᠳᠥᠷᠪᠡ︶ ᠪᠦᠲᠦᠮᠵᠢᠲᠡᠢ ᠪᠡᠯᠡ ᠣᠷᠤᠭᠤᠯᠤᠯᠲᠠ ᠶᠢ ᠦᠨᠡᠨ ᠬᠦ ᠨᠡᠮᠡᠭᠳᠡᠭᠦᠯᠦᠨ᠎ᠡ᠃ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ | ᠪᠡᠯᠡ ᠣᠷᠤᠭᠤᠯᠤᠯᠲᠠ ᠶᠢᠨ ᠵᠠᠩᠬᠢᠯᠠᠭ᠎ᠠ ᠶᠢᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠪᠡᠯᠡᠳᠭᠡᠮᠵᠢ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ᠂ ᠠᠮᠢ ᠠᠬᠤᠢ ᠶᠢᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ | ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠴᠢᠬᠤᠯᠠ ᠶᠡᠭᠡ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠨᠦᠬᠡᠴᠡᠯᠡᠬᠦ ᠠᠵᠢᠯ ᠢ ᠠᠬᠢᠭᠤᠯᠤᠨ | ᠬᠡᠷᠡᠭᠵᠢᠭᠦᠯᠵᠦ᠂ ᠪᠡᠯᠡ ᠣᠷᠤᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠦᠬᠦ ᠵᠢᠯ ᠤᠨ ᠪᠡᠯᠡ ᠣᠷᠤᠭᠤᠯᠤᠯᠲᠠ ᠶᠢ 5% ᠣᠷᠴᠢᠮ ᠨᠡᠮᠡᠭᠳᠡᠭᠦᠯᠬᠦ ᠪᠠᠷ | ᠴᠢᠷᠮᠠᠶᠢᠨ᠎ᠠ᠃ ᠪᠡᠯᠡ ᠣᠷᠤᠭᠤᠯᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ | ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠵᠠᠷ ᠬᠡᠷᠡᠭᠯᠡᠬᠦ ᠪᠠ ᠲᠦᠯᠦᠪᠵᠢᠭᠦᠯᠬᠦ ᠳᠤ ︽ᠣᠯᠠᠨ ᠬᠢᠨᠠᠨ ᠬᠠᠷᠭᠤᠭᠤᠯᠤᠯᠲᠠ ᠶᠢ ᠨᠡᠶᠢᠯᠡᠭᠦᠯᠵᠦ ᠨᠢᠭᠡ | ᠪᠣᠯᠭᠠᠬᠤ᠂ ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠶᠢ ᠠᠬᠢᠭᠤᠯᠵᠤ᠂ ᠪᠡᠯᠡ ᠣᠷᠤᠭᠤᠯᠤᠯᠲᠠ ᠶᠢᠨ ᠲᠦᠪᠡᠭᠲᠡᠢ ᠠᠰᠠᠭᠤᠳᠠᠯ ᠢ ᠬᠤᠪᠢᠶᠠᠷᠢᠯᠠᠨ | ᠰᠢᠢᠳᠪᠦᠷᠢᠯᠡᠵᠦ ᠵᠠᠰᠠᠬᠤ ᠲᠤᠰᠬᠠᠢ ᠠᠵᠢᠯᠯᠠᠭᠠᠨ ᠢ ᠦᠷᠨᠢᠭᠦᠯᠵᠦ᠂ ᠠᠷᠠᠳ ᠤᠨ ᠳᠤᠮᠳᠠᠬᠢ ᠬᠦᠷᠦᠩᠭᠡ ᠮᠦᠩᠭᠦ ᠳᠤ ᠲᠠᠨᠢᠯᠴᠠᠭᠤᠯᠬᠤ ᠲᠦᠷᠦᠯ ᠵᠦᠢᠯ ᠤᠨ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠴᠢᠬᠤᠯᠠ ᠶᠡᠭᠡ ᠲᠦᠷᠦᠯ ᠵᠦᠢᠯ ᠢᠶᠠᠨ ᠨᠦᠬᠡᠴᠡᠯᠡᠬᠦ ᠶᠢ ᠦᠨᠡᠨ ᠬᠦ ᠰᠠᠶᠢᠲᠤᠷ ᠬᠢᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ᠂ | ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠮᠤ ᠠᠵᠢᠯ ᠶᠠᠪᠤᠳᠠᠯ ᠬᠦᠴᠢᠷᠲᠡᠢ ᠠᠵᠢᠯ ᠶᠠᠪᠤᠳᠠᠯ ᠪᠠᠴᠢᠮ ᠠᠵᠢᠯ | ᠶᠠᠪᠤᠳᠠᠯ ᠤᠨ ᠲᠤᠭᠤᠷᠢᠨ ᠳᠤ᠂ ᠲᠦᠷᠦᠯ ᠵᠦᠢᠯ ᠤᠨ ᠨᠦᠬᠡᠴᠡᠯᠡᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠦᠷᠦᠯ ᠵᠦᠢᠯ ᠢ | ᠬᠦᠮᠦᠷᠭᠡ ᠳᠤ ᠣᠷᠤᠭᠤᠯᠬᠤ ᠨᠦᠬᠦᠴᠡᠯ ᠢ ᠴᠢᠩᠳᠠᠯᠠᠵᠤ᠂ ᠨᠠᠷᠢᠯᠢᠭᠵᠢᠭᠤᠯᠤᠨ ᠬᠠᠮᠢᠶᠠᠷᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠲᠦᠷᠦᠯ ᠵᠦᠢᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠦᠷᠦᠯ ᠵᠦᠢᠯ ᠤᠨ ᠪᠡᠯᠡ | ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ︽ᠪᠡᠯᠡ ᠮᠦᠩᠭᠦ ᠪᠠ ᠬᠦᠴᠦᠨ ᠵᠦᠢᠯ ᠨᠢ ᠲᠦᠷᠦᠯ ᠵᠦᠢᠯ ᠢᠶᠠᠨ ᠳᠠᠭᠠᠬᠤ︾ ᠶᠢ ᠨᠠᠶᠢᠳᠠᠪᠤᠷᠢᠵᠢᠭᠤᠯᠤᠨ᠂ | ᠴᠢᠬᠤᠯᠠ ᠶᠡᠭᠡ ᠲᠦᠷᠦᠯ ᠵᠦᠢᠯ ᠤᠨ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠲᠦᠷᠦᠯ ᠵᠦᠢᠯ ᠤᠨ ᠪᠣᠲᠠᠲᠠᠶᠢᠵᠢᠭᠳᠠᠨ ᠦᠷ᠎ᠡ ᠪᠦᠲᠦᠮᠵᠢ ᠲᠠᠢ ᠪᠣᠯᠬᠤ ᠶᠢ | ᠠᠬᠢᠭᠤᠯᠤᠨ᠎ᠠ᠃ | ︵ᠲᠠᠪᠤ︶ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠲᠣᠣᠷ | ᠰᠦᠯᠵᠢᠶᠡᠵᠢᠭᠰᠡᠨ ᠬᠡᠯᠪᠡᠷᠢᠲᠦ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠵᠠᠮ ᠬᠠᠷᠢᠯᠴᠠᠭ᠎ᠠ ᠪᠠᠷ ᠤᠯᠤᠰ ᠢᠶᠠᠨ | ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠦᠲᠦᠯᠪᠦᠷᠢ︾ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ᠂ | ᠡᠨᠧᠷᠬᠢ ᠶᠢᠨ ᠲᠣᠣᠷ ᠰᠦᠯᠵᠢᠶ᠎ᠡ᠂ ᠬᠤᠲᠠ ᠬᠦᠳᠡᠭᠡ ᠶᠢᠨ ᠰᠠᠭᠤᠷᠢ ᠪᠡᠯᠡᠳᠭᠡᠮᠵᠢ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠶᠡᠭᠡ | ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ ᠴᠢᠮᠡᠭᠡ ᠬᠤᠯᠪᠣᠭ᠎ᠠ ᠶᠢᠨ ᠰᠦᠯᠵᠢᠶ᠎ᠡ ᠶᠢ ᠪᠦᠲᠦᠭᠡᠨ ᠪᠠᠶᠢᠭᠤᠯᠬᠤ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ | ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠪᠤᠭᠤᠳᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ | ᠬᠦᠬᠡᠬᠤᠲᠠ ᠶᠢᠨ ᠬᠤᠶᠠᠳᠤᠭᠠᠷ ᠱᠤᠭᠤᠮ ᠤᠨ ᠭᠠᠵᠠᠷ ᠳᠤᠤᠷᠠᠬᠢ ᠲᠡᠮᠦᠷ ᠵᠠᠮ᠂ ᠬᠠᠶᠢᠯᠠᠷ ᠠᠴᠠ ᠮᠠᠨᠵᠤᠤᠷ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠪᠠ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠭᠡᠮᠨᠡᠷᠡᠯ᠂ ᠡᠨᠧᠷᠬᠢ ᠶᠢᠨ ᠲᠡᠭᠡᠭᠡᠪᠦᠷᠢ ᠶᠢᠨ ᠨᠡᠪᠲᠡᠷᠡᠯ ᠵᠠᠮ | ᠵᠡᠷᠭᠡ ᠬᠦᠷᠢᠶ᠎ᠡ ᠴᠠᠷᠠᠭᠠᠨ ᠤ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠᠨ ᠲᠦᠷᠭᠡᠳᠭᠡᠵᠦ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤ ᠶᠢᠨ | ᠲᠡᠮᠦᠷ ᠵᠠᠮ ᠤᠨ ᠬᠤᠯᠪᠣᠭᠠᠰᠤ ᠱᠤᠭᠤᠮ ᠢ ᠨᠡᠪᠲᠡᠷᠡᠭᠦᠯᠦᠨ ᠠᠵᠢᠯᠯᠠᠭᠤᠯᠬᠤ ᠶᠢ ᠠᠬᠢᠭᠤᠯᠤᠨ᠂ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ᠂ ᠰᠢᠯᠢ ᠶᠢᠨ | ᠬᠤᠲᠠ ᠠᠴᠠ ᠲᠠᠶᠢᠽᠢ ᠬᠤᠲᠠ ᠬᠦᠷᠬᠦ ᠲᠥᠷᠭᠡᠨ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ | ᠦᠭᠡᠷᠡᠴᠢᠯᠡᠯᠲᠡ᠂ ᠤᠯᠠᠭᠠᠨᠬᠤᠲᠠ ᠠᠴᠠ ᠷᠠᠰᠢᠶᠠᠨ ᠬᠦᠷᠬᠦ ᠲᠡᠮᠦᠷ ᠵᠠᠮ ᠢ ᠦᠭᠡᠷᠡᠴᠢᠯᠡᠨ ᠵᠠᠰᠠᠬᠤ᠂ ᠡᠷᠢᠶᠡᠨ ᠬᠤᠲᠠ ᠠᠴᠠ ᠭᠤᠸᠠᠩᠵᠧᠦ ᠬᠦᠷᠬᠦ ᠲᠡᠭᠡᠳᠦ | ᠬᠤᠷᠳᠤ ᠶᠢᠨ ᠲᠡᠮᠦᠷ ᠵᠠᠮ ᠤᠨ ᠡᠷᠢᠶᠡᠨ ᠠᠴᠠ ᠰᠠᠶᠢᠬᠠᠨᠲᠠᠯ᠎ᠠ ᠬᠦᠷᠬᠦ ᠬᠡᠰᠡᠭ᠂ ᠳᠠᠭ᠎ᠠ ᠶᠢᠨ ᠨᠠᠭᠤᠷ ᠤᠨ ᠠᠮᠢ ᠠᠬᠤᠢ ᠳᠤ ᠪᠠᠴᠢᠮ ᠪᠠᠶᠢᠳᠠᠯ ᠢ ᠠᠷᠭᠠᠴᠠᠭᠠᠵᠤ ᠤᠰᠤ | ᠨᠦᠬᠦᠪᠦᠷᠢᠯᠡᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠵᠤ᠂ ᠬᠤᠲᠠ ᠶᠢᠨ ᠶᠠᠪᠤᠳᠠᠯ ᠤᠨ ᠬᠤᠭᠤᠯᠠᠢ ᠭᠤᠣᠷᠰᠤ ᠶᠢᠨ ᠲᠣᠣᠷ᠂ ᠲᠡᠷᠭᠡᠨ ᠤ ᠵᠣᠭᠰᠤᠭᠠᠯ᠂ | ᠭᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠬᠤᠲᠠ ᠬᠦᠳᠡᠭᠡ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠡᠯᠡᠳᠭᠡᠮᠵᠢ ᠵᠡᠷᠭᠡ ᠶᠢ ᠪᠦᠲᠦᠭᠡᠨ | ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠪᠣᠯᠬᠤ ᠰᠢᠭᠤᠳ ᠬᠤᠯᠪᠣᠭᠳᠠᠬᠤ | ᠴᠡᠭ ᠢ ᠪᠦᠲᠦᠭᠡᠨ ᠪᠠᠶᠢᠭᠤᠯᠤᠨ᠎ᠠ᠃ | ︵ᠵᠢᠷᠭᠤᠭ᠎ᠠ︶ ᠬᠡᠷᠡᠭᠯᠡᠭᠡ ᠶᠢᠨ ᠬᠡᠪᠴᠢᠶᠡᠵᠢᠯ ᠢ ᠴᠢᠷᠮᠠᠶᠢᠨ ᠥᠷᠭᠡᠳᠭᠡᠨ᠎ᠡ᠃ ᠵᠠᠬ᠎ᠠ ᠳᠡᠯᠭᠡᠭᠦᠷ ᠤᠨ ᠬᠠᠩᠭᠠᠯᠭ᠎ᠠ ᠬᠢᠭᠡᠳ ᠬᠡᠷᠡᠭᠯᠡᠭᠡ ᠶᠢᠨ ᠳᠠᠯᠳᠠ ᠬᠦᠴᠦᠨ ᠢ | ᠭᠦᠨᠵᠡᠭᠡᠢ ᠠᠭᠤᠳᠠᠯᠯᠠᠨ ᠬᠥᠭᠵᠢᠭᠡᠵᠦ᠂ ᠣᠨᠴᠠᠯᠢᠭ ᠲᠠᠢ ᠬᠡᠷᠡᠭᠯᠡᠭᠡ ᠶᠢᠨ ᠬᠠᠩᠭᠠᠯᠭ᠎ᠠ ᠶᠢ ᠢᠳᠡᠪᠬᠢᠲᠡᠢ ᠪᠠᠷ ᠥᠷᠭᠡᠳᠭᠡᠨ᠂ ᠨᠡᠷᠡᠲᠦ ᠲᠡᠮᠲᠡᠭ ᠢ ᠪᠣᠢ ᠪᠣᠯᠭᠠᠨ | ᠳᠡᠯᠭᠡᠷᠡᠭᠦᠯᠬᠦ ᠲᠦᠯᠦᠪᠯᠡᠭᠡ ᠶᠢ ᠬᠡᠷᠡᠭᠵᠢᠭᠦᠯᠵᠦ᠂ ᠨᠡᠩ ᠣᠯᠠᠨ ᠦᠪᠦᠷ ᠮᠣᠩᠭᠤᠯ ᠤᠨ ᠨᠡᠷᠡᠲᠦ ᠲᠡᠮᠲᠡᠭ ᠢ ᠪᠣᠢ ᠪᠣᠯᠭᠠᠨ᠂ ᠬᠡᠷᠡᠭᠴᠡᠭᠡ ᠪᠠᠷ ᠬᠠᠩᠭᠠᠯᠭ᠎ᠠ ᠶᠢ | ᠰᠢᠯᠢᠳᠡᠭᠵᠢᠭᠦᠯᠦᠨ᠂ ᠬᠠᠩᠭᠠᠯᠭ᠎ᠠ ᠪᠠᠷ ᠬᠡᠷᠡᠭᠴᠡᠭᠡ ᠶᠢ ᠠᠬᠢᠭᠤᠯᠤᠨ᠎ᠠ᠃ ᠬᠤᠳᠠᠯᠳᠤᠭᠠᠨ ᠤ ᠬᠤᠪᠢᠰᠤᠯᠲᠠ ᠪᠠ ᠬᠡᠷᠡᠭᠯᠡᠭᠡ ᠶᠢᠨ ᠳᠡᠰ ᠳᠡᠪᠰᠢᠬᠦ ᠬᠠᠨᠳᠤᠰᠢ ᠳᠤ | ᠵᠣᠬᠢᠴᠠᠭᠤᠯᠤᠨ᠂ ᠪᠣᠲᠠᠲᠠᠢ ᠲᠠᠢ ᠪᠠᠨ ᠤᠶᠠᠯᠳᠤᠭᠤᠯᠤᠨ ᠬᠤᠳᠠᠯᠳᠤᠭᠠᠨ ᠤ ᠶᠠᠪᠠᠭᠠᠨ ᠵᠡᠭᠡᠯᠢ ᠶᠢ ᠦᠭᠡᠷᠡᠴᠢᠯᠡᠨ ᠰᠠᠶᠢᠵᠢᠷᠠᠭᠤᠯᠵᠤ᠂ ᠦᠳᠡᠰᠢ ᠣᠷᠣᠢ ᠶᠢᠨ | ᠬᠡᠷᠡᠭᠯᠡᠭᠡ ᠶᠢᠨ ᠠᠵᠤ ᠠᠬᠤᠢ᠂ ᠬᠡᠷᠡᠭᠴᠡᠭᠡ ᠪᠠᠷ ᠦᠢᠯᠡᠳᠬᠦ ᠬᠡᠷᠡᠭᠯᠡᠭᠡ᠂ ᠤᠶᠤᠨᠴᠢ ᠬᠡᠷᠡᠭᠯᠡᠭᠡ ᠵᠡᠷᠭᠡ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠬᠥᠭᠵᠢᠭᠦᠯᠦᠨ᠎ᠡ᠃ | ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠨᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠰᠤᠷᠭᠠᠨ ᠬᠦᠮᠦᠵᠢᠯ ᠰᠤᠶᠤᠯ᠂ ᠡᠷᠡᠭᠦᠯ ᠮᠡᠨᠳᠦ ᠡᠮᠴᠢᠯᠡᠭᠡ᠂ | ᠵᠢᠭᠤᠯᠴᠢᠯᠠᠯ ᠰᠡᠯᠡᠭᠦᠴᠡᠯ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠴᠢᠨᠠᠷ ᠰᠠᠶᠢᠲᠠᠢ | ᠪᠠ ᠣᠯᠠᠨ ᠶᠠᠩᠵᠤᠴᠢᠯᠠᠭᠰᠠᠨ ᠲᠡᠶᠢᠰᠢ ᠳᠡᠰ ᠳᠡᠪᠰᠢᠬᠦ ᠶᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ ᠡᠮᠴᠢᠯᠡᠭᠡ᠂ ᠨᠠᠰᠤᠵᠢᠯ ᠤᠨ ᠠᠰᠠᠷᠠᠮᠵᠢ᠂ ᠭᠡᠷ ᠠᠬᠤᠢ ᠵᠡᠷᠭᠡ | ᠰᠠᠭᠤᠭᠠᠯᠢ ᠲᠣᠭᠤᠷᠢᠭ ᠤᠨ ᠳᠦᠬᠦᠷ ᠪᠡᠯᠡᠳᠭᠡᠮᠵᠢ ᠶᠢ ᠲᠡᠭᠦᠯᠳᠡᠷᠵᠢᠭᠦᠯᠵᠦ᠂ ᠠᠷᠠᠳ ᠲᠤ ᠳᠦᠭᠦᠮ ᠦᠵᠡᠭᠦᠯᠬᠦ ᠬᠡᠷᠡᠭᠯᠡᠭᠡ ᠶᠢᠨ ᠬᠦᠷᠢᠶ᠎ᠡ ᠶᠢ ᠪᠠᠶᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠢ ᠪᠦᠲᠦᠮᠵᠢᠲᠡᠢ ᠡᠬᠢᠯᠡᠭᠦᠯᠵᠦ᠂ ᠡᠯᠧᠺᠲᠷᠣᠨ ᠬᠤᠳᠠᠯᠳᠤᠭᠠᠨ ᠤ ᠲᠡᠪᠴᠡᠩ ᠤᠨ ᠪᠠᠶᠢᠭᠤᠯᠤᠯᠲᠠ ᠶᠢ ᠠᠬᠢᠭᠤᠯᠤᠨ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠡᠷᠡᠭᠯᠡᠭᠡ ᠪᠠᠷ | ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠰᠤᠶᠤᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠵᠡᠷᠭᠡ ᠠᠵᠢᠯᠯᠠᠭ᠎ᠠ ᠡᠷᠬᠢᠯᠡᠬᠦ ᠶᠢ ᠵᠣᠷᠢᠭᠵᠢᠭᠤᠯᠵᠤ᠂ ᠪᠡᠶ᠎ᠡ ᠶᠢᠨ | ᠲᠠᠮᠢᠷ ᠤᠨ ᠤᠷᠤᠯᠳᠤᠭᠠᠨ ᠨᠤᠭᠤᠳ ᠢ ᠳᠠᠭᠠᠭᠠᠨ ᠡᠷᠬᠢᠯᠡᠨ᠎ᠡ᠃ ᠣᠷᠣᠨ ᠪᠦᠰᠡ ᠶᠢᠨ ᠣᠨᠴᠠᠯᠢᠭᠲᠤ ᠵᠢᠭᠤᠯᠴᠢᠯᠠᠯ ᠤᠨ ᠨᠡᠷᠡᠲᠦ ᠲᠡᠮᠲᠡᠭ ᠢ ᠪᠣᠢ ᠪᠣᠯᠭᠠᠵᠤ᠂ ︽ᠦᠪᠦᠷ | ᠮᠣᠩᠭᠤᠯ ᠤᠨ ᠦᠨᠦᠷ ᠠᠮᠲᠠ︾ ︽ᠦᠪᠦᠷ ᠮᠣᠩᠭᠤᠯ ᠤᠨ ᠳᠠᠭᠤᠤ ᠬᠥᠭᠵᠢᠮ︾ ︽ᠦᠪᠦᠷ ᠮᠣᠩᠭᠤᠯ ᠤᠨ ᠺᠢᠨᠣ᠋ ᠲᠧᠯᠸᠢᠰ︾ ᠬᠢᠭᠡᠳ | ︽ᠦᠪᠦᠷ ᠮᠣᠩᠭᠤᠯ ᠤᠨ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠠ ᠳᠣᠬᠢᠶᠠᠯ ᠢ | ᠠᠳᠬᠤᠨ ᠮᠦᠰᠦ ᠴᠠᠰᠤᠨ ᠤ ᠵᠢᠭᠤᠯᠴᠢᠯᠠᠯ ᠢ ᠬᠥᠭᠵᠢᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ | ᠭᠦᠨᠵᠡᠭᠡᠶᠢᠷᠡᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠨ᠎ᠠ᠃ | ᠬᠤᠶᠠᠷ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠭᠤᠮᠲᠠ ᠶᠢ | ᠳᠠᠪᠠᠨ᠎ᠠ | ᠬᠠᠷᠠᠯᠲᠠᠲᠤ ᠡᠭᠦᠷᠭᠡ ᠲᠠᠢ ᠪᠠᠨ ᠬᠠᠷᠢᠴᠠᠭᠤᠯᠤᠨ᠂ ᠦᠷᠭᠦᠯᠵᠢᠯᠡᠨ ᠲᠦᠢᠯ ᠤᠨ ᠣᠨᠣᠪᠴᠢᠲᠠᠢ ᠪᠠᠷ ᠬᠦᠴᠦᠯᠡᠵᠦ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠡᠭᠦᠷᠭᠡ ᠶᠢ ᠬᠤᠭᠤᠴᠠᠭ᠎ᠠ ᠶᠤᠰᠤᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠱᠠᠲᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠵᠤ᠂ ᠰᠢᠰᠲ᠋ᠧᠮ ᠤᠨ ᠴᠢᠨᠠᠷᠲᠠᠢ ᠮᠦᠩᠭᠦᠨ | ᠭᠦᠢᠯᠭᠡᠭᠡᠨ ᠤ ᠲᠥᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠨᠢᠭᠡ︶ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠨᠡᠩ ᠴᠢᠨᠠᠷᠵᠢᠭᠤᠨ ᠢᠶᠠᠷ ᠲᠡᠮᠡᠴᠡᠨ ᠣᠯᠣᠨ᠎ᠠ᠃ ︽ | ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ | ᠬᠦᠮᠦᠵᠢᠯ᠂ ᠡᠷᠡᠭᠦᠯ ᠮᠡᠨᠳᠦ᠂ ᠬᠡᠷᠡᠭᠯᠡᠭᠡ᠂ ᠨᠡᠶᠢᠭᠡᠮ ᠤᠨ ᠪᠠᠲᠤᠯᠠᠭ᠎ᠠ᠂ ᠬᠠᠪᠰᠤᠷᠤᠨ ᠲᠡᠳᠭᠦᠬᠦ ᠬᠠᠮᠵᠢᠯᠴᠠᠭ᠎ᠠ ᠵᠡᠷᠭᠡ ᠲᠠᠯ᠎ᠠ ᠶᠢᠨ ᠶᠠᠳᠠᠭᠤ ᠠᠴᠠ ᠠᠩᠬᠢᠵᠢᠷᠠᠭᠤᠯᠬᠤ | ᠡᠯ᠎ᠡ ᠵᠦᠢᠯ ᠤᠨ ᠠᠷᠭ᠎ᠠ ᠠᠪᠴᠠᠯ ᠢ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠬᠤ ᠪᠠᠷᠢᠮᠵᠢᠶ᠎ᠠ ᠪᠠ ᠬᠠᠰᠤᠵᠤ ᠭᠠᠷᠭᠠᠬᠤ ᠳᠡᠰ | ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠣᠳᠤ ᠪᠠᠶᠢᠭ᠎ᠠ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ | ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠲᠤ ᠬᠤᠭᠤᠴᠠᠭᠠᠨ ᠤ | ᠪᠦᠲᠦᠮᠵᠢᠲᠡᠢ ᠪᠠᠶᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠬᠦᠳᠡᠭᠡ ᠲᠤᠰᠬᠤᠨ ᠢᠶᠠᠨ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠢ ᠵᠤᠯᠠᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠭᠰᠠᠨ ᠬᠦᠮᠦᠨ ᠠᠮᠠ ᠪᠠ | ᠶᠠᠳᠠᠭᠤᠷᠠᠭᠰᠠᠨ ᠬᠦᠮᠦᠨ ᠠᠮᠠ ᠶᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠠᠵᠢᠯ ᠢ ᠴᠠᠭ ᠲᠣᠬᠠᠢ ᠳᠤ ᠨᠢ ᠰᠠᠶᠢᠲᠤᠷ ᠬᠢᠨ᠎ᠡ᠃ ᠶᠠᠳᠠᠭᠤ ᠶᠢ ᠲᠡᠳᠭᠦᠭᠰᠡᠨ ᠡᠳ᠋ | ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠭᠦᠭᠰᠡᠨ ᠡᠳ᠋ ᠬᠦᠷᠦᠩᠭᠡ ᠶᠢ ᠬᠡᠷᠡᠭᠯᠡᠬᠦ ᠦᠷ᠎ᠡ ᠠᠰᠢᠭ ᠢᠶᠠᠨ ᠳᠡᠭᠡᠭᠰᠢᠯᠡᠭᠦᠯᠦᠨ᠎ᠡ᠃ | ︵ᠬᠤᠶᠠᠷ︶ ᠬᠥᠬᠡ ᠣᠭᠲᠠᠷᠭᠤᠢ ᠬᠦᠬᠡᠮᠳᠦᠭ ᠤᠰᠤ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ ᠮᠠᠨᠳᠡᠯ᠂ ᠤᠰᠤ᠂ | ᠬᠦᠷᠦᠰᠦ ᠰᠢᠷᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ | ᠣᠷᠣᠨ ᠪᠦᠰᠡ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠠᠵᠢᠯ ᠲᠦᠷᠦᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠣᠯᠠᠨ ᠲᠠᠯ᠎ᠠ ᠠᠴᠠ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠠᠭᠠᠷ ᠤᠨ ᠴᠢᠨᠠᠷ ᠴᠢᠨᠰᠠᠭ᠎ᠠ ᠶᠢ | ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠤᠣᠯᠳᠠᠯᠭ᠎ᠠ ᠲᠠᠢ ᠪᠣᠬᠢᠷᠳᠤᠯ ᠤᠨ ᠡᠬᠢ ᠢᠷᠡᠯᠲᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ | ᠴᠢᠩᠭᠠᠷᠠᠭᠤᠯᠤᠨ᠂ ᠬᠡᠮᠬᠡᠳᠡᠭ ᠨᠡᠭᠦᠷᠡᠰᠦ ᠶᠢᠨ ᠰᠢᠲᠠᠭᠠᠯᠭ᠎ᠠ᠂ ᠠᠵᠤ ᠦᠢᠯᠡᠳᠪᠦᠷᠢ ᠶᠢᠨ ᠪᠣᠬᠢᠷᠳᠤᠯ᠂ ᠠᠭᠤᠷᠬᠠᠢ ᠨᠡᠭᠡᠭᠡᠨ ᠮᠠᠯᠲᠠᠬᠤ᠂ ᠬᠤᠲᠠ ᠶᠢᠨ ᠲᠤᠭᠤᠰᠤᠨ ᠤ | ᠪᠣᠬᠢᠷᠳᠤᠯ᠂ ᠴᠠᠶᠢᠶ᠋ᠢᠦ ᠲᠣᠰᠣ ᠰᠢᠲᠠᠭᠠᠬᠤ ᠠᠴᠢᠶᠠᠨ ᠤ ᠮᠠᠰᠢᠨ ᠲᠡᠷᠭᠡ ᠶᠢᠨ ᠪᠣᠬᠢᠷᠳᠤᠯ ᠵᠡᠷᠭᠡ ᠳᠤ ᠵᠠᠰᠠᠯᠲᠠ ᠬᠢᠬᠦ ᠶᠢ ᠲᠣᠬᠠᠢ ᠶᠢᠨ ᠭᠠᠵᠠᠷ ᠣᠷᠣᠨ ᠤ ᠪᠠᠶᠢᠳᠠᠯ ᠳᠤ | ᠨᠢ ᠲᠣᠬᠢᠷᠠᠭᠤᠯᠤᠨ ᠰᠠᠶᠢᠲᠤᠷ ᠠᠳᠬᠤᠵᠤ᠂ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠬᠤᠲᠠ ᠪᠠᠯᠭᠠᠰᠤᠨ ᠤ ᠴᠡᠪᠡᠷ ᠳᠤᠯᠠᠭᠠᠯᠠᠭ᠎ᠠ ᠶᠢᠨ | ᠨᠤᠷᠮ᠎ᠠ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠰᠢᠵᠦ ᠬᠤᠯᠪᠣᠭᠠᠯᠠᠨ ᠵᠠᠰᠠᠬᠤ ᠶᠢ ᠴᠢᠩᠭᠠᠷᠠᠭᠤᠯᠤᠨ᠂ ᠲᠤᠰᠬᠠᠢ | ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠰ ᠤᠨ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠪᠠᠶᠢᠬᠤ ᠡᠳᠦᠷ ᠤᠨ ᠲᠣᠭᠠᠨ ᠤ | ᠬᠠᠷᠢᠴᠠᠯ ᠢ 83.8% ᠳᠤ ᠬᠦᠷᠦᠭᠦᠯᠬᠦ ᠪᠠᠷ ᠦᠨᠡᠨ ᠬᠦ ᠪᠠᠲᠤᠯᠠᠵᠤ᠂ ᠨᠠᠷᠢᠨ ᠮᠦᠬᠦᠯᠢᠭᠲᠦ ᠪᠤᠳᠠᠰ ︵PM2.5︶ ᠤᠨ ᠪᠠᠷᠢᠮᠵᠢᠶ᠎ᠠ ᠳᠤ ᠬᠦᠷᠦᠭᠡᠳᠦᠢ ᠲᠤᠰᠬᠠᠢ | ᠣᠷᠣᠨ ᠤ ᠳᠠᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠰ ᠤᠨ ᠬᠤᠲᠠ ᠶᠢᠨ ᠮᠦᠬᠦᠯᠢᠭᠲᠦ ᠪᠤᠳᠠᠰ ᠤᠨ ᠥᠳᠭᠡᠴᠡ ᠶᠢ 2015 ᠣᠨ ᠤ ᠬᠢ ᠠᠴᠠ 12% | ᠪᠠᠭᠤᠷᠠᠭᠤᠯᠤᠨ᠎ᠠ᠃ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠨᠡᠨ ᠬᠦ ᠰᠠᠶᠢᠵᠢᠷᠠᠭᠤᠯᠵᠤ᠂ ᠪᠤᠬᠢᠷᠳᠤᠯ ᠤᠨ ᠡᠬᠢ ᠢᠷᠡᠯᠲᠡ ᠪᠠ ᠤᠰᠤᠨ ᠤ ᠠᠮᠢ | ᠠᠬᠤᠢ ᠶᠢᠨ ᠰᠢᠰᠲ᠋ᠧᠮ ᠢ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠪᠤᠬᠢᠷᠳᠤᠯ ᠭᠠᠳᠠᠭᠰᠢᠯᠠᠭᠤᠯᠬᠤ ᠶᠢᠨ ᠵᠥᠪᠰᠢᠶᠡᠷᠡᠯ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠤᠣᠯᠳᠠᠯᠭ᠎ᠠ ᠲᠠᠢ ᠠᠵᠢᠯ ᠲᠦᠷᠦᠯ ᠤᠨ ᠴᠡᠪᠡᠷᠰᠢᠭᠦᠯᠦᠨ ᠦᠭᠡᠷᠡᠴᠢᠯᠡᠵᠦ ᠵᠠᠰᠠᠬᠤ ᠶᠢ ᠲᠦᠷᠭᠡᠳᠭᠡᠨ᠂ ᠤᠤᠭᠤᠬᠤ ᠤᠰᠤᠨ ᠤ ᠤᠰᠤᠨ ᠰᠤᠷᠪᠣᠯᠵᠢ ᠶᠢᠨ ᠭᠠᠵᠠᠷ ᠤᠨ | ᠬᠠᠮᠠᠭᠠᠯᠠᠯᠲᠠ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠨᠠᠭᠤᠷ ᠴᠦᠬᠦᠷᠦᠮ ᠳᠤ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠠᠬᠢᠭᠤᠯᠤᠨ᠂ ︽ᠭᠤᠷᠪᠠᠨ ᠨᠠᠭᠤᠷ︾ ᠲᠤ | ᠶᠡᠷᠦᠩᠬᠡᠶᠢᠯᠡᠭᠰᠡᠨ ᠵᠠᠰᠠᠯᠲᠠ ᠬᠢᠬᠦ ᠶᠢ ᠭᠦᠨᠵᠡᠭᠡᠶᠢᠷᠡᠭᠦᠯᠵᠦ᠂ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ | ᠵᠦᠢᠯ ᠢ ᠦᠨᠡᠨ ᠬᠦ ᠪᠠᠲᠤᠯᠠᠨ ᠪᠡᠶᠡᠯᠡᠭᠦᠯᠦᠨ᠎ᠡ᠃ ᠬᠦᠷᠦᠰᠦ ᠰᠢᠷᠣᠢ ᠶᠢᠨ ᠣᠷᠴᠢᠨ ᠨᠦᠬᠦᠴᠡᠯ ᠤᠨ ᠲᠥᠭᠰᠢᠭᠦᠷᠢ ᠶᠢ ᠬᠦᠴᠦᠯᠡᠨ ᠬᠠᠮᠢᠶᠠᠷᠴᠤ ᠡᠵᠡᠮᠰᠢᠨ᠂ ᠮᠠᠯ | ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠵᠤ᠂ ᠠᠵᠤ ᠦᠢᠯᠡᠳᠪᠦᠷᠢ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠣᠷᠴᠢᠨ ᠨᠦᠬᠦᠴᠡᠯ ᠤᠨ ᠵᠥᠪᠰᠢᠶᠡᠷᠡᠨ ᠣᠷᠤᠭᠤᠯᠬᠤ ᠪᠠ ᠬᠢᠨᠠᠨ ᠬᠠᠮᠢᠶᠠᠷᠬᠤ ᠶᠢ ᠴᠢᠩᠳᠠᠯᠠᠨ᠂ ᠬᠦᠨᠳᠦ ᠲᠡᠮᠦᠷᠯᠢᠭ ᠤᠨ ᠠᠵᠢᠯ ᠲᠦᠷᠦᠯ ᠤᠨ ᠪᠣᠬᠢᠷᠳᠤᠯ ᠢ | ᠰᠡᠷᠭᠡᠶᠢᠯᠡᠨ ᠡᠵᠡᠮᠰᠢᠬᠦ ᠪᠠᠨ ᠴᠢᠩᠭᠠᠳᠬᠠᠵᠤ᠂ ᠠᠶᠤᠯᠲᠠᠢ ᠬᠠᠶᠠᠭᠳᠠᠮᠠᠯ ᠡᠳ᠋ ᠢ ᠬᠢᠨᠠᠨ ᠬᠠᠮᠢᠶᠠᠷᠬᠤ ᠪᠠ ᠠᠰᠢᠭᠯᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ | ᠬᠦᠷᠦᠰᠦ ᠰᠢᠷᠤᠢ ᠶᠢᠨ ᠣᠷᠴᠢᠨ ᠨᠦᠬᠦᠴᠡᠯ ᠤᠨ ᠠᠮᠦᠷ ᠲᠥᠪᠰᠢᠨ ᠢ ᠦᠨᠡᠨ ᠬᠦ ᠪᠦᠲᠦᠮᠵᠢᠲᠡᠢ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ ᠲᠦᠷᠦᠯ | ᠬᠤᠪᠢᠶᠠᠵᠤ ᠰᠢᠢᠳᠪᠦᠷᠢᠯᠡᠬᠦ ᠲᠣᠷᠰᠢᠯᠲᠠ ᠶᠢᠨ ᠴᠡᠭ ᠢ ᠠᠬᠢᠭᠤᠯᠵᠤ᠂ ᠬᠤᠭ ᠨᠣᠪᠰᠢ ᠶᠢ ᠲᠦᠷᠦᠯ ᠵᠦᠢᠯ ᠬᠤᠪᠢᠶᠠᠨ ᠰᠢᠢᠳᠪᠦᠷᠢᠯᠡᠬᠦ ᠪᠡᠯᠡᠳᠭᠡᠮᠵᠢ ᠶᠢᠨ ᠪᠦᠲᠦᠭᠡᠨ | ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠶᠢᠭᠤᠯᠤᠮᠵᠢ ᠪᠦᠬᠦᠨ ᠤ ᠠᠮᠢᠳᠤᠷᠠᠯ ᠤᠨ ᠬᠤᠭ ᠨᠣᠪᠰᠢ ᠪᠠᠨ ᠲᠦᠷᠦᠯ ᠬᠤᠪᠢᠶᠠᠵᠤ | ᠰᠢᠢᠳᠪᠦᠷᠢᠯᠡᠬᠦ ᠶᠢ ᠪᠡᠶᠡᠯᠡᠭᠦᠯᠦᠨ᠎ᠡ᠃ | ︵ᠭᠤᠷᠪᠠ︶ ᠬᠦᠨᠳᠦ ᠶᠡᠭᠡ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠵᠤ᠂ ᠳᠠᠯᠳᠠ ᠥᠷᠢ ᠥᠭᠴᠡᠭᠡ ᠶᠢᠨ ᠬᠠᠳᠠᠭᠠᠯᠠᠭᠳᠠᠴᠠ ᠶᠢ ᠯᠠᠪᠳᠠᠭᠤᠨ ᠢᠶᠠᠷ ᠠᠷᠢᠯᠭᠠᠵᠤ᠂ ᠣᠷᠣᠨ ᠨᠤᠲᠤᠭ ᠤᠨ ᠵᠢᠭᠡᠯᠡᠯᠭᠡ ᠶᠢᠨ | ᠲᠡᠮᠲᠡᠭᠲᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠲᠦᠵᠦ | ᠪᠠᠶᠢᠭ᠎ᠠ ᠳᠠᠩᠰᠠᠨ ᠳᠠᠬᠢ ᠵᠤᠭᠤᠰ ᠢ ᠨᠢ ᠢᠯᠭᠠᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠥᠷᠢ ᠥᠭᠴᠡᠭᠡ ᠶᠢᠨ ᠲᠥᠭᠰᠢᠭᠦᠷᠢ ᠶᠢᠨ ᠵᠡᠷᠭᠡ ᠳᠡᠰ ᠢ | ᠲᠦᠷᠭᠡᠬᠡᠨ ᠪᠠᠭᠤᠷᠠᠭᠤᠯᠤᠨ᠎ᠠ᠃ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠡᠵᠡᠮᠰᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠲᠠᠬᠢ | ᠬᠠᠤᠯᠢ ᠶᠢᠨ ᠡᠷᠬᠡᠲᠡᠨ ᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠭᠰᠢᠭᠦᠷᠢ ᠶᠢ ᠬᠢᠨᠠᠨ ᠡᠵᠡᠮᠰᠢᠵᠦ ᠰᠡᠷᠭᠡᠶᠢᠯᠡᠬᠦ ᠪᠠ ᠰᠢᠢᠳᠪᠦᠷᠢᠯᠡᠬᠦ ᠶᠢ ᠴᠢᠩᠭᠠᠷᠠᠭᠤᠯᠤᠨ᠂ | ᠪᠤᠭᠤᠳᠤ ᠶᠢᠨ ᠬᠤᠳᠠᠯᠳᠤᠭᠠᠨ ᠤ ᠪᠠᠩᠭᠢ ᠶᠢᠨ ᠰᠲ᠋ᠣᠺ ᠤᠨ ᠡᠷᠬᠡ ᠪᠠᠷ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠵᠦᠢ ᠪᠤᠰᠤ ᠵᠢᠭᠡᠯᠡᠯᠭᠡ ᠶᠢ ᠠᠷᠢᠯᠭᠠᠬᠤ ᠪᠠᠨ | ᠠᠬᠢᠭᠤᠯᠵᠤ᠂ ᠢᠨᠲ᠋ᠧᠷ ᠰᠦᠯᠵᠢᠶᠡᠨ ᠤ ᠮᠦᠩᠭᠦᠨ ᠭᠦᠢᠯᠭᠡᠭᠡᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠰᠢᠰᠲ᠋ᠧᠮ ᠤᠨ ᠴᠢᠨᠠᠷᠲᠠᠢ | ᠮᠦᠩᠭᠦᠨ ᠭᠦᠢᠯᠭᠡᠭᠡᠨ ᠤ ᠲᠥᠭᠰᠢᠭᠦᠷᠢ ᠭᠠᠷᠭᠠᠬᠤ ᠦᠭᠡᠢ ᠪᠠᠲᠤᠯᠠᠬᠤ ᠱᠤᠭᠤᠮ ᠢ ᠪᠠᠲᠤ ᠰᠠᠬᠢᠨ᠎ᠠ᠃ ᠭᠠᠳᠠᠷ ᠲᠠᠯ᠎ᠠ ᠠᠴᠠ ᠢᠷᠡᠬᠦ ᠳᠠᠭᠠᠷᠢᠯᠲᠠ ᠶᠢᠨ ᠲᠥᠭᠰᠢᠭᠦᠷᠢ ᠶᠢ | ᠮᠦᠷᠳᠡᠨ ᠰᠡᠷᠭᠡᠶᠢᠯᠡᠵᠦ᠂ ᠣᠨᠣᠪᠴᠢᠲᠠᠢ ᠪᠠᠷ ᠦᠨᠡᠯᠡᠨ ᠵᠢᠱᠢᠵᠦ᠂ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠥᠭᠰᠢᠭᠦᠷᠢ ᠶᠢ ᠳᠣᠬᠢᠶᠠᠯ ᠪᠣᠯᠭᠠᠨ | ᠬᠤᠪᠢᠷᠠᠭᠤᠯᠬᠤ ᠪᠠᠷ ᠴᠢᠷᠮᠠᠶᠢᠨ ᠠᠵᠢᠯᠯᠠᠵᠤ᠂ ᠬᠤᠪᠢᠳᠠᠭᠰᠠᠨ ᠠᠵᠢᠯ ᠢᠶᠠᠨ ᠰᠠᠶᠢᠲᠤᠷ ᠭᠦᠢᠴᠡᠳᠭᠡᠨ᠎ᠡ᠃ | ᠭᠤᠷᠪᠠ᠂ ᠪᠤᠳᠠᠳᠤ ᠴᠤᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ | ᠪᠢᠴᠢᠯ ᠪᠡᠶᠡᠲᠦ ᠴᠤᠭᠴᠠ ᠶᠢᠨ ᠠᠮᠢᠵᠢᠷᠠᠯ ᠤᠨ ᠬᠦᠴᠦᠨ ᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠴᠢᠩᠭᠠᠷᠠᠭᠤᠯᠤᠨ᠂ ᠠᠵᠤ | ᠦᠢᠯᠡᠰ ᠤᠨ ᠰᠠᠭᠤᠷᠢ ᠴᠢᠳᠠᠪᠤᠷᠢ ᠪᠠ ᠠᠵᠤ ᠦᠢᠯᠡᠰ ᠤᠨ ᠬᠡᠯᠬᠢᠶ᠎ᠡ ᠶᠢᠨ ᠤᠳᠤᠬᠢᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠳᠤᠬᠢᠴᠢᠯᠠᠭᠰᠠᠨ ᠠᠵᠤ | ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ | ︵ᠨᠢᠭᠡ︶ ᠠᠵᠤ ᠦᠢᠯᠡᠰ ᠤᠨ ᠬᠡᠯᠬᠢᠶ᠎ᠡ ᠶᠢᠨ ᠬᠢᠷᠢ ᠲᠥᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ︽ | ᠳᠥᠷᠪᠡᠨ ᠣᠯᠠᠨ ᠳᠥᠷᠪᠡᠨ ᠴᠦᠬᠡᠨ︾ ︵ᠤᠯᠠᠮᠵᠢᠯᠠᠯᠲᠤ ᠠᠵᠤ ᠦᠢᠯᠡᠰ ᠣᠯᠠᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠴᠦᠬᠡᠨ᠂ ᠳᠣᠣᠷ᠎ᠠ ᠵᠡᠷᠭᠡ ᠶᠢᠨ | ᠠᠵᠤ ᠦᠢᠯᠡᠰ ᠣᠯᠠᠨ᠂ ᠳᠡᠭᠡᠳᠦ ᠵᠡᠷᠭᠡ ᠶᠢᠨ ᠠᠵᠤ ᠦᠢᠯᠡᠰ ᠴᠦᠬᠡᠨ᠂ ᠡᠬᠢ ᠪᠠᠶᠠᠯᠢᠭ ᠤᠨ ᠬᠡᠯᠪᠡᠷᠢᠲᠦ ᠠᠵᠤ ᠦᠢᠯᠡᠰ ᠣᠯᠠᠨ᠂ ᠦᠨᠳᠦᠷ ᠨᠡᠮᠡᠯᠲᠡ ᠥᠷᠲᠡᠭ ᠲᠠᠢ | ᠠᠵᠤ ᠦᠢᠯᠡᠰ ᠴᠦᠬᠡᠨ᠂ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠣᠯᠠᠨ᠂ ᠬᠦᠷᠦᠩᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠲᠠᠷᠠᠭᠰᠠᠨ | ᠬᠡᠯᠪᠡᠷᠢ ᠶᠢᠨ ᠠᠵᠤ ᠦᠢᠯᠡᠰ ᠴᠦᠬᠡᠨ︶ ᠪᠠᠶᠢᠬᠤ ᠪᠠᠶᠢᠳᠠᠯ ᠢ ᠴᠢᠷᠮᠠᠶᠢᠨ ᠦᠭᠡᠷᠡᠴᠢᠯᠡᠵᠦ᠂ ᠠᠵᠤ ᠦᠢᠯᠡᠰ ᠢ ᠤᠷᠲᠤᠳᠬᠠᠬᠤ᠂ ᠠᠵᠤ ᠦᠢᠯᠡᠰ ᠤᠨ ᠣᠯᠠᠨ ᠡᠰᠢᠵᠢᠬᠦ᠂ | ᠠᠵᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠰᠠᠶᠢᠲᠤᠷ ᠠᠳᠬᠤᠨ᠎ᠠ᠃ ᠤᠯᠠᠮᠵᠢᠯᠠᠯᠲᠤ ᠠᠵᠤ ᠦᠢᠯᠡᠰ ᠤᠨ ᠰᠢᠯᠢᠳᠡᠭᠵᠢᠵᠦ ᠳᠡᠰ ᠳᠡᠪᠰᠢᠬᠦ ᠶᠢ ᠠᠬᠢᠭᠤᠯᠵᠤ᠂ | ᠲᠥᠭᠦᠭᠡᠷᠦᠮᠵᠢ ᠶᠢ ᠰᠢᠨᠡᠳᠭᠡᠬᠦ ᠪᠠ ᠮᠡᠷᠭᠡᠵᠢᠯ ᠤᠨ ᠦᠭᠡᠷᠡᠴᠢᠯᠡᠯᠲᠡ ᠳᠠᠬᠢ ᠣᠷᠤᠭᠤᠯᠤᠯᠲᠠ ᠶᠢ ᠳᠡᠮᠵᠢᠨ ᠨᠡᠮᠡᠭᠳᠡᠭᠦᠯᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ | ᠭᠦᠢᠴᠡᠳ ᠠᠰᠢᠭᠯᠠᠵᠤ ᠪᠠᠶᠢᠭᠠᠳ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠣᠯᠣᠨ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ | ᠳᠡᠭᠡᠳᠦ ᠬᠡᠯᠬᠢᠶ᠎ᠡ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ ᠵᠣᠷᠢᠭᠵᠢᠭᠤᠯᠵᠤ ᠳᠣᠣᠷᠠᠳᠤ ᠬᠡᠯᠬᠢᠶᠡᠨ ᠤ ᠭᠦᠨ ᠪᠣᠯᠪᠠᠰᠤᠷᠠᠭᠤᠯᠬᠤ ᠠᠵᠤ ᠦᠢᠯᠡᠰ ᠢ | ᠬᠥᠭᠵᠢᠭᠦᠯᠵᠦ᠂ ᠪᠣᠯᠪᠠᠰᠤᠷᠠᠭᠤᠯᠵᠤ ᠤᠯᠠᠷᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠡᠷᠢᠭᠦᠨ ᠤ ᠦᠢᠯᠡᠳᠬᠦ ᠦᠢᠯᠡᠰ ᠤᠨ ᠪᠦᠭᠡᠮᠨᠡᠷᠡᠯ ᠢ ᠬᠥᠭᠵᠢᠭᠦᠯᠵᠦ᠂ | ᠬᠢᠮᠢ ᠶᠢᠨ ᠠᠵᠤ ᠦᠢᠯᠡᠳᠪᠦᠷᠢ᠂ ᠲᠤᠨᠤᠭ ᠲᠥᠭᠦᠭᠡᠷᠦᠮᠵᠢ ᠦᠢᠯᠡᠳᠬᠦ᠂ ᠪᠤᠯᠣᠳ ᠲᠡᠮᠦᠷ ᠭᠦᠨ ᠪᠣᠯᠪᠠᠰᠤᠷᠠᠭᠤᠯᠬᠤ᠂ ᠬᠦᠩᠭᠡᠨᠴᠠᠭᠠᠨ ᠵᠢᠴᠢ ᠲᠡᠭᠦᠨ ᠢ ᠡᠳ᠋ᠰᠢᠭᠦᠯᠦᠨ | ᠪᠣᠯᠪᠠᠰᠤᠷᠠᠭᠤᠯᠬᠤ᠂ ᠬᠤᠪᠣᠷ ᠰᠢᠷᠤᠢ᠂ ᠰᠦ ᠮᠢᠬ᠎ᠠ ᠨᠤᠤᠯᠤᠭᠤᠷ ᠢ ᠪᠣᠯᠪᠠᠰᠤᠷᠠᠭᠤᠯᠬᠤ ᠵᠡᠷᠭᠡ ᠳᠠᠪᠠᠭᠤᠯᠢᠭ ᠲᠠᠢ ᠣᠨᠴᠠᠯᠢᠭᠲᠤ ᠬᠦᠷᠢᠶᠡᠨ ᠳᠤ ᠨᠢᠭᠡ ᠪᠦᠯᠦᠭ ᠠᠵᠤ | ᠦᠢᠯᠡᠰ ᠤᠨ ᠪᠦᠭᠡᠮᠨᠡᠷᠡᠯ ᠢ ᠴᠤᠭᠴᠠᠯᠠᠨ᠎ᠠ᠃ ᠤᠯᠤᠰ ᠤᠨ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ | ᠡᠨᠧᠷᠬᠢ ᠶᠢᠨ ᠬᠠᠩᠭᠠᠯᠭ᠎ᠠ ᠶᠢ ᠪᠠᠲᠤᠯᠠᠨ᠂ ᠨᠡᠭᠦᠷᠡᠰᠦ ᠶᠢ ᠠᠶᠤᠯ ᠦᠭᠡᠢ ᠪᠦᠭᠡᠳ ᠪᠣᠬᠢᠷᠳᠤᠯ ᠦᠭᠡᠢ ᠨᠡᠭᠡᠭᠡᠨ ᠮᠠᠯᠲᠠᠬᠤ ᠪᠠ ᠴᠡᠪᠡᠷ ᠦᠨᠳᠦᠷ ᠪᠦᠲᠦᠮᠵᠢᠲᠡᠢ ᠪᠠᠷ | ᠠᠰᠢᠭᠯᠠᠬᠤ ᠶᠢ ᠠᠬᠢᠭᠤᠯᠵᠤ᠂ ᠨᠡᠭᠦᠷᠡᠰᠦ ᠪᠠᠷ ᠬᠡᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠶᠢ 25.3 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ | ᠨᠡᠭᠦᠷᠡᠰᠦ ᠪᠠᠷ ᠠᠯᠺᠧᠨ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠶᠢ 150 ᠲᠦᠮᠡᠨ ᠲᠤᠨ ᠰᠢᠨ᠎ᠡ ᠪᠠᠷ ᠨᠡᠮᠡᠭᠳᠡᠭᠦᠯᠦᠨ᠎ᠡ᠃ ᠤᠯᠠᠭᠠᠨᠴᠠᠪ᠂ ᠰᠢᠯᠢ ᠶᠢᠨ ᠭᠤᠣᠯ | ᠵᠡᠷᠭᠡ ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠶᠤᠨᠴᠢ ᠴᠠᠬᠢᠯᠭᠠᠨ ᠬᠦᠴᠦᠨ ᠤ ᠲᠣᠣᠷ ᠤᠨ ᠪᠠᠶᠢᠭᠤᠯᠤᠯᠲᠠ ᠶᠢ | ᠲᠦᠷᠭᠡᠳᠭᠡᠨ᠂ ᠤᠰᠤᠳᠦ᠋ᠷᠦᠭᠴᠢᠲᠦ ᠡᠨᠧᠷᠬᠢ ᠵᠡᠷᠭᠡ ᠰᠢᠨ᠎ᠡ ᠪᠠᠷ ᠪᠣᠢ ᠪᠣᠯᠣᠭᠰᠠᠨ ᠡᠨᠧᠷᠬᠢ ᠶᠢᠨ ᠠᠵᠤ ᠦᠢᠯᠡᠰ ᠢ ᠬᠥᠭᠵᠢᠭᠦᠯᠵᠦ᠂ ᠡᠨᠧᠷᠬᠢ ᠶᠢᠨ ᠤᠶᠤᠨᠴᠢᠯᠠᠭᠰᠠᠨ | ᠬᠥᠭᠵᠢᠯᠲᠡ ᠶᠢ ᠠᠬᠢᠭᠤᠯᠤᠨ᠎ᠠ᠃ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠪᠣᠢ ᠪᠣᠯᠭᠠᠬᠤ ᠪᠠ ᠪᠣᠵᠠᠭᠠᠶᠢᠷᠠᠭᠤᠯᠵᠤ᠂ ᠲᠣᠭᠠᠵᠢᠯᠠᠭᠰᠠᠨ ᠠᠵᠤ ᠠᠬᠤᠢ ᠶᠢ | ᠶᠡᠭᠡ ᠪᠠᠷ ᠬᠥᠭᠵᠢᠭᠦᠯᠦᠨ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠡᠮ ᠡᠮᠨᠡᠯᠭᠡ᠂ ᠳᠡᠭᠡᠳᠦ ᠵᠡᠷᠭᠡ ᠶᠢᠨ ᠲᠤᠨᠤᠭ ᠲᠥᠭᠦᠭᠡᠷᠦᠮᠵᠢ ᠵᠡᠷᠭᠡ ᠠᠵᠤ ᠦᠢᠯᠡᠰ ᠢ | ᠲᠥᠷᠭᠡᠳᠭᠡᠨ ᠬᠥᠭᠵᠢᠭᠦᠯᠵᠦ᠂ ᠵᠣᠬᠢᠶᠠᠮᠠᠯ ᠤᠶᠤᠨ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠤᠮᠤ ᠳ᠋ᠡᠶᠢᠲ᠋ᠠ᠂ ᠬᠡᠰᠡᠭ ᠤᠳ ᠤᠨ ᠬᠡᠯᠬᠢᠶ᠎ᠡ ᠵᠡᠷᠭᠡ ᠮᠡᠷᠭᠡᠵᠢᠯ ᠤᠨ | ᠬᠡᠷᠡᠭᠯᠡᠭᠡᠨ ᠢ ᠠᠬᠢᠭᠤᠯᠵᠤ᠂ 5G ᠴᠢᠮᠡᠭᠡ ᠬᠤᠯᠪᠣᠭᠠᠨ ᠤ ᠰᠦᠯᠵᠢᠶ᠎ᠡ ᠶᠢ ᠪᠦᠲᠦᠭᠡᠨ ᠪᠠᠶᠢᠭᠤᠯᠬᠤ ᠪᠠ ᠬᠡᠷᠡᠭᠯᠡᠵᠦ ᠳᠡᠯᠭᠡᠷᠡᠭᠦᠯᠬᠦ ᠶᠢ ᠠᠬᠢᠭᠤᠯᠤᠨ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠵᠤ᠂ ᠪᠤᠬᠢᠷᠳᠤᠯ ᠦᠭᠡᠢ ᠪᠠᠷᠢᠯᠭ᠎ᠠ᠂ ᠤᠶᠤᠨᠴᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠲᠦᠪᠯᠡᠷᠡᠭᠰᠡᠨ ᠣᠷᠣᠨ ᠢ ᠰᠠᠶᠢᠵᠢᠷᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠦᠢᠯᠡᠳᠬᠦ ᠦᠢᠯᠡᠰ ᠬᠢᠭᠡᠳ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠮᠡᠳᠡᠭᠡ ᠵᠠᠩᠭᠢ ᠶᠢᠨ ᠦᠢᠯᠡᠴᠢᠯᠡᠭᠡ᠂ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠠᠵᠤ ᠦᠢᠯᠡᠳᠪᠦᠷᠢ ᠶᠢᠨ ᠵᠢᠷᠤᠭ ᠲᠦᠯᠦᠪᠯᠡᠭᠡ ᠵᠡᠷᠭᠡ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠳᠠᠭᠤᠳᠠᠯ ᠢ ᠨᠦᠬᠦᠪᠦᠷᠢᠯᠡᠵᠦ᠂ ᠣᠳᠣ ᠥᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢ ᠲᠦᠷᠭᠡᠳᠭᠡᠵᠦ᠂ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠭᠠᠷᠠᠮ ᠤᠨ ᠬᠡᠯᠪᠡᠷᠢ ᠪᠦᠬᠦᠢ ᠤᠯᠤᠰ ᠤᠨ ᠪᠠᠷᠠᠭᠠᠨ ᠤ ᠭᠦᠢᠯᠭᠡᠭᠡᠨ ᠤ | ᠭᠦᠢᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠶᠠᠷ︶ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ | ︽ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ︽ᠭᠡᠷᠡᠴᠢ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠭᠦᠨ | ᠦᠢᠯᠡᠳᠪᠦᠷᠢᠯᠡᠬᠦ ᠵᠥᠪᠰᠢᠶᠡᠷᠡᠯ ᠠᠴᠠ ᠪᠤᠰᠤᠳ ᠵᠥᠪᠰᠢᠶᠡᠷᠡᠨ ᠣᠷᠤᠭᠤᠯᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠶᠡᠭᠡ ᠬᠡᠮᠵᠢᠶ᠎ᠡ ᠪᠠᠷ ᠴᠤᠮᠬᠠᠳᠬᠠᠵᠤ᠂ | ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠲᠦᠷᠦᠯ ᠢᠯᠭᠠᠯ ᠪᠠ ᠵᠡᠷᠭᠡ ᠳᠡᠰ ᠢ ᠪᠠᠭᠠᠰᠬᠠᠨ᠎ᠠ᠃ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ᠂ ᠦᠯᠦ | ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠴᠠᠭ ᠢ ᠤᠯᠠᠮ ᠨᠢᠭᠡ ᠠᠯᠬᠤᠮ ᠪᠤᠭᠤᠨᠢᠰᠬᠠᠨ᠎ᠠ᠃ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠦᠷ᠎ᠡ | ᠪᠦᠲᠦᠮᠵᠢ ᠶᠢ ᠪᠠᠬᠢᠵᠢᠭᠦᠯᠦᠨ ᠥᠷᠭᠡᠳᠭᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ ᠰᠦᠢᠳᠭᠡᠯ ᠢ ᠤᠯᠠᠮ ᠨᠢᠭᠡ ᠠᠯᠬᠤᠮ ᠢᠯᠭᠠᠷᠠᠭᠤᠯᠵᠤ᠂ | ᠪᠠᠷᠠᠭᠠᠨ ᠤ ᠭᠦᠢᠯᠭᠡᠭᠡ ᠶᠢᠨ ᠬᠦᠷᠢᠶᠡᠨ ᠳᠠᠬᠢ ᠵᠦᠢ ᠵᠣᠬᠢᠰ ᠦᠭᠡᠢ ᠬᠤᠷᠢᠶᠠᠬᠤ ᠰᠦᠢᠳᠭᠡᠯ ᠢ ᠴᠡᠭᠴᠡᠯᠡᠨ ᠵᠠᠰᠠᠵᠤ᠂ ᠦᠢᠯᠡᠳᠬᠦ ᠦᠢᠯᠡᠰ ᠤᠨ ᠦᠪᠡᠷ ᠤᠨ ᠥᠷᠲᠡᠭ ᠢ | ᠦᠷᠭᠦᠯᠵᠢᠯᠡᠨ ᠪᠠᠭᠤᠷᠠᠭᠤᠯᠤᠨ᠎ᠠ᠃ ᠡᠷᠬᠡ ᠲᠡᠭᠰᠢ ᠦᠷᠢᠰᠦᠯᠳᠦᠭᠡᠨ ᠢ ᠤᠯᠠᠮ ᠨᠢᠭᠡ ᠠᠯᠬᠤᠮ ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢᠨ ᠵᠢᠷᠤᠮᠵᠢᠯ | ᠪᠠ ᠢᠯᠡ ᠲᠤᠳᠣ ᠶᠢᠨ ᠬᠡᠮᠵᠢᠶ᠎ᠡ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠯᠧᠺᠲᠷᠣᠨ ᠵᠠᠰᠠᠭ ᠤᠨ ᠶᠠᠪᠤᠳᠠᠯ ᠢ ᠲᠦᠷᠭᠡᠳᠭᠡᠨ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠬᠦᠴᠡᠯ ᠢ | ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠨᠡᠩ ᠰᠠᠶᠢᠨ ᠬᠥᠭᠵᠢᠯᠲᠡ ᠶᠢᠨ ᠣᠷᠴᠢᠨ ᠨᠦᠬᠦᠴᠡᠯ ᠢ ᠪᠣᠢ ᠪᠣᠯᠭᠠᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠲᠣᠬᠠᠢ ᠦᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ︵ᠭᠤᠷᠪᠡ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ ᠬᠦᠲᠦᠯᠦᠨ ᠳᠠᠭᠠᠭᠤᠯᠬᠤ ᠶᠢ ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠭᠡᠨ᠂ ᠤᠯᠤᠰ ᠤᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠢᠳᠡᠪᠬᠢᠲᠡᠢ ᠪᠠᠷ ᠣᠯᠵᠤ᠂ | ᠬᠥᠭᠵᠢᠭᠰᠡᠨ ᠭᠠᠵᠠᠷ ᠣᠷᠣᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠬᠤ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠳᠠᠬᠢ ᠠᠵᠤ ᠠᠬᠤᠶᠢᠯᠠᠯ ᠤᠨ ᠭᠤᠣᠯ ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠳᠡᠰ ᠤᠨ ᠪᠠ | ᠦᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡ ᠪᠦᠯᠦᠭ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ᠂ | ᠢᠨᠵᠧᠨᠧᠷᠢᠩ ︵ᠰᠤᠳᠤᠯᠭᠠᠨ ᠤ ᠲᠥᠪ︶ ᠤᠨ ᠲᠣᠷᠰᠢᠯᠲᠠ ᠶᠢᠨ ᠲᠠᠰᠤᠭ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ ᠡᠭᠦᠳᠦᠨ ᠪᠠᠶᠢᠭᠤᠯᠵᠤ᠂ | ᠵᠠᠩᠬᠢᠯᠠᠭ᠎ᠠ ᠶᠢᠨ ᠬᠦᠷᠢᠶᠡᠨ ᠤ ᠮᠡᠷᠭᠡᠵᠢᠯ ᠳᠤ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠷᠠᠭᠤᠯᠵᠤ᠂ ᠶᠠᠮᠦᠨ ᠪᠠ ᠦᠪᠡᠷᠲᠡᠭᠡᠨ ᠵᠠᠰᠠᠬᠤ ᠣᠷᠣᠨ ᠤ ᠠᠵᠢᠯ ᠤᠨ ᠬᠠᠮᠲᠤᠷᠠᠨ ᠵᠦᠪᠳᠡᠯᠴᠡᠭᠰᠡᠨ ᠬᠤᠷᠠᠯ ᠤᠨ ᠭᠤᠣᠯᠳᠠᠯᠭ᠎ᠠ ᠲᠠᠢ | ᠡᠭᠦᠷᠭᠡ ᠶᠢ ᠨᠠᠶᠢᠳᠠᠪᠤᠷᠢᠵᠢᠭᠤᠯᠤᠨ᠂ ᠬᠦᠬᠡᠬᠤᠲᠠ ᠪᠤᠭᠤᠳᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠲᠠᠢ ᠵᠢᠱᠢᠶ᠎ᠡ ᠦᠵᠡᠭᠦᠯᠬᠦ | ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠶᠡᠭᠡ ᠪᠠᠷ ᠪᠣᠢ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 1000 ᠠᠴᠠ ᠳᠠᠪᠠᠭᠤᠯᠬᠤ ᠪᠠᠷ ᠴᠢᠷᠮᠠᠶᠢᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠡᠭᠦᠳᠦᠯᠲᠡ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠣᠯᠠᠨ ᠢᠶᠠᠷ ᠢᠶᠠᠨ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠲᠠᠯ᠎ᠠ ᠪᠠᠷ ᠬᠢ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠠᠵᠢᠯᠯᠠᠭᠠᠨ ᠢ ᠦᠷᠨᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠨ ᠬᠡᠷᠡᠭᠯᠡᠭᠳᠡᠬᠦ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠢ ᠢᠯᠡᠷᠡᠭᠦᠯᠬᠦ᠂ ᠬᠦᠮᠦᠵᠢᠭᠦᠯᠬᠦ᠂ ᠣᠷᠤᠭᠤᠯᠬᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠳᠥᠷᠪᠡ᠂ ᠦᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠭᠦᠯᠬᠦ ᠬᠦᠳᠡᠯᠭᠡᠭᠴᠢ ᠬᠦᠴᠦᠨ ᠢ ᠬᠥᠭᠵᠢᠭᠡᠨ᠎ᠡ | ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠨᠳᠦᠷ ᠲᠥᠪᠰᠢᠨ ᠪᠦᠬᠦᠢ ᠨᠡᠭᠡᠭᠡᠯᠲᠡ ᠶᠢ ᠦᠷᠭᠡᠳᠭᠡᠬᠦ ᠶᠢ ᠪᠠᠷᠢᠮᠲᠠᠯᠠᠵᠤ᠂ ᠴᠢᠨᠠᠷ | ᠰᠠᠶᠢᠲᠠᠢ ᠬᠥᠭᠵᠢᠯᠲᠡ ᠯᠦᠭᠡ ᠵᠣᠬᠢᠴᠠᠯᠳᠤᠭᠰᠠᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠦᠨᠳᠦᠷ ᠪᠠᠷᠢᠮᠵᠢᠶᠠᠲᠦ ᠵᠠᠬ᠎ᠠ ᠳᠡᠯᠭᠡᠭᠦᠷ ᠤᠨ ᠰᠢᠰᠲ᠋ᠧᠮᠵᠢ ᠶᠢ | ᠲᠦᠷᠭᠡᠳᠭᠡᠨ ᠪᠠᠶᠢᠭᠤᠯᠵᠤ᠂ ᠤᠯᠤᠰ ᠤᠨ ᠲᠤᠳᠤᠭᠠᠲᠤ ᠪᠠ ᠣᠯᠠᠨ ᠤᠯᠤᠰ ᠤᠨ ᠲᠤᠮᠤ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ ᠠᠭᠤᠰᠤᠯᠴᠠᠨ᠂ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠦᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ | ︵ᠨᠢᠭᠡ︶ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠵᠦ ᠲᠣᠬᠢᠷᠠᠭᠤᠯᠬᠤ ᠶᠢ ᠲᠦᠷᠭᠡᠳᠭᠡᠨ ᠠᠬᠢᠭᠤᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠢ | ᠲᠣᠬᠢᠷᠠᠭᠤᠯᠬᠤ ᠠᠷᠭ᠎ᠠ ᠮᠠᠶ᠋ᠢᠭ ᠤᠨ ᠲᠠᠯ᠎ᠠ ᠳᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠦᠮᠴᠢᠯᠡᠬᠦ ᠡᠷᠬᠡ ᠶᠢᠨ | ᠳᠦᠷᠢᠮ ᠢ ᠪᠦᠷᠢᠨᠰᠢᠭᠦᠯᠦᠨ᠂ ᠡᠬᠢ ᠪᠠᠶᠠᠯᠢᠭ ᠤᠨ ᠠᠰᠢᠭ ᠣᠷᠤᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠮᠵᠢ ᠶᠢ | ᠦᠭᠡᠶᠢᠰᠭᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠭᠦᠷᠡᠰᠦ ᠦᠢᠯᠡᠳᠪᠦᠷᠢᠯᠡᠬᠦ ᠴᠢᠳᠠᠮᠵᠢ ᠶᠢ ᠪᠦᠲᠦᠴᠡ ᠶᠢᠨ ᠴᠢᠨᠠᠷᠲᠠᠢ ᠪᠠᠷ ᠰᠢᠯᠢᠳᠡᠭᠵᠢᠭᠦᠯᠬᠦ ᠶᠢ ᠲᠦᠷᠭᠡᠳᠭᠡᠵᠦ | ᠂ ᠪᠤᠯᠣᠳ ᠲᠡᠮᠦᠷ ᠪᠠ ᠴᠠᠬᠢᠯᠭᠠᠨ ᠢᠶᠠᠷ ᠵᠠᠳᠠᠯᠤᠭᠰᠠᠨ ᠬᠦᠩᠭᠡᠨᠴᠠᠭᠠᠨ ᠵᠡᠷᠭᠡ ᠦᠢᠯᠡᠳᠪᠦᠷᠢᠯᠡᠬᠦ ᠴᠢᠳᠠᠮᠵᠢ ᠪᠠᠨ ᠬᠠᠯᠠᠬᠤ ᠶᠢ ᠠᠬᠢᠭᠤᠯᠤᠨ᠎ᠠ᠃ ᠠᠭᠤᠷᠬᠠᠢ ᠶᠢᠨ ᠡᠬᠢ | ᠪᠠᠶᠠᠯᠢᠭ ᠬᠡᠷᠡᠭᠯᠡᠬᠦ ᠡᠷᠬᠡ ᠶᠢᠨ ᠦᠷᠢᠰᠦᠯᠳᠦᠭᠡᠨ ᠤ ᠴᠢᠨᠠᠷᠲᠠᠢ ᠬᠤᠳᠠᠯᠳᠤᠨ ᠰᠢᠯᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ | ᠡᠷᠬᠡ ᠶᠢ ᠳᠡᠰ ᠲᠦᠷᠦᠯ ᠬᠤᠪᠢᠶᠠᠨ ᠬᠤᠳᠠᠯᠳᠤᠨ ᠰᠢᠯᠵᠢᠭᠦᠯᠬᠦ ᠳᠦᠷᠢᠮ ᠢ ᠪᠦᠷᠢᠨᠰᠢᠭᠦᠯᠦᠨ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠦᠨ᠎ᠡ | ᠲᠦᠯᠦᠪᠦᠷᠢᠲᠡᠢ ᠪᠠᠷ ᠡᠵᠡᠯᠡᠨ ᠬᠡᠷᠡᠭᠯᠡᠬᠦ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠶᠢᠯᠢ ᠰᠦᠢᠳᠭᠡᠯ ᠤᠨ ᠳᠦᠷᠢᠮ ᠢ ᠲᠡᠭᠦᠯᠳᠡᠷᠵᠢᠭᠦᠯᠦᠨ᠎ᠡ᠃ | ᠴᠠᠬᠢᠯᠭᠠᠨ ᠬᠦᠴᠦᠨ ᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠲᠦᠯᠡᠰᠢᠨ ᠨᠡᠭᠦᠷᠡᠰᠦ ᠪᠠᠷ ᠭᠠᠷᠭᠠᠭᠰᠠᠨ ᠴᠠᠬᠢᠯᠭᠠᠨ ᠤ ᠦᠨ᠎ᠡ ᠬᠠᠩᠰᠢ ᠶᠢᠨ | ᠪᠣᠢ ᠪᠣᠯᠬᠤ ᠲᠣᠭᠲᠠᠴᠠ ᠳᠤ ᠦᠭᠡᠷᠡᠴᠢᠯᠡᠯᠲᠡ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠠᠬᠢᠯᠭᠠᠨ ᠬᠦᠴᠦᠨ ᠤ ᠠᠷᠠᠯᠵᠢᠶ᠎ᠠ ᠶᠢᠨ ᠵᠠᠬ᠎ᠠ ᠳᠡᠯᠭᠡᠭᠦᠷᠴᠢᠯᠡᠬᠦ | ᠬᠡᠮᠵᠢᠶ᠎ᠡ ᠶᠢ ᠳᠡᠭᠡᠭᠰᠢᠯᠡᠭᠦᠯᠵᠦ᠂ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠬᠠᠩᠰᠢ ᠶᠢᠨ ᠦᠭᠡᠷᠡᠴᠢᠯᠡᠯᠲᠡ ᠶᠢ ᠠᠬᠢᠭᠤᠯᠤᠨ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠳᠤ ᠠᠰᠢᠭᠲᠠᠢ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠎ᠠ᠃ ᠭᠠᠵᠠᠷ ᠰᠢᠷᠤᠢ ᠶᠢ ᠠᠷᠪᠢᠲᠠᠢ ᠡᠷᠴᠢᠮᠯᠢᠭ | ᠠᠰᠢᠭᠯᠠᠬᠤ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠭ ᠤᠨ ᠪᠠᠶᠢᠭᠰᠠᠨ ᠬᠡᠰᠡᠭ ᠢ ᠴᠢᠯᠦᠭᠡᠲᠡᠢ ᠪᠣᠯᠭᠠᠵᠤ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠢ ᠲᠡᠭᠦᠯᠳᠡᠷᠵᠢᠭᠦᠯᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ︵ᠬᠤᠶᠠᠷ︶ ᠭᠤᠣᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠡᠩ ᠤᠨ ᠴᠢᠨᠠᠷᠲᠠᠢ | ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠲᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠤᠯᠤᠰ ᠤᠨ ᠦᠮᠴᠢᠯᠡᠯᠲᠦ ᠮᠦᠩᠭᠦᠨ ᠭᠦᠢᠯᠭᠡᠭᠡᠨ ᠤ ᠬᠦᠷᠦᠩᠭᠡ | ᠮᠦᠩᠭᠦ ᠶᠢᠨ ᠲᠦᠪᠯᠡᠷᠡᠩᠭᠦᠢ ᠪᠦᠭᠡᠳ ᠨᠢᠭᠡᠲᠦᠯᠲᠡᠢ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠯ ᠤᠨ | ᠦᠭᠡᠷᠡᠴᠢᠯᠡᠯᠲᠡ ᠶᠢ ᠲᠦᠷᠭᠡᠳᠭᠡᠵᠦ᠂ ᠮᠦᠩᠭᠦᠨ ᠭᠦᠢᠯᠭᠡᠭᠡᠨ ᠤ ᠰᠢᠰᠲ᠋ᠧᠮᠵᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠣᠯᠠᠨ ᠳᠡᠰ ᠳᠠᠪᠬᠤᠷᠭᠠᠲᠤ | ᠬᠦᠷᠦᠩᠭᠡ ᠶᠢᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠵᠦ᠂ ᠬᠤᠲᠠ ᠶᠢᠨ ᠬᠤᠳᠠᠯᠳᠤᠭᠠᠨ ᠤ ᠪᠠᠩᠭᠢ ᠪᠠ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠵᠤ | ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠲᠦ ᠬᠦᠷᠦᠩᠭᠡ ᠮᠦᠩᠭᠦ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠤᠯᠤᠰ ᠤᠨ ᠦᠮᠴᠢᠯᠡᠯᠲᠦ ᠬᠦᠷᠦᠩᠭᠡ ᠮᠦᠩᠭᠦ ᠪᠠᠷ ᠪᠡᠯᠡ ᠣᠷᠤᠭᠤᠯᠵᠤ᠂ ᠡᠵᠡᠩᠨᠡᠨ | ᠠᠵᠢᠯᠯᠠᠬᠤ ᠺᠤᠮᠫᠠᠨᠢ ᠶᠢᠨ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠂ ᠬᠤᠯᠢᠮᠠᠭ ᠦᠮᠴᠢᠯᠡᠯᠲᠦ ᠶᠢᠨ ᠦᠭᠡᠷᠡᠴᠢᠯᠡᠯᠲᠡ ᠪᠠ ᠰᠲ᠋ᠣᠺ ᠤᠨ ᠡᠷᠬᠡ ᠶᠢᠨ ᠣᠯᠠᠨ | ᠡᠰᠢᠵᠢᠯᠲᠡ ᠳᠤ ᠪᠤᠳᠠᠳᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ | ᠴᠢᠳᠠᠪᠤᠷᠢ ᠶᠢ ᠰᠠᠯᠭᠠᠬᠤ ᠪᠠ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠤᠨ | ᠶᠡᠷᠦᠩᠬᠡᠶᠢᠯᠡᠭᠰᠡᠨ ᠲᠣᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠦᠷᠭᠡᠳᠭᠡᠨ | ᠪᠠᠶᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢᠨ ᠵᠠᠭᠪᠤᠷ ᠢ | ᠢᠳᠡᠪᠬᠢᠲᠡᠢ ᠰᠦᠪᠡᠭᠴᠢᠯᠡᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠦᠮᠦᠨ ᠳᠤᠮᠳᠠᠴᠢ ᠳᠤ ᠣᠯᠭᠤᠬᠤ ᠡᠳ᠋ ᠤᠨ ᠵᠠᠰᠠᠭ ᠤᠨ ᠨᠦᠬᠦᠪᠦᠷᠢ ᠶᠢᠨ | ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | ︵ᠭᠤᠷᠪᠠ︶ ᠪᠦᠬᠦ ᠲᠠᠯ᠎ᠠ ᠪᠠᠷ ᠭᠠᠳᠠᠭᠠᠳᠤ ᠨᠡᠭᠡᠭᠡᠯᠲᠡ ᠬᠢᠬᠦ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ | ᠪᠠᠶᠢᠭᠤᠯᠬᠤ ᠶᠢᠨ ᠲᠣᠭᠤᠷᠢᠨ ᠳᠤ ᠡᠯ᠎ᠡ ᠲᠦᠷᠦᠯ ᠤᠨ ᠬᠠᠮᠲᠤᠷᠠᠯᠴᠠᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠲᠤᠳᠤᠭᠠᠲᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠤ ᠬᠢᠨ ᠢ ᠰᠠᠴᠤᠷᠠᠭᠠᠨ ᠳᠠᠶᠢᠴᠢᠯᠠᠭᠰᠠᠨ᠂ ᠡᠬᠢ ᠪᠠᠶᠠᠯᠢᠭ ᠢ ᠬᠤᠷᠠᠭᠤᠯᠤᠨ ᠪᠦᠭᠡᠮᠨᠡᠷᠡᠭᠦᠯᠦᠭᠰᠡᠨ ᠪᠠ | ᠲᠦᠪᠯᠡᠷᠡᠭᠦᠯᠵᠦ ᠬᠤᠪᠢᠶᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ | ᠪᠦᠷᠢᠯᠳᠦᠭᠦᠯᠦᠨ᠎ᠡ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠦᠢᠯᠡᠴᠢᠯᠡᠬᠦ ᠪᠠ ᠠᠭᠤᠰᠤᠯᠴᠠᠵᠤ᠂ ᠰᠠᠭᠤᠷᠢ | ᠪᠡᠯᠡᠳᠭᠡᠮᠵᠢ ᠶᠢᠨ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠡᠷᠢᠶᠡᠨ ᠬᠤᠲᠠ — ᠤᠯᠠᠭᠠᠨᠪᠭᠠᠲᠣᠷ — ᠤᠯᠠᠭᠠᠨ ᠦᠳᠡ ᠬᠦᠷᠬᠦ | ᠲᠡᠮᠦᠷ ᠵᠠᠮ ᠤᠨ ᠳᠤᠮᠳᠠ ᠱᠤᠭᠤᠮ ᠤᠨ ᠬᠡᠰᠡᠭ ᠤᠨ ᠳᠡᠰ ᠳᠡᠪᠰᠢᠵᠦ ᠦᠭᠡᠷᠡᠴᠢᠯᠡᠬᠦ᠂ ᠳᠠᠯᠠᠢ ᠳᠠᠭᠠᠤ ᠶᠢᠨ 2 ᠳ᠋ᠤᠭᠠᠷ ᠨᠣᠮᠧᠷᠲᠤ ᠣᠯᠠᠨ ᠤᠯᠤᠰ ᠤᠨ ᠬᠤᠩᠭᠢᠯ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠪᠤᠭᠤᠮᠲᠠ ᠶᠢᠨ ᠰᠠᠭᠤᠷᠢ ᠪᠡᠯᠡᠳᠭᠡᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠮᠠᠨᠵᠣᠣᠷ᠂ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠶᠢᠨ ᠣᠷᠣᠨ᠂ | ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠭᠠᠭᠴᠠᠮᠤᠳᠤ᠂ ᠡᠵᠡᠨ᠎ᠡ ᠵᠡᠷᠭᠡ ᠦᠪᠡᠷᠲᠡᠭᠡᠨ ᠵᠠᠰᠠᠬᠤ ᠣᠷᠣᠨ ᠤ ᠬᠢᠯᠢ | ᠳᠠᠭᠠᠤ ᠶᠢᠨ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠶᠢᠨ ᠣᠷᠣᠨ᠂ ᠬᠦᠯᠦᠨ ᠪᠣᠶᠢᠷ ᠤᠨ ᠳᠤᠮᠳᠠᠳᠤ ᠣᠷᠣᠰ ᠮᠤᠩᠭᠤᠯ ᠤᠨ | ᠬᠠᠮᠲᠤᠷᠠᠯᠴᠠᠭᠠᠨ ᠤ ᠬᠤᠰᠢᠭᠤᠴᠢ ᠣᠷᠣᠨ ᠵᠡᠷᠭᠡ ᠭᠠᠳᠠᠭᠠᠲᠣ ᠨᠡᠭᠡᠭᠡᠯᠲᠡ ᠬᠢᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠣᠯᠠᠨ ᠤᠯᠤᠰ ᠤᠨ 365赢多少钱会被限额_国内有真正的365平台吗_365bet博彩官网 | ᠰᠤᠯᠢᠯᠴᠠᠭ᠎ᠠ ᠬᠠᠮᠲᠤᠷᠠᠯᠴᠠᠭᠠᠨ ᠤ ᠰᠢᠨ᠎ᠡ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠥᠷᠭᠡᠳᠭᠡᠵᠦ᠂ ᠡᠸᠦ᠋ᠷᠦᠫᠡ ᠠᠮᠧᠷᠢᠺᠠ᠂ ᠵᠡᠭᠦᠨ ᠡᠮᠦᠨᠡᠲᠦ ᠠᠽᠢᠶ᠎ᠠ᠂ ᠵᠡᠭᠦᠨ | ᠬᠤᠶᠢᠲᠤ ᠠᠽᠢᠶ᠎ᠠ᠂ ᠳᠤᠮᠳᠠᠳᠤ ᠠᠽᠢᠶ᠎ᠠ ᠵᠡᠷᠭᠡ ᠣᠷᠣᠨ ᠪᠦᠰᠡ ᠵᠢᠴᠢ ᠮᠠᠨ ᠤ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠭᠰᠠᠨ ᠤᠯᠤᠰ ︵ᠭᠠᠵᠠᠷ | ᠣᠷᠣᠨ︶ ᠯᠤᠭ᠎ᠠ ᠶᠢᠨ ᠠᠷᠠᠯᠵᠢᠶᠠᠨ ᠤ ᠶᠠᠪᠤᠯᠴᠠᠭ᠎ᠠ ᠶᠢ ᠴᠢᠩᠭᠠᠳᠬᠠᠨ᠎ᠠ᠃ ᠭᠠᠳᠠᠭᠠᠳᠤ ᠳᠤ ᠪᠡᠯᠡ ᠣᠷᠤᠭᠤᠯᠬᠤ ᠶᠢᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ | ᠬᠦᠲᠦᠯᠦᠨ ᠵᠢᠯᠤᠭᠤᠳᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ᠂ ᠪᠥᠸᠧᠬᠠᠢ ᠲᠠᠩᠬᠢᠰ ᠳᠠᠭᠠᠤ᠂ ᠵᠢᠶᠠᠩᠰᠤ | ᠵᠧᠵᠢᠶᠠᠩ ᠱᠠᠩᠬᠠᠢ ᠭᠤᠸᠠᠩᠳᠦ᠋ᠩ᠂ ᠵᠡᠭᠦᠨ ᠬᠤᠶᠢᠲᠣ ᠶᠢᠨ ᠭᠤᠷᠪᠠᠨ ᠮᠤᠵᠢ ᠵᠡᠷᠭᠡ ᠣᠷᠣᠨ ᠪᠦᠰᠡ ᠯᠦᠭᠡ ᠶᠢᠨ ᠰᠢᠯᠢᠳᠡᠭ ᠬᠠᠮᠲᠤᠷᠠᠯᠴᠠᠭᠠᠨ ᠤ ᠬᠠᠷᠢᠴᠠᠭ᠎ᠠ ᠶᠢ | ᠪᠠᠬᠢᠵᠢᠭᠦᠯᠦᠨ ᠭᠦᠨᠵᠡᠭᠡᠶᠢᠷᠡᠭᠦᠯᠵᠦ᠂ ᠬᠦᠬᠡᠮᠦ᠋ᠷᠡᠨ ᠤ ᠠᠵᠤ ᠠᠬᠤᠢ ᠶᠢᠨ ᠪᠦᠰᠡ᠂ ᠨᠠᠷᠮᠠᠢ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ | ᠯᠦᠭᠡ ᠶᠢᠨ ᠰᠢᠨ᠎ᠡ ᠬᠠᠮᠲᠤᠷᠠᠯᠴᠠᠭᠠᠨ ᠤ ᠬᠠᠷᠢᠴᠠᠭ᠎ᠠ ᠶᠢ ᠥᠷᠭᠡᠳᠭᠡᠬᠦ ᠪᠠᠨ ᠢᠳᠡᠪᠬᠢᠲᠡᠢ ᠰᠦᠪᠡᠭᠴᠢᠯᠡᠵᠦ᠂ ᠤᠯᠤᠰ ᠤᠨ ᠲᠤᠳᠤᠭᠠᠳᠤ ᠶᠢᠨ ᠠᠵᠤ ᠦᠢᠯᠡᠰ ᠤᠨ ᠬᠡᠯᠬᠢᠶ᠎ᠡ | ᠂ ᠥᠷᠲᠡᠭ ᠤᠨ ᠬᠡᠯᠬᠢᠶ᠎ᠡ ᠳᠤ ᠭᠦᠨᠵᠡᠭᠡᠢ ᠠᠭᠤᠰᠤᠯᠴᠠᠨ᠎ᠠ᠃ | ᠲᠠᠪᠤ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠳᠭᠡᠨ ᠬᠡᠷᠡᠭᠵᠢᠭᠦᠯᠵᠦ᠂ ᠮᠠᠯ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠳᠡᠭᠡ ᠲᠤᠰᠬᠤᠨ ᠤ ᠠᠵᠢᠯ ᠤᠨ ᠳᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠢ ᠶᠢ ᠳᠡᠮᠵᠢᠵᠦ | ᠬᠠᠮᠠᠭᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠲᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢ ᠬᠦᠴᠦᠲᠡᠢ | ᠠᠳᠬᠤᠵᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ︽ᠠᠮᠤ ᠪᠤᠳᠠᠭ᠎ᠠ︾ ᠶᠢᠨ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ | ᠪᠠ ︽ᠬᠤᠯᠢᠰᠢᠨ ᠢᠳᠡᠭᠡ︾ ᠶᠢᠨ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠣᠷᠣᠨ | ᠪᠦᠰᠡ ᠶᠢᠨ ᠪᠠᠶᠢᠷᠢᠰᠢᠭᠤᠯᠤᠯᠲᠠ ᠪᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠭᠡᠮᠨᠡᠷᠡᠯ ᠢ ᠪᠦᠲᠦᠭᠡᠨ ᠪᠠᠶᠢᠭᠤᠯᠤᠨ᠎ᠠ᠃ ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠴᠢᠨᠠᠷᠵᠢᠭᠤᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠦᠨᠳᠦᠷ ᠪᠦᠲᠦᠮᠵᠢᠲᠦ ᠤᠰᠤ ᠠᠷᠪᠢᠯᠠᠬᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠪᠠ | ᠬᠤᠵᠢᠷᠯᠢᠭ ᠭᠠᠵᠠᠷ ᠢ ᠦᠭᠡᠷᠡᠴᠢᠯᠡᠵᠦ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 300 ᠲᠦᠮᠡᠨ ᠮᠦ᠂ ᠦᠨᠳᠦᠷ | ᠪᠦᠲᠦᠮᠵᠢᠲᠦ ᠤᠰᠤ ᠠᠷᠪᠢᠯᠠᠬᠤ ᠲᠠᠷᠢᠶᠠᠨ ᠭᠠᠵᠠᠷ ᠤᠨ ᠲᠠᠯᠠᠪᠠᠢ ᠶᠢ 135 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠦᠮᠦᠰᠦ ᠪᠠᠷ ᠭᠤᠣᠯᠯᠠᠬᠤ ᠠᠮᠤ ᠪᠤᠳᠠᠭ᠎ᠠ | ᠪᠣᠯᠭᠠᠭᠰᠠᠨ ᠪᠦᠲᠦᠭᠡᠭᠳᠡᠭᠦᠨ ᠪᠠ ᠠᠵᠤ ᠦᠢᠯᠡᠰ ᠢ ᠨᠡᠭᠡᠭᠡᠨ ᠬᠥᠭᠵᠢᠭᠦᠯᠬᠦ ᠪᠠᠨ ᠲᠦᠷᠭᠡᠳᠭᠡᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠤᠤᠯᠤᠭᠤᠷ ᠤᠨ ᠠᠵᠤ ᠦᠢᠯᠡᠰ ᠢ ᠬᠥᠭᠵᠢᠭᠦᠯᠦᠨ ᠪᠣᠵᠠᠭᠠᠶᠢᠷᠠᠭᠤᠯᠵᠤ᠂ | ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠰᠡᠷᠭᠦᠭᠡᠬᠦ ᠪᠠᠨ ᠰᠠᠶᠢᠲᠤᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ᠂ ᠵᠡᠷᠭᠡ | ᠳᠡᠰᠴᠢᠯᠡᠭᠰᠡᠨ᠂ ᠳᠡᠭᠡᠳᠦ ᠮᠡᠷᠭᠡᠵᠢᠭᠦᠯᠦᠭᠰᠡᠨ᠂ ᠮᠡᠳᠡᠭᠡ ᠵᠠᠩᠬᠢᠴᠢᠯᠠᠭᠰᠠᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠣᠳᠣ ᠦᠶ᠎ᠡ ᠶᠢᠨ ᠦᠷ᠎ᠡ | ᠡᠭᠦᠯᠳᠡᠷ ᠤᠨ ᠦᠢᠯᠡᠰ ᠤᠨ ᠢᠨᠵᠧᠨᠧᠷᠢᠩ ᠢ ᠬᠡᠷᠡᠭᠵᠢᠭᠦᠯᠦᠨ᠂ ᠭᠠᠷᠤᠯᠲᠠ ᠶᠢᠨ ᠣᠷᠣᠨ ᠳᠤ ᠨᠢ ᠴᠡᠪᠡᠷᠰᠢᠭᠦᠯᠬᠦ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠳᠠᠷᠤᠬᠤ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠯᠵᠢᠬᠤ ᠲᠠᠷᠢᠶᠠᠯᠠᠬᠤ | ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠣᠳᠣ ᠦᠶ᠎ᠡ ᠶᠢᠨ ᠬᠦᠲᠦᠴᠢ ᠠᠵᠤ | ᠠᠬᠤᠶᠢᠯᠠᠯ ᠢ ᠪᠣᠢ ᠪᠣᠯᠭᠠᠵᠤ᠂ ᠨᠡᠷᠡᠲᠦ ᠲᠡᠮᠲᠡᠭ ᠢᠶᠠᠷ ᠬᠦᠲᠦᠯᠦᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠤᠨ᠂ ᠨᠢᠭᠡ ᠪᠦᠯᠦᠭ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ | ᠴᠤᠭᠴᠠᠯᠠᠨ ᠪᠠᠶᠢᠭᠤᠯᠤᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠬᠦᠳᠡᠭᠡ ᠲᠤᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠯᠦᠪᠵᠢᠭᠦᠯᠭᠡ ᠶᠢ ᠨᠢᠭᠡᠳᠭᠡᠭᠰᠡᠨ ᠬᠡᠷᠡᠭᠯᠡᠭᠡᠨ ᠤ ᠬᠡᠯᠪᠡᠷᠢ ᠪᠦᠬᠦᠢ ᠠᠶᠢᠯ ᠲᠤᠰᠬᠤᠨ ᠤ | ᠲᠦᠯᠦᠪᠵᠢᠭᠦᠯᠭᠡ ᠶᠢ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠭᠡᠮᠵᠢ ᠶᠢᠨ ᠲᠠᠯ᠎ᠠ ᠪᠠᠷ ᠬᠢ ᠲᠤᠳᠠᠭᠤᠳᠠᠯ ᠢ ᠲᠦᠷᠭᠡᠳᠭᠡᠨ ᠨᠦᠬᠦᠪᠦᠷᠢᠯᠡᠵᠦ᠂ | ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠠᠮ ᠱᠤᠭᠤᠮ᠂ ᠮᠡᠳᠡᠭᠡ ᠵᠠᠩᠭᠢ᠂ ᠭᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ | ᠰᠠᠭᠤᠷᠢ ᠪᠡᠯᠡᠳᠭᠡᠮᠵᠢ ᠶᠢᠨ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠤᠬᠢᠷ ᠤᠰᠤ | ᠬᠤᠭ ᠨᠣᠪᠰᠢ ᠶᠢ ᠰᠢᠢᠳᠪᠦᠷᠢᠯᠡᠬᠦ᠂ ᠵᠣᠷᠯᠣᠩ ᠤᠨ ᠬᠤᠪᠢᠰᠤᠯᠲᠠ᠂ ᠲᠠᠷᠢᠮᠠᠯ ᠤᠨ ᠡᠰᠢ ᠰᠦᠷᠡᠯ ᠵᠢᠴᠢ ᠮᠠᠯ ᠵᠢᠭᠦᠷᠲᠡᠨ ᠲᠡᠵᠢᠭᠡᠪᠦᠷᠢ ᠶᠢᠨ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠪᠠ ᠠᠶᠢᠯ ᠲᠤᠰᠬᠤᠨ ᠤ ᠳᠥᠷᠰᠦ ᠪᠠᠶᠢᠳᠠᠯ ᠢ ᠰᠠᠶᠢᠵᠢᠷᠠᠭᠤᠯᠬᠤ ᠶᠢ ᠠᠬᠢᠭᠤᠯᠤᠨ᠎ᠠ᠃ ᠬᠦᠳᠡᠭᠡ ᠲᠤᠰᠬᠤᠨ ᠢ ᠨᠣᠭᠤᠭᠠᠷᠠᠭᠤᠯᠵᠤ | ᠭᠤᠶᠤᠵᠢᠭᠤᠯᠬᠤ ᠠᠵᠢᠯᠯᠠᠭ᠎ᠠ ᠶᠢ ᠦᠷᠨᠢᠭᠦᠯᠵᠦ᠂ ᠬᠦᠳᠡᠭᠡ ᠲᠤᠰᠬᠤᠨ ᠢ ᠨᠤᠭᠤᠭᠠᠷᠠᠭᠤᠯᠵᠤ ᠭᠤᠶᠤᠵᠢᠭᠤᠯᠬᠤ ᠶᠢᠨ ᠵᠢᠱᠢᠶ᠎ᠡ ᠦᠵᠡᠭᠦᠯᠬᠦ ᠲᠤᠰᠬᠤᠨ ᠢ 1000 | ᠪᠠᠶᠢᠭᠤᠯᠵᠤ᠂ ᠤᠯᠤᠰ ᠤᠨ ᠳᠡᠰ ᠤᠨ ᠣᠢ ᠰᠢᠭᠤᠢ ᠲᠠᠢ ᠬᠦᠳᠡᠭᠡ ᠲᠤᠰᠬᠤᠨ ᠢ 300 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠳᠤ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠪᠠ ᠣᠳᠣ ᠦᠶ᠎ᠡ ᠶᠢᠨ ᠲᠠᠷᠢᠶᠠᠯᠠᠩ | ᠮᠠᠯ ᠠᠵᠤ ᠠᠬᠤᠢ ᠶᠢᠨ ᠬᠥᠭᠵᠢᠯᠲᠡ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠤᠨ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠳᠤ ᠬᠠᠨᠳᠤᠭᠤᠯᠤᠭᠰᠠᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠣᠯᠠᠨ ᠵᠦᠢᠯ ᠤᠨ ᠬᠡᠯᠪᠡᠷᠢ ᠲᠠᠢ ᠵᠣᠬᠢᠬᠤ ᠬᠡᠪᠴᠢᠶᠡᠵᠢᠯᠲᠦ ᠡᠵᠡᠩᠨᠡᠯᠲᠡ ᠶᠢ ᠲᠣᠭᠲᠠᠭᠤᠨ ᠢᠶᠠᠷ | ᠬᠥᠭᠵᠢᠭᠦᠯᠦᠨ᠎ᠡ᠃ ᠬᠦᠲᠦᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠬᠤ᠂ ᠪᠡᠯᠡ ᠮᠦᠩᠭᠦ ᠶᠢ ᠬᠤᠪᠢ ᠣᠷᠤᠭᠤᠯᠤᠭᠰᠠᠨ ᠮᠦᠩᠭᠦ ᠪᠣᠯᠭᠠᠨ ᠬᠤᠪᠢᠷᠠᠭᠤᠯᠬᠤ᠂ ᠮᠠᠯᠴᠢᠨ | ᠲᠠᠷᠢᠶᠠᠴᠢᠳ ᠢ ᠬᠤᠪᠢ ᠣᠷᠤᠭᠤᠯᠤᠭᠴᠢ ᠪᠣᠯᠭᠠᠨ ᠬᠤᠪᠢᠷᠠᠭᠤᠯᠬᠤ ᠵᠡᠷᠭᠡ ᠦᠭᠡᠷᠡᠴᠢᠯᠡᠯᠲᠡ ᠶᠢᠨ ᠲᠣᠷᠰᠢᠯᠭ᠎ᠠ ᠶᠢ ᠳᠡᠯᠭᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠭᠠᠵᠠᠷ ᠰᠢᠷᠤᠢ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢ ᠲᠠᠲᠠᠪᠤᠷᠢᠯᠠᠬᠤ᠂ ᠬᠠᠮᠲᠤ ᠶᠢᠨ | ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠤᠭᠤᠯᠬᠤ᠂ ᠣᠷᠣᠨ ᠰᠠᠭᠤᠴᠠ ᠶᠢᠨ ᠰᠠᠭᠤᠷᠢ ᠭᠠᠵᠠᠷ ᠤᠨ | ᠳᠦᠷᠢᠮ ᠤᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠪᠣᠯᠤᠨ ᠨᠤᠲᠤᠭ ᠪᠡᠯᠴᠢᠭᠡᠷ ᠤᠨ | ︽ᠭᠤᠷᠪᠠᠨ ᠡᠷᠬᠡ ᠶᠢ ᠰᠠᠯᠭᠠᠬᠤ︾ ᠠᠵᠢᠯ ᠢ ᠲᠣᠭᠲᠠᠭᠤᠨ ᠢᠶᠠᠷ ᠠᠬᠢᠭᠤᠯᠤᠨ᠎ᠠ᠃ ᠬᠦᠳᠡᠭᠡ ᠲᠤᠰᠬᠤᠨ ᠤ ᠵᠠᠰᠠᠯᠲᠠ ᠶᠢ ᠪᠦᠲᠦᠮᠵᠢᠲᠡᠢ ᠪᠡᠶᠡᠯᠡᠭᠦᠯᠬᠦ ᠠᠷᠭ᠎ᠠ | ᠬᠡᠯᠪᠡᠷᠢ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠦᠪᠡᠭᠴᠢᠯᠡᠵᠦ᠂ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮᠵᠢ ᠪᠣᠯᠣᠨ ᠵᠠᠰᠠᠬᠤ | ᠴᠢᠳᠠᠪᠤᠷᠢ ᠶᠢᠨ ᠤᠳᠤᠬᠢᠴᠢᠯᠠᠯᠲᠠ ᠶᠢᠨ ᠲᠣᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠨᠢᠭᠦᠯᠦᠨ᠎ᠡ᠃ | ᠵᠢᠷᠭᠤᠭ᠎ᠠ᠂ ᠬᠤᠲᠠ ᠬᠦᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ | ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ | ᠨᠦᠬᠦᠪᠦᠷᠢᠯᠡᠭᠰᠡᠨ ᠵᠦᠷᠢᠶᠡᠴᠢᠯᠡᠨ ᠵᠣᠬᠢᠴᠠᠭᠤᠯᠵᠤ ᠬᠥᠭᠵᠢᠬᠦ ᠣᠷᠣᠨ ᠪᠦᠰᠡ ᠶᠢᠨ ᠪᠠᠶᠢᠷᠢᠰᠢᠭᠤᠯᠤᠯᠲᠠ ᠪᠦᠷᠢᠯᠳᠦᠬᠦ ᠶᠢ ᠠᠬᠢᠭᠤᠯᠤᠨ᠂ ᠣᠷᠣᠨ ᠪᠦᠰᠡ ᠶᠢᠨ | ᠬᠤᠯᠪᠣᠭᠠᠯᠠᠯ᠂ ᠬᠤᠲᠠ ᠬᠦᠳᠡᠭᠡ ᠶᠢᠨ ᠠᠭᠤᠰᠤᠯᠴᠠᠯ᠂ ᠲᠤᠳᠤᠭᠠᠲᠤ ᠭᠠᠳᠠᠭᠠᠳᠤ ᠶᠢᠨ ᠰᠠᠭᠠᠳ ᠦᠭᠡᠢ ᠨᠡᠪᠲᠡᠷᠡᠯ ᠢ ᠪᠦᠲᠦᠮᠵᠢᠲᠡᠢ ᠠᠬᠢᠭᠤᠯᠤᠨ᠎ᠠ᠃ | ︵ᠨᠢᠭᠡ︶ ᠲᠦᠪᠯᠡᠷᠡᠭᠦᠯᠦᠨ ᠪᠦᠭᠡᠮᠨᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢ ᠬᠦᠷᠢᠶᠡᠯᠡᠩ | ᠲᠣᠭᠤᠷᠢᠭ ᠲᠡᠶᠢᠰᠢ ᠲᠦᠪᠯᠡᠷᠡᠭᠦᠯᠬᠦ᠂ ᠮᠠᠯ ᠲᠠᠷᠢᠶᠠᠯᠠᠩ ᠢ ᠦᠢᠯᠡᠳᠪᠦᠷᠢᠯᠡᠯ ᠤᠨ ᠨᠦᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠲᠡᠶᠢᠰᠢ ᠲᠥᠪᠯᠡᠷᠡᠭᠦᠯᠬᠦ ᠪᠠᠷ | ᠬᠦᠲᠦᠯᠦᠨ ᠵᠢᠯᠤᠭᠤᠳᠤᠨ᠎ᠠ᠃ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠬᠠᠢ ᠦᠪᠦᠷ | ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠦᠪᠦᠷ ᠵᠠᠰᠠᠭ ᠲᠠᠷᠬᠠᠭᠠᠭᠰᠠᠨ ﹇2019﹈ 21 ᠳ᠋ᠦ᠋ᠭᠡᠷ | ᠲᠣᠭᠠᠲᠤ︶ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠡᠮᠬᠢᠯᠡᠨ ᠨᠡᠶᠢᠯᠡᠭᠦᠯᠬᠦ ᠪᠠ ᠠᠵᠤ ᠦᠢᠯᠡᠰ ᠤᠨ ᠨᠢᠭᠡᠲᠦᠯᠲᠡᠢ ᠲᠦᠯᠦᠪᠯᠡᠬᠦ ᠠᠵᠢᠯ ᠢ | ᠡᠮᠬᠢ ᠵᠢᠷᠤᠮ ᠲᠠᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠬᠦᠨᠳᠡᠶᠢᠷᠡᠨ ᠬᠤᠭᠤᠰᠤᠷᠠᠭᠰᠠᠨ᠂ ᠠᠵᠤ ᠦᠢᠯᠡᠰ ᠤᠨ ᠢᠵᠢᠯᠢᠰᠢᠭᠰᠡᠨ᠂ ᠡᠬᠢ ᠪᠠᠶᠠᠯᠢᠭ ᠤᠨ ᠰᠣᠯᠠ | ᠲᠠᠯᠪᠢᠭᠳᠠᠭᠰᠠᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠪᠠᠶᠢᠷᠢ ᠰᠤᠯᠢᠪᠢᠴᠠᠨ ᠬᠥᠭᠵᠢᠭᠰᠡᠨ᠂ ᠴᠢᠳᠠᠮᠵᠢ ᠨᠢ | ᠵᠣᠬᠢᠴᠠᠩᠭᠤᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠣᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠭᠤᠯᠤᠯᠲᠠ | ᠬᠢᠬᠦ ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠲᠦᠷᠭᠡᠳᠭᠡᠵᠦ᠂ ᠦᠷ᠎ᠡ | ᠠᠰᠢᠭ ᠤᠨ ᠭᠦᠢᠴᠡᠳᠭᠡᠯ ᠲᠤᠭ᠎ᠠ ᠪᠠᠷ ᠭᠤᠣᠯ ᠪᠣᠯᠭᠠᠭᠰᠠᠨ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠨᠢᠭᠡᠴᠢ ᠲᠠᠯᠠᠪᠠᠢ ᠶᠢᠨ ᠣᠷᠤᠭᠤᠯᠤᠯᠲᠠ ᠶᠢᠨ | ᠡᠷᠴᠢᠮ ᠪᠠ ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠣᠷᠣᠨ ᠪᠦᠰᠡ ᠶᠢᠨ ᠨᠡᠮᠡᠭᠳᠡᠯ ᠢ ᠳᠠᠶᠢᠴᠢᠯᠠᠬᠤ ᠲᠦᠢᠯ ᠢ ᠪᠣᠢ ᠪᠣᠯᠭᠠᠨ᠎ᠠ᠃ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ | ᠬᠥᠭᠵᠢᠭᠦᠯᠵᠦ ᠰᠢᠨ᠎ᠡ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠦᠪᠦᠷ ᠨᠠᠮ ᠲᠠᠷᠬᠠᠭᠠᠭᠰᠠᠨ ﹇2019︶ 24 ᠳ᠋ᠦ᠋ᠭᠡᠷ ᠲᠣᠭᠠᠲᠤ︶ ᠤᠨ | ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠭᠦᠨᠵᠡᠭᠡᠢ ᠠᠬᠢᠭᠤᠯᠤᠨ᠎ᠠ | ᠃ ᠬᠦᠬᠡᠬᠤᠲᠠ ᠪᠤᠭᠤᠳᠤ ᠣᠷᠳᠤᠰ ᠵᠢᠴᠢ ᠤᠯᠠᠭᠠᠨᠴᠠᠪ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠯ᠎ᠡ ᠭᠠᠵᠠᠷ ᠣᠷᠣᠨ ᠤ ᠳᠠᠪᠠᠭᠤᠯᠢᠭ ᠲᠤ ᠪᠠᠨ ᠲᠦᠰᠢᠭᠯᠡᠨ | ᠣᠨᠴᠠᠯᠢᠭ ᠢᠶᠠᠷ ᠢᠯᠡ ᠲᠣᠳᠣ᠂ ᠪᠠᠶᠢᠷᠢ ᠰᠤᠯᠪᠢᠴᠠᠵᠤ ᠬᠠᠷᠢᠯᠴᠠᠨ ᠨᠦᠬᠦᠪᠦᠷᠢᠯᠡᠭᠰᠡᠨ᠂ ᠵᠣᠬᠢᠴᠠᠩᠭᠤᠢ ᠬᠥᠭᠵᠢᠭᠰᠡᠨ ᠠᠵᠤ ᠦᠢᠯᠡᠰ ᠤᠨ ᠰᠢᠰᠲ᠋ᠧᠮᠵᠢ ᠪᠠᠶᠢᠭᠤᠯᠬᠤ ᠶᠢ | ᠳᠡᠮᠵᠢᠵᠦ᠂ ᠣᠷᠣᠨ ᠪᠦᠰᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠦᠬᠡᠬᠤᠲᠠ ᠪᠤᠭᠤᠳᠤ ᠣᠷᠳᠣᠰ ᠲᠡᠮᠡᠭᠡᠲᠦ ᠬᠤᠲᠠ ᠶᠢᠨ ᠪᠦᠭᠡᠮᠨᠡᠷᠡᠯ ᠤᠨ | ᠬᠥᠭᠵᠢᠯᠲᠡ ᠶᠢᠨ ᠲᠦᠯᠦᠪᠵᠢᠭᠦᠯᠭᠡ ᠶᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠵᠡᠭᠦᠨ ᠬᠡᠰᠡᠭ ᠤᠨ ᠠᠶᠢᠮᠠᠭ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠤᠯᠠᠭᠠᠨᠬᠠᠳᠠ ᠪᠠ ᠲᠦᠩᠯᠢᠶᠣᠣ ᠵᠡᠷᠭᠡ ᠣᠷᠣᠨ ᠪᠦᠰᠡ ᠶᠢᠨ ᠴᠢᠨᠠᠷᠲᠠᠢ ᠭᠤᠣᠯ ᠲᠥᠪ ᠪᠣᠯᠬᠤ ᠬᠤᠲᠠ ᠪᠠᠷ ᠭᠤᠣᠯᠳᠠᠯᠭ᠎ᠠ ᠪᠣᠯᠭᠠᠵᠤ᠂ ᠴᠢᠬᠤᠯᠠ ᠶᠡᠭᠡ | ᠲᠦᠷᠦᠯ ᠵᠦᠢᠯ ᠢ ᠵᠠᠯᠭᠠᠨ ᠠᠪᠴᠤ ᠪᠠᠶᠢᠷᠢᠰᠢᠭᠤᠯᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠦᠭᠡᠷᠡᠴᠢᠯᠡᠯᠲᠡ ᠪᠠᠨ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠶᠢ | ᠠᠬᠢᠭᠤᠯᠤᠨ᠂ ᠪᠤᠬᠢᠷᠳᠤᠯ ᠦᠭᠡᠢ ᠬᠥᠭᠵᠢᠬᠦ ᠪᠠ ᠨᠡᠭᠡᠭᠡᠯᠲᠡ ᠲᠠᠢ ᠬᠥᠭᠵᠢᠬᠦ ᠶᠢᠨ ᠳᠠᠪᠠᠭᠤᠯᠢᠭ ᠢ ᠳᠡᠭᠡᠭᠰᠢᠯᠡᠭᠦᠯᠦᠨ᠎ᠡ᠃ ᠦᠬᠠᠢ ᠵᠢᠴᠢ ᠡᠷᠬᠢᠨ ᠲᠣᠭᠤᠷᠢᠨ ᠤ ᠭᠠᠵᠠᠷ | ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠵᠤ | ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ | ︵ᠭᠤᠷᠪᠠ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠶᠡᠭᠡ ᠪᠠᠷ | ᠬᠠᠮᠠᠭᠠᠯᠠᠬᠤ ᠶᠢ ᠬᠠᠮᠲᠤ ᠳᠤ ᠪᠠᠨ ᠰᠠᠶᠢᠲᠤᠷ ᠠᠳᠬᠤᠬᠤ ᠶᠢ ᠪᠠᠷᠢᠮᠲᠠᠯᠠᠵᠤ᠂ ᠶᠡᠭᠡ ᠪᠠᠷ ᠵᠠᠰᠠᠬᠤ ᠶᠢ ᠬᠠᠮᠵᠢᠯᠴᠠᠨ ᠠᠬᠢᠭᠤᠯᠵᠤ᠂ ︽ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠦᠯᠦᠪᠵᠢᠭᠦᠯᠭᠡ︾ ᠪᠠ | ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠨᠤᠲᠤᠭ ᠳᠡᠪᠢᠭᠰᠡᠭᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠬᠠᠲᠤᠨ | ᠭᠤᠣᠯ ᠤᠨ ᠦᠪᠦᠷ ᠮᠣᠩᠭᠤᠯ ᠤᠨ ᠬᠡᠰᠡᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠦᠩᠵᠢᠭᠦᠯᠦᠨ ᠰᠡᠷᠭᠦᠭᠡᠬᠦ ᠠᠵᠢᠯᠯᠠᠭᠠᠨ ᠤ ᠲᠦᠯᠦᠪᠯᠡᠭᠡ︾ | ᠶᠢ ᠬᠡᠷᠡᠭᠵᠢᠭᠦᠯᠵᠦ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠬᠤᠯᠠ ᠶᠡᠭᠡ ᠤᠰᠤᠨ | ᠠᠰᠢᠭᠯᠠᠯᠲᠠ ᠶᠢᠨ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ ᠭᠤᠣᠯ ᠤᠨ ᠵᠠᠮ ᠢ ᠴᠡᠭᠴᠡᠯᠡᠨ ᠵᠠᠰᠠᠬᠤ᠂ ᠰᠦᠩ ᠬᠠᠯᠢᠶ᠎ᠠ ᠶᠢ ᠰᠡᠷᠭᠡᠶᠢᠯᠡᠨ ᠭᠠᠮᠰᠢᠭ ᠢ ᠪᠠᠭᠠᠰᠬᠠᠬᠤ | ᠪᠠ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠷᠤᠲᠤᠬᠤᠢ ᠶᠢᠨ ᠤᠳᠤᠬᠢᠴᠢᠯᠠᠭᠰᠠᠨ ᠤᠰᠤᠨ | ᠠᠰᠢᠭᠯᠠᠯᠲᠠ ᠶᠢᠨ ᠣᠷᠣᠨ ᠢ ᠪᠦᠲᠦᠭᠡᠨ ᠪᠠᠶᠢᠭᠤᠯᠤᠨ᠎ᠠ᠃ ᠰᠠᠪᠠ ᠭᠠᠵᠠᠷ ᠤᠨ ᠠᠵᠤ ᠦᠢᠯᠡᠰ ᠤᠨ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ | ︵ᠳᠥᠷᠪᠡ︶ ᠬᠤᠲᠠ ᠬᠦᠳᠡᠭᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ᠃ ᠬᠦᠮᠦᠨ ᠠᠷᠠᠳ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠵᠤ᠂ ᠲᠥᠪ ᠬᠤᠲᠠ ᠪᠠ ᠬᠤᠲᠠ ᠶᠢᠨ ᠪᠦᠭᠡᠮᠨᠡᠷᠡᠯ ᠤᠨ ᠶᠡᠷᠦᠩᠬᠡᠢ ᠳᠠᠭᠠᠭᠠᠴᠠ ᠶᠢ ᠨᠢ ᠳᠡᠭᠡᠭᠰᠢᠯᠡᠭᠦᠯᠦᠨ᠂ ᠲᠤᠮᠤ | ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤᠨ ᠤ ᠵᠣᠬᠢᠴᠠᠩᠭᠤᠢ ᠬᠥᠭᠵᠢᠬᠦ ᠶᠢ ᠠᠬᠢᠭᠤᠯᠵᠤ᠂ ᠬᠤᠲᠠ ᠪᠠᠯᠭᠠᠰᠤᠨ ᠤ ᠦᠢᠯᠡᠴᠢᠯᠡᠭᠡᠨ ᠤ ᠴᠢᠳᠠᠮᠵᠢ ᠶᠢ | ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠠᠬᠢᠭᠤᠯᠤᠨ᠂ | ᠣᠨᠴᠠᠯᠢᠭᠲᠣ ᠵᠢᠵᠢᠭ ᠪᠠᠯᠭᠠᠰᠤᠨ ᠤ ᠴᠢᠨᠠᠷ ᠰᠠᠶᠢᠲᠠᠢ ᠭᠥᠭᠵᠢᠯᠲᠡ ᠶᠢ ᠠᠬᠢᠭᠤᠯᠤᠨ᠎ᠠ᠃ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ | ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠰᠠᠭᠤᠷᠢ ᠪᠡᠯᠡᠳᠭᠡᠮᠵᠢ᠂ ᠣᠯᠠᠨ ᠨᠡᠶᠢᠲᠡ ᠶᠢᠨ | ᠦᠢᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠥᠷᠭᠡᠳᠭᠡᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ | ᠳᠤᠯᠤᠭ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ | ᠪᠠᠷᠢᠮᠲᠠᠯᠠᠨ᠂ ᠠᠵᠤ ᠦᠢᠯᠡᠰ ᠢ ᠠᠮᠢ ᠠᠬᠤᠶᠢᠴᠢᠯᠠᠬᠤ᠂ ᠠᠮᠢ ᠠᠬᠤᠢ ᠶᠢ ᠠᠵᠤ ᠦᠢᠯᠡᠰᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠭᠦᠯᠬᠦ ᠶᠠᠪᠤᠴᠠ ᠳᠤ | ᠦᠨᠳᠦᠷ ᠬᠢᠷᠢ ᠲᠥᠪᠰᠢᠨ ᠢᠶᠠᠷ ᠬᠠᠮᠠᠭᠠᠯᠠᠬᠤ ᠶᠢ ᠠᠬᠢᠭᠤᠯᠤᠨ᠂ ᠦᠨᠳᠦᠷ ᠬᠢᠷᠢ ᠲᠥᠪᠰᠢᠨ ᠢᠶᠠᠷ ᠬᠠᠮᠠᠭᠠᠯᠠᠬᠤ ᠶᠠᠪᠤᠴᠠ ᠳᠤ ᠴᠢᠨᠠᠷ ᠰᠠᠶᠢᠲᠠᠢ ᠬᠥᠭᠵᠢᠭᠦᠯᠬᠦ ᠶᠢ | ᠠᠬᠢᠭᠤᠯᠤᠨ᠎ᠠ᠃ | ︵ᠨᠢᠭᠡ︶ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠭᠤᠯᠠ ᠤᠰᠤ ᠣᠢ | ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠲᠦᠯᠲᠡᠢ ᠲᠦᠯᠦᠪᠯᠡᠵᠦ᠂ ᠠᠮᠢ ᠠᠬᠤᠢ ᠶᠢ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠦᠷᠭᠦᠯᠵᠢᠯᠡᠨ ᠰᠠᠶᠢᠲᠤᠷ ᠠᠳᠬᠤᠵᠤ᠂ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠤᠭᠤᠷᠢᠨ ᠤ ᠭᠠᠵᠠᠷ ᠣᠷᠣᠨ ᠳᠤ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠪᠠ | ᠡᠪᠡᠰᠦ ᠪᠡᠯᠴᠢᠭᠡᠷ ᠨᠤᠭᠤ ᠭᠠᠵᠠᠷ ᠢ ᠰᠡᠷᠭᠦᠭᠡᠬᠦ ᠲᠣᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ | ᠦᠩᠵᠢᠭᠦᠯᠦᠨ ᠰᠡᠷᠭᠦᠭᠡᠬᠦ ᠤᠯᠤᠰ ᠤᠨ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂1450 ᠲᠦᠮᠡᠨ ᠮᠦ ᠡᠪᠡᠰᠦ ᠲᠠᠷᠢᠵᠤ᠂ 1290 ᠲᠦᠮᠡᠨ ᠮᠦ | ᠣᠶᠢᠵᠢᠭᠤᠯᠵᠤ᠂ 924 ᠲᠦᠮᠡᠨ ᠮᠦ ᠬᠦᠷᠦᠰᠦ ᠰᠢᠷᠤᠢ ᠶᠢᠨ ᠢᠳᠡᠭᠳᠡᠯ ᠲᠠᠢ ᠭᠠᠵᠠᠷ ᠢ ᠶᠡᠷᠦᠩᠬᠡᠶᠢᠯᠡᠨ ᠵᠠᠰᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠠᠮᠢ ᠠᠬᠤᠢ ᠶᠢ ᠦᠩᠵᠢᠭᠦᠯᠦᠨ ᠰᠡᠷᠭᠦᠭᠡᠬᠦ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ | ᠲᠣᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠲᠣᠷᠰᠢᠯᠲᠠ ᠶᠢᠨ ᠣᠷᠣᠨ ︵ᠦᠪᠦᠷ | ᠮᠣᠩᠭᠤᠯ︶ ᠤ ᠬᠡᠷᠡᠭᠵᠢᠭᠦᠯᠬᠦ ᠲᠦᠰᠦᠯ︾ ᠢ ᠨᠠᠶᠢᠷᠠᠭᠤᠯᠤᠨ ᠵᠣᠬᠢᠶᠠᠵᠤ ᠳᠡᠭᠡᠭᠰᠢ ᠮᠡᠳᠡᠭᠦᠯᠦᠨ᠎ᠡ᠃ ᠬᠦᠯᠦᠨ ᠪᠣᠶᠢᠷ ᠤᠨ ᠤᠯᠤᠰ ᠤᠨ ᠴᠡᠴᠡᠷᠯᠢᠭ ᠤᠨ ᠭᠤᠶᠤᠴᠢᠯᠠᠨ | ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢ ᠪᠡᠶᠡᠯᠡᠭᠦᠯᠦᠨ᠎ᠡ᠃ | ︵ᠬᠤᠶᠠᠷ︶ ᠪᠤᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠤᠨ᠎ᠠ᠃ ᠡᠨᠧᠷᠬᠢ ᠶᠢᠨ ᠬᠤᠷᠣᠭᠳᠠᠵᠤ ᠪᠠᠶᠢᠭ᠎ᠠ ᠶᠡᠷᠦᠩᠬᠡᠢ ᠬᠡᠮᠵᠢᠶ᠎ᠡ ᠪᠠ ᠬᠤᠷᠤᠭᠳᠠᠵᠤ | ᠪᠠᠶᠢᠭ᠎ᠠ ᠡᠷᠴᠢᠮ ᠢ ᠴᠢᠩᠭ᠎ᠠ ᠡᠵᠡᠮᠰᠢᠬᠦ ᠪᠠᠨ ᠤᠯᠠᠮ ᠨᠢᠭᠡ ᠠᠯᠬᠤᠮ ᠴᠢᠩᠭᠠᠳᠬᠠᠨ᠂ ᠪᠡᠯᠡ ᠣᠷᠤᠭᠤᠯᠤᠭᠰᠠᠨ ᠲᠦᠷᠦᠯ ᠵᠦᠢᠯ ᠳᠤ ᠡᠨᠧᠷᠬᠢ ᠠᠷᠪᠢᠯᠠᠬᠤ ᠲᠠᠯ᠎ᠠ ᠶᠢᠨ | ᠬᠢᠨᠠᠨ ᠪᠠᠶᠢᠴᠠᠭᠠᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠬᠢ ᠶᠢᠨ ᠬᠤᠷᠤᠭᠳᠠᠯ ᠤᠨ ᠬᠢᠵᠠᠭᠠᠷᠯᠠᠬᠤ ᠲᠤᠭ᠎ᠠ ᠶᠢ ᠪᠠᠷᠢᠮᠵᠢᠶ᠎ᠠ ᠪᠠᠷ | ᠬᠠᠷᠢᠴᠠᠭᠤᠯᠤᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠦᠷᠨᠢᠭᠦᠯᠦᠨ᠂ ᠡᠨᠧᠷᠬᠢ ᠶᠢᠨ ᠬᠤᠷᠤᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠶᠢ ᠠᠬᠢᠭᠤᠯᠤᠨ᠎ᠠ᠃ ᠠᠵᠢᠯ | ᠲᠦᠷᠦᠯ ᠤᠨ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠬᠢ ᠶᠢᠨ ᠬᠤᠷᠣᠭᠳᠠᠯ ᠶᠡᠬᠡᠲᠡᠢ ᠠᠵᠤ ᠦᠢᠯᠡᠰ ᠤᠨ | ᠦᠢᠯᠡᠳᠪᠦᠷᠢᠯᠡᠬᠦ ᠴᠢᠳᠠᠮᠵᠢ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ᠃ ᠪᠤᠬᠢᠷᠳᠤᠯ ᠦᠭᠡᠢ ᠠᠭᠤᠷᠬᠠᠢ ᠪᠠ ᠪᠤᠬᠢᠷᠳᠤᠯ ᠦᠭᠡᠢ ᠠᠭᠤᠷᠬᠠᠢ ᠶᠢᠨ | ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠬᠢᠷᠳᠤᠯ ᠦᠭᠡᠢ 128 ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠪᠦᠬᠦ ᠲᠠᠯ᠎ᠠ ᠪᠠᠷ | ᠵᠤᠭᠰᠤᠭᠠᠨ᠎ᠠ᠃ ᠪᠤᠬᠢᠷᠳᠤᠯ ᠦᠭᠡᠢ ᠴᠠᠬᠢᠯᠭᠠᠨ ᠭᠠᠷᠭᠠᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠯᠡᠰᠢᠨ ᠨᠡᠭᠦᠷᠡᠰᠦ ᠰᠢᠲᠠᠭᠠᠬᠤ | ᠴᠠᠬᠢᠯᠭᠠᠨ ᠥᠷᠲᠡᠭᠡ ᠶᠢᠨ ᠬᠡᠳᠦ ᠳᠣᠣᠷ᠎ᠠ ᠭᠠᠳᠠᠭᠰᠢᠯᠠᠭᠤᠯᠬᠤ ᠦᠭᠡᠷᠡᠴᠢᠯᠡᠯᠲᠡ ᠶᠢ 100 ᠲᠦᠮᠡᠨ ᠺᠢᠯᠤᠸᠠᠲ ᠠᠴᠠ ᠳᠡᠭᠡᠭᠰᠢ᠂ ᠡᠨᠧᠷᠬᠢ ᠠᠷᠪᠢᠯᠠᠬᠤ | ᠦᠭᠡᠷᠡᠴᠢᠯᠡᠯᠲᠡ ᠶᠢ 400 ᠲᠦᠮᠡᠨ ᠺᠢᠯᠤᠸᠠᠲ ᠣᠷᠴᠢᠮ ᠪᠡᠶᠡᠯᠡᠭᠦᠯᠵᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠬᠤᠴᠤᠷᠤᠩᠭᠤᠢ ᠦᠢᠯᠡᠳᠪᠦᠷᠢᠯᠡᠬᠦ ᠴᠢᠳᠠᠮᠵᠢ ᠶᠢ 4.2 | ᠲᠦᠮᠡᠨ ᠺᠢᠯᠣᠸᠠᠲ ᠰᠢᠭᠰᠢᠭᠳᠡᠭᠦᠯᠦᠨ᠎ᠡ᠃ ᠪᠤᠬᠢᠷᠳᠤᠯ ᠦᠭᠡᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠪᠤᠬᠢᠷᠳᠤᠯ ᠦᠭᠡᠢ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠤᠬᠢᠷᠳᠤᠯ ᠦᠭᠡᠢ ᠪᠣᠯᠭᠠᠬᠤ ᠮᠡᠷᠭᠡᠵᠢᠯ ᠤᠨ ᠦᠭᠡᠷᠡᠴᠢᠯᠡᠨ ᠰᠢᠨᠡᠳᠭᠡᠬᠦ ᠶᠢ ᠳᠡᠮᠵᠢᠨ | ᠦᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠦᠭᠡᠢ ᠦᠢᠯᠡᠳᠪᠦᠷᠢᠯᠡᠯ ᠪᠠ ᠬᠦᠷᠢᠶᠡᠯᠡᠩ ᠲᠣᠭᠤᠷᠢᠭ ᠤᠨ ᠡᠷᠬᠢᠯᠲᠡ ᠲᠠᠢ ᠦᠭᠡᠷᠡᠴᠢᠯᠡᠨ ᠰᠢᠨᠡᠳᠭᠡᠬᠦ ᠶᠢ | ᠠᠬᠢᠭᠤᠯᠤᠨ᠂ ᠪᠤᠬᠢᠷᠳᠤᠯ ᠦᠭᠡᠢ ᠬᠥᠭᠵᠢᠯᠲᠡ ᠶᠢᠨ ᠵᠦᠷᠢᠶᠡᠴᠢᠯᠡᠭᠰᠡᠨ ᠰᠢᠯᠭᠠᠨ ᠬᠢᠨᠠᠬᠤ ᠪᠠ ᠱᠠᠩᠨᠠᠵᠤ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠪᠣᠬᠢᠷᠳᠤᠯ | ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠬᠡᠷᠡᠭᠵᠢᠭᠦᠯᠵᠦ᠂ ᠪᠤᠬᠢᠷᠳᠤᠯ ᠦᠭᠡᠢ ᠶᠢᠨ ᠵᠢᠱᠢᠶ᠎ᠡ ᠦᠵᠡᠭᠦᠯᠬᠦ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠭᠤᠷᠪᠠᠨ ᠱᠤᠭᠤᠮ | ᠨᠢᠭᠡ ᠨᠠᠷᠢᠨ ᠳᠠᠩᠰᠠ︾ ︵ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠬᠤᠷᠢᠭ᠎ᠠ ᠱᠤᠭᠤᠮ᠂ ᠡᠬᠢ | ᠪᠠᠶᠠᠯᠢᠭ ᠢ ᠠᠰᠢᠭᠯᠠᠬᠤ ᠶᠢᠨ ᠳᠡᠭᠡᠳᠦ ᠬᠢᠵᠠᠭᠠᠷ ᠱᠤᠭᠤᠮ ᠪᠠ ᠣᠷᠴᠢᠨ ᠲᠣᠭᠤᠷᠢᠨ ᠤ ᠵᠥᠪᠰᠢᠶᠡᠷᠡᠨ ᠣᠷᠤᠭᠤᠯᠬᠤ ᠨᠠᠷᠢᠨ ᠳᠠᠩᠰᠠ︶ ᠶᠢᠨ ᠬᠠᠲᠠᠭᠤ ᠬᠢᠵᠠᠭᠠᠷᠯᠠᠯ ᠢ | ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠤᠭᠤᠷᠢᠭ ᠬᠤᠪᠢᠶᠠᠨ ᠬᠠᠮᠢᠶᠠᠷᠴᠤ ᠡᠵᠡᠮᠰᠢᠬᠦ ᠰᠢᠰᠲ᠋ᠧᠮᠵᠢ ᠶᠢ ᠪᠠᠶᠢᠭᠤᠯᠤᠨ᠂ ᠣᠷᠣᠨ | ᠪᠦᠰᠡ ᠶᠢᠨ ᠣᠷᠣᠨ ᠵᠠᠢ ᠳᠠᠬᠢ ᠠᠮᠢ ᠠᠬᠤᠢ ᠶᠢᠨ ᠣᠷᠴᠢᠨ ᠲᠣᠭᠤᠷᠢᠨ ᠳᠤ ᠦᠨᠡᠯᠡᠯᠲᠡ ᠬᠢᠬᠦ ᠶᠢ ᠠᠬᠢᠭᠤᠯᠤᠨ᠎ᠠ᠃ ︽ᠭᠤᠷᠪᠠᠨ ᠣᠷᠣᠨ ᠵᠠᠢ ᠭᠤᠷᠪᠠᠨ ᠱᠤᠭᠤᠮ︾ ︵ | ᠬᠤᠲᠠ ᠪᠠᠯᠭᠠᠰᠤᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ ᠱᠤᠭᠤᠮ︶ ᠢ | ᠬᠤᠪᠢᠶᠠᠷᠢᠯᠠᠨ ᠲᠣᠭᠲᠠᠭᠠᠬᠤ ᠪᠠ ᠴᠢᠩᠭ᠎ᠠ ᠰᠠᠬᠢᠵᠤ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠳᠤ | ︽ᠬᠤᠷᠢᠭ᠎ᠠ ᠲᠠᠢ ᠪᠠᠶᠢᠯᠭᠠᠬᠤ ᠨᠠᠷᠢᠨ ᠳᠠᠩᠰᠠ︾ ᠶᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ | ᠳᠦᠷᠢᠮ ᠢ ᠬᠡᠷᠡᠭᠵᠢᠭᠦᠯᠬᠦ ᠶᠢᠨ ᠵᠢᠯᠤᠭᠤᠳᠬᠤ ᠰᠠᠨᠠᠯ ᠢ ᠨᠡᠶᠢᠲᠡᠯᠡᠨ᠎ᠡ᠃ ᠠᠮᠢ ᠠᠬᠤᠢ ᠶᠢᠨ ᠨᠦᠬᠦᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠦᠷ᠎ᠡ ᠠᠰᠢᠭ ᠢ ᠪᠡᠯᠡ ᠮᠦᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠬᠤ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠦᠷᠨᠢᠭᠦᠯᠵᠦ᠂ ᠡᠨᠧᠷᠬᠢ ᠬᠡᠷᠡᠭᠯᠡᠬᠦ ᠡᠷᠬᠡ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ | ᠂ ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠳᠤ ᠦᠭᠡᠷᠡᠴᠢᠯᠡᠯᠲᠡ ᠬᠢᠬᠦ ᠶᠢ ᠠᠬᠢᠭᠤᠯᠤᠨ᠎ᠠ᠃ | ᠨᠠᠢᠮᠠ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠨ᠎ᠡ | ᠪᠣᠲᠠᠲᠠᠢ ᠠᠴᠠ ᠡᠭᠦᠰᠬᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷ᠂ ᠰᠠᠭᠤᠷᠢᠯᠠᠬᠤ ᠴᠢᠨᠠᠷ᠂ ᠰᠠᠭᠤᠷᠢ ᠠᠴᠠ ᠨᠢ ᠪᠠᠲᠤᠯᠠᠬᠤ ᠴᠢᠨᠠᠷ ᠢ | ᠴᠢᠬᠤᠯᠠᠴᠢᠯᠠᠵᠤ᠂ ᠵᠠᠩᠬᠢᠯᠠᠭ᠎ᠠ ᠶᠢᠨ ᠴᠠᠭ ᠲᠠᠬᠢ ᠬᠦᠴᠢᠷᠳᠡᠯᠲᠡᠢ ᠬᠦᠮᠦᠰ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠪᠦᠲᠦᠮᠵᠢᠲᠡᠢ ᠰᠠᠶᠢᠵᠢᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠠᠪᠤᠴᠠ ᠳᠠᠬᠢ ᠳᠤᠪᠤᠶᠢᠮ᠎ᠠ ᠠᠰᠠᠭᠤᠳᠠᠯ ᠪᠠ | ᠠᠨᠠᠢ ᠵᠦᠢᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠭᠡᠮᠵᠢᠲᠦ ᠰᠡᠳᠭᠢᠭᠳᠡᠯ᠂ ᠵᠣᠯ ᠵᠢᠷᠭᠠᠯᠲᠤ ᠰᠡᠳᠬᠢᠭᠳᠡᠯ᠂ ᠠᠮᠦᠷ ᠲᠥᠪᠰᠢᠨ ᠤ ᠰᠡᠳᠬᠢᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ | ︵ᠨᠢᠭᠡ︶ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ | ᠨᠢᠭᠲᠠ ᠤᠶᠠᠯᠳᠤᠭᠤᠯᠤᠨ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠦᠲᠦᠮᠵᠢᠲᠡᠢ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠠᠴᠠ ᠨᠢ ᠪᠠᠲᠤᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠳᠦᠷᠢᠮ ᠢ ᠰᠠᠶᠢᠲᠤᠷ ᠬᠡᠷᠡᠭᠵᠢᠭᠦᠯᠦᠨ᠎ᠡ᠃ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠣᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ ᠪᠠᠲᠤᠯᠠᠨ᠎ᠠ᠃ ᠪᠣᠷᠣ ᠰᠠᠭᠤᠷᠢᠰᠢᠯ ᠤᠨ | ᠲᠣᠭᠤᠷᠢᠭ᠂ ᠬᠤᠲᠠ ᠪᠠᠯᠭᠠᠰᠤᠨ ᠳᠠᠬᠢ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠤᠨ ᠦᠭᠡᠷᠡᠴᠢᠯᠡᠨ ᠰᠢᠨᠡᠳᠭᠡᠬᠦ ᠶᠢ ᠦᠷᠭᠦᠯᠵᠢᠯᠡᠨ ᠠᠬᠢᠭᠤᠯᠵᠤ᠂ | ᠳᠦᠷᠢᠶᠡᠰᠦᠨ ᠣᠷᠣᠨ ᠰᠠᠭᠤᠴᠠ ᠶᠢ ᠶᠡᠭᠡ ᠪᠠᠷ ᠬᠥᠭᠵᠢᠭᠦᠯᠵᠦ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠭᠠᠵᠠᠷ ᠤᠨ | ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠲᠠᠯ᠎ᠠ ᠪᠠᠷ ᠬᠢ | ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠤᠷᠲᠤ ᠬᠤᠭᠤᠴᠠᠭᠠᠨ ᠤ ᠬᠠᠮᠢᠶᠠᠷᠴᠤ ᠲᠣᠬᠢᠷᠠᠭᠤᠯᠤᠨ ᠡᠵᠡᠮᠰᠢᠬᠦ ᠲᠣᠭᠲᠠᠴᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ | ᠠᠬᠢᠭᠤᠯᠤᠨ᠎ᠠ᠃ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠵᠤ᠂ ᠭᠠᠭ᠋ᠠᠢ ᠶᠢᠨ ᠮᠢᠬᠠᠨ ᠤ ᠬᠠᠩᠭᠠᠯᠭ᠎ᠠ ᠶᠢ ᠪᠠᠲᠤᠯᠠᠵᠤ ᠦᠨ᠎ᠡ | ᠬᠠᠩᠰᠢ ᠶᠢ ᠨᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠢᠬ᠎ᠠ ᠦᠨᠳᠡᠭᠡ ᠨᠤᠭᠤᠭ᠎ᠠ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠶᠢᠨ | ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ᠂ ᠡᠮᠴᠢᠯᠡᠭᠡ᠂ ᠰᠤᠷᠭᠠᠨ ᠬᠦᠮᠦᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠦᠨ᠎ᠡ ᠪᠠ ᠰᠦᠢᠳᠭᠡᠯ ᠳᠤ | ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠷᠠᠭᠤᠯᠤᠨ᠂ ᠨᠡᠶᠢᠭᠡᠮ ᠤᠨ ᠠᠪᠤᠷᠠᠯ ᠲᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ | ᠯᠦᠭᠡ ᠬᠤᠯᠪᠣᠭᠳᠠᠭᠤᠯᠵᠤ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠴᠠᠭ ᠲᠣᠬᠠᠢ ᠳᠤ ᠨᠢ ᠡᠬᠢᠯᠡᠭᠦᠯᠦᠨ᠎ᠡ᠃ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠪᠠ | ᠨᠢᠯᠬᠠᠰ ᠢ ᠠᠰᠠᠷᠠᠨ ᠬᠠᠷᠠᠭᠠᠯᠵᠠᠬᠤ ᠠᠰᠠᠭᠤᠳᠠᠯ ᠢ ᠴᠢᠬᠤᠯᠠᠴᠢᠯᠠᠨ ᠰᠠᠶᠢᠲᠤᠷ ᠰᠢᠢᠳᠪᠦᠷᠢᠯᠡᠵᠦ᠂ ᠡᠮᠴᠢᠯᠡᠭᠡᠨ ᠤ ᠰᠣᠪᠢᠯᠠᠯᠲᠠ ᠪᠠ ᠡᠷᠡᠭᠦᠯᠵᠢᠯ ᠤᠨ ᠰᠣᠪᠢᠯᠠᠯᠲᠠ ᠤᠨ | ᠤᠶᠠᠯᠳᠤᠯ ᠢ ᠭᠦᠨᠵᠡᠭᠡᠢ ᠠᠬᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠬᠡᠦᠬᠡᠳ ᠢ ᠣᠶᠢᠷ᠎ᠠ ᠬᠠᠪᠢ ᠳᠤ ᠪᠠᠨ | ᠣᠯᠠᠨ ᠵᠦᠢᠯ ᠤᠨ ᠬᠡᠯᠪᠡᠷᠢ ᠪᠠᠷ ᠨᠠᠶᠢᠳᠠᠨ ᠠᠰᠠᠷᠠᠭᠤᠯᠬᠤ ᠳᠦᠭᠦᠮ ᠳᠦᠳᠡ ᠦᠢᠯᠡᠴᠢᠯᠡᠭᠡ ᠶᠢ ᠬᠥᠭᠵᠢᠭᠦᠯᠦᠨ᠎ᠡ᠃ | ︵ᠬᠤᠶᠠᠷ︶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠶᠡᠭᠡ ᠪᠠᠷ ᠬᠥᠭᠵᠢᠭᠦᠯᠦᠨ᠎ᠡ᠃ ᠰᠤᠷᠭᠠᠨ ᠬᠦᠮᠦᠵᠢᠯ ᠤᠨ ᠦᠢᠯᠡᠰ ᠤᠨ ᠬᠥᠭᠵᠢᠯᠲᠡ ᠶᠢ ᠨᠡᠩ | ᠲᠥᠪ ᠭᠤᠣᠯᠴᠢ ᠨᠡᠩ ᠴᠢᠨᠠᠷ ᠴᠢᠨᠰᠠᠭ᠎ᠠ ᠲᠠᠢ ᠪᠣᠯᠭᠠᠬᠤ ᠶᠢ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯᠯᠠᠭᠠᠨ ᠤ ᠲᠦᠯᠦᠪᠯᠡᠭᠡ ᠶᠢ | ᠭᠦᠨᠵᠡᠭᠡᠢ ᠬᠡᠷᠡᠭᠵᠢᠭᠦᠯᠦᠨ᠂ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠬᠦ ᠶᠢ | ᠦᠷᠭᠦᠯᠵᠢᠯᠡᠨ ᠠᠬᠢᠭᠤᠯᠵᠤ᠂ ᠳᠠᠭᠠᠯᠳᠤᠨ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠣᠷᠤᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠱᠠᠲᠤ ᠦᠶ᠎ᠡ ᠶᠢᠨ ᠲᠦᠭᠡᠮᠡᠯᠵᠢᠭᠦᠯᠬᠦ ᠰᠢᠪᠲᠤᠯᠤᠯᠲᠠ ᠶᠢᠨ | ᠲᠦᠯᠦᠪᠯᠡᠭᠡ ᠶᠢ ᠬᠡᠷᠡᠭᠵᠢᠭᠦᠯᠵᠦ᠂ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠲᠦᠷᠭᠡᠳᠭᠡᠨ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ | ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ | ᠬᠥᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠣᠨᠴᠠᠭᠠᠢ ᠰᠤᠷᠭᠠᠨ ᠬᠦᠮᠦᠵᠢᠯ᠂ ᠦᠷᠭᠦᠯᠵᠢᠯᠡᠭᠰᠡᠨ ᠰᠤᠷᠭᠠᠨ ᠬᠦᠮᠦᠵᠢᠯ ᠢ ᠨᠢᠭᠡᠲᠦᠯᠲᠡᠢ | ᠲᠦᠯᠦᠪᠯᠡᠨ ᠬᠥᠭᠵᠢᠭᠦᠯᠵᠦ᠂ | ︽ᠢᠨᠲ᠋ᠧᠷ ᠰᠦᠯᠵᠢᠶ᠎ᠡ + ᠰᠤᠷᠭᠠᠨ ᠬᠦᠮᠦᠵᠢᠯ︾ ᠢ ᠠᠬᠢᠭᠤᠯᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠴᠢᠩᠭᠠᠳᠬᠠᠨ᠎ᠠ᠃ ᠡᠷᠡᠭᠦᠯ | ᠡᠩᠬᠡ ᠦᠪᠦᠷ ᠮᠣᠩᠭᠤᠯ ᠤᠨ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ | ᠵᠠᠷᠤᠳᠠᠯ ᠪᠣᠯᠬᠤ ᠡᠳ᠋ ᠤᠨ ᠵᠠᠰᠠᠭ ᠤᠨ ᠬᠦᠮᠦᠨ ᠳᠤᠮᠳᠠᠴᠢ ᠨᠦᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠴᠢᠳᠠᠪᠤᠷᠢ ᠶᠢ | ᠳᠡᠭᠡᠭᠰᠢᠯᠡᠭᠦᠯᠵᠦ᠂ ᠬᠦᠨᠳᠦ ᠬᠡᠴᠡᠭᠦᠦ ᠡᠪᠡᠳᠴᠢᠨ ᠡᠮᠭᠡᠭ ᠢ ᠣᠨᠣᠰᠢᠯᠠᠨ ᠡᠮᠨᠡᠵᠦ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠪᠠ ᠬᠢᠲᠠᠳ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠢ ᠠᠬᠢᠭᠤᠯᠵᠤ᠂ ᠮᠤᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠦᠯᠦᠪᠯᠡᠭᠡ ᠶᠢ | ᠬᠡᠷᠡᠭᠵᠢᠭᠦᠯᠦᠨ᠎ᠡ᠃ ᠰᠤᠶᠤᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠵᠤ᠂ ᠰᠤᠶᠤᠯ ᠤᠨ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ | ᠨᠡᠶᠢᠲᠡ ᠶᠢᠨ ᠰᠤᠶᠤᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠬᠢᠷᠢ ᠲᠥᠪᠰᠢᠨ ᠢ | ᠳᠡᠭᠡᠭᠰᠢᠯᠡᠭᠦᠯᠵᠦ᠂ ᠤᠯᠠᠭᠠᠨᠮᠦ᠋ᠴᠢᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠤᠳᠠᠰ ᠤᠨ ᠪᠤᠰᠤ ᠰᠤᠶᠤᠯ ᠤᠨ ᠥᠪ ᠤᠨ | ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠪᠠᠷ ᠴᠢᠩᠭ᠎ᠠ᠂ ᠲᠦᠭᠡᠮᠡᠯ ᠬᠠᠷᠠᠭᠠᠯᠵᠠᠯ ᠤᠨ ᠴᠢᠨᠠᠷ ᠢᠶᠠᠷ | ᠰᠠᠶᠢᠨ ᠨᠢᠭᠡ ᠪᠦᠯᠦᠭ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠭᠡᠮᠵᠢ ᠶᠢ ᠪᠠᠶᠢᠭᠤᠯᠵᠤ᠂ ᠬᠥᠯ ᠪᠦᠮᠪᠦᠭᠡᠨ ᠤ ᠦᠭᠡᠷᠡᠴᠢᠯᠡᠯᠲᠡ ᠬᠥᠭᠵᠢᠯᠲᠡ ᠶᠢ ᠠᠬᠢᠭᠤᠯᠤᠨ | ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ︾ ᠤᠨ ᠮᠦᠰᠦ ᠴᠠᠰᠤᠨ ᠤ ᠦᠪᠡᠳᠡᠭᠰᠢ ᠴᠤᠭᠯᠠᠭᠠᠨ ᠢ | ᠰᠠᠶᠢᠲᠤᠷ ᠡᠷᠬᠢᠯᠡᠨ᠎ᠡ᠃ | ︵ᠭᠤᠷᠪᠠ︶ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ | ᠪᠠᠶᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠠᠮᠦᠷ | ᠲᠥᠪᠰᠢᠨ ᠢ ᠲᠤᠰᠬᠠᠶᠢᠯᠠᠨ ᠴᠡᠭᠴᠡᠯᠡᠵᠦ ᠵᠠᠰᠠᠬᠤ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠠᠳᠬᠤᠵᠤ᠂ ᠦᠢᠯᠡᠳᠪᠦᠷᠢᠯᠡᠯ ᠤᠨ ᠠᠮᠦᠷ | ᠲᠥᠪᠰᠢᠨ ᠤ ᠲᠠᠯ᠎ᠠ ᠳᠤ ᠣᠨᠴᠠ ᠬᠦᠨᠳᠦ ᠶᠡᠭᠡ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠬᠦᠨᠳᠦ ᠶᠡᠭᠡ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ | ᠡᠵᠡᠮᠰᠢᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠰᠢᠬᠦ ᠪᠠ ᠪᠠᠴᠢᠮ ᠠᠪᠤᠷᠠᠨ ᠲᠤᠰᠠᠯᠠᠬᠤ ᠶᠢ | ᠰᠠᠶᠢᠲᠤᠷ ᠬᠢᠨ᠎ᠡ᠃ ᠬᠠᠷᠢᠭᠤᠴᠠᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠲᠥᠭᠰᠢᠭᠦᠷᠢ ᠡᠭᠦᠰᠬᠦ ᠳᠠᠯᠳᠠ ᠭᠡᠮ ᠢ ᠴᠢᠩᠭ᠎ᠠ ᠠᠩᠬᠠᠷᠴᠤ᠂ ᠢᠳᠡᠭᠡᠨ ᠤ ᠪᠠ | ᠡᠮ ᠤᠨ ᠵᠦᠢᠯ ᠤᠨ ᠠᠮᠦᠷ ᠲᠥᠪᠰᠢᠨ ᠤ ᠰᠡᠷᠭᠡᠶᠢᠯᠡᠬᠦ ᠱᠤᠭᠤᠮ ᠪᠠ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ | ︾ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠭᠤᠷᠪᠠᠨ ᠵᠢᠯ ᠤᠨ ᠶᠡᠷᠦᠩᠬᠡᠢ ᠬᠠᠷᠠᠯᠲᠠ ᠶᠢ ᠴᠢᠩᠭ᠎ᠠ ᠪᠠᠷᠢᠮᠲᠠᠯᠠᠨ᠎ᠠ᠃ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢᠶᠠᠨ ᠬᠦᠴᠦᠷᠭᠡᠭᠵᠢᠭᠦᠯᠦᠨ᠂ ᠰᠡᠷᠭᠡᠶᠢᠯᠡᠯᠲᠡ ᠶᠢ ᠪᠠᠬᠢᠵᠢᠭᠦᠯᠬᠦ ᠪᠠᠷ | ᠬᠦᠴᠦᠯᠡᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠰᠢᠬᠦ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ ᠢ ᠰᠠᠶᠢᠲᠤᠷ ᠬᠢᠨ᠎ᠡ᠃ | 2020 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠂ ᠣᠷᠣᠨ ᠳᠠᠶᠠᠭᠠᠷ ᠰᠢ | ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠪᠦᠷ ᠮᠣᠩᠭᠤᠯ ᠤᠨ ᠠᠵᠢᠯ ᠤᠨ | ᠲᠣᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠶᠡᠭᠡ ᠪᠠᠷ ᠠᠬᠢᠭᠤᠯᠤᠨ᠂ ᠨᠠᠮ ᠠᠴᠠ ᠠᠵᠤ ᠠᠬᠤᠢ ᠶᠢᠨ | ᠠᠵᠢᠯ ᠢ ᠤᠳᠤᠷᠢᠳᠬᠤ ᠳᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠵᠤ ᠬᠤᠪᠢᠷᠠᠭᠤᠯᠤᠨ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ ᠬᠢᠵᠦ᠂ ᠭᠤᠣᠯᠳᠠᠯᠭ᠎ᠠ ᠶᠢ ᠦᠷᠭᠦᠯᠵᠢᠯᠡᠨ ᠠᠳᠬᠤᠬᠤ᠂ ᠲᠤᠳᠠᠭᠤᠳᠠᠯ ᠢᠶᠠᠨ | ᠨᠦᠬᠦᠪᠦᠷᠢᠯᠡᠬᠦ᠂ ᠠᠨᠠᠢ ᠵᠦᠢᠯ ᠢᠶᠠᠨ ᠴᠢᠩᠭᠠᠷᠠᠭᠤᠯᠬᠤ ᠶᠢ ᠦᠷᠭᠦᠯᠵᠢᠯᠡᠨ ᠠᠳᠬᠤᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠣᠳᠠᠳᠠᠶᠢᠵᠢᠵᠦ | ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠂ ᠴᠢᠬᠤᠯᠠ ᠶᠡᠭᠡ ᠦᠭᠡᠷᠡᠴᠢᠯᠡᠯᠲᠡ ᠶᠢᠨ ᠪᠤᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ | ᠠᠭᠤᠤ ᠶᠡᠭᠡ ᠢᠯᠠᠯᠲᠠ ᠶᠢ ᠡᠷᠡᠰ ᠲᠡᠮᠡᠴᠡᠨ ᠤᠯᠤᠨ᠎ᠠ᠃ ᠴᠢᠬᠤᠯᠠ ᠶᠡᠭᠡ ᠬᠠᠨᠳᠤᠰᠢ ᠶᠢ ᠡᠵᠡᠮᠳᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠳᠤ ᠰᠠᠭᠤᠷᠢᠯᠠᠨ᠂ | ᠤᠯᠤᠰ ᠤᠨ ᠡᠯ᠎ᠡ ᠲᠦᠷᠦᠯ ᠤᠨ ᠲᠦᠯᠦᠪᠵᠢᠭᠦᠯᠭᠡ ᠯᠦᠭᠡ ᠤᠷᠭᠠᠨᠢᠭ ᠢᠶᠠᠷ ᠵᠤᠯᠭᠠᠭᠤᠯᠬᠤ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠪᠠ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |