ᠦᠪᠦᠷ ᠵᠠᠰᠠᠭ ᠦᠰᠦᠭ ﹇2020﹈ 29 ᠳ᠋ᠦ᠋ᠭᠡᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ | ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2020 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠦᠯ | | | ︽ᠱᠢ ᠵᠢᠶᠠ ᠵᠤᠸᠠᠩ ᠵᠡᠷᠭᠡ 24 ᠬᠤᠲᠠ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ ᠪᠠᠶᠢᠭᠤᠯᠬᠤ ᠶᠢ ᠵᠥᠪᠰᠢᠶᠡᠷᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ︵ᠲᠥᠷᠥ ᠵᠠᠬᠢᠳᠠᠯ ︹ 2019 ︺ 137 ᠳ᠋ᠤᠭᠠᠷ | ᠲᠣᠭᠠᠲᠤ︶ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ︵ᠳᠣᠷᠣᠭᠰᠢ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ | ᠭᠡᠵᠦ ᠲᠣᠪᠴᠢᠯᠠᠨ᠎ᠠ︶ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠪᠤᠰᠤᠳ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠡᠷᠢᠭᠦᠨ ᠤ ᠪᠣᠯᠪᠠᠰᠤᠷᠠᠩᠭᠤᠶ ᠲᠤᠷᠰᠢᠯᠭ᠎ᠠ ᠶᠢ ᠪᠥᠬᠦ ᠲᠠᠯ᠎ᠠ ᠪᠠᠷ ᠵᠢᠷᠤᠮᠯᠠᠨ | ᠳᠠᠭᠤᠷᠢᠶᠠᠵᠤ ᠳᠡᠯᠭᠡᠷᠡᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠠᠴᠠ ᠠᠵᠤ ᠠᠬᠤᠶᠢᠯᠠᠯ ︵B2B︶ ᠵᠡᠷᠭᠡ ᠲᠠᠯ᠎ᠠ ᠶᠢᠨ | ᠠᠵᠢᠯ ᠳᠤ ᠴᠢᠷᠮᠠᠶᠢᠨ ᠰᠦᠪᠡᠭᠴᠢᠯᠡᠯᠲᠡ ᠬᠢᠵᠦ᠂ ᠰᠢᠨ᠎ᠡ ᠶᠢ ᠡᠭᠦᠳᠦᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠭᠠᠳᠠᠭᠠᠳᠤ ᠠᠷᠠᠯᠵᠢᠶᠠᠨ ᠤ ᠰᠢᠨ᠎ᠡ | ᠳᠠᠪᠠᠭᠤᠯᠢᠭ ᠢ ᠲᠦᠷᠭᠡᠭᠡᠨ ᠪᠣᠢ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ ᠢᠶᠠᠷ ᠴᠢᠨᠠᠷ ᠰᠠᠶᠢᠲᠠᠶ ᠬᠥᠭᠵᠢᠬᠦ ᠰᠢᠨ᠎ᠡ ᠠᠷᠭ᠎ᠠ ᠵᠠᠮ᠂ | ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ | ︵ᠬᠤᠶᠠᠷ︶ ᠦᠨᠳᠦᠰᠦᠨ ᠵᠠᠷᠴᠢᠮ᠃ | — ᠪᠣᠳᠠᠲᠠᠶ ᠳᠤ ᠰᠠᠭᠤᠷᠢᠯᠠᠬᠤ ᠶᠢ ᠨᠢ ᠲᠤᠬᠠᠶ ᠶᠢᠨ ᠭᠠᠵᠠᠷ ᠤᠨ ᠪᠠᠶᠢᠳᠠᠯ ᠲᠠᠢ ᠲᠣᠬᠢᠷᠠᠭᠤᠯᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠨ᠂ ᠦᠨᠡᠨ ᠬᠦ | ᠶᠠᠪᠤᠭᠳᠠᠭᠤᠰᠢᠲᠠᠶ ᠨᠢᠭᠡ ᠥᠷᠲᠡᠭᠡᠴᠢᠯᠡᠭᠰᠡᠨ ᠪᠦᠭᠡᠳ ᠤᠶᠤᠨᠴᠢᠯᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠵᠠᠭᠪᠤᠷ ᠢ ᠪᠣᠶ ᠪᠣᠯᠭᠠᠵᠤ᠂ | ᠤᠯᠠᠭᠠᠨᠬᠠᠳᠠ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠪᠠ ᠪᠦᠷᠢᠨ ᠪᠦᠲᠦᠨ ᠠᠮᠢ ᠠᠬᠤᠶ ᠶᠢᠨ ᠬᠡᠯᠬᠢᠶ᠎ᠡ ᠶᠢ ᠪᠠᠶᠢᠭᠤᠯᠤᠨ᠎ᠠ᠃ | — ᠠᠯᠬᠤᠮ ᠬᠤᠪᠢᠶᠠᠨ ᠬᠡᠷᠡᠭᠵᠢᠭᠦᠯᠬᠦ ᠶᠢ ᠨᠢ ᠯᠠᠪᠳᠠᠭᠤᠨ ᠢᠶᠠᠷ ᠠᠬᠢᠭᠤᠯᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠨ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠮᠡᠷᠭᠡᠵᠢᠯ ᠤᠨ ᠪᠠᠷᠢᠮᠵᠢᠶ᠎ᠠ᠂ ᠲᠤᠬᠠᠶᠢᠯᠠᠭᠰᠠᠨ ᠠᠵᠢᠯ ᠤᠨ ᠴᠤᠪᠤᠷᠠᠯ᠂ ᠬᠢᠨᠠᠯᠲᠠ ᠬᠠᠮᠢᠶᠠᠷᠤᠯᠲᠠ ᠶᠢᠨ ᠵᠠᠭᠪᠤᠷ᠂ | ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠳᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠢ ᠱᠠᠲᠤ ᠦᠶ᠎ᠡ᠂ ᠠᠯᠬᠤᠮ ᠳᠠᠷᠠᠭ᠎ᠠ | ᠬᠤᠪᠢᠶᠠᠨ ᠥᠷᠨᠢᠭᠦᠯᠵᠦ᠂ ᠰᠢᠤᠳᠠᠨ ᠤ ᠲᠦᠷᠭᠡᠨ ᠢᠯᠡᠭᠡᠯᠲᠡ᠂ ᠪᠠᠷᠠᠭᠠᠨ ᠤ ᠭᠦᠢᠯᠭᠡᠭᠡ᠂ ᠪᠣᠭᠤᠮᠲᠠ ᠪᠠᠷ ᠥᠩᠭᠡᠷᠡᠭᠡᠬᠦ᠂ ᠮᠥᠩᠭᠦᠨ ᠭᠦᠢᠯᠭᠡᠭᠡ᠂ ᠭᠠᠶᠢᠯᠢ ᠪᠤᠴᠠᠭᠠᠬᠤ | ᠵᠡᠷᠭᠡ ᠭᠤᠭᠴᠠᠭᠠᠨ ᠳᠠᠬᠢ ᠠᠵᠢᠯ ᠢ ᠲᠠᠰᠤᠷᠠᠯᠲᠠ ᠥᠬᠡᠶ ᠳ᠋ᠦᠩᠨᠡᠨ ᠲᠡᠭᠦᠯᠳᠡᠷᠵᠢᠭᠦᠯᠵᠦ᠂ ᠭᠠᠳᠠᠭᠰᠢ ᠨᠡᠭᠡᠭᠡᠯᠲᠡᠲᠦ ᠠᠵᠤ ᠠᠬᠤᠶ ᠳᠤ ᠰᠢᠨ᠎ᠠ ᠶᠢ ᠡᠭᠦᠣᠡᠭᠦ ᠪᠠᠷ ᠬᠠᠶᠢᠨ | ᠰᠦᠪᠡᠭᠴᠢᠯᠡᠵᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ | — ᠬᠥᠳᠡᠯᠦᠩᠭᠦᠢ ᠬᠢᠨᠠᠨ ᠡᠵᠡᠮᠳᠡᠬᠦ ᠶᠢ ᠨᠢ ᠲᠣᠭᠲᠠᠮᠠᠯ ᠬᠤᠭᠤᠴᠠᠭ᠎ᠠ ᠲᠠᠢ ᠦᠨᠡᠯᠡᠬᠦ ᠯᠦᠭᠡ ᠤᠶᠠᠯᠳᠤᠭᠤᠯᠬᠤ ᠶᠢ ᠪᠠᠷᠢᠮᠲᠠᠯᠠᠨ᠂ ᠤᠯᠠᠭᠠᠨᠬᠠᠳᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠴᠠᠭ ᠲᠤ ᠨᠢ ᠪᠦᠲᠦᠮᠵᠢᠲᠡᠢ ᠬᠢᠨᠠᠨ ᠡᠵᠡᠮᠳᠡᠵᠦ᠂ | ᠣᠷᠣᠨ ᠪᠦᠰᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠪᠠ ᠦᠷᠭᠦᠯᠵᠢᠯᠡᠨ ᠬᠥᠭᠵᠢᠬᠦ ᠦᠷ᠎ᠡ ᠪᠦᠲᠦᠮᠵᠢ ᠶᠢ ᠨᠢ ᠲᠣᠭᠲᠠᠮᠠᠯ ᠬᠤᠭᠤᠴᠠᠭ᠎ᠠ ᠲᠠᠢ ᠦᠨᠡᠯᠡᠨ | ᠵᠢᠱᠢᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠶᠢ ᠦᠨᠡᠨ | ᠬᠦ ᠪᠠᠲᠤᠯᠠᠨ᠎ᠠ᠃ | — ᠵᠠᠰᠠᠭ ᠪᠠ ᠠᠵᠤ ᠠᠬᠤᠶᠢᠯᠠᠯ ᠤᠨ ᠬᠠᠷᠢᠯᠴᠠᠨ ᠦᠢᠯᠡᠳᠦᠯᠴᠡᠬᠦ ᠶᠢ ᠨᠢ ᠬᠠᠮᠵᠢᠯᠴᠠᠨ ᠬᠥᠭᠵᠢᠬᠦ ᠯᠦᠭᠡ ᠤᠶᠠᠯᠳᠤᠭᠤᠯᠬᠤ ᠶᠢ ᠪᠠᠷᠢᠮᠲᠠᠯᠠᠨ᠂ ᠡᠬᠢ | ᠪᠠᠶᠠᠯᠢᠭ ᠢ ᠲᠣᠬᠢᠷᠠᠭᠤᠯᠬᠤ ᠲᠠᠯ᠎ᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ | ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠨᠢ | ᠴᠢᠩᠭᠠᠷᠠᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠢ | ᠪᠦᠲᠦᠮᠵᠢᠲᠡᠶ ᠠᠬᠢᠭᠤᠯᠤᠨ᠎ᠠ᠃ | — ᠰᠢᠨ᠎ᠡ ᠡᠭᠦᠳᠦᠯᠲᠡ ᠲᠠᠢ ᠬᠥᠭᠵᠢᠬᠦ ᠶᠢ ᠨᠢ ᠡᠮᠬᠢ ᠲᠢᠭᠯᠢᠮ ᠲᠠᠢ ᠪᠥᠭᠡᠳ ᠵᠢᠷᠤᠮᠵᠢᠯ ᠲᠠᠢ ᠪᠠᠶᠢᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠨ᠂ | ᠲᠦᠷᠢᠮ ᠳᠤ ᠰᠢᠨ᠎ᠡ ᠶᠢ ᠡᠭᠦᠳᠬᠦ᠂ ᠬᠠᠮᠢᠶᠠᠷᠤᠯᠲᠠ ᠳᠤ ᠰᠢᠨ᠎ᠡ ᠶᠢ ᠡᠭᠦᠳᠬᠦ᠂ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠨᠢ ᠬᠦᠴᠦᠲᠡᠢ ᠠᠬᠢᠭᠤᠯᠬᠤ ᠶᠢᠨ ᠬᠠᠮᠲᠤ᠂ | ᠲᠤᠷᠰᠢᠯᠲᠠ ᠶᠢᠨ ᠴᠡᠭ ᠤᠨ ᠲᠤᠷᠰᠢᠬᠤ ᠲᠦᠭᠰᠢᠭᠦᠷᠢ ᠶᠢ ᠰᠠᠶᠢᠲᠤᠷ ᠡᠵᠡᠮᠳᠡᠵᠦ᠂ ᠤᠯᠤᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠠᠷᠠᠯᠵᠢᠶᠠᠨ ᠤ | ᠠᠮᠤᠷ ᠲᠦᠪᠰᠢᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠬᠥᠭᠵᠢᠭᠦᠯᠬᠦ ᠶᠢᠨ | ᠳᠠᠭᠠᠤ ᠵᠢᠷᠤᠮᠵᠢᠭᠤᠯᠵᠤ ᠵᠢᠷᠤᠮᠵᠢᠭᠤᠯᠬᠤ ᠶᠢᠨ ᠳᠠᠭᠠᠤ ᠬᠥᠭᠵᠢᠭᠦᠯᠬᠦ ᠶᠢ ᠦᠨᠡᠨ ᠬᠦ ᠪᠡᠶᠡᠯᠡᠭᠦᠯᠦᠨ᠎ᠡ᠃ | ︵ᠭᠤᠷᠪᠠ︶ ᠬᠥᠭᠵᠢᠭᠦᠯᠬᠦ ᠬᠡᠪᠴᠢᠶ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ︽ | ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠪᠠᠶᠢᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠨᠢᠭᠡᠳᠦᠭᠡᠷ ᠱᠠᠲᠤᠨ ᠳᠤ | ᠤᠯᠠᠭᠠᠨᠬᠠᠳᠠ ᠬᠤᠲᠠ ᠶᠢᠨ ᠪᠥᠬᠦ ᠨᠤᠲᠤᠭ ᠢᠶᠠᠷ ᠬᠥᠭᠵᠢᠭᠦᠯᠵᠦ᠂ ᠬᠤᠶᠠᠳᠤᠭᠠᠷ ᠱᠠᠲᠤᠨ ᠳᠤ ᠪᠥᠬᠦ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ | ᠬᠥᠭᠵᠢᠭᠦᠯᠬᠦ ᠨᠥᠬᠦᠴᠡᠯ ᠲᠠᠢ ᠠᠶᠢᠮᠠᠭ ᠬᠤᠲᠠ ᠳᠤ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠵᠠᠭᠪᠤᠷ ᠢ ᠵᠢᠷᠤᠮᠯᠠᠨ ᠳᠠᠭᠤᠷᠢᠶᠠᠵᠤ | ᠳᠡᠯᠭᠡᠷᠡᠭᠦᠯᠦᠨ᠂ ᠪᠥᠬᠦ ᠣᠷᠣᠨ ᠤ ᠣᠷᠣᠨ ᠪᠦᠰᠡ ᠶᠢᠨ ᠴᠢᠨᠠᠷᠲᠠᠶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠨᠥᠯᠥᠭᠡᠯᠡᠨ ᠳᠠᠶᠢᠴᠢᠯᠠᠨ᠎ᠠ᠃ | | ︵ᠳᠥᠷᠪᠡ︶ ᠬᠥᠭᠵᠢᠭᠦᠯᠬᠦ ᠬᠠᠷᠠᠯᠲᠠ᠃ ᠮᠡᠳᠡᠭᠡ ᠵᠠᠩᠭᠢ ᠪᠠᠷ ᠲᠤᠯᠭᠠᠭᠤᠷᠢᠯᠠᠭᠤᠯᠤᠭᠰᠠᠨ᠂ ᠪᠠᠷᠠᠭᠠᠨ ᠤ ᠭᠦᠢᠯᠭᠡᠭᠡ ᠪᠠᠷ ᠳᠠᠶᠢᠴᠢᠯᠠᠭᠰᠠᠨ᠂ ᠰᠦᠯᠵᠢᠶᠡᠨ ᠤ ᠪᠠ | ᠰᠦᠯᠵᠢᠶᠡᠨ ᠭᠠᠳᠠᠭᠤᠷᠬᠢ ᠶᠢ ᠠᠭᠤᠰᠤᠯᠴᠠᠭᠤᠯᠤᠭᠰᠠᠨ᠂ ᠣᠯᠠᠨ ᠰᠠᠯᠠᠭ᠎ᠠ ᠮᠥᠴᠢᠷ ᠵᠣᠬᠢᠴᠠᠯᠳᠤᠨ ᠬᠤᠯᠪᠤᠭᠠᠯᠠᠭᠰᠠᠨ᠂ ᠪᠣᠭᠤᠮᠲᠠ ᠪᠠᠷ ᠥᠩᠭᠡᠷᠡᠭᠦᠯᠬᠦ ᠶᠢ ᠨᠢᠭᠡ | ᠴᠣᠭᠴᠠᠵᠢᠭᠤᠯᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠬᠡᠯᠪᠡᠷᠢ ᠶᠢᠨ ᠬᠢᠨᠠᠨ ᠬᠠᠮᠢᠶᠠᠷᠴᠤ ᠦᠢᠯᠡᠴᠢᠯᠡᠬᠦ ᠵᠠᠭᠪᠤᠷ ᠢ ᠲᠦᠷᠭᠡᠳᠬᠡᠨ | ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠤᠯᠠᠭᠠᠨᠬᠠᠳᠠ ᠬᠤᠲᠠ ᠲᠡᠶᠢᠰᠢ | ᠲᠥᠪᠯᠡᠷᠡᠭᠦᠯᠬᠦ ᠶᠢ ᠬᠥᠲᠥᠯᠥᠨ ᠵᠢᠯᠣᠭᠤᠳᠴᠤ᠂ B2B᠂ B2C᠂ F2B᠂ C2B᠂ O2O ᠵᠡᠷᠭᠡ ᠬᠢᠯᠢ ᠠᠯᠤᠰᠯᠠᠭᠰᠠᠨ ᠠᠷᠠᠯᠵᠢᠶᠠᠨ ᠤ ᠲᠠᠯ᠎ᠠ ᠳᠠᠬᠢ | ᠪᠣᠭᠤᠮᠲᠠ ᠪᠠᠷ ᠥᠩᠭᠡᠷᠡᠭᠦᠯᠬᠦ ᠠᠵᠢᠯ ᠢ ᠳᠦᠬᠦᠮ ᠠᠪᠰᠠᠷᠬᠠᠨ ᠪᠣᠯᠭᠠᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ︵ERP︶᠂ ᠭᠤᠶᠤᠴᠢᠯᠠᠨ | ᠮᠡᠳᠡᠭᠦᠯᠬᠦ ᠠᠵᠤ ᠠᠬᠤᠶᠢᠯᠠᠯ ︵ᠳ᠋ᠠᠶᠢᠲ᠋ᠠ ᠳᠠᠮᠵᠢᠭᠤᠯᠬᠤ︶᠂ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ︵WMS︶᠂ ᠲᠣᠭᠠᠴᠠᠭ᠎ᠠ ᠬᠢᠬᠦ ᠠᠵᠤ ᠠᠬᠤᠶᠢᠯᠠᠯ ︵ | ᠮᠥᠩᠭᠦᠨ ᠭᠦᠢᠯᠭᠡᠭᠡᠨ ᠤ ᠪᠠᠶᠢᠭᠤᠯᠤᠮᠵᠢ︶᠂ ᠰᠢᠤᠳᠠᠨ ᠤ ᠲᠦᠷᠭᠡᠨ ᠢᠯᠡᠭᠡᠯᠲᠡ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠵᠢᠴᠢ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ ᠶᠢᠨ ᠮᠡᠳᠡᠭᠡ ᠵᠠᠩᠭᠢ ᠶᠢᠨ ᠰᠢᠰᠲ᠋ᠧᠮ ᠬᠢᠭᠡᠳ ᠪᠣᠭᠤᠮᠲᠠ᠂ ᠬᠤᠳᠠᠯᠳᠤᠭᠠᠨ ᠤ ᠶᠠᠪᠤᠳᠠᠯ᠂ ᠭᠠᠶᠢᠯᠢ ᠶᠢᠨ ᠶᠠᠪᠤᠳᠠᠯ᠂ | ᠭᠠᠳᠠᠭᠠᠳᠤ ᠭᠤᠪᠢᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠬᠢᠯᠢ ᠶᠢᠨ ᠪᠣᠭᠤᠮᠲᠠ ᠶᠢᠨ | ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠢᠰᠲ᠋ᠧᠮ ᠤᠨ ᠬᠤᠭᠤᠷᠣᠨᠳᠣ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ | ᠳ᠋ᠠᠶᠢᠲ᠋ᠠ ᠰᠣᠯᠢᠯᠴᠠᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠵᠠᠰᠠᠭ ᠤᠨ ᠣᠷᠳᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠯᠤᠭ᠎ᠠ | ᠵᠣᠯᠭᠠᠯᠳᠤᠭᠤᠯᠤᠨ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠤᠷ ᠲᠠᠬᠢ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ | ᠳ᠋ᠠᠶᠢᠲ᠋ᠠ ᠶᠢ ᠬᠤᠷᠢᠶᠠᠩᠭᠤᠶᠢᠯᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠲᠤᠭ᠎ᠠ ᠬᠡᠮᠵᠢᠶ᠎ᠡ ᠶᠢ ᠪᠦᠷᠢᠳᠬᠡᠨ᠂ | ᠡᠯ᠎ᠡ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠ | ᠦᠢᠯᠡᠴᠢᠯᠡᠭᠡ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠣᠨ | ᠂ ︽ᠪᠣᠭᠤᠮᠲᠠ︾ ︽ᠭᠠᠶᠢᠯᠢ ᠶᠢᠨ ᠶᠠᠪᠤᠳᠠᠯ︾ ︽ᠭᠠᠳᠠᠭᠠᠳᠤ ᠭᠤᠪᠢᠭᠤᠯᠭ᠎ᠠ︾ ︽ᠬᠤᠳᠠᠯᠳᠤᠭᠠᠨ ᠤ ᠶᠠᠪᠤᠳᠠᠯ︾ ︽ᠪᠠᠷᠠᠭᠠᠨ ᠤ ᠭᠦᠢᠯᠭᠡᠭᠡ︾ ︽ᠮᠥᠩᠭᠦᠨ | ᠭᠦᠢᠯᠭᠡᠭᠡ︾ ᠶᠢᠨ ᠨᠢᠭᠡ ᠴᠣᠭᠴᠠᠵᠢᠨ ᠬᠥᠭᠵᠢᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠯᠦᠭᠡ ᠲᠣᠬᠢᠷᠠᠯᠴᠠᠭᠰᠠᠨ ᠬᠢᠨᠠᠨ | ᠬᠠᠮᠢᠶᠠᠷᠴᠤ ᠦᠢᠯᠡᠴᠢᠯᠡᠬᠦ ᠵᠠᠭᠪᠤᠷ ᠪᠠ ᠲᠦᠷᠢᠮ ᠤᠨ ᠰᠢᠰᠲ᠋ᠧᠮᠵᠢ ᠶᠢ ᠪᠦᠷᠢᠯᠳᠦᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠦᠷᠢᠨ ᠪᠦᠲᠦᠨ ᠠᠵᠤ | ᠦᠢᠯᠡᠰ ᠤᠨ ᠬᠡᠯᠬᠢᠶ᠎ᠡ ᠪᠠ ᠠᠮᠢ ᠠᠬᠤᠶ ᠶᠢᠨ ᠴᠠᠷᠠᠭ᠎ᠠ ᠶᠢ ᠪᠣᠶ ᠪᠣᠯᠭᠠᠨ᠎ᠠ᠃ 2022 ᠣᠨ ᠪᠣᠯᠬᠤ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠢ 500 ᠭᠠᠷᠤᠢ ᠪᠣᠯᠭᠠᠨ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ 5 ᠪᠠᠶᠢᠭᠤᠯᠵᠤ᠂ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ | ᠵᠦᠢᠯ ᠤᠨ ᠬᠥᠮᠥᠷᠭᠡᠯᠡᠵᠦ ᠲᠤᠬᠢᠷᠠᠭᠤᠯᠤᠨ ᠬᠦᠷᠭᠡᠬᠦ ᠲᠥᠪ ᠢ 1 ᠪᠠᠶᠢᠭᠤᠯᠤᠨ᠂ ᠭᠠᠳᠠᠭᠠᠳᠤ ᠳᠠᠬᠢ ᠬᠥᠮᠥᠷᠭᠡ ᠶᠢ 10 ᠪᠣᠢ ᠪᠣᠯᠭᠠᠵᠤ᠂ ᠤᠯᠠᠭᠠᠨᠬᠠᠳᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠯ ᠤᠨ ᠠᠷᠠᠯᠵᠢᠶᠠᠯᠠᠭᠰᠠᠨ ᠬᠡᠮᠵᠢᠶ᠎ᠡ ᠶᠢ ᠨᠢ ᠪᠥᠬᠦ | ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 10% ᠠᠴᠠ ᠳᠡᠭᠡᠭᠰᠢᠬᠢ ᠶᠢ ᠡᠵᠡᠯᠡᠭᠦᠯᠦᠨ᠂ ᠤᠯᠠᠭᠠᠨᠬᠠᠳᠠ | ᠬᠤᠲᠠ ᠶᠢᠨ ᠠᠵᠤ ᠠᠬᠤᠶ ᠳᠤ ᠦᠵᠡᠭᠦᠯᠬᠦ ᠭᠠᠳᠠᠭᠠᠳᠤ ᠠᠷᠠᠯᠵᠢᠶᠠᠨ ᠤ ᠬᠤᠪᠢ ᠨᠡᠮᠡᠷᠢ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠭᠠᠨ | ᠵᠢᠷᠤᠮᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠰᠦᠪᠡᠭᠴᠢᠯᠡᠨ ᠪᠦᠷᠢᠯᠳᠦᠭᠦᠯᠵᠦ ᠪᠠᠶᠢᠭᠠᠳ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠭᠤᠣᠯ ᠡᠭᠦᠷᠭᠡ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠣᠨᠣᠯᠵᠢᠬᠤᠨ ᠢᠶᠠᠷ ᠵᠢᠯᠣᠭᠤᠳᠣᠯᠭ᠎ᠠ ᠪᠣᠯᠭᠠᠨ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠᠷ ᠰᠠᠭᠤᠷᠢ ᠪᠣᠯᠭᠠᠵᠤ᠂ ︽ᠵᠢᠷᠭᠤᠭ᠎ᠠ ᠰᠢᠰᠲ᠋ᠧᠮᠵᠢ ᠬᠤᠶᠠᠷ ᠲᠠᠪᠴᠠᠩ︾ ᠢᠶᠠᠷ ᠭᠤᠤᠯ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠨᠢᠭᠡ ᠴᠣᠭᠴᠠᠵᠢᠭᠰᠠᠨ ᠬᠢᠨᠠᠨ ᠬᠠᠮᠢᠶᠠᠷᠬᠤ ᠰᠢᠰᠲ᠋ᠧᠮᠵᠢ ᠪᠠ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠦᠢᠯᠡᠴᠢᠯᠡᠬᠦ ᠰᠢᠰᠲ᠋ᠧᠮᠵᠢ ᠶᠢ | ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠂ ᠬᠤᠳᠠᠯᠳᠤᠭᠠᠨ ᠤ ᠵᠠᠭᠪᠤᠷ ᠲᠤ ᠰᠢᠨ᠎ᠡ ᠶᠢ ᠡᠭᠦᠳᠴᠦ᠂ ᠥᠨᠳᠥᠷ ᠪᠦᠲᠦᠮᠵᠢᠲᠡᠶ | ᠬᠢᠨᠠᠨ ᠬᠠᠮᠢᠶᠠᠷᠬᠤ ᠪᠠ ᠦᠢᠯᠡᠴᠢᠯᠡᠭᠡᠨ ᠢᠶᠠᠨ ᠰᠢᠯᠢᠳᠡᠭᠵᠢᠭᠦᠯᠬᠦ ᠶᠢᠨ ᠣᠷᠭᠠᠨᠢᠭ ᠨᠢᠭᠡᠳᠦᠯ ᠢ ᠠᠬᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ | ᠪᠣᠳᠠᠲᠤ ᠴᠣᠭᠴᠠ ᠶᠢᠨ ᠠᠵᠤ ᠠᠬᠤᠶ ᠶᠢ ᠬᠠᠮᠲᠤ ᠳᠤ ᠨᠢ ᠬᠥᠭᠵᠢᠭᠦᠯᠦᠨ᠎ᠡ᠃ | ︵ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠨᠡᠮᠡᠭᠳᠡᠯ ᠳᠤ ᠬᠦᠴᠦᠨ ᠨᠡᠮᠡᠷᠢᠯᠡᠬᠦ ᠶᠢ | ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ ᠤ ᠠᠵᠢᠯᠯᠠᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠠᠶᠠᠯᠢᠭᠵᠢᠭᠤᠯᠬᠤ ᠵᠡᠷᠭᠡ ᠲᠠᠯ᠎ᠠ ᠳᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨ ᠬᠦ ᠠᠷᠭ᠎ᠠ ᠬᠡᠮᠵᠢᠶ᠎ᠡ ᠠᠪᠴᠤ ᠪᠠᠶᠢᠭᠠᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠠᠷᠠᠯᠵᠢᠶᠠᠯᠠᠬᠤ ᠬᠡᠪᠴᠢᠶ᠎ᠡ ᠶᠢ ᠥᠷᠭᠡᠳᠬᠡᠨ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠭᠠᠳᠠᠭᠠᠳᠤ ᠠᠴᠠ 365赢多少钱会被限额_国内有真正的365平台吗_365bet博彩官网 | ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ | ᠭᠠᠷᠭᠠᠬᠤ ᠶᠢ ᠠᠬᠢᠭᠤᠯᠤᠨ᠂ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ︔ ᠠᠵᠤ ᠠᠬᠤᠶᠢᠯᠠᠯ ᠢ ᠳᠡᠮᠵᠢᠵᠦ ᠪᠠᠶᠢᠭᠠᠳ ᠠᠷᠠᠳ ᠣᠯᠠᠨ ᠤ | ᠠᠮᠢᠳᠤᠷᠠᠯ ᠲᠠᠢ ᠨᠢᠭᠲᠠ ᠬᠤᠯᠪᠣᠭᠳᠠᠬᠤ ᠡᠳᠦᠷ ᠲᠤᠲᠤᠮ ᠤᠨ ᠬᠡᠷᠡᠭᠯᠡᠭᠡ ᠶᠢᠨ ᠵᠦᠢᠯ ᠢ ᠭᠠᠳᠠᠭᠠᠳᠤ ᠠᠴᠠ ᠣᠷᠣᠭᠤᠯᠵᠤ᠂ ᠰᠠᠭᠤᠭᠠᠯᠢ ᠠᠷᠠᠳ ᠤᠨ ᠴᠢᠨᠠᠷᠵᠢᠭᠤᠨ ᠪᠠ | ᠣᠯᠠᠨ ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠬᠤᠶᠠᠷ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠤᠤᠯ ᠴᠣᠭᠴᠠ ᠶᠢ ᠪᠣᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠦᠢᠯᠡᠳᠬᠦᠨ ᠤ ᠶᠠᠰᠤ ᠴᠢᠨᠠᠷ ᠲᠤ ᠡᠬᠢ ᠢᠷᠡᠯᠲᠡ ᠠᠴᠠ ᠨᠢ ᠬᠠᠶᠢᠬᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭ ᠪᠦᠲᠦᠭᠡᠬᠦ ᠪᠠᠶᠢᠭᠤᠯᠤᠯᠲᠠ ᠳᠤ ᠣᠷᠣᠭᠤᠯᠤᠯᠲᠠ ᠬᠢᠬᠦ ᠪᠠᠨ ᠨᠡᠮᠡᠭᠳᠡᠭᠦᠯᠬᠦ ᠶᠢ ᠨᠢ ᠳᠡᠮᠵᠢᠵᠦ᠂ ᠤᠯᠠᠮᠵᠢᠯᠠᠯᠲᠤ | ᠨᠠᠷᠠᠲᠤ ᠲᠡᠮᠳᠡᠭ ᠤᠨ ᠣᠯᠠᠨ ᠤᠯᠤᠰ ᠤᠨ ᠬᠡᠪᠴᠢᠶᠡᠨ ᠳᠠᠬᠢ ᠦᠨ᠎ᠡ ᠥᠷᠲᠡᠭ ᠢ ᠨᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠭᠤᠤᠯ ᠴᠣᠭᠴᠠ ᠶᠢᠨ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠶᠢ ᠨᠢ ᠳᠡᠮᠵᠢᠵᠦ᠂ ᠬᠥᠲᠦᠴᠢ ᠠᠵᠤ ᠠᠬᠤᠶᠢᠯᠠᠯ ᠤᠨ ︽ᠭᠠᠳᠠᠭᠰᠢ ᠭᠠᠷᠬᠤ︾ ᠶᠢ ᠵᠣᠷᠢᠭᠵᠢᠭᠤᠯᠤᠨ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ︽ᠲᠤᠰᠬᠠᠶ ᠨᠠᠷᠢᠯᠢᠭ ᠣᠨᠴᠠᠭᠠᠶ ᠰᠢᠨ᠎ᠡ︾ ᠰᠢᠨᠵᠢ ᠪᠦᠬᠦᠢ ᠣᠯᠠᠨ ᠤᠯᠤᠰᠴᠢᠯᠠᠬᠤ ᠵᠠᠮ ᠢᠶᠠᠷ ᠵᠠᠮᠨᠠᠬᠤ ᠶᠢ ᠳᠡᠮᠵᠢᠵᠦ᠂ ᠤᠯᠠᠮᠵᠢᠯᠠᠯᠲᠤ ᠠᠵᠤ | ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠵᠠᠬᠢᠶᠠᠯᠠᠭ᠎ᠠ ᠤᠯᠬᠤ ᠠᠷᠭ᠎ᠠ ᠵᠠᠮ ᠢᠶᠠᠨ ᠥᠷᠭᠡᠳᠭᠡᠬᠦ ᠶᠢ ᠨᠢ ᠠᠬᠢᠭᠤᠯᠵᠤ᠂ ᠬᠡᠰᠡᠭ ᠪᠤᠰᠠᠭ | ᠵᠠᠬᠢᠶᠠᠯᠠᠭ᠎ᠠ ᠶᠢ ᠨᠢ ᠡᠮᠬᠢᠯᠡᠨ ᠨᠡᠶᠢᠯᠡᠭᠦᠯᠵᠦ᠂ ᠣᠶᠣᠨᠴᠢ᠂ ᠥᠪᠡᠷᠮᠢᠴᠡ᠂ ᠬᠡᠷᠡᠭᠴᠡᠭᠡ ᠪᠠᠷ ᠦᠢᠯᠡᠳᠬᠦ ᠦᠢᠯᠡᠳᠪᠦᠷᠢᠯᠡᠯ ᠢ ᠥᠷᠨᠢᠭᠦᠯᠦᠨ᠂ ᠠᠵᠤ ᠠᠬᠤᠶᠢᠯᠠᠯ ᠤᠨ | ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ᠃ | ︵ᠭᠤᠷᠪᠠ︶ ᠣᠷᠣᠨ ᠪᠦᠰᠡ ᠶᠢᠨ ᠴᠢᠨᠠᠷᠲᠠᠶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠢᠯᠭᠠᠨ ᠰᠠᠯᠭᠠᠵᠤ ᠲᠥᠪᠯᠡᠷᠡᠭᠦᠯᠦᠨ ᠬᠤᠪᠢᠶᠠᠷᠢᠯᠠᠬᠤ | ᠲᠥᠪ ᠢ ᠪᠠᠶᠢᠭᠤᠯᠤᠨ᠎ᠠ᠃ ᠨᠢᠭᠡ ᠪᠦᠯᠦᠭ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠲᠥᠴᠢ ᠠᠵᠤ ᠠᠬᠤᠶᠢᠯᠠᠯ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠠᠪᠴᠠᠩ ᠪᠣᠯᠤᠨ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠨᠢᠷᠤᠭᠤᠪᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠯ᠎ᠡ | ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠤᠷᠢᠵᠤ ᠠᠪᠴᠢᠷᠠᠨ᠂ ᠤᠯᠠᠭᠠᠨᠬᠠᠳᠠ ᠭᠠᠵᠠᠷ ᠣᠷᠣᠨ ᠤ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠢᠯᠯᠠᠭᠠᠨ ᠪᠠ ᠣᠯᠠᠨ ᠤᠯᠤᠰ ᠤᠨ ᠪᠠᠷᠠᠠᠭᠠᠨ ᠤ | ᠭᠦᠢᠯᠭᠡᠭᠡ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠪᠦᠯᠬᠦᠮ ᠨᠡᠶᠢᠲᠡ᠂ ᠡᠬᠢ ᠪᠠᠶᠠᠯᠢᠭ ᠪᠠ ᠠᠷᠭ᠎ᠠ ᠵᠠᠮ ᠤᠨ ᠲᠠᠯ᠎ᠠ ᠳᠤ ᠲᠣᠮᠣ ᠠᠵᠤ ᠠᠬᠤᠶᠢᠯᠠᠯ ᠤᠨ | ᠦᠵᠡᠭᠦᠯᠬᠦ ᠳᠠᠪᠠᠭᠤᠯᠢᠭ ᠢ ᠭᠦᠢᠴᠡᠳ ᠠᠰᠢᠨᠨᠯᠠᠨ᠂ ᠢᠳᠡᠭᠡᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠲᠠᠸᠠᠷ ᠤᠨ ᠭᠠᠳᠠᠭᠠᠳᠤ ᠠᠴᠠ ᠣᠷᠣᠭᠤᠯᠵᠤ | ᠰᠦᠯᠵᠢᠶ᠎ᠡ ᠪᠠᠷ ᠬᠤᠳᠠᠯᠳᠤᠨ ᠠᠪᠬᠤ ᠪᠠ ᠲᠤᠰ ᠨᠤᠲᠤᠭ ᠤᠨ ᠨᠣᠣᠯᠣᠭᠤᠷ᠂ ᠡᠮ ᠡᠮᠨᠡᠯᠭᠡ᠂ ᠡᠯᠧᠺᠲᠷᠤᠨ ᠵᠡᠷᠭᠡ ᠦᠢᠯᠡᠳᠬᠦᠨ ᠢᠶᠠᠨ ᠭᠠᠳᠠᠭᠠᠳᠤ ᠳᠤ ᠭᠠᠷᠭᠠᠬᠤ ᠳᠤ | ᠨᠢ ᠳᠦᠬᠦᠮ ᠦᠵᠡᠭᠦᠯᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠠᠰᠢᠨᠨᠯᠠᠨ᠂ ᠤᠯᠠᠭᠠᠨᠬᠠᠳᠠ | ᠵᠢᠴᠢ ᠡᠷᠭᠢᠨ ᠲᠣᠭᠤᠷᠢᠨ ᠭᠠᠵᠠᠷ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠢ ᠭᠦᠢᠯᠭᠡᠭᠡᠨ ᠲᠠᠢ ᠪᠣᠯᠭᠠᠵᠤ᠂ ᠣᠷᠣᠰ | ᠮᠣᠩᠭᠤᠯ᠂ ᠵᠡᠭᠦᠨ ᠬᠤᠶᠢᠲᠤ ᠠᠽᠢᠶ᠎ᠠ ᠳᠤ ᠬᠠᠨᠳᠤᠭᠤᠯᠤᠭᠰᠠᠨ ᠪᠦᠭᠦᠶᠢᠯᠨ ᠵᠡᠭᠦᠨ ᠬᠤᠶᠢᠲᠤ ᠣᠷᠣᠨ ᠢ ᠬᠠᠮᠤᠷᠤᠭᠰᠠᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠢᠯᠭᠠᠨ ᠰᠠᠯᠭᠠᠵᠤ ᠲᠥᠪᠯᠡᠷᠡᠭᠦᠯᠦᠨ ᠬᠤᠪᠢᠶᠠᠷᠢᠯᠠᠬᠤ ᠲᠥᠪ ᠢ ᠪᠠᠶᠢᠭᠤᠯᠤᠨ᠎ᠠ᠃ | ︵ᠳᠥᠷᠪᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠤᠯᠠᠭᠠᠨᠬᠠᠳᠠ ᠶᠢᠨ | ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶᠂ ᠤᠯᠠᠭᠠᠨᠬᠠᠳᠠ ᠶᠢᠨ ᠣᠯᠠᠨ ᠤᠯᠤᠰ ᠤᠨ ᠬᠠᠭᠤᠷᠠᠶ ᠶᠢᠨ ᠭᠠᠷᠠᠮ᠂ ᠥᠪᠥᠷ ᠮᠣᠩᠭᠤᠯ ᠤᠨ | ᠵᠡᠭᠦᠨ ᠬᠡᠰᠡᠭ ᠤᠨ ᠡᠭᠦᠯᠡᠨ ᠪᠣᠳᠣᠯᠲᠠ ᠶᠢᠨ ᠲᠥᠪ ᠵᠢᠴᠢ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ ᠲᠠᠸᠠᠷ ᠤᠨ ᠦᠵᠡᠭᠦᠯᠭᠡ ᠠᠷᠠᠯᠵᠢᠶᠠᠨ ᠤ | ᠲᠥᠪ ᠵᠡᠷᠭᠡ ᠪᠠᠶᠢᠭ᠎ᠠ ᠰᠠᠭᠤᠷᠢ ᠨᠥᠬᠦᠴᠡᠯ ᠳᠤ ᠲᠦᠰᠢᠭᠯᠡᠨ᠂ ︽ᠤᠯᠠᠭᠠᠨᠬᠠᠳᠠ ᠳᠠᠬᠢ ᠪᠥᠬᠦ ᠳᠡᠯᠡᠬᠡᠢ ᠶᠢᠨ ᠬᠤᠳᠠᠯᠳᠤᠨ ᠠᠪᠬᠤ︾ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠷᠠᠯᠵᠢᠶ᠎ᠠ ᠶᠢᠨ ᠲᠠᠪᠴᠠᠩ ᠤᠨ ᠰᠢᠰᠲ᠋ᠧᠮ ᠪᠠ 2᠂ 3 ᠳ᠋ᠤᠭᠠᠷ ᠲᠡᠰ ᠤᠨ ᠳ᠋ᠠᠶᠢᠲ᠋ᠠ ᠶᠢᠨ ᠵᠠᠩᠭᠢᠶᠠᠰᠤ ᠪᠠᠷ ᠰᠠᠭᠤᠷᠢ ᠪᠣᠯᠭᠠᠵᠤ᠂ ᠳᠤᠮᠳᠠᠳᠤ ᠤᠯᠤᠰ | ︵ᠤᠯᠠᠭᠠᠨᠬᠠᠳᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ | ᠪᠠᠶᠢᠭᠤᠯᠤᠨ᠎ᠠ᠃ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠣᠶᠤᠨᠴᠢ ᠪᠠᠷᠠᠭᠠᠨ ᠤ ᠭᠦᠢᠯᠭᠡᠭᠡ᠂ ᠡᠯᠧᠺᠲᠷᠣᠨ | ᠬᠤᠳᠠᠯᠳᠤᠭᠠᠨ ᠤ ᠦᠨᠡᠨᠴᠢ ᠢᠲᠡᠭᠡᠮᠵᠢ᠂ ᠪᠦᠷᠢᠳᠬᠡᠨ ᠬᠢᠨᠠᠨ ᠰᠢᠨᠵᠢᠬᠦ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠷᠭᠤᠭᠠᠨ ᠶᠡᠭᠡ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠤ᠂ ᠰᠦᠯᠵᠢᠶᠡᠨ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ᠰᠦᠯᠵᠢᠶᠡᠨ ᠭᠠᠳᠠᠭᠤᠷᠬᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠬᠤᠶᠠᠷ ᠶᠡᠭᠡ ᠲᠠᠪᠴᠠᠩ ᠤᠨ ᠴᠢᠳᠠᠮᠵᠢ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠰᠦᠯᠵᠢᠶᠡᠨ ᠤ ᠪᠠ ᠰᠦᠯᠵᠢᠶᠡᠨ | ᠭᠠᠳᠠᠭᠤᠷᠬᠢ ᠶᠢ ᠪᠦᠲᠦᠮᠵᠢᠲᠡᠶ ᠤᠶᠠᠯᠳᠤᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠪᠦᠷᠢᠳᠬᠡᠯ ᠢ ᠲᠡᠭᠦᠯᠳᠡᠷᠵᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠤᠨ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ | ᠬᠠᠶᠢᠨ ᠰᠦᠪᠡᠭᠴᠢᠯᠡᠵᠦ᠂ ᠪᠦᠷᠢᠳᠬᠡᠬᠦ ᠠᠷᠭ᠎ᠠ ᠶᠢ ᠰᠤᠳᠤᠯᠤᠨ᠂ ᠲᠤᠭ᠎ᠠ ᠪᠦᠷᠢᠳᠬᠡᠯ ᠤᠨ ᠲᠦᠷᠢᠮ ᠢ ᠲᠡᠭᠦᠯᠳᠡᠷᠵᠢᠭᠦᠯᠦᠨ᠎ᠡ᠃ | ︵ᠲᠠᠪᠤ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠬᠢᠭᠡᠳ ᠨᠢᠭᠡ ᠯᠠ ᠴᠣᠩᠬᠤᠪᠴᠢ ᠪᠠᠷ ᠪᠡᠶ᠎ᠡ ᠶᠢᠨ ᠭᠠᠷᠤᠯ ᠢ | ᠨᠢᠭᠡᠳᠦᠯᠲᠡᠶ ᠰᠢᠯᠭᠠᠠᠬᠤ᠂ ᠡᠮᠦᠨ᠎ᠡ ᠬᠤᠶᠢᠨᠠᠬᠢ ᠲᠠᠪᠴᠠᠩ ᠤᠨ ᠴᠢᠳᠠᠮᠵᠢ ᠶᠢ ᠨᠢ ᠰᠠᠯᠭᠠᠬᠤ ᠶᠢ ᠪᠡᠶᠡᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠭᠤᠶᠤᠴᠢᠯᠠᠨ | ᠮᠡᠳᠡᠭᠦᠯᠬᠦ ᠬᠡᠷᠡᠭᠴᠡᠭᠡ ᠪᠠ ᠰᠢᠰᠲ᠋ᠧᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠤᠨ ᠬᠠᠲᠠᠭᠤ ᠬᠡᠷᠡᠭᠰᠡᠯ ᠤᠨ ᠣᠷᠴᠢᠨ ᠤ ᠳᠡᠰ ᠳᠡᠪᠰᠢᠬᠦ ᠶᠢ ᠠᠬᠢᠭᠤᠯᠤᠨ᠂ ᠲᠠᠪᠴᠠᠩ ᠤᠨ ᠬᠠᠲᠠᠭᠤ ᠬᠡᠷᠡᠭᠰᠡᠯ ᠤᠨ ᠣᠷᠴᠢᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠪᠴᠠᠩ ᠤᠨ ᠪᠥᠬᠦ ᠴᠢᠳᠠᠮᠵᠢ ᠶᠢ ᠦᠨᠡᠯᠡᠨ ᠵᠢᠱᠢᠵᠦ ᠲᠤᠷᠰᠢᠬᠤ ᠪᠠ ᠰᠢᠰᠲ᠋ᠧᠮ ᠢ ᠨᠢ ᠨᠡᠭᠦᠯᠭᠡᠬᠦ ᠶᠢ ᠪᠡᠶᠡᠯᠡᠭᠦᠯᠦᠨ᠂ | ᠲᠠᠪᠴᠠᠩ ᠳᠤ ᠠᠮᠤᠷ ᠲᠦᠪᠰᠢᠨ ᠪᠥᠭᠡᠳ ᠲᠣᠭᠲᠠᠭᠤᠨ ᠠᠵᠢᠯᠯᠠᠬᠤ ᠣᠷᠴᠢᠨ ᠢ ᠬᠠᠩᠭᠠᠨ᠎ᠠ᠃ ︽ᠤᠯᠠᠭᠠᠨᠬᠠᠳᠠ ᠳᠠᠬᠢ ᠣᠯᠠᠨ ᠤᠯᠤᠰ ᠤᠨ ᠲᠦᠷᠭᠡᠨ ᠢᠯᠡᠭᠡᠯᠲᠡ ᠶᠢᠨ | ᠵᠦᠢᠯ ᠢ ᠬᠢᠨᠠᠨ ᠬᠠᠮᠢᠶᠠᠷᠬᠤ ᠲᠥᠪ︾ ᠤᠨ ᠲᠠᠯᠠᠪᠤᠷ ᠭᠠᠵᠠᠷ ᠲᠣᠬᠢᠷᠠᠭᠤᠯᠬᠤ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠬᠤ | ᠮᠡᠷᠭᠡᠵᠢᠯ ᠳᠤ ᠬᠡᠷᠡᠭᠯᠡᠬᠦ ᠭᠡᠷ ᠪᠠᠶᠢᠰᠢᠩ ᠢ ᠲᠣᠬᠢᠷᠠᠭᠤᠯᠤᠨ᠂ ᠸᠢᠳᠢᠤ᠋ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ CT ᠮᠠᠰᠢᠨ ᠢᠶᠠᠷ ᠪᠠᠶᠢᠴᠠᠭᠠᠨ ᠰᠢᠯᠭᠠᠵᠤ | ᠢᠯᠭᠠᠬᠤ ᠲᠣᠨᠣᠭᠯᠠᠯ ᠪᠠ ᠣᠶᠣᠨᠴᠢ ᠪᠠᠷ ᠵᠢᠷᠤᠭ ᠬᠢᠨᠠᠬᠤ ᠰᠢᠰᠲ᠋ᠧᠮ ᠢ ᠤᠭᠰᠠᠷᠠᠨ᠎ᠠ᠃ ᠲᠦᠷᠭᠡᠨ ᠢᠯᠡᠭᠡᠯᠲᠡ ᠶᠢᠨ ᠵᠦᠢᠯ ᠤᠨ ᠡᠵᠡᠩᠨᠡᠨ ᠠᠵᠢᠯᠯᠠᠭᠴᠢ ᠪᠠᠷ | ᠳᠠᠩᠰᠠᠯᠠᠭᠤᠯᠬᠤ ᠶᠢ ᠳᠡᠰ ᠳᠠᠷᠠᠭᠠᠯᠠᠯ ᠶᠣᠰᠣᠭᠠᠷ ᠭᠤᠶᠤᠴᠢᠯᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ︽9610︾ ᠰᠢᠭᠤᠳ | ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠥᠷᠨᠢᠭᠦᠯᠦᠨ᠂ ᠬᠢᠨᠠᠯᠲᠠ ᠬᠠᠮᠢᠶᠠᠷᠤᠯᠲᠠ ᠶᠢᠨ ᠴᠤᠪᠤᠷᠠᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ | ᠰᠢᠯᠢᠳᠡᠭᠵᠢᠭᠦᠯᠦᠨ᠎ᠡ᠃ ᠪᠡᠭᠡᠵᠢᠩ ᠤᠨ ᠡᠯ᠎ᠡ ᠨᠢᠰᠬᠡᠯ ᠤᠨ ᠪᠠᠭᠤᠳᠠᠯ ᠤᠨ ᠲᠦᠷᠭᠡᠨ ᠢᠯᠡᠭᠡᠯᠲᠡ ᠶᠢᠨ ᠵᠦᠢᠯ ᠤᠨ ᠨᠢᠭᠡᠳᠦᠭᠡᠷ ᠳᠡᠰ ᠤᠨ ᠬᠥᠮᠥᠷᠭᠡ ᠬᠢᠭᠡᠳ | ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠬᠤᠭᠤᠷᠣᠨᠳᠣᠬᠢ ᠣᠯᠠᠨ ᠤᠯᠤᠰ ᠤᠨ ᠲᠦᠷᠭᠡᠨ ᠢᠯᠡᠭᠡᠯᠲᠡ ᠶᠢᠨ ᠵᠦᠢᠯ ᠤᠨ | ᠪᠠᠷᠠᠭᠠᠨ ᠤ ᠭᠦᠢᠯᠭᠡᠭᠡᠨ ᠨᠡᠪᠲᠡᠷᠡᠭᠦᠯᠬᠦ ᠶᠢ ᠠᠬᠢᠭᠤᠯᠵᠤ᠂ ᠪᠡᠭᠡᠵᠢᠩ ᠤᠨ ᠡᠯ᠎ᠡ ᠨᠢᠰᠬᠡᠯ ᠤᠨ ᠪᠠᠭᠤᠳᠠᠯ ᠳᠤ ᠬᠠᠨᠳᠤᠭᠤᠯᠤᠭᠰᠠᠨ ᠲᠦᠷᠭᠡᠨ ᠢᠯᠡᠭᠡᠯᠲᠡ ᠶᠢᠨ ᠵᠦᠢᠯ ᠤᠨ | ᠬᠤᠶᠠᠳᠤᠭᠠᠷ ᠳᠡᠰ ᠤᠨ ᠬᠥᠮᠥᠷᠭᠡ ᠶᠢ ᠪᠠᠶᠢᠭᠤᠯᠤᠨ᠎ᠠ᠃ ᠪᠣᠭᠤᠮᠲᠠ ᠪᠠᠷ ᠥᠩᠭᠡᠷᠡᠭᠦᠯᠵᠦ ᠲᠣᠬᠢᠷᠠᠭᠤᠯᠤᠨ ᠬᠦᠷᠭᠡᠬᠦ ᠳᠤ ᠨᠠᠩ ᠳᠥᠭᠦᠮ ᠪᠥᠭᠡᠳ ᠲᠦᠷᠭᠡᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ︽9610︾ ᠰᠢᠭᠤᠳ ᠬᠤᠳᠠᠯᠳᠤᠵᠣ ᠠᠪᠬᠤ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠤᠬᠠᠶᠢᠯᠠᠭᠰᠠᠨ ᠠᠵᠢᠯ ᠢ ᠡᠷᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠪᠠ ᠲᠠᠸᠠᠷ ᠤᠨ ᠡᠬᠢ ᠪᠠᠶᠠᠯᠢᠭ ᠯᠤᠭ᠎ᠠ ᠬᠡᠷᠡᠭᠯᠡᠭᠴᠢᠳ | ᠪᠠ ᠠᠵᠤ ᠠᠬᠤᠶᠢᠯᠠᠯ ᠢ ᠵᠣᠯᠭᠠᠭᠤᠯᠬᠤ ᠳᠤ ᠦᠢᠯᠡᠴᠢᠯᠡᠨ᠎ᠡ᠃ | ︵ᠵᠢᠷᠭᠤᠭ᠎ᠠ︶ ᠦᠢᠯᠡᠴᠢᠯᠡᠵᠦ ᠭᠤᠪᠢᠭᠤᠯᠤᠨ ᠢᠯᠡᠬᠡᠬᠦ ᠲᠣᠤᠷ ᠰᠦᠯᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ | ᠶᠠᠪᠤᠳᠠᠯ ᠪᠠ ᠰᠢᠤᠳᠠᠨ ᠤ ᠲᠦᠷᠭᠡᠨ ᠢᠯᠡᠭᠡᠯᠲᠡ ᠶᠢᠨ ᠦᠢᠯᠡᠰ ᠤᠨ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠵᠤ᠂ ᠲᠦᠷᠭᠡᠨ ᠢᠯᠡᠭᠡᠯᠲᠡ ᠶᠢᠨ ᠠᠵᠤ | ᠠᠬᠤᠶᠢᠯᠠᠯ ᠬᠢᠭᠡᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠳᠡᠮᠵᠢᠵᠦ ᠪᠠᠶᠢᠭᠠᠳ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶᠡᠨ ᠤ ᠲᠤᠬᠠᠶᠢᠯᠠᠭᠰᠠᠨ | ᠠᠵᠢᠯ ᠤᠨ ᠬᠠᠮᠲᠤᠷᠠᠯᠴᠠᠭ᠎ᠠ ᠶᠢ ᠥᠷᠨᠢᠭᠦᠯᠦᠨ᠂ ᠤᠯᠠᠭᠠᠨᠬᠠᠳᠠ ᠶᠢᠨ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠢ ᠬᠥᠮᠥᠷᠭᠡᠯᠡᠨ ᠬᠠᠳᠠᠭᠠᠯᠠᠬᠤ | ᠪᠠ ᠲᠤᠬᠢᠷᠠᠭᠤᠯᠤᠨ ᠬᠦᠷᠭᠡᠬᠦ ᠲᠥᠪ ᠵᠡᠷᠭᠡ ᠬᠢᠯᠢ ᠠᠯᠤᠰᠯᠠᠭᠰᠠᠨ ᠭᠤᠪᠢᠭᠤᠯᠵᠤ ᠢᠯᠡᠭᠡᠬᠦ ᠴᠢᠳᠠᠮᠵᠢᠲᠤ ᠣᠷᠣᠨ ᠤ ᠰᠠᠭᠤᠷᠢ ᠪᠡᠯᠡᠳᠬᠡᠮᠵᠢ ᠶᠢᠨ ᠲᠦᠬᠦᠷᠵᠢᠭᠦᠯᠦᠨ | ᠪᠠᠶᠢᠭᠤᠯᠬᠤ ᠶᠢ ᠠᠬᠢᠭᠤᠯᠵᠤ᠂ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠢ ᠬᠥᠮᠥᠷᠭᠡᠯᠡᠬᠦ᠂ ᠢᠯᠭᠠᠨ ᠰᠠᠯᠭᠠᠬᠤ᠂ ᠲᠡᠭᠡᠭᠡᠪᠦᠷᠢᠯᠡᠬᠦ᠂ | ᠲᠤᠬᠢᠷᠠᠭᠤᠯᠤᠨ ᠬᠦᠷᠭᠡᠬᠦ ᠦᠷ᠎ᠡ ᠪᠦᠲᠦᠮᠵᠢ ᠪᠠ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠣᠯᠠᠨ ᠤᠯᠤᠰ ᠤᠨ ᠰᠢᠤᠳᠠᠨ ᠤ ᠵᠦᠢᠯ ᠬᠢᠭᠡᠳ ᠲᠦᠷᠭᠡᠨ | ᠢᠯᠡᠭᠡᠯᠲᠡ ᠶᠢᠨ ᠵᠦᠢᠯ ᠤᠨ ᠨᠡᠪᠲᠡᠷᠡᠯ ᠵᠢᠴᠢ ᠪᠣᠭᠤᠮᠲᠠ ᠪᠠᠷ ᠥᠩᠭᠡᠷᠡᠭᠦᠯᠬᠦ ᠴᠢᠳᠠᠮᠵᠢ ᠶᠢ ᠠᠰᠢᠭᠯᠠᠵᠤ᠂ ᠣᠯᠠᠨ ᠤᠯᠤᠰ ᠤᠨ ᠰᠢᠤᠳᠠᠨ ᠤ ᠵᠦᠢᠯ ᠪᠠ ᠲᠦᠷᠭᠡᠨ | ᠢᠯᠡᠭᠡᠯᠲᠡ ᠶᠢᠨ ᠵᠦᠢᠯ ᠢ ᠪᠣᠭᠤᠮᠲᠠ ᠪᠠᠷ ᠥᠩᠭᠡᠷᠡᠭᠦᠯᠬᠦ ᠶᠢ ᠨᠢ ᠳᠥᠭᠦᠮ ᠠᠪᠰᠠᠷᠬᠠᠨ ᠪᠣᠯᠭᠠᠨ᠎ᠡ᠃ ᠰᠢᠤᠳᠠᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ | ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠰᠦᠯᠵᠢᠶᠡᠨ ᠤ ᠳᠠᠪᠠᠭᠤᠯᠢᠭ ᠲᠤ ᠲᠦᠰᠢᠭᠯᠡᠨ᠂ ᠬᠤᠲᠠ ᠶᠢᠨ ᠣᠯᠠᠨ ᠨᠡᠶᠢᠲᠡ ᠶᠢᠨ ᠬᠥᠮᠥᠷᠭᠡᠯᠡᠨ ᠬᠠᠳᠠᠭᠠᠯᠠᠬᠤ | ᠂ ᠣᠷᠣᠨ ᠪᠦᠰᠡ ᠶᠢᠨ ᠲᠥᠪᠯᠡᠷᠡᠭᠦᠯᠦᠨ ᠬᠤᠪᠢᠶᠠᠷᠢᠯᠠᠬᠤ ᠲᠥᠪ᠂ ᠬᠤᠲᠠ ᠶᠢᠨ ᠬᠤᠭᠤᠷᠣᠨᠳᠣᠬᠢ ᠪᠠᠷᠠᠭᠠᠨ ᠤ ᠭᠦᠢᠯᠭᠡᠭᠡᠨ᠂ ᠬᠠᠮᠲᠤ ᠳᠤ ᠪᠠᠨ ᠲᠤᠬᠢᠷᠠᠭᠤᠯᠤᠨ ᠬᠦᠷᠭᠡᠬᠦ | ᠵᠡᠷᠭᠡ ᠭᠦᠢᠯᠭᠡᠭᠡᠨ ᠤ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠣᠯᠠᠨ ᠤᠯᠤᠰ ᠤᠨ ᠪᠣᠭᠤᠳᠠᠯ ᠪᠠᠭᠯᠠᠭ᠎ᠠ᠂ ᠲᠦᠷᠭᠡᠨ ᠢᠯᠡᠭᠡᠯᠲᠡ ᠶᠢᠨ | ᠪᠠᠷᠠᠭᠠᠨ ᠤ ᠭᠦᠢᠯᠭᠡᠭᠡᠨ ᠤ ᠳᠠᠭᠠᠭᠠᠨ ᠠᠪᠴᠤ ᠲᠡᠬᠡᠬᠡᠪᠦᠷᠢᠯᠡᠭᠴᠢᠳ ᠤᠨ ᠬᠤᠷᠰᠢᠨ ᠣᠷᠣᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ | ᠰᠢᠤᠳᠠᠨ ᠤ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠭᠠᠶᠢᠯᠢ ᠪᠠᠲᠤᠯᠠᠬᠤ ᠲᠣᠭᠤᠷᠢᠭ ᠤᠨ ᠭᠠᠶᠢᠯᠢ ᠬᠡᠯᠲᠦᠷᠢᠭᠦᠯᠬᠦ ᠳᠡᠯᠭᠡᠭᠦᠷ ᠲᠤ ᠣᠷᠣᠵᠤ ᠰᠠᠭᠤᠬᠤ ᠶᠢ | ᠠᠬᠢᠭᠤᠯᠵᠤ᠂ ᠭᠠᠶᠢᠯᠢ ᠬᠡᠯᠲᠦᠷᠢᠭᠦᠯᠬᠦ ᠲᠠᠸᠠᠷ ᠤᠨ ᠰᠦᠯᠵᠢᠶ᠎ᠡ ᠪᠠᠷ ᠪᠣᠷᠣᠯᠠᠭᠤᠯᠬᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠬᠡᠷᠡᠭᠯᠡᠭᠴᠢᠳ ᠲᠤ | ᠭᠠᠶᠢᠯᠢ ᠬᠡᠯᠲᠦᠷᠢᠭᠦᠯᠦᠭᠰᠡᠨ ᠵᠦᠢᠯ ᠢᠶᠠᠨ ᠭᠤᠪᠢᠭᠤᠯᠵᠤ ᠢᠯᠡᠭᠡᠬᠦ ᠳᠤ ᠨᠢ ᠳᠥᠭᠦᠮ ᠲᠦᠳᠡ ᠦᠢᠯᠡᠴᠢᠯᠡᠭᠡ ᠬᠠᠩᠭᠠᠨ᠎ᠠ᠃ | ︵ᠳᠣᠯᠤᠭ᠎ᠠ︶ ︽ᠤᠯᠤᠰ ᠠᠯᠤᠰᠯᠠᠭᠰᠠᠨ ᠡᠭᠡᠯᠵᠢ ᠶᠢᠨ ᠭᠠᠯᠲᠤ ᠲᠡᠷᠭᠡ + ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ︾ ᠶᠢᠨ ᠵᠠᠭᠪᠤᠷ ᠢ ᠪᠣᠶ | ᠪᠣᠯᠭᠠᠨ᠎ᠠ᠃ ︽ᠤᠮᠠᠷᠠᠰᠢ ᠪᠠᠨ ᠣᠷᠣᠰ ᠮᠣᠩᠭᠤᠯ ᠲᠠᠢ ᠠᠵᠢᠯ ᠢᠶᠠᠨ ᠵᠠᠯᠭᠠᠭᠤᠯᠵᠤ᠂ ᠡᠮᠦᠨᠡᠰᠢ ᠪᠠᠨ ᠲᠡᠯᠡᠶ ᠪᠠᠷ ᠳᠠᠮᠵᠢᠨ ᠭᠠᠷᠭᠠᠬᠤ︾ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠣᠰᠣᠭᠠᠷ᠂ ᠳᠤᠮᠳᠠᠳᠤ ᠧᠦ᠋ᠷᠣᠫᠠ ︵ᠤᠯᠠᠭᠠᠨᠬᠠᠳᠠ ᠮᠠᠨᠵᠤᠤᠷ ᠧᠦ᠋ᠷᠣᠫᠠ︶ ᠶᠢᠨ ᠣᠯᠠᠨ ᠤᠯᠤᠰ ᠤᠨ ᠴᠢᠩᠭᠢᠭᠯᠢᠭᠲᠦ ᠡᠭᠡᠯᠵᠢ ᠶᠢᠨ ᠭᠠᠯᠲᠤ ᠲᠡᠷᠭᠡ ᠶᠢ | ᠬᠤᠤᠰ ᠴᠢᠭᠯᠡᠯ ᠢᠶᠠᠷ ᠪᠠᠶᠢᠩᠭᠤᠵᠢᠭᠤᠯᠤᠨ ᠲᠡᠭᠡᠭᠡᠪᠦᠷᠢᠯᠡᠵᠦ ᠠᠶᠠᠯᠠᠬᠤ ᠶᠢ ᠦᠷᠭᠦᠯᠵᠢᠯᠡᠨ ᠠᠬᠢᠭᠤᠯᠵᠤ᠂ ᠤᠯᠠᠭᠠᠨᠬᠠᠳᠠ ᠠᠴᠠ ᠲᠢᠶᠠᠨᠵᠢᠨ᠂ ᠵᠢᠨᠵᠧᠦ ᠬᠦᠷᠬᠦ ᠵᠡᠷᠭᠡ | ᠪᠣᠭᠤᠮᠲᠠ ᠪᠠᠷ ᠭᠠᠳᠠᠭᠠᠳᠤ ᠳᠤ ᠭᠠᠷᠭᠠᠬᠤ ᠡᠭᠡᠯᠵᠢ ᠶᠢᠨ ᠭᠠᠯᠲᠤ ᠲᠡᠷᠭᠡ ᠨᠡᠪᠲᠡᠷᠡᠭᠦᠯᠬᠦ ᠶᠢ ᠢᠳᠡᠪᠬᠢᠲᠡᠶ ᠠᠬᠢᠭᠤᠯᠤᠨ᠂ ︽ᠤᠯᠤᠰ ᠠᠯᠤᠰᠯᠠᠭᠰᠠᠨ ᠡᠭᠡᠯᠵᠢ ᠶᠢᠨ ᠭᠠᠯᠲᠤ | ᠲᠡᠷᠭᠡ + ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ︾ ᠶᠢᠨ ᠵᠠᠭᠪᠤᠷ ᠢ ᠰᠦᠪᠡᠭᠴᠢᠯᠡᠵᠦ᠂ ᠣᠷᠣᠰ ᠮᠣᠩᠭᠤᠯ᠂ ᠧᠦ᠋ᠷᠣᠫᠠ᠂ ᠵᠡᠭᠦᠨ ᠬᠤᠶᠢᠲᠤ ᠠᠽᠢᠶ᠎ᠠ᠂ | ᠵᠡᠭᠦᠨ ᠡᠮᠦᠨᠡᠲᠦ ᠠᠽᠢᠶ᠎ᠠ ᠯᠤᠭ᠎ᠠ ᠶᠢᠨ ᠠᠷᠠᠯᠵᠢᠶᠠᠨ ᠤ ᠰᠢᠨ᠎ᠡ ᠵᠠᠮ ᠢ ᠨᠡᠪᠲᠡᠷᠡᠭᠦᠯᠦᠨ᠎ᠡ᠃ | ︵ᠨᠠᠢᠮᠠ︶ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠢ ᠵᠢᠯᠣᠭᠤᠳᠴᠤ ᠪᠠᠶᠢᠭᠠᠳ | ᠭᠠᠳᠠᠭᠠᠳᠤ ᠳᠠᠬᠢ ᠰᠠᠩ ᠬᠥᠮᠥᠷᠭᠡ ᠶᠢᠨ ᠪᠠᠶᠢᠷᠢᠰᠢᠯ ᠢ ᠵᠣᠬᠢᠰᠲᠠᠶ ᠲᠥᠯᠥᠪᠵᠢᠭᠦᠯᠦᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠤᠯᠤᠰ ᠲᠤ ᠭᠠᠳᠠᠭᠠᠳᠤ ᠳᠠᠬᠢ ᠰᠠᠩ ᠬᠥᠮᠥᠷᠭᠡ ᠪᠠᠶᠢᠭᠤᠯᠬᠤ ᠶᠢ ᠡᠩ ᠲᠡᠷᠢᠭᠦᠨ ᠳᠤ ᠳᠡᠮᠵᠢᠵᠦ᠂ ᠭᠠᠳᠠᠭᠠᠳᠤ ᠳᠠᠬᠢ ᠰᠠᠩ ᠬᠥᠮᠥᠷᠭᠡ ᠶᠢᠨ ᠴᠢᠳᠠᠮᠵᠢ ᠶᠢ | ᠪᠠᠶᠠᠯᠢᠭᠵᠢᠭᠤᠯᠤᠨ᠂ ᠦᠢᠯᠡᠴᠢᠯᠡᠬᠦ ᠬᠡᠪᠴᠢᠶ᠎ᠡ ᠶᠢ ᠥᠷᠭᠡᠳᠬᠡᠨ᠎ᠡ᠃ ᠠᠵᠤ ᠠᠬᠤᠶᠢᠯᠠᠯ ᠢ ᠬᠠᠪᠰᠤᠷᠤᠨ ᠬᠤᠯᠪᠣᠭᠳᠠᠯ ᠪᠦᠬᠦᠢ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠣᠶᠢᠯᠠᠭᠠᠭᠤᠯᠤᠨ᠂ ᠠᠵᠤ ᠠᠬᠤᠶᠢᠯᠠᠯ ᠤᠨ ᠬᠠᠤᠯᠢ ᠶᠣᠰᠣ ᠪᠠᠷ ᠡᠵᠡᠩᠨᠡᠬᠦ ᠶᠢ ᠵᠢᠭᠠᠨ ᠵᠢᠯᠣᠭᠤᠳᠴᠤ᠂ ᠭᠠᠳᠠᠭᠠᠳᠤ ᠳᠠᠬᠢ ᠰᠠᠩ ᠬᠦᠮᠦᠷᠭᠡ ᠶᠢᠨ | ᠤᠶᠤᠨᠴᠢᠯᠠᠬᠤ᠂ ᠮᠡᠳᠡᠭᠡ ᠵᠠᠩᠭᠢᠴᠢᠯᠠᠬᠤ᠂ ᠲᠤᠰ ᠨᠤᠲᠤᠭ ᠤᠨ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠳᠡᠯᠡᠬᠡᠶ ᠳᠡᠭᠡᠷᠡᠬᠢ ᠥᠷᠢᠰᠥᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | ︵ᠶᠢᠰᠦ︶ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠪᠠᠨ ᠴᠢᠩᠭᠠᠳᠬᠠᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠬᠤ | ᠵᠠᠭᠪᠤᠷ ᠢ ᠰᠦᠪᠡᠭᠴᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠬᠢᠭᠡᠳ ᠬᠠᠮᠢᠶᠠᠷᠤᠯᠲᠠ᠂ ᠣᠯᠠᠨ ᠤᠯᠤᠰ ᠤᠨ ᠲᠡᠭᠡᠭᠡᠪᠦᠷᠢ ᠬᠢᠭᠡᠳ ᠳᠠᠭᠠᠳᠬᠠᠯ᠂ | ᠣᠯᠠᠨ ᠤᠯᠤᠰ ᠤᠨ ᠳ᠋ᠦᠩᠨᠡᠨ ᠪᠤᠳᠤᠬᠤ᠂ ᠬᠠᠤᠯᠢ ᠴᠠᠭᠠᠵᠠ ᠶᠢᠨ ᠦᠢᠯᠡᠴᠢᠯᠡᠭᠡ᠂ ᠲᠠᠪᠴᠠᠩ ᠤᠨ ᠠᠵᠢᠯᠯᠠᠭᠠᠨ ᠬᠢᠭᠡᠳ ᠰᠦᠯᠵᠢᠶᠡᠨ ᠳᠠᠬᠢ ᠡᠵᠡᠩᠨᠡᠨ ᠪᠤᠷᠤᠯᠠᠭᠤᠯᠬᠤ | ᠵᠡᠷᠭᠡ ᠬᠠᠮ ᠬᠡᠯᠪᠡᠷᠢ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ | ᠣᠯᠠᠨ ᠤᠯᠤᠰ ᠤᠨ ᠠᠷᠠᠯᠵᠢᠶᠠᠨ ᠤ ᠲᠤᠰᠬᠠᠶ ᠮᠡᠷᠭᠡᠵᠢᠯᠲᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠨᠡᠷ᠎ᠡ ᠲᠦᠷᠦ ᠲᠠᠢ ᠳᠡᠭᠡᠳᠦ | ᠲᠠᠰ ᠤᠨ ᠲᠤᠰᠢᠶᠠᠯᠲᠠᠨ ᠢ ᠤᠷᠢᠵᠤ᠂ ᠤᠯᠠᠭᠠᠨᠬᠠᠳᠠ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ | ᠪᠠ ᠠᠵᠤ ᠦᠢᠯᠡᠳᠪᠦᠷᠢ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠵᠢᠯᠲᠠᠨ ᠳᠤ ᠴᠢᠭᠯᠡᠭᠦᠯᠦᠨ᠂ ᠣᠳᠣᠬᠠᠨ ᠤ ᠣᠯᠠᠨ ᠤᠯᠤᠰ ᠤᠨ ᠠᠷᠠᠯᠵᠢᠶᠠᠨ ᠤ ᠰᠢᠨ᠎ᠡ | ᠪᠠᠶᠢᠳᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠠᠮᠢᠶ᠎ᠠ ᠪᠥᠬᠦᠶ ᠮᠡᠳᠡᠯᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ | ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠲᠠᠯ᠎ᠠ ᠪᠠᠷ ᠪᠦᠯᠦᠭ ᠤᠳᠠᠭ᠎ᠠ | ᠬᠤᠪᠢᠶᠠᠨ ᠲᠤᠰᠬᠠᠶ ᠪᠣᠯᠪᠠᠰᠤᠷᠠᠭᠤᠯᠤᠯ ᠬᠢᠵᠦ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠠᠵᠢᠯᠲᠠᠨ ᠤ ᠲᠤᠰᠬᠠᠶᠢᠵᠢᠭᠰᠠᠨ ᠬᠢᠷᠢ ᠬᠡᠮᠵᠢᠶ᠎ᠡ ᠪᠠ ᠴᠢᠳᠠᠪᠤᠷᠢ ᠬᠡᠪ | ᠴᠢᠨᠠᠷ ᠢ ᠳᠡᠭᠡᠭᠰᠢᠯᠡᠭᠦᠯᠦᠨ᠎ᠡ᠃ | ︵ᠠᠷᠪᠠ︶ ᠡᠷᠬᠡ ᠲᠡᠭᠰᠢ ᠥᠷᠢᠰᠥᠯᠳᠦᠭᠡᠨ ᠲᠠᠢ ᠬᠥᠭᠵᠢᠯᠲᠡ ᠶᠢᠨ ᠡᠮᠬᠢ ᠳᠢᠭᠯᠢᠮ ᠢ ᠬᠠᠮᠠᠭᠠᠯᠠᠨ᠎ᠠ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠮᠠᠨ ᠤ ᠤᠯᠤᠰ ᠣᠷᠣᠯᠴᠠᠭᠰᠠᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢᠨ ᠣᠷᠣᠯᠴᠠᠭ᠎ᠠ ᠲᠠᠢ ᠵᠣᠬᠢᠶᠠᠨ ᠪᠠᠶᠢᠭᠤᠯᠤᠯᠲᠠ | ᠪᠣᠯᠤᠨ ᠵᠥᠪᠯᠡᠯᠴᠡᠭᠡᠷ ᠬᠡᠯᠡᠯᠴᠡᠭᠡᠷ ᠶᠣᠰᠣ ᠲᠦᠷᠢᠮ ᠢ ᠴᠢᠩᠭ᠎ᠠ ᠵᠢᠷᠤᠮᠯᠠᠭᠰᠠᠨ ᠤᠷᠢᠲᠠᠯ ᠳᠣᠤᠷ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠬᠥᠭᠵᠢᠯᠲᠡ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠳᠡᠮᠵᠢᠵᠦ᠂ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠦᠯᠦᠨ | ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠡᠷᠬᠡ ᠲᠡᠭᠰᠢ ᠲᠥᠪ ᠭᠤᠤᠯᠴᠢ ᠪᠠ ᠢᠯᠡ ᠲᠣᠳᠣ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠨ᠎ᠠ᠃ | ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ | ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠪᠠ ᠬᠢᠯᠢ ᠪᠠᠷ ᠣᠷᠣᠭᠤᠯᠵᠤ ᠭᠠᠷᠭᠠᠬᠤ ᠲᠦᠷᠭᠡᠨ ᠢᠯᠡᠭᠡᠯᠲᠡ ᠶᠢᠨ ᠵᠦᠢᠯ ᠤᠨ ᠡᠵᠡᠩᠨᠡᠨ ᠠᠵᠢᠯᠯᠠᠭᠴᠢ ᠨᠢ | ᠪᠣᠭᠤᠮᠲᠠ ᠶᠢᠨ AEO ᠠᠵᠤ ᠠᠬᠤᠶᠢᠯᠠᠯ ᠪᠣᠯᠬᠤ ᠶᠢ ᠳᠡᠮᠵᠢᠨ᠎ᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | 1. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠠᠵᠤ ᠦᠢᠯᠡᠳᠪᠦᠷᠢ ᠶᠢᠨ ᠠᠵᠤ ᠠᠬᠤᠶᠢᠯᠠᠯ︾ ᠤᠨ ᠰᠢᠨ᠎ᠡ ᠠᠷᠭ᠎ᠠ ᠵᠠᠮ ᠢ ᠪᠣᠶ ᠪᠣᠯᠭᠠᠨ᠎ᠠ᠃ | ᠭᠠᠳᠠᠭᠠᠳᠤ ᠠᠷᠠᠯᠵᠢᠶᠠᠨ ᠤ ᠬᠡᠯᠪᠡᠷᠢ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠤᠬᠠᠶᠢᠯᠠᠭᠰᠠᠨ | ᠠᠵᠢᠯ ᠥᠷᠨᠢᠭᠦᠯᠬᠦ ᠶᠢ ᠳᠠᠮᠵᠢᠵᠤ᠂ ᠠᠮᠢᠳᠤ ᠪᠣᠳᠠᠰ ᠬᠢᠮᠢ ᠶᠢᠨ ᠠᠵᠤ ᠦᠢᠯᠡᠳᠪᠦᠷᠢ᠂ ᠨᠣᠣᠯᠣᠭᠤᠷ᠂ ᠲᠠᠷᠢᠶᠠᠯᠠᠩ ᠤᠨ ᠪᠦᠲᠦᠭᠡᠭᠳᠡᠬᠦᠨ᠂ ᠡᠮ ᠡᠮᠨᠡᠯᠭᠡ ᠵᠡᠷᠭᠡ | ᠣᠨᠴᠠᠯᠢᠭᠲᠤ ᠠᠵᠤ ᠦᠢᠯᠡᠰ ᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠠᠬᠢᠭᠤᠯᠤᠨ᠂ ᠭᠠᠳᠠᠭᠠᠳᠤ | ᠠᠷᠠᠯᠵᠢᠶᠠᠨ ᠤ ᠬᠡᠯᠪᠡᠷᠢ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠬᠢᠭᠡᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ᠂ ᠬᠢᠯᠢ ᠶᠢᠨ | ᠭᠠᠳᠠᠨᠠᠬᠢ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠶᠢ ᠵᠣᠷᠢᠭᠵᠢᠭᠤᠯᠵᠤ ᠂ ᠦᠢᠯᠡᠳᠬᠦᠨ ᠢᠶᠠᠨ ᠬᠢᠯᠢ ᠶᠢᠨ ᠭᠠᠳᠠᠨ᠎ᠠ ᠡᠵᠡᠩᠨᠡᠨ ᠪᠣᠷᠣᠯᠠᠭᠤᠯᠬᠤ ᠠᠷᠭ᠎ᠠ ᠵᠠᠮ ᠢ | ᠨᠢ ᠲᠠᠰᠤᠷᠠᠯᠲᠠ ᠦᠭᠡᠢ ᠥᠷᠭᠡᠳᠬᠡᠨ᠎ᠡ᠃ 2020 ᠣᠨ ᠳᠤ ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶᠠᠨ ᠤ ᠬᠡᠯᠪᠡᠷᠢ ᠪᠦᠬᠦᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠡᠬᠢᠯᠡᠭᠦᠯᠦᠨ᠎ᠡ᠃ | 2. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠰᠢᠨ᠎ᠡ ᠶᠢ ᠡᠭᠦᠳᠦᠨ ᠦᠢᠯᠡᠰ ᠴᠣᠭᠴᠠᠯᠠᠬᠤ︾ ᠰᠢᠨ᠎ᠡ ᠲᠠᠪᠴᠠᠩ ᠢ ᠡᠭᠦᠳᠦᠨ ᠪᠠᠶᠢᠭᠤᠯᠤᠨ᠎ᠠ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠦᠷᠢᠶᠡᠨ ᠳᠤ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠦᠢᠯᠡᠰ ᠴᠣᠭᠴᠠᠯᠠᠭᠴᠢᠳ ᠲᠤ ᠲᠠᠯᠠᠪᠤᠷ ᠭᠠᠵᠠᠷ᠂ | ᠴᠢᠳᠠᠪᠤᠷᠢᠲᠠᠨ᠂ ᠮᠡᠷᠭᠡᠵᠢᠯ᠂ ᠪᠠᠯᠠ ᠮᠥᠩᠭᠦᠨ ᠤ ᠳᠡᠮᠵᠢᠯᠭᠡ ᠪᠠ ᠦᠢᠯᠡᠰ ᠴᠣᠭᠴᠠᠯᠠᠬᠤ ᠲᠠᠪᠴᠠᠩ ᠤᠨ ᠨᠡᠪᠴᠢᠭᠦᠯᠬᠦ ᠦᠢᠯᠡᠴᠢᠯᠡᠭᠡ ᠬᠠᠩᠭᠠᠨ᠎ᠠ᠃ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠣᠷᠣᠨ ᠪᠦᠰᠡ ᠶᠢᠨ ᠲᠠᠪᠴᠠᠩ ᠢ ᠳᠡᠮᠵᠢᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠢᠶᠠᠷ ᠢᠶᠠᠨ | ᠴᠣᠭᠴᠠᠯᠠᠬᠤ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ᠂ ᠣᠯᠠᠨ ᠢᠶᠠᠷ ᠢᠶᠠᠨ ᠴᠤᠭᠯᠠᠭᠤᠯᠬᠤ ᠵᠡᠷᠭᠡ ᠰᠢᠨ᠎ᠡ ᠵᠠᠭᠪᠤᠷ ᠪᠦᠬᠦᠢ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤᠶᠢᠨ ᠰᠦᠯᠵᠢᠶᠡᠨ ᠳᠠᠬᠢ ᠵᠢᠱᠢᠮᠡᠭ ᠣᠷᠣᠨ ᠵᠠᠶ ᠶᠢᠨ ᠬᠥᠭᠵᠢᠯᠲᠡ ᠶᠢ | ᠵᠣᠷᠢᠭᠵᠢᠭᠤᠯᠤᠨ᠎ᠠ᠃ | 3. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠲᠣᠮᠣ ᠳ᠋ᠠᠶᠢᠲ᠋ᠠ︾ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ︽ᠥᠪᠥᠷ ᠮᠣᠩᠭᠤᠯ ᠤᠨ | ᠵᠡᠭᠦᠨ ᠬᠡᠰᠡᠭ ᠤᠨ ᠡᠭᠦᠯᠡᠨ ᠪᠤᠳᠤᠯᠲᠠ ᠶᠢᠨ ᠲᠥᠪ︾ ᠢᠶᠠᠷ ᠲᠦᠰᠢᠭ ᠪᠣᠯᠭᠠᠵᠤ᠂ ᠬᠡᠷᠡᠭᠴᠡᠭᠡ ᠶᠢᠨ ᠱᠠᠭᠠᠷᠳᠠᠯᠭ᠎ᠠ ᠪᠠᠷ ᠬᠠᠩᠭᠠᠬᠤ ᠦᠢᠯᠡᠴᠢᠯᠡᠭᠡ ᠥᠷᠨᠢᠭᠦᠯᠦᠨ᠂ ︽ | ᠣᠨᠴᠠᠯᠢᠭᠲᠤ ᠳᠠᠪᠠᠭᠤᠯᠢᠭ ᠠᠵᠤ ᠦᠢᠯᠡᠰ︾ ︽ᠭᠠᠳᠠᠭᠠᠳᠤ ᠠᠷᠠᠯᠵᠢᠶᠠᠨ ᠤ ᠭᠤᠤᠯᠯᠠᠭᠴᠢ ᠠᠵᠤ ᠠᠬᠤᠶᠢᠯᠠᠯ︾ ᠢ ᠬᠠᠪᠰᠤᠷᠤᠨ ᠪᠥᠬᠦ ᠳᠡᠯᠡᠬᠡᠶ ᠶᠢᠨ ᠵᠠᠬ᠎ᠠ | ᠳᠡᠯᠭᠡᠭᠦᠷ ᠲᠤ ᠣᠨᠣᠴᠠᠲᠠᠶ ᠪᠠᠷ ᠡᠵᠡᠩᠨᠡᠨ ᠪᠣᠷᠣᠯᠠᠭᠤᠯᠵᠤ᠂ ᠬᠠᠮᠤᠭ ᠲᠦᠷᠭᠡᠨ ᠪᠥᠭᠡᠳ ᠬᠠᠮᠤᠭ ᠳᠣᠤᠷ᠎ᠠ ᠥᠪᠡᠷ ᠤᠨ ᠥᠷᠲᠡᠭ ᠢᠶᠠᠷ ᠭᠠᠳᠠᠭᠠᠳᠤ ᠶᠢᠨ ᠵᠠᠬ᠎ᠠ | ᠳᠡᠯᠭᠡᠭᠦᠷ ᠲᠠᠬᠢ ᠡᠵᠡᠯᠡᠬᠦ ᠬᠤᠪᠢ ᠶᠢ ᠳᠡᠭᠡᠭᠰᠢᠯᠡᠭᠦᠯᠦᠨ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠲᠣᠮᠣ ᠳ᠋ᠠᠶᠢᠲ᠋ᠠ ᠶᠢᠨ ᠲᠥᠪ ᠢ ᠠᠯᠬᠤᠮ ᠠᠯᠬᠤᠮ ᠢᠶᠠᠷ | ᠪᠠᠶᠢᠭᠤᠯᠵᠤ ᠳᠠᠭᠤᠰᠬᠠᠬᠤ ᠶᠢᠨ ᠬᠠᠮᠲᠤ᠂ ᠲᠣᠮᠣ ᠳ᠋ᠠᠶᠢᠲ᠋ᠠ ᠶᠢᠨ ᠦᠢᠯᠡᠴᠢᠯᠡᠭᠡ ᠶᠢ ᠠᠰᠢᠭᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠨᠡᠶᠢᠳᠡᠮ | ᠬᠠᠮᠤᠷᠬᠤ ᠶᠢ ᠪᠡᠶᠡᠯᠡᠭᠦᠯᠦᠨ᠎ᠡ᠃ | 4. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ︾ ᠰᠢᠨ᠎ᠡ ᠣᠷᠣᠨ ᠵᠠᠶ ᠶᠢ ᠥᠷᠭᠡᠳᠬᠡᠨ᠎ᠡ᠃ | ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠠᠬᠢ ᠠᠷᠠᠯᠵᠢᠶᠠᠨ ᠤ ᠲᠠᠪᠴᠠᠩ ᠪᠠ ᠰᠦᠯᠵᠢᠶᠡᠨ ᠠᠴᠠ ᠭᠠᠳᠠᠭᠤᠷ ᠲᠥᠪᠯᠡᠷᠡᠭᠦᠯᠦᠨ ᠲᠣᠬᠢᠷᠠᠭᠤᠯᠬᠤ ᠲᠥᠪ ᠢ | ᠪᠠᠶᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠭ᠎ᠠ ᠮᠠᠶ᠋ᠢᠭ ᠢ ᠠᠰᠢᠭᠯᠠᠨ ᠨᠤᠲᠤᠭ ᠪᠦᠰᠡ ᠠᠯᠤᠰᠯᠠᠭᠰᠠᠨ᠂ ᠴᠡᠭ ᠲᠤ ᠬᠠᠨᠳᠤᠭᠤᠯᠤᠭᠰᠠᠨ᠂ | ᠬᠠᠪᠰᠤᠷᠤᠯᠴᠠᠭ᠎ᠠ ᠪᠠᠶᠢᠭᠤᠯᠤᠭᠰᠠᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠨ᠎ᠡ᠃ | 5. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠦᠵᠡᠰᠬᠦᠯᠡᠩ ᠴᠣᠭᠯᠠᠭᠠᠨ︾ ᠤ ᠰᠢᠨ᠎ᠡ ᠨᠠᠷᠠᠲᠤ ᠲᠡᠮᠳᠡᠭ ᠢ ᠨᠡᠭᠡᠭᠡᠨ᠎ᠡ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠦᠵᠡᠰᠬᠦᠯᠡᠩ | ᠴᠤᠭᠯᠠᠭᠠᠨ ᠳᠤ ᠢᠳᠡᠪᠬᠢᠲᠡᠢ ᠣᠷᠣᠯᠴᠠᠭᠤᠯᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠳᠠᠪᠠᠭᠤᠯᠢᠭ ᠢ ᠶᠡᠭᠡ ᠪᠠᠷ ᠤᠬᠠᠭᠤᠯᠤᠨ᠎ᠠ᠃ | ᠳᠤᠮᠳᠠᠳᠤ ᠤᠯᠤᠰ ᠤᠨ ᠭᠠᠳᠠᠭᠠᠲᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ᠂ ᠭᠠᠳᠠᠭᠠᠳᠤ ᠠᠴᠠ ᠣᠷᠣᠭᠤᠯᠬᠤ | ᠲᠠᠸᠠᠷ ᠤᠨ ᠦᠵᠡᠰᠬᠦᠯᠡᠩ ᠤᠨ ᠴᠤᠭᠯᠠᠭᠠᠨ᠂ ᠡᠳ᠋ᠰᠢᠭᠦᠯᠵᠦ ᠠᠷᠠᠯᠵᠢᠶᠠᠯᠠᠬᠤ ᠦᠢᠯᠡᠳᠬᠦᠨ ᠤ ᠦᠵᠡᠰᠬᠦᠯᠡᠩ ᠤᠨ ᠴᠤᠭᠯᠠᠭᠠᠨ ᠵᠡᠷᠭᠡ ᠰᠦᠯᠵᠢᠶᠡᠨ ᠠᠴᠠ ᠭᠠᠳᠠᠭᠤᠷᠬᠢ | ᠲᠣᠮᠣ ᠬᠡᠪᠴᠢᠶᠡᠨ ᠤ ᠦᠵᠡᠰᠭᠦᠯᠡᠩ ᠴᠤᠭᠯᠠᠭᠠᠨ ᠤ ᠡᠬᠢ ᠪᠠᠶᠠᠯᠢᠭ ᠲᠤ ᠲᠦᠰᠢᠭᠯᠡᠨ᠂ ᠰᠦᠯᠵᠢᠶ᠎ᠡ ᠪᠠᠷ ᠦᠵᠡᠰᠬᠦᠯᠡᠩ ᠴᠤᠭᠯᠠᠭᠠᠨ ᠡᠷᠬᠢᠯᠡᠬᠦ ᠵᠠᠭᠪᠤᠷ ᠢ ᠢᠳᠡᠪᠬᠢᠲᠡᠶ | ᠰᠦᠪᠡᠭᠴᠢᠯᠡᠵᠦ᠂ ᠰᠦᠯᠵᠢᠶᠡᠨ ᠤ ᠪᠠ ᠰᠦᠯᠵᠢᠶᠡᠨ ᠤ ᠭᠠᠳᠠᠭᠤᠷᠬᠢ ᠶᠢ ᠠᠭᠤᠰᠤᠯᠴᠠᠭᠤᠯᠤᠭᠰᠠᠨ ᠦᠵᠡᠰᠬᠦᠯᠡᠩ ᠴᠤᠭᠯᠠᠭᠠᠨ ᠤ ᠰᠢᠨ᠎ᠡ ᠨᠡᠷᠡᠲᠦ ᠲᠡᠮᠳᠡᠭ ᠢ ᠪᠣᠢ | ᠪᠣᠯᠭᠠᠨ᠂ ᠡᠯ᠎ᠡ ᠲᠥᠷᠥᠯ ᠤᠨ ᠦᠵᠡᠰᠬᠦᠯᠡᠩ ᠴᠤᠭᠯᠠᠭᠠᠨ ᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠠᠴᠠ ᠭᠠᠳᠠᠭᠤᠷ ᠦᠵᠡᠭᠦᠯᠵᠦ ᠪᠠᠶᠢᠭᠰᠠᠨ ᠢ | ᠰᠦᠯᠵᠢᠶ᠎ᠡ ᠪᠠᠷ ᠳᠡᠯᠭᠡᠨ ᠦᠵᠡᠭᠦᠯᠬᠦ ᠲᠡᠶᠢᠰᠢ ᠬᠥᠭᠵᠢᠭᠦᠯᠵᠦ᠂ ᠦᠵᠡᠰᠬᠦᠯᠡᠩ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠤᠨ ︽ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ + ᠦᠵᠡᠰᠭᠦᠯᠡᠩ ᠴᠤᠭᠯᠠᠭᠠᠨ︾ ᠤ ᠲᠠᠪᠴᠠᠩ ᠢᠶᠠᠷ ᠨᠡᠶᠢᠯᠡᠨ ᠴᠤᠭᠯᠠᠷᠠᠵᠤ ᠠᠷᠠᠯᠵᠢᠶᠠᠯᠠᠨ ᠰᠣᠯᠢᠯᠴᠠᠬᠤ ᠶᠢ ᠨᠢ ᠠᠬᠢᠭᠤᠯᠤᠨ᠎ᠠ᠃ | 6. ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠭᠠᠳᠠᠭᠠᠳᠤ ᠳᠠᠬᠢ ᠰᠠᠩ ᠬᠥᠮᠥᠷᠭᠡ︾ ᠶᠢᠨ ᠰᠢᠨ᠎ᠡ ᠵᠠᠭᠪᠤᠷ ᠲᠤ ᠰᠢᠨ᠎ᠡ ᠶᠢ ᠡᠭᠦᠳᠦᠨ᠎ᠡ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠱᠠᠭᠠᠷᠳᠠᠯᠭ᠎ᠠ | ᠶᠣᠰᠣᠭᠠᠷ᠂ ᠠᠵᠤ ᠠᠬᠤᠶᠢᠯᠠᠯ ᠤᠨ ᠭᠠᠳᠠᠭᠠᠳᠤ ᠳᠠᠬᠢ ᠰᠠᠩᠬᠥ᠋ᠮᠥᠷᠭᠡ ᠶᠢᠨ ᠲᠤᠬᠠᠶᠢᠯᠠᠭᠰᠠᠨ ᠠᠵᠢᠯ ᠢ ᠳᠡᠯᠭᠡᠷᠡᠭᠦᠯᠬᠦ ᠪᠠ ᠵᠣᠯᠭᠠᠭᠤᠯᠬᠤ ᠠᠵᠢᠯᠯᠠᠭ᠎ᠠ ᠶᠢ ᠡᠷᠬᠢᠯᠡᠨ᠂ | ᠠᠵᠤ ᠠᠬᠤᠶᠢᠯᠠᠯ ᠤᠨ ︽ᠣᠩᠭᠤᠴᠠ ᠵᠢᠭᠡᠯᠡᠵᠦ ᠳᠠᠯᠠᠢ ᠪᠠᠷ ᠭᠠᠳᠠᠭᠰᠢ ᠭᠠᠷᠬᠤ︾ ᠶᠢ ᠵᠣᠷᠢᠭᠵᠢᠭᠤᠯᠵᠤ᠂ ᠤᠯᠠᠭᠠᠨᠬᠠᠳᠠ ᠬᠤᠲᠠ ᠪᠠ ᠪᠦᠬᠦ ᠣᠷᠣᠨ ᠤ ᠦᠢᠯᠡᠳᠬᠦᠨ ᠢ | ︽ᠭᠠᠳᠠᠭᠰᠢ ᠪᠤᠷᠤᠯᠠᠭᠤᠯᠬᠤ︾ ᠶᠢ ᠨᠢ ᠳᠠᠶᠢᠴᠢᠯᠠᠨ᠎ᠠ᠃ | ︵ᠬᠤᠶᠠᠷ︶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ | 1. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | 2020 ᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠨᠢᠭᠡᠳᠦᠭᠡᠷ ᠬᠤᠭᠤᠴᠠᠭᠠᠨ ᠤ ᠪᠥᠲᠥᠭᠡᠨ | ᠪᠠᠶᠢᠭᠤᠯᠤᠯᠲᠠ ᠶᠢ ᠳᠠᠭᠤᠰᠬᠠᠵᠤ᠂ ᠪᠦᠷᠢᠳᠬᠡᠨ ᠳᠠᠩᠰᠠᠯᠠᠭᠤᠯᠬᠤ ᠪᠠ ᠪᠣᠭᠤᠮᠲᠠ ᠪᠠᠷ ᠥᠩᠭᠡᠷᠡᠭᠡᠬᠦ ᠵᠡᠷᠭᠡ ᠦᠨᠳᠦᠰᠦᠨ ᠴᠢᠳᠠᠮᠵᠢ ᠲᠠᠢ ᠪᠣᠯᠭᠠᠨ᠎ᠠ︔ 2021 | ᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠦᠬᠦᠨ ᠢ ᠪᠠᠶᠢᠭᠤᠯᠬᠤ ᠠᠵᠢᠯ ᠢᠶᠠᠨ ᠳᠠᠭᠤᠰᠬᠠᠵᠤ᠂ | ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠣ ᠬᠠᠷᠢᠯᠴᠠᠨ | ᠰᠣᠯᠢᠯᠴᠠᠬᠤ ᠪᠠ ᠬᠠᠮᠵᠢᠯᠴᠠᠨ ᠠᠵᠢᠯᠯᠠᠬᠤ ᠪᠣᠯᠭᠠᠨ᠎ᠠ︔ 2022 ᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢᠶᠠᠷ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠪᠦᠬᠦᠨ ᠢ ᠬᠠᠮᠤᠷᠴᠤ᠂ ᠪᠦᠷᠢᠳᠬᠡᠨ ᠳᠠᠩᠰᠠᠯᠠᠬᠤ᠂ | ᠪᠣᠭᠤᠮᠲᠠ ᠥᠩᠭᠡᠷᠡᠬᠦ ᠶᠢ ᠨᠢ ᠨᠡᠶᠢᠳᠡᠮ ᠪᠠᠶᠢᠴᠠᠭᠠᠬᠤ᠂ ᠪᠠᠶᠢᠴᠠᠭᠠᠨ ᠰᠢᠯᠭᠠᠵᠤ ᠥᠩᠭᠡᠷᠡᠭᠦᠯᠬᠦ᠂ ᠪᠦᠷᠢᠳᠬᠡᠵᠦ ᠬᠢᠨᠠᠨ ᠰᠢᠨᠵᠢᠬᠦ᠂ ᠶᠠᠰᠤ ᠴᠢᠨᠠᠷ ᠢ ᠨᠢ ᠮᠥᠷᠳᠡᠨ | ᠤᠬᠤᠴᠢᠯᠠᠬᠤ᠂ ᠢᠲᠡᠭᠡᠮᠵᠢ ᠶᠢ ᠨᠢ ᠬᠠᠮᠢᠶᠠᠷᠤᠨ ᠡᠵᠡᠮᠳᠡᠬᠦ᠂ ᠭᠠᠷᠤᠯ ᠢ ᠨᠢ ᠭᠡᠷᠡᠴᠢᠯᠡᠬᠦ ᠵᠡᠷᠭᠡ ᠦᠢᠯᠡᠴᠢᠯᠡᠭᠡ ᠶᠢ ᠪᠦᠷᠢᠨ ᠭᠦᠢᠴᠡᠳ ᠪᠣᠯᠭᠠᠨ᠂ ᠪᠥᠬᠦ ᠮᠡᠳᠡᠭᠡ | ᠵᠠᠩᠭᠢ ᠶᠢ ᠬᠠᠮᠲᠤ ᠳᠤ ᠪᠠᠨ ᠭᠥᠷᠳᠡᠬᠦ ᠪᠣᠯᠭᠠᠨ᠎ᠠ᠃ | 2. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠭᠤᠤᠯ ᠴᠣᠭᠴᠠ ᠳᠤ ᠪᠦᠷᠢᠳᠬᠡᠨ ᠳᠠᠩᠰᠠᠯᠠᠵᠤ ᠲᠡᠮᠳᠡᠭᠯᠡᠬᠦ ᠬᠠᠮᠢᠶᠠᠷᠤᠯᠲᠠ ᠶᠢ | ᠴᠢᠩᠭᠠᠳᠬᠠᠨ᠎ᠠ᠃ ᠠᠵᠤ ᠠᠬᠤᠶᠢᠯᠠᠯ ᠨᠢ ᠲᠤᠬᠠᠶᠢᠯᠠᠭᠰᠠᠨ ᠠᠵᠢᠯ ᠤᠨ ᠵᠠᠭᠪᠤᠷ ᠢ ᠦᠨᠳᠦᠰᠦᠯᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠠᠵᠤ ᠠᠬᠤᠶᠢᠯᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠪᠠ ᠲᠠᠸᠠᠷ ᠤᠨ ᠮᠡᠳᠡᠭᠡ ᠵᠠᠩᠭᠢ ᠶᠢ ᠲᠡᠮᠳᠡᠭᠯᠡᠵᠦ | ᠪᠦᠷᠢᠳᠬᠡᠨ ᠳᠠᠩᠰᠠᠯᠠᠨ᠎ᠡ᠃ ᠡᠯ᠎ᠡ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠠᠰᠢᠭᠯᠠᠵᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠠᠯ ᠪᠠ ᠪᠦᠷᠢᠳᠬᠡᠨ ᠳᠠᠩᠰᠠᠯᠠᠭᠤᠯᠤᠭᠰᠠᠨ ᠲᠠᠸᠠᠷ ᠲᠤ | ᠬᠢᠨᠠᠨ ᠬᠠᠷᠭᠤᠭᠤᠯᠵᠤ ᠬᠠᠮᠢᠶᠠᠷᠬᠤ ᠠᠵᠢᠯ ᠢ ᠬᠢᠵᠦ᠂ ᠪᠥᠬᠦ ᠶᠠᠪᠤᠴᠠ ᠳᠤ ᠨᠢ ᠴᠠᠭᠠᠰᠤᠨ ᠬᠠᠭᠤᠳᠠᠰᠤ ᠬᠡᠷᠡᠭᠯᠡᠬᠦ ᠦᠭᠡᠢ ᠪᠠᠷ ᠪᠣᠭᠤᠮᠲᠠ ᠥᠩᠭᠡᠷᠡᠭᠦᠯᠬᠦ | ᠦᠢᠯᠡᠴᠢᠯᠡᠭᠡᠨ ᠢ ᠠᠬᠢᠭᠤᠯᠣᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠦᠷᠢᠳᠬᠡᠨ ᠳᠠᠩᠰᠠᠯᠠᠬᠤ᠂ ᠪᠡᠶ᠎ᠡ ᠪᠠᠨ ᠳᠠᠭᠠᠭᠠᠵᠤ ᠭᠠᠶᠢᠯᠢ ᠮᠡᠳᠡᠭᠦᠯᠬᠦ᠂ ᠥᠪᠡᠰᠦᠪᠡᠨ | ᠪᠣᠭᠤᠮᠲᠠ ᠥᠩᠭᠡᠷᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 2020 ᠣᠨ ᠤ ᠳᠡᠭᠡᠷ᠎ᠡ ᠬᠠᠭᠠᠰ ᠵᠢᠯ ᠳᠤ ᠪᠦᠷᠢᠳᠬᠡᠨ ᠳᠠᠩᠰᠠᠯᠠᠬᠤ ᠰᠢᠰᠲ᠋ᠧᠮ ᠢ ᠪᠠᠶᠢᠭᠤᠯᠤᠨ | ᠳᠠᠭᠤᠰᠬᠠᠵᠤ᠂ 2020 ᠣᠨ ᠤ ᠰᠡᠭᠦᠯᠴᠢ ᠳᠤ ᠨᠢᠭᠡ ᠯᠠ ᠤᠳᠠᠭ᠎ᠠ ᠪᠦᠷᠢᠳᠬᠡᠨ ᠳᠠᠩᠰᠠᠯᠠᠭᠤᠯᠵᠤ᠂ ᠣᠯᠠᠨ ᠭᠤᠤᠯ ᠴᠣᠭᠴᠠ ᠪᠠᠷ ᠢᠶᠠᠨ ᠬᠠᠮᠲᠤ ᠳᠤ ᠪᠠᠨ | ᠠᠰᠢᠭᠯᠠᠨ᠂ ᠪᠥᠬᠦ ᠴᠤᠪᠤᠷᠠᠯ ᠳᠤ ᠬᠡᠷᠡᠭᠯᠡᠬᠦ ᠪᠣᠯᠭᠠᠨ᠎ᠠ᠃ | 3. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠠᠷᠢᠮᠵᠢᠶ᠎ᠠ᠂ | ᠭᠤᠶᠤᠴᠢᠯᠠᠨ ᠮᠡᠳᠡᠭᠦᠯᠬᠦ ᠴᠤᠪᠤᠷᠠᠯ᠂ ᠬᠢᠨᠠᠨ ᠬᠠᠮᠢᠶᠠᠷᠬᠤ ᠪᠠᠷᠢᠮᠵᠢᠶ᠎ᠠ ᠪᠠ ᠳᠥᠭᠦᠮᠴᠢᠯᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠲᠣᠭᠲᠠᠭᠠᠨ᠎ᠠ᠃ ᠪᠣᠭᠤᠮᠲᠠ ᠶᠢᠨ | ᠶᠡᠷᠦᠩᠬᠡᠶ ᠵᠠᠬᠢᠷᠭ᠎ᠠ ᠶᠢᠨ ᠰᠢᠨ᠎ᠡ ᠪᠠᠷ ᠭᠠᠷᠭᠠᠭᠰᠠᠨ B2B ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠣᠷᠣᠯᠠᠬᠤ | ᠨᠣᠮᠧᠷ ᠢ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠮᠠᠨᠵᠤᠤᠷ ᠪᠣᠭᠤᠮᠲᠠ ᠯᠤᠭ᠎ᠠ ᠢᠳᠡᠪᠬᠢᠲᠡᠢ ᠵᠣᠯᠭᠠᠭᠤᠯᠤᠨ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ B2B ᠭᠠᠳᠠᠭᠠᠳᠤ ᠳᠤ ᠭᠠᠷᠭᠠᠬᠤ ᠮᠣᠳᠦ᠋ᠯ ᠢ ᠬᠠᠮᠲᠤ ᠪᠠᠷ ᠰᠦᠪᠡᠭᠴᠢᠯᠡᠨ ᠨᠡᠮᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B | ᠭᠠᠳᠠᠭᠠᠳᠤ ᠳᠤ ᠭᠠᠷᠭᠠᠬᠤ ᠯᠤᠭ᠎ᠠ ᠵᠣᠬᠢᠴᠠᠭᠰᠠᠨ ᠪᠣᠭᠤᠮᠲᠠ ᠶᠢᠨ ᠪᠦᠷᠢᠳᠬᠡᠬᠦ ᠠᠷᠭ᠎ᠠ ᠶᠢ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B | ᠭᠠᠳᠠᠭᠠᠳᠤ ᠳᠤ ᠭᠠᠷᠭᠠᠬᠤ ᠵᠦᠢᠯ ᠤᠨ ᠪᠣᠭᠤᠮᠲᠠ ᠥᠩᠭᠡᠷᠡᠭᠦᠯᠬᠦ ᠠᠵᠢᠯ ᠳᠤ ᠴᠠᠭᠠᠰᠤᠨ ᠬᠠᠭᠤᠳᠠᠰᠤ ᠬᠡᠷᠡᠭᠯᠡᠬᠦ ᠥᠬᠡᠶ ᠪᠣᠯᠬᠤ ᠶᠢ ᠪᠡᠶᠡᠯᠡᠭᠦᠯᠦᠨ᠎ᠡ᠃ ᠨᠥᠬᠦᠴᠡᠯ ᠳᠤ | ᠨᠡᠶᠢᠴᠡᠭᠰᠡᠨ B2B ᠭᠠᠳᠠᠭᠠᠳᠤ ᠳᠤ ᠭᠠᠷᠭᠠᠬᠤ ᠲᠠᠸᠠᠷ ᠤᠨ ᠭᠠᠶᠢᠯᠢ ᠥᠯᠥ ᠲᠠᠲᠠᠪᠤᠷᠢᠯᠠᠨ ᠳᠠᠬᠢᠨᠲᠠ ᠲᠡᠭᠡᠭᠡᠪᠦᠷᠢᠯᠡᠵᠦ ᠬᠢᠯᠢ ᠪᠠᠷ ᠣᠷᠣᠭᠤᠯᠬᠤ ᠠᠵᠢᠯᠯᠠᠭᠠᠨ ᠤ | ᠴᠤᠪᠤᠷᠠᠯ ᠢ ᠪᠠᠶᠢᠭᠤᠯᠵᠤ᠂ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠲᠣᠭᠤᠷᠢᠭ ᠤᠨ B2B ᠭᠠᠳᠠᠭᠠᠳᠤ ᠳᠤ ᠭᠠᠷᠭᠠᠬᠤ ᠵᠦᠢᠯ ᠢᠶᠠᠨ ︽ᠤᠷᠢᠳ ᠢᠶᠠᠷ | ᠲᠣᠭᠤᠷᠢᠭ ᠠᠴᠠ ᠭᠠᠷᠭᠠᠵᠤ ᠳᠠᠷᠠᠭ᠎ᠠ ᠨᠢ ᠪᠣᠭᠤᠮᠲᠠ ᠳᠤ ᠮᠡᠳᠡᠭᠦᠯᠬᠦ︾ ᠵᠠᠭᠪᠤᠷ ᠢ ᠲᠤᠷᠰᠢᠨ ᠬᠡᠷᠡᠭᠵᠢᠭᠦᠯᠦᠨ᠎ᠡ᠃ 2020 ᠣᠨ ᠤ ᠰᠡᠭᠦᠯᠴᠢ ᠠᠴᠠ ᠡᠮᠦᠨ᠎ᠡ | ᠨᠥᠬᠦᠴᠡᠯ ᠳᠤ ᠨᠡᠶᠢᠴᠡᠭᠰᠡᠨ B2B ᠭᠠᠳᠠᠭᠠᠳᠤ ᠳᠤ ᠭᠠᠷᠭᠠᠬᠤ ᠲᠠᠸᠠᠷ ᠤᠨ ᠭᠠᠶᠢᠯᠢ ᠥᠯᠥ ᠲᠠᠲᠠᠪᠤᠷᠢᠯᠠᠨ ᠳᠠᠬᠢᠨᠲᠠ ᠲᠡᠭᠡᠭᠡᠪᠦᠷᠢᠯᠡᠵᠦ ᠬᠢᠯᠢ ᠪᠠᠷ ᠣᠷᠣᠭᠤᠯᠬᠤ | ᠠᠵᠢᠯᠯᠠᠭᠠᠨ ᠤ ᠴᠤᠪᠤᠷᠠᠯ ᠢ ᠲᠣᠭᠲᠠᠭᠠᠨ᠎ᠠ᠃ | 4. ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2C ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠬᠢᠨᠠᠯᠲᠠ | ᠬᠠᠮᠢᠶᠠᠷᠤᠯᠲᠠ ᠶᠢᠨ ᠴᠤᠪᠤᠷᠠᠯ ᠢ ᠬᠠᠭᠤᠯᠪᠤᠷᠢᠯᠠᠨ ᠲᠣᠭᠲᠠᠭᠠᠨ᠎ᠠ᠃ ᠪᠣᠭᠤᠮᠲᠠ ᠶᠢᠨ ᠳᠡᠭᠡᠳᠦ ᠳᠣᠤᠷᠠᠳᠤ ᠱᠠᠲᠤ ᠶᠢ ᠵᠣᠯᠭᠠᠭᠤᠯᠤᠨ᠂ ᠬᠢᠯᠢ ᠠᠯᠤᠰᠯᠠᠨ ᠰᠢᠭᠤᠳ | ᠬᠤᠳᠠᠯᠳᠤᠨ ᠠᠪᠬᠤ ᠪᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ︽9610︾ ᠵᠠᠭᠪᠤᠷ ᠤᠨ ᠬᠢᠨᠠᠯᠲᠠ ᠬᠠᠮᠢᠶᠠᠷᠤᠯᠲᠠ ᠶᠢᠨ ᠲᠥᠰᠦᠯ ᠢ | ᠬᠠᠮᠲᠤ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠰᠦᠯᠵᠢᠶ᠎ᠡ ᠪᠠᠷ ᠬᠤᠳᠠᠯᠳᠤᠨ ᠠᠪᠬᠤ ᠳᠤ ᠭᠠᠶᠢᠯᠢ ᠶᠢ ᠪᠠᠲᠤᠯᠠᠬᠤ ︽1210︾ ᠬᠢᠨᠠᠯᠲᠠ ᠬᠠᠮᠢᠶᠠᠷᠤᠯᠲᠠ ᠶᠢᠨ | ᠠᠷᠭ᠎ᠠ ᠮᠠᠶ᠋ᠢᠭ ᠢ ᠪᠠᠶᠢᠭᠤᠯᠤᠨ ᠵᠢᠷᠤᠮᠵᠢᠭᠤᠯᠤᠨ᠎ᠠ᠃ ᠵᠢᠵᠢᠭᠯᠡᠨ ᠬᠤᠳᠠᠯᠳᠤᠨ ᠠᠪᠬᠤ ᠶᠢᠨ ᠭᠠᠳᠠᠭᠠᠳᠤ ᠠᠴᠠ ᠣᠷᠣᠭᠤᠯᠬᠤ ᠵᠠᠭᠪᠤᠷ ᠲᠤ ᠂ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠪᠤᠶᠤ ᠲᠡᠭᠦᠨ ᠤ ᠣᠷᠣᠯᠠᠭᠴᠢ ᠨᠢ ᠨᠠᠷᠢᠨ ᠬᠠᠭᠤᠳᠠᠰᠤ ᠪᠠᠷ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ | ᠭᠤᠶᠤᠴᠢᠯᠠᠨ ᠮᠡᠳᠡᠭᠦᠯᠬᠦ᠂ ᠭᠠᠶᠢᠯᠢ ᠲᠤᠰᠢᠶᠠᠬᠤ ᠵᠡᠷᠭᠡ ᠪᠣᠭᠤᠮᠲᠠ ᠶᠢᠨ ᠭᠠᠷᠳᠠᠮ ᠢ ᠣᠷᠣᠯᠠᠨ ᠭᠦᠢᠴᠡᠳᠬᠡᠬᠦ ᠶᠢᠨ ᠬᠠᠮᠲᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ | ᠡᠭᠦᠷᠭᠡᠯᠡᠨ᠎ᠡ᠃ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ᠂ ᠲᠦᠭᠰᠢᠭᠦᠷᠢ ᠶᠢ ᠦᠨᠡᠯᠡᠨ ᠵᠢᠱᠢᠬᠦ ᠰᠢᠰᠲ᠋ᠧᠮᠵᠢ᠂ ᠦᠢᠯᠡᠳᠬᠦᠨ ᠤ ᠢᠷᠡᠯᠲᠡ ᠶᠢ | ᠮᠥᠷᠳᠡᠬᠦ ᠰᠢᠰᠲ᠋ᠧᠮᠵᠢ᠂ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠭᠰᠡᠨ ᠰᠠᠭᠤᠷᠢᠨ | ᠳᠡᠭᠡᠷ᠎ᠡ᠂ ︽ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ︾ ᠪᠠᠷ ᠬᠢᠨᠠᠨ ᠬᠠᠮᠢᠶᠠᠷᠬᠤ ᠵᠠᠭᠪᠤᠷ ᠢ ᠲᠣᠭᠲᠠᠭᠠᠨ᠎ᠠ᠃ 2020 ᠣᠨ ᠤ ᠰᠡᠭᠦᠯᠴᠢ ᠳᠤ᠂ ᠬᠢᠯᠢ | ᠠᠯᠤᠰᠯᠠᠨ ᠰᠢᠭᠤᠳ ᠬᠤᠳᠠᠯᠳᠤᠨ ᠠᠪᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ︽9610︾ ᠵᠠᠭᠪᠤᠷ ᠤᠨ ᠬᠢᠨᠠᠯᠲᠠ ᠬᠠᠮᠢᠶᠠᠷᠤᠯᠲᠠ ᠳᠤ | ᠰᠢᠨ᠎ᠡ ᠡᠭᠦᠳᠦᠯᠲᠡ ᠬᠢᠬᠦ ᠶᠢ ᠠᠬᠢᠭᠤᠯᠵᠤ᠂ ᠬᠤᠪᠢ ᠬᠥᠮᠦᠨ ᠤ ᠭᠠᠳᠠᠭᠠᠳᠤ ᠠᠴᠠ ᠬᠤᠳᠠᠯᠳᠤᠵᠤ ᠠᠪᠤᠭᠰᠠᠨ ᠪᠠᠷᠠᠭ᠎ᠠ ᠶᠢᠨ ᠰᠦᠯᠵᠢᠶ᠎ᠡ ᠪᠠᠷ ᠪᠣᠭᠤᠮᠲᠠ | ᠥᠩᠭᠡᠷᠡᠭᠦᠯᠬᠦ ᠳᠤ ᠬᠢᠨᠠᠯᠲᠠ ᠬᠠᠮᠢᠶᠠᠷᠤᠯᠲᠠ ᠬᠢᠬᠦ ᠠᠷᠭ᠎ᠠ ᠶᠢ ᠰᠦᠪᠡᠭᠴᠢᠯᠡᠨ᠎ᠡ᠃ | 5. ᠣᠯᠠᠨ ᠤᠯᠤᠰ ᠤᠨ ᠰᠢᠤᠳᠠᠨ ᠤ ᠵᠦᠢᠯ᠂ ᠲᠦᠷᠭᠡᠨ ᠢᠯᠡᠭᠡᠬᠦ ᠪᠣᠭᠤᠳᠠᠯ ᠪᠠᠭᠯᠠᠭ᠎ᠠ ᠶᠢᠨ ᠭᠦᠢᠯᠭᠡᠭᠡᠨ ᠳᠤ ᠬᠢᠨᠠᠯᠲᠠ ᠬᠠᠮᠢᠶᠠᠷᠤᠯᠲᠠ ᠬᠢᠬᠦ ᠠᠷᠭ᠎ᠠ ᠮᠠᠶ᠋ᠢᠭ ᠢ | ᠰᠦᠪᠡᠭᠴᠢᠯᠡᠨ᠎ᠡ᠃ ᠤᠯᠠᠭᠠᠨᠬᠠᠳᠠ ᠬᠤᠲᠠ ᠶᠢᠨ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠪᠠᠶᠢᠭᠤᠯᠬᠤ ᠶᠢ ᠳᠠᠮᠵᠢᠵᠤ᠂ ᠣᠯᠠᠨ ᠤᠯᠤᠰ ᠤᠨ ᠰᠢᠤᠳᠠᠨ ᠤ | ᠵᠦᠢᠯ᠂ ᠲᠦᠷᠭᠡᠨ ᠢᠯᠡᠭᠡᠯᠲᠡ᠂ ᠲᠦᠷᠭᠡᠨ ᠢᠯᠡᠬᠡᠬᠦ ᠪᠣᠭᠤᠳᠠᠯ ᠪᠠᠭᠯᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ | ᠮᠠᠶ᠋ᠢᠭ ᠢ ᠰᠦᠪᠡᠭᠴᠢᠯᠡᠨ᠎ᠡ᠃ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ᠂ ᠪᠣᠭᠤᠮᠲᠠ᠂ ᠰᠢᠤᠳᠠᠨ ᠪᠠ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ | ᠲᠥᠪ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ ᠢ ᠢᠳᠡᠪᠬᠢᠲᠡᠶ ᠵᠠᠯᠭᠠᠯᠳᠤᠭᠤᠯᠵᠤ᠂ ᠨᠢᠭᠤᠷᠳᠠᠨ ᠵᠢᠷᠤᠭᠤᠯᠬᠤ ᠮᠡᠳᠡᠭᠡ ᠵᠠᠩᠭᠢ᠂ ᠭᠥᠯᠢᠶᠡᠨ | ᠠᠪᠤᠭᠰᠠᠨ ᠮᠡᠳᠡᠭᠡ ᠵᠠᠩᠭᠢ᠂ ᠪᠣᠭᠤᠳᠠᠯ ᠪᠠᠭᠯᠠᠭ᠎ᠠ ᠶᠢ ᠪᠠᠶᠢᠴᠠᠭᠠᠨ ᠰᠢᠯᠭᠠᠭᠰᠠᠨ ᠮᠡᠳᠡᠭᠡ ᠵᠠᠩᠭᠢ᠂ ᠬᠤᠷᠢᠶᠠᠨ ᠠᠪᠴᠤ ᠶᠠᠪᠤᠭᠤᠯᠤᠭᠰᠠᠨ ᠵᠢᠩᠬᠢᠨᠢ ᠨᠡᠷ᠎ᠡ ᠶᠢᠨ ᠮᠡᠳᠡᠭᠡ | ᠵᠠᠩᠭᠢ ᠪᠠᠷ ᠦᠨᠳᠦᠰᠦᠯᠡᠯ ᠪᠣᠯᠭᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡ ᠦᠢᠯᠡᠴᠢᠯᠡᠭᠡᠨ ᠤ ᠲᠠᠪᠴᠠᠩ ᠤᠨ ᠬᠤᠷᠢᠶᠠᠩᠭᠤᠶᠢᠯᠠᠨ | ᠬᠤᠯᠪᠣᠭᠠᠯᠠᠵᠤ ᠨᠡᠪᠲᠡᠷᠡᠭᠦᠯᠬᠦ ᠪᠠᠷ ᠳᠠᠮᠵᠢᠭᠤᠯᠵᠤ᠂ ᠢᠨᠲ᠋ᠧᠷ ᠤᠨ ᠬᠠᠤᠯᠢ ᠬᠡᠷᠡᠭᠵᠢᠭᠦᠯᠭᠦ ᠲᠠᠢ ᠬᠠᠷᠭᠤᠭᠤᠯᠣᠨ ᠰᠢᠤᠳᠠᠨ ᠤ ᠲᠦᠷᠭᠡᠨ ᠢᠯᠡᠭᠡᠯᠲᠡ ᠳᠤ ᠬᠢᠨᠠᠯᠲᠠ | ᠬᠠᠮᠢᠶᠠᠷᠤᠯᠲᠠ ᠬᠢᠬᠦ ᠠᠷᠭ᠎ᠠ ᠮᠠᠶ᠋ᠢᠭ ᠢ ᠰᠦᠪᠡᠭᠴᠢᠯᠡᠨ ᠪᠦᠷᠢᠯᠳᠦᠭᠦᠯᠦᠨ᠎ᠡ᠃ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠰᠢᠰᠲ᠋ᠧᠮᠵᠢ᠂ ᠳ᠋ᠠᠶᠢᠲ᠋ᠠ ᠶᠢᠨ | ᠡᠬᠢ ᠪᠠᠶᠠᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠪᠠ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠭᠰᠢᠭᠦᠷᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠦᠨᠡᠯᠡᠨ ᠵᠢᠱᠢᠵᠦ ᠵᠠᠳᠠᠯᠬᠤ᠂ ᠰᠡᠷᠡᠮᠵᠢᠯᠡᠭᠦᠯᠦᠨ | ᠰᠢᠢᠳᠪᠦᠷᠢᠯᠡᠬᠦ᠂ ᠳᠠᠬᠢᠨᠲᠠ ᠪᠠᠶᠢᠴᠠᠭᠠᠵᠤ ᠲᠡᠭᠦᠯᠳᠡᠷᠵᠢᠭᠦᠯᠬᠦ ᠵᠡᠷᠭᠡ ᠲᠣᠭᠲᠠᠴᠠ ᠶᠢ ᠪᠠᠶᠢᠭᠤᠯᠵᠦ ᠪᠦᠷᠢᠨᠰᠢᠭᠦᠯᠤᠨ᠂ ᠠᠷᠠᠯᠵᠢᠶᠠᠨ ᠤ ᠲᠠᠯ᠎ᠠ ᠪᠠᠷ ᠬᠢ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ᠎ᠡ᠃ ᠴᠤᠪᠤᠷᠠᠯ ᠤᠨ ᠵᠠᠩᠭᠢᠶᠠᠰᠤᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠭᠤᠤᠯᠳᠠᠯᠭ᠎ᠠ ᠪᠣᠯᠭᠠᠨ᠂ ᠲᠦᠷᠭᠡᠨ ᠢᠯᠡᠭᠡᠯᠲᠡ ᠶᠢᠨ | ᠪᠥᠬᠦ ᠴᠤᠪᠤᠷᠠᠯ ᠳᠤ ᠲᠤᠰᠬᠠᠶ ᠮᠡᠷᠭᠡᠵᠢᠯ ᠤᠨ ᠲᠦᠭᠰᠢᠭᠦᠷᠢ ᠶᠢᠨ ᠵᠠᠳᠠᠯᠤᠯᠲᠠ ᠬᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠤᠪᠢᠭᠤᠯᠵᠤ ᠢᠯᠡᠭᠡᠬᠦ | ᠬᠦᠷᠢᠶᠡᠨ ᠳᠠᠬᠢ ᠬᠠᠤᠯᠢ ᠠᠴᠠ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ | ᠠᠷᠭ᠎ᠠ ᠬᠡᠮᠵᠢᠶ᠎ᠡ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠠᠳᠠᠯᠤᠯᠲᠠ ᠬᠢᠵᠦ᠂ ᠡᠯ᠎ᠡ ᠲᠥᠷᠥᠯ ᠤᠨ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ 2020 ᠣᠨ ᠤ ᠰᠡᠭᠦᠯᠴᠢ ᠪᠣᠯᠬᠤ ᠳᠤ᠂ ᠣᠯᠠᠨ ᠤᠯᠤᠰ ᠤᠨ ᠰᠢᠤᠳᠠᠨ ᠤ ᠵᠦᠢᠯ᠂ ᠲᠦᠷᠭᠡᠨ ᠢᠯᠡᠬᠡᠬᠦ | ᠪᠣᠭᠤᠳᠠᠯ ᠪᠠᠭᠯᠠᠭ᠎ᠠ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠬᠢᠵᠦ᠂ ᠪᠣᠭᠤᠮᠲᠠ ᠪᠠᠷ ᠰᠠᠭᠠᠳ ᠦᠭᠡᠢ ᠥᠩᠭᠡᠷᠡᠭᠦᠯᠬᠦ ᠪᠣᠯᠭᠠᠨ᠎ᠠ᠃ | ︵ᠭᠤᠷᠪᠠ︶ ᠶᠡᠷᠦᠩᠬᠡᠶᠢᠯᠡᠭᠰᠡᠨ ᠦᠢᠯᠡᠴᠢᠯᠡᠬᠦ ᠴᠢᠳᠠᠮᠵᠢ ᠶᠢ ᠲᠡᠭᠦᠯᠳᠡᠷᠵᠢᠭᠦᠯᠦᠨ᠎ᠡ᠃ | 1. ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠪᠠᠷ ᠳ᠋ᠦᠩᠨᠡᠨ | ᠪᠣᠳᠣᠵᠤ ᠠᠷᠠᠯᠵᠢᠶᠠᠯᠠᠬᠤ ᠶᠢ ᠳᠦᠬᠦᠮ ᠠᠪᠰᠠᠷᠬᠠᠨ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠭᠴᠢ ᠨᠢ ᠲᠣᠭᠠᠴᠠᠭ᠎ᠠ ᠬᠢᠬᠦ ᠪᠠᠶᠢᠭᠤᠯᠤᠮᠵᠢ ᠪᠠᠷ | ᠳᠠᠮᠵᠢᠭᠤᠯᠵᠤ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠳᠠᠩᠰᠠᠯᠠᠨ | ᠲᠡᠮᠳᠡᠭᠯᠡᠭᠦᠯᠵᠦ ᠪᠣᠯᠤᠨ᠎ᠠ᠂ ᠳᠠᠩᠰᠠᠯᠠᠨ ᠲᠡᠮᠳᠡᠭᠯᠡᠭᠦᠯᠵᠦ ᠳᠠᠭᠤᠰᠤᠭᠰᠠᠨ ᠤ ᠳᠠᠷᠠᠭ᠎ᠠ ᠳᠠᠷᠤᠢ ᠳᠤ ᠨᠢ ᠭᠠᠳᠠᠭᠠᠳᠤ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠢ | ᠥᠷᠨᠢᠭᠦᠯᠵᠦ ᠪᠣᠯᠤᠨ᠎ᠠ᠂ ᠣᠨ ᠤ ᠡᠳ᠋ ᠪᠠᠷᠠᠭᠠᠨ ᠤ ᠠᠷᠠᠯᠵᠢᠶ᠎ᠠ ᠶᠢᠨ ᠭᠤᠪᠢᠭᠤᠯᠭ᠎ᠠ ᠬᠤᠷᠢᠶᠠᠮᠵᠢᠯᠠᠭᠰᠠᠨ ᠪᠤᠶᠤ ᠭᠤᠪᠢᠭᠤᠯᠣᠨ ᠶᠠᠪᠤᠭᠤᠯᠤᠭᠰᠠᠨ ᠵᠣᠭᠤᠰᠤᠨ ᠤ ᠨᠡᠶᠢᠲᠡ | ᠲᠤᠭ᠎ᠠ ᠨᠢ 20 ᠲᠦᠮᠡᠨ ᠳ᠋ᠣᠯᠯᠠᠷ ︵ᠪᠠᠭᠲᠠᠬᠤ ᠦᠭᠡᠢ︶ ᠠᠴᠠ ᠪᠠᠭ᠎ᠠ ᠪᠠᠶᠢᠬᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭ ᠪᠢᠴᠢᠯ ᠠᠵᠤ | ᠠᠬᠤᠶᠢᠯᠠᠯ ᠪᠣᠯ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠳᠠᠩᠰᠠᠯᠠᠨ | ᠲᠡᠮᠳᠡᠭᠯᠡᠭᠦᠯᠬᠦ ᠦᠭᠡᠢ ᠪᠠᠶᠢᠵᠤ ᠪᠣᠯᠤᠨ᠎ᠠ᠃ ᠠᠷᠠᠯᠵᠢᠶᠠᠨ ᠤ ᠦᠨᠡᠨ ᠪᠣᠳᠠᠲᠠᠢ ᠴᠢᠨᠠᠷ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠬᠤᠪᠢ ᠬᠥᠮᠦᠨ ᠪᠣᠯᠬᠤ ᠭᠤᠤᠯ 365赢多少钱会被限额_国内有真正的365平台吗_365bet博彩官网 | ᠴᠣᠭᠴᠠ ᠨᠢ ᠪᠠᠩᠬᠢ ᠳᠤ ᠨᠡᠭᠡᠭᠡᠭᠰᠡᠨ ᠭᠠᠳᠠᠭᠠᠳᠤ ᠭᠤᠪᠢᠭᠤᠯᠭ᠎ᠠ ᠶᠢᠨ ᠬᠠᠳᠠᠭᠠᠯᠠᠮᠵᠢ ᠶᠢᠨ ᠲᠠᠩᠰᠠᠨ ᠡᠷᠦᠬᠡ ᠪᠠᠷ ᠢᠶᠠᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ ᠵᠡᠷᠭᠡ ᠡᠳ᠋ ᠪᠠᠷᠠᠭᠠᠨ ᠤ ᠠᠷᠠᠯᠵᠢᠶᠠᠨ ᠤ ᠭᠠᠳᠠᠭᠠᠳᠤ ᠭᠤᠪᠢᠭᠤᠯᠭ᠎ᠠ ᠶᠢᠨ ᠳ᠋ᠦᠩᠨᠡᠨ ᠪᠣᠳᠣᠬᠤ ᠶᠢ ᠭᠦᠢᠴᠡᠳᠬᠡᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠪᠠᠶᠢᠩᠭᠤ ᠶᠢᠨ ᠲᠦᠷᠦᠯ ᠵᠦᠢᠯᠡᠰ ᠤᠨ ᠲᠠᠯ᠎ᠠ ᠪᠠᠷ ᠬᠢ ᠪᠠᠭ᠎ᠠ ᠲᠣᠭᠠᠨ ᠤ ᠪᠠ ᠵᠢᠵᠢᠭ ᠰᠠᠵᠢᠭ ᠠᠷᠠᠯᠵᠢᠶᠠᠨ ᠤ ᠭᠤᠪᠢᠭᠤᠯᠭ᠎ᠠ ᠶᠢ ᠳ᠋ᠦᠩᠨᠡᠵᠦ ᠪᠤᠳᠤᠬᠤ | ᠪᠠ ᠪᠣᠷᠣᠯᠠᠭᠤᠯᠵᠤ ᠬᠤᠳᠠᠯᠳᠤᠬᠤ ᠵᠦᠶ ᠵᠣᠬᠢᠰᠲᠠᠶ ᠬᠡᠷᠡᠭᠴᠡᠭᠡ ᠶᠢ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯᠯᠠᠭ᠎ᠠ ᠳᠤ ᠪᠠᠨ | ᠠᠷᠠᠳ ᠤᠨ ᠵᠣᠭᠤᠰ ᠢᠶᠠᠷ ᠬᠠᠩᠰᠢᠯᠠᠵᠤ ᠳ᠋ᠦᠩᠨᠡᠨ ᠪᠤᠳᠤᠬᠤ ᠶᠢ ᠵᠣᠷᠢᠭᠵᠢᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ | ᠲᠣᠭᠠᠴᠠᠭ᠎ᠠ ᠬᠢᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠳᠤᠷᠠᠯᠴᠠᠭ᠎ᠠ ᠦᠷᠨᠢᠭᠦᠯᠬᠦ ᠶᠢ ᠳᠡᠮᠵᠢᠵᠦ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠢᠯᠢ ᠠᠯᠤᠰᠯᠠᠭᠰᠠᠨ ᠠᠷᠠᠳ ᠤᠨ ᠵᠣᠭᠤᠰᠤᠨ ᠤ ᠲᠤᠬᠠᠶᠢᠯᠠᠭᠰᠠᠨ ᠠᠵᠢᠯ ᠤᠨ ᠨᠡᠷᠡᠳᠬᠦᠨ ᠢ ᠪᠠᠶᠠᠯᠢᠭᠵᠢᠭᠤᠯᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠢᠯᠯᠠᠭ᠎ᠠ ᠳᠤ ᠬᠢᠯᠢ ᠠᠯᠤᠰᠯᠠᠭᠰᠠᠨ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠰᠢᠯᠢᠳᠡᠭ ᠦᠢᠯᠡᠴᠢᠯᠡᠭᠡ ᠶᠢ ᠬᠠᠩᠭᠠᠨ᠎ᠠ᠃ | 2. ᠮᠥᠩᠭᠦᠨ ᠭᠦᠢᠯᠭᠡᠭᠡᠨ ᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠦᠯᠵᠢᠶ᠎ᠡ ᠪᠠᠷ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠠᠷᠭ᠎ᠠ | ᠮᠠᠶ᠋ᠢᠭ ᠢ ᠰᠦᠪᠡᠭᠴᠢᠯᠡᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠣᠷᠣᠯᠴᠠᠬᠤ ᠡᠷᠴᠢᠮ ᠢ ᠴᠢᠩᠭᠠᠷᠠᠭᠤᠯᠤᠨ | ᠂ ᠪᠠᠩᠬᠢ ᠪᠠ ᠳᠤᠮᠳᠠᠳᠤ ᠤᠯᠤᠰ ᠤᠨ ᠢᠲᠡᠬᠡᠮᠵᠢ ᠶᠢᠨ ᠳᠠᠭᠠᠳᠬᠠᠯ ᠢ ᠵᠣᠷᠢᠭᠵᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠳᠤ ᠪᠠᠨ | ᠢᠳᠡᠪᠬᠢᠲᠡᠶ ᠪᠠᠷ ᠰᠢᠨ᠎ᠡ ᠶᠢ ᠡᠭᠦᠳᠴᠦ᠂ ᠪᠠᠯᠠ ᠮᠥᠩᠭᠦᠨ ᠤ ᠨᠠᠷᠢᠨ ᠲᠣᠭᠠᠴᠠᠭ᠎ᠠ᠂ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ᠂ ᠬᠠᠩᠭᠠᠯᠭ᠎ᠠ ᠶᠢᠨ | ᠬᠡᠯᠬᠢᠶᠡᠨ ᠤ ᠮᠥᠩᠭᠦᠨ ᠭᠦᠢᠯᠭᠡᠭᠡ ᠵᠡᠷᠭᠡ ᠮᠥᠩᠭᠦᠨ ᠭᠦᠢᠯᠭᠡᠭᠡᠨ ᠤ ᠨᠡᠩ ᠲᠦᠷᠭᠡᠨ ᠪᠥᠭᠡᠳ ᠨᠡᠩ ᠣᠨᠣᠪᠴᠢᠲᠠᠢ ᠦᠢᠯᠡᠴᠢᠯᠡᠭᠡ ᠶᠢ ᠬᠠᠩᠭᠠᠨ᠎ᠠ᠃ ᠭᠠᠳᠠᠭᠠᠳᠤ ᠳᠤ | ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭ᠎ᠠ ᠳᠤ ᠵᠣᠬᠢᠴᠠᠭᠰᠠᠨ ᠰᠢᠨ᠎ᠡ ᠮᠠᠶ᠋ᠢᠭ ᠤᠨ ᠳᠠᠭᠠᠳᠬᠠᠯ ᠤᠨ ᠵᠦᠢᠯ ᠢ ᠰᠢᠨ᠎ᠡ ᠪᠠᠷ ᠡᠭᠦᠳᠣᠨ ᠰᠤᠳᠤᠯᠤᠨ ᠨᠡᠭᠡᠭᠡᠵᠦ᠂ | ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ ᠪᠠᠷ ᠪᠠᠯᠠ ᠲᠣᠬᠢᠷᠠᠭᠤᠯᠭ᠎ᠠ ᠬᠢᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠨᠥᠬᠦᠴᠡᠯ ᠳᠤ | ᠨᠡᠶᠢᠴᠡᠭᠰᠡᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠳ ᠭᠠᠳᠠᠭᠠᠳᠤ ᠳᠠᠬᠢ ᠠᠵᠤ ᠠᠬᠤᠶᠢᠯᠠᠯ ᠳᠤ ᠪᠠᠨ ᠵᠢᠭᠡᠯᠡᠯᠭᠡ ᠲᠠᠯᠪᠢᠬᠤ ᠳᠤ ᠳᠣᠲᠣᠭᠠᠳᠤ ᠶᠢᠨ | ᠳᠠᠭᠠᠭᠠᠯᠲᠠ ᠪᠠᠷ ᠪᠠᠲᠤᠯᠠᠬᠤ ᠲᠥᠷᠥ ᠶᠢᠨ ᠪᠣᠳᠣᠯᠭ᠎ᠠ ᠶᠢ ᠬᠡᠷᠡᠭᠯᠡᠨ᠂ ᠭᠠᠳᠠᠭᠠᠳᠤ ᠶᠢᠨ ᠪᠠᠯᠠ ᠮᠥᠩᠭᠦ ᠶᠢ ᠠᠵᠤ ᠠᠬᠤᠶᠢᠯᠠᠯ ᠤᠨ ᠲᠣᠰ ᠪᠡᠶ᠎ᠡ ᠶᠢᠨ ᠬᠢᠯᠢ ᠶᠢᠨ ᠭᠠᠳᠠᠨᠠᠬᠢ | ᠲᠥᠷᠥᠯ ᠵᠦᠢᠯ ᠵᠢᠴᠢ ᠬᠠᠷᠢᠶ᠎ᠠ ᠺᠣᠮᠫᠠᠨᠢ ᠶᠢᠨ ᠬᠥᠭᠵᠢᠯᠲᠡ ᠳᠤ ᠬᠡᠷᠡᠭᠯᠡᠬᠦ ᠶᠢ ᠨᠢ ᠵᠣᠷᠢᠭᠵᠢᠭᠤᠯᠤᠨ᠎ᠠ᠃ ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠪᠣᠴᠨ ᠳᠠᠬᠢ ᠪᠡᠯᠡ ᠲᠣᠬᠢᠷᠠᠭᠤᠯᠭ᠎ᠠ᠂ ᠲᠦᠭᠰᠢᠭᠦᠷᠢ ᠶᠢᠨ ᠪᠠᠲᠤᠯᠠᠭ᠎ᠠ ᠶᠢᠨ ᠲᠣᠭᠲᠠᠴᠠ ᠶᠢ ᠢᠳᠡᠪᠬᠢᠲᠡᠶ ᠰᠦᠪᠡᠭᠴᠢᠯᠡᠨ᠎ᠡ᠃ 2020 ᠣᠨ ᠤ | ᠰᠡᠭᠦᠯᠴᠢ ᠠᠴᠠ ᠡᠮᠦᠨ᠎ᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠢ ᠪᠡᠶᠡᠯᠡᠭᠦᠯᠵᠦ᠂ ᠡᠯ᠎ᠡ ᠵᠦᠢᠯ ᠤᠨ ᠮᠥᠩᠭᠦᠨ ᠭᠦᠢᠯᠭᠡᠭᠡᠨ ᠤ | ᠦᠢᠯᠡᠴᠢᠯᠡᠬᠦ ᠴᠢᠳᠠᠮᠵᠢ ᠶᠢ ᠰᠦᠯᠵᠢᠶ᠎ᠡ ᠪᠠᠷ ᠭᠦᠢᠴᠡᠳᠭᠡᠬᠦ ᠪᠣᠯᠭᠠᠨ᠎ᠠ᠃ | 3. ᠪᠠᠷᠠᠭᠠᠨ ᠤ ᠭᠦᠢᠯᠭᠡᠭᠡᠨ ᠤ ᠲᠦᠬᠦᠷᠵᠢᠭᠰᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠦᠢᠯᠡᠴᠢᠯᠡᠬᠦ ᠴᠢᠳᠠᠮᠵᠢ ᠶᠢ ᠳᠡᠭᠡᠭᠰᠢᠯᠡᠭᠦᠯᠦᠨ᠎ᠡ᠃ | ᠵᠡᠭᠦᠨ ᠬᠤᠶᠢᠲᠤ ᠣᠷᠣᠨ ᠤ ᠣᠷᠣᠨ ᠪᠦᠰᠡ ᠶᠢᠨ ᠪᠠᠶᠢᠷᠢᠰᠢᠯ ᠢ ᠲᠦᠷᠭᠡᠳᠬᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠠᠴᠤᠷᠠᠭᠠᠯᠠᠨ ᠨᠥᠯᠥᠭᠡᠯᠡᠬᠦ | ᠬᠡᠪᠴᠢᠶ᠎ᠡ ᠶᠢ ᠥᠷᠭᠡᠳᠬᠡᠨ᠎ᠡ᠃ ᠳᠤᠮᠳᠠᠳᠤ ᠧᠦ᠋ᠷᠣᠫᠠ ︵ᠤᠯᠠᠭᠠᠨᠬᠠᠳᠠ ᠮᠠᠨᠵᠤᠤᠷ ᠧᠦ᠋ᠷᠣᠫᠠ︶ ᠶᠢᠨ ᠴᠢᠩᠭᠢᠭᠯᠢᠭᠲᠦ ᠡᠭᠡᠯᠵᠢ ᠶᠢᠨ ᠭᠠᠯᠲᠤ ᠲᠡᠷᠭᠡ ᠶᠢ ᠬᠤᠤᠰ | ᠴᠢᠭᠯᠡᠯ ᠢᠶᠠᠷ ᠪᠠᠶᠢᠩᠭᠤᠵᠢᠭᠤᠯᠤᠨ ᠲᠡᠭᠡᠭᠡᠪᠦᠷᠢᠯᠡᠵᠦ ᠠᠶᠠᠯᠠᠬᠤ ᠶᠢ ᠠᠬᠢᠭᠤᠯᠵᠤ᠂ ᠭᠠᠳᠠᠭᠠᠳᠤ ᠳᠠᠬᠢ ᠰᠠᠩ ᠬᠥᠮᠥᠷᠭᠡ ᠶᠢ ᠤᠬᠠᠭᠠᠯᠠᠨ ᠲᠥᠰᠥᠪᠯᠡᠵᠦ ᠪᠦᠲᠦᠭᠡᠨ | ᠪᠠᠶᠢᠭᠤᠯᠤᠨ᠎ᠠ᠃ ᠲᠢᠶᠠᠨᠵᠢᠨ᠂ ᠳ᠋ᠠᠯᠢᠶᠠᠨ᠂ ᠵᠢᠨᠵᠧᠦ ᠵᠡᠷᠭᠡ ᠭᠠᠷᠠᠮ ᠯᠤᠭ᠎ᠠ ᠶᠢᠨ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠠᠶᠠᠯᠠᠯ | ᠱᠤᠭᠤᠮ ᠪᠠ ᠮᠡᠳᠡᠭᠡ ᠵᠠᠩᠭᠢ ᠶᠢᠨ ᠲᠠᠯ᠎ᠠ ᠪᠠᠷ ᠬᠤᠯᠪᠣᠭᠠᠯᠠᠨ ᠨᠡᠪᠲᠡᠷᠡᠯᠴᠡᠬᠦ᠂ ᠬᠠᠷᠢᠯᠴᠠᠨ ᠠᠰᠢᠭ ᠬᠦᠷᠲᠡᠭᠡᠵᠦ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ | ᠮᠢᠬᠠᠨ ᠤ ᠵᠦᠢᠯ᠂ ᠠᠭᠤᠷᠬᠠᠶ ᠶᠢᠨ ᠦᠢᠯᠡᠳᠬᠦᠨ ᠵᠡᠷᠭᠡ ᠶᠢᠨ ᠲᠣᠭᠲᠠᠭᠠᠭᠰᠠᠨ ᠲᠠᠯᠠᠪᠤᠷ ᠭᠠᠵᠠᠷ ᠤᠨ ᠬᠢᠷᠢ ᠬᠡᠮ ᠤᠨ ᠪᠠᠶᠢᠭᠤᠯᠤᠯᠲᠠ ᠶᠢ ᠲᠦᠷᠭᠡᠳᠬᠡᠨ | ᠲᠡᠭᠦᠯᠳᠡᠷᠵᠢᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠶ ᠪᠠᠷ | ᠣᠷᠣᠭᠤᠯᠤᠨ ᠠᠪᠴᠢᠷᠠᠵᠤ᠂ ᠪᠠᠷᠠᠭᠠᠨ ᠤ ᠲᠡᠭᠡᠭᠡᠪᠦᠷᠢ ᠶᠢᠨ ᠰᠢᠭᠤᠳ ᠵᠥᠭᠡᠭᠡᠪᠦᠷᠢᠯᠡᠨ ᠠᠶᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠣᠯᠠᠨ | ᠤᠯᠤᠰ ᠤᠨ ᠰᠢᠤᠳᠠᠨ ᠤ ᠵᠦᠢᠯ ᠤᠨ ᠰᠣᠯᠢᠯᠴᠠᠭᠠᠨ ᠤ ᠲᠣᠪᠴᠢᠶ᠎ᠠ ᠪᠠᠶᠢᠭᠤᠯᠬᠤ ᠶᠢ ᠳᠠᠮᠵᠢᠵᠤ᠂ ᠣᠯᠠᠨ ᠤᠯᠤᠰ ᠤᠨ ᠰᠢᠤᠳᠠᠨ ᠤ ᠵᠦᠢᠯ ᠤᠨ ᠭᠠᠳᠠᠭᠠᠳᠤ ᠠᠴᠠ | ᠣᠷᠣᠭᠤᠯᠬᠤ ᠭᠠᠳᠠᠭᠠᠳᠤ ᠳᠤ ᠭᠠᠷᠭᠠᠬᠤᠵᠠᠮ ᠱᠣᠭᠤᠮ ᠢ ᠨᠡᠪᠲᠡᠷᠡᠭᠦᠯᠦᠨ᠂ ᠣᠯᠠᠨ ᠤᠯᠤᠰ ᠤᠨ ᠰᠢᠤᠳᠠᠨ ᠤ ᠵᠦᠢᠯ ᠤᠨ ᠪᠣᠭᠤᠮᠲᠠ ᠪᠠᠷ ᠥᠩᠭᠡᠷᠡᠬᠦ ᠬᠤᠷᠳᠤᠴᠠ ᠶᠢ | ᠲᠦᠷᠭᠡᠳᠬᠡᠨ᠎ᠡ᠃ ᠤᠯᠠᠭᠠᠨᠬᠠᠳᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠪᠦᠲᠦᠭᠡᠨ | ᠪᠠᠶᠢᠭᠤᠯᠤᠯᠳᠠ ᠶᠢ ᠳᠠᠮᠵᠢᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ︵ᠨᠢᠭᠡ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ | ᠮᠠᠨᠵᠤᠤᠷ ᠤᠨ ᠳᠤᠮᠳᠠᠳᠤ ᠣᠷᠣᠰ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ᠂ ᠡᠷᠢᠶᠡᠨ ᠬᠤᠲᠠ ᠶᠢᠨ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠬᠦ ᠶᠢ ᠰᠦᠪᠡᠭᠴᠢᠯᠡᠨ ᠳᠠᠮᠵᠢᠨ᠎ᠠ᠃ ᠬᠠᠩᠵᠧᠦ᠂ ᠨᠢᠩᠪᠦ᠋ᠸᠧ᠂ ᠢ ᠦ᠋᠂ ᠵᠧᠩᠵᠧᠤ ᠵᠡᠷᠭᠡ ᠨᠡᠯᠢᠶᠡᠳ | ᠪᠣᠯᠪᠠᠰᠤᠷᠠᠩᠭᠤᠶ ᠠᠵᠢᠯᠯᠠᠭᠠᠨ ᠲᠠᠢ ᠬᠢᠯᠢ ᠠᠯᠤᠰᠯᠠᠭᠰᠠ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠷᠭ᠎ᠠ ᠬᠢᠳᠡᠯ ᠢᠶᠠᠷ | ᠯᠠᠪᠯᠠᠯᠲᠠ ᠪᠣᠯᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠭᠠᠶᠢᠯᠢ | ᠪᠠᠲᠤᠯᠠᠬᠤ ᠰᠠᠩ ᠬᠥᠮᠥᠷᠭᠡ᠂ ᠣᠯᠠᠨ ᠤᠯᠤᠰ ᠤᠨ ᠰᠢᠤᠳᠠᠨ ᠤ ᠲᠦᠷᠭᠡᠨ ᠢᠯᠡᠭᠡᠯᠲᠡ ᠶᠢᠨ ᠵᠦᠢᠯ ᠤᠨ ᠬᠥᠮᠥᠷᠭᠡᠯᠡᠨ ᠬᠠᠳᠠᠭᠠᠯᠠᠬᠤ ᠲᠥᠪ ᠤᠨ ᠪᠥᠲᠥᠭᠡᠨ | ᠪᠠᠶᠢᠭᠤᠯᠤᠯᠲᠠ᠂ ᠣᠶᠢᠷ᠎ᠠ ᠵᠠᠮ ᠤᠨ ᠲᠡᠭᠡᠭᠡᠪᠦᠷᠢ᠂ ᠣᠯᠠᠨ ᠤᠯᠤᠰ ᠤᠨ ᠴᠢᠩᠭᠢᠭᠯᠢᠭ ᠢᠶᠠᠷ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ᠂ ᠲᠦᠬᠦᠷᠵᠢᠭᠦᠯᠦᠭᠰᠡᠨ ᠲᠥᠬᠦᠭᠡᠷᠦᠮᠵᠢ ᠪᠡᠯᠡᠳᠬᠡᠮᠵᠢ ᠵᠡᠷᠭᠡ ᠲᠠᠯ᠎ᠠ ᠶᠢᠨ ᠲᠣᠭᠤᠷᠢᠨ ᠳᠤ ᠤᠯᠠᠭᠠᠨᠬᠠᠳᠠ ᠭᠠᠵᠠᠷ ᠣᠷᠣᠨ ᠤ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠯᠦᠭᠡ ᠨᠡᠶᠢᠴᠡᠭᠰᠡᠨ ᠬᠠᠷᠠᠭᠠᠯᠵᠠᠵᠤ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ ᠬᠠᠨᠳᠤᠯᠭᠠᠲᠤ ᠴᠢᠨᠠᠷ ᠢᠶᠠᠷ ᠴᠢᠩᠭ᠎ᠠ ᠪᠥᠭᠡᠳ ᠦᠨ᠎ᠡ ᠴᠠᠨ᠎ᠠ ᠲᠠᠢ | ᠲᠡᠳᠬᠦᠨ ᠳᠡᠮᠵᠢᠬᠦ ᠪᠤᠰᠤᠳ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠵᠤ᠂ ᠬᠠᠨᠳᠤᠰᠢ ᠨᠢ ᠲᠣᠳᠣᠷᠬᠠᠶ᠂ ᠳᠡᠮᠵᠢᠯᠭᠡ ᠨᠢ ᠡᠷᠴᠢᠮᠲᠡᠢ᠂ ᠭᠦᠢᠴᠡᠳᠭᠡᠬᠦ ᠳᠤ | ᠳᠥᠭᠦᠮ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠯᠳᠦᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠬᠤᠶᠠᠷ︶ ᠪᠠᠯᠠ ᠮᠥᠩᠭᠦ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠳᠣ ᠶᠢᠨ ᠲᠤᠰᠬᠠᠢ ᠪᠡᠯᠡ | ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠨᠥᠬᠦᠴᠡᠯ ᠳᠤ ᠨᠡᠶᠢᠴᠡᠭᠰᠡᠨ | ᠵᠥᠭᠡᠯᠡᠨ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠳᠤ ᠬᠠᠮᠢᠶ᠎ᠠ ᠪᠦᠬᠦᠢ ᠱᠠᠭᠠᠷᠳᠠᠯᠭ᠎ᠠ ᠪᠠ ᠳᠡᠰ ᠳᠠᠷᠠᠭᠠᠯᠠᠯ ᠶᠣᠰᠣᠭᠠᠷ ᠬᠠᠷᠠᠭᠠᠯᠵᠠᠯ ᠦᠵᠡᠭᠦᠯᠵᠦ ᠳᠡᠮᠵᠢᠯᠭᠡ | ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠠᠭᠠᠨᠬᠠᠳᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ | ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ | ᠲᠡᠭᠦᠯᠳᠡᠷᠵᠢᠭᠦᠯᠵᠦ᠂ ᠪᠣᠭᠤᠮᠲᠠ᠂ ᠭᠠᠶᠢᠯᠢ᠂ ᠭᠤᠪᠢᠭᠤᠯᠭ᠎ᠠ᠂ ᠮᠥᠩᠭᠦᠨ ᠭᠦᠢᠯᠭᠡᠭᠡ ᠵᠡᠷᠭᠡ ᠶᠢᠨ ᠴᠢᠳᠠᠮᠵᠢ ᠯᠤᠭ᠎ᠠ ᠵᠠᠯᠭᠠᠯᠳᠤᠭᠤᠯᠵᠤ᠂ ᠲᠣᠭᠠᠴᠠᠭ᠎ᠠ ᠬᠢᠬᠦ᠂ | ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠶᠢᠨ ᠴᠢᠳᠠᠮᠵᠢ ᠶᠢ ᠥᠷᠭᠡᠳᠬᠡᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠵᠢᠴᠢ ᠲᠤᠰ ᠭᠠᠵᠠᠷ ᠤᠨ ᠦᠢᠯᠡᠴᠢᠯᠡᠬᠦ ᠴᠢᠳᠠᠮᠵᠢ ᠪᠠᠨ | ᠥᠷᠭᠡᠳᠬᠡᠬᠦ ᠳᠤ ᠭᠤᠤᠯᠳᠠᠯᠭ᠎ᠠ ᠲᠠᠢ ᠦᠢᠯᠡᠴᠢᠯᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠱᠢᠮᠡᠭ ᠴᠢᠨᠠᠷ᠂ ᠣᠷᠣᠨ ᠪᠦᠰᠡ ᠠᠯᠤᠰᠯᠠᠭᠰᠠᠨ ᠴᠢᠨᠠᠷ | ᠂ ᠨᠡᠭᠡᠭᠡᠯᠲᠡ ᠲᠠᠢ ᠪᠠᠶᠢᠯᠭᠠᠬᠤ ᠴᠢᠨᠠᠷ ᠤᠨ ᠣᠨᠴᠠᠯᠢᠭ ᠲᠠᠢ ᠤᠶᠠᠯᠳᠤᠭᠤᠯᠤᠨ᠂ ᠢᠨᠲ᠋ᠧᠷ ᠰᠦᠯᠵᠢᠶᠡᠨ ᠤ ᠰᠡᠳᠬᠢᠬᠦᠶ ᠶᠢ ᠭᠦᠢᠴᠡᠳ ᠬᠡᠷᠡᠭᠯᠡᠵᠦ᠂ ᠰᠦᠯᠵᠢᠶᠡᠨ ᠤ ᠪᠠ | ᠰᠦᠯᠵᠢᠶᠡᠨ ᠭᠠᠳᠠᠭᠤᠷᠬᠢ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠬᠠᠤᠯᠢ | ᠶᠣᠰᠣᠭᠠᠷ ᠳᠠᠩᠰᠠᠯᠠᠭᠤᠯᠤᠨ ᠲᠡᠮᠳᠡᠭᠯᠡᠭᠦᠯᠪᠡᠰᠦ ᠵᠣᠬᠢᠬᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠭᠴᠢᠳ ᠤᠨ ᠭᠤᠤᠯ ᠴᠣᠭᠴᠠ ᠪᠠᠷ ᠳᠠᠩᠰᠠᠯᠠᠨ | ᠲᠡᠮᠳᠡᠭᠯᠡᠭᠦᠯᠬᠦ ᠳᠤ ᠳᠥᠭᠦᠮ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ︵ᠳᠥᠷᠪᠡ︶ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠬᠤ ᠶᠢ ᠵᠣᠷᠢᠭᠵᠢᠭᠤᠯᠤᠨ᠎ᠠ᠃ ᠤᠯᠠᠭᠠᠨᠬᠠᠳᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠢ ᠵᠣᠷᠢᠭᠵᠢᠭᠤᠯᠤᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠠᠶᠢᠭᠤᠯᠵᠤ | ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠲᠠᠪᠴᠠᠩ ᠤᠨ ᠰᠢᠰᠲ᠋ᠧᠮ ᠢ ᠰᠤᠳᠤᠯᠤᠨ ᠨᠡᠭᠡᠭᠡᠵᠦ ᠳᠡᠰ ᠳᠡᠪᠰᠢᠭᠦᠯᠬᠦ᠂ | ᠲᠦᠬᠦᠷᠵᠢᠭᠰᠡᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ᠂ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ᠂ ᠣᠯᠠᠨ ᠤᠯᠤᠰ ᠤᠨ ᠡᠵᠡᠩᠨᠡᠨ ᠪᠣᠷᠣᠯᠠᠭᠤᠯᠬᠤ | ᠰᠢᠰᠲ᠋ᠧᠮᠵᠢ ᠶᠢ ᠪᠠᠶᠢᠭᠤᠯᠬᠤ᠂ ᠦᠢᠯᠡᠴᠢᠯᠡᠬᠦ ᠴᠢᠳᠠᠮᠵᠢ ᠶᠢ ᠥᠷᠭᠡᠳᠬᠡᠬᠦ ᠳᠤ ᠲᠥᠷᠥᠯ ᠵᠦᠢᠯ ᠢᠶᠠᠷ ᠳᠡᠮᠵᠢᠯᠭᠡ ᠦᠵᠡᠭᠦᠯᠦᠨ᠂ ᠭᠠᠳᠠᠭᠠᠳᠤ ᠠᠷᠠᠯᠵᠢᠶᠠᠨ ᠤ ᠳᠤᠮᠳᠠ | ᠵᠢᠵᠢᠭ ᠠᠵᠤ ᠠᠬᠤᠶᠢᠯᠠᠯ ᠳᠤ ᠦᠢᠯᠡᠴᠢᠯᠡᠭᠰᠡᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠵᠠᠷᠤᠳᠠᠯ ᠢ | 50% ᠪᠠᠷ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠮᠠᠨᠵᠤᠤᠷ ᠪᠣᠭᠤᠮᠲᠠ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠲᠠᠪᠤ︶ ᠰᠦᠯᠵᠢᠶᠡᠨ ᠠᠴᠠ ᠭᠠᠳᠠᠭᠤᠷᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠵᠣᠷᠢᠭᠵᠢᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠠᠬᠢ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠢᠶᠠᠷ ᠮᠠᠭᠠᠳᠯᠠᠨ ᠲᠣᠭᠲᠠᠭᠠᠯᠭᠠᠭᠰᠠᠨ ᠮᠥᠷᠲᠡᠭᠡᠨ ᠡᠵᠡᠩᠨᠡᠭᠡᠳ ᠪᠦᠬᠦᠯᠢ ᠨᠢᠭᠡ ᠵᠢᠯ ᠪᠣᠯᠵᠤ᠂ ᠪᠣᠳᠠᠲᠠᠶ ᠬᠡᠷᠡᠭᠯᠡᠭᠰᠡᠨ | ᠲᠠᠯᠠᠪᠠᠢ ᠨᠢ 3000 ᠲᠡᠭᠰᠢ ᠳᠥᠷᠪᠡᠯᠵᠢᠨ ᠮᠧᠲᠷ ᠢ ᠳᠠᠪᠠᠭᠰᠠᠨ ᠮᠥᠷᠲᠡᠭᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 20 ᠠᠴᠠ | ᠳᠡᠭᠡᠭᠰᠢ ᠣᠷᠤᠵᠤ ᠡᠵᠡᠩᠨᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ ᠵᠣᠬᠢᠬᠤ ᠬᠡᠮᠵᠢᠶ᠎ᠡ ᠪᠠᠷ ᠪᠡᠯᠡ | ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠬᠠᠷᠢᠭᠤᠴᠠᠨ᠎ᠠ︶ | ︵ᠵᠢᠷᠭᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠵᠣᠷᠢᠭᠵᠢᠭᠤᠯᠤᠨ᠎ᠠ᠃ | ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠵᠤ ᠠᠬᠤᠶᠢᠯᠠᠯ ᠢ ᠳᠡᠮᠵᠢᠵᠦ ᠪᠠᠶᠢᠭᠠᠳ ᠪᠣᠭᠤᠮᠲᠠ ᠶᠢᠨ ᠬᠢᠨᠠᠨ ᠬᠠᠮᠢᠶᠠᠷᠤᠯᠲᠠ ᠲᠠᠢ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠣᠷᠣᠭᠰᠠᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠵᠤ ᠠᠬᠤᠶᠢᠯᠠᠯ ᠨᠢ B2B | ᠭᠠᠳᠠᠭᠠᠳᠤ ᠳᠤ ᠭᠠᠷᠭᠠᠬᠤ ᠪᠠᠨ ᠪᠡᠶᠡᠯᠡᠭᠦᠯᠦᠭᠰᠡᠨ ᠪᠣᠯ ᠬᠠᠮᠢᠶ᠎ᠠ ᠪᠥᠬᠦᠶ ᠵᠠᠷᠤᠳᠠᠯ ᠢ ᠨᠢ 70% ᠪᠠᠷ ᠳᠡᠮᠵᠢᠵᠦ᠂ ᠵᠢᠯ ᠪᠦᠷᠢ ᠬᠠᠮᠤᠭ ᠤᠨ ᠥᠨᠳᠥᠷ ᠲᠤ ᠪᠠᠨ 5 | ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ ᠦᠢᠯᠡᠴᠢᠯᠡᠭᠡ ᠬᠠᠩᠭᠠᠵᠤ ᠪᠠᠶᠢᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠨᠢ 20 ᠠᠴᠠ ᠳᠡᠭᠡᠭᠰᠢ ᠪᠠᠶᠢᠵᠤ᠂ ᠵᠢᠯ ᠤᠨ ᠰᠦᠯᠵᠢᠶ᠎ᠡ ᠪᠠᠷ ᠠᠷᠠᠯᠵᠢᠶᠠᠯᠠᠭᠰᠠᠨ ᠲᠤᠭ᠎ᠠ ᠨᠢ 1000 | ᠲᠦᠮᠡᠨ ᠳ᠋ᠣᠯᠯᠠᠷ ᠲᠤ ᠬᠦᠷᠦᠭᠰᠡᠨ ᠭᠤᠷᠪᠠᠳᠠᠬᠢ ᠡᠲᠡᠭᠡᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠤ ᠠᠬᠤᠶᠢᠯᠠᠯ ᠳᠤ ᠵᠣᠬᠢᠬᠤ | ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ︔ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤᠠᠷᠠᠯᠵᠢᠶᠠᠯᠠᠭᠰᠠᠨ ᠲᠤᠭ᠎ᠠ ᠨᠢ 10 ᠲᠦᠮᠡᠨ | ᠳ᠋ᠣᠯᠯᠠᠷ ᠲᠤ ᠬᠦᠷᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠵᠣᠬᠢᠬᠤ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ︵ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠣᠯᠤᠭ᠎ᠠ︶ ᠲᠠᠸᠠᠷ ᠤᠨ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠵᠠᠷᠤᠳᠠᠯ ᠳᠤ ᠨᠢ ᠪᠦᠬᠦ ᠲᠤᠭ᠎ᠠ ᠪᠠᠷ ᠳᠡᠮᠵᠢᠯᠭᠡ ᠦᠵᠡᠭᠦᠯᠦᠨ᠎ᠡ᠃ ᠤᠯᠠᠭᠠᠨᠬᠠᠳᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠤᠭᠰᠠᠨ | ᠲᠠᠸᠠᠷ ᠢᠶᠠᠨ ᠬᠦᠷᠭᠡᠵᠦ ᠰᠢᠯᠭᠠᠨ ᠪᠠᠶᠢᠴᠠᠭᠠᠯᠭᠠᠭᠰᠠᠨ ᠠᠴᠠ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠵᠠᠷᠤᠳᠠᠯ ᠲᠠᠢ ᠪᠣᠯᠣᠭᠰᠠᠨ ᠪᠣᠯ᠂ ᠠᠵᠤ ᠠᠬᠤᠶᠢᠯᠠᠯ ᠤᠨ | ᠰᠦᠢᠳᠬᠡᠯ ᠲᠤᠰᠢᠶᠠᠬᠤ ᠶᠢ ᠨᠢ ᠬᠡᠯᠲᠦᠷᠢᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠨᠠᠢᠮᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠰᠦᠯᠵᠢᠶᠡᠨ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠢ ᠳᠠᠮᠵᠢᠨ᠎ᠠ᠃ | ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠡᠵᠡᠩᠨᠡᠯᠲᠡ ᠶᠢᠨ ᠲᠠᠯᠠᠪᠠᠶ ᠨᠢ ᠨᠡᠶᠢᠲᠡ 500 ᠲᠡᠭᠰᠢ ᠳᠥᠷᠪᠡᠯᠵᠢᠨ ᠮᠧᠲᠷ ᠢ ᠳᠠᠪᠠᠭᠰᠠᠨ | ᠮᠥᠷᠲᠡᠭᠡᠨ ᠪᠦᠬᠦᠯᠢ ᠨᠢᠭᠡ ᠵᠢᠯ ᠡᠵᠡᠩᠨᠡᠵᠦ᠂ ᠵᠢᠯ ᠤᠨ ᠠᠷᠠᠯᠵᠢᠶᠠᠯᠠᠭᠰᠠᠨ ᠲᠤᠭ᠎ᠠ ᠨᠢ 100 ᠲᠦᠮᠡᠨ ᠳ᠋ᠣᠯᠯᠠᠷ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ O2O ᠰᠦᠯᠵᠢᠶᠡᠨ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠵᠣᠬᠢᠬᠤ ᠬᠡᠮᠵᠢᠶ᠎ᠡ ᠪᠠᠷ ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃ | | ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠶᠢᠰᠦ︶ ᠲᠦᠷᠢᠶᠡᠰᠦᠯᠡᠬᠦ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠦᠷᠢᠶᠡᠯᠡᠩ | ᠲᠣᠭᠤᠷᠢᠭ ᠲᠤ ᠠᠵᠢᠯᠯᠠᠬᠤ ᠭᠠᠵᠠᠷ ᠢ ᠲᠦᠷᠢᠶᠡᠰᠦᠯᠡᠨ ᠬᠡᠷᠡᠭᠯᠡᠭᠰᠡᠨ ᠪᠥᠭᠡᠳ ᠭᠡᠷ᠎ᠡ ᠪᠠᠷ ᠪᠣᠯᠵᠣᠨ ᠲᠣᠭᠲᠠᠭᠰᠠᠨ ᠦᠢᠯᠡᠳᠪᠦᠷᠢᠯᠡᠬᠦ ᠴᠢᠳᠠᠪᠤᠷᠢ ᠶᠢᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠪᠠᠨ ᠪᠡᠶᠡᠯᠡᠭᠦᠯᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠭᠤᠷᠪᠠᠨ ᠵᠢᠯ ᠤᠨ | ᠲᠦᠷᠢᠶᠡᠰᠦᠨ ᠮᠥᠩᠭᠦ ᠳᠤ ᠨᠢ ᠪᠥᠬᠦ ᠲᠤᠭ᠎ᠠ ᠪᠠᠷ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ︔ ᠭᠠᠶᠢᠯᠢ ᠪᠠᠲᠤᠯᠠᠬᠤ ᠰᠠᠩ ᠬᠥᠮᠥᠷᠭᠡ ᠶᠢ ᠲᠦᠷᠢᠶᠡᠰᠦᠯᠡᠨ | ᠬᠡᠷᠡᠭᠯᠡᠭᠰᠡᠨ ᠪᠥᠭᠡᠳ ᠭᠡᠷ᠎ᠡ ᠪᠠᠷ ᠪᠣᠯᠵᠣᠨ ᠲᠣᠭᠲᠠᠭᠰᠠᠨ ᠦᠢᠯᠡᠳᠪᠦᠷᠢᠯᠡᠬᠦ ᠴᠢᠳᠠᠪᠤᠷᠢ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠪᠠᠨ | ᠪᠡᠶᠡᠯᠡᠭᠦᠯᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ | ᠰᠠᠩ ᠬᠥᠮᠥᠷᠭᠡ ᠲᠦᠷᠢᠶᠡᠰᠦᠯᠡᠭᠰᠡᠨ ᠵᠠᠷᠤᠳᠠᠯ ᠳᠤ ᠨᠢ ᠪᠥᠬᠦ ᠲᠤᠭ᠎ᠠ ᠪᠠᠷ ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠴᠢᠩᠭᠠᠳᠬᠠᠨ᠎ᠠ᠃ | ᠤᠯᠠᠭᠠᠨᠬᠠᠳᠠ ᠶᠢᠨ ᠣᠯᠠᠨ ᠤᠯᠤᠰ ᠤᠨ ᠰᠢᠦᠳᠠᠨ ᠤ ᠵᠦᠢᠯ ᠤᠨ ᠲᠥᠪᠯᠡᠷᠡᠭᠦᠯᠦᠨ ᠬᠤᠪᠢᠶᠠᠷᠢᠯᠠᠵᠤ ᠢᠯᠭᠠᠨ ᠰᠠᠯᠭᠠᠬᠤ ᠲᠥᠪ᠂ ᠤᠯᠠᠭᠠᠨᠬᠠᠳᠠ ᠶᠢᠨ ᠲᠦᠷᠭᠡᠨ | ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠭᠠᠷᠠᠮ ᠪᠠ ᠤᠯᠠᠭᠠᠨᠬᠠᠳᠠ ᠶᠢᠨ ᠭᠠᠳᠠᠭᠠᠳᠤ ᠳᠠᠬᠢ ᠶᠡᠷᠦᠩᠬᠡᠶᠢᠯᠡᠭᠰᠡᠨ ᠬᠥᠮᠥᠷᠭᠡ ᠶᠢᠨ ᠪᠦᠲᠦᠭᠡᠨ ᠪᠠᠶᠢᠭᠤᠯᠤᠯᠳᠠ ᠶᠢ | ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠳ ᠤᠨ ᠬᠢᠯᠢ ᠶᠢᠨ ᠪᠣᠭᠤᠮᠲᠠ ᠠᠴᠠ ᠤᠯᠠᠭᠠᠨᠬᠠᠳᠠ ᠬᠤᠲᠠ | ᠬᠦᠷᠲᠡᠯᠡᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠪᠠ ᠤᠯᠠᠭᠠᠨᠬᠠᠳᠠ ᠬᠤᠲᠠ ᠠᠴᠠ ᠪᠣᠭᠤᠮᠲᠠ | ᠬᠦᠷᠲᠡᠯᠡᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠭᠰᠠᠨ ᠪᠠᠷᠠᠭ᠎ᠠ ᠠᠴᠠ ᠪᠤᠢ ᠪᠣᠯᠤᠭᠰᠠᠨ ᠳᠣᠲᠣᠭᠠᠳᠤ ᠬᠠᠭᠤᠷᠠᠶ ᠶᠢᠨ | ᠪᠠᠷᠠᠭᠠᠨ ᠤ ᠭᠦᠢᠯᠭᠡᠭᠡᠨ ᠤ ᠵᠠᠷᠤᠳᠠᠯ ᠳᠤ᠂ ᠪᠠᠷᠠᠭᠠᠨ ᠤ ᠵᠦᠢᠯ ᠢᠶᠠᠷ ᠨᠢ ᠵᠣᠬᠢᠬᠤ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ︵ᠤᠯᠠᠭᠠᠨᠬᠠᠳᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠᠨ ᠨᠢᠭᠡ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ ᠦᠢᠯᠡᠰ ᠴᠣᠭᠴᠠᠯᠠᠵᠤ ᠨᠡᠪᠴᠢᠭᠦᠯᠬᠦ ᠪᠠ ᠴᠢᠳᠠᠪᠤᠷᠢᠲᠠᠨ | ᠬᠥᠮᠦᠵᠢᠭᠦᠯᠬᠦ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ | ᠲᠠᠯᠪᠢᠬᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠦᠢᠯᠡᠰ ᠴᠣᠭᠴᠠᠯᠠᠬᠤ ᠶᠢ ᠪᠣᠯᠪᠠᠰᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ | ᠦᠢᠯᠡᠰ ᠴᠣᠭᠴᠠᠯᠠᠵᠤ ᠨᠡᠪᠴᠢᠭᠦᠯᠬᠦ ᠲᠠᠯ᠎ᠠ ᠪᠠᠷ ᠬᠢ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠎ᠠ᠃ ᠦᠢᠯᠡᠰ ᠴᠣᠭᠴᠠᠯᠠᠬᠤ ᠶᠢ ᠪᠣᠯᠪᠠᠰᠤᠷᠠᠭᠤᠯᠬᠤ ᠵᠠᠭᠪᠤᠷ ᠲᠤ | ᠰᠢᠨ᠎ᠡ ᠶᠢ ᠡᠭᠦᠳᠴᠦ᠂ ᠦᠢᠯᠡᠰ ᠴᠣᠭᠴᠠᠯᠠᠬᠤ ᠶᠢ ᠰᠦᠯᠵᠢᠶ᠎ᠡ ᠪᠠᠷ ᠪᠣᠯᠪᠠᠰᠤᠷᠠᠭᠤᠯᠬᠤ ᠶᠢ ᠬᠦᠴᠦᠲᠡᠢ ᠠᠬᠢᠭᠤᠯᠤᠨ᠂ ᠦᠢᠯᠡᠰ ᠴᠣᠭᠴᠠᠯᠠᠬᠤ ᠪᠠ ᠪᠣᠯᠪᠠᠰᠤᠷᠠᠭᠤᠯᠤᠯ | ᠬᠦᠷᠲᠡᠬᠦ ᠬᠦᠰᠡᠯ ᠪᠣᠳᠣᠯ ᠲᠠᠢ ᠦᠢᠯᠡᠰ ᠴᠣᠭᠴᠠᠯᠠᠭᠴᠢ ᠳᠤ ᠦᠢᠯᠡᠰ ᠴᠣᠭᠴᠠᠯᠠᠬᠤ ᠶᠢ ᠨᠢ ᠰᠦᠯᠵᠢᠶ᠎ᠡ ᠪᠠᠷ ᠪᠣᠯᠪᠠᠰᠤᠷᠠᠭᠤᠯᠬᠤ ᠶᠢ ᠥᠷᠨᠢᠭᠦᠯᠵᠦ᠂ ᠨᠥᠬᠦᠴᠡᠯ ᠳᠤ | ᠨᠡᠶᠢᠴᠡᠭᠰᠡᠳ ᠲᠤ ᠦᠢᠯᠡᠰ ᠴᠣᠭᠴᠠᠯᠠᠬᠤ ᠶᠢ ᠪᠣᠯᠪᠠᠰᠤᠷᠠᠭᠤᠯᠬᠤ ᠨᠡᠮᠡᠭᠦᠷᠢ ᠣᠯᠭᠤᠨ᠎ᠠ︔ ᠴᠢᠳᠠᠪᠤᠷᠢᠲᠠᠨ ᠢ ᠲᠠᠲᠠᠬᠤ᠂ ᠬᠥᠮᠦᠵᠢᠭᠦᠯᠬᠦ᠂ ᠬᠡᠷᠡᠭᠯᠡᠬᠦ᠂ ᠰᠢᠯᠵᠢᠭᠦᠯᠬᠦ ᠪᠠ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠵᠢᠯ ᠤᠨ ᠲᠠᠯ᠎ᠠ ᠪᠠᠷ ᠬᠢ ᠤᠯᠠᠨ ᠨᠡᠶᠢᠲᠡ ᠶᠢᠨ ᠦᠢᠯᠡᠴᠢᠯᠡᠭᠡ ᠶᠢ | ᠴᠢᠩᠭᠠᠷᠠᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ | ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠤᠨ ᠬᠠᠮᠲᠤᠷᠠᠨ ᠠᠵᠢᠯᠯᠠᠬᠤ ᠶᠢ ᠠᠬᠢᠭᠤᠯᠤᠨ᠂ ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠬᠦ ᠶᠢ ᠥᠷᠨᠢᠭᠦᠯᠵᠦ᠂ ᠨᠢᠭᠡ ᠪᠦᠯᠦᠭ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠳᠠᠲᠠᠢ ᠬᠡᠷᠡᠭᠯᠡᠭᠡᠨ ᠤ ᠬᠡᠯᠪᠡᠷᠢ ᠪᠦᠬᠦᠢ ᠪᠠ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠯᠪᠡᠷᠢ ᠪᠦᠬᠦᠢ ᠴᠢᠳᠠᠪᠤᠷᠢᠲᠠᠨ ᠢ | ᠬᠥᠮᠥᠵᠢᠭᠦᠯᠦᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠪᠣᠯᠪᠠᠰᠤᠷᠠᠭᠤᠯᠵᠤ ᠪᠠᠶᠢᠭ᠎ᠠ ᠨᠡᠶᠢᠭᠡᠮ ᠤᠨ ᠪᠣᠯᠪᠠᠰᠤᠷᠠᠭᠤᠯᠬᠤ ᠪᠠᠶᠢᠭᠤᠯᠤᠮᠵᠢ | ᠵᠢᠴᠢ ᠶᠡᠭᠡ ᠳᠡᠭᠡᠳᠦ ᠰᠤᠷᠭᠠᠭᠤᠯᠢ ᠨᠤᠭᠤᠳ ᠲᠤ ᠪᠣᠯᠪᠠᠰᠤᠷᠠᠭᠤᠯᠤᠭᠰᠠᠨ ᠨᠡᠮᠡᠭᠦᠷᠢ ᠶᠢ ᠲᠣᠭᠲᠠᠭᠠᠯ ᠶᠣᠰᠣᠭᠠᠷ ᠣᠯᠭᠤᠨ᠎ᠠ᠃ | ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶ | ︵ᠠᠷᠪᠠᠨ ᠬᠤᠶᠠᠷ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠤᠪᠢᠭᠤᠯᠭ᠎ᠠ ᠬᠤᠷᠢᠶᠠᠮᠵᠢᠯᠠᠬᠤ ᠪᠠ ᠭᠤᠪᠢᠭᠤᠯᠣᠨ ᠶᠠᠪᠤᠭᠤᠯᠬᠤ ᠳᠤ ᠳᠦᠬᠦᠮ | ᠦᠵᠡᠭᠦᠯᠦᠨ᠎ᠡ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ | ᠠᠵᠢᠯ ᠡᠷᠬᠢᠯᠡᠵᠦ ᠪᠠᠶᠢᠭ᠎ᠠ ᠬᠤᠪᠢ ᠬᠥᠮᠦᠨ ᠤ ᠭᠠᠳᠠᠭᠠᠳᠤ ᠠᠷᠠᠯᠵᠢᠶᠠᠨ ᠤ ᠡᠵᠡᠩᠨᠡᠭᠴᠢ ᠨᠢ ᠰᠦᠯᠵᠢᠶᠡᠨ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ | ᠪᠦᠷᠢᠳᠬᠡᠨ ᠳᠠᠩᠰᠠᠯᠠᠭᠤᠯᠤᠭᠰᠠᠨ ᠤ ᠳᠠᠷᠠᠭ᠎ᠠ ᠭᠠᠳᠠᠭᠠᠳᠤ ᠭᠤᠪᠢᠭᠤᠯᠭ᠎ᠠ ᠪᠠᠨ ᠳ᠋ᠦᠩᠨᠡᠨ ᠪᠣᠳᠣᠬᠤ ᠲᠠᠩᠰᠠᠨ ᠡᠷᠦᠬᠡ ᠪᠠᠶᠢᠭᠤᠯᠬᠤ ᠶᠢ ᠳᠠᠮᠵᠢᠵᠤ᠂ ᠠᠷᠠᠯᠵᠢᠶ᠎ᠠ ᠶᠢᠨ | ᠦᠨᠡᠨ ᠪᠣᠳᠠᠲᠠᠶ ᠪᠥᠭᠡᠳ ᠬᠠᠤᠯᠢ ᠶᠣᠰᠣᠨ ᠳᠤ ᠨᠡᠶᠢᠴᠡᠭᠦ ᠵᠢᠴᠢ ᠲᠦᠭᠰᠢᠭᠦᠷᠢ ᠶᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ | ᠰᠦᠯᠵᠢᠶ᠎ᠡ ᠪᠠᠷ ︽ᠭᠤᠷᠪᠠᠨ ᠬᠠᠭᠤᠳᠠᠰᠤ ᠶᠢ ᠨᠡᠶᠢᠯᠡᠭᠦᠯᠵᠦ ᠨᠢᠭᠡ ᠪᠣᠯᠭᠠᠭᠰᠠᠨ︾ ᠦᠨᠡᠨ ᠪᠣᠳᠠᠲᠠᠶ ᠠᠷᠠᠯᠵᠢᠶᠠᠨ ᠤ ᠭᠤᠪᠢᠭᠤᠯᠭ᠎ᠠ ᠶᠢ ᠥᠪᠡᠰᠦᠪᠡᠨ ᠬᠤᠷᠢᠶᠠᠮᠵᠢᠯᠠᠵᠤ | ᠳ᠋ᠦᠩᠨᠡᠨ ᠪᠣᠳᠣᠬᠤ ᠶᠢ ᠨᠢ ᠵᠥᠪᠰᠢᠶᠡᠷᠡᠨ᠎ᠡ᠃ ︵ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠭᠤᠷᠪᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠶᠢ ᠳᠡᠮᠵᠢᠬᠦ ᠪᠥᠭᠡᠳ | ᠵᠣᠷᠢᠭᠵᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ ᠬᠤᠳᠠᠯᠳᠤᠭ᠎ᠠ ᠪᠠᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠠᠷᠠᠳ ᠤᠨ ᠵᠣᠭᠤᠰᠤᠨ ᠤ ᠡᠩ ᠤᠨ ᠬᠠᠳᠠᠭᠠᠯᠠᠮᠵᠢ ᠶᠢᠨ ᠳᠠᠩᠰᠠᠨ ᠡᠷᠦᠬᠡ ᠪᠠᠶᠢᠭᠤᠯᠵᠤ ᠬᠢᠯᠢ ᠠᠯᠤᠰᠯᠠᠨ ᠠᠷᠠᠳ ᠤᠨ ᠵᠣᠭᠤᠰ ᠢᠶᠠᠷ ᠳ᠋ᠦᠩᠨᠡᠨ | ᠪᠤᠳᠤᠬᠤ ᠶᠢ ᠳᠡᠮᠵᠢᠨ᠎ᠡ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ︽ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠵᠢᠷᠤᠮᠯᠠᠬᠤ | ᠭᠤᠷᠪᠠᠨ ᠵᠠᠷᠴᠢᠮ︾ ᠢ ᠬᠢᠨᠠᠮᠠᠭᠠᠶ ᠭᠦᠢᠴᠡᠳᠭᠡᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ ᠬᠤᠳᠠᠯᠳᠤᠭ᠎ᠠ ᠳᠤ ᠬᠢᠯᠢ ᠠᠯᠤᠰᠯᠠᠨ | ᠠᠷᠠᠳ ᠤᠨ ᠵᠣᠭᠤᠰᠤᠨ ᠤ ᠭᠠᠷᠳᠠᠵᠤ ᠠᠪᠬᠤ ᠪᠠ ᠲᠣᠭᠠᠴᠠᠯᠠᠵᠤ ᠥᠭᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠭᠦᠨ᠎ᠡ᠃ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠬᠢᠭᠡᠳ ᠲᠣᠭᠠᠴᠠᠭ᠎ᠠ ᠬᠢᠬᠦ ᠪᠠᠶᠢᠭᠤᠯᠤᠮᠵᠢ ᠨᠤᠭᠤᠳ ᠬᠢᠯᠢ ᠠᠯᠤᠰᠯᠠᠨ ᠠᠷᠠᠳ ᠤᠨ ᠵᠣᠭᠤᠰ ᠢᠶᠠᠷ ᠳ᠋ᠦᠩᠨᠡᠨ ᠪᠤᠳᠤᠬᠤ ᠲᠤᠬᠠᠶᠢᠯᠠᠭᠰᠠᠨ | ᠠᠵᠢᠯ ᠬᠠᠮᠲᠤᠷᠠᠨ ᠥᠷᠨᠢᠭᠦᠯᠬᠦ ᠶᠢ ᠳᠡᠮᠵᠢᠵᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠲᠤᠬᠠᠶᠢᠯᠠᠭᠰᠠᠨ ᠠᠵᠢᠯ ᠤᠨ ᠨᠡᠷᠡᠳᠬᠦᠨ ᠳᠤ ᠰᠢᠨ᠎ᠡ ᠶᠢ ᠡᠭᠦᠳᠬᠦ ᠪᠠ ᠪᠠᠶᠠᠯᠢᠭᠵᠢᠭᠤᠯᠬᠤ ᠶᠢ ᠳᠡᠮᠵᠢᠨ᠎ᠠ᠃ ︵ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠠᠷᠪᠠᠨ ᠳᠥᠷᠪᠡ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠲᠠᠸᠠᠷ ᠤᠨ ᠲᠡᠮᠳᠡᠭ᠂ ᠲᠤᠰᠬᠠᠶ ᠠᠰᠢᠭ ᠵᠡᠷᠭᠡ | ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠠᠯ᠎ᠠ ᠪᠠᠷ ᠬᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ | ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠰᠦᠯᠵᠢᠶ᠎ᠡ ᠪᠠᠷ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ | ᠪᠣᠷᠣᠯᠠᠭᠤᠯᠬᠤ᠂ ᠬᠤᠳᠠᠯᠳᠤᠭᠠᠨ ᠤ ᠨᠢᠭᠤᠴᠠ ᠳᠤ ᠬᠠᠯᠳᠠᠬᠤ ᠵᠡᠷᠭᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠡᠳᠡᠯᠭᠡ ᠶᠢᠨ | ᠥᠮᠴᠢᠯᠡᠯ ᠤᠨ ᠡᠷᠬᠡ ᠳᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠸᠠᠷ ᠤᠨ ᠲᠡᠮᠳᠡᠭ᠂ ᠲᠤᠰᠬᠠᠶ ᠠᠰᠢᠭ ᠤᠨ ᠡᠷᠬᠡ ᠳᠤ ᠬᠠᠯᠳᠠᠵᠤ ᠬᠤᠳᠠᠯ | ᠬᠠᠭᠤᠷᠮᠠᠭ ᠢᠶᠠᠷ ᠦᠢᠯᠡᠳᠴᠦ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠡᠷᠭᠡ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠣᠷᠣᠭᠤᠯᠵᠤ᠂ ᠵᠠᠰᠠᠭ ᠵᠠᠬᠢᠷᠭᠠᠨ ᠢᠶᠠᠷ ᠰᠢᠢᠳᠬᠡᠨ ᠲᠣᠷᠭᠠᠭᠰᠠᠨ ᠬᠡᠷᠡᠭ ᠢ ᠢᠯᠡ ᠨᠡᠶᠢᠲᠡᠯᠡᠬᠦ ᠪᠠ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠵᠢᠯ ᠢ ᠴᠢᠩᠭᠠᠷᠠᠭᠤᠯᠤᠨ᠂ ᠡᠷᠬᠡ ᠳᠤ ᠠᠴᠠ ᠬᠠᠯᠳᠠᠵᠤ ᠬᠠᠤᠯᠢ ᠵᠥᠷᠢᠴᠡᠭᠰᠡᠨ ᠲᠠᠯ᠎ᠠ ᠪᠠᠷ ᠬᠢ | ᠥᠪᠡᠰᠦᠪᠡᠨ ᠡᠭᠦᠷᠭᠡᠯᠡᠬᠦ ᠦᠨ᠎ᠡ ᠥᠷᠲᠡᠭ ᠢ ᠨᠢ ᠳᠡᠭᠡᠭᠰᠢᠯᠡᠭᠦᠯᠵᠦ᠂ ︽ᠨᠢᠭᠡ ᠭᠠᠵᠠᠷ ᠲᠤ ᠬᠠᠤᠯᠢ ᠠᠴᠠ ᠵᠦᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠶᠢ | ᠦᠨᠡᠨ ᠬᠦ ᠪᠡᠶᠡᠯᠡᠭᠦᠯᠦᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠤᠨ ᠵᠢᠷᠤᠮᠵᠢᠯ ᠲᠠᠢ ᠡᠵᠡᠩᠨᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠠᠷᠪᠠᠨ ᠲᠠᠪᠤ︶ ᠤᠷᠢᠳ ᠢᠶᠠᠷ ᠲᠦᠯᠦᠪᠦᠷᠢᠯᠡᠬᠦ ᠳᠦᠷᠢᠮ ᠢ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠭᠠᠳᠠᠭᠠᠳᠤ ᠭᠠᠷᠭᠠᠯᠲᠠ ᠶᠢᠨ | ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠯᠵᠢᠶᠠᠯᠠᠭᠰᠠᠨ ᠨᠢ ᠦᠨᠡᠨ ᠪᠣᠳᠠᠲᠠᠶ ᠪᠥᠭᠡᠳ ᠪᠦᠲᠦᠮᠵᠢᠲᠡᠶ᠂ | ᠠᠪᠴᠠᠭ᠎ᠠ ᠥᠭᠴᠡᠭᠡ ᠶᠢᠨ ᠬᠠᠷᠢᠴᠠᠭ᠎ᠠ ᠨᠢ ᠲᠣᠳᠣᠷᠬᠠᠶ ᠪᠣᠯᠤᠭᠰᠠᠨ ᠰᠠᠭᠤᠷᠢᠨ ᠳᠡᠭᠡᠷ᠎ᠡ᠂ ︽ᠳᠥᠯᠥᠬᠦ ᠶᠣᠰᠣᠲᠠᠶ ᠪᠣᠯ ᠪᠦᠬᠦᠨ ᠢ ᠳᠥᠯᠥᠬᠦ︾᠂ ︽ᠳᠥᠯᠥᠵᠦ | ᠴᠢᠳᠠᠬᠤ ᠶᠢ ᠨᠢ ᠲᠦᠷᠭᠡᠨ ᠳᠥᠯᠥᠬᠦ︾ ᠶᠢ ᠳᠡᠮᠵᠢᠬᠦ ᠪᠠ ᠵᠣᠷᠢᠭᠵᠢᠭᠤᠯᠵᠤ᠂ ᠬᠢᠯᠢ ᠠᠯᠤᠰᠯᠠᠭᠰᠠᠨ ᠬᠡᠷᠡᠭᠯᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ | ᠪᠦᠲᠦᠮᠵᠢ ᠶᠢ ᠨᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ︵ᠳᠤᠮᠳᠠᠳᠤ ᠤᠯᠤᠰ ᠤᠨ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠶᠢᠨ ᠥᠪᠥᠷ ᠮᠣᠩᠭᠤᠯ ᠤᠨ ᠲᠤᠰᠬᠠᠶ ᠠᠵᠢᠯ ᠤᠨ ᠠᠯᠪᠠᠨ ᠬᠡᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠯᠠ ᠲᠣᠬᠢᠷᠠᠭᠤᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠡᠵᠡᠮᠳᠡᠵᠦ ᠪᠣᠯᠬᠤ | ᠤᠷᠢᠲᠠᠯ ᠳᠣᠤᠷ᠎ᠠ᠂ ᠠᠵᠤ ᠠᠬᠤᠶᠢᠯᠠᠯ ᠤᠨ ᠢᠲᠡᠭᠡᠮᠵᠢ᠂ ᠪᠠᠷᠠᠭᠠᠨ ᠤ ᠡᠷᠭᠢᠯᠲᠡ᠂ ᠪᠠᠯᠠ ᠮᠥᠩᠭᠦ ᠬᠤᠷᠢᠶᠠᠨ ᠠᠪᠬᠤ ᠪᠠ ᠲᠣᠭᠠᠴᠠᠯᠠᠨ ᠥᠭᠬᠦ ᠵᠡᠷᠭᠡ | ᠡᠯᠧᠺᠲᠷᠦᠨᠴᠢᠯᠡᠭᠰᠡᠨ ᠮᠠᠲ᠋ᠧᠷᠢᠶᠠᠯ ᠳᠤ ᠰᠠᠭᠤᠷᠢᠯᠠᠨ᠂ ᠬᠤᠷᠢᠶᠠᠨ ᠠᠪᠤᠪᠠᠰᠤ ᠵᠣᠬᠢᠬᠤ ᠲᠠᠩᠰᠠᠨ ᠤ ᠵᠣᠭᠤᠰ ᠢᠶᠠᠨ ᠳᠠᠨᠵᠢᠯᠠᠬᠤ᠂ ᠬᠥᠮᠥᠷᠭᠡ ᠶᠢᠨ ᠬᠠᠭᠤᠳᠠᠰᠤ ᠪᠠᠨ | ᠳᠠᠨᠵᠢᠯᠠᠬᠤ᠂ ᠬᠠᠳᠠᠭᠠᠯᠠᠭᠰᠠ ᠪᠠᠷᠠᠭ᠎ᠠ ᠪᠠᠨ ᠳᠠᠨᠵᠢᠯᠠᠬᠤ ᠵᠡᠷᠭᠡ ᠪᠠᠯᠠ ᠳᠣᠭᠢᠷᠠᠭᠤᠯᠬᠤ ᠠᠷᠭ᠎ᠠ ᠮᠠᠶ᠋ᠢᠭ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠦᠪᠡᠷᠮᠢᠴᠡᠭᠰᠡᠨ᠂ | ᠵᠦᠷᠢᠶᠡᠴᠢᠯᠡᠭᠰᠡᠨ᠂ ᠲᠣᠭᠲᠠᠮᠠᠯ ᠪᠠᠷᠢᠮᠵᠢᠶᠠᠲᠤ ᠪᠠᠯᠠ ᠲᠣᠬᠢᠷᠠᠭᠤᠯᠭ᠎ᠠ ᠶᠢᠨ ᠨᠡᠷᠡᠳᠬᠦᠨ ᠳᠤ ᠪᠠᠨ ᠰᠢᠨ᠎ᠡ ᠶᠢ ᠡᠭᠦᠳᠦᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ | ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠬᠤ ᠬᠦᠴᠢᠷᠳᠡᠯ ᠢ ᠨᠢ | ᠨᠠᠮᠳᠠᠭᠤᠯᠤᠨ᠎ᠠ᠃ ᠬᠢᠯᠢ ᠠᠯᠤᠰᠯᠠᠭᠰᠠᠨ ᠪᠠᠯᠠ ᠲᠣᠬᠢᠷᠠᠭᠤᠯᠭ᠎ᠠ ᠶᠢᠨ ᠴᠢᠯᠦᠭᠡᠲᠡᠢ ᠪᠠᠶᠢᠯᠭᠠᠬᠤ ᠪᠠ ᠳᠦᠬᠦᠮ ᠠᠪᠰᠠᠷᠬᠠᠨ ᠪᠠᠶᠢᠬᠤ ᠶᠢ ᠠᠬᠢᠭᠤᠯᠤᠨ᠂ ᠠᠵᠤ | ᠠᠬᠤᠶᠢᠯᠠᠯ ᠤᠨ ᠬᠢᠯᠢ ᠶᠢᠨ ᠳᠣᠲᠣᠷ᠎ᠠ ᠭᠠᠳᠠᠨᠠᠬᠢ ᠬᠤᠶᠠᠷ ᠵᠦᠢᠯ ᠤᠨ ᠡᠬᠢ ᠪᠠᠶᠠᠯᠢᠭ ᠪᠠ ᠬᠤᠶᠠᠷ ᠲᠥᠷᠥᠯ ᠤᠨ ᠵᠠᠬ᠎ᠠ ᠳᠡᠯᠭᠡᠭᠦᠷ ᠢ ᠭᠦᠢᠴᠡᠳ ᠠᠰᠢᠭᠯᠠᠬᠤ ᠶᠢ ᠨᠢ | ᠳᠡᠮᠵᠢᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ | ᠪᠠᠯᠠ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠵᠠᠯᠭᠠᠯᠳᠤᠭᠤᠯᠬᠤ ᠦᠢᠯᠡᠴᠢᠯᠡᠭᠡᠨ ᠤ | ᠲᠠᠪᠴᠠᠩ ᠢ ᠢᠳᠡᠪᠬᠢᠲᠡᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ | ᠣᠨᠣᠪᠴᠢᠲᠠᠶ ᠵᠠᠯᠭᠠᠯᠳᠤᠭᠤᠯᠬᠤ ᠶᠢ ᠠᠬᠢᠭᠤᠯᠤᠨ᠂ ᠰᠦᠯᠵᠢᠶᠡᠨ ᠤ ᠪᠠ ᠰᠦᠯᠵᠢᠶᠡᠨ ᠠᠴᠠ ᠭᠠᠳᠠᠭᠤᠷᠬᠢ ᠪᠠᠯᠠ ᠲᠣᠬᠢᠷᠠᠭᠤᠯᠬᠤ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠪᠠᠯᠠ ᠲᠣᠬᠢᠷᠠᠭᠤᠯᠵᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠬᠦ ᠪᠠᠷ | ᠳᠠᠭᠠᠭᠠᠯᠲᠠ ᠬᠢᠬᠦ ᠶᠢ ᠠᠬᠢᠭᠤᠯᠵᠤ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠤᠨ ᠪᠠᠯᠠ ᠲᠣᠬᠢᠷᠠᠭᠤᠯᠬᠤ ᠳ᠋ᠤ᠋ᠲ᠋ᠠᠭᠠᠭᠠᠯᠲᠠ ᠬᠢᠬᠦ ᠡᠷᠴᠢᠮ ᠢ ᠴᠢᠩᠭᠠᠷᠠᠭᠤᠯᠤᠨ᠂ ᠭᠠᠳᠠᠭᠠᠳᠤ ᠠᠷᠠᠯᠵᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ | ᠵᠢᠭᠡᠯᠡᠯᠭᠡ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠪᠠᠯᠠ ᠲᠣᠬᠢᠷᠠᠭᠤᠯᠬᠤ ᠥᠪᠡᠷ ᠤᠨ ᠥᠷᠲᠡᠭ ᠳᠣᠤᠷ᠎ᠠ᠂ ᠵᠢᠭᠡᠯᠡᠯᠭᠡ ᠲᠠᠯᠪᠢᠬᠤ ᠨᠢ ᠲᠦᠷᠭᠡᠨ ᠪᠠᠯᠠ | ᠲᠣᠬᠢᠷᠠᠭᠤᠯᠬᠤ ᠬᠠᠷᠠᠭᠠᠯᠵᠠᠬᠤ ᠦᠢᠯᠡᠴᠢᠯᠡᠭᠡ ᠬᠠᠩᠭᠠᠨ᠎ᠠ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ | ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ | ᠳᠠᠭᠠᠳᠬᠠᠯ ᠤᠨ ᠺᠣᠮᠫᠠᠨᠢ ᠶᠢᠨ ᠥᠪᠥᠷ ᠮᠣᠩᠭᠤᠯ ᠤᠨ ᠲᠤᠰᠬᠠᠶ ᠠᠵᠢᠯ ᠤᠨ ᠠᠯᠪᠠᠨ ᠭᠡᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠲᠣᠮᠣ ᠳ᠋ᠠᠶᠢᠲ᠋ᠠ ᠶᠢᠨ ᠦᠢᠯᠡᠴᠢᠯᠡᠭᠡ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠳ᠋ᠠᠶᠢᠲ᠋ᠠ ᠶᠢᠨ ᠠᠮᠤᠷ ᠲᠦᠪᠰᠢᠨ ᠤ | ᠪᠠᠲᠤᠯᠠᠭ᠎ᠠ ᠶᠢ ᠴᠢᠩᠭᠠᠳᠬᠠᠨ᠎ᠠ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠠᠵᠤ ᠠᠬᠤᠶᠢᠯᠠᠯ ᠤᠳ ᠣᠯᠠᠨ ᠢᠷᠡᠯᠲᠡ ᠪᠦᠬᠦᠢ ᠣᠨᠳᠣᠣᠰᠢᠯ ᠪᠦᠲᠦᠴᠡᠲᠦ | ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠳ᠋ᠠᠶᠢᠲ᠋ᠠ ᠪᠠᠷ ᠵᠠᠰᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠪᠠ ᠬᠠᠮᠵᠢᠯᠴᠠᠵᠦ | ᠠᠵᠢᠯᠯᠠᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠳᠤ ᠳ᠋ᠠᠶᠢᠲ᠋ᠠ ᠶᠢᠨ | ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠮᠤᠷ ᠲᠦᠪᠰᠢᠨ ᠤ ᠪᠠᠶᠢᠴᠠᠭᠠᠯᠲᠠ ᠪᠠ ᠭᠠᠮᠰᠢᠭ ᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠤᠨ ᠮᠡᠳᠡᠷᠡᠮᠵᠢ ᠶᠢᠨ ᠲᠠᠪᠴᠠᠩ ᠳᠤ | ᠲᠦᠰᠢᠭᠯᠡᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠳ᠋ᠠᠶᠢᠲ᠋ᠠ ᠶᠢ ᠡᠮᠬᠢᠯᠡᠨ | ᠨᠡᠶᠢᠯᠡᠭᠦᠯᠵᠦ ᠬᠠᠮᠲᠤ ᠪᠠᠷ ᠬᠦᠷᠲᠡᠬᠦ ᠠᠵᠢᠯ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ | ᠳ᠋ᠠᠶᠢᠲ᠋ᠠ ᠶᠢᠨ ᠠᠮᠤᠷ ᠲᠦᠪᠰᠢᠨ ᠤ ᠬᠢᠨᠠᠨ ᠰᠢᠨᠵᠢᠯᠲᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠬᠠᠷᠢᠭᠤᠴᠠᠨ᠎ᠠ︶ | ︵ᠠᠷᠪᠠᠨ ᠨᠠᠢᠮᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠦᠷᠢᠳᠭᠡᠵᠦ ᠬᠢᠨᠠᠨ ᠰᠢᠨᠵᠢᠬᠦ ᠰᠢᠰᠲ᠋ᠧᠮᠵᠢ ᠪᠠ ᠬᠠᠮᠲᠤ ᠪᠠᠷ ᠬᠦᠷᠲᠡᠬᠦ | ᠲᠣᠭᠲᠠᠴᠠ ᠶᠢ ᠪᠠᠶᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠭᠤᠮᠲᠠ ᠵᠢᠨᠪᠦ᠋ᠷᠢᠳᠭᠡᠬᠦ ᠠᠵᠢᠯ ᠢ ᠥᠷᠨᠢᠭᠦᠯᠵᠦ᠂ ᠤᠯᠠᠭᠠᠨᠬᠠᠳᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠦᠷᠢᠳᠭᠡᠬᠦ ᠠᠵᠢᠯ ᠢ ᠥᠷᠨᠢᠭᠦᠯᠦᠨ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠤᠨ ᠪᠦᠷᠢᠳᠭᠡᠬᠦ ᠰᠢᠰᠲ᠋ᠧᠮᠵᠢ ᠶᠢ | ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠪᠦᠷᠢᠳᠬᠡᠭᠰᠡᠨ ᠳ᠋ᠠᠶᠢᠲ᠋ᠠ᠂ ᠲᠠᠸᠠᠷ ᠤᠨ ᠠᠷᠠᠯᠵᠢᠶ᠎ᠠ᠂ ᠪᠠᠷᠠᠭᠠᠨ ᠤ | ᠭᠦᠢᠯᠭᠡᠭᠡᠨ ᠤ ᠪᠣᠭᠤᠮᠲᠠ ᠥᠩᠭᠡᠷᠡᠬᠦ᠂ ᠮᠥᠩᠭᠦᠨ ᠭᠦᠢᠯᠭᠡᠭᠡᠨ ᠤ ᠲᠣᠭᠠᠴᠠᠭ᠎ᠠ ᠬᠢᠬᠦ ᠵᠡᠷᠭᠡ ᠬᠠᠮᠢᠶ᠎ᠠ ᠪᠦᠬᠦᠢ ᠳ᠋ᠠᠶᠢᠲ᠋ᠠ ᠳᠤ ᠰᠠᠯᠠᠭ᠎ᠠ ᠮᠥᠴᠢᠷ ᠤᠨ ᠬᠠᠮᠲᠤ ᠳᠤ ᠪᠠᠨ | ᠬᠦᠷᠲᠡᠬᠦ ᠲᠣᠭᠲᠠᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠯ ᠲᠠᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠤᠨ ᠪᠦᠷᠢᠳᠭᠡᠬᠦ ᠳᠦᠷᠢᠮ ᠢ ᠪᠦᠷᠢᠯᠳᠦᠭᠦᠯᠵᠦ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠠᠵᠤ | ᠠᠬᠤᠶᠢᠯᠠᠯ ᠤᠨ ᠡᠵᠡᠩᠨᠡᠯᠲᠡ ᠳᠤ ᠦᠢᠯᠡᠴᠢᠯᠡᠨ᠎ᠡ᠃ ︵ᠮᠠᠨᠵᠤᠤᠷ ᠪᠣᠭᠤᠮᠲᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠢᠯᠢ ᠶᠢᠨ ᠪᠣᠭᠤᠮᠲᠠ ᠶᠢᠨ ᠠᠯᠪᠠᠨ ᠬᠡᠷ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠠᠷᠪᠠ ᠶᠢᠰᠦ︶ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠪᠠ ᠬᠠᠷᠢᠯᠴᠠᠬᠤ ᠬᠥᠮᠦᠨ ᠢ ᠲᠣᠳᠤᠷᠬᠠᠢ ᠲᠣᠭᠲᠠᠭᠠᠵᠤ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠬᠤᠯᠪᠣᠭᠳᠠᠯ ᠪᠦᠬᠦᠢ ᠠᠵᠢᠯ ᠢ ᠪᠣᠳᠠᠲᠠᠶ ᠬᠠᠷᠢᠭᠤᠴᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯ ᠳᠤ ᠢᠯᠡᠷᠡᠭᠰᠡᠨ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠲᠠᠯ᠎ᠠ ᠶᠢᠨ ᠦᠵᠡᠯᠲᠡ ᠪᠠᠨ ᠴᠢᠩᠭᠠᠷᠠᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠪᠠᠯᠠ ᠮᠥᠩᠭᠦ᠂ ᠲᠥᠷᠥ ᠶᠢᠨ ᠪᠣᠳᠣᠯᠭ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ | ᠲᠠᠯ᠎ᠠ ᠪᠠᠷ ᠬᠠᠮᠵᠢᠯᠴᠠᠬᠤ ᠪᠠᠨ ᠴᠢᠩᠭᠠᠳᠬᠠᠨ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠲᠤ ︽ᠰᠠᠭᠠᠳ ᠥᠬᠡᠶ ᠨᠡᠪᠲᠡᠷᠡᠯᠴᠡᠬᠦ︾ | ᠲᠦᠷᠢᠮ ᠢ ᠪᠠᠶᠢᠭᠤᠯᠵᠤ᠂ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠳᠤ | ᠲᠥᠬᠦᠮ ᠠᠪᠰᠠᠷᠬᠠᠨ ᠨᠥᠬᠦᠴᠡᠯ ᠪᠠ ᠬᠠᠷᠠᠭᠠᠯᠵᠠᠯ ᠤᠨ ᠴᠢᠨᠠᠷᠲᠠᠶ ᠳᠡᠮᠵᠢᠯᠭᠡ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨᠲ᠋ᠤᠷᠰᠢᠯᠲᠠ ᠶᠢᠨ ᠲᠣᠭᠤᠷᠢᠭ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ | ᠪᠦᠷᠢᠯᠳᠦᠬᠦᠨ ᠨᠢᠭᠡᠴᠢ ᠬᠠᠷᠢᠭᠤᠴᠠᠨ᠎ᠠ︶ | ︵ᠬᠤᠷᠢ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠲᠤᠯᠠᠨ᠎ᠠ᠃ ᠳᠡᠭᠡᠷᠡᠬᠢ ᠲᠥᠷᠥ ᠶᠢᠨ ᠪᠣᠳᠣᠯᠭ᠎ᠠ ᠠᠴᠠ ᠭᠠᠳᠠᠨ᠎ᠠ᠂ ᠲᠣᠰ ᠲᠥᠰᠦᠯ ᠢ | ᠬᠡᠷᠡᠭᠵᠢᠭᠦᠯᠬᠦ ᠶᠠᠪᠤᠴᠠ ᠳᠤ ᠳᠡᠮᠵᠢᠬᠦ ᠴᠢᠬᠤᠯᠠᠲᠠᠢ ᠪᠤᠰᠤᠳ ᠵᠦᠢᠯᠡᠰ ᠲᠣᠬᠢᠶᠠᠯᠳᠤᠪᠠᠯ᠂ ︽ᠨᠢᠭᠡ ᠨᠢᠭᠡ ᠤᠴᠢᠷ ᠢᠶᠠᠷ ᠵᠥᠪᠯᠡᠬᠦ︾ ᠠᠷᠭ᠎ᠠ ᠮᠠᠶ᠋ᠢᠭ ᠢᠶᠠᠷ ᠰᠤᠳᠤᠯᠤᠨ | ᠰᠢᠢᠳᠪᠦᠷᠢᠯᠡᠨ᠎ᠡ᠃ | ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ︽ᠥᠪᠡᠷᠲᠡᠭᠡᠨ ᠵᠠᠰᠠᠬᠤ ᠣᠷᠣᠨ ᠪᠠ ᠬᠤᠲᠠ ᠬᠠᠮᠲᠤ ᠳᠤ ᠪᠠᠨ ᠪᠠᠶᠢᠭᠤᠯᠬᠤ︾ | ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠤᠤᠯ ᠤᠨ ᠪᠦᠷᠢᠯᠳᠦᠬᠦᠨ ᠨᠢᠭᠡᠴᠢ ᠨᠦᠭᠦᠳ ᠤᠨ | ᠰᠠᠭᠤᠷᠢᠨ ᠳᠡᠭᠡᠷ᠎ᠡ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠨᠡᠮᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶ᠎ᠠ᠂ ᠬᠢᠯᠢ ᠶᠢᠨ ᠪᠣᠭᠤᠮᠲᠠ ᠶᠢᠨ ᠠᠯᠪᠠᠨ ᠭᠡᠷ ᠪᠠ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ | ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠪᠣᠭᠤᠮᠲᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ︵ᠥᠪᠥᠷ | ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ︶᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠪᠣᠰᠢᠭᠤ | ᠢᠯᠡᠭᠡᠬᠦ ᠪᠠᠷᠠᠭᠠᠨ ᠤ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠵᠡᠷᠭᠡ ᠨᠢ ᠤᠯᠠᠭᠠᠨᠬᠠᠳᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠡᠯ᠎ᠡ ᠵᠦᠢᠯ ᠤᠨ ᠠᠵᠢᠯ ᠢ ᠬᠠᠷᠢᠭᠤᠴᠠᠨ ᠪᠠᠶᠢᠷᠢᠯᠠᠭᠤᠯᠬᠤ ᠪᠠ ᠵᠣᠬᠢᠴᠠᠭᠤᠯᠤᠨ ᠠᠬᠢᠭᠤᠯᠵᠤ᠂ ᠬᠠᠮᠲᠤᠷᠠᠭᠰᠠᠨ | ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠪᠠᠶᠢᠭᠤᠯᠤᠨ᠎ᠠ᠃ ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠬᠠᠷᠭᠠᠯᠵᠠᠭᠰᠠᠨ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠪᠠᠶᠢᠭᠤᠯᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠵᠦᠢᠯᠡᠰ ᠢ ᠬᠠᠷᠢᠭᠤᠴᠠᠨ ᠰᠤᠳᠤᠯᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠱᠠᠲᠤ ᠬᠤᠪᠢᠶᠠᠨ ᠨᠠᠶᠢᠳᠠᠪᠤᠷᠢᠵᠢᠭᠤᠯᠤᠨ᠎ᠠ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠢ ᠲᠣᠰ ᠲᠥᠰᠦᠯ ᠢ ᠦᠨᠳᠦᠰᠦᠯᠡᠨ ᠡᠭᠦᠷᠭᠡ ᠪᠠᠨ ᠤᠯᠠᠮ ᠨᠢᠭᠡ ᠠᠯᠬᠤᠮ | ᠨᠠᠷᠢᠯᠢᠭᠵᠢᠭᠤᠯᠤᠨ᠂ ᠠᠵᠢᠯ ᠤᠨ ᠲᠥᠯᠥᠪᠯᠡᠭᠡ ᠲᠣᠭᠲᠠᠭᠠᠵᠤ᠂ ᠬᠠᠷᠠᠯᠲᠠ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠰᠢᠯᠭᠠᠨ ᠬᠢᠨᠠᠬᠤ ᠶᠢ ᠴᠢᠩᠭᠠᠷᠠᠭᠤᠯᠵᠤ᠂ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ | ᠵᠣᠷᠢᠭᠲᠠᠶ ᠪᠠᠷ ᠰᠢᠨ᠎ᠡ ᠶᠢ ᠡᠭᠦᠳᠦᠨ᠂ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠶᠢ ᠲᠦᠷᠭᠡᠳᠬᠡᠨ ᠲᠣᠭᠲᠠᠭᠠᠬᠤ ᠶᠢᠨ ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠵᠦ᠂ | ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠨᠢ ᠳᠦᠷᠢᠮ ᠳᠤ ᠰᠢᠨ᠎ᠡ ᠶᠢ ᠡᠭᠦᠳᠬᠦ᠂ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠ | ᠦᠢᠯᠡᠴᠢᠯᠡᠭᠡᠨ ᠳᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠦᠬᠦ ᠤᠯᠤᠰ ᠲᠤ ᠵᠢᠷᠤᠮᠯᠠᠨ ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠤᠢ | ᠪᠣᠯᠭᠠᠬᠤ ᠪᠠᠷ ᠴᠢᠷᠮᠠᠶᠢᠬᠤ ᠬᠡᠷᠡᠭᠲᠡᠶ᠃ | ︵ᠭᠤᠷᠪᠠ︶ ᠪᠥᠬᠦ ᠲᠠᠯ᠎ᠠ ᠪᠠᠷ ᠬᠠᠮᠵᠢᠯᠴᠠᠨ ᠠᠬᠢᠭᠤᠯᠤᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠨᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠭᠤᠤᠯ ᠴᠣᠭᠴᠠ ᠪᠣᠯᠭᠠᠨ᠎ᠠ᠃ ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠭᠤᠣᠯᠯᠠᠬᠤ ᠦᠢᠯᠡᠳᠦᠯ ᠪᠠᠳᠠᠷᠠᠭᠤᠯᠤᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠬᠦᠴᠦᠲᠡᠢ ᠳᠡᠮᠵᠢᠯᠭᠡ ᠪᠠ ᠲᠥᠷᠦ ᠶᠢᠨ | ᠪᠣᠳᠣᠯᠭᠠᠲ᠋ᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠯᠭ᠎ᠠ ᠶᠢ ᠣᠯᠵᠣ ᠭᠦᠷᠳᠡᠭᠦ ᠪᠠᠷ ᠢᠳᠡᠪᠬᠢᠲᠡᠢ ᠴᠢᠷᠮᠠᠶᠢᠵᠣ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠢ ᠯᠦᠭᠡ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠡᠯ᠎ᠡ ᠵᠦᠢᠯ ᠤᠨ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠪᠠ | ᠠᠵᠢᠯ ᠤᠨ ᠡᠭᠦᠷᠭᠡ ᠶᠢᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠨᠢ ᠡᠷᠳᠡ ᠦᠷ᠎ᠡ ᠪᠦᠲᠦᠮᠵᠢ ᠣᠯᠵᠣ ᠣᠯᠠᠨ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ᠃ |