ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ﹇2020﹈ 37 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠬᠦᠨ ᠨᠢᠭᠡᠴᠢ ᠳᠤ᠄ | ᠣᠶᠢᠷ᠎ᠠ ᠳᠤ᠂ ᠭᠢᠷᠢᠨ ᠮᠤᠵᠢ ᠶᠢᠨ ᠭᠢᠷᠢᠨ ᠬᠤᠲᠠ᠂ ᠬᠤᠪᠧᠶ ᠮᠤᠵᠢ ᠶᠢᠨ ᠦᠬᠠᠨ ᠬᠤᠲᠠ᠂ ᠯᠢᠶᠣᠤᠨᠢᠩ ᠮᠤᠵᠢ ᠶᠢᠨ ᠮᠦᠭᠳᠡᠨ ᠬᠤᠲᠠ ᠵᠡᠷᠭᠡ ᠬᠡᠰᠡᠭ ᠭᠠᠵᠠᠷ | ᠣᠷᠣᠨ ᠳᠤ ᠲᠤᠰ ᠨᠤᠲᠤᠭ ᠤᠨ ᠲᠥᠪᠯᠡᠷᠡᠩᠭᠦᠢ ᠴᠢᠨᠠᠷᠲᠠᠶ ᠬᠢᠵᠢᠭ ᠤᠨ ᠪᠠᠶᠢᠳᠠᠯ ᠡᠭᠦᠰᠴᠦ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠳᠠᠬᠢᠨᠲᠠ | ᠳᠤᠮᠳᠠ᠂ ᠥᠨᠳᠥᠷ ᠲᠦᠭᠰᠢᠭᠦᠷᠢ ᠪᠣᠯᠭᠠᠨ ᠲᠣᠬᠢᠷᠠᠭᠤᠯᠵᠠᠶ᠃ ᠣᠯᠠᠨ ᠤᠯᠤᠰ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠦᠷᠭᠦᠯᠵᠢᠯᠡᠵᠦ ᠪᠠᠶᠢᠭ᠎ᠠ ᠪᠠ ᠤᠯᠤᠰ ᠤᠨ | ᠳᠣᠲᠣᠭᠠᠳᠤ ᠶᠢᠨ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠬᠡᠰᠡᠭ ᠲᠠᠯ᠎ᠠ ᠪᠠᠷ ᠳᠠᠬᠢᠨ ᠡᠭᠦᠰᠴᠦ ᠪᠠᠶᠢᠭ᠎ᠠ ᠪᠠᠶᠢᠳᠠᠯ ᠢ ᠦᠨᠳᠦᠰᠦᠯᠡᠨ᠂ ︽ᠭᠠᠳᠠᠭᠠᠳᠤ ᠠᠴᠠ | ᠣᠷᠤᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠭᠠᠳᠠᠨ᠎ᠠ ᠠᠴᠠ ᠣᠷᠤᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠢᠯ ᠤᠨ ᠣᠨᠤᠪᠴᠢᠲᠠᠢ ᠰᠠᠶᠢᠲᠤᠷ 365赢多少钱会被限额_国内有真正的365平台吗_365bet博彩官网 | ᠬᠢᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠬᠤᠯᠪᠣᠭᠳᠠᠯ ᠪᠦᠬᠦᠢ | ᠤᠴᠢᠷ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠨᠢ ᠳᠤᠮᠳᠠ᠂ ᠦᠨᠳᠦᠷ ᠪᠠᠶᠢᠭ᠎ᠠ ᠭᠢᠷᠢᠨ ᠮᠤᠵᠢ ᠶᠢᠨ ᠭᠢᠷᠢᠨ ᠬᠤᠲᠠ ᠶᠢᠨ ᠱᠣ᠋ ᠯᠠᠨ ᠬᠤᠲᠠ | ᠂ ᠹᠧᠩᠮᠠᠨ ᠲᠣᠭᠤᠷᠢᠭ᠂ ᠬᠤᠪᠧᠶ ᠮᠤᠵᠢ ᠶᠢᠨ ᠦᠬᠠᠨ ᠬᠤᠲᠠ ᠶᠢᠨ ᠵᠡᠭᠦᠨ ᠰᠢ ᠬᠤ᠋ ᠲᠣᠭᠤᠷᠢᠭ᠂ ᠯᠢᠶᠣᠤᠨᠢᠩ ᠮᠤᠵᠢ ᠶᠢᠨ ᠮᠦᠭᠳᠡᠨ ᠬᠤᠲᠠ ᠶᠢᠨ ᠰᠥ᠋ ᠵᠢᠶᠠ ᠳᠦᠨ | ᠲᠣᠭᠤᠷᠢᠭ ᠵᠡᠷᠭᠡ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠢ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ᠃ ᠡᠯ᠎ᠡ ᠱᠠᠲᠤᠨ ᠤ | ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠳ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ | ᠬᠥᠮᠦᠰ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠡᠯ᠎ᠡ ᠱᠠᠲᠤᠨ ᠤ ᠵᠢᠯᠣᠭᠤᠳᠬᠤ ᠭᠠᠵᠠᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠂ ᠨᠡᠶᠢᠭᠡᠮ | ᠲᠣᠭᠤᠷᠢᠭ ︵ᠭᠠᠴᠠᠭ᠎ᠠ ᠲᠣᠰᠬᠤᠨ︶ ᠲᠤ ᠴᠠᠭ ᠲᠤᠬᠠᠶ ᠳᠤ ᠨᠢ ᠮᠡᠳᠡᠭᠳᠡᠵᠦ᠂ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ ᠪᠣᠶ ᠪᠥᠬᠦᠶ | ᠬᠥᠮᠦᠰ ᠢ ᠬᠠᠮᠤᠭ ᠤᠨ ᠲᠦᠷᠭᠡᠨ ᠬᠤᠷᠳᠤᠴᠠ ᠪᠠᠷ ᠪᠣᠳᠠᠲᠠᠶᠢᠵᠢᠭᠤᠯᠤᠨ ᠪᠠᠶᠢᠴᠠᠭᠠᠵᠤ᠂ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ | ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | ᠬᠤᠶᠠᠷ᠂ ᠬᠤᠪᠧᠶ ᠮᠤᠵᠢ ᠪᠣᠯᠤᠨ ᠦᠬᠠᠨ ᠬᠤᠲᠠ ᠶᠢᠨ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠲᠤ | ︽ᠲᠠᠪᠤᠨ ᠴᠥᠮ ︾ ᠢ ᠨᠠᠶᠢᠳᠠᠪᠤᠷᠢᠵᠢᠭᠤᠯᠬᠤ ᠰᠠᠭᠤᠷᠢᠨ ᠳᠡᠭᠡᠷ᠎ᠡ᠂ ᠳᠠᠬᠢᠨ ᠨᠢᠭᠡ ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢᠨ ᠰᠢᠯᠭᠠᠨ ᠪᠠᠶᠢᠴᠠᠭᠠᠯᠲᠠ | ᠬᠢᠬᠦ ᠬᠡᠷᠡᠭᠲᠡᠢ᠃ | ᠭᠤᠷᠪᠠ᠂ ᠳᠤᠮᠳᠠ᠂ ᠦᠨᠳᠦᠷ ᠲᠦᠭᠰᠢᠭᠦᠷᠢ ᠶᠢᠨ ᠵᠡᠷᠭᠡ ᠳᠡᠰ ᠢ ᠨᠢ ᠲᠣᠬᠢᠷᠠᠭᠤᠯᠤᠭᠠᠳ ᠳᠣᠤᠷ᠎ᠠ ᠵᠡᠷᠭᠡ ᠳᠡᠰ ᠪᠣᠯᠭᠠᠭᠰᠠᠨ ᠬᠠᠷᠠᠮᠥ᠋ᠷᠡᠨ ᠮᠤᠵᠢ ᠶᠢᠨ ᠬᠠᠷᠪᠢᠨ | ᠬᠤᠲᠠ ᠶᠢᠨ ᠳ᠋ᠤᠥ ᠸᠠᠢ ᠲᠣᠭᠤᠷᠢᠭ᠂ ᠨᠠᠨ ᠭᠠᠩ ᠲᠣᠭᠤᠷᠢᠭ᠂ ᠳ᠋ᠤᠥ ᠯᠢ ᠲᠣᠭᠤᠷᠢᠭ᠂ ᠬᠤᠯᠠᠨ ᠲᠣᠭᠤᠷᠢᠭ᠂ ᠠ ᠴᠧᠩ ᠲᠣᠭᠤᠷᠢᠭ᠂ ᠮᠥ ᠯᠠᠨ ᠰᠢᠶᠠᠨ᠂ ᠮᠦ ᠳ᠋ᠠᠨ | ᠵᠢᠶᠠᠩ ᠬᠤᠲᠠ ᠶᠢᠨ ᠰᠦᠶ ᠹᠧᠨ ᠾᠧ ᠬᠤᠲᠠ᠂ ᠰᠢ ᠠᠨ ᠲᠣᠭᠤᠷᠢᠭ︔ ᠯᠢᠶᠣᠤᠨᠢᠩ ᠮᠤᠵᠢ ᠶᠢᠨ ᠹᠦᠱᠦ᠋ᠨ ᠬᠤᠲᠠ ᠶᠢᠨ ᠱᠦᠨ ᠴᠧᠩ ᠲᠣᠭᠤᠷᠢᠭ︔ ᠪᠡᠭᠡᠵᠢᠩ | ᠬᠤᠲᠠ ᠶᠢᠨ ᠴᠤᠤᠶᠠᠩ ᠲᠣᠭᠤᠷᠢᠭ ᠠᠴᠠ ᠮᠠᠨ ᠤ ᠣᠷᠣᠨ ᠳᠤ ᠣᠷᠣᠵᠤ ᠢᠷᠡᠬᠦ ᠬᠥᠮᠦᠰ ᠢ ᠨᠢᠭᠲᠠ ᠠᠩᠬᠠᠷᠴᠤ᠂ ︽ᠭᠤᠣᠯᠳᠠᠯᠭ᠎ᠠ ᠲᠠᠢ ᠭᠠᠵᠠᠷ ᠣᠷᠣᠨ ᠤ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠤᠵᠤ ᠢᠷᠡᠬᠦ ᠪᠠ ᠳᠡᠯᠭᠡᠷᠡᠬᠦ ᠶᠢ ᠴᠢᠩᠭ᠎ᠠ | ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ﹇2020﹈ 36 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠦᠭᠡᠳ ᠡᠮᠦᠨᠡᠬᠢ 7 ᠡᠳᠦᠷ ᠤᠨ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ | ᠪᠣᠯᠤᠨ᠎ᠠ︔ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠣᠯᠪᠠᠴᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ | ᠬᠠᠩᠭᠠᠵᠤ ᠳᠡᠶᠢᠯᠬᠦ ᠥᠬᠡᠶ ᠪᠣᠯ᠂ ᠮᠠᠨ ᠤ ᠣᠷᠣᠨ ᠳᠤ ᠣᠷᠤᠵᠤ ᠢᠷᠡᠭᠰᠡᠨ ᠬᠦᠮᠦᠰ 24 ᠴᠠᠭ ᠤᠨ ᠳᠣᠲᠣᠷ᠎ᠠ ᠡᠷᠬᠡᠪᠰᠢ ᠨᠢᠭᠡ ᠤᠳᠠᠭ᠎ᠠ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠬᠢᠯᠭᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠲᠠᠢ ᠪᠠᠶᠢᠪᠠᠯ ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ | ᠰᠤᠷᠤᠯᠭ᠎ᠠ ᠪᠠᠨ ᠰᠡᠷᠭᠦᠭᠡᠵᠦ ᠪᠣᠯᠤᠨ᠎ᠠ᠃ | ᠳᠥᠷᠪᠡ᠂ ᠬᠢᠯᠢ ᠪᠠᠷ ᠣᠷᠣᠵᠤ ᠢᠷᠡᠭᠰᠡᠨ ᠪᠤᠶ ᠪᠦᠬᠦᠢ ᠬᠥᠮᠦᠰ ︵ᠣᠷᠣᠨ ᠤ ᠳᠣᠲᠣᠷᠠᠬᠢ ᠪᠣᠭᠤᠮᠲᠠ ᠪᠣᠯᠤᠨ ᠣᠷᠣᠨ ᠤ ᠭᠠᠳᠠᠨᠠᠬᠢ ᠪᠣᠭᠤᠮᠲᠠ ᠪᠠᠷ ᠮᠠᠨ ᠤ | ᠣᠷᠣᠨ ᠳᠤ ᠣᠷᠣᠵᠤ ᠢᠷᠡᠬᠦ ᠬᠦᠮᠦᠰ ᠪᠠᠭᠲᠠᠨ᠎ᠠ︶ ᠲᠤ ᠦᠷᠭᠦᠯᠵᠢᠯᠡᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠨ᠎ᠠ ᠠᠴᠠ | ᠣᠷᠤᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠨ ᠡᠵᠡᠮᠳᠡᠬᠦ ᠶᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ | ᠵᠢᠯᠣᠭᠤᠳᠬᠤ ᠲᠠᠷᠬᠠᠭᠠᠭᠰᠠᠨ ﹇2020﹈ 82 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ | ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ | ᠲᠠᠪᠤ᠂ ᠬᠤᠶᠢᠰᠢᠳᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠳᠣᠣᠷ᠎ᠠ ᠲᠦᠭᠰᠢᠭᠦᠷᠢ ᠠᠴᠠ ᠳᠤᠮᠳᠠ᠂ | ᠦᠨᠳᠦᠷ ᠲᠥᠭᠰᠢᠭᠦᠷᠢ ᠪᠣᠯᠭᠠᠨ ᠲᠣᠬᠢᠷᠠᠭᠤᠯᠤᠭᠰᠠᠨ ᠪᠤᠶᠤ ᠳᠤᠮᠳᠠ᠂ ᠦᠨᠳᠦᠷ ᠲᠦᠭᠰᠢᠭᠦᠷᠢ ᠠᠴᠠ ᠳᠣᠣᠷ᠎ᠠ ᠳᠡᠰ ᠪᠣᠯᠭᠠᠨ ᠲᠣᠬᠢᠷᠠᠭᠤᠯᠤᠭᠰᠠᠨ ᠭᠠᠵᠠᠷ ᠣᠷᠣᠨ ᠠᠴᠠ | ᠮᠠᠨ ᠤ ᠣᠷᠣᠨ ᠳᠤ ᠣᠷᠣᠵᠤ ᠢᠷᠡᠬᠦ ᠬᠥᠮᠦᠰ ᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠵᠢᠷᠤᠮᠯᠠᠨ | ᠬᠡᠷᠡᠭᠵᠢᠭᠦᠯᠬᠦ ᠬᠡᠷᠡᠭᠲᠡᠶ᠃ | 2020 ᠣᠨ ᠤ 5 ᠳ᠋ᠤᠭᠠᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |