| | | 2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ | ᠤᠨ ᠲᠥᠷᠥ ᠶᠢᠨ ᠪᠣᠳᠣᠯᠭ᠎ᠠ ᠶᠢᠨ ᠲᠤᠬᠠᠢ ᠵᠣᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠳᠡᠳ᠋ ᠳᠠᠷᠤᠭ᠎ᠠ ᠳ᠋ᠠᠶ ᠶᠠᠨ ᠬᠠᠮᠢᠶ᠎ᠠ ᠪᠥᠬᠦᠶ ᠪᠠᠶᠢᠳᠠᠯ ᠳᠤ ᠲᠠᠨᠢᠯᠴᠠᠭᠤᠯᠭ᠎ᠠ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ | ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ | ᠤᠨ ᠲᠣᠭᠲᠠᠭᠠᠯ︾ ᠢ 2020 ᠣᠨ ᠤ 12 ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ | ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ 248 ᠳ᠋ᠣᠭᠠᠷ ᠲᠤᠭᠠᠲᠤ ᠵᠠᠷᠯᠢᠭ ᠢᠶᠠᠷ ᠨᠡᠶᠢᠲᠡᠯᠡᠵᠦ᠂ 2021 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠳᠣᠤᠷ᠎ᠠ ᠪᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ | ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠤᠨ ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠬᠠᠮᠢᠶ᠎ᠠ ᠪᠦᠬᠦᠢ ᠪᠠᠶᠢᠳᠠᠯ ᠢ ᠲᠣᠪᠴᠢ | ᠲᠠᠨᠢᠯᠴᠠᠭᠤᠯᠤᠶ᠎ᠠ᠃ | ᠨᠢᠭᠡ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠲᠣᠭᠲᠠᠭᠠᠭᠰᠠᠨ ᠶᠠᠪᠤᠴᠠ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠠᠴᠠ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ | ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ | ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠣᠯᠭᠠᠬᠤ ᠪᠠᠷ ᠲᠣᠭᠲᠠᠭᠠᠪᠠ᠃ 2019 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ | ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠳᠣᠷᠣᠭᠰᠢ ︽ | ᠲᠦᠷ ᠬᠡᠷᠡᠭᠵᠢᠭᠦᠯᠬᠦ ᠲᠦᠷᠢᠮ ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠥᠬᠦ | ᠴᠤᠪᠤᠷᠠᠯ ᠳᠤ ᠪᠣᠳᠠᠲᠠᠶ ᠲᠣᠭᠲᠠᠭᠠᠯ ᠭᠠᠷᠭᠠᠵᠤ᠂ ᠲᠠᠰ ᠳᠠᠷᠠᠭᠠᠯᠠᠯ᠂ ᠪᠠᠷᠢᠮᠵᠢᠶ᠎ᠠ ᠵᠡᠷᠭᠡ ᠲᠠᠯ᠎ᠠ ᠳᠤ ᠪᠦᠷ ᠨᠠᠩ ᠥᠨᠳᠥᠷ ᠱᠠᠭᠠᠷᠳᠠᠯᠭ᠎ᠠ ᠳᠤᠷᠠᠳᠴᠠᠶ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ︾ | ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠦ᠋ᠭᠡᠷ ᠲᠣᠭᠠᠲᠤ︶ ᠢ 2015 ᠣᠨ ᠳᠤ | ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠣᠮᠵᠢᠭᠤᠯᠤᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ | ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠲᠠᠯ᠎ᠠ ᠪᠠᠷ ᠴᠢᠬᠤᠯᠠ ᠦᠶᠯᠡᠳᠦᠯ ᠦᠵᠡᠭᠦᠯᠪᠡ᠃ ᠭᠡᠪᠡᠴᠦ ᠦᠢᠯᠡᠳᠦᠯᠭᠡ ᠶᠢᠨ ᠳᠤᠮᠳᠠ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠨᠢ ᠲᠣᠳᠣᠷᠬᠠᠶ ᠦᠭᠡᠶ᠂ ᠳᠡᠰ ᠳᠠᠷᠠᠭᠠᠯᠠᠯ ᠨᠢ ᠪᠦᠷᠢᠨ ᠪᠤᠰᠤ᠂ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ᠂ ᠰᠠᠨᠠᠯ ᠬᠤᠷᠢᠶᠠᠬᠤ ᠪᠠ ᠬᠠᠮᠲᠤ ᠪᠠᠷ ᠶᠠᠷᠢᠯᠴᠠᠬᠤ ᠶᠢ ᠪᠤᠲᠠᠲᠠᠶᠢᠵᠢᠭᠤᠯᠤᠭᠰᠠᠨ ᠦᠭᠡᠶ ᠪᠠᠶᠢᠳᠠᠯ ᠣᠷᠣᠰᠢᠵᠤ ᠪᠠᠶᠢᠬᠤ ᠠᠴᠠ ᠪᠣᠯᠵᠣ ᠴᠢᠬᠤᠯᠠ | ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠪᠣᠳᠠᠲᠤ ᠴᠣᠭᠴᠠ ᠡᠰᠡᠭᠦᠯ᠎ᠡ ᠳᠡᠰ ᠳᠠᠷᠠᠭᠠᠯᠠᠯ ᠤᠨ ᠲᠠᠯ᠎ᠠ ᠪᠠᠷ ᠬᠠᠤᠯᠢ ᠶᠢ ᠵᠥᠷᠢᠴᠡᠵᠦ᠂ ᠵᠠᠰᠠᠭ ᠤᠨ | ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠬᠤᠬᠢᠷᠠᠭᠤᠯᠤᠨ᠂ ᠭᠠᠵᠠᠷ ᠣᠷᠣᠨ ᠤ ᠡᠵᠡᠩᠨᠡᠨ ᠬᠤᠳᠠᠯᠳᠣᠭᠠᠯᠠᠬᠤ ᠣᠷᠴᠢᠨ ᠨᠦᠭᠦᠴᠡᠯ ᠢ ᠡᠪᠳᠡᠵᠦ᠂ | ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠠᠬᠢᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠬᠤ ᠶᠢ ᠣᠯᠵᠣ ᠮᠡᠳᠡᠵᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠳᠦᠷᠢᠮ︾ ᠤᠨ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠠᠨ ᠤ ᠣᠷᠣᠨ ᠤ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠰᠢᠶᠳᠪᠦᠷᠢᠲᠦ | ᠪᠣᠳᠣᠯᠭ᠎ᠠ ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠶᠢ ᠲᠤᠯᠭᠠᠮ | ᠱᠠᠭᠠᠷᠳᠠᠵᠤ ᠪᠣᠢ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠣᠷᠣᠯᠠᠨ ︽ | ᠲᠠᠰ ᠳᠠᠷᠠᠭᠠᠯᠠᠯ ᠤᠨ ᠲᠣᠭᠲᠠᠭᠠᠯ︾ ᠢ ᠲᠤᠭᠤᠷᠪᠢᠵᠤ᠂ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠪᠥᠬᠦ ᠨᠡᠶᠢᠭᠡᠮ ᠠᠴᠠ ᠥᠷᠭᠡᠨ ᠢᠶᠠᠷ ᠰᠠᠨᠠᠯ | ᠬᠤᠷᠢᠶᠠᠭᠰᠠᠨ ᠪᠥᠭᠡᠳ ᠭᠦᠶᠴᠡᠳ ᠪᠠᠶᠢᠴᠠᠭᠠᠨ ᠰᠤᠳᠤᠯᠵᠤ ᠨᠤᠲᠠᠯᠠᠯᠲᠠ ᠬᠢᠪᠠ᠃ ︽ᠲᠠᠰ ᠳᠠᠷᠠᠭᠠᠯᠠᠯ ᠤᠨ ᠲᠣᠭᠲᠠᠭᠠᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ 2020 ᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | ᠬᠤᠶᠠᠷ᠂ ︽ᠲᠠᠰ ᠳᠠᠷᠠᠭᠠᠯᠠᠯ ᠤᠨ ᠲᠣᠭᠲᠠᠭᠠᠯ︾ ᠤᠨ ᠭᠤᠣᠯ ᠠᠭᠤᠯᠭ᠎ᠠ | ︽ᠲᠠᠰ ᠳᠠᠷᠠᠭᠠᠯᠠᠯ ᠤᠨ ᠲᠣᠭᠲᠠᠭᠠᠯ︾ ᠨᠢ 10 ᠪᠦᠯᠦᠭ ᠢᠶᠠᠷ ᠪᠦᠷᠢᠯᠳᠦᠵᠦ᠂ ᠨᠡᠶᠢᠲᠡ 59 ᠵᠦᠢᠯ ᠪᠣᠢ᠂ ᠳᠣᠣᠷᠠᠬᠢ ᠮᠡᠲᠦ ᠬᠠᠤᠯᠢ ᠲᠣᠭᠲᠠᠭᠠᠬᠤ | ᠣᠨᠴᠠᠯᠢᠭ ᠲᠠᠢ᠄ | ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠪᠠ᠃ ︽ᠲᠠᠰ ᠳᠠᠷᠠᠭᠠᠯᠠᠯ | ᠤᠨ ᠲᠣᠭᠲᠠᠭᠠᠯ︾ ᠳᠤ ᠵᠢᠭᠰᠠᠭᠠᠨ ᠲᠣᠭᠠᠴᠢᠬᠤ ᠬᠡᠯᠪᠡᠷᠢ ᠪᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠬᠡᠪᠴᠢᠶ᠎ᠡ | ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠠᠵᠢᠯ ᠶᠠᠪᠤᠳᠠᠯ ᠬᠠᠮᠢᠶᠠᠷᠬᠤ ᠡᠷᠬᠡ ᠶᠢᠨ | ᠠᠳᠠᠯᠢ ᠪᠤᠰᠤ᠂ ᠡᠯ᠎ᠡ ᠭᠠᠵᠠᠷ ᠤᠨ ᠪᠣᠳᠠᠲᠤ ᠪᠠᠶᠢᠳᠠᠯ ᠤᠨ ᠠᠳᠠᠯᠢ ᠪᠤᠰᠤ ᠠᠴᠠ ᠪᠣᠯᠵᠣ᠂ ︽ᠲᠠᠰ ᠳᠠᠷᠠᠭᠠᠯᠠᠯ ᠤᠨ ᠲᠣᠭᠲᠠᠭᠠᠯ︾ ᠳᠤ ᠡᠯ᠎ᠡ ᠱᠠᠲᠤᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠲᠣᠭᠲᠠᠭᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ ᠭᠡᠵᠦ ᠲᠣᠳᠣᠷᠬᠠᠶᠢᠯᠠᠪᠠ᠃ ᠢᠩᠭᠢᠵᠦ ᠲᠣᠭᠲᠠᠭᠠᠭᠰᠠᠨ ᠨᠢ ᠱᠠᠲᠤ ᠳᠠᠪᠬᠤᠷᠭ᠎ᠠ ᠶᠢᠨ ᠵᠥᠷᠢᠶ᠎ᠡ ᠪᠠ | ᠣᠷᠣᠨ ᠪᠦᠰᠡ ᠶᠢᠨ ᠵᠥᠷᠢᠶ᠎ᠡ ᠶᠢ ᠭᠦᠶᠴᠡᠳ ᠪᠣᠳᠣᠯᠬᠢᠯᠠᠵᠤ᠂ ᠨᠠᠩ ᠢᠯᠡᠭᠦᠦ ᠬᠠᠨᠳᠤᠯᠭᠠᠲᠤ ᠴᠢᠨᠠᠷ ᠪᠠ ᠪᠣᠯᠤᠮᠵᠢᠲᠤ ᠴᠢᠨᠠᠷ ᠲᠠᠢ ᠶᠤᠮ᠃ | ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠨᠠᠷᠢᠯᠢᠭᠵᠢᠭᠤᠯᠪᠠ᠃ ︽ᠲᠠᠰ ᠳᠠᠷᠠᠭᠠᠯᠠᠯ ᠤᠨ | ᠲᠣᠭᠲᠠᠭᠠᠯ︾ ᠳᠤ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠲᠦᠷᠢᠮ︾ ᠳᠤ ᠲᠣᠭᠲᠠᠭᠠᠭᠰᠠᠨ ᠣᠯᠠᠨ ᠨᠡᠶᠢᠲᠡ ᠶᠢᠨ ᠬᠢᠨ ᠤᠷᠤᠯᠴᠠᠬᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ | ᠲᠣᠭᠲᠠᠭᠠᠬᠤ ᠵᠡᠷᠭᠡ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠳᠤ ᠴᠢᠬᠤᠯᠠ ᠪᠥᠬᠦᠶ ᠨᠠᠷᠢᠯᠢᠭᠵᠢᠭᠤᠯᠤᠯᠲᠠ ᠪᠠ ᠨᠦᠬᠦᠪᠦᠷᠢᠯᠡᠯᠲᠡ | ᠬᠢᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ ᠲᠠᠯ᠎ᠠ ᠪᠠᠷ᠂ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ | ᠵᠦᠢᠯᠡᠰ ᠢ ᠰᠤᠳᠤᠯᠤᠨ ᠨᠤᠲᠠᠯᠠᠬᠤ ᠪᠡᠶᠡᠴᠢ ᠴᠣᠭᠴᠠ ᠶᠢ ᠨᠠᠷᠢᠯᠢᠬᠵᠢᠭᠤᠯᠵᠤ᠂ ᠲᠤᠰᠬᠠᠢ ᠮᠡᠷᠭᠡᠵᠢᠯᠲᠡᠨ ᠪᠤᠶᠤ ᠲᠤᠰᠬᠠᠢ ᠪᠠᠶᠢᠭᠤᠯᠤᠮᠵᠢ ᠳᠤ ᠨᠠᠶᠢᠳᠠᠵᠤ ᠲᠤᠭᠤᠷᠪᠢᠨ | ᠪᠢᠴᠢᠭᠦᠯᠵᠦ ᠪᠣᠯᠬᠤ ᠲᠣᠭᠲᠠᠭᠠᠯ ᠢ ᠨᠡᠮᠡᠪᠡ︔ ᠣᠯᠠᠨ ᠨᠡᠶᠢᠲᠡ ᠶᠢᠨ ᠬᠢᠨ ᠤᠷᠤᠯᠴᠠᠬᠤ ᠲᠠᠯ᠎ᠠ ᠪᠠᠷ ᠰᠠᠨᠠᠯ ᠰᠣᠨᠣᠰᠬᠤ ᠠᠷᠭ᠎ᠠ ᠮᠠᠶ᠋ᠢᠭ ᠪᠠ ᠠᠷᠠᠳ ᠤᠨ ᠰᠠᠨᠠᠭ᠎ᠠ ᠶᠢ | ᠪᠠᠶᠢᠴᠠᠭᠠᠬᠤ ᠬᠤᠯᠪᠣᠭᠳᠠᠯ ᠪᠥᠬᠦᠶ ᠠᠭᠤᠯᠭ᠎ᠠ ᠶᠢ ᠨᠥᠬᠦᠪᠥᠷᠢᠯᠡᠵᠦ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠤᠯᠪᠣᠭᠳᠠᠯ ᠪᠥᠬᠦᠶ ᠲᠣᠭᠲᠠᠭᠠᠯ ᠢ | ᠨᠠᠷᠢᠯᠢᠬᠵᠢᠭᠤᠯᠪᠠ︔ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠲᠠᠯ᠎ᠠ ᠪᠠᠷ᠂ ᠲᠤᠰᠬᠠᠶ ᠮᠡᠷᠭᠡᠵᠢᠯᠲᠡᠨ ᠪᠠ ᠲᠤᠰᠬᠠᠶ ᠪᠠᠶᠢᠭᠤᠯᠤᠮᠵᠢ ᠪᠠᠷ ᠨᠤᠲᠠᠯᠠᠭᠤᠯᠬᠤ ᠶᠠᠪᠤᠴᠠ | ᠳᠤ ᠮᠠᠲ᠋ᠧᠷᠢᠶᠠᠯ ᠪᠠᠶᠢᠴᠠᠭᠠᠨ ᠦᠵᠡᠬᠦ᠂ ᠬᠤᠷᠠᠯ ᠳᠤ ᠰᠤᠯᠠ ᠣᠷᠣᠯᠴᠠᠬᠤ᠂ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠬᠤ ᠵᠡᠷᠭᠡ ᠡᠷᠬᠡ ᠲᠠᠢ ᠪᠠᠶᠢᠬᠤ ᠪᠠ | ᠨᠢᠭᠤᠴᠠ ᠶᠢ ᠬᠠᠮᠠᠭᠠᠯᠠᠬᠤ᠂ ᠨᠤᠲᠠᠯᠠᠯᠲᠠ ᠶᠢᠨ ᠰᠠᠨᠠᠯ ᠳᠤ ᠬᠠᠷᠢᠭᠤᠴᠠᠯᠭ᠎ᠠ ᠡᠭᠦᠷᠭᠡᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠡᠭᠦᠷᠭᠡᠯᠡᠬᠦ ᠶᠢ ᠨᠡᠮᠡᠪᠡ︔ ᠲᠦᠭᠰᠢᠭᠦᠷᠢ | ᠶᠢ ᠦᠨᠡᠯᠡᠨ ᠵᠢᠱᠢᠬᠦ ᠲᠠᠯ᠎ᠠ ᠪᠠᠷ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠨᠠᠷᠢᠯᠢᠬᠵᠢᠭᠤᠯᠵᠤ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ | ᠶᠢᠨ ᠠᠭᠤᠯᠭ᠎ᠠ ᠶᠢ ᠨᠡᠮᠡᠪᠡ︔ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠠᠯ᠎ᠠ ᠪᠠᠷ᠂ ᠬᠢᠨᠠᠨ ᠪᠠᠶᠢᠴᠠᠭᠠᠬᠤ ᠬᠤᠭᠤᠴᠠᠭ᠎ᠠ᠂ ᠬᠢᠨᠠᠨ ᠪᠠᠶᠢᠴᠠᠭᠠᠬᠤ ᠠᠷᠭ᠎ᠠ | ᠬᠡᠯᠪᠡᠷᠢ ᠪᠠ ᠬᠢᠨᠠᠨ ᠪᠠᠶᠢᠴᠠᠭᠠᠬᠤ ᠰᠠᠨᠠᠯ ᠵᠡᠷᠭᠡ ᠶᠢ ᠲᠣᠭᠲᠠᠭᠠᠪᠠ︔ ᠬᠠᠮᠲᠤ ᠪᠠᠷ ᠶᠠᠷᠢᠯᠴᠠᠨ ᠲᠣᠭᠲᠠᠭᠠᠬᠤ ᠲᠠᠯ᠎ᠠ ᠪᠠᠷ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠲᠣᠭᠲᠠᠭᠠᠯ ᠶᠣᠰᠣᠭᠠᠷ ᠠᠳᠠᠯᠢ ᠱᠠᠲᠤᠨ ᠤ ᠨᠠᠮ ᠤᠨ ᠬᠤᠷᠢᠶ᠎ᠠ ᠠᠴᠠ ᠮᠡᠳᠡᠭᠦᠯᠬᠦ ᠠᠭᠤᠯᠭ᠎ᠠ ᠶᠢᠨ ᠵᠢᠭᠠᠪᠤᠷᠢ | ᠠᠪᠬᠤ ᠶᠢ ᠨᠡᠮᠡᠪᠡ᠃ | ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠵᠢᠷᠤᠮᠵᠢᠭᠤᠯᠪᠠ᠃ | ︽ᠲᠠᠰ ᠳᠠᠷᠠᠭᠠᠯᠠᠯ ᠤᠨ ᠲᠣᠭᠲᠠᠭᠠᠯ︾ ᠨᠢ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠪᠠ | ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ ᠡᠭᠦᠨ ᠤ ᠬᠠᠮᠲᠤ᠂ ︽ᠲᠠᠰ | ᠳᠠᠷᠠᠭᠠᠯᠠᠯ ᠤᠨ ᠲᠣᠭᠲᠠᠭᠠᠯ︾ ᠳᠤ ᠬᠠᠤᠯᠢ ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠳᠤᠷ᠎ᠠ ᠪᠠᠷ ᠢᠶᠠᠨ | ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ ᠥᠬᠡᠶ᠂ ᠴᠢᠬᠤᠯᠠ ᠶᠡᠭᠡ ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠪᠠᠯ᠂ ᠬᠠᠮᠢᠶ᠎ᠠ ᠪᠥᠬᠦᠶ 365赢多少钱会被限额_国内有真正的365平台吗_365bet博彩官网 | ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠶᠴᠡᠳᠬᠡᠬᠦ ᠬᠡᠷᠡᠭᠲᠡᠶ ᠭᠡᠵᠦ ᠱᠠᠭᠠᠷᠳᠠᠪᠠ᠃ | ︵ᠳᠦᠷᠪᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠪᠡ | ᠃ ︽ᠲᠠᠰ ᠳᠠᠷᠠᠭᠠᠯᠠᠯ ᠤᠨ ᠲᠣᠭᠲᠠᠭᠠᠯ︾ ᠳᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠭᠦᠶᠴᠡᠳᠬᠡᠬᠦ | ᠨᠢᠭᠡᠴᠢ ᠪᠠ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠵᠢᠴᠢ ᠲᠡᠭᠦᠨ ᠤ ᠬᠠᠮᠢᠶ᠎ᠠ ᠪᠥᠬᠦᠶ ᠠᠵᠢᠯᠲᠠᠨ ᠵᠢᠴᠢ ᠨᠤᠲᠠᠯᠠᠯᠲᠠ ᠬᠢᠵᠦ ᠦᠨᠡᠯᠡᠨ ᠵᠢᠱᠢᠬᠦ ᠠᠵᠢᠯ ᠢ | ᠡᠭᠦᠷᠭᠡᠯᠡᠬᠦ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠭᠡᠳᠡᠷᠭᠦ ᠪᠠᠶᠢᠴᠠᠭᠠᠬᠤ ᠬᠠᠷᠢᠭᠤᠴᠠᠯᠭ᠎ᠠ ᠶᠢᠨ ᠲᠦᠷᠢᠮ ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠣᠳᠣᠷᠬᠠᠶᠢᠯᠠᠪᠠ᠃ | ᠭᠤᠷᠪᠠ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠤᠷᠤᠯᠴᠠᠬᠤ᠂ | ᠤᠬᠠᠭᠤᠯᠬᠤ᠂ ᠨᠠᠶᠢᠳᠠᠪᠤᠷᠢᠵᠢᠭᠤᠯᠬᠤ ᠶᠢ ᠦᠨᠠᠨ ᠬᠦ ᠰᠠᠶᠢᠲᠤᠷ ᠠᠳᠬᠤᠬᠤ ᠬᠡᠷᠡᠭᠲᠡᠶ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠪᠣᠯ ᠬᠠᠤᠯᠢᠵᠢᠯ ᠤᠨ ᠤᠯᠤᠰ᠂ | ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠬᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ | ᠶᠢᠨ ᠴᠢᠬᠤᠯᠠ ᠠᠷᠭ᠎ᠠ ᠬᠡᠮᠵᠢᠶ᠎ᠡ ᠮᠥᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ᠂ ᠬᠠᠤᠯᠢᠵᠢᠯ ᠤᠨ ᠥᠪᠥᠷ ᠮᠣᠩᠭᠤᠯ ᠢ | ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠨᠢᠭᠡ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠳᠤ ᠠᠰᠢᠭᠲᠠᠢ᠃ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠵᠤ ᠴᠢᠳᠠᠬᠤ ᠡᠰᠡᠬᠦ ᠨᠢ ᠬᠠᠤᠯᠢ ᠶᠣᠰᠣᠭᠠᠷ | ᠵᠠᠰᠠᠭ ᠶᠠᠪᠤᠭᠤᠯᠬᠤ ᠬᠢᠷᠢ ᠲᠦᠪᠰᠢᠨ ᠢ ᠬᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠵᠥᠪ ᠢᠶᠠᠷ ᠭᠦᠢᠴᠡᠳᠬᠡᠵᠦ ᠴᠢᠳᠠᠬᠤ ᠡᠰᠡᠬᠦ ᠯᠦᠭᠡ | ᠬᠤᠯᠪᠣᠭᠳᠠᠬᠤ ᠶᠤᠮ᠃ ︽ᠲᠠᠰ ᠳᠠᠷᠠᠭᠠᠯᠠᠯ ᠤᠨ ᠲᠣᠭᠲᠠᠭᠠᠯ︾ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ | ᠢ ᠵᠢᠷᠤᠮᠵᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨᠴᠢ ᠲᠠᠰ ᠳᠠᠷᠠᠭᠠᠯᠠᠯ ᠤᠨ ᠲᠦᠷᠢᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ | ᠢ ᠳᠡᠭᠡᠭᠰᠢᠯᠡᠭᠦᠯᠬᠦ ᠪᠣᠯᠣᠨ᠎ᠠ᠃ ᠡᠨᠡ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ᠂ ᠥᠨᠳᠥᠷ ᠪᠦᠲᠦᠮᠵᠢᠲᠡᠢ ᠪᠥᠭᠡᠳ ᠦᠨᠡᠨᠴᠢ | ᠢᠲᠡᠭᠡᠮᠵᠢᠲᠡᠢ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠳᠤ ᠣᠷᠣᠯᠠᠭᠤᠯᠵᠤ ᠪᠣᠯᠤᠰᠢ ᠦᠭᠡᠢ ᠪᠣᠳᠠᠲᠤ ᠠᠴᠢ ᠬᠤᠯᠪᠣᠭᠳᠠᠯ ᠲᠠᠢ ᠶᠤᠮ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠬᠦᠭᠵᠢᠯᠲᠡ ᠶᠢᠨ ᠲᠤᠭᠲᠠᠭᠤᠨ ᠶᠡᠭᠡ ᠲᠠᠯ᠎ᠠ ᠶᠢ ᠨᠡᠩ ᠰᠠᠶᠢᠲᠤᠷ ᠬᠠᠮᠠᠭᠠᠯᠠᠬᠤ ᠳᠤ | ᠠᠰᠢᠭᠲᠠᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠢᠮᠠᠭᠲᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ | ᠲᠠᠢ ᠪᠠᠶᠢᠵᠤ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ | ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠤᠭᠲᠠᠭᠤᠨ ᠶᠡᠭᠡ ᠲᠠᠯ᠎ᠠ ᠳᠤ ᠬᠤᠯᠪᠣᠭᠳᠠᠬᠤ ᠪᠣᠯᠤᠨ᠎ᠠ᠃ ︽ᠳᠡᠰ ᠳᠠᠷᠠᠭᠠᠯᠠᠯ ᠤᠨ ᠲᠣᠭᠲᠠᠭᠠᠯ︾ | ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠵᠢᠷᠤᠮᠵᠢᠭᠤᠯᠬᠤ ᠪᠠᠷ ᠳᠠᠮᠵᠢᠭᠤᠯᠤᠨ᠂ ᠨᠡᠶᠢᠭᠡᠮ | ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠵᠤ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠦᠮᠡᠨ ᠤ ᠰᠠᠨᠠᠯ ᠢ ᠬᠤᠷᠢᠶᠠᠵᠤ ᠣᠯᠠᠨ ᠤ ᠤᠬᠠᠭᠠᠨ ᠢ ᠲᠥᠪᠯᠡᠷᠡᠭᠦᠯᠬᠦ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠶᠠᠪᠤᠴᠠ ᠪᠣᠯᠭᠠᠵᠤ᠂ ᠴᠢᠨᠠᠭᠰᠢᠳᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠭᠡᠷᠡᠭᠵᠢᠭᠦᠯᠵᠦ ᠪᠤᠯᠬᠤᠶᠢᠴᠠ | ᠴᠢᠨᠠᠷ᠂ ᠲᠣᠭᠲᠠᠪᠤᠷᠢᠲᠤ ᠴᠢᠨᠠᠷ ᠢ ᠪᠦᠲᠦᠮᠵᠢᠲᠡᠶ ᠨᠡᠮᠡᠭᠳᠡᠭᠦᠯᠦᠨ᠎ᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠲᠣᠭᠲᠠᠭᠤᠨ ᠶᠡᠭᠡ ᠲᠠᠯ᠎ᠠ ᠶᠢ ᠬᠠᠮᠠᠭᠠᠯᠠᠬᠤ ᠳᠤ ᠴᠢᠬᠤᠯᠠ ᠢᠳᠡᠪᠬᠢ | ᠠᠴᠢ ᠬᠤᠯᠪᠣᠭᠳᠠᠯ ᠲᠠᠢ ᠶᠤᠮ᠃ | ᠭᠤᠷᠪᠠ ᠳᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠬᠤ ᠳᠤ ᠠᠰᠢᠭᠲᠠᠢ᠃ ᠵᠠᠰᠠᠭ ᠵᠠᠬᠢᠷᠭᠠᠨ ᠤ ᠰᠢᠢᠳᠪᠦᠷᠢᠲᠦ | ᠪᠤᠳᠤᠯᠭ᠎ᠠ ᠪᠣᠯ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠡᠬᠢᠯᠡᠯᠲᠡ ᠮᠦᠷᠲᠡᠭᠡᠨ ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠬᠤ ᠶᠢᠨ ᠭᠤᠣᠯᠳᠠᠯᠭ᠎ᠠ ᠪᠣᠯᠣᠨ᠎ᠠ᠃ | ︽ᠲᠠᠰ ᠳᠠᠷᠠᠭᠠᠯᠠᠯ ᠤᠨ ᠲᠣᠭᠲᠠᠭᠠᠯ︾ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢ ᠢᠯᠡ ᠪᠠᠷ | ᠠᠵᠢᠯᠯᠠᠭᠤᠯᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠨ ᠤ ᠵᠦᠶ ᠵᠣᠬᠢᠰᠲᠠᠶ ᠬᠡᠷᠡᠭᠵᠢᠭᠦᠯᠦᠯᠲᠡ ᠶᠢ ᠪᠡᠶᠡᠯᠡᠭᠦᠯᠬᠦ | ᠶᠢᠨ ᠤᠯᠠᠮ ᠠᠴᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠢᠲᠡᠭᠦᠦ ᠬᠡᠯᠬᠢᠶ᠎ᠡ ᠶᠢ ᠪᠡᠶᠡᠯᠡᠭᠦᠯᠦᠨ᠎ᠡ᠂ ᠡᠨᠡ ᠨᠢ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢᠨ ᠬᠡᠷᠡᠭᠵᠢᠭᠦᠯᠦᠭᠴᠢ ᠳᠤ ᠠᠪᠴᠤ ᠬᠡᠯᠡᠪᠡᠯ᠂ ᠬᠢᠵᠠᠭᠠᠷᠯᠠᠯ ᠮᠥᠷᠲᠡᠭᠡᠨ ᠪᠠᠰᠠ ᠬᠠᠮᠠᠭᠠᠯᠠᠯᠲᠠ ᠪᠣᠯᠤᠨ᠎ᠠ᠃ ᠡᠶᠢᠮᠦ | ᠠᠴᠠ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠨ ᠬᠡᠷᠡᠭᠵᠢᠭᠦᠯᠬᠦ ᠨᠢ ᠪᠢᠳᠡᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ᠂ ᠤᠨᠴᠠᠭᠠᠶᠢᠯᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ | ᠠᠬᠢᠭᠤᠯᠬᠤ ᠳᠤ ᠲᠤᠶᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠰᠦᠷ ᠨᠢ ᠴᠢᠩᠭ᠎ᠠ ᠬᠡᠷᠡᠭᠵᠢᠭᠦᠯᠬᠦ ᠳᠤ ᠪᠣᠢ᠃ ︽ᠳᠡᠰ ᠳᠠᠷᠠᠭᠠᠯᠠᠯ ᠤᠨ ᠲᠣᠭᠲᠠᠭᠠᠯ︾ ᠢ ᠰᠠᠶᠢᠲᠤᠷ | ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠡᠰ ᠳᠠᠷᠠᠭᠠᠯᠠᠯ ᠤᠨ ᠲᠣᠭᠲᠠᠭᠠᠯ︾ ᠢ ᠬᠢᠨᠠᠮᠠᠭᠠᠶ | ᠰᠤᠷᠤᠯᠴᠠᠨ᠂ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ | ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠢ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ | ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠰᠣᠨᠢᠨ ᠮᠡᠳᠡᠭᠡ ᠶᠢᠨ ᠬᠢᠨ ᠤ ᠨᠠᠶᠢᠵᠠ ᠨᠠᠷ ᠰᠣᠨᠢᠨ ᠮᠡᠳᠡᠭᠡᠨ ᠤ ᠵᠠᠭᠤᠴᠢ ᠪᠠᠷ ᠳᠠᠮᠵᠢᠭᠤᠯᠤᠨ᠂ ︽ᠳᠡᠰ ᠳᠠᠷᠠᠭᠠᠯᠠᠯ | ᠤᠨ ᠲᠣᠭᠲᠠᠭᠠᠯ︾ ᠢ ᠶᠡᠬᠡᠪᠡᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠲᠤ ᠴᠥᠮ ︽ᠳᠡᠰ ᠳᠠᠷᠠᠭᠠᠯᠠᠯ ᠤᠨ ᠲᠣᠭᠲᠠᠭᠠᠯ︾ ᠢ ᠬᠡᠷᠡᠭᠵᠢᠭᠦᠯᠬᠦ ᠶᠢ | ᠠᠩᠬᠠᠷᠣᠭᠤᠯᠣᠨ᠂ ᠥᠷᠭᠡᠨ ᠣᠯᠠᠨ ᠲᠦᠮᠡᠨ ᠢ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠵᠤ᠂ ᠰᠢᠶᠳᠪᠦᠷᠢᠲᠦ ᠪᠣᠳᠣᠯᠭ᠎ᠠ | ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ | ᠤᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ ᠰᠤᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠲᠠᠰ ᠳᠠᠷᠠᠭᠠᠯᠠᠯ ᠤᠨ ᠲᠣᠭᠲᠠᠭᠠᠯ︾ ᠤᠨ ᠬᠡᠷᠡᠭᠯᠡᠭᠳᠡᠬᠦ ᠬᠡᠪᠴᠢᠶ᠎ᠡ ᠨᠢ ᠶᠠᠮᠠᠷ ᠪᠣᠶ︖ | ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠰ | ᠲᠣᠭᠲᠠᠭᠠᠯ ᠢ ᠬᠡᠷᠡᠭᠯᠡᠪᠡᠯ ᠲᠤᠬᠢᠷᠠᠨ᠎ᠠ ᠤᠤ︖ | ᠳ᠋ᠠᠶ ᠶᠠᠨ᠄ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠲᠦᠷᠢᠮ︾ ᠢ ᠦᠨᠳᠦᠰᠦᠯᠡᠨ᠂ ︽ᠲᠠᠰ ᠳᠠᠷᠠᠭᠠᠯᠠᠯ ᠤᠨ ᠲᠣᠭᠲᠠᠭᠠᠯ︾ ᠤᠨ | ᠬᠤᠶᠠᠳᠤᠭᠠᠷ ᠵᠦᠶᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ | ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠳᠤ ᠲᠣᠰ | ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ︾ ᠭᠡᠵᠦ ᠲᠤᠭᠲᠠᠭᠠᠵᠠᠢ᠂ ᠳᠠᠷᠣᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ | ᠤ ᠵᠠᠰᠠᠭ ᠤᠨ ᠣᠷᠳᠣᠨ ᠪᠣᠯ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠣᠯᠤᠨ᠎ᠠ᠃ ︽ᠲᠠᠰ ᠳᠠᠷᠠᠭᠠᠯᠠᠯ ᠤᠨ ᠲᠣᠭᠲᠠᠭᠠᠯ︾ ᠤᠨ ᠲᠠᠪᠢᠨ ᠨᠠᠶᠮᠠᠳᠤᠭᠠᠷ | ᠵᠦᠶᠯ ᠳᠤ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ᠶᠢᠨ ᠠᠷᠠᠳ | ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠢ ᠲᠣᠰ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠬᠦ ᠬᠡᠷᠡᠭᠲᠡᠢ︾ ᠭᠡᠵᠦ ᠲᠤᠭᠲᠠᠭᠠᠵᠠᠢ᠂ ᠲᠤᠬᠠᠶᠢᠯᠠᠪᠠᠯ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ︽ᠲᠠᠰ ᠳᠠᠷᠠᠭᠠᠯᠠᠯ ᠤᠨ ᠲᠣᠭᠲᠠᠭᠠᠯ︾ ᠢ ᠪᠦᠷᠢᠮᠦᠰᠦᠨ ᠬᠡᠷᠡᠭᠯᠡᠬᠦ ᠥᠬᠡᠶ᠂ ᠬᠠᠷᠢᠨ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠠᠯᠢᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠴᠥᠮ | ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠲᠠᠰ ᠳᠠᠷᠠᠭᠠᠯᠠᠯ ᠢ ᠡᠷᠬᠡᠪᠰᠢ ᠪᠦᠷᠢᠮᠦᠰᠦᠨ ᠭᠦᠶᠴᠡᠳᠬᠡᠬᠦ ᠬᠡᠷᠡᠭᠲᠡᠶ ᠤᠤ︖ | ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ︽ᠲᠠᠰ ᠳᠠᠷᠠᠭᠠᠯᠠᠯ ᠤᠨ ᠲᠣᠭᠲᠠᠭᠠᠯ︾ ᠤᠨ ᠨᠢᠭᠡᠨ ᠭᠤᠤᠯ ᠠᠭᠤᠯᠭ᠎ᠠ ᠪᠣᠯᠤᠨ᠎ᠠ᠃ ᠡᠭᠦᠨ | ᠳᠤ ᠣᠯᠠᠨ ᠨᠡᠶᠢᠲᠡ ᠶᠢᠨ ᠬᠢᠨ ᠤᠷᠤᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠵᠠᠪᠠᠯ ᠭᠦᠢᠴᠡᠳᠬᠡᠬᠦ | ᠳᠡᠰ ᠳᠠᠷᠠᠭᠠᠯᠠᠯ ᠮᠥᠨ᠂ ᠠᠯᠢᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠨᠢ ᠴᠥᠮ ᠡᠷᠬᠡᠪᠰᠢ ᠭᠦᠢᠴᠡᠳᠬᠡᠬᠦ ᠬᠡᠷᠡᠭᠲᠡᠢ᠃ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ ᠵᠢᠱᠢᠬᠦ ᠨᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠢᠰᠢ᠂ ᠲᠦᠷᠢᠮ ᠳᠤ᠄ ᠲᠤᠰᠬᠠᠶ ᠮᠡᠷᠭᠡᠵᠢᠯ ᠤᠨ | ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠲᠤ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠳᠡᠰ | ᠳᠠᠷᠠᠭᠠᠯᠠᠯ ᠢ ᠭᠦᠶᠴᠡᠳᠬᠡᠬᠦ ᠬᠡᠷᠡᠭᠲᠡᠶ︔ ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢ ᠨᠡᠶᠢᠭᠡᠮ ᠤᠨ ᠲᠣᠭᠲᠠᠭᠤᠨ᠂ ᠠᠮᠢ | ᠠᠬᠤᠶ ᠶᠢᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠦᠭᠡᠶ ᠨᠥᠯᠥᠭᠡ ᠪᠣᠯᠵᠤ ᠮᠡᠳᠡᠬᠦ ᠳᠤ ᠬᠦᠷᠪᠡᠯ᠂ ᠲᠦᠭᠰᠢᠭᠦᠷᠢ | ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ ᠭᠡᠵᠦ ᠲᠤᠭᠲᠠᠭᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠᠪᠤᠨ ᠶᠡᠭᠡ ᠲᠠᠰ ᠳᠠᠷᠠᠭᠠᠯᠠᠯ ᠢ ᠭᠦᠶᠴᠡᠳᠬᠡᠬᠦ ᠳᠤ ᠲᠣᠭᠲᠠᠭᠰᠠᠨ ᠳᠠᠷᠠᠭᠠᠯᠠᠯ ᠲᠠᠢ ᠤᠤ︖ | | ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠳᠡᠰ ᠳᠠᠷᠠᠭᠠᠯᠠᠯ ᠨᠢ ᠪᠦᠷᠢᠮᠦᠰᠦᠨ ᠬᠡᠪᠰᠢᠭᠰᠡᠨ ᠴᠤᠪᠤᠷᠠᠯ ᠪᠢᠰᠢ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠡᠬᠢᠯᠡᠭᠦᠯᠬᠦ ᠠᠴᠠ ᠠᠪᠤᠭᠠᠳ ᠭᠠᠷᠭᠠᠬᠤ ᠬᠦᠷᠲᠡᠯ᠎ᠡ᠂ ᠶᠡᠭᠡ ᠲᠥᠯᠥᠪ ᠰᠢᠶᠳᠪᠦᠷᠢᠲᠦ ᠪᠣᠳᠣᠯᠭ᠎ᠠ | ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ | ᠪᠣᠯᠤᠨ᠎ᠠ᠃ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠪᠣᠯ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠥᠰᠦᠯ ᠤᠨ ᠪᠣᠶ ᠪᠣᠯᠬᠤ ᠱᠠᠲᠤᠨ ᠤ ᠲᠠᠰ ᠳᠠᠷᠠᠭᠠᠯᠠᠯ ᠪᠣᠯᠤᠨ᠎ᠠ᠂ ᠡᠨᠡ ᠭᠤᠷᠪᠠ ᠶᠢᠨ ᠬᠤᠭᠤᠷᠣᠨᠳᠣ ᠲᠤᠭᠲᠠᠭᠰᠠᠨ ᠡᠮᠦᠨ᠎ᠡ ᠬᠤᠶᠢᠨᠠᠬᠢ | ᠲᠠᠰ ᠳᠠᠷᠠᠭᠠᠯᠠᠯ ᠪᠠᠶᠢᠬᠤ ᠥᠬᠡᠶ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠶᠴᠡᠳᠬᠡᠬᠦ ᠨᠢᠭᠡᠴᠢ ᠨᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ | ᠣᠨᠴᠠᠯᠢᠭ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠮᠰᠢᠵᠦ ᠪᠣᠯᠤᠨ᠎ᠠ᠂ ᠵᠠᠷᠢᠮ ᠲᠠᠰ ᠳᠠᠷᠠᠭᠠᠯᠠᠯ ᠢ ᠳᠠᠬᠢᠨ ᠳᠠᠪᠲᠠᠨ ᠣᠯᠠᠨ ᠤᠳᠠᠭ᠎ᠠ ᠭᠦᠶᠴᠡᠳᠬᠡᠵᠦ ᠪᠣᠯᠤᠨ᠎ᠠ᠂ | ᠵᠢᠱᠢᠶᠡᠯᠡᠪᠡᠯ ᠲᠤᠰᠬᠠᠶ ᠮᠡᠷᠭᠡᠵᠢᠯᠲᠡᠨ ᠢᠶᠠᠷ ᠣᠯᠠᠨ ᠤᠳᠠᠭ᠎ᠠ ᠨᠤᠲᠠᠯᠠᠭᠤᠯᠵᠤ ᠮᠡᠳᠡᠨ᠎ᠡ᠃ ᠡᠭᠦᠨ ᠠᠴᠠ ᠭᠠᠳᠠᠨ᠎ᠠ᠂ ᠲᠦᠭᠰᠢᠭᠦᠷᠢ ᠶᠢ ᠦᠨᠡᠯᠡᠨ ᠵᠢᠱᠢᠬᠦ ᠶᠢ ᠣᠯᠠᠨ | ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ ᠵᠡᠷᠭᠡᠪᠡᠷ ᠵᠣᠬᠢᠶᠠᠨ ᠪᠠᠶᠢᠭᠤᠯᠵᠤ ᠪᠣᠯᠤᠨ᠎ᠠ᠃ | ᠰᠢᠢᠳᠪᠦᠷᠢᠲᠦ ᠪᠤᠳᠤᠯᠭ᠎ᠠ ᠲᠣᠭᠲᠠᠭᠠᠬᠤ ᠲᠥᠰᠦᠯ ᠪᠦᠷᠢᠯᠳᠦᠭᠰᠡᠨ ᠤ ᠲᠠᠷᠠᠭ᠎ᠠ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ | ᠲᠣᠭᠲᠠᠭᠠᠬᠤ ᠳᠠᠷᠠᠭᠠᠯᠠᠯ ᠢᠶᠠᠷ ᠶᠠᠪᠤᠭᠳᠠᠭᠤᠯᠬᠤ ᠴᠢᠬᠤᠯᠠ ᠲᠠᠢ᠂ ᠡᠨᠡ ᠬᠤᠶᠠᠷ ᠳᠡᠰ ᠳᠠᠷᠠᠭᠠᠯᠠᠯ ᠪᠣᠯ ᠡᠷᠬᠡᠪᠰᠢ ᠭᠦᠢᠴᠡᠳᠬᠡᠬᠦ ᠳᠡᠰ ᠳᠠᠷᠠᠭᠠᠯᠠᠯ ᠮᠥᠨ᠃ | ᠠᠩᠬᠠᠷᠤᠭᠤᠰᠢᠲᠠᠢ ᠨᠢ᠂ ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠳᠤᠮᠳᠠ ᠭᠦᠢᠴᠡᠳᠬᠡᠬᠦ ᠶᠣᠰᠣᠲᠠᠢ ᠪᠠᠶᠢᠲᠠᠯ᠎ᠠ ᠣᠯᠠᠨ ᠨᠡᠶᠢᠲᠡ ᠶᠢᠨ ᠬᠢᠨ | ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠬᠤ ᠶᠢ ᠣᠯᠵᠤ | ᠮᠡᠳᠡᠪᠡᠯ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠨᠢ ᠰᠢᠢᠳᠪᠦᠷᠢᠲᠦ ᠪᠤᠳᠤᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠢ | ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠵᠤ ᠪᠣᠯᠤᠨ᠎ᠠ᠃ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ | ᠳᠡᠰ ᠳᠠᠷᠠᠭᠠᠯᠠᠯ ᠳᠠᠬᠢ ᠬᠠᠮᠤᠭ ᠡᠴᠦᠰ ᠤᠨ ᠨᠢᠭᠡ ᠳᠡᠰ ᠳᠠᠷᠠᠭᠠᠯᠠᠯ ᠮᠥᠨ᠂ ᠶᠠᠷᠢᠶᠠᠨ ᠦᠭᠡᠢ ᠬᠠᠮᠲᠤ ᠪᠠᠷ ᠶᠠᠷᠢᠯᠴᠠᠬᠤ ᠦᠶ᠎ᠡ ᠳᠤ ᠬᠤᠯᠪᠣᠭᠳᠠᠯ ᠪᠦᠬᠦᠢ ᠳᠡᠰ | ᠳᠠᠷᠠᠭᠠᠯᠠᠯ ᠢ ᠰᠢᠨ᠎ᠡ ᠪᠠᠷ ᠭᠦᠢᠴᠡᠳᠬᠡᠬᠦ ᠪᠤᠶᠤ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠬᠤ ᠶᠢ ᠦᠭᠡᠶᠢᠰᠬᠡᠬᠦ ᠦᠭᠡᠢ ᠶᠤᠮ᠃ |