内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠠᠶᠢᠩᠭᠤ ᠶᠢᠨ ᠳᠡᠳ᠋ ᠲᠡᠷᠢᠭᠦᠯᠡᠭᠴᠢ    ᠬᠤᠸᠠᠩ ᡁᠢ ᠴᠢᠶᠠᠩ

        365赢多少钱会被限额_国内有真正的365平台吗_365bet博彩官网

        ᠨᠡᠶᠢᠲᠡᠯᠡᠭᠰᠡᠨ ᠴᠠᠭ᠄
        2020/9/27

        黄志强.png

         

              ᠪᠠᠶᠢᠩᠭᠤ ᠶᠢᠨ ᠳᠡᠳ᠋ ᠲᠡᠷᠢᠭᠦᠯᠡᠭᠴᠢ   ᠬᠤᠸᠠᠩ ᡁᠢ ᠴᠢᠶᠠᠩ

        365赢多少钱会被限额_国内有真正的365平台吗_365bet博彩官网

              ᠠᠵᠢᠯ ᠤᠨ ᠬᠤᠪᠢᠶᠠᠷᠢ᠄

              ᠲᠡᠷᠢᠭᠦᠯᠡᠭᠴᠢ ᠶᠢ ᠬᠠᠪᠰᠤᠷᠴᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠳᠤ ᠬᠠᠷᠢᠭᠤᠴᠠᠨ᠎ᠠ︔ ᠴᠡᠷᠢᠭ

        ᠠᠷᠠᠳ ᠤᠨ ᠠᠭᠤᠰᠤᠯᠴᠠᠯ ᠤᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠲᠡᠷᠢᠭᠦᠯᠡᠭᠴᠢ ᠶᠢ ᠬᠠᠪᠰᠤᠷᠴᠤ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠪᠠᠴᠢᠮ

        ᠪᠠᠶᠢᠳᠠᠯ ᠢ ᠠᠷᠭᠠᠴᠠᠭᠠᠬᠤ᠂ ᠲᠤᠭ᠎ᠠ ᠪᠦᠷᠢᠳᠬᠡᠯ᠂ ᠡᠨᠧᠷᠭᠢ᠂ ᠬᠥᠭᠵᠢᠯᠲᠡ ᠶᠢᠨ ᠰᠤᠳᠤᠯᠭ᠎ᠠ᠂ ᠮᠥᠩᠭᠦᠨ ᠭᠦᠢᠯᠭᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂

        ᠪᠠᠶᠢᠭᠤᠯᠭ᠎ᠠ ᠶᠢᠨ ᠬᠡᠷᠡᠭ ᠶᠠᠪᠤᠳᠠᠯ᠂ ᠦᠢᠯᠡᠴᠢᠯᠡᠭᠡᠨ ᠤ ᠦᠢᠯᠡᠰ᠂ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ᠂ ᠭᠠᠳᠠᠭᠠᠳᠤ ᠯᠤᠭ᠎ᠠ ᠨᠡᠭᠡᠭᠡᠯᠲᠡ ᠬᠢᠬᠦ ᠵᠢᠴᠢ

        ᠪᠣᠭᠤᠮᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃

              ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶᠂

        ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ︵ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ︶᠂ ᠪᠠᠴᠢᠮ ᠪᠠᠶᠢᠳᠠᠯ ᠢ ᠠᠷᠭᠠᠴᠠᠭᠠᠬᠤ

        ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠰᠤᠳᠤᠯᠬᠤ ᠲᠠᠰᠤᠭ ︵ᠵᠥᠪᠳᠡᠭᠴᠢ ᠶᠢᠨ ᠲᠠᠰᠤᠭ︶᠂ ᠣᠷᠣᠨ ᠨᠤᠲᠤᠭ ᠤᠨ

        ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶᠂

        ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ᠂ ᠵᠠᠰᠠᠭ ᠤᠨ ᠣᠷᠳᠣᠨ ᠤ

        ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠢᠶᠠᠨ ᠤ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ ᠪᠠᠩᠬᠢ᠂

        ᠮᠧᠩ ᠱᠠᠩ ᠪᠠᠩᠬᠢ᠂ ᠬᠤᠸᠠ ᠴᠧᠨ ᠢᠲᠡᠭᠡᠮᠵᠢᠲᠦ ᠨᠠᠶᠢᠳᠠᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠥᠩᠭᠦᠨ ᠭᠦᠢᠯᠭᠡᠭᠡᠨ ᠤ ᠬᠥᠷᠥᠭ ᠤᠨ

        ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠲᠡᠷᠢᠭᠦᠯᠡᠭᠴᠢ ᠶᠢ ᠬᠠᠪᠰᠤᠷᠴᠤ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ

        ᠲᠢᠩᠬᠢᠮ ᠢ ᠬᠤᠪᠢᠳᠠᠨ ᠬᠠᠮᠢᠶᠠᠷᠤᠨ᠎ᠠ᠃

              ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ

        ᠲᠥᠷᠥ ᠶᠢᠨ ᠵᠥᠪᠯᠡᠯᠭᠡᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠥᠪᠡᠷᠲᠡᠭᠡᠨ ᠵᠠᠰᠠᠬᠤ ᠣᠷᠣᠨ ᠤ

        ᠳᠠᠩᠰᠠ ᠡᠪᠬᠡᠮᠡᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ

        ᠬᠤᠳᠠᠯᠳᠤᠭᠠᠨ ᠤ ᠬᠤᠯᠪᠣᠭᠠᠲᠤ ᠬᠤᠷᠠᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ

        ᠣᠷᠣᠨ ᠳᠠᠬᠢ ᠬᠤᠪᠢᠶᠠᠷᠢ ᠲᠣᠪᠴᠢᠶ᠎ᠠ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠥᠷ ᠮᠣᠩᠭᠤᠯ ᠤᠨ ᠨᠡᠭᠦᠷᠡᠰᠦᠨ ᠠᠭᠤᠷᠬᠠᠢ ᠶᠢᠨ ᠠᠮᠤᠷ

        ᠲᠦᠪᠰᠢᠨ ᠤ ᠬᠢᠨᠠᠨ ᠪᠠᠶᠢᠴᠠᠭᠠᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ

        ᠣᠢ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ᠂ ᠳᠤᠮᠳᠠᠳᠤ ᠤᠯᠤᠰ ᠤᠨ ᠠᠷᠠᠳ ᠤᠨ ᠠᠭᠠᠷ ᠠᠶᠠᠯᠠᠯ ᠤᠨ ᠥᠪᠥᠷ ᠮᠣᠩᠭᠤᠯ ᠤᠨ ᠠᠮᠤᠷ ᠲᠦᠪᠰᠢᠨ ᠤ

        ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠤᠨ ᠬᠢᠨᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ

        ᠲᠤᠭ᠎ᠠ ᠪᠦᠷᠢᠳᠬᠡᠯ ᠤᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ

        ᠵᠥᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠳᠤᠮᠳᠠᠳᠤ ᠤᠯᠤᠰ ᠤᠨ

        ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ

        ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ

        ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠳᠤ ᠰᠠᠭᠤᠭ᠎ᠠ ᠪᠤᠰᠤᠳ ᠡᠯ᠎ᠡ ᠪᠠᠩᠬᠢ᠂ ᠳᠠᠭᠠᠳᠬᠠᠯ᠂ ᠦᠨᠡᠲᠦ

        ᠲᠡᠮᠳᠡᠭᠲᠦ ᠶᠢᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠥᠬᠡᠬᠤᠲᠠ ᠳᠠᠬᠢ ᠠᠵᠢᠯ ᠡᠷᠬᠢᠯᠡᠬᠦ ᠭᠠᠵᠠᠷ᠂

        ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ

        ᠪᠣᠷᠣᠯᠠᠭᠤᠯᠤᠯᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠪᠣᠷᠣᠯᠠᠭᠤᠯᠤᠯᠲᠠ ᠶᠢᠨ ᠬᠤᠪᠢᠴᠠᠭᠠᠲᠤ ᠬᠠᠷᠢᠭᠤᠴᠠᠯᠭᠠᠲᠤ ᠺᠣᠮᠫᠠᠨᠢ ᠶᠢᠨ

        ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠲᠠᠢ ᠬᠠᠷᠢᠴᠠᠨ᠎ᠠ᠃

              ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃

              ᠲᠣᠪᠴᠢ ᠨᠠᠮᠲᠠᠷ᠄

              ᠬᠤᠸᠠᠩ ᡁᠢ ᠴᠢᠶᠠᠩ᠂ ᠡᠷᠡᠭᠲᠡᠢ᠂ ᠬᠢᠲᠠᠳ ᠦᠨᠲᠦᠰᠦᠲᠡᠡ᠂ 1970 ᠤᠨ ᠤ 6 ᠳ᠋ᠤᠭᠠᠷ ᠰᠠᠷ᠎ᠠ ᠳᠤ ᠲᠦᠷᠦᠵᠠᠢ᠂ ᠠᠰᠫᠢᠷᠠᠠᠲ ᠤᠨ ᠰᠤᠷᠤᠯᠭ᠎ᠠ ᠶᠢᠨ

        ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

             ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ

        ᠪᠠᠶᠢᠩᠭᠤ ᠶᠢᠨ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠤ ᠲᠤᠰᠢᠶᠠᠯ ᠳᠤ ᠪᠤᠢ᠃

        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ