| | | 9 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ ᠭᠤᠣᠯ ᠰᠡᠳᠦᠪᠲᠦ ᠨᠡᠶᠢᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠢᠶᠠ ᠷᠦᠩ ᠬᠤᠸᠠ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ | ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠡᠬᠢᠯᠠᠯᠲᠡ ᠶᠢᠨ ᠦᠭᠡ | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠫᠠᠨ ᡁᠢ ᠹᠧᠩ | ᠶᠠᠭᠤᠨ ᠤ ᠡᠮᠦᠨ᠎ᠡ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠨᠠᠷ ᠤᠨ ᠣᠷᠳᠣ ᠬᠤᠭᠤᠴᠠᠭᠠᠨ ᠤ ᠲᠤᠷᠰᠢ | ᠲᠤᠭ᠎ᠠ ᠪᠦᠷᠢᠳᠬᠡᠯ ᠤᠨ ᠠᠵᠢᠯ ᠳᠤ ᠳᠡᠭᠡᠳᠦ ᠬᠡᠮᠵᠢᠶ᠎ᠡ ᠪᠠᠷ ᠠᠩᠬᠠᠷᠤᠯ ᠲᠠᠯᠪᠢᠵᠤ ᠪᠠᠶᠢᠭ᠎ᠠ ᠪᠠ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ | ᠲᠠᠯᠠᠷᠬᠠᠵᠤ ᠪᠠᠶᠢᠨ᠎ᠠ᠃ ᠪᠠᠰᠠ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ᠳᠠᠮᠵᠢᠨ᠂ ᠵᠠᠭᠤᠴᠢᠯᠠᠭᠤᠷ ᠤᠨ ᠨᠠᠶᠢᠵᠠ ᠨᠠᠷ ᠤᠨ ᠬᠦᠴᠦᠲᠡᠶ | ᠤᠬᠠᠭᠤᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠶᠢᠯᠠᠭᠠᠯᠲᠠ ᠳᠡᠮᠵᠢᠯᠭᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠠᠵᠢᠯ ᠢ ᠠᠬᠢᠭᠤᠯᠬᠤ ᠨᠠᠩ ᠶᠡᠭᠡ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠤᠭ᠎ᠠ | ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠠᠯᠢ ᠤᠯᠠᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠪᠡ᠃ 2015 ᠣᠨ ᠠᠴᠠ ᠣᠲᠣ ᠪᠣᠯᠲᠠᠯ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠤᠷᠢᠳ ᠬᠤᠵᠢᠳ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠬᠠᠷᠢᠭᠤᠴᠠᠯᠭᠠᠲᠠᠨ ᠳᠤ ᠰᠢᠢᠳᠬᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ︽ᠲᠤᠭ᠎ᠠ ᠪᠦᠷᠢᠳᠬᠡᠯ ᠤᠨ ᠬᠤᠳᠠᠯ ᠵᠣᠬᠢᠶᠠᠨ ᠬᠠᠭᠤᠷᠮᠠᠭ | ᠦᠢᠯᠡᠳᠬᠦ ᠶᠢ ᠬᠢᠨᠠᠨ ᠪᠠᠶᠢᠴᠠᠭᠠᠬᠤ ᠠᠵᠢᠯ ᠤᠨ ᠲᠣᠭᠲᠠᠭᠠᠯ︾ ᠵᠡᠷᠭᠡ ᠲᠤᠭ᠎ᠠ ᠪᠦᠷᠢᠳᠬᠡᠯ ᠤᠨ ᠠᠵᠢᠯ ᠤᠨ ᠲᠤᠬᠠᠶ 8 ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ᠃ | ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ | ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠡᠳᠡᠭᠡᠷ ᠨᠢ ᠴᠥᠮ ᠨᠠᠮ ᠤᠨ ᠲᠥᠪ ᠬᠤᠷᠢᠶᠠᠨ ᠤ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ | ᠬᠤᠳᠠᠯ ᠢᠶᠠᠷ ᠵᠣᠬᠢᠶᠠᠨ ᠬᠠᠭᠤᠷᠮᠠᠭ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠢᠯᠡ ᠲᠣᠳᠣ ᠣᠪᠣᠷ ᠪᠠ ᠡᠷᠡᠰ ᠪᠠᠲᠤ ᠵᠣᠷᠢᠭ ᠢ ᠢᠯᠡᠷᠡᠭᠦᠯᠵᠦ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠤᠨ ᠤᠯᠤᠰ ᠤᠨ ᠬᠤᠷᠸ᠎ᠠ ᠲᠣᠬᠢᠷᠠᠭᠤᠯᠤᠯᠲᠠ ᠪᠠ | ᠰᠢᠢᠳᠪᠦᠷᠢᠲᠦ ᠪᠤᠳᠤᠯᠭ᠎ᠠ ᠶᠢᠨ ᠬᠠᠮᠢᠶᠠᠷᠤᠯᠲᠠ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠰᠢᠨᠵᠢᠯᠡᠬᠦ ᠤᠬᠠᠭᠠᠨᠴᠢ | ᠵᠢᠷᠤᠮᠯᠠᠯ ᠬᠠᠩᠭᠠᠭᠰᠠᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠶᠢᠨ ᠲᠤᠭ᠎ᠠ | ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠳᠤᠮᠳᠠ᠂ ᠲᠤᠭ᠎ᠠ ᠪᠦᠷᠢᠳᠬᠡᠯ ᠤᠨ ᠠᠵᠢᠯ ᠢ ᠠᠳᠬᠤᠬᠤ ᠪᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠠᠳᠬᠤᠬᠤ ᠳᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠠᠳᠬᠤᠬᠤ ᠬᠡᠷᠡᠭᠲᠡᠢ ᠭᠡᠳᠡᠭ ᠦᠵᠡᠯ ᠤᠬᠠᠮᠰᠠᠷ ᠢ ᠤᠯᠠᠮ ᠨᠢᠭᠡ ᠠᠯᠬᠤᠮ ᠪᠣᠶ | ᠪᠣᠯᠭᠠᠵᠤ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ 2020 ᠣᠨ ᠤ 5 ᠳ᠋ᠤᠭᠠᠷ ᠰᠠᠷ᠎ᠠ ᠶᠢᠨ 17 ᠤ | ᠡᠳᠦᠷ ᠪᠠ 2021 ᠣᠨ ᠤ 7 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠰᠤᠮᠤ ᠰᠢᠶᠠᠩ | ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠰᠠᠨᠠᠯ︾ ᠪᠣᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠠᠵᠢᠯ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠲᠤᠰ ᠲᠤᠰ ᠳᠠᠷᠤᠮᠠᠯᠯᠠᠨ ᠲᠠᠷᠬᠠᠭᠠᠵᠤ᠂ ︽ᠰᠠᠨᠠᠯ︾ ᠪᠠ ︽ᠬᠠᠮᠢᠶᠠᠷᠤᠯᠲᠠ ᠶᠢᠨ | ᠠᠷᠭ᠎ᠠ︾ ᠨᠢ ᠪᠥᠬᠦ ᠣᠷᠣᠨ ᠤ ᠲᠠᠪᠤᠨ ᠬᠦᠷᠢᠶᠡᠨ ᠴᠠᠷᠠᠭᠠᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠳᠤ ︽ᠰᠢᠵᠢᠷ ᠠᠯᠲᠠᠨ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ | ᠲᠤᠭ᠎ᠠ ᠪᠦᠷᠢᠳᠬᠡᠯ ᠤᠨ ᠡᠬᠢ ᠰᠤᠷᠪᠤᠯᠵᠢ ᠶᠢᠨ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠦᠨᠡᠨ ᠪᠣᠳᠠᠲᠠᠶ ᠪᠥᠭᠡᠳ ᠣᠨᠣᠪᠴᠢᠲᠠᠶ ᠪᠣᠯᠭᠠᠬᠤ ᠶᠢᠨ ᠲᠤᠰᠠᠳᠠ᠂ | ︽ᠰᠠᠨᠠᠯ︾ ᠪᠣᠯᠤᠨ ︽ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ 2021 ᠣᠨ ᠤ 6 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠬᠡᠷᠡᠭᠵᠢᠭᠦᠯᠵᠦ ᠳᠡᠶᠢᠯᠬᠦ᠂ ᠪᠠᠶᠢᠴᠠᠭᠠᠵᠤ ᠳᠡᠶᠢᠯᠬᠦ︾ ᠵᠠᠷᠴᠢᠮ ᠶᠣᠰᠣᠭᠠᠷ᠂ 9 ᠳ᠋ᠦ᠋ᠭᠡᠷ | ᠰᠠᠷ᠎ᠠ ᠳᠤ ᠲᠠᠪᠤᠨ ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ | ᠲᠣᠭᠲᠠᠭᠠᠬᠤ ᠶᠢᠨ ᠬᠠᠮᠲᠤ ᠲᠡᠭᠦᠯᠳᠡᠷᠵᠢᠭᠦᠯᠵᠦ᠂ ᠪᠥᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠳᠤ ᠣᠯᠠᠨ ᠵᠦᠢᠯ ᠤᠨ ᠪᠣᠳᠠᠲᠠᠶ ᠨᠠᠶᠢᠳᠠᠪᠤᠷᠢᠵᠢᠭᠤᠯᠤᠰᠢᠲᠠᠢ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠪᠠ᠃ | ᠨᠢᠭᠡ᠂ ︽ᠰᠠᠨᠠᠯ︾ ᠬᠢᠭᠡᠳ ᠲᠥᠬᠦᠷᠵᠢᠭᠦᠯᠬᠦ ᠪᠠᠷᠢᠮᠵᠢᠶ᠎ᠠ ᠶᠢᠨ ᠲᠤᠬᠠᠶ | ︽ᠰᠠᠨᠠᠯ︾ ᠳᠤ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠳᠤ ᠴᠢᠭᠯᠡᠭᠦᠯᠦᠨ ︽ᠨᠠᠢᠮᠠ ᠶᠢ ᠲᠡᠭᠦᠯᠳᠡᠷᠵᠢᠭᠦᠯᠵᠦ ᠨᠠᠢᠮᠠ ᠶᠢ ᠪᠣᠯᠭᠠᠬᠤ︾ ᠠᠵᠢᠯ ᠤᠨ | ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠣᠷᠣᠨ ᠲᠤᠭ᠎ᠠ ᠲᠠᠢ᠂ ᠠᠵᠢᠯᠳᠠᠨ ᠲᠠᠢ᠂ ᠵᠠᠷᠤᠳᠠᠯ ᠲᠠᠢ᠂ ᠲᠠᠯᠠᠪᠤᠷ ᠲᠠᠢ᠂ ᠪᠡᠯᠡᠳᠬᠡᠮᠵᠢ ᠲᠠᠢ᠂ ᠲᠣᠣᠷ ᠰᠦᠯᠵᠢᠶ᠎ᠡ ᠲᠠᠢ᠂ | ᠲᠦᠷᠢᠮ ᠲᠠᠢ᠂ ᠪᠣᠯᠪᠠᠰᠤᠷᠠᠯ ᠲᠠᠢ ᠪᠠᠶᠢᠬᠤ ᠪᠠ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠳᠦᠷᠢᠮᠵᠢᠭᠦᠯᠬᠦ᠂ ᠲᠤᠭ᠎ᠠ ᠪᠦᠷᠢᠳᠬᠡᠯ ᠤᠨ ᠠᠵᠢᠯᠲᠠᠨ ᠢ | ᠲᠤᠰᠬᠠᠶᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠪᠠᠷᠢᠮᠵᠢᠶᠠᠵᠢᠭᠤᠯᠬᠤ᠂ ᠲᠤᠭ᠎ᠠ ᠪᠦᠷᠢᠳᠬᠡᠯ ᠤᠨ ᠡᠬᠡ ᠲᠠᠩᠰᠠ ᠶᠢ | ᠡᠯᠧᠺᠲᠷᠣᠨᠴᠢᠯᠠᠬᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠠᠩᠰᠠ ᠡᠪᠬᠡᠮᠡᠯᠵᠢᠭᠦᠯᠬᠦ᠂ ᠲᠤᠭ᠎ᠠ ᠪᠦᠷᠢᠳᠬᠡᠯ ᠤᠨ ᠠᠵᠢᠯ ᠢ ᠬᠠᠤᠯᠢᠵᠢᠭᠤᠯᠬᠤ᠂ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢ ᠰᠦᠯᠵᠢᠶᠡᠵᠢᠭᠦᠯᠬᠦ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢ ᠪᠠᠶᠢᠩᠭᠤᠵᠢᠭᠤᠯᠤᠬᠤ ᠬᠠᠷᠠᠯᠲᠠ ᠪᠣᠯᠣᠨ᠎ᠠ᠃ ᠲᠤᠭ᠎ᠠ ᠪᠦᠷᠢᠳᠬᠡᠯ ᠤᠨ ᠲᠤᠰᠢᠶᠠᠯ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠲᠤᠭ᠎ᠠ ᠪᠦᠷᠢᠳᠬᠡᠯ ᠤᠨ ᠬᠦᠴᠦᠨ ᠢ ᠲᠣᠬᠢᠷᠠᠭᠤᠯᠬᠤ᠂ ᠠᠵᠢᠯ ᠤᠨ ᠨᠥᠬᠦᠴᠡᠯ ᠢ ᠰᠠᠶᠢᠵᠢᠷᠠᠭᠤᠯᠬᠤ᠂ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠤᠯᠢ ᠶᠣᠰᠣᠭᠠᠷ ᠲᠣᠭᠠᠯᠠᠨ ᠪᠦᠷᠢᠳᠬᠡᠬᠦ | ᠡᠷᠴᠢᠮ ᠢ ᠴᠢᠩᠭᠠᠷᠠᠭᠤᠯᠬᠤ᠂ ᠠᠵᠢᠯᠳᠠᠨ ᠤ ᠬᠡᠪ ᠴᠢᠨᠠᠷ ᠢ ᠳᠡᠭᠡᠭᠰᠢᠯᠡᠭᠦᠯᠬᠦ ᠵᠡᠷᠭᠡ 7 ᠲᠠᠯ᠎ᠠ ᠠᠴᠠ ᠠᠵᠢᠯ ᠤᠨ ᠠᠷᠭ᠎ᠠ ᠬᠡᠮᠵᠢᠶ᠎ᠡ ᠪᠠ ᠪᠣᠳᠠᠲᠠᠶ ᠡᠭᠦᠷᠭᠡ ᠶᠢ | ᠨᠠᠷᠢᠯᠢᠬᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 16 ᠵᠦᠢᠯ 34 ᠵᠤᠷᠪᠤᠰ ᠵᠢᠷᠤᠮᠵᠢᠭᠤᠯᠤᠯᠲᠠ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ ᠲᠣᠭᠲᠠᠭᠠᠪᠠ᠃ | 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ | ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ︽ᠡᠴᠦᠰ ᠲᠤ ᠨᠢ ᠲᠤᠯᠲᠠᠯ᠎ᠠ ᠴᠢᠩᠭᠠᠳᠬᠠᠬᠤ᠂ ᠤᠳᠠᠭᠠᠨ ᠳᠠᠭᠠᠭᠠᠮᠠᠭᠠᠢ ᠠᠳᠬᠤᠬᠤ︾ | ᠶᠢ ᠪᠠᠷᠢᠮᠲᠠᠯᠠᠵᠤ᠂ ᠣᠳᠣᠬᠠᠨ ᠳᠤ ︽ᠨᠠᠢᠮᠠ ᠶᠢ ᠲᠡᠭᠦᠯᠳᠡᠷᠵᠢᠭᠦᠯᠵᠦ ᠨᠠᠢᠮᠠ ᠶᠢ ᠪᠣᠯᠭᠠᠬᠤ︾ ᠠᠵᠢᠯ ᠢ ᠨᠢᠭᠡᠨᠲᠡ ᠪᠠᠶᠢᠩᠭᠤᠵᠢᠭᠤᠯᠬᠤ᠂ ᠨᠠᠷᠢᠯᠢᠬᠵᠢᠭᠤᠯᠤᠨ ᠠᠬᠢᠭᠤᠯᠬᠤ | ᠰᠢᠨ᠎ᠡ ᠱᠠᠲᠤᠨ ᠳᠤ ᠤᠷᠤᠭᠰᠠᠨ ᠪᠠᠶᠢᠨ᠎ᠠ᠃ ᠨᠢᠭᠡ ᠳᠤ᠂ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠳᠤ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ | ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠡᠶᠢᠳᠡᠮ ᠪᠠᠶᠢᠴᠠᠭᠠᠯᠲᠠ᠂ ︽ᠰᠢᠶᠠᠩ ᠤᠨ ᠺᠠᠷᠲ᠂ ᠲᠣᠰᠬᠤᠨ ᠤ ᠺᠠᠷᠲ︾ ᠤᠨ ᠲᠠᠭᠯᠠᠨ | ᠮᠡᠳᠡᠭᠦᠯᠦᠯᠲᠡ ︵ᠰᠢᠶᠠᠩ ᠪᠠᠯᠭᠠᠰᠤ ᠪᠣᠯᠤᠨ ᠲᠣᠰᠬᠤᠨ ᠤ ᠨᠡᠶᠢᠭᠡᠮ ᠤᠨ ᠠᠵᠤ ᠠᠬᠤᠶ ᠶᠢᠨ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠤᠨ | ᠬᠦᠰᠦᠨᠦᠭᠲᠦ︶᠂ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ︵ᠮᠠᠨ ᠤ ᠤᠯᠤᠰ ᠤᠨ ᠬᠢᠯᠢ ᠳᠣᠲᠣᠷ᠎ᠠ ᠠᠵᠤ ᠠᠬᠤᠶ ᠪᠠ ᠨᠡᠶᠢᠭᠡᠮ ᠤᠨ ᠠᠵᠢᠯᠯᠠᠭ᠎ᠠ ᠬᠢᠵᠦ ᠪᠠᠶᠢᠭ᠎ᠠ ᠪᠣᠶ | ᠪᠥᠬᠦᠶ ᠬᠠᠤᠯᠢ ᠶᠢᠨ ᠡᠷᠬᠡᠲᠡᠨ ᠤ ᠨᠢᠭᠡᠴᠢ᠂ ᠠᠵᠤ ᠦᠢᠯᠡᠰ ᠤᠨ ᠠᠵᠢᠯᠯᠠᠭᠠᠨ ᠤ ᠨᠢᠭᠡᠴᠢ ᠶᠢᠨ ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳ᠋ᠠᠶᠢᠲ᠋ᠠ | ᠬᠥᠮᠥᠷᠭᠡ ᠶᠢ ᠵᠢᠭᠠᠵᠤ ᠪᠣᠶ︶᠂ ᠵᠣᠨ ᠤ ᠤᠯᠠᠷᠢᠯ ᠤᠨ ᠮᠠᠯ ᠠᠵᠤ ᠠᠬᠤᠶ ᠶᠢᠨ ᠪᠠᠶᠢᠴᠠᠭᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ | ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠪᠠ ᠬᠡᠪᠴᠢᠶ᠎ᠡ ︵ᠬᠢᠵᠠᠭᠠᠷ ᠲᠤᠭ᠎ᠠ︶ ᠠᠴᠠ ᠳᠣᠷᠣᠭᠰᠢᠬᠢ ᠨᠢᠭᠡᠴᠢ ᠶᠢᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠣᠷᠣᠯᠠᠨ ᠮᠡᠳᠡᠭᠦᠯᠬᠦ᠂ ᠱᠠᠭᠠᠷᠳᠠᠨ ᠮᠡᠳᠡᠭᠦᠯᠬᠦ᠂ ᠬᠢᠨᠠᠨ ᠬᠠᠷᠭᠤᠭᠤᠯᠬᠤ ᠵᠡᠷᠭᠡ ᠠᠵᠢᠯ ᠢ ᠰᠤᠮᠤ ᠰᠢᠶᠠᠩ ᠪᠠᠯᠭᠠᠰᠤ ᠶᠢᠨ ᠱᠠᠲᠤᠨ ᠳᠤ ᠬᠦᠷᠲᠡᠯ᠎ᠡ | ᠦᠷᠭᠦᠯᠵᠢᠯᠡᠭᠦᠯᠪᠡ᠃ ᠡᠭᠦᠨ ᠤ ᠬᠠᠮᠲᠤ᠂ ᠨᠥᠬᠦᠴᠡᠯ ᠲᠠᠢ ᠭᠠᠴᠠᠭ᠎ᠠ ᠲᠣᠰᠬᠤᠨ ᠤ ︽ᠲᠣᠰᠬᠤᠨ ᠤ ᠺᠠᠷᠲ︾᠂ ᠵᠣᠨ ᠤ ᠤᠯᠠᠷᠢᠯ ᠤᠨ ᠮᠠᠯ ᠠᠵᠤ ᠠᠬᠤᠶ ᠶᠢᠨ | ᠪᠠᠶᠢᠴᠠᠭᠠᠯᠲᠠ ᠪᠠ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠡᠯᠧᠺᠲᠷᠤᠨᠴᠢᠯᠠᠬᠦ ᠶᠢ ᠪᠡᠶᠡᠯᠡᠭᠦᠯᠬᠦ ᠶᠢ | ᠵᠣᠷᠢᠭᠵᠢᠭᠤᠯᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃ ᠬᠤᠶᠠᠷ ᠲᠤ᠂ ᠲᠤᠭ᠎ᠠ ᠪᠦᠷᠢᠳᠬᠡᠯ ᠤᠨ ︽ᠨᠢᠭᠡ ᠵᠢᠷᠤᠭ︾ | ᠤᠨ ᠶᠡᠷᠦᠩᠬᠡᠶᠢᠯᠡᠭᠰᠡᠨ ᠬᠡᠷᠡᠭᠯᠡᠭᠡᠨ ᠤ ᠵᠠᠳᠠᠯᠤᠯᠲᠠ ᠶᠢᠨ ᠲᠠᠪᠴᠠᠩ ᠳᠡᠭᠡᠷ᠎ᠡ ︽ᠨᠢᠭᠡ ᠰᠢᠶᠠᠩ ᠪᠠᠯᠭᠠᠰᠤ ᠨᠢᠭᠡ ᠲᠠᠩᠰᠠ ᠡᠪᠬᠡᠮᠡᠯ︾ ᠢ ᠪᠠᠶᠢᠭᠤᠯᠤᠨ ᠲᠡᠭᠦᠯᠳᠡᠷᠵᠢᠭᠦᠯᠵᠦ᠂ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠪᠥᠬᠦ ᠣᠷᠣᠨ ᠤ ᠰᠤᠮᠤ ᠰᠢᠶᠠᠩ ᠪᠠᠯᠭᠠᠰᠤ ᠶᠢᠨ ᠲᠤᠭ᠎ᠠ ᠪᠦᠷᠢᠳᠬᠡᠯ ᠤᠨ ︽ᠨᠠᠢᠮᠠ ᠶᠢ ᠲᠡᠭᠦᠯᠳᠡᠷᠵᠢᠭᠦᠯᠵᠦ | ᠨᠠᠢᠮᠠ ᠶᠢ ᠪᠣᠯᠭᠠᠬᠤ︾ ᠶᠢ ᠠᠬᠢᠭᠤᠯᠤᠭᠰᠠᠨ ᠪᠠᠶᠢᠳᠠᠯ ᠢ ᠰᠢᠭᠤᠳ ᠪᠥᠭᠡᠳ ᠬᠥᠳᠡᠯᠦᠩᠭᠦᠶ ᠪᠠᠷ ᠡᠵᠡᠮᠰᠢᠪᠡ︔ ᠪᠥᠬᠦ ᠣᠷᠣᠨ ᠤ 1161 ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠢᠴᠢ ᠲᠤᠭ᠎ᠠ ᠪᠦᠷᠢᠳᠬᠡᠯ ᠤᠨ ᠲᠠᠯ᠎ᠠ ᠪᠠᠷ ᠰᠢᠶᠠᠩ ᠪᠠᠯᠭᠠᠰᠤᠨ ᠤ ᠱᠠᠲᠤ ᠲᠠᠢ ᠠᠳᠠᠯᠢ ᠪᠠᠷ ᠦᠵᠡᠵᠦ ᠪᠠᠶᠢᠭ᠎ᠠ | ᠨᠢᠭᠡᠴᠢ ᠶᠢᠨ ᠲᠤᠭ᠎ᠠ ᠪᠦᠷᠢᠳᠬᠡᠯ ᠤᠨ ᠠᠵᠢᠯ ᠤᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠣᠲᠣ ᠪᠣᠯᠲᠠᠯ᠎ᠠ᠂ ᠪᠥᠬᠦ ᠣᠷᠣᠨ ᠳᠤ ᠨᠡᠶᠢᠲᠡ 1930 | ᠭᠠᠷᠤᠶ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠲᠠᠢ᠂ ᠳᠤᠮᠳᠠᠴᠢ ᠨᠠᠰᠤ ᠨᠢ 37 ᠪᠠᠶᠢᠵᠤ᠂ | ᠺᠣᠮᠫᠢᠦ᠋ᠲ᠋ᠧᠷ᠂ ᠲᠤᠭ᠎ᠠ ᠪᠦᠷᠢᠳᠬᠡᠯ ᠤᠨ ᠲᠤᠰᠬᠠᠶ ᠰᠦᠯᠵᠢᠶ᠎ᠡ ᠵᠡᠷᠭᠡ ᠠᠵᠢᠯᠯᠠᠬᠤ ᠨᠥᠬᠦᠴᠡᠯ ᠢ ᠨᠢ ᠦᠷᠭᠦᠯᠵᠢᠯᠡᠨ ᠰᠠᠶᠢᠵᠢᠷᠠᠭᠤᠯᠪᠠ︔ 2021 ᠣᠨ ᠤ ᠪᠥᠬᠦ | ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠳᠡᠭᠡᠷ᠎ᠡ᠂ ᠲᠦᠷᠦᠭᠦᠤ ᠪᠦᠯᠦᠭ ᠤᠨ ︽ᠨᠠᠢᠮᠠ ᠶᠢ ᠲᠡᠭᠦᠯᠳᠡᠷᠵᠢᠭᠦᠯᠵᠦ ᠨᠠᠢᠮᠠ ᠶᠢ ᠪᠣᠯᠭᠠᠬᠤ︾ ᠶᠢ ᠠᠬᠢᠭᠤᠯᠬᠤ | ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ 39 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢ ᠨᠡᠶᠢᠲᠡᠯᠡᠨ 365赢多少钱会被限额_国内有真正的365平台吗_365bet博彩官网 | ᠰᠠᠶᠢᠰᠢᠶᠠᠭᠰᠠᠨ ᠤ ᠬᠠᠮᠲᠤ᠂ ᠳᠠᠷᠠᠭᠠᠴᠢ ᠶᠢᠨ ᠠᠯᠬᠤᠮ ᠤᠨ ᠵᠢᠷᠤᠮᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠢᠯᠡᠳᠲᠡ ᠪᠠᠶᠢᠭ᠎ᠠ | ᠰᠢᠶᠠᠩ ᠪᠠᠯᠭᠠᠰᠤ ᠶᠢ ᠨᠡᠶᠢᠲᠡᠯᠡᠨ ᠰᠠᠶᠢᠰᠢᠶᠠᠬᠤ ᠶᠢ ᠪᠠᠶᠢᠩᠭᠤᠵᠢᠭᠤᠯᠤᠨ᠎ᠠ᠃ ᠭᠤᠷᠪᠠ ᠳᠤ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠬᠤ ᠠᠵᠢᠯ ᠤᠨ ᠠᠷᠭ᠎ᠠ ᠬᠢᠳᠡᠯ ᠪᠠ | ᠨᠡᠶᠢᠲᠡᠯᠢᠭ ᠲᠤᠷᠰᠢᠯᠭ᠎ᠠ ᠶᠢ ᠪᠥᠬᠦ ᠤᠯᠤᠰ ᠤᠨ ᠲᠤᠭ᠎ᠠ ᠪᠦᠷᠢᠳᠬᠡᠯ ᠤᠨ ᠰᠢᠰᠲ᠋ᠧᠮ ᠳᠤ ᠥᠷᠭᠡᠨ ᠢᠶᠠᠷ ᠰᠣᠯᠢᠯᠴᠠᠨ ᠳᠡᠯᠭᠡᠷᠡᠭᠦᠯᠦᠭᠰᠡᠨ ᠤ ᠬᠠᠮᠲᠤ ᠤᠢᠢᠷ᠎ᠠ ᠶᠢᠨ | ᠵᠢᠯ ᠠᠴᠠ ᠨᠠᠭᠠᠰᠢᠬᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠷᠯᠠᠨ ᠮᠡᠳᠡᠭᠡᠯᠡᠭᠰᠡᠨ ᠲᠤᠬᠠᠶᠢᠯᠠᠭᠰᠠᠨ ᠠᠵᠢᠯ ᠤᠨ ᠬᠢᠨᠠᠨ ᠰᠢᠯᠭᠠᠷᠠᠭᠤᠯᠤᠯᠲᠠ ᠳᠤ | ᠮᠠᠨ ᠤ ᠣᠷᠣᠨ ᠤ ᠤᠯᠠᠨ ᠵᠦᠢᠯ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠰᠢᠯᠢᠳᠡᠭ ᠪᠦᠲᠦᠮᠵᠢ ᠣᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠨᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠳᠡᠮ ᠤᠨ | ᠨᠣᠲᠠᠯᠠᠯᠲᠠ ᠶᠢ ᠣᠯᠪᠠ᠂ ᠡᠨᠡ ᠨᠢ ᠪᠠᠰᠠ ᠴᠦ ᠦᠨᠳᠦᠰᠦᠨ ᠱᠠᠲᠤᠨ ᠤ ᠰᠠᠭᠤᠷᠢ ᠠᠵᠢᠯ ᠢ ᠠᠳᠬᠤᠭᠰᠠᠨ ᠬᠠᠮᠤᠭ ᠤᠨ ᠶᠡᠭᠡ ᠦᠷ᠎ᠡ ᠪᠦᠲᠦᠮᠵᠢ ᠪᠣᠯᠤᠨ᠎ᠠ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠵᠢᠴᠢ ᠲᠦᠬᠦᠷᠵᠢᠭᠦᠯᠬᠦ ᠪᠠᠷᠢᠮᠵᠢᠶ᠎ᠠ ᠶᠢᠨ ᠲᠤᠬᠠᠶ | ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠳᠤ ᠴᠢᠭᠯᠡᠭᠦᠯᠦᠨ ︽ᠲᠠᠪᠤ ᠶᠢ ᠵᠢᠷᠤᠮᠵᠢᠭᠤᠯᠵᠤ ᠳᠥᠷᠪᠡ ᠶᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢ | ᠳᠤᠷᠠᠳᠪᠠ᠂ ᠲᠤᠬᠠᠶᠢᠯᠠᠪᠠᠯ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠠᠷᠢᠮᠲᠠ ᠭᠠᠷᠭᠠᠬᠤ ᠴᠤᠪᠤᠷᠠᠯ ᠢ ᠵᠢᠷᠤᠮᠵᠢᠭᠤᠯᠬᠤ᠂ | ᠲᠤᠭ᠎ᠠ ᠪᠦᠷᠢᠳᠬᠡᠯ ᠤᠨ ᠪᠣᠯᠪᠠᠰᠤᠷᠠᠯ ᠬᠥᠮᠦᠵᠢᠯ ᠢ ᠵᠢᠷᠤᠮᠵᠢᠭᠤᠯᠬᠤᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠬᠤ᠂ ᠲᠤᠭ᠎ᠠ | ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠢ | ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠬᠤ ᠬᠢᠷᠢ ᠲᠦᠪᠰᠢᠨ ᠢ | ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 9 ᠵᠦᠢᠯ 27 ᠵᠤᠷᠪᠤᠰ ᠵᠢᠷᠤᠮᠵᠢᠭᠤᠯᠤᠯᠲᠠ ᠶᠢᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ ᠲᠣᠭᠲᠠᠭᠠᠪᠠ᠃ | 2020 ᠣᠨ ᠤ 9 ᠳ᠋ᠦ᠋ᠭᠡᠷ ᠰᠠᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 12 ᠳ᠋ᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃ 2021 ᠣᠨ ᠤ 3 ᠳ᠋ᠤᠭᠠᠷ ᠰᠠᠷ᠎ᠠ ᠳᠤ᠂ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠲᠤᠭ᠎ᠠ | ᠪᠦᠷᠢᠳᠬᠡᠯ ᠤᠨ ᠲᠣᠪᠴᠢᠶ᠎ᠠ ᠳᠤ ᠰᠢᠮᠳᠠᠭᠤᠯᠤᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠭᠰᠠᠨ ᠰᠠᠨᠠᠯ ᠳᠤ ᠪᠠᠨ᠂ ᠬᠤᠰᠢᠭᠤ ᠰᠢᠶᠠᠨ ᠤ ᠲᠤᠭ᠎ᠠ ᠪᠦᠷᠢᠳᠬᠡᠯ ᠤᠨ | ᠠᠵᠢᠯ ᠤᠨ ᠲᠠᠯ᠎ᠠ ᠪᠠᠷ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ ᠭᠡᠵᠦ ᠲᠣᠳᠣᠷᠬᠠᠶ ᠵᠢᠭᠠᠵᠤ ᠭᠠᠷᠭᠠᠪᠠ᠃ ᠣᠳᠣᠬᠠᠨ ᠳᠤ ᠪᠢᠳᠡ ᠶᠠᠭ ᠬᠤᠰᠢᠭᠤ ᠰᠢᠶᠠᠨ ᠤ | ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠠᠵᠢᠯ ᠤᠨ ᠬᠦᠴᠦᠨ ᠢ ᠭᠦᠢᠴᠡᠳ ᠳᠣᠭᠢᠷᠠᠭᠤᠯᠤᠨ ᠴᠢᠩᠭᠠᠳᠬᠠᠬᠤ᠂ ᠬᠤᠰᠢᠭᠤ ᠰᠢᠶᠠᠨ ᠤ | ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠠᠰᠠᠭᠤᠳᠠᠯ ᠢ | ᠰᠢᠢᠳᠪᠦᠷᠢᠯᠡᠵᠦ ᠪᠠᠶᠢᠨ᠎ᠠ᠃ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠳᠤ ᠴᠢᠭᠯᠡᠭᠦᠯᠦᠨ ︽ᠵᠢᠷᠭᠤᠭ᠎ᠠ ᠶᠢ ᠵᠢᠷᠤᠮᠵᠢᠭᠤᠯᠵᠤ ᠲᠠᠪᠤ ᠶᠢ ᠴᠢᠩᠭᠠᠳᠬᠠᠬᠤ︾ ᠠᠵᠢᠯ ᠤᠨ ᠬᠠᠷᠠᠯᠲᠠ ᠶᠢ | ᠳᠤᠷᠠᠳᠪᠠ᠂ ᠲᠤᠬᠠᠶᠢᠯᠠᠪᠠᠯ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠢᠷᠤᠭ | ᠲᠥᠯᠥᠪᠯᠡᠭᠡ ᠶᠢ ᠵᠢᠷᠤᠮᠵᠢᠭᠤᠯᠬᠤ᠂ ᠪᠠᠶᠢᠴᠠᠭᠠᠯᠲᠠ ᠶᠢᠨ ᠵᠦᠢᠯᠡᠰ ᠤᠨ ᠬᠢᠨᠠᠯᠲᠠ ᠵᠥᠪᠰᠢᠶᠡᠷᠡᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠠᠵᠢᠯᠯᠠᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠢᠷᠤᠮᠵᠢᠭᠤᠯᠬᠤ᠂ ᠲᠤᠭ᠎ᠠ ᠪᠠᠷᠢᠮᠲᠠ ᠶᠢ ᠨᠡᠶᠢᠲᠡᠯᠡᠬᠦ | ᠠᠭᠤᠯᠭ᠎ᠠ ᠶᠢ ᠵᠢᠷᠤᠮᠵᠢᠭᠤᠯᠬᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠬᠤ᠂ ᠨᠡᠷᠡᠰ ᠤᠨ ᠵᠢᠭᠰᠠᠭᠠᠯᠲᠠ ᠶᠢᠨ ᠮᠡᠳᠡᠭᠡ | ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠢ ᠦᠨᠡᠯᠡᠨ ᠵᠢᠱᠢᠵᠦ | ᠰᠢᠯᠭᠠᠨ ᠬᠤᠷᠢᠶᠠᠵᠤ ᠠᠪᠬᠤ ᠶᠢ ᠴᠢᠩᠭᠠᠳᠬᠠᠬᠤ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ ᠶᠠᠪᠤᠳᠠᠯ ᠪᠣᠯᠣᠨ᠎ᠠ᠃ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 11 ᠵᠦᠢᠯ 21 ᠵᠤᠷᠪᠤᠰ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ | ᠪᠥᠷᠢᠳᠦᠭᠦᠯᠦᠨ ᠲᠣᠭᠲᠠᠭᠠᠪᠠ᠃ | ︽ᠬᠠᠮᠢᠶᠠᠷᠤᠯᠲᠠ ᠶᠢᠨ ᠠᠷᠭ᠎ᠠ︾ ᠳᠤ ᠲᠣᠳᠣᠷᠬᠠᠶ ᠲᠣᠭᠲᠠᠭᠠᠭᠰᠠᠨ ᠨᠢ᠂ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ | ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠲᠠ ᠴᠤᠭᠯᠠᠭᠤᠯᠬᠤ᠂ ᠲᠤᠭ᠎ᠠ ᠪᠠᠷᠢᠮᠲᠠ ᠶᠢ ᠰᠢᠢᠳᠪᠦᠷᠢᠯᠡᠬᠦ ᠪᠠ ᠶᠠᠰᠤ ᠴᠢᠨᠠᠷ ᠢ ᠡᠵᠡᠮᠳᠡᠬᠦ ᠵᠡᠷᠭᠡ | ᠠᠵᠢᠯ ᠤᠨ ᠴᠤᠪᠤᠷᠠᠯ ᠢ ᠴᠢᠩᠭ᠎ᠠ ᠵᠢᠷᠤᠮᠵᠢᠭᠤᠯᠬᠤ ᠬᠡᠷᠡᠭᠲᠡᠶ︔ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ | ᠲᠣᠭᠲᠠᠭᠠᠭᠰᠠᠨ ︽ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠲᠦᠷᠢᠮ︾ ᠢ ᠴᠢᠩᠭ᠎ᠠ ᠬᠡᠷᠡᠭᠵᠢᠭᠦᠯᠬᠦ | ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠠᠰᠠ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠢ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠬᠤ᠂ ︽ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠭᠠᠷ ᠠᠪᠤᠯᠭ᠎ᠠ︾ ᠶᠢ ᠳᠠᠷᠤᠮᠠᠯᠯᠠᠨ ᠲᠠᠷᠬᠠᠭᠠᠬᠤ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠢᠯᠭᠠᠷᠠᠭᠤᠯᠤᠨ ᠪᠠᠶᠢᠴᠠᠭᠠᠬᠤ ᠪᠠ ᠥᠪᠡᠷ ᠢ ᠪᠠᠨ ᠪᠠᠶᠢᠴᠠᠭᠠᠬᠤ᠂ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ | ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ ᠰᠠᠶᠢᠲᠤᠷ ᠬᠢᠯᠭᠡᠪᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠳᠤ ᠴᠢᠭᠯᠡᠭᠦᠯᠦᠨ ︽ᠭᠤᠷᠪᠠ ᠶᠢ ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ | ᠠᠵᠢᠯ ᠤᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠡᠭᠦᠷᠭᠡ | ᠬᠠᠷᠢᠭᠤᠴᠠᠯᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠴᠤᠪᠤᠷᠠᠯ ᠢ ᠵᠢᠷᠤᠮᠵᠢᠭᠤᠯᠬᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ | ᠴᠢᠳᠠᠪᠤᠷᠢ ᠶᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠤᠨ ᠰᠢᠯᠭᠠᠨ ᠬᠢᠨᠠᠬᠤ ᠡᠷᠴᠢᠮ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 5 ᠵᠦᠢᠯ 16 ᠵᠤᠷᠪᠤᠰ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ | ᠲᠣᠭᠲᠠᠭᠠᠪᠠ᠃ | 2021 ᠣᠨ ᠤ 6 ᠳ᠋ᠤᠭᠠᠷ ᠰᠠᠷ᠎ᠠ ᠶᠢᠨ 11 ᠤ ᠡᠳᠦᠷ ︽ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ | ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠳᠦᠷᠢᠮ︾ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠵᠥᠪᠰᠢᠶᠡᠷᠡᠯ ᠢ ᠣᠯᠣᠭᠰᠠᠨ ᠠᠴᠠ | ᠨᠠᠭᠠᠰᠢ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠵᠢᠩᠬᠢᠨᠢ ᠪᠠᠷ ᠡᠬᠢᠯᠡᠵᠦ᠂ ᠣᠳᠣᠬᠠᠨ ᠳᠤ ᠶᠠᠭ | ᠭᠤᠷᠪᠠᠨ ᠠᠯᠬᠤᠮ ᠬᠤᠪᠢᠶᠠᠨ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ 58 ᠠᠵᠤ ᠠᠬᠤᠶᠢᠯᠠᠯ ᠳᠤ ᠤᠯᠠᠷᠢᠯ ᠤᠨ ᠲᠤᠭ᠎ᠠ | ᠪᠦᠷᠢᠳᠬᠡᠯ ᠤᠨ ᠬᠢᠨᠠᠨ ᠰᠢᠨᠵᠢᠯᠡᠯᠲᠡ ᠬᠢᠵᠦ ᠪᠠᠶᠢᠨ᠎ᠠ᠃ ᠬᠠᠮᠢᠶ᠎ᠠ ᠪᠥᠬᠦᠶ ᠲᠤᠭ᠎ᠠ ᠪᠠᠷᠢᠮᠲᠠ ᠪᠠ ᠵᠠᠳᠠᠯᠤᠨ ᠲᠠᠶᠢᠯᠪᠤᠷᠢᠯᠠᠬᠤ ᠠᠵᠢᠯ ᠢ ᠴᠤ ᠴᠠᠭ ᠲᠤᠬᠠᠢ ᠳᠤ ᠨᠢ | ᠳᠣᠭᠢᠷᠠᠭᠤᠯᠤᠨ ᠨᠡᠶᠢᠲᠡᠯᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠲᠤᠭ᠎ᠠ | ᠪᠦᠷᠢᠳᠬᠡᠯ ᠤᠨ ᠬᠦᠴᠦᠨ ᠨᠡᠮᠡᠷᠢᠯᠡᠵᠦ ᠪᠤᠢ᠃ | ᠠᠵᠤ ᠠᠬᠤᠶᠢᠯᠠᠯ ᠤᠨ ᠲᠤᠭ᠎ᠠ ᠪᠦᠷᠢᠳᠬᠡᠯ ᠳᠤ ᠴᠢᠭᠯᠡᠭᠦᠯᠦᠨ ︽ᠭᠤᠷᠪᠠ ᠶᠢ ᠵᠢᠷᠤᠮᠵᠢᠭᠤᠯᠵᠤ ᠳᠥᠷᠪᠡ ᠶᠢ ᠴᠢᠩᠭᠠᠷᠠᠭᠤᠯᠬᠤ︾ ᠠᠵᠢᠯ ᠤᠨ ᠬᠠᠷᠠᠯᠲᠠ ᠶᠢ | ᠳᠤᠷᠠᠳᠪᠠ᠂ ᠲᠤᠬᠠᠶᠢᠯᠠᠪᠠᠯ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯᠯᠠᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠭᠤᠯᠤᠯ ᠢ ᠵᠢᠷᠤᠮᠵᠢᠭᠤᠯᠬᠤ᠂ ᠠᠵᠤ ᠠᠬᠤᠶᠢᠯᠠᠯ ᠤᠨ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠬᠤ᠂ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠱᠠᠩᠨᠠᠨ ᠵᠠᠯᠬᠠᠭᠠᠬᠤ ᠳᠦᠷᠢᠮ ᠢ ᠴᠢᠩᠭᠠᠳᠬᠠᠬᠤ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ 7 ᠵᠦᠢᠯ 18 ᠵᠤᠷᠪᠤᠰ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠢᠵᠢ ᠪᠥᠷᠢᠳᠦᠭᠦᠯᠦᠨ ᠲᠣᠭᠲᠠᠭᠠᠪᠠ᠃ | ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠭᠤᠤᠯ ᠠᠭᠤᠯᠭ᠎ᠠ ᠪᠣᠯ ︽ᠤᠷᠢᠳ ᠢᠶᠠᠷ ᠡᠬᠡ | ᠲᠠᠩᠰᠠ ᠭᠠᠷᠭᠠᠵᠤ ᠳᠠᠷᠠᠭ᠎ᠠ ᠨᠢ ᠮᠡᠳᠡᠭᠦᠯᠦᠯᠲᠡ ᠶᠢᠨ ᠬᠦᠰᠦᠨᠦᠭᠲᠦ ᠵᠣᠬᠢᠶᠠᠬᠤ︾ ᠵᠠᠷᠴᠢᠮ ᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠤᠨ ᠡᠯᠧᠺᠲᠷᠣᠨ ᠲᠤᠭ᠎ᠠ | ᠪᠦᠷᠢᠳᠬᠡᠯ ᠤᠨ ᠪᠦᠷᠢᠨ ᠪᠦᠲᠦᠨ ᠡᠬᠡ ᠲᠠᠩᠰᠠ ᠶᠢ ᠪᠠᠶᠢᠭᠤᠯᠬᠤ ᠶᠠᠪᠤᠳᠠᠯ ᠪᠣᠯᠤᠨ᠎ᠠ᠃ ᠡᠭᠦᠨ ᠠᠴᠠ ᠭᠠᠳᠠᠨ᠎ᠠ᠂ ︽ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ | ᠶᠣᠰᠣᠭᠠᠷ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠢ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ | ᠵᠣᠬᠢᠶᠠᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠪᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠳᠤ ᠣᠷᠣᠯᠴᠠᠭᠤᠯᠵᠤ᠂ | ᠲᠤᠭ᠎ᠠ ᠪᠦᠷᠢᠳᠬᠡᠯ ᠤᠨ ᠠᠵᠢᠯᠲᠠᠨ ᠳᠤ ᠲᠣᠬᠢᠷᠠᠭᠤᠯᠤᠯᠲᠠ ᠬᠢᠵᠦ ᠬᠤᠪᠢᠷᠠᠯᠲᠠ ᠭᠠᠷᠬᠤ ᠦᠶ᠎ᠡ ᠳᠤ ᠪᠠᠰᠠ ᠴᠠᠭ ᠲᠤᠬᠠᠶ ᠳᠤ ᠨᠢ ᠳᠡᠩᠰᠡᠯᠡᠨ ᠲᠡᠮᠳᠡᠭᠯᠡᠬᠦ ᠬᠡᠷᠡᠭᠲᠡᠶ᠃ | ᠣᠲᠣ ᠪᠣᠯᠲᠠᠯ᠎ᠠ᠂ ᠪᠥᠬᠦ ᠣᠷᠣᠨ ᠤ ︽ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ ︵ᠲᠤᠭ᠎ᠠ ᠪᠦᠷᠢᠳᠬᠡᠯ ᠤᠨ ᠲᠠᠯ᠎ᠠ ᠪᠠᠷ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠤᠨ ᠲᠠᠰ ᠨᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠪᠠ ᠬᠤᠭᠤᠯᠠ ᠬᠤᠨᠤᠭ ᠤᠨ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ︶ ᠨᠢ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠦᠨᠳᠦᠰᠦᠨ ᠳᠤ ᠪᠠᠨ ᠵᠢᠷᠤᠮᠵᠢᠭᠤᠯᠤᠨ | ᠪᠠᠶᠢᠭᠤᠯᠵᠤ᠂ ︽ᠲᠤᠭ᠎ᠠ ᠪᠦᠷᠢᠳᠬᠡᠯ ᠨᠢ ᠦᠨᠳᠦᠰᠦ ᠪᠠᠷᠢᠮᠲᠠ ᠲᠠᠢ᠂ ᠪᠠᠶᠢᠴᠠᠭᠠᠬᠤ ᠳᠤ ᠦᠨᠳᠦᠰᠦ ᠪᠠᠷᠢᠮᠲᠠ ᠲᠠᠢ︾ ᠪᠠᠶᠢᠬᠤ ᠶᠢ ᠪᠡᠶᠡᠯᠡᠭᠦᠯᠵᠦ᠂ ᠠᠵᠤ | ᠠᠬᠤᠶᠢᠯᠠᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠨᠡᠬᠡᠮᠵᠢᠯᠡᠬᠦ ᠴᠢᠨᠠᠷ᠂ ᠬᠠᠷᠢᠴᠠᠭᠤᠯᠬᠤ ᠴᠢᠨᠠᠷ᠂ ᠵᠣᠬᠢᠴᠠᠩᠭᠤᠢ ᠴᠢᠨᠠᠷ ᠨᠢ ᠴᠦ ᠤᠯᠠᠮ ᠠᠴᠠ ᠤᠯᠠᠮ ᠰᠠᠶᠢᠨ | ᠪᠣᠯᠵᠣ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠂ ᠬᠠᠮᠵᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠲᠠᠪᠤᠨ | ᠬᠦᠷᠢᠶ᠎ᠡ ᠴᠠᠷᠠᠭᠠᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠵᠡᠷᠭᠡ ᠳᠤ ᠨᠢ ᠭᠦᠨᠵᠡᠭᠡᠶ | ᠠᠬᠢᠭᠤᠯᠵᠤ᠂ ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠳᠤ ᠲᠤᠭ᠎ᠠ ᠪᠦᠷᠢᠳᠬᠡᠯ ᠤᠨ ᠬᠦᠴᠦᠨ ᠴᠢᠳᠠᠯ ᠢ ᠲᠠᠰᠤᠷᠠᠯᠲᠠ ᠥᠬᠡᠶ ᠨᠡᠮᠡᠷᠢᠯᠡᠨ᠎ᠡ᠃ | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ | ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠳᠠᠯ | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠤᠰᠢᠭᠤ | ᠰᠢᠶᠠᠨ ᠤ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠵᠢᠯᠣᠭᠤᠳᠬᠤ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠣᠶ︖ | ᠰᠢᠶᠠ ᠷᠦᠩ ᠬᠤᠸᠠ᠄ ᠭᠤᠤᠯᠳᠠᠭᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠨ ᠬᠢᠨᠠᠯᠲᠠ ᠪᠠᠶᠢᠴᠠᠭᠠᠯᠲᠠ ᠬᠢᠬᠦ ᠳᠤ ᠲᠦᠰᠢᠭᠯᠡᠨ ᠠᠵᠢᠯ ᠢᠶᠠᠨ ᠥᠷᠨᠢᠭᠦᠯᠪᠡ᠃ 2018 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠠᠴᠠ ᠨᠢᠭᠡ ᠵᠢᠯ ᠤᠨ ᠳᠣᠲᠣᠷ᠎ᠠ 12 ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠳᠤ ︽ᠪᠦᠬᠦᠨ ᠢ ᠬᠠᠮᠤᠷᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠬᠡᠷᠡᠭᠲᠡᠶ ᠭᠡᠵᠦ ᠠᠩᠬ᠎ᠠ ᠤᠳᠠᠭ᠎ᠠ ᠳᠤᠷᠠᠳᠤᠨ ᠭᠠᠷᠭᠠᠪᠠ᠃ 3 ᠵᠢᠯ ᠤᠨ | ᠲᠤᠷᠰᠢ᠂ ᠡᠨᠡ ᠬᠦ ᠬᠠᠷᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ᠂ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠮᠤᠷᠤᠭᠰᠠᠨ ︽ᠭᠤᠷᠪᠠ ᠶᠢ ᠨᠢᠭᠡ | ᠴᠣᠭᠴᠠᠵᠢᠭᠤᠯᠤᠭᠰᠠᠨ︾ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠠᠭᠪᠤᠷ ᠪᠠ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠢᠶᠠᠷ ᠲᠦᠷᠦᠭᠦᠯᠡᠭᠦᠯᠦᠭᠰᠡᠨ᠂ ᠲᠤᠰᠬᠠᠶ ᠮᠡᠷᠭᠡᠵᠢᠯ ᠤᠨ ᠡᠩᠨᠡᠭᠡ ᠳᠠᠭᠠᠵᠤ ᠤᠷᠤᠭᠰᠢᠯᠠᠭᠰᠠᠨ᠂ ᠦᠨᠳᠦᠰᠦᠨ ᠱᠠᠲᠤ ᠬᠠᠷᠢᠯᠴᠠᠨ ᠬᠤᠯᠪᠣᠭᠠᠯᠠᠭᠰᠠᠨ ᠪᠥᠬᠦ | ᠠᠵᠢᠯᠲᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠬᠤ ᠲᠣᠭᠲᠠᠴᠠ ᠶᠢ ᠪᠠᠶᠢᠭᠤᠯᠪᠠ᠃ | ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠨᠢᠭᠡᠳᠬᠡᠨ᠂ ᠬᠤᠰᠢᠭᠤ | ᠰᠢᠶᠠᠨ ᠤ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠤᠰᠢᠭᠤ ᠰᠢᠶᠠᠨ ᠤ ᠱᠠᠲᠤᠨ ᠤ ᠲᠤᠭ᠎ᠠ 365赢多少钱会被限额_国内有真正的365平台吗_365bet博彩官网 | ᠪᠦᠷᠢᠳᠬᠡᠯ ᠤᠨ ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ 27 ᠵᠤᠷᠪᠤᠰ ᠪᠣᠳᠠᠲᠠᠶ ᠪᠠᠷᠢᠮᠵᠢᠶ᠎ᠠ ᠶᠢ ᠪᠦᠬᠦᠨ ᠢ ᠤᠳᠠᠭ᠎ᠠ ᠪᠦᠷᠢ ᠶᠢᠨ ᠥᠷᠨᠢᠭᠦᠯᠬᠦ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠪᠠᠶᠢᠴᠠᠭᠠᠯᠲᠠ ᠬᠢᠬᠦ ᠳᠤ ᠵᠠᠪᠠᠯ ᠪᠠᠶᠢᠴᠠᠭᠠᠬᠤ ᠠᠭᠤᠯᠭ᠎ᠠ ᠳᠤ ᠣᠷᠣᠭᠤᠯᠵᠠᠶ᠃ ᠬᠤᠰᠢᠭᠤ ᠰᠢᠶᠠᠨ ᠤ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠠᠶᠢᠭᠤᠯᠤᠯᠲᠠ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠪᠣᠯᠪᠠᠰᠤᠷᠠᠯ ᠵᠡᠷᠭᠡ ᠪᠠᠶᠢᠳᠠᠯ ᠢ ᠭᠤᠤᠯᠳᠠᠯᠭ᠎ᠠ ᠲᠠᠢ ᠠᠩᠬᠠᠷᠬᠤ ᠶᠢᠨ ᠬᠠᠮᠲᠤ | ᠪᠠᠶᠢᠩᠭᠤᠵᠢᠭᠰᠠᠨ ᠮᠡᠳᠡᠭᠡᠯᠡᠯ ᠰᠠᠨᠠᠭᠤᠯᠤᠮᠵᠢ᠂ ᠪᠠᠶᠢᠩᠭᠤᠵᠢᠭᠰᠠᠨ ᠰᠢᠮᠳᠠᠭᠤᠯᠤᠨ ᠪᠠᠶᠢᠴᠠᠭᠠᠯᠲᠠ ᠶᠢ ᠬᠡᠷᠡᠭᠵᠢᠭᠦᠯᠦᠪᠡ᠃ ᠵᠢᠱᠢᠶᠡᠯᠡᠪᠡᠯ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠬᠢᠷᠢ ᠬᠡᠮ ᠲᠠᠢ ᠠᠵᠢᠯᠲᠠᠨ ᠢ ᠠᠳᠠᠭ ᠲᠤ ᠪᠠᠨ 2 ᠠᠴᠠ | ᠳᠡᠭᠡᠭᠰᠢ ᠲᠣᠬᠢᠷᠠᠭᠤᠯᠵᠤ᠂ 1 ᠵᠢᠯ ᠤᠨ ᠳᠣᠲᠣᠷ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠲᠤᠭ᠎ᠠ ᠪᠦᠷᠢᠳᠬᠡᠯ ᠤᠨ ᠠᠵᠢᠯᠲᠠᠨ ᠤ ᠪᠠᠨ ᠪᠣᠯᠪᠠᠰᠤᠷᠠᠯ ᠢ ᠪᠦᠬᠦᠨ ᠢ ᠪᠦᠷᠬᠦᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠢ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ | ᠪᠠᠶᠢᠭᠤᠯᠤᠭᠰᠠᠨ ᠮᠡᠳᠡᠯᠭᠡ ᠪᠠᠨ ᠰᠢᠨᠡᠳᠬᠡᠬᠦ ᠪᠣᠯᠪᠠᠰᠤᠷᠠᠯ ᠳᠤ ᠵᠢᠯ ᠪᠦᠷᠢ ᠠᠳᠠᠭ ᠲᠤ ᠪᠠᠨ 1 ᠤᠳᠠᠭ᠎ᠠ ᠣᠷᠣᠯᠴᠠᠬᠤ ᠬᠡᠷᠡᠭᠲᠡᠢ ᠵᠡᠷᠭᠡ ᠪᠣᠯ ᠴᠥᠮ ᠴᠢᠩᠭ᠎ᠠ ᠬᠢᠵᠠᠭᠠᠷᠯᠠᠯ | ᠪᠣᠯᠤᠨ᠎ᠠ᠃ | ᠵᠥᠩ ᠾᠦᠩ ᠰᠦᠯᠵᠢᠶᠡᠨ ᠤ ᠰᠤᠷᠪᠤᠯᠵᠢᠯᠠᠭᠴᠢ᠄ ᠰᠠᠶ᠋ᠢᠬᠠᠨ ᠨᠡᠶᠢᠲᠡᠯᠡᠭᠰᠡᠨ ᠡᠬᠢᠯᠡᠯᠲᠡ ᠶᠢᠨ ᠦᠭᠡᠨ ᠳᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠶᠠᠷᠢᠬᠤ ᠳᠤ ᠪᠠᠨ᠂ ᠣᠳᠣᠬᠠᠨ ᠳᠤ ᠡᠨᠡ ᠬᠦ ᠠᠵᠢᠯ ᠢ ᠶᠠᠭ ᠭᠤᠷᠪᠠᠨ ᠠᠯᠬᠤᠮ ᠬᠤᠪᠢᠶᠠᠵᠤ | ᠶᠠᠪᠤᠭᠳᠠᠭᠤᠯᠵᠤ ᠪᠠᠶᠢᠨ᠎ᠠ ᠭᠡᠵᠡᠢ᠂ ᠨᠠᠷᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠰᠢᠶᠠ ᠷᠦᠩ ᠬᠤᠸᠠ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ ᠬᠦᠴᠦᠲᠡᠶ ᠪᠥᠭᠡᠳ ᠡᠮᠬᠢ ᠳᠢᠭᠯᠢᠮ ᠲᠠᠢ | ᠥᠷᠨᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ | ᠲᠤᠰᠬᠠᠶ ᠠᠵᠢᠯᠲᠠᠨ ᠢᠶᠠᠷ ᠲᠣᠰ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠴᠠᠭᠤᠯᠵᠤ ᠪᠤᠢ᠃ ᠡᠭᠦᠨ ᠳᠤ ᠨᠡᠶᠢᠲᠡ ᠭᠤᠷᠪᠠᠨ ᠠᠯᠬᠤᠮ ᠬᠤᠪᠢᠶᠠᠨ᠎ᠠ᠄ | ᠨᠢᠭᠡᠳᠦᠭᠡᠷ ᠠᠯᠬᠤᠮ ᠳᠤ᠂ 15 ᠬᠦᠷᠢᠶᠡᠯᠡᠩ ᠲᠣᠭᠤᠷᠢᠭ ᠤᠨ ᠳᠣᠲᠣᠷ᠎ᠠ ᠥᠷᠨᠢᠭᠦᠯᠵᠦ᠂ 15 ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ | ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠬᠦ ᠪᠠᠷ ᠳᠡᠮᠵᠢᠨ᠂ ᠬᠤᠶᠠᠳᠤᠭᠠᠷ | ᠤᠯᠠᠷᠢᠯ ᠳᠤ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠲᠤᠷᠰᠢᠨ ᠲᠠᠭᠯᠠᠵᠤ ᠲᠤᠷᠰᠢᠨ ᠮᠡᠳᠡᠭᠦᠯᠦᠭᠰᠡᠨ ᠤ ᠦᠷ᠎ᠡ | ᠳ᠋ᠦᠩ ᠨᠢ ᠵᠢᠱᠢᠭᠰᠡᠨ ᠦᠷ᠎ᠡ ᠪᠦᠲᠦᠮᠵᠢ ᠳᠤ ᠬᠥᠷᠪᠡ᠃ ᠬᠤᠶᠠᠳᠤᠭᠠᠷ ᠠᠯᠬᠤᠮ ᠳᠤ᠂ 15 ᠬᠦᠷᠢᠶᠡᠯᠡᠩ ᠲᠣᠭᠤᠷᠢᠭ ᠤᠨ ᠲᠤᠷᠰᠢᠨ ᠲᠠᠭᠯᠠᠵᠤ ᠲᠤᠷᠰᠢᠨ | ᠮᠡᠳᠡᠭᠦᠯᠦᠭᠰᠡᠨ ᠠᠵᠢᠯ ᠤᠨ ᠲᠤᠷᠰᠢᠯᠭ᠎ᠠ ᠶᠢ ᠭᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ ᠪᠠᠰᠠ ᠪᠤᠰᠤᠳ 17 ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ | ᠨᠠᠷᠢᠨ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠪᠡ᠃ ᠥᠨᠥᠳᠦᠷ᠂ ᠬᠤᠯᠪᠣᠭᠳᠠᠯ ᠪᠥᠬᠦᠶ ᠲᠤᠭ᠎ᠠ ᠪᠦᠷᠢᠳᠬᠡᠯ ᠤᠨ ᠠᠵᠢᠯᠲᠠᠳ ᠲᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠬᠢᠵᠦ ᠪᠠᠶᠢᠨ᠎ᠠ᠃ 10 ᠳ᠋ᠤᠭᠠᠷ ᠰᠠᠷ᠎ᠠ ᠳᠤ ᠡᠨᠡ ᠬᠦ 32 ᠬᠦᠷᠢᠶᠡᠯᠡᠩ ᠲᠣᠭᠤᠷᠢᠭ ᠲᠤ ᠭᠤᠷᠪᠠᠳᠤᠭᠠᠷ ᠤᠯᠠᠷᠢᠯ ᠤᠨ ᠲᠤᠷᠰᠢᠨ ᠲᠠᠭᠯᠠᠵᠤ ᠲᠤᠷᠰᠢᠨ | ᠮᠡᠳᠡᠭᠦᠯᠬᠦ ᠠᠵᠢᠯ ᠢ ᠥᠷᠨᠢᠭᠦᠯᠬᠦ ᠪᠠᠷ ᠪᠠᠶᠢᠨ᠎ᠠ᠃ ᠭᠤᠷᠪᠠᠳᠤᠭᠠᠷ ᠠᠯᠬᠤᠮ ᠳᠤ᠂ ᠵᠢᠯ ᠤᠨ ᠡᠴᠦᠰ ᠠᠴᠠ ᠡᠮᠦᠨ᠎ᠡ ᠪᠥᠬᠦ ᠣᠷᠣᠨ ᠤ 58 ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠪᠠᠷ ᠲᠥᠯᠥᠪᠯᠡᠵᠦ ᠪᠣᠶ᠃ | ᠶᠠᠷᠢᠶᠠᠨ ᠥᠬᠡᠶ᠂ ᠲᠤᠷᠰᠢᠨ ᠲᠠᠭᠯᠠᠵᠤ ᠲᠤᠷᠰᠢᠨ ᠮᠡᠳᠡᠭᠦᠯᠬᠦ ᠶᠠᠪᠤᠴᠠ ᠳᠤ᠂ ᠪᠢᠳᠡ ︽ᠨᠢᠭᠡ ᠰᠢᠶᠠᠩ ᠪᠠᠯᠭᠠᠰᠤ ᠨᠢᠭᠡ ᠲᠠᠩᠰᠠ ᠡᠪᠬᠡᠮᠡᠯ︾ ᠤᠨ ᠠᠷᠭ᠎ᠠ | ᠬᠢᠳᠡᠯ ᠢᠶᠠᠷ ᠲᠣᠯᠢ ᠪᠣᠯᠭᠠᠵᠤ᠂ ᠪᠠᠰᠠ ︽ᠨᠢᠭᠡ ᠬᠦᠷᠢᠶᠡᠯᠡᠩ ᠲᠣᠭᠤᠷᠢᠭ ᠨᠢᠭᠡ ᠲᠠᠩᠰᠠ ᠡᠪᠬᠡᠮᠡᠯ︾ ᠢ ᠵᠡᠷᠭᠡ ᠳᠤ ᠨᠢ ᠪᠠᠶᠢᠭᠤᠯᠵᠤ᠂ ᠬᠦᠷᠢᠶᠡᠯᠡᠩ ᠲᠣᠭᠤᠷᠢᠭ | ᠨᠢᠭᠡᠪᠦᠷᠢ ᠶᠢᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠬᠥᠳᠡᠯᠦᠩᠭᠦᠶ ᠪᠠᠷ ᠰᠢᠨᠡᠳᠬᠡᠨ ᠲᠡᠭᠦᠯᠳᠡᠷᠵᠢᠭᠦᠯᠵᠦ᠂ ᠬᠦᠷᠢᠶᠡᠯᠡᠩ | ᠲᠣᠭᠤᠷᠢᠭ ᠤᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠳᠬᠤᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠴᠢᠩᠭ᠎ᠠ ᠪᠣᠳᠠᠲᠠᠶᠢᠵᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ ︽ᠬᠠᠮᠢᠶᠠᠷᠤᠯᠲᠠ ᠶᠢᠨ ᠠᠷᠭ᠎ᠠ︾ ᠳᠤ ᠠᠵᠤ ᠠᠬᠤᠶᠢᠯᠠᠯ ᠤᠳ | ︽ᠤᠷᠢᠳ ᠢᠶᠠᠷ ᠡᠬᠡ ᠲᠠᠩᠰᠠ ᠪᠠᠶᠢᠭᠤᠯᠵᠤ ᠳᠠᠷᠠᠭ᠎ᠠ ᠨᠢ ᠮᠡᠳᠡᠭᠦᠯᠦᠯᠲᠡ ᠶᠢᠨ ᠬᠦᠰᠦᠨᠦᠭᠲᠦ ᠲᠠᠭᠯᠠᠬᠤ︾ ᠵᠠᠷᠴᠢᠮ ᠶᠣᠰᠣᠭᠠᠷ᠂ ᠨᠢᠭᠡᠳᠦᠯᠲᠡᠶ ᠵᠢᠷᠤᠮᠵᠢᠭᠰᠠᠨ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠭᠠᠷᠭᠠᠬᠤ ᠬᠡᠷᠡᠭᠲᠡᠶ ᠭᠡᠵᠦ ᠲᠣᠭᠲᠠᠭᠠᠪᠠ᠃ ᠠᠵᠤ ᠠᠬᠤᠶᠢᠯᠠᠯ ᠤᠨ ᠡᠯᠧᠺᠲᠷᠣᠨ ᠲᠤᠭ᠎ᠠ | ᠪᠦᠷᠢᠳᠬᠡᠯ ᠤᠨ ᠡᠬᠡ ᠲᠠᠩᠰᠠ ᠶᠢ ᠪᠠᠶᠢᠭᠤᠯᠬᠤ ᠶᠢᠨ ᠠᠴᠢ ᠬᠤᠯᠪᠣᠭᠳᠠᠯ ᠨᠢ ᠶᠠᠭᠤ ᠪᠣᠶ︖ | ᠫᠠᠨ ᡁᠢ ᠹᠧᠩ᠄ ᠨᠢᠭᠡᠳᠦᠭᠡᠷ ᠲᠤ᠂ ᠴᠢᠬᠤᠯᠠ ᠴᠢᠨᠠᠷ ᠤᠨ ᠲᠠᠯ᠎ᠠ ᠠᠴᠠ ᠠᠪᠴᠤ ᠬᠡᠯᠡᠪᠡᠯ᠂ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ | ᠲᠠᠩᠰᠠ ᠪᠣᠯ ᠠᠵᠤ ᠠᠬᠤᠶᠢᠯᠠᠯ ᠤᠨ ᠠᠩᠬᠠᠨ ᠤ ᠲᠡᠮᠳᠡᠭᠯᠡᠯ ᠪᠠ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠬᠤᠯᠪᠣᠵᠤ ᠪᠠᠶᠢᠭ᠎ᠠ ᠬᠥᠭᠦᠷᠭᠡ ᠮᠥᠨ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠨᠢᠭᠡᠳᠦᠭᠡᠷ ᠪᠣᠭᠤᠮᠲᠠ ᠮᠥᠨ᠃ ᠡᠶᠢᠮᠦ ᠠᠴᠠ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ ᠨᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ | ᠴᠢᠨᠠᠷ ᠤᠨ ᠰᠠᠭᠤᠷᠢ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠢᠮᠠᠭᠲᠠ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠲᠤᠭ᠎ᠠ ᠪᠦᠷᠢᠳᠬᠡᠯ ᠤᠨ ᠠᠵᠢᠯ ᠤᠨ ᠡᠭᠦᠰᠦᠯᠲᠡ ᠪᠠ ᠵᠣᠭᠰᠣᠯᠲᠠ ᠪᠣᠯᠭᠠᠵᠤ᠂ ᠡᠬᠢ ᠡᠭᠦᠰᠦᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ᠃ | ᠬᠤᠶᠠᠳᠤᠭᠠᠷ ᠲᠤ᠂ ᠵᠠᠪᠠᠯ ᠭᠦᠢᠴᠡᠳᠬᠡᠬᠦ ᠴᠢᠨᠠᠷ ᠤᠨ ᠲᠠᠯ᠎ᠠ ᠠᠴᠠ ᠠᠪᠴᠤ ᠬᠡᠯᠡᠪᠡᠯ᠂ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ | ᠲᠠᠩᠰᠠ ᠶᠢ ᠪᠠᠶᠢᠭᠤᠯᠤᠨ ᠪᠦᠷᠢᠨᠰᠢᠬᠦᠯᠬᠦ ᠪᠣᠯ ᠠᠵᠤ ᠠᠬᠤᠶᠢᠯᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠠᠨᠳᠤᠰᠢ ᠲᠠᠢ ᠵᠣᠬᠢᠴᠠᠯᠳᠤᠭᠤᠯᠵᠤ᠂ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠶᠠᠪᠤᠴᠠ ᠶᠢ ᠵᠢᠷᠤᠮᠵᠢᠭᠤᠯᠬᠤ ᠴᠢᠬᠤᠯᠠ ᠠᠷᠭ᠎ᠠ ᠪᠠᠷᠢᠯ ᠮᠥᠨ᠃ ᠡᠨᠡ ᠨᠢ ᠲᠠᠷᠠᠬᠠᠶ ᠪᠤᠲᠠᠷᠬᠠᠶ ᠠᠩᠬᠠᠨ ᠤ | ᠲᠡᠮᠳᠡᠭᠯᠡᠯ ᠢ ᠮᠡᠳᠡᠭᠡ ᠵᠠᠩᠭᠢᠵᠢᠭᠤᠯᠤᠨ ᠴᠤᠭᠯᠠᠭᠤᠯᠬᠤ᠂ ᠡᠮᠬᠢᠯᠡᠨ ᠨᠡᠶᠢᠯᠡᠭᠦᠯᠵᠦ ᠪᠤᠳᠤᠬᠤ ᠪᠠ ᠬᠠᠷᠢᠴᠠᠭᠤᠯᠤᠨ ᠵᠠᠳᠠᠯᠬᠤ ᠳᠤ ᠠᠰᠢᠭᠲᠠᠶ ᠪᠠᠶᠢᠵᠤ᠂ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠬᠤ ᠨᠢ ᠮᠠᠲ᠋ᠧᠷᠢᠶᠠᠯ ᠢ ᠰᠢᠰᠲ᠋ᠧᠮᠵᠢᠭᠦᠯᠬᠦ ᠪᠠ ᠡᠮᠬᠢ ᠵᠢᠷᠤᠮ ᠲᠠᠢ | ᠪᠣᠯᠭᠠᠬᠤ ᠳᠤ ᠠᠰᠢᠭᠲᠠᠶ ᠪᠠᠶᠢᠳᠠᠭ᠃ ᠪᠠᠰᠠ ᠲᠤᠭ᠎ᠠ ᠪᠦᠷᠢᠳᠬᠡᠯ ᠤᠨ ᠠᠵᠢᠯᠲᠠᠨ ᠤ ᠲᠣᠬᠢᠷᠠᠭᠤᠯᠤᠯᠲᠠ᠂ ᠠᠵᠢᠯ ᠰᠢᠯᠵᠢᠭᠰᠡᠨ ᠠᠴᠠ ᠪᠣᠯᠤᠭᠰᠠᠨ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠴᠤᠭᠯᠠᠭᠤᠯᠤᠨ ᠬᠠᠮᠢᠶᠠᠷᠬᠤ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ ᠪᠣᠯᠬᠤ ᠪᠥᠭᠡᠳ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠪᠥᠬᠦ ᠴᠤᠪᠤᠷᠠᠯ ᠢ ᠬᠠᠳᠠᠭᠠᠯᠠᠵᠤ ᠪᠣᠯᠬᠤ᠂ ᠳᠡᠯᠭᠡᠨ ᠦᠵᠡᠭᠦᠯᠵᠦ ᠪᠣᠯᠬᠤ ᠪᠠ ᠮᠥᠷᠳᠡᠵᠦ ᠪᠣᠯᠬᠤ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠤᠨ᠎ᠠ᠃ | ᠭᠤᠷᠪᠠᠳᠤᠭᠠᠷ ᠲᠤ᠂ ᠪᠣᠯᠤᠮᠵᠢᠲᠤ ᠴᠢᠨᠠᠷ ᠤᠨ ᠲᠠᠯ᠎ᠠ ᠠᠴᠠ ᠠᠪᠴᠤ ᠬᠡᠯᠡᠪᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2021 ᠣᠨ ᠤ 6 ᠳ᠋ᠤᠭᠠᠷ | ᠰᠠᠷ᠎ᠠ ᠶᠢᠨ 2 ᠤᠨ ᠡᠳᠦᠷ ︽ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ | ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠳᠤ ᠪᠥᠬᠦ ᠲᠠᠯ᠎ᠠ ᠶᠢᠨ | ᠰᠢᠰᠲ᠋ᠧᠮ ᠲᠠᠢ ᠦᠵᠦ ᠳᠠᠪᠬᠤᠷᠭ᠎ᠠ ᠶᠢᠨ ᠵᠢᠷᠤᠭ ᠲᠥᠯᠥᠪᠯᠡᠭᠡ ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠳᠠᠩᠰᠠ ᠶᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠰᠡᠳᠬᠢᠮᠵᠢ ᠨᠢ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠰᠡᠳᠬᠢᠮᠵᠢ ᠲᠠᠢ ᠭᠠᠷᠤᠯ ᠨᠢᠭᠡᠲᠡᠢ ᠪᠠᠶᠢᠵᠤ᠂ ᠤᠷᠢᠳ ᠬᠤᠵᠢᠳ ︽ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ | ᠡᠬᠡ ᠲᠠᠩᠰᠠ ᠶᠢ ᠪᠦᠷᠢᠨᠰᠢᠭᠦᠯᠬᠦ ᠲᠤᠬᠠᠶ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ︽ᠠᠵᠤ ᠠᠬᠤᠶᠢᠯᠠᠯ ᠤᠨ ᠡᠯᠧᠺᠲᠷᠣᠨ ᠲᠤᠭ᠎ᠠ | ᠪᠦᠷᠢᠳᠬᠡᠯ ᠤᠨ ᠡᠬᠡ ᠲᠠᠩᠰᠠ ᠶᠢ ᠪᠠᠶᠢᠭᠤᠯᠬᠤ ᠠᠵᠢᠯ ᠤᠨ ᠬᠢᠨᠠᠨ ᠰᠢᠯᠭᠠᠬᠤ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠡᠭᠦᠨ ᠤ ᠬᠠᠮᠲᠤ | ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠪᠠᠶᠢᠭᠤᠯᠤᠭᠰᠠᠨ ᠪᠠᠶᠢᠳᠠᠯ ᠢ ᠤᠳᠠᠭ᠎ᠠ ᠪᠦᠷᠢ ᠶᠢᠨ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠪᠠᠶᠢᠴᠠᠭᠠᠯᠲᠠ ᠬᠢᠬᠦ ᠳᠤ ᠵᠠᠪᠠᠯ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠬᠠᠮᠢᠶᠠᠷᠤᠨ ᠡᠵᠡᠮᠳᠡᠬᠦ ᠪᠣᠭᠤᠮᠲᠠ ᠶᠢ ᠤᠯᠠᠮ ᠨᠢᠭᠡ ᠠᠯᠬᠤᠮ ᠤᠷᠤᠭᠰᠢᠯᠠᠭᠤᠯᠵᠤ᠂ ᠡᠴᠦᠰ ᠤᠨ ᠵᠣᠷᠢᠯᠭ᠎ᠠ ᠨᠢ ᠳᠠᠷᠤᠶ ᠲᠤᠭ᠎ᠠ ᠪᠦᠷᠢᠳᠬᠡᠯ ᠤᠨ ᠡᠬᠢ ᠡᠭᠦᠰᠦᠯ ᠤᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ |