ᠦᠪᠦᠷ ᠵᠠᠰᠠᠭ ᠲᠠᠷᠬᠠᠭᠠᠨᠨᠰᠠᠨ ﹇2020﹈ 13 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄ | ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠴᠢᠳᠠᠪᠤᠷᠢ ᠶᠢ ᠤᠯᠠᠮ ᠨᠢᠭᠡ ᠠᠯᠬᠤᠮ ᠲᠡᠬᠡᠭᠰᠢᠯᠡᠬᠦᠯᠵᠦ᠂ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠤᠳᠠᠳᠠᠢ ᠲᠠᠢ ᠤᠶᠠᠯᠳᠤᠭᠤᠯᠤᠨ᠂ ᠡᠳᠦᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠳᠣᠤᠷᠠᠬᠢ ᠮᠡᠲᠦ ᠰᠠᠨᠠᠯ ᠢ ᠳᠤᠷᠠᠳᠪᠠ᠃ | | ᠨᠢᠭᠡ᠂ ᠶᠡᠷᠦᠩᠬᠡᠶ ᠱᠠᠭᠠᠷᠳᠠᠯᠭ᠎ᠠ | | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠳᠠᠯᠠᠨ᠂ ᠴᠢᠳᠠᠪᠤᠷᠢᠲᠠᠨ ᠢ ᠲᠡᠷᠢᠭᠦᠨ ᠳᠤ ᠲᠠᠯᠪᠢᠬᠤ ᠶᠢ ᠳᠣᠪᠤᠶᠢᠯᠭᠠᠵᠤ᠂ | ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠵᠢᠴᠢ | ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠨ᠂ ᠰᠤᠯᠠᠷᠠᠰᠢ ᠦᠬᠡᠢ ᠪᠠᠶᠢᠩᠭᠤ ᠪᠡᠯᠡᠳᠬᠡᠯ ᠲᠠᠢ ᠪᠠᠶᠢᠬᠤ ᠶᠢ | ᠪᠠᠷᠢᠮᠲᠠᠯᠠᠵᠤ᠂ ᠴᠢᠩᠳᠠᠯᠠᠨ ᠬᠠᠮᠢᠶᠠᠷᠬᠤ ᠶᠢ ᠤᠷᠤᠭᠰᠢ ᠪᠠᠶᠢᠷᠢᠯᠠᠭᠤᠯᠬᠤ ᠶᠢ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠳᠠᠷᠤᠬᠤ ᠶᠢᠨ ᠬᠢᠨᠠᠨ | ᠰᠢᠨᠵᠢᠬᠦ ᠥᠷᠲᠡᠭᠡ ᠴᠡᠭ ᠢ ᠪᠠᠷᠢᠮᠵᠢᠶᠠᠵᠢᠭᠤᠯᠤᠨ ᠵᠢᠷᠤᠮᠵᠢᠭᠤᠯᠵᠦ ᠪᠦᠳᠦᠬᠡᠨ ᠪᠠᠶᠢᠭᠤᠯᠬᠤ ᠶᠢ ᠭᠦᠴᠦᠳᠡᠢ ᠠᠬᠢᠭᠤᠯᠤᠨ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ | ᠲᠠᠷᠤᠬᠤ ᠴᠢᠳᠠᠪᠤᠷᠢᠲᠠᠨ ᠢ ᠬᠥᠮᠦᠵᠢᠭᠦᠯᠬᠦ ᠪᠠ ᠤᠷᠤᠭᠤᠯᠤᠨ ᠠᠪᠴᠢᠷᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ | ᠂ ᠮᠠᠨ ᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠵᠦ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ᠃ 2021 ᠣᠨ ᠤ ᠰᠡᠭᠦᠯᠴᠢ ᠪᠣᠯᠬᠤ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠠ ᠬᠢᠵᠢᠭ ᠤᠨ | ᠢᠷᠡᠯᠲᠡ ᠶᠢᠨ ᠪᠣᠢ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠭᠡᠶᠢᠯᠡᠨ ᠬᠤᠷᠢᠨᠨᠯᠠᠬᠤ | ᠲᠥᠪ ᠲᠤ ᠴᠥᠮ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠢ ᠡᠭᠦᠷᠭᠡᠯᠡᠬᠦ ᠳᠣᠲᠣᠭᠠᠳᠤ ᠪᠠᠶᠢᠭᠤᠯᠤᠮᠵᠢ ᠲᠠᠢ ᠪᠤᠯᠭᠠᠵᠦ᠂ ᠬᠢᠵᠢᠭ ᠤᠨ ᠢᠷᠡᠯᠲᠡ ᠶᠢᠨ | ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠳᠤ ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠭ᠎ᠠ ᠬᠢᠨᠠᠨ ᠰᠢᠨᠵᠢᠬᠦ ᠠᠵᠢᠯ ᠦᠷᠨᠢᠬᠦᠯᠬᠦ ᠨᠥᠬᠦᠴᠡᠯ ᠢ | ᠪᠦᠷᠢᠯᠳᠦᠬᠦᠯᠦᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠠ︔ ᠪᠥᠬᠦ ᠣᠷᠣᠨ ᠤ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠤ ᠪᠦᠭᠦ ᠲᠤᠭ᠎ᠠ ᠶᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠲᠠᠢ | ᠦᠨᠳᠦᠰᠦᠨ ᠳᠤ ᠪᠠᠨ ᠲᠤᠬᠢᠷᠠᠯᠴᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠲᠠᠨ ᠳᠤᠲᠠᠭᠳᠠᠵᠤ ᠪᠠᠶᠢᠭ᠎ᠠ ᠪᠠᠶᠢᠳᠠᠯ ᠢ ᠢᠯᠡᠳᠲᠡ | ᠰᠠᠶᠢᠵᠢᠷᠠᠭᠤᠯᠤᠨ᠎ᠠ︔ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠰᠠᠭᠤᠷᠢ ᠪᠡᠯᠡᠳᠬᠡᠮᠵᠢ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠰᠠᠶᠢᠵᠢᠷᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠥᠬᠦᠭᠡᠷᠦᠮᠵᠢ᠂ ᠲᠣᠨᠤᠭ ᠲᠥᠬᠦᠭᠡᠷᠦᠮᠵᠢ᠂ ᠲᠡᠷᠭᠡ ᠬᠥᠰᠬᠡ ᠵᠡᠷᠭᠡ | ᠠᠵᠢᠯ ᠤᠨ ᠬᠡᠷᠡᠭᠴᠡᠭᠡ ᠶᠢ ᠬᠠᠩᠭᠠᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠵᠦ ᠪᠠᠶᠢᠴᠠᠭᠠᠨ ᠰᠢᠯᠭᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ | ᠰᠶᠢᠳᠪᠦᠷᠢᠯᠡᠬᠦ ᠬᠢᠷᠢ ᠲᠦᠪᠰᠢᠨ ᠢ ᠢᠯᠡᠳᠳᠡ ᠲᠡᠬᠡᠭᠰᠢᠯᠡᠬᠦᠯᠵᠦ᠂ ᠪᠦᠲᠦᠴᠡ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠲᠤᠰᠬᠠᠯ ᠢᠶᠠᠷ ᠴᠠᠭ | ᠲᠤᠬᠠᠶᠢᠴᠢ᠂ ᠰᠶᠢᠳᠪᠦᠷᠢᠯᠡᠯᠳᠡ ᠨᠢ ᠥᠨᠳᠥᠷ ᠦᠷ᠎ᠡ ᠪᠦᠲᠦᠮᠵᠢᠲᠡᠶ ᠪᠤᠯᠬᠤᠶᠢᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠭᠤᠷᠪᠠᠨ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠳᠠᠷᠤᠬᠤ ᠪᠠᠴᠢᠮ ᠪᠠᠶᠢᠳᠠᠯ ᠤᠨ ᠠᠷᠭᠠᠴᠠᠭᠠᠬᠤ ᠰᠢᠰᠲ᠋ᠧᠮᠵᠢ ᠶᠢ ᠠᠩᠬ᠎ᠠ ᠠᠯᠬᠤᠮ | ᠪᠦᠷᠢᠯᠳᠦᠬᠦᠯᠦᠨ᠎ᠠ᠃ | | ᠬᠤᠶᠠᠷ᠂ ᠠᠵᠢᠯ ᠤᠨ ᠡᠭᠦᠷᠭᠡ | | ︵ᠨᠢᠭᠡ︶ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠪᠤᠶᠤ ᠲᠣᠬᠢᠷᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠪᠦᠬᠦ ᠣᠷᠣᠨ ᠤ 12 ᠠᠶᠢᠮᠠᠭ ᠬᠤᠲᠠ ᠳᠤ ᠬᠤᠯᠤᠭᠠᠨ᠎ᠠ ᠶᠢᠨ ᠬᠢᠵᠢᠭ ᠢ | ᠬᠢᠨᠠᠨ ᠰᠢᠨᠵᠢᠬᠦ ᠬᠢᠬᠡᠳ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠲᠠᠢ ᠪᠤᠯᠭᠠᠵᠦ᠂ ᠬᠢᠵᠢᠭ ᠤᠨ ᠢᠷᠡᠯᠳᠡ ᠶᠢᠨ ᠭᠠᠵᠠᠷ | ᠣᠷᠣᠨ ᠠᠴᠠ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ᠂ ᠡᠷᠢᠶᠡᠨ ᠬᠤᠲᠠ᠂ ᠬᠤᠤᠯᠢᠩᠭᠤᠤᠯ ᠬᠤᠲᠠ ᠶᠢ ᠭᠠᠷᠭᠠᠪᠠᠯ᠂ ᠪᠤᠰᠤᠳ ᠬᠢᠵᠢᠭ ᠤᠨ ᠢᠷᠡᠯᠳᠡ ᠶᠢᠨ ᠪᠤᠶ | ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠴᠥᠮ ᠬᠤᠯᠤᠭᠠᠨ᠎ᠠ ᠶᠢᠨ ᠬᠢᠵᠢᠭ ᠢ ᠬᠡᠬᠡᠷ᠎ᠡ ᠭᠠᠳᠠᠭ᠎ᠠ ᠬᠢᠨᠠᠨ ᠰᠢᠨᠵᠢᠬᠦ ᠪᠠᠷᠢᠮᠵᠢᠶᠠᠳᠤ ᠥᠷᠲᠡᠭᠡ | ᠪᠠᠶᠢᠭᠤᠯᠬᠤ ᠶᠢᠨ ᠬᠠᠮᠳᠤ᠂ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠨᠵᠢᠬᠦ ᠲᠥᠬᠦᠭᠡᠷᠦᠮᠵᠢ᠂ ᠠᠬᠤᠢ ᠲᠠᠯᠠᠪᠤᠷ ᠤᠨ ᠪᠠᠴᠢᠮ ᠪᠠᠶᠢᠳᠠᠯ ᠢ | ᠠᠷᠭᠠᠴᠠᠭᠠᠨ ᠰᠶᠢᠳᠪᠦᠷᠢᠯᠡᠬᠦ ᠲᠥᠬᠦᠭᠡᠷᠦᠮᠵᠢ ᠪᠠ ᠲᠣᠨᠤᠭ ᠲᠦᠭᠦᠬᠡᠷᠦᠮᠵᠢ ᠵᠢᠴᠢ ᠠᠯᠪᠠᠯᠠᠵᠦ ᠠᠮᠢᠳᠤᠷᠠᠬᠤ ᠶᠢᠨ ᠴᠢᠬᠤᠯᠠ ᠪᠦᠬᠦᠢ ᠪᠡᠯᠡᠳᠬᠡᠮᠵᠢ ᠪᠠ ᠵᠠᠮ | ᠬᠠᠷᠢᠯᠴᠠᠭᠠᠨ ᠤ ᠪᠠᠭᠠᠵᠢ ᠵᠡᠷᠬᠡ ᠶᠢ ᠬᠤᠳᠠᠯᠳᠤᠨ ᠠᠪᠴᠤ ᠲᠦᠭᠦᠬᠡᠷᠴᠤ ᠪᠦᠷᠢᠯᠳᠦᠬᠦᠯᠦᠨ᠂ ᠡᠳᠦᠷ ᠲᠤᠲᠤᠮ ᠤᠨ ᠬᠢᠨᠠᠨ ᠰᠢᠨᠵᠢᠬᠦ ᠠᠵᠢᠯ ᠤᠨ ᠬᠡᠷᠡᠭᠴᠡᠭᠡ ᠶᠢ ᠦᠨᠡᠨ | ᠬᠦ ᠬᠠᠩᠭᠠᠨ ᠪᠠᠲᠤᠯᠠᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠥᠷᠲᠡᠭᠡ ᠪᠦᠭᠦᠨ ᠢ ᠴᠥᠮ ᠪᠦᠲᠦᠭᠡᠨ ᠪᠠᠶᠢᠭᠤᠯᠬᠤ ᠪᠠᠷᠢᠮᠵᠢᠶ᠎ᠠ ᠳᠤ | ᠨᠡᠶᠢᠴᠡᠬᠦᠯᠬᠦ ᠶᠢᠨ ᠲᠠᠭᠠᠤ ᠪᠦᠭᠦᠯᠢ ᠵᠢᠯ ᠢᠶᠠᠷ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠢᠨᠵᠢᠵᠦ ᠪᠤᠯᠬᠤ ᠨᠥᠬᠦᠴᠡᠯ ᠲᠠᠢ ᠪᠤᠯᠭᠠᠨ᠎ᠠ᠃ | ︵ᠬᠤᠶᠠᠷ︶ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠪᠠᠶᠢᠭᠤᠯᠤᠮᠵᠢ ᠶᠢ ᠪᠦᠷᠢᠨᠰᠢᠬᠦᠯᠦᠨ᠎ᠠ᠃ ᠡᠯ᠎ᠡ ᠱᠠᠲᠤᠨ ᠤ ᠡᠪᠡᠳᠴᠢᠨ ᠡᠮᠭᠡᠭ ᠢ | ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠨᠢ ᠠᠵᠢᠯ ᠶᠠᠪᠤᠳᠠᠯ ᠢᠶᠠᠷ ᠠᠵᠢᠯ ᠤᠨ ᠪᠠᠶᠢᠷᠢ ᠲᠤᠬᠢᠷᠠᠭᠤᠯᠬᠤ᠂ ᠠᠵᠢᠯ ᠤᠨ ᠪᠠᠶᠢᠷᠢ ᠪᠠᠷ ᠠᠵᠢᠯᠳᠠᠳ ᠲᠤᠨᠨᠳᠠᠭᠠᠬᠤ | ᠵᠠᠷᠴᠢᠮ ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠶᠢ ᠦᠨᠳᠦᠰᠦᠯᠡᠵᠦ ᠠᠵᠢᠯ ᠤᠨ ᠪᠠᠶᠢᠷᠢ ᠶᠢ ᠵᠤᠬᠢᠰᠳᠠᠢ | ᠲᠤᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠨᠢ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠳᠣᠲᠣᠭᠠᠳᠤ ᠪᠠᠶᠢᠭᠤᠯᠤᠮᠵᠢ ᠶᠢ ᠲᠤᠬᠢᠷᠠᠭᠤᠯᠵᠦ᠂ ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ | ᠰᠡᠷᠭᠡᠶᠢᠯᠡᠨ ᠬᠤᠷᠢᠨᠨᠯᠠᠬᠤ ᠲᠥᠪ ᠪᠠ ᠬᠢᠵᠢᠭ ᠤᠨ ᠢᠷᠡᠯᠲᠡ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ | ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠳᠣᠲᠣᠭᠠᠳᠤ ᠪᠠᠶᠢᠭᠤᠯᠤᠮᠵᠢ ᠲᠠᠢ ᠪᠣᠯᠭᠠᠵᠤ᠂ ᠬᠢᠵᠢᠭ ᠤᠨ ᠢᠷᠡᠯᠳᠡ ᠶᠢᠨ ᠪᠤᠰᠤ ᠪᠤᠰᠤᠳ ᠬᠤᠰᠢᠭᠤ | ᠰᠢᠶᠠᠨ | ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠵᠤᠬᠢᠬᠤ ᠳᠣᠲᠣᠭᠠᠳᠤ ᠰᠠᠯᠠᠭ᠎ᠠ ᠲᠠᠰᠤᠭ ᠲᠤ ᠪᠠᠨ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠡᠭᠦᠷᠭᠡ ᠴᠢᠳᠠᠪᠤᠷᠢ ᠪᠠᠨ ᠲᠤᠳᠤᠷᠬᠠᠶᠢᠯᠠᠬᠤ ᠬᠡᠷᠡᠭᠲᠡᠢ᠃ 2020 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠪᠦᠬᠦ ᠣᠷᠣᠨ ᠤ 12 ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠬᠡᠶᠢᠯᠡᠨ ᠬᠤᠷᠢᠨᠨᠯᠠᠬᠤ ᠲᠥᠪ ᠪᠠ ᠬᠢᠵᠢᠭ ᠤᠨ | ᠢᠷᠡᠯᠲᠡ ᠶᠢᠨ 57 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠲᠤᠰᠬᠠᠶ ᠰᠠᠯᠠᠭ᠎ᠠ ᠲᠠᠰᠤᠭ ᠪᠠ ᠲᠤᠰᠬᠠᠶ ᠲᠤᠰᠢᠶᠠᠯᠲᠤ ᠠᠵᠢᠯᠲᠠᠨ ᠲᠠᠢ ᠪᠤᠯᠭᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠢᠷᠡᠯᠳᠡ ᠶᠢᠨ | ᠪᠤᠰᠤ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠠᠵᠢᠯ ᠳᠤ ᠵᠤᠬᠢᠬᠤ ᠰᠠᠯᠠᠭ᠎ᠠ ᠲᠠᠰᠤᠭ ᠪᠠ ᠬᠠᠷᠢᠭᠤᠴᠠᠬᠤ ᠠᠵᠢᠯᠲᠠᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠡᠩᠨᠡᠭᠡ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠪᠠᠶᠢᠭᠤᠯᠤᠮᠵᠢ ᠶᠢᠨ ᠣᠷᠣᠨ ᠲᠤᠭᠠᠨ ᠤ ᠬᠠᠮᠢᠶᠠᠷᠤᠯᠲᠠ ᠶᠢᠨ ᠠᠷᠭ᠎ᠠ︾ | ︵ᠦᠪᠦᠷ ᠪᠠᠶᠢᠭᠤᠯᠤᠮᠵᠢ ᠤᠷᠤᠨ ᠲᠤᠭ᠎ᠠ ᠠᠯᠪᠠᠨ ᠲᠠᠷᠬᠠᠭᠠᠭᠰᠠᠨ ﹇2017﹈ 241 ᠳ᠋ᠤᠬᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠤᠳᠤᠬᠢ ᠣᠷᠣᠨ | ᠲᠤᠭ᠎ᠠ ᠳᠤ ᠪᠠᠶᠢᠭ᠎ᠠ ᠠᠵᠢᠯᠳᠠᠨ ᠤ ᠲᠤᠭ᠎ᠠ ᠨᠢ ᠬᠠᠷᠭᠤᠭᠤᠯᠵᠦ ᠲᠣᠭᠲᠠᠭᠠᠭᠰᠠᠨ ᠣᠷᠣᠨ ᠲᠤᠭ᠎ᠠ ᠳᠤ ᠭᠦᠷᠦᠬᠡᠳᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠦᠪ ᠤᠳ ᠨᠢ 2020 ᠣᠨ ᠤ ᠰᠡᠭᠦᠯᠴᠢ ᠠᠴᠠ ᠡᠮᠦᠨ᠎ᠡ᠂ ᠬᠤᠭᠤᠰᠣᠨ ᠣᠷᠣᠨ ᠲᠤᠭᠠᠨ ᠤ | 60% ᠪᠠᠷ ᠠᠵᠢᠯᠳᠠᠨ ᠨᠦᠬᠦᠪᠦᠷᠢᠯᠡᠬᠦ ᠬᠡᠷᠡᠭᠲᠡᠢ︔ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠭᠤᠭᠤᠯᠵᠦ ᠲᠣᠭᠲᠠᠭᠠᠭᠰᠠᠨ ᠣᠷᠣᠨ | ᠲᠤᠭ᠎ᠠ ᠪᠠ ᠠᠵᠢᠯ ᠤᠨ ᠪᠠᠶᠢᠷᠢ ᠪᠠᠷ ᠪᠥᠬᠦ ᠠᠵᠢᠯᠳᠠᠨ ᠢᠶᠠᠨ ᠭᠦᠢᠴᠡᠳ ᠨᠦᠭᠦᠪᠦᠷᠢᠯᠡᠵᠦ ᠲᠣᠬᠢᠷᠠᠭᠤᠯᠬᠤ ᠬᠡᠷᠡᠭᠲᠡᠢ᠃ ᠢᠯᠡ ᠪᠠᠷ ᠤᠷᠢᠬᠤ᠂ ᠰᠠᠭᠠᠳ ᠦᠭᠡᠢ ᠨᠡᠪᠳᠡᠷᠡᠯ | ᠵᠠᠮ ᠢᠶᠠᠷ ᠤᠷᠤᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ︵ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠮᠨᠡᠬᠦ ᠪᠠᠶᠢᠭᠤᠯᠤᠮᠵᠢ︶ ᠳᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠮᠡᠷᠭᠡᠵᠢᠯ ᠤᠨ ᠠᠵᠢᠯᠲᠠᠨ ᠢ ᠲᠦᠷᠭᠡᠬᠡᠨ | ᠨᠥᠬᠦᠪᠥᠷᠢᠯᠡᠵᠦ᠂ 12 ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠳᠤᠭ ᠤᠨ ᠡᠪᠡᠳᠴᠢᠨ︶ ᠢ ᠰᠡᠷᠭᠡᠶᠢᠯᠡᠨ ᠬᠤᠷᠢᠨᠨᠯᠠᠬᠤ ᠲᠥᠪ ᠪᠠ ᠬᠢᠵᠢᠭ ᠤᠨ | ᠢᠷᠡᠯᠲᠡ ᠶᠢᠨ 57 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠤᠨ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠰᠠᠯᠠᠭ᠎ᠠ ᠲᠠᠰᠤᠭ ᠲᠤ ᠨᠠᠭᠠᠳᠤ ᠵᠠᠬ᠎ᠠ ᠳᠤ ᠪᠠᠨ 5 ᠲᠤᠰᠬᠠᠶ ᠲᠤᠰᠢᠶᠠᠯᠲᠤ ᠠᠵᠢᠯᠲᠠᠨ ᠲᠤᠬᠢᠷᠠᠭᠤᠯᠤᠨ᠎ᠠ᠂ ᠡᠭᠦᠨ ᠳᠤ ᠲᠤᠷᠰᠢᠯᠲᠠ ᠶᠢᠨ | ᠲᠠᠰᠤᠭ ᠤᠨ ᠰᠢᠯᠭᠠᠨ ᠪᠠᠶᠢᠴᠠᠭᠠᠬᠤ 2 ᠠᠵᠢᠯᠳᠠᠨ ᠪᠠ ᠬᠡᠭᠡᠷ᠎ᠡ ᠭᠠᠳᠠᠭ᠎ᠠ ᠬᠢᠨᠠᠨ ᠰᠢᠨᠵᠢᠬᠦ 3 ᠠᠵᠢᠯᠳᠠᠨ ᠪᠠᠭᠳᠠᠨ᠎ᠠ︔ ᠬᠢᠵᠢᠭ ᠤᠨ ᠢᠷᠡᠯᠳᠡ ᠶᠢᠨ ᠪᠤᠰᠤ ᠪᠤᠰᠤᠳ | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠢ 2 — 3 ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠶᠢ | ᠦᠨᠡᠨ ᠬᠦ ᠬᠠᠩᠭᠠᠨ ᠪᠠᠲᠤᠯᠠᠬᠤ ᠬᠡᠷᠡᠭᠲᠡᠢ᠃ | ︵ᠳᠥᠷᠪᠡ︶ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠦᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ | ᠰᠤᠷᠭᠠᠨ ᠬᠥᠮᠦᠵᠢᠯ ᠤᠨ ᠰᠠᠯᠠᠭ᠎ᠠ ᠮᠦᠴᠢᠷ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠢ ᠤᠷᠲᠤ ᠬᠤᠭᠤᠴᠠᠭ᠎ᠠ ᠪᠠᠷ ᠬᠥᠮᠦᠵᠢᠭᠦᠯᠬᠦ | ᠳᠦᠷᠢᠮ ᠢ ᠬᠠᠮᠲᠤ ᠪᠠᠷ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠶᠡᠭᠡ ᠲᠡᠬᠡᠳᠦ ᠰᠤᠷᠭᠠᠭᠤᠯᠢ ᠶᠢᠨ | ᠰᠡᠷᠬᠡᠶᠢᠯᠡᠯᠳᠡ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠳᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠵᠠᠬᠢᠶᠠᠯᠠᠭ᠎ᠠ ᠲᠠᠢ ᠬᠠᠨᠳᠤᠯᠭ᠎ᠠ ᠲᠠᠢ ᠪᠠᠷ ᠭᠦᠮᠦᠵᠢᠬᠦᠯᠵᠦ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠳᠤ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠠᠯ᠎ᠠ ᠪᠠᠷ ᠦᠯᠡᠳᠡᠭᠡᠵᠦ ᠠᠵᠢᠯᠯᠠᠭᠤᠯᠵᠦ ᠳᠡᠶᠢᠯᠬᠦ᠂ ᠬᠡᠷᠡᠭᠯᠡᠵᠦ ᠪᠤᠯᠤᠮᠠᠷ᠂ ᠰᠠᠶᠢᠨ ᠠᠵᠢᠯᠯᠠᠳᠠᠭ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠭᠦᠮᠦᠵᠢᠬᠦᠯᠦᠨᠠ᠃ ᠵᠠᠬᠢᠶᠠᠯᠠᠭ᠎ᠠ ᠲᠠᠢ ᠬᠠᠨᠳᠤᠯᠭ᠎ᠠ ᠲᠤᠨᠨᠳᠠᠭᠠᠯᠭᠠᠨᠨᠰᠠᠨ ᠰᠤᠷᠤᠭᠴᠢᠳ ᠢ ᠰᠤᠷᠭᠠᠭᠤᠯᠢ ᠳᠤ ᠪᠠᠶᠢᠬᠤ | ᠬᠤᠭᠤᠴᠠᠭᠠᠨ ᠳᠤ ᠰᠤᠷᠤᠯᠭ᠎ᠠ ᠪᠠ ᠪᠠᠶᠢᠷᠢ ᠶᠢᠨ ᠰᠦᠢᠳᠬᠡᠯ ᠲᠤᠰᠢᠶᠠᠬᠤ ᠠᠴᠠ ᠬᠡᠯᠲᠦᠷᠢᠭᠦᠯᠦᠨ᠎ᠡ᠂ ᠲᠡᠳᠡ ᠨᠠᠷ ᠤᠨ ᠬᠡᠷᠡᠭᠰᠡᠬᠦ ᠵᠠᠷᠤᠳᠠᠯ ᠢ ᠨᠢ ᠨᠠᠶᠢᠳᠠᠨ ᠭᠦᠮᠦᠵᠢᠬᠦᠯᠬᠦ | ᠨᠢᠬᠡᠴᠢ ᠠᠴᠠ ᠡᠭᠦᠷᠬᠡᠯᠡᠨ᠎ᠡ᠃ ᠡᠯ᠎ᠡ ᠭᠠᠵᠠᠷ ᠣᠷᠣᠨ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠪᠦᠬᠦ ᠠᠵᠢᠯᠳᠠᠳ ᠢᠶᠠᠨ | ᠪᠣᠯᠪᠠᠰᠤᠷᠠᠭᠤᠯᠬᠤ ᠲᠦᠯᠦᠪᠯᠡᠭᠡ ᠶᠢ ᠬᠡᠷᠡᠭᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ | ᠬᠤᠷᠢᠨᠨᠯᠠᠬᠤ ᠪᠠᠶᠢᠭᠤᠯᠤᠮᠵᠢ ᠶᠢᠨ ᠠᠵᠢᠯ ᠤᠨ ᠪᠠᠶᠢᠷᠢ ᠪᠠ ᠲᠤᠰᠢᠶᠠᠯ ᠳᠤ ᠪᠠᠶᠢᠬᠤ ᠠᠵᠢᠯᠳᠠᠳ ᠲᠤ ᠪᠠᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠮᠡᠳᠡᠯᠭᠡ ᠶᠢᠨ ᠲᠠᠯ᠎ᠠ ᠪᠠᠷ ᠬᠢ ᠪᠦᠬᠦ ᠠᠵᠢᠯᠳᠠᠳ ᠤᠨ ᠪᠣᠯᠪᠠᠰᠤᠷᠠᠭᠤᠯᠤᠯ ᠢ ᠵᠢᠯ ᠪᠦᠷᠢ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠦᠷᠨᠢᠬᠦᠯᠬᠦ ᠶᠢᠨ ᠬᠠᠮᠳᠤ᠂ | ᠪᠤᠯᠪᠠᠰᠤᠷᠠᠭᠤᠯᠤᠯ ᠭᠦᠷᠳᠡᠬᠡᠭᠰᠡᠨ ᠦᠷ᠎ᠡ ᠳ᠋ᠦᠩ ᠢ ᠨᠢ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠣᠨ ᠤ ᠰᠢᠯᠭᠠᠨ ᠬᠢᠨᠠᠬᠤ᠂ ᠮᠡᠷᠭᠡᠵᠢᠯ ᠤᠨ ᠴᠣᠯᠠ ᠳᠡᠪᠰᠢᠭᠦᠯᠬᠦ | ᠴᠢᠬᠤᠯᠠ ᠦᠨᠳᠦᠰᠦᠯᠡᠯ ᠪᠣᠯᠭᠠᠵᠤ᠂ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠦᠨᠡᠨ ᠬᠦ | ᠲᠡᠬᠡᠭᠰᠢᠯᠡᠬᠦᠯᠦᠨ᠎ᠠ︔ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠢ ᠳᠠᠪᠲᠠᠨ ᠪᠤᠯᠪᠠᠰᠤᠷᠠᠭᠤᠯᠬᠤ ᠰᠤᠷᠤᠯᠴᠠᠯᠭ᠎ᠠ ᠶᠢᠨ ᠳᠦᠷᠢᠮ ᠢ ᠪᠠᠶᠢᠭᠤᠯᠵᠤ᠂ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ | ᠪᠠᠶᠢᠭᠤᠯᠤᠮᠵᠢ ᠨᠢ ᠵᠢᠯ ᠪᠦᠷᠢ 5 — 10 ᠬᠥᠮᠦᠨ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠠᠶᠢᠭᠤᠯᠤᠮᠵᠢ ᠳᠤ ᠰᠣᠩᠭᠤᠨ ᠭᠦᠷᠬᠡᠬᠦ ᠪᠤᠶᠤ | ᠪᠤᠰᠤᠳ ᠲᠡᠷᠢᠭᠦᠨ ᠤ ᠮᠤᠵᠢ ︵ᠦᠪᠡᠷᠳᠡᠬᠡᠨ ᠵᠠᠰᠠᠬᠤ ᠣᠷᠣᠨ᠂ ᠬᠤᠲᠠ︶ ᠳᠤ 3 — 6 ᠰᠠᠷ᠎ᠠ ᠪᠠᠷ ᠠᠵᠢᠯ ᠤᠨ ᠪᠠᠶᠢᠷᠢ ᠠᠴᠠ ᠨᠢ ᠰᠠᠯᠭᠠᠵᠤ ᠲᠤᠬᠠᠶᠢᠯᠠᠭᠰᠠᠨ | ᠠᠵᠢᠯ ᠤᠨ ᠳᠠᠪᠲᠠᠨ ᠪᠤᠯᠪᠠᠰᠤᠷᠠᠭᠤᠯᠬᠤ ᠰᠤᠷᠤᠯᠴᠠᠯᠭ᠎ᠠ ᠳᠤ ᠤᠷᠤᠯᠴᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠮᠡᠷᠭᠡᠵᠢᠯ ᠤᠨ | ᠡᠩᠨᠡᠭᠡᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠠ᠃ | ︵ᠲᠠᠪᠤ︶ ᠠᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠨᠢ ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ | ᠨᠡᠮᠡᠯᠬᠡ ᠪᠠ ᠠᠵᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ | ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠨᠨᠰᠠᠨ ﹇2020﹈ 13 ᠳ᠋ᠤᠭᠠᠷ ᠲᠣᠭᠠᠲᠤ︶ ᠪᠠ ︽ᠬᠠᠯᠳᠠᠪᠤᠷᠢᠲᠤ ᠡᠪᠡᠳᠴᠢᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠮᠨᠡᠬᠦ ᠠᠵᠢᠯᠲᠠᠨ ᠤ ᠲᠦᠷ ᠴᠠᠭ ᠤᠨ ᠴᠢᠨᠠᠷᠲᠠᠶ ᠠᠵᠢᠯ ᠤᠨ ᠨᠥᠬᠦᠪᠥᠷᠢ ᠶᠢᠨ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠣᠭᠲᠠᠭᠠᠯ ﹇ | 2016﹈ 4 ᠳ᠋ᠤᠬᠡᠷ ᠲᠣᠭᠠᠲᠤ︶ ᠤᠨ ᠲᠣᠭᠲᠠᠭᠠᠯ ᠶᠣᠰᠣᠭᠠᠷ᠂ ᠬᠤᠯᠪᠤᠨᠨᠳᠠᠯ ᠪᠥᠬᠦᠶ ᠨᠡᠮᠡᠯᠬᠡ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ | ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠲᠤ ᠨᠠᠮ ᠪᠠ ᠤᠯᠤᠰ ᠤᠨ ᠬᠠᠯᠠᠮᠵᠢᠯᠠᠨ ᠴᠢᠬᠤᠯᠠᠴᠢᠯᠠᠵᠦ | ᠪᠠᠶᠢᠭ᠎ᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠢ ᠬᠠᠶᠢᠷᠠᠯᠠᠨ ᠬᠠᠯᠠᠮᠵᠢᠯᠠᠬᠤ ᠪᠠᠨ ᠴᠢᠬᠤᠯᠠᠴᠢᠯᠠᠨ᠂ | ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠦᠷᠳᠡᠬᠡᠨ ᠤ ᠠᠵᠢᠯ ᠤᠨ ᠣᠷᠴᠢᠨ ᠢ ᠭᠦᠴᠦᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ᠂ | ᠦᠷ᠎ᠡ ᠪᠦᠲᠦᠭᠡᠯ ᠤᠨ ᠱᠠᠩᠨᠠᠯ᠂ ᠥᠭᠦᠯᠡᠯ ᠤᠨ ᠨᠡᠮᠡᠯᠬᠡ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠶᠢᠨ ᠬᠠᠮᠳᠤ᠂ ᠮᠡᠷᠭᠡᠵᠢᠯ ᠤᠨ ᠴᠣᠯᠠ ᠲᠡᠪᠰᠢᠬᠦᠯᠬᠦ ᠬᠢᠬᠡᠳ | ᠤᠷᠢᠵᠤ ᠲᠣᠮᠢᠯᠠᠬᠤ ᠵᠡᠷᠭᠡ ᠲᠠᠯ᠎ᠠ ᠪᠠᠷ ᠢᠯᠡᠬᠦᠬᠡᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠡᠮᠦᠨ᠎ᠡ ᠹᠷᠣᠨᠲ ᠲᠤ ᠤᠷᠲᠤ ᠬᠤᠭᠤᠴᠠᠭ᠎ᠠ ᠪᠠᠷ ᠠᠵᠢᠯᠯᠠᠵᠤ ᠪᠠᠶᠢᠭ᠎ᠠ ᠪᠤᠶᠤ ᠲᠤᠪᠤᠶᠢᠮ᠎ᠠ ᠢᠯᠡᠷᠡᠯ ᠲᠠᠢ ᠰᠢᠯᠢᠳᠡᠭ ᠬᠥᠮᠦᠰ ᠢ | ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠤᠨ ᠢᠷᠠᠭᠤ ᠠᠯᠳᠠᠷᠲᠤ ᠰᠡᠳᠬᠢᠯᠭᠡ᠂ | ᠬᠠᠷᠢᠶᠠᠯᠬᠠᠳᠠᠨ ᠤᠷᠤᠰᠢᠬᠤ ᠰᠡᠳᠬᠢᠯᠭᠡ ᠪᠠ ᠠᠮᠵᠢᠯᠲᠠ ᠪᠦᠳᠦᠮᠵᠢᠳᠦ ᠰᠡᠳᠬᠢᠯᠬᠡ ᠶᠢ ᠨᠢ ᠨᠡᠮᠡᠭᠳᠡᠭᠦᠯᠬᠦ ᠬᠡᠷᠡᠭᠲᠡᠢ᠃ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ | ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠤᠷᠤᠭᠤᠯᠤᠨ᠂ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠵᠣᠬᠢᠶᠠᠨ ᠪᠠᠶᠢᠭᠤᠯᠬᠤ᠂ ᠣᠷᠣᠨ ᠲᠤᠭ᠎ᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠨ᠂ ᠨᠢᠭᠲᠠ ᠬᠠᠮᠵᠢᠯᠴᠠᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠪᠠ ᠲᠤᠰᠬᠠᠶ ᠮᠡᠷᠭᠡᠵᠢᠯ ᠤᠨ ᠡᠩᠨᠡᠭᠡᠨ ᠤ ᠬᠥᠭᠵᠢᠯᠲᠡ ᠶᠢ | ᠭᠦᠯᠢᠶᠡᠰᠦᠯᠡᠵᠦ ᠪᠠᠶᠢᠭ᠎ᠠ ᠪᠣᠭᠤᠮᠢ ᠠᠰᠠᠭᠤᠳᠠᠯ ᠢ ᠬᠠᠮᠲᠤ ᠪᠠᠷ ᠰᠤᠳᠤᠯᠤᠨ ᠰᠶᠢᠳᠪᠦᠷᠢᠯᠡᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠠᠵᠢᠯ ᠢ ᠬᠠᠮᠵᠢᠯᠴᠠᠵᠦ ᠪᠠᠶᠢᠭᠠᠳ ᠠᠬᠢᠭᠤᠯᠤᠨ ᠨᠠᠶᠢᠳᠠᠪᠤᠷᠢᠵᠢᠭᠤᠯᠤᠨ᠎ᠠ᠃ | ︵ᠬᠤᠶᠠᠷ︶ ᠵᠠᠷᠤᠳᠠᠯ ᠤᠷᠤᠭᠤᠯᠤᠯᠳᠠ ᠪᠠᠨ ᠨᠡᠮᠡᠭᠳᠡᠬᠦᠯᠦᠨ᠎ᠠ᠃ ᠡᠯ᠎ᠡ ᠭᠠᠵᠠᠷ ᠣᠷᠣᠨ ᠨᠢ ︽ᠡᠮᠴᠢᠯᠡᠭᠡ ᠡᠷᠡᠭᠦᠯ ᠬᠠᠮᠠᠭᠠᠯᠠᠯ ᠤᠨ ᠭᠦᠷᠢᠶᠡᠨ ᠳᠠᠬᠢ ᠲᠥᠪ | ᠬᠢᠬᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇ | 2018﹈ 67 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ | ᠲᠠᠷᠤᠬᠤ ᠠᠵᠢᠯ ᠳᠠᠬᠢ ᠵᠠᠷᠤᠳᠠᠯ ᠤᠷᠤᠭᠤᠯᠤᠯᠳᠠ ᠶᠢᠨ ᠲᠠᠯ᠎ᠠ ᠪᠠᠷ ᠬᠢ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠪᠠ ᠲᠦᠷ ᠴᠠᠭ ᠤᠨ ᠴᠢᠨᠠᠷᠲᠠᠶ ᠠᠵᠢᠯ ᠤᠨ ᠨᠦᠭᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ | ᠨᠠᠶᠢᠳᠠᠪᠤᠷᠢᠵᠢᠭᠤᠯᠤᠨ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠨ ᠳᠤ ᠤᠯᠭᠤᠬᠤ ᠤᠯᠭᠤᠮᠵᠢ ᠶᠢᠨ ᠲᠦᠪᠰᠢᠨ ᠢ ᠨᠢ ᠲᠡᠬᠡᠭᠰᠢᠯᠡᠬᠦᠯᠦᠨ᠎ᠠ᠃ | ︵ᠭᠤᠷᠪᠠ︶ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠲᠤᠰ ᠰᠠᠨᠠᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ | ᠣᠷᠣᠨ ᠤ ᠪᠤᠳᠠᠳᠠᠢ ᠲᠠᠢ ᠪᠠᠨ ᠤᠶᠠᠯᠳᠤᠭᠤᠯᠤᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠣᠳᠠᠲᠠᠶ ᠬᠡᠷᠡᠭᠵᠢᠭᠦᠯᠬᠦ | ᠲᠥᠰᠦᠯ ᠢ ᠲᠣᠭᠲᠠᠭᠠᠬᠤ ᠶᠢᠨ ᠳᠠᠭᠠᠤ ᠳᠤ ᠳᠠᠷᠦ᠋ᠢᠬᠠᠨ ᠵᠣᠬᠢᠶᠠᠨ ᠪᠠᠶᠢᠭᠤᠯᠵᠦ ᠬᠡᠷᠡᠭᠵᠢᠬᠦᠯᠬᠦ ᠶᠢᠨ ᠬᠠᠮᠳᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ | ᠠᠵᠢᠯ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠬᠠᠷᠠᠯᠳᠠ ᠲᠠᠢ | ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ ᠠᠢ ᠳᠤ ᠤᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ | ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠵᠢᠯᠣᠭᠤᠳᠴᠤ᠂ ᠬᠢᠨᠠᠯᠲᠠ ᠲᠠᠯᠪᠢᠬᠤ ᠪᠠ ᠰᠢᠯᠭᠠᠨ ᠬᠢᠨᠠᠨ᠎ᠠ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠤᠨ | ᠬᠢᠨᠠᠨ ᠰᠢᠨᠵᠢᠬᠦ ᠥᠷᠲᠡᠭᠡ ᠶᠢ ᠪᠥᠲᠥᠭᠡᠨ ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | | 2020 ᠣᠨ ᠤ 8 ᠳ᠋ᠤᠭᠠᠷ ᠰᠠᠷ᠎ᠠ ᠶᠢᠨ 6 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠲᠠᠭᠠᠯᠳᠤᠭᠤᠯᠤᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ | ᠬᠢᠵᠢᠭ ᠤᠨ ᠬᠢᠨᠠᠨ ᠰᠢᠨᠵᠢᠬᠦ ᠥᠷᠲᠡᠭᠡ ᠶᠢ ᠪᠦᠳᠦᠬᠡᠨ ᠪᠠᠶᠢᠭᠤᠯᠬᠤ ᠪᠠᠷᠢᠮᠵᠢᠶ᠎ᠠ | ︵ᠲᠤᠷᠰᠢᠨ ᠬᠡᠷᠡᠭᠵᠢᠭᠦᠯᠦᠨ᠎ᠡ︶ | | | ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠠᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ | ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠭ᠎ᠠ ᠬᠢᠨᠠᠨ ᠰᠢᠨᠵᠢᠬᠦ ᠨᠥᠬᠦᠴᠡᠯ ᠢ ᠰᠠᠶᠢᠵᠢᠷᠠᠭᠤᠯᠤᠨ᠂ ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠴᠢᠳᠠᠪᠤᠷᠢ ᠪᠠ | ᠲᠦᠪᠰᠢᠨ ᠢ ᠲᠡᠬᠡᠭᠰᠢᠯᠡᠬᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠲᠣᠰ ᠪᠠᠷᠢᠮᠵᠢᠶ᠎ᠠ ᠶᠢ ᠲᠣᠭᠲᠠᠭᠠᠪᠠ᠃ | | ᠨᠢᠭᠡ᠂ ᠭᠠᠵᠠᠷ ᠰᠣᠩᠭᠤᠬᠤ ᠱᠠᠭᠠᠷᠳᠠᠯᠭ᠎ᠠ | | ︵ᠨᠢᠭᠡ︶ ᠥᠷᠲᠡᠭᠡ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠠᠮᠢᠳᠤ ᠪᠣᠳᠠᠰ ᠤᠨ ᠠᠮᠤᠷ ᠲᠦᠪᠰᠢᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ | ᠲᠤᠷᠰᠢᠯᠲᠠ ᠶᠢᠨ ᠲᠠᠰᠤᠭ ᠤᠨ ᠡᠷᠭᠢᠨ ᠲᠣᠭᠤᠷᠢᠨ ᠳᠤ ᠰᠠᠭᠤᠭᠠᠯᠢ ᠠᠷᠠᠳ ᠤᠨ ᠲᠣᠭᠤᠷᠢᠭ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠣᠭᠤᠷᠢᠭ᠂ | ᠬᠠᠭᠠᠯᠪᠤᠷᠢᠯᠠᠵᠦ ᠲᠠᠷᠢᠶᠠᠯᠠᠬᠤ ᠭᠠᠵᠠᠷ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠲᠥᠪᠯᠡᠷᠡᠭᠰᠡᠨ ᠣᠷᠣᠨ ᠢ ᠴᠢᠳᠠᠬᠤ ᠶᠢᠨ ᠲᠤᠳᠤᠷ᠎ᠠ | ᠲᠥᠯᠥᠪᠵᠢᠭᠦᠯᠦᠨ ᠪᠠᠶᠢᠭᠤᠯᠬᠤ ᠦᠬᠡᠢ ᠪᠠᠶᠢᠬᠤ ᠬᠡᠷᠡᠭᠳᠡᠢ᠃ | ︵ᠬᠤᠶᠠᠷ︶ ᠥᠷᠲᠡᠭᠡ ᠪᠠᠶᠢᠭᠤᠯᠬᠤ ᠭᠠᠵᠠᠷ ᠢ ᠬᠠᠮᠤᠭ ᠤᠨ ᠰᠠᠶᠢᠨ ᠳᠤ ᠪᠠᠨ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠣᠷᠣᠨ ᠤ ᠳᠣᠲᠣᠷ᠎ᠠ ᠪᠠᠶᠢᠯᠭᠠᠬᠤ | ᠨᠢ ᠬᠠᠮᠤᠭ ᠠᠴᠠ ᠲᠤᠬᠢᠷᠠᠮᠵᠢᠳᠠᠢ ᠪᠠᠶᠢᠵᠦ᠂ ᠬᠢᠨᠠᠨ ᠰᠢᠨᠵᠢᠬᠦ ᠠᠵᠢᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠳᠤ ᠳᠥᠭᠦᠮ ᠪᠤᠯᠭᠠᠬᠤ ᠬᠡᠷᠡᠭᠲᠡᠶ | ᠃ ᠬᠡᠷᠪᠡ ᠬᠢᠨᠠᠨ ᠰᠢᠨᠵᠢᠬᠦ ᠣᠷᠣᠨ ᠪᠦᠰᠡ ᠶᠢᠨ ᠳᠣᠲᠣᠷ᠎ᠠ ᠥᠷᠲᠡᠭᠡ ᠪᠠᠶᠢᠭᠤᠯᠬᠤ ᠳᠤ ᠠᠵᠢᠯ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠠᠷᠭ᠎ᠠ ᠦᠭᠡᠶ ᠪᠣᠯ | ᠥᠷᠲᠡᠭᠡ ᠪᠠᠶᠢᠭᠤᠯᠵᠦ ᠭᠠᠵᠠᠷ ᠰᠣᠩᠭᠤᠬᠤ ᠳᠤ ᠪᠠᠨ ᠬᠢᠨᠠᠨ ᠰᠢᠨᠵᠢᠬᠦ ᠠᠵᠢᠯ ᠤᠨ ᠣᠷᠣᠨ ᠪᠦᠰᠡ ᠳᠤ ᠠᠯᠢ ᠪᠣᠯᠬᠤ ᠪᠠᠷ ᠣᠶᠢᠷᠠᠲᠤᠭᠤᠯᠬᠤ ᠬᠡᠷᠡᠭᠲᠡᠶ᠃ | ︵ᠭᠤᠷᠪᠠ︶ ᠥᠷᠲᠡᠭᠡ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠠᠵᠢᠯ ᠠᠮᠢᠳᠤᠷᠠᠯ ᠤᠨ ᠲᠠᠯ᠎ᠠ ᠪᠠᠷ ᠨᠠᠶᠢᠳᠠᠪᠤᠷᠢᠲᠠᠶ ᠠᠷᠤ ᠲᠠᠯ᠎ᠠ ᠶᠢᠨ | ᠦᠢᠯᠡᠴᠢᠯᠡᠬᠡᠨ ᠤ ᠪᠠᠲᠤᠯᠠᠭ᠎ᠠ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠵᠦ᠂ ᠵᠠᠮ ᠬᠠᠷᠢᠯᠴᠠᠭ᠎ᠠ ᠪᠠ ᠴᠢᠮᠡᠭᠡ ᠨᠡᠪᠲᠡᠷᠡᠯᠭᠡ ᠶᠢᠨ ᠪᠠᠲᠤᠯᠠᠭ᠎ᠠ ᠶᠢᠨ ᠨᠥᠬᠦᠴᠡᠯ ᠢ | ᠪᠦᠷᠢᠯᠳᠦᠬᠦᠯᠬᠦ ᠬᠡᠷᠡᠭᠳᠡᠢ᠂ ᠵᠢᠱᠢᠶᠡᠯᠡᠪᠡᠯ ᠴᠠᠬᠢᠯᠭᠠᠨ ︵220v︶ ᠨᠡᠪᠲᠡᠷᠡᠭᠦᠯᠬᠦ᠂ ᠤᠰᠤ ᠨᠡᠪᠲᠡᠷᠡᠭᠦᠯᠬᠦ᠂ ᠰᠦᠯᠵᠢᠶ᠎ᠡ ᠨᠡᠪᠲᠡᠷᠡᠭᠦᠯᠬᠦ ᠵᠡᠷᠭᠡ᠃ | ︵ᠲᠦᠷᠪᠡ︶ ᠪᠦᠬᠦ᠋ᠢᠯᠡ ᠬᠢᠨᠠᠨ ᠰᠢᠨᠵᠢᠬᠦ ᠥᠷᠲᠡᠭᠡ ᠳᠤ ᠰᠡᠷᠭᠡᠶᠢᠯᠡᠨ ᠬᠠᠮᠠᠭᠠᠯᠠᠬᠤ ᠬᠦᠷᠢᠶ᠎ᠡ ᠬᠠᠰᠢᠶ᠎ᠠ ᠪᠠᠶᠢᠭᠤᠯᠵᠦ ᠲᠡᠭᠦᠨ ᠢ ᠭᠠᠳᠠᠷ ᠤᠷᠴᠢᠨ ᠠᠴᠠ | ᠲᠤᠰᠠᠭᠠᠷᠯᠠᠬᠤ ᠬᠡᠷᠡᠭᠲᠡᠶ᠃ | | ᠬᠤᠶᠠᠷ᠂ ᠰᠠᠭᠤᠷᠢ ᠪᠡᠯᠡᠳᠬᠡᠮᠵᠢ | | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠃ | 1. ᠠᠶᠢᠮᠠᠭ ᠬᠤᠲᠠ ᠶᠢᠨ ᠱᠠᠲᠤᠨ ᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ | ᠪᠠᠶᠢᠭᠤᠯᠬᠤ ᠲᠠᠯᠠᠪᠠᠶ ᠶᠢ 650 m² ᠠᠴᠠ ᠪᠠᠭ᠎ᠠ ᠪᠠᠶᠢᠯᠭᠠᠵᠦ ᠪᠣᠯᠬᠤ ᠦᠭᠡᠶ᠃ | 2. ᠪᠠᠶᠢᠷᠢ᠄ 30 ᠭᠠᠷᠤᠢ ᠭᠦᠮᠦᠨ ᠤ ᠬᠤᠨᠣᠭᠯᠠᠬᠤ ᠶᠢ ᠬᠠᠩᠭᠠᠬᠤ᠂ ᠠᠷᠢᠭᠤᠨ ᠴᠡᠪᠡᠷ ᠤᠨ ᠲᠠᠰᠤᠯᠭ᠎ᠠ᠂ ᠰᠦᠷᠴᠢᠮᠡᠯ ᠤᠬᠢᠶᠠᠯᠭ᠎ᠠ ᠶᠢᠨ ᠪᠡᠯᠡᠳᠬᠡᠮᠵᠢ ᠵᠡᠷᠭᠡ 365赢多少钱会被限额_国内有真正的365平台吗_365bet博彩官网 | ᠠᠮᠢᠳᠤᠷᠠᠯ ᠤᠨ ᠦᠨᠳᠦᠰᠦᠨ ᠪᠡᠯᠡᠳᠬᠡᠮᠵᠢ ᠶᠢ ᠪᠦᠷᠢᠯᠳᠦᠬᠦᠯᠬᠦ ᠬᠡᠷᠡᠭᠳᠡᠢ᠃ | 3. ᠲᠣᠭᠤᠭᠠᠨ ᠭᠡᠷ᠂ ᠬᠤᠭᠤᠯᠠᠯᠠᠬᠤ ᠲᠢᠩᠬᠢᠮ᠄ 40 m² ᠠᠴᠠ ᠶᠡᠭᠡ ᠪᠠᠶᠢᠭᠤᠯᠵᠤ᠂ 50 ᠬᠥᠮᠦᠨ ᠬᠠᠮᠲᠤ ᠬᠤᠭᠤᠯᠠᠯᠠᠬᠤ ᠨᠥᠬᠦᠴᠡᠯ ᠢ ᠪᠦᠷᠢᠯᠳᠦᠬᠦᠯᠬᠦ | ᠬᠡᠷᠡᠭᠳᠡᠢ᠃ | 4. ᠠᠯᠪᠠᠯᠠᠬᠤ ᠲᠤᠭᠤᠷᠢᠭ᠄ ᠨᠠᠭᠠᠳᠤ ᠵᠠᠬ᠎ᠠ ᠳᠤ ᠪᠠᠨ 30 m² ᠠᠴᠠ ᠶᠡᠭᠡ ᠪᠠᠶᠢᠯᠭᠠᠵᠦ᠂ 6 ᠬᠥᠮᠦᠨ ᠠᠯᠪᠠᠯᠠᠬᠤ ᠨᠦᠭᠦᠴᠡᠯ ᠢ ᠪᠦᠷᠢᠯᠳᠦᠬᠦᠯᠦᠨ᠂ | ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ ᠪᠠᠶᠢᠯᠭᠠᠬᠤ ᠬᠡᠷᠡᠭᠳᠡᠢ᠃ | 5. ᠬᠤᠷᠠᠯ ᠤᠨ ᠭᠡᠷ᠄ 100 m² ᠠᠴᠠ ᠳᠡᠭᠡᠭᠰᠢ ᠪᠦᠲᠦᠭᠡᠨ ᠪᠠᠶᠢᠭᠤᠯᠵᠤ᠂ ᠨᠠᠭᠠᠳᠤ ᠵᠠᠬ᠎ᠠ ᠳᠤ ᠪᠠᠨ 50 ᠬᠥᠮᠦᠨ ᠬᠤᠷᠠᠯᠳᠤᠬᠤ ᠨᠦᠭᠦᠴᠡᠯ ᠢ | ᠬᠠᠩᠭᠠᠵᠦ᠂ ᠬᠠᠮ ᠵᠠᠭᠤᠴᠢᠯᠠᠭᠤᠷ ᠲᠠᠢ ᠪᠠᠶᠢᠯᠭᠠᠬᠤ ᠵᠡᠷᠭᠡ ᠨᠥᠬᠦᠴᠡᠯ ᠢ ᠪᠦᠷᠢᠯᠳᠦᠬᠦᠯᠬᠦ ᠬᠡᠷᠡᠭᠳᠡᠢ᠃ | 6. ᠡᠳ᠋ ᠪᠠᠷᠠᠭ᠎ᠠ ᠨᠥᠭᠡᠴᠡᠯᠡᠬᠦ ᠲᠠᠰᠤᠭ᠄ ᠨᠠᠭᠠᠳᠤ ᠵᠠᠬ᠎ᠠ ᠳᠤ ᠪᠠᠨ 30 m² ᠪᠠᠶᠢᠯᠭᠠᠵᠦ᠂ ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ | ᠡᠳ᠋ ᠪᠠᠷᠠᠭ᠎ᠠ ᠶᠢ ᠬᠠᠳᠠᠭᠠᠯᠠᠨ᠎ᠠ᠃ 365赢多少钱会被限额_国内有真正的365平台吗_365bet博彩官网 | 7. ᠪᠣᠬᠢᠷ ᠤᠰᠤ ᠶᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ ᠣᠶᠢᠷᠠᠯᠴᠠᠭ᠎ᠠ ᠭᠠᠵᠠᠷ ᠲᠤ ᠪᠤᠬᠢᠷᠳᠤᠯ ᠭᠠᠳ᠋ᠬᠠᠰᠢᠯᠠᠭᠤᠯᠬᠤ | ᠲᠤᠰᠬᠠᠶ ᠨᠡᠪᠴᠢᠯ ᠬᠤᠳᠳᠤᠭ ᠭᠠᠷᠭᠠᠵᠦ᠂ ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠭᠠᠳ᠋ᠬᠠᠰᠢᠯᠠᠭᠤᠯᠵᠦ | ᠪᠤᠯᠬᠤ ᠪᠤᠯᠭᠠᠨ᠎ᠠ᠂ ᠲᠡᠳᠡᠬᠡᠷ ᠤᠰᠤ ᠶᠢ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠭᠤᠤᠷᠰᠤ ᠪᠠᠷ ᠤᠷᠤᠰᠬᠠᠵᠦ ᠪᠣᠯᠬᠤ ᠦᠭᠡᠢ᠃ | 8. ᠬᠤᠭ ᠨᠣᠪᠰᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ ᠨᠦᠭᠡ᠂ ᠪᠤᠯᠠᠬᠤ ᠨᠦᠬᠡ ᠶᠢ ᠰᠤᠩᠭᠤᠨ ᠪᠠᠶᠢᠭᠤᠯᠬᠤ | ᠬᠡᠷᠡᠭᠳᠡᠢ᠃ | 9. ᠲᠤᠷᠰᠢᠯᠲᠠ ᠶᠢᠨ ᠲᠠᠰᠤᠭ᠄ 200 m² ᠠᠴᠠ ᠪᠠᠭ᠎ᠠ ᠪᠠᠶᠢᠯᠭᠠᠵᠦ ᠪᠣᠯᠬᠤ ᠥᠬᠡᠶ᠂ ᠠᠮᠢᠳᠤ ᠪᠣᠳᠠᠰ ᠤᠨ ᠠᠮᠤᠷ ᠲᠦᠪᠰᠢᠨ ᠤ ᠬᠤᠶᠠᠳᠤᠭᠠᠷ ᠳᠡᠰ ᠤᠨ | ᠲᠤᠷᠰᠢᠯᠲᠠ ᠶᠢᠨ ᠲᠠᠰᠤᠭ ᠭᠠᠷᠭᠠᠨ᠎ᠠ᠂ ᠡᠭᠦᠨ ᠳᠤ ᠨᠣᠬᠠᠶ ᠶᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠬᠦᠯᠬᠦ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ | ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠳᠠ ᠶᠢᠨ ᠲᠠᠰᠤᠭ᠂ ᠡᠩ ᠤᠨ ᠲᠤᠷᠰᠢᠯᠲᠠ ᠶᠢᠨ ᠲᠠᠰᠤᠭ᠂ ᠪᠠᠺᠲ᠋ᠧᠷᠢ ᠶᠢ ᠥᠨᠳᠥᠷ ᠲᠠᠷᠤᠯᠳᠠ ᠪᠠᠷ ᠤᠰᠠᠳᠬᠠᠬᠤ | ᠲᠠᠰᠤᠭ᠂ ᠬᠡᠪ ᠵᠠᠭᠪᠤᠷ ᠤᠨ ᠲᠠᠰᠤᠭ ᠵᠡᠷᠭᠡ ᠶᠢ ᠪᠠᠭᠳᠠᠭᠠᠬᠤ ᠬᠡᠷᠡᠭᠳᠡᠢ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ︽ᠲᠤᠷᠰᠢᠯᠳᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB19489 — | 2008︶ ᠶᠢᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃ | ︵ᠬᠤᠶᠠᠷ︶ ᠬᠡᠭᠡᠷ᠎ᠡ ᠭᠠᠳᠠᠭ᠎ᠠ ᠬᠢᠨᠠᠨ ᠰᠢᠨᠵᠢᠬᠦ ᠥᠷᠲᠡᠭᠡ᠃ | 1. ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠭ᠎ᠠ ᠬᠢᠨᠠᠨ ᠰᠢᠨᠵᠢᠬᠦ ᠥᠷᠲᠡᠭᠡ ᠶᠢ ᠪᠠᠶᠢᠭᠤᠯᠬᠤ ᠳᠤ ᠲᠠᠯᠠᠪᠠᠶ ᠶᠢ ᠨᠢ 350 m² ᠠᠴᠠ ᠪᠠᠭ᠎ᠠ ᠪᠠᠶᠢᠯᠭᠠᠵᠤ | ᠪᠣᠯᠬᠤ ᠦᠭᠡᠶ᠃ | 2. ᠪᠠᠶᠢᠷᠢ᠄ 10 ᠭᠠᠷᠤᠢ ᠭᠦᠮᠦᠨ ᠤ ᠬᠤᠨᠣᠭᠯᠠᠬᠤ ᠶᠢ ᠬᠠᠩᠭᠠᠵᠤ᠂ ᠠᠷᠢᠭᠤᠨ ᠴᠡᠪᠡᠷ ᠤᠨ ᠲᠠᠰᠤᠯᠭ᠎ᠠ᠂ ᠰᠦᠷᠴᠢᠮᠡᠯ ᠤᠬᠢᠶᠠᠯᠭ᠎ᠠ ᠶᠢᠨ ᠪᠡᠯᠡᠳᠬᠡᠮᠵᠢ ᠵᠡᠷᠭᠡ | ᠠᠮᠢᠳᠤᠷᠠᠯ ᠤᠨ ᠦᠨᠳᠦᠰᠦᠨ ᠪᠡᠯᠡᠳᠬᠡᠮᠵᠢ ᠶᠢ ᠪᠦᠷᠢᠯᠳᠦᠬᠦᠯᠬᠦ ᠬᠡᠷᠡᠭᠳᠡᠢ᠃ | 3. ᠲᠣᠭᠤᠭᠠᠨ ᠭᠡᠷ᠂ ᠬᠤᠭᠤᠯᠠᠯᠠᠬᠤ ᠲᠢᠩᠬᠢᠮ᠄ 20 m² ᠠᠴᠠ ᠶᠡᠭᠡ ᠪᠦᠲᠦᠭᠡᠨ ᠪᠠᠶᠢᠭᠤᠯᠵᠤ᠂ 10 ᠬᠥᠮᠦᠨ ᠬᠠᠮᠲᠤ ᠬᠤᠭᠤᠯᠠᠯᠠᠬᠤ ᠨᠥᠬᠦᠴᠡᠯ ᠢ | ᠪᠦᠷᠢᠯᠳᠦᠬᠦᠯᠬᠦ ᠬᠡᠷᠡᠭᠳᠡᠢ᠃ | 4. ᠠᠯᠪᠠᠯᠠᠬᠤ ᠲᠤᠭᠤᠷᠢᠭ᠄ ᠨᠠᠭᠠᠳᠤ ᠵᠠᠬ᠎ᠠ ᠳᠤ ᠪᠠᠨ 30 m² ᠠᠴᠠ ᠶᠡᠭᠡ ᠪᠠᠶᠢᠯᠭᠠᠵᠤ᠂ 6 ᠬᠥᠮᠦᠨ ᠠᠯᠪᠠᠯᠠᠬᠤ ᠨᠦᠭᠦᠴᠡᠯ ᠢ ᠪᠦᠷᠢᠯᠳᠦᠬᠦᠯᠦᠨ᠂ | ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ ᠪᠠᠶᠢᠯᠭᠠᠬᠤ ᠬᠡᠷᠡᠭᠳᠡᠢ᠃ | 5. ᠡᠳ᠋ ᠪᠠᠷᠠᠭ᠎ᠠ ᠨᠥᠭᠡᠴᠡᠯᠡᠬᠦ ᠲᠠᠰᠤᠭ᠄ ᠨᠠᠭᠠᠳᠤ ᠵᠠᠬ᠎ᠠ ᠳᠤ ᠪᠠᠨ 30 m² ᠪᠠᠶᠢᠯᠭᠠᠵᠤ᠂ ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ | ᠡᠳ᠋ ᠪᠠᠷᠠᠭ᠎ᠠ ᠶᠢ ᠬᠠᠳᠠᠭᠠᠯᠠᠨ᠎ᠠ᠃ | 6. ᠪᠣᠬᠢᠷ ᠤᠰᠤ ᠶᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ ᠣᠶᠢᠷᠠᠯᠴᠠᠭ᠎ᠠ ᠭᠠᠵᠠᠷ ᠲᠤ ᠪᠤᠬᠢᠷᠳᠤᠯ ᠭᠠᠳ᠋ᠬᠠᠰᠢᠯᠠᠭᠤᠯᠬᠤ | ᠲᠤᠰᠬᠠᠶ ᠨᠡᠪᠴᠢᠯ ᠬᠤᠳᠳᠤᠭ ᠭᠠᠷᠭᠠᠵᠦ᠂ ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠭᠠᠳ᠋ᠬᠠᠰᠢᠯᠠᠭᠤᠯᠵᠦ | ᠪᠤᠯᠬᠤ ᠪᠤᠯᠭᠠᠨ᠎ᠠ᠂ ᠲᠡᠳᠡᠬᠡᠷ ᠤᠰᠤ ᠶᠢ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠭᠤᠤᠷᠰᠤ ᠪᠠᠷ ᠤᠷᠤᠰᠬᠠᠵᠦ ᠪᠣᠯᠬᠤ ᠦᠭᠡᠢ᠃ | 7. ᠬᠤᠭ ᠨᠣᠪᠰᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ ᠨᠦᠭᠡ᠂ ᠪᠤᠯᠠᠬᠤ ᠨᠦᠬᠡ ᠶᠢ ᠰᠤᠩᠭᠤᠨ ᠪᠠᠶᠢᠭᠤᠯᠬᠤ | ᠬᠡᠷᠡᠭᠳᠡᠢ᠃ | 8. ᠲᠤᠷᠰᠢᠯᠲᠠ ᠶᠢᠨ ᠲᠠᠰᠤᠭ᠄ 150 m² ᠠᠴᠠ ᠪᠠᠭ᠎ᠠ ᠪᠠᠶᠢᠯᠭᠠᠵᠦ ᠪᠣᠯᠬᠤ ᠥᠬᠡᠶ᠂ ᠠᠮᠢᠳᠤ ᠪᠣᠳᠠᠰ ᠤᠨ ᠠᠮᠤᠷ ᠲᠦᠪᠰᠢᠨ ᠤ ᠬᠤᠶᠠᠳᠤᠭᠠᠷ | ᠳᠡᠰ ᠤᠨ ᠲᠤᠷᠰᠢᠯᠲᠠ ᠶᠢᠨ ᠲᠠᠰᠤᠭ ᠭᠠᠷᠭᠠᠨ᠎ᠠ᠂ ᠡᠭᠦᠨ ᠳᠤ ᠨᠣᠬᠠᠶ ᠶᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠬᠦᠯᠬᠦ ᠲᠠᠰᠤᠭ᠂ ᠴᠢᠰᠤᠨ ᠴᠡᠶᠢᠪᠠᠨᠭ᠌ ᠤᠨ | ᠲᠠᠰᠤᠭ᠂ ᠡᠩ ᠤᠨ ᠲᠤᠷᠰᠢᠯᠲᠠ ᠶᠢᠨ ᠲᠠᠰᠤᠭ᠂ ᠪᠠᠺᠲ᠋ᠧᠷᠢ ᠶᠢ ᠥᠨᠳᠥᠷ ᠲᠠᠷᠤᠯᠳᠠ ᠪᠠᠷ ᠤᠰᠠᠳᠬᠠᠬᠤ ᠲᠠᠰᠤᠭ ᠵᠡᠷᠭᠡ ᠶᠢ ᠪᠠᠭᠳᠠᠭᠠᠬᠤ ᠬᠡᠷᠡᠭᠳᠡᠢ᠃ ᠪᠥᠭᠡᠮ | ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠬᠠᠷᠢᠶᠠᠳᠤ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠤᠨ ᠪᠥᠭᠡᠮ ᠬᠦᠴᠢᠯ ᠢ | ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠲᠠᠢ ᠨᠢᠬᠡᠳᠦᠯᠳᠡᠢ ᠲᠦᠯᠦᠪᠵᠢᠬᠦᠯᠦᠨ ᠬᠡᠷᠡᠭᠯᠡᠨ᠎ᠠ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠪᠦᠲᠦᠴᠡ ᠶᠢᠨ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ︽ᠲᠤᠷᠰᠢᠯᠳᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵ | GB19489 — 2008︶ ᠶᠢᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃ | | ᠭᠤᠷᠪᠠ᠂ ᠰᠠᠭᠤᠷᠢᠨ ᠭᠠᠵᠠᠷ ᠤᠨ ᠬᠢᠨᠠᠨ ᠰᠢᠨᠵᠢᠬᠦ ᠥᠷᠲᠡᠭᠡ ᠶᠢᠨ ᠲᠣᠨᠤᠭ ᠲᠥᠬᠦᠭᠡᠷᠦᠮᠵᠢ | | ︵ᠨᠢᠭᠡ︶ ᠬᠢᠨᠠᠨ ᠰᠢᠨᠵᠢᠬᠦ ᠲᠣᠨᠤᠭ ᠲᠥᠬᠦᠭᠡᠷᠦᠮᠵᠢ᠄ ᠵᠢᠯᠣᠭᠤᠴᠢ ᠦᠭᠡᠢ ᠨᠢᠰᠬᠡᠯ 1᠂ ᠬᠤᠯᠤᠭᠠᠨ᠎ᠠ ᠶᠢᠨ ᠲᠥᠷᠥᠯ ᠪᠠ ᠬᠤᠯᠤᠭᠠᠨ᠎ᠠ ᠶᠢᠨ ᠨᠦᠬᠡ ᠶᠢ | ᠵᠢᠯᠣᠭᠤᠴᠢ ᠥᠬᠡᠶ ᠨᠢᠰᠬᠡᠯ ᠢᠶᠠᠷ ᠠᠦ᠋ᠲ᠋ᠣ᠋ ᠢᠯᠭᠠᠨ ᠲᠠᠨᠢᠬᠤ ᠰᠢᠰᠲ᠋ᠧᠮ᠂ GPS ᠪᠠᠶᠢᠷᠢ ᠲᠣᠭᠲᠠᠭᠠᠬᠤ ᠬᠡᠮᠵᠢᠭᠦᠷᠯᠢᠭ 2᠂ ᠪᠠᠴᠢᠮ ᠪᠠᠶᠢᠳᠠᠯ ᠳᠠᠬᠢ | ᠭᠡᠷᠡᠯᠲᠦᠭᠦᠯᠭᠡ ᠶᠢᠨ ᠰᠢᠰᠲ᠋ᠧᠮ 1 ᠢᠵᠢ᠂ ᠬᠤᠯᠤᠭᠠᠨ᠎ᠠ ᠶᠢᠨ ᠬᠠᠪᠬ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠄ ᠤᠳᠤᠭᠤᠷ᠂ ᠬᠤᠯᠤᠭᠠᠨ᠎ᠠ ᠤᠰᠠᠳᠬᠠᠬᠤ ᠡᠮ᠂ ᠨᠤᠬᠠᠢ ᠶᠢᠨ ᠪᠦᠬᠡᠰᠦ ᠠᠷᠢᠯᠭᠠᠬᠤ | ᠡᠮ᠂ ᠴᠠᠬᠢᠯᠭᠠᠨ ᠭᠠᠷᠭᠠᠭᠤᠷ᠃ | ︵ᠭᠤᠷᠪᠠ︶ ᠲᠡᠷᠭᠡ ᠭᠦᠰᠬᠡ᠄ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠮᠠᠰᠢᠨ ᠲᠡᠷᠬᠡ ᠶᠢ ᠨᠠᠭᠠᠳᠤ ᠵᠠᠬ᠎ᠠ ᠳᠤ ᠪᠠᠨ 1 ᠲᠣᠬᠢᠷᠠᠭᠤᠯᠬᠤ ᠶᠢᠨ ᠬᠠᠮᠲᠤ᠂ | ᠲᠡᠷᠭᠡ ᠭᠦᠰᠬᠡ ᠶᠢ ᠬᠡᠷᠡᠭᠯᠡᠵᠦ ᠡᠯᠡᠭᠡᠭᠰᠡᠨ ᠪᠠᠶᠢᠳᠠᠯ ᠢᠶᠠᠨ ᠦᠨᠳᠦᠰᠦᠯᠡᠨ ᠲᠤᠨᠨᠳᠠᠮᠠᠯ ᠬᠤᠭᠤᠴᠠᠭ᠎ᠠ ᠲᠠᠢ ᠰᠣᠯᠢᠬᠤ ᠬᠡᠷᠡᠭᠲᠡᠶ᠃ | | ᠳᠥᠷᠪᠡ᠂ ᠰᠠᠭᠤᠷᠢᠨ ᠭᠠᠵᠠᠷ ᠤᠨ ᠬᠢᠨᠠᠨ ᠰᠢᠨᠵᠢᠬᠦ ᠥᠷᠲᠡᠭᠡ ᠶᠢᠨ ᠲᠤᠷᠰᠢᠯᠲᠠ ᠶᠢᠨ ᠲᠥᠬᠦᠭᠡᠷᠦᠮᠵᠢ | | ︵ᠨᠢᠭᠡ︶ ᠪᠠᠺᠲ᠋ᠧᠷᠢ ᠦᠷᠡᠵᠢᠬᠦᠯᠬᠦ ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠮᠤᠷ ᠲᠦᠪᠰᠢᠨ ᠤ ᠠᠪᠳᠠᠷ᠎ᠠ ︵2︶᠂ ᠮᠢᠺᠷᠣᠰᠺᠣᠫ ︵2︶᠂ | ᠪᠠᠺᠲ᠋ᠧᠷᠢ ᠤᠰᠠᠳᠬᠠᠬᠤ ᠳᠠᠷᠤᠯᠲᠠᠲᠤ ᠠᠭᠤᠷ ᠤᠨ ᠪᠣᠰᠤᠭ᠎ᠠ ᠬᠡᠯᠪᠡᠷᠢᠳᠤ ᠪᠠᠭᠠᠵᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠠᠺᠲ᠋ᠧᠷᠢ ᠦᠷᠡᠵᠢᠬᠦᠯᠬᠦ | ᠠᠪᠳᠠᠷ᠎ᠠ᠂ ᠪᠠᠺᠲ᠋ᠧᠷᠢ ᠤᠰᠠᠳᠬᠠᠬᠤ ᠪᠤᠰᠤᠭ᠎ᠠ ᠬᠡᠯᠪᠡᠷᠢᠳᠦ ᠪᠠᠭᠠᠵᠢ᠂ ᠪᠣᠰᠤᠭ᠎ᠠ ᠬᠡᠯᠪᠡᠷᠢ ᠶᠢᠨ ᠭᠦᠯᠳᠡᠬᠡᠭᠦᠷ᠂ PCR ᠪᠦᠬᠡᠮ ᠬᠦᠴᠢᠯ ᠤᠨ ᠥᠷᠭᠡᠳᠬᠡᠯ | ᠬᠡᠮᠵᠢᠭᠦᠷᠯᠢᠭ᠂ ᠳᠣᠤᠷ᠎ᠠ ᠲᠣᠭᠲᠠᠮᠠᠯ ᠲᠤᠯᠠᠭᠠᠨ ᠢᠶᠠᠷ ᠦᠷᠡᠵᠢᠬᠦᠯᠬᠦ ᠠᠪᠳᠠᠷ᠎ᠠ᠂ ᠬᠠᠭᠰᠠᠭᠠᠭᠤᠷ᠂ ᠲᠣᠭᠲᠠᠮᠠᠯ ᠳᠤᠯᠠᠠᠭᠠᠨᠲᠤ ᠬᠡᠯᠪᠡᠯᠵᠡᠬᠦᠯᠦᠭᠴᠢ᠂ ᠴᠠᠬᠢᠯᠭᠠᠨ | ᠱᠤᠮᠪᠠᠯᠳᠠ ᠬᠡᠮᠵᠢᠭᠦᠷᠯᠢᠭ᠂ ᠴᠠᠬᠢᠯᠭᠠᠨ ᠱᠤᠮᠪᠠᠯᠳᠠ ᠰᠠᠪᠠ᠂ ᠪᠦᠷᠢᠨ ᠠᠦ᠋ᠲ᠋ᠣ᠋ ᠴᠠᠬᠢᠯᠭᠠᠨ ᠬᠠᠯᠠᠭᠤᠨ ᠠᠭᠤᠷ ᠤᠨ ᠪᠠᠺᠲ᠋ᠧᠷᠢ ᠤᠰᠠᠳᠬᠠᠭᠤᠷ ︵2︶᠂ ᠴᠡᠭᠡᠨ ᠬᠡᠷᠡᠯᠳᠦ | ᠮᠢᠺᠷᠣᠰᠺᠣᠫ᠂ ᠠᠮᠢᠳᠤ ᠪᠣᠳᠠᠰ ᠤᠨ ᠲᠣᠩᠭᠤᠷᠠᠭᠤ ᠮᠢᠺᠷᠣᠰᠺᠣᠫ᠂ ᠢᠰᠬᠡᠭᠦᠷ ᠬᠡᠮᠵᠢᠭᠦᠷᠯᠢᠭ᠂ ᠭᠡᠳᠦ ᠳᠣᠣᠷ᠎ᠠ ᠡᠨᠧᠷᠭᠢᠲᠦ ᠰᠠᠭᠠᠬᠢᠭᠤᠷ᠂ ᠬᠡᠳᠦ ᠬᠦᠷᠢᠨ ᠤ ᠬᠡᠷᠡᠯ | ᠵᠠᠳᠠᠯᠬᠤ ᠬᠡᠷᠡᠯᠳᠦᠴᠡ ᠶᠢᠨ ᠬᠡᠮᠵᠢᠭᠦᠷ᠂ ᠬᠡᠷᠡᠯᠯᠢᠭ ᠵᠠᠳᠠᠯᠤᠯᠲᠠ ᠶᠢᠨ ᠲᠡᠩᠨᠡᠭᠦᠷ᠃ | ︵ᠬᠤᠶᠠᠷ︶ PCR ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠮᠤᠷ ᠲᠦᠪᠰᠢᠨ ᠤ ᠠᠪᠳᠠᠷ᠎ᠠ ︵2︶᠂ ᠥᠨᠳᠥᠷ ᠬᠤᠷᠳᠤᠴᠠᠲᠤ ᠵᠢᠭᠤᠲᠠᠩᠭᠤᠶ | ᠲᠠᠯᠪᠢᠭᠤᠷᠲᠤ ᠮᠠᠰᠢᠨ ︵2 ︶᠂ ᠪᠥᠭᠡᠮ ᠬᠦᠴᠢᠯ ᠤᠨ ᠪᠤᠯᠪᠠᠰᠤᠷᠠᠭᠤᠯᠬᠤ ᠬᠡᠮᠵᠢᠭᠦᠷᠯᠢᠭ ︵1︶᠂ ᠲᠤᠨᠨᠳᠠᠮᠠᠯ ᠬᠡᠮᠵᠢᠶᠡᠨ ᠤ ᠴᠡᠭᠡᠨ ᠬᠡᠷᠡᠯᠳᠦ PCR | ᠬᠡᠮᠵᠢᠭᠦᠷᠯᠢᠭ ︵1︶᠂ ᠡᠩ ᠤᠨ ᠭᠦᠯᠳᠡᠬᠡᠭᠦᠷ ︵2︶᠂ ᠲᠡᠮᠦᠷᠯᠢᠭ ᠤᠬᠢᠶᠠᠯᠭ᠎ᠠ ︵1︶᠂ ᠪᠢᠴᠢᠯ ᠲᠡᠯᠬᠡᠴᠡᠳᠦ ᠵᠢᠭᠤᠲᠠᠩᠭᠤᠶ ᠮᠠᠰᠢᠨ ︵1︶᠂ ᠵᠠᠶ ᠬᠡᠮᠵᠢᠶ᠎ᠡ ᠶᠢ | ᠲᠤᠬᠢᠷᠠᠭᠤᠯᠵᠦ ᠪᠤᠯᠬᠤ ᠰᠢᠩᠭᠡᠨ ᠤ ᠲᠠᠩ ᠭᠤᠤᠯᠳᠤ ᠶᠡᠭᠦᠯᠡᠭᠦᠷ ︵3 ︶᠃ | | ᠲᠠᠪᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ | | ︵ᠨᠢᠭᠡ︶ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ᠃ ᠨᠣᠬᠠᠶ ᠶᠢᠨ ᠪᠥᠭᠡᠰᠦ ᠰᠡᠷᠭᠡᠶᠢᠯᠡᠬᠦ ᠳᠤ ᠨᠢᠬᠡ ᠤᠳᠠᠭ᠎ᠠ ᠡᠮᠦᠰᠬᠦ | ᠣᠶᠢᠮᠣᠰᠤ᠂ ᠨᠣᠬᠠᠶ ᠶᠢᠨ ᠪᠥᠭᠡᠰᠦ ᠰᠡᠷᠬᠡᠶᠢᠯᠡᠬᠦ ᠪᠡᠭᠡᠯᠡᠶ᠂ ᠪᠠᠷᠢᠯᠭ᠎ᠠ ᠶᠢᠨ ᠴᠡᠷᠢᠭ ᠤᠨ ᠬᠤᠰᠤᠭᠤᠷ᠂ ᠨᠢᠳᠦ ᠬᠠᠮᠠᠭᠠᠯᠠᠬᠤ ᠰᠢᠯ᠂ ᠬᠠᠮᠠᠭᠠᠯᠠᠯᠲᠠ ᠶᠢᠨ ᠬᠤᠪᠴᠠᠰᠤ᠂ | N95 ᠠᠮᠠᠪᠴᠢ᠂ ᠪᠡᠭᠡᠯᠡᠶ᠂ ᠰᠡᠷᠭᠡᠶᠢᠯᠡᠬᠦ ᠴᠢᠨᠠᠷᠲᠠᠶ ᠡᠮ ᠤᠨ ᠵᠦᠢᠯ᠂ ᠬᠤᠷᠤᠬᠠᠢ ᠲᠠᠭᠤᠵᠦ ᠵᠠᠶᠢᠯᠠᠭᠤᠯᠬᠤ ᠡᠮ᠃ | ︵ᠬᠤᠶᠠᠷ︶ ᠬᠤᠪᠢ ᠬᠥᠮᠦᠨ ᠤ ᠠᠵᠢᠯ ᠤᠨ ᠲᠣᠨᠤᠭ ᠲᠥᠬᠦᠭᠡᠷᠦᠮᠵᠢ᠃ | ᠵᠣᠨ ᠤ ᠤᠯᠠᠷᠢᠯ᠄ ᠤᠬᠤᠷ ᠬᠠᠨᠴᠤᠶ ᠲᠠᠢ ᠬᠠᠨᠳᠠᠭᠠᠰᠤ ︵2︶᠂ ᠣᠷᠳᠣ ᠬᠠᠨᠴᠤᠶ ᠲᠠᠢ ᠬᠠᠨᠳᠠᠭᠠᠰᠤ ︵1︶᠂ ᠰᠢᠷᠠᠭᠳᠠᠬᠤ ᠠᠴᠠ ᠰᠡᠷᠭᠡᠶᠢᠯᠡᠬᠦ ᠬᠤᠪᠴᠠᠰᠤ ︵1 | ︶᠂ ᠲᠦᠷᠭᠡᠨ ᠬᠠᠳᠠᠬᠤ ᠬᠤᠪᠴᠠᠰᠤ ︵1︶᠂ ᠵᠤᠨ ᠤ ᠤᠯᠠᠷᠢᠯ ᠳᠤ ᠭᠠᠳᠠᠭᠤᠷ ᠡᠮᠦᠰᠬᠦ ᠱᠠᠬᠠᠶ᠂ ᠨᠡᠷᠡᠨ ᠰᠢᠯ᠂ ᠰᠢᠷᠬᠠᠳᠠᠬᠤ ᠠᠴᠠ ᠰᠡᠷᠭᠡᠶᠢᠯᠡᠬᠦ ᠮᠠᠯᠠᠭᠠᠶ᠂ | ᠳᠤᠯᠠᠭᠠᠨ ᠢ ᠬᠠᠳᠠᠭᠠᠯᠠᠬᠤ ᠴᠣᠮᠣ᠃ | ᠡᠪᠦᠯ ᠤᠨ ᠤᠯᠠᠷᠢᠯ᠄ ᠨᠤᠤᠰᠤᠨ ᠴᠤᠪᠠᠨᠴᠢᠷ ︵1︶᠂ ᠳᠤᠯᠠᠭᠠᠯᠠᠬᠤ ᠥᠪᠴᠢ ᠬᠤᠪᠴᠠᠰᠤ ︵1︶᠂ ᠴᠡᠷᠢᠭ ᠤᠨ ᠳ᠋ᠠᠴᠠᠩ ︵1︶᠂ ᠡᠪᠦᠯ ᠤᠨ ᠤᠯᠠᠷᠢᠯ ᠳᠤ | ᠭᠠᠳᠠᠭᠤᠷ ᠡᠮᠦᠰᠬᠦ ᠱᠠᠬᠠᠶ᠂ ᠬᠥᠪᠥᠩ ᠮᠠᠯᠠᠭᠠᠶ᠂ ᠬᠥᠪᠥᠩ ᠪᠡᠭᠡᠯᠡᠶ᠃ |