内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        365赢多少钱会被限额_国内有真正的365平台吗_365bet博彩官网

        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2021/12/29
              ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ᠂ ᠥᠪᠡᠷᠲᠡᠭᠡᠨ ᠵᠠᠰᠠᠬᠤ ᠣᠷᠣᠨ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠶᠡᠭᠡ ᠬᠡᠮᠵᠢᠶᠡᠨ ᠤ ᠲᠦᠷᠦᠯ ᠵᠦᠢᠯ ᠢ ᠬᠡᠷᠡᠭᠵᠢᠭᠦᠯᠵᠦ᠂ ᠨᠡᠯᠢᠶᠡᠳ ᠶᠡᠭᠡ ᠬᠡᠪᠴᠢᠶᠡᠨ ᠤ ᠡᠳ᠋ ᠬᠦᠷᠦᠩᠭᠡ ᠶᠢ ᠪᠦᠷᠢᠯᠳᠦᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂

        365赢多少钱会被限额_国内有真正的365平台吗_365bet博彩官网

        ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠵᠤ ᠣᠷᠣᠯᠭ᠎ᠠ ᠪᠠᠨ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠰᠠᠭᠤᠷᠢ ᠶᠢ ᠲᠠᠯᠪᠢᠪᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤᠮᠳᠠ ᠦᠷ᠎ᠡ ᠠᠰᠢᠭ ᠢ ᠨᠢ ᠦᠷᠭᠦᠯᠵᠢᠯᠡᠨ ᠪᠠᠳᠠᠷᠠᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ ᠢ ᠳᠠᠮᠵᠢᠭᠤᠯᠤᠨ ᠲᠠᠷᠬᠠᠭᠠᠬᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2021﹈ 51 ᠳ᠋ᠦ᠋ᠭᠡᠷ ᠲᠣᠭᠠᠲᠤ︶᠂ ︽ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ﹇2019﹈ 18 ᠳ᠋ᠤᠭᠠᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠪᠠ᠃      ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠨᠢ ᠨᠡᠶᠢᠲᠡ 11 ᠪᠦᠯᠦᠭ 46 ᠵᠦᠢᠯ ᠪᠠᠶᠢᠵᠤ᠂ ᠭᠤᠤᠯ ᠠᠭᠤᠯᠭ᠎ᠠ ᠳᠤ᠄ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠦᠨᠳᠦᠰᠦᠨ ᠵᠠᠷᠴᠢᠮ᠂ ᠬᠦᠷᠢᠶ᠎ᠡ ᠬᠡᠪᠴᠢᠶ᠎ᠡ ᠲᠥᠷᠥᠯ ᠬᠡᠯᠪᠡᠷᠢ᠂ ᠡᠬᠡ ᠲᠠᠩᠰᠠ ᠪᠠᠶᠢᠭᠤᠯᠬᠤ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ᠂ ᠬᠠᠮᠢᠶᠠᠷᠤᠨ ᠬᠠᠮᠠᠭᠠᠯᠠᠵᠤ ᠠᠵᠢᠯᠯᠠᠭᠤᠯᠤᠨ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠡᠳ᠋ ᠬᠥᠷᠥᠩᠭᠡ ᠶᠢ ᠰᠢᠢᠳᠪᠦᠷᠢᠯᠡᠬᠦ᠂ ᠬᠠᠷᠢᠭᠤᠴᠠᠯᠭ᠎ᠠ ᠶᠢ ᠬᠤᠪᠢᠶᠠᠷᠢᠯᠠᠬᠤ᠂ ᠵᠣᠬᠢᠶᠠᠨ ᠪᠠᠶᠢᠭᠤᠯᠤᠨ ᠪᠠᠲᠤᠯᠠᠬᠤ ᠵᠡᠷᠭᠡ ᠪᠠᠭᠲᠠᠨ᠎ᠠ᠃      ᠲᠣᠰ ᠠᠷᠭ᠎ᠠ ᠳᠤ ᠬᠡᠯᠡᠵᠦ ᠪᠠᠶᠢᠭ᠎ᠠ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ︾ ᠭᠡᠳᠡᠭ ᠨᠢ᠄ 2012 ᠣᠨ ᠠᠴᠠ ᠨᠠᠭᠠᠰᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠡᠷᠡᠭᠯᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ︵ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠢ ᠲᠥᠯᠥᠪᠯᠡᠨ ᠨᠢᠭᠡᠳᠬᠡᠬᠦ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠵᠡᠷᠭᠡ︶᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ᠂ ᠬᠤᠯᠪᠣᠭᠠᠰᠤ ᠪᠠᠶᠢᠭᠤᠯᠤᠨ ᠬᠠᠪᠰᠤᠷᠤᠨ ᠲᠡᠳᠬᠦᠬᠦ ᠪᠠᠯᠠ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ︵ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠳᠤ ᠬᠡᠷᠡᠭᠯᠡᠨ᠎ᠡ︶᠂ ᠣᠨᠳᠣᠣ ᠭᠠᠵᠠᠷ ᠲᠤ ᠶᠠᠳᠠᠭᠤ ᠶᠢ ᠲᠡᠳᠬᠦᠬᠦ ᠪᠠᠷ ᠨᠡᠭᠦᠯᠭᠡᠨ ᠰᠢᠯᠵᠢᠭᠦᠯᠦᠭᠰᠡᠨ ᠪᠠᠯᠠ ᠮᠥᠩᠭᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠵᠢᠴᠢ ᠨᠡᠶᠢᠭᠡᠮ ᠤᠨ ᠬᠠᠨᠳᠢᠪᠯᠠᠯ ᠵᠡᠷᠭᠡ ᠣᠷᠣᠭᠤᠯᠤᠯᠲᠠ ᠬᠢᠵᠦ ᠪᠦᠷᠢᠯᠳᠦᠭᠦᠯᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠢᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠪᠠ ᠡᠷᠦᠬᠡ ᠳᠤ ᠬᠦᠷᠭᠡᠬᠦ ᠲᠥᠷᠥᠯ ᠤᠨ ᠡᠳ᠋ ᠬᠥᠷᠥᠩᠭᠡ ᠶᠢᠨ ᠶᠣᠰᠣᠭᠠᠷ ᠬᠠᠮᠢᠶᠠᠷᠤᠨ᠎ᠠ᠃      ᠲᠣᠰ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ