2 ᠰᠠᠷ᠎ᠠ ᠶᠢᠨ 7 ᠤ ᠡᠳᠦᠷ ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ | ᠪᠦ᠋ ᠰᠢᠶᠤᠤ ᠯᠢᠨ ᠤ ᠨᠠᠶᠢᠳᠠᠯᠭ᠎ᠠ ᠪᠠᠷ ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠂ ᠨᠠᠷᠢᠨ ᠪᠢᠴᠢᠭ ᠤᠨ ᠳᠠᠷᠤᠭ᠎ᠠ ᠂ | ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠵᠠᠩ ᠱᠤᠤ ᠴᠦᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠦ ᠂ ᠦᠪᠡᠷᠲᠡᠭᠡᠨ ᠵᠠᠰᠠᠬᠤ ᠤᠷᠤᠨ ᠤ ᠲᠤᠰ ᠱᠠᠳᠤᠨ ᠤ ᠤᠯᠤᠰ ᠤᠨ ᠦᠮᠴᠢᠯᠡᠯ ᠤᠨ ᠮᠦᠩᠬᠦᠨ ᠬᠦᠢᠯᠭᠡᠭᠡᠨ ᠤ ᠡᠳ᠋ | ᠬᠦᠷᠦᠩᠭᠡ ᠶᠢᠨ ᠵᠤᠭᠤᠰ ᠭᠠᠷᠭᠠᠭᠰᠠᠳ ᠤᠨ ᠲᠤᠰᠢᠶᠠᠯ ᠬᠠᠷᠢᠭᠤᠴᠠᠯᠭ᠎ᠠ ᠶᠢᠨ ᠭᠡᠷᠡᠭᠵᠢᠬᠦᠯᠬᠦ ᠲᠤᠬᠳᠠᠭᠠᠯ ︵ᠲᠦᠷ ᠭᠡᠷᠡᠭᠵᠢᠬᠦᠯᠬᠦ︶ ᠂ ᠡᠩ ᠤᠨ ᠶᠡᠭᠡ ᠳᠡᠭᠡᠳᠦ | ᠰᠤᠷᠭᠠᠭᠤᠯᠢ ᠶᠢᠨ ᠭᠡᠷ ᠤᠨ ᠠᠮᠢᠲᠤᠷᠠᠯ ᠨᠢ ᠶᠠᠲᠠᠭᠤ ᠬᠦᠴᠢᠷᠳᠡᠯᠳᠠᠢ ᠰᠤᠷᠤᠬᠴᠢ ᠶᠢᠨ ᠰᠤᠷᠭᠠᠭᠤᠯᠢ ᠳᠤ ᠤᠷᠤᠬᠤ ᠶᠢ ᠲᠤᠰᠠᠯᠠᠬᠤ ᠲᠦᠷᠦ ᠶᠢᠨ ᠪᠤᠳᠤᠯᠭ᠎ᠠ ᠂ | ᠠᠭᠤᠢ ᠶᠢᠨ ᠰᠦᠮ᠎ᠠ ᠶᠢ ᠬᠠᠮᠠᠭᠠᠯᠠᠵᠤ ᠠᠰᠢᠬᠯᠠᠬᠤ ᠠᠵᠢᠯ ᠢ ᠴᠢᠩᠭᠠᠳᠬᠠᠬᠤ ᠶᠢᠨ ᠭᠡᠷᠡᠭᠵᠢᠬᠦᠯᠬᠦ ᠲᠦᠰᠦᠯ ᠵᠡᠷᠭᠡ ᠵᠦᠢᠯ ᠢ ᠰᠤᠳᠤᠯᠵᠠᠢ ᠃ | ᠬᠤᠷᠠᠯ ᠠᠴᠠ ᠂ ᠨᠠᠮ ᠤᠨ ᠲᠦᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢ | ᠳᠡᠬᠦᠯᠳᠡᠷᠵᠢᠬᠦᠯᠬᠦ ᠲᠤᠬᠠᠢ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠂ ᠦᠪᠡᠷᠲᠡᠭᠡᠨ ᠵᠠᠰᠠᠬᠤ | ᠤᠷᠤᠨ ᠤ ᠲᠤᠰ ᠱᠠᠳᠤᠨ ᠤ ᠤᠯᠤᠰ ᠤᠨ ᠦᠮᠴᠢᠯᠡᠯ ᠤᠨ ᠮᠦᠩᠬᠦᠨ ᠬᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠳᠠ ᠶᠢ ᠤᠯᠠᠮ ᠴᠢᠨᠠᠬᠰᠢᠳᠠ ᠴᠢᠩᠭᠠᠳᠬᠠᠨ ᠂ | ᠮᠠᠨ ᠤ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠡᠷᠭᠡ ᠬᠠᠷᠢᠭᠤᠴᠠᠯᠭ᠎ᠠ ᠳᠤᠳᠤᠷᠬᠠᠢ ᠪᠤᠰᠤ ᠪᠠᠶᠢᠬᠤ ᠵᠡᠷᠭᠡ ᠠᠰᠠᠭᠤᠳᠠᠯ ᠢ | ᠰᠢᠢᠳᠪᠤᠷᠢᠯᠡᠵᠦ ᠂ ᠬᠠᠮᠢᠶᠠᠷᠤᠯᠳᠠ ᠶᠢᠨ ᠪᠠᠶᠢᠭᠤᠯᠤᠮᠵᠢ ᠶᠢ ᠳᠡᠬᠦᠯᠳᠡᠷᠵᠢᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ ᠃ | ᠬᠤᠷᠠᠯ ᠠᠴᠠ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ ᠂ ᠰᠤᠷᠭᠠᠨ ᠬᠦᠮᠦᠵᠢᠯ ᠤᠨ ᠡᠷᠭᠡ ᠲᠡᠭᠰᠢ 365赢多少钱会被限额_国内有真正的365平台吗_365bet博彩官网 | ᠪᠠ ᠨᠡᠶᠢᠭᠡᠮ ᠤᠨ ᠲᠦᠪ ᠭᠤᠤᠯᠴᠢ ᠶᠢ ᠤᠯᠠᠮ ᠴᠢᠨᠠᠬᠰᠢᠳᠠ ᠠᠬᠢᠭᠤᠯᠤᠨ ᠂ ︽ᠡᠳ᠋ ᠤᠨ ᠵᠠᠰᠠᠭ ᠤᠨ ᠤᠷᠤᠭᠤᠯᠤᠯᠳᠠ ᠶᠢ ᠨᠡᠮᠡᠭᠳᠡᠬᠦᠯᠬᠦ ᠂ ᠵᠠᠷᠤᠳᠠᠯ ᠢ ᠵᠤᠬᠢᠰᠳᠠᠢ | ᠡᠬᠦᠷᠭᠡᠯᠡᠬᠦ ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠳᠤᠳᠤᠷᠬᠠᠢᠢᠯᠠᠬᠤ ᠂ ᠤᠯᠠᠨ ᠡᠰᠢᠵᠢᠭᠰᠡᠨ ᠬᠤᠯᠢᠮᠠᠬ ᠲᠤᠰᠠᠯᠠᠮᠵᠢ ᠦᠵᠡᠬᠦᠯᠬᠦ ᠂ ᠡᠯ᠎ᠠ ᠲᠠᠯ᠎ᠠ ᠶᠢᠨ 365赢多少钱会被限额_国内有真正的365平台吗_365bet博彩官网 | ᠬᠠᠷᠢᠭᠤᠴᠠᠯᠭ᠎ᠠ ᠶᠢ ᠳᠤᠳᠤᠷᠬᠠᠢᠢᠯᠠᠬᠤ︾ ᠵᠢᠴᠢ ︽ᠰᠢᠨ᠎ᠠ ᠰᠤᠷᠤᠬᠴᠢᠳ ᠲᠤ ᠰᠢᠨ᠎ᠠ ᠠᠷᠭ᠎ᠠ ᠭᠡᠮᠵᠢᠶ᠎ᠠ ᠭᠡᠷᠡᠭᠵᠢᠬᠦᠯᠵᠦ ᠂ ᠬᠠᠭᠤᠴᠢᠨ ᠰᠤᠷᠤᠬᠴᠢᠳ ᠲᠤ ᠬᠠᠭᠤᠴᠢᠨ | ᠠᠷᠭ᠎ᠠ ᠭᠡᠮᠵᠢᠶ᠎ᠠ ᠭᠡᠷᠡᠭᠵᠢᠬᠦᠯᠬᠦ︾ ᠵᠠᠷᠴᠢᠮ ᠶᠤᠰᠤᠭᠠᠷ ᠂ ᠨᠠᠷᠢᠨ ᠤᠨᠤᠴᠠᠳᠠᠢ ᠳᠡᠳᠬᠦᠨ ᠲᠤᠰᠠᠯᠠᠵᠦ ᠂ ᠮᠠᠨ ᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ | ᠡᠯ᠎ᠠ ᠲᠦᠷᠦᠯ ᠤᠨ ᠭᠡᠷ ᠤᠨ ᠠᠮᠢᠲᠤᠷᠠᠯ ᠨᠢ ᠶᠠᠳᠠᠭᠤ ᠬᠦᠴᠢᠷᠳᠡᠯᠳᠠᠢ ᠰᠤᠷᠤᠬᠴᠢ ᠶᠢᠨ ᠤᠷᠤᠬᠰᠢᠳᠠᠢ ᠪᠠᠷ ᠰᠤᠷᠭᠠᠭᠤᠯᠢ ᠳᠤ ᠤᠷᠤᠬᠤ ᠶᠢᠨ ᠬᠠᠮᠳᠦ ᠰᠤᠷᠤᠯᠭ᠎ᠠ ᠪᠠᠨ | ᠠᠮᠵᠢᠯᠳᠠᠳᠠᠢ ᠲᠡᠬᠦᠰᠬᠦ ᠶᠢ ᠲᠦᠷᠢᠮ ᠤᠨ ᠲᠠᠯ᠎ᠠ ᠠᠴᠠ ᠪᠠᠳᠤᠯᠠᠬᠤ ᠭᠡᠷᠡᠭᠲᠡᠢ ᠃ ᠰᠤᠷᠭᠠᠭᠤᠯᠢ ᠳᠤ ᠤᠷᠤᠬᠤ ᠶᠢ ᠲᠤᠰᠠᠯᠠᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠦᠷᠳᠡᠨ ᠬᠢᠨᠡᠨ ᠭᠡᠮᠵᠢᠯᠳᠠ ᠬᠢᠵᠦ ᠂ ᠬᠠᠷᠠᠭᠠᠯᠵᠠᠬᠰᠠᠨ ᠢᠵᠢ ᠲᠦᠬᠦᠷ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠦᠨ ᠂ | ᠰᠤᠷᠤᠯᠭ᠎ᠠ ᠠᠴᠠ ᠪᠤᠯᠵᠦ ᠲᠠᠬᠢᠨ ᠶᠠᠳᠠᠭᠤᠷᠠᠬᠤ ᠂ ᠰᠤᠷᠤᠯᠭ᠎ᠠ ᠠᠴᠠ ᠪᠤᠯᠵᠦ ᠶᠠᠳᠠᠭᠤᠷᠠᠬᠤ ᠦᠵᠡᠭᠳᠡᠯ ᠭᠠᠷᠬᠤ ᠶᠢ ᠡᠷᠡᠰ ᠬᠤᠷᠢᠬᠯᠠᠵᠦ ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ ᠢ ᠦᠨᠡᠨ ᠬᠦ ᠪᠠᠬᠢᠵᠢᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ ᠃ | ᠬᠤᠷᠠᠯ ᠠᠴᠠ ᠂ ᠡᠯ᠎ᠠ ᠱᠠᠳᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ ᠂ ᠠᠭᠤᠢ ᠶᠢᠨ | ᠰᠦᠮ᠎ᠠ ᠶᠢ ᠬᠠᠮᠠᠭᠠᠯᠠᠬᠤ ᠠᠰᠢᠬᠯᠠᠬᠤ ᠶᠢ ᠪᠠᠶᠢᠪᠠᠰᠤ ᠵᠤᠬᠢᠬᠤ ᠪᠠᠶᠢᠷᠢᠨ ᠳᠤ ᠲᠠᠯᠪᠢᠵᠦ ᠂ ᠡᠯ᠎ᠠ ᠵᠦᠢᠯ ᠤᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ | ᠪᠠᠳᠤᠳᠠᠢ ᠰᠠᠶᠢᠳᠤᠷ ᠠᠳᠬᠤᠬᠤ ᠭᠡᠷᠡᠭᠲᠡᠢ ᠃ ᠲᠦᠯᠦᠪᠵᠢᠬᠦᠯᠭᠡ ᠪᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠦ ᠂ ᠠᠭᠤᠢ ᠶᠢᠨ ᠰᠦᠮ᠎ᠠ ᠶᠢᠨ ᠬᠠᠮᠠᠭᠠᠯᠠᠯᠳᠠ | ᠠᠰᠢᠬᠯᠠᠯᠳᠠ ᠶᠢᠨ ᠲᠤᠰᠬᠠᠢ ᠲᠦᠯᠦᠪᠵᠢᠬᠦᠯᠭᠡ ᠶᠢ ᠰᠠᠶᠢᠳᠤᠷ ᠵᠤᠬᠢᠶᠠᠨ ᠪᠠᠶᠢᠭᠤᠯᠵᠦ ᠨᠠᠶᠢᠷᠠᠭᠤᠯᠤᠨ ᠂ ᠪᠦᠬᠦ ᠤᠷᠤᠨ ᠤ ᠠᠭᠤᠢ ᠶᠢᠨ ᠰᠦᠮ᠎ᠠ ᠶᠢᠨ ᠲᠤᠰᠬᠠᠢ | ᠪᠠᠶᠢᠴᠠᠭᠠᠯᠳᠠ ᠶᠢ ᠴᠢᠨᠠᠬᠰᠢᠳᠠ ᠰᠠᠶᠢᠳᠤᠷ ᠬᠢᠵᠦ ᠂ ᠬᠠᠳᠠᠭᠠᠯᠠᠬᠳᠠᠵᠦ ᠪᠠᠶᠢᠭ᠎ᠠ ᠤᠳᠤᠬᠢ ᠪᠠᠶᠢᠳᠠᠯ ᠂ ᠭᠤᠤᠯ ᠪᠤᠯᠬᠤ ᠠᠶᠦᠯ ᠲᠦᠭᠰᠢᠬᠦᠷᠢ ᠶᠢ ᠨᠠᠷᠢᠨ ᠤᠢᠢᠯᠠᠭᠠᠭᠰᠠᠨ ᠤ | ᠰᠠᠭᠤᠷᠢᠨ ᠳᠡᠭᠡᠷ᠎ᠠ ᠂ ᠴᠢᠭᠯᠡᠬᠦᠯᠦᠯᠳᠦ ᠴᠢᠨᠠᠷᠳᠠᠢ ᠬᠠᠮᠠᠭᠠᠯᠠᠬᠤ ᠲᠦᠰᠦᠯ ᠲᠤᠷᠠᠳᠬᠤ ᠭᠡᠷᠡᠭᠲᠡᠢ ᠃ ᠵᠤᠬᠢᠰᠳᠠᠢ ᠠᠰᠢᠬᠯᠠᠬᠤ ᠶᠢ ᠠᠬᠢᠭᠤᠯᠵᠦ ᠂ ᠢᠯᠠᠩᠭᠤᠶ᠎ᠠ ᠡᠬᠦᠨ ᠤ | ᠳᠤᠮᠳᠠ ᠠᠭᠤᠯᠤᠬᠳᠠᠵᠦ ᠪᠠᠶᠢᠭ᠎ᠠ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠲᠡᠦᠭᠡ ᠶᠢᠨ ᠠᠭᠤᠯᠬᠤᠨ ᠢ ᠬᠦᠨᠵᠡᠭᠡᠢ ᠠᠭᠤᠳᠠᠯᠵᠦ ᠂ | ᠠᠭᠤᠢ ᠶᠢᠨ ᠰᠦᠮ᠎ᠠ ᠵᠡᠷᠭᠡ ᠲᠡᠦᠭᠡ ᠰᠤᠶᠤᠯ ᠤᠨ ᠦᠪ ᠤᠨ ᠳᠤᠮᠳᠠᠳᠤ ᠶᠢᠨ ᠦᠨᠳᠦᠰᠦᠳᠡᠨ ᠤ ᠬᠠᠮᠳᠦ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ | ᠲᠠᠯ᠎ᠠ ᠪᠠᠷ ᠬᠢ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠲᠡᠢ ᠃ ᠤᠯᠠᠨ ᠰᠠᠯᠠᠭ᠎ᠠ ᠮᠦᠴᠢᠷ ᠬᠠᠮᠵᠢᠯᠴᠠᠬᠤ ᠲᠤᠭᠳᠠᠴᠠ ᠶᠢ ᠪᠠᠶᠢᠭᠤᠯᠵᠦ ᠂ ᠠᠭᠤᠢ ᠶᠢᠨ | ᠰᠦᠮ᠎ᠠ ᠶᠢᠨ ᠬᠠᠮᠠᠭᠠᠯᠠᠯᠳᠠ ᠠᠰᠢᠬᠯᠠᠯᠳᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠬᠦ ᠭᠡᠷᠡᠭᠲᠡᠢ ᠭᠡᠵᠦ ᠱᠠᠭᠠᠷᠳᠠᠵᠠᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ ᠃ |