2020 ᠣᠨ ᠤ 12 ᠳ᠋ᠤᠭᠠᠷ ᠰᠠᠷ᠎ᠠ ᠶᠢᠨ 30 ᠤ ᠡᠳᠦᠷ᠂ ᠬᠥᠬᠡᠬᠤᠲᠠ ᠳᠤ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠᠷ ᠥᠪᠥᠷ ᠮᠣᠩᠭᠤᠯ ᠨᠢᠭᠡᠨᠲᠡ ᠠᠵᠢᠯᠲᠠᠨ᠂ ᠡᠳ᠋ | ᠪᠣᠳᠠᠰ ᠤᠨ ᠨᠥᠭᠡᠴᠡ ᠪᠠᠨ ᠰᠠᠶᠢᠲᠤᠷ ᠬᠢᠵᠡᠶ᠃ | ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠲᠠᠨᠢᠯᠴᠠᠭᠤᠯᠬᠤ ᠳᠤ ᠪᠠᠨ᠂ ᠣᠳᠣᠬᠠᠨ ᠳᠤ᠂ ᠥᠪᠥᠷ ᠮᠣᠩᠭᠤᠯ | ᠨᠡᠶᠢᠲᠡ 122 ᠰᠠᠯᠠᠭ᠎ᠠ 4077 ᠬᠥᠮᠦᠨ ᠤ ᠬᠡᠪᠴᠢᠶ᠎ᠡ ᠲᠠᠢ ᠡᠮᠴᠢᠯᠡᠵᠦ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠮᠴᠢᠯᠡᠵᠦ ᠠᠪᠤᠷᠠᠨ ᠲᠤᠰᠠᠯᠠᠬᠤ | 5645 ᠪᠡᠯᠡᠳᠬᠡᠯ ᠠᠵᠢᠯᠲᠠᠨ ᠢ ᠪᠡᠯᠡᠨ ᠪᠣᠯᠭᠠᠵᠤ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ᠂ ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭ᠎ᠠ᠂ ᠵᠠᠮ | ᠬᠠᠷᠢᠯᠴᠠᠭ᠎ᠠ ᠲᠡᠭᠡᠭᠡᠪᠦᠷᠢ᠂ ᠨᠡᠶᠢᠭᠡᠮ ᠲᠣᠭᠤᠷᠢᠭ ᠵᠡᠷᠭᠡ ᠨᠢᠭᠡᠴᠢ ᠶᠢᠨ ᠠᠵᠢᠯᠲᠠᠳ ᠢᠶᠠᠷ ᠪᠦᠷᠢᠯᠳᠦᠭᠰᠡᠨ 1261 ᠰᠢᠯᠵᠢᠭᠦᠯᠦᠨ ᠲᠣᠬᠢᠷᠠᠭᠤᠯᠬᠤ ᠳᠤᠭᠤᠶᠢᠯᠠᠩ ᠢ | ᠵᠣᠬᠢᠶᠠᠨ ᠪᠠᠶᠢᠭᠤᠯᠵᠤ᠂ 565 ᠬᠥᠮᠦᠨ ᠤ ᠲᠤᠰᠬᠠᠶ ᠠᠷᠢᠭᠤᠳᠬᠠᠨ ᠠᠷᠢᠯᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ | ᠲᠣᠤᠷᠵᠢᠭᠤᠯᠤᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢᠯᠡᠷᠡᠭᠰᠡᠭᠡᠷ ᠳᠠᠷᠤᠶ ᠲᠦᠷᠭᠡᠨ ᠤᠷᠢᠶᠠᠯᠠᠨ | ᠳᠠᠭᠠᠵᠤ᠂ ᠪᠦᠲᠦᠮᠵᠢᠲᠡᠶ ᠰᠢᠶᠳᠪᠦᠷᠢᠯᠡᠬᠦ ᠶᠢ ᠦᠨᠡᠨ ᠬᠦ ᠪᠠᠲᠤᠯᠠᠵᠤ ᠴᠢᠳᠠᠨ᠎ᠠ ᠭᠡᠵᠡᠶ᠃ | ᠡᠭᠦᠨ ᠤ ᠬᠠᠮᠲᠤ᠂ ᠥᠪᠥᠷ ᠮᠣᠩᠭᠤᠯ ᠨᠡᠶᠢᠲᠡ 121 ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ᠂ 87 ᠪᠡᠯᠡᠳᠬᠡᠯ ᠡᠮᠨᠡᠯᠭᠡ ᠶᠢᠨ ᠬᠤᠷᠢᠶ᠎ᠠ᠂ | ᠬᠤᠶᠠᠳᠤᠭᠠᠷ ᠳᠡᠰ ᠵᠢᠴᠢ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠡᠶᠢᠲᠡ 207 ᠬᠠᠯᠠᠭᠤᠷᠠᠯ ᠤᠨ ᠡᠭᠦᠳᠡᠨ ᠡᠮᠨᠡᠯᠭᠡ ᠶᠢ ᠨᠤᠲᠠᠯᠠᠨ ᠲᠣᠭᠲᠠᠭᠠᠪᠠ᠃ | ᠡᠯ᠎ᠡ ᠠᠶᠢᠮᠠᠭ ᠬᠤᠲᠠ ᠠᠴᠠ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠪᠡᠶ᠎ᠡ ᠶᠢᠨ ᠲᠠᠮᠢᠷ ᠤᠨ ᠣᠷᠳᠣᠨ᠂ ᠦᠵᠡᠭᠦᠯᠭᠡ ᠶᠢᠨ ᠣᠷᠳᠣᠨ | ᠵᠡᠷᠭᠡ ᠶᠢ ᠰᠣᠩᠭᠤᠵᠤ 43 ᠴᠢᠩᠭᠡᠯᠢᠭ ᠲᠠᠰᠤᠯᠭ᠎ᠠ ᠲᠠᠢ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ︽ᠬᠢᠵᠢᠭ ᠤᠨ ᠪᠠᠶᠢᠳᠠᠯ ᠢᠯᠡᠷᠡᠭᠰᠡᠭᠡᠷ ᠴᠢᠩᠭᠡᠯᠢᠭ ᠲᠠᠰᠤᠯᠭ᠎ᠠ ᠲᠠᠢ | ᠡᠮᠨᠡᠯᠭᠡ ᠶᠢᠨ ᠬᠤᠷᠢᠶ᠎ᠠ ᠶᠢ ᠲᠡᠷᠡ ᠳᠠᠷᠤᠶ ᠳᠤ ᠨᠢ ᠠᠰᠢᠭᠯᠠᠯᠲᠠ ᠳᠤ ᠣᠷᠣᠭᠤᠯᠬᠤ ᠪᠠᠷ ᠪᠣᠢ︾᠃ | ︽ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠣᠨᠣᠰᠢᠯᠠᠭᠳᠠᠭᠰᠠᠨ ᠡᠪᠡᠳᠴᠢᠲᠡᠨ ᠤ 1᠄ 100 ᠶᠢᠨ ᠬᠠᠷᠢᠴᠠᠯ ᠶᠣᠰᠣᠭᠠᠷ ᠲᠤᠰᠠᠭᠠᠷᠯᠠᠬᠤ ᠬᠥᠮᠦᠰ ᠤᠨ | ᠬᠡᠪᠴᠢᠶ᠎ᠡ ᠶᠢ ᠲᠣᠭᠲᠠᠭᠠᠵᠤ᠂ ᠲᠤᠰᠠᠭᠠᠷᠯᠠᠬᠤ ᠨᠥᠬᠦᠴᠡᠯ ᠳᠤ ᠨᠡᠶᠢᠴᠡᠭᠰᠡᠨ ᠨᠡᠶᠢᠲᠡ 378 ᠵᠣᠴᠢᠳ ᠤᠨ ᠪᠠᠭᠤᠳᠠᠯ ᠪᠠ ᠬᠤᠭᠤᠯᠠᠨ ᠭᠡᠷ ᠲᠠᠢ ᠤᠷᠢᠳᠴᠢᠯᠠᠨ ᠭᠡᠷ᠎ᠡ | ᠲᠣᠭᠲᠠᠭᠰᠠᠨ ᠪᠥᠭᠡᠳ ᠲᠤᠰᠠᠭᠠᠷᠯᠠᠬᠤ ᠲᠠᠯᠠᠪᠤᠷ ᠪᠦᠷᠢ ᠳᠤ ᠡᠮᠨᠡᠯᠭᠡ ᠶᠢᠨ ᠠᠵᠢᠯᠲᠠᠳ᠂ ᠨᠡᠶᠢᠭᠡᠮ ᠲᠣᠭᠤᠷᠢᠭ ᠤᠨ ᠺᠠᠳ᠋ᠷᠴᠤᠳ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠨᠠᠷ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠳᠣᠭᠢᠷᠠᠭᠤᠯᠵᠠᠶ︾ ᠭᠡᠵᠦ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠲᠠᠨᠢᠯᠴᠠᠭᠤᠯᠵᠤ᠂ ᠪᠠᠰᠠ | ︽ᠲᠤᠰᠠᠭᠠᠷᠯᠠᠬᠤ ᠲᠠᠯᠠᠪᠤᠷ ᠢ ᠡᠬᠢᠯᠡᠵᠦ ᠬᠡᠷᠡᠭᠯᠡᠭᠰᠡᠭᠡᠷ ᠠᠵᠢᠯᠲᠠᠳ ᠳᠠᠷᠤᠢ ᠲᠦᠷᠭᠡᠨ ᠢᠶᠠᠷ ᠠᠵᠢᠯᠯᠠᠵᠤ ᠴᠢᠳᠠᠨ᠎ᠠ︾ ᠭᠡᠵᠡᠢ᠃ | ᠬᠠᠮᠤᠭ ᠤᠨ ᠰᠢᠨ᠎ᠡ ᠲᠣᠬᠢᠷᠠᠭᠤᠯᠤᠯᠲᠠ ᠶᠢᠨ ᠪᠠᠶᠢᠳᠠᠯ ᠠᠴᠠ ᠦᠵᠡᠪᠡᠯ᠂ ᠥᠪᠥᠷ ᠮᠣᠩᠭᠤᠯ ᠨᠢᠭᠡᠨᠲᠡ ᠡᠮᠴᠢᠯᠡᠭᠡᠨ ᠳᠤ ᠬᠡᠷᠡᠭᠯᠡᠬᠦ ᠠᠮᠠᠪᠴᠢ 2452.84 ᠲᠦᠮᠡ | ᠂ ᠡᠮᠴᠢᠯᠡᠭᠡᠨ ᠳᠤ ᠬᠡᠷᠡᠭᠯᠡᠬᠦ N95 ᠠᠮᠠᠪᠴᠢ 150.7 ᠲᠦᠮᠡ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ 96.43 ᠲᠦᠮᠡ᠂ ᠡᠮᠴᠢᠯᠡᠭᠡᠨ ᠳᠤ | ᠬᠡᠷᠡᠭᠯᠡᠬᠦ ᠲᠤᠰᠠᠭᠠᠷᠯᠠᠬᠤ ᠬᠤᠪᠴᠠᠰᠤ 62.87 ᠲᠦᠮᠡ᠂ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢᠨ ᠲᠤᠷᠰᠢᠬᠤ ᠡᠮ 87.58 ᠲᠦᠮᠡᠨ ᠬᠤᠪᠢ᠂ ᠡᠯ᠎ᠡ | ᠲᠥᠷᠥᠯ ᠤᠨ ᠡᠮ ᠤᠨ ᠵᠦᠶᠯ 42 ᠲᠦᠮᠡ ᠶᠢ ᠪᠣᠲᠠᠲᠠᠢ ᠪᠠᠷ | ᠨᠥᠭᠡᠴᠡᠯᠡᠪᠡ᠃ | ᠬᠢᠵᠢᠭ ᠤᠨ ᠪᠠᠶᠢᠳᠠᠯ ᠪᠠᠴᠢᠮ ᠬᠦᠨᠳᠦ ᠬᠤᠭᠤᠴᠠᠭᠠᠨ ᠳᠠᠬᠢ ᠥᠪᠥᠷ ᠮᠣᠩᠭᠤᠯ ᠤᠨ ᠴᠢᠬᠤᠯᠠ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠦᠶᠯᠡᠳᠪᠦᠷᠢᠯᠡᠬᠦ ᠠᠵᠤ | ᠠᠬᠤᠶᠢᠯᠠᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠦᠶᠯᠡᠳᠪᠦᠷᠢᠯᠡᠬᠦ ᠴᠢᠳᠠᠯ ᠪᠠ ᠭᠠᠷᠭᠠᠯᠭ᠎ᠠ ᠶᠢᠨ ᠲᠥᠷᠥᠯ ᠵᠦᠶᠯ ᠶᠠᠰᠤ ᠴᠢᠨᠠᠷ᠂ ᠰᠢᠯᠵᠢᠭᠦᠯᠦᠨ | ᠲᠣᠬᠢᠷᠠᠭᠤᠯᠤᠭᠰᠠᠨ ᠪᠠᠶᠢᠳᠠᠯ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠠᠵᠤ ᠦᠶᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠪᠠᠷ ᠬᠢ ᠶᠡᠷᠦᠩᠬᠡᠶᠢᠯᠡᠭᠰᠡᠨ | ᠰᠤᠳᠤᠯᠤᠨ ᠮᠠᠭᠠᠳᠯᠠᠯᠲᠠ ᠶᠢ ᠦᠨᠳᠦᠰᠦᠯᠡᠨ᠂ ᠥᠪᠥᠷ ᠮᠣᠩᠭᠤᠯ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠠᠴᠠ ᠡᠮᠴᠢᠯᠡᠭᠡᠨ ᠳᠤ ᠬᠡᠷᠡᠭᠯᠡᠬᠦ ᠠᠮᠠᠪᠴᠢ | ᠦᠢᠯᠡᠳᠪᠦᠷᠢᠯᠡᠬᠦ 6 ᠠᠵᠤ ᠠᠬᠤᠶᠢᠯᠠᠯ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ ᠦᠢᠯᠡᠳᠪᠦᠷᠢᠯᠡᠬᠦ 2 ᠠᠵᠤ ᠠᠬᠤᠶᠢᠯᠠᠯ᠂ ᠠᠷᠢᠭᠤᠳᠬᠠᠯ ᠡᠳ᠋ | ᠦᠢᠯᠡᠳᠪᠦᠷᠢᠯᠡᠬᠦ 7 ᠠᠵᠤ ᠠᠬᠤᠶᠢᠯᠠᠯ ᠶᠢ ᠡᠮᠴᠢᠯᠡᠭᠡᠨ ᠳᠤ ᠬᠡᠷᠡᠭᠯᠡᠬᠦ ᠴᠢᠬᠤᠯᠠ ᠡᠳ᠋ ᠪᠣᠳᠠᠰ ᠤᠨ ᠴᠡᠭ ᠲᠣᠭᠲᠠᠭᠠᠭᠰᠠᠨ ᠬᠠᠩᠭᠠᠯᠭ᠎ᠠ ᠶᠢ ᠪᠠᠲᠤᠯᠠᠬᠤ ᠠᠵᠤ | ᠠᠬᠤᠶᠢᠯᠠᠯ ᠢᠶᠠᠷ ᠰᠣᠩᠭᠤᠨ ᠲᠣᠭᠲᠠᠭᠠᠪᠠ᠃ | ᠲᠤᠭ᠎ᠠ ᠪᠠᠷᠢᠮᠲᠠ ᠶᠢᠨ ᠪᠦᠷᠢᠳᠬᠡᠯ ᠤᠨ ᠢᠯᠡᠷᠡᠭᠦᠯᠦᠭᠰᠡᠨ ᠢᠶᠠᠷ᠂ ᠡᠮᠴᠢᠯᠡᠭᠡᠨ ᠳᠤ ᠬᠡᠷᠡᠭᠯᠡᠬᠦ ᠠᠮᠠᠪᠴᠢ ᠦᠶᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠤᠨ | ᠦᠶᠯᠡᠳᠪᠦᠷᠢᠯᠡᠬᠦ ᠴᠢᠳᠠᠯ ᠨᠢ 298.5 ᠲᠦᠮᠡ᠂ ᠦᠢᠯᠡᠳᠬᠦᠨ ᠤ ᠬᠠᠳᠠᠭᠠᠯᠠᠯᠲᠠ ᠨᠢ 1189.86 ᠲᠦᠮᠡ᠂ ᠭᠤᠤᠯ ᠪᠣᠯᠬᠤ ᠲᠦᠭᠦᠬᠡᠶ ᠮᠠᠲ᠋ᠧᠷᠢᠶᠠᠯ ᠤᠨ | ᠬᠥᠮᠥᠷᠭᠡ ᠶᠢᠨ ᠬᠠᠳᠠᠭᠠᠯᠠᠯᠲᠠ ᠪᠠᠷ ᠨᠤᠭᠤᠯᠵᠤ ᠪᠤᠳᠤᠭᠰᠠᠨ ᠦᠶᠯᠡᠳᠬᠦᠨ 3588.87 ᠲᠦᠮᠡ ᠪᠣᠢ︔ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ | ᠦᠶᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠤᠨ ᠦᠶᠯᠡᠳᠪᠦᠷᠢᠯᠡᠬᠦ ᠴᠢᠳᠠᠯ ᠨᠢ 1.56 ᠲᠦᠮᠡ᠂ ᠦᠢᠯᠡᠳᠬᠦᠨ ᠤ ᠬᠠᠳᠠᠭᠠᠯᠠᠯᠲᠠ ᠨᠢ 3.69 ᠲᠦᠮᠡᠨ ᠢᠵᠢ᠂ | ᠭᠤᠤᠯ ᠪᠣᠯᠬᠤ ᠲᠦᠭᠦᠬᠡᠶ ᠮᠠᠲ᠋ᠧᠷᠢᠶᠠᠯ ᠤᠨ ᠬᠠᠳᠠᠭᠠᠯᠠᠯᠲᠠ ᠪᠠᠷ ᠨᠤᠭᠤᠯᠵᠤ ᠪᠣᠳᠣᠭᠰᠠᠨ ᠦᠢᠯᠡᠳᠬᠦᠨ 5.66 ᠲᠦᠮᠡᠨ ᠢᠵᠢ ᠪᠤᠢ︔ ᠠᠷᠢᠭᠤᠳᠬᠠᠬᠤ ᠡᠳ᠋ | ᠦᠢᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠤᠨ ᠦᠢᠯᠡᠳᠪᠦᠷᠢᠯᠡᠬᠦ ᠴᠢᠳᠠᠯ ᠨᠢ 279 ᠲᠣᠨ᠂ ᠦᠢᠯᠡᠳᠬᠦᠨ ᠤ ᠬᠥᠮᠥᠷᠭᠡ ᠶᠢᠨ ᠬᠠᠳᠠᠭᠠᠯᠠᠯᠲᠠ ᠨᠢ ᠪᠠᠷᠤᠭ 320 | ᠲᠣᠨ ᠪᠤᠢ᠃ | ᠡᠭᠦᠨ ᠤ ᠬᠠᠮᠲᠤ᠂ ᠥᠪᠥᠷ ᠮᠣᠩᠭᠤᠯ ᠲᠣᠰ ᠱᠠᠲᠤᠨ ᠤ ᠨᠥᠭᠡᠴᠡ ᠡᠳ᠋ ᠪᠣᠳᠠᠰ ᠢ ᠳᠣᠭᠢᠷᠠᠭᠤᠯᠤᠨ ᠬᠡᠷᠡᠭᠯᠡᠬᠦ ᠲᠣᠭᠲᠠᠴᠠ ᠪᠠᠨ ᠲᠡᠭᠦᠯᠳᠡᠷᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠥᠭᠡᠴᠡᠯᠡᠵᠦ ᠪᠠᠶᠢᠭ᠎ᠠ ᠡᠮᠴᠢᠯᠡᠭᠡᠨ ᠤ ᠰᠡᠷᠭᠡᠶᠢᠯᠡᠨ ᠬᠠᠮᠠᠭᠠᠯᠠᠬᠤ ᠡᠳ᠋ ᠪᠣᠳᠠᠰ᠂ ᠪᠠᠶᠢᠴᠠᠭᠠᠨ ᠰᠢᠨᠵᠢᠯᠡᠯᠲᠡ ᠶᠢᠨ | ᠲᠤᠷᠰᠢᠬᠤ ᠡᠮ ᠪᠠ ᠬᠤᠷᠣᠭᠳᠠᠯ ᠮᠠᠲ᠋ᠧᠷᠢᠶᠠᠯ ᠨᠢ 2 — 3 ᠠᠶᠢᠮᠠᠭ ᠬᠤᠲᠠ ᠶᠢ ᠵᠡᠷᠭᠡ ᠳᠤ ᠨᠢ ᠳᠡᠮᠵᠢᠨ ᠲᠤᠰᠠᠯᠠᠵᠤ ᠨᠢᠭᠡ ᠤᠳᠠᠭᠠᠨ ᠤ ᠪᠦᠬᠦ ᠬᠦᠮᠦᠰ ᠤᠨ ᠪᠥᠭᠡᠮ | ᠬᠦᠴᠢᠯ ᠤᠨ ᠪᠠᠶᠢᠴᠠᠭᠠᠨ ᠰᠢᠨᠵᠢᠯᠡᠬᠦ ᠠᠵᠢᠯ ᠢ ᠥᠷᠨᠢᠭᠦᠯᠵᠦ ᠴᠢᠳᠠᠨ᠎ᠠ᠃ |