ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠰᠠᠢᠲᠤᠷ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠦᠰᠦᠭ ﹇2021﹈ 45 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠦᠢᠯᠡᠴᠢᠯᠡᠭᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠬᠢᠨᠠᠯᠲᠠ ᠬᠠᠮᠢᠶᠠᠷᠤᠯᠲᠠ | ᠬᠢᠬᠦ ᠡᠭᠦᠷᠭᠡ ᠬᠠᠷᠢᠭᠤᠴᠠᠯᠭ᠎ᠠ ᠶᠢ ᠲᠤᠳᠤᠷᠬᠠᠢ ᠲᠣᠭᠲᠠᠭᠠᠬᠤ ᠬᠡᠷᠡᠭᠲᠡᠢ | ︵ᠨᠢᠭᠡ︶ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠲᠣᠰ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ ᠵᠠᠰᠠᠭ | ᠵᠠᠬᠢᠷᠭᠠᠨ ᠤ ᠪᠠᠶᠢᠭᠤᠯᠭ᠎ᠠ ᠨᠢᠭᠡᠴᠢ ᠲᠤᠰᠠᠭᠠᠷ ᠪᠠᠶᠢᠭᠤᠯᠤᠭᠰᠠᠨ ᠦᠭᠡᠢ ᠪᠣᠯᠪᠠᠴᠤ ᠨᠠᠮ ᠤᠨ ᠪᠠᠶᠢᠭᠤᠯᠭ᠎ᠠ ᠶᠢᠨ ᠨᠡᠷ᠎ᠡ ᠳᠣᠣᠷ᠎ᠠ ᠭᠠᠳᠠᠭᠰᠢ ᠪᠠᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠫᠠᠶᠢᠰᠠ ᠡᠯᠭᠦᠭᠰᠡᠨ ᠰᠠᠯᠠᠭ᠎ᠠ ᠮᠥᠴᠢᠷ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠡᠷᠬᠡ ᠲᠤᠰᠢᠶᠠᠯ ᠲᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠨ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠳᠤ ᠨᠢᠭᠡᠨᠲᠡ ᠲᠣᠭᠲᠠᠭᠠᠯ ᠲᠠᠢ ᠪᠠᠶᠢᠪᠠᠯ᠂ ᠲᠡᠷᠡ | ᠲᠣᠭᠲᠠᠭᠠᠯ ᠢ ᠨᠢ ᠵᠢᠷᠤᠮᠯᠠᠨ᠎ᠠ᠃ | ︵ᠬᠤᠶᠠᠷ︶ ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | ᠪᠣᠯ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠴᠢᠯᠠᠨ ᠬᠠᠮᠢᠶᠠᠷᠬᠤ ᠨᠢᠭᠡᠴᠢ | ᠪᠠᠶᠢᠵᠤ᠂ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠦᠳᠣᠭᠡᠨ ᠪᠠᠶᠢᠭᠤᠯᠤᠯᠲᠠ ᠪᠠ | ᠬᠥᠭᠵᠢᠯᠲᠡ ᠶᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠰᠢᠯᠭᠠᠨ ᠬᠢᠨᠠᠬᠤ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠭᠤᠤᠯᠴᠢᠯᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠨᠢᠭᠡᠳᠦᠯᠲᠡᠶ ᠲᠦᠯᠣᠪᠵᠢᠭᠦᠯᠭᠦ ᠪᠠ ᠡᠳᠦᠷ | ᠲᠤᠲᠤᠮ ᠤᠨ ᠬᠢᠨᠠᠨ ᠰᠢᠡᠵᠢᠭᠦ ᠶᠢ ᠬᠠᠷᠢᠭᠤᠴᠠᠬᠤ ᠪᠦᠭᠡᠳ ᠰᠦᠯᠵᠢᠶᠡᠨ ᠥᠷᠲᠡᠭᠡ ᠶᠢᠨ ᠨᠡᠭᠡᠭᠡᠨ ᠡᠷᠭᠢᠯᠡᠵᠦ ᠡᠮᠬᠢᠯᠡᠨ ᠨᠡᠶᠢᠯᠡᠭᠦᠯᠬᠦ᠂ ᠠᠮᠤᠷ ᠲᠦᠪᠰᠢᠨ ᠤ | ᠬᠠᠮᠢᠶᠠᠷᠤᠯᠲᠠ᠂ ᠰᠢᠯᠭᠠᠨ ᠬᠢᠨᠠᠵᠤ ᠦᠨᠡᠯᠡᠬᠦ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠠᠵᠢᠯ ᠤᠳ ᠢ ᠰᠠᠶᠢᠲᠤᠷ ᠬᠢᠬᠦ ᠶᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠣᠰ ᠭᠠᠵᠠᠷ ᠣᠷᠣᠨ ᠤ ᠪᠠᠨ ᠵᠠᠰᠠᠭ ᠤᠨ | ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ | ᠵᠠᠭᠤᠴᠢᠯᠠᠭᠤᠷ ᠢ ᠪᠦᠷᠢᠳᠭᠡᠨ ᠳᠠᠩᠰᠠᠯᠠᠵᠤ ᠬᠠᠮᠢᠶᠠᠷᠬᠤ᠂ ᠨᠡᠭᠡᠭᠡᠨ ᠡᠷᠭᠢᠯᠡᠵᠦ ᠬᠠᠭᠠᠵᠤ ᠵᠣᠭᠰᠣᠭᠠᠬᠤ᠂ ᠡᠮᠬᠢᠯᠡᠨ ᠨᠡᠶᠢᠯᠡᠭᠦᠯᠵᠦ ᠬᠦᠴᠦᠨ ᠥᠬᠡᠶ ᠪᠣᠯᠭᠠᠬᠤ᠂ ᠡᠳᠦᠷ | ᠲᠤᠲᠤᠮ ᠤᠨ ᠬᠢᠨᠠᠨ ᠰᠢᠨᠵᠢᠬᠦ᠂ ᠵᠣᠬᠢᠴᠠᠭᠤᠯᠤᠨ ᠲᠣᠬᠢᠷᠠᠭᠤᠯᠵᠤ ᠬᠢᠨᠠᠯᠲᠠ ᠲᠠᠯᠪᠢᠬᠤ ᠵᠡᠷᠭᠡ ᠠᠵᠢᠯ ᠤᠳ ᠢ ᠬᠠᠷᠢᠭᠤᠴᠠᠨ᠎ᠠ᠃ ᠪᠠᠶᠢᠭᠤᠯᠤᠮᠵᠢ ᠶᠢᠨ ᠣᠷᠣᠨ ᠲᠤᠭ᠎ᠠ᠂ | ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠬᠠᠮᠵᠢᠯᠴᠠᠨ ᠬᠢᠨᠠᠵᠤ ᠬᠠᠮᠢᠶᠠᠷᠬᠤ ᠨᠢᠭᠡᠴᠢ ᠪᠣᠯᠤᠭᠰᠠᠨ ᠤ | ᠬᠤᠪᠢ ᠳᠤ᠂ ᠰᠦᠯᠵᠢᠶᠡᠨ ᠥᠷᠲᠡᠭᠡ ᠶᠢᠨ ᠢᠯᠡᠷᠬᠡᠢᠯᠡᠭᠴᠢ᠂ ᠳ᠋ᠣᠮᠠᠶᠢᠨ ᠨᠡᠷ᠎ᠡ ᠪᠠ ᠢᠨᠲ᠋ᠧᠷᠨᠧᠲ ᠤᠨ ᠠᠭᠤᠯᠭ᠎ᠠ ᠬᠠᠩᠭᠠᠭᠴᠢ ︵ICP︶ ᠶᠢ ᠪᠦᠷᠢᠳᠭᠡᠨ ᠳᠠᠩᠰᠠᠯᠠᠵᠤ | ᠬᠠᠮᠢᠶᠠᠷᠬᠤ᠂ ᠠᠮᠤᠷ ᠲᠦᠪᠰᠢᠨ ᠤ ᠵᠡᠷᠭᠡ ᠳᠡᠰ ᠢ ᠨᠢ ᠬᠠᠮᠠᠭᠠᠯᠠᠬᠤ ᠵᠡᠷᠭᠡ ᠠᠵᠢᠯ ᠤᠳ ᠢ ᠬᠠᠮᠲᠤ ᠳᠤ ᠪᠠᠨ ᠰᠠᠶᠢᠲᠤᠷ ᠬᠢᠬᠦ ᠬᠡᠷᠡᠭᠲᠡᠶ᠃ | ︵ᠭᠤᠷᠪᠠ︶ ᠭᠤᠣᠯᠴᠢᠯᠠᠨ ᠡᠷᠭᠢᠯᠡᠬᠦ ᠡᠭᠦᠷᠭᠡ ᠬᠠᠷᠢᠭᠤᠴᠠᠯᠭ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠠᠯᠪᠠᠨ | ᠬᠡᠷ ᠨᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠭᠤᠣᠯᠴᠢᠯᠠᠨ ᠡᠷᠬᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠣᠯᠴᠢᠯᠠᠨ ᠡᠷᠭᠢᠯᠡᠬᠦ ᠨᠢᠭᠡᠴᠢ ᠨᠢ ᠰᠦᠯᠵᠢᠶᠡᠨ ᠥᠷᠲᠡᠭᠡ ᠪᠠ ᠰᠢᠨ᠎ᠡ | ᠵᠠᠭᠤᠴᠢᠯᠠᠭᠤᠷ ᠤᠨ ᠲᠦᠯᠦᠪᠵᠢᠭᠦᠯᠦᠨ ᠪᠦᠲᠦᠭᠡᠨ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠡᠷᠡᠭᠦᠯ ᠢᠶᠠᠷ ᠬᠥᠭᠵᠢᠭᠦᠯᠬᠦ᠂ ᠠᠮᠤᠷ ᠲᠦᠪᠰᠢᠨ ᠤ | ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠣᠰ ᠨᠢᠭᠡᠴᠢ ᠶᠢᠨ ᠢᠶᠠᠨ ᠳᠣᠲᠣᠭᠠᠳᠤ ᠳᠤ ᠪᠠᠨ ᠪᠠᠶᠢᠭᠤᠯᠤᠭᠰᠠᠨ ᠪᠠᠶᠢᠭᠤᠯᠤᠮᠵᠢ ᠶᠢ ᠵᠢᠭᠠᠨ | ᠲᠣᠭᠲᠠᠭᠠᠬᠤ ᠪᠤᠶᠤ ᠪᠤᠰᠤᠳ ᠲᠤᠰᠬᠠᠶ ᠪᠠᠶᠢᠭᠤᠯᠤᠮᠵᠢ ᠳᠤ ᠨᠠᠶᠢᠳᠠᠵᠤ ᠳᠠᠭᠠᠭᠠᠨ ᠭᠦᠢᠴᠡᠳᠬᠡᠬᠦ ᠨᠢᠭᠡᠴᠢ ᠪᠣᠯᠭᠠᠵᠤ᠂ ᠰᠦᠯᠵᠢᠶᠡᠨ ᠥᠷᠲᠡᠭᠡ ᠪᠠ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠳᠦᠷ ᠲᠤᠲᠤᠮ ᠤᠨ ᠠᠵᠢᠯᠯᠠᠭᠤᠯᠵᠤ ᠪᠠᠲᠤᠯᠠᠬᠤ ᠠᠵᠢᠯ ᠢ ᠪᠣᠳᠠᠲᠠᠶ ᠡᠭᠦᠷᠭᠡᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠭᠤᠤᠯᠴᠢᠯᠠᠨ ᠬᠠᠮᠢᠶᠠᠷᠴᠤ ᠡᠷᠭᠢᠯᠡᠬᠦ ᠪᠠ ᠬᠠᠷᠢᠶ᠎ᠠ ᠭᠠᠵᠠᠷ ᠲᠤ ᠨᠢ | ᠬᠠᠮᠢᠶᠠᠷᠤᠭᠤᠯᠬᠤ ᠵᠠᠷᠴᠢᠮ ᠶᠣᠰᠣᠭᠠᠷ᠂ ᠤᠬᠠᠭᠤᠯᠭ᠎ᠠ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ | ᠪᠠ ᠬᠤᠷᠸ᠎ᠠ ᠬᠠᠮᠢᠶᠠᠷᠤᠯᠲᠠ ᠶᠢ ᠬᠦᠯᠢᠶᠡᠨ ᠠᠪᠬᠤ ᠬᠡᠷᠡᠭᠲᠡᠶ᠃ | ᠬᠤᠶᠠᠷ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ | ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | 1. ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠦᠭᠰᠡᠨ ᠲᠠᠪᠴᠠᠩ ᠢ ᠵᠢᠷᠤᠮᠵᠢᠭᠤᠯᠤᠨ ᠪᠠᠶᠢᠭᠤᠯᠬᠤ ᠬᠡᠷᠡᠭᠲᠡᠢ᠃ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠡᠷᠴᠢᠮᠵᠢᠭᠦᠯᠦᠭᠰᠡᠨ | ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠦᠯᠵᠢᠶ᠎ᠡ ᠪᠦᠬᠦᠨ ᠢ ᠲᠣᠰ | ᠡᠷᠴᠢᠮᠵᠢᠭᠦᠯᠦᠭᠰᠡᠨ ᠲᠠᠪᠴᠠᠩ ᠳᠤ ᠰᠢᠯᠵᠢᠭᠦᠯᠦᠨ᠎ᠡ︔ ᠡᠯ᠎ᠡ ᠠᠶᠢᠮᠠᠭ ᠬᠤᠲᠠ ᠨᠢ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ | ᠴᠤᠭᠯᠠᠷᠠᠯ ᠤᠨ ᠲᠠᠪᠴᠠᠩ ᠢᠶᠠᠨ ᠲᠠᠰ ᠳᠡᠪᠰᠢᠭᠦᠯᠦᠨ ᠡᠷᠴᠢᠮᠵᠢᠭᠦᠯᠦᠭᠰᠡᠨ ᠲᠠᠪᠴᠠᠩ ᠪᠣᠯᠭᠠᠨ ᠥᠭᠡᠷᠡᠴᠢᠯᠡᠬᠦ ᠶᠢᠨ ᠬᠠᠮᠲᠤ᠂ ᠬᠠᠷᠢᠶ᠎ᠠ ᠣᠷᠣᠨ ᠳᠠᠬᠢ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ︵ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠥᠷᠲᠡᠭᠡ ᠪᠠᠭᠲᠠᠨ᠎ᠠ︶ ᠪᠦᠬᠦᠨ ᠢ ᠲᠣᠰ | ᠱᠠᠲᠤᠨ ᠤ ᠡᠷᠴᠢᠮᠵᠢᠭᠦᠯᠦᠭᠰᠡᠨ ᠲᠠᠪᠴᠠᠩ ᠳᠤ ᠰᠢᠯᠵᠢᠭᠦᠯᠭᠦ ᠬᠡᠷᠩᠳᠠᠢ᠃ ᠡᠯ᠎ᠡ ᠠᠶᠢᠮᠠᠭ ᠬᠤᠲᠠ ᠨᠢ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠳᠤ ᠲᠦᠰᠢᠭᠯᠡᠨ᠂ ᠨᠢᠭᠡᠳᠦᠯᠲᠡᠶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠴᠢᠳᠠᠮᠵᠢ ᠶᠢᠨ | ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠠᠶᠢᠭᠤᠯᠵᠤ᠂ ᠵᠢᠭᠳᠡ ᠪᠠᠷᠢᠮᠵᠢᠶ᠎ᠠ ᠲᠠᠢ᠂ ᠳ᠋ᠠᠶᠢᠲ᠋ᠠ ᠨᠢ ᠢᠷᠡᠯᠲᠡ ᠨᠢᠬᠡᠳᠡᠢ ᠬᠡᠷᠡᠭᠯᠡᠭᠡᠨ ᠤ ᠦᠢᠯᠡᠴᠢᠯᠡᠭᠡ ᠬᠠᠩᠭᠠᠵᠤ᠂ ᠮᠡᠳᠡᠭᠡ | ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢᠴᠡᠳᠬᠡᠬᠦ ᠳᠤ ᠦᠢᠯᠡᠴᠢᠯᠡᠬᠦ᠂ ᠬᠠᠷᠢᠯᠴᠠᠨ ᠣᠶᠢᠯᠠᠭᠠᠯᠴᠠᠬᠤ ᠵᠡᠷᠭᠡ ᠴᠢᠳᠠᠮᠵᠢ ᠶᠢ ᠨᠢ | ᠡᠷᠴᠢᠮᠵᠢᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠡᠷᠴᠢᠮᠵᠢᠭᠦᠯᠦᠭᠰᠡᠨ ᠲᠠᠪᠴᠠᠩ ᠨᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠣᠯᠠᠨ ᠲᠠᠩᠰᠠᠨ ᠡᠷᠦᠬᠡ ᠶᠢᠨ ᠬᠠᠮᠢᠶᠠᠷᠤᠯᠲᠠ᠂ ᠬᠢᠨᠠᠨ ᠰᠢᠨᠵᠢᠬᠦ ᠦᠢᠯᠡᠴᠢᠯᠡᠭᠡ ᠵᠡᠷᠭᠡ ᠴᠢᠳᠠᠮᠵᠢ ᠶᠢ ᠨᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠨᠡᠭᠡᠭᠡᠨ 365赢多少钱会被限额_国内有真正的365平台吗_365bet博彩官网 | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠡᠷᠴᠢᠮᠵᠢᠭᠦᠯᠦᠭᠰᠡᠨ ᠲᠠᠪᠴᠠᠩ ᠳᠤ ᠠᠯᠬᠤᠮ ᠠᠯᠬᠤᠮ ᠢᠶᠠᠷ ᠰᠢᠯᠵᠢᠭᠦᠯᠦᠨ᠂ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ | ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠩᠳᠠᠢ᠃ | 2. ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶᠢᠮᠠᠭ ᠬᠤᠲᠠ ᠨᠢ ᠲᠦᠷᠦᠯ ᠠᠩᠬᠢᠯᠠᠯ ᠨᠢ ᠰᠢᠨᠵᠢᠯᠡᠬᠦ ᠤᠬᠠᠭᠠᠨᠴᠢ᠂ ᠲᠦᠪᠯᠡᠷᠡᠭᠦᠯᠵᠣ ᠵᠢᠷᠤᠮᠵᠢᠭᠤᠯᠤᠭᠰᠠᠨ᠂ | ᠬᠠᠮᠲᠤ ᠪᠠᠷ ᠭᠥᠷᠳᠡᠵᠦ ᠬᠠᠮᠲᠤ ᠪᠠᠷ ᠬᠡᠷᠩᠯᠡᠭᠦ ᠪᠥᠬᠦ ᠲᠠᠪᠴᠠᠩ ᠤᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠣ᠂ ︽ᠤᠷᠢᠳ ᠢᠶᠠᠷ | ᠬᠥᠮᠥᠷᠭᠡ ᠳᠤ ᠣᠷᠣᠭᠤᠯᠵᠤ᠂ ᠳᠠᠷᠠᠭ᠎ᠠ ᠳᠤ ᠨᠢ ᠬᠡᠷᠡᠭᠯᠡᠬᠦ︾ ᠵᠠᠷᠴᠢᠮ ᠶᠣᠰᠣᠭᠠᠷ ᠬᠠᠮᠢᠶᠠᠷᠬᠤ ᠬᠡᠷᠡᠭᠲᠡᠶ᠃ ᠨᠢᠭᠡᠨᠲᠡ ᠡᠷᠴᠢᠮᠵᠢᠭᠦᠯᠦᠭᠰᠡᠨ ᠲᠠᠪᠴᠠᠩ ᠪᠠ ᠨᠢᠭᠡᠳᠦᠯᠲᠡᠶ | ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠪᠠᠶᠢᠭᠤᠯᠤᠭᠰᠠᠨ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢᠨ ᠡᠬᠢ | ᠪᠠᠶᠠᠯᠢᠭ ᠤᠨ ᠬᠥᠮᠥᠷᠭᠡ ᠯᠦᠭᠡ ᠵᠣᠯᠭᠠᠭᠤᠯᠬᠤ ᠶᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠶ︔ ᠡᠷᠴᠢᠮᠵᠢᠭᠦᠯᠦᠭᠰᠡᠨ ᠲᠠᠪᠴᠠᠩ ᠪᠠ ᠨᠢᠭᠡᠳᠦᠯᠲᠡᠶ ᠮᠡᠳᠡᠭᠡ ᠵᠠᠩᠭᠢ ᠶᠢᠨ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠭᠠᠳᠤᠶ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ | ᠬᠥᠮᠥᠷᠭᠡ ᠳᠤ ᠰᠠᠭᠤᠷᠢᠯᠠᠨ ᠣᠲᠣ ᠶᠢᠨ ᠪᠠᠶᠢᠭ᠎ᠠ ᠲᠠᠪᠴᠠᠩ ᠢᠶᠠᠨ ᠲᠠᠰ ᠳᠡᠪᠰᠢᠭᠦᠯᠦᠨ ᠦᠭᠡᠷᠡᠴᠢᠯᠡᠨ ᠰᠢᠨᠡᠳᠭᠡᠵᠦ᠂ ᠮᠡᠳᠡᠭᠡ ᠵᠠᠩᠭᠢ ᠶᠢᠨ ᠳ᠋ᠠᠶᠢᠲ᠋ᠠ ᠶᠢ ᠵᠣᠯᠭᠠᠭᠤᠯᠵᠤ | ᠬᠠᠮᠲᠤ ᠪᠠᠷ ᠭᠥᠷᠳᠡᠬᠦ ᠶᠢ ᠪᠡᠶᠡᠯᠡᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠨᠢ ᠡᠯ᠎ᠡ | ᠠᠶᠢᠮᠠᠭ ᠬᠤᠲᠠ ᠳᠤ ᠳ᠋ᠠᠶᠢᠲ᠋ᠠ ᠶᠢᠨ ᠵᠠᠯᠭᠠᠰᠤ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠳ᠋ᠠᠶᠢᠲ᠋ᠠ ᠪᠠᠨ ᠬᠠᠷᠢᠯᠴᠠᠨ ᠬᠤᠯᠪᠣᠵᠣ ᠠᠭᠤᠰᠣᠯᠴᠠᠨ | ᠨᠡᠪᠲᠡᠷᠡᠯᠴᠡᠬᠦ ᠶᠢ ᠪᠡᠶᠡᠯᠡᠭᠦᠯᠭᠦ ᠬᠡᠷᠩᠳᠠᠢ᠃ | 3. ᠰᠦᠯᠵᠢᠶᠡᠨ ᠥᠷᠲᠡᠭᠡ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠬᠡᠷᠡᠭᠲᠡᠢ᠃ ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ | ᠬᠥᠭᠵᠢᠯᠲᠡ ᠶᠢᠨ ᠵᠢᠯᠣᠭᠤᠳᠤᠮᠵᠢ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠦᠯᠵᠢᠶᠡᠨ ᠥᠷᠲᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠰᠢᠨ᠎ᠡ ᠪᠠᠷ ᠨᠡᠭᠡᠭᠡᠬᠦ ᠳᠤ ᠲᠣᠰ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ | ︽ᠪᠥᠬᠦ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ︾ ᠳᠤ ᠭᠠᠷᠴᠤ ᠦᠨᠳᠦᠰᠦᠨ ᠮᠡᠳᠡᠭᠡ | ᠵᠠᠩᠭᠢ ᠪᠠᠨ ᠲᠤᠰᠢᠶᠠᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠢᠯᠡᠷᠬᠡᠶᠢᠯᠡᠯ ᠤᠨ ᠺᠣᠳ᠋ ᠢ ᠤᠯᠬᠤ ᠶᠢᠨ ᠬᠠᠮᠲᠤ ᠠᠮᠤᠷ ᠲᠦᠪᠰᠢᠨ ᠤ ᠪᠠᠶᠢᠴᠠᠭᠠᠨ | ᠰᠢᠯᠭᠠᠯᠲᠠ ᠶᠢ ᠦᠩᠭᠡᠷᠡᠭᠦᠯᠣᠭᠡᠣᠨ ᠰᠦᠯᠵᠢᠶᠡᠨ ᠳᠤ ᠭᠠᠷᠭᠠᠵᠤ ᠠᠵᠢᠯᠯᠠᠭᠤᠯᠵᠤ ᠪᠣᠯᠣᠨ᠎ᠠ᠃ ᠵᠢᠯᠤᠭᠤᠳᠤᠮᠵᠢ ᠶᠢᠨ ᠱᠠᠭᠠᠷᠳᠠᠯᠭ᠎ᠠ ᠶᠢᠨ ᠲᠠᠰ ᠳᠠᠷᠠᠭᠠᠯᠠᠯ ᠢᠶᠠᠷ ᠬᠠᠭᠠᠵᠤ | ᠵᠣᠭᠰᠣᠭᠠᠬᠤ ᠭᠠᠷᠳᠠᠮ ᠭᠦᠢᠴᠡᠳᠬᠡᠭᠰᠡᠨ ᠥᠬᠡᠶ ᠪᠠᠷ ᠳᠤᠷ᠎ᠠ ᠪᠠᠷ ᠢᠶᠠᠨ ᠰᠦᠯᠵᠢᠶᠡᠨ ᠠᠴᠠ ᠪᠠᠭᠤᠯᠭᠠᠭᠰᠠᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠨᠢᠭᠡᠴᠢ ᠪᠠ ᠬᠠᠷᠢᠭᠤᠴᠠᠯᠭᠠᠲᠠᠨ ᠳᠤ ᠬᠠᠷᠢᠭᠤᠴᠠᠯᠭ᠎ᠠ ᠲᠤᠯᠭᠠᠨ ᠬᠡᠯᠡᠯᠴᠡᠭᠦ ᠬᠡᠷᠩᠳᠠᠢ᠃ | ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ | 1. ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠥᠬᠦᠶ ᠰᠠᠯᠠᠭ᠎ᠠ | ᠮᠥᠴᠢᠷ ᠤᠳ ᠵᠠᠷᠴᠢᠮ ᠳᠡᠭᠡᠷ᠎ᠡ ᠪᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠭᠠᠷᠭᠠᠬᠤ ᠬᠡᠷᠡᠭᠲᠡᠶ᠂ ᠨᠢᠭᠡᠴᠢ ᠶᠢᠨ ᠳᠣᠲᠣᠭᠠᠳᠤ ᠳᠤ ᠪᠠᠨ ᠪᠠᠶᠢᠭᠤᠯᠤᠭᠰᠠᠨ | ᠪᠠᠶᠢᠭᠤᠯᠤᠮᠵᠢ ᠶᠢᠨ ᠨᠡᠷ᠎ᠡ ᠪᠠᠷ ᠲᠠᠩᠰᠠᠨ ᠡᠷᠦᠬᠡ ᠶᠢᠨ ᠨᠣᠮᠧᠷ ᠨᠡᠭᠡᠭᠡᠵᠦ ᠪᠣᠯᠬᠤ ᠥᠬᠡᠶ᠃ ᠰᠢᠨ᠎ᠡ ᠵᠠᠭᠤᠴᠢᠯᠠᠭᠤᠷ ᠤᠨ ᠨᠡᠷᠡᠶᠢᠳᠦᠯ ᠨᠢ ᠲᠣᠪᠴᠢ ᠠᠪᠰᠠᠷᠬᠠᠨ ᠪᠦᠭᠡᠳ | ᠵᠢᠷᠤᠮᠵᠢᠭᠤᠨ ᠪᠠᠶᠢᠵᠤ᠂ ᠭᠤᠣᠯᠴᠢᠯᠠᠨ ᠡᠷᠭᠢᠯᠡᠭᠰᠡᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠯᠤᠭ᠎ᠠ ᠬᠤᠯᠪᠣᠭ᠎ᠠ ᠲᠠᠢ ᠪᠠᠶᠢᠬᠤ ᠶᠢᠨ ᠬᠠᠮᠲᠤ᠂ ᠢᠯᠡ | ᠪᠣᠯᠭᠠᠬᠤ ᠭᠡᠷᠡᠴᠢᠯᠡᠯ ᠤᠨ ᠮᠡᠳᠡᠭᠡ ᠵᠠᠩᠭᠢ ᠳᠤ ᠭᠤᠣᠯᠴᠢᠯᠠᠨ ᠡᠷᠭᠢᠯᠡᠭᠰᠡᠨ ᠨᠢᠭᠡᠴᠢ ᠶᠢᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠶ᠃ ᠬᠦᠴᠦᠨ ᠢᠶᠠᠨ ᠲᠦᠪᠯᠡᠷᠡᠭᠦᠯᠵᠦ | ᠪᠠᠶᠢᠭᠠᠳ ᠨᠢᠭᠡ ᠭᠤᠣᠯ ᠳᠠᠩᠰᠠᠨ ᠡᠷᠦᠬᠡ ᠶᠢᠨ ᠨᠣᠮᠧᠷ ᠢ ᠰᠢᠯᠢᠳᠡᠭᠵᠢᠭᠦᠯᠦᠨ ᠴᠢᠩᠭᠠᠷᠠᠭᠤᠯᠵᠤ᠂ ᠨᠢᠭᠡ ᠨᠢᠭᠡᠴᠢ ᠨᠢ ᠵᠠᠷᠴᠢᠮ ᠳᠡᠭᠡᠷ᠎ᠡ ᠪᠠᠨ ᠨᠢᠭᠡ ᠲᠠᠪᠴᠠᠩ ᠳᠤ ᠨᠢᠭᠡ | ᠯᠡ ᠳᠠᠩᠰᠠᠨ ᠡᠷᠦᠬᠡ ᠶᠢᠨ ᠨᠣᠮᠧᠷ ᠨᠡᠬᠡᠬᠡᠨ ᠪᠠᠶᠢᠭᠤᠯᠬᠤ ᠬᠡᠷᠡᠭᠲᠡᠢ᠃ ᠠᠳᠠᠯᠢ ᠨᠢᠭᠡᠨ ᠲᠠᠪᠴᠠᠩ ᠳᠡᠭᠡᠷ᠎ᠡ ᠣᠯᠠᠨ ᠲᠠᠩᠰᠠᠨ ᠡᠷᠦᠬᠡ ᠶᠢᠨ ᠨᠣᠮᠧᠷ ᠨᠡᠭᠡᠭᠡᠵᠦ | ᠪᠠᠶᠢᠭᠤᠯᠤᠭᠰᠠᠨ ᠵᠢᠴᠢ ᠠᠳᠠᠯᠢ ᠪᠤᠰᠤ ᠲᠠᠪᠴᠠᠩ ᠳᠡᠭᠡᠷᠡᠬᠢ ᠴᠢᠳᠠᠮᠵᠢ ᠨᠢ ᠠᠳᠠᠯᠢᠪᠲᠤᠷ᠂ ᠬᠡᠷᠡᠭᠯᠡᠭᠴᠢ ᠶᠢᠨ ᠠᠩᠬᠠᠷᠤᠯ ᠤᠨ ᠬᠡᠮᠵᠢᠶ᠎ᠡ ᠳᠣᠤᠷ᠎ᠠ ᠪᠠ ᠠᠰᠢᠭᠯᠠᠯᠲᠠ ᠶᠢᠨ | ᠨᠣᠷᠮ᠎ᠠ ᠥᠨᠳᠥᠷ ᠪᠢᠰᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠯᠭᠠᠷᠠᠭᠤᠯᠤᠨ ᠡᠮᠬᠢᠯᠡᠨ ᠨᠡᠶᠢᠯᠡᠭᠦᠯᠵᠦ᠂ ᠦᠨᠡᠨ ᠬᠦ ᠪᠠᠷᠢᠮᠲᠠᠯᠠᠨ ᠠᠵᠢᠯᠯᠠᠭᠤᠯᠬᠤ ᠴᠢᠳᠠᠯ | ᠥᠬᠡᠶ ᠶᠢ ᠨᠢ ᠡᠷᠡᠰ ᠬᠠᠭᠠᠵᠤ ᠵᠣᠭᠰᠣᠭᠠᠬᠤ ᠬᠡᠷᠡᠭᠲᠡᠶ᠃ ᠰᠢᠯᠵᠢᠮᠡᠯ ᠬᠡᠷᠡᠭᠯᠡᠭᠴᠢ ᠶᠢᠨ ᠦᠵᠦᠭᠦᠷ ᠲᠤ IPv6 ︵ᠢᠨᠲ᠋ᠧᠷ ᠰᠦᠯᠵᠢᠶᠡᠨ ᠤ ᠵᠥᠪᠯᠡᠯᠴᠡᠭᠡᠷ ᠤᠨ 6 | ᠳ᠋ᠤᠭᠠᠷ ᠬᠡᠪᠯᠡᠯ︶ ᠶᠢ ᠪᠥᠬᠦ ᠲᠠᠯ᠎ᠠ ᠪᠠᠷ ᠳᠡᠮᠵᠢᠵᠦ᠂ ᠠᠳᠠᠯᠢ ᠪᠤᠰᠤ ᠲᠡᠭᠦᠰᠬᠡᠯ ᠦᠵᠣᠭᠦᠷ ᠲᠤ ᠳᠥᠭᠦᠮ ᠳᠥᠲᠡ ᠬᠡᠷᠡᠭᠯᠡᠬᠦ ᠶᠢ ᠳᠡᠮᠵᠢᠬᠦ ᠬᠡᠷᠡᠭᠲᠡᠶ᠃ | 2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠦᠷᠢᠳᠭᠡᠨ ᠳᠠᠩᠰᠠᠯᠠᠬᠤ ᠲᠦᠷᠢᠮ ᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠡᠬᠡᠬᠡᠨ ᠪᠠᠶᠢᠭᠤᠯᠬᠤ᠂ ᠬᠤᠪᠢᠷᠠᠭᠤᠯᠬᠤ᠂ ᠬᠠᠭᠠᠵᠤ | ᠵᠣᠭᠰᠣᠭᠠᠬᠤ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠢᠨᠠᠨ ᠬᠠᠷᠭᠤᠭᠤᠯᠬᠤ ᠬᠡᠷᠡᠭᠲᠡᠢ᠃ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠨᠡᠭᠡᠭᠡᠨ ᠪᠠᠶᠢᠭᠤᠯᠬᠤ ᠳᠤ᠂ ᠲᠣᠰ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠣ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠬᠦᠷᠳᠡᠯ᠎ᠠ ᠱᠠᠲᠤ ᠳᠠᠷᠠᠭᠠᠯᠠᠨ ᠮᠡᠳᠡᠭᠦᠯᠵᠣ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ | ᠳᠠᠷᠠᠭ᠎ᠠ ᠳᠠᠩᠰᠠᠯᠠᠬᠤ ᠬᠡᠷᠩᠳᠠᠢ︔ ᠬᠤᠪᠢᠷᠠᠭᠤᠯᠬᠤ᠂ ᠬᠠᠭᠠᠵᠤ ᠵᠣᠭᠰᠣᠭᠠᠬᠤ ᠠᠵᠢᠯ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ | ᠬᠢᠨᠠᠨ ᠬᠠᠷᠭᠤᠭᠤᠯᠬᠤ ᠬᠡᠷᠡᠭᠲᠡᠶ᠃ ᠬᠢᠨᠠᠨ ᠬᠠᠮᠢᠶᠠᠷᠬᠤ ᠬᠡᠪᠴᠢᠶᠡᠨ ᠳᠤ ᠪᠠᠶᠢᠬᠤ ᠥᠬᠡᠶ᠂ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠮᠡᠳᠡᠭᠦᠯᠦᠨ ᠬᠦᠷᠭᠡᠬᠦ ᠰᠢᠰᠲ᠋ᠧᠮ︾ ᠠᠴᠠ ᠬᠠᠰᠤᠵᠤ ᠬᠠᠶᠠᠬᠤ ᠴᠢᠬᠤᠯᠠᠲᠠᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠢᠴᠢᠭ ᠤᠨ ᠬᠡᠯᠪᠡᠷᠢ ᠪᠠᠷ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ᠬᠦᠷᠳᠡᠯ᠎ᠠ ᠱᠠᠲᠤ ᠳᠠᠷᠠᠭᠠᠯᠠᠨ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠶ᠃ ᠭᠤᠣᠯᠴᠢᠯᠠᠨ ᠡᠷᠭᠢᠯᠡᠭᠰᠡᠨ | ᠨᠢᠭᠡᠴᠢ ᠨᠢ ᠬᠤᠪᠢᠷᠠᠯᠳᠠ ᠲᠠᠢ ᠪᠣᠯ᠂ ᠲᠠᠩᠰᠠᠨ ᠡᠷᠦᠬᠡ ᠶᠢᠨ ᠨᠣᠮᠧᠷ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠤᠪᠢᠷᠠᠭᠤᠯᠬᠤ ᠪᠤᠶᠤ ᠬᠦᠴᠦᠨ ᠥᠬᠡᠶ | ᠪᠣᠯᠭᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠡᠭᠡᠭᠡᠨ ᠪᠠᠶᠢᠭᠤᠯᠬᠤ᠂ ᠬᠤᠪᠢᠷᠠᠭᠤᠯᠬᠤ᠂ ᠬᠠᠭᠠᠵᠤ | ᠵᠣᠭᠰᠣᠭᠠᠬᠤ ᠳᠤ ᠴᠥᠮ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠦᠯᠦᠨ ᠬᠦᠷᠭᠡᠬᠦ ᠰᠢᠰᠲ᠋ᠧᠮ︾ ᠳᠤ ᠭᠤᠶᠤᠴᠢᠯᠠᠯ | ᠳᠡᠪᠰᠢᠭᠦᠯᠬᠦ ᠬᠡᠷᠡᠭᠲᠡᠶ᠃ | 3. ︽ᠮᠦᠩᠬᠡ ᠰᠤᠪᠠᠭ︾ ᠤᠨ ᠪᠥᠬᠦ ᠣᠷᠣᠨ ᠤ ᠭᠠᠷ ᠤᠲᠠᠰᠤᠨ ᠳᠠᠬᠢ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ︽ᠮᠦᠩᠬᠡ ᠰᠤᠪᠠᠭ︾ ᠢ ᠪᠥᠬᠦ ᠣᠷᠣᠨ ᠤ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠶᠡᠷᠦᠩᠬᠡᠶ ᠫᠣᠷᠲ᠋ᠧᠯ᠂ | ᠶᠡᠷᠦᠩᠬᠡᠶ ᠲᠠᠪᠴᠠᠩ ᠪᠣᠯᠭᠠᠵᠤ᠂ ᠡᠯ᠎ᠡ ᠰᠠᠯᠠᠭ᠎ᠠ ᠮᠥᠴᠢᠷ ︵ᠠᠵᠢᠯ ᠲᠥᠷᠥᠯ︶ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠯᠴᠡᠬᠦ ᠪᠠ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ | ᠪᠡᠶᠡᠯᠡᠭᠦᠯᠦᠨ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠦᠨᠡᠯᠡᠯᠲᠡ ᠶᠢ | ᠴᠢᠩᠭᠠᠷᠠᠭᠤᠯᠬᠤ ᠬᠡᠷᠡᠭᠲᠡᠢ᠃ | ︵ᠭᠤᠷᠪᠠ︶ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | 1. ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠮᠵᠢ ᠶᠢ ᠨᠢ ᠭᠦᠨᠵᠡᠭᠡᠶᠢᠷᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠲᠠᠯ᠎ᠠ ᠪᠠᠷ ᠬᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠢᠭᠡᠳᠦᠭᠡᠷ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ ᠤᠨ ᠪᠠᠶᠢᠩᠭᠤᠵᠢᠭᠰᠠᠨ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ | ᠣᠯᠠᠨ ᠬᠡᠯᠪᠡᠷᠢ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠬᠢᠭᠡᠳ ᠲᠠᠶᠢᠯᠤᠮᠵᠢ ᠶᠢᠨ ᠮᠠᠲ᠋ᠧᠷᠢᠶᠠᠯ ᠢ ᠬᠠᠷᠢᠯᠴᠠᠨ | ᠬᠤᠯᠪᠣᠭᠳᠠᠭᠤᠯᠬᠤ ᠶᠢ ᠪᠡᠶᠡᠯᠡᠭᠦᠯᠬᠦ ᠬᠡᠷᠡᠭᠲᠡᠶ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ | ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠬᠠᠤᠯᠢ ᠶᠣᠰᠣᠭᠠᠷ᠂ ᠴᠠᠭ ᠲᠤᠬᠠᠶ ᠳᠤ ᠨᠢ᠂ ᠣᠨᠣᠪᠴᠢᠲᠠᠶ ᠪᠠᠷ ᠨᠡᠶᠢᠭᠡᠮ ᠳᠤ | ᠢᠯᠡ ᠪᠣᠯᠭᠠᠵᠤ᠂ ᠴᠢᠬᠤᠯᠠ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢᠨ ᠬᠦᠴᠦᠨ ᠲᠠᠢ ᠬᠤᠭᠤᠴᠠᠭ᠎ᠠ ᠶᠢᠨ ᠲᠣᠳᠣᠷᠬᠠᠶᠢᠯᠠᠯᠲᠠ ᠶᠢ ᠰᠠᠶᠢᠲᠤᠷ ᠬᠢᠬᠦ ᠬᠡᠷᠡᠭᠲᠡᠶ᠃ | ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠬᠦᠴᠦᠯᠡᠨ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠢ ᠰᠠᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ | ᠬᠠᠷᠢᠭᠤᠴᠠᠬᠤ ᠵᠠᠷᠴᠢᠮ ᠶᠣᠰᠣᠭᠠᠷ᠂ ᠤᠬᠠᠭᠤᠯᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃ | 2. ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠴᠢᠳᠠᠮᠵᠢ ᠶᠢ ᠲᠦᠪᠯᠡᠷᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠶᠠᠪᠤᠳᠠᠯ ᠭᠦᠢᠴᠡᠳᠭᠡᠬᠦ ᠲᠠᠯ᠎ᠠ ᠪᠠᠷ ᠬᠢ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠵᠠᠰᠠᠭ ᠤᠨ | ᠣᠷᠳᠣᠨ ᠤ ᠰᠦᠯᠵᠢᠶᠡᠨ ᠦᠷᠳᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠮᠡᠳᠡᠭᠡ | ᠵᠠᠩᠭᠢ ᠳ᠋ᠠᠶᠢᠲ᠋ᠠ ᠪᠠᠨ ᠬᠠᠷᠢᠯᠴᠠᠨ ᠬᠤᠯᠪᠣᠵᠤ ᠬᠠᠮᠲᠤ ᠪᠠᠷ ᠬᠦᠷᠳᠡᠭᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠩ ᠤᠯᠠᠨ ᠵᠦᠢᠯᠡᠰ ᠢ ︽ᠰᠦᠯᠵᠢᠶ᠎ᠡ ᠪᠠᠷ | ᠰᠢᠢᠳᠪᠦᠷᠢᠯᠡᠬᠦ︾ ︽ᠭᠠᠷ ᠤᠲᠠᠰᠤ ᠪᠠᠷ ᠰᠢᠢᠳᠪᠦᠷᠢᠯᠡᠬᠦ︾ ᠶᠢ ᠠᠬᠢᠭᠤᠯᠬᠤ ᠬᠡᠷᠩᠳᠠᠢ᠃ ᠰᠦᠯᠵᠢᠶ᠎ᠡ ᠪᠠᠷ ᠭᠦᠢᠴᠡᠳᠬᠡᠵᠦ ᠪᠣᠯᠬᠤ ᠨᠡᠶᠢᠭᠡᠮ ᠤᠨ ᠵᠠᠰᠠᠯᠲᠠ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠵᠦᠢᠯᠡᠰ ᠪᠦᠬᠦᠨ ᠢ ︽ᠮᠦᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠭᠠᠷᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ | 3. ᠵᠠᠰᠠᠭ ᠪᠠ ᠠᠷᠠᠳ ᠤᠨ ᠬᠠᠷᠢᠯᠴᠠᠨ ᠬᠥᠳᠡᠯᠦᠯᠴᠡᠬᠦ ᠲᠠᠯ᠎ᠠ ᠪᠠᠷ ᠬᠢ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠳᠠᠬᠢ ᠦᠯᠡᠳᠡᠭᠡᠭᠰᠡᠨ ᠦᠭᠡ ᠶᠢ ᠭᠦᠢᠴᠡᠳᠬᠡᠬᠦ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠠᠷ ᠭᠦᠢᠴᠡᠳᠬᠡᠬᠦ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠭᠦ ᠬᠡᠷᠩᠳᠠᠢ᠃ ᠰᠦᠯᠵᠢᠶᠡᠨ ᠢᠷᠭᠡᠳ ᠤᠨ ᠦᠯᠡᠳᠡᠭᠡᠭᠰᠡᠨ ᠦᠭᠡ ᠶᠢ ᠬᠢᠨᠠᠨ ᠦᠵᠡᠬᠦ᠂ ᠰᠢᠢᠳᠪᠦᠷᠢᠯᠡᠬᠦ ᠪᠠ ᠬᠠᠷᠢᠭᠤ ᠲᠤᠰᠬᠠᠬᠤ | ᠵᠡᠷᠭᠡ ᠲᠣᠭᠲᠠᠴᠠ ᠵᠢᠴᠢ ᠨᠢᠭᠡᠳᠦᠯᠲᠡᠶ᠂ ᠡᠷᠬᠡ ᠰᠦᠷ ᠲᠠᠢ᠂ ᠪᠥᠬᠦ ᠲᠠᠯ᠎ᠠ ᠶᠢᠨ ᠠᠰᠠᠭᠤᠨ ᠯᠠᠪᠯᠠᠬᠤ ᠠᠰᠠᠭᠤᠯᠲᠠ ᠬᠠᠷᠢᠭᠤᠯᠲᠠ ᠶᠢᠨ ᠬᠥᠮᠥᠷᠭᠡ ᠶᠢ ᠪᠠᠶᠢᠭᠤᠯᠤᠨ | ᠲᠡᠭᠦᠯᠳᠡᠷᠵᠢᠭᠦᠯᠭᠦ ᠬᠡᠷᠩᠳᠠᠢ᠃ | 4. ᠤᠬᠠᠭᠤᠯᠵᠤ ᠬᠥᠲᠥᠯᠦᠨ ᠳᠠᠭᠠᠭᠤᠯᠬᠤ ᠲᠠᠯ᠎ᠠ ᠪᠠᠷ ᠬᠢ ᠴᠢᠳᠠᠮᠵᠢ ᠶᠢ ᠴᠢᠩᠭᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠤᠯᠤᠰ ᠲᠦᠷᠦᠴᠢ ᠴᠢᠨᠠᠷ᠂ ᠡᠷᠬᠡ ᠰᠦᠷᠲᠦ ᠴᠢᠨᠠᠷ ᠪᠠ ᠬᠤᠭᠤᠴᠠᠭᠠᠲᠤ ᠴᠢᠨᠠᠷ ᠢ ᠴᠢᠩᠭᠠᠳᠬᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶ᠎ᠡ ᠪᠠᠷ ᠵᠥᠪ ᠲᠠᠯ᠎ᠠ ᠶᠢᠨ ᠤᠬᠠᠭᠤᠯᠭ᠎ᠠ ᠪᠠ | ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠬᠢᠬᠦ ᠶᠢ ᠦᠨᠡᠨ ᠬᠦ ᠴᠢᠩᠭᠠᠳᠬᠠᠵᠤ᠂ ᠰᠦᠯᠵᠢᠶᠡᠨ ᠳᠡᠭᠡᠷᠡᠬᠢ ᠣᠯᠠᠨ ᠤ ᠠᠩᠬᠠᠷᠤᠯ ᠳᠤ ᠭᠦᠷᠴᠣ ᠪᠠᠶᠢᠭ᠎ᠠ ᠬᠠᠯᠠᠮᠰᠢᠯ | ᠠᠰᠠᠭᠤᠳᠠᠯ ᠤᠨ ᠲᠤᠬᠠᠶ ᠤᠯᠤᠯᠴᠠᠵᠦ ᠨᠡᠪᠳᠡᠷᠡᠯᠴᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠪᠤᠷ ᠢᠶᠠᠨ ᠢᠯᠡᠳᠬᠡᠵᠦ᠂ ᠪᠦᠲᠦᠮᠵᠢᠲᠡᠶ ᠪᠠᠷ ᠬᠥᠲᠥᠯᠥᠨ | ᠵᠢᠯᠣᠭᠤᠳᠬᠤ ᠬᠡᠷᠡᠭᠲᠡᠶ᠃ | ᠭᠤᠷᠪᠠ᠂ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ | ︵ᠨᠢᠭᠡ︶ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ᠱᠠᠲᠤ ᠬᠤᠪᠢᠶᠠᠨ ᠬᠢᠨᠠᠨ ᠬᠠᠷᠭᠤᠭᠤᠯᠬᠤ᠂ ᠤᠷᠢᠳ ᠪᠠᠷ ᠬᠢᠨᠠᠵᠤ | ᠳᠠᠷᠠᠭ᠎ᠠ ᠨᠢ ᠨᠡᠢᠲᠡᠯᠡᠬᠦ︾ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ | ᠵᠠᠩᠭᠢ ᠶᠢᠨ ᠨᠡᠶᠢᠲᠡᠯᠡᠵᠦ ᠬᠢᠨᠠᠨ ᠬᠠᠷᠭᠤᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠭᠤᠣᠯᠴᠢᠯᠠᠨ ᠡᠷᠭᠢᠯᠡᠭᠰᠡᠨ ᠨᠢᠭᠡᠴᠢ ᠨᠢ 365赢多少钱会被限额_国内有真正的365平台吗_365bet博彩官网 | ᠠᠭᠤᠯᠭ᠎ᠠ ᠶᠢᠨ ᠮᠡᠳᠡᠭᠡ ᠵᠠᠩᠭᠢ ᠨᠡᠶᠢᠲᠡᠯᠡᠬᠦ ᠶᠢ ᠰᠠᠢᠳᠣᠷ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠮᠡᠳᠡᠭᠡ ᠵᠠᠩᠭᠢ | ᠨᠡᠶᠢᠲᠡᠯᠡᠬᠦ ᠲᠦᠭᠰᠢᠭᠦᠷᠢ ᠶᠢᠨ ᠤᠷᠢᠳᠠᠴᠢ ᠬᠢᠨᠠᠨ ᠬᠠᠷᠭᠤᠭᠤᠯᠤᠯᠲᠠ ᠶᠢ ᠴᠢᠩᠭᠠᠳᠬᠠᠨ᠂ ᠮᠡᠳᠡᠭᠡ ᠵᠠᠩᠭᠢ ᠶᠢᠨ ᠢᠷᠡᠯᠲᠡ ᠶᠢᠨ ᠬᠠᠤᠯᠢ ᠶᠣᠰᠣᠨ ᠤ ᠪᠥᠭᠡᠳ | ᠵᠢᠩᠬᠢᠨᠢᠴᠢᠯᠡᠭᠰᠡᠨ᠂ ᠡᠷᠬᠡ ᠰᠦᠷᠳᠣ ᠪᠥᠭᠡᠳ ᠵᠦᠪ ᠣᠨᠣᠪᠴᠢᠲᠠᠶ᠂ ᠴᠠᠭ ᠲᠤᠬᠠᠶᠢᠴᠢ ᠪᠦᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠪᠢ | ᠬᠦᠮᠣᠨ ᠤ ᠦᠵᠡᠯᠲᠡ᠂ ᠰᠠᠨᠠᠯ ᠵᠡᠷᠭᠡ ᠶᠢ ᠲᠦᠯᠦᠭᠡᠯᠡᠭᠰᠡᠨ ᠦᠭᠡ ᠶᠠᠷᠢᠶ᠎ᠠ ᠶᠢ ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠦᠭᠡᠢ᠃ ᠭᠠᠵᠠᠷ ᠤᠨ ᠵᠢᠷᠤᠭ ᠬᠡᠷᠡᠭᠯᠡᠬᠦ ᠳᠤ ᠪᠠᠨ | ᠬᠡᠮᠵᠢᠨ ᠵᠢᠷᠤᠬᠤ ᠪᠠ ᠭᠠᠵᠠᠷ ᠵᠦᠢ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠪᠠᠷᠢᠮᠵᠢᠶᠠᠲᠤ ᠭᠠᠵᠠᠷ ᠤᠨ ᠵᠢᠷᠤᠭ ᠪᠤᠶᠤ ᠬᠠᠤᠯᠢ ᠶᠣᠰᠣᠭᠠᠷ ᠵᠢᠷᠤᠭ ᠬᠢᠨᠠᠭᠰᠠᠨ ᠨᠣᠮᠧᠷ | ᠣᠯᠤᠭᠰᠠᠨ ᠭᠠᠵᠠᠷ ᠤᠨ ᠵᠢᠷᠤᠭ ᠢ ᠬᠡᠷᠡᠭᠯᠡᠬᠦ ᠬᠡᠷᠡᠭᠲᠡᠶ᠃ | ︵ᠬᠤᠶᠠᠷ︶ ᠠᠵᠢᠯᠯᠠᠭᠤᠯᠵᠤ ᠪᠠᠲᠤᠯᠠᠬᠤ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ | ᠲᠤᠰᠬᠠᠶ ᠬᠥᠮᠦᠨ ᠵᠢᠭᠠᠨ ᠲᠣᠭᠳᠠᠭᠠᠨ ᠮᠡᠳᠡᠭᠡ ᠵᠠᠩᠭᠢ ᠶᠢᠨ ᠠᠭᠤᠯᠭ᠎ᠠ ᠪᠠ ᠠᠮᠤᠷ ᠲᠦᠪᠰᠢᠨ ᠤ ᠠᠵᠢᠯᠯᠠᠭᠠᠨ ᠵᠡᠷᠭᠡ ᠠᠵᠢᠯ ᠢ ᠬᠠᠷᠢᠭᠤᠴᠠᠭᠤᠯᠬᠤ ᠬᠡᠷᠡᠭᠲᠡᠶ᠃ | ᠭᠤᠣᠯᠴᠢᠯᠠᠨ ᠡᠷᠭᠢᠯᠡᠬᠦ ᠨᠢᠭᠡᠴᠢ ᠨᠢ ᠵᠢᠵᠢᠭᠦᠷᠯᠡᠬᠦ ᠲᠦᠷᠢᠮ ᠪᠠ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯᠯᠠᠭᠠᠨ ᠤ ᠳᠤᠮᠳᠠᠬᠢ | ᠠᠰᠠᠭᠤᠳᠠᠯ ᠢ ᠴᠠᠭ ᠲᠤᠬᠠᠶ ᠳᠤ ᠨᠢ ᠣᠯᠵᠤ ᠮᠡᠳᠡᠬᠦ ᠪᠠ ᠵᠠᠯᠠᠷᠠᠭᠤᠯᠬᠤ ᠶᠢᠨ ᠬᠠᠮᠲᠤ ᠰᠠᠶᠢᠲᠤᠷ ᠲᠡᠮᠳᠡᠭᠯᠡᠵᠦ᠂ ᠬᠠᠤᠯᠢ ᠠᠴᠠ ᠵᠥᠷᠢᠴᠡᠭᠰᠡᠨ ᠬᠦᠨᠦᠭᠡᠯᠲᠡᠢ ᠮᠡᠳᠡᠭᠡ | ᠵᠠᠩᠭᠢ ᠶᠢ ᠣᠯᠵᠤ ᠮᠡᠳᠡᠪᠡᠯ ᠲᠡᠷᠡ ᠳᠠᠷᠤᠶ ᠳᠤ ᠨᠢ ᠰᠢᠢᠳᠪᠦᠷᠢᠯᠡᠵᠦ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠪᠠᠯ ᠠᠵᠢᠯ ᠤᠨ ᠲᠠᠰ ᠳᠠᠷᠠᠭᠠᠯᠠᠯ ᠢᠶᠠᠷ | ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠶᠢᠨ ᠬᠠᠮᠲᠤ᠂ ᠭᠤᠤᠯᠴᠢᠯᠠᠨ ᠬᠠᠮᠢᠶᠠᠷᠬᠤ ᠨᠢᠭᠡᠴᠢ ᠳᠤ ᠴᠠᠭ ᠲᠤᠬᠠᠶ ᠳᠤ ᠨᠢ | ᠮᠡᠳᠡᠭᠦᠯᠬᠦ ᠬᠡᠷᠡᠭᠲᠡᠶ᠃ ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠵᠢᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ︾ ᠶᠢ ᠲᠣᠭᠲᠠᠭᠠᠯ ᠶᠣᠰᠣᠭᠠᠷ | ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠰᠦᠯᠵᠢᠶᠡᠨ ᠥᠷᠲᠡᠭᠡ ᠶᠢᠨ ᠲᠦᠷᠦᠭᠦᠤ ᠨᠢᠭᠤᠷ ᠤᠨ | ᠢᠯᠡᠷᠬᠡᠶ ᠪᠠᠶᠢᠷᠢᠨ ᠳᠤ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠬᠡᠷᠡᠭᠲᠡᠶ᠃ | ︵ᠭᠤᠷᠪᠠ︶ ᠠᠮᠤᠷ ᠲᠦᠪᠰᠢᠨ ᠤ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ | ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ᠂ ᠮᠡᠷᠭᠡᠵᠢᠯ ᠤᠨ ᠠᠮᠤᠷ ᠲᠦᠪᠰᠢᠨ ᠢ ᠲᠠᠪᠴᠠᠩ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠠᠴᠠ ᠬᠠᠷᠢᠭᠤᠴᠠᠵᠤ᠂ ᠠᠭᠤᠯᠭ᠎ᠠ ᠶᠢᠨ | ᠠᠮᠤᠷ ᠲᠦᠪᠰᠢᠨ ᠢ ᠭᠤᠣᠯᠴᠢᠯᠠᠨ ᠡᠷᠬᠢᠯᠡᠬᠦ ᠨᠢᠭᠡᠴᠢ ᠠᠴᠠ ᠬᠠᠷᠢᠭᠤᠴᠠᠬᠤ ᠬᠡᠷᠩᠳᠠᠢ᠃ ᠭᠤᠤᠯᠴᠢᠯᠠᠨ ᠬᠠᠮᠢᠶᠠᠷᠬᠤ ᠨᠢᠭᠡᠴᠢ ᠨᠢ ᠢᠨᠲ᠋ᠧᠷ ᠰᠦᠯᠵᠢᠶᠡᠨ ᠤ ᠮᠡᠳᠡᠭᠡ | ᠵᠠᠩᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠮᠤᠷ ᠲᠦᠪᠰᠢᠨ ᠤ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ | ᠮᠡᠷᠭᠡᠵᠢᠯ ᠤᠨ ᠲᠠᠪᠴᠠᠩ ᠪᠠ ᠠᠭᠤᠯᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠬᠡᠷᠡᠭᠲᠡᠶ᠃ ᠭᠤᠣᠯᠴᠢᠯᠠᠨ ᠡᠷᠬᠢᠯᠡᠬᠦ | ᠨᠢᠭᠡᠴᠢ ᠨᠢ ᠲᠠᠩᠰᠠᠨ ᠨᠣᠮᠧᠷ ᠨᠢᠭᠤᠴᠠ ᠨᠣᠮᠧᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠪᠣᠯᠬᠤ ᠬᠦᠨᠳᠡᠭᠦᠷᠢ ᠲᠠᠢ ᠮᠡᠳᠡᠭᠡ | ᠵᠠᠩᠭᠢ ᠶᠢ ᠡᠳᠦᠷ ᠪᠦᠷᠢ ᠰᠢᠷᠪᠢᠵᠦ ᠰᠤᠭᠤᠴᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠬᠡᠷᠡᠭᠯᠡᠭᠴᠢ ᠶᠢᠨ | ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠠᠴᠠ ᠳᠠᠪᠠᠭᠰᠠᠨ ᠬᠤᠪᠢ ᠬᠥᠮᠦᠨ ᠤ | ᠮᠡᠳᠡᠭᠡ ᠵᠠᠩᠭᠢ ᠶᠢ ᠬᠠᠤᠯᠢ ᠪᠠ ᠲᠣᠭᠲᠠᠭᠠᠯ ᠠᠴᠠ ᠵᠥᠷᠢᠴᠡᠨ ᠣᠯᠵᠤ ᠪᠣᠯᠬᠤ ᠥᠬᠡᠶ᠂ ᠬᠡᠷᠡᠭᠯᠡᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ ᠠᠭᠤᠯᠭ᠎ᠠ ᠶᠢ ᠢᠯᠡ | ᠪᠣᠯᠭᠠᠵᠤ ᠪᠣᠯᠬᠤ ᠥᠬᠡᠶ᠃ | ︵ᠳᠥᠷᠪᠡ︶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ᠃ ᠡᠯ᠎ᠡ ᠭᠤᠤᠯᠴᠢᠯᠠᠨ ᠬᠠᠮᠢᠶᠠᠷᠬᠤ ᠨᠢᠭᠡᠴᠢ ᠨᠢ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠤᠯᠠᠷᠢᠯ ᠪᠦᠷᠢ ᠳᠤ ᠨᠢᠭᠡ ᠤᠳᠠᠭ᠎ᠠ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ | ᠴᠠᠭ ᠲᠤᠬᠠᠶ ᠳᠤ ᠨᠢ ᠢᠯᠡ ᠪᠣᠯᠭᠠᠬᠤ ᠬᠡᠷᠡᠭᠲᠡᠶ᠃ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ | ᠰᠤᠭᠤᠴᠢᠨ ᠪᠠᠶᠢᠴᠠᠭᠠᠳ ᠨᠡᠪᠳᠡᠷᠡᠭᠦᠯᠵᠣ ᠮᠡᠳᠡᠭᠡᠯᠡᠭᠰᠡᠨ ᠠᠰᠠᠭᠤᠳᠠᠯ ᠲᠠᠢ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ | ᠬᠠᠷᠢᠭᠤᠴᠠᠯᠭ᠎ᠠ ᠬᠡᠯᠡᠯᠴᠡᠬᠦ ᠶᠢ ᠬᠡᠷᠡᠭᠵᠢᠭᠦᠯᠵᠦ᠂ ᠨᠡᠪᠳᠡᠷᠡᠭᠦᠯᠭᠦ ᠮᠡᠳᠡᠭᠡᠯᠡᠯ ᠪᠠᠭᠤᠯᠭᠠᠭᠰᠠᠨ 10 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠥᠬᠦᠶ ᠭᠠᠵᠠᠷ ᠣᠷᠣᠨ ᠨᠢ | ᠲᠣᠰ ᠭᠠᠵᠠᠷ ᠣᠷᠣᠨ ᠤ ᠴᠡᠭᠴᠡᠯᠡᠨ ᠰᠠᠶᠢᠵᠢᠷᠠᠭᠤᠯᠤᠭᠰᠠᠨ ᠪᠠ ᠬᠠᠷᠢᠭᠤᠴᠠᠯᠭ᠎ᠠ ᠬᠡᠯᠡᠯᠴᠡᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠪᠢᠴᠢᠭ ᠢᠶᠠᠷ ᠮᠡᠳᠡᠭᠦᠯᠬᠦ ᠬᠡᠷᠡᠭᠲᠡᠶ᠃ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ ᠵᠡᠷᠭᠡ | ᠰᠠᠯᠠᠭ᠎ᠠ ᠮᠥᠴᠢᠷ ᠯᠦᠭᠡ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠬᠦ᠂ ᠰᠦᠯᠵᠢᠶᠡᠨ ᠢᠷᠭᠡᠳ ᠤᠨ ᠢᠯᠡᠴᠢᠯᠡᠨ | ᠮᠡᠳᠡᠭᠦᠯᠬᠦ ᠵᠡᠷᠭᠡ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠤᠳᠠᠯ ᠬᠠᠭᠤᠷᠮᠠᠭ ᠪᠦᠬᠦᠢ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠲᠣᠭᠲᠠᠴᠠ ᠪᠠᠨ ᠰᠢᠯᠤᠭᠤᠳᠬᠠᠨ᠂ ᠴᠢᠬᠤᠯᠠ ᠪᠥᠬᠦᠶ ᠵᠠᠷᠤᠳᠠᠯ ᠤᠨ ᠪᠠᠲᠤᠯᠠᠭ᠎ᠠ | ᠬᠠᠩᠭᠠᠵᠤ᠂ ᠠᠵᠢᠯ ᠤᠨ ᠬᠦᠴᠦᠨ ᠢᠶᠠᠨ ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠢ | ᠲᠣᠭᠲᠠᠭᠠᠬᠤ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢ ᠨᠠᠶᠢᠷᠠᠭᠤᠯᠤᠨ ᠨᠡᠶᠢᠲᠡᠯᠡᠬᠦ᠂ ᠬᠠᠷᠢᠭᠤ ᠥᠭᠴᠦ | ᠬᠥᠲᠥᠯᠦᠨ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠬᠠᠮᠢᠶ᠎ᠠ ᠪᠥᠬᠦᠶ ᠠᠵᠢᠯ ᠤᠨ ᠪᠠᠶᠢᠳᠠᠯ ᠢ ᠵᠠᠰᠠᠭ ᠤᠨ ᠶᠠᠪᠤᠳᠠᠯ ᠢ ᠢᠯᠡ ᠪᠣᠯᠭᠠᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ | ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠶᠢ ᠬᠢᠨᠠᠨ ᠰᠢᠨᠵᠢᠭᠦ ᠪᠠ ᠰᠤᠭᠤᠴᠢᠨ ᠪᠠᠶᠢᠴᠠᠭᠠᠬᠤ ᠶᠢᠨ ᠬᠠᠮᠲᠤ᠂ ᠬᠤᠯᠪᠣᠭᠳᠠᠯ ᠪᠥᠬᠦᠶ ᠪᠠᠶᠢᠳᠠᠯ ᠢ ᠨᠡᠪᠲᠡᠷᠡᠭᠦᠯᠦᠨ | ᠮᠡᠳᠡᠭᠡᠯᠡᠨᠠ᠃ | 2021 ᠣᠨ ᠤ 7 ᠳ᠋ᠤᠭᠠᠷ ᠰᠠᠷ᠎ᠠ ᠶᠢᠨ 8 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠦᠪᠦᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠦᠪᠦᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ | ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | |