ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠪᠤᠢ︖ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ | ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠥᠰᠦᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠪ ᠤᠨ ᠪᠠ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ᠲᠥᠷᠥ | ᠠᠯᠪᠠᠨ ᠲᠠᠷᠬᠠᠭᠠᠭᠰᠠᠨ ﹇2020﹈ 19 ᠳ᠋ᠦ᠋ᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠬᠤᠶᠠᠷ᠂ ︽ᠬᠡᠷᠡᠭᠵᠢᠭᠦᠯᠬᠦ ᠲᠥᠰᠦᠯ︾ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ ᠨᠢ ᠶᠠᠭᠤ ᠪᠤᠢ︖ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ 365赢多少钱会被限额_国内有真正的365平台吗_365bet博彩官网 | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠣᠯᠤᠨ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ | ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠦᠬᠦᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠲᠣᠭᠲᠠᠪᠤᠷᠢᠲᠠᠶ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ | ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠦᠷᠢᠮ ᠢ ᠪᠣᠶ ᠪᠣᠯᠭᠠᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠶᠢᠨ | ᠬᠠᠮᠠᠭᠠᠯᠠᠯᠲᠠ ᠪᠠ ᠵᠦᠢ ᠵᠣᠬᠢᠰᠲᠠᠶ ᠠᠰᠢᠭᠯᠠᠯᠲᠠ ᠶᠢ ᠠᠬᠢᠭᠤᠯᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ | ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠭᠤᠷᠪᠠ᠂ ︽ᠬᠡᠷᠡᠭᠵᠢᠭᠦᠯᠬᠦ ᠲᠥᠰᠦᠯ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖ | ︽ᠣᠷᠣᠨ ᠨᠤᠲᠤᠭ ᠤᠨ ᠨᠡᠩ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠲᠣᠬᠢᠷᠠᠮᠵᠢᠲᠠᠶ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ ᠤ | ᠵᠠᠰᠠᠭ ᠤᠨ ᠣᠷᠳᠣᠨ ᠤ ᠬᠡᠳᠦ ᠣᠯᠠᠨ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠰᠬᠢᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠬᠦ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠪᠠᠶᠢᠭᠠᠯᠢ ᠶᠢᠨ | ᠡᠬᠢ ᠪᠠᠶᠠᠯᠢᠭ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠠᠶ ᠭᠠᠮᠰᠢᠭ ᠢ ᠰᠡᠷᠭᠡᠶᠢᠯᠡᠨ ᠵᠠᠰᠠᠬᠤ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠪᠤᠰᠤᠳ ᠵᠦᠢᠯ ᠵᠡᠷᠭᠡ 7 ᠲᠠᠯ᠎ᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ | ᠲᠣᠳᠣᠷᠬᠠᠶ ᠲᠣᠭᠲᠠᠭᠠᠪᠠ᠃ | ᠳᠥᠷᠪᠡ᠂ ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠪᠣᠶ︖ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠨᠢᠭᠲᠠᠷᠠᠭᠤᠯᠵᠤ᠂ | ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠲᠡᠢ ᠪᠡᠯᠡ ᠮᠥᠩᠭᠦ ᠶᠢᠨ | ᠪᠠᠲᠤᠯᠠᠭ᠎ᠠ ᠬᠠᠩᠭᠠᠨ᠎ᠠ︔ ᠭᠤᠷᠪᠠ ᠳᠤ᠂ ᠬᠤᠯᠪᠣᠭᠳᠠᠯ ᠪᠦᠬᠦᠢ ᠳᠦᠷᠢᠮ ᠢ ᠡᠮᠬᠢᠯᠡᠨ ᠵᠠᠰᠠᠵᠤ ᠪᠦᠷᠢᠨᠰᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ | ᠴᠢᠬᠤᠯᠠ ᠶᠡᠭᠡ ᠥᠭᠡᠷᠡᠴᠢᠯᠡᠯᠲᠡ ᠲᠠᠢ ᠣᠷᠭᠠᠨᠢᠭ ᠢᠶᠠᠷ ᠵᠣᠯᠭᠠᠭᠤᠯᠵᠤ᠂ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ |