ᠥᠪᠥᠷ ᠵᠠᠰᠠᠭ ᠠᠯᠪᠠᠨ ᠲᠠᠷᠬᠠᠭᠠᠭᠰᠠᠨ ︹2020︺ 39 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶︾ ᠢ ᠲᠠ | ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2020 ᠣᠨ ᠤ 12 ᠳ᠋ᠤᠭᠠᠷ ᠰᠠᠷ᠎ᠠ ᠶᠢᠨ 6 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶ | | | ︽ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠠᠬᠢᠭᠤᠯᠵᠤ ᠰᠦᠨ ᠤ ᠪᠦᠲᠦᠬᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠪᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 9 ᠶᠠᠮᠤᠨ ᠵᠥᠪᠯᠡᠯ ᠤᠨ ︽ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠤᠯᠠᠮ ᠨᠢᠭᠡ ᠠᠯᠬᠤᠮ | ᠠᠬᠢᠭᠤᠯᠬᠤ ᠲᠤᠬᠠᠶ ᠰᠠᠨᠠᠯ ᠤᠳ︾ ︵ᠲᠠᠷᠢᠶᠠᠯᠠᠩ ᠮᠠᠯ ᠲᠠᠷᠬᠠᠭᠠᠭᠰᠠᠨ ﹇2018﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠣᠷᠣᠨ ᠳᠤ | ᠮᠢᠩᠭᠠᠨ ᠳ᠋ᠦᠩᠰᠢᠭᠤᠷ ᠲᠠᠰ ᠤᠨ ᠰᠦ ᠶᠢᠨ ᠠᠵᠤ ᠦᠢᠯᠡᠰ ᠬᠥᠭᠵᠢᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠲᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠤᠷᠢᠳ ᠢᠶᠠᠷ | ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠭᠤᠤᠯ ᠪᠣᠯᠭᠠᠵᠤ᠂ ᠰᠦᠨ ᠤ ᠪᠦᠲᠦᠬᠡᠭᠳᠡᠬᠦᠨ ᠤ | ᠬᠥᠲᠥᠴᠢ ᠠᠵᠤ ᠠᠬᠤᠶᠢᠯᠠᠯ ᠤᠨ ᠳᠡᠯᠡᠬᠡᠶᠢᠵᠢᠯᠲᠡ᠂ ᠰᠦ ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠵᠢᠯᠲᠡ ᠪᠠ ᠦᠨᠳᠦᠰᠦᠲᠡᠨ ᠤ ᠰᠦ | ᠴᠠᠭᠠᠨ ᠢᠳᠡᠭᠡᠨ ᠤ ᠣᠨᠴᠠᠯᠢᠭ ᠲᠠᠢ ᠬᠥᠭᠵᠢᠯᠲᠡ ᠶᠢᠨ ᠨᠢᠭᠡ ᠴᠣᠭᠴᠠ ᠪᠣᠯᠬᠤ ᠶᠢ ᠨᠢ ᠠᠬᠢᠭᠤᠯᠤᠨ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠤᠭᠰᠠᠨ᠂ | ᠲᠣᠭᠠᠴᠢᠯᠠᠬᠤ ᠪᠠ ᠣᠶᠣᠨᠴᠢᠯᠠᠬᠤ ᠪᠠᠷ ᠬᠥᠳᠡᠯᠭᠡᠭᠦᠷ ᠪᠣᠯᠭᠠᠭᠰᠠᠨ᠂ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠳᠡᠯᠡᠬᠡᠶ ᠶᠢᠨ ᠲᠠᠰ ᠤᠨ ᠠᠵᠤ ᠦᠢᠯᠡᠰ ᠤᠨ | ᠪᠥᠯᠥᠭᠵᠢᠯ ᠢ ᠪᠣᠢ ᠪᠣᠯᠭᠠᠵᠤ᠂ ᠮᠠᠨ ᠤ ᠤᠯᠤᠰ ᠤᠨ ᠰᠦ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠰᠦ ᠶᠢᠨ ᠦᠢᠯᠡᠰ ᠤᠨ ᠪᠦᠬᠦ ᠲᠠᠯ᠎ᠠ ᠪᠠᠷ | ᠬᠥᠭᠵᠢᠨ ᠮᠠᠨᠳᠤᠬᠤ ᠶᠢ ᠪᠡᠶᠡᠯᠡᠭᠦᠯᠬᠦ ᠳᠤ ᠵᠢᠱᠢᠶ᠎ᠡ ᠦᠵᠡᠭᠦᠯᠬᠦ᠂ ᠳᠠᠶᠢᠴᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠨ᠎ᠡ᠃ | ︵ᠬᠤᠶᠠᠷ︶ ᠠᠵᠢᠯᠯᠠᠭᠠᠨ ᠤ ᠬᠠᠷᠠᠯᠲᠠ᠃ ᠲᠡᠷᠢᠭᠦᠨ ᠳᠡᠰ ᠤᠨ ᠦᠷ᠎ᠡ ᠡᠭᠦᠯᠳᠡᠷ ᠤᠨ ᠢᠷᠡᠯᠲᠡ᠂ ᠲᠡᠵᠢᠭᠡᠯ ᠡᠪᠡᠰᠦ ᠪᠣᠷᠳᠤᠭ᠎ᠠ᠂ ᠰᠦ ᠶᠢᠨ ᠢᠷᠡᠯᠲᠡ ᠶᠢᠨ | ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠲᠡᠷᠢᠭᠦᠨ ᠳᠡᠰ ᠤᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠣᠢ ᠪᠣᠯᠭᠠᠨ᠂ ᠲᠡᠷᠢᠭᠦᠨ ᠳᠡᠰ ᠤᠨ ᠪᠦᠲᠦᠭᠡᠭᠳᠡᠬᠦᠨ ᠢ | ᠪᠦᠲᠦᠭᠡᠵᠦ᠂ ᠲᠡᠷᠢᠭᠦᠨ ᠳᠡᠰ ᠤᠨ ᠨᠡᠷᠡᠲᠦ ᠲᠡᠮᠳᠡᠭ ᠢ ᠡᠭᠦᠳᠦᠨ᠂ 2022 ᠣᠨ ᠪᠣᠯᠬᠤ ᠳᠤ᠂ ᠰᠠᠭᠠᠯᠢ ᠶᠢᠨ ᠮᠠᠯ ᠤᠨ ᠲᠤᠭ᠎ᠠ ᠲᠣᠯᠣᠭᠠᠢ ᠶᠢ 215 ᠲᠦᠮᠡ ᠳᠤ | ᠬᠦᠷᠭᠡᠵᠦ᠂ ᠰᠦ ᠶᠢᠨ ᠭᠠᠷᠤᠯᠲᠠ ᠶᠢ 720 ᠲᠦᠮᠡᠨ ᠲᠣᠨ ᠳᠤ ᠬᠦᠷᠭᠡᠨ᠎ᠡ᠃ ᠪᠦᠬᠦ ᠠᠵᠤ ᠦᠢᠯᠡᠰ ᠤᠨ ᠬᠡᠯᠬᠢᠶᠡᠨ ᠳᠠᠬᠢ ᠪᠦᠲᠦᠬᠡᠭᠳᠡᠬᠦᠨ ᠤ ᠥᠷᠲᠡᠭ ᠢ 2100 | ᠳ᠋ᠦᠩᠰᠢᠭᠤᠷ ᠲᠥᠭᠦᠷᠢᠭ ᠲᠤ ᠬᠦᠷᠭᠡᠵᠦ᠂ ᠪᠦᠬᠦ ᠤᠯᠤᠰ ᠲᠤ ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠡᠩ ᠲᠡᠷᠢᠭᠦᠨ ᠳᠤ ᠪᠡᠶᠡᠯᠡᠭᠦᠯᠦᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠡᠷᠢᠭᠦᠨ ᠳᠡᠰ ᠤᠨ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | 1. ᠦᠷ᠎ᠡ ᠡᠭᠦᠯᠳᠡᠷ ᠬᠠᠮᠲᠤᠷᠠᠨ ᠪᠤᠶᠢᠵᠢᠭᠤᠯᠬᠤ ᠰᠢᠪᠲᠤᠯᠤᠯᠲᠠ ᠶᠢᠨ ᠠᠵᠢᠯ ᠢ ᠥᠷᠨᠢᠭᠦᠯᠦᠨ᠎ᠡ᠃ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠤᠨ | ᠰᠢᠪᠲᠤᠯᠤᠯᠲᠠ ᠶᠢᠨ ᠠᠵᠢᠯ ᠤᠨ ᠲᠤᠰᠬᠠᠶ ᠮᠡᠷᠭᠡᠵᠢᠯᠲᠡᠨ ᠤ ᠬᠠᠮᠲᠤᠷᠠᠭᠰᠠᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠣᠷᠣᠨ ᠤ ᠳᠣᠲᠣᠷᠠᠬᠢ ᠳᠠᠭᠠᠭᠤᠯᠤᠭᠴᠢ ᠠᠵᠤ | ᠠᠬᠤᠶᠢᠯᠠᠯ ᠢᠶᠠᠷ ᠲᠦᠷᠦᠭᠦᠯᠡᠭᠦᠯᠦᠨ᠂ ᠲᠡᠷᠢᠭᠦᠨ ᠰᠢᠨᠵᠢᠯᠡᠬᠦ ᠤᠬᠠᠭᠠᠨᠲᠠᠨ ᠨᠠᠷ ᠮᠡᠷᠭᠡᠵᠢᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠵᠤ᠂ ᠡᠭᠦᠯᠳᠡᠷ ᠪᠤᠶᠢᠵᠢᠭᠤᠯᠬᠤ | ᠠᠵᠤ ᠠᠬᠤᠶᠢᠯᠠᠯ᠂ ᠶᠡᠭᠡ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠡᠯ᠎ᠡ ᠲᠠᠯ᠎ᠠ ᠶᠢᠨ ᠬᠦᠴᠦᠨ ᠣᠷᠣᠯᠴᠠᠭᠰᠠᠨ᠂ ᠬᠠᠮᠲᠤᠷᠠᠨ ᠰᠢᠪᠲᠤᠯᠤᠯᠲᠠ ᠬᠢᠬᠦ ᠡᠭᠦᠷᠭᠡ ᠶᠢ ᠬᠠᠮᠲᠤ ᠪᠠᠷ ᠨᠠᠶᠢᠳᠠᠪᠤᠷᠢᠵᠢᠭᠤᠯᠤᠨ᠎ᠠ᠃ 2022 ᠣᠨ | ᠪᠣᠯᠬᠤ ᠳᠤ᠂ ᠤᠯᠤᠰ ᠤᠨ ᠳᠣᠲᠣᠭᠠᠳᠤ ᠳᠤ ᠲᠡᠷᠢᠭᠦᠯᠡᠭᠰᠡᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠤᠭᠰᠠᠨ ᠳ᠋ᠠᠶᠢᠲ᠋ᠠ ᠶᠢ ᠴᠤᠭᠯᠠᠭᠤᠯᠬᠤ ᠪᠠ ᠤᠳᠤᠮᠰᠢᠯ ᠢ | ᠦᠨᠡᠯᠡᠨ ᠵᠢᠱᠢᠬᠦ ᠲᠠᠪᠴᠠᠩ᠂ ᠥᠨᠳᠥᠷ ᠦᠷ᠎ᠡ ᠪᠦᠲᠦᠮᠵᠢᠲᠡᠢ ᠲᠦᠷᠭᠡᠨ ᠨᠡᠮᠡᠭᠳᠡᠭᠦᠯᠵᠦ ᠦᠷᠡᠵᠢᠭᠦᠯᠬᠦ ᠠᠵᠤ ᠦᠢᠯᠡᠰᠴᠢᠯᠡᠭᠰᠡᠨ ᠮᠡᠷᠭᠡᠵᠢᠯ ᠤᠨ ᠲᠠᠪᠴᠠᠩ᠂ ᠦᠷ᠎ᠡ ᠶᠢᠨ | ᠴᠣᠭᠴᠠ ᠳᠤ ᠰᠢᠨ᠎ᠡ ᠡᠭᠦᠳᠦᠯᠲᠡ ᠪᠠᠷ ᠲᠤᠯᠭᠠᠭᠤᠷᠢᠯᠠᠭᠰᠠᠨ ᠬᠠᠮᠲᠤ ᠳᠤ ᠪᠠᠨ ᠬᠦᠷᠲᠡᠬᠦ ᠲᠠᠪᠴᠠᠩ ᠵᠢᠴᠢ ᠰᠠᠭᠠᠯᠢ ᠶᠢᠨ ᠦᠨᠢᠶᠡᠨ ᠤ ᠰᠢᠯᠢᠳᠡᠭ ᠰᠠᠶᠢᠨ ᠦᠷ᠎ᠡ ᠶᠢᠨ | ᠴᠣᠭᠴᠠ ᠶᠢᠨ ᠦᠵᠡᠭᠦᠯᠭᠡ ᠬᠢᠭᠡᠳ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠶ ᠪᠣᠯᠬᠤᠷ᠂ ᠳᠣᠷᠣᠭᠰᠢ ᠳᠠᠭᠢᠵᠤ ᠵᠢᠭᠰᠠᠭᠠᠵᠤ ᠲᠣᠳᠣᠷᠬᠠᠢᠯᠠᠬᠤ ᠥᠬᠡᠶ︶ | 2. ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ ᠬᠤᠰᠲ᠋ᠠᠨ ᠰᠠᠭᠠᠯᠢ ᠶᠢᠨ ᠦᠨᠢᠶ᠎ᠡ᠂ ᠰᠠᠭᠠᠯᠢ ᠪᠠ | ᠠᠯᠠᠰᠢᠨ ᠤ ᠰᠢᠮᠡᠨ᠋ᠳᠡᠷ ᠦᠬᠡᠷ ᠪᠠ ᠭᠤᠷᠪᠠᠨ ᠭᠤᠤᠯ ᠤᠨ ᠦᠬᠡᠷ ᠤᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠵᠤ᠂ ᠪᠦᠬᠦ ᠣᠷᠣᠨ ᠤ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯᠯᠠᠬᠤ ᠰᠦᠷᠦᠭᠵᠢᠯ ᠢ ᠵᠣᠬᠢᠶᠠᠨ ᠪᠠᠶᠢᠭᠤᠯᠤᠨ᠎ᠠ᠃ 2022 ᠣᠨ | ᠪᠣᠯᠬᠤ ᠳᠤ᠂ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠨᠢ ᠵᠢᠯ ᠪᠦᠷᠢ ᠡᠭᠦᠯᠳᠡᠷ ᠤᠨ ᠪᠤᠬᠠᠨ ᠤ ᠥᠷᠲᠡᠭᠡ ᠳᠤ ᠪᠡᠶ᠎ᠡ ᠪᠠᠨ ᠳᠠᠭᠠᠭᠠᠵᠤ ᠡᠭᠦᠯᠳᠡᠷ | ᠪᠣᠶᠢᠵᠢᠭᠤᠯᠤᠭᠰᠠᠨ ᠪᠤᠬ᠎ᠠ ᠶᠢ 5 ᠠᠴᠠ ᠢᠯᠡᠭᠦᠦ ᠬᠠᠩᠭᠠᠵᠤ᠂ ᠭᠤᠤᠯᠯᠠᠬᠤ ᠡᠭᠦᠯᠳᠡᠷ ᠤᠨ ᠢᠷᠡᠯᠲᠡ ᠶᠢᠨ ᠥᠪᠡᠰᠦᠪᠡᠨ ᠬᠠᠩᠭᠠᠬᠤ ᠨᠣᠷᠮ᠎ᠠ ᠶᠢ ᠢᠯᠡᠳᠲᠡ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠦᠵᠦᠭᠦᠷᠯᠡᠬᠦ ᠳᠡᠰ ᠤᠨ ᠪᠤᠬ᠎ᠠ ᠶᠢ ᠪᠤᠶᠢᠵᠢᠭᠤᠯᠤᠨ᠎ᠠ᠃ ᠳᠡᠯᠡᠬᠡᠶ ᠶᠢᠨ ᠦᠵᠦᠭᠦᠷᠯᠡᠬᠦ ᠲᠡᠰ ᠤᠨ ᠪᠤᠬ᠎ᠠ ᠶᠢᠨ ᠬᠦᠪᠦᠷᠡᠯ᠂ ᠢᠴᠡᠭᠡᠯ ᠦᠷ᠎ᠡ ᠶᠢ ᠣᠷᠣᠭᠤᠯᠤᠨ | ᠠᠪᠴᠢᠷᠠᠵᠤ᠂ ᠪᠦᠬᠦ ᠭᠧᠨ ᠤ ᠪᠦᠯᠦᠭ ᠰᠣᠩᠭᠤᠬᠤ ᠮᠡᠷᠭᠡᠵᠢᠯ ᠢᠶᠠᠷ ᠰᠢᠯᠢᠳᠡᠭ ᠡᠭᠦᠯᠳᠡᠷ ᠤᠨ ᠪᠡᠯᠡᠳᠬᠡᠯ ᠪᠤᠬ᠎ᠠ ᠶᠢ ᠡᠷᠲᠡ ᠰᠣᠩᠭᠤᠨ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠥᠮᠴᠢᠯᠡᠯ ᠤᠨ ᠡᠷᠬᠡ ᠲᠠᠢ ᠰᠢᠯᠢᠳᠡᠭ ᠡᠭᠦᠯᠳᠡᠷ ᠤᠨ ᠪᠤᠬ᠎ᠠ ᠶᠢ ᠲᠦᠷᠭᠡᠳᠬᠡᠨ ᠪᠤᠶᠢᠵᠢᠭᠤᠯᠤᠨ᠎ᠠ᠃ 2022 ᠣᠨ ᠪᠣᠯᠬᠤ ᠳᠤ᠂ ᠳᠡᠯᠡᠬᠡᠶ ᠶᠢᠨ 100 ᠤ | ᠳᠣᠲᠣᠷ᠎ᠠ ᠵᠢᠭᠰᠠᠭᠠᠭᠳᠠᠭᠰᠠᠨ ᠬᠤᠰᠲ᠋ᠠᠨ ᠡᠭᠦᠯᠳᠡᠷ ᠤᠨ ᠪᠤᠬ᠎ᠠ ᠶᠢ 5᠂ ᠤᠯᠤᠰ ᠤᠨ ᠳᠣᠲᠣᠭᠠᠳᠤ ᠶᠢᠨ 100 ᠤ ᠳᠣᠲᠣᠷ᠎ᠠ ᠵᠢᠭᠰᠠᠭᠠᠭᠳᠠᠭᠰᠠᠨ ᠬᠤᠰᠲ᠋ᠠᠨ | ᠡᠭᠦᠯᠳᠡᠷ ᠤᠨ ᠪᠤᠬ᠎ᠠ ᠶᠢ 30 ᠭᠠᠷᠤᠢ ᠪᠤᠶᠢᠵᠢᠭᠤᠯᠤᠨ᠎ᠠ︔ ᠤᠯᠤᠰ ᠤᠨ ᠳᠣᠲᠣᠭᠠᠳᠤ ᠶᠢᠨ 100 ᠤ ᠳᠣᠲᠣᠷ᠎ᠠ ᠵᠢᠭᠰᠠᠭᠠᠭᠳᠠᠭᠰᠠᠨ ᠰᠢᠮᠡᠨ᠋ᠳᠡᠷ ᠪᠤᠬ᠎ᠠ ᠶᠢ 30 | ᠪᠤᠶᠢᠵᠢᠭᠤᠯᠤᠨ᠎ᠠ︔ ᠤᠳᠤᠮ ᠢ ᠨᠢ ᠰᠢᠯᠭᠠᠨ ᠲᠣᠭᠲᠠᠭᠠᠭᠰᠠᠨ ᠭᠤᠷᠪᠠᠨ ᠭᠤᠤᠯ ᠤᠨ ᠦᠬᠡᠷ ᠤᠨ ᠦᠷ᠎ᠡ ᠠᠪᠬᠤ ᠪᠤᠬ᠎ᠠ ᠶᠢ 60 ᠭᠠᠷᠤᠢ ᠪᠤᠶᠢᠵᠢᠭᠤᠯᠤᠨ᠎ᠠ᠃ | ᠰᠠᠭᠠᠯᠢ ᠶᠢᠨ ᠬᠤᠨᠢ ᠢᠮᠠᠭᠠᠨ ᠤ ᠣᠷᠣᠭᠤᠯᠵᠤ ᠠᠪᠴᠢᠷᠠᠭᠰᠠᠨ ᠡᠭᠦᠯᠳᠡᠷ ᠢ ᠨᠤᠲᠤᠭᠰᠢᠭᠤᠯᠤᠨ ᠪᠤᠶᠢᠵᠢᠭᠤᠯᠬᠤ ᠠᠵᠢᠯ ᠢ ᠥᠷᠨᠢᠭᠦᠯᠵᠦ᠂ ᠮᠣᠩᠭᠤᠯ ᠠᠳᠤᠭᠤ᠂ ᠬᠤᠤᠰ | ᠪᠥᠬᠦᠲᠦ ᠲᠡᠮᠡᠭᠡᠨ ᠤ ᠡᠭᠦᠯᠳᠡᠷ ᠰᠣᠩᠭᠤᠨ ᠪᠤᠶᠢᠵᠢᠭᠤᠯᠬᠤ ᠠᠵᠢᠯ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠲᠡᠵᠢᠭᠡᠯ ᠡᠪᠡᠰᠦ ᠪᠣᠷᠳᠣᠭᠠᠨ ᠤ ᠲᠡᠷᠢᠭᠦᠨ ᠳᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | 4. ᠴᠢᠨᠠᠷ ᠰᠠᠶᠢᠲᠠᠢ ᠲᠡᠵᠢᠭᠡᠯ ᠡᠪᠡᠰᠦᠨ ᠤ ᠦᠷ᠎ᠡ ᠬᠠᠩᠭᠠᠵᠤ ᠥᠭᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠷᠭᠠᠰᠤ ᠪᠠᠷ ᠭᠤᠣᠯᠳᠠᠯᠭ᠎ᠠ ᠪᠣᠯᠭᠠᠵᠤ᠂ ᠴᠢᠨᠠᠷ | ᠰᠠᠶᠢᠲᠠᠶ ᠲᠡᠵᠢᠭᠡᠯ ᠡᠪᠡᠰᠦᠨ ᠤ ᠦᠷ᠎ᠡ ᠶᠢ ᠪᠣᠶᠢᠵᠢᠭᠤᠯᠬᠤ ᠮᠡᠷᠭᠡᠵᠢᠯ ᠤᠨ ᠰᠤᠳᠤᠯᠭᠠᠨ ᠢ ᠨᠢ ᠴᠢᠩᠭᠠᠳᠬᠠᠨ᠂ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ | ᠪᠠ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠦᠷ᠎ᠡ ᠡᠭᠦᠯᠳᠡᠷ ᠲᠠᠢ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ | ᠴᠠᠷᠭᠠᠰᠤ ᠶᠢᠨ ᠦᠷ᠎ᠡ ᠶᠢᠨ ᠰᠠᠭᠤᠷᠢᠨ ᠭᠠᠵᠠᠷ ᠤᠨ ᠲᠠᠯᠠᠪᠠᠢ ᠶᠢ 10 ᠲᠦᠮᠡᠨ ᠮᠦ ᠳᠤ ᠬᠦᠷᠭᠡᠵᠦ᠂ ᠵᠢᠯ ᠤᠨ ᠴᠠᠷᠭᠠᠰᠤᠨ ᠤ ᠦᠷ᠎ᠡ ᠶᠢᠨ ᠤᠨᠠᠯᠲᠠ ᠶᠢ 160 ᠲᠦᠮᠡᠨ | ᠺᠢᠯᠣᠭ᠍ᠷᠠᠮ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠤᠨᠠᠯᠲᠠ ᠥᠨᠳᠥᠷ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠬᠠᠲᠤᠨ ᠭᠤᠤᠯ᠂ ᠨᠤᠨ ᠮᠥᠷᠡᠨ᠂ ᠪᠠᠷᠠᠭᠤᠨ | ᠯᠢᠶᠣᠤ ᠾᠧ ᠭᠤᠤᠯ ᠤᠨ ᠰᠠᠪᠠ ᠭᠠᠵᠠᠷ ᠪᠠ ᠬᠥᠯᠥᠨ ᠪᠤᠶᠢᠷ᠂ ᠰᠢᠯᠢ ᠶᠢᠨ ᠭᠤᠤᠯ ᠤᠨ ᠲᠠᠯ᠎ᠠ ᠨᠤᠲᠤᠭ ᠲᠠᠬᠢ ᠰᠦ ᠶᠢᠨ ᠢᠷᠡᠯᠲᠡ ᠶᠢᠨ ᠲᠠᠪᠤᠨ ᠶᠡᠭᠡ ᠰᠠᠭᠤᠷᠢᠨ | ᠭᠠᠵᠠᠷ ᠲᠤ ᠡᠷᠳᠡᠨᠢ ᠰᠢᠰᠢ ᠶᠢ ᠡᠰᠢ ᠰᠦᠷᠡᠯ ᠲᠠᠢ ᠨᠢ ᠳᠠᠷᠤᠰᠢᠭᠤᠯᠬᠤ ᠶᠢ ᠶᠡᠭᠡ ᠪᠠᠷ ᠳᠡᠯᠭᠡᠷᠡᠭᠦᠯᠦᠨ᠂ ᠡᠷᠳᠡᠨᠢ ᠰᠢᠰᠢ ᠳᠠᠷᠤᠰᠢᠭᠤᠯᠬᠤ ᠰᠠᠭᠤᠷᠢᠨ ᠭᠠᠵᠠᠷ ᠢ 700 | ᠲᠦᠮᠡᠨ ᠮᠦ ᠲᠥᠬᠦᠷᠵᠢᠭᠦᠯᠦᠨ ᠪᠠᠶᠢᠭᠤᠯᠵᠤ᠂ ᠲᠣᠰ ᠭᠠᠵᠠᠷ ᠤᠨ ᠣᠶᠢᠷ᠎ᠠ ᠬᠠᠪᠢ ᠳᠤ ᠪᠠᠨ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠬᠠᠩᠭᠠᠬᠤ ᠶᠢ ᠪᠠᠲᠤᠯᠠᠨ᠎ᠠ᠃ | ᠳᠤᠮᠳᠠ ᠪᠠ ᠪᠠᠷᠠᠭᠤᠨ ᠬᠡᠰᠡᠭ ᠲᠠᠬᠢ ᠬᠠᠳᠤᠨ ᠭᠤᠣᠯ ᠤᠨ ᠰᠠᠪᠠ ᠭᠠᠵᠠᠷ᠂ ᠵᠡᠭᠦᠨ ᠬᠡᠰᠡᠭ ᠲᠠᠬᠢ ᠪᠠᠷᠠᠭᠤᠨ ᠯᠢᠶᠣᠤ ᠾᠧ ᠭᠤᠣᠯ — ᠨᠤᠨ ᠮᠥᠷᠡᠨ ᠤ ᠰᠠᠪᠠ | ᠭᠠᠵᠠᠷ ᠪᠠ ᠬᠤᠶᠢᠲᠤ ᠬᠡᠰᠡᠭ ᠲᠠᠬᠢ ᠮᠠᠯᠵᠢᠬᠤ ᠣᠷᠣᠨ ᠤ ᠬᠦᠢᠲᠡᠨ ᠳᠤ ᠲᠡᠰᠪᠦᠷᠢᠲᠡᠢ ᠴᠠᠷᠭᠠᠰᠤ ᠲᠠᠷᠢᠬᠤ ᠪᠦᠰᠡ ᠪᠠᠶᠢᠭᠤᠯᠬᠤ ᠶᠢ ᠳᠡᠮᠵᠢᠵᠦ᠂ 700 ᠲᠦᠮᠡᠨ ᠮᠦ | ᠴᠢᠨᠠᠷ ᠰᠠᠶᠢᠲᠠᠶ ᠴᠠᠷᠭᠠᠰᠤ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠂ ᠤᠯᠤᠰ ᠲᠤ ᠪᠠᠨ ᠦᠢᠯᠡᠳᠪᠦᠷᠢᠯᠡᠭᠰᠡᠨ ᠴᠠᠷᠭᠠᠰᠤ ᠶᠢᠨ ᠭᠠᠷᠤᠯᠲᠠ ᠪᠠ ᠶᠠᠰᠤ ᠴᠢᠨᠠᠷ ᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 6. ᠲᠡᠵᠢᠭᠡᠯ ᠡᠪᠡᠰᠦ ᠪᠣᠷᠳᠤᠭ᠎ᠠ ᠶᠢ ᠮᠧᠬᠠᠨᠢᠭᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ | ᠦᠢᠯᠡᠳᠪᠦᠷᠢᠯᠡᠬᠦ ᠮᠧᠬᠠᠨᠢᠭᠵᠢᠯᠲᠠ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠴᠠᠷᠭᠠᠰᠤ᠂ ᠳᠠᠷᠤᠰᠢᠭᠤᠯᠬᠤ ᠪᠤᠷᠳᠤᠭ᠎ᠠ ᠵᠡᠷᠭᠡ ᠲᠡᠵᠢᠭᠡᠯ ᠡᠪᠡᠰᠦ | ᠪᠣᠷᠳᠣᠭᠠᠨ ᠤ ᠲᠠᠷᠢᠮᠠᠯ ᠢ ᠬᠠᠳᠤᠵᠤ ᠬᠤᠷᠢᠶᠠᠬᠤ᠂ ᠪᠣᠯᠪᠠᠰᠤᠷᠠᠭᠤᠯᠬᠤ ᠮᠠᠰᠢᠨ ᠳᠤ ᠴᠢᠯᠥᠭᠡᠲᠡᠶ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠳᠠᠷᠤᠰᠢᠭᠤᠯᠵᠤ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠬᠡᠮᠵᠢᠶ᠎ᠡ ᠶᠢ ᠬᠠᠮᠤᠭ ᠤᠨ ᠥᠨᠳᠥᠷ ᠲᠤ ᠪᠠᠨ 15 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠵᠦ᠂ ᠮᠠᠯᠵᠢᠬᠤ ᠣᠷᠣᠨ ᠤ ᠭᠡᠷ ᠪᠦᠯᠢ ᠶᠢᠨ ᠰᠠᠭᠠᠯᠢ ᠶᠢᠨ ᠮᠠᠯ ᠤᠨ ᠮᠠᠯᠵᠢᠯ ᠤᠨ ᠲᠠᠯᠠᠪᠠᠢ᠂ ᠰᠠᠭᠠᠯᠢ ᠶᠢᠨ ᠲᠠᠷᠢᠶᠠᠴᠢᠨ ᠤ | ᠬᠤᠷᠰᠢᠶᠠᠵᠢᠯ ᠤᠨ ᠮᠠᠯᠵᠢᠯ ᠳᠤ ᠬᠡᠷᠡᠭᠯᠡᠬᠦ ᠮᠠᠰᠢᠨ ᠪᠠᠭᠠᠵᠢ ᠬᠤᠳᠠᠯᠳᠤᠨ ᠠᠪᠬᠤ ᠳᠤ ᠨᠡᠮᠡᠭᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠥᠪ ᠤᠨ ᠡᠳ᠋ ᠤᠨ 365赢多少钱会被限额_国内有真正的365平台吗_365bet博彩官网 | ᠵᠠᠰᠠᠭ ᠠᠴᠠ 30% ᠶᠢᠨ ᠨᠡᠮᠡᠭᠦᠷᠢ ᠥᠭᠭᠦᠭᠰᠡᠨ ᠰᠠᠭᠤᠷᠢᠨ ᠳᠡᠭᠡᠷ᠎ᠡ᠂ ᠨᠡᠮᠡᠭᠦᠷᠢ ᠶᠢᠨ ᠪᠠᠷᠢᠮᠵᠢᠶ᠎ᠠ ᠶᠢ 50% ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ | ᠦᠨᠢᠶ᠎ᠡ ᠰᠠᠭᠠᠬᠤ ᠮᠠᠰᠢᠨ ᠪᠠ ᠳᠠᠷᠤᠰᠢᠭᠤᠯᠵᠤ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠬᠠᠮᠤᠭ ᠤᠨ ᠥᠨᠳᠥᠷ | ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠰᠦ ᠶᠢᠨ ᠢᠷᠡᠯᠲᠡ ᠶᠢᠨ ᠲᠡᠷᠢᠭᠦᠨ ᠳᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | 7. ᠠᠵᠤ ᠦᠢᠯᠡᠰ ᠤᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ︽ᠦᠷᠡᠵᠢᠭᠦᠯᠵᠦ ᠪᠣᠶᠢᠵᠢᠭᠤᠯᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ | ᠴᠢᠨᠠᠷ ᠰᠠᠶᠢᠲᠠᠶ ᠢᠴᠡᠭᠡᠯ ᠦᠷ᠎ᠡ᠂ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠳᠡᠯᠭᠡᠷᠡᠭᠦᠯᠵᠦ᠂ ᠥᠪᠡᠰᠦᠪᠡᠨ ᠦᠷᠡᠵᠢᠭᠦᠯᠬᠦ ᠪᠥᠭᠡᠳ ᠪᠣᠷᠳᠣᠵᠤ | ᠪᠣᠶᠢᠵᠢᠭᠤᠯᠤᠨ᠎ᠠ᠃ ︽ᠣᠷᠣᠭᠤᠯᠵᠤ ᠠᠪᠴᠢᠷᠠᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢ ᠵᠣᠷᠢᠭᠵᠢᠭᠤᠯᠵᠤ | ᠪᠠᠶᠢᠭᠠᠳ ᠴᠢᠨᠠᠷ ᠰᠠᠶᠢᠲᠠᠶ ᠦᠨᠢᠶ᠎ᠡ ᠶᠢ ᠣᠷᠣᠭᠤᠯᠵᠤ ᠠᠪᠴᠢᠷᠠᠨ᠎ᠠ᠃ ︽ᠪᠡᠯᠡ ᠣᠷᠣᠭᠤᠯᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠨᠡᠶᠢᠭᠡᠮ ᠤᠨ | ᠬᠥᠷᠥᠩᠭᠡ ᠮᠥᠩᠭᠦ ᠪᠠ ᠬᠥᠲᠥᠴᠢ ᠪᠣᠯᠪᠠᠰᠤᠷᠠᠭᠤᠯᠬᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠪᠠᠷ | ᠪᠡᠯᠡ ᠤᠷᠤᠭᠤᠯᠤᠭᠤᠯᠤᠨᠠ᠃ ᠬᠦᠬᠡᠬᠤᠲᠠ ᠪᠠᠷ ᠭᠤᠤᠯ ᠪᠣᠯᠭᠠᠭᠰᠠᠨ ᠬᠠᠳᠤᠨ ᠭᠤᠤᠯ ᠳᠠᠭᠠᠤ ᠶᠢᠨ ᠣᠷᠣᠨ ᠳᠤ ᠬᠤᠰᠲ᠋ᠠᠨ ᠰᠠᠭᠠᠯᠢ ᠶᠢᠨ ᠦᠨᠢᠶᠡᠨ ᠤ ᠲᠤᠭ᠎ᠠ ᠶᠢ 75 | ᠲᠦᠮᠡ ᠪᠣᠯᠲᠠᠯ᠎ᠠ ᠦᠷᠡᠵᠢᠭᠦᠯᠦᠨ ᠥᠰᠬᠡᠵᠦ᠂ ᠴᠢᠨᠠᠷ ᠪᠠ ᠰᠠᠭᠠᠯᠢ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠯᠥᠨ | ᠪᠤᠶᠢᠷ ᠬᠤᠲᠠ ᠶᠢᠨ ᠳᠠᠪᠠᠭᠠᠨ ᠤ ᠵᠡᠭᠦᠨ ᠬᠡᠰᠡᠭ ᠪᠠ ᠬᠢᠩᠭᠠᠨ ᠠᠶᠢᠮᠠᠭ ᠵᠡᠷᠭᠡ ᠨᠤᠨ ᠮᠥᠷᠡᠨ ᠤ ᠰᠠᠪᠠ ᠭᠠᠵᠠᠷ ᠵᠢᠴᠢ ᠲᠦᠩᠯᠢᠶᠣᠤ ᠬᠤᠲᠠ᠂ ᠤᠯᠠᠭᠠᠨᠬᠠᠳᠠ | ᠬᠤᠲᠠ ᠶᠢᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠨᠢ ᠬᠤᠰᠲ᠋ᠠᠨ ᠰᠠᠭᠠᠯᠢ ᠶᠢᠨ ᠦᠨᠢᠶ᠎ᠡ ᠪᠠᠷ ᠭᠤᠣᠯ ᠪᠣᠯᠭᠠᠨ᠂ ᠰᠠᠭᠠᠯᠢ ᠪᠠ ᠠᠯᠠᠰᠢᠨ ᠤ ᠦᠬᠡᠷ ᠢ | ᠦᠷᠡᠵᠢᠭᠦᠯᠦᠨ ᠨᠡᠮᠡᠭᠳᠡᠭᠦᠯᠬᠦ ᠶᠢ ᠨᠢ ᠠᠬᠢᠭᠤᠯᠵᠤ᠂ ᠬᠤᠰᠲ᠋ᠠᠨ ᠰᠠᠭᠠᠯᠢ ᠶᠢᠨ ᠦᠨᠢᠶ᠎ᠡ ᠬᠢᠭᠡᠳ ᠰᠠᠭᠠᠯᠢ ᠪᠠ ᠠᠯᠠᠰᠢᠨ ᠤ ᠦᠬᠡᠷ ᠢ ᠲᠣᠰ ᠲᠣᠰ 45 ᠲᠦᠮᠨ ᠪᠠ 20 | ᠲᠦᠮᠨ ᠪᠣᠯᠲᠠᠯ᠎ᠠ ᠦᠷᠡᠵᠢᠭᠦᠯᠦᠨ ᠥᠰᠬᠡᠵᠦ᠂ ᠪᠠᠷᠢᠮᠵᠢᠶ᠎ᠠ ᠪᠠᠷ ᠥᠨᠳᠥᠷ ᠪᠥᠭᠡᠳ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ ᠬᠥᠯᠥᠨ ᠪᠣᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠠᠯᠵᠢᠬᠤ ᠣᠷᠣᠨ ᠨᠢ ᠭᠤᠷᠪᠠᠨ ᠭᠤᠤᠯ ᠤᠨ ᠦᠬᠡᠷ᠂ ᠰᠢᠮᠡᠨ᠋ᠳᠡᠷ ᠦᠬᠡᠷ ᠵᠡᠷᠭᠡ | ᠰᠠᠭᠠᠯᠢ ᠪᠠ ᠠᠯᠠᠰᠢᠨ ᠤ ᠡᠭᠦᠯᠳᠡᠷ ᠢᠶᠠᠷ ᠭᠤᠤᠯ ᠪᠣᠯᠭᠠᠨ᠂ 20 ᠲᠦᠮᠨ ᠪᠣᠯᠲᠠᠯ᠎ᠠ ᠦᠷᠡᠵᠢᠭᠦᠯᠦᠨ ᠥᠰᠬᠡᠵᠦ᠂ ᠣᠨᠴᠠᠯᠢᠭ ᠲᠠᠢ ᠪᠥᠭᠡᠳ ᠪᠣᠬᠢᠷᠲᠤᠯ ᠦᠭᠡᠢ | ᠣᠷᠭᠠᠨᠢᠭ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠢ ᠵᠣᠷᠢᠭᠵᠢᠭᠤᠯᠵᠤ | ᠪᠠᠶᠢᠭᠠᠳ ᠰᠠᠨᠧᠩ ᠪᠠ ᠵᠡᠭᠦᠨ ᠹᠷᠤᠷᠢᠰᠤᠨ ᠵᠡᠷᠭᠡ ᠡᠭᠦᠯᠳᠡᠷ ᠤᠨ ᠰᠠᠭᠠᠯᠢ ᠶᠢᠨ ᠢᠮᠠᠭ᠎ᠠ ᠶᠢ ᠲᠡᠵᠢᠭᠡᠨ ᠦᠷᠡᠵᠢᠭᠦᠯᠵᠦ᠂ 50 ᠲᠦᠮᠡ ᠦᠷᠡᠵᠢᠭᠦᠯᠦᠨ ᠥᠰᠬᠡᠵᠦ᠂ | ᠳᠡᠭᠡᠳᠦ ᠳᠡᠰ ᠴᠢᠨᠠᠷ ᠲᠠᠢ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠮᠠᠯᠵᠢᠬᠤ ᠣᠷᠣᠨ ᠤ ᠠᠳᠤᠭᠤ᠂ ᠲᠡᠮᠡᠭᠡ ᠵᠡᠷᠭᠡ ᠶᠢ | ᠲᠣᠭᠲᠠᠭᠤᠨ ᠥᠰᠦᠯᠲᠡ ᠲᠠᠢ ᠪᠠᠶᠢᠯᠭᠠᠵᠤ᠂ ᠭᠡᠭᠦᠦ ᠶᠢᠨ ᠰᠦ᠂ ᠢᠩᠭᠡᠨ ᠤ ᠰᠦ ᠵᠡᠷᠭᠡ ᠣᠨᠴᠠᠯᠢᠭ ᠲᠠᠢ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠣᠢ ᠪᠣᠯᠭᠠᠨ | ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 8. ᠪᠠᠷᠢᠮᠵᠢᠶᠠᠵᠢᠭᠤᠯᠤᠭᠰᠠᠨ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠲᠠᠯᠠᠪᠠᠢ ᠶᠢᠨ ᠬᠡᠪᠴᠢᠶᠡᠵᠢᠭᠦᠯᠦᠨ ᠡᠵᠡᠩᠨᠡᠬᠦ ᠶᠢ ᠳᠠᠮᠵᠢᠵᠤ᠂ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠦᠨ᠂ ︽ᠡᠭᠦᠯᠳᠡᠷ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠶᠢ ᠪᠡᠯᠡᠳᠬᠡᠮᠵᠢᠭᠦᠯᠬᠦ᠂ ᠦᠢᠯᠡᠳᠪᠦᠷᠢᠯᠡᠬᠦ ᠶᠢ ᠵᠢᠷᠤᠮᠵᠢᠭᠤᠯᠬᠤ᠂ ᠬᠢᠵᠢᠭ ᠰᠡᠷᠭᠡᠶᠢᠯᠡᠬᠦ ᠶᠢ | ᠳᠦᠷᠢᠮᠵᠢᠭᠦᠯᠬᠦ᠂ ᠰᠢᠭᠡᠭ ᠰᠠᠩᠭᠠᠰᠤ ᠰᠢᠢᠳᠪᠦᠷᠢᠯᠡᠬᠦ ᠶᠢ ᠬᠤᠣᠷ ᠦᠭᠡᠶᠢᠳᠡᠭᠦᠯᠬᠦ᠂ ᠬᠢᠨᠠᠨ ᠬᠠᠮᠢᠶᠠᠷᠬᠤ ᠶᠢ ᠪᠠᠶᠢᠩᠭᠤᠵᠢᠭᠤᠯᠬᠤ︾ ᠱᠠᠭᠠᠷᠳᠠᠯᠭ᠎ᠠ ᠶᠣᠰᠣᠭᠠᠷ᠂ ᠳᠤᠮᠳᠠ | ᠵᠢᠵᠢᠭ ᠬᠡᠪᠴᠢᠶᠡᠨ ᠤ ᠮᠠᠯᠵᠢᠯ ᠤᠨ ᠲᠠᠯᠠᠪᠠᠢ ᠶᠢ ᠥᠭᠡᠷᠡᠴᠢᠯᠡᠨ ᠰᠢᠨᠡᠳᠬᠡᠵᠦ ᠳᠡᠰ ᠳᠡᠪᠰᠢᠬᠦᠯᠬᠦ ᠶᠢ ᠨᠢ ᠠᠬᠢᠭᠤᠯᠵᠤ᠂ ᠪᠠᠷᠢᠮᠵᠢᠶᠠᠵᠢᠭᠰᠠᠨ ᠲᠡᠵᠢᠭᠡᠵᠦ ᠦᠷᠡᠵᠢᠭᠦᠯᠬᠦ | ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ 50 ᠭᠠᠷᠤᠢ ᠮᠠᠯ ᠲᠠᠢ ᠬᠡᠷ ᠪᠦᠯᠢ ᠶᠢᠨ ᠮᠠᠯᠵᠢᠯ ᠤᠨ ᠲᠠᠯᠠᠪᠠᠶ ᠪᠠ ᠬᠤᠷᠰᠢᠶᠠᠵᠢᠯ ᠪᠥᠬᠦᠨ ᠢ | ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠨ ᠳᠡᠭᠡᠭᠰᠢᠯᠡᠭᠦᠯᠬᠦ ᠠᠵᠢᠯ ᠢ ᠨᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 9. ᠲᠣᠭᠠᠴᠢᠯᠠᠭᠰᠠᠨ ᠮᠠᠯᠵᠢᠯ ᠤᠨ ᠲᠠᠯᠠᠪᠠᠢ ᠶᠢ ᠲᠦᠷᠭᠡᠳᠬᠡᠨ ᠬᠥᠭᠵᠢᠭᠦᠯᠦᠨ᠎ᠡ᠃ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠰᠦ ᠴᠠᠭᠠᠨ ᠢᠳᠡᠭᠡᠨ ᠤ | ᠠᠵᠤ ᠠᠬᠤᠶᠢᠯᠠᠯ ᠤᠨ ᠥᠪᠡᠰᠦᠪᠡᠨ ᠪᠠᠶᠢᠭᠤᠯᠤᠭᠰᠠᠨ᠂ ᠬᠤᠷᠰᠢᠭᠰᠠᠨ ᠮᠠᠯᠵᠢᠯ ᠤᠨ ᠲᠠᠯᠠᠪᠠᠢ ᠳᠤ ︽ᠲᠣᠭᠠᠴᠢᠯᠠᠭᠰᠠᠨ ᠮᠠᠯᠵᠢᠯ ᠤᠨ ᠲᠠᠯᠠᠪᠠᠢ︾ ᠶᠢ ᠪᠦᠲᠦᠭᠡᠨ | ᠪᠠᠶᠢᠭᠤᠯᠬᠤ ᠠᠵᠢᠯ ᠥᠷᠨᠢᠭᠦᠯᠬᠦ ᠶᠢ ᠨᠢ ᠳᠠᠮᠵᠢᠵᠤ᠂ ᠦᠷᠡᠵᠢᠭᠦᠯᠦᠨ ᠪᠤᠶᠢᠵᠢᠭᠤᠯᠬᠤ᠂ ᠪᠣᠷᠳᠣᠨ ᠲᠡᠵᠢᠭᠡᠬᠦ᠂ ᠰᠠᠭᠠᠬᠤ᠂ ᠲᠣᠷᠨᠢᠭᠤᠨ ᠦᠰᠬᠡᠬᠦ᠂ ᠭᠡᠮ ᠬᠢᠵᠢᠭ | ᠰᠡᠷᠭᠡᠶᠢᠯᠡᠨ ᠵᠠᠰᠠᠬᠤ᠂ ᠲᠡᠭᠡᠭᠡᠪᠦᠷᠢᠯᠡᠬᠦ᠂ ᠰᠢᠭᠡᠭ ᠰᠠᠩᠭᠠᠰᠤ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠲᠣᠭᠠᠴᠢᠭᠤᠯᠤᠨ ᠬᠠᠮᠢᠶᠠᠷᠬᠤ ᠶᠢ ᠬᠡᠷᠡᠭᠵᠢᠭᠦᠯᠦᠨ᠂ | ᠮᠠᠯᠵᠢᠯ ᠤᠨ ᠲᠠᠯᠠᠪᠠᠢ ᠶᠢᠨ ᠠᠷᠠᠴᠢᠯᠠᠨ ᠲᠡᠵᠢᠭᠡᠵᠦ ᠪᠠᠶᠢᠬᠤ ᠶᠢ ᠨᠢ ᠬᠠᠷᠠᠵᠤ ᠪᠣᠯᠬᠤ᠂ ᠦᠢᠯᠡᠳᠪᠦᠷᠢᠯᠡᠵᠦ ᠪᠠᠶᠢᠬᠤ ᠶᠠᠪᠤᠴᠠ ᠶᠢ ᠨᠢ ᠡᠵᠡᠮᠳᠡᠵᠦ ᠪᠣᠯᠬᠤ᠂ ᠶᠠᠰᠤ | ᠴᠢᠨᠠᠷ ᠢ ᠨᠢ ᠮᠥᠷᠳᠡᠨ ᠤᠬᠤᠴᠢᠯᠠᠵᠤ ᠪᠣᠯᠬᠤ ᠪᠣᠯᠭᠠᠨ᠎ᠠ᠃ 2022 ᠣᠨ ᠪᠣᠯᠬᠤ ᠳᠤ᠂ ᠰᠦ ᠰᠠᠭᠠᠯᠢ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠤᠨ | ᠥᠪᠡᠰᠦᠪᠡᠨ ᠪᠠᠶᠢᠭᠤᠯᠤᠭᠰᠠᠨ᠂ ᠬᠤᠷᠰᠢᠭᠰᠠᠨ ᠮᠠᠯᠵᠢᠯ ᠤᠨ ᠲᠠᠯᠠᠪᠠᠢ ᠪᠦᠬᠦᠨ ᠳᠤ ᠰᠦ ᠶᠢᠨ ᠢᠷᠡᠯᠲᠡ ᠶᠢ ᠨᠢ ᠲᠣᠭᠠᠴᠢᠭᠤᠯᠤᠨ ᠬᠠᠮᠢᠶᠠᠷᠬᠤ ᠶᠢ ᠪᠡᠶᠡᠯᠡᠭᠦᠯᠵᠦ᠂ | ᠰᠦ ᠶᠢᠨ ᠢᠷᠡᠯᠲᠡ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠶᠠᠰᠤ ᠴᠢᠨᠠᠷ ᠢ ᠨᠢ ᠬᠠᠮᠢᠶᠠᠷᠬᠤ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ | ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | ︵ᠳᠥᠷᠪᠡ︶ ᠪᠣᠯᠪᠠᠰᠤᠷᠠᠭᠤᠯᠬᠤ ᠲᠡᠷᠢᠭᠦᠨ ᠤ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ | 10. ᠰᠦ ᠴᠠᠭᠠᠨ ᠢᠳᠡᠭᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠡᠯᠡᠬᠡᠶᠢᠴᠢᠯᠡᠭᠰᠡᠨ ᠬᠥᠭᠵᠢᠯᠲᠡ ᠶᠢ ᠳᠠᠮᠵᠢᠨ᠎ᠠ᠃ ᠴᠠᠭᠠᠨ ᠢᠳᠡᠭᠡᠨ ᠤ ᠬᠥᠲᠥᠴᠢ | ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠴᠠᠭᠠᠨ ᠢᠳᠡᠭᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠠᠪᠠᠭᠤᠯᠢᠭ ᠣᠷᠣᠨ | ᠪᠦᠰᠡ ᠳᠤ ᠥᠪᠡᠷᠰᠡᠳ ᠤᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠪᠣᠯᠪᠠᠰᠤᠷᠠᠭᠤᠯᠬᠤ ᠦᠢᠯᠡᠳᠪᠦᠷᠢ ᠪᠠᠶᠢᠷᠢᠰᠢᠭᠤᠯᠬᠤ ᠶᠢ ᠠᠬᠢᠭᠤᠯᠤᠨ᠂ ᠠᠵᠤ ᠦᠢᠯᠡᠰ ᠢ | ᠲᠥᠪᠯᠡᠷᠡᠭᠦᠯᠦᠨ ᠪᠦᠯᠦᠭᠵᠢᠭᠦᠯᠬᠦ 9 ᠲᠥᠷᠥᠯ ᠵᠦᠢᠯ ᠢ ᠳᠣᠪᠤᠶᠢᠮ᠎ᠠ ᠰᠠᠶᠢᠲᠤᠷ ᠠᠳᠬᠤᠵᠤ᠂ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠢ | ᠨᠢᠭᠡᠳᠦᠯᠲᠡᠢ ᠲᠥᠯᠥᠪᠯᠡᠨ ᠠᠰᠢᠭᠯᠠᠵᠤ᠂ ︽ᠣᠷᠣᠭᠤᠯᠵᠤ ᠢᠷᠡᠬᠦ︾ ᠪᠠ ︽ᠭᠠᠳᠠᠭᠰᠢ ᠭᠠᠷᠭᠠᠬᠤ︾ ᠪᠠᠨ ᠤᠶᠠᠯᠳᠤᠭᠤᠯᠬᠤ ᠶᠢ ᠪᠠᠷᠢᠮᠲᠠᠯᠠᠨ᠂ ᠳᠡᠯᠡᠬᠡᠶ ᠶᠢᠨ ᠲᠡᠰ ᠤᠨ | ᠰᠦ ᠶᠢᠨ ᠢᠷᠡᠯᠳᠡ᠂ ᠮᠡᠷᠭᠡᠵᠢᠯ᠂ ᠪᠠᠷᠢᠮᠵᠢᠶ᠎ᠠ ᠶᠢ ᠬᠡᠷᠡᠭᠯᠡᠵᠦ᠂ ᠳᠡᠯᠡᠬᠡᠶ ᠶᠢᠨ ᠲᠡᠰ ᠤᠨ ᠠᠵᠤ ᠠᠬᠤᠶᠢᠯᠠᠯ ᠪᠠ ᠣᠯᠠᠨ ᠤᠯᠤᠰ ᠤᠨ ᠨᠡᠷᠡᠲᠦ ᠲᠡᠮᠳᠡᠭ ᠢ ᠪᠤᠢ ᠪᠣᠯᠭᠠᠨ᠂ | ᠲᠡᠷᠢᠭᠦᠨ ᠤ ᠪᠦᠲᠦᠬᠡᠭᠳᠡᠬᠦᠨ ᠪᠠ ᠦᠢᠯᠡᠴᠢᠯᠡᠭᠡ ᠶᠢ ᠬᠠᠩᠭᠠᠨ᠎ᠠ᠃ 2022 ᠣᠨ ᠪᠣᠯᠬᠤ ᠳᠤ᠂ ᠲᠣᠮᠣ ᠬᠡᠪᠴᠢᠶᠡᠨ ᠤ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ | ᠳᠡᠯᠡᠬᠡᠶ ᠳᠡᠭᠡᠷᠡᠬᠢ ᠦᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠳᠡᠯᠡᠬᠡᠶ ᠶᠢᠨ ᠰᠦ ᠶᠢᠨ ᠦᠢᠯᠡᠰ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ᠰᠦ ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠰᠦ ᠴᠠᠭᠠᠨ ᠢᠳᠡᠭᠡ | ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶᠢᠯᠠᠯ ᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠣᠷᠣᠭᠤᠯᠬᠤ ᠶᠢ ᠨᠢ ᠳᠠᠮᠵᠢᠵᠤ᠂ ᠳᠡᠭᠡᠳᠦ ᠳᠣᠤᠷᠠᠳᠤ | ᠬᠡᠯᠬᠢᠶᠡᠨ ᠳᠠᠬᠢ ᠳᠤᠮᠳᠠ ᠵᠢᠵᠢᠭ ᠠᠵᠤ ᠠᠬᠤᠶᠢᠯᠠᠯ ᠯᠤᠭ᠎ᠠ ᠲᠥᠬᠦᠷᠵᠢᠭᠦᠯᠵᠦ ᠬᠠᠮᠲᠤᠷᠠᠯᠴᠠᠬᠤ ᠶᠢ ᠨᠢ ᠴᠢᠩᠭᠠᠳᠬᠠᠨ᠎ᠠ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ | ᠬᠡᠷᠡᠭᠵᠢᠭᠦᠯᠵᠦ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠎ᠠ᠃ ᠬᠤᠲᠠ ᠪᠠ ᠬᠥᠮᠦᠨ ᠠᠮᠠ ᠨᠢᠭᠲᠠᠷᠠᠭᠰᠠᠨ ᠣᠷᠣᠨ ᠳᠤ | ᠫᠠᠰᠳ᠋ᠸᠦ᠋ᠷ ᠤᠨ ᠠᠷᠭ᠎ᠠ ᠪᠠᠷ ᠪᠠᠺᠲ᠋ᠧᠷᠢ ᠤᠰᠠᠳᠬᠠᠭᠰᠠᠨ ᠰᠦ ᠦᠢᠯᠡᠳᠪᠦᠷᠢᠯᠡᠬᠦ ᠠᠵᠢᠯ ᠢ ᠥᠷᠨᠢᠭᠦᠯᠵᠦ᠂ ︽ᠥᠪᠡᠷ ᠤᠨ ᠮᠠᠯᠵᠢᠯ ᠤᠨ ᠲᠠᠯᠠᠪᠠᠶ + ᠰᠦ ᠶᠢᠨ ᠪᠠᠭᠠᠷ︾ | ᠵᠡᠷᠭᠡ ᠦᠢᠯᠡᠳᠪᠦᠷᠢᠯᠡᠵᠦ ᠪᠣᠷᠣᠯᠠᠭᠤᠯᠬᠤ ᠵᠠᠭᠪᠤᠷ ᠢ ᠬᠥᠭᠵᠢᠭᠦᠯᠦᠨ᠂ ᠫᠠᠰᠳ᠋ᠸᠦ᠋ᠷ ᠤᠨ ᠠᠷᠭ᠎ᠠ ᠪᠠᠷ ᠪᠠᠺᠲ᠋ᠧᠷᠢ ᠤᠰᠠᠳᠬᠠᠭᠰᠠᠨ ᠰᠦ ᠬᠡᠷᠡᠭᠯᠡᠭᠰᠡᠳ ᠢ ᠪᠣᠢ ᠪᠣᠯᠭᠠᠨ᠎ᠠ᠃ | ᠰᠠᠭᠠᠯᠢ ᠶᠢᠨ ᠢᠮᠠᠭᠠᠨ ᠤ ᠵᠡᠷᠭᠡ ᠣᠨᠴᠠᠯᠢᠭ ᠲᠠᠢ ᠴᠠᠭᠠᠨ ᠢᠳᠡᠭᠡ ᠶᠢ ᠨᠡᠭᠡᠭᠡᠨ ᠬᠥᠭᠵᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠨᠢ ᠥᠷᠭᠡᠳᠬᠡᠨ᠎ᠡ᠃ 2022 | ᠣᠨ ᠪᠣᠯᠬᠤ ᠳᠤ᠂ ᠣᠷᠣᠨ ᠪᠦᠰᠡ ᠶᠢᠨ ᠣᠨᠴᠠᠯᠢᠭ ᠲᠠᠢ ᠰᠦ ᠴᠠᠭᠠᠨ ᠢᠳᠡᠭᠡ ᠪᠣᠯᠪᠠᠰᠤᠷᠠᠭᠤᠯᠬᠤ ᠨᠢᠭᠡ ᠪᠦᠯᠦᠭ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠪᠤᠢ | ᠪᠣᠯᠭᠠᠵᠤ᠂ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠪᠠᠨ ᠨᠢᠭᠡ ᠴᠣᠭᠴᠠᠵᠢᠭᠤᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠦᠨᠳᠦᠰᠦᠲᠡᠨ ᠤ ᠴᠠᠭᠠᠨ ᠢᠳᠡᠭᠡ ᠪᠠᠨ ᠣᠨᠴᠠᠯᠢᠬᠵᠢᠭᠤᠯᠤᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠦᠨᠳᠦᠰᠦᠲᠡᠨ ᠤ ᠴᠠᠭᠠᠨ ᠢᠳᠡᠭᠡᠨ | ᠦᠢᠯᠡᠳᠪᠦᠷᠢᠯᠡᠵᠦ ᠪᠣᠯᠪᠠᠰᠤᠷᠠᠭᠤᠯᠬᠤ ᠵᠥᠪᠰᠢᠶᠡᠷᠡᠯ ᠲᠠᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ᠂ ᠲᠡᠵᠢᠭᠡᠯ ᠡᠪᠡᠰᠦ ᠲᠠᠷᠢᠬᠤ᠂ ᠦᠢᠯᠡᠳᠪᠦᠷᠢᠯᠡᠵᠦ ᠪᠣᠯᠪᠠᠰᠤᠷᠠᠭᠤᠯᠬᠤ᠂ | ᠡᠵᠡᠩᠨᠡᠨ ᠪᠣᠷᠣᠯᠠᠭᠤᠯᠬᠤ᠂ ᠲᠡᠭᠡᠭᠡᠪᠦᠷᠢᠯᠡᠵᠦ ᠬᠠᠳᠠᠭᠠᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠪᠠᠷᠢᠮᠵᠢᠶ᠎ᠠ ᠶᠢᠨ ᠰᠢᠰᠲ᠋ᠧᠮᠵᠢ ᠲᠠᠢ ᠪᠣᠯᠭᠠᠨ᠎ᠠ᠃ ᠦᠨᠳᠦᠰᠦᠲᠡᠨ ᠤ | ᠴᠠᠭᠠᠨ ᠢᠳᠡᠭᠡᠨ ᠤ ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠪᠣᠯᠪᠠᠰᠤᠷᠠᠭᠤᠯᠬᠤ ᠶᠢ | ᠨᠢᠭᠡ ᠴᠣᠭᠴᠠᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ 2022 ᠣᠨ ᠪᠣᠯᠬᠤ ᠳᠤ᠂ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠤᠨ | ᠪᠠᠷᠢᠮᠵᠢᠶᠠᠵᠢᠭᠰᠠᠨ ᠵᠢᠱᠢᠶ᠎ᠡ ᠦᠵᠡᠭᠦᠯᠵᠦ ᠳᠠᠭᠤᠷᠢᠶᠠᠯ ᠪᠣᠯᠬᠤ ᠦᠢᠯᠡᠳᠪᠦᠷᠢ ᠶᠢ 300 ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠲᠡᠷᠢᠭᠦᠨ ᠳᠡᠰ ᠤᠨ ᠪᠦᠲᠦᠬᠡᠭᠳᠡᠬᠦᠨ ᠢ ᠰᠠᠶᠢᠲᠤᠷ ᠪᠣᠯᠪᠠᠰᠤᠷᠠᠭᠤᠯᠤᠨ᠎ᠠ᠃ | 13. ᠰᠦ ᠴᠠᠭᠠᠨ ᠢᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠦ ᠶᠢᠨ ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠂ ᠪᠣᠬᠢᠷᠲᠤᠯ ᠥᠬᠡᠶ ᠥᠨᠳᠥᠷ ᠪᠦᠲᠦᠮᠵᠢᠲᠡᠶ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠦ᠂ ᠰᠦ ᠶᠢᠨ ᠪᠦᠲᠦᠬᠡᠭᠳᠡᠬᠦᠨ ᠤ ᠪᠥᠬᠦ | ᠶᠠᠪᠤᠴᠠ ᠳᠠᠬᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠮᠡᠷᠭᠡᠵᠢᠯ ᠤᠨ ᠰᠢᠰᠲ᠋ᠧᠮᠵᠢ ᠪᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠴᠢᠨᠠᠷ ᠰᠠᠶᠢᠲᠠᠶ | ᠲᠡᠵᠢᠭᠡᠯ ᠡᠪᠡᠰᠦ ᠪᠣᠷᠳᠤᠭ᠎ᠠ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠨᠠᠶᠢᠷᠠᠯᠭ᠎ᠠ᠂ ᠲᠡᠷᠢᠭᠦᠨ ᠤ ᠠᠷᠠᠴᠢᠯᠠᠨ ᠲᠡᠵᠢᠭᠡᠵᠦ ᠬᠠᠮᠢᠶᠠᠷᠤᠨ ᠠᠵᠢᠯᠯᠠᠬᠤ | ᠳᠦᠷᠢᠮᠯᠡᠯ ᠢ ᠬᠡᠷᠡᠭᠯᠡᠨ᠂ ᠰᠢᠨ᠎ᠡ ᠲᠦᠭᠦᠬᠡᠶ ᠰᠦ ᠶᠢᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ | ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠰᠢᠨ᠎ᠡ ᠲᠦᠭᠦᠬᠡᠢ ᠰᠦ ᠶᠢᠨ ᠤᠭᠤᠷᠠᠭ ᠤᠨ ᠨᠣᠷᠮ᠎ᠠ ᠶᠢ 3.2% ᠪᠠ ᠰᠦ ᠶᠢᠨ ᠥᠭᠡᠬᠦ ᠶᠢᠨ ᠨᠣᠷᠮ᠎ᠠ ᠶᠢ 3.8% | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 14. ᠰᠦ ᠴᠠᠭᠠᠨ ᠢᠳᠡᠭᠡᠨ ᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠡᠵᠢᠭᠡᠨ ᠦᠷᠡᠵᠢᠭᠦᠯᠬᠦ ᠭᠤᠭᠴᠣᠭᠠᠨ ᠳᠠᠬᠢ ᠪᠣᠷᠳᠤᠭ᠎ᠠ᠂ | ᠮᠠᠯ ᠤᠨ ᠡᠮ ᠵᠡᠷᠭᠡ ᠬᠡᠷᠡᠭᠯᠡᠬᠦ ᠡᠳ᠋ ᠢ ᠬᠢᠨᠠᠨ ᠬᠠᠮᠢᠶᠠᠷᠬᠤ ᠪᠠᠨ ᠴᠢᠩᠭᠠᠷᠠᠭᠤᠯᠤᠨ᠂ ᠭᠡᠮ ᠬᠢᠵᠢᠭ ᠢ ᠰᠡᠷᠭᠡᠶᠢᠯᠡᠵᠦ ᠳᠠᠷᠤᠬᠤ ᠡᠷᠴᠢᠮ ᠢᠶᠠᠨ ᠴᠢᠩᠭᠠᠳᠬᠠᠨ᠂ ᠪᠷᠦ᠋ᠼᠧᠯ | ᠡᠪᠡᠳᠴᠢᠨ ᠪᠠ ᠰᠦᠷᠢᠶ᠎ᠡ ᠡᠪᠡᠳᠴᠢᠨ ᠢ ᠠᠷᠢᠭᠤᠳᠬᠠᠨ ᠴᠡᠪᠡᠷᠰᠢᠭᠦᠯᠬᠦ ᠶᠢ ᠠᠬᠢᠭᠤᠯᠵᠤ᠂ ᠰᠢᠨ᠎ᠡ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠪᠠᠶᠢᠬᠤ ᠶᠢ | ᠢᠷᠡᠯᠲᠡ ᠠᠴᠠ ᠨᠢ ᠪᠠᠲᠤᠯᠠᠨ᠎ᠠ᠃ ᠰᠢᠨ᠎ᠡ ᠲᠦᠭᠦᠬᠡᠶ ᠰᠦ ᠬᠤᠳᠠᠯᠳᠤᠨ ᠠᠪᠬᠤ ᠥᠷᠲᠡᠭᠡ᠂ ᠲᠡᠭᠡᠭᠡᠪᠦᠷᠢ ᠶᠢᠨ ᠲᠡᠷᠭᠡ᠂ ᠰᠦ ᠴᠠᠭᠠᠨ ᠢᠳᠡᠭᠡᠨ ᠤ ᠠᠵᠤ | ᠠᠬᠤᠶᠢᠯᠠᠯ ᠳᠤ ᠣᠨᠣᠪᠴᠢᠲᠠᠶ ᠪᠠᠶᠢᠯᠭᠠᠬᠤ ᠪᠠ ᠬᠡᠵᠢᠶ᠎ᠡ ᠢᠮᠠᠭᠲᠠ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠦᠢᠯᠡᠳᠪᠦᠷᠢᠯᠡᠵᠦ | ᠡᠵᠡᠩᠨᠡᠬᠦ ᠭᠤᠣᠯ ᠴᠣᠭᠴᠠ ᠶᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ᠰᠦ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ | ᠰᠢᠯᠭᠠᠬᠤ ᠲᠥᠯᠥᠪᠯᠡᠭᠡ ᠶᠢ ᠬᠡᠷᠡᠭᠵᠢᠭᠦᠯᠵᠦ᠂ ᠪᠠᠶᠢᠴᠠᠭᠠᠨ ᠰᠢᠯᠭᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠶ ᠲᠣᠭᠲᠠᠭᠠᠨ᠂ ᠭᠤᠷᠪᠠᠳᠠᠭᠢ | ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠠᠴᠠ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ ᠰᠢᠯᠭᠠᠬᠤ ᠠᠵᠢᠯ ᠥᠷᠨᠢᠭᠦᠯᠬᠦ ᠶᠢ ᠳᠠᠮᠵᠢᠨ᠎ᠠ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠠᠮᠵᠢᠵᠤ᠂ ᠲᠦᠭᠦᠬᠡᠶ | ᠰᠦ ᠵᠢᠴᠢ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠨ᠂ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠡᠷᠬᠢᠮᠯᠡᠪᠡᠰᠦ ᠵᠣᠬᠢᠬᠤ ᠵᠦᠢᠯ ᠢ ᠰᠠᠶᠢᠲᠤᠷ ᠪᠠᠲᠤᠯᠠᠨ᠎ᠠ᠃ ᠬᠠᠤᠯᠢ ᠬᠡᠷᠡᠭᠵᠢᠭᠦᠯᠦᠨ ᠪᠠᠶᠢᠴᠠᠭᠠᠬᠤ ᠬᠢᠭᠡᠳ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠶᠢᠨ | ᠬᠤᠯᠪᠣᠭᠠᠯᠠᠨ ᠬᠦᠳᠡᠯᠦᠯᠴᠡᠬᠦ ᠶᠢ ᠪᠠᠷᠢᠮᠲᠠᠯᠠᠨ᠂ ᠵᠠᠰᠠᠭ ᠵᠠᠬᠢᠷᠭᠠᠨ ᠬᠢᠭᠡᠳ ᠬᠠᠤᠯᠢ ᠴᠠᠭᠠᠵᠠ ᠶᠢ ᠵᠣᠯᠭᠠᠯᠳᠤᠭᠤᠯᠵᠤ᠂ ᠬᠠᠤᠯᠢ ᠠᠴᠠ ᠵᠥᠷᠢᠴᠡᠨ ᠨᠡᠮᠡᠯᠲᠡ ᠡᠳ᠋ ᠬᠢᠵᠦ | ᠣᠷᠣᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠷᠢᠭᠤᠯᠤᠭᠰᠠᠨ ᠰᠦ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠡᠮᠳᠡᠭ ᠬᠠᠳᠠᠵᠤ ᠢᠯᠭᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠲᠡᠷᠢᠭᠦᠨ ᠤ ᠨᠠᠷᠠᠲᠤ ᠲᠡᠮᠳᠡᠭ ᠢ ᠡᠭᠦᠳᠦᠨ᠎ᠠ᠃ | 15. ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠤᠢ ᠪᠣᠯᠭᠠᠨ᠎ᠠ᠃ ᠰᠢᠯᠢ ᠶᠢᠨ | ᠭᠤᠣᠯ ᠤᠨ ᠬᠤᠷᠤᠳ᠂ ᠬᠥᠯᠥᠨ ᠪᠣᠶᠢᠷ ᠤᠨ ᠦᠨᠢᠶᠡᠨ ᠰᠦ ᠵᠡᠷᠭᠡ ᠣᠷᠣᠨ ᠨᠤᠲᠤᠭ ᠤᠨ ᠣᠨᠴᠠᠯᠢᠭ ᠢᠶᠠᠷ ᠢᠯᠡ ᠲᠣᠳᠣ᠂ ᠠᠵᠤ ᠦᠢᠯᠡᠰ ᠤᠨ ᠰᠠᠭᠤᠷᠢ ᠪᠠᠷ ᠰᠠᠶᠢᠨ | ᠪᠠᠶᠢᠭ᠎ᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠢ ᠪᠣᠯᠭᠠᠨ ᠪᠣᠵᠠᠭᠠᠶᠢᠷᠠᠭᠤᠯᠵᠤ᠂ ᠰᠦ ᠶᠢᠨ ᠳᠠᠪᠠᠭᠤᠯᠢᠭ ᠠᠵᠤ ᠦᠢᠯᠡᠰ ᠤᠨ ᠪᠦᠰᠡ᠂ | ᠠᠵᠤ ᠦᠢᠯᠡᠰ ᠤᠨ ᠪᠦᠯᠦᠭᠵᠢᠯ ᠤᠨ ᠪᠥᠳᠥᠭᠡᠨ ᠪᠠᠶᠢᠭᠤᠯᠤᠯᠲᠠ ᠬᠢᠭᠡᠳ ᠰᠦ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ | ᠲᠡᠮᠳᠡᠭ ᠤᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ᠃ ᠭᠠᠵᠠᠷ ᠵᠦᠢ ᠶᠢᠨ ᠲᠡᠮᠳᠡᠭ ᠬᠠᠳᠠᠭᠰᠠᠨ ᠰᠦᠨ ᠤ ᠪᠦᠲᠦᠭᠡᠭᠳᠡᠬᠦᠨ ᠢᠶᠠᠨ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠦᠨ᠂ ᠣᠷᠣᠨ ᠨᠤᠲᠤᠭ ᠵᠢᠴᠢ ᠠᠵᠢᠯ ᠲᠥᠷᠥᠯ ᠤᠨ ᠨᠡᠶᠢᠭᠡᠮᠯᠢᠭ ᠵᠡᠷᠭᠡ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠲᠦ ᠲᠠᠸᠠᠷ ᠤᠨ ᠲᠡᠮᠳᠡᠭ | ᠳᠠᠩᠰᠠᠯᠠᠭᠤᠯᠬᠤ ᠪᠤᠶᠤ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠢᠶᠠᠨ ᠬᠠᠮᠠᠭᠠᠯᠠᠬᠤ ᠪᠠᠷ ᠭᠤᠶᠤᠴᠢᠯᠠᠬᠤ ᠶᠢ ᠨᠢ ᠵᠣᠷᠢᠭᠵᠢᠭᠤᠯᠵᠤ᠂ ︽ᠥᠪᠥᠷ ᠮᠣᠩᠭᠤᠯ | ᠨᠡᠷᠡᠮᠵᠢᠲᠦ︾ ᠭᠡᠷᠡᠴᠢᠯᠡᠯ ᠬᠢᠬᠦ ᠶᠢ ᠥᠷᠨᠢᠭᠦᠯᠦᠨ᠂ ᠭᠠᠵᠠᠷ ᠵᠦᠶ ᠶᠢᠨ ᠲᠡᠮᠳᠡᠭᠲᠦ ᠰᠦᠨ ᠤ ᠪᠦᠲᠦᠬᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠡᠷᠡᠲᠦ ᠲᠡᠮᠳᠡᠭ ᠢ ᠰᠣᠳᠣᠨ ᠪᠣᠯᠭᠠᠵᠤ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 16. ᠠᠵᠤ ᠦᠢᠯᠡᠰ ᠤᠨ ᠣᠨᠴᠠᠯᠢᠭ ᠲᠤ ᠲᠦᠰᠢᠭᠯᠡᠨ ᠠᠵᠤ ᠠᠬᠤᠶᠢᠯᠠᠯ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ ᠰᠦ ᠶᠢᠨ ᠦᠢᠯᠡᠰ ᠤᠨ ᠬᠥᠲᠥᠴᠢ ᠠᠵᠤ | ᠠᠬᠤᠶᠢᠯᠠᠯ ᠢ ᠠᠵᠤ ᠠᠬᠤᠶᠢᠯᠠᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠣᠯ ᠬᠦᠴᠦᠨ ᠪᠣᠯᠭᠠᠵᠤ᠂ ᠠᠵᠤ ᠠᠬᠤᠶᠢᠯᠠᠯ ᠤᠨ ᠠᠵᠤ | ᠦᠢᠯᠡᠰ ᠢᠶᠠᠨ ᠳᠡᠰ ᠳᠡᠪᠰᠢᠭᠦᠯᠬᠦ ᠶᠢ ᠨᠢ ᠳᠠᠮᠵᠢᠨ ᠵᠣᠷᠢᠭᠵᠢᠭᠤᠯᠵᠤ᠂ ᠪᠦᠲᠦᠬᠡᠭᠳᠡᠬᠦᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ᠂ ᠲᠠᠸᠠᠷ ᠤᠨ ᠲᠡᠮᠳᠡᠭ ᠢ ᠨᠢ | ᠳᠠᠩᠰᠠᠯᠠᠭᠤᠯᠵᠤ᠂ ᠨᠡᠷᠡᠲᠦ ᠲᠡᠮᠳᠡᠭ ᠢ ᠪᠤᠢ ᠪᠣᠯᠭᠠᠨ᠎ᠠ᠃ ᠳᠤᠮᠳᠠᠳᠤ ᠤᠯᠤᠰ ᠤᠨ ᠨᠢᠯᠬ᠎ᠠ ᠨᠢᠷᠠᠶ ᠬᠡᠤᠬᠡᠳ ᠲᠤ ᠲᠣᠬᠢᠷᠠᠬᠤ ᠪᠦᠲᠥᠭᠡᠭᠳᠡᠬᠦᠨ ᠰᠤᠳᠤᠯᠤᠨ ᠨᠡᠭᠡᠭᠡᠬᠦ ᠶᠢ | ᠵᠣᠷᠢᠭᠵᠢᠭᠤᠯᠵᠤ᠂ ᠨᠢᠯᠬ᠎ᠠ ᠨᠢᠷᠠᠶ ᠬᠡᠤᠬᠡᠳ ᠲᠤ ᠵᠣᠷᠢᠭᠤᠯᠤᠭᠰᠠᠨ ᠨᠠᠶᠢᠷᠠᠯᠭ᠎ᠠ ᠲᠠᠢ ᠪᠠᠷ ᠤᠯᠤᠰ ᠲᠤ ᠪᠠᠨ ᠦᠢᠯᠡᠳᠪᠦᠷᠢᠯᠡᠵᠦ ᠪᠠᠶᠢᠭ᠎ᠠ ᠳᠡᠯᠡᠬᠡᠶ ᠳᠡᠭᠡᠷ᠎ᠡ ᠨᠥᠯᠥᠭᠡᠯᠡᠬᠦ | ᠬᠦᠴᠦᠨ ᠪᠠ ᠥᠷᠢᠰᠦᠯᠳᠦᠬᠦ ᠬᠦᠴᠦᠨ ᠲᠠᠢ ᠰᠦᠨ ᠲᠠᠯᠬ᠎ᠠ ᠶᠢᠨ ᠨᠡᠷᠡᠲᠦ ᠲᠡᠮᠳᠡᠭ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 17. ᠪᠣᠬᠢᠷᠲᠤᠯ ᠥᠬᠡᠶ ᠴᠢᠨᠠᠷ ᠰᠠᠶᠢᠲᠠᠶ ᠪᠠᠶᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ ᠪᠦᠲᠦᠬᠡᠭᠳᠡᠭᠦᠨ ᠤ ᠨᠠᠷᠠᠲᠤ ᠲᠡᠮᠳᠡᠭ ᠢ ᠪᠣᠶ ᠪᠣᠯᠭᠠᠨ᠎ᠡ᠃ | ᠰᠦ ᠶᠢᠨ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠬᠦ ᠭᠤᠣᠯ ᠴᠣᠭᠴᠠ ᠪᠠᠷ ᠳᠠᠪᠠᠭᠤᠯᠢᠭ ᠲᠠᠢ ᠣᠨᠴᠠᠯᠢᠭ ᠲᠠᠢ ᠰᠦᠨ ᠤ ᠪᠦᠲᠦᠭᠡᠭᠳᠡᠬᠦᠨ ᠳᠤ ᠵᠠᠬ᠎ᠠ ᠳᠡᠯᠭᠡᠭᠦᠷ ᠤᠨ | ᠪᠠᠶᠢᠷᠢ ᠲᠣᠭᠲᠠᠭᠠᠯᠲᠠ ᠬᠢᠬᠦ ᠶᠢ ᠵᠣᠷᠢᠭᠵᠢᠭᠤᠯᠵᠤ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠬᠢᠬᠦ ᠠᠵᠢᠯ ᠢ | ᠥᠷᠨᠢᠭᠦᠯᠦᠨ᠂ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠰᠢᠮ᠎ᠡ ᠴᠢᠨᠠᠷ ᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠂ | ᠨᠥᠯᠥᠭᠡᠯᠡᠬᠦ ᠬᠦᠴᠦᠨ ᠲᠠᠢ ᠪᠦᠲᠦᠬᠡᠭᠳᠡᠬᠦᠨ ᠤ ᠨᠡᠷᠡᠲᠦ ᠲᠡᠮᠳᠡᠭ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 18. ︽ᠥᠪᠥᠷ ᠮᠣᠩᠭᠤᠯ ᠨᠡᠷᠡᠮᠵᠢᠲᠦ︾ ᠨᠠᠷᠠᠲᠤ ᠲᠡᠮᠳᠡᠭ ᠢᠶᠠᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠥᠪᠥᠷ ᠮᠣᠩᠭᠤᠯ ᠤᠨ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ ᠢ ᠵᠣᠬᠢᠶᠠᠨ ᠪᠠᠶᠢᠭᠤᠯᠵᠤ ᠡᠷᠬᠢᠯᠡᠬᠦ ᠪᠠ ︽ᠳᠤᠮᠳᠠᠳᠤ ᠤᠯᠤᠰ ᠤᠨ | ᠨᠡᠷᠡᠲᠦ ᠲᠡᠮᠳᠡᠭ ᠤᠨ ᠡᠳᠦᠷ︾ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠲᠦᠮᠡᠨ ᠭᠠᠵᠠᠷ ᠤᠨ ᠠᠶᠠᠯᠠᠯ︾ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ | ᠪᠠᠶᠠᠷ︾ ᠢᠶᠠᠷ ᠳᠠᠮᠵᠢᠭᠤᠯᠤᠨ᠂ ᠤᠯᠤᠰ ᠤᠨ ᠳᠣᠲᠣᠭᠠᠳᠤ ᠪᠠᠨ ᠣᠯᠠᠨ ᠤᠯᠤᠰ ᠤᠨ ᠦᠵᠡᠰᠬᠦᠯᠡᠩ ᠵᠡᠷᠭᠡ ᠠᠵᠢᠯᠯᠠᠭ᠎ᠠ ᠳᠤ ᠣᠷᠣᠯᠴᠠᠵᠤ᠂ ᠨᠡᠷᠡᠲᠦ ᠲᠡᠮᠳᠡᠭ ᠤᠨ | ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠨ᠎ᠡ᠃ ︽ᠥᠪᠥᠷ ᠮᠣᠩᠭᠤᠯ ᠢᠶᠠᠨ ᠬᠠᠶᠢᠷᠠᠯᠠᠬᠤ︾ ᠰᠢᠷᠢᠰ ᠤᠬᠠᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ | ᠰᠦᠯᠵᠢᠶ᠎ᠡ ᠪᠠᠷ ᠤᠬᠠᠭᠤᠯᠤᠨ ᠲᠠᠨᠢᠯᠴᠠᠭᠤᠯᠬᠤ ᠶᠢ ᠴᠢᠩᠭᠠᠷᠠᠭᠤᠯᠤᠨ᠎ᠠ᠃ ᠨᠡᠷᠡᠲᠦ ᠲᠡᠮᠳᠡᠭ ᠤᠨ ᠸᠢᠳᠢᠣ᠋ ᠣᠬᠤᠷ ᠹᠢᠯᠢᠮ ᠪᠠ ︽ᠥᠪᠥᠷ ᠮᠣᠩᠭᠤᠯ ᠤᠨ ᠦᠨᠦᠷ | ᠠᠮᠲᠠ ᠶᠢᠨ ᠲᠣᠭᠤᠭᠠᠨ ᠭᠡᠷ︾ ᠲᠧᠯᠸᠢᠰ ᠫᠷᠤᠭ᠍ᠷᠠᠮ ᠢ ᠵᠣᠬᠢᠶᠠᠨ ᠦᠢᠯᠡᠳᠴᠦ᠂ ᠰᠦ ᠶᠢᠨ ᠦᠢᠯᠡᠰ ᠤᠨ ᠣᠨᠴᠠᠯᠢᠭ ᠲᠠᠢ ᠣᠬᠢ ᠰᠣᠳᠣᠨ ᠦᠵᠡᠮᠵᠢ ᠶᠢᠨ ᠣᠷᠣᠨ ᠢ | ᠡᠭᠦᠳᠬᠦ ᠠᠵᠢᠯᠯᠠᠭ᠎ᠠ ᠥᠷᠨᠢᠭᠦᠯᠦᠨ᠂ ᠴᠠᠭᠠᠨ ᠢᠳᠡᠭᠡᠨ ᠤ ᠨᠥᠯᠥᠭᠡᠯᠡᠬᠦ ᠬᠦᠴᠦᠨ ᠪᠠ ᠠᠯᠳᠠᠷ ᠴᠣᠣ ᠶᠢ ᠮᠠᠨᠳᠤᠭᠤᠯᠵᠤ᠂ ︽ᠥᠪᠥᠷ ᠮᠣᠩᠭᠤᠯ ᠤᠨ ᠦᠨᠦᠷ ᠠᠮᠲᠠ︾ | ᠶᠢ ᠲᠦᠮᠡᠨ ᠭᠠᠵᠠᠷ ᠳᠠᠭᠤᠷᠢᠰᠬᠠᠨ᠂ ᠤᠯᠤᠰ ᠳᠠᠶᠠᠭᠠᠷ ᠪᠠ ᠳᠡᠯᠡᠬᠡᠢ ᠳ᠋ᠠᠬᠢᠨ ᠳᠤ ᠠᠯᠳᠠᠷᠰᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠲᠤᠰ ᠭᠠᠵᠠᠷ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠵᠢᠭᠠᠨ ᠵᠢᠯᠣᠭᠤᠳᠬᠤ ᠪᠠ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠭᠤᠤᠯᠳᠠᠯᠭ᠎ᠠ ᠲᠠᠢ | ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷᠯᠢᠭ ᠪᠥᠭᠡᠳ ᠪᠦᠷᠢᠨ ᠭᠦᠢᠴᠡᠳ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠨᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ᠂ ᠪᠠᠯᠠ ᠮᠥᠩᠭᠦ ᠶᠢ ᠬᠡᠷᠡᠭᠯᠡᠬᠦ᠂ ᠬᠡᠷᠡᠭᠵᠢᠭᠦᠯᠬᠦ ᠶᠢ ᠠᠬᠢᠭᠤᠯᠬᠤ ᠵᠡᠷᠭᠡ | ᠠᠵᠢᠯ ᠢᠶᠠᠨ ᠰᠠᠶᠢᠲᠤᠷ ᠬᠢᠵᠦ᠂ ᠲᠤᠰᠬᠠᠶ ᠪᠡᠯᠡ ᠮᠥᠩᠭᠦ ᠶᠢ ᠴᠠᠭ ᠲᠤᠬᠠᠶ ᠳᠤ ᠨᠢ ᠰᠠᠯᠭᠠᠨ ᠥᠭᠴᠦ᠂ ᠬᠡᠷᠡᠭᠵᠢᠭᠦᠯᠦᠭᠰᠡᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠵᠦ ᠵᠣᠬᠢᠶᠠᠨ ᠪᠠᠶᠢᠭᠤᠯᠬᠤ | ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠶᠢ | ᠴᠢᠩᠭᠠᠷᠠᠭᠤᠯᠤᠨ᠂ ᠱᠠᠩᠨᠠᠵᠤ ᠵᠠᠯᠬᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤ ᠨᠢ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠳ᠋ ᠤᠨ ᠵᠠᠰᠠᠭ ᠤᠨ ᠪᠠᠯᠠ ᠮᠥᠩᠭᠦ ᠪᠠᠷ ᠳᠡᠮᠵᠢᠬᠦ ᠶᠢ ᠴᠢᠩᠭᠠᠷᠠᠭᠤᠯᠤᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠡᠳ᠋ ᠤᠨ | ᠵᠠᠰᠠᠭ ᠤᠨ ᠣᠷᠣᠭᠤᠯᠤᠯᠲᠠ ᠶᠢ ᠪᠠᠲᠤᠯᠠᠬᠤ ᠳᠦᠷᠢᠮ ᠢᠶᠠᠨ ᠪᠦᠷᠢᠨᠰᠢᠭᠦᠯᠦᠨ᠂ ᠪᠡᠯᠡ ᠮᠥᠩᠭᠦ ᠣᠷᠣᠭᠤᠯᠬᠤ ᠲᠣᠭᠲᠠᠴᠠ ᠪᠠ ᠬᠡᠷᠡᠭᠯᠡᠬᠦ ᠠᠷᠭ᠎ᠠ ᠮᠠᠶ᠋ᠢᠭ ᠲᠤ ᠰᠢᠨ᠎ᠡ ᠶᠢ | ᠡᠭᠦᠳᠴᠦ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠥᠰᠦᠪ ᠤᠨ ᠠᠮᠵᠢᠯᠲᠠ ᠪᠦᠲᠦᠮᠵᠢ ᠲᠠᠢ ᠬᠠᠮᠢᠶᠠᠷᠤᠯᠲᠠ ᠶᠢ | ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ ᠬᠡᠷᠡᠭᠲᠡᠢ᠃365赢多少钱会被限额_国内有真正的365平台吗_365bet博彩官网 | ︵ᠭᠤᠷᠪᠠ︶ ᠭᠠᠵᠠᠷ ᠰᠢᠷᠣᠶ ᠬᠡᠷᠡᠭᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠩᠭᠠᠵᠤ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ︽ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠦᠰᠦᠭ | ﹇2020﹈ 310 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠦᠷᠢᠶ᠎ᠡ ᠬᠡᠪᠴᠢᠶ᠎ᠡ᠂ ᠭᠠᠵᠠᠷ ᠰᠣᠩᠭᠤᠬᠤ ᠪᠠ ᠭᠠᠵᠠᠷ ᠬᠡᠷᠡᠭᠯᠡᠬᠦ ᠪᠠᠷᠢᠮᠵᠢᠶ᠎ᠠ ᠵᠡᠷᠭᠡ ᠲᠠᠯ᠎ᠠ ᠪᠠᠷ ᠰᠦ ᠶᠢᠨ ᠦᠢᠯᠡᠰ ᠤᠨ ᠬᠥᠭᠵᠢᠯᠲᠡ ᠳᠤ ᠳᠡᠮᠵᠢᠯᠭᠡ | ᠦᠵᠡᠭᠦᠯᠵᠦ᠂ ᠡᠵᠡᠭᠦᠢ ᠠᠭᠤᠯᠠ ᠭᠤᠤ ᠲᠣᠪᠣᠴᠠᠭ ᠰᠠᠶᠢᠷᠭᠠᠯ ᠵᠢᠴᠢ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠲᠤ | ᠰᠠᠭᠠᠯᠢ ᠶᠢᠨ ᠮᠠᠯ ᠤᠨ ᠦᠢᠯᠡᠳᠪᠦᠷᠢᠯᠡᠯ ᠢ ᠲᠣᠬᠢᠷᠠᠭᠤᠯᠬᠤ ᠬᠡᠷᠡᠭᠲᠡᠢ᠃ | | |