1 ᠳ᠋ᠦ᠋ᠭᠡᠷ ᠰᠠᠷ᠎ᠠ ᠶᠢᠨ 13 ᠤ ᠡᠳᠦᠷ᠂ 2020 ᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ | ᠪᠡᠶᠡᠯᠡᠭᠦᠯᠦᠭᠰᠡᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2020 ᠣᠨ ᠳᠤ ᠮᠠᠨ ᠤ ᠣᠷᠣᠨ ᠠᠷᠭ᠎ᠠ ᠪᠦᠬᠦᠨ ᠢ | ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠤᠭᠰᠠᠨ ᠬᠦᠮᠦᠨ | 23.22 ᠲᠦᠮᠡ ᠨᠡᠮᠡᠭᠳᠡᠵᠦ᠂ ᠣᠨ ᠤ ᠬᠠᠷᠠᠯᠲᠠ ᠪᠠᠨ 105.5 % ᠪᠠᠷ ᠪᠡᠶᠡᠯᠡᠭᠦᠯᠪᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ | 3.8 % ᠪᠣᠯᠵᠤ᠂ ᠣᠨ ᠤ ᠬᠢᠵᠠᠭᠠᠷᠯᠠᠬᠤ ᠬᠠᠷᠠᠯᠲᠠ ᠠᠴᠠ 0.7 ᠵᠠᠭᠤᠨ ᠤ ᠴᠡᠭ ᠳᠣᠤᠷ᠎ᠠ ᠪᠣᠯᠵᠤ᠂ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ | ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠵᠢᠱᠢᠯᠲᠡ ᠠᠴᠠ ᠰᠠᠶᠢᠨ ᠪᠣᠯᠪᠠ᠃ | 2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠢᠯ ᠣᠯᠭᠤᠯᠲᠠ ᠶᠢᠨ ᠠᠵᠢᠯ ᠳᠤ ᠤᠷᠢᠳ ᠡᠮᠦᠨ᠎ᠡ ᠪᠠᠶᠢᠭ᠎ᠠ | ᠦᠭᠡᠢ ᠥᠷᠢᠰᠥᠯᠳᠦᠭᠡᠨ ᠠᠪᠴᠢᠷᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ | ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠯᠡᠬᠦ᠂ | ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠥᠷᠭᠡᠳᠬᠡᠬᠦ ᠶᠢ ᠵᠡᠷᠭᠡ ᠪᠠᠷ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 20 ᠵᠤᠷᠪᠤᠰ᠂ ᠬᠢᠵᠢᠭ ᠤᠨ ᠪᠠᠶᠢᠳᠠᠯ ᠤᠨ ᠨᠦᠯᠦᠭᠡ ᠶᠢ ᠠᠷᠭᠠᠴᠠᠭᠠᠬᠤ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠶᠢ ᠴᠢᠩᠭᠠᠳᠬᠠᠬᠤ 28 ᠵᠣᠷᠪᠤᠰ ᠢᠶᠠᠷ ᠶᠡᠷᠦᠩᠬᠡᠢ ᠬᠦᠲᠦᠯᠪᠦᠷᠢ ᠪᠣᠯᠭᠠᠵᠤ᠂ ᠠᠵᠢᠯ ᠣᠯᠭᠤᠯᠲᠠ ᠶᠢᠨ ᠦᠶᠯᠡᠴᠢᠯᠡᠭᠡ᠂ ᠠᠵᠢᠯ ᠠᠯᠳᠠᠭᠰᠠᠨ | ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠠᠵᠢᠯ ᠣᠯᠭᠤᠬᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ | ᠠᠵᠢᠯ ᠤᠨ ᠪᠠᠶᠢᠷᠢ ᠳᠤ ᠨᠢ ᠪᠤᠴᠠᠭᠠᠨ ᠠᠵᠢᠯ ᠰᠡᠷᠭᠦᠭᠡᠬᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠣᠷᠢᠭᠵᠢᠭᠤᠯᠤᠨ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠣᠴᠢᠭᠤᠯᠤᠨ ᠠᠵᠢᠯᠯᠠᠭᠤᠯᠬᠤ ᠵᠡᠷᠭᠡ ᠶᠢ ᠴᠢᠩᠭᠠᠳᠬᠠᠬᠤ ᠪᠠᠷ ᠭᠠᠷᠳᠠᠯ ᠪᠣᠯᠭᠠᠭᠰᠠᠨ ᠰᠢᠷᠢᠰ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠠᠵᠢᠯ ᠤᠯᠭᠤᠯᠲᠠ ᠳᠤ ᠦᠢᠯᠡᠴᠢᠯᠡᠬᠦ ᠶᠢ ᠴᠢᠩᠭᠠᠷᠠᠭᠤᠯᠤᠨ᠂ ᠠᠵᠢᠯ ᠣᠯᠭᠤᠬᠤ ᠦᠶᠯᠡᠰ | ᠴᠣᠭᠴᠠᠯᠠᠬᠤ ᠦᠶᠯᠡᠴᠢᠯᠡᠭᠡᠨ ᠤ ᠪᠡᠷᠬᠡ ᠰᠡᠳᠦᠪ ᠢ ᠰᠢᠶᠳᠪᠦᠷᠢᠯᠡᠬᠦ ᠤᠯᠠᠷᠢᠯ ᠤᠨ ᠠᠵᠢᠯᠯᠠᠭ᠎ᠠ ᠶᠢ ᠦᠷᠨᠢᠭᠦᠯᠵᠦ᠂ ᠪᠥᠬᠦ ᠣᠷᠣᠨ ᠳᠤ ᠡᠯ᠎ᠡ ᠲᠥᠷᠥᠯ ᠤᠨ ᠠᠵᠢᠯᠲᠠᠨ | ᠡᠯᠰᠡᠬᠦ ᠴᠤᠭᠯᠠᠭᠠᠨ ᠢ ᠨᠡᠶᠢᠲᠡ 596 ᠲᠠᠯᠠᠪᠠᠶ ᠡᠷᠭᠢᠯᠡᠪᠡ᠃ 12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 13.96 ᠲᠦᠮᠡᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠵᠤ᠂ ᠣᠨ ᠤ ᠲᠦᠯᠦᠪᠯᠡᠭᠡ ᠪᠠᠨ 107 % ᠪᠠᠷ ᠪᠡᠶᠡᠯᠡᠭᠦᠯᠪᠡ᠃ | ᠮᠠᠯᠵᠢᠬᠤ ᠲᠠᠷᠢᠶᠠᠯᠠᠬᠤ ᠣᠷᠣᠨ ᠤ 248.2 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠᠲᠤ ᠡᠭᠦᠷᠭᠡ ᠪᠠᠨ 101 % ᠪᠠᠷ | ᠪᠡᠶᠡᠯᠡᠭᠦᠯᠪᠡ᠃ ᠠᠵᠢᠯ ᠤᠯᠬᠤ ᠳᠤ ᠬᠦᠴᠢᠷᠲᠡᠢ 7.38 ᠲᠦᠮᠡᠨ ᠬᠦᠮᠦᠰ ᠲᠤ ᠠᠵᠢᠯ ᠣᠯᠭᠤᠵᠤ᠂ ᠣᠨ ᠤ ᠲᠥᠯᠥᠪᠯᠡᠭᠡ ᠪᠠᠨ 147.6 % ᠪᠠᠷ ᠪᠡᠶᠡᠯᠡᠭᠦᠯᠪᠡ᠃ | ᠠᠵᠢᠯ ᠠᠯᠳᠠᠭᠰᠠᠨ 10.45 ᠲᠦᠮᠡᠨ ᠬᠦᠮᠦᠨ ᠳᠤ ᠳᠠᠬᠢᠨ ᠠᠵᠢᠯ ᠣᠯᠭᠤᠵᠤ᠂ ᠣᠨ ᠤ ᠲᠥᠯᠥᠪᠯᠡᠭᠡ ᠪᠠᠨ 209 % ᠪᠠᠷ ᠪᠡᠶᠡᠯᠡᠭᠦᠯᠪᠡ᠃ | ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠱᠠᠲᠤᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠦᠨ ᠬᠤᠶᠢᠰᠢᠯᠠᠭᠤᠯᠬᠤ᠂ ᠠᠵᠢᠯ ᠠᠯᠳᠠᠭᠰᠠᠨ | ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠠᠵᠢᠯ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ | ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠪᠠ ᠠᠵᠢᠯ ᠠᠯᠳᠠᠭᠰᠠᠨ ᠳᠠᠭᠠᠳᠬᠠᠯ ᠵᠡᠷᠭᠡ ᠭᠤᠷᠪᠠᠨ ᠵᠦᠶᠯ ᠤᠨ ᠨᠡᠶᠢᠭᠡᠮ ᠤᠨ ᠳᠠᠭᠠᠳᠬᠠᠯ ᠤᠨ | ᠨᠢᠭᠡᠴᠢ ᠶᠢᠨ ᠲᠤᠰᠢᠶᠠᠬᠤ ᠰᠦᠶᠳᠬᠡᠯ ᠢ 158.1 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ 7.1 ᠲᠦᠮᠡᠨ ᠠᠵᠤ ᠠᠬᠤᠶᠢᠯᠠᠯ ᠳᠤ ᠠᠰᠢᠭ ᠬᠦᠷᠲᠡᠭᠡᠪᠡ᠃ | 2.44 ᠲᠦᠮᠡᠨ ᠡᠷᠦᠬᠡ ᠠᠵᠤ ᠠᠬᠤᠶᠢᠯᠠᠯ ᠳᠤ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠢ ᠨᠡᠶᠢᠲᠡ 18.8 ᠳ᠋ᠦᠩᠰᠢᠭᠤᠷ ᠲᠥᠭᠦᠷᠢᠭ ᠪᠤᠴᠠᠭᠠᠨ ᠥᠭᠴᠦ᠂ | 171.8 ᠲᠦᠮᠡᠨ ᠠᠵᠢᠯᠴᠢᠨ ᠳᠤ ᠠᠰᠢᠭ ᠬᠦᠷᠲᠡᠭᠡᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠪᠠ ᠵᠣᠬᠢᠶᠠᠨ | ᠪᠠᠶᠢᠭᠤᠯᠤᠨ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠪᠣᠯᠪᠠᠰᠤᠷᠠᠭᠤᠯᠤᠯ ᠤᠨ ᠨᠦᠬᠦᠪᠦᠷᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠠᠪᠴᠠᠩ 199 ᠶᠢ ᠨᠡᠭᠡᠭᠡᠵᠦ᠂ ᠨᠦᠬᠦᠪᠦᠷᠢ ᠶᠢᠨ ᠴᠢᠨᠠᠷᠲᠠᠶ ᠪᠣᠯᠪᠠᠰᠤᠷᠠᠭᠤᠯᠤᠯ ᠢ 81.3 | ᠲᠦᠮᠡᠨ ᠬᠦᠮᠦᠨ ᠤᠳᠠᠭ᠎ᠠ ᠪᠡᠶᠡᠯᠡᠭᠦᠯᠦᠨ᠂ ᠨᠦᠬᠦᠪᠦᠷᠢ ᠶᠢᠨ ᠪᠠᠯᠠ ᠮᠥᠩᠭᠦ ᠶᠢ 9.98 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠪᠥᠬᠦ ᠵᠢᠯ ᠳᠤ 25 ᠲᠦᠮᠡᠨ | ᠬᠥᠮᠦᠨ ᠤᠳᠠᠭ᠎ᠠ ᠪᠡᠶᠡᠯᠡᠭᠦᠯᠬᠦ ᠬᠠᠷᠠᠯᠲᠠᠲᠤ ᠡᠭᠦᠷᠭᠡ ᠪᠠᠨ 325.2 % ᠢᠶᠠᠷ ᠪᠡᠶᠡᠯᠡᠭᠦᠯᠪᠡ᠃ |