内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ
        ᠨᠡᠶᠢᠲᠡᠯᠡᠭᠰᠡᠨ ᠴᠠᠭ᠄
        2021/4/20
             3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠯᠢᠦ ᠬᠠᠶ ᠪᠥᠸᠧ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠪᠠᠭᠠᠰᠬᠠᠬᠤ ᠭᠠᠵᠠᠷ ᠤᠨ ᠳᠠᠷᠤᠭ᠎ᠠ ᠨᠢᠦ ᠪᠦᠦ ᠯᠢᠶᠠᠩ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠶᠠᠩ ᠵᠢᠩ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠦ᠋ ᠿᠦᠩ ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃      2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ  ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ ᠨᠡᠶᠢᠳᠡᠯᠡᠬᠦ ᠦᠬᠡ      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ   ᠯᠢᠦ ᠬᠠᠶ ᠪᠥᠸᠧ      ᠬᠠᠪᠤᠷ ᠤᠨ ᠤᠯᠠᠷᠢᠯ ᠪᠣᠯ ᠮᠠᠨ ᠤ ᠣᠷᠣᠨ ᠤ ᠭᠠᠩ ᠬᠠᠭᠤᠷᠠᠶ᠂ ᠬᠦᠢᠳᠡᠨ ᠤᠷᠤᠰᠬᠠᠯ᠂ ᠬᠢᠷᠠᠭᠤ ᠬᠥᠯᠳᠡᠭᠦᠦ᠂ ᠶᠡᠭᠡ ᠰᠠᠯᠬᠢ᠂ ᠡᠯᠡᠰᠦ ᠲᠣᠭᠤᠰᠣ ᠵᠡᠷᠭᠡ ᠴᠠᠭ ᠠᠭᠤᠷ ᠤᠨ ᠭᠠᠮᠰᠢᠭ ᠵᠢᠴᠢ ᠬᠠᠳᠤᠨ ᠭᠤᠣᠯ ᠤᠨ ᠬᠠᠯᠢᠶ᠎ᠠ ᠦᠶᠡᠷ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠠᠴᠠ ᠡᠭᠦᠰᠦᠭᠰᠡᠨ ᠭᠠᠮᠰᠢᠭ ᠤᠯᠠᠨ ᠭᠠᠷᠬᠤ᠂ ᠣᠯᠠᠨᠲᠠ ᠡᠭᠦᠰᠬᠦ ᠤᠯᠠᠷᠢᠯ ᠪᠣᠯᠤᠨ᠎ᠠ᠃ ᠣᠳᠣᠬᠠᠨ ᠳᠤ᠂ ᠲᠠᠷᠢᠶᠠᠯᠠᠬᠤ ᠣᠷᠣᠨ ᠪᠠᠷᠠᠭᠤᠨ ᠠᠴᠠ ᠵᠡᠭᠦᠨᠰᠢ ᠪᠠᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠣᠷᠣᠵᠤ᠂ ᠮᠠᠯᠵᠢᠬᠤ ᠣᠷᠣᠨ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠠᠪᠤᠷ ᠤᠨ ᠤᠯᠠᠷᠢᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠬᠦ ᠨᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠡᠳᠦᠭᠡ 2020 ᠣᠨ ᠤ ᠪᠥᠬᠦ ᠣᠷᠣᠨ ᠤ ᠭᠤᠤᠯ ᠪᠣᠯᠬᠤ ᠴᠠᠭ ᠠᠭᠤᠷ ᠤᠨ ᠭᠠᠮᠰᠢᠭ᠂ ᠴᠠᠭ ᠠᠭᠤᠷ ᠤᠨ ᠦᠢᠯᠡᠴᠢᠯᠡᠭᠡᠨ ᠤ ᠪᠠᠶᠢᠳᠠᠯ ᠵᠢᠴᠢ ᠡᠨᠡ ᠵᠢᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠵᠢᠴᠢ ᠭᠤᠤᠯ ᠪᠣᠯᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠠᠨᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄      ᠨᠢᠭᠡ᠂ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ ᠵᠢᠴᠢ ᠴᠠᠭ ᠠᠭᠤᠷ ᠤᠨ ᠦᠢᠯᠡᠴᠢᠯᠡᠭᠡᠨ ᠤ ᠠᠵᠢᠯ ᠤᠨ ᠪᠠᠶᠢᠳᠠᠯ      ︵ᠨᠢᠭᠡ︶ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ      2020 ᠣᠨ ᠳᠤ᠂ ᠪᠥᠬᠦ ᠣᠷᠣᠨ ᠤ ᠣᠯᠠᠨ ᠭᠠᠵᠠᠷ ᠲᠤ ᠭᠠᠩ ᠬᠠᠭᠰᠠᠷᠠᠭᠠᠨ᠂ ᠰᠢᠷᠦᠭᠦᠨ ᠪᠣᠷᠣᠭᠠᠨ ᠦᠶᠡᠷ ᠤᠰᠤᠲᠤᠯ᠂ ᠮᠥᠨᠳᠥᠷ᠂ ᠶᠡᠭᠡ ᠰᠠᠯᠬᠢ ᠵᠡᠷᠭᠡ ᠴᠠᠭ ᠠᠭᠤᠷ ᠤᠨ ᠭᠠᠮᠰᠢᠭ ᠵᠢᠴᠢ ᠣᠯᠠᠷᠢᠮᠠᠯ ᠪᠤᠶᠤ ᠡᠭᠦᠰᠦᠮᠡᠯ ᠭᠠᠮᠰᠢᠭ ᠭᠠᠷᠴᠤ᠂ 415.96 ᠲᠦᠮᠡᠨ ᠬᠥᠮᠦᠨ ᠭᠠᠮᠰᠢᠭᠳᠠᠨ᠂ 7 ᠬᠥᠮᠦᠨ ᠠᠳᠡᠵᠦ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ ᠨᠢ 235.7 ᠲᠦᠮᠡᠨ ᠾᠧᠺᠲ᠋ᠠᠷ᠂ ᠬᠤᠷᠢᠶᠠᠯᠲᠠ ᠠᠯᠳᠠᠭᠰᠠᠨ ᠲᠠᠯᠠᠪᠠᠶ 23.9 ᠲᠦᠮᠡᠨ ᠾᠧᠺᠲ᠋ᠠᠷ᠂ 111.04 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠴᠠᠭ ᠠᠭᠤᠷ ᠤᠨ ᠭᠠᠮᠰᠢᠭ ᠠᠴᠠ ᠪᠣᠯᠵᠣ ᠠᠳᠡᠭᠰᠡᠨ ᠬᠥᠮᠦᠨ ᠤ ᠲᠤᠭ᠎ᠠ 2019 ᠣᠨ ᠤ ᠬᠢ ᠲᠠᠢ ᠠᠳᠠᠯᠢ ᠪᠠᠶᠢᠵᠤ᠂ ᠭᠠᠮᠰᠢᠭᠳᠠᠭᠰᠠᠨ ᠬᠥᠮᠦᠨ ᠠᠮᠠ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ᠂ ᠬᠤᠷᠢᠶᠠᠯᠲᠠ ᠠᠯᠳᠠᠭᠰᠠᠨ ᠲᠠᠯᠠᠪᠠᠶ ᠵᠢᠴᠢ ᠠᠵᠤ ᠠᠬᠤᠶ ᠶᠢᠨ ᠬᠤᠬᠢᠷᠠᠯ ᠨᠢ ᠲᠣᠰ ᠲᠣᠰ 2019 ᠣᠨ ᠤ ᠬᠢ ᠠᠴᠠ 88.5%᠂ 59.5%᠂ 117.8%᠂ 137.8% ᠪᠠᠷ ᠨᠡᠮᠡᠭᠳᠡᠵᠡᠶ᠃      2020 ᠣᠨ ᠳᠤ᠂ ᠪᠦᠬᠦ ᠣᠷᠣᠨ ᠳᠤ ᠭᠠᠩ ᠬᠠᠭᠰᠠᠷᠠᠭᠠᠨ ᠠᠴᠠ ᠪᠤᠯᠵᠤ 210.6 ᠲᠦᠮᠡᠨ ᠬᠥᠮᠦᠨ ᠭᠠᠮᠰᠢᠭᠳᠠᠪᠠ᠃ ᠡᠭᠦᠨ ᠳᠤ᠂ ᠮᠠᠯᠵᠢᠬᠤ ᠣᠷᠣᠨ ᠨᠢ ᠬᠦᠨᠳᠦ ᠭᠠᠩ ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ 6 ᠳ᠋ᠤᠭᠠᠷ ᠰᠠᠷ᠎ᠠ ᠶᠢᠨ ᠳᠤᠮᠳᠠᠴᠢ ᠠᠴᠠ 7 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠡᠭᠦᠰᠴᠦ᠂ ᠬᠥᠯᠥᠨ ᠪᠤᠶᠢᠷ ᠤᠨ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠤᠨ ᠳᠤᠮᠳᠠ ᠬᠡᠰᠡᠭ᠂ ᠬᠥᠬᠡᠬᠤᠲᠠ᠂ ᠪᠠᠶᠠᠨᠨᠠᠭᠤᠷ ᠤᠨ ᠶᠡᠬᠡᠩᠬᠢ ᠬᠡᠰᠡᠭ᠂ ᠣᠷᠳᠣᠰ ᠤᠨ ᠡᠮᠦᠨᠡᠲᠦ ᠬᠡᠰᠡᠭ ᠵᠢᠴᠢ ᠠᠯᠠᠱᠠ ᠠᠶᠢᠮᠠᠭ ᠤᠨ ᠶᠡᠬᠡᠩᠬᠢ ᠬᠡᠰᠡᠭ ᠭᠠᠵᠠᠷ ᠣᠷᠣᠨ ᠳᠤ ᠢᠯᠡᠷᠡᠪᠡ︔ ᠲᠠᠷᠢᠶᠠᠯᠠᠬᠤ ᠣᠷᠣᠨ ᠨᠢ ᠳᠤᠮᠳᠠ ᠵᠡᠷᠭᠡ ᠶᠢᠨ ᠭᠠᠩ ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠶᠢᠨ ᠳᠤᠮᠳᠠᠴᠢ ᠪᠠ 7 ᠳ᠋ᠤᠭᠠᠷ ᠰᠠᠷ᠎ᠠ ᠶᠢᠨ ᠰᠡᠭᠦᠯᠴᠢ ᠪᠠᠷ ᠡᠭᠦᠰᠴᠦ᠂ ᠲᠦᠩᠯᠢᠶᠣᠤ ᠶᠢᠨ ᠵᠡᠭᠦᠨ ᠡᠮᠦᠨᠡᠲᠦ ᠬᠡᠰᠡᠭ᠂ ᠤᠯᠠᠭᠠᠨᠬᠠᠳᠠ ᠶᠢᠨ ᠳᠤᠮᠳᠠ ᠬᠡᠰᠡᠭ᠂ ᠤᠯᠠᠭᠠᠨᠴᠠᠪ ᠤᠨ ᠶᠡᠬᠡᠩᠬᠢ ᠬᠡᠰᠡᠭ᠂ ᠬᠥᠬᠡᠬᠤᠲᠠ ᠶᠢᠨ ᠳᠤᠮᠳᠠ ᠬᠡᠰᠡᠭ᠂ ᠪᠤᠭᠤᠲᠤ ᠶᠢᠨ ᠬᠤᠶᠢᠲᠤ ᠬᠡᠰᠡᠭ ᠢᠶᠠᠷ ᠢᠯᠡᠷᠡᠪᠡ᠃      ᠪᠥᠬᠦ ᠣᠷᠣᠨ ᠳᠤ ᠰᠢᠷᠦᠭᠦᠨ ᠪᠣᠷᠣᠭᠠᠨ ᠦᠶᠡᠷ ᠤᠰᠤᠲᠤᠯ 73 ᠬᠤᠰᠢᠭᠤ ᠰᠢᠶᠠᠨ ᠤᠳᠠᠭ᠎ᠠ ᠡᠬᠦᠰᠴᠦ᠂ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠦᠶᠤᠸᠠᠨ ᠰᠢᠶᠠᠨ᠂ ᠠᠷᠤᠨ ᠬᠤᠰᠢᠭᠤ᠂ ᠳᠥᠷᠪᠡᠳ ᠬᠤᠰᠢᠭᠤ ᠵᠡᠷᠭᠡ 49 ᠬᠤᠰᠢᠭᠤ ᠰᠢᠶᠠᠨ ᠳᠤ ᠬᠤᠯᠪᠣᠭᠳᠠᠵᠤ᠂ 47.2 ᠲᠦᠮᠡᠨ ᠬᠥᠮᠦᠨ ᠠᠮᠠ ᠭᠠᠮᠰᠢᠭᠳᠠᠵᠤ᠂ 44.7 ᠲᠦᠮᠡᠨ ᠾᠧᠺᠲ᠋ᠠᠷ ᠲᠠᠷᠢᠶᠠᠨ ᠭᠠᠵᠠᠷ ᠭᠠᠮᠰᠢᠭᠳᠠᠵᠠᠶ᠃      ᠪᠥᠬᠦ ᠣᠷᠣᠨ ᠳᠤ ᠮᠥᠨᠳᠥᠷ ᠤᠨ ᠭᠠᠮᠰᠢᠭ 106 ᠬᠤᠰᠢᠭᠤ ᠰᠢᠶᠠᠨ ᠤᠳᠠᠭ᠎ᠠ ᠡᠭᠦᠰᠴᠦ᠂ ᠯᠢᠨᠾᠧ ᠲᠣᠭᠤᠷᠢᠭ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠨᠢᠩᠴᠧᠩ ᠰᠢᠶᠠᠨ᠂ ᠤᠷᠠᠳ ᠤᠨ ᠡᠮᠦᠨᠡᠲᠦ ᠬᠤᠰᠢᠭᠤ ᠵᠡᠷᠭᠡ 47 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 51.5 ᠲᠦᠮᠡ᠂ ᠲᠠᠷᠢᠶᠠᠨ ᠭᠠᠵᠠᠷ 28.0 ᠲᠦᠮᠡᠨ ᠾᠧᠺᠲ᠋ᠠᠷ ᠲᠤ ᠬᠦᠷᠴᠦ᠂ ᠡᠭᠦᠨ ᠳᠤ ᠭᠠᠮᠰᠢᠭᠳᠠᠭᠰᠠᠨ ᠲᠠᠯᠠᠪᠠᠶ 13.7 ᠲᠦᠮᠡᠨ ᠾᠧᠺᠲ᠋ᠠᠷ ᠲᠤ ᠬᠦᠷᠪᠡ᠃ ᠪᠥᠬᠦ ᠣᠷᠣᠨ ᠳᠤ ᠶᠡᠭᠡ ᠰᠠᠯᠬᠢᠨ ᠤ ᠭᠠᠮᠰᠢᠭ 32 ᠬᠤᠰᠢᠭᠤ ᠰᠢᠶᠠᠨ ᠤᠳᠠᠭ᠎ᠠ ᠡᠭᠦᠰᠴᠦ᠂ ᠺᠠᠶᠢᠯᠦ ᠰᠢᠶᠠᠨ᠂ ᠳᠠᠯᠠᠳ ᠬᠤᠰᠢᠭᠤ᠂ ᠣᠲᠤᠭ ᠬᠤᠰᠢᠭᠤ᠂ ᠦᠶᠤᠸᠠᠨ ᠰᠢᠶᠠᠨ᠂ ᠣᠲᠤᠭ ᠤᠨ ᠡᠮᠦᠨᠡᠲᠦ ᠬᠤᠰᠢᠭᠤ ᠵᠡᠷᠭᠡ 19 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 36.3 ᠲᠦᠮᠡ᠂ ᠲᠠᠷᠢᠶᠠᠨ ᠭᠠᠵᠠᠷ 16.8 ᠲᠦᠮᠡᠨ ᠾᠧᠺᠲ᠋ᠠᠷ ᠬᠦᠷᠴᠡᠢ᠃ ᠪᠥᠬᠦ ᠣᠷᠣᠨ ᠳᠤ ᠶᠡᠭᠡ ᠴᠠᠰᠤᠨ ᠤ ᠭᠠᠮᠰᠢᠭ 23 ᠬᠤᠰᠢᠭᠤ ᠰᠢᠶᠠᠨ ᠤᠳᠠᠭ᠎ᠠ ᠡᠭᠦᠰᠴᠦ᠂ ᠠᠤᠬᠠᠨ ᠬᠤᠰᠢᠭᠤ᠂ ᠰᠦᠩᠱᠠᠨ ᠲᠣᠭᠤᠷᠢᠭ᠂ ᠠᠷᠤ ᠬᠤᠷᠴᠢᠨ ᠬᠤᠰᠢᠭᠤ᠂ ᠣᠩᠨᠢᠭᠤᠳ ᠬᠤᠰᠢᠭᠤ᠂ ᠺᠠᠶᠢᠯᠦ ᠰᠢᠶᠠᠨ ᠵᠡᠷᠭᠡ 22 ᠬᠤᠰᠢᠭᠤ ᠰᠢᠶᠠᠨ ᠳᠤ ᠬᠤᠯᠪᠣᠭᠳᠠᠵᠤ᠂ ᠵᠠᠮ ᠤᠨ ᠭᠠᠳᠠᠷᠭᠤ ᠳᠤ ᠴᠠᠰᠤ ᠬᠤᠷᠠᠵᠤ᠂ ᠴᠠᠬᠢᠯᠭᠠᠨ ᠬᠠᠩᠭᠠᠬᠤ ᠱᠤᠭᠤᠮ᠂ ᠰᠠᠭᠤᠭᠠᠯᠢ ᠠᠷᠠᠳ ᠤᠨ ᠣᠷᠣᠨ ᠰᠠᠭᠤᠴᠠ᠂ ᠪᠡᠯᠡᠳᠭᠡᠮᠵᠢᠳᠤ ᠲᠠᠷᠢᠶᠠᠯᠠᠩ ᠪᠠ ᠲᠡᠵᠢᠭᠡᠨ ᠦᠷᠡᠵᠢᠭᠦᠯᠬᠦ ᠦᠢᠯᠡᠰ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ 3.5 ᠲᠦᠮᠡᠨ ᠬᠥᠮᠦᠨ ᠭᠠᠮᠰᠢᠭᠳᠠᠵᠤ᠂ 251 ᠾᠧᠺᠲ᠋ᠠᠷ ᠲᠠᠷᠢᠶᠠᠨ ᠭᠠᠵᠠᠷ᠂ 4312 ᠲᠠᠰᠤᠯᠭ᠎ᠠ ᠲᠣᠮᠣ ᠬᠦᠯᠦᠮᠵᠢ ᠬᠤᠬᠢᠷᠠᠵᠠᠶ᠃ ᠪᠥᠬᠦ ᠣᠷᠣᠨ ᠳᠤ ᠬᠦᠯᠳᠡᠬᠦᠦ ᠶᠢᠨ ᠭᠠᠮᠰᠢᠭ 7 ᠬᠤᠰᠢᠭᠤ ᠰᠢᠶᠠᠨ ᠤᠳᠠᠭ᠎ᠠ ᠡᠭᠦᠰᠴᠦ᠂ ᠬᠠᠩᠭᠢᠨ ᠬᠤᠶᠢᠲᠤ ᠬᠤᠰᠢᠭᠤ᠂ ᠳ᠋ᠧᠩᠺᠸᠣ ᠰᠢᠶᠠᠨ᠂ ᠦᠶᠤᠸᠠᠨ ᠰᠢᠶᠠᠨ᠂ ᠯᠢᠨᠾᠧ ᠲᠣᠭᠤᠷᠢᠭ᠂ ᠳᠠᠯᠠᠳ ᠬᠤᠰᠢᠭᠤ ᠵᠡᠷᠭᠡ 7 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 1.5 ᠲᠦᠮᠡ᠂ ᠲᠠᠷᠢᠶᠠᠨ ᠭᠠᠵᠠᠷ 1876 ᠾᠧᠺᠲ᠋ᠠᠷ ᠲᠤ ᠬᠦᠷᠪᠡ᠃      ︵ᠬᠤᠶᠠᠷ︶ 2020 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠭᠰᠠᠨ ᠦᠢᠯᠡᠴᠢᠯᠡᠭᠡᠨ ᠤ ᠪᠠᠶᠢᠳᠠᠯ      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠦᠭᠡᠢ ᠴᠢᠩᠭᠠᠷᠠᠪᠠ᠃ ᠥᠪᠥᠷ ᠮᠣᠩᠭᠤᠯ ᠤᠨ ᠴᠠᠭ ᠠᠭᠤᠷ ᠤᠨ ᠲᠤᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠰᠢᠷᠢᠰ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠤᠪᠴᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠴᠠᠭ ᠠᠭᠤᠷ ᠤᠨ ᠦᠢᠯᠡᠴᠢᠯᠡᠭᠡᠨ ᠤ ᠤᠳᠤᠷᠢᠳᠬᠤ ᠳᠤᠭᠤᠶᠢᠯᠠᠩ ᠤᠨ ᠬᠤᠷᠠᠯ᠂ ᠦᠶᠡᠷ ᠤᠨ ᠬᠤᠭᠤᠴᠠᠭᠠᠨ ᠤ ᠲᠠᠶᠢᠴᠢᠯᠠᠯᠳᠠ ᠶᠢᠨ ᠬᠤᠷᠠᠯ᠂ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ᠂ ᠴᠠᠭ ᠠᠭᠤᠷ ᠤᠨ ᠦᠢᠯᠡᠴᠢᠯᠡᠭᠡᠨ ᠳᠤ ᠪᠣᠳᠠᠲᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠠᠭᠤᠷᠠᠢ ᠭᠤᠭᠴᠤᠭ᠎ᠠ ᠶᠢ ᠨᠠᠷᠢᠨ ᠬᠢᠨᠠᠮᠠᠭᠠᠢ ᠡᠷᠢᠵᠦ ᠴᠡᠭᠴᠡᠯᠡᠨ ᠰᠠᠶᠢᠵᠢᠷᠠᠭᠤᠯᠪᠡ᠃      ᠬᠤᠶᠠᠷ ᠲᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠤᠢᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠤᠨ ᠴᠠᠭ ᠠᠭᠤᠷ ᠤᠨ ᠲᠤᠪᠴᠢᠶ᠎ᠠ ᠤᠷᠢᠳ ᠬᠤᠵᠢᠳ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠪᠡ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠯᠦᠭᠡ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠴᠠᠭ ᠠᠭᠤᠷ ᠤᠨ ᠠᠶᠤᠯ ᠤᠨ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠯᠦᠭᠡ ᠬᠠᠮᠵᠢᠯᠴᠠᠨ ᠮᠠᠯᠵᠢᠬᠤ ᠲᠠᠷᠢᠶᠠᠯᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠦᠭᠡ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠠᠬᠢᠭᠤᠯᠵᠤ᠂ ᠪᠥᠬᠦ ᠣᠷᠣᠨ ᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠮᠡᠷᠭᠡᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ 8 ᠵᠦᠢᠯ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠨᠠᠷᠢᠨ ᠲᠦᠷᠢᠮ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ 30 ᠰᠠᠯᠠᠭ᠎ᠠ ᠮᠥᠴᠢᠷ ᠲᠠᠢ ᠶᠠᠷᠢᠯᠴᠠᠨ ᠰᠣᠯᠢᠯᠴᠠᠵᠤ᠂ ᠪᠥᠬᠦ ᠣᠷᠣᠨ  ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠵᠢᠯ ᠢ ᠲᠥᠯᠬᠢᠨ ᠠᠬᠢᠭᠤᠯᠬᠤ ᠶᠢ ᠬᠠᠮᠲᠤᠪᠠᠷ ᠵᠥᠪᠳᠡᠯᠴᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠂ ᠬᠢᠨᠠᠨ ᠰᠢᠯᠭᠠᠬᠤ ᠰᠢᠰᠲ᠋ᠧᠮᠵᠢ᠂ ᠪᠡᠯᠡᠳᠬᠡᠯ ᠲᠥᠰᠦᠯ ᠤᠨ ᠰᠢᠰᠲ᠋ᠧᠮᠵᠢ ᠪᠣᠯᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃      ᠭᠤᠷᠪᠠ ᠳᠤ᠂ ᠴᠠᠭ ᠠᠭᠤᠷ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ 2020 ᠣᠨ ᠳᠤ᠂ ᠪᠥᠬᠦ ᠣᠷᠣᠨ ᠳᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ 5 ᠷᠠᠳᠠᠷ ᠢ ᠲᠠᠰ ᠳᠡᠪᠰᠢᠭᠦᠯᠦᠨ ᠥᠭᠡᠷᠡᠴᠢᠯᠡᠵᠦ᠂ ᠪᠥᠬᠦ ᠤᠯᠤᠰ ᠤᠨ ᠠᠩᠬᠠᠨ ᠤ ᠪᠦᠯᠦᠭ ᠤᠨ ᠳᠣᠬᠢᠭᠤᠷ ᠲᠤᠯᠤᠭᠠᠨ ᠣᠲᠣ ᠠᠦ᠋ᠲ᠋ᠣ᠋ ᠠᠭᠠᠷ ᠬᠠᠶᠢᠬᠤ ᠰᠢᠰᠲ᠋ᠧᠮ ᠢ ᠪᠠᠶᠢᠭᠤᠯᠵᠦ᠂ ᠭᠠᠵᠠᠷ ᠳᠡᠭᠡᠷᠡᠬᠢ ᠴᠠᠭ ᠠᠭᠤᠷ ᠤᠨ ᠠᠵᠢᠭᠯᠠᠯᠲᠠ ᠶᠢ ᠠᠦ᠋ᠲ᠋ᠣᠴᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠠᠭ ᠠᠭᠤᠷ ᠤᠨ ᠠᠵᠢᠭᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ISO9001 ᠭᠡᠷᠡᠴᠢᠯᠡᠯᠲᠡ ᠶᠢ ᠥᠩᠭᠡᠷᠡᠭᠡᠪᠡ᠃ ᠡᠯ᠎ᠡ ᠲᠦᠷᠦᠯ ᠤᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠂ ᠡᠭᠦᠨ ᠳᠤ ᠰᠢᠷᠦᠭᠦᠨ ᠪᠣᠷᠣᠭᠠᠨ ᠤ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ 86.9% ᠳᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢ ᠶᠢᠨ ᠤᠷᠢᠳᠴᠢᠯᠠᠭᠰᠠᠨ ᠬᠡᠮᠵᠢᠶ᠎ᠡ ᠨᠢ 55 ᠮᠢᠨᠦ᠋ᠲ ᠲᠤ ᠬᠦᠷᠴᠡᠢ᠃ ᠦᠶᠡᠷ ᠤᠨ ᠬᠤᠭᠤᠴᠠᠭᠠᠨ ᠤ 12 ᠤᠳᠠᠭᠠᠨ ᠤ ᠣᠷᠣᠨ ᠪᠦᠰᠡ ᠶᠢᠨ ᠰᠢᠷᠦᠭᠦᠨ ᠪᠣᠷᠣᠭᠠᠨ ᠤ ᠴᠠᠭ ᠠᠭᠤᠷ ᠤᠨ ᠶᠠᠪᠤᠴᠠ ᠶᠢ ᠠᠮᠵᠢᠯᠲᠠ ᠲᠠᠢ ᠪᠠᠷ ᠤᠷᠢᠳᠴᠢᠯᠠᠨ ᠮᠡᠳᠡᠭᠡᠯᠡᠵᠦ᠂ 9 ᠳ᠋ᠣᠭᠡᠷ ᠰᠠᠷ᠎ᠠ ᠳᠤ ᠵᠡᠭᠦᠨ ᠬᠤᠶᠢᠲᠤ ᠣᠷᠣᠨ ᠤ ᠬᠠᠭᠠᠰ ᠰᠠᠷ᠎ᠠ ᠶᠢᠨ ᠳᠣᠲᠣᠷ᠎ᠠ 3 ᠲᠠᠶᠢᠹᠤᠩ ᠰᠠᠯᠬᠢᠨ ᠤ ᠬᠠᠭᠤᠷᠠᠶ ᠳᠤ ᠭᠠᠷᠬᠤ ᠨᠥᠯᠥᠭᠡ᠂ 11 ᠳ᠋ᠣᠭᠡᠷ ᠰᠠᠷ᠎ᠠ ᠳᠤ ᠶᠡᠭᠡ ᠬᠡᠪᠴᠢᠶᠡᠨ ᠤ ᠲᠦᠢᠯ ᠤᠨ ᠶᠡᠭᠡ ᠴᠠᠰᠤ ᠤᠷᠤᠭᠰᠠᠨ ᠵᠡᠷᠭᠡ ᠲᠡᠦᠬᠡᠨ ᠳᠤ ᠬᠤᠪᠣᠷ ᠲᠣᠬᠢᠶᠠᠯᠳᠤᠬᠤ ᠭᠠᠮᠰᠢᠭᠲᠤ ᠴᠠᠭ ᠠᠭᠤᠷ ᠢ ᠪᠦᠲᠦᠮᠵᠢᠲᠡᠶ ᠠᠷᠭᠠᠴᠠᠭᠠᠪᠠ᠃ ᠢᠯᠠᠩᠭᠤᠶ᠎ᠠ ᠲᠠᠶᠢᠹᠤᠩ ᠰᠠᠯᠬᠢ ︽ᠮᠠᠶ᠋ᠢᠰᠠᠺ︾ ᠶᠢᠨ ᠨᠥᠯᠥᠭᠡ ᠪᠠᠷ᠂ ᠮᠠᠨ ᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠳᠤ 143.9mm ᠤᠨ ᠬᠠᠮᠤᠭ ᠤᠨ ᠶᠡᠭᠡ ᠪᠣᠷᠣᠭᠠᠨ ᠣᠷᠣᠵᠤ᠂ 12 ᠲᠠᠰ ᠠᠴᠠ ᠳᠡᠭᠡᠭᠰᠢᠬᠢ ᠬᠦᠴᠦᠲᠡᠶ ᠰᠠᠯᠬᠢ ᠰᠠᠯᠬᠢᠯᠠᠵᠤ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ 2 ᠡᠳᠦᠷ ᠤᠨ ᠡᠮᠦᠨ᠎ᠡ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠳᠣᠭᠰᠢᠨ ᠪᠣᠷᠣᠭᠠᠨ᠂ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠳᠣᠬᠢᠶ᠎ᠠ ᠶᠢ ᠨᠡᠶᠢᠲᠡ 75 ᠬᠤᠭᠤᠴᠠᠭ᠎ᠠ ᠨᠡᠶᠢᠲᠡᠯᠡᠵᠦ᠂ ᠰᠡᠷᠡᠮᠵᠢ ᠶᠢᠨ ᠣᠨᠣᠪᠴᠢ ᠶᠢᠨ ᠬᠡᠮᠵᠢᠶ᠎ᠡ 91.3% ᠬᠦᠷᠴᠦ᠂ ᠶᠡᠷᠦᠩᠬᠡᠶᠢᠯᠡᠭᠰᠡᠨ ᠰᠡᠷᠡᠮᠵᠢ ᠶᠢᠨ ᠤᠷᠢᠳᠴᠢᠯᠠᠭᠰᠠᠨ ᠬᠡᠮᠵᠢᠶ᠎ᠡ 2 ᠴᠠᠭ ᠠᠴᠠ ᠲᠠᠪᠠᠪᠠ᠃      ᠳᠥᠷᠪᠡ ᠳᠤ᠂ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠳᠡᠯᠡᠭᠰᠡᠨ ᠬᠠᠮᠤᠷᠬᠤ ᠬᠡᠪᠴᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠯᠤᠭ᠎ᠠ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠰᠢᠰᠲ᠋ᠧᠮ ᠬᠢᠭᠡᠳ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢᠶᠠᠨ ᠤᠯᠠᠮ ᠨᠢᠭᠡ ᠠᠯᠬᠤᠮ ᠥᠷᠭᠡᠳᠬᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠪᠡ᠃ ᠪᠥᠬᠦ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠵᠢᠴᠢ ᠲᠧᠯᠸᠢᠰ᠂ ᠷᠠᠳᠢᠣ᠋᠂ ᠭᠠᠷ ᠤᠲᠠᠰᠤᠨ ᠤ ᠣᠬᠤᠷ ᠮᠡᠳᠡᠭᠡ ᠵᠢᠴᠢ ᠸᠢᠴᠠᠲ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠲᠤ ᠲᠦᠰᠢᠭᠯᠡᠨ ᠡᠯ᠎ᠡ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭᠠᠲᠠᠨ ᠪᠠ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠨᠡᠶᠢᠲᠡᠯᠡᠪᠡ᠃ ᠪᠥᠬᠦ ᠣᠷᠣᠨ ᠳᠤ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 9190 ᠵᠤᠷᠪᠤᠰ ᠨᠡᠶᠢᠲᠡᠯᠡᠵᠦ᠂ 12379 ᠪᠠᠷ ᠳᠠᠮᠵᠢᠭᠤᠯᠤᠨ ᠡᠯ᠎ᠡ ᠱᠠᠲᠤᠨ ᠤ ᠬᠠᠷᠢᠭᠤᠴᠠᠯᠭᠠᠲᠠᠨ ᠳᠤ ᠤᠷᠢᠳᠴᠢᠯᠠᠨ ᠰᠡᠷᠡᠮᠵᠢᠯᠡᠭᠦᠯᠬᠦ ᠣᠬᠤᠷ ᠮᠡᠳᠡᠭᠡ ᠶᠢ 1002 ᠲᠦᠮᠡᠨ ᠬᠥᠮᠦᠨ ᠤᠳᠠᠭ᠎ᠠ ᠨᠡᠶᠢᠲᠡᠯᠡᠪᠡ᠃      ᠲᠠᠪᠤ ᠳᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠰᠢᠷᠦᠭᠦᠨ ᠪᠣᠷᠣᠭᠠᠨ ᠦᠶᠡᠷ ᠤᠰᠤᠲᠤᠯ᠂ ᠭᠠᠩ ᠬᠠᠭᠤᠷᠠᠶ᠂ ᠴᠠᠰᠤ ᠰᠢᠭᠤᠷᠭ᠎ᠠ᠂ ᠶᠡᠭᠡ ᠰᠠᠯᠬᠢ᠂ ᠬᠢᠷᠠᠭᠤ ᠬᠥᠯᠳᠡᠭᠦᠦ ᠵᠡᠷᠭᠡ ᠴᠠᠭ ᠠᠭᠤᠷ ᠤᠨ ᠭᠠᠮᠰᠢᠭ ᠵᠢᠴᠢ ᠬᠠᠲᠤᠨ ᠭᠤᠣᠯ ᠤᠨ ᠬᠠᠯᠢᠶ᠎ᠠ ᠦᠶᠡᠷ᠂ ᠣᠶ ᠰᠢᠭᠤᠶ ᠶᠢᠨ ᠲᠦᠢᠮᠡᠷ ᠤᠨ ᠭᠠᠮᠰᠢᠭ ᠵᠡᠷᠭᠡ ᠠᠴᠠ ᠡᠭᠦᠰᠦᠭᠰᠡᠨ ᠭᠠᠮᠰᠢᠭ ᠲᠤ ᠴᠢᠭᠯᠡᠭᠦᠯᠦᠨ᠂ ᠴᠠᠭ ᠠᠭᠤᠷ ᠤᠨ ᠰᠠᠯᠠᠭ᠎ᠠ ᠮᠥᠴᠢᠷ ᠤᠳ ᠨᠠᠷᠢᠨ ᠨᠢᠮᠪᠠᠶ ᠬᠢᠨᠠᠨ ᠬᠡᠮᠵᠢᠵᠦ᠂ ᠦᠷᠭᠦᠯᠵᠢᠯᠡᠨ ᠤᠷᠢᠳᠴᠢᠯᠠᠨ ᠮᠡᠳᠡᠭᠡᠯᠡᠵᠦ᠂ ᠬᠤᠯᠪᠣᠭᠠᠯᠠᠨ ᠵᠥᠪᠳᠡᠯᠴᠡᠵᠦ᠂ ᠮᠥᠷᠳᠡᠨ ᠦᠢᠯᠡᠴᠢᠯᠡᠵᠦ᠂ ᠣᠨᠣᠪᠴᠢᠲᠠᠶ ᠪᠠᠷ ᠤᠷᠢᠳᠴᠢᠯᠠᠨ ᠮᠡᠳᠡᠭᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠬᠠᠮᠵᠢᠯᠴᠠᠬᠤ ᠪᠠᠨ ᠡᠬᠢᠯᠡᠭᠦᠯᠵᠦ᠂ ᠨᠠᠮ ᠵᠠᠰᠠᠭ ᠤᠨ ᠤᠳᠤᠷᠢᠳᠤᠯᠭ᠎ᠠ ᠶᠢᠨ ᠳᠠᠭᠤᠳᠠᠯᠭ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠬᠤᠯᠪᠤᠭᠳᠠᠯ ᠪᠥᠬᠦᠶ ᠭᠠᠵᠠᠷ ᠣᠷᠣᠨ ᠨᠤᠭᠤᠳ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠶᠣᠰᠣᠭᠠᠷ ᠲᠡᠭᠡᠭᠡᠪᠦᠷᠢᠯᠡᠬᠦ ᠶᠢ ᠵᠣᠭᠰᠣᠭᠠᠬᠤ᠂ ᠬᠢᠴᠢᠶᠡᠯ ᠵᠣᠭᠰᠣᠭᠠᠬᠤ᠂ ᠠᠵᠢᠯ ᠵᠣᠭᠰᠣᠭᠠᠬᠤ ᠲᠣᠭᠲᠠᠴᠠ ᠶᠢ ᠡᠬᠢᠯᠡᠭᠦᠯᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠡ᠃ ᠡᠭᠦᠨ ᠳᠤ᠂ 2020 ᠣᠨ ᠤ 11 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯᠠᠬᠢ ᠮᠠᠨ ᠤ ᠣᠷᠣᠨ ᠤ ᠳᠤᠮᠳᠠ ᠵᠡᠭᠦᠨ ᠬᠡᠰᠡᠭ ᠤᠨ ᠣᠨᠴᠠ ᠶᠡᠭᠡ ᠴᠠᠰᠤ ᠰᠢᠭᠤᠷᠭᠠᠨ ᠤ ᠶᠠᠪᠤᠴᠠ ᠳᠤ ᠴᠢᠭᠯᠡᠭᠦᠯᠦᠨ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ 72 ᠴᠠᠭ ᠤᠨ ᠡᠮᠦᠨ᠎ᠡ ᠰᠢᠷᠦᠭᠦᠨ ᠴᠠᠰᠤ᠂ ᠶᠡᠭᠡ ᠰᠠᠯᠬᠢ ᠪᠠ ᠳᠤᠯᠠᠭᠠᠨ ᠤ ᠬᠡᠮᠵᠢᠶ᠎ᠡ ᠶᠡᠭᠡ ᠪᠠᠷ ᠲᠤᠷᠤᠭᠰᠢᠯᠠᠬᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠡᠶᠢᠳᠡᠯᠡᠵᠦ᠂ ᠤᠷᠢᠳᠴᠢᠯᠠᠨ ᠮᠡᠳᠡᠭᠡᠯᠡᠬᠦ ᠪᠠᠨ ᠴᠠᠭ ᠲᠤᠬᠠᠶ ᠳᠤᠨᠢ ᠦᠷᠭᠦᠯᠵᠢᠯᠡᠨ ᠰᠢᠨᠡᠳᠬᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 229 ᠨᠡᠶᠢᠲᠡᠯᠡᠵᠦ᠂ ᠬᠠᠮᠤᠭ ᠤᠨ ᠲᠡᠷᠢᠭᠦᠨ ᠳᠤ ᠰᠢᠢᠳᠪᠦᠷᠢᠲᠦ ᠪᠣᠳᠣᠯᠭ᠎ᠠ ᠶᠢᠨ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠰᠡᠷᠭᠡᠶᠢᠯᠡᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠂ ᠡᠯ᠎ᠡ ᠰᠠᠯᠠᠭ᠎ᠠ ᠮᠥᠴᠢᠷ ᠤᠨ ᠰᠡᠷᠭᠡᠶᠢᠯᠡᠯᠲᠡ ᠶᠢᠨ ᠠᠵᠢᠯ ᠢ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠲᠣᠬᠢᠷᠠᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ ᠡᠨᠡ ᠤᠳᠠᠭᠠᠨ ᠤ ᠴᠠᠭ ᠠᠭᠤᠷ ᠤᠨ ᠶᠠᠪᠤᠴᠠ ᠳᠤ ᠴᠠᠭ ᠠᠭᠤᠷ ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠠᠪᠴᠠᠩ ᠢᠶᠠᠷ ᠡᠯ᠎ᠡ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠷᠢᠭᠤᠴᠠᠯᠭᠠᠲᠠᠨ ᠳᠤ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ 30.86 ᠲᠦᠮᠡᠨ ᠬᠥᠮᠦᠨ ᠤᠳᠠᠭ᠎ᠠ ᠨᠡᠶᠢᠲᠡᠯᠡᠵᠦ᠂ ᠡᠭᠦᠨ ᠤ ᠬᠠᠮᠲᠤ᠂ ᠷᠠᠳᠢᠣ᠋ ᠨᠡᠪᠲᠡᠷᠡᠭᠦᠯᠭᠡ᠂ ᠲᠧᠯᠸᠢᠰ ᠵᠢᠴᠢ ᠸᠢᠴᠠᠲ ᠤᠨ ᠣᠯᠠᠨ ᠨᠡᠶᠢᠲᠡ ᠶᠢᠨ ᠲᠡᠪᠴᠠᠩ᠂ ᠲᠢᠺ ᠲᠤᠺ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠣᠨᠣᠪᠴᠢᠲᠠᠶ ᠪᠥᠭᠡᠳ ᠴᠠᠭ ᠲᠤᠬᠠᠶ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠨᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠵᠢᠯᠣᠭᠤᠳᠣᠯᠭ᠎ᠠ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠳᠤ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠤᠪᠴᠢᠶᠠᠨ ᠤ ᠬᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃      ᠬᠤᠶᠠᠷ᠂ 2021 ᠣᠨ ᠤ ᠬᠠᠪᠤᠷ ᠤᠨ ᠤᠯᠠᠷᠢᠯ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ      ︵ᠨᠢᠭᠡ︶ ᠡᠮᠦᠨᠡᠬᠢ ᠬᠤᠭᠤᠴᠠᠭᠠᠨ ᠤ ᠪᠥᠬᠦ ᠣᠷᠣᠨ ᠤ ᠴᠠᠭ ᠠᠭᠤᠷ ᠤᠨ ᠠᠭᠤᠷ ᠠᠮᠢᠰᠬᠤᠯ ᠤᠨ ᠣᠨᠴᠠᠯᠢᠭ ᠵᠢᠴᠢ ᠲᠠᠷᠢᠶᠠᠯᠠᠩ ᠮᠠᠯ ᠠᠵᠤ ᠠᠬᠤᠶ ᠳᠤ ᠦᠵᠡᠭᠦᠯᠬᠦ ᠨᠥᠯᠥᠭᠡ      ᠨᠢᠳᠤᠨᠤᠨ ᠡᠪᠦᠯ ︵2020 ᠣᠨ ᠤ 12 ᠰᠠᠷ᠎ᠠ ᠠᠴᠠ 2021 ᠣᠨ ᠤ 2 ᠰᠠᠷ᠎ᠠ ᠪᠣᠯᠲᠠᠯ᠎ᠠ︶ ᠬᠥᠯᠥᠨ ᠪᠤᠶᠢᠷ ᠬᠤᠲᠠ ᠶᠢᠨ ᠳᠤᠮᠳᠠ ᠪᠠᠷᠠᠭᠤᠨ ᠬᠡᠰᠡᠭ᠂ ᠤᠯᠠᠭᠠᠨᠴᠠᠪ ᠬᠤᠲᠠ ᠠᠴᠠ ᠪᠠᠷᠠᠭᠤᠨᠰᠢᠬᠢ ᠭᠠᠵᠠᠷ ᠣᠷᠣᠨ ᠤ ᠠᠭᠠᠷ ᠤᠨ ᠳᠤᠯᠠᠭᠠᠨ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 0.1~ 4.1℃ ᠥᠨᠳᠥᠷ ᠪᠠᠶᠢᠵᠤ᠂ ᠪᠤᠰᠤᠳ ᠭᠠᠵᠠᠷ ᠣᠷᠣᠨ ᠳᠣᠤᠷ᠎ᠠ ᠰᠢᠭ᠋ ᠪᠠᠶᠢᠨ᠎ᠠ︔ 2 ᠳ᠋ᠤᠭᠠᠷ ᠰᠠᠷ᠎ᠠ ᠠᠴᠠ ᠨᠠᠰᠢ ᠪᠥᠬᠦ ᠣᠷᠣᠨ ᠤ ᠳᠤᠮᠳᠠᠴᠢ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 3.4℃ ᠥᠨᠳᠥᠷ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.0℃ ᠥᠨᠳᠥᠷ ᠪᠣᠯᠵᠣ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 3 ᠳ᠋ᠤᠭᠠᠷ ᠥᠨᠳᠥᠷ ᠲᠤ ᠬᠦᠷᠪᠡ᠃      ᠨᠢᠳᠤᠨᠤᠨ ᠡᠪᠦᠯ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠣ ᠡᠩ ᠤᠨ ᠵᠢᠯ ᠤᠨ ᠠᠳᠠᠯᠢ ᠬᠤᠭᠤᠴᠠᠭᠠᠨ ᠳᠤ ᠣᠶᠢᠷᠠᠳᠴᠤ᠂ 2 ᠳ᠋ᠤᠭᠠᠷ ᠰᠠᠷ᠎ᠠ ᠳᠤ ᠪᠥᠬᠦ ᠣᠷᠣᠨ ᠤ ᠶᠡᠬᠡᠩᠬᠢ ᠭᠠᠵᠠᠷ ᠤᠨ ᠬᠤᠷ᠎ᠠ ᠲᠤᠨᠳᠠᠰᠣ ᠶᠢᠨ ᠬᠡᠮᠵᠢᠶ᠎ᠡ ᠳᠤᠮᠳᠠᠴᠢ ᠪᠠᠷ 2.6 ᠮᠢᠯᠢᠮᠧᠲᠷ ᠢᠯᠡᠭᠦᠤ ᠪᠣᠯᠵᠣ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 4 ᠳ᠋ᠤᠭᠡᠷ ᠲᠤ ᠬᠦᠷᠴᠡᠶ᠃ ᠣᠳᠣᠬᠠᠨ ᠳᠤ᠂ ᠮᠠᠨ ᠤ ᠣᠷᠣᠨ ᠤ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠵᠡᠭᠦᠨ ᠬᠡᠰᠡᠭ᠂ ᠪᠠᠶᠠᠨᠨᠠᠭᠤᠷ ᠬᠤᠲᠠ ᠶᠢᠨ ᠬᠡᠰᠡᠭ ᠭᠠᠵᠠᠷ ᠲᠤ ᠬᠤᠷᠠᠭᠰᠠᠨ ᠴᠠᠰᠤ ᠲᠠᠢ᠂ ᠬᠤᠷᠠᠭᠰᠠᠨ ᠴᠠᠰᠤᠨ ᠤ ᠲᠠᠯᠠᠪᠠᠶ ᠨᠢ ᠪᠠᠷᠤᠭ 40.49 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠥᠬᠦ ᠣᠷᠣᠨ ᠤ ᠶᠡᠷᠦᠩᠬᠡᠶ ᠲᠠᠯᠠᠪᠠᠶ ᠶᠢᠨ 34.22% ᠢ ᠡᠵᠡᠯᠡᠵᠦ᠂ ᠬᠤᠷᠠᠭᠰᠠᠨ ᠴᠠᠰᠤᠨ ᠤ ᠬᠠᠮᠤᠭ ᠤᠨ ᠭᠦᠨ ᠨᠢ 30.0 ᠰᠠᠨᠲ᠋ᠢᠮᠧᠲᠷ ᠬᠦᠷᠴᠦ᠂ ᠬᠥᠯᠥᠨ ᠪᠤᠶᠢᠷ ᠬᠤᠲᠠ ᠶᠢᠨ ᠭᠡᠭᠡᠨ ᠭᠤᠤᠯ ᠬᠤᠲᠠ ᠳᠤ ᠢᠯᠡᠷᠡᠪᠡ᠃ ᠨᠢᠳᠤᠨᠤᠨ ᠤ 11 ᠳ᠋ᠤᠭᠡᠷ ᠰᠠᠷ᠎ᠠ ᠶᠢᠨ ᠡᠬᠢ ᠪᠠᠷ ᠬᠥᠯᠳᠡᠬᠦ ᠠᠴᠠ ᠡᠮᠦᠨ᠎ᠡ᠂ ᠪᠥᠬᠦ ᠣᠷᠣᠨ ᠤ ᠬᠥᠷᠥᠰᠥᠨ ᠤ ᠢᠷᠣᠭᠠᠷ ᠤᠨ ᠴᠢᠬᠢᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠣᠯᠵᠠᠶ᠃ 1 — 2 ᠳ᠋ᠤᠭᠠᠷ ᠰᠠᠷ᠎ᠠ ᠳᠤ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠳᠤ ᠬᠤᠷ᠎ᠠ ᠲᠤᠨᠳᠠᠰᠣ ᠨᠡᠯᠢᠶᠡᠳ ᠣᠯᠠᠰᠢᠷᠠᠵᠤ᠂ ᠢᠯᠠᠩᠭᠤᠶ᠎ᠠ 2 ᠳ᠋ᠤᠭᠠᠷ ᠰᠠᠷ᠎ᠠ ᠳᠤ ᠪᠥᠬᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠳᠠᠰᠣ ᠢᠯᠡᠷᠭᠡᠢ ᠣᠯᠠᠰᠢᠷᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠷᠥᠰᠥ ᠰᠢᠷᠣᠶ ᠶᠢᠨ ᠴᠢᠬᠢᠭ ᠢ ᠬᠠᠮᠠᠭᠠᠯᠠᠨ ᠴᠢᠬᠢᠭ ᠢ ᠨᠡᠮᠡᠭᠳᠡᠭᠦᠯᠬᠦ ᠳᠤ ᠲᠦᠢᠯ ᠤᠨ ᠠᠰᠢᠭᠲᠠᠶ ᠪᠤᠯᠵᠤ᠂ ᠣᠳᠣᠬᠠᠨ ᠳᠤ ᠲᠠᠷᠢᠶᠠᠯᠠᠬᠤ ᠣᠷᠣᠨ ᠤ ᠨᠡᠯᠢᠶᠡᠳ ᠰᠠᠶᠢᠨ ᠴᠢᠬᠢᠭ ᠤᠨ ᠪᠠᠶᠢᠳᠠᠯ ᠠᠷᠪᠠᠨ ᠤ ᠲᠤᠯᠤᠭᠠᠨ ᠬᠤᠪᠢ ᠶᠢ ᠳᠠᠪᠠᠵᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠨ᠎ᠠ᠃ ᠭᠡᠪᠡᠴᠦ ᠠᠭᠠᠷ ᠤᠨ ᠳᠤᠯᠠᠭᠠᠨ ᠥᠨᠳᠥᠷ᠂ ᠢᠯᠠᠩᠭᠤᠶ᠎ᠠ 2 ᠳ᠋ᠤᠭᠠᠷ ᠰᠠᠷ᠎ᠠ ᠳᠤ ᠢᠯᠡᠷᠬᠡᠶ ᠥᠨᠳᠥᠷ

        365赢多少钱会被限额_国内有真正的365平台吗_365bet博彩官网

        ᠪᠠᠶᠢᠳᠠᠭ ᠠᠴᠠ ᠬᠤᠤᠷᠲᠤ ᠬᠤᠷᠣᠬᠠᠶ ᠶᠢᠨ ᠥᠨᠳᠡᠭᠡ ᠪᠠ ᠡᠪᠡᠳᠴᠢᠨ ᠤ ᠪᠠᠺᠲ᠋ᠧᠷᠢ ᠶᠢᠨ ᠡᠪᠦᠯᠵᠢᠬᠦ ᠳᠤ ᠠᠰᠢᠭᠲᠠᠶ ᠨᠥᠬᠦᠴᠡᠯ ᠢ ᠬᠠᠩᠭᠠᠵᠤ᠂ ᠬᠠᠪᠤᠷ ᠵᠣᠨ ᠤ ᠤᠯᠠᠷᠢᠯ ᠤᠨ ᠡᠪᠡᠳᠴᠢᠨ ᠬᠤᠷᠣᠬᠠᠶ ᠶᠢᠨ ᠭᠠᠮᠰᠢᠭ ᠠᠮᠠᠷᠬᠠᠨ ᠡᠭᠦᠰᠴᠦ ᠲᠡᠯᠭᠡᠷᠡᠳᠡᠭ᠃ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ ᠥᠨᠳᠥᠷ ᠪᠠᠶᠢᠬᠤ ᠨᠢ ᠡᠪᠦᠯ ᠬᠠᠪᠤᠷ ᠤᠨ ᠤᠯᠠᠷᠢᠯ ᠳᠤ ᠮᠠᠯ ᠬᠠᠷᠢᠭᠤᠯᠬᠤ ᠪᠠ ᠲᠥᠯ ᠲᠤᠰᠴᠤ ᠪᠤᠶᠢᠵᠢᠭᠤᠯᠬᠤ ᠵᠡᠷᠭᠡ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠦᠢᠯ ᠤᠨ ᠠᠰᠢᠭᠲᠠᠶ ᠪᠠᠶᠢᠳᠠᠭ᠃      ︵ᠬᠤᠶᠠᠷ︶ ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠬᠠᠨᠳᠤᠰᠢ ᠶᠢᠨ ᠲᠦᠰᠦᠭᠡᠯᠡᠯᠳᠡ      ᠵᠢᠱᠢᠯᠲᠡ ᠪᠠᠷ 2021 ᠣᠨ ᠤ ᠬᠠᠪᠤᠷ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ 3.6 ~ 92.3 ᠮᠢᠯᠢᠮᠧᠲᠷ ᠪᠣᠯᠤᠨ᠎ᠠ᠃ ᠡᠭᠦᠨ ᠳᠤ ᠬᠥᠯᠥᠨ ᠪᠤᠶᠢᠷ ᠬᠤᠲᠠ ᠶᠢᠨ ᠡᠮᠦᠨ᠎ᠡ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ ᠪᠠ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠬᠤᠲᠠ᠂ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠶᠢᠨ ᠵᠡᠭᠦᠨ ᠬᠡᠰᠡᠭ ᠤᠨ ᠬᠤᠷ᠎ᠠ ᠲᠤᠨᠳᠠᠰᠤᠨ ᠤ ᠬᠡᠮᠵᠢᠶ᠎ᠡ ᠨᠢ 19.0 ~ 92.3 ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ ᠢᠯᠡᠭᠦᠤ ᠪᠠᠶᠢᠳᠠᠭ︔ ᠪᠤᠰᠤᠳ ᠭᠠᠵᠠᠷ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠨᠢ 3.6 ~ 75.1 ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ ᠳᠤᠲᠠᠭᠤ ᠪᠠᠶᠢᠳᠠᠭ᠃      ᠬᠠᠪᠤᠷ ᠤᠨ ᠤᠯᠠᠷᠢᠯ ᠳᠤ ᠪᠥᠬᠦ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ  —1.5 ~ 13.7℃ ᠪᠠᠶᠢᠳᠠᠭ᠃ ᠡᠭᠦᠨ ᠳᠤ ᠬᠥᠯᠥᠨ ᠪᠤᠶᠢᠷ ᠬᠤᠲᠠ ᠪᠣᠯᠤᠨ ᠬᠢᠩᠭᠠᠨ ᠠᠶᠢᠮᠠᠭ ᠤᠨ ᠳᠤᠮᠳᠠᠴᠢ ᠠᠭᠠᠷ ᠤᠨ ᠳᠤᠯᠠᠭᠠᠨ ᠨᠢ  —1.5 ~ 9.1℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~1℃ ᠥᠨᠳᠥᠷ ᠪᠠᠶᠢᠳᠠᠭ︔ ᠪᠤᠰᠤᠳ ᠭᠠᠵᠠᠷ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ 2.8 ~ 13.7℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 1 ~ 2℃ ᠥᠨᠳᠥᠷ ᠪᠠᠶᠢᠳᠠᠭ᠃      ᠪᠥᠬᠦ ᠣᠷᠣᠨ ᠤ ᠬᠠᠪᠤᠷ ᠤᠨ ᠤᠯᠠᠷᠢᠯ ᠤᠨ ᠶᠡᠭᠡ ᠰᠠᠯᠬᠢᠨ ᠤ ᠡᠳᠦᠷ ᠤᠨ ᠲᠤᠭ᠎ᠠ ᠨᠢ 5~25 ᠡᠳᠦᠷ ᠤᠨ ᠬᠤᠭᠤᠷᠣᠨᠳᠣ ᠪᠠᠶᠢᠵᠤ᠂ ᠶᠡᠬᠡᠩᠬᠢ ᠭᠠᠵᠠᠷ ᠣᠷᠣᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ ᠰᠢᠭ᠋ ᠪᠠᠶᠢᠳᠠᠭ᠃ ᠪᠥᠬᠦ ᠣᠷᠣᠨ ᠳᠤ ᠶᠡᠭᠡ ᠬᠡᠪᠴᠢᠶᠡᠨ ᠤ ᠡᠯᠡᠰᠦᠨ ᠰᠢᠭᠤᠷᠭ᠎ᠠ ᠡᠭᠦᠰᠬᠦ ᠴᠠᠭ ᠠᠭᠤᠷ ᠤᠨ ᠶᠠᠪᠤᠴᠠ ᠨᠢ 3~4 ᠤᠳᠠᠭ᠎ᠠ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ 7.6 ᠤᠳᠠᠭ᠎ᠠ ᠠᠴᠠ ᠪᠠᠭ᠎ᠠ ᠰᠢᠭ᠋ ᠪᠠᠶᠢᠳᠠᠭ᠃      ᠵᠢᠱᠢᠯᠲᠡ ᠪᠠᠷ ᠪᠥᠬᠦ ᠣᠷᠣᠨ ᠳᠤ ᠡᠴᠦᠰ ᠤᠨ ᠬᠢᠷᠠᠭᠤ ᠤᠨᠠᠬᠤ ᠴᠠᠭ ᠨᠢ 4 ᠰᠠᠷ᠎ᠠ ᠶᠢᠨ 8 ᠤ ᠡᠳᠦᠷ ᠠᠴᠠ 5 ᠰᠠᠷ᠎ᠠ ᠶᠢᠨ 29 ᠤ ᠡᠳᠦᠷ ᠤᠨ ᠬᠤᠭᠤᠷᠣᠨᠳᠣ ᠢᠯᠡᠷᠡᠵᠦ᠂ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠡᠩ ᠤᠨ ᠵᠢᠯ ᠤᠨ ᠬᠢ ᠠᠴᠠ 10 — 15 ᠡᠳᠦᠷ ᠡᠷᠲᠡ ᠰᠢᠭ ᠪᠣᠯᠤᠨ᠎ᠠ᠃ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠠᠩᠬ᠎ᠠ ᠤᠳᠠᠭ᠎ᠠ ᠪᠣᠷᠣᠭᠠᠨ ᠣᠷᠣᠬᠤ ᠨᠢ ᠡᠷᠲᠡ ᠰᠢᠭ ᠪᠠᠶᠢᠨ᠎ᠠ᠃ ᠡᠭᠦᠨ ᠳᠤ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠨᠢ 4 ᠰᠠᠷ᠎ᠠ ᠶᠢᠨ ᠳᠤᠮᠳᠠᠴᠢ ᠠᠴᠠ ᠰᠡᠭᠦᠯᠴᠢ ᠪᠣᠯᠲᠠᠯ᠎ᠠ᠂ ᠵᠡᠭᠦᠨ ᠬᠡᠰᠡᠭ ᠤᠨ ᠭᠠᠵᠠᠷ ᠣᠷᠣᠨ ᠨᠢ 5 ᠰᠠᠷ᠎ᠠ ᠶᠢᠨ ᠳᠤᠮᠳᠠᠴᠢ ᠶᠢᠨ ᠣᠷᠴᠢᠮ ᠢᠶᠠᠷ ᠲᠤᠭᠢᠶᠠᠯᠳᠣᠨ᠎ᠠ᠃     ᠠᠭᠤᠷ ᠠᠮᠢᠰᠬᠤᠯ ᠤᠨ ᠵᠢᠱᠢᠯᠲᠡ ᠶᠢᠨ ᠴᠠᠭ ᠨᠢ ᠨᠡᠯᠢᠶᠡᠳ ᠣᠷᠳᠣ᠂ ᠪᠠᠰᠠ ᠵᠣᠬᠢᠬᠤ ᠬᠡᠮᠵᠢᠶᠡᠨ ᠤ ᠲᠣᠭᠲᠠᠪᠤᠷᠢ ᠥᠬᠡᠶ ᠴᠢᠨᠠᠷ ᠲᠠᠢ ᠤᠴᠢᠷ ᠠᠴᠠ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠠᠮᠤᠭ ᠤᠨ ᠰᠢᠨ᠎ᠡ ᠴᠠᠭ ᠠᠭᠤᠷ ᠤᠨ ᠮᠠᠲ᠋ᠧᠷᠢᠶᠠᠯ ᠢ ᠦᠨᠳᠦᠰᠦᠯᠡᠨ ᠦᠷᠭᠦᠯᠵᠢᠯᠡᠨ ᠵᠠᠰᠠᠵᠤ᠂ ᠣᠯᠠᠨ ᠨᠡᠶᠢᠳᠡ ᠪᠠᠷ ᠢᠶᠠᠨ ᠴᠠᠭ ᠠᠭᠤᠷ ᠤᠨ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠠᠩᠬᠠᠷᠬᠤ ᠶᠢ ᠬᠦᠰᠡᠵᠦ ᠪᠠᠶᠢᠨ᠎ᠠ᠃      ᠭᠤᠷᠪᠠ᠂ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠤᠬᠠᠶ ᠰᠠᠨᠠᠭᠤᠯᠭ᠎ᠠ      1. ᠲᠠᠷᠢᠶᠠᠯᠠᠬᠤ ᠣᠷᠣᠨ ᠬᠠᠪᠤᠷ ᠤᠨ ᠤᠯᠠᠷᠢᠯ ᠤᠨ ᠭᠠᠩ ᠬᠠᠭᠰᠠᠷᠭᠠᠨ᠂ ᠶᠡᠭᠡ ᠰᠠᠯᠬᠢᠨ ᠬᠦᠢᠳᠡᠨ ᠤᠷᠤᠰᠬᠠᠯ᠂ ᠬᠢᠷᠠᠭᠤ ᠬᠥᠯᠳᠡᠭᠦᠦ ᠵᠡᠷᠭᠡ ᠴᠠᠭ ᠠᠭᠤᠷ  ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠨᠢᠭᠡ ᠳᠤ᠂ ᠱᠠᠲᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠢᠬᠢᠭ ᠢ ᠬᠠᠮᠠᠭᠠᠯᠠᠬᠤ᠂ ᠴᠢᠬᠢᠭ ᠢ ᠨᠡᠮᠡᠭᠳᠡᠭᠦᠯᠬᠦ ᠠᠵᠢᠯ ᠢ ᠡᠷᠲᠡᠬᠡᠨ ᠰᠠᠶᠢᠲᠤᠷ ᠬᠢᠵᠦ᠂ ᠪᠥᠬᠦ ᠴᠢᠬᠢ ᠢᠳᠡᠷᠡᠭᠦᠨ ᠴᠢᠬᠢ ᠶᠢ ᠠᠳᠬᠤᠬᠤ ᠳᠤ ᠰᠠᠭᠤᠷᠢ ᠲᠠᠯᠪᠢᠬᠤ ᠬᠡᠷᠡᠭᠲᠡᠶ᠃ ᠬᠤᠶᠠᠷ ᠲᠤ᠂ ᠶᠡᠭᠡ ᠰᠠᠯᠬᠢᠨ ᠬᠦᠢᠳᠡᠨ ᠤᠷᠤᠰᠬᠠᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠲᠠ ᠠᠩᠬᠠᠷᠬᠤ ᠬᠡᠷᠡᠭᠲᠡᠶ᠃ ᠬᠦᠢᠲᠡᠨ ᠤᠷᠤᠰᠬᠠᠯ ᠤᠨ ᠶᠠᠪᠤᠴᠠ ᠳᠤ ᠳᠤᠯᠠᠭᠠᠨ ᠤ ᠬᠦᠴᠦᠲᠡᠶ ᠪᠠᠭᠤᠷᠠᠯᠲᠠ ᠪᠠ ᠶᠡᠭᠡ ᠰᠠᠯᠬᠢᠨ ᠤ ᠠᠭᠤᠷ ᠠᠮᠢᠰᠬᠤᠯ ᠢ ᠠᠪᠴᠢᠷᠠᠳᠠᠭ᠃ ᠲᠦᠬᠦᠭᠡᠷᠦᠮᠵᠢᠲᠦ ᠲᠠᠷᠢᠶᠠᠯᠠᠩ ᠤᠨ ᠲᠤᠤᠷ᠎ᠠ ᠲᠤᠯᠠᠭᠠᠨ ᠬᠦᠢᠳᠡᠨ ᠤ ᠭᠠᠮᠰᠢᠭ ᠪᠠ ᠰᠠᠯᠬᠢᠨ ᠤ ᠭᠠᠮᠰᠢᠭ ᠢ ᠡᠭᠦᠰᠭᠡᠵᠦ ᠮᠡᠳᠡᠨ᠎ᠠ᠂ ᠲᠤᠤᠷ᠎ᠠ ᠲᠤᠯᠠᠭᠠᠨ ᠬᠦᠢᠳᠡᠨ ᠤ ᠭᠠᠮᠰᠢᠭ ᠨᠢ ᠲᠦᠬᠦᠭᠡᠷᠦᠮᠵᠢᠲᠦ ᠢᠳᠡᠰᠢᠨ ᠨᠣᠭᠤᠭ᠎ᠠ ᠵᠢᠮᠢᠰ ᠤᠨ ᠬᠡᠪ ᠤᠨ ᠥᠰᠥᠯᠲᠡ ᠳᠤ ᠠᠰᠢᠭ ᠦᠭᠡᠢ ᠨᠥᠯᠥᠭᠡ ᠦᠵᠡᠭᠦᠯᠵᠦ᠂ ᠰᠠᠯᠬᠢᠨ ᠤ ᠭᠠᠮᠰᠢᠭ ᠨᠢ ᠬᠦᠯᠡᠮᠵᠢ ᠶᠢᠨ ᠪᠦᠲᠦᠴᠡ ᠳᠤ ᠠᠮᠠᠷᠬᠠᠨ ᠬᠤᠬᠢᠷᠠᠯ ᠤᠴᠠᠷᠠᠭᠤᠯᠳᠠᠭ᠂ ᠡᠶᠢᠮᠦ ᠠᠴᠠ ᠲᠠᠷᠢᠶᠠᠴᠢᠨ ᠡᠷᠦᠭᠡ ᠳᠤ ᠰᠥᠨᠢ ᠶᠢᠨ ᠳᠤᠯᠠᠭᠠᠨ ᠢ ᠬᠠᠮᠠᠭᠠᠯᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠪᠡᠰᠦᠨ ᠪᠦᠷᠬᠦᠪᠴᠢ᠂ ᠬᠥᠪᠥᠩ ᠬᠥᠨᠵᠢᠯᠡ ᠵᠡᠷᠭᠡ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠢ ᠬᠡᠷᠡᠭᠯᠡᠵᠦ᠂ ᠴᠢᠬᠤᠯᠠ ᠲᠠᠢ ᠦᠶ᠎ᠡ ᠳᠤ ᠳᠤᠯᠠᠭᠠᠯᠠᠬᠤ ᠠᠷᠭ᠎ᠠ ᠬᠡᠮᠵᠢᠶ᠎ᠡ ᠠᠪᠴᠤ᠂ ᠳᠣᠣᠷ᠎ᠠ ᠳᠤᠯᠠᠭᠠᠨ ᠤ ᠲᠠᠷᠢᠮᠠᠯ ᠳᠤ ᠤᠴᠠᠷᠠᠭᠤᠯᠬᠤ ᠬᠤᠬᠢᠷᠠᠯ ᠢ ᠰᠡᠷᠭᠡᠶᠢᠯᠡᠬᠦ ᠶᠢ ᠰᠠᠨᠠᠭᠤᠯᠤᠶ᠎ᠠ︔ ᠶᠡᠭᠡ ᠰᠠᠯᠬᠢ ᠭᠠᠷᠤᠭᠰᠠᠨ ᠣᠷᠣᠨ ᠪᠦᠰᠡ ᠳᠤ ᠪᠡᠯᠡᠳᠬᠡᠮᠵᠢ ᠶᠢᠨ ᠪᠦᠲᠦᠴᠡ ᠪᠠᠨ ᠴᠠᠭ ᠲᠤᠬᠠᠶ ᠳᠤᠨᠢ ᠪᠠᠬᠢᠵᠢᠭᠦᠯᠵᠦ᠂ ᠬᠥᠰᠢᠭᠡ ᠰᠡᠬᠦᠬᠦ ᠴᠠᠭ ᠬᠤᠭᠤᠴᠠᠭ᠎ᠠ ᠪᠠᠨ ᠵᠦᠶ ᠵᠣᠬᠢᠰᠲᠠᠶ ᠳᠣᠭᠢᠷᠠᠭᠤᠯᠤᠨ᠂ ᠬᠦᠢᠳᠡᠨ ᠰᠠᠯᠬᠢ ᠣᠷᠣᠵᠤ᠂ ᠬᠦᠯᠦᠮᠵᠢ ᠶᠢᠨ ᠳᠣᠲᠣᠷᠠᠬᠢ ᠢᠳᠡᠰᠢᠨ ᠨᠣᠭᠤᠭ᠎ᠠ ᠵᠢᠮᠢᠰ ᠤᠨ ᠬᠡᠪ ᠤᠨ ᠥᠰᠥᠯᠲᠡ ᠪᠤᠶᠢᠵᠢᠯᠲᠠ ᠶᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠶ᠃ ᠲᠠᠷᠢᠶᠠᠨ ᠭᠠᠵᠠᠷ ᠤᠨ ᠲᠠᠷᠢᠮᠠᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ᠂ ᠬᠦᠢᠲᠡᠨ ᠤᠷᠤᠰᠬᠠᠯ ᠤᠨ ᠠᠭᠤᠷ ᠠᠮᠢᠰᠬᠤᠯ ᠠᠴᠠ ᠪᠣᠯᠤᠭᠰᠠᠨ ᠬᠦᠢᠲᠡᠨ ᠠᠭᠤᠷ ᠠᠮᠢᠰᠬᠤᠯ ᠪᠠ ᠶᠡᠭᠡ ᠰᠠᠯᠬᠢ ᠨᠢ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠬᠦᠴᠢᠷᠳᠡᠯ ᠢ ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠤᠳᠠᠭᠠᠰᠢᠷᠠᠭᠤᠯᠵᠤ᠂ ᠨᠢᠭᠡᠨᠲᠡ ᠲᠠᠷᠢᠭᠰᠠᠨ ᠲᠠᠷᠢᠮᠠᠯ ᠤᠨ ᠴᠢᠬᠢ ᠶᠢᠨ ᠤᠷᠭᠤᠯᠲᠠ ᠳᠤ ᠠᠰᠢᠭ ᠦᠭᠡᠶ ᠪᠣᠯᠬᠤᠷ ᠥᠷᠭᠡᠨ ᠣᠯᠠᠨ ᠲᠠᠷᠢᠶᠠᠴᠢᠨ ᠡᠷᠦᠬᠡ ᠳᠤ ᠰᠠᠨᠠᠭᠤᠯᠬᠤ ᠨᠢ᠂ ᠬᠦᠢᠲᠡᠨ ᠤᠷᠤᠰᠬᠠᠯ ᠤᠨ ᠰᠡᠷᠡᠮᠵᠢ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠬᠦᠢᠲᠡᠨ ᠤᠷᠤᠰᠬᠠᠯ ᠬᠦᠢᠲᠡᠨ ᠠᠭᠤᠷ ᠠᠮᠢᠰᠬᠤᠯ ᠡᠭᠦᠰᠬᠦ ᠦᠶ᠎ᠡ ᠳᠤ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠴᠠᠭ ᠢᠶᠠᠨ ᠵᠣᠬᠢᠰᠲᠠᠶ ᠬᠤᠶᠢᠰᠢᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠬᠠᠪᠤᠷ ᠤᠨ ᠤᠯᠠᠷᠢᠯ ᠤᠨ ᠬᠢᠷᠠᠭᠤ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠠᠪᠤᠷ ᠤᠨ ᠬᠢᠷᠠᠭᠤ ᠬᠥᠯᠳᠡᠭᠦᠤ ᠠᠴᠠ ᠪᠣᠯᠵᠣ ᠨᠢᠭᠡᠨᠲᠡ ᠨᠠᠬᠢᠶᠠᠯᠠᠭᠰᠠᠨ ᠲᠠᠷᠢᠮᠠᠯ ᠤᠨ ᠨᠠᠪᠴᠢ ᠪᠠ ᠤᠷᠭᠤᠮᠠᠯ ᠤᠨ ᠡᠰᠢ ᠠᠳᠠᠯᠢ ᠪᠤᠰᠤ ᠬᠡᠮᠵᠢᠶ᠎ᠡ ᠪᠠᠷ ᠬᠥᠯᠳᠡᠳᠡᠭ᠃ ᠨᠢᠯᠬ᠎ᠠ ᠴᠢᠬᠢ ᠶᠢᠨ ᠬᠡᠪ ᠤᠨ ᠥᠰᠥᠯᠲᠡ ᠳᠤ ᠠᠰᠢᠭ ᠥᠬᠡᠶ ᠪᠣᠯᠬᠤᠷ ᠡᠯ᠎ᠡ ᠭᠠᠵᠠᠷ ᠤᠨ ᠬᠢᠨ ᠠᠭᠠᠷ ᠤᠨ ᠳᠤᠯᠠᠭᠠᠨ ᠤ ᠬᠤᠪᠢᠷᠠᠯᠲᠠ ᠪᠠ ᠬᠢᠷᠠᠭᠤ ᠶᠢᠨ ᠰᠡᠷᠡᠮᠵᠢ ᠶᠢᠨ ᠳᠣᠬᠢᠶ᠎ᠠ ᠶᠢ ᠨᠢᠭᠲᠠ ᠠᠩᠬᠠᠷᠴᠤ᠂ ᠳᠣᠤᠷ᠎ᠠ ᠳᠤᠯᠠᠭᠠᠨ ᠪᠣᠯᠬᠤ ᠠᠴᠠ ᠡᠮᠦᠨ᠎ᠡ ᠤᠰᠤᠯᠠᠬᠤ᠂ ᠤᠳᠤᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠤᠨ ᠳᠤᠯᠠᠭᠠᠨ ᠢ ᠳᠡᠭᠡᠭᠰᠢᠯᠡᠭᠦᠯᠵᠦ᠂ ᠬᠥᠯᠳᠡᠬᠦ ᠬᠥᠨᠥᠭᠡᠯ ᠢ ᠪᠠᠭᠠᠰᠬᠠᠨ᠂ ᠠᠭᠠᠷ ᠤᠨ ᠳᠤᠯᠠᠭᠠᠨ ᠲᠣᠭᠲᠠᠭᠤᠨ ᠪᠣᠯᠤᠭᠰᠠᠨ ᠤ ᠳᠠᠷᠠᠭ᠎ᠠ ᠲᠠᠷᠢᠶᠠᠨ ᠭᠠᠵᠠᠷ ᠤᠨ ᠬᠠᠮᠢᠶᠠᠷᠤᠯᠲᠠ  ᠪᠠᠨ ᠴᠢᠩᠭᠠᠳᠬᠠᠵᠤ᠂ ᠵᠣᠬᠢᠬᠤ ᠬᠡᠮᠵᠢᠶᠡᠨ ᠤ ᠴᠢᠬᠢ ᠶᠢ ᠬᠠᠮᠠᠭᠠᠯᠠᠨ ᠴᠢᠬᠢ ᠶᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠨᠠᠪᠴᠢᠨ ᠤ ᠭᠠᠳᠠᠷᠭᠤ ᠳᠤ ᠤᠷᠭᠤᠯᠲᠠ ᠶᠢ ᠲᠣᠬᠢᠷᠠᠭᠤᠯᠬᠤ ᠡᠳ᠋ ᠰᠦᠷᠴᠢᠵᠦ᠂ ᠨᠢᠯᠬ᠎ᠠ ᠴᠢᠬᠢ ᠶᠢᠨ ᠲᠡᠩᠴᠡᠭᠦᠷᠢᠲᠡᠶ ᠤᠷᠭᠤᠯᠲᠠ ᠶᠢ ᠠᠬᠢᠭᠤᠯᠬᠤ ᠶᠢ ᠰᠠᠨᠠᠭᠤᠯᠵᠤ ᠪᠠᠶᠢᠨ᠎ᠠ᠃      2. ᠮᠠᠯᠵᠢᠬᠤ ᠣᠷᠣᠨ ᠶᠡᠭᠡ ᠰᠠᠯᠬᠢ ᠬᠦᠢᠲᠡᠨ ᠤᠷᠤᠰᠬᠠᠯ᠂ ᠰᠢᠷᠦᠭᠦᠨ ᠴᠠᠰᠤ᠂ ᠬᠥᠢᠳᠡᠨ ᠪᠣᠷᠣᠭᠠᠨ ᠴᠢᠭᠢᠭᠯᠢᠭ ᠴᠠᠰᠤ ᠶᠢ ᠰᠡᠷᠭᠡᠶᠢᠯᠡᠨ ᠬᠤᠷᠢᠭᠯᠠᠬᠤ ᠠᠵᠢᠯ  ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠳᠡᠢ᠃ ᠬᠠᠪᠤᠷ ᠤᠨ ᠤᠯᠠᠷᠢᠯ ᠪᠣᠯ ᠮᠠᠯ ᠤᠨ ᠬᠢᠵᠢᠭ ᠡᠪᠡᠳᠴᠢᠨ ᠪᠠ ᠰᠢᠮᠡᠭᠦᠷ ᠬᠤᠷᠣᠬᠠᠶ ᠶᠢᠨ ᠡᠪᠡᠳᠴᠢᠨ ᠣᠯᠠᠨ ᠡᠭᠦᠰᠳᠡᠭ ᠬᠤᠭᠤᠴᠠᠭ᠎ᠠ ᠪᠣᠯᠬᠤᠷ ︽ᠰᠡᠷᠭᠡᠶᠢᠯᠡᠬᠦ ᠪᠠᠷ ᠭᠤᠤᠯ ᠪᠣᠯᠭᠠᠬᠤ︾ ︽ᠰᠡᠷᠭᠡᠶᠢᠯᠡᠬᠦ ᠶᠢ ᠵᠠᠰᠠᠬᠤ ᠠᠴᠠ ᠴᠢᠬᠤᠯᠠ ᠪᠣᠯᠭᠠᠬᠤ︾ ᠪᠠ ︽ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ︾ ᠴᠢᠭᠯᠡᠯᠲᠡ ᠶᠢ ᠠᠪᠴᠤ᠂ ᠡᠪᠡᠰᠦ ᠪᠣᠷᠳᠤᠭ᠎ᠠ ᠶᠢ ᠨᠥᠭᠡᠴᠡᠯᠡᠬᠦ᠂ ᠬᠠᠰᠢᠶ᠎ᠠ ᠰᠠᠷᠠᠪᠴᠢ ᠶᠢ ᠳᠤᠯᠠᠭᠠᠯᠠᠨ ᠠᠷᠢᠭᠤᠳᠬᠠᠬᠤ ᠵᠡᠷᠭᠡ ᠲᠥᠯ ᠲᠤᠰᠴᠤ ᠪᠤᠶᠢᠵᠢᠭᠤᠯᠬᠤ ᠪᠠ ᠮᠠᠯ ᠤᠨ ᠬᠢᠵᠢᠭ ᠢ ᠰᠡᠷᠭᠡᠶᠢᠯᠡᠬᠦ ᠵᠡᠷᠭᠡ ᠮᠠᠯ ᠠᠵᠤ ᠠᠬᠤᠶ ᠶᠢᠨ ᠡᠯ᠎ᠡ ᠵᠦᠢᠯ ᠤᠨ ᠠᠵᠢᠯ ᠢ ᠤᠷᠢᠳᠴᠢᠯᠠᠨ ᠰᠠᠶᠢᠲᠤᠷ ᠳᠣᠭᠢᠷᠠᠭᠤᠯᠵᠤ᠂ ᠡᠬᠡ ᠮᠠᠯ ᠤᠨ ᠡᠪᠡᠳᠴᠢᠨ ᠡᠰᠡᠷᠭᠦᠴᠡᠬᠦ ᠴᠢᠳᠠᠪᠤᠷᠢ ᠪᠠ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ ᠶᠠᠭ ᠰᠠᠶᠢᠬᠠᠨ ᠮᠠᠯᠵᠢᠬᠤ ᠣᠷᠣᠨ ᠳᠤ ᠬᠠᠪᠤᠷ ᠤᠨ ᠬᠤᠷᠠᠭ᠎ᠠ ᠲᠤᠰᠴᠤ ᠪᠠᠶᠢᠭ᠎ᠠ ᠴᠠᠭ ᠦᠶ᠎ᠡ ᠮᠥᠨ᠂ ᠶᠡᠭᠡ ᠰᠠᠯᠬᠢ ᠬᠦᠢᠳᠡᠨ ᠤᠷᠤᠰᠬᠠᠯ ᠪᠠ ᠬᠦᠢᠳᠡᠨ ᠪᠣᠷᠣᠭᠠᠨ ᠴᠢᠭᠢᠭᠯᠢᠭ ᠴᠠᠰᠤ ᠵᠢᠴᠢ ᠰᠢᠷᠦᠭᠦᠨ ᠴᠠᠰᠤ ᠵᠡᠷᠭᠡ ᠭᠠᠮᠰᠢᠭᠲᠤ ᠴᠠᠭ ᠠᠭᠤᠷ ᠨᠢ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ᠂ ᠮᠠᠯᠴᠢᠨ ᠨᠥᠬᠦᠳ ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠴᠠᠭ ᠲᠤᠬᠠᠶ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠴᠠᠭ ᠠᠭᠤᠷ ᠤᠨ ᠭᠠᠮᠰᠢᠭ ᠤᠨ ᠤᠴᠠᠷᠠᠭᠤᠯᠵᠤ ᠮᠡᠳᠡᠬᠦ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠬᠦᠰᠡᠵᠦ ᠪᠠᠶᠢᠨ᠎ᠠ᠃      3. ᠰᠢᠭᠤᠶᠢᠲᠤ ᠣᠷᠣᠨ ᠨᠢ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠠᠮᠤᠭ ᠤᠨ ᠰᠢᠨ᠎ᠡ ᠴᠠᠭ ᠠᠭᠤᠷ ᠤᠨ ᠮᠠᠲ᠋ᠧᠷᠢᠶᠠᠯ ᠤᠨ ᠵᠠᠳᠠᠯᠤᠯᠲᠠ ᠶᠢ ᠦᠨᠳᠦᠰᠦᠯᠡᠪᠡᠯ᠂ ᠪᠦᠬᠦ ᠣᠷᠣᠨ ᠤ 2021 ᠣᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠬᠦᠨᠳᠦ ᠨᠣᠴᠢᠲᠠᠢ ᠪᠠᠶᠢᠵᠤ᠂ ᠲᠦᠢᠮᠡᠷ ᠢ ᠰᠡᠷᠭᠡᠶᠢᠯᠡᠬᠦ ᠠᠵᠢᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠵᠢᠱᠢᠯᠲᠡ ᠪᠠᠷ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠳᠤᠮᠳᠠ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠬᠤᠶᠢᠲᠤ ᠬᠡᠰᠡᠭ᠂ ᠤᠯᠠᠭᠠᠨᠬᠠᠳᠠ ᠶᠢᠨ ᠬᠤᠶᠢᠲᠤ ᠬᠡᠰᠡᠭ ᠵᠢᠴᠢ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠡᠮᠦᠨ᠎ᠡ ᠬᠡᠰᠡᠭ ᠤᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠳᠤᠮᠳᠠ ᠬᠡᠰᠡᠭ ᠵᠢᠴᠢ ᠪᠤᠭᠤᠲᠤ ᠬᠤᠲᠠ ᠶᠢᠨ ᠡᠮᠦᠨ᠎ᠡ ᠬᠡᠰᠡᠭ ᠤᠨ ᠠᠭᠤᠯᠠᠷᠬᠠᠭ ᠣᠷᠣᠨ ᠤ ᠣᠶᠢᠲᠤ ᠣᠷᠣᠨ᠂ ᠠᠯᠠᠱᠠᠨ ᠠᠭᠤᠯᠠ ᠶᠢᠨ ᠣᠶᠢᠲᠤ ᠣᠷᠣᠨ᠂ ᠬᠠᠷ᠎ᠠ ᠭᠤᠤᠯ ᠤᠨ ᠰᠠᠪᠠ ᠭᠠᠵᠠᠷ ᠤᠨ ᠣᠶᠢᠲᠤ ᠣᠷᠣᠨ ᠤ ᠭᠠᠯ ᠤᠨ ᠠᠶᠤᠯ ᠤᠨ ᠲᠠᠰ ᠢ ᠳᠥᠷᠪᠡᠳᠦᠭᠡᠷ ᠳᠡᠰ ᠪᠤᠶᠤ ᠳᠥᠷᠪᠡᠳᠦᠭᠡᠷ ᠳᠡᠰ ᠠᠴᠠ ᠳᠡᠭᠡᠭᠰᠢ ᠪᠠᠶᠢᠯᠭᠠᠬᠤ ᠬᠡᠷᠡᠭᠳᠡᠢ᠃ ᠢᠯᠠᠩᠭᠤᠶ᠎ᠠ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠵᠢᠴᠢ ᠪᠠᠷᠠᠭᠤᠨ ᠬᠡᠰᠡᠭ ᠤᠨ ᠬᠢᠯᠢ ᠬᠢᠵᠠᠭᠠᠷ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠡᠮᠦᠨ᠎ᠡ ᠪᠡᠶ᠎ᠡ᠂ ᠠᠯᠠᠱᠠᠨ ᠠᠭᠤᠯᠠ ᠵᠡᠷᠭᠡ ᠭᠠᠵᠠᠷ ᠤᠨ ᠭᠠᠯ ᠤᠨ ᠠᠶᠤᠯ ᠤᠨ ᠲᠠᠰ ᠲᠠᠪᠤᠳᠤᠭᠠᠷ ᠳᠡᠰ ᠲᠤ ᠬᠥᠷᠪᠡ᠃ ᠬᠠᠪᠤᠷ ᠤᠨ ᠰᠡᠷᠭᠡᠶᠢᠯᠡᠯᠲᠡ ᠶᠢᠨ ᠡᠮᠦᠨᠡᠬᠢ ᠬᠤᠭᠤᠴᠠᠭᠠᠨ ᠤ ᠭᠠᠯ ᠤᠨ ᠠᠶᠤᠯ ᠤᠨ ᠲᠠᠰ ᠢᠶᠠᠷ ᠨᠡᠯᠢᠶᠡᠳ ᠥᠨᠳᠥᠷ ᠣᠷᠣᠨ ᠪᠦᠰᠡ ᠳᠤ ᠭᠤᠤᠯᠳᠠᠭᠤ ᠬᠥᠮᠦᠨ ᠤ ᠬᠦᠴᠦᠨ ᠤ ᠭᠠᠯ ᠤᠨ ᠢᠷᠡᠯᠲᠡ ᠶᠢ ᠡᠵᠡᠮᠳᠡᠬᠦ ᠪᠠᠷ ᠭᠤᠤᠯ ᠪᠣᠯᠭᠠᠵᠤ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠰᠣᠯᠪᠢᠴᠠᠭᠰᠠᠨ ᠣᠷᠣᠨ ᠳᠤ ᠬᠠᠩᠰᠢ ᠶᠢᠨ ᠡᠳᠦᠷ ᠪᠤᠯᠠᠰᠢᠨ ᠳᠤ ᠴᠠᠭᠠᠰᠤ ᠰᠢᠲᠠᠭᠠᠬᠤ᠂ ᠡᠰᠢ ᠰᠦᠷᠡᠯ ᠢ ᠰᠢᠲᠠᠭᠠᠭᠰᠠᠨ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠡᠷᠡᠭᠲᠡᠶ᠃ ᠬᠠᠪᠤᠷ ᠤᠨ ᠰᠡᠷᠭᠡᠶᠢᠯᠡᠯᠲᠡ ᠶᠢᠨ ᠰᠡᠭᠦᠯᠴᠢ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠳᠡᠭᠡᠭᠰᠢᠯᠡᠬᠦ᠂ ᠬᠤᠷᠠᠭᠰᠠᠨ ᠴᠠᠰᠤᠨ ᠳᠤ ᠬᠤᠴᠢᠭᠳᠠᠨ ᠬᠠᠶᠢᠯᠬᠤ ᠶᠢ ᠳᠠᠭᠠᠯᠳᠤᠨ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠭᠠᠯ ᠤᠨ ᠠᠶᠤᠯ ᠤᠨ ᠲᠠᠰ ᠳᠡᠭᠡᠭᠰᠢᠯᠡᠬᠦ ᠪᠣᠯᠬᠤᠷ ᠬᠠᠮᠢᠶᠠᠷᠤᠨ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠣᠷᠣᠨ ᠤ ᠲᠡᠷᠭᠡ ᠬᠥᠰᠬᠡ ᠶᠢ ᠬᠠᠮᠢᠶᠠᠷᠤᠨ ᠬᠠᠮᠠᠭᠠᠯᠠᠬᠤ ᠵᠢᠴᠢ ᠭᠠᠯ ᠰᠡᠷᠭᠡᠶᠢᠯᠡᠬᠦ ᠦᠵᠡᠯ ᠤᠬᠠᠮᠰᠠᠷ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ ᠲᠠᠰ ᠢᠶᠠᠷ ᠨᠡᠯᠢᠶᠡᠳ ᠥᠨᠳᠥᠷ ᠣᠷᠣᠨ ᠪᠦᠰᠡ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠡᠭᠦᠨ ᠠᠴᠠ ᠭᠠᠳᠠᠨ᠎ᠠ᠂ ᠥᠩᠭᠡᠷᠡᠭᠰᠡᠨ ᠵᠢᠯ ᠤᠳ ᠲᠤ ᠮᠠᠨ ᠤ ᠣᠷᠣᠨ ᠤ ᠵᠡᠭᠦᠨ ᠬᠤᠶᠢᠲᠤ ᠶᠢᠨ ᠬᠢᠯᠢ ᠬᠢᠵᠠᠭᠠᠷ ᠤᠨ ᠣᠶ ᠰᠢᠭᠤᠶ ᠶᠢᠨ ᠭᠠᠯ ᠤᠨ ᠠᠶᠤᠯ ᠪᠠᠶᠢᠨ ᠳᠠᠬᠢᠨ ᠭᠠᠷᠴᠤ ᠪᠠᠶᠢᠭ᠎ᠠ ᠪᠣᠯᠬᠤᠷ ᠬᠢᠯᠢ ᠶᠢᠨ ᠭᠠᠳᠠᠨ᠎ᠠ ᠣᠷᠣᠵᠤ ᠢᠷᠡᠬᠦ ᠣᠶ ᠰᠢᠭᠤᠶ ᠶᠢᠨ ᠭᠠᠯ ᠤᠨ ᠠᠶᠤᠯ ᠢ ᠬᠢᠨᠠᠨ ᠬᠡᠮᠵᠢᠬᠦ᠂ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃    2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ ᠰᠣᠷᠪᠣᠯᠵᠢᠯᠠᠭᠴᠢ ᠶᠢᠨ ᠠᠰᠠᠭᠤᠯᠳᠠ ᠶᠢ ᠬᠠᠷᠢᠭᠤᠯᠬᠤ ᠨᠢ      ︽ᠬᠡᠷᠡᠭᠯᠡᠭᠡᠨ ᠤ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠲᠠᠷᠢᠶᠠᠯᠠᠩ ᠤᠨ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠲᠤᠤᠷ ᠰᠦᠯᠵᠢᠶ᠎ᠡ ᠪᠠᠨ ᠲᠡᠭᠦᠯᠳᠡᠷᠵᠢᠭᠦᠯᠵᠦ᠂ ᠲᠠᠷᠢᠶᠠᠯᠠᠩ ᠤᠨ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︾ ᠭᠡᠵᠦ ᠳᠤᠷᠠᠳᠴᠠᠶ᠂ ᠲᠡᠭᠡᠪᠡᠯ ᠴᠠᠭ ᠠᠭᠤᠷ ᠤᠨ ᠲᠠᠯ᠎ᠠ ᠪᠠᠷ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠬᠦ ᠪᠣᠶ︖      ᠨᠢᠦ ᠪᠦᠦ ᠯᠢᠶᠠᠩ᠄ ᠡᠨᠡ ᠵᠢᠯ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠴᠥᠮ ︽ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠲᠣᠤᠷ ᠰᠦᠯᠵᠢᠶ᠎ᠡ ᠪᠠᠨ ᠲᠡᠭᠦᠯᠳᠡᠷᠵᠢᠭᠦᠯᠵᠦ᠂ ᠲᠠᠷᠢᠶᠠᠯᠠᠩ ᠤᠨ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︾ ᠭᠡᠵᠦ ᠳᠤᠷᠠᠳᠤᠨ ᠭᠠᠷᠭᠠᠵᠠᠶ᠂ ᠡᠨᠡ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠱᠠᠭᠠᠷᠳᠠᠯᠭ᠎ᠠ ᠮᠥᠨ ᠪᠥᠭᠡᠳ ᠪᠠᠰᠠ ᠴᠤ ᠴᠠᠭ ᠠᠭᠤᠷ ᠤᠨ ᠰᠠᠯᠠᠭ᠎ᠠ ᠮᠥᠴᠢᠷ ᠤᠨ ᠬᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠃      ᠥᠪᠥᠷ ᠮᠣᠩᠭᠤᠯ ᠤᠨ ᠴᠠᠭ ᠠᠭᠤᠷ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠶᠢᠯᠠᠭᠠᠵᠤ᠂ ᠥᠪᠥᠷ ᠮᠣᠩᠭᠤᠯ ᠤᠨ ᠴᠠᠭ ᠠᠭᠤᠷ ᠤᠨ ᠲᠤᠪᠴᠢᠶᠠᠨ ᠤ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠡᠭᠦᠷᠭᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠳᠣᠤᠷᠠᠬᠢ ᠲᠠᠪᠤᠨ ᠲᠠᠯ᠎ᠠ ᠶᠢᠨ ᠠᠵᠢᠯ ᠢ ᠰᠠᠶᠢᠲᠤᠷ ᠬᠢᠬᠦ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠳᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃      ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠳᠤᠷᠠᠳᠤᠭᠰᠠᠨ ᠡᠷᠳᠡᠨᠢ ᠰᠢᠰᠢ᠂ ᠪᠤᠭᠤᠳᠠᠢ᠂ ᠲᠥᠮᠥᠰᠥ᠂ ᠠᠯᠠᠰᠢᠨ ᠬᠤᠨᠢ᠂ ᠠᠯᠠᠰᠢᠨ ᠦᠬᠡᠷ ᠵᠡᠷᠭᠡ 15 ᠳᠠᠪᠠᠭᠤᠯᠢᠭ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠪᠠᠶᠢᠭᠤᠯᠵᠤ᠂ ᠪᠦᠬᠦ ᠣᠷᠣᠨ ᠳᠤ 20 ᠣᠷᠣᠨ ᠪᠦᠰᠡ ᠶᠢᠨ ᠠᠦ᠋ᠲ᠋ᠣ᠋ ᠴᠠᠭ ᠠᠭᠤᠷ ᠤᠨ ᠠᠵᠢᠭᠯᠠᠯᠲᠠ ᠶᠢᠨ ᠦᠷᠳᠡᠭᠡ ᠶᠢ ᠰᠢᠨ᠎ᠡ ᠪᠠᠷ ᠪᠠᠶᠢᠭᠤᠯᠵᠤ᠂ 69 ᠬᠥᠯᠳᠡᠭᠦᠦ ᠬᠥᠷᠥᠰᠥᠨ ᠤ ᠠᠵᠢᠭᠯᠠᠯᠲᠠ ᠶᠢᠨ ᠬᠡᠮᠵᠢᠭᠦᠷᠯᠢᠭ ᠪᠣᠯᠤᠨ 82 ᠢᠵᠢ ᠬᠦᠨᠳᠦ ᠵᠢᠩᠨᠡᠬᠦ ᠮᠠᠶ᠋ᠢᠭ ᠤᠨ ᠬᠤᠷ᠎ᠠ ᠲᠤᠨᠳᠠᠰᠣ ᠶᠢᠨ ᠰᠡᠷᠡᠯ ᠳᠠᠮᠵᠢᠭᠤᠯᠤᠭᠴᠢ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠷᠠᠰᠢᠶᠠᠨ ᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠭᠠᠷᠢᠨ ᠵᠡᠭᠦᠨ ᠬᠤᠰᠢᠭᠤᠨ ᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠂ ᠷᠠᠳᠠᠷ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠪᠤᠶᠢᠳᠠ ᠪᠥᠭᠯᠡᠭᠦᠤ ᠭᠠᠵᠠᠷ ᠣᠷᠣᠨ ᠤ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠥᠬᠦ ᠣᠷᠣᠨ ᠳᠤ ᠪᠠᠰᠠ ᠬᠥᠷᠥᠰᠥ ᠰᠢᠷᠣᠶ ᠶᠢᠨ ᠤᠰᠤ ᠶᠢ ᠠᠵᠢᠭᠯᠠᠨ ᠬᠡᠮᠵᠢᠬᠦ ᠠᠦ᠋ᠲ᠋ᠣ᠋ ᠥᠷᠲᠡᠭᠡ 31᠂ ᠲᠠᠷᠢᠶᠠᠨ ᠭᠠᠵᠠᠷ ᠤᠨ ᠪᠠᠭ᠎ᠠ ᠠᠭᠤᠷ ᠠᠮᠢᠰᠬᠤᠯ ᠢ ᠠᠵᠢᠭᠯᠠᠨ ᠬᠡᠮᠵᠢᠬᠦ ᠰᠢᠰᠲ᠋ᠧᠮ 13 ᠢᠵᠢ ᠰᠢᠨ᠎ᠡ ᠪᠠᠷ ᠪᠠᠶᠢᠭᠤᠯᠬᠤ ᠪᠣᠯᠤᠨ᠎ᠠ᠃ ᠲᠠᠷᠢᠶᠠᠯᠠᠩ ᠤᠨ ᠠᠦ᠋ᠲ᠋ᠣ᠋ ᠠᠵᠢᠭᠯᠠᠯᠲᠠ ᠶᠢᠨ ᠲᠤᠷᠰᠢᠯᠲᠠ ᠶᠢᠨ ᠰᠤᠳᠤᠯᠭᠠᠨ ᠢ ᠠᠬᠢᠭᠤᠯᠵᠤ᠂ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠰᠠᠭᠤᠷᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃      ᠬᠤᠶᠠᠷ ᠲᠤ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠬᠠᠢ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠠᠷᠭ᠎ᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠭᠠᠩ ᠬᠠᠭᠤᠷᠠᠶ᠂ ᠰᠢᠷᠦᠭᠦᠨ ᠪᠣᠷᠣᠭᠠᠨ ᠦᠶᠡᠷ ᠤᠰᠤᠲᠤᠯ᠂ ᠶᠡᠭᠡ ᠰᠠᠯᠬᠢᠨ ᠬᠦᠶ᠋ᠲᠡᠨ ᠤᠷᠤᠰᠬᠠᠯ᠂ ᠬᠢᠷᠠᠭᠤ ᠬᠦᠯᠳᠡᠬᠦᠦ᠂ ᠬᠦᠢᠳᠡᠨ ᠠᠭᠤᠷ ᠠᠮᠢᠰᠬᠤᠯ ᠤᠨ ᠭᠠᠮᠰᠢᠭ᠂ ᠮᠥᠨᠳᠥᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠨᠠᠷᠢᠯᠢᠬᠵᠢᠭᠤᠯᠬᠤ ᠬᠢᠷᠢ ᠬᠡᠮᠵᠢᠶ᠎ᠡ᠂ ᠣᠨᠣᠪᠴᠢ ᠶᠢᠨ ᠬᠡᠮᠵᠢᠶ᠎ᠡ ᠪᠠ ᠤᠷᠢᠳᠴᠢᠯᠠᠭᠰᠠᠨ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠵᠡᠷᠭᠡ ᠨᠡᠶᠢᠭᠡᠮ ᠤᠨ ᠡᠬᠢ ᠪᠠᠶᠠᠯᠢᠭ ᠪᠣᠯᠤᠨ ᠸᠢᠴᠠᠲ᠂ ᠪᠢᠴᠢᠯ ᠪᠦᠷᠭᠡ᠂ ᠲᠢᠺ ᠲᠤᠺ᠂ ᠬᠤᠷᠲᠤᠨ ᠰᠢᠭᠤᠳ ᠨᠡᠪᠲᠡᠷᠡᠭᠦᠯᠬᠡ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠲᠠᠢ ᠵᠠᠪᠰᠠᠷ ᠦᠭᠡᠶ ᠵᠣᠯᠭᠠᠭᠤᠯᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠡᠶᠢᠲᠡᠯᠡᠬᠦ ᠪᠦᠷᠬᠦᠴᠡ ᠶᠢᠨ ᠬᠡᠪᠴᠢᠶ᠎ᠡ ᠪᠠ ᠬᠤᠭᠤᠴᠠᠭᠠᠲᠤ ᠴᠢᠨᠠᠷ ᠢ ᠳᠡᠭᠡᠭᠰᠢᠯᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ᠂ ᠲᠤᠰᠬᠠᠶ ᠮᠡᠷᠭᠡᠵᠢᠯ ᠤᠨ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠣᠯᠠᠨ ᠨᠡᠶᠢᠲᠡ ᠶᠢᠨ ᠭᠠᠷ ᠲᠤ ᠤᠯᠠᠮᠵᠢᠯᠠᠨ ᠳᠠᠮᠵᠢᠭᠤᠯᠬᠤ ᠶᠢ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠴᠠ ᠪᠣᠯᠤᠭᠰᠠᠨ ᠬᠤᠬᠢᠷᠠᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠮᠵᠢᠯᠴᠠᠬᠤ ᠶᠢ ᠴᠢᠩᠭᠠᠳᠬᠠᠨ᠂ ᠪᠦᠲᠦᠮᠵᠢᠲᠡᠶ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠴᠠᠭ ᠠᠭᠤᠷ ᠤᠨ ᠭᠠᠮᠰᠢᠭ ᠢ ᠮᠡᠳᠡᠭᠦᠯᠬᠦ ᠶᠢ ᠵᠥᠪᠰᠢᠶᠡᠷᠡᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠠᠷᠬᠠᠭᠠᠬᠤ᠂ ᠣᠯᠠᠨ ᠨᠡᠶᠢᠲᠡ ᠪᠠᠷ ᠢᠶᠠᠨ ᠬᠤᠷᠢᠶᠠᠨ ᠤᠯᠬᠤ᠂ ᠰᠠᠶᠢᠲᠤᠷ ᠬᠡᠷᠡᠭᠯᠡᠬᠦ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃      ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠤᠷᠪᠠᠳᠤᠭᠠᠷ ᠳᠡᠰ ᠤᠨ ᠴᠠᠭ ᠠᠭᠤᠷ ᠤᠨ ᠰᠠᠯᠠᠭ᠎ᠠ ᠮᠥᠴᠢᠷ ᠲᠤ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ ᠪᠦᠲᠦᠭᠡᠭᠳᠡᠬᠦᠨ ᠢ ᠠᠦ᠋ᠲ᠋ᠣᠴᠢᠯᠠᠬᠤ᠂ ᠤᠶᠤᠨᠴᠢᠯᠠᠨ ᠦᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ᠂ ᠵᠣᠨ ᠤ ᠬᠠᠮᠢᠶᠠᠷᠤᠯᠲᠠ ᠨᠠᠮᠤᠷ ᠤᠨ ᠬᠤᠷᠢᠶᠠᠯᠲᠠ᠂ ᠪᠣᠷᠲᠣᠭᠤᠷ ᠣᠷᠣᠭᠤᠯᠵᠤ ᠡᠮ ᠨᠠᠶᠢᠷᠠᠭᠤᠯᠬᠤ᠂ ᠤᠰᠤᠯᠠᠯᠲᠠ᠂ ᠮᠠᠯᠵᠢᠬᠤ ᠣᠷᠣᠨ ᠤ ᠲᠥᠯ ᠲᠤᠰᠴᠤ ᠪᠤᠶᠢᠵᠢᠭᠤᠯᠬᠤ᠂ ᠨᠠᠮᠤᠷ ᠤᠨ ᠤᠯᠠᠷᠢᠯ ᠤᠨ ᠡᠪᠡᠰᠦ ᠬᠠᠳᠤᠬᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠠᠵᠢᠯᠯᠠᠭ᠎ᠠ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ᠂ ᠭᠤᠤᠯ ᠪᠣᠯᠬᠤ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠴᠢᠯᠡᠭᠡ ᠶᠢ ᠦᠢᠯᠡᠳᠴᠦ ᠨᠡᠶᠢᠲᠡᠯᠡᠨ᠎ᠡ᠃ ᠣᠳᠣᠬᠠᠨ ᠳᠤ᠂ ᠪᠢᠳᠡ ᠨᠢᠭᠡᠨᠲᠡ ︽ᠲᠠᠷᠢᠶᠠᠯᠠᠩ ᠤᠨ ᠴᠠᠭ ᠠᠭᠤᠷ ᠤᠨ ᠮᠡᠳᠡᠭᠡ︾ ᠶᠢᠨ ᠭᠠᠷ ᠤᠲᠠᠰᠤᠨ ᠤ APP ᠪᠠᠷ ᠳᠠᠮᠵᠢᠭᠤᠯᠤᠨ 5.2 ᠲᠦᠮᠡᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠭᠤᠯᠤᠭᠰᠠᠨ ᠬᠡᠷᠡᠭᠯᠡᠭᠴᠢ ᠳᠤ ᠣᠷᠣᠨ ᠪᠠᠶᠢᠷᠢ ᠳᠤ ᠰᠠᠭᠤᠷᠢᠯᠠᠭᠰᠠᠨ᠂ ᠣᠶᠤᠨᠴᠢ᠂ ᠥᠪᠡᠷᠮᠢᠴᠡ ︽ᠰᠢᠭᠤᠳ ᠨᠡᠪᠲᠡᠷᠡᠬᠦ ᠮᠠᠶ᠋ᠢᠭ︾ ᠤᠨ ᠦᠢᠯᠡᠴᠢᠯᠡᠭᠡ ᠬᠠᠩᠭᠠᠵᠤ ᠪᠠᠶᠢᠨ᠎ᠠ᠂ ᠵᠠᠯᠭᠠᠭᠠᠳ ᠪᠢᠳᠡ ︽ᠲᠠᠷᠢᠶᠠᠯᠠᠩ ᠤᠨ ᠴᠠᠭ ᠠᠭᠤᠷ ᠤᠨ ᠮᠡᠳᠡᠭᠡ︾ ᠶᠢᠨ ᠭᠠᠷ ᠤᠲᠠᠰᠤᠨ ᠤ APP ᠶᠢ ᠦᠷᠭᠦᠯᠵᠢᠯᠡᠨ ᠳᠡᠯᠭᠡᠷᠡᠭᠦᠯᠵᠦ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃      ᠲᠦᠷᠪᠡ ᠳᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠠᠭᠤᠷ ᠠᠮᠢᠰᠬᠤᠯ ᠰᠠᠶᠢᠨ ᠪᠦᠲᠦᠭᠡᠭᠳᠡᠬᠦᠨ︾ ᠢ ᠭᠡᠷᠡᠴᠢᠯᠡᠵᠦ ᠦᠨᠡᠯᠡᠬᠦ ᠠᠵᠢᠯ ᠢ ᠢᠳᠡᠪᠬᠢᠲᠡᠢ ᠠᠬᠢᠭᠤᠯᠵᠤ᠂ ᠣᠳᠣᠬᠠᠨ ᠳᠤ ᠲᠦᠴᠢᠦᠸᠠᠨ ᠰᠢᠶᠠᠨ ᠤ ᠨᠠᠷᠢᠮᠤ ᠪᠤᠳᠠᠭ᠎ᠠ᠂ ᠨᠣᠭᠤᠭᠠᠨ ᠪᠤᠷᠴᠠᠭ ᠪᠣᠯᠤᠨ ᠪᠣᠷᠣ ᠬᠠᠯᠢᠰᠤᠲᠤ ᠰᠠᠷᠢᠮᠰᠠᠭ᠂ ᠠᠤᠬᠠᠨ ᠬᠤᠰᠢᠭᠤᠨ ᠤ ᠨᠠᠷᠢᠮᠤ ᠪᠤᠳᠠᠭ᠎ᠠ᠂ ᠦᠶᠤᠸᠠᠨ ᠰᠢᠶᠠᠨ ᠤ ᠨᠡᠷᠡᠨ ᠬᠤᠸᠠᠷ᠂ ᠰᠥᠨᠢᠳ ᠬᠤᠨᠢ ᠵᠡᠷᠭᠡ ᠲᠠᠷᠢᠶᠠᠯᠠᠩ ᠤᠨ ᠣᠨᠴᠠ ᠭᠠᠷᠤᠯᠲᠠ ᠶᠢ ︽ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ︾ ᠢᠶᠠᠷ ᠦᠨᠡᠯᠡᠬᠦ ᠠᠵᠢᠯ ᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠠᠭᠤᠷ ᠠᠮᠢᠰᠬᠤᠯ ᠤᠨ ᠨᠡᠮᠡᠯᠲᠡ ᠦᠷᠳᠡᠭ ᠢ ᠨᠡᠮᠡᠭᠳᠡᠭᠦᠯᠵᠡᠢ᠃ ᠡᠨᠡ ᠵᠢᠯ᠂ ᠪᠢᠳᠡ ᠡᠯ᠎ᠡ ᠭᠠᠵᠠᠷ ᠤᠨ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠬᠥᠭᠵᠢᠭᠦᠯᠬᠦ ᠬᠡᠷᠡᠭᠴᠡᠭᠡ ᠶᠢ ᠦᠨᠳᠦᠰᠦᠯᠡᠨ᠂ ︽ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ︾ ᠢ ᠭᠡᠷᠡᠴᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠳᠡᠭᠡᠭᠰᠢᠯᠡᠭᠦᠯᠦᠨ᠎ᠡ᠃      ᠲᠠᠪᠤ ᠳᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠵᠢᠭᠯᠠᠵᠤ᠂ ᠠᠯᠢᠪᠠ ᠠᠰᠢᠭᠲᠠᠶ ᠴᠠᠭ ᠠᠭᠤᠷ ᠤᠨ ᠨᠥᠬᠦᠴᠡᠯ ᠢ ᠠᠳᠬᠤᠵᠤ᠂ ᠨᠢᠰᠬᠡᠯ᠂ ᠲᠡᠶᠢᠷᠦᠯᠲᠦ ᠰᠤᠮᠤ ᠪᠣᠯᠤᠨ ᠤᠲᠤᠭ᠎ᠠ ᠵᠤᠤᠬ᠎ᠠ ᠵᠡᠷᠭᠡ ᠬᠤᠭᠤᠰᠣᠨ ᠭᠠᠵᠠᠷ ᠢ ᠨᠢᠭᠡ ᠴᠤᠭᠴᠠᠵᠢᠭᠤᠯᠤᠭᠰᠠᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠤᠨ᠂ ᠡᠪᠡᠰᠦ ᠪᠡᠯᠴᠢᠭᠡᠷ ᠤᠨ ᠨᠣᠭᠤᠭᠠᠷᠠᠬᠤ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠢ ᠪᠠᠭᠤᠷᠠᠭᠤᠯᠤᠨ᠎ᠠ᠃          ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠪᠠᠭ ᠤᠨ ᠰᠤᠷᠪᠤᠯᠵᠢᠯᠠᠭᠴᠢ᠄ ᠪᠢ ᠦᠪᠦᠷ ᠮᠣᠩᠭᠤᠯ ᠤᠨ ᠲᠥᠮᠥᠰᠥ ᠶᠢᠨ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠦᠢᠯᠡᠳᠦᠯ ᠢᠶᠠᠨ ᠬᠡᠷᠬᠢᠨ ᠪᠠᠳᠠᠷᠠᠭᠤᠯᠵᠤ ᠪᠠᠶᠢᠬᠤ ᠶᠢ ᠣᠶᠢᠯᠠᠭᠠᠶ᠎ᠠ      ᠦ᠋ ᠿᠦᠩ ᠱᠧᠩ᠄ 2020 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠲᠤᠷᠠᠨ ᠮᠡᠳᠡᠭᠦᠯᠦᠭᠰᠡᠨ ᠲᠥᠮᠥᠰᠥ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠢ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠢᠶᠠᠷ ᠲᠤᠲᠤᠯᠠᠪᠡ᠂ ᠪᠥᠬᠦ ᠤᠯᠤᠰ ᠤᠨ ᠲᠥᠮᠥᠰᠥ ᠶᠢᠨ 5 ᠲᠣᠮᠣ ᠭᠤᠤᠯ ᠭᠠᠷᠤᠯᠲᠠ ᠶᠢᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠲᠥᠮᠥᠰᠥ ᠶᠢᠨ ᠠᠵᠤ ᠦᠢᠯᠡᠰ ᠪᠣᠯ ᠥᠪᠥᠷ ᠮᠣᠩᠭᠤᠯ ᠤᠨ ᠲᠤᠯᠭᠠᠭᠤᠷᠢ ᠠᠵᠤ ᠦᠢᠯᠡᠰ ᠤᠨ ᠨᠢᠭᠡ ᠮᠥᠨ᠂ ᠲᠥᠮᠥᠰᠥ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠢ ᠡᠭᠦᠳᠦᠨ ᠪᠠᠶᠢᠭᠤᠯᠬᠤ ᠶᠢᠨ ᠵᠣᠷᠢᠯᠭ᠎ᠠ ᠨᠢ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠵᠤ᠂ ᠥᠪᠥᠷ ᠮᠣᠩᠭᠤᠯ ᠴᠢᠨᠠᠭᠰᠢᠯᠠᠪᠠᠯ ᠪᠥᠬᠦ ᠤᠯᠤᠰ ᠤᠨ ᠲᠥᠮᠥᠰᠥ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠃      2021 ᠣᠨ ᠳᠤ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠬᠢᠭᠡᠳ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠣᠰ ᠲᠥᠪ ᠤᠨ ᠲᠥᠮᠥᠰᠥ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠬᠢᠭᠡᠳ ᠦᠢᠯᠡᠴᠢᠯᠡᠭᠡᠨ ᠤ ᠲᠠᠯ᠎ᠠ ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠭᠠᠷ ᠬᠤᠯᠪᠣᠨ ᠠᠬᠢᠭᠤᠯᠵᠤ᠂ ᠳᠣᠤᠷᠠᠬᠢ ᠬᠡᠳᠦᠨ ᠲᠠᠯ᠎ᠠ ᠪᠠᠷ ᠪᠣᠳᠠᠲᠠᠶ ᠪᠠᠷ ᠠᠵᠢᠯ ᠥᠷᠨᠢᠭᠦᠯᠦᠨ᠎ᠡ᠄      ᠨᠢᠭᠡ ᠳᠤ᠂ ᠶᠡᠭᠡ ᠳ᠋ᠠᠶᠢᠲ᠋ᠠ ᠪᠠᠷ ᠭᠤᠣᠯ ᠪᠣᠯᠭᠠᠭᠰᠠᠨ᠂ ᠬᠡᠷᠡᠭᠯᠡᠭᠡ ᠪᠠᠷ ᠤᠳᠤᠷᠢᠳᠤᠮᠵᠢ ᠪᠣᠯᠭᠠᠭᠰᠠᠨ᠂ ᠬᠤᠷᠠᠭᠤᠯᠤᠨ ᠠᠭᠤᠰᠤᠯᠴᠠᠭᠤᠯᠵᠤ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠬᠠᠮᠲᠤᠪᠠᠷ ᠡᠳ᠋ᠯᠡᠭᠰᠡᠨ ᠲᠥᠮᠥᠰᠥ ᠶᠢᠨ ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠶᠡᠭᠡ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠎ᠠ︔ ᠲᠥᠮᠥᠰᠥᠨ ᠤ ᠭᠤᠤᠯ ᠭᠠᠷᠤᠯᠲᠠ ᠶᠢᠨ ᠣᠷᠣᠨ ᠢ ᠬᠠᠮᠤᠷᠤᠭᠰᠠᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠳᠤ ᠰᠠᠭᠤᠷᠢᠯᠠᠭᠰᠠᠨ ᠪᠤᠶᠢᠵᠢᠯᠲᠠ ᠶᠢᠨ ᠬᠤᠭᠤᠴᠠᠭ᠎ᠠ᠂ ᠤᠷᠭᠤᠴᠠ ᠶᠢᠨ ᠪᠠᠶᠢᠳᠠᠯ᠂ ᠴᠠᠭ ᠠᠭᠤᠷ ᠤᠨ ᠭᠠᠮᠰᠢᠭ᠂ ᠡᠪᠡᠳᠴᠢᠨ ᠬᠤᠷᠣᠬᠠᠶ ᠶᠢᠨ ᠬᠥᠨᠥᠭᠡᠯ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠣᠶᠤᠨᠴᠢᠯᠠᠭᠰᠠᠨ ᠬᠡᠷᠡᠭᠯᠡᠭᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠵᠠᠳᠠᠯᠬᠤ᠂ ᠨᠡᠶᠢᠲᠡᠯᠡᠬᠦ ᠪᠠ ᠬᠡᠷᠡᠭᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠲᠥᠮᠥᠰᠥ ᠶᠢᠨ ᠤᠨᠴᠠᠯᠢᠭᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠠᠰᠢᠭ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠤᠶᠠᠷ ᠲᠤ᠂ ᠲᠥᠮᠥᠰᠥ ᠶᠢᠨ ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠢ ᠴᠢᠩᠭᠠᠳᠬᠠᠵᠤ᠂ ᠲᠥᠮᠥᠰᠥ ᠶᠢᠨ ᠲᠠᠷᠢᠶᠠᠯᠠᠩ ᠤᠨ ᠴᠠᠭ ᠠᠭᠤᠷ ᠤᠨ ᠬᠦᠢᠴᠡᠳᠭᠡᠯ ᠲᠤᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠳᠠᠭᠠᠭᠤᠯᠢ ᠣᠳᠣᠨ ᠤ ᠠᠯᠤᠰ ᠰᠡᠷᠡᠯ᠂ ᠵᠢᠷᠤᠭ ᠳᠦᠷᠰᠦ ᠶᠢ ᠢᠯᠭᠠᠨ ᠲᠠᠨᠢᠬᠤ᠂ ᠣᠯᠠᠨ ᠡᠬᠢᠲᠦ ᠲᠤᠭ᠎ᠠ ᠪᠠᠷᠢᠮᠲᠠ ᠶᠢ ᠠᠭᠤᠰᠤᠯᠴᠠᠭᠤᠯᠬᠤ ᠵᠡᠷᠭᠡ ᠰᠢᠨ᠎ᠡ ᠮᠡᠷᠭᠡᠵᠢᠯ᠂ ᠰᠢᠨ᠎ᠡ ᠠᠷᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠨᠠᠩ ᠲᠤᠰᠬᠠᠶ ᠮᠡᠷᠭᠡᠵᠢᠯ ᠤᠨ᠂ ᠨᠠᠩ ᠨᠠᠷᠢᠯᠢᠭ ᠣᠨᠣᠴᠠᠲᠠᠶ ᠥᠪᠡᠷᠮᠢᠴᠡ ᠦᠢᠯᠡᠴᠢᠯᠡᠭᠡᠨ ᠤ ᠦᠢᠯᠡᠳᠬᠦᠨ ᠢ ᠪᠣᠶ ᠪᠣᠯᠭᠠᠨ᠎ᠠ᠃      ᠭᠤᠷᠪᠠ ᠳᠤ᠂ ᠤᠯᠤᠰ ᠤᠨ ᠳᠡᠰ᠂ ᠮᠤᠵᠢ ︵ᠶᠠᠮᠤᠨ︶ ᠶᠢᠨ ᠳᠡᠰ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠳᠡᠮᠵᠢᠯᠭᠡ ᠳᠤ ᠲᠦᠰᠢᠭᠯᠡᠵᠦ᠂ ᠴᠠᠭ ᠠᠭᠤᠷ ᠠᠭᠤᠷ ᠠᠮᠢᠰᠬᠤᠯ ᠤᠨ ᠨᠥᠬᠦᠴᠡᠯ ᠤᠨ ᠲᠥᠮᠥᠰᠥ ᠶᠢᠨ ᠥᠰᠥᠯᠲᠡ ᠪᠤᠶᠢᠵᠢᠯᠲᠠ ᠪᠠ ᠴᠢᠬᠤᠯᠠ ᠲᠠᠷᠢᠶᠠᠯᠠᠩ ᠤᠨ ᠠᠵᠢᠯᠯᠠᠭ᠎ᠠ ᠳᠤ ᠦᠵᠡᠭᠦᠯᠬᠦ ᠨᠥᠯᠥᠭᠡ ᠬᠢᠭᠡᠳ ᠲᠣᠭᠲᠠᠭᠰᠠᠨ ᠬᠡᠮᠵᠢᠶᠡᠨ ᠤ ᠦᠨᠡᠯᠡᠯᠲᠡ᠂ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠢᠯᠭᠠᠨ ᠲᠠᠨᠢᠬᠤ ᠬᠢᠭᠡᠳ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠭᠠᠷᠤᠯᠲᠠ ᠬᠢᠭᠡᠳ ᠶᠠᠰᠤ ᠴᠢᠨᠠᠷ ᠤᠨ ᠨᠥᠯᠥᠭᠡ ᠶᠢ ᠦᠨᠡᠯᠡᠬᠦ ᠵᠡᠷᠭᠡ ᠲᠤᠷᠰᠢᠯᠲᠠ ᠶᠢᠨ ᠰᠤᠳᠤᠯᠭᠠᠨ ᠢ ᠴᠢᠩᠭᠠᠳᠬᠠᠵᠤ᠂ ᠲᠥᠮᠥᠰᠥ ᠶᠢᠨ ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠲᠤᠷᠰᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠥᠷᠭᠡᠴᠡ ᠪᠠ ᠭᠦᠨᠴᠡ ᠶᠢ ᠤᠯᠠᠮ ᠨᠢᠭᠡ ᠠᠯᠬᠤᠮ ᠥᠷᠭᠡᠳᠬᠡᠨ᠎ᠡ᠃      ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠴᠢᠭᠯᠡᠭᠦᠯᠦᠨ᠂ ᠲᠥᠮᠥᠰᠥ ᠵᠡᠷᠭᠡ ᠤᠨᠴᠠᠯᠢᠭᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ

        365赢多少钱会被限额_国内有真正的365平台吗_365bet博彩官网

         ᠢᠶᠠᠨ ᠰᠠᠶᠢᠲᠤᠷ ᠬᠢᠨ᠎ᠡ᠃ ᠨᠢᠭᠡ ᠳᠤ᠂ ᠬᠠᠮᠲᠤᠷᠠᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠲᠠᠷᠢᠶᠠᠯᠠᠩ ᠤᠨ ᠪᠠᠶᠢᠴᠠᠭᠠᠯᠲᠠ ᠶᠢᠨ ᠠᠩᠭᠢ ᠵᠡᠷᠭᠡ ᠲᠠᠷᠢᠶᠠᠯᠠᠩ ᠳᠤ ᠬᠤᠯᠪᠣᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠵᠦ᠂ ᠳᠠᠷᠢᠬᠤ ᠠᠬᠢᠴᠠ᠂ ᠴᠢᠬᠢ ᠶᠢᠨ ᠪᠠᠶᠢᠳᠠᠯ᠂ ᠬᠠᠪᠤᠷ ᠤᠨ ᠤᠯᠠᠷᠢᠯ ᠤᠨ ᠴᠠᠭ ᠠᠭᠤᠷ ᠤᠨ ᠭᠠᠮᠰᠢᠭ ᠤᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤᠨᠢ ᠨᠡᠪᠲᠡᠷᠡᠯᠴᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠵᠡᠭᠦᠯᠬᠦ ᠴᠠᠭ ᠠᠭᠤᠷ ᠤᠨ ᠨᠥᠬᠦᠴᠡᠯ ᠤᠨ ᠠᠰᠢᠭ ᠬᠤᠤᠷ ᠤᠨ ᠨᠥᠯᠥᠭᠡ ᠶᠢ ᠬᠠᠮᠲᠤ ᠪᠠᠷ ᠰᠤᠳᠤᠯᠤᠨ ᠮᠠᠭᠠᠳᠯᠠᠨ᠎ᠠ᠃ ᠬᠤᠶᠠᠷ ᠲᠤ᠂ ᠲᠠᠷᠢᠶᠠᠯᠠᠩ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠢ ᠲᠣᠮᠢᠯᠠᠨ ᠲᠠᠷᠢᠶᠠᠨ ᠳᠤ ᠣᠴᠢᠭᠤᠯᠵᠤ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠬᠢᠯᠭᠡᠵᠦ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ᠂ ᠬᠠᠪᠤᠷ ᠤᠨ ᠲᠠᠷᠢᠶᠠᠯᠠᠭ᠎ᠠ ᠶᠢᠨ ᠠᠵᠢᠯ ᠪᠠ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ᠂ ᠡᠨᠡ ᠵᠢᠯ ᠤᠨ ᠬᠠᠪᠤᠷ ᠤᠨ ᠤᠯᠠᠷᠢᠯ ᠤᠨ ᠴᠠᠭ ᠠᠭᠤᠷ ᠪᠠ ᠠᠭᠤᠷ ᠠᠮᠢᠰᠬᠤᠯ ᠤᠨ ᠨᠥᠬᠦᠴᠡᠯ ᠳᠤ ᠴᠢᠭᠯᠡᠭᠦᠯᠦᠨ᠂ ᠲᠠᠷᠢᠶᠠᠯᠠᠩ ᠤᠨ ᠦᠢᠯᠡᠳᠪᠦᠷᠢᠯᠡᠯ ᠳᠤ ᠵᠢᠯᠣᠭᠤᠳᠬᠤ ᠰᠠᠨᠠᠭᠤᠯᠭ᠎ᠠ ᠳᠤᠷᠠᠳᠴᠤ᠂ ᠴᠠᠭ ᠠᠭᠤᠷ ᠤᠨ ᠬᠤᠪᠢᠷᠠᠯᠲᠠ ᠪᠠ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠠᠩ ᠲᠠᠢ ᠲᠡᠮᠡᠴᠡᠵᠦ ᠴᠢᠬᠢᠭ ᠢ ᠬᠠᠮᠠᠭᠠᠯᠠᠬᠤ ᠠᠵᠢᠯ ᠪᠠ ᠲᠠᠷᠢᠶᠠᠨ ᠭᠠᠵᠠᠷ ᠤᠨ ᠴᠢᠬᠢ ᠶᠢᠨ ᠪᠠᠶᠢᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ᠤᠶᠤᠨᠲᠤ ᠲᠠᠷᠢᠶᠠᠯᠠᠩ ᠤᠨ ᠴᠠᠭ ᠠᠭᠤᠷ ᠤᠨ ᠲᠤᠭ᠎ᠠ ᠪᠠᠷᠢᠮᠲᠠ ᠶᠢᠨ ᠲᠠᠪᠴᠠᠩ ᠪᠣᠯᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠠᠰᠢᠭᠯᠠᠵᠤ᠂ ᠲᠥᠮᠥᠰᠥ ᠵᠡᠷᠭᠡ ᠲᠠᠷᠢᠮᠠᠯ ᠤᠨ ᠵᠠᠩᠭᠢᠯᠠᠭ᠎ᠠ ᠶᠢᠨ ᠪᠤᠶᠢᠵᠢᠯᠲᠠ ᠶᠢᠨ ᠬᠤᠭᠤᠴᠠᠭᠠᠨ ᠤ ᠤᠷᠢᠳᠴᠢᠯᠠᠭᠰᠠᠨ ᠮᠡᠳᠡᠭᠡ᠂ ᠬᠠᠪᠤᠷ ᠤᠨ ᠲᠠᠷᠢᠶᠠᠯᠠᠭ᠎ᠠ ᠶᠢᠨ ᠴᠠᠭ ᠠᠭᠤᠷ ᠤᠨ ᠳᠤᠬᠢᠷᠠᠮᠵᠢ ᠶᠢᠨ ᠬᠡᠮᠵᠢᠶᠡᠨ ᠤ ᠤᠷᠢᠳᠴᠢᠯᠠᠭᠰᠠᠨ ᠮᠡᠳᠡᠭᠡ᠂ ᠥᠰᠥᠯᠲᠡ ᠪᠤᠶᠢᠵᠢᠯᠲᠠ ᠶᠢᠨ ᠬᠢᠨᠠᠨ ᠬᠡᠮᠵᠢᠯᠲᠡ᠂ ᠬᠢᠷᠠᠭᠤ ᠬᠦᠯᠳᠡᠬᠦᠦ ᠪᠠ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠰᠢᠷᠢᠰ ᠦᠢᠯᠡᠴᠢᠯᠡᠭᠡᠨ ᠤ ᠪᠦᠲᠦᠭᠡᠭᠳᠡᠬᠦᠨ ᠢ ᠵᠠᠳᠠᠯᠤᠨ ᠦᠢᠯᠡᠳᠦᠨ᠎ᠡ᠃      ᠥᠪᠥᠷ ᠮᠣᠩᠭᠤᠯ ᠤᠨ ᠬᠤᠳᠠᠯᠳᠤᠭᠠᠨ ᠤ ᠰᠣᠨᠢᠨ ᠤ ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ ᠰᠥᠨᠢᠳ ᠤᠨ ᠬᠤᠨᠢᠨ ᠮᠢᠬ᠎ᠠ ᠶᠢ ᠥᠪᠥᠷ ᠮᠣᠩᠭᠤᠯ ᠤᠨ ᠣᠨᠴᠠ ᠰᠢᠯᠢᠳᠡᠭ ᠲᠠᠰ ᠤᠨ ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ ᠢᠶᠠᠷ ᠮᠠᠭᠠᠳᠯᠠᠨ ᠲᠣᠭᠲᠠᠭᠠᠭᠰᠠᠨ ᠪᠠᠶᠢᠨ᠎ᠠ᠂ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠭᠡᠷᠡᠴᠢᠯᠡᠬᠦ ᠶᠢᠨ ᠠᠴᠢ ᠬᠤᠯᠪᠣᠭᠳᠠᠯ ᠪᠠ ᠪᠣᠳᠠᠲᠠᠶ ᠪᠠᠶᠢᠳᠠᠯ ᠢᠶᠠᠨ ᠲᠠᠨᠢᠯᠴᠠᠭᠤᠯᠤᠭᠠᠷᠠᠶ᠃      ᠶᠠᠩ ᠵᠢᠩ᠄ ᠣᠯᠠᠨ ᠤ ᠮᠡᠳᠡᠭᠡᠵᠢ ᠪᠠᠷ᠂ ᠬᠠᠮᠤᠭ ᠤᠨ ᠰᠠᠶᠢᠨ ᠺᠤᠹᠧ ᠨᠢ ᠡᠮᠦᠨᠡᠲᠦ ᠠᠮᠧᠷᠢᠺᠠ ᠠᠴᠠ ᠭᠠᠷᠤᠯᠲᠠ ᠲᠠᠢ᠂ ᠬᠠᠮᠤᠭ ᠤᠨ ᠰᠠᠶᠢᠨ ᠴᠠᠶ ᠨᠢ ᠳᠤᠮᠳᠠᠳᠤ ᠤᠯᠤᠰ ᠠᠴᠠ ᠭᠠᠷᠤᠯᠲᠠ ᠲᠠᠢ᠂ ᠬᠠᠮᠤᠭ ᠤᠨ ᠰᠠᠶᠢᠨ ᠦᠵᠦᠮ ᠤᠨ ᠠᠷᠢᠬᠢ ᠨᠢ ᠧᠦ᠋ᠷᠣᠫᠠ ᠠᠴᠠ ᠢᠷᠡᠯᠲᠡᠶ᠃ ᠹᠷᠠᠨᠼᠢ ᠶᠢᠨ ᠨᠡᠷᠡᠲᠡᠶ ᠤᠯᠠᠭᠠᠨ ᠠᠷᠢᠬᠢ ︽ᠯᠠᠹᠢᠲ᠋ᠧ︾ ᠭᠡᠳᠡᠭ ᠨᠢ ᠪᠦᠷᠦ᠋ᠳ᠋ᠸᠦ᠋ᠰ ᠤᠨ ᠨᠡᠷᠡᠨ ᠤ ᠭᠡᠷᠡᠯ ᠭᠦᠢᠴᠡᠳ᠂ ᠬᠤᠷ᠎ᠠ ᠪᠣᠷᠣᠭᠠᠨ ᠲᠣᠬᠢᠷᠠᠮᠵᠢᠲᠠᠶ᠂ ᠠᠭᠠᠷ ᠤᠨ ᠳᠤᠯᠠᠭᠠᠨ ᠤ ᠡᠳᠦᠷ ᠤᠨ ᠵᠥᠷᠢᠶ᠎ᠡ ᠶᠡᠭᠡ ᠵᠡᠷᠭᠡ ᠣᠨᠴᠠᠭᠠᠶ ᠠᠭᠤᠷ ᠠᠮᠢᠰᠬᠤᠯ ᠤᠨ ᠣᠨᠴᠠᠯᠢᠭ ᠠᠴᠠ ᠪᠣᠯᠵᠤ᠂ ᠰᠢᠯᠢᠳᠡᠭ ᠣᠯᠠᠭᠠᠨ ᠠᠷᠢᠬᠢ ᠨᠡᠷᠡᠬᠦ ᠦᠵᠦᠮ ᠢ ᠲᠠᠷᠢᠬᠤ ᠳᠤ ᠲᠣᠬᠢᠷᠠᠮᠵᠢᠲᠠᠶ ᠪᠠᠶᠢᠳᠠᠭ᠂ 1982 ᠣᠨ ᠳᠤ ᠹᠷᠠᠨᠼᠢ ᠶᠢᠨ ᠪᠦᠷᠦ᠋ᠳ᠋ᠸᠦ᠋ᠰ ᠤᠨ ᠯᠠᠹᠢᠲ᠋ᠧ ᠡᠳ᠋ᠯᠡᠩ ᠤᠨ ᠬᠡᠰᠡᠭ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠨᠢ ᠰᠢᠯᠢᠳᠡᠭ ᠦᠵᠦᠮ ᠤᠨ ᠥᠰᠥᠯᠲᠡ ᠳᠤ ᠨᠡᠩ ᠲᠣᠬᠢᠷᠠᠮᠵᠢᠲᠠᠶ ᠪᠠᠶᠢᠵᠤ᠂ ︽82 ᠯᠠᠹᠢᠲ᠋ᠧ︾ ᠤᠯᠠᠭᠠᠨ ᠠᠷᠢᠬᠢᠨ ᠤ ᠴᠢᠨᠠᠷ ᠨᠢ ᠬᠠᠮᠤᠭ ᠤᠨ ᠰᠠᠶᠢᠨ᠂ ᠦᠨ᠎ᠡ ᠨᠢ ᠴᠦ ᠬᠠᠮᠤᠭ ᠤᠨ ᠦᠨᠡᠲᠡᠶ ᠪᠠᠶᠢᠳᠠᠭ᠃ ᠡᠭᠦᠨ ᠠᠴᠠ ᠦᠵᠡᠬᠦ ᠳᠤ᠂ ᠠᠭᠤᠷ ᠠᠮᠢᠰᠬᠤᠯ ᠤᠨ ᠨᠥᠬᠦᠴᠡᠯ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠪᠦᠷᠢᠯᠳᠦᠯ ᠳᠤ ᠮᠠᠰᠢ ᠶᠡᠭᠡ ᠨᠥᠯᠥᠭᠡ ᠦᠵᠡᠬᠦᠯᠳᠡᠭ᠃ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠭᠡᠷᠡᠴᠢᠯᠡᠯ ᠪᠣᠯ ᠳᠠᠷᠤᠶ ᠰᠢᠨᠵᠢᠯᠡᠬᠦ ᠤᠬᠠᠭᠠᠨᠴᠢ ᠠᠷᠭ᠎ᠠ ᠪᠠᠷ ᠴᠠᠭ ᠠᠭᠤᠷ ᠠᠭᠤᠷ ᠠᠮᠢᠰᠬᠤᠯ ᠤᠨ ᠨᠥᠬᠦᠴᠡᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠳᠤ ᠦᠵᠡᠭᠦᠯᠬᠦ ᠨᠥᠯᠥᠭᠡ ᠶᠢᠨ ᠰᠠᠶᠢᠨ ᠮᠠᠭᠤ ᠵᠡᠷᠭᠡ ᠳᠡᠰ ᠢ ᠦᠨᠡᠯᠡᠨ ᠲᠣᠭᠲᠠᠭᠠᠬᠤ ᠶᠠᠪᠤᠳᠠᠯ ᠪᠣᠯᠤᠨ᠎ᠠ᠃      ᠣᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠲᠥᠪ ᠤᠨ ᠬᠢᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠥᠨᠢᠳ ᠬᠤᠨᠢᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠵᠠᠳᠠᠯᠤᠨ ᠦᠨᠡᠯᠡᠬᠦ ᠠᠵᠢᠯ ᠦᠷᠨᠢᠬᠦᠯᠪᠡ᠃ ᠪᠢᠳᠡ ᠰᠥᠨᠢᠳ ᠬᠤᠨᠢᠨ ᠤ ᠭᠤᠤᠯ ᠭᠠᠷᠤᠯᠲᠠ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠵᠢᠴᠢ ᠠᠭᠤᠷ ᠠᠮᠢᠰᠬᠤᠯ ᠤᠨ ᠣᠨᠴᠠᠯᠢᠭ ᠲᠤ ᠰᠠᠭᠤᠷᠢᠯᠠᠨ᠂ ᠰᠥᠨᠢᠳ ᠬᠤᠨᠢᠨ ᠤ ᠮᠢᠬᠠᠨ ᠤ ᠶᠠᠰᠤ ᠴᠢᠨᠠᠷ ᠤᠨ ᠪᠦᠷᠢᠯᠳᠦᠯ ᠳᠤ ᠳᠣᠭᠢᠷᠠᠬᠤ ᠠᠭᠤᠷ ᠠᠮᠢᠰᠬᠤᠯ ᠤᠨ ᠨᠥᠬᠦᠴᠡᠯ ᠢ ᠵᠠᠳᠠᠯᠵᠤ᠂ ᠰᠥᠨᠢᠳ ᠬᠤᠨᠢᠨ ᠤ ᠠᠭᠤᠷ ᠠᠮᠢᠰᠬᠤᠯ ᠤᠨ ᠵᠣᠬᠢᠴᠠᠬᠤ ᠴᠢᠨᠠᠷ ᠤᠨ ᠬᠦᠢᠴᠡᠳᠬᠡᠯ ᠲᠤᠭ᠎ᠠ ᠵᠢᠴᠢ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠯᠥᠭᠡ ᠪᠠᠷ ᠨᠡᠯᠢᠶᠡᠳ ᠶᠡᠭᠡ ᠴᠠᠭ ᠠᠭᠤᠷ ᠤᠨ ᠭᠠᠶ ᠭᠠᠮᠰᠢᠭ ᠤᠨ ᠬᠦᠢᠴᠡᠳᠬᠡᠯ ᠲᠤᠭ᠎ᠠ ᠶᠢ ᠪᠠᠶᠢᠭᠤᠯᠵᠤ᠂ ᠰᠥᠨᠢᠳ ᠬᠤᠨᠢᠨ ᠤ ᠦᠰᠦᠯᠳᠡ ᠳᠤ ᠲᠤᠬᠢᠷᠠᠬᠤ ᠲᠠᠷᠬᠠᠯᠲᠠ ᠶᠢᠨ ᠣᠷᠣᠨ ᠢ ᠲᠤᠲᠤᠯᠠᠵᠤ ᠦᠭᠪᠡ᠃ ᠡᠭᠦᠨ ᠤ ᠬᠠᠮᠲᠤ᠂ 2019 ᠣᠨ ᠳᠤ ᠰᠥᠨᠢᠳ ᠤᠨ ᠲᠠᠯ᠎ᠠ ᠨᠤᠲᠤᠭ ᠲᠤ ᠬᠢᠭᠰᠡᠨ ᠲᠤᠷᠰᠢᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ ᠰᠥᠨᠢᠳ ᠤᠨ ᠬᠤᠨᠢᠨ ᠮᠢᠬ᠎ᠠ ᠶᠢ ᠨᠥᠯᠥᠭᠡᠯᠡᠬᠦ ᠭᠤᠤᠯ ᠪᠣᠯᠬᠤ ᠠᠭᠤᠷ ᠠᠮᠢᠰᠬᠤᠯ ᠢ ᠨᠥᠯᠥᠭᠡᠯᠡᠬᠦ ᠡᠯᠧᠮᠧᠨ᠋ᠲ ᠲᠤ ᠵᠠᠳᠠᠯᠤᠯᠲᠠ ᠬᠢᠵᠦ᠂ ᠰᠥᠨᠢᠳ ᠤᠨ ᠬᠤᠨᠢᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠣᠨᠴᠠᠯᠢᠭ ᠢ ᠶᠡᠷᠦᠩᠬᠡᠶᠢᠯᠡᠨ ᠦᠨᠡᠯᠡᠪᠡ᠃ ᠡᠭᠦᠨ ᠠᠴᠠ᠄ ᠰᠥᠨᠢᠳ ᠣᠷᠣᠨ ᠤ ᠣᠨᠴᠠᠭᠠᠶ ᠢᠯᠴᠢ ᠶᠢᠨ ᠬᠡᠮᠵᠢᠶ᠎ᠡ ᠪᠠ ᠤᠰᠤᠨ ᠤ ᠨᠥᠬᠦᠴᠡᠯ ᠳᠣᠣᠷ᠎ᠠ᠂ ᠰᠥᠨᠢᠳ ᠬᠤᠨᠢᠨ ᠤ ᠮᠢᠬ᠎ᠠ ᠨᠢ ᠦᠨᠦᠷ ᠠᠩᠬᠢᠯᠤᠮ᠎ᠠ᠂ ᠰᠢᠩᠬᠡᠭ ᠦᠨᠦᠷ ᠪᠠᠭ᠎ᠠ᠂ ᠤᠭᠤᠷᠠᠭ ᠤᠨ ᠴᠢᠨᠠᠷ ᠰᠠᠶᠢᠨ᠂ ᠰᠢᠪᠲᠦᠷᠲᠦ ᠬᠦᠴᠢᠯ ᠪᠠ ᠺᠠᠯᠼ ᠤᠨ ᠠᠭᠤᠯᠤᠭᠳᠠᠴᠠ ᠥᠨᠳᠥᠷ ᠵᠡᠷᠭᠡ ᠣᠨᠴᠠᠯᠢᠭ ᠲᠠᠢ ᠭᠡᠬᠦ ᠳ᠋ᠦᠩᠨᠡᠯᠲᠡ ᠶᠢ ᠣᠯᠵᠠᠶ᠃      ᠰᠥᠨᠢᠳ ᠤᠨ ᠬᠤᠨᠢᠨ ᠮᠢᠬᠠᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠵᠠᠳᠠᠯᠤᠨ ᠦᠨᠡᠯᠡᠬᠦ ᠪᠠᠷ ᠳᠡᠮᠵᠢᠨ᠂ ᠰᠥᠨᠢᠳ ᠤᠨ ᠬᠤᠨᠢᠨ ᠮᠢᠬᠠᠨ ᠤ ᠴᠢᠨᠠᠷ ᠴᠢᠨᠰᠠᠭ᠎ᠠ ᠶᠢ ᠨᠥᠯᠥᠭᠡᠯᠡᠬᠦ ᠠᠭᠤᠷ ᠠᠮᠢᠰᠬᠤᠯ ᠤᠨ ᠨᠥᠬᠦᠴᠡᠯ ᠵᠢᠴᠢ ᠲᠣᠬᠢᠷᠠᠮᠵᠢᠲᠠᠶ ᠣᠷᠣᠨ ᠪᠦᠰᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠠᠴᠢᠯᠠᠵᠤ ᠲᠡᠵᠢᠭᠡᠬᠦ ᠶᠠᠪᠤᠴᠠ ᠳᠤ ᠠᠰᠢᠭ ᠬᠠᠷᠠᠨ ᠬᠤᠤᠷ ᠠᠴᠠ ᠵᠠᠶᠢᠯᠠᠵᠤ᠂ ᠠᠭᠤᠷ ᠠᠮᠢᠰᠬᠤᠯ ᠤᠨ ᠡᠬᠢ ᠪᠠᠶᠠᠯᠢᠭ ᠢ ᠬᠦᠢᠴᠡᠳ ᠠᠰᠢᠭᠯᠠᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ᠎ᠡ︔ ᠨᠥᠭᠦᠭᠡ ᠲᠠᠯ᠎ᠠ ᠪᠠᠷ᠂ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠠᠰᠢᠭᠯᠠᠨ ᠰᠥᠨᠢᠳ ᠤᠨ ᠬᠤᠨᠢᠨ ᠮᠢᠬᠠᠨ ᠤ ᠴᠢᠨᠠᠷ ᠴᠢᠨᠰᠠᠭ᠎ᠠ ᠪᠠ ᠭᠠᠷᠤᠯᠲᠠ ᠶᠢᠨ ᠣᠷᠣᠨ ᠳᠤ ᠲᠡᠮᠳᠡᠭ ᠲᠠᠯᠪᠢᠵᠤ᠂ ᠲᠡᠳᠡᠨ ᠤ ᠨᠡᠷ᠎ᠡ ᠠᠯᠳᠠᠷ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠲᠡᠳᠡᠨ ᠳᠤ ᠥᠪᠡᠷ ᠤᠨ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ︽ᠪᠡᠶ᠎ᠡ ᠶᠢᠨ ᠦᠨᠡᠮᠯᠡᠯ︾ ᠲᠠᠢ ᠪᠣᠯᠭᠠᠵᠤ᠂ ᠮᠠᠯᠴᠢᠳ ᠵᠢᠴᠢ ᠬᠤᠯᠪᠤᠭᠳᠠᠯ ᠪᠥᠬᠦᠶ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃      ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠲᠥᠪ ᠤᠨ ᠬᠢᠨ ᠰᠥᠨᠢᠳ ᠤᠨ ᠬᠤᠨᠢᠨ ᠮᠢᠬ᠎ᠠ᠂ ᠨᠠᠷᠠᠨ ᠬᠤᠸᠠᠷ᠂ ᠨᠣᠭᠤᠭᠠᠨ ᠪᠤᠷᠴᠠᠭ᠂ ᠨᠠᠷᠢᠮᠤ ᠵᠡᠷᠭᠡ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠭᠡᠷᠡᠴᠢᠯᠡᠬᠦ ᠠᠵᠢᠯ ᠢ ᠥᠷᠨᠢᠭᠦᠯᠵᠦ᠂ ᠮᠠᠨ ᠤ ᠣᠷᠣᠨ ᠤ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠶ ᠦᠢᠯᠡᠳᠦᠯ ᠦᠵᠡᠬᠦᠯᠦᠨ᠎ᠡ᠃                                 ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠬᠡᠯᠡᠨ ᠤ ᠰᠦᠯᠵᠢᠶ᠎ᠡ ᠣᠷᠴᠢᠭᠤᠯᠪᠠ
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ