ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠲᠢᠩᠬᠢᠮ ᠤᠨ ᠳᠡᠰ ᠤᠨ ᠪᠦᠷᠢᠯᠳᠦᠭᠦᠨ ᠰᠠᠯᠠᠭ᠎ᠠ ᠮᠦᠴᠢᠷ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠨᠢ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ | ᠵᠦᠪᠯᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠳᠤᠮᠳᠠ ᠪᠠ ᠣᠷᠲᠦ ᠬᠤᠭᠤᠴᠠᠭᠠᠨ ᠤ | ᠲᠦᠯᠦᠪᠵᠢᠭᠦᠯᠭᠡ ᠬᠢᠭᠡᠳ ᠣᠨ ᠤ ᠲᠦᠯᠦᠪᠯᠡᠭᠡ ᠶᠢ ᠲᠣᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠨᠢᠭᠡᠳᠦᠯᠲᠡᠢ | ᠲᠦᠯᠦᠪᠵᠢᠭᠦᠯᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ | ᠲᠤᠰᠬᠠᠢ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠢ ᠶᠢᠨ ᠲᠥᠯᠥᠪᠵᠢᠭᠦᠯᠭᠡ ᠶᠢ ᠪᠦᠬᠦ ᠣᠷᠣᠨ ᠤ ᠬᠦᠭᠵᠢᠯᠲᠡ ᠶᠢᠨ ᠲᠥᠯᠥᠪᠵᠢᠭᠦᠯᠭᠡ | ᠯᠦᠭᠡ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠨᠡᠬᠡᠬᠡᠯᠲᠡ ᠶᠢᠨ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠥᠷᠢᠮ ᠲᠣᠭᠲᠠᠭᠠᠯ ᠤᠨ | ᠲᠥᠰᠥᠯ ᠢ ᠲᠣᠭᠤᠷᠪᠢᠨᠠ᠃ | ︵ᠬᠤᠶᠠᠷ︶ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ | ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠳᠤᠷᠠᠳᠤᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢ ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠰᠢᠮᠳᠠᠭᠤᠯᠤᠨ | ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠦᠨ ᠳᠤᠷᠠᠳᠴᠤ᠂ | ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ | ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ | ᠠᠬᠤᠶ ᠶᠢᠨ ᠠᠷᠭᠠᠴᠠᠭᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ | ᠠᠵᠢᠯᠯᠠᠭᠠᠨ ᠢ ᠲᠣᠬᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠯᠪᠣᠭᠳᠠᠯ | ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠲᠠᠸᠠᠷ᠂ | ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠡᠷᠬᠡ ᠮᠡᠳᠡᠯ ᠤᠨ ᠶᠣᠰᠣᠭᠠᠷ ᠵᠣᠬᠢᠶᠠᠨ ᠪᠠᠶᠢᠭᠤᠯᠤᠨ ᠲᠣᠭᠲᠠᠭᠠᠨ᠎ᠠ᠃ | ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ | ︵ᠳᠥᠷᠪᠡ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ | ᠵᠣᠬᠢᠴᠠᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠲᠦᠷᠦᠭᠦᠯᠡᠨ ᠠᠬᠢᠭᠤᠯᠤᠨ᠎ᠠ᠃ ᠥᠮᠴᠢᠯᠡᠬᠦ ᠡᠷᠬᠡ ᠶᠢᠨ ᠲᠦᠷᠢᠮ ᠪᠠ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠵᠣᠬᠢᠴᠠᠭᠤᠯᠤᠨ ᠠᠬᠢᠭᠤᠯᠤᠨ᠎ᠠ᠃ ᠦᠨᠳᠦᠰᠦᠨ ᠠᠵᠤ ᠠᠬᠤᠶ ᠶᠢᠨ ᠲᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ | ᠬᠠᠭᠤᠳᠠᠰᠤ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠲᠠᠪᠤ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠤᠨ | ᠪᠥᠲᠥᠭᠡᠨ ᠪᠠᠶᠢᠭᠤᠯᠤᠯᠲᠠ ᠳᠤ ᠣᠷᠣᠯᠴᠠᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠠᠬᠢᠭᠤᠯᠤᠨ᠎ᠠ᠃ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠭᠠᠳᠠᠭᠰᠢ ᠭᠠᠷᠭᠠᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ | ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ | ᠵᠠᠰᠠᠭ ᠤᠨ ᠣᠷᠳᠣᠨ ᠤ ᠬᠢᠨᠠᠨ ᠲᠣᠭᠲᠠᠭᠠᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ ᠲᠤᠭᠤᠷᠪᠢᠨ᠎ᠠ᠃ ᠡᠳ᠋ ᠤᠨ | ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠬᠢᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ | ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠬᠦ᠂ ᠬᠢᠨᠠᠨ ᠲᠣᠭᠲᠠᠭᠠᠬᠤ ᠪᠠ ᠬᠢᠨᠠᠨ ᠬᠠᠷᠭᠤᠭᠤᠯᠤᠨ᠎ᠠ᠃ ᠴᠢᠬᠤᠯᠠ ᠶᠡᠭᠡ ᠦᠢᠯᠡᠳᠪᠦᠷᠢᠯᠡᠯ ᠤᠨ ᠪᠦᠳᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠲᠥᠯᠥᠪᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ | ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ | ︵ᠲᠣᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠦᠬᠦᠢ ᠣᠷᠣᠨ ᠪᠦᠰᠡ ᠶᠢᠨ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠢ | ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ | ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠬᠤ ᠶᠢᠨ ᠬᠠᠮᠲᠤ ᠬᠡᠷᠡᠭᠵᠢᠭᠦᠯᠦᠯᠲᠡ ᠶᠢ ᠠᠬᠢᠭᠤᠯᠤᠨ᠎ᠠ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ | ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠦᠨ᠎ᠡ᠃ | ︵ᠶᠢᠰᠦ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠰᠢᠨ᠎ᠡ ᠶᠢ ᠡᠭᠦᠳᠦᠨ ᠬᠦᠭᠵᠢᠭᠦᠯᠬᠦ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ ᠪᠤᠶᠢᠵᠢᠭᠤᠯᠬᠤ | ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠬᠤ ᠪᠥᠭᠡᠳ ᠲᠦᠯᠬᠢᠨ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ | ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠ︶ ᠬᠤᠯᠪᠣᠭᠳᠠᠯ ᠪᠦᠬᠦᠢ ᠲᠦᠭᠰᠢᠭᠦᠷᠢ ᠶᠢᠨ ᠳᠠᠯᠳᠠ ᠭᠡᠮ ᠢ ᠮᠥᠷᠳᠡᠨ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ | ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠥᠭᠡᠴᠡ ᠡᠳ᠋ ᠪᠠᠷᠠᠭ᠎ᠠ ᠶᠢᠨ ᠲᠥᠷᠥᠯ ᠵᠦᠢᠯ ᠤᠨ ᠭᠠᠷᠴᠠᠭ᠂ ᠶᠡᠷᠦᠩᠬᠡᠶ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ ᠪᠣᠯᠤᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠵᠣᠯᠭᠠᠭᠤᠯᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ | ᠪᠠᠲᠤᠯᠠᠭ᠎ᠠ ᠶᠢ ᠪᠦᠷᠢᠨᠰᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠥᠷᠨᠢᠭᠦᠯᠦᠨ᠎ᠡ᠃ | ︵ᠠᠷᠪᠠᠨ ᠬᠤᠶᠠᠷ︶ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠰᠡᠷᠭᠦᠭᠡᠬᠦ᠂ ᠡᠨᠧᠷᠭᠢ ᠶᠢᠨ ᠡᠬᠢ | ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ | ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠣᠯᠤᠨ ᠴᠡᠪᠡᠷ | ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ᠂ | ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠭᠤᠷᠪᠠ︶ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠵᠣᠬᠢᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠤᠰ ᠠᠷᠠᠳ ᠤᠨ ᠠᠵᠤ | ᠠᠬᠤᠶ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ | ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠶᠢ ᠬᠠᠮᠢᠶᠠᠷᠤᠨ᠎ᠠ᠃ | ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠦ᠂ ᠭᠤᠤᠯ ᠬᠦᠴᠦᠨ ᠢᠶᠠᠨ ᠬᠤᠷᠸ᠎ᠠ ᠲᠠᠯ᠎ᠠ ᠶᠢ ᠬᠠᠮᠢᠶᠠᠷᠬᠤ᠂ ᠪᠦᠬᠦ ᠲᠠᠯ᠎ᠠ ᠶᠢ ᠪᠣᠳᠣᠯᠬᠢᠯᠠᠬᠤ᠂ | ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠦᠨ᠂ ᠰᠠᠯᠠᠭ᠎ᠠ ᠮᠥᠴᠢᠷ᠂ ᠭᠠᠵᠠᠷ ᠣᠷᠣᠨ᠂ ᠠᠵᠢᠯ ᠲᠦᠷᠦᠯ᠂ ᠬᠦᠷᠢᠶ᠎ᠡ ᠬᠡᠪᠴᠢᠶ᠎ᠡ ᠠᠯᠤᠰᠯᠠᠭᠰᠠᠨ ᠴᠢᠬᠤᠯᠠ ᠶᠡᠭᠡ | ᠲᠥᠯᠥᠪᠵᠢᠭᠦᠯᠭᠡ᠂ ᠥᠭᠡᠷᠡᠴᠢᠯᠡᠯᠲᠡ᠂ ᠢᠨᠵᠧᠨᠧᠷᠢᠩ ᠢ ᠶᠡᠷᠦᠩᠬᠡᠶᠢᠯᠡᠨ ᠵᠣᠬᠢᠴᠠᠭᠤᠯᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠢᠴᠢᠯ ᠲᠠᠯ᠎ᠠ ᠶᠢᠨ | ᠬᠠᠮᠢᠶᠠᠷᠤᠯᠲᠠ ᠶᠢᠨ ᠬᠡᠷᠡᠭ ᠶᠠᠪᠤᠳᠠᠯ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠥᠬᠡᠳᠬᠡᠵᠦ᠂ ᠵᠠᠰᠠᠭ ᠤᠨ ᠣᠷᠳᠣᠨ ᠠᠴᠠ ᠵᠠᠬ᠎ᠠ | ᠳᠡᠯᠭᠡᠭᠦᠷ ᠤᠨ ᠡᠬᠢ ᠪᠠᠶᠠᠯᠢᠭ ᠢ ᠰᠢᠭᠤᠳ ᠲᠣᠬᠢᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ | ᠠᠵᠢᠯᠯᠠᠭ᠎ᠠ ᠳᠤ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ | ᠲᠥᠪ ᠭᠤᠤᠯᠴᠢ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 1. ᠪᠦᠬᠦ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ᠂ ᠲᠥᠯᠥᠪᠵᠢᠭᠦᠯᠭᠡ ᠶᠢᠨ ᠰᠢᠰᠲ᠋ᠧᠮᠵᠢ ᠶᠢᠨ ᠡᠭᠦᠷᠭᠡ ᠴᠢᠳᠠᠪᠤᠷᠢ | ᠨᠢᠭᠡᠳᠬᠡᠬᠦ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠳᠦᠷᠢᠮ ᠢ ᠪᠦᠷᠢᠨᠰᠢᠭᠦᠯᠵᠦ᠂ ᠲᠥᠯᠥᠪᠵᠢᠭᠦᠯᠭᠡ ᠶᠢ ᠰᠠᠶᠢᠲᠤᠷ ᠨᠢᠭᠡᠳᠦᠯᠲᠡᠶ ᠲᠥᠯᠥᠪᠯᠡᠵᠦ᠂ | ᠲᠥᠯᠥᠪᠵᠢᠭᠦᠯᠭᠡ ᠶᠢᠨ ᠲᠤᠭ᠎ᠠ ᠬᠡᠮᠵᠢᠶ᠎ᠡ ᠶᠢ ᠴᠣᠮᠬᠠᠳᠬᠠᠨ᠂ ᠲᠥᠯᠥᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ | ᠲᠥᠯᠥᠪᠵᠢᠭᠦᠯᠭᠡ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | 2. ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠬᠢᠷᠠᠭᠤᠯᠤᠨ ᠡᠵᠡᠮᠰᠢᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ | ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠣᠯᠤᠨ ᠠᠵᠢᠯ ᠤᠨ | ᠬᠠᠮᠵᠢᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢᠨ ᠬᠢᠨᠠᠨ ᠬᠡᠮᠵᠢᠬᠦ ᠤᠷᠢᠳᠴᠢᠯᠠᠨ ᠬᠡᠮᠵᠢᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ | ᠴᠢᠩᠭᠠᠳᠬᠠᠨ᠂ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠪᠠ ᠲᠦᠷᠦ ᠶᠢᠨ ᠪᠤᠳᠤᠯᠭ᠎ᠠ ᠶᠢᠨ ᠨᠥᠭᠡᠴᠡᠯᠡᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃ | 3. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠡᠯᠡ ᠣᠷᠤᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠲᠣᠭᠲᠠᠭᠠᠬᠤ ᠬᠡᠪᠴᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ | ᠃ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠭᠠᠷᠴᠠᠭ ᠲᠤ ᠴᠠᠭ ᠲᠤᠬᠠᠶ ᠳᠤᠨᠢ ᠵᠠᠰᠠᠪᠤᠷᠢ | ᠣᠷᠣᠭᠤᠯᠤᠨ ᠲᠣᠬᠢᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠤᠰᠬᠠᠭᠰᠠᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠲᠦᠷᠭᠡᠳᠬᠡᠨ ᠠᠬᠢᠭᠤᠯᠤᠨ᠎ᠠ | ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠪᠠᠶᠢᠭᠤᠯᠪᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ | ᠨᠢᠭᠤᠴᠠ ᠴᠢᠬᠤᠯᠠ ᠶᠠᠪᠤᠳᠠᠯ᠂ ᠳᠠᠩᠰᠠ ᠡᠪᠬᠡᠮᠡᠯ᠂ ᠮᠡᠳᠡᠭᠡ ᠵᠠᠩᠭᠢ᠂ ᠠᠮᠤᠷ ᠲᠥᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠣᠯᠵᠢᠯᠠᠯ᠂ ᠵᠠᠰᠠᠭ ᠤᠨ | ᠶᠠᠪᠤᠳᠠᠯ ᠢ ᠢᠯᠡ ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ | ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠡᠭᠦᠷᠭᠡᠯᠡᠨ᠎ᠡ᠃ | ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ ᠬᠥᠭᠵᠢᠯᠲᠡ᠂ ᠬᠥᠳᠡᠯᠮᠦᠷᠢ ᠴᠠᠯᠢᠩ ᠪᠣᠯᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ | ︵ᠭᠤᠷᠪᠠ︶ ᠬᠠᠤᠯᠢ ᠳᠥᠷᠢᠮ ᠤᠨ ᠭᠠᠵᠠᠷ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ | ᠲᠣᠭᠤᠷᠪᠢᠨᠠ᠃ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠡᠭᠦᠷᠭᠡᠯᠡᠨ᠎ᠡ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠲᠣᠭᠲᠠᠭᠠᠯ ᠶᠣᠰᠣᠭᠠᠷ | ᠵᠢᠯᠣᠭᠤᠳᠤᠨ ᠵᠣᠬᠢᠴᠠᠭᠤᠯᠤᠨ᠎ᠠ᠃ | ︵ᠳᠥᠷᠪᠡ︶ ᠰᠢᠮᠳᠠᠭᠤᠯᠤᠨ ᠵᠢᠯᠣᠭᠤᠳᠬᠤ ᠭᠠᠵᠠᠷ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠴᠢᠬᠤᠯᠠ ᠶᠡᠭᠡ ᠲᠥᠷᠥ ᠶᠢᠨ | ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠰᠢᠮᠳᠠᠭᠤᠯᠤᠨ ᠵᠢᠯᠣᠭᠤᠳᠬᠤ ᠶᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠲᠠᠪᠤ︶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯ ᠤᠨ ᠰᠠᠨᠠᠭᠤᠯᠭ᠎ᠠ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠤᠭᠤᠷᠪᠢᠵᠤ ᠲᠣᠭᠲᠠᠭᠠᠬᠤ ᠶᠢᠨ ᠬᠠᠮᠲᠤ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ | ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ | ᠳᠤᠷᠠᠳᠤᠨ᠎ᠠ᠃ ᠲᠥᠯᠥᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠲᠦᠭᠦᠯᠬᠦ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠲᠤᠰᠬᠠᠶ ᠵᠦᠢᠯ ᠤᠨ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠬᠢᠭᠡᠳ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ᠃ ᠨᠠᠶᠢᠷᠠᠭᠤᠯᠤᠨ ᠵᠣᠬᠢᠶᠠᠬᠤ ᠵᠦᠢᠯ ᠢ ᠨᠢᠭᠡᠳᠦᠯᠲᠡᠶ ᠲᠥᠯᠥᠪᠯᠡᠨ | ᠲᠥᠯᠥᠪᠵᠢᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ | ᠬᠠᠮᠵᠢᠯᠴᠠᠨ ᠮᠣᠵᠢ ᠣᠷᠣᠨ ᠠᠯᠤᠰᠯᠠᠭᠰᠠᠨ ᠬᠤᠲᠠ ᠶᠢᠨ ᠪᠥᠭᠡᠮᠨᠡᠷᠡᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ | ︵ᠵᠢᠷᠭᠤᠭ᠎ᠠ︶ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶᠢᠯᠡᠭᠰᠡᠨ ᠭᠠᠵᠠᠷ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ | ᠰᠢᠨᠵᠢᠯᠡᠵᠦ᠂ ᠤᠷᠢᠳᠴᠢᠯᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠦᠨ᠎ᠡ᠃ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠶᠢ ᠰᠤᠳᠤᠯᠵᠤ᠂ ᠬᠤᠷᠸ᠎ᠠ | ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠵᠢᠴᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠰᠤᠳᠤᠯᠤᠯ ᠢ ᠤᠷᠢᠳᠴᠢᠯᠠᠨ ᠰᠤᠳᠤᠯᠬᠤ ᠪᠠ ᠤᠷᠢᠳᠴᠢᠯᠠᠨ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠣᠳᠣᠬᠢᠴᠢᠯᠠᠭᠰᠠᠨ ᠠᠵᠤ | ᠠᠬᠤᠶ ᠶᠢᠨ ᠰᠢᠰᠲ᠋ᠧᠮᠵᠢ ᠶᠢ ᠪᠠᠶᠢᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠢᠬᠤᠯᠠ | ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠥᠪᠡᠷᠲᠡᠭᠡᠨ ᠵᠠᠰᠠᠬᠤ | ᠣᠷᠣᠨ ᠤ ᠨᠥᠭᠡᠴᠡ ᠡᠳ᠋ ᠪᠠᠷᠠᠭ᠎ᠠ ᠶᠢᠨ ᠲᠥᠷᠥᠯ ᠵᠦᠢᠯ ᠤᠨ ᠭᠠᠷᠴᠠᠭ᠂ ᠶᠡᠷᠦᠩᠬᠡᠶ ᠴᠣᠭᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠰᠤᠳᠤᠯᠤᠨ | ᠮᠠᠭᠠᠳᠯᠠᠬᠤ ᠶᠢᠨ ᠬᠠᠮᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠲᠤᠯᠤᠭ᠎ᠠ︶ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠭᠠᠵᠠᠷ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ | ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠤᠨ᠎ᠠ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠳᠡ ᠬᠢᠬᠦ ᠴᠢᠬᠤᠯᠠ ᠶᠡᠭᠡ | ᠠᠰᠠᠭᠤᠳᠠᠯ ᠢ ᠰᠤᠳᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠵᠢᠴᠢ ᠬᠤᠯᠪᠣᠭᠳᠠᠯ ᠪᠦᠬᠦᠢ ᠲᠤᠰᠬᠠᠶ | ᠵᠦᠢᠯ ᠤᠨ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠤᠯᠢᠮᠠᠭ ᠥᠮᠴᠢᠯᠡᠯ ᠪᠠ ᠭᠠᠭᠴᠠᠭᠠᠷ ᠡᠵᠡᠮᠰᠢᠬᠦ ᠠᠵᠢᠯ ᠲᠦᠷᠦᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠮᠴᠢᠯᠡᠯ ᠤᠨ ᠡᠷᠬᠡ ᠶᠢᠨ | ᠲᠦᠷᠢᠮ ᠢ ᠲᠡᠭᠦᠯᠳᠡᠷᠵᠢᠭᠦᠯᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ | ᠳᠤᠷᠠᠳᠤᠨ᠎ᠠ᠃ ᠬᠦᠴᠦᠨ ᠪᠦᠬᠦᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠨᠠᠢᠮᠠ︶ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠭᠠᠵᠠᠷ᠃ ᠪᠡᠯᠡ ᠣᠷᠤᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠤᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠲᠤ ᠰᠠᠨᠠᠭᠤᠯᠭ᠎ᠠ ᠶᠢ ᠳᠤᠷᠠᠳᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠡᠷᠬᠡ ᠮᠡᠳᠡᠯ ᠤᠨ ᠶᠣᠰᠣᠭᠠᠷ ᠬᠢᠨᠠᠨ | ᠬᠠᠷᠭᠤᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠲᠦᠷᠢᠮ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠠᠵᠢᠯ ᠤᠨ | ᠬᠤᠪᠢᠶᠠᠷᠢᠯᠠᠯ ᠶᠣᠰᠣᠭᠠᠷ ᠵᠣᠬᠢᠶᠠᠨ ᠪᠠᠶᠢᠭᠤᠯᠤᠨ ᠳᠡᠯᠭᠡᠷᠡᠭᠦᠯᠦᠨ᠎ᠡ᠃ ᠢᠨᠵᠧᠨᠧᠷᠢᠩ ᠤᠨ ᠵᠥᠪᠯᠡᠯᠭᠡ ᠥᠭᠬᠦ ᠦᠢᠯᠡᠰ ᠤᠨ ᠬᠥᠭᠵᠢᠯᠲᠡ ᠶᠢ | ᠵᠢᠯᠣᠭᠤᠳᠤᠨ᠎ᠠ᠃ | ︵ᠶᠢᠰᠦ︶ ᠭᠠᠳᠠᠭᠠᠳᠤ ᠪᠡᠯᠡ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠠᠰᠢᠭᠯᠠᠬᠤ ᠭᠠᠵᠠᠷ᠃ ᠭᠠᠳᠠᠭᠠᠳᠤ ᠪᠡᠯᠡ ᠪᠠ ᠬᠢᠯᠢ ᠶᠢᠨ ᠭᠠᠳᠠᠨᠠᠬᠢ ᠪᠡᠯᠡ | ᠣᠷᠣᠭᠤᠯᠤᠯᠲᠠ ᠶᠢ ᠠᠰᠢᠭᠯᠠᠬᠤ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠲᠥᠷᠥᠯ | ᠵᠦᠢᠯ ᠢ ᠡᠷᠬᠡ ᠶᠢᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠤᠨ᠎ᠠ᠃ ᠪᠦᠬᠦ ᠣᠷᠣᠨ ᠤ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠢᠭᠡᠯᠡᠯᠭᠡ᠂ ᠭᠠᠳᠠᠭᠠᠳᠤ ᠤᠯᠤᠰ ᠤᠨ | ᠵᠠᠰᠠᠭ ᠤᠨ ᠣᠷᠳᠣᠨ ᠤ ᠵᠢᠭᠡᠯᠡᠯᠭᠡ᠂ ᠮᠠᠨ ᠤ ᠤᠯᠤᠰ ᠤᠨ ᠭᠠᠳᠠᠭᠠᠳᠤ ᠶᠢᠨ ᠵᠣᠭᠤᠰ ᠤᠨ ᠣᠯᠠᠨ ᠤᠯᠤᠰ ᠤᠨ ᠬᠤᠳᠠᠯᠳᠤᠭᠠᠨ ᠤ ᠵᠢᠭᠡᠯᠡᠯᠭᠡ ︵ᠬᠢᠯᠢ ᠶᠢᠨ ᠭᠠᠳᠠᠨᠠᠬᠢ | ᠵᠢᠭᠡᠯᠡᠯᠭᠡ ᠪᠠᠭᠲᠠᠨ᠎ᠠ︶ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ | ᠠᠵᠤ ᠦᠢᠯᠡᠰ ᠤᠨ ᠵᠢᠯᠣᠭᠤᠳᠬᠤ ᠭᠠᠷᠴᠠᠭ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠳᠠᠪᠠᠭᠤᠯᠢᠭ ᠠᠵᠤ ᠦᠢᠯᠡᠰ ᠤᠨ ᠭᠠᠷᠴᠠᠭ ᠢ ᠵᠣᠬᠢᠶᠠᠨ | ᠪᠠᠶᠢᠭᠤᠯᠤᠨ ᠲᠣᠭᠤᠷᠪᠢᠨ ᠲᠣᠭᠲᠠᠭᠠᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠦᠢᠯᠡᠳᠪᠦᠷᠢᠯᠡᠬᠦ ᠴᠢᠳᠠᠪᠤᠷᠢ ᠪᠣᠯᠤᠨ | ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠶᠢᠨ ᠡᠬᠢ ᠪᠠᠶᠠᠯᠢᠭ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠣᠯᠠᠨ ᠤᠯᠤᠰ ᠤᠨ | ᠬᠠᠮᠲᠤᠷᠠᠯᠴᠠᠭᠠᠨ ᠤ ᠬᠤᠯᠪᠣᠭᠳᠠᠯ ᠪᠦᠬᠦᠢ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ | ︵ᠠᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠭᠠᠵᠠᠷ᠃ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠪᠠ ᠠᠮᠢ ᠠᠬᠤᠢ ᠶᠢᠨ | ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠪᠠᠶᠢᠭᠤᠯᠤᠯ ᠤᠨ ᠥᠭᠡᠷᠡᠴᠢᠯᠡᠯᠲᠡ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ᠂ | ᠣᠢ ᠰᠢᠭᠤᠶ᠂ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠶ ᠵᠢᠴᠢ ᠬᠤᠯᠪᠣᠭᠳᠠᠯ ᠪᠦᠬᠦᠢ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠪᠡᠯᠡᠳᠬᠡᠮᠵᠢ ᠵᠡᠷᠭᠡ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ | ᠲᠦᠷᠦᠯ ᠵᠦᠢᠯ ᠤᠨ ᠪᠠᠶᠢᠷᠢᠰᠢᠭᠤᠯᠤᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠲᠣᠮᠣ ᠳᠤᠮᠳᠠ ᠬᠡᠯᠪᠡᠷᠢ ᠶᠢᠨ ᠤᠰᠤᠨ | ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠷᠠᠳ ᠢ ᠨᠡᠭᠦᠯᠭᠡᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠠᠵᠢᠯ ᠤᠨ ᠬᠤᠪᠢᠶᠠᠷᠢᠯᠠᠯ ᠶᠣᠰᠣᠭᠠᠷ | ᠳᠤᠷᠠᠳᠴᠤ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢᠨ ᠭᠠᠵᠠᠷ᠃ ᠡᠨᠧᠷᠭᠢ᠂ ᠵᠠᠰᠠᠮᠠᠯ ᠵᠠᠮ᠂ ᠰᠢᠤᠳᠠᠨ ᠵᠡᠷᠭᠡ ᠬᠥᠭᠵᠢᠯᠲᠡ ᠶᠢᠨ | ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠯᠦᠭᠡ ᠵᠣᠯᠭᠠᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ | ᠶᠡᠭᠡ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠪᠠ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠵᠠᠰᠠᠮᠠᠯ ᠵᠠᠮ ᠪᠣᠯᠤᠨ ᠰᠢᠤᠳᠠᠨ ᠤ ᠶᠠᠪᠤᠳᠠᠯ ᠤᠨ ᠠᠵᠢᠯᠯᠠᠭᠠᠨ ᠤ ᠪᠠᠶᠢᠳᠠᠯ ᠢ | ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠵᠠᠰᠠᠮᠠᠯ ᠵᠠᠮ ᠪᠣᠯᠤᠨ ᠰᠢᠤᠳᠠᠨ ᠤ ᠬᠥᠭᠵᠢᠯᠲᠡ ᠶᠢ ᠨᠢᠭᠡᠳᠦᠯᠲᠡᠶ | ᠲᠥᠯᠥᠪᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯ ᠤᠨ | ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠬᠡ ᠮᠡᠳᠡᠯ ᠤᠨ | ᠶᠣᠰᠣᠭᠠᠷ ᠬᠢᠨᠠᠨ ᠬᠠᠷᠭᠤᠭᠤᠯᠵᠤ᠂ ᠰᠢᠤᠳᠠᠨ ᠤ ᠨᠡᠶᠢᠳᠡᠮ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠳᠠᠩᠰᠠᠯᠠᠨ᠎ᠠ᠃ | ︵ᠠᠷᠪᠠᠨ ᠬᠤᠶᠠᠷ︶ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ | ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠯᠦᠭᠡ ᠵᠣᠯᠭᠠᠭᠤᠯᠤᠨ ᠲᠡᠩᠴᠡᠭᠦᠯᠬᠦ ᠶᠢ | ᠨᠢᠭᠡᠳᠦᠯᠲᠡᠶ ᠲᠥᠯᠥᠪᠯᠡᠨ᠎ᠡ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠲᠡᠮᠦᠷ ᠵᠠᠮ 365赢多少钱会被限额_国内有真正的365平台吗_365bet博彩官网 | ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠬᠡ ᠮᠡᠳᠡᠯ ᠤᠨ ᠶᠣᠰᠣᠭᠠᠷ ᠬᠢᠨᠠᠨ ᠬᠠᠷᠭᠤᠭᠤᠯᠵᠤ ᠬᠠᠮᠢᠶᠠᠷᠤᠨ᠎ᠠ᠃ | ︵ᠠᠷᠪᠠᠨ ᠭᠤᠷᠪᠠ︶ ᠠᠵᠤ ᠦᠢᠯᠡᠰ ᠤᠨ ᠬᠥᠭᠵᠢᠯᠲᠡ ᠶᠢᠨ ᠭᠠᠵᠠᠷ᠃ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠣᠭᠤᠷᠪᠢᠨ ᠲᠣᠭᠲᠠᠭᠠᠨ᠎ᠠ᠃ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠪᠣᠳᠠᠲᠤ | ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠲᠡᠷᠢᠭᠦᠨ ᠤ ᠦᠢᠯᠡᠳᠬᠦ ᠦᠢᠯᠡᠰ ᠢ ᠲᠦᠷᠭᠡᠳᠬᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠳᠪᠦᠷᠢ ᠶᠢᠨ ᠴᠢᠬᠤᠯᠠ ᠶᠡᠭᠡ ᠲᠥᠷᠥᠯ ᠵᠦᠢᠯ ᠤᠨ | ᠪᠠᠶᠢᠷᠢᠰᠢᠭᠤᠯᠤᠯ ᠤᠨ ᠰᠠᠨᠠᠭᠤᠯᠭ᠎ᠠ ᠪᠠ ᠬᠠᠮᠢᠶ᠎ᠠ ᠪᠦᠬᠦᠢ ᠠᠵᠤ ᠦᠢᠯᠡᠰ ᠤᠨ ᠴᠢᠬᠤᠯᠠ ᠶᠡᠭᠡ ᠢᠨᠵᠧᠨᠧᠷᠢᠩ ᠢ ᠳᠤᠷᠠᠳᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠶᠢ ᠵᠣᠬᠢᠴᠠᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠲᠥᠯᠥᠪᠵᠢᠭᠦᠯᠭᠡ ᠶᠢᠨ ᠳᠣᠲᠣᠷᠠᠬᠢ ᠵᠢᠴᠢ ᠣᠨ ᠤ ᠲᠥᠯᠥᠪᠯᠡᠭᠡ ᠶᠢᠨ | ᠬᠡᠪᠴᠢᠶᠡᠨ ᠳᠠᠬᠢ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠶᠣᠰᠣᠭᠠᠷ | ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠎ᠠ᠃ | ︵ᠠᠷᠪᠠᠨ ᠳᠥᠷᠪᠡ︶ ᠰᠢᠨ᠎ᠡ ᠶᠢ ᠡᠭᠦᠳᠬᠦ ᠪᠠ ᠳᠡᠭᠡᠳᠦ ᠮᠡᠷᠭᠡᠵᠢᠯ ᠤᠨ ᠬᠥᠭᠵᠢᠯᠲᠡ ᠶᠢᠨ ᠭᠠᠵᠠᠷ᠃ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠠ ᠳᠡᠭᠡᠳᠦ 365赢多少钱会被限额_国内有真正的365平台吗_365bet博彩官网 | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠣᠭᠤᠷᠪᠢᠨ ᠲᠣᠭᠲᠠᠭᠠᠵᠤ᠂ | ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠲᠦᠯᠬᠢᠨ | ᠠᠬᠢᠭᠤᠯᠤᠨ᠎ᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠮᠡᠷᠭᠡᠵᠢᠯ ᠤᠨ ᠠᠵᠤ ᠠᠬᠤᠢ ᠶᠢᠨ ᠠᠮᠤᠷ ᠲᠦᠪᠰᠢᠨ | ᠪᠣᠯᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠤᠷᠢ ᠶᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠮᠢᠶ᠎ᠠ ᠪᠦᠬᠦᠢ ᠳᠡᠭᠡᠳᠦ ᠰᠢᠨ᠎ᠡ ᠮᠡᠷᠭᠡᠵᠢᠯ ᠤᠨ ᠠᠵᠤ ᠦᠶᠢᠯᠡᠰᠵᠢᠯᠲᠡ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠵᠢᠱᠢᠶ᠎ᠡ | ᠦᠵᠡᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠯᠦᠭᠡ ᠵᠣᠯᠭᠠᠭᠤᠯᠤᠨ | ᠲᠡᠩᠴᠡᠭᠦᠷᠢᠰᠢᠭᠦᠯᠦᠨ᠎ᠡ ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠳᠡᠭᠡᠳᠦ ᠮᠡᠷᠭᠡᠵᠢᠯ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠡᠷᠬᠡ ᠮᠡᠳᠡᠯ ᠤᠨ ᠶᠣᠰᠣᠭᠠᠷ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠤᠨ᠎ᠠ᠃ | ︵ᠠᠷᠪᠠᠨ ᠲᠠᠪᠤ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠭᠠᠵᠠᠷ᠃ ᠪᠣᠬᠢᠷᠲᠤᠯ ᠦᠭᠡᠢ ᠬᠥᠭᠵᠢᠯᠲᠡ ᠶᠢᠨ ᠬᠠᠮᠢᠶ᠎ᠠ ᠪᠦᠬᠦᠢ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ ᠠᠬᠤᠢ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠪᠥᠭᠡᠳ ᠵᠣᠬᠢᠴᠠᠭᠤᠯᠤᠨ ᠬᠡᠷᠡᠭᠵᠢᠭᠦᠯᠵᠦ᠂ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠶᠢ ᠳᠤᠷᠠᠳᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ ᠪᠣᠯᠤᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ | ᠠᠵᠢᠯ ᠢ ᠵᠣᠬᠢᠴᠠᠭᠤᠯᠤᠨ᠎ᠠ᠃ ᠡᠨᠧᠷᠭᠢ ᠠᠷᠪᠢᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠠᠷᠪᠠᠨ ᠵᠢᠷᠭᠤᠭ᠎ᠠ︶ ᠨᠡᠶᠢᠭᠡᠮ ᠤᠨ ᠬᠥᠭᠵᠢᠯᠲᠡ ᠶᠢᠨ ᠭᠠᠵᠠᠷ᠃ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ | ᠶᠡᠷᠦᠩᠬᠡᠶᠢᠯᠡᠨ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠨᠡᠶᠢᠭᠡᠮ ᠤᠨ ᠦᠢᠯᠡᠰ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠥᠮᠦᠨ ᠠᠮᠠ ᠶᠢᠨ ᠬᠥᠭᠵᠢᠯᠲᠡ ᠪᠠ ᠨᠠᠰᠤᠵᠢᠯᠲᠠ ᠶᠢ ᠠᠷᠭᠠᠴᠠᠭᠠᠬᠤ ᠲᠥᠯᠥᠪᠵᠢᠭᠦᠯᠭᠡ ᠪᠠ | ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ | ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠶ ᠬᠥᠭᠵᠢᠯᠲᠡ ᠶᠢ ᠪᠦᠷᠢᠨᠰᠢᠭᠦᠯᠬᠦ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠪᠠᠶᠢᠭᠤᠯᠤᠯ ᠲᠣᠭᠲᠠᠴᠠ ᠵᠢᠴᠢ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠬᠦ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ | ︵ᠠᠷᠪᠠᠨ ᠳᠣᠯᠤᠭ᠎ᠠ︶ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠭᠠᠵᠠᠷ ︵ᠠᠵᠤ ᠠᠬᠤᠶ ᠠᠷᠠᠯᠵᠢᠶᠠᠨ ᠤ ᠭᠠᠵᠠᠷ︶᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠶᠡᠷᠦᠩᠬᠡᠶᠢᠯᠡᠭᠰᠡᠨ ᠴᠢᠨᠠᠷᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠠᠷᠠᠳ ᠤᠨ ᠪᠡᠯᠡ ᠣᠷᠣᠭᠤᠯᠤᠯᠲᠠ ᠶᠢᠨ | ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠵᠢᠴᠢ ᠭᠠᠳᠠᠭᠠᠳᠤ | ᠠᠷᠠᠯᠵᠢᠶᠠᠨ ᠤ ᠪᠠᠶᠢᠳᠠᠯ ᠢ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ | ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠮᠤ ᠪᠤᠳᠠᠭ᠎ᠠ᠂ ᠬᠥᠪᠥᠩ | ᠂ ᠰᠢᠬᠢᠷ᠂ ᠬᠢᠮᠢ ᠶᠢᠨ ᠪᠤᠷᠳᠤᠭᠤᠷ ᠵᠡᠷᠭᠡ ᠶᠢ ᠨᠥᠭᠡᠴᠡᠯᠡᠬᠦ ᠲᠥᠯᠥᠪᠵᠢᠭᠦᠯᠭᠡ ᠪᠠ ᠶᠡᠷᠦᠩᠬᠡᠢ ᠬᠡᠮᠵᠢᠶᠡᠨ ᠤ ᠲᠥᠯᠥᠪᠯᠡᠭᠡ ᠶᠢ ᠲᠣᠭᠲᠠᠭᠠᠨ᠎ᠠ᠃ ᠣᠳᠣ ᠦᠶ᠎ᠡ ᠶᠢᠨ | ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠᠨ ᠨᠠᠢᠮᠠ︶ ᠡᠳ᠋ ᠤᠨ ᠵᠠᠰᠠᠭ ᠮᠥᠩᠭᠦᠨ ᠭᠦᠢᠯᠭᠡᠭᠡᠨ ᠪᠠ ᠢᠲᠡᠭᠡᠮᠵᠢ ᠶᠢᠨ ᠪᠠᠶᠢᠭᠤᠯᠤᠯᠲᠠ ᠶᠢᠨ ᠭᠠᠵᠠᠷ᠃ ᠪᠦᠬᠦ ᠨᠡᠶᠢᠭᠡᠮ ᠤᠨ ᠪᠡᠯᠡ ᠮᠥᠩᠭᠦ ᠶᠢ | ᠲᠡᠩᠴᠡᠭᠦᠷᠢᠲᠡᠶ ᠪᠠᠶᠢᠯᠭᠠᠬᠤ ᠪᠠ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠠᠰᠠᠭᠤᠳᠠᠯ ᠢ ᠰᠤᠳᠤᠯᠤᠨ ᠵᠠᠳᠠᠯᠤᠨ᠎ᠠ᠃ | ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠪᠠ ᠣᠷᠣᠨ ᠪᠦᠰᠡ ᠶᠢᠨ ᠲᠦᠷᠦ ᠶᠢᠨ ᠪᠤᠳᠤᠯᠭ᠎ᠠ ᠶᠢ | ᠵᠣᠬᠢᠴᠠᠭᠤᠯᠤᠨ ᠬᠥᠭᠵᠢᠭᠦᠯᠬᠦ ᠶᠢ ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠰᠠᠨᠠᠭᠤᠯᠭ᠎ᠠ ᠳᠤᠷᠠᠳᠤᠨ᠎ᠠ᠃ ᠰᠢᠭᠤᠳ ᠪᠡᠯᠡ ᠲᠣᠬᠢᠷᠠᠭᠤᠯᠬᠤ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠵᠠᠬ᠎ᠠ ᠳᠡᠯᠭᠡᠭᠦᠷ ᠲᠤ ᠥᠯᠥ ᠭᠠᠷᠤᠭᠰᠠᠨ ᠺᠣᠮᠫᠠᠨᠢ ᠶᠢᠨ ᠠᠵᠤ ᠠᠬᠤᠶᠢᠯᠠᠯ ︵ᠺᠣᠮᠫᠠᠨᠢ︶ ᠤᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠠᠵᠢᠯ ᠢ ᠠᠬᠢᠭᠤᠯᠤᠨ᠎ᠠ᠃ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠪᠠ ᠠᠵᠤ | ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠭᠵᠢᠯᠲᠡ ᠪᠠ ᠲᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠ ᠬᠠᠮᠢᠶᠠᠷᠬᠤ ᠠᠵᠢᠯ ᠢ ᠨᠢᠭᠡᠳᠦᠯᠲᠡᠢ ᠲᠥᠯᠥᠪᠯᠡᠨ᠂ ᠵᠢᠯᠣᠭᠤᠳᠴᠤ᠂ ᠵᠣᠬᠢᠴᠠᠭᠤᠯᠤᠨ᠎ᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠ ᠶᠢᠰᠦ︶ ᠦᠨ᠎ᠡ ᠬᠠᠩᠰᠢ ᠰᠦᠢᠳᠬᠡᠯ ᠬᠤᠷᠢᠶᠠᠬᠤ ᠶᠢ ᠬᠠᠮᠢᠶᠠᠷᠬᠤ ᠭᠠᠵᠠᠷ᠃ ᠦᠨ᠎ᠡ ᠬᠠᠩᠰᠢ ᠶᠢᠨ ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ | ᠵᠢᠱᠢᠵᠦ ᠤᠷᠢᠳᠴᠢᠯᠠᠨ ᠰᠡᠷᠡᠮᠵᠢᠯᠡᠭᠦᠯᠵᠦ᠂ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ | ᠃ ᠴᠢᠬᠤᠯᠠ ᠲᠠᠸᠠᠷ᠂ ᠦᠢᠯᠡᠴᠢᠯᠡᠭᠡ ᠪᠠ ᠴᠢᠬᠤᠯᠠ ᠡᠯᠧᠮᠧᠨ᠋ᠲ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ | ᠦᠨ᠎ᠡ ᠬᠠᠩᠰᠢ ᠪᠣᠯᠤᠨ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠤᠨ ᠲᠥᠰᠦᠯ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠤᠷᠪᠢᠨ | ᠲᠣᠭᠲᠠᠭᠠᠨ᠎ᠠ᠃ ᠴᠢᠬᠤᠯᠠ ᠲᠠᠸᠠᠷ ᠪᠣᠯᠤᠨ ᠦᠢᠯᠡᠴᠢᠯᠡᠭᠡᠨ ᠤ ᠦᠨ᠎ᠡ ᠬᠠᠩᠰᠢ᠂ ᠴᠢᠬᠤᠯᠠ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠲᠠᠸᠠᠷ ᠪᠣᠯᠤᠨ ᠦᠢᠯᠡᠴᠢᠯᠡᠭᠡᠨ ᠤ ᠦᠨ᠎ᠡ ᠬᠠᠩᠰᠢ᠂ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠤᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ | ᠪᠠᠶᠢᠭᠤᠯᠬᠤ ᠳᠤ ᠣᠷᠤᠯᠴᠠᠨ᠎ᠠ᠃ ᠦᠨ᠎ᠡ ᠬᠠᠩᠰᠢ ᠶᠢ ᠦᠨᠡᠮᠰᠢᠬᠦ ᠵᠢᠴᠢ ᠳᠠᠬᠢᠨ ᠬᠢᠨᠠᠬᠤ ᠠᠵᠢᠯ ᠢ | ᠵᠢᠯᠣᠭᠤᠳᠤᠨ᠎ᠠ᠃ | ︵ᠬᠤᠷᠢ︶ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠭᠠᠵᠠᠷ᠃ ᠪᠦᠬᠦ ᠣᠷᠣᠨ ᠤ ᠦᠨ᠎ᠡ ᠬᠠᠩᠰᠢ ᠶᠢᠨ ᠥᠪᠡᠷ ᠤᠨ ᠥᠷᠲᠡᠭ ᠢ | ᠪᠠᠶᠢᠴᠠᠭᠠᠨ ᠬᠢᠨᠠᠬᠤ ᠠᠵᠢᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠰᠤᠳᠤᠯᠤᠨ ᠲᠣᠭᠲᠠᠭᠠᠨ᠎ᠠ᠃ ᠪᠦᠬᠦ ᠣᠷᠣᠨ ᠤ ᠭᠤᠣᠯ ᠪᠣᠯᠬᠤ | ᠲᠠᠷᠢᠶᠠᠯᠠᠩ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠪᠠ ᠠᠰᠢᠭ ᠣᠷᠣᠯᠭ᠎ᠠ ᠶᠢᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠬᠤ ᠡᠭᠦᠷᠭᠡ ᠶᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠲᠥᠷᠥᠯ ᠵᠦᠢᠯ ᠤᠨ ᠥᠪᠡᠷ ᠤᠨ ᠥᠷᠲᠡᠭ ᠢ ᠬᠠᠤᠯᠢ ᠪᠠᠷ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠢᠨᠠᠨ ᠪᠠᠶᠢᠴᠠᠭᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠯᠣᠭᠤᠳᠴᠤ ᠪᠠᠶᠢᠭᠠᠳ | ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠠᠵᠢᠯ ᠥᠷᠨᠢᠭᠦᠯᠦᠨ᠎ᠡ᠃ | ︵ᠬᠤᠷᠢᠨ ᠨᠢᠭᠡ︶ ᠠᠵᠤ ᠠᠬᠤᠶ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢ ᠵᠣᠬᠢᠴᠠᠭᠤᠯᠤᠨ ᠬᠥᠭᠵᠢᠭᠦᠯᠬᠦ ᠭᠠᠵᠠᠷ᠃ ᠠᠵᠤ ᠠᠬᠤᠶ ᠶᠢᠨ ᠪᠦᠳᠦᠭᠡᠨ | ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠵᠣᠬᠢᠴᠠᠭᠤᠯᠤᠨ ᠬᠥᠭᠵᠢᠭᠦᠯᠬᠦ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠤᠰ | ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ | ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠤᠯᠡᠠ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠤᠨ ᠭᠠᠵᠠᠷ᠃ ᠠᠵᠢᠯ ᠠᠴᠠ ᠪᠠᠨ ᠰᠠᠯᠵᠤ | ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠨ᠎ᠠ᠃ | ᠠᠵᠢᠯᠯᠠᠬᠤ ᠭᠠᠵᠠᠷ ᠤᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ ᠬᠥᠭᠵᠢᠯᠲᠡ ᠶᠢᠨ ᠲᠣᠮᠣ ᠠᠰᠠᠷ | ᠰᠢᠦᠳᠠᠨ ᠳ᠋ᠤᠭᠠᠷ᠄ 010098 | ᠠᠵᠢᠯᠯᠠᠬᠤ ᠴᠠᠭ᠄ 9᠄ 00 — 12᠄ 00᠄ 14᠄ 00 — 17᠄ 00 | ᠬᠠᠷᠢᠯᠴᠠᠬᠤ ᠤᠲᠠᠰᠤ᠄ 0471 — 6659300 | ᠬᠠᠷᠢᠭᠤᠴᠠᠯᠭᠠᠲᠠᠨ᠄ ᠬᠥᠩ ᠮᠢᠩ ᠵᠦ | | |