ᠦᠪᠦᠷ ᠵᠠᠰᠠᠭ ᠲᠠᠷᠬᠠᠭᠠᠭᠰᠠᠨ ﹇2020﹈ 21 ᠳ᠋ᠦ᠋ᠭᠡᠷ ᠲᠣᠭᠠᠲᠤ | ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠦᠯᠦᠪᠯᠡᠭᠡ ︵2020-2022 ᠣᠨ︶ ᠶᠢ | ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ | ᠲᠦᠯᠦᠪᠯᠡᠭᠡ ︵2020-2022 ᠣᠨ︶︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2020 ᠣᠨ ᠤ 12 ᠳ᠋ᠤᠭᠠᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2020 — 2022 ᠣᠨ︶ | | | ︽ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇2019﹈ 48 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠷᠠᠯᠵᠢᠶᠠᠨ ᠤ ᠥᠷᠢᠰᠥᠯᠳᠦᠭᠡᠨ ᠳᠠᠬᠢ ᠰᠢᠨ᠎ᠡ ᠳᠠᠪᠠᠭᠤᠯᠢᠭ ᠢ ᠲᠦᠷᠬᠡᠬᠡᠨ ᠪᠣᠢ ᠪᠣᠯᠭᠠᠵᠤ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠣᠰ | ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ | ᠭᠠᠳᠠᠭᠰᠢ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠭᠡᠨ᠂ ᠠᠷᠠᠯᠵᠢᠶᠠᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠠᠷᠠᠯᠵᠢᠶᠠᠨ ᠤ | ᠰᠢᠨ᠎ᠡ ᠶᠢ ᠡᠭᠦᠳᠬᠦ ᠴᠢᠳᠠᠪᠤᠷᠢ ᠪᠠ ᠬᠥᠭᠵᠢᠯᠲᠡ ᠶᠢᠨ ᠬᠥᠳᠡᠯᠭᠡᠭᠴᠢ ᠬᠦᠴᠦᠨ ᠢ ᠴᠢᠩᠭᠠᠷᠠᠭᠤᠯᠤᠨ᠂ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ | ᠰᠢᠨ᠎ᠡ ᠬᠡᠪ ᠵᠠᠭᠪᠤᠷ ᠢ ᠪᠣᠢ ᠪᠣᠯᠭᠠᠵᠤ᠂ ᠮᠠᠨ ᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠬᠦ ᠶᠢ ᠦᠨᠡᠨ ᠬᠦ ᠠᠬᠢᠭᠤᠯᠤᠨ᠎ᠠ᠃ | ᠬᠤᠶᠠᠷ᠂ ᠬᠥᠭᠵᠢᠭᠦᠯᠬᠦ ᠬᠠᠷᠠᠯᠲᠠ | 2022 ᠣᠨ ᠪᠣᠯᠬᠤ ᠳᠤ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠪᠦᠲᠦᠴᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠤᠯᠤᠰ ᠲᠠᠬᠢ ᠵᠠᠬ᠎ᠠ ᠳᠡᠯᠭᠡᠭᠦᠷ ᠢᠶᠠᠨ ᠨᠡᠩ ᠢᠯᠡᠭᠦᠦ ᠣᠯᠠᠨ ᠡᠰᠢᠵᠢᠭᠰᠡᠨ ᠪᠠᠶᠢᠳᠠᠯ ᠲᠠᠢ ᠪᠣᠯᠭᠠᠨ᠂ ᠡᠵᠡᠩᠨᠡᠯᠲᠡ ᠶᠢᠨ | ᠭᠤᠤᠯ ᠴᠣᠭᠴᠠ ᠶᠢᠨ ᠰᠢᠨ᠎ᠡ ᠶᠢ ᠡᠭᠦᠳᠬᠦ ᠴᠢᠳᠠᠪᠤᠷᠢ᠂ ᠣᠯᠠᠨ ᠤᠯᠤᠰ ᠯᠤᠭ᠎ᠠ ᠶᠢᠨ ᠥᠷᠢᠰᠦᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠭᠠᠳᠠᠭᠠᠳᠤ | ᠠᠷᠠᠯᠵᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠢᠯᠡᠳᠲᠡ ᠰᠠᠶᠢᠵᠢᠷᠠᠭᠤᠯᠤᠨ᠂ ᠪᠦᠬᠦ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ | ᠦᠵᠡᠭᠦᠯᠬᠦ ᠬᠤᠪᠢ ᠨᠡᠮᠡᠷᠢ ᠶᠢ ᠨᠡᠮᠡᠭᠳᠡᠭᠦᠯᠦᠨ᠎ᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ ᠵᠢᠯ ᠪᠦᠷᠢ | ᠳᠤᠮᠳᠠᠴᠢ ᠪᠠᠷ 5% ᠨᠡᠮᠡᠭᠳᠡᠭᠦᠯᠦᠨ᠂ ᠶᠡᠷᠦᠩᠬᠡᠶ ᠦᠷᠳᠡᠭ ᠢ 1250 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠠᠷᠠᠯᠵᠢᠶᠠᠨ ᠳᠤ ᠲᠦᠰᠢᠭᠯᠡᠬᠦ | ᠬᠡᠮᠵᠢᠶ᠎ᠡ ᠶᠢ 7% ᠣᠷᠴᠢᠮ ᠪᠣᠯᠭᠠᠨ᠎ᠠ︔ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠤᠨ ᠬᠤᠭᠤᠷᠤᠨᠳᠤᠬᠢ ᠠᠷᠠᠯᠵᠢᠶᠠᠨ ᠤ | ᠶᠡᠷᠦᠩᠬᠡᠶ ᠬᠡᠮᠵᠢᠶ᠎ᠡ ᠶᠢ 800 ᠳ᠋ᠦᠩᠰᠢᠭᠤᠷ ᠲᠥᠭᠦᠷᠢᠭ ᠲᠤ ᠬᠦᠷᠭᠡᠵᠦ᠂ 2020 ᠣᠨ ᠤ ᠬᠢ ᠠᠴᠠ 12.5% ᠨᠡᠮᠡᠭᠳᠡᠭᠦᠯᠦᠨ᠎ᠡ᠃ 2022 ᠣᠨ ᠤ ᠰᠡᠭᠦᠯᠴᠢ | ᠪᠣᠯᠬᠤ ᠳᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠡᠵᠡᠯᠡᠬᠦ ᠬᠠᠷᠢᠴᠠᠯ ᠢ 15% ᠠᠴᠠ ᠳᠡᠭᠡᠭᠰᠢ ᠳᠤ ᠬᠦᠷᠦᠭᠦᠯᠦᠨ᠎ᠡ︔ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠲᠤᠭ᠎ᠠ ᠶᠢ 150 ᠭᠠᠷᠤᠢ ᠳ᠋ᠦᠩᠰᠢᠭᠤᠷ ᠲᠥᠭᠦᠷᠢᠭ ᠪᠣᠯᠭᠠᠨ᠎ᠠ᠂ ᠡᠭᠦᠨ ᠳᠤ᠂ | ᠰᠠᠭᠤᠷᠢᠰᠢᠭᠤᠯᠤᠨ ᠪᠣᠯᠪᠠᠰᠤᠷᠠᠭᠤᠯᠬᠤ ᠠᠷᠠᠯᠵᠢᠶᠠᠨ ᠤ ᠬᠡᠪᠴᠢᠶᠡᠵᠢᠯ ᠢ 100 ᠳ᠋ᠦᠩᠰᠢᠭᠤᠷ ᠲᠥᠭᠦᠷᠢᠭ ᠲᠤ ᠬᠦᠷᠭᠡᠵᠦ᠂ ᠬᠢᠯᠢ ᠶᠢᠨ ᠠᠷᠠᠯᠵᠢᠶᠠᠨ ᠤ ᠬᠥᠭᠵᠢᠯᠲᠡ ᠶᠢ | ᠨᠦᠯᠦᠭᠡᠯᠡᠨ ᠳᠠᠶᠢᠴᠢᠯᠠᠬᠤ ᠳᠤ ᠡᠵᠡᠯᠡᠬᠦ ᠬᠠᠷᠢᠴᠠᠯ ᠢ 40% ᠠᠴᠠ ᠢᠯᠡᠭᠦᠦ ᠪᠣᠯᠭᠠᠨ᠎ᠠ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ | ᠣᠷᠤᠭᠤᠯᠵᠤ ᠭᠠᠳᠠᠭᠠᠲᠤ ᠳᠤ ᠭᠠᠷᠭᠠᠬᠤ ᠪᠦᠬᠦ ᠲᠤᠭ᠎ᠠ ᠶᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ︔ ᠵᠠᠬ᠎ᠠ ᠳᠡᠯᠭᠡᠭᠦᠷ ᠢᠶᠠᠷ ᠬᠤᠳᠠᠯᠳᠤᠨ | ᠠᠪᠬᠤ ᠠᠷᠠᠯᠵᠢᠶᠠᠨ ᠤ ᠬᠡᠪᠴᠢᠶᠡᠵᠢᠯ ᠢ 50 ᠳ᠋ᠦᠩᠰᠢᠭᠤᠷ ᠲᠥᠭᠦᠷᠢᠭ ᠠᠴᠠ ᠢᠯᠡᠭᠦᠦ ᠪᠣᠯᠭᠠᠨ᠎ᠠ᠃ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠪᠣᠳᠠᠲᠤ | ᠠᠮᠵᠢᠯᠲᠠ ᠲᠠᠢ ᠠᠵᠤ ᠠᠬᠤᠶᠢᠯᠠᠯ ᠢ 2600 ᠠᠴᠠ ᠳᠠᠪᠠᠭᠤᠯᠬᠤ ᠪᠠᠷ ᠴᠢᠷᠮᠠᠶᠢᠨ᠎ᠠ᠂ ᠡᠭᠦᠨ ᠳᠤ᠂ ᠳ᠋ᠦᠩᠰᠢᠭᠤᠷ ᠲᠥᠭᠦᠷᠢᠭ ᠢ ᠳᠠᠪᠠᠭᠰᠠᠨ ᠭᠠᠳᠠᠭᠠᠳᠤ ᠳᠤ ᠭᠠᠷᠭᠠᠬᠤ | ᠬᠡᠮᠵᠢᠶ᠎ᠡ ᠲᠠᠢ ᠠᠵᠤ ᠠᠬᠤᠶᠢᠯᠠᠯ ᠢ 60 ᠪᠤᠯᠭᠠᠵᠦ᠂ ᠳ᠋ᠦᠩᠰᠢᠭᠤᠷ ᠲᠥᠭᠦᠷᠢᠭ ᠢ ᠳᠠᠪᠠᠭᠰᠠᠨ ᠭᠠᠳᠠᠭᠠᠳᠤ ᠠᠴᠠ ᠣᠷᠣᠭᠤᠯᠤᠭᠰᠠᠨ ᠲᠤᠭ᠎ᠠ ᠲᠠᠢ ᠠᠵᠤ ᠠᠬᠤᠶᠢᠯᠠᠯ ᠢ | 110 ᠪᠤᠯᠭᠠᠨ᠎ᠠ᠃ ᠭᠠᠳᠠᠭᠠᠳᠤ ᠠᠷᠠᠯᠵᠢᠶᠠᠨ ᠤ ᠭᠤᠣᠯ ᠪᠣᠯᠬᠤ ᠠᠶᠢᠮᠠᠭ ᠬᠤᠲᠠ ᠳᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ | ᠠᠬᠤᠶᠢᠯᠠᠯ ᠢ 10 ᠭᠠᠷᠤᠢ ᠪᠣᠯᠭᠠᠵᠤ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠨᠡᠩ ᠤᠯᠠᠨ ᠭᠠᠳᠠᠭᠠᠳᠤ ᠠᠷᠠᠯᠵᠢᠶᠠᠨ ᠤ ᠳᠤᠮᠳᠠ | ᠵᠢᠵᠢᠭ ᠠᠵᠤ ᠠᠬᠤᠶᠢᠯᠠᠯ ᠢ ᠤᠯᠠᠨ ᠤᠯᠤᠰ ᠤᠨ ᠵᠠᠬ᠎ᠠ ᠳᠡᠯᠭᠡᠭᠦᠷ ᠲᠤ ᠣᠷᠤᠭᠤᠯᠬᠤ ᠪᠠᠷ ᠳᠠᠶᠢᠴᠢᠯᠠᠨ ᠳᠠᠭᠠᠭᠤᠯᠤᠨ᠎ᠠ᠃ ᠤᠯᠤᠰ ᠤᠨ ᠲᠠᠰ ᠤᠨ ᠭᠠᠳᠠᠭᠠᠳᠤ | ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠢ 15 ᠠᠴᠠ ᠢᠯᠡᠭᠦᠦ ᠪᠣᠯᠭᠠᠵᠤ᠂ ᠣᠯᠠᠨ ᠤᠯᠤᠰ ᠤᠨ ᠡᠵᠡᠩᠨᠡᠯᠲᠡ | ᠪᠤᠷᠤᠯᠠᠭᠤᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ 10 ᠭᠠᠷᠤᠢ ᠪᠣᠯᠭᠠᠨ᠎ᠠ᠃ ᠥᠪᠥᠷ ᠮᠣᠩᠭᠤᠯ ᠤᠨ ᠪᠡᠶ᠎ᠡ ᠪᠠᠨ ᠳᠠᠭᠠᠭᠠᠭᠰᠠᠨ ᠭᠠᠳᠠᠭᠠᠳᠤ ᠳᠤ | ᠭᠠᠷᠭᠠᠬᠤ ᠨᠡᠷᠡᠲᠦ ᠲᠡᠮᠳᠡᠭ ᠢ 100 ᠪᠣᠯᠭᠠᠵᠤ᠂ ᠪᠡᠶ᠎ᠡ ᠪᠠᠨ ᠳᠠᠭᠠᠭᠠᠭᠰᠠᠨ ᠨᠠᠷᠡᠲᠦ ᠲᠡᠮᠳᠡᠭ ᠤᠨ ᠪᠦᠲᠦᠭᠡᠭᠳᠡᠭᠦᠨ ᠤ ᠭᠠᠳᠠᠭᠠᠳᠤ ᠭᠠᠷᠭᠠᠯᠲᠠ ᠳᠤ ᠡᠵᠡᠯᠡᠬᠦ | ᠬᠤᠪᠢ ᠶᠢᠨ ᠵᠢᠩ ᠢ 50% ᠠᠴᠠ ᠢᠯᠡᠭᠦᠦ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠲᠦᠷᠭᠡᠳᠭᠡᠵᠦ᠂ ᠠᠷᠠᠯᠵᠢᠶᠠᠨ ᠤ ᠦᠷᠢᠰᠦᠯᠳᠦᠭᠡᠨ ᠳᠠᠬᠢ ᠰᠢᠨ᠎ᠡ ᠳᠠᠪᠠᠭᠤᠯᠢᠭ ᠢ ᠪᠣᠢ | ᠪᠣᠯᠭᠠᠨ᠎ᠠ᠃ | ᠠᠷᠠᠯᠵᠢᠶ᠎ᠠ ᠶᠢ ᠬᠥᠭᠵᠢᠭᠦᠯᠬᠦ ᠠᠵᠤ ᠦᠢᠯᠡᠰ ᠤᠨ ᠰᠠᠭᠤᠷᠢ ᠶᠢ ᠪᠠᠲᠤᠳᠬᠠᠨ᠎ᠠ᠃ ᠠᠷᠠᠯᠵᠢᠶ᠎ᠠ ᠪᠠ ᠠᠵᠤ ᠦᠢᠯᠡᠰ ᠤᠨ ᠵᠣᠬᠢᠴᠠᠩᠭᠤᠢ ᠬᠥᠭᠵᠢᠵᠦ ᠬᠠᠷᠢᠯᠴᠠᠨ | ᠦᠢᠯᠡᠳᠦᠯᠴᠡᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠵᠦ᠂ ᠳᠠᠪᠠᠭᠤᠯᠢᠭ ᠲᠠᠢ ᠤᠯᠠᠮᠵᠢᠯᠠᠯᠲᠤ | ᠠᠵᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠪᠠ ᠲᠡᠷᠢᠭᠦᠨ ᠤ ᠲᠣᠬᠢᠷᠠᠮᠵᠢᠲᠠᠢ ᠮᠡᠷᠭᠡᠵᠢᠯ ᠢ ᠠᠰᠢᠭᠯᠠᠵᠤ ᠪᠠᠶᠢᠭᠠᠳ ᠡᠨᠧᠷᠬᠢ᠂ ᠬᠢᠮᠢ ᠶᠢᠨ ᠠᠵᠤ ᠦᠢᠯᠡᠳᠪᠦᠷᠢ᠂ | ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠤᠨᠤᠭ ᠲᠥᠭᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ | ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠦᠭᠡᠷᠡᠴᠢᠯᠡᠨ ᠳᠡᠭᠡᠭᠰᠢᠯᠡᠭᠦᠯᠬᠦ ᠶᠢ ᠨᠢ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ | ᠬᠡᠯᠬᠢᠶ᠎ᠡ ᠶᠢ ᠴᠢᠩᠭᠠᠷᠠᠭᠤᠯᠵᠤ᠂ ᠬᠦᠳᠡᠯᠮᠦᠷᠢ ᠨᠢᠭᠲᠠᠷᠠᠩᠭᠤᠢ ᠦᠢᠯᠡᠳᠭᠦᠨ ᠤ ᠶᠠᠰᠤ ᠴᠢᠨᠠᠷ᠂ ᠳᠡᠰ ᠵᠡᠷᠭᠡ ᠪᠠ ᠮᠡᠷᠭᠡᠵᠢᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ | ᠠᠵᠤ ᠦᠢᠯᠡᠰ ᠤᠨ ᠦᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ | ᠬᠥᠭᠵᠢᠭᠦᠯᠵᠦ᠂ ᠨᠢᠭᠡ ᠪᠦᠯᠦᠭ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ | ᠲᠥᠭᠦᠭᠡᠷᠦᠮᠵᠢ᠂ ᠲᠤᠮᠤ ᠳ᠋ᠠᠶᠢᠲ᠋ᠠ ᠶᠢᠨ ᠡᠭᠦᠯᠡᠨ ᠪᠤᠳᠤᠯᠲᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠤᠩᠭᠤᠯ ᠬᠢᠲᠠᠳ ᠡᠮ ᠡᠮᠨᠡᠯᠭᠡ ᠶᠢᠨ | ᠠᠵᠤ ᠦᠢᠯᠡᠰ ᠤᠨ ᠪᠦᠯᠦᠭᠵᠢᠯ ᠢ ᠴᠤᠭᠴᠠᠯᠠᠨ ᠪᠠᠶᠢᠭᠤᠯᠵᠤ᠂ ᠮᠠᠨ ᠤ ᠤᠷᠣᠨ ᠤ ᠠᠵᠤ ᠦᠢᠯᠡᠰ ᠤᠨ ᠳᠡᠭᠡᠳᠦ ᠳᠡᠰᠴᠢᠯᠡᠬᠦ᠂ ᠤᠶᠤᠨᠴᠢᠯᠠᠬᠤ᠂ ᠪᠤᠬᠢᠷᠳᠤᠯ ᠦᠭᠡᠢ᠂ | ᠦᠢᠯᠡᠴᠢᠯᠡᠭᠡᠨ ᠤ ᠬᠡᠯᠪᠡᠷᠢ ᠲᠡᠶᠢᠰᠢ ᠬᠥᠭᠵᠢᠬᠦ ᠶᠢ ᠠᠬᠢᠭᠤᠯᠤᠨ᠂ ᠠᠵᠤ ᠦᠢᠯᠡᠰ ᠤᠨ ᠣᠯᠠᠨ ᠡᠰᠢᠴᠢᠯᠡᠬᠦ᠂ ᠭᠦᠨᠵᠡᠭᠡᠶᠢᠷᠡᠬᠦ᠂ ᠳᠡᠰ ᠳᠡᠪᠰᠢᠬᠦ ᠶᠢ ᠪᠡᠶᠡᠯᠡᠭᠦᠯᠵᠦ᠂ | ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠳᠡᠯᠡᠬᠡᠶᠢᠴᠢᠯᠡᠬᠦ ᠬᠥᠭᠵᠢᠯᠲᠡ ᠶᠢ ᠲᠦᠷᠭᠡᠳᠭᠡᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠣᠯᠠᠨ | ᠤᠯᠤᠰ ᠤᠨ ᠵᠠᠬ᠎ᠠ ᠳᠡᠯᠭᠡᠭᠦᠷ ᠤᠨ ᠦᠷᠢᠰᠦᠯᠳᠦᠭᠡᠨ ᠳᠤ ᠣᠷᠤᠯᠴᠠᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ | ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶ | ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠣᠭᠠᠲᠤ ᠰᠦᠯᠵᠢᠶ᠎ᠡ᠂ | ᠲᠤᠮᠤ ᠳ᠋ᠠᠶᠢᠲ᠋ᠠ᠂ ᠵᠣᠬᠢᠶᠠᠮᠠᠯ ᠤᠶᠤᠨ᠂ ᠬᠡᠰᠡᠭ ᠤᠳ ᠤᠨ ᠬᠡᠯᠬᠢᠶ᠎ᠡ ᠬᠢᠭᠡᠳ ᠠᠷᠠᠯᠵᠢᠶᠠᠨ ᠤ ᠤᠷᠭᠠᠨᠢᠭ ᠢᠶᠠᠷ ᠠᠭᠤᠰᠤᠯᠴᠠᠬᠤ ᠶᠢ ᠠᠬᠢᠭᠤᠯᠵᠤ᠂ ᠠᠵᠤ | ᠠᠬᠤᠶᠢᠯᠠᠯ ᠤᠨ ᠬᠢᠨ ᠤ ᠣᠯᠠᠨ ᠤᠯᠤᠰ ᠤᠨ ᠵᠠᠬ᠎ᠠ ᠳᠡᠯᠭᠡᠭᠦᠷ ᠲᠤ ᠬᠠᠨᠳᠤᠭᠤᠯᠵᠤ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠠᠵᠢᠯ ᠦᠷᠨᠢᠭᠦᠯᠬᠦ ᠶᠢ | ᠵᠣᠷᠢᠭᠵᠢᠭᠤᠯᠵᠤ᠂ ᠭᠠᠳᠠᠭᠠᠳᠤ ᠳᠤ ᠭᠠᠷᠭᠠᠬᠤ ᠪᠦᠲᠦᠭᠡᠭᠳᠡᠭᠦᠨ ᠤ ᠨᠡᠮᠡᠯᠲᠡ ᠥᠷᠲᠡᠭ ᠢ ᠨᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠭᠡᠷᠡᠴᠢᠯᠡᠭᠡ ᠬᠢᠬᠦ ᠠᠵᠢᠯᠯᠠᠭ᠎ᠠ | ᠦᠷᠨᠢᠭᠦᠯᠬᠦ ᠶᠢ ᠳᠡᠮᠵᠢᠵᠦ᠂ ᠨᠢᠭᠡ ᠪᠦᠯᠦᠭ ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠭᠡᠭᠳᠡᠭᠦᠨ ᠤ ᠶᠠᠰᠤ ᠴᠢᠨᠠᠷ ᠢᠶᠠᠨ ᠪᠦᠬᠦ ᠴᠤᠭᠴᠠ ᠪᠠᠷ ᠨᠢ ᠣᠯᠠᠨ | ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠬᠦ ᠶᠢ ᠠᠬᠢᠭᠤᠯᠤᠨ᠎ᠠ᠃ ᠤᠯᠤᠰ ᠤᠨ ᠬᠤᠭᠤᠷᠤᠨᠳᠤᠬᠢ ᠶᠠᠰᠤ ᠴᠢᠨᠠᠷ ᠮᠡᠷᠭᠡᠵᠢᠯ ᠤᠨ ᠲᠠᠯ᠎ᠠ ᠶᠢᠨ ᠰᠠᠭᠤᠷᠢ | ᠪᠠᠶᠢᠭᠤᠯᠤᠯᠲᠠ ᠶᠢᠨ ᠬᠦᠷᠢᠶᠡᠨ ᠳᠠᠬᠢ ᠰᠤᠯᠢᠯᠴᠠᠭ᠎ᠠ ᠳᠤ ᠢᠳᠡᠪᠬᠢᠲᠡᠢ ᠣᠷᠤᠯᠴᠠᠵᠤ᠂ ᠪᠠᠷᠢᠮᠵᠢᠶ᠎ᠠ᠂ ᠭᠡᠷᠡᠴᠢᠯᠡᠭᠡ ᠬᠢᠵᠦ ᠵᠥᠪᠰᠢᠶᠡᠷᠡᠬᠦ ᠵᠡᠷᠭᠡ ᠲᠠᠯ᠎ᠠ ᠪᠠᠷ | ᠲᠣᠷᠰᠢᠯᠭ᠎ᠠ ᠪᠠᠨ ᠬᠤᠪᠢᠶᠠᠯᠴᠠᠵᠤ ᠬᠠᠮᠲᠤᠷᠠᠨ ᠠᠵᠢᠯᠯᠠᠵᠤ᠂ ᠬᠠᠮᠢᠶ᠎ᠠ ᠪᠦᠬᠦᠢ ᠪᠠᠷᠢᠮᠵᠢᠶ᠎ᠠ ᠪᠠᠨ ᠨᠢᠭᠡᠲᠦᠯᠲᠡᠢ ᠵᠥᠪᠰᠢᠶᠡᠷᠡᠨ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠡᠷᠡᠭᠯᠡᠭᠡ ᠶᠢᠨ ᠵᠦᠢᠯ ᠤᠨ ᠶᠠᠰᠤ ᠴᠢᠨᠠᠷ ᠤᠨ ᠠᠮᠦᠷ ᠲᠦᠪᠰᠢᠨ ᠢ | ᠣᠯᠠᠨ ᠤᠯᠤᠰ ᠤᠨ ᠪᠠᠷᠢᠮᠵᠢᠶ᠎ᠠ ᠯᠤᠭ᠎ᠠ ᠵᠤᠯᠭᠠᠯᠳᠤᠭᠤᠯᠬᠤ ᠶᠢ ᠠᠬᠢᠭᠤᠯᠤᠨ᠂ ᠣᠯᠠᠨ ᠤᠯᠤᠰ ᠯᠤᠭ᠎ᠠ ᠶᠢᠨ ᠦᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ᠃ | ᠢᠳᠡᠭᠡᠨ ᠤ ᠵᠦᠢᠯ᠂ ᠲᠠᠷᠢᠶᠠᠯᠠᠩ ᠤᠨ ᠪᠦᠲᠦᠭᠡᠭᠳᠡᠭᠦᠨ᠂ ᠡᠮ ᠤᠨ ᠵᠦᠢᠯ ᠵᠡᠷᠭᠡ ᠴᠢᠬᠤᠯᠠ ᠪᠦᠲᠦᠭᠡᠭᠳᠡᠭᠦᠨ ᠢ ᠮᠦᠷᠳᠡᠨ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠤᠯᠤᠰ ᠤᠨ ᠲᠤᠳᠤᠭᠠᠲᠤ ᠭᠠᠳᠠᠭᠠᠳᠤ ᠳᠤ ᠪᠤᠷᠤᠯᠠᠭᠤᠯᠬᠤ ᠪᠦᠲᠦᠭᠡᠭᠳᠡᠭᠦᠨ ᠤ ︽ᠠᠳᠠᠯᠢ ᠦᠢᠯᠡᠳᠪᠦᠷᠢᠯᠡᠯ ᠤᠨ ᠱᠤᠭᠤᠮ ᠳᠤ ᠠᠳᠠᠯᠢ ᠪᠠᠷᠢᠮᠵᠢᠶ᠎ᠠ | ᠠᠳᠠᠯᠢ ᠶᠠᠰᠤ ᠴᠢᠨᠠᠷ ᠲᠠᠢ ᠪᠠᠶᠢᠯᠭᠠᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠭᠢᠮ︶ | ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠢ ᠲᠦᠷᠭᠡᠪᠴᠢᠯᠡᠨ ᠪᠣᠢ ᠪᠣᠯᠭᠠᠨ᠎ᠠ᠃ ᠨᠡᠷᠡᠲᠦ ᠲᠡᠮᠲᠡᠭ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ︽ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠤᠨ ᠭᠠᠳᠠᠭᠠᠳᠤ ᠭᠠᠷᠭᠠᠯᠲᠠ ᠶᠢ ᠨᠡᠮᠡᠭᠳᠡᠭᠦᠯᠬᠦ ᠠᠵᠢᠯᠯᠠᠭᠠᠨ ᠤ ᠲᠦᠯᠦᠪᠯᠡᠭᠡ︾ ᠶᠢ ᠰᠤᠳᠤᠯᠤᠨ | ᠲᠣᠭᠲᠠᠭᠠᠨ᠎ᠠ᠃ ᠨᠡᠷᠡᠲᠦ ᠲᠡᠮᠲᠡᠭ ᠢᠶᠠᠨ ᠤᠬᠠᠭᠤᠯᠬᠤ ᠲᠠᠪᠴᠠᠩ ᠢ ᠪᠠᠶᠢᠭᠤᠯᠵᠤ᠂ ᠬᠢᠯᠢ ᠶᠢᠨ ᠳᠤᠳᠤᠷ᠎ᠡ ᠭᠠᠳᠠᠨᠠᠬᠢ ᠭᠤᠣᠯᠳᠠᠯᠭ᠎ᠠ ᠲᠠᠢ ᠦᠵᠡᠭᠦᠯᠭᠡ ᠳᠤ ᠦᠪᠦᠷ | ᠮᠣᠩᠭᠤᠯ ᠤᠨ ᠨᠡᠷᠡᠲᠦ ᠲᠡᠮᠲᠡᠭ ᠪᠠ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠭᠦᠨ ᠢᠶᠠᠨ ᠤᠬᠠᠭᠤᠯᠬᠤ ᠠᠵᠢᠯᠯᠠᠭ᠎ᠠ ᠶᠢ ᠦᠷᠨᠢᠭᠦᠯᠦᠨ᠂ ︽ᠨᠢᠭᠡ ᠪᠦᠰᠡ ᠨᠢᠭᠡ ᠵᠠᠮ︾ | ᠳᠠᠭᠠᠤ ᠶᠢᠨ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠮᠠᠨ ᠤ ᠣᠷᠣᠨ ᠤ ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠢᠶᠠᠨ ᠤᠬᠠᠭᠤᠯᠤᠨ᠎ᠠ︔ ᠦᠪᠦᠷ ᠮᠣᠩᠭᠤᠯ ᠤᠨ | ᠨᠡᠷᠡᠲᠦ ᠲᠡᠮᠲᠡᠭ ᠢ ᠪᠡᠶᠡᠴᠢᠯᠡᠨ ᠣᠶᠢᠯᠠᠭᠠᠬᠤ ᠰᠦᠯᠵᠢᠶᠡᠨ ᠳᠠᠬᠢ ᠲᠥᠪ ᠢ ᠡᠭᠦᠳᠦᠨ ᠪᠠᠶᠢᠭᠤᠯᠤᠨ᠎ᠠ︔ ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠪᠦᠬᠦᠢ ᠠᠵᠤ | ᠠᠬᠤᠶᠢᠯᠠᠯ ᠤᠨ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠭᠠᠳᠠᠭᠠᠳᠤ ᠬᠦᠮᠦᠷᠭᠡ︾ ᠭᠡᠬᠦ ᠵᠠᠭᠪᠤᠷ ᠢ ᠠᠰᠢᠭᠯᠠᠨ ᠭᠠᠳᠠᠭᠠᠳᠤ ᠳᠠᠬᠢ ᠵᠠᠬ᠎ᠠ ᠳᠡᠯᠭᠡᠭᠦᠷ ᠢ | ᠥᠷᠭᠡᠳᠭᠡᠭᠡᠳ ᠰᠦᠯᠵᠢᠶ᠎ᠡ ᠪᠠᠷ ᠪᠤᠷᠤᠯᠠᠭᠤᠯᠬᠤ ᠵᠠᠮ ᠨᠡᠪᠲᠡᠷᠡᠭᠦᠯᠬᠦ ᠶᠢ ᠨᠢ ᠵᠣᠷᠢᠭᠵᠢᠭᠤᠯᠤᠨ᠎ᠠ᠃ ᠭᠠᠳᠠᠭᠠᠳᠤ ᠠᠷᠠᠯᠵᠢᠶᠠᠨ ᠤ ᠰᠦᠯᠵᠢᠶ᠎ᠡ ᠪᠠᠷ ᠠᠷᠠᠯᠵᠢᠶᠠᠯᠠᠬᠤ ᠵᠠᠮ ᠢ | ᠥᠷᠭᠡᠳᠭᠡᠵᠦ᠂ ︽ᠰᠦᠯᠵᠢᠶ᠎ᠡ ᠪᠠᠷ ᠨᠢᠭᠡ ᠤᠯᠤᠰ ᠲᠤ ᠨᠢᠭᠡ ᠦᠵᠡᠭᠦᠯᠭᠡ ᠡᠷᠬᠢᠯᠡᠬᠦ︾ ᠶᠢ ᠭᠦᠨᠵᠡᠭᠡᠢ ᠠᠬᠢᠭᠤᠯᠵᠤ᠂ ᠤᠯᠤᠰ ᠤᠨ ᠲᠤᠳᠤᠭᠠᠲᠤ ᠶᠢᠨ ᠬᠤᠳᠠᠯᠳᠤᠭᠠᠨ ᠤ | ᠠᠵᠢᠯ ᠲᠦᠷᠦᠯ ᠤᠨ ᠨᠡᠶᠢᠭᠡᠮᠯᠢᠭ᠂ ᠭᠠᠳᠠᠭᠠᠳᠣ ᠳᠤ ᠰᠠᠭᠤᠭ᠎ᠠ ᠪᠠᠶᠢᠭᠤᠯᠤᠮᠵᠢ᠂ ᠭᠠᠳᠠᠭᠠᠳᠤ ᠳᠠᠬᠢ ᠳᠤᠮᠳᠠᠳᠤ ᠶᠢᠨ ᠪᠡᠯᠡᠲᠦ ᠠᠵᠤ ᠠᠬᠤᠶᠢᠯᠠᠯ ᠤᠨ ᠨᠡᠶᠢᠭᠡᠮᠯᠢᠭ ᠢᠶᠠᠷ | ᠳᠠᠮᠵᠢᠭᠤᠯᠤᠨ᠂ ᠭᠠᠳᠠᠭᠠᠳᠤ ᠤᠯᠤᠰ ᠤᠨ ᠨᠡᠶᠢᠭᠡᠮᠯᠢᠭ ᠲᠠᠢ ᠢᠳᠡᠪᠬᠢᠲᠡᠢ ᠵᠤᠯᠭᠠᠯᠳᠤᠭᠤᠯᠵᠤ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠰᠦᠯᠵᠢᠶ᠎ᠡ ᠪᠠᠷ ᠪᠠ | ᠰᠦᠯᠵᠢᠶᠡᠨ ᠠᠴᠠ ᠭᠠᠳᠠᠭᠤᠷ ᠨᠡᠩ ᠣᠯᠠᠨ ᠭᠠᠳᠠᠭᠠᠳᠤ ᠶᠢᠨ ᠬᠤᠳᠠᠯᠳᠤᠨ ᠠᠪᠤᠭᠴᠢ ᠲᠠᠢ ᠵᠠᠯᠭᠠᠯᠳᠤᠭᠤᠯᠵᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠬᠡᠨ | ᠥᠷᠭᠡᠳᠭᠡᠨ᠎ᠡ︔ ᠠᠵᠤ ᠠᠬᠤᠶᠢᠯᠠᠯ ᠤᠳ ᠤᠨ ᠬᠢᠯᠢ ᠶᠢᠨ ᠭᠠᠳᠠᠨ᠎ᠠ ᠲᠤᠰᠬᠠᠢ ᠠᠰᠢᠭ ᠭᠤᠶᠤᠴᠢᠯᠠᠬᠤ᠂ ᠲᠠᠸᠠᠷ ᠤᠨ ᠲᠡᠮᠲᠡᠭ ᠢᠶᠠᠨ ᠣᠯᠠᠨ ᠤᠯᠤᠰ ᠲᠤ | ᠳᠠᠩᠰᠠᠯᠠᠭᠤᠯᠬᠤ᠂ ᠨᠡᠷᠡᠲᠦ ᠲᠡᠮᠲᠡᠭ ᠢᠶᠠᠨ ᠳᠡᠯᠭᠡᠷᠡᠭᠦᠯᠬᠦ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠠᠵᠢᠯᠯᠠᠭ᠎ᠠ ᠵᠢᠴᠢ ︽ᠦᠪᠦᠷ ᠮᠣᠩᠭᠤᠯ ᠨᠡᠷᠡᠮᠵᠢᠲᠦ︾ | ᠲᠡᠮᠲᠡᠭ ᠢᠶᠠᠨ ᠭᠡᠷᠡᠴᠢᠯᠡᠭᠦᠯᠬᠦ ᠶᠢ ᠳᠡᠮᠵᠢᠵᠦ᠂ ︽ᠦᠪᠦᠷ ᠮᠣᠩᠭᠤᠯ ᠨᠡᠷᠡᠮᠵᠢᠲᠦ ᠲᠡᠮᠲᠡᠭ︾ ᠲᠠᠢ ᠪᠦᠲᠦᠭᠡᠭᠳᠡᠭᠦᠨ ᠤ ᠳᠡᠯᠡᠬᠡᠢ ᠳ᠋ᠠᠬᠢᠨ ᠲᠠᠬᠢ ᠨᠦᠯᠦᠭᠡᠯᠡᠬᠦ ᠬᠦᠴᠦᠨ ᠪᠠ | ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠦᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ | ᠲᠢᠩᠭᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠭᠢᠮ︶ | ︵ᠬᠤᠶᠠᠷ︶ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠵᠦ᠂ ᠠᠷᠠᠯᠵᠢᠶᠠᠨ ᠤ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ | ᠳᠡᠭᠡᠭᠰᠢᠯᠡᠭᠦᠯᠦᠨ᠎ᠡ᠃ | ᠣᠯᠠᠨ ᠤᠯᠤᠰ ᠲᠠᠬᠢ ᠵᠠᠬ᠎ᠠ ᠳᠡᠯᠭᠡᠭᠦᠷ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠦᠪᠡᠷᠳᠡᠬᠡᠨ ᠵᠠᠰᠠᠬᠤ ᠤᠷᠤᠨ ᠪᠠ ᠣᠷᠣᠰ ᠮᠣᠩᠭᠤᠯ ᠯᠤᠭ᠎ᠠ ᠶᠢᠨ | ᠠᠷᠠᠯᠵᠢᠶᠠᠨ ᠤ ᠬᠠᠮᠲᠤᠷᠠᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠠᠷᠠᠯᠵᠢᠶᠠᠨ ᠤ ᠲᠠᠯ᠎ᠠ ᠶᠢᠨ | ᠶᠠᠪᠤᠯᠴᠠᠭ᠎ᠠ ᠪᠠᠨ ᠴᠢᠩᠭᠠᠳᠬᠠᠨ᠂ ᠳᠤᠮᠳᠠᠳᠤ ᠮᠣᠩᠭᠤᠯ ᠣᠷᠤᠰ ᠤᠨ ᠠᠵᠤ ᠠᠬᠤᠢ ᠶᠢᠨ ᠬᠤᠩᠭᠢᠯ ᠳᠠᠭᠠᠣ ᠶᠢᠨ ᠤᠯᠤᠰ ᠤᠨ ᠵᠠᠬ᠎ᠠ ᠳᠡᠯᠭᠡᠭᠦᠷ ᠢ ᠭᠤᠣᠯᠳᠠᠯᠭ᠎ᠠ ᠲᠠᠢ | ᠨᠡᠭᠡᠭᠡᠨ᠎ᠡ᠂ ᠪᠧᠯᠦᠷᠦ᠋ᠰ᠂ ᠺᠠᠽᠠᠭᠰᠲ᠋ᠠᠨ᠂ ᠦᠽᠪᠧᠺᠰᠲ᠋ᠠᠨ᠂ ᠲᠦᠷᠺᠮᠧᠨ᠋ᠰᠲ᠋ᠠᠨ᠂ ᠺᠢᠷᠺᠢᠽᠰᠲ᠋ᠠᠨ᠂ ᠥᠺᠷᠡᠶᠢᠨ ᠵᠡᠷᠭᠡ ᠤᠯᠤᠰ ᠯᠤᠭ᠎ᠠ ᠶᠢᠨ ᠠᠷᠠᠯᠵᠢᠶᠠᠨ ᠤ | ᠬᠡᠪᠴᠢᠶᠡᠵᠢᠯ ᠢ ᠦᠷᠭᠡᠳᠭᠡᠨ᠎ᠡ᠃ ᠶᠠᠫᠤᠨ ᠺᠤᠷᠢᠶᠠ ᠲᠠᠢ ᠰᠤᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ᠂ ᠵᠡᠭᠦᠨ ᠬᠤᠶᠢᠲᠤ ᠠᠽᠢᠶ᠎ᠠ ᠲᠡᠶᠢᠰᠢ | ᠨᠡᠭᠡᠭᠡᠯᠲᠡ ᠬᠢᠬᠦ ᠰᠢᠨ᠎ᠡ ᠴᠤᠩᠬᠤᠪᠴᠢ ᠶᠢ ᠪᠣᠢ ᠪᠣᠯᠭᠠᠨ᠎ᠠ︔ ᠦᠪᠦᠷ ᠮᠣᠩᠭᠤᠯ ᠪᠠ ᠰᠢᠶᠠᠩᠭᠠᠩ ᠣᠣᠮᠧᠨ ᠤ ᠠᠵᠤ ᠠᠬᠤᠢ ᠠᠷᠠᠯᠵᠢᠶᠠᠨ ᠤ ᠠᠵᠢᠯᠯᠠᠭᠠᠨ ᠤ ᠦᠷ᠎ᠡ | ᠪᠦᠲᠦᠭᠡᠯ ᠢ ᠪᠠᠬᠢᠵᠢᠭᠦᠯᠵᠦ᠂ ᠰᠢᠶᠠᠩᠭᠠᠩ ᠣᠣᠮᠧᠨ ᠲᠠᠶᠢᠸᠠᠨ ᠵᠢᠴᠢ ᠵᠡᠭᠦᠨ ᠡᠮᠦᠨᠡᠲᠦ ᠠᠽᠢᠶ᠎ᠠ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠶᠢ ᠨᠢᠭᠲᠠᠷᠠᠭᠤᠯᠤᠨ᠂ | ᠡᠮᠦᠨᠡᠰᠢ ᠪᠠᠨ ᠨᠡᠭᠡᠭᠡᠯᠲᠡ ᠬᠢᠬᠦ ᠰᠢᠨ᠎ᠡ ᠣᠷᠣᠨ ᠵᠠᠢ ᠶᠢ ᠦᠷᠭᠡᠳᠭᠡᠨ᠎ᠡ᠃ ᠲᠠᠶᠢᠯᠠᠨᠳ᠋᠂ ᠸᠢᠶᠧᠳ᠋ᠨᠠᠮ᠂ ᠮᠠᠯᠠᠶᠢᠰᠢᠶ᠎ᠠ᠂ ᠢᠨᠳᠦᠨ᠋ᠰᠢᠶᠠ ᠯᠤᠭ᠎ᠠ ᠠᠷᠠᠯᠵᠢᠶᠠᠨ ᠤ ᠶᠠᠪᠤᠯᠴᠠᠭ᠎ᠠ | ᠬᠢᠬᠦ ᠪᠠᠨ ᠴᠢᠩᠭᠠᠳᠬᠠᠵᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠤᠯᠤᠰ ᠲᠡᠶᠢᠰᠢ ᠨᠡᠭᠡᠭᠡᠯᠲᠡ ᠬᠢᠬᠦ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠶᠡᠭᠡ | ᠨᠡᠪᠲᠡᠷᠡᠯ ᠵᠠᠮ ᠢ ᠪᠣᠢ ᠪᠣᠯᠭᠠᠨ᠎ᠠ᠃ ᠤᠯᠤᠰ ᠤᠨ ᠴᠢᠯᠦᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠢᠭᠡᠨᠲᠡ ᠬᠡᠷᠡᠭᠵᠢᠭᠦᠯᠦᠭᠰᠡᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠭᠦᠢᠴᠡᠳᠭᠡᠵᠦ ᠳᠡᠯᠭᠡᠷᠡᠭᠦᠯᠬᠦ ᠠᠵᠢᠯ ᠢ ᠴᠢᠩᠭᠠᠳᠬᠠᠨ᠂ ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠨ᠎ᠡ᠃ | ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶ | ᠣᠷᠣᠨ ᠪᠦᠰᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠡᠯ᠎ᠡ ᠠᠶᠢᠮᠠᠭ ᠬᠤᠲᠠ ᠶᠢᠨ ᠦᠪᠡᠷ ᠦᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ | ᠳᠡᠮᠵᠢᠵᠦ᠂ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠵᠦ᠂ ᠭᠠᠵᠠᠷ ᠣᠷᠣᠨ ᠤ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠦᠷᠢᠰᠦᠯᠳᠦᠭᠡᠨ ᠳᠤ ᠣᠷᠤᠯᠴᠠᠬᠤ ᠶᠢ ᠵᠣᠷᠢᠭᠵᠢᠭᠤᠯᠤᠨ᠂ ᠭᠠᠳᠠᠭᠠᠳᠤ ᠠᠷᠠᠯᠵᠢᠶᠠᠨ ᠤ | ᠡᠵᠡᠩᠨᠡᠯᠲᠡ ᠶᠢᠨ ᠭᠤᠣᠯ ᠴᠤᠭᠴᠠ ᠶᠢ ᠪᠣᠢ ᠪᠣᠯᠭᠠᠬᠤ ᠪᠠ ᠪᠤᠵᠠᠭᠠᠶᠢᠷᠠᠭᠤᠯᠤᠨ᠎ᠠ᠂ ᠠᠵᠤ ᠠᠬᠤᠢ ᠶᠢᠨ ᠬᠥᠭᠵᠢᠯᠲᠡ ᠪᠠᠷ ᠬᠠᠷᠢᠴᠠᠩᠭᠤᠢ ᠬᠤᠴᠤᠷᠤᠩᠭᠤᠢ ᠪᠣᠯᠪᠠᠴᠤ | ᠭᠠᠳᠠᠭᠠᠳᠤ ᠠᠷᠠᠯᠵᠢᠶᠠᠨ ᠤ ᠳᠠᠯᠳᠠ ᠬᠦᠴᠦᠨ ᠲᠠᠢ ᠬᠤᠰᠢᠭᠤ ᠰᠢᠶᠠᠨ ᠢ ᠳᠡᠮᠵᠢᠵᠦ ᠭᠠᠳᠠᠭᠰᠢᠯ ᠠᠵᠤ ᠦᠢᠯᠡᠰ ᠢ ᠪᠣᠢ ᠪᠣᠯᠭᠠᠵᠤ᠂ ᠠᠵᠤ ᠠᠬᠤᠶᠢᠯᠠᠯ ᠤᠨ | ᠳᠡᠯᠡᠬᠡᠶᠢᠴᠢᠯᠡᠭᠰᠡᠨ ᠡᠵᠡᠩᠨᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠦᠬᠡᠬᠤᠲᠠ᠂ ᠪᠤᠭᠤᠳᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ᠂ ᠮᠠᠨᠵᠤᠤᠷ | ᠬᠤᠲᠠ᠂ ᠡᠷᠢᠶᠡᠨ ᠬᠤᠲᠠ ᠵᠡᠷᠭᠡ ᠭᠠᠳᠠᠭᠠᠳᠤ ᠠᠷᠠᠯᠵᠢᠶᠠᠨ ᠤ ᠭᠤᠣᠯᠳᠠᠯᠭ᠎ᠠ ᠲᠠᠢ ᠠᠶᠢᠮᠠᠭ ᠬᠤᠲᠠ ᠶᠢᠨ ᠠᠷᠠᠯᠵᠢᠶᠠᠨ ᠤ ᠬᠡᠪᠴᠢᠶᠡᠵᠢᠯ ᠢ ᠲᠣᠭᠲᠠᠭᠤᠨ ᠪᠠᠶᠢᠯᠭᠠᠨ᠎ᠠ᠃ | ᠬᠥᠯᠦᠨ ᠪᠣᠶᠢᠷ ᠬᠤᠲᠠ᠂ ᠬᠢᠩᠭᠠᠨ ᠠᠶᠢᠮᠠᠭ᠂ ᠲᠦᠩᠯᠢᠶᠤᠤ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ᠂ | ᠠᠯᠠᠱᠠ ᠠᠶᠢᠮᠠᠭ ᠤᠨ ᠬᠢᠨ ᠤ ᠠᠵᠤ ᠦᠢᠯᠡᠰ ᠤᠨ ᠳᠠᠪᠠᠭᠤᠯᠢᠭ ᠪᠠ ᠣᠨᠴᠠᠯᠢᠭ ᠲᠠᠢ ᠪᠠᠨ ᠭᠦᠢᠴᠡᠳ ᠤᠶᠠᠯᠳᠤᠭᠤᠯᠤᠨ ᠭᠠᠳᠠᠭᠠᠳᠤ ᠠᠷᠠᠯᠵᠢᠶᠠᠨ ᠤ ᠳᠠᠯᠳᠠ | ᠬᠦᠴᠦᠨ ᠢᠶᠠᠨ ᠠᠭᠤᠳᠠᠯᠯᠠᠬᠤ ᠶᠢ ᠨᠢ ᠳᠡᠮᠵᠢᠵᠦ᠂ ᠠᠵᠤ ᠦᠢᠯᠡᠰ ᠤᠨ ᠳᠡᠯᠡᠬᠡᠶᠢᠴᠢᠯᠡᠨ ᠬᠥᠭᠵᠢᠬᠦ ᠶᠢ ᠲᠦᠷᠭᠡᠳᠭᠡᠨ᠂ ᠠᠵᠤ ᠠᠬᠤᠶᠢᠯᠠᠯ ᠢ ᠬᠦᠲᠦᠯᠦᠨ ᠵᠢᠯᠤᠭᠤᠳᠬᠤ | ᠪᠠ ᠳᠡᠮᠵᠢᠵᠦ ᠪᠠᠶᠢᠭᠠᠳ ᠪᠡᠶ᠎ᠡ ᠪᠠᠨ ᠳᠠᠭᠠᠭᠠᠵᠤ ᠭᠠᠳᠠᠭᠠᠳᠤ ᠳᠤ ᠭᠠᠷᠭᠠᠬᠤ ᠶᠢ ᠦᠷᠭᠡᠳᠭᠡᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ᠡᠵᠡᠩᠨᠡᠯᠲᠡ ᠶᠢᠨ ᠭᠤᠣᠯ ᠴᠤᠭᠴᠠ ᠶᠢ ᠰᠢᠯᠢᠳᠡᠭᠵᠢᠭᠦᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠴᠦᠷᠬᠡᠭ ᠨᠢ ᠬᠦᠴᠦᠷᠬᠡᠭ ᠲᠠᠢ ᠪᠠᠨ | ᠬᠤᠯᠪᠣᠭᠠᠯᠠᠭᠠᠳ ᠳᠡᠯᠡᠬᠡᠶᠢᠴᠢᠯᠡᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠲᠤᠮᠤ ᠬᠡᠯᠪᠡᠷᠢ ᠶᠢᠨ ᠬᠦᠲᠥᠴᠢ ᠠᠵᠤ ᠠᠬᠤᠶᠢᠯᠠᠯ ᠪᠠ ᠠᠵᠤ | ᠠᠬᠤᠶᠢᠯᠠᠯ ᠤᠨ ᠪᠦᠯᠦᠭᠵᠢᠯ ᠢ ᠪᠣᠢ ᠪᠣᠯᠭᠠᠬᠤ ᠶᠢ ᠵᠣᠷᠢᠭᠵᠢᠭᠤᠯᠤᠨ᠎ᠠ᠃ ᠪᠤᠯᠤᠳ ᠲᠡᠮᠦᠷ᠂ ᠨᠤᠤᠰᠤ ᠨᠣᠣᠯᠣᠭᠤᠷ᠂ ᠰᠦ ᠴᠠᠭᠠᠨ ᠢᠳᠡᠭᠡ᠂ ᠠᠮᠢᠳᠤ ᠪᠤᠳᠠᠰ ᠤᠨ ᠡᠮ | ᠡᠮᠨᠡᠯᠭᠡ ᠵᠡᠷᠭᠡ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠡᠯᠡᠬᠡᠶᠢᠴᠢᠯᠡᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ | ᠵᠣᠷᠢᠭᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ᠂ ᠭᠤᠣᠯ ᠠᠵᠢᠯ ᠳᠤ ᠪᠠᠨ ᠠᠩᠬᠠᠷᠤᠯ ᠲᠠᠯᠪᠢᠨ᠂ | ︽ᠲᠤᠰᠬᠠᠢ ᠰᠤᠳᠤᠨ ᠣᠨᠴᠠᠭᠠᠢ ᠰᠢᠨ᠎ᠡ︾ ᠳᠡᠯᠡᠬᠡᠶᠢᠴᠢᠯᠡᠭᠰᠡᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ | ᠶᠠᠪᠤᠳᠠᠯ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠡᠪ ᠵᠠᠭᠪᠤᠷ ᠢ | ᠬᠥᠭᠵᠢᠭᠦᠯᠵᠦ᠂ ᠪᠤᠳᠠᠳᠤ ᠬᠦᠴᠦᠨ ᠲᠠᠢ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠪᠠ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠭᠠᠳᠠᠭᠠᠳᠤ ᠬᠦᠮᠦᠷᠭᠡ᠂ ᠭᠠᠳᠠᠭᠠᠳᠤ ᠳᠤ ᠡᠵᠡᠩᠨᠡᠨ ᠠᠵᠢᠯᠯᠠᠭᠤᠯᠬᠤ ᠲᠥᠪ ᠵᠡᠷᠭᠡ ᠦᠢᠯᠡᠴᠢᠯᠡᠭᠡᠨ ᠤ ᠪᠡᠯᠡᠳᠭᠡᠮᠵᠢ | ᠪᠠᠶᠢᠭᠤᠯᠬᠤ ᠶᠢ ᠵᠣᠷᠢᠭᠵᠢᠭᠤᠯᠤᠨ᠎ᠠ᠃ ᠳᠥᠷᠪᠡᠨ ᠨᠢᠭᠡ ᠪᠦᠯᠦᠭ ︵ᠨᠢᠭᠡ ᠪᠦᠯᠦᠭ ᠢ ᠨᠢ ᠬᠥᠭᠵᠢᠭᠡᠨ ᠰᠢᠯᠢᠳᠡᠭᠵᠢᠭᠦᠯᠬᠦ᠂ ᠨᠢᠭᠡ ᠪᠦᠯᠦᠭ ᠢ ᠨᠢ ᠪᠠᠬᠢᠵᠢᠭᠦᠯᠦᠨ | ᠳᠡᠭᠡᠭᠰᠢᠯᠡᠭᠦᠯᠬᠦ᠂ ᠨᠢᠭᠡ ᠪᠦᠯᠦᠭ ᠢ ᠨᠢ ᠳᠠᠭᠠᠭᠠᠨ ᠠᠪᠴᠤ ᠣᠷᠤᠭᠤᠯᠤᠨ ᠠᠪᠴᠢᠷᠠᠬᠤ᠂ ᠨᠢᠭᠡ ᠪᠦᠯᠦᠭ ᠢ ᠨᠢ ᠵᠣᠷᠢᠭᠵᠢᠭᠤᠯᠤᠨ ᠳᠡᠮᠵᠢᠬᠦ︶ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠢ ᠶᠡᠭᠡ ᠪᠠᠷ ᠬᠥᠭᠵᠢᠭᠦᠯᠦᠨ᠂ ᠪᠤᠳᠠᠳᠤ ᠠᠮᠵᠢᠯᠲᠠ ᠲᠠᠢ ᠲᠤᠬᠠᠶᠢᠯᠠᠭᠰᠠᠨ ᠠᠵᠢᠯ ᠤᠨ ᠭᠠᠳᠠᠭᠠᠳᠤ | ᠠᠷᠠᠯᠵᠢᠶᠠᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠭᠢᠮ︶ | ᠲᠠᠸᠠᠷ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠴᠢᠨᠠᠷᠵᠢᠭᠤᠨ᠂ ᠰᠢᠨ᠎ᠡ ᠮᠡᠷᠭᠡᠵᠢᠯ ᠤᠨ᠂ ᠨᠡᠮᠡᠯᠲᠡ | ᠥᠷᠲᠡᠭ ᠶᠡᠬᠡᠲᠡᠢ ᠲᠠᠸᠠᠷ ᠢ ᠨᠢ ᠬᠥᠭᠵᠢᠭᠦᠯᠵᠦ᠂ ᠤᠶᠤᠨᠴᠢ ᠪᠠᠷ ᠦᠢᠯᠡᠳᠬᠦ ᠶᠢ ᠲᠦᠷᠭᠡᠳᠭᠡᠨ ᠬᠥᠭᠵᠢᠭᠦᠯᠵᠦ᠂ ᠪᠣᠯᠪᠠᠰᠤᠷᠠᠭᠤᠯᠤᠨ ᠦᠢᠯᠡᠳᠬᠦ ᠭᠤᠭᠴᠤᠭ᠎ᠠ ᠠᠴᠠ | ᠠᠯᠬᠤᠮ ᠠᠯᠬᠤᠮ ᠢᠶᠠᠷ ᠰᠤᠳᠤᠯᠤᠨ ᠨᠡᠭᠡᠭᠡᠵᠦ ᠵᠢᠷᠤᠭᠯᠠᠨ ᠲᠦᠯᠦᠪᠯᠡᠬᠦ᠂ ᠡᠵᠡᠩᠨᠡᠨ ᠪᠤᠷᠤᠯᠠᠭᠤᠯᠵᠤ ᠦᠢᠯᠡᠴᠢᠯᠡᠬᠦ᠂ ᠨᠡᠷᠡᠲᠦ ᠲᠡᠮᠲᠡᠭ ᠢ ᠡᠵᠡᠩᠨᠡᠬᠦ ᠵᠡᠷᠭᠡ ᠭᠤᠭᠴᠤᠭ᠎ᠠ | ᠲᠡᠶᠢᠰᠢ ᠳᠡᠭᠡᠭᠰᠢᠯᠡᠭᠦᠯᠦᠨ᠂ ᠬᠦᠳᠡᠯᠮᠦᠷᠢ ᠨᠢᠭᠲᠠᠷᠠᠩᠭᠤᠢ ᠦᠢᠯᠡᠳᠭᠦᠨ ᠤ ᠳᠡᠰ ᠵᠡᠷᠭᠡ ᠪᠠ ᠨᠡᠮᠡᠯᠲᠡ ᠥᠷᠲᠡᠭ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠮᠠᠰᠢᠨ ᠴᠠᠬᠢᠯᠭᠠᠨ ᠤ ᠦᠢᠯᠡᠳᠭᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠭᠦᠨ᠂ ᠬᠥᠭᠵᠢᠯᠲᠡ ᠰᠠᠶᠢᠲᠠᠢ ᠬᠢᠮᠢ ᠶᠢᠨ ᠠᠵᠤ ᠦᠢᠯᠡᠳᠪᠦᠷᠢ ᠶᠢᠨ ᠦᠢᠯᠡᠳᠭᠦᠨ᠂ | ᠲᠤᠨᠤᠭ ᠲᠥᠭᠦᠭᠡᠷᠦᠮᠵᠢ ᠦᠢᠯᠡᠳᠬᠦ᠂ ᠠᠮᠢᠳᠤ ᠪᠤᠳᠠᠰ ᠤᠨ ᠡᠮ ᠨᠠᠶᠢᠷᠠᠯᠭ᠎ᠠ ᠵᠡᠷᠭᠡ ᠦᠢᠯᠡᠳᠭᠦᠨ ᠤ ᠭᠠᠳᠠᠭᠠᠳᠤ ᠭᠠᠷᠭᠠᠯᠲᠠ ᠶᠢ ᠳᠡᠮᠵᠢᠨ᠎ᠡ︔ ᠬᠤᠪᠴᠠᠰᠤ ᠨᠡᠬᠡᠮᠡᠯ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠦᠨ ᠪᠤᠯᠪᠠᠰᠤᠷᠠᠭᠤᠯᠬᠤ᠂ ᠮᠠᠰᠢᠨ ᠴᠠᠬᠢᠯᠭᠠᠨ ᠤ ᠳᠡᠭᠡᠳᠦ ᠰᠢᠨ᠎ᠡ ᠮᠡᠷᠭᠡᠵᠢᠯ ᠤᠨ ᠦᠢᠯᠡᠳᠭᠦᠨ | ᠦᠢᠯᠡᠳᠪᠦᠷᠢᠯᠡᠬᠦ ᠠᠵᠤ ᠠᠬᠤᠶᠢᠯᠠᠯ ᠤᠳ ᠤᠨ ᠨᠡᠷᠡᠲᠦ ᠲᠡᠮᠲᠡᠭ ᠲᠠᠢ ᠦᠢᠯᠡᠳᠭᠦᠨ ᠢᠶᠠᠨ ᠭᠠᠳᠠᠭᠠᠳᠤ ᠳᠤ ᠭᠠᠷᠭᠠᠬᠤ᠂ ᠵᠠᠬ᠎ᠠ ᠳᠡᠯᠭᠡᠭᠦᠷ ᠢᠶᠠᠷ ᠡᠵᠡᠩᠨᠡᠨ ᠪᠣᠷᠤᠯᠠᠭᠤᠯᠬᠤ᠂ | ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠵᠡᠷᠭᠡ ᠲᠠᠯ᠎ᠠ ᠪᠠᠷ ᠪᠦᠭᠡᠮᠨᠡᠷᠡᠨ ᠬᠥᠭᠵᠢᠬᠦ ᠪᠠ ᠰᠠᠶᠢᠨ ᠢᠶᠠᠷ ᠦᠷᠢᠰᠦᠯᠳᠦᠬᠦ ᠶᠢ ᠨᠢ ᠬᠦᠲᠦᠯᠦᠨ ᠵᠢᠯᠤᠭᠤᠳᠴᠤ᠂ | ᠤᠯᠠᠮᠵᠢᠯᠠᠯᠲᠤ ᠭᠤᠣᠯᠯᠠᠭᠴᠢ ᠦᠢᠯᠡᠳᠭᠦᠨ ᠢᠶᠠᠷ ᠰᠠᠭᠤᠷᠢ ᠪᠣᠯᠭᠠᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠭᠦᠨ ᠵᠢᠴᠢ ᠮᠠᠰᠢᠨ ᠴᠠᠬᠢᠯᠭᠠᠨ ᠤ ᠦᠢᠯᠡᠳᠭᠦᠨ ᠢᠶᠠᠨ | ᠭᠠᠳᠠᠭᠠᠳᠤ ᠳᠤ ᠭᠠᠷᠭᠠᠬᠤ ᠪᠠᠷ ᠭᠦᠳᠦᠯᠦᠭᠦᠯᠦᠭᠰᠡᠨ ᠭᠠᠳᠠᠭᠠᠳᠤ ᠳᠤ ᠭᠠᠷᠭᠠᠬᠤ ᠦᠢᠯᠡᠳᠭᠦᠨ ᠤ ᠰᠢᠰᠲ᠋ᠧᠮᠵᠢ ᠶᠢ ᠲᠣᠭᠲᠠᠭᠤᠨ ᠢᠶᠠᠷ ᠪᠣᠢ ᠪᠣᠯᠭᠠᠨ᠎ᠠ᠃ | ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠢᠩᠭᠢᠮ︶ | ᠠᠷᠠᠯᠵᠢᠶᠠᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠎ᠡ᠃ ᠡᠩ ᠤᠨᠠᠷᠠᠯᠵᠢᠶᠠ ᠶᠢ ᠴᠢᠩᠭᠠᠷᠠᠭᠤᠯᠵᠤ᠂ ᠡᠩ ᠤᠨ ᠠᠷᠠᠯᠵᠢᠶᠠᠨ ᠤ ᠭᠠᠳᠠᠭᠠᠳᠤ ᠳᠤ ᠭᠠᠷᠭᠠᠬᠤ | ᠦᠢᠯᠡᠳᠭᠦᠨ ᠤ ᠨᠡᠮᠡᠯᠲᠡ ᠥᠷᠲᠡᠭ ᠢ ᠨᠢ ᠨᠡᠮᠡᠭᠳᠡᠭᠦᠯᠦᠨ᠂ ᠠᠵᠤ ᠠᠬᠤᠶᠢᠯᠠᠯ ᠤᠨ ᠠᠰᠢᠭ ᠣᠯᠵᠠᠪᠤᠷᠢ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠴᠤᠯᠭᠤᠢ ᠪᠠᠷ | ᠦᠢᠯᠡᠳᠭᠦᠨ ᠬᠠᠩᠭᠠᠬᠤ ᠬᠤᠳᠠᠯᠳᠤᠭᠠᠴᠢᠨ ᠪᠠᠶᠢᠭᠰᠠᠨ ᠠᠴᠠ ᠬᠠᠮ ᠦᠢᠯᠡᠳᠭᠦᠨ ᠬᠠᠩᠭᠠᠬᠤ ᠬᠤᠳᠠᠯᠳᠤᠭᠠᠴᠢᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢ | ᠲᠦᠷᠭᠡᠳᠭᠡᠨ᠂ ᠡᠳ᠋ ᠪᠠᠷᠠᠭᠠᠨ ᠤ ᠠᠷᠠᠯᠵᠢᠶ᠎ᠠ ᠬᠢᠭᠡᠳ ᠦᠢᠯᠡᠴᠢᠯᠡᠭᠡᠨ ᠤ ᠠᠷᠠᠯᠵᠢᠶ᠎ᠠ ᠶᠢᠨ ᠬᠠᠷᠢᠯᠴᠠᠨ ᠠᠬᠢᠭᠤᠯᠬᠤ ᠶᠢ ᠪᠡᠶᠡᠯᠡᠭᠦᠯᠦᠨ᠎ᠡ᠃ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢ ᠨᠢᠭᠡ ᠴᠤᠭᠴᠠᠵᠢᠭᠤᠯᠬᠤ ᠪᠠᠨ ᠲᠦᠷᠭᠡᠳᠭᠡᠨ ᠬᠥᠭᠵᠢᠭᠦᠯᠵᠦ᠂ ᠠᠵᠤ ᠦᠢᠯᠡᠰ ᠢᠶᠠᠷ ᠢᠶᠠᠨ ᠬᠤᠯᠪᠤᠭᠳᠠᠬᠤ ᠬᠡᠮᠵᠢᠶ᠎ᠡ ᠨᠢ ᠶᠡᠭᠡ᠂ | ᠭᠠᠳᠠᠭᠠᠳᠤ ᠭᠠᠷᠭᠠᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠲᠦᠷᠦᠯ ᠵᠦᠢᠯ ᠢ ᠶᠡᠭᠡ ᠪᠠᠷ | ᠣᠷᠤᠭᠤᠯᠵᠤ ᠠᠪᠴᠢᠷᠠᠨ᠎ᠠ︔ ᠣᠳᠣ ᠶᠢᠨ ᠪᠠᠶᠢᠭ᠎ᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠤ | ᠦᠢᠯᠡᠰ ᠤᠨ ᠬᠡᠯᠬᠢᠶᠡᠨ ᠤ ᠬᠤᠶᠠᠷ ᠦᠵᠦᠭᠦᠷ ᠲᠡᠶᠢᠰᠢ ᠣᠷᠳᠣᠣᠡᠬᠠᠵᠣ᠂ ᠰᠡᠯᠪᠢᠨ ᠵᠠᠰᠠᠬᠤ᠂ ᠳᠠᠬᠢᠨᠳᠠ ᠦᠢᠯᠡᠳᠬᠦ᠂ ᠪᠠᠶᠢᠴᠠᠭᠠᠨ ᠰᠢᠯᠭᠠᠬᠤ ᠵᠡᠷᠭᠡ ᠲᠤᠬᠠᠶᠢᠯᠠᠭᠰᠠᠨ | ᠠᠵᠢᠯ ᠢ ᠢᠳᠡᠪᠬᠢᠲᠡᠢ ᠬᠥᠭᠵᠢᠭᠦᠯᠦᠨ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠬᠢᠨᠠᠯᠲᠠ ᠬᠠᠮᠢᠶᠠᠷᠤᠯᠲᠠ ᠪᠠᠨ | ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠬᠦ ᠶᠢ ᠠᠬᠢᠭᠤᠯᠤᠨ᠎ᠠ︔ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ | ᠡᠯᠧᠺᠲᠷᠦᠨ ᠬᠤᠳᠠᠯᠳᠤᠭᠠᠨ ᠤ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠵᠡᠷᠭᠡ ᠲᠠᠪᠴᠠᠩ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠪᠡᠭᠡᠵᠢᠩ ᠲᠢᠶᠠᠨᠵᠢᠨ | ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠢᠯᠵᠢᠯᠲᠡ ᠶᠢ ᠢᠳᠡᠪᠬᠢᠲᠡᠢ ᠳᠠᠭᠠᠭᠠᠨ | ᠵᠠᠯᠭᠠᠭᠤᠯᠵᠦ᠂ ᠳᠡᠭᠡᠳᠦ ᠰᠢᠨ᠎ᠡ ᠮᠡᠷᠭᠡᠵᠢᠯ᠂ ᠲᠡᠷᠢᠭᠦᠨ ᠤ ᠦᠢᠯᠡᠳᠬᠦ᠂ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠬᠢ᠂ ᠰᠢᠨ᠎ᠡ | ᠮᠠᠲ᠋ᠧᠷᠢᠶᠠᠯ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠭᠦᠯᠦᠨ ᠪᠣᠯᠪᠠᠰᠤᠷᠠᠭᠤᠯᠬᠤ | ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠳᠠᠭᠠᠭᠠᠨ ᠵᠠᠯᠭᠠᠭᠤᠯᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠬᠡᠪᠴᠢᠶ᠎ᠡ ᠶᠢ ᠥᠷᠭᠡᠳᠭᠡᠨ᠎ᠡ᠃ ᠬᠢᠯᠢ ᠶᠢᠨ | ᠠᠷᠠᠯᠵᠢᠶᠠᠨ ᠤ ᠬᠥᠭᠵᠢᠯᠲᠡ ᠳᠤ ᠰᠢᠨ᠎ᠡ ᠶᠢ ᠡᠭᠦᠳᠴᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠤᠭᠤᠯᠬᠤ ᠬᠡᠪᠴᠢᠶᠡᠵᠢᠯ ᠢ ᠨᠢ | ᠥᠷᠭᠡᠳᠭᠡᠨ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠤᠭᠤᠯᠤᠭᠰᠠᠨ ᠲᠠᠸᠠᠷ ᠢᠶᠠᠨ ᠰᠠᠭᠤᠷᠢᠰᠢᠭᠤᠯᠤᠨ | ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠢ ᠠᠬᠢᠭᠤᠯᠵᠤ᠂ ᠠᠮᠤ ᠪᠤᠳᠠᠭ᠎ᠠ ᠪᠠ ᠺᠠᠯᠢᠲᠤ ᠪᠤᠷᠳᠤᠭᠤᠷ ᠵᠡᠷᠭᠡ ᠥᠷᠭᠡᠨ ᠬᠡᠷᠡᠭᠴᠡᠭᠡᠨ ᠤ ᠲᠠᠸᠠᠷ ᠢ ᠭᠠᠳᠠᠭᠠᠳᠤ ᠠᠴᠠ | ᠣᠷᠤᠭᠤᠯᠵᠤ ᠰᠠᠭᠤᠷᠢᠰᠢᠭᠤᠯᠤᠨ ᠪᠣᠯᠪᠠᠰᠤᠷᠠᠭᠤᠯᠬᠤ ᠪᠠᠨ ᠴᠢᠩᠭᠠᠳᠬᠠᠨ᠂ ᠮᠤᠳᠤᠨ ᠮᠠᠲ᠋ᠧᠷᠢᠶᠠᠯ ᠡᠳ᠋ᠰᠢᠭᠦᠯᠬᠦ ᠳᠡᠰ ᠵᠡᠷᠭᠡ ᠪᠠᠨ ᠳᠡᠭᠡᠭᠰᠢᠯᠡᠭᠦᠯᠬᠦ ᠪᠠ ᠦᠩᠭᠡᠲᠦ | ᠲᠡᠮᠦᠷᠯᠢᠭ ᠬᠦᠮᠦᠷᠭᠡᠯᠡᠨ ᠨᠦᠬᠡᠴᠡᠯᠡᠬᠦ ᠪᠠᠷᠠᠭᠠᠨ ᠤ ᠭᠦᠢᠯᠭᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠣᠷᠳᠤᠰ ᠬᠤᠲᠠ ᠶᠢᠨ ᠭᠠᠷ ᠳᠠᠮᠵᠢᠭᠰᠠᠨ ᠲᠡᠷᠭᠡ ᠶᠢ | ᠭᠠᠳᠠᠭᠠᠳᠤ ᠳᠤ ᠭᠠᠷᠭᠠᠬᠤ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠮᠠᠨᠵᠤᠤᠷ ᠬᠤᠲᠠ ᠪᠠ ᠡᠷᠢᠶᠠᠨ ᠬᠤᠲᠠ ᠶᠢᠨ ᠬᠢᠯᠢ ᠶᠢᠨ ᠪᠠᠭ᠎ᠠ ᠲᠣᠭᠠᠨ ᠤ | ᠠᠷᠠᠯᠵᠢᠶ᠎ᠠ ᠶᠢᠨ ᠭᠠᠳᠠᠭᠠᠳᠣ ᠳᠤ ᠭᠠᠷᠭᠠᠬᠤ ᠦᠢᠯᠡᠳᠭᠦᠨ ᠤ ᠥᠷᠳᠡᠭ ᠨᠡᠮᠡᠭᠳᠡᠯ ᠤᠨ ᠭᠠᠶᠢᠯᠢ ᠠᠴᠠ ᠭᠡᠷᠡᠴᠢ ᠪᠠᠷᠢᠮᠳᠠ ᠠᠪᠬᠤ ᠦᠭᠡᠢ ᠪᠠᠷ ᠭᠠᠶᠢᠯᠢ ᠠᠴᠠ ᠬᠡᠯᠲᠦᠷᠢᠭᠦᠯᠬᠦ | ᠲᠣᠷᠰᠢᠯᠲᠠ ᠶᠢᠨ ᠴᠡᠭ ᠤᠨ ᠠᠵᠢᠯ ᠦᠷᠨᠢᠬᠦᠯᠬᠦ ᠶᠢ ᠲᠡᠮᠵᠢᠵᠦ᠂ ᠤᠯᠤᠰ ᠤᠨ ᠲᠤᠳᠤᠭᠠᠲᠤ ᠭᠠᠳᠠᠭᠠᠳᠤ ᠳᠠᠬᠢ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠦᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠢᠯᠢ ᠶᠢᠨ ᠠᠷᠠᠯᠵᠢᠶᠠᠨ ᠤ ᠶᠡᠷᠦᠩᠬᠡᠶᠢᠯᠡᠭᠰᠡᠨ ᠦᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠬᠡᠬᠤᠲᠠ ᠪᠤᠭᠤᠮᠲᠠ᠂ | ᠮᠠᠨᠵᠤᠤᠷ ᠪᠤᠭᠤᠮᠲᠠ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠭᠤᠷᠪᠠ︶ ᠲᠡᠩᠴᠡᠭᠦᠷᠢᠰᠢᠭᠦᠯᠦᠨ ᠵᠣᠬᠢᠴᠠᠭᠤᠯᠬᠤ ᠶᠢ ᠠᠬᠢᠭᠤᠯᠵᠤ᠂ ᠠᠷᠠᠯᠵᠢᠶᠠᠨ ᠤ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠭᠠᠳᠠᠭᠠᠳᠤ ᠠᠴᠠ ᠣᠷᠤᠭᠤᠯᠬᠤ ᠶᠢ ᠢᠳᠡᠪᠬᠢᠲᠡᠢ ᠥᠷᠭᠡᠳᠭᠡᠨ᠎ᠡ᠃ ᠦᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ | ᠦᠨᠳᠦᠰᠦᠯᠡᠵᠦ᠂ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ | ᠲᠥᠭᠦᠭᠡᠷᠦᠮᠵᠢ᠂ ᠲᠣᠮᠣ ᠳ᠋ᠠᠶᠢᠲ᠋ᠠ ᠶᠢᠨ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠰᠡᠬᠦ ᠲᠡᠷᠢᠭᠦᠨ ᠤ ᠮᠡᠷᠭᠡᠵᠢᠯ᠂ | ᠲᠥᠭᠦᠭᠡᠷᠦᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠭᠠᠳᠠᠭᠠᠳᠤ ᠠᠴᠠ ᠣᠷᠤᠭᠤᠯᠬᠤ ᠪᠠᠨ ᠥᠷᠭᠡᠳᠭᠡᠬᠦ ᠶᠢ ᠵᠣᠷᠢᠭᠵᠢᠭᠤᠯᠤᠨ᠎ᠠ᠃ ᠡᠨᠧᠷᠬᠢ ᠪᠠ ᠡᠬᠢ ᠪᠠᠶᠠᠯᠢᠭ ᠤᠨ | ᠴᠢᠨᠠᠷᠲᠠᠢ ᠦᠢᠯᠡᠳᠭᠦᠨ ᠢ ᠭᠠᠳᠠᠭᠠᠳᠤ ᠠᠴᠠ ᠣᠷᠤᠭᠤᠯᠬᠤ ᠶᠢ ᠲᠣᠭᠲᠠᠪᠤᠷᠢᠵᠢᠭᠤᠯᠤᠨ᠎ᠠ᠃ ᠨᠦᠬᠦᠴᠡᠯ ᠲᠠᠢ ᠬᠢᠯᠢ ᠶᠢᠨ ᠪᠤᠭᠤᠮᠲᠠ ᠪᠠᠷ ᠭᠠᠳᠠᠭᠠᠳᠤ ᠠᠴᠠ ᠣᠷᠤᠭᠤᠯᠬᠤ | ᠲᠠᠸᠠᠷ ᠤᠨ ᠲᠦᠷᠦᠯ ᠢᠶᠠᠨ ᠨᠡᠮᠡᠭᠳᠡᠭᠦᠯᠬᠦ ᠶᠢ ᠳᠡᠮᠵᠢᠵᠦ᠂ ᠭᠠᠳᠠᠭᠠᠳᠤ ᠠᠴᠠ ᠣᠷᠤᠭᠤᠯᠤᠭᠰᠠᠨ ᠲᠠᠸᠠᠷ ᠢ ᠬᠢᠨᠠᠨ ᠬᠠᠮᠢᠶᠠᠷᠬᠤ ᠲᠣᠭᠲᠠᠭᠠᠭᠰᠠᠨ ᠲᠠᠯᠠᠪᠤᠷ ᠭᠠᠵᠠᠷ | ᠪᠠᠶᠢᠭᠤᠯᠬᠤ ᠪᠠᠷ ᠭᠤᠶᠤᠴᠢᠯᠠᠨ᠎ᠠ᠃ ᠮᠠᠨᠵᠤᠤᠷ ᠬᠢᠯᠢ ᠶᠢᠨ ᠪᠤᠭᠤᠮᠲᠠ ᠶᠢᠨ ᠭᠠᠳᠠᠭᠠᠳᠤ ᠠᠴᠠ ᠵᠡᠷᠭᠡᠳᠡ ᠣᠷᠤᠭᠤᠯᠬᠤ ᠮᠠᠰᠢᠨ ᠲᠡᠷᠭᠡ ᠶᠢ ᠬᠢᠨᠠᠨ ᠬᠠᠮᠢᠶᠠᠷᠬᠤ | ᠦᠢᠯᠡᠴᠢᠯᠡᠭᠡᠨ ᠤ ᠪᠠᠶᠢᠭᠤᠯᠤᠯ ᠳᠤ ᠰᠢᠨ᠎ᠡ ᠶᠢ ᠡᠭᠦᠳᠴᠦ᠂ ᠮᠠᠰᠢᠨ ᠲᠡᠷᠭᠡᠨ ᠤ ᠭᠠᠶᠢᠯᠢ ᠪᠠᠲᠤᠯᠠᠬᠤ ᠰᠠᠩ ᠬᠦᠮᠦᠷᠭᠡ ᠶᠢ ᠬᠥᠭᠵᠢᠭᠦᠯᠦᠨ᠎ᠡ᠃ ᠳᠤᠮᠳᠠᠳᠤ ᠤᠯᠤᠰ ᠤᠨ | ᠣᠯᠠᠨ ᠤᠯᠤᠰ ᠤᠨ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠦᠵᠡᠰᠭᠦᠯᠡᠩ ᠳᠤ ᠢᠳᠡᠪᠬᠢᠲᠡᠢ ᠣᠷᠤᠯᠴᠠᠵᠤ᠂ ᠡᠳᠦᠷ ᠲᠤᠲᠤᠮ ᠤᠨ ᠬᠡᠷᠡᠭᠯᠡᠭᠡ ᠶᠢᠨ ᠵᠦᠢᠯ᠂ | ᠡᠮ ᠡᠮᠨᠡᠯᠭᠡ᠂ ᠡᠷᠡᠭᠦᠯᠵᠢᠭᠦᠯᠬᠦ᠂ ᠨᠠᠰᠤᠲᠠᠨ ᠤ ᠠᠰᠠᠷᠠᠵᠤ ᠰᠤᠪᠢᠯᠠᠬᠤ ᠵᠡᠷᠭᠡ ᠲᠠᠯ᠎ᠠ ᠶᠢᠨ ᠲᠦᠭᠦᠭᠡᠷᠦᠮᠵᠢ ᠶᠢ ᠭᠠᠳᠠᠭᠠᠳᠤ ᠠᠴᠠ ᠣᠷᠤᠭᠤᠯᠬᠤ ᠶᠢ ᠨᠢ ᠨᠡᠮᠡᠭᠳᠡᠭᠦᠯᠦᠨ᠂ | ᠭᠠᠳᠠᠭᠠᠳᠤ ᠠᠴᠠ ᠣᠷᠤᠭᠤᠯᠵᠤ ᠬᠤᠪᠢᠶᠠᠷᠢᠯᠠᠨ ᠪᠣᠷᠣᠯᠠᠭᠤᠯᠬᠤ ᠠᠷᠭ᠎ᠠ ᠵᠠᠮ ᠤᠨ ᠬᠠᠮᠲᠤᠷᠠᠯᠴᠠᠭ᠎ᠠ ᠬᠢᠭᠡᠳ ᠪᠠᠶᠢᠭᠤᠯᠤᠯᠲᠠ ᠶᠢ ᠴᠢᠩᠭᠠᠳᠬᠠᠵᠤ᠂ ᠬᠤᠪᠢᠶᠠᠷᠢᠯᠠᠨ | ᠪᠣᠷᠤᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ | ᠬᠦᠬᠡᠬᠤᠲᠠ ᠪᠤᠭᠤᠮᠲᠠ᠂ ᠮᠠᠨᠵᠤᠤᠷ ᠪᠣᠭᠤᠮᠲᠠ︶ | ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠦᠨ᠎ᠡ᠃ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠡᠭᠦᠳᠦᠯᠲᠡ ᠲᠠᠢ ᠬᠥᠭᠵᠢᠭᠦᠯᠬᠦ | ᠲᠣᠷᠰᠢᠯᠲᠠ ᠶᠢᠨ ᠴᠡᠭ ᠤᠨ ᠲᠣᠷᠰᠢᠯᠭ᠎ᠠ ᠶᠢ ᠳᠠᠭᠤᠷᠢᠶᠠᠨ ᠳᠡᠯᠭᠡᠷᠡᠭᠦᠯᠵᠦ᠂ ᠰᠢᠨ᠎ᠡ ᠪᠠᠷ ᠪᠣᠢ ᠪᠣᠯᠣᠭᠰᠠᠨ ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠦᠨ᠂ | ᠮᠦᠩᠭᠦᠨ ᠭᠦᠢᠯᠭᠡᠭᠡ᠂ ᠳᠠᠭᠠᠳᠬᠠᠯ᠂ ᠵᠢᠭᠤᠯᠴᠢᠯᠠᠯ᠂ ᠪᠠᠷᠠᠭᠠᠨ ᠤ ᠭᠦᠢᠯᠭᠡᠭᠡ᠂ ᠬᠤᠷᠠᠯ ᠦᠵᠡᠰᠭᠦᠯᠡᠩ ᠵᠡᠷᠭᠡ ᠬᠦᠷᠢᠶᠡᠨ ᠳᠤ ︽ᠣᠷᠤᠭᠤᠯᠤᠨ ᠠᠪᠴᠢᠷᠠᠬᠤ︾ | ᠡᠷᠴᠢᠮ ᠢ ᠴᠢᠩᠭᠠᠷᠠᠭᠤᠯᠵᠤ᠂ ᠰᠤᠷᠭᠠᠨ ᠬᠦᠮᠦᠵᠢᠯ᠂ ᠰᠤᠶᠤᠯ᠂ ᠮᠤᠩᠭᠤᠯ ᠬᠢᠲᠠᠳ ᠡᠮ ᠡᠮᠨᠡᠯᠭᠡ᠂ ᠲᠣᠭᠠᠵᠢᠲᠣ ᠦᠢᠯᠡᠴᠢᠯᠡᠭᠡ ᠵᠡᠷᠭᠡ ᠣᠨᠴᠠᠯᠢᠭᠲᠤ ᠦᠢᠯᠡᠴᠢᠯᠡᠭᠡ ᠶᠢ | ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠣᠭᠠᠵᠢᠯᠠᠭᠰᠠᠨ ᠠᠷᠠᠯᠵᠢᠶᠠᠨ ᠤ ᠦᠵᠡᠰᠭᠦᠯᠡᠩ᠂ ᠵᠦᠪᠳᠡᠨ ᠬᠡᠯᠡᠯᠴᠡᠬᠦ | ᠬᠤᠷᠠᠯ ᠵᠡᠷᠭᠡ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠠᠳᠠᠭᠠᠳᠤ ᠠᠷᠠᠯᠵᠢᠶᠠᠨ ᠳᠠᠬᠢ | ᠦᠢᠯᠡᠴᠢᠯᠡᠭᠡᠨ ᠤ ᠠᠷᠠᠯᠵᠢᠶ᠎ᠠ ᠶᠢᠨ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶ | ᠠᠷᠠᠯᠵᠢᠶ᠎ᠠ ᠬᠢᠭᠡᠳ ᠬᠤᠣᠰ ᠴᠢᠭᠯᠡᠯᠲᠦ ᠪᠡᠯᠡ ᠣᠷᠤᠭᠤᠯᠤᠯᠲᠠ ᠶᠢᠨ ᠪᠦᠲᠦᠮᠵᠢᠲᠡᠢ ᠦᠢᠯᠡᠳᠦᠯᠴᠡᠬᠦ ᠶᠢ ᠠᠬᠢᠭᠤᠯᠤᠨ᠎ᠠ᠃ ᠭᠠᠳᠠᠭᠰᠢᠯ ᠪᠤᠳᠠᠳᠤ ᠴᠤᠭᠴᠠ ᠶᠢᠨ | ᠠᠵᠤ ᠠᠬᠤᠶᠢᠯᠠᠯ ᠤᠨ ᠲᠦᠢᠯ ᠤᠨ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ ᠠᠵᠢᠯ ᠢ ᠦᠷᠨᠢᠭᠦᠯᠵᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠨᠡᠭᠡᠭᠡᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠦᠲᠥᠴᠢ ᠠᠵᠤ ᠠᠬᠤᠶᠢᠯᠠᠯ ᠤᠨ ᠡᠯᠧᠺᠲᠷᠦᠨ ᠳᠠᠩᠰᠠ ᠡᠪᠬᠡᠮᠡᠯ᠂ ᠬᠠᠷᠠᠯᠲᠠ ᠶᠢᠨ ᠨᠠᠷᠢᠨ | ᠬᠠᠭᠤᠳᠠᠰᠤ ᠶᠢ ᠪᠠᠶᠢᠭᠤᠯᠤᠨ᠎ᠠ︔ ᠠᠶᠢᠮᠠᠭ ᠬᠤᠲᠠ ᠶᠢᠨ ᠭᠤᠣᠯᠯᠠᠬᠤ ᠠᠵᠤ ᠦᠢᠯᠡᠰ ᠤᠨ ᠪᠠᠶᠢᠳᠠᠯ ᠤᠨ ᠲᠣᠭᠤᠷᠢᠨ ᠳᠤ᠂ ᠬᠥᠭᠵᠢᠯᠲᠡ ᠰᠠᠶᠢᠲᠠᠢ᠂ ᠵᠠᠬ᠎ᠠ | ᠳᠡᠯᠭᠡᠭᠦᠷᠴᠢᠯᠡᠭᠰᠡᠨ ᠬᠡᠮᠵᠢᠶ᠎ᠡ ᠪᠠᠷ ᠦᠨᠳᠦᠷ᠂ ᠲᠠᠲᠠᠬᠤ ᠬᠦᠴᠦᠨ ᠲᠠᠢ ᠨᠢᠭᠡ ᠪᠦᠯᠦᠭ ᠭᠠᠳᠠᠭᠰᠢᠯ ᠪᠤᠳᠠᠳᠤ ᠴᠤᠭᠴᠠ ᠶᠢᠨ ᠠᠵᠤ ᠠᠬᠤᠶᠢᠯᠠᠯ ᠤᠨ ᠬᠤᠳᠠᠯᠳᠤᠭᠠᠴᠢᠨ | ᠤᠷᠢᠬᠤ ᠲᠦᠷᠦᠯ ᠵᠦᠢᠯ ᠢ ᠨᠡᠭᠡᠭᠡᠨ ᠬᠥᠭᠵᠢᠭᠦᠯᠦᠨ᠎ᠡ᠃ ᠦᠢᠯᠡᠳᠬᠦ ᠦᠢᠯᠡᠰ ᠢ ᠵᠣᠷᠢᠭᠵᠢᠭᠤᠯᠵᠤ ᠪᠠᠶᠢᠭᠠᠳ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠨ᠂ ᠨᠢᠭᠡ | ᠪᠦᠯᠦᠭ ᠰᠢᠨ᠎ᠡ ᠡᠨᠧᠷᠬᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠡᠮ ᠡᠮᠨᠡᠯᠭᠡ᠂ ᠳᠡᠭᠡᠳᠦ ᠳᠡᠰ ᠤᠨ ᠲᠤᠨᠤᠭ ᠲᠥᠭᠦᠭᠡᠷᠦᠮᠵᠢ ᠵᠡᠷᠭᠡ | ᠤᠯᠤᠰ ᠤᠨ ᠲᠤᠳᠤᠭᠠᠲᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠴᠢᠬᠤᠯᠠ ᠶᠡᠭᠡ ᠲᠦᠷᠦᠯ ᠵᠦᠢᠯ ᠢ ᠲᠠᠲᠠᠨ ᠣᠷᠤᠭᠤᠯᠵᠤ᠂ ᠭᠠᠳᠠᠭᠠᠳᠤ ᠪᠡᠯᠡ ᠶᠢ | ᠠᠰᠢᠭᠯᠠᠬᠤ ᠬᠢᠭᠡᠳ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠤᠷᠭᠠᠨᠢᠭ ᠢᠶᠠᠷ ᠣᠶᠠᠯᠳᠣᠭᠤᠯᠬᠤ ᠶᠢ ᠪᠡᠶᠡᠯᠡᠭᠦᠯᠵᠣ᠂ ᠠᠵᠤ ᠦᠢᠯᠡᠰ ᠤᠨ | ᠳᠡᠰ ᠳᠠᠪᠬᠤᠷᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠦᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ | ᠣᠷᠣᠨ ᠤ ᠳᠠᠪᠠᠭᠤᠯᠢᠭ ᠬᠦᠷᠢᠶ᠎ᠡ ᠴᠠᠷᠠᠭᠠᠨ ᠳᠠᠬᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ | ᠠᠵᠤ ᠠᠬᠤᠢ ᠠᠷᠠᠯᠵᠢᠶᠠᠨ ᠤ ᠬᠠᠮᠲᠤᠷᠠᠨ ᠠᠵᠢᠯᠯᠠᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠭᠤᠷᠬᠠᠢ ᠶᠢᠨ ᠭᠠᠷᠤᠯᠲᠠ ᠶᠢ | ᠨᠡᠭᠡᠭᠡᠨ ᠠᠰᠢᠭᠯᠠᠬᠤ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠤᠪᠴᠠᠰᠤ ᠨᠡᠬᠡᠮᠡᠯ᠂ ᠣᠢ ᠰᠢᠭᠤᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠵᠡᠭᠦᠨ ᠡᠮᠦᠨᠡᠲᠦ ᠠᠽᠢᠶ᠎ᠠ᠂ ᠳᠤᠮᠳᠠᠳᠤ ᠳᠤᠷᠤᠨᠠᠳᠤ᠂ | ᠠᠹᠷᠢᠺᠠ ᠲᠢᠪ ᠵᠡᠷᠭᠡ ᠭᠠᠵᠠᠷ ᠣᠷᠣᠨ ᠳᠤ ᠪᠡᠯᠡ ᠣᠷᠤᠭᠤᠯᠤᠯᠲᠠ ᠶᠢᠨ ᠴᠡᠭ ᠪᠠᠶᠢᠷᠢᠰᠢᠯᠠᠭᠤᠯᠵᠤ᠂ ᠤᠯᠤᠰ ᠤᠨ ᠭᠠᠳᠠᠭᠠᠳᠤ ᠲᠤᠳᠤᠭᠠᠲᠤ ᠬᠤᠶᠠᠷ ᠵᠠᠬ᠎ᠠ ᠳᠡᠯᠭᠡᠭᠦᠷ᠂ | ᠬᠤᠶᠠᠷ ᠵᠦᠢᠯ ᠤᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠨ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠬᠦ ᠪᠣᠯᠭᠠᠨ᠂ ᠮᠠᠨ ᠤ ᠣᠷᠣᠨ ᠤ ᠦᠢᠯᠡᠳᠭᠦᠨ᠂ | ᠮᠡᠷᠭᠡᠵᠢᠯ᠂ ᠪᠠᠷᠢᠮᠵᠢᠶ᠎ᠠ ᠪᠠ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠳᠠᠶᠢᠴᠢᠯᠠᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ︶ | ᠠᠷᠠᠯᠵᠢᠶ᠎ᠠ ᠶᠢ ᠠᠬᠢᠭᠤᠯᠬᠤ ᠲᠠᠯ᠎ᠠ ᠳᠠᠬᠢ ᠬᠡᠷᠡᠭᠯᠡᠭᠡ ᠶᠢᠨ ᠦᠢᠯᠡᠳᠦᠯ ᠢ ᠴᠢᠩᠭᠠᠷᠠᠭᠤᠯᠤᠨ᠎ᠠ᠃ ᠭᠦᠢᠯᠭᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ | ᠵᠠᠭᠪᠤᠷ ᠤᠨ ᠬᠥᠭᠵᠢᠯᠲᠡ ᠶᠢ ᠠᠬᠢᠭᠤᠯᠵᠤ᠂ ᠪᠤᠳᠠᠳᠤ ᠴᠤᠭᠴᠠ ᠶᠢᠨ ᠬᠤᠳᠠᠯᠳᠤᠭᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠂ | ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠰᠦᠯᠵᠢᠶ᠎ᠡ ᠪᠠᠷ ᠠᠷᠠᠯᠵᠢᠶᠠᠯᠠᠬᠤ ᠲᠠᠪᠴᠠᠩ ᠪᠠᠶᠢᠭᠤᠯᠬᠤ ᠶᠢ ᠳᠡᠮᠵᠢᠨ᠎ᠡ᠃ | ᠠᠴᠢᠶᠠᠯᠠᠪᠤᠷᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠬᠤᠲᠠ ᠶᠢᠨ ᠬᠡᠷᠡᠭᠯᠡᠭᠡ ᠶᠢ ᠳᠡᠭᠡᠭᠰᠢᠯᠡᠭᠦᠯᠵᠦ᠂ ᠳᠤᠲᠠᠭᠤᠳᠠᠯ ᠪᠠ ᠠᠨᠠᠢ ᠲᠠᠯ᠎ᠠ ᠪᠠᠨ ᠨᠦᠬᠦᠪᠦᠷᠢᠯᠡᠨ | ᠬᠦᠳᠡᠭᠡ ᠲᠤᠰᠬᠤᠨ ᠤ ᠬᠡᠷᠡᠭᠯᠡᠭᠡ ᠶᠢ ᠠᠬᠢᠭᠤᠯᠤᠨ᠎ᠠ᠃ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠪᠣᠷᠤᠯᠠᠭᠤᠯᠭ᠎ᠠ ᠶᠢᠨ ᠲᠥᠪ ︵ᠳᠡᠯᠭᠡᠭᠦᠷ︶᠂ ᠨᠡᠷᠡᠲᠦ | ᠲᠡᠮᠲᠡᠭ ᠲᠠᠢ ᠪᠠᠷᠠᠭᠠᠨ ᠤ ᠳᠡᠯᠭᠡᠭᠦᠷ᠂ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠷᠡᠭᠯᠡᠭᠡ ᠶᠢᠨ ᠳᠡᠰ | ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ︶ | ᠣᠳᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠳᠡᠰ ᠳᠡᠪᠰᠢᠬᠦ ᠶᠢ ᠠᠬᠢᠭᠤᠯᠤᠨ᠎ᠠ᠃ ᠠᠵᠤ ᠦᠢᠯᠡᠰ ᠤᠨ ᠰᠠᠭᠤᠷᠢᠨ ᠭᠠᠵᠠᠷ ᠤᠨ | ᠬᠡᠯᠪᠡᠷᠢ ᠪᠠ ᠠᠷᠠᠯᠵᠢᠶ᠎ᠠ ᠬᠤᠳᠠᠯᠳᠤᠭ᠎ᠠ ᠳᠤ ᠦᠢᠯᠡᠴᠢᠯᠡᠬᠦ ᠬᠡᠯᠪᠡᠷᠢ ᠪᠦᠬᠦᠢ ᠪᠠᠷᠠᠭᠠᠨ ᠤ ᠭᠦᠢᠯᠭᠡᠭᠡᠨ ᠤ ᠭᠦᠢᠰᠦ ᠶᠢ ᠲᠦᠷᠭᠡᠪᠴᠢᠯᠡᠨ ᠴᠤᠭᠴᠠᠯᠠᠵᠤ᠂ ᠭᠤᠣᠯᠳᠠᠯᠭ᠎ᠠ ᠲᠠᠢ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠦᠪᠯᠡᠷᠡᠭᠦᠯᠦᠨ ᠨᠦᠯᠦᠭᠡᠯᠡᠬᠦ ᠴᠢᠳᠠᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠦᠬᠡᠬᠤᠲᠠ ᠶᠢᠨ ᠱᠠ ᠯᠢᠶᠠᠩ | ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠭᠠᠷᠠᠮ ᠪᠠ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠪᠤᠭᠤᠲᠤ ᠶᠢᠨ ᠵᠠᠰᠠᠮᠠᠯ ᠵᠠᠮ | ᠲᠡᠮᠦᠷ ᠵᠠᠮ ᠳᠠᠯᠠᠢ ᠶᠢᠨ ᠲᠡᠭᠡᠭᠡᠪᠦᠷᠢ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠭᠠᠷᠠᠮ᠂ ᠮᠠᠨᠳᠤᠯ ᠬᠢᠯᠢ ᠶᠢᠨ ᠪᠤᠭᠤᠮᠲᠠ ᠶᠢᠨ ᠪᠠᠷᠠᠭᠠᠨ ᠤ ᠭᠦᠢᠯᠭᠡᠭᠡᠨ ᠤ ᠲᠥᠪ᠂ | ᠣᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠤᠯᠠᠭᠠᠨᠴᠠᠪ ᠤᠨ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠲᠦᠪᠯᠡᠷᠡᠬᠦ ᠲᠥᠪ᠂ ᠲᠢᠶᠠᠨᠵᠢᠨ ᠭᠠᠷᠠᠮ ᠤᠨ ᠤᠯᠠᠭᠠᠨᠴᠠᠪ ᠲᠠᠬᠢ ᠲᠤᠳᠤᠭᠠᠲᠤ ᠬᠠᠭᠤᠷᠠᠢ ᠶᠢᠨ ᠭᠠᠷᠠᠮ᠂ | ᠪᠠᠶᠠᠨᠨᠠᠭᠤᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ᠂ ᠭᠠᠭᠴᠠᠮᠤᠳᠤ ᠵᠠᠰᠠᠮᠠᠯ ᠵᠠᠮ | ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠦᠬᠠᠢ ᠶᠢᠨ ᠮᠣᠩᠭᠤᠯ ᠣᠯᠣᠰ ᠤᠨ ᠨᠡᠭᠦᠷᠡᠰᠦ ᠶᠢ ᠦᠢᠯᠡᠳᠪᠦᠷᠢᠯᠡᠨ ᠪᠣᠯᠪᠠᠰᠤᠷᠠᠭᠤᠯᠬᠤ | ᠰᠠᠭᠤᠷᠢᠨ ᠭᠠᠵᠠᠷ ᠪᠠ ᠦᠬᠠᠢ ᠶᠢᠨ ᠣᠯᠠᠨ ᠤᠯᠤᠰ ᠤᠨ ᠬᠠᠭᠤᠷᠠᠢ ᠳᠠᠬᠢ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠭᠦᠯᠵᠦ᠂ ᠤᠯᠤᠰ ᠤᠨ | ᠲᠤᠳᠤᠭᠠᠲᠤ ᠭᠠᠳᠠᠭᠠᠳᠤ ᠶᠢᠨ ᠪᠠᠷᠠᠭᠠᠨ ᠤ ᠭᠦᠢᠯᠭᠡᠭᠡᠨ ᠤ ᠲᠤᠮᠤ ᠨᠡᠪᠲᠡᠷᠡᠯ ᠵᠠᠮ ᠢ ᠪᠣᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠦᠬᠡᠬᠤᠲᠠ ᠪᠤᠭᠤᠮᠲᠠ︶ | ᠠᠷᠠᠯᠵᠢᠶ᠎ᠠ ᠬᠢᠭᠡᠳ ᠣᠷᠴᠢᠨ ᠲᠣᠭᠤᠷᠢᠨ ᠢ ᠵᠣᠬᠢᠴᠠᠭᠤᠯᠤᠨ ᠬᠥᠭᠵᠢᠭᠦᠯᠬᠦ ᠪᠠᠨ ᠠᠬᠢᠭᠤᠯᠤᠨ᠎ᠠ᠃ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠤᠬᠢᠷᠳᠤᠯ | ᠦᠭᠡᠢ ᠬᠥᠭᠵᠢᠭᠦᠯᠬᠦ︾ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠳᠤ | ᠪᠣᠬᠢᠷᠳᠤᠯ ᠶᠡᠬᠡᠲᠡᠢ᠂ ᠬᠤᠷᠣᠭᠳᠠᠯ ᠶᠡᠬᠡᠲᠡᠢ ᠦᠢᠯᠡᠳᠭᠦᠨ ᠢᠶᠠᠨ ᠭᠠᠳᠠᠭᠠᠳᠤ ᠳᠤ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠠᠵᠤ ᠠᠬᠤᠶᠢᠯᠠᠯ ᠤᠨ ᠪᠣᠬᠢᠷᠳᠤᠯ | ᠦᠭᠡᠢ ᠪᠠᠷ ᠵᠢᠷᠤᠵᠤ ᠲᠦᠯᠦᠪᠯᠡᠬᠦ ᠪᠠ ᠦᠢᠯᠡᠳᠬᠦ ᠶᠢ ᠵᠣᠷᠢᠭᠵᠢᠭᠤᠯᠤᠨ ᠳᠡᠮᠵᠢᠵᠦ᠂ ᠪᠤᠬᠢᠷᠳᠤᠯ ᠦᠭᠡᠢ ᠮᠡᠷᠭᠡᠵᠢᠯ ᠢᠶᠠᠷ ᠲᠤᠯᠭᠠᠭᠤᠷᠢᠯᠠᠬᠤ ᠰᠢᠰᠲ᠋ᠧᠮᠵᠢ ᠪᠠ ᠬᠠᠩᠭᠠᠬᠤ | ᠬᠡᠯᠬᠢᠶ᠎ᠡ ᠶᠢ ᠪᠠᠶᠢᠭᠤᠯᠬᠤ ᠶᠢᠨ ᠬᠠᠮᠲᠤ᠂ ᠣᠷᠴᠢᠨ ᠲᠣᠭᠤᠷᠢᠨ ᠢ ᠬᠠᠮᠠᠭᠠᠯᠠᠬᠤ ᠣᠯᠠᠨ ᠤᠯᠤᠰ ᠤᠨ ᠲᠡᠷᠢᠭᠦᠨ ᠤ ᠪᠠᠷᠢᠮᠵᠢᠶ᠎ᠠ ᠪᠠᠷ ᠡᠨᠧᠷᠬᠢ ᠠᠷᠪᠢᠯᠠᠬᠤ᠂ | ᠨᠡᠭᠦᠰᠦᠳᠦ᠋ᠷᠦᠭᠴᠢ ᠪᠠᠭ᠎ᠠ ᠭᠠᠳ᠋ᠬᠠᠰᠢᠯᠠᠭᠤᠯᠬᠤ ᠵᠡᠷᠭᠡ ᠪᠣᠬᠢᠷᠳᠤᠯ ᠦᠭᠡᠢ ᠦᠢᠯᠡᠳᠭᠦᠨ ᠤ ᠭᠡᠷᠡᠴᠢᠯᠡᠭᠡ ᠶᠢ ᠣᠯᠵᠤ᠂ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃ | ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ︶ | ︵ᠳᠥᠷᠪᠡ︶ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠢ ᠪᠣᠯᠭᠠᠵᠤ᠂ ᠠᠷᠠᠯᠵᠢᠶ᠎ᠠ ᠶᠢ ᠬᠥᠭᠵᠢᠭᠦᠯᠬᠦ ᠰᠢᠨ᠎ᠡ ᠬᠦᠳᠡᠯᠭᠡᠭᠴᠢ ᠴᠢᠳᠠᠪᠤᠷᠢ ᠶᠢ | ᠨᠡᠮᠡᠭᠳᠡᠭᠦᠯᠦᠨ᠎ᠡ᠃ | ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠤᠨ᠎ᠠ᠃ ᠬᠦᠬᠡᠬᠤᠲᠠ᠂ ᠤᠯᠠᠭᠠᠨᠬᠠᠳᠠ᠂ ᠮᠠᠨᠵᠣᠣᠷ ᠤᠨ ᠬᠢᠯᠢ | ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ | ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠤ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠤᠶᠤᠨᠴᠢ | ᠪᠠᠷᠠᠭᠠᠨ ᠤ ᠭᠦᠢᠯᠭᠡᠭᠡ᠂ ᠮᠦᠩᠭᠦᠨ ᠭᠦᠢᠯᠭᠡᠭᠡᠨ ᠤ ᠦᠢᠯᠡᠴᠢᠯᠡᠭᠡ᠂ ᠡᠯᠧᠺᠲᠷᠦᠨ ᠬᠤᠳᠠᠯᠳᠤᠭᠠᠨ ᠤ ᠦᠨᠡᠨᠴᠢ ᠢᠲᠡᠭᠡᠮᠵᠢ᠂ ᠰᠦᠯᠵᠢᠶᠡᠨ ᠳᠠᠬᠢ ᠶᠡᠷᠦᠩᠬᠡᠶᠢᠯᠡᠭᠰᠡᠨ | ᠦᠢᠯᠡᠴᠢᠯᠡᠬᠦ ᠲᠠᠪᠴᠠᠩ᠂ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠨᠡᠭᠡᠭᠡᠬᠦ᠂ ᠴᠢᠳᠠᠪᠤᠷᠢᠲᠠᠨ ᠬᠦᠮᠦᠵᠢᠭᠦᠯᠬᠦ ᠪᠠ ᠡᠵᠡᠩᠨᠡᠨ ᠪᠤᠷᠤᠯᠠᠭᠤᠯᠬᠤ ᠵᠡᠷᠭᠡ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠨ᠎ᠡ᠃ ᠣᠷᠳᠤᠰ ᠬᠤᠲᠠ ᠶᠢ ᠬᠢᠯᠢ ᠠᠯᠤᠰᠯᠠᠭᠰᠠᠨ ᠡᠯᠧᠺᠲᠷᠦᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠪᠣᠯᠭᠠᠬᠤ ᠶᠢ ᠵᠥᠪᠰᠢᠶᠡᠷᠡᠭᠦᠯᠬᠦ ᠪᠠᠷ ᠢᠳᠡᠪᠬᠢᠲᠡᠢ ᠴᠢᠷᠮᠠᠶᠢᠨ᠂ ᠵᠡᠭᠦᠨ ᠳᠤᠮᠳᠠ ᠪᠠᠷᠠᠭᠤᠨ | ᠬᠡᠰᠡᠭ ᠤᠨ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠨᠦᠯᠦᠭᠡᠯᠡᠬᠦ ᠣᠷᠣᠨ ᠢ ᠪᠣᠢ ᠪᠣᠯᠭᠠᠵᠤ᠂ ᠡᠯᠧᠺᠲᠷᠦᠨ ᠬᠤᠳᠠᠯᠳᠤᠭᠠᠨ ᠤ ᠬᠡᠷᠡᠭᠯᠡᠭᠴᠢᠳ ᠤᠨ | ᠬᠡᠪᠴᠢᠶ᠎ᠡ ᠶᠢ ᠥᠷᠭᠡᠳᠭᠡᠨ᠎ᠡ︔ ᠣᠷᠳᠤᠰ ᠲᠤ 1239 ᠳ᠋ᠤᠭᠠᠷᠲᠣ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠳᠤ ᠭᠠᠶᠢᠯᠢ ᠪᠠᠲᠤᠯᠠᠭᠰᠠᠨ ᠭᠠᠳᠠᠭᠠᠳᠤ ᠠᠴᠠ | ᠣᠷᠤᠭᠤᠯᠬᠤ ᠲᠤᠬᠠᠶᠢᠯᠠᠭᠰᠠᠨ ᠠᠵᠢᠯ ᠤᠨ ᠵᠠᠭᠪᠤᠷ ᠢ ᠠᠬᠢᠭᠤᠯᠤᠨ ᠪᠡᠶᠡᠯᠡᠭᠦᠯᠦᠨ᠎ᠡ᠃ ᠵᠢᠵᠢᠭᠯᠡᠨ ᠬᠤᠳᠠᠯᠳᠤᠬᠤ ᠪᠠᠷ ᠭᠠᠳᠠᠭᠠᠳᠤ ᠠᠴᠠ ᠣᠷᠤᠭᠤᠯᠬᠤ ᠲᠤᠬᠠᠶᠢᠯᠠᠭᠰᠠᠨ | ᠠᠵᠢᠯ ᠦᠷᠨᠢᠭᠦᠯᠦᠭᠰᠡᠨ ᠬᠤᠲᠠ ᠶᠢ ᠨᠡᠩ ᠣᠯᠠᠨ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠠᠵᠤ ᠠᠬᠤᠶᠢᠯᠠᠯ ᠲᠠᠢ ᠵᠠᠯᠭᠠᠯᠳᠤᠭᠤᠯᠬᠤ ᠶᠢ ᠠᠬᠢᠭᠤᠯᠵᠤ᠂ | ᠰᠦᠯᠵᠢᠶᠡᠨ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ᠂ ᠲᠦᠷᠦᠯ ᠬᠤᠪᠢᠶᠠᠨ ᠬᠢᠨᠠᠵᠤ ᠬᠠᠮᠢᠶᠠᠷᠬᠤ᠂ ᠪᠤᠴᠠᠭᠠᠬᠤ ᠪᠠᠷᠠᠭ᠎ᠠ ᠶᠢ ᠣᠨᠴᠠᠭᠠᠢ ᠬᠢᠨᠠᠯᠲᠠ ᠶᠢᠨ | ᠬᠡᠰᠡᠭ ᠲᠤ ᠣᠷᠤᠭᠤᠯᠬᠤ ᠵᠡᠷᠭᠡ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠶᠢ ᠰᠦᠪᠡᠭᠴᠢᠯᠡᠨ᠂ ︽ᠭᠡᠷᠡᠴᠢ ᠪᠠᠷᠢᠮᠲᠠ ᠠᠪᠬᠤ ᠦᠭᠡᠢ ᠪᠠᠷ ᠭᠠᠶᠢᠯᠢ ᠠᠴᠠ | ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠦᠭᠦᠮ ᠳᠦᠳᠡ ᠪᠠᠷ ᠭᠠᠶᠢᠯᠢ ᠪᠤᠴᠠᠭᠠᠬᠤ᠂ ᠭᠤᠪᠢᠭᠤᠯᠭ᠎ᠠ ᠳ᠋ᠦᠩᠨᠡᠬᠦ ᠲᠣᠭᠲᠠᠴᠠ ᠶᠢ | ᠴᠤᠭᠴᠠᠯᠠᠨ᠂ ︽9610︾ ᠵᠠᠭᠪᠤᠷ ᠢᠶᠠᠷ ᠭᠠᠳᠠᠭᠠᠳᠤ ᠳᠤ ᠭᠠᠷᠭᠠᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠭᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ | ᠰᠠᠯᠪᠤᠷᠢ ᠪᠠᠩᠭᠢ᠂ ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ᠂ ᠬᠦᠬᠡᠬᠤᠲᠠ᠂ ᠣᠯᠠᠭᠠᠨᠬᠠᠳᠠ ᠬᠤᠲᠠ᠂ ᠣᠷᠳᠤᠰ ᠬᠤᠲᠠ᠂ ᠮᠠᠨᠵᠣᠣᠷ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠲᠠᠢ ᠪᠣᠯᠭᠠᠬᠤ ᠠᠵᠤ ᠠᠬᠤᠶᠢᠯᠠᠯ ᠳᠤ ᠲᠥᠷᠥ ᠶᠢᠨ | ᠪᠣᠳᠣᠯᠭ᠎ᠠ ᠪᠠᠷ ᠵᠢᠭᠠᠨ ᠵᠢᠯᠤᠭᠤᠳᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠲᠠᠢ ᠪᠣᠯᠭᠠᠬᠤ ᠠᠵᠤ ᠠᠬᠤᠶᠢᠯᠠᠯ | ᠬᠢᠭᠡᠳ ᠦᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠬᠤᠣᠰ ᠴᠢᠭᠯᠡᠯ ᠢᠶᠠᠷ ᠵᠠᠯᠭᠠᠯᠳᠤᠬᠤ ᠶᠢ ᠴᠢᠩᠭᠠᠳᠬᠠᠨ᠂ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠬᠦ ᠡᠲᠡᠭᠡᠳ ᠤᠨ ᠬᠡᠪᠴᠢᠶ᠎ᠡ ᠶᠢ ᠥᠷᠭᠡᠳᠭᠡᠵᠦ᠂ ᠦᠢᠯᠡᠴᠢᠯᠡᠬᠦ ᠠᠭᠤᠯᠭ᠎ᠠ ᠶᠢ ᠨᠢ | ᠪᠠᠶᠠᠯᠢᠭᠵᠢᠭᠤᠯᠤᠨ᠂ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ | ᠭᠠᠶᠢᠯᠢ ᠪᠤᠴᠠᠭᠠᠬᠤ ᠶᠢ ᠣᠷᠤᠯᠠᠨ ᠭᠦᠢᠴᠡᠳᠭᠡᠬᠦ ᠬᠠᠮᠢᠶᠠᠷᠤᠯᠲᠠ ᠶᠢᠨ ᠠᠷᠭ᠎ᠠ ᠶᠢ ᠨᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ ᠪᠤᠴᠠᠭᠠᠬᠤ ᠠᠬᠢᠴᠠ ᠶᠢ | ᠦᠷᠭᠦᠯᠵᠢᠯᠡᠨ ᠲᠦᠷᠭᠡᠳᠭᠡᠨ᠎ᠡ᠃ ᠢᠲᠡᠭᠡᠮᠵᠢ ᠶᠢᠨ ᠲᠦᠷᠦᠯ ᠬᠤᠪᠢᠶᠠᠨ ᠬᠠᠮᠢᠶᠠᠷᠬᠤ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ | ᠬᠤᠯᠪᠤᠭᠠᠯᠠᠨ ᠬᠢᠨᠠᠵᠤ ᠬᠠᠮᠢᠶᠠᠷᠬᠤ ᠶᠢ ᠠᠬᠢᠭᠤᠯᠤᠨ᠂ ᠦᠨᠡᠮᠰᠢᠨ ᠭᠡᠷᠡᠴᠢᠯᠡᠭᠦᠯᠬᠦ ᠪᠠᠷᠢᠮᠵᠢᠶ᠎ᠠ ᠳᠤ ᠨᠡᠶᠢᠴᠡᠭᠰᠡᠨ ᠨᠡᠩ ᠣᠯᠠᠨ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠤᠭᠤᠮᠲᠠ ᠳᠠᠬᠢ ︽ᠭᠡᠷᠡᠴᠢᠯᠡᠭᠡ ᠲᠠᠢ ᠡᠵᠡᠩᠨᠡᠭᠴᠢ︾ ︵AEO︶ ᠪᠣᠯᠭᠠᠵᠤ᠂ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠢ ᠶᠢ ᠪᠣᠢ ᠪᠣᠯᠭᠠᠨ᠎ᠠ᠃ ︵ᠬᠠᠷᠢᠭᠤᠴᠠᠬᠤ ᠨᠢᠭᠡᠴᠢ᠄ | ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠦᠬᠡᠬᠤᠲᠠ ᠪᠤᠭᠤᠮᠲᠠ᠂ ᠮᠠᠨᠵᠤᠤᠷ ᠪᠤᠭᠤᠮᠲᠠ︶ | ᠮᠠᠨᠵᠣᠣᠷ ᠬᠤᠲᠠ᠂ ᠡᠷᠢᠶᠡᠨ ᠬᠤᠲᠠ ᠵᠡᠷᠭᠡ ᠨᠦᠬᠦᠴᠡᠯ ᠢᠶᠠᠷ ᠬᠠᠷᠢᠴᠠᠩᠭᠤᠢ ᠨᠡᠯᠢᠶᠡᠳ ᠰᠠᠶᠢᠨ ᠬᠢᠯᠢ ᠶᠢᠨ ᠪᠤᠭᠤᠮᠲᠠ ᠶᠢᠨ ᠬᠤᠲᠠ ᠶᠢᠨ ᠬᠢᠨ ᠤ ᠵᠠᠬ᠎ᠠ | ᠳᠡᠯᠭᠡᠭᠦᠷ ᠢᠶᠠᠷ ᠬᠤᠳᠠᠯᠳᠤᠨ ᠠᠪᠬᠤ ᠠᠷᠠᠯᠵᠢᠶ᠎ᠠ ᠪᠠᠨ ᠬᠥᠭᠵᠢᠭᠦᠯᠬᠦ ᠶᠢ ᠳᠡᠮᠵᠢᠵᠦ᠂ ᠮᠠᠨᠵᠣᠣᠷ ᠬᠤᠲᠠ ᠶᠢᠨ ᠮᠠᠨ ᠭᠧᠦ ᠬᠤᠳᠠᠯᠳᠤᠭᠠᠨ ᠤ ᠲᠥᠪ ᠲᠤ ᠵᠠᠬ᠎ᠠ | ᠳᠡᠯᠭᠡᠭᠦᠷ ᠢᠶᠠᠷ ᠬᠤᠳᠠᠯᠳᠤᠨ ᠠᠪᠬᠤ ᠠᠷᠠᠯᠵᠢᠶᠠᠨ ᠤ ᠠᠷᠭ᠎ᠠ ᠬᠡᠯᠪᠡᠷᠢ ᠶᠢᠨ ᠲᠣᠷᠰᠢᠯᠲᠠ ᠶᠢᠨ ᠴᠡᠭ ᠤᠨ ᠠᠵᠢᠯ ᠦᠷᠨᠢᠭᠦᠯᠬᠦ ᠶᠢ ᠠᠬᠢᠭᠤᠯᠤᠨ᠂ ᠬᠢᠯᠢ ᠶᠢᠨ | ᠠᠷᠠᠯᠵᠢᠶᠠᠨ ᠤ ᠬᠠᠮᠢᠶᠠᠷᠤᠯᠲᠠ ᠶᠢᠨ ᠡᠮᠬᠢ ᠲᠢᠭᠯᠢᠮ ᠢ ᠵᠢᠷᠤᠮᠵᠢᠭᠤᠯᠵᠤ᠂ ᠵᠢᠵᠢᠭ᠂ ᠲᠠᠷᠠᠬᠠᠢ᠂ ᠡᠯᠳᠡᠪ ᠪᠠᠷᠠᠭ᠎ᠠ ᠵᠡᠷᠭᠡ ᠵᠢᠭᠤᠯᠴᠢᠯᠠᠯ ᠤᠨ ᠠᠷᠠᠯᠵᠢᠶᠠᠨ ᠤ ᠲᠠᠸᠠᠷ ᠢ | ᠭᠠᠳᠠᠭᠠᠳᠤ ᠳᠤ ᠭᠠᠷᠭᠠᠬᠤ ᠲᠠᠸᠠᠷ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠤᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠬᠡᠬᠤᠲᠠ ᠪᠤᠭᠤᠮᠲᠠ᠂ ᠮᠠᠨᠵᠣᠣᠷ ᠪᠣᠭᠤᠮᠲᠠ︶ 365赢多少钱会被限额_国内有真正的365平台吗_365bet博彩官网 | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ | ᠠᠵᠢᠯ ᠲᠦᠷᠦᠯ ᠤᠨ ᠬᠦᠷᠢᠶ᠎ᠡ ᠶᠢ ᠥᠷᠭᠡᠳᠭᠡᠵᠦ᠂ ᠵᠦᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ᠂ ᠵᠢᠷᠤᠭ ᠲᠦᠯᠦᠪᠯᠡᠭᠡ᠂ ᠰᠤᠳᠤᠯᠤᠯᠲᠠ ᠨᠡᠭᠡᠭᠡᠯᠲᠡ᠂ | ᠢᠨᠲ᠋ᠧᠷ ᠰᠦᠯᠵᠢᠶ᠎ᠡ᠂ ᠡᠮᠴᠢᠯᠡᠭᠡ᠂ ᠠᠵᠤ ᠦᠢᠯᠡᠳᠪᠦᠷᠢ᠂ ᠡᠨᠧᠷᠬᠢ ᠵᠡᠷᠭᠡ ᠬᠦᠷᠢᠶᠡᠨ ᠤ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠶᠡᠭᠡ ᠪᠠᠷ | ᠬᠥᠭᠵᠢᠭᠦᠯᠦᠨ᠎ᠡ︔ ᠰᠤᠶᠤᠯ ᠤᠨ ᠲᠠᠯ᠎ᠠ ᠪᠠᠷ ᠬᠢ ᠪᠦᠲᠦᠭᠡᠯᠴᠢ ᠲᠦᠰᠦᠪᠯᠡᠯ᠂ ᠰᠤᠷᠭᠠᠨ ᠬᠦᠮᠦᠵᠢᠯ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠷᠡᠭᠦᠯᠵᠢᠯ | ᠰᠤᠪᠢᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠪᠦᠭᠡᠮ ᠪᠠ ᠵᠢᠵᠢᠭᠯᠡᠨ ᠬᠤᠳᠠᠯᠳᠤᠬᠤ ᠵᠡᠷᠭᠡ ᠬᠦᠷᠢᠶᠡᠨ ᠤ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠶᠢ ᠲᠦᠷᠭᠡᠪᠴᠢᠯᠡᠨ ᠬᠥᠭᠵᠢᠭᠦᠯᠦᠨ᠎ᠡ᠃ ᠣᠷᠤᠭᠤᠯᠵᠤ ᠠᠪᠴᠢᠷᠠᠬᠤ ᠪᠠ ᠬᠦᠮᠦᠵᠢᠭᠦᠯᠬᠦ ᠶᠢ ᠤᠶᠠᠯᠳᠤᠭᠤᠯᠤᠭᠰᠠᠨ ᠠᠷᠭ᠎ᠠ ᠬᠡᠯᠪᠡᠷᠢ ᠪᠠᠷ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠳᠤᠮᠳᠠ ᠳᠡᠭᠡᠳᠦ ᠳᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠳᠡᠭᠡᠳᠦ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠵᠠᠭᠪᠤᠷ ᠲᠤ ᠪᠠᠨ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠤᠨ᠂ ᠦᠢᠯᠡᠳᠦᠯᠴᠡᠬᠦ ᠬᠡᠯᠪᠡᠷᠢ ᠶᠢᠨ | ᠴᠢᠳᠠᠪᠤᠷᠢᠲᠠᠨ ᠬᠦᠮᠦᠵᠢᠭᠦᠯᠬᠦ ᠠᠵᠢᠯ ᠢ ᠢᠳᠡᠪᠬᠢᠲᠡᠢ ᠦᠷᠨᠢᠭᠦᠯᠦᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠠᠵᠤ ᠠᠬᠤᠶᠢᠯᠠᠯ ᠤᠨ ᠣᠯᠠᠨ | ᠤᠯᠤᠰ ᠤᠨ ᠦᠵᠡᠰᠭᠦᠯᠡᠩ ᠴᠤᠭᠯᠠᠭᠠᠨ᠂ ᠲᠦᠷᠦᠯ ᠵᠦᠢᠯ ᠵᠦᠪᠳᠡᠨ ᠬᠡᠯᠡᠯᠴᠡᠬᠦ ᠵᠡᠷᠭᠡ ᠠᠵᠢᠯᠯᠠᠭᠠᠨ ᠳᠤ ᠣᠷᠤᠯᠴᠠᠬᠤ ᠶᠢ ᠳᠡᠮᠵᠢᠨ᠎ᠡ᠃ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠤᠭᠰᠠᠨ ᠤᠯᠤᠰ ᠤᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠨ ᠢᠳᠡᠪᠬᠢᠲᠡᠢ ᠦᠷᠨᠢᠭᠦᠯᠵᠦ᠂ 2022 ᠣᠨ ᠪᠣᠯᠲᠠᠯ᠎ᠠ | ᠮᠠᠨ ᠤ ᠣᠷᠣᠨ ᠳᠤ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠤᠯᠤᠰ ᠤᠨ ᠵᠢᠱᠢᠶ᠎ᠡ ᠦᠵᠡᠭᠦᠯᠬᠦ ᠨᠢᠭᠡ ᠬᠤᠲᠠ ᠲᠠᠢ ᠪᠣᠯᠭᠠᠬᠤ ᠪᠠᠷ ᠴᠢᠷᠮᠠᠶᠢᠨ᠎ᠠ᠃ | ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠵᠦᠪᠯᠡᠯ︶ | ︵ᠲᠠᠪᠤ︶ ᠲᠠᠪᠴᠠᠩ ᠤᠨ ᠰᠢᠰᠲ᠋ᠧᠮᠵᠢ ᠶᠢ ᠪᠦᠲᠦᠭᠡᠨ ᠪᠠᠶᠢᠭᠤᠯᠵᠤ᠂ ᠠᠷᠠᠯᠵᠢᠶᠠᠨ ᠳᠠᠬᠢ ᠲᠡᠭᠦᠨ ᠤ ᠲᠤᠯᠭᠠᠭᠤᠷᠢᠯᠠᠬᠤ ᠦᠢᠯᠡᠳᠦᠯ ᠢ ᠨᠢ ᠪᠠᠳᠠᠷᠠᠭᠤᠯᠤᠨ᠎ᠠ᠃ | ᠨᠡᠭᠡᠭᠡᠯᠲᠡ ᠬᠢᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ | ᠲᠣᠷᠰᠢᠯᠲᠠ ᠶᠢᠨ ᠣᠷᠣᠨ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ ᠭᠤᠣᠯᠳᠠᠯᠭ᠎ᠠ ᠲᠠᠢ ᠨᠡᠭᠡᠭᠡᠯᠲᠡ ᠬᠢᠬᠦ ᠲᠠᠪᠴᠠᠩ ᠤᠨ ᠲᠦᠪᠯᠡᠷᠡᠭᠦᠯᠬᠦ | ᠦᠢᠯᠡᠳᠦᠯ ᠢ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠤᠣᠮᠧᠨ ᠤ ᠪᠣᠯᠣᠩ ᠤᠨ | ᠣᠷᠣᠨ ᠯᠤᠭ᠎ᠠ ᠰᠠᠨᠠᠭᠠᠴᠢᠯᠠᠭ᠎ᠠ ᠠᠴᠠ ᠪᠠᠨ ᠪᠦᠲᠦᠮᠵᠢᠲᠡᠢ ᠵᠠᠯᠭᠠᠯᠳᠤᠭᠤᠯᠤᠨ᠂ ᠬᠤᠯᠪᠣᠭᠠᠯᠠᠨ ᠬᠥᠭᠵᠢᠬᠦ᠂ ᠠᠵᠤ ᠦᠢᠯᠡᠰ ᠤᠨ ᠬᠠᠮᠲᠤᠷᠠᠯᠴᠠᠭ᠎ᠠ ᠬᠢᠬᠦ ᠲᠠᠯ᠎ᠠ ᠪᠠᠷ ᠰᠢᠨ᠎ᠡ | ᠬᠥᠭᠵᠢᠯᠲᠡ ᠶᠢ ᠡᠷᠢᠯᠬᠢᠯᠡᠨ᠎ᠡ᠃ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠳᠤ ︽ᠳᠤᠭᠤᠶᠢᠯᠠᠩ ᠪᠦᠯᠬᠦᠮ︾ ᠤᠨ ᠬᠡᠯᠪᠡᠷᠢ ᠪᠠᠷ ᠦᠷᠭᠦᠯᠵᠢᠯᠡᠭᠦᠯᠦᠨ ᠨᠡᠭᠡᠭᠡᠨ ᠠᠰᠢᠭᠯᠠᠬᠤ ᠶᠢ ᠳᠡᠮᠵᠢᠵᠦ᠂ ᠪᠡᠯᠡ ᠣᠷᠤᠭᠤᠯᠤᠯᠲᠠ ᠶᠢᠨ ᠠᠷᠠᠯᠵᠢᠶ᠎ᠠ ᠶᠢ | ᠠᠬᠢᠭᠤᠯᠬᠤ ᠠᠵᠢᠯ᠂ ᠬᠦᠷᠢᠶᠡᠯᠡᠩ ᠲᠣᠭᠤᠷᠢᠭ ᠵᠢᠴᠢ ᠠᠵᠤ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ᠂ ᠮᠡᠳᠡᠭᠡ ᠵᠠᠩᠬᠢᠴᠢᠯᠠᠭᠰᠠᠨ ᠬᠡᠷᠡᠭᠯᠡᠭᠡᠨ᠂ | ᠴᠢᠳᠠᠪᠤᠷᠢᠲᠠᠨ ᠤ ᠪᠣᠯᠪᠠᠰᠤᠷᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠤᠰ ᠤᠨ ᠳᠡᠰ ᠤᠨ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠣᠷᠣᠨ ᠵᠡᠷᠭᠡ ᠬᠦᠷᠢᠶᠡᠯᠡᠩ ᠲᠣᠭᠤᠷᠢᠭ ᠪᠠ ᠲᠤᠳᠤᠷ ᠭᠠᠵᠠᠷ ᠤᠨ ᠮᠣᠵᠢ ᠨᠤᠭᠤᠳ ᠲᠠᠢ ᠣᠷᠣᠨ ᠪᠦᠰᠡ ᠶᠢᠨ ᠬᠠᠮᠲᠤᠷᠠᠯᠴᠠᠭ᠎ᠠ | ᠦᠷᠨᠢᠭᠦᠯᠵᠦ᠂ ᠵᠣᠬᠢᠴᠠᠯᠳᠤᠨ ᠬᠥᠭᠵᠢᠭᠰᠡᠨ ᠰᠢᠨ᠎ᠡ ᠪᠠᠶᠢᠷᠢᠰᠢᠯ ᠤᠨ ᠪᠣᠢ ᠪᠣᠯᠬᠤ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠭᠠᠶᠢᠯᠢ | ᠪᠠᠲᠤᠯᠠᠭᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠵᠡᠷᠭᠡ ᠡᠯ᠎ᠡ ᠲᠦᠷᠦᠯ ᠤᠨ ᠨᠡᠭᠡᠭᠡᠯᠲᠡ | ᠬᠢᠬᠦ ᠲᠠᠪᠴᠠᠩ ᠤᠨ ᠡᠬᠢ ᠪᠠᠶᠠᠯᠢᠭ ᠪᠠ ᠳᠠᠪᠠᠭᠤᠯᠢᠭ ᠢ ᠨᠢᠭᠡᠲᠦᠯᠲᠡᠢ ᠲᠦᠯᠦᠪᠯᠡᠨ᠂ ᠪᠠᠶᠢᠷᠢᠰᠢᠭᠤᠯᠤᠯᠲᠠ ᠨᠢ ᠵᠣᠬᠢᠰᠲᠠᠢ᠂ ᠲᠣᠭᠲᠠᠴᠠ ᠨᠢ ᠰᠢᠯᠤᠭᠤᠬᠠᠨ᠂ | ᠴᠢᠳᠠᠮᠵᠢ ᠪᠠᠨ ᠬᠠᠷᠢᠯᠴᠠᠨ ᠨᠦᠬᠦᠪᠦᠷᠢᠯᠡᠭᠰᠡᠨ᠂ ᠳᠠᠪᠠᠭᠤᠯᠢᠭ ᠨᠢ ᠢᠯᠡᠷᠬᠡᠢ᠂ ᠳᠦᠭᠦᠮ ᠳᠦᠳᠡ ᠦᠨᠳᠦᠷ ᠪᠦᠲᠦᠮᠵᠢᠲᠡᠢ ᠨᠢᠭᠡ ᠴᠤᠭᠴᠠᠵᠢᠭᠰᠠᠨ ᠨᠡᠬᠡᠬᠡᠯᠲᠡ ᠬᠢᠬᠦ | ᠦᠨᠳᠦᠷ ᠲᠦᠪᠰᠢᠨ ᠢ ᠪᠣᠢ ᠪᠣᠯᠭᠠᠨ᠎ᠠ᠃ ᠳᠤᠮᠳᠠᠳᠤ ᠤᠯᠤᠰ — ᠮᠤᠩᠭᠤᠯ ᠤᠯᠤᠰ ᠤᠨ ᠦᠵᠡᠰᠭᠦᠯᠡᠩ ᠤᠨ ᠳᠡᠯᠡᠬᠡᠶᠢᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ | ᠦᠢᠯᠡᠴᠢᠯᠡᠬᠦ ᠰᠢᠰᠲ᠋ᠧᠮᠵᠢ ᠪᠠ ᠪᠦᠬᠦᠯᠢ ᠴᠤᠭᠴᠠ ᠶᠢᠨ ᠴᠢᠳᠠᠮᠵᠢ ᠶᠢ ᠨᠢ ᠲᠡᠭᠦᠯᠳᠡᠷᠵᠢᠭᠦᠯᠦᠨ᠂ ᠭᠠᠳᠠᠭᠠᠳᠤ ᠶᠢᠨ ᠨᠡᠩ ᠣᠯᠠᠨ ᠬᠤᠳᠠᠯᠳᠤᠭᠠᠴᠢᠨ ᠤ ᠠᠩᠬᠠᠷᠤᠯ ᠢ | ᠲᠠᠲᠠᠵᠤ ᠣᠷᠤᠯᠴᠠᠭᠤᠯᠤᠨ᠎ᠠ᠃ ᠳᠤᠮᠳᠠᠳᠤ ᠤᠯᠤᠰ ︵ᠦᠪᠦᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠣᠷᠰᠢᠯᠲᠠ ᠶᠢᠨ ᠣᠷᠣᠨ ᠢ ᠪᠠᠶᠢᠭᠤᠯᠬᠤ ᠪᠠᠷ ᠢᠳᠡᠪᠬᠢᠯᠡᠨ | ᠴᠢᠷᠮᠠᠶᠢᠵᠤ᠂ ᠬᠤᠳᠠᠯᠳᠤᠭᠠᠨ ᠤ ᠶᠠᠪᠤᠳᠠᠯ ᠤᠨ ᠶᠠᠮᠦᠨ ᠲᠠᠢ ᠵᠣᠬᠢᠴᠠᠭᠤᠯᠤᠨ ᠳᠤᠮᠳᠠᠳᠤ ᠮᠤᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠠᠬᠢᠴᠠ ᠶᠢ ᠠᠬᠢᠭᠤᠯᠤᠨ᠂ ᠮᠠᠨᠵᠣᠣᠷ᠂ ᠡᠷᠢᠶᠡᠨ ᠬᠤᠲᠠ ᠶᠢᠨ ᠬᠢᠯᠢ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ | ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ︶ | ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠤᠯᠤᠰ ᠤᠨ | ᠳᠡᠰ ᠤᠨ ᠪᠠ ᠦᠪᠡᠷᠲᠡᠭᠡᠨ ᠵᠠᠰᠠᠬᠤ ᠣᠷᠣᠨ ᠤ ᠳᠡᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ | ᠪᠠᠶᠢᠭᠤᠯᠬᠤ ᠶᠢ ᠳᠡᠮᠵᠢᠵᠦ᠂ ᠨᠤᠤᠰᠤ ᠨᠤᠤᠯᠤᠭᠤᠷ ᠡᠳ᠋ᠰᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠲᠤᠨᠤᠭ ᠲᠥᠭᠦᠭᠡᠷᠦᠮᠵᠢ ᠦᠢᠯᠡᠳᠬᠦ᠂ | ᠠᠮᠢᠳᠤ ᠪᠤᠳᠠᠰ ᠤᠨ ᠡᠮ ᠡᠮᠨᠡᠯᠭᠡ᠂ ᠲᠡᠮᠦᠷᠯᠢᠭ ᠬᠠᠶᠢᠯᠤᠭᠤᠯᠵᠤ ᠦᠢᠯᠡᠳᠬᠦ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠭᠦᠨ ᠵᠡᠷᠭᠡ ᠬᠦᠷᠢᠶᠡᠨ ᠳᠤ ᠠᠵᠤ | ᠦᠢᠯᠡᠰ ᠤᠨ ᠬᠡᠯᠬᠢᠶ᠎ᠡ ᠨᠢ ᠪᠦᠷᠢᠨ ᠭᠦᠢᠴᠡᠳ᠂ ᠦᠢᠯᠡᠳᠭᠦᠨ ᠨᠢ ᠢᠯᠡ ᠲᠤᠳᠤ ᠣᠨᠴᠠᠯᠢᠭ ᠲᠠᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠨᠢ ᠪᠦᠷᠢᠨ | ᠲᠡᠭᠦᠯᠳᠡᠷ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠦᠷᠢᠰᠦᠯᠳᠦᠬᠦ ᠳᠠᠪᠠᠭᠤᠯᠢᠭ ᠢᠶᠠᠷ ᠢᠯᠡᠷᠬᠡᠢ ᠪᠠᠶᠢᠭ᠎ᠠ ᠭᠠᠳᠠᠭᠰᠢᠯ ᠠᠵᠤ ᠦᠢᠯᠡᠰ ᠤᠨ ᠬᠥᠭᠵᠢᠯᠲᠡ ᠶᠢᠨ | ᠪᠦᠯᠦᠭᠵᠢᠯ ᠢ ᠪᠣᠢ ᠪᠣᠯᠭᠠᠵᠤ᠂ ᠰᠠᠭᠤᠷᠢᠨ ᠭᠠᠵᠠᠷ ᠤᠨ ᠭᠠᠳᠠᠭᠠᠳᠤ ᠭᠠᠷᠭᠠᠯᠲᠠ ᠶᠢᠨ ᠬᠦᠲᠥᠴᠢ ᠪᠦᠭᠡᠳ ᠨᠢᠷᠤᠭᠤᠪᠴᠢ ᠠᠵᠤ ᠠᠬᠤᠶᠢᠯᠠᠯ ᠢ ᠪᠠᠶᠢᠭᠤᠯᠤᠨ᠂ ᠮᠡᠷᠭᠡᠵᠢᠯ | ᠪᠠ ᠨᠡᠷᠡᠲᠦ ᠲᠡᠮᠲᠡᠭ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠰᠠᠭᠤᠷᠢᠨ ᠭᠠᠵᠠᠷ ᠤᠨ ᠠᠴᠢᠶᠠᠯᠠᠪᠤᠷᠢ ᠪᠣᠯᠬᠤ ᠪᠠ ᠵᠢᠱᠢᠶ᠎ᠡ ᠦᠵᠡᠭᠦᠯᠬᠦ | ᠦᠢᠯᠡᠳᠦᠯ ᠢ ᠨᠢ ᠪᠠᠳᠠᠷᠠᠭᠤᠯᠵᠤ᠂ ᠣᠷᠣᠨ ᠪᠦᠰᠡ ᠶᠢᠨ ᠳᠠᠪᠠᠭᠤᠯᠢᠭ ᠣᠨᠴᠠᠯᠢᠭ ᠲᠠᠢ ᠪᠦᠭᠡᠳ ᠡᠷᠴᠢᠮᠵᠢᠵᠦ ᠲᠦᠪᠯᠡᠷᠡᠭᠰᠡᠨ ᠬᠥᠭᠵᠢᠯᠲᠡ ᠶᠢ ᠪᠣᠢ ᠪᠣᠯᠭᠠᠨ᠎ᠠ᠃ ᠡᠯ᠎ᠡ | ᠠᠶᠢᠮᠠᠭ ᠬᠤᠲᠠ ᠨᠢ ᠣᠷᠣᠨ ᠪᠦᠰᠡ ᠶᠢᠨ ᠠᠵᠤ ᠦᠢᠯᠡᠰ ᠤᠨ ᠣᠨᠴᠠᠯᠢᠭ ᠢ ᠦᠨᠳᠦᠰᠦᠯᠡᠵᠦ᠂ ᠣᠳᠣ ᠶᠢᠨ ᠰᠠᠭᠤᠷᠢᠨ ᠭᠠᠵᠠᠷ ᠢ ᠢᠳᠡᠪᠬᠢᠲᠡᠢ ᠪᠤᠵᠠᠭᠠᠢᠷᠠᠭᠤᠯᠬᠤ ᠪᠠ | ᠰᠢᠨ᠎ᠡ ᠰᠠᠭᠤᠷᠢᠨ ᠭᠠᠵᠠᠷ ᠢ ᠴᠤᠭᠴᠠᠯᠠᠨ᠂ ᠰᠠᠭᠤᠷᠢᠨ ᠭᠠᠵᠠᠷ ᠤᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠰᠠᠭᠤᠷᠢᠨ ᠭᠠᠵᠠᠷ ᠤᠨ | ᠠᠵᠢᠯ ᠲᠦᠷᠦᠯ ᠤᠨ ᠬᠤᠳᠠᠯᠳᠤᠭᠠᠨ ᠤ ᠨᠡᠶᠢᠭᠡᠮᠯᠢᠭ ᠪᠤᠶᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠳᠤ ᠨᠠᠢᠳᠠᠵᠤ ᠰᠠᠭᠤᠷᠢᠨ ᠭᠠᠵᠠᠷ ᠤᠨ ᠬᠠᠮᠢᠶᠠᠷᠤᠯᠲᠠ | ᠦᠢᠯᠡᠴᠢᠯᠡᠭᠡ ᠶᠢ ᠬᠠᠷᠢᠭᠤᠴᠠᠭᠤᠯᠬᠤ ᠶᠢ ᠵᠣᠷᠢᠭᠵᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠭᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠣᠯᠠᠨ ᠤᠯᠤᠰ ᠲᠠᠬᠢ ᠡᠵᠡᠩᠨᠡᠨ ᠪᠤᠷᠤᠯᠠᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠤᠳᠠᠳᠤ ᠬᠦᠴᠦᠨ ᠲᠠᠢ ᠲᠤᠮᠤ | ᠬᠡᠯᠪᠡᠷᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ︽ᠨᠢᠭᠡ ᠪᠦᠰᠡ ᠨᠢᠭᠡ ᠵᠠᠮ︾ ᠳᠠᠭᠠᠤ ᠶᠢᠨ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠦᠵᠡᠭᠦᠯᠭᠡ | ᠪᠤᠷᠤᠯᠠᠭᠤᠯᠭ᠎ᠠ᠂ ᠨᠡᠷᠡᠲᠦ ᠲᠡᠮᠲᠡᠭ ᠤᠨ ᠳᠡᠯᠭᠡᠷᠡᠭᠦᠯᠦᠯᠲᠡ᠂ ᠰᠠᠩ ᠬᠦᠮᠦᠷᠭᠡ ᠪᠠᠷᠠᠭᠠᠨ ᠤ ᠭᠦᠢᠯᠭᠡᠭᠡ ᠪᠠ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ | ᠴᠢᠳᠠᠮᠵᠢ ᠪᠠᠨ ᠨᠢᠭᠡ ᠴᠤᠭᠴᠠᠵᠢᠭᠤᠯᠤᠭᠰᠠᠨ ᠣᠯᠠᠨ ᠤᠯᠤᠰ ᠲᠠᠬᠢ ᠡᠵᠡᠩᠨᠡᠨ ᠪᠤᠷᠤᠯᠠᠭᠤᠯᠬᠤ ᠣᠯᠠᠨ ᠨᠡᠶᠢᠲᠡ ᠶᠢᠨ ᠲᠠᠪᠴᠠᠩ ᠢ ᠪᠠᠶᠢᠭᠤᠯᠵᠤ᠂ ᠦᠪᠡᠷᠲᠡᠭᠡᠨ ᠵᠠᠰᠠᠬᠤ | ᠣᠷᠣᠨ ᠤ ᠳᠤᠮᠳᠠ ᠵᠢᠵᠢᠭ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠲᠠᠪᠴᠠᠩ ᠤᠨ ᠠᠵᠤ ᠠᠬᠤᠶᠢᠯᠠᠯ ᠯᠤᠭ᠎ᠠ | ᠵᠠᠯᠭᠠᠯᠳᠤᠭᠤᠯᠤᠨ᠂ ᠦᠢᠯᠡᠳᠭᠦᠨ᠂ ᠮᠡᠳᠡᠭᠡ ᠵᠠᠩᠭᠢ ᠪᠠ ᠡᠵᠡᠩᠨᠡᠨ ᠪᠤᠷᠤᠯᠠᠭᠤᠯᠬᠤ ᠠᠷᠭ᠎ᠠ ᠵᠠᠮ ᠳᠤ ᠰᠠᠭᠤᠷᠢᠯᠠᠭᠰᠠᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠦᠷᠨᠢᠭᠦᠯᠦᠨ᠎ᠡ᠃ ᠠᠵᠤ ᠠᠬᠤᠶᠢᠯᠠᠯ ᠤᠨ ᠬᠢᠨ ᠤ ᠬᠠᠷᠠᠯᠲᠠ ᠪᠣᠯᠬᠤ ᠵᠠᠬ᠎ᠠ ᠳᠡᠯᠭᠡᠭᠦᠷ ᠪᠠ ᠣᠯᠠᠨ ᠤᠯᠤᠰ ᠤᠨ ᠠᠷᠠᠯᠵᠢᠶᠠᠨ ᠤ ᠳᠠᠮᠵᠢᠭᠤᠯᠬᠤ ᠭᠠᠵᠠᠷ ᠲᠤ ᠭᠠᠳᠠᠭᠠᠳᠤ | ᠬᠦᠮᠦᠷᠭᠡ ᠪᠠ ᠢᠯᠭᠠᠨ ᠰᠠᠯᠭᠠᠵᠦ ᠶᠠᠪᠤᠭᠤᠯᠬᠤ ᠲᠥᠪ ᠪᠠᠶᠢᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠪᠣᠳᠠᠰᠯᠢᠭ | ᠬᠤᠯᠪᠣᠭᠠᠲᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠠᠪᠴᠠᠯ ᠢ ᠠᠰᠢᠭᠯᠠᠨ ᠬᠤᠳᠠᠯᠳᠤᠭᠰᠠᠨ ᠤ ᠳᠠᠷᠠᠭᠠᠬᠢ ᠦᠢᠯᠡᠴᠢᠯᠡᠬᠦ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ︶ | ᠣᠯᠠᠨ ᠤᠯᠤᠰ ᠤᠨ ᠬᠤᠭᠤᠷᠤᠨᠳᠤᠬᠢ ᠰᠤᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠴᠤᠭᠴᠠᠯᠠᠨ᠎ᠠ᠃ ᠤᠯᠤᠰ ᠤᠨ ᠲᠤᠳᠤᠭᠠᠲᠤ ᠭᠠᠳᠠᠭᠠᠳᠤ ᠶᠢᠨ ᠴᠢᠬᠤᠯᠠ | ᠶᠡᠭᠡ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢ ᠭᠦᠢᠴᠡᠳ ᠠᠰᠢᠭᠯᠠᠵᠤ᠂ ᠵᠤᠯᠭᠠᠯᠳᠤᠭᠤᠯᠵᠤ ᠰᠤᠯᠢᠯᠴᠠᠭ᠎ᠠ ᠬᠢᠬᠦ ᠪᠠᠨ ᠴᠢᠩᠭᠠᠳᠬᠠᠨ᠂ ᠦᠪᠦᠷ ᠮᠣᠩᠭᠤᠯ ᠤᠨ | ᠨᠡᠷ᠎ᠡ ᠠᠯᠳᠠᠷ ᠪᠠ ᠨᠦᠯᠦᠭᠡᠯᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠣᠯᠠᠨ | ᠤᠯᠤᠰ ᠤᠨ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠦᠵᠡᠰᠭᠦᠯᠠᠩ ᠳᠤ ᠣᠷᠤᠯᠴᠠᠭᠤᠯᠵᠤ᠂ ᠭᠤᠸᠠᠩᠵᠧᠦ ᠶᠢᠨ ᠭᠠᠳᠠᠭᠠᠳᠤ ᠳᠤ ᠭᠠᠷᠭᠠᠬᠤ ᠲᠠᠸᠠᠷ ᠤᠨ | ᠠᠷᠠᠯᠵᠢᠶᠠᠨ ᠤ ᠴᠤᠭᠯᠠᠭᠠᠨ᠂ ᠳᠤᠮᠳᠠᠳᠤ ᠶᠢᠨ ᠳᠤᠷᠤᠨᠠᠲᠤ ᠣᠷᠣᠨ ᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ | ᠴᠤᠭᠯᠠᠭᠠᠨ ᠵᠡᠷᠭᠡ ᠤᠯᠤᠰ ᠤᠨ ᠲᠤᠳᠤᠭᠠᠲᠤ ᠶᠢᠨ ᠳᠡᠭᠡᠳᠦ ᠳᠡᠰ ᠤᠨ ᠦᠵᠡᠭᠦᠯᠭᠡ ᠶᠢᠨ ᠲᠠᠪᠴᠠᠩ ᠢ ᠭᠦᠢᠴᠡᠳ ᠰᠠᠶᠢᠲᠤᠷ ᠠᠰᠢᠭᠯᠠᠨ᠎ᠠ︔ ᠳᠤᠮᠳᠠᠳᠤ ᠤᠯᠤᠰ — | ᠮᠤᠩᠭᠤᠯ ᠤᠯᠤᠰ ᠤᠨ ᠦᠵᠡᠰᠭᠦᠯᠡᠩ᠂ ᠦᠪᠦᠷ ᠮᠣᠩᠭᠤᠯ ᠤᠨ ᠦᠨᠦᠷ ᠠᠮᠲᠠ ᠵᠡᠷᠭᠡ ᠦᠪᠡᠷᠲᠡᠭᠡᠨ ᠵᠠᠰᠠᠬᠤ ᠣᠷᠣᠨ ᠤ ᠲᠤᠳᠤᠷᠠᠬᠢ ᠭᠤᠣᠯᠳᠠᠯᠭ᠎ᠠ ᠲᠠᠢ | ᠦᠵᠡᠭᠦᠯᠭᠡ ᠶᠢ ᠬᠦᠴᠦᠯᠡᠨ ᠰᠠᠶᠢᠲᠤᠷ ᠡᠷᠬᠢᠯᠡᠨ᠎ᠡ᠃ ᠭᠤᠣᠯᠳᠠᠯᠭ᠎ᠠ ᠲᠠᠢ ᠵᠠᠬ᠎ᠠ ᠳᠡᠯᠭᠡᠭᠦᠷ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠤᠳᠠᠯᠳᠤᠨ | ᠠᠪᠤᠭᠴᠢ ᠭᠡᠬᠦ ᠭᠤᠷᠪᠠᠨ ᠲᠦᠷᠦᠯ ᠤᠨ ᠳ᠋ᠠᠶᠢᠲ᠋ᠠ ᠶᠢᠨ ᠬᠦᠮᠦᠷᠭᠡ ᠶᠢ ᠲᠡᠭᠦᠯᠳᠡᠷᠵᠢᠭᠦᠯᠵᠦ᠂ ᠮᠠᠨ ᠤ ᠣᠷᠣᠨ ᠬᠢᠭᠡᠳ ᠤᠯᠤᠰ ᠤᠨ ᠭᠠᠳᠠᠭᠠᠳᠤ ︵ᠭᠠᠵᠠᠷ ᠣᠷᠣᠨ︶ ᠶᠢᠨ | ᠵᠠᠰᠠᠭ ᠤᠨ ᠣᠷᠳᠣᠨ᠂ ᠠᠷᠠᠯᠵᠢᠶ᠎ᠠ ᠶᠢ ᠠᠬᠢᠭᠤᠯᠬᠤ ᠪᠠᠶᠢᠭᠤᠯᠤᠮᠵᠢ ᠵᠢᠴᠢ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠤᠨᠳᠤᠬᠢ ᠰᠤᠯᠢᠯᠴᠠᠭ᠎ᠠ | ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠭᠡᠨ ᠭᠦᠨᠵᠡᠭᠡᠶᠢᠷᠡᠭᠦᠯᠵᠦ᠂ ᠬᠤᠳᠠᠯᠳᠤᠭᠠᠴᠢᠳ ᠤᠨ ᠨᠡᠶᠢᠭᠡᠮᠯᠢᠭ᠂ ᠭᠠᠳᠠᠭᠠᠳᠤ ᠳᠠᠬᠢ ᠠᠵᠤ ᠠᠬᠤᠶᠢᠯᠠᠯ ᠵᠢᠴᠢ | ᠬᠤᠪᠢᠶᠠᠷᠢ ᠰᠠᠯᠪᠤᠷᠢ ᠪᠠᠶᠢᠭᠤᠯᠤᠮᠵᠢ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠠᠷᠭ᠎ᠠ ᠵᠠᠮ᠂ ᠣᠯᠠᠨ ᠬᠡᠪ ᠵᠠᠭᠪᠤᠷ ᠢᠶᠠᠷ ᠠᠵᠤ ᠠᠬᠤᠢ ᠠᠷᠠᠯᠵᠢᠶᠠᠨ ᠤ | ᠬᠠᠮᠲᠤᠷᠠᠯᠴᠠᠭ᠎ᠠ ᠶᠢᠨ ᠲᠣᠭᠲᠠᠴᠠ ᠪᠠ ᠲᠠᠪᠴᠠᠩ ᠢ ᠡᠭᠦᠳᠦᠨ ᠪᠠᠶᠢᠭᠤᠯᠵᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶ | ︵ᠵᠢᠷᠭᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠢᠷᠡᠭᠦᠯᠵᠦ᠂ ᠠᠷᠠᠯᠵᠢᠶᠠᠨ ᠤ ᠬᠠᠤᠯᠢᠵᠢᠭᠰᠠᠨ ᠳᠡᠯᠡᠬᠡᠶᠢᠴᠢᠯᠡᠭᠰᠡᠨ ᠳᠦᠭᠦᠮᠴᠢᠯᠡᠭᠰᠡᠨ ᠠᠷᠠᠯᠵᠢᠶᠠᠨ ᠤ | ᠣᠷᠴᠢᠨ ᠠᠬᠤᠢ ᠶᠢ ᠪᠣᠢ ᠪᠣᠯᠭᠠᠨ᠎ᠠ᠃ | ᠬᠢᠯᠢ ᠶᠢᠨ ᠪᠤᠭᠤᠮᠲᠠ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠠᠨᠵᠣᠣᠷ᠂ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠤᠭᠤᠮᠲᠠ ᠶᠢᠨ | ᠰᠠᠭᠤᠷᠢ ᠪᠡᠯᠡᠳᠭᠡᠮᠵᠢ ᠶᠢ ᠳᠡᠰ ᠳᠡᠪᠰᠢᠭᠦᠯᠦᠨ ᠰᠠᠢᠵᠢᠷᠠᠭᠤᠯᠬᠤ ᠶᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠠᠵᠢᠯᠯᠠᠭᠠᠨ ᠤ | ᠲᠠᠪᠴᠠᠩ ᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠭᠠᠵᠠᠷ ᠪᠠ ᠬᠢᠯᠢ ᠶᠢᠨ ᠪᠤᠭᠤᠮᠲᠠ ᠶᠢᠨ ᠵᠠᠩᠬᠢᠯᠠᠭ᠎ᠠ ᠪᠣᠯᠬᠤ ᠴᠡᠭ ᠠᠴᠠ ᠡᠬᠢᠯᠡᠨ | ᠬᠦᠳᠡᠯᠦᠭᠰᠡᠨ᠂ ᠬᠦᠷᠴᠦ ᠢᠷᠡᠭᠰᠡᠨ ᠣᠯᠠᠨ ᠤᠯᠤᠰ ᠤᠨ ᠪᠠᠷᠠᠭ᠎ᠠ ᠵᠦᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠶᠢᠨ ᠪᠠᠢᠩᠭᠤᠵᠢᠭᠰᠠᠨ ᠠᠵᠢᠯᠯᠠᠭᠠᠨ ᠢ ᠠᠬᠢᠭᠤᠯᠵᠤ᠂ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠪᠤᠭᠤᠮᠲᠠ ᠪᠠᠷ ᠨᠡᠪᠲᠡᠷᠡᠬᠦ ᠳᠤ ᠳᠦᠭᠦᠮ ᠦᠵᠡᠭᠦᠯᠬᠦ ᠶᠢ ᠠᠬᠢᠭᠤᠯᠤᠨ᠎ᠠ᠃ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡᠨ ᠤ ᠠᠶᠠᠯᠠᠬᠤ ᠳᠤ ᠲᠦᠰᠢᠭᠯᠡᠨ᠂ ᠮᠠᠨ ᠤ ᠣᠷᠣᠨ ᠬᠢᠭᠡᠳ ᠡᠭᠡᠯᠵᠢ ᠶᠢᠨ ᠭᠠᠯᠲᠤ ᠲᠡᠷᠭᠡ ᠶᠠᠪᠤᠵᠤ ᠪᠠᠶᠢᠭ᠎ᠠ ᠱᠤᠭᠤᠮ ᠳᠠᠭᠠᠤ ᠶᠢᠨ | ᠭᠤᠣᠯᠳᠠᠯᠭ᠎ᠠ ᠲᠠᠢ ᠤᠯᠤᠰ ᠣᠷᠣᠨ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠶᠢᠨ ᠶᠠᠪᠤᠯᠴᠠᠭ᠎ᠠ ᠶᠢ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠤ ᠥᠷᠭᠡᠨ | ᠬᠡᠪᠴᠢᠶᠡᠨ ᠤ ᠬᠢᠯᠢ ᠶᠢᠨ ᠪᠤᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ︔ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡ ᠶᠢᠨ ᠡᠬᠢᠯᠡᠵᠦ ᠭᠦᠳᠡᠯᠬᠦ ᠬᠤᠲᠠ᠂ ᠵᠡᠭᠦᠨ ᠬᠤᠢᠲᠣ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠣᠯᠳᠠᠯᠭ᠎ᠠ ᠲᠠᠢ ᠭᠠᠵᠠᠷ | ᠣᠷᠣᠨ ᠯᠤᠭ᠎ᠠ ᠶᠢᠨ ᠪᠤᠭᠤᠮᠲᠠ ᠨᠡᠪᠲᠡᠷᠡᠬᠦ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠪᠤᠭᠤᠮᠲᠠ ᠦᠩᠭᠡᠷᠡᠬᠦ ᠶᠢ ᠨᠢᠭᠡ ᠴᠤᠭᠴᠠᠵᠢᠭᠤᠯᠬᠤ | ᠠᠬᠢᠴᠠ ᠳᠤ ᠪᠦᠬᠦ ᠲᠠᠯ᠎ᠠ ᠪᠠᠷ ᠣᠷᠤᠯᠴᠠᠭᠤᠯᠤᠨ᠎ᠠ᠃ ᠮᠠᠨᠵᠣᠣᠷ ᠬᠢᠯᠢ ᠶᠢᠨ ᠪᠤᠭᠤᠮᠲᠠ ᠪᠠ ᠳ᠋ᠠᠯᠢᠶᠠᠨ ᠭᠠᠷᠠᠮ᠂ ᠵᠢᠨᠵᠧᠥ ᠭᠠᠷᠠᠮ ᠯᠤᠭ᠎ᠠ ᠠᠵᠢᠯ ᠲᠦᠷᠦᠯ ᠢᠶᠠᠷ ᠢᠶᠠᠨ | ᠬᠠᠷᠢᠯᠴᠠᠬᠤ ᠬᠢᠭᠡᠳ ᠡᠷᠢᠶᠡᠨ ᠬᠤᠲᠠ ᠬᠢᠯᠢ ᠶᠢᠨ ᠪᠤᠭᠤᠮᠲᠠ ᠪᠠ ᠲᠢᠶᠠᠨᠵᠢᠨ ᠭᠠᠷᠠᠮ ᠯᠤᠭ᠎ᠠ ᠠᠵᠢᠯ ᠲᠦᠷᠦᠯ ᠢᠶᠠᠷ ᠢᠶᠠᠨ ᠬᠠᠷᠢᠯᠴᠠᠬᠤ ᠶᠢ ᠵᠣᠷᠢᠭᠵᠢᠭᠤᠯᠵᠤ᠂ | ᠨᠡᠭᠡᠭᠡᠯᠲᠡ ᠬᠢᠭᠰᠡᠨ ᠲᠣᠷᠰᠢᠯᠭ᠎ᠠ ᠪᠠᠨ ᠰᠤᠯᠢᠯᠴᠠᠨ ᠲᠣᠯᠢᠳᠠᠵᠤ᠂ ᠬᠢᠯᠢ ᠶᠢᠨ ᠪᠤᠭᠤᠮᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠥᠷᠰᠢ ᠵᠡᠷᠭᠡᠯᠡᠳᠡᠭᠡ | ᠤᠯᠤᠰ ᠯᠤᠭ᠎ᠠ ᠬᠠᠷᠠᠭᠠᠯᠵᠠᠭᠰᠠᠨ ᠪᠤᠭᠤᠮᠲᠠ ᠶᠢᠨ ᠵᠣᠬᠢᠴᠠᠭᠤᠯᠬᠤ ᠠᠵᠢᠯ ᠢ ᠴᠢᠩᠭᠠᠳᠬᠠᠵᠤ᠂ ᠪᠤᠭᠤᠮᠲᠠ ᠪᠠᠷ ᠨᠡᠪᠲᠡᠷᠡᠬᠦ ᠴᠤᠪᠤᠷᠠᠯ ᠢ ︽ᠳᠦᠭᠦᠮᠴᠢᠯᠡᠨ | ᠴᠤᠮᠬᠠᠳᠬᠠᠵᠤ︾᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠤᠩᠬᠤᠪᠴᠢ ᠪᠠᠷ ᠭᠦᠢᠴᠡᠳᠭᠡᠬᠦ︾ ᠲᠠᠪᠴᠠᠩ ᠤᠨ ᠪᠠᠶᠢᠭᠤᠯᠤᠯᠲᠠ ᠪᠠ ︽ᠤᠶᠤᠨᠯᠢᠭ | ᠪᠤᠭᠤᠮᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠭᠤᠮᠲᠠ ᠪᠠᠷ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ | ᠣᠷᠤᠭᠤᠯᠵᠤ ᠭᠠᠳᠠᠭᠠᠳᠤ ᠳᠤ ᠭᠠᠷᠭᠠᠬᠤ ᠭᠤᠭᠴᠤᠭᠠᠨ ᠳᠠᠬᠢ ᠲᠣᠭᠲᠠᠭᠠᠯ ᠳᠤ ᠨᠡᠢᠴᠡᠬᠦ ᠦᠪᠡᠷ ᠤᠨ ᠥᠷᠲᠡᠭ ᠢ ᠨᠢ ᠤᠯᠠᠮ ᠨᠢᠭᠡ ᠠᠯᠬᠤᠮ ᠵᠢᠷᠤᠮᠵᠢᠭᠤᠯᠬᠤ ᠪᠠ | ᠪᠠᠭᠤᠷᠠᠭᠤᠯᠬᠤ ᠶᠢ ᠠᠬᠢᠭᠤᠯᠵᠤ᠂ ᠬᠢᠯᠢ ᠶᠢᠨ ᠪᠤᠭᠤᠮᠲᠠ ᠳᠤ ᠬᠤᠷᠢᠶᠠᠬᠤ ᠰᠦᠢᠳᠭᠡᠯ ᠤᠨ ︽ᠨᠢᠭᠡ ᠦᠷᠲᠡᠭᠡᠴᠢᠯᠡᠭᠰᠡᠨ ᠮᠠᠶ᠋ᠢᠭ ᠤᠨ ᠢᠯᠡ ᠦᠨ᠎ᠡ ᠬᠠᠩᠰᠢ ᠲᠠᠢ | ᠪᠠᠶᠢᠯᠭᠠᠬᠤ︾ ᠶᠢ ᠳᠡᠯᠭᠡᠷᠡᠭᠦᠯᠦᠨ᠂ ᠬᠢᠯᠢ ᠶᠢᠨ ᠪᠤᠭᠤᠮᠲᠠ ᠳᠤ ᠬᠤᠷᠢᠶᠠᠬᠤ ᠰᠦᠢᠳᠭᠡᠯ ᠤᠨ ᠢᠯᠡ ᠲᠤᠳᠤ ᠪᠠᠢᠬᠤ ᠬᠡᠮᠵᠢᠶ᠎ᠡ ᠪᠠ ᠠᠳᠠᠯᠢᠳᠬᠠᠵᠤ ᠪᠣᠯᠬᠤ ᠴᠢᠨᠠᠷ ᠢ | ᠳᠡᠭᠡᠭᠰᠢᠯᠡᠭᠦᠯᠵᠦ᠂ ᠨᠡᠩ ᠴᠢᠯᠦᠭᠡᠲᠡᠢ᠂ ᠳᠦᠭᠦᠮ ᠳᠦᠳᠡ ᠪᠠᠢᠬᠤ ᠬᠢᠯᠢ ᠶᠢᠨ ᠪᠤᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠣᠢ ᠪᠣᠯᠭᠠᠨ᠎ᠠ᠃ ︵ | ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ | ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ︶ | ᠠᠷᠠᠯᠵᠢᠶᠠᠨ ᠤ ᠳᠦᠭᠦᠮ ᠳᠦᠳᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠦᠰᠦᠯ ᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠢᠯᠡ ᠲᠤᠳᠤ ᠦᠨᠳᠦᠷ ᠪᠦᠲᠦᠮᠵᠢᠲᠡᠢ ᠪᠠᠢᠬᠤ ᠣᠷᠴᠢᠨ | ᠨᠦᠬᠦᠴᠡᠯ ᠢ ᠪᠣᠢ ᠪᠣᠯᠭᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠢᠷᠡᠭᠦᠯᠵᠦ᠂ ︽ᠭᠡᠷᠡᠴᠢ ᠪᠠ ᠦᠨᠡᠮᠯᠡᠯ ᠢ ᠰᠠᠯᠭᠠᠬᠤ︾ | ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠳᠠᠭᠠᠳᠤ ᠶᠢᠨ | ᠬᠤᠳᠠᠯᠳᠤᠭᠠᠴᠢᠨ ᠪᠡᠯᠡ ᠣᠷᠤᠭᠤᠯᠬᠤ ᠳᠤ ᠣᠷᠤᠬᠤ ᠶᠢ ᠵᠥᠪᠰᠢᠶᠡᠷᠡᠬᠦ ᠠᠴᠠ ᠤᠷᠢᠳ ᠤᠯᠤᠰ ᠠᠷᠠᠳ ᠤᠨ ᠬᠠᠷᠠᠭᠠᠯᠵᠠᠯ ᠬᠦᠷᠲᠡᠬᠦ ᠪᠠ ᠠᠯᠳᠠᠭᠳᠠᠯᠲᠠᠢ ᠵᠦᠢᠯᠡᠰ ᠤᠨ | ᠨᠠᠷᠢᠨ ᠳᠠᠩᠰᠠ ᠨᠡᠮᠡᠬᠦ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ ᠪᠣᠲᠠᠲᠠᠶᠢᠵᠢᠭᠤᠯᠤᠭᠰᠠᠨ ᠦᠭᠡᠢ᠂ ᠬᠤᠳᠠᠯᠳᠤᠭᠠᠴᠢᠨ ᠤᠷᠢᠬᠤ ᠠᠮᠠᠯᠠᠯᠲᠠ ᠪᠠᠨ ᠭᠦᠢᠴᠡᠳᠭᠡᠭᠰᠡᠨ ᠦᠭᠡᠢ ᠵᠡᠷᠭᠡ ᠠᠰᠠᠭᠤᠳᠠᠯ ᠢ ᠲᠣᠬᠢᠲᠠᠢ | ᠰᠢᠢᠳᠪᠦᠷᠢᠯᠡᠨ᠎ᠡ᠃ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠳᠠᠭᠠᠳᠤ ᠠᠴᠠ | ᠣᠷᠤᠭᠤᠯᠵᠤ ᠭᠠᠳᠠᠭᠠᠳᠤ ᠳᠤ ᠭᠠᠷᠭᠠᠬᠤ ᠭᠤᠭᠴᠤᠭᠠᠨ ᠳᠤ ᠬᠤᠷᠢᠶᠠᠬᠤ ᠰᠦᠢᠳᠭᠡᠯ ᠢ ᠢᠯᠭᠠᠷᠠᠭᠤᠯᠵᠤ ᠵᠢᠷᠤᠮᠵᠢᠭᠤᠯᠤᠨ᠎ᠠ᠃ ᠭᠠᠳᠠᠭᠠᠳᠤ ᠳᠤ ᠭᠠᠷᠭᠠᠬᠤ ᠪᠠᠷᠠᠭᠠᠨ ᠤ | ᠭᠠᠶᠢᠯᠢ ᠶᠢ ᠨᠢ ᠪᠤᠴᠠᠭᠠᠬᠤ ᠲᠦᠷᠦᠯ ᠤᠨ ᠠᠵᠤ ᠠᠬᠤᠶᠢᠯᠠᠯ ᠤᠨ ᠲᠤᠭ᠎ᠠ ᠶᠢ ᠨᠡᠮᠡᠭᠳᠡᠭᠦᠯᠵᠦ᠂ ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ ᠶᠢ ᠨᠢ ᠪᠤᠴᠠᠭᠠᠬᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠬᠡᠪᠴᠢᠶᠡᠵᠢᠯ ᠪᠠ ᠬᠠᠮᠤᠷᠬᠤ ᠬᠡᠪᠴᠢᠶ᠎ᠡ ᠶᠢ | ᠥᠷᠭᠡᠳᠭᠡᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠵᠠᠷᠤᠳᠠᠯ ᠤᠨ ᠳᠤᠮᠳᠠᠴᠢ ᠨᠤᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ ; | ᠭᠠᠳᠠᠭᠠᠳᠤ ᠠᠷᠠᠯᠵᠢᠶᠠᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠳᠬᠠᠯ ᠳᠤ ᠣᠷᠤᠯᠴᠠᠬᠤ ᠶᠢ ᠳᠡᠮᠵᠢᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ | ᠳᠠᠭᠠᠳᠬᠠᠯ ᠳᠤ ᠣᠷᠤᠯᠴᠠᠬᠤ ᠵᠠᠷᠤᠳᠠᠯ ᠤᠨ ᠲᠠᠯ᠎ᠠ ᠪᠠᠷ ᠲᠡᠳᠭᠦᠬᠦ ᠬᠠᠷᠢᠴᠠᠯ ᠢ ᠨᠢ ᠳᠡᠭᠡᠭᠰᠢᠯᠡᠭᠦᠯᠦᠨ᠂ ᠳᠠᠭᠠᠳᠬᠠᠯ ᠤᠨ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ | ᠪᠠᠶᠢᠭᠠᠳ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠲᠦᠯᠦᠬᠦ ᠦᠢᠯᠡᠴᠢᠯᠡᠭᠡᠨ ᠤ ᠠᠮᠠᠯᠠᠯᠲᠠ ᠶᠢ ᠨᠢ ᠭᠦᠢᠴᠡᠳᠭᠡᠯᠭᠡᠵᠦ᠂ ᠳᠠᠭᠠᠳᠬᠠᠯ ᠤᠨ | ᠲᠦᠯᠦᠬᠦ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢ ︽ᠴᠢᠩᠭ᠎ᠠ ᠬᠠᠮᠠᠭᠠᠯᠠᠬᠤ᠂ ᠶᠡᠭᠡ ᠪᠠᠷ ᠬᠠᠮᠠᠭᠠᠯᠠᠬᠤ᠂ ᠪᠤᠰᠢᠭᠤ | ᠬᠠᠮᠠᠭᠠᠯᠠᠬᠤ᠂ ᠵᠡᠷᠭᠡ ᠳᠤ ᠨᠢ ᠬᠠᠮᠠᠭᠠᠯᠠᠬᠤ︾ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠡᠷᠬᠡ ᠳᠤ ᠬᠠᠯᠳᠠᠵᠤ ᠬᠠᠭᠤᠷᠮᠠᠭᠯᠠᠬᠤ ᠠᠵᠢᠯᠯᠠᠭ᠎ᠠ ᠶᠢ ᠵᠠᠯᠬᠠᠭᠠᠨ | ᠴᠡᠭᠡᠷᠯᠡᠭᠦᠯᠵᠦ ᠴᠤᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢ ᠶᠡᠭᠡ ᠪᠠᠷ ᠬᠠᠮᠠᠭᠠᠯᠠᠭᠰᠠᠨ ᠠᠵᠢᠯ ᠤᠨ ᠪᠠᠶᠢᠷᠢᠰᠢᠯ ᠢ | ᠴᠤᠭᠴᠠᠯᠠᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠢᠲᠡᠭᠡᠮᠵᠢ︾ ᠵᠢᠴᠢ ᠲᠤᠮᠤ ᠳ᠋ᠠᠶᠢᠲ᠋ᠠ ᠶᠢᠨ | ᠮᠡᠷᠭᠡᠵᠢᠯ ᠢ ᠭᠦᠢᠴᠡᠳ ᠠᠰᠢᠭᠯᠠᠨ᠂ ᠡᠯ᠎ᠡ ᠰᠠᠯᠠᠭ᠎ᠠ ᠮᠦᠴᠢᠷ ᠤᠨ ᠭᠤᠣᠯ ᠴᠤᠭᠴᠠ ᠶᠢᠨ ᠳᠠᠩᠰᠠᠯᠠᠯ᠂ ᠵᠠᠰᠠᠭ ᠵᠠᠬᠢᠷᠭᠠᠨ ᠤ ᠵᠥᠪᠰᠢᠶᠡᠷᠡᠯ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠣᠨ ᠤ ᠮᠡᠳᠡᠭᠦᠯᠦᠯᠲᠡ᠂ ᠢᠲᠡᠭᠡᠮᠵᠢ ᠶᠢᠨ ᠤᠯᠠᠭᠠᠨ ᠬᠠᠷ᠎ᠠ ᠳᠠᠩᠰᠠ ᠵᠡᠷᠭᠡ | ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ᠂ ᠬᠤᠳᠠᠯᠳᠤᠭᠠᠨ ᠤ ᠶᠠᠪᠤᠳᠠᠯ᠂ ᠮᠡᠳᠡᠯᠭᠡ ᠶᠢᠨ ᠦᠮᠴᠢᠯᠡᠯ ᠤᠨ ᠡᠷᠬᠡ᠂ ᠪᠤᠭᠤᠮᠲᠠ᠂ ᠭᠠᠶᠢᠯᠢ ᠶᠢᠨ ᠶᠠᠪᠤᠳᠠᠯ᠂ | ᠭᠠᠳᠠᠭᠠᠳᠤ ᠭᠤᠪᠢᠭᠤᠯᠭ᠎ᠠ ᠶᠢᠨ ᠰᠠᠯᠠᠭ᠎ᠠ ᠮᠦᠴᠢᠷ ᠤᠨ ᠬᠤᠭᠤᠷᠤᠨᠳᠤ ᠪᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠭᠰᠡᠨ᠂ ᠬᠠᠮᠵᠢᠯᠴᠠᠨ ᠬᠠᠤᠯᠢ ᠬᠡᠷᠡᠭᠵᠢᠭᠦᠯᠦᠭᠰᠡᠨ | ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠢᠲᠡᠭᠡᠮᠵᠢ ᠠᠯᠳᠠᠭᠰᠠᠳ ᠲᠤ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ | ᠬᠠᠤᠯᠢᠵᠢᠭᠰᠠᠨ᠂ ᠳᠡᠯᠡᠬᠡᠶᠢᠴᠢᠯᠡᠭᠰᠡᠨ᠂ ᠳᠦᠭᠦᠮ ᠳᠦᠳᠡᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠪᠠ ᠡᠷᠬᠡ ᠲᠡᠭᠰᠢ᠂ ᠨᠡᠭᠡᠭᠡᠯᠲᠡ ᠲᠠᠢ᠂ 365赢多少钱会被限额_国内有真正的365平台吗_365bet博彩官网 | ᠨᠢᠭᠡᠲᠦᠯᠲᠡᠢ᠂ ᠦᠨᠳᠦᠷ ᠪᠦᠲᠦᠮᠵᠢᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠡᠭᠦᠳᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠢᠩᠭᠢᠮ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ | ᠪᠠᠩᠭᠢ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ | ᠢᠲᠡᠭᠡᠮᠵᠢ ᠶᠢᠨ ᠳᠠᠭᠠᠳᠬᠠᠯ ᠤᠨ ᠦᠪᠦᠷ ᠮᠣᠩᠭᠤᠯ ᠤᠨ ᠲᠤᠰᠬᠠᠢ ᠠᠵᠢᠯ ᠤᠨ ᠠᠯᠪᠠᠨ ᠭᠡᠷ᠂ ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ︶ | ᠠᠷᠠᠯᠵᠢᠶᠠᠨ ᠤ ᠮᠦᠷᠭᠦᠯᠳᠦᠭᠡᠨ ᠢ ᠢᠳᠡᠪᠬᠢᠲᠡᠢ ᠠᠷᠭᠠᠴᠠᠭᠠᠨ᠎ᠠ᠃ ᠠᠵᠤ ᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠠᠵᠢᠯ ᠤᠨ ᠰᠢᠰᠲ᠋ᠧᠮᠵᠢ ᠶᠢ | ᠪᠦᠷᠢᠨᠰᠢᠭᠦᠯᠵᠦ᠂ ᠠᠷᠠᠯᠵᠢᠶᠠᠨ ᠤ ᠮᠦᠷᠭᠦᠯᠳᠦᠭᠡᠨ ᠢ ᠠᠷᠭᠠᠴᠠᠭᠠᠬᠤ ᠳᠤ ᠶᠡᠷᠦᠩᠬᠡᠢ ᠵᠣᠬᠢᠴᠠᠭᠤᠯᠭ᠎ᠠ ᠪᠠ ᠰᠠᠯᠠᠭ᠎ᠠ ᠮᠦᠴᠢᠷ ᠤᠨ ᠬᠠᠮᠲᠤᠷᠠᠯᠴᠠᠭ᠎ᠠ ᠬᠢᠬᠦ ᠶᠢ ᠴᠢᠩᠭᠠᠳᠬᠠᠨ᠂ | ᠬᠤᠷᠸ᠎ᠠ ᠲᠠᠯ᠎ᠠ ᠶᠢᠨ ᠰᠤᠳᠤᠯᠤᠨ ᠵᠠᠳᠠᠯᠬᠤ ᠪᠠ ᠬᠤᠮᠠᠬᠢᠲ᠋ᠠᠯᠠ ᠶᠢᠨ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠲᠡᠭᠦᠯᠳᠡᠷᠵᠢᠭᠦᠯᠵᠦ᠂ ᠠᠵᠤ ᠠᠬᠤᠢ ᠠᠷᠠᠯᠵᠢᠶᠠᠨ ᠤ ᠭᠦᠨᠳᠦ | ᠨᠤᠴᠢᠳᠠᠢ ᠮᠦᠷᠭᠦᠯᠳᠦᠭᠡᠨ ᠤ ᠰᠡᠷᠡᠮᠵᠢᠯᠡᠭᠦᠯᠵᠦ ᠬᠢᠨᠠᠨ ᠰᠢᠨᠵᠢᠬᠦ᠂ ᠠᠵᠢᠯ ᠲᠦᠷᠦᠯ ᠢᠶᠠᠷ ᠵᠣᠬᠢᠴᠠᠭᠤᠯᠬᠤ᠂ ᠮᠦᠷᠳᠡᠨ ᠬᠠᠷᠢᠭᠤ ᠲᠤᠰᠬᠠᠬᠤ᠂ ᠮᠡᠳᠡᠭᠡ ᠵᠠᠩᠭᠢ ᠶᠢ | ᠯᠠᠪᠯᠠᠬᠤ ᠵᠡᠷᠭᠡ ᠠᠵᠢᠯ ᠢ ᠰᠠᠶᠢᠲᠤᠷ ᠬᠢᠨ᠎ᠡ᠃ ᠠᠵᠤ ᠠᠬᠤᠶᠢᠯᠠᠯ ᠤᠨ ᠠᠷᠠᠯᠵᠢᠶᠠᠨ ᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠡᠷᠡᠭᠯᠡᠬᠦ ᠳᠤ ᠬᠤᠳᠠᠯᠳᠤᠭᠠᠨ ᠤ | ᠶᠠᠪᠤᠳᠠᠯ ᠤᠨ ᠲᠠᠯ᠎ᠠ ᠪᠠᠷ ᠵᠢᠭᠠᠨ ᠵᠢᠯᠤᠭᠤᠳᠬᠤ ᠪᠠ ᠳᠡᠮᠵᠢᠯᠭᠡ ᠥᠭᠬᠦ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠣᠯᠠᠨ ᠤᠯᠤᠰ ᠤᠨ ᠠᠷᠠᠯᠵᠢᠶ᠎ᠠ ᠥᠷᠨᠢᠭᠦᠯᠬᠦ ᠳᠤ | ᠦᠵᠡᠭᠦᠯᠬᠦ ᠠᠷᠠᠯᠵᠢᠶᠠᠨ ᠤ ᠮᠦᠷᠭᠦᠯᠳᠦᠭᠡᠨ ᠤ ᠨᠠᠵᠠᠭᠠᠢ ᠨᠦᠯᠦᠭᠡ ᠶᠢ ᠴᠢᠷᠮᠠᠶᠢᠨ ᠪᠠᠭᠠᠰᠬᠠᠵᠤ᠂ ᠭᠤᠣᠯᠴᠢ ᠪᠠᠷ ᠠᠷᠠᠯᠵᠢᠶᠠᠯᠠᠬᠤ ᠶᠢ ᠠᠬᠢᠭᠤᠯᠤᠨ᠂ ᠠᠵᠤ ᠦᠢᠯᠡᠰ ᠤᠨ | ᠠᠮᠦᠷ ᠲᠦᠪᠰᠢᠨ ᠢ ᠬᠠᠮᠠᠭᠠᠯᠠᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠬᠡᠬᠤᠲᠠ | ᠪᠤᠭᠤᠮᠲᠠ᠂ ᠮᠠᠨᠵᠣᠣᠷ ᠪᠤᠭᠤᠮᠲᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠢᠩᠭᠢᠮ ᠤᠨ | ᠬᠤᠭᠤᠷᠤᠨᠳᠤᠬᠢ ᠬᠠᠮᠲᠤᠷᠠᠭᠰᠠᠨ ᠬᠤᠷᠠᠯ ᠳᠤ ᠲᠦᠰᠢᠭᠯᠡᠨ᠂ ᠦᠪᠡᠷᠲᠡᠭᠡᠨ ᠵᠠᠰᠬᠠᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠢᠩᠭᠢᠮ ᠤᠨ | ᠬᠤᠭᠤᠷᠤᠨᠳᠤᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠵᠢᠴᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠮᠲᠤ ᠪᠠᠷ ᠣᠷᠤᠯᠴᠠᠵᠤ᠂ ᠪᠦᠬᠦ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠤᠯᠤᠰ ᠤᠨ | ᠶᠠᠮᠦᠨ ᠵᠦᠪᠯᠡᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠰᠠᠯᠠᠭ᠎ᠠ ᠮᠦᠴᠢᠷ ᠪᠠ ᠣᠷᠣᠨ ᠪᠦᠰᠡ ᠠᠯᠤᠰᠯᠠᠭᠰᠠᠨ | ᠴᠢᠬᠤᠯᠠ ᠶᠡᠭᠡ ᠠᠰᠠᠭᠤᠳᠠᠯ ᠤᠳ ᠢ ᠰᠢᠢᠣᠡᠪᠣᠷᠢᠯᠡᠭᠦ ᠶᠢ ᠠᠬᠢᠭᠤᠯᠵᠣ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ | ᠣᠷᠣᠨ ᠤ ᠠᠷᠠᠯᠵᠢᠶ᠎ᠠ ᠶᠢᠨ ᠲᠤᠭ᠎ᠠ ᠪᠦᠷᠢᠳᠭᠡᠯ ᠢᠶᠠᠷ ᠵᠠᠳᠠᠯᠬᠤ ᠠᠵᠢᠯ ᠢ ᠴᠢᠩᠭᠠᠷᠠᠭᠤᠯᠵᠤ᠂ ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ | ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠦᠨᠡᠯᠡᠬᠦ ᠰᠢᠰᠲ᠋ᠧᠮᠵᠢ ᠪᠠ ᠰᠢᠯᠭᠠᠨ ᠬᠢᠨᠠᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ | ᠦᠪᠡᠷᠲᠡᠭᠡᠨ ᠵᠠᠰᠬᠠᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠢᠩᠭᠢᠮ ᠤᠨ ᠬᠤᠭᠤᠷᠤᠳᠤᠨᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠮᠦᠩᠭᠦᠨ ᠭᠦᠢᠯᠭᠡᠭᠡ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠵᠠᠰᠠᠭ ᠪᠠᠩᠭᠢ ᠳᠠᠭᠠᠳᠬᠠᠯ ᠠᠵᠤ ᠠᠬᠤᠶᠢᠯᠠᠯ ᠤᠨ ᠤᠷᠲᠤ ᠬᠤᠭᠤᠴᠠᠭᠠᠨ ᠤ | ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨ᠎ᠡ ᠡᠭᠦᠳᠦᠯᠲᠡ ᠲᠠᠢ ᠮᠦᠩᠭᠦᠨ ᠭᠦᠢᠯᠭᠡᠭᠡᠨ ᠤ ᠨᠡᠷᠡᠳᠭᠦᠨ ᠪᠠ | ᠣᠯᠠᠨ ᠡᠰᠢᠴᠢᠯᠡᠭᠰᠡᠨ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠠᠬᠢᠭᠤᠯᠤᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠡᠷᠡᠭᠯᠡᠭᠴᠢᠳ ᠲᠤ | ᠵᠢᠭᠡᠯᠡᠯᠭᠡ ᠪᠠᠷ ᠪᠡᠯᠡ ᠲᠣᠬᠢᠷᠠᠭᠤᠯᠬᠤ᠂ ᠪᠡᠯᠡ ᠮᠦᠩᠭᠦ ᠶᠢ ᠢᠯᠭᠠᠷᠠᠭᠤᠯᠤᠨ ᠲᠣᠭᠠᠴᠠᠯᠠᠬᠤ᠂ ᠭᠠᠳᠠᠭᠠᠳᠤ ᠭᠤᠪᠢᠭᠤᠯᠭ᠎ᠠ ᠪᠠᠷ ᠠᠷᠠᠯᠵᠢᠶᠠᠯᠠᠬᠤ ᠵᠡᠷᠭᠡ ᠲᠠᠯ᠎ᠠ ᠳᠤ | ᠮᠦᠩᠭᠦᠨ ᠭᠦᠢᠯᠭᠡᠭᠡᠨ ᠤ ᠬᠦᠴᠦᠲᠡᠢ ᠪᠠᠲᠤᠯᠠᠭ᠎ᠠ ᠬᠠᠩᠭᠠᠨ᠎ᠠ᠃ ᠦᠪᠦᠷ ᠮᠣᠩᠭᠤᠯ ᠤᠨ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠵᠢᠭᠡᠯᠡᠯᠭᠡ ᠪᠠᠷ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠩᠭᠢ ᠶᠢ ᠵᠣᠷᠢᠭᠵᠢᠭᠤᠯᠵᠤ ᠪᠠᠶᠢᠭᠠᠳ | ᠵᠠᠬᠢᠶᠠᠯᠠᠭ᠎ᠠ ᠲᠠᠢ᠂ ᠵᠠᠬ᠎ᠠ ᠳᠡᠯᠭᠡᠭᠦᠷ ᠲᠠᠢ᠂ ᠢᠲᠡᠭᠡᠮᠵᠢ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠪᠠᠷ ᠪᠡᠯᠡ ᠲᠣᠬᠢᠷᠠᠭᠤᠯᠬᠤ ᠦᠪᠡᠷ ᠤᠨ ᠥᠷᠲᠡᠭ ᠢ ᠨᠢ ᠪᠠᠭᠤᠷᠠᠭᠤᠯᠬᠤ ᠶᠢ ᠠᠬᠢᠭᠤᠯᠤᠨ᠎ᠠ᠃ ᠭᠠᠳᠠᠭᠠᠳᠤ ᠯᠤᠭ᠎ᠠ | ᠬᠤᠯᠪᠣᠭᠳᠠᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠭᠠᠳᠠᠭᠠᠳᠤ ᠭᠤᠪᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ | ᠲᠦᠷᠦᠯ ᠵᠦᠢᠯ ᠳᠤ ᠳᠡᠮᠵᠢᠯᠭᠡ ᠪᠠ ᠦᠢᠯᠡᠴᠢᠯᠡᠭᠡ ᠬᠠᠩᠭᠠᠬᠤ ᠡᠷᠴᠢᠮ ᠢᠶᠠᠨ ᠴᠢᠩᠭᠠᠷᠠᠭᠤᠯᠤᠨ᠂ ᠬᠢᠯᠢ ᠠᠯᠤᠰᠯᠠᠨ ᠪᠡᠯᠡ ᠣᠷᠤᠭᠤᠯᠵᠤ ᠪᠡᠯᠡ ᠲᠣᠬᠢᠷᠠᠭᠤᠯᠬᠤ | ᠠᠵᠢᠯᠯᠠᠭ᠎ᠠ ᠳᠤ ᠨᠢᠭᠡ ᠨᠢᠭᠡ ᠪᠠᠷ ᠵᠢᠭᠠᠨ ᠵᠢᠯᠤᠭᠤᠳᠬᠤ ᠶᠢ ᠦᠷᠨᠢᠭᠦᠯᠦᠨ᠎ᠡ᠃ ᠬᠢᠯᠢ ᠶᠢᠨ ᠭᠠᠳᠠᠨᠠᠬᠢ ᠪᠡᠯᠡ ᠣᠷᠤᠭᠤᠯᠬᠤ ᠬᠠᠮᠲᠤᠷᠠᠯᠴᠠᠭ᠎ᠠ ᠳᠤ ᠣᠷᠤᠯᠴᠠᠭᠰᠠᠨ ᠳᠤᠮᠳᠠ | ᠵᠢᠵᠢᠭ ᠠᠵᠤ ᠠᠬᠤᠶᠢᠯᠠᠯ ᠳᠤ ᠮᠦᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠠᠷᠠᠳ ᠤᠨ ᠵᠤᠭᠤᠰ ᠢ ᠬᠢᠯᠢ ᠠᠯᠤᠰᠯᠠᠨ ᠬᠡᠷᠡᠭᠯᠡᠬᠦ ᠶᠢ ᠭᠦᠨᠵᠡᠭᠡᠢ ᠠᠬᠢᠭᠤᠯᠤᠨ᠂ | ᠬᠢᠯᠢ ᠠᠯᠤᠰᠯᠠᠭᠰᠠᠨ ᠠᠷᠠᠯᠵᠢᠶ᠎ᠠ᠂ ᠪᠡᠯᠡ ᠣᠷᠤᠭᠤᠯᠬᠤ ᠬᠦᠷᠢᠶ᠎ᠡ ᠪᠠ ᠪᠡᠯᠡ ᠲᠣᠬᠢᠷᠠᠭᠤᠯᠭ᠎ᠠ ᠳᠤ ᠠᠷᠠᠳ ᠤᠨ ᠵᠤᠭᠤᠰ ᠬᠡᠷᠡᠭᠯᠡᠬᠦ ᠶᠢ ᠲᠣᠭᠲᠠᠭᠤᠨ ᠢᠶᠠᠷ ᠥᠷᠭᠡᠳᠭᠡᠵᠦ᠂ | ᠭᠦᠢᠯᠭᠡᠭᠡᠨ ᠶᠡᠬᠡᠲᠡᠢ ᠲᠠᠸᠠᠷ ᠤᠨ ᠠᠷᠠᠯᠵᠢᠶᠠᠨ ᠳᠤ ᠠᠷᠠᠳ ᠤᠨ ᠵᠤᠭᠤᠰ ᠢᠶᠠᠷ ᠦᠨᠡᠯᠡᠵᠦ ᠳ᠋ᠦᠩᠨᠡᠨ ᠪᠤᠳᠤᠬᠤ ᠦᠢᠯᠡᠴᠢᠯᠡᠭᠡ ᠶᠢ ᠢᠳᠡᠪᠬᠢᠲᠡᠢ ᠠᠬᠢᠭᠤᠯᠤᠨ᠎ᠠ᠃ | ᠨᠦᠬᠦᠴᠡᠯ ᠳᠤ ᠨᠡᠶᠢᠴᠡᠭᠰᠡᠨ ᠲᠤᠮᠤ ᠬᠡᠯᠪᠡᠷᠢ ᠶᠢᠨ ᠠᠵᠤ ᠠᠬᠤᠶᠢᠯᠠᠯ ᠤᠯᠤᠰ ᠠᠯᠤᠰᠯᠠᠭᠰᠠᠨ ᠺᠤᠮᠫᠠᠨᠢ ᠶᠢᠨ ᠬᠢᠯᠢ ᠠᠯᠤᠰᠯᠠᠭᠰᠠᠨ ᠪᠡᠯᠡ ᠮᠦᠩᠭᠦᠨ ᠤ ᠲᠦᠪᠯᠡᠷᠡᠭᠦᠯᠦᠨ | ᠠᠵᠢᠯᠯᠠᠭᠤᠯᠬᠤ ᠲᠤᠬᠠᠶᠢᠯᠠᠭᠰᠠᠨ ᠠᠵᠢᠯ ᠡᠷᠬᠢᠯᠡᠬᠦ ᠪᠠᠷ ᠭᠤᠶᠤᠴᠢᠯᠠᠬᠤ ᠶᠢ ᠵᠣᠷᠢᠭᠵᠢᠭᠤᠯᠤᠨ᠎ᠠ᠂ ᠬᠢᠯᠢ ᠠᠯᠤᠰᠯᠠᠭᠰᠠᠨ ᠮᠦᠩᠭᠦᠨ ᠭᠦᠢᠯᠭᠡᠭᠡᠨ ᠤ ᠬᠡᠰᠡᠭ ᠤᠳ ᠤᠨ | ᠬᠡᠯᠬᠢᠶᠡᠨ ᠤ ᠦᠢᠯᠡᠴᠢᠯᠡᠬᠦ ᠲᠠᠪᠴᠠᠩ ᠤᠨ ᠲᠣᠷᠰᠢᠯᠲᠠ ᠶᠢᠨ ᠴᠡᠭ ᠢ ᠶᠡᠭᠡ ᠪᠠᠷ ᠠᠬᠢᠭᠤᠯᠵᠤ᠂ ᠠᠵᠤ ᠠᠬᠤᠶᠢᠯᠠᠯ ᠤᠨ ᠦᠨᠳᠦᠷ ᠪᠦᠲᠦᠮᠵᠢᠲᠡᠢ ᠪᠠᠷ ᠪᠡᠯᠡ | ᠲᠣᠬᠢᠷᠠᠭᠤᠯᠬᠤ ᠳᠤ ᠳᠦᠭᠦᠮ ᠦᠵᠡᠭᠦᠯᠦᠨ᠂ ᠬᠢᠯᠢ ᠠᠯᠤᠰᠯᠠᠨ ᠠᠷᠠᠯᠵᠢᠶᠠᠯᠠᠵᠤ ᠪᠡᠯᠡ ᠣᠷᠤᠭᠤᠯᠬᠤ ᠳᠤ ᠳᠦᠭᠦᠮ ᠪᠣᠯᠭᠠᠬᠤ ᠶᠢ ᠠᠬᠢᠭᠤᠯᠤᠨ᠎ᠠ᠃ ︵ᠬᠠᠷᠢᠭᠤᠴᠠᠬᠤ | ᠨᠢᠭᠡᠴᠢ᠄ ᠦᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ | ᠬᠦᠬᠡᠬᠤᠲᠠ ᠲᠦᠪ ᠰᠠᠯᠪᠤᠷᠢ ᠪᠠᠩᠭᠢ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ᠂ ᠠᠷᠠᠯᠵᠢᠶᠠᠨ ᠤ | ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠡᠳ᠋ ᠤᠨ ᠵᠠᠰᠠᠭ ᠤᠨ ᠪᠡᠯᠡ ᠮᠦᠩᠭᠦᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠬᠢᠯᠢ ᠬᠢᠵᠠᠭᠠᠷ ᠤᠨ | ᠭᠠᠵᠠᠷ ᠣᠷᠣᠨ ᠳᠤ ᠰᠢᠯᠵᠢᠭᠦᠯᠵᠦ ᠥᠭᠭᠦᠭᠰᠡᠨ ᠪᠡᠯᠡ ᠮᠦᠩᠭᠦᠨ ᠤ ᠬᠡᠷᠡᠭᠯᠡᠬᠦ ᠴᠢᠭᠯᠡᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠢᠯᠢ ᠶᠢᠨ ᠠᠷᠠᠯᠵᠢᠶᠠᠨ ᠤ ᠬᠥᠭᠵᠢᠯᠲᠡ | ᠪᠠ ᠬᠢᠯᠢ ᠬᠢᠵᠠᠭᠠᠷ ᠤᠨ ᠪᠠᠭ᠎ᠠ ᠲᠣᠭᠠᠨ ᠤ ᠠᠷᠠᠯᠵᠢᠶᠠᠨ ᠤ ᠠᠵᠤ ᠠᠬᠤᠶᠢᠯᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠡ᠃ | ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ︶ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠠᠵᠢᠯ ᠤᠨ ᠬᠤᠪᠢᠶᠠᠷᠢᠯᠠᠯ ᠶᠤᠰᠤᠭᠠᠷ᠂ ᠪᠤᠲᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠷᠤᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠷᠠᠭᠤᠯᠤᠨ᠂ ᠲᠤᠰ ᠭᠠᠵᠠᠷ ᠣᠷᠣᠨ ᠤ ᠪᠤᠲᠠᠲᠠᠢ ᠲᠠᠢ ᠪᠠᠨ ᠤᠶᠠᠯᠳᠤᠭᠤᠯᠵᠤ᠂ ᠭᠤᠣᠯᠳᠠᠯᠭ᠎ᠠ ᠲᠠᠢ ᠡᠭᠦᠷᠭᠡ ᠪᠠᠨ ᠤᠯᠠᠮ ᠨᠢᠭᠡ ᠠᠯᠬᠤᠮ ᠲᠤᠳᠤᠷᠬᠠᠢ | ᠲᠣᠭᠲᠠᠭᠠᠵᠤ᠂ ᠬᠠᠮᠢᠶ᠎ᠠ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ | 2020 ᠣᠨ ᠤ 12 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ | |