1 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ《 ᠺᠦᠨᠯᠦ᠋ᠨ 2020》 ᠲᠤᠰᠬᠠᠶ | ᠠᠵᠢᠯᠯᠠᠭ᠎ᠠ᠂ 2020 ᠣᠨ ᠤ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ | ᠲᠠᠪᠴᠠᠩ ᠵᠡᠷᠭᠡ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠳᠡᠭᠡᠨ ᠪᠠ | ᠡᠮ ᠤᠨ ᠵᠦᠶᠯᠡᠰ ᠤᠨ ᠣᠷᠴᠢᠨ ᠲᠣᠭᠤᠷᠢᠨ ᠤ ᠳᠡᠩᠨᠡᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠳᠠᠷᠤᠭ᠎ᠠ ᠵᠣᠣ ᠢᠦ᠋ᠶ ᠾᠧ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠹᠧᠩ ᠬᠤ᠋᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ | ᠣᠷᠣᠵᠤ ᠭᠠᠷᠬᠤ ᠶᠢ ᠬᠠᠮᠢᠶᠠᠷᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ ᠬᠤᠤ ᠰᠧ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ ᠭᠥᠯᠢᠶᠡᠨ ᠠᠪᠴᠤ ᠰᠢᠶᠳᠪᠦᠷᠢᠯᠡᠬᠦ ᠴᠠᠭᠳᠠᠭ᠎ᠠ ᠶᠢᠨ ᠵᠢᠯᠣᠭᠤᠳᠬᠤ ᠰᠠᠯᠪᠤᠷᠢ ᠠᠩᠭᠢ ᠶᠢᠨ | ᠳᠠᠷᠤᠭ᠎ᠠ ᠸᠧᠨ ᠦ ᠵᠢᠦᠸᠠᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠭᠤᠤᠯᠳᠠᠯᠭ᠎ᠠ ᠲᠠᠢ ᠴᠡᠭᠴᠡᠯᠡᠨ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠳᠣᠪᠣᠶᠢᠯᠭᠠᠵᠤ᠂ ᠢᠳᠡᠭᠡᠨ ᠤᠮᠳᠠᠭᠠᠨ | ᠡᠮ ᠲᠠᠩ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠶ᠎ᠡ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠳᠡᠭᠡᠨ ᠪᠠ ᠡᠮ ᠤᠨ ᠣᠷᠴᠢᠨ | ᠲᠣᠭᠤᠷᠢᠨ ᠤ ᠳᠡᠩᠨᠡᠨ ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠵᠣᠣ ᠢᠦ᠋ᠶ ᠾᠧ | 2020 ᠣᠨ ᠠᠴᠠ ᠨᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ | ᠳᠡᠩᠨᠡᠨ ᠪᠠᠶᠢᠴᠠᠭᠠᠬᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂《 ᠺᠦᠨᠯᠦ᠋ᠨ 》 ᠤ ᠰᠢᠷᠢᠰ ᠲᠤᠰᠬᠠᠶ | ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠳᠣᠪᠣᠶᠢᠯᠭᠠᠨ᠂ ᠬᠡᠷᠡᠭ | ᠢᠯᠡᠷᠡᠭᠦᠯᠵᠦ ᠪᠣᠭᠤᠮᠲᠠ ᠰᠢᠪᠲᠤᠯᠬᠤ ᠶᠢ ᠪᠥᠬᠦ ᠬᠦᠴᠦᠨ ᠢᠶᠠᠷ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂《 ᠬᠤᠶᠠᠷ ᠬᠠᠯᠬᠠᠪᠴᠢ 》 ᠶᠢᠨ ᠦᠨᠡᠨᠴᠢ ᠬᠠᠮᠠᠭᠠᠯᠠᠭᠴᠢ ᠶᠢ ᠡᠷᠡᠰ ᠰᠠᠶᠢᠲᠤᠷ | ᠬᠢᠪᠠ᠃ | 2020 ᠣᠨ ᠳᠤ᠂《 ᠺᠦᠨᠯᠦ᠋ᠨ 2020 》ᠲᠤᠰᠬᠠᠶ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠡᠯ᠎ᠡ | ᠲᠥᠷᠥᠯ ᠤᠨ ᠡᠷᠡᠭᠦᠦ ᠶᠢᠨ ᠬᠡᠷᠡᠭ ᠢ ᠨᠡᠶᠢᠲᠡ 1591 ᠢᠯᠡᠷᠡᠭᠦᠯᠵᠦ᠂ 34 ᠡᠪᠰᠡᠯ ᠪᠦᠯᠦᠭ ᠢ ᠰᠦᠶᠷᠡᠭᠦᠯᠵᠦ᠂ 47 ᠡᠭᠦᠷ ᠢ ᠠᠷᠢᠯᠭᠠᠵᠤ᠂ 2329 ᠶᠠᠯ᠎ᠠ | ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ ᠪᠠᠷᠤᠭ 49 . 65 ᠳ᠋ᠦᠩᠰᠢᠭᠤᠷ ᠲᠥᠭᠦᠷᠢᠭ ᠲᠤ ᠬᠦᠷᠴᠡᠶ᠃ | ᠡᠭᠦᠨ ᠳᠤ᠂《 ᠺᠦᠨᠯᠦ᠋ᠨ 1 ᠳ᠋ᠦ᠋ᠭᠡᠷ ᠲᠣᠭᠠᠲᠤ 》ᠢᠳᠡᠭᠡᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 125 ᠬᠡᠷᠡᠭ ᠢ ᠢᠯᠡᠷᠡᠭᠦᠯᠵᠦ᠂ 5 ᠡᠪᠰᠡᠯ | ᠪᠦᠯᠦᠭ ᠢ ᠰᠦᠶᠷᠡᠭᠦᠯᠵᠦ᠂ 13 ᠡᠭᠦᠷ ᠢ ᠠᠷᠢᠯᠭᠠᠵᠤ᠂ 227 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ | ᠪᠠᠷᠤᠭ 2 . 95 ᠳ᠋ᠦᠩᠰᠢᠭᠤᠷ ᠲᠥᠭᠦᠷᠢᠭ ᠲᠤ ᠬᠦᠷᠴᠡᠶ᠃ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠸᠠᠩ ᠣᠪᠣᠭᠲᠤ ᠵᠡᠷᠭᠡ ᠠᠮᠢᠲᠠᠨ | ᠤᠷᠭᠤᠮᠠᠯ ᠤᠨ ᠬᠢᠵᠢᠭ ᠢ ᠰᠡᠷᠭᠡᠶᠢᠯᠡᠬᠦ ᠶᠢ ᠬᠠᠷᠰᠢᠯᠠᠭᠰᠠᠨ ᠬᠡᠷᠡᠭ ᠢ ᠳᠡᠩᠨᠡᠨ ᠢᠯᠡᠷᠡᠭᠦᠯᠵᠦ᠂ 8 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠥᠪᠥᠷ ᠮᠣᠩᠭᠤᠯ᠂ | ᠵᠢᠶᠠᠩᠰᠦ᠂ ᠱᠠᠨᠳᠦ᠋ᠩ᠂ ᠱᠠᠩᠬᠠᠶ ᠳᠥᠷᠪᠡᠨ ᠮᠤᠵᠢ ( ᠣᠷᠣᠨ ᠬᠤᠲᠠ ) ᠳᠤ ᠬᠤᠯᠪᠣᠭᠳᠠᠭᠰᠠᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ | ᠭᠡᠷᠡᠴᠢ ᠶᠢ ᠬᠠᠭᠤᠷᠮᠠᠭᠯᠠᠨ ᠵᠣᠬᠢᠶᠠᠵᠤ ᠮᠤᠵᠢ ᠠᠯᠤᠰᠯᠠᠨ ᠠᠮᠢᠳᠤ ᠭᠠᠭ᠋ᠠᠶ ᠶᠢ ᠬᠠᠤᠯᠢ ᠪᠤᠰᠤ ᠪᠠᠷ ᠫᠠᠨᠽᠠᠯᠠᠭᠰᠠᠨ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠲᠤᠶᠢᠯᠪᠤᠷᠢᠲᠠᠶ | ᠠᠷᠢᠯᠭᠠᠪᠠ᠃ ᠲᠤᠰ ᠬᠡᠷᠡᠭ ᠲᠤ᠂ ᠶᠠᠯ᠎ᠠ ᠬᠢᠭᠰᠡᠨ ᠰᠡᠵᠢᠭᠳᠡᠨ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ | ᠵᠣᠬᠢᠶᠠᠵᠤ᠂《 ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ 》 ᠶᠢ 140 ᠬᠤᠪᠢ ᠬᠠᠭᠤᠷᠮᠠᠭᠯᠠᠨ ᠵᠣᠬᠢᠶᠠᠵᠤ᠂ 15602 ᠭᠠᠭ᠋ᠠᠶ ᠳᠤ | ᠬᠤᠯᠪᠣᠭᠳᠠᠵᠠᠶ᠃ | 《 ᠺᠦᠨᠯᠦ᠋ᠨ 2 ᠳ᠋ᠤᠭᠠᠷ 》 ᠤᠨ ᠡᠮ ᠤᠨ ᠵᠦᠶᠯ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 25 ᠬᠡᠷᠡᠭ ᠢ ᠢᠯᠡᠷᠡᠭᠦᠯᠵᠦ᠂ 28 ᠶᠠᠯ᠎ᠠ ᠬᠢᠭᠰᠡᠨ ᠰᠡᠵᠢᠭᠳᠡᠨ ᠢ | ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 1412 ᠲᠦᠮᠡᠨ ᠲᠥᠭᠦᠷᠢᠭ ᠲᠤ ᠬᠦᠷᠴᠡᠶ᠃ ᠪᠤᠭᠤᠲᠤ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ《 503 》 ᠶᠢᠨ ᠬᠠᠭᠤᠷᠮᠠᠭ ᠮᠠᠭᠤ ᠲᠠᠷᠢᠶᠠᠨ ᠡᠮ ᠦᠶᠯᠡᠳᠪᠦᠷᠢᠯᠡᠵᠦ ᠪᠣᠷᠣᠯᠠᠭᠤᠯᠤᠭᠰᠠᠨ ᠬᠡᠷᠡᠭ ᠢ ᠳᠡᠩᠨᠡᠨ ᠢᠯᠡᠷᠡᠭᠦᠯᠵᠦ᠂ 22 | ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 1000 ᠭᠠᠷᠤᠶ ᠲᠦᠮᠡᠨ ᠲᠥᠭᠦᠷᠢᠭ ᠲᠤ ᠬᠦᠷᠴᠦ᠂ 10 ᠮᠤᠵᠢ ᠶᠢᠨ 24 | ᠭᠠᠵᠠᠷ ᠲᠤ ᠬᠠᠭᠤᠷᠮᠠᠭ ᠮᠠᠭᠤ ᠲᠠᠷᠢᠶᠠᠨ ᠡᠮ ᠣᠺᠲ᠋ᠠ ᠬᠦᠬᠦᠷ ᠹᠣᠰᠹᠣᠷ ᠦᠶᠯᠡᠳᠪᠦᠷᠢᠯᠡᠵᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠲᠤᠶᠢᠯᠪᠤᠷᠢᠲᠠᠶ | ᠲᠡᠰᠦᠯᠪᠡ᠃ | 《 ᠺᠦᠨᠯᠦ᠋ᠨ 3 ᠳ᠋ᠤᠭᠠᠷ 》ᠠᠮᠢ ᠠᠬᠤᠶ ᠣᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ 365赢多少钱会被限额_国内有真正的365平台吗_365bet博彩官网 | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 1175 ᠬᠡᠷᠡᠭ ᠢ ᠢᠯᠡᠷᠡᠭᠦᠯᠵᠦ᠂ 20 ᠡᠪᠰᠡᠯ ᠪᠦᠯᠦᠭ ᠢ ᠰᠦᠶᠷᠡᠭᠦᠯᠵᠦ᠂ 22 ᠡᠭᠦᠷ ᠢ | ᠠᠷᠢᠯᠭᠠᠵᠤ᠂ 1616 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 45 . 85 ᠳ᠋ᠦᠩᠰᠢᠭᠤᠷ | ᠲᠥᠭᠦᠷᠢᠭ ᠲᠤ ᠬᠦᠷᠴᠡᠶ᠃ ᠬᠥᠯᠥᠨ ᠪᠣᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠾᠧ ᠮᠥ ᠶᠠᠩ ᠭᠤᠸᠠᠩ ᠠᠮᠢ ᠠᠬᠤᠶ ᠶᠢᠨ ᠲᠠᠷᠢᠶᠠᠯᠠᠩ ᠤᠨ | ᠬᠢᠵᠠᠭᠠᠷᠲᠤ ᠺᠣᠮᠫᠠᠨᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ | ᠰᠡᠵᠢᠭᠯᠡᠯᠲᠡᠶ 10 ᠬᠥᠮᠦᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠨᠡᠶᠢᠲᠡ 34920 ᠮᠥ ᠪᠠᠶᠢᠨ᠎ᠠ︔ ᠪᠠᠶᠠᠨᠨᠠᠭᠤᠷ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢᠭᠡᠨ ᠬᠠᠤᠯᠢ ᠪᠤᠰᠤ ᠪᠠᠷ ᠠᠯᠲᠠ ᠮᠠᠯᠲᠠᠭᠰᠠᠨ ᠣᠨᠴᠠ ᠶᠡᠭᠡ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ | ᠬᠢᠭᠰᠡᠨ ᠰᠡᠵᠢᠭᠯᠡᠯᠲᠡᠶ ᠡᠲᠡᠭᠡᠳ ᠰᠢᠶ᠋ᠧ ᠣᠪᠣᠭᠲᠤ ᠶᠢᠨ ᠪᠦᠯᠦᠭᠯᠡᠯ ᠣᠷᠳᠣ ᠬᠤᠭᠤᠴᠠᠭ᠎ᠠ ᠪᠠᠷ ᠬᠦᠷᠬᠢᠵᠢᠨ ᠠᠭᠤᠷᠬᠠᠶ ᠶᠢᠨ ᠲᠣᠭᠤᠷᠢᠭ ᠲᠤ ᠡᠭᠦᠷᠯᠡᠨ ᠬᠠᠤᠯᠢ ᠪᠤᠰᠤ | ᠪᠠᠷ ᠠᠯᠲᠠ ᠮᠠᠯᠲᠠᠵᠤ᠂ ᠪᠤᠭᠤᠲᠤ ᠬᠤᠲᠠ ᠳᠤ ᠬᠢᠮᠳᠠ ᠪᠠᠷ ᠪᠣᠷᠣᠯᠠᠭᠤᠯᠵᠤ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠨᠢ ᠨᠡᠶᠢᠲᠡ 2000 ᠭᠠᠷᠤᠶ ᠲᠦᠮᠡᠨ | ᠲᠥᠭᠦᠷᠢᠭ ᠲᠤ ᠬᠦᠷᠴᠡᠶ; ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠨ ᠣᠪᠣᠭᠲᠤ ᠵᠡᠷᠭᠡ ᠬᠥᠮᠦᠰ ᠤᠨ ᠣᠷᠴᠢᠨ ᠠᠬᠤᠶ ᠶᠢ | ᠪᠣᠬᠢᠷᠲᠤᠭᠤᠯᠤᠭᠰᠠᠨ ᠰᠡᠵᠢᠭᠯᠡᠯᠲᠡᠶ ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ 600 ᠭᠠᠷᠤᠶ ᠲᠣᠨ ᠬᠠᠶᠠᠭᠳᠠᠮᠠᠯ ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ | ᡂᠢ ᠶᠢ ᠬᠠᠤᠯᠢ ᠪᠤᠰᠤ ᠪᠠᠷ ᠵᠠᠳᠠᠯᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 3000 ᠭᠠᠷᠤᠶ ᠲᠦᠮᠡᠨ ᠲᠥᠭᠦᠷᠢᠭ ᠲᠤ ᠬᠦᠷᠴᠡᠶ᠃ | 《 ᠺᠦᠨᠯᠦ᠋ᠨ 4 ᠳ᠋ᠦ᠋ᠭᠡᠷ 》ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠶᠯᠡᠳᠦᠨ ᠪᠣᠷᠣᠯᠠᠭᠤᠯᠤᠭᠰᠠᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 26 ᠬᠡᠷᠡᠭ ᠢ | ᠢᠯᠡᠷᠡᠭᠦᠯᠵᠦ᠂ 6 ᠡᠪᠰᠡᠯ ᠪᠦᠯᠦᠭ ᠢ ᠪᠣᠳᠠ ᠨᠢᠷᠭᠡᠵᠦ᠂ 11 ᠡᠭᠦᠷ ᠢ ᠨᠢ ᠠᠷᠢᠯᠭᠠᠵᠤ᠂ 101 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ | ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 3881 ᠲᠦᠮᠡᠨ ᠲᠥᠭᠦᠷᠢᠭ ᠲᠤ ᠬᠦᠷᠴᠡᠶ᠃ ᠬᠥᠯᠥᠨ ᠪᠣᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠵᠠᠩ ᠣᠪᠣᠭᠲᠤ ᠵᠡᠷᠭᠡ ᠬᠥᠮᠦᠰ ᠤᠨ ᠬᠠᠤᠯᠢ ᠪᠤᠰᠤ ᠪᠠᠷ ᠬᠠᠭᠤᠷᠮᠠᠭ ᠲᠠᠮᠠᠬᠢ ᠠᠷᠠᠯᠵᠢᠶᠠᠯᠠᠭᠰᠠᠨ ᠬᠡᠷᠡᠭ ᠢ ᠢᠯᠡᠷᠡᠭᠦᠯᠵᠦ᠂ 2 ᠶᠠᠯ᠎ᠠ ᠬᠢᠭᠰᠡᠨ ᠰᠡᠵᠢᠭᠳᠡᠨ | ᠢ ᠪᠠᠷᠢᠪᠴᠢᠯᠠᠵᠤ᠂ 500 ᠭᠠᠷᠤᠶ ᠶᠠᠩᠵᠤᠤᠷ ᠲᠠᠮᠠᠬᠢ ᠵᠢᠴᠢ 3 ᠬᠡᠷᠡᠭ ᠤᠨ ᠲᠡᠮᠳᠡᠭᠯᠡᠯ ᠤᠨ ᠺᠣᠮᠫᠢᠦ᠋ᠲ᠋ᠧᠷ ᠢ ᠬᠤᠷᠢᠶᠠᠮᠵᠢᠯᠠᠪᠠ᠃ ᠲᠤᠰ ᠬᠡᠷᠡᠭ ᠢ ᠪᠣᠷᠣᠯᠠᠭᠤᠯᠤᠭᠰᠠᠨ | ᠭᠠᠵᠠᠷ ᠣᠷᠣᠨ ᠨᠢ ᠵᠢᠶᠠᠩᠰᠦ ᠭᠤᠸᠠᠩᠰᠢ ᠰᠧᠴᠤᠸᠠᠨ ᠵᠡᠷᠭᠡ 6 ᠮᠤᠵᠢ ᠶᠢᠨ 10 ᠭᠠᠷᠤᠶ ᠰᠢᠶᠠᠨ ᠳᠤ ᠬᠤᠯᠪᠣᠭᠳᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ | ᠲᠤᠭ᠎ᠠ ᠨᠢ 690 ᠭᠠᠷᠤᠶ ᠲᠦᠮᠡᠨ ᠲᠥᠭᠦᠷᠢᠭ ᠲᠤ ᠬᠦᠷᠴᠡᠶ᠃ | 《 ᠺᠦᠨᠯᠦ᠋ᠨ 5 ᠳ᠋ᠤᠭᠠᠷ 》ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 240 ᠡᠷᠡᠭᠦᠦ ᠶᠢᠨ ᠬᠡᠷᠡᠭ ᠢ ᠢᠯᠡᠷᠡᠭᠦᠯᠵᠦ᠂ 3 ᠡᠪᠰᠡᠯ ᠪᠦᠯᠦᠭ ᠢ ᠰᠦᠶᠷᠡᠭᠦᠯᠵᠦ᠂ 1 ᠡᠭᠦᠷ ᠢ ᠡᠪᠳᠡᠵᠦ᠂ | 357 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 4841 ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠵᠤ᠂ 2790 ᠺᠢᠯᠣᠭ᠍ᠷᠠᠮ ᠬᠡᠭᠡᠷ᠎ᠡ ᠶᠢᠨ ᠠᠮᠢᠲᠠᠨ ᠤ | ᠪᠦᠲᠦᠭᠡᠭᠳᠡᠬᠦᠨ ᠢ ᠬᠤᠷᠢᠶᠠᠨ ᠠᠪᠴᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ 3235 ᠲᠦᠮᠡᠨ ᠲᠥᠭᠦᠷᠢᠭ ᠲᠤ ᠬᠦᠷᠴᠡᠶ᠃ | ᠮᠠᠨ ᠤ ᠠᠪᠤᠭᠰᠠᠨ ᠭᠤᠣᠯ ᠠᠷᠭ᠎ᠠ ᠬᠡᠮᠵᠢᠶ᠎ᠡ ᠭᠡᠪᠡᠯ᠄ | ᠨᠢᠭᠡ ᠳᠤ᠂ ᠲᠤᠰᠬᠠᠶ ᠠᠵᠢᠯᠯᠠᠭ᠎ᠠ ᠶᠢ ᠥᠨᠳᠥᠷ ᠵᠣᠭᠰᠣᠴᠠ ᠠᠴᠠ ᠲᠥᠯᠥᠪᠵᠢᠭᠦᠯᠵᠦ᠂ ᠪᠥᠬᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠬᠤ ᠬᠡᠷᠡᠭᠲᠡᠶ᠃ ᠳᠣᠲᠣᠭᠠᠳᠤ | ᠶᠢ ᠬᠠᠮᠠᠭᠠᠯᠠᠬᠤ ᠶᠠᠮᠤᠨ ᠠᠴᠠ 《 ᠺᠦᠨᠯᠦ᠋ᠨ 2020 》 ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂《 ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ〈 ᠺᠦᠨᠯᠦ᠋ᠨ 2020 〉ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ 》 ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | 《 ᠢᠳᠡᠭᠡᠨ ᠤ ᠵᠦᠶᠯ᠂ ᠡᠮ ᠤᠨ ᠵᠦᠶᠯ᠂ ᠣᠷᠴᠢᠨ ᠲᠣᠭᠤᠷᠢᠨ ᠤ ᠡᠬᠢ ᠪᠠᠶᠠᠯᠢᠭ᠂ ᠮᠡᠳᠡᠯᠭᠡ ᠶᠢᠨ ᠥᠮᠴᠢᠯᠡᠯ ᠤᠨ ᠡᠷᠬᠡ᠂ ᠬᠡᠭᠡᠷ᠎ᠡ ᠶᠢᠨ ᠠᠮᠢᠲᠠᠨ | ᠤᠷᠭᠤᠮᠠᠯ》ᠵᠡᠷᠭᠡ 5 ᠲᠠᠯ᠎ᠠ ᠶᠢᠨ ᠴᠣᠬᠢᠯᠲᠠ ᠥᠭᠬᠦ ᠭᠤᠤᠯᠳᠠᠯᠭ᠎ᠠ ᠶᠢ ᠲᠣᠳᠣᠷᠬᠠᠶᠢᠯᠠᠵᠤ᠂ ᠨᠢᠭᠡ ᠬᠦᠷᠢᠶᠡᠨ ᠳᠤ ᠨᠢᠭᠡ ᠭᠤᠤᠯᠳᠠᠯᠭ᠎ᠠ᠂ ᠨᠢᠭᠡ ᠬᠠᠷᠠᠯᠲᠠ ᠪᠠᠷ | ᠪᠡᠶᠡᠯᠡᠭᠦᠯᠬᠦ ᠶᠢ ᠪᠡᠶᠡᠯᠡᠭᠦᠯᠵᠦ᠂ ᠴᠣᠬᠢᠯᠲᠠ ᠥᠭᠬᠦ ᠠᠵᠢᠯ ᠤᠨ ᠬᠠᠨᠳᠤᠯᠭᠠᠲᠤ ᠴᠢᠨᠠᠷ ᠪᠠ ᠣᠨᠣᠪᠴᠢᠲᠤ ᠴᠢᠨᠠᠷ ᠢ ᠴᠢᠩᠭᠠᠳᠬᠠᠪᠠ᠃ ᠪᠣᠳᠠᠲᠤ ᠴᠣᠭᠴᠠᠵᠢᠭᠤᠯᠤᠭᠰᠠᠨ | ᠠᠵᠢᠯᠯᠠᠭᠠᠨ ᠤ | 《 ᠲᠤᠰᠬᠠᠶ ᠵᠦᠶᠯ ᠤᠨ ᠠᠯᠪᠠᠨ ᠬᠡᠷ 》 ᠢ ᠵᠣᠬᠢᠶᠠᠨ ᠪᠠᠶᠢᠭᠤᠯᠵᠤ᠂ ᠬᠢᠨᠠᠨ ᠵᠢᠯᠣᠭᠤᠳᠴᠤ ᠠᠬᠢᠭᠤᠯᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠰᠢᠯᠭᠠᠨ | ᠬᠢᠨᠠᠵᠤ ᠦᠨᠡᠯᠡᠨ ᠵᠢᠱᠢᠬᠦ᠂ ᠬᠤᠯᠪᠣᠭᠠᠯᠠᠨ ᠬᠠᠮᠵᠢᠯᠴᠠᠬᠤ᠂ ᠤᠬᠠᠭᠤᠯᠤᠨ ᠳᠠᠶᠢᠴᠢᠯᠠᠬᠤ ᠲᠠᠪᠤ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂365赢多少钱会被限额_国内有真正的365平台吗_365bet博彩官网 | ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠥᠮᠦᠨ ᠪᠦᠬᠦᠨ ᠳᠤ ᠨᠠᠶᠢᠳᠠᠪᠤᠷᠢᠵᠢᠭᠤᠯᠵᠤ᠂ ᠳᠡᠭᠡᠳᠦ ᠳᠣᠤᠷᠠᠳᠤ ᠱᠠᠲᠤ ᠪᠠᠷ | ᠢᠶᠠᠨ ᠬᠤᠯᠪᠣᠭᠠᠯᠠᠨ ᠬᠥᠳᠡᠯᠦᠯᠴᠡᠵᠦ ᠪᠣᠭᠤᠮᠲᠠ ᠰᠢᠪᠲᠤᠯᠬᠤ᠂ ᠵᠠᠪᠰᠠᠷ ᠥᠬᠡᠶ ᠨᠡᠪᠲᠡᠷᠡᠯᠴᠡᠨ ᠵᠣᠯᠭᠠᠭᠤᠯᠬᠤ᠂ ᠰᠠᠯᠠᠭ᠎ᠠ ᠮᠥᠴᠢᠷ ᠬᠠᠮᠵᠢᠯᠴᠠᠨ ᠪᠠᠶᠢᠯᠳᠤᠬᠤ ᠰᠠᠶᠢᠨ | ᠰᠠᠶᠢᠬᠠᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠳᠠᠪᠠᠭᠤᠯᠢᠭ ᠴᠠᠭᠳᠠᠭᠠᠨ ᠤ ᠬᠦᠴᠦᠨ ᠢ ᠲᠥᠪᠯᠡᠷᠡᠭᠦᠯᠦᠨ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠵᠦ᠂《 ᠺᠦᠨᠯᠦ᠋ᠨ 2020 》ᠲᠤᠰᠬᠠᠶ ᠠᠵᠢᠯᠯᠠᠭ᠎ᠠ ᠶᠢᠨ ᠡᠨᠡ ᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠪᠠ᠃ | ᠬᠤᠶᠠᠷ ᠲᠤ᠂ ᠣᠯᠠᠨ ᠰᠠᠯᠠᠭ᠎ᠠ ᠮᠥᠴᠢᠷ ᠬᠠᠮᠵᠢᠯᠴᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠬᠤ ᠶᠢ ᠬᠠᠮᠲᠤᠷᠠᠨ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠦᠷᠭᠦᠯᠵᠢᠯᠡᠨ ᠴᠢᠩᠭᠠᠳᠬᠠᠨ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ | ᠠᠬᠤᠶ ᠣᠷᠴᠢᠨ ᠲᠣᠭᠤᠷᠢᠨ ᠤ ᠲᠢᠩᠬᠢᠮ᠂ ᠨᠠᠪᠴᠢᠨ ᠲᠠᠮᠠᠬᠢᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠮᠵᠢᠯᠴᠠᠭ᠎ᠠ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠪᠡ᠂ ᠢᠳᠡᠭᠡᠨ ᠪᠠ ᠡᠮ ᠤᠨ ᠵᠦᠶᠯ ᠤᠨ | ᠠᠮᠤᠷ ᠲᠦᠪᠰᠢᠨ ᠤ《 ᠳᠥᠷᠪᠡᠨ ᠬᠠᠮᠤᠭ ᠤᠨ ᠴᠢᠩᠭ᠎ᠠ 》ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠤᠰᠬᠠᠶ ᠠᠵᠢᠯᠯᠠᠭ᠎ᠠ᠂ 2020 ᠣᠨ ᠤ ᠰᠢᠨ᠎ᠡ ᠵᠢᠯ ᠴᠠᠭᠠᠨ | ᠰᠠᠷ᠎ᠠ ᠶᠢᠨ ᠬᠤᠭᠤᠴᠠᠭᠠᠨ ᠳᠤ ᠢᠳᠡᠭᠡᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠬᠤᠭᠤᠯᠠᠨ ᠰᠢᠷᠡᠭᠡᠨ ᠤ ᠠᠮᠤᠷ ᠲᠦᠪᠰᠢᠨ ᠢ ᠬᠠᠮᠠᠭᠠᠯᠠᠬᠤ ᠲᠤᠰᠬᠠᠶ | ᠠᠵᠢᠯᠯᠠᠭ᠎ᠠ᠂ ᠲᠠᠮᠠᠬᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ᠂ ᠲᠠᠷᠢᠶᠠᠯᠠᠩ ᠤᠨ ᠬᠡᠷᠡᠭᠰᠡᠯ | ᠤᠨ ᠬᠠᠭᠤᠷᠮᠠᠭ ᠲᠤ ᠴᠣᠬᠢᠯᠲᠠ ᠥᠭᠬᠦ ᠲᠤᠰᠬᠠᠶ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ | ᠠᠵᠢᠯᠯᠠᠭ᠎ᠠ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠢ《 ᠤᠯᠤᠰ ᠤᠨ ᠡᠭᠦᠳᠡ ᠪᠠᠨ ᠰᠠᠬᠢᠨ ᠬᠠᠮᠠᠭᠠᠯᠠᠬᠤ 》ᠠᠵᠢᠯᠯᠠᠭ᠎ᠠ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠡᠷᠭᠡ ᠠᠯᠢ ᠣᠯᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠃ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠩᠭᠤᠵᠢᠭᠤᠯᠤᠨ ᠴᠣᠬᠢᠯᠲᠠ ᠥᠭᠬᠦ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠠᠷᠢᠯᠴᠠᠨ | ᠤᠶᠠᠯᠳᠤᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ | ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠬᠤ ᠶᠢᠨ | ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠲᠤᠷᠰᠢᠨ ᠪᠠᠶᠢᠴᠠᠭᠠᠵᠤ ᠬᠡᠷᠡᠭ ᠰᠢᠶᠳᠪᠦᠷᠢᠯᠡᠬᠦ ᠶᠠᠪᠤᠴᠠ ᠳᠤ ᠢᠯᠡᠷᠡᠭᠦᠯᠦᠭᠰᠡᠨ ᠬᠢᠨᠠᠯᠲᠠ | ᠬᠠᠮᠢᠶᠠᠷᠤᠯᠲᠠ ᠶᠢᠨ ᠳᠤᠲᠠᠭᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠪᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠡᠬᠢ ᠡᠭᠦᠰᠦᠯ ᠠᠴᠠ ᠨᠢ ᠵᠠᠰᠠᠬᠤ ᠶᠢ ᠢᠳᠡᠪᠬᠢᠲᠡᠶ ᠠᠬᠢᠭᠤᠯᠵᠤ᠂ ᠬᠠᠮᠲᠤᠷᠠᠨ ᠴᠣᠬᠢᠯᠲᠠ ᠥᠭᠴᠦ | ᠬᠠᠮᠲᠤᠷᠠᠨ ᠬᠥᠳᠡᠯᠦᠯᠴᠡᠬᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠰᠢᠨ᠎ᠡ ᠪᠠᠶᠢᠷᠢᠰᠢᠯ ᠢ ᠦᠨᠡᠨ ᠬᠦ ᠪᠣᠶ ᠪᠣᠯᠭᠠᠬᠤ ᠶᠢ ᠪᠠᠶᠢᠷᠢᠯᠠᠭᠤᠯᠪᠠ᠃ | ᠭᠤᠷᠪᠠ ᠳᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠬᠠᠭᠤᠯᠤᠨ ᠳᠠᠶᠢᠴᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠤᠯᠤᠰ | ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠠᠯᠪᠠᠨ ᠬᠡᠷ | ᠵᠡᠷᠭᠡ ᠰᠠᠯᠠᠭ᠎ᠠ ᠮᠥᠴᠢᠷ ᠤᠨ ᠨᠢᠭᠡᠳᠦᠯᠲᠡᠶ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠳᠡᠭᠡᠨ | ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠲᠠᠩᠨᠠᠯᠲᠠ ᠶᠢᠨ ᠶᠡᠷᠦᠩᠬᠡᠶ ᠠᠩᠭᠢ ᠶᠢᠨ ᠬᠢᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠲᠠᠩᠨᠠᠯᠲᠠ ᠶᠢᠨ ᠰᠠᠯᠠᠭ᠎ᠠ ᠮᠥᠴᠢᠷ ᠢ ᠢᠳᠡᠪᠬᠢᠲᠡᠶ ᠪᠠᠶᠢᠷᠢᠯᠠᠭᠤᠯᠵᠤ ᠢᠳᠡᠭᠡᠨ ᠤ ᠠᠮᠤᠷ ᠲᠦᠪᠰᠢᠨ ᠤ | ᠶᠠᠰᠤ ᠴᠢᠨᠠᠷ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ᠂ 2020 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠵᠢᠴᠢ | 《 ᠺᠦᠨᠯᠦ᠋ᠨ 2020 》ᠲᠤᠰᠬᠠᠶ ᠠᠵᠢᠯᠯᠠᠭ᠎ᠠ ᠶᠢᠨ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠤᠰᠠᠳᠬᠠᠬᠤ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ | ᠥᠷᠨᠢᠭᠦᠯᠪᠡ᠃ ᠠᠵᠢᠯᠯᠠᠭ᠎ᠠ ᠨᠢ ᠭᠤᠤᠯᠳᠠᠭᠤ《 ᠰᠦᠯᠵᠢᠶ᠎ᠡ + ᠵᠠᠭᠤᠴᠢᠯᠠᠭᠤᠷ 》᠂《 ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ 》( ᠰᠦᠯᠵᠢᠶᠡᠨ | ᠳᠡᠭᠡᠷᠡᠬᠢ ᠪᠠᠷ ᠭᠤᠤᠯ ᠪᠣᠯᠭᠠᠬᠤ ) ᠠᠷᠭ᠎ᠠ ᠮᠠᠶ᠋ᠢᠭ ᠢᠶᠠᠷ ᠶᠠᠪᠤᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠤᠬᠠᠭᠤᠯᠭ᠎ᠠ ᠶᠢᠨ ᠠᠷᠭ᠎ᠠ | ᠬᠡᠯᠪᠡᠷᠢ ᠳᠤ ᠰᠢᠨ᠎ᠡ ᠶᠢ ᠡᠭᠦᠳᠴᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠨᠢᠭᠡᠴᠡ ᠶᠢ ᠢᠳᠡᠪᠬᠢᠲᠡᠶ ᠪᠠᠷ ᠵᠣᠬᠢᠴᠠᠭᠤᠯᠤᠨ ᠰᠢᠨ᠎ᠡ ᠵᠠᠭᠤᠴᠢᠯᠠᠭᠤᠷ ᠤᠨ ᠳᠠᠪᠠᠭᠤᠯᠢᠭ | ᠢ ᠪᠠᠳᠠᠷᠠᠭᠤᠯᠵᠤ᠂ ᠤᠬᠠᠭᠤᠯᠭ᠎ᠠ ᠭᠥᠯᠢᠶᠡᠨ ᠠᠪᠤᠭᠴᠢᠳ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠰᠣᠩᠭᠤᠳᠠᠭ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠬᠡᠷᠡᠭ ᠢᠶᠠᠷ | ᠬᠠᠤᠯᠢ ᠶᠢ ᠲᠠᠶᠢᠯᠪᠤᠷᠢᠯᠠᠬᠤ᠂ ᠶᠠᠯᠠᠲᠤ ᠠᠵᠢᠯᠯᠠᠭ᠎ᠠ ᠶᠢ ᠰᠦᠷᠳᠡᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ | ᠬᠡᠷᠡᠭ ᠢ ᠳᠡᠩᠨᠡᠨ ᠢᠯᠡᠷᠡᠭᠦᠯᠦᠭᠰᠡᠨ ᠪᠠᠶᠢᠳᠠᠯ ᠢ ᠨᠡᠶᠢᠭᠡᠮ ᠳᠠᠶᠠᠭᠠᠷ ᠲᠤ ᠳᠡᠯᠭᠡᠨ ᠦᠵᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠢᠳᠡᠭᠡᠨ ᠪᠠ ᠡᠮ | ᠤᠨ ᠵᠦᠶᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠡᠭᠡᠷ᠎ᠡ ᠶᠢᠨ ᠠᠮᠢᠲᠠᠨ ᠤ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠡᠰ | ᠵᠣᠷᠢᠭ ᠪᠠ ᠲᠣᠪᠣᠶᠢᠮ᠎ᠠ ᠦᠷ᠎ᠡ ᠪᠦᠲᠦᠭᠡᠯ ᠢ ᠭᠦᠶᠴᠡᠳ ᠢᠯᠡᠷᠡᠭᠦᠯᠵᠦ᠂ ᠣᠯᠠᠨ ᠲᠦᠮᠡᠨ ᠢ ᠢᠳᠡᠪᠬᠢᠲᠡᠶ ᠪᠠᠷ ᠰᠡᠷᠡᠮᠵᠢᠯᠡᠭᠦᠯᠦᠨ ᠬᠥᠮᠦᠵᠢᠭᠦᠯᠬᠦ᠂ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠶ ᠰᠦᠷᠳᠡᠭᠦᠯᠬᠦ ᠰᠠᠶᠢᠨ ᠦᠷ᠎ᠡ ᠪᠦᠲᠦᠮᠵᠢ ᠤᠯᠪᠠ᠃ | ᠣᠶ ᠰᠢᠭᠤᠶ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ | ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠶ ᠶᠢᠨ ᠠᠮᠤᠷ ᠲᠦᠪᠰᠢᠨ ᠢ ᠡᠷᠡᠰ ᠬᠠᠮᠠᠭᠠᠯᠠᠶ᠎ᠠ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠣᠨ ᠣᠢ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠹᠧᠩ ᠬᠤ᠋ | 2020 ᠣᠨ ᠪᠣᠯ ᠪᠥᠬᠦ ᠤᠯᠤᠰ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠵᠢᠯ ᠮᠥᠨ᠂ ᠮᠠᠨ ᠤ ᠣᠷᠣᠨ ᠤ ᠣᠶ ᠰᠢᠭᠤᠶ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠭᠤᠯᠤᠯ ᠤᠨ ᠲᠣᠬᠢᠷᠠᠭᠤᠯᠤᠯᠲᠠ ᠶᠢ ᠤᠷᠤᠭᠰᠢᠲᠠᠶ ᠪᠡᠶᠡᠯᠡᠭᠦᠯᠪᠡ᠃ ᠲᠡᠦᠬᠡ ᠶᠢᠨ ᠰᠢᠨ᠎ᠡ ᠭᠠᠷᠤᠭ᠎ᠠ ᠳᠤ ᠵᠣᠭᠰᠣᠵᠤ᠂ | ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ | ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ | ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠯᠤᠰ ᠲᠥᠷᠥ ᠪᠠᠷ ᠴᠠᠭᠳᠠᠭ᠎ᠠ ᠪᠠᠶᠢᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂《 ᠳᠥᠷᠪᠡᠨ | ᠨᠢᠭᠡᠳᠦᠭᠡᠷ 》 ᠢ ᠬᠢᠴᠢᠶᠡᠩᠭᠦᠶᠢᠯᠡᠨ ᠰᠠᠬᠢᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠤᠨ ᠲᠣᠭᠤᠷᠢᠨ ᠳᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠵᠦ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠲᠥᠷᠥᠯ ᠤᠨ ᠴᠠᠭᠳᠠᠭᠠᠨ ᠤ ᠬᠠᠮᠲᠤᠷᠠᠨ ᠪᠠᠶᠢᠯᠳᠤᠵᠤ᠂《 ᠲᠤᠰᠬᠠᠶᠢᠵᠢᠭᠰᠠᠨ | ᠲᠤᠷᠰᠢᠨ ᠪᠠᠶᠢᠴᠠᠭᠠᠯᠲᠠ᠂ ᠬᠡᠪᠴᠢᠶᠡᠵᠢᠭᠰᠡᠨ ᠴᠣᠬᠢᠯᠲᠠ᠂ ᠲᠤᠭᠠᠵᠢᠭᠤᠯᠤᠭᠰᠠᠨ ᠲᠤᠯᠭᠠᠭᠤᠷᠢᠯᠠᠯ 》 ᠤᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠠᠶᠢᠭᠤᠯᠵᠤ᠂ ᠣᠶ | ᠰᠢᠭᠤᠶ ᠨᠤᠲᠤᠭ ᠪᠡᠯᠴᠢᠭᠡᠷ ᠪᠣᠯᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠬᠦᠴᠦᠲᠡᠶ ᠲᠠᠭᠠᠷᠢᠯᠲᠠ ᠶᠠᠪᠤᠭᠤᠯᠪᠠ᠃ 2020 ᠣᠨ ᠳᠤ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠲᠥᠷᠥᠯ ᠤᠨ ᠬᠡᠷᠡᠭ | ᠢ ᠨᠡᠶᠢᠲᠡ 12567 ᠭᠥᠯᠢᠶᠡᠨ ᠠᠪᠴᠤ ᠰᠢᠶᠳᠪᠦᠷᠢᠯᠡᠨ᠂ ᠡᠷᠡᠭᠦᠦ ᠶᠢᠨ ᠬᠡᠷᠡᠭ ᠢ 1316 ᠶᠢ ᠳᠡᠩᠨᠡᠨ ᠰᠢᠶᠳᠪᠦᠷᠢᠯᠡᠪᠡ᠃ | ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠄ | ᠪᠥᠬᠦ ᠣᠷᠣᠨ ᠤ ᠡᠯ᠎ᠡ ᠱᠠᠲᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠨᠴᠠᠯᠢᠭ ᠢ ᠦᠨᠳᠦᠰᠦᠯᠡᠨ᠂ ᠬᠠᠤᠯᠢ ᠬᠡᠷᠡᠭᠵᠢᠭᠦᠯᠦᠯᠲᠡ ᠶᠢᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ | ᠲᠣᠭᠲᠠᠴᠠ ᠶᠢ ᠪᠠᠶᠢᠭᠤᠯᠵᠤ᠂ ᠲᠣᠮᠢᠯᠠᠭᠰᠠᠨ ᠰᠠᠯᠪᠤᠷᠢ ᠶᠢᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ《 ᠲᠣᠤᠷᠵᠢᠭᠤᠯᠤᠭᠰᠠᠨ 》ᠳᠠᠭᠠᠭᠠᠴᠢᠯᠠᠯᠲᠠ ᠶᠢᠨ | ᠬᠡᠰᠡᠭ ᠢᠶᠠᠷ ᠬᠠᠮᠢᠶᠠᠷᠤᠨ ᠡᠵᠡᠮᠳᠡᠬᠦ ᠦᠶᠯᠡᠳᠦᠯ ᠢ ᠭᠦᠶᠴᠡᠳ ᠪᠠᠳᠠᠷᠠᠭᠤᠯᠤᠨ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠰᠢᠶᠠᠩ | ᠪᠠᠯᠭᠠᠰᠤ ᠠᠶᠢᠯ ᠲᠣᠰᠬᠤᠨ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠵᠢᠴᠢ ᠲᠠᠷᠢᠶᠠᠯᠠᠩ ᠮᠠᠯᠵᠢᠯ ᠤᠨ ᠲᠠᠯᠠᠪᠠᠶ ᠶᠢᠨ ᠴᠢᠬ ᠲᠤ ᠭᠦᠨᠵᠡᠭᠡᠶᠢᠷᠡᠨ | ᠤᠬᠠᠭᠤᠯᠭ᠎ᠠ ᠬᠥᠮᠦᠵᠢᠯ ᠥᠷᠨᠢᠭᠦᠯᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠥᠷᠭᠡᠨ ᠢᠶᠠᠷ ᠳᠠᠶᠢᠴᠢᠯᠠᠨ᠂ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠶᠢᠨ ᠬᠠᠨᠳᠤᠰᠢ ᠶᠢ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠴᠢᠭᠯᠡᠭᠦᠯᠦᠯᠲᠦ ᠴᠢᠨᠠᠷᠲᠠᠶ ᠪᠠᠷ ᠣᠷᠣᠨ ᠪᠦᠰᠡ ᠶᠢᠨ ᠴᠢᠨᠠᠷᠲᠠᠶ ᠲᠤᠰᠬᠠᠶ | ᠴᠡᠭᠴᠡᠯᠡᠨ ᠵᠠᠰᠠᠯᠲᠠ ᠶᠢ ᠥᠷᠨᠢᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠪᠦᠲᠦᠮᠵᠢᠲᠡᠶ ᠬᠤᠷᠢᠭᠯᠠᠪᠠ᠃ ᠪᠥᠬᠦ ᠵᠢᠯ ᠳᠤ ᠣᠶ ᠰᠢᠭᠤᠶ ᠳᠤ ᠬᠤᠯᠪᠣᠭᠳᠠᠭᠰᠠᠨ 12229 ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠡᠭᠦᠨ ᠳᠤ ᠡᠷᠡᠭᠦᠦ ᠶᠢᠨ ᠬᠡᠷᠡᠭ | 1139 ᠪᠠᠶᠢᠵᠤ᠂ 1504 ᠪᠣᠰᠤᠭ᠎ᠠ ᠳᠥᠷᠪᠡᠯᠵᠢᠨ ᠮᠧᠲᠷ ᠣᠶ ᠮᠣᠳᠣᠨ ᠤ ᠨᠥᠭᠡᠴᠡ᠂ 2 . 8 ᠲᠦᠮᠡᠨ ᠮᠥ ᠣᠶᠢᠲᠤ ᠭᠠᠵᠠᠷ ᠢ ᠬᠤᠷᠢᠶᠠᠨ ᠠᠪᠴᠤ᠂ ᠬᠠᠤᠯᠢ ᠶᠢ | ᠵᠥᠷᠢᠴᠡᠵᠦ ᠶᠠᠯ᠎ᠠ ᠬᠢᠭᠰᠡᠨ 5871 ᠬᠥᠮᠦᠨ ᠢ ᠰᠢᠶᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠦᠨ᠎ᠡ ᠥᠷᠲᠡᠭ ᠨᠢ 5 . 2 ᠳ᠋ᠦᠩᠰᠢᠭᠤᠷ ᠲᠥᠭᠦᠷᠢᠭ ᠲᠤ | ᠬᠦᠷᠴᠡᠶ᠃ ᠪᠠᠶᠠᠨᠨᠠᠭᠤᠷ ᠬᠤᠲᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ | ᠢ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠣᠶᠢᠲᠤ ᠭᠠᠵᠠᠷ ᠤᠨ ᠲᠠᠯᠠᠪᠠᠶ 739 ᠮᠥ ᠳᠤ ᠬᠦᠷᠴᠡᠶ᠃ ᠲᠦᠩᠯᠢᠶᠣᠤ ᠬᠤᠲᠠ ᠶᠢᠨ ᠣᠶ ᠰᠢᠭᠤᠶ ᠶᠢᠨ ᠳᠣᠲᠣᠭᠠᠳᠤ | ᠶᠢ ᠬᠠᠮᠠᠭᠠᠯᠠᠬᠤ ᠪᠠᠶᠢᠭᠤᠯᠤᠯᠭ᠎ᠠ ᠣᠶ ᠮᠣᠳᠣ ᠶᠢ ᠳᠤᠷ᠎ᠠ ᠪᠠᠷ ᠢᠶᠠᠨ ᠣᠭᠲᠣᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠬᠡᠵᠦ᠂ ᠣᠶ | ᠮᠣᠳᠣ ᠶᠢ ᠳᠤᠷ᠎ᠠ ᠪᠠᠷ ᠢᠶᠠᠨ ᠣᠭᠲᠣᠯᠤᠭᠰᠠᠨ ᠨᠢᠭᠡᠨ ᠬᠦᠨᠳᠦ ᠣᠨᠴᠠ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠣᠶ ᠮᠣᠳᠣᠨ ᠤ ᠨᠥᠭᠡᠴᠡ ᠶᠢ 817 | ᠪᠣᠰᠤᠭ᠎ᠠ ᠳᠥᠷᠪᠡᠯᠵᠢᠨ ᠮᠧᠲᠷ ᠬᠤᠷᠢᠶᠠᠨ ᠠᠪᠴᠠᠶ᠃ ᠬᠥᠯᠥᠨ ᠪᠣᠶᠢᠷ ᠬᠤᠲᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠶ ᠰᠢᠭᠤᠶ ᠨᠤᠲᠤᠭ | ᠪᠡᠯᠴᠢᠭᠡᠷ ᠤᠨ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠵᠤ᠂ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠤᠯᠠᠭᠠᠶᠢᠯᠠᠨ | ᠮᠠᠯᠲᠠᠬᠤ᠂ ᠬᠤᠳᠠᠯᠳᠤᠨ ᠠᠪᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠡᠭᠡᠷ᠎ᠡ ᠶᠢᠨ ᠤᠷᠭᠤᠮᠠᠯ ᠢ ᠨᠡᠶᠢᠲᠡ 1 . 3 ᠲᠦᠮᠡ | ᠭᠠᠷᠤᠶ ᠺᠢᠯᠣᠭ᠍ᠷᠠᠮ ᠬᠤᠷᠢᠶᠠᠨ ᠠᠪᠴᠠᠶ᠃ | ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠄ ᠳᠣᠲᠣᠭᠠᠳᠤ ᠶᠢ | ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠢᠭᠤᠳ | ᠤᠳᠤᠷᠢᠳᠤᠯᠭ᠎ᠠ ᠪᠠ ᠵᠢᠯᠣᠭᠤᠳᠣᠯᠭ᠎ᠠ ᠳᠣᠤᠷ᠎ᠠ᠂ ᠡᠯ᠎ᠡ ᠭᠠᠵᠠᠷ ᠤᠨ ᠬᠢᠨ《 ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ 》ᠪᠠ《 ᠺᠦᠨᠯᠦ᠋ᠨ 2020 》ᠲᠤᠰᠬᠠᠶ ᠠᠵᠢᠯᠯᠠᠭ᠎ᠠ ᠶᠢ ᠭᠦᠨᠵᠡᠭᠡᠶ | ᠠᠬᠢᠭᠤᠯᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠠᠵᠢᠯ ᠤᠨ ᠲᠤᠰᠬᠠᠶ ᠠᠩᠭᠢ ᠪᠠᠶᠢᠭᠤᠯᠬᠤ᠂ ᠴᠠᠭᠳᠠᠭᠠᠨ ᠤ ᠲᠥᠷᠥᠯ ᠤᠨ | ᠬᠠᠮᠵᠢᠯᠴᠠᠭ᠎ᠠ ᠶᠢ ᠨᠢᠭᠲᠠᠷᠠᠭᠤᠯᠬᠤ᠂ ᠴᠣᠬᠢᠯᠲᠠ ᠥᠭᠬᠦ ᠡᠷᠴᠢᠮ ᠢ ᠳᠡᠭᠡᠭᠰᠢᠯᠡᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠳᠤᠷ᠎ᠠ ᠪᠠᠷ ᠢᠶᠠᠨ ᠠᠩᠨᠠᠬᠤ᠂ ᠵᠠᠬ᠎ᠠ | ᠳᠡᠯᠭᠡᠭᠦᠷ ᠢᠶᠠᠷ ᠠᠷᠠᠯᠵᠢᠶᠠᠯᠠᠬᠤ᠂ ᠲᠡᠭᠡᠭᠡᠪᠦᠷᠢᠯᠡᠨ ᠬᠦᠷᠭᠡᠬᠦ᠂ ᠦᠵᠦᠭᠦᠷ ᠤᠨ ᠬᠡᠷᠡᠭᠯᠡᠭᠡᠨ ᠵᠡᠷᠭᠡ ᠳᠥᠷᠪᠡᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠵᠤ᠂ | ᠬᠠᠤᠯᠢ ᠪᠤᠰᠤ ᠪᠠᠷ ᠠᠩᠨᠠᠬᠤ᠂ ᠬᠠᠤᠯᠢ ᠪᠤᠰᠤ ᠪᠠᠷ ᠬᠥᠮᠦᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ᠂ ᠬᠠᠤᠯᠢ ᠪᠤᠰᠤ ᠪᠠᠷ ᠠᠷᠠᠯᠵᠢᠶᠠᠯᠠᠬᠤ᠂ ᠬᠡᠭᠡᠷ᠎ᠡ ᠶᠢᠨ | ᠠᠮᠢᠲᠠᠨ ᠢ ᠬᠠᠤᠯᠢ ᠪᠤᠰᠤ ᠪᠠᠷ ᠲᠡᠭᠡᠭᠡᠪᠦᠷᠢᠯᠡᠬᠦ ᠳᠥᠷᠪᠡᠨ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠰᠤᠷᠪᠤᠯᠵᠢᠯᠠᠨ ᠪᠠᠶᠢᠴᠠᠭᠠᠬᠤ᠂ ᠰᠦᠯᠵᠢᠶᠡᠨ ᠤ ᠠᠷᠠᠯᠵᠢᠶᠠᠨ ᠤ ᠲᠠᠪᠴᠠᠩ ᠢᠶᠠᠷ ᠳᠠᠮᠵᠢᠨ ᠡᠯ᠎ᠡ ᠲᠥᠷᠥᠯ ᠤᠨ ᠮᠡᠳᠡᠭᠡ ᠵᠠᠩᠭᠢ ᠶᠢ ᠬᠢᠨᠠᠨ ᠬᠡᠮᠵᠢᠵᠦ᠂ ᠰᠤᠳᠤᠯᠤᠨ | ᠮᠠᠭᠠᠳᠯᠠᠵᠤ᠂ ᠶᠡᠭᠡ ᠬᠡᠷᠡᠭ ᠤᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ᠂ ᠲᠤᠰᠬᠠᠶ ᠠᠵᠢᠯᠯᠠᠭ᠎ᠠ ᠢᠯᠡᠳᠲᠡ ᠠᠮᠵᠢᠯᠲᠠ ᠣᠯᠪᠠ᠃ ᠡᠯ᠎ᠡ ᠲᠥᠷᠥᠯ ᠤᠨ ᠬᠡᠭᠡᠷ᠎ᠡ | ᠶᠢᠨ ᠠᠮᠢᠲᠠᠨ ᠤ ᠬᠡᠷᠡᠭ ᠢ ᠨᠡᠶᠢᠲᠡ 338 ᠪᠠᠶᠢᠴᠠᠭᠠᠨ ᠰᠢᠶᠳᠪᠦᠷᠢᠯᠡᠵᠦ᠂ ᠡᠭᠦᠨ ᠳᠤ ᠡᠷᠡᠭᠦᠦ ᠶᠢᠨ ᠬᠡᠷᠡᠭ 177 ᠪᠠᠶᠢᠵᠤ᠂ 5899 ᠬᠡᠭᠡᠷ᠎ᠡ ᠶᠢᠨ ᠠᠮᠢᠲᠠᠨ ᠢ | ᠬᠤᠷᠢᠶᠠᠨ ᠠᠪᠴᠤ᠂ 3856 ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠬᠤᠷᠢᠶᠠᠨ ᠠᠪᠴᠤ᠂ 6 . 5 ᠺᠢᠯᠣᠭ᠍ᠷᠠᠮ ᠵᠠᠭᠠᠨ ᠤ ᠰᠣᠶᠤᠭ᠎ᠠ ᠶᠢᠨ ᠪᠦᠲᠦᠭᠡᠭᠳᠡᠬᠦᠨ ᠢ | ᠬᠤᠷᠢᠶᠠᠨ ᠠᠪᠴᠤ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 416 ᠬᠥᠮᠦᠨ ᠳᠤ ᠴᠣᠬᠢᠯᠲᠠ ᠥᠭᠴᠦ ᠰᠢᠶᠳᠪᠦᠷᠢᠯᠡᠪᠡ᠃ | ᠣᠢ ᠰᠢᠭᠤᠶ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠄ 2020 ᠣᠨ | ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ ᠤᠯᠤᠰ ᠤᠨ《 ᠬᠤᠶᠠᠷ ᠬᠤᠷᠠᠯ 》᠂《 ᠬᠠᠩᠰᠢ ᠶᠢᠨ | ᠡᠳᠦᠷ》᠂《 ᠤᠯᠤᠰ ᠤᠨ ᠪᠠᠶᠠᠷ 》ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠶᠢ ᠴᠢᠩᠭ᠎ᠠ ᠠᠩᠬᠠᠷᠴᠤ᠂ ᠳᠡᠭᠡᠳᠦ ᠲᠠᠰ ᠤᠨ ᠦᠶᠯᠡᠴᠢᠯᠡᠭᠡ ᠶᠢ | ᠦᠷᠭᠦᠯᠵᠢᠯᠡᠨ ᠡᠬᠢᠯᠡᠭᠦᠯᠵᠦ᠂ ᠰᠢᠭᠤᠶᠢᠲᠤ ᠣᠷᠣᠨ ᠤ ᠮᠠᠯᠵᠢᠬᠤ ᠣᠷᠣᠨ ᠤ ᠴᠢᠬᠤᠯᠠ ᠪᠣᠭᠤᠮᠲᠠ᠂ ᠣᠶ ᠰᠢᠭᠤᠶ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ | ᠶᠢᠨ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢᠶᠠᠷ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠭᠠᠮᠰᠢᠭ ᠤᠨ ᠬᠡᠮ ᠰᠣᠭᠤᠭ ᠢ ᠴᠠᠭ | ᠲᠤᠬᠠᠶ ᠳᠤᠨᠢ ᠠᠷᠢᠯᠭᠠᠵᠤ᠂ ᠰᠢᠭᠤᠶᠢᠲᠤ ᠣᠷᠣᠨ ᠤ ᠨᠡᠶᠢᠭᠡᠮ ᠤᠨ ᠡᠮᠬᠢ ᠳᠢᠭᠯᠢᠮ ᠤᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠪᠠ᠃ ᠡᠯ᠎ᠡ ᠠᠶᠢᠮᠠᠭ ᠬᠤᠲᠠ ᠴᠥᠮ 《 ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠶᠳᠪᠦᠷᠢᠯᠡᠬᠦ ᠲᠥᠰᠦᠯ 》 ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠠᠯᠬᠤᠮ ᠠᠯᠬᠤᠮ ᠢᠶᠠᠷ ᠳᠦᠷᠢᠮᠵᠢᠭᠦᠯᠦᠨ ᠵᠢᠷᠤᠮᠵᠢᠭᠤᠯᠬᠤ | ᠬᠡᠷᠡᠭᠲᠡᠶ᠃ ᠡᠯ᠎ᠡ ᠭᠠᠵᠠᠷ ᠤᠨ ᠬᠢᠨ ᠪᠠᠰᠠ ᠪᠠᠴᠢᠮ ᠪᠠᠶᠢᠳᠠᠯ ᠢ ᠠᠷᠭᠠᠴᠠᠬᠤ ᠲᠥᠰᠦᠯ ᠲᠠᠢ ᠤᠶᠠᠯᠳᠤᠭᠤᠯᠤᠨ᠂ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ᠂ ᠣᠶ | ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠵᠠᠯᠭᠠᠭ᠎ᠠ ᠪᠠᠷ ᠥᠷᠨᠢᠭᠦᠯᠵᠦ᠂ | ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠣᠪᠣᠶᠢᠯᠭᠠᠨ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠦᠨᠡᠨ ᠬᠦ | ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠠᠯ ᠭᠠᠷᠤᠭᠰᠠᠨ ᠭᠠᠵᠠᠷ ᠢ ᠰᠡᠷᠭᠡᠶᠢᠯᠡᠬᠦ᠂ ᠵᠠᠮ ᠬᠠᠷᠢᠯᠴᠠᠭ᠎ᠠ ᠶᠢ | ᠨᠡᠪᠲᠡᠷᠡᠭᠦᠯᠬᠦ᠂ ᠠᠮᠤᠷ ᠢ ᠬᠠᠮᠠᠭᠠᠯᠠᠬᠤ ᠪᠠ ᠭᠠᠯ ᠭᠠᠷᠤᠭᠰᠠᠨ ᠬᠡᠷᠡᠭ ᠢ ᠲᠠᠩᠨᠠᠨ ᠢᠯᠡᠷᠡᠭᠦᠯᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠡᠯ᠎ᠡ ᠱᠠᠲᠤᠨ ᠤ ᠣᠶ | ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ᠂ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠦᠨᠳᠦᠰᠦᠨ | ᠱᠠᠲᠤ ᠪᠣᠯᠤᠨ ᠨᠢᠭᠡᠳᠦᠭᠡᠷ ᠹᠷᠣᠨᠲ ᠲᠤ ᠢᠳᠡᠪᠬᠢᠲᠡᠶ ᠪᠠᠷ ᠭᠦᠨᠵᠡᠭᠡᠶᠢᠷᠡᠨ ᠭᠠᠯ ᠤᠨ ᠠᠶᠤᠯ ᠤᠨ ᠬᠡᠷᠡᠭ ᠢ ᠰᠡᠷᠭᠡᠶᠢᠯᠡᠨ ᠰᠢᠶᠳᠪᠦᠷᠢᠯᠡᠬᠦ ᠠᠵᠢᠯ ᠢ ᠵᠢᠯᠣᠭᠤᠳᠬᠤ | ᠬᠡᠷᠡᠭᠲᠡᠶ᠃ ᠶᠠᠪᠤᠭᠳᠠᠭᠤᠰᠢᠲᠠᠶ ᠠᠵᠢᠯ ᠢᠶᠠᠷ ᠳᠠᠮᠵᠢᠭᠤᠯᠤᠨ᠂ ᠭᠠᠯ ᠤᠨ ᠭᠠᠮᠰᠢᠭ ᠤᠨ ᠬᠡᠷᠡᠭ ᠢ ᠶᠡᠷᠦᠩᠬᠡᠶᠢᠯᠡᠨ ᠪᠠᠶᠢᠴᠠᠭᠠᠨ ᠰᠢᠶᠳᠪᠦᠷᠢᠯᠡᠬᠦ ᠨᠣᠷᠮ᠎ᠠ ᠶᠢ ᠢᠯᠡᠳᠲᠡ | ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠡᠷᠡᠭᠦᠦ ᠶᠢᠨ ᠬᠡᠷᠡᠭ ᠤᠨ ᠲᠤᠭ᠎ᠠ ᠢᠯᠡᠳᠲᠡ ᠪᠠᠭᠤᠷᠠᠭᠰᠠᠨ ᠪᠠᠶᠠᠷᠯᠠᠭᠤᠰᠢᠲᠠᠶ ᠪᠠᠶᠢᠳᠠᠯ ᠢ ᠪᠡᠶᠡᠯᠡᠭᠦᠯᠪᠡ᠃ 2020 ᠣᠨ | ᠳᠤ᠂ ᠡᠯ᠎ᠡ ᠭᠠᠵᠠᠷ ᠤᠨ ᠬᠢᠨ ᠭᠠᠯ ᠲᠦᠶᠮᠡᠷ ᠲᠤ ᠬᠤᠯᠪᠣᠭᠳᠠᠭᠰᠠᠨ ᠨᠡᠶᠢᠲᠡ 3161 ᠬᠡᠷᠡᠭ ᠢ ᠪᠠᠶᠢᠴᠠᠭᠠᠨ ᠰᠢᠶᠳᠪᠦᠷᠢᠯᠡᠵᠦ᠂ 2819 ᠬᠥᠮᠦᠨ ᠤᠳᠠᠭ᠎ᠠ ᠶᠢᠨ | ᠵᠠᠰᠠᠭ ᠵᠠᠬᠢᠷᠭᠠᠨ ᠤ ᠰᠢᠳᠬᠡᠯ ᠥᠭᠴᠦ᠂ ᠠᠮᠤᠷ ᠢ ᠬᠠᠮᠠᠭᠠᠯᠠᠬᠤ ᠪᠠᠷ 209 ᠬᠥᠮᠦᠨ ᠢ ᠲᠦᠷ ᠬᠤᠷᠢᠵᠤ᠂ ᠭᠠᠯ ᠠᠯᠳᠠᠭᠰᠠᠨ 115 ᠡᠷᠡᠭᠦᠦ ᠶᠢᠨ ᠬᠡᠷᠡᠭ ᠢ | ᠢᠯᠡᠷᠡᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 118 ᠬᠥᠮᠦᠨ ᠳᠤ ᠴᠣᠬᠢᠯᠲᠠ ᠥᠭᠴᠦ ᠰᠢᠶᠳᠪᠦᠷᠢᠯᠡᠨ᠂ ᠬᠦᠨᠳᠦ ᠣᠨᠴᠠ ᠶᠡᠭᠡ ᠣᠶ ᠰᠢᠭᠤᠶ ᠨᠤᠲᠤᠭ | ᠪᠡᠯᠴᠢᠭᠡᠷ ᠤᠨ ᠲᠦᠶᠮᠡᠷ ᠤᠨ ᠠᠶᠤᠯ ᠪᠠ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠬᠠᠯᠬᠠᠪᠴᠢ ᠶᠢᠨ ᠠᠮᠤᠷ ᠲᠦᠪᠰᠢᠨ ᠢ ᠬᠦᠴᠦᠲᠡᠶ ᠪᠠᠲᠤᠯᠠᠪᠠ᠃ | ᠨᠣᠭᠤᠭᠠᠨ ᠥᠩᠭᠡ ᠪᠣᠯ ᠥᠪᠥᠷ ᠮᠣᠩᠭᠤᠯ ᠤᠨ ᠳᠡᠪᠢᠰᠬᠡᠷ ᠥᠩᠭᠡ ᠪᠠ ᠦᠨ᠎ᠡ ᠥᠷᠲᠡᠭ ᠮᠥᠨ᠂ ᠠᠮᠢ ᠠᠬᠤᠶ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ | ᠳᠠᠯᠳᠠ ᠬᠦᠴᠦᠨ ᠮᠥᠨ᠃ ᠬᠤᠶᠢᠰᠢᠳᠠ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | 《 ᠠᠷᠪᠠᠨ ᠵᠢᠷᠭᠤᠭᠠᠨ ᠥᠰᠥᠭ 》 ᠤᠨ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠪᠥᠷ ᠮᠣᠩᠭᠤᠯ ᠤᠨ ᠠᠮᠢ ᠠᠬᠤᠶ ᠶᠢᠨ ᠠᠮᠤᠷ ᠲᠦᠪᠰᠢᠨ ᠢ ᠰᠠᠶᠢᠲᠤᠷ | ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠨ᠎ᠠ᠃ | 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠪᠣᠯᠤᠨ ᠨᠡᠶᠢᠭᠡᠮ ᠤᠨ ᠦᠶᠯᠡᠴᠢᠯᠡᠭᠡᠨ ᠤ ᠲᠠᠪᠴᠠᠩ ᠢ ᠵᠥᠪ ᠣᠨᠣᠪᠴᠢᠲᠠᠶ ᠵᠦᠶ ᠵᠣᠬᠢᠰᠲᠠᠶ | ᠬᠡᠷᠡᠭᠯᠡᠵᠦ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠤᠴᠠ ᠮᠡᠳᠡᠭᠡᠨ ᠤ ᠵᠢᠯᠣᠭᠤᠳᠬᠤ | ᠲᠥᠪ ᠤᠨ ᠴᠠᠭᠳᠠᠭᠠᠨ ᠤ ᠵᠢᠯᠣᠭᠤᠳᠬᠤ ᠰᠠᠯᠪᠤᠷᠢ ᠠᠩᠭᠢ ᠶᠢᠨ ᠳᠠᠷᠤᠭ᠎ᠠ ᠸᠧᠨ ᠡᠦ ᠵᠢᠤᠸᠠᠨ | 2020 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 110 ᠰᠡᠷᠡᠮᠵᠢ ᠶᠢᠨ ᠳᠣᠬᠢᠶ᠎ᠠ ᠶᠢ ᠭᠥᠯᠢᠶᠡᠨ ᠠᠪᠴᠤ ᠰᠢᠶᠳᠪᠦᠷᠢᠯᠡᠬᠦ ᠶᠠᠰᠤ | ᠴᠢᠨᠠᠷ ᠪᠠ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 110 ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ | 《 ᠬᠥᠨᠳᠡᠭᠦᠷ 》᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ《 ᠬᠥᠭᠦᠷᠭᠡᠨ ᠪᠠᠬᠢᠯᠡᠯᠲᠡ 》᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ《 ᠮᠡᠳᠡᠭᠡ ᠵᠠᠩᠭᠢ | ᠶᠢᠨ ᠢᠷᠡᠯᠲᠡ 》᠂ ᠠᠷᠠᠳ ᠣᠯᠠᠨ ᠤ《 ᠬᠠᠮᠠᠭᠠᠯᠠᠭᠴᠢ 》 ᠶᠢᠨ ᠴᠢᠬᠤᠯᠠ ᠦᠶᠯᠡᠳᠦᠯ ᠢ ᠭᠦᠶᠴᠡᠳ ᠪᠠᠳᠠᠷᠠᠭᠤᠯᠪᠠ᠃ ᠵᠢᠯ ᠤᠨ ᠳᠣᠲᠣᠷ᠎ᠠ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠣᠯᠠᠨ ᠲᠦᠮᠡᠨ ᠤ ᠲᠦᠭᠰᠢᠭᠦᠷᠢ ᠮᠡᠳᠡᠭᠦᠯᠦᠯᠲᠡ ᠶᠢ | ᠨᠡᠶᠢᠲᠡ 5214654 ᠲᠤᠰᠴᠤ᠂ ᠠᠳᠠᠯᠢ ᠬᠤᠭᠤᠴᠠᠭᠠᠨ ᠤ ᠬᠢ ᠠᠴᠠ 10 . 27 % ᠪᠠᠷ ᠨᠡᠮᠡᠭᠳᠡᠪᠡ; ᠬᠦᠴᠦᠨ ᠲᠠᠢ ᠴᠠᠭᠳᠠᠭᠠᠨ ᠤ ᠪᠠᠶᠢᠳᠠᠯ 1598769᠂ | ᠠᠳᠠᠯᠢ ᠬᠤᠭᠤᠴᠠᠭᠠᠨ ᠤ ᠬᠢ ᠠᠴᠠ 6 . 74 % ᠪᠠᠷ ᠳᠡᠭᠡᠭᠰᠢᠯᠡᠪᠡ; ᠡᠷᠡᠭᠦᠦ ᠶᠢᠨ ᠬᠡᠷᠡᠭ ᠤᠨ ᠲᠥᠷᠥᠯ ᠤᠨ ᠴᠠᠭᠳᠠᠭ᠎ᠠ ᠳᠤ ᠮᠡᠳᠡᠭᠦᠯᠦᠭᠰᠡᠨ ᠬᠡᠷᠡᠭ 50533 | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26 . 39 % ᠪᠠᠷ ᠪᠠᠭᠤᠷᠠᠵᠤ᠂ ᠠᠮᠤᠷ ᠢ ᠬᠠᠮᠠᠭᠠᠯᠠᠬᠤ ᠲᠥᠷᠥᠯ ᠤᠨ ᠴᠠᠭᠳᠠᠭ᠎ᠠ ᠳᠤ ᠮᠡᠳᠡᠭᠦᠯᠦᠭᠰᠡᠨ ᠬᠡᠷᠡᠭ | 392538 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8 . 41 % ᠪᠠᠷ ᠪᠠᠭᠤᠷᠠᠵᠤ᠂ ᠵᠠᠮ ᠬᠠᠷᠢᠯᠴᠠᠭᠠᠨ ᠤ ᠲᠥᠷᠥᠯ ᠤᠨ ᠴᠠᠭᠳᠠᠭ᠎ᠠ ᠳᠤ ᠮᠡᠳᠡᠭᠦᠯᠦᠭᠰᠡᠨ | ᠬᠡᠷᠡᠭ 426390 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2 . 29 % ᠪᠠᠷ ᠪᠠᠭᠤᠷᠠᠵᠤ᠂ ᠡᠯ᠎ᠡ ᠲᠥᠷᠥᠯ ᠤᠨ ᠬᠡᠷᠡᠭ ᠶᠡᠷᠦᠩᠬᠡᠶ ᠳᠡᠭᠡᠨ ᠪᠠᠭᠤᠷᠠᠬᠤ | ᠬᠠᠨᠳᠤᠰᠢ ᠲᠠᠢ ᠪᠣᠯᠵᠣ᠂ ᠨᠡᠶᠢᠭᠡᠮ ᠤᠨ ᠠᠮᠤᠷ ᠲᠦᠪᠰᠢᠨ ᠢ ᠲᠣᠭᠲᠠᠭᠤᠨ ᠢᠶᠠᠷ ᠡᠵᠡᠮᠳᠡᠵᠦ ᠳᠡᠶᠢᠯᠬᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ | ᠢᠯᠡᠳᠲᠡ ᠳᠡᠭᠡᠭᠰᠢᠯᠡᠪᠡ᠃ | 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠬᠢᠭᠡᠳ ᠬᠠᠮᠢᠶ᠎ᠠ ᠪᠥᠬᠦᠶ ᠨᠡᠶᠢᠭᠡᠮ ᠤᠨ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ | ᠰᠢᠶᠳᠪᠦᠷᠢᠯᠡᠬᠦ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ᠪᠢᠳᠡ ᠡᠨᠡ ᠬᠦ ᠲᠣᠬᠢᠶᠠᠯ ᠢ ᠠᠰᠢᠭᠯᠠᠨ᠂ 110 ᠲᠦᠭᠰᠢᠭᠦᠷᠢ ᠮᠡᠳᠡᠭᠦᠯᠬᠦ | ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠲᠦᠭᠰᠢᠭᠦᠷᠢ ᠮᠡᠳᠡᠭᠦᠯᠬᠦ ᠬᠡᠪᠴᠢᠶ᠎ᠡ᠂ ᠪᠠᠴᠢᠮ ᠲᠤᠰᠠᠯᠠᠮᠵᠢ ᠭᠤᠶᠤᠴᠢᠯᠠᠬᠤ ᠬᠡᠪᠴᠢᠶ᠎ᠡ᠂ | ᠵᠠᠭᠠᠯᠳᠤᠯᠭ᠎ᠠ ᠶᠢ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ ᠵᠢᠴᠢ 12345 ᠨᠡᠶᠢᠭᠡᠮ ᠤᠨ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ | ᠬᠡᠪᠴᠢᠶ᠎ᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠬᠢᠭᠡᠳ 12348 ᠬᠠᠤᠯᠢ ᠴᠠᠭᠠᠵᠠ ᠶᠢᠨ ᠬᠠᠯᠠᠮᠰᠢᠯ ᠤᠲᠠᠰᠤᠨ ᠤ ᠲᠠᠪᠴᠠᠩ ᠤᠨ | ᠬᠠᠮᠲᠤᠷᠠᠨ ᠬᠥᠳᠡᠯᠦᠯᠴᠡᠬᠦ ᠬᠡᠪᠴᠢᠶ᠎ᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠬᠢᠭᠡᠳ《 ᠥᠨᠥᠳᠦᠷ ᠤᠨ ᠲᠦᠷᠦᠭᠦᠦ ᠵᠤᠷᠪᠤᠰ 》 ᠤᠨ | ᠬᠠᠮᠲᠤᠷᠠᠯᠴᠠᠭᠠᠨ ᠤ ᠨᠡᠶᠢᠲᠡ ᠶᠢᠨ ᠠᠰᠠᠷᠠᠮᠵᠢ ᠶᠢᠨ ᠬᠥᠮᠦᠨ ᠡᠷᠢᠬᠦ ᠬᠡᠪᠴᠢᠶ᠎ᠡ ᠶᠢ ᠵᠠᠭᠤᠴᠢᠯᠠᠭᠤᠷ ᠲᠤ ᠣᠨᠴᠠᠯᠠᠨ ᠨᠡᠶᠢᠲᠡᠯᠡᠪᠡ᠂ ᠥᠷᠭᠡᠨ ᠣᠯᠠᠨ ᠲᠦᠮᠡᠨ ᠵᠥᠪ | ᠣᠨᠣᠪᠴᠢᠲᠠᠶ ᠬᠡᠷᠡᠭᠯᠡᠬᠦ ᠶᠢ ᠬᠦᠰᠡᠵᠦ ᠪᠠᠶᠢᠨ᠎ᠠ᠃ | ᠨᠢᠭᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ ᠄ | ( ᠨᠢᠭᠡ ) 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠲᠦᠭᠰᠢᠭᠦᠷᠢ ᠮᠡᠳᠡᠭᠦᠯᠬᠦ ᠶᠢ ᠬᠦᠯᠢᠶᠡᠨ ᠠᠪᠬᠤ ᠬᠦᠷᠢᠶ᠎ᠡ ᠬᠡᠪᠴᠢᠶ᠎ᠡ᠄ | 1 . ᠡᠷᠡᠭᠦᠦ ᠶᠢᠨ ᠬᠡᠷᠡᠭ ᠤᠨ ᠲᠥᠷᠥᠯ ᠤᠨ ᠴᠠᠭᠳᠠᠭᠠᠨ ᠤ ᠪᠠᠶᠢᠳᠠᠯ | 2 . ᠠᠮᠤᠷ ᠢ ᠬᠠᠮᠠᠭᠠᠯᠠᠬᠤ ᠲᠥᠷᠥᠯ ᠤᠨ ᠴᠠᠭᠳᠠᠭᠠᠨ ᠤ ᠪᠠᠶᠢᠳᠠᠯ | 3 . ᠵᠠᠮ ᠬᠠᠷᠢᠯᠴᠠᠭᠠᠨ ᠤ ᠲᠥᠷᠥᠯ ᠤᠨ ᠴᠠᠭᠳᠠᠭᠠᠨ ᠤ ᠪᠠᠶᠢᠳᠠᠯ | 4 . ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠰᠦᠷᠳᠡᠭᠦᠯᠬᠦ ᠬᠠᠮᠲᠤᠯᠢᠭ ᠤᠨ | ᠴᠢᠨᠠᠷᠲᠠᠢ ᠬᠡᠷᠡᠭ | 5 . ᠠᠮᠤᠷ ᠢ ᠬᠠᠮᠠᠭᠠᠯᠠᠬᠤ ᠭᠠᠶ ᠭᠠᠮᠰᠢᠭ ᠤᠨ ᠠᠳᠡᠯ ᠤᠨ ᠲᠥᠷᠥᠯ ᠤᠨ ᠴᠠᠭᠳᠠᠭᠠᠨ ᠤ ᠪᠠᠶᠢᠳᠠᠯ | 6 . ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠠᠢ | ᠬᠤᠯᠪᠣᠭᠳᠠᠬᠤ ᠲᠦᠭᠰᠢᠭᠦᠷᠢ ᠮᠡᠳᠡᠭᠡᠯᠡᠬᠦ | ( ᠬᠤᠶᠠᠷ ) 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠪᠠᠴᠢᠮ ᠲᠤᠰᠠᠯᠠᠮᠵᠢ ᠭᠤᠶᠤᠴᠢᠯᠠᠬᠤ ᠬᠦᠷᠢᠶ᠎ᠡ | ᠬᠡᠪᠴᠢᠶ᠎ᠡ᠄ | 1 . ᠤᠰᠤᠨ ᠳᠤ ᠴᠠᠴᠠᠬᠤ᠂ ᠠᠰᠠᠷ ᠠᠴᠠ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠠᠶᠤᠯ ᠤᠴᠠᠷᠠᠭᠤᠯᠬᠤ | ᠵᠢᠴᠢ ᠣᠯᠠᠨ ᠨᠡᠶᠢᠲᠡ ᠪᠤᠰᠤᠳ ᠠᠶᠤᠯ ᠲᠦᠭᠰᠢᠭᠦᠷᠢ ᠳᠤ ᠤᠴᠠᠷᠠᠵᠤ᠂ ᠲᠤᠰᠠᠯᠠᠮᠵᠢ ᠦᠭᠡᠢ ᠭᠠᠭᠴᠠᠭᠠᠷᠳᠠᠭᠰᠠᠨ ᠪᠠᠶᠢᠳᠠᠯ ᠳᠤ ᠣᠷᠣᠭᠠᠳ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠢ ᠵᠦᠶᠯᠡᠰ᠃ | 2 . ᠨᠠᠰᠤᠲᠠᠶᠢᠴᠤᠳ᠂ ᠬᠡᠦᠬᠡᠳ ᠵᠢᠴᠢ ᠣᠶᠣᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠦᠢᠯᠡ ᠠᠵᠢᠯᠯᠠᠭ᠎ᠠ | ᠶᠢᠨ ᠴᠢᠳᠠᠪᠤᠷᠢ ᠲᠠᠢ᠂ ᠢᠯᠭᠠᠨ ᠲᠠᠨᠢᠬᠤ ᠴᠢᠳᠠᠪᠤᠷᠢ ᠪᠠᠷ ᠠᠨᠠᠢ ᠬᠥᠮᠦᠰ ᠤᠨ ᠲᠥᠭᠡᠷᠢᠵᠦ ᠭᠡᠭᠡᠭᠳᠡᠭᠰᠡᠨ ᠢ ᠣᠯᠵᠤ ᠮᠡᠳᠡᠭᠡᠳ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠠᠷ ᠵᠣᠬᠢᠬᠤ ᠬᠡᠪᠴᠢᠶᠡᠨ ᠳᠣᠲᠣᠷ᠎ᠠ ᠲᠦᠷᠭᠡᠨ ᠬᠠᠪᠰᠤᠷᠤᠭᠤᠯᠤᠨ ᠡᠷᠢᠭᠦᠯᠬᠦ ᠴᠢᠬᠤᠯᠠᠲᠠᠢ ᠵᠦᠶᠯᠡᠰ᠃ | 3 . ᠤᠰᠤ᠂ ᠴᠠᠬᠢᠯᠭᠠᠨ᠂ ᠲᠣᠰᠣ᠂ ᠬᠡᠢ᠂ ᠢᠯᠴᠢ ᠵᠡᠷᠭᠡ ᠳᠤ ᠬᠤᠯᠪᠣᠭᠳᠠᠭᠰᠠᠨ ᠣᠯᠠᠨ ᠨᠡᠶᠢᠲᠡ ᠶᠢᠨ ᠲᠥᠬᠦᠭᠡᠷᠦᠮᠵᠢ ᠳᠤ ᠲᠦᠭᠰᠢᠭᠦᠷᠢᠲᠦ ᠪᠠᠶᠢᠳᠠᠯ ᠭᠠᠷᠴᠤ᠂ | ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠵᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠤᠷᠢᠳ ᠢᠶᠠᠷ ᠪᠠᠴᠢᠮ ᠰᠢᠢᠳᠪᠦᠷᠢᠯᠡᠬᠦ ᠴᠢᠬᠤᠯᠠᠲᠠᠢ ᠵᠦᠶᠯᠡᠰ᠃ | 4 . ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠤᠨ ᠠᠶᠤᠯᠲᠤ ᠪᠠᠶᠢᠳᠠᠯ ᠡᠭᠦᠰᠴᠦ᠂ ᠣᠯᠠᠨ | ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠪᠠ ᠦᠶᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ | ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠴᠢᠮ ᠰᠢᠶᠳᠪᠦᠷᠢᠯᠡᠯᠲᠡ ᠳᠤ ᠣᠷᠣᠯᠴᠠᠬᠤ ᠴᠢᠬᠤᠯᠠᠲᠠᠶ ᠵᠦᠶᠯᠡᠰ᠃ | 5 . ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠶᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ ᠵᠦᠶᠯᠡᠰ᠃ | ( ᠭᠤᠷᠪᠠ ) 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠵᠠᠭᠠᠯᠳᠤᠯᠭ᠎ᠠ ᠶᠢ ᠬᠦᠯᠢᠶᠡᠨ ᠠᠪᠬᠤ ᠬᠡᠪᠴᠢᠶ᠎ᠡ᠄ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠶᠠᠭ ᠭᠠᠷᠴᠤ ᠪᠠᠶᠢᠭ᠎ᠠ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ | ᠬᠠᠤᠯᠢ 》 《 ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠮᠳᠠᠭᠤᠯᠤᠨ ᠪᠠᠶᠢᠴᠠᠭᠠᠬᠤ ᠳᠦᠷᠢᠮ 》 《 ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ | ᠶᠢᠨ ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠳᠦᠷᠢᠮ 》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠠᠷᠠᠳ ᠤᠨ ᠴᠠᠭᠳᠠᠭ᠎ᠠ ᠶᠢᠨ ᠰᠠᠬᠢᠯᠭ᠎ᠠ | ᠪᠠᠲᠤ ᠶᠢᠨ ᠲᠣᠭᠲᠠᠭᠠᠯ ᠠᠴᠠ ᠵᠥᠷᠢᠴᠡᠵᠦ᠂ ᠬᠠᠤᠯᠢ ᠠᠴᠠ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ ᠡᠯ᠎ᠡ ᠵᠦᠢᠯ ᠤᠨ ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠵᠣᠬᠢᠶᠠᠨ ᠪᠠᠶᠢᠭᠤᠯᠬᠤ᠂ ᠬᠠᠮᠢᠶᠠᠷᠬᠤ ᠳᠦᠷᠢᠮ ᠢ ᠵᠢᠷᠤᠮᠯᠠᠬᠤ | ᠦᠭᠡᠶ ᠪᠠ ᠡᠷᠬᠢᠯᠡᠭᠰᠡᠨ ᠠᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠃ | ᠬᠤᠶᠠᠷ᠂ 12345 ᠨᠡᠶᠢᠭᠡᠮ ᠤᠨ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ ᠄ | 12345 ᠲᠠᠪᠴᠠᠩ ᠪᠣᠯ ᠬᠤᠲᠠ ᠶᠢᠨ ᠵᠠᠰᠠᠭ ᠤᠨ ᠣᠷᠳᠣᠨ ᠤ ᠨᠡᠶᠢᠭᠡᠮ ᠤᠨ ᠲᠤᠰᠠᠯᠠᠮᠵᠢ ᠭᠤᠶᠤᠴᠢᠯᠠᠬᠤ ᠦᠶᠯᠡᠴᠢᠯᠡᠭᠡᠨ ᠤ ᠲᠠᠪᠴᠠᠩ ᠪᠠᠶᠢᠵᠤ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠦᠶᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯ ᠤᠨ | ᠡᠭᠦᠷᠭᠡ ᠬᠠᠷᠢᠭᠤᠴᠠᠯᠭ᠎ᠠ᠂ ᠭᠦᠶᠴᠡᠳᠬᠡᠬᠦ ᠲᠠᠰ ᠳᠠᠷᠠᠭᠠᠯᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠡᠷᠭᠡ ᠠᠰᠠᠭᠤᠳᠠᠯ ᠳᠤ ᠬᠤᠯᠪᠣᠭᠳᠠᠭᠰᠠᠨ ᠵᠥᠪᠯᠡᠯᠭᠡ ᠥᠭᠬᠦ᠂ | ᠲᠤᠰᠠᠯᠠᠮᠵᠢ ᠭᠤᠶᠤᠴᠢᠯᠠᠬᠤ ᠪᠣᠯᠤᠨ᠎ᠠ; ᠬᠤᠲᠠ ᠶᠢᠨ ᠠᠷᠠᠳ ᠤᠨ ᠠᠮᠢᠳᠤᠷᠠᠯ᠂ ᠦᠶᠯᠡᠳᠪᠦᠷᠢᠯᠡᠯ ᠤᠨ ᠳᠤᠮᠳᠠ ᠲᠤᠯᠭᠠᠷᠠᠭᠰᠠᠨ ᠵᠠᠰᠠᠭ ᠤᠨ ᠣᠷᠳᠣᠨ ᠤ ᠡᠭᠦᠷᠭᠡ | ᠬᠠᠷᠢᠭᠤᠴᠠᠯᠭ᠎ᠠ ᠪᠠ ᠣᠯᠠᠨ ᠨᠡᠶᠢᠲᠡ ᠶᠢᠨ ᠦᠶᠯᠡᠴᠢᠯᠡᠭᠡ ᠳᠤ ᠬᠠᠷᠢᠶᠠᠯᠠᠭᠳᠠᠬᠤ ᠯᠠᠪᠯᠠᠯᠭ᠎ᠠ᠂ ᠲᠤᠰᠠᠯᠠᠮᠵᠢ ᠭᠤᠶᠤᠴᠢᠯᠠᠬᠤ ᠵᠡᠷᠭᠡ ᠡᠯ᠎ᠡ ᠲᠥᠷᠥᠯ ᠤᠨ ᠴᠠᠭᠳᠠᠭᠠᠨ ᠤ | ᠶᠠᠪᠤᠳᠠᠯ ᠤᠨ ᠪᠤᠰᠤ ᠯᠠᠪᠯᠠᠯᠭ᠎ᠠ᠂ ᠵᠠᠭᠠᠯᠳᠤᠯᠭ᠎ᠠ᠂ ᠲᠤᠰᠠᠯᠠᠮᠵᠢ ᠭᠤᠶᠤᠴᠢᠯᠠᠬᠤ ᠲᠥᠷᠥᠯ ᠵᠡᠷᠭᠡ ᠵᠦᠶᠯᠡᠰ᠃ | ᠭᠤᠷᠪᠠ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠪᠣᠯᠤᠨ 12348 ᠬᠠᠤᠯᠢ ᠴᠠᠭᠠᠵᠠ ᠶᠢᠨ ᠬᠠᠯᠠᠮᠰᠢᠯ ᠤᠲᠠᠰᠤᠨ ᠤ ᠲᠠᠪᠴᠠᠩ ᠤᠨ | ᠬᠠᠮᠲᠤᠷᠠᠨ ᠬᠥᠳᠡᠯᠦᠯᠴᠡᠬᠦ ᠬᠡᠪᠴᠢᠶ᠎ᠡ ᠄ | 《 12348 》ᠪᠣᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠪᠦᠬᠦ ᠣᠷᠣᠨ ᠤ ᠠᠷᠠᠳ ᠣᠯᠠᠨ ᠳᠤ ᠬᠠᠨᠳᠤᠭᠤᠯᠤᠭᠰᠠᠨ ᠬᠠᠤᠯᠢ | ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠲᠤᠰᠬᠠᠶ ᠳ᠋᠊ ᠢᠶᠠᠩᠬᠤᠸᠠ ᠪᠣᠯᠤᠨ᠎ᠠ᠂ 7 × 24 ᠴᠠᠭ ᠤᠨ ᠠᠵᠢᠯ ᠤᠨ ᠭᠤᠣᠯ ᠡᠭᠦᠷᠭᠡ ᠴᠢᠳᠠᠪᠤᠷᠢ ᠨᠢ ᠪᠣᠯ | ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠭ᠎ᠠ ᠶᠢ ᠬᠦᠯᠢᠶᠡᠨ ᠠᠪᠴᠤ᠂ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠳᠤ | ᠬᠠᠮᠵᠢᠯᠴᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠤᠰᠬᠠᠵᠤ᠂ ᠬᠠᠤᠯᠢ ᠴᠠᠭᠠᠵᠠ | ᠶᠢᠨ ᠲᠤᠰᠠᠯᠠᠮᠵᠢ ᠶᠢᠨ ᠭᠤᠶᠤᠴᠢᠯᠠᠯ ᠢ ᠵᠢᠯᠣᠭᠤᠳᠬᠤ ᠪᠠ ᠬᠦᠯᠢᠶᠡᠨ ᠠᠪᠬᠤ ᠶᠠᠪᠤᠳᠠᠯ ᠪᠣᠯᠤᠨ᠎ᠠ᠃《 110 》ᠲᠦᠭᠰᠢᠭᠦᠷᠢ ᠮᠡᠳᠡᠭᠡᠯᠡᠬᠦ ᠦᠶᠯᠡᠴᠢᠯᠡᠭᠡᠨ ᠤ ᠲᠠᠪᠴᠠᠩ | ᠨᠢ ᠣᠷᠤᠭ ᠬᠤᠷᠢᠮ᠂ ᠬᠡᠷ ᠪᠦᠯᠢ᠂ ᠬᠥᠷᠰᠢ ᠵᠡᠷᠭᠡᠯᠡᠳᠡᠭᠡ᠂ ᠭᠡᠷ᠎ᠡ᠂ ᠥᠷᠢ ᠥᠭᠴᠡᠭᠡ᠂ ᠬᠥᠳᠡᠯᠮᠦᠷᠢ ᠶᠢᠨ ᠪᠠᠲᠤᠯᠠᠭ᠎ᠠ᠂ ᠡᠳ᠋ ᠬᠥᠷᠥᠩᠭᠡ ᠵᠠᠯᠭᠠᠮᠵᠢᠯᠠᠬᠤ᠂ ᠠᠷᠠᠳ | ᠤᠨ ᠡᠶᠡᠳᠡᠭᠦᠯᠭᠡ ᠵᠡᠷᠭᠡ ᠵᠢᠭᠤᠷᠠᠯᠳᠤᠭᠠᠨ ᠤ ᠲᠥᠷᠥᠯ ᠤᠨ ᠴᠠᠭᠳᠠᠭᠠᠨ ᠤ ᠶᠠᠪᠤᠳᠠᠯ ᠤᠨ ᠪᠤᠰᠤ ᠲᠦᠭᠰᠢᠭᠦᠷᠢ ᠮᠡᠳᠡᠭᠡᠯᠡᠬᠦ ᠶᠢ ᠭᠤᠶᠤᠴᠢᠯᠠᠬᠤ ᠵᠢᠴᠢ ᠠᠯᠪᠠᠨ ᠭᠡᠷᠡᠴᠢᠯᠡᠭᠡ | ᠬᠢᠬᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ ᠬᠢᠬᠦ ᠵᠡᠷᠭᠡ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠳᠤ ᠬᠤᠯᠪᠣᠭᠳᠠᠭᠰᠠᠨ ᠭᠤᠶᠤᠴᠢᠯᠠᠯ ᠢ ᠭᠥᠯᠢᠶᠡᠨ ᠠᠪᠴᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ《 12348 》ᠬᠠᠯᠠᠮᠰᠢᠯ ᠤᠲᠠᠰᠤ ᠶᠢ ᠤᠲᠠᠰᠤᠳᠠᠭᠤᠯᠤᠨ ᠠᠰᠠᠭᠤᠨ ᠯᠠᠪᠯᠠᠭᠤᠯᠵᠤ ᠰᠢᠶᠳᠪᠦᠷᠢᠯᠡᠭᠦᠯᠦᠨ᠎ᠡ᠃《 12348 》ᠬᠠᠯᠠᠮᠰᠢᠯ ᠤᠲᠠᠰᠤ ᠨᠢ | ᠣᠯᠠᠨ ᠲᠦᠮᠡᠨ ᠤ ᠵᠢᠭᠤᠷᠠᠯᠳᠤᠭᠠᠨ ᠢ ᠰᠢᠶᠳᠪᠦᠷᠢᠯᠡᠵᠦ ᠲᠤᠰᠠᠯᠠᠮᠵᠢ ᠭᠤᠶᠤᠴᠢᠯᠠᠬᠤ ᠦᠶ᠎ᠡ ᠳᠤ᠂ ᠡᠵᠡᠮᠰᠢᠵᠦ ᠪᠠᠶᠢᠭ᠎ᠠ ᠠᠷᠠᠳ ᠢᠷᠭᠡᠳ ᠤᠨ ᠪᠡᠶ᠎ᠡ ᠮᠠᠬᠠᠪᠣᠳ᠂ ᠡᠳ᠋ | ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ᠂ ᠨᠡᠶᠢᠭᠡᠮ ᠤᠨ ᠣᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠵᠤ ᠮᠡᠳᠡᠬᠦ | ᠵᠡᠷᠭᠡ ᠲᠠᠯ᠎ᠠ ᠪᠠᠷ ᠲᠤᠰᠠᠯᠠᠮᠵᠢ ᠭᠤᠶᠤᠴᠢᠯᠠᠵᠤ᠂ ᠣᠯᠠᠨ ᠲᠦᠮᠡᠨ ᠢ ᠴᠠᠭ ᠲᠤᠬᠠᠶ ᠳᠤᠨᠢ ᠬᠥᠲᠥᠯᠥᠨ ᠵᠢᠯᠣᠭᠤᠳᠴᠤ ᠪᠠᠶᠢᠭᠠᠳ 《 110 》 ᠶᠢᠨ ᠲᠦᠭᠰᠢᠭᠦᠷᠢ | ᠮᠡᠳᠡᠭᠦᠯᠬᠦ ᠦᠶᠯᠡᠴᠢᠯᠡᠭᠡᠨ ᠤ ᠲᠠᠪᠴᠠᠩ ᠳᠤ ᠤᠲᠠᠰᠤᠳᠠᠭᠤᠯᠤᠨ ᠰᠢᠶᠳᠪᠦᠷᠢᠯᠡᠭᠦᠯᠬᠦ ᠬᠡᠷᠡᠭᠲᠡᠶ᠃ | ᠳᠥᠷᠪᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠪᠣᠯᠤᠨ《 ᠥᠨᠥᠳᠦᠷ ᠤᠨ ᠲᠡᠷᠢᠭᠦᠨ ᠵᠤᠷᠪᠤᠰ 》 ᠤᠨ ᠬᠠᠮᠲᠤᠷᠠᠯᠴᠠᠭᠠᠨ ᠤ ᠨᠡᠶᠢᠲᠡ | ᠶᠢᠨ ᠠᠰᠠᠷᠠᠮᠵᠢ ᠶᠢᠨ ᠬᠥᠮᠦᠨ ᠡᠷᠢᠬᠦ ᠬᠡᠪᠴᠢᠶ᠎ᠡ ᠄ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ 60 ᠨᠠᠰᠤᠨ ᠠᠴᠠ ᠳᠡᠭᠡᠭᠰᠢᠬᠢ ᠨᠠᠰᠤᠲᠠᠨ᠂ 18 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠬᠦᠷᠦᠭᠰᠡᠳ᠂ | ᠣᠶᠤᠨ ᠤᠬᠠᠭᠠᠨ ᠪᠤᠶᠤ ᠣᠶᠤᠨ ᠮᠡᠳᠡᠷᠡᠯ ᠤᠨ ᠰᠠᠭᠠᠳ ᠲᠠᠢ ᠨᠠᠰᠤᠨ ᠳᠤ ᠬᠦᠷᠦᠭᠰᠡᠳ ᠲᠤ ᠨᠡᠶᠢᠴᠡᠬᠦ ᠪᠥᠭᠡᠳ ᠡᠨᠡ ᠭᠤᠷᠪᠠᠨ ᠲᠥᠷᠥᠯ ᠤᠨ ᠬᠥᠮᠦᠨ ᠤ | ᠲᠥᠭᠡᠷᠢᠭᠰᠡᠨ ᠴᠠᠭ ᠨᠢ ᠴᠥᠮ ᠭᠤᠷᠪᠠᠨ ᠰᠠᠷ᠎ᠠ ᠶᠢᠨ ᠳᠣᠲᠣᠷᠠᠬᠢ ᠲᠥᠭᠡᠷᠢᠭᠰᠡᠨ ᠬᠥᠮᠦᠰ ᠢ《 ᠥᠨᠥᠳᠦᠷ ᠤᠨ ᠲᠡᠷᠢᠭᠦᠨ ᠵᠤᠷᠪᠤᠰ 》 ᠤᠨ ᠬᠥᠮᠦᠨ ᠡᠷᠢᠬᠦ ᠠᠵᠢᠯᠲᠠᠨ | ᠳᠤ ᠬᠦᠷᠭᠡᠵᠦ᠂ ᠭᠠᠵᠠᠷ ᠵᠦᠶ ᠶᠢᠨ ᠨᠠᠷᠢᠯᠢᠭ ᠣᠨᠣᠴᠠᠲᠠᠶ ᠣᠷᠣᠨ ᠪᠠᠶᠢᠷᠢ ᠶᠢᠨ ᠰᠤᠮᠤᠨ ᠴᠣᠩᠬᠤ ᠶᠢᠨ ᠮᠡᠷᠭᠡᠵᠢᠯ ᠳᠡᠭᠡᠨ ᠲᠦᠰᠢᠭᠯᠡᠨ᠂ ᠲᠥᠭᠡᠷᠢᠭᠰᠡᠨ ᠨᠠᠰᠤᠲᠠᠨ᠂ | ᠬᠡᠦᠬᠡᠳ ᠵᠢᠴᠢ ᠣᠶᠤᠨ ᠤᠬᠠᠭᠠᠨ ᠣᠶᠤᠨ ᠮᠡᠳᠡᠷᠡᠯ ᠤᠨ ᠰᠠᠭᠠᠳ ᠲᠠᠢ ᠬᠥᠮᠦᠰ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠲᠥᠭᠡᠷᠢᠭᠰᠡᠨ ᠭᠠᠵᠠᠷ ᠤᠨ ᠣᠶᠢᠷ᠎ᠠ | ᠬᠠᠪᠢ ᠶᠢᠨ ᠥᠨᠥᠳᠦᠷ ᠤᠨ ᠲᠡᠷᠢᠭᠦᠨ ᠵᠤᠷᠪᠤᠰ ᠤᠨ ᠬᠡᠷᠡᠭᠯᠡᠭᠴᠢ ᠳᠤ ᠬᠦᠷᠭᠡᠬᠦ ᠪᠣᠯᠤᠨ᠎ᠠ᠃ 2020 ᠣᠨ ᠳᠤ ᠨᠡᠶᠢᠲᠡ 26 ᠰᠤᠮᠤᠨ ᠴᠣᠩᠬᠤ ᠶᠢ ᠨᠡᠶᠢᠲᠡᠯᠡᠵᠦ᠂ | ᠵᠥᠪᠬᠡᠨ 1 ᠬᠥᠮᠦᠨ ᠢ ᠡᠷᠢᠵᠦ ᠣᠯᠤᠭᠰᠠᠨ ᠥᠬᠡᠶ᠃ | 2021 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ | ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ | ᠪᠠᠨ ᠪᠠᠲᠤ ᠴᠡᠭᠡᠵᠢᠯᠡᠵᠦ᠂ ᠴᠠᠭᠳᠠᠭᠠᠨ ᠤ ᠶᠠᠪᠤᠳᠠᠯ ᠤᠨ ᠠᠷᠠᠳ ᠤᠨ ᠰᠠᠨᠠᠭ᠎ᠠ ᠶᠢᠨ ᠲᠣᠭᠤᠷᠢᠨ ᠳᠤ ᠰᠢᠯᠵᠢᠬᠦ ᠶᠢ ᠪᠠᠷᠢᠮᠲᠠᠯᠠᠨ᠂ ᠠᠷᠠᠳ ᠣᠯᠠᠨ ᠤ ᠰᠢᠨ᠎ᠡ ᠴᠠᠭ ᠦᠶ᠎ᠡ | ᠶᠢᠨ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠡᠭᠦᠷᠢᠳᠡ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠳᠤ | ᠵᠣᠬᠢᠴᠠᠭᠤᠯᠤᠨ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠠᠶᠤᠵᠤ ᠪᠠᠶᠢᠭ᠎ᠠ᠂ ᠬᠡᠷᠡᠭᠰᠡᠵᠦ ᠪᠠᠶᠢᠭ᠎ᠠ᠂ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ | ᠬᠠᠨᠳᠤᠭᠤᠯᠵᠤ᠂ ᠲᠣᠭᠤᠷᠢᠨ ᠴᠠᠭᠳᠠᠬᠤ᠂ ᠭᠥᠯᠢᠶᠡᠨ ᠠᠪᠴᠤ ᠰᠢᠶᠳᠪᠦᠷᠢᠯᠡᠬᠦ ᠪᠠ ᠰᠡᠷᠡᠮᠵᠢᠯᠡᠨ ᠰᠡᠷᠭᠡᠶᠢᠯᠡᠬᠦ ᠠᠴᠠ ᠭᠠᠷᠳᠠᠵᠤ᠂ ᠠᠷᠠᠳ ᠤᠨ ᠠᠮᠢᠳᠤᠷᠠᠯ ᠳᠤ | ᠬᠤᠯᠪᠣᠭᠳᠠᠭᠰᠠᠨ ᠪᠠᠭ᠎ᠠ ᠬᠡᠷᠡᠭ᠂ ᠪᠠᠭ᠎ᠠ ᠶᠠᠪᠤᠳᠠᠯ᠂ ᠪᠠᠭ᠎ᠠ ᠶᠠᠪᠤᠳᠠᠯ ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ | ᠲᠣᠪᠴᠢᠶ᠎ᠠ《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠣᠶᠤᠨᠴᠢᠯᠠᠭᠰᠠᠨ | ᠪᠦᠷᠢᠨ ᠠᠦ᠋ᠲ᠋ᠣ᠋ ᠪᠠᠷ ᠬᠢᠯᠢ ᠪᠠᠷ ᠣᠷᠣᠵᠤ ᠭᠠᠷᠬᠤ ᠣᠶᠤᠨᠴᠢ ᠲᠢᠩᠬᠢᠮ ᠢ ᠪᠠᠶᠢᠭᠤᠯᠪᠠ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ ᠬᠤᠤ ᠰᠧ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠦᠶᠯᠡᠳᠦᠯᠭᠡᠵᠢᠭᠦᠯᠵᠦ᠂ ᠲᠥᠷᠥ ᠶᠢᠨ ᠶᠠᠪᠤᠳᠠᠯ ᠤᠨ | ᠬᠤᠷᠢᠶ᠎ᠠ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠤᠷᠠᠳᠤᠭᠰᠠᠨ 《 ᠨᠢᠭᠡᠯᠡ ᠤᠳᠠᠭ᠎ᠠ ᠭᠦᠶᠦᠬᠦ 》 ᠠᠵᠢᠯ ᠤᠨ ᠱᠠᠭᠠᠷᠳᠠᠯᠭ᠎ᠠ | ᠶᠢ ᠦᠨᠳᠦᠰᠦᠯᠡᠨ᠂ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠥᠪ ᠲᠤ ᠣᠶᠤᠨᠴᠢᠯᠠᠭᠰᠠᠨ᠂ ᠥᠪᠡᠰᠦᠪᠡᠨ ᠦᠶᠯᠡᠴᠢᠯᠡᠬᠦ ᠬᠢᠯᠢ ᠪᠠᠷ ᠣᠷᠣᠵᠤ ᠭᠠᠷᠬᠤ ᠣᠶᠤᠨᠴᠢ ᠲᠢᠩᠬᠢᠮ ᠢ ᠪᠠᠶᠢᠭᠤᠯᠪᠠ᠃ ᠬᠢᠯᠢ | ᠪᠠᠷ ᠭᠠᠷᠴᠤ ᠣᠷᠣᠬᠤ ᠤᠶᠤᠨᠲᠤ ᠶᠡᠭᠡ ᠲᠢᠩᠬᠢᠮ ᠳᠤ ᠣᠶᠤᠨᠴᠢ ᠦᠶᠯᠡᠴᠢᠯᠡᠭᠡᠨ ᠤ ᠲᠣᠭᠤᠷᠢᠭ᠂ ᠣᠶᠤᠨᠴᠢ ᠭᠦᠶᠴᠡᠳᠬᠡᠬᠦ ᠲᠣᠭᠤᠷᠢᠭ ᠪᠠ ᠣᠶᠤᠨᠴᠢ ᠬᠢᠨᠠᠨ | ᠰᠢᠯᠭᠠᠬᠤ ᠲᠣᠭᠤᠷᠢᠭ ᠵᠡᠷᠭᠡ ᠭᠤᠷᠪᠠᠨ ᠣᠷᠣᠨ ᠪᠦᠰᠡ ᠶᠢ ᠳᠣᠭᠢᠷᠠᠭᠤᠯᠵᠤ᠂ ᠬᠥᠲᠥᠯᠥᠨ ᠵᠢᠯᠣᠭᠤᠳᠬᠤ᠂ ᠬᠦᠰᠦᠨᠦᠭ ᠲᠠᠭᠯᠠᠬᠤ᠂ ᠬᠡᠷᠡᠯ ᠵᠢᠷᠤᠭ ᠠᠪᠬᠤ᠂ ᠠᠮᠢᠳᠤ | ᠪᠣᠳᠠᠰ ᠤᠨ ᠮᠡᠳᠡᠭᠡ ᠵᠠᠩᠭᠢ ᠴᠤᠭᠯᠠᠭᠤᠯᠬᠤ᠂ ᠰᠦᠶᠳᠬᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠵᠤ᠂ ᠣᠯᠠᠨ ᠲᠦᠮᠡᠨ ᠤ ᠬᠢᠯᠢ ᠪᠠᠷ | ᠭᠠᠷᠴᠤ ᠣᠷᠣᠬᠤ ᠭᠡᠷᠡᠴᠢ ᠦᠨᠡᠮᠯᠡᠯ ᠭᠦᠶᠴᠡᠳᠬᠡᠬᠦ ᠳᠤ 《 ᠨᠢᠭᠡ ᠥᠷᠲᠡᠭᠡ ᠮᠠᠶ᠋ᠢᠭ 》 ᠤᠨ ᠦᠶᠯᠡᠴᠢᠯᠡᠭᠡ ᠬᠠᠩᠭᠠᠨ᠎ᠠ᠃ | ᠬᠢᠯᠢ ᠪᠠᠷ ᠣᠷᠣᠵᠤ ᠭᠠᠷᠬᠤ ᠤᠶᠤᠨᠲᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ( ᠬᠥᠬᠡᠬᠤᠲᠠ | ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ) ᠤᠨ 13 ᠳ᠋ᠤᠭᠠᠷ ᠳᠠᠪᠬᠤᠷᠭ᠎ᠠ ᠶᠢᠨ ᠵᠡᠭᠦᠨ ᠲᠠᠯ᠎ᠠ ᠳᠤ ᠪᠠᠶᠢᠷᠢᠯᠠᠵᠤ᠂ 70 | ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ 2020 ᠣᠨ ᠤ 11 ᠳ᠋ᠦ᠋ᠭᠡᠷ ᠰᠠᠷ᠎ᠠ ᠶᠢᠨ 27 ᠤ ᠡᠳᠦᠷ ᠪᠥᠲᠥᠭᠡᠨ ᠪᠠᠶᠢᠭᠤᠯᠵᠤ ᠳᠠᠭᠤᠰᠬᠠᠭᠠᠳ᠂ 12 | ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠠᠰᠢᠭᠯᠠᠯᠲᠠ ᠳᠤ ᠣᠷᠣᠪᠠ᠃ | ᠨᠢᠭᠡ᠂ ᠭᠥᠯᠢᠶᠡᠨ ᠠᠪᠴᠤ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠄ ᠳᠤᠮᠳᠠᠳᠤ ᠤᠯᠤᠰ ᠤᠨ ᠠᠷᠠᠳ ᠢᠷᠭᠡᠨ ᠤ ᠡᠩ ᠤᠨ ᠫᠠᠰᠫᠣᠷᠲ᠂ | ᠰᠢᠶᠠᠩᠭᠠᠩ ᠣᠣᠮᠧᠨ ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠲᠠᠶᠢᠸᠠᠨ ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠠᠪᠬᠤ᠂ | ᠬᠤᠭᠤᠴᠠᠭ᠎ᠠ ᠨᠢ ᠥᠩᠭᠡᠷᠡᠭᠡᠳ ᠳᠠᠬᠢᠨ ᠠᠪᠬᠤ᠂ ᠰᠣᠯᠢᠵᠤ ᠣᠯᠭᠤᠬᠤ᠂ ᠨᠥᠬᠦᠵᠦ ᠣᠯᠭᠤᠬᠤ᠂ ᠴᠣᠬᠤᠯᠠᠪᠤᠷᠢᠯᠠᠬᠤ᠃ | ᠭᠦᠶᠴᠡᠳᠬᠡᠬᠦ ᠡᠲᠡᠭᠡᠳ ᠨᠢ ᠪᠦᠬᠦᠯᠢ 16 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠭᠦᠷᠦᠭᠰᠡᠳ᠂ ᠪᠦᠬᠦᠯᠢ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠪᠠ ᠲᠥᠷᠥ ᠶᠢᠨ ᠠᠵᠢᠯᠲᠠᠨ ᠠᠴᠠ ᠭᠠᠳᠠᠨᠠᠬᠢ ᠳᠤᠮᠳᠠᠳᠤ ᠤᠯᠤᠰ ᠤᠨ ᠪᠤᠰᠤᠳ ᠠᠷᠠᠳ ᠢᠷᠭᠡᠨ ᠪᠣᠯᠤᠨ᠎ᠠ᠃ | ᠬᠤᠶᠠᠷ᠂ ᠭᠥᠯᠢᠶᠡᠨ ᠠᠪᠴᠤ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠶᠠᠪᠤᠴᠠ᠄ ᠬᠢᠯᠢ ᠪᠠᠷ ᠭᠠᠷᠴᠤ ᠣᠷᠣᠬᠤ ᠤᠶᠤᠨᠲᠤ ᠶᠡᠭᠡ ᠲᠢᠩᠬᠢᠮ ᠳᠤ ᠣᠶᠤᠨᠴᠢ | ᠬᠥᠲᠥᠯᠥᠨ ᠵᠢᠯᠣᠭᠤᠳᠬᠤ ᠦᠶᠯᠡᠴᠢᠯᠡᠭᠡᠨ ᠤ ᠲᠣᠭᠤᠷᠢᠭ᠂ ᠣᠶᠤᠨᠴᠢ ᠭᠦᠶᠴᠡᠳᠬᠡᠬᠦ ᠲᠣᠭᠤᠷᠢᠭ ᠪᠠ ᠣᠶᠤᠨᠴᠢ ᠬᠢᠨᠠᠨ ᠰᠢᠯᠭᠠᠬᠤ ᠲᠣᠭᠤᠷᠢᠭ ᠭᠡᠬᠦ ᠭᠤᠷᠪᠠᠨ ᠣᠷᠣᠨ | ᠲᠣᠭᠤᠷᠢᠭ ᠭᠠᠷᠭᠠᠪᠠ᠃ | 1. ᠭᠤᠶᠤᠴᠢᠯᠠᠭᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠣᠶᠤᠨᠴᠢ ᠪᠠᠷ ᠬᠥᠲᠥᠯᠥᠨ ᠵᠢᠯᠣᠭᠤᠳᠬᠤ ᠲᠣᠭᠤᠷᠢᠭ ᠲᠤ ᠬᠦᠷᠴᠦ᠂ | ᠣᠶᠤᠨᠴᠢ ᠪᠠᠷ ᠬᠥᠲᠥᠯᠥᠨ ᠵᠢᠯᠣᠭᠤᠳᠬᠤ ᠰᠢᠰᠲ᠋ᠧᠮ ᠢᠶᠠᠷ ᠳᠠᠮᠵᠢᠭᠤᠯᠤᠨ ᠥᠪᠡᠰᠦᠪᠡᠨ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠨᠡᠶᠢᠴᠡᠬᠦ ᠡᠰᠡᠬᠦ | ᠶᠢ ᠮᠠᠭᠠᠳᠯᠠᠨ᠎ᠠ᠃ | 2. ᠥᠪᠡᠰᠦᠪᠡᠨ ᠭᠦᠶᠴᠡᠳᠬᠡᠬᠦ ᠲᠤᠬᠠᠶᠢᠯᠠᠭᠰᠠᠨ ᠠᠵᠢᠯ ᠳᠤ ᠨᠡᠶᠢᠴᠡᠬᠦ ᠭᠤᠶᠤᠴᠢᠯᠠᠭᠴᠢ ᠬᠠᠭᠠᠯᠲᠠ ᠶᠢᠨ ᠠᠮᠠᠰᠠᠷ ᠢᠶᠠᠷ ᠳᠡᠮᠵᠢᠨ ᠣᠶᠤᠨᠴᠢ ᠭᠦᠶᠴᠡᠳᠬᠡᠬᠦ | ᠲᠣᠭᠤᠷᠢᠭ ᠲᠤ ᠣᠷᠣᠵᠤ᠂ ᠥᠪᠡᠰᠦᠪᠡᠨ ᠭᠦᠶᠴᠡᠳᠬᠡᠬᠦ ᠨᠢᠭᠡ ᠴᠣᠭᠴᠠᠲᠤ ᠮᠠᠰᠢᠨ ᠳᠡᠭᠡᠷ᠎ᠡ ᠳᠣᠤᠷᠠᠬᠢ 9 ᠵᠦᠶᠯ ᠤᠨ ᠠᠭᠤᠯᠭ᠎ᠠ ᠶᠢ ᠪᠡᠶᠡᠯᠡᠭᠦᠯᠦᠨ᠎ᠡ᠄ ᠦᠨᠡᠮᠯᠡᠯ | ᠭᠦᠶᠴᠡᠳᠬᠡᠬᠦ ᠲᠥᠷᠥᠯ ᠵᠦᠶᠯ ᠢ ᠬᠠᠷᠭᠤᠭᠤᠯᠬᠤ᠂ ᠦᠨᠡᠮᠯᠡᠯ ᠦᠶᠯᠡᠳᠬᠦ ᠬᠡᠷᠡᠯ ᠵᠢᠷᠤᠭ ᠢ ᠰᠡᠭᠦᠳᠡᠷᠯᠡᠬᠦ᠂ ᠬᠤᠷᠤᠭᠤᠨ ᠣᠷᠣᠮ ᠢ ᠴᠤᠭᠯᠠᠭᠤᠯᠬᠤ᠂ ᠣᠪᠣᠭ ᠨᠡᠷ᠎ᠡ | ᠵᠢᠴᠢ ᠠᠪᠢᠶ᠎ᠠ ᠶᠢ ᠬᠠᠷᠭᠤᠭᠤᠯᠬᠤ᠂ ᠴᠣᠬᠤᠯᠠᠪᠤᠷᠢ ᠶᠢ ᠰᠣᠩᠭᠤᠬᠤ᠂ ᠪᠠᠴᠢᠮ ᠬᠠᠷᠢᠯᠴᠠᠬᠤ ᠬᠥᠮᠦᠨ ᠢ ᠣᠷᠣᠭᠤᠯᠬᠤ᠂ ᠲᠦᠷᠭᠡᠨ ᠢᠯᠡᠭᠡᠯᠲᠡ ᠶᠢᠨ ᠮᠡᠳᠡᠭᠡ ᠵᠠᠩᠭᠢ ᠶᠢ | ᠴᠤᠭᠯᠠᠭᠤᠯᠬᠤ᠂ ᠭᠤᠶᠤᠴᠢᠯᠠᠯ ᠤᠨ ᠮᠡᠳᠡᠭᠡ ᠵᠠᠩᠭᠢ ᠶᠢ ᠨᠤᠲᠠᠯᠠᠬᠤ᠂ ᠭᠠᠷ ᠤᠨ ᠥᠰᠥᠭ ᠵᠢᠷᠤᠬᠤ ᠵᠡᠷᠭᠡ ᠶᠢ ᠪᠠᠭᠲᠠᠭᠠᠨ᠎ᠠ᠃ | 3. ᠣᠶᠤᠨᠴᠢ ᠭᠦᠶᠴᠡᠳᠬᠡᠬᠦ ᠲᠣᠭᠤᠷᠢᠭ ᠤᠨ ᠲᠤᠬᠠᠶᠢᠯᠠᠭᠰᠠᠨᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠣᠶᠤᠨᠴᠢ ᠬᠢᠨᠠᠨ ᠰᠢᠯᠭᠠᠬᠤ | ᠲᠣᠭᠤᠷᠢᠭ ᠲᠤ ᠬᠦᠷᠴᠦ᠂ ᠠᠷᠠᠳ ᠤᠨ ᠴᠠᠭᠳᠠᠭ᠎ᠠ ᠭᠤᠶᠤᠴᠢᠯᠠᠭᠴᠢ ᠲᠠᠢ ᠠᠭᠤᠯᠵᠠᠵᠤ᠂ ᠣᠶᠤᠨᠴᠢ ᠬᠢᠨᠠᠨ ᠰᠢᠯᠭᠠᠬᠤ ᠰᠢᠰᠲ᠋ᠧᠮ ᠢᠶᠠᠷ ᠳᠠᠮᠵᠢᠭᠤᠯᠤᠨ ᠬᠤᠶᠠᠳᠠᠬᠢ | ᠤᠳᠠᠭ᠎ᠠ ᠬᠤᠷᠤᠭᠤᠨ ᠣᠷᠣᠮ ᠴᠤᠭᠯᠠᠭᠤᠯᠵᠤ᠂ ᠲᠤᠬᠠᠶ ᠶᠢᠨ ᠲᠠᠯᠠᠪᠤᠷ ᠲᠤ ᠬᠥᠮᠦᠨ ᠤ ᠬᠥᠷᠥᠭ ᠢ ᠬᠠᠷᠭᠤᠭᠤᠯᠵᠤ᠂ ᠬᠢᠨᠠᠨ ᠰᠢᠯᠭᠠᠬᠤ ᠰᠢᠰᠲ᠋ᠧᠮ ᠢ ᠪᠠᠲᠤᠯᠠᠭᠰᠠᠨ ᠤ | ᠳᠠᠷᠠᠭ᠎ᠠ᠂ ᠭᠤᠶᠤᠴᠢᠯᠠᠭᠴᠢ ᠠᠴᠠ ᠰᠦᠶᠳᠬᠡᠯ ᠲᠤᠰᠢᠶᠠᠵᠤ᠂ ᠭᠦᠶᠴᠡᠳᠬᠡᠵᠦ ᠳᠠᠭᠤᠰᠬᠠᠨ᠎ᠠ᠃ | ᠡᠯᠧᠺᠳ᠋ᠷᠣᠨ ᠪᠦᠲᠦᠭᠡᠭᠳᠡᠬᠦᠨ ᠢ ᠪᠣᠯᠪᠠᠰᠤᠷᠠᠩᠭᠤᠶ ᠠᠵᠢᠯᠯᠠᠭᠤᠯᠬᠤ ᠭᠤᠶᠤᠴᠢᠯᠠᠭᠴᠢ᠂ ᠥᠪᠡᠷ ᠢᠶᠠᠷ ᠬᠦᠯᠢᠶᠡᠨ ᠠᠪᠴᠤ ᠰᠢᠶᠳᠪᠦᠷᠢᠯᠡᠬᠦ ᠴᠠᠭ ᠨᠢ 5 ᠮᠢᠨᠦ᠋ᠲ | ᠣᠷᠴᠢᠮ; ᠡᠯᠧᠺᠲᠷᠣᠨ ᠦᠶᠯᠡᠳᠬᠦᠨ ᠨᠢ ᠨᠡᠯᠢᠶᠡᠳ ᠲᠠᠨᠢᠯ ᠪᠤᠰᠤ ᠭᠤᠶᠤᠴᠢᠯᠠᠭᠴᠢ ᠶᠢᠨ ᠥᠪᠡᠰᠦᠪᠡᠨ ᠭᠥᠯᠢᠶᠡᠨ ᠠᠪᠴᠤ ᠰᠢᠶᠳᠪᠦᠷᠢᠯᠡᠬᠦ ᠴᠠᠭ ᠨᠢ 10 ᠠᠴᠠ 15 | ᠮᠢᠨᠦ᠋ᠲ ᠣᠷᠴᠢᠮ ᠪᠠᠶᠢᠳᠠᠭ᠃ | ᠭᠤᠷᠪᠠ᠂ ᠰᠦᠶᠳᠬᠡᠯ ᠲᠤᠰᠢᠶᠠᠬᠤ ᠠᠷᠭ᠎ᠠ ᠮᠠᠶ᠋ᠢᠭ᠄ ᠸᠢᠴᠠᠲ᠂ ᠲᠣᠭᠠᠴᠠᠭ᠎ᠠ ᠡᠷᠳᠡᠨᠢ ᠬᠤᠶᠠᠷ ᠬᠡᠮᠵᠢᠯᠳᠦ ᠺᠣᠳ᠋ ᠢ ᠰᠢᠷᠪᠢᠬᠦ᠂ ᠪᠠᠩᠬᠢ ᠶᠢᠨ ᠺᠠᠷᠲ ᠢᠶᠠᠷ | ᠲᠣᠭᠠᠴᠠᠭ᠎ᠠ ᠬᠢᠬᠦ ᠪᠠ ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠳᠥᠷᠪᠡᠨ ᠵᠦᠶᠯ ᠤᠨ ᠠᠷᠭ᠎ᠠ ᠮᠠᠶ᠋ᠢᠭ ᠨᠢ ᠴᠥᠮ ᠰᠦᠶᠳᠬᠡᠯ ᠲᠤᠰᠢᠶᠠᠬᠤ ᠶᠢ ᠪᠡᠶᠡᠯᠡᠭᠦᠯᠵᠦ ᠪᠣᠯᠤᠨ᠎ᠠ᠃ | ᠣᠯᠠᠨ ᠲᠦᠮᠡᠨ ᠥᠪᠡᠰᠦᠪᠡᠨ ᠭᠥᠯᠢᠶᠡᠨ ᠠᠪᠴᠤ ᠭᠦᠶᠴᠡᠳᠬᠡᠬᠦ ᠳᠤ ᠬᠡᠷᠡᠭᠰᠡᠬᠦ ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ᠂ ᠣᠶᠤᠨᠴᠢᠯᠠᠭᠰᠠᠨ ᠡᠮᠦᠨ᠎ᠡ | ᠦᠵᠦᠭᠦᠷ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠠᠷᠤ ᠲᠠᠪᠴᠠᠩ ᠤᠨ ᠲᠤᠭ᠎ᠠ ᠪᠠᠷᠢᠮᠲᠠ ᠶᠢ ᠵᠠᠰᠠᠬᠤ᠂ ᠭᠠᠳᠠᠷ ᠲᠠᠯ᠎ᠠ ᠶᠢᠨ ᠰᠢᠰᠲ᠋ᠧᠮ ᠯᠦᠭᠡ ᠬᠤᠯᠪᠣᠭᠠᠯᠠᠨ | ᠬᠥᠳᠡᠯᠦᠯᠴᠡᠬᠦ ᠪᠠᠷ ᠳᠠᠮᠵᠢᠭᠤᠯᠤᠨ᠂ ᠤᠯᠠᠮᠵᠢᠯᠠᠯᠲᠤ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠵᠠᠭᠪᠤᠷ ᠳᠣᠤᠷᠠᠬᠢ ᠴᠠᠭᠠᠰᠤᠨ ᠮᠠᠲ᠋ᠧᠷᠢᠶᠠᠯ ᠣᠯᠠᠨ᠂ ᠮᠡᠳᠡᠭᠡ | ᠵᠠᠩᠭᠢ ᠶᠢ ᠬᠠᠷᠭᠤᠭᠤᠯᠤᠨ ᠪᠠᠶᠢᠴᠠᠭᠠᠬᠤ ᠳᠤ ᠠᠮᠠᠷᠬᠠᠨ ᠠᠯᠳᠠᠭ᠎ᠠ ᠪᠤᠷᠤᠭᠤ ᠭᠠᠷᠬᠤ᠂ ᠲᠤᠭ᠎ᠠ ᠪᠠᠷᠢᠮᠲᠠ ᠶᠢ ᠰᠢᠯᠵᠢᠭᠦᠯᠬᠦ ᠦᠷ᠎ᠡ ᠪᠦᠲᠦᠮᠵᠢ ᠪᠠᠷ ᠳᠣᠤᠷ᠎ᠠ ᠪᠠᠶᠢᠭ᠎ᠠ | ᠬᠦᠴᠢᠷᠳᠡᠯ ᠢ ᠪᠦᠲᠦᠮᠵᠢᠲᠡᠶ ᠬᠤᠪᠢᠷᠠᠭᠤᠯᠵᠤ᠂ ᠴᠠᠭᠳᠠᠭᠠᠨ ᠤ ᠬᠦᠴᠦᠨ ᠢ ᠪᠦᠲᠦᠮᠵᠢᠲᠡᠶ ᠴᠢᠯᠥᠭᠡᠯᠡᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠠᠵᠢᠯ | ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠪᠡ᠃ ᠤᠶᠤᠨᠲᠤ ᠦᠵᠦᠭᠦᠷ ᠲᠥᠬᠦᠭᠡᠷᠦᠮᠵᠢ ᠨᠢ ᠪᠦᠲᠦᠮᠵᠢᠲᠡᠶ ᠡᠮᠬᠢᠯᠡᠨ ᠨᠡᠶᠢᠯᠡᠭᠦᠯᠵᠦ ᠬᠥᠲᠥᠯᠥᠨ ᠵᠢᠯᠣᠭᠤᠳᠬᠤ᠂ | ᠬᠦᠰᠦᠨᠦᠭᠲᠦ ᠲᠠᠭᠯᠠᠬᠤ᠂ ᠬᠡᠷᠡᠯ ᠵᠢᠷᠤᠭ ᠲᠠᠲᠠᠬᠤ᠂ ᠠᠮᠢᠳᠤ ᠪᠣᠳᠠᠰ ᠤᠨ ᠮᠡᠳᠡᠭᠡ ᠵᠠᠩᠭᠢ ᠴᠤᠭᠯᠠᠭᠤᠯᠬᠤ ( ᠬᠤᠷᠤᠭᠤᠨ ᠣᠷᠣᠮ ᠵᠢᠴᠢ ᠭᠠᠷ ᠤᠨ ᠥᠰᠥᠭ ᠵᠢᠷᠤᠬᠤ)᠂ | ᠰᠦᠶᠳᠬᠡᠯ ᠲᠤᠰᠢᠶᠠᠬᠤ᠂ ᠲᠦᠷᠭᠡᠨ ᠬᠦᠷᠭᠡᠯᠲᠡ ᠵᠡᠷᠭᠡ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠵᠦ᠂《 ᠨᠢᠭᠡ ᠥᠷᠲᠡᠭᠡ ᠳᠤ ᠭᠦᠶᠴᠡᠳᠬᠡᠬᠦ 》᠂《 ᠨᠢᠭᠡ | ᠰᠢᠷᠡᠭᠡ ᠶᠢ ᠪᠦᠷᠢᠨ ᠭᠦᠶᠴᠡᠳᠬᠡᠬᠦ 》 ᠶᠢ ᠪᠡᠶᠡᠯᠡᠭᠦᠯᠬᠦ ᠶᠢ ᠠᠬᠢᠭᠤᠯᠬᠤ ᠨᠢ ᠭᠤᠶᠤᠴᠢᠯᠠᠭᠴᠢ ᠶᠢᠨ ᠦᠶᠯᠡᠴᠢᠯᠡᠭᠡᠨ ᠤ ᠲᠢᠩᠬᠢᠮ ᠳᠤ ᠣᠯᠠᠨ ᠤᠳᠠᠭ᠎ᠠ ᠮᠥᠷᠯᠡᠬᠦ᠂ | ᠣᠯᠠᠨ ᠴᠣᠩᠬᠤᠪᠴᠢ ᠪᠠᠷ ᠭᠦᠶᠦᠬᠦ᠂ ᠬᠦᠯᠢᠶᠡᠬᠦ ᠴᠠᠭ ᠨᠢ ᠣᠷᠳᠣ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠥᠬᠦᠮ | ᠦᠵᠡᠭᠦᠯᠵᠦ ᠠᠰᠢᠭ ᠬᠦᠷᠲᠡᠭᠡᠬᠦ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ | ᠲᠣᠪᠴᠢᠶ᠎ᠠ《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠲᠤᠬᠠᠶ ᠡᠯ᠎ᠡ | ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠭᠦᠳᠡᠯ | ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠳᠤ ᠦᠶᠯᠡᠴᠢᠯᠡᠬᠦ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠶᠡᠭᠡ ᠪᠠᠷ ᠪᠠᠳᠠᠷᠠᠭᠤᠯᠵᠤ᠂ ᠬᠢᠯᠢ | ᠪᠠᠷ ᠣᠷᠣᠵᠤ ᠭᠠᠷᠬᠤ ᠦᠨᠡᠮᠯᠡᠯ ᠢ ᠭᠥᠯᠢᠶᠡᠨ ᠠᠪᠴᠤ ᠰᠢᠶᠳᠪᠦᠷᠢᠯᠡᠬᠦ ᠵᠠᠭᠪᠤᠷ ᠤᠨ ᠰᠢᠨ᠎ᠡ ᠶᠢ ᠡᠭᠦᠳᠦᠨ ᠬᠥᠭᠵᠢᠭᠦᠯᠬᠦ ᠪᠠᠷ ᠴᠢᠷᠮᠠᠶᠢᠵᠤ᠂ ᠣᠯᠠᠨ ᠲᠦᠮᠡᠨ ᠳᠤ ᠨᠠᠩ | ᠴᠢᠨᠠᠷ ᠰᠠᠶᠢᠲᠠᠶ ᠳᠥᠭᠦᠮ ᠳᠥᠲᠡ ᠦᠶᠯᠡᠴᠢᠯᠡᠭᠡ ᠬᠠᠩᠭᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | 《 ᠺᠦᠨᠯᠦ᠋ᠨ 2020 》ᠲᠤᠰᠬᠠᠶ ᠠᠵᠢᠯᠯᠠᠭ᠎ᠠ᠂ 2020 ᠣᠨ ᠤ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠠᠵᠢᠯ ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠵᠡᠷᠭᠡ ᠠᠵᠢᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠰᠣᠨᠢᠨ ᠤ ᠰᠤᠷᠪᠤᠯᠵᠢᠯᠠᠭᠴᠢ᠄ ᠲᠠᠷᠠᠭᠠᠴᠢ ᠶᠢᠨ ᠠᠯᠬᠤᠮ ᠳᠤ ᠳᠣᠲᠣᠭᠠᠳᠤ ᠶᠢ ᠬᠠᠮᠠᠭᠠᠯᠠᠬᠤ ᠲᠢᠩᠬᠢᠮ | ᠤᠨ ᠢᠳᠡᠭᠡᠨ ᠪᠠ ᠡᠮ ᠤᠨ ᠵᠦᠶᠯᠡᠰ ᠢ ᠲᠣᠭᠤᠷᠢᠨ ᠳᠡᠩᠨᠡᠨ ᠪᠠᠶᠢᠴᠠᠭᠠᠬᠤ ᠶᠡᠷᠦᠩᠬᠡᠶ ᠠᠩᠭᠢ 《 ᠺᠦᠨᠯᠦ᠋ᠨ ᠤ ᠠᠵᠢᠯᠯᠠᠭ᠎ᠠ 》 ᠶᠢᠨ ᠦᠷ᠎ᠡ ᠪᠦᠲᠦᠭᠡᠯ ᠢ ᠬᠡᠷᠬᠢᠨ | ᠥᠷᠭᠡᠳᠬᠡᠬᠦ ᠲᠤᠬᠠᠶ ᠶᠠᠮᠠᠷ ᠶᠠᠮᠠᠷ ᠠᠩᠬ᠎ᠠ ᠠᠯᠬᠤᠮ ᠤᠨ ᠪᠣᠳᠣᠯ ᠪᠠ ᠲᠥᠯᠥᠪᠯᠡᠭᠡ ᠪᠠᠶᠢᠬᠤ ᠪᠣᠶ︖ | ᠵᠣᠣ ᠢᠦ᠋ᠶ ᠾᠧ᠄ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠥᠨᠳᠥᠷ ᠳᠠᠷᠤᠯᠲᠠᠲᠤ ᠴᠢᠩᠭ᠎ᠠ ᠴᠣᠬᠢᠯᠲᠠ | ᠥᠭᠬᠦ ᠪᠠᠶᠢᠳᠠᠯ ᠢ ᠦᠷᠭᠦᠯᠵᠢᠯᠡᠨ ᠪᠠᠲᠤᠯᠠᠨ᠎ᠠ᠂ ᠨᠢᠭᠡ ᠳᠤ ᠡᠬᠢ ᠡᠭᠦᠰᠦᠯ ᠠᠴᠠ ᠨᠢ ᠪᠠᠶᠢᠴᠠᠭᠠᠬᠤ᠂ ᠲᠣᠤᠷ ᠰᠦᠯᠵᠢᠶ᠎ᠡ ᠶᠢ ᠲᠠᠰᠤᠯᠬᠤ᠂ ᠬᠡᠯᠬᠢᠶ᠎ᠡ ᠶᠢ ᠮᠠᠯᠲᠠᠬᠤ᠂ | ᠡᠭᠦᠷ ᠢ ᠠᠷᠢᠯᠭᠠᠬᠤ᠂ ᠪᠠᠯᠠ ᠮᠥᠩᠭᠦ ᠲᠤᠰᠢᠶᠠᠬᠤ᠂ ᠪᠦᠯᠦᠭᠯᠡᠯ ᠳᠤ ᠴᠣᠬᠢᠯᠲᠠ ᠥᠭᠬᠦ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠭᠦᠨᠵᠡᠭᠡᠶ ᠠᠭᠤᠳᠠᠯᠵᠤ᠂ ᠲᠤᠶᠢᠯᠪᠤᠷᠢᠲᠠᠶ ᠪᠠᠶᠢᠴᠠᠭᠠᠵᠤ᠂ ᠴᠣᠬᠢᠯᠲᠠ ᠥᠭᠭᠦᠨ᠎ᠡ᠃ ᠬᠤᠶᠠᠷ | ᠲᠤ ᠬᠤᠯᠪᠣᠭᠳᠠᠯ ᠪᠦᠬᠦᠢ ᠤᠬᠠᠭᠤᠯᠭ᠎ᠠ ᠶᠢᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠪᠣᠷᠣ ᠲᠥᠯᠥᠪ ᠤᠨ ᠳᠣᠲᠣᠷ᠎ᠠ᠂ ᠤᠬᠠᠭᠤᠯᠭ᠎ᠠ ᠶᠢᠨ ᠠᠵᠢᠯᠯᠠᠭ᠎ᠠ ᠶᠢ ᠬᠠᠮᠤᠭ | ᠤᠨ ᠶᠡᠭᠡ ᠬᠡᠪᠴᠢᠶ᠎ᠡ᠂ ᠬᠠᠮᠤᠭ ᠤᠨ ᠴᠢᠩᠭ᠎ᠠ ᠰᠦᠷ ᠬᠦᠴᠦᠨ ᠢᠶᠠᠷ ᠥᠷᠨᠢᠭᠦᠯᠵᠦ᠂ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠬᠤ | ᠬᠡᠷᠡᠭᠲᠡᠶ᠃ ᠭᠤᠷᠪᠠ ᠳᠤ᠂ ᠬᠠᠮᠵᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠠᠶᠢᠴᠠᠭᠠᠬᠤ ᠰᠢᠭᠦᠬᠦ ᠪᠠᠶᠢᠭᠤᠯᠭ᠎ᠠ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ | ᠲᠦᠷᠭᠡᠨ ᠲᠠᠩᠨᠠᠬᠤ᠂ ᠲᠦᠷᠭᠡᠨ ᠵᠠᠭᠠᠯᠳᠤᠬᠤ᠂ ᠲᠦᠷᠭᠡᠨ ᠲᠠᠰᠤᠯᠬᠤ ᠶᠢ ᠪᠡᠶᠡᠯᠡᠭᠦᠯᠪᠡ᠃ ᠳᠥᠷᠪᠡ ᠳᠤ ᠲᠤᠰᠬᠠᠶ ᠠᠷᠭ᠎ᠠ ᠪᠠᠷᠢᠯ ᠢ ᠬᠡᠷᠡᠭᠯᠡᠬᠦ ᠶᠢ ᠴᠢᠩᠭᠠᠷᠠᠭᠤᠯᠵᠤ᠂ | ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠵᠠᠰᠠᠬᠤ ᠶᠢ ᠠᠳᠬᠤᠬᠤ ᠬᠡᠷᠡᠭᠲᠡᠶ᠃ ᠡᠴᠦᠰ ᠲᠤ᠂ ᠴᠣᠬᠢᠬᠤ᠂ ᠰᠡᠷᠭᠡᠶᠢᠯᠡᠬᠦ᠂ | ᠬᠠᠮᠢᠶᠠᠷᠬᠤ᠂ ᠡᠵᠡᠮᠳᠡᠬᠦ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠣᠬᠢᠯᠲᠠ ᠥᠭᠭᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠢᠳᠡᠭᠡᠨ ᠪᠠ ᠡᠮ ᠤᠨ ᠵᠦᠶᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠬᠠᠮᠢᠶ᠎ᠠ ᠪᠥᠬᠦᠶ ᠬᠦᠷᠢᠶᠡᠨ ᠳᠠᠬᠢ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠪᠡ᠃ ᠲᠠᠷᠠᠭᠠᠴᠢ ᠶᠢᠨ ᠠᠵᠢᠯ ᠤᠨ ᠳᠤᠮᠳᠠ᠂ ᠪᠢᠳᠡ ᠬᠤᠶᠢᠷᠭᠤᠰᠢᠬᠤ | ᠥᠬᠡᠶ᠂ ᠰᠤᠯᠠᠷᠠᠬᠤ ᠥᠬᠡᠶ ᠪᠠᠶᠢᠵᠤ᠂ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠮᠠᠨ ᠤ ᠣᠷᠣᠨ ᠤ ᠣᠨᠴᠠᠯᠢᠭ ᠢᠶᠠᠨ ᠪᠠᠳᠠᠷᠠᠭᠤᠯᠤᠨ᠎ᠠ᠃ | ᠠᠳᠡ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠳᠣᠲᠣᠭᠠᠳᠤ ᠶᠢ ᠬᠠᠮᠠᠭᠠᠯᠠᠬᠤ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠳᠡᠩᠨᠡᠨ | ᠪᠠᠶᠢᠴᠠᠭᠠᠬᠤ ᠠᠵᠢᠯ ᠢ ᠣᠯᠠᠨ ᠵᠢᠯ ᠳᠡᠮᠵᠢᠭᠰᠡᠨ ᠳᠤ ᠴᠦ ᠲᠠᠯᠠᠷᠬᠠᠵᠤ ᠪᠠᠶᠢᠨ᠎ᠠ᠂ ᠪᠠᠰᠠ ᠪᠢᠳᠡᠨ ᠤ ᠬᠠᠮᠲᠤ ᠪᠠᠷ ᠭᠠᠷ ᠬᠤᠯᠪᠣᠯᠴᠠᠨ ᠠᠷᠠᠳ ᠣᠯᠠᠨ ᠳᠤ ᠨᠠᠩ ᠡᠷᠡᠭᠦᠯ | ᠰᠠᠷᠠᠭᠤᠯ ᠢᠳᠡᠭᠡᠨ ᠪᠠ ᠡᠮ ᠤᠨ ᠵᠦᠶᠯᠡᠰ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃ ᠣᠯᠠᠨ ᠳᠤ ᠪᠠᠶᠠᠷᠯᠠᠯ᠎ᠠ︕ | ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ ᠤ ᠰᠤᠷᠪᠤᠯᠵᠢᠯᠠᠭᠴᠢ᠄ ᠮᠠᠨ ᠤ ᠣᠷᠣᠨ ᠳᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠡᠯᠪᠡᠭ ᠪᠥᠭᠡᠳ | ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠴᠢᠬᠤᠯᠠ ᠵᠠᠮ ᠪᠣᠯᠤᠨ᠎ᠠ᠃ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠭᠡᠷ᠎ᠡ ᠶᠢᠨ ᠠᠮᠢᠲᠠᠨ ᠤ ᠡᠬᠢ | ᠪᠠᠶᠠᠯᠢᠭ ᠢ ᠡᠪᠳᠡᠬᠦ ᠳᠤ ᠴᠣᠬᠢᠯᠲᠠ ᠥᠭᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | ᠹᠧᠩ ᠬᠤ᠋᠄ ᠥᠪᠥᠷ ᠮᠣᠩᠭᠤᠯ ᠤᠨ ᠪᠠᠶᠢᠭᠠᠯᠢ ᠶᠢᠨ ᠭᠠᠵᠠᠷ ᠵᠦᠶ ᠶᠢᠨ ᠣᠷᠴᠢᠨ ᠲᠣᠭᠤᠷᠢᠨ ᠤ ᠲᠥᠷᠥᠯ ᠵᠦᠶᠯ ᠣᠯᠠᠨ ᠶᠠᠩᠵᠤ ᠶᠢᠨ ᠪᠠᠶᠢᠵᠤ᠂ ᠬᠡᠭᠡᠷ᠎ᠡ ᠶᠢᠨ | ᠠᠮᠢᠲᠠᠨ ᠤ ᠡᠬᠢ ᠪᠠᠶᠠᠯᠢᠭ ᠤᠨ ᠲᠥᠷᠥᠯ ᠵᠦᠶᠯ ᠮᠠᠰᠢ ᠡᠯᠪᠡᠭ ᠪᠠᠶᠢᠳᠠᠭ᠃ ᠣᠲᠣ ᠬᠠᠭᠤᠷᠠᠶ ᠶᠢᠨ ᠰᠡᠭᠡᠷᠲᠡᠨ 613 ᠵᠦᠶᠯ ᠪᠠᠶᠢᠵᠤ᠂ ᠡᠭᠦᠨ ᠳᠤ ᠤᠯᠤᠰ ᠤᠨ | ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ 115 ᠵᠦᠶᠯ ᠪᠠᠶᠢᠵᠤ᠂ ᠣᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ᠂ | ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤ ᠣᠯᠠᠨ ᠤᠯᠤᠰ ᠤᠨ ᠠᠷᠠᠯᠵᠢᠶᠠᠨ ᠤ ᠨᠡᠶᠢᠲᠡ ᠶᠢᠨ ᠭᠡᠷ᠎ᠡ ᠳᠤ ᠵᠢᠭᠰᠠᠭᠠᠭᠳᠠᠭᠰᠠᠨ ᠨᠢ 150 ᠵᠦᠶᠯ ᠪᠠᠶᠢᠵᠤ᠂ | ᠳᠤᠮᠳᠠᠳᠤ ᠤᠯᠤᠰ ᠤᠨ ᠮᠥᠬᠦᠬᠦ ᠰᠢᠬᠠᠭᠰᠠᠨ ᠤᠯᠠᠭᠠᠨ ᠭᠠᠳᠠᠷᠳᠤ ᠪᠢᠴᠢᠭ ᠲᠤ ᠵᠢᠭᠰᠠᠭᠠᠭᠳᠠᠭᠰᠠᠨ ᠨᠢ 184 ᠵᠦᠶᠯ ᠪᠠᠶᠢᠨ᠎ᠠ᠃ ᠡᠭᠦᠨ ᠤ ᠬᠠᠮᠲᠤ᠂ ᠥᠪᠥᠷ | ᠮᠣᠩᠭᠤᠯ ᠴᠤ ᠮᠠᠨ ᠤ ᠤᠯᠤᠰ ᠤᠨ ᠤᠮᠠᠷᠠᠲᠤ ᠶᠢᠨ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠴᠢᠬᠤᠯᠠ ᠵᠠᠮ ᠪᠠᠶᠢᠵᠤ᠂ ᠵᠢᠯ ᠪᠦᠷᠢ ᠶᠢᠨ ᠬᠠᠪᠤᠷ ᠨᠠᠮᠤᠷ ᠬᠤᠶᠠᠷ | ᠤᠯᠠᠷᠢᠯ ᠳᠤ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠠᠳᠡ ᠨᠡᠭᠦᠳᠡᠯᠯᠡᠨ ᠦᠷᠡᠵᠢᠳᠡᠭ᠃ | 2020 ᠣᠨ ᠳᠤ᠂ ᠮᠠᠨ ᠤ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠳᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ 《 ᠺᠦᠨᠯᠦ᠋ᠨ 2020 》 ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠮᠠᠨ ᠤ ᠣᠷᠣᠨ | ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠴᠠᠶ᠄ ᠨᠢᠭᠡ ᠳᠤ ᠴᠠᠭᠳᠠᠨ ᠬᠠᠮᠠᠭᠠᠯᠠᠵᠤ | ᠴᠠᠭᠳᠠᠨ ᠪᠠᠶᠢᠴᠠᠭᠠᠬᠤ ᠪᠠᠨ ᠴᠢᠩᠭᠠᠳᠬᠠᠪᠠ᠃ ᠬᠡᠭᠡᠷ᠎ᠡ ᠶᠢᠨ ᠠᠮᠢᠲᠠᠨ ᠤ ᠰᠦᠷᠦᠭᠯᠡᠯ ᠤᠨ ᠣᠷᠣᠨ ᠪᠦᠰᠡ ᠶᠢ ᠴᠡᠪᠡᠷᠯᠡᠨ ᠠᠩᠨᠠᠬᠤ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠠᠩ ᠤᠨ ᠫᠤᠤ ᠠᠩ ᠤᠨ ᠪᠠᠭᠠᠵᠢ ᠶᠢ ᠪᠠᠶᠢᠴᠠᠭᠠᠨ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠪᠤᠷ ᠤᠨ ᠤᠯᠠᠷᠢᠯ ᠤᠨ ᠨᠡᠭᠦᠳᠡᠯ ᠤᠨ | ᠰᠢᠪᠠᠭᠤ ᠶᠢ ᠬᠠᠮᠠᠭᠠᠯᠠᠬᠤ ᠲᠤᠰᠬᠠᠶ ᠠᠵᠢᠯᠯᠠᠭ᠎ᠠ ᠳᠤᠮᠳᠠ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ ᠪᠠ ᠣᠷᠣᠰᠢᠨ ᠠᠮᠢᠳᠤᠷᠠᠬᠤ ᠭᠠᠵᠠᠷ ᠢ ᠭᠤᠤᠯᠳᠠᠯᠭ᠎ᠠ ᠲᠠᠢ | ᠲᠣᠭᠤᠷᠢᠨ ᠪᠠᠶᠢᠴᠠᠭᠠᠵᠤ᠂ ᠬᠠᠤᠯᠢ ᠪᠤᠰᠤ ᠪᠠᠷ ᠠᠩᠨᠠᠬᠤ᠂ ᠬᠠᠤᠯᠢ ᠪᠤᠰᠤ ᠪᠠᠷ ᠠᠩᠨᠠᠬᠤ ᠦᠶᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠬᠤ | ᠬᠡᠷᠡᠭᠲᠡᠶ᠃ ᠬᠤᠶᠠᠷ ᠲᠤ ᠬᠠᠤᠯᠢ ᠪᠤᠰᠤ ᠲᠡᠭᠡᠭᠡᠪᠦᠷᠢ ᠶᠢᠨ ᠠᠷᠭ᠎ᠠ ᠵᠠᠮ ᠢ ᠲᠠᠰᠤᠯᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠦᠳᠠᠨ ᠢᠶᠠᠷ | ᠢᠯᠡᠭᠡᠨ ᠬᠦᠷᠭᠡᠬᠦ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠲᠡᠭᠡᠭᠡᠪᠦᠷᠢᠯᠡᠨ ᠢᠯᠡᠭᠡᠨ ᠬᠦᠷᠭᠡᠬᠦ | ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠨ ᠤ ᠣᠷᠣᠨ ᠤ | ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ᠶᠢᠨ ᠣᠷᠣᠵᠤ ᠭᠠᠷᠬᠤ ᠭᠠᠵᠠᠷ ᠪᠠ ᠰᠢᠭᠤᠶᠢᠲᠤ | ᠣᠷᠣᠨ ᠤ ᠵᠠᠮ ᠬᠠᠷᠢᠯᠴᠠᠭᠠᠨ ᠤ ᠴᠢᠬᠤᠯᠠ ᠵᠠᠮ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ ᠴᠠᠭᠳᠠᠭᠠᠨ ᠤ ᠬᠦᠴᠦᠨ ᠢ ᠪᠠᠶᠢᠷᠢᠯᠠᠭᠤᠯᠵᠤ᠂ | ᠨᠠᠰᠢ ᠴᠠᠰᠢ ᠥᠩᠭᠡᠷᠡᠬᠦ ᠲᠡᠷᠭᠡ ᠬᠥᠰᠬᠡ ᠶᠢ ᠪᠠᠶᠢᠴᠠᠭᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠪᠴᠤ ᠶᠠᠪᠤᠬᠤ᠂ ᠲᠡᠭᠡᠭᠡᠪᠦᠷᠢᠯᠡᠬᠦ ᠦᠶᠯᠡ ᠠᠵᠢᠯᠯᠠᠭ᠎ᠠ ᠳᠤ | ᠴᠣᠬᠢᠯᠲᠠ ᠥᠭᠪᠡ᠃ᠭᠤᠷᠪᠠ ᠳᠤ ᠰᠦᠪᠡᠭᠴᠢ ᠶᠢᠨ ᠢᠷᠡᠯᠲᠡ ᠶᠢ ᠥᠷᠭᠡᠨ ᠢᠶᠠᠷ ᠨᠡᠭᠡᠭᠡᠨ᠎ᠡ᠃ ᠴᠣᠬᠢᠯᠲᠠ ᠥᠭᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠶᠢᠳᠠᠯ ᠢ | ᠭᠦᠨᠵᠡᠭᠡᠶ ᠤᠶᠢᠯᠠᠭᠠᠨ ᠵᠢᠭᠰᠠᠭᠠᠨ ᠪᠠᠶᠢᠴᠠᠭᠠᠵᠤ᠂ ᠴᠠᠭᠳᠠᠭᠠᠨ ᠤ ᠲᠥᠷᠥᠯ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ ᠰᠦᠯᠵᠢᠶᠡᠨ ᠤ ᠠᠷᠠᠯᠵᠢᠶᠠᠨ ᠤ ᠲᠠᠪᠴᠠᠩ ᠤᠨ | ᠬᠢᠨᠠᠨ ᠬᠡᠮᠵᠢᠯᠲᠡ ᠶᠢ ᠴᠢᠩᠭᠠᠳᠬᠠᠵᠤ᠂ ᠬᠤᠯᠪᠣᠭᠳᠠᠯ ᠪᠥᠬᠦᠶ ᠨᠢᠭᠤᠴᠠ ᠮᠡᠳᠡᠭᠡ ᠶᠢᠨ ᠰᠦᠪᠡᠭᠴᠢ ᠶᠢ ᠴᠤᠭᠯᠠᠭᠤᠯᠤᠨ ᠡᠮᠬᠢᠯᠡᠵᠦ᠂ ᠡᠯ᠎ᠡ ᠲᠥᠷᠥᠯ ᠤᠨ ᠮᠡᠳᠡᠭᠡ ᠵᠠᠩᠭᠢ | ᠶᠢ ᠨᠠᠷᠢᠨ ᠨᠢᠮᠪᠠᠶ ᠰᠤᠳᠤᠯᠤᠨ ᠮᠠᠭᠠᠳᠯᠠᠵᠤ᠂ ᠱᠤᠭᠤᠮ ᠶᠣᠰᠣᠭᠠᠷ ᠭᠦᠨᠵᠡᠭᠡᠶ ᠠᠭᠤᠳᠠᠯᠵᠤ᠂ ᠲᠣᠮᠣ ᠬᠡᠷᠡᠭ ᠤᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠨ᠎ᠠ᠃ | ᠳᠥᠷᠪᠡ ᠳᠤ ᠬᠠᠤᠯᠢ ᠪᠤᠰᠤ ᠪᠠᠷ ᠡᠵᠡᠩᠨᠡᠵᠦ ᠡᠳᠰᠢᠭᠦᠯᠦᠨ ᠠᠰᠢᠭᠯᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠶ᠃ ᠮᠠᠨ ᠤ ᠣᠷᠣᠨ ᠤ ᠡᠯ᠎ᠡ ᠱᠠᠲᠤᠨ | ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠯᠪᠣᠭᠠᠲᠤ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ | ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠡᠳ᠋ᠰᠢᠭᠦᠯᠬᠦ ᠬᠡᠭᠡᠷ᠎ᠡ ᠶᠢᠨ ᠠᠮᠢᠲᠠᠨ ᠢ ᠡᠵᠡᠩᠨᠡᠵᠦ ᠪᠠᠶᠢᠭ᠎ᠠ ᠭᠤᠤᠯᠳᠠᠯᠭ᠎ᠠ ᠲᠠᠢ ᠲᠠᠯᠠᠪᠤᠷ ᠪᠠ ᠬᠡᠭᠡᠷ᠎ᠡ ᠶᠢᠨ ᠠᠮᠢᠲᠠᠨ ᠢ | ᠳᠠᠰᠬᠠᠨ ᠲᠡᠵᠢᠭᠡᠵᠦ ᠦᠷᠡᠵᠢᠭᠦᠯᠬᠦ ᠲᠠᠯᠠᠪᠤᠷ ᠭᠠᠵᠠᠷ ᠢ ᠤᠶᠢᠯᠠᠭᠠᠨ ᠵᠢᠭᠰᠠᠭᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠡᠵᠡᠩᠨᠡᠨ ᠠᠰᠢᠭᠯᠠᠵᠤ ᠪᠠᠶᠢᠭ᠎ᠠ | ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠰᠢᠳᠬᠡᠨ ᠲᠣᠷᠭᠠᠬᠤ᠂ ᠬᠦᠴᠦᠨ ᠥᠬᠡᠶ ᠪᠣᠯᠭᠠᠬᠤ ᠬᠡᠷᠡᠭᠲᠡᠶ ᠶᠠᠯ᠎ᠠ ᠳᠤ ᠬᠦᠷᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ᠲᠠᠪᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠬᠡᠭᠡᠷ᠎ᠡ ᠶᠢᠨ ᠠᠮᠢᠲᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠬᠠᠮᠲᠤ᠂ ᠪᠥᠬᠦ ᠣᠷᠣᠨ ᠤ ᠡᠯ᠎ᠡ ᠱᠠᠲᠤᠨ ᠤ ᠣᠶ ᠰᠢᠭᠤᠶ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠶᠢᠯ ᠤᠨ ᠣᠨᠣᠪᠴᠢᠲᠠᠶ ᠪᠠᠷ ᠬᠠᠤᠯᠢ ᠲᠦᠭᠡᠮᠡᠯᠵᠢᠭᠦᠯᠬᠦ ᠶᠢ ᠢᠳᠡᠪᠬᠢᠲᠡᠶ ᠥᠷᠨᠢᠭᠦᠯᠪᠡ᠃ ᠴᠠᠭᠳᠠᠭᠠᠨ ᠤ | ᠵᠠᠭᠤᠴᠢᠯᠠᠭᠤᠷ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠲᠡᠷᠭᠡᠨ ᠥᠷᠲᠡᠭᠡ᠂ ᠠᠭᠤᠳᠠᠮ ᠲᠠᠯᠠᠪᠠᠶ ᠵᠡᠷᠭᠡ ᠬᠥᠮᠦᠨ ᠠᠮᠠ ᠲᠥᠪᠯᠡᠷᠡᠭᠰᠡᠨ ᠲᠠᠯᠠᠪᠤᠷ | ᠭᠠᠵᠠᠷ ᠵᠢᠴᠢ ᠨᠡᠭᠦᠳᠡᠯ ᠤᠨ ᠰᠢᠪᠠᠭᠤ ᠲᠥᠪᠯᠡᠷᠡᠭᠰᠡᠨ ᠠᠵᠢᠯᠯᠠᠭ᠎ᠠ ᠶᠢᠨ ᠣᠷᠣᠨ ᠳᠤ ᠤᠷᠢᠶ᠎ᠠ ᠯᠣᠽᠦ᠋ᠩ ᠡᠯᠭᠦᠵᠦ᠂ ᠤᠬᠠᠭᠤᠯᠭ᠎ᠠ ᠶᠢᠨ ᠡᠳ᠋ ᠲᠠᠷᠬᠠᠭᠠᠨ᠂ ᠬᠥᠳᠡᠭᠡ | ᠪᠠᠭᠤᠭᠰᠠᠨ ᠠᠶᠢᠯ ᠲᠣᠰᠬᠤᠨ᠂ ᠨᠡᠶᠢᠭᠡᠮ ᠲᠣᠭᠤᠷᠢᠭ ᠲᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ ᠬᠡᠷᠡᠭ ᠢᠶᠠᠷ | ᠬᠠᠤᠯᠢ ᠴᠠᠭᠠᠵᠠ ᠶᠢ ᠲᠠᠶᠢᠯᠪᠤᠷᠢᠯᠠᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 《 ᠳᠡᠯᠡᠬᠡᠶ ᠳᠠᠬᠢᠨ | ᠲᠡᠶᠢᠮᠦ ᠶᠡᠭᠡ᠂ ᠴᠢ ᠥᠬᠡᠶ ᠪᠠᠶᠢᠵᠤ ᠪᠣᠯᠬᠤ ᠥᠬᠡᠶ 》 ᠭᠡᠬᠦ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠣᠬᠤᠷ ᠸᠢᠳᠢᠣ᠋ ᠶᠢ 3 ᠦᠶᠯᠡᠳᠴᠦ᠂ ᠥᠪᠥᠷ ᠮᠣᠩᠭᠤᠯ | ᠤᠨ ᠣᠳᠣᠨ ᠲᠧᠯᠸᠢᠰ᠂ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠭ ᠢᠶᠠᠷ ᠵᠠᠯᠭᠠᠭ᠎ᠠ ᠪᠠᠷ ᠨᠡᠪᠲᠡᠷᠡᠭᠦᠯᠵᠦ᠂ ᠥᠷᠭᠡᠨ ᠣᠯᠠᠨ ᠠᠷᠠᠳ ᠲᠦᠮᠡᠨ ᠤ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ | ᠢ ᠪᠣᠶ ᠪᠣᠯᠭᠠᠪᠠ᠃ ᠤᠬᠠᠭᠤᠯᠭ᠎ᠠ ᠬᠥᠮᠦᠵᠢᠯ ᠢᠶᠠᠷ ᠳᠠᠮᠵᠢᠨ᠂ ᠮᠠᠰᠢ ᠤᠯᠠᠨ ᠤᠯᠠᠨ ᠲᠦᠮᠡᠨ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠠᠵᠢᠯ ᠳᠤ ᠰᠠᠨᠠᠭᠠᠴᠢᠯᠠᠭ᠎ᠠ | ᠠᠴᠠ ᠪᠠᠨ ᠣᠷᠣᠯᠴᠠᠵᠤ᠂ ᠬᠥᠮᠦᠨ ᠪᠣᠯᠤᠨ ᠬᠡᠭᠡᠷ᠎ᠡ ᠶᠢᠨ ᠠᠮᠢᠳᠠᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ | ᠠᠵᠢᠯᠯᠠᠭ᠎ᠠ ᠮᠠᠨ ᠤ ᠳᠡᠷᠭᠡᠳᠡ ᠡᠭᠦᠰᠴᠦ᠂ ᠡᠯ᠎ᠡ ᠵᠦᠢᠯ ᠤᠨ ᠵᠠᠭᠤᠴᠢᠯᠠᠭᠤᠷ ᠲᠤ ᠢᠯᠡᠷᠡᠪᠡ᠃ 2020 ᠣᠨ ᠳᠤ᠂ ᠴᠠᠭᠳᠠᠭ᠎ᠠ ᠠᠷᠠᠳ ᠬᠤᠯᠪᠣᠭᠠᠯᠠᠨ 1886 ᠭᠠᠷᠤᠢ | ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠪᠠ᠃ | ᠣᠯᠠᠨ ᠵᠢᠯ ᠤᠨ ᠲᠤᠷᠰᠢ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ | ᠪᠠᠶᠢᠳᠠᠯ ᠢᠶᠠᠨ ᠢᠮᠠᠭᠲᠠ ᠪᠠᠲᠤᠯᠠᠵᠤ᠂《 ᠬᠠᠪᠤᠷ ᠤᠨ ᠠᠶᠤᠩᠭ᠎ᠠ 》᠂《 ᠨᠣᠭᠤᠭᠠᠨ ᠰᠡᠯᠡᠮ᠎ᠡ 》᠂《 ᠨᠡᠭᠦᠳᠡᠯ ᠤᠨ ᠰᠢᠪᠠᠭᠤ ᠶᠢ ᠬᠠᠮᠠᠭᠠᠯᠠᠬᠤ 》᠂ | 《 ᠬᠠᠶᠢᠷᠠᠭᠤᠴᠠᠶ ᠶᠢ ᠬᠠᠮᠠᠭᠠᠯᠠᠬᠤ》ᠵᠡᠷᠭᠡ ᠣᠷᠣᠨ ᠪᠦᠰᠡ ᠶᠢᠨ ᠴᠢᠨᠠᠷᠲᠠᠶ᠂ ᠤᠯᠠᠷᠢᠯ ᠤᠨ ᠴᠢᠨᠠᠷᠲᠠᠶ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠡᠭᠡ | ᠬᠡᠮᠵᠢᠶᠡᠨ ᠤ ᠶᠠᠯᠠᠲᠤ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ ᠬᠡᠷᠡᠭ ᠢ ᠵᠢᠯ ᠳᠠᠷᠠᠭᠠᠯᠠᠨ ᠪᠠᠭᠠᠰᠬᠠᠵᠤ᠂ ᠪᠥᠬᠦ | ᠣᠷᠣᠨ ᠤ ᠬᠡᠭᠡᠷ᠎ᠡ ᠶᠢᠨ ᠠᠮᠢᠲᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃ 2017 ᠣᠨ ᠠᠴᠠ ᠣᠲᠣ ᠪᠣᠯᠲᠠᠯ᠎ᠠ᠂ | ᠪᠥᠬᠦ ᠣᠷᠣᠨ ᠳᠤ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠶᠢ ᠠᠯᠠᠭᠰᠠᠨ ᠬᠡᠷᠡᠭ ᠭᠠᠷᠤᠭᠰᠠᠨ ᠥᠬᠡᠶ᠃ ᠳᠣᠤᠷ᠎ᠠ ᠪᠢ ᠣᠯᠠᠨ ᠳᠤ 2020 ᠣᠨ ᠳᠤ ᠪᠠᠶᠢᠴᠠᠭᠠᠨ | ᠰᠢᠶᠳᠪᠦᠷᠢᠯᠡᠭᠰᠡᠨ ᠬᠤᠶᠠᠷ ᠨᠡᠶᠢᠲᠡᠯᠢᠭ ᠬᠡᠷᠡᠭ ᠢ ᠲᠠᠨᠢᠯᠴᠠᠭᠤᠯᠤᠶ᠎ᠠ᠃ | ᠰᠢᠯᠢ ᠶᠢᠨ ᠭᠤᠤᠯ ᠠᠶᠢᠮᠠᠭ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠣᠤᠷ ᠰᠦᠯᠵᠢᠶ᠎ᠡ ᠶᠢ ᠠᠰᠢᠭᠯᠠᠨ ᠬᠤᠪᠣᠷ ᠨᠠᠨᠳᠢᠨ᠂ ᠮᠥᠬᠦᠬᠦ | ᠰᠢᠬᠠᠭᠰᠠᠨ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠫᠠᠨᠽᠠᠯᠠᠭᠰᠠᠨ ᠰᠢᠷᠢᠰ ᠬᠡᠷᠡᠭ ᠢ ᠠᠮᠵᠢᠯᠲᠠᠲᠠᠶ ᠢᠯᠡᠷᠡᠭᠦᠯᠪᠡ᠃ | ᠬᠡᠷᠡᠭ ᠰᠢᠶᠳᠪᠦᠷᠢᠯᠡᠬᠦ ᠠᠷᠠᠳ ᠤᠨ ᠴᠠᠭᠳᠠᠭ᠎ᠠ ᠡᠯ᠎ᠡ ᠭᠠᠵᠠᠷ ᠲᠤ ᠬᠦᠷᠴᠦ᠂ ᠡᠳᠦᠷ ᠰᠥᠨᠢ ᠥᠬᠡᠶ ᠠᠶᠠᠯᠠᠨ᠂ 6 ᠲᠦᠮᠡ ᠭᠠᠷᠤᠶ ᠺᠢᠯᠣᠮᠧᠲᠷ ᠠᠶᠠᠯᠠᠵᠤ᠂ 18 ᠮᠤᠵᠢ | ᠣᠷᠣᠨ᠂ 52 ᠬᠤᠰᠢᠭᠤ ᠰᠢᠶᠠᠨ ᠬᠤᠲᠠ ᠳᠤ ᠬᠦᠷᠴᠦ᠂ ᠨᠠᠷᠢᠨ ᠨᠢᠮᠪᠠᠶ ᠪᠠᠶᠢᠴᠠᠭᠠᠨ ᠭᠡᠷᠡᠴᠢ ᠠᠪᠬᠤ ᠪᠠᠷ ᠳᠡᠮᠵᠢᠨ᠂ ᠪᠥᠬᠦ ᠤᠯᠤᠰ ᠢ ᠬᠠᠮᠤᠷᠤᠭᠰᠠᠨ ᠬᠡᠭᠡᠷ᠎ᠡ ᠶᠢᠨ | ᠠᠮᠢᠲᠠᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠫᠠᠨᠽᠠᠯᠠᠬᠤ ᠶᠠᠯᠠᠲᠤ ᠠᠵᠢᠯᠯᠠᠭ᠎ᠠ ᠶᠢᠨ ᠲᠣᠤᠷ ᠰᠦᠯᠵᠢᠶ᠎ᠡ ᠶᠢ ᠨᠢᠭᠡ ᠯᠡ ᠳᠡᠭᠡᠷ᠎ᠡ ᠡᠪᠳᠡᠪᠡ᠃ ᠣᠳᠣᠬᠠᠨ ᠳᠤ᠂ | ᠲᠣᠰ ᠬᠡᠷᠡᠭ ᠲᠤ ᠨᠢᠭᠡᠨᠲᠡ 21 ᠬᠥᠮᠦᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠪᠠᠶᠢᠴᠠᠭᠠᠬᠤ ᠪᠠᠶᠢᠭᠤᠯᠤᠯᠭ᠎ᠠ 5 ᠬᠥᠮᠦᠨ ᠢ ᠪᠠᠷᠢᠪᠴᠢᠯᠠᠬᠤ ᠶᠢ | ᠵᠥᠪᠰᠢᠶᠡᠷᠡᠵᠦ᠂ ᠤᠮᠠᠷᠠᠲᠤ ᠶᠢᠨ ᠪᠥᠬᠦᠩ ᠤᠨ ᠡᠪᠡᠷ᠂ ᠲᠥᠪᠡᠳ ᠪᠥᠬᠦᠩ ᠤᠨ ᠡᠪᠡᠷ᠂ ᠵᠡᠭᠡᠷ᠎ᠡ ᠶᠢᠨ ᠡᠪᠡᠷ ᠵᠡᠷᠭᠡ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ | ᠬᠤᠪᠣᠷ ᠴᠤᠬᠠᠭ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ 3300 ᠭᠠᠷᠤᠶ ᠬᠤᠪᠢ᠂ ᠬᠡᠷᠡᠭ ᠲᠤ ᠬᠤᠯᠪᠣᠭᠳᠠᠭᠰᠠᠨ ᠪᠣᠳᠠᠰ ᠤᠨ ᠥᠷᠲᠡᠭ 5000 ᠭᠠᠷᠤᠶ ᠲᠦᠮᠡᠨ | ᠲᠥᠭᠦᠷᠢᠭ ᠢ ᠪᠠᠶᠢᠴᠠᠭᠠᠨ ᠭᠠᠷᠭᠠᠵᠠᠶ᠃ ᠬᠡᠷᠡᠭ ᠲᠤ ᠬᠤᠯᠪᠣᠭᠳᠠᠭᠰᠠᠨ ᠭᠠᠵᠠᠷ ᠣᠷᠣᠨ ᠥᠷᠭᠡᠨ᠂ ᠬᠥᠮᠦᠨ ᠬᠠᠷ᠎ᠠ ᠣᠯᠠᠨ᠂ ᠬᠡᠷᠡᠭ ᠲᠤ ᠬᠤᠯᠪᠣᠭᠳᠠᠭᠰᠠᠨ ᠬᠡᠭᠡᠷ᠎ᠡ ᠶᠢᠨ | ᠠᠮᠢᠲᠠᠨ ᠤ ᠪᠦᠲᠦᠭᠡᠭᠳᠡᠬᠦᠨ ᠤ ᠲᠤᠭ᠎ᠠ ᠬᠡᠮᠵᠢᠶ᠎ᠡ ᠶᠡᠭᠡ᠂ ᠦᠨ᠎ᠡ ᠥᠷᠲᠡᠭ ᠥᠨᠳᠥᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶᠢᠷ᠎ᠠ ᠶᠢᠨ ᠵᠢᠯ ᠳᠤ ᠪᠠᠶᠢᠴᠠᠭᠠᠨ ᠰᠢᠶᠳᠪᠦᠷᠢᠯᠡᠭᠰᠡᠨ ᠰᠦᠯᠵᠢᠶᠡᠨ ᠤ ᠲᠠᠪᠴᠠᠩ ᠢ ᠠᠰᠢᠭᠯᠠᠨ ᠬᠡᠭᠡᠷ᠎ᠡ ᠶᠢᠨ | ᠠᠮᠢᠲᠠᠨ ᠤ ᠪᠦᠲᠦᠭᠡᠭᠳᠡᠬᠦᠨ ᠢ ᠫᠠᠨᠽᠠᠯᠠᠭᠰᠠᠨ ᠨᠥᠯᠥᠭᠡ ᠪᠠᠷ ᠬᠠᠮᠤᠭ ᠤᠨ ᠶᠡᠭᠡ ᠬᠡᠷᠡᠭ ᠪᠣᠯᠤᠨ᠎ᠠ᠃ | ᠣᠷᠳᠣᠰ ᠬᠤᠲᠠ ᠶᠢᠨ ᠬᠠᠩᠭᠢᠨ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ《 528 》ᠬᠡᠭᠡᠷ᠎ᠡ ᠶᠢᠨ ᠲᠠᠤᠯᠠᠶ ᠶᠢ ᠬᠠᠤᠯᠢ | ᠪᠤᠰᠤ ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ ᠢ ᠢᠯᠡᠷᠡᠭᠦᠯᠪᠡ᠃ ᠮᠣᠩᠭᠤᠯ ᠬᠡᠭᠡᠷ᠎ᠡ ᠶᠢᠨ ᠲᠠᠤᠯᠠᠶ ᠶᠢᠨ ᠪᠣᠳᠠᠭᠠᠯᠢ ᠪᠡᠶ᠎ᠡ ᠨᠢ ᠠᠮᠢᠳᠤᠯᠢᠭ᠂ | ᠬᠤᠷᠳᠤᠨ ᠭᠦᠶᠦᠳᠡᠭ ᠣᠨᠴᠠᠯᠢᠭ ᠨᠢ ᠣᠷᠳᠣᠰ ᠤᠨ ᠥᠨᠳᠦᠷᠯᠢᠭ ᠲᠤ ᠨᠠᠩ ᠲᠣᠪᠦ᠋ᠮ᠎ᠠ ᠢᠯᠡᠷᠡᠵᠦ ᠪᠠᠢᠨ᠎ᠠ᠃ ᠵᠠᠷᠢᠮ ᠬᠠᠤᠯᠢ ᠪᠤᠰᠤ ᠡᠲᠡᠭᠡᠳ ᠬᠡᠭᠡᠷ᠎ᠡ ᠶᠢᠨ ᠲᠠᠤᠯᠠᠶ | ᠶᠢᠨ ᠠᠮᠢᠳᠤ ᠪᠡᠶ᠎ᠡ ᠶᠢ ᠬᠤᠳᠠᠯᠳᠤᠨ ᠠᠪᠴᠤ ᠭᠠᠳᠠᠷ ᠮᠤᠵᠢ ᠳᠤ ᠫᠠᠨᠽᠠᠯᠠᠨ ᠵᠥᠭᠡᠭᠡᠪᠦᠷᠢᠯᠡᠵᠦ᠂ ᠨᠢᠭᠤᠴᠠ ᠵᠣᠭᠤᠰ ᠨᠠᠭᠠᠳᠬᠤ ᠵᠠᠬ᠎ᠠ ᠳᠡᠯᠭᠡᠭᠦᠷ ᠲᠤ ᠣᠷᠣᠵᠤ᠂ ᠶᠡᠭᠡ | ᠠᠰᠢᠭ ᠬᠤᠨᠵᠢᠪᠣᠷᠢ ᠣᠯᠵᠤ ᠪᠠᠶᠢᠨ᠎ᠠ᠃ ᠣᠷᠳᠣᠰ ᠬᠤᠲᠠ ᠶᠢᠨ ᠬᠠᠩᠭᠢᠨ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠭ᠎ᠠ ᠬᠡᠮᠵᠢᠶ᠎ᠡ | ᠪᠠᠨ ᠨᠠᠷᠢᠯᠢᠭᠵᠢᠭᠤᠯᠵᠤ᠂ ᠰᠦᠪᠡᠭᠴᠢ ᠶᠢ ᠭᠦᠨ ᠠᠭᠤᠳᠠᠯᠵᠤ᠂ ᠮᠣᠩᠭᠤᠯ ᠬᠡᠭᠡᠷ᠎ᠡ ᠶᠢᠨ ᠲᠠᠤᠯᠠᠶ ᠶᠢ ᠬᠠᠤᠯᠢ ᠪᠤᠰᠤ ᠪᠠᠷ ᠠᠩᠨᠠᠭᠰᠠᠨ᠂ ᠵᠥᠭᠡᠭᠡᠪᠦᠷᠢᠯᠡᠭᠰᠡᠨ᠂ | ᠫᠠᠨᠽᠠᠯᠠᠭᠰᠠᠨ ᠰᠢᠷᠢᠰ ᠬᠡᠷᠡᠭ ᠢ 6 ᠢᠯᠡᠷᠡᠭᠦᠯᠪᠡ᠃ ᠡᠭᠦᠨ ᠳᠤ᠂ ᠣᠨᠴᠠ ᠶᠡᠭᠡ ᠬᠡᠷᠡᠭ 1 ᠪᠠᠶᠢᠵᠤ᠂ ᠨᠡᠶᠢᠲᠡ 261 ᠮᠣᠩᠭᠤᠯ ᠬᠡᠭᠡᠷ᠎ᠡ ᠶᠢᠨ ᠲᠠᠤᠯᠠᠶ ᠶᠢᠨ ᠠᠮᠢᠳᠤ | ᠪᠡᠶ᠎ᠡ᠂ 2 ᠥᠭᠦᠭᠰᠡᠨ ᠪᠡᠶ᠎ᠡ ᠶᠢ ᠬᠤᠷᠢᠶᠠᠨ ᠠᠪᠴᠤ᠂ 12 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠲᠤᠬᠠᠶ ᠶᠢᠨ ᠭᠠᠵᠠᠷ ᠠᠴᠠ ᠣᠷᠳᠣ ᠬᠤᠭᠤᠴᠠᠭ᠎ᠠ ᠪᠠᠷ | ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ᠂ ᠫᠠᠨᠽᠠᠯᠠᠬᠤ ᠶᠠᠯᠠᠲᠤ ᠪᠦᠯᠬᠦᠮ ᠢ ᠴᠣᠬᠢᠨ ᠤᠨᠠᠭᠠᠵᠤ᠂《 ᠨᠢᠭᠡ ᠶᠢ ᠨᠢ ᠪᠠᠷᠢᠵᠤ ᠨᠢᠭᠡ ᠶᠢ ᠨᠢ ᠴᠣᠬᠢᠬᠤ᠂ | ᠨᠢᠭᠡ ᠶᠢ ᠨᠢ ᠢᠯᠡᠷᠡᠭᠦᠯᠵᠦ ᠨᠢᠭᠡ ᠶᠢ ᠨᠢ ᠳᠠᠭᠠᠭᠤᠯᠬᠤ 》ᠬᠠᠷᠠᠯᠲᠠ ᠶᠢ ᠪᠡᠶᠡᠯᠡᠭᠦᠯᠪᠡ᠃ | | |