ᠦᠪᠦᠷ ᠵᠠᠰᠠᠭ ᠠᠯᠪᠠᠨ ᠲᠠᠷᠬᠠᠭᠠᠨᠨᠰᠠᠨ ﹇2020﹈ 57 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠢᠶᠠᠷ ᠵᠦᠪᠰᠢᠶᠡᠷᠡᠭᠦᠯᠦᠬᠡᠳ | ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠦ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠳᠦᠭᠡᠢ᠃ | 2020 ᠤᠨ ᠤ 12 ᠳ᠋ᠤᠭᠠᠷ ᠰᠠᠷ᠎ᠠ ᠶᠢᠨ 30 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ | ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ | | | ᠨᠢᠬᠡᠳᠦᠬᠡᠷ ᠪᠦᠯᠦᠭ ᠶᠡᠷᠦᠩᠬᠡᠢ ᠲᠦᠷᠢᠮ | ᠨᠢᠬᠡᠳᠦᠬᠡᠷ ᠵᠦᠢᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ 365赢多少钱会被限额_国内有真正的365平台吗_365bet博彩官网 | ᠵᠠᠰᠠᠭ ᠵᠠᠬᠢᠷᠭᠠᠨ ᠤ ᠲᠠᠷᠤᠭ᠎ᠠ ᠶᠢᠨ ᠭᠤᠤᠯ ᠴᠤᠨᠨᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠠᠬᠢᠭᠤᠯᠤᠨ᠂ ᠪᠦᠬᠦ ᠣᠷᠣᠨ ᠤ ᠠᠮᠤ ᠪᠤᠳᠠᠭᠠᠨ ᠤ ᠠᠮᠤᠷ | ᠲᠦᠪᠰᠢᠨ ᠢ ᠦᠨᠡᠨ ᠬᠦ ᠪᠠᠳᠤᠯᠠᠬᠤ ᠶᠢᠨ ᠲᠤᠰᠠᠳᠠ᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠭᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 69 ᠳ᠋ᠣᠬᠡᠷ ᠲᠣᠭᠠᠲᠤ︶᠂ | ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 80 ᠳ᠋ᠤᠭᠠᠷ ᠲᠣᠭᠠᠲᠤ︶ ᠪᠠ | ︽ᠣᠨ ᠤ ᠰᠢᠯᠭᠠᠨ ᠬᠢᠨᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2017﹈ 23 ᠳ᠋ᠤᠭᠠᠷ | ᠲᠣᠭᠠᠲᠤ︶᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ | 144 ᠳ᠋ᠣᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠤᠨ ᠤ ᠰᠢᠯᠭᠠᠨ ᠬᠢᠨᠠᠯᠳᠠ ᠬᠢᠬᠦ ᠳᠤ ᠲᠤᠬᠢᠷᠠᠭᠤᠯᠣᠨ ᠬᠡᠷᠡᠭᠯᠡᠨ᠎ᠡ᠃ ᠠᠶᠢᠮᠠᠭ ᠬᠤᠳᠠ ᠶᠢᠨ ᠲᠠᠷᠤᠭ᠎ᠠ ᠨᠢ ᠲᠤᠰ ᠵᠠᠰᠠᠭ | ᠵᠠᠬᠢᠷᠭᠠᠨ ᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠨᠢᠭᠡᠳᠦᠬᠡᠷ ᠬᠠᠷᠢᠭᠤᠴᠠᠯᠭᠠᠳᠠᠨ ᠪᠤᠯᠤᠨ᠎ᠠ᠃ ᠭᠦᠯᠦᠨ ᠪᠣᠶᠢᠷ ᠬᠤᠳᠠ ᠶᠢᠨ ᠠᠷᠠᠳ ᠤᠨ ᠵᠠᠰᠠᠭ ᠤᠨ | ᠣᠷᠳᠣᠨ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠳᠤ ᠨᠠᠶᠢᠳᠠᠵᠤ ᠲᠤᠰ ᠲᠣᠰ ᠮᠠᠨᠵᠤᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠷᠢᠶᠡᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠮᠤ ᠪᠣᠳᠠᠭᠠᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ | ᠰᠢᠯᠭᠠᠨ ᠬᠢᠨᠠᠯᠳᠠ ᠬᠢᠯᠭᠡᠨ᠎ᠡ᠃ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠨᠢ ᠵᠢᠯ ᠪᠦᠷᠢ ᠶᠢᠨ 1 ᠳ᠋ᠣᠬᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ | 31 ᠤ ᠡᠳᠦᠷ ᠪᠣᠯᠣᠨ᠎ᠠ᠃ | ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠳᠤ ᠰᠢᠨᠵᠢᠯᠡᠬᠦ ᠤᠬᠠᠭᠠᠨᠴᠢ ᠪᠦᠭᠡᠳ ᠰᠢᠰᠲ᠋ᠧᠮ ᠲᠠᠢ᠂ ᠡᠷᠬᠡ ᠲᠡᠭᠰᠢ ᠲᠥᠪ ᠭᠤᠤᠯᠴᠢ᠂ ᠤᠳᠤᠷᠢᠳᠤᠮᠵᠢ ᠶᠢ | ᠴᠢᠩᠭᠠᠷᠠᠭᠤᠯᠬᠤ᠂ ᠭᠤᠣᠯᠳᠠᠯᠭ᠎ᠠ ᠶᠢ ᠳᠣᠪᠤᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ | ᠪᠠᠶᠢᠯᠭᠠᠬᠤ ᠵᠠᠷᠴᠢᠮ ᠢ ᠪᠠᠷᠢᠮᠳᠠᠯᠠᠬᠤ ᠭᠡᠷᠡᠭᠳᠡᠢ᠃ | ᠬᠤᠶᠠᠳᠤᠭᠠᠷ ᠪᠦᠯᠦᠭ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ | ᠲᠦᠷᠪᠡᠳᠦᠬᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠮᠤ ᠪᠤᠳᠠᠭᠠᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ | ᠰᠢᠮᠳᠠᠭᠤᠯᠤᠨ ᠪᠠᠶᠢᠴᠠᠭᠠᠯᠲᠠ ᠬᠢᠵᠣ᠂ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠯᠬᠡᠬᠦ ᠶᠢᠨ ᠬᠠᠮᠲᠤ᠂ ᠣᠨ ᠤ ᠰᠢᠯᠭᠠᠨ ᠬᠢᠨᠠᠯᠲᠠ ᠬᠢᠬᠦ ᠬᠡᠷᠡᠭᠲᠡᠶ᠃ ᠠᠮᠤ | ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ | ᠣᠷᠣᠨ ᠤ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠤᠨ | ᠳᠤᠭᠤᠶᠢᠯᠠᠩ ︵ᠳᠣᠷᠣᠭᠰᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠭᠡᠵᠦ ᠲᠣᠪᠴᠢᠯᠠᠨ᠎ᠠ︶ ᠠᠴᠠ ᠨᠢᠭᠡᠳᠦᠯᠲᠡᠶ ᠤᠳᠤᠷᠢᠳᠴᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠤ ᠪᠤᠳᠠᠭ᠎ᠠ ᠪᠠ | ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠡᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠪᠤᠳᠠᠳᠠᠢ ᠵᠤᠬᠢᠶᠠᠨ | ᠪᠠᠶᠢᠭᠤᠯᠵᠤ ᠭᠡᠷᠡᠭᠵᠢᠬᠦᠯᠬᠦ ᠠᠵᠢᠯ ᠢ ᠬᠠᠷᠢᠭᠤᠴᠠᠨ᠎ᠠ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠳᠤ ᠳᠣᠬᠢᠷᠠᠭᠤᠯᠣᠨ᠂ ᠡᠳᠦᠷ ᠲᠤᠲᠤᠮ ᠤᠨ ᠪᠠᠶᠢᠩᠭᠤ ᠶᠢᠨ ᠰᠢᠯᠭᠠᠨ ᠬᠢᠨᠠᠬᠤ ᠠᠵᠢᠯ ᠢ ᠳᠠᠭᠠᠭᠠᠨ ᠡᠭᠦᠷᠬᠡᠯᠡᠬᠦᠯᠵᠦ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶᠡᠨ ᠤ ᠭᠤᠣᠯ | ᠬᠠᠷᠢᠭᠤᠴᠠᠯᠭᠠᠲᠠᠨ ᠠᠴᠠ ᠡᠭᠦᠷᠬᠡᠯᠡᠬᠦ ᠬᠡᠷᠡᠭᠳᠡᠢ᠃ | ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠨᠢᠭᠡᠴᠢ ᠨᠢ ᠡᠭᠦᠷᠬᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠵᠦ᠂ ᠡᠳᠦᠷ ᠳᠣᠲᠣᠮ ᠤᠨ ᠠᠵᠢᠯ ᠲᠠᠢ ᠪᠠᠨ ᠣᠶᠠᠯᠳᠣᠭᠤᠯᠣᠨ᠂ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ | ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠯᠲᠠ ᠬᠢᠨ᠎ᠡ᠃ | ᠪᠠᠶᠢᠴᠠᠭᠠᠭᠰᠠᠨ ᠦᠷ᠎ᠡ ᠳ᠋ᠦᠩ ᠢ ᠨᠢ ᠤᠨ ᠤ ᠰᠢᠯᠭᠠᠨ ᠬᠢᠨᠠᠬᠤ ᠴᠢᠬᠤᠯᠡ ᠠᠭᠤᠯᠭ᠎ᠠ ᠪᠤᠯᠭᠠᠵᠦ᠂ ᠰᠢᠯᠭᠠᠨ ᠬᠢᠨᠠᠵᠦ ᠬᠤᠪᠢ ᠲᠤᠨᠨᠳᠠᠭᠠᠬᠤ ᠲᠣᠭᠳᠠᠯᠴᠠᠭ᠎ᠠ ᠳᠤ | ᠤᠷᠤᠭᠤᠯᠬᠤ ᠭᠡᠷᠡᠭᠳᠡᠢ᠃ | ᠭᠤᠷᠪᠠᠳᠣᠭᠠᠷ ᠪᠦᠯᠦᠭ ᠰᠢᠯᠭᠠᠨ ᠬᠢᠨᠠᠬᠤ ᠠᠭᠤᠯᠭ᠎ᠠ ᠪᠠ ᠠᠷᠭ᠎ᠠ | ᠵᠢᠷᠭᠤᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠭᠤᠯᠭ᠎ᠠ ᠳᠤ ᠠᠮᠤ ᠪᠤᠳᠠᠭᠠᠨ ᠤ ᠦᠷᠭᠦᠯᠵᠢᠯᠡᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠬᠤ᠂ ᠣᠷᠣᠨ | ᠨᠤᠲᠤᠭ ᠤᠨ ᠠᠮᠤ ᠪᠤᠳᠠᠭ᠎ᠠ ᠨᠥᠭᠡᠴᠡᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠳᠣᠯᠠᠬᠤ᠂ ᠠᠮᠤ ᠪᠤᠳᠠᠭᠠᠨ ᠤ | ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠬᠠᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ 6 ᠲᠠᠯ᠎ᠠ ᠶᠢ ᠪᠠᠭᠲᠠᠭᠠᠵᠤ᠂ ᠡᠯ᠎ᠡ | ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠪᠣᠳᠠᠲᠠᠶ ᠨᠠᠶᠢᠳᠠᠪᠤᠷᠢᠵᠢᠭᠤᠯᠤᠨ᠎ᠠ ︵ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡ︶᠃ | ᠳᠣᠯᠣᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠵᠢᠯ ᠳᠤ ᠲᠥᠷᠥᠯ ᠬᠤᠪᠢᠶᠠᠨ ᠰᠢᠯᠭᠠᠨ ᠲᠤᠨᠨᠳᠠᠭᠠᠬᠤ ᠠᠷᠭ᠎ᠠ ᠶᠢ ᠬᠡᠷᠩᠵᠢᠭᠦᠯᠣᠨ᠎ᠡ᠃ ᠠᠮᠤ ᠪᠤᠳᠠᠭᠠᠨ ᠤ ᠭᠠᠷᠣᠯᠳᠡ ᠶᠢᠨ ᠣᠷᠣᠨ ᠪᠠ ᠭᠠᠷᠣᠯᠳᠠ ᠶᠢᠨ ᠪᠤᠰᠤ | ᠣᠷᠣᠨ ᠬᠡᠮᠡᠨ ᠢᠯᠭᠠᠵᠦ ᠪᠠᠶᠢᠭᠠᠳ ᠰᠢᠯᠭᠠᠨ ᠦᠨᠡᠯᠡᠵᠣ ᠬᠤᠪᠢ ᠣᠯᠭᠤᠨ᠎ᠠ᠂ ᠰᠢᠯᠭᠠᠨ ᠬᠢᠨᠠᠬᠤ ᠣᠨ ︵ᠪᠠᠭᠲᠠᠬᠤ ᠦᠭᠡᠶ︶ ᠤ ᠡᠮᠦᠨ᠎ᠡ ᠭᠤᠷᠪᠠᠨ ᠵᠢᠯ ᠤᠨ ᠠᠮᠤ | ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢᠨ ᠬᠡᠮᠵᠢᠶ᠎ᠠ ᠨᠢ 100 ᠲᠦᠮᠡᠨ ᠲᠣᠨ ᠠᠴᠠ ᠳᠡᠭᠡᠭᠰᠢ ᠪᠠᠶᠢᠬᠤ ᠠᠶᠢᠮᠠᠭ ᠬᠤᠲᠠ ᠶᠢ ᠭᠠᠷᠣᠯᠳᠠ ᠶᠢᠨ ᠣᠷᠣᠨ ᠬᠡᠮᠡᠵᠦ᠂ | ᠪᠤᠰᠤᠳ ᠠᠶᠢᠮᠠᠭ ᠬᠤᠲᠠ ᠶᠢ ᠭᠠᠷᠣᠯᠳᠡ ᠶᠢᠨ ᠪᠤᠰᠤ ᠣᠷᠣᠨ ᠬᠡᠮᠡᠬᠦ ᠭᠡᠷᠡᠭᠳᠡᠢ᠃ ᠭᠠᠷᠣᠯᠳᠠ ᠶᠢᠨ ᠣᠷᠣᠨ ᠪᠠ ᠭᠠᠷᠣᠯᠳᠡ ᠶᠢᠨ ᠪᠣᠰᠣ ᠣᠷᠣᠨ ᠤ ᠬᠤᠪᠢᠶᠠᠷᠢᠯᠠᠯ ᠢ | ᠵᠥᠪᠬᠡᠨ ᠲᠤᠰ ᠰᠢᠯᠭᠠᠨ ᠬᠢᠨᠠᠯᠳᠠ ᠳᠤ ᠲᠣᠬᠢᠷᠠᠭᠤᠯᠣᠨ ᠬᠡᠷᠡᠭᠯᠡᠨ᠎ᠡ᠃ | ᠨᠠᠶᠢᠮᠠᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠳᠠ ᠳᠤ | ᠬᠤᠯᠪᠣᠭᠳᠠᠬᠤ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠪᠦᠷᠢᠳᠬᠡᠭᠰᠡᠨ ᠲᠤᠭ᠎ᠠ ᠪᠠᠷᠢᠮᠲᠠ ᠦᠭᠡᠢ ᠪᠣᠯ᠂ ᠡᠯ᠎ᠡ ᠬᠠᠮᠢᠶ᠎ᠡ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠲᠤᠭ᠎ᠠ | ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠶᠢᠰᠦᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠵᠢᠯ ᠤᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠪᠠ ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠤᠷᠠᠯᠴᠠᠵᠦ᠂ ᠣᠨ ᠤ | ᠭᠤᠣᠯᠳᠠᠯᠭ᠎ᠠ ᠲᠠᠢ ᠠᠵᠢᠯ ᠤᠨ ᠡᠭᠦᠷᠭᠡ ᠲᠠᠢ ᠪᠠᠨ ᠤᠶᠠᠯᠳᠤᠭᠤᠯᠤᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠨᠨᠵᠢᠭᠤᠯᠵᠦ᠂ ᠰᠢᠯᠭᠠᠨ ᠬᠢᠨᠠᠬᠤ ᠲᠥᠰᠦᠯ ᠢ | ᠲᠣᠨᠨᠳᠠᠭᠠᠨ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠨ᠎ᠠ᠃ ᠰᠢᠯᠭᠠᠨ ᠬᠢᠨᠠᠬᠤ ᠠᠭᠤᠯᠭ᠎ᠠ ᠪᠠ | ᠭᠤᠣᠯᠳᠠᠯᠭ᠎ᠠ ᠲᠠᠢ ᠰᠢᠯᠭᠠᠨ ᠬᠢᠨᠠᠬᠤ ᠵᠦᠢᠯᠡᠰ ᠲᠤ ᠲᠣᠬᠢᠷᠠᠭᠤᠯᠤᠯᠲᠠ ᠬᠢᠬᠦ ᠳᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠵᠥᠪᠰᠢᠶᠡᠷᠡᠭᠦᠯᠬᠦ ᠬᠡᠷᠡᠭᠲᠡᠶ᠂ | ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠦᠨᠳᠦᠰᠦᠯᠡᠨ ᠵᠣᠬᠢᠴᠠᠩᠭᠤᠢ ᠲᠣᠬᠢᠷᠠᠭᠤᠯᠤᠯᠲᠠ ᠬᠢᠵᠦ ᠪᠣᠯᠤᠨ᠎ᠠ᠃ | ᠠᠷᠪᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠵᠢᠯ ᠢ ᠲᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠄ | ︵ᠨᠢᠭᠡ︶ ᠦᠪᠡᠷ ᠢ ᠪᠠᠨ ᠥᠪᠡᠰᠦᠪᠡᠨ ᠪᠠᠶᠢᠴᠠᠭᠠᠵᠤ ᠬᠤᠪᠢ ᠲᠣᠭᠲᠠᠭᠠᠬᠤ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠤᠰ ᠠᠷᠭ᠎ᠠ ᠪᠠ ᠣᠨ ᠤ ᠰᠢᠯᠭᠠᠨ ᠬᠢᠨᠠᠬᠤ ᠲᠥᠰᠦᠯ ᠤᠨ ᠶᠣᠰᠣᠭᠠᠷ᠂ ᠲᠤᠰ ᠣᠨ ᠤ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠬᠦ ᠪᠠ ᠦᠪᠡᠷ ᠢ ᠪᠠᠨ ᠥᠪᠡᠰᠦᠪᠡᠨ ᠦᠨᠡᠯᠡᠵᠦ ᠬᠤᠪᠢ | ᠲᠣᠭᠲᠠᠭᠠᠬᠤ᠂ ᠬᠤᠶᠠᠳᠣᠭᠠᠷ ᠵᠢᠯ ᠤᠨ 1 ᠳ᠋ᠣᠬᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ | ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠯᠲᠠ ᠳᠤ ᠬᠤᠯᠪᠤᠨᠨᠳ᠋ᠬᠠᠰᠠᠨ ᠬᠠᠮᠢᠶ᠎ᠠ ᠪᠦᠬᠦᠢ ᠨᠣᠳᠠᠯᠠᠨ ᠭᠡᠷᠡᠴᠢᠯᠡᠬᠦ ᠮᠠᠲ᠋ᠧᠷᠢᠶᠠᠯ ᠢᠶᠠᠨ | ᠲᠤᠰᠢᠶᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠳᠤ ᠬᠠᠭᠤᠯᠤᠨ ᠢᠯᠡᠭᠡᠨ᠎ᠡ᠃ | ︵ᠬᠤᠶᠠᠷ︶ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ | ᠨᠢᠭᠡᠴᠢ ᠲᠠᠢ ᠬᠠᠮᠳᠣᠷᠠᠯᠴᠠᠵᠦ᠂ ᠰᠢᠯᠭᠠᠨ ᠬᠢᠨᠠᠬᠤ ᠶᠢ ᠨᠠᠷᠢᠯᠢᠭᠵᠢᠭᠤᠯᠣᠭᠰᠠᠨ ᠲᠥᠰᠦᠯ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠠᠮᠤ ᠪᠣᠳᠠᠭᠠᠨ ᠤ ᠠᠮᠤᠷ | ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠡᠳᠦᠷ ᠲᠤᠲᠤᠮ ᠤᠨ ᠰᠢᠯᠭᠠᠨ | ᠲᠤᠨᠨᠲᠠᠭᠠᠯᠲᠠ ᠪᠠ ᠵᠢᠯ ᠤᠨ ᠰᠡᠭᠦᠯᠴᠢ ᠶᠢᠨ ᠬᠢᠨᠠᠨ ᠳᠤᠨᠨᠲᠠᠭᠠᠯᠲᠠ ᠬᠢᠵᠦ᠂ ᠰᠢᠯᠭᠠᠨ ᠬᠢᠨᠠᠵᠤ ᠬᠢᠨᠠᠨ ᠲᠣᠭᠲᠠᠭᠠᠭᠰᠠᠨ ᠰᠠᠨᠠᠯ ᠪᠦᠷᠢᠯᠳᠦᠭᠦᠯᠦᠭᠡᠳ ᠰᠢᠯᠭᠠᠨ ᠬᠢᠨᠠᠬᠤ | ᠠᠵᠢᠯ ᠤᠨ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠣᠨ᠎ᠡ᠃ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠰᠤᠭᠤᠴᠢᠨ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠪᠠᠶᠢᠭᠤᠯᠵᠤ ᠲᠤᠬᠠᠶ ᠶᠢᠨ ᠭᠠᠵᠠᠷ ᠲᠤ ᠨᠢ ᠰᠢᠯᠭᠠᠨ ᠬᠢᠨᠠᠬᠤ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ᠶᠡᠷᠦᠩᠬᠡᠶᠢᠯᠡᠨ ᠦᠨᠡᠯᠡᠬᠦ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ | ᠲᠤᠨᠨᠳᠠᠭᠠᠨᠨᠰᠠᠨ ᠪᠠ ᠰᠤᠭᠤᠴᠢᠨ ᠪᠠᠶᠢᠴᠠᠭᠠᠭᠰᠠᠨ ᠪᠠᠶᠢᠳᠠᠯ ᠳᠤ ᠬᠤᠷᠢᠶᠠᠩᠭᠤᠶᠢᠯᠠᠯ ᠬᠢᠵᠣ᠂ ᠶᠡᠷᠦᠩᠬᠡᠶᠢᠯᠡᠭᠰᠡᠨ ᠦᠨᠡᠯᠡᠯᠲᠡ ᠭᠠᠷᠭᠠᠨ᠂ ᠰᠢᠯᠭᠠᠨ ᠬᠢᠨ᠋ᠬᠠᠰᠠᠨ ᠵᠡᠷᠭᠡ | ᠲᠠᠰ ᠢ ᠲᠣᠭᠲᠠᠭᠠᠵᠣ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ ᠮᠡᠳᠡᠭᠦᠯᠵᠦ ᠬᠢᠨᠠᠨ | ᠲᠤᠨᠨᠳᠠᠭᠠᠯᠭᠠᠬᠤ ᠭᠡᠷᠡᠭᠳᠡᠢ᠃ | ᠳᠥᠷᠪᠡᠳᠦᠭᠡᠷ ᠪᠦᠯᠦᠭ ᠰᠢᠯᠭᠠᠨ ᠬᠢᠨᠠᠵᠤ ᠬᠤᠪᠢ ᠪᠠ ᠵᠡᠷᠭᠡ ᠳᠡᠰ ᠲᠣᠭᠲᠠᠭᠠᠬᠤ | ᠠᠷᠪᠠᠨ ᠨᠢᠭᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠵᠢᠯ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ ᠪᠦᠷᠢᠨ ᠬᠤᠪᠢ ᠨᠢ 100 ᠬᠤᠪᠢ ᠪᠣᠯᠤᠨ᠎ᠠ᠃ ᠠᠶᠢᠮᠠᠭ ᠬᠤᠲᠠ ᠶᠢᠨ ᠦᠪᠡᠷ ᠢ ᠪᠠᠨ ᠥᠪᠡᠰᠦᠪᠡᠨ | ᠦᠨᠡᠯᠡᠭᠰᠡᠨ᠂ ᠰᠠᠯᠠᠭ᠎ᠠ ᠮᠥᠴᠢᠷ ᠤᠨ ᠬᠢᠨᠠᠨ ᠲᠣᠨᠨᠳᠠᠭᠠᠨᠨᠰᠠᠨ᠂ ᠪᠣᠳᠠᠲᠠᠶ ᠭᠠᠵᠠᠷ ᠲᠤ ᠨᠢ ᠰᠤᠭᠤᠴᠢᠨ ᠪᠠᠶᠢᠴᠠᠭᠠᠵᠤ ᠬᠤᠪᠢ ᠲᠣᠭᠲᠠᠭᠠᠭᠰᠠᠨ ᠪᠠᠶᠢᠳᠠᠯ ᠢ | ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠣᠨ ᠤ ᠰᠢᠯᠭᠠᠨ ᠬᠢᠨᠠᠭᠰᠠᠨ ᠬᠤᠪᠢ ᠶᠢ ᠪᠤᠳᠤᠨ᠎ᠠ᠃ ᠪᠤᠳᠤᠬᠤ ᠠᠷᠭ᠎ᠠ ᠨᠢ᠄ ᠡᠯ᠎ᠡ ᠠᠶᠢᠮᠠᠭ ᠬᠤᠲᠠ ᠶᠢᠨ ᠰᠢᠯᠭᠠᠨ | ᠬᠢᠨᠠᠭᠰᠠᠨ ᠬᠤᠪᠢ = ᠥᠪᠡᠰᠦᠪᠡᠨ ᠪᠠᠶᠢᠴᠠᠭᠠᠭᠠᠳ ᠲᠤᠨᠨᠳᠠᠭᠠᠨᠨᠰᠠᠨ ᠬᠤᠪᠢ × 5 % + ᠰᠠᠯᠠᠭ᠎ᠠ ᠮᠥᠴᠢᠷ ᠤᠨ ᠡᠩ ᠤᠨ ᠴᠠᠭ ᠤᠨ ᠬᠢᠨᠠᠨ ᠡᠵᠡᠮᠰᠢᠵᠦ | ᠲᠤᠨᠨᠳᠠᠭᠠᠨᠨᠰᠠᠨ ᠬᠤᠪᠢ × 45 % + ᠰᠠᠯᠠᠭ᠎ᠠ ᠮᠥᠴᠢᠷ ᠤᠨ ᠵᠢᠯ ᠤᠨ ᠰᠡᠭᠦᠯᠴᠢ ᠶᠢᠨ ᠦᠨᠡᠯᠡᠨ ᠲᠤᠨᠨᠳᠠᠭᠠᠨᠨᠰᠠᠨ ᠬᠤᠪᠢ / ᠪᠣᠳᠠᠳᠠᠢ ᠭᠠᠵᠠᠷ ᠲᠤ ᠨᠢ ᠰᠤᠭᠤᠴᠢᠨ | ᠪᠠᠶᠢᠴᠠᠭᠠᠭᠰᠠᠨ × 50 % ᠪᠣᠯᠤᠨ᠎ᠠ᠃ | ᠠᠷᠪᠠᠨ ᠬᠤᠶᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ | ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠳᠥᠷᠪᠡᠨ ᠵᠡᠷᠭᠡ ᠳᠡᠰ ᠬᠤᠪᠢᠶᠠᠨ᠎ᠠ᠃ ᠰᠢᠯᠭᠠᠨ ᠬᠢᠨᠠᠭᠠᠳ | 90 ᠬᠤᠪᠢ ᠠᠴᠠ ᠳᠡᠭᠡᠭᠰᠢ ᠪᠣᠯ ᠰᠢᠯᠢᠳᠡᠭ᠂ 75 ᠬᠤᠪᠢ ᠠᠴᠠ ᠳᠡᠭᠡᠭᠰᠢ 90 ᠬᠤᠪᠢ ᠠᠴᠠ ᠳᠣᠷᠣᠭᠰᠢ ᠪᠣᠯ ᠰᠠᠶᠢᠨ᠂ 60 ᠬᠤᠪᠢ ᠠᠴᠠ ᠳᠡᠭᠡᠭᠰᠢ 75 | ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ᠂ 60 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ ᠥᠬᠡᠶ ︵ᠳᠡᠭᠡᠭᠰᠢ ᠭᠡᠰᠡᠨ ᠳᠤ ᠤᠭ ᠲᠤᠭ᠎ᠠ ᠶᠢ | ᠪᠠᠭᠳᠠᠭᠠᠵᠦ᠂ ᠳᠣᠷᠣᠭᠰᠢ ᠭᠡᠰᠡᠨ ᠳᠤ ᠤᠭ ᠲᠤᠭ᠎ᠠ ᠶᠢ ᠪᠠᠭᠲᠠᠭᠠᠬᠤ ᠥᠬᠡᠶ︶ ᠪᠣᠯᠤᠨ᠎ᠠ᠃ | ᠠᠷᠪᠡᠨ ᠭᠤᠷᠪᠠᠳᠣᠭᠠᠷ ᠵᠦᠢᠯ ᠰᠢᠯᠭᠠᠨ ᠬᠢᠨᠠᠬᠤ ᠵᠡᠷᠭᠡ ᠳᠡᠰ ᠢ ᠲᠣᠭᠳᠠᠭᠠᠬᠤ ᠳᠤ᠂ ᠬᠡᠷᠪᠡ ᠣᠯᠣᠰ ᠪᠠ ᠦᠪᠡᠷᠳᠡᠭᠡᠨ ᠵᠠᠰᠠᠬᠤ ᠣᠷᠣᠨ ᠤ ᠴᠢᠬᠤᠯᠨ ᠶᠡᠭᠡ | ᠲᠦᠷᠣ ᠶᠢᠨ ᠪᠣᠳᠣᠯᠭ᠎ᠠ ᠶᠢᠨ ᠲᠣᠬᠢᠷᠠᠭᠤᠯᠣᠯᠳᠠ ᠪᠣᠶᠣ ᠬᠦᠨᠳᠣ ᠶᠡᠭᠡ ᠪᠠᠶᠢᠭᠠᠯᠢ ᠶᠢᠨ ᠭᠠᠢ ᠭᠠᠮᠰᠢᠭ ᠠᠴᠠ ᠪᠣᠯᠵᠣ ᠰᠢᠯᠭᠠᠨ ᠬᠢᠨᠠᠬᠤ ᠦᠷ᠎ᠡ ᠳ᠋ᠦᠩ ᠢ ᠨᠦᠯᠣᠭᠡᠯᠡᠭᠰᠡᠨ | ᠪᠣᠯ᠂ ᠪᠣᠰᠣᠣᠡᠴᠢ ᠭᠦᠴᠣᠨ ᠵᠦᠢᠯ ᠢ ᠨᠢ ᠪᠣᠳᠣᠯᠬᠢᠯᠠᠬᠤ ᠬᠡᠷᠩᠳᠠᠢ᠃ | ᠲᠠᠪᠤᠳᠤᠭᠠᠷ ᠪᠦᠯᠦᠭ ᠰᠢᠯᠭᠠᠨ ᠬᠢᠨᠠᠭᠰᠠᠨ ᠦᠷ᠎ᠡ ᠳ᠋ᠦᠩ ᠪᠠ ᠬᠡᠷᠡᠭᠯᠡᠯᠲᠡ | ᠠᠷᠪᠠᠨ ᠳᠥᠷᠪᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ | ᠬᠢᠨᠠᠬᠤ ᠭᠤᠣᠯ ᠭᠦᠢᠴᠡᠳᠬᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ ᠨᠡᠪᠳᠡᠷᠡᠭᠦᠯᠦᠨ ᠮᠡᠳᠡᠭᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠠᠭᠤᠯᠤᠨ ᠢᠯᠡᠭᠡᠵᠦ᠂ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠪᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠯᠠᠪᠯᠠᠯᠲᠠ ᠪᠣᠯᠭᠠᠬᠤ ᠭᠡᠷᠡᠭᠳᠡᠢ᠃ | ᠠᠮᠤ ᠪᠤᠳᠠᠭᠠᠨ ᠤ ᠭᠠᠷᠣᠯᠳᠠ ᠶᠢᠨ ᠣᠷᠣᠨ ᠬᠢᠭᠡᠳ ᠭᠠᠷᠣᠯᠳᠠ ᠶᠢᠨ ᠪᠤᠰᠤ ᠣᠷᠣᠨ ᠤ ᠲᠥᠯᠥᠭᠡᠯᠡᠬᠦ ᠴᠢᠨᠠᠷ ᠢ ᠭᠦᠢᠴᠡᠳ ᠪᠣᠳᠣᠯᠬᠢᠯᠠᠭᠰᠠᠨ ᠤ ᠪᠠᠶᠢᠳᠠᠯ ᠳᠣᠤᠷ᠎ᠠ᠂ | ᠰᠢᠯᠭᠠᠨ ᠬᠢᠨ᠋ᠬᠠᠰᠠᠨ ᠦᠷ᠎ᠡ ᠳ᠋ᠦᠩ ᠢᠶᠠᠷ ᠰᠢᠯᠢᠳᠡᠭ ᠪᠣᠯᠬᠤ ᠠᠶᠢᠮᠠᠭ ᠬᠤᠲᠠ ᠶᠢ ᠨᠡᠪᠲᠡᠷᠡᠭᠦᠯᠦᠨ ᠰᠠᠶᠢᠰᠢᠶᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠲᠥᠷᠥᠯ ᠵᠦᠢᠯ ᠤᠨ ᠪᠡᠯᠡ ᠮᠦᠩᠬᠦ ᠲᠤᠬᠢᠷᠠᠭᠤᠯᠬᠤ ᠪᠠ ᠠᠮᠤ ᠪᠤᠳᠠᠭᠠᠨ ᠤ ᠲᠤᠰᠬᠠᠶᠢᠯᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠡᠩ ᠲᠡᠷᠢᠭᠦᠨ ᠳᠤ | ᠪᠣᠳᠣᠯᠬᠢᠯᠠᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠳᠤ ᠬᠢᠷᠢ ᠲᠡᠩᠴᠡᠭᠰᠡᠨ ᠥᠬᠡᠶ ᠠᠶᠢᠮᠠᠭ ᠬᠤᠲᠠ ᠨᠢ ᠰᠢᠯᠭᠠᠨ ᠬᠢᠨᠠᠭᠰᠠᠨ ᠦᠷ᠎ᠡ ᠳ᠋ᠦᠩ ᠢ | ᠨᠡᠪᠳᠡᠷᠡᠭᠦᠯᠦᠨ ᠮᠡᠳᠡᠬᠡᠯᠡᠭᠰᠡᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ ᠪᠢᠴᠢᠭ ᠤᠨ ᠮᠡᠳᠡᠭᠦᠯᠦᠯᠲᠡ ᠬᠢᠵᠦ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠬᠢᠵᠠᠭᠠᠷ ᠢᠶᠠᠨ ᠲᠣᠷᠠᠳᠣᠨ ᠭᠠᠷᠭᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ | ᠬᠡᠷ ᠲᠤ ᠬᠠᠭᠤᠯᠤᠨ ᠢᠯᠡᠭᠡᠬᠦ ᠬᠡᠷᠡᠭᠲᠡᠶ︔ ᠬᠤᠭᠤᠴᠠᠭ᠎ᠠ ᠨᠢ ᠬᠡᠳᠦᠷᠡᠬᠡᠳ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠭᠰᠠᠨ ᠦᠭᠡᠶ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠠᠶᠢᠮᠠᠭ ᠬᠤᠲᠠ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠴᠢᠬᠤᠯᠠ ᠲᠠᠢ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠠᠴᠠ ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ | ᠶᠠᠷᠢᠯᠴᠠᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ᠂ ᠬᠦᠨᠳᠦ ᠶᠡᠭᠡ ᠠᠵᠢᠯ ᠤᠨ ᠠᠯᠳᠠᠰᠢ ᠤᠷᠤᠰᠢᠵᠦ ᠪᠠᠶᠢᠬᠤ ᠵᠡᠷᠭᠡ ᠠᠴᠠ ᠪᠣᠯᠵᠤ ᠠᠮᠤ | ᠪᠤᠳᠠᠭᠠᠨ ᠤ ᠵᠠᠬ᠎ᠠ ᠳᠡᠯᠭᠡᠭᠦᠷ ᠵᠢᠴᠢ ᠨᠡᠶᠢᠭᠡᠮ ᠤᠨ ᠲᠣᠭᠲᠠᠭᠤᠨ ᠳᠤ ᠬᠦᠨᠳᠦ ᠨᠣᠴᠢᠲᠠᠶ ᠨᠥᠯᠥᠭᠡ ᠤᠴᠠᠷᠠᠭᠤᠯᠤᠭᠰᠠᠨ ᠪᠠᠶᠢᠪᠠᠯ᠂ ᠣᠨ ᠤ ᠰᠢᠯᠭᠠᠨ ᠬᠢᠨᠠᠯᠲᠠ ᠳᠤ ᠬᠢᠷᠢ | ᠲᠡᠩᠴᠡᠭᠰᠡᠨ ᠦᠭᠡᠶ ᠪᠠᠷ ᠦᠵᠡᠬᠦ ᠶᠢᠨ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠳᠣ ᠶᠢᠨ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ | ᠨᠡᠭᠡᠮᠵᠢᠯᠡᠨ᠎ᠡ᠃ | ᠠᠷᠪᠠᠨ ᠲᠠᠪᠤᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠵᠢᠯ ᠳᠤ ᠡᠷᠬᠡ ᠲᠡᠭᠰᠢ ᠲᠥᠪ ᠭᠤᠣᠯᠴᠢ ᠬᠠᠨᠳᠤᠵᠦ᠂ ᠦᠨᠡᠨ ᠠᠴᠠ ᠵᠥᠪ ᠢ ᠡᠷᠢᠬᠦ ᠬᠡᠷᠡᠭᠲᠡᠶ᠃ ᠰᠢᠯᠭᠠᠨ ᠬᠢᠨᠠᠬᠤ ᠠᠵᠢᠯ ᠤᠨ ᠶᠠᠪᠣᠴᠠ ᠳᠤ ᠬᠤᠳᠠᠯ ᠬᠡᠯᠡᠵᠦ | ᠬᠠᠭᠤᠷᠮᠠᠭ ᠵᠣᠬᠢᠶᠠᠬᠤ᠂ ᠨᠢᠭᠤᠵᠤ ᠦᠯᠣ ᠮᠡᠳᠡᠭᠦᠯᠬᠦ ᠪᠠ ᠬᠤᠳᠠᠯ ᠢᠶᠠᠷ ᠮᠡᠳᠡᠭᠦᠯᠬᠦ ᠪᠠᠶᠢᠳᠠᠯ ᠣᠷᠣᠰᠢᠵᠤ ᠪᠠᠶᠢᠪᠠᠯ ᠨᠡᠪᠳᠡᠷᠡᠭᠦᠯᠦᠨ ᠰᠢᠭᠦᠮᠵᠢᠯᠡᠬᠦ ᠶᠢᠨ ᠬᠠᠮᠲᠤ᠂ ᠬᠠᠤᠯᠢ | ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | ᠠᠷᠪᠠᠨ ᠵᠢᠷᠭᠤᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ | ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ | ᠳᠦᠷᠢᠮ ᠤᠨ ᠰᠢᠯᠭᠠᠨ ᠬᠢᠨᠠᠬᠤ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠨᠨᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠮᠤ ᠪᠣᠳᠠᠭᠠᠨ ᠤ ᠠᠮᠤᠷ | ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ 365赢多少钱会被限额_国内有真正的365平台吗_365bet博彩官网 | ᠵᠠᠰᠠᠭ ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | ᠲᠠᠭᠠᠯᠳᠤᠭᠤᠯᠤᠯ᠄ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ | ᠭᠦᠰᠦᠨᠦᠭᠳᠦ | ᠭᠦᠰᠦᠨᠦᠭᠳᠦ 1 | ᠭᠦᠰᠦᠨᠦᠭᠳᠦ 2 | ᠭᠦᠰᠦᠨᠦᠭᠳᠦ 3 | ᠭᠦᠰᠦᠨᠦᠭᠳᠦ 4 | ᠭᠦᠰᠦᠨᠦᠭᠳᠦ 5 | ᠭᠦᠰᠦᠨᠦᠭᠳᠦ 6 |