内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        365赢多少钱会被限额_国内有真正的365平台吗_365bet博彩官网

        2021 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠷᠯᠠᠯ
        ᠨᠡᠶᠢᠲᠡᠯᠡᠭᠰᠡᠨ ᠴᠠᠭ᠄
        2021/4/20
        2021 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠷᠯᠠᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠄      ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ ᠠᠵᠢᠯ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2021 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠤᠭᠤᠴᠢᠨ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠵᠠᠷᠯᠠᠪᠠ᠄      ᠨᠢᠭᠡ᠂ ᠶᠡᠷᠦᠩᠬᠡᠶ ᠪᠠᠶᠢᠳᠠᠯ      ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ᠃ 2021 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠵᠢᠯᠯᠠᠭᠤᠯᠵᠤ ᠪᠠᠶᠢᠭ᠎ᠠ 549 ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠠᠴᠠ 272 ᠶᠢ ᠰᠤᠭᠤᠴᠢᠨ ᠪᠠᠶᠢᠴᠠᠭᠠᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ 160 ᠰᠦᠯᠵᠢᠶᠡᠨ ᠥᠷᠲᠡᠭᠡ ᠵᠢᠴᠢ ᠡᠯ᠎ᠡ ᠱᠠᠲᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠥᠷᠲᠡᠭᠡ ᠶᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 100% ᠪᠣᠯᠤᠨ᠎ᠠ︔ ᠪᠤᠰᠤᠳ 112 ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠶᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 30% ᠪᠣᠯᠤᠨ᠎ᠠ᠃ ᠰᠤᠭᠤᠴᠢᠨ ᠪᠠᠶᠢᠴᠠᠭᠠᠭᠰᠠᠨ ᠤ ᠳ᠋ᠦᠩ ᠳᠤ 6 ᠲᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠢᠯᠡᠷᠡᠭᠦᠯᠵᠦ᠂ ᠶᠡᠷᠦᠩᠬᠡᠶ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 97.79% ᠪᠠᠶᠢᠵᠤ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠠᠯᠠᠱᠠ ᠠᠶᠢᠮᠠᠭ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 100% ᠪᠣᠯᠤᠨ᠎ᠠ᠃      ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ᠃ 2021 ᠣᠨ ᠤ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠵᠠᠰᠠᠭ ᠤᠨ ᠶᠠᠪᠤᠳᠠᠯ ᠤᠨ 5185 ᠰᠢᠨ᠎ᠡ ᠵᠠᠭᠤᠴᠢᠯᠠᠭᠤᠷ ᠤᠨ ᠳᠣᠲᠣᠷ᠎ᠠ ᠠᠴᠠ 2270 ᠶᠢ ᠰᠤᠭᠤᠴᠢᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 100% ᠳᠤ ᠬᠦᠷᠴᠦ᠂ ᠡᠯ᠎ᠡ ᠠᠶᠢᠮᠠᠭ ᠤᠨ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠬᠠᠷᠢᠴᠠᠯ ᠨᠢ 40% ᠳᠤ ᠬᠥᠷᠪᠡ᠃ ᠰᠤᠭᠤᠴᠢᠨ ᠪᠠᠶᠢᠴᠠᠭᠠᠭᠰᠠᠨ ᠤ ᠳ᠋ᠦᠩ ᠳᠤ ᠬᠢᠷᠢ ᠲᠡᠩᠴᠡᠭᠰᠡᠨ ᠥᠬᠡᠶ 119 ᠰᠢᠨ᠎ᠡ ᠵᠠᠭᠤᠴᠢᠯᠠᠭᠤᠷ ᠢ ᠢᠯᠡᠷᠡᠭᠦᠯᠵᠦ᠂ ᠶᠡᠷᠦᠩᠬᠡᠶ ᠬᠢᠷᠢ ᠲᠡᠩᠴᠡᠭᠰᠡᠨ ᠨᠣᠷᠮ᠎ᠠ ᠨᠢ 94.77% ᠪᠠᠶᠢᠵᠤ᠂ ᠡᠭᠦᠨ ᠳᠤ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠣᠷᠳᠣᠰ ᠬᠤᠲᠠ ᠵᠡᠷᠭᠡ 5 ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠢ ᠶᠡᠷᠦᠩᠬᠡᠶ ᠬᠢᠷᠢ ᠲᠡᠩᠴᠡᠭᠰᠡᠨ ᠨᠣᠷᠮ᠎ᠠ ᠠᠴᠠ ᠥᠨᠳᠥᠷ ᠪᠠᠶᠢᠨ᠎ᠠ᠃      ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ      ︵ᠨᠢᠭᠡ︶ ᠰᠦᠯᠵᠢᠶᠡᠨ ᠥᠷᠲᠡᠭᠡ ᠪᠠᠨ ᠰᠢᠨᠡᠳᠬᠡᠬᠦ ᠥᠬᠡᠶ ᠪᠠᠶᠢᠬᠤ ᠵᠢᠴᠢ ᠪᠤᠯᠤᠩ ᠬᠤᠭᠤᠰᠣᠨ ᠪᠠᠶᠢᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ᠦᠬᠠᠶ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠰᠦᠯᠵᠢᠶᠡᠨ ᠤ ᠲᠡᠷᠢᠭᠦᠨ ᠨᠢᠭᠤᠷ ᠢ ᠰᠢᠨᠡᠳᠬᠡᠭᠰᠡᠨ ᠦᠭᠡᠢ 2 ᠭᠠᠷᠠᠭ ᠠᠴᠠ ᠬᠡᠲᠦᠷᠡᠪᠡ︔ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ      ︽ᠬᠠᠤᠯᠢ ᠶᠣᠰᠣᠭᠠᠷ ᠵᠠᠰᠠᠭ ᠶᠠᠪᠤᠭᠤᠯᠬᠤ︾ ᠲᠤᠰᠬᠠᠶ ᠰᠡᠳᠦᠪ ᠤᠨ ᠬᠤᠭᠤᠰᠣᠨ ᠪᠤᠯᠤᠩ ᠨᠢ 5 ᠶᠢ ᠳᠠᠪᠠᠵᠠᠶ᠃      ︵ᠬᠤᠶᠠᠷ︶ ᠰᠦᠯᠵᠢᠶᠡᠨ ᠥᠷᠲᠡᠭᠡ ᠶᠢᠨ ᠬᠠᠷᠢᠯᠴᠠᠨ ᠦᠢᠯᠡᠳᠦᠯᠴᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠰᠦᠯᠵᠢᠶ᠎ᠡ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠰᠦᠯᠵᠢᠶᠡᠨ ᠥᠷᠲᠡᠭᠡ ᠨᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠰᠠᠨᠠᠯ ᠵᠥᠪᠯᠡᠯᠭᠡ ᠳᠤᠷᠠᠳᠬᠤ ᠪᠦᠲᠦᠮᠵᠢᠲᠡᠶ ᠠᠷᠭ᠎ᠠ ᠵᠠᠮ ᠢ ᠬᠠᠩᠭᠠᠭᠰᠠᠨ ᠦᠭᠡᠢ︔ ᠳ᠋ᠧᠩᠺᠧᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠤ ᠠᠰᠠᠭᠤᠨ ᠯᠠᠪᠯᠠᠬᠤ ᠪᠤᠯᠤᠩ ᠳᠤ ᠬᠡᠪ ᠤᠨ ᠪᠠᠶᠢᠳᠠᠯ ᠢᠶᠠᠷ ᠦᠭᠡ ᠦᠯᠡᠳᠡᠭᠡᠵᠦ ᠳᠡᠶᠢᠯᠬᠦ ᠦᠭᠡᠢ︔ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠰᠦᠯᠵᠢᠶᠡᠨ ᠥᠷᠲᠡᠭᠡ ᠶᠢᠨ ᠦᠭᠡ ᠦᠯᠡᠳᠡᠭᠡᠵᠦ ᠢᠯᠡ ᠪᠣᠯᠭᠠᠬᠤ ᠪᠤᠯᠤᠩ ᠢᠶᠠᠨ ᠰᠢᠨᠡᠳᠬᠡᠭᠰᠡᠨ ᠦᠭᠡᠢ 2 ᠰᠠᠷ᠎ᠠ ᠠᠴᠠ ᠬᠡᠲᠦᠷᠡᠪᠡ︔ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ 5 ᠵᠤᠷᠪᠤᠰ ᠢᠯᠡ ᠪᠣᠯᠭᠠᠬᠤ ᠪᠠᠷ ᠦᠯᠡᠳᠡᠭᠡᠭᠰᠡᠨ ᠦᠭᠡ ᠳᠤ ᠰᠤᠭᠤᠴᠢᠨ ᠪᠠᠶᠢᠴᠠᠭᠠᠯᠲᠠ ᠬᠢᠬᠦ ᠳᠤ ᠴᠥᠮ ︽ᠬᠠᠷᠢᠭᠤ ᠥᠭᠬᠦ ᠨᠢᠭᠡᠴᠢ︾ ᠶᠢᠨ ᠡᠯᠧᠮᠧᠨ᠋ᠲ ᠳᠤᠲᠠᠭᠳᠠᠵᠤ ᠪᠠᠶᠢᠬᠤ ᠪᠥᠭᠡᠳ ᠦᠯᠡᠳᠡᠭᠡᠭᠰᠡᠨ ᠦᠭᠡ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠢᠯᠡ ᠪᠣᠯᠭᠠᠭᠰᠠᠨ ᠥᠬᠡᠶ᠃      ︵ᠭᠤᠷᠪᠠ︶ ᠰᠦᠯᠵᠢᠶᠡᠨ ᠥᠷᠲᠡᠭᠡ ᠶᠢᠨ ᠴᠢᠳᠠᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠᠲᠠᠶ᠃ ᠣᠨᠴᠠ ᠵᠠᠷᠢᠮ ᠰᠦᠯᠵᠢᠶᠡᠨ ᠥᠷᠲᠡᠭᠡ ᠳᠤ

        365赢多少钱会被限额_国内有真正的365平台吗_365bet博彩官网

        ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠵᠦᠢᠯᠡᠰ ᠨᠢ ᠬᠤᠭᠤᠰᠣᠨ᠂ ᠵᠦᠭᠯᠡᠭᠦᠷ ᠤᠨ ᠴᠢᠬᠤᠯᠠ ᠡᠯᠧᠮᠧᠨ᠋ᠲ ᠨᠢ ᠣᠨᠣᠪᠴᠢ ᠥᠬᠡᠶ ᠪᠠ ᠵᠢᠷᠤᠮᠵᠢᠭᠰᠠᠨ ᠬᠦᠰᠦᠨᠦᠭᠲᠦ ᠶᠢ ᠣᠯᠬᠤ ᠠᠷᠭ᠎ᠠ ᠵᠠᠮ ᠢ ᠱᠠᠭᠠᠷᠳᠠᠯᠭ᠎ᠠ ᠶᠣᠰᠣᠭᠠᠷ ᠬᠠᠩᠭᠠᠭᠰᠠᠨ ᠥᠬᠡᠶ ᠠᠰᠠᠭᠤᠳᠠᠯ ᠣᠷᠣᠰᠢᠵᠤ ᠪᠠᠶᠢᠨ᠎ᠠ︔ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ᠶᠢᠨ ᠬᠠᠷᠢᠴᠠᠯ ᠭᠦᠢᠴᠡᠳ ᠥᠬᠡᠶ ᠵᠢᠴᠢ ᠲᠠᠶᠢᠯᠤᠮᠵᠢ ᠶᠢᠨ ᠡᠬᠡ ᠪᠢᠴᠢᠭ ᠨᠢ ᠣᠭ ᠵᠣᠬᠢᠶᠠᠯ ᠲᠠᠢ ᠬᠤᠯᠪᠣᠭᠳᠠᠯ ᠥᠬᠡᠶ ᠠᠰᠠᠭᠤᠳᠠᠯ ᠣᠷᠣᠰᠢᠵᠤ ᠪᠠᠶᠢᠨ᠎ᠠ︔ ᠳ᠋ᠧᠩᠺᠧᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠳᠠᠬᠢ ᠬᠠᠶᠢᠬᠤ ᠴᠢᠳᠠᠮᠵᠢ ᠨᠢ ᠬᠡᠷᠡᠭᠴᠡᠭᠡ ᠥᠬᠡᠶ ᠪᠠᠶᠢᠵᠤ᠂ ᠬᠠᠶᠢᠭᠰᠠᠨ ᠳ᠋ᠦᠩ ᠤᠨ ᠴᠥᠷᠬᠡ ᠶᠢ ᠴᠦ ᠨᠡᠭᠡᠭᠡᠬᠦ ᠶᠢᠨ ᠠᠷᠭ᠎ᠠ ᠥᠬᠡᠶ︔ ᠪᠠᠶᠢᠴᠠᠭᠠᠯᠲᠠ ᠳᠤᠮᠳᠠ ᠪᠠᠰᠠ 59 ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ IPv6 ᠶᠢᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠥᠬᠡᠶ᠂ 17 ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ ᠨᠢᠭᠡᠳᠦᠯᠲᠡᠶ ᠨᠡᠪᠲᠡᠷᠡᠨ ᠣᠷᠣᠬᠤ ᠪᠠ ᠨᠢᠭᠡ ᠳ᠋ᠤᠭᠠᠷ ᠢᠶᠠᠷ ᠨᠡᠪᠲᠡᠷᠡᠨ ᠣᠷᠣᠬᠤ ᠪᠠᠶᠢᠭᠤᠯᠤᠯᠲᠠ ᠶᠢ ᠪᠡᠶᠡᠯᠡᠭᠦᠯᠦᠭᠰᠡᠨ ᠥᠬᠡᠶ ᠶᠢ ᠣᠯᠵᠤ ᠮᠡᠳᠡᠪᠡ᠃      ︵ᠳᠥᠷᠪᠡ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠢᠨᠡᠳᠬᠡᠬᠦ ᠥᠬᠡᠶ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ᠸᠢᠴᠠᠲ ᠤᠨ ᠨᠡᠶᠢᠲᠡ ᠶᠢᠨ ᠲᠠᠪᠴᠠᠩ ︽ᠳ᠋ᠢᠶᠠᠨ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︾ ︽ᠠᠮᠤᠭᠤᠯᠠᠩ ᠲᠦᠪᠰᠢᠨ︾ ︽ᠬᠡᠰᠢᠭᠲᠡᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ︾᠂ ᠰᠢᠨ ᠯᠠᠩ ᠪᠢᠴᠢᠯ ᠪᠦᠷᠭᠡ ︽ᠣᠲᠤᠭ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ︾ ︽ᠦᠬᠠᠶ ᠶᠢᠨ ᠵᠢᠭᠤᠯᠴᠢᠯᠠᠯ ᠪᠡᠶ᠎ᠡ ᠶᠢᠨ ᠲᠠᠮᠢᠷ︾ ︽ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︾᠂ ᠥᠨᠥᠳᠦᠷ ᠤᠨ ᠲᠡᠷᠢᠭᠦᠨ ᠵᠤᠷᠪᠤᠰ ︽ᠠᠮᠤᠷ ᠲᠠᠶᠢᠪᠤᠩ ᠯᠢᠶᠠᠩᠴᠧᠩ︾᠂ ᠳ᠋ᠧᠦ ᠶᠢᠨ ᠣᠬᠤᠷ ᠸᠢᠳᠢᠣ᠋ ︽ᠲᠦᠩᠯᠢᠶᠣᠤ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ︾ ᠵᠡᠷᠭᠡ ᠰᠢᠨ᠎ᠡ ᠵᠠᠭᠤᠴᠢᠯᠠᠭᠤᠷ ᠲᠤ ᠴᠥᠮ ᠣᠷᠳᠣ ᠬᠤᠭᠤᠴᠠᠭ᠎ᠠ ᠰᠢᠨᠡᠳᠬᠡᠭᠰᠡᠨ ᠥᠬᠡᠶ ᠠᠰᠠᠭᠤᠳᠠᠯ ᠣᠷᠣᠰᠢᠵᠤ ᠪᠠᠶᠢᠨ᠎ᠠ᠃      ︵ᠲᠠᠪᠤ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢ ᠮᠥᠨ ᠬᠦ ᠲᠡᠭᠦᠯᠳᠡᠷᠵᠢᠭᠦᠯᠬᠦ ᠴᠢᠬᠤᠯᠠᠲᠠᠶ᠃ ᠪᠠᠶᠢᠴᠠᠭᠠᠬᠤ ᠶᠠᠪᠤᠴᠠ ᠳᠤ ᠡᠯ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠡ ᠵᠠᠩᠭᠢ ᠶᠢ ᠬᠢᠨᠠᠮᠠᠭᠠᠢ ᠬᠢᠨᠠᠨ ᠬᠠᠷᠭᠤᠭᠤᠯᠤᠭᠰᠠᠨ ᠥᠬᠡᠶ᠂ ᠠᠭᠤᠯᠭ᠎ᠠ ᠶᠢ ᠴᠢᠩᠭ᠎ᠠ ᠡᠵᠡᠮᠳᠡᠭᠰᠡᠨ ᠥᠬᠡᠶ ᠠᠴᠠ ᠪᠣᠯᠵᠣ᠂ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠰᠢᠰᠲ᠋ᠧᠮ ᠳᠤ ᠮᠥᠨ ᠬᠦ ᠬᠢᠨᠠᠨ ᠬᠠᠮᠢᠶᠠᠷᠬᠤ ᠬᠡᠪᠴᠢᠶᠡᠨ ᠳᠤ ᠪᠠᠶᠢᠬᠤ ᠥᠬᠡᠶ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠣᠷᠣᠰᠢᠵᠤ ᠪᠠᠶᠢᠬᠤ ᠶᠢ ᠮᠡᠳᠡᠪᠡ᠃ ᠣᠨᠴᠠ ᠵᠠᠷᠢᠮ ᠬᠡᠷᠡᠭᠯᠡᠭᠴᠢ ᠶᠢᠨ ᠦᠵᠦᠭᠦᠷ᠂ ᠵᠢᠵᠢᠭ ᠫᠷᠤᠭ᠍ᠷᠠᠮ ᠵᠡᠷᠭᠡ ᠶᠢ ᠬᠡᠪ ᠢᠶᠠᠷ ᠬᠡᠷᠡᠭᠯᠡᠵᠦ ᠳᠡᠶᠢᠯᠬᠦ ᠥᠬᠡᠶ᠂ ᠡᠳᠦᠷ ᠲᠤᠲᠤᠮ ᠤᠨ ᠬᠠᠮᠠᠭᠠᠯᠠᠯᠲᠠ ᠬᠦᠷᠦᠯᠴᠡᠬᠦ ᠥᠬᠡᠶ ᠪᠠᠶᠢᠳᠠᠯ ᠮᠥᠨ ᠯᠡ ᠣᠷᠣᠰᠢᠭᠰᠠᠭᠠᠷ᠃ ᠵᠢᠱᠢᠶᠡᠯᠡᠪᠡᠯ ︽ᠲᠤᠭ᠎ᠠ ᠪᠠᠷᠢᠮᠲᠠᠲᠤ ᠤᠯᠠᠭᠠᠨᠬᠠᠳᠠ︾ ᠶᠢᠨ ᠬᠡᠷᠡᠭᠯᠡᠭᠴᠢ ᠶᠢᠨ ᠦᠵᠦᠭᠦᠷ᠂ ᠪᠤᠯᠤᠩ ᠤᠨ ᠨᠢᠭᠤᠷ ᠲᠤ ᠲᠤᠭ᠎ᠠ ᠪᠠᠷᠢᠮᠲᠠ ᠥᠬᠡᠶ᠂ ᠪᠠᠭᠤᠯᠭᠠᠭᠰᠠᠨ ᠤ ᠳᠠᠷᠠᠭ᠎ᠠ ᠬᠡᠪ ᠢᠶᠠᠷ ᠬᠡᠷᠡᠭᠯᠡᠵᠦ ᠳᠡᠶᠢᠯᠬᠦ ᠥᠬᠡᠶ᠃      ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ      ︵ᠨᠢᠭᠡ︶ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠨᠢᠭᠡ ᠳᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠢ ᠢᠯᠡᠷᠡᠭᠦᠯᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠴᠠᠭ ᠲᠤᠬᠠᠶ ᠳᠤ ᠨᠢ ᠰᠢᠨᠡᠳᠬᠡᠬᠦ ᠥᠬᠡᠶ ᠪᠠ ᠬᠤᠭᠤᠰᠣᠨ ᠪᠤᠯᠤᠩ ᠦᠯᠡᠳᠡᠭᠡᠬᠦ ᠵᠡᠷᠭᠡ ᠬᠤᠷᠢᠭ᠎ᠠ ᠱᠤᠭᠤᠮ ᠠᠴᠠ ᠵᠠᠶᠢᠯᠠᠰᠬᠢᠨ᠎ᠠ︔ ᠬᠠᠷᠢᠶᠠᠨ ᠳᠠᠬᠢ ᠫᠣᠷᠲ᠋ᠧᠯ ᠰᠦᠯᠵᠢᠶᠡᠨ ᠥᠷᠲᠡᠭᠡ ᠠᠴᠠ ᠨᠡᠯᠢᠶᠡᠳ ᠣᠯᠠᠨ ᠬᠤᠪᠢ ᠬᠠᠰᠤᠭᠤᠯᠤᠭᠰᠠᠨ ᠭᠠᠵᠠᠷ ᠣᠷᠣᠨ ᠤ ᠬᠢᠨ ᠠᠰᠠᠭᠤᠳᠠᠯ ᠤᠨ ᠰᠢᠯᠲᠠᠭᠠᠨ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠮᠡᠳᠡᠭᠡ ᠵᠠᠩᠭᠢ ᠶᠢᠨ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠦᠯᠵᠢᠶᠡᠨ ᠤ ᠨᠡᠷ᠎ᠡ ᠶᠢ ᠬᠡᠷᠡᠭᠯᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠳᠢᠭᠯᠡᠵᠦ᠂ ᠰᠤᠯᠠ ᠪᠠᠶᠢᠭ᠎ᠠ ᠰᠦᠯᠵᠢᠶᠡᠨ ᠤ ᠨᠡᠷ᠎ᠡ ᠪᠠ ᠲᠣᠭᠲᠠᠭᠠᠯ ᠳᠤ ᠥᠯᠥ ᠨᠡᠶᠢᠴᠡᠬᠦ ᠰᠦᠯᠵᠢᠶᠡᠨ ᠤ ᠨᠡᠷ᠎ᠡ ᠶᠢ ᠴᠠᠭ ᠲᠤᠬᠠᠢ ᠳᠤ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ︔ ᠡᠯ᠎ᠡ ᠨᠢᠭᠡᠴᠢ ᠶᠢᠨ ᠰᠦᠯᠵᠢᠶᠡᠨ ᠥᠷᠲᠡᠭᠡ ᠶᠢᠨ ᠦᠨᠳᠦᠰᠦᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠳᠠᠷᠠᠭ᠎ᠠ᠂ ᠪᠥᠬᠦ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢᠨ ᠮᠡᠳᠡᠭᠦᠯᠦᠨ ᠬᠦᠷᠭᠡᠬᠦ ᠰᠢᠰᠲ᠋ᠧᠮ ᠳᠤ ᠴᠠᠭ ᠲᠤᠬᠠᠶ ᠳᠤ ᠨᠢ ᠰᠢᠨᠡᠳᠬᠡᠬᠦ ᠪᠠᠷ ᠰᠢᠮᠳᠠᠭᠤᠯᠬᠤ ᠬᠡᠷᠡᠭᠲᠡᠢ᠃ ᠬᠤᠶᠠᠷ ᠲᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠳᠤ ᠰᠠᠭᠤᠷᠢᠯᠠᠵᠤ᠂ ᠲᠠᠪᠴᠠᠩ ᠪᠠᠶᠢᠭᠠᠳ ᠡᠵᠡᠩᠨᠡᠯᠲᠡ ᠦᠬᠡᠢ᠂ ᠳᠠᠩᠰᠠᠨ ᠤ ᠳ᠋ᠤᠭᠠᠷ ᠪᠠᠶᠢᠭᠠᠳ ᠬᠢᠨᠠᠯᠲᠠ ᠬᠠᠮᠢᠶᠠᠷᠤᠯᠲᠠ ᠦᠬᠡᠢ᠂ ᠨᠡᠶᠢᠲᠡᠯᠡᠯ ᠪᠠᠶᠢᠲᠠᠯ᠎ᠠ ᠪᠠᠨ ᠬᠢᠨᠠᠨ ᠬᠠᠷᠭᠤᠭᠤᠯᠤᠯᠲᠠ ᠦᠬᠡᠢ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ︔ ᠭᠤᠣᠯ ᠠᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠶᠡᠭᠡ ᠲᠠᠯ᠎ᠠ ᠳᠤ ᠦᠢᠯᠡᠴᠢᠯᠡᠵᠦ᠂ ᠭᠤᠣᠯ ᠬᠥᠭ ᠠᠶᠢᠵᠠᠮ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠤᠯᠠᠮᠵᠢᠯᠠᠵᠤ᠂ ᠤᠯᠠᠨ ᠲᠦᠮᠡᠨ ᠤ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ︔ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠬᠡᠷᠡᠭᠯᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠳᠢᠭᠯᠡᠵᠦ᠂ ᠰᠤᠯᠠ ᠪᠠᠶᠢᠭ᠎ᠠ ᠰᠢᠨ᠎ᠡ ᠵᠠᠭᠤᠴᠢᠯᠠᠭᠤᠷ ᠤᠨ ᠲᠠᠩᠰᠠᠨ ᠤ ᠳ᠋ᠤᠭᠠᠷ ᠢ ᠴᠠᠭ ᠲᠤᠬᠠᠶ ᠳᠤ ᠨᠢ ᠬᠦᠴᠦᠨ ᠥᠬᠡᠶ ᠪᠣᠯᠭᠠᠵᠤ᠂ ᠬᠤᠪᠢ ᠬᠥᠮᠦᠨ ᠤ ᠲᠠᠩᠰᠠᠨ ᠤ ᠳ᠋ᠤᠭᠠᠷ ᠢᠶᠠᠷ ᠨᠡᠭᠡᠭᠡᠭᠰᠡᠨ ᠪᠣᠯᠪᠠᠴᠤ ᠨᠢᠭᠡᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠳᠤ ᠬᠡᠷᠡᠭᠯᠡᠭᠰᠡᠨ ᠪᠠᠶᠢᠪᠠᠯ᠂ ᠬᠤᠪᠢᠷᠠᠭᠤᠯᠬᠤ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠬᠦ ᠬᠡᠷᠡᠭᠲᠡᠢ︔ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢᠨ ᠮᠡᠳᠡᠭᠦᠯᠦᠨ ᠬᠦᠷᠭᠡᠬᠦ ᠰᠢᠰᠲ᠋ᠧᠮ︾ ᠢ ᠰᠠᠶᠢᠲᠤᠷ ᠬᠡᠷᠡᠭᠯᠡᠵᠦ᠂ ᠦᠨᠳᠦᠰᠦᠨ ᠮᠡᠳᠡᠭᠡ ᠵᠠᠩᠭᠢ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠳᠠᠷᠠᠭ᠎ᠠ᠂ ᠲᠣᠰ ᠮᠡᠳᠡᠭᠦᠯᠦᠨ ᠬᠦᠷᠭᠡᠬᠦ ᠰᠢᠰᠲ᠋ᠧᠮ ᠳᠤ ᠴᠠᠭ ᠲᠤᠬᠠᠶ ᠳᠤ ᠨᠢ ᠰᠢᠨᠡᠳᠬᠡᠵᠦ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ︵ᠬᠤᠶᠠᠷ︶ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ᠂ ᠰᠦᠯᠵᠢᠶᠡᠨ ᠥᠷᠲᠡᠭᠡ ᠶᠢᠨ ᠡᠯ᠎ᠡ ᠵᠦᠢᠯ ᠤᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠷᠢᠯᠴᠠᠨ ᠦᠢᠯᠡᠳᠦᠯᠴᠡᠵᠦ ᠰᠣᠯᠢᠯᠴᠠᠬᠤ ᠪᠤᠯᠤᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠦᠯᠡᠳᠡᠭᠡᠭᠰᠡᠨ ᠦᠭᠡ ᠶᠢ ᠢᠯᠡ ᠪᠣᠯᠭᠠᠬᠤ ᠪᠠ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ ᠰᠠᠶᠢᠲᠤᠷ ᠬᠢᠵᠦ᠂ ᠬᠠᠷᠢᠭᠤᠯᠠᠬᠤ ᠪᠦᠲᠦᠮᠵᠢ ᠶᠢ ᠳᠡᠭᠡᠭᠰᠢᠯᠡᠭᠦᠯᠦᠨ᠎ᠡ︔ ᠡᠯ᠎ᠡ ᠲᠥᠷᠥᠯ ᠤᠨ ᠬᠠᠷᠢᠯᠴᠠᠨ ᠦᠢᠯᠡᠳᠦᠯᠴᠡᠬᠦ ᠪᠤᠯᠤᠩ ᠢ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠨᠢᠭᠡᠳᠦᠯᠲᠡᠶ ᠨᠡᠪᠲᠡᠷᠡᠨ ᠣᠷᠣᠬᠤ᠂ ᠨᠢᠭᠡ ᠳ᠋ᠤᠭᠠᠷ ᠢᠶᠠᠷ ᠨᠡᠪᠲᠡᠷᠡᠨ ᠣᠷᠣᠬᠤ ᠪᠠᠶᠢᠭᠤᠯᠤᠯᠲᠠ ᠶᠢ ᠪᠡᠶᠡᠯᠡᠭᠦᠯᠦᠨ᠎ᠡ︔ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠦᠯᠵᠢᠶᠡᠨ ᠥᠷᠲᠡᠭᠡ ᠶᠢᠨ IPv6 ᠶᠢᠨ ᠥᠭᠡᠷᠡᠴᠢᠯᠡᠯᠲᠡ ᠶᠢ ᠲᠦᠷᠭᠡᠳᠬᠡᠨ᠎ᠡ︔ ᠰᠦᠯᠵᠢᠶ᠎ᠡ ᠶᠢᠨ ᠬᠠᠶᠢᠬᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠶᠢᠬᠤ ᠦᠨᠳᠦᠰᠦᠨ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠤᠷ᠎ᠠ᠂ ᠲᠠᠰᠢᠶ᠎ᠠ ᠥᠰᠥᠭ ᠢ ᠠᠦ᠋ᠲ᠋ᠣ᠋ ᠵᠠᠯᠠᠷᠠᠭᠤᠯᠬᠤ᠂ ᠵᠠᠩᠭᠢᠯᠠᠭ᠎ᠠ ᠶᠢᠨ ᠦᠭᠡ ᠶᠢ ᠲᠠᠨᠢᠯᠴᠠᠭᠤᠯᠬᠤ᠂ ᠠᠪᠢᠶ᠎ᠠ ᠶᠢ ᠬᠤᠪᠢᠷᠠᠭᠤᠯᠵᠤ ᠬᠠᠶᠢᠬᠤ ᠪᠠ ᠬᠢᠯᠪᠠᠷ ᠬᠡᠯᠡ ᠪᠠᠷ ᠬᠠᠶᠢᠬᠤ ᠵᠡᠷᠭᠡ ᠴᠢᠳᠠᠮᠵᠢ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠦᠢᠯᠡᠴᠢᠯᠡᠭᠡᠨ ᠤ ᠴᠢᠳᠠᠮᠵᠢ ᠶᠢ ᠤᠯᠠᠮ ᠰᠢᠯᠢᠳᠡᠭᠵᠢᠭᠦᠯᠦᠨ᠎ᠡ᠃ ᠬᠤᠶᠠᠷ ᠲᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠯ᠎ᠡ ᠵᠦᠢᠯ ᠤᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠷᠢᠯᠴᠠᠨ ᠦᠢᠯᠡᠳᠦᠯᠴᠡᠵᠦ ᠰᠣᠯᠢᠯᠴᠠᠬᠤ ᠪᠤᠯᠤᠩ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃      ︵ᠭᠤᠷᠪᠠ︶ ᠬᠢᠨᠠᠨ ᠬᠠᠮᠢᠶᠠᠷᠬᠤ ᠬᠡᠪᠴᠢᠶ᠎ᠡ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠨ᠎ᠠ᠃ 2021 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠰᠡᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠰᠢᠰᠲ᠋ᠧᠮ ᠳᠤ ᠣᠷᠣᠭᠤᠯᠤᠭᠰᠠᠨ ᠲᠠᠩᠰᠠᠨ ᠤ ᠳ᠋ᠤᠭᠠᠷ ᠢ ᠪᠦᠬᠦ ᠲᠠᠯ᠎ᠠ ᠪᠠᠷ ᠪᠠᠶᠢᠴᠠᠭᠠᠵᠤ᠂ ᠬᠢᠨᠠᠨ ᠬᠠᠮᠢᠶᠠᠷᠬᠤ ᠬᠡᠪᠴᠢᠶᠡᠨ ᠳᠤ ᠪᠠᠶᠢᠬᠤ ᠥᠬᠡᠶ ᠰᠢᠨ᠎ᠡ ᠵᠠᠭᠤᠴᠢᠯᠠᠭᠤᠷ ᠤᠨ ᠲᠠᠩᠰᠠᠨ ᠤ ᠳ᠋ᠤᠭᠠᠷ ︵ᠬᠤᠪᠢ ᠬᠥᠮᠦᠨ ᠤ ᠲᠠᠩᠰᠠᠨ ᠤ ᠳ᠋ᠤᠭᠠᠷ᠂ ᠬᠢᠨᠠᠨ ᠬᠠᠮᠢᠶᠠᠷᠬᠤ ᠬᠡᠪᠴᠢᠶᠡᠨ ᠳᠤ ᠪᠠᠶᠢᠬᠤ ᠥᠬᠡᠶ ᠨᠢᠭᠡᠴᠢ ᠶᠢᠨ ᠲᠠᠩᠰᠠᠨ ᠤ ᠳ᠋ᠤᠭᠠᠷ︶ ᠪᠠᠶᠢᠬᠤ ᠶᠢ ᠮᠡᠳᠡᠪᠡᠯ᠂ ᠬᠤᠶᠠᠳᠤᠭᠠᠷ ᠤᠯᠠᠷᠢᠯ ᠳᠤ ᠲᠡᠭᠦᠨ ᠳᠤ ᠵᠠᠷᠯᠠᠨ ᠮᠡᠳᠡᠭᠳᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠯᠭᠠᠷᠠᠭᠤᠯᠵᠤ᠂ ᠬᠢᠨᠠᠨ ᠬᠠᠮᠢᠶᠠᠷᠬᠤ ᠬᠡᠪᠴᠢᠶᠡᠨ ᠳᠤ ᠪᠠᠶᠢᠬᠤ ᠥᠬᠡᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠤ ᠳ᠋ᠤᠭᠠᠷ ᠢ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠵᠦ ᠬᠠᠰᠤᠭᠤᠯᠬᠤ ᠪᠠᠷ ᠭᠤᠶᠤᠴᠢᠯᠠᠬᠤ ᠬᠡᠷᠡᠭᠲᠡᠢ᠃      ︵ᠳᠥᠷᠪᠡ︶ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠮᠤᠷ ᠲᠦᠪᠰᠢᠨ ᠢ ᠪᠠᠲᠤᠯᠠᠨ᠎ᠠ᠃ ᠨᠢᠭᠡ ᠳᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠢᠶᠠᠷ ᠬᠥᠭᠵᠢᠯᠲᠡ ᠶᠢᠨ ᠣᠨᠣᠯᠵᠢᠬᠤᠨ ᠢ ᠪᠤᠢ ᠪᠣᠯᠭᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠰᠦᠯᠵᠢᠶᠡᠨ ᠦᠷᠲᠡᠭᠡ ᠶᠢᠨ ᠴᠥᠷᠭᠡ ᠶᠢᠨ ᠬᠡᠷᠡᠭᠯᠡᠵᠦ ᠪᠣᠯᠬᠤᠶᠢᠴᠠ ᠪᠠᠶᠢᠳᠠᠯ ᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠰᠦᠯᠵᠢᠶᠡᠨ ᠦᠷᠲᠡᠭᠡ ᠳᠠᠬᠢ ᠦᠬᠦᠮᠡᠯ ᠴᠥᠷᠬᠡ᠂ ᠪᠤᠷᠤᠭᠤ ᠴᠥᠷᠬᠡ᠂ ᠳᠠᠯᠳᠠ ᠴᠥᠷᠬᠡ ᠠᠴᠠ ᠪᠣᠯᠤᠭᠰᠠᠨ ᠸᠢᠷᠦ᠋ᠰ ᠤᠨ ᠬᠠᠯᠳᠠᠪᠤᠷᠢᠯᠠᠯ᠂ ᠮᠠᠭᠤ ᠰᠠᠨᠠᠭᠠᠨ ᠤ ᠳᠠᠭᠠᠷᠢᠯᠲᠠ᠂ ᠰᠦᠯᠵᠢᠶᠡᠨ ᠤ ᠨᠢᠭᠤᠷ ᠤᠨ ᠥᠭᠡᠷᠡᠲᠦᠭᠦᠯᠦᠯ ᠪᠠ ᠳᠤᠲᠠᠭᠳᠠᠯ ᠢ ᠠᠰᠢᠭᠯᠠᠬᠤ ᠵᠡᠷᠭᠡ ᠠᠶᠤᠯ ᠲᠦᠭᠰᠢᠭᠦᠷᠢ ᠠᠴᠠ ᠵᠠᠶᠢᠯᠠᠰᠬᠢᠬᠤ ᠬᠡᠷᠡᠭᠲᠡᠢ᠃ ᠬᠤᠶᠠᠷ ᠲᠤ᠂ ᠬᠡᠷᠡᠭᠯᠡᠭᠴᠢ ᠶᠢᠨ ᠦᠵᠦᠭᠦᠷ᠂ ᠵᠢᠵᠢᠭ ᠫᠷᠤᠭ᠍ᠷᠠᠮ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠥᠪᠡᠰᠦᠪᠡᠨ ᠪᠠᠶᠢᠭᠤᠯᠤᠭᠰᠠᠨ ᠪᠤᠯᠤᠩ ᠤᠨ ᠬᠡᠷᠡᠭᠯᠡᠵᠦ ᠪᠣᠯᠬᠤᠶᠢᠴᠠ ᠪᠠᠶᠢᠳᠠᠯ ᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠡᠷᠡᠭᠯᠡᠭᠴᠢ ᠶᠢᠨ ᠦᠵᠦᠭᠦᠷ᠂ ᠵᠢᠵᠢᠭ ᠫᠷᠤᠭ᠍ᠷᠠᠮ ᠵᠢᠴᠢ ᠥᠪᠡᠰᠦᠪᠡᠨ ᠪᠠᠶᠢᠭᠤᠯᠤᠭᠰᠠᠨ ᠪᠤᠯᠤᠩ ᠢ ᠬᠡᠪ ᠢᠶᠠᠷ ᠰᠤᠷᠪᠤᠯᠵᠢᠯᠠᠬᠤ ᠠᠷᠭ᠎ᠠ ᠦᠭᠡᠢ᠂ ᠪᠤᠷᠤᠭᠤ ᠴᠥᠷᠬᠡ ᠭᠠᠷᠬᠤ ᠵᠡᠷᠭᠡ ᠠᠶᠤᠯ ᠲᠦᠭᠰᠢᠭᠦᠷᠢ ᠠᠴᠠ ᠵᠠᠶᠢᠯᠠᠰᠬᠢᠬᠤ ᠬᠡᠷᠡᠭᠲᠡᠢ᠃      ︵ᠲᠠᠪᠤ︶ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠭᠡᠷ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠭᠤᠯᠬᠤ ᠪᠠ ᠠᠵᠢᠯᠯᠠᠭᠤᠯᠤᠨ ᠪᠠᠲᠤᠯᠠᠬᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶᠢᠩᠭᠤ ᠶᠢᠨ ᠪᠠᠶᠢᠴᠠᠭᠠᠯᠲᠠ ᠪᠠ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠪᠠ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠠᠬᠢᠭᠤᠯᠬᠤ ᠬᠡᠷᠡᠭᠲᠡᠢ᠃      ᠳᠠᠭᠠᠯᠳᠤᠭᠤᠯᠤᠯ 1. 2021 ᠣᠨ ᠤ ᠨᠢᠭᠡᠳᠦᠭᠡᠷ ᠤᠯᠠᠷᠢᠯ ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ      2. 2021 ᠣᠨ ᠤ ᠨᠢᠭᠡᠳᠦᠭᠡᠷ ᠤᠯᠠᠷᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠳᠠᠯ ᠤᠨ ᠪᠦᠷᠢᠳᠬᠡᠯ      3. 2021 ᠣᠨ ᠤ ᠨᠢᠭᠡᠳᠦᠭᠡᠷ ᠤᠯᠠᠷᠢᠯ ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ      4. 2021 ᠣᠨ ᠤ ᠨᠢᠭᠡᠳᠦᠭᠡᠷ ᠤᠯᠠᠷᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠳᠠᠯ ᠤᠨ ᠪᠦᠷᠢᠳᠬᠡᠯ      内蒙古自治区政务服务局关于2021年第一季度全区政府网站与政务新媒体抽查情况的通报附件.doc
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ