ᠥᠪᠥᠷ ᠵᠠᠰᠠᠭ ᠲᠠᠷᠬᠠᠭᠠᠭᠰᠠᠨ〔2020〕6 ᠳ᠋ᠤᠭᠠᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2020 ᠣᠨ ᠤ 5 ᠳ᠋ᠤᠭᠠᠷ ᠰᠠᠷ᠎ᠠ ᠶᠢᠨ 9 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ | ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠲᠦᠷᠢᠮ | | ᠨᠢᠭᠡᠳᠦᠭᠡᠷ ᠵᠦᠢᠯ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ | ᠭᠠᠵᠠᠷ ᠤᠨ ᠠᠵᠢᠯᠯᠠᠭ᠎ᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠲᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠡᠯ᠎ᠡ | ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠵᠦ ᠮᠥᠩᠭᠦᠨ ᠭᠦᠢᠯᠭᠡᠭᠡᠨ ᠤ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠲᠠᠷᠬᠠᠭᠠᠭᠰᠠᠨ | ﹇2011﹈ 38 ᠳ᠋ᠤᠭᠠᠷ ᠲᠣᠭᠠᠲᠤ︶᠂ ︽ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2012﹈ 37 ᠳ᠋ᠤᠭᠠᠷ ᠲᠣᠭᠠᠲᠤ︶᠂ ︽ᠲᠠᠸᠠᠷ ᠤᠨ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠣᠨᠴᠠᠭᠠᠢ | ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ ﹇2013﹈ 3 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠬᠢᠭᠡᠳ ᠲᠡᠳᠡᠭᠡᠷ ᠤᠨ | ᠡᠵᠡᠩᠨᠡᠯᠲᠡ ᠶᠢᠨ ᠴᠢᠨᠠᠷᠲᠠᠢ ᠰᠠᠯᠪᠤᠷᠢ ᠪᠠᠶᠢᠭᠤᠯᠤᠮᠵᠢ᠂ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠ | ᠲᠤᠬᠠᠶᠢᠯᠠᠭᠰᠠᠨ ᠠᠵᠢᠯ ᠤᠨ ᠪᠤᠰᠤᠳ ᠬᠤᠯᠪᠣᠭᠳᠠᠯ ᠪᠥᠬᠦᠢ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠲᠠᠬᠢ ᠠᠷᠠᠯᠵᠢᠶᠠᠨ ᠤ | ᠲᠠᠯᠠᠪᠤᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠵᠡᠩᠨᠡᠯᠲᠡ ᠶᠢᠨ ᠴᠢᠨᠠᠷᠲᠠᠶ ᠰᠠᠯᠪᠤᠷᠢ ᠪᠠᠶᠢᠭᠤᠯᠤᠮᠵᠢ᠂ ᠭᠡᠰᠢᠭᠦᠳ᠂ | ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ ᠪᠤᠰᠤᠳ ᠬᠤᠯᠪᠣᠭᠳᠠᠯ ᠪᠦᠬᠦᠢ ᠪᠠᠶᠢᠭᠤᠯᠤᠮᠵᠢ ᠨᠢ | ᠴᠢᠬᠤᠯᠠ ᠬᠦᠴᠦᠨ ᠵᠦᠢᠯ ᠤᠨ ᠠᠷᠠᠯᠵᠢᠶᠠᠨ ᠤ ᠠᠵᠢᠯᠯᠠᠭ᠎ᠠ ᠬᠢᠬᠦ ᠳᠤ᠂ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠣᠷᠣᠨ ᠳᠠᠬᠢ ᠬᠠᠤᠯᠢ ᠶᠣᠰᠣᠭᠠᠷ ᠪᠠᠶᠢᠭᠤᠯᠤᠭᠰᠠᠨ᠂ ᠨᠡᠷᠡᠶᠢᠳᠦᠯ ᠳᠤ ᠨᠢ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ ᠦᠬᠡ ᠦᠰᠦᠭ | ᠠᠭᠤᠯᠤᠨᠨᠰᠠᠨ᠂ ᠡᠷᠬᠡ ᠠᠰᠢᠭ ᠤᠨ ᠲᠦᠷᠦᠯ ᠪᠠ ᠲᠠᠸᠠᠷ ᠤᠨ ᠪᠡᠯᠡᠨ ᠪᠠᠷᠠᠭᠠᠨ ᠤ ᠲᠦᠷᠦᠯ ᠤᠨ ᠠᠷᠠᠯᠵᠢᠶ᠎ᠠ ᠶᠢ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ | ᠵᠢᠭᠠᠵᠤ ᠪᠣᠢ᠃ ᠵᠥᠪᠬᠡᠨ ᠲᠡᠷᠭᠡ ᠬᠥᠰᠬᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠪᠣᠳᠠᠲᠤ ᠪᠣᠳᠠᠰ ᠤᠨ ᠠᠷᠠᠯᠵᠢᠶ᠎ᠠ ᠬᠢᠵᠦ ᠪᠠᠶᠢᠭ᠎ᠠ ᠪᠠ ᠲᠥᠷᠥ ᠶᠢᠨ | ᠶᠠᠪᠤᠳᠠᠯ ᠤᠨ ᠬᠤᠷᠢᠶ᠎ᠠ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ | ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠨᠢ ᠡᠭᠦᠨ ᠳᠤ ᠪᠠᠭᠲᠠᠬᠤ ᠥᠬᠡᠶ᠃ | ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠥᠮᠴᠢᠯᠡᠯ ᠤᠨ ᠡᠷᠬᠡ᠂ ᠰᠲ᠋ᠣᠺ ᠤᠨ ᠡᠷᠬᠡ᠂ ᠠᠪᠴᠠᠭᠠᠨ ᠤ ᠡᠷᠬᠡ᠂ ᠣᠶ | ᠮᠣᠳᠣᠨ ᠤ ᠡᠷᠬᠡ᠂ ᠠᠭᠤᠷᠬᠠᠶ ᠶᠢᠨ ᠡᠷᠬᠡ᠂ ᠪᠤᠬᠢᠷᠳᠤᠯ ᠪᠤᠳᠠᠰ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠮᠡᠳᠡᠯᠭᠡ ᠶᠢᠨ | ᠥᠮᠴᠢᠯᠡᠯ ᠤᠨ ᠡᠷᠬᠡ᠂ ᠰᠣᠶᠣᠯ ᠤᠨ ᠥᠮᠴᠢᠯᠡᠯ ᠤᠨ ᠡᠷᠬᠡ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠡᠷᠬᠡ ᠠᠰᠢᠭ ᠵᠡᠷᠭᠡ ᠶᠢ ᠪᠠᠭᠲᠠᠭᠠᠭᠰᠠᠨ ᠠᠷᠠᠯᠵᠢᠶᠠᠨ ᠤ | ᠠᠵᠢᠯᠯᠠᠭ᠎ᠠ ᠬᠢᠵᠦ ᠪᠠᠶᠢᠭ᠎ᠠ ᠲᠠᠯᠠᠪᠤᠷ ᠭᠠᠵᠠᠷ ᠢ ᠵᠢᠭᠠᠵᠤ ᠪᠣᠶ᠃ | ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠠᠷᠠᠯᠵᠢᠶ᠎ᠠ ᠮᠠᠶᠢᠮᠠᠢ ᠬᠢᠬᠦ ᠬᠤᠶᠠᠷ ᠲᠠᠯ᠎ᠠ ᠪᠠᠷ ᠢᠶᠠᠨ ᠢᠯᠡ ᠲᠣᠳᠣ᠂ | ᠦᠷᠭᠦᠯᠵᠢ ᠶᠢᠨ ᠴᠢᠨᠠᠷᠲᠠᠶ ᠪᠤᠶᠤ ᠲᠣᠭᠲᠠᠮᠠᠯ ᠬᠤᠭᠤᠴᠠᠭᠠᠨ ᠤ ᠴᠢᠨᠠᠷᠲᠠᠢ ᠪᠠᠷ ᠲᠠᠸᠠᠷ ᠤᠨ ᠪᠡᠯᠡᠨ ᠪᠠᠷᠠᠭᠠᠨ ᠤ ᠠᠷᠠᠯᠵᠢᠶ᠎ᠠ ᠬᠢᠬᠦ ᠠᠵᠢᠯᠯᠠᠭ᠎ᠠ ᠲᠠᠢ ᠪᠠᠶᠢᠵᠤ᠂ ᠮᠡᠳᠡᠭᠡ | ᠵᠠᠩᠭᠢ᠂ ᠪᠠᠷᠠᠭᠠᠨ ᠤ ᠭᠦᠢᠯᠭᠡᠭᠡ ᠵᠡᠷᠭᠡ ᠲᠦᠬᠦᠷᠵᠢᠭᠰᠡᠨ ᠦᠢᠯᠡᠴᠢᠯᠡᠬᠦ ᠴᠢᠳᠠᠮᠵᠢ ᠲᠠᠢ ᠲᠠᠯᠠᠪᠤᠷ ᠭᠠᠵᠠᠷ ᠪᠤᠶᠤ ᠢᠨᠲ᠋ᠧᠷ ᠰᠦᠯᠵᠢᠶᠡᠨ ᠤ ᠠᠷᠠᠯᠵᠢᠶᠠᠨ ᠤ ᠲᠠᠪᠴᠠᠩ ᠢ | ᠵᠢᠭᠠᠵᠤ ᠪᠣᠢ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ | ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠠᠵᠢᠯ ᠤᠨ ᠲᠢᠩᠬᠢᠮ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ︵ | ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠤᠨ ᠳᠦᠷᠢᠮ ᠢ ᠪᠠᠶᠢᠭᠤᠯᠵᠤ᠂ ᠪᠦᠬᠦ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ᠂ ᠲᠥᠯᠥᠪᠵᠢᠭᠦᠯᠬᠦ᠂ ᠵᠣᠬᠢᠴᠠᠭᠤᠯᠬᠤ ᠪᠠ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ | ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠪᠠᠶᠢᠷᠢᠯᠠᠭᠤᠯᠤᠨ᠎ᠠ᠃ | ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠥᠬᠡᠶ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠵᠢᠯ | ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠯᠤᠨᠨᠰᠠᠨ ᠤ ᠬᠤᠪᠢ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠭᠠᠵᠠᠷ ᠢᠶᠠᠷ ᠢᠶᠠᠨ ᠬᠢᠨᠠᠨ ᠬᠠᠮᠢᠶᠠᠷᠬᠤ ᠨᠢᠭᠡᠳᠦᠭᠡᠷ | ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠪᠦᠬᠦ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠨᠢᠭᠡᠳᠦᠯᠲᠡᠢ ᠲᠥᠯᠥᠪᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ᠂ ᠤᠬᠠᠭᠤᠯᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ | ᠤᠷᠤᠨ᠂ ᠣᠢ ᠰᠢᠭᠤᠶ ᠪᠠ ᠨᠤᠳᠤᠭ ᠪᠡᠯᠴᠢᠭᠡᠷ᠂ ᠰᠣᠶᠣᠯ ᠪᠠ ᠵᠢᠭᠤᠯᠴᠢᠯᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠮᠡᠳᠡᠯᠭᠡ ᠶᠢᠨ ᠥᠮᠴᠢᠯᠡᠯ ᠤᠨ ᠡᠷᠬᠡ᠂ | ᠡᠨᠧᠷᠭᠢ ᠵᠢᠴᠢ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ᠂ | ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ᠂ ᠠᠵᠢᠯ ᠡᠬᠢᠯᠡᠭᠦᠯᠬᠦ ᠶᠢ ᠬᠢᠨᠠᠨ ᠵᠥᠪᠰᠢᠶᠡᠷᠡᠬᠦ᠂ ᠬᠤᠪᠢᠷᠠᠭᠠᠬᠤ ᠶᠢ ᠬᠢᠨᠠᠨ ᠵᠥᠪᠰᠢᠶᠡᠷᠡᠬᠦ ︵ | ᠪᠦᠷᠢᠳᠬᠡᠨ ᠳᠠᠩᠰᠠᠯᠠᠭᠤᠯᠬᠤ︶᠂ ᠠᠬᠤᠢ ᠲᠠᠯᠠᠪᠠᠢ ᠶᠢᠨ ᠪᠠᠶᠢᠴᠠᠭᠠᠯᠲᠠ᠂ ᠪᠠᠯᠠ ᠮᠦᠩᠬᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠵᠢᠯᠣᠭᠤᠳᠤᠯᠭ᠎ᠠ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ᠂ ᠬᠥᠭᠵᠢᠯᠲᠡ ᠶᠢᠨ ᠲᠥᠯᠥᠪᠵᠢᠭᠦᠯᠪᠡ ᠶᠢ ᠨᠠᠶᠢᠷᠠᠭᠤᠯᠤᠨ ᠵᠣᠬᠢᠶᠠᠬᠤ᠂ | ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ᠂ ᠴᠢᠬᠤᠯᠠ ᠶᠡᠭᠡ ᠵᠦᠢᠯᠡᠰ ᠢ ᠵᠣᠬᠢᠴᠠᠭᠤᠯᠬᠤ ᠵᠡᠷᠭᠡ | ᠠᠵᠢᠯ ᠤᠳ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ | ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠷᠢᠴᠠᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠳᠠᠬᠢ | ᠠᠷᠠᠯᠵᠢᠶᠠᠨ ᠤ ᠲᠠᠯᠠᠪᠤᠷ ᠭᠠᠵᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠡᠭᠦᠨ ᠳᠤ ᠪᠠᠶᠢᠭᠤᠯᠬᠤ ᠪᠠ ᠬᠤᠪᠢᠷᠠᠭᠠᠬᠤ ᠵᠦᠢᠯᠡᠰ ᠢ ᠠᠩᠬ᠎ᠠ ᠬᠢᠨᠠᠬᠤ᠂ | ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠲᠦᠭᠰᠢᠭᠦᠷᠢ ᠶᠢ ᠰᠡᠷᠡᠮᠵᠢᠯᠡᠭᠦᠯᠬᠦ ᠪᠠ ᠰᠢᠢᠳᠪᠦᠷᠢᠯᠡᠬᠦ ᠵᠡᠷᠭᠡ ᠶᠢ ᠪᠠᠭᠲᠠᠭᠠᠭᠰᠠᠨ ᠠᠵᠢᠯ ᠢ ᠬᠠᠷᠢᠭᠤᠴᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ | ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠵᠣᠯᠭᠠᠭᠤᠯᠬᠤ ᠪᠠ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | | ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠯᠥᠪᠵᠢᠭᠦᠯᠭᠡ ᠳᠤ ᠨᠡᠶᠢᠴᠡᠵᠦ᠂ | ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠨ᠂ ᠬᠠᠤᠯᠢ ᠲᠣᠭᠲᠠᠭᠠᠯ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠵᠠᠬ᠎ᠠ ᠳᠡᠯᠭᠡᠭᠦᠷ ᠤᠨ | ᠡᠵᠡᠩᠨᠡᠯᠲᠡ ᠪᠠ ᠲᠦᠭᠰᠢᠭᠦᠷᠢ ᠶᠢ ᠨᠠᠮᠳᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ | ᠵᠠᠬ᠎ᠠ ᠳᠡᠯᠭᠡᠭᠦᠷ ᠲᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠠᠭᠤᠷᠴᠤ ᠮᠡᠬᠡᠯᠡᠬᠦ᠂ ᠲᠤᠳᠤᠷ ᠢᠶᠠᠨ ᠠᠷᠠᠯᠵᠢᠶᠠᠯᠠᠬᠤ᠂ ᠵᠠᠬ᠎ᠠ | ᠳᠡᠯᠭᠡᠭᠦᠷ ᠢ ᠡᠷᠬᠡᠰᠢᠶᠡᠨ ᠵᠠᠬᠢᠷᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠢ᠃ | | ᠬᠤᠶᠠᠳᠤᠭᠠᠷ ᠪᠦᠯᠦᠭ ᠪᠠᠶᠢᠭᠤᠯᠬᠤ᠂ ᠬᠤᠪᠢᠷᠠᠭᠠᠬᠤ ᠪᠠ ᠵᠣᠭᠰᠣᠭᠠᠬᠤ | | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠬᠡᠮᠵᠢᠶᠡᠨ ᠳᠤ ᠨᠢ ᠬᠢᠵᠠᠭᠠᠷᠯᠠᠬᠤ᠂ ᠵᠣᠬᠢᠰᠲᠠᠢ ᠪᠠᠶᠢᠷᠢᠰᠢᠭᠤᠯᠬᠤ᠂ ᠬᠢᠨᠠᠭᠤᠷ | ᠪᠣᠯᠭᠤᠮᠵᠢᠲᠠᠢ ᠬᠢᠨᠠᠨ ᠵᠥᠪᠰᠢᠶᠡᠷᠡᠬᠦ ᠵᠠᠷᠴᠢᠮ ᠶᠣᠰᠣᠭᠠᠷ᠂ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠲᠤᠭ᠎ᠠ᠂ ᠬᠡᠪᠴᠢᠶ᠎ᠡ ᠪᠠ ᠣᠷᠣᠨ ᠪᠦᠰᠡ ᠳᠠᠬᠢ | ᠲᠠᠷᠬᠠᠯᠲᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ | ᠶᠢᠰᠦᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠵᠤ | ᠪᠣᠯᠬᠤ ᠦᠭᠡᠢ᠂ ᠶᠠᠮᠠᠷᠪᠠ ᠬᠡᠯᠪᠡᠷᠢ ᠪᠠᠷ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠬᠤ ᠦᠭᠡᠢ | ᠃ | ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠲᠡᠳᠡᠭᠡᠷ ᠤᠨ ᠨᠡᠷᠡᠶᠢᠳᠦᠯ ᠲᠠᠢ ᠪᠠᠨ ᠨᠢᠭᠡᠳᠦᠯᠲᠡᠶ ᠪᠠᠶᠢᠬᠤ ᠬᠡᠷᠡᠭᠲᠡᠶ᠃ | ᠨᠡᠷᠡᠶᠢᠳᠦᠯ ᠳᠤ ᠪᠠᠨ ︽ᠠᠷᠠᠯᠵᠢᠶᠠᠨ ᠤ ᠭᠠᠵᠠᠷ︾ ᠪᠤᠶᠤ | ︽ᠠᠷᠠᠯᠵᠢᠶᠠᠨ ᠤ ᠲᠥᠪ︾ ᠭᠡᠰᠡᠨ ᠦᠬᠡ ᠦᠰᠦᠭ ᠢ ᠬᠡᠷᠡᠭᠯᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠬᠦ ᠠᠴᠠ ᠡᠮᠦᠨ᠎ᠡ᠂ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠭᠠᠷᠠᠭᠤᠯᠤᠨ ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ | ᠬᠤᠷᠠᠯ ᠠᠴᠠ ᠰᠠᠨᠠᠯ ᠬᠤᠷᠢᠶᠠᠬᠤ ᠬᠡᠷᠡᠭᠲᠡᠶ᠃ | ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠵᠥᠪᠰᠢᠶᠡᠷᠡᠭᠰᠡᠨ ᠦᠭᠡᠢ ᠪᠤᠶᠤ ᠳᠡᠭᠡᠷᠡᠬᠢ ᠲᠣᠭᠲᠠᠭᠠᠯ ᠠᠴᠠ ᠵᠥᠷᠢᠴᠡᠵᠦ ᠨᠡᠷᠡᠶᠢᠳᠦᠯ ᠳᠤ ᠪᠠᠨ ︽ | ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ ᠦᠬᠡ ᠦᠰᠦᠭ ᠢ ᠬᠡᠷᠡᠭᠯᠡᠭᠰᠡᠨ ᠠᠷᠠᠯᠵᠢᠶᠠᠨ ᠤ ᠲᠠᠯᠠᠪᠤᠷ ᠭᠠᠵᠠᠷ ᠲᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠡᠳᠡᠨ ᠳᠤ ᠳᠠᠩᠰᠠᠯᠠᠭᠤᠯᠤᠨ ᠲᠡᠮᠳᠡᠭᠯᠡᠭᠦᠯᠬᠦ ᠭᠠᠷᠳᠠᠮ ᠭᠦᠢᠴᠡᠳᠬᠡᠨ ᠥᠭᠴᠦ ᠪᠣᠯᠬᠤ | ᠦᠭᠡᠢ᠃ | ᠠᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠢ ᠰᠢᠨ᠎ᠡ ᠪᠠᠷ ᠪᠠᠶᠢᠭᠤᠯᠬᠤ ᠳᠤ᠂ ᠺᠣᠮᠫᠠᠨᠢ ᠶᠢᠨ ᠳᠦᠷᠢᠮᠲᠦ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ | ᠬᠡᠷᠡᠭᠯᠡᠬᠦ ᠬᠡᠷᠡᠭᠲᠡᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠲᠣᠭᠲᠠᠭᠠᠯ ᠳᠤ ᠨᠡᠶᠢᠴᠡᠭᠦᠯᠬᠦ ᠠᠴᠠ ᠭᠠᠳᠠᠨ᠎ᠠ᠂ ᠪᠠᠰᠠ | ᠳᠣᠤᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠡᠭᠦᠰᠭᠡᠨ ᠪᠠᠶᠢᠭᠤᠯᠤᠭᠴᠢᠳ ᠨᠢ ᠵᠣᠬᠢᠬᠤ ᠬᠡᠮᠵᠢᠶᠡᠨ ᠤ ᠬᠥᠷᠥᠩᠭᠡ ᠶᠢᠨ ᠪᠣᠳᠠᠲᠤ ᠬᠦᠴᠦᠨ ᠪᠠ ᠲᠦᠭᠰᠢᠭᠦᠷᠢ ᠳᠠᠭᠠᠭᠠᠬᠤ ᠴᠢᠳᠠᠪᠤᠷᠢ ᠲᠠᠢ ᠪᠠᠶᠢᠬᠤ | ᠬᠡᠷᠡᠭᠲᠡᠶ᠂ ᠠᠵᠤ ᠠᠬᠤᠶᠢᠯᠠᠯ ᠤᠨ ᠡᠭᠦᠰᠭᠡᠨ ᠪᠠᠶᠢᠭᠤᠯᠤᠭᠴᠢ ᠨᠢ ᠪᠠᠰᠠ ᠬᠠᠮᠢᠶ᠎ᠠ ᠪᠦᠬᠦᠢ ᠠᠵᠢᠯ ᠲᠥᠷᠥᠯ ᠳᠤ ᠲᠡᠷᠢᠭᠦᠯᠡᠬᠦ ᠪᠤᠶᠤ ᠳᠠᠪᠠᠭᠤᠯᠢᠭ ᠪᠠᠶᠢᠷᠢ ᠰᠠᠭᠤᠷᠢ ᠲᠠᠢ | ᠪᠠᠶᠢᠬᠤ ᠬᠡᠷᠡᠭᠲᠡᠶ᠂ ᠳᠠᠩᠰᠠᠯᠠᠭᠤᠯᠤᠭᠰᠠᠨ ᠬᠥᠷᠥᠩᠭᠡ ᠨᠢ ᠡᠵᠡᠩᠨᠡᠯᠲᠡ ᠶᠢᠨ ᠠᠵᠢᠯᠯᠠᠭ᠎ᠠ ᠪᠠ ᠲᠦᠭᠰᠢᠭᠦᠷᠢ ᠰᠢᠢᠳᠪᠦᠷᠢᠯᠡᠬᠦ ᠬᠡᠷᠡᠭᠴᠡᠭᠡ ᠶᠢ ᠬᠠᠩᠭᠠᠵᠤ᠂ | ᠳᠠᠩᠰᠠᠯᠠᠭᠤᠯᠤᠭᠰᠠᠨ ᠬᠥᠷᠥᠩᠭᠡ ᠪᠠᠨ ᠠᠵᠢᠯᠯᠠᠵᠤ ᠡᠬᠢᠯᠡᠬᠦ ᠠᠴᠠ ᠡᠮᠦᠨ᠎ᠡ ᠭᠦᠢᠴᠡᠳ ᠲᠤᠰᠢᠶᠠᠭᠰᠠᠨ ᠮᠥᠷᠲᠡᠭᠡᠨ ᠪᠣᠳᠠᠲᠠᠶ ᠲᠤᠰᠢᠶᠠᠭᠰᠠᠨ ᠵᠣᠭᠤᠰ ᠪᠠᠶᠢᠯᠭᠠᠬᠤ | ᠬᠡᠷᠡᠭᠲᠡᠶ᠂ ᠪᠣᠳᠠᠲᠠᠶ ᠬᠢᠵᠠᠭᠠᠷᠯᠠᠬᠤ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠳᠠᠲᠠᠢ ᠪᠠᠶᠢᠳᠠᠯ ᠢ ᠦᠨᠳᠦᠰᠦᠯᠡᠵᠦ ᠥᠪᠡᠰᠦᠪᠡᠨ ᠲᠣᠭᠲᠠᠭᠠᠬᠤ ᠬᠡᠷᠡᠭᠲᠡᠢ︔ | ︵ᠬᠤᠶᠠᠷ︶ ᠠᠷᠠᠯᠵᠢᠶᠠᠨ ᠤ ᠲᠠᠯᠠᠪᠤᠷ ᠭᠠᠵᠠᠷ ᠤᠨ ᠠᠵᠢᠯᠲᠠᠳ ᠵᠣᠬᠢᠬᠤ ᠲᠤᠰᠬᠠᠶ ᠮᠡᠷᠭᠡᠵᠢᠯ ᠤᠨ ᠮᠡᠳᠡᠯᠭᠡ ᠪᠠ ᠡᠨᠡ ᠬᠦ ᠠᠵᠢᠯ ᠢ ᠡᠷᠬᠢᠯᠡᠬᠦ ᠲᠤᠷᠰᠢᠯᠭ᠎ᠠ ᠲᠠᠢ | ᠪᠠᠶᠢᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠤᠨ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ | ᠳᠡᠰ ᠤᠨ ᠬᠠᠮᠢᠶᠠᠷᠤᠯᠲᠠ ᠶᠢᠨ ᠠᠵᠢᠯᠲᠠᠨ ︵ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ ᠵᠢᠴᠢ ᠵᠣᠬᠢᠬᠤ ᠲᠡᠰ ᠤᠨ ᠬᠥᠮᠦᠰ ᠪᠠᠭᠲᠠᠨ᠎ᠠ︶ ᠤ ᠲᠤᠰᠢᠶᠠᠯ | ᠡᠭᠦᠷᠭᠡᠯᠡᠭᠴᠢᠳ ᠨᠢ ᠣᠶᠢᠷ᠎ᠠ ᠶᠢᠨ 5 ᠵᠢᠯ ᠳᠤ ᠬᠦᠨᠳᠦ ᠶᠡᠭᠡ ᠬᠠᠤᠯᠢ ᠵᠥᠷᠢᠴᠡᠭᠰᠡᠨ ᠲᠡᠮᠳᠡᠭᠯᠡᠯ ᠪᠠ ᠬᠦᠨᠳᠦ ᠨᠣᠴᠢᠲᠠᠶ ᠢᠲᠡᠬᠡᠮᠵᠢ ᠠᠯᠳᠠᠭᠰᠠᠨ ᠮᠡᠳᠡᠭᠡ ᠵᠠᠩᠭᠢ ᠥᠬᠡᠶ | ᠪᠠᠶᠢᠵᠤ᠂ ᠬᠠᠷᠠᠬᠠᠨ ᠰᠢᠢᠳᠪᠦᠷᠢᠯᠡᠵᠦ ᠳᠠᠭᠤᠰᠤᠭᠠᠳᠤᠢ ᠴᠢᠬᠤᠯᠠ ᠶᠡᠭᠡ ᠠᠵᠤ ᠠᠬᠤᠢ ᠶᠢᠨ ᠵᠢᠭᠤᠷᠠᠯᠳᠤᠭᠠᠨ ᠤ ᠬᠡᠷᠡᠭ ᠲᠤ ᠬᠤᠯᠪᠣᠭᠳᠠᠭᠰᠠᠨ ᠥᠬᠡᠶ ᠪᠠᠶᠢᠬᠤ ᠬᠡᠷᠡᠭᠲᠡᠢ | ︔ | ︵ᠭᠤᠷᠪᠠ︶ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠨᠢ ᠪᠦᠷᠢᠨ ᠲᠡᠭᠦᠯᠳᠡᠷ ᠪᠠ ᠲᠤᠬᠠᠶᠢᠯᠠᠭᠰᠠᠨ ᠠᠵᠢᠯ ᠤᠨ ᠳᠦᠷᠢᠮ᠂ ᠲᠦᠭᠰᠢᠭᠦᠷᠢ ᠶᠢᠨ ᠬᠠᠮᠢᠶᠠᠷᠤᠯᠲᠠ | ᠪᠠ ᠳᠣᠲᠣᠭᠠᠳᠤ ᠶᠢᠨ ᠡᠵᠡᠮᠳᠡᠬᠦ ᠳᠦᠷᠢᠮ ᠨᠢ ᠲᠡᠭᠦᠯᠳᠡᠷᠵᠢᠭᠰᠡᠨ ᠪᠠᠶᠢᠵᠤ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ᠂ ᠪᠣᠳᠠᠲᠤ | ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠬᠤᠳᠠᠯᠳᠤᠭᠠᠨ ᠤ ᠲᠥᠯᠥᠪᠯᠡᠭᠡ ᠶᠢᠨ ᠪᠢᠴᠢᠭ᠂ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠮᠠᠯᠠᠯᠲᠠ ᠶᠢᠨ | ᠪᠢᠴᠢᠭ ᠲᠠᠢ ᠪᠠᠶᠢᠬᠤ ᠬᠡᠷᠡᠭᠲᠡᠢ︔ | ︵ᠳᠥᠷᠪᠡ︶ ᠲᠣᠳᠣᠷᠬᠠᠶ ᠠᠷᠠᠯᠵᠢᠶᠠᠯᠠᠬᠤ ᠲᠥᠷᠥᠯ ᠵᠦᠢᠯ ᠲᠠᠢ ᠪᠠᠶᠢᠬᠤ ᠬᠡᠷᠡᠭᠲᠡᠢ᠂ ᠡᠭᠦᠨ ᠳᠤ᠂ ᠲᠠᠸᠠᠷ ᠤᠨ ᠪᠡᠯᠡᠨ ᠪᠠᠷᠠᠭᠠᠨ ᠤ ᠲᠥᠷᠥᠯ ᠤᠨ | ᠠᠷᠠᠯᠵᠢᠶᠠᠨ ᠤ ᠲᠠᠯᠠᠪᠤᠷ ᠭᠠᠵᠠᠷ ᠲᠤ ᠠᠷᠠᠯᠵᠢᠶᠠᠯᠠᠬᠤ ᠲᠥᠷᠥᠯ ᠵᠦᠢᠯ ᠨᠢ ᠵᠠᠷᠴᠢᠮ ᠳᠡᠭᠡᠷ᠎ᠡ ᠪᠠᠨ ᠲᠣᠰ ᠭᠠᠵᠠᠷ ᠣᠷᠣᠨ ᠤ ᠠᠵᠤ ᠦᠢᠯᠡᠰ ᠯᠦᠭᠡ ᠬᠤᠯᠪᠣᠭ᠎ᠠ ᠲᠠᠢ | ᠪᠠᠶᠢᠬᠤ ᠬᠡᠷᠡᠭᠲᠡᠶ︔ | ︵ᠲᠠᠪᠤ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠪᠠ ᠠᠮᠤᠷ ᠲᠦᠪᠰᠢᠨ ᠲᠣᠭᠲᠠᠭᠤᠨ ᠠᠷᠠᠯᠵᠢᠶᠠᠨ ᠤ ᠮᠡᠳᠡᠭᠡ ᠵᠠᠩᠭᠢ ᠶᠢᠨ | ᠰᠢᠰᠲ᠋ᠧᠮ ᠲᠠᠢ ᠪᠠᠶᠢᠬᠤ ᠬᠡᠷᠡᠭᠲᠡᠢ︔ | ︵ᠵᠢᠷᠭᠤᠭ᠎ᠠ︶ ᠳᠠᠩᠰᠠᠯᠠᠭᠤᠯᠤᠭᠰᠠᠨ ᠭᠠᠵᠠᠷ᠂ ᠪᠣᠳᠠᠲᠠᠶ ᠡᠵᠡᠩᠨᠡᠯᠲᠡ ᠶᠢᠨ ᠭᠠᠵᠠᠷ ᠨᠢ ᠨᠢᠭᠡᠳᠦᠯᠲᠡᠶ ᠪᠠᠶᠢᠬᠤ ᠬᠡᠷᠡᠭᠲᠡᠢ︔ | ︵ᠳᠣᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠥᠬᠦᠶ ᠶᠠᠮᠤᠨ | ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠪᠣᠯᠭᠤᠮᠵᠢᠯᠠᠬᠤ ᠨᠥᠬᠦᠴᠡᠯ ᠲᠠᠢ ᠪᠠᠶᠢᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠤ᠂ ᠳᠣᠤᠷᠠᠬᠢ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠬᠤ | ᠬᠡᠷᠡᠭᠲᠡᠶ᠄ | ︵ᠨᠢᠭᠡ︶ ᠪᠠᠶᠢᠭᠤᠯᠬᠤ ᠭᠤᠶᠤᠴᠢᠯᠠᠯ ᠤᠨ ᠪᠢᠴᠢᠭ᠃ ᠠᠭᠤᠯᠭ᠎ᠠ ᠳᠤ ᠨᠢ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ᠂ | ᠳᠠᠩᠰᠠᠯᠠᠭᠤᠯᠬᠤ ᠭᠠᠵᠠᠷ᠂ ᠡᠵᠡᠩᠨᠡᠬᠦ ᠬᠦᠷᠢᠶ᠎ᠡ ᠬᠡᠪᠴᠢᠶ᠎ᠡ᠂ ᠳᠠᠩᠰᠠᠯᠠᠭᠤᠯᠬᠤ ᠬᠥᠷᠥᠩᠭᠡ᠂ ᠰᠲ᠋ᠣᠺ ᠤᠨ ᠡᠷᠬᠡ ᠶᠢᠨ ᠪᠦᠲᠦᠴᠡ᠂ ᠠᠷᠠᠯᠵᠢᠶᠠᠯᠠᠬᠤ ᠲᠥᠷᠥᠯ ᠵᠦᠢᠯ᠂ | ᠠᠷᠠᠯᠵᠢᠶᠠᠯᠠᠬᠤ ᠠᠷᠭ᠎ᠠ ᠮᠠᠶ᠋ᠢᠭ ᠵᠡᠷᠭᠡ ᠦᠨᠳᠦᠰᠦᠨ ᠮᠡᠳᠡᠭᠡ ᠵᠠᠩᠭᠢ ᠶᠢ ᠪᠠᠭᠲᠠᠭᠠᠭᠰᠠᠨ ᠪᠠᠶᠢᠬᠤ ᠬᠡᠷᠡᠭᠲᠡᠢ︔ | ︵ᠬᠤᠶᠠᠷ︶ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ᠃ ᠡᠭᠦᠨ ᠳᠤ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠪᠠᠶᠢᠭ᠎ᠠ ᠵᠣᠷᠢᠯᠭ᠎ᠠ᠂ ᠪᠣᠯᠤᠮᠵᠢᠲᠤ | ᠴᠢᠨᠠᠷ᠂ ᠴᠢᠬᠤᠯᠠ ᠴᠢᠨᠠᠷ᠂ ᠵᠠᠬ᠎ᠠ ᠳᠡᠯᠭᠡᠭᠦᠷ ᠤᠨ ᠨᠥᠬᠦᠴᠡᠯ᠂ ᠠᠷᠠᠯᠵᠢᠶᠠᠯᠠᠬᠤ ᠲᠥᠷᠥᠯ ᠵᠦᠢᠯ ᠤᠨ ᠵᠢᠷᠤᠭ ᠲᠥᠯᠥᠪᠯᠡᠭᠡ᠂ ᠲᠦᠭᠰᠢᠭᠦᠷᠢ ᠶᠢ ᠡᠵᠡᠮᠳᠡᠬᠦ ᠴᠢᠳᠠᠪᠤᠷᠢ | ᠵᠢᠴᠢ ᠠᠷᠭ᠎ᠠ ᠬᠡᠮᠵᠢᠶ᠎ᠡ᠂ ᠢᠷᠡᠭᠡᠳᠦᠶ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠨᠡᠶᠢᠭᠡᠮ ᠤᠨ ᠠᠵᠤ ᠠᠬᠤᠶ ᠶᠢᠨ ᠦᠷ᠎ᠡ | ᠠᠰᠢᠭ ᠤᠨ ᠵᠠᠳᠠᠯᠤᠯᠲᠠ ᠵᠡᠷᠭᠡ ᠶᠢ ᠪᠠᠭᠲᠠᠭᠠᠬᠤ ᠪᠥᠭᠡᠳ ᠡᠳᠡᠭᠡᠷ ᠲᠤ ᠬᠢᠵᠠᠭᠠᠷᠯᠠᠭᠳᠠᠬᠤ ᠥᠬᠡᠶ ᠪᠠᠶᠢᠬᠤ ᠬᠡᠷᠡᠭᠲᠡᠢ︔ | ︵ᠭᠤᠷᠪᠠ︶ ᠺᠣᠮᠫᠠᠨᠢ ᠶᠢᠨ ᠲᠦᠷᠢᠮ ᠵᠢᠴᠢ ᠳᠣᠲᠣᠭᠠᠳᠤ ᠳᠠᠬᠢ ᠡᠵᠡᠮᠳᠡᠬᠦ ᠲᠦᠷᠢᠮ᠃ ᠺᠣᠮᠫᠠᠨᠢ ᠶᠢᠨ ᠲᠦᠷᠢᠮ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ | ᠲᠠᠯᠠᠪᠤᠷ ᠭᠠᠵᠠᠷ ᠤᠨ ᠳᠣᠲᠣᠭᠠᠳᠤ ᠳᠠᠬᠢ ᠵᠣᠬᠢᠶᠠᠨ ᠪᠠᠶᠢᠭᠤᠯᠤᠯᠲᠠ᠂ ᠪᠠᠶᠢᠭᠤᠯᠬᠤ ᠠᠷᠭ᠎ᠠ ᠬᠡᠯᠪᠡᠷᠢ᠂ ᠡᠭᠦᠰᠭᠡᠨ ᠪᠠᠶᠢᠭᠤᠯᠤᠭᠴᠢ ᠶᠢᠨ ᠪᠠᠶᠢᠳᠠᠯ᠂ ᠠᠵᠢᠯ ᠶᠠᠪᠤᠳᠠᠯ | ᠵᠥᠪᠯᠡᠬᠦ ᠲᠦᠷᠢᠮ᠂ ᠲᠠᠷᠠᠭᠠᠬᠤ ᠤᠴᠢᠷ ᠰᠢᠯᠲᠠᠭᠠᠨ ᠵᠢᠴᠢ ᠢᠯᠭᠠᠷᠠᠭᠤᠯᠤᠨ ᠨᠠᠷᠢᠪᠴᠢᠯᠠᠵᠤ ᠲᠣᠭᠠᠴᠠᠭᠠᠯᠠᠬᠤ ᠠᠷᠭ᠎ᠠ ᠵᠡᠷᠭᠡ ᠶᠢ ᠪᠠᠭᠲᠠᠭᠠᠬᠤ ᠬᠡᠷᠡᠭᠲᠡᠢ᠃ | ᠳᠣᠲᠣᠭᠠᠳᠤ ᠳᠠᠬᠢ ᠡᠵᠡᠮᠳᠡᠬᠦ ᠲᠦᠷᠢᠮ ᠳᠤ ᠠᠷᠠᠯᠵᠢᠶᠠᠯᠠᠬᠤ ᠲᠦᠷᠢᠮ᠂ ᠠᠷᠠᠯᠵᠢᠶᠠᠯᠠᠬᠤ ᠪᠠᠯᠠ ᠮᠥᠩᠭᠦᠨ ᠤ ᠬᠠᠮᠢᠶᠠᠷᠤᠯᠲᠠ ᠶᠢᠨ ᠲᠦᠷᠢᠮ᠂ ᠪᠠᠯᠠ | ᠣᠷᠣᠭᠤᠯᠤᠭᠴᠢᠳ ᠲᠤ ᠲᠣᠬᠢᠷᠠᠯᠴᠠᠭᠤᠯᠤᠭᠰᠠᠨ ᠲᠦᠷᠢᠮ᠂ ᠭᠡᠰᠢᠭᠦᠳ ᠤᠨ ᠬᠠᠮᠢᠶᠠᠷᠤᠯᠲᠠ ᠶᠢᠨ ᠲᠦᠷᠢᠮ᠂ ᠮᠡᠳᠡᠭᠡ ᠵᠠᠩᠭᠢ ᠨᠡᠶᠢᠲᠡᠯᠡᠬᠦ ᠲᠦᠷᠢᠮ᠂ ᠲᠦᠭᠰᠢᠭᠦᠷᠢ ᠶᠢᠨ | ᠬᠠᠮᠢᠶᠠᠷᠤᠯᠲᠠ ᠶᠢᠨ ᠲᠦᠷᠢᠮ᠂ ᠡᠳ᠋ ᠤᠨ ᠶᠠᠪᠤᠳᠠᠯ ᠤᠨ ᠲᠦᠷᠢᠮ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠵᠡᠷᠭᠡ ᠶᠢ ᠪᠠᠭᠲᠠᠭᠠᠬᠤ | ᠬᠡᠷᠡᠭᠲᠡᠢ︔ | ︵ᠳᠥᠷᠪᠡ︶ ᠡᠭᠦᠰᠭᠡᠨ ᠪᠠᠶᠢᠭᠤᠯᠤᠭᠴᠢ ︵ᠪᠡᠯᠡ ᠭᠠᠷᠭᠠᠭᠴᠢ︶ ᠶᠢᠨ ᠦᠨᠳᠦᠰᠦᠨ ᠪᠠᠶᠢᠳᠠᠯ᠃ ᠠᠵᠤ ᠠᠬᠤᠶᠢᠯᠠᠯ ᠤᠨ ᠡᠭᠦᠰᠭᠡᠨ ᠪᠠᠶᠢᠭᠤᠯᠤᠭᠴᠢ ︵ᠪᠠᠯᠠ | ᠭᠠᠷᠭᠠᠭᠴᠢ︶ ᠶᠢᠨ ᠦᠨᠳᠦᠰᠦᠨ ᠪᠠᠶᠢᠳᠠᠯ ᠳᠤ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠳᠠᠩᠰᠠᠯᠠᠭᠤᠯᠬᠤ ᠬᠥᠷᠥᠩᠭᠡ᠂ ᠪᠣᠳᠠᠲᠠᠶ | ᠲᠤᠰᠢᠶᠠᠬᠤ ᠬᠥᠷᠥᠩᠭᠡ᠂ ᠳᠠᠩᠰᠠᠯᠠᠭᠤᠯᠬᠤ ᠭᠠᠵᠠᠷ᠂ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ᠂ ᠣᠶᠢᠷ᠎ᠠ ᠶᠢᠨ | ᠬᠤᠶᠠᠷ ᠵᠢᠯ ᠳᠠᠬᠢ ᠬᠢᠨᠠᠨ ᠪᠣᠳᠣᠯᠲᠠ ᠬᠢᠯᠭᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠵᠡᠩᠨᠡᠭᠰᠡᠨ ᠬᠥᠭᠵᠢᠯᠲᠡ ᠶᠢᠨ ᠪᠠᠶᠢᠳᠠᠯ᠂ ᠣᠶᠢᠷ᠎ᠠ ᠶᠢᠨ ᠭᠤᠷᠪᠠᠨ | ᠵᠢᠯ ᠳᠠᠬᠢ ᠢᠲᠡᠭᠡᠮᠵᠢ ᠶᠢᠨ ᠪᠠᠶᠢᠳᠠᠯ ᠵᠡᠷᠭᠡ ᠶᠢ ᠪᠠᠭᠲᠠᠭᠠᠬᠤ ᠬᠡᠷᠡᠭᠲᠡᠢ᠃ ᠪᠠᠶᠢᠭᠠᠯᠢ ᠬᠥᠮᠦᠨ ᠪᠣᠯᠬᠤ ᠡᠭᠦᠰᠭᠡᠨ ᠪᠠᠶᠢᠭᠤᠯᠤᠭᠴᠢ ︵ᠪᠠᠯᠠ ᠭᠠᠷᠭᠠᠭᠴᠢ︶ ᠶᠢᠨ | ᠦᠨᠳᠦᠰᠦᠨ ᠪᠠᠶᠢᠳᠠᠯ ᠳᠤ ᠬᠤᠪᠢ ᠬᠥᠮᠥᠨ ᠤ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠦᠯᠦᠯᠲᠡ᠂ ᠪᠠᠯᠠ | ᠭᠠᠷᠭᠠᠬᠤ ᠴᠢᠳᠠᠯ ᠵᠡᠷᠭᠡ ᠶᠢ ᠪᠠᠭᠲᠠᠭᠠᠬᠤ ᠬᠡᠷᠡᠭᠲᠡᠢ︔ | ︵ᠲᠠᠪᠤ︶ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠳᠠᠨ ᠤ ᠲᠤᠰᠢᠶᠠᠯ ᠳᠤ ᠲᠣᠮᠢᠯᠠᠬᠤ ᠪᠠᠷ ᠪᠠᠶᠢᠭ᠎ᠠ | ᠬᠥᠮᠥᠰ ᠤᠨ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠬᠥᠮᠦᠨ ᠤ ᠢᠲᠡᠬᠡᠮᠵᠢ ᠶᠢᠨ ᠮᠡᠳᠡᠭᠦᠯᠦᠯᠲᠡ᠂ ᠰᠤᠷᠤᠯᠭ᠎ᠠ ᠶᠢᠨ ᠨᠠᠮᠲᠠᠷ ᠤᠨ | ᠦᠨᠡᠮᠯᠡᠯ ᠤᠨ ᠬᠠᠭᠤᠯᠪᠤᠷᠢ ᠵᠡᠷᠭᠡ ᠮᠠᠲ᠋ᠧᠷᠢᠶᠠᠯ ᠪᠠᠶᠢᠬᠤ ᠬᠡᠷᠡᠭᠲᠡᠢ︔ | ︵ᠵᠢᠷᠭᠤᠭ᠎ᠠ︶ ᠲᠡᠳᠡᠭᠡᠷ ᠤᠨ ᠪᠠᠶᠢᠭ᠎ᠠ ᠠᠶᠢᠮᠠᠭ ᠬᠤᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠵᠤ | ᠥᠭᠭᠦᠭᠰᠡᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ᠂ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠮᠠᠯᠠᠯᠲᠠ ᠶᠢᠨ ᠪᠢᠴᠢᠭ ᠪᠠᠶᠢᠬᠤ | ᠬᠡᠷᠡᠭᠲᠡᠢ︔ | ︵ᠳᠣᠯᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠵᠤ ᠥᠭᠭᠦᠭᠰᠡᠨ ︽ᠠᠵᠤ ᠠᠬᠤᠶᠢᠯᠠᠯ ᠤᠨ ᠨᠡᠷᠡᠶᠢᠳᠦᠯ ᠢ | ᠤᠷᠢᠳᠴᠢᠯᠠᠨ ᠬᠠᠷᠭᠤᠭᠤᠯᠵᠤ ᠵᠥᠪᠰᠢᠶᠡᠷᠡᠭᠦᠯᠦᠭᠰᠡᠨ ᠮᠡᠳᠡᠭᠳᠡᠯ ᠤᠨ ᠪᠢᠴᠢᠭ︾ ᠪᠠᠶᠢᠬᠤ ᠬᠡᠷᠡᠭᠲᠡᠢ︔ | ︵ᠨᠠᠢᠮᠠ︶ ᠠᠷᠠᠯᠵᠢᠶᠠᠨ ᠤ ᠲᠠᠯᠠᠪᠤᠷ ᠭᠠᠵᠠᠷ ᠲᠤ ᠬᠤᠯᠪᠣᠭᠳᠠᠭᠰᠠᠨ ᠠᠷᠠᠯᠵᠢᠶ᠎ᠠ ᠮᠠᠶᠢᠮᠠᠢ ᠬᠢᠭᠰᠡᠨ ᠬᠤᠶᠠᠷ ᠲᠠᠯ᠎ᠠ ᠶᠢᠨ ᠠᠷᠠᠯᠵᠢᠶᠠᠯᠠᠭᠰᠠᠨ ᠪᠡᠯᠡ ᠮᠥᠩᠭᠦ ᠶᠢ | ᠳ᠋ᠦᠩᠨᠡᠨ ᠪᠤᠳᠤᠬᠤ ᠪᠣᠳᠠᠲᠠᠶ ᠴᠤᠪᠤᠷᠠᠯ ᠵᠢᠴᠢ ᠬᠤᠯᠪᠣᠭᠳᠠᠵᠤ ᠪᠠᠶᠢᠭ᠎ᠠ ᠳ᠋ᠦᠩᠨᠡᠨ ᠪᠣᠳᠣᠭᠰᠠᠨ ᠲᠠᠩᠰᠠᠨ ᠤ ᠨᠠᠷᠢᠨ ᠲᠣᠳᠣᠷᠬᠠᠶ ᠲᠣᠳᠣᠷᠬᠠᠶᠢᠯᠠᠯᠲᠠ ᠶᠢᠨ ᠮᠠᠲ᠋ᠧᠷᠢᠶᠠᠯ | ᠪᠠᠶᠢᠬᠤ ᠬᠡᠷᠡᠭᠲᠡᠢ︔ | ︵ᠶᠢᠰᠦ︶ ᠡᠵᠡᠩᠨᠡᠯᠲᠡ ᠶᠢᠨ ᠲᠠᠯᠠᠪᠤᠷ ᠭᠠᠵᠠᠷ ᠲᠦᠷᠢᠶᠡᠰᠦᠯᠡᠭᠰᠡᠨ ᠭᠡᠷ᠎ᠡ ᠪᠤᠶᠤ ᠥᠮᠴᠢᠯᠡᠯ ᠤᠨ ᠡᠷᠬᠡ ᠶᠢᠨ ᠭᠡᠷᠡᠴᠢ᠂ ᠠᠷᠠᠯᠵᠢᠶᠠᠨ ᠤ ᠮᠡᠳᠡᠭᠡ ᠵᠠᠩᠭᠢ ᠶᠢᠨ | ᠰᠢᠰᠲ᠋ᠧᠮ ᠤᠨ ᠠᠮᠤᠷ ᠲᠦᠪᠰᠢᠨ ᠤ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠪᠠᠶᠢᠬᠤ ᠬᠡᠷᠡᠭᠲᠡᠢ︔ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠪᠠᠶᠢᠬᠤ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠳᠤ᠂ ᠭᠤᠶᠤᠴᠢᠯᠠᠭᠴᠢ ᠨᠢ ᠪᠠᠶᠢᠭ᠎ᠠ ᠠᠶᠢᠮᠠᠭ ᠬᠤᠲᠠ ᠶᠢᠨ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠭᠤᠯᠬᠤ ᠭᠤᠶᠤᠴᠢᠯᠠᠯ ᠭᠠᠷᠭᠠᠬᠤ ᠬᠡᠷᠡᠭᠲᠡᠢ︔ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠬᠦ ᠶᠢᠨ ᠬᠠᠮᠲᠤ᠂ ᠲᠣᠰ ᠱᠠᠲᠤᠨ ᠤ ᠮᠥᠩᠭᠦᠨ ᠭᠦᠢᠯᠭᠡᠭᠡᠨ ᠤ ᠠᠵᠢᠯ ᠪᠠ ᠬᠤᠳᠠᠯᠳᠤᠭᠠᠨ ᠤ ᠶᠠᠪᠤᠳᠠᠯ ᠤᠨ | ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠤ ᠳᠠᠷᠠᠭ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ︔ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠷᠢᠶᠠᠯᠠᠬᠤ ᠴᠢᠨᠠᠷ ︵ᠡᠷᠬᠡ ᠠᠰᠢᠭ ᠤᠨ ᠲᠥᠷᠥᠯ ᠪᠤᠶᠤ | ᠪᠡᠯᠡᠨ ᠪᠠᠷᠠᠭᠠᠨ ᠤ ᠲᠥᠷᠥᠯ︶ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠤᠶᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ 365赢多少钱会被限额_国内有真正的365平台吗_365bet博彩官网 | ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠦᠭᠡᠳ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠵᠥᠪᠰᠢᠶᠡᠷᠡᠭᠦᠯᠦᠭᠡᠳ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠤᠨ ᠭᠤᠶᠤᠴᠢᠯᠠᠭᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ ᠠᠪᠴᠤ᠂ | ᠬᠠᠷᠢᠶᠠᠯᠠᠭᠳᠠᠬᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠭᠠᠷᠳᠠᠮ ᠭᠦᠢᠴᠡᠳᠭᠡᠬᠦ ᠬᠡᠷᠡᠭᠲᠡᠶ᠃ | ᠰᠢᠨ᠎ᠡ ᠪᠠᠷ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ | ᠡᠵᠡᠩᠨᠡᠵᠦ ᠡᠬᠢᠯᠡᠬᠦ ᠶᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠭᠠᠷᠳᠠᠭᠰᠠᠨ ᠤ ᠳᠠᠷᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠡᠳᠡᠨ ᠳᠤ ᠳᠠᠩᠰᠠᠨ | ᠡᠷᠦᠬᠡ ᠪᠠᠶᠢᠭᠤᠯᠬᠤ ᠭᠠᠷᠳᠠᠮ ᠢ ᠭᠦᠢᠴᠡᠳᠬᠡᠨ ᠥᠭᠴᠦ ᠯᠡ ᠪᠣᠯᠤᠨ᠎ᠠ᠃ | ᠠᠷᠪᠠᠨ ᠭᠤᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠲᠡ ᠶᠢᠨ ᠦᠨᠡᠮᠯᠡᠯ ᠭᠠᠷᠳᠠᠭᠰᠠᠨ ᠡᠳᠦᠷ ᠠᠴᠠ ᠡᠬᠢᠯᠡᠨ ᠵᠦᠢ ᠶᠣᠰᠣᠨ ᠤ | ᠰᠢᠯᠲᠠᠭᠠᠨ ᠥᠭᠡᠢ ᠪᠠᠷ 6 ᠰᠠᠷ᠎ᠠ ᠬᠡᠲᠦᠷᠡᠭᠰᠡᠨ ᠪᠠᠶᠢᠲᠠᠯ᠎ᠠ ᠠᠵᠢᠯᠯᠠᠵᠤ ᠡᠬᠢᠯᠡᠭᠰᠡᠨ ᠥᠭᠡᠢ᠂ ᠡᠰᠡᠬᠦᠯ᠎ᠡ ᠠᠵᠢᠯᠯᠠᠵᠤ ᠡᠬᠢᠯᠡᠭᠰᠡᠨ ᠤ ᠳᠠᠷᠠᠭ᠎ᠠ ᠥᠪᠡᠰᠦᠪᠡᠨ | ᠠᠵᠢᠯᠯᠠᠬᠤ ᠪᠠᠨ ᠵᠣᠭᠰᠣᠭᠠᠭᠠᠳ 6 ᠰᠠᠷ᠎ᠠ ᠭᠠᠷᠤᠢ ᠪᠣᠯᠣᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠶᠢᠨ | ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ ᠪᠣᠯᠤᠨ᠎ᠠ᠃ | ᠠᠷᠪᠠᠨ ᠳᠥᠷᠪᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠵᠠᠷᠴᠢᠮ ᠳᠡᠭᠡᠷ᠎ᠡ ᠪᠠᠨ ᠰᠠᠯᠪᠤᠷᠢ ᠪᠠᠶᠢᠭᠤᠯᠤᠮᠵᠢ ᠪᠠᠶᠢᠭᠤᠯᠬᠤ ᠵᠢᠴᠢ ᠭᠡᠰᠢᠭᠦᠳ᠂ | ᠣᠷᠤᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠᠶᠢᠭᠤᠯᠤᠨ ᠬᠥᠭᠵᠢᠭᠦᠯᠬᠦ ᠵᠡᠷᠭᠡ ᠪᠠᠷ ᠳᠠᠮᠵᠢᠭᠤᠯᠤᠨ ᠡᠵᠡᠩᠨᠡᠯᠲᠡ ᠶᠢᠨ ᠠᠵᠢᠯᠯᠠᠭ᠎ᠠ | ᠥᠷᠨᠢᠭᠦᠯᠵᠦ ᠪᠣᠯᠬᠤ ᠥᠬᠡᠶ᠃ ᠦᠨᠡᠨ ᠬᠦ ᠴᠢᠬᠤᠯᠠᠲᠠᠶ ᠪᠣᠯ᠂ ᠳᠣᠤᠷᠠᠬᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠄ | ︵ᠨᠢᠭᠡ︶ ᠥᠪᠡᠷᠲᠡᠭᠡᠨ ᠵᠠᠰᠠᠬᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ | ᠰᠠᠯᠪᠤᠷᠢ ᠪᠠᠶᠢᠭᠤᠯᠤᠮᠵᠢ ᠪᠠᠶᠢᠭᠤᠯᠵᠤ ᠪᠣᠯᠬᠤ ᠥᠬᠡᠶ︔ | ︵ᠬᠤᠶᠠᠷ︶ ᠥᠪᠡᠷᠲᠡᠭᠡᠨ ᠵᠠᠰᠠᠬᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠨᠢ ᠪᠤᠰᠤᠳ ᠮᠣᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠳᠤ | ᠰᠠᠯᠪᠤᠷᠢ ᠪᠠᠶᠢᠭᠤᠯᠤᠮᠵᠢ ᠪᠠᠶᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠳᠠᠩᠰᠠᠯᠠᠭᠤᠯᠬᠤ ᠪᠠᠷ ᠪᠠᠶᠢᠭ᠎ᠠ ᠭᠠᠵᠠᠷ ᠤᠨ | ᠮᠤᠵᠢ ᠶᠢᠨ ᠠᠷᠠᠳ ᠤᠨ ᠵᠠᠰᠠᠭ ᠤᠨ ᠣᠷᠳᠣᠨ ᠳᠤ ᠲᠣᠰ ᠲᠣᠰ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ ᠳᠠᠩᠰᠠᠯᠠᠭᠤᠯᠬᠤ ᠪᠠᠷ ᠪᠠᠶᠢᠭ᠎ᠠ ᠭᠠᠵᠠᠷ ᠤᠨ ᠮᠤᠵᠢ ᠶᠢᠨ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠭᠤᠯᠬᠤ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ︔ | ︵ᠭᠤᠷᠪᠠ︶ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠲᠠᠬᠢ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠳᠤ᠂ ᠠᠷᠠᠯᠵᠢᠶᠠᠨ ᠤ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠮᠤᠵᠢ ᠶᠢᠨ ᠠᠷᠠᠳ ᠤᠨ ᠵᠠᠰᠠᠭ ᠤᠨ | ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠣᠰ ᠲᠣᠰ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠠᠷᠠᠯᠵᠢᠶᠠᠨ ᠤ ᠲᠠᠯᠠᠪᠤᠷ ᠭᠠᠵᠠᠷ ᠤᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ | ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠢᠶᠠᠷ ᠨᠤᠲᠠᠯᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠠᠷᠭ᠎ᠠ ᠳᠤ ᠲᠣᠭᠲᠠᠭᠠᠭᠰᠠᠨ | ᠰᠢᠨ᠎ᠡ ᠪᠠᠷ ᠪᠠᠶᠢᠭᠤᠯᠬᠤ ᠲᠠᠰ ᠳᠠᠷᠠᠭᠠᠯᠠᠯ ᠶᠣᠰᠣᠭᠠᠷ ᠭᠦᠢᠴᠡᠳᠭᠡᠬᠦ ᠬᠡᠷᠡᠭᠲᠡᠶ︔ | ᠠᠷᠪᠠᠨ ᠲᠠᠪᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠳᠣᠣᠷ᠎ᠠ ᠵᠢᠭᠰᠠᠭᠠᠭᠰᠠᠨ ᠵᠦᠢᠯᠡᠰ ᠤᠨ ᠨᠢᠭᠡ ᠶᠢ ᠬᠤᠪᠢᠷᠠᠭᠠᠬᠤ ᠭᠡᠪᠡᠯ᠂ ᠡᠯ᠎ᠡ ᠠᠶᠢᠮᠠᠭ | ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠬᠦ ᠶᠢᠨ ᠬᠠᠮᠲᠤ᠂ ᠮᠥᠩᠭᠦᠨ ᠭᠦᠢᠯᠭᠡᠭᠡᠨ ᠤ ᠠᠵᠢᠯ ᠪᠠ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠭᠦᠢᠴᠡᠳᠭᠡᠯᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠷᠢᠶᠠᠯᠠᠭᠳᠠᠬᠤ ᠴᠢᠨᠠᠷ ︵ᠡᠷᠬᠡ ᠠᠰᠢᠭ ᠤᠨ ᠲᠥᠷᠥᠯ ᠪᠤᠶᠤ ᠪᠡᠯᠡᠨ | ᠪᠠᠷᠠᠭᠠᠨ ᠤ ᠲᠥᠷᠥᠯ︶ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠤᠶᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠰᠠᠨᠠᠯ ᠬᠤᠷᠢᠶᠠᠵᠤ᠂ ᠬᠦᠯᠢᠶᠡᠨ ᠠᠪᠴᠤ ᠭᠦᠢᠴᠡᠳᠭᠡᠬᠦ ᠰᠠᠨᠠᠯ ᠳᠤᠷᠠᠳᠬᠤ | ᠬᠡᠷᠡᠭᠲᠡᠢ᠄ | ︵ᠨᠢᠭᠡ︶ ᠨᠡᠷᠡᠶᠢᠳᠦᠯ ᠢᠶᠠᠨ ᠬᠤᠪᠢᠷᠠᠭᠠᠬᠤ︔ | ︵ᠬᠤᠶᠠᠷ︶ ᠡᠵᠡᠩᠨᠡᠬᠦ ᠬᠦᠷᠢᠶ᠎ᠡ ᠬᠡᠪᠴᠢᠶ᠎ᠡ ᠪᠠᠨ ᠬᠤᠪᠢᠷᠠᠭᠠᠬᠤ︔ | ︵ᠭᠤᠷᠪᠠ︶ ᠳᠠᠩᠰᠠᠯᠠᠭᠤᠯᠤᠭᠰᠠᠨ ᠬᠦᠷᠦᠩᠭᠡ ᠪᠠᠨ ᠬᠤᠪᠢᠷᠠᠭᠠᠬᠤ︔ | ︵ᠳᠥᠷᠪᠡ︶ ᠠᠷᠠᠯᠵᠢᠶᠠᠯᠠᠬᠤ ᠵᠦᠢᠯ᠂ ᠠᠷᠠᠯᠵᠢᠶᠠᠯᠠᠬᠤ ᠵᠠᠭᠪᠤᠷ᠂ ᠠᠷᠠᠯᠵᠢᠶᠠᠯᠠᠬᠤ ᠲᠦᠷᠢᠮ ᠢᠶᠠᠨ ᠬᠤᠪᠢᠷᠠᠭᠠᠬᠤ︔ | ︵ᠲᠠᠪᠤ︶ ᠭᠤᠤᠯ ᠬᠤᠪᠢ ᠣᠷᠣᠭᠤᠯᠤᠭᠴᠢ︔ | ︵ᠵᠢᠷᠭᠤᠭ᠎ᠠ︶ ᠠᠵᠤ ᠠᠬᠤᠶᠢᠯᠠᠯ ᠤᠨ ᠲᠦᠷᠦᠯ ᠬᠡᠯᠪᠡᠷᠢ ᠪᠠᠨ ᠬᠤᠪᠢᠷᠠᠭᠠᠬᠤ︔ | ︵ᠳᠣᠯᠤᠭ᠎ᠠ︶ ᠠᠷᠠᠯᠵᠢᠶᠠᠨ ᠤ ᠲᠠᠯᠠᠪᠤᠷ ᠭᠠᠵᠠᠷ ᠢ ᠰᠠᠯᠭᠠᠬᠤ ᠪᠤᠶᠤ ᠨᠡᠶᠢᠯᠡᠭᠦᠯᠬᠦ︔ | ︵ᠨᠠᠢᠮᠠ︶ ᠲᠡᠳᠡᠭᠡᠷ ᠤᠨ ᠪᠠᠶᠢᠭᠤᠯᠬᠤ ᠨᠥᠬᠦᠴᠡᠯ ᠳᠤ ᠴᠢᠬᠤᠯᠠ ᠶᠡᠭᠡ ᠨᠥᠯᠥᠭᠡ ᠪᠣᠯᠬᠤ ᠪᠤᠰᠤᠳ ᠵᠦᠢᠯ ᠤᠳ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠪᠢᠷᠠᠭᠠᠬᠤ ᠶᠢ ᠵᠥᠪᠰᠢᠶᠡᠷᠡᠭᠰᠡᠨ | ᠪᠠᠶᠢᠪᠠᠯ᠂ ᠵᠥᠪᠰᠢᠶᠡᠷᠡᠭᠰᠡᠨ ᠰᠠᠨᠠᠯ ᠭᠠᠷᠭᠠᠵᠤ ᠥᠭᠬᠦ ᠶᠢᠨ ᠬᠠᠮᠲᠤ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠬᠦ ᠬᠡᠷᠡᠭᠲᠡᠶ᠂ ᠪᠡᠯᠡᠨ ᠪᠠᠷᠠᠭᠠᠨ ᠤ | ᠲᠥᠷᠥᠯ ᠳᠤ ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠳᠣᠤᠷᠠᠬᠢ ᠬᠤᠪᠢᠷᠠᠭᠠᠬᠤ ᠵᠦᠢᠯᠡᠰ ᠤᠨ ᠨᠢᠭᠡ ᠨᠢ ᠪᠠᠶᠢᠪᠠᠯ᠂ ᠡᠯ᠎ᠡ ᠠᠶᠢᠮᠠᠭ ᠬᠤᠲᠠ ᠶᠢᠨ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠷᠭᠤᠭᠤᠯᠵᠤ ᠵᠥᠪᠰᠢᠶᠡᠷᠡᠬᠦ ᠶᠢᠨ ᠬᠠᠮᠲᠤ᠂ ᠡᠨᠡ ᠬᠦ ᠠᠵᠢᠯ ᠶᠠᠪᠤᠳᠠᠯ ᠪᠣᠢ | ᠪᠣᠯᠣᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠬᠦ ᠬᠡᠷᠡᠭᠲᠡᠢ᠂ ᠪᠡᠯᠡᠨ | ᠪᠠᠷᠠᠭᠠᠨ ᠤ ᠲᠥᠷᠥᠯ ᠳᠤ ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ | ᠄ | ︵ᠨᠢᠭᠡ︶ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ | ᠠᠵᠢᠯᠳᠠᠨ ᠢᠶᠠᠨ ᠬᠤᠪᠢᠷᠠᠭᠠᠬᠤ︔ | ︵ᠬᠤᠶᠠᠷ︶ ᠣᠷᠣᠨ ᠰᠠᠭᠤᠴᠠ ᠪᠤᠶᠤ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠲᠠᠯᠠᠪᠤᠷ ᠭᠠᠵᠠᠷ ᠢᠶᠠᠨ ᠬᠤᠪᠢᠷᠠᠭᠠᠬᠤ︔ | ︵ᠭᠤᠷᠪᠠ︶ ᠲᠦᠷᠢᠮ᠂ ᠲᠦᠭᠰᠢᠭᠦᠷᠢ ᠡᠵᠡᠮᠳᠡᠬᠦ ᠲᠦᠷᠢᠮ ᠵᠡᠷᠭᠡ ᠬᠠᠮᠢᠶᠠᠷᠤᠯᠲᠠ ᠶᠢᠨ ᠲᠦᠷᠢᠮ ᠳᠤ ᠵᠠᠰᠠᠪᠤᠷᠢ ᠣᠷᠣᠭᠤᠯᠬᠤ︔ | ︵ᠲᠦᠷᠪᠡ︶ ᠭᠠᠳᠠᠭᠰᠢ ᠪᠠᠨ ᠬᠠᠮᠲᠤᠷᠠᠨ ᠠᠵᠢᠯᠯᠠᠵᠤ ᠡᠵᠡᠩᠨᠡᠬᠦ ᠶᠢ ᠥᠷᠨᠢᠭᠦᠯᠬᠦ︔ | ︵ᠲᠠᠪᠤ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ | ᠬᠤᠪᠢᠷᠠᠭᠠᠬᠤ ᠵᠦᠢᠯᠡᠰ ᠤᠳ᠃ | ᠠᠷᠪᠠᠨ ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠳᠣᠣᠷ᠎ᠠ ᠵᠢᠭᠰᠠᠭᠠᠭᠰᠠᠨ ᠤᠴᠢᠷ ᠰᠢᠯᠲᠠᠭᠠᠨ ᠠᠴᠠ ᠠᠵᠢᠯᠯᠠᠭᠠᠨ ᠢᠶᠠᠨ ᠵᠣᠭᠰᠣᠭᠠᠵᠤ | ᠪᠣᠯᠤᠨ᠎ᠠ᠄ | ︵ᠨᠢᠭᠡ︶ ᠺᠣᠮᠫᠠᠨᠢ ᠶᠢᠨ ᠲᠦᠷᠢᠮ ᠳᠤ ᠲᠣᠭᠲᠠᠭᠠᠭᠰᠠᠨ ᠡᠵᠡᠩᠨᠡᠬᠦ ᠬᠤᠭᠤᠴᠠᠭ᠎ᠠ ᠨᠢ ᠳᠦᠭᠦᠷᠡᠭᠰᠡᠨ ᠪᠤᠶᠤ ᠲᠡᠭᠦᠨ ᠳᠤ ᠲᠣᠭᠲᠠᠭᠠᠭᠰᠠᠨ ᠲᠠᠷᠠᠭᠠᠬᠤ ᠪᠤᠰᠤᠳ | ᠤᠴᠢᠷ ᠰᠢᠯᠲᠠᠭᠠᠨ ᠪᠣᠢ ᠪᠣᠯᠣᠭᠰᠠᠨ︔ | ︵ᠬᠤᠶᠠᠷ︶ ᠬᠤᠪᠢ ᠣᠷᠣᠭᠤᠯᠤᠭᠴᠢ ︵ᠲᠥᠯᠥᠭᠡᠯᠡᠭᠴᠢ︶ ᠶᠢᠨ ᠶᠡᠭᠡ ᠬᠤᠷᠠᠯ ᠨᠢ ᠲᠠᠷᠠᠭᠠᠬᠤ ᠰᠢᠢᠳᠪᠦᠷᠢ ᠭᠠᠷᠭᠠᠭᠰᠠᠨ︔ | ︵ᠭᠤᠷᠪᠠ︶ ᠰᠠᠯᠭᠠᠬᠤ᠂ ᠨᠡᠶᠢᠯᠡᠭᠦᠯᠬᠦ ᠠᠴᠠ ᠪᠤᠯᠵᠤ ᠲᠠᠷᠠᠭᠠᠬᠤ ᠬᠡᠷᠡᠭᠴᠡᠭᠡ ᠲᠠᠢ ᠪᠣᠯᠤᠭᠰᠠᠨ︔ | ︵ᠲᠦᠷᠪᠡ︶ ᠠᠷᠠᠳ ᠤᠨ ᠰᠢᠭᠦᠬᠦ ᠬᠤᠷᠢᠶ᠎ᠠ ᠠᠴᠠ ᠺᠣᠮᠫᠠᠨᠢ ᠶᠢ ᠲᠠᠷᠠᠭᠠᠬᠤ ᠪᠠᠷ ᠬᠠᠤᠯᠢ ᠶᠣᠰᠣᠭᠠᠷ ᠵᠠᠷᠯᠠᠭᠰᠠᠨ︔ | ︵ᠲᠠᠪᠤ︶ ᠲᠣᠭᠲᠠᠭᠠᠯ ᠢ ᠵᠥᠷᠢᠴᠡᠵᠦ ᠪᠠᠶᠢᠭᠤᠯᠤᠭᠰᠠᠨ ᠪᠤᠶᠤ ᠲᠣᠭᠲᠠᠭᠠᠯ ᠢ ᠵᠥᠷᠢᠴᠡᠵᠦ ᠡᠵᠡᠩᠨᠡᠭᠰᠡᠨ ᠠᠴᠠ ᠪᠤᠯᠵᠤ ᠬᠦᠴᠦᠨ ᠦᠭᠡᠢ ᠪᠣᠯᠭᠠᠬᠤ ᠪᠠᠷ | ᠵᠠᠷᠯᠢᠭᠳᠠᠭᠰᠠᠨ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ | ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠲᠠᠷᠠᠭᠠᠬᠤ᠂ ᠬᠠᠰᠤᠵᠤ ᠦᠭᠡᠢ ᠪᠣᠯᠭᠠᠬᠤ᠂ | ᠬᠦᠴᠦᠨ ᠦᠭᠡᠢ ᠪᠣᠯᠭᠠᠬᠤ ᠪᠤᠰᠤᠳ ᠤᠴᠢᠷ ᠰᠢᠯᠲᠠᠭᠠᠨ᠃ | ᠠᠷᠪᠠᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠠᠷᠠᠯᠵᠢᠶᠠᠨ ᠤ ᠲᠠᠪᠴᠠᠩ ᠤᠨ ᠲᠣᠬᠠᠶᠢᠯᠠᠭᠰᠠᠨ ᠠᠵᠢᠯ ᠬᠠᠩᠭᠠᠬᠤ ᠪᠠᠨ ᠵᠣᠭᠰᠣᠭᠠᠭᠰᠠᠨ | ᠪᠣᠯ᠂ ᠨᠠᠭᠠᠲᠤ ᠵᠠᠬ᠎ᠠ ᠳᠤ ᠪᠠᠨ 3 ᠰᠠᠷ᠎ᠠ ᠶᠢᠨ ᠡᠮᠦᠨ᠎ᠡ ᠪᠠᠶᠢᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠬᠦ ᠶᠢᠨ ᠬᠠᠮᠲᠤ᠂ ᠪᠡᠯᠡ ᠣᠷᠣᠭᠤᠯᠤᠭᠴᠢ ᠵᠢᠴᠢ ᠪᠤᠰᠤᠳ ᠬᠠᠮᠢᠶ᠎ᠠ ᠪᠦᠬᠦᠢ ᠭᠤᠤᠯ ᠴᠣᠭᠴᠠ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠂ | ᠤᠬᠤᠷᠢᠨ ᠭᠠᠷᠬᠤ ᠠᠯᠪᠠᠨ ᠵᠠᠷ ᠵᠢᠴᠢ ᠰᠢᠢᠳᠪᠦᠷᠢᠯᠡᠬᠦ ᠲᠥᠰᠦᠯ ᠢᠶᠠᠨ ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠵᠦ᠂ ᠪᠡᠯᠡ ᠣᠷᠣᠭᠤᠯᠤᠭᠴᠢ ᠶᠢᠨ ᠪᠠᠲᠤᠯᠠᠭ᠎ᠠ ᠶᠢᠨ | ᠮᠥᠩᠭᠦ ᠪᠠ ᠪᠤᠰᠤᠳ ᠡᠳ᠋ ᠬᠥᠷᠥᠩᠭᠡ ᠶᠢ ᠲᠣᠬᠢᠲᠠᠶ ᠰᠢᠢᠳᠪᠦᠷᠢᠯᠡᠨ᠂ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠠᠮᠤᠷ ᠲᠦᠪᠰᠢᠨ ᠵᠢᠴᠢ ᠪᠤᠰᠤᠳ ᠬᠠᠮᠢᠶ᠎ᠠ | ᠪᠦᠬᠦᠢ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠭᠰᠡᠨ ᠤ ᠳᠠᠷᠠᠭᠠᠬᠢ ᠠᠵᠤ ᠠᠬᠤᠶᠢᠯᠠᠯ ᠤᠨ ᠣᠨᠴᠠᠭᠠᠢ ᠲᠣᠭᠲᠠᠭᠠᠭᠰᠠᠨ ᠲᠤᠬᠠᠶᠢᠯᠠᠭᠰᠠᠨ ᠠᠵᠢᠯ ᠢ | ᠵᠣᠭᠰᠣᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ | ᠨᠢ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠪᠠᠶᠢᠴᠠᠭᠠᠬᠤ ᠶᠢᠨ ᠬᠠᠮᠲᠤ᠂ ᠡᠴᠦᠰ ᠤᠨ ᠬᠢᠨᠠᠨ ᠲᠣᠭᠲᠠᠭᠠᠭᠰᠠᠨ ᠰᠠᠨᠠᠯ ᠭᠠᠷᠭᠠᠬᠤ ᠬᠡᠷᠡᠭᠲᠡᠶ᠃ | ᠠᠷᠠᠯᠵᠢᠶᠠᠨ ᠤ ᠲᠠᠯᠠᠪᠤᠷ ᠭᠠᠵᠠᠷ ᠢ ᠲᠠᠷᠠᠭᠠᠬᠤ ᠳᠤ᠂ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠨᠠᠷᠢᠪᠴᠢᠯᠠᠨ ᠲᠣᠭᠠᠴᠠᠭᠠᠯᠠᠬᠤ ᠬᠡᠷᠡᠭᠲᠡᠶ᠃ ᠨᠠᠷᠢᠪᠴᠢᠯᠠᠨ | ᠲᠣᠭᠠᠴᠠᠭᠠᠯᠠᠵᠤ ᠳᠠᠭᠤᠰᠤᠭᠰᠠᠨ ᠤ ᠲᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠨ ᠲᠡᠮᠳᠡᠭᠯᠡᠭᠦᠯᠦᠭᠰᠡᠨ ᠢᠶᠠᠨ | ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠶᠢᠨ ᠬᠠᠮᠲᠤ ᠵᠠᠭᠤᠴᠢᠯᠠᠭᠤᠷ ᠢᠶᠠᠷ ᠠᠯᠪᠠᠨ ᠵᠠᠷ ᠨᠡᠶᠢᠲᠡᠯᠡᠬᠦ ᠬᠡᠷᠡᠭᠲᠡᠶ᠃ | ᠠᠷᠠᠯᠵᠢᠶᠠᠨ ᠤ ᠲᠠᠯᠠᠪᠤᠷ ᠭᠠᠵᠠᠷ ᠨᠢ ᠳᠠᠮᠫᠤᠷᠠᠭᠰᠠᠨ ᠠᠴᠠ ᠪᠤᠯᠵᠤ ᠡᠵᠡᠩᠨᠡᠬᠦ ᠪᠠᠨ ᠵᠣᠭᠰᠣᠭᠠᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠵᠤ ᠠᠬᠤᠶᠢᠯᠠᠯ ᠤᠨ ᠳᠠᠮᠫᠤᠷᠠᠯ ᠤᠨ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠤᠨ | ᠲᠣᠭᠲᠠᠭᠠᠭᠰᠠᠨ ᠶᠣᠰᠣᠭᠠᠷ ᠳᠠᠮᠫᠤᠷᠠᠯ ᠤᠨ ᠨᠠᠷᠢᠪᠴᠢᠯᠠᠨ ᠲᠣᠭᠠᠴᠠᠭᠠᠯᠠᠬᠤ ᠠᠵᠢᠯ ᠢ ᠬᠢᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠥᠷᠭᠡᠨ ᠬᠡᠷᠡᠭᠴᠡᠭᠡᠨ ᠤ ᠲᠠᠸᠠᠷ᠂ ᠤᠯᠤᠰ ᠤᠨ ᠥᠮᠴᠢᠯᠡᠯᠲᠦ ᠥᠮᠴᠢᠯᠡᠯ ᠤᠨ ᠡᠷᠬᠡ᠂ ᠰᠣᠶᠣᠯ ᠤᠨ ᠥᠮᠴᠢᠯᠡᠯ ᠤᠨ ᠡᠷᠬᠡ᠂ | ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ ᠰᠢᠯᠵᠢᠭᠦᠯᠦᠨ ᠡᠷᠭᠢᠯᠳᠦᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ | ᠬᠦᠷᠢᠶᠡᠨ ᠳᠠᠬᠢ ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠠᠬᠤ ᠪᠠ ᠡᠵᠡᠩᠨᠡᠬᠦ ᠶᠢ ᠨᠢ ᠵᠣᠭᠰᠣᠭᠠᠬᠤ ᠳᠤ᠂ ᠤᠯᠤᠰ ᠪᠤᠶᠤ ᠥᠪᠡᠷᠲᠡᠭᠡᠨ ᠵᠠᠰᠠᠬᠤ | ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | | ᠭᠤᠷᠪᠠᠳᠤᠭᠠᠷ ᠪᠦᠯᠦᠭ ᠡᠵᠡᠩᠨᠡᠯᠲᠡ ᠶᠢᠨ ᠵᠢᠷᠤᠮᠵᠢᠯ | | ᠬᠤᠷᠢᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠢ ᠴᠢᠩᠭ᠎ᠠ ᠵᠢᠷᠤᠮᠯᠠᠨ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠵᠤ᠂ | ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠨ᠂ ᠪᠡᠯᠡ ᠣᠷᠣᠭᠤᠯᠤᠭᠴᠢᠳ ᠲᠤ ᠦᠨᠡᠨᠴᠢ ᠢᠲᠡᠭᠡᠮᠵᠢᠲᠡᠶ ᠪᠠᠶᠢᠬᠤ ᠡᠭᠦᠷᠭᠡ ᠪᠠᠨ ᠬᠢᠨᠠᠮᠠᠭᠠᠶ ᠭᠦᠢᠴᠡᠳᠭᠡᠵᠦ | ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠨ᠂ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠳᠤ ᠳᠣᠤᠷᠠᠬᠢ ᠦᠢᠯᠡ ᠠᠵᠢᠯᠯᠠᠭ᠎ᠠ ᠲᠠᠢ ᠪᠠᠶᠢᠵᠤ | ᠪᠣᠯᠬᠤ ᠥᠬᠡᠶ᠄ | ︵ᠨᠢᠭᠡ︶ ᠶᠠᠮᠠᠷᠪᠠ ᠡᠷᠬᠡ ᠠᠰᠢᠭ ᠢ ᠠᠳᠠᠯᠢ ᠲᠡᠭᠰᠢ ᠬᠤᠪᠢ ᠪᠣᠯᠭᠠᠨ ᠢᠯᠡ ᠪᠠᠷ ᠲᠠᠷᠬᠠᠭᠠᠨ ᠥᠭᠴᠦ ᠪᠣᠯᠬᠤ ᠦᠭᠡᠢ︔ | ︵ᠬᠤᠶᠠᠷ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢ ᠬᠡᠷᠡᠭᠯᠡᠨ ᠠᠷᠠᠯᠵᠢᠶᠠᠯᠠᠵᠤ ᠪᠣᠯᠬᠤ | ᠦᠭᠡᠢ︔ | ︵ᠭᠤᠷᠪᠠ︶ ᠡᠷᠬᠡ ᠠᠰᠢᠭ ᠢ ᠪᠠᠷᠢᠮᠵᠢᠶᠠᠵᠢᠭᠰᠠᠨ ᠠᠷᠠᠯᠵᠢᠶᠠᠯᠠᠬᠤ ᠨᠢᠭᠡᠴᠢ ᠶᠢᠨ ᠶᠣᠰᠣᠭᠠᠷ ᠦᠷᠭᠦᠯᠵᠢᠯᠡᠨ ᠫᠠᠶᠢᠰᠠ ᠡᠯᠭᠦᠨ ᠠᠷᠠᠯᠵᠢᠶᠠᠯᠠᠵᠤ ᠪᠣᠯᠬᠤ ᠥᠬᠡᠶ︔ | | ︵ᠳᠥᠷᠪᠡ︶ ᠡᠷᠬᠡ ᠠᠰᠢᠭ ᠡᠵᠡᠮᠰᠢᠭᠴᠢ ᠶᠢ 200 ᠬᠥᠮᠦᠨ ᠠᠴᠠ ᠬᠡᠲᠦᠷᠡᠭᠦᠯᠵᠦ ᠪᠣᠯᠬᠤ ᠥᠬᠡᠶ︔ | ︵ᠲᠠᠪᠤ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠪᠠᠷᠢᠮᠵᠢᠶᠠᠵᠢᠭᠰᠠᠨ ᠭᠡᠷ᠎ᠡ ᠲᠠᠢ ᠠᠷᠠᠯᠵᠢᠶ᠎ᠠ ᠬᠢᠵᠦ ᠪᠣᠯᠬᠤ ᠦᠭᠡᠢ︔ | ︵ᠵᠢᠷᠭᠤᠭ᠎ᠠ︶ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠦᠭᠡᠶ ᠪᠣᠯ ᠶᠠᠮᠠᠷᠪᠠ ᠠᠷᠠᠯᠵᠢᠶᠠᠨ ᠤ ᠲᠠᠯᠠᠪᠤᠷ ᠭᠠᠵᠠᠷ ᠨᠢ ᠳᠠᠭᠠᠳᠬᠠᠯ᠂ ᠢᠲᠡᠭᠡᠮᠵᠢᠲᠦ ᠵᠢᠭᠡᠯᠡᠯᠭᠡ᠂ ᠰᠢᠵᠢᠷ ᠠᠯᠲᠠ ᠵᠡᠷᠭᠡ ᠮᠥᠩᠭᠦᠨ | ᠭᠦᠢᠯᠭᠡᠭᠡᠨ ᠤ ᠨᠡᠷᠡᠳᠬᠦᠨ ᠤ ᠠᠷᠠᠯᠵᠢᠶ᠎ᠠ ᠬᠢᠵᠦ ᠪᠣᠯᠬᠤ ᠦᠭᠡᠶ᠃ | ᠬᠤᠷᠢᠨ ᠬᠤᠶᠠᠳᠤᠭᠠᠷ ᠵᠦᠢᠯ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠬᠦᠷᠢᠶ᠎ᠡ ᠬᠡᠪᠴᠢᠶ᠎ᠡ ᠨᠢ ᠠᠵᠢᠯ ᠲᠥᠷᠥᠯ ᠤᠨ | ᠬᠥᠭᠵᠢᠯᠲᠡ ᠶᠢᠨ ᠬᠡᠷᠡᠭᠴᠡᠭᠡ ᠲᠠᠢ ᠲᠣᠬᠢᠷᠠᠯᠴᠠᠭᠰᠠᠨ ᠪᠠᠶᠢᠬᠤ ᠬᠡᠷᠡᠭᠲᠡᠶ᠃ | ᠲᠠᠸᠠᠷ ᠤᠨ ᠪᠡᠯᠡᠨ ᠪᠠᠷᠠᠭᠠᠨ ᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠵᠢᠴᠢ ᠠᠷᠠᠯᠵᠢᠶᠠᠯᠠᠬᠤ ᠵᠦᠢᠯ ᠤᠨ ᠲᠣᠬᠢᠷᠠᠭᠤᠯᠤᠯᠲᠠ ᠨᠢ ᠪᠡᠯᠡᠨ ᠪᠠᠷᠠᠭ᠎ᠠ ᠳᠤ | ᠰᠠᠭᠤᠷᠢᠯᠠᠵᠤ᠂ ᠠᠵᠤ ᠦᠢᠯᠡᠰ ᠤᠨ ᠣᠷᠴᠢᠨ ᠪᠠᠶᠢᠳᠠᠯ ᠪᠠ ᠪᠠᠷᠠᠭᠠᠨ ᠤ ᠭᠦᠢᠯᠭᠡᠭᠡᠨ ᠵᠡᠷᠭᠡ ᠲᠦᠬᠦᠷᠵᠢᠭᠰᠡᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ︔ | ᠠᠷᠠᠯᠵᠢᠶᠠᠯᠠᠬᠤ ᠬᠠᠷᠢᠴᠠᠭᠠᠨ ᠤ ᠡᠷᠦᠬᠡ ᠶᠢ ᠠᠵᠢᠯ ᠲᠥᠷᠥᠯ ᠤᠨ ᠳᠣᠲᠣᠭᠠᠳᠤ ᠶᠢᠨ ᠠᠵᠤ ᠠᠬᠤᠶᠢᠯᠠᠯ ᠢᠶᠠᠷ ᠬᠢᠵᠠᠭᠠᠷᠯᠠᠵᠤ᠂ ᠠᠷᠠᠯᠵᠢᠶᠠᠯᠠᠬᠤ ᠳᠤ ᠵᠠᠪᠠᠯ ᠪᠥᠬᠦ | ᠵᠣᠭᠤᠰ ᠢᠶᠠᠨ ᠲᠤᠰᠢᠶᠠᠭᠰᠠᠨ ᠪᠥᠭᠡᠳ ᠪᠣᠳᠠᠲᠤ ᠪᠠᠷᠠᠭ᠎ᠠ ᠠᠪᠤᠭᠰᠠᠨ ᠪᠠᠶᠢᠬᠤ ᠬᠡᠷᠡᠭᠲᠡᠶ︔ ᠵᠥᠪᠰᠢᠶᠡᠷᠡᠭᠦᠯᠦᠭᠰᠡᠨ ᠦᠭᠡᠢ ᠠᠷᠠᠯᠵᠢᠶᠠᠯᠠᠬᠤ ᠵᠦᠢᠯ ᠢ ᠳᠤᠷ᠎ᠠ ᠪᠠᠷ ᠢᠶᠠᠨ | ᠰᠦᠯᠵᠢᠶᠡᠨ ᠳᠤ ᠭᠠᠷᠭᠠᠵᠤ ᠪᠣᠯᠬᠤ ᠦᠭᠡᠢ︔ ᠰᠦᠯᠵᠢᠶᠡᠨ ᠳᠤ ᠭᠠᠷᠭᠠᠬᠤ ᠵᠦᠢᠯ ᠤᠨ ᠠᠷᠠᠯᠵᠢᠶᠠᠯᠠᠬᠤ ᠦᠨ᠎ᠡ ᠶᠢ ᠠᠷᠠᠯᠵᠢᠶᠠᠯᠠᠵᠤ ᠮᠠᠶᠢᠮᠠᠶᠢᠯᠠᠬᠤ ᠬᠤᠶᠠᠷ ᠲᠠᠯ᠎ᠠ ᠶᠢᠨ | ᠦᠨᠡᠨ ᠪᠣᠳᠠᠲᠠᠶ ᠠᠷᠠᠯᠵᠢᠶᠠᠯᠠᠭᠰᠠᠨ ᠳᠤ ᠰᠠᠭᠤᠷᠢᠯᠠᠨ ᠲᠣᠬᠢᠷᠠᠯᠴᠠᠵᠤ᠂ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠦᠨ᠎ᠡ ᠶᠢ ᠲᠤᠰᠬᠠᠬᠤ ᠬᠡᠷᠡᠭᠲᠡᠢ᠂ ᠪᠤᠰᠤᠳ ᠶᠠᠮᠠᠷᠪᠠ | ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠪᠤᠶᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠦᠨᠳᠦᠰᠦᠯᠡᠨ ᠠᠷᠠᠯᠵᠢᠶ᠎ᠠ ᠶᠢ ᠵᠣᠬᠢᠶᠠᠨ ᠪᠠᠶᠢᠭᠤᠯᠵᠤ ᠪᠣᠯᠬᠤ | ᠦᠭᠡᠢ᠂ ᠦᠨ᠎ᠡ ᠬᠠᠩᠰᠢ ᠶᠢᠨ ᠪᠠᠶᠢᠳᠠᠯ ᠢ ᠬᠤᠳᠠᠯ ᠢᠶᠠᠷ ᠵᠣᠬᠢᠶᠠᠬᠤ ᠪᠤᠶᠤ ᠵᠠᠬᠢᠷᠤᠨ ᠡᠷᠬᠡᠰᠢᠶᠡᠵᠦ ᠪᠣᠯᠬᠤ ᠦᠭᠡᠢ᠂ ᠠᠷᠠᠯᠵᠢᠶᠠᠯᠠᠭᠰᠠᠨ ᠢᠶᠠᠨ ᠦᠨᠳᠦᠰᠦᠨ ᠳᠤ ᠪᠠᠨ | ᠲᠠᠰᠤᠯᠤᠨ ᠲᠣᠭᠠᠴᠠᠭᠠᠯᠠᠵᠤ ᠪᠡᠶᠡᠯᠡᠭᠦᠯᠦᠭᠰᠡᠨ ᠪᠠᠶᠢᠬᠤ ᠪᠥᠭᠡᠳ ᠲᠡᠭᠦᠨ ᠢ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠠᠶᠢᠬᠤ ᠬᠡᠷᠡᠭᠲᠡᠶ︔ ᠠᠷᠠᠯᠵᠢᠶᠠᠨ ᠤ | ᠲᠠᠯᠠᠪᠤᠷ ᠭᠠᠵᠠᠷ ᠨᠢ ᠲᠠᠷᠠᠬᠠᠶ ᠬᠡᠯᠪᠡᠷᠢ ᠪᠦᠬᠦᠢ ᠯᠠᠩᠭᠦᠶ ᠳᠤ ᠠᠷᠠᠯᠵᠢᠶᠠᠯᠠᠬᠤ ᠵᠠᠭᠪᠤᠷ ᠪᠠ ᠲᠡᠮᠳᠡᠭᠲᠦ ᠶᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠯᠤᠭ᠎ᠠ | ᠲᠥᠰᠥᠭᠡᠲᠡᠢ ᠪᠠᠶᠢᠳᠠᠭ ᠪᠡᠯᠡᠨ ᠪᠠᠷᠠᠭ᠎ᠠ ᠬᠤᠳᠠᠯᠳᠤᠬᠤ ᠵᠠᠭᠪᠤᠷ ᠢᠶᠠᠷ ᠠᠵᠢᠯᠯᠠᠵᠤ ᠪᠣᠯᠬᠤ ᠦᠭᠡᠢ᠂ ᠵᠠᠯᠭᠠᠯᠳᠤᠭ᠎ᠠ ᠪᠠᠷ ᠲᠥᠪᠯᠡᠷᠡᠭᠦᠯᠦᠨ ᠦᠨ᠎ᠡ ᠥᠷᠢᠰᠥᠯᠳᠦᠭᠦᠯᠵᠦ | ᠠᠷᠠᠯᠵᠢᠶᠠᠯᠠᠬᠤ ᠶᠢ ᠥᠷᠨᠢᠭᠦᠯᠵᠦ ᠪᠣᠯᠬᠤ ᠥᠬᠡᠶ᠃ | ᠬᠤᠷᠢᠨ ᠭᠤᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠳᠣᠲᠣᠭᠠᠳᠤ ᠳᠠᠬᠢ ᠵᠠᠰᠠᠯᠲᠠ ᠶᠢᠨ ᠪᠦᠲᠦᠴᠡ ᠶᠢ ᠬᠠᠤᠯᠢ ᠶᠣᠰᠣᠭᠠᠷ ᠪᠠᠶᠢᠭᠤᠯᠤᠨ | ᠪᠦᠷᠢᠨᠰᠢᠭᠦᠯᠵᠦ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠵᠢᠴᠢ ᠲᠡᠳᠡᠭᠡᠷ ᠤᠨ ᠡᠭᠦᠷᠭᠡ ᠴᠢᠳᠠᠪᠤᠷᠢ ᠶᠢ ᠵᠣᠬᠢᠰᠲᠠᠶ ᠪᠠᠶᠢᠷᠢᠯᠠᠭᠤᠯᠤᠨ᠂ ᠠᠷᠠᠯᠵᠢᠶᠠᠨ ᠤ ᠳ᠋ᠦᠩᠨᠡᠨ | ᠪᠣᠳᠣᠯᠲᠠ᠂ ᠮᠡᠳᠡᠭᠡ ᠵᠠᠩᠭᠢ ᠶᠢᠨ ᠮᠡᠷᠭᠡᠵᠢᠯ᠂ ᠡᠳ᠋ ᠤᠨ ᠶᠠᠪᠤᠳᠠᠯ᠂ ᠲᠦᠭᠰᠢᠭᠦᠷᠢ ᠶᠢ ᠡᠵᠡᠮᠳᠡᠬᠦ᠂ ᠲᠣᠭᠲᠠᠭᠠᠯ ᠳᠤ ᠨᠡᠶᠢᠴᠡᠭᠦᠯᠵᠦ ᠬᠢᠨᠠᠨ ᠪᠠᠶᠢᠴᠠᠭᠠᠬᠤ ᠵᠡᠷᠭᠡ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠢ ᠪᠠᠶᠢᠭᠤᠯᠵᠤ᠂ ᠬᠡᠷᠡᠭ ᠵᠥᠪᠯᠡᠬᠦ ᠳᠦᠷᠢᠮ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠪᠠ ᠳᠣᠲᠣᠭᠠᠳᠤ ᠳᠠᠬᠢ ᠬᠢᠨᠠᠨ | ᠪᠣᠳᠣᠬᠤ ᠳᠦᠷᠢᠮ ᠢ ᠲᠡᠭᠦᠯᠳᠡᠷᠵᠢᠭᠦᠯᠬᠦ ᠶᠢᠨ ᠬᠠᠮᠲᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠵᠢᠴᠢ ᠲᠤᠬᠠᠶᠢᠯᠠᠭᠰᠠᠨ ᠠᠵᠢᠯ ᠢ ᠭᠤᠤᠯᠳᠠᠯᠭ᠎ᠠ ᠲᠠᠢ ᠡᠵᠡᠮᠳᠡᠬᠦ ᠬᠡᠷᠡᠭᠲᠡᠢ᠃ | | ᠭᠡᠰᠢᠭᠦᠳ ᠤᠨ ᠳᠦᠷᠢᠮ ᠢ ᠬᠡᠷᠡᠭᠵᠢᠭᠦᠯᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠨᠢ ᠭᠡᠰᠢᠭᠦᠳ ᠢ ᠵᠥᠪᠰᠢᠶᠡᠷᠡᠨ ᠡᠯᠰᠡᠬᠦ ᠵᠣᠬᠢᠰᠲᠠᠶ ᠪᠠᠷᠢᠮᠵᠢᠶ᠎ᠠ | ᠭᠠᠷᠭᠠᠬᠤ ᠶᠢᠨ ᠬᠠᠮᠲᠤ᠂ ᠭᠡᠰᠢᠭᠦᠳ ᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠰᠢᠭᠦᠳ ᠢ ᠲᠣᠭᠲᠠᠭᠠᠯ ᠳᠤ ᠨᠡᠶᠢᠴᠡᠭᠦᠯᠦᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢ ᠵᠣᠬᠢᠰᠲᠠᠢ ᠬᠠᠮᠢᠶᠠᠷᠬᠤ ᠳᠦᠷᠢᠮ ᠪᠠ ᠪᠡᠯᠡ | ᠣᠷᠣᠭᠤᠯᠤᠭᠴᠢ ᠶᠢ ᠵᠥᠪᠰᠢᠶᠡᠷᠡᠨ ᠣᠷᠣᠭᠤᠯᠬᠤ ᠨᠥᠬᠦᠴᠡᠯ ᠢ ᠪᠠᠶᠢᠭᠤᠯᠤᠨ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠮᠡᠳᠡᠭᠡ ᠵᠠᠩᠭᠢ ᠪᠠᠷ ᠲᠣᠭᠲᠠᠮᠠᠯ | ᠬᠤᠭᠤᠴᠠᠭ᠎ᠠ ᠲᠠᠢ ᠰᠠᠨᠠᠭᠤᠯᠵᠦ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠠᠰᠢᠭ ᠲᠤᠰᠠ ᠶᠢ ᠪᠠᠲᠤᠯᠠᠬᠤ ᠬᠡᠷᠡᠭᠲᠡᠢ᠃ ᠤᠯᠤᠰ ᠪᠤᠶᠤ ᠥᠪᠡᠷᠲᠡᠭᠡᠨ ᠵᠠᠰᠠᠬᠤ | ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ | ᠂ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠳ᠋ᠦᠩᠨᠡᠨ ᠪᠣᠳᠣᠭᠰᠠᠨ ᠪᠠᠯᠠ ᠮᠥᠩᠭᠦ ᠶᠢ ᠭᠤᠷᠪᠠᠳᠠᠬᠢ ᠡᠲᠡᠭᠡᠳ ᠢᠶᠠᠷ ᠬᠠᠳᠠᠭᠠᠯᠠᠨ ᠬᠠᠮᠢᠶᠠᠷᠤᠭᠤᠯᠬᠤ ᠲᠦᠷᠢᠮ ᠢ | ᠬᠡᠷᠡᠭᠵᠢᠭᠦᠯᠵᠦ᠂ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠢ ᠠᠮᠤᠷ ᠲᠦᠪᠰᠢᠨ ᠤ ᠲᠣᠭᠲᠠᠪᠤᠷᠢᠲᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷ ᠤᠨ ᠪᠡᠯᠡ ᠮᠥᠩᠭᠦ ᠪᠠ ᠬᠠᠷᠢᠴᠠᠭᠠᠨ ᠤ ᠡᠷᠦᠬᠡ ᠶᠢᠨ ᠪᠡᠯᠡ ᠮᠥᠩᠭᠦ ᠶᠢ ᠰᠠᠯᠭᠠᠨ | ᠲᠤᠰᠠᠭᠠᠷᠯᠠᠵᠤ ᠬᠠᠮᠢᠶᠠᠷᠬᠤ ᠶᠢ ᠬᠡᠷᠡᠭᠵᠢᠭᠦᠯᠵᠦ᠂ ᠬᠠᠷᠢᠴᠠᠭᠠᠨ ᠤ ᠡᠷᠦᠬᠡ ᠶᠢᠨ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ᠃ | ᠠᠷᠠᠯᠵᠢᠶᠠᠨ ᠤ ᠲᠠᠯᠠᠪᠤᠷ ᠭᠠᠵᠠᠷ ᠨᠢ ᠪᠠᠶᠢᠭ᠎ᠠ ᠬᠤᠲᠠ ᠶᠢᠨ ᠢᠶᠠᠨ ᠡᠵᠡᠩᠨᠡᠵᠦ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ | ᠠᠷᠠᠯᠵᠢᠶᠠᠨ ᠤ ᠪᠠᠯᠠ ᠮᠥᠩᠭᠦ ᠶᠢ ᠳ᠋ᠦᠩᠨᠡᠨ ᠪᠤᠳᠤᠬᠤ ᠳᠤ ᠬᠡᠷᠡᠭᠯᠡᠬᠦ ᠪᠠᠩᠬᠢ ᠶᠢᠨ ᠲᠠᠩᠰᠠᠨ ᠡᠷᠦᠬᠡ ᠶᠢ ᠪᠠᠶᠢᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠠᠵᠤ ᠠᠬᠤᠶᠢᠯᠠᠯ ᠤᠨ ᠨᠢᠭᠲᠠᠯᠠᠨ ᠪᠤᠳᠤᠬᠤ ᠵᠢᠷᠤᠮᠯᠠᠯ ᠵᠡᠷᠭᠡ ᠶᠢᠨ ᠱᠠᠭᠠᠷᠳᠠᠯᠭ᠎ᠠ | ᠶᠣᠰᠣᠭᠠᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠥᠷᠢᠮ ᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ᠂ | ᠡᠵᠡᠩᠨᠡᠭᠰᠡᠨ ᠦᠷ᠎ᠡ ᠪᠦᠲᠦᠭᠡᠯ ᠪᠠ ᠪᠡᠯᠡᠨ ᠵᠣᠭᠤᠰᠣᠨ ᠤ ᠭᠦᠢᠯᠭᠡᠭᠡᠨ ᠢ ᠦᠨᠡᠨ ᠪᠣᠳᠠᠲᠠᠶ ᠲᠡᠮᠳᠡᠭᠯᠡᠬᠦ ᠪᠠ ᠲᠤᠰᠬᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ | ᠲᠦᠭᠰᠢᠭᠦᠷᠢ ᠶᠢ ᠡᠵᠡᠮᠳᠡᠬᠦ ᠲᠦᠷᠢᠮ ᠵᠢᠴᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠦᠯ ᠲᠣᠭᠲᠠᠭᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠮᠡᠳᠡᠭᠡ ᠵᠠᠩᠭᠢ ᠶᠢᠨ ᠰᠢᠰᠲ᠋ᠧᠮ ᠨᠢ ᠲᠤᠬᠠᠶᠢᠯᠠᠭᠰᠠᠨ ᠠᠵᠢᠯ ᠥᠷᠨᠢᠭᠦᠯᠬᠦ ᠵᠢᠴᠢ ᠬᠢᠨᠠᠨ | ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠠᠯᠤᠰ ᠠᠴᠠ ᠵᠠᠯᠭᠠᠨ ᠣᠷᠣᠭᠤᠯᠬᠤ ᠠᠵᠢᠯ ᠢ ᠬᠠᠩᠭᠠᠵᠤ ᠴᠢᠳᠠᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠨᠢ ᠠᠷᠠᠯᠵᠢᠶᠠᠨ ᠤ ᠳ᠋ᠦᠩᠨᠡᠨ ᠪᠣᠳᠣᠭᠰᠠᠨ | ᠳ᠋ᠠᠶᠢᠲ᠋ᠠ ᠶᠢ ᠬᠠᠳᠠᠭᠠᠯᠠᠵᠤ ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠶᠢ ᠪᠦᠷᠢᠨ ᠪᠦᠲᠦᠨ ᠬᠠᠳᠠᠭᠠᠯᠠᠬᠤ ᠶᠢᠨ ᠬᠠᠮᠲᠤ ᠭᠡᠨᠡᠳᠲᠡ ᠶᠢᠨ | ᠰᠠᠭᠠᠲᠠᠯ ᠭᠠᠢ ᠠᠴᠠ ᠰᠡᠷᠭᠡᠶᠢᠯᠡᠬᠦ ᠨᠥᠭᠡᠴᠡ ᠲᠠᠢ ᠪᠠᠶᠢᠯᠭᠠᠬᠤ ᠬᠡᠷᠡᠭᠲᠡᠶ ᠮᠥᠷᠲᠡᠭᠡᠨ 20 ᠵᠢᠯ ᠠᠴᠠ ᠳᠡᠭᠡᠭᠰᠢ ᠬᠠᠳᠠᠭᠠᠯᠠᠵᠤ ᠪᠠᠶᠢᠬᠤ ᠬᠡᠷᠡᠭᠲᠡᠢ᠃ | ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠬᠠᠤᠯᠢ ᠶᠣᠰᠣᠭᠠᠷ | ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠬᠦᠯᠢᠶᠡᠬᠦ ᠠᠴᠠ ᠭᠠᠳᠠᠨ᠎ᠠ᠂ ᠬᠠᠷᠢᠴᠠᠭᠠᠨ ᠤ ᠡᠷᠦᠬᠡ ᠶᠢᠨ ᠨᠢᠭᠤᠴᠠ ᠶᠢ ᠬᠠᠮᠠᠭᠠᠯᠠᠵᠤ ᠥᠭᠬᠦ ᠬᠡᠷᠡᠭᠲᠡᠶ᠂ ᠪᠡᠯᠡ | ᠣᠷᠣᠭᠤᠯᠤᠭᠴᠢ ᠶᠢᠨ ᠬᠠᠩᠭᠠᠭᠰᠠᠨ ᠮᠡᠳᠡᠭᠡ ᠵᠠᠩᠭᠢ ᠶᠢ ᠠᠰᠢᠭᠯᠠᠨ ᠠᠷᠠᠯᠵᠢᠶ᠎ᠠ ᠲᠠᠢ ᠬᠤᠯᠪᠣᠭᠳᠠᠬᠤ ᠦᠭᠡᠢ ᠪᠤᠶᠤ ᠪᠡᠯᠡ ᠣᠷᠣᠭᠤᠯᠤᠭᠴᠢ ᠶᠢᠨ ᠠᠰᠢᠭ ᠲᠤᠰᠠ ᠶᠢ | ᠬᠤᠬᠢᠷᠠᠭᠤᠯᠬᠤ ᠶᠠᠮᠠᠷᠴᠤ ᠠᠵᠢᠯᠯᠠᠭ᠎ᠠ ᠶᠢ ᠬᠢᠵᠦ ᠪᠣᠯᠬᠤ ᠦᠭᠡᠢ᠃ | ᠭᠤᠴᠢᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠳᠣᠣᠷ᠎ᠠ ᠵᠢᠭᠰᠠᠭᠠᠭᠰᠠᠨ ᠴᠢᠬᠤᠯᠠ ᠶᠡᠭᠡ ᠵᠦᠢᠯᠡᠰ ᠲᠣᠬᠢᠶᠠᠯᠳᠤᠪᠠᠯ᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠵᠦ᠂ ᠪᠡᠯᠡᠨ ᠪᠠᠷᠠᠭᠠᠨ ᠤ ᠲᠥᠷᠥᠯ ᠳᠤ ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠄ | ︵ᠨᠢᠭᠡ︶ ᠠᠷᠠᠯᠵᠢᠶᠠᠨ ᠤ ᠲᠠᠯᠠᠪᠤᠷ ᠭᠠᠵᠠᠷ ᠪᠤᠶᠤ ᠲᠡᠳᠡᠭᠡᠷ ᠤᠨ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ | ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠲᠠᠨ ᠨᠢ ᠬᠠᠤᠯᠢ ᠲᠣᠭᠲᠠᠭᠠᠯ ᠢ ᠵᠥᠷᠢᠴᠡᠭᠰᠡᠨ ᠳᠤ ᠬᠤᠯᠪᠣᠭᠳᠠᠭᠰᠠᠨ ᠬᠦᠨᠳᠦ ᠶᠡᠭᠡ ᠰᠡᠵᠢᠭᠯᠡᠯᠲᠡᠶ ᠪᠣᠯ᠂ | ᠬᠡᠷᠡᠭ ᠪᠣᠯᠭᠠᠨ ᠪᠠᠶᠢᠴᠠᠭᠠᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ︔ | ︵ᠬᠤᠶᠠᠷ︶ ᠠᠷᠠᠯᠵᠢᠶᠠᠨ ᠤ ᠲᠠᠯᠠᠪᠤᠷ ᠭᠠᠵᠠᠷ ᠤᠨ ᠴᠢᠬᠤᠯᠠ ᠶᠡᠭᠡ ᠡᠳ᠋ ᠤᠨ ᠶᠠᠪᠤᠳᠠᠯ ᠤᠨ ᠵᠠᠷᠤᠯᠭ᠎ᠠ ᠪᠠ ᠡᠳ᠋ ᠤᠨ ᠶᠠᠪᠤᠳᠠᠯ ᠤᠨ ᠰᠢᠢᠳᠪᠦᠷᠢᠲᠦ | ᠪᠣᠳᠣᠯᠭ᠎ᠠ ᠨᠢ ᠨᠡᠯᠢᠶᠡᠳ ᠶᠡᠭᠡ ᠡᠳ᠋ ᠤᠨ ᠶᠠᠪᠤᠳᠠᠯ ᠪᠤᠶᠤ ᠡᠵᠡᠩᠨᠡᠯᠲᠡ ᠶᠢᠨ ᠲᠦᠭᠰᠢᠭᠦᠷᠢ ᠭᠠᠷᠴᠤ ᠮᠡᠳᠡᠬᠦ᠂ ᠪᠡᠯᠡ ᠣᠷᠣᠭᠤᠯᠤᠭᠴᠢ ᠶᠢᠨ ᠠᠰᠢᠭ ᠲᠤᠰᠠ ᠶᠢ | ᠨᠥᠯᠥᠭᠡᠯᠡᠭᠰᠡᠨ︔ | ︵ᠭᠤᠷᠪᠠ︶ ᠲᠡᠳᠡᠨ ᠤ ᠴᠡᠪᠡᠷ ᠡᠳ᠋ ᠬᠦᠷᠦᠩᠭᠡ ᠶᠢᠨ 10% ᠠᠴᠠ ᠳᠡᠭᠡᠭᠰᠢᠬᠢ ᠶᠢ ᠡᠵᠡᠯᠡᠭᠰᠡᠨ ᠳᠤ ᠬᠤᠯᠪᠣᠭᠳᠠᠭᠰᠠᠨ ᠪᠤᠶᠤ ᠡᠵᠡᠩᠨᠡᠯᠲᠡ ᠶᠢᠨ | ᠲᠦᠭᠰᠢᠭᠦᠷᠢ ᠳᠤ ᠨᠡᠯᠢᠶᠡᠳ ᠶᠡᠭᠡ ᠨᠥᠯᠥᠭᠡ ᠲᠠᠢ ᠵᠠᠷᠭᠤ︔ | ︵ᠲᠦᠷᠪᠡ︶ ᠨᠡᠶᠢᠭᠡᠮ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠶᠡᠭᠡ ᠨᠥᠯᠥᠭᠡ ᠭᠠᠷᠭᠠᠭᠰᠠᠨ︔ | ︵ᠲᠠᠪᠤ︶ ᠬᠤᠪᠢ ᠡᠵᠡᠮᠳᠡᠵᠦ ᠪᠠᠶᠢᠭ᠎ᠠ ᠬᠤᠪᠢ ᠣᠷᠣᠭᠤᠯᠤᠭᠴᠢᠳ ᠲᠤ ᠬᠤᠯᠪᠣᠭᠳᠠᠭᠰᠠᠨ ᠴᠢᠬᠤᠯᠠ ᠶᠡᠭᠡ ᠠᠵᠢᠯ ᠶᠠᠪᠤᠳᠠᠯ ᠨᠢ ᠬᠤᠪᠢ ᠣᠷᠣᠭᠤᠯᠤᠭᠴᠢ ᠶᠢᠨ | ᠡᠷᠬᠡ ᠠᠰᠢᠭ ᠢᠶᠠᠨ ᠬᠡᠷᠡᠭᠵᠢᠭᠦᠯᠬᠦ ᠶᠢ ᠨᠥᠯᠥᠭᠡᠯᠡᠭᠰᠡᠨ︔ | ︵ᠵᠢᠷᠭᠤᠭ᠎ᠠ︶ ᠪᠤᠰᠤᠳ ᠴᠢᠬᠤᠯᠠ ᠶᠡᠭᠡ ᠵᠦᠢᠯᠡᠰ᠃ | ᠭᠤᠴᠢᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠵᠢᠴᠢ ᠲᠡᠳᠡᠭᠡᠷ ᠤᠨ ᠰᠠᠯᠪᠤᠷᠢ ᠪᠠᠶᠢᠭᠤᠯᠤᠮᠵᠢ᠂ ᠭᠡᠰᠢᠭᠦᠳ᠂ ᠣᠷᠣᠯᠠᠬᠤ ᠬᠤᠳᠠᠯᠳᠤᠭᠠᠴᠢᠨ᠂ | ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠵᠡᠷᠭᠡ ᠨᠢ ᠬᠠᠤᠯᠢ ᠠᠴᠠ ᠵᠥᠷᠢᠴᠡᠨ ᠳᠣᠤᠷᠠᠬᠢ ᠠᠵᠢᠯᠯᠠᠭ᠎ᠠ ᠶᠢ ᠬᠢᠵᠦ ᠪᠣᠯᠬᠤ ᠥᠬᠡᠶ᠄ | ︵ᠨᠢᠭᠡ︶ ᠬᠠᠷᠢᠴᠠᠭᠠᠨ ᠤ ᠡᠷᠦᠬᠡ ᠳᠤ ᠪᠡᠯᠡ ᠣᠷᠣᠭᠤᠯᠤᠭᠰᠠᠨ ᠡᠬᠡ ᠮᠥᠩᠭᠦ ᠨᠢ ᠬᠤᠬᠢᠷᠠᠬᠤ ᠦᠭᠡᠢ ᠪᠤᠶᠤ ᠨᠠᠭᠠᠲᠤ ᠵᠠᠬ᠎ᠠ ᠶᠢᠨ ᠣᠯᠵᠠᠪᠤᠷᠢ ᠲᠠᠢ ᠪᠠᠶᠢᠬᠤ ᠶᠢ | ᠠᠮᠠᠯᠠᠬᠤ︔ | ︵ᠬᠤᠶᠠᠷ︶ ᠲᠤᠬᠠᠶᠢᠯᠠᠭᠰᠠᠨ ᠠᠵᠢᠯ ᠤᠨ ᠶᠠᠪᠤᠴᠠ ᠳᠤ ᠪᠠᠨ ᠬᠠᠷᠢᠴᠠᠭᠠᠨ ᠤ ᠡᠷᠦᠬᠡ ᠲᠠᠢ ᠠᠰᠢᠭ ᠲᠤᠰᠠ ᠶᠢ ᠬᠤᠪᠢᠶᠠᠯᠴᠠᠨ ᠬᠦᠷᠲᠡᠬᠦ ᠪᠤᠶᠤ ᠲᠦᠭᠰᠢᠭᠦᠷᠢ ᠶᠢ | ᠬᠠᠮᠲᠤ ᠳᠤ ᠪᠠᠨ ᠡᠭᠦᠷᠭᠡᠯᠡᠬᠦ ᠪᠠᠷ ᠪᠣᠯᠵᠣᠨ ᠲᠣᠭᠲᠠᠬᠤ︔ | ︵ᠭᠤᠷᠪᠠ︶ ᠬᠠᠷᠢᠴᠠᠭᠠᠨ ᠤ ᠡᠷᠦᠬᠡ ᠶᠢ ᠣᠷᠣᠯᠠᠨ ᠠᠷᠠᠯᠵᠢᠶ᠎ᠠ ᠮᠠᠶᠢᠮᠠᠢ ᠬᠢᠬᠦ ᠲᠤᠭ᠎ᠠ ᠬᠡᠮᠵᠢᠶ᠎ᠡ᠂ ᠲᠦᠷᠦᠯ᠂ ᠦᠨ᠎ᠡ ᠬᠠᠩᠰᠢ ᠵᠢᠴᠢ ᠬᠤᠳᠠᠯᠳᠤᠨ ᠠᠪᠬᠤ | ᠪᠤᠶᠤ ᠬᠤᠳᠠᠯᠳᠤᠬᠤ ᠶᠢ ᠨᠢ ᠲᠣᠭᠲᠠᠭᠠᠬᠤ ᠪᠦᠷᠢᠨ ᠡᠷᠬᠡ ᠲᠠᠢ ᠨᠠᠶᠢᠳᠠᠯᠭ᠎ᠠ ᠶᠢ ᠬᠦᠯᠢᠶᠡᠬᠦ︔ | ︵ᠲᠦᠷᠪᠡ︶ ᠬᠠᠷᠢᠴᠠᠭᠠᠨ ᠤ ᠡᠷᠦᠭᠡ ᠶᠢᠨ ᠬᠦᠰᠡᠯ ᠰᠠᠨᠠᠭ᠎ᠠ ᠠᠴᠠ ᠵᠥᠷᠢᠴᠡᠵᠦ᠂ ᠬᠠᠷᠢᠴᠠᠭᠠᠨ ᠤ ᠡᠷᠦᠭᠡ ᠶᠢᠨ ᠨᠡᠷ᠎ᠡ ᠪᠠᠷ ᠠᠷᠠᠯᠵᠢᠶᠠᠯᠠᠬᠤ ᠠᠵᠢᠯᠯᠠᠭ᠎ᠠ | ᠥᠷᠨᠢᠭᠦᠯᠬᠦ︔ | ︵ᠲᠠᠪᠤ︶ ᠶᠠᠮᠠᠷᠪᠠ ᠠᠷᠭ᠎ᠠ ᠬᠡᠯᠪᠡᠷᠢ ᠪᠠᠷ ᠲᠤᠰ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠰᠢᠭᠤᠳ ᠪᠤᠶᠤ ᠲᠡᠮ ᠢᠶᠠᠷ ᠣᠷᠣᠯᠴᠠᠬᠤ︔ | ︵ᠵᠢᠷᠭᠤᠭ᠎ᠠ︶ ᠬᠠᠷᠢᠴᠠᠭᠠᠨ ᠤ ᠡᠷᠦᠬᠡ ᠲᠠᠢ ᠮᠥᠷᠦᠢ ᠲᠠᠯᠪᠢᠬᠤ︔ | ︵ᠳᠣᠯᠤᠭ᠎ᠠ︶ ᠭᠤᠷᠪᠠᠳᠠᠬᠢ ᠡᠲᠡᠭᠡᠳ ᠢᠶᠠᠷ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠠᠴᠠ ᠭᠠᠳᠠᠭᠤᠷ ᠬᠠᠷᠢᠴᠠᠭᠠᠨ ᠤ ᠡᠷᠦᠬᠡ ᠶᠢᠨ | ᠪᠠᠯᠠ ᠮᠥᠩᠭᠦ ᠶᠢ ᠬᠠᠳᠠᠭᠠᠯᠠᠵᠤ ᠲᠠᠯᠪᠢᠬᠤ᠂ ᠡᠰᠡᠬᠦᠯ᠎ᠡ ᠪᠤᠰᠤᠳ ᠠᠷᠭ᠎ᠠ ᠮᠠᠶ᠋ᠢᠭ ᠢᠶᠠᠷ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠪᠠᠯᠠ ᠮᠥᠩᠭᠦ ᠶᠢ ᠨᠡᠭᠦᠯᠭᠡᠨ | ᠬᠡᠷᠡᠭᠯᠡᠬᠦ᠂ ᠡᠵᠡᠯᠡᠨ ᠬᠡᠷᠡᠭᠯᠡᠬᠦ︔ | ︵ᠨᠠᠢᠮᠠ︶ ᠬᠤᠳᠠᠯ ᠬᠠᠭᠤᠷᠮᠠᠭ ᠪᠤᠶᠤ ᠪᠡᠯᠡ ᠣᠷᠣᠭᠤᠯᠤᠭᠴᠢ ᠶᠢ ᠪᠤᠷᠤᠭᠤ ᠵᠦᠭ ᠬᠥᠲᠥᠯᠬᠦ ᠮᠡᠳᠡᠭᠡ ᠵᠠᠩᠭᠢ ᠪᠠ ᠦᠨᠡᠨ ᠪᠤᠰᠤ ᠤᠬᠠᠭᠤᠯᠭ᠎ᠠ ᠶᠢ ᠬᠠᠩᠭᠠᠬᠤ᠂ | ᠲᠠᠷᠬᠠᠭᠠᠬᠤ︔ | ︵ᠶᠢᠰᠦ︶ ᠠᠷᠠᠯᠵᠢᠶᠠᠨ ᠤ ᠵᠥᠭᠡᠯᠡᠨ ᠬᠡᠷᠡᠭᠰᠡᠯ ᠢ ᠠᠰᠢᠭᠯᠠᠵᠤ ᠠᠵᠢᠯᠯᠠᠭᠠᠨ ᠤ ᠠᠷᠤ ᠲᠡᠪᠴᠡᠩ ᠢᠶᠠᠷ ᠵᠠᠬᠢᠷᠤᠨ ᠵᠢᠯᠣᠭᠤᠳᠬᠤ︔ | ︵ᠠᠷᠪᠠ︶ ᠳᠤᠷ᠎ᠠ ᠪᠠᠷ ᠢᠶᠠᠨ ᠭᠠᠳᠠᠭᠰᠢ ᠬᠤᠷᠰᠢᠨ ᠡᠵᠡᠩᠨᠡᠬᠦ ᠪᠤᠶᠤ ᠡᠵᠡᠩᠨᠡᠯᠲᠡ ᠶᠢᠨ ᠡᠷᠬᠡ ᠶᠢ ᠭᠠᠳᠠᠭᠰᠢ ᠳᠠᠭᠠᠭᠠᠴᠢᠯᠠᠭᠤᠯᠬᠤ︔ | ︵ᠠᠷᠪᠠᠨ ᠨᠢᠭᠡ︶ ᠬᠤᠪᠢ ᠣᠷᠣᠭᠤᠯᠤᠭᠴᠢ᠂ ᠪᠣᠳᠠᠲᠠᠶ ᠬᠤᠪᠢ ᠡᠵᠡᠮᠳᠡᠭᠴᠢ ᠪᠤᠶᠤ ᠪᠤᠰᠤᠳ ᠬᠤᠯᠪᠣᠭᠳᠠᠬᠤ ᠲᠠᠯ᠎ᠠ ᠳᠤ ᠪᠡᠯᠡ ᠲᠣᠬᠢᠷᠠᠭᠤᠯᠭ᠎ᠠ ᠪᠤᠶᠤ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠨ ᠥᠭᠴᠦ᠂ ᠣᠷᠣᠯᠠᠨ ᠭᠦᠢᠴᠡᠳᠭᠡᠬᠦ ᠪᠠᠶᠢᠭᠤᠯᠤᠮᠵᠢ ᠠᠴᠠ ᠬᠠᠤᠯᠢ ᠪᠤᠰᠤ ᠠᠰᠢᠭ ᠲᠤᠰᠠ ᠤᠯᠬᠤ︔ | ︵ᠠᠷᠪᠠᠨ ᠬᠤᠶᠠᠷ︶ ᠬᠠᠷᠢᠴᠠᠭᠠᠨ ᠤ ᠡᠷᠦᠭᠡ ᠶᠢᠨ ᠤᠭ ᠰᠠᠨᠠᠭ᠎ᠠ ᠠᠴᠠ ᠵᠥᠷᠢᠴᠡᠭᠰᠡᠨ ᠪᠤᠶᠤ ᠬᠠᠷᠢᠴᠠᠭᠠᠨ ᠤ ᠡᠷᠦᠬᠡ ᠶᠢᠨ ᠠᠰᠢᠭ ᠲᠤᠰᠠ ᠲᠠᠢ | ᠬᠠᠷᠰᠢᠯᠳᠤᠭᠰᠠᠨ ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃ | | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | | ᠭᠤᠴᠢᠨ ᠬᠤᠶᠠᠳᠤᠭᠠᠷ ᠵᠦᠢᠯ ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ | ᠢᠯᠭᠠᠷᠠᠭᠤᠯᠤᠨ ᠴᠡᠭᠴᠡᠯᠡᠬᠦ ᠠᠵᠢᠯ ᠤᠨ ᠲᠣᠭᠲᠠᠴᠠ ᠶᠣᠰᠣᠭᠠᠷ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠠᠷᠠᠯᠵᠢᠶᠠᠨ ᠤ ᠲᠠᠯᠠᠪᠤᠷ ᠭᠠᠵᠠᠷ ᠤᠨ ᠬᠥᠭᠵᠢᠯᠲᠡ ᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ︔ | ︵ᠬᠤᠶᠠᠷ︶ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠬᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠭᠠᠨ ᠵᠢᠯᠣᠭᠤᠳᠴᠤ᠂ | ᠪᠠᠶᠢᠴᠠᠭᠠᠨ᠂ ᠰᠢᠮᠳᠠᠭᠤᠯᠬᠤ ᠪᠠ ᠵᠣᠬᠢᠴᠠᠭᠤᠯᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠬᠦ︔ | ︵ᠳᠥᠷᠪᠡ︶ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠭᠠᠷᠠᠭᠤᠯᠤᠨ ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ | ᠲᠤᠰᠢᠶᠠᠨ ᠭᠦᠢᠴᠡᠳᠭᠡᠯᠭᠡᠬᠦ ᠠᠵᠢᠯ ᠢ | ᠨᠠᠶᠢᠳᠠᠪᠤᠷᠢᠵᠢᠭᠤᠯᠬᠤ᠃ | ᠭᠤᠴᠢᠨ ᠭᠤᠷᠪᠠᠳᠤᠭᠠᠷ ᠵᠦᠢᠯ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ ᠳᠣᠤᠷᠠᠬᠢ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ ᠪᠦᠷᠢᠯᠳᠦᠬᠦᠨ ᠨᠢᠭᠡᠴᠢ ᠶᠢ ᠰᠢᠮᠳᠠᠭᠤᠯᠵᠤ | ᠪᠠᠶᠢᠭᠠᠳ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠬᠤ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ ᠥᠪᠡᠷᠲᠡᠭᠡᠨ ᠵᠠᠰᠠᠬᠤ ᠣᠷᠣᠨ ᠤ ᠱᠠᠲᠤᠨ ᠤ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ | ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠲᠡᠳᠡᠨ ᠲᠠᠢ ᠬᠠᠮᠵᠢᠯᠴᠠᠵᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠ ᠲᠤᠬᠠᠶᠢᠯᠠᠭᠰᠠᠨ | ᠠᠵᠢᠯ ᠤᠨ ᠵᠢᠷᠤᠮᠵᠢᠭᠤᠯᠬᠤ ᠠᠵᠢᠯ ᠢ ᠥᠷᠨᠢᠭᠦᠯᠬᠦ︔ | ︵ᠭᠤᠷᠪᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠲᠤᠷᠠᠯᠴᠠᠵᠤ ᠰᠤᠭᠤᠴᠢᠨ ᠪᠠᠶᠢᠴᠠᠭᠠᠬᠤ ᠬᠢᠬᠡᠳ ᠲᠣᠭᠲᠠᠭᠠᠯ ᠳᠤ ᠨᠡᠶᠢᠴᠡᠭᠦᠯᠵᠦ ᠬᠠᠮᠲᠤᠷᠠᠨ ᠵᠥᠪᠳᠡᠯᠴᠡᠬᠦ ᠶᠢ ᠵᠣᠬᠢᠶᠠᠨ ᠪᠠᠶᠢᠭᠤᠯᠵᠤ᠂ ᠣᠯᠵᠤ | ᠮᠡᠳᠡᠭᠰᠡᠨ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ ᠬᠠᠮᠢᠶ᠎ᠠ ᠪᠥᠬᠦᠶ ᠰᠠᠯᠠᠭ᠎ᠠ ᠮᠥᠴᠢᠷ ᠢ | ᠰᠢᠮᠳᠠᠭᠤᠯᠤᠨ ᠵᠣᠬᠢᠴᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠴᠠᠭ ᠲᠤᠬᠠᠶ ᠲᠤ ᠨᠢ ᠰᠢᠢᠳᠪᠦᠷᠢᠯᠡᠭᠦᠯᠵᠦ᠂ | ᠲᠦᠭᠰᠢᠭᠦᠷᠢ ᠶᠢᠨ ᠳᠠᠯᠳᠠ ᠬᠡᠮ ᠢ | ᠠᠷᠢᠯᠭᠠᠬᠤ︔ | ︵ᠳᠥᠷᠪᠡ︶ ᠰᠠᠯᠠᠭ᠎ᠠ ᠮᠥᠴᠢᠷ ᠠᠯᠤᠰᠯᠠᠭᠰᠠᠨ ᠠᠷᠠᠯᠵᠢᠶᠠᠨ ᠤ ᠲᠠᠯᠠᠪᠤᠷ ᠭᠠᠵᠠᠷ ᠤᠨ ᠪᠦᠷᠢᠳᠭᠡᠵᠦ ᠬᠢᠨᠠᠨ ᠰᠢᠨᠵᠢᠬᠦ ᠪᠠ ᠲᠦᠭᠰᠢᠭᠦᠷᠢ ᠰᠡᠷᠡᠮᠵᠢᠯᠡᠭᠦᠯᠬᠦ | ᠲᠠᠪᠴᠠᠩ ᠢ ᠲᠦᠷᠦᠭᠦᠯᠡᠨ ᠪᠠᠶᠢᠭᠤᠯᠬᠤ︔ | ︵ᠲᠠᠪᠤ︶ ᠬᠠᠮᠲᠤᠷᠠᠭᠰᠠᠨ ᠬᠤᠷᠠᠯ ᠤᠨ ᠲᠤᠰᠢᠶᠠᠨ ᠭᠦᠢᠴᠡᠳᠭᠡᠯᠭᠡᠬᠦ ᠪᠤᠰᠤᠳ ᠠᠵᠢᠯ ᠢ ᠬᠠᠷᠢᠭᠤᠴᠠᠬᠤ᠃ | ᠭᠤᠴᠢᠨ ᠳᠥᠷᠪᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ | ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠰᠡᠷᠭᠡᠶᠢᠯᠡᠬᠦ ᠪᠠ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠢ ᠡᠭᠦᠷᠭᠡᠯᠡᠬᠦ ᠬᠡᠷᠡᠭᠲᠡᠢ᠂ ᠲᠤᠰ ᠵᠠᠰᠠᠭ ᠵᠠᠬᠢᠷᠭᠠᠨ ᠤ | ᠣᠷᠣᠨ ᠳᠠᠬᠢ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠠᠯᠵᠢᠶᠠᠨ ᠤ ᠲᠠᠯᠠᠪᠤᠷ | ᠭᠠᠵᠠᠷ ᠤᠨ ᠲᠦᠭᠰᠢᠭᠦᠷᠢ ᠰᠢᠢᠳᠪᠦᠷᠢᠯᠡᠬᠦ ᠪᠡᠯᠡᠳᠬᠡᠯ ᠲᠥᠰᠦᠯ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ᠂ | ᠲᠤᠰᠬᠠᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ᠠᠶᠢᠮᠠᠭ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ︶ | ᠢ ᠲᠣᠳᠣᠷᠬᠠᠶᠢᠯᠠᠵᠤ᠂ ᠲᠦᠭᠰᠢᠭᠦᠷᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠪᠣᠳᠠᠲᠠᠶ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠯ ᠲᠠᠢ | ᠡᠵᠡᠩᠨᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠨᠢ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ | ᠭᠠᠵᠠᠷ ᠲᠤ ᠬᠠᠮᠵᠢᠯᠴᠠᠵᠤ ᠬᠢᠨᠠᠨ ᠬᠠᠮᠢᠶᠠᠷᠬᠤ ᠠᠵᠢᠯ ᠬᠢᠵᠦ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠲᠣᠰ ᠲᠣᠰ ᠭᠦᠢᠴᠡᠳᠭᠡᠬᠦ ᠬᠡᠷᠡᠭᠲᠡᠢ᠄ | ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ | ᠠᠵᠢᠯ ᠳᠤ ᠵᠢᠭᠠᠨ ᠵᠢᠯᠣᠭᠤᠳᠬᠤ᠂ ᠰᠢᠮᠳᠠᠭᠤᠯᠬᠤ᠂ ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠲᠤ ᠡᠭᠦᠰᠴᠦ ᠮᠡᠳᠡᠬᠦ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠡᠮᠵᠢᠯᠡᠭᠦᠯᠦᠨ ᠰᠠᠨᠠᠭᠤᠯᠵᠤ᠂ ᠢᠯᠭᠠᠷᠠᠭᠤᠯᠤᠨ ᠴᠡᠭᠴᠡᠯᠡᠬᠦ ᠪᠠ ᠲᠥᠷᠥᠯ ᠬᠤᠪᠢᠶᠠᠨ ᠰᠢᠢᠳᠪᠦᠷᠢᠯᠡᠬᠦ ᠶᠢ ᠰᠢᠮᠳᠠᠭᠤᠯᠵᠤ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠳᠠᠮᠵᠢᠭᠤᠯᠬᠤ ᠪᠠ | ᠲᠤᠰᠬᠠᠶ ᠮᠡᠷᠭᠡᠵᠢᠯ ᠤᠨ ᠳᠡᠮᠵᠢᠯᠭᠡ ᠬᠠᠩᠭᠠᠨ᠂ ᠡᠨᠡ ᠬᠦ ᠲᠠᠯ᠎ᠠ ᠶᠢᠨ ᠡᠷᠬᠡ ᠲᠠᠢ ᠰᠠᠯᠠᠭ᠎ᠠ ᠮᠥᠴᠢᠷ ᠤᠨ ᠬᠠᠮᠵᠢᠯᠴᠠᠬᠤ ᠭᠤᠶᠤᠴᠢᠯᠠᠯ ᠢ ᠴᠠᠭ ᠲᠤᠬᠠᠶ ᠳᠤ ᠨᠢ ᠳᠠᠭᠠᠭᠠᠨ | ᠵᠠᠯᠭᠠᠭᠤᠯᠵᠤ᠂ ᠠᠷᠠᠯᠵᠢᠶᠠᠨ ᠤ ᠲᠠᠯᠠᠪᠤᠷ ᠭᠠᠵᠠᠷ ᠲᠠᠬᠢ ᠶᠠᠪᠤᠭᠳᠠᠵᠤ ᠮᠡᠳᠡᠬᠦ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠬᠠᠤᠯᠢ ᠪᠤᠰᠤ ᠪᠠᠷ ᠠᠷᠠᠯᠵᠢᠶᠠᠯᠠᠬᠤ | ᠠᠵᠢᠯᠯᠠᠭ᠎ᠠ ᠶᠢᠨ ᠰᠢᠨᠵᠢ ᠴᠢᠨᠠᠷ ᠲᠤ ᠮᠠᠭᠠᠳᠯᠠᠨ ᠲᠣᠭᠲᠠᠭᠠᠯᠲᠠ ᠬᠢᠬᠦ ᠶᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠬᠠᠪᠰᠤᠷᠴᠤ ᠠᠷᠠᠯᠵᠢᠶᠠᠨ ᠤ ᠲᠠᠯᠠᠪᠤᠷ | ᠭᠠᠵᠠᠷ ᠲᠠᠬᠢ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠶᠢ ᠰᠢᠢᠳᠪᠦᠷᠢᠯᠡᠵᠦ ᠰᠢᠮᠳᠠᠭᠤᠯᠤᠨ ᠵᠢᠯᠣᠭᠤᠳᠬᠤ ᠠᠵᠢᠯ ᠢ | ᠰᠠᠶᠢᠲᠤᠷ ᠬᠢᠬᠦ ᠬᠡᠷᠡᠭᠲᠡᠢ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠷᠠᠯᠵᠢᠶᠠᠨ ᠤ ᠲᠠᠯᠠᠪᠤᠷ ᠭᠠᠵᠠᠷ ᠢ | ᠪᠠᠶᠢᠭᠤᠯᠬᠤ᠂ ᠨᠡᠷᠡᠶᠢᠳᠦᠯ ᠢ ᠨᠢ ᠬᠤᠪᠢᠷᠠᠭᠠᠬᠤ᠂ ᠬᠦᠴᠦᠨ ᠥᠬᠡᠶ ᠪᠣᠯᠭᠠᠬᠤ ᠵᠡᠷᠭᠡ ᠴᠢᠬᠤᠯᠠ ᠶᠡᠭᠡ ᠵᠦᠢᠯᠡᠰ ᠢ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ | ᠰᠠᠶᠢᠲᠤᠷ ᠬᠢᠬᠦ ᠬᠡᠷᠡᠭᠲᠡᠢ︔ ᠠᠷᠠᠯᠵᠢᠶᠠᠨ ᠤ ᠲᠠᠯᠠᠪᠤᠷ ᠭᠠᠵᠠᠷ ᠵᠢᠴᠢ ᠲᠡᠳᠡᠭᠡᠷ ᠤᠨ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ | ᠪᠠᠶᠢᠭᠤᠯᠤᠮᠵᠢ ᠵᠡᠷᠭᠡ ᠶᠢᠨ ᠵᠠᠷ ᠮᠡᠳᠡᠭᠡ ᠶᠢ ᠨᠢ ᠬᠢᠨᠠᠨ ᠰᠢᠨᠵᠢᠬᠦ ᠪᠠ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢ ᠨᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠠᠷᠠᠯᠵᠢᠶᠠᠨ ᠤ ᠲᠠᠯᠠᠪᠤᠷ ᠭᠠᠵᠠᠷ ᠵᠢᠴᠢ ︽ᠸᠢᠴᠠᠲ ᠦᠵᠦᠭᠦᠷ︾ | ᠤᠨ ᠠᠷᠠᠯᠵᠢᠶᠠᠨ ᠤ ᠲᠠᠪᠴᠠᠩ ᠳᠠᠬᠢ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢ ᠬᠠᠷᠢᠭᠤᠴᠠᠬᠤ ᠬᠡᠷᠡᠭᠲᠡᠢ | ︔ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠷᠰᠢᠨ ᠬᠠᠮᠵᠢᠯᠴᠠᠬᠤ ᠶᠢ ᠴᠢᠩᠭᠠᠳᠬᠠᠨ᠂ | ᠠᠷᠠᠯᠵᠢᠶᠠᠨ ᠤ ᠲᠠᠯᠠᠪᠤᠷ ᠭᠠᠵᠠᠷ ᠲᠠᠬᠢ ᠬᠠᠤᠯᠢ ᠶᠢ ᠵᠥᠷᠢᠴᠡᠵᠦ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠰᠦᠪᠡᠭᠴᠢ ᠶᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ | ᠠᠷᠠᠯᠵᠢᠶᠠᠨ ᠤ ᠲᠠᠯᠠᠪᠤᠷ ᠭᠠᠵᠠᠷ ᠲᠤ ᠶᠠᠯ᠎ᠠ ᠬᠢᠭᠰᠡᠨ ᠢᠶᠠᠷ ᠰᠡᠵᠢᠭᠯᠡᠭᠳᠡᠭᠰᠡ ᠢ ᠬᠠᠮᠢᠶ᠎ᠠ ᠪᠦᠬᠦᠢ ᠰᠠᠯᠠᠭ᠎ᠠ ᠮᠥᠴᠢᠷ ᠰᠢᠯᠵᠢᠭᠦᠯᠦᠨ ᠢᠷᠡᠭᠦᠯᠦᠭᠰᠡᠨ ᠪᠠ ᠥᠪᠡᠰᠦᠪᠡᠨ | ᠣᠯᠵᠤ ᠮᠡᠳᠡᠭᠰᠡᠨ ᠪᠠᠶᠢᠪᠠᠯ᠂ ᠬᠠᠤᠯᠢ ᠶᠣᠰᠣᠭᠠᠷ ᠪᠠᠶᠢᠴᠠᠭᠠᠨ ᠲᠣᠳᠣᠯᠠᠬᠤ ᠬᠡᠷᠡᠭᠲᠡᠢ︔ | ︵ᠳᠥᠷᠪᠡ︶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶᠠᠨ ᠳᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ | ᠬᠢᠬᠦ ᠪᠠᠶᠢᠭᠤᠯᠤᠮᠵᠢ ᠶᠢ ᠬᠠᠷᠢᠭᠤᠴᠠᠨ ᠰᠢᠮᠳᠠᠭᠤᠯᠵᠤ ᠪᠠᠶᠢᠭᠠᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ | ᠢᠯᠭᠠᠷᠠᠭᠤᠯᠤᠨ ᠴᠡᠭᠴᠡᠯᠡᠬᠦ ᠠᠵᠢᠯ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠠᠷᠠᠯᠵᠢᠶᠠᠨ ᠤ ᠲᠠᠯᠠᠪᠤᠷ ᠭᠠᠵᠠᠷ ᠤᠨ ᠲᠥᠷᠥᠯ ᠪᠦᠬᠦᠢ ᠣᠨᠴᠠ | ᠤᠷᠢᠭᠰᠠᠨ ᠬᠤᠳᠠᠯᠳᠤᠭᠠᠴᠢᠨ ᠡᠷᠦᠬᠡ ᠶᠢᠨ ᠬᠢᠷᠢ ᠬᠡᠮ ᠢ ᠬᠢᠨᠠᠨ ᠬᠠᠷᠭᠤᠭᠤᠯᠬᠤ ᠪᠠ ᠲᠦᠭᠰᠢᠭᠦᠷᠢ ᠶᠢ ᠨᠢ ᠬᠢᠨᠠᠨ ᠰᠢᠨᠵᠢᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠥᠬᠡᠶ ᠠᠷᠠᠯᠵᠢᠶᠠᠨ ᠤ ᠲᠠᠯᠠᠪᠤᠷ ᠭᠠᠵᠠᠷ ᠲᠤ ᠲᠣᠭᠠᠴᠠᠭ᠎ᠠ ᠬᠢᠵᠦ ᠳ᠋ᠦᠩᠨᠡᠨ ᠪᠤᠳᠤᠬᠤ | ᠦᠢᠯᠡᠴᠢᠯᠡᠭᠡ ᠬᠠᠩᠭᠠᠬᠤ ᠶᠢ ᠴᠢᠩᠭ᠎ᠠ ᠬᠤᠷᠢᠭᠯᠠᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠪᠠ ᠲᠣᠭᠲᠠᠭᠠᠯ ᠠᠴᠠ ᠵᠥᠷᠢᠴᠡᠭᠰᠡᠨ | ᠠᠷᠠᠯᠵᠢᠶᠠᠨ ᠤ ᠲᠠᠯᠠᠪᠤᠷ ᠭᠠᠵᠠᠷ ᠢ ᠵᠢᠩᠬᠢᠨᠢ ᠪᠠᠷ ᠮᠠᠭᠠᠳᠯᠠᠨ ᠲᠣᠭᠲᠠᠭᠠᠬᠤ ᠪᠢᠴᠢᠭ ᠮᠠᠲ᠋ᠧᠷᠢᠶᠠᠯ ᠪᠠ ᠰᠢᠢᠳᠪᠦᠷᠢᠯᠡᠬᠦ ᠲᠥᠰᠦᠯ ᠢ ᠦᠨᠳᠦᠰᠦᠯᠡᠵᠦ᠂ ᠬᠠᠷᠢᠶᠠᠨ ᠳᠠᠬᠢ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠳᠤ ᠪᠠᠨ ᠮᠡᠳᠡᠭᠳᠡᠬᠦ ᠶᠢᠨ ᠬᠠᠮᠲᠤ ᠲᠡᠳᠡᠨ ᠢ | ᠰᠢᠮᠳᠠᠭᠤᠯᠵᠤ ᠪᠠᠶᠢᠭᠠᠳ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ ᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ | ᠨᠢ ᠬᠤᠭᠤᠴᠠᠭ᠎ᠠ ᠬᠢᠵᠠᠭᠠᠷᠯᠠᠨ ᠵᠣᠭᠰᠣᠭᠠᠬᠤ ᠬᠡᠷᠡᠭᠲᠡᠢ︔ | ︵ᠲᠠᠪᠤ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠭᠠᠵᠠᠷ ᠢᠶᠠᠷ ᠬᠠᠮᠢᠶᠠᠷᠤᠭᠤᠯᠬᠤ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠵᠢᠯᠴᠠᠵᠤ ᠪᠠᠶᠢᠭᠠᠳ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠠᠵᠢᠯ ᠢᠶᠠᠨ ᠰᠠᠶᠢᠲᠤᠷ ᠬᠢᠬᠦ | ᠬᠡᠷᠡᠭᠲᠡᠢ᠃ ᠵᠥᠪᠰᠢᠶᠡᠷᠡᠭᠦᠯᠦᠭᠰᠡᠨ ᠥᠬᠡᠶ ᠪᠣᠯᠪᠠᠴᠤ ᠨᠢᠭᠡᠨᠲᠡ ᠲᠡᠮᠳᠡᠭᠯᠡᠭᠦᠯᠵᠦ ᠳᠠᠩᠰᠠᠯᠠᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠢ ᠪᠣᠯ ᠳᠠᠩᠰᠠᠯᠠᠭᠰᠠᠨ | ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠦᠷᠦᠭᠦᠯᠡᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ︔ | ᠲᠡᠮᠳᠡᠭᠯᠡᠭᠦᠯᠵᠦ ᠳᠠᠩᠰᠠᠯᠠᠭᠤᠯᠤᠭᠰᠠᠨ ᠦᠭᠡᠢ ᠪᠠᠷ ᠲᠤᠬᠠᠶᠢᠯᠠᠭᠰᠠᠨ ᠠᠵᠢᠯ ᠢᠶᠠᠨ ᠪᠣᠳᠠᠲᠠᠶ ᠥᠷᠨᠢᠭᠦᠯᠦᠭᠰᠡᠨ ᠠᠷᠠᠯᠵᠢᠶᠠᠨ ᠤ ᠲᠠᠯᠠᠪᠤᠷ ᠭᠠᠵᠠᠷ ᠢ ᠪᠣᠯ ᠪᠣᠳᠠᠲᠠᠶ ᠡᠵᠡᠩᠨᠡᠨ | ᠠᠵᠢᠯᠯᠠᠵᠤ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | | ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ | ᠠᠶᠢᠮᠠᠭ ᠬᠤᠳᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠯᠵᠢᠶᠠᠨ ᠤ ᠲᠠᠯᠠᠪᠤᠷ ᠭᠠᠵᠠᠷ ᠲᠤ ᠲᠤᠬᠠᠢ ᠶᠢᠨ ᠲᠠᠯᠠᠪᠠᠢ ᠶᠢᠨ ᠵᠢᠴᠢ | ᠲᠤᠬᠠᠢ ᠶᠢᠨ ᠲᠠᠯᠠᠪᠠᠢ ᠶᠢᠨ ᠪᠤᠰᠤ ᠪᠠᠶᠢᠴᠠᠭᠠᠯᠲᠠ ᠬᠢᠵᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ | ᠭᠠᠵᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠪᠠ ᠲᠤᠬᠠᠶ ᠶᠢᠨ ᠲᠠᠯᠠᠪᠠᠢ ᠶᠢᠨ | ᠪᠤᠰᠤ ᠪᠠᠶᠢᠴᠠᠭᠠᠯᠲᠠ ᠬᠢᠬᠦ ᠬᠡᠷᠡᠭᠲᠡᠶ᠃ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠬᠢᠬᠦ ᠳᠤ ᠳᠣᠤᠷᠠᠬᠢ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠲᠤᠬᠠᠶ ᠶᠢᠨ ᠲᠠᠯᠠᠪᠠᠢ ᠳᠤ ᠨᠢ ᠣᠴᠢᠵᠤ ᠪᠠᠶᠢᠴᠠᠭᠠᠯᠲᠠ ᠬᠢᠵᠦ ᠭᠡᠷᠡᠴᠢ ᠣᠯᠬᠤ︔ | ︵ᠬᠤᠶᠠᠷ︶ ᠲᠤᠬᠠᠶᠢᠲᠠᠢ ᠬᠥᠮᠦᠨ ᠵᠢᠴᠢ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠠᠴᠠ ᠯᠠᠪᠯᠠᠨ ᠠᠰᠠᠭᠤᠵᠤ᠂ | ᠪᠠᠶᠢᠴᠠᠭᠠᠭᠳᠠᠵᠤ ᠪᠠᠶᠢᠬᠤ ᠬᠡᠷᠡᠭ ᠤᠨ ᠬᠤᠯᠪᠣᠭᠳᠠᠯ ᠪᠦᠬᠦᠢ ᠵᠦᠢᠯᠡᠰ ᠲᠤ ᠲᠣᠳᠣᠷᠬᠠᠶᠢᠯᠠᠯᠲᠠ ᠬᠢᠬᠦ ᠶᠢ ᠱᠠᠭᠠᠷᠳᠠᠬᠤ︔ | ︵ᠭᠤᠷᠪᠠ︶ ᠠᠷᠠᠯᠵᠢᠶᠠᠨ ᠤ ᠲᠠᠯᠠᠪᠤᠷ ᠭᠠᠵᠠᠷ ᠤᠨ ᠳᠡᠭᠡᠳᠦ ᠳᠡᠰ ᠤᠨ ᠬᠠᠮᠢᠶᠠᠷᠤᠭᠴᠢ ᠵᠢᠴᠢ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠪᠤᠰᠤᠳ | ᠠᠵᠢᠯᠲᠠᠨ ᠲᠠᠢ ᠪᠣᠯᠵᠣᠨ ᠶᠠᠷᠢᠯᠴᠠᠬᠤ︔ | ︵ᠲᠦᠷᠪᠡ︶ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠡᠳ᠋ ᠬᠦᠷᠦᠩᠭᠡ ᠶᠢᠨ ᠡᠷᠬᠡ ᠶᠢ ᠳᠠᠩᠰᠠᠯᠠᠨ ᠲᠡᠮᠳᠡᠭᠯᠡᠭᠰᠡᠨ ᠵᠡᠷᠭᠡ ᠮᠠᠲ᠋ᠧᠷᠢᠶᠠᠯ ᠢ | ᠪᠠᠶᠢᠴᠠᠭᠠᠨ ᠦᠵᠡᠬᠦ᠂ ᠬᠠᠭᠤᠯᠪᠤᠷᠢᠯᠠᠨ ᠠᠪᠬᠤ︔ | ︵ᠲᠠᠪᠤ︶ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶᠠᠯᠠᠬᠤ ᠰᠢᠰᠲ᠋ᠧᠮ ᠵᠢᠴᠢ ᠠᠷᠤ ᠲᠠᠪᠴᠠᠩ ᠤᠨ ᠲᠦᠬᠦᠭᠡᠷᠦᠮᠵᠢ ᠶᠢ ᠪᠠᠶᠢᠴᠠᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠥᠬᠦᠶ ᠶᠠᠮᠤᠨ | ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ᠃ | ᠠᠷᠠᠯᠵᠢᠶᠠᠨ ᠤ ᠲᠠᠯᠠᠪᠤᠷ ᠭᠠᠵᠠᠷ ᠨᠢ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠳᠤ ᠢᠳᠡᠪᠬᠢᠲᠡᠢ ᠬᠠᠮᠵᠢᠯᠴᠠᠬᠤ ᠬᠡᠷᠡᠭᠲᠡᠶ᠂ ᠲᠡᠪᠴᠢᠬᠦ᠂ ᠬᠠᠷᠰᠢᠯᠠᠬᠤ ᠪᠠ | ᠨᠢᠭᠤᠨ ᠳᠠᠯᠳᠠᠯᠠᠵᠤ ᠪᠣᠯᠬᠤ ᠦᠭᠡᠢ᠃ | ᠭᠤᠴᠢᠨ ᠳᠣᠯᠣᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠰᠠᠷ᠎ᠠ᠂ ᠤᠯᠠᠷᠢᠯ᠂ ᠣᠨ ᠤ ᠡᠵᠡᠩᠨᠡᠯᠲᠡ ᠶᠢᠨ ᠮᠡᠳᠡᠭᠦᠯᠦᠯᠲᠡ᠂ ᠬᠢᠨᠠᠨ | ᠪᠤᠳᠤᠯᠲᠠ ᠶᠢᠨ ᠮᠡᠳᠡᠭᠦᠯᠦᠯᠲᠡ ᠵᠢᠴᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠭᠰᠠᠨ ᠪᠤᠰᠤᠳ ᠮᠠᠲ᠋ᠧᠷᠢᠶᠠᠯ ᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠪᠡᠯᠡᠨ ᠪᠠᠷᠠᠭᠠᠨ ᠤ ᠲᠥᠷᠥᠯ ᠳᠤ ᠪᠠᠭᠲᠠᠭᠳᠠᠬᠤ ᠬᠠᠮᠢᠶ᠎ᠠ ᠪᠥᠬᠦᠶ ᠮᠠᠲ᠋ᠧᠷᠢᠶᠠᠯ ᠢ ᠪᠣᠯ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠮᠡᠳᠡᠭᠦᠯᠦᠨ ᠬᠦᠷᠭᠡᠬᠦ ᠬᠡᠷᠡᠭᠲᠡᠶ︔ ᠴᠢᠬᠤᠯᠠ ᠶᠡᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠤ 365赢多少钱会被限额_国内有真正的365平台吗_365bet博彩官网 | ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠴᠠᠭ ᠲᠤᠬᠠᠶ ᠳᠤ ᠨᠢ ᠮᠡᠳᠡᠭᠦᠯᠵᠦ᠂ | ᠪᠡᠯᠡᠨ ᠪᠠᠷᠠᠭᠠᠨ ᠤ ᠲᠥᠷᠥᠯ ᠳᠤ ᠪᠠᠭᠲᠠᠭᠳᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠮᠡᠳᠡᠭᠦᠯᠬᠦ | ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠨᠡᠶᠢᠲᠡᠯᠡᠭᠰᠡᠨ᠂ ᠮᠡᠳᠡᠭᠦᠯᠵᠦ ᠬᠦᠷᠭᠡᠭᠰᠡᠨ ᠪᠤᠶᠤ ᠬᠠᠩᠭᠠᠵᠤ ᠥᠭᠭᠦᠭᠰᠡᠨ ᠮᠠᠲ᠋ᠧᠷᠢᠶᠠᠯ ᠪᠠ | ᠮᠡᠳᠡᠭᠡ ᠵᠠᠩᠭᠢ ᠨᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠶ᠃ ᠬᠤᠳᠠᠯ ᠬᠠᠭᠤᠷᠮᠠᠭ ᠢᠶᠠᠷ ᠲᠡᠮᠳᠡᠭᠯᠡᠭᠰᠡᠨ᠂ ᠪᠤᠷᠤᠭᠤ ᠬᠥᠲᠥᠯᠬᠦ | ᠴᠢᠨᠠᠷᠲᠠᠶ ᠲᠣᠭᠠᠴᠢᠯᠲᠠ ᠬᠢᠬᠦ ᠪᠤᠶᠤ ᠴᠢᠬᠤᠯᠠ ᠶᠡᠭᠡ ᠵᠦᠢᠯᠡᠰ ᠢ ᠣᠷᠬᠢᠭᠳᠠᠭᠤᠯᠤᠭᠰᠠᠨ ᠪᠠᠶᠢᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠬᠤᠳᠠᠯᠳᠤᠭᠠᠨ ᠤ ᠪᠠᠩᠬᠢ᠂ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠳᠠᠭᠠᠳᠬᠠᠯ ᠤᠨ ᠺᠣᠮᠫᠠᠨᠢ᠂ | ᠢᠲᠡᠭᠡᠮᠵᠢᠲᠦ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠣᠭᠲᠠᠭᠠᠯ ᠢ ᠵᠥᠷᠢᠴᠡᠵᠦ ᠪᠠᠶᠢᠭᠤᠯᠤᠭᠰᠠᠨ ᠠᠷᠠᠯᠵᠢᠶᠠᠨ ᠤ | ᠲᠠᠯᠠᠪᠤᠷ ᠭᠠᠵᠠᠷ ᠲᠤ ᠳᠠᠩᠰᠠᠨ ᠡᠷᠦᠬᠡ ᠨᠡᠭᠡᠭᠡᠬᠦ᠂ ᠳᠠᠭᠠᠭᠠᠨ ᠪᠣᠷᠣᠯᠠᠭᠤᠯᠬᠤ᠂ ᠨᠠᠶᠢᠳᠠᠨ ᠬᠠᠮᠢᠶᠠᠷᠤᠭᠤᠯᠬᠤ᠂ ᠡᠳ᠋ ᠬᠥᠷᠥᠩᠭᠡ ᠰᠢᠯᠵᠢᠭᠦᠯᠬᠦ᠂ ᠣᠷᠣᠯᠠᠨ ᠬᠤᠳᠠᠯᠳᠤᠵᠤ | ᠠᠪᠬᠤ ᠪᠠ ᠬᠤᠳᠠᠯᠳᠤᠬᠤ᠂ ᠪᠠᠯᠠ ᠣᠷᠣᠭᠤᠯᠤᠯᠲᠠ ᠶᠢᠨ ᠲᠠᠯ᠎ᠠ ᠪᠠᠷ ᠬᠢ ᠠᠰᠠᠭᠤᠨ ᠯᠠᠪᠯᠠᠬᠤ᠂ ᠳᠠᠭᠠᠳᠬᠠᠯ ᠵᠡᠷᠭᠡ ᠦᠢᠯᠡᠴᠢᠯᠡᠭᠡ ᠬᠠᠩᠭᠠᠨ ᠥᠭᠴᠦ ᠪᠣᠯᠬᠤ ᠥᠬᠡᠶ᠃ | | ᠳᠥᠴᠢᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠶᠠᠪᠤᠴᠠ ᠳᠤ᠂ ᠬᠡᠷᠪᠡ ᠲᠣᠰ ᠠᠷᠭ᠎ᠠ ᠶᠢ ᠵᠥᠷᠢᠴᠡᠭᠰᠡᠨ ᠪᠤᠶᠤ ᠪᠤᠰᠤᠳ ᠬᠠᠤᠯᠢ ᠪᠠ | ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠦᠪᠡᠷᠳᠡᠬᠡᠨ | ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ ᠪᠠᠶᠢᠭᠠᠳ | ᠬᠠᠤᠯᠢ ᠶᠣᠰᠣᠭᠠᠷ ᠳᠣᠣᠷᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠬᠤ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ | ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠄ | ︵ᠨᠢᠭᠡ︶ ᠲᠦᠭᠰᠢᠭᠦᠷᠢ ᠶᠢ ᠰᠠᠨᠠᠭᠤᠯᠬᠤ︔ | ︵ᠬᠤᠶᠠᠷ︶ ᠬᠢᠨᠠᠨ ᠬᠠᠮᠢᠶᠠᠷᠴᠤ ᠶᠠᠷᠢᠯᠴᠠᠬᠤ︔ | ︵ᠭᠤᠷᠪᠠ︶ ᠰᠡᠷᠡᠮᠵᠢᠯᠡᠭᠦᠯᠬᠦ ᠪᠢᠴᠢᠭ ᠭᠠᠷᠭᠠᠵᠤ ᠥᠭᠬᠦ︔ | ︵ᠳᠥᠷᠪᠡ︶ ᠲᠣᠭᠲᠠᠭᠠᠯ ᠢ ᠵᠥᠷᠢᠴᠡᠵᠦ ᠠᠷᠠᠯᠵᠢᠶᠠᠯᠠᠭᠰᠠᠨ ᠵᠦᠢᠯ ᠢ ᠨᠢ ᠬᠦᠴᠦᠨ ᠥᠬᠡᠶ ᠪᠣᠯᠭᠠᠬᠤ ᠪᠠ ᠲᠣᠭᠲᠠᠭᠠᠯ ᠢ ᠵᠥᠷᠢᠴᠡᠵᠦ ᠡᠵᠡᠩᠨᠡᠭᠰᠡᠨ ᠦᠢᠯᠡ | ᠠᠵᠢᠯᠯᠠᠭ᠎ᠠ ᠶᠢ ᠨᠢ ᠵᠣᠭᠰᠣᠭᠠᠬᠤ ᠶᠢᠨ ᠳᠠᠭᠠᠤ᠂ ᠬᠤᠭᠤᠴᠠᠭ᠎ᠠ ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠠᠪᠤᠭᠰᠠᠨ ᠪᠠᠶᠢᠬᠤ᠃ | ᠬᠤᠭᠤᠴᠠᠭ᠎ᠠ ᠬᠢᠵᠠᠭᠠᠷ ᠨᠢ ᠥᠩᠭᠡᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠤᠶᠤ ᠴᠡᠭᠴᠡᠯᠡᠵᠦ ᠰᠠᠶᠢᠵᠢᠷᠠᠭᠤᠯᠤᠭᠰᠠᠨ ᠦᠭᠡᠢ ᠪᠠᠶᠢᠪᠠᠯ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠡᠳ ᠡᠵᠡᠩᠨᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ᠂ ᠬᠠᠤᠯᠢ ᠶᠣᠰᠣᠭᠠᠷ ᠬᠠᠭᠠᠵᠤ ᠵᠣᠭᠰᠣᠭᠠᠬᠤ ᠪᠤᠶᠤ ᠬᠦᠴᠦᠨ ᠦᠭᠡᠢ | ᠪᠣᠯᠭᠠᠬᠤ ᠬᠡᠷᠡᠭᠲᠡᠢ᠃ ᠶᠠᠯ᠎ᠠ ᠳᠤ ᠬᠦᠷᠦᠭᠰᠡᠨ ᠪᠠᠶᠢᠪᠠᠯ᠂ ᠡᠷᠡᠭᠦᠤ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ ᠰᠢᠢᠳᠬᠡᠭᠰᠡᠨ ᠬᠠᠮᠢᠶ᠎ᠠ | ᠪᠦᠬᠦᠢ ᠦᠷ᠎ᠡ ᠳ᠋ᠦᠩ ᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠃ | | ᠲᠠᠪᠤᠳᠤᠭᠠᠷ ᠪᠦᠯᠦᠭ ᠳᠠᠭᠠᠯᠳᠤᠭᠤᠯᠤᠯ ᠲᠦᠷᠢᠮ | | ᠳᠥᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠤᠯᠤᠰ ᠤᠨ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠶᠠᠮᠤᠨ ᠵᠥᠪᠯᠡᠯ ᠤᠨ ᠲᠥᠷᠥ ᠶᠢᠨ ᠪᠤᠳᠤᠯᠭ᠎ᠠ ᠲᠣᠭᠲᠠᠭᠠᠯ ᠲᠥᠷᠢᠮ ᠪᠠ ᠲᠤᠰ ᠠᠷᠭ᠎ᠠ ᠶᠢ | ᠦᠨᠳᠦᠰᠦᠯᠡᠨ᠂ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠦᠷᠢᠮ ᠪᠠ | ᠠᠵᠢᠯᠯᠠᠬᠤ ᠴᠤᠪᠤᠷᠠᠯ ᠢ ᠲᠣᠭᠲᠠᠭᠠᠵᠤ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠭᠤᠯᠤᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠢ᠃ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠤᠯᠤᠰ ᠠᠴᠠ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠳᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠳᠥᠴᠢᠨ ᠬᠤᠶᠠᠳᠤᠭᠠᠷ ᠵᠦᠢᠯ ᠲᠤᠰ ᠠᠷᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠰ ᠠᠷᠭ᠎ᠠ ᠶᠢ ᠬᠡᠷᠡᠭᠵᠢᠭᠦᠯᠬᠦ ᠠᠴᠠ | ᠡᠮᠦᠨ᠎ᠡ ᠨᠢᠭᠡᠨᠲᠡ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠢ ᠵᠢᠷᠤᠮᠵᠢᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠲᠤ ᠪᠣᠯ ᠰᠢᠨ᠎ᠡ ᠪᠠᠷ ᠪᠠᠶᠢᠭᠤᠯᠬᠤ | ᠠᠷᠠᠯᠵᠢᠶᠠᠨ ᠤ ᠲᠠᠯᠠᠪᠤᠷ ᠭᠠᠵᠠᠷ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2016 | ︺ 99 ᠳ᠋ᠤᠬᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |