ᠥᠪᠥᠷ ᠵᠠᠰᠠᠭ ᠠᠯᠪᠠᠨ ᠲᠠᠷᠬᠠᠭᠠᠭᠰᠠᠨ ︹2020︺ 50 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠢᠯᠠᠯ᠂ ᠠᠵᠢᠯ ᠦᠢᠯᠡᠰ ᠤᠨ ᠨᠢᠭᠡᠴᠢ ᠳᠤ᠄ | ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ | ︵ᠲᠥᠷᠥ ᠲᠠᠷᠬᠠᠭᠠᠭᠰᠠᠨ ︹2019︺ 28 ᠳ᠋ᠤᠭᠠᠷ ᠲᠣᠭᠠᠲᠤ︶ ᠪᠣᠯᠣᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ | ᠠᠷᠪᠠᠨ ᠲᠠᠪᠤᠨ ᠶᠠᠮᠤᠨ ᠵᠦᠪᠯᠡᠯ ᠤᠨ ︽ᠣᠳᠣᠬᠠᠨ ᠤ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠢ ᠰᠠᠶᠢᠲᠤᠷ ᠬᠢᠬᠦ ᠲᠤᠬᠠᠢ | ᠰᠠᠨᠠᠯ︾ ︵ᠬᠦᠮᠦᠨ ᠨᠡᠶᠢᠭᠡᠮ ᠶᠠᠮᠤᠨ ᠲᠠᠷᠬᠠᠭᠠᠭᠰᠠᠨ ︹2020︺ 61 ᠳ᠋ᠦ᠋ᠭᠡᠷ ᠲᠣᠭᠠᠲᠤ︶᠂ ︽ᠨᠤᠲᠤᠭ ᠲᠤ ᠪᠠᠨ ᠪᠣᠴᠠᠵᠤ ᠭᠦᠷᠦᠭᠰᠡᠳ ᠤᠨ ᠦᠢᠯᠡᠰ | ᠪᠣᠰᠬᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ | ᠵᠠᠰᠠᠭ ᠤᠨ ᠶᠠᠮᠤᠨ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠰᠠᠨᠠᠯ︾ ︵ᠬᠦᠮᠦᠨ ᠨᠡᠶᠢᠭᠡᠮ ᠶᠠᠮᠤᠨ ᠲᠠᠷᠬᠠᠭᠠᠭᠰᠠᠨ ︹2019︺ 129 ᠳ᠋ᠦ᠋ᠭᠡᠷ ᠲᠣᠭᠠᠲᠤ︶᠂ | ︽︿ᠨᠤᠲᠤᠭ ᠲᠤ ᠪᠠᠨ ᠪᠤᠴᠠᠭᠰᠠᠨ ᠪᠠ ᠨᠤᠲᠤᠭ ᠲᠤ ᠪᠠᠨ ᠬᠤᠴᠣᠷᠤᠭᠰᠠᠨ ᠲᠠᠷᠢᠶᠠᠴᠢᠨ ᠬᠦᠴᠦ ᠶᠠᠪᠤᠭᠰᠠᠳ ᠲᠤᠬᠠᠢ ᠶᠢᠨ ᠭᠠᠵᠠᠷ ᠪᠠ ᠲᠤᠬᠠᠢ ᠶᠢᠨ ᠭᠠᠵᠠᠷ ᠤᠨ | ᠣᠶᠢᠷ᠎ᠠ ᠬᠠᠪᠢ ᠳᠤ ᠪᠠᠨ ᠠᠵᠢᠯ ᠣᠯᠬᠤ ᠬᠡᠪᠴᠢᠶ᠎ᠡ ᠶᠢ ᠦᠷᠭᠡᠳᠭᠡᠬᠦ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠲᠠᠷᠢᠶᠠᠯᠠᠩ ᠬᠦᠳᠡᠭᠡ | ᠲᠤᠰᠬᠤᠨ ᠤ ᠶᠠᠮᠤᠨ ᠤ ᠠᠯᠪᠠᠨ ᠲᠢᠩᠬᠢᠮ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ | ︵ᠲᠠᠷᠢᠶᠠᠯᠠᠩ ᠠᠯᠪᠠᠨ ᠲᠠᠷᠬᠠᠭᠠᠭᠰᠠᠨ ︹ 2020︺ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠪᠦᠬᠦ ᠲᠠᠯ᠎ᠠ ᠪᠠᠷ ᠨᠠᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠬᠤ ᠪᠠ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠵᠢᠴᠢ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠤᠨ ᠦᠢᠯᠡᠰ | ᠪᠣᠰᠬᠠᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠳᠣᠣᠷᠠᠬᠢ | ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ | ᠦᠷᠭᠡᠳᠭᠡᠬᠦ ᠪᠠ ᠲᠣᠭᠲᠠᠭᠤᠨ ᠪᠣᠯᠭᠠᠬᠤ ᠪᠠᠷ ᠭᠠᠷᠳᠠᠴᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ | ᠭᠤᠣᠯ ᠪᠣᠯᠭᠠᠭᠰᠠᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠨ᠂ ᠲᠠᠷᠢᠶᠠᠯᠠᠩ ᠬᠦᠳᠡᠭᠡ ᠲᠤᠰᠬᠤᠨ ᠢ ᠡᠩ ᠲᠡᠷᠢᠭᠦᠨ ᠳᠤ ᠬᠥᠭᠵᠢᠭᠦᠯᠬᠦ ᠶᠢ | ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠷᠭᠠᠨᠢᠭ ᠢᠶᠠᠷ ᠵᠣᠯᠭᠠᠯᠳᠤᠭᠤᠯᠬᠤ ᠶᠢ | ᠠᠬᠢᠭᠤᠯᠤᠨ᠂ ᠠᠵᠢᠯ ᠣᠯᠭᠤᠵᠤ ᠦᠢᠯᠡᠰ ᠪᠣᠰᠬᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠣᠯᠭᠤᠯᠲᠠ ᠶᠢᠨ ᠪᠦᠲᠦᠴᠡ ᠶᠢ | ᠰᠠᠶᠢᠵᠢᠷᠠᠭᠤᠯᠤᠨ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠣᠯᠠᠨ ᠠᠷᠭ᠎ᠠ ᠵᠠᠮ ᠢᠶᠠᠷ᠂ ᠣᠯᠠᠨ ᠲᠠᠯ᠎ᠠ ᠪᠠᠷ᠂ ᠣᠯᠠᠨ ᠬᠡᠯᠪᠡᠷᠢ ᠪᠠᠷ ᠮᠠᠯᠵᠢᠬᠤ | ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠬᠤ ᠶᠢ ᠪᠠᠲᠤᠯᠠᠬᠤ ᠡᠭᠦᠷᠭᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠤᠨ᠂ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | ︵ᠬᠤᠶᠠᠷ︶ ᠬᠠᠷᠠᠯᠲᠠᠲᠤ ᠡᠭᠦᠷᠭᠡ | — — ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠵᠣ ᠦᠢᠯᠡᠰ ᠪᠣᠰᠬᠠᠬᠤ | ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠵᠦ᠂ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠨᠡᠯᠢᠶᠡᠳ ᠦᠨᠳᠦᠷ ᠪᠣᠯᠭᠠᠨ᠎ᠠ᠃ | ᠬᠠᠤᠯᠢ ᠪᠠᠷ ᠲᠣᠭᠲᠠᠭᠰᠠᠨ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ᠂ ᠰᠢᠯᠵᠢᠵᠤ ᠠᠵᠢᠯ ᠣᠯᠬᠤ ᠬᠦᠰᠡᠯ ᠪᠣᠳᠣᠯ ᠲᠠᠢ ᠮᠠᠯᠴᠢᠨ ᠲᠠᠷᠢᠶᠠᠴᠢᠨ | ᠪᠦᠬᠦᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠬᠦᠰᠡᠯ ᠪᠣᠳᠣᠯ ᠲᠠᠢ ᠪᠣᠯ ᠨᠠᠭᠠᠲᠤ | ᠵᠠᠬ᠎ᠠ ᠳᠤ ᠪᠠᠨ ᠨᠢᠭᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠲᠥᠯᠥᠪᠦᠷᠢ ᠦᠭᠡᠢ ᠪᠠᠷ ᠬᠦᠷᠲᠡᠭᠡᠨ᠎ᠡ︔ ᠦᠢᠯᠡᠰ ᠪᠣᠰᠬᠠᠬᠤ ᠬᠦᠰᠡᠯ ᠪᠣᠳᠣᠯ ᠲᠠᠢ | ᠪᠠ ᠦᠢᠯᠡᠰ ᠪᠣᠰᠬᠠᠬᠤ ᠨᠦᠬᠦᠴᠡᠯ ᠲᠠᠢ ᠪᠣᠯ ᠦᠢᠯᠡᠰ ᠪᠣᠰᠬᠠᠬᠤ ᠶᠢ ᠨᠢ ᠴᠦᠮ ᠪᠡᠶᠡᠯᠡᠭᠦᠯᠬᠦ ᠪᠠᠷ ᠴᠢᠷᠮᠠᠢᠨ᠎ᠠ᠃ | — — ᠦᠢᠯᠡᠰ ᠪᠣᠰᠬᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 2025 ᠣᠨ ᠪᠣᠯᠬᠤ ᠳᠤ᠂ ᠨᠤᠲᠤᠭ ᠲᠤ ᠪᠠᠨ | ᠬᠤᠴᠤᠷᠤᠭᠰᠠᠨ ᠮᠠᠯᠴᠢᠨ ᠲᠠᠷᠢᠶᠠᠴᠢᠨ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠤᠲᠤᠭ ᠲᠤ ᠪᠠᠨ ᠪᠣᠴᠠᠵᠤ ᠦᠢᠯᠡᠰ | ᠪᠣᠰᠬᠠᠬᠤ ᠳᠤ ᠲᠥᠷᠥ ᠶᠢᠨ ᠪᠣᠳᠣᠯᠭ᠎ᠠ ᠲᠠᠢ᠂ ᠠᠴᠢᠶᠠᠯᠠᠪᠤᠷᠢ ᠲᠠᠢ ᠪᠦᠭᠡᠳ ᠣᠷᠴᠢᠨ ᠨᠦᠬᠦᠴᠡᠯ ᠲᠠᠢ ᠪᠠᠶᠢᠬᠤ ᠶᠢ ᠪᠠᠲᠤᠯᠠᠵᠤ᠂ ᠰᠠᠭᠤᠷᠢ ᠪᠡᠯᠡᠳᠭᠡᠮᠵᠢ ᠶᠢ ᠢᠯᠡᠷᠬᠡᠢ | ᠰᠠᠶᠢᠵᠢᠷᠠᠭᠤᠯᠤᠨ ᠪᠠᠶᠢᠵᠤ᠂ ᠦᠢᠯᠡᠰ ᠪᠣᠰᠬᠠᠬᠤ ᠶᠢ ᠡᠷᠬᠢᠮᠯᠡᠭᠰᠡᠨ᠂ ᠦᠢᠯᠡᠰ ᠪᠣᠰᠬᠠᠬᠤ ᠶᠢ ᠳᠡᠳᠬᠦᠭᠰᠡᠨ ᠪᠠ ᠰᠠᠨᠠᠭᠠᠴᠢᠯᠠᠭ᠎ᠠ ᠠᠴᠠ ᠪᠠᠨ ᠦᠢᠯᠡᠰ ᠪᠣᠰᠬᠠᠭᠰᠠᠨ ᠮᠠᠰᠢ | ᠰᠠᠶᠢᠨ ᠨᠡᠶᠢᠭᠡᠮ ᠤᠨ ᠣᠷᠴᠢᠨ ᠪᠠᠢᠳᠠᠯ ᠲᠠᠢ ᠪᠣᠯᠭᠠᠬᠤ ᠶᠢ ᠦᠨᠡᠨ ᠬᠦ ᠪᠠᠲᠤᠯᠠᠨ᠎ᠠ᠃ | — — ᠦᠢᠯᠡᠰ ᠪᠣᠰᠬᠠᠬᠤ ᠶᠢᠨ ᠨᠡᠪᠴᠢᠭᠦᠯᠬᠦ ᠴᠢᠳᠠᠪᠤᠷᠢ ᠶᠢ ᠢᠯᠡᠷᠬᠡᠢ ᠴᠢᠩᠭᠠᠷᠠᠭᠤᠯᠤᠨ᠎ᠠ᠃ 2025 ᠣᠨ ᠪᠣᠯᠬᠤ ᠳᠤ᠂ ᠨᠥᠬᠦᠴᠡᠯ ᠲᠠᠢ ᠪᠠ | ᠴᠢᠳᠠᠪᠤᠷᠢ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠠᠭᠠᠲᠤ ᠵᠠᠬ᠎ᠠ ᠳᠤ ᠪᠠᠨ ᠴᠢᠳᠠᠮᠵᠢ ᠪᠠᠷ ᠪᠦᠷᠢᠨ ᠲᠡᠭᠦᠯᠳᠡᠷ ᠪᠣᠯᠬᠤ ᠮᠠᠯᠴᠢᠨ ᠲᠠᠷᠢᠶᠠᠴᠢᠨ ᠤ | ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠪᠣᠶᠤ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠬᠦᠷᠢᠶᠡᠯᠡᠩ ᠲᠣᠭᠤᠷᠢᠭ | ︵ᠨᠡᠪᠴᠢᠭᠦᠯᠬᠦ ᠰᠠᠭᠤᠷᠢᠨ ᠭᠠᠵᠠᠷ︶ ᠢ ᠨᠢᠭᠡ ᠪᠦᠲᠦᠭᠡᠨ ᠪᠠᠶᠢᠭᠤᠯᠤᠨ᠎ᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠣᠯᠭᠤᠵᠤ ᠦᠢᠯᠡᠰ ᠪᠣᠰᠬᠠᠬᠤ ᠣᠷᠴᠢᠨ ᠨᠥ᠋ᠬᠦᠴᠡᠯ ᠢ ᠰᠢᠯᠢᠳᠡᠭᠵᠢᠭᠦᠯᠦᠨ᠎ᠡ᠃ | 1. ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠠᠭᠦᠯᠳᠡᠷᠵᠢᠭᠦᠯᠦᠨᠡ᠃ ᠬᠤᠲᠠ ᠬᠦᠳᠡᠭᠡ ᠶᠢᠨ ᠬᠥᠳᠡᠯᠮᠦᠷᠢᠴᠢᠳ ᠤᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠬᠦ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠣᠯᠠᠨ ᠨᠡᠶᠢᠲᠡ ᠶᠢᠨ ᠠᠵᠢᠯ ᠣᠯᠭᠤᠬᠤ | ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠨᠢᠭᠡᠳᠦᠯᠲᠡᠢ ᠪᠠᠢᠭᠤᠯᠤᠮᠵᠢ ᠶᠢ ᠪᠠᠶᠢᠭᠤᠯᠤᠨ᠎ᠠ᠃ ᠰᠤᠮᠤ ᠰᠢᠶᠠᠩ ᠪᠠᠯᠭᠠᠰᠤ᠂ ᠭᠠᠴᠠᠭ᠎ᠠ | ᠲᠤᠰᠬᠤᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠣᠷ ᠴᠡᠭ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠴᠢᠩᠭᠠᠷᠠᠭᠤᠯᠤᠨ᠂ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ ᠠᠬᠢᠭᠤᠯᠤᠨ᠎ᠠ᠃ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠮᠵᠢᠵᠦ ᠪᠠᠶᠢᠭᠠᠳ ᠲᠤᠰᠬᠠᠶᠢᠵᠢᠭᠰᠠᠨ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ | ᠦᠢᠯᠡᠴᠢᠯᠡᠭᠡ ᠬᠠᠩᠭᠠᠬᠤ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠳᠡᠯᠮᠦᠷᠢ ᠦᠢᠯᠡᠴᠢᠯᠡᠬᠡᠨ ᠤ ᠡᠷᠬᠢᠯᠡᠨ ᠵᠠᠭᠤᠴᠢᠯᠠᠭᠴᠢ ᠶᠢ ᠳᠡᠮᠵᠢᠵᠦ ᠪᠠᠶᠢᠭᠠᠳ | ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ ᠦᠨᠳᠦᠰᠦᠨ ᠦᠢᠯᠡᠴᠢᠯᠡᠭᠡᠨ ᠢ ᠳᠠᠭᠠᠭᠠᠨ ᠵᠠᠯᠭᠠᠭᠤᠯᠬᠤ ᠪᠣᠯᠭᠠᠨ᠎ᠠ᠃ | ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠬᠤ ᠪᠦᠭᠡᠳ ᠠᠵᠢᠯ ᠦᠭᠡᠢ ᠪᠠᠶᠢᠳᠠᠯ ᠳᠤ | ᠪᠠᠢᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠬᠤᠪᠢ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠣᠶᠤ | ᠨᠡᠶᠢᠭᠡᠮ ᠤᠨ ᠪᠠᠲᠤᠯᠠᠭ᠎ᠠ ᠶᠢᠨ ᠺᠠᠷᠲ ᠡᠰᠡᠭᠦᠯ᠎ᠡ ︽ᠠᠵᠢᠯ ᠣᠯᠵᠤ ᠦᠢᠯᠡᠰ ᠪᠣᠰᠬᠠᠬᠤ ᠦᠨᠡᠮᠯᠡᠯ︾︶᠂ ᠨᠤᠳᠤᠨᠨᠰᠢᠬᠤ ᠦᠨᠡᠮᠯᠡᠯ ᠵᠡᠷᠭᠡ ᠶᠢ ᠠᠪᠴᠤ᠂ ᠪᠠᠶᠢᠩᠭᠤ | ᠰᠠᠭᠤᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠨ ᠳᠠᠩᠰᠠᠯᠠᠨ | ᠲᠡᠮᠳᠡᠭᠯᠡᠭᠦᠯᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠦᠢᠯᠡᠴᠢᠯᠡᠭᠡᠨ ᠬᠦᠷᠲᠡᠬᠦ ᠪᠠᠷ ᠭᠤᠶᠤᠴᠢᠯᠠᠵᠤ ᠪᠣᠯᠣᠨ᠎ᠠ᠃ ᠮᠠᠯᠵᠢᠬᠤ ᠲᠠᠷᠢᠶᠠᠯᠠᠬᠤ | ᠣᠷᠣᠨ ᠤ ᠰᠢᠯᠵᠢᠵᠦ ᠠᠵᠢᠯ ᠤᠯᠤᠨᠨᠰᠠᠨ ᠬᠥᠳᠡᠯᠮᠦᠷᠢᠴᠢᠳ ᠠᠵᠢᠯ ᠣᠯᠣᠭᠰᠠᠨ ᠭᠠᠵᠠᠷ᠂ ᠠᠵᠢᠯ ᠭᠤᠶᠤᠴᠢᠯᠠᠭᠰᠠᠨ ᠭᠠᠵᠠᠷ᠂ ᠭᠦᠷᠦᠭᠰᠡᠨ ᠬᠦᠳᠡᠭᠡ | ᠲᠤᠰᠬᠤᠨ ᠳᠤ ᠪᠠᠨ ᠠᠵᠢᠯ ᠣᠯᠬᠤ ᠪᠠᠨ ᠵᠣᠭᠰᠣᠭᠠᠬᠤ ᠪᠣᠶᠤ ᠨᠣᠲᠤᠭ ᠲᠤ ᠪᠠᠨ ᠪᠣᠴᠬᠠᠰᠠᠨ ᠪᠠ ᠬᠦᠳᠡᠭᠡ ᠲᠤᠰᠬᠤᠨ ᠳᠤ ᠭᠦᠷᠦᠭᠰᠡᠨ ᠢᠶᠠᠨ ᠳᠠᠩᠰᠠᠯᠠᠨ | ᠲᠡᠮᠳᠡᠭᠯᠡᠭᠦᠯᠬᠦ ᠶᠢ ᠵᠦᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ ᠨᠢᠭᠡᠳᠦᠭᠡᠷ ᠲᠤ ᠵᠢᠭᠰᠠᠭᠠᠭᠳᠠᠭᠰᠠᠨ ᠢᠶᠠᠷ ᠲᠦᠷᠦᠭᠦᠯᠡᠬᠦ ᠨᠢᠭᠡᠴᠢ ᠪᠣᠯᠭᠠᠨ᠎ᠠ᠂ ᠳᠣᠷᠣᠭᠰᠢ ᠠᠳᠠᠯᠢ︶ | 2. ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠯ᠎ᠡ ᠱᠠᠲᠤᠨ ᠤ ᠬᠥᠮᠦᠨ ᠤ ᠬᠦᠴᠦᠨ ᠤ ᠡᠬᠢ | ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠣᠴᠠᠵᠤ ᠦᠢᠯᠡᠰ | ᠪᠣᠰᠬᠠᠬᠤ ᠶᠢ ᠠᠬᠢᠭᠤᠯᠬᠤ ᠪᠠ ᠬᠦᠳᠡᠭᠡ ᠲᠤᠰᠬᠤᠨ ᠳᠤ ᠭᠦᠷᠦᠭᠰᠡᠳ ︵ᠨᠢᠭᠡ ᠵᠦᠢᠯ ᠤᠨ ᠮᠡᠷᠭᠡᠵᠢᠯ ᠲᠠᠢ ᠪᠤᠶᠤ ᠬᠤᠰᠢᠭᠤᠷᠠᠯ ᠪᠣᠯᠬᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠡᠵᠡᠮᠰᠢᠭᠰᠡᠨ ᠬᠦᠳᠡᠭᠡ ᠲᠤᠰᠬᠤᠨ ᠳᠤ ᠭᠦᠷᠴᠤ ᠦᠢᠯᠡᠰ ᠪᠣᠰᠬᠠᠬᠤ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠵᠢᠭᠠᠵᠤ ᠪᠣᠢ︶᠂ | ᠨᠤᠲᠤᠭ ᠲᠤ ᠪᠠᠨ ᠬᠤᠴᠤᠷᠤᠭᠰᠠᠳ ︵ᠰᠢᠯᠵᠢᠵᠦ ᠠᠵᠢᠯ ᠬᠢᠭᠰᠡᠨ ᠦᠭᠡᠢ ᠨᠤᠲᠤᠭ ᠲᠤ ᠪᠠᠨ ᠬᠤᠴᠤᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ | ᠬᠦᠴᠦᠨ ᠢ ᠵᠢᠭᠠᠵᠤ ᠪᠣᠢ︶ ᠵᠡᠷᠭᠡ ᠦᠢᠯᠡᠰ ᠪᠣᠰᠬᠠᠭᠰᠠᠳ ᠤᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ᠭᠤᠶᠤᠴᠢᠯᠠᠨ ᠭᠦᠢᠴᠡᠳᠭᠡᠬᠦ | ᠴᠣᠪᠤᠷᠠᠯ᠂ ᠨᠡᠮᠡᠭᠦᠷᠢ ᠥᠭᠬᠦ ᠪᠠᠷᠢᠮᠵᠢᠶ᠎ᠠ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ ᠠᠵᠢᠯ ᠣᠯᠭᠤᠯᠲᠠ ᠶᠢᠨ ᠮᠡᠳᠡᠭᠡ ᠵᠠᠩᠭᠢ᠂ ᠠᠵᠢᠯ ᠣᠯᠭᠤᠯᠲᠠ ᠶᠢᠨ | ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠬᠥᠮᠥᠨ ᠤ ᠬᠥᠴᠦᠨ ᠤ ᠡᠬᠢ | ᠪᠠᠶᠠᠯᠢᠭ ᠤᠨ ᠰᠢᠯᠵᠢᠭᠦᠯᠦᠨ ᠠᠵᠢᠯ ᠣᠯᠭᠤᠬᠤ ᠶᠢ ᠨᠢ ᠳᠠᠩᠰᠠᠯᠠᠨ ᠲᠡᠮᠳᠡᠭᠯᠡᠬᠦ ᠦᠢᠯᠡᠴᠢᠯᠡᠭᠡ ᠶᠢ ᠴᠠᠭ ᠲᠤᠬᠠᠢ ᠳᠤ ᠨᠢ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠶᠢᠨ ᠬᠥᠴᠦᠨ ᠳᠤ ᠲᠥᠯᠥᠪᠦᠷᠢ ᠦᠭᠡᠢ ᠪᠠᠷ ᠬᠠᠩᠭᠠᠨ ᠥᠭᠴᠦ᠂ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠢ ᠨᠠᠶᠢᠳᠠᠪᠤᠷᠢᠵᠢᠭᠤᠯᠤᠨ | ᠪᠣᠳᠠᠲᠠᠢᠵᠢᠭᠤᠯᠬᠤ ᠪᠠᠨ ᠪᠠᠲᠤᠯᠠᠨ᠎ᠠ᠃ ᠰᠦᠯᠵᠢᠶ᠎ᠡ ᠪᠠᠷ ᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠡᠰᠢᠵᠢᠭᠰᠡᠨ ᠠᠵᠢᠯ ᠣᠯᠭᠤᠵᠤ ᠦᠢᠯᠡᠰ ᠪᠣᠰᠬᠠᠬᠤ | ᠲᠠᠯ᠎ᠠ ᠶᠢᠨ ᠵᠢᠭᠠᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠦᠨ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠣᠯᠠᠨ ᠨᠡᠶᠢᠲᠡ ᠳᠤ ᠨᠡᠶᠢᠲᠡᠯᠡᠬᠦ | ᠲᠠᠪᠴᠠᠩ ᠢᠶᠠᠨ ᠪᠦᠷᠢᠨᠰᠢᠭᠦᠯᠵᠦ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠰᠦᠯᠵᠢᠶ᠎ᠡ ᠪᠠᠷ ᠨᠡᠶᠢᠲᠡᠯᠡᠬᠦ ᠪᠠ ᠭᠠᠵᠠᠷ ᠣᠷᠣᠨ ᠠᠯᠤᠰᠯᠠᠨ ᠬᠠᠮᠲᠤ ᠳᠤ ᠪᠠᠨ | ᠬᠦᠷᠲᠡᠯᠴᠡᠬᠦ ᠶᠢ ᠪᠡᠶᠡᠯᠡᠭᠦᠯᠦᠨ᠂ ᠠᠵᠢᠯ ᠣᠯᠭᠤᠯᠲᠠ ᠶᠢᠨ ᠣᠨᠣᠪᠴᠢᠲᠠᠢ ᠲᠣᠬᠢᠷᠠᠯᠴᠠᠭᠤᠯᠬᠤ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠨᠤᠲᠤᠭ ᠲᠤ ᠪᠠᠨ ᠪᠣᠴᠠᠵᠤ | ᠦᠢᠯᠡᠰ ᠪᠣᠰᠬᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠨ ᠪᠠ ᠨᠤᠲᠤᠭ ᠲᠤ ᠪᠠᠨ ᠬᠤᠴᠤᠷᠤᠨ ᠦᠢᠯᠡᠰ ᠪᠣᠰᠬᠠᠭᠰᠠᠳ ᠲᠠᠢ | ᠲᠤᠭᠲᠠᠭᠰᠠᠨ ᠬᠤᠭᠤᠴᠠᠭ᠎ᠠ ᠲᠠᠢ ᠬᠠᠷᠢᠯᠴᠠᠬᠤ ᠬᠢᠭᠡᠳ ᠱᠠᠲᠤ ᠪᠠ ᠲᠥᠷᠥᠯ ᠬᠤᠪᠢᠶᠠᠨ ᠦᠢᠯᠡᠴᠢᠯᠡᠬᠦ ᠪᠠᠨ ᠴᠢᠩᠭᠠᠳᠬᠠᠵᠤ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠲᠣᠮᠤ ᠲᠢᠩᠬᠢᠮ ᠳᠤ ᠲᠦᠰᠢᠭᠯᠡᠨ ᠠᠵᠢᠯ ᠣᠯᠭᠤᠵᠤ ᠦᠢᠯᠡᠰ ᠪᠣᠰᠬᠠᠬᠤ | ᠦᠢᠯᠡᠴᠢᠯᠡᠭᠡᠨ ᠤ ᠲᠤᠰᠬᠠᠢ ᠴᠤᠩᠬᠤᠪᠴᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠡᠷᠡᠭᠯᠡᠵᠦ ᠬᠠᠮᠲᠤ ᠳᠤ ᠪᠠᠨ ᠬᠦᠷᠲᠡᠯᠴᠡᠬᠦ ᠶᠢ ᠠᠬᠢᠭᠤᠯᠵᠤ᠂ ᠨᠤᠲᠤᠭ ᠲᠤ ᠪᠠᠨ | ᠪᠣᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ | ᠪᠣᠰᠬᠠᠭᠰᠠᠳ ᠲᠤ ᠲᠤᠬᠠᠢ ᠶᠢᠨ ᠭᠠᠵᠠᠷ ᠲᠤ ᠨᠢ ᠥᠢᠷ᠎ᠠ ᠬᠠᠪᠢ ᠳᠤ ᠨᠢ ᠲᠥᠷᠥ ᠶᠢᠨ ᠪᠣᠳᠣᠯᠭ᠎ᠠ ᠪᠠᠷ ᠭᠤᠶᠤᠴᠢᠯᠠᠬᠤ᠂ ᠲᠥᠷᠥᠯ ᠵᠦᠢᠯ ᠤᠨ ᠲᠠᠨᠢᠯᠴᠠᠭᠤᠯᠭ᠎ᠠ᠂ | ᠦᠢᠯᠡᠰ ᠪᠣᠰᠬᠠᠬᠤ ᠪᠣᠯᠪᠠᠰᠤᠷᠠᠯ ︵ᠳᠠᠳᠤᠯᠭ᠎ᠠ︶᠂ ᠡᠵᠡᠩᠨᠡᠯᠲᠡ ᠪᠠᠨ ᠡᠬᠢᠯᠡᠭᠦᠯᠬᠦ ᠶᠣᠰᠤᠯᠠᠯ ᠤᠨ ᠵᠢᠭᠠᠨ ᠵᠢᠯᠣᠭᠤᠳᠤᠯᠭ᠎ᠠ᠂ ᠪᠡᠯᠡ ᠲᠣᠬᠢᠷᠠᠭᠤᠯᠬᠤ ᠦᠢᠯᠡᠴᠢᠯᠡᠭᠡ᠂ | ᠲᠥᠭᠰᠢᠭᠦᠷᠢ ᠶᠢᠨ ᠦᠨᠡᠯᠡᠯᠲᠡ᠂ ᠮᠦᠷᠲᠡᠵᠦ ᠵᠢᠭᠠᠨ ᠵᠢᠯᠣᠭᠤᠳᠬᠤ᠂ ᠨᠡᠶᠢᠭᠡᠮ ᠤᠨ ᠪᠠᠲᠤᠯᠠᠭ᠎ᠠ ᠪᠠᠨ ᠦᠷᠭᠦᠯᠵᠢᠯᠡᠭᠦᠯᠬᠦ ᠵᠡᠷᠭᠡ ︽ᠨᠢᠭᠡ ᠦᠷᠲᠡᠭᠡᠴᠢᠯᠡᠭᠰᠡᠨ ᠮᠠᠶ᠋ᠢᠭ ᠤᠨ | ᠦᠢᠯᠡᠴᠢᠯᠡᠭᠡ︾ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠨᠤᠲᠤᠭ ᠤᠨ ᠮᠦᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 3. ᠦᠢᠯᠡᠰ ᠪᠣᠰᠬᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ | ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠪᠠᠨ ᠥᠷᠭᠦᠯᠵᠢᠯᠡᠨ ᠠᠬᠢᠭᠤᠯᠵᠤ᠂ ᠦᠢᠯᠡᠰ ᠪᠣᠰᠬᠠᠬᠤ ᠣᠷᠴᠢᠨ | ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ | ᠬᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠦᠢᠯᠡᠰ ᠪᠣᠰᠬᠠᠵᠤ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠤᠨ ᠳᠡᠮᠵᠢᠵᠦ᠂ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ | ᠪᠣᠰᠬᠠᠭᠰᠠᠳ ᠢ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠᠷ ᠳᠡᠳᠬᠦᠬᠦ ᠬᠡᠪᠴᠢᠶᠡᠨ ᠳᠤ ᠣᠷᠤᠭᠤᠯᠤᠨ᠂ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠡᠭᠦᠳᠦᠨ | ᠪᠠᠶᠢᠭᠤᠯᠤᠭᠰᠠᠨ ᠦᠢᠯᠡᠰ ᠪᠣᠰᠬᠠᠬᠤ ᠬᠥᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠲᠣᠭᠲᠠᠭᠠᠯ ᠶᠣᠰᠤᠭᠠᠷ ᠥᠪᠡᠷᠲᠡᠭᠡᠨ ᠵᠠᠰᠠᠬᠤ ᠣᠷᠣᠨ ᠤ | ᠦᠢᠯᠡᠰ ᠪᠣᠰᠬᠠᠬᠤ ᠬᠥᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠤᠨ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠲᠥᠷᠥᠯ ᠵᠦᠢᠯ ᠳᠤ | ᠣᠷᠤᠭᠤᠯᠵᠤ ᠳᠡᠳᠭᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠢᠯᠡᠰ ᠪᠣᠰᠬᠠᠭᠰᠠᠨ ᠪᠦᠭᠡᠳ ᠬᠠᠮᠲᠤ ᠦᠢᠯᠡᠰ ᠪᠣᠰᠬᠠᠬᠤ | ᠳᠠᠭᠠᠭᠠᠯᠲᠠ ᠲᠠᠢ ᠵᠢᠭᠡᠯᠡᠯᠭᠡ ᠠᠪᠬᠤ ᠨᠥᠬᠦᠴᠡᠯ ᠳᠤ ᠨᠡᠶᠢᠴᠡᠭᠰᠡᠨ ᠦᠢᠯᠡᠰ ᠪᠣᠰᠬᠠᠭᠰᠠᠳ ᠨᠢ ᠡᠷᠦᠬᠡ ᠠᠮᠠ ᠪᠠᠶᠢᠭ᠎ᠠ ᠭᠠᠵᠠᠷ ᠲᠤ ᠬᠢᠵᠠᠭᠠᠷᠯᠠᠭᠳᠠᠬᠤ ᠦᠭᠡᠢ᠂ | ᠦᠢᠯᠡᠰ ᠪᠣᠰᠬᠠᠭᠰᠠᠨ ᠭᠠᠵᠠᠷ ᠲᠠᠬᠢ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠪᠠᠷ ᠳᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ᠥᠪᠡᠷᠲᠡᠭᠡᠨ | ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ | ᠬᠠᠷᠢᠭᠤᠴᠠᠨ᠎ᠠ︶ | 4. ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠢ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ | ᠲᠣᠭᠲᠠᠯᠴᠠᠭ᠎ᠠ ᠳᠤ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠭᠠᠵᠠᠷ ᠣᠷᠣᠨ ᠳᠤ ᠬᠢᠵᠠᠭᠠᠷᠯᠠᠭᠳᠠᠬᠤ ᠦᠭᠡᠢ᠂ ᠠᠵᠢᠯ | ᠣᠯᠣᠭᠰᠠᠨ ᠭᠠᠵᠠᠷ ᠲᠤ ᠪᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠢᠯᠡᠰ ᠪᠣᠰᠬᠠᠬᠤ ᠪᠣᠯᠪᠠᠰᠤᠷᠠᠯ ᠳᠤ ᠣᠷᠣᠯᠴᠠᠵᠤ ᠪᠣᠯᠣᠨ᠎ᠠ᠂ | ᠪᠣᠯᠪᠠᠰᠤᠷᠠᠯ ᠬᠦᠷᠲᠡᠭᠰᠡᠨ ᠴᠠᠭ ᠢ ᠨᠢ ᠨᠡᠶᠢᠯᠡᠭᠦᠯᠦᠨ ᠪᠣᠳᠣᠵᠤ᠂ ᠨᠥᠬᠦᠴᠡᠯ ᠳᠤ ᠨᠡᠶᠢᠴᠡᠭᠰᠡᠨ ᠪᠣᠯ ᠬᠠᠮᠢᠶ᠎ᠠ ᠪᠦᠬᠦᠢ ᠲᠣᠭᠲᠠᠭᠠᠯ ᠶᠣᠰᠤᠭᠠᠷ ᠠᠵᠢᠯ ᠮᠡᠷᠭᠡᠵᠢᠯ ᠤᠨ | ᠪᠣᠯᠪᠠᠰᠤᠷᠠᠯ ᠤᠨ ᠨᠡᠮᠡᠭᠦᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠡᠮᠡᠭᠦᠷᠢ᠂ ᠦᠢᠯᠡᠰ ᠪᠣᠰᠬᠠᠬᠤ ᠪᠣᠯᠪᠠᠰᠤᠷᠠᠯ ᠤᠨ ᠨᠡᠮᠡᠭᠦᠷᠢ | ᠥᠭᠬᠦ ᠬᠡᠷᠡᠭᠲᠡᠢ︔ ᠪᠣᠯᠪᠠᠰᠤᠷᠠᠯ ᠳᠤ ᠬᠢᠷᠢ ᠲᠡᠩᠴᠡᠭᠰᠡᠨ ᠪᠣᠯ ᠲᠣᠨᠨᠳᠠᠭᠠᠯ ᠶᠣᠰᠣᠭᠠᠷ ᠠᠮᠢᠳᠤᠷᠠᠯ ᠤᠨ ᠰᠦᠢᠳᠭᠡᠯ ︵ᠵᠠᠮ ᠬᠠᠷᠢᠯᠴᠠᠭᠠᠨ ᠤ ᠰᠦᠢᠳᠭᠡᠯ ᠪᠠᠭᠲᠠᠨ᠎ᠠ︶ | ᠤᠨ ᠨᠡᠮᠡᠭᠦᠷᠢ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ | ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | ︵ᠬᠤᠶᠠᠷ︶ ᠠᠵᠢᠯ ᠣᠯᠭᠤᠯᠲᠠ ᠶᠢ ᠦᠷᠭᠡᠳᠭᠡᠬᠦ ᠪᠠ ᠲᠣᠭᠲᠠᠭᠤᠨ ᠪᠠᠶᠢᠯᠭᠠᠨ᠎ᠠ᠃ | 5. ᠬᠥᠮᠥᠨ ᠬᠡᠷᠡᠭᠯᠡᠬᠦ ᠨᠢᠭᠡᠴᠢ ᠳᠤ ᠨᠢᠭᠡ ᠪᠦᠯᠦᠭ ᠢ ᠨᠢ ᠲᠠᠲᠠᠵᠤ ᠣᠷᠣᠭᠤᠯᠤᠨ᠎ᠠ᠃ ᠲᠣᠮᠤ ᠬᠡᠯᠪᠡᠷᠢ ᠶᠢᠨ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠤᠭᠰᠠᠨ | ᠲᠥᠷᠥᠯ ᠵᠦᠢᠯ ᠪᠠ ᠥᠭᠡᠷᠡᠴᠢᠯᠡᠨ ᠰᠢᠨᠡᠳᠭᠡᠵᠦ ᠥᠷᠭᠡᠳᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠩᠬᠠᠷᠴᠤ᠂ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠳᠤ ᠨᠢ ᠬᠠᠨᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢᠯᠠᠩᠭᠤᠶ᠎ᠠ ᠳᠠᠩᠰᠠ ᠪᠠ ᠺᠠᠷᠲ ᠲᠠᠢ ᠶᠠᠳᠠᠭᠤ ᠬᠥᠴᠢᠷᠲᠡᠯᠲᠡᠢ | ᠬᠥᠳᠡᠯᠮᠦᠷᠢ ᠶᠢᠨ ᠬᠥᠴᠦᠨ ᠢ ᠵᠣᠬᠢᠶᠠᠨ ᠪᠠᠶᠢᠭᠤᠯᠵᠤ ᠵᠠᠬᠢᠶᠠᠯᠠᠭ᠎ᠠ ᠪᠠ ᠠᠵᠢᠯ ᠤᠨ ᠪᠠᠶᠢᠷᠢ ᠲᠣᠭᠲᠠᠭᠠᠨ ᠪᠣᠯᠪᠠᠰᠣᠷᠠᠯ ᠭᠦᠷᠳᠡᠬᠡᠵᠦ᠂ ᠠᠵᠤ ᠠᠬᠤᠶᠢᠯᠠᠯ ᠳᠤ ᠬᠢᠷᠢ | ᠲᠡᠩᠴᠡᠭᠰᠡᠨ ᠴᠢᠳᠠᠪᠦᠷᠢᠲᠡᠨ ᠢ ᠪᠣᠯᠪᠠᠰᠤᠷᠠᠭᠤᠯᠵᠤ ᠦᠭᠭᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠤ᠂ ᠵᠠᠬ᠎ᠠ ᠳᠡᠯᠭᠡᠭᠦᠷ ᠲᠤ | ᠣᠷᠣᠬᠤ ᠵᠦᠪᠰᠢᠶᠡᠷᠡᠯ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ᠂ ᠡᠳ᠋ ᠤᠨ ᠵᠠᠰᠠᠭ ᠭᠠᠶᠢᠯᠢ ᠲᠠᠲᠠᠪᠤᠷᠢ ᠶᠢ ᠬᠠᠰᠤᠵᠤ ᠬᠡᠯᠲᠤᠷᠢᠭᠦᠯᠬᠦ᠂ ᠠᠵᠤ ᠠᠬᠤᠶᠢᠯᠠᠯ ᠢ | ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠵᠠᠰᠠᠭ ᠤᠨ ᠣᠷᠳᠣᠨ ᠬᠤᠳᠠᠯᠳᠤᠨ ᠠᠪᠬᠤ᠂ ᠠᠵᠢᠯᠯᠠᠬᠤ ᠪᠠᠷ ᠪᠣᠯᠪᠠᠰᠤᠷᠠᠯ ᠢ ᠣᠷᠤᠯᠠᠭᠤᠯᠬᠤ ᠵᠡᠷᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠬᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠪᠠ ᠦᠷᠭᠡᠳᠭᠡᠵᠦ᠂ ᠮᠠᠯᠵᠢᠬᠤ ᠲᠠᠷᠢᠶᠠᠯᠠᠬᠤ | ᠣᠷᠣᠨ ᠤ ᠬᠥᠳᠡᠯᠮᠦᠷᠢ ᠶᠢᠨ ᠬᠥᠴᠦᠨ ᠢᠯᠠᠩᠭᠤᠶ᠎ᠠ ᠳᠠᠩᠰᠠ ᠪᠠ ᠺᠠᠷᠲ ᠲᠠᠢ ᠶᠠᠳᠠᠭᠤ ᠬᠦᠴᠢᠷᠲᠡᠯᠲᠡᠢ ᠬᠥᠳᠡᠯᠮᠦᠷᠢ ᠶᠢᠨ ᠬᠦᠴᠦᠨ ᠢ ᠬᠦᠯᠢᠶᠡᠨ ᠠᠪᠴᠤ ᠠᠵᠢᠯ | ᠣᠯᠭᠤᠨ᠎ᠠ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠬᠦ ᠴᠢᠳᠠᠪᠤᠷᠢ ᠶᠢ ᠪᠣᠢ ᠪᠣᠯᠭᠠᠵᠤ᠂ ᠮᠡᠳᠡᠭᠡ ᠵᠠᠩᠭᠢ ᠶᠢᠨ ᠰᠥᠯᠵᠢᠶ᠎ᠡ ᠵᠡᠷᠭᠡ ᠰᠢᠨ᠎ᠡ ᠬᠡᠯᠪᠡᠷᠢ ᠶᠢᠨ | ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠶᠠᠪᠤᠵᠤ ᠰᠠᠭᠤᠬᠤ ᠳᠤ ᠬᠠᠮᠲᠤ ᠳᠤ ᠪᠠᠨ ᠬᠦᠷᠲᠡᠬᠦ ᠠᠶᠠᠯᠠᠯ᠂ ᠨᠡᠶᠢᠭᠡᠮ ᠲᠣᠭᠤᠷᠢᠭ ᠬᠠᠮᠲᠤ ᠪᠠᠷ | ᠬᠤᠳᠠᠯᠳᠤᠨ ᠠᠪᠬᠤ ᠵᠡᠷᠭᠡ ᠡᠵᠡᠩᠨᠡᠯᠲᠡ ᠶᠢᠨ ᠰᠢᠨ᠎ᠡ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ ᠶᠢᠨ | ᠦᠢᠯᠡᠳᠪᠦᠷᠢᠯᠡᠯ ᠳᠠᠬᠢ ᠦᠵᠦᠭᠦᠷ ᠦᠢᠯᠡᠴᠢᠯᠡᠭᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠤᠨ᠂ ᠦᠢᠯᠡᠳᠪᠦᠷᠢᠯᠡᠬᠦ ᠪᠠ | ᠪᠣᠷᠤᠯᠠᠭᠤᠯᠬᠤ ᠶᠢ ᠵᠠᠯᠭᠠᠯᠳᠤᠭᠤᠯᠬᠤ ᠪᠠᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ ᠰᠢᠨ᠎ᠡ ᠬᠦᠷᠢᠶ᠎ᠡ ᠴᠠᠷᠠᠭ᠎ᠠ ᠶᠢ ᠦᠷᠭᠡᠳᠭᠡᠨ | ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠠᠯᠴᠢᠭᠡᠷ ᠤᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 6. ᠦᠢᠯᠡᠰ ᠪᠣᠰᠬᠠᠬᠤ ᠶᠢ ᠳᠡᠳᠬᠦᠨ ᠳᠡᠮᠵᠢᠵᠦ ᠪᠠᠶᠢᠭᠠᠳ ᠨᠢᠭᠡ ᠪᠦᠯᠦᠭ ᠢ ᠨᠢ ᠳᠠᠶᠢᠴᠢᠯᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠴᠢ᠂ ᠬᠦᠳᠡᠭᠡ ᠲᠤᠰᠬᠤᠨ ᠳᠤ ᠭᠦᠷᠦᠭᠰᠡᠨ ᠪᠠ ᠨᠤᠲᠤᠭ ᠲᠤ ᠪᠠᠨ ᠬᠤᠴᠣᠷᠤᠭᠰᠠᠨ ᠬᠦᠮᠦᠰ ᠵᠡᠷᠭᠡ ᠦᠢᠯᠡᠰ ᠪᠣᠰᠬᠠᠭᠰᠠᠳ ᠢ ᠵᠣᠷᠢᠭᠵᠢᠭᠤᠯᠵᠤ ᠬᠥᠲᠥᠯᠥᠨ | ᠵᠢᠯᠣᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠴᠢᠨ ᠲᠠᠷᠢᠶᠠᠴᠢᠨ ᠤ ᠬᠤᠷᠰᠢᠶ᠎ᠡ᠂ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠬᠥᠲᠥᠴᠢ ᠠᠵᠤ ᠠᠬᠤᠶᠢᠯᠠᠯ᠂ ᠪᠦᠲᠦᠭᠡᠯᠴᠢ | ᠲᠥᠰᠥᠪᠯᠡᠯ ᠤᠨ ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠡᠷᠬᠢᠯᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠨᠡᠩ ᠣᠯᠠᠨ ᠬᠥᠳᠡᠯᠮᠦᠷᠢ ᠶᠢᠨ ᠬᠦᠴᠦᠨ ᠢ ᠳᠠᠶᠢᠴᠢᠯᠠᠵᠤ ᠠᠵᠢᠯ ᠣᠯᠭᠤᠨ᠎ᠠ᠃ ᠵᠢᠵᠢᠭ ᠪᠢᠴᠢᠯ ᠠᠵᠤ ᠠᠬᠤᠶᠢᠯᠠᠯ ᠢ ᠠᠩᠬ᠎ᠠ | ᠤᠳᠠᠭ᠎ᠠ ᠡᠷᠬᠢᠯᠡᠭᠰᠡᠨ ᠪᠣᠶᠤ ᠬᠤᠪᠢ ᠶᠢᠨ ᠡᠵᠡᠩᠨᠡᠯᠲᠡ ᠶᠢ ᠡᠷᠬᠢᠯᠡᠵᠦ ᠬᠢᠭᠰᠡᠨ ᠮᠦᠷᠲᠡᠭᠡᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠣᠶᠤ ᠬᠤᠪᠢ ᠶᠢᠨ | ᠡᠵᠡᠩᠨᠡᠯᠲᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠨᠢ ᠳᠠᠩᠰᠠᠯᠠᠨ ᠲᠡᠮᠳᠡᠭᠯᠡᠭᠦᠯᠦᠭᠰᠡᠨ ᠡᠳᠦᠷ ᠠᠴᠠ ᠡᠬᠢᠯᠡᠵᠦ 1 ᠵᠢᠯ ᠭᠠᠷᠤᠢ ᠬᠡᠪ ᠤᠨ ᠪᠠᠶᠢᠳᠠᠯ ᠢᠶᠠᠷ | ᠡᠵᠡᠩᠨᠡᠭᠰᠡᠨ ᠪᠠᠶᠢᠪᠠᠯ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠥᠴᠦᠨ ᠳᠤ ᠨᠢᠭᠡ ᠯᠡ ᠤᠳᠠᠭ᠎ᠠ ᠪᠠᠷ ᠦᠢᠯᠡᠰ ᠪᠣᠰᠬᠠᠬᠤ ᠨᠡᠮᠡᠭᠦᠷᠢ | ᠥᠭᠴᠦ᠂ ᠦᠢᠯᠡᠰ ᠪᠣᠰᠬᠠᠬᠤ ᠨᠡᠮᠡᠭᠦᠷᠢ ᠶᠢᠨ ᠪᠡᠯᠡ ᠮᠦᠩᠭᠦ ᠶᠢ ᠠᠵᠢᠯ ᠣᠯᠭᠤᠯᠲᠠ ᠶᠢᠨ ᠨᠦᠬᠦᠪᠦᠷᠢ ᠶᠢᠨ ᠪᠡᠯᠡ ᠮᠦᠩᠭᠦ ᠠᠴᠠ ᠭᠠᠷᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 7. ᠬᠥᠳᠡᠯᠮᠦᠷᠢ ᠦᠢᠯᠡᠴᠢᠯᠡᠭᠡ ᠶᠢ ᠭᠠᠳᠠᠭᠰᠢ ᠶᠠᠪᠤᠭᠤᠯᠬᠤ ᠪᠠᠷ ᠨᠢᠭᠡ ᠪᠥᠯᠥᠭ ᠢ ᠨᠢ ᠰᠢᠯᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ | ᠦᠢᠯᠡᠴᠢᠯᠡᠭᠡ ᠶᠢ ᠵᠠᠯᠭᠠᠯᠳᠤᠭᠤᠯᠬᠤ᠂ ᠬᠦᠷᠰᠢ ᠵᠡᠷᠭᠡᠯᠡᠳᠡᠭᠡ ᠮᠣᠵᠢ ︵ᠣᠷᠣᠨ᠂ ᠬᠤᠲᠠ︶ ᠶᠢᠨ ᠬᠥᠳᠡᠯᠮᠦᠷᠢ ᠦᠢᠯᠡᠴᠢᠯᠡᠭᠡ ᠶᠢ ᠵᠠᠯᠭᠠᠯᠳᠤᠭᠤᠯᠬᠤ ᠪᠠ ︽ᠤᠷᠢᠬᠠᠨ | ᠬᠠᠪᠤᠷ ᠤᠨ ᠠᠵᠢᠯᠯᠠᠭ᠎ᠠ︾ ︽ᠥᠪᠥᠷ ᠮᠣᠩᠭᠤᠯ ᠤᠨ ᠰᠦᠯᠵᠢᠶ᠎ᠡ ᠪᠠᠷ ᠲᠣᠮᠣ ᠬᠡᠪᠴᠢᠶᠡᠨ ᠤ ᠡᠯᠰᠡᠵᠦ ᠤᠷᠢᠬᠤ ᠠᠵᠢᠯᠯᠠᠭ᠎ᠠ ᠶᠢᠨ ᠰᠠᠷ᠎ᠠ︾ ᠵᠡᠷᠭᠡ ᠲᠤᠰᠬᠠᠢ | ᠠᠵᠢᠯᠯᠠᠭ᠎ᠠ ᠶᠢ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠶᠠᠪᠤᠭᠤᠯᠬᠤ ᠪᠠᠨ ᠵᠣᠬᠢᠶᠠᠨ ᠪᠠᠶᠢᠭᠤᠯᠤᠯᠲᠠᠴᠢᠯᠠᠬᠤ ᠶᠢᠨ ᠬᠡᠮᠵᠢᠶ᠎ᠡ ᠶᠢ ᠪᠦᠲᠦᠮᠵᠢᠲᠠᠢ | ᠳᠡᠭᠡᠭᠰᠢᠯᠡᠭᠦᠯᠦᠨ᠎ᠡ᠃ ᠬᠥᠮᠥᠨ ᠤ ᠬᠥᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠶᠢᠨ ᠡᠷᠬᠢᠯᠡᠨ ᠵᠠᠭᠤᠴᠢᠯᠠᠭᠴᠢ ᠵᠡᠷᠭᠡ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠵᠤ ᠪᠠᠶᠢᠭᠠᠳ ᠬᠥᠳᠡᠯᠮᠦᠷᠢ ᠦᠢᠯᠡᠴᠢᠯᠡᠭᠡ ᠢ ᠭᠠᠳᠠᠭᠰᠢ ᠶᠠᠪᠤᠭᠤᠯᠬᠤ ᠠᠵᠢᠯ ᠳᠤ ᠢᠳᠡᠪᠬᠢᠲᠡᠢ | ᠣᠷᠣᠯᠴᠠᠭᠤᠯᠤᠨ᠂ ᠠᠵᠢᠯ ᠣᠯᠭᠤᠵᠣ ᠦᠢᠯᠡᠰ ᠪᠣᠰᠬᠠᠬᠤ ᠦᠢᠯᠡᠴᠢᠯᠡᠭᠡᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠤ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠤᠨ᠎ᠠ᠃ ᠭᠡᠷ ᠠᠬᠤᠢ ᠶᠢᠨ | ᠦᠢᠯᠡᠴᠢᠯᠡᠭᠡ ᠶᠢᠨ ᠦᠢᠯᠡᠰ ᠢ ᠲᠥᠷᠥ ᠶᠢᠨ ᠪᠣᠳᠣᠯᠭ᠎ᠠ ᠪᠠᠷ ᠳᠡᠳᠬᠦᠬᠦ ᠡᠷᠴᠢᠮ ᠢᠶᠠᠨ ᠴᠢᠩᠭᠠᠷᠠᠭᠤᠯᠤᠨ᠂ ᠭᠡᠷ ᠠᠬᠤᠢ ᠶᠢᠨ ᠦᠢᠯᠡᠴᠢᠯᠡᠭᠡᠨ ᠤ ᠪᠣᠯᠪᠠᠰᠤᠷᠠᠯ ᠤᠨ | ᠰᠠᠭᠤᠷᠢᠨ ᠭᠠᠵᠠᠷ ᠢ ᠳᠡᠮᠵᠢᠵᠦ ᠪᠠᠶᠢᠭᠠᠳ ᠭᠡᠷ ᠠᠬᠤᠢ ᠶᠢᠨ ᠦᠢᠯᠡᠴᠢᠯᠡᠭᠡᠨ ᠤ ᠵᠠᠯᠭᠠᠯᠳᠤᠭᠤᠯᠬᠤ ᠲᠠᠪᠴᠠᠩ ᠳᠤ ᠲᠦᠰᠢᠭᠯᠡᠨ ᠬᠥᠳᠡᠯᠮᠦᠷᠢ ᠦᠢᠯᠡᠴᠢᠯᠡᠭᠡ ᠪᠠᠨ | ᠭᠠᠳᠠᠭᠰᠢ ᠶᠠᠪᠤᠭᠤᠯᠬᠤ ᠶᠢ ᠦᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ | ᠬᠠᠷᠢᠭᠤᠴᠠᠨ᠎ᠠ︶ | 8. ᠲᠤᠬᠠᠢ ᠶᠢᠨ ᠭᠠᠵᠠᠷ ᠲᠤ ᠨᠢ ᠪᠠ ᠥᠢᠷ᠎ᠠ ᠬᠠᠪᠢ ᠪᠠᠷ ᠨᠢᠭᠡ ᠪᠥᠯᠥᠭ ᠢ ᠨᠢ ᠲᠥᠪᠬᠢᠨᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠪᠡᠯᠡᠳᠭᠡᠮᠵᠢ ᠶᠢᠨ ᠲᠥᠷᠥᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠲᠥᠬᠦᠷ ᠰᠠᠭᠤᠷᠢ ᠪᠡᠯᠡᠳᠭᠡᠮᠵᠢ ᠶᠢᠨ ᠲᠥᠷᠥᠯ ᠵᠦᠢᠯ ᠪᠠ ᠣᠢ | ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠶᠢ ᠬᠡᠷᠡᠭᠵᠢᠭᠦᠯᠬᠦ ᠪᠠᠷ ᠳᠠᠶᠢᠴᠢᠯᠠᠯᠲᠠ ᠪᠣᠯᠭᠠᠨ᠂ ᠨᠤᠲᠤᠭ ᠲᠤ ᠪᠠᠨ ᠪᠤᠴᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠤᠷᠤᠭᠰᠠᠳ ᠵᠡᠷᠭᠡ ᠶᠢ ᠬᠦᠲᠦᠯᠦᠨ ᠵᠢᠯᠤᠭᠤᠳᠴᠤ ᠪᠠᠶᠢᠭᠠᠳ ︽ᠬᠦᠳᠡᠯᠮᠦᠷᠢᠯᠡᠬᠦ ᠪᠠᠷ | ᠳᠡᠳᠭᠦᠮᠵᠢ ᠶᠢ ᠣᠷᠤᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠶᠢᠯ ᠲᠤᠰᠬᠤᠨ ᠤ ᠵᠠᠮ᠂ ᠣᠷᠣᠰᠢᠨ | ᠰᠠᠭᠤᠷᠢᠰᠢᠬᠤ ᠣᠷᠴᠢᠨ ᠤ ᠵᠠᠰᠠᠯᠲᠠ᠂ ᠬᠦᠳᠡᠭᠡ ᠲᠤᠰᠬᠤᠨ ᠤ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠳᠤ | ᠣᠷᠣᠯᠴᠠᠭᠤᠯᠵᠤ᠂ ᠲᠤᠬᠠᠢ ᠶᠢᠨ ᠭᠠᠵᠠᠷ ᠲᠤ ᠨᠢ ᠪᠠ ᠣᠶᠢᠷ᠎ᠠ ᠬᠠᠪᠢ ᠪᠠᠷ ᠠᠵᠢᠯ ᠣᠯᠭᠤᠬᠤ ᠶᠢ ᠪᠠᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ | ᠣᠯᠬᠤ ᠳᠤ ᠬᠦᠴᠢᠷᠲᠡᠢ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢ ᠪᠣᠯ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ | ᠪᠠᠶᠢᠭᠠᠳ ᠬᠦᠳᠡᠭᠡ ᠲᠤᠰᠬᠤᠨ ᠤ ᠴᠡᠪᠡᠷᠯᠡᠭᠴᠢ᠂ ᠤᠰᠤ ᠬᠠᠮᠢᠶᠠᠷᠤᠭᠴᠢ ᠵᠠᠮ ᠬᠠᠮᠠᠭᠠᠯᠠᠭᠴᠢ᠂ ᠠᠮᠢ ᠠᠬᠤᠢ ᠶᠢᠨ ᠣᠢ ᠶᠢᠨ ᠬᠠᠮᠠᠭᠠᠯᠠᠭᠴᠢ ᠵᠡᠷᠭᠡ ᠣᠯᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠬᠡᠬᠡᠨ ᠬᠦᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠤᠷᠤᠭᠰᠠᠳ | ᠵᠡᠷᠭᠡ ᠶᠢ ᠰᠠᠭᠤᠷᠢ ᠠᠴᠠ ᠨᠢ ᠪᠠᠲᠤᠯᠠᠵᠤ ᠲᠦᠪᠬᠢᠨᠡᠭᠦᠯᠬᠦ ᠪᠠᠷ ᠠᠵᠢᠯ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠢᠩᠬᠢᠮ᠂ ᠬᠦᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠶᠠᠳᠠᠭᠤ ᠶᠢ ᠳᠡᠳᠬᠦᠬᠦ ᠨᠡᠬᠡᠬᠡᠯᠲᠡ ᠶᠢᠨ ᠠᠯᠪᠠᠨ | ᠭᠡᠷ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 9. ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠨᠢᠭᠡ ᠪᠦᠯᠦᠭ ᠲᠤ ᠨᠢ ᠠᠵᠢᠯ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠴᠦ ᠶᠠᠪᠤᠭᠰᠠᠳ ᠤᠨ | ᠲᠥᠷ ᠴᠠᠭ ᠤᠨ ᠴᠢᠨᠠᠷᠲᠠᠢ᠂ ᠪᠦᠬᠦᠯᠢ ᠡᠳᠦᠷ ᠤᠨ ᠪᠣᠰᠤ ᠳᠥᠷᠢᠮ ᠲᠠᠢ᠂ ᠤᠯᠠᠷᠢᠯ ᠤᠨ ᠴᠢᠨᠠᠷᠲᠠᠢ᠂ ᠬᠠᠷᠢᠮᠠᠬᠠᠢ ᠴᠢᠨᠠᠷᠲᠠᠢ ᠠᠵᠢᠯᠯᠠᠬᠤ ᠵᠡᠷᠭᠡ ᠣᠯᠠᠨ ᠵᠦᠢᠯ ᠤᠨ | ᠬᠡᠯᠪᠡᠷᠢ ᠮᠠᠶ᠋ᠢᠭ ᠢᠶᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠬᠤ ᠶᠢ ᠨᠢ ᠳᠡᠮᠵᠢᠵᠤ᠂ ᠠᠮᠢᠳᠤᠯᠢᠭ ᠢᠶᠠᠷ ᠠᠵᠢᠯ ᠣᠯᠬᠤ ᠲᠥᠷᠥ ᠶᠢᠨ ᠪᠣᠳᠣᠯᠭ᠎ᠠ ᠶᠢ ᠬᠤᠲᠠ | ᠪᠠᠯᠭᠠᠰᠤᠨ ᠤ ᠡᠷᠦᠬᠡ ᠠᠮᠠ ᠲᠠᠢ ᠪᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠲᠠᠢ ᠬᠥᠳᠡᠯᠮᠦᠷᠢᠴᠢᠨ ᠳᠤ ᠨᠢᠭᠡ ᠯᠡ ᠠᠳᠠᠯᠢ ᠬᠡᠷᠡᠭᠵᠢᠭᠦᠯᠦᠨ᠎ᠡ᠃ ᠲᠤᠬᠠᠢ ᠶᠢᠨ | ᠭᠠᠵᠠᠷ ᠲᠤ ᠨᠢ ᠲᠣᠬᠢᠷᠠᠭᠤᠯᠵᠤ ᠲᠦᠷ ᠴᠠᠭ ᠤᠨ ᠠᠵᠢᠯ ᠤᠨ ᠵᠠᠬ᠎ᠠ ᠳᠡᠯᠭᠡᠭᠦᠷ ᠪᠣᠶᠤ ᠬᠥᠳᠡᠯᠮᠦᠷᠢ ᠦᠢᠯᠡᠴᠢᠯᠡᠭᠡ ᠶᠢᠨ ᠵᠠᠬ᠎ᠠ ᠳᠡᠯᠭᠡᠭᠦᠷ ᠢ ᠬᠥᠭᠵᠢᠭᠦᠯᠦᠨ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠲᠠᠯ᠎ᠠ ᠪᠠᠷ ᠢᠯᠡᠭᠦᠳᠡᠬᠦ ᠪᠠ ᠲᠣᠳᠠᠭᠤᠳᠠᠬᠤ ᠶᠢ ᠲᠣᠬᠢᠷᠠᠭᠤᠯᠬᠤ ᠲᠠᠪᠴᠠᠩ ᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠶᠢᠨ ᠬᠥᠴᠦᠨ ᠢ ᠵᠣᠷᠢᠭᠵᠢᠭᠤᠯᠵᠤ ᠪᠠᠶᠢᠭᠠᠳ ᠬᠤᠪᠢ ᠶᠢᠨ ᠡᠵᠡᠩᠨᠡᠯᠲᠡ ᠶᠢ ᠡᠷᠬᠢᠯᠡᠬᠦ ᠪᠠ ᠣᠨᠴᠠᠯᠢᠭ ᠲᠠᠢ ᠵᠢᠵᠢᠭ ᠳᠡᠯᠭᠡᠭᠦᠷ ᠢ ᠨᠡᠬᠡᠬᠡᠨ ᠡᠷᠬᠢᠯᠡᠬᠦᠯᠵᠦ᠂ | ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ ᠶᠣᠰᠤᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠪᠠ ᠲᠠᠯᠠᠪᠠᠢ ᠭᠠᠵᠠᠷ ᠤᠨ ᠳᠡᠮᠵᠢᠯᠭᠡ ᠦᠵᠡᠬᠦᠯᠬᠦ ᠵᠡᠷᠭᠡ | ᠲᠥᠷᠥ ᠶᠢᠨ ᠪᠣᠳᠣᠯᠭ᠎ᠠ ᠶᠢ ᠬᠠᠩᠭᠠᠵᠤ ᠥᠭᠭᠦᠨ᠎ᠡ᠃ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠤᠨ ᠲᠠᠪᠴᠠᠩ ᠤᠨ ᠦᠢᠯᠡᠴᠢᠯᠡᠭᠡᠨ ᠤ ᠰᠦᠢᠳᠭᠡᠯ᠂ | ᠮᠡᠳᠡᠭᠡ ᠵᠠᠩᠭᠢ ᠶᠢᠨ ᠵᠠᠭᠤᠴᠢ ᠶᠢᠨ ᠰᠦᠢᠳᠭᠡᠯ᠂ ᠬᠤᠯᠪᠣᠭᠠᠯᠠᠯ ᠤᠨ ᠬᠠᠮᠢᠶᠠᠷᠤᠯᠲᠠ ᠶᠢᠨ ᠰᠦᠢᠳᠭᠡᠯ ᠵᠡᠷᠭᠡ ᠵᠠᠷᠤᠳᠠᠯ ᠰᠦᠢᠳᠭᠡᠯ ᠤᠨ ᠪᠠᠷᠢᠮᠵᠢᠶ᠎ᠠ ᠪᠠᠨ | ᠪᠠᠭᠤᠷᠠᠭᠤᠯᠬᠤ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠥᠴᠦᠨ ᠢ ᠳᠡᠮᠵᠢᠵᠦ ᠪᠠᠶᠢᠭᠠᠳ ᠰᠢᠭᠤᠳ ᠨᠡᠪᠲᠡᠷᠡᠭᠦᠯᠭᠡ᠂ | ᠰᠦᠯᠵᠢᠶ᠎ᠡ ᠪᠠᠷ ᠪᠣᠯᠵᠣᠵᠦ ᠲᠣᠬᠢᠷᠠᠭᠤᠯᠤᠨ ᠬᠦᠷᠭᠡᠬᠦ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠡᠷᠬᠢᠯᠡᠨ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ ᠨᠢ | ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | ︵ᠭᠤᠷᠪᠠ︶ ᠦᠢᠯᠡᠰ ᠪᠣᠰᠬᠠᠬᠤ ᠪᠠ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠃ | 10. ᠦᠢᠯᠡᠰ ᠪᠣᠰᠬᠠᠬᠤ ᠬᠢᠵᠠᠭᠠᠷᠯᠠᠯ ᠢ ᠨᠢ ᠦᠨᠡᠨ ᠬᠦ ᠪᠠᠭᠠᠰᠬᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ | ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠬᠦᠮᠦᠰ ᠦᠢᠯᠡᠰ ᠪᠣᠰᠬᠠᠬᠤ ᠳᠤ᠂ ᠳᠠᠩᠰᠠᠯᠠᠨ ᠲᠡᠮᠳᠡᠭᠯᠡᠬᠦ ᠬᠢᠵᠠᠭᠠᠷᠯᠠᠯ ᠢ ᠨᠢ ᠪᠠᠭᠠᠰᠬᠠᠵᠤ᠂ | ᠦᠢᠯᠡᠴᠢᠯᠡᠭᠡᠨ ᠤ ᠴᠣᠪᠣᠷᠠᠯ ᠢ ᠨᠢ ᠴᠣᠮᠬᠠᠳᠬᠠᠨ᠂ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠤᠯᠭᠠᠬᠤ︾ ᠪᠠ ︽ᠨᠢᠭᠡ ᠡᠵᠡᠩᠨᠡᠯᠲᠡ ᠶᠢᠨ ᠭᠠᠵᠠᠷ ᠲᠤ ᠣᠯᠠᠨ | ᠦᠨᠡᠮᠯᠡᠯ ᠲᠠᠢ ᠪᠠᠶᠢᠯᠭᠠᠬᠤ︾᠂ ᠪᠥᠯᠥᠭᠵᠢᠨ ᠳᠠᠩᠰᠠᠯᠠᠬᠤ ᠵᠡᠷᠭᠡ ᠳᠠᠩᠰᠠᠯᠠᠨ ᠲᠡᠮᠳᠡᠭᠯᠡᠬᠦ ᠠᠷᠭ᠎ᠠ ᠮᠠᠶ᠋ᠢᠭ ᠢ ᠠᠬᠢᠭᠤᠯᠵᠤ᠂ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠤᠨ ᠦᠢᠯᠡᠰ ᠪᠣᠰᠬᠠᠬᠤ ᠲᠠᠯ᠎ᠠ ᠪᠠᠷ ᠬᠢ ᠵᠠᠰᠠᠭ | ᠵᠠᠬᠢᠷᠭᠠᠨ ᠤ ᠵᠢᠴᠢ ᠵᠠᠰᠠᠭ ᠵᠠᠬᠢᠷᠭᠠᠨ ᠤ ᠪᠣᠰᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠂ ᠦᠢᠯᠡᠰ ᠪᠣᠰᠬᠠᠬᠤ ᠪᠡᠯᠡ | ᠣᠷᠤᠭᠤᠯᠤᠯᠲᠠ ᠶᠢᠨ ᠲᠥᠷᠥᠯ ᠵᠦᠢᠯ ᠳᠤ ᠤᠷᠢᠳᠠᠴᠢ ᠬᠢᠨᠠᠨ ᠵᠥᠪᠰᠢᠶᠡᠷᠡᠯ ᠬᠢᠬᠦ ᠶᠢ ᠪᠠᠭᠠᠰᠬᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠭᠠᠵᠠᠷ ᠰᠢᠷᠤᠢ ︵ᠨᠤᠲᠤᠭ | ᠪᠡᠯᠴᠢᠭᠡᠷ︶ ᠶᠢᠨ ᠳᠠᠭᠠᠭᠠᠴᠢᠯᠠᠨ ᠡᠵᠡᠩᠨᠡᠬᠦ ᠡᠷᠬᠡ᠂ ᠣᠢ ᠰᠢᠭᠤᠢ ᠶᠢᠨ ᠡᠷᠬᠡ᠂ ᠦᠢᠯᠡᠳᠪᠦᠷᠢᠯᠡᠯ ᠮᠡᠷᠭᠡᠵᠢᠯ ᠵᠡᠷᠭᠡ ᠳᠤ ᠪᠠᠨ ᠥᠨ᠎ᠡ ᠲᠣᠭᠲᠠᠭᠠᠵᠤ ᠪᠡᠯᠡ | ᠭᠠᠷᠭᠠᠬᠤ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠬᠤᠷᠰᠢᠶ᠎ᠡ ᠪᠣᠶᠤ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠪᠠᠶᠢᠭᠤᠯᠬᠤ ᠶᠢ ᠵᠥᠪᠰᠢᠶᠡᠷᠡᠵᠦ᠂ | ᠵᠣᠬᠢᠬᠤ ᠮᠠᠯᠵᠢᠯ ᠲᠠᠷᠢᠶᠠᠯᠠᠩ ᠤᠨ ᠲᠠᠯᠠᠪᠠᠢ ᠪᠠᠷ ᠢᠶᠠᠨ ᠰᠡᠯᠡᠭᠦᠴᠡᠨ ᠵᠤᠭᠠᠯᠠᠬᠤ ᠦᠢᠯᠡᠴᠢᠯᠡᠭᠡ ᠶᠢ ᠬᠠᠪᠰᠤᠷᠭᠠᠨ ᠡᠵᠡᠩᠨᠡᠬᠦ ᠶᠢ ᠨᠢ ᠵᠥᠪᠰᠢᠶᠡᠷᠡᠨ᠎ᠡ᠃ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠬᠠᠮᠲᠤ ᠳᠤ ᠪᠠᠨ ᠡᠭᠦᠳᠬᠦ ᠶᠢ ᠵᠣᠷᠢᠭᠵᠢᠭᠤᠯᠤᠨ᠂ | ᠬᠡᠪᠴᠢᠶᠡᠵᠢᠯ ᠲᠠᠢ ᠲᠠᠷᠢᠬᠤ ᠲᠡᠵᠢᠭᠡᠬᠦ ᠦᠷᠡᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠵᠢᠬᠤ | ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠵᠢᠴᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ᠂ ᠣᠢ ᠶᠢᠨ ᠬᠤᠷᠮᠣᠢ ᠶᠢᠨ ᠠᠵᠤ ᠠᠬᠤᠢ᠂ | ᠠᠷᠠᠯᠵᠢᠶᠠᠯᠠᠵᠤ ᠡᠵᠡᠩᠨᠡᠨ ᠪᠣᠷᠣᠯᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠮᠡᠳᠡᠭᠡ ᠵᠠᠩᠭᠢ ᠶᠢᠨ ᠯᠠᠪᠯᠠᠭ᠎ᠠ ᠵᠡᠷᠭᠡ ᠶᠢᠨ | ᠲᠣᠭᠤᠷᠢᠨ ᠳᠤ ᠬᠤᠷᠰᠢᠯᠴᠠᠵᠤ ᠡᠵᠡᠩᠨᠡᠨ ᠪᠣᠷᠣᠯᠠᠭᠤᠯᠬᠤ ᠠᠷᠭ᠎ᠠ ᠵᠠᠮ ᠭᠠᠷᠭᠠᠵᠤ᠂ ᠣᠨᠴᠠᠯᠢᠭ ᠲᠠᠢ ᠨᠡᠷᠡᠲᠤ ᠲᠡᠮᠳᠡᠭ ᠢ ᠬᠠᠮᠲᠤᠷᠠᠯᠴᠠᠨ ᠪᠠᠶᠢᠭᠤᠯᠬᠤ ᠪᠠ ᠵᠠᠬ᠎ᠠ | ᠳᠡᠯᠭᠡᠭᠦᠷ ᠤᠨ ᠲᠥᠭᠰᠢᠭᠦᠷᠢ ᠶᠢ ᠲᠠᠷᠬᠠᠭᠠᠨ ᠵᠠᠶᠢᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ | ᠬᠠᠷᠢᠭᠤᠴᠠᠨ᠎ᠠ︶ | 11. ᠦᠢᠯᠡᠰ ᠪᠣᠰᠬᠠᠭᠰᠠᠳ ᠤᠨ ᠭᠠᠵᠠᠷ ᠬᠡᠷᠡᠭᠯᠡᠬᠦ ᠳᠤ ᠳᠥᠭᠦᠮ ᠦᠵᠡᠭᠦᠯᠦᠨ᠎ᠡ᠃ ᠡᠯ᠎ᠡ ᠭᠠᠵᠠᠷ ᠣᠷᠣᠨ ᠨᠢ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠦᠢᠯᠡᠰ | ᠪᠣᠰᠬᠠᠬᠤ ᠳᠤ ᠬᠡᠷᠡᠭᠯᠡᠬᠦ ᠭᠠᠵᠠᠷ ᠢ ᠨᠢ ᠬᠤᠲᠠ ᠬᠦᠳᠡᠭᠡ ᠶᠢ ᠬᠥᠭᠵᠢᠭᠦᠯᠬᠦ᠂ ᠰᠢᠨ᠎ᠡ ᠬᠥᠳᠡᠭᠡ ᠲᠤᠰᠬᠤᠨ ᠢ ᠪᠦᠲᠦᠭᠡᠨ ᠪᠠᠶᠢᠭᠤᠯᠬᠤ ᠶᠡᠷᠦᠩᠬᠡᠢ ᠲᠥᠯᠥᠪᠵᠢᠭᠦᠯᠭᠡ ᠪᠠ | ᠲᠣᠰᠬᠤᠨ ᠪᠠᠯᠭᠠᠰᠣ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠳᠤ ᠣᠷᠤᠭᠤᠯᠤᠨ᠂ ᠰᠠᠭᠤᠷᠢ ᠪᠠᠯᠡᠳᠭᠡᠮᠵᠢ ᠵᠢᠴᠢ ᠲᠥᠬᠦᠷᠵᠢᠭᠦᠯᠬᠦ ᠪᠦᠲᠦᠭᠡᠨ ᠪᠠᠶᠢᠭᠤᠯᠤᠯᠲᠠ ᠶᠢ | ᠰᠠᠶᠢᠲᠤᠷ ᠬᠢᠵᠦ᠂ ᠦᠢᠯᠡᠰ ᠪᠣᠰᠬᠠᠬᠤ ᠣᠷᠴᠢᠨ ᠨᠦᠬᠦᠴᠡᠯ ᠢ ᠨᠢ ᠢᠳᠡᠪᠬᠢᠲᠡᠢ ᠪᠠᠷ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠳᠤ ᠬᠡᠷᠡᠭᠯᠡᠬᠦ | ᠭᠠᠵᠠᠷ ᠤᠨ ᠰᠤᠯᠠᠯᠠᠵᠤ ᠭᠠᠷᠭᠠᠭᠰᠠᠨ ᠭᠦᠢᠴᠡᠳᠭᠡᠯ ᠲᠤᠭ᠎ᠠ ᠶᠢ ᠨᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ | ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠦᠢᠯᠡᠰ ᠪᠣᠰᠬᠠᠬᠤ ᠳᠤ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠳᠤ ᠬᠡᠷᠡᠭᠯᠡᠬᠦ ᠬᠡᠷᠡᠭᠲᠡᠢ︔ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠳᠤ ᠰᠤᠯᠠᠯᠠᠵᠤ ᠭᠠᠷᠭᠠᠭᠰᠠᠨ ᠭᠦᠢᠴᠡᠳᠭᠡᠯ ᠲᠤᠭ᠎ᠠ ᠨᠢ ᠭᠦᠷᠦᠯᠴᠡᠬᠦ | ᠦᠭᠡᠢ ᠪᠠᠶᠢᠪᠠᠯ᠂ ᠪᠦᠲᠦᠭᠡᠨ ᠪᠠᠶᠢᠭᠤᠯᠬᠤ ᠳᠤ ᠬᠡᠷᠡᠭᠯᠡᠬᠦ ᠰᠢᠨ᠎ᠡ ᠨᠡᠮᠡᠭᠳᠡᠭᠰᠡᠨ ᠭᠦᠢᠴᠡᠳᠭᠡᠯ ᠲᠤᠭ᠎ᠠ ᠪᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠣᠯᠣᠨ᠎ᠠ︔ | ᠠᠰᠢᠭᠯᠠᠭᠠᠳᠤᠢ ᠭᠠᠵᠠᠷ ᠢ ᠡᠵᠡᠯᠡᠨ ᠭᠡᠷᠡᠭᠯᠡᠵᠦ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ | ᠵᠦᠢᠯ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠤᠢ ᠶᠢᠨ ᠲᠥᠯᠥᠪᠦᠷᠢᠲᠡᠢ ᠰᠢᠯᠵᠢᠭᠦᠯᠦᠭᠰᠡᠨ ᠪᠡᠯᠡ ᠮᠦᠩᠭᠦ ᠶᠢ ᠪᠠᠶᠢᠭ᠎ᠠ ᠣᠷᠣᠨ ᠪᠦᠰᠡ ᠶᠢᠨ ᠭᠠᠵᠠᠷ ᠤᠨ ᠰᠠᠭᠤᠷᠢ | ᠪᠠᠷᠢᠮᠵᠢᠶᠠᠲᠤ ᠥᠨ᠎ᠡ ᠪᠠ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠲᠥᠯᠥᠪᠦᠷᠢᠲᠡᠢ ᠰᠢᠯᠵᠢᠭᠦᠯᠵᠦ ᠪᠠᠶᠢᠬᠤ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ | ᠵᠡᠷᠭᠡ ᠪᠠᠷ ᠯᠠᠪᠯᠠᠯᠲᠠ ᠪᠣᠯᠭᠠᠨ ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠶᠢ ᠲᠣᠭᠲᠠᠭᠠᠵᠤ ᠪᠣᠯᠣᠨ᠎ᠠ᠃ ᠭᠠᠵᠠᠷ ᠲᠠᠷᠢᠶ᠎ᠠ ᠨᠤᠲᠤᠭ ᠪᠡᠯᠴᠢᠭᠡᠷ ᠤᠨ ᠬᠡᠷᠡᠭᠯᠡᠬᠦ | ᠡᠷᠬᠡ ᠶᠢ ᠰᠢᠯᠵᠢᠭᠦᠯᠦᠨ ᠡᠷᠬᠢᠯᠳᠦᠭᠦᠯᠬᠦ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ ᠮᠠᠯᠴᠢᠨ ᠲᠠᠷᠢᠶᠡᠴᠢᠳ ᠤᠨ ᠬᠠᠤᠯᠢ ᠶᠣᠰᠤᠭᠠᠷ ᠰᠢᠯᠵᠢᠭᠦᠯᠦᠨ ᠥᠭᠬᠦ᠂ | ᠲᠥᠷᠢᠶᠡᠰᠦᠯᠡᠬᠦ ᠪᠠ ᠬᠤᠪᠢ ᠣᠷᠤᠭᠤᠯᠬᠤ ᠬᠡᠯᠪᠡᠷᠢ ᠮᠠᠶ᠋ᠢᠭ ᠢᠶᠠᠷ ᠳᠠᠭᠠᠭᠠᠴᠢᠯᠠᠭᠰᠠᠨ ᠭᠠᠵᠠᠷ ᠲᠠᠷᠢᠶ᠎ᠠ ᠨᠤᠲᠤᠭ ᠪᠡᠯᠴᠢᠭᠡᠷ ᠢᠶᠠᠨ ᠰᠢᠯᠵᠢᠭᠦᠯᠦᠨ ᠡᠷᠬᠢᠯᠳᠦᠭᠦᠯᠬᠦ ᠶᠢ | ᠵᠣᠷᠢᠭᠵᠢᠭᠤᠯᠤᠨ᠂ ᠮᠠᠯᠴᠢᠨ ᠲᠠᠷᠢᠶᠠᠴᠢᠨ ᠤ ᠰᠠᠶᠢᠨ ᠳᠤᠷ᠎ᠠ ᠠᠴᠠ ᠪᠠᠶᠢᠬᠤ ᠤᠷᠢᠳᠠᠯ ᠳᠣᠣᠷ᠎ᠠ ᠭᠠᠵᠠᠷ ᠰᠢᠷᠤᠢ ᠪᠠᠨ ᠬᠠᠷᠢᠯᠴᠠᠨ ᠰᠣᠯᠢᠯᠴᠠᠨ ᠨᠡᠶᠢᠯᠡᠭᠦᠯᠬᠦ ᠠᠷᠭ᠎ᠠ | ᠮᠠᠶ᠋ᠢᠭ ᠢ ᠠᠪᠴᠤ ᠪᠠᠶᠢᠭᠠᠳ ᠳᠠᠭᠠᠭᠠᠴᠢᠯᠠᠭᠰᠠᠨ ᠭᠠᠵᠠᠷ ᠰᠢᠷᠤᠢ ᠶᠢᠨ ᠬᠡᠰᠡᠭᠯᠡᠨ ᠬᠦᠷᠢᠶᠡᠯᠡᠵᠦ ᠪᠠᠶᠢᠭ᠎ᠠ ᠠᠰᠠᠭᠤᠳᠠᠯ ᠢᠶᠠᠨ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ | ᠲᠥᠷᠢᠶᠡᠰᠦᠯᠡᠬᠦ ᠵᠡᠷᠭᠡ ᠰᠢᠯᠵᠢᠭᠦᠯᠦᠨ ᠡᠷᠬᠢᠯᠳᠦᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤ ᠨᠡᠶᠢᠲᠡ ᠶᠢᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ | ᠣᠯᠵᠤ ᠲᠠᠷᠢᠵᠤ ᠲᠡᠵᠢᠭᠡᠬᠦ ᠦᠢᠯᠡᠰ ᠢ ᠬᠦᠭᠵᠢᠭᠦᠯᠬᠦ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠨᠢ ᠦᠯᠦ ᠬᠤᠪᠢᠷᠠᠭᠤᠯᠤᠭᠰᠠᠨ | ᠪᠣᠯ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠶᠣᠰᠤᠭᠠᠷ ᠬᠠᠮᠢᠶ᠎ᠠ ᠪᠦᠬᠦᠢ ᠬᠤᠷᠢᠶᠠᠬᠤ ᠰᠦᠢᠳᠭᠡᠯ ᠢ ᠨᠢ ᠬᠡᠯᠲᠦᠷᠢᠭᠦᠯᠦᠨ᠎ᠡ᠃ ᠭᠠᠴᠠᠭ᠎ᠠ | ᠲᠤᠰᠬᠤᠨ ᠤ ᠬᠠᠮᠲᠤ ᠶᠢᠨ ᠬᠢᠨ ᠤ ᠬᠠᠤᠯᠢ ᠪᠠ ᠲᠣᠭᠲᠠᠭᠠᠯ ᠶᠣᠰᠤᠭᠠᠷ ᠮᠠᠯᠵᠢᠬᠤ ᠲᠠᠷᠢᠶᠠᠯᠠᠬᠤ ᠣᠷᠣᠨ ᠤ ᠰᠤᠯᠠ ᠲᠠᠯᠪᠢᠭ᠎ᠠ ᠭᠡᠷ ᠪᠠᠶᠢᠰᠢᠩ᠂ ᠨᠡᠶᠢᠲᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠲᠠᠷ ᠭᠠᠵᠠᠷ᠂ ᠣᠶᠢᠲᠤ ᠭᠠᠵᠠᠷ ᠪᠠ ᠤᠰᠤ ᠵᠡᠷᠭᠡ ᠶᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠤᠷᠢᠳ ᠢᠶᠠᠷ ᠳᠠᠭᠠᠭᠠᠴᠢᠯᠠᠭᠤᠯᠵᠤ | ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠡᠷᠬᠢᠯᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 12. ᠦᠢᠯᠡᠰ ᠪᠣᠰᠬᠠᠬᠤ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠦᠵᠡᠬᠦᠯᠬᠦ ᠪᠠᠨ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠷᠢᠭᠵᠢᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠤᠷᠤᠭᠰᠠᠳ ᠵᠡᠷᠭᠡ ᠶᠢᠨ ᠦᠢᠯᠡᠰ ᠪᠣᠰᠬᠠᠬᠤ ᠶᠢ ᠨᠢ ᠳᠡᠮᠵᠢᠨ᠎ᠠ᠃ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠶᠡᠬᠡᠪᠡᠷ | ᠳᠡᠯᠭᠡᠷᠡᠭᠦᠯᠦᠨ᠂ ︽ᠵᠠᠰᠠᠭ ᠤᠨ ᠣᠷᠳᠣᠨ + ᠪᠠᠩᠭᠢ + ᠳᠠᠭᠠᠳᠬᠠᠯ︾ ᠵᠡᠷᠭᠡ ᠪᠡᠯᠡ ᠲᠣᠬᠢᠷᠠᠭᠤᠯᠬᠤ ᠬᠡᠪ ᠵᠠᠭᠪᠤᠷ ᠢ ᠰᠥᠪᠡᠭᠴᠢᠯᠡᠵᠦ᠂ ᠦᠢᠯᠡᠰ ᠪᠣᠰᠬᠠᠬᠤ | ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠥᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ | ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠦᠨ᠂ ᠳᠠᠭᠠᠭᠠᠯᠲᠠ ᠬᠢᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠡᠳᠡᠷᠭᠦ ᠳᠠᠭᠠᠭᠠᠯᠲᠠ ᠬᠢᠬᠦ ᠬᠢᠵᠠᠭᠠᠷᠯᠠᠯ ᠢ | ᠪᠠᠭᠠᠰᠬᠠᠨ᠎ᠠ᠃ ᠨᠦᠬᠦᠴᠡᠯ ᠳᠤ ᠨᠡᠶᠢᠴᠡᠭᠰᠡᠨ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ | ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠳᠤ᠂ ᠵᠢᠭᠡᠯᠡᠯᠭᠡ ᠶᠢᠨ ᠵᠣᠭᠤᠰ ᠨᠢ | ᠬᠠᠮᠤᠭ ᠤᠨ ᠦᠨᠳᠦᠷ ᠲᠤ ᠪᠠᠨ 20 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠵᠢᠭᠡᠯᠡᠯᠭᠡ ᠠᠪᠤᠭᠰᠠᠨ ᠴᠠᠭ ᠬᠤᠭᠤᠴᠠᠭ᠎ᠠ ᠨᠢ 3 ᠵᠢᠯ ᠠᠴᠠ ᠬᠡᠲᠦᠷᠡᠵᠦ | ᠪᠣᠯᠬᠤ ᠦᠭᠡᠢ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠣᠭᠤᠰ ᠵᠢᠭᠡᠯᠡᠭᠰᠡᠳ ᠬᠤᠷᠰᠢᠯᠴᠠᠵᠤ | ᠦᠢᠯᠡᠰ ᠪᠣᠰᠬᠠᠬᠤ ᠪᠣᠯ ᠬᠤᠷᠰᠢᠯᠴᠠᠵᠤ ᠦᠢᠯᠡᠰ ᠪᠣᠰᠬᠠᠬᠤ ᠬᠦᠮᠦᠨ ᠤ ᠲᠤᠭ᠎ᠠ ᠶᠢ ᠨᠢ ᠦᠨᠳᠦᠰᠦᠯᠡᠨ ᠵᠢᠭᠡᠯᠡᠯᠭᠡ ᠶᠢᠨ ᠵᠣᠭᠤᠰᠤᠨ ᠤ ᠲᠤᠭ᠎ᠠ ᠶᠢ ᠨᠢ ᠵᠣᠬᠢᠰᠲᠠᠢ ᠪᠠᠷ | ᠳᠡᠭᠡᠭᠰᠢᠯᠡᠭᠦᠯᠦᠨ ᠥᠭᠴᠦ ᠪᠣᠯᠣᠨ᠎ᠠ᠂ ᠬᠠᠮᠤᠭ ᠦᠨᠳᠦᠷ ᠲᠤ ᠪᠠᠨ ᠨᠦᠬᠦᠴᠡᠯ ᠳᠤ ᠨᠡᠶᠢᠴᠡᠭᠰᠡᠨ ᠬᠤᠪᠢ ᠬᠦᠮᠦᠨ ᠤ ᠵᠢᠭᠡᠯᠡᠯᠭᠡ ᠶᠢᠨ ᠵᠣᠭᠤᠰᠤᠨ ᠤ ᠪᠦᠬᠦ ᠲᠤᠭ᠎ᠠ ᠶᠢᠨ | 10% ᠠᠴᠠ ᠬᠡᠲᠦᠷᠡᠭᠦᠯᠵᠦ ᠪᠣᠯᠬᠤ ᠦᠭᠡᠢ᠃ ᠰᠢᠨ᠎ᠡ ᠣᠯᠭᠤᠵᠤ ᠥᠭᠭᠦᠭᠰᠡᠨ 10 ᠲᠦᠮᠡᠨ ᠲᠥᠭᠦᠷᠢᠭ ᠵᠢᠴᠢ ᠲᠡᠭᠦᠨ ᠠᠴᠠ ᠪᠠᠭ᠎ᠠ ᠪᠠᠶᠢᠬᠤ ᠬᠤᠪᠢ ᠬᠦᠮᠦᠨ ᠤ | ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠣᠭᠤᠰ ᠵᠢᠴᠢ ᠪᠦᠬᠦ ᠤᠯᠤᠰ ᠤᠨ ᠦᠢᠯᠡᠰ ᠪᠣᠰᠬᠠᠬᠤ ᠨᠡᠪᠴᠢᠯᠡᠭᠦᠷ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠣᠶᠤ ᠢᠲᠡᠭᠡᠮᠵᠢᠲᠦ ᠨᠡᠶᠢᠭᠡᠮ ᠲᠣᠭᠤᠷᠢᠭ ︵ᠰᠢᠶᠠᠩ ᠲᠤᠰᠬᠤᠨ︶ ᠤᠨ ᠲᠠᠨᠢᠯᠴᠠᠭᠤᠯᠤᠭᠰᠠᠨ ᠦᠢᠯᠡᠰ ᠪᠣᠰᠬᠠᠬᠤ ᠲᠥᠷᠥᠯ ᠵᠦᠢᠯ᠂ ᠠᠶᠢᠮᠠᠭ ᠬᠤᠲᠠ ᠶᠢᠨ ᠳᠡᠰ ᠠᠴᠠ | ᠳᠡᠭᠡᠭᠰᠢᠬᠢ ᠢᠷᠠᠭᠤ ᠠᠯᠳᠠᠷ ᠤᠨ ᠴᠤᠯᠠ ᠣᠯᠣᠭᠰᠠᠨ ᠦᠢᠯᠡᠰ ᠪᠣᠰᠬᠠᠭᠴᠢ᠂ ᠦᠢᠯᠡᠰ ᠪᠣᠰᠬᠠᠬᠤ ᠲᠥᠷᠥᠯ ᠵᠦᠢᠯ᠂ ᠦᠢᠯᠡᠰ ᠪᠣᠰᠬᠠᠬᠤ ᠠᠵᠤ ᠠᠬᠤᠶᠢᠯᠠᠯ᠂ ᠮᠦᠩᠭᠦᠨ | ᠭᠦᠢᠯᠭᠡᠭᠡᠨ ᠤ ᠪᠠᠶᠢᠭᠤᠯᠤᠮᠵᠢ ᠪᠠᠷ ᠦᠨᠡᠯᠡᠨ ᠵᠢᠱᠢᠯᠲᠡ ᠬᠢᠯᠭᠡᠵᠦ ᠮᠠᠭᠠᠳᠯᠠᠨ ᠲᠣᠭᠲᠠᠭᠠᠯᠭᠠᠭᠰᠠᠨ ᠢᠲᠡᠭᠡᠮᠵᠢᠲᠦ ᠵᠢᠵᠢᠭ ᠪᠢᠴᠢᠯ ᠠᠵᠤ ᠠᠬᠤᠶᠢᠯᠠᠯ᠂ ᠬᠤᠳᠠᠯᠳᠤᠭᠠᠴᠢᠨ | ᠡᠷᠦᠬᠡ᠂ ᠲᠠᠷᠢᠶᠠᠴᠢᠨ ᠡᠷᠦᠬᠡ᠂ ᠡᠵᠡᠩᠨᠡᠯᠲᠡ ᠨᠢ ᠲᠣᠭᠲᠠᠭᠤᠨ ᠪᠦᠭᠡᠳ ᠢᠲᠡᠭᠡᠮᠵᠢᠲᠡᠢ ᠪᠠᠶᠢᠬᠤ ᠬᠤᠶᠠᠳᠠᠭᠢ ᠤᠳᠠᠭ᠎ᠠ ᠦᠢᠯᠡᠰ ᠪᠣᠰᠬᠠᠭᠰᠠᠳ ᠵᠡᠷᠭᠡ ᠣᠨᠴᠠᠭᠠᠢ | ᠬᠥᠮᠦᠰ ᠤᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠨᠢ ᠬᠦᠴᠦᠨ ᠦᠭᠡᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠦᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ | ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 13. ᠨᠡᠶᠢᠭᠡᠮ ᠤᠨ ᠪᠠᠲᠤᠯᠠᠭ᠎ᠠ ᠪᠠ ᠴᠢᠳᠠᠪᠤᠷᠢᠲᠠᠨ ᠤ ᠳᠡᠮᠵᠢᠯᠭᠡ ᠶᠢ ᠴᠢᠩᠭᠠᠳᠬᠠᠨ᠎ᠠ᠃ ᠣᠷᠣᠨ ᠰᠠᠭᠤᠴᠠ ᠪᠠᠷ ᠲᠤᠰᠠᠯᠠᠵᠤ ᠬᠠᠪᠰᠤᠷᠬᠤ ᠪᠠ ᠣᠷᠣᠨ | ᠰᠠᠭᠤᠴᠠ ᠶᠢᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠤᠯᠤᠰ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ | ᠰᠢᠨᠡᠳᠭᠡᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠨᠤᠲᠤᠭ ᠲᠤ ᠪᠠᠨ ᠪᠤᠴᠠᠭᠰᠠᠨ ᠪᠠ ᠨᠤᠲᠤᠭ ᠲᠤ ᠪᠠᠨ ᠬᠤᠴᠣᠷᠴᠤ ᠦᠢᠯᠡᠰ ᠪᠣᠰᠬᠠᠭᠰᠠᠳ ᠢ ᠲᠤᠰ ᠭᠠᠵᠠᠷ ᠤᠨ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠨᠢ ᠥᠭᠡᠷᠡᠴᠢᠯᠡᠨ ᠰᠢᠨᠡᠳᠭᠡᠬᠦ ᠬᠦᠮᠦᠰ ᠢᠶᠠᠷ ᠵᠢᠭᠰᠠᠭᠠᠨ ᠣᠷᠤᠭᠤᠯᠤᠨ᠎ᠠ︔ ᠬᠤᠲᠠ | ᠪᠠᠯᠭᠠᠰᠤᠨ ᠳᠤ ᠠᠵᠢᠯ ᠣᠯᠵᠤ ᠦᠢᠯᠡᠰ ᠪᠣᠰᠬᠠᠭᠰᠠᠨ ᠨᠤᠲᠤᠭ ᠲᠤ ᠪᠠᠨ ᠪᠤᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠲᠤᠰ | ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠦᠬᠦᠴᠡᠯ ᠳᠤ ᠨᠡᠶᠢᠴᠡᠭᠰᠡᠨ ᠪᠣᠯ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠤᠭᠤᠯᠤᠨ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠡᠩ ᠤᠨ ᠲᠠᠸᠠᠷ ᠤᠨ ᠭᠡᠷ ᠬᠤᠳᠠᠯᠳᠤᠨ ᠠᠪᠤᠭᠰᠠᠨ ᠪᠣᠯ ᠭᠡᠷᠡᠲᠦ ᠭᠠᠶᠢᠯᠢ᠂ | ᠲᠡᠮᠳᠡᠭᠲᠦ ᠶᠢᠨ ᠭᠠᠶᠢᠯᠢ ᠶᠢ ᠨᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠤᠭᠠᠷ ᠨᠠᠢᠳᠠᠪᠤᠷᠢᠵᠢᠭᠤᠯᠤᠨ᠎ᠠ᠃ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠣᠭᠰᠠᠳ ᠵᠡᠷᠭᠡ | ᠦᠢᠯᠡᠰ ᠪᠣᠰᠬᠠᠭᠰᠠᠳ ᠤᠨ ᠲᠥᠪᠯᠡᠷᠡᠭᠰᠡᠨ ᠡᠯ᠎ᠡ ᠲᠥᠷᠥᠯ ᠤᠨ ᠠᠵᠤ ᠦᠢᠯᠡᠰ ᠤᠨ ᠬᠥᠷᠢᠶᠡᠯᠡᠩ ᠲᠣᠭᠤᠷᠢᠭ ᠲᠤ ᠲᠥᠷᠢᠶᠡᠰᠦᠯᠡᠬᠦ ᠬᠡᠯᠪᠡᠷᠢ ᠶᠢᠨ ᠪᠠᠲᠤᠯᠠᠭᠠᠲᠤ ᠭᠡᠷ | ᠪᠠᠶᠢᠰᠢᠩ ᠪᠠᠷᠢᠬᠤ ᠶᠢ ᠳᠡᠮᠵᠢᠨ᠎ᠡ᠃ ᠨᠡᠶᠢᠭᠡᠮ ᠤᠨ ᠳᠠᠭᠠᠳᠬᠠᠯ ᠤᠨ ᠭᠦᠢᠴᠡᠳᠭᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠦᠢᠴᠡᠳᠭᠡᠬᠦ ᠴᠠᠭ ᠢ ᠨᠢ | ᠪᠣᠭᠤᠨᠢᠰᠬᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠵᠦ ᠦᠷᠭᠦᠯᠵᠢᠯᠡᠭᠦᠯᠬᠦ ᠳᠤ ᠴᠠᠭ ᠲᠤᠬᠠᠢ ᠳᠤ ᠨᠢ | ᠬᠦᠴᠦᠨ ᠪᠦᠬᠦᠢ ᠦᠢᠯᠡᠴᠢᠯᠡᠭᠡ ᠶᠢ ᠬᠠᠩᠭᠠᠨ᠂ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠪᠠᠶᠢᠭᠠᠳ ᠠᠵᠢᠯᠲᠠᠳ ᠢᠶᠠᠨ ᠠᠵᠢᠯ ᠠᠴᠠ ᠪᠣᠯᠣᠭᠰᠠᠨ ᠭᠡᠮᠳᠦᠯ ᠤᠨ | ᠳᠠᠭᠠᠳᠬᠠᠯ ᠳᠤ ᠬᠠᠤᠯᠢ ᠲᠣᠭᠲᠠᠭᠠᠯ ᠶᠣᠰᠤᠭᠠᠷ ᠣᠷᠣᠯᠴᠠᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠦᠷᠦᠩᠭᠡ ᠶᠢ ᠵᠣᠷᠢᠭᠵᠢᠭᠤᠯᠵᠤ ᠪᠠᠶᠢᠭᠠᠳ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ | ᠦᠢᠯᠡᠰ ᠪᠣᠰᠬᠠᠬᠤ ᠶᠢ ᠨᠢ ᠳᠡᠮᠵᠢᠬᠦ ᠳᠤ ᠣᠷᠣᠯᠴᠠᠭᠤᠯᠤᠨ᠎ᠠ᠃ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠦᠨᠳᠦᠷ ᠤᠷ᠎ᠠ ᠴᠢᠳᠠᠪᠤᠷᠢ ᠶᠢᠨ | ᠴᠢᠳᠠᠪᠤᠷᠢᠲᠠᠨ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠠᠵᠢᠯ ᠣᠯᠬᠤ ᠪᠣᠶᠤ ᠲᠤᠰᠢᠶᠠᠯ ᠬᠠᠪᠰᠤᠷᠭᠠᠬᠤ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 14. ᠦᠢᠯᠡᠰ ᠪᠣᠰᠬᠠᠬᠤ ᠦᠢᠯᠡᠴᠢᠯᠡᠭᠡᠨ ᠤ ᠳᠥᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢᠯᠠᠯᠲᠠᠨ᠂ ᠰᠢᠨᠵᠢᠯᠡᠬᠦ ᠤᠬᠠᠭᠠᠨ ᠤ ᠲᠧᠭᠨᠢᠭ ᠮᠡᠷᠭᠡᠵᠢᠯ ᠤᠨ ᠠᠵᠢᠯᠲᠡᠳ᠂ ᠦᠢᠯᠡᠰ ᠪᠣᠰᠬᠠᠵᠤ ᠠᠮᠵᠢᠯᠲᠠ | ᠣᠯᠣᠭᠰᠠᠳ ᠵᠡᠷᠭᠡ ᠶᠢ ᠦᠢᠯᠡᠰ ᠪᠣᠰᠬᠠᠬᠤ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠪᠥᠯᠬᠦᠮ ᠪᠣᠯᠣᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠴᠦ | ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠵᠤ ᠵᠣᠬᠢᠴᠠᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠲᠥᠷᠥ ᠶᠢᠨ ᠪᠣᠳᠣᠯᠭ᠎ᠠ ᠶᠢᠨ | ᠯᠠᠪᠯᠠᠭ᠎ᠠ ᠬᠠᠩᠭᠠᠬᠤ᠂ ᠡᠵᠡᠩᠨᠡᠯᠲᠡ ᠪᠠᠨ ᠡᠬᠢᠯᠡᠭᠦᠯᠭᠦ ᠳᠤ ᠵᠢᠯᠣᠭᠤᠳᠤᠯᠭ᠎ᠠ ᠬᠢᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ | ᠬᠠᠷᠢᠭᠤᠴᠠᠨ᠎ᠠ︶ | 15. ᠭᠠᠶᠢᠯᠢ ᠵᠠᠷᠤᠳᠠᠯ ᠢ ᠨᠢ ᠭᠦᠩᠬᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠳᠠᠩᠰᠠᠯᠠᠨ | ᠲᠡᠮᠳᠡᠭᠯᠡᠬᠦ ᠶᠢ ᠬᠠᠤᠯᠢ ᠶᠣᠰᠤᠭᠠᠷ ᠭᠦᠢᠴᠡᠳᠭᠡᠭᠰᠡᠨ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ | ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠠ ᠭᠡᠷ ᠪᠦᠯᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠤᠭᠠᠷ | ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠵᠠᠷᠤᠳᠠᠯ ᠢ ᠨᠢ ᠭᠦᠩᠬᠡᠯᠡᠵᠦ ᠬᠡᠯᠲᠦᠷᠢᠭᠦᠯᠬᠦ ᠪᠠ ᠦᠢᠯᠡᠰ ᠪᠣᠰᠬᠠᠬᠤ ᠶᠢ ᠨᠢ ᠳᠡᠳᠬᠦᠬᠦ ᠲᠥᠷᠥ ᠶᠢᠨ ᠪᠣᠳᠣᠯᠭ᠎ᠠ ᠶᠢ | ᠬᠦᠷᠲᠡᠭᠡᠨ᠎ᠡ᠃ ᠨᠦᠬᠦᠴᠡᠯ ᠳᠤ ᠨᠡᠶᠢᠴᠡᠵᠦ ᠪᠠᠶᠢᠭ᠎ᠠ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ ᠳᠤ ᠭᠦᠷᠦᠭᠰᠡᠳ | ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠴᠢᠳ ᠲᠤ ᠲᠣᠭᠲᠠᠭᠠᠯ ᠶᠣᠰᠤᠭᠠᠷ ᠭᠠᠶᠢᠯᠢ ᠵᠠᠷᠤᠳᠠᠯ ᠢ ᠨᠢ ᠬᠦᠩᠭᠡᠷᠡᠭᠦᠯᠵᠦ ᠬᠡᠯᠲᠦᠷᠢᠭᠦᠯᠬᠦ᠂ ᠦᠢᠯᠡᠰ | ᠪᠣᠰᠬᠠᠬᠤ ᠨᠡᠮᠡᠭᠦᠷᠢ ᠥᠭᠬᠦ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠲᠠᠯᠪᠢᠬᠤ ᠵᠢᠴᠢ ᠳᠠᠮ ᠬᠦᠦ ᠮᠦᠩᠭᠦ ᠥᠭᠬᠦ ᠵᠡᠷᠭᠡ ᠦᠢᠯᠡᠰ ᠪᠣᠰᠬᠠᠬᠤ ᠶᠢ ᠳᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠣᠯᠭᠤᠨ᠎ᠠ᠂ ᠡᠭᠦᠨ ᠳᠤ᠂ ᠠᠩᠬ᠎ᠠ ᠤᠳᠠᠭ᠎ᠠ ᠦᠢᠯᠡᠰ ᠪᠣᠰᠬᠠᠵᠦ ᠪᠠᠶᠢᠭ᠎ᠠ ᠮᠦᠷᠲᠡᠭᠡᠨ ᠬᠡᠪ ᠤᠨ ᠪᠠᠶᠢᠳᠠᠯ ᠢᠶᠠᠷ ᠡᠵᠡᠩᠨᠡᠭᠡᠳ 1 ᠵᠢᠯ | ᠭᠠᠷᠤᠢ ᠪᠣᠯᠣᠭᠰᠠᠨ ᠪᠣᠯ᠂ ᠲᠣᠭᠲᠠᠭᠠᠯ ᠶᠣᠰᠤᠭᠠᠷ ᠦᠢᠯᠡᠰ ᠪᠣᠰᠬᠠᠬᠤ ᠨᠦᠬᠦᠪᠦᠷᠢ ᠶᠢ ᠨᠢᠭᠡ ᠯᠡ ᠤᠳᠠᠭ᠎ᠠ ᠳᠤ ᠣᠯᠭᠤᠨ᠎ᠠ᠃ ᠨᠦᠬᠦᠴᠡᠯ ᠳᠤ ᠨᠡᠶᠢᠴᠡᠭᠰᠡᠨ ᠠᠵᠤ | ᠠᠬᠤᠶᠢᠯᠠᠯ ᠳᠤ ᠲᠣᠭᠲᠠᠭᠠᠯ ᠶᠣᠰᠤᠭᠠᠷ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠨᠣᠷᠮ᠎ᠠ ᠶᠢ ᠨᠢ ᠪᠠᠭᠤᠷᠠᠭᠤᠯᠬᠤ ᠵᠢᠴᠢ ᠠᠵᠤ ᠠᠬᠤᠶᠢᠯᠠᠯ ᠢ ᠲᠤᠰᠠᠯᠠᠵᠤ | ᠠᠵᠢᠯ ᠤᠨ ᠪᠠᠶᠢᠷᠢ ᠶᠢ ᠨᠢ ᠲᠣᠭᠲᠠᠭᠤᠨ ᠪᠠᠶᠢᠯᠭᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ | ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 16. ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠨᠤᠲᠤᠭ ᠲᠤ ᠪᠠᠨ ᠪᠣᠴᠠᠭᠰᠠᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠬᠢᠭᠡᠳ ᠬᠦᠳᠡᠭᠡ ᠲᠤᠰᠬᠤᠨ ᠳᠤ ᠭᠦᠷᠦᠭᠰᠡᠳ ᠪᠠ | ᠨᠤᠲᠤᠭ ᠲᠤ ᠪᠠᠨ ᠬᠤᠴᠣᠷᠣᠭᠰᠠᠳ ᠵᠡᠷᠭᠡ ᠶᠢᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ | ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠨᠢ | ᠲᠠᠷᠢᠶᠠᠯᠠᠩ ᠮᠠᠯ ᠠᠵᠤ ᠠᠬᠤᠢ ᠶᠢᠨ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠪᠠᠷ ᠳᠡᠮᠵᠢᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠭᠤᠳ ᠨᠡᠮᠡᠭᠦᠷᠢ ᠥᠭᠬᠦ᠂ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠬᠠᠨᠳᠤᠯᠭ᠎ᠠ ᠲᠠᠢ ᠪᠠᠷ ᠨᠠᠶᠢᠳᠠᠬᠤ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠤᠷᠢᠳ ᠢᠶᠠᠷ | ᠦᠢᠯᠡᠴᠢᠯᠡᠵᠦ ᠳᠠᠷᠠᠭ᠎ᠠ ᠨᠢ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ ᠨᠦᠬᠦᠪᠦᠷᠢ ᠣᠯᠭᠤᠨ ᠳᠡᠮᠵᠢᠵᠦ ᠪᠣᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ | ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠤᠳ ᠠᠵᠢᠯ ᠤᠯᠬᠤ ᠳᠤ ᠬᠦᠴᠢᠷᠲᠡᠶ ᠬᠥᠮᠦᠰ ᠂ ᠲᠤᠰ ᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ | ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠡᠯᠰᠡᠨ ᠤᠷᠢᠵᠤ ᠠᠵᠢᠯ ᠣᠯᠭᠤᠭᠰᠠᠨ ᠤ ᠬᠠᠮᠲᠤ ᠬᠥᠳᠡᠯᠮᠦᠷᠢ ᠶᠢᠨ ᠭᠡᠷ᠎ᠡ ᠲᠣᠭᠲᠠᠵᠤ᠂ | ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠢ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠨ᠎ᠠ᠃ ᠠᠵᠤ | ᠠᠬᠤᠶᠢᠯᠠᠯ ᠢᠶᠠᠷ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ ᠤ ᠬᠤᠳᠠᠯᠳᠤᠭ᠎ᠠ ᠡᠷᠬᠢᠯᠡᠭᠰᠡᠳ ᠲᠤ ᠡᠯ᠎ᠡ ᠵᠦᠢᠯ ᠤᠨ ᠠᠵᠢᠯ ᠣᠯᠭᠤᠵᠤ ᠦᠢᠯᠡᠰ ᠪᠣᠰᠬᠠᠬᠤ | ᠲᠠᠯ᠎ᠠ ᠪᠠᠷ ᠬᠢ ᠲᠡᠳᠬᠦᠬᠦ ᠲᠥᠷᠥ ᠶᠢᠨ ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ︔ ᠠᠵᠤ ᠠᠬᠤᠶᠢᠯᠠᠯ ᠢᠶᠠᠷ ᠥᠯᠥ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ ᠤ | ᠬᠤᠳᠠᠯᠳᠤᠭ᠎ᠠ ᠡᠷᠬᠢᠯᠡᠭᠰᠡᠳ ᠢ ᠠᠮᠢᠳᠤᠯᠢᠭ ᠢᠶᠠᠷ ᠠᠵᠢᠯ ᠣᠯᠤᠭᠰᠠᠳ ᠢᠶᠠᠷ ᠮᠠᠭᠠᠳᠯᠠᠨ ᠲᠣᠭᠲᠠᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠢ ᠲᠡᠳᠬᠦᠬᠦ ᠲᠥᠷᠥ ᠶᠢᠨ | ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠪᠠᠳᠣᠯᠠᠬᠤ ᠬᠡᠪᠴᠢᠶ᠎ᠡ ᠶᠢ ᠥᠷᠭᠡᠳᠬᠡᠨ᠂ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠯᠤᠭ᠎ᠠ ᠠᠳᠠᠯᠢ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠠᠵᠢᠯ ᠠᠯᠳᠠᠭᠰᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ | ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠭᠰᠠᠨ ᠤ ᠨᠦᠬᠦᠪᠦᠷᠢ ᠶᠢᠨ | ᠮᠥᠩᠭᠦ ᠣᠯᠭᠤᠨ᠎ᠠ᠃ ᠨᠢᠭᠡᠨ ᠮᠠᠯᠴᠢᠨ ᠲᠠᠷᠢᠶᠠᠴᠢᠨ ᠬᠦᠴᠦ ᠶᠠᠪᠤᠭᠴᠢ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠭᠰᠠᠨ ᠲᠡᠮᠳᠡᠭᠯᠡᠯ ᠲᠠᠢ ᠮᠥᠷᠲᠡᠭᠡᠨ ᠪᠠᠰᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ | ᠲᠡᠮᠳᠡᠭᠯᠡᠯ ᠲᠠᠢ ᠪᠠᠶᠢᠳᠠᠯ ᠪᠠᠶᠢᠪᠠᠯ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | 17. ᠦᠢᠯᠡᠰ ᠪᠣᠰᠬᠠᠬᠤ ᠵᠢᠭᠡᠯᠡᠯᠭᠡ ᠶᠢ ᠨᠢ ᠳᠠᠮ ᠬᠦᠤ ᠪᠠᠷ ᠲᠡᠳᠬᠦᠬᠦ ᠶᠢ ᠴᠢᠩᠭᠠᠳᠬᠠᠨ᠎ᠠ᠃ ᠲᠥᠪ ᠤᠨ ᠪᠠᠭᠤᠯᠭᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠰᠠᠶᠢᠲᠤᠷ ᠪᠥᠭᠡᠳ ᠠᠮᠢᠳᠤᠯᠢᠭ ᠬᠡᠷᠡᠭᠯᠡᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠬᠦᠮᠦᠰ ᠤᠨ ᠦᠢᠯᠡᠰ ᠪᠣᠰᠬᠠᠬᠤ ᠶᠢ ᠨᠢ ᠶᠡᠬᠡᠪᠡᠷ | ᠳᠡᠮᠵᠢᠨ᠎ᠡ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠪᠣᠰᠬᠠᠬᠤ ᠪᠠᠷ ᠵᠢᠭᠡᠯᠡᠭᠰᠡᠨ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠪᠦᠭᠦ ᠲᠤᠭ᠎ᠠ ᠪᠠᠷ ᠨᠢ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ︔ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ | ᠪᠣᠰᠬᠠᠬᠤ ᠪᠠᠷ ᠵᠢᠭᠡᠯᠡᠭᠰᠡᠨ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠭᠡᠷ᠎ᠡ ᠲᠣᠭᠲᠠᠭᠰᠠᠨ ᠡᠳᠦᠷ ᠤᠨ | ᠵᠢᠭᠡᠯᠡᠯᠭᠡ ᠶᠢᠨ ᠰᠠᠭᠤᠷᠢ ᠬᠦᠤ ᠮᠦᠩᠭᠦᠨ ᠤ ᠨᠣᠷᠮ᠎ᠠ ᠶᠢᠨ 50 % ᠪᠠᠷ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ᠃ ᠵᠢᠭᠡᠯᠡᠯᠭᠡ ᠶᠢᠨ ᠬᠤᠭᠤᠴᠠᠭ᠎ᠠ ᠪᠠᠨ | ᠤᠷᠲᠤᠳᠬᠠᠭᠰᠠᠨ ᠪᠠ ᠬᠤᠭᠤᠴᠠᠭ᠎ᠠ ᠪᠠᠨ ᠬᠡᠲᠦᠷᠡᠭᠦᠯᠦᠭᠰᠡᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠳᠠᠮ ᠬᠦᠦ ᠮᠦᠩᠭᠦ ᠶᠢ ᠨᠢ ᠲᠥᠯᠥᠵᠦ ᠥᠭᠬᠦ ᠦᠭᠡᠶ᠃ ᠦᠢᠯᠡᠰ ᠪᠤᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠤ ᠮᠦᠩᠭᠦ ᠶᠢ ᠨᠢ ᠲᠥᠯᠥᠵᠦ ᠥᠭᠬᠦ | ᠲᠥᠷᠥ ᠶᠢᠨ ᠪᠣᠳᠣᠯᠭ᠎ᠠ ᠶᠢ ᠨᠢᠭᠡᠨᠲᠡ ᠭᠥᠷᠳᠡᠭᠰᠡᠨ ᠪᠥᠭᠡᠳ ᠵᠢᠭᠡᠯᠡᠯᠭᠡ ᠪᠠᠨ ᠴᠠᠭ ᠲᠤᠬᠠᠶ ᠳᠤ ᠨᠢ ᠪᠤᠴᠠᠭᠠᠵᠤ ᠳᠠᠭᠤᠰᠬᠠᠭᠰᠠᠨ ᠬᠤᠪᠢ ᠬᠥᠮᠦᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠵᠡᠩᠨᠡᠯᠲᠡ ᠨᠢ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠦᠢᠯᠡᠰ ᠪᠤᠰᠬᠠᠬᠤ | ᠳᠠᠭᠠᠭᠠᠯᠲᠠ ᠲᠠᠢ ᠵᠢᠭᠡᠯᠡᠯᠭᠡ ᠶᠢ ᠳᠠᠬᠢᠨᠲᠠ ᠭᠤᠶᠤᠴᠢᠯᠠᠵᠤ ᠪᠣᠯᠬᠤ ᠶᠢᠨ ᠬᠠᠮᠲᠤ᠂ ᠡᠳ᠋ ᠤᠨ ᠵᠠᠰᠠᠭ ᠠᠴᠠ ᠳᠠᠮ ᠬᠦᠤ ᠮᠦᠩᠭᠦ ᠶᠢ ᠨᠢ ᠲᠥᠯᠥᠨ ᠥᠭᠴᠦ ᠪᠣᠯᠤᠨ᠎ᠠ᠂ | ᠭᠡᠪᠡᠴᠦ ᠳᠠᠬᠢᠨᠲᠠ ᠭᠤᠶᠤᠴᠢᠯᠠᠵᠤ ᠲᠥᠯᠥᠭᠦᠯᠬᠦ ᠶᠢ 3 ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ᠂ ᠬᠤᠪᠢ ᠬᠥᠮᠦᠨ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠪᠠ ᠵᠢᠵᠢᠭ ᠪᠢᠴᠢᠯ ᠠᠵᠤ ᠠᠬᠤᠶᠢᠯᠠᠯ ᠳᠤ ᠰᠢᠨ᠎ᠡ | ᠵᠢᠭᠡᠯᠡᠭᠦᠯᠦᠭᠰᠡᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠦᠤ ᠮᠦᠩᠭᠦᠨ ᠳᠠᠬᠢ ᠣᠳᠣᠬᠠᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠨᠡᠶᠢᠲᠡᠯᠡᠭᠰᠡᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠤ ᠮᠦᠩᠭᠦᠨ ᠤ ᠨᠣᠷᠮ᠎ᠠ ︵LPR — 150 BP︶ ᠠᠴᠠ ᠳᠣᠷᠣᠭᠰᠢᠬᠢ ᠬᠡᠰᠡᠭ ᠢ ᠨᠢ | ᠵᠣᠭᠤᠰ ᠵᠢᠭᠡᠯᠡᠭᠰᠡᠨ ᠬᠦᠮᠦᠰ ᠪᠠ ᠵᠣᠭᠤᠰ ᠵᠢᠭᠡᠯᠡᠬᠦ ᠠᠵᠤ ᠠᠬᠤᠶᠢᠯᠠᠯ ᠡᠭᠦᠷᠭᠡᠯᠡᠵᠦ᠂ ᠦᠯᠡᠳᠡᠭᠰᠡᠨ ᠬᠡᠰᠡᠭ ᠲᠤ ᠡᠳ᠋ ᠤᠨ ᠵᠠᠰᠠᠭ ᠠᠴᠠ ᠳᠠᠮ ᠬᠦᠤ ᠮᠦᠩᠭᠦ ᠶᠢ ᠨᠢ | ᠲᠥᠯᠥᠵᠦ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | 18. ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠣᠳᠣ ᠶᠢᠨ ᠪᠠᠶᠢᠭ᠎ᠠ ᠡᠯ᠎ᠡ | ᠲᠥᠷᠥᠯ ᠤᠨ ᠲᠣᠭᠲᠠᠭᠠᠯ ᠳᠤ ᠨᠡᠶᠢᠴᠡᠭᠰᠡᠨ ᠨᠡᠬᠡᠭᠡᠵᠦ ᠬᠥᠭᠵᠢᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠲᠤ ᠲᠦᠰᠢᠭᠯᠡᠨ᠂ ᠬᠡᠷᠡᠭᠯᠡᠬᠦ ᠦᠭᠡᠢ ᠰᠤᠯᠠ ᠲᠠᠯᠪᠢᠵᠤ ᠪᠠᠶᠢᠬᠤ ᠦᠢᠯᠡᠳᠪᠦᠷᠢ ᠶᠢᠨ ᠭᠡᠷ ᠪᠠᠶᠢᠰᠢᠩ ᠵᠡᠷᠭᠡ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ | ᠴᠢᠯᠥᠭᠡᠲᠡᠶ ᠭᠦᠢᠯᠭᠡᠭᠡᠵᠦ᠂ ᠨᠢᠭᠡ ᠪᠦᠯᠦᠭ ᠠᠩᠬ᠎ᠠ ᠡᠭᠦᠳᠦᠨ ᠪᠠᠶᠢᠭᠤᠯᠵᠤ ︽ᠬᠥᠪᠦᠷᠡᠭᠦᠯᠦᠨ ᠪᠤᠶᠢᠵᠢᠭᠤᠯᠬᠤ︾ ᠬᠤᠭᠤᠴᠠᠭᠠᠨ ᠳᠤ ᠪᠠᠶᠢᠭ᠎ᠠ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠤᠨ ᠦᠢᠯᠡᠰ ᠪᠣᠰᠬᠠᠬᠤ ᠳᠤ | ᠭᠤᠣᠯᠳᠠᠯᠭ᠎ᠠ ᠲᠠᠢ ᠬᠠᠨᠳᠤᠭᠤᠯᠤᠭᠰᠠᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠳᠡᠮᠵᠢᠬᠦ ᠪᠠ ᠬᠥᠲᠥᠯᠥᠨ ᠵᠢᠯᠣᠭᠤᠳᠴᠤ | ᠪᠠᠶᠢᠭᠠᠳ ᠡᠮᠬᠢᠯᠡᠨ ᠨᠡᠶᠢᠯᠡᠭᠦᠯᠵᠦ ᠬᠥᠭᠵᠢᠭᠦᠯᠦᠨ᠂ ᠡᠷᠲᠡ ᠦᠢᠯᠡᠰ ᠪᠣᠰᠬᠠᠭᠰᠠᠨ ᠪᠠ ᠨᠡᠯᠢᠶᠡᠳ ᠬᠤᠭᠤᠴᠠᠭ᠎ᠠ ᠪᠣᠯᠵᠤ ᠪᠠᠶᠢᠭ᠎ᠠ ᠠᠵᠤ ᠠᠬᠤᠶᠢᠯᠠᠯ ᠤᠨ ᠪᠦᠯᠦᠭᠵᠢᠨ | ᠬᠦᠭᠵᠢᠭᠦᠯᠦᠭᠰᠡᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠰ ᠪᠣᠰᠬᠠᠬᠤ | ᠬᠦᠴᠦᠨ ᠵᠦᠢᠯ ᠢ ᠨᠢ ᠬᠤᠷᠠᠮᠳᠤᠭᠤᠯᠤᠨ᠂ ᠦᠢᠯᠡᠰ ᠪᠣᠰᠬᠠᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠲᠥᠯᠥᠪᠵᠢᠭᠦᠯᠭᠡ᠂ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠳᠤ ᠨᠡᠶᠢᠴᠡᠭᠰᠡᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠤᠨ ᠪᠦᠲᠦᠭᠡᠨ ᠪᠠᠶᠢᠭᠤᠯᠤᠯᠲᠠ ᠳᠤ | ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠨᠢ ᠨᠢᠭᠡ ᠤᠳᠠᠭ᠎ᠠ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠨᠡᠮᠡᠭᠦᠷᠢ ᠣᠯᠭᠤᠨ᠎ᠠ᠃ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ | ᠵᠠᠰᠠᠭ ᠤᠨ ᠣᠷᠳᠣᠨ ᠤ ᠭᠤᠤᠯᠯᠠᠨ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠲᠠᠬᠢ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠬᠡᠷ ᠪᠠᠶᠢᠰᠢᠩ ᠳᠤ ᠣᠷᠣᠵᠤ ᠦᠢᠯᠡᠰ ᠪᠣᠰᠬᠠᠭᠰᠠᠨ ᠪᠠᠶᠢᠪᠠᠯ᠂ 3 ᠵᠢᠯ ᠤᠨ ᠳᠣᠲᠣᠷ᠎ᠠ ᠲᠦᠷᠢᠶᠡᠰᠦᠨ ᠮᠥᠩᠭᠦ᠂ ᠠᠳᠠᠯ ᠠᠬᠤᠢ ᠶᠢᠨ | ᠬᠠᠮᠢᠶᠠᠷᠤᠯᠲᠠ ᠶᠢᠨ ᠰᠦᠢᠳᠬᠡᠯ᠂ ᠠᠷᠢᠭᠤᠨ ᠴᠡᠪᠡᠷ ᠤᠨ ᠰᠦᠢᠳᠬᠡᠯ᠂ ᠤᠰᠤ ᠴᠠᠬᠢᠯᠭᠠᠨ ᠲᠣᠯᠠᠭᠠᠯᠠᠭ᠎ᠠ ᠵᠡᠷᠭᠡ ᠰᠦᠢᠳᠬᠡᠯ ᠢ ᠬᠠᠰᠤᠵᠤ ᠭᠡᠯᠳᠦᠷᠢᠭᠦᠯᠦᠨ᠎ᠡ᠂ | ᠲᠤᠬᠠᠶᠢᠯᠠᠪᠠᠯ ᠨᠢᠭᠡᠳᠦᠭᠡᠷ ᠵᠢᠯ ᠳᠤ ᠲᠤᠰᠢᠶᠠᠬᠤ ᠥᠬᠡᠶ ᠪᠠᠶᠢᠵᠤ᠂ ᠬᠤᠶᠠᠳᠤᠭᠠᠷ ᠵᠢᠯ ᠳᠤ ᠬᠠᠭᠠᠰ ᠢᠶᠠᠷ ᠭᠦᠩᠬᠡᠯᠡᠵᠦ᠂ ᠭᠤᠷᠪᠠᠳᠤᠭᠠᠷ ᠵᠢᠯ ᠳᠤ 1 / 3 ᠪᠠᠷ | ᠭᠦᠩᠬᠡᠯᠡᠵᠦ ᠪᠣᠯᠣᠨ᠎ᠠ︔ ᠠᠷᠠᠳ ᠠᠴᠠ ᠡᠵᠡᠩᠨᠡᠭᠰᠡᠨ ᠭᠤᠣᠯ ᠴᠣᠭᠴᠠ ᠶᠢᠨ ᠳᠠᠭᠠᠭᠤᠯᠤᠨ ᠡᠷᠬᠢᠯᠡᠭᠰᠡᠨ ᠪᠤᠶᠤ ᠬᠠᠮᠲᠤ ᠪᠠᠷ ᠪᠠᠶᠢᠭᠤᠯᠤᠭᠰᠠᠨ ᠦᠢᠯᠡᠰ ᠪᠣᠰᠬᠠᠬᠤ | ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠲᠤ ᠣᠷᠣᠵᠤ ᠦᠢᠯᠡᠰ ᠪᠣᠰᠬᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠲᠣᠭᠲᠠᠭᠠᠯ | ᠶᠣᠰᠣᠭᠠᠷ ᠵᠣᠬᠢᠬᠤ ᠨᠥᠬᠦᠪᠥᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠨ᠎ᠠ᠃ | 19 . ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠡᠳᠭᠡᠨ᠎ᠡ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠨᠢ | ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶᠡᠨ ᠳᠤ ᠣᠷᠤᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ | ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠰᠢᠯᠵᠢᠭᠦᠯᠵᠦ ᠵᠠᠯᠭᠠᠨ ᠦᠷᠭᠦᠯᠵᠢᠯᠡᠭᠦᠯᠵᠦ ᠭᠠᠷᠲᠠᠨ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠂ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠨᠢ ᠰᠢᠯᠵᠢᠭᠦᠯᠵᠦ ᠵᠠᠯᠭᠠᠨ ᠦᠷᠭᠦᠯᠵᠢᠯᠡᠭᠦᠯᠬᠦ ᠪᠠ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠨᠢ ᠳ᠋ᠦᠩᠨᠡᠨ ᠪᠤᠳᠤᠬᠤ ᠠᠵᠢᠯ ᠢ | ᠰᠠᠶᠢᠲᠤᠷ ᠬᠢᠵᠦ᠂ ᠪᠠᠷᠢᠯᠭ᠎ᠠ ᠳᠤ ᠠᠵᠢᠯᠯᠠᠵᠤ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠪᠠᠷᠢᠯᠭ᠎ᠠ ᠶᠢᠨ ᠲᠥᠷᠥᠯ ᠵᠦᠢᠯ ᠢᠶᠠᠷ ᠨᠢ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠳᠤ ᠣᠷᠣᠯᠴᠠᠭᠤᠯᠬᠤ ᠪᠠᠨ ᠠᠬᠢᠭᠤᠯᠤᠨ᠎ᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠢ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠪᠤᠶᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠬᠤᠪᠢ ᠬᠦᠮᠦᠨ ᠤ ᠪᠡᠶ᠎ᠡ | ᠭᠠᠷᠤᠯ ᠢᠶᠠᠷ ᠰᠠᠶᠢᠨ ᠳᠤᠷ᠎ᠠ ᠠᠴᠠ ᠨᠢ ᠣᠷᠣᠯᠴᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ ᠳᠠᠭᠠᠳᠬᠠᠯ ᠳᠤ | ᠣᠷᠣᠯᠴᠠᠭᠰᠠᠨ ᠳᠠᠩᠰᠠᠯᠠᠨ ᠲᠡᠮᠳᠡᠭᠯᠡᠬᠦ ᠠᠵᠢᠯ ᠢ ᠴᠠᠭ ᠲᠤᠬᠠᠶ ᠳᠤ ᠨᠢ ᠭᠦᠢᠴᠡᠳᠬᠡᠵᠦ ᠴᠢᠳᠠᠬᠤ ᠥᠬᠡᠶ ᠪᠠᠶᠢᠪᠠᠯ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ | ᠳᠠᠩᠰᠠᠯᠠᠨ ᠲᠡᠮᠳᠡᠭᠯᠡᠬᠦ ᠠᠵᠢᠯ ᠢᠶᠠᠨ ᠨᠥᠬᠦᠵᠦ ᠭᠦᠢᠴᠡᠳᠬᠡᠬᠦ ᠶᠢ ᠨᠢ ᠵᠥᠪᠰᠢᠶᠡᠷᠡᠵᠦ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢ ᠨᠢ ᠨᠥᠯᠥᠭᠡᠯᠡᠬᠦ ᠥᠬᠡᠶ᠃ | ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | 20 . ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ ᠤᠬᠠᠭᠤᠯᠬᠤ ᠠᠵᠢᠯ ᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠭᠡᠷ᠎ᠡ ᠲᠣᠭᠲᠠᠬᠤ | ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠪᠣᠯᠭᠠᠨ᠎ᠠ᠃ ᠠᠵᠤ ᠠᠬᠤᠶᠢᠯᠠᠯ ᠤᠨ ᠬᠠᠤᠯᠢ | ᠶᠣᠰᠣᠭᠠᠷ ᠠᠵᠢᠯᠴᠢᠨ ᠡᠯᠰᠡᠨ ᠬᠡᠷᠡᠭᠯᠡᠬᠦ ᠶᠢ ᠵᠢᠯᠣᠭᠤᠳᠤᠨ ᠰᠢᠮᠳᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠭᠡᠷ᠎ᠡ ᠲᠣᠭᠲᠠᠬᠤ ᠶᠢ | ᠵᠢᠷᠤᠮᠵᠢᠭᠤᠯᠤᠨ᠂ ᠪᠠᠷᠢᠯᠭ᠎ᠠ᠂ ᠨᠡᠭᠦᠷᠡᠰᠦᠨ ᠠᠭᠤᠷᠬᠠᠶ᠂ ᠭᠡᠷ ᠠᠬᠤᠢ ᠵᠡᠷᠭᠡ ᠠᠵᠢᠯ ᠲᠥᠷᠥᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ | ᠴᠢᠩᠭᠠᠳᠬᠠᠨ᠎ᠠ᠃ ᠪᠠᠷᠢᠯᠭ᠎ᠠ ᠶᠢᠨ ᠠᠵᠢᠯ ᠲᠥᠷᠥᠯ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠪᠠᠷ ᠳᠠᠩᠰᠠᠯᠠᠭᠤᠯᠵᠤ ᠠᠵᠢᠯᠯᠠᠬᠤ ᠳᠦᠷᠢᠮ ᠤᠨ | ᠬᠠᠮᠢᠶᠠᠷᠤᠯᠲᠠ ᠶᠢ ᠢᠳᠡᠪᠬᠢᠲᠡᠶ ᠪᠠᠷ ᠨᠠᠶᠢᠳᠠᠪᠤᠷᠢᠵᠢᠭᠤᠯᠵᠤ᠂ ᠬᠥᠳᠡᠯᠮᠦᠷᠢ ᠦᠢᠯᠡᠴᠢᠯᠡᠭᠡ ᠪᠠᠷ ᠲᠣᠮᠢᠯᠠᠭᠳᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ ᠮᠠᠭᠤ ᠰᠠᠨᠠᠭ᠎ᠠ ᠲᠠᠢ ᠪᠠᠷ ᠴᠠᠯᠢᠩ ᠢ ᠨᠢ ᠥᠷᠢᠲᠦᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ︽ᠴᠠᠯᠢᠩ ᠬᠠᠮᠠᠭᠠᠯᠠᠬᠤ︾ ᠠᠵᠢᠯᠯᠠᠭ᠎ᠠ ᠶᠢ ᠬᠡᠷᠡᠭᠵᠢᠭᠦᠯᠦᠨ᠂ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ | ᠵᠠᠷᠭᠤᠯᠳᠤᠬᠤ ᠶᠢ ᠵᠣᠬᠢᠴᠠᠭᠤᠯᠬᠤ᠂ ᠡᠮᠬᠢ ᠵᠢᠷᠤᠮ ᠲᠠᠢ ᠵᠣᠯᠭᠠᠭᠤᠯᠬᠤ ᠣᠯᠠᠨ ᠡᠰᠢᠲᠦ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | 21 . ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠠᠵᠢᠯ ᠣᠯᠭᠤᠯᠲᠠ ᠪᠠᠨ ᠲᠣᠭᠲᠠᠭᠤᠨ ᠪᠠᠶᠢᠯᠭᠠᠬᠤ ᠪᠠ ᠰᠠᠭᠤᠭᠠᠯᠢ ᠠᠷᠠᠳ ᠤᠨ ᠠᠵᠢᠯ ᠣᠯᠬᠤ ᠶᠢ ᠪᠠᠲᠤᠯᠠᠬᠤ ᠶᠢᠨ | ᠭᠤᠣᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠢᠶᠠᠷ ᠠᠵᠢᠯ ᠣᠯᠭᠤᠬᠤ ᠪᠠ ᠵᠠᠰᠠᠭ ᠤᠨ ᠣᠷᠳᠣᠨ ᠤ ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ | ᠪᠣᠰᠬᠠᠬᠤ ᠶᠢ ᠨᠢ ᠵᠣᠷᠢᠭᠵᠢᠭᠤᠯᠤᠨ ᠳᠡᠮᠵᠢᠬᠦ ᠶᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ | ᠲᠣᠭᠲᠠᠴᠠ ᠶᠢ ᠪᠦᠷᠢᠨᠰᠢᠭᠦᠯᠦᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢᠨ ᠪᠠᠶᠢᠳᠠᠯ ᠤᠨ | ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ ᠬᠦᠴᠢᠷᠳᠡᠯᠲᠡᠶ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠭ ᠲᠤᠬᠠᠶ ᠳᠤ ᠨᠢ ᠲᠤᠰᠠᠯᠠᠮᠵᠢ | ᠬᠦᠷᠲᠡᠭᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ ᠪᠣᠰᠬᠠᠬᠤ ᠠᠵᠢᠯ ᠶᠠᠪᠤᠳᠠᠯ ᠢ | ᠵᠦᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠤᠬᠢᠴᠠᠯᠳᠤᠭᠤᠯᠵᠤ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ | ᠪᠤᠢ ᠪᠣᠯᠭᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠣᠷᠤᠭᠰᠠᠳ ᠤᠨ ᠦᠢᠯᠡᠰ ᠪᠣᠰᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠢ | ᠵᠣᠬᠢᠴᠠᠭᠤᠯᠤᠨ ᠰᠢᠢᠳᠪᠦᠷᠢᠯᠡᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠣᠷᠤᠭᠰᠠᠳ ᠤᠨ | ᠲᠣᠭᠲᠠᠭᠤᠨ ᠢᠶᠠᠷ ᠠᠵᠢᠯ ᠣᠯᠵᠤ᠂ ᠰᠠᠭᠠᠳ ᠦᠭᠡᠢ ᠪᠠᠷ ᠠᠵᠢᠯ ᠣᠯᠬᠤ ᠶᠢ ᠳᠡᠮᠵᠢᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | 22 . ᠠᠵᠢᠯ ᠤᠨ ᠪᠠᠲᠤᠯᠠᠭ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠶᠢᠰᠢ | ᠤᠷᠲᠤᠳᠬᠠᠬᠤ ᠶᠢ ᠠᠬᠢᠭᠤᠯᠤᠨ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡᠨ ᠤ ᠡᠷᠬᠢᠯᠡᠨ ᠵᠠᠭᠤᠴᠢᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠠᠵᠢᠯ ᠣᠯᠭᠤᠬᠤ ᠦᠢᠯᠡᠴᠢᠯᠡᠭᠡᠨ ᠬᠠᠩᠭᠠᠨ᠎ᠠ᠃ ᠬᠤᠰᠢᠭᠤ | ᠰᠢᠶᠠᠨ ᠠᠴᠠ ᠳᠣᠷᠣᠭᠰᠢᠬᠢ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠰ ᠪᠣᠰᠬᠠᠬᠤ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠪᠠ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠤᠲᠤᠭ ᠲᠤ ᠪᠠᠨ ᠪᠤᠴᠠᠵᠤ ᠲᠣᠰᠬᠤᠨ ᠳᠤ ᠭᠦᠷᠴᠣ ᠭᠠᠴᠠᠭᠠᠨ ︵ᠲᠣᠰᠬᠤᠨ︶ ᠤ ᠬᠥᠳᠡᠯᠮᠦᠷᠢ ᠶᠢᠨ ᠪᠠᠲᠤᠯᠠᠭ᠎ᠠ ᠶᠢᠨ | ᠲᠤᠰᠠᠯᠠᠭᠴᠢ ᠪᠣᠯᠬᠤ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠨ ᠠᠪᠬᠤ ᠴᠤᠪᠤᠷᠠᠯ ᠢ ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠵᠤ᠂ | ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠰᠡᠳ ᠲᠤ ᠳᠥᠭᠦᠮ ᠳᠥᠲᠡ ᠪᠠᠷ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | 23 . ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠮᠡᠳᠡᠭᠦᠯᠵᠦ ᠣᠶᠢᠯᠠᠭᠠᠭᠤᠯᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠠᠮ ᠵᠠᠭᠤᠴᠢᠯᠠᠭᠤᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠢᠯᠡᠰ ᠪᠣᠰᠬᠠᠭᠰᠠᠨ | ᠨᠡᠶᠢᠲᠡᠯᠢᠭ ᠵᠢᠱᠢᠶ᠎ᠡ ᠪᠠ ᠦᠢᠯᠡᠰ ᠪᠣᠰᠬᠠᠭᠰᠠᠨ ᠲᠤᠷᠰᠢᠯᠭ᠎ᠠ ᠶᠢ ᠥᠷᠭᠡᠨ ᠢᠶᠠᠷ ᠠᠭᠤᠳᠠᠯᠵᠦ᠂ ᠠᠵᠢᠯ ᠣᠯᠭᠤᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠦᠢᠯᠡᠰ | ᠪᠣᠰᠬᠠᠬᠤ ᠶᠢ ᠬᠠᠯᠠᠮᠵᠢᠯᠠᠬᠤ᠂ ᠦᠢᠯᠡᠰ ᠪᠣᠰᠬᠠᠬᠤ ᠶᠢ ᠴᠢᠬᠤᠯᠠᠴᠢᠯᠠᠬᠤ᠂ ᠦᠢᠯᠡᠰ ᠪᠣᠰᠬᠠᠬᠤ ᠶᠢ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ 365赢多少钱会被限额_国内有真正的365平台吗_365bet博彩官网 | ᠪᠠᠶᠢᠳᠠᠯ ᠢ ᠪᠤᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | ᠡᠯ᠎ᠡ ᠠᠶᠢᠮᠠᠭ ᠬᠤᠲᠠ ᠨᠢ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠨᠠᠷᠢᠯᠢᠬᠵᠢᠭᠤᠯᠵᠤ᠂ ᠱᠠᠩᠨᠠᠵᠤ ᠬᠦᠬᠢᠭᠦᠯᠬᠦ ᠪᠠ ᠨᠡᠮᠡᠭᠦᠷᠢ ᠥᠭᠬᠦ ᠪᠠᠷᠢᠮᠵᠢᠶ᠎ᠠ ᠶᠢ ᠪᠣᠳᠠᠲᠠᠢ ᠲᠣᠭᠠᠴᠠᠯᠠᠵᠤ ᠢᠯᠡᠳᠭᠡᠨ᠂ ᠲᠤᠭᠤᠰᠢᠯᠠᠭᠤᠯᠤᠨ 365赢多少钱会被限额_国内有真正的365平台吗_365bet博彩官网 | ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | 2020 ᠣᠨ ᠤ 12 ᠳ᠋ᠤᠭᠠᠷ ᠰᠠᠷ᠎ᠠ ᠶᠢᠨ 21 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |