ᠥᠪᠥᠷ ᠵᠠᠰᠠᠭ ᠲᠠᠷᠬᠠᠭᠠᠭᠰᠠᠨ ︹2020︺ 18 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠡᠳᠦᠭᠡ ᠲᠠ | ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2020 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ | | ᠮᠠᠨ ᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠶᠡᠷᠦᠩᠬᠡᠶᠢᠯᠡᠭᠰᠡᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠭᠡᠳ ᠠᠮᠢ ᠠᠬᠤᠶ ᠣᠷᠴᠢᠨ ᠲᠣᠭᠤᠷᠢᠨ ᠲᠠᠢ ᠵᠣᠬᠢᠴᠠᠯᠳᠤᠬᠤ ᠶᠢ ᠠᠬᠢᠭᠤᠯᠵᠤ᠂ | ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠬᠦ ᠶᠢ ᠪᠣᠬᠢᠷᠲᠤᠯ ᠦᠭᠡᠶ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠶᠢᠨ ᠲᠤᠰᠠᠳᠠ᠂ ᠤᠤᠯ ᠤᠨ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ᠂ ᠤᠤᠯ ᠤᠨ | ᠤᠯᠤᠰ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠤᠤᠯ ᠤᠨ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︽ᠪᠣᠬᠢᠷᠲᠤᠯ ᠥᠬᠡᠶ ᠠᠭᠤᠷᠬᠠᠶ ᠶᠢ ᠲᠦᠷᠭᠡᠳᠬᠡᠨ | ᠪᠥᠲᠥᠭᠡᠨ ᠪᠠᠶᠢᠭᠤᠯᠬᠤ ᠲᠣᠬᠠᠢ ᠬᠡᠷᠡᠭᠵᠢᠭᠦᠯᠬᠦ ᠰᠠᠨᠠᠯ︾ ︵ᠤᠯᠤᠰ ᠭᠠᠵᠠᠷ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠴᠢᠬᠤᠯᠠ ᠠᠴᠢ ᠬᠤᠯᠪᠣᠭᠳᠠᠯ 365赢多少钱会被限额_国内有真正的365平台吗_365bet博彩官网 | ᠮᠠᠨ ᠤ ᠣᠷᠣᠨ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠮᠣ ᠣᠷᠣᠨ ᠪᠠ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ᠂ ᠥᠩᠭᠡᠲᠦ | ᠲᠡᠮᠦᠷᠯᠢᠭ ᠤᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠨ᠎ᠠ᠂ ᠠᠭᠤᠷᠬᠠᠢ ᠶᠢᠨ ᠦᠢᠯᠡᠰ ᠨᠢ ᠤᠯᠤᠰ ᠠᠷᠠᠳ ᠤᠨ ᠠᠵᠤ ᠠᠬᠤᠢ ᠳᠤ ᠮᠠᠰᠢ ᠴᠢᠬᠤᠯᠠ ᠪᠠᠶᠢᠷᠢ | ᠰᠠᠭᠤᠷᠢ ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠭᠡᠪᠡᠴᠦ ᠡᠭᠦᠨ ᠤ | ᠳᠠᠭᠠᠤ ᠳᠤ ᠪᠠᠰᠠ ᠮᠠᠨ ᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠶᠡᠷᠦᠩᠬᠡᠶ ᠳᠤ ᠪᠠᠨ ᠨᠡᠯᠢᠶᠡᠳ ᠤᠯᠠᠮᠵᠢᠯᠠᠯᠲᠤ | ᠪᠦᠳᠦᠭᠦᠯᠢᠭ ᠮᠠᠶ᠋ᠢᠭ ᠤᠨ ᠪᠣᠯᠬᠤᠷ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ | ᠨᠡᠶᠢᠲᠡ ᠳᠤ ᠪᠠᠨ ᠡᠵᠡᠯᠡᠵᠦ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ ᠭᠠᠵᠠᠷ ᠰᠢᠷᠣᠢ ᠶᠢᠨ ᠲᠠᠯᠠᠪᠠᠢ ᠶᠡᠭᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ | ᠬᠠᠳᠠᠭᠠᠯᠠᠭᠰᠠᠨ ᠬᠡᠮᠵᠢᠶ᠎ᠡ ᠶᠡᠭᠡ ᠪᠠᠶᠢᠵᠤ᠂ ᠠᠭᠤᠷᠬᠠᠢ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠠᠭᠤᠷᠬᠠᠶ ᠶᠢᠨ ᠦᠢᠯᠡᠰ ᠤᠨ ᠦᠷᠭᠦᠯᠵᠢᠯᠡᠨ ᠭᠦᠭᠵᠢᠭᠦ ᠶᠢ | ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃ ᠪᠣᠬᠢᠷᠲᠤᠯ ᠦᠭᠡᠢ ᠠᠭᠤᠷᠬᠠᠢ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ᠂ ᠠᠭᠤᠷᠬᠠᠶ ᠶᠢᠨ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠭᠦᠭᠵᠢᠭᠦᠯᠭᠦ ᠪᠠ ᠦᠷᠭᠦᠯᠵᠢᠯᠡᠨ ᠬᠥᠭᠵᠢᠬᠦ ᠶᠢ ᠪᠠᠶᠡᠯᠡᠭᠦᠯᠬᠦ ᠶᠢᠨ ᠵᠠᠶᠢᠯᠠᠰᠢ ᠦᠭᠡᠶ ᠱᠠᠭᠠᠷᠳᠠᠯᠭ᠎ᠠ ᠪᠣᠯᠬᠤ ᠪᠥᠭᠡᠳ ᠠᠭᠤᠷᠬᠠᠶ ᠶᠢᠨ | ᠦᠢᠯᠡᠰ ᠤᠨ ᠬᠦᠷᠢᠶᠡᠨ ᠳᠠᠬᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠠᠶᠢᠵᠤ᠂ ᠮᠠᠨ ᠤ ᠣᠷᠣᠨ ᠤ ᠠᠭᠤᠷᠬᠠᠢ ᠶᠢᠨ | ᠦᠢᠯᠡᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠦᠷᠭᠦᠯᠵᠢᠯᠡᠨ ᠡᠷᠡᠭᠦᠯ ᠢᠶᠠᠷ ᠲᠣᠭᠲᠠᠭᠤᠨ ᠬᠥᠭᠵᠢᠬᠦ ᠶᠢ ᠠᠬᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠴᠣᠭᠴᠠᠯᠠᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠵᠤ ᠠᠬᠢᠭᠤᠯᠤᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ᠂ ᠬᠠᠶᠢᠨ ᠪᠠᠶᠢᠴᠠᠭᠠᠯᠲᠠ᠂ ᠨᠡᠭᠡᠭᠡᠨ | ᠠᠰᠢᠭᠯᠠᠬᠤ ᠪᠠ ᠬᠠᠮᠠᠭᠠᠯᠠᠬᠤ ᠪᠦᠬᠦ ᠶᠠᠪᠤᠴᠠ ᠳᠤ ᠨᠡᠶᠢᠳᠡᠮ ᠲᠤᠭᠤᠰᠢᠯᠠᠭᠤᠯᠤᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠪᠠ | ᠳᠠᠶᠢᠴᠢᠯᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ | ᠦᠵᠡᠭᠦᠯᠦᠨ᠎ᠡ᠃ | ︵ᠬᠤᠶᠠᠷ︶ ᠶᠡᠷᠦᠩᠬᠡᠶ ᠬᠠᠷᠠᠯᠲᠠ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠭᠤᠷᠪᠠᠨ ᠱᠠᠲᠤ ᠬᠤᠯᠪᠣᠭᠠᠯᠠᠨ | ᠡᠭᠦᠳᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠰᠢᠰᠲ᠋ᠧᠮ ᠲᠦᠷᠢᠮ ᠢ ᠪᠠᠶᠢᠭᠤᠯᠤᠨ᠎ᠠ︔ ᠠᠮᠢ ᠠᠬᠤᠶ | ᠬᠡᠪᠡᠷᠡᠭ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠮᠢ ᠠᠬᠤᠶ ᠬᠡᠪᠡᠷᠡᠭ ᠣᠷᠣᠨ ᠢ ᠬᠠᠮᠠᠭᠠᠯᠠᠬᠤ᠂ ᠦᠩᠵᠢᠭᠦᠯᠦᠨ ᠰᠡᠷᠭᠦᠭᠡᠬᠦ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ | ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠶ ᠬᠡᠪᠡᠷᠡᠭ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠲᠠᠢ | ᠲᠣᠬᠢᠷᠠᠯᠴᠠᠭᠰᠠᠨ ᠣᠷᠴᠢᠨ ᠲᠣᠭᠤᠷᠢᠨ ᠤ ᠨᠥᠬᠦᠷᠰᠡᠭ ᠬᠡᠯᠪᠡᠷᠢ ᠪᠦᠬᠦᠢ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠂ ᠠᠮᠢ ᠠᠬᠤᠢ ᠬᠡᠪᠡᠷᠡᠭ ᠣᠷᠣᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ | ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠨ᠎ᠡ᠃ 2023 ᠣᠨ ᠤ ᠰᠡᠭᠦᠯᠴᠢ ᠪᠣᠯᠬᠤ ᠠᠴᠠ ᠡᠮᠦᠨ᠎ᠡ᠂ ᠪᠦᠬᠦ ᠣᠷᠣᠨ ᠤ | ᠠᠭᠤᠷᠬᠠᠶ ᠶᠢ ᠶᠡᠷᠦᠩᠬᠡᠢ ᠳᠤ ᠨᠢ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠳᠤ ᠬᠦᠷᠦᠭᠦᠯᠵᠦ᠂ ᠡᠬᠢ ᠪᠠᠶᠠᠯᠢᠭ ᠢ | ᠡᠷᠴᠢᠮᠵᠢᠭᠦᠯᠦᠨ ᠠᠷᠪᠢᠯᠠᠵᠤ ᠠᠰᠢᠭᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ | ᠬᠠᠮᠠᠭᠠᠯᠠᠵᠤ᠂ ᠠᠭᠤᠷᠬᠠᠶ ᠶᠢᠨ ᠣᠷᠣᠨ ᠤ ᠭᠠᠵᠠᠷ ᠰᠢᠷᠣᠶ ᠶᠢ ᠦᠩᠵᠢᠭᠦᠯᠦᠨ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠭᠤᠷᠬᠠᠢ ᠶᠢᠨ | ᠦᠢᠯᠡᠰ ᠢ ᠪᠣᠬᠢᠷᠲᠤᠯ ᠦᠭᠡᠢ ᠪᠠᠷ ᠦᠷᠬᠦᠯᠵᠢᠯᠡᠨ ᠬᠥᠭᠵᠢᠭᠦᠯᠬᠦ ᠰᠠᠶᠢᠨ ᠣᠷᠴᠢᠯ ᠲᠠᠢ ᠵᠠᠮ ᠢᠶᠠᠷ ᠵᠠᠮᠨᠠᠭᠤᠯᠵᠤ᠂ ᠠᠷᠪᠢᠲᠠᠢ ᠪᠥᠭᠡᠳ ᠥᠨᠳᠥᠷ ᠪᠦᠲᠦᠮᠵᠢᠲᠡᠢ᠂ | ᠣᠷᠴᠢᠨ ᠲᠣᠭᠤᠷᠢᠨ ᠨᠢ ᠦᠵᠡᠰᠬᠦᠯᠡᠩᠲᠦ ᠰᠠᠶᠢᠬᠠᠨ᠂ ᠠᠭᠤᠷᠬᠠᠢ ᠶᠢᠨ ᠣᠷᠣᠨ ᠨᠢ ᠡᠶ᠎ᠡ ᠵᠣᠬᠢᠴᠠᠯ ᠲᠠᠢ ᠪᠣᠬᠢᠷᠲᠤᠯ ᠦᠭᠡᠢ ᠪᠠᠶᠢᠬᠤ ᠠᠭᠤᠷᠬᠠᠢ ᠶᠢᠨ ᠦᠢᠯᠡᠰ ᠤᠨ | ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠤ ᠪᠠᠨ ᠪᠠᠶᠢᠭᠤᠯᠤᠨ᠎ᠠ᠃ | ᠰᠢᠨ᠎ᠡ ᠪᠠᠶᠢᠭᠤᠯᠵᠤ ᠪᠠᠶᠢᠭ᠎ᠠ ᠠᠭᠤᠷᠬᠠᠶ ᠶᠢ ᠴᠦᠮ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ | ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠥᠭᠡᠷᠡᠴᠢᠯᠡᠨ ᠰᠢᠨᠡᠳᠬᠡᠵᠦ ᠲᠠᠰ | ᠳᠡᠪᠰᠢᠭᠦᠯᠬᠦ ᠶᠢ ᠨᠢ ᠲᠦᠷᠭᠡᠳᠬᠡᠵᠦ᠂ ᠬᠤᠭᠤᠴᠠᠭ᠎ᠠ ᠬᠢᠵᠠᠭᠠᠷᠯᠠᠨ ᠪᠣᠬᠢᠷᠲᠤᠯ ᠥᠬᠡᠶ ᠠᠭᠤᠷᠬᠠᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ 3 ᠪᠠᠶᠢᠭᠤᠯᠵᠤ᠂ ᠨᠢᠭᠡ ᠪᠦᠯᠦᠭ | ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ | ᠡᠬᠢᠯᠡᠭᠦᠯᠦᠨ᠎ᠡ᠃ | 2025 ᠣᠨ ᠤ ᠰᠡᠭᠦᠯᠴᠢ ᠠᠴᠠ ᠡᠮᠦᠨ᠎ᠡ᠂ ᠪᠦᠬᠦ ᠠᠭᠤᠷᠬᠠᠶ ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠠᠭᠤᠷᠬᠠᠶ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠬᠦ ᠦᠭᠡᠶ | ᠠᠭᠤᠷᠬᠠᠶ ᠶᠢᠨ ᠠᠵᠤ ᠠᠬᠤᠶᠢᠯᠠᠯ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃ | ᠭᠤᠷᠪᠠ᠂ ᠭᠤᠤᠯᠳᠠᠯᠭ᠎ᠠ ᠲᠠᠢ ᠡᠭᠦᠷᠭᠡ | ︵ᠨᠢᠭᠡ︶ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠦᠷᠢᠨᠰᠢᠬᠦᠯᠵᠦ ᠲᠡᠭᠦᠯᠳᠡᠷᠵᠢᠭᠦᠯᠦᠨ᠎ᠡ᠃ | ᠪᠦᠬᠦ ᠣᠷᠣᠨ ᠤ ᠦᠢᠯᠡᠳᠪᠦᠷᠢᠯᠡᠵᠦ ᠪᠠᠶᠢᠭ᠎ᠠ ᠠᠭᠤᠷᠬᠠᠶ᠂ ᠰᠢᠨ᠎ᠡ ᠪᠠᠶᠢᠭᠤᠯᠵᠤ ᠪᠠᠶᠢᠭ᠎ᠠ ᠠᠭᠤᠷᠬᠠᠶ ᠶᠢ ᠴᠦᠮ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ ᠬᠠᠤᠯᠢ ᠶᠣᠰᠣᠭᠠᠷ ᠠᠭᠤᠷᠬᠠᠶ ᠡᠷᠬᠢᠯᠡᠬᠦ᠂ ᠵᠢᠷᠤᠮᠵᠢᠭᠤᠯᠤᠨ ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ | ᠮᠡᠷᠭᠡᠵᠢᠯ ᠳᠤ ᠰᠢᠨ᠎ᠡ ᠶᠢ ᠡᠭᠦᠳᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠵᠠᠷ | ᠰᠢᠷᠣᠶ ᠶᠢ ᠦᠩᠵᠢᠭᠦᠯᠦᠨ ᠠᠰᠢᠭᠯᠠᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ᠂ ᠠᠵᠤ ᠠᠬᠤᠶᠢᠯᠠᠯ ᠤᠨ ᠰᠣᠶᠣᠯ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠬᠠᠮᠵᠢᠯᠴᠠᠨ᠎ᠠ︶ | ︵ᠬᠤᠶᠠᠷ︶ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠭᠠᠵᠠᠷ ᠣᠷᠣᠨ ᠪᠠ ᠠᠵᠢᠯ ᠲᠥᠷᠥᠯ ᠤᠨ | ᠣᠨᠴᠠᠯᠢᠭ ᠲᠠᠢ ᠤᠶᠠᠯᠳᠤᠭᠤᠯᠤᠨ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠨᠡᠭᠦᠷᠡᠰᠦ᠂ ᠥᠩᠭᠡᠲᠦ | ᠲᠡᠮᠦᠷᠯᠢᠭ᠂ ᠰᠢᠵᠢᠷ ᠠᠯᠳᠠ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠰᠤ ᠴᠢᠯᠠᠭᠤ᠂ ᠬᠠᠶᠢᠷ ᠰᠢᠷᠣᠶ ᠶᠢᠨ ᠠᠭᠤᠷᠬᠠᠶ ᠵᠡᠷᠭᠡ | ᠠᠵᠢᠯ ᠲᠥᠷᠥᠯ ᠤᠨ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠭᠤᠷᠪᠠ︶ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ᠣᠷᠳᠣᠰ | ᠬᠤᠲᠠ ᠶᠢᠨ ᠵᠡᠭᠦᠨᠭᠠᠷ — ᠳ᠋ᠦᠩᠱᠧᠩ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ — ᠢᠮᠢᠨ ᠭᠤᠷᠪᠠᠨ ᠶᠡᠭᠡ | ᠣᠷᠣᠨ ᠪᠦᠰᠡ ᠶᠢᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ ᠨᠢ ᠲᠦᠷᠭᠡᠳᠬᠡᠨ | ᠠᠬᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ | ᠲᠣᠭᠲᠠᠴᠠ ᠶᠢ ᠪᠤᠢ ᠪᠣᠯᠭᠠᠨ᠎ᠠ᠃ ᠵᠢᠱᠢᠶ᠎ᠡ ᠦᠵᠡᠭᠦᠯᠬᠦ ᠣᠷᠣᠨ ᠳᠠᠬᠢ ᠠᠭᠤᠷᠬᠠᠶ ᠪᠥᠬᠦᠨ ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠳᠤ | ᠣᠷᠣᠭᠤᠯᠤᠨ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠵᠣᠬᠢᠰᠲᠠᠢ ᠪᠠᠶᠢᠷᠢᠯᠠᠭᠤᠯᠤᠨ᠂ | ᠠᠭᠤᠷᠬᠠᠢ ᠶᠢᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ᠎ᠠ︔ ᠦᠯᠡᠭᠦᠳᠡᠯ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ ᠶᠢ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ᠂ ᠠᠵᠤ ᠠᠬᠤᠶᠢᠯᠠᠯ ᠢ ᠨᠡᠶᠢᠯᠡᠭᠦᠯᠵᠦ ᠳᠠᠬᠢᠨᠲᠠ ᠵᠣᠬᠢᠶᠠᠨ ᠪᠠᠶᠢᠭᠤᠯᠬᠤ ᠪᠠ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢ ᠢᠯᠭᠠᠷᠠᠭᠤᠯᠬᠤ ᠶᠢ | ᠠᠬᠢᠭᠤᠯᠬᠤ ᠯᠤᠭ᠎ᠠ ᠨᠢᠭᠲᠠ ᠤᠶᠠᠯᠳᠤᠭᠤᠯᠤᠨ᠎ᠠ︔ ᠶᠡᠷᠦᠩᠬᠡᠶᠢᠯᠡᠨ ᠬᠠᠶᠢᠵᠤ ᠪᠠᠶᠢᠴᠠᠭᠠᠬᠤ᠂ ᠦᠨᠡᠯᠡᠬᠦ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠶᠢ ᠠᠬᠢᠭᠤᠯᠵᠤ᠂ | ᠠᠭᠤᠷᠬᠠᠢ ᠶᠢᠨ ᠠᠵᠤ ᠠᠬᠤᠶᠢᠯᠠᠯ ᠤᠨ ᠡᠨᠧᠷᠭᠢ ᠶᠢᠨ ᠬᠤᠷᠤᠭᠳᠠᠯ᠂ ᠭᠠᠵᠠᠷ ᠰᠢᠷᠣᠶ ᠶᠢᠨ ᠬᠤᠷᠤᠭᠳᠠᠯ ᠪᠠ ᠣᠰᠤᠨ ᠤ ᠬᠤᠷᠤᠭᠳᠠᠯ ᠤᠨ ᠬᠡᠮᠵᠢᠶ᠎ᠡ ᠶᠢ ᠪᠠᠭᠠᠰᠬᠠᠨ᠎ᠠ᠃ ︵ | ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠳᠥᠷᠪᠡ︶ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠪᠣᠬᠢᠷᠲᠤᠯ ᠥᠬᠡᠶ ᠬᠠᠶᠢᠨ ᠪᠠᠶᠢᠴᠠᠭᠠᠬᠤ ᠣᠨᠣᠯᠵᠢᠬᠤᠨ ᠢ ᠪᠣᠶ ᠪᠣᠯᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ | ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠳᠠᠬᠢ ᠬᠡᠰᠡᠭ ᠲᠥᠷᠥᠯ ᠵᠦᠢᠯ ᠢ ᠨᠢ ᠰᠣᠩᠭᠤᠨ ᠠᠪᠴᠤ ᠲᠤᠷᠰᠢᠯᠲᠠ ᠶᠢᠨ ᠴᠡᠭ ᠪᠣᠯᠭᠠᠵᠤ ᠪᠣᠬᠢᠷᠲᠤᠯ ᠦᠭᠡᠶ ᠬᠠᠶᠢᠨ | ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠰᠢᠨ᠎ᠡ ᠡᠭᠦᠳᠦᠯᠲᠡ ᠶᠢ ᠥᠷᠨᠢᠭᠦᠯᠦᠨ᠎ᠡ᠃ ᠨᠡᠶᠢᠭᠡᠮ ᠤᠨ ᠬᠢᠨ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠲᠥᠷᠥᠯ ᠵᠦᠢᠯ ᠢᠶᠠᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠢᠶᠠᠷ ᠢᠳᠡᠪᠬᠢᠲᠡᠶ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠪᠠ ᠳᠡᠮᠵᠢᠨ᠎ᠡ᠃ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ | ᠪᠣᠬᠢᠷᠲᠤᠯ ᠥᠬᠡᠶ ᠬᠠᠶᠢᠨ ᠪᠠᠶᠢᠴᠠᠭᠠᠬᠤ ᠠᠵᠢᠯ ᠢ ᠠᠬᠢᠭᠤᠯᠤᠨ᠎ᠠ᠃ ᠭᠠᠵᠠᠷ ᠰᠢᠨᠵᠢᠯᠡᠭᠡᠨ ᠤ ᠠᠵᠢᠯ ᠲᠥᠷᠥᠯ ᠤᠨ ᠬᠢᠨ ᠬᠠᠶᠢᠨ ᠪᠠᠶᠢᠴᠠᠭᠠᠬᠤ ᠮᠡᠷᠭᠡᠵᠢᠯ᠂ ᠤᠷᠠᠯᠠᠯ ᠪᠠ | ᠠᠷᠭ᠎ᠠ ᠪᠠᠷᠢᠯ ᠢ ᠰᠤᠳᠤᠯᠬᠤ ᠪᠠ ᠳᠡᠯᠭᠡᠷᠡᠭᠦᠯᠬᠦ ᠪᠠᠨ ᠴᠢᠩᠭᠠᠳᠬᠠᠨ᠂ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠪᠠᠷ ᠳᠠᠮᠵᠢᠭᠤᠯᠵᠤ ᠭᠠᠵᠠᠷ ᠤᠨ ᠭᠠᠳᠠᠷᠭᠤ ᠶᠢᠨ | ᠤᠷᠭᠤᠮᠠᠯ ᠤᠨ ᠬᠤᠴᠢᠯᠭ᠎ᠠ ᠶᠢᠨ ᠰᠦᠢᠳᠦᠯ ᠢ ᠪᠠᠭᠠᠰᠬᠠᠵᠤ᠂ ᠠᠮᠢ ᠠᠬᠤᠶ ᠶᠢ ᠬᠠᠷᠰᠢᠯᠠᠨ ᠨᠥᠯᠥᠭᠡᠯᠡᠬᠦ ᠶᠢ ᠨᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ | ︶ | ︵ᠲᠠᠪᠤ︶ ᠰᠢᠨ᠎ᠡ ᠪᠠᠶᠢᠭᠤᠯᠬᠤ ᠠᠭᠤᠷᠬᠠᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ ᠰᠢᠨ᠎ᠡ ᠪᠠᠷ ᠪᠠᠶᠢᠷᠢᠯᠠᠭᠤᠯᠵᠤ ᠪᠠᠶᠢᠭ᠎ᠠ | ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ | ᠠᠭᠤᠷᠬᠠᠶ ᠶᠢᠨ ᠬᠦᠷᠦᠰᠦ ᠳᠠᠪᠬᠤᠷᠭ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠦᠩᠵᠢᠭᠦᠯᠦᠨ ᠠᠰᠢᠭᠯᠠᠬᠤ ᠲᠥᠰᠦᠯ ᠢ ᠡᠮᠬᠢᠯᠡᠨ | ᠨᠡᠶᠢᠯᠡᠭᠦᠯᠬᠦ ᠶᠢᠨ ᠬᠠᠮᠲᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠲᠥᠰᠦᠯ ᠳᠤ | ᠣᠷᠣᠭᠤᠯᠵᠤ᠂ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠢᠭᠡᠳᠦᠯᠲᠡᠢ ᠬᠢᠨᠠᠨ ᠪᠠᠶᠢᠴᠠᠭᠠᠵᠤ ᠨᠢᠭᠡᠳᠦᠯᠲᠡᠶ ᠬᠡᠷᠡᠭᠵᠢᠭᠦᠯᠦᠨ᠎ᠡ︔ ᠣᠷᠴᠢᠨ ᠲᠣᠭᠤᠷᠢᠨ ᠢ ᠡᠪᠳᠡᠬᠦ ᠪᠠᠷ | ᠨᠡᠯᠢᠶᠡᠳ ᠪᠠᠭ᠎ᠠ ᠪᠠᠶᠢᠳᠠᠭ ᠨᠡᠭᠡᠭᠡᠨ ᠮᠠᠯᠲᠠᠬᠤ ᠠᠷᠭ᠎ᠠ ᠮᠠᠶ᠋ᠢᠭ᠂ ᠠᠭᠤᠷᠬᠠᠶ ᠮᠠᠯᠲᠠᠬᠤ ᠮᠡᠷᠭᠡᠵᠢᠯ ᠪᠠ ᠠᠭᠤᠷᠬᠠᠢ ᠰᠢᠯᠢᠬᠦ ᠠᠷᠭ᠎ᠠ ᠶᠢ ᠰᠣᠩᠭᠤᠨ ᠬᠡᠷᠡᠭᠯᠡᠵᠦ᠂ | ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠤᠨ ᠬᠢᠨ ᠤ ᠠᠮᠢ ᠠᠬᠤᠶ ᠶᠢ | ᠬᠠᠮᠠᠭᠠᠯᠠᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ | ᠪᠦᠲᠦᠮᠵᠢᠲᠡᠶ ᠰᠢᠢᠳᠪᠦᠷᠢᠯᠡᠨ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠨᠢ ᠪᠠᠷᠢᠮᠵᠢᠶ᠎ᠠ ᠳᠤ ᠬᠦᠷᠦᠭᠦᠯᠦᠨ᠎ᠡ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ | ᠤᠰᠤ ᠪᠠ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ | ᠮᠥᠴᠢᠷ ᠨᠢ ᠰᠢᠨ᠎ᠡ ᠪᠠᠶᠢᠭᠤᠯᠬᠤ ᠠᠭᠤᠷᠬᠠᠶ ᠨᠤᠭᠤᠳ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠡᠰᠡᠬᠦ ᠶᠢ ᠨᠢ ᠴᠢᠩᠭ᠎ᠠ ᠡᠵᠡᠮᠳᠡᠵᠦ᠂ ᠨᠤᠲᠤᠭ ᠪᠡᠯᠴᠢᠭᠡᠷ ᠢ ᠡᠵᠡᠯᠡᠨ | ᠬᠡᠷᠡᠭᠯᠡᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ | ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ | ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠂ ᠠᠭᠤᠷᠬᠠᠢ ᠶᠢᠨ | ᠪᠣᠬᠢᠷᠲᠤᠯ ᠦᠭᠡᠢ ᠪᠦᠭᠡᠳ ᠠᠶᠤᠯ ᠦᠭᠡᠢ ᠦᠢᠯᠡᠳᠪᠦᠷᠢᠯᠡᠬᠦ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠵᠢᠷᠭᠤᠭ᠎ᠠ︶ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢ ᠪᠠᠷᠢᠮᠵᠢᠶ᠎ᠠ ᠳᠤ ᠬᠦᠷᠦᠭᠦᠯᠵᠦ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠡᠯ᠎ᠡ ᠠᠶᠢᠮᠠᠭ | ᠬᠤᠲᠠ ᠨᠢ ᠠᠭᠤᠷᠬᠠᠢ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ ᠤᠨ ᠪᠠᠶᠢᠴᠠᠭᠠᠯᠲᠠ ᠶᠢ ᠦᠨᠳᠦᠰᠦᠯᠡᠨ᠂ ︽ᠬᠡᠨ ᠡᠪᠳᠡᠭᠰᠡᠨ ᠪᠣᠯ ᠬᠡᠨ ᠦᠩᠵᠢᠭᠦᠯᠦᠨ | ᠠᠰᠢᠭᠯᠠᠬᠤ︾ ᠵᠠᠷᠴᠢᠮ ᠶᠣᠰᠣᠭᠠᠷ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠠᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ | ᠲᠥᠯᠥᠪᠵᠢᠭᠦᠯᠭᠡ ᠪᠠᠨ ᠲᠦᠷᠭᠡᠳᠬᠡᠨ ᠨᠠᠶᠢᠷᠠᠭᠤᠯᠵᠤ ᠵᠣᠬᠢᠶᠠᠨ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠣᠨ ᠤ ᠠᠬᠢᠭᠤᠯᠬᠤ ᠲᠥᠯᠥᠪᠯᠡᠭᠡ ᠪᠠᠨ 365赢多少钱会被限额_国内有真正的365平台吗_365bet博彩官网 | ᠲᠣᠭᠲᠠᠭᠠᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠶ ᠪᠠᠨ ᠪᠣᠬᠢᠷᠲᠤᠯ ᠥᠬᠡᠶ ᠠᠭᠤᠷᠬᠠᠶ ᠪᠣᠯᠭᠠᠵᠤ ᠪᠥᠲᠥᠭᠡᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠠᠭᠤᠷᠬᠠᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠮᠠᠯᠲᠠᠬᠤ ᠶᠢᠨ ᠳᠠᠭᠠᠤ ᠵᠠᠰᠠᠬᠤ︾ | ᠡᠷᠴᠢᠮ ᠢᠶᠠᠨ ᠴᠢᠩᠭᠠᠷᠠᠭᠤᠯᠤᠨ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠠᠯ᠎ᠠ ᠶᠢᠨ ᠦᠨᠡᠨ ᠬᠦ ᠶᠠᠪᠤᠭᠳᠠᠭᠤᠰᠢᠲᠠᠶ ᠲᠥᠰᠦᠯ ᠢ ᠲᠣᠭᠲᠠᠭᠠᠵᠤ᠂ ᠠᠮᠢ ᠠᠬᠤᠢ ᠶᠢᠨ | ᠠᠵᠢᠯ ᠳᠤ ᠤᠯᠠᠭᠠᠨ ᠲᠤᠭ᠎ᠠ ᠦᠯᠡᠳᠡᠭᠡᠬᠦ ᠦᠭᠡᠢ᠃ ᠨᠡᠭᠡᠭᠡᠵᠦ ᠮᠠᠯᠲᠠᠭᠰᠠᠨ ᠢᠶᠠᠨ ᠳᠠᠬᠢᠨᠲᠠ ᠮᠠᠯᠲᠠᠬᠤ ᠨᠣᠷᠮ᠎ᠠ᠂ ᠠᠭᠤᠷᠬᠠᠢ ᠰᠤᠩᠭᠤᠬᠤ ᠪᠤᠴᠠᠭᠠᠨ ᠬᠤᠷᠢᠶᠠᠬᠤ | ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ ᠳᠤ ᠰᠤᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠳᠤ ᠬᠦᠷᠭᠡᠭᠦ ᠶᠢ ᠲᠦᠷᠭᠡᠣᠡᠭᠡᠨ᠎ᠠ᠃ ᠪᠣᠬᠢᠷᠲᠤᠯ ᠦᠭᠡᠢ | ᠠᠭᠤᠷᠬᠠᠢ ᠶᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠵᠢᠴᠢ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠬᠦ ᠶᠢ | ᠲᠦᠷᠭᠡᠳᠬᠡᠨ ᠠᠬᠢᠭᠤᠯᠤᠨ᠎ᠠ᠃ ︽ᠭᠤᠷᠪᠠᠨ ᠬᠠᠶᠠᠭᠳᠠᠮᠠᠯ︾ ᠢ ᠬᠠᠮᠢᠶᠠᠷᠬᠤ ᠪᠠᠨ ᠴᠢᠩᠭᠠᠷᠠᠭᠤᠯᠵᠤ᠂ ᠠᠶᠤᠯ ᠦᠭᠡᠢ ᠦᠢᠯᠡᠣᠡᠪᠣᠷᠢᠯᠡᠯ ᠤᠨ ᠬᠠᠮᠢᠶᠠᠷᠣᠯᠳᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠂ ᠦᠯᠡᠳᠡᠭᠳᠡᠯ ᠠᠭᠤᠷᠬᠠᠢ ᠪᠠ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠨᠢ ᠠᠬᠢᠭᠤᠯᠤᠨ᠎ᠠ᠃ ᠠᠵᠤ ᠠᠬᠤᠶᠢᠯᠠᠯ ᠢ | ᠵᠣᠷᠢᠭᠵᠢᠭᠤᠯᠵᠤ ᠪᠠᠶᠢᠭᠠᠳ ᠲᠡᠷᠢᠭᠦᠨ ᠤ ᠠᠭᠤᠷᠬᠠᠶ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠠᠰᠢᠭᠯᠠᠨ ᠠᠮᠢ ᠠᠬᠤᠶ ᠣᠷᠴᠢᠨ ᠲᠣᠭᠤᠷᠢᠨ ᠳᠤ | ᠨᠥᠯᠥᠭᠡ ᠪᠣᠯᠬᠤ ᠶᠢ ᠨᠢ ᠪᠠᠭᠠᠰᠬᠠᠨ᠎ᠠ᠃ ᠠᠭᠤᠷᠬᠠᠶ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠤ ᠬᠠᠶᠠᠭᠳᠠᠮᠠᠯ ᠪᠤᠳᠠᠰ ᠰᠢᠷᠣᠶ ᠭᠠᠳᠠᠭᠰᠢᠯᠠᠭᠤᠯᠬᠤ ᠲᠠᠯᠠᠪᠠᠶ ᠪᠠ | ᠭᠠᠳᠠᠭᠰᠢᠯᠠᠭᠤᠯᠬᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ | ᠠᠬᠤᠢ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠡᠨᠧᠷᠭᠢ ᠶᠢᠨ | ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ︵ᠳᠣᠯᠤᠭ᠎ᠠ︶ ᠠᠭᠤᠷᠬᠠᠶ ᠶᠢᠨ ᠣᠷᠤᠨ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠤᠨ᠎ᠠ᠃ ᠡᠬᠢ ᠪᠠᠶᠠᠯᠢᠭ ᠢ ᠨᠡᠭᠡᠭᠡᠨ | ᠠᠰᠢᠭᠯᠠᠭᠰᠠᠨ ᠠᠰᠢᠭ ᠲᠤᠰᠠ ᠶᠢᠨ ᠬᠤᠪᠢᠶᠠᠷᠢᠯᠠᠬᠤ ᠲᠣᠭᠲᠠᠴᠠ ᠶᠢ ᠰᠤᠳᠤᠯᠤᠨ ᠲᠡᠭᠦᠯᠳᠡᠷᠵᠢᠭᠦᠯᠵᠦ᠂ ᠠᠭᠤᠷᠬᠠᠶ ᠶᠢᠨ ᠣᠷᠣᠨ ᠤ ᠰᠠᠭᠤᠭᠠᠯᠢ ᠠᠷᠠᠳ ᠤᠨ ᠠᠰᠢᠭ | ᠲᠤᠰᠠ ᠪᠠ ᠠᠭᠤᠷᠬᠠᠶ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ᠂ ᠣᠯᠠᠨ | ᠲᠦᠮᠡᠨ ᠤ ᠲᠥᠯᠥᠭᠡᠯᠡᠭᠴᠢ ᠬᠢᠭᠡᠳ ᠠᠵᠤ ᠠᠬᠤᠶᠢᠯᠠᠯ ᠤᠨ ᠠᠵᠢᠯ ᠶᠠᠪᠤᠳᠠᠯ ᠵᠥᠪᠯᠡᠨ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠭᠤᠷᠬᠠᠶ ᠶᠢᠨ | ᠣᠷᠤᠨ ᠪᠠ ᠣᠷᠣᠨ ᠨᠤᠲᠤᠭ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠬᠤ ᠪᠠᠶᠢᠭᠤᠯᠤᠮᠵᠢ ᠪᠠ ᠠᠵᠢᠯᠲᠠᠨ ᠢᠶᠠᠨ | ᠲᠣᠳᠣᠷᠬᠠᠢ ᠲᠣᠭᠲᠠᠭᠠᠨ᠂ ᠡᠯ᠎ᠡ ᠲᠥᠷᠥᠯ ᠤᠨ ᠵᠥᠷᠢᠴᠡᠯ ᠢ ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠨ᠎ᠡ᠃ ᠠᠭᠤᠷᠬᠠᠢ ᠶᠢᠨ ᠠᠵᠤ ᠠᠬᠤᠶᠢᠯᠠᠯ ᠨᠢ ᠬᠠᠤᠯᠢ | ᠶᠣᠰᠣᠭᠠᠷ ᠵᠢᠷᠤᠮᠵᠢᠯ ᠲᠠᠢ ᠨᠡᠭᠡᠭᠡᠨ ᠮᠠᠯᠲᠠᠵᠤ᠂ ᠠᠭᠤᠷᠬᠠᠢ ᠶᠢᠨ ᠣᠷᠣᠨ ᠪᠠ ᠣᠷᠣᠨ ᠨᠤᠲᠤᠭ ᠤᠨ ᠵᠥᠷᠢᠴᠡᠯ ᠢ ᠵᠣᠬᠢᠴᠠᠭᠤᠯᠤᠨ ᠠᠷᠢᠯᠭᠠᠬᠤ ᠲᠣᠭᠲᠠᠴᠠ ᠶᠢ | ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠠᠵᠤ ᠠᠬᠤᠶᠢᠯᠠᠯ ᠤᠨ ᠰᠠᠶᠢᠨ | ᠰᠠᠶᠢᠬᠠᠨ ᠲᠦᠷᠢ ᠲᠥᠷᠬᠦ ᠶᠢ ᠪᠣᠢ ᠪᠣᠯᠭᠠᠨ᠎ᠠ︔ ᠣᠷᠣᠨ ᠨᠤᠲᠤᠭ ᠤᠨ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ ᠨᠢ ᠬᠦᠴᠦᠲᠡᠢ ᠳᠠᠮᠵᠢᠵᠤ᠂ | ᠠᠭᠤᠷᠬᠠᠢ ᠶᠢᠨ ᠣᠷᠣᠨ ᠵᠢᠴᠢ ᠲᠡᠭᠦᠨ ᠤ ᠡᠷᠭᠢᠨ ᠲᠣᠭᠤᠷᠢᠨ ᠳᠠᠬᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ︔ ᠠᠵᠢᠯ ᠣᠯᠭᠤᠬᠤ | ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠠᠭᠤᠷᠬᠠᠢ ᠶᠢᠨ ᠣᠷᠣᠨ ᠤ ᠡᠷᠭᠢᠨ ᠲᠣᠭᠤᠷᠢᠨ ᠳᠠᠬᠢ ᠰᠠᠭᠤᠭᠠᠯᠢ ᠠᠷᠠᠳ ᠢ ᠤᠷᠢᠳ ᠢᠶᠠᠷ ᠲᠣᠬᠢᠷᠠᠭᠤᠯᠤᠨ᠂ ᠶᠠᠳᠠᠭᠤ ᠶᠢ | ᠲᠡᠳᠬᠦᠵᠦ ᠲᠤᠰᠠᠯᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ︔ ᠬᠥᠳᠡᠯᠮᠦᠷᠢ ᠦᠢᠯᠡᠴᠢᠯᠡᠭᠡ ᠳᠤ ᠨᠠᠶᠢᠳᠠᠬᠤ᠂ ᠪᠠᠷᠢᠯᠭ᠎ᠠ | ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠭ᠎ᠠ ᠭᠠᠵᠠᠷ ᠣᠷᠣᠨ ᠳᠠᠬᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ | ᠬᠥᠭᠵᠢᠭᠦᠯᠦᠨ ᠪᠤᠵᠠᠭᠠᠶᠢᠷᠠᠭᠤᠯᠬᠤ ᠶᠢ ᠨᠢ ᠳᠠᠮᠵᠢᠨ᠎ᠠ᠃ ᠠᠭᠤᠷᠬᠠᠢ ᠶᠢᠨ ᠲᠠᠯ᠎ᠠ ᠶᠢᠨ ᠬᠢᠨ ᠦᠢᠯᠡᠳᠪᠦᠷᠢᠯᠡᠯ ᠤᠨ ᠶᠠᠪᠤᠴᠠ ᠳᠤ ᠪᠠᠨ ᠨᠡᠶᠢᠭᠡᠮ ᠲᠣᠭᠤᠷᠢᠭ ᠤᠨ | ᠠᠮᠢᠳᠤᠷᠠᠯ ᠢ ᠨᠥᠯᠥᠭᠡᠯᠡᠵᠦ ᠮᠡᠳᠡᠬᠦ ᠦᠢᠯᠡᠣᠡᠪᠣᠷᠢᠯᠡᠭᠦ ᠠᠵᠢᠯ ᠢᠶᠠᠨ ᠴᠠᠭ ᠲᠤᠬᠠᠶ ᠳᠤ ᠨᠢ ᠲᠣᠬᠢᠷᠠᠭᠤᠯᠤᠨ᠂ ᠠᠷᠠᠳ ᠣᠯᠠᠨ ᠤ ᠠᠮᠢᠳᠤᠷᠠᠯ ᠢ ᠨᠦᠯᠣᠭᠡᠯᠡᠭᠦ ᠪᠠᠨ | ᠪᠠᠭᠠᠰᠬᠠᠬᠤ ᠬᠡᠷᠩᠳᠠᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ | ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶ | ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠳᠡᠮᠵᠢᠬᠦ ᠲᠥᠷᠥ ᠶᠢᠨ ᠪᠣᠳᠣᠯᠭ᠎ᠠ᠃ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠠᠭᠤᠷᠬᠠᠶ ᠶᠢ | ᠴᠢᠷᠮᠠᠶᠢᠨ ᠡᠭᠦᠳᠬᠦ ᠶᠢ ᠨᠢ ᠵᠣᠷᠢᠭᠵᠢᠭᠤᠯᠤᠨ᠎ᠠ᠃ ᠤᠯᠤᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠨᠡᠷᠡᠰ ᠤᠨ ᠬᠥᠮᠥᠷᠭᠡ ᠳᠤ ᠣᠷᠣᠭᠰᠠᠨ ᠠᠭᠤᠷᠬᠠᠢ ᠶᠢᠨ ᠠᠵᠤ | ᠠᠬᠤᠶᠢᠯᠠᠯ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ᠃ | 1. ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠡᠮᠵᠢᠬᠦ ᠲᠥᠷᠥ ᠶᠢᠨ ᠪᠣᠳᠣᠯᠭ᠎ᠠ᠃ ᠶᠡᠷᠦᠩᠬᠡᠶ ᠬᠡᠮᠵᠢᠶ᠎ᠡ ᠶᠢ ᠨᠢ ᠲᠤᠬᠢᠷᠠᠭᠤᠯᠤᠨ ᠡᠵᠡᠮᠳᠡᠬᠦ ᠶᠢ | ᠬᠡᠷᠡᠭᠵᠢᠭᠦᠯᠵᠦ ᠪᠠᠶᠢᠭ᠎ᠠ ᠠᠭᠤᠷᠬᠠᠢ ᠶᠢᠨ ᠲᠥᠷᠥᠯ ᠤᠨ ᠨᠡᠭᠡᠭᠡᠨ ᠮᠠᠯᠲᠠᠬᠤ ᠭᠦᠢᠴᠡᠳᠬᠡᠯ ᠲᠤᠭ᠎ᠠ᠂ ᠠᠭᠤᠷᠬᠠᠢ ᠶᠢᠨ ᠠᠵᠢᠯ ᠲᠥᠷᠥᠯ ᠤᠨ ᠡᠷᠬᠡ ᠶᠢᠨ | ᠣᠷᠣᠭᠤᠯᠤᠯᠲᠠ ᠳᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠭᠤᠷᠬᠠᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠪᠡᠯ ᠪᠣᠬᠢᠷᠲᠤᠯ ᠦᠭᠡᠶ | ᠠᠭᠤᠷᠬᠠᠶ ᠪᠠ ᠪᠣᠬᠢᠷᠲᠤᠯ ᠦᠭᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠲᠡᠶᠢᠰᠢ ᠤᠷᠢᠳ ᠢᠶᠠᠷ ᠲᠣᠬᠢᠷᠠᠭᠤᠯᠤᠨ᠎ᠠ᠃ | 2. ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠳᠤ ᠳᠡᠮᠵᠢᠬᠦ ᠲᠥᠷᠥ ᠶᠢᠨ ᠪᠣᠳᠣᠯᠭ᠎ᠠ᠃ | ︵1︶ ᠭᠠᠵᠠᠷ ᠰᠢᠷᠣᠢ ᠶᠢ ᠠᠰᠢᠭᠯᠠᠬᠤ ᠲᠥᠯᠥᠪᠵᠢᠭᠦᠯᠭᠡ ᠲᠥᠯᠥᠪᠯᠡᠭᠡ ᠶᠢᠨ ᠪᠠᠲᠤᠯᠠᠭ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠠᠰᠢᠭᠯᠠᠬᠤ ᠶᠡᠷᠦᠩᠬᠡᠶ | ᠲᠥᠯᠥᠪᠵᠢᠭᠦᠯᠭᠡ ᠶᠢ ᠲᠣᠬᠢᠷᠠᠭᠤᠯᠵᠤ ᠲᠡᠭᠦᠯᠳᠡᠷᠵᠢᠭᠦᠯᠬᠦ ᠳᠤ ᠪᠠᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠷᠥᠯ ᠵᠦᠢᠯ ᠢ ᠨᠢ | ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠣᠷᠣᠭᠤᠯᠬᠤ ᠶᠢᠨ ᠬᠠᠮᠲᠤ᠂ ᠭᠠᠵᠠᠷ ᠰᠢᠷᠣᠶ ᠠᠰᠢᠭᠯᠠᠬᠤ ᠣᠨ ᠤ | ᠲᠥᠯᠥᠪᠯᠡᠭᠡ ᠳᠤ ᠪᠠᠨ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠦᠷᠭᠡᠳᠭᠡᠨ ᠪᠠᠶᠢᠭᠤᠯᠬᠤ ᠶᠢᠨ ᠵᠦᠶ ᠶᠤᠰᠤᠨ ᠤ ᠰᠢᠨ᠎ᠡ ᠪᠠᠷ | ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠨ᠎ᠠ᠃ | ︵2︶ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠠᠭᠤᠷᠬᠠᠶ ᠮᠠᠯᠲᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠭᠠᠷᠳᠠᠮ ᠢ ᠨᠢ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ᠂ ᠵᠥᠪᠳᠡᠯᠴᠡᠬᠡᠷ ᠤᠨ ᠠᠷᠭ᠎ᠠ ᠮᠠᠶ᠋ᠢᠭ ᠢᠶᠠᠷ ᠬᠢᠮᠳᠠ ᠪᠠᠷ ᠬᠤᠳᠠᠯᠳᠤᠬᠤ᠂ ᠲᠦᠷᠢᠶᠡᠰᠦᠯᠡᠬᠦ ᠪᠤᠶᠤ | ᠤᠷᠢᠳ ᠢᠶᠠᠷ ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠦᠨ ᠥᠭᠴᠦ ᠪᠣᠯᠤᠨ᠎ᠠ︔ ᠠᠭᠤᠷᠬᠠᠢ ᠶᠢᠨ ᠦᠢᠯᠡᠳᠪᠦᠷᠢᠯᠡᠬᠦ ᠦᠶᠡᠯᠡᠯ᠂ ᠨᠡᠭᠡᠭᠡᠨ ᠮᠠᠯᠲᠠᠬᠤ ᠵᠢᠯ | ᠬᠤᠭᠤᠴᠠᠭ᠎ᠠ ᠶᠢ ᠦᠨᠳᠦᠰᠦᠯᠡᠵᠦ᠂ ᠬᠢᠮᠳᠠ ᠪᠠᠷ ᠬᠤᠳᠠᠯᠳᠤᠬᠤ ᠳᠤ ᠬᠠᠤᠯᠢ ᠪᠠᠷ ᠲᠣᠭᠲᠠᠭᠠᠭᠰᠠᠨ ᠬᠠᠮᠤᠭ ᠤᠨ ᠤᠷᠲᠤ ᠵᠢᠯ ᠬᠤᠭᠤᠴᠠᠭᠠᠨ ᠤ ᠳᠣᠲᠣᠷ᠎ᠠ᠂ ᠭᠠᠵᠠᠷ | ᠰᠢᠷᠣᠶ ᠬᠡᠷᠡᠭᠯᠡᠬᠦ ᠡᠷᠬᠡ ᠶᠢᠨ ᠬᠢᠮᠳᠠ ᠪᠠᠷ ᠬᠤᠳᠠᠯᠳᠤᠬᠤ ᠣᠨ ᠵᠢᠯ ᠢ ᠠᠮᠢᠳᠤᠯᠢᠭ ᠢᠶᠠᠷ ᠰᠣᠩᠭᠤᠵᠤ᠂ ᠤᠶᠠᠨᠯᠢᠭ ᠴᠢᠨᠠᠷᠲᠠᠢ ᠬᠢᠮᠳᠠ ᠪᠠᠷ ᠬᠤᠳᠠᠯᠳᠤᠬᠤ ᠶᠢ | ᠬᠡᠷᠡᠭᠵᠢᠭᠦᠯᠵᠦ ᠪᠣᠯᠬᠤ ᠶᠢᠨ ᠬᠠᠮᠲᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠭᠡᠷ᠎ᠡ ᠳᠤ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠦᠨ᠎ᠡ ᠶᠢᠨ | ᠵᠣᠭᠤᠰ ᠢ ᠬᠤᠭᠤᠴᠠᠭ᠎ᠠ ᠬᠤᠪᠢᠶᠠᠨ ᠲᠤᠰᠢᠶᠠᠵᠤ ᠪᠣᠯᠬᠤ ᠶᠢ ᠨᠢ ᠪᠣᠯᠵᠣᠨ ᠲᠣᠭᠲᠠᠵᠤ ᠪᠣᠯᠤᠨ᠎ᠠ᠃ | ︵3︶ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢ ᠠᠭᠤᠷᠬᠠᠶ ᠳᠤ ᠬᠡᠷᠡᠭᠯᠡᠬᠦ ᠪᠠᠷ ᠰᠤᠯᠠ ᠲᠠᠯᠪᠢᠭᠳᠠᠵᠤ ᠪᠠᠶᠢᠭ᠎ᠠ ᠭᠠᠵᠠᠷ ᠢ | ᠦᠩᠵᠢᠭᠦᠯᠦᠨ ᠠᠰᠢᠭᠯᠠᠯᠳᠠ ᠳᠤ ᠣᠷᠣᠭᠤᠯᠬᠤ ᠶᠢ ᠳᠡᠮᠵᠢᠨ᠎ᠠ᠃ ᠪᠣᠬᠢᠷᠲᠤᠯ ᠥᠬᠡᠶ ᠠᠭᠤᠷᠬᠠᠶ ᠶᠢᠨ ᠦᠢᠯᠡᠳᠪᠦᠷᠢ ᠠᠭᠤᠷᠬᠠᠶ ᠳᠤ ᠬᠡᠷᠡᠭᠯᠡᠬᠦ ᠪᠠᠷ ᠰᠤᠯᠠ ᠲᠠᠯᠪᠢᠭᠳᠠᠵᠤ | ᠪᠠᠶᠢᠭ᠎ᠠ ᠭᠠᠵᠠᠷ ᠢ ᠴᠠᠭ ᠲᠤᠬᠠᠶ ᠳᠤ ᠨᠢ ᠦᠩᠵᠢᠭᠦᠯᠦᠨ ᠠᠰᠢᠭᠯᠠᠯᠳᠠ ᠳᠤ ᠣᠷᠣᠭᠤᠯᠬᠤ ᠶᠢ ᠳᠡᠮᠵᠢᠭᠦ ᠶᠢᠨ ᠬᠠᠮᠲᠤ᠂ ᠰᠢᠨ᠎ᠡ ᠪᠠᠷ ᠨᠡᠮᠡᠭᠳᠡᠭᠰᠡᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠬᠤᠯᠪᠣᠭᠳᠠᠭᠤᠯᠤᠨ᠎ᠠ︔ ᠲᠥᠯᠥᠪᠵᠢᠭᠦᠯᠭᠡ ᠪᠠ ᠠᠮᠢ ᠠᠬᠤᠶ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ | ᠦᠢᠯᠡᠳᠪᠦᠷᠢ ᠠᠭᠤᠷᠬᠠᠶ ᠳᠤ ᠬᠡᠷᠡᠭᠯᠡᠬᠦ ᠦᠭᠡᠢ ᠥᠩᠭᠡᠷᠡᠭᠰᠡᠨ ᠤ ᠦᠯᠡᠳᠡᠭᠳᠡᠭᠰᠡᠨ ᠰᠤᠯᠠ ᠬᠠᠶᠠᠭᠳᠠᠮᠠᠯ ᠭᠠᠵᠠᠷ ᠢ ᠥᠩᠵᠢᠭᠦᠯᠦᠨ ᠠᠰᠢᠭᠯᠠᠭᠠᠣᠨ ᠨᠡᠮᠡᠭᠳᠡᠭᠰᠡᠨ ᠲᠠᠷᠢᠶᠠᠨ | ᠭᠠᠵᠠᠷ ᠢᠶᠠᠷ ᠲᠠᠷᠢᠶᠠᠨ ᠭᠠᠵᠠᠷ ᠢᠶᠠᠨ ᠨᠥᠬᠦᠪᠦᠷᠢᠯᠡᠵᠦ ᠲᠡᠩᠴᠡᠭᠦᠷᠢᠲᠡᠶ ᠪᠣᠯᠭᠠᠬᠤ ᠳᠤ ᠬᠡᠷᠡᠭᠯᠡᠬᠦ ᠶᠢ ᠨᠢ ᠵᠥᠪᠰᠢᠶᠡᠷᠡᠨ᠎ᠡ︔ ᠠᠭᠤᠷᠬᠠᠢ ᠶᠢ ᠬᠠᠤᠯᠢ ᠶᠣᠰᠣᠭᠠᠷ ᠨᠡᠭᠡᠭᠡᠵᠦ | ᠮᠠᠯᠲᠠᠭᠰᠠᠨ ᠠᠴᠠ ᠪᠣᠯᠵᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠣᠢ ᠡᠪᠳᠡᠭᠳᠡᠨ ᠰᠦᠢᠳᠦᠭᠰᠡᠨ ᠮᠦᠷᠲᠡᠭᠡᠨ ᠰᠡᠷᠭᠦᠭᠡᠨ ᠠᠰᠢᠭᠯᠠᠬᠤ ᠶᠢᠨ | ᠠᠷᠭ᠎ᠠ ᠦᠭᠡᠢ ᠪᠣᠯᠤᠭᠰᠠᠨ ᠪᠠᠶᠢᠪᠠᠯ᠂ ᠭᠠᠵᠠᠷ ᠰᠢᠷᠣᠶ ᠬᠡᠷᠡᠭᠯᠡᠬᠦ ᠶᠢ ᠨᠢ ᠬᠤᠪᠢᠷᠠᠭᠠᠨ ᠬᠠᠯᠠᠬᠤ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠪᠠ ᠳᠡᠰ ᠳᠠᠷᠠᠭᠠᠯᠠᠯ | ᠶᠣᠰᠣᠭᠠᠷ ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ ᠬᠢᠵᠦ᠂ ᠲᠤᠰᠬᠠᠶ ᠮᠡᠳᠡᠭᠦᠯᠵᠦ ᠬᠢᠨᠠᠨ ᠪᠠᠶᠢᠴᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠣᠨ ᠤ ᠬᠤᠪᠢᠷᠠᠭᠠᠨ | ᠬᠠᠯᠠᠬᠤ ᠪᠠᠶᠢᠴᠠᠭᠠᠯᠲᠠ ᠳᠤ ᠣᠷᠣᠭᠤᠯᠤᠨ᠎ᠠ᠂ ᠲᠠᠷᠢᠶᠠᠨ ᠭᠠᠵᠠᠷ ᠲᠠᠢ ᠬᠤᠯᠪᠣᠭᠳᠠᠭᠰᠠᠨ ᠪᠠᠶᠢᠪᠠᠯ᠂ ᠪᠣᠳᠠᠲᠠᠢ ᠪᠠᠨ ᠦᠨᠳᠦᠰᠦᠯᠡᠨ ᠲᠠᠷᠢᠶᠠᠨ ᠭᠠᠵᠠᠷ ᠤᠨ ᠪᠠᠲᠤᠯᠠᠬᠤ | ᠬᠡᠮᠵᠢᠶ᠎ᠡ ᠶᠢ ᠬᠠᠷᠭᠤᠭᠤᠯᠤᠨ ᠪᠠᠭᠠᠰᠬᠠᠨ᠎ᠠ᠂ ᠭᠡᠪᠡᠴᠦ ᠡᠯ᠎ᠡ ᠭᠠᠵᠠᠷ ᠣᠷᠣᠨ ᠤ ᠬᠢᠵᠠᠭᠠᠷᠯᠠᠬᠤ ᠲᠣᠭᠠᠨ ᠤ ᠳᠡᠭᠡᠳᠦ ᠬᠢᠵᠠᠭᠠᠷ ᠠᠴᠠ ᠳᠠᠪᠠᠭᠤᠯᠵᠤ ᠪᠣᠯᠬᠤ ᠦᠭᠡᠢ᠂ | ᠦᠨᠳᠦᠰᠦᠨ ᠲᠠᠷᠢᠶᠠᠨ ᠭᠠᠵᠠᠷ ᠲᠠᠢ ᠬᠤᠯᠪᠣᠭᠳᠠᠭᠰᠠᠨ ᠢ ᠨᠢ ᠨᠥᠬᠦᠵᠦ ᠬᠤᠪᠢᠶᠠᠷᠢᠯᠠᠬᠤ ᠬᠡᠷᠡᠭᠲᠡᠶ᠃ | 3. ᠡᠳ᠋ ᠤᠨ ᠵᠠᠰᠠᠭ ᠭᠠᠶᠢᠯᠢ ᠶᠢᠨ ᠳᠡᠮᠵᠢᠬᠦ ᠲᠥᠷᠥ ᠶᠢᠨ ᠪᠣᠳᠣᠯᠭ᠎ᠠ᠃ ᠬᠠᠮᠢᠶ᠎ᠠ ᠪᠥᠬᠦᠶ ᠡᠳ᠋ ᠤᠨ ᠵᠠᠰᠠᠭ ᠵᠢᠴᠢ ᠲᠥᠷᠥᠯ ᠵᠦᠢᠯ ᠤᠨ ᠵᠢᠷᠤᠮᠵᠢᠯ ᠤᠨ | ᠪᠠᠷᠢᠮᠵᠢᠶ᠎ᠠ ᠶᠢ ᠵᠠᠰᠠᠪᠤᠷᠢᠯᠠᠨ ᠲᠣᠭᠲᠠᠭᠠᠵᠤ᠂ ᠪᠣᠬᠢᠷᠲᠤᠯ ᠥᠬᠡᠶ ᠬᠠᠶᠢᠨ ᠪᠠᠶᠢᠴᠠᠭᠠᠬᠤ ᠮᠡᠷᠭᠡᠵᠢᠯ ᠤᠨ ᠬᠡᠷᠡᠭᠯᠡᠭᠡᠨ ᠳᠤ ᠰᠢᠨ᠎ᠡ ᠪᠠᠷ ᠨᠡᠮᠡᠭᠳᠡᠭᠰᠡᠨ ᠵᠠᠷᠤᠳᠠᠯ ᠵᠢᠴᠢ | ᠠᠵᠢᠯᠯᠠᠬᠤ ᠲᠣᠭᠤᠷᠢᠭ ᠤᠨ ᠣᠷᠴᠢᠨ ᠨᠥᠬᠦᠴᠡᠯ ᠤᠨ ᠰᠡᠷᠭᠦᠭᠡᠨ ᠵᠠᠰᠠᠬᠤ ᠵᠠᠷᠤᠳᠠᠯ ᠢ ᠲᠥᠷᠥᠯ ᠵᠦᠢᠯ ᠤᠨ ᠲᠥᠰᠥᠪ ᠲᠤ ᠣᠷᠣᠭᠤᠯᠬᠤ ᠶᠢ ᠵᠥᠪᠰᠢᠶᠡᠷᠡᠨ᠎ᠡ᠃ | ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ ᠪᠠᠶᠢᠴᠠᠭᠠᠨ ᠦᠨᠡᠯᠡᠬᠦ ᠪᠠᠯᠠ | ᠮᠥᠩᠭᠦ ᠶᠢ ᠲᠣᠬᠢᠷᠠᠭᠤᠯᠬᠤ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ | ᠵᠢᠱᠢᠶ᠎ᠡ ᠦᠵᠡᠭᠦᠯᠬᠦ ᠲᠣᠭᠤᠷᠢᠭ ᠲᠠᠬᠢ ᠨᠥᠬᠦᠴᠡᠯ ᠳᠤ ᠨᠡᠶᠢᠴᠡᠭᠰᠡᠨ ᠲᠥᠷᠥᠯ ᠵᠦᠢᠯ ᠲᠡᠰᠢ ᠵᠣᠬᠢᠰᠲᠠᠶ ᠬᠡᠯᠪᠠᠶᠢᠯᠭᠡᠨ᠎ᠡ︔ ᠲᠥᠪ ᠤᠨ ᠪᠡᠯᠡ ᠮᠥᠩᠭᠦ ᠶᠢ ᠰᠠᠶᠢᠲᠤᠷ | ᠬᠡᠷᠡᠭᠯᠡᠬᠦ ᠶᠢᠨ ᠬᠠᠮᠲᠤ᠂ ᠣᠷᠣᠨ ᠨᠤᠲᠤᠭ ᠤᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠵᠠᠰᠠᠬᠤ᠂ | ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠰᠢᠷᠣᠢ ᠶᠢ ᠦᠩᠵᠢᠭᠦᠯᠦᠨ ᠠᠰᠢᠭᠯᠠᠬᠤ ᠵᠡᠷᠭᠡ ᠳᠤ ᠡᠳ᠋ ᠤᠨ ᠵᠠᠰᠠᠭ ᠤᠨ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠪᠣᠬᠢᠷᠲᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠲᠣᠭᠤᠷᠢᠭ ᠲᠠᠬᠢ ᠨᠥᠬᠦᠴᠡᠯ ᠳᠤ ᠨᠡᠶᠢᠴᠡᠭᠰᠡᠨ ᠲᠥᠷᠥᠯ ᠵᠦᠢᠯ ᠢ ᠤᠷᠢᠳ ᠢᠶᠠᠷ ᠳᠠᠮᠵᠢᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠳᠤ ᠱᠠᠩᠨᠠᠬᠤ | ᠳᠦᠷᠢᠮ ᠢ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠰᠢᠯᠢᠳᠡᠭ ᠠᠵᠤ ᠠᠬᠤᠶᠢᠯᠠᠯ ᠢ ᠱᠠᠩᠨᠠᠨ᠎ᠠ᠃ ︽ᠤᠯᠤᠰ ᠤᠨ ᠭᠤᠣᠯᠳᠠᠯᠭ᠎ᠠ ᠲᠠᠢ ᠳᠡᠮᠵᠢᠬᠦ ᠳᠡᠭᠡᠳᠦ | ᠰᠢᠨ᠎ᠡ ᠮᠡᠷᠭᠡᠵᠢᠯ ᠤᠨ ᠬᠦᠷᠢᠶ᠎ᠡ︾ ᠶᠢᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠭᠰᠡᠨ ᠪᠥᠭᠡᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠢ 15% ᠶᠢᠨ ᠭᠠᠶᠢᠯᠢ ᠶᠢᠨ ᠨᠣᠷᠮ᠎ᠠ ᠪᠠᠷ ᠬᠠᠤᠯᠢ ᠶᠣᠰᠣᠭᠠᠷ ᠬᠠᠰᠤᠵᠤ | ᠲᠠᠲᠠᠪᠤᠷᠢᠯᠠᠨ᠎ᠠ᠃ | 4. ᠪᠣᠬᠢᠷᠳᠣᠯ ᠦᠭᠡᠢ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠣᠨᠴᠠᠯᠢᠭ ᠪᠦᠬᠦᠢ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠰᠤᠳᠤᠯᠤᠨ | ᠨᠡᠭᠡᠭᠡᠵᠦ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠳᠤ ᠪᠡᠯᠡ ᠮᠥᠩᠭᠦ ᠪᠠᠷ ᠳᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠪᠠᠯᠠ | ᠲᠣᠬᠢᠷᠠᠭᠤᠯᠭ᠎ᠠ ᠶᠢᠨ ᠳᠡᠮᠵᠢᠯᠭᠡ ᠶᠢ ᠢᠳᠡᠪᠬᠢᠲᠡᠶ ᠰᠠᠶᠢᠲᠤᠷ ᠬᠢᠯᠭᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠣᠬᠢᠷᠲᠤᠯ ᠦᠭᠡᠶ ᠠᠭᠤᠷᠬᠠᠶ ᠶᠢ | ᠪᠦᠲᠦᠭᠡᠨ ᠪᠠᠶᠢᠭᠤᠯᠬᠤ ᠳᠤ ᠪᠣᠬᠢᠷᠳᠣᠯ ᠦᠭᠡᠢ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠᠨ ᠴᠢᠩᠭᠠᠳᠬᠠᠨ᠎ᠠ᠃ ᠪᠣᠬᠢᠷᠲᠤᠯ ᠥᠬᠡᠶ ᠠᠭᠤᠷᠬᠠᠶ ᠶᠢᠨ ᠮᠡᠳᠡᠭᠡ ᠵᠠᠩᠭᠢ ᠶᠢ | ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠳᠤ ᠣᠷᠣᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠬᠠᠩᠭᠠᠬᠤ ᠴᠢᠬᠤᠯᠠ ᠭᠦᠢᠴᠡᠳᠬᠡᠯ | ᠲᠤᠭ᠎ᠠ ᠶᠢᠨ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢ ᠳᠠᠮᠵᠢᠵᠤ ᠪᠠᠶᠢᠭᠠᠳ ᠪᠦᠲᠦᠴᠡᠯᠡᠭᠰᠡᠨ ᠪᠣᠬᠢᠷᠲᠤᠯ | ᠦᠭᠡᠢ ᠠᠭᠤᠷᠬᠠᠢ ᠶᠢᠨ ᠦᠢᠯᠡᠰ ᠤᠨ ᠳᠠᠭᠠᠭᠠᠯᠲᠠ ᠬᠢᠬᠦ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠠᠵᠤ ᠠᠬᠤᠶᠢᠯᠠᠯ ᠪᠠ | ᠲᠥᠷᠥᠯ ᠵᠦᠢᠯ ᠳᠤ ᠢᠲᠡᠭᠡᠮᠵᠢ ᠨᠡᠮᠡᠭᠳᠡᠭᠦᠯᠬᠦ ᠦᠢᠯᠡᠴᠢᠯᠡᠭᠡ ᠬᠠᠩᠭᠠᠨ᠎ᠠ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ | ᠦᠢᠯᠡᠰ ᠤᠨ ᠠᠵᠤ ᠦᠢᠯᠡᠰ ᠤᠨ ᠰᠠᠭᠤᠷᠢ ᠮᠥᠩᠭᠦ ᠶᠢ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠲᠥᠷᠥᠯ ᠵᠦᠢᠯ ᠳᠤ ᠪᠠᠯᠠ ᠮᠥᠩᠭᠦ ᠶᠢᠨ ᠳᠡᠮᠵᠢᠯᠭᠡ | ᠦᠵᠡᠭᠦᠯᠦᠨ᠎ᠡ᠃ ᠨᠥᠬᠦᠴᠡᠯ ᠳᠤ ᠨᠡᠶᠢᠴᠡᠭᠰᠡᠨ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠳ ᠤᠨ ᠬᠢᠯᠢ ᠶᠢᠨ ᠳᠣᠲᠣᠭᠠᠳᠤ ᠳᠠᠬᠢ ᠳᠤᠮᠳᠠ ᠵᠢᠵᠢᠭ ᠠᠵᠤ | ᠠᠬᠤᠶᠢᠯᠠᠯ ᠤᠨ ᠰᠠᠮᠪᠠᠷ᠎ᠠ᠂ ᠦᠢᠯᠡᠰ ᠴᠣᠭᠴᠠᠯᠠᠬᠤ ᠰᠠᠮᠪᠠᠷ᠎ᠠ ᠪᠠ ᠭᠤᠤᠯ ᠰᠠᠮᠪᠠᠷ᠎ᠠ ᠵᠢᠴᠢ ︽ᠰᠢᠨ᠎ᠡ ᠭᠤᠷᠪᠠᠳᠤᠭᠠᠷ ᠰᠠᠮᠪᠠᠷ᠎ᠠ︾ ᠪᠠ ᠣᠷᠣᠨ ᠪᠦᠰᠡ ᠶᠢᠨ ᠰᠲ᠋ᠣᠺ ᠤᠨ | ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠪᠠᠯᠠ ᠲᠣᠬᠢᠷᠠᠭᠤᠯᠬᠤ ᠶᠢ ᠠᠬᠢᠭᠤᠯᠤᠨ᠎ᠠ᠃ | ︵ᠬᠤᠶᠠᠷ︶ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠳᠡᠰ ᠳᠠᠷᠠᠭᠠᠯᠠᠯ ᠢ ᠨᠢ ᠴᠢᠩᠳᠠᠯᠠᠨ᠎ᠠ᠃ ᠠᠭᠤᠷᠬᠠᠢ ᠶᠢᠨ ᠠᠵᠤ ᠠᠬᠤᠶᠢᠯᠠᠯ ᠪᠣᠯ | ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠪᠣᠬᠢᠷᠲᠤᠯ ᠦᠭᠡᠢ ᠠᠭᠤᠷᠬᠠᠢ ᠶᠢ ᠪᠦᠲᠦᠭᠡᠨ | ᠪᠠᠶᠢᠭᠤᠯᠬᠤ ᠪᠠᠷᠢᠮᠵᠢᠶ᠎ᠠ ᠪᠠ ᠲᠥᠯᠥᠪᠵᠢᠭᠦᠯᠭᠡ ᠶᠣᠰᠣᠭᠠᠷ ᠠᠭᠤᠷᠬᠠᠢ ᠪᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ ᠪᠥᠬᠦ ᠤᠯᠤᠰ ᠤᠨ ᠪᠣᠬᠢᠷᠲᠤᠯ ᠥᠬᠡᠶ | ᠠᠭᠤᠷᠬᠠᠶ ᠶᠢᠨ ᠨᠡᠷᠡᠰ ᠲᠤ ᠰᠢᠯᠢᠨ ᠰᠣᠩᠭᠤᠬᠤ ᠳᠤ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠲᠠᠰ ᠳᠠᠷᠠᠭᠠᠯᠠᠯ ᠶᠣᠰᠣᠭᠠᠷ ᠦᠨᠡᠯᠡᠨ ᠵᠢᠱᠢᠵᠦ ᠲᠣᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠲᠤ ᠣᠷᠣᠬᠤ ᠪᠠᠷ ᠭᠤᠶᠤᠴᠢᠯᠠᠭᠰᠠᠨ ᠠᠭᠤᠷᠬᠠᠢ ᠨᠤᠭᠤᠳ ᠨᠢ ᠠᠵᠤ | ᠠᠬᠤᠶᠢᠯᠠᠯ ᠤᠨ ᠢᠶᠠᠨ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠥᠪᠡᠷ ᠤᠨ ᠦᠨᠡᠯᠡᠵᠦ ᠵᠢᠱᠢᠭᠰᠡᠨ ᠮᠡᠳᠡᠭᠦᠯᠦᠯᠲᠡ ᠪᠠᠨ ᠳᠡᠪᠰᠢᠭᠦᠯᠵᠦ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠤᠷᠢᠨ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠲᠤᠬᠠᠶ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠤ ᠦᠨᠡᠯᠡᠨ ᠵᠢᠱᠢᠨ᠎ᠡ᠂ ᠱᠠᠭᠠᠷᠳᠠᠯᠭ᠎ᠠ ᠳᠤ | ᠨᠡᠶᠢᠴᠡᠭᠰᠡᠨ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠶᠢᠮᠠᠭ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠮᠡᠳᠡᠭᠦᠯᠵᠣ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠦᠭᠡᠢ ᠪᠣᠯ ᠠᠶᠢᠮᠠᠭ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠲᠤ ᠣᠷᠣᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠪᠣᠯᠬᠤ ᠣᠴᠢᠷ ᠠᠴᠠ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠪᠠᠴᠢᠮ ᠪᠠᠶᠢᠳᠠᠯ ᠢ ᠠᠷᠭᠠᠴᠠᠭᠠᠬᠤ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠨ᠎ᠡ᠃ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠳᠤ | ᠪᠠᠢᠴᠠᠭᠠᠯᠲᠠ ᠬᠢᠬᠦ ᠪᠠ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠩᠳᠠᠢ᠃ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠬᠤ ᠪᠤᠶᠤ ᠦᠨᠡᠯᠡᠨ | ᠵᠢᠱᠢᠭᠡᠳ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠦᠭᠡᠢ ᠠᠭᠤᠷᠬᠠᠢ ᠶᠢᠨ ᠠᠵᠤ ᠠᠬᠤᠶᠢᠯᠠᠯ ᠳᠤ᠂ ᠬᠠᠮᠢᠶ᠎ᠠ | ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠵᠤ᠂ ᠬᠠᠤᠯᠢ ᠴᠠᠭᠠᠵᠠ ᠠᠴᠠ | ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠬᠡᠨ ᠲᠣᠷᠭᠠᠨ᠎ᠠ᠃ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠴᠡᠭᠴᠡᠯᠡᠵᠦ ᠰᠠᠶᠢᠵᠢᠷᠠᠭᠤᠯᠤᠭᠰᠠᠨ ᠨᠢ ᠭᠦᠢᠴᠡᠣᠨ | ᠦᠭᠡᠢ ᠪᠣᠬᠢᠷᠲᠤᠯ ᠦᠭᠡᠢ ᠠᠭᠤᠷᠬᠠᠶ ᠶᠢ ᠲᠠᠰ ᠳᠠᠷᠠᠭᠠᠯᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠨᠡᠷᠡᠰ ᠠᠴᠠ ᠭᠠᠷᠭᠠᠵᠤ᠂ ᠲᠣᠬᠢᠷᠠᠯᠴᠠᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠲᠤᠶᠢᠯᠪᠤᠷᠢᠲᠠᠢ | ᠰᠠᠶᠢᠵᠢᠷᠠᠭᠤᠯᠬᠤ ᠳᠤ ᠬᠦᠴᠢᠷᠲᠡᠶ ᠠᠭᠤᠷᠬᠠᠢ ᠶᠢᠨ ᠠᠵᠤ ᠠᠬᠤᠶᠢᠯᠠᠯ ᠳᠤ᠂ ᠡᠯ᠎ᠡ ᠭᠠᠵᠠᠷ ᠣᠷᠣᠨ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠢ ᠰᠢᠭᠤᠶ ᠪᠠ ᠨᠤᠲᠤᠭ ᠪᠡᠯᠴᠢᠭᠡᠷ᠂ ᠡᠨᠧᠷᠭᠢ ᠂ ᠪᠠᠴᠢᠮ | ᠪᠠᠶᠢᠳᠠᠯ ᠢ ᠠᠷᠭᠠᠴᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠴᠠᠭᠠᠵᠠ ᠪᠠ | ᠠᠵᠤ ᠠᠬᠤᠢ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠶᠣᠰᠣᠭᠠᠷ ᠬᠠᠭᠠᠬᠤ ᠬᠡᠷᠩᠳᠠᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠪᠠᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠵᠢᠯ ᠪᠣᠯᠭᠠᠨ᠂ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠤᠳᠤᠷᠢᠳᠬᠤ ᠪᠠᠨ ᠴᠢᠩᠭᠠᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ | ᠴᠢᠬᠤᠯᠠᠴᠢᠯᠠᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠠᠮᠢᠶᠠᠷᠬᠤ ᠪᠠ | ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ | ᠪᠠᠶᠢᠭᠤᠯᠬᠤ ᠶᠢ ᠲᠦᠷᠭᠡᠳᠬᠡᠨ ᠠᠬᠢᠭᠤᠯᠬᠤ ᠬᠡᠷᠩᠳᠠᠢ᠃ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ | ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠤᠰᠤᠨ ᠠᠰᠢᠭᠯᠠᠯᠲᠠ ᠶᠢᠨ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠣᠷᠣᠯᠴᠠᠨ᠂ ᠪᠦᠬᠦ ᠣᠷᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠬᠤ ᠠᠵᠢᠯ ᠳᠤ ᠨᠢᠭᠡᠳᠦᠯᠲᠡᠶ ᠲᠥᠯᠥᠪᠯᠡᠵᠦ ᠵᠢᠭᠠᠨ ᠵᠢᠯᠣᠭᠤᠳᠬᠤ ᠶᠢ ᠬᠠᠷᠢᠭᠤᠴᠠᠵᠤ᠂ ᠪᠦᠬᠦ ᠣᠷᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠬᠤ ᠲᠠᠯ᠎ᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠵᠤ ᠰᠢᠢᠳᠪᠦᠷᠢᠯᠡᠨ᠎ᠡ᠃ ᠲᠤᠰᠬᠠᠶ ᠵᠦᠢᠯ ᠤᠨ ᠠᠵᠢᠯ ᠵᠣᠬᠢᠴᠠᠭᠤᠯᠬᠤ ᠠᠯᠪᠠᠨ ᠭᠡᠷ ᠢ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ᠬᠠᠷᠠᠭᠠᠯᠵᠠᠭᠰᠠᠨ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠣᠬᠢᠷᠲᠤᠯ ᠦᠭᠡᠢ | ᠠᠭᠤᠷᠬᠠᠢ ᠶᠢᠨ ᠲᠥᠯᠦᠪᠵᠢᠭᠦᠯᠭᠡ ᠪᠠ ᠠᠵᠢᠯ ᠤᠨ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠬᠤ ᠶᠢ ᠨᠢ ᠬᠠᠷᠢᠭᠤᠴᠠᠨ᠂ ᠪᠣᠬᠢᠷᠲᠤᠯ ᠥᠬᠡᠶ ᠠᠭᠤᠷᠬᠠᠶ ᠶᠢ | ᠪᠥᠲᠥᠭᠡᠨ ᠪᠠᠶᠢᠭᠤᠯᠬᠤ ᠬᠠᠷᠠᠯᠲᠠ ᠡᠭᠦᠷᠭᠡ᠂ ᠠᠵᠢᠯ ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠲᠥᠬᠦᠷ | ᠲᠥᠷᠥ ᠶᠢᠨ ᠪᠣᠳᠣᠯᠭ᠎ᠠ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠵᠡᠷᠭᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠶᠢᠨ ᠬᠠᠮᠲᠤ᠂ ᠨᠠᠶᠢᠳᠠᠪᠤᠷᠢᠵᠢᠭᠤᠯᠬᠤ ᠪᠠ | ᠬᠢᠨᠠᠯᠲᠠ ᠲᠠᠯᠪᠢᠬᠤ ᠶᠢ ᠰᠠᠶᠢᠲᠤᠷ ᠠᠳᠬᠤᠬᠤ ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠬᠤ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠡᠨᠧᠷᠭᠢ ᠶᠢᠨ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠢ ᠠᠵᠢᠯ ᠲᠥᠷᠥᠯ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠨᠢ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠᠨ ᠴᠢᠩᠳᠠᠯᠠᠬᠤ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ | ᠮᠥᠴᠢᠷ ᠨᠢ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠤᠨ ᠠᠷᠭ᠎ᠠ ᠶᠢ ᠵᠣᠬᠢᠶᠠᠨ ᠪᠠᠶᠢᠭᠤᠯᠵᠤ ᠰᠤᠳᠤᠯᠬᠤ ᠪᠠ ᠶᠡᠭᠡ ᠪᠠᠷ ᠳᠡᠯᠭᠡᠷᠡᠭᠦᠯᠬᠦ ᠶᠢ ᠬᠠᠷᠢᠭᠤᠴᠠᠵᠤ᠂ | ᠦᠯᠡᠳᠡᠭᠳᠡᠯ ᠠᠭᠤᠷᠬᠠᠢ ᠶᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠲᠣᠭᠲᠠᠭᠠᠨ᠂ ᠬᠤᠯᠪᠣᠭᠳᠠᠯ ᠪᠦᠬᠦᠢ ᠲᠥᠷᠥ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ | ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠰᠦᠪ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ᠂ | ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ᠂ ᠭᠤᠷᠪᠠᠳᠠᠬᠢ ᠡᠲᠡᠭᠡᠳ ᠢᠶᠠᠷ ᠦᠨᠡᠯᠡᠨ ᠵᠢᠱᠢᠭᠦᠯᠬᠦ᠂ ᠪᠣᠬᠢᠷᠲᠤᠯ ᠦᠭᠡᠢ ᠠᠭᠤᠷᠬᠠᠶ ᠳᠤ ᠱᠠᠩᠨᠠᠬᠤ ᠵᠠᠷᠤᠳᠠᠯ ᠢ ᠨᠢ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦᠨ ᠤ ᠳᠦᠷᠢᠮ ᠤᠨ ᠲᠥᠷᠥ ᠶᠢᠨ | ᠪᠣᠳᠣᠯᠭ᠎ᠠ ᠶᠢ ᠲᠣᠭᠲᠠᠭᠠᠬᠤ ᠳᠤ ᠬᠠᠮᠵᠢᠯᠴᠠᠵᠤ ᠰᠠᠶᠢᠲᠤᠷ ᠬᠢᠬᠦ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠣᠬᠢᠷᠲᠤᠯ ᠦᠭᠡᠢ | ᠠᠭᠤᠷᠬᠠᠢ ᠶᠢᠨ ᠡᠳᠦᠷ ᠲᠤᠲᠤᠮ ᠤᠨ ᠠᠵᠢᠯ ᠪᠠ ᠨᠡᠷᠡᠰ ᠤᠨ ᠳᠠᠩᠰᠠ ᠶᠢᠨ ᠬᠠᠮᠢᠶᠠᠷᠤᠯᠲᠠ ᠶᠢ ᠬᠠᠷᠢᠭᠤᠴᠠᠨ᠂ ᠮᠡᠷᠭᠡᠵᠢᠯ ᠤᠨ ᠪᠠᠷᠢᠮᠵᠢᠶ᠎ᠠ ᠶᠢ ᠲᠦᠷᠦᠭᠦᠯᠡᠨ | ᠲᠣᠭᠲᠠᠭᠠᠵᠤ᠂ ᠪᠣᠬᠢᠷᠲᠤᠯ ᠥᠬᠡᠶ ᠠᠭᠤᠷᠬᠠᠶ ᠵᠢᠴᠢ ᠬᠦᠷᠦᠰᠦᠨ ᠳᠠᠪᠬᠤᠷᠭ᠎ᠠ ᠶᠢᠨ ᠣᠷᠴᠢᠨ ᠲᠣᠭᠤᠷᠢᠨ ᠤ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ᠂ ︽ | ᠭᠤᠷᠪᠠᠨ ᠨᠣᠷᠮ᠎ᠠ︾ ᠶᠢᠨ ᠭᠦᠢᠴᠡᠳᠬᠡᠯ ᠲᠤᠭ᠎ᠠ ᠪᠠᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ | ᠮᠥᠴᠢᠷ ᠨᠢ ᠠᠭᠤᠷᠬᠠᠢ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠵᠢᠴᠢ ᠪᠣᠬᠢᠷᠲᠤᠯ ᠪᠣᠳᠠᠰ ᠢ ᠪᠠᠷᠢᠮᠵᠢᠶ᠎ᠠ ᠶᠣᠰᠣᠭᠠᠷ ᠭᠠᠳᠠᠭᠰᠢᠯᠠᠭᠤᠯᠬᠤ ᠠᠵᠢᠯ ᠳᠤ ᠬᠢᠨᠠᠯᠲᠠ | ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠲᠡᠢ ᠠᠬᠢᠭᠤᠯᠬᠤ ᠬᠡᠷᠩᠳᠠᠢ᠃ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠨᠢ ᠠᠭᠤᠷᠬᠠᠶ ᠨᠡᠭᠡᠭᠡᠨ ᠮᠠᠯᠲᠠᠬᠤ ᠳᠤ ᠬᠡᠷᠡᠭᠯᠡᠬᠦ ᠤᠰᠤ ᠶᠢ ᠬᠠᠮᠢᠶᠠᠷᠬᠤ ᠪᠠ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠪᠡᠶ᠎ᠡ ᠶᠢᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠵᠤ᠂ ᠬᠠᠮᠢᠶ᠎ᠠ ᠪᠦᠬᠦᠢ | ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠬᠠᠷᠠᠯᠲᠠᠲᠤ ᠬᠠᠷᠢᠭᠤᠴᠠᠯᠭ᠎ᠠ ᠳᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠪᠣᠬᠢᠷᠳᠤᠯ | ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠪᠠ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠤᠨ ᠬᠢᠨᠠᠨ | ᠰᠢᠯᠭᠠᠬᠤ ᠵᠣᠬᠢᠴᠠᠩᠭᠤᠢ ᠠᠷᠭ᠎ᠠ ᠶᠢ ᠲᠣᠭᠲᠠᠭᠠᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠤᠨ ᠪᠡᠶᠡᠯᠡᠭᠦᠯᠦᠭᠰᠡᠨ ᠪᠠᠶᠢᠳᠠᠯ ᠢᠶᠠᠨ ᠵᠢᠯ ᠤᠨ | ᠡᠴᠦᠰ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠤᠭᠰᠠᠨ | ᠠᠬᠢᠴᠠ ᠵᠢᠴᠢ ᠦᠷ᠎ᠡ ᠪᠦᠲᠦᠮᠵᠢ ᠳᠤ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠭᠤᠤᠯ ᠪᠣᠯᠬᠤ ᠬᠠᠷᠠᠯᠲᠠ ᠶᠢᠨ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠡᠭᠦᠷᠭᠡ | ᠂ ᠴᠢᠬᠤᠯᠠ ᠶᠡᠭᠡ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠣᠬᠢᠷᠲᠤᠯ | ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠠᠵᠢᠯ ᠳᠤ ᠡᠭᠦᠷᠭᠡ ᠬᠠᠷᠢᠭᠤᠴᠠᠯᠭ᠎ᠠ ᠪᠠᠨ ᠠᠯᠳᠠᠭᠰᠠᠨ ᠪᠠᠶᠢᠪᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠠᠷᠢᠭᠤᠴᠠᠯᠭ᠎ᠠ ᠬᠡᠯᠡᠯᠴᠡᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠂ ︽ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠤ ᠰᠢᠢᠳᠬᠡᠯ ᠥᠭᠬᠦ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠲᠤᠯᠭᠠᠨ | ᠬᠡᠯᠡᠯᠴᠡᠬᠦ ᠬᠡᠷᠡᠭᠲᠡᠢ᠃ | ︵ᠳᠥᠷᠪᠡ︶ ᠰᠣᠨᠢᠨ ᠮᠡᠳᠡᠭᠡᠨ ᠤ ᠤᠬᠠᠭᠤᠯᠵᠤ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠪᠣᠬᠢᠷᠲᠤᠯ | ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠠᠪᠴᠠᠩ ᠵᠢᠴᠢ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ ᠤᠨ | ᠡᠬᠢ ᠪᠠᠶᠠᠯᠢᠭ ᠢ ᠭᠦᠢᠴᠡᠳ ᠠᠰᠢᠭᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠠ ᠠᠬᠢᠯᠲᠠ ᠶᠢᠨ ᠦᠷ᠎ᠡ | ᠪᠦᠲᠦᠮᠵᠢ ᠶᠢ ᠥᠷᠭᠡᠨ ᠢᠶᠠᠷ ᠤᠬᠠᠭᠤᠯᠤᠨ᠂ ᠶᠠᠷᠢᠶ᠎ᠠ ᠬᠡᠯᠡᠯᠴᠡᠭᠡ ᠪᠠᠷ ᠤᠬᠠᠭᠤᠯᠵᠤ ᠬᠦᠲᠦᠯᠦᠨ ᠵᠢᠯᠣᠭᠤᠳᠬᠤ ᠶᠢ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ | ᠪᠦᠲᠦᠭᠡᠨ ᠪᠠᠶᠢᠭᠤᠯᠬᠤ ᠲᠠᠯ᠎ᠠ ᠳᠠᠬᠢ ᠪᠦᠬᠦ ᠨᠡᠶᠢᠭᠡᠮ ᠢᠯᠠᠩᠭᠤᠶ᠎ᠠ ᠠᠭᠤᠷᠬᠠᠶ ᠶᠢᠨ ᠠᠵᠤ ᠠᠬᠤᠶᠢᠯᠠᠯ ᠤᠨ ᠦᠵᠡᠯ ᠲᠠᠨᠢᠯᠲᠠ ᠶᠢ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ | ᠡᠲᠡᠭᠡᠳ ᠲᠤ ᠪᠣᠬᠢᠷᠲᠤᠯ ᠦᠭᠡᠶ ᠠᠭᠤᠷᠬᠠᠶ ᠶᠢ ᠣᠶᠢᠯᠠᠭᠠᠭᠤᠯᠵᠤ᠂ ᠪᠣᠬᠢᠷᠲᠤᠯ ᠦᠭᠡᠶ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠳᠡᠮᠵᠢᠯᠭᠡ | ᠦᠵᠡᠭᠦᠯᠬᠦ ᠪᠠ ᠣᠷᠣᠯᠴᠠᠭᠤᠯᠬᠤ ᠬᠡᠷᠡᠭᠲᠡᠶ᠃ | ᠲᠣᠰ ᠲᠥᠰᠦᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 111 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ |