ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠴᠡᠷᠢᠭ ᠤᠨ ᠠᠯᠪᠠ | ᠠᠴᠠ ᠬᠠᠯᠠᠭᠳᠠᠭᠰᠠᠳ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠣᠯ ᠲᠤᠰᠢᠶᠠᠯ ᠬᠠᠷᠢᠭᠤᠴᠠᠯᠭ᠎ᠠ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ᠂ ᠬᠠᠮᠢᠶᠠᠷᠤᠯᠲᠠ ᠪᠠᠲᠤᠯᠠᠭ᠎ᠠ ᠪᠠ | ᠲᠥᠪᠬᠢᠨᠡᠭᠦᠯᠦᠯ ᠬᠠᠷᠠᠭᠠᠯᠵᠠᠯ ᠵᠡᠷᠭᠡ ᠠᠵᠢᠯ ᠤᠨ ᠲᠤᠬᠠᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠦᠷᠡᠭᠳᠡᠬᠦ ᠵᠣᠷᠢᠭ ᠰᠠᠨᠠᠭ᠎ᠠ ᠪᠠ ᠥᠷᠲᠡᠭ ᠤᠨ ᠤᠳᠤᠷᠢᠳᠤᠮᠵᠢ ᠶᠢ ᠰᠠᠶᠢᠰᠢᠶᠠᠨ | ᠢᠯᠡᠷᠡᠭᠦᠯᠵᠦ᠂ ᠪᠦᠬᠦ ᠣᠷᠣᠨ ᠤ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠨ ᠺᠠᠳ᠋ᠷ᠂ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶᠠᠯᠠᠯ ᠦᠭᠡᠶ ᠠᠵᠢᠯ ᠠᠴᠠ ᠪᠠᠨ ᠠᠮᠠᠷᠠᠭᠰᠠᠨ ᠠᠵᠢᠯᠴᠢᠨ ᠢ ᠰᠢᠯᠵᠢᠭᠦᠯᠦᠨ | ᠲᠤᠰᠢᠶᠠᠵᠤ ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ | ᠬᠠᠮᠢᠶᠠᠷᠤᠯᠲᠠ᠂ ᠬᠠᠷᠠᠭᠠᠯᠵᠠᠯ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ᠂ ᠠᠰᠠᠷᠠᠮᠵᠢ | ᠬᠠᠷᠠᠭᠠᠯᠵᠠᠯ᠂ ᠲᠡᠩᠬᠡᠷᠡᠭᠦᠯᠦᠯ ᠲᠤᠰᠠᠯᠠᠮᠵᠢ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠣᠷᠣᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢᠨ | ᠬᠢᠨ ᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠱᠠᠩᠨᠠᠯ | ᠬᠥᠬᠢᠭᠦᠯᠦᠯ᠂ ᠳᠤᠷᠠᠰᠬᠠᠬᠤ ᠠᠵᠢᠯᠯᠠᠭ᠎ᠠ ᠵᠢᠴᠢ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠡᠭᠦᠷᠭᠡ | ᠬᠠᠷᠢᠭᠤᠴᠠᠯᠭ᠎ᠠ ᠶᠢ ᠬᠠᠷᠢᠭᠤᠴᠠᠨ᠎ᠠ᠃ | ᠳᠣᠲᠣᠭᠠᠳᠤ ᠶᠢᠨ ᠪᠠᠶᠢᠭᠤᠯᠤᠮᠵᠢ᠄ ᠠᠯᠪᠠᠨ ᠭᠡᠷ᠂ ᠦᠵᠡᠯ ᠰᠠᠨᠠᠭ᠎ᠠ ᠤᠯᠤᠰ ᠲᠥᠷᠥ ᠪᠣᠯᠤᠨ ᠡᠷᠬᠡ ᠠᠰᠢᠭ ᠢ ᠬᠠᠮᠠᠭᠠᠯᠠᠬᠤ ᠭᠠᠵᠠᠷ᠂ ᠲᠥᠯᠥᠪᠵᠢᠭᠦᠯᠭᠡ | ᠡᠳ᠋ ᠤᠨ ᠶᠠᠪᠤᠳᠠᠯ ᠤᠨ ᠭᠠᠵᠠᠷ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠶᠢ ᠬᠠᠮᠢᠶᠠᠷᠬᠤ ᠭᠠᠵᠠᠷ᠂ ᠠᠵᠢᠯ ᠣᠯᠭᠤᠬᠤ ᠦᠢᠯᠡᠰ ᠪᠣᠰᠬᠠᠬᠤ ᠭᠠᠵᠠᠷ᠂ ᠴᠡᠷᠢᠭ ᠢ | ᠬᠦᠷᠢᠶᠡᠯᠡᠵᠦ ᠬᠠᠷᠠᠭᠠᠯᠵᠠᠬᠤ ᠪᠠ ᠰᠠᠶᠢᠰᠢᠶᠠᠨ ᠳᠤᠷᠠᠰᠬᠠᠬᠤ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠶᠠᠪᠤᠳᠠᠯ ᠤᠨ ᠭᠠᠵᠠᠷ︶᠃ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 | ᠳ᠋ᠤᠭᠠᠷ ᠲᠣᠭᠠᠲᠤ ᠶᠢᠨ ᠵᠠᠰᠠᠭ ᠤᠨ ᠣᠷᠳᠣᠨ ᠤ ᠠᠵᠢᠯᠯᠠᠬᠤ ᠲᠣᠭᠤᠷᠢᠭ ᠤᠨ 5 ᠳ᠋ᠤᠭᠠᠷ ᠠᠰᠠᠷ | ᠵᠠᠬᠢᠳᠠᠯ ᠨᠡᠪᠲᠡᠷᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ | ᠵᠡᠭᠡᠯᠢ ᠶᠢᠨ 63 ᠳ᠋ᠤᠭᠠᠷ ᠲᠣᠭᠠᠲᠤ ᠶᠢᠨ ᠵᠠᠰᠠᠭ ᠤᠨ ᠣᠷᠳᠣᠨ ᠤ ᠠᠯᠪᠠᠯᠠᠬᠤ ᠲᠣᠭᠤᠷᠢᠭ ᠤᠨ 5 ᠳ᠋ᠤᠭᠠᠷ ᠠᠰᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠠᠯᠪᠠ ᠬᠡᠷ | ᠰᠢᠦᠳᠠᠨ ᠳ᠋ᠤᠭᠠᠷ᠄ 010055 | ᠠᠯᠪᠠᠯᠠᠬᠤ ᠴᠠᠭ᠄ 9᠄ 00-17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠠᠴᠠ ᠭᠠᠳᠠᠨ᠎ᠠ︶ | ᠠᠯᠪᠠᠨ ᠤᠲᠠᠰᠤ᠄ 0471 - 6610011 | ᠬᠠᠷᠢᠭᠤᠴᠠᠯᠭᠠᠲᠠᠨ᠄ ᠾᠧ ᠸᠧᠶ ᠬᠤᠸᠠ | | ᠬᠤᠶᠠᠳᠤᠭᠠᠷ ᠳᠡᠰ ᠤᠨ ᠨᠢᠭᠡᠴᠢ ᠶᠢᠨ ᠮᠡᠳᠡᠭᠡ ᠵᠠᠩᠭᠢ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠷ᠎ᠡ ᠬᠦᠨᠳᠦᠲᠦ ᠴᠡᠷᠢᠭ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ | ᠭᠤᠣᠯ ᠬᠠᠷᠢᠭᠤᠴᠠᠯᠭᠠᠲᠠᠨ᠄ ᠪᠣᠣ ᠱᠠᠨ | ᠡᠭᠦᠷᠭᠡ ᠬᠠᠷᠢᠭᠤᠴᠠᠯᠭ᠎ᠠ᠄ ᠭᠤᠣᠯᠳᠠᠭᠤ ᠴᠡᠷᠢᠭ ᠠᠩᠭᠢ ᠳᠤ ᠠᠯᠪᠠ ᠬᠠᠭᠠᠬᠤ ᠬᠤᠭᠤᠴᠠᠭᠠᠨ ᠳᠤ ᠳᠠᠶᠢᠨ᠂ ᠠᠯᠪᠠ ᠶᠠᠪᠤᠳᠠᠯ᠂ ᠡᠪᠡᠳᠴᠢᠨ ᠠᠴᠠ ᠪᠣᠯᠵᠤ | ᠵᠡᠮᠳᠡᠭ ᠪᠣᠯᠣᠭᠰᠠᠳ ᠤᠨ ᠨᠢᠭᠡ ᠠᠴᠠ ᠳᠥᠷᠪᠡᠳᠦᠭᠡᠷ ᠳᠡᠰ ᠤᠨ ᠵᠡᠮᠳᠡᠭ ᠴᠡᠷᠢᠭ ᠤᠨ ᠰᠤᠪᠢᠯᠠᠯᠲᠠ᠂ ᠡᠮᠴᠢᠯᠡᠭᠡ ᠪᠠ ᠡᠷᠡᠭᠦᠯᠵᠢᠯ ᠢ ᠬᠠᠷᠢᠭᠤᠴᠠᠵᠤ᠂ ᠳᠠᠭᠠᠤ ᠳᠤ ᠨᠢ | ᠭᠠᠳᠠᠭᠰᠢ ᠨᠡᠭᠡᠭᠡᠯᠲᠡ ᠬᠢᠵᠦ᠂ ᠨᠡᠶᠢᠭᠡᠮ ᠤᠨ ᠡᠪᠡᠳᠴᠢᠲᠡᠨ ᠢ ᠬᠦᠯᠢᠶᠡᠨ ᠠᠪᠴᠤ ᠡᠮᠴᠢᠯᠡᠨ᠎ᠡ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠳᠤ ᠪᠠᠨ 9 ᠰᠠᠯᠠᠭ᠎ᠠ ᠲᠣᠬᠢᠷᠠᠭᠤᠯᠪᠠ | ᠠᠯᠪᠠ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠢᠳᠡᠭᠡᠨ ᠤᠮᠳᠠᠭᠠᠨ ᠤ ᠰᠠᠯᠠᠭ᠎ᠠ᠂ ᠡᠮᠨᠡᠯᠭᠡ ᠶᠢᠨ ᠰᠠᠯᠠᠭ᠎ᠠ᠂ ᠡᠷᠡᠭᠦᠯᠵᠢᠯ ᠤᠨ ᠰᠠᠯᠠᠭ᠎ᠠ᠂ ᠡᠮ ᠪᠠᠭᠠᠵᠢ ᠶᠢᠨ | ᠰᠠᠯᠠᠭ᠎ᠠ᠂ ᠰᠠᠴᠤᠷᠠᠭ ᠤᠨ ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ᠂ ᠡᠭᠦᠳᠡᠨ ᠡᠮᠨᠡᠯᠭᠡ ᠶᠢᠨ ᠭᠠᠵᠠᠷ | | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠠᠮᠠᠷᠠᠯᠲᠠ ᠶᠢᠨ | ᠭᠠᠵᠠᠷ | ᠬᠠᠷᠢᠭᠤᠴᠠᠯᠭᠠᠲᠠᠨ᠄ ᠳ᠋ᠦᠩ ᠰᠢᠦ ᠶᠠᠨ ︵ᠨᠠᠮ ᠤᠨ ᠬᠤᠷᠢᠶᠠᠨ ᠤ ᠱᠦᠵᠢ᠂ ᠠᠮᠠᠷᠠᠯᠲᠠ ᠶᠢᠨ ᠭᠠᠵᠠᠷ ᠤᠨ ᠳᠠᠷᠤᠭ᠎ᠠ︶ | ᠡᠭᠦᠷᠭᠡ ᠬᠠᠷᠢᠭᠤᠴᠠᠯᠭ᠎ᠠ᠄ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷ ᠪᠠ ᠬᠤᠷᠢᠶ᠎ᠠ ᠠᠴᠠ ᠳᠡᠭᠡᠭᠰᠢᠬᠢ ᠴᠡᠷᠢᠭ ᠠᠩᠭᠢ ᠶᠢᠨ ᠠᠵᠢᠯ | ᠠᠴᠠ ᠪᠠᠨ ᠠᠮᠠᠷᠠᠭᠰᠠᠨ ᠺᠠᠳ᠋ᠷᠴᠤᠳ ᠲᠤ ᠦᠢᠯᠡᠴᠢᠯᠡᠨ᠎ᠡ᠃ ᠭᠤᠣᠯ ᠡᠭᠦᠷᠭᠡ ᠨᠢ᠄ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠥᠷᠨᠢᠭᠦᠯᠵᠦ᠂ ᠨᠠᠮ ᠪᠠ ᠲᠦᠷᠦ | ᠶᠢᠨ ᠬᠤᠯᠪᠣᠭᠳᠠᠯ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠵᠤ᠂ ᠠᠮᠠᠷᠠᠯᠲᠠ ᠶᠢᠨ ᠭᠠᠵᠠᠷ ᠡᠷᠬᠢᠯᠡᠬᠦ ᠵᠥᠪ ᠴᠢᠭᠯᠡᠯ | ᠢ ᠪᠠᠲᠤᠯᠠᠨ᠎ᠠ︔ ᠦᠢᠯᠡᠴᠢᠯᠡᠭᠡ ᠪᠠ ᠬᠠᠮᠢᠶᠠᠷᠤᠯᠲᠠ ᠶᠢ ᠥᠷᠨᠢᠭᠦᠯᠵᠦ᠂ ᠠᠮᠠᠷᠠᠯᠲᠠ ᠤᠨ ᠭᠠᠵᠠᠷ ᠰᠠᠭᠤᠭ᠎ᠠ ᠡᠷᠦᠬᠡ ᠶᠢᠨ ᠬᠡᠪ ᠤᠨ ᠠᠮᠢᠳᠤᠷᠠᠯ ᠢ ᠪᠠᠲᠤᠯᠠᠵᠤ᠂ ᠨᠡᠶᠢᠭᠡᠮ | ᠤᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠠᠮᠢᠳᠤᠷᠠᠯ ᠤᠨ ᠬᠠᠷᠠᠭᠠᠯᠵᠠᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ᠂ ᠥᠲᠡᠯᠦᠭᠰᠡᠨ ᠴᠦ | ᠬᠢᠬᠦ ᠶᠠᠭᠤᠮ᠎ᠠ ᠲᠠᠢ᠂ ᠰᠤᠷᠤᠯᠴᠠᠬᠤ ᠤᠷᠮ᠎ᠠ ᠲᠠᠢ᠂ ᠵᠢᠷᠭᠠᠬᠤ ᠪᠠᠶᠠᠰᠴᠤ ᠴᠢᠳᠠᠬᠤ ᠶᠢ ᠪᠠᠲᠤᠯᠠᠨ᠎ᠠ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ | ᠳᠣᠲᠣᠭᠠᠳᠤ ᠳᠤ ᠪᠠᠨ 3 ᠰᠠᠯᠠᠭ᠎ᠠ ᠲᠠᠢ᠄ ᠠᠯᠪᠠᠨ ᠭᠡᠷ᠂ ᠦᠶᠯᠡᠴᠢᠯᠡᠭᠡ ᠬᠠᠮᠢᠶᠠᠷᠤᠯᠲᠠ ᠶᠢᠨ ᠰᠠᠯᠠᠭ᠎ᠠ᠂ ᠰᠣᠶᠣᠯ ᠲᠠᠮᠢᠷ ᠤᠨ ᠬᠥᠳᠡᠯᠭᠡᠭᠡᠨ ᠤ ᠰᠠᠯᠠᠭ᠎ᠠ᠃ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠦᠶᠯᠡᠴᠢᠯᠡᠭᠡ | ᠬᠠᠮᠢᠶᠠᠷᠤᠯᠲᠠ ᠶᠢᠨ ᠲᠥᠪ | ᠬᠠᠷᠢᠭᠤᠴᠠᠯᠭᠠᠲᠠᠨ᠄ ᠵᠠᠩ ᠴᠧᠨ ᠴᠧᠨ | ᠡᠭᠦᠷᠭᠡ ᠬᠠᠷᠢᠭᠤᠴᠠᠯᠭ᠎ᠠ᠄ ᠭᠤᠣᠯᠳᠠᠭᠤ ᠴᠡᠷᠢᠭ ᠠᠩᠭᠢ ᠠᠴᠠ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠬᠢᠨᠡᠭᠦᠯᠦᠭᠰᠡᠨ ᠴᠡᠷᠢᠭ ᠠᠩᠭᠢ ᠶᠢᠨ | ᠠᠮᠠᠷᠠᠯᠲᠠ ᠪᠠ ᠠᠪᠤᠭᠰᠠᠨ ᠺᠠᠳ᠋ᠷᠴᠤᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠤᠯᠤᠰ ᠪᠠ ᠴᠡᠷᠢᠭ ᠠᠩᠭᠢ ᠶᠢᠨ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢᠨ ᠶᠣᠰᠣᠭᠠᠷ ᠴᠡᠷᠢᠭ ᠠᠩᠭᠢ ᠶᠢᠨ ᠠᠮᠠᠷᠠᠯᠲᠠ ᠪᠠᠨ ᠠᠪᠤᠭᠰᠠᠨ ᠺᠠᠳ᠋ᠷᠴᠤᠳ ᠤᠨ ᠤᠯᠤᠰ ᠲᠦᠷᠦ ᠶᠢᠨ ᠪᠠ ᠠᠮᠢᠳᠤᠷᠠᠯ ᠤᠨ ᠬᠠᠷᠠᠭᠠᠯᠵᠠᠯ ᠢ | ᠨᠠᠶᠢᠳᠠᠪᠤᠷᠢᠵᠢᠭᠤᠯᠤᠨ᠎ᠠ︔ ᠴᠡᠷᠢᠭ ᠤᠨ ᠠᠮᠠᠷᠠᠯᠲᠠ ᠠᠪᠤᠭᠰᠠᠨ ᠺᠠᠳ᠋ᠷ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠬᠠᠷᠢᠭᠤᠴᠠᠵᠤ᠂ ᠴᠡᠷᠢᠭ ᠠᠩᠭᠢ ᠶᠢᠨ ᠠᠮᠠᠷᠠᠯᠲᠠ ᠪᠠᠨ ᠠᠪᠤᠭᠰᠠᠨ ᠺᠠᠳ᠋ᠷᠴᠤᠳ ᠤᠨ ᠣᠨᠴᠠᠯᠢᠭ ᠲᠤ ᠲᠤᠬᠢᠷᠠᠭᠰᠠᠨ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ | ᠲᠥᠪ ᠲᠤ ᠣᠳᠣ ᠳᠤ ᠪᠠᠨ᠄ ᠶᠡᠷᠦᠩᠬᠡᠶᠢᠯᠡᠭᠰᠡᠨ ᠦᠢᠯᠡᠴᠢᠯᠡᠭᠡ ᠪᠠᠲᠤᠯᠠᠭ᠎ᠠ ᠶᠢᠨ ᠭᠠᠵᠠᠷ᠂ ᠨᠡᠶᠢᠭᠡᠮᠴᠢᠯᠡᠭᠰᠡᠨ ᠦᠶᠯᠡᠴᠢᠯᠡᠭᠡᠨ ᠤ ᠭᠠᠵᠠᠷ᠂ ᠰᠣᠶᠣᠯ ᠪᠡᠶ᠎ᠡ ᠶᠢᠨ | ᠲᠠᠮᠢᠷ ᠡᠷᠡᠭᠦᠯᠵᠢᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ ᠪᠣᠯᠤᠨ ᠦᠢᠯᠡᠴᠢᠯᠡᠭᠡ ᠬᠠᠮᠢᠶᠠᠷᠤᠯᠲᠠ ᠶᠢᠨ ᠥᠷᠲᠡᠭᠡ ᠭᠡᠬᠦ 5 ᠳᠣᠲᠣᠭᠠᠳᠤ ᠶᠢᠨ ᠪᠠᠶᠢᠭᠤᠯᠤᠮᠵᠢ ᠪᠤᠢ᠃365赢多少钱会被限额_国内有真正的365平台吗_365bet博彩官网 | | | 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ | ᠭᠤᠣᠯ ᠬᠠᠷᠢᠭᠤᠴᠠᠯᠭᠠᠲᠠᠨ᠄ ᠳ᠋ᠧᠩ ᠸᠧᠢ | ᠡᠭᠦᠷᠭᠡ ᠬᠠᠷᠢᠭᠤᠴᠠᠯᠭ᠎ᠠ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠠᠰᠠᠭ ᠵᠠᠬᠢᠷᠭᠠᠨ ᠤ ᠬᠠᠷᠢᠴᠠᠭ᠎ᠠ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ | ᠬᠠᠩᠭᠠᠯᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠬᠠᠮᠵᠢᠨ ᠰᠠᠶᠢᠲᠤᠷ ᠬᠢᠵᠦ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠨᠡᠭᠦᠳᠡᠯ ᠨᠠᠮ ᠤᠨ ᠭᠡᠰᠢᠭᠦᠨ ᠢ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠶᠢ ᠠᠬᠢᠭᠤᠯᠵᠤ᠂ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠤᠨ ᠬᠥᠮᠥᠵᠢᠯ ᠬᠠᠮᠢᠶᠠᠷᠤᠯᠲᠠ ᠶᠢ ᠰᠠᠶᠢᠲᠤᠷ ᠬᠢᠨ᠎ᠡ︔ ᠴᠡᠷᠢᠭ ᠠᠴᠠ ᠬᠠᠯᠠᠭᠳᠠᠭᠰᠠᠳ ᠤᠨ ᠵᠠᠬᠢᠳᠠᠯ | ᠰᠤᠷᠪᠤᠯᠵᠢᠯᠠᠭ᠎ᠠ᠂ ᠭᠥᠯᠢᠶᠡᠨ ᠠᠪᠴᠤ ᠭᠦᠢᠴᠡᠳᠬᠡᠬᠦ᠂ ᠰᠡᠳᠬᠢᠴᠡ ᠶᠢᠨ ᠵᠢᠯᠣᠭᠤᠳᠣᠯᠭ᠎ᠠ᠂ ᠡᠷᠬᠡ ᠠᠰᠢᠭ ᠤᠨ ᠠᠰᠠᠭᠤᠨ ᠯᠠᠪᠯᠠᠯᠲᠠ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ᠂ ᠬᠠᠤᠯᠢ ᠴᠠᠭᠠᠵᠠ ᠶᠢᠨ ᠦᠶᠯᠡᠴᠢᠯᠡᠭᠡ ᠵᠢᠴᠢ ᠴᠡᠷᠢᠭ ᠠᠴᠠ ᠬᠠᠯᠠᠭᠳᠠᠭᠰᠠᠳ ᠲᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ | ᠬᠥᠲᠥᠯᠥᠨ ᠵᠢᠯᠣᠭᠤᠳᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠴᠡᠷᠢᠭ ᠤᠨ ᠬᠡᠷ ᠪᠦᠯᠢ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠰᠢᠷᠬᠠᠲᠤᠭᠰᠠᠨ | ᠡᠪᠡᠳᠴᠢᠯᠡᠭᠰᠡᠨ ᠵᠡᠮᠳᠡᠭ ᠪᠣᠯᠣᠭᠰᠠᠨ ᠴᠡᠷᠢᠭ᠂ ᠡᠪᠡᠳᠴᠢᠯᠡᠵᠦ ᠨᠤᠲᠤᠭ ᠲᠤ ᠪᠠᠨ ᠪᠤᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠶᠯᠡᠴᠢᠯᠡᠬᠦ ᠵᠡᠷᠭᠡ | ᠠᠵᠢᠯ ᠢ ᠬᠠᠮᠵᠢᠨ ᠰᠠᠶᠢᠲᠤᠷ ᠬᠢᠨ᠎ᠡ︔ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠮᠵᠢ ᠬᠦᠷᠲᠡᠬᠦ ᠡᠲᠡᠭᠡᠳ ᠤᠨ ᠮᠡᠳᠡᠭᠡ ᠵᠠᠩᠭᠢ ᠲᠤᠭ᠎ᠠ | ᠪᠠᠷᠢᠮᠲᠠ ᠶᠢ ᠴᠤᠭᠯᠠᠭᠤᠯᠬᠤ᠂ ᠮᠠᠲ᠋ᠧᠷᠢᠶᠠᠯ ᠢ ᠬᠠᠮᠢᠶᠠᠷᠬᠤ᠂ ᠬᠤᠷᠢᠶᠠᠩᠭᠤᠶᠢᠯᠠᠨ ᠵᠠᠳᠠᠯᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠠᠵᠢᠯ ᠣᠯᠭᠤᠵᠤ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠬᠤ ᠪᠠ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠬᠠᠩᠭᠠᠬᠤ ᠶᠢ ᠬᠠᠷᠢᠭᠤᠴᠠᠵᠤ᠂ ᠠᠵᠢᠯ ᠮᠡᠷᠭᠡᠵᠢᠯ ᠤᠨ ᠬᠥᠮᠦᠵᠢᠯ | ᠪᠣᠯᠤᠨ ᠮᠡᠷᠭᠡᠵᠢᠯ ᠤᠨ ᠪᠣᠯᠪᠠᠰᠤᠷᠠᠯ ᠢ ᠬᠠᠮᠵᠢᠨ ᠥᠷᠨᠢᠭᠦᠯᠵᠦ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠯᠰᠡᠬᠦ | ᠴᠤᠭᠯᠠᠭᠠᠨ᠂ ᠲᠠᠨᠢᠯᠴᠠᠭᠤᠯᠬᠤ ᠬᠤᠷᠠᠯ᠂ ᠠᠵᠢᠯ ᠣᠯᠭᠤᠬᠤ ᠥᠭᠦᠯᠡᠯ ᠤᠨ ᠲᠠᠪᠴᠠᠩ ᠵᠡᠷᠭᠡ ᠶᠢ ᠳᠠᠭᠠᠭᠠᠨ ᠡᠷᠬᠢᠯᠡᠵᠦ᠂ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ᠂ ᠶᠠᠳᠠᠭᠤ ᠬᠦᠴᠢᠷᠳᠡᠯᠲᠡᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠶᠢ ᠬᠠᠪᠰᠤᠷᠤᠨ ᠲᠡᠳᠬᠦᠵᠦ ᠲᠤᠰᠠᠯᠠᠬᠤ ᠲᠠᠪᠴᠠᠩ ᠢ | ᠪᠠᠶᠢᠭᠤᠯᠤᠨ᠎ᠠ︔ ᠪᠦᠬᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ︔ ᠲᠢᠩᠬᠢᠮ ᠤᠨ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ | ᠳᠣᠲᠣᠭᠠᠳᠤ ᠳᠤ ᠪᠠᠨ᠄ ᠶᠡᠷᠦᠩᠬᠡᠶᠢᠯᠡᠭᠰᠡᠨ ᠰᠠᠯᠠᠭ᠎ᠠ᠂ ᠡᠷᠬᠡ ᠠᠰᠢᠭ ᠬᠢᠭᠡᠳ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ᠂ ᠴᠡᠷᠢᠭ ᠠᠩᠭᠢ ᠶᠢᠨ ᠠᠮᠠᠷᠠᠯᠲᠠ | ᠬᠢᠭᠡᠳ ᠲᠥᠪᠬᠢᠨᠡᠭᠦᠯᠬᠦ ᠰᠠᠯᠠᠭ᠎ᠠ᠂ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠬᠢᠭᠡᠳ ᠠᠵᠤ ᠠᠬᠤᠶᠢᠯᠠᠯ ᠳᠠᠬᠢ ᠴᠡᠷᠢᠭ ᠤᠨ ᠠᠯᠪᠠ ᠠᠴᠠ ᠰᠢᠯᠵᠢᠭᠰᠡᠳ ᠤᠨ ᠰᠠᠯᠠᠭ᠎ᠠ᠂ | ᠠᠵᠢᠯ ᠣᠯᠭᠤᠵᠤ ᠦᠶᠯᠡᠰ ᠴᠣᠭᠴᠠᠯᠠᠬᠤ ᠪᠣᠯᠪᠠᠰᠤᠷᠠᠯ ᠤᠨ ᠰᠠᠯᠠᠭ᠎ᠠ᠂ ᠬᠠᠷᠠᠭᠠᠯᠵᠠᠨ ᠰᠠᠶᠢᠰᠢᠶᠠᠬᠤ ᠠᠵᠢᠯ ᠤᠨ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ᠃ | | 5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ | ᠬᠠᠮᠢᠶᠠᠷᠤᠯᠲᠠ ᠦᠶᠯᠡᠴᠢᠯᠡᠭᠡᠨ ᠤ ᠲᠥᠪ | ᠬᠠᠷᠢᠭᠤᠴᠠᠯᠭᠠᠲᠠᠨ᠄ ᠬᠠ ᠺᠧ | ᠡᠭᠦᠷᠭᠡ ᠬᠠᠷᠢᠭᠤᠴᠠᠯᠭ᠎ᠠ᠄ ᠭᠤᠣᠯᠳᠠᠭᠤ ᠲᠤᠰ ᠱᠠᠲᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠴᠡᠷᠢᠭ | ᠤᠨ ᠠᠯᠪᠠ ᠠᠴᠠ ᠬᠠᠯᠠᠭᠳᠠᠭᠰᠠᠨ ᠮᠥᠩᠭᠦ ᠶᠢ ᠪᠦᠷᠢᠳᠬᠡᠬᠦ᠂ ᠲᠥᠰᠦᠪ ᠬᠢᠬᠦ᠂ ᠣᠨ ᠤ ᠳᠠᠩᠰᠠᠯᠠᠭᠤᠯᠤᠯᠲᠠ ᠬᠢᠬᠦ ᠵᠡᠷᠭᠡ ᠠᠵᠢᠯ ᠢ ᠡᠭᠦᠷᠭᠡᠯᠡᠨ᠎ᠡ︔ ᠲᠤᠰ ᠱᠠᠲᠤᠨ ᠤ | ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠣᠷᠣᠨ ᠰᠠᠭᠤᠴᠠ᠂ ᠡᠮᠴᠢᠯᠡᠭᠡ ᠵᠡᠷᠭᠡ ᠨᠡᠶᠢᠭᠡᠮ ᠤᠨ ᠪᠠᠲᠤᠯᠠᠭ᠎ᠠ ᠶᠢᠨ 365赢多少钱会被限额_国内有真正的365平台吗_365bet博彩官网 | ᠠᠵᠢᠯ ᠢ ᠵᠣᠬᠢᠴᠠᠭᠤᠯᠵᠤ᠂ ᠡᠮᠴᠢᠯᠡᠭᠡ ᠶᠢᠨ ᠳᠠᠭᠠᠳᠬᠠᠯ᠂ ᠡᠪᠦᠯ ᠤᠨ ᠳᠤᠯᠠᠭᠠᠯᠠᠭ᠎ᠠ ᠲᠠᠢ ᠬᠤᠯᠪᠣᠭᠳᠠᠯ ᠪᠦᠬᠦᠢ ᠶᠠᠪᠤᠳᠠᠯ ᠢ ᠭᠦᠢᠴᠡᠳᠬᠡᠨ᠎ᠡ︔ ᠲᠤᠰ ᠱᠠᠲᠤᠨ ᠤ ᠪᠡᠶ᠎ᠡ | ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠳᠠᠩᠰᠠ ᠡᠪᠬᠡᠮᠡᠯ ᠢ ᠬᠠᠳᠠᠭᠠᠯᠠᠬᠤ ᠠᠵᠢᠯ ᠢ ᠵᠢᠯᠣᠭᠤᠳᠬᠤ ᠪᠠ ᠬᠠᠪᠰᠤᠷᠴᠤ᠂ | ᠲᠤᠰᠬᠠᠢ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠬᠤᠪᠢ ᠶᠢᠨ ᠤᠴᠢᠷ ᠢᠶᠠᠷ ᠭᠠᠳᠠᠭᠠᠳᠤ ᠳᠤ ᠭᠠᠷᠬᠤ ᠭᠤᠶᠤᠴᠢᠯᠠᠯ᠂ ᠬᠢᠯᠢ ᠠᠴᠠ ᠭᠠᠷᠬᠤ ᠵᠡᠷᠭᠡ | ᠬᠤᠯᠪᠣᠭᠳᠠᠯ ᠪᠦᠬᠦᠢ ᠭᠠᠷᠳᠠᠮ ᠢ ᠬᠠᠮᠵᠢᠨ ᠭᠦᠢᠴᠡᠳᠬᠡᠨ᠎ᠡ︔ ᠬᠦᠴᠢᠷᠳᠡᠯ ᠲᠠᠢ ᠠᠵᠤ ᠠᠬᠤᠶᠢᠯᠠᠯ ᠤᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠲᠠᠬᠢᠨ ᠠᠵᠢᠯ | ᠣᠯᠭᠤᠬᠤ ᠦᠢᠯᠡᠴᠢᠯᠡᠭᠡ ᠪᠠ ᠨᠠᠰᠤᠵᠢᠯ ᠤᠨ ᠳᠠᠭᠠᠳᠬᠠᠯ᠂ ᠡᠮᠴᠢᠯᠡᠭᠡ ᠶᠢᠨ ᠳᠠᠭᠠᠳᠬᠠᠯ ᠵᠢᠴᠢ ᠡᠯ᠎ᠡ ᠵᠦᠢᠯ ᠤᠨ ᠨᠥᠬᠦᠪᠥᠷᠢ ᠣᠯᠭᠤᠬᠤ ᠵᠡᠷᠭᠡ ᠶᠠᠪᠤᠳᠠᠯ ᠢ | ᠭᠦᠢᠴᠡᠳᠬᠡᠨ᠎ᠡ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ | ᠵᠢᠩᠬᠢᠨᠢ ᠰᠠᠯᠠᠭᠠᠨ ᠲᠠᠰ ᠤᠨ ᠪᠥᠬᠦ ᠲᠤᠭ᠎ᠠ ᠪᠠᠷ ᠵᠣᠭᠤᠰ ᠰᠠᠯᠭᠠᠨ ᠥᠭᠬᠦ ᠠᠵᠢᠯ ᠦᠶᠯᠡᠰ ᠤᠨ ᠨᠢᠭᠡᠴᠢ ᠶᠢᠨ 13 ᠬᠥᠮᠦᠨ ᠤ ᠣᠷᠣᠨ ᠲᠤᠭ᠎ᠠ ᠲᠠᠢ᠃ |