内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠠᠷᠭ᠎ᠠ ᠬᠡᠮᠵᠢᠶ᠎ᠡ ᠪᠠᠨ ᠴᠢᠩᠭᠠᠳᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠶ᠎ᠡ
        ᠨᠡᠶᠢᠲᠡᠯᠡᠭᠰᠡᠨ ᠴᠠᠭ᠄
        2021/4/12
        ᠰᠤᠷᠪᠤᠯᠵᠢᠯᠠᠭᠰᠠᠨ ᠴᠠᠭ᠄ 2021 ᠣᠨ 3 ᠳ᠋ᠤᠭᠠᠷ ᠰᠠᠷ᠎ᠠ ᠶᠢᠨ 10 ᠤ ᠡᠳᠦᠷᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ

        365赢多少钱会被限额_国内有真正的365平台吗_365bet博彩官网

         ᠤᠨ ᠪᠦᠷᠢᠯᠳᠦᠭᠦᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩᠠᠭᠤᠯᠭ᠎ᠠ ᠶᠢᠨ ᠲᠣᠪᠴᠢ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠬᠥᠭᠵᠢᠯᠲᠡ ᠶᠢᠨ ᠣᠷᠴᠢᠨ ᠨᠥᠬᠦᠴᠡᠯ ᠤᠨ ᠴᠢᠬᠤᠯᠠ ᠠᠭᠤᠯᠭ᠎ᠠ ᠮᠥᠨ᠂ ᠨᠢᠭᠡ ᠭᠠᠵᠠᠷ ᠣᠷᠣᠨ ᠤ ᠠᠵᠤ ᠠᠬᠤᠢ ᠶᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠤ ᠲᠥᠪᠯᠡᠷᠡᠩᠭᠦᠢ ᠢᠯᠡᠷᠡᠯ ᠶᠤᠮ᠃ ᠮᠠᠨ ᠤ ᠤᠯᠤᠰ ᠤᠨ ᠥᠭᠡᠷᠡᠴᠢᠯᠡᠯᠲᠡ  ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠠᠭᠢᠬᠤ᠂ ᠪᠥᠬᠦ ᠲᠠᠯ᠎ᠠ ᠪᠠᠷ ᠨᠡᠭᠡᠭᠡᠯᠲᠡ ᠬᠢᠬᠦ ᠪᠠᠶᠢᠷᠢᠰᠢᠯ ᠤᠨ ᠦᠷᠭᠦᠯᠵᠢᠯᠡᠨ ᠪᠦᠷᠢᠨᠰᠢᠬᠦ ᠵᠢᠴᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠠᠭᠤᠷᠢ ᠪᠣᠯᠬᠤ ᠪᠠᠶᠢᠷᠢ ᠰᠠᠭᠤᠷᠢ ᠪᠠ ᠣᠷᠣᠨ ᠪᠦᠰᠡ ᠶᠢᠨ ᠬᠠᠮᠲᠤᠷᠠᠯᠴᠠᠭᠠᠨ ᠤ ᠥᠷᠢᠰᠥᠯᠳᠦᠭᠡᠨ ᠳᠤᠮᠳᠠ ᠲᠤᠯᠭᠠᠭᠤᠷᠢᠯᠠᠬᠤ ᠦᠶᠯᠡᠳᠦᠯ  ᠨᠢ ᠡᠳᠦᠷ ᠢᠷᠡᠬᠦᠶ᠎ᠡ ᠲᠣᠪᠣᠶᠢᠮ᠎ᠠ ᠪᠣᠯᠵᠣ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠶᠡᠭᠡ ᠪᠠᠷ ᠠᠭᠢᠭᠤᠯᠤᠨ᠂ ︽ᠮᠥᠩᠬᠡ ᠰᠤᠪᠠᠭ ᠢᠶᠠᠷ ᠭᠦᠶᠴᠡᠳᠬᠡᠬᠦ · ᠨᠢᠭᠡ ᠰᠦᠯᠵᠢᠶ᠎ᠡ ᠪᠠᠷ ᠭᠦᠶᠴᠡᠳᠬᠡᠬᠦ᠂ ᠠᠯᠠᠭᠠᠨ ᠳᠡᠭᠡᠷ᠎ᠡ ᠭᠦᠶᠴᠡᠳᠬᠡᠬᠦ᠂ ᠨᠢᠭᠡ ᠯᠠ ᠤᠳᠠᠭ᠎ᠠ ᠳᠤ ᠭᠦᠶᠴᠡᠳᠬᠡᠬᠦ᠂ ᠲᠠᠨ ᠳᠤ ᠬᠠᠪᠰᠤᠷᠤᠨ ᠭᠦᠶᠴᠡᠳᠬᠡᠬᠦ︾ ᠵᠡᠷᠭᠡ ᠠᠯᠢ ᠣᠯᠠᠨ ᠠᠵᠢᠯ ᠤᠨ ᠬᠡᠷᠡᠭᠵᠢᠭᠦᠯᠬᠦ ᠲᠥᠰᠦᠯ ᠤᠳ ᠢ ᠲᠣᠭᠲᠠᠭᠠᠨ ᠨᠡᠶᠢᠲᠡᠯᠡᠭᠡᠳ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠤᠭᠰᠠᠨ ᠪᠠᠶᠢᠨ᠎ᠠ᠃ᠬᠥᠲᠥᠯᠥᠭᠴᠢ 2021 - 03109᠄ 00      ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ ᠢ ᠤᠷᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠲᠡᠭᠡᠭᠰᠢᠯᠡᠭᠦᠯᠦᠶ᠎ᠡ ᠭᠡᠬᠦ ᠰᠡᠳᠦᠪ ᠢᠶᠠᠷ ᠣᠯᠠᠨ ᠲᠠᠢ ᠶᠠᠷᠢᠯᠴᠠᠬᠤ ᠪᠣᠯᠤᠭᠰᠠᠨ ᠳᠤ ᠪᠠᠨ ᠮᠠᠰᠢ ᠪᠠᠶᠠᠷᠲᠠᠶ ᠪᠠᠶᠢᠨ᠎ᠠ᠃ ᠪᠣᠤ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 00      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠣᠯᠠᠨ ᠲᠠᠢ ᠪᠠᠨ ᠶᠠᠷᠢᠯᠴᠠᠬᠤ ᠪᠣᠯᠤᠭᠰᠠᠨ ᠳᠤ ᠪᠠᠨ ᠶᠡᠭᠡ ᠪᠠᠶᠠᠷᠲᠠᠢ ᠪᠠᠶᠢᠨ᠎ᠠ᠃ᠬᠥᠲᠥᠯᠥᠭᠴᠢ 2021 - 03109᠄ 00      ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ ᠦᠢᠯᠡᠳᠪᠦᠷᠢᠯᠡᠯ ᠤᠨ ᠬᠦᠴᠦᠨ᠂ ᠦᠷᠢᠰᠦᠯᠳᠦᠬᠦ ᠬᠦᠴᠦᠨ᠂ ᠵᠥᠭᠡᠯᠡᠨ ᠪᠣᠳᠠᠲᠤ ᠬᠦᠴᠦᠨ ᠮᠥᠨ᠂ ᠲᠡᠷᠡ ᠨᠢ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠲᠠᠢ ᠰᠢᠭᠤᠳ ᠬᠤᠯᠪᠣᠭᠳᠠᠵᠤ ᠪᠠᠶᠢᠳᠠᠭ᠃ ᠴᠠᠭᠠᠨ ᠰᠠᠷ᠎ᠠ ᠶᠢᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠡᠨᠡ ᠵᠢᠯ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠣᠶ︖ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 01      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾  ᠤᠨ ᠡᠬᠢᠯᠡᠯᠲᠡ ᠶᠢᠨ ᠨᠢᠭᠡᠨ ᠲᠣᠮᠤ ᠶᠠᠪᠤᠳᠠᠯ ᠪᠣᠯᠭᠠᠨ ᠠᠳᠬᠤᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠤᠢ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ  ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠣᠶ ᠪᠣᠯᠭᠠᠵᠤ᠂ ︽ᠨᠢᠭᠡ ᠰᠦᠯᠵᠢᠶ᠎ᠡ ᠪᠠᠷ ᠭᠦᠶᠴᠡᠳᠬᠡᠬᠦ᠂ ᠠᠯᠠᠭᠠᠨ ᠳᠡᠭᠡᠷ᠎ᠡ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ᠂ ᠲᠠᠨ ᠳᠤ ᠬᠠᠪᠰᠤᠷᠤᠨ ᠭᠦᠶᠴᠡᠳᠬᠡᠬᠦ︾ 4 ᠵᠦᠶᠯ ᠤᠨ ᠭᠤᠤᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠵᠤ᠂ ᠨᠠᠷᠢᠯᠢᠭ ᠦᠶᠯᠡᠴᠢᠯᠡᠭᠡ ᠪᠠᠨ ᠨᠢᠭᠲᠠ ᠠᠴᠠ ᠨᠢᠭᠲᠠ ᠰᠠᠶᠢᠲᠤᠷ ᠬᠢᠵᠦ᠂ ᠡᠷᠬᠡ ᠲᠡᠭᠰᠢ ᠢᠯᠡ ᠲᠣᠳᠣ᠂ ᠲᠥᠪ ᠭᠤᠤᠯᠴᠢ ᠥᠨᠳᠥᠷ ᠪᠦᠲᠦᠮᠵᠢᠲᠡᠶ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ᠬᠥᠲᠥᠯᠥᠭᠴᠢ 2021 - 03109᠄ 01      ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢ ᠲᠠᠭᠠᠯᠳᠤᠨ᠂ ᠤᠯᠠᠨ ᠲᠦᠮᠡᠨ ᠤ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠠᠷᠭ᠎ᠠ ᠮᠠᠶ᠋ᠢᠭ ᠲᠤ ᠴᠤ ᠮᠠᠰᠢ ᠶᠡᠭᠡ ᠬᠤᠪᠢᠷᠠᠯᠲᠠ ᠭᠠᠷᠴᠤ᠂ ᠦᠢᠯᠡᠴᠢᠯᠡᠭᠡᠨ ᠤ ᠬᠡᠯᠪᠡᠷᠢ ᠨᠢ ᠨᠡᠩ ᠤᠯᠠᠨ ᠡᠰᠢᠴᠢᠯᠡᠭᠰᠡᠨ᠂ ᠳᠥᠭᠦᠮᠴᠢᠯᠡᠭᠰᠡᠨ ᠪᠠ ᠤᠶᠤᠨᠴᠢᠯᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠠᠬᠢᠭᠤᠯᠬᠤ ᠲᠠᠯ᠎ᠠ ᠪᠠᠷ᠂ ᠢᠯᠠᠩᠭᠤᠶ᠎ᠠ ᠰᠦᠯᠵᠢᠶᠡᠨ ᠳᠡᠭᠡᠷᠡᠬᠢ ︽ᠨᠢᠭᠡ ᠰᠦᠯᠵᠢᠶ᠎ᠡ︾᠂ ᠰᠦᠯᠵᠢᠶᠡᠨ ᠭᠠᠳᠠᠨᠠᠬᠢ ︽ᠨᠢᠭᠡ ᠴᠣᠩᠬᠤᠪᠴᠢ︾ ᠶᠢᠨ ᠦᠶᠯᠡᠴᠢᠯᠡᠭᠡ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 02      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2018 ᠣᠨ ᠳᠤ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠡᠭᠡᠷ᠎ᠡ ᠭᠠᠷᠭᠠᠪᠠ︔ 2019 ᠣᠨ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠢᠭᠡᠳᠦᠯᠲᠡᠶ ᠡᠭᠦᠳᠡ ᠡᠷᠦᠬᠡ ᠶᠢ ᠨᠢᠭᠡᠳᠦᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠬᠥᠮᠥᠷᠭᠡ ᠶᠢ ᠨᠢᠭᠡᠳᠦᠭᠦᠯᠬᠦ᠂ ᠪᠡᠶ᠎ᠡ ᠶᠢᠨ ᠭᠠᠷᠤᠯ ᠤᠨ ᠭᠡᠷᠡᠴᠢᠯᠡᠯ ᠢ ᠨᠢᠭᠡᠳᠦᠭᠦᠯᠬᠦ᠂ ᠡᠯᠧᠺᠲᠷᠣᠨ ᠦᠨᠡᠮᠯᠡᠯ ᠤᠨ ᠬᠥᠮᠥᠷᠭᠡ ᠶᠢ ᠨᠢᠭᠡᠳᠦᠭᠦᠯᠬᠦ᠂ ᠡᠯᠧᠺᠲᠷᠣᠨ ᠲᠠᠮᠠᠭ᠎ᠠ ᠶᠢ ᠨᠢᠭᠡᠲᠦᠭᠦᠯᠬᠦ ᠶᠢ ᠪᠡᠶᠡᠯᠡᠭᠦᠯᠵᠦ᠂ ᠤᠯᠠᠮ ᠨᠢᠭᠡ ᠠᠯᠬᠤᠮ ᠡᠷᠴᠢᠮᠵᠢᠭᠦᠯᠪᠡ︔ 2020 ᠣᠨ  ᠳᠤ ᠤᠴᠢᠷ ᠶᠠᠪᠤᠳᠠᠯ ᠢ ᠨᠠᠷᠢᠯᠢᠭᠵᠢᠭᠤᠯᠤᠨ ᠡᠮᠬᠢᠯᠡᠬᠦ ᠪᠠ ᠰᠠᠯᠠᠭ᠎ᠠ ᠮᠥᠴᠢᠷ ᠤᠳ ᠬᠢᠨᠠᠨ ᠵᠥᠪᠰᠢᠶᠡᠷᠡᠬᠦ ᠰᠢᠰᠲ᠋ᠧᠮ ᠢ ᠴᠡᠭᠴᠡᠯᠡᠨ ᠪᠠᠶᠢᠭᠤᠯᠵᠤ ᠠᠵᠢᠯ ᠢᠶᠠᠨ ᠵᠣᠯᠭᠠᠭᠤᠯᠬᠤ ᠶᠢ ᠥᠷᠨᠢᠭᠦᠯᠵᠦ᠂ ᠮᠠᠰᠢ ᠰᠠᠶᠢᠨ ᠰᠠᠭᠤᠷᠢ ᠲᠠᠢ ᠪᠣᠯᠵᠠᠢ᠃ ᠡᠨᠡ ᠤᠳᠠᠭ᠎ᠠ ᠨᠡᠶᠢᠲᠡᠯᠡᠭᠰᠡᠨ ︽ᠨᠢᠭᠡ ᠰᠦᠯᠵᠢᠶ᠎ᠡ ᠪᠠᠷ ᠭᠦᠶᠴᠡᠳᠬᠡᠬᠦ︾ ᠬᠡᠷᠡᠭᠵᠢᠭᠦᠯᠬᠦ ᠲᠥᠰᠦᠯ ᠪᠣᠯ ᠳᠠᠷᠤᠶ ᠵᠢᠷᠤᠮᠵᠢᠭᠤᠯᠤᠭᠰᠠᠨ ᠦᠶᠯᠡᠴᠢᠯᠡᠭᠡ ᠬᠢᠬᠦ ᠪᠠᠷᠢᠮᠵᠢᠶ᠎ᠠ ᠶᠢ ᠬᠡᠷᠡᠭᠯᠡᠬᠦ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠢᠰᠲ᠋ᠧᠮ ᠢ ᠨᠡᠪᠲᠡᠷᠡᠭᠦᠯᠬᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠢᠴᠡᠳᠭᠡᠬᠦ︾ ᠰᠢᠰᠲ᠋ᠧᠮ ᠤᠨ ᠬᠡᠷᠡᠭᠯᠡᠯᠲᠡ ᠶᠢ ᠳᠡᠯᠭᠡᠷᠡᠭᠦᠯᠬᠦ᠂ ᠨᠢᠭᠡᠳᠦᠯᠲᠡᠶ ᠲᠤᠯᠭᠠᠭᠤᠷᠢᠯᠠᠬᠤ ᠰᠢᠰᠲ᠋ᠧᠮ ᠢ ᠪᠠᠬᠢᠵᠢᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ ᠵᠡᠷᠭᠡ ᠬᠠᠮ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠠᠩᠬᠠᠷᠴᠤ ᠪᠠᠶᠢᠭ᠎ᠠ ᠥᠨᠳᠥᠷ ᠲᠠᠪᠳᠠᠮᠵᠢᠳᠤ ᠦᠶᠯᠡᠴᠢᠯᠡᠭᠡᠨ ᠤ ᠠᠭᠤᠯᠭ᠎ᠠ ᠶᠢ ᠰᠦᠯᠵᠢᠶᠡᠨ ᠳᠡᠭᠡᠷ᠎ᠡ ᠭᠦᠢᠴᠡᠳᠬᠡᠵᠦ ᠪᠠᠶᠢᠭᠰᠠᠨ ᠢ ᠰᠦᠯᠵᠢᠶᠡᠨ ᠳᠡᠭᠡᠷ᠎ᠡ ᠳᠦᠭᠦᠮ ᠭᠦᠶᠴᠡᠳᠬᠡᠬᠦ᠂ ᠰᠦᠯᠵᠢᠶᠡᠨ ᠳᠡᠭᠡᠷ᠎ᠡ ᠠᠮᠠᠷᠬᠠᠨ ᠭᠦᠶᠴᠡᠳᠬᠡᠬᠦ ᠲᠡᠶᠢᠰᠢ ᠬᠤᠪᠢᠷᠠᠭᠤᠯᠬᠤ ᠶᠠᠪᠤᠳᠠᠯ ᠪᠣᠯᠤᠨ᠎ᠠ᠃ ᠰᠦᠯᠵᠢᠶᠡᠨ ᠠᠴᠠ ᠭᠠᠳᠠᠨ᠎ᠠ ᠶᠡᠭᠡ ᠲᠢᠩᠬᠢᠮ ᠳᠤ᠂ ᠡᠯ᠎ᠡ ᠰᠠᠯᠠᠭ᠎ᠠ ᠮᠥᠴᠢᠷ ᠲᠤ ᠲᠠᠷᠬᠠᠵᠤ ᠪᠠᠶᠢᠭ᠎ᠠ ᠦᠶᠯᠡᠴᠢᠯᠡᠭᠡᠨ ᠤ ᠴᠣᠩᠬᠤᠪᠴᠢ ᠶᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ ᠶᠡᠷᠦᠩᠬᠡᠶᠢᠯᠡᠨ ᠭᠥᠯᠢᠶᠡᠨ ᠠᠪᠴᠤ ᠭᠦᠢᠴᠡᠳᠭᠡᠬᠦ ᠴᠣᠩᠬᠤᠪᠴᠢ ᠪᠣᠯᠭᠠᠨ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠢ ︽ᠣᠯᠠᠨ ᠡᠭᠦᠳᠡ ᠪᠠᠷ ᠭᠦᠶᠦᠵᠦ︾ ᠪᠠᠶᠢᠭᠰᠠᠨ  ᠠᠴᠠ ᠨᠢ ︽ᠨᠢᠭᠡ ᠡᠭᠦᠳᠡ ᠪᠠᠷ ᠭᠦᠶᠦᠬᠦ︾ ᠪᠣᠯᠭᠠᠨ ᠬᠤᠪᠢᠷᠠᠭᠤᠯᠵᠤ᠂ ︽ᠰᠠᠯᠠᠭ᠎ᠠ ᠮᠥᠴᠢᠷ ᠢ ᠡᠷᠢᠬᠦ︾ ᠪᠠᠶᠢᠭᠰᠠᠨ ᠠᠴᠠ ᠨᠢ ︽ᠵᠠᠰᠠᠭ ᠤᠨ ᠣᠷᠳᠣᠨ ᠢ ᠡᠷᠢᠬᠦ︾ ᠪᠣᠯᠭᠠᠨ ᠬᠤᠪᠢᠷᠠᠭᠤᠯᠤᠨ᠎ᠠ᠃ᠬᠥᠲᠥᠯᠥᠭᠴᠢ 2021 - 03109᠄ 03      ︽ᠮᠥᠩᠬᠡ ᠰᠤᠪᠠᠭ︾ APP ᠢ ᠰᠦᠯᠵᠢᠶᠡᠨ ᠳᠤ ᠭᠠᠷᠭᠠᠭᠰᠠᠨ ᠠᠴᠠ ᠨᠠᠭᠠᠰᠢ᠂ ᠮᠠᠨ ᠤ ᠣᠷᠤᠨ ᠤ ᠨᠡᠶᠢᠭᠡᠮ ᠤᠨ ᠡᠯ᠎ᠡ ᠡᠲᠡᠭᠡᠳ ᠤ ᠬᠢᠨ ᠤ ᠠᠩᠬᠠᠷᠤᠯ ᠢ ᠳᠠᠲᠠᠵᠠᠢ᠃ ᠡᠭᠦᠨ ᠠᠴᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠨ᠎ᠡ ᠮᠡᠳᠡᠭᠡ ᠵᠢᠭᠤᠴᠢᠯᠠᠭᠤᠷ ᠤᠨ ᠬᠤᠵᠢᠭᠤ ᠳᠠᠪᠠᠭᠤᠯᠢᠭ ᠢ ᠮᠡᠳᠡᠵᠦ ᠪᠣᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠭ᠎ᠠ ᠮᠠᠶ᠋ᠢᠭ ᠢ ᠲᠠᠰᠤᠷᠠᠯᠲᠠ ᠦᠭᠡᠢ ᠥᠷᠭᠡᠵᠢᠭᠦᠯᠵᠦ ︽ᠰᠦᠯᠵᠢᠶᠠᠨ ᠭᠠᠳᠠᠨ᠎ᠠ︾ ᠠᠴᠠ ︽ᠰᠦᠯᠵᠢᠶᠡᠨ ᠳᠡᠭᠡᠷ᠎ᠡ︾ ᠳᠠᠬᠢᠨ ︽ᠠᠯᠠᠭᠠᠨ ᠳᠡᠭᠡᠷ᠎ᠡ︾ ᠭᠦᠢᠴᠡᠳᠭᠡᠬᠦ ᠶᠠᠪᠤᠴᠠ ᠳᠤ ︽ᠮᠥᠩᠬᠡ ᠰᠤᠪᠠᠭ︾ APP ᠨᠢ ᠠᠵᠤ ᠠᠬᠤᠶᠢᠯᠠᠯ ᠠᠷᠠᠳ ᠲᠦᠮᠡᠨ ᠳᠤ ᠬᠡᠷᠬᠢᠨ ᠳᠦᠭᠦᠮ ᠦᠵᠡᠭᠦᠯᠦᠭᠰᠡᠨ ᠪᠤᠢ︖ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 03      ︽ᠮᠥᠩᠬᠡ ᠰᠤᠪᠠᠭ︾ APP ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠬᠤ ᠬᠡᠯᠪᠡᠷᠢ ᠪᠣᠯᠭᠠᠭᠰᠠᠨ ᠦᠶᠯᠡᠳᠦᠯᠭᠡ ᠶᠢᠨ ᠴᠢᠬᠤᠯᠠ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ  ᠤ ᠲᠠᠪᠴᠠᠩ ᠤᠨ ᠪᠦᠲᠦᠮᠵᠢᠲᠡᠶ ᠤᠷᠲᠤᠳᠬᠠᠯ ᠪᠣᠯᠵᠠᠢ᠂ ︽ᠠᠯᠠᠭᠠᠨ ᠳᠡᠭᠡᠷ᠎ᠡ ᠭᠦᠶᠴᠡᠳᠬᠡᠬᠦ︾ ᠬᠡᠷᠡᠭᠵᠢᠭᠦᠯᠬᠦ ᠲᠥᠰᠦᠯ ᠢ ᠨᠡᠶᠢᠲᠡᠯᠡᠭᠰᠡᠨ ᠤ ᠵᠣᠷᠢᠯᠭ᠎ᠠ ᠨᠢ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠵᠢᠴᠢ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠦᠭᠡ ᠶᠤᠮ᠃ 2020 ᠣᠨ ᠤ 5 ᠳ᠋ᠤᠭᠠᠷ ᠰᠠᠷ᠎ᠠ ᠶᠢᠨ 8 ᠤ ᠡᠳᠦᠷ ︽ᠮᠥᠩᠬᠡ ᠰᠤᠪᠠᠭ︾ APP ᠶᠢ ᠵᠢᠩᠬᠢᠨᠢ ᠪᠠᠷ ᠰᠦᠯᠵᠢᠶᠡᠨ ᠳᠤ ᠭᠠᠷᠭᠠᠭᠠᠳ᠂ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ᠂ ᠲᠣᠭᠤᠷᠢᠭ︶ ᠳᠤ ︽ᠰᠦᠯᠵᠢᠶᠡᠨ ᠳᠡᠭᠡᠷᠡᠬᠢ ᠴᠣᠩᠬᠤᠪᠴᠢ︾ ᠶᠢ ᠨᠡᠭᠡᠭᠡᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︽ᠭᠤᠷᠪᠠᠨ ᠱᠠᠲᠤ︾ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠡᠢ᠃ ᠰᠦᠯᠵᠢᠶᠡᠨ ᠳᠤ ᠭᠠᠷᠭᠠᠭᠰᠠᠨ ᠤ 10 ᠰᠠᠷ᠎ᠠ ᠶᠢᠨ ᠳᠠᠷᠠᠭ᠎ᠠ᠂ ︽ᠮᠥᠩᠬᠡ ᠰᠤᠪᠠᠭ︾ APP ᠳᠤ ᠳᠠᠩᠰᠠᠯᠠᠭᠤᠯᠤᠭᠰᠠᠨ ᠬᠡᠷᠡᠭᠯᠡᠭᠴᠢ ᠡᠷᠦᠬᠡ 410 ᠲᠦᠮᠡ ᠳᠤ ᠬᠦᠷᠴᠦ᠂ ᠠᠰᠢᠭᠯᠠᠭᠰᠠᠨ ᠬᠡᠷᠡᠭᠯᠡᠭᠴᠢ ᠶᠢᠨ ᠲᠤᠭ᠎ᠠ ᠨᠡᠶᠢᠲᠡ 7000 ᠭᠠᠷᠤᠶ ᠲᠦᠮᠡ ᠶᠢ ᠳᠠᠪᠠᠵᠤ᠂ ᠡᠷᠡᠭᠦᠯ ᠮᠡᠨᠳᠦ ᠶᠢᠨ ᠺᠣᠳ᠋ ᠢ 4800 ᠲᠦᠮᠡᠨ ᠤᠳᠠᠭ᠎ᠠ ᠭᠠᠷᠭᠠᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ 5000 ᠭᠠᠷᠤᠶ ᠰᠠᠯᠠᠭ᠎ᠠ ᠮᠥᠴᠢᠷ ᠤᠨ 10 ᠲᠦᠮᠡᠨ ᠵᠦᠶᠯ ᠤᠨ ᠬᠡᠷᠡᠭ ᠤᠴᠢᠷ ᠤᠨ ᠴᠤᠪᠤᠷᠠᠯ ᠤᠨ ᠠᠬᠢᠴᠠ ᠶᠢ ᠪᠠᠶᠢᠴᠠᠭᠠᠨ ᠯᠠᠪᠯᠠᠬᠤ᠂ ᠯᠠᠪᠯᠠᠵᠤ ᠦᠨᠡᠯᠡᠬᠦ ᠦᠶᠯᠡᠴᠢᠯᠡᠭᠡ ᠶᠢ ᠪᠡᠶᠡᠯᠡᠭᠦᠯᠵᠦ᠂ 573 ᠲᠥᠷᠦᠯ ᠤᠨ ᠣᠨᠴᠠᠯᠢᠭᠲᠤ ᠬᠡᠷᠡᠭᠯᠡᠭᠡᠨ ᠨᠦᠭᠦᠳ ᠢ ᠵᠠᠯᠭᠠᠨ ᠣᠷᠣᠭᠤᠯᠵᠤ᠂ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ 16 ᠲᠥᠷᠥᠯ ᠤᠨ ᠡᠯᠧᠺᠲᠷᠣᠨ ᠦᠨᠡᠮᠯᠡᠯ ᠤᠨ ᠬᠡᠷᠡᠭᠯᠡᠯᠲᠡ ᠨᠦᠭᠦᠳ ᠢ ᠳᠡᠮᠵᠢᠪᠡ᠃ ᠲᠠᠷᠠᠭᠠᠴᠢ ᠶᠢᠨ ᠠᠯᠬᠤᠮ ᠳᠤ᠂ ︽ᠮᠥᠩᠬᠡ ᠰᠤᠪᠠᠭ︾ APP ᠨᠢ ᠠᠵᠤ ᠠᠬᠤᠶᠢᠯᠠᠯ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠦᠷᠭᠦᠯᠵᠢᠯᠡᠨ ᠰᠠᠭᠤᠷᠢᠯᠠᠵᠤ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠠᠮᠤᠷᠬᠤ ᠬᠡᠪᠴᠢᠶ᠎ᠡ ᠪᠠᠷ ᠥᠷᠭᠡᠨ᠂ ᠬᠡᠷᠡᠭᠯᠡᠭᠡᠨ ᠤ ᠳᠠᠪᠲᠠᠮᠵᠢ ᠪᠠᠷ ᠥᠨᠳᠥᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠢᠯᠵᠢᠭᠡ ᠦᠵᠦᠭᠦᠷ ᠳᠠᠰᠢ ᠤᠷᠲᠤᠳᠬᠠᠬᠤ ᠶᠢ ᠢᠳᠡᠪᠬᠢᠲᠡᠶ ᠠᠬᠢᠭᠤᠯᠵᠤ᠂ ᠨᠠᠩ ᠣᠯᠠᠨ ᠵᠠᠰᠠᠭ  ᠤᠨ ᠶᠠᠪᠤᠳᠠᠯ ᠤᠨ ᠦᠶᠯᠡᠴᠢᠯᠡᠭᠡ ᠶᠢ ︽ᠠᠯᠠᠭᠠᠨ ᠳᠡᠭᠡᠷ᠎ᠡ ᠭᠦᠶᠴᠡᠳᠬᠡᠬᠦ︾᠂ ︽ᠬᠤᠷᠤᠭᠤ ᠪᠠᠷ ᠭᠦᠶᠴᠡᠳᠬᠡᠬᠦ︾ ᠶᠢ ᠪᠡᠶᠡᠯᠡᠭᠦᠯᠵᠦ᠂ ︽ᠮᠥᠩᠬᠡ ᠰᠤᠪᠠᠭ︾ APP ᠶᠢ ᠠᠵᠤ ᠠᠬᠤᠶᠢᠯᠠᠯ ᠣᠯᠠᠨ ᠲᠦᠮᠡᠨ ᠤ ︽ᠦᠵᠡᠬᠦ ᠳᠤ ᠡᠪᠲᠡᠢ ᠬᠡᠷᠡᠭᠯᠡᠬᠦ ᠳᠤ ᠳᠦᠭᠦᠮ᠂ ᠦᠷᠭᠦᠯᠵᠢ ᠦᠵᠡᠨ ᠪᠠᠶᠢᠩᠭᠤ ᠠᠰᠢᠭᠯᠠᠳᠠᠭ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠲᠠᠪᠴᠠᠩ ᠪᠣᠯᠭᠠᠨ᠎ᠠ᠃ᠬᠥᠲᠥᠯᠥᠭᠴᠢ 2021 - 03109᠄ 05      ᠲᠠᠨ ᠤ ᠰᠠᠶ᠋ᠢ ᠶᠢᠨ ᠳᠤᠷᠠᠳᠤᠭᠰᠠᠨ ︽ᠮᠥᠩᠬᠡ ᠰᠤᠪᠠᠭ ᠢᠶᠠᠷ ᠬᠦᠢᠴᠡᠳᠭᠡᠬᠦ · ᠨᠢᠭᠡ ᠯᠠ ᠤᠳᠠᠭ᠎ᠠ ᠳᠤ ᠭᠦᠢᠴᠡᠳᠭᠡᠬᠦ︾ ᠭᠡᠳᠡᠭ ᠨᠢ ᠪᠣᠳᠠᠲᠠᠶ ᠶᠠᠭᠤ ᠶᠢ ᠵᠢᠭᠠᠵᠤ ᠪᠠᠶᠢᠬᠤ ᠪᠤᠢ︖ ᠡᠨᠡ ᠤᠳᠠᠭ᠎ᠠ᠂ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ︽︿ᠮᠥᠩᠬᠡ ᠰᠤᠪᠠᠭ﹀ ᠤᠨ ᠨᠢᠭᠡ ᠯᠡ ᠤᠳᠠᠭ᠎ᠠ ᠳᠤ ᠭᠦᠶᠴᠡᠳᠬᠡᠬᠦ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠳᠤ ᠴᠥᠮ ᠶᠠᠮᠠᠷ ᠶᠠᠮᠠᠷ ᠣᠨᠴᠠᠯᠢᠭ ᠪᠠ ᠬᠢᠯᠠᠰ ᠴᠡᠭ ᠪᠠᠶᠢᠬᠤ ᠪᠣᠶ︖ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 05      ︽ᠨᠢᠭᠡ ᠯᠡ ᠤᠳᠠᠭ᠎ᠠ ᠳᠤ ᠭᠦᠢᠴᠡᠳᠭᠡᠬᠦ︾ ᠭᠡᠳᠡᠭ ᠢ ᠣᠶᠢᠯᠠᠭᠠᠮᠵᠢᠲᠠᠶ ᠪᠠᠷ ᠬᠡᠯᠡᠪᠡᠯ᠂ ᠣᠯᠠᠨ ᠰᠠᠯᠠᠭ᠎ᠠ ᠮᠥᠴᠢᠷ ᠤᠨ ᠰᠢᠶᠳᠪᠦᠷᠢᠯᠡᠬᠦ ︽ᠨᠢᠭᠡ ᠯᠡ ᠤᠴᠢᠷ ᠶᠠᠪᠤᠳᠠᠯ︾ ᠢ ᠣᠯᠠᠨ ᠲᠦᠮᠡᠨ ᠤ ᠨᠢᠳᠦᠨ ᠳᠤ ᠦᠵᠡᠭᠳᠡᠬᠦ ︽ᠨᠢᠭᠡ ᠯᠡ ᠶᠠᠪᠤᠳᠠᠯ︾ ᠪᠣᠯᠭᠠᠨ ᠲᠥᠪᠯᠡᠷᠡᠭᠦᠯᠵᠦ᠂ ︽ᠨᠢᠭᠡ ᠯᠡ ᠤᠳᠠᠭ᠎ᠠ ᠮᠡᠳᠡᠭᠦᠯᠬᠦ᠂ ᠨᠢᠭᠡ ᠯᠡ ᠢᠵᠢ ᠬᠦᠰᠦᠨᠦᠭ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠨᠢᠭᠡ ᠯᠡ ᠤᠳᠠᠭ᠎ᠠ ᠳᠤ ᠬᠠᠮᠲᠤᠷᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠨᠢᠭᠡ ᠯᠡ ᠴᠣᠩᠬᠤᠪᠴᠢ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠤᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠤᠴᠢᠷ ᠶᠠᠪᠤᠳᠠᠯ ᠭᠦᠢᠴᠡᠳᠬᠡᠯᠭᠡᠬᠦ ᠣᠯᠠᠨ ᠲᠦᠮᠡᠨ ᠳᠤ ᠢᠵᠢ ᠦᠶᠯᠡᠴᠢᠯᠡᠭᠡ᠂ ᠭᠤᠤᠯ ᠰᠡᠳᠦᠪᠲᠦ ᠦᠶᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠵᠦᠶᠯᠡᠰ  ᠢ ︽ᠣᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠤ ︽ᠣᠯᠠᠨ ᠤᠳᠠᠭ᠎ᠠ ᠭᠦᠶᠦᠬᠦ︾ ᠶᠢ ︽ᠨᠢᠭᠡ ᠯᠡ ᠤᠳᠠᠭ᠎ᠠ ᠳᠤ ᠭᠦᠶᠴᠡᠳᠬᠡᠬᠦ︾ ᠪᠣᠯᠭᠠᠬᠤ ᠶᠢ ᠬᠡᠯᠡᠨ᠎ᠡ᠃ ︽ᠨᠢᠭᠡ ᠯᠡ ᠤᠳᠠᠭ᠎ᠠ ᠳᠤ ᠭᠦᠶᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠳᠤ 3 ᠭᠤᠤᠯ ᠠᠵᠢᠯ ᠪᠣᠶ᠃ ᠨᠢᠭᠡ ᠳᠤ ᠥᠪᠡᠷᠲᠡᠭᠡᠨ ᠵᠠᠰᠠᠬᠤ ᠣᠷᠣᠨ ︽ᠨᠢᠭᠡ ᠶᠠᠪᠤᠳᠠᠯ︾ ᠤᠨ ᠵᠦᠶᠯᠡᠰ ᠤᠨ ᠨᠠᠷᠢᠨ ᠬᠠᠭᠤᠳᠠᠰᠤ ᠶᠢ ᠨᠢᠭᠡᠳᠦᠯᠲᠡᠶ ᠡᠮᠬᠢᠯᠡᠨ ᠳᠢᠭᠯᠡᠨ᠎ᠡ᠃ ᠡᠯ᠎ᠡ ᠭᠠᠵᠠᠷ ᠤᠨ ᠬᠢᠨ ᠳᠠᠬᠢᠨ ᠳᠠᠪᠲᠠᠨ ᠡᠮᠬᠢᠯᠡᠬᠦ ᠠᠴᠠ ᠵᠠᠶᠢᠯᠠᠰᠬᠢᠵᠦ᠂ ᠦᠨᠳᠦᠰᠦᠨ ᠱᠠᠲᠤᠨ ᠤ ᠠᠵᠢᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠯ᠎ᠡ ᠭᠠᠵᠠᠷ ᠤᠨ ᠬᠢᠨ ᠤ ︽ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠠᠭᠢᠭᠤᠯᠤᠨ᠎ᠠ᠃ ᠬᠤᠶᠠᠷ ᠲᠤ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ ᠢ ᠨᠢᠭᠡᠳᠦᠯᠲᠡᠶ ᠨᠠᠶᠢᠷᠠᠭᠤᠯᠤᠨ ᠵᠣᠬᠢᠶᠠᠨ᠎ᠠ᠃ ᠤᠯᠤᠰ  ᠤᠨ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ ᠢ ᠪᠦᠷᠢᠯᠳᠦᠭᠦᠯᠵᠦ᠂ ᠡᠯ᠎ᠡ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠬᠦᠴᠦᠨ ᠵᠦᠢᠯ ᠨᠢ ᠨᠢᠭᠡᠳᠦᠯ ᠦᠭᠡᠶ᠂ ᠮᠡᠳᠡᠭᠳᠡᠭᠰᠡᠨ ᠨᠢ ᠪᠣᠳᠠᠲᠠᠶᠢᠵᠢᠭᠰᠠᠨ ᠦᠭᠡᠶ᠂ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠭᠰᠠᠨ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠣᠯᠠᠨ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠭᠤᠷᠪᠠ  ᠳᠤ ᠣᠷᠣᠨ ᠨᠤᠲᠤᠭ ᠤᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠨ᠎ᠠ᠃ ᠡᠯ᠎ᠡ ᠭᠠᠵᠠᠷ ᠤᠨ ︽ᠨᠢᠭᠡ ᠯᠡ ᠤᠳᠠᠭ᠎ᠠ ᠳᠤ ᠭᠦᠶᠴᠡᠳᠬᠡᠬᠦ︾ ᠠᠵᠢᠯ ᠢ ᠠᠯᠢ ᠴᠢᠳᠠᠬᠤ ᠪᠠᠷ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠬᠥᠲᠥᠯᠥᠭᠴᠢ 2021 - 03109᠄ 06      ᠥᠪᠡᠷᠲᠡᠭᠡᠨ ᠵᠠᠰᠠᠬᠤ ᠣᠷᠣᠨ ︽ᠮᠥᠩᠬᠡ ᠰᠤᠪᠠᠭ ᠲᠠᠨ ᠢ ᠬᠠᠪᠰᠤᠷᠤᠨ ᠭᠦᠶᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠭᠤᠤᠯᠳᠠᠭᠤ ᠠᠵᠤ ᠠᠬᠤᠶᠢᠯᠠᠯ ᠪᠠ ᠣᠯᠠᠨ ᠲᠦᠮᠡᠨ ᠢ ᠬᠠᠪᠰᠤᠷᠤᠨ ᠶᠠᠮᠠᠷ ᠠᠰᠠᠭᠤᠳᠠᠯ ᠢ ᠰᠢᠶᠳᠪᠦᠷᠢᠯᠡᠵᠦ ᠥᠭᠬᠦ ᠭᠡᠰᠡᠨ ᠪᠣᠶ︖ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠠᠮᠠᠷ ᠶᠠᠮᠠᠷ ᠭᠠᠵᠠᠷ ᠣᠷᠣᠨ ᠳᠤ ︽ᠮᠥᠩᠬᠡ ᠰᠤᠪᠠᠭ︾ ᠦᠶᠯᠡᠴᠢᠯᠡᠭᠡ ᠶᠢ ᠨᠢᠭᠡᠨᠲᠡ ᠥᠷᠨᠢᠭᠦᠯᠦᠭᠰᠡᠨ ᠪᠣᠶ︖ ᠪᠣᠳᠠᠲᠠᠶ ᠶᠠᠮᠠᠷ ᠲᠥᠷᠥᠯ ᠵᠦᠶᠯ ᠢ ᠣᠷᠣᠯᠠᠨ ᠭᠦᠶᠴᠡᠳᠬᠡᠵᠦ ᠬᠠᠪᠰᠤᠷᠤᠨ ᠭᠦᠢᠴᠡᠳᠬᠡᠵᠦ ᠪᠠᠶᠢᠬᠤ ᠪᠣᠶ︖ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 07      ︽ᠲᠠᠨ ᠢ ᠬᠠᠪᠰᠤᠷᠴᠤ ᠭᠦᠶᠴᠡᠳᠬᠡᠬᠦ︾ ᠭᠡᠳᠡᠭ ᠨᠢ ᠠᠵᠤ ᠠᠬᠤᠶᠢᠯᠠᠯ ᠤᠨ ᠪᠠᠯᠠ ᠣᠷᠤᠭᠤᠯᠬᠤ ᠲᠥᠷᠥᠯ ᠵᠦᠶᠯ ᠤᠳ ᠢ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡ ᠶᠢ ᠵᠢᠭᠠᠵᠤ ᠪᠠᠶᠢᠨ᠎ᠠ᠃ ᠪᠢᠳᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠲᠤᠰᠬᠠᠢ ᠣᠷᠣᠯᠠᠨ ᠭᠦᠢᠴᠡᠳᠬᠡᠬᠦ ᠡᠩᠨᠡᠭᠡ ᠲᠤᠬᠢᠷᠠᠭᠤᠯᠵᠤ᠂ ᠲᠤᠰᠬᠠᠢ ᠴᠤᠩᠬᠤᠪᠴᠢ ᠲᠤᠬᠢᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠭᠤᠶᠤᠴᠢᠯᠠᠭᠴᠢ ᠳᠤ ᠲᠦᠷᠦ  ᠶᠢᠨ ᠪᠤᠳᠤᠯᠭ᠎ᠠ ᠶᠢᠨ ᠯᠠᠪᠯᠠᠭ᠎ᠠ ᠥᠭᠬᠦ᠂ ᠵᠣᠬᠢᠴᠠᠭᠤᠯᠤᠨ ᠠᠬᠢᠭᠤᠯᠬᠤ᠂  ᠬᠠᠮᠵᠢᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠵᠤ᠂ ᠲᠦᠷᠦᠯ ᠵᠦᠢᠯ ᠡᠷᠲᠡᠬᠡᠨ ᠲᠣᠭᠲᠠᠭᠠᠬᠤ᠂ ᠠᠵᠢᠯ ᠡᠷᠲᠡᠬᠡᠨ ᠡᠬᠢᠯᠡᠭᠦᠯᠬᠦ᠂ ᠠᠰᠢᠭᠯᠠᠯᠲᠠ ᠳᠤ ᠡᠷᠲᠡᠬᠡᠨ ᠣᠷᠣᠭᠤᠯᠬᠤ ᠶᠢ ᠠᠬᠢᠭᠤᠯᠤᠨ᠎ᠠ᠃ ︽ᠲᠠᠨ ᠢ ᠬᠠᠪᠰᠤᠷᠤᠨ ᠭᠦᠶᠴᠡᠳᠬᠡᠬᠦ︾ ᠶᠢᠨ ᠬᠡᠷᠡᠭᠵᠢᠭᠦᠯᠬᠦ ᠬᠡᠪᠴᠢᠶ᠎ᠡ ᠪᠣᠯ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠬᠠᠤᠯᠢ ᠶᠣᠰᠣᠭᠠᠷ ᠪᠠᠶᠢᠭᠤᠯᠤᠭᠳᠠᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠶᠢ ᠪᠠᠭᠲᠠᠭᠠᠨ᠎ᠠ︶ ᠪᠣᠯᠤᠨ᠎ᠠ᠃ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠲᠥᠷᠥᠯ ᠵᠦᠢᠯ ᠳᠤ ᠭᠤᠣᠯᠴᠠᠭᠤ ᠭᠤᠷᠪᠠᠨ ᠲᠥᠷᠦᠯ ᠢ ᠪᠠᠭᠲᠠᠨ᠎ᠠ᠄ ᠨᠢᠭᠡ ᠳᠤ ᠰᠢᠶᠠᠨ ᠤ ᠱᠠᠲᠤ ᠪᠠ ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ  ᠤ ᠲᠣᠭᠲᠠᠭᠠᠭᠰᠠᠨ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︔ ᠬᠤᠶᠠᠷ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ︔ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ᠂ ᠤᠯᠤᠰ ᠠᠴᠠ ᠵᠣᠷᠢᠭᠵᠢᠭᠤᠯᠬᠤ ᠲᠥᠷᠥᠯ ᠵᠦᠢᠯ ᠵᠡᠷᠭᠡ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠃ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡ ᠨᠢ ︽ᠱᠠᠲᠤ ᠬᠤᠪᠢᠶᠠᠨ ᠭᠦᠶᠴᠡᠳᠬᠡᠬᠦ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠭᠦᠶᠴᠡᠳᠬᠡᠬᠦ︾ ᠠᠷᠭ᠎ᠠ ᠶᠢ ᠬᠡᠷᠡᠭᠯᠡᠨ᠎ᠡ᠃ ᠰᠦᠯᠵᠢᠶᠡᠨ ᠭᠠᠳᠠᠨ᠎ᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠲᠦᠰᠢᠭᠯᠡᠨ ︽ᠲᠠᠨ ᠢ ᠬᠠᠪᠰᠤᠷᠤᠨ ᠭᠦᠶᠴᠡᠳᠬᠡᠬᠦ︾ ᠴᠣᠩᠬᠤᠪᠴᠢ ᠭᠠᠷᠭᠠᠵᠤ᠂ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ᠂ ︽ᠮᠥᠩᠬᠡ ᠰᠤᠪᠠᠭ︾ ᠰᠢᠯᠵᠢᠮᠡᠯ ᠦᠵᠦᠭᠦᠷ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠳᠤ ᠲᠦᠰᠢᠭᠯᠡᠨ ︽ᠲᠠᠨ ᠢ ᠬᠠᠪᠰᠤᠷᠤᠨ ᠭᠦᠶᠴᠡᠳᠬᠡᠬᠦ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠵᠥᠪᠯᠡᠯᠭᠡ ᠥᠭᠬᠦ᠂ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠶᠴᠡᠳᠬᠡᠬᠦ ᠵᠡᠷᠭᠡ ᠪᠥᠬᠦ ᠲᠠᠯ᠎ᠠ ᠶᠢᠨ ᠦᠶᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ 22 ᠦᠶᠯᠡᠴᠢᠯᠡᠭᠡᠨ ᠤ ᠵᠦᠶᠯᠡᠰ ᠢ ᠨᠢᠭᠡᠳᠦᠯᠲᠡᠶ ᠡᠮᠬᠢᠯᠡᠨ ᠨᠡᠶᠢᠲᠡᠯᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠴᠤᠪᠤᠷᠠᠯ ᠵᠢᠷᠤᠭ ᠤᠨ ᠵᠢᠱᠢᠶ᠎ᠡ ᠦᠵᠡᠭᠦᠯᠬᠦ ᠪᠢᠴᠢᠭ ᠬᠠᠷ᠎ᠠ᠂ ᠭᠤᠶᠤᠴᠢᠯᠠᠯ ᠤᠨ ᠬᠦᠰᠦᠨᠦᠭᠲᠦ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠵᠡᠷᠭᠡ ᠴᠢᠬᠤᠯᠠ ᠮᠠᠲ᠋ᠧᠷᠢᠶᠠᠯ ᠤᠳ ᠢ ᠳᠠᠷᠤᠮᠠᠯᠯᠠᠨ ᠲᠠᠷᠬᠠᠭᠠᠵᠤ᠂ ᠭᠤᠶᠤᠴᠢᠯᠠᠬᠤ ᠠᠴᠠ ᠭᠦᠶᠴᠡᠳᠬᠡᠬᠦ ᠬᠦᠷᠲᠡᠯᠡᠬᠢ ᠪᠥᠬᠦ ᠴᠤᠪᠤᠷᠠᠯ ᠢ ᠬᠠᠮᠤᠷᠬᠤ ᠶᠢ ᠪᠡᠶᠡᠯᠡᠭᠦᠯᠦᠨ᠂ ᠲᠥᠷᠥᠯ ᠵᠦᠶᠯ ᠤᠳ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠤᠢᠢᠷ᠎ᠠ ᠶᠢᠨ ᠵᠢᠯ ᠤᠳ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠨᠢᠭᠡ ᠤᠳᠠᠭ᠎ᠠ ᠶᠢᠨ ᠭᠦᠨᠵᠡᠭᠡᠢ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠰᠢᠨ᠎ᠡ ᠡᠭᠦᠳᠦᠯᠲᠡ ᠮᠥᠨ᠂ ᠨᠢᠭᠡ ᠵᠦᠢᠯ ᠤᠨ ᠰᠠᠭᠤᠷᠢ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠂ ᠡᠭᠦᠷᠭᠡ ᠬᠦᠨᠳᠦ ᠵᠠᠮ ᠬᠤᠯᠠ ᠪᠠᠶᠢᠨ᠎ᠠ᠂ ᠭᠠᠭᠴᠠ ᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠦᠷᠢᠮ ᠤᠨ ᠰᠢᠨ᠎ᠡ ᠡᠭᠦᠳᠦᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠡᠳᠦᠷ ᠳᠤᠳᠤᠮ ᠤᠨ ᠠᠵᠢᠯ ᠤᠳ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠪᠠᠯ ᠰᠠᠶ᠋ᠢ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠴᠢᠳᠠᠯ  ᠢᠶᠠᠨ ᠡᠷᠭᠦᠵᠦ ᠴᠢᠳᠠᠨ᠎ᠠ ᠭᠡᠳᠡᠭ ᠢ ᠪᠢᠳᠠ ᠦᠨᠡᠨ ᠬᠦ ᠣᠶᠢᠯᠠᠭᠠᠵᠤ ᠮᠡᠳᠡᠯ᠎ᠡ᠃ᠬᠥᠲᠥᠯᠥᠭᠴᠢ 2021 - 03109᠄ 09       ᠵᠠ᠂ ᠪᠣᠤ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠣᠰ ᠬᠤᠭᠤᠴᠠᠭᠠᠨ ᠤ ᠫᠷᠤᠭ᠍ᠷᠠᠮ ᠢ ᠭᠥᠯᠢᠶᠡᠨ ᠠᠪᠴᠤ ᠦᠵᠡᠭᠰᠡᠨ ᠳᠤ ᠪᠠᠶᠠᠷᠯᠠᠯ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠢᠷᠭᠠᠵᠤ ᠪᠠᠶᠢᠨ᠎ᠠ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ  ︕ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠣᠤ ᠵᠢᠶᠠᠨ ᠵᠦᠩ 2021 - 03109᠄ 09      ᠪᠠᠶᠠᠷᠲᠠᠶ︕
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ

        365赢多少钱会被限额_国内有真正的365平台吗_365bet博彩官网