| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠡᠯᠧᠺᠲᠷᠣᠨ ᠬᠤᠳᠠᠯᠳᠤᠭᠠᠨ ᠤ ᠲᠠᠯᠠᠪᠤᠷ ︵ᠳᠣᠷᠣᠭᠰᠢ | ︽ᠡᠯᠧᠺᠲᠷᠣᠨ ᠬᠤᠳᠠᠯᠳᠤᠭᠠᠨ ᠤ ᠲᠠᠯᠠᠪᠤᠷ︾ ᠭᠡᠵᠦ ᠲᠣᠪᠴᠢᠯᠠᠨ᠎ᠠ︶ ᠠᠴᠠ ᠬᠤᠳᠠᠯᠳᠤᠨ ᠠᠪᠠᠨ᠋ᠥ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠤᠨ ᠣᠷᠳᠣᠨ ᠤ | ᠬᠤᠳᠠᠯᠳᠤᠨ ᠠᠪᠠᠨ᠋ᠥ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠨ ᠠᠪᠠᠨ᠋ᠥ ᠥᠪᠡᠷ ᠤᠨ ᠥᠷᠲᠡᠭ ᠢ ᠪᠠᠭᠤᠷᠠᠭᠤᠯᠤᠨ᠂ ᠤᠯᠤᠰ ᠤᠨ ᠠᠰᠢᠭ ᠲᠤᠰᠠ᠂ | ᠨᠡᠶᠢᠭᠡᠮ ᠨᠡᠶᠢᠲᠡ ᠶᠢᠨ ᠠᠰᠢᠭ ᠲᠤᠰᠠ ᠪᠠ ᠡᠯ᠎ᠡ ᠲᠠᠯ᠎ᠠ ᠶᠢᠨ ᠬᠤᠯᠪᠤᠭᠳᠠᠬᠤ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠯᠧᠺᠲᠷᠣᠨ | ᠬᠤᠳᠠᠯᠳᠤᠭᠠᠨ ᠤ ᠲᠠᠯᠠᠪᠤᠷ ᠢ ᠡᠷᠡᠭᠦᠯ᠂ ᠲᠥᠪ ᠭᠤᠤᠯᠴᠢ᠂ ᠡᠮᠬᠢ ᠵᠢᠷᠤᠮ ᠲᠠᠢ ᠡᠵᠡᠩᠨᠡᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠬᠠᠮᠲᠤᠷᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ | ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ︽ᠠᠷᠭ᠎ᠠ︾ ᠶᠢ ᠶᠠᠮᠠᠷ ᠠᠬᠤᠶ ᠪᠠᠶᠢᠳᠠᠯ ᠳᠤ ᠨᠡᠶᠢᠲᠡᠯᠡᠭᠰᠡᠨ ᠪᠣᠶ︖ | ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠲᠤᠰ ᠬᠠᠤᠯᠢ ᠶᠢ ᠬᠡᠷᠡᠭᠵᠢᠭᠦᠯᠬᠦ | ᠳᠦᠷᠢᠮ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠪᠠᠲᠤᠯᠠᠭᠰᠠᠨ ︽ᠵᠠᠰᠠᠭ ᠤᠨ ᠣᠷᠳᠣᠨ ᠤ ᠬᠤᠳᠠᠯᠳᠤᠨ ᠠᠪᠬᠤ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾᠂ ᠡᠳ᠋ ᠤᠨ ᠵᠠᠰᠠᠭ ᠤᠨ ᠶᠠᠮᠤᠨ ᠤ ᠬᠡᠷᠡᠭᠵᠢᠭᠦᠯᠬᠦ ᠰᠠᠨᠠᠯ ᠪᠠ ᠥᠪᠡᠷᠲᠡᠭᠡᠨ ᠵᠠᠰᠠᠬᠤ ᠣᠷᠣᠨ ᠤ | ᠠᠵᠢᠯ ᠤᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠪᠦᠬᠦ ᠣᠷᠣᠨ ᠢ | ᠬᠠᠮᠤᠷᠤᠭᠰᠠᠨ ᠡᠯᠧᠺᠲᠷᠣᠨ ᠬᠤᠳᠠᠯᠳᠤᠭᠠᠨ ᠤ ᠲᠠᠯᠠᠪᠤᠷ ᠶᠢ ᠪᠠᠶᠢᠭᠤᠯᠤᠭᠠᠳ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠢᠯᠪᠡᠷᠴᠢᠯᠠᠬᠤ᠂ ᠳᠥᠭᠦᠮᠴᠢᠯᠡᠬᠦ | ᠶᠢ ᠶᠡᠬᠡᠪᠡᠷ ᠠᠭᠢᠭᠤᠯᠤᠭᠰᠠᠨ ᠪᠠᠶᠢᠨ᠎ᠠ᠂ ᠭᠡᠬᠦ ᠳᠡᠭᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠲᠠᠰᠤᠷᠠᠯᠲᠠ ᠦᠭᠡᠢ | ᠭᠦᠨᠵᠡᠭᠡᠶᠢᠷᠡᠬᠦ ᠶᠢ ᠳᠠᠭᠠᠯᠳᠤᠨ᠂ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ | ᠠᠵᠢᠯ ᠲᠤᠯᠭᠠᠮ ᠱᠠᠭᠠᠷᠳᠠᠭᠳᠠᠵᠤ ᠪᠠᠶᠢᠨ᠎ᠠ᠂ ᠡᠶᠢᠨ ᠬᠦ ᠭᠦᠢᠴᠡᠳ ᠪᠠᠶᠢᠴᠠᠭᠠᠨ ᠰᠣᠳᠤᠯᠤᠯᠲᠠ ᠬᠢᠭᠰᠡᠨ ᠰᠠᠭᠤᠷᠢᠨ ᠳᠡᠭᠡᠷ᠎ᠡ ᠮᠠᠨ ᠤ ᠣᠷᠣᠨ ᠤ ᠡᠯᠧᠺᠲᠷᠣᠨ | ᠬᠤᠳᠠᠯᠳᠤᠭᠠᠨ ᠤ ᠲᠠᠯᠠᠪᠤᠷ ᠤᠨ ᠠᠵᠢᠯᠯᠠᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠨ ᠨᠡᠶᠢᠲᠡᠯᠡᠪᠡ᠃ | ᠬᠤᠶᠠᠷ᠂ ᠲᠤᠰ ︽ᠠᠷᠭ᠎ᠠ︾ ᠶᠢ ᠲᠣᠭᠲᠠᠭᠠᠭᠰᠠᠨ ᠭᠤᠤᠯ ᠦᠨᠳᠦᠰᠦᠯᠡᠯ ᠨᠢ ᠶᠠᠭᠤ ᠪᠣᠶ︖ | ᠲᠤᠰ ︽ᠠᠷᠭ᠎ᠠ︾ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ | ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠠᠭ᠎ᠠ ᠪᠠ ᠦᠶᠯᠡᠴᠢᠯᠡᠭᠡᠨ ᠤ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 87 ᠳ᠋ᠤᠭᠠᠷ ᠲᠣᠭᠠᠲᠤ ᠵᠠᠷᠯᠢᠭ︶᠂ ︽ᠵᠠᠰᠠᠭ ᠤᠨ ᠣᠷᠳᠣᠨ ᠤ | ᠬᠤᠳᠠᠯᠳᠤᠨ ᠠᠪᠬᠤ ᠳᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠪᠤᠰᠤ ᠠᠷᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 74 | ᠳ᠋ᠦ᠋ᠭᠡᠷ ᠲᠣᠭᠠᠲᠤ ᠵᠠᠷᠯᠢᠭ︶᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠳᠦᠷᠢᠮ︾᠂ ︽ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠰᠡᠵᠢᠭᠯᠡᠬᠦ ᠪᠠ ᠵᠠᠭᠠᠯᠳᠤᠬᠤ ᠠᠷᠭ᠎ᠠ︾ ︵ᠡᠳ᠋ ᠤᠨ ᠵᠠᠰᠠᠭ ᠤᠨ ᠶᠠᠮᠤᠨ 94 ᠳ᠋ᠦ᠋ᠭᠡᠷ ᠲᠣᠭᠠᠲᠤ ᠵᠠᠷᠯᠢᠭ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢᠶᠠᠷ ᠦᠨᠳᠦᠰᠦᠯᠡᠯ ᠪᠣᠯᠭᠠᠵᠠᠢ᠃ | ᠭᠤᠷᠪᠠ᠂ ︽ᠠᠷᠭ᠎ᠠ︾ ᠳᠤ ᠲᠣᠭᠲᠠᠭᠠᠭᠰᠠᠨ ᠭᠤᠤᠯ ᠵᠠᠷᠴᠢᠮ ᠶᠠᠭᠤ ᠪᠣᠶ︖ | ᠨᠢᠭᠡ ᠳᠤ᠂ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ | ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠦᠨᠳᠦᠰᠦᠯᠡᠨ ᠲᠦᠷᠢᠮ ᠤᠨ ᠵᠢᠷᠤᠭ ᠲᠥᠯᠥᠪᠯᠡᠭᠡ ᠬᠢᠪᠡ᠃ ᠬᠤᠶᠠᠷ | ᠲᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ | ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠳᠥᠭᠦᠮ ᠳᠥᠲᠡ ᠣᠷᠴᠢᠨ ᠨᠥᠬᠦᠴᠡᠯ ᠢ ᠪᠣᠶ ᠪᠣᠯᠭᠠᠵᠠᠢ᠃ ᠭᠤᠷᠪᠠ ᠳᠤ ︽ᠬᠡᠨ ᠡᠯᠰᠡᠨ ᠴᠤᠭᠯᠠᠭᠤᠯᠤᠭᠰᠠᠨ | ᠪᠣᠯ ᠲᠡᠷᠡ ᠬᠢᠨᠠᠨ ᠬᠠᠷᠭᠤᠭᠤᠯᠵᠤ᠂ ᠬᠠᠷᠢᠭᠤᠴᠠᠵᠤ᠂ ᠬᠢᠨᠠᠨ ᠬᠠᠮᠢᠶᠠᠷᠬᠤ︾ ᠵᠠᠷᠴᠢᠮ ᠢ ᠵᠢᠷᠤᠮᠯᠠᠨ᠂ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠪᠠ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠪᠠ᠃ ᠲᠦᠷᠪᠡ ᠳᠤ ᠡᠯᠧᠺᠲᠷᠣᠨ ᠬᠤᠳᠠᠯᠳᠤᠭᠠᠨ ᠤ ᠲᠠᠯᠠᠪᠤᠷ | ᠤᠨ ᠬᠤᠯᠪᠤᠭᠳᠠᠬᠤ ᠬᠥᠮᠦᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠤᠶᠠᠷ ᠲᠠᠯ᠎ᠠ ᠶᠢᠨ ᠬᠤᠯᠪᠤᠭᠳᠠᠬᠤ ᠬᠥᠮᠦᠨ ᠡᠯᠧᠺᠲᠷᠣᠨ ᠬᠤᠳᠠᠯᠳᠤᠭᠠᠨ ᠤ ᠲᠠᠯᠠᠪᠤᠷ | ᠲᠤ ᠠᠷᠠᠯᠵᠢᠶ᠎ᠠ ᠬᠢᠬᠦ ᠦᠶᠡᠰ ᠲᠤ ᠭᠦᠢᠴᠡᠳᠬᠡᠬᠦ ᠶᠣᠰᠣᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ᠃ ᠲᠠᠪᠤ ᠳᠤ᠂ ᠱᠠᠲᠤ ᠬᠤᠪᠢᠶᠠᠨ | ᠬᠠᠮᠢᠶᠠᠷᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ | ᠰᠢᠨᠵᠢ ᠴᠢᠨᠠᠷ᠂ ᠦᠶᠯᠡ ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠬᠠᠤᠯᠢ ᠠᠴᠠ | ᠵᠥᠷᠢᠴᠡᠵᠦ ᠢᠲᠡᠭᠡᠯ ᠠᠯᠳᠠᠭᠰᠠᠨ ᠬᠡᠮᠵᠢᠶ᠎ᠡ ᠯᠦᠭᠡ ᠵᠣᠬᠢᠴᠠᠯᠳᠤᠭᠰᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠬᠢᠷᠠᠭᠤᠯᠵᠠᠢ᠃ | ᠳᠥᠷᠪᠡ᠂ ︽ᠠᠷᠭ᠎ᠠ︾ ᠶᠢ ᠶᠠᠮᠠᠷ ᠬᠡᠪᠴᠢᠶᠡᠨ ᠳᠤ ᠬᠡᠷᠡᠭᠯᠡᠬᠦ ᠪᠣᠶ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠪᠦᠯᠬᠦᠮ ᠨᠡᠶᠢᠲᠡ | ᠶᠢᠨ ᠵᠣᠬᠢᠶᠠᠨ ᠪᠠᠶᠢᠭᠤᠯᠤᠯᠲᠠ ᠨᠤᠭᠤᠳ ︵ᠳᠣᠷᠣᠭᠰᠢ ︽ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠢᠶᠠᠷ | ᠡᠯᠧᠺᠲᠷᠣᠨ ᠬᠤᠳᠠᠯᠳᠤᠭᠠᠨ ᠤ ᠲᠠᠯᠠᠪᠤᠷ ᠢᠶᠠᠷ ᠳᠠᠮᠵᠢᠭᠤᠯᠤᠨ ᠲᠠᠸᠠᠷ ᠬᠠᠩᠭᠠᠬᠤ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠪᠤᠶᠤ ᠪᠠᠶᠢᠭᠠᠯᠢ | ᠬᠥᠮᠦᠨ ︵ᠳᠣᠷᠣᠭᠰᠢ ︽ᠬᠠᠩᠭᠠᠭᠴᠢ ᠬᠤᠳᠠᠯᠳᠤᠭᠠᠴᠢᠨ︾ ᠭᠡᠵᠦ ᠲᠣᠪᠴᠢᠯᠠᠨ᠎ᠠ︶ ᠠᠴᠠ ᠬᠠᠤᠯᠢ ᠶᠣᠰᠣᠭᠠᠷ ᠲᠣᠭᠲᠠᠭᠠᠭᠰᠠᠨ ᠲᠥᠪᠯᠡᠷᠡᠭᠦᠯᠦᠨ ᠬᠤᠳᠠᠯᠳᠤᠨ ᠠᠪᠬᠤ | ᠭᠠᠷᠴᠠᠭ ᠤᠨ ᠳᠣᠲᠣᠷ᠎ᠠ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠤᠶᠤ ᠲᠥᠪᠯᠡᠷᠡᠭᠦᠯᠦᠨ ᠬᠤᠳᠠᠯᠳᠤᠨ ᠠᠪᠬᠤ | ᠭᠠᠷᠴᠠᠭ ᠠᠴᠠ ᠭᠠᠳᠠᠨᠠᠬᠢ᠂ ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ ᠦᠶᠯᠡᠴᠢᠯᠡᠭᠡᠨ ᠢ | ᠬᠤᠳᠠᠯᠳᠤᠨ ᠠᠪᠬᠤ ᠳᠤ ᠲᠤᠰ ᠠᠷᠭ᠎ᠠ ᠶᠢ ᠬᠡᠷᠡᠭᠯᠡᠨ᠎ᠡ᠃ | ᠲᠠᠪᠤ᠂ ︽ᠠᠷᠭ᠎ᠠ︾ ᠶᠢᠨ ᠳᠣᠲᠣᠷᠠᠬᠢ ᠪᠠᠷᠠᠭᠠᠨ ᠤ ᠨᠡᠷᠡᠰ ᠤᠨ ᠭᠠᠷᠴᠠᠭ ᠲᠤ ᠶᠠᠭᠤ ᠶᠠᠭᠤ ᠪᠠᠶᠢᠬᠤ ᠪᠣᠶ︖ ᠬᠤᠳᠠᠯᠳᠤᠨ ᠠᠪᠬᠤ ᠦᠶᠡᠰ ᠲᠤ ᠬᠡᠷᠬᠢᠨ | ᠠᠰᠢᠭᠯᠠᠬᠤ ᠪᠣᠢ︖ | ᠣᠳᠣᠬᠠᠨ ᠳᠤ᠂ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠪᠠᠷᠠᠭᠠᠨ ᠤ ᠨᠡᠷᠡᠰ ᠤᠨ ᠭᠠᠷᠴᠠᠭ ᠲᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ | ᠳᠣᠲᠣᠷᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠪᠠ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠭᠠᠳᠠᠨᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠢ | ᠪᠠᠭᠲᠠᠭᠠᠵᠤ ᠪᠤᠢ᠃ | ︽ᠪᠥᠬᠦ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ︵2020 ᠣᠨ ᠤ ᠬᠡᠪᠯᠡᠯ︶︾ | ᠶᠢᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠲᠣᠳᠤᠷᠠᠬᠢ ᠵᠢᠴᠢ᠂ ᠢᠯᠡ ᠪᠠᠷ ᠳᠠᠭᠠᠭᠠᠴᠢᠯᠠᠯᠲᠠ | ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ᠂ ᠬᠤᠳᠠᠯᠳᠤᠨ ᠠᠪᠬᠤ ᠲᠦᠷᠢᠮ ᠳᠤ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ | ᠠᠪᠬᠤ ᠪᠠᠷᠠᠭ᠎ᠠ ᠪᠤᠶᠤ ᠦᠶᠯᠡᠴᠢᠯᠡᠭᠡᠨ ᠤ ᠲᠥᠷᠥᠯ ᠵᠦᠢᠯᠡᠰ ᠢ ᠨᠢᠭᠡᠨᠲᠡ ᠲᠣᠳᠣᠷᠬᠠᠶᠢᠯᠠᠭᠰᠠᠨ ᠪᠠᠶᠢᠪᠠᠯ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ | ᠠᠪᠬᠤ ᠬᠡᠷᠡᠭᠲᠡᠢ︔ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠵᠢᠴᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ | ᠪᠠᠷᠢᠮᠵᠢᠶ᠎ᠠ ᠳᠤ ᠥᠯᠥ ᠬᠦᠷᠦᠭᠰᠡᠨ ᠪᠠᠷᠠᠭ᠎ᠠ ᠪᠤᠶᠤ ᠦᠶᠯᠡᠴᠢᠯᠡᠭᠡᠨ ᠤ ᠲᠥᠷᠥᠯ ᠵᠦᠢᠯᠡᠰ ᠢ ᠬᠤᠳᠠᠯᠳᠤᠨ ᠠᠪᠬᠤ ᠦᠶᠡᠰ᠂ ᠡᠯᠧᠺᠲᠷᠣᠨ ᠬᠤᠳᠠᠯᠳᠤᠭᠠᠨ ᠤ ᠲᠠᠯᠠᠪᠤᠷ | ᠪᠤᠶᠤ ᠨᠢᠭᠡᠴᠢ ᠶᠢᠨ ᠳᠣᠲᠣᠭᠠᠳᠤ ᠶᠢᠨ ᠡᠵᠡᠮᠳᠡᠬᠦ ᠳᠦᠷᠢᠮ ᠶᠣᠰᠣᠭᠠᠷ ᠬᠤᠳᠠᠯᠳᠤᠨ ᠠᠪᠴᠤ ᠪᠣᠯᠤᠨ᠎ᠠ᠃ | ᠵᠢᠷᠭᠤᠭ᠎ᠠ᠂ ︽ᠠᠷᠭ᠎ᠠ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠵᠤ ᠪᠠᠶᠢᠬᠤ ᠪᠣᠶ︖ | ︽ᠠᠷᠭ᠎ᠠ︾ ᠨᠢ ᠶᠢᠰᠦᠳᠦᠭᠡᠷ ᠶᠡᠭᠡ ᠬᠡᠰᠡᠭ ᠢᠶᠠᠷ ᠪᠦᠷᠢᠯᠳᠦᠵᠦ ᠪᠤᠢ᠃ ᠨᠢᠭᠡᠳᠦᠭᠡᠷ ᠬᠡᠰᠡᠭ ᠶᠡᠷᠦᠩᠬᠡᠢ ᠳᠦᠷᠢᠮ ᠳᠤ ᠭᠤᠣᠯᠳᠠᠭᠤ ᠡᠯᠧᠺᠲᠷᠣᠨ ᠬᠤᠳᠠᠯᠳᠤᠭᠠᠨ | ᠤ ᠲᠠᠯᠠᠪᠤᠷ ᠢ ᠪᠦᠲᠦᠭᠡᠨ ᠪᠠᠶᠢᠭᠤᠯᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯᠯᠠᠭᠠᠨ ᠤ ᠦᠨᠳᠦᠰᠦᠨ ᠵᠠᠷᠴᠢᠮ ᠵᠡᠷᠭᠡ ᠠᠭᠤᠯᠭ᠎ᠠ ᠶᠢ ᠪᠠᠭᠲᠠᠭᠠᠨ᠎ᠠ︔ | ᠬᠤᠶᠠᠳᠤᠭᠠᠷ ᠬᠡᠰᠡᠭ ᠬᠤᠳᠠᠯᠳᠤᠨ ᠠᠪᠤᠭᠴᠢ ᠶᠢᠨ ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ | ᠬᠤᠳᠠᠯᠳᠤᠨ ᠠᠪᠬᠤ ᠳᠤ ᠭᠦᠢᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ︔ ᠭᠤᠷᠪᠠᠳᠤᠭᠠᠷ ᠬᠡᠰᠡᠭ ᠬᠤᠳᠠᠯᠳᠤᠭ᠎ᠠ ᠬᠠᠩᠭᠠᠭᠴᠢ ᠶᠢᠨ | ᠬᠠᠮᠢᠶᠠᠷᠤᠯᠲᠠ ᠳᠤ ᠭᠤᠣᠯᠴᠠᠭᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢᠳ ᠤᠨ ᠡᠯᠧᠺᠲᠷᠣᠨ ᠬᠤᠳᠠᠯᠳᠤᠭᠠᠨ ᠤ ᠲᠠᠯᠠᠪᠤᠷ ᠲᠤ | ᠣᠷᠤᠬᠤ ᠨᠥᠬᠦᠴᠡᠯ ᠪᠠ ᠠᠷᠭ᠎ᠠ ᠮᠠᠶ᠋ᠢᠭ ᠢ ᠪᠠᠭᠲᠠᠭᠠᠨ᠎ᠠ︔ ᠳᠥᠷᠪᠡᠳᠦᠭᠡᠷ ᠬᠡᠰᠡᠭ ᠲᠠᠸᠠᠷ ᠤᠨ ᠬᠠᠮᠢᠶᠠᠷᠤᠯᠲᠠ ᠳᠤ ᠭᠤᠣᠯᠳᠠᠭᠤ ᠡᠯᠧᠺᠲᠷᠣᠨ ᠬᠤᠳᠠᠯᠳᠤᠭᠠᠨ ᠤ | ᠲᠠᠯᠠᠪᠤᠷ ᠲᠤ ᠲᠠᠸᠠᠷ ᠭᠠᠷᠭᠠᠬᠤ ᠳᠤ ᠡᠷᠬᠡᠪᠰᠢ ᠪᠦᠷᠢᠳᠦᠭᠦᠯᠬᠦ ᠨᠥᠬᠦᠴᠡᠯ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠲᠠᠪᠤᠳᠤᠭᠠᠷ ᠬᠡᠰᠡᠭ ᠠᠷᠠᠯᠵᠢᠶᠠᠨ ᠤ | ᠬᠠᠮᠢᠶᠠᠷᠤᠯᠲᠠ ᠳᠤ ᠭᠤᠤᠯᠳᠠᠭᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠠᠷᠠᠯᠵᠢᠶᠠᠨ ᠤ ᠠᠷᠭ᠎ᠠ ᠮᠠᠶ᠋ᠢᠭ᠂ ᠬᠡᠷᠡᠭᠯᠡᠬᠦ ᠠᠶ᠂ ᠠᠷᠠᠯᠵᠢᠶᠠᠯᠠᠬᠤ ᠪᠠ ᠠᠷᠠᠯᠵᠢᠶ᠎ᠠ | ᠪᠦᠲᠦᠬᠦ ᠵᠠᠷᠴᠢᠮ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠵᠢᠷᠭᠤᠳᠤᠭᠠᠷ ᠬᠡᠰᠡᠭ ᠭᠡᠷ᠎ᠡ ᠪᠠ ᠭᠡᠷ᠎ᠡ ᠶᠢ ᠭᠦᠶᠴᠡᠳᠬᠡᠬᠦ ᠬᠠᠮᠢᠶᠠᠷᠤᠯᠲᠠ᠂ ᠭᠤᠤᠯᠳᠠᠭᠤ ᠡᠯᠧᠺᠲᠷᠣᠨ | ᠬᠤᠳᠠᠯᠳᠤᠭᠠᠨ ᠤ ᠭᠡᠷ᠎ᠡ ᠲᠣᠭᠲᠠᠬᠤ᠂ ᠵᠠᠷᠯᠠᠨ ᠨᠡᠶᠢᠲᠡᠯᠡᠬᠦ᠂ ᠳᠥᠯᠥᠬᠦ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠳᠣᠯᠣᠳᠤᠭᠠᠷ ᠬᠡᠰᠡᠭ ᠦᠨᠡᠨᠴᠢ ᠢᠲᠡᠭᠡᠮᠵᠢ ᠶᠢᠨ | ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠪᠠ ᠬᠤᠳᠠᠯᠳᠤᠭ᠎ᠠ ᠬᠠᠩᠭᠠᠭᠴᠢ ᠠᠴᠠ ᠢᠲᠡᠭᠡᠮᠵᠢ ᠠᠯᠳᠠᠭᠰᠠᠨ ᠢ ᠨᠢ ᠵᠠᠯᠬᠠᠭᠠᠨ ᠴᠡᠭᠡᠷᠯᠡᠭᠦᠯᠬᠦ ᠵᠡᠷᠭᠡ 365赢多少钱会被限额_国内有真正的365平台吗_365bet博彩官网 | ᠠᠭᠤᠯᠭ᠎ᠠ ᠨᠤᠭᠤᠳ ᠢ ᠪᠠᠭᠲᠠᠭᠠᠨ᠎ᠠ︔ ᠨᠠᠢᠮᠠᠳᠤᠭᠠᠷ ᠬᠡᠰᠡᠭ ᠬᠢᠨᠠᠯᠲᠠ ᠬᠠᠮᠢᠶᠠᠷᠤᠯᠲᠠ ᠳᠤ ᠭᠤᠣᠯᠳᠠᠭᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠡᠯ᠎ᠡ ᠲᠠᠯ᠎ᠠ ᠶᠢᠨ | ᠬᠤᠯᠪᠤᠭᠳᠠᠬᠤ ᠬᠦᠮᠦᠰ ᠤᠨ ᠡᠷᠬᠡ ᠠᠰᠢᠭ ᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠶᠢᠰᠦᠳᠦᠭᠡᠷ ᠬᠡᠰᠡᠭ | ᠳᠠᠭᠠᠯᠳᠤᠭᠤᠯᠤᠯ ᠲᠦᠷᠢᠮ ᠳᠤ ᠭᠤᠣᠯᠴᠠᠭᠤ ᠲᠤᠰ ᠠᠷᠭ᠎ᠠ ᠶᠢ ᠲᠠᠶᠢᠯᠪᠤᠷᠢᠯᠠᠬᠤ ᠡᠷᠬᠡ᠂ ᠭᠡᠯᠳᠦᠷᠢᠬᠦᠯᠬᠦ ᠵᠦᠢᠯ ᠵᠣᠷᠪᠤᠰ ᠪᠠ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ | ᠠᠭᠤᠯᠭ᠎ᠠ ᠨᠤᠭᠤᠳ ᠢ ᠪᠠᠭᠲᠠᠭᠠᠵᠠᠢ᠃ | ᠳᠣᠯᠤᠭ᠎ᠠ᠂ ︽ᠠᠷᠭ᠎ᠠ︾ ᠳᠤ ᠬᠤᠳᠠᠯᠳᠤᠨ ᠠᠪᠤᠭᠴᠢ ᠬᠤᠳᠠᠯᠳᠤᠨ ᠠᠪᠬᠤ ᠬᠠᠮᠢᠶᠠᠷᠤᠯᠲᠠ ᠪᠠᠨ ᠬᠡᠷᠬᠢᠨ ᠰᠠᠶᠢᠲᠤᠷ ᠬᠢᠬᠦ ᠪᠣᠶ︖ | ᠬᠤᠳᠠᠯᠳᠤᠨ ᠠᠪᠤᠭᠴᠢ ᠪᠣᠯ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠭᠤᠤᠯ ᠴᠣᠭᠴᠠ ᠮᠥᠨ᠂ ᠡᠯᠧᠺᠲᠷᠣᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠬᠤ ᠳᠤ ᠪᠠᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠵᠦ᠂ ︽ᠬᠡᠨ ᠬᠤᠳᠠᠯᠳᠤᠨ ᠠᠪᠤᠭᠰᠠᠨ ᠪᠣᠯ ᠲᠡᠷᠡ | ᠬᠠᠷᠢᠭᠤᠴᠠᠬᠤ︾ ᠵᠠᠷᠴᠢᠮ ᠶᠣᠰᠣᠭᠠᠷ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ ᠳᠤ ᠬᠠᠷᠢᠭᠤᠴᠠᠬᠤ ᠬᠠᠮᠢᠶᠠᠷᠤᠯᠲᠠ | ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠦᠬᠦᠯᠢ ᠶᠢ ᠬᠡᠰᠡᠭᠯᠡᠨ ᠰᠠᠯᠭᠠᠬᠤ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ ᠦᠶᠯᠡ ᠠᠵᠢᠯᠯᠠᠭ᠎ᠠ ᠶᠢ ᠡᠷᠡᠰ | ᠬᠤᠷᠢᠭᠯᠠᠵᠤ᠂ ᠬᠢᠵᠠᠭᠠᠷᠯᠠᠬᠤ ᠴᠢᠨᠠᠷᠲᠠᠶ ᠨᠥᠬᠦᠴᠡᠯ ᠲᠣᠬᠢᠷᠠᠭᠤᠯᠬᠤ ᠪᠤᠶᠤ ᠵᠦᠶ ᠵᠣᠬᠢᠰ ᠥᠬᠡᠶ ᠨᠥᠬᠦᠴᠡᠯ ᠳᠤᠷᠠᠳᠬᠤ ᠡᠰᠡᠭᠦᠯ᠎ᠡ ᠬᠤᠳᠠᠯᠳᠤᠭ᠎ᠠ ᠬᠠᠩᠭᠠᠬᠤ ᠪᠤᠯᠤᠮᠵᠢ | ᠪᠦᠬᠦᠢ ᠬᠤᠳᠠᠯᠳᠤᠭᠠᠴᠢᠨ ᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠠᠷᠠᠯᠵᠢᠶ᠎ᠠ ᠳᠤ ᠣᠷᠣᠯᠴᠠᠬᠤ ᠶᠢ ᠭᠠᠳᠠᠭᠤᠷᠴᠢᠯᠠᠬᠤ ᠵᠡᠷᠭᠡ ᠶᠢ ᠴᠠᠭᠠᠵᠠᠯᠠᠨ᠎ᠠ᠂ ᠡᠰᠡ | ᠲᠡᠶᠢᠮᠦ ᠪᠣᠯ ︽ᠠᠷᠭ᠎ᠠ︾ ᠳᠠᠬᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃ | ᠨᠠᠶᠮᠠ᠂ ︽ᠠᠷᠭ᠎ᠠ︾ ᠳᠤ ᠬᠤᠳᠠᠯᠳᠤᠭ᠎ᠠ ᠬᠠᠩᠭᠠᠭᠴᠢ ᠶᠢᠨ ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ ᠡᠷᠬᠢᠯᠡᠬᠦ ᠶᠢ ᠬᠡᠷᠬᠢᠨ | ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ ᠶᠢᠨ ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ ᠡᠷᠬᠢᠯᠡᠬᠦ ᠳᠤ ᠨᠢ ᠠᠮᠠᠯᠠᠯᠲᠠ ᠶᠢᠨ ᠲᠦᠷᠢᠮ ᠪᠠ | ︽ᠨᠢᠭᠡ ᠭᠠᠵᠠᠷ ᠠᠴᠠ ᠡᠯᠰᠡᠵᠦ᠂ ᠪᠦᠬᠦ ᠣᠷᠤᠨ ᠳᠤ ᠬᠦᠷᠲᠡᠭᠡᠬᠦ︾ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠎ᠡ᠃ ᠡᠯᠧᠺᠲᠷᠣᠨ ᠬᠤᠳᠠᠯᠳᠤᠭᠠᠨ ᠤ ᠲᠠᠯᠠᠪᠤᠷ ᠲᠤ | ᠡᠵᠡᠩᠨᠡᠯᠲᠡ ᠬᠢᠬᠦ ᠬᠤᠳᠠᠯᠳᠤᠭ᠎ᠠ ᠬᠠᠩᠭᠠᠭᠴᠢ ᠥᠪᠡᠷ ᠤᠨ ᠦᠶᠯᠡᠴᠢᠯᠡᠭᠡᠨ ᠤ ᠴᠢᠳᠠᠪᠤᠷᠢ ᠪᠠᠨ ᠦᠨᠳᠦᠰᠦᠯᠡᠨ᠂ ᠲᠣᠭᠲᠠᠭᠠᠯ ᠶᠣᠰᠣᠭᠠᠷ ᠡᠯᠧᠺᠲᠷᠣᠨ ᠬᠤᠳᠠᠯᠳᠤᠭᠠᠨ ᠤ | ᠲᠠᠯᠠᠪᠤᠷ ᠲᠤ ᠭᠠᠷᠴᠤ᠂ ᠦᠨᠡᠨ ᠪᠣᠳᠠᠲᠠᠶ ᠬᠠᠤᠯᠢ ᠶᠢᠨ ᠬᠦᠴᠦᠨ ᠲᠠᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠨ᠎ᠠ᠂ ᠢᠲᠡᠭᠡᠮᠵᠢ ᠰᠠᠶᠢᠲᠠᠢ ᠠᠵᠤ ᠠᠬᠤᠶᠢᠯᠠᠯ ᠨᠢ | ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠡᠵᠡᠩᠨᠡᠯᠲᠡ ᠬᠢᠵᠦ ᠪᠣᠯᠤᠨ᠎ᠠ᠃ ᠨᠢᠭᠡᠨᠲᠡ ᠡᠯᠧᠺᠲᠷᠣᠨ ᠬᠤᠳᠠᠯᠳᠤᠭᠠᠨ ᠤ | ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ᠦᠨᠡᠨᠴᠢ ᠢᠲᠡᠭᠡᠮᠵᠢᠲᠡᠶ ᠪᠠᠷ ᠠᠷᠠᠯᠵᠢᠶᠠᠯᠠᠬᠤ ᠪᠠ ᠬᠢᠨᠠᠯᠲᠠ ᠬᠠᠮᠢᠶᠠᠷᠤᠯᠲᠠ ᠶᠢ ᠳᠠᠭᠠᠬᠤ ᠪᠠᠨ | ᠠᠮᠠᠯᠠᠬᠤ ᠶᠢᠨ ᠬᠠᠮᠲᠤ᠂ ᠬᠤᠳᠠᠯᠳᠤᠭ᠎ᠠ ᠬᠠᠩᠭᠠᠭᠴᠢ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠶᠴᠡᠳᠬᠡᠬᠦ ᠬᠡᠷᠡᠭᠲᠡᠶ᠃ ᠬᠦᠨᠳᠦ ᠨᠣᠴᠢᠲᠠᠶ | ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠳᠤ ︽ᠨᠢᠭᠡ ᠭᠠᠵᠠᠷ ᠲᠤ ᠬᠦᠴᠦᠨ ᠦᠭᠡᠶ ᠪᠣᠯᠭᠠᠵᠤ᠂ ᠪᠦᠬᠦ ᠣᠷᠣᠨ ᠠᠴᠠ ᠪᠤᠴᠠᠭᠠᠨ ᠭᠠᠷᠭᠠᠯᠭᠠᠬᠤ︾ ᠲᠣᠭᠲᠠᠴᠠ | ᠶᠢ ᠬᠡᠷᠡᠭᠵᠢᠭᠦᠯᠵᠦ᠂ ᠢᠲᠡᠭᠡᠯ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠯᠠᠨ᠎ᠠ ᠨᠡᠪᠲᠡᠷᠡᠭᠦᠯᠵᠦ᠂ ᠡᠯᠧᠺᠲᠷᠣᠨ ᠬᠤᠳᠠᠯᠳᠤᠭᠠᠨ ᠤ ᠲᠠᠯᠠᠪᠤᠷ ᠲᠤ | ᠠᠷᠠᠯᠵᠢᠶ᠎ᠠ ᠡᠷᠬᠢᠯᠡᠬᠦ ᠬᠢᠷᠢ ᠬᠡᠮ ᠢ ᠨᠢ ᠬᠠᠰᠤᠨ᠎ᠠ᠃ | ᠶᠢᠰᠦ᠂ ︽ᠠᠷᠭ᠎ᠠ︾ ᠳᠤ ᠲᠠᠸᠠᠷ ᠤᠳ ᠢ ᠬᠡᠷᠬᠢᠨ ᠬᠠᠮᠢᠶᠠᠷᠬᠤ ᠪᠣᠶ︖ | ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠲᠠᠸᠠᠷ ᠤᠳ ᠤᠨ ᠨᠡᠶᠢᠲᠡᠯᠡᠯᠲᠡ ᠵᠢᠴᠢ ᠬᠠᠮᠢᠶᠠᠷᠤᠯᠲᠠ ᠶᠢᠨ ᠵᠢᠷᠤᠮᠵᠢᠯ︾ | ᠤᠨ ᠱᠠᠭᠠᠷᠳᠠᠯᠭ᠎ᠠ ᠶᠣᠰᠣᠭᠠᠷ ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠲᠠᠸᠠᠷ ᠢᠶᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠨ ᠬᠠᠮᠢᠶᠠᠷᠬᠤ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠤ ᠳᠠᠷᠠᠭ᠎ᠠ ᠰᠠᠶ᠋ᠢ ᠡᠯᠧᠺᠲᠷᠣᠨ | ᠬᠤᠳᠠᠯᠳᠤᠭᠠᠨ ᠤ ᠲᠠᠯᠠᠪᠤᠷ ᠲᠤ ᠪᠣᠷᠤᠯᠠᠭᠤᠯᠵᠤ ᠪᠣᠯᠬᠤ ᠶᠢ ᠱᠠᠭᠠᠷᠳᠠᠨ᠎ᠠ᠃ ᠲᠠᠸᠠᠷ ᠤᠨ ᠭᠠᠷᠴᠠᠭ᠂ ᠨᠡᠷᠡᠶᠢᠳᠦᠯ᠂ ᠪᠣᠯᠵᠣᠯᠲᠤ ᠲᠤᠭ᠎ᠠ᠂ ᠦᠨ᠎ᠡ ᠬᠠᠩᠰᠢ ᠵᠡᠷᠭᠡ | ᠬᠠᠮᠢᠶ᠎ᠠ ᠪᠥᠬᠦᠶ ᠵᠢᠷᠤᠮᠵᠢᠯ ᠪᠤᠶᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠲᠠᠸᠠᠷ ᠢ ᠬᠤᠷᠢᠶᠠᠨ ᠰᠢᠢᠳᠪᠦᠷᠢᠯᠡᠬᠦ ᠶᠢᠨ ᠬᠠᠮᠲᠤ | ︽ᠠᠷᠭ᠎ᠠ︾ ᠶᠢᠨ ᠭᠤᠴᠢᠨ ᠲᠠᠪᠤᠳᠤᠭᠠᠷ ᠵᠦᠶᠯ ᠤᠨ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃ | ᠠᠷᠪᠠ᠂ ︽ᠠᠷᠭ᠎ᠠ︾ ᠶᠢᠨ ᠠᠷᠠᠯᠵᠢᠶᠠᠨ ᠤ ᠬᠠᠮᠢᠶᠠᠷᠤᠯᠲᠠ ᠳᠤ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠲᠥᠰᠦᠪ ᠤᠨ ᠵᠣᠭᠤᠰ ᠤᠨ ᠲᠤᠭ᠎ᠠ ᠪᠠ | ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠠᠷᠠᠯᠵᠢᠶᠠᠯᠠᠬᠤ ᠠᠷᠭ᠎ᠠ ᠮᠠᠶ᠋ᠢᠭ ᠢ ᠥᠪᠡᠰᠦᠪᠡᠨ ᠰᠣᠩᠭᠤᠵᠤ ᠪᠣᠯᠬᠤ ᠶᠢ ᠲᠣᠳᠤᠷᠬᠠᠶᠢᠯᠠᠪᠠ᠂ | ᠲᠡᠭᠡᠪᠡᠯ ᠪᠣᠳᠠᠲᠠᠶ ᠬᠡᠷᠬᠢᠨ ᠰᠣᠩᠭᠤᠬᠤ ᠪᠤᠢ︖ | ︵ᠨᠢᠭᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ | ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠪᠠᠷᠠᠭ᠎ᠠ ᠶᠢᠨ | ᠲᠥᠷᠥᠯ ᠤᠨ ᠲᠥᠷᠥᠯ ᠵᠦᠶᠯ ᠢ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠰᠦᠯᠵᠢᠶᠡᠨ ᠳᠡᠭᠡᠷ᠎ᠡ ᠦᠨ᠎ᠡ ᠦᠷᠢᠰᠦᠯᠳᠦᠬᠦ᠂ | ᠦᠨ᠎ᠡ ᠯᠠᠪᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠵᠦ ᠪᠣᠯᠤᠨ᠎ᠠ᠃ ᠡᠭᠦᠨ ᠳᠤ ᠭᠤᠣᠯᠳᠠᠭᠤ᠄ ᠦᠢᠯᠡᠴᠢᠯᠡᠭᠦᠷ ᠮᠠᠰᠢᠨ᠂ | ᠲᠠᠯᠪᠢᠭᠤᠷ ᠺᠣᠮᠫᠢᠦ᠋ᠲ᠋ᠧᠷ᠂ ᠠᠪᠴᠤ ᠶᠠᠪᠤᠬᠤ ᠳᠤ ᠲᠦᠬᠦᠮ ᠺᠣᠮᠫᠢᠦ᠋ᠲ᠋ᠧᠷ᠂ ᠪᠤᠳᠤᠬ ᠰᠦᠷᠴᠢᠨ ᠳᠠᠷᠤᠮᠠᠯᠯᠠᠬᠤ ᠮᠠᠰᠢᠨ᠂ ᠯᠠᠶᠢᠰᠧᠷ ᠳᠠᠷᠤᠮᠠᠯᠯᠠᠬᠤ ᠮᠠᠰᠢᠨ᠂ ᠵᠡᠭᠦᠦ | ᠬᠡᠯᠪᠡᠷᠢᠲᠦ ᠳᠠᠷᠤᠮᠠᠯᠯᠠᠬᠤ ᠮᠠᠰᠢᠨ᠂ ᠰᠢᠩᠭᠡᠨ ᠲᠠᠯᠠᠰᠲᠤ ᠦᠵᠡᠭᠦᠯᠦᠭᠦᠷ᠂ ᠰᠢᠷᠪᠢᠭᠦᠷ ᠮᠠᠰᠢᠨ᠂ ᠳᠠᠷᠤᠮᠠᠯᠯᠠᠭᠤᠷ ᠮᠠᠰᠢᠨ᠂ ᠲᠤᠰᠬᠠᠯᠳᠠ ᠶᠢᠨ ᠮᠠᠰᠢᠨ᠂ ᠤᠯᠡᠠ | ᠴᠢᠳᠠᠪᠤᠷᠢᠲᠤ ᠨᠢᠭᠡ ᠴᠣᠭᠴᠠ ᠮᠠᠰᠢᠨ᠂ LED - ᠦᠵᠡᠭᠦᠯᠬᠦ ᠳᠡᠯᠭᠡᠴᠡ᠂ ᠬᠦᠷᠦᠯᠴᠡᠯ ᠡᠵᠡᠮᠰᠢᠯᠳᠦ ᠨᠢᠭᠡ ᠴᠣᠭᠴᠠ ᠮᠠᠰᠢᠨ᠂ ᠴᠠᠭᠠᠰᠤ ᠤᠷᠠᠬᠤ ᠮᠠᠰᠢᠨ᠂ | ᠲᠡᠰᠦᠷᠡᠯᠳᠠ ᠤᠢᠭᠡᠢ ᠴᠠᠬᠢᠯᠭᠠᠨ ᠡᠭᠦᠰᠭᠡᠭᠴᠢ ︵UPS︶᠂ ᠠᠭᠠᠷ ᠲᠤᠬᠢᠷᠡᠭᠤᠯᠦᠷ᠂ ᠪᠠᠭᠤᠯᠭᠠᠪᠤᠷᠢ ᠴᠠᠭᠠᠰᠤ ᠵᠡᠷᠭᠡ ᠲᠦᠷᠦᠯ ᠵᠦᠢᠯᠡᠰ ᠢ ᠪᠠᠭᠲᠠᠭᠠᠨ᠎ᠠ᠃ | ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ | ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ | ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ ᠪᠠᠷᠠᠭ᠎ᠠ ᠶᠢᠨ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ | ᠠᠪᠬᠤ ᠪᠤᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ | ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ | ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ ᠪᠠᠷᠠᠭ᠎ᠠ ᠶᠢᠨ ᠲᠥᠷᠥᠯ ᠵᠦᠶᠯ ᠳᠤ᠂ ᠡᠯᠧᠺᠲᠷᠣᠨ ᠬᠤᠳᠠᠯᠳᠤᠭᠠᠨ ᠤ ᠲᠠᠯᠠᠪᠤᠷ ᠲᠤ ᠰᠦᠯᠵᠢᠶᠡᠨ ᠳᠡᠭᠡᠷ᠎ᠡ | ᠦᠨ᠎ᠡ ᠦᠷᠢᠰᠦᠯᠳᠦᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠᠯᠳᠤᠨ ᠠᠪᠴᠤ ᠪᠣᠯᠤᠨ᠎ᠠ᠃ | ︵ᠭᠤᠷᠪᠠ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ | ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ | ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ | ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠦᠶᠯᠡᠴᠢᠯᠡᠭᠡᠨ ᠤ ᠲᠥᠷᠥᠯ | ᠤᠨ ᠲᠥᠷᠥᠯ ᠵᠦᠶᠯ ᠢ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠭᠤᠷᠪᠠ ᠠᠴᠠ ᠳᠡᠭᠡᠭᠰᠢ ᠬᠤᠳᠠᠯᠳᠤᠭ᠎ᠠ ᠬᠠᠩᠭᠠᠭᠴᠢᠳ | ᠢ ᠤᠷᠢᠵᠤ ᠬᠢᠵᠠᠭᠠᠷᠲᠠᠶ ᠦᠨ᠎ᠡ ᠦᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ ᠦᠨ᠎ᠡ ᠦᠷᠢᠰᠦᠯᠳᠦᠨ ᠬᠤᠳᠠᠯᠳᠤᠨ ᠠᠪᠴᠤ ᠪᠣᠯᠤᠨ᠎ᠠ᠃ ᠡᠭᠦᠨ ᠳᠤ | ᠭᠤᠣᠯᠴᠠᠭᠤ᠄ ᠲᠡᠷᠭᠡ ᠬᠥᠰᠬᠡ ᠶᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠦᠶᠯᠡᠴᠢᠯᠡᠭᠡ᠂ ᠬᠡᠪᠯᠡᠭᠦ ᠦᠶᠯᠡᠴᠢᠯᠡᠭᠡ᠂ ᠠᠳᠠᠯ ᠠᠬᠤᠶ ᠶᠢᠨ ᠬᠠᠮᠢᠶᠠᠷᠤᠯᠲᠠ ᠶᠢᠨ | ᠦᠶᠯᠡᠴᠢᠯᠡᠭᠡ ᠵᠡᠷᠭᠡ ᠦᠶᠯᠡᠳᠬᠦᠨ ᠤ ᠭᠠᠷᠴᠠᠭ ᠢ ᠪᠠᠭᠲᠠᠭᠠᠨ᠎ᠠ᠃ | ︵ᠳᠥᠷᠪᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ | ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ | ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ | ᠠᠪᠬᠤ ᠪᠤᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ | ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ | ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠶᠯᠡᠴᠢᠯᠡᠭᠡᠨ ᠤ ᠲᠥᠷᠥᠯ ᠤᠨ ᠲᠥᠷᠥᠯ ᠵᠦᠶᠯ ᠢ ᠬᠤᠳᠠᠯᠳᠤᠨ ᠠᠪᠬᠤ ᠳᠤ᠂ ᠡᠯᠧᠺᠲᠷᠣᠨ ᠬᠤᠳᠠᠯᠳᠤᠭᠠᠨ ᠤ | ᠲᠠᠯᠠᠪᠤᠷ ᠲᠤ ᠭᠤᠷᠪᠠ ᠠᠴᠠ ᠳᠡᠭᠡᠭᠰᠢᠬᠢ ᠬᠤᠳᠠᠯᠳᠤᠭ᠎ᠠ ᠬᠠᠩᠭᠠᠭᠴᠢᠳ ᠢ ᠤᠷᠢᠵᠤ ᠬᠢᠵᠠᠭᠠᠷᠲᠠᠶ ᠦᠨ᠎ᠡ ᠥᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ | ᠦᠨ᠎ᠡ ᠬᠠᠶᠠᠯᠴᠠᠨ ᠬᠤᠳᠠᠯᠳᠤᠨ ᠠᠪᠴᠤ ᠪᠣᠯᠤᠨ᠎ᠠ᠃ | ︵ᠲᠠᠪᠤ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨ᠎ᠠ᠂ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ᠂ | ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ | ᠦᠶᠯᠡᠴᠢᠯᠡᠭᠡᠨ ᠤ ᠲᠥᠷᠥᠯ ᠤᠨ ᠲᠥᠷᠥᠯ ᠵᠦᠶᠯ ᠢ ᠬᠡᠷᠬᠢᠨ ᠬᠤᠳᠠᠯᠳᠤᠨ ᠠᠪᠬᠤ ᠪᠣᠶ︖ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ | ᠬᠤᠳᠠᠯᠳᠤᠨ ᠠᠪᠬᠤ ᠲᠥᠷᠥᠯ ᠵᠦᠶᠯ ᠢ ᠬᠤᠳᠠᠯᠳᠤᠨ ᠠᠪᠤᠭᠴᠢ ᠨᠢ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠤᠨ᠎ᠠ ︵ᠦᠶᠯᠡᠳᠬᠦᠨ ᠤ | ᠭᠠᠷᠴᠠᠭ ᠲᠤ᠄ ᠵᠠᠮᠨᠠᠭᠤᠷ᠂ ᠰᠣᠯᠢᠯᠴᠠᠭᠤᠷ᠂ ᠨᠢᠭᠲᠠᠯᠠᠨ ᠪᠤᠳᠤᠬᠤ ᠦᠶᠯᠡᠴᠢᠯᠡᠭᠡ᠂ ᠬᠢᠨᠠᠨ ᠪᠤᠳᠤᠬᠤ ᠦᠶᠯᠡᠴᠢᠯᠡᠭᠡ᠂ ᠬᠠᠤᠯᠢ ᠴᠠᠭᠠᠵᠠ ᠶᠢᠨ ᠦᠶᠯᠡᠴᠢᠯᠡᠭᠡ ᠵᠡᠷᠭᠡ | ᠪᠠᠭᠲᠠᠨ᠎ᠠ︶᠂ ᠪᠠᠰᠠ ᠨᠢᠭᠡᠴᠢ ᠶᠢᠨ ᠳᠣᠲᠣᠭᠠᠳᠤ ᠡᠵᠡᠮᠳᠡᠯ ᠤᠨ ᠳᠦᠷᠢᠮ ᠶᠣᠰᠣᠭᠠᠷ ᠥᠪᠡᠰᠦᠪᠡᠨ ᠬᠤᠳᠠᠯᠳᠤᠨ ᠪᠣᠯᠤᠨ᠎ᠠ᠃ | ᠠᠷᠪᠠᠨ ᠨᠢᠭᠡ᠂ ᠬᠤᠳᠠᠯᠳᠤᠨ ᠠᠪᠤᠭᠴᠢ ᠨᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠨᠤᠲᠠᠯᠠᠭᠰᠠᠨ ᠥᠬᠡᠶ ᠪᠠᠶᠢᠪᠠᠯ᠂ ︽ᠠᠷᠭ᠎ᠠ︾ | ᠬᠡᠷᠬᠢᠨ ᠬᠠᠮᠢᠶᠠᠷᠬᠤ ᠪᠣᠶ︖ | ᠬᠤᠳᠠᠯᠳᠤᠨ ᠠᠪᠤᠭᠴᠢ ᠦᠨ᠎ᠡ ᠦᠷᠢᠰᠦᠯᠳᠦᠬᠦ᠂ ᠦᠨ᠎ᠡ ᠯᠠᠪᠯᠠᠬᠤ ᠴᠠᠭ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠷ᠎ᠡ ᠳ᠋ᠦᠩ ᠢ ᠴᠠᠭ ᠲᠤᠬᠠᠶ ᠳᠤ ᠨᠢ | ᠨᠤᠲᠠᠯᠠᠬᠤ ᠬᠡᠷᠡᠭᠲᠡᠶ᠂ ᠦᠷ᠎ᠡ ᠳ᠋ᠦᠩ ᠢ ᠴᠠᠭ ᠲᠤᠬᠠᠶ ᠳᠤ ᠨᠢ ᠨᠤᠲᠠᠯᠠᠭᠰᠠᠨ ᠥᠬᠡᠶ ᠪᠠᠶᠢᠪᠠᠯ᠂ ᠡᠯᠧᠺᠲᠷᠣᠨ ᠬᠤᠳᠠᠯᠳᠤᠭᠠᠨ ᠤ ᠲᠠᠯᠠᠪᠤᠷ 5 ᠠᠵᠢᠯᠯᠠᠬᠤ ᠡᠳᠦᠷ ᠤᠨ | ᠳᠠᠷᠠᠭ᠎ᠠ᠂ ᠰᠢᠰᠲ᠋ᠧᠮ ᠠᠴᠠ ᠦᠷ᠎ᠡ ᠳ᠋ᠦᠩ ᠢ ᠠᠶᠠᠨᠳᠠᠭᠠᠨ ᠨᠤᠲᠠᠯᠠᠵᠤ᠂ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭᠠᠭᠴᠢ ᠶᠢ ᠲᠠᠨᠢᠯᠴᠠᠭᠤᠯᠤᠨ᠎ᠠ᠃ | ᠠᠷᠪᠠᠨ ᠬᠤᠶᠠᠷ᠂ ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ ᠮᠥᠨ ᠦᠷ᠎ᠡ ᠳ᠋ᠦᠩ ᠢ ᠨᠤᠲᠠᠯᠠᠭᠰᠠᠨ ᠥᠬᠡᠶ ᠪᠠᠶᠢᠪᠠᠯ᠂ | ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠤᠨ ᠳᠣᠲᠣᠷ᠎ᠠ ᠵᠠᠬᠢᠶᠠᠯᠠᠭ᠎ᠠ ᠶᠢᠨ ᠬᠠᠭᠤᠳᠠᠰᠤ ᠪᠤᠶᠤ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠣᠲᠠᠯᠠᠬᠤ | ᠬᠡᠷᠡᠭᠲᠡᠢ᠂ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ ᠮᠥᠨ ᠵᠠᠬᠢᠶᠠᠯᠠᠭ᠎ᠠ ᠶᠢᠨ ᠬᠠᠭᠤᠳᠠᠰᠤ ᠪᠤᠶᠤ ᠦᠷ᠎ᠡ ᠳ᠋ᠦᠩ ᠢ ᠨᠤᠲᠠᠯᠠᠭᠰᠠᠨ ᠥᠬᠡᠶ ᠪᠣᠯ᠂ ᠡᠯᠧᠺᠲᠷᠣᠨ | ᠬᠤᠳᠠᠯᠳᠤᠭᠠᠨ ᠤ ᠲᠠᠯᠠᠪᠤᠷ ᠰᠢᠭᠤᠳ ᠵᠠᠬᠢᠶᠠᠯᠠᠭᠰᠠᠨ ᠬᠤᠳᠠᠯᠳᠤᠨ ᠠᠪᠬᠤ ᠲᠥᠷᠦᠯ ᠵᠦᠢᠯ ᠤᠨ ᠵᠠᠬᠢᠶᠠᠯᠠᠭ᠎ᠠ ᠶᠢ ᠠᠶᠠᠨᠳᠠᠭᠠᠨ ᠬᠦᠴᠦᠨ ᠥᠬᠡᠶ ᠪᠣᠯᠭᠠᠨ᠎ᠠ︔ | ᠰᠦᠯᠵᠢᠶᠡᠨ ᠳᠡᠭᠡᠷ᠎ᠡ ᠦᠨ᠎ᠡ ᠦᠷᠢᠰᠦᠯᠳᠡᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠲᠥᠷᠥᠯ ᠵᠦᠶᠯ ᠢ᠂ ᠡᠯᠧᠺᠲᠷᠣᠨ ᠬᠤᠳᠠᠯᠳᠤᠭᠠᠨ ᠤ ᠲᠠᠯᠠᠪᠤᠷ ᠨᠢ | ᠠᠶᠠᠨᠳᠠᠭᠠᠨ ᠳᠠᠷᠠᠭᠠᠬᠢ ᠶᠢᠨ ᠨᠢᠭᠡ ᠶᠢ ᠠᠷᠠᠯᠵᠢᠶ᠎ᠠ ᠪᠦᠲᠦᠭᠰᠡᠨ ᠬᠤᠳᠠᠯᠳᠤᠭ᠎ᠠ ᠬᠠᠩᠭᠠᠭᠴᠢ ᠪᠣᠯᠭᠠᠭᠠᠳ᠂ ᠲᠠᠷᠠᠭᠠᠴᠢ ᠶᠢᠨ ᠨᠢᠭᠡ ᠬᠤᠳᠠᠯᠳᠤᠭ᠎ᠠ ᠬᠠᠩᠭᠠᠭᠴᠢ | ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠣᠲᠠᠯᠠᠬᠤ ᠬᠦᠷᠲᠡᠯ᠎ᠡ ᠤᠷᠲᠤᠳᠬᠠᠨ᠎ᠠ᠃ ᠡᠭᠦᠨ ᠤ ᠬᠠᠮᠲᠤ᠂ 5 ᠠᠵᠢᠯᠯᠠᠬᠤ ᠡᠳᠦᠷ ᠠᠴᠠ ᠬᠡᠲᠦᠷᠡᠭᠰᠡᠨ ᠪᠠᠶᠢᠲᠠᠯ᠎ᠠ ᠵᠦᠶ | ᠶᠣᠰᠣᠨ ᠤ ᠰᠢᠯᠲᠠᠭᠠᠨ ᠥᠬᠡᠶ ᠪᠠᠷ ᠦᠷ᠎ᠡ ᠳ᠋ᠦᠩ ᠢᠶᠠᠨ ᠡᠰᠡ ᠨᠣᠲᠠᠯᠠᠭᠰᠠᠨ ᠬᠤᠳᠠᠯᠳᠤᠭ᠎ᠠ ᠬᠠᠩᠭᠠᠭᠴᠢ ᠢ ︽ᠠᠷᠭ᠎ᠠ︾ ᠶᠢᠨ ᠭᠤᠴᠢᠨ ᠲᠠᠪᠤᠳᠤᠭᠠᠷ ᠵᠦᠶᠯ ᠤᠨ | ᠲᠣᠭᠲᠠᠭᠠᠯ ᠶᠣᠰᠣᠭᠠᠷ ᠲᠡᠭᠦᠨ ᠤ ᠡᠯᠧᠺᠲᠷᠣᠨ ᠬᠤᠳᠠᠯᠳᠤᠭᠠᠨ ᠤ ᠲᠠᠯᠠᠪᠤᠷ ᠲᠠᠬᠢ ᠠᠷᠠᠯᠵᠢᠶᠠᠯᠠᠬᠤ ᠡᠷᠬᠡ ᠶᠢ 3 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ | ᠨᠡᠶᠢᠲᠡᠯᠡᠨ᠎ᠡ᠃ | ᠠᠷᠪᠠᠨ ᠭᠤᠷᠪᠠ᠂ ᠬᠤᠳᠠᠯᠳᠤᠨ ᠠᠪᠤᠭᠴᠢ ᠵᠦᠶ ᠶᠣᠰᠣᠨ ᠤ ᠰᠢᠯᠲᠠᠭᠠᠨ ᠥᠬᠡᠶ ᠪᠠᠷ ᠶᠠᠭ ᠶᠠᠪᠤᠭᠳᠠᠵᠤ ᠪᠠᠶᠢᠭ᠎ᠠ ᠬᠤᠳᠠᠯᠳᠤᠨ ᠠᠪᠬᠤ ᠲᠥᠷᠥᠯ ᠵᠦᠶᠯ ᠢ 365赢多少钱会被限额_国内有真正的365平台吗_365bet博彩官网 | ᠬᠦᠴᠦᠨ ᠥᠬᠡᠶ ᠪᠣᠯᠭᠠᠭᠰᠠᠨ ᠪᠣᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ | ︽ᠠᠷᠭ᠎ᠠ︾ ᠶᠢᠨ ᠭᠤᠴᠢᠨ ᠳᠥᠷᠪᠡᠳᠦᠭᠡᠷ ᠵᠦᠶᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠨᠢ ᠵᠦᠶ | ᠶᠣᠰᠣᠨ ᠤ ᠰᠢᠯᠲᠠᠭᠠᠨ ᠥᠬᠡᠶ ᠪᠠᠷ ᠬᠤᠳᠠᠯᠳᠤᠨ ᠠᠪᠬᠤ ᠲᠥᠷᠥᠯ ᠵᠦᠶᠯ ᠪᠤᠶᠤ ᠵᠠᠬᠢᠶᠠᠯᠠᠭ᠎ᠠ ᠶᠢ ᠬᠦᠴᠦᠨ ᠥᠬᠡᠶ ᠪᠣᠯᠭᠠᠭᠰᠠᠨ ᠪᠠᠶᠢᠪᠠᠯ᠂ ᠠᠳᠠᠯᠢ ᠱᠠᠲᠤᠨ ᠤ ᠵᠠᠰᠠᠭ | ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠴᠢᠬᠤᠯᠠᠲᠠᠶ | ᠦᠶ᠎ᠡ ᠳᠤ ᠪᠣᠯᠵᠣᠨ ᠶᠠᠷᠢᠯᠴᠠᠨ᠎ᠠ᠃ ᠪᠠᠶᠢᠳᠠᠯ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠳᠥᠷᠪᠡ᠂ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠬᠤ ᠭᠡᠷ᠎ᠡ ᠶᠢᠨ ᠶᠣᠰᠣᠭᠠᠷ ᠪᠠᠷᠠᠭ᠎ᠠ ᠬᠠᠩᠭᠠᠬᠤ ᠠᠷᠭ᠎ᠠ ᠥᠬᠡᠶ ᠪᠣᠯᠤᠭᠰᠠᠨ ᠪᠠᠶᠢᠪᠠᠯ | ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠦᠨ᠎ᠡ ᠦᠷᠢᠰᠦᠯᠳᠡᠬᠦ ᠪᠤᠶᠤ ᠦᠨ᠎ᠡ ᠯᠠᠪᠯᠠᠬᠤ ᠳᠤ ᠣᠷᠣᠯᠴᠠᠬᠤ ᠠᠴᠠ ᠪᠠᠨ ᠡᠮᠦᠨ᠎ᠡ᠂ | ᠪᠠᠷᠠᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠬᠠᠮᠲᠤ ᠴᠠᠭ ᠲᠤᠬᠠᠢ ᠳᠤ ᠨᠢ ᠪᠠᠷᠠᠭ᠎ᠠ ᠬᠠᠩᠭᠠᠬᠤ ᠶᠢ ᠦᠨᠡᠨ ᠬᠦ ᠪᠠᠲᠤᠯᠠᠵᠤ᠂ ᠠᠷᠠᠯᠵᠢᠶ᠎ᠠ ᠪᠦᠲᠦᠭᠰᠡᠨ ᠦᠷ᠎ᠡ | ᠳ᠋ᠦᠩ ᠢ ᠨᠡᠶᠢᠲᠡᠯᠡᠭᠰᠡᠨ ᠤ ᠲᠠᠷᠠᠭ᠎ᠠ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠤᠭᠴᠢ ᠲᠠᠢ ᠴᠠᠭ ᠲᠤᠬᠠᠢ ᠳᠤ ᠨᠢ ᠭᠡᠷ᠎ᠡ ᠲᠣᠭᠲᠠᠬᠤ ᠶᠢᠨ ᠬᠠᠮᠲᠤ ᠭᠡᠷ᠎ᠡ ᠶᠢ | ᠭᠦᠢᠴᠡᠳᠬᠡᠬᠦ ᠬᠡᠷᠡᠭᠲᠡᠢ᠃ ᠬᠤᠳᠠᠯᠳᠤᠭ᠎ᠠ ᠬᠠᠩᠭᠠᠭᠴᠢ ᠤ ᠲᠣᠰ ᠪᠡᠶ᠎ᠡ ᠶᠢᠨ ᠰᠢᠯᠲᠠᠭᠠᠨ ᠠᠴᠠ ᠪᠣᠯᠵᠣ᠂ ᠬᠤᠳᠠᠯᠳᠤᠨ ᠠᠪᠬᠤ ᠨᠢᠭᠡᠴᠢ ᠶᠢᠨ ᠬᠤᠳᠠᠯᠳᠤᠨ ᠠᠪᠬᠤ | ᠠᠵᠢᠯ ᠤᠨ ᠬᠡᠪ ᠢᠶᠠᠷ ᠶᠠᠪᠤᠭᠳᠠᠬᠤ ᠶᠢ ᠨᠥᠯᠥᠭᠡᠯᠡᠭᠰᠡᠨ ᠪᠠᠶᠢᠪᠠᠯ᠂ ︽ᠠᠷᠭ᠎ᠠ︾ ᠶᠢᠨ ᠭᠤᠴᠢᠨ ᠵᠢᠷᠭᠤᠳᠤᠭᠠᠷ ᠵᠦᠶᠯ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ | ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠵᠦ ᠬᠠᠮᠢᠶᠠᠷᠬᠤ ᠪᠠᠶᠢᠭᠤᠯᠤᠮᠵᠢ ᠲᠣᠭᠲᠠᠭᠠᠯ ᠠᠴᠠ ᠵᠥᠷᠢᠴᠡᠭᠰᠡᠨ ᠬᠤᠳᠠᠯᠳᠤᠭ᠎ᠠ ᠬᠠᠩᠭᠠᠭᠴᠢ ᠶᠢᠨ ᠡᠯᠧᠺᠲᠷᠣᠨ | ᠬᠤᠳᠠᠯᠳᠤᠭᠠᠨ ᠤ ᠲᠠᠯᠠᠪᠤᠷ ᠲᠤ ᠠᠷᠠᠯᠵᠢᠶᠠᠯᠠᠬᠤ ᠡᠷᠬᠡ ᠶᠢ 6 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃ | ᠠᠷᠪᠠᠨ ᠲᠠᠪᠤ᠂ ︽ᠠᠷᠭ᠎ᠠ︾ ᠳᠠᠬᠢ ᠭᠡᠷ᠎ᠡ ᠪᠠ ᠭᠡᠷ᠎ᠡ ᠶᠢ ᠭᠦᠶᠴᠡᠳᠬᠡᠬᠦ ᠬᠠᠮᠢᠶᠠᠷᠤᠯᠲᠠ ᠳᠠᠬᠢ ᠵᠣᠭᠤᠰ ᠲᠤᠰᠢᠶᠠᠬᠤ ᠬᠤᠭᠤᠴᠠᠭᠠᠨ ᠤ ᠱᠠᠭᠠᠷᠳᠠᠯᠭ᠎ᠠ ᠶᠢ | ᠬᠡᠷᠬᠢᠨ ᠵᠥᠪ ᠣᠶᠢᠯᠠᠭᠠᠬᠤ ᠪᠣᠶ | ᠡᠯᠧᠺᠲᠷᠣᠨ ᠬᠤᠳᠠᠯᠳᠤᠭᠠᠨ ᠤ ᠲᠠᠯᠠᠪᠤᠷ ᠣᠯᠠᠨ ᠤᠳᠠᠭ᠎ᠠ᠂ ᠨᠡᠶᠢᠳᠡᠮ ᠬᠡᠷᠡᠭᠯᠡᠬᠦ ᠲᠥᠷᠥᠯ ᠤᠨ ᠡᠳ᠋ ᠪᠠᠷᠠᠭ᠎ᠠ ᠶᠢᠨ ᠦᠢᠯᠡᠴᠢᠯᠡᠭᠡᠨ ᠤ ᠠᠷᠠᠯᠵᠢᠶ᠎ᠠ ᠬᠢᠳᠡᠭ᠂ | ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢᠳ ᠤᠨ ᠣᠯᠠᠩᠬᠢ ᠨᠢ ᠴᠥᠮ ᠳᠤᠮᠳᠠ ᠵᠢᠵᠢᠭ ᠠᠵᠤ ᠠᠬᠤᠶᠢᠯᠠᠯ ᠪᠠᠶᠢᠵᠤ᠂ ᠳᠤᠮᠳᠠ ᠵᠢᠵᠢᠭ | ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ | ︽ᠠᠷᠭ᠎ᠠ︾ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠦᠬᠦ ᠶᠢ ᠪᠠᠲᠤᠯᠠᠬᠤ ᠲᠦᠷᠢᠮ︾ | ᠤᠨ ᠲᠣᠭᠲᠠᠭᠠᠯ ᠶᠣᠰᠣᠭᠠᠷ᠂ ᠬᠤᠳᠠᠯᠳᠤᠨ ᠠᠪᠤᠭᠴᠢ ᠪᠠᠷᠠᠭ᠎ᠠ᠂ ᠦᠶᠯᠡᠴᠢᠯᠡᠭᠡ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠮᠥᠩᠭᠦ ᠪᠠᠨ ᠲᠥᠯᠦᠬᠦ | ᠬᠡᠷᠡᠭᠲᠡᠶ᠃ ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠮᠥᠩᠭᠦ ᠲᠦᠯᠦᠬᠦ ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 60 ᠡᠳᠦᠷ ᠠᠴᠠ | ᠬᠡᠲᠦᠷᠡᠭᠦᠯᠵᠦ ᠪᠣᠯᠬᠤ ᠤᠢᠭᠡᠢ ᠭᠡᠵᠦ ᠱᠠᠭᠠᠷᠳᠠᠪᠠ᠃ | ᠠᠷᠪᠠᠨ ᠵᠢᠷᠭᠤᠭ᠎ᠠ᠂ ︽ᠠᠷᠭ᠎ᠠ︾ ᠳᠠᠬᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠢᠲᠡᠭᠡᠮᠵᠢ ᠵᠢᠷᠤᠮᠯᠠᠭᠰᠠᠳ ᠢ ᠬᠠᠮᠲᠤᠷᠠᠨ ᠤᠷᠮᠠᠰᠢᠭᠤᠯᠬᠤ᠂ | ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠠᠮᠢᠶᠠᠷᠤᠯᠲᠠ ᠶᠢᠨ ᠠᠷᠭ᠎ᠠ ᠶᠢ ᠬᠡᠷᠬᠢᠨ ᠵᠥᠪ ᠣᠶᠢᠯᠠᠭᠠᠬᠤ ᠪᠣᠶ︖ | ︽ᠠᠷᠭ᠎ᠠ︾ ᠶᠢᠨ ᠭᠤᠴᠢᠨ ᠭᠤᠷᠪᠠᠳᠤᠭᠠᠷ ᠵᠦᠶᠯ ᠳᠤ᠂ ᠡᠯ᠎ᠡ ᠱᠠᠲᠤᠨ ᠤ ᠡᠯᠧᠺᠲᠷᠣᠨ ᠬᠤᠳᠠᠯᠳᠤᠭᠠᠨ ᠤ ᠲᠠᠯᠠᠪᠤᠷ ᠢ ᠡᠵᠡᠩᠨᠡᠵᠦ ᠬᠠᠮᠢᠶᠠᠷᠬᠤ ᠪᠠᠶᠢᠭᠤᠯᠤᠮᠵᠢ | ᠣᠯᠠᠨ ᠨᠡᠶᠢᠲᠡ ᠶᠢᠨ ᠢᠲᠡᠭᠡᠮᠵᠢ ᠶᠢᠨ ᠬᠠᠮᠢᠶᠠᠷᠤᠯᠲᠠ ᠪᠠ ᠦᠨᠡᠨᠴᠢ ᠢᠲᠡᠭᠡᠮᠵᠢ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠢᠲᠡᠭᠡᠮᠵᠢ ᠵᠢᠷᠤᠮᠯᠠᠭᠰᠠᠳ ᠢ | ᠬᠤᠯᠪᠣᠭᠠᠯᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠦᠨᠡᠨᠴᠢ ᠢᠲᠡᠭᠡᠮᠵᠢᠲᠡᠶ ᠬᠤᠳᠠᠯᠳᠤᠭ᠎ᠠ | ᠬᠠᠩᠭᠠᠭᠴᠢ ᠳᠤ ᠤᠷᠢᠳᠠᠪᠠᠷ ᠰᠣᠩᠭᠤᠬᠤ᠂ ︽ᠰᠠᠭᠠᠳ ᠥᠬᠡᠶ ᠨᠡᠪᠲᠡᠷᠡᠬᠦ ᠵᠠᠮ︾ ᠤᠨ ᠲᠣᠭᠲᠠᠴᠠ ᠶᠢ ᠬᠡᠷᠡᠭᠵᠢᠭᠦᠯᠦᠨ᠎ᠡ︔ ᠢᠲᠡᠭᠡᠯ ᠠᠯᠳᠠᠭᠰᠠᠨ ᠬᠤᠳᠠᠯᠳᠤᠭ᠎ᠠ | ᠬᠠᠩᠭᠠᠭᠴᠢ ᠳᠤ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠪᠤᠰᠤ ᠪᠠᠶᠢᠳᠠᠯ ᠢ ᠦᠨᠳᠦᠰᠦᠯᠡᠨ᠂ ︽ᠠᠷᠭ᠎ᠠ︾ ᠶᠢᠨ ᠭᠤᠴᠢᠨ ᠲᠠᠪᠤᠳᠤᠭᠠᠷ | ᠵᠦᠶᠯ ᠠᠴᠠ ᠭᠤᠴᠢᠨ ᠨᠠᠶᠮᠠᠳᠤᠭᠠᠷ ᠵᠦᠶᠯ ᠤᠨ ᠲᠣᠭᠲᠠᠭᠠᠯ ᠶᠣᠰᠤᠭᠠᠷ᠂ ᠬᠠᠤᠯᠢ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠰᠢᠨᠵᠢ ᠴᠢᠨᠠᠷ᠂ | ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠤ᠂ ᠬᠤᠳᠠᠯᠳᠤᠭ᠎ᠠ ᠬᠠᠩᠭᠠᠭᠴᠢ ᠶᠢᠨ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠳᠤ ᠠᠷᠠᠯᠵᠢᠶᠠᠯᠠᠬᠤ ᠡᠷᠬᠡ ᠶᠢ ᠨᠢ ᠭᠤᠷᠪᠠᠨ ᠰᠠᠷ᠎ᠠ ᠲᠦᠷ ᠵᠣᠭᠰᠣᠭᠠᠬᠤ᠂ ᠠᠷᠠᠯᠵᠢᠶᠠᠯᠠᠬᠤ ᠡᠷᠬᠡ ᠶᠢ ᠨᠢ | ᠵᠢᠷᠭᠤᠭᠠᠨ ᠰᠠᠷ᠎ᠠ ᠲᠦᠷ ᠵᠣᠭᠰᠣᠭᠠᠬᠤ᠂ ᠡᠯᠰᠡᠭᠳᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠨ᠎ᠠ ᠭᠡᠵᠦ | ᠲᠣᠭᠲᠠᠭᠠᠵᠠᠢ᠃ | ᠠᠷᠪᠠᠨ ᠳᠤᠯᠤᠭ᠎ᠠ᠂ ᠬᠤᠳᠠᠯᠳᠤᠨ ᠠᠪᠤᠭᠴᠢ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ | ︽ᠪᠤᠰᠤᠳ ᠵᠦᠢ ᠪᠣᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ︾ ᠳᠤ ᠲᠣᠭᠠᠴᠠᠭᠳᠠᠬᠤ ᠪᠤᠢ︖ ᠡᠭᠦᠨ ᠳᠤ | ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠬᠤᠷᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ | ᠬᠤᠳᠠᠯᠳᠤᠨ ᠠᠪᠤᠭᠴᠢ ᠬᠤᠳᠠᠯᠳᠤᠨ ᠠᠪᠬᠤ ᠵᠦᠢᠯᠡᠰ ᠤᠨ ᠢᠶᠠᠨ ᠣᠨᠴᠠᠭᠠᠢ ᠱᠠᠭᠠᠷᠳᠠᠯᠭ᠎ᠠ ᠶᠢ ᠦᠨᠳᠦᠰᠦᠯᠡᠨ ᠬᠤᠳᠠᠯᠳᠤᠭ᠎ᠠ ᠬᠠᠩᠭᠠᠭᠴᠢ ᠳᠤ ᠣᠨᠴᠠᠭᠠᠢ ᠨᠥᠬᠦᠴᠡᠯ | ᠲᠣᠭᠲᠠᠭᠠᠵᠤ ᠪᠣᠯᠤᠨ᠎ᠠ᠂ ᠭᠡᠬᠦ ᠳᠤ ᠪᠠᠨ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠲᠡᠭᠰᠢ ᠪᠤᠰᠤ ᠬᠠᠷᠠᠭᠠᠯᠵᠠᠬᠤ ᠪᠤᠶᠤ ᠭᠠᠳᠠᠭᠤᠷᠴᠢᠯᠠᠵᠤ ᠪᠣᠯᠬᠤ | ᠦᠭᠡᠢ᠃ | ᠳᠠᠷᠠᠭᠠᠬᠢ ᠪᠠᠶᠢᠳᠠᠯ ᠢ ᠪᠠᠭᠲᠠᠭᠠᠬᠤ ᠪᠥᠭᠡᠳ ᠵᠥᠪᠬᠡᠨ ᠳᠠᠷᠠᠭᠠᠬᠢ ᠪᠠᠶᠢᠳᠠᠯ ᠳᠤ ᠬᠢᠵᠠᠭᠠᠷᠯᠠᠭᠳᠠᠬᠤ ᠦᠭᠡᠢ᠄ | ︵ᠨᠢᠭᠡ︶ ᠬᠤᠳᠠᠯᠳᠤᠭ᠎ᠠ ᠬᠠᠩᠭᠠᠭᠴᠢ ᠳᠤ ᠦᠢᠯᠡᠳᠪᠦᠷᠢ ᠠᠴᠠ ᠣᠯᠭᠤᠭᠰᠠᠨ ᠡᠷᠬᠡ ᠪᠤᠶᠤ ᠠᠮᠠᠯᠠᠯᠲᠠ᠂ ᠦᠢᠯᠡᠳᠪᠦᠷᠢ ᠶᠢᠨ ᠪᠣᠷᠣᠯᠠᠭᠤᠯᠤᠭᠰᠠᠨ ᠤ ᠳᠠᠷᠠᠭᠠᠬᠢ | ᠦᠢᠯᠡᠴᠢᠯᠡᠭᠡᠨ ᠤ ᠠᠮᠠᠯᠠᠯᠲᠠ ᠶᠢᠨ ᠵᠠᠬᠢᠳᠠᠯ ᠪᠤᠶᠤ ᠲᠠᠸᠠᠷ ᠤᠨ ᠪᠤᠯᠵᠤᠯᠳᠤ ᠲᠤᠭ᠎ᠠ ᠶᠢ ᠨᠤᠲᠠᠯᠠᠬᠤ ᠵᠠᠬᠢᠳᠠᠯ ᠬᠠᠩᠭᠠᠯᠭᠠᠬᠤ ᠪᠠᠷ ᠱᠠᠭᠠᠷᠳᠠᠬᠤ ᠪᠠᠶᠢᠳᠠᠯ᠃ | ︵ᠬᠤᠶᠠᠷ︶ ᠦᠢᠯᠡᠳᠪᠦᠷᠢ ᠠᠴᠠ ᠪᠠᠷᠠᠭ᠎ᠠ ᠶᠢ ᠰᠢᠭᠤᠳ ᠶᠠᠪᠤᠭᠤᠯᠬᠤ᠂ ᠲᠤᠰ ᠭᠠᠵᠠᠷ ᠤᠨ ᠦᠢᠯᠡᠳᠪᠦᠷᠢ ᠬᠤᠳᠠᠯᠳᠤᠭ᠎ᠠ ᠶᠢᠨ ᠵᠣᠴᠢᠳ ᠤᠨ ᠳᠠᠭᠠᠭᠠᠮᠠᠯ ᠢᠶᠠᠷ | ᠬᠠᠪᠰᠤᠷᠤᠭᠤᠯᠤᠨ ᠰᠢᠯᠭᠠᠨ ᠠᠪᠤᠭᠤᠯᠬᠤ᠂ ᠦᠢᠯᠡᠳᠪᠦᠷᠢ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠢᠨᠵᠧᠨᠧᠷ ᠢ ᠣᠴᠢᠭᠤᠯᠵᠤ ᠪᠠᠷᠠᠭ᠎ᠠ ᠰᠢᠯᠭᠠᠨ | ᠪᠠᠶᠢᠴᠠᠭᠠᠯᠭᠠᠬᠤ ᠪᠤᠶᠤ ᠵᠢᠭᠠᠨ ᠲᠣᠭᠲᠠᠭᠠᠵᠤ ᠰᠢᠯᠭᠠᠨ ᠠᠪᠤᠭᠤᠯᠬᠤ ᠳᠤ ᠦᠢᠯᠡᠳᠪᠦᠷᠢ ᠶᠢ ᠵᠢᠭᠠᠨ ᠲᠣᠭᠲᠠᠭᠠᠬᠤ ᠪᠠᠷ ᠱᠠᠭᠠᠷᠳᠠᠬᠤ ᠪᠠᠶᠢᠳᠠᠯ᠃ | ︵ᠭᠤᠷᠪᠠ︶ ᠲᠦᠷᠦᠯ ᠲᠡᠮᠳᠡᠭ᠂ ᠬᠡᠯᠪᠡᠷᠢ ᠮᠠᠶ᠋ᠢᠭ ᠢ ᠬᠢᠵᠠᠭᠠᠷᠯᠠᠬᠤ ᠪᠤᠶᠤ ᠣᠨᠴᠠ ᠵᠢᠭᠠᠨ ᠲᠣᠭᠲᠠᠭᠠᠬᠤ᠃ | ᠳᠡᠭᠡᠷᠡᠬᠢ ᠪᠠᠶᠢᠳᠠᠯ ᠨᠢ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ ᠳᠤ ᠬᠠᠷᠢᠶᠠᠯᠠᠭᠳᠠᠨ᠎ᠠ᠂ | ︽ᠠᠷᠭ᠎ᠠ︾ ᠶᠢᠨ ᠭᠤᠴᠢᠨ ᠳᠥᠷᠪᠡᠳᠦᠭᠡᠷ ᠵᠦᠶᠯ ᠤᠨ ᠲᠣᠭᠲᠠᠭᠠᠯ ᠶᠣᠰᠣᠭᠠᠷ᠂ ᠠᠳᠠᠯᠢ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ | ᠬᠠᠮᠢᠶᠠᠷᠬᠤ ᠰᠠᠯᠠᠭ᠎ᠠ ᠮᠥᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ᠃ ᠪᠠᠶᠢᠳᠠᠯ ᠨᠢ ᠬᠦᠨᠳᠦ | ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠨᠠᠢᠮᠠ᠂ ᠬᠤᠳᠠᠯᠳᠤᠭ᠎ᠠ ᠬᠠᠩᠭᠠᠭᠴᠢ ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ ᠨᠢ | ᠬᠤᠤᠪᠢᠯᠳᠤᠨ ᠰᠦᠯᠪᠡᠭᠡᠯᠳᠡᠭᠰᠡᠨ ᠳᠤ ᠲᠣᠭᠠᠴᠠᠭᠳᠠᠬᠤ ᠪᠤᠢ︖ ︽ᠠᠷᠭ᠎ᠠ︾ ᠳᠤ ᠡᠭᠦᠨ ᠤ ᠲᠤᠬᠠᠢ ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠪᠠᠶᠢᠬᠤ ᠪᠣᠶ︖ | ᠡᠯᠧᠺᠲᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠳᠠᠷᠠᠭᠠᠬᠢ ᠪᠠᠶᠢᠳᠠᠯ ᠤᠨ ᠨᠢᠭᠡ ᠨᠢ ᠪᠠᠶᠢᠪᠠᠯ ᠬᠤᠤᠪᠢᠯᠳᠤᠨ ᠰᠦᠯᠪᠡᠭᠡᠯᠳᠡᠭᠰᠡᠨ ᠳᠤ | ᠲᠣᠭᠠᠴᠠᠭᠳᠠᠨ᠎ᠠ᠄ | ︵ᠨᠢᠭᠡ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠮᠡᠳᠡᠭᠦᠯᠦᠭᠰᠡᠨ ᠦᠨ᠎ᠡ᠂ ᠮᠡᠷᠭᠡᠵᠢᠯ ᠤᠨ ᠲᠥᠰᠦᠯ ᠪᠤᠶᠤ ᠳᠠᠭᠠᠬᠤ ᠪᠢᠴᠢᠭ ᠮᠠᠲ᠋ᠧᠷᠢᠶᠠᠯ ᠤᠨ ᠮᠥᠨ | ᠴᠢᠨᠠᠷ ᠤᠨ ᠠᠭᠤᠯᠭ᠎ᠠ ᠶᠢ ᠵᠥᠪᠳᠡᠯᠴᠡᠭᠰᠡᠨ ᠪᠠᠶᠢᠳᠠᠯ᠃ | ︵ᠬᠤᠶᠠᠷ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠶᠠᠮᠠᠷ ᠨᠢᠭᠡᠨ ᠣᠨᠴᠠ ᠲᠣᠭᠲᠠᠭᠰᠠᠨ ᠬᠤᠳᠠᠯᠳᠤᠭ᠎ᠠ ᠬᠠᠩᠭᠠᠭᠴᠢ ᠶᠢ ᠳᠠᠭᠠᠭᠠᠴᠢᠯᠠᠯᠲᠠ | ᠣᠯᠤᠭᠰᠠᠨ ᠢᠶᠠᠷ᠂ ᠮᠠᠶᠢᠮᠠᠢ ᠪᠦᠲᠦᠭᠰᠡᠨ ᠢᠶᠠᠷ ᠤᠷᠢᠳᠠᠪᠠᠷ ᠪᠣᠯᠵᠣᠨ ᠲᠣᠭᠲᠠᠭᠰᠠᠨ ᠪᠠᠶᠢᠳᠠᠯ᠃ | ︵ᠭᠤᠷᠪᠠ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ ᠵᠥᠪᠳᠡᠯᠴᠡᠨ ᠵᠠᠷᠢᠮ ᠬᠤᠳᠠᠯᠳᠤᠭ᠎ᠠ ᠬᠠᠩᠭᠠᠭᠴᠢ ᠶᠢ ᠵᠠᠰᠠᠭ ᠤᠨ ᠣᠷᠳᠣᠨ ᠤ ᠬᠤᠳᠠᠯᠳᠤᠨ | ᠠᠪᠬᠤ ᠠᠵᠢᠯᠯᠠᠭ᠎ᠠ ᠳᠤ ᠣᠷᠤᠯᠴᠠᠬᠤ ᠪᠤᠶᠤ ᠳᠠᠭᠠᠭᠠᠴᠢᠯᠠᠯᠲᠠ ᠣᠯᠬᠤ᠂ ᠠᠷᠠᠯᠵᠢᠶ᠎ᠠ ᠪᠦᠲᠦᠬᠦ ᠡᠷᠬᠡ ᠶᠢ ᠬᠠᠶᠠᠭᠤᠯᠬᠤ ᠪᠠᠷ ᠲᠣᠭᠲᠠᠭᠠᠭᠰᠠᠨ ᠪᠠᠶᠢᠳᠠᠯ᠃ | ︵ᠲᠦᠷᠪᠡ︶ ᠬᠤᠳᠠᠯᠳᠤᠭ᠎ᠠ ᠬᠠᠩᠭᠠᠭᠴᠢ ᠪᠠ ᠬᠤᠳᠠᠯᠳᠤᠨ ᠠᠪᠤᠭᠴᠢ ᠪᠤᠶᠤ ᠬᠤᠳᠠᠯᠳᠤᠭ᠎ᠠ ᠬᠠᠩᠭᠠᠭᠴᠢ ᠯᠤᠭ᠎ᠠ ᠬᠤᠭᠤᠷᠣᠨᠳᠣ ᠪᠠᠨ ᠣᠨᠴᠠ ᠲᠣᠭᠲᠠᠭᠰᠠᠨ | ᠬᠤᠳᠠᠯᠳᠤᠭ᠎ᠠ ᠬᠠᠩᠭᠠᠭᠴᠢ ᠳᠤ ᠳᠠᠭᠠᠭᠠᠴᠢᠯᠠᠯᠲᠠ ᠣᠯᠭᠤᠬᠤ᠂ ᠠᠷᠠᠯᠵᠢᠶ᠎ᠠ ᠪᠦᠲᠦᠬᠦ ᠶᠢᠨ ᠬᠢᠨᠢ ᠲᠥᠯᠥᠭᠡ ᠬᠥᠭᠡᠭᠡᠴᠡᠯᠳᠦᠭᠰᠡᠨ ᠪᠤᠶᠤ ᠪᠤᠰᠤᠳ ᠬᠤᠳᠠᠯᠳᠤᠭ᠎ᠠ | ᠬᠠᠩᠭᠠᠭᠴᠢ ᠢ ᠭᠠᠳᠠᠭᠤᠷᠴᠢᠯᠠᠭᠰᠠᠨ ᠪᠠᠶᠢᠳᠠᠯ᠃ | ︵ᠲᠠᠪᠤ︶ ᠪᠤᠰᠤᠳ ᠪᠠᠶᠢᠳᠠᠯ | ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢ ᠳᠤ ᠳᠡᠭᠡᠷᠡᠬᠢ ᠪᠠᠶᠢᠳᠠᠯ ᠭᠠᠷᠪᠠᠯ᠂ ︽ᠠᠷᠭ᠎ᠠ︾ ᠶᠢᠨ ᠭᠤᠴᠢᠨ ᠳᠣᠯᠣᠳᠤᠭᠠᠷ | ᠵᠦᠶᠯ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠡᠯᠧᠺᠲᠷᠣᠨ ᠬᠤᠳᠠᠯᠳᠤᠭᠠᠨ ᠤ ᠲᠠᠯᠠᠪᠤᠷ ᠲᠠᠬᠢ ᠡᠵᠡᠩᠨᠡᠯᠲᠡ ᠶᠢᠨ ᠵᠥᠪᠯᠡᠯᠴᠡᠭᠡᠷ ᠢ ᠬᠡᠷᠡᠭᠵᠢᠭᠦᠯᠬᠦ ᠶᠢ ᠵᠣᠭᠰᠣᠭᠠᠬᠤ ᠶᠢᠨ ᠬᠠᠮᠲᠤ ᠵᠠᠷᠯᠠᠨ ᠨᠡᠶᠢᠲᠡᠯᠡᠵᠦ᠂ 1 ᠠᠴᠠ 3 | ᠵᠢᠯ ᠤᠨ ᠳᠣᠲᠣᠷ᠎ᠠ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ ᠴᠠᠭᠠᠵᠠᠯᠠᠨ᠎ᠠ᠃ | ᠲᠣᠰ ︽ᠲᠠᠶᠢᠯᠤᠮᠵᠢ︾ ᠶᠢ ᠬᠡᠷᠡᠭᠵᠢᠭᠦᠯᠬᠦ ᠶᠠᠪᠤᠴᠠ ᠳᠤ ᠮᠠᠳᠠᠭ ᠲᠠᠢ ᠠᠰᠠᠭᠤᠳᠠᠯ ᠣᠷᠣᠰᠢᠵᠤ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ | ᠠᠴᠠ ᠠᠰᠠᠭᠤᠨ ᠯᠠᠪᠯᠠᠵᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠄ ᠸᠠᠩ ᠶᠦᠨ ᠫᠧᠩ 0471 - 4192321 | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠄ ᠴᠧᠨ ᠢ ᠸᠧᠨ 0471 - 5617263 | |