ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 32 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ᠂ ︽ᠲᠠᠷᠢᠶᠠᠯᠠᠬᠤ ᠭᠠᠵᠠᠷ ᠢ ᠬᠠᠮᠠᠭᠠᠯᠠᠬᠤ ᠪᠠᠨ ᠴᠢᠩᠭᠠᠳᠬᠠᠬᠤ ᠪᠠ ᠡᠵᠡᠯᠡᠵᠦ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ | ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ | ﹇2017﹈ 4 ᠳ᠋ᠦ᠋ᠭᠡᠷ ᠲᠣᠭᠠᠲᠤ︶᠂ ︽ᠲᠠᠷᠢᠶᠠᠯᠠᠬᠤ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ︶ ﹇2020﹈ 24 ᠳ᠋ᠦ᠋ᠭᠡᠷ | ᠲᠣᠭᠠᠲᠤ︶᠂ ︽ᠲᠠᠷᠢᠶᠠᠯᠠᠬᠤ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠨᠢ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶ ᠪᠠ | ︽︿ᠲᠠᠷᠢᠶᠠᠯᠠᠬᠤ ᠭᠠᠵᠠᠷ ᠢ ᠬᠠᠮᠠᠭᠠᠯᠠᠬᠤ ᠪᠠᠨ ᠴᠢᠩᠭᠠᠳᠬᠠᠬᠤ ᠪᠠ ᠡᠵᠡᠯᠡᠵᠦ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ | ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2018﹈ 9 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠶᠢ ᠨᠢ ᠡᠷᠡᠰ ᠬᠤᠷᠢᠭᠯᠠᠨ ᠵᠣᠭᠰᠣᠭᠠᠬᠤ ᠶᠢᠨ ᠬᠡᠷᠡᠭᠵᠢᠭᠦᠯᠬᠦ ᠲᠥᠰᠦᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 36 ᠳ᠋ᠤᠭᠠᠷ ᠲᠣᠭᠠᠲᠤ︶ ᠢ ᠬᠢᠨᠠᠮᠠᠭᠠᠢ ᠨᠠᠶᠢᠳᠠᠪᠤᠷᠢᠵᠢᠭᠤᠯᠬᠤ ᠵᠢᠴᠢ ᠲᠠᠷᠢᠶᠠᠯᠠᠬᠤ ᠭᠠᠵᠠᠷ ᠤᠨ ᠤᠯᠠᠭᠠᠨ | ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠨ᠂ ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ | ᠠᠬᠤᠶ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠲᠠᠷᠢᠶᠠᠯᠠᠬᠤ | ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠦᠨᠡᠨ ᠬᠦ ᠪᠠᠲᠤᠯᠠᠨ᠂ ᠲᠠᠷᠢᠶᠠᠯᠠᠬᠤ ᠭᠠᠵᠠᠷ ᠢ | ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠡᠷᠡᠰ ᠬᠤᠷᠢᠭᠯᠠᠨ ᠵᠣᠭᠰᠣᠭᠠᠵᠤ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠵᠤ᠂ | ᠬᠠᠮᠠᠭᠠᠯᠠᠯᠲᠠ ᠪᠠᠷ ᠨᠠᠩ ᠬᠦᠴᠦᠲᠡᠶ᠂ ᠬᠡᠷᠡᠭᠵᠢᠭᠦᠯᠦᠯᠲᠡ ᠨᠢ ᠨᠠᠩ ᠤᠷᠤᠭᠰᠢᠲᠠᠶ᠂ ᠬᠠᠮᠢᠶᠠᠷᠤᠯᠲᠠ ᠪᠠᠨ ᠨᠠᠩ ᠥᠨᠳᠥᠷ ᠪᠦᠲᠦᠮᠵᠢᠲᠡᠶ ᠪᠣᠯᠭᠠᠭᠰᠠᠨ ᠲᠠᠷᠢᠶᠠᠯᠠᠬᠤ | ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠦᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠢ ᠴᠢᠩᠭᠠᠳᠬᠠᠨ ᠪᠣᠳᠠᠲᠠᠶᠢᠵᠢᠭᠤᠯᠵᠤ᠂ ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ | ᠠᠬᠤᠶ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ | ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ | ᠰᠠᠯᠠᠭ᠎ᠠ ᠮᠥᠴᠢᠷ ᠤᠳ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠳᠡᠭᠡᠳᠦ ᠳᠤᠤᠷᠠᠳᠤ ᠱᠠᠲᠤᠨ ᠤ ᠬᠢᠨ ᠬᠠᠮᠲᠤᠷᠠᠨ ᠬᠥᠳᠡᠯᠦᠯᠴᠡᠭᠰᠡᠨ | ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢᠯᠡᠯᠲᠡ ᠠᠴᠠ ᠨᠢ ᠴᠢᠩᠭ᠎ᠠ ᠡᠵᠡᠮᠳᠡᠬᠦ᠂ | ᠶᠠᠪᠤᠴᠠ ᠳᠤ ᠨᠢ ᠴᠢᠩᠭ᠎ᠠ ᠬᠠᠮᠢᠶᠠᠷᠬᠤ᠂ ᠦᠷ᠎ᠡ ᠤᠷᠰᠢᠭ ᠢᠶᠠᠷ ᠨᠢ ᠴᠢᠩᠭ᠎ᠠ ᠵᠠᠯᠬᠠᠭᠠᠬᠤ ᠶᠢ ᠪᠡᠶᠡᠯᠡᠭᠦᠯᠦᠨ᠂ ᠲᠣᠰ ᠭᠠᠵᠠᠷ ᠣᠷᠣᠨ ᠤ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠨᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠲᠤᠯᠠ᠂ | ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠢ ᠨᠢ | ᠭᠦᠢᠴᠡᠳᠬᠡᠯᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠪᠠ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠨᠤᠭᠤᠳ ᠤᠨ ᠲᠠᠷᠢᠶᠠᠯᠠᠬᠤ ᠭᠠᠵᠠᠷ ᠢ ᠬᠠᠮᠠᠭᠠᠯᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠨ᠂ ᠲᠠᠷᠢᠶᠠᠯᠠᠬᠤ | ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︽ᠲᠠᠷᠢᠶᠠᠨ ᠭᠠᠵᠠᠷ ᠤᠨ ᠳᠠᠷᠤᠭ᠎ᠠ ᠶᠢᠨ ᠲᠦᠷᠢᠮ︾ ᠢ ᠰᠦᠪᠡᠭᠴᠢᠯᠡᠨ ᠪᠠᠶᠢᠭᠤᠯᠵᠤ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠰᠠᠨ | ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠲᠣᠣᠷᠯᠢᠭ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ | ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠳᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠠᠷᠢᠶᠠᠯᠠᠬᠤ | ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠳᠤ ᠬᠠᠤᠯᠢ ᠬᠡᠷᠡᠭᠵᠢᠭᠦᠯᠬᠦ ᠶᠢ ᠦᠨᠡᠨ ᠬᠦ ᠴᠢᠩᠭᠠᠳᠬᠠᠨ᠂ ᠲᠠᠷᠢᠶᠠᠯᠠᠬᠤ ᠭᠠᠵᠠᠷ ᠢ ᠰᠦᠢᠳᠬᠡᠵᠦ ᠪᠠᠶᠢᠭ᠎ᠠ ᠬᠠᠤᠯᠢ ᠪᠠ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ | ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠢᠩᠭᠤ ᠬᠢᠨᠠᠯᠲᠠ ᠲᠠᠯᠪᠢᠵᠤ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠬᠠᠷᠢᠭᠤ ᠲᠤᠰᠬᠠᠵᠤ᠂ ᠴᠢᠩᠭ᠎ᠠ ᠰᠢᠮᠳᠠᠭᠤᠯᠵᠤ ᠴᠡᠭᠴᠡᠯᠡᠨ ᠰᠠᠢᠵᠢᠷᠠᠭᠤᠯᠤᠨ᠎ᠠ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠠᠵᠢᠯ ᠡᠭᠦᠷᠭᠡ ᠶᠢᠨ ᠶᠣᠰᠣᠭᠠᠷ᠂ ᠬᠤᠷᠰᠢᠨ ᠬᠠᠮᠵᠢᠯᠴᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ | ᠠᠵᠢᠯ ᠢ ᠦᠨᠡᠨ ᠬᠦ ᠰᠠᠶᠢᠲᠤᠷ ᠠᠳᠬᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠲᠠᠷᠢᠶᠠᠯᠠᠬᠤ ᠭᠠᠵᠠᠷ ᠢ | ᠬᠠᠮᠠᠭᠠᠯᠠᠬᠤ ᠢᠯᠠᠩᠭᠤᠶ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠤᠨᠨᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠬᠦᠯᠬᠦ ᠬᠡᠷᠡᠭᠳᠡᠢ᠃ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠴᠢᠨᠠᠷ ᠢ ᠬᠠᠮᠠᠭᠠᠯᠠᠬᠤ ᠬᠢᠭᠡᠳ | ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠲᠠᠷᠢᠶᠠᠯᠠᠬᠤ ᠭᠠᠵᠠᠷ ᠤᠨ ᠰᠡᠯᠭᠦᠨ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠶᠢᠨ | ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠶᠢ ᠴᠢᠩᠭ᠎ᠠ ᠰᠡᠷᠭᠡᠶᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠭᠠᠵᠠᠷ ᠰᠢᠷᠣᠶ ᠪᠠᠨ ᠰᠢᠯᠵᠢᠭᠦᠯᠦᠨ ᠡᠷᠭᠢᠯᠳᠦᠭᠦᠯᠬᠦ ᠶᠢ ᠡᠮᠬᠢ ᠵᠢᠷᠤᠮ ᠲᠠᠢ ᠬᠥᠲᠥᠯᠦᠨ ᠵᠢᠯᠣᠭᠤᠳᠴᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠠᠮᠤ | ᠪᠤᠳᠠᠭ᠎ᠠ ᠳᠠᠷᠢᠬᠤ ᠶᠢ ᠬᠥᠲᠥᠯᠦᠨ ᠵᠢᠯᠣᠭᠤᠳᠴᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠬᠤ ᠶᠢᠨ ᠬᠠᠮᠲᠤ᠂ ᠬᠥᠳᠡᠭᠡ | ᠲᠣᠰᠬᠤᠨ ᠤ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠶ ᠡᠵᠡᠯᠡᠨ ᠣᠷᠣᠨ ᠰᠠᠭᠤᠴᠠ ᠪᠠᠷᠢᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠳᠡᠢ︔ ᠲᠠᠷᠢᠶᠠᠯᠠᠬᠤ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢ ᠢᠳᠡᠪᠬᠢᠲᠡᠶ ᠵᠣᠬᠢᠶᠠᠨ | ᠪᠠᠶᠢᠭᠤᠯᠵᠤ ᠥᠷᠨᠢᠭᠦᠯᠦᠨ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠪᠣᠳᠣᠯᠭ᠎ᠠ | ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠳᠤ ᠪᠡᠯᠡ ᠮᠥᠩᠭᠦᠨ ᠤ ᠳᠡᠮᠵᠢᠯᠭᠡ ᠦᠵᠡᠭᠦᠯᠵᠦ᠂ | ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠯᠤᠭ᠎ᠠ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢ | ᠬᠠᠮᠲᠤ ᠪᠠᠷ ᠴᠢᠩᠭᠠᠳᠬᠠᠬᠤ ᠬᠡᠷᠡᠭᠳᠡᠢ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ | ᠪᠣᠬᠢᠷᠲᠤᠯ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ | ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠭᠦᠢᠴᠡᠳᠬᠡᠭᠰᠡᠨ ᠪᠠᠶᠢᠳᠠᠯ ᠤᠨ | ᠰᠢᠯᠭᠠᠨ ᠬᠢᠨᠠᠬᠤ ᠠᠵᠢᠯ ᠳᠤ ᠣᠷᠣᠯᠴᠠᠬᠤ ᠬᠡᠷᠡᠭᠲᠡᠶ᠃ ᠬᠢᠨᠠᠨ ᠪᠣᠳᠣᠬᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠨᠢ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ | ᠪᠣᠳᠣᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠣᠶ ᠰᠢᠭᠤᠶ | ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ | ᠠᠵᠢᠯ ᠳᠤ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠤᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ᠂ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ᠂ ᠬᠥᠭᠵᠢᠯᠲᠡ ᠶᠢ ᠪᠠᠲᠤᠯᠠᠬᠤ ᠭᠤᠷᠪᠠ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠦᠴᠦᠲᠡᠶ ᠬᠠᠮᠠᠭᠠᠯᠠᠬᠤ᠂ | ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ | ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠴᠣᠯ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠯᠠᠪᠠᠶ ᠶᠢ | ᠰᠢᠯᠭᠠᠨ ᠬᠢᠨᠠᠵᠤ ᠪᠠᠶᠢᠭᠰᠠᠨ ᠠᠴᠠ ᠪᠠᠨ ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠢ ᠨᠢ ᠰᠢᠯᠭᠠᠨ | ᠬᠢᠨᠠᠬᠤ ᠲᠡᠢᠰᠢ ᠬᠤᠪᠢᠷᠠᠭᠤᠯᠤᠨ᠎ᠠ᠃ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠯᠠᠪᠠᠶ ᠶᠢ ᠨᠢ | ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠭᠠᠵᠠᠷ ᠤᠨ ᠴᠢᠨᠠᠷ ᠪᠠ ᠠᠮᠢ ᠠᠬᠤᠶ ᠶᠢᠨ ᠬᠦᠴᠦᠨ ᠵᠦᠢᠯ ᠢ ᠰᠢᠯᠭᠠᠨ ᠬᠢᠨᠠᠬᠤ ᠶᠢᠨ ᠡᠵᠡᠯᠡᠬᠦ ᠬᠤᠪᠢᠳᠠᠯ ᠢ ᠨᠢ | ᠨᠡᠮᠡᠭᠳᠡᠭᠦᠯᠦᠨ᠎ᠡ᠃ ᠲᠠᠷᠢᠶᠠᠯᠠᠬᠤ ᠭᠠᠵᠠᠷ ᠢ ᠬᠠᠮᠠᠭᠠᠯᠠᠬᠤ ᠡᠭᠦᠷᠭᠡ ᠪᠠᠷ ᠬᠦᠨᠳᠦ᠂ ᠬᠠᠮᠠᠭᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ ᠲᠣᠪᠤᠶᠢᠮ᠎ᠠ ᠪᠠᠶᠢᠭ᠎ᠠ | ᠠᠶᠢᠮᠠᠭ ᠬᠤᠲᠠ ᠶᠢ ᠰᠠᠢᠰᠢᠶᠠᠨ᠎ᠠ᠃ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠥᠬᠡᠶ᠂ ᠴᠢᠩᠭ᠎ᠠ ᠬᠢᠨᠠᠨ ᠬᠠᠮᠢᠶᠠᠷᠤᠭᠰᠠᠨ ᠥᠬᠡᠶ᠂ ᠬᠠᠷᠢᠭᠤᠴᠠᠯᠭ᠎ᠠ | ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠪᠠᠢᠪᠠᠯ᠂ ᠬᠠᠤᠯᠢ ᠪᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠦᠨ ᠬᠢᠨᠠᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠳᠠᠯ᠂ ᠰᠢᠨ᠎ᠡ | ᠱᠠᠭᠠᠷᠳᠠᠯᠭ᠎ᠠ ᠳᠤ ᠲᠣᠬᠢᠷᠠᠯᠴᠠᠭᠤᠯᠤᠨ᠂ ᠪᠦᠬᠦ ᠶᠠᠪᠤᠴᠠ ᠳᠤ ᠨᠢ ᠬᠢᠨᠠᠨ ᠬᠠᠮᠢᠶᠠᠷᠳᠠᠭ᠂ ᠴᠠᠭ ᠲᠤᠬᠠᠶ ᠳᠤ ᠨᠢ ᠣᠯᠵᠤ ᠮᠡᠳᠡᠳᠡᠭ᠂ ᠲᠦᠷᠭᠡᠨ ᠰᠢᠢᠳᠪᠦᠷᠢᠯᠡᠳᠡᠭ | ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠨᠢ ᠭᠠᠵᠠᠷ ᠰᠢᠷᠣᠶ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ ᠠᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠲᠠᠷᠢᠶᠠᠯᠠᠬᠤ | ᠭᠠᠵᠠᠷ ᠲᠤ ᠰᠠᠷ᠎ᠠ ᠪᠦᠷᠢ ᠪᠥᠬᠦᠨ ᠢ ᠬᠠᠮᠤᠷᠤᠭᠰᠠᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠨᠢᠭᠡ ᠤᠳᠠᠭ᠎ᠠ ᠲᠣᠭᠤᠷᠢᠨ ᠪᠠᠶᠢᠴᠠᠭᠠᠬᠤ ᠶᠢᠨ ᠬᠠᠮᠲᠤ᠂ ᠳᠠᠭᠠᠭᠤᠯᠢ | ᠣᠳᠣᠨ ᠤ ᠠᠯᠤᠰ ᠰᠡᠷᠡᠯ ᠤᠨ ᠵᠢᠷᠤᠭ ᠢᠶᠠᠷ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ ᠳᠣᠲᠣᠷ᠎ᠠ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠶᠠᠪᠤᠭᠤᠯᠤᠨ᠎ᠠ︔ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠭᠥᠯᠢᠶᠡᠨ ᠠᠪᠤᠭᠰᠠᠨ 5 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠳᠤ ᠶᠠᠪᠤᠭᠤᠯᠤᠨ᠎ᠠ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠶᠢᠨ ᠪᠣᠳᠠᠲᠠᠢ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠠᠤᠯᠢ ᠠᠴᠠ | ᠵᠥᠷᠢᠴᠡᠭᠰᠡᠨ ᠢ ᠨᠢ ᠨᠤᠲᠠᠯᠠᠭᠰᠠᠨ ᠪᠠᠶᠢᠪᠠᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠴᠠᠭ | ᠲᠤᠬᠠᠶ ᠳᠤ ᠨᠢ ᠰᠢᠢᠳᠪᠦᠷᠢᠯᠡᠬᠦ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ | ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠳᠤ ᠱᠠᠲᠤ ᠳᠠᠷᠠᠭᠠᠯᠠᠨ ᠮᠡᠳᠡᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠰᠠᠭᠤᠳᠠᠯ ᠤᠨ | ᠨᠠᠷᠢᠨ ᠬᠠᠭᠤᠳᠠᠰᠤ ᠶᠢ ᠪᠠᠭᠤᠯᠭᠠᠭᠰᠠᠨ ᠠᠬᠢᠴᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠮᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ᠂ ᠴᠠᠭ ᠲᠤᠬᠠᠶ ᠳᠤ ᠨᠢ ᠬᠠᠷᠭᠤᠭᠤᠯᠤᠨ ᠪᠠᠶᠢᠴᠠᠭᠠᠭᠰᠠᠨ | ᠥᠬᠡᠶ ᠪᠠ ᠰᠢᠢᠳᠪᠦᠷᠢᠯᠡᠭᠰᠡᠨ ᠥᠬᠡᠶ ᠪᠠᠶᠢᠬᠤ ᠶᠢ ᠮᠡᠳᠡᠪᠡᠯ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ᠂ | ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠮᠡᠳᠡᠭᠦᠯᠦᠨ᠎ᠡ᠃ | ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠠᠵᠢᠯ ᠢ | ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ | ᠬᠠᠷᠢᠭᠤᠴᠠᠬᠤ ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ ᠴᠣᠭᠴᠠ ᠪᠣᠯᠤᠨ᠎ᠠ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ ᠦᠨᠡᠨ ᠬᠦ ᠴᠢᠩᠭᠠᠷᠠᠭᠤᠯᠵᠤ᠂ ᠢᠯᠠᠩᠭᠤᠶ᠎ᠠ ᠰᠤᠮᠤ ᠰᠢᠶᠠᠩ ᠪᠠᠯᠭᠠᠰᠤᠨ ᠤ | ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ ᠪᠠ ᠭᠤᠤᠯᠳᠠᠯᠭ᠎ᠠ ᠪᠠᠨ ᠦᠨᠳᠦᠰᠦᠨ | ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠶᠢᠨ | ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠣᠷᠣᠨ | ᠨᠤᠲᠤᠭ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠦ᠂ ᠴᠢᠬᠤᠯᠠ ᠶᠡᠭᠡ ᠨᠡᠶᠢᠲᠡᠯᠢᠭ ᠬᠡᠷᠡᠭ ᠢ ᠢᠯᠡ ᠪᠠᠷ | ᠨᠡᠪᠲᠡᠷᠡᠭᠦᠯᠦᠨ ᠮᠡᠳᠡᠭᠡᠯᠡᠬᠦ ᠪᠠ ᠨᠡᠷ᠎ᠡ ᠵᠢᠭᠠᠵᠤ ᠰᠢᠮᠳᠠᠭᠤᠯᠤᠨ ᠭᠦᠢᠴᠡᠳᠭᠡᠯᠭᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ | ᠬᠠᠤᠯᠢ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠨᠢ ᠶᠡᠭᠡ᠂ ᠲᠠᠷᠢᠶᠠᠯᠠᠬᠤ ᠪᠠᠨ ᠪᠣᠯᠢᠵᠤ ᠠᠲᠠᠷᠰᠢᠭᠤᠯᠤᠭᠰᠠᠨ | ᠪᠠᠶᠢᠳᠠᠯ ᠢᠶᠠᠷ ᠬᠦᠨᠳᠦ ᠨᠣᠴᠢᠲᠠᠶ ᠪᠠᠶᠢᠭ᠎ᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠡᠳᠦᠢ ᠲᠡᠳᠦᠢ ᠰᠣᠩᠭᠤᠵᠤ ᠰᠢᠮᠳᠠᠭᠤᠯᠵᠤ | ᠪᠠᠶᠢᠴᠠᠭᠠᠭᠰᠠᠨ ᠰᠠᠨᠠᠯ ᠤᠨ ᠪᠢᠴᠢᠭ ᠪᠠᠭᠤᠯᠭᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠳᠡᠪᠰᠢᠭᠦᠯᠵᠦ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠨᠢ ᠨᠠᠮ ᠤᠨ ᠰᠠᠬᠢᠯᠭ᠎ᠠ | ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠥᠭᠬᠦ ᠪᠠᠷ ᠳᠤᠷᠠᠳᠤᠯᠭ᠎ᠠ ᠳᠡᠪᠰᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠰᠦᠢᠳᠭᠡᠵᠦ ᠬᠠᠤᠯᠢ ᠠᠴᠠ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶᠢᠳᠠᠯ ᠢ ᠪᠣᠶ | ᠪᠣᠯᠭᠠᠬᠤ ᠬᠡᠷᠡᠭᠲᠡᠶ᠃ | ᠬᠤᠶᠠᠷ᠂ ᠲᠠᠷᠢᠶᠠᠯᠠᠬᠤ ᠭᠠᠵᠠᠷ ᠤᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ ᠲᠠᠯ᠎ᠠ ᠪᠠᠷ ᠴᠢᠩᠭᠠᠳᠬᠠᠵᠤ᠂ ᠪᠦᠲᠦᠭᠡᠨ | ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ | ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠥᠯᠥᠪᠵᠢᠭᠦᠯᠵᠦ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ | ᠭᠤᠷᠪᠠᠨ ᠲᠥᠷᠥᠯ ᠤᠨ ᠣᠷᠣᠨ ᠵᠠᠶ ᠶᠢ ᠵᠣᠬᠢᠰᠲᠠᠶ ᠬᠤᠪᠢᠶᠠᠷᠢᠯᠠᠵᠤ ᠲᠣᠭᠲᠠᠭᠠᠨ᠂ ᠭᠠᠵᠠᠷ ᠰᠢᠷᠣᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠬᠠᠮᠤᠭ ᠤᠨ ᠴᠢᠩᠭ᠎ᠠ | ᠳᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠯᠡᠨ ᠲᠣᠬᠢᠷᠠᠭᠤᠯᠬᠤ ᠬᠢᠭᠡᠳ ᠭᠠᠵᠠᠷ | ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ᠂ ᠲᠠᠷᠢᠶᠠᠯᠠᠬᠤ ᠭᠠᠵᠠᠷ ᠢ ᠨᠦᠬᠦᠪᠦᠷᠢᠯᠡᠬᠦ ᠴᠢᠳᠠᠪᠤᠷᠢ ᠯᠤᠭ᠎ᠠ ᠬᠤᠯᠪᠣᠭᠳᠠᠭᠤᠯᠵᠤ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ ᠬᠡᠪᠴᠢᠶ᠎ᠡ ᠪᠠᠷ ᠨᠡᠯᠢᠶᠡᠳ ᠶᠡᠭᠡ᠂ ᠠᠰᠢᠭᠯᠠᠵᠤ ᠪᠠᠶᠢᠭ᠎ᠠ ᠨᠢ ᠪᠦᠳᠦᠭᠦᠯᠢᠭ᠂ ᠲᠠᠷᠢᠶᠠᠯᠠᠬᠤ ᠭᠠᠵᠠᠷ ᠤᠨ ᠪᠡᠯᠡᠳᠬᠡᠯ | ᠡᠬᠢ ᠪᠠᠶᠠᠯᠢᠭ ᠨᠢ ᠭᠦᠢᠴᠡᠳ ᠪᠤᠰᠤ ᠪᠠᠶᠢᠭ᠎ᠠ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢ ᠲᠣᠬᠢᠷᠠᠮᠵᠢᠲᠠᠢ | ᠲᠣᠬᠢᠷᠠᠭᠤᠯᠤᠯᠲᠠ ᠬᠢᠵᠦ ᠪᠠᠭᠠᠰᠬᠠᠨ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠲᠥᠯᠥᠨ ᠵᠢᠯᠣᠭᠤᠳᠴᠤ ᠪᠠᠶᠢᠭᠠᠳ ᠠᠯᠢ ᠪᠣᠯᠬᠤ ᠪᠠᠷ | ᠲᠠᠷᠢᠶᠠᠯᠠᠬᠤ ᠭᠠᠵᠠᠷ ᠢ ᠡᠵᠡᠯᠡᠭᠦᠯᠬᠦ ᠦᠭᠡᠶ ᠪᠤᠶᠤ ᠪᠠᠭ᠎ᠠ ᠡᠵᠡᠯᠡᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ | ᠬᠡᠷᠡᠭᠯᠡᠬᠦ ᠲᠠᠯ᠎ᠠ ᠶᠢᠨ ᠨᠤᠲᠠᠯᠠᠯᠲᠠ ᠬᠢᠬᠦ ᠪᠠᠨ ᠴᠢᠩᠭᠠᠳᠬᠠᠨ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ | ᠬᠡᠪᠴᠢᠶ᠎ᠡ ᠶᠢ ᠴᠢᠩᠭ᠎ᠠ ᠬᠢᠨᠠᠨ ᠲᠣᠭᠲᠠᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ ᠰᠣᠩᠭᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠶᠢ ᠡᠷᠡᠰ ᠬᠤᠷᠢᠭᠯᠠᠨ᠎ᠠ᠃ ᠱᠠᠭᠠᠷᠳᠠᠯᠭ᠎ᠠ | ᠶᠣᠰᠣᠭᠠᠷ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠴᠡᠭᠴᠡᠯᠡᠨ ᠰᠠᠶᠢᠵᠢᠷᠠᠭᠤᠯᠵᠤ ᠨᠥᠬᠦᠪᠥᠷᠢᠯᠡᠨ ᠬᠤᠪᠢᠶᠠᠷᠢᠯᠠᠬᠤ ᠠᠵᠢᠯ ᠢ ᠥᠷᠨᠢᠭᠦᠯᠵᠦ᠂ ᠦᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ ᠶᠢᠨ ᠣᠨᠣᠪᠴᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠠᠷᠢᠶᠠᠯᠠᠬᠤ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ | ᠰᠢᠯᠢᠳᠡᠭᠵᠢᠭᠦᠯᠦᠨ᠎ᠡ᠃ | ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠯᠠᠬᠤ ᠭᠠᠵᠠᠷ ᠢ ︽ᠲᠠᠷᠢᠶᠠᠯᠠᠩ ᠤᠨ | ᠪᠤᠰᠤ ᠪᠣᠯᠭᠠᠬᠤ︾ ᠶᠢ ᠨᠢ ᠬᠤᠷᠢᠭᠯᠠᠨ ᠵᠣᠭᠰᠣᠭᠠᠬᠤ ᠲᠤᠬᠠᠶ ᠲᠥᠪ ᠤᠨ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠵᠢᠷᠭᠤᠭ᠎ᠠ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ | ᠬᠤᠷᠢᠭᠯᠠᠨ᠎ᠠ᠃ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠤᠰᠤᠳ | ᠲᠠᠷᠢᠶᠠᠯᠠᠩ ᠳᠤ ᠬᠡᠷᠡᠭᠯᠡᠬᠦ ᠭᠠᠵᠠᠷ ᠲᠡᠢᠰᠢ ᠬᠤᠪᠢᠷᠠᠭᠤᠯᠬᠤ ᠶᠢ ᠨᠢ ᠵᠠᠬᠢᠷᠤᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠷᠢᠶᠠᠯᠠᠬᠤ ᠭᠠᠵᠠᠷ ᠢ | ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠬᠤᠷᠢᠭᠯᠠᠨ ᠵᠣᠭᠰᠣᠭᠠᠨ᠎ᠠ︔ ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠣᠲᠣᠭᠠᠳᠤ ᠳᠠᠬᠢ ᠲᠠᠷᠢᠶᠠᠯᠠᠬᠤ ᠭᠠᠵᠠᠷ ᠢ ᠣᠶᠢᠲᠤ | ᠭᠠᠵᠠᠷ᠂ ᠴᠡᠴᠡᠷᠯᠢᠭᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠵᠡᠷᠭᠡ ᠲᠡᠶᠢᠰᠢ ᠬᠤᠪᠢᠷᠠᠭᠤᠯᠬᠤ ᠶᠢ ᠨᠢ ᠵᠠᠬᠢᠷᠤᠨ | ᠬᠠᠮᠢᠶᠠᠷᠬᠤ ᠪᠠᠨ ᠴᠢᠩᠭᠠᠳᠬᠠᠵᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠨ᠎ᠠ᠃ ᠲᠠᠷᠢᠶᠠᠯᠠᠬᠤ ᠭᠠᠵᠠᠷ ᠤᠨ | ᠠᠰᠢᠭᠯᠠᠯᠲᠠ ᠶᠢᠨ ᠲᠡᠷᠢᠭᠦᠨ ᠳᠤ ᠬᠡᠷᠡᠭᠯᠡᠬᠦ ᠳᠠᠷᠠᠭᠠᠯᠠᠯ ᠢ ᠲᠣᠳᠣᠷᠬᠠᠶ ᠲᠣᠭᠲᠠᠭᠠᠨ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ 365赢多少钱会被限额_国内有真正的365平台吗_365bet博彩官网 | ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠬᠥᠪᠥᠩ᠂ ᠲᠣᠰᠣ᠂ | ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠳᠤ ᠬᠡᠷᠡᠭᠯᠡᠨ᠎ᠡ᠃ | ︵ᠨᠠᠢᠮᠠ︶ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠦᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ | ᠪᠠ ᠬᠠᠮᠠᠭᠠᠯᠠᠬᠤ ᠶᠢ ᠴᠢᠩᠳᠠᠯᠠᠵᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯ ᠳᠠᠬᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ 365赢多少钱会被限额_国内有真正的365平台吗_365bet博彩官网 | ᠬᠢᠵᠠᠭᠠᠷᠯᠠᠯ ᠢ ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠬᠤᠪᠢᠶᠠᠷᠢᠯᠠᠵᠤ ᠲᠣᠭᠲᠠᠭᠠᠭᠰᠠᠨ ᠤ ᠳᠠᠷᠠᠭ᠎ᠠ᠂ ᠶᠠᠮᠠᠷᠪᠠ | ᠨᠢᠭᠡᠴᠢ ᠪᠠ ᠬᠤᠪᠢ ᠬᠥᠮᠦᠨ ᠭᠡᠳ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠥᠬᠡᠶ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ | ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯ ᠯᠤᠭ᠎ᠠ ᠭᠦᠢᠴᠡᠳ | ᠵᠣᠯᠭᠠᠯᠳᠤᠭᠤᠯᠬᠤ ᠬᠡᠷᠡᠭᠲᠡᠶ᠂ ᠵᠠᠷᠴᠢᠮ ᠳᠡᠭᠡᠷ᠎ᠡ ᠪᠠᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠵᠠᠭᠠᠭ ᠬᠢᠵᠠᠭᠠᠷ ᠠᠴᠠ ᠳᠠᠪᠠᠭᠤᠯᠵᠤ ᠪᠣᠯᠬᠤ ᠦᠭᠡᠶ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠠ ︽ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠶᠠᠮᠠᠷᠪᠠ | ᠨᠢᠭᠡᠴᠢ ᠪᠠ ᠬᠤᠪᠢ ᠬᠥᠮᠦᠨ ᠭᠡᠳ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠨᠦᠬᠡᠨ ᠭᠡᠷ ᠮᠠᠯᠲᠠᠬᠤ᠂ ᠭᠡᠷ ᠪᠠᠶᠢᠰᠢᠩ ᠪᠠᠷᠢᠬᠤ᠂ ᠪᠤᠯᠠᠰᠢ ᠶᠢᠨ ᠭᠠᠵᠠᠷ | ᠪᠣᠯᠭᠠᠬᠤ᠂ ᠬᠠᠶᠢᠷ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ ᠬᠠᠲᠠᠭᠤ ᠪᠡᠶᠡᠲᠦ ᠬᠠᠶᠠᠭᠳᠠᠮᠠᠯ ᠡᠳ᠋ ᠣᠪᠣᠭᠠᠯᠠᠬᠤ ᠪᠤᠶᠤ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠪᠳᠡᠭᠰᠡᠨ ᠪᠤᠰᠤᠳ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠵᠦ ᠣᠶ ᠰᠢᠭᠤᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠭᠠᠷᠭᠠᠵᠤ ᠵᠢᠭᠠᠰᠤ ᠲᠡᠵᠢᠭᠡᠬᠦ ᠶᠢ ᠴᠠᠭᠠᠵᠠᠯᠠᠨ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠰᠤᠯᠠ ᠲᠠᠯᠪᠢᠬᠤ ᠪᠠ ᠠᠲᠠᠷᠰᠢᠭᠤᠯᠬᠤ ᠶᠢ ᠬᠤᠷᠢᠭᠯᠠᠨ ᠴᠠᠭᠠᠵᠠᠯᠠᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠳᠤ ᠠᠯᠢ ᠴᠢᠳᠠᠬᠤ ᠪᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠰᠡᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠬᠤ ᠶᠢ ᠨᠢ ᠵᠣᠭᠰᠣᠭᠠᠬᠤ ᠠᠮᠢ ᠠᠬᠤᠶ ᠶᠢᠨ ᠲᠥᠷᠥᠯ ᠵᠦᠢᠯ ᠳᠤ ᠪᠣᠯ ᠨᠦᠬᠦᠪᠦᠷᠢᠯᠡᠨ | ᠬᠤᠪᠢᠶᠠᠷᠢᠯᠠᠬᠤ ᠶᠢ ᠪᠡᠶᠡᠯᠡᠭᠦᠯᠵᠦ ᠳᠡᠶᠢᠯᠬᠦ ᠤᠷᠢᠲᠠᠯ ᠳᠣᠣᠷ᠎ᠠ᠂ ᠲᠥᠷᠥᠯ ᠵᠦᠢᠯ ᠤᠨ ᠲᠣᠭᠤᠷᠢᠭ ᠲᠠᠬᠢ ᠲᠠᠷᠢᠶᠠᠯᠠᠬᠤ ᠭᠠᠵᠠᠷ ᠤᠨ ᠴᠢᠨᠠᠷ ᠳᠡᠰ ᠨᠢ ᠳᠣᠣᠷ᠎ᠠ᠂ | ᠨᠠᠯᠠᠤ ᠶᠢᠨ ᠲᠠᠯᠠᠪᠠᠢ ᠨᠢ ᠶᠡᠭᠡ᠂ ᠲᠠᠷᠠᠬᠠᠢ ᠪᠠᠶᠢᠭ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠠᠷᠢᠶᠠᠯᠠᠬᠤ ᠶᠢ ᠨᠢ ᠵᠣᠭᠰᠣᠭᠠᠬᠤ ᠶᠢ ᠤᠷᠢᠳ ᠢᠶᠠᠷ | ᠬᠡᠷᠡᠭᠵᠢᠭᠦᠯᠦᠨ᠎ᠡ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠵᠤ᠂ | ᠤᠯᠤᠰ ᠤᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠭᠠᠵᠠᠷ ᠢ ᠰᠣᠩᠭᠤᠬᠤ ᠳᠤ ᠪᠡᠷᠬᠡᠲᠡᠶ | ᠪᠠᠶᠢᠪᠠᠯ᠂ ᠡᠷᠬᠡᠪᠰᠢ ᠪᠣᠯᠤᠮᠵᠢᠲᠤ ᠰᠤᠳᠤᠯᠤᠯ ᠬᠢᠵᠦ ᠪᠠᠶᠢᠭ᠎ᠠ ᠱᠠᠲᠤᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ ᠴᠢᠨᠠᠷ᠂ | ᠵᠦᠢ ᠶᠣᠰᠣᠴᠢ ᠴᠢᠨᠠᠷ ᠪᠠ ᠨᠥᠬᠦᠪᠥᠷᠢᠯᠡᠨ ᠬᠤᠪᠢᠶᠠᠷᠢᠯᠠᠬᠤ ᠲᠥᠰᠦᠯ ᠤᠨ ᠪᠣᠯᠤᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠳᠤᠷ᠎ᠠ ᠪᠠᠷ ᠢᠶᠠᠨ ᠲᠣᠬᠢᠷᠠᠭᠤᠯᠤᠯᠲᠠ | ᠬᠢᠬᠦ ᠪᠠᠷ ᠳᠠᠮᠵᠢᠭᠤᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠳᠠᠯᠳᠠᠯᠠᠨ ᠵᠠᠶᠢᠯᠠᠬᠤ ᠶᠢ ᠨᠢ ᠴᠢᠩᠭ᠎ᠠ | ᠬᠤᠷᠢᠭᠯᠠᠨ᠎ᠠ᠃ | ︵ᠶᠢᠰᠦ︶ ᠮᠠᠯᠴᠢᠨ ᠲᠠᠷᠢᠶᠠᠴᠢᠳ ᠤᠨ ᠲᠠᠷᠢᠶᠠᠯᠠᠬᠤ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠲᠠᠯ᠎ᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠠᠶᠢᠯ | ᠲᠣᠰᠬᠤᠨ ᠤ ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠴᠡᠭ ᠲᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯ ᠪᠠ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠲᠣᠭᠲᠠᠭᠠᠨ᠎ᠠ᠃ | ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠭᠡᠷ ᠪᠠᠷᠢᠬᠤ ᠪᠤᠶᠤ ᠤᠭ ᠭᠠᠵᠠᠷ ᠲᠤ ᠨᠢ ᠳᠠᠬᠢᠨ ᠪᠠᠶᠢᠭᠤᠯᠵᠤ᠂ ᠠᠶᠢᠯ ᠲᠣᠰᠬᠤᠨ ᠤ | ᠳᠣᠲᠣᠭᠠᠳᠤ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭᠠᠳᠤᠶ ᠭᠠᠵᠠᠷ ᠢ ᠭᠦᠢᠴᠡᠳ ᠠᠰᠢᠭᠯᠠᠨ᠂ ᠲᠠᠷᠢᠶᠠᠯᠠᠬᠤ ᠭᠠᠵᠠᠷ ᠢ ᠠᠯᠢ | ᠪᠣᠯᠬᠤ ᠪᠠᠷ ᠡᠵᠡᠯᠡᠬᠦ ᠦᠭᠡᠶ ᠪᠤᠶᠤ ᠪᠠᠭ᠎ᠠ ᠡᠵᠡᠯᠡᠭᠦᠯᠦᠨ᠎ᠡ᠃ ᠮᠠᠯᠴᠢᠨ ᠲᠠᠷᠢᠶᠠᠴᠢᠳ ᠭᠡᠷ ᠪᠠᠶᠢᠰᠢᠩ ᠪᠠᠷᠢᠬᠤ ᠪᠠᠨ ᠵᠥᠪᠰᠢᠶᠡᠷᠡᠭᠦᠯᠦᠭᠡᠳ ᠲᠠᠷᠢᠶᠠᠯᠠᠬᠤ ᠭᠠᠵᠠᠷ ᠢ ᠦᠨᠡᠨ | ᠬᠦ ᠡᠵᠡᠯᠡᠨ ᠬᠡᠷᠡᠭᠯᠡᠬᠦ ᠴᠢᠬᠤᠯᠠᠲᠠᠢ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ | ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠢ ᠪᠠᠶᠢᠯᠭᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠶᠢ ᠴᠢᠩᠭ᠎ᠠ ᠴᠠᠭᠠᠵᠠᠯᠠᠵᠤ᠂ ︽ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ ᠪᠠᠶᠢᠯᠭᠠᠬᠤ︾ | ᠳᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠢ ᠲᠣᠭᠲᠠᠭᠠᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠤᠨ ᠲᠠᠯᠠᠪᠠᠢ ᠶᠢᠨ ᠪᠠᠷᠢᠮᠵᠢᠶ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠳ ᠤᠨ ᠭᠡᠷ ᠪᠠᠶᠢᠰᠢᠩ ᠪᠠᠷᠢᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠵᠤ ᠬᠥᠳᠡᠯᠦᠯᠴᠡᠭᠰᠡᠨ᠂ ᠵᠣᠬᠢᠴᠠᠯᠳᠤᠵᠤ | ᠬᠠᠮᠵᠢᠯᠴᠠᠭᠰᠠᠨ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠮᠠᠯᠴᠢᠨ ᠲᠠᠷᠢᠶᠠᠴᠢᠳ ᠤᠨ ᠭᠡᠷ ᠪᠠᠶᠢᠰᠢᠩ ᠪᠠᠷᠢᠬᠤ ᠶᠢ ᠨᠢ ᠬᠠᠮᠢᠶᠠᠷᠤᠨ ᠡᠵᠡᠮᠳᠡᠬᠦ | ᠪᠠᠶᠢᠷᠢᠰᠢᠯ ᠢ ᠪᠣᠶ ᠪᠣᠯᠭᠠᠨ᠎ᠠ᠃ | ︵ᠠᠷᠪᠠ︶ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠵᠦ ︽ᠲᠠᠷᠢᠶᠠᠯᠠᠩ ᠤᠨ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠨ᠎ᠡ᠃ ᠭᠠᠵᠠᠷ ᠰᠢᠷᠣᠶ | ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠪᠠ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠶᠢ ᠡᠷᠬᠡᠪᠰᠢ ᠲᠥᠯᠥᠪᠵᠢᠭᠦᠯᠭᠡ᠂ ᠬᠡᠷᠡᠭᠴᠡᠭᠡ ᠪᠠᠷ | ᠵᠠᠬᠢᠷᠤᠨ ᠬᠠᠮᠢᠶᠠᠷᠬᠤ ᠪᠠ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢᠶᠠᠷ ᠤᠷᠢᠲᠠᠯ ᠪᠣᠯᠭᠠᠭᠰᠠᠨ ᠪᠠᠶᠢᠳᠠᠯ ᠳᠣᠣᠷ᠎ᠠ ᠶᠠᠪᠤᠭᠳᠠᠭᠤᠯᠤᠨ᠎ᠠ᠃ | ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ ᠬᠡᠷᠡᠭᠯᠡᠬᠦ ᠶᠢ ᠪᠠᠷᠢᠮᠲᠠᠯᠠᠨ᠂ ᠲᠠᠷᠢᠶᠠᠯᠠᠩ ᠤᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠨᠡᠷ᠎ᠡ ᠪᠠᠷ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠬᠢᠵᠦ ᠪᠣᠯᠬᠤ ᠦᠭᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢᠨ ᠲᠣᠬᠢᠷᠠᠭᠤᠯᠤᠯᠲᠠ ᠬᠢᠬᠦ ᠳᠤ ᠪᠠᠨ ᠲᠠᠷᠢᠶᠠᠯᠠᠬᠤ ᠭᠠᠵᠠᠷ ᠤᠨ | ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠶ᠂ ᠲᠠᠷᠢᠶᠠᠯᠠᠬᠤ ᠳᠠᠪᠬᠤᠷᠭ᠎ᠠ ᠶᠢ ᠰᠦᠢᠳᠬᠡᠵᠦ ᠪᠣᠯᠬᠤ ᠦᠭᠡᠶ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠯᠠᠬᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡᠲᠦ ᠬᠥᠮᠦᠨ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠵᠣᠬᠢᠰᠲᠠᠶ | ᠠᠰᠢᠭᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠲᠠᠷᠢᠶᠠᠯᠠᠬᠤ ᠭᠠᠵᠠᠷ ᠢ ᠠᠲᠠᠷᠰᠢᠭᠤᠯᠬᠤ᠂ ᠰᠤᠯᠠ ᠲᠠᠯᠪᠢᠬᠤ᠂ ᠬᠡᠷᠡᠭᠴᠡᠭᠡ ᠶᠢ ᠨᠢ ᠬᠤᠪᠢᠷᠠᠭᠤᠯᠬᠤ | ᠵᠢᠴᠢ ᠲᠠᠷᠢᠶᠠᠯᠠᠬᠤ ᠭᠠᠵᠠᠷ ᠢ ᠰᠦᠢᠳᠬᠡᠬᠦ ᠪᠤᠰᠤᠳ ᠦᠢᠯᠡ ᠠᠵᠢᠯᠯᠠᠭ᠎ᠠ ᠬᠢᠬᠦ ᠶᠢ ᠨᠢ ᠴᠢᠩᠭ᠎ᠠ ᠴᠠᠭᠠᠵᠠᠯᠠᠨ᠎ᠠ᠃ | ᠭᠤᠷᠪᠠ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢᠯᠡᠭᠰᠡᠨ | ᠲᠠᠷᠢᠶᠠᠯᠠᠬᠤ ᠭᠠᠵᠠᠷ ᠤᠨ ᠴᠢᠨᠠᠷ ᠢ ᠦᠨᠡᠨ ᠬᠦ ᠪᠠᠲᠤᠯᠠᠨ᠎ᠠ | ︵ᠠᠷᠪᠠᠨ ᠨᠢᠭᠡ︶ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠪᠡᠯ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠲᠠᠢ ᠨᠢᠭᠡᠴᠢ ᠨᠢ | ᠡᠷᠬᠡᠪᠰᠢ ᠲᠡᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠂ ᠬᠡᠮᠵᠢᠶ᠎ᠡ᠂ ᠴᠢᠨᠠᠷ ᠢᠶᠠᠷ ᠵᠣᠬᠢᠴᠠᠯᠳᠤᠭᠰᠠᠨ ᠲᠠᠷᠢᠶᠠᠯᠠᠬᠤ | ᠭᠠᠵᠠᠷ ᠢ ᠥᠪᠡᠰᠦᠪᠡᠨ ᠨᠥᠬᠦᠪᠥᠷᠢᠯᠡᠬᠦ ᠶᠢᠨ ᠠᠷᠭ᠎ᠠ ᠦᠭᠡᠶ ᠪᠣᠯ ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠨᠢ ᠲᠣᠭᠲᠠᠭᠠᠯ ᠶᠣᠰᠣᠭᠠᠷ ᠭᠦᠢᠴᠡᠳ | ᠲᠤᠰᠢᠶᠠᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠪᠡᠯ ︽ᠤᠷᠢᠳ ᠢᠶᠠᠷ ᠨᠥᠬᠦᠪᠦᠷᠢᠯᠡᠭᠡᠳ | ᠳᠠᠷᠠᠭ᠎ᠠ ᠨᠢ ᠡᠵᠡᠯᠡᠬᠦ᠂ ᠨᠢᠭᠡ ᠬᠡᠰᠡᠭ ᠢ ᠡᠵᠡᠯᠡᠪᠡᠯ ᠲᠡᠷᠡ ᠨᠢᠭᠡ ᠬᠡᠰᠡᠭ ᠢ ᠨᠢ ᠨᠥᠬᠦᠪᠥᠷᠢᠯᠡᠬᠦ᠂ ᠰᠠᠶᠢᠨ ᠭᠠᠵᠠᠷ ᠢ ᠡᠵᠡᠯᠡᠪᠡᠯ ᠰᠠᠶᠢᠨ ᠭᠠᠵᠠᠷ ᠢᠶᠠᠷ ᠨᠥᠬᠦᠪᠥᠷᠢᠯᠡᠬᠦ᠂ | ᠤᠰᠤᠨ ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠪᠠᠷ ᠨᠥᠬᠦᠪᠥᠷᠢᠯᠡᠬᠦ︾ ᠡᠨᠡ ᠬᠦ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠢ ᠪᠠᠶᠢᠯᠭᠠᠬᠤ ᠱᠠᠭᠠᠷᠳᠠᠯᠭ᠎ᠠ ᠶᠢ | ᠦᠨᠡᠨ ᠬᠦ ᠭᠦᠢᠴᠡᠳᠬᠡᠬᠦ ᠬᠡᠷᠡᠭᠲᠡᠶ᠃ ᠦᠢᠯᠡᠳᠪᠦᠷᠢ ᠠᠭᠤᠷᠬᠠᠶ ᠶᠢᠨ ᠬᠡᠷᠡᠭᠯᠡᠭᠡᠳ ᠬᠠᠶᠠᠭᠰᠠᠨ ᠭᠠᠵᠠᠷ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠯᠤᠭ᠎ᠠ | ᠬᠤᠯᠪᠣᠭᠳᠠᠭᠤᠯᠤᠭᠰᠠᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠪᠠᠯ᠂ ᠰᠡᠷᠭᠦᠭᠡᠨ ᠬᠠᠭᠠᠯᠪᠤᠷᠢᠯᠠᠬᠤ ᠬᠠᠷᠢᠭᠤᠴᠠᠯᠭ᠎ᠠ ᠶᠢ ᠡᠭᠦᠷᠭᠡᠯᠡᠭᠰᠡᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ ᠠᠮᠠᠯᠠᠭᠰᠠᠨ ᠴᠠᠭ ᠬᠤᠭᠤᠴᠠᠭ᠎ᠠ ᠶᠣᠰᠣᠭᠠᠷ ᠲᠠᠷᠢᠶᠠᠯᠠᠬᠤ ᠭᠠᠵᠠᠷ ᠢ | ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ ᠪᠡᠶᠡᠯᠡᠬᠦᠯᠦᠨ᠎ᠡ᠂ ᠬᠤᠭᠤᠴᠠᠭ᠎ᠠ ᠨᠢ ᠬᠡᠲᠦᠷᠡᠭᠰᠡᠨ ᠪᠣᠯ ᠲᠣᠰ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠬᠤ | ᠭᠠᠵᠠᠷ ᠤᠨ ᠵᠣᠬᠢᠬᠤ ᠭᠦᠢᠴᠡᠳᠬᠡᠯ ᠲᠤᠭ᠎ᠠ ᠶᠢ ᠰᠠᠭᠤᠯᠭᠠᠨ ᠬᠠᠰᠤᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠭᠦᠢᠴᠡᠳᠬᠡᠯ ᠲᠣᠭᠠᠨ ᠤ ᠦᠯᠡᠳᠡᠪᠦᠷᠢ ᠨᠢ | ᠬᠦᠷᠦᠯᠴᠡᠬᠦ ᠥᠬᠡᠶ ᠪᠠᠶᠢᠪᠠᠯ᠂ ᠲᠡᠳᠡᠭᠡᠷ ᠤᠨ ᠪᠠᠶᠢᠭ᠎ᠠ ᠠᠶᠢᠮᠠᠭ ᠬᠤᠲᠠ ᠨᠢ ᠨᠥᠬᠦᠪᠥᠷᠢᠯᠡᠨ᠎ᠡ᠃ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠬᠤ ᠭᠠᠵᠠᠷ ᠨᠥᠬᠦᠪᠦᠷᠢᠯᠡᠬᠦ ᠨᠥᠭᠡᠴᠡ ᠶᠢᠨ ᠪᠠᠶᠢᠳᠠᠯ ᠢᠶᠠᠨ ᠭᠦᠢᠴᠡᠳ | ᠪᠣᠳᠣᠯᠬᠢᠯᠠᠵᠤ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠳᠤ ᠰᠢᠶᠠᠨ ᠤ ᠬᠡᠪᠴᠢᠶ᠎ᠡ ᠳᠤ ᠪᠠᠨ ᠥᠪᠡᠰᠦᠪᠡᠨ | ᠲᠡᠩᠴᠡᠭᠦᠷᠢᠲᠡᠶ ᠪᠠᠶᠢᠯᠭᠠᠬᠤ ᠪᠠᠷ ᠭᠤᠣᠯ ᠪᠣᠯᠭᠠᠨ᠂ ᠬᠤᠲᠠ ᠶᠢᠨ ᠬᠡᠪᠴᠢᠶᠡᠨ ᠳᠠᠬᠢ ᠲᠣᠬᠢᠷᠠᠭᠤᠯᠭ᠎ᠠ ᠪᠠᠷ ᠬᠠᠪᠰᠤᠷᠤᠮᠵᠢ ᠪᠣᠯᠭᠠᠵᠤ ᠥᠪᠡᠷᠲᠡᠭᠡᠨ ᠵᠠᠰᠠᠬᠤ ᠣᠷᠣᠨ ᠤ | ᠲᠣᠬᠢᠷᠠᠮᠵᠢᠲᠠᠢ ᠨᠢᠭᠡᠳᠦᠯᠲᠡᠶ ᠲᠥᠯᠥᠪᠯᠡᠬᠦ ᠪᠠᠷ ᠨᠥᠬᠦᠪᠥᠷᠢ ᠪᠣᠯᠭᠠᠨ᠎ᠠ᠃ | ︵ᠠᠷᠪᠠᠨ ᠬᠤᠶᠠᠷ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠭᠰᠠᠨ ᠤᠷᠢᠲᠠᠯ ᠳᠤᠤᠷ᠎ᠠ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠵᠢᠯ ᠢᠶᠠᠨ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ | ᠶᠡᠭᠡ ᠬᠡᠪᠴᠢᠶᠡᠨ ᠤ ᠠᠰᠢᠭᠯᠠᠭᠠᠳᠤᠶ ᠭᠠᠵᠠᠷ ᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠬᠦᠨᠳᠦ ᠨᠣᠴᠢᠲᠠᠶ ᠡᠯᠡᠰᠦᠷᠬᠡᠭᠵᠢᠭᠰᠡᠨ ᠭᠠᠵᠠᠷ ᠢ ᠬᠠᠭᠠᠯᠪᠤᠷᠢᠯᠠᠬᠤ ᠶᠢ | ᠴᠠᠭᠠᠵᠠᠯᠠᠨ᠂ 15 ᠭᠷᠠᠳᠦ᠋ᠰ ᠠᠴᠠ ᠳᠡᠭᠡᠭᠰᠢᠬᠢ ᠬᠥᠲᠥᠯ ᠭᠠᠵᠠᠷ ᠢ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠵᠤ᠂ ᠲᠣᠭᠲᠠᠭᠠᠯ ᠠᠴᠠ | ᠵᠥᠷᠢᠴᠡᠨ ᠣᠶ ᠰᠢᠭᠤᠶ ᠶᠢ ᠰᠦᠢᠳᠬᠡᠬᠦ ᠪᠠ ᠪᠡᠯᠴᠢᠭᠡᠷ ᠢ ᠰᠦᠢᠳᠬᠡᠨ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠨ᠂ ᠨᠠᠭᠤᠷ ᠢ | ᠬᠦᠷᠢᠶᠡᠯᠡᠨ ᠲᠠᠷᠢᠶᠠᠯᠠᠬᠤ ᠭᠠᠵᠠᠷ ᠭᠠᠷᠭᠠᠬᠤ ᠪᠠ ᠭᠤᠤᠯ ᠤᠨ ᠲᠠᠩ ᠭᠠᠵᠠᠷ ᠢ ᠡᠵᠡᠯᠡᠬᠦ ᠶᠢ ᠨᠢ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠨᠤᠭᠤ ᠭᠠᠵᠠᠷ ᠢ ᠪᠤᠯᠠᠵᠤ | ᠳᠠᠷᠤᠨ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠨ᠂ ᠠᠮᠢ ᠠᠬᠤᠶ ᠶᠢᠨ ᠤᠯᠠᠭᠠᠨ ᠱᠤᠭᠤᠮ ᠤᠨ ᠬᠡᠪᠴᠢᠶᠡᠨ ᠳᠠᠬᠢ ᠭᠠᠵᠠᠷ ᠢ ᠲᠠᠷᠢᠶᠠᠯᠠᠬᠤ | ᠭᠠᠵᠠᠷ ᠪᠣᠯᠭᠠᠨ ᠬᠠᠭᠠᠯᠪᠤᠷᠢᠯᠠᠬᠤ ᠪᠠᠷ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠴᠠᠭᠠᠵᠠᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ ᠶᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ | ᠵᠦᠢ ᠵᠣᠬᠢᠰᠲᠠᠶ ᠪᠠᠶᠢᠷᠢᠯᠠᠭᠤᠯᠤᠨ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠷᠭ᠎ᠠ ᠬᠡᠯᠪᠡᠷᠢ ᠪᠠᠨ ᠠᠯᠬᠤᠮ ᠠᠯᠬᠤᠮ ᠢᠶᠠᠷ ᠬᠤᠪᠢᠷᠠᠭᠤᠯᠵᠤ᠂ ᠲᠠᠷᠢᠶᠠᠯᠠᠬᠤ ᠳᠤ | ᠲᠣᠬᠢᠷᠠᠬᠤ ᠭᠠᠵᠠᠷ ᠰᠢᠷᠣᠶ ᠶᠢᠨ ᠨᠥᠭᠡᠴᠡ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ᠨᠥᠬᠦᠪᠦᠷᠢᠯᠡᠭᠰᠡᠨ | ᠲᠠᠷᠢᠶᠠᠯᠠᠬᠤ ᠭᠠᠵᠠᠷ ᠤᠨ ᠲᠥᠷᠥᠯ ᠵᠦᠢᠯ ᠤᠨ ᠰᠡᠳᠦᠪ ᠢ ᠲᠣᠭᠲᠠᠭᠠᠬᠤ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠠᠮᠢ ᠠᠬᠤᠶ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠥᠯᠥᠭᠡᠯᠡᠯ ᠪᠠ ᠪᠣᠯᠤᠮᠵᠢᠲᠤ ᠴᠢᠨᠠᠷ ᠵᠡᠷᠭᠡ ᠪᠠᠶᠢᠳᠠᠯ ᠳᠤ | ᠭᠦᠢᠴᠡᠳ ᠨᠤᠲᠠᠯᠠᠯᠲᠠ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠪᠦᠷᠢᠯᠳᠦᠭᠰᠡᠨ ᠤ ᠳᠠᠷᠠᠭ᠎ᠠ ᠦᠷᠭᠦᠯᠵᠢᠯᠡᠨ | ᠲᠣᠭᠲᠠᠭᠤᠨ ᠢᠶᠠᠷ ᠲᠠᠷᠢᠶᠠᠯᠠᠵᠤ ᠪᠣᠯᠬᠤ ᠶᠢ ᠦᠨᠡᠨ ᠬᠦ ᠪᠠᠲᠤᠯᠠᠨ᠎ᠠ᠃ ᠳᠤᠷ᠎ᠠ ᠪᠠᠷ ᠢᠶᠠᠨ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠨᠥᠬᠦᠪᠦᠷᠢᠯᠡᠭᠰᠡᠨ ᠲᠠᠷᠢᠶᠠᠯᠠᠬᠤ | ᠭᠠᠵᠠᠷ ᠤᠨ ᠲᠥᠷᠥᠯ ᠵᠦᠢᠯ ᠢ ᠲᠠᠷᠢᠶᠠᠯᠠᠬᠤ ᠪᠠᠨ ᠵᠣᠭᠰᠣᠭᠠᠬᠤ ᠬᠡᠪᠴᠢᠶᠡᠨ ᠳᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠭᠤᠷᠪᠠ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ ᠬᠤᠷᠢᠶᠠᠵᠤ ᠠᠪᠬᠤ ᠶᠢ ᠴᠢᠩᠳᠠᠯᠠᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ | ᠰᠢᠷᠣᠶ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠮᠢᠶᠠᠷᠤᠯᠲᠠ ᠬᠢᠬᠦ ᠪᠠᠨ | ᠴᠢᠩᠭᠠᠳᠬᠠᠵᠤ᠂ ᠲᠥᠷᠥᠯ ᠵᠦᠢᠯ ᠤᠨ ᠵᠢᠷᠤᠭᠯᠠᠨ ᠲᠥᠯᠥᠪᠯᠡᠬᠦ ᠶᠢ ᠵᠢᠷᠤᠮᠵᠢᠭᠤᠯᠤᠨ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠨ ᠬᠠᠮᠢᠶᠠᠷᠬᠤ ᠪᠠ | ᠪᠠᠷᠢᠯᠭ᠎ᠠ ᠶᠢᠨ ᠠᠵᠢᠯ ᠤᠨ ᠬᠢᠨᠠᠨ ᠵᠠᠬᠢᠷᠬᠤ ᠶᠢ ᠴᠢᠩᠭᠠᠷᠠᠭᠤᠯᠬᠤ ᠬᠡᠷᠡᠭᠲᠡᠶ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠠᠵᠢᠯ ᠢ | ᠰᠠᠶᠢᠲᠤᠷ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠬᠡᠮᠵᠢᠶ᠎ᠡ ᠶᠢ ᠮᠠᠭᠠᠳᠯᠠᠨ ᠲᠣᠭᠲᠠᠭᠠᠬᠤ ᠪᠠ ᠴᠢᠨᠠᠷ ᠢ ᠰᠢᠯᠭᠠᠷᠠᠭᠤᠯᠤᠨ ᠲᠣᠭᠲᠠᠭᠠᠬᠤ ᠶᠢ ᠨᠢ | ᠴᠢᠩᠳᠠᠯᠠᠵᠤ᠂ ᠨᠥᠬᠦᠪᠥᠷᠢᠯᠡᠭᠰᠡᠨ ᠲᠠᠷᠢᠶᠠᠯᠠᠬᠤ ᠭᠠᠵᠠᠷ ᠤᠨ ᠬᠡᠮᠵᠢᠶ᠎ᠡ ᠪᠠ ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠰᠢᠯᠭᠠᠨ ᠬᠤᠷᠢᠶᠠᠵᠤ | ᠠᠪᠬᠤ ᠳᠤ ᠬᠢᠷᠢ ᠲᠡᠩᠴᠡᠭᠰᠡᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠷᠬᠡᠪᠰᠢ ᠲᠤᠰ ᠵᠢᠯ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠭᠠᠬᠤ ᠣᠨ ᠤ | ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠠᠬᠤ ᠬᠡᠷᠡᠭᠲᠡᠶ︔ ᠲᠤᠰ ᠵᠢᠯ ᠳᠤ ᠨᠢ ᠬᠤᠪᠢᠷᠠᠭᠠᠭᠰᠠᠨ ᠥᠬᠡᠶ ᠨᠥᠬᠦᠪᠦᠷᠢᠯᠡᠭᠰᠡᠨ ᠲᠠᠷᠢᠶᠠᠯᠠᠬᠤ | ᠭᠠᠵᠠᠷ ᠤᠨ ᠭᠦᠢᠴᠡᠳᠬᠡᠯ ᠲᠤᠭ᠎ᠠ ᠶᠢ ᠰᠢᠰᠲ᠋ᠧᠮ ᠳᠣᠲᠣᠷ᠎ᠠ ᠪᠠᠨ ᠴᠡᠪᠳᠡᠭᠯᠡᠨ᠎ᠡ︔ 2 ᠵᠢᠯ ᠤᠨ ᠳᠣᠲᠣᠷ᠎ᠠ ᠬᠤᠪᠢᠷᠠᠭᠠᠬᠤ ᠥᠬᠡᠶ ᠨᠥᠬᠦᠪᠦᠷᠢᠯᠡᠭᠰᠡᠨ ᠲᠠᠷᠢᠶᠠᠯᠠᠬᠤ | ᠭᠠᠵᠠᠷ ᠤᠨ ᠭᠦᠢᠴᠡᠳᠬᠡᠯ ᠲᠤᠭ᠎ᠠ ᠶᠢ ᠨᠢ ᠬᠠᠷᠭᠤᠭᠤᠯᠤᠨ ᠬᠠᠰᠤᠨ᠎ᠠ᠃ | ︵ᠠᠷᠪᠠᠨ ᠳᠥᠷᠪᠡ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠥᠬᠦᠪᠥᠷᠢᠯᠡᠭᠰᠡᠨ | ᠲᠠᠷᠢᠶᠠᠯᠠᠬᠤ ᠭᠠᠵᠠᠷ ᠤᠨ ᠳᠠᠷᠠᠭᠠᠴᠢ ᠶᠢᠨ ᠬᠤᠭᠤᠴᠠᠭᠠᠨ ᠳᠠᠬᠢ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢ | ᠲᠣᠳᠣᠷᠬᠠᠶ ᠲᠣᠭᠲᠠᠭᠠᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ᠂ ᠨᠥᠬᠦᠪᠥᠷᠢᠯᠡᠭᠰᠡᠨ | ᠲᠠᠷᠢᠶᠠᠯᠠᠬᠤ ᠭᠠᠵᠠᠷ ᠤᠨ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ ᠲᠠᠷᠢᠶᠠᠯᠠᠬᠤ ᠪᠠᠨ ᠪᠤᠯᠢᠬᠤ ᠪᠠ | ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠨᠢ ᠬᠤᠷᠢᠭᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ | ᠬᠥᠮᠥᠷᠭᠡ ᠳᠤ ᠣᠷᠣᠭᠤᠯᠤᠭᠠᠳ ᠪᠠᠶᠢᠭ᠎ᠠ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠳᠤ ᠵᠢᠯ ᠪᠦᠷᠢ ᠵᠢᠷᠤᠭ ᠳᠥᠷᠰᠦ ᠪᠠᠷ ᠨᠢᠭᠡ ᠤᠳᠠᠭ᠎ᠠ ᠪᠥᠬᠦ | ᠲᠠᠯ᠎ᠠ ᠶᠢᠨ ᠬᠠᠷᠭᠤᠭᠤᠯᠤᠨ ᠪᠠᠶᠢᠴᠠᠭᠠᠯᠲᠠ ᠬᠢᠵᠦ᠂ ᠵᠢᠷᠤᠭ ᠳᠦᠷᠰᠦ ᠳᠤ ᠰᠡᠵᠢᠭᠲᠡᠶ ᠲᠥᠷᠥᠯ ᠵᠦᠢᠯ ᠢ ᠨᠠᠭᠠᠲᠤ ᠵᠠᠬ᠎ᠠ ᠳᠤ ᠪᠠᠨ 15 % ᠶᠢ ᠰᠣᠩᠭᠤᠨ ᠠᠪᠴᠤ | ᠪᠣᠳᠠᠲᠠᠶ ᠭᠠᠵᠠᠷ ᠲᠤ ᠨᠢ ᠬᠠᠷᠭᠤᠭᠤᠯᠤᠨ ᠪᠠᠶᠢᠴᠠᠭᠠᠯᠲᠠ ᠬᠢᠨ᠎ᠠ᠃ ᠠᠲᠠᠷᠰᠢᠭᠤᠯᠵᠤ ᠲᠠᠷᠢᠶᠠᠯᠠᠬᠤ ᠪᠠᠨ ᠪᠣᠯᠢᠭᠰᠠᠨ ᠲᠠᠯᠠᠪᠠᠶ ᠨᠢ ᠲᠣᠰ ᠵᠠᠰᠠᠭ ᠵᠠᠬᠢᠷᠭᠠᠨ ᠤ ᠣᠷᠣᠨ | ᠪᠦᠰᠡ ᠶᠢᠨ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠣᠭᠠᠨ ᠤ ᠶᠡᠷᠦᠩᠬᠡᠶ ᠲᠠᠯᠠᠪᠠᠶ ᠶᠢᠨ 10 % ᠠᠴᠠ ᠳᠡᠭᠡᠭᠰᠢ ᠳᠤ ᠬᠦᠷᠦᠭᠰᠡᠨ ᠪᠠᠶᠢᠪᠠᠯ᠂ | ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠨᠢ ᠵᠣᠬᠢᠬᠤ ᠬᠡᠮᠵᠢᠶ᠎ᠡ ᠪᠠᠷ ᠴᠡᠪᠳᠡᠭᠯᠡᠵᠦ᠂ ᠲᠣᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ | ᠂ ᠲᠣᠭᠤᠷᠢᠭ︶ ᠤ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ ᠬᠥᠮᠥᠷᠭᠡ ᠳᠤ | ᠣᠷᠣᠭᠤᠯᠬᠤ ᠭᠤᠶᠤᠴᠢᠯᠠᠯ ᠢ ᠨᠢ ᠲᠦᠷ ᠵᠣᠭᠰᠣᠭᠠᠨ᠎ᠠ᠃ ᠬᠠᠮᠢᠶ᠎ᠠ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠢ ᠰᠢᠯᠭᠠᠨ ᠬᠤᠷᠢᠶᠠᠵᠤ | ᠠᠪᠬᠤ ᠰᠠᠯᠠᠭ᠎ᠠ ᠮᠥᠴᠢᠷ ᠨᠢ ᠳᠠᠬᠢᠨᠲᠠ ᠬᠢᠨᠠᠵᠤ ᠮᠠᠭᠠᠳᠯᠠᠨ ᠲᠣᠭᠲᠠᠭᠠᠵᠤ ᠴᠡᠭᠴᠡᠯᠡᠨ ᠰᠠᠶᠢᠵᠢᠷᠠᠭᠤᠯᠣᠭᠰᠠᠨ ᠤ ᠳᠠᠷᠠᠭ᠎ᠠ᠂ ᠵᠣᠬᠢᠬᠤ ᠭᠦᠢᠴᠡᠳᠬᠡᠯ ᠲᠤᠭ᠎ᠠ ᠶᠢ | ᠴᠡᠪᠳᠡᠭᠯᠡᠯ ᠠᠴᠠ ᠨᠢ ᠲᠠᠶᠢᠯᠬᠤ ᠪᠥᠭᠡᠳ ᠬᠥᠮᠥᠷᠭᠡ ᠳᠤ ᠣᠷᠣᠭᠤᠯᠬᠤ ᠪᠠᠨ ᠰᠡᠷᠭᠦᠭᠡᠬᠦ ᠭᠤᠶᠤᠴᠢᠯᠠᠯ ᠢ ᠨᠢ ᠭᠥᠯᠢᠶᠡᠨ ᠠᠪᠴᠤ ᠰᠢᠢᠳᠪᠦᠷᠢᠯᠡᠨ᠎ᠡ᠃ | ᠳᠥᠷᠪᠡ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ | ︵ᠠᠷᠪᠠᠨ ᠲᠠᠪᠤ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠬᠡᠨ ᠳᠠᠩᠰᠠᠯᠠᠵᠤ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ | ᠭᠠᠵᠠᠷ ᠢ ᠪᠦᠷᠢᠳᠬᠡᠨ ᠳᠠᠩᠰᠠᠯᠠᠬᠤ ᠶᠠᠪᠤᠴᠠ ᠳᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ | ᠭᠠᠵᠠᠷ ᠢ ᠴᠢᠩᠭ᠎ᠠ ᠬᠠᠮᠠᠭᠠᠯᠠᠬᠤ ᠪᠠ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ᠂ ᠲᠤᠰ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ | ᠲᠥᠯᠥᠪᠵᠢᠭᠦᠯᠭᠡ᠂ ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠭᠤᠯᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠲᠥᠯᠥᠪᠯᠡᠭᠡ ᠪᠠ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ | ᠨᠠᠶᠢᠳᠠᠪᠤᠷᠢᠵᠢᠭᠤᠯᠵᠤ᠂ ᠲᠣᠭᠲᠠᠭᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠠᠵᠠᠷ ᠰᠢᠷᠣᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰᠠᠭᠠᠷ ᠢᠶᠠᠨ | ᠭᠠᠵᠠᠷ ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠮᠠᠯᠴᠢᠨ ᠲᠠᠷᠢᠶᠠᠴᠢᠳ ᠤᠨ ᠭᠡᠷ ᠪᠠᠶᠢᠰᠢᠩ ᠤᠨ ᠠᠷᠤ ᠥᠪᠥᠷ ᠢᠶᠠᠷ | ᠥᠪᠡᠰᠦᠪᠡᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠢ ᠨᠢ ᠰᠠᠯᠭᠠᠨ ᠬᠠᠮᠢᠶᠠᠷᠬᠤ ᠬᠡᠷᠡᠭᠲᠡᠶ᠃ ᠮᠠᠯᠴᠢᠨ | ᠲᠠᠷᠢᠶᠠᠴᠢᠳ ᠤᠨ ᠭᠡᠷ ᠪᠠᠶᠢᠰᠢᠩ ᠤᠨ ᠠᠷᠤ ᠥᠪᠥᠷ ᠢᠶᠠᠷ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ | ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠳᠡᠰ ᠳᠠᠷᠠᠭᠠᠯᠠᠯ ᠢ ᠨᠢ ᠳᠥᠭᠦᠮᠴᠢᠯᠡᠵᠦ᠂ ᠡᠬᠡ ᠳᠠᠩᠰᠠ ᠶᠢᠨ ᠬᠡᠯᠪᠡᠷᠢ ᠪᠠᠷ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ︔ | ᠪᠦᠷᠢᠳᠬᠡᠨ ᠳᠠᠩᠰᠠᠯᠠᠬᠤ ᠶᠠᠪᠤᠴᠠ ᠳᠤ ᠮᠠᠯᠴᠢᠨ ᠲᠠᠷᠢᠶᠠᠴᠢᠳ ᠠᠴᠠ ᠶᠠᠮᠠᠷᠪᠠ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠤᠰᠠᠭᠠᠷ ᠢᠶᠠᠨ ᠭᠠᠵᠠᠷ | ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ ᠪᠠ ᠪᠠᠶᠢᠭᠤᠯᠵᠤ ᠪᠠᠶᠢᠭ᠎ᠠ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ | ᠬᠤᠭᠤᠴᠠᠭᠠᠨ ᠳᠤ ᠪᠠᠨ ᠪᠦᠬᠦᠨ ᠢ ᠵᠢᠷᠤᠭ ᠢᠶᠠᠷ ᠬᠥᠮᠥᠷᠭᠡ ᠳᠤ ᠣᠷᠣᠭᠤᠯᠤᠨ᠂ ᠰᠢᠨ᠎ᠡ ᠪᠠᠷ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ | ᠡᠷᠬᠡᠪᠰᠢ ᠪᠦᠷᠢᠳᠬᠡᠵᠦ ᠳᠠᠩᠰᠠᠯᠠᠭᠰᠠᠨ 1 ᠰᠠᠷ᠎ᠠ ᠶᠢᠨ ᠳᠣᠲᠣᠷ᠎ᠠ ᠵᠢᠷᠤᠭ ᠢᠶᠠᠷ ᠬᠥᠮᠥᠷᠭᠡ ᠳᠤ ᠣᠷᠣᠭᠤᠯᠬᠤ ᠶᠢᠨ ᠬᠠᠮᠲᠤ᠂ ᠣᠨ ᠤ ᠤᠯᠤᠰ ᠤᠨ ᠭᠠᠵᠠᠷ ᠰᠢᠷᠣᠶ ᠶᠢᠨ | ᠬᠤᠪᠢᠷᠠᠭᠠᠬᠤ ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ | ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠠᠷᠢᠶᠠᠯᠠᠬᠤ | ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ | ᠬᠡᠷᠡᠭᠵᠢᠭᠦᠯᠬᠦ᠂ ᠬᠠᠤᠯᠢ ᠠᠴᠠ ᠵᠦᠷᠢᠴᠡᠵᠦ ᠭᠠᠵᠠᠷ ᠬᠡᠷᠡᠭᠯᠡᠭᠰᠡᠨ ᠢ ᠴᠠᠭ ᠲᠤᠬᠠᠶ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ ᠶᠠᠪᠤᠴᠠ ᠳᠤ ᠪᠠᠨ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ | ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯ ᠪᠦᠷᠢ ᠶᠢᠨ ᠳᠣᠲᠣᠷ᠎ᠠ ᠭᠠᠳᠠᠨᠠᠬᠢ ᠠᠵᠢᠯ ᠲᠥᠷᠥᠯ ᠢ ᠪᠠᠶᠢᠴᠠᠭᠠᠬᠤ ᠬᠠᠷᠢᠴᠠᠯ ᠢᠶᠠᠨ | 15% ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ | ︵ᠠᠷᠪᠠᠨ ᠵᠢᠷᠭᠤᠭ᠎ᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠬᠡᠷᠡᠭᠯᠡᠬᠦ ᠶᠢ ᠴᠢᠩᠭ᠎ᠠ | ᠵᠢᠷᠤᠮᠵᠢᠭᠤᠯᠤᠨ᠎ᠠ᠃ ᠡᠯ᠎ᠡ ᠲᠥᠷᠥᠯ ᠤᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠠᠯᠢ ᠴᠢᠳᠠᠬᠤ ᠪᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ | ᠵᠠᠶᠢᠲᠠᠢ ᠪᠠᠶᠢᠯᠭᠠᠵᠤ᠂ ᠦᠨᠡᠨ ᠬᠦ ᠵᠠᠶᠢᠲᠠᠢ ᠪᠠᠶᠢᠯᠭᠠᠬᠤ ᠶᠢᠨ ᠠᠷᠭ᠎ᠠ ᠦᠭᠡᠶ ᠪᠣᠯ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠨᠥᠬᠦᠵᠦ ᠬᠤᠪᠢᠶᠠᠷᠢᠯᠠᠬᠤ ᠬᠡᠷᠡᠭᠲᠡᠢ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠵᠦ ᠬᠤᠪᠢᠶᠠᠷᠢᠯᠠᠬᠤ ᠲᠥᠰᠦᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠵᠠᠯᠭᠠᠭᠠᠳ ᠪᠦᠷᠢᠳᠬᠡᠨ ᠳᠠᠩᠰᠠᠯᠠᠭᠤᠯᠵᠤ ᠪᠣᠯᠤᠨ᠎ᠠ᠂ ᠪᠦᠷᠢᠳᠬᠡᠨ ᠳᠠᠩᠰᠠᠯᠠᠭᠤᠯᠤᠭᠠᠳᠤᠶ ᠪᠣᠯ ᠠᠵᠢᠯ ᠡᠬᠢᠯᠡᠭᠦᠯᠦᠨ | ᠪᠠᠶᠢᠭᠤᠯᠬᠤ ᠶᠢ ᠨᠢ ᠴᠢᠩᠭ᠎ᠠ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ ᠪᠣᠯ ᠪᠦᠷᠢᠳᠬᠡᠨ ᠳᠠᠩᠰᠠᠯᠠᠭᠤᠯᠬᠤ ᠳᠤ ᠪᠠᠨ ᠡᠷᠬᠡᠪᠰᠢ ᠳᠠᠩ ᠲᠥᠷᠥᠯ ᠵᠦᠢᠯ ᠤᠨ ᠬᠡᠯᠪᠡᠷᠢ ᠪᠠᠷ | ᠪᠦᠷᠢᠳᠬᠡᠨ ᠳᠠᠩᠰᠠᠯᠠᠭᠤᠯᠬᠤ ᠬᠡᠷᠡᠭᠲᠡᠶ᠂ ᠣᠯᠠᠨ ᠴᠡᠭ ᠲᠤ ᠪᠠᠶᠢᠷᠢᠰᠢᠭᠤᠯᠤᠭᠰᠠᠨ ᠲᠥᠷᠥᠯ ᠵᠦᠢᠯ ᠢᠶᠠᠨ ᠨᠢᠭᠡ ᠶᠡᠷᠦᠩᠬᠡᠢ ᠴᠣᠭᠴᠠᠲᠤ ᠲᠥᠷᠥᠯ ᠵᠦᠢᠯ ᠢᠶᠠᠷ | ︽ᠬᠠᠮᠲᠤᠷᠠᠭᠤᠯᠵᠤ︾ ᠪᠦᠷᠢᠳᠬᠡᠨ ᠳᠠᠩᠰᠠᠯᠠᠭᠤᠯᠬᠤ ᠶᠢ ᠴᠢᠩᠭ᠎ᠠ ᠴᠠᠭᠠᠵᠠᠯᠠᠨ᠎ᠠ︔ ᠪᠡᠯᠡᠳᠬᠡᠮᠵᠢᠲᠦ ᠪᠤᠰᠤ ᠲᠠᠷᠢᠶᠠᠯᠠᠩ ᠤᠨ ᠲᠥᠷᠥᠯ ᠵᠦᠢᠯ ᠢ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠪᠦᠷᠢᠳᠬᠡᠨ ᠳᠠᠩᠰᠠᠯᠠᠭᠤᠯᠬᠤ ᠶᠢ ᠡᠷᠡᠰ ᠴᠠᠭᠠᠵᠠᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ ᠬᠡᠷᠡᠭᠯᠡᠭᠡᠳ ᠨᠥᠬᠦᠵᠦ ᠬᠤᠪᠢᠶᠠᠷᠢᠯᠠᠬᠤ ᠴᠢᠬᠤᠯᠠᠲᠠᠶ ᠪᠠᠶᠢᠪᠠᠯ᠂ ᠡᠷᠬᠡᠪᠰᠢ ᠤᠷᠢᠳ ᠢᠶᠠᠷ ᠨᠥᠬᠦᠵᠦ ᠬᠤᠪᠢᠶᠠᠷᠢᠯᠠᠨ | ᠥᠭᠴᠦ ᠳᠠᠷᠠᠭ᠎ᠠ ᠨᠢ ᠡᠵᠡᠯᠡᠨ ᠬᠡᠷᠡᠭᠯᠡᠭᠦᠯᠦᠨ᠎ᠡ︔ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ | ᠬᠡᠷᠡᠭᠯᠡᠬᠦ ᠳᠤ ︽ᠬᠤᠤᠰ ᠳᠡᠭᠡᠳᠦ ᠬᠢᠵᠠᠭᠠᠷᠯᠠᠬᠤ ᠱᠤᠭᠤᠮ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠯᠡᠨ ᠬᠡᠷᠡᠭᠯᠡᠬᠦ ᠲᠠᠯᠠᠪᠠᠶ ᠶᠢ ᠨᠢ ᠶᠡᠷᠦᠩᠬᠡᠶ ᠲᠠᠯᠠᠪᠠᠶ ᠶᠢᠨ | 25 % ᠶᠢᠨ ᠳᠣᠲᠣᠷ᠎ᠠ ᠬᠢᠵᠠᠭᠠᠷᠯᠠᠨ᠂ 30 ᠮᠥ ᠠᠴᠠ ᠬᠡᠲᠦᠷᠡᠭᠦᠯᠵᠦ ᠪᠣᠯᠬᠤ ᠥᠬᠡᠶ᠃ | 2021 ᠣᠨ ᠤ 7 ᠳ᠋ᠤᠭᠠᠷ ᠰᠠᠷ᠎ᠠ ᠶᠢᠨ 9 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 7 ᠳ᠋ᠤᠭᠠᠷ ᠰᠠᠷ᠎ᠠ ᠶᠢᠨ 9 ᠤ ᠡᠳᠦᠷ ᠳᠠᠷᠤᠮᠠᠯᠯᠠᠨ ᠲᠠᠷᠬᠠᠭᠠᠪᠠ | |