内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2021/12/28
              12 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠬᠥᠬᠡᠬᠤᠲᠠ ᠶᠢᠨ ᠪᠣᠭᠤᠮᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠯᠢᠦ ᠯᠢᠩ ᠭᠤᠣᠯ ᠰᠡᠳᠦᠪᠲᠦ ᠨᠡᠶᠢᠲᠡᠯᠡᠯ ᠬᠢᠪᠡ ᠨᠡᠶᠢᠲᠡᠯᠡᠪᠡ᠃ ᠬᠥᠬᠡᠬᠤᠲᠠ ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠭᠠᠵᠠᠷ ᠤᠨ ᠳᠠᠷᠤᠭ᠎ᠠ ᠮᠠ ᠰᠢᠶᠤᠤ ᠬᠥᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠵᠢᠨ‌ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠨᠡᠶᠢᠲᠡᠯᠡᠯ ᠤᠨ ᠦᠭᠡ                 ᠬᠥᠬᠡᠬᠤᠲᠠ ᠪᠣᠭᠤᠮᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ  ᠯᠢᠦ ᠯᠢᠩ      ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠭᠤᠤᠯᠳᠠᠭᠤ ᠬᠥᠬᠡᠬᠤᠲᠠ ᠪᠣᠭᠤᠮᠲᠠ ᠶᠢᠨ ᠡᠨᠡ ᠵᠢᠯ ᠠᠴᠠ ᠨᠠᠭᠠᠰᠢ ᠵᠠᠯᠭᠠᠭ᠎ᠠ ᠪᠠᠷ ᠨᠡᠶᠢᠲᠡᠯᠡᠭᠰᠡᠨ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠤᠭᠰᠠᠨ ᠰᠢᠷᠢᠰ ᠠᠷᠭ᠎ᠠ ᠬᠡᠮᠵᠢᠶ᠎ᠡ ᠵᠢᠴᠢ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠭᠰᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠭᠰᠡᠨ᠂ ᠪᠣᠭᠤᠮᠲᠠ ᠪᠠᠷ ᠥᠩᠭᠡᠷᠡᠭᠦᠯᠬᠦ ᠴᠤᠪᠤᠷᠠᠯ ᠢ ᠰᠢᠯᠢᠳᠡᠭᠵᠢᠭᠦᠯᠦᠭᠰᠡᠨ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠲᠠᠨᠢᠯᠴᠠᠭᠤᠯᠤᠨ᠎ᠠ᠃      ᠬᠥᠬᠡᠬᠤᠲᠠ ᠪᠣᠭᠤᠮᠲᠠ 2 ᠳ᠋ᠤᠭᠠᠷ ᠰᠠᠷ᠎ᠠ ᠶᠢᠨ 18 ᠤ ᠡᠳᠦᠷ ᠤᠨ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠴᠢᠩᠭ᠎ᠠ᠂ ᠪᠣᠳᠠᠲᠠᠶ ᠠᠷᠭ᠎ᠠ ᠪᠠᠷ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠬᠡᠯᠪᠡᠷᠢ ᠶᠢᠨ ᠠᠵᠤ ᠠᠬᠤᠶ ᠶᠢᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠡ᠃ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠤ 10 ᠰᠠᠷ᠎ᠠ ᠳᠤ᠂ ᠬᠥᠬᠡᠬᠤᠲᠠ ᠪᠣᠭᠤᠮᠲᠠ ᠶᠢᠨ ᠬᠠᠷᠢᠶ᠎ᠠ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ 860.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.5% ᠪᠠᠷ ᠨᠡᠮᠡᠭᠳᠡᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ 1004.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠡᠨᠡ ᠵᠢᠯ ᠠᠴᠠ ᠨᠠᠭᠠᠰᠢ ᠬᠥᠬᠡᠬᠤᠲᠠ ᠪᠣᠭᠤᠮᠲᠠ ᠶᠢᠨ ᠬᠢᠨ ᠬᠠᠷᠢᠶ᠎ᠠ ᠣᠷᠣᠨ ᠤ ᠪᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠰᠠᠭᠤᠳᠠᠯ ᠪᠠ ᠪᠠᠴᠢᠮ ᠬᠡᠷᠡᠭᠴᠡᠭᠡ ᠶᠢ ᠣᠨᠢᠯᠠᠨ᠂ ᠳᠥᠭᠦᠮᠴᠢᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠦᠭᠦᠮᠴᠢᠯᠡᠯᠲᠡ ᠶᠢ ᠠᠬᠢᠭᠤᠯᠬᠤ 39 ᠵᠤᠷᠪᠤᠰ ᠠᠷᠭ᠎ᠠ ᠬᠡᠮᠵᠢᠶ᠎ᠡ᠂ ᠠᠭᠠᠷ ᠤᠨ ᠠᠶᠠᠯᠠᠯ ᠤᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠠᠮᠲᠤᠷᠠᠯᠴᠠᠨ ᠵᠣᠬᠢᠴᠠᠭᠤᠯᠬᠤ ᠲᠣᠭᠲᠠᠴᠠ ᠶᠢ ᠠᠬᠢᠭᠤᠯᠬᠤ ᠠᠷᠭ᠎ᠠ ᠬᠡᠮᠵᠢᠶ᠎ᠡ ᠶᠢ 13 ᠵᠤᠷᠪᠤᠰ ᠲᠣᠭᠲᠠᠭᠠᠵᠤ᠂ ᠬᠢᠯᠢ ᠠᠯᠤᠰᠯᠠᠭᠰᠠᠨ ᠠᠷᠠᠯᠵᠢᠶ᠎ᠠ ᠶᠢ ᠳᠥᠭᠦᠮᠴᠢᠯᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠨᠠᠷᠢᠯᠢᠬᠵᠢᠭᠤᠯᠬᠤ ᠠᠷᠭ᠎ᠠ ᠬᠡᠮᠵᠢᠶ᠎ᠡ ᠶᠢ 52 ᠵᠤᠷᠪᠤᠰ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠬᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠠᠵᠢᠯᠯᠠᠬᠤ ᠶᠢ ᠪᠠᠲᠤᠯᠠᠪᠠ᠃ ᠪᠣᠳᠠᠲᠠᠶ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠨᠢ ᠳᠣᠤᠷᠠᠬᠢ ᠮᠡᠲᠦ᠄      ᠨᠢᠭᠡ ᠳᠤ᠂ ᠥᠨᠳᠥᠷ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ ᠪᠠ ᠠᠵᠤ ᠠᠬᠤᠶᠢᠯᠠᠯ ᠳᠤ ᠠᠰᠢᠭ ᠣᠯᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠨᠠᠮ ᠤᠨ ᠬᠤᠷᠢᠶᠠᠨ ᠤ ᠭᠡᠰᠢᠭᠦᠳ ᠤᠨ ︽ᠪᠠᠶᠢᠴᠠᠭᠠᠨ ᠰᠤᠳᠤᠯᠬᠤ ᠭᠠᠷᠠᠭ︾ ᠤᠨ ᠠᠵᠢᠯᠯᠠᠭ᠎ᠠ ᠶᠢ ᠥᠷᠨᠢᠭᠦᠯᠵᠦ᠂ ᠲᠤᠰ ᠲᠤᠰ ᠪᠦᠯᠬᠦᠮ ᠳᠠᠭᠠᠭᠤᠯᠤᠨ ᠪᠣᠭᠤᠮᠲᠠ ᠶᠢᠨ ᠣᠷᠣᠨ ᠤ 8 ᠠᠶᠢᠮᠠᠭ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ 41 ᠠᠵᠤ ᠠᠬᠤᠶᠢᠯᠠᠯ ᠳᠤ ᠬᠦᠷᠴᠦ᠂ 34 ᠵᠦᠢᠯ ᠤᠨ ᠠᠰᠠᠭᠤᠳᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ 21 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ ︽ᠵᠠᠭᠤᠨ ᠬᠥᠮᠦᠨ ᠮᠢᠩᠭᠠᠨ ᠠᠵᠤ ᠠᠬᠤᠶᠢᠯᠠᠯ  ᠲᠠᠢ ᠬᠤᠯᠪᠣᠭᠠᠯᠠᠵᠤ᠂ ᠭᠠᠳᠠᠭᠠᠳᠤ ᠠᠷᠠᠯᠵᠢᠶ᠎ᠠ ᠶᠢ ᠬᠦᠴᠦᠯᠡᠨ ᠠᠬᠢᠭᠤᠯᠬᠤ︾ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ 5994 ᠠᠵᠤ ᠠᠬᠤᠶᠢᠯᠠᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠲᠣᠳᠣᠷᠬᠠᠶ ᠣᠶᠢᠯᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠪᠠ᠃ ︽ᠠᠵᠤ ᠠᠬᠤᠶᠢᠯᠠᠯ ᠲᠥᠷᠥ ᠶᠢᠨ ᠪᠣᠳᠣᠯᠭ᠎ᠠ ᠶᠢ ᠡᠷᠢᠬᠦ︾ ᠪᠠᠶᠢᠭᠰᠠᠨ ᠢ ︽ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠢ ᠡᠷᠢᠬᠦ︾ ᠪᠣᠯᠭᠠᠨ ᠬᠤᠪᠢᠷᠠᠭᠤᠯᠵᠤ᠂ ᠴᠤᠭᠯᠠᠭᠤᠯᠤᠭᠰᠠᠨ ᠠᠵᠤ ᠠᠬᠤᠶᠢᠯᠠᠯ ᠤᠨ ᠠᠰᠠᠭᠤᠳᠠᠯ ᠵᠢᠴᠢ ᠬᠦᠴᠢᠷᠳᠡᠯ ᠢ ᠦᠨᠳᠦᠰᠦᠯᠡᠨ᠂ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠵᠦ᠂ ᠨᠢᠭᠡ ᠲᠥᠷᠥᠯ ᠢ ᠵᠢᠷᠤᠮᠵᠢᠭᠤᠯᠤᠨ᠂ ᠨᠡᠶᠢᠲᠡᠯᠢᠭ ᠴᠢᠨᠠᠷᠲᠠᠶ ᠠᠰᠠᠭᠤᠳᠠᠯ ᠳᠤ ᠴᠢᠭᠯᠡᠭᠦᠯᠦᠨ ᠨᠢᠭᠡ ᠠᠴᠠ ᠨᠦᠬᠦᠭᠡ ᠶᠢ ᠵᠦᠢᠴᠢᠯᠡᠵᠦ᠂ ᠪᠦᠲᠦᠮᠵᠢᠲᠡᠶ ᠰᠢᠢᠳᠪᠦᠷᠢᠯᠡᠬᠦ ᠣᠷᠳᠣ ᠬᠤᠭᠤᠴᠠᠭᠠᠨ ᠤ ᠲᠥᠰᠦᠯ ᠢ ᠪᠣᠶ ᠪᠣᠯᠭᠠᠪᠠ᠃ ᠪᠣᠭᠤᠮᠲᠠ ᠶᠢᠨ 208 ᠬᠤᠯᠪᠣᠭᠠᠨ ᠤ ᠠᠵᠢᠯᠴᠢᠨ 1114 ᠭᠤᠣᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ 672 ᠬᠤᠪᠢ ᠠᠰᠠᠭᠤᠨ ᠯᠠᠪᠯᠠᠯᠲᠠ ᠳᠤ ᠬᠠᠷᠢᠭᠤᠯᠲᠠ ᠥᠭᠴᠦ᠂ 208 ᠤᠳᠠᠭ᠎ᠠ ᠲᠦᠷᠦ ᠶᠢᠨ ᠪᠤᠳᠤᠯᠭ᠎ᠠ ᠶᠢ

        365赢多少钱会被限额_国内有真正的365平台吗_365bet博彩官网

        ᠳᠡᠪᠰᠢᠭᠦᠯᠵᠦ᠂ 121 ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ 32 ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠵᠤ ᠯᠠᠪᠯᠠᠯᠲᠠ ᠪᠣᠯᠭᠠᠨ ᠳᠡᠯᠭᠡᠷᠡᠭᠦᠯᠬᠦ ᠳᠤ ᠵᠣᠷᠢᠭᠤᠯᠪᠠ᠃      ᠬᠤᠶᠠᠷ ᠲᠤ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠪᠠᠷ ᠥᠩᠭᠡᠷᠡᠬᠦ ᠪᠥᠬᠦ ᠬᠡᠯᠬᠢᠶ᠎ᠡ ᠪᠥᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠴᠠᠭ ᠢ ᠪᠣᠭᠤᠨᠢᠰᠬᠠᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠬᠤᠶᠠᠷ ᠠᠯᠬᠤᠮ ᠢᠶᠠᠷ ᠮᠡᠳᠡᠭᠦᠯᠬᠦ︾ ︽ᠬᠤᠶᠠᠷ ᠡᠭᠡᠯᠵᠢ ᠪᠠᠷ ᠬᠥᠳᠡᠯᠭᠡᠬᠦ︾︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠬᠤᠭᠤᠴᠠᠭᠠᠨ ᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠪᠠᠭᠠᠰᠬᠠᠪᠠ᠃ ᠲᠦᠷᠦᠭᠦᠤ 10 ᠰᠠᠷ᠎ᠠ ᠳᠤ᠂ ᠪᠣᠭᠤᠮᠲᠠ ᠶᠢᠨ ᠣᠷᠣᠨ ᠤ ᠭᠠᠳᠠᠭᠠᠳᠤ ᠣᠷᠣᠭᠤᠯᠤᠯᠲᠠ ᠶᠢᠨ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠨᠢ 40.95 ᠴᠠᠭ ᠪᠠᠶᠢᠵᠤ᠂ 72.43% ᠪᠠᠷ ᠪᠣᠭᠤᠨᠢᠰᠬᠠᠨ᠂ ᠭᠠᠳᠠᠭᠠᠳᠤ ᠭᠠᠷᠭᠠᠯᠲᠠ ᠶᠢᠨ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠨᠢ 0.35 ᠴᠠᠭ ᠪᠠᠶᠢᠵᠤ᠂ 84.7% ᠪᠠᠷ ᠪᠣᠭᠤᠨᠢᠰᠬᠠᠪᠠ᠃ ᠵᠠᠰᠠᠮᠠᠯ ᠵᠠᠮ ᠤᠨ ᠪᠣᠭᠤᠮᠲᠠ ᠶᠢᠨ ᠤᠶᠤᠨᠲᠤ ᠪᠣᠭᠤᠮᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠲᠥᠪᠯᠡᠷᠡᠭᠦᠯᠦᠨ ᠮᠡᠳᠡᠭᠦᠯᠬᠦ ᠴᠠᠭ ᠢ ᠳᠤᠮᠳᠠᠴᠢ ᠪᠠᠷ 10 ᠮᠢᠨᠦ᠋ᠲ ᠪᠠᠶᠢᠭᠰᠠᠨ ᠠᠴᠠ 1 ᠮᠢᠨᠦ᠋ᠲ ᠪᠣᠯᠭᠠᠨ ᠪᠣᠭᠤᠨᠢᠰᠬᠠᠪᠠ᠃ ᠣᠬ ᠭᠠᠷᠤᠯᠲᠠ ᠶᠢᠨ ᠭᠠᠵᠠᠷ ᠤᠨ ᠦᠨᠡᠮᠯᠡᠯ ᠵᠡᠷᠭᠡ ᠶᠢ ︽ᠭᠠᠭᠴᠠ ᠴᠣᠩᠬᠤᠪᠴᠢ︾ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠥᠯᠢᠶᠡᠨ ᠠᠪᠴᠤ ᠰᠢᠢᠳᠪᠦᠷᠢᠯᠡᠬᠦ᠂ ᠡᠯᠧᠺᠲᠷᠣᠨ ᠭᠠᠷ ᠤᠨ ᠥᠰᠥᠭ ᠵᠢᠷᠤᠬᠤ᠂ ᠪᠠᠶᠢᠴᠠᠭᠠᠨ ᠯᠠᠪᠯᠠᠵᠤ ᠮᠥᠷᠳᠡᠨ ᠨᠡᠬᠡᠮᠵᠢᠯᠡᠬᠦ ᠪᠠ ᠠᠵᠤ ᠠᠬᠤᠶᠢᠯᠠᠯ ᠤᠨ ᠥᠪᠡᠰᠦᠪᠡᠨ ᠳᠠᠷᠤᠮᠠᠯᠯᠠᠬᠤ ᠶᠢ ᠠᠬᠢᠭᠤᠯᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠬᠢᠨᠠᠨ ᠬᠠᠮᠢᠶᠠᠷᠬᠤ ᠦᠨᠡᠮᠯᠡᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠣᠮᠬᠠᠳᠬᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠨ ᠬᠠᠮᠢᠶᠠᠷᠴᠤ ᠰᠢᠯᠭᠠᠨ ᠬᠠᠷᠭᠤᠭᠤᠯᠬᠤ ᠴᠢᠬᠤᠯᠠᠲᠠᠶ ᠦᠨᠡᠮᠯᠡᠯ ᠶᠢ 41 ᠵᠦᠢᠯ ᠪᠣᠯᠭᠠᠨ ᠴᠣᠮᠬᠠᠳᠬᠠᠵᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ 3 ᠵᠦᠢᠯ ᠤᠨ ᠪᠠᠶᠢᠳᠠᠯ ᠠᠴᠠ ᠭᠠᠳᠠᠨ᠎ᠠ᠂ ᠦᠯᠡᠳᠡᠭᠰᠡᠨ 38 ᠵᠦᠢᠯ ᠢ ᠨᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠬᠦ ᠶᠢ ᠪᠡᠶᠡᠯᠡᠭᠦᠯᠪᠡ᠃      ᠭᠤᠷᠪᠠ ᠳᠤ᠂ ᠦᠢᠯᠡᠴᠢᠯᠡᠭᠡᠨ ᠤ ᠦᠷ᠎ᠡ ᠨᠥᠯᠥᠭᠡ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠵᠠᠮ ᠢ ᠴᠢᠨᠠᠭᠰᠢᠳᠠ ᠰᠢᠯᠤᠭᠤᠳᠬᠠᠪᠠ᠃ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠴᠢᠳᠠᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠥᠷᠭᠡᠨ ᠬᠡᠷᠡᠭᠴᠡᠭᠡᠨ ᠤ ᠠᠭᠤᠷᠬᠠᠶ ᠡᠨᠧᠷᠭᠢ ᠶᠢᠨ ᠦᠢᠯᠡᠳᠬᠦᠨ ᠢ ᠰᠢᠯᠭᠠᠨ ᠥᠩᠭᠡᠷᠡᠭᠦᠯᠬᠦ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠲᠤᠰᠬᠠᠶ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠨ᠂ ᠣᠷᠣᠨ ᠨᠤᠲᠤᠭ ᠤᠨ ᠬᠢᠨ ᠤ ᠨᠡᠭᠦᠷᠡᠰᠦᠨ ᠤ ᠲᠡᠭᠡᠭᠡᠪᠦᠷᠢ ᠶᠢᠨ ︽ᠲᠠᠷᠠᠬᠠᠶ ᠶᠢ ᠲᠦᠪᠯᠡᠷᠡᠩᠭᠦᠢ ᠪᠣᠯᠭᠠᠨ ᠥᠭᠡᠷᠡᠴᠢᠯᠡᠬᠦ︾ ᠪᠠ ᠳᠡᠭᠦᠵᠢᠯᠡᠨ ᠤᠭᠰᠠᠷᠠᠬᠤ ᠵᠠᠭᠪᠤᠷ ᠢᠶᠠᠷ ᠲᠡᠭᠡᠭᠡᠪᠦᠷᠢᠯᠡᠬᠦ ᠶᠢ ᠰᠦᠪᠡᠭᠴᠢᠯᠡᠨ ᠠᠬᠢᠭᠤᠯᠬᠤ ᠶᠢ ᠳᠡᠮᠵᠢᠵᠦ᠂ ︽ᠨᠢᠭᠡ ᠪᠣᠭᠤᠮᠲᠠ ᠳᠤ ᠨᠢᠭᠡ ᠲᠥᠰᠦᠯ ᠲᠣᠭᠲᠠᠭᠠᠬᠤ︾ ᠠᠷᠭ᠎ᠠ ᠬᠡᠮᠵᠢᠶ᠎ᠡ ᠠᠪᠴᠤ᠂ ᠬᠠᠭᠤᠷᠠᠶ ᠵᠠᠮ ᠤᠨ ᠪᠣᠭᠤᠮᠲᠠ ᠶᠢᠨ ︽ᠠᠶᠠᠨᠴᠢᠳ ᠢ ᠵᠣᠭᠰᠣᠭᠠᠵᠤ ᠪᠠᠷᠠᠭ᠎ᠠ ᠶᠢ ᠨᠡᠪᠲᠡᠷᠡᠭᠦᠯᠬᠦ︾ ᠵᠠᠭᠪᠤᠷ ᠳᠣᠤᠷᠠᠬᠢ ᠪᠠᠷᠠᠭᠠᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠲᠦᠷᠦᠭᠦᠦ 10 ᠰᠠᠷ᠎ᠠ ᠳᠤ᠂ ᠬᠥᠬᠡᠬᠤᠲᠠ ᠪᠣᠭᠤᠮᠲᠠ ᠶᠢᠨ ᠬᠠᠷᠢᠶ᠎ᠠ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 2643.8 ᠲᠦᠮᠡᠨ ᠲᠣᠨ ᠳᠤ ᠬᠦᠷᠴᠡᠢ᠃ ᠡᠷᠢᠶᠡᠨ ᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠵᠠᠩᠭᠢᠶᠠᠰᠤ ᠶᠢᠨ ᠳᠠᠪᠠᠭᠤᠯᠢᠭ ᠢ ᠴᠢᠷᠮᠠᠶᠢᠨ ᠪᠠᠳᠠᠷᠠᠭᠤᠯᠵᠤ᠂ ᠴᠢᠩᠭᠡᠯᠢᠭ ᠢ ᠪᠠᠶᠢᠴᠠᠭᠠᠨ ᠰᠢᠯᠭᠠᠬᠤ ᠳᠤ ᠪᠡᠯᠡᠳᠬᠡᠬᠦ ᠴᠠᠭ ᠨᠢ ᠣᠷᠳᠣ᠂ ᠡᠯᠧᠺᠲᠷᠤᠨᠴᠢᠯᠡᠭᠰᠡᠨ ᠲᠤᠭ᠎ᠠ ᠪᠠᠷᠢᠮᠲᠠ ᠶᠢ ᠵᠣᠯᠭᠠᠭᠤᠯᠬᠤ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠠᠬᠢᠭᠤᠯᠪᠠ᠃ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠠᠮᠵᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠵᠦ᠂ ᠦᠷᠭᠦᠯᠵᠢᠯᠡᠨ ᠥᠨᠳᠥᠷ ᠪᠠᠶᠢᠷᠢ ᠪᠠᠷ ᠠᠶᠠᠯᠠᠬᠤ ᠶᠢ ᠪᠠᠲᠤᠯᠠᠪᠠ᠃ ᠲᠦᠷᠦᠭᠦᠤ 10 ᠰᠠᠷ᠎ᠠ ᠳᠤ᠂ ᠪᠣᠭᠤᠮᠲᠠ ᠶᠢᠨ ᠬᠢᠨᠠᠨ ᠬᠠᠮᠢᠶᠠᠷᠴᠤ ᠪᠠᠶᠢᠭ᠎ᠠ ᠡᠷᠢᠶᠡᠨ

        365赢多少钱会被限额_国内有真正的365平台吗_365bet博彩官网

        ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠠᠮᠵᠢᠨ ᠬᠢᠯᠢ ᠪᠠᠷ ᠣᠷᠣᠭᠤᠯᠵᠤ ᠭᠠᠷᠭᠠᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2203 ᠴᠤᠪᠤᠭ᠎ᠠ᠂ 22.9 ᠲᠦᠮᠡᠨ ᠠᠪᠳᠠᠷ᠎ᠠ ᠠᠴᠢᠶᠠᠯᠠᠵᠤ᠂ ᠪᠠᠷᠠᠭᠠᠨ ᠤ ᠶᠡᠷᠦᠩᠬᠡᠶ ᠬᠦᠨᠳᠦ ᠨᠢ 192 ᠲᠦᠮᠡᠨ ᠲᠣᠨ᠂ ᠪᠠᠷᠠᠭᠠᠨ ᠤ ᠥᠷᠲᠡᠭ ᠨᠢ 314.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 12.86%᠂ 16.09%᠂ 3.52%᠂ 42.37% ᠪᠠᠷ ᠨᠡᠮᠡᠭᠳᠡᠵᠡᠶ᠃ ᠤᠯᠠᠭᠠᠨᠴᠠᠪ᠂ ᠣᠷᠳᠣᠰ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ︾ ᠶᠢ ᠳᠡᠮᠵᠢᠵᠦ᠂ ᠲᠦᠷᠦᠭᠦᠤ 10 ᠰᠠᠷ᠎ᠠ ᠳᠤ᠂ ᠤᠯᠠᠭᠠᠨᠴᠠᠪ ᠤᠨ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠲᠡ 160 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 52.6% ᠪᠠᠷ ᠨᠡᠮᠡᠭᠳᠡᠪᠡ︔ ᠤᠷᠳᠤᠰ ᠬᠤᠳᠠ ᠳᠤ ᠳᠤᠮᠳᠠᠳᠤ ᠧᠦ᠋ᠷᠣᠫᠠ ᠶᠢᠨ 8 ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠪᠡ᠃      ᠲᠦᠷᠪᠡ ᠳᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠪᠠᠭᠤᠷᠠᠭᠤᠯᠪᠠ᠃ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠤᠨ ᠰᠢᠨᠡᠳᠬᠡᠬᠦ ᠶᠢ ᠴᠢᠩᠭᠠᠷᠠᠭᠤᠯᠤᠨ᠂ ᠨᠠᠷᠢᠨ ᠬᠠᠭᠤᠳᠠᠰᠤ ᠠᠴᠠ ᠭᠠᠳᠠᠨ᠎ᠠ ᠶᠠᠮᠠᠷ ᠴᠦ ᠰᠦᠢᠳᠬᠡᠯ ᠬᠤᠷᠢᠶᠠᠵᠤ ᠪᠣᠯᠬᠤ ᠥᠬᠡᠶ ᠭᠡᠵᠦ ᠲᠣᠭᠲᠠᠭᠠᠨ᠂ ᠪᠣᠭᠤᠮᠲᠠ ᠶᠢᠨ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ᠂ ᠢᠯᠡ ᠲᠣᠳᠣ ᠪᠣᠯᠭᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠵᠤ ᠠᠬᠤᠶᠢᠯᠠᠯ ᠢ ᠵᠢᠯᠣᠭᠤᠳᠤᠨ ᠪᠠᠩᠬᠢ ᠶᠢᠨ ᠳᠠᠭᠠᠭᠠᠯᠲᠠ ᠶᠢᠨ ᠵᠠᠬᠢᠳᠠᠯ᠂ ᠠᠵᠤ ᠠᠬᠤᠶᠢᠯᠠᠯ ᠤᠨ ᠪᠦᠯᠦᠭᠯᠡᠯ ᠤᠨ ᠡᠳ᠋ ᠤᠨ ᠶᠠᠪᠤᠳᠠᠯ ᠤᠨ ᠳᠠᠭᠠᠭᠠᠯᠲᠠ ᠪᠠ ᠪᠣᠭᠤᠮᠲᠠ ᠶᠢᠨ ᠭᠠᠶᠢᠯᠢ ᠶᠢᠨ ᠪᠠᠲᠤᠯᠠᠭ᠎ᠠ ᠶᠢᠨ ᠳᠠᠭᠠᠳᠬᠠᠯ ᠵᠡᠷᠭᠡ ︽ᠣᠯᠠᠨ ᠵᠠᠮ ᠢᠶᠠᠷ ᠳᠠᠭᠠᠭᠠᠯᠲᠠ ᠬᠢᠬᠦ︾ ᠵᠠᠭᠪᠤᠷ ᠢ ᠬᠡᠷᠡᠭᠯᠡᠨ᠂ ᠪᠠᠷᠠᠭ᠎ᠠ ᠪᠡᠯᠡᠳᠬᠡᠬᠦ ᠦᠶᠡᠯᠡᠯ ᠤᠨ ᠬᠤᠭᠤᠴᠠᠭ᠎ᠠ ᠶᠢ ᠤᠷᠲᠤᠳᠬᠠᠭᠰᠠᠨ ᠠᠴᠠ ᠪᠣᠯᠤᠭᠰᠠᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠠᠷᠪᠢᠯᠠᠵᠤ᠂ ᠵᠢᠯ ᠤᠨ ᠳᠣᠲᠣᠷᠠᠬᠢ ᠳᠠᠭᠠᠭᠠᠯᠲᠠ ᠬᠢᠭᠰᠡᠨ ᠲᠤᠭ᠎ᠠ ᠬᠡᠮᠵᠢᠶ᠎ᠡ ᠨᠢ 3.53 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ 300 ᠭᠠᠷᠤᠶ ᠲᠦᠮᠡᠨ ᠲᠥᠭᠦᠷᠢᠭ ᠠᠷᠪᠢᠯᠠᠪᠠ᠃ 12 ᠳ᠋ᠤᠭᠠᠷ ᠰᠠᠷ᠎ᠠ ᠶᠢᠨ 1 ᠤ ᠡᠳᠦᠷ᠂ ᠠᠵᠤ ᠠᠬᠤᠶᠢᠯᠠᠯ ᠢᠶᠠᠷ ᠨᠢᠭᠡᠴᠢ ᠪᠣᠯᠭᠠᠭᠰᠠᠨ ᠭᠠᠶᠢᠯᠢ ᠶᠢᠨ ᠵᠣᠭᠤᠰ ᠤᠨ ᠳᠠᠭᠠᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠨᠢᠭᠡ ᠳᠠᠭᠠᠭᠠᠯᠲᠠ ᠶᠢ ᠪᠥᠬᠦ ᠤᠯᠤᠰ ᠤᠨ ᠪᠣᠭᠤᠮᠲᠠ ᠶᠢᠨ ᠣᠯᠠᠨ ᠵᠦᠢᠯ ᠤᠨ ᠭᠠᠶᠢᠯᠢ ᠶᠢᠨ ᠵᠣᠭᠤᠰ ᠤᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠳᠤ ᠵᠡᠷᠭᠡ ᠪᠠᠷ ᠬᠡᠷᠡᠭᠯᠡᠵᠦ ᠪᠣᠯᠬᠤ᠂ ᠳᠠᠭᠠᠭᠠᠯᠲᠠ ᠶᠢᠨ ᠵᠠᠬᠢᠳᠠᠯ ᠳᠠᠬᠢ ᠵᠣᠭᠤᠰ ᠤᠨ ᠲᠤᠭ᠎ᠠ ᠶᠢ ᠬᠠᠮᠲᠤ ᠪᠠᠷ ᠬᠡᠷᠡᠭᠯᠡᠵᠦ ᠪᠣᠯᠬᠤ᠂ ᠬᠦᠴᠦᠨ ᠲᠠᠢ ᠬᠤᠭᠤᠴᠠᠭᠠᠨ ᠳᠤ ᠡᠷᠭᠢᠯᠳᠦᠭᠦᠯᠦᠨ ᠬᠡᠷᠡᠭᠯᠡᠬᠦ ᠶᠢ ᠪᠡᠶᠡᠯᠡᠭᠦᠯᠦᠭᠰᠡᠨ ᠤ ᠬᠠᠮᠲᠤ ᠪᠥᠬᠦ ᠴᠤᠪᠤᠷᠠᠯ ᠱᠤᠭᠤᠮ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠡᠷ ᠠᠴᠠ ᠪᠠᠨ ᠭᠠᠷᠬᠤ ᠥᠬᠡᠶ ᠪᠠᠷ ᠡᠯ᠎ᠡ ᠲᠥᠷᠥᠯ ᠤᠨ ᠭᠠᠶᠢᠯᠢ ᠶᠢᠨ ᠵᠣᠭᠤᠰ ᠤᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠴᠢᠳᠠᠬᠤ ᠶᠢ ᠪᠡᠶᠡᠯᠡᠭᠦᠯᠪᠡ᠃ ᠪᠣᠭᠤᠮᠲᠠ ᠶᠢᠨ ᠣᠷᠣᠨ ᠤ ᠭᠠᠳᠠᠭᠠᠳᠤ ᠠᠴᠠ ᠣᠷᠣᠭᠤᠯᠬᠤ ᠮᠣᠩᠭᠤᠯ ᠤᠯᠤᠰ ᠤᠨ ᠲᠠᠸᠠᠷ ᠲᠤ ︽ᠠᠽᠢᠶ᠎ᠠ ᠨᠣᠮᠣᠬᠠᠨ ᠲᠡᠯᠡᠶ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ︾ ᠤᠨ ᠪᠣᠭᠤᠮᠲᠠ ᠶᠢᠨ ᠭᠠᠶᠢᠯᠢ ᠶᠢᠨ ᠬᠥᠩᠭᠡᠯᠡᠯᠲᠡ ᠬᠢᠬᠦ ᠶᠢ ᠢᠳᠡᠪᠬᠢᠲᠡᠢ ᠪᠠᠲᠤᠯᠠᠵᠤ᠂ ᠬᠡᠯᠡᠯᠴᠡᠭᠡᠷ ᠢ ᠬᠡᠷᠡᠭᠵᠢᠭᠦᠯᠦᠭᠰᠡᠨ ᠪᠠᠶᠢᠳᠠᠯ ᠢ ᠬᠥᠳᠡᠯᠦᠩᠭᠦᠶ ᠪᠠᠷ ᠬᠢᠨᠠᠨ ᠡᠵᠡᠮᠳᠡᠵᠦ᠂ ᠠᠵᠤ ᠠᠬᠤᠶᠢᠯᠠᠯ ᠢ ᠬᠠᠪᠰᠤᠷᠤᠨ 257 ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠦᠷᠲᠡᠭᠡᠪᠡ᠃ ᠠᠮᠧᠷᠢᠺᠠ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠲᠠᠸᠠᠷ ᠢ ᠭᠠᠳᠠᠭᠤᠷᠴᠢᠯᠠᠬᠤ ᠭᠤᠶᠤᠴᠢᠯᠠᠯ ᠵᠢᠴᠢ ᠭᠠᠳᠠᠭᠠᠳᠤ ᠠᠴᠠ ᠣᠷᠣᠭᠤᠯᠬᠤ ᠶᠢ ᠮᠡᠳᠡᠭᠦᠯᠬᠦ ᠠᠵᠢᠯ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ 158 ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠵᠤ ᠥᠭᠪᠡ᠃      ᠲᠠᠪᠤ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠦᠷᠭᠦᠯᠵᠢᠯᠡᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠪᠡ᠃ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠂ ︽ᠰᠢᠯᠢᠳᠡᠭ ᠡᠭᠦᠯᠳᠡᠷ ᠲᠤ ᠬᠡᠷᠡᠭᠯᠡᠬᠦ ᠮᠠᠯ ᠵᠢᠭᠦᠷᠲᠡᠨ ᠢ ᠣᠷᠣᠭᠤᠯᠤᠨ ᠠᠪᠴᠢᠷᠠᠬᠤ ᠬᠠᠭᠤᠷᠠᠶ ᠵᠠᠮ ᠪᠠ ᠠᠭᠠᠷ ᠤᠨ ᠬᠤᠩᠭᠢᠯ︾ ᠢ ᠨᠡᠪᠲᠡᠷᠡᠭᠦᠯᠵᠦ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ︽ᠬᠤᠨᠢ ᠶᠢᠨ ᠲᠤᠭ᠎ᠠ ᠲᠣᠯᠣᠭᠠᠢ ᠶᠢ ᠲᠣᠭᠲᠠᠪᠤᠷᠢᠵᠢᠭᠤᠯᠤᠨ ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢ ᠠᠬᠢᠭᠤᠯᠪᠠ᠃ ᠲᠦᠷᠦᠭᠦᠤ 10 ᠰᠠᠷ᠎ᠠ ᠳᠤ᠂ ᠭᠠᠳᠠᠭᠠᠳᠤ ᠠᠴᠠ ᠣᠷᠣᠭᠤᠯᠤᠭᠰᠠᠨ 1029 ᠬᠤᠴᠠ᠂ 6 ᠪᠦᠯᠦᠭ ᠤᠳᠠᠭ᠎ᠠ 14 ᠲᠦᠮᠡᠨ ᠡᠷᠡᠭᠴᠢᠨ ᠲᠠᠬᠢᠶ᠎ᠠ᠂ ᠮᠣᠩᠭᠤᠯ ᠤᠯᠤᠰ ᠤᠨ ᠠᠵᠢᠷᠭ᠎ᠠ 30 ᠲᠣᠯᠣᠭᠠᠢ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠦᠬᠡᠷ ᠤᠨ ᠦᠷ᠎ᠡ ᠶᠢᠨ ᠰᠢᠩᠭᠡᠨ 16 ᠪᠦᠯᠦᠭ ᠤᠳᠠᠭ᠎ᠠ 77.24 ᠲᠦᠮᠡ ᠳᠤ ᠬᠦᠷᠴᠡᠶ᠃ ᠭᠠᠳᠠᠭᠠᠳᠤ ᠳᠤ ᠭᠠᠷᠭᠠᠬᠤ ᠢᠳᠡᠭᠡᠨ ᠤ ᠠᠵᠤ ᠠᠬᠤᠶᠢᠯᠠᠯ ᠢ ᠵᠢᠯᠣᠭᠤᠳᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠯᠢ ᠶᠢᠨ ᠭᠠᠳᠠᠨᠠᠬᠢ ᠮᠡᠷᠭᠡᠵᠢᠯ ᠤᠨ ᠴᠢᠨᠠᠷᠲᠠᠶ ᠠᠷᠠᠯᠵᠢᠶ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠬᠦᠷᠭᠡᠨ ᠥᠭᠴᠦ᠂ ᠪᠣᠭᠤᠮᠲᠠ ᠶᠢᠨ ᠣᠷᠣᠨ ᠤ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠱᠤᠷᠠᠭ ᠵᠠᠮᠠᠭ᠂ ᠦᠷ᠎ᠡ ᠶᠢᠨ ᠲᠥᠷᠥᠯ᠂ ᠤᠰᠤ ᠦᠭᠡᠶᠢᠳᠡᠭᠦᠯᠦᠭᠰᠡᠨ ᠢᠳᠡᠰᠢᠨ ᠨᠣᠭᠤᠭ᠎ᠠ᠂ ᠴᠠᠭᠠᠨ ᠢᠳᠡᠭᠡ ᠵᠡᠷᠭᠡ ᠶᠢ 90 ᠭᠠᠷᠤᠶ ᠤᠯᠤᠰ ᠪᠠ ᠭᠠᠵᠠᠷ ᠣᠷᠣᠨ ᠳᠤ ᠪᠣᠷᠣᠯᠠᠭᠤᠯᠬᠤ ᠶᠢ ᠠᠬᠢᠭᠤᠯᠪᠠ᠃ ︽ᠥᠪᠥᠷ ᠮᠣᠩᠭᠤᠯ︾ ᠲᠡᠮᠳᠡᠭᠲᠦ ᠢᠳᠡᠭᠡᠨ ᠤ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠡᠭᠦᠨ ᠳᠤ ᠮᠧᠩ ᠨᠢᠦ ᠺᠣᠮᠫᠠᠨᠢ ᠶᠢᠨ ᠰᠦᠨ ᠤᠮᠳᠠᠭᠠᠨ ᠢ ᠠᠩᠬ᠎ᠠ ᠤᠳᠠᠭ᠎ᠠ ᠠᠮᠧᠷᠢᠺᠠ ᠳᠤ ᠭᠠᠷᠭᠠᠪᠠ᠃ ᠲᠦᠷᠦᠭᠦᠦ 10 ᠰᠠᠷ᠎ᠠ ᠳᠤ᠂ ᠬᠥᠬᠡᠬᠤᠲᠠ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ 23.7 ᠲᠦᠮᠡᠨ ᠲᠣᠨ ᠳᠤ ᠬᠦᠷᠴᠡᠢ᠃      ᠵᠢᠷᠭᠤᠭ᠎ᠠ ᠳᠤ᠂ ᠨᠡᠭᠡᠭᠡᠯᠲᠡ ᠶᠢᠨ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠤᠯᠠᠮ ᠨᠢᠭᠡ ᠠᠯᠬᠤᠮ ᠠᠬᠢᠭᠤᠯᠪᠠ᠃ ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠨᠳᠥᠷ ᠲᠦᠪᠰᠢᠨ ᠪᠦᠬᠦᠢ ᠨᠡᠭᠡᠭᠡᠯᠲᠡ ᠪᠠ ᠴᠢᠨᠠᠷᠯᠢᠭ ᠬᠥᠭᠵᠢᠯᠲᠡ ᠶᠢ ᠠᠬᠢᠭᠤᠯᠬᠤ 21 ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠵᠠᠮ ᠢᠶᠠᠷ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠪᠠ ᠪᠣᠯᠪᠠᠰᠤᠷᠠᠯ ᠢ ᠤᠯᠠᠨ ᠠᠷᠭ᠎ᠠ ᠵᠠᠮ ᠢᠶᠠᠷ ᠥᠷᠨᠢᠭᠦᠯᠵᠦ᠂ ᠨᠡᠩ ᠤᠯᠠᠨ ᠠᠵᠤ ᠠᠬᠤᠶᠢᠯᠠᠯ᠂ ᠨᠡᠩ ᠰᠠᠶᠢᠨ ᠲᠦᠷᠤᠯ ᠵᠦᠢᠯ ᠢ ᠭᠠᠶᠢᠯᠢ ᠪᠠᠲᠤᠯᠠᠬᠤ ᠣᠷᠣᠨ ᠳᠤ ᠣᠷᠣᠭᠤᠯᠤᠨ ᠬᠥᠭᠵᠢᠭᠦᠯᠬᠦ ᠶᠢ ᠬᠦᠳᠦᠯᠦᠨ ᠵᠢᠯᠣᠭᠤᠳᠴᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠡᠨᠡ ᠬᠦ ᠴᠢᠬᠤᠯᠠ ᠠᠵᠤ ᠠᠬᠤᠢ ᠶᠢᠨ ᠨᠡᠮᠡᠭᠳᠡᠯ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠪᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠳᠡᠯᠭᠡᠷᠡᠭᠦᠯᠵᠦ᠂ ᠬᠠᠷᠢᠶ᠎ᠠ ᠣᠷᠣᠨ ᠤ ᠬᠤᠶᠠᠷ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠴᠥᠮ ᠡᠩ ᠤᠨ ᠭᠠᠶᠢᠯᠢ ᠲᠤᠰᠢᠶᠠᠭᠴᠢ ᠶᠢᠨ ᠬᠢᠷᠢ ᠬᠡᠮ ᠤᠨ ᠲᠤᠷᠰᠢᠯᠲᠠ᠂ AEO ᠠᠵᠤ ᠠᠬᠤᠶᠢᠯᠠᠯ ᠤᠨ ᠵᠦᠷᠢᠶᠡᠴᠢᠯᠡᠭᠰᠡᠨ ᠬᠠᠮᠢᠶᠠᠷᠤᠯᠲᠠ᠂ ︽ᠲᠦᠷᠪᠡ ᠶᠢ ᠥᠪᠡᠰᠦᠪᠡᠨ ᠭᠦᠢᠴᠡᠳᠬᠡᠵᠦ ᠨᠢᠭᠡ ᠶᠢ ᠳᠥᠭᠦᠮᠴᠢᠯᠡᠬᠦ︾ ᠬᠢᠨᠠᠯᠲᠠ ᠬᠠᠮᠢᠶᠠᠷᠤᠯᠲᠠ ᠶᠢᠨ ᠰᠢᠨᠡᠴᠢᠯᠡᠯᠲᠡ ᠵᠡᠷᠭᠡ ᠠᠵᠢᠯ ᠢ ᠥᠷᠨᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠦᠷᠭᠡᠨ ᠬᠥᠭᠵᠢᠯᠲᠡ ᠶᠢᠨ ᠵᠠᠮ ᠳᠤ ᠣᠷᠣᠬᠤ ᠶᠢ ᠠᠬᠢᠭᠤᠯᠪᠠ᠃ ᠲᠦᠷᠦᠭᠦᠤ 10 ᠰᠠᠷ᠎ᠠ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠥᠷᠲᠡᠭ ᠲᠣᠰ ᠲᠣᠰ 31.3 ᠳ᠋ᠦᠩᠰᠢᠭᠤᠷ ᠲᠥᠭᠦᠷᠢᠭ᠂ 10.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 28.9 ᠳᠠᠬᠢᠨ᠂ 51.7 ᠳᠠᠬᠢᠨ ᠢᠶᠠᠷ ᠨᠡᠮᠡᠭᠳᠡᠵᠡᠶ᠃      ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠬᠥᠬᠡᠬᠤᠲᠠ ᠪᠣᠭᠤᠮᠲᠠ ᠶᠢᠨ ᠬᠢᠨ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 52 ᠵᠦᠢᠯ ᠤᠨ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠶᠢ ᠰᠢᠨ᠎ᠡ ᠪᠠᠷ ᠨᠡᠶᠢᠲᠡᠯᠡᠪᠡ᠂ ᠡᠭᠦᠨ ᠤ ᠭᠤᠤᠯ ᠠᠭᠤᠯᠭ᠎ᠠ ᠶᠢ ᠬᠤᠷᠢᠶᠠᠩᠭᠤᠶᠢᠯᠠᠨ ᠲᠠᠨᠢᠯᠴᠠᠭᠤᠯᠤᠭᠠᠳ ᠥᠭᠭᠦᠨ᠎ᠡ ᠦᠦ︖      ᠮᠠ ᠰᠢᠶᠤᠤ ᠬᠥᠩ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠡᠨᠡ ᠠᠰᠠᠭᠤᠯᠲᠠ ᠶᠢ ᠪᠢ ᠬᠠᠷᠢᠭᠤᠯᠤᠶ᠎ᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠷᠠᠯᠵᠢᠶ᠎ᠠ ᠶᠢ ᠳᠥᠭᠦᠮᠴᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ︽ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠪᠠ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠦᠷᠭᠡᠪᠴᠢᠯᠡᠨ ᠪᠣᠶ ᠪᠣᠯᠭᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠪᠣᠭᠤᠮᠲᠠ ᠶᠢᠨ ᠶᠡᠷᠦᠩᠬᠡᠢ ᠵᠠᠬᠢᠷᠭ᠎ᠠ ᠠᠴᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠲᠠᠢ ᠬᠠᠮᠲᠤᠷᠠᠨ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠪᠤᠨ ᠲᠠᠯ᠎ᠠ ᠶᠢᠨ ᠬᠤᠷᠢᠨ ᠲᠤᠯᠤᠭᠠᠨ ᠵᠦᠢᠯ ᠤᠨ ᠪᠣᠳᠠᠲᠠᠢ ᠠᠭᠤᠯᠭ᠎ᠠ ᠶᠢ ᠳᠤᠷᠠᠳᠴᠠᠢ᠃ ᠮᠠᠨ ᠤ ᠪᠣᠭᠤᠮᠲᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢ ᠬᠥᠭᠵᠢᠭᠦᠯᠬᠦ ᠪᠣᠳᠠᠲᠤ ᠪᠠᠶᠢᠳᠠᠯ ᠢ ᠦᠨᠳᠦᠰᠦᠯᠡᠨ᠂ ᠤᠯᠤᠰ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠬᠢᠯᠢ ᠠᠯᠤᠰᠯᠠᠭᠰᠠᠨ ᠠᠷᠠᠯᠵᠢᠶ᠎ᠠ ᠶᠢ ᠳᠥᠭᠦᠮᠴᠢᠯᠡᠬᠦ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ 52 ᠵᠤᠷᠪᠤᠰ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠶᠢ ᠳᠤᠷᠠᠳᠪᠠ᠂ ᠡᠭᠦᠨ ᠳᠤ ᠭᠤᠤᠯᠳᠠᠭᠤ᠄      ᠨᠢᠭᠡ ᠳᠤ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠦᠨ᠂ ᠪᠣᠭᠤᠮᠲᠠ ᠪᠠᠷ ᠥᠩᠭᠡᠷᠡᠬᠦ ᠪᠦᠬᠦ ᠬᠡᠯᠬᠢᠶ᠎ᠡ ᠪᠦᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ 19 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠨᠡᠩ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠵᠠᠭᠪᠤᠷ ᠢ ᠪᠤᠢ ᠪᠣᠯᠭᠠᠵᠤ᠂ ᠪᠣᠭᠤᠮᠲᠠ ᠶᠢᠨ ᠪᠦᠬᠦ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠠᠬᠢᠭᠤᠯᠤᠨ᠎ᠠ᠃ ᠪᠣᠭᠤᠮᠲᠠ ᠳᠤ ᠮᠡᠳᠡᠭᠦᠯᠬᠦ ᠬᠠᠭᠤᠳᠠᠰᠤ ᠪᠠᠷ ᠭᠤᠶᠤᠴᠢᠯᠠᠨ ᠮᠡᠳᠡᠭᠦᠯᠬᠦ ᠲᠥᠷᠥᠯ ᠵᠦᠢᠯ ᠢ ᠡᠮᠬᠢᠯᠡᠨ ᠳᠥᠭᠦᠮᠴᠢᠯᠡᠵᠦ᠂ ᠤᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠬᠦ ᠵᠠᠭᠪᠤᠷ ᠪᠠ ᠭᠠᠶᠢᠯᠢ ᠲᠠᠲᠠᠪᠤᠷᠢ ᠶᠢᠨ ᠳᠠᠭᠠᠭᠠᠯᠲᠠ ᠶᠢᠨ ᠵᠠᠭᠪᠤᠷ ᠢ ᠬᠠᠩᠭᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠣᠩᠭᠤᠯᠲᠠ ᠬᠢᠬᠦ ᠳᠤ ᠬᠠᠩᠭᠠᠨ᠎ᠠ᠃ ︽ᠰᠠᠨᠠᠭᠠᠴᠢᠯᠠᠭ᠎ᠠ ᠠᠴᠠ ᠪᠠᠨ ᠢᠯᠡᠴᠢᠯᠡᠬᠦ︾ ᠲᠦᠷᠢᠮ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢᠨ ᠬᠡᠷᠡᠭᠯᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠠᠵᠤ ᠠᠬᠤᠶᠢᠯᠠᠯ ᠤᠨ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠰᠠᠨᠠᠭᠠᠴᠢᠯᠠᠭ᠎ᠠ ᠠᠴᠠ ᠪᠠᠨ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢ ᠵᠣᠷᠢᠭᠵᠢᠭᠤᠯᠤᠨ᠎ᠠ᠃      ᠬᠤᠶᠠᠷ ᠲᠤ᠂ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠤᠯᠠᠮ ᠨᠢᠭᠡ ᠠᠯᠬᠤᠮ ᠪᠠᠭᠤᠷᠠᠭᠤᠯᠬᠤ 2 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠢᠯᠭᠠᠷᠠᠭᠤᠯᠤᠨ ᠵᠢᠷᠤᠮᠵᠢᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ᠂ ᠢᠯᠡ ᠲᠣᠳᠣ ᠪᠣᠯᠭᠠᠬᠤ ᠬᠢᠷᠢ ᠲᠦᠪᠰᠢᠨ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠲᠦᠷᠢᠮ ᠪᠠ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠬᠦ ᠶᠢ ᠴᠢᠩᠭᠠᠳᠬᠠᠵᠤ᠂ ᠨᠥᠬᠦᠴᠡᠯ ᠪᠥᠷᠢᠳᠦᠭᠰᠡᠨ ᠬᠢᠯᠢ ᠶᠢᠨ ᠪᠣᠭᠤᠮᠲᠠ ᠶᠢᠨ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠰᠦᠢᠳᠬᠡᠯ ᠲᠤᠰᠢᠶᠠᠬᠤ ᠦᠢᠯᠡᠴᠢᠯᠡᠭᠡ ᠬᠠᠩᠭᠠᠬᠤ ᠶᠢ ᠳᠡᠮᠵᠢᠨ᠎ᠡ᠃      ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠣᠪᠯᠠᠮᠤ ᠨᠢᠭᠡ ᠠᠯᠬᠤᠮ ᠳᠡᠭᠡᠭᠰᠢᠯᠡᠭᠦᠯᠬᠦ 11 ᠵᠤᠷᠪᠤᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠴᠢᠳᠠᠮᠵᠢ ᠶᠢ ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠪᠠ ᠬᠢᠯᠢ ᠠᠯᠤᠰᠯᠠᠭᠰᠠᠨ ᠠᠷᠠᠯᠵᠢᠶᠠᠨ ᠤ ᠲᠤᠬᠠᠶᠢᠯᠠᠭᠰᠠᠨ ᠠᠵᠢᠯ ᠢ ᠨᠢᠭᠡᠳᠦᠯᠲᠡᠶ ᠪᠠᠷ ︽ᠭᠠᠭᠴᠠ ᠴᠣᠩᠬᠤᠪᠴᠢ︾ ᠪᠠᠷ ᠳᠠᠮᠵᠢᠭᠤᠯᠤᠨ ᠭᠦᠢᠴᠡᠳᠬᠡᠬᠦ ᠶᠢ ᠠᠬᠢᠭᠤᠯᠵᠤ᠂ ︽ᠭᠠᠭᠴᠠ ᠴᠣᠩᠬᠤᠪᠴᠢ︾ ᠶᠢ ᠬᠢᠯᠢ ᠶᠢᠨ ᠭᠠᠳᠠᠨᠠᠬᠢ ᠲᠠᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠴᠢᠩᠭᠠᠳᠬᠠᠵᠤ᠂ ᠣᠷᠣᠨ ᠨᠤᠲᠤᠭ ᠤᠨ ᠬᠢᠨ ᠤ ︽ᠭᠠᠭᠴᠠ ᠴᠣᠩᠬᠤᠪᠴᠢ︾ ᠶᠢᠨ ᠤᠨᠴᠠᠯᠢᠭᠳᠤ ᠦᠢᠯᠡᠴᠢᠯᠡᠭᠡᠨ ᠤ ᠴᠢᠳᠠᠮᠵᠢ ᠪᠠᠨ ᠥᠷᠭᠡᠳᠬᠡᠬᠦ ᠶᠢ ᠳᠡᠮᠵᠢᠨ᠎ᠡ᠃ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠲᠦᠷᠭᠡᠳᠬᠡᠵᠦ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠶᠢ ᠲᠡᠮᠵᠢᠨ᠎ᠡ᠃      ᠲᠦᠷᠪᠡ ᠳᠤ᠂ ᠥᠨᠳᠥᠷ ᠪᠦᠲᠦᠮᠵᠢᠲᠡᠶ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠠᠷᠠᠳ ᠲᠤ ᠲᠦᠬᠦᠮ ᠦᠵᠡᠭᠦᠯᠵᠦ᠂ ᠬᠢᠯᠢ ᠠᠯᠤᠰᠯᠠᠭᠰᠠᠨ ᠠᠷᠠᠯᠵᠢᠶᠠᠨ ᠤ ᠪᠦᠬᠦᠯᠢ ᠴᠣᠭᠴᠠ ᠶᠢᠨ ᠦᠢᠯᠡᠴᠢᠯᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ 16 ᠵᠤᠷᠪᠤᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡ ᠴᠤᠭᠴᠠᠵᠢᠭᠤᠯᠤᠨ ᠭᠦᠢᠴᠡᠳᠬᠡᠬᠦ ᠶᠢ ᠠᠬᠢᠭᠤᠯᠵᠤ᠂ ᠬᠢᠯᠢ ᠶᠢᠨ ᠪᠣᠭᠤᠮᠲᠠ ᠶᠢᠨ ᠭᠤᠭᠴᠤᠭ᠎ᠠ ᠳᠠᠬᠢ ᠵᠠᠰᠠᠭ ᠤᠨ ᠶᠠᠪᠤᠳᠠᠯ ᠤᠨ ︽  ᠭᠡᠷᠡᠴᠢᠯᠡᠭᠡ ᠨᠤᠲᠠᠯᠠᠯᠲᠠ ᠶᠢ ᠳᠡᠮᠵᠢᠭᠰᠡᠨ ᠡᠵᠡᠩᠨᠡᠭᠴᠢ︾ ︵AEO︶ ᠶᠢᠨ ᠲᠦᠷᠢᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠡᠷᠡᠴᠢᠯᠡᠨ ᠨᠤᠲᠠᠯᠠᠭᠰᠠᠨ ᠠᠵᠤ ᠠᠬᠤᠶᠢᠯᠠᠯ ᠳᠤ ᠨᠠᠩ ᠣᠯᠠᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠠᠩᠭᠠᠨ᠎ᠠ᠃      ᠲᠠᠪᠤ ᠳᠤ᠂ ᠤᠶᠤᠨᠴᠢ ᠪᠠᠷ ᠬᠠᠮᠲᠤ ᠳᠤ ᠪᠠᠨ ᠬᠦᠷᠲᠡᠵᠦ ᠬᠤᠯᠪᠣᠭᠠᠯᠠᠨ ᠨᠡᠪᠲᠡᠷᠡᠭᠦᠯᠬᠦ ᠶᠢ ᠠᠬᠢᠭᠤᠯᠵᠤ᠂ ᠬᠢᠯᠢ ᠶᠢᠨ ᠪᠣᠭᠤᠮᠲᠠ ᠶᠢᠨ ᠬᠢᠯᠢ ᠠᠯᠤᠰᠯᠠᠨ ᠪᠣᠭᠤᠮᠲᠠ ᠥᠩᠭᠡᠷᠡᠬᠦ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ 4 ᠵᠤᠷᠪᠤᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ︽ᠤᠶᠤᠨᠲᠤ ᠪᠣᠭᠤᠮᠲᠠ᠂ ᠤᠶᠤᠨᠴᠢ ᠬᠢᠯᠢ ᠬᠢᠵᠠᠭᠠᠷ᠂ ᠤᠶᠤᠨᠴᠢ ᠪᠠᠷ ᠬᠠᠮᠲᠤ ᠳᠤ ᠪᠠᠨ ᠬᠦᠷᠲᠡᠵᠦ ᠬᠤᠯᠪᠣᠭᠠᠯᠠᠨ ᠨᠡᠪᠲᠡᠷᠡᠭᠦᠯᠬᠦ︾ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠮᠠᠨ ᠤ ᠤᠯᠤᠰ ᠬᠢᠭᠡᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ︵ᠭᠠᠵᠠᠷ ᠣᠷᠣᠨ︶ ᠤᠨ ᠪᠣᠭᠤᠮᠲᠠ ᠪᠠᠷ ᠥᠩᠭᠡᠷᠡᠬᠦ ᠬᠢᠨᠠᠨ ᠬᠠᠮᠢᠶᠠᠷᠬᠤ ᠬᠠᠮᠲᠤᠷᠠᠯᠴᠠᠭ᠎ᠠ ᠪᠠ ᠮᠡᠳᠡᠭᠡ ᠵᠠᠩᠭᠢ ᠶᠢᠨ ᠰᠣᠯᠢᠯᠴᠠᠭ᠎ᠠ ᠶᠢ ᠢᠳᠡᠪᠬᠢᠲᠡᠶ ᠠᠬᠢᠭᠤᠯᠤᠨ᠎ᠠ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠣᠯᠣᠨ TIR ᠲᠡᠭᠡᠭᠡᠪᠦᠷᠢ᠂ ᠬᠢᠯᠢ ᠠᠯᠤᠰᠯᠠᠭᠰᠠᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠲᠠᠢ ᠤᠶᠠᠯᠳᠤᠭᠤᠯᠬᠤ ᠶᠢ ᠠᠬᠢᠭᠤᠯᠵᠤ᠂ ᠡᠵᠡᠩᠨᠡᠯᠲᠡ ᠶᠢᠨ ᠠᠵᠤ ᠠᠬᠤᠶᠢᠯᠠᠯ ᠢ ᠪᠤᠶᠢᠵᠢᠭᠤᠯᠬᠤ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠠᠵᠤ ᠠᠬᠤᠶ ᠶᠢᠨ ᠪᠤᠯᠤᠩ ᠤᠨ ᠰᠤᠷᠪᠤᠯᠵᠢᠯᠠᠭᠴᠢ᠄ ᠡᠨᠡ ᠵᠢᠯ ᠠᠴᠠ ᠨᠠᠭᠠᠰᠢᠬᠢ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠶᠠᠮᠠᠷ ᠶᠠᠮᠠᠷ ᠲᠥᠬᠦᠮ ᠦᠵᠡᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠦᠦ︖      ᠮᠠ ᠰᠢᠶᠤᠤ ᠬᠥᠩ᠄ ᠲᠠᠨ ᠤ ᠠᠰᠠᠭᠤᠯᠲᠠ ᠳᠤ ᠪᠠᠶᠠᠷᠯᠠᠯ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ︵ᠳᠣᠷᠣᠭᠰᠢ ︽ᠭᠠᠭᠴᠠ ᠴᠣᠩᠬᠤᠪᠴᠢ︾ ᠭᠡᠵᠦ ᠲᠣᠪᠴᠢᠯᠠᠨ᠎ᠠ︶ ᠪᠣᠯ ᠤᠯᠤᠰ ᠠᠴᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠥᠷᠭᠡᠨ ᠤᠯᠠᠨ ᠠᠵᠤ ᠠᠬᠤᠶᠢᠯᠠᠯ ᠳᠤ ᠪᠠᠶᠢᠭᠤᠯᠵᠤ ᠥᠭᠭᠦᠭᠰᠡᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠪᠣᠯᠣᠨ᠎ᠠ᠂ ᠲᠡᠷᠡ ᠨᠢ ᠳᠣᠲᠣᠭᠠᠳᠤ ᠶᠢ ᠬᠠᠮᠠᠭᠠᠯᠠᠬᠤ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠵᠡᠷᠭᠡ 10 ᠭᠠᠷᠤᠶ ᠶᠠᠮᠤᠨ ᠵᠥᠪᠯᠡᠯ ᠤᠨ ᠰᠢᠰᠲ᠋ᠧᠮ ᠲᠠᠢ︽ᠶᠡᠷᠦᠩᠬᠡᠢ ᠶᠢ ᠶᠡᠷᠦᠩᠬᠡᠢ ᠳᠤ ᠵᠠᠯᠭᠠᠯᠳᠤᠭᠤᠯᠬᠤ︾ ᠶᠢ ᠪᠡᠶᠡᠯᠡᠭᠦᠯᠬᠦ ᠪᠣᠯᠣᠨ᠎ᠠ᠃ ᠭᠤᠶᠤᠴᠢᠯᠠᠨ ᠮᠡᠳᠡᠭᠦᠯᠦᠭᠴᠢ ᠨᠢ ︽ᠭᠠᠭᠴᠠ ᠴᠣᠩᠬᠤᠪᠴᠢ︾ ᠪᠠᠷ ᠳᠠᠮᠵᠢᠭᠤᠯᠤᠨ ᠨᠢᠭᠡ ᠴᠡᠭ ᠢᠶᠠᠷ ᠵᠠᠯᠭᠠᠨ ᠣᠷᠣᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠪᠠ ᠣᠯᠠᠨ ᠤᠯᠤᠰ ᠤᠨ ᠠᠷᠠᠯᠵᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠬᠠᠩᠭᠠᠭᠰᠠᠨ ᠪᠠᠷᠢᠮᠵᠢᠶᠠᠵᠢᠭᠤᠯᠤᠭᠰᠠᠨ ᠬᠠᠭᠤᠳᠠᠰᠤ ᠭᠡᠷᠡᠴᠢᠯᠡᠭᠡ ᠶᠢᠨ ᠡᠯᠧᠺᠲᠷᠣᠨ ᠮᠡᠳᠡᠭᠡ ᠵᠠᠩᠭᠢ ᠶᠢ ᠨᠢᠭᠡ ᠯᠡ ᠤᠳᠠᠭ᠎ᠠ ᠳᠤ ᠲᠤᠰᠢᠶᠠᠵᠤ᠂ ᠭᠤᠶᠤᠴᠢᠯᠠᠨ ᠮᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠭᠦᠯᠬᠦ ᠴᠠᠭ ᠢ ᠪᠣᠭᠤᠨᠢᠰᠬᠠᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠵᠤ ᠪᠣᠯᠤᠨ᠎ᠠ᠃      ᠠᠵᠤ ᠠᠬᠤᠶᠢᠯᠠᠯ ᠳᠤ ᠠᠪᠴᠤ ᠬᠡᠯᠡᠪᠡᠯ᠂ ︽ᠭᠠᠭᠴᠠ ᠴᠣᠩᠬᠤᠪᠴᠢ︾ ᠨᠢ ᠨᠡᠶᠢᠳᠬᠡᠭᠰᠡᠨ᠂ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ ᠴᠢᠳᠠᠮᠵᠢ ᠶᠢ ᠬᠠᠩᠭᠠᠪᠠ᠃ ᠠᠵᠤ ᠠᠬᠤᠶᠢᠯᠠᠯ ᠬᠡᠷ ᠠᠴᠠ ᠪᠠᠨ ᠭᠠᠷᠬᠤ ᠥᠬᠡᠶ ᠪᠠᠷ ᠪᠣᠭᠤᠮᠲᠠ᠂ ᠭᠠᠳᠠᠭᠠᠳᠤ ᠭᠤᠪᠢᠭᠤᠯᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠭᠤᠶᠤᠴᠢᠯᠠᠯ ᠤᠨ ᠮᠠᠲ᠋ᠧᠷᠢᠶᠠᠯ ᠢᠶᠠᠨ ᠨᠢᠭᠡ ᠯᠡ ᠤᠳᠠᠭ᠎ᠠ ᠪᠠᠷ ᠲᠤᠰᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠭᠠᠭᠴᠠ ᠴᠣᠩᠬᠤᠪᠴᠢ ᠪᠠᠷ ᠭᠦᠢᠴᠡᠳᠬᠡᠵᠦ ᠪᠣᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠠᠪᠴᠤ ᠬᠡᠯᠡᠪᠡᠯ᠂ ︽ᠭᠠᠭᠴᠠ ᠴᠣᠩᠬᠤᠪᠴᠢ︾ ᠨᠢ ᠬᠢᠯᠢ ᠶᠢᠨ ᠪᠣᠭᠤᠮᠲᠠ ᠶᠢᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠪᠡ᠃ ᠵᠢᠱᠢᠶᠡᠯᠡᠪᠡᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠬᠢᠨᠠᠨ ᠬᠠᠮᠢᠶᠠᠷᠬᠤ ᠦᠨᠡᠮᠯᠡᠯ ᠢ︽ᠭᠠᠭᠴᠠ ᠴᠣᠩᠬᠤᠪᠴᠢ︾ ᠪᠠᠷ ᠳᠠᠮᠵᠢᠭᠤᠯᠤᠨ ᠰᠦᠯᠵᠢᠶ᠎ᠡ ᠪᠠᠷ ᠬᠠᠷᠭᠤᠭᠤᠯᠤᠨ ᠪᠠᠶᠢᠴᠠᠭᠠᠬᠤ᠂ ᠴᠠᠭᠠᠰᠤ ᠬᠡᠷᠡᠭᠯᠡᠬᠦ ᠥᠬᠡᠶ ᠪᠠᠷ ᠪᠣᠭᠤᠮᠲᠠ ᠪᠠᠷ ᠥᠩᠭᠡᠷᠡᠭᠦᠯᠬᠦ ᠶᠢ ᠪᠡᠶᠡᠯᠡᠭᠦᠯᠪᠡ᠃      ᠡᠨᠡ ᠵᠢᠯ ᠠᠴᠠ ᠨᠠᠭᠠᠰᠢ᠂ ᠬᠥᠬᠡᠬᠤᠲᠠ ᠪᠣᠭᠤᠮᠲᠠ ᠶᠢᠨ ᠬᠢᠨ ︽ᠭᠠᠭᠴᠠ ᠴᠣᠩᠬᠤᠪᠴᠢ︾ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠷᠢᠯᠠᠭᠤᠯᠤᠯᠲᠠ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠦᠢᠯᠡᠴᠢᠯᠡᠭᠡᠨ ᠤ ᠵᠠᠭᠪᠤᠷ ᠲᠤ ᠪᠠᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠠᠵᠢᠯᠯᠠᠭᠠᠨ ᠳᠤ ᠲᠥᠬᠦᠮ ᠦᠵᠡᠭᠦᠯᠦᠨ᠂ ᠡᠯ᠎ᠡ ᠲᠤᠬᠠᠶᠢᠯᠠᠭᠰᠠᠨ ᠠᠵᠢᠯ ᠤᠨ ᠬᠦᠷᠢᠶᠡᠨ ᠳᠤ ︽ᠭᠠᠭᠴᠠ ᠴᠣᠩᠬᠤᠪᠴᠢ︾ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠪᠡ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠵᠤ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠨᠡᠶᠢᠳᠡ 2000 ᠭᠠᠷᠤᠢ ᠪᠣᠭᠤᠮᠲᠠ ᠳᠤ ᠮᠡᠳᠡᠭᠦᠯᠬᠦ ᠠᠵᠤ ᠠᠬᠤᠶᠢᠯᠠᠯ᠂ ᠪᠠᠷᠠᠭ᠎ᠠ ᠶᠢ ᠣᠷᠣᠯᠠᠨ ᠵᠥᠭᠡᠭᠡᠪᠦᠷᠢᠯᠡᠬᠦ ᠠᠵᠤ ᠠᠬᠤᠶᠢᠯᠠᠯ ᠢ ᠬᠠᠮᠤᠷᠴᠠᠢ᠃ ᠠᠵᠤ ᠠᠬᠤᠶᠢᠯᠠᠯ ᠤᠨ ᠵᠥᠪᠯᠡᠯᠭᠡ ᠥᠭᠬᠦ ᠦᠢᠯᠡᠴᠢᠯᠡᠭᠡ ᠶᠢ ᠴᠢᠩᠭᠠᠳᠬᠠᠵᠤ᠂ ᠪᠣᠭᠤᠮᠲᠠ ᠶᠢᠨ 12360 ᠦᠢᠯᠡᠴᠢᠯᠡᠭᠡᠨ ᠤ ᠬᠠᠯᠠᠮᠰᠢᠯ ᠤᠲᠠᠰᠤ᠂ ᠠᠵᠢᠯᠯᠠᠭᠤᠯᠤᠨ ᠪᠠᠲᠤᠯᠠᠬᠤ ᠬᠢᠨᠠᠯᠲᠠ ᠡᠵᠡᠮᠳᠡᠯ᠂ ᠲᠤᠬᠠᠶ ᠶᠢᠨ ᠲᠠᠯᠠᠪᠤᠷ ᠤᠨ ᠠᠵᠢᠯᠲᠠᠨ ᠤ ᠲᠠᠶᠢᠯᠤᠮᠵᠢ ᠵᠡᠷᠭᠡ ᠦᠢᠯᠡᠴᠢᠯᠡᠭᠡ ᠪᠠᠷ ᠳᠠᠮᠵᠢᠭᠤᠯᠤᠨ᠂ ︽ᠭᠠᠭᠴᠠ ᠴᠣᠩᠬᠤᠪᠴᠢ︾ ᠶᠢᠨ ᠠᠵᠢᠯᠯᠠᠭᠠᠨ ᠤ ᠦᠢᠯᠡᠴᠢᠯᠡᠭᠡᠨ ᠤ ᠲᠠᠪᠴᠠᠩ᠂ ᠸᠢᠴᠠᠲ ᠤᠨ ᠬᠤᠯᠪᠣᠭ᠎ᠠ ᠵᠡᠷᠭᠡ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠤᠨ ᠠᠰᠠᠭᠤᠯᠲᠠ ᠯᠠᠪᠯᠠᠯᠲᠠ ᠳᠤ 1000 ᠭᠠᠷᠤᠶ ᠤᠳᠠᠭ᠎ᠠ ᠥᠨᠳᠥᠷ ᠪᠦᠲᠦᠮᠵᠢᠲᠡᠶ ᠪᠠᠷ ᠬᠠᠷᠢᠭᠤ ᠲᠤᠰᠬᠠᠭᠰᠠᠨ ᠪᠠ ᠰᠢᠢᠳᠪᠦᠷᠢᠯᠡᠵᠦ᠂ ᠰᠢᠰᠲ᠋ᠧᠮ ᠢ ᠰᠢᠯᠢᠳᠡᠭᠵᠢᠭᠦᠯᠬᠦ ᠠᠰᠠᠭᠤᠳᠠᠯ ᠤᠨ ᠲᠤᠬᠠᠶ 14 ᠰᠠᠨᠠᠭᠤᠯᠭ᠎ᠠ ᠶᠢ ᠴᠤᠭᠯᠠᠭᠤᠯᠤᠭᠰᠠᠨ ᠤ ᠬᠠᠮᠲᠤ ᠢᠳᠡᠪᠬᠢᠲᠡᠶ ᠪᠠᠷ ᠮᠥᠷᠳᠡᠨ ᠰᠢᠢᠳᠪᠦᠷᠢᠯᠡᠵᠦ᠂ ᠠᠵᠤ ᠠᠬᠤᠶᠢᠯᠠᠯ ᠤᠨ ︽ᠭᠠᠭᠴᠠ ᠴᠣᠩᠬᠤᠪᠴᠢ︾ ᠶᠢᠨ ᠡᠳᠦᠷ ᠲᠤᠲᠤᠮ ᠤᠨ ᠬᠡᠷᠡᠭᠯᠡᠯᠲᠡ ᠶᠢᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠶᠢ ᠪᠦᠲᠦᠮᠵᠢᠲᠡᠶ ᠪᠠᠲᠤᠯᠠᠪᠠ᠃ ᠣᠲᠣ ᠪᠣᠯᠲᠠᠯ᠎ᠠ᠂ ︽ᠭᠠᠭᠴᠠ ᠴᠣᠩᠬᠤᠪᠴᠢ︾ ᠶᠢᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ 100% ᠳᠤ ᠬᠥᠷᠪᠡ᠃ ᠠᠵᠤ ᠠᠬᠤᠶᠢᠯᠠᠯ ᠠᠴᠠ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠪᠠᠷᠠᠭ᠎ᠠ ᠭᠤᠶᠤᠴᠢᠯᠠᠨ ᠮᠡᠳᠡᠭᠦᠯᠬᠦ᠂ ᠣᠩᠭᠤᠴᠠᠨ ᠤ ᠦᠷᠦᠭᠡ ᠶᠢᠨ ᠬᠠᠭᠤᠳᠠᠰᠤ ᠶᠢ ᠭᠤᠶᠤᠴᠢᠯᠠᠨ ᠮᠡᠳᠡᠭᠦᠯᠬᠦ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠭᠤᠶᠤᠴᠢᠯᠠᠨ ᠮᠡᠳᠡᠭᠦᠯᠬᠦ᠂ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠮᠡᠳᠡᠭᠦᠯᠬᠦ᠂ ᠤᠭ ᠭᠠᠷᠤᠯᠲᠠ ᠶᠢᠨ ᠭᠠᠵᠠᠷ ᠤᠨ ᠦᠨᠡᠮᠯᠡᠯ ᠢ ᠭᠤᠶᠤᠴᠢᠯᠠᠨ ᠠᠪᠬᠤ᠂ ᠠᠵᠤ ᠠᠬᠤᠶᠢᠯᠠᠯ ᠤᠨ ᠬᠢᠷᠢ ᠬᠡᠮ ᠢ ᠭᠦᠢᠴᠡᠳᠬᠡᠬᠦ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ᠂ ᠭᠠᠶᠢᠯᠢ ᠰᠦᠢᠳᠬᠡᠯ ᠢ ᠳᠦᠯᠦᠬᠦ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠵᠡᠷᠭᠡ ᠴᠢᠳᠠᠮᠵᠢ ᠪᠠᠷ ᠳᠠᠮᠵᠢᠨ᠂ 739 ᠳᠦᠷᠦᠯ ᠵᠦᠢᠯ ᠢ ᠨᠢᠭᠡ ᠥᠷᠲᠡᠭᠡᠴᠢᠯᠡᠭᠰᠡᠨ ᠬᠡᠯᠪᠡᠷᠢ ᠪᠠᠷ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠦᠷᠲᠡᠭᠡᠮᠵᠢᠲᠦ ᠳᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠪᠣᠭᠤᠮᠲᠠ ᠶᠢᠨ ᠬᠢᠨ ᠬᠢᠯᠢ ᠠᠯᠤᠰᠯᠠᠭᠰᠠᠨ ᠠᠷᠠᠯᠵᠢᠶ᠎ᠠ ᠶᠢ ᠳᠦᠭᠦᠮᠴᠢᠯᠡᠬᠦ ᠲᠠᠯ᠎ᠠ ᠪᠠᠷ ᠪᠠᠰᠠ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠬᠤ ᠪᠠᠷ ᠪᠠᠶᠢᠬᠤ ᠪᠣᠶ︖      ᠯᠢᠦ ᠯᠢᠩ᠄ ᠲᠠᠨ ᠤ ᠠᠰᠠᠭᠤᠯᠲᠠ ᠳᠤ ᠪᠠᠶᠠᠷᠯᠠᠯ᠎ᠠ᠃ ᠮᠠᠨ ᠤ ᠪᠣᠭᠤᠮᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠭᠤᠳᠠᠰᠤ ᠪᠠᠷᠢᠮᠲᠠ ᠶᠢ ᠪᠠᠭᠠᠰᠬᠠᠬᠤ᠂ ᠶᠠᠪᠤᠴᠠ ᠶᠢ ᠰᠢᠯᠢᠳᠡᠭᠵᠢᠭᠦᠯᠬᠦ᠂ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠲᠠᠯ᠎ᠠ ᠪᠠᠷ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠠᠷᠠᠯᠵᠢᠶ᠎ᠠ ᠶᠢ ᠳᠦᠭᠦᠮᠴᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠨᠢᠭᠡ ᠳᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠶ ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ᠂ ᠭᠠᠵᠠᠷ ᠣᠷᠣᠨ ᠤ ᠪᠣᠭᠤᠮᠲᠠ ᠯᠤᠭ᠎ᠠ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠶ ᠳᠡᠮᠵᠢᠵᠦ᠂︽ᠨᠢᠭᠡ ᠪᠦᠰᠡ ᠨᠢᠭᠡ ᠵᠠᠮ︾ ᠤᠨ ᠬᠥᠭᠵᠢᠯᠲᠡ ᠳᠤ ᠠᠭᠤᠰᠤᠯᠴᠠᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠳᠡᠮᠵᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠳᠤ ᠪᠥᠬᠦ ᠲᠠᠯ᠎ᠠ ᠪᠠᠷ ᠦᠢᠯᠡᠴᠢᠯᠡᠨ᠎ᠡ᠃      ᠬᠤᠶᠠᠷ ᠲᠤ᠂ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠢ ᠦᠷᠭᠦᠯᠵᠢᠯᠡᠨ ᠨᠢᠭᠡᠳᠦᠯᠲᠡᠶ ᠲᠥᠯᠥᠪᠯᠡᠵᠦ ᠥᠷᠨᠢᠭᠦᠯᠦᠨ᠎ᠡ᠃ ︽ᠬᠤᠶᠠᠷ ᠠᠯᠬᠤᠮ ᠳᠤ ᠭᠤᠶᠤᠴᠢᠯᠠᠨ ᠮᠡᠳᠡᠭᠦᠯᠬᠦ︾᠂ ︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾᠂ ︽ᠤᠷᠢᠳᠴᠢᠯᠠᠨ ᠭᠤᠶᠤᠴᠢᠯᠠᠨ ᠮᠡᠳᠡᠭᠦᠯᠬᠦ︾ ᠵᠡᠷᠭᠡ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠪᠠ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠪᠣᠭᠤᠨᠢᠰᠬᠠᠵᠤ᠂ ᠬᠢᠯᠢ ᠶᠢᠨ ᠪᠣᠭᠤᠮᠲᠠ ᠪᠠᠷ ᠥᠩᠭᠡᠷᠡᠬᠦ ᠪᠥᠬᠦ ᠴᠤᠪᠤᠷᠠᠯ ᠢ ᠴᠠᠭᠠᠰᠤ ᠬᠡᠷᠡᠭᠯᠡᠬᠦ ᠥᠬᠡᠶ ᠡᠯᠧᠺᠲᠷᠤᠨᠴᠢᠯᠠᠬᠦ ᠶᠢ ᠶᠡᠭᠡ ᠪᠠᠷ ᠠᠬᠢᠭᠤᠯᠤᠨ᠎ᠠ︔ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ ᠭᠦᠢᠯᠭᠡᠭᠡᠨ ᠤ ᠵᠠᠮ ᠢ ᠰᠠᠭᠠᠳ ᠥᠬᠡᠶ ᠨᠡᠪᠲᠡᠷᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠦᠷᠭᠡᠨ ᠬᠥᠭᠵᠢᠯᠲᠡ ᠶᠢ ᠬᠠᠪᠰᠤᠷᠤᠨ ᠬᠦᠴᠦᠯᠡᠵᠦ᠂ TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠠᠬᠢᠭᠤᠯᠤᠨ᠎ᠠ︔ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠴᠢᠳᠠᠮᠵᠢ ᠶᠢ ᠭᠦᠨᠵᠡᠭᠡᠶᠢᠷᠡᠭᠦᠯᠵᠦ᠂ ᠣᠶᠤᠨᠴᠢ ᠪᠠᠷ ᠵᠢᠷᠤᠭ ᠬᠢᠨᠠᠵᠤ ᠬᠡᠷᠡᠭᠯᠡᠬᠦ ᠶᠢ ᠥᠷᠭᠡᠳᠬᠡᠨ᠂ ᠥᠷᠭᠡᠨ ᠬᠡᠷᠡᠭᠴᠡᠭᠡᠨ ᠤ ᠠᠭᠤᠷᠬᠠᠶ ᠡᠨᠧᠷᠭᠢ ᠶᠢᠨ ᠦᠢᠯᠡᠳᠬᠦᠨ ᠢ ᠰᠢᠯᠭᠠᠨ ᠪᠠᠶᠢᠴᠠᠭᠠᠬᠤ ᠴᠤᠪᠤᠷᠠᠯ ᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ ᠪᠠᠷᠠᠭ᠎ᠠ ᠥᠩᠭᠡᠷᠡᠭᠦᠯᠬᠦ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠰᠤᠳᠤᠯᠭᠠᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠪᠣᠭᠤᠮᠲᠠ ᠶᠢᠨ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠵᠤ᠂ ᠭᠠᠶᠢᠯᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠵᠠᠬ᠎ᠠ ᠳᠡᠯᠭᠡᠭᠦᠷ ᠲᠤ ᠲᠠᠸᠠᠷ ᠢ ᠭᠠᠳᠠᠭᠠᠳᠤ ᠠᠴᠠ ᠣᠷᠣᠭᠤᠯᠤᠨ ᠪᠣᠳᠠᠲᠠᠶᠢᠵᠢᠭᠤᠯᠤᠨ ᠪᠣᠯᠪᠠᠰᠤᠷᠠᠭᠤᠯᠬᠤ ᠶᠢ ᠳᠡᠮᠵᠢᠨ᠎ᠡ︔ ᠢᠲᠡᠭᠡᠮᠵᠢ ᠶᠢ ᠬᠦᠮᠦᠵᠢᠭᠦᠯᠦᠨ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠪᠣᠭᠤᠮᠲᠠ ᠶᠢᠨ ᠣᠷᠣᠨ ᠤ AEO ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠ ᠠᠷᠠᠯᠵᠢᠶᠠᠨ ᠤ ᠲᠤᠭ᠎ᠠ ᠶᠢᠨ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠶᠢ ᠳᠥᠭᠦᠮᠴᠢᠯᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠬᠤ ᠶᠠᠰᠤ ᠴᠢᠨᠠᠷ ᠪᠠ ᠵᠢᠷᠤᠮᠵᠢᠭᠤᠯᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ ᠢᠳᠡᠭᠡᠨ᠂ ᠵᠠᠰᠠᠯ ᠴᠢᠮᠡᠭᠯᠡᠯ ᠤᠨ ᠡᠳ᠋ ᠵᠡᠷᠭᠡ ᠶᠢᠨ ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠲᠠᠸᠠᠷ ᠤᠨ ᠰᠢᠯᠭᠠᠨ ᠪᠠᠶᠢᠴᠠᠭᠠᠯᠲᠠ ᠶᠢ ᠭᠤᠷᠪᠠᠳᠠᠭᠴᠢ ᠡᠲᠡᠭᠡᠳ ᠢᠶᠠᠷ ᠬᠢᠯᠭᠡᠬᠦ ᠲᠤᠷᠰᠢᠯᠲᠠ ᠶᠢ ᠠᠬᠢᠭᠤᠯᠤᠨ᠎ᠠ᠃ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ