ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ | ﹇2021﹈ 2 ᠳ᠋ᠤᠭᠠᠷ ᠲᠣᠭᠠᠲᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ︽ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠲᠥᠪ ᠠᠯᠪᠠᠨ | ᠴᠠᠬᠢᠯᠭᠠᠨ ﹇2021﹈ 4 ᠳ᠋ᠦ᠋ᠭᠡᠷ ᠲᠣᠭᠠᠲᠤ︶ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ | ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠠᠬᠢ ᠣᠯᠠᠨ ᠲᠦᠮᠡᠨ ᠤ ᠭᠠᠳᠠᠭᠰᠢ ᠭᠠᠷᠬᠤ ᠪᠥᠭᠡᠮ ᠬᠦᠴᠢᠯ ᠤᠨ | ᠪᠠᠶᠢᠴᠠᠭᠠᠨ ᠰᠢᠨᠵᠢᠯᠡᠯᠲᠡ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ | ᠶᠡᠷᠦᠩᠬᠡᠶᠢᠯᠡᠭᠰᠡᠨ ᠲᠠᠷᠬᠠᠭᠠᠭᠰᠠᠨ ﹇2021﹈ 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠴᠠᠭᠠᠨ ᠰᠠᠷ᠎ᠠ ᠶᠢᠨ ᠬᠤᠭᠤᠴᠠᠭᠠᠨ | ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠨᠡᠶᠢᠲᠡ ᠣᠯᠠᠨ ᠤ ᠲᠤᠬᠠᠶ ᠶᠢᠨ | ᠭᠠᠵᠠᠷ ᠲᠤ ᠪᠠᠨ ᠰᠢᠨᠡᠯᠡᠬᠦ ᠶᠢ ᠵᠦᠶ ᠵᠣᠬᠢᠰᠲᠠᠶ ᠬᠥᠲᠥᠯᠥᠨ ᠵᠢᠯᠣᠭᠤᠳᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠪᠠ᠃ | ᠨᠢᠭᠡ᠂ ᠦᠨᠳᠦᠷ ᠳᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠦᠨᠳᠦᠷ ᠳᠡᠰ ᠤᠨ | ᠲᠦᠭᠰᠢᠭᠦᠷᠢᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠬᠥᠮᠦᠰ ᠲᠤᠬᠠᠶ ᠶᠢᠨ ᠭᠠᠵᠠᠷ ᠲᠤ ᠪᠠᠨ ᠰᠢᠨᠡᠯᠡᠵᠦ ᠰᠢᠯᠵᠢᠬᠦ ᠥᠬᠡᠶ ᠪᠠᠶᠢᠬᠤ | ᠬᠡᠷᠡᠭᠲᠡᠶ᠃ ᠬᠡᠷᠪᠡ ᠮᠠᠨ ᠤ ᠣᠷᠣᠨ ᠳᠤ ᠨᠢᠭᠡᠨᠲᠡ ᠢᠷᠡᠭᠰᠡᠨ ︵ᠪᠤᠴᠠᠭᠰᠠᠨ︶ ᠪᠠᠶᠢᠪᠠᠯ᠂ ᠮᠠᠨ ᠤ ᠣᠷᠣᠨ ᠤ ᠵᠣᠷᠢᠭᠰᠠᠨ ᠭᠠᠵᠠᠷ ᠲᠤ ᠪᠠᠨ ︽14 ᠡᠳᠦᠷ | ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ | ᠬᠡᠷᠡᠭᠲᠡᠶ᠃ | ᠬᠤᠶᠠᠷ᠂ ᠳᠤᠮᠳᠠ ᠳᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠳᠡᠰ ᠤᠨ | ᠲᠦᠭᠰᠢᠭᠦᠷᠢᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠬᠥᠮᠦᠰ ᠴᠠᠭᠠᠨ ᠰᠠᠷ᠎ᠠ ᠶᠢᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠲᠤᠬᠠᠶ | ᠶᠢᠨ ᠭᠠᠵᠠᠷ ᠲᠤ ᠪᠠᠨ ᠰᠢᠨᠡᠯᠡᠵᠦ ᠰᠢᠯᠵᠢᠬᠦ ᠥᠬᠡᠶ ᠪᠠᠶᠢᠬᠤ ᠬᠡᠷᠡᠭᠲᠡᠢ᠃ ᠣᠨᠴᠠᠭᠠᠶ ᠪᠠᠶᠢᠳᠠᠯ ᠠᠴᠠ ᠪᠣᠯᠵᠣ ᠦᠨᠡᠨ ᠬᠦ ᠮᠠᠨ ᠤ ᠣᠷᠣᠨ ᠳᠤ ᠢᠷᠡᠬᠦ ︵ᠪᠤᠴᠠᠬᠤ︶ | ᠴᠢᠬᠤᠯᠠᠲᠠᠶ ᠪᠠᠶᠢᠪᠠᠯ᠂ ᠡᠷᠬᠡᠪᠰᠢ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠᠷ ᠵᠦᠪᠰᠢᠶᠡᠷᠡᠭᠦᠯᠦᠨ᠂ 72 ᠴᠠᠭ ᠤᠨ | ᠳᠣᠲᠤᠷᠠᠬᠢ ᠬᠦᠴᠦᠨ ᠪᠦᠬᠦᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠨᠢ ᠪᠢᠯᠢᠭ ᠴᠢᠨᠠᠷ ᠤᠨ ᠦᠷ᠎ᠡ ᠳ᠋ᠦᠩ ᠤᠨ | ᠭᠡᠷᠡᠴᠢᠯᠡᠭᠡ ᠪᠠᠨ ᠠᠪᠴᠤ᠂ ᠮᠠᠨ ᠤ ᠣᠷᠣᠨ ᠤ ᠵᠣᠷᠢᠭᠰᠠᠨ ᠭᠠᠵᠠᠷ ᠲᠤ ᠪᠠᠨ ︽14 ᠡᠳᠦᠷ ᠬᠡᠷ ᠲᠤ ᠪᠠᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ | ᠪᠠᠶᠢᠴᠠᠭᠠᠨ ᠰᠢᠨᠵᠢᠯᠡᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | ᠭᠤᠷᠪᠠ᠂ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠳᠤ ᠪᠠᠶᠢᠭ᠎ᠠ ᠲᠤᠰᠬᠠᠢ ᠣᠷᠤᠨ ᠪᠠ ᠬᠤᠲᠠ ᠶᠢᠨ ᠪᠤᠰᠤᠳ ᠬᠥᠮᠦᠰ ᠴᠠᠭᠠᠨ ᠰᠠᠷ᠎ᠠ | ᠶᠢᠨ ᠬᠤᠭᠤᠴᠠᠭᠠᠨ ᠳᠤ ᠮᠤᠵᠢ ︵ᠣᠷᠣᠨ᠂ ᠬᠤᠲᠠ︶ ᠠᠯᠤᠰᠯᠠᠨ ᠮᠠᠨ ᠤ ᠣᠷᠣᠨ ᠳᠤ ᠢᠷᠡᠬᠦ ︵ᠪᠤᠴᠠᠬᠤ︶ ᠳᠤ᠂ ᠡᠷᠬᠡᠪᠰᠢ 7 ᠡᠳᠦᠷ ᠤᠨ ᠳᠣᠲᠤᠷᠠᠬᠢ ᠬᠦᠴᠦᠨ | ᠪᠦᠬᠦᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠨᠢ ᠪᠢᠯᠢᠭ ᠴᠢᠨᠠᠷ ᠤᠨ ᠦᠷ᠎ᠡ ᠳ᠋ᠦᠩ ᠤᠨ ᠭᠡᠷᠡᠴᠢᠯᠡᠭᠡ ᠪᠠᠶᠢᠬᠤ ᠬᠡᠷᠡᠭᠲᠡᠶ᠃ | ᠳᠥᠷᠪᠡ᠂ ᠮᠠᠨ ᠤ ᠣᠷᠣᠨ ᠳᠣᠣᠷ᠎ᠠ ᠳᠡᠰ ᠤᠨ ᠲᠦᠭᠰᠢᠭᠦᠷᠢᠲᠡᠢ ᠭᠠᠵᠠᠷ ᠣᠷᠣᠨ ᠳᠤ ᠬᠠᠷᠢᠶᠠᠯᠠᠭᠳᠠᠵᠤ ᠪᠠᠶᠢᠭ᠎ᠠ ᠪᠣᠯᠬᠤᠷ᠂ ᠨᠡᠶᠢᠲᠡ ᠣᠯᠠᠨ ᠢ ᠴᠠᠭᠠᠨ ᠰᠠᠷ᠎ᠠ | ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠰᠠᠨᠠᠭᠠᠴᠢᠯᠠᠨ᠎ᠠ᠃ | ᠳᠣᠣᠷ᠎ᠠ ᠳᠡᠰ ᠤᠨ ᠲᠦᠭᠰᠢᠭᠦᠷᠢᠲᠡᠢ ᠭᠠᠵᠠᠷ ᠣᠷᠣᠨ ᠤ ᠭᠠᠳᠠᠭᠠᠳᠤ ᠠᠴᠠ ᠣᠷᠣᠭᠤᠯᠬᠤ ᠬᠦᠶᠲᠡᠨ ᠬᠡᠯᠬᠢᠶᠡᠲᠦ ᠢᠳᠡᠭᠡᠨ ᠤ ᠠᠵᠢᠯ ᠡᠷᠭᠢᠯᠡᠭᠰᠡᠳ᠂ | ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠲᠠᠢ ᠰᠢᠭᠤᠳ ᠬᠦᠷᠦᠯᠴᠡᠬᠦ ᠠᠵᠢᠯ ᠡᠷᠭᠢᠯᠡᠭᠰᠡᠳ᠂ ᠲᠤᠰᠠᠭᠠᠷᠯᠠᠬᠤ ᠲᠠᠯᠠᠪᠤᠷ ᠭᠠᠵᠠᠷ ᠤᠨ ᠠᠵᠢᠯᠲᠠᠨ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠠᠵᠢᠯ ᠡᠷᠭᠢᠯᠡᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠨᠤᠲᠤᠭ ᠲᠤ ᠪᠠᠨ ᠪᠤᠴᠠᠬᠤ ᠬᠥᠮᠦᠰ ᠵᠢᠴᠢ ᠮᠤᠵᠢ | ︵ᠣᠷᠣᠨ᠂ ᠬᠤᠲᠠ︶ ᠠᠯᠤᠰᠯᠠᠨ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠳᠤ ᠢᠷᠡᠬᠦ ︵ᠪᠤᠴᠠᠬᠤ︶ ᠬᠥᠮᠦᠰ ᠡᠷᠬᠡᠪᠰᠢ 7 ᠡᠳᠦᠷ ᠤᠨ ᠳᠣᠲᠤᠷᠠᠬᠢ | ᠬᠦᠴᠦᠨ ᠪᠦᠬᠦᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠨᠢ ᠪᠢᠯᠢᠭ ᠴᠢᠨᠠᠷ ᠤᠨ ᠦᠷ᠎ᠡ ᠳ᠋ᠦᠩ ᠤᠨ ᠭᠡᠷᠡᠴᠢᠯᠡᠭᠡ ᠪᠠᠶᠢᠬᠤ | ᠬᠡᠷᠡᠭᠲᠡᠶ᠃ | ᠳᠣᠣᠷ᠎ᠠ ᠳᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠦᠰ ᠲᠤ 14 ᠡᠳᠦᠷ ᠤᠨ ᠳᠣᠲᠤᠷ᠎ᠠ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ | ᠰᠠᠭᠤᠯᠭᠠᠬᠤ᠂ ᠠᠮᠲᠠᠯᠠᠬᠤ ᠰᠡᠷᠡᠯ ᠦᠨᠦᠷᠯᠡᠬᠦ ᠰᠡᠷᠡᠯ ᠮᠠᠭᠤᠳᠠᠬᠤ ᠵᠡᠷᠭᠡ ᠡᠪᠡᠳᠴᠢᠨ ᠤ ᠢᠯᠡᠷᠡᠯ ᠤᠨ ᠨᠢᠭᠡ ᠨᠢ ᠪᠠᠶᠢᠪᠠᠯ᠂ ᠭᠠᠳᠠᠭᠰᠢ ᠭᠠᠷᠬᠤ ᠴᠢᠬᠤᠯᠠ ᠥᠬᠡᠶ ᠪᠣᠯ | ᠭᠠᠳᠠᠭᠰᠢ ᠭᠠᠷᠬᠤ ᠦᠭᠡᠢ ᠪᠠᠶᠢᠬᠤ ᠶᠢᠨ ᠬᠠᠮᠲᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ ᠰᠠᠨᠠᠭᠠᠴᠢᠯᠠᠭ᠎ᠠ ᠠᠴᠠ ᠪᠠᠨ ᠴᠡᠭ ᠲᠣᠭᠲᠠᠭᠠᠭᠰᠠᠨ ᠡᠮᠨᠡᠯᠭᠡ | ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠴᠠᠭ ᠲᠤᠬᠠᠢ ᠳᠤ ᠨᠢ ᠡᠮᠨᠡᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ | ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠂ ᠪᠠᠰᠠ ᠭᠠᠳᠠᠭᠰᠢ ᠭᠠᠷᠴᠤ ᠵᠢᠭᠤᠯᠴᠢᠯᠠᠨ ᠰᠠᠭᠤᠭᠰᠠᠨ ᠦᠩᠭᠡᠷᠡᠯᠲᠡ ᠵᠢᠴᠢ ᠬᠥᠮᠦᠰ ᠲᠠᠢ ᠣᠶᠢᠷᠠᠲᠤᠭᠰᠠᠨ | ᠪᠠᠶᠢᠳᠠᠯ ᠢᠶᠠᠨ ᠦᠨᠡᠨ ᠮᠥᠨ ᠢᠶᠠᠷ ᠮᠡᠳᠡᠭᠦᠯᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃365赢多少钱会被限额_国内有真正的365平台吗_365bet博彩官网 | ᠳᠣᠣᠷ᠎ᠠ ᠳᠡᠰ ᠤᠨ ᠲᠦᠭᠰᠢᠭᠦᠷᠢᠲᠡᠢ ᠭᠠᠵᠠᠷ ᠣᠷᠣᠨ ᠤ ᠦᠨᠡᠨ ᠬᠦ ᠭᠠᠳᠠᠭᠰᠢ ᠭᠠᠷᠬᠤ ᠴᠢᠬᠤᠯᠠᠲᠠᠶ ᠪᠤᠰᠤᠳ ᠬᠥᠮᠦᠰ᠂ ᠬᠡᠪ ᠤᠨ ᠪᠡᠶ᠎ᠡ ᠶᠢᠨ ᠳᠤᠯᠠᠭᠠᠨ᠂ | ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠭᠰᠡᠨ᠂ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠨᠢ ︽ᠨᠣᠭᠤᠭᠠᠨ ᠺᠣᠳ᠋︾ ᠪᠠᠶᠢᠬᠤ ᠤᠷᠢᠲᠠᠯ | ᠳᠣᠤᠷ᠎ᠠ᠂ ᠡᠮᠬᠢ ᠵᠢᠷᠤᠮ ᠲᠠᠢ ᠪᠠᠷ ᠨᠡᠭᠦᠨ ᠰᠢᠯᠵᠢᠵᠦ ᠪᠣᠯᠤᠨ᠎ᠠ᠃ | ᠲᠠᠪᠤ᠂ ᠡᠯ᠎ᠡ ᠭᠠᠵᠠᠷ ᠣᠷᠣᠨ ᠤ ᠬᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠣᠣᠷᠴᠢᠯᠠᠭᠰᠠᠨ ᠬᠠᠮᠢᠶᠠᠷᠤᠯᠲᠠ ᠪᠠᠨ ᠴᠢᠩᠭᠠᠷᠠᠭᠤᠯᠵᠤ᠂ ᠪᠥᠭᠡᠮ ᠬᠦᠴᠢᠯ | ᠤᠨ ᠪᠠᠶᠢᠴᠠᠭᠠᠨ ᠰᠢᠨᠵᠢᠯᠡᠯᠲᠡ ᠶᠢᠨ ᠪᠢᠯᠢᠭ ᠴᠢᠨᠠᠷ ᠤᠨ ᠦᠷ᠎ᠡ ᠳ᠋ᠦᠩ ᠪᠤᠶᠤ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠤᠨ ︽ᠨᠣᠭᠤᠭᠠᠨ ᠺᠣᠳ᠋︾ ᠤᠨ ᠪᠠᠶᠢᠴᠠᠭᠠᠨ | ᠰᠢᠯᠭᠠᠬᠤ ᠠᠵᠢᠯ ᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠶᠢᠨ ᠭᠠᠳᠠᠨ᠎ᠠ ᠣᠷᠤᠨ ᠠᠴᠠ ᠢᠷᠡᠭᠰᠡᠨ ᠬᠥᠮᠦᠰ ᠢ ᠢᠯᠭᠠᠨ | ᠪᠠᠶᠢᠴᠠᠭᠠᠬᠤ ᠪᠠ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠳᠠᠯᠠᠬᠤ ᠬᠡᠷᠡᠭᠲᠡᠶ᠃ | ᠵᠢᠷᠭᠤᠭ᠎ᠠ᠂ ᠨᠡᠶᠢᠲᠡ ᠣᠯᠠᠨ ᠴᠠᠭᠠᠨ ᠰᠠᠷ᠎ᠠ ᠶᠢᠨ ᠬᠤᠭᠤᠴᠠᠭᠠᠨ ᠳᠤ ᠦᠨᠡᠨ ᠬᠦ ᠭᠠᠳᠠᠭᠰᠢ ᠭᠠᠷᠬᠤ ᠴᠢᠬᠤᠯᠠᠲᠠᠶ ᠦᠶ᠎ᠡ ᠳᠤ᠂ ᠬᠤᠪᠢ ᠬᠥᠮᠦᠨ ᠤ | ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠬᠢᠵᠦ᠂ ᠪᠥᠭᠡᠮ ᠬᠦᠴᠢᠯ ᠤᠨ 365赢多少钱会被限额_国内有真正的365平台吗_365bet博彩官网 | ᠪᠠᠶᠢᠴᠠᠭᠠᠨ ᠰᠢᠨᠵᠢᠯᠡᠯᠲᠡ ᠶᠢᠨ ᠦᠷ᠎ᠡ ᠳ᠋ᠦᠩ ᠪᠠ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢᠭᠡᠴᠢ ᠶᠢᠨ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠬᠤ ᠶᠢᠨ ᠬᠠᠮᠲᠤ ᠵᠣᠷᠢᠭᠰᠠᠨ ᠭᠠᠵᠠᠷ ᠤᠨ ᠢᠶᠠᠨ ᠨᠡᠶᠢᠭᠡᠮ ᠲᠣᠭᠤᠷᠢᠭ | ︵ᠭᠠᠴᠠᠭ᠎ᠠ ᠲᠣᠰᠬᠤᠨ︶᠂ ᠨᠢᠭᠡᠴᠢ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠵᠣᠷᠢᠭᠰᠠᠨ ᠭᠠᠵᠠᠷ ᠲᠤ ᠪᠠᠨ ᠬᠦᠷᠦᠭᠰᠡᠨ ᠤ ᠳᠠᠷᠠᠭ᠎ᠠ᠂ ᠬᠤᠪᠢ ᠬᠥᠮᠦᠨ ᠤ | ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠰᠠᠶᠢᠲᠤᠷ ᠬᠢᠵᠦ᠂ ᠪᠦᠭᠡᠮᠨᠡᠷᠡᠨ ᠴᠤᠭᠯᠠᠷᠠᠬᠤ ᠪᠠᠨ ᠪᠠᠭᠠᠰᠬᠠᠨ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ | ᠳᠣᠯᠤᠭ᠎ᠠ᠂ ᠦᠨᠡᠨ ᠬᠦ ᠭᠠᠳᠠᠭᠰᠢ ᠭᠠᠷᠬᠤ ᠴᠢᠬᠤᠯᠠᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢ ᠲᠤᠬᠠᠶ ᠶᠢᠨ ᠭᠠᠵᠠᠷ ᠤᠨ ᠪᠥᠭᠡᠮ | ᠬᠦᠴᠢᠯ ᠤᠨ ᠪᠠᠶᠢᠴᠠᠭᠠᠨ ᠰᠢᠨᠵᠢᠯᠡᠬᠦ ᠬᠢᠷᠢ ᠬᠡᠮ ᠲᠠᠢ ᠳᠤᠷ᠎ᠠ ᠶᠢᠨ ᠨᠢᠭᠡ ᠡᠮᠴᠢᠯᠡᠭᠡᠨ ᠤ ᠪᠠᠶᠢᠭᠤᠯᠤᠮᠵᠢ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠤᠶᠤ | ᠭᠤᠷᠪᠠᠳᠠᠬᠢ ᠡᠲᠡᠭᠡᠳ ᠤᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠬᠢᠵᠦ᠂ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢᠨ ᠪᠢᠯᠢᠭ ᠴᠢᠨᠠᠷ ᠤᠨ ᠦᠷ᠎ᠡ ᠳ᠋ᠦᠩ | ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢ ᠠᠭᠤᠯᠤᠭᠰᠠᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠨᠢ ︽ᠨᠣᠭᠤᠭᠠᠨ ᠺᠣᠳ᠋︾ | ᠪᠣᠯᠬᠤ ᠭᠡᠷᠡᠴᠢᠯᠡᠭᠡ ᠪᠠᠨ ᠠᠪᠴᠤ ᠭᠠᠳᠠᠭᠰᠢ ᠭᠠᠷᠴᠤ ᠪᠣᠯᠤᠨ᠎ᠠ᠃ | ᠨᠠᠶᠮᠠ᠂ ᠪᠦᠬᠦ ᠣᠷᠣᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠠᠴᠠ | ᠲᠦᠷᠦᠭᠦᠯᠦᠨ ᠲᠤᠬᠠᠶ ᠶᠢᠨ ᠭᠠᠵᠠᠷ ᠲᠤ ᠪᠠᠨ ᠰᠢᠨᠡᠯᠡᠬᠦ ᠬᠡᠷᠡᠭᠲᠡᠶ᠃ ᠦᠨᠡᠨ ᠬᠦ ᠭᠠᠳᠠᠭᠰᠢ ᠭᠠᠷᠬᠤ ᠴᠢᠬᠤᠯᠠᠲᠠᠢ ᠬᠥᠮᠦᠰ ᠵᠠᠷᠴᠢᠮ ᠳᠡᠭᠡᠷ᠎ᠡ ᠪᠠᠨ ᠳᠤᠮᠳᠠ ᠥᠨᠳᠥᠷ | ᠳᠡᠰ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠲᠡᠢ᠃ | 2021 ᠣᠨ ᠤ 1 ᠰᠠᠷ᠎ᠠ ᠶᠢᠨ 31 ᠤ ᠡᠳᠦᠷ |