ᠰᠤᠷᠪᠤᠯᠵᠢᠯᠠᠭᠰᠠᠨ ᠴᠠᠭ᠄ | 2021-01-13 | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨᠭᠡᠰᠢᠭᠦᠨ᠂ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠴᠧᠨ ᠰᠢᠶᠣᠤ ᠪᠧᠶ | ᠰᠤᠷᠪᠤᠯᠵᠢᠯᠠᠭ᠎ᠠ ᠶᠢᠨ ᠲᠣᠪᠴᠢ᠄ | ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠬᠡ ᠭᠤᠣᠯ ᠮᠥᠨ᠂ ᠬᠠᠲᠤᠨ ᠭᠤᠣᠯ ᠢ ᠬᠠᠮᠠᠭᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠪᠠ ᠥᠨᠢᠳᠡ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠠᠤᠭ᠎ᠠ ᠶᠡᠭᠡ ᠪᠤᠳᠤᠯᠭ᠎ᠠ ᠮᠥᠨ᠃ 2019 ᠣᠨ ᠤ 9 ᠳ᠋ᠦ᠋ᠭᠡᠷ ᠰᠠᠷ᠎ᠠ ᠶᠢᠨ | 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ | ᠶᠠᠷᠢᠯᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ 22 ᠤᠨ ᠡᠳᠦᠷ ᠶᠡᠷᠦᠩᠬᠡᠢ | ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ᠂ ᠬᠠᠳᠤᠨ ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ | ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠪᠢᠳᠡᠨ ᠳᠤ ᠬᠦᠰᠡᠯ | ᠱᠠᠭᠠᠷᠳᠠᠯᠭ᠎ᠠ ᠲᠠᠯᠪᠢᠪᠠ᠃ ᠡᠨᠡ ᠵᠢᠯ ᠤᠨ 8 ᠳ᠋ᠤᠭᠠᠷ ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶ᠎ᠠ ᠠᠴᠠ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢᠨ | ᠬᠥᠲᠥᠯᠪᠦᠷᠢ︾ ᠶᠢ ᠬᠢᠨᠠᠨ ᠵᠥᠪᠯᠡᠬᠦ ᠦᠶ᠎ᠡ ᠳᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠲᠤᠨ ᠭᠤᠤᠯ ᠳᠠᠭᠠᠤ ᠶᠢᠨ ᠡᠯ᠎ᠡ ᠮᠤᠵᠢ | ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠠᠶ ᠲᠥᠯᠥᠪᠵᠢᠭᠦᠯᠭᠡ᠂ | ᠬᠡᠷᠡᠭᠵᠢᠭᠦᠯᠬᠦ ᠲᠥᠰᠦᠯ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠲᠣᠭᠲᠠᠭᠠᠬᠤ ᠪᠠ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠤᠭᠤᠴᠠᠭᠠᠨ ᠳᠤ ᠢᠯᠡᠳᠲᠡ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠡᠨᠡ ᠵᠢᠯ ᠤᠨ 12 ᠳ᠋ᠤᠭᠠᠷ ᠰᠠᠷ᠎ᠠ ᠶᠢᠨ | 9 ᠤ ᠡᠳᠦᠷ᠂ ᠳᠡᠳ᠋ ᠶᠡᠷᠦᠩᠬᠡᠶ ᠰᠠᠶᠢᠳ ᠬᠠᠨ ᠵᠧᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ | ᠠᠬᠢᠭᠤᠯᠬᠤ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ 12 | ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠱᠢ ᠲᠠᠢ | ᠹᠧᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠳᠡᠳ᠋ ᠲᠡᠷᠢᠭᠦᠯᠡᠭᠴᠢ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ | ᠪᠠ ᠴᠢᠨᠠᠷᠯᠢᠭ ᠬᠥᠭᠵᠢᠯᠲᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠡᠷ ᠢᠶᠠᠨ ᠲᠥᠯᠥᠪᠵᠢᠭᠦᠯᠵᠦ᠂ ᠥᠪᠡᠷ ᠢᠶᠠᠨ ᠠᠬᠢᠭᠤᠯᠤᠭᠰᠠᠨ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠪᠠᠶᠢᠵᠤ᠂ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠳᠤ ᠤᠷᠢᠳ ᠡᠮᠦᠨ᠎ᠡ ᠪᠠᠶᠢᠭ᠎ᠠ ᠥᠬᠡᠶ ᠴᠢᠬᠤᠯᠠ ᠶᠡᠭᠡ ᠠᠵᠠ | ᠲᠣᠬᠢᠶᠠᠯ ᠢ ᠡᠭᠦᠳᠴᠦ ᠥᠭᠴᠡᠶ᠃ | ᠰᠤᠷᠪᠤᠯᠵᠢᠯᠠᠭᠰᠠᠨ ᠲᠡᠮᠲᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠥᠨᠥᠳᠦᠷ᠂ ᠪᠢᠳᠡ ᠵᠣᠯ ᠢᠶᠠᠷ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠴᠧᠨ ᠰᠢᠶᠤᠤ ᠪᠸᠢ ᠶᠢ ᠤᠷᠢᠵᠤ᠂ ᠮᠠᠨ ᠤ ᠣᠷᠣᠨ ᠤ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠭᠡᠬᠦ ᠭᠤᠤᠯ ᠰᠡᠳᠦᠪ ᠤᠨ ᠲᠤᠬᠠᠶ ᠣᠯᠠᠨ ᠲᠠᠢ | ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠣᠯ᠎ᠠ᠃ ᠴᠧᠨ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕ | ᠴᠧᠨ ᠰᠢᠶᠣᠤ ᠪᠧᠢ᠄ | ᠬᠥᠲᠥᠯᠥᠭᠴᠢ ᠰᠠᠶᠢᠨ ᠦᠦ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠤ ᠰᠤᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠣᠯᠠᠨ ᠲᠠᠢ ᠰᠠᠨᠠᠯ ᠢᠶᠠᠨ ᠰᠣᠯᠢᠯᠴᠠᠬᠤ | ᠪᠣᠯᠤᠭᠰᠠᠨ ᠳᠤ ᠪᠠᠨ ᠮᠠᠰᠢ ᠪᠠᠶᠠᠷᠲᠠᠶ ᠪᠠᠶᠢᠨ᠎ᠠ᠃ | ᠬᠥᠲᠥᠯᠥᠭᠴᠢ᠄ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠤᠨ ᠤᠳᠤᠷᠢᠳᠤᠯᠭ᠎ᠠ ᠳᠣᠤᠷ᠎ᠠ᠂ ᠥᠪᠥᠷ ᠮᠣᠩᠭᠤᠯ ᠬᠠᠲᠤᠨ ᠭᠤᠤᠯ ᠢ ᠵᠠᠰᠠᠵᠤ | ᠬᠠᠮᠠᠭᠠᠯᠠᠬᠤ ᠠᠵᠢᠯ ᠢ ᠶᠡᠭᠡ ᠬᠡᠪᠴᠢᠶ᠎ᠡ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠲᠤᠨ ᠭᠤᠤᠯ ᠢ ᠵᠠᠰᠠᠭᠰᠠᠨ ᠠᠭᠤᠤ ᠶᠡᠭᠡ ᠲᠡᠦᠬᠡᠨ ᠳᠤ ᠭᠡᠷᠡᠯ | ᠰᠠᠴᠤᠷᠠᠩᠭᠤᠢ ᠬᠠᠭᠤᠳᠠᠰᠤ ᠶᠢ ᠪᠢᠴᠢᠭᠯᠡᠪᠡ᠃ ᠲᠣᠰ ᠬᠤᠭᠤᠴᠠᠭᠠᠨ ᠤ ᠪᠤᠯᠤᠩ ᠳᠤ ᠲᠠ ᠤᠷᠢᠳ ᠢᠶᠠᠷ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠣᠯᠤᠭᠰᠠᠨ ᠠᠬᠢᠴᠠ ᠪᠣᠯᠤᠨ ᠲᠤᠯᠭᠠᠷᠠᠵᠤ ᠪᠠᠶᠢᠭ᠎ᠠ ᠠᠰᠠᠭᠤᠳᠠᠯ ᠢ ᠲᠠᠨᠢᠯᠴᠠᠭᠤᠯᠤᠭᠠᠳ | ᠥᠭᠭᠦᠨ᠎ᠡ ᠦᠦ︖365赢多少钱会被限额_国内有真正的365平台吗_365bet博彩官网 | ᠴᠧᠨ ᠰᠢᠶᠣᠤ ᠪᠧᠢ᠄ | ᠮᠠᠨ ᠤ ᠣᠷᠣᠨ ᠬᠠᠲᠤᠨ ᠭᠤᠤᠯ ᠤᠨ ︽几︾ ᠥᠰᠥᠭ ᠤᠨ ᠮᠤᠷᠤᠶᠢᠯᠲᠠ ᠶᠢᠨ ᠳᠡᠭᠡᠳᠦ ᠬᠠᠭᠠᠰ ᠬᠡᠰᠡᠭ ᠲᠤ ᠣᠷᠣᠰᠢᠵᠤ ᠪᠣᠶ᠂ ᠭᠠᠵᠠᠷ ᠵᠦᠶ ᠶᠢᠨ | ᠲᠠᠷᠬᠠᠯᠲᠠ ᠠᠴᠠ ᠦᠵᠡᠪᠡᠯ᠂ ᠬᠠᠲᠤᠨ ᠭᠤᠤᠯ ᠥᠪᠥᠷ ᠮᠣᠩᠭᠤᠯ ᠣᠷᠣᠨ ᠢᠶᠠᠷ 843.5 ᠺᠢᠯᠣᠮᠧᠲᠷ ᠤᠷᠤᠰᠤᠨ ᠥᠩᠭᠡᠷᠡᠵᠦ᠂ ᠰᠠᠪᠠ ᠭᠠᠵᠠᠷ ᠤᠨ ᠲᠠᠯᠠᠪᠠᠶ ᠨᠢ 15. | 2 ᠲᠦᠮᠡᠨ ᠺᠦᠸᠠᠳ᠋ ᠺᠢᠯᠣᠮᠧᠲᠷ ᠪᠣᠢ᠃ ᠠᠮᠢ ᠠᠬᠤᠶ ᠶᠢᠨ ᠴᠢᠳᠠᠮᠵᠢ ᠠᠴᠠ ᠦᠵᠡᠪᠡᠯ᠂ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠲᠤ ᠲᠠᠯ᠎ᠠ ᠨᠤᠲᠤᠭ᠂ | ᠨᠣᠶᠢᠲᠠᠨ ᠭᠠᠵᠠᠷ᠂ ᠭᠤᠤᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ᠂ ᠭᠤᠪᠢ ᠵᠡᠷᠭᠡ ᠣᠯᠠᠨ ᠵᠦᠶᠯ ᠤᠨ ᠪᠠᠶᠢᠭᠠᠯᠢ ᠶᠢᠨ ᠦᠵᠡᠮᠵᠢ ᠶᠢ ᠪᠦᠷᠢᠯᠳᠦᠭᠦᠯᠵᠦ᠂ | ᠬᠠᠲᠤᠨ ᠭᠤᠤᠯ ᠤᠨ ᠰᠠᠪᠠ ᠭᠠᠵᠠᠷ ᠤᠨ ᠴᠢᠬᠤᠯᠠ ᠠᠮᠢ ᠠᠬᠤᠶ ᠶᠢᠨ ᠬᠠᠯᠬᠠᠪᠴᠢ ᠪᠣᠯᠤᠨ᠎ᠠ᠃ ᠬᠥᠭᠵᠢᠯᠲᠡ ᠶᠢᠨ ᠪᠠᠶᠢᠷᠢ ᠰᠠᠭᠤᠷᠢ ᠠᠴᠠ ᠦᠵᠡᠪᠡᠯ᠂ ᠬᠠᠲᠤᠨ | ᠭᠤᠤᠯ ᠤᠨ ᠰᠠᠪᠠ ᠭᠠᠵᠠᠷ ᠨᠢ ᠮᠠᠨ ᠤ ᠣᠷᠣᠨ ᠤ 7 ᠠᠶᠢᠮᠠᠭ ᠬᠤᠲᠠ ᠳᠤ ᠬᠤᠯᠪᠣᠭᠳᠠᠵᠤ᠂ ᠪᠠᠶᠢᠩᠭᠤ ᠰᠠᠭᠤᠭ᠎ᠠ ᠬᠥᠮᠦᠨ ᠠᠮᠠ᠂ ᠠᠵᠤ ᠠᠬᠤᠶ ᠶᠢᠨ ᠶᠡᠷᠦᠩᠬᠡᠶ | ᠬᠡᠮᠵᠢᠶ᠎ᠡ ᠨᠢ ᠲᠣᠰ ᠲᠣᠰ ᠪᠥᠬᠦ ᠣᠷᠣᠨ ᠤ 50 % ᠪᠠ 68 % ᠶᠢ ᠡᠵᠡᠯᠡᠵᠦ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠣᠷᠣᠨ | ᠪᠦᠰᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠠᠴᠠ ᠲᠥᠪ | ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ | ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ᠂ ᠣᠷᠣᠨ ᠪᠦᠰᠡ ᠶᠢᠨ | ᠵᠣᠬᠢᠴᠠᠭᠤᠯᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠢᠳᠡᠪᠬᠢᠲᠡᠶ ᠦᠷ᠎ᠡ ᠪᠦᠲᠦᠮᠵᠢ ᠤᠯᠪᠠ᠃ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠪᠠ᠃ ᠤᠰᠤ ᠬᠦᠷᠦᠰᠦᠨ ᠤ | ᠤᠷᠤᠰᠬᠠᠭᠳᠠᠯ ᠢ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ ᠵᠠᠰᠠᠭᠰᠠᠨ ᠲᠠᠯᠠᠪᠠᠶ ᠨᠢ ᠨᠡᠶᠢᠲᠡ 5.1 ᠲᠦᠮᠡᠨ ᠺᠦᠸᠠᠳ᠋ ᠺᠢᠯᠣᠮᠧᠲᠷ ᠲᠤ ᠬᠦᠷᠴᠦ᠂ 371 | ᠬᠡᠰᠡᠭ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠪᠡ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠪᠣᠯᠤᠨ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢᠨ ︽ᠬᠤᠣᠰ ᠳᠡᠭᠡᠭᠰᠢᠯᠡᠯᠲᠡ︾᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ︽ᠬᠤᠣᠰ | ᠪᠠᠭᠤᠷᠠᠯᠲᠠ︾ ᠶᠢ ᠪᠡᠶᠡᠯᠡᠭᠦᠯᠵᠦ᠂ ᠬᠥᠪᠴᠢ ᠡᠯᠡᠰᠦ ᠶᠢᠨ ᠵᠠᠰᠠᠯᠲᠠ ᠶᠢᠨ ᠵᠠᠭᠪᠤᠷ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠭᠡᠷᠡᠭᠦᠯᠦᠯᠲᠡ ᠶᠢ | ᠣᠯᠵᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠨᠤᠷᠮ᠎ᠠ 70% ᠳᠤ ᠬᠦᠷᠴᠦ᠂ ᠶᠡᠷᠦᠩᠬᠡᠢ ᠱᠦᠵᠢ ᠶᠢᠨ ᠭᠦᠢᠴᠡᠳ ᠨᠤᠲᠠᠯᠠᠯᠲᠠ ᠶᠢ ᠤᠯᠪᠠ᠃ | ᠪᠣᠬᠢᠷᠲᠤᠯ ᠢ ᠵᠠᠰᠠᠬᠤ ᠲᠠᠯ᠎ᠠ ᠪᠠᠷ᠂ ᠤᠰᠤ᠂ ᠠᠭᠠᠷ ᠮᠠᠨᠳᠠᠯ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠳᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ᠃ 2020 ᠣᠨ ᠤ | ᠲᠦᠷᠦᠭᠦᠦ 3 ᠤᠯᠠᠷᠢᠯ ᠳᠤ᠂ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠤᠯᠤᠰ ᠪᠠ ᠣᠷᠣᠨ ᠠᠴᠠ ᠡᠵᠡᠮᠳᠡᠵᠦ ᠪᠠᠶᠢᠭ᠎ᠠ ᠭᠠᠵᠠᠷ ᠤᠨ ᠭᠠᠳᠠᠷᠭᠤ ᠶᠢᠨ | ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ 33 ᠭᠤᠤᠯ ᠮᠥᠷᠡᠨ ᠤ ᠣᠭᠲᠣᠯᠤᠭᠠᠰᠤ᠂Ⅰ~Ⅲ ᠲᠥᠷᠥᠯ ᠤᠨ ᠤᠰᠤᠨ ᠤ ᠴᠢᠨᠠᠷ ᠤᠨ ᠣᠭᠲᠣᠯᠤᠭᠠᠰᠤ ᠨᠢ | ᠠᠳᠠᠯᠢ ᠬᠤᠭᠤᠴᠠᠭᠠᠨ ᠤ ᠬᠢ ᠠᠴᠠ 3.6 ᠵᠠᠭᠤᠨ ᠤ ᠴᠡᠭ ᠳᠡᠭᠡᠭᠰᠢᠯᠡᠵᠦ᠂ 9 ᠣᠭᠲᠣᠯᠤᠭᠠᠰᠤ ᠶᠢᠨ ᠤᠰᠤᠨ ᠤ ᠴᠢᠨᠠᠷ ᠰᠠᠶᠢᠵᠢᠷᠠᠯᠲᠠ ᠲᠠᠢ ᠪᠣᠯᠪᠠ᠃ ᠦᠶᠡᠷ ᠢ | ᠰᠡᠷᠭᠡᠶᠢᠯᠡᠵᠦ ᠨᠦᠯᠦᠮᠡᠯ ᠢ ᠪᠠᠭᠠᠰᠬᠠᠬᠤ ᠲᠠᠯ᠎ᠠ ᠪᠠᠷ᠂ ᠦᠶᠡᠷ ᠢ ᠰᠡᠷᠭᠡᠶᠢᠯᠡᠵᠦ ᠨᠦᠯᠦᠮᠡᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠥᠴᠦᠬᠡᠨ ᠴᠦ | ᠰᠤᠯᠠᠷᠠᠭᠤᠯᠤᠯ ᠦᠭᠡᠢ ᠴᠢᠩᠭᠠᠳᠬᠠᠵᠤ᠂ ᠤᠰᠤ ᠡᠯᠡᠰᠦᠨ ᠤ ᠬᠠᠷᠢᠴᠠᠭ᠎ᠠ ᠶᠢ ᠲᠤᠬᠢᠷᠠᠭᠤᠯᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠬᠠᠳᠤᠨ ᠭᠤᠣᠯ ᠤᠨ | ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ᠂ ᠴᠢᠬᠤᠯᠠ ᠰᠠᠯᠪᠤᠷᠢ ᠤᠷᠤᠰᠬᠠᠯ ᠵᠡᠷᠭᠡ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠠᠰᠢᠯᠭ᠎ᠠ ᠳᠠᠯᠠᠩ | ᠪᠠᠶᠢᠭᠤᠯᠤᠭᠰᠠᠨ ᠶᠡᠷᠦᠩᠬᠡᠢ ᠤᠷᠳᠤ ᠨᠡᠶᠢᠲᠡ 2616 ᠺᠢᠯᠣᠮᠧᠲᠷ ᠲᠤ ᠬᠦᠷᠴᠦ᠂ ᠬᠠᠳᠤᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠪᠠ᠃ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠲᠠᠯ᠎ᠠ ᠪᠠᠷ᠂ ᠤᠰᠤᠨ ᠤ ᠡᠬᠢ | ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠬᠤ ᠶᠢ ᠪᠠᠷᠢᠮᠲᠠᠯᠠᠨ᠂ ᠲᠠᠷᠢᠶᠠᠯᠠᠩ᠂ ᠠᠵᠤ ᠦᠢᠯᠡᠳᠪᠦᠷᠢ ᠶᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ | ᠪᠠᠷᠢᠯᠭ᠎ᠠ᠂ ᠬᠠᠮᠢᠶᠠᠷᠤᠯᠲᠠ ᠳᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ 20 ᠣᠷᠣᠨ ᠤ 18 ᠨᠢ | ᠨᠢᠭᠡᠨᠲᠡ ᠮᠠᠯᠲᠠᠵᠤ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠭᠰᠠᠨ ᠪᠥᠭᠡᠳ ᠳ᠋ᠤᠭᠠᠷ ᠢ ᠨᠢ ᠬᠠᠰᠤᠵᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ 365赢多少钱会被限额_国内有真正的365平台吗_365bet博彩官网 | ᠲᠠᠯᠠᠪᠠᠶ 1866 ᠲᠦᠮᠡᠨ ᠮᠥ ᠳᠤ ᠬᠦᠷᠴᠦ᠂ ᠲᠦᠮᠡᠨ ᠮᠥ ᠠᠴᠠ ᠳᠡᠭᠡᠭᠰᠢᠬᠢ ᠤᠰᠤᠯᠠᠯᠲᠠ ᠶᠢᠨ ᠣᠷᠣᠨ 69 ᠪᠣᠶ᠃ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠲᠠᠯ᠎ᠠ ᠪᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠣᠳᠣ ᠦᠶ᠎ᠡ ᠶᠢᠨ ᠠᠵᠤ | ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠣᠷᠣᠨ ᠪᠦᠰᠡ ᠶᠢᠨ ᠴᠢᠨᠠᠷᠲᠠᠶ ᠣᠨᠴᠠᠯᠢᠭᠲᠤ ᠠᠵᠤ | ᠦᠢᠯᠡᠰ ᠤᠨ ᠪᠦᠰᠡ ᠪᠣᠯᠤᠨ ᠠᠵᠤ ᠦᠢᠯᠡᠰ ᠤᠨ ᠰᠥᠷᠥᠭᠵᠢᠯ ᠢ ᠭᠤᠣᠯᠳᠠᠯᠭ᠎ᠠ ᠲᠠᠢ ᠪᠠᠶᠢᠭᠤᠯᠵᠤ᠂ ᠰᠠᠪᠠ ᠭᠠᠵᠠᠷ ᠤᠨ 7 ᠠᠶᠢᠮᠠᠭ ᠬᠤᠲᠠ ᠳᠤ ᠤᠯᠤᠰ ᠤᠨ | ᠲᠠᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ 5 ᠳᠠᠪᠠᠭᠤᠯᠢᠭ ᠣᠷᠣᠨ ᠪᠠᠶᠢᠨ᠎ᠠ᠃ ᠡᠨᠡ ᠵᠢᠯ ᠤᠨ 3 ᠳ᠋ᠤᠭᠠᠷ ᠤᠯᠠᠷᠢᠯ ᠤᠨ ᠡᠴᠦᠰ ᠪᠣᠯᠲᠠᠯ᠎ᠠ᠂ | ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠲᠣᠣᠷ ᠢ ᠨᠢᠭᠡᠲᠦᠭᠦᠯᠵᠦ 2592 ᠲᠦᠮᠡᠨ ᠺᠢᠯᠣᠸᠠᠲ ᠪᠣᠯᠭᠠᠨ᠂ ᠴᠠᠬᠢᠯᠭᠠᠨ ᠭᠠᠷᠭᠠᠭᠰᠠᠨ | ᠬᠡᠮᠵᠢᠶ᠎ᠡ ᠶᠢ 479.6 ᠳ᠋ᠦᠩᠰᠢᠭᠤᠷ ᠺᠢᠯᠣᠸᠠᠲ ᠴᠠᠭ ᠲᠤ ᠬᠦᠷᠦᠭᠦᠯᠦᠨ᠎ᠡ᠃ ᠡᠨᠡ ᠵᠢᠯ ᠤᠨ ᠲᠦᠷᠦᠭᠦᠤ 3 ᠤᠯᠠᠷᠢᠯ ᠳᠤ ᠨᠡᠭᠦᠷᠡᠰᠦ ᠴᠠᠬᠢᠯᠭᠠᠨ ᠤ ᠬᠡᠲᠦ ᠳᠣᠤᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ 230 ᠲᠦᠮᠡᠨ ᠺᠢᠯᠣᠸᠠᠲ ᠲᠤ ᠬᠦᠷᠦᠭᠦᠯᠵᠦ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢ 297 ᠲᠦᠮᠡᠨ | ᠺᠢᠯᠣᠸᠠᠲ ᠲᠤ ᠬᠦᠷᠦᠭᠦᠯᠦᠨ᠎ᠡ᠃ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠲᠠᠯ᠎ᠠ ᠪᠠᠷ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠶᠢᠯᠡᠭᠦᠯᠦᠨ ᠨᠢᠭᠡᠳᠬᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠳᠠ | ᠬᠥᠳᠡᠭᠡ ᠶᠢᠨ ᠠᠭᠤᠰᠤᠯᠴᠠᠯ ᠬᠥᠭᠵᠢᠯᠲᠡ ᠶᠢ ᠠᠬᠢᠭᠤᠯᠵᠠᠢ᠃ ᠬᠠᠲᠤᠨ ᠭᠤᠤᠯ ᠳᠠᠭᠠᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ | ᠬᠡᠮᠵᠢᠶ᠎ᠡ ᠶᠢ ᠤᠤᠯ ᠤᠨ 56 ᠪᠠᠶᠢᠭᠰᠠᠨ ᠠᠴᠠ 49 ᠪᠣᠯᠭᠠᠨ ᠲᠣᠬᠢᠷᠠᠭᠤᠯᠪᠠ᠃ ᠬᠥᠬᠡᠬᠤᠲᠠ ᠪᠤᠭᠤᠲᠤ ᠦᠬᠠᠢ ᠭᠤᠷᠪᠠᠨ ᠬᠤᠲᠠ ᠶᠢᠨ ᠬᠤᠲᠠ ᠪᠠᠯᠭᠠᠰᠤᠵᠢᠯᠲᠠ ᠶᠢᠨ | ᠶᠡᠷᠦᠩᠬᠡᠶ ᠨᠣᠷᠮ᠎ᠠ ᠪᠠᠷᠤᠭ 76% ᠳᠤ ᠬᠦᠷᠴᠦ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠪᠠ᠃ ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠠᠯ᠎ᠠ ᠪᠠᠷ᠂ ᠦᠨᠡᠲᠦ | ᠲᠡᠦᠬᠡ ᠶᠢᠨ ᠥᠪ ᠢ ᠰᠠᠶᠢᠲᠤᠷ ᠰᠠᠬᠢᠨ ᠬᠠᠮᠠᠭᠠᠯᠠᠬᠤ ᠶᠢ ᠪᠠᠷᠢᠮᠲᠠᠯᠠᠨ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ | ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠡᠨᠡ ᠵᠢᠯ ᠤᠨ 3 ᠳ᠋ᠤᠭᠠᠷ ᠤᠯᠠᠷᠢᠯ ᠪᠣᠯᠲᠠᠯ᠎ᠠ᠂ 7 ᠠᠶᠢᠮᠠᠭ ᠬᠤᠲᠠ ᠳᠤ ᠨᠡᠶᠢᠲᠡ ᠤᠯᠤᠰ ᠤᠨ | ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 62᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 24᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ 25᠂ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ 210 ᠶᠢ ᠬᠥᠭᠵᠢᠭᠦᠯᠦᠨ ᠪᠠᠶᠢᠭᠤᠯᠤᠨ᠎ᠠ᠃ ᠡᠨᠡ ᠵᠢᠯ ᠤᠨ ᠲᠦᠷᠦᠭᠦᠤ 3 ᠤᠯᠠᠷᠢᠯ ᠳᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠵᠢᠭᠤᠯᠴᠢᠯᠠᠭᠴᠢᠳ ᠢ 0.49 ᠳ᠋ᠦᠩᠰᠢᠭᠤᠷ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠪᠥᠬᠦ ᠣᠷᠣᠯᠭ᠎ᠠ ᠶᠢ 840 | ᠳ᠋ᠦᠩᠰᠢᠭᠤᠷ ᠲᠥᠭᠦᠷᠢᠭ ᠬᠦᠷᠭᠡᠨ᠎ᠡ᠃ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠬᠠᠳᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ | ᠪᠣᠯᠤᠨ ᠴᠢᠨᠠᠷᠯᠢᠭ ᠬᠥᠭᠵᠢᠯᠲᠡ ᠳᠤ ᠮᠥᠨ ᠴᠥᠭᠡᠨ ᠪᠤᠰᠤ ᠬᠦᠴᠢᠷᠳᠡᠯ ᠪᠣᠯᠤᠨ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠃ ᠠᠮᠢ | ᠠᠬᠤᠶ ᠶᠢᠨ ᠰᠠᠭᠤᠷᠢ ᠮᠥᠨ ᠯᠡ ᠬᠡᠪᠡᠷᠡᠭ᠂ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡᠲᠡᠢ᠂ ᠦᠶᠡᠷ ᠢ ᠰᠡᠷᠭᠡᠶᠢᠯᠡᠵᠦ ᠨᠥᠯᠥᠮᠡᠯ ᠢ ᠪᠠᠭᠠᠰᠬᠠᠬᠤ | ᠪᠠᠶᠢᠳᠠᠯ ᠬᠦᠨᠳᠦ ᠬᠡᠴᠡᠭᠦᠦ᠂ ᠬᠡᠷᠡᠭᠯᠡᠬᠦ ᠤᠰᠤᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠤᠪᠤᠶᠢᠮ᠎ᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ | ᠤᠳᠠᠭᠠᠨ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ | ᠬᠥᠲᠥᠯᠥᠭᠴᠢ᠄ | ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠲᠤᠨ ᠭᠤᠤᠯ ᠵᠢᠴᠢ ᠥᠪᠥᠷ ᠮᠣᠩᠭᠤᠯ ᠳᠤ ᠣᠯᠠᠨ ᠤᠳᠠᠭ᠎ᠠ ᠠᠵᠢᠯ ᠤᠨ ᠪᠠᠶᠢᠴᠠᠭᠠᠯᠲᠠ ᠬᠢᠵᠦ᠂ ᠲᠡᠭᠦᠨ ᠤ ᠪᠠᠶᠢᠭ᠎ᠠ | ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠳᠤ ᠣᠯᠠᠨ ᠤᠳᠠᠭ᠎ᠠ ᠣᠷᠣᠯᠴᠠᠨ᠂ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠭᠦᠭᠰᠡᠨ ᠪᠠᠶᠢᠨ᠎ᠠ᠃ ᠰᠦᠯᠵᠢᠶᠡᠨ ᠤ ᠠᠨᠳᠠ ᠨᠠᠷ ᠠᠩᠬᠠᠷᠴᠤ | ᠪᠠᠶᠢᠭ᠎ᠠ ᠨᠢ᠂ ᠮᠠᠨ ᠤ ᠣᠷᠣᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ | ᠠᠵᠢᠯ ᠬᠢᠭᠰᠡᠨ ᠲᠤᠬᠠᠢ ᠰᠦᠯᠵᠢᠶᠡᠨ ᠤ ᠠᠨᠳᠠ ᠨᠠᠷ ᠮᠠᠰᠢ ᠠᠩᠬᠠᠷᠤᠨ ᠬᠠᠯᠠᠮᠵᠢᠯᠠᠵᠤ ᠪᠠᠶᠢᠨ᠎ᠠ᠂ ᠡᠨᠡ ᠲᠤᠬᠠᠢ ᠲᠠ ᠪᠣᠳᠠᠲᠠᠢ ᠪᠠᠷ ᠶᠠᠷᠢᠭᠠᠳ ᠥᠭᠭᠦᠨ᠎ᠡ ᠦᠦ︖ | ᠴᠧᠨ ᠰᠢᠶᠤᠤ ᠪᠸᠢ᠄ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ | ᠥᠪᠡᠷ ᠢᠶᠠᠨ ᠤᠬᠠᠭᠠᠯᠠᠨ ᠲᠥᠯᠥᠪᠯᠡᠵᠦ᠂ ᠥᠪᠡᠷ ᠢᠶᠠᠨ ᠠᠬᠢᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠣᠯ ᠢ ᠬᠠᠮᠠᠭᠠᠯᠠᠨ ᠬᠥᠭᠵᠢᠭᠦᠯᠬᠦ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ | ︽ᠲᠦᠷᠪᠡᠨ ᠵᠦᠢᠯ ᠤᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠲᠥᠷᠥᠯ ᠤᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠭᠦᠢᠴᠡᠳᠭᠡᠵᠦ᠂ ᠠᠷᠠᠳ ᠲᠦᠮᠡᠨ ᠢᠶᠠᠷ ᠲᠥᠪ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠬᠡᠮᠳᠦᠭ ᠠᠭᠤᠯᠠ ᠨᠣᠮᠢᠨ ᠤᠰᠤ ᠪᠣᠯ | ᠠᠯᠳᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ | ᠵᠠᠰᠠᠯᠲᠠ ᠶᠢ ᠬᠠᠮᠵᠢᠯᠴᠠᠨ ᠠᠬᠢᠭᠤᠯᠵᠤ᠂ ᠴᠢᠨᠠᠷᠯᠢᠭ ᠢᠶᠠᠷ ᠬᠥᠭᠵᠢᠭᠦᠯᠬᠦ ᠥᠨᠳᠥᠷ ᠲᠦᠪᠰᠢᠨ ᠲᠠᠢ ᠬᠠᠮᠠᠭᠠᠯᠠᠯᠲᠠ ᠶᠢ ᠪᠡᠶᠡᠯᠡᠭᠦᠯᠵᠦ᠂ ᠥᠨᠳᠥᠷ ᠲᠦᠪᠰᠢᠨ ᠲᠠᠢ | ᠬᠠᠮᠠᠭᠠᠯᠠᠯᠲᠠ ᠶᠢᠨ ᠶᠠᠪᠤᠴᠠ ᠳᠤ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃ ᠨᠢᠭᠡ ᠳᠤ᠂ ᠴᠠᠭ ᠲᠤᠬᠠᠶ ᠳᠤ ᠨᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠮᠤᠭ ᠤᠨ ᠲᠡᠷᠢᠭᠦᠨ ᠳᠤ ᠪᠠᠶᠢᠩᠭᠤ ᠶᠢᠨ ᠬᠤᠷᠢᠶᠠᠨ ᠤ ᠬᠤᠷᠠᠯ᠂ ᠶᠠᠷᠢᠯᠴᠠᠬᠤ | ᠬᠤᠷᠠᠯ᠂ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ᠂ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠲᠤᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ᠂ ︽ᠡᠮᠦᠨᠡᠬᠢ ᠬᠤᠭᠤᠴᠠᠭᠠᠨ ᠤ ᠠᠵᠢᠯ ᠤᠨ ᠬᠤᠪᠢᠶᠠᠷᠢᠯᠠᠯ ᠤᠨ ᠲᠥᠰᠦᠯ︾ ᠢ ᠲᠣᠭᠲᠠᠭᠠᠵᠤ᠂ ᠲᠢᠩᠬᠢᠮ ᠤᠨ ᠬᠤᠭᠤᠷᠣᠨᠳᠣᠬᠢ | ᠬᠤᠯᠪᠣᠭᠠᠲᠤ ᠬᠤᠷᠠᠯ ᠤᠨ ᠲᠦᠷᠢᠮ ᠢ ᠲᠣᠭᠲᠠᠭᠠᠭᠰᠠᠨ ᠤ ᠬᠠᠮᠲᠤ ︽2020 ᠣᠨ ᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ | ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ | ᠳᠤᠭᠤᠶᠢᠯᠠᠩ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠠᠲᠤᠨ | ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠤᠬᠠᠶ ᠮᠡᠳᠡᠭᠦᠯᠦᠯᠲᠡ ᠶᠢ | ᠰᠣᠨᠣᠰᠣᠭᠰᠠᠨ ᠤ ᠬᠠᠮᠲᠤ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠠᠴᠠ ᠪᠠᠶᠢᠩᠭᠤ ᠶᠢᠨ ᠬᠤᠷᠢᠶᠠᠨ ᠤ ᠬᠤᠷᠠᠯ | ᠬᠤᠷᠠᠯᠳᠤᠭᠤᠯᠤᠨ ︽ᠬᠠᠲᠤᠨ ᠭᠤᠤᠯ ᠳᠠᠭᠠᠤ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ︾ ᠲᠤᠬᠠᠶ ᠲᠤᠰᠬᠠᠶ | ᠰᠡᠳᠦᠪᠲᠦ ᠵᠥᠪᠯᠡᠯᠭᠡᠨ ᠬᠢᠪᠡ᠃ ᠬᠤᠶᠠᠷ ᠲᠤ᠂ ᠰᠡᠳᠬᠢᠮᠵᠢ ᠠᠷᠭ᠎ᠠ ᠬᠡᠮᠵᠢᠶ᠎ᠡ ᠪᠠᠨ ᠲᠣᠳᠣᠷᠬᠠᠶ ᠪᠣᠯᠭᠠᠪᠠ᠃ ᠱᠢ ᠲᠠᠢ ᠹᠧᠩ ᠱᠦᠵᠢ᠂ ᠪᠦ᠋ ᠰᠢᠶᠤᠤ ᠯᠢᠨ | ᠲᠡᠷᠢᠭᠦᠯᠡᠭᠴᠢ ᠬᠠᠳᠤᠨ ᠭᠤᠣᠯ ᠳᠠᠭᠠᠤ ᠣᠷᠣᠨ ᠳᠤ ᠤᠯᠠᠨ ᠤᠳᠠᠭ᠎ᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠳᠤ ᠬᠦᠷᠴᠦ ᠳᠡᠮᠵᠢᠬᠦ ᠴᠢᠬᠤᠯᠠᠲᠠᠢ | ᠵᠦᠢᠯᠡᠰ ᠢ ᠵᠥᠪᠳᠡᠯᠴᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠵᠦᠢᠯᠡᠰ ᠢ ᠤᠯᠤᠰ ᠤᠨ ᠲᠥᠯᠥᠪᠵᠢᠭᠦᠯᠭᠡ ᠶᠢᠨ ᠬᠥᠲᠥᠯᠪᠦᠷᠢ ᠳᠤ ᠣᠷᠣᠭᠤᠯᠬᠤ ᠶᠢ | ᠠᠬᠢᠭᠤᠯᠪᠠ᠃ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠨᠢ ᠪᠥᠬᠦ ᠣᠷᠣᠨ ᠳᠤ ᠬᠠᠮᠤᠭ ᠤᠨ ᠲᠦᠷᠦᠭᠦᠨ ᠳᠤ ᠠᠮᠢ ᠠᠬᠤᠶ ᠶᠢ ᠤᠷᠢᠳ ᠢᠶᠠᠷ | ᠪᠣᠳᠣᠯᠬᠢᠯᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠶ ᠭᠡᠵᠦ ᠳᠤᠷᠠᠳᠤᠨ | ᠭᠠᠷᠭᠠᠪᠠ᠃ ᠭᠤᠷᠪᠠ ᠳᠤ᠂ ᠠᠵᠢᠯ ᠤᠨ ᠬᠠᠮᠲᠤᠷᠠᠭᠰᠠᠨ ᠬᠦᠴᠦᠨ ᠢ ᠨᠢᠭᠲᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠪᠣᠯᠤᠨ ᠠᠶᠢᠮᠠᠭ ᠬᠤᠲᠠ ᠨᠤᠭᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠣᠶ ᠪᠣᠯᠭᠠᠵᠤ᠂ ᠲᠢᠩᠬᠢᠮ ᠤᠨ | ᠬᠤᠭᠤᠷᠣᠨᠳᠣᠬᠢ ᠬᠤᠯᠪᠣᠭᠠᠲᠤ ᠬᠤᠷᠠᠯ ᠤᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠣᠷᠣᠨ ᠪᠦᠰᠡ ᠠᠯᠤᠰᠯᠠᠭᠰᠠᠨ ᠰᠠᠭᠤᠷᠢ ᠪᠡᠯᠡᠳᠬᠡᠮᠵᠢ ᠶᠢ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠬᠤᠯᠪᠣᠭᠠᠯᠠᠨ ᠵᠠᠰᠠᠵᠤ ᠬᠤᠯᠪᠣᠭᠠᠯᠠᠨ ᠡᠵᠡᠮᠳᠡᠬᠦ ᠵᠡᠷᠭᠡ ᠴᠢᠬᠤᠯᠠ ᠶᠡᠭᠡ | ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠤᠰᠬᠠᠶ ᠵᠦᠢᠯ ᠤᠨ | ᠲᠥᠯᠥᠪᠵᠢᠭᠦᠯᠭᠡ ᠶᠢ ᠲᠣᠭᠲᠠᠭᠠᠬᠤ ᠶᠢ ᠠᠬᠢᠭᠤᠯᠵᠤ᠂ ᠭᠤᠤᠯᠳᠠᠯᠭ᠎ᠠ ᠲᠠᠢ ᠡᠭᠦᠷᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠮᠥᠷᠳᠡᠵᠦ | ᠰᠢᠮᠳᠠᠭᠤᠯᠤᠨ ᠭᠦᠢᠴᠡᠳᠭᠡᠬᠦ ᠶᠢ ᠬᠡᠷᠡᠭᠵᠢᠭᠦᠯᠵᠡᠢ᠃ ᠲᠦᠷᠪᠡ ᠳᠤ᠂ ᠭᠤᠣᠯᠳᠠᠯᠭ᠎ᠠ ᠲᠠᠢ ᠠᠵᠢᠯ ᠢ ᠠᠬᠢᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠯᠭ᠎ᠠ | ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠢ ᠶᠢ ᠬᠠᠮᠠᠭᠠᠯᠠᠬᠤ᠂ ᠪᠣᠬᠢᠷᠲᠤᠯ ᠢ ᠰᠡᠷᠭᠡᠶᠢᠯᠡᠨ | ᠵᠠᠰᠠᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠬᠢ ᠪᠠᠶᠠᠯᠢᠭ ᠢ ᠠᠷᠪᠢᠯᠠᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠣᠶᠣᠯ ᠢ ᠤᠯᠠᠮᠵᠢᠯᠠᠬᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠡᠮᠬᠢ ᠵᠢᠷᠤᠮ ᠲᠠᠢ | ᠠᠬᠢᠭᠤᠯᠵᠠᠢ᠃ | ᠬᠥᠲᠥᠯᠥᠭᠴᠢ᠄ | ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠶᠠᠷᠢᠯᠴᠠᠭᠠᠨ ᠤ | ᠬᠤᠷᠠᠯ ᠳᠡᠭᠡᠷ᠎ᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠳᠥᠯᠭᠢᠨ ᠠᠬᠢᠭᠤᠯᠬᠤ ᠨᠢ ᠨᠢᠭᠡ ᠯᠡ | ᠡᠳᠦᠷ ᠲᠤ ᠦᠷ᠎ᠡ ᠪᠦᠲᠦᠮᠵᠢ ᠣᠯᠵᠤ ᠴᠢᠳᠠᠬᠤ ᠪᠢᠰᠢ᠃ ᠠᠯᠤᠰ ᠬᠡᠳᠤ ᠶᠢ ᠲᠥᠯᠥᠪᠵᠢᠭᠦᠯᠬᠦ ᠪᠠᠷ ᠪᠠᠷᠠᠬᠤ ᠦᠭᠡᠢ ᠣᠳᠣᠬᠠᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ | ᠵᠢᠷᠤᠭ ᠲᠥᠰᠦᠪ ᠢ ᠪᠦᠬᠦ ᠲᠠᠯ᠎ᠠ ᠪᠠᠷ ᠲᠤᠭᠤᠰᠢᠲᠠᠢ ᠵᠢᠷᠤᠭᠯᠠᠵᠤ᠂ ᠬᠤᠶᠢᠨ᠎ᠠ ᠬᠤᠶᠢᠨ᠎ᠠ ᠠᠴᠠ ᠨᠢ ᠵᠠᠯᠭᠠᠨ ᠬᠢᠬᠦ ᠬᠡᠷᠡᠭᠲᠡᠢ ᠭᠡᠵᠡᠢ᠃ ᠮᠠᠨ ᠤ ᠣᠷᠣᠨ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠵᠠᠯᠭᠠᠭᠠᠳ ᠬᠢᠬᠦ ᠴᠢᠬᠤᠯᠠᠲᠠᠢ ᠶᠠᠮᠠᠷ ᠶᠠᠮᠠᠷ | ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖ | ᠴᠧᠨ ᠰᠢᠶᠤᠤ ᠪᠸᠢ᠄ | ᠳᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠣᠯᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠲᠥᠪ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠳᠤᠷᠢᠳᠬᠤ | ᠳᠤᠭᠤᠶᠢᠯᠠᠩ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠬᠠᠮᠠᠭᠠᠯᠠᠯᠲᠠ ᠶᠢ ᠬᠥᠨᠳᠦᠳᠬᠡᠵᠦ᠂ | ᠵᠠᠰᠠᠯᠲᠠ ᠶᠢ ᠡᠷᠬᠢᠮᠯᠡᠬᠦ︾ ᠱᠠᠭᠠᠷᠳᠠᠯᠭ᠎ᠠ ᠶᠢ ᠲᠤᠭᠤᠰᠢᠯᠠᠭᠤᠯᠤᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ | ᠶᠡᠭᠡ ᠢᠨᠵᠧᠨᠧᠷᠢᠩ ᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠬᠤ ᠶᠢ | ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠬᠠᠷᠠᠯᠲᠠ ᠡᠭᠦᠷᠭᠡ ᠶᠢ ᠪᠣᠳᠠᠲᠠᠶ ᠪᠠᠷ | ᠨᠠᠷᠢᠯᠢᠭ ᠠᠳᠬᠤᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠬᠥᠮᠦᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠦᠨ᠎ᠡ᠃ ᠬᠤᠶᠠᠷ ᠲᠤ᠂ ᠡᠨᠡ ᠵᠢᠯ ᠤᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠷᠡᠭᠵᠢᠭᠦᠯᠬᠦ ᠲᠥᠰᠦᠯ ᠵᠢᠴᠢ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ᠂ ᠤᠰᠤᠨ ᠤ ᠠᠮᠤᠷ ᠲᠦᠪᠰᠢᠨ ᠤ | ᠪᠠᠲᠤᠯᠠᠭ᠎ᠠ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠵᠤ ᠵᠣᠬᠢᠶᠠᠨ᠎ᠠ᠃ ᠲᠥᠷᠥᠯ ᠵᠦᠢᠯ ᠢ ᠨᠥᠭᠡᠴᠡᠯᠡᠬᠦ ᠪᠠ ᠠᠬᠢᠭᠤᠯᠬᠤ ᠠᠵᠢᠯ ᠢ | ᠰᠠᠶᠢᠲᠤᠷ ᠬᠢᠨ᠎ᠠ᠃ ᠭᠤᠷᠪᠠ ᠳᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ᠎ᠠ᠃ ᠡᠭᠦᠨ ᠳᠤ ᠬᠠᠳᠤᠨ | ᠭᠤᠣᠯ ᠳᠠᠭᠠᠤ ᠠᠮᠢ ᠠᠬᠤᠶ ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢ ᠪᠠᠭᠲᠠᠭᠠᠭᠰᠠᠨ ᠤᠰᠤ᠂ ᠠᠭᠠᠷ ᠮᠠᠨᠳᠠᠯ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ | ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠨ ᠨᠥᠯᠥᠮᠡᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠦᠷᠪᠡ ᠳᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠠᠮᠤᠭ ᠤᠨ ᠬᠠᠲᠠᠭᠤ ᠲᠦᠷᠢᠮ ᠢ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠪᠠᠷ ᠬᠤᠳᠠ ᠶᠢ ᠪᠠᠲᠤᠯᠠᠬᠤ᠂ ᠤᠰᠤ ᠪᠠᠷ ᠭᠠᠵᠠᠷ ᠢ | ᠪᠠᠲᠤᠯᠠᠬᠤ᠂ ᠤᠰᠤ ᠪᠠᠷ ᠬᠥᠮᠦᠨ ᠢ ᠪᠠᠲᠤᠯᠠᠬᠤ᠂ ᠤᠰᠤ ᠪᠠᠷ ᠭᠠᠷᠤᠯᠲᠠ ᠶᠢ ᠪᠠᠲᠤᠯᠠᠬᠤ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠡᠷᠡᠭᠯᠡᠬᠦ᠂ ᠤᠰᠤ | ᠠᠷᠪᠢᠯᠠᠬᠤ ᠪᠠᠷ ᠭᠤᠣᠯᠳᠠᠯᠭ᠎ᠠ ᠪᠣᠯᠭᠠᠬᠤ ᠪᠠ ᠤᠰᠤ ᠶᠢ ᠭᠤᠣᠯ ᠳᠤ ᠪᠤᠴᠠᠭᠠᠬᠤ ᠶᠢ ᠪᠠᠷᠢᠮᠲᠠᠯᠠᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠬᠥᠮᠦᠨ ᠠᠮᠠ᠂ ᠬᠤᠳᠠ ᠪᠠ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠶ ᠲᠥᠯᠥᠪᠵᠢᠭᠦᠯᠦᠨ᠎ᠡ᠃ ᠲᠠᠪᠤ ᠳᠤ᠂ ᠥᠪᠥᠷ | ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ ᠤᠯᠤᠰ ᠤᠨ ᠳᠣᠲᠣᠭᠠᠳᠤ ᠬᠢᠭᠡᠳ ᠣᠯᠠᠨ ᠤᠯᠤᠰ ᠤᠨ | ᠳᠠᠪᠬᠤᠷ ᠣᠷᠴᠢᠯ ᠳᠤᠮᠳᠠᠬᠢ ᠪᠠᠶᠢᠷᠢ ᠰᠠᠭᠤᠷᠢ ᠪᠠ ᠬᠠᠷᠢᠴᠠᠩᠭᠤᠢ ᠳᠠᠪᠠᠭᠤᠯᠢᠭ ᠢ ᠣᠨᠣᠪᠴᠢᠲᠠᠶ ᠡᠷᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ | ᠠᠮᠢ ᠠᠬᠤᠶ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠶᠢᠨ ᠲᠣᠭᠤᠷᠢᠨ ᠳᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠪᠴᠢᠯᠡᠨ | ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ | ᠵᠠᠮ ᠢ ᠲᠦᠷᠭᠡᠪᠴᠢᠯᠡᠨ ᠨᠡᠭᠡᠭᠡᠨ᠎ᠡ᠃ ᠬᠥᠬᠡᠬᠤᠲᠠ ᠪᠤᠭᠤᠲᠤ ᠤᠷᠳᠤᠰ ᠦᠬᠠᠢ ᠶᠢᠨ ᠵᠣᠬᠢᠴᠠᠩᠭᠤᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠠᠳᠤᠨ | ᠭᠤᠣᠯ ᠳᠠᠭᠠᠤ ᠶᠢᠨ ᠪᠤᠰᠤᠳ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠯᠲᠡ | ᠲᠠᠢ ᠭᠦᠨᠵᠡᠭᠡᠢ ᠵᠣᠯᠭᠠᠭᠤᠯᠤᠨ᠎ᠠ᠃ ᠵᠢᠷᠭᠤᠭ᠎ᠠ ᠳᠤ᠂ ᠬᠠᠲᠤᠨ ᠭᠤᠣᠯ ᠤᠨ ᠰᠣᠶᠣᠯ ᠤᠨ ᠰᠢᠰᠲ᠋ᠧᠮ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠲᠤᠨ | ᠭᠤᠣᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠦᠷᠲᠡᠭ ᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠬᠠᠲᠤᠨ ᠭᠤᠣᠯ ᠤᠨ ︽几︾ ᠦᠰᠦᠭ ᠤᠨ ᠮᠣᠷᠣᠶᠢᠯᠲᠠ ᠶᠢᠨ ᠰᠣᠶᠣᠯ ᠤᠨ ᠵᠤᠭᠠᠴᠠᠯ ᠤᠨ ᠪᠦᠰᠡ ᠶᠢ | ᠴᠢᠨᠠᠷᠯᠢᠭ ᠪᠦᠲᠦᠭᠡᠨ ᠪᠠᠶᠢᠭᠤᠯᠤᠨ᠎ᠠ᠃ | ᠬᠥᠲᠥᠯᠥᠭᠴᠢ᠄ | ᠬᠠᠮᠤᠭ ᠰᠡᠭᠦᠯ ᠳᠤ᠂ ᠲᠠ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠨ ᠥᠭᠭᠦᠨ᠎ᠡ ᠦᠦ︖ ᠴᠧᠨ ᠰᠢᠶᠤᠤ ᠪᠸᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠵᠥᠪᠯᠡᠯ ᠠᠴᠠ | ᠲᠦᠷᠦᠭᠦᠯᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠮᠠᠨ ᠤ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠢᠳᠡᠪᠬᠢᠲᠡᠶ ᠠᠬᠢᠭᠤᠯᠵᠠᠢ᠃ ᠡᠭᠦᠳᠡ ᠪᠠᠨ ᠨᠡᠭᠡᠭᠡᠵᠦ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ᠂ ᠪᠢᠴᠢᠭ ᠦᠰᠦᠭ ᠤᠨ | ᠬᠡᠯᠪᠡᠷᠢ᠂ ᠶᠠᠷᠢᠯᠴᠠᠭᠠᠨ ᠤ ᠬᠤᠷᠠᠯ ᠬᠢᠬᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠬᠡᠯᠪᠡᠷᠢ ᠶᠢ ᠬᠡᠷᠡᠭᠵᠢᠭᠦᠯᠵᠦ᠂ ᠬᠠᠳᠤᠨ ᠭᠤᠣᠯ | ᠳᠠᠭᠠᠤ ᠶᠢᠨ ᠠᠶᠢᠮᠠᠭ ᠬᠤᠳᠠ ᠪᠠ ᠭᠤᠣᠯᠳᠠᠯᠭ᠎ᠠ ᠲᠠᠢ ᠲᠢᠩᠬᠢᠮ ᠲᠣᠪᠴᠢᠶ᠎ᠠ ᠳᠤ ᠤᠯᠠᠨ ᠤᠳᠠᠭ᠎ᠠ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠥᠪᠥᠷ | ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ | ᠡᠷᠭᠢᠯᠡᠵᠦ᠂ ᠤᠯᠤᠰ ᠤᠨ ᠲᠠᠰ ᠤᠨ ᠰᠤᠳᠤᠯᠭᠠᠨ ᠤ ᠪᠠᠶᠢᠭᠤᠯᠤᠮᠵᠢ ᠶᠢ ᠤᠷᠢᠵᠤ ᠲᠥᠯᠥᠪᠵᠢᠭᠦᠯᠭᠡ ᠶᠢᠨ ᠰᠤᠳᠤᠯᠭᠠᠨ ᠥᠷᠨᠢᠭᠦᠯᠪᠡ᠃ ᠲᠥᠯᠥᠪᠵᠢᠭᠦᠯᠭᠡ ᠶᠢ | ᠰᠤᠳᠤᠯᠤᠨ ᠨᠠᠶᠢᠷᠠᠭᠤᠯᠬᠤ ᠶᠠᠪᠤᠴᠠ ᠳᠤ᠂ ᠪᠢᠳᠡ ᠢᠮᠠᠭᠲᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ | ᠠᠵᠢᠯᠯᠠᠭᠠᠨ ᠤ ᠵᠦᠭᠯᠡᠭᠦᠷ ᠪᠣᠯᠭᠠᠵᠤ᠂ ᠲᠥᠪ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠬᠠᠯᠬᠠᠪᠴᠢ ᠪᠠ ᠡᠬᠡ | ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠪᠠᠬᠢᠯᠡᠯᠲᠡ ᠶᠢ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠤᠯᠤᠰ ᠤᠨ ᠬᠠᠲᠤᠨ ᠭᠤᠣᠯ ᠤᠨ ᠪᠠᠶᠢᠯᠳᠤᠬᠤ | ᠪᠣᠳᠣᠯᠭ᠎ᠠ ᠶᠢᠨ ᠱᠠᠭᠠᠷᠳᠠᠯᠭ᠎ᠠ ᠪᠠ ᠥᠪᠥᠷ ᠮᠣᠩᠭᠤᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠣᠷᠭᠠᠨᠢᠭ ᠢᠶᠠᠷ ᠤᠶᠠᠯᠳᠤᠭᠤᠯᠬᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠣᠷᠭᠠᠨᠢᠭ ᠢᠶᠠᠷ ᠤᠶᠠᠯᠳᠤᠭᠤᠯᠬᠤ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ | ᠴᠢᠨᠠᠷ ᠢ ᠣᠷᠭᠠᠨᠢᠭ ᠢᠶᠠᠷ ᠤᠶᠠᠯᠳᠤᠭᠤᠯᠬᠤ ᠶᠢ ᠴᠢᠷᠮᠠᠶᠢᠨ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠦᠵᠡᠰᠬᠦᠯᠡᠩᠲᠦ ᠰᠠᠶᠢᠬᠠᠨ ᠬᠠᠳᠤᠨ ᠭᠤᠣᠯ᠂ ᠠᠮᠤᠷ | ᠲᠠᠶᠢᠪᠤᠩ ᠬᠠᠳᠤᠨ ᠭᠤᠣᠯ᠂ ᠠᠮᠢᠵᠢᠷᠠᠯ ᠤᠨ ᠬᠦᠴᠦᠨ ᠲᠠᠢ ᠬᠠᠳᠤᠨ ᠭᠤᠣᠯ᠂ ᠠᠭᠤᠰᠤᠯᠴᠠᠭᠰᠠᠨ ᠬᠠᠳᠤᠨ ᠭᠤᠣᠯ᠂ ᠲᠠᠲᠠᠬᠤ ᠬᠦᠴᠦᠨ ᠪᠦᠬᠦᠢ ᠬᠠᠳᠤᠨ ᠭᠤᠣᠯ᠂ | ᠵᠣᠯ ᠵᠢᠷᠭᠠᠯᠲᠤ ᠬᠠᠳᠤᠨ ᠭᠤᠣᠯ ᠢ ᠪᠦᠳᠦᠭᠡᠨ ᠪᠠᠶᠢᠭᠤᠯᠬᠤ ᠶᠡᠷᠦᠩᠬᠡᠢ ᠰᠡᠳᠬᠢᠴᠡ ᠪᠣᠯᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ ᠪᠢᠳᠠ ᠤᠯᠤᠰ ᠤᠨ | ᠬᠠᠲᠤᠨ ᠭᠤᠣᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠠᠷ ᠬᠠᠷᠢᠴᠠᠭᠤᠯᠤᠯ ᠪᠣᠯᠭᠠᠵᠤ᠂ ᠪᠦᠬᠦ ᠵᠥᠪᠯᠡᠯ ᠤᠨ ᠬᠦᠴᠦᠨ ᠢ ᠲᠥᠪᠯᠡᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠳᠠᠶᠢᠴᠢᠯᠠᠨ᠂ ᠤᠯᠠᠨ | ᠲᠠᠯ᠎ᠠ ᠶᠢᠨ ᠰᠠᠨᠠᠯ ᠢ ᠬᠤᠷᠢᠶᠠᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠡᠨᠡ ᠵᠢᠯ ᠥᠪᠡᠷᠲᠡᠭᠡᠨ ᠵᠠᠰᠠᠬᠤ | ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠬᠢᠨᠠᠭᠤᠯᠵᠤ ᠳᠠᠷᠤᠮᠠᠯᠯᠠᠨ ᠲᠠᠷᠬᠠᠭᠠᠬᠤ ᠪᠠᠷ ᠴᠢᠷᠮᠠᠶᠢᠨ᠎ᠠ᠃ | ᠬᠥᠲᠥᠯᠥᠭᠴᠢ᠄ | ᠵᠠ᠂ ᠰᠠᠶᠢᠨ ᠪᠣᠯᠣᠯ᠎ᠠ᠃ ᠴᠧᠨ ᠲᠣᠪᠴᠢᠶᠠᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠶᠡᠬᠡᠳᠡ ᠲᠠᠯᠠᠷᠬᠠᠵᠤ ᠪᠠᠶᠢᠬᠤ ᠪᠥᠭᠡᠳ ᠥᠷᠭᠡᠨ | ᠣᠯᠠᠨ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠭᠰᠠᠨ ᠳᠤ ᠪᠠᠰᠠ ᠶᠡᠬᠡᠳᠡ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ | ᠥᠨᠳᠥᠷᠯᠡᠬᠦ ᠪᠣᠯᠣᠯ᠎ᠠ᠂ ᠪᠢᠳᠡ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠣᠯᠭᠠᠶ᠎ᠠ︕ | ᠴᠧᠨ ᠰᠢᠶᠤᠤ ᠪᠸᠢ᠄ | ᠲᠠ ᠪᠦᠬᠦᠨ ᠳᠤ ᠪᠠᠶᠠᠷᠯᠠᠯ᠎ᠠ᠃ ᠪᠠᠶᠠᠷᠲᠠᠶ︕ |