| | | 1 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠢᠨ 2020 | ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠪᠠ᠃ ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠭᠤᠤᠯ ᠰᠡᠳᠦᠪ ᠢ | ᠨᠡᠶᠢᠲᠡᠯᠡᠵᠦ᠂ ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠳᠠᠷᠤᠭ᠎ᠠ ᠵᠢᠶᠤᠤ ᡁᠢ ᠵᠢᠶᠦ᠋ᠨ᠂ ᠬᠥᠬᠡᠬᠤᠲᠠ ᠪᠣᠭᠤᠮᠲᠠ ᠶᠢᠨ | ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠠᠮᠤᠷ ᠲᠦᠪᠰᠢᠨ ᠤ ᠭᠠᠵᠠᠷ ᠤᠨ ᠳᠠᠷᠤᠭ᠎ᠠ ᠯᠢ ᠾᠧᠩ ᠯᠢᠶᠠᠩ᠂ ᠬᠥᠬᠡᠬᠤᠲᠠ ᠪᠣᠭᠤᠮᠲᠠ ᠶᠢᠨ ᠠᠵᠤ | ᠠᠬᠤᠶᠢᠯᠠᠯ ᠤᠨ ᠬᠠᠮᠢᠶᠠᠷᠤᠯᠲᠠ ᠪᠠ ᠪᠠᠶᠢᠴᠠᠭᠠᠨ ᠰᠢᠶᠳᠪᠦᠷᠢᠯᠡᠬᠦ ᠭᠠᠵᠠᠷ ᠤᠨ ᠳᠠᠷᠤᠭ᠎ᠠ ᠰᠦ᠋ ᠴᠢᠩ᠂ ᠬᠥᠬᠡᠬᠤᠲᠠ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ | ᠠᠵᠢᠯ ᠤᠨ ᠭᠠᠵᠠᠷ ᠤᠨ ᠳᠡᠳ᠋ ᠳᠠᠷᠤᠭ᠎ᠠ ᠯᠢᠦ ᠮᠢᠩ ᠴᠢ ᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ | ᠶᠢ ᠬᠠᠷᠢᠭᠤᠯᠪᠠ᠃ | 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷᠡᠬᠢ ᠨᠡᠶᠢᠲᠡᠯᠡᠭᠰᠡᠨ ᠦᠭᠡ | ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠪᠣᠭᠤᠮᠲᠠ ᠶᠢᠨ ᠳᠡᠳ᠋ ᠳᠠᠷᠤᠭ᠎ᠠ ᠸᠠᠩ ᠵᠢᠩ | ᠳᠣᠤᠷ᠎ᠠ ᠪᠢ ᠣᠯᠠᠨ ᠳᠤ ᠥᠩᠭᠡᠷᠡᠭᠰᠡᠨ ᠨᠢᠭᠡ ᠵᠢᠯ ᠤᠨ ᠲᠤᠷᠰᠢᠬᠢ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ | ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠳᠤ ᠦᠶᠯᠡᠴᠢᠯᠡᠬᠦ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ | ᠶᠢ ᠮᠡᠳᠡᠭᠦᠯᠦᠶ᠎ᠡ᠃ | 2020 ᠣᠨ ᠳᠤ᠂ ᠬᠥᠬᠡᠬᠤᠲᠠ ᠪᠣᠭᠤᠮᠲᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠪᠣᠭᠤᠮᠲᠠ ᠶᠢᠨ | ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠠᠯᠢ ᠣᠯᠠᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠭᠦᠷᠭᠡ ᠶᠢᠨ ᠡᠮᠦᠨ᠎ᠡ᠂ | ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠵᠦ᠂ ᠪᠣᠭᠤᠮᠲᠠ ᠶᠢᠨ ᠪᠥᠬᠦ ᠬᠦᠴᠦᠨ ᠢᠶᠠᠷ ᠪᠣᠭᠤᠮᠲᠠ ᠭᠠᠷᠠᠮ ᠤᠨ ᠬᠢᠵᠢᠭ | ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠨ ᠪᠠᠭᠤᠯᠭᠠᠬᠤ ᠡᠭᠡᠯᠵᠢ ᠶᠢᠨ ᠨᠢᠰᠬᠡᠯ ᠤᠨ ᠵᠢᠭᠠᠨ | ᠲᠣᠭᠲᠠᠭᠠᠭᠰᠠᠨ ᠬᠢᠯᠢ ᠳᠤ ᠣᠷᠣᠬᠤ ᠨᠢᠭᠡᠳᠦᠭᠡᠷ ᠴᠡᠭ ᠤᠨ ᠪᠣᠭᠤᠮᠲᠠ ᠶᠢᠨ ᠬᠢᠵᠢᠭ ᠪᠠᠶᠢᠴᠠᠭᠠᠵᠤ ᠰᠢᠶᠳᠪᠦᠷᠢᠯᠡᠬᠦ ᠠᠵᠢᠯ ᠢ ᠡᠷᠡᠰ ᠡᠭᠦᠷᠭᠡᠯᠡᠵᠦ᠂ ᠳᠤᠮᠳᠠᠳᠤ ᠮᠣᠩᠭᠤᠯ | ᠤᠨ ᠬᠠᠭᠤᠷᠠᠶ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢ ᠴᠢᠩᠭ᠎ᠠ ᠬᠦᠯᠢᠶᠡᠵᠦ᠂ ᠡᠬᠡ ᠤᠯᠤᠰ ᠤᠨ ᠤᠮᠠᠷᠠᠲᠤ | ᠬᠢᠯᠢ ᠶᠢᠨ ᠨᠢᠭᠡᠳᠦᠭᠡᠷ ᠪᠠᠶᠢᠷᠢ ᠪᠠ ᠨᠢᠭᠡᠳᠦᠭᠡᠷ ᠬᠠᠷᠠᠭᠤᠯ ᠢ ᠪᠠᠲᠤ ᠰᠠᠬᠢᠵᠦ᠂ ᠬᠠᠭᠤᠷᠠᠶ ᠵᠠᠮ ᠤᠨ ᠪᠣᠭᠤᠮᠲᠠ ᠳᠤ ︽ᠭᠠᠳᠠᠭᠰᠢ ᠭᠠᠷᠭᠠᠬᠤ ᠥᠬᠡᠶ︾᠂ ︽ᠳᠣᠲᠤᠭᠰᠢ | ᠣᠷᠣᠭᠤᠯᠬᠤ ᠥᠬᠡᠶ︾᠂ ᠠᠭᠠᠷ ᠤᠨ ᠠᠶᠠᠯᠠᠯ ᠤᠨ ᠪᠣᠭᠤᠮᠲᠠ ᠶᠢᠨ ︽ᠪᠠᠶᠢᠴᠠᠭᠠᠯᠲᠠ ᠠᠴᠠ ᠬᠤᠴᠤᠷᠬᠤ ᠦᠭᠡᠢ︾ ︽ᠲᠠᠷᠬᠠᠭᠠᠬᠤ ᠦᠭᠡᠢ︾ ᠪᠠᠶᠢᠬᠤ ᠶᠢ ᠡᠷᠡᠰ | ᠪᠠᠲᠤᠯᠠᠪᠠ᠃ ᠨᠠᠷᠢᠨ ᠪᠤᠳᠤᠯᠢᠶᠠᠨᠲᠠᠶ ᠭᠠᠳᠠᠭᠠᠳᠤ ᠠᠷᠠᠯᠵᠢᠶᠠᠨ ᠤ ᠪᠠᠶᠢᠳᠠᠯ ᠤᠨ ᠡᠮᠦᠨ᠎ᠡ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ᠪᠣᠭᠤᠮᠲᠠ ᠶᠢᠨ ᠡᠭᠦᠷᠭᠡ ᠴᠢᠳᠠᠪᠬᠢ ᠪᠠᠨ ᠢᠳᠡᠪᠬᠢᠲᠡᠶ | ᠭᠦᠶᠴᠡᠳᠬᠡᠵᠦ᠂ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠪᠠ᠃ ᠭᠡᠬᠦ ᠳᠤ᠂ ᠬᠢᠵᠢᠭ ᠤᠨ ᠨᠥᠯᠥᠭᠡ ᠠᠴᠠ ᠪᠣᠯᠵᠣ᠂ 2020 | ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︵ᠦᠪᠦᠷ ᠮᠣᠩᠭᠤᠯ ᠭᠡᠵᠦ ᠲᠣᠪᠴᠢᠯᠠᠨ᠎ᠠ︶ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ | ᠭᠠᠷᠭᠠᠯᠲᠠ ᠶᠢᠨ ᠥᠷᠲᠡᠭ ᠨᠢ 1043.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ︵ᠳᠣᠷᠣᠭᠰᠢ ᠠᠳᠠᠯᠢ︶ | 4.9% ᠪᠠᠷ ᠪᠠᠭᠤᠷᠠᠪᠠ᠃ ᠡᠭᠦᠨ ᠳᠤ᠂ ᠭᠠᠳᠠᠭᠠᠳᠤ ᠭᠠᠷᠭᠠᠯᠲᠠ ᠨᠢ 349.1 ᠳ᠋ᠦᠩᠰᠢᠭᠤᠷ ᠲᠥᠭᠦᠷᠢᠭ ᠲᠤ ᠬᠦᠷᠴᠦ᠂ 7.4% ᠪᠠᠷ ᠪᠠᠭᠤᠷᠠᠪᠠ︔ ᠭᠠᠳᠠᠭᠠᠳᠤ | ᠣᠷᠣᠭᠤᠯᠤᠯᠲᠠ ᠨᠢ 694.2 ᠳ᠋ᠦᠩᠰᠢᠭᠤᠷ ᠲᠥᠭᠦᠷᠢᠭ ᠲᠤ ᠬᠦᠷᠴᠦ᠂ 3.7% ᠪᠠᠷ ᠪᠠᠭᠤᠷᠠᠪᠠ᠃ ᠶᠡᠷᠦᠩᠬᠡᠶ ᠳᠤ ᠨᠢ ᠠᠪᠴᠤ ᠦᠵᠡᠪᠡᠯ ᠥᠪᠥᠷ ᠮᠣᠩᠭᠤᠯ ᠤᠨ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ᠤᠨ ᠪᠠᠭᠤᠷᠠᠯᠲᠠ ᠶᠢᠨ ᠬᠡᠮᠵᠢᠶ᠎ᠡ ᠠᠯᠬᠤᠮ ᠠᠯᠬᠤᠮ ᠢᠶᠠᠷ ᠪᠠᠭᠠᠰᠴᠤ᠂ 2020 ᠣᠨ ᠤ 12 ᠳ᠋ᠤᠭᠠᠷ ᠰᠠᠷ᠎ᠠ | ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠢ 97.3 ᠳ᠋ᠦᠩᠰᠢᠭᠤᠷ ᠲᠥᠭᠦᠷᠢᠭ ᠲᠤ ᠬᠦᠷᠴᠦ᠂ 3.6% ᠪᠠᠷ | ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ ᠨᠢ 33.7 ᠳ᠋ᠦᠩᠰᠢᠭᠤᠷ ᠲᠥᠭᠦᠷᠢᠭ ᠲᠤ ᠬᠦᠷᠴᠦ᠂ 19.2% ᠢᠶᠠᠷ ᠪᠠᠭᠤᠷᠠᠪᠠ︔ ᠭᠠᠳᠠᠭᠠᠳᠤ | ᠣᠷᠣᠭᠤᠯᠤᠯᠲᠠ ᠨᠢ 63.6 ᠳ᠋ᠦᠩᠰᠢᠭᠤᠷ ᠲᠥᠭᠦᠷᠢᠭ ᠲᠤ ᠬᠦᠷᠴᠦ᠂ 21.7% ᠪᠠᠷ ᠨᠡᠮᠡᠭᠳᠡᠪᠡ᠃ | ᠨᠢᠭᠡ᠂ ᠭᠠᠳᠠᠭᠠᠳᠤ ᠠᠷᠠᠯᠵᠢᠶ᠎ᠠ ᠳᠤ ᠦᠢᠯᠡᠴᠢᠯᠡᠬᠦ ᠲᠦᠷᠦ ᠶᠢᠨ ᠪᠤᠳᠤᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ | ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠨᠢᠭᠲᠠᠷᠠᠭᠤᠯᠤᠨ ᠨᠡᠶᠢᠲᠡᠯᠡᠪᠡ᠃ ᠡᠨᠡ ᠵᠢᠯ ᠠᠴᠠ ᠨᠠᠭᠠᠰᠢ᠂ ᠬᠥᠬᠡᠬᠤᠲᠠ ᠪᠣᠭᠤᠮᠲᠠ ᠨᠢ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠨᠠᠷᠢᠯᠢᠭ ᠣᠨᠣᠴᠠᠲᠠᠶ ᠪᠠᠷ | ᠬᠠᠪᠰᠤᠷᠤᠨ ᠲᠡᠳᠬᠦᠵᠦ᠂ ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠢᠭᠲᠠᠷᠠᠭᠤᠯᠤᠨ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ︽ᠬᠠᠮ | ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ | ᠠᠬᠢᠭᠤᠯᠪᠠ᠃ ᠬᠤᠶᠠᠷ ᠱᠠᠲᠤᠨ ᠤ ᠨᠠᠮ ᠤᠨ ᠬᠤᠷᠢᠶᠠᠨ ᠤ ᠭᠡᠰᠢᠭᠦᠨ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ ᠲᠣᠭᠲᠠᠴᠠ ᠶᠢ | ᠪᠠᠶᠢᠭᠤᠯᠪᠠ᠃ ᠪᠤᠭᠤᠮᠲᠠ ᠶᠢᠨ ᠨᠠᠮ ᠤᠨ ᠬᠤᠷᠢᠶ᠎ᠠ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠣᠷᠣᠨ ᠨᠤᠲᠤᠭ ᠤᠨ ᠵᠠᠰᠠᠭ ᠤᠨ | ᠣᠷᠳᠣᠨ ᠵᠢᠴᠢ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤ ᠨᠢ ᠰᠣᠨᠣᠰᠪᠠ᠃ | ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠪᠠ᠃ ᠪᠣᠭᠤᠮᠲᠠ ᠶᠢᠨ | ᠣᠷᠣᠨ ᠤ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠨᠡᠷᠡᠰ ᠢ ᠡᠮᠬᠢᠯᠡᠨ ᠳᠢᠭᠯᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ | ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠡᠬᠡ ᠲᠠᠩᠰᠠ ᠪᠠᠶᠢᠭᠤᠯᠵᠤ᠂ 112 ᠭᠤᠤᠯᠳᠠᠯᠭ᠎ᠠ ᠲᠠᠢ ᠠᠵᠤ ᠠᠬᠤᠶᠢᠯᠠᠯ ᠢ ︽ᠴᠡᠭ | ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠵᠦ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠴᠢᠩᠭᠠᠷᠠᠭᠤᠯᠤᠨ᠂ ᠠᠵᠤ | ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠵᠦ᠂ ᠨᠢᠭᠡ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠨᠢᠭᠡ ᠲᠥᠷᠥᠯ ᠤᠨ | ᠬᠦᠴᠢᠷ ᠠᠰᠠᠭᠤᠳᠠᠯ ᠢ ᠰᠢᠶᠳᠪᠦᠷᠢᠯᠡᠬᠦ᠂ ᠨᠢᠭᠡ ᠲᠠᠯ᠎ᠠ ᠶᠢᠨ ᠠᠵᠤ ᠠᠬᠤᠶ ᠶᠢ ᠳᠠᠶᠢᠴᠢᠯᠠᠬᠤ ᠦᠶᠯᠡᠴᠢᠯᠡᠭᠡᠨ ᠤ ᠦᠷ᠎ᠡ ᠪᠦᠲᠦᠮᠵᠢ ᠶᠢ ᠪᠣᠶ ᠪᠣᠯᠭᠠᠪᠠ᠃ | ᠠᠵᠤ ᠠᠬᠤᠶᠢᠯᠠᠯ ᠤᠨ ᠲᠤᠰᠬᠠᠭᠰᠠᠨ ︽ᠠᠰᠠᠭᠤᠳᠠᠯ ᠢ ᠦᠭᠡᠶᠢᠰᠬᠡᠬᠦ︾ ᠲᠦᠷᠢᠮ ᠢ ᠬᠡᠷᠡᠭᠵᠢᠭᠦᠯᠪᠡ᠃ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ | ᠰᠤᠳᠤᠯᠤᠯᠲᠠ ᠬᠢᠵᠦ᠂ ᠠᠰᠠᠭᠤᠳᠠᠯ ᠢ ᠴᠤᠭᠯᠠᠭᠤᠯᠤᠨ ᠰᠢᠶᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠥᠷᠭᠡᠨ ᠢᠶᠠᠷ ᠴᠤᠭᠯᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠲᠤ ᠳᠠᠭᠠᠭᠠᠯᠭᠠᠨ ᠲᠦᠷᠦᠭᠦᠯᠡᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠶᠳᠪᠦᠷᠢᠯᠡᠬᠦ ᠳᠤ ᠬᠦᠴᠦᠨ | ᠨᠡᠮᠡᠷᠢᠯᠡᠪᠡ᠃ | ᠬᠤᠶᠠᠷ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ | ᠬᠥᠬᠡᠬᠤᠲᠠ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠦᠷᠭᠡᠨ ᠬᠥᠭᠵᠢᠯᠲᠡ ᠶᠢᠨ ᠵᠠᠮ ᠳᠤ ᠣᠷᠣᠬᠤ ᠶᠢ ᠠᠬᠢᠭᠤᠯᠪᠠ᠃ 14 | ᠵᠦᠶᠯ ᠤᠨ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠠᠵᠢᠯ ᠤᠨ ᠲᠣᠭᠲᠠᠴᠠ ᠪᠠ ᠬᠡᠷᠡᠭᠵᠢᠭᠦᠯᠬᠦ ᠨᠠᠷᠢᠨ ᠲᠦᠷᠢᠮ ᠨᠡᠶᠢᠲᠡᠯᠡᠬᠦ ᠶᠢ ᠠᠬᠢᠭᠤᠯᠪᠠ᠃ 2020 ᠣᠨ ᠳᠤ᠂ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠶ ᠥᠷᠲᠡᠭ ᠨᠢ ᠲᠣᠰ ᠲᠣᠰ 9.3 ᠳ᠋ᠦᠩᠰᠢᠭᠤᠷ ᠲᠥᠭᠦᠷᠢᠭ᠂ 4.1 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ ᠨᠢᠳᠤᠨᠤᠨ ᠤ | 6.8 ᠳᠠᠬᠢᠨ᠂ 161.4 ᠳᠠᠬᠢᠨ ᠪᠣᠯᠪᠠ︔ ᠳᠣᠯᠣᠳᠤᠭᠠᠷ ᠰᠤᠮᠤ ᠳᠠᠬᠢ ᠭᠠᠶᠢᠯᠢ ᠪᠠᠲᠤᠯᠠᠬᠤ ᠪᠠᠷᠠᠭ᠎ᠠ ᠭᠦᠶᠯᠭᠡᠭᠡᠨ ᠤ ᠲᠥᠪ ︵B ᠬᠡᠯᠪᠡᠷᠢ︶ ᠤᠨ ᠠᠩᠬᠠᠨ ᠤ ᠵᠢᠯ | ᠤᠨ ᠠᠵᠢᠯᠯᠠᠭᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ᠨᠢ ᠨᠢᠭᠡᠨᠲᠡ 2.01 ᠳ᠋ᠦᠩᠰᠢᠭᠤᠷ ᠲᠥᠭᠦᠷᠢᠭ ᠲᠤ ᠬᠦᠷᠪᠡ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠶᠡᠬᠡᠪᠡᠷ ᠳᠡᠮᠵᠢᠪᠡ᠃ ᠳᠤᠮᠳᠠᠳᠤ | ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠬᠤ ᠶᠢ ᠠᠬᠢᠭᠤᠯᠵᠤ᠂ ᠪᠣᠭᠤᠮᠲᠠ ᠶᠢᠨ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ | ᠪᠠᠲᠤᠯᠠᠬᠤ ᠪᠠ ᠰᠢᠭᠤᠳ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠵᠥᠭᠡᠯᠡᠨ ᠬᠠᠲᠠᠭᠤ ᠬᠡᠷᠡᠭᠰᠡᠯ ᠤᠨ ᠰᠢᠰᠲ᠋ᠧᠮ ᠢ ᠪᠦᠬᠦᠨ ᠢ ᠤᠷᠤᠭᠰᠢᠲᠠᠶ ᠨᠡᠪᠲᠡᠷᠡᠭᠦᠯᠪᠡ᠃ | 2020 ᠣᠨ ᠳᠤ᠂ ᠬᠥᠬᠡᠬᠤᠲᠠ ᠪᠣᠭᠤᠮᠲᠠ ᠠᠴᠠ ᠭᠠᠳᠠᠭᠠᠳᠤ ᠠᠴᠠ ᠣᠷᠣᠭᠤᠯᠤᠭᠰᠠᠨ ᠰᠦᠯᠵᠢᠶ᠎ᠡ ᠪᠠᠷ ᠬᠤᠳᠠᠯᠳᠤᠨ ᠠᠪᠤᠭᠰᠠᠨ ᠭᠠᠶᠢᠯᠢ ᠪᠠᠲᠤᠯᠠᠬᠤ ᠪᠠᠷᠠᠭ᠎ᠠ ᠶᠢ | ᠨᠡᠶᠢᠲᠡ 332 ᠪᠢᠯᠧᠲ᠂ ᠡᠩ ᠤᠨ ᠭᠠᠳᠠᠭᠠᠳᠤ ᠳᠤ ᠭᠠᠷᠭᠠᠬᠤ ᠪᠠᠷᠠᠭ᠎ᠠ ᠶᠢ ᠵᠢᠵᠢᠭᠯᠡᠨ ᠬᠤᠳᠠᠯᠳᠤᠬᠤ ᠳᠤ ᠨᠡᠶᠢᠲᠡ 3.13 ᠲᠦᠮᠡᠨ ᠪᠢᠯᠧᠲ ᠬᠢᠨᠠᠨ ᠬᠠᠮᠢᠶᠠᠷᠪᠠ᠃ | ᠪᠣᠭᠤᠮᠲᠠ ᠶᠢᠨ ᠨᠡᠭᠡᠭᠡᠯᠲᠡ ᠶᠢᠨ ᠲᠠᠰ ᠳᠠᠪᠬᠤᠷᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠥᠯᠵᠡᠶ ᠪᠣᠭᠤᠮᠲᠠ ᠲᠦᠷ ᠴᠠᠭ | ᠨᠡᠭᠡᠭᠡᠬᠦ ᠵᠥᠪᠰᠢᠶᠡᠷᠡᠯ ᠣᠯᠵᠤ᠂ ᠠᠯᠠᠱᠠ ᠪᠣᠭᠤᠮᠲᠠ ᠵᠢᠩᠬᠢᠨᠢ ᠪᠠᠷ ᠫᠠᠶᠢᠰᠠ ᠡᠯᠭᠦᠪᠡ᠃ ᠬᠥᠬᠡᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ᠂ ᠤᠷᠳᠤᠰ ᠤᠨ | ᠠᠭᠠᠷ ᠤᠨ ᠠᠶᠠᠯᠠᠯ ᠤᠨ ᠪᠣᠭᠤᠮᠲᠠ ᠶᠢᠨ ᠵᠢᠮᠢᠰ᠂ ᠮᠥᠰᠦᠯᠢᠭ ᠰᠢᠨ᠎ᠡ ᠰᠣᠷᠭᠤᠭ ᠤᠰᠤᠨ ᠭᠠᠷᠤᠯᠲᠠ ᠵᠡᠷᠭᠡ ᠭᠠᠳᠠᠭᠠᠳᠤ ᠣᠷᠤᠭᠤᠯᠤᠯᠲᠠ ᠶᠢᠨ ᠵᠢᠭᠠᠨ ᠲᠣᠭᠲᠠᠭᠠᠭᠰᠠᠨ | ᠬᠢᠨᠠᠨ ᠬᠠᠮᠢᠶᠠᠷᠬᠤ ᠭᠠᠵᠠᠷ ᠭᠤᠶᠤᠴᠢᠯᠠᠨ ᠮᠡᠳᠡᠭᠦᠯᠬᠦ ᠶᠢ ᠳᠡᠮᠵᠢᠪᠡ᠃ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ | ᠭᠠᠳᠠᠭᠠᠳᠤ ᠠᠴᠠ ᠣᠷᠣᠭᠤᠯᠤᠭᠰᠠᠨ ᠲᠠᠸᠠᠷ ᠡᠳ᠋ᠰᠢᠭᠦᠯᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠪᠡ᠃ | ᠭᠤᠷᠪᠠ᠂ ᠬᠢᠨᠠᠨ ᠬᠠᠮᠢᠶᠠᠷᠴᠤ ᠪᠣᠭᠤᠮᠲᠠ ᠪᠠᠷ ᠥᠩᠭᠡᠷᠡᠭᠦᠯᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ | ᠪᠣᠭᠤᠮᠲᠠ ᠶᠢᠨ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠭᠠᠳᠠᠭᠠᠳᠤ ᠣᠷᠤᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ | ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠤ ᠬᠠᠭᠤᠷᠠᠶ ᠵᠠᠮ ᠤᠨ ᠪᠣᠭᠤᠮᠲᠠ ᠪᠠᠷ ᠥᠩᠭᠡᠷᠡᠬᠦ ᠳᠤ ᠥᠨᠳᠦᠷ ᠪᠦᠲᠦᠮᠵᠢᠲᠠᠢ ᠰᠠᠭᠠᠳ ᠦᠭᠡᠢ ᠨᠡᠪᠲᠡᠷᠡᠬᠦ ᠶᠢ | ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠪᠠ᠃ ᠪᠣᠭᠤᠮᠲᠠ ᠥᠩᠭᠡᠷᠡᠬᠦ ᠴᠠᠭ ᠢ | ᠤᠷᠲᠤᠳᠬᠠᠵᠤ᠂ ᠬᠡᠰᠡᠭ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠠᠵᠢᠯᠯᠠᠬᠤ ᠴᠠᠭ ᠢ ᠤᠤᠯ ᠤᠨ ᠥᠷᠯᠦᠭᠡᠨ ᠤ ᠨᠠᠢᠮᠠᠨ ᠴᠠᠭ ᠠᠴᠠ ᠣᠷᠣᠶ ᠶᠢᠨ ᠨᠠᠢᠮᠠᠨ ᠴᠠᠭ | ︵8᠄ 00 - 20᠄ 00︶ ᠪᠠᠶᠢᠭᠰᠠᠨ ᠠᠴᠠ ᠨᠢ ᠥᠷᠯᠥᠭᠡᠨ ᠤ ᠨᠠᠢᠮᠠᠨ ᠴᠠᠭ ᠠᠴᠠ ᠣᠷᠣᠶ ᠶᠢᠨ ᠠᠷᠪᠠᠨ ᠴᠠᠭ ︵8᠄ 00 - 22᠄ 00︶ ᠪᠣᠯᠭᠠᠨ | ᠤᠷᠲᠤᠳᠬᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠭᠤᠮᠲᠠ ᠬᠠᠭᠠᠬᠤ ᠴᠠᠭ ᠢ ᠳᠠᠬᠢᠨ ᠵᠣᠬᠢᠬᠤ ᠬᠡᠮᠵᠢᠶ᠎ᠡ ᠪᠠᠷ ᠤᠷᠲᠤᠳᠬᠠᠵᠤ᠂ ᠬᠢᠯᠢ ᠠᠴᠠ | ᠭᠠᠷᠬᠤ ᠲᠡᠷᠭᠡ ᠬᠥᠰᠬᠡ ᠶᠢ ᠠᠯᠢ ᠴᠢᠳᠠᠬᠤ ᠪᠠᠷ ᠲᠠᠯᠪᠢᠬᠤ ᠶᠢ ᠪᠠᠲᠤᠯᠠᠪᠠ᠃ ᠠᠵᠢᠯᠯᠠᠬᠤ ᠴᠤᠪᠤᠷᠠᠯ ᠢ ︽ᠠᠯᠢ ᠴᠢᠳᠠᠬᠤ ᠪᠠᠷ ᠲᠥᠷᠭᠡᠳᠬᠡᠵᠦ︾᠂ ᠡᠷᠡᠭᠦᠯ ᠬᠠᠮᠠᠭᠠᠯᠠᠯ | ᠤᠨ ᠬᠢᠵᠢᠭ ᠪᠠᠶᠢᠴᠠᠭᠠᠬᠤ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠤᠶᠤᠨᠲᠦ ᠪᠤᠭᠤᠮᠲᠠ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠬᠠᠷᠢᠴᠠᠯ ᠢ | ᠳᠡᠭᠡᠭᠰᠢᠯᠡᠭᠦᠯᠵᠦ᠂ ᠪᠠᠶᠢᠴᠠᠭᠠᠯᠲᠠ ᠳᠤ ᠬᠤᠯᠪᠣᠭᠳᠠᠭᠰᠠᠨ ᠪᠠᠷᠠᠭ᠎ᠠ ᠶᠢ ᠪᠠᠶᠢᠴᠠᠭᠠᠨ ᠰᠢᠯᠭᠠᠬᠤ ᠴᠠᠭ ᠢ ᠵᠦᠶ ᠵᠣᠬᠢᠰᠲᠠᠶ ᠪᠣᠭᠤᠨᠢᠰᠬᠠᠪᠠ᠃ 8 - 12 ᠳ᠋ᠤᠭᠠᠷ ᠰᠠᠷ᠎ᠠ | ᠳᠤ᠂ ᠬᠥᠬᠡᠬᠤᠲᠠ ᠪᠣᠭᠤᠮᠲᠠ ᠶᠢᠨ ᠣᠷᠤᠨ ᠤ ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠢ 1761.3 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ᠃ ︽ᠤᠷᠢᠳᠴᠢᠯᠠᠨ ᠭᠤᠶᠤᠴᠢᠯᠠᠨ ᠮᠡᠳᠡᠭᠦᠯᠵᠦ᠂ ᠪᠣᠭᠤᠮᠲᠠ ᠶᠢ ᠰᠢᠯᠭᠠᠨ | ᠥᠩᠭᠡᠷᠡᠭᠦᠯᠬᠦ︾ ᠪᠠᠷᠠᠭᠠᠨ ᠤ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠴᠢᠨᠠᠷ ᠰᠠᠶᠢᠲᠠᠶ ᠠᠵᠢᠯᠯᠠᠭᠤᠯᠵᠤ᠂ ᠪᠣᠭᠤᠮᠲᠠ ᠶᠢᠨ ᠣᠷᠣᠨ ᠤ ᠪᠠᠷᠠᠭᠠᠨ ᠤ | ᠲᠡᠭᠡᠭᠡᠪᠦᠷᠢ ᠶᠢᠨ ᠨᠡᠪᠲᠡᠷᠡᠬᠦ ᠵᠠᠮ ᠢ ᠴᠥᠮ ᠵᠢᠵᠢᠭᠦᠷᠴᠢᠨ ᠥᠬᠡᠶ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠪᠣᠯᠭᠠᠪᠠ᠃ 5 ᠵᠠᠰᠠᠮᠠᠯ ᠵᠠᠮ ᠤᠨ ᠪᠣᠭᠤᠮᠲᠠ ᠶᠢᠨ | ᠠᠶᠠᠨᠴᠢᠳ ᠤᠨ ᠲᠡᠭᠡᠭᠡᠪᠦᠷᠢ ᠶᠢᠨ ᠲᠡᠷᠭᠡ ᠨᠡᠪᠲᠡᠷᠡᠬᠦ ᠵᠠᠮ ᠪᠦᠬᠦᠨ ᠳᠤ ᠤᠶᠤᠨᠲᠤ ᠪᠣᠭᠤᠮᠲᠠ ᠪᠠᠶᠢᠭᠤᠯᠪᠠ᠃ ︽ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ 2020 ᠣᠨ ᠤ ᠪᠣᠷᠣ ᠲᠥᠯᠥᠪ ᠤᠨ ᠲᠥᠰᠦᠯ︾ ᠢ ᠨᠠᠶᠢᠳᠠᠪᠤᠷᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ | ᠮᠡᠳᠡᠭᠦᠯᠬᠦ︾ ᠪᠣᠭᠤᠮᠲᠠ ᠥᠩᠭᠡᠷᠡᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠠᠭ ᠢ | ᠪᠠᠭᠠᠰᠬᠠᠨ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠵᠦ | ᠪᠣᠭᠤᠮᠲᠠ ᠪᠠᠷ ᠥᠩᠭᠡᠷᠡᠬᠦ ᠵᠠᠭᠪᠤᠷ ᠤᠨ ᠬᠡᠷᠡᠭᠯᠡᠭᠡᠨ ᠤ ᠨᠣᠷᠮ᠎ᠠ ᠶᠢ 16% ᠠᠴᠠ ᠳᠠᠪᠠᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ | ᠦᠶᠯᠡᠴᠢᠯᠡᠭᠡ ᠶᠢ ᠰᠢᠯᠢᠳᠡᠭᠵᠢᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ | ᠪᠡᠶᠡᠯᠡᠭᠦᠯᠬᠦ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ︾ ᠶᠢᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ | ᠤ ᠨᠣᠷᠮ᠎ᠠ ᠶᠢ 100% ᠪᠠᠷ ᠪᠠᠲᠤᠯᠠᠪᠠ᠃ ︽ᠡᠭᠦᠳᠡᠨ ᠳᠤ ᠬᠥᠷᠬᠦ︾ ᠲᠡᠭᠡᠭᠡᠪᠦᠷᠢ ᠶᠢᠨ ᠰᠢᠭᠤᠳ ᠨᠡᠪᠲᠡᠷᠡᠬᠦ ᠲᠡᠷᠭᠡ TIR ︵ᠣᠯᠠᠨ ᠤᠯᠤᠰ ᠤᠨ ᠵᠠᠮ | ᠲᠡᠭᠡᠭᠡᠪᠦᠷᠢ ᠶᠢᠨ ᠨᠡᠶᠢᠲᠡ ᠶᠢᠨ ᠭᠡᠷ᠎ᠡ︶ ᠶᠢᠨ ᠲᠤᠬᠠᠶᠢᠯᠠᠭᠰᠠᠨ ᠠᠵᠢᠯ ᠲᠦᠷᠭᠡᠨ ᠬᠥᠭᠵᠢᠵᠦ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠥᠬᠦ ᠵᠢᠯ ᠳᠤ | TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠶᠢᠲᠡ 781 ᠪᠢᠯᠧᠲ ᠭᠦᠶᠴᠡᠳᠬᠡᠵᠦ᠂ ᠡᠭᠦᠨ ᠳᠤ᠂ ᠬᠢᠯᠢ ᠪᠠᠷ ᠣᠷᠣᠭᠤᠯᠬᠤ ᠲᠤᠬᠠᠶᠢᠯᠠᠭᠰᠠᠨ ᠠᠵᠢᠯ 773 | ᠪᠢᠯᠧᠲ ᠪᠠᠶᠢᠵᠤ᠂ ᠪᠥᠬᠦ ᠤᠯᠤᠰ ᠤᠨ ᠨᠢᠭᠡᠳᠦᠭᠡᠷ ᠲᠤ ᠣᠷᠣᠪᠠ᠃ | ︽ᠳᠤᠮᠳᠠᠳᠤ ᠢᠶᠠᠷ ᠨᠡᠪᠲᠡᠷᠡᠬᠦ ᠵᠠᠮ︾ ᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠲᠦᠷᠭᠡᠨ ᠨᠡᠮᠡᠭᠳᠡᠯ ᠢ ᠪᠠᠲᠤᠯᠠᠬᠤ ᠳᠤ ᠬᠦᠴᠦᠨ | ᠨᠡᠮᠡᠷᠢᠯᠡᠪᠡ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ | ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ︽ᠬᠥᠬᠡᠬᠤᠲᠠ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ | ᠳᠡᠮᠵᠢᠬᠦ 22 ᠵᠤᠷᠪᠤᠰ ᠠᠷᠭ᠎ᠠ ᠬᠡᠮᠵᠢᠶ᠎ᠡ︾ ᠶᠢ ᠲᠣᠭᠲᠠᠭᠠᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠬᠦᠴᠦᠨ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠵᠢᠯ ᠳᠤ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠡᠮᠵᠢᠨ 2384 ᠳᠤᠮᠳᠠᠳᠤ ᠧᠦ᠋ᠷᠣᠫᠠ | ᠶᠢᠨ ᠡᠭᠡᠯᠵᠢ ᠶᠢᠨ ᠭᠠᠯᠲᠤ ᠲᠡᠷᠭᠡ ᠶᠢ ᠬᠢᠯᠢ ᠪᠠᠷ ᠣᠷᠣᠭᠤᠯᠵᠤ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠨᠡᠮᠡᠭᠳᠡᠵᠦ᠂ ᠴᠢᠩᠭᠡᠯᠢᠭ ᠤᠨ | ᠳᠦᠭᠦᠷᠡᠩ ᠠᠴᠢᠶ᠎ᠠ ᠶᠢᠨ ᠨᠣᠷᠮ᠎ᠠ ᠨᠢ 99.54% ᠳᠤ ᠬᠥᠷᠪᠡ᠃ ︽ᠳᠤᠮᠳᠠᠳᠤ ᠪᠠᠷ ᠨᠡᠪᠲᠡᠷᠡᠬᠦ ᠵᠠᠮ︾ ᠤᠨ ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠨᠡᠮᠡᠭᠳᠡᠯ ᠤᠨ ᠨᠣᠷᠮ᠎ᠠ ᠨᠢ ᠭᠤᠷᠪᠠᠨ ᠨᠡᠪᠲᠡᠷᠡᠬᠦ ᠵᠠᠮ ᠤᠨ ᠳᠥᠷᠪᠡᠨ ᠶᠡᠭᠡ ᠪᠣᠭᠤᠮᠲᠠ ︵ᠬᠤᠷᠭᠤᠰ᠂ ᠠᠯᠠᠱᠠ᠂ | ᠡᠷᠢᠶᠡᠨ ᠬᠤᠲᠠ᠂ ᠮᠠᠨᠵᠤᠤᠷ︶ ᠶᠢᠨ ᠲᠡᠷᠢᠭᠦᠨ ᠳᠤ ᠣᠷᠣᠵᠤ᠂ ᠬᠤᠭᠤᠰᠣᠨ ᠬᠠᠶᠢᠷᠴᠠᠭ ᠤᠨ ᠨᠣᠷᠮ᠎ᠠ ᠶᠡᠭᠡ ᠪᠠᠷ ᠪᠠᠭᠤᠷᠠᠪᠠ᠃ | ᠳᠥᠷᠪᠡ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ ᠰᠢᠯᠢᠳᠡᠭᠵᠢᠭᠦᠯᠬᠦ365赢多少钱会被限额_国内有真正的365平台吗_365bet博彩官网 | ᠪᠣᠭᠤᠮᠲᠠ ᠪᠠᠷ ᠥᠩᠭᠡᠷᠡᠬᠦ ᠴᠠᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠠᠵᠤ ᠠᠬᠤᠶᠢᠯᠠᠯ ᠤᠨ ᠭᠠᠳᠠᠭᠠᠳᠤ ᠣᠷᠤᠭᠤᠯᠤᠯᠲᠠ ᠭᠠᠷᠭᠠᠯᠲᠠ | ᠶᠢᠨ ᠭᠤᠶᠤᠴᠢᠯᠠᠨ ᠮᠡᠳᠡᠭᠦᠯᠬᠦ ᠭᠤᠭᠴᠤᠭ᠎ᠠ ᠳᠤ ᠭᠡᠷ᠎ᠡ ᠲᠤᠰᠢᠶᠠᠬᠤ᠂ ᠬᠠᠶᠢᠷᠴᠠᠭᠯᠠᠬᠤ ᠬᠠᠭᠤᠳᠠᠰᠤ ᠵᠡᠷᠭᠡ ᠳᠠᠭᠠᠯᠳᠤᠭᠤᠯᠤᠯ ᠬᠠᠭᠤᠳᠠᠰᠤ ᠪᠠᠷᠢᠮᠲᠠ ᠵᠡᠷᠭᠡ ᠶᠢ ᠥᠯᠥ | ᠲᠤᠰᠢᠶᠠᠵᠤ ᠪᠣᠭᠤᠮᠲᠠ ᠪᠠᠷ ᠥᠩᠭᠡᠷᠡᠭᠦᠯᠬᠦ ᠶᠢ ᠳᠥᠭᠦᠮᠴᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2020 ᠣᠨ ᠤ 12 ᠳ᠋ᠤᠭᠠᠷ ᠰᠠᠷ᠎ᠠ ᠳᠤ᠂ | ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠨᠢ 29.55 ᠴᠠᠭ ᠪᠠᠶᠢᠵᠤ᠂ 2017 | ᠣᠨ ᠤ ᠬᠢ ᠲᠠᠢ ᠬᠠᠷᠢᠴᠠᠭᠤᠯᠪᠠᠯ 80.11% ᠪᠠᠷ ᠪᠠᠭᠠᠰᠪᠠ᠃ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠨᠢ 0.37 | ᠴᠠᠭ ᠪᠠᠶᠢᠵᠤ᠂ 2017 ᠣᠨ ᠤ ᠬᠢ ᠲᠠᠢ ᠬᠠᠷᠢᠴᠠᠭᠤᠯᠪᠠᠯ 80.11% ᠪᠠᠷ ᠪᠠᠭᠠᠰᠴᠤ᠂ 50% ᠪᠠᠷ ᠪᠠᠭᠠᠰᠬᠠᠬᠤ ᠠᠵᠢᠯ ᠤᠨ ᠬᠠᠷᠠᠯᠲᠠ ᠪᠠᠨ ᠴᠢᠨᠠᠷ ᠰᠠᠶᠢᠲᠠᠶ | ᠥᠨᠳᠥᠷ ᠪᠦᠲᠦᠮᠵᠢᠲᠡᠶ ᠪᠡᠶᠡᠯᠡᠭᠦᠯᠪᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠬᠤᠳᠠᠯᠳᠤᠭᠠᠨ ᠤ ᠶᠠᠪᠤᠳᠠᠯ ᠤᠨ ᠳᠦᠷᠢᠮ᠂ ᠭᠡᠷᠡᠴᠢ ᠦᠨᠡᠮᠯᠡᠯ ᠢ ᠰᠠᠯᠭᠠᠬᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠳᠠᠩᠰᠠᠯᠠᠭᠤᠯᠤᠭᠰᠠᠨ ᠬᠠᠭᠤᠳᠠᠰᠤ ᠦᠨᠡᠮᠯᠡᠯ ᠢ ᠴᠣᠮᠬᠠᠳᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠬᠦ ᠶᠢ ᠭᠦᠢᠴᠡᠳᠬᠡᠬᠦ ᠴᠠᠭ ᠬᠤᠭᠤᠴᠠᠭ᠎ᠠ ᠶᠢ | ᠪᠣᠭᠤᠨᠢᠰᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠶᠢ ᠬᠡᠷᠡᠭᠵᠢᠭᠦᠯᠵᠦ᠂ ᠪᠣᠭᠤᠮᠲᠠ ᠶᠢᠨ ᠣᠷᠣᠨ | ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠤᠭ᠎ᠠ 2016 ᠣᠨ ᠤ ᠡᠴᠦᠰ ᠲᠤ 4138 ᠪᠠᠶᠢᠭᠰᠠᠨ ᠠᠴᠠ ᠪᠠᠨ ᠣᠳᠣ 8348 ᠪᠣᠯᠵᠤ ᠨᠡᠮᠡᠭᠳᠡᠨ᠂ | ᠵᠢᠯ ᠪᠦᠷᠢ ᠳᠤᠮᠳᠠᠴᠢ ᠪᠠᠷ 20% ᠨᠡᠮᠡᠭᠳᠡᠵᠦ᠂ ᠡᠭᠦᠨ ᠳᠤ 2020 ᠣᠨ ᠳᠤ 974 ᠰᠢᠨ᠎ᠡ ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠬᠤ ᠢᠳᠡᠭᠡᠨ | ᠦᠶᠯᠡᠳᠪᠦᠷᠢᠯᠡᠬᠦ ᠠᠵᠤ ᠠᠬᠤᠶᠢᠯᠠᠯ ᠢ ᠬᠢᠨᠠᠨ ᠵᠥᠪᠰᠢᠶᠡᠷᠡᠬᠦ ᠪᠠᠶᠢᠭᠰᠠᠨ ᠠᠴᠠ ᠳᠠᠩᠰᠠᠯᠠᠬᠤ ᠪᠣᠯᠭᠠᠨ ᠥᠭᠡᠷᠡᠴᠢᠯᠡᠵᠦ᠂ ᠠᠵᠤ ᠠᠬᠤᠶᠢᠯᠠᠯ ᠤᠨ ᠭᠤᠶᠤᠴᠢᠯᠠᠯ ᠢ 20 | ᠠᠵᠢᠯᠯᠠᠬᠤ ᠡᠳᠦᠷ ᠪᠠᠶᠢᠭᠰᠠᠨ ᠠᠴᠠ ᠲᠣᠰ ᠡᠳᠦᠷ ᠲᠤ ᠪᠠᠨ ᠭᠦᠶᠴᠡᠳᠬᠡᠵᠦ ᠳᠠᠭᠤᠰᠬᠠᠬᠤ ᠪᠣᠯᠭᠠᠨ ᠪᠠᠭᠠᠰᠬᠠᠵᠤ᠂ ᠵᠢᠯ ᠤᠨ ᠳᠣᠲᠣᠷ᠎ᠠ ᠭᠠᠳᠠᠭᠠᠳᠤ ᠳᠤ ᠭᠠᠷᠭᠠᠬᠤ | ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢ 154 ᠰᠢᠨ᠎ᠡ ᠪᠠᠷ ᠨᠡᠮᠡᠭᠳᠡᠭᠦᠯᠵᠦ᠂ 2019 ᠣᠨ ᠤ ᠪᠥᠬᠦ ᠵᠢᠯ ᠤᠨ ᠰᠢᠨ᠎ᠡ ᠪᠠᠷ ᠨᠡᠮᠡᠭᠳᠡᠭᠰᠡᠨ ᠬᠡᠮᠵᠢᠶᠡᠨ ᠤ 3.3 | ᠳᠠᠬᠢᠨ ᠪᠣᠯᠪᠠ᠃ | ᠳᠥᠭᠦᠮᠴᠢᠯᠡᠭᠰᠡᠨ ᠥᠭᠡᠷᠡᠴᠢᠯᠡᠯᠲᠡ ᠨᠢ ᠠᠵᠤ ᠠᠬᠤᠶᠢᠯᠠᠯ ᠤᠨ ᠬᠥᠭᠵᠢᠯᠲᠡ ᠳᠤ ᠡᠨᠧᠷᠭᠢ ᠣᠯᠭᠤᠪᠠ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠰ ᠤᠨ ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ᠂ ᠣᠨᠴᠠ | ᠲᠣᠭᠲᠠᠭᠰᠠᠨ ᠮᠣᠳᠣᠨ ᠤ ᠲᠥᠷᠥᠯ ᠠᠴᠠ ᠪᠤᠰᠤᠳ ᠨᠢ ᠳᠠᠭᠢᠵᠤ ᠤᠭ ᠭᠠᠷᠤᠯᠲᠠ ᠶᠢᠨ ᠭᠠᠵᠠᠷ ᠤᠨ ᠦᠨᠡᠮᠯᠡᠯ ᠬᠠᠩᠭᠠᠬᠤ ᠶᠢ ᠱᠠᠭᠠᠷᠳᠠᠬᠤ ᠥᠬᠡᠶ ᠪᠣᠯᠵᠣ᠂ ᠠᠵᠤ | ᠠᠬᠤᠶᠢᠯᠠᠯ ᠤᠨ ᠲᠡᠷᠭᠡ ᠪᠦᠷᠢ ᠳᠤ 100 ᠰᠢᠬᠠᠮ ᠲᠥᠭᠦᠷᠢᠭ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠠᠷᠪᠢᠯᠠᠵᠤ᠂ 2020 ᠣᠨ ᠳᠤ ᠠᠵᠤ ᠠᠬᠤᠶᠢᠯᠠᠯ | ᠤᠨ ᠥᠪᠡᠷ ᠤᠨ ᠥᠷᠲᠡᠭ ᠢ ᠨᠡᠶᠢᠲᠡ 200 ᠲᠦᠮᠡᠨ ᠲᠥᠭᠦᠷᠢᠭ ᠠᠷᠪᠢᠯᠠᠪᠠ᠃ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠥᠪᠡᠰᠦᠪᠡᠨ ᠳᠠᠷᠤᠮᠠᠯᠯᠠᠬᠤ ᠪᠠ | ︽ᠬᠤᠶᠠᠷ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠣᠶᠤᠨᠴᠢ ᠪᠠᠷ ᠬᠢᠨᠠᠨ | ᠬᠠᠷᠭᠤᠭᠤᠯᠬᠤ ᠶᠢ ᠪᠡᠶᠡᠯᠡᠭᠦᠯᠵᠦ᠂ 2020 ᠣᠨ ᠳᠤ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠨᠡᠶᠢᠳᠡ 1.12 ᠲᠦᠮᠡᠨ ᠬᠤᠪᠢ ᠣᠯᠭᠤᠵᠤ᠂ ᠭᠠᠳᠠᠭᠠᠳᠤ | ᠳᠤ ᠭᠠᠷᠭᠠᠬᠤ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠬᠤ ᠤᠯᠤᠰ ᠤᠨ ᠪᠣᠭᠤᠮᠲᠠ ᠶᠢᠨ ᠭᠠᠶᠢᠯᠢ ᠶᠢᠨ 2378 ᠲᠦᠮᠡᠨ ᠳ᠋ᠣᠯᠯᠠᠷ ᠤᠨ | ᠬᠠᠷᠠᠭᠠᠯᠵᠠᠯ ᠢ ᠬᠦᠷᠲᠡᠭᠡᠪᠡ᠃ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠶᠢᠨ ᠣᠷᠣᠨ ᠳᠤ AEO ᠭᠡᠷᠡᠴᠢᠯᠡᠯ | ᠤᠨ ᠠᠵᠤ ᠠᠬᠤᠶᠢᠯᠠᠯ ᠢ 1᠂ ᠧᠦ᠋ᠷᠣᠫᠠ ᠶᠢᠨ ᠬᠤᠯᠪᠣᠭᠠᠨ ᠤ ᠠᠯᠪᠠᠨ ᠠᠴᠠ ᠳᠠᠩᠰᠠᠯᠠᠭᠤᠯᠤᠭᠰᠠᠨ ᠭᠠᠳᠠᠭᠠᠳᠤ ᠳᠤ ᠭᠠᠷᠭᠠᠬᠤ ᠢᠳᠡᠭᠡᠨ ᠤ ᠠᠵᠤ ᠠᠬᠤᠶᠢᠯᠠᠯ 1 ᠶᠢ | ᠰᠢᠨ᠎ᠡ ᠪᠠᠷ ᠨᠡᠮᠡᠭᠳᠡᠭᠦᠯᠵᠦ᠂ ᠣᠳᠣ ᠪᠠᠶᠢᠭ᠎ᠠ 21 AEO ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠪᠣᠯᠤᠨ ᠭᠠᠶᠢᠯᠢ ᠲᠤᠰᠢᠶᠠᠭᠰᠠᠨ ᠲᠤᠭ᠎ᠠ ᠨᠢ | ᠪᠣᠭᠤᠮᠲᠠ ᠶᠢᠨ ᠣᠷᠣᠨ ᠤ ᠶᠡᠷᠦᠩᠬᠡᠶ ᠬᠡᠮᠵᠢᠶ᠎ᠡ ᠶᠢᠨ ᠪᠠᠷᠤᠭ 40% ᠶᠢ ᠡᠵᠡᠯᠡᠪᠡ᠃ | ᠲᠠᠪᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ | ᠠᠷᠭ᠎ᠠ ᠬᠡᠮᠵᠢᠶ᠎ᠡ ᠲᠣᠭᠲᠠᠭᠠᠵᠤ ᠪᠣᠬᠢᠷᠲᠤᠯ ᠥᠬᠡᠶ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢ ᠦᠷᠭᠦᠯᠵᠢᠯᠡᠨ ᠥᠷᠭᠡᠳᠬᠡᠬᠦ ᠳᠤ | ᠬᠦᠴᠦᠨ ᠨᠡᠮᠡᠷᠢᠯᠡᠪᠡ᠃ ᠡᠷᠢᠶᠡᠨ ᠬᠤᠲᠠ ᠶᠢᠨ ᠪᠣᠭᠤᠮᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ ᠥᠬᠡᠶ ᠨᠡᠪᠲᠡᠷᠡᠬᠦ | ᠵᠠᠮ ᠢ ᠬᠦᠴᠦᠲᠡᠶ ᠪᠠᠲᠤᠯᠠᠵᠤ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢ ᠮᠣᠩᠭᠤᠯ ᠣᠷᠣᠰ ᠲᠤ ᠭᠠᠷᠭᠠᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ︽ᠭᠤᠷᠪᠠᠨ ᠲᠡᠷᠢᠭᠦᠨ ᠬᠤᠶᠠᠷ ᠪᠣᠯᠵᠣᠬᠤ︾ ᠶᠢ ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠥᠬᠦ ᠵᠢᠯ ᠳᠤ ᠡᠷᠢᠶᠡᠨ | ᠬᠤᠲᠠ ᠶᠢᠨ ᠪᠣᠭᠤᠮᠲᠠ ᠪᠠᠷ ᠳᠡᠮᠵᠢᠨ 9.7 ᠲᠦᠮᠡᠨ ᠲᠣᠨ ᠵᠢᠮᠢᠰ ᠢᠳᠡᠰᠢᠨ ᠨᠣᠭᠤᠭ᠎ᠠ ᠭᠠᠷᠭᠠᠵᠤ᠂ ᠪᠠᠷᠠᠭᠠᠨ ᠤ ᠥᠷᠲᠡᠭ ᠨᠢ 1.2 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.74%᠂ 12.44% ᠪᠠᠷ ᠨᠡᠮᠡᠭᠳᠡᠪᠡ᠃ ᠪᠠᠶᠠᠨᠨᠠᠭᠤᠷ ᠬᠤᠲᠠ ᠶᠢᠨ ︽ᠲᠩᠷᠢ ᠶᠢᠨ ᠬᠡᠰᠢᠭᠲᠦ | ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢ ᠡᠭᠦᠳᠬᠦ ᠶᠢ ᠢᠳᠡᠪᠬᠢᠲᠡᠶ ᠳᠡᠮᠵᠢᠪᠡ᠃ ᠨᠠᠷᠠᠲᠤ ᠲᠡᠮᠳᠡᠭᠲᠦ ᠶᠢ ᠦᠨᠡᠯᠡᠬᠦ ᠵᠢᠴᠢ ᠪᠣᠶᠢᠵᠢᠭᠤᠯᠬᠤ ᠪᠠᠷᠢᠮᠵᠢᠶ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ 2020 ᠣᠨ ᠳᠤ ᠲᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠢ 38.5 ᠳ᠋ᠦᠩᠰᠢᠭᠤᠷ | ᠲᠥᠭᠦᠷᠢᠭ ᠲᠤ ᠬᠦᠷᠴᠦ ︵ᠭᠤᠤᠯᠳᠠᠭᠤ ᠨᠡᠷᠡᠨ ᠬᠤᠸᠠᠷ ᠤᠨ ᠦᠷ᠎ᠡ ᠪᠠ ᠯᠠᠩᠭᠤᠸᠠ ᠶᠢᠨ ᠦᠷ᠎ᠡ᠂ ᠤᠰᠤ ᠥᠬᠡᠶᠢᠳᠡᠭᠦᠯᠦᠭᠰᠡᠨ ᠢᠳᠡᠰᠢᠨ ᠨᠣᠭᠤᠭ᠎ᠠ᠂ ᠲᠥᠪᠡᠳ | ᠬᠠᠰᠢ ᠶᠢᠨ ᠪᠦᠲᠦᠭᠡᠭᠳᠡᠬᠦᠨ ᠵᠡᠷᠭᠡ ᠪᠣᠯᠤᠨ᠎ᠠ︶᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ | ᠡᠯ᠎ᠡ ᠵᠦᠢᠯ ᠤᠨ ᠭᠠᠶᠢᠯᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠪᠥᠬᠦ ᠵᠢᠯ ᠳᠤ ᠡᠯ᠎ᠡ ᠲᠥᠷᠥᠯ ᠤᠨ ᠭᠠᠶᠢᠯᠢ | ᠬᠠᠰᠤᠵᠤ ᠭᠡᠯᠳᠦᠷᠢᠭᠦᠯᠦᠭᠰᠡᠨ ᠭᠡᠷᠡᠴᠢ ᠪᠠᠷᠢᠮᠲᠠ ᠶᠢ 2633 ᠬᠤᠪᠢ ᠭᠦᠶᠴᠡᠳᠬᠡᠵᠦ᠂ ᠬᠢᠨᠠᠨ ᠵᠥᠪᠰᠢᠶᠡᠷᠡᠭᠰᠡᠨ ᠪᠠᠷᠠᠭᠠᠨ ᠤ ᠥᠷᠲᠡᠭ ᠨᠢ 2.97 ᠳ᠋ᠦᠩᠰᠢᠭᠤᠷ | ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠂ ᠭᠠᠶᠢᠯᠢ ᠶᠢᠨ ᠵᠣᠭᠤᠰ ᠢ 2.54 ᠳ᠋ᠦᠩᠰᠢᠭᠤᠷ ᠲᠥᠭᠦᠷᠢᠭ ᠬᠠᠰᠤᠵᠤ | ᠭᠡᠯᠳᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 14.41% ᠪᠠᠷ ᠨᠡᠮᠡᠭᠳᠡᠪᠡ᠃ ᠪᠣᠭᠤᠮᠲᠠ ᠶᠢᠨ ᠣᠷᠣᠨ ᠤ ᠠᠮᠧᠷᠢᠺᠡ ᠠᠴᠠ ᠪᠣᠭᠤᠮᠲᠠ ᠶᠢᠨ ᠭᠠᠶᠢᠯᠢ ᠨᠡᠮᠡᠵᠦ | ᠲᠠᠲᠠᠪᠤᠷᠢᠯᠠᠬᠤ ᠲᠠᠸᠠᠷ ᠤᠨ ᠭᠠᠶᠢᠯᠢ ᠨᠡᠮᠡᠵᠦ ᠥᠯᠥ ᠲᠠᠲᠠᠪᠤᠷᠢᠯᠠᠬᠤ ᠨᠠᠷᠢᠨ ᠬᠠᠭᠤᠳᠠᠰᠤ ᠶᠢᠨ ᠭᠠᠶᠢᠯᠢ ᠪᠤᠴᠠᠭᠠᠬᠤ ᠠᠵᠢᠯ ᠢ ᠢᠳᠡᠪᠬᠢᠲᠡᠶ ᠠᠬᠢᠭᠤᠯᠵᠤ᠂ 207.49 | ᠲᠦᠮᠡᠨ ᠲᠥᠭᠦᠷᠢᠭ ᠤᠨ ᠭᠠᠶᠢᠯᠢ ᠪᠤᠴᠠᠭᠠᠬᠤ ᠶᠢ ᠭᠦᠶᠴᠡᠳᠬᠡᠪᠡ᠃ | ᠵᠢᠷᠭᠤᠭ᠎ᠠ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ | ᠪᠣᠭᠤᠮᠲᠠ ᠶᠢᠨ ᠬᠢᠵᠢᠭ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠪᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶ᠎ᠠ ᠵᠠᠰᠠᠭ ᠤᠨ ᠣᠷᠳᠣᠨ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠨᠳᠥᠷ ᠪᠦᠲᠦᠮᠵᠢᠲᠡᠢ | ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠨᠠᠷᠢᠯᠢᠭ ᠠᠳᠬᠤᠵᠤ᠂ ᠬᠠᠭᠤᠷᠠᠢ ᠵᠠᠮ ᠪᠠ ᠠᠭᠠᠷ ᠤᠨ ᠠᠶᠠᠯᠠᠯ ᠬᠤᠶᠠᠷ ᠵᠠᠮ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠪᠣᠭᠤᠮᠲᠠ ᠶᠢᠨ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠵᠤ ᠰᠡᠷᠭᠡᠶᠢᠯᠡᠬᠦ ᠱᠤᠭᠤᠮ | ᠢ ᠡᠷᠡᠰ ᠪᠠᠲᠤ ᠪᠠᠬᠢᠵᠢᠭᠦᠯᠵᠦ᠂ ︽ᠬᠢᠯᠢ ᠶᠢᠨ ᠭᠠᠳᠠᠨᠠᠬᠢ ᠬᠢᠵᠢᠭ ᠥᠬᠡᠶ ᠣᠷᠣᠨ ᠢ ᠣᠷᠣᠨ ᠪᠦᠰᠡᠵᠢᠭᠦᠯᠬᠦ + ᠠᠮᠢᠳᠤ ᠪᠣᠳᠠᠰ ᠤᠨ ᠠᠶᠤᠯᠭᠦᠢ ᠨᠡᠪᠲᠡᠷᠡᠬᠦ ᠵᠠᠮ + | ᠬᠢᠯᠢ ᠶᠢᠨ ᠪᠣᠭᠤᠮᠲᠠ ᠶᠢ ᠵᠢᠭᠠᠨ ᠲᠣᠭᠲᠠᠭᠠᠵᠤ ᠡᠳ᠋ᠰᠢᠭᠦᠯᠬᠦ︾ ᠬᠠᠭᠤᠷᠠᠶ ᠵᠠᠮ ᠢᠶᠠᠷ ᠬᠢᠯᠢ ᠳᠤ ᠣᠷᠣᠭᠤᠯᠬᠤ ᠠᠮᠢᠲᠠᠨ ᠤᠷᠭᠤᠮᠠᠯ ᠤᠨ ᠪᠥᠬᠦ ᠬᠡᠯᠬᠢᠶᠡᠨ ᠤ ᠬᠢᠵᠢᠭ | ᠪᠠᠶᠢᠴᠠᠭᠠᠵᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠪᠠᠳᠠᠷᠠᠭᠤᠯᠵᠤ᠂ ᠪᠣᠭᠤᠮᠲᠠ ᠶᠢᠨ ᠠᠮᠢᠲᠠᠨ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ | ᠣᠷᠤᠭᠤᠯᠬᠤ ᠪᠠ ᠭᠠᠳᠠᠭᠰᠢ ᠭᠠᠷᠬᠤ ᠶᠢ ᠪᠥᠬᠦ ᠬᠦᠴᠦᠨ ᠢᠶᠠᠷ ᠰᠡᠷᠭᠡᠶᠢᠯᠡᠨ ᠬᠤᠷᠢᠭᠯᠠᠪᠠ᠃ | ᠨᠢᠭᠤᠴᠠ ᠪᠠᠷ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠪᠠ᠃ ᠪᠥᠬᠦ ᠵᠢᠯ ᠳᠤ 24 ᠡᠷᠡᠭᠦᠦ ᠶᠢᠨ ᠬᠡᠷᠡᠭ ᠢ ᠬᠡᠷᠡᠭ | ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠵᠤ᠂ 80 ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ ᠰᠢᠶᠳᠪᠦᠷᠢᠯᠡᠵᠦ᠂ 463.08 ᠲᠦᠮᠡᠨ ᠲᠥᠭᠦᠷᠢᠭ ᠤᠨ ᠭᠠᠶᠢᠯᠢ | ᠠᠴᠠ ᠵᠠᠶᠢᠯᠠᠭᠰᠠᠨ ᠰᠡᠵᠢᠭᠯᠡᠯᠲᠡᠶ ᠪᠠᠶᠢᠨ᠎ᠠ᠃ ᠨᠢᠭᠤᠴᠠ ᠪᠠᠷ ᠠᠷᠠᠯᠵᠢᠶᠠᠯᠠᠭᠰᠠᠨ ᠬᠢᠵᠢᠭᠲᠦ ᠣᠷᠣᠨ ᠤ ᠬᠥᠯᠳᠡᠭᠦᠦ ᠪᠣᠳᠠᠰ ᠤᠨ ᠬᠡᠷᠡᠭ ᠢ 2 ᠤᠳᠠᠭ᠎ᠠ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ︵ᠶᠠᠰᠤᠨ ᠤ ᠬᠠᠶᠠᠭᠳᠠᠮᠠᠯ ᠮᠠᠲ᠋ᠧᠷᠢᠶᠠᠯ︶ ᠤᠨ ᠬᠡᠷᠡᠭ ᠢ 1 ᠤᠳᠠᠭ᠎ᠠ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠳ᠋ ᠪᠠᠷᠠᠭ᠎ᠠ ᠶᠢ | ᠴᠠᠭᠠᠵᠠᠯᠠᠭᠰᠠᠨ ᠬᠡᠷᠡᠭ ᠢ 2 ᠤᠳᠠᠭ᠎ᠠ ᠢᠯᠡᠷᠡᠭᠦᠯᠪᠡ︔ ᠰᠤᠮᠤ ᠳᠠᠷᠢ ᠶᠢ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ 2 ᠤᠳᠠᠭ᠎ᠠ᠂ ᠬᠤᠤᠷᠲᠤ ᠡᠳ᠋ ᠢ ᠭᠤᠪᠢᠭᠤᠯᠵᠤ | ᠬᠢᠯᠢ ᠪᠠᠷ ᠣᠷᠣᠭᠤᠯᠤᠭᠰᠠᠨ ᠬᠡᠷᠡᠭ ᠢ 14 ᠤᠳᠠᠭ᠎ᠠ ᠢᠯᠡᠷᠡᠭᠦᠯᠪᠡ᠃ | 2020 ᠣᠨ ᠤ ᠬᠥᠬᠡᠬᠤᠲᠠ ᠶᠢᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ 2020 ᠣᠨ ᠤ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ | ᠠᠷᠠᠯᠵᠢᠶᠠᠨ ᠤ ᠬᠠᠨᠢᠲᠠᠨ ᠮᠣᠩᠭᠤᠯ᠂ ᠣᠷᠣᠰ ᠤᠨ ᠭᠠᠳᠠᠭᠠᠳᠤ ᠠᠷᠠᠯᠵᠢᠶᠠᠨ ᠤ ᠪᠠᠶᠢᠳᠠᠯ ᠵᠢᠴᠢ 2021 ᠣᠨ ᠳᠤ ᠲᠤᠯᠭᠠᠷᠠᠬᠤ ᠮᠡᠳᠡᠬᠦ ᠪᠠᠶᠢᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ᠵᠢᠶᠤᠤ ᡁᠢ ᠵᠢᠶᠦ᠋ᠨ᠄ ᠮᠠᠨ ᠤ ᠣᠷᠣᠨ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠣᠷᠣᠨ | ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠮᠣᠩᠭᠤᠯ᠂ ᠣᠷᠣᠰ ᠪᠣᠯ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ | ᠤᠯᠤᠰ ᠪᠣᠯᠤᠭᠰᠠᠭᠠᠷ ᠢᠷᠡᠵᠡᠶ᠂ 2020 ᠣᠨ ᠳᠤ ᠬᠢᠵᠢᠭ ᠤᠨ ᠪᠠᠶᠢᠳᠠᠯ ᠪᠣᠯᠤᠨ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ ᠵᠡᠷᠭᠡ ᠬᠦᠴᠦᠨ ᠵᠦᠶᠯ | ᠤᠨ ᠨᠥᠯᠥᠭᠡ ᠠᠴᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠨᠢ 276.5 ᠳ᠋ᠦᠩᠰᠢᠭᠤᠷ | ᠲᠥᠭᠦᠷᠢᠭ ᠲᠤ ᠬᠦᠷᠴᠦ᠂ 21.6% ᠪᠠᠷ ᠪᠠᠭᠤᠷᠠᠪᠠ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠢ 175.5 ᠳ᠋ᠦᠩᠰᠢᠭᠤᠷ ᠲᠥᠭᠦᠷᠢᠭ ᠲᠤ | ᠬᠦᠷᠴᠦ᠂ 5.4% ᠪᠠᠷ ᠪᠠᠭᠤᠷᠠᠪᠠ︔ ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 43.3% | ᠶᠢ ᠡᠵᠡᠯᠡᠪᠡ᠃ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ ᠣᠷᠣᠨ ᠤ ᠮᠣᠩᠭᠤᠯ᠂ ᠣᠷᠣᠰ ᠯᠤᠭ᠎ᠠ ᠶᠢᠨ ᠠᠷᠠᠯᠵᠢᠶᠠᠨ ᠤ ᠭᠤᠤᠯ | ᠬᠦᠴᠦᠨ ᠮᠥᠨ᠂ ᠮᠣᠩᠭᠤᠯ ᠣᠷᠣᠰ ᠯᠤᠭ᠎ᠠ ᠶᠢᠨ ᠠᠷᠠᠯᠵᠢᠶᠠᠨ ᠤ 92% ᠢ ᠡᠵᠡᠯᠡᠵᠦ ᠪᠣᠢ︔ ᠠᠷᠠᠯᠵᠢᠶᠠᠨ ᠤ ᠠᠷᠭ᠎ᠠ ᠮᠠᠶ᠋ᠢᠭ ᠨᠢ ᠬᠢᠯᠢ ᠶᠢᠨ ᠪᠠᠭ᠎ᠠ ᠬᠡᠮᠵᠢᠶᠡᠨ ᠤ | ᠠᠷᠠᠯᠵᠢᠶ᠎ᠠ ᠪᠠ ᠡᠩ ᠤᠨ ᠠᠷᠠᠯᠵᠢᠶ᠎ᠠ ᠪᠠᠷ ᠭᠤᠤᠯᠯᠠᠵᠤ᠂ ᠬᠤᠶᠠᠭᠤᠯᠠ ᠪᠠᠨ 80.3% ᠶᠢ ᠡᠵᠡᠯᠡᠨ᠎ᠡ᠃ ᠭᠠᠳᠠᠭᠠᠳᠤ ᠠᠴᠠ ᠣᠷᠣᠭᠤᠯᠬᠤ ᠲᠠᠸᠠᠷ ᠪᠣᠯ ᠭᠤᠣᠯᠳᠠᠭᠤ | ᠨᠡᠭᠦᠷᠡᠰᠦ᠂ ᠵᠡᠰ ᠤᠨ ᠬᠦᠳᠡᠷ᠂ ᠮᠣᠳᠣᠨ ᠮᠠᠲ᠋ᠧᠷᠢᠶᠠᠯ ᠵᠡᠷᠭᠡ ᠲᠠᠸᠠᠷ ᠪᠣᠯᠤᠨ᠎ᠠ︔ ᠭᠠᠳᠠᠭᠠᠳᠤ ᠳᠤ ᠭᠠᠷᠭᠠᠬᠤ ᠨᠢ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ᠂ | ᠪᠤᠯᠤᠳ ᠮᠠᠲ᠋ᠧᠷᠢᠶᠠᠯ᠂ ᠬᠤᠪᠴᠠᠰᠤ ᠬᠤᠨᠠᠷ ᠵᠡᠷᠭᠡ ᠲᠠᠸᠠᠷ ᠪᠣᠯᠤᠨ᠎ᠠ᠃ | ᠪᠥᠬᠦ ᠪᠥᠮᠪᠥᠷᠴᠡᠭ ᠤᠨ ᠠᠵᠤ ᠠᠬᠤᠶ ᠤᠷᠤᠭᠤᠳᠠᠵᠤ᠂ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ ᠨᠥᠯᠥᠭᠡᠯᠡᠭᠳᠡᠵᠦ᠂ ᠢᠯᠠᠩᠭᠤᠶ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠣᠭᠲᠠᠪᠤᠷᠢ ᠥᠬᠡᠶ ᠴᠢᠨᠠᠷ ᠠᠴᠠ ᠪᠣᠯᠵᠣ᠂ 2021 ᠣᠨ ᠳᠤ ᠮᠠᠨ ᠤ ᠣᠷᠣᠨ ᠤ ᠮᠣᠩᠭᠤᠯ | ᠣᠷᠣᠰ ᠯᠤᠭ᠎ᠠ ᠶᠢᠨ ᠠᠷᠠᠯᠵᠢᠶ᠎ᠠ ᠮᠥᠨ ᠬᠦ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠧᠦ᠋ᠷᠣᠫᠠ | ᠶᠢᠨ ᠡᠭᠡᠯᠵᠢ ᠶᠢᠨ ᠭᠠᠯᠲᠤ ᠲᠡᠷᠭᠡ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ 2021 ᠣᠨ ᠳᠤ ᠮᠠᠨ ᠤ ᠣᠷᠣᠨ ᠤ ᠮᠣᠩᠭᠤᠯ᠂ ᠣᠷᠣᠰ ᠯᠤᠭ᠎ᠠ ᠶᠢᠨ | ᠭᠠᠳᠠᠭᠠᠳᠤ ᠠᠷᠠᠯᠵᠢᠶ᠎ᠠ ᠨᠡᠮᠡᠭᠳᠡᠬᠦ ᠪᠣᠯᠤᠮᠵᠢ ᠲᠠᠢ ᠪᠠᠶᠢᠨ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ | ᠪᠣᠳᠣᠯᠭ᠎ᠠ ᠬᠡᠷᠡᠭᠵᠢᠭᠦᠯᠬᠦ︾ ᠠᠷᠭ᠎ᠠ ᠪᠠᠷ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ ᠶᠢ ᠳᠡᠮᠵᠢᠵᠦ᠂ ᠭᠠᠳᠠᠭᠠᠳᠤ | ᠠᠷᠠᠯᠵᠢᠶᠠᠨ ᠤ ᠬᠥᠭᠵᠢᠯᠲᠡ ᠳᠤ ᠬᠦᠴᠦᠨ ᠨᠡᠮᠡᠷᠢᠯᠡᠭᠰᠡᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ︖ | ᠯᠢᠦ ᠮᠢᠩ ᠴᠢ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠪᠠᠶᠠᠷᠯᠠᠯ᠎ᠠ᠂ ᠡᠨᠡ ᠠᠰᠠᠭᠤᠯᠲᠠ ᠶᠢ ᠪᠢ ᠬᠠᠷᠢᠭᠤᠯᠤᠶ᠎ᠠ᠃ | ᠮᠠᠨ ᠤ ᠣᠷᠣᠨ ᠤ ᠪᠣᠭᠤᠮᠲᠠ ᠨᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠪᠣᠭᠤᠮᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠠᠭᠤᠯᠵᠠᠷ ᠤᠨ ᠬᠦᠶᠰᠦ ᠪᠣᠯᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ | ᠬᠢᠵᠢᠭ ᠤᠨ ᠪᠠᠶᠢᠳᠠᠯ ᠤᠨ ᠨᠥᠯᠥᠭᠡ ᠶᠢ ᠢᠯᠡᠨ ᠳᠠᠪᠠᠵᠤ᠂ ᠡᠭᠦᠷᠭᠡ ᠴᠢᠳᠠᠪᠬᠢ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠤᠨ᠂ ᠪᠣᠭᠤᠮᠲᠠ ᠪᠠᠷ ᠥᠩᠭᠡᠷᠡᠬᠦ ᠠᠵᠢᠯ | ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ | ᠪᠠᠭᠤᠷᠠᠭᠤᠯᠤᠨ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠤᠰ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠦᠨ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠨᠡᠯᠢᠶᠡᠳ ᠰᠠᠶᠢᠨ ᠦᠷ᠎ᠡ ᠪᠦᠲᠦᠮᠵᠢ ᠤᠯᠬᠤ ᠳᠤ ᠬᠦᠴᠦᠨ | ᠨᠡᠮᠡᠷᠢᠯᠡᠪᠡ᠃ ᠡᠭᠦᠨ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠪᠣᠯ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠰᠠᠶ᠋ᠢ ᠶᠢᠨ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠬᠠᠮᠢᠶ᠎ᠠ ᠪᠦᠬᠦᠢ ᠦᠨᠳᠦᠰᠦᠨ ᠪᠠᠶᠢᠳᠠᠯ ᠢ ᠨᠢᠭᠡᠨᠲᠡ ᠲᠠᠨᠢᠯᠴᠠᠭᠤᠯᠪᠠ᠂ ᠡᠭᠦᠨ ᠳᠤ ᠶᠡᠷᠦᠩᠬᠡᠢ ᠪᠣᠭᠤᠮᠲᠠ | ᠪᠣᠯᠤᠨ ᠬᠠᠷᠢᠶ᠎ᠠ ᠪᠣᠭᠤᠮᠲᠠ ᠬᠤᠶᠠᠷ ᠱᠠᠲᠤᠨ ᠤ ᠨᠠᠮ ᠤᠨ ᠬᠤᠷᠢᠶᠠᠨ ᠤ ᠭᠡᠰᠢᠭᠦᠨ ᠤ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ | ᠲᠣᠭᠲᠠᠴᠠ ᠶᠢ ᠪᠣᠳᠠᠲᠠᠢ ᠪᠠᠷ ᠪᠠᠶᠢᠭᠤᠯᠪᠠ︔ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ | ᠶᠢᠨ ᠬᠠᠮᠲᠤ ᠡᠬᠡ ᠲᠠᠩᠰᠠ ᠪᠠᠶᠢᠭᠤᠯᠵᠤ᠂ ᠠᠵᠤ ᠠᠬᠤᠶᠢᠯᠠᠯ ᠤᠨ ᠲᠤᠰᠬᠠᠯ ᠴᠢᠩᠭ᠎ᠠ ᠪᠠᠶᠢᠭ᠎ᠠ ᠡᠮᠵᠡᠭ ᠭᠠᠵᠠᠷ᠂ ᠬᠦᠴᠢᠷ ᠭᠠᠵᠠᠷ᠂ ᠲᠦᠭᠵᠢᠷᠡᠯ ᠲᠠᠢ ᠭᠠᠵᠠᠷ ᠢ | ᠣᠨᠣᠪᠴᠢᠲᠠᠶ ᠡᠷᠢᠵᠦ᠂ ᠨᠢᠳᠤᠨᠤᠨ ᠳᠤ᠂ 112 ᠭᠤᠣᠯᠳᠠᠯᠭ᠎ᠠ ᠲᠠᠢ ᠠᠵᠤ ᠠᠬᠤᠶᠢᠯᠠᠯ ᠢ ︽ᠴᠡᠭ ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠪᠡ᠃ | ᠣᠳᠣᠬᠠᠨ ᠳᠤ ᠲᠣᠰ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢ | ᠲᠣᠭᠲᠠᠪᠤᠷᠢᠵᠢᠭᠤᠯᠬᠤ ᠳᠤ ᠨᠡᠯᠢᠶᠡᠳ ᠰᠠᠶᠢᠨ ᠦᠶᠯᠡᠳᠦᠯ ᠦᠵᠡᠭᠦᠯᠪᠡ᠃ | ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ ᠶᠢ ᠳᠡᠮᠵᠢᠵᠦ᠂ ᠡᠴᠦᠰ ᠤᠨ ᠠᠵᠤ ᠦᠶᠯᠡᠰ ᠤᠨ ᠬᠡᠯᠬᠢᠶ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠬᠤ ᠲᠠᠯ᠎ᠠ ᠪᠠᠷ᠃ ᠠᠵᠤ ᠠᠬᠤᠶᠢᠯᠠᠯ ᠤᠨ ᠦᠶᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠯᠡᠳᠪᠦᠷᠢᠯᠡᠯ | ᠤᠨ ᠪᠠᠶᠢᠳᠠᠯ ᠢ ᠪᠠᠶᠢᠴᠠᠭᠠᠨ ᠰᠤᠳᠤᠯᠵᠤ᠂ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ᠂ ᠪᠠᠷᠠᠭᠠᠨ ᠤ ᠭᠦᠶᠯᠭᠡᠭᠡ ᠶᠢᠨ ᠲᠡᠭᠡᠭᠡᠪᠦᠷᠢ᠂ ᠪᠠᠯᠠ ᠮᠥᠩᠭᠦ ᠶᠢᠨ | ᠡᠷᠭᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠵᠤ ᠠᠬᠤᠶᠢᠯᠠᠯ ᠳᠤ ᠣᠨᠴᠠᠯᠢᠭᠲᠤ ᠬᠢᠨᠠᠯᠲᠠ ᠬᠠᠮᠢᠶᠠᠷᠤᠯᠲᠠ ᠶᠢᠨ ᠲᠥᠰᠦᠯ ᠢ ᠲᠣᠭᠲᠠᠭᠠᠵᠤ | ᠥᠭᠭᠦᠪᠡ᠃ ᠵᠢᠱᠢᠶᠡᠯᠡᠪᠡᠯ ᠪᠤᠭᠤᠲᠤ ᠶᠢᠨ ᠬᠤᠸᠠ ᠳ᠋ᠢᠩ ᠵᠡᠰ ᠤᠨ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠭᠠᠳᠠᠭᠠᠳᠤ ᠠᠴᠠ ᠣᠷᠣᠭᠤᠯᠤᠭᠰᠠᠨ | ᠵᠡᠰ ᠤᠨ ᠨᠠᠷᠢᠯᠢᠭ ᠬᠦᠳᠡᠷ ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠭᠰᠠᠨ ᠵᠡᠰ ᠬᠠᠶᠢᠯᠤᠭᠤᠯᠬᠤ ᠠᠵᠤ ᠠᠬᠤᠶᠢᠯᠠᠯ ᠪᠣᠯᠤᠨ᠎ᠠ᠃ ᠬᠢᠵᠢᠭ ᠤᠨ ᠪᠠᠶᠢᠳᠠᠯ ᠭᠠᠷᠤᠭᠰᠠᠨ | ᠤ ᠳᠠᠷᠠᠭ᠎ᠠ᠂ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ ᠬᠦᠴᠢᠷᠳᠡᠯ ᠲᠤᠯᠭᠠᠷᠠᠵᠤ᠂ ᠦᠶᠯᠡᠳᠪᠦᠷᠢᠯᠡᠬᠦ ᠪᠠᠨ ᠵᠣᠭᠰᠣᠪᠠᠯ᠂ | ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠪᠡᠯᠡ ᠮᠥᠩᠭᠦ ᠶᠢ ᠡᠷᠭᠢᠯᠳᠦᠭᠦᠯᠬᠦ᠂ ᠡᠴᠦᠰ ᠤᠨ ᠪᠣᠷᠣᠯᠠᠭᠤᠯᠭ᠎ᠠ ᠵᠡᠷᠭᠡ ᠡᠯ᠎ᠡ ᠲᠠᠯ᠎ᠠ ᠳᠤ ᠮᠠᠰᠢ ᠶᠡᠭᠡ ᠬᠤᠬᠢᠷᠠᠯ ᠭᠠᠷᠴᠤ᠂ | ᠦᠶᠯᠡᠳᠪᠦᠷᠢᠯᠡᠬᠦ ᠪᠠᠨ ᠵᠣᠭᠰᠣᠪᠠᠯ ᠨᠢᠭᠡ ᠤᠳᠠᠭ᠎ᠠ ᠳᠤ ᠭᠤᠷᠪᠠ ᠳᠥᠷᠪᠡᠨ ᠵᠠᠭᠤᠨ ᠲᠦᠮᠡᠨ ᠲᠥᠭᠦᠷᠢᠭ ᠤᠨ ᠬᠤᠬᠢᠷᠠᠯ ᠭᠠᠷᠬᠤ ᠪᠣᠯᠤᠨ᠎ᠠ᠃ ᠠᠵᠤ ᠠᠬᠤᠶᠢᠯᠠᠯ ᠤᠨ | ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ ᠪᠤᠭᠤᠲᠤ ᠶᠢᠨ ᠪᠣᠭᠤᠮᠲᠠ ᠳᠤ ᠪᠠᠶᠢᠴᠠᠭᠠᠨ ᠰᠢᠯᠭᠠᠬᠤ ᠭᠠᠪᠰᠢᠭᠠᠶ ᠠᠩᠭᠢ | ᠪᠠᠶᠢᠭᠤᠯᠵᠤ᠂ ︽ᠴᠠᠭ ᠨᠡᠮᠡᠵᠦ ᠠᠵᠢᠯᠯᠠᠬᠤ ᠶᠢ ᠪᠣᠯᠵᠤᠵᠤ ᠪᠠᠷᠢᠨ ᠳᠠᠷᠤᠶ ᠪᠠᠶᠢᠴᠠᠭᠠᠬᠤ︾ ᠲᠦᠷᠢᠮ ᠢ ᠬᠡᠷᠡᠭᠵᠢᠭᠦᠯᠵᠦ᠂ ᠲᠤᠬᠠᠶ ᠶᠢᠨ ᠲᠠᠯᠠᠪᠠᠶ ᠶᠢᠨ ᠲᠣᠭᠤᠰᠣ ᠶᠡᠭᠡ᠂ | ᠱᠤᠤᠭᠢᠶᠠᠨ ᠦᠨᠳᠦᠷ ᠵᠡᠷᠭᠡ ᠨᠠᠷᠢᠨ ᠪᠤᠳᠤᠯᠢᠶᠠᠨᠲᠠᠶ ᠠᠵᠢᠯᠯᠠᠬᠤ ᠣᠷᠴᠢᠨ ᠨᠥᠬᠦᠴᠡᠯ ᠢ ᠢᠯᠡᠨ ᠳᠠᠪᠠᠵᠤ᠂ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ ᠪᠠᠶᠢᠴᠠᠭᠠᠬᠤ᠂ | ᠥᠯᠢᠭᠡᠷ ᠡᠳ᠋ ᠢ ᠴᠠᠭ ᠲᠤᠬᠠᠶ ᠳᠤ ᠨᠢ ᠬᠦᠷᠭᠡᠬᠦ ᠪᠠ ᠪᠠᠶᠢᠴᠠᠭᠠᠬᠤ ᠶᠢ ᠪᠡᠶᠡᠯᠡᠭᠦᠯᠵᠦ᠂ ᠪᠦᠯᠦᠭ ᠪᠦᠷᠢ ᠶᠢᠨ ᠡᠳ᠋ ᠪᠠᠷᠠᠭ᠎ᠠ ᠶᠢ ᠪᠠᠶᠢᠴᠠᠭᠠᠨ ᠰᠢᠯᠭᠠᠬᠤ ᠦᠶᠡᠯᠡᠯ ᠤᠨ | ᠬᠤᠭᠤᠴᠠᠭ᠎ᠠ ᠶᠢ ᠨᠢᠭᠡ ᠭᠠᠷᠠᠭ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠵᠡᠰ ᠤᠨ ᠨᠠᠷᠢᠯᠢᠭ ᠬᠦᠳᠡᠷ ᠤᠨ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ | ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ ᠪᠠᠲᠤᠯᠠᠪᠠ᠃ 2020 ᠣᠨ ᠳᠤ ᠲᠣᠰ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠤᠭᠰᠠᠨ ᠲᠦᠭᠦᠬᠡᠶ | ᠮᠠᠲ᠋ᠧᠷᠢᠶᠠᠯ ᠢ 47.41 ᠲᠦᠮᠡᠨ ᠲᠣᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 37.90% ᠪᠠᠷ ᠨᠡᠮᠡᠭᠳᠡᠪᠡ᠃ | ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠳᠤ ᠬᠦᠴᠦᠨ ᠨᠡᠮᠡᠷᠢᠯᠡᠬᠦ᠂ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ | ᠲᠠᠯ᠎ᠠ ᠪᠠᠷ᠃ ᠮᠠᠨ ᠤ ᠣᠷᠣᠨ ᠤ ᠪᠤᠭᠤᠮᠲᠠ ᠨᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ | ᠢᠳᠡᠪᠬᠢᠲᠡᠢ ᠴᠢᠩᠭᠠᠳᠬᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠥᠪᠡᠷᠲᠡᠭᠡᠨ | ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠪᠡ᠃ ᠵᠢᠱᠢᠶᠡᠯᠡᠪᠡᠯ᠂ ᠬᠥᠬᠡᠬᠤᠲᠠ ᠪᠣᠭᠤᠮᠲᠠ ᠳᠤ | ᠬᠠᠷᠢᠶᠠᠯᠠᠭᠳᠠᠬᠤ ᠦᠬᠠᠶ ᠪᠣᠭᠤᠮᠲᠠ ᠶᠢᠨ ᠬᠢᠨ ᠨᠠᠮ ᠤᠨ ᠪᠠᠶᠢᠭᠤᠯᠤᠯᠲᠠ ᠶᠢᠨ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠤᠯᠠᠭᠠᠨᠮᠥ᠋ᠴᠢᠷ ᠤᠨ ᠠᠶᠤᠯᠲᠠᠶ | ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠪᠠᠭ᠎ᠠ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠤᠨ | ᠬᠥᠮᠦᠰ ᠨᠢ ᠴᠥᠮ ᠨᠠᠮ ᠤᠨ ᠭᠡᠰᠢᠭᠦᠨ ᠪᠠᠶᠢᠵᠤ᠂ ᠨᠠᠮ ᠤᠨ ᠭᠡᠰᠢᠭᠦᠨ ᠤ ᠬᠤᠰᠢᠭᠤᠴᠢ ᠶᠢᠨ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠴᠠᠭ ᠨᠡᠮᠡᠵᠦ | ᠠᠵᠢᠯᠯᠠᠨ᠂ ᠬᠢᠵᠢᠭ ᠤᠨ ᠪᠠᠶᠢᠳᠠᠯ ᠵᠡᠷᠭᠡ ᠨᠥᠯᠥᠭᠡ ᠶᠢ ᠢᠯᠡᠨ ᠳᠠᠪᠠᠵᠤ᠂ ᠬᠠᠮᠤᠭ ᠲᠡᠷᠢᠭᠦᠨ ᠳᠤ ᠦᠶᠯᠡᠳᠪᠦᠷᠢ ᠳᠤ ᠣᠴᠢᠵᠤ ᠬᠢᠨᠠᠯᠲᠠ ᠬᠠᠮᠢᠶᠠᠷᠤᠯᠲᠠ ᠬᠢᠵᠦ᠂ ᠠᠵᠤ | ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠴᠠᠭ ᠢ ᠠᠷᠪᠢᠯᠠᠵᠤ᠂ ᠥᠪᠥᠷ ᠮᠣᠩᠭᠤᠯ ᠤᠨ ᠯᠠᠨ ᠲᠠᠢ ᠨᠠᠲᠷᠢ ᠶᠢᠨ ᠦᠶᠯᠡᠰ ᠤᠨ ᠬᠢᠵᠠᠭᠠᠷᠲᠤ ᠺᠣᠮᠫᠠᠨᠢ ᠶᠢ ᠵᠢᠯᠣᠭᠤᠳᠤᠨ | ᠬᠠᠪᠰᠤᠷᠴᠤ ᠪᠠᠶᠢᠭᠠᠳ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢ ᠢᠳᠡᠪᠬᠢᠲᠡᠶ ᠠᠷᠭᠠᠴᠠᠭᠠᠵᠤ᠂ ᠡᠵᠡᠩᠨᠡᠯᠲᠡ ᠶᠢᠨ ᠠᠷᠭ᠎ᠠ | ᠪᠣᠳᠣᠯᠭ᠎ᠠ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠲᠣᠰ ᠺᠣᠮᠫᠠᠨᠢ ᠶᠢᠨ ᠲᠡᠮᠦᠷᠯᠢᠭ ᠨᠠᠲᠷᠢ ᠶᠢᠨ ᠭᠠᠳᠠᠭᠠᠳᠤ ᠭᠠᠷᠭᠠᠯᠲᠠ ᠶᠢ ᠪᠥᠬᠦ ᠤᠯᠤᠰ ᠲᠤ ᠲᠡᠷᠢᠭᠦᠯᠡᠭᠦᠯᠵᠦ᠂ | 2020 ᠣᠨ ᠳᠤ 1.35 ᠲᠦᠮᠡᠨ ᠲᠣᠨ ᠭᠠᠳᠠᠭᠠᠳᠤ ᠳᠤ ᠭᠠᠷᠭᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠦᠷᠢᠶᠡᠨ ᠳᠤ ᠬᠤᠳᠠᠯᠳᠤᠭᠠᠨ ᠤ | ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠣᠭᠲᠠᠭᠤᠨ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠦᠷ᠎ᠡ | ᠪᠦᠲᠦᠮᠵᠢ ᠣᠯᠤᠭᠰᠠᠨ ᠪᠣᠶ︖ | ᠰᠦ᠋ ᠴᠢᠩ᠄ ᠡᠨᠡ ᠠᠰᠠᠭᠤᠯᠲᠠ ᠶᠢ ᠪᠢ ᠬᠠᠷᠢᠭᠤᠯᠤᠶ᠎ᠠ᠃ 2020 ᠣᠨ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠳᠤ ᠦᠵᠡᠭᠦᠯᠦᠭᠰᠡᠨ ᠬᠦᠨᠳᠦ ᠨᠣᠴᠢᠲᠠᠶ ᠠᠰᠢᠭ ᠥᠬᠡᠶ ᠨᠥᠯᠥᠭᠡ ᠶᠢᠨ ᠡᠮᠦᠨ᠎ᠡ᠂ | ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠠᠴᠠ ᠭᠠᠷᠳᠠᠵᠤ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠭᠠᠷᠳᠠᠮ ᠢ ᠲᠠᠰᠤᠷᠠᠯᠲᠠ | ᠥᠬᠡᠶ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠵᠤ᠂ ᠭᠤᠤᠯᠳᠠᠯᠭ᠎ᠠ ᠲᠠᠢ ᠲᠠᠸᠠᠷ ᠤᠨ ᠬᠠᠩᠭᠠᠯᠭ᠎ᠠ ᠶᠢᠨ | ᠬᠡᠯᠬᠢᠶ᠎ᠡ ᠶᠢ ᠲᠣᠭᠲᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ | ᠶᠢ ᠪᠠᠲᠤᠯᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠪᠠ᠄ | ᠨᠢᠭᠡ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ | ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠪᠠ | ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ᠭᠡᠷᠡᠴᠢ ᠦᠨᠡᠮᠯᠡᠯ ᠢ ᠰᠠᠯᠭᠠᠬᠤ ᠶᠢ ᠪᠦᠷᠢᠨ ᠪᠦᠷᠬᠦᠭᠦᠯᠬᠦ ᠵᠡᠷᠭᠡ ᠬᠤᠳᠠᠯᠳᠤᠭᠠᠨ ᠤ ᠶᠠᠪᠤᠳᠠᠯ ᠤᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢᠨ ᠲᠣᠭᠲᠠᠭᠤᠨ ᠴᠢᠨᠠᠷ ᠤᠨ ᠨᠡᠮᠡᠭᠳᠡᠯ | ᠢ ᠠᠬᠢᠭᠤᠯᠪᠠ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠭᠠᠷᠳᠠᠮ ᠢ ᠰᠢᠯᠢᠳᠡᠭᠵᠢᠭᠦᠯᠵᠦ᠂ ᠬᠢᠷᠢ ᠴᠢᠳᠠᠮᠵᠢ ᠲᠠᠢ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ | ᠶᠢ ᠪᠦᠬᠦᠨ ᠢ ︽ᠢᠨᠲ᠋ᠧᠷ ᠰᠦᠯᠵᠢᠶ᠎ᠡ + ᠪᠣᠭᠤᠮᠲᠠ︾ ᠪᠠᠷ ᠳᠠᠮᠵᠢᠨ ᠰᠦᠯᠵᠢᠶᠡᠨ ᠳᠡᠭᠡᠷ᠎ᠡ ᠭᠦᠢᠴᠡᠳᠬᠡᠵᠦ᠂ ᠲᠤᠭ᠎ᠠ ᠪᠠᠷᠢᠮᠲᠠ ᠶᠢ ᠬᠠᠷᠢᠯᠴᠠᠨ ᠬᠤᠯᠪᠣᠵᠤ | ᠬᠠᠷᠢᠯᠴᠠᠨ ᠨᠡᠪᠲᠡᠷᠡᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠴᠠᠭ ᠬᠤᠭᠤᠴᠠᠭ᠎ᠠ ᠶᠢ ︽ᠰᠧᠺᠦ᠋ᠨ᠋ᠳ᠋ ᠢᠶᠠᠷ ᠭᠦᠢᠴᠡᠳᠬᠡᠬᠦ︾ ᠶᠢ | ᠪᠡᠶᠡᠯᠡᠭᠦᠯᠵᠦ᠂ ᠭᠠᠳᠠᠭᠠᠳᠤ ᠠᠷᠠᠯᠵᠢᠶ᠎ᠠ ᠶᠢᠨ ᠭᠤᠣᠯ ᠴᠣᠭᠴᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠬᠦᠴᠦᠯᠡᠨ ᠠᠬᠢᠭᠤᠯᠪᠠ︔ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠡᠷᠡᠭᠴᠡᠭᠡ ᠲᠠᠢ ᠤᠶᠠᠯᠳᠤᠭᠤᠯᠤᠨ᠂ ᠳᠤᠲᠠᠭᠤᠳᠠᠯ ᠢᠶᠠᠨ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ᠂ ᠭᠠᠷᠳᠠᠮ ᠨᠥᠬᠦᠨ ᠭᠦᠶᠴᠡᠳᠬᠡᠬᠦ ᠵᠡᠷᠭᠡ ᠰᠢᠨ᠎ᠡ | ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠮᠴᠢᠯᠡᠭᠡᠨ ᠤ ᠡᠳ᠋ ᠪᠣᠳᠠᠰ ᠤᠨ ᠠᠵᠤ ᠠᠬᠤᠶᠢᠯᠠᠯ ᠳᠤ ᠪᠦᠬᠦᠯᠢ | ᠡᠳᠦᠷ ᠢᠶᠠᠷ ᠪᠣᠯᠵᠣᠨ ᠳᠠᠩᠰᠠᠯᠠᠭᠤᠯᠬᠤ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠡᠳ᠋ ᠪᠣᠳᠠᠰ ᠤᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠵᠤ᠂ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠪᠠ︔ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠵᠠᠰᠠᠭ | ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠶ ᠪᠣᠯᠭᠠᠵᠤ᠂ ᠪᠣᠭᠤᠮᠲᠠ ᠳᠤ ᠮᠡᠳᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ | ᠠᠵᠢᠯ ᠢ ᠳᠠᠩᠰᠠᠯᠠᠭᠤᠯᠬᠤ ᠴᠤᠪᠤᠷᠠᠯ ᠢᠶᠠᠷ ᠯᠠᠪᠯᠠᠯᠲᠠ ᠪᠣᠯᠭᠠᠨ ᠭᠦᠢᠴᠡᠳᠬᠡᠵᠦ᠂ ᠪᠤᠶ ᠪᠦᠬᠦᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠢ ᠴᠥᠮ ᠲᠤᠰ ᠡᠳᠦᠷ ᠲᠤ | ᠨᠢ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠨᠡᠶᠢᠲᠡ 360 ᠡᠷᠦᠬᠡ ᠳᠤ ᠬᠦᠷᠴᠦ᠂ ᠤᠯᠤᠰ ᠤᠨ ᠭᠠᠳᠠᠭᠠᠳᠤ ᠶᠢᠨ ᠠᠯᠪᠠᠨ ᠤ ᠲᠠᠯ᠎ᠠ ᠶᠢᠨ ᠳᠠᠩᠰᠠᠯᠠᠭᠤᠯᠤᠭᠰᠠᠨ ᠴᠢᠨᠠᠷ ᠰᠠᠶᠢᠲᠠᠶ ᠠᠵᠤ ᠠᠬᠤᠶᠢᠯᠠᠯ | 11 ᠳᠤ ᠬᠦᠷᠴᠦ᠂ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠡᠮᠵᠢᠶ᠎ᠡ ᠲᠦᠷᠭᠡᠨ ᠨᠡᠮᠡᠭᠳᠡᠭᠰᠡᠨ ᠨᠢ | ᠪᠣᠭᠤᠮᠲᠠ ᠶᠢᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ ᠭᠠᠳᠠᠭᠠᠳᠤ ᠭᠠᠷᠭᠠᠯᠲᠠ ᠶᠢᠨ ᠪᠠᠶᠢᠳᠠᠯ ᠢ ᠰᠥᠷᠥᠨ ᠨᠡᠮᠡᠭᠳᠡᠬᠦ ᠶᠢ ᠪᠦᠲᠦᠮᠵᠢᠲᠡᠶ | ᠳᠠᠶᠢᠴᠢᠯᠠᠪᠠ᠃ ︵ᠭᠠᠳᠠᠭᠠᠳᠤ ᠳᠤ ᠭᠠᠷᠭᠠᠭᠰᠠᠨ ᠨᠢ 61.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠨᠡᠮᠡᠭᠳᠡᠪᠡ︶᠃ | ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠦᠷᠭᠡᠨ ᠨᠡᠮᠡᠭᠳᠡᠯ ᠢ ᠪᠠᠲᠤᠯᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠦᠷᠢᠶᠡᠨ ᠳᠤ | ᠪᠠᠰᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ | ᠳᠠᠩᠰᠠᠯᠠᠭᠤᠯᠵᠤ ᠵᠢᠷᠤᠮᠵᠢᠭᠤᠯᠬᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 300 ᠦᠬᠦᠰᠢᠷᠡᠮᠡᠯ ᠠᠵᠤ ᠠᠬᠤᠶᠢᠯᠠᠯ ᠢ | ᠴᠡᠪᠡᠷᠯᠡᠵᠦ᠂ 200 ᠭᠠᠷᠤᠶ ᠠᠵᠤ ᠠᠬᠤᠶᠢᠯᠠᠯ ᠢ ᠵᠢᠷᠤᠮᠵᠢᠭᠤᠯᠤᠨ ᠰᠠᠶᠢᠵᠢᠷᠠᠭᠤᠯᠵᠤ᠂ 16 ᠠᠵᠤ ᠠᠬᠤᠶᠢᠯᠠᠯ ᠤᠨ ᠢᠲᠡᠭᠡᠮᠵᠢ ᠠᠯᠳᠠᠭᠰᠠᠨ ᠪᠠᠶᠢᠳᠠᠯ ᠳᠤ | ᠲᠣᠬᠢᠷᠠᠭᠤᠯᠤᠯᠲᠠ ᠬᠢᠵᠦ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃ | ᠬᠤᠶᠠᠷ᠂ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ | ᠠᠷᠠᠯᠵᠢᠶᠠᠨ ᠤ ᠬᠥᠲᠥᠴᠢ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠳᠠᠭᠠᠳᠤ ᠠᠷᠠᠯᠵᠢᠶᠠᠨ | ᠤ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠨᠢᠭᠦᠯᠵᠦ᠂ 300 ᠭᠠᠷᠤᠶ ᠠᠵᠤ ᠠᠬᠤᠶᠢᠯᠠᠯ ᠢ ᠬᠠᠮᠤᠷᠪᠠ︔ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠤᠰᠬᠠᠶ ᠰᠡᠳᠦᠪᠲᠦ ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠢᠳᠡᠪᠬᠢᠲᠡᠶ | ᠠᠬᠢᠭᠤᠯᠵᠤ᠂ ᠬᠥᠬᠡᠬᠤᠲᠠ᠂ ᠣᠷᠳᠣᠰ 2 ᠶᠡᠷᠦᠩᠬᠡᠶᠢᠯᠡᠭᠰᠡᠨ ᠳᠠᠭᠠᠳᠬᠠᠯ ᠤᠨ ᠣᠷᠣᠨ ᠤ ᠳᠠᠩᠰᠠᠯᠠᠭᠤᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ | ᠨᠢᠭᠡᠨᠲᠡ 58 ᠪᠣᠯᠵᠣ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ᠂ ᠥᠷᠲᠡᠭ ᠶᠡᠭᠡ ᠪᠠᠷ ᠨᠡᠮᠡᠭᠳᠡᠪᠡ︔ ᠠᠵᠤ ᠠᠬᠤᠶᠢᠯᠠᠯ | ᠤᠨ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ 3 ᠤᠳᠠᠭᠠᠨ ᠤ ᠲᠤᠰᠬᠠᠶ ᠰᠡᠳᠦᠪᠲᠦ ᠲᠥᠷᠥ ᠶᠢᠨ ᠪᠣᠳᠣᠯᠭ᠎ᠠ ᠶᠢᠨ | ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠢᠯ ᠲᠥᠷᠥᠯ ᠤᠨ ᠴᠢᠨᠠᠷᠲᠠᠶ ᠬᠦᠴᠢᠷ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠪᠠ ᠰᠢᠶᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠵᠤ᠂ ᠪᠥᠬᠦ ᠵᠢᠯ ᠳᠤ ᠰᠠᠨᠠᠭᠠᠴᠢᠯᠠᠭ᠎ᠠ | ᠠᠴᠠ ᠪᠠᠨ ᠨᠡᠶᠢᠲᠡᠯᠡᠬᠦ ᠲᠤᠬᠠᠶᠢᠯᠠᠭᠰᠠᠨ ᠠᠵᠢᠯ ᠢ 8 ᠤᠳᠠᠭ᠎ᠠ ᠭᠦᠶᠴᠡᠳᠬᠡᠪᠡ᠃ | ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠪᠠᠶᠢᠭᠤᠯᠬᠤ ᠪᠠᠷ ᠭᠤᠣᠯᠳᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠢᠲᠡᠭᠡᠮᠵᠢ ᠶᠢ | ᠪᠣᠶᠢᠵᠢᠭᠤᠯᠬᠤ ᠶᠢ ᠢᠳᠡᠪᠬᠢᠲᠡᠢ ᠠᠬᠢᠭᠤᠯᠪᠠ᠃ ᠪᠣᠭᠤᠮᠲᠠ ᠶᠢᠨ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ 30 ᠭᠠᠷᠤᠶ ᠤᠯᠤᠰ ᠤᠨ ᠭᠤᠤᠯᠳᠠᠯᠭ᠎ᠠ ᠲᠠᠢ | ᠠᠷᠠᠯᠵᠢᠶᠠᠨ ᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠡᠳ ᠨᠢᠭᠡ ᠪᠠᠷ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠭᠡᠷᠡᠴᠢᠯᠡᠯ | ᠤᠨ ᠠᠵᠤ ᠠᠬᠤᠶᠢᠯᠠᠯ ᠤᠨ ᠪᠠᠷᠢᠮᠵᠢᠶ᠎ᠠ ᠪᠠᠷ ᠬᠠᠷᠭᠤᠭᠤᠯᠤᠨ ᠳᠣᠲᠣᠭᠠᠳᠤ ᠶᠢᠨ ᠬᠠᠮᠢᠶᠠᠷᠤᠯᠲᠠ ᠶᠢ ᠨᠢ ᠲᠡᠭᠦᠯᠳᠡᠷᠵᠢᠭᠦᠯᠵᠦ᠂ 10 ᠠᠵᠤ ᠠᠬᠤᠶᠢᠯᠠᠯ ᠨᠢ ᠭᠡᠷᠡᠴᠢᠯᠡᠯ | ᠤᠨ ᠬᠦᠰᠡᠯ ᠰᠠᠨᠠᠭ᠎ᠠ ᠪᠠᠨ ᠢᠯᠡᠳᠬᠡᠵᠦ᠂ 2020 ᠣᠨ ᠳᠤ 1 AEO ︵︽ᠭᠡᠷᠡᠴᠢᠯᠡᠯ ᠤᠨ ᠡᠵᠡᠩᠨᠡᠭᠴᠢ︾ ᠰᠢᠨ᠎ᠡ ᠪᠠᠷ ᠨᠡᠮᠡᠭᠳᠡᠵᠦ᠂ ᠬᠠᠷᠢᠯᠴᠠᠨ ᠮᠡᠳᠡᠷᠡᠬᠦ | ᠬᠡᠯᠡᠯᠴᠡᠭᠡᠷ ᠲᠣᠭᠲᠠᠭᠰᠠᠨ ᠤ ᠳᠠᠷᠠᠭ᠎ᠠ ᠬᠤᠶᠠᠷ ᠲᠠᠯ᠎ᠠ ᠪᠠᠷ ᠢᠶᠠᠨ ᠴᠥᠮ ᠮᠡᠳᠡᠷᠡᠵᠦ᠂ ᠣᠳᠣᠬᠠᠨ ᠳᠤ ᠳᠤᠮᠳᠠᠳᠤ ᠤᠯᠤᠰ ᠨᠢ ᠨᠢᠭᠡᠨᠲᠡ 42 ᠤᠯᠤᠰ᠂ ᠭᠠᠵᠠᠷ ᠣᠷᠣᠨ | ᠤ ᠪᠣᠭᠤᠮᠲᠠ ᠲᠠᠢ ᠬᠠᠷᠢᠯᠴᠠᠨ ᠮᠡᠳᠡᠷᠡᠬᠦ ᠬᠡᠯᠡᠯᠴᠡᠭᠡᠷ ᠲᠤ ᠭᠠᠷ ᠤᠨ ᠥᠰᠥᠭ ᠵᠢᠷᠤᠪᠠ︶ ᠠᠵᠤ ᠠᠬᠤᠶᠢᠯᠠᠯ᠂ ᠪᠣᠭᠤᠮᠲᠠ ᠶᠢᠨ ᠣᠷᠣᠨ ᠤ 21 AEO ᠠᠵᠤ | ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠶᠢᠨ ᠡᠵᠡᠯᠡᠬᠦ ᠬᠠᠷᠢᠴᠠᠯ ᠨᠢ 40% ᠰᠢᠬᠠᠮ ᠪᠣᠯᠵᠠᠶ︔ AEO ᠶᠢᠨ ᠠᠵᠤ ᠠᠬᠤᠶᠢᠯᠠᠯ ᠤᠨ ᠰᠦᠷᠦᠭᠵᠢᠯ ᠤᠨ | ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠶᠢᠨ ᠬᠠᠮᠲᠤ᠂ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠠᠷᠭ᠎ᠠ | ᠬᠡᠮᠵᠢᠶ᠎ᠡ ᠶᠢᠨ ᠡᠷᠴᠢᠮ ᠢ ᠭᠤᠤᠯᠳᠠᠯᠭ᠎ᠠ ᠲᠠᠢ ᠠᠬᠢᠭᠤᠯᠵᠤ᠂ ︽ᠬᠥᠬᠡᠬᠤᠲᠠ ᠪᠣᠭᠤᠮᠲᠠ ᠠᠴᠠ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ | ᠳᠡᠮᠵᠢᠯᠭᠡ ᠥᠭᠬᠦ ᠳᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ︾ ᠶᠢ ᠲᠣᠭᠲᠠᠭᠠᠵᠤ᠂ ᠭᠤᠤᠯᠳᠠᠯᠭ᠎ᠠ ᠲᠠᠢ ᠲᠡᠳᠬᠦᠬᠦ᠂ ᠤᠷᠢᠳᠠᠪᠠᠷ | ᠪᠣᠭᠤᠮᠲᠠ ᠪᠠᠷ ᠥᠩᠭᠡᠷᠡᠬᠦ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠶᠢᠰᠦᠨ ᠬᠦᠷᠢᠶ᠎ᠡ ᠴᠠᠷᠠᠭ᠎ᠠ ᠶᠢ ᠬᠠᠮᠤᠷᠴᠤ᠂ ᠳᠡᠭᠡᠳᠦ ᠲᠠᠰ ᠤᠨ ᠭᠡᠷᠡᠴᠢᠯᠡᠯ ᠤᠨ ᠠᠵᠤ | ᠠᠬᠤᠶᠢᠯᠠᠯ ᠳᠤ ᠠᠵᠤ ᠠᠬᠤᠶᠢᠯᠠᠯ ᠤᠨ ᠵᠣᠬᠢᠴᠠᠭᠤᠯᠤᠭᠴᠢ ᠲᠣᠬᠢᠷᠠᠭᠤᠯᠵᠤ᠂ ᠪᠥᠬᠦ ᠵᠢᠯ ᠳᠤ ᠢᠯᠢ ᠪᠦᠯᠦᠭᠯᠡᠯ᠂ ᠤᠮᠠᠷᠠᠲᠤ ᠶᠢᠨ ᠮᠠᠰᠢᠨ ᠲᠡᠷᠭᠡᠨ ᠤ ᠺᠣᠮᠫᠠᠨᠢ ᠵᠡᠷᠭᠡ | ᠪᠣᠭᠤᠮᠲᠠ ᠶᠢᠨ ᠳᠣᠲᠣᠷ᠎ᠠ ᠭᠠᠳᠠᠨᠠᠬᠢ ᠳᠡᠭᠡᠳᠦ ᠲᠠᠰ ᠤᠨ ᠭᠡᠷᠡᠴᠢᠯᠡᠯ ᠤᠨ ᠠᠵᠤ ᠠᠬᠤᠶᠢᠯᠠᠯ ᠢ ᠬᠠᠪᠰᠤᠷᠤᠨ ᠪᠣᠭᠤᠮᠲᠠ ᠪᠠᠷ ᠥᠩᠭᠡᠷᠡᠬᠦ ᠳᠤ ᠬᠦᠴᠢᠷᠲᠡᠶ ᠠᠰᠠᠭᠤᠳᠠᠯ ᠢ | 4 ᠤᠳᠠᠭ᠎ᠠ ᠰᠢᠶᠳᠪᠦᠷᠢᠯᠡᠵᠦ᠂ AEO ᠶᠢᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠣᠯᠠᠨ ᠬᠡᠯᠪᠡᠷᠢ ᠪᠠᠷ | ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ ᠲᠣᠭᠲᠠᠭᠤᠨ ᠪᠠᠶᠢᠯᠭᠠᠬᠤ ᠪᠠᠷ ᠳᠠᠮᠵᠢᠭᠤᠯᠤᠨ᠂ | ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠲᠤᠭ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠪᠠ᠃ | ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠶᠯᠡᠴᠢᠯᠡᠭᠡᠨ | ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠠᠬᠢᠭᠤᠯᠬᠤ | ᠠᠭᠤᠷᠬᠠᠶ ᠶᠢᠨ ᠡᠨᠧᠷᠭᠢ ᠶᠢᠨ ᠦᠢᠯᠡᠳᠬᠦᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ ᠠᠷᠠᠯᠵᠢᠶᠠᠨ ᠤ ᠭᠤᠤᠯᠳᠠᠯᠭ᠎ᠠ ᠲᠠᠢ ᠲᠠᠸᠠᠷ ᠪᠣᠯᠤᠨ᠎ᠠ᠂ | ᠬᠢᠵᠢᠭ ᠤᠨ ᠪᠠᠶᠢᠳᠠᠯ ᠤᠨ ᠨᠥᠯᠥᠭᠡ ᠠᠴᠠ ᠡᠬᠢᠨ ᠤ ᠪᠠ ᠡᠴᠦᠰ ᠤᠨ ᠠᠵᠢᠯ ᠡᠬᠢᠯᠡᠬᠦ ᠬᠢᠵᠠᠭᠠᠷᠯᠠᠯ ᠠᠴᠠ ᠪᠣᠯᠵᠣ᠂ ᠭᠠᠳᠠᠭᠠᠳᠤ ᠠᠴᠠ ᠣᠷᠣᠭᠤᠯᠬᠤ ᠬᠡᠮᠵᠢᠶ᠎ᠡ ᠨᠢ | ᠲᠡᠶᠢᠮᠦ ᠰᠠᠶᠢᠨ ᠪᠢᠰᠢ᠃ ᠬᠥᠬᠡᠬᠤᠲᠠ ᠪᠣᠭᠤᠮᠲᠠ ᠨᠢ ᠪᠣᠭᠤᠮᠲᠠ ᠶᠢᠨ ᠣᠷᠣᠨ ᠤ ᠬᠠᠮᠤᠭ ᠤᠨ ᠲᠣᠮᠣ ᠵᠡᠰ ᠤᠨ ᠨᠠᠷᠢᠯᠢᠭ ᠬᠦᠳᠡᠷ ᠢ ᠭᠠᠳᠠᠭᠠᠳᠤ ᠠᠴᠠ ᠣᠷᠣᠭᠤᠯᠬᠤ | ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ ᠠᠴᠠ ᠣᠷᠣᠭᠤᠯᠬᠤ ᠵᠢᠴᠢ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ | ᠬᠦᠴᠢᠷ ᠠᠰᠠᠭᠤᠳᠠᠯ ᠢ ᠣᠶᠢᠯᠠᠭᠠᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠤᠨ᠂ ᠣᠯᠠᠨ ᠤᠯᠤᠰ ᠤᠨ ᠬᠦᠳᠡᠷ ᠤᠨ | ᠭᠠᠶᠢᠯᠢ ᠪᠠᠲᠤᠯᠠᠬᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠴᠤ ᠬᠠᠮᠢᠶᠠᠷᠤᠯᠲᠠ ᠶᠢᠨ | ᠰᠢᠰᠲ᠋ᠧᠮ ᠢ ᠨᠡᠭᠡᠭᠡᠨ ᠬᠥᠭᠵᠢᠭᠦᠯᠬᠦ᠂ ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ | ᠭᠠᠶᠢᠯᠢ ᠪᠠᠲᠤᠯᠠᠬᠤ ᠭᠠᠳᠠᠭᠠᠳᠤ ᠠᠴᠠ ᠣᠷᠣᠭᠤᠯᠬᠤ ᠵᠡᠰ ᠤᠨ ᠨᠠᠷᠢᠯᠢᠭ ᠬᠦᠳᠡᠷ ᠢ ᠬᠢᠨᠠᠨ ᠬᠠᠮᠢᠶᠠᠷᠬᠤ ᠲᠥᠰᠦᠯ ᠢ ᠲᠣᠭᠲᠠᠭᠠᠵᠤ᠂ ᠭᠠᠶᠢᠯᠢ ᠪᠠᠲᠤᠯᠠᠬᠤ | ᠲᠤᠬᠠᠶᠢᠯᠠᠭᠰᠠᠨ ᠠᠵᠢᠯ ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ | ᠪᠣᠭᠤᠮᠲᠠ ᠶᠢᠨ ᠣᠷᠣᠨ ᠤ ᠭᠠᠶᠢᠯᠢ ᠪᠠᠲᠤᠯᠠᠬᠤ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ 76 ᠲᠦᠮᠡᠨ ᠲᠣᠨ ᠰᠢᠬᠠᠮ ᠪᠣᠯᠵᠣ᠂ ᠬᠢᠵᠢᠭ ᠤᠨ | ᠠᠰᠢᠭ ᠥᠬᠡᠶ ᠨᠥᠯᠦᠭᠡᠨ ᠤ ᠪᠠᠶᠢᠳᠠᠯ ᠳᠣᠤᠷ᠎ᠠ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠨᠢᠳᠤᠨᠤᠨ ᠤ ᠬᠢ ᠲᠠᠢ ᠲᠡᠩᠴᠡᠵᠦ᠂ ᠭᠤᠤᠯᠳᠠᠯᠭ᠎ᠠ ᠲᠠᠢ ᠲᠠᠸᠠᠷ | ᠤᠨ ᠭᠠᠳᠠᠭᠠᠳᠤ ᠠᠴᠠ ᠣᠷᠣᠭᠤᠯᠬᠤ ᠬᠦᠷᠢᠶᠡᠨ ᠳᠠᠬᠢ ᠬᠠᠩᠭᠠᠯᠭ᠎ᠠ ᠶᠢᠨ ᠬᠡᠯᠬᠢᠶ᠎ᠡ ᠨᠢ ᠦᠨᠳᠦᠰᠦᠨ ᠳᠤ ᠪᠠᠨ ᠲᠣᠭᠲᠠᠭᠤᠨ ᠪᠠᠶᠢᠪᠠ᠃ | ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠨᠢ ᠣᠷᠣᠰ᠂ ᠮᠣᠩᠭᠤᠯ ᠲᠠᠢ ᠬᠥᠷᠰᠢᠯᠡᠵᠦ᠂ ᠥᠪᠡᠷᠮᠢᠴᠡ ᠳᠠᠪᠠᠭᠤᠯᠢᠭ ᠲᠠᠢ | ᠶᠤᠮ᠂ ᠬᠥᠬᠡᠬᠤᠲᠠ ᠪᠣᠭᠤᠮᠲᠠ ᠶᠢᠨ ᠣᠷᠣᠰ ᠮᠣᠩᠭᠤᠯ ᠳᠠᠬᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠶᠡᠷᠦᠩᠬᠡᠶ ᠪᠠᠶᠢᠳᠠᠯ ᠵᠢᠴᠢ ᠶᠠᠮᠠᠷ ᠶᠠᠮᠠᠷ | ᠬᠠᠨᠳᠤᠯᠭᠠᠲᠤ ᠴᠢᠨᠠᠷᠲᠠᠶ ᠨᠡᠮᠡᠭᠳᠡᠯ ᠢ ᠪᠠᠲᠤᠯᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠭᠰᠠᠨ ᠲᠤᠬᠠᠶ ᠲᠠᠨᠢᠯᠴᠠᠭᠤᠯᠤᠭᠠᠳ | ᠥᠭᠭᠦᠨ᠎ᠡ ᠦᠦ᠂ ᠪᠠᠶᠠᠷᠯᠠᠯ᠎ᠠ︕ | ᠯᠢ ᠾᠧᠩ ᠯᠢᠶᠠᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2020 ᠣᠨ ᠳᠤ ᠮᠠᠨ ᠤ ᠪᠣᠭᠤᠮᠲᠠ ᠨᠡᠶᠢᠲᠡ 70.8 ᠳ᠋ᠦᠩᠰᠢᠭᠤᠷ ᠲᠥᠭᠦᠷᠢᠭ ᠤᠨ | ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠢ ᠬᠢᠨᠠᠨ ᠬᠠᠮᠢᠶᠠᠷᠴᠤ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ ᠣᠷᠣᠰ | ᠮᠣᠩᠭᠤᠯ ᠯᠤᠭ᠎ᠠ ᠶᠢᠨ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ 10.51 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠯᠵᠢᠶᠠᠨ ᠤ ᠶᠡᠷᠦᠩᠬᠡᠶ ᠲᠣᠭᠠᠨ | ᠤ 14.84% ᠶᠢ ᠡᠵᠡᠯᠡᠪᠡ᠂ ᠡᠭᠦᠨ ᠳᠤ ᠣᠷᠣᠰ ᠮᠣᠩᠭᠤᠯ ᠳᠤ ᠭᠠᠷᠭᠠᠭᠰᠠᠨ ᠢᠳᠡᠭᠡᠨ ᠤ ᠵᠦᠶᠯ 2.09 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠳᠠᠯ ᠢ | ᠰᠥᠷᠴᠦ 100.96% ᠪᠠᠷ ᠶᠡᠭᠡ ᠪᠠᠷ ᠨᠡᠮᠡᠭᠳᠡᠵᠦ᠂ ᠭᠤᠤᠯ ᠪᠣᠯᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠶᠡᠷᠦᠩᠬᠡᠶ ᠳᠤ ᠪᠠᠨ ᠲᠣᠭᠲᠠᠭᠤᠨ ᠪᠥᠭᠡᠳ ᠰᠠᠶᠢᠵᠢᠷᠠᠬᠤ ᠪᠠᠶᠢᠳᠠᠯ ᠢᠯᠡᠷᠡᠪᠡ᠂ | ᠵᠢᠱᠢᠶᠡᠯᠡᠪᠡᠯ ᠮᠣᠩᠭᠤᠯ ᠤᠯᠤᠰ ᠤᠨ ᠪᠤᠯᠭᠤᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠢ 3.48 ᠳ᠋ᠦᠩᠰᠢᠭᠤᠷ ᠲᠥᠭᠦᠷᠢᠭ ᠣᠷᠣᠭᠤᠯᠵᠤ᠂ ᠠᠳᠠᠯᠢ | ᠬᠤᠭᠤᠴᠠᠭᠠᠨ ᠤ ᠬᠢ ᠠᠴᠠ 27.01% ᠪᠠᠷ ᠨᠡᠮᠡᠭᠳᠡᠪᠡ᠂ ᠣᠷᠣᠰ ᠲᠤ ᠦᠷ᠎ᠡ ᠶᠢᠨ ᠴᠦᠮ᠎ᠡ ᠶᠢᠨ ᠲᠥᠷᠥᠯ ᠢ 1.17 ᠳ᠋ᠦᠩᠰᠢᠭᠤᠷ ᠲᠥᠭᠦᠷᠢᠭ ᠭᠠᠷᠭᠠᠵᠤ᠂ | ᠠᠳᠠᠯᠢ ᠬᠤᠭᠤᠴᠠᠭᠠᠨ ᠤ ᠬᠢ ᠠᠴᠠ 333.33% ᠪᠠᠷ ᠨᠡᠮᠡᠭᠳᠡᠪᠡ᠂ ᠮᠣᠩᠭᠤᠯ ᠤᠯᠤᠰ ᠳᠤ ᠢᠳᠡᠰᠢᠨ ᠨᠣᠭᠤᠭ᠎ᠠ 0.82 ᠳ᠋ᠦᠩᠰᠢᠭᠤᠷ ᠲᠥᠭᠦᠷᠢᠭ ᠭᠠᠷᠭᠠᠵᠤ᠂ | ᠠᠳᠠᠯᠢ ᠬᠤᠭᠤᠴᠠᠭᠠᠨ ᠤ ᠬᠢ ᠠᠴᠠ 15.49% ᠪᠠᠷ ᠨᠡᠮᠡᠭᠳᠡᠪᠡ᠃ | ᠨᠢᠭᠡ ᠳᠤ᠂ ᠭᠠᠳᠠᠭᠠᠳᠤ ᠠᠴᠠ ᠣᠷᠣᠭᠤᠯᠬᠤ ᠢᠳᠡᠭᠡᠨ ᠤ ᠲᠥᠷᠥᠯ ᠵᠦᠶᠯ ᠢ ᠢᠳᠡᠪᠬᠢᠲᠡᠶ ᠪᠠᠷ ᠥᠷᠭᠡᠳᠬᠡᠪᠡ᠃ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ | ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠶᠢᠯ | ᠤᠨ ᠣᠨᠣᠪᠴᠢᠲᠠᠶ ᠪᠠᠷ ᠰᠢᠶᠳᠪᠦᠷᠢᠯᠡᠵᠦ᠂ ᠵᠢᠭᠠᠨ ᠲᠣᠭᠲᠠᠭᠠᠭᠰᠠᠨ ᠡᠯᠳᠡᠪ ᠠᠮᠤ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠴᠤᠪᠤᠷᠠᠯ ᠢ | ᠰᠢᠯᠢᠳᠡᠭᠵᠢᠭᠦᠯᠦᠨ᠂ 2020 ᠣᠨ ᠳᠤ 6 ᠵᠢᠭᠠᠨ ᠲᠣᠭᠲᠠᠭᠠᠭᠰᠠᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠮᠣᠩᠭᠤᠯ ᠤᠯᠤᠰ ᠤᠨ ᠪᠣᠯᠭᠤᠭᠰᠠᠨ ᠮᠢᠬᠠᠨ | ᠤ ᠲᠥᠷᠥᠯ ᠢ ᠭᠠᠳᠠᠭᠠᠳᠤ ᠠᠴᠠ ᠣᠷᠣᠭᠤᠯᠬᠤ ᠠᠴᠠ ᠭᠠᠳᠠᠨ᠎ᠠ᠂ ᠡᠷᠢᠶᠡᠨ ᠬᠤᠲᠠ ᠶᠢᠨ ᠪᠣᠭᠤᠮᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠳᠡᠮᠵᠢᠨ ᠣᠷᠣᠰ ᠤᠨ | ᠲᠠᠬᠢᠶᠠᠨ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠰᠢᠨ᠎ᠡ ᠪᠠᠷ ᠨᠡᠮᠡᠭᠳᠡᠭᠦᠯᠦᠭᠰᠡᠨ ᠪᠦᠭᠡᠳ ᠮᠣᠩᠭᠤᠯ ᠤᠯᠤᠰ ᠤᠨ ᠪᠣᠭᠤᠳᠠᠶ ᠶᠢᠨ ᠭᠤᠯᠢᠷ᠂ | ᠬᠠᠷ᠎ᠠ ᠪᠣᠭᠤᠳᠠᠶ ᠶᠢᠨ ᠭᠤᠯᠢᠷ ᠢ ᠵᠥᠪᠰᠢᠶᠡᠷᠡᠨ ᠣᠷᠣᠭᠤᠯᠬᠤ ᠶᠢ ᠪᠡᠶᠡᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠲᠥᠷᠥᠯ ᠵᠦᠶᠯ ᠢ ᠤᠯᠠᠮ ᠨᠢᠭᠡ | ᠠᠯᠬᠤᠮ ᠪᠠᠶᠠᠯᠢᠭᠵᠢᠭᠤᠯᠪᠠ᠃ | ᠬᠤᠶᠠᠷ ᠲᠤ᠂ ᠢᠳᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠮᠠᠨ ᠤ ᠣᠷᠣᠨ ᠤ ᠪᠣᠭᠤᠮᠲᠠ ᠶᠢᠨ ᠳᠠᠪᠠᠭᠤᠯᠢᠭ ᠢ | ᠭᠦᠶᠴᠡᠳ ᠪᠠᠳᠠᠷᠠᠭᠤᠯᠵᠤ᠂ ᠮᠣᠩᠭᠤᠯ ᠤᠨ ᠢᠳᠡᠭᠡᠨ ᠤ ᠬᠠᠮᠢᠶ᠎ᠠ ᠪᠥᠬᠦᠶ 4 ᠪᠦᠯᠦᠭ ᠬᠠᠤᠯᠢ ᠴᠠᠭᠠᠵᠠ᠂ 41 ᠵᠦᠶᠯ ᠤᠨ ᠪᠠᠷᠢᠮᠵᠢᠶ᠎ᠠ ᠶᠢ ᠴᠤᠭᠯᠠᠭᠤᠯᠤᠨ | ᠣᠷᠴᠢᠭᠤᠯᠵᠤ᠂ 35 ᠲᠦᠮᠡᠨ ᠥᠰᠥᠭ ᠤᠨ ᠮᠠᠲ᠋ᠧᠷᠢᠶᠠᠯ ᠢ ᠪᠦᠷᠢᠯᠳᠦᠭᠦᠯᠵᠦ᠂ ᠬᠤᠶᠠᠷ ᠲᠠᠯ᠎ᠠ ᠶᠢᠨ ᠪᠠᠷᠢᠮᠵᠢᠶ᠎ᠠ ᠶᠢ ᠬᠠᠷᠢᠴᠠᠭᠤᠯᠤᠨ ᠵᠠᠳᠠᠯᠵᠤ᠂ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠲᠦᠭᠰᠢᠭᠦᠷᠢ ᠠᠴᠠ ᠵᠦᠶ ᠵᠣᠬᠢᠰᠲᠠᠶ | ᠵᠠᠶᠢᠯᠠᠬᠤ ᠶᠢ ᠣᠨᠣᠪᠴᠢᠲᠠᠶ ᠵᠢᠯᠣᠭᠤᠳᠪᠠ᠃ | ᠭᠤᠷᠪᠠ ᠳᠤ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠯᠢ ᠪᠠᠷ ᠣᠷᠣᠭᠤᠯᠬᠤ ᠠᠮᠢᠲᠠᠨ ᠤᠷᠭᠤᠮᠠᠯ ᠤᠨ | ᠢᠷᠡᠯᠲᠡ ᠶᠢᠨ ᠴᠢᠨᠠᠷᠲᠠᠶ ᠢᠳᠡᠭᠡᠨ ᠤ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ᠶᠢ ᠲᠦᠷᠭᠡᠳᠬᠡᠨ ᠭᠦᠶᠴᠡᠳᠬᠡᠵᠦ᠂ 100% ᠪᠠᠷ ᠴᠠᠭᠠᠰᠤ ᠬᠡᠷᠡᠭᠯᠡᠬᠦ ᠥᠬᠡᠶ ᠪᠠᠷ | ᠭᠦᠶᠴᠡᠳᠬᠡᠬᠦ ᠶᠢ ᠬᠡᠷᠡᠭᠵᠢᠭᠦᠯᠵᠦ᠂ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ᠴᠠᠭ ᠢ 1/5 ᠪᠠᠷ ᠪᠣᠭᠤᠨᠢᠰᠬᠠᠪᠠ᠃ ᠢᠳᠡᠭᠡᠨ ᠤ ᠵᠦᠶᠯ ᠲᠠᠷᠢᠶᠠᠯᠠᠩ ᠤᠨ | ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠲᠤᠰᠬᠠᠶ ᠠᠩᠭᠢ ᠶᠢ ᠪᠠᠶᠢᠭᠤᠯᠤᠨ ᠥᠷᠭᠡᠳᠬᠡᠵᠦ᠂ ᠭᠠᠳᠠᠭᠠᠳᠤ ᠳᠤ ᠭᠠᠷᠭᠠᠬᠤ ᠢᠳᠡᠰᠢᠨ ᠨᠣᠭᠤᠭ᠎ᠠ᠂ ᠦᠷ᠎ᠡ ᠶᠢᠨ | ᠴᠥᠮ᠎ᠡ ᠶᠢᠨ ᠲᠥᠷᠥᠯ ᠵᠡᠷᠭᠡ ᠶᠡᠭᠡ ᠬᠡᠮᠵᠢᠶᠡᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳᠤ ︽ᠤᠷᠢᠳᠠᠪᠠᠷ ᠬᠠᠭᠤᠳᠠᠰᠤ ᠲᠣᠰᠬᠤ᠂ ᠤᠷᠢᠳᠠᠪᠠᠷ ᠪᠠᠶᠢᠴᠠᠭᠠᠨ | ᠰᠢᠯᠭᠠᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ ᠭᠡᠷᠡᠴᠢ ᠭᠠᠷᠭᠠᠬᠤ᠂ ᠤᠷᠢᠳᠠᠪᠠᠷ ᠶᠠᠪᠤᠭᠤᠯᠬᠤ︾ ᠶᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠶᠢ | ᠳᠥᠭᠦᠮᠴᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠳᠥᠷᠪᠡ ᠳᠤ᠂ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠢᠳᠡᠪᠬᠢᠲᠡᠶ ᠪᠣᠶᠢᠵᠢᠭᠤᠯᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠵᠢᠭᠠᠨ | ᠲᠣᠭᠲᠠᠭᠠᠭᠰᠠᠨ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠳᠤᠮᠳᠠᠳᠤ ᠪᠠᠷ | ᠨᠡᠪᠲᠡᠷᠡᠬᠦ ᠵᠠᠮ ᠤᠨ ᠳᠠᠪᠠᠭᠤᠯᠢᠭ ᠢ ᠢᠳᠡᠪᠬᠢᠲᠡᠶ ᠪᠣᠶᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠶᠢ ᠭᠦᠨᠵᠡᠭᠡᠶ ᠠᠬᠢᠭᠤᠯᠵᠤ᠂ ᠬᠢᠯᠢ ᠪᠠᠷ | ᠣᠷᠣᠭᠤᠯᠬᠤ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠢ ᠭᠤᠶᠤᠴᠢᠯᠠᠨ ᠮᠡᠳᠡᠭᠦᠯᠬᠦ᠂ ᠪᠠᠶᠢᠴᠠᠭᠠᠨ ᠰᠢᠯᠭᠠᠬᠤ ᠵᠢᠴᠢ ᠲᠠᠯᠪᠢᠵᠤ ᠶᠠᠪᠤᠭᠤᠯᠬᠤ ᠴᠤᠪᠤᠷᠠᠯ ᠢ | ᠰᠢᠯᠢᠳᠡᠭᠵᠢᠭᠦᠯᠵᠦ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠲᠡᠮᠦᠷ ᠵᠠᠮ ᠤᠨ ᠠᠵᠢᠯᠯᠠᠭᠠᠨ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ 2020 | ᠣᠨ ᠳᠤ ᠪᠥᠬᠦ ᠵᠢᠯ ᠳᠤ 10 ᠴᠤᠪᠤᠭ᠎ᠠ᠂ 1.31 ᠲᠦᠮᠡᠨ ᠲᠣᠨ ᠣᠷᠣᠰ ᠤᠨ ᠬᠤᠰᠢᠭᠤ ᠪᠤᠳᠠᠭ᠎ᠠ᠂ ᠶᠠᠮᠠ ᠶᠢᠨ ᠦᠷ᠎ᠡ ᠶᠢ ᠬᠢᠯᠢ ᠪᠠᠷ ᠣᠷᠣᠭᠤᠯᠵᠤ᠂ ᠠᠳᠠᠯᠢ | ᠲᠥᠷᠥᠯ ᠤᠨ ᠦᠶᠯᠡᠳᠬᠦᠨ ᠢ ᠭᠠᠳᠠᠭᠠᠳᠤ ᠠᠴᠠ ᠣᠷᠣᠭᠤᠯᠬᠤ ᠶᠡᠷᠦᠩᠬᠡᠶ ᠬᠡᠮᠵᠢᠶ᠎ᠡ ᠶᠢᠨ 14.64% ᠶᠢ ᠡᠵᠡᠯᠡᠵᠦ᠂ ᠲᠣᠰ ᠬᠦᠷᠢᠶᠡᠨ ᠤ ᠴᠣ ᠰᠢᠨ᠎ᠡ ᠰᠢᠪᠲᠤᠯᠤᠯᠲᠠ | ᠶᠢ ᠪᠡᠶᠡᠯᠡᠭᠦᠯᠪᠡ᠃ |