ᠰᠤᠷᠪᠤᠯᠵᠢᠯᠠᠭᠰᠠᠨ ᠴᠠᠭ᠄ | 2021 — 02 — 09 | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠯᠸᠢ ᠵᠢᠶ ᠫᠧᠩ | ᠰᠤᠷᠪᠤᠯᠵᠢᠯᠠᠭ᠎ᠠ ᠶᠢᠨ ᠲᠣᠪᠴᠢ᠄ | ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ | ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ | ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ | ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ | ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ | | ᠰᠤᠷᠪᠤᠯᠵᠢᠯᠠᠭᠰᠠᠨ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠵᠢᠯ ᠪᠦᠷᠢ ᠶᠢᠨ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ | ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ ᠥᠪᠡᠷᠲᠡᠭᠡᠨ ᠵᠠᠰᠠᠬᠤ | ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ | ᠰᠣᠯᠢᠯᠴᠠᠭᠤᠯᠬᠤ ᠪᠣᠯᠤᠨ᠎ᠠ᠃ ᠯᠧᠢ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠯᠸᠢ ᠵᠢᠶ ᠫᠧᠩ᠄ | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕ | ᠬᠥᠲᠥᠯᠥᠭᠴᠢ᠄ | ᠣᠯᠠᠨ ᠤ ᠮᠡᠳᠡᠭᠡᠵᠢ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠪᠠ ᠬᠦᠴᠦᠨ | ᠴᠢᠳᠠᠯ ᠢ ᠨᠢᠭᠲᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠲᠠ ᠪᠢᠳᠡᠨ ᠳᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠭᠰᠠᠨ | ᠶᠠᠪᠤᠴᠠ ᠵᠢᠴᠢ ᠢᠯᠡᠳᠬᠡᠯ ᠤᠨ ᠪᠣᠷᠣ ᠲᠥᠰᠥᠪ ᠢ ᠲᠠᠨᠢᠯᠴᠠᠭᠤᠯᠤᠭᠠᠳ ᠥᠭᠭᠦᠨ᠎ᠡ ᠦᠦ︖ ᠭᠤᠣᠯ ᠠᠭᠤᠯᠭ᠎ᠠ ᠨᠢ ᠶᠠᠮᠠᠷ ᠣᠨᠴᠠᠯᠢᠭ ᠲᠠᠢ ᠪᠤᠶ︖ | ᠯᠸᠢ ᠵᠢᠶ ᠫᠧᠩ᠄ | ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯ ᠡᠴᠠᠪᠦ᠋ ᠰᠢᠶᠤᠤ ᠯᠢᠨ ᠤ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠦ ᠪᠠᠲᠤᠯᠠᠪᠠ᠃ ᠡᠨᠡ ᠬᠦ ᠢᠯᠡᠳᠬᠡᠯ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ | ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠭᠰᠡᠨ ᠢᠶᠠᠷ ᠪᠠᠷᠠᠬᠤ | ᠥᠬᠡᠶ᠂ ︽13 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ | ᠪᠦᠲᠦᠮᠵᠢ ᠶᠢ ᠰᠢᠰᠲ᠋ᠧᠮ ᠲᠠᠢ ᠳ᠋ᠦᠩᠨᠡᠭᠰᠡᠨ ᠤ ᠬᠠᠮᠲᠤ ︽14 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ ᠬᠠᠷᠠᠯᠲᠠ ᠡᠭᠦᠷᠭᠡ ᠪᠠ 2021 | ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠡᠨᠡ ᠨᠢ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 2021 | ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦ᠋ ᠰᠢᠶᠤᠤ ᠯᠢᠨ | ᠲᠡᠷᠢᠭᠦᠯᠡᠭᠴᠢ ᠶᠢᠨ ᠱᠠᠭᠠᠷᠳᠠᠯᠭ᠎ᠠ ᠶᠣᠰᠣᠭᠠᠷ᠂ ᠨᠢᠳᠤᠨᠤᠨ ᠤ 10 ᠰᠠᠷ᠎ᠠ ᠶᠢᠨ ᠳᠤᠮᠳᠠᠴᠢ ᠪᠠᠷ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠢᠶᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠰᠤᠳᠤᠯᠭᠠᠨ ᠤ ᠲᠠᠰᠤᠭ ᠪᠣᠯᠤᠨ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠤᠨ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠢᠯᠡᠳᠬᠡᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ ᠲᠤᠭᠤᠷᠪᠢᠬᠤ | ᠠᠵᠢᠯ ᠤᠨ ᠨᠠᠷᠢᠨ ᠲᠥᠰᠦᠯ ᠢ ᠲᠣᠭᠲᠠᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠪᠦ᠋ ᠰᠢᠶᠤᠤ ᠯᠢᠨ ᠲᠡᠷᠢᠭᠦᠯᠡᠭᠴᠢ ᠥᠪᠡᠷ ᠤᠨ ᠪᠡᠶ᠎ᠡ ᠪᠠᠷ ᠢᠶᠠᠨ | ᠪᠠᠶᠢᠷᠢᠯᠠᠭᠤᠯᠵᠤ᠂ ᠢᠯᠡᠳᠬᠡᠯ ᠢ ᠲᠤᠭᠤᠷᠪᠢᠨ ᠪᠢᠴᠢᠬᠦ ᠠᠵᠢᠯ ᠳᠤ ᠮᠠᠰᠢ ᠤᠯᠠᠨ ᠪᠣᠳᠠᠲᠠᠢ ᠱᠠᠭᠠᠷᠳᠠᠯᠭ᠎ᠠ ᠳᠤᠷᠠᠳᠴᠤ᠂ ᠬᠠᠮᠤᠭ ᠤᠨ ᠡᠴᠦᠰ ᠲᠤ ᠥᠪᠡᠷ ᠢᠶᠠᠨ | ᠢᠯᠡᠳᠭᠡᠯ ᠢ ᠬᠢᠨᠠᠨ ᠲᠣᠭᠲᠠᠭᠠᠪᠠ᠃ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠤᠳᠠᠭ᠎ᠠ ᠲᠤᠭᠤᠷᠪᠢᠨ ᠪᠢᠴᠢᠬᠦ ᠳᠤᠭᠤᠶᠢᠯᠠᠩ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠨᠥᠬᠦᠳ ᠢ ᠵᠣᠬᠢᠶᠠᠨ ᠪᠠᠶᠢᠭᠤᠯᠤᠨ ᠢᠯᠡᠳᠬᠡᠯ ᠢ ᠨᠠᠷᠢᠨ ᠬᠢᠨᠠᠮᠠᠭᠠᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ | ᠡᠯ᠎ᠡ ᠳᠡᠳ᠋ ᠲᠡᠷᠢᠭᠦᠯᠡᠭᠴᠢ ᠴᠥᠮ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ ᠮᠠᠲ᠋ᠧᠷᠢᠶᠠᠯ ᠬᠠᠩᠭᠠᠪᠠ᠃ | ᠢᠯᠡᠳᠬᠡᠯ ᠢ ᠲᠤᠭᠤᠷᠪᠢᠬᠤ ᠨᠢ ᠳᠥᠭᠦᠮᠬᠡᠨ ᠡᠬᠡ ᠪᠢᠴᠢᠭ ᠢ ᠲᠤᠭᠤᠷᠪᠢᠬᠤ ᠪᠠ ᠲᠠᠬᠢᠨ ᠳᠠᠪᠲᠠᠨ ᠲᠤᠩᠭᠠᠨ ᠪᠣᠳᠣᠯᠬᠢᠯᠠᠬᠤ ᠶᠠᠪᠤᠴᠠ ᠲᠡᠳᠦᠢ ᠪᠢᠰᠢ᠂ ᠬᠠᠷᠢᠨ | ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠡᠳᠬᠡᠭᠰᠡᠨ᠂ | ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠦᠭᠰᠡᠨ ᠴᠢᠬᠤᠯᠠ ᠠᠵᠢᠯ ᠪᠣᠯᠤᠨ᠎ᠠ᠂ ᠲᠡᠷᠡ ᠨᠢ | ᠦᠨᠡᠨ ᠳᠤ ᠪᠠᠨ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ | ᠪᠤᠳᠤᠯᠭ᠎ᠠ ᠲᠣᠭᠲᠠᠭᠠᠬᠤ ᠶᠢᠨ ᠲᠥᠪᠯᠡᠷᠡᠩᠭᠦᠢ ᠢᠯᠡᠷᠡᠯ ᠪᠣᠯᠤᠨ᠎ᠠ᠃ ᠢᠯᠡᠳᠬᠡᠯ ᠢ ᠲᠤᠭᠤᠷᠪᠢᠨ ᠪᠢᠴᠢᠬᠦ ᠶᠠᠪᠤᠴᠠ ᠳᠤ᠂ ᠪᠢᠳᠡ ᠤᠷᠢᠳ ᠬᠤᠵᠢᠳ 9 ᠠᠶᠢᠮᠠᠭ ᠬᠤᠳᠠ᠂ | 20 ᠰᠠᠯᠠᠭ᠎ᠠ ᠮᠥᠴᠢᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠲᠡᠰ ᠳᠠᠪᠬᠤᠷᠭ᠎ᠠ ᠶᠢᠨ ᠶᠠᠷᠢᠯᠴᠠᠬᠤ ᠬᠤᠷᠠᠯ ᠢ 40 ᠰᠢᠬᠠᠮ ᠤᠳᠠᠭ᠎ᠠ | ᠬᠤᠷᠠᠯᠳᠤᠭᠤᠯᠵᠤ᠂ ᠡᠯ᠎ᠡ ᠭᠠᠵᠠᠷ ᠣᠷᠣᠨ᠂ ᠡᠯ᠎ᠡ ᠹᠷᠣᠨᠲ ᠤᠨ ᠨᠥᠬᠦᠳ ᠲᠠᠢ ᠰᠠᠨᠠᠯ ᠢᠶᠠᠨ ᠭᠦᠢᠴᠡᠳ ᠰᠣᠯᠢᠯᠴᠠᠵᠤ᠂ ᠵᠠᠰᠠᠭ ᠤᠨ ᠣᠷᠳᠣᠨ ᠤ ᠠᠵᠢᠯ ᠤᠨ ᠲᠤᠬᠠᠶ | ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠤᠭ ᠤᠨ ᠠᠩᠬᠠᠨ ᠤ ᠪᠠᠶᠢᠳᠠᠯ ᠢ ᠭᠦᠢᠴᠡᠳ ᠡᠵᠡᠮᠰᠢᠵᠦ᠂ ᠦᠨᠳᠦᠰᠦᠨ ᠱᠠᠳᠤ ᠪᠠ ᠤᠯᠠᠨ ᠲᠦᠮᠡᠨ ᠤ ᠬᠦᠰᠡᠯ ᠰᠠᠨᠠᠭ᠎ᠠ ᠶᠢ | ᠢᠯᠡᠳᠬᠡᠯ ᠳᠤ ᠦᠨᠡᠨ ᠪᠣᠳᠠᠲᠠᠢ ᠢᠯᠡᠷᠡᠭᠦᠯᠬᠦ ᠪᠠᠷ ᠴᠢᠷᠮᠠᠶᠢᠪᠠ᠃ ᠢᠯᠡᠳᠬᠡᠯ ᠤᠨ ᠡᠭᠡ ᠨᠤᠤᠷᠠᠭ ᠪᠦᠷᠢᠯᠳᠦᠭᠰᠡᠨ ᠤ ᠲᠠᠷᠠᠭ᠎ᠠ᠂ ᠪᠢᠳᠡ ᠤᠷᠢᠳ ᠬᠤᠵᠢᠳ ᠡᠯ᠎ᠡ ᠠᠶᠢᠮᠠᠭ | ᠬᠤᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ᠂ ᠵᠠᠰᠠᠭ ᠤᠨ ᠣᠷᠳᠣᠨ ᠤ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠦᠰ ᠵᠢᠴᠢ ᠵᠠᠰᠠᠭ ᠤᠨ ᠣᠷᠳᠣᠨ ᠤ ᠵᠥᠪᠯᠡᠭᠴᠢ᠂ ᠰᠣᠶᠣᠯ ᠲᠡᠦᠬᠡ ᠶᠢᠨ ᠣᠷᠳᠣᠨ ᠤ ᠠᠵᠢᠯᠳᠠᠨ ᠤ ᠰᠠᠨᠠᠯ ᠢ ᠬᠤᠷᠢᠶᠠᠵᠤ᠂ ᠨᠡᠶᠢᠳᠡ 449 | ᠵᠤᠷᠪᠤᠰ ᠰᠠᠨᠠᠯ ᠰᠠᠨᠠᠭᠤᠯᠭ᠎ᠠ ᠶᠢ ᠲᠣᠰᠴᠤ᠂ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠭᠦᠢᠴᠡᠳ ᠰᠢᠩᠭᠡᠭᠡᠨ ᠠᠪᠤᠪᠠ᠃ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ | ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠪᠢᠳᠡ ᠪᠠᠰᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠢᠯᠡᠳᠬᠡᠯ ᠳᠤ ᠵᠠᠰᠠᠪᠤᠷᠢ | ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ ᠬᠤᠷᠠᠯ | ᠬᠤᠷᠠᠯᠳᠤᠭᠤᠯᠵᠤ᠂ ᠢᠯᠡᠳᠬᠡᠯ ᠢ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠤ᠂ ᠪᠢᠳᠡ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠭᠰᠠᠨ | ᠰᠠᠨᠠᠯ ᠢ ᠥᠷᠭᠡᠨ ᠢᠶᠠᠷ ᠰᠣᠨᠣᠰᠴᠤ᠂ ᠢᠯᠡᠳᠬᠡᠯ ᠳᠤ ᠬᠠᠮᠤᠭ ᠤᠨ ᠡᠴᠦᠰ ᠤᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠰᠤᠳᠤᠯᠤᠯᠲᠠ ᠬᠢᠯᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠤᠭᠰᠠᠨ ᠤ ᠳᠠᠷᠠᠭ᠎ᠠ᠂ | ᠣᠲᠣ ᠶᠢᠨ ᠢᠯᠡᠳᠬᠡᠯ ᠤᠨ ᠨᠣᠤᠷᠠᠭ ᠢ ᠪᠦᠷᠢᠯᠳᠦᠭᠦᠯᠦᠭᠰᠡᠨ ᠪᠥᠭᠡᠳ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠭᠤᠣᠯ ᠠᠭᠤᠯᠭ᠎ᠠ ᠠᠴᠠ ᠨᠢ | ᠠᠪᠴᠤ ᠦᠵᠡᠪᠡᠯ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠭᠤᠣᠯᠳᠠᠭᠤ ᠲᠦᠷᠪᠡᠨ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠄ | 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠷᠭᠢᠴᠡᠭᠦᠯᠦᠯ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ | ᠪᠠᠲᠤᠯᠠᠬᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠥᠭᠡᠷᠡᠴᠢᠯᠡᠯᠲᠡ ᠨᠡᠭᠡᠭᠡᠯᠳᠡ ᠬᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠵᠡᠷᠭᠡ ᠨᠠᠢᠮᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢ ᠡᠮᠬᠢᠯᠡᠪᠡ᠃ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠦᠭᠰᠡᠨ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠯᠲᠠ ᠳᠤ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠣᠯᠣᠭᠰᠠᠨ᠂ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠣᠭᠰᠠᠨ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠵᠡᠷᠭᠡ | ᠲᠠᠪᠤᠨ ᠲᠠᠯ᠎ᠠ ᠠᠴᠠ ᠥᠩᠭᠡᠷᠡᠭᠰᠡᠨ ᠲᠠᠪᠤᠨ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠣᠪᠤᠶᠢᠮ᠎ᠠ | ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠭᠰᠡᠨ ᠪᠠᠶᠢᠨ᠎ᠠ᠃ ᠡᠭᠦᠨ ᠤ ᠵᠡᠷᠭᠡᠴᠡᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠵᠠᠰᠠᠭ ᠤᠨ ᠣᠷᠳᠣᠨ ᠤ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠤᠨ ᠵᠢᠭᠠᠵᠤ ᠭᠠᠷᠭᠠᠵᠠᠶ᠃ ᠬᠤᠶᠠᠳᠤᠭᠠᠷ ᠬᠡᠰᠡᠭ᠄ ︽14·5︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ᠃ ᠭᠤᠣᠯᠳᠠᠭᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠬᠤᠶᠢᠰᠢᠳᠠ ᠶᠢᠨ ᠲᠠᠪᠤᠨ ᠵᠢᠯ ᠤᠨ | ᠭᠤᠣᠯ ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ᠃ ᠭᠤᠷᠪᠠᠳᠤᠭᠠᠷ ᠬᠡᠰᠡᠭ᠄ 2021 ᠣᠨ ᠤ ᠠᠵᠢᠯ ᠤᠨ ᠲᠣᠬᠢᠷᠠᠭᠤᠯᠤᠯᠲᠠ᠃ ᠨᠢᠭᠡ ᠳᠤ᠂ 2021 ᠣᠨ ᠤ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠃ | ᠬᠤᠶᠠᠷ ᠲᠤ᠂ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠡᠭᠦᠨ ᠳᠤ ᠭᠤᠣᠯᠳᠠᠭᠤ᠄ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ | ᠬᠦᠴᠦᠨ ᠢᠶᠠᠷ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ | ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠨᠠᠩ ᠶᠡᠭᠡ ᠡᠷᠴᠢᠮ ᠲᠠᠢ ᠪᠠᠷ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ | ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠳᠥᠷᠪᠡᠳᠦᠭᠡᠷ ᠬᠡᠰᠡᠭ᠄ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠡ ᠵᠢᠯ ᠤᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠦᠷᠭᠦᠯᠵᠢᠯᠡᠨ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠪᠣᠯᠭᠠᠨ ᠲᠣᠭᠠᠴᠢᠨ ᠥᠭᠦᠯᠡᠵᠦ᠂ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ | ᠪᠠᠷᠢᠮᠲᠠᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠡᠰᠡᠷᠭᠦᠴᠡᠨ ᠲᠡᠪᠴᠢᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ᠂ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠵᠡᠷᠭᠡ ᠲᠠᠯ᠎ᠠ ᠠᠴᠠ ᠰᠢᠨ᠎ᠡ ᠨᠢᠭᠡ ᠵᠢᠯ ᠳᠤ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠵᠡᠷᠭᠡ | ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠬᠥᠲᠥᠯᠥᠭᠴᠢ᠄ | ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠳᠤ ᠶᠠᠮᠠᠷ ᠶᠠᠮᠠᠷ ᠭᠤᠤᠯ ᠠᠮᠵᠢᠯᠲᠠ ᠣᠯᠤᠭᠰᠠᠨ ᠢ | ᠰᠦᠯᠵᠢᠶᠡᠨ ᠤ ᠠᠨᠳᠠ ᠨᠠᠷ ᠲᠠᠢ ᠬᠤᠪᠢᠶᠠᠯᠴᠠᠨ᠎ᠠ ᠦᠦ︖ ᠡᠭᠦᠨ ᠤ ᠬᠠᠮᠲᠤ 2020 ᠣᠨ ᠪᠣᠯ ︽13 · 5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ | ᠪᠣᠯᠤᠨ᠎ᠠ᠂ ᠮᠠᠨ ᠤ ᠣᠷᠣᠨ ᠤ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠳᠤᠮᠳᠠᠬᠢ ᠬᠢᠯᠠᠰ ᠴᠡᠭ ᠢ ᠲᠠᠨᠢᠯᠴᠠᠭᠤᠯᠤᠨ᠎ᠠ ᠦᠦ︖ | ᠯᠸᠢ ᠵᠢᠶ ᠫᠧᠩ᠄ | 2020 ᠣᠨ ᠳᠤ᠂ ᠲᠦᠢᠯ ᠤᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ | ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠳᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠠᠵᠤ ᠠᠬᠤᠶ | ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠳᠤ ᠣᠷᠣᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠪᠥᠭᠡᠳ ᠠᠮᠤᠷ ᠲᠣᠭᠲᠠᠭᠤᠨ ᠪᠠᠶᠢᠯᠭᠠᠵᠤ᠂ | ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ 2020 ᠣᠨ ᠤ ᠠᠮᠵᠢᠯᠲᠠ ᠪᠦᠲᠦᠮᠵᠢ ᠨᠢ ᠭᠤᠤᠯᠳᠠᠭᠤ ᠨᠠᠢᠮᠠᠨ ᠲᠠᠯ᠎ᠠ ᠪᠠᠷ | ᠢᠯᠡᠷᠡᠵᠦ ᠪᠣᠶ᠄ ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ | ᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ ᠤᠷᠢᠶᠠᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ | ᠦᠳᠲᠡᠷ ᠲᠦᠷᠭᠡᠨ ᠪᠠᠶᠢᠭᠤᠯᠵᠤ᠂ 55 ᠡᠳᠦᠷ ᠤᠨ ᠴᠠᠭ ᠵᠠᠷᠤᠴᠠᠭᠤᠯᠵᠤ ᠪᠠᠶᠢᠭᠠᠳ ᠲᠤᠬᠠᠢ ᠶᠢᠨ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠠᠩᠬ᠎ᠠ | ᠤᠳᠠᠭ᠎ᠠ ᠲᠡᠭ ᠪᠣᠯᠭᠠᠬᠤ ᠶᠢ ᠪᠡᠶᠡᠯᠡᠭᠦᠯᠵᠦ᠂ ᠪᠦᠬᠦ ᠤᠯᠤᠰ ᠤᠨ ᠬᠡᠪᠴᠢᠶ᠎ᠡ ᠠᠴᠠ ᠠᠪᠴᠤ ᠦᠵᠡᠪᠡᠯ ᠬᠡᠷᠡᠭᠯᠡᠭᠰᠡᠨ ᠴᠠᠭ ᠨᠢ ᠨᠡᠯᠢᠶᠡᠳ ᠣᠬᠤᠷ ᠶᠤᠮ᠃ ᠡᠭᠦᠨ ᠤ | ᠬᠠᠮᠲᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠠᠴᠠ ᠬᠤᠪᠢᠶᠠᠷᠢᠯᠠᠨ ᠶᠠᠪᠤᠭᠤᠯᠤᠭᠰᠠᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠠᠷᠭᠠᠴᠠᠭᠠᠨ ᠰᠢᠢᠳᠪᠦᠷᠢᠯᠡᠬᠦ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ | ᠲᠠᠯ᠎ᠠ ᠪᠠᠷ ᠴᠢᠩᠭᠠᠳᠬᠠᠨ᠂ ᠬᠢᠯᠢ ᠶᠢᠨ ᠭᠠᠳᠠᠨ᠎ᠠ ᠠᠴᠠ ᠥᠷᠥᠵᠤ ᠢᠷᠡᠭᠰᠡᠨ ᠡᠪᠡᠳᠴᠢᠨ ᠤ ᠵᠢᠱᠢᠶ᠎ᠡ ᠶᠢᠨ ︽ᠡᠪᠡᠳᠴᠢᠨ ᠢᠶᠠᠷ ᠨᠠᠰᠤ ᠪᠠᠷᠠᠭᠰᠠᠨ ᠬᠥᠮᠦᠨ ᠥᠬᠡᠶ︾ | ︽ᠲᠠᠷᠬᠠᠭᠠᠭᠰᠠᠨ ᠬᠥᠮᠦᠨ ᠥᠬᠡᠶ︾ ︽ᠭᠠᠳᠠᠭᠰᠢ ᠭᠠᠷᠭᠠᠭᠰᠠᠨ ᠬᠥᠮᠦᠨ ᠥᠬᠡᠶ︾ ᠪᠠᠶᠢᠬᠤ ᠶᠢ ᠪᠡᠶᠡᠯᠡᠭᠦᠯᠵᠠᠢ᠃ ᠨᠠᠮᠤᠷ ᠡᠪᠦᠯ ᠤᠨ ᠤᠯᠠᠷᠢᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ 11 ᠳ᠋ᠦ᠋ᠭᠡᠷ ᠰᠠᠷ᠎ᠠ ᠳᠤ ᠮᠠᠨᠵᠤᠤᠷ ᠬᠤᠲᠠ ᠳᠠᠬᠢ ᠭᠠᠳᠠᠨ᠎ᠠ ᠠᠴᠠ | ᠣᠷᠣᠵᠤ ᠢᠷᠡᠭᠰᠡᠨ ᠬᠢᠵᠢᠭ ᠤᠨ ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠷ ᠰᠢᠢᠳᠪᠦᠷᠢᠯᠡᠪᠡ᠃ ᠣᠳᠣᠬᠠᠨ ᠳᠤ᠂ ᠡᠷᠬᠢᠨ ᠲᠣᠭᠤᠷᠢᠨ ᠤ ᠬᠡᠰᠡᠭ ᠮᠤᠵᠢ | ᠣᠷᠣᠨ ᠤ ᠬᠢᠵᠢᠭ ᠤᠨ ᠪᠠᠶᠢᠳᠠᠯ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ | ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠪᠠᠶᠢᠨ᠎ᠠ᠂ ᠡᠨᠡ ᠪᠣᠯ ᠮᠠᠰᠢ ᠬᠢᠯᠪᠠᠷ ᠪᠤᠰᠤ ᠶᠠᠪᠤᠳᠠᠯ ᠶᠤᠮ᠃ ᠬᠤᠶᠠᠷ ᠲᠤ᠂ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ | ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠬᠢᠵᠢᠭ ᠤᠨ ᠪᠠᠶᠢᠳᠠᠯ ᠢ ᠡᠵᠡᠮᠳᠡᠭᠰᠡᠨ ᠤ ᠳᠠᠷᠠᠭ᠎ᠠ᠂ ᠮᠠᠨ ᠤ ᠣᠷᠣᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠨ᠂ | ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠡᠯ᠎ᠡ | ᠵᠦᠢᠯ ᠤᠨ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠬᠠᠮᠲᠤ᠂ ᠠᠯᠢ ᠣᠯᠠᠨ ᠢᠵᠢ | ᠪᠦᠷᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠪᠦᠲᠦᠮᠵᠢᠲᠡᠶ ᠨᠠᠮᠳᠠᠭᠤᠯᠤᠭᠰᠠᠨ ᠠᠴᠠ᠂ ᠪᠥᠬᠦ ᠵᠢᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠲᠤᠭ᠎ᠠ ᠬᠡᠮᠵᠢᠶ᠎ᠡ 7.2% ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠮᠦᠰ ᠤᠨ ᠠᠵᠢᠯ | ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ | ᠠᠬᠢᠭᠤᠯᠤᠨ᠂ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠵᠦ᠂ ᠪᠦᠬᠦ ᠵᠢᠯ ᠤᠨ ᠬᠤᠳᠠ ᠪᠠᠯᠭᠠᠰᠤᠨ ᠤ ᠠᠵᠢᠯ ᠣᠯᠭᠤᠯᠲᠠ ᠳᠤ 23.2 ᠲᠦᠮᠡᠨ ᠬᠥᠮᠦᠨ | ᠰᠢᠨ᠎ᠡ ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ | ᠪᠥᠬᠦ ᠣᠷᠣᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠤᠯᠠᠷᠢᠯ ᠳᠠᠷᠠᠭᠠᠯᠠᠨ ᠳᠡᠭᠡᠭᠰᠢᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠤ᠂ ᠠᠵᠤ ᠠᠬᠤᠶ ᠶᠢᠨ ᠰᠡᠷᠭᠦᠯᠲᠡ ᠶᠢᠨ ᠪᠠᠶᠢᠳᠠᠯ ᠦᠷᠭᠦᠯᠵᠢᠯᠡᠨ ᠪᠠᠬᠢᠵᠢᠪᠡ᠃ ᠭᠤᠷᠪᠠ ᠳᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠰᠢᠨ᠎ᠡ ᠠᠯᠬᠤᠮ ᠢ ᠠᠯᠬᠤᠪᠠ᠃ ᠥᠩᠭᠡᠷᠡᠭᠰᠡᠨ ᠨᠢᠭᠡ ᠵᠢᠯ ᠳᠤ᠂ ᠪᠢᠳᠡ ᠨᠡᠮᠡᠭᠳᠡᠯ ᠢ | ᠲᠣᠭᠲᠠᠪᠤᠷᠢᠵᠢᠭᠤᠯᠬᠤ ᠶᠢᠨ ᠬᠠᠮᠲᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠴᠢᠷᠮᠠᠶᠢᠨ ᠠᠬᠢᠭᠤᠯᠵᠤ᠂ ᠠᠵᠤ ᠠᠬᠤᠢ ᠤᠨ ᠪᠦᠲᠦᠴᠡ ᠤᠯᠠᠮ ᠨᠢᠭᠡ ᠠᠯᠬᠤᠮ | ᠰᠢᠯᠢᠳᠡᠭᠵᠢᠵᠦ᠂ ᠰᠢᠨ᠎ᠡ ᠬᠥᠳᠡᠯᠭᠡᠬᠦ ᠬᠦᠴᠦᠨ ᠲᠦᠷᠭᠡᠨ ᠢᠶᠠᠷ ᠪᠤᠶᠢᠵᠢᠪᠠ᠃ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ | ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠢ 63.6% ᠳᠤ ᠬᠦᠷᠦᠭᠦᠯᠵᠦ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠢ | ᠲᠤᠬᠠᠶ ᠶᠢᠨ ᠭᠠᠵᠠᠷ ᠲᠤ ᠨᠢ ᠪᠣᠯᠪᠠᠰᠤᠷᠠᠭᠤᠯᠬᠤ ᠨᠣᠷᠮ᠎ᠠ 70% ᠳᠤ ᠬᠦᠷᠪᠡ᠃ ᠡᠭᠦᠰᠦᠮᠡᠯ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠥᠬᠦ | ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 36% ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ ᠬᠠᠷᠢᠴᠠᠯ ᠨᠢ 17% ᠳᠤ ᠬᠥᠷᠪᠡ᠃ ᠳ᠋ᠠᠶᠢᠲ᠋ᠠ ᠶᠢᠨ | ᠲᠥᠪ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 120 ᠲᠦᠮᠡᠨ ᠮᠠᠰᠢᠨ ᠢ ᠳᠠᠪᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1 ᠮᠢᠩᠭ᠎ᠠ ᠶᠢ ᠳᠠᠪᠠᠪᠠ᠃ | ᠳᠥᠷᠪᠡ ᠳᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠳᠤ ᠰᠢᠢᠳᠪᠦᠷᠢᠯᠡᠬᠦ ᠴᠢᠨᠠᠷᠲᠠᠶ ᠦᠷ᠎ᠡ ᠪᠦᠲᠦᠮᠵᠢ ᠤᠯᠪᠠ᠃ ᠣᠨᠣᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠲᠠᠯ᠎ᠠ ᠪᠠᠷ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠵᠢᠯ ᠳᠤ 112.3 ᠳ᠋ᠦᠩᠰᠢᠭᠤᠷ | ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠷᠣᠭᠤᠯᠵᠤ᠂ 6751 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠦᠯᠡᠳᠡᠭᠰᠡᠨ 1.6 | ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠬᠦᠨᠳᠦ ᠶᠡᠭᠡ ᠲᠦᠭᠰᠢᠭᠦᠷᠢ ᠶᠢ ᠨᠠᠮᠳᠠᠭᠠᠨ ᠰᠢᠢᠳᠪᠦᠷᠢᠯᠡᠬᠦ | ᠲᠠᠯ᠎ᠠ ᠪᠠᠷ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠳᠤᠮᠳᠠ ᠵᠢᠵᠢᠭ ᠪᠠᠩᠬᠢ ᠶᠢᠨ | ᠬᠥᠷᠥᠩᠭᠡ ᠶᠢᠨ ᠨᠥᠬᠦᠪᠥᠷᠢ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 85 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠣᠷᠣᠨ ᠤ ᠡᠷᠡᠭᠦᠯ ᠪᠤᠰᠤ | ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠶᠢ ᠵᠡᠷᠭᠡᠪᠡᠷ ᠪᠠᠭᠤᠷᠠᠭᠤᠯᠬᠤ ᠶᠢ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠲᠠᠷᠠᠬᠠᠶ | ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠪᠥᠬᠦ ᠣᠷᠣᠨ ᠤ | ᠠᠭᠠᠷ ᠤᠨ ᠪᠠᠶᠢᠳᠠᠯ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.8% ᠳᠤ ᠬᠦᠷᠴᠦ᠂ ᠤᠯᠤᠰ ᠤᠨ ᠰᠢᠯᠭᠠᠨ ᠬᠢᠨᠠᠬᠤ ᠬᠠᠷᠠᠯᠲᠠ ᠶᠢᠨ 1.7 ᠵᠠᠭᠤᠨ ᠤ | ᠴᠡᠭ ᠠᠴᠠ ᠳᠠᠪᠠᠭᠤᠯᠢᠭ ᠪᠣᠯᠪᠠ᠃ ᠭᠠᠵᠠᠷ ᠳᠡᠭᠡᠷᠡᠬᠢ ᠤᠰᠤᠨ ᠤ ᠰᠢᠯᠢᠳᠡᠭ ᠤᠰᠤᠨ ᠴᠣᠭᠴᠠ ᠶᠢᠨ ᠬᠠᠷᠢᠴᠠᠯ 69.2% ᠲᠤ ᠬᠦᠷᠴᠦ᠂ ᠤᠯᠤᠰ ᠤᠨ ᠬᠢᠨᠠᠨ | ᠰᠢᠯᠭᠠᠬᠤ ᠬᠠᠷᠠᠯᠲᠠ ᠶᠢᠨ 9.6 ᠵᠠᠭᠤᠨ ᠤ ᠴᠡᠭ ᠠᠴᠠ ᠳᠠᠪᠠᠭᠤᠯᠢᠭ ᠪᠣᠯᠪᠠ᠃ ︽ᠬᠦᠯᠦᠨ ᠨᠠᠭᠤᠷ ᠤᠯᠠᠭᠠᠨᠰᠤᠬᠠᠢ ᠨᠠᠭᠤᠷ ᠲᠠᠶᠢᠭ᠎ᠠ ᠨᠠᠭᠤᠷ︾ ᠤᠨ ᠤᠰᠤᠨ ᠤ | ᠴᠢᠨᠠᠷ ᠪᠠ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠪᠠ᠃ 356 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ | 12.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠪᠠ᠃ ᠪᠦᠬᠦ ᠣᠷᠣᠨ ᠤ ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠳᠤ | ᠬᠦᠷᠴᠦ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃᠃ ᠮᠢᠬᠠᠨ ᠤ ᠲᠥᠷᠥᠯ ᠤᠨ ᠭᠠᠷᠤᠯᠲᠠ 260.7 ᠲᠦᠮᠡᠨ | ᠲᠣᠨ ᠳᠤ ᠬᠦᠷᠴᠦ᠂ ︽ᠠᠷᠪᠠᠨ ᠵᠢᠷᠭᠤᠭ᠎ᠠ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠢᠳᠡᠰᠢᠨ ᠤ ᠬᠤᠨᠢ ᠪᠠ ᠨᠡᠷᠡᠨ ᠬᠤᠸᠠᠷ ᠤᠯᠤᠰ ᠤᠨ ᠲᠠᠰ ᠤᠨ ᠳᠠᠪᠠᠭᠤᠯᠢᠭ ᠤᠨᠴᠠᠯᠢᠭᠳᠤ ᠬᠤᠶᠠᠷ | ᠠᠵᠤ ᠦᠢᠯᠡᠰ ᠤᠨ ᠰᠦᠷᠦᠭᠵᠢᠯ ᠢ ᠰᠢᠨ᠎ᠡ ᠪᠠᠷ ᠡᠭᠦᠳᠦᠨ ᠪᠠᠶᠢᠭᠤᠯᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ | ᠬᠥᠭᠵᠢᠭᠦᠯᠬᠦ ᠵᠡᠷᠭᠡ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠳᠤᠮᠳᠠᠳᠤ ᠤᠯᠤᠰ ᠤᠨ ᠣᠷᠣᠨ ᠪᠦᠰᠡ ᠶᠢᠨ | ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠲᠡᠷᠢᠭᠦᠨ ᠪᠠᠶᠢᠷᠢ ᠳᠤ ᠣᠷᠣᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠢᠳᠡᠪᠬᠢᠲᠡᠶ ᠠᠬᠢᠴᠠ ᠲᠠᠢ ᠪᠣᠯᠪᠠ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ | ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠴᠤ ᠢᠳᠡᠪᠬᠢᠲᠡᠶ ᠦᠷ᠎ᠡ ᠪᠦᠲᠦᠮᠵᠢ ᠤᠯᠪᠠ᠃ | ᠵᠢᠠᠷᠭᠤᠭᠠ ᠳᠤ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ︽ᠭᠤᠷᠪᠠᠨ ᠱᠤᠭᠤᠮ ᠨᠢᠭᠡ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠪᠥᠬᠦ ᠣᠷᠣᠨ ᠤ 50% ᠠᠴᠠ ᠳᠡᠭᠡᠭᠰᠢᠬᠢ ᠤᠯᠤᠰ ᠤᠨ ᠭᠠᠵᠠᠷ ᠰᠢᠷᠣᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ | ᠠᠩᠬ᠎ᠠ ᠠᠯᠬᠤᠮ ᠬᠤᠪᠢᠶᠠᠷᠢᠯᠠᠨ ᠣᠷᠣᠭᠤᠯᠪᠠ᠃ ᠪᠥᠬᠦ ᠵᠢᠯ ᠤᠨ ᠣᠶᠢᠵᠢᠭᠤᠯᠤᠯᠲᠠ ᠬᠢᠬᠦ᠂ ᠡᠪᠡᠰᠦ ᠳᠠᠷᠢᠬᠤ᠂ ᠬᠥᠷᠥᠰᠥ ᠰᠢᠷᠣᠶ ᠶᠢᠨ ᠤᠷᠤᠰᠬᠠᠭᠳᠠᠯ ᠢ | ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠲᠣᠰ ᠲᠣᠰ 101.6%᠂ 112.5% ᠪᠠ 106.8% ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 5 | ᠨᠤᠭᠤ ᠭᠠᠵᠠᠷ ᠤᠨ ᠴᠡᠴᠡᠷᠯᠢᠭ ᠪᠠ 5 ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠢᠵᠠᠭᠠᠷᠯᠠᠬᠤ ᠬᠠᠮᠠᠭᠠᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠪᠠ᠃ | ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ | ᠤᠰᠤᠨ ᠤ ᠰᠤᠷᠪᠤᠯᠵᠢ ᠶᠢ ᠬᠠᠳᠠᠭᠠᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠳᠣᠯᠤᠭ᠎ᠠ ᠳᠤ᠂ ᠥᠭᠡᠷᠡᠴᠢᠯᠡᠯᠲᠡ ᠨᠡᠭᠡᠭᠡᠯᠳᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠪᠡ᠃ ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ | ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠵᠤ ᠠᠬᠤᠶᠢᠯᠠᠯ ᠤᠨ ᠪᠠᠯᠠ | ᠣᠷᠣᠭᠤᠯᠤᠯᠲᠠ ᠶᠢᠨ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 75 | ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ 24 | ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠯᠡᠬᠦ | ᠬᠠᠷᠢᠴᠠᠯ ᠢ 97.4% ᠳᠤ ᠬᠦᠷᠦᠭᠦᠯᠪᠡ᠃ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠪᠠ᠃ ᠮᠠᠨ ᠤ ᠣᠷᠣᠨ ᠠᠴᠠ ᠡᠬᠢᠯᠡᠨ ᠮᠣᠷᠳᠠᠵᠤ | ᠳᠤᠮᠳᠠᠳᠤ ᠧᠦ᠋ᠷᠣᠫᠠ ᠬᠦᠷᠬᠦ ᠵᠢᠰᠢᠶᠠᠨ ᠤ ᠭᠠᠯᠲᠤ ᠲᠡᠷᠭᠡ 15.4% ᠪᠠᠷ ᠨᠡᠮᠡᠭᠳᠡᠵᠦ᠂ ᠪᠤᠴᠠᠬᠤ ᠡᠭᠡᠯᠵᠢ ᠶᠢᠨ ᠪᠠᠷᠠᠭᠠᠨ ᠤ ᠲᠥᠷᠥᠯ ᠵᠦᠢᠯ ᠲᠠᠰᠤᠷᠠᠯᠲᠠ ᠥᠬᠡᠶ | ᠨᠡᠮᠡᠭᠳᠡᠪᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ | ᠲᠥᠪ ᠵᠡᠷᠭᠡ ᠨᠢᠭᠡ ᠪᠦᠯᠦᠭ ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ᠃ ᠨᠠᠢᠮᠠ ᠳᠤ᠂ ᠠᠷᠠᠳ ᠤᠨ ᠠᠮᠢᠳᠤᠷᠠᠯ | ᠬᠦᠴᠦᠨ ᠪᠦᠬᠦᠢ ᠪᠠᠲᠤᠯᠠᠭ᠎ᠠ ᠲᠠᠢ ᠪᠣᠯᠪᠠ᠃ ᠤᠯᠡᠠ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ | ᠲᠤᠰᠠ ᠶᠢᠨ ᠠᠰᠠᠭᠤᠳᠠᠯ ᠢ ᠠᠳᠬᠤᠵᠤ᠂ ᠤᠴᠢᠷ ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠬᠢᠪᠡ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ | ᠲᠥᠯᠥᠪᠯᠡᠬᠦ ᠶᠢ ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠯᠭᠤᠮᠵᠢ ᠶᠢ ᠬᠥᠮᠦᠨ ᠳᠤᠮᠳᠠᠴᠢ ᠪᠠᠷ 147.3 | ᠲᠥᠭᠦᠷᠢᠭ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 3.9% ᠪᠠᠷ ᠳᠡᠭᠡᠭᠰᠢᠯᠡᠭᠦᠯᠵᠦ᠂ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢ ᠬᠥᠮᠥᠨ ᠳᠤᠮᠳᠠᠴᠢ ᠪᠠᠷ 30 ᠲᠥᠭᠦᠷᠢᠭ | ᠨᠡᠮᠡᠭᠳᠡᠭᠦᠯᠪᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85.5% ᠳᠤ ᠬᠦᠷᠭᠡᠵᠦ᠂ ᠬᠡᠤᠬᠡᠳ ᠤᠨ | ᠴᠡᠴᠡᠷᠯᠢᠭ ᠲᠤ ᠣᠷᠣᠬᠤ ᠳᠤ ᠬᠦᠴᠢᠷᠲᠡᠶ ᠠᠰᠠᠭᠤᠳᠠᠯ ᠢ ᠠᠩᠬ᠎ᠠ ᠠᠯᠬᠤᠮ ᠨᠠᠮᠳᠠᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠯᠤᠰ ᠵᠠᠶ ᠶᠢᠨ ᠡᠮᠴᠢᠯᠡᠭᠡ ᠶᠢᠨ ᠰᠢᠰᠲ᠋ᠧᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠭᠡᠷ ᠪᠠᠶᠢᠰᠢᠩ ᠭᠠᠵᠠᠷ ᠬᠦᠷᠦᠩᠭᠡ ᠶᠢᠨ | ᠲᠡᠦᠬᠡᠨ ᠠᠴᠠ ᠦᠯᠡᠳᠡᠭᠳᠡᠵᠦ ᠢᠷᠡᠭᠰᠡᠨ 2776 ᠲᠥᠷᠥᠯ ᠵᠦᠢᠯ᠂ 133.4 ᠲᠦᠮᠡᠨ ᠭᠡᠷ ᠪᠠᠶᠢᠰᠢᠩ ᠤᠨ ᠠᠰᠠᠭᠤᠳᠠᠯ ᠢ ᠰᠢᠢᠳᠪᠦᠷᠢᠯᠡᠪᠡ᠃ ᠠᠷᠠᠳ ᠤᠨ | ᠠᠮᠢᠳᠤᠷᠠᠯ ᠤᠨ ᠡᠲᠡᠭᠡᠷ ᠠᠷᠭ᠎ᠠ ᠬᠡᠮᠵᠢᠶ᠎ᠡ ᠨᠢ ᠣᠯᠠᠨ ᠲᠦᠮᠡᠨ ᠳᠤ ᠬᠤᠪᠢᠷᠠᠯᠲᠠ ᠶᠢ ᠮᠡᠳᠡᠭᠦᠯᠵᠦ᠂ ᠪᠣᠳᠠᠲᠤ ᠠᠰᠢᠭ ᠲᠤᠰᠠ ᠬᠦᠷᠲᠡᠭᠡᠭᠰᠡᠨ ᠪᠠᠶᠢᠨ᠎ᠠ᠃ 2020 ᠣᠨ | ᠪᠣᠯ ︽13·5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠃ ᠪᠦᠬᠦ ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ︽13·5︾ | ᠤᠨ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠰᠢᠢᠳᠪᠦᠷᠢᠯᠡᠬᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠡᠨᠡ ᠨᠢ ᠭᠤᠣᠯᠳᠠᠭᠤ ᠲᠠᠪᠤᠨ ᠲᠠᠯ᠎ᠠ ᠪᠠᠷ ᠢᠯᠡᠷᠡᠵᠦ | ᠪᠠᠶᠢᠨ᠎ᠠ᠄ ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠬᠥᠮᠦᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ | ᠦᠷᠲᠡᠭ 1 ᠲᠦᠮᠡᠨ ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢ 64.1% ᠳᠤ ᠬᠦᠷᠪᠡ᠃ ᠡᠳ᠋ ᠤᠨ | ᠵᠠᠰᠠᠭ ᠤᠨ ᠣᠷᠣᠯᠭ᠎ᠠ ᠶᠢᠨ ᠶᠠᠰᠤ ᠴᠢᠨᠠᠷ ᠮᠡᠳᠡᠭᠳᠡᠬᠦ᠋ᠢᠴᠡ ᠳᠡᠭᠡᠭᠰᠢᠯᠡᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ ᠪᠦᠬᠦ ᠤᠯᠤᠰ ᠤᠨ ᠡᠮᠦᠨ᠎ᠡ | ᠡᠩᠨᠡᠭᠡᠨ ᠳᠤ ᠵᠢᠭᠰᠠᠭᠠᠭᠳᠠᠪᠠ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠨᠡᠭᠦᠷᠡᠰᠦ᠂ ᠪᠤᠯᠤᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ | ᠦᠭᠡᠶᠢᠰᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠬᠤᠷᠠᠯ | ᠦᠵᠡᠰᠬᠦᠯᠡᠩ ᠤᠨ ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ ᠮᠥᠩᠭᠦᠨ ᠭᠦᠢᠯᠭᠡᠭᠡ ᠵᠡᠷᠭᠡ ᠲᠦᠷᠭᠡᠪᠴᠢᠯᠡᠨ | ᠬᠥᠭᠵᠢᠪᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠲᠡᠦᠬᠡᠲᠦ ᠴᠢᠨᠠᠷᠲᠠᠶ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ | ᠨᠡᠶᠢᠳᠡ 80.2 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠪᠠᠷ ᠢᠶᠠᠨ ᠶᠠᠳᠠᠭᠤ ᠬᠦᠴᠢᠷᠳᠡᠯᠲᠡᠢ ᠪᠠᠶᠢᠭᠰᠠᠨ ᠠᠰᠠᠭᠤᠳᠠᠯ ᠲᠡᠦᠬᠡᠲᠦ ᠴᠢᠨᠠᠷᠲᠠᠢ | ᠰᠢᠢᠳᠪᠦᠷᠢᠯᠡᠯᠲᠡ ᠣᠯᠪᠠ᠃ ᠭᠤᠷᠪᠠ ᠳᠤ᠂ ᠠᠮᠢ ᠠᠬᠤᠶ ᠶᠢᠨ ᠣᠷᠴᠢ᠊ ᠲᠣᠭᠤᠷᠢᠨ ᠤ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ | ᠤᠯᠪᠠ᠃ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠭᠰᠠᠨ | ᠲᠠᠯᠠᠪᠠᠶ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ | ᠨᠢ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠵᠦ᠂ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ︽ᠬᠤᠤᠰ ᠬᠠᠰᠤᠭᠳᠠᠯ︾ ᠢ | ᠪᠡᠶᠡᠯᠡᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠭᠤᠭᠤᠯᠤᠨ ᠪᠣᠳᠣᠭᠰᠠᠨ ᠢᠶᠠᠷ᠂ 2019 ᠣᠨ ᠤ ᠪᠥᠬᠦ ᠣᠷᠣᠨ ᠤ ᠠᠮᠢ | ᠠᠬᠤᠶ ᠶᠢᠨ ᠪᠦᠲᠦᠭᠡᠭᠳᠡᠬᠦᠨ ᠤ ᠥᠷᠲᠡᠭ ︵GEP︶ 4.48 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ GDP ᠶᠢᠨ 2.6 | ᠳᠠᠬᠢᠨ ᠪᠠᠶᠢᠵᠤ᠂ 2015 ᠣᠨ ᠤ ᠬᠢ ᠠᠴᠠ 13.75% ᠪᠠᠷ ᠨᠡᠮᠡᠭᠳᠡᠵᠡᠶ᠂ ᠡᠨᠡ ᠨᠢ ᠮᠠᠨ ᠤ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠢᠯᠡᠳᠲᠡ | ᠦᠷ᠎ᠡ ᠪᠦᠲᠦᠮᠵᠢ ᠣᠯᠣᠭᠰᠠᠨ ᠢ ᠬᠠᠷᠠᠭᠤᠯᠵᠤ ᠪᠠᠶᠢᠨ᠎ᠠ᠃ ᠲᠦᠷᠪᠡ ᠳᠤ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ | 404 ᠺᠢᠯᠣᠮᠧᠲᠷ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠤᠨ ᠳᠠᠭᠤᠰᠬᠠᠵᠤ᠂ ᠪᠦᠬᠦ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠲᠤ | ᠵᠠᠯᠭᠠᠨ ᠣᠷᠣᠭᠤᠯᠪᠠ᠃ ᠪᠥᠬᠦ ᠣᠷᠣᠨ ᠤ ᠪᠣᠶ ᠪᠥᠬᠦᠶ ᠬᠤᠰᠢᠭᠤ ᠰᠢᠶᠠᠨ ︵ᠬᠤᠲᠠ ᠲᠣᠭᠤᠷᠢᠭ︶ ᠳᠤ ᠳᠡᠭᠡᠳᠦ ᠵᠡᠷᠭᠡᠯᠡᠯ ᠤᠨ ᠵᠠᠰᠠᠮᠠᠯ ᠵᠠᠮ ᠢ ᠨᠡᠪᠲᠡᠷᠡᠭᠦᠯᠵᠦ᠂ ᠪᠣᠶ | ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠲᠠᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠪᠡ᠃ 40 | ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠲᠠᠢ ᠪᠣᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠲᠡᠭᠡᠭᠡᠪᠦᠷᠢ ᠶᠢᠨ ᠲᠣᠣᠷ ᠰᠦᠯᠵᠢᠶ᠎ᠡ | ᠦᠨᠳᠦᠰᠦᠨ ᠳᠤ ᠪᠠᠨ ᠪᠦᠷᠢᠯᠳᠦᠪᠡ᠃ ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ᠂ ᠯᠢᠶᠣᠤᠾᠧ ᠭᠤᠣᠯ᠂ ᠨᠤᠨ | ᠮᠥᠷᠡᠨ ᠤ ᠭᠤᠣᠯ ᠤᠷᠤᠰᠬᠠᠯ ᠢ ᠵᠠᠰᠠᠬᠤ ᠢᠨᠵᠧᠨᠧᠷᠢᠩ ᠵᠡᠷᠭᠡ ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ | ᠳᠠᠭᠤᠰᠬᠠᠭᠰᠠᠨ ᠪᠥᠭᠡᠳ ᠦᠷ᠎ᠡ ᠠᠰᠢᠭ ᠢ ᠨᠢ ᠪᠠᠳᠠᠷᠠᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ 5 ᠨᠡᠪᠲᠡᠷᠡᠬᠦ | ᠵᠠᠮ ᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠭᠠᠷᠭᠠᠬᠤ ᠬᠡᠮᠵᠢᠶ᠎ᠡ ᠪᠠ ᠴᠠᠬᠢᠯᠭᠠᠨ ᠢ ᠭᠠᠳᠠᠭᠰᠢ ᠳᠠᠮᠵᠢᠭᠤᠯᠬᠤ ᠬᠡᠮᠵᠢᠶ᠎ᠡ ᠴᠥᠮ ᠪᠦᠬᠦ ᠤᠯᠤᠰ ᠤᠨ ᠲᠡᠷᠢᠭᠦᠨ ᠳᠤ | ᠣᠷᠣᠪᠠ᠃ ᠲᠠᠪᠤ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ | ᠦᠷᠭᠦᠯᠵᠢᠯᠡᠨ ᠨᠡᠮᠡᠭᠳᠡᠨ᠂ ᠬᠤᠳᠠ ᠪᠠᠯᠭᠠᠰᠤᠨ ᠤ ᠠᠵᠢᠯ ᠣᠯᠭᠤᠯᠲᠠ ᠲᠣᠭᠲᠠᠭᠤᠨ ᠢᠶᠠᠷ ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ | ᠪᠣᠯᠬᠤᠶᠢᠴᠠ ᠣᠷᠣᠯᠭ᠎ᠠ ᠠᠯᠬᠤᠮ ᠠᠯᠬᠤᠮ ᠢᠶᠠᠷ ᠳᠡᠭᠡᠭᠰᠢᠯᠡᠨ᠂ ᠬᠤᠳᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ | ᠦᠨᠳᠦᠰᠦᠨ ᠳᠤ ᠪᠠᠨ ᠪᠦᠷᠢᠯᠳᠦᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠲᠠᠰᠤᠷᠠᠯᠳᠠ ᠦᠭᠡᠢ ᠲᠡᠭᠦᠯᠳᠡᠷᠵᠢᠨ᠂ ᠰᠤᠷᠭᠠᠨ ᠬᠥᠮᠦᠵᠢᠯ᠂ ᠡᠮᠴᠢᠯᠡᠭᠡ᠂ | ᠰᠣᠶᠣᠯ᠂ ᠪᠡᠶ᠎ᠡ ᠶᠢᠨ ᠲᠠᠮᠢᠷ ᠵᠡᠷᠭᠡ ᠦᠢᠯᠡᠰ ᠰᠢᠨ᠎ᠡ ᠲᠠᠪᠰᠢᠯᠳᠠ ᠲᠠᠢ ᠪᠣᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ | ᠶᠡᠭᠡ ᠬᠡᠮᠵᠢᠶ᠎ᠡ ᠪᠠᠷ ᠰᠠᠶᠢᠵᠢᠷᠠᠵᠤ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠠᠮ ᠨᠢᠭᠡ | ᠠᠯᠬᠤᠮ ᠨᠡᠮᠡᠭᠳᠡᠪᠡ᠃ | ᠬᠥᠲᠥᠯᠥᠭᠴᠢ᠄ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ | ᠪᠢᠳᠡᠨ ᠳᠤ ︽ᠭᠤᠤᠯᠳᠠᠯᠭ᠎ᠠ︾ ᠶᠢ ᠨᠢ ᠶᠠᠷᠢᠭᠠᠳ ᠥᠭᠭᠦᠨ᠎ᠡ ᠦᠦ︖ | ᠯᠸᠢ ᠵᠢᠶ ᠫᠧᠩ᠄ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠪᠠᠰᠠ ᠴᠤ ︽14·5︾ ᠤᠨ | ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ | ᠠᠩᠬᠠᠨ ᠤ ᠵᠢᠯ ᠮᠥᠨ᠂ ᠰᠠᠶᠢᠲᠤᠷ ᠡᠬᠢᠯᠡᠭᠦᠯᠵᠦ᠂ ᠲᠦᠷᠦᠭᠦᠴᠢ ᠶᠢᠨ ᠠᠯᠬᠤᠮ ᠢᠶᠠᠨ ᠰᠠᠶᠢᠨ ᠠᠯᠬᠤᠬᠤ ᠨᠢ ᠲᠦᠢᠯ ᠤᠨ ᠴᠢᠬᠤᠯᠠ ᠶᠤᠮ᠃ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠡᠨᠡ ᠵᠢᠯ ᠤᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 6% ᠣᠷᠴᠢᠮ ᠢᠶᠠᠷ ᠲᠣᠭᠲᠠᠭᠠᠨ᠂ ᠬᠤᠳᠠ ᠪᠠᠯᠭᠠᠰᠤᠨ ᠤ | ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮ ᠢᠶᠠᠷ ᠲᠣᠭᠲᠠᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ | ᠬᠡᠮᠵᠢᠶ᠎ᠡ ᠶᠢ 3% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠨᠢᠭᠡᠴᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠲᠡᠭᠡᠷ ᠬᠠᠷᠠᠯᠲᠠ ᠶᠢ ᠲᠣᠭᠲᠠᠭᠠᠬᠤ ᠳᠤ ᠪᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠭᠦᠢᠴᠡᠳ ᠲᠤᠭᠤᠰᠢᠯᠠᠭᠤᠯᠵᠤ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠦᠭᠰᠡᠨ ᠤ ᠬᠠᠮᠲᠤ ︽14·5︾ ᠤᠨ | ᠲᠥᠯᠥᠪᠵᠢᠭᠦᠯᠭᠡ ᠲᠠᠢ ᠵᠣᠯᠭᠠᠭᠤᠯᠵᠤ᠂ ᠬᠡᠷᠡᠭᠴᠡᠭᠡ ᠪᠠ ᠪᠣᠯᠤᠯᠴᠠᠭ᠎ᠠ ᠶᠢ ᠬᠠᠮᠲᠤ ᠳᠤ ᠨᠢ ᠬᠠᠷᠠᠭᠠᠯᠵᠠᠵᠤ᠂ ᠢᠳᠡᠪᠬᠢᠲᠡᠶ ᠪᠥᠭᠡᠳ ᠯᠠᠪᠳᠠᠭᠤᠨ ᠪᠠᠲᠤᠲᠠᠶ ᠪᠠᠶᠢᠳᠠᠭ᠃ | 6% ᠣᠷᠴᠢᠮ ᠤᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠤ ᠭᠤᠣᠯᠳᠠᠭᠤ ᠨᠢᠳᠤᠨᠤᠨ ᠤ ᠰᠠᠭᠤᠷᠢ ᠲᠤᠭ᠎ᠠ ᠨᠡᠯᠢᠶᠡᠳ ᠳᠣᠣᠷ᠎ᠠ | ᠪᠠᠶᠢᠬᠤ ᠶᠢ ᠪᠣᠳᠣᠯᠬᠢᠯᠠᠵᠤ᠂ ᠡᠨᠡ ᠵᠢᠯ ᠪᠢᠳᠡ ᠠᠵᠤ ᠠᠬᠤᠶ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ 6% ᠶᠢᠨ | ᠨᠡᠮᠡᠭᠳᠡᠯ ᠤᠨ ᠬᠤᠷᠳᠤᠴᠠ ᠳᠤ ᠨᠡᠯᠢᠶᠡᠳ ᠰᠠᠶᠢᠨ ᠲᠤᠯᠭᠠᠭᠤᠷᠢᠯᠠᠬᠤ ᠨᠥᠬᠦᠴᠡᠯ ᠲᠠᠢ ᠪᠣᠯᠭᠠᠨ᠎ᠠ᠃ 2021 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠭᠤᠣᠯᠳᠠᠭᠤ ᠶᠢᠰᠦᠨ ᠵᠦᠢᠯ ᠤᠨ ᠠᠵᠢᠯ ᠢ ᠪᠠᠶᠢᠷᠢᠯᠠᠭᠤᠯᠵᠠᠶ᠄ ᠨᠢᠭᠡᠳᠦᠭᠡᠷ ᠭᠤᠣᠯᠳᠠᠯᠭ᠎ᠠ ᠲᠠᠢ ᠠᠵᠢᠯ ᠪᠣᠯ ᠠᠵᠤ ᠠᠬᠤᠶ ᠶᠢᠨ ᠲᠣᠭᠲᠠᠭᠤᠨ ᠨᠡᠮᠡᠭᠳᠡᠯ ᠢ | ᠪᠦᠬᠦ ᠬᠦᠴᠦᠨ ᠢᠶᠠᠷ ᠠᠬᠢᠭᠤᠯᠬᠤ ᠶᠠᠪᠤᠳᠠᠯ ᠪᠣᠯᠤᠨ᠎ᠠ᠃ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠬᠦᠨᠳᠦ | ᠬᠡᠴᠡᠭᠦᠦ ᠪᠠᠶᠢᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠨᠠᠵᠠᠭᠠᠶ ᠨᠥᠯᠥᠭᠡ ᠮᠥᠨ ᠴᠦ ᠪᠦᠷᠢᠮᠦᠰᠦᠨ ᠠᠷᠢᠯᠭᠠᠭᠠᠳᠤᠶ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠪᠣᠳᠠᠲᠤ ᠴᠣᠭᠴᠠᠲᠤ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠬᠡᠷᠡᠭᠯᠡᠭᠡ ᠪᠠ ᠪᠦᠲᠦᠮᠵᠢᠲᠡᠶ ᠪᠠᠯᠠ ᠲᠣᠬᠢᠷᠠᠭᠤᠯᠤᠯᠲᠠ ᠶᠢ ᠢᠳᠡᠪᠬᠢᠲᠡᠶ ᠥᠷᠭᠡᠳᠬᠡᠨ᠂ ᠣᠯᠠᠨ | ᠳᠠᠪᠬᠤᠷ ᠳᠠᠶᠢᠴᠢᠯᠠᠯᠲᠠ ᠶᠢ ᠪᠣᠶ ᠪᠣᠯᠭᠠᠨ᠎ᠠ᠃ ᠵᠢᠱᠢᠶᠡᠯᠡᠪᠡᠯ᠂ ᠬᠡᠷᠡᠭᠯᠡᠭᠡ ᠶᠢ ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ | ᠤᠶᠠᠯᠳᠤᠭᠤᠯᠵᠤ᠂ ᠪᠣᠳᠠᠲᠤ ᠴᠣᠭᠴᠠᠲᠤ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠮᠡᠳᠡᠭᠡ | ᠵᠠᠩᠭᠢ ᠶᠢᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠶᠢ ᠪᠤᠶᠢᠵᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠦᠢ ᠵᠣᠬᠢᠰᠲᠠᠶ ᠪᠠᠷ ᠨᠡᠮᠡᠭᠳᠡᠭᠦᠯᠦᠨ᠎ᠡ᠃ ᠡᠭᠦᠨ ᠤ | ᠬᠠᠮᠲᠤ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠨᠢᠭᠡ | ᠪᠦᠯᠦᠭ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠢᠨ᠎ᠡ ᠪᠠᠷ ᠪᠣᠶ ᠪᠣᠯᠤᠭᠰᠠᠨ ᠰᠠᠭᠤᠷᠢ | ᠲᠥᠬᠦᠭᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠵᠡᠷᠭᠡ ᠶᠢ ᠬᠡᠷᠡᠭᠵᠢᠭᠦᠯᠦᠨ᠎ᠡ᠃ ᠬᠤᠶᠠᠳᠤᠭᠠᠷ ᠭᠤᠤᠯᠳᠠᠯᠭ᠎ᠠ ᠲᠠᠢ ᠠᠵᠢᠯ | ᠪᠣᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠰᠢ ᠶᠢᠨ ᠫᠢᠩ ᠶᠡᠷᠦᠩᠬᠡᠶ | ᠱᠦᠵᠢ ᠴᠢᠬᠤᠯᠠᠴᠢᠯᠠᠬᠤ ᠳᠤ ᠪᠠᠨ᠂ ᠬᠡᠳᠦᠢ ᠬᠥᠭᠵᠢᠯᠲᠡ ᠪᠠᠷ ᠠᠨᠠᠶ ᠭᠠᠵᠠᠷ ᠣᠷᠣᠨ ᠨᠢ ᠲᠡᠳᠦᠢ ᠢᠯᠡᠭᠦᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠨᠢ ᠴᠢᠬᠤᠯᠠᠲᠠᠢ ᠶᠤᠮ ᠭᠡᠵᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠢᠮᠭᠡᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠢᠯᠡᠳᠬᠡᠯ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ | ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ ᠤ ᠡᠨᠧᠷᠭᠢ ᠬᠠᠳᠠᠭᠠᠯᠠᠭᠳᠠᠴᠠ᠂ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠨᠢᠭᠡ ᠪᠦᠯᠦᠭ ᠤᠯᠤᠰ ᠤᠨ ᠲᠡᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠢᠨᠵᠧᠨᠧᠷᠢᠩ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ ᠭᠡᠵᠦ ᠳᠤᠷᠠᠳᠴᠠᠢ᠃ ᠠᠵᠤ 365赢多少钱会被限额_国内有真正的365平台吗_365bet博彩官网 | ᠠᠬᠤᠶᠢᠯᠠᠯ ᠪᠣᠯ ᠰᠢᠨ᠎ᠡ ᠶᠢ ᠡᠭᠦᠳᠬᠦ ᠣᠷᠣᠭᠤᠯᠤᠯᠲᠠ ᠪᠠ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠭᠤᠣᠯ ᠬᠦᠴᠦᠨ ᠮᠥᠨ᠃ ᠪᠢᠳᠡ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠢ ᠠᠵᠤ ᠠᠬᠤᠶᠢᠯᠠᠯ ᠵᠦᠭ | ᠲᠥᠪᠯᠡᠷᠡᠭᠦᠯᠬᠦ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ | ᠳᠤᠤᠷᠠᠳᠤ ᠬᠡᠰᠡᠭ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠲᠦᠷᠭᠡᠳᠬᠡᠨ᠎ᠡ᠃ ᠭᠤᠷᠪᠠᠳᠤᠭᠠᠷ ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠤᠨ ᠬᠡᠯᠬᠢᠶ᠎ᠡ ᠪᠠ ᠦᠷᠳᠡᠭ ᠤᠨ | ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠤᠨ ᠪᠠᠶᠢᠴᠠᠭᠠᠯᠲᠠ | ᠬᠢᠬᠦ ᠳᠤ ᠪᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠲᠡᠶᠢᠰᠢ ᠪᠠᠨ ᠲᠡᠯᠡᠵᠦ᠂ ᠦᠷᠳᠡᠭ ᠤᠨ | ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠪᠠᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ᠂ ᠪᠢᠳᠡ ᠤᠯᠠᠮᠵᠢᠯᠠᠯᠲᠤ | ᠠᠵᠤ ᠦᠢᠯᠡᠰ ᠢ ᠳᠡᠭᠡᠳᠦ ᠲᠠᠰ᠂ ᠤᠶᠤᠨᠴᠢᠯᠠᠯᠲᠠ᠂ ᠪᠣᠬᠢᠷᠲᠤᠯ ᠥᠬᠡᠶ ᠪᠣᠯᠭᠠᠨ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠨᠠᠷᠢᠯᠢᠭ ᠭᠦᠨᠵᠡᠭᠡᠶ | ᠡᠳ᠋ᠰᠢᠭᠦᠯᠬᠦ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠂ ᠤᠳᠤ | ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠲᠠᠯ᠎ᠠ ᠪᠠᠷ᠂ ᠨᠡᠭᠦᠷᠡᠰᠦ ᠶᠢ ᠠᠶᠤᠯᠭᠦᠶ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ ᠮᠠᠯᠲᠠᠬᠤ ᠪᠠ | ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠬᠦᠴᠦᠯᠡᠨ ᠠᠬᠢᠭᠤᠯᠵᠤ᠂ ︽ᠴᠠᠬᠢᠯᠭᠠᠨ ᠴᠤᠷᠪᠤᠯᠵᠢ᠂ ᠴᠠᠬᠢᠯᠭᠠᠨ ᠲᠣᠣᠷ᠂ ᠴᠠᠬᠢᠯᠭᠠᠨ | ᠳᠠᠭᠠᠭᠠᠴᠠ᠂ ᠴᠠᠬᠢᠯᠭᠠᠨ ᠬᠠᠳᠠᠭᠠᠭᠯᠠᠭᠳᠠᠴᠠ︾᠂ ︽ᠭᠠᠯ ᠰᠠᠯᠬᠢ ᠭᠡᠷᠡᠯ ᠢ ᠨᠥᠭᠡᠴᠡᠯᠡᠬᠦ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢ ᠬᠥᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ ᠲᠠᠯ᠎ᠠ ᠪᠠᠷ᠂ ᠪᠢᠳᠠ ᠲᠣᠭᠠᠴᠢᠯᠠᠭᠰᠠᠨ ᠠᠵᠤ | ᠠᠬᠤᠢ ᠪᠣᠯᠤᠨ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠨ ᠤ ᠣᠷᠣᠨ ᠤ ᠳ᠋ᠠᠶᠢᠲ᠋ᠠ ᠶᠢᠨ ᠲᠥᠪ ᠤᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠪᠦᠬᠦ ᠤᠯᠤᠰ ᠲᠤ ᠲᠡᠷᠢᠭᠦᠯᠡᠵᠦ ᠪᠠᠶᠢᠭ᠎ᠠ ᠪᠣᠯᠪᠠᠴᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠬᠠᠷᠢᠴᠠᠩᠭᠤᠢ ᠪᠠᠷ | ᠬᠤᠴᠣᠷᠤᠩᠭᠤᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠭᠦᠨ ᠤ ᠵᠡᠷᠭᠡᠴᠡᠭᠡ ᠪᠠᠷ᠂ ᠪᠢᠳᠠ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠤᠪᠣᠷ | ᠰᠢᠷᠣᠢ ᠶᠢᠨ ᠠᠵᠤ ᠦᠢᠯᠡᠰ ᠢ ᠳᠡᠮᠵᠢᠨ ᠪᠣᠰᠬᠠᠵᠤ᠂ ᠳᠡᠭᠡᠳᠦ ᠵᠡᠷᠭᠡᠯᠡᠯ ᠤᠨ ᠲᠡᠮᠦᠷᠯᠢᠭ᠂ ᠪᠠᠯ ᠴᠢᠯᠠᠭᠤᠨ ᠠᠯᠺᠧᠨ᠂ ᠳᠡᠭᠡᠳᠦ ᠴᠢᠳᠠᠪᠬᠢᠳᠦ ᠰᠢᠷᠬᠡᠭᠯᠢᠭ ᠵᠡᠷᠭᠡ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠰᠢᠯᠭᠠᠨ ᠪᠠᠶᠢᠴᠠᠭᠠᠵᠤ | ᠭᠡᠷᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠳᠥᠷᠪᠡᠳᠦᠭᠡᠷ ᠭᠤᠣᠯᠳᠠᠯᠭ᠎ᠠ ᠲᠠᠢ ᠠᠵᠢᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠮᠠᠨ ᠤ | ᠣᠷᠣᠨ ᠪᠣᠯ ᠪᠥᠬᠦ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠪᠠ ᠠᠮᠤ ᠪᠤᠳᠠᠭ᠎ᠠ ᠶᠢ ᠭᠠᠳᠠᠭᠰᠢ ᠭᠠᠷᠭᠠᠬᠤ 6 ᠮᠤᠵᠢ ᠣᠷᠣᠨ ᠤ | ᠨᠢᠭᠡ ᠪᠣᠯᠤᠨ᠎ᠠ᠃ 2018 ᠣᠨ ᠠᠴᠠ ᠡᠬᠢᠯᠡᠨ᠂ ᠠᠮᠤ ᠪᠤᠳᠠᠭᠠᠨ ᠤ ᠵᠢᠯ ᠤᠨ ᠤᠨᠠᠯᠲᠠ 700 ᠳ᠋ᠦᠩᠰᠢᠭᠤᠷ ᠵᠢᠩ ᠢ ᠳᠠᠪᠠᠵᠤ᠂ ᠵᠢᠯ ᠪᠦᠷᠢ ᠪᠠᠷᠤᠭ 450 | ᠳ᠋ᠦᠩᠰᠢᠭᠤᠷ ᠵᠢᠩ ᠠᠮᠤ ᠪᠤᠳᠠᠭ᠎ᠠ ᠵᠢᠴᠢ ᠪᠦᠲᠦᠭᠡᠭᠳᠡᠬᠦᠨ ᠢ ᠣᠷᠣᠨ ᠤ ᠭᠠᠳᠠᠨ᠎ᠠ ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠴᠢᠬᠤᠯᠠ ᠦᠢᠯᠡᠳᠦᠯ ᠦᠵᠡᠭᠦᠯᠪᠡ᠃ ᠡᠨᠡ ᠵᠢᠯ ᠮᠠᠨ ᠤ ᠣᠷᠣᠨ 459 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠷᠭᠦᠯᠵᠢᠯᠡᠨ ᠰᠢᠨ᠎ᠡ ᠪᠠᠷ | ᠪᠠᠶᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠪᠠ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠥᠷᠨᠢᠭᠦᠯᠵᠦ᠂ ᠲᠠᠷᠢᠶᠠᠨ | ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ︾ ᠪᠣᠯᠭᠠᠬᠤ ᠶᠢ ᠰᠡᠷᠭᠡᠶᠢᠯᠡᠨ᠎ᠡ᠃ ᠰᠦ ᠰᠠᠭᠠᠯᠢ ᠶᠢᠨ ᠦᠢᠯᠡᠰ | ᠪᠣᠯ ᠥᠪᠥᠷ ᠮᠣᠩᠭᠤᠯ ᠤᠨ ᠳᠠᠪᠠᠭᠤᠯᠢᠭ ᠠᠵᠤ ᠦᠢᠯᠡᠰ ᠮᠥᠨ᠂ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ᠂ ᠲᠦᠭᠦᠬᠡᠶ ᠰᠦ ᠶᠢᠨ ᠭᠠᠷᠤᠯᠲᠠ ᠪᠠ ᠴᠠᠭᠠᠨ | ᠢᠳᠡᠭᠡᠨ ᠤ ᠭᠠᠷᠤᠯᠲᠠ ᠨᠢ ᠴᠥᠮ ᠪᠥᠬᠦ ᠤᠯᠤᠰ ᠲᠤ ᠲᠡᠷᠢᠭᠦᠯᠡᠵᠦ ᠪᠠᠶᠢᠨ᠎ᠠ᠃ ᠮᠠᠨ ᠤ ᠣᠷᠣᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠭᠦᠨᠵᠡᠭᠡᠶ ᠠᠬᠢᠭᠤᠯᠵᠤ᠂ ᠬᠤᠯᠢᠮᠠᠭ ᠥᠮᠴᠢᠯᠡᠯ ᠤᠨ ᠲᠦᠷᠢᠮ ᠤᠨ ᠬᠡᠯᠪᠡᠷᠢ ᠪᠠᠷ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠶ ᠪᠠᠶᠢᠭᠤᠯᠬᠤ ᠶᠢ | ᠵᠣᠷᠢᠭᠵᠢᠭᠤᠯᠤᠨ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠢᠯᠡᠰᠵᠢᠭᠰᠡᠨ᠂ ᠨᠠᠷᠠᠲᠤ ᠲᠥᠷᠥᠯ ᠲᠡᠮᠳᠡᠭᠵᠢᠭᠰᠡᠨ ᠬᠥᠭᠵᠢᠯᠲᠡ ᠶᠢ ᠳᠡᠮᠵᠢᠨ᠎ᠡ᠃ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠤᠨ᠂ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ | ᠠᠰᠢᠭᠯᠠᠬᠤ ᠶᠢ ᠴᠢᠩᠭᠠᠳᠬᠠᠵᠤ᠂ ᠡᠭᠦᠯᠳᠡᠷ ᠪᠤᠶᠢᠵᠢᠭᠤᠯᠬᠤ ᠶᠢᠨ ᠰᠢᠨ᠎ᠡ ᠡᠭᠦᠳᠦᠯᠲᠡ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠪᠢᠳᠡ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠴᠡᠭ ᠢ ᠦᠷᠭᠦᠯᠵᠢᠯᠡᠨ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠲᠠᠪᠤᠳᠤᠭᠠᠷ | ᠭᠤᠣᠯᠳᠠᠯᠭ᠎ᠠ ᠲᠠᠢ ᠠᠵᠢᠯ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠬᠤ ᠶᠠᠪᠤᠳᠠᠯ ᠪᠣᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ | ᠱᠦᠵᠢ ᠰᠢ ᠶᠢᠨ ᠫᠢᠩ ᠥᠪᠡᠷ ᠢᠶᠠᠨ ᠲᠥᠯᠥᠪᠵᠢᠭᠦᠯᠵᠦ ᠥᠪᠡᠷ ᠢᠶᠠᠨ ᠪᠠᠶᠢᠷᠢᠯᠠᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ ᠮᠠᠨ ᠤ | ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠡᠷᠬᠡᠪᠰᠢ ᠰᠠᠶᠢᠲᠤᠷ ᠡᠭᠦᠷᠭᠡᠯᠡᠬᠦ ᠬᠡᠷᠡᠭᠲᠡᠶ ᠤᠯᠤᠰ | ᠲᠥᠷᠥ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ᠂ ᠴᠢᠨᠠᠷᠯᠢᠭ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠮᠥᠨ᠃ | ᠡᠶᠢᠮᠦ ᠠᠴᠠ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠲᠤ ᠵᠢᠭᠰᠠᠭᠠᠵᠤ | ᠪᠠᠶᠢᠷᠢᠯᠠᠭᠤᠯᠪᠠ᠃ ᠮᠠᠨ ᠤ ᠣᠷᠣᠨ ᠬᠠᠲᠤᠨ ᠭᠤᠤᠯ ᠤᠨ ᠳᠡᠭᠡᠳᠦ ᠳᠣᠤᠷᠠᠳᠤ ᠤᠷᠤᠰᠬᠠᠯ᠂ ᠭᠤᠤᠯ ᠰᠠᠯᠪᠤᠷᠢ ᠤᠷᠤᠰᠬᠠᠯ᠂ ᠵᠡᠭᠦᠨ ᠪᠠᠷᠠᠭᠤᠨ ᠡᠷᠭᠢ ᠶᠢ | ᠵᠣᠬᠢᠴᠠᠭᠤᠯᠤᠨ ᠵᠠᠰᠠᠬᠤ ᠶᠢ ᠴᠢᠩᠭᠠᠳᠬᠠᠵᠤ᠂ ᠭᠤᠤᠯ ᠤᠨ ᠵᠠᠮ ᠪᠠ ᠡᠷᠭᠢ ᠶᠢᠨ ᠱᠤᠭᠤᠮ ᠢ ︽ᠳᠤᠷ᠎ᠠ ᠪᠠᠷ ᠡᠵᠡᠯᠡᠬᠦ︾ ︽ᠳᠤᠷ᠎ᠠ ᠪᠠᠷ ᠪᠠᠶᠢᠭᠤᠯᠬᠤ︾ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠡᠷᠴᠢᠮ ᠢ | ᠴᠢᠩᠭᠠᠷᠠᠭᠤᠯᠤᠨ᠂ ᠬᠠᠲᠤᠨ ᠭᠤᠤᠯ ᠳᠠᠭᠠᠤ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ ᠰᠢᠰᠲ᠋ᠧᠮ ᠲᠠᠢ ᠵᠠᠰᠠᠬᠤ ᠪᠠ ᠠᠭᠤᠷᠬᠠᠶ ᠶᠢᠨ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠤᠨ᠎ᠠ᠃ ᠮᠠᠨ ᠤ ᠣᠷᠣᠨ ᠤ ᠬᠠᠲᠤᠨ ᠭᠤᠤᠯ ᠳᠠᠭᠠᠤ ᠭᠠᠵᠠᠷ ᠣᠷᠣᠨ ᠤ ᠤᠰᠤᠨ ᠤ ᠡᠬᠢ | ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠵᠤ ᠠᠬᠤᠶ ᠶᠢ ᠬᠥᠭᠵᠢᠭᠦᠯᠬᠦ ᠳᠤ ᠡᠷᠬᠡᠪᠰᠢ ᠤᠰᠤᠨ ᠤ ᠡᠬᠢ ᠪᠠᠶᠠᠯᠢᠭ ᠳᠤᠲᠠᠭᠳᠠᠵᠤ | ᠪᠠᠶᠢᠭ᠎ᠠ ᠡᠨᠡ ᠬᠦ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ | ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠯᠠᠨ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ | ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ ᠬᠡᠯᠪᠡᠷᠢ ᠶᠢᠨ | ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠭᠤᠣᠯᠯᠠᠬᠤ ᠬᠤᠳᠠ ᠪᠠ | ᠬᠤᠳᠠ ᠶᠢᠨ ᠰᠥᠷᠥᠭᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠬᠤ ᠪᠠ | ᠪᠠᠳᠠᠷᠠᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ | ᠠᠭᠤᠳᠠᠯᠵᠤ᠂ ︽ᠬᠠᠲᠤᠨ ᠭᠤᠤᠯ ᠤᠨ ᠥᠯᠢᠭᠡᠷ︾ ᠢ ᠰᠠᠶᠢᠲᠤᠷ ᠶᠠᠷᠢᠵᠤ᠂ ᠰᠣᠶᠣᠯ ᠤᠨ ᠡᠬᠢ ᠪᠠᠶᠠᠯᠢᠭ ᠪᠠ ᠪᠠᠶᠢᠭᠠᠯᠢ ᠶᠢᠨ ᠡᠬᠢ ᠪᠠᠶᠠᠯᠢᠭ ᠤᠨ ᠣᠷᠭᠠᠨᠢᠭ | ᠠᠭᠤᠰᠤᠯᠴᠠᠯ ᠢ ᠠᠬᠢᠭᠤᠯᠤᠨ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠥᠬᠦᠶ ᠬᠠᠲᠤᠨ ᠭᠤᠤᠯ ᠤᠨ ︽几︾ ᠥᠰᠥᠭ ᠤᠨ ᠮᠣᠷᠣᠶᠢᠯᠲᠠ ᠶᠢᠨ ᠰᠣᠶᠣᠯ ᠤᠨ | ᠵᠢᠭᠤᠯᠴᠢᠯᠠᠯ ᠤᠨ ᠪᠦᠰᠡ ᠶᠢ ᠪᠣᠶ ᠪᠣᠯᠭᠠᠨ᠎ᠠ᠃ ᠵᠢᠷᠭᠤᠳᠤᠭᠠᠷ ᠭᠤᠣᠯᠳᠠᠯᠭ᠎ᠠ ᠲᠠᠢ ᠠᠵᠢᠯ ᠪᠣᠯ ᠥᠭᠡᠷᠡᠴᠢᠯᠡᠯᠲᠡ ᠨᠡᠭᠡᠭᠡᠯᠳᠡ ᠶᠢ ᠨᠡᠩ ᠶᠡᠭᠡ ᠡᠷᠴᠢᠮ ᠲᠠᠢ ᠪᠠᠷ | ᠠᠬᠢᠭᠤᠯᠬᠤ ᠶᠠᠪᠤᠳᠠᠯ ᠪᠣᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠲᠥᠪ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠨᠡᠭᠡᠭᠡᠯᠲᠡ ᠶᠢ ᠥᠷᠭᠡᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠥᠭᠡᠷᠡᠴᠢᠯᠡᠯᠲᠡ ᠬᠢᠬᠦ ᠲᠠᠯ᠎ᠠ ᠪᠠᠷ᠂ ᠭᠤᠣᠯᠳᠠᠭᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠤᠶ ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠬᠤ ᠠᠴᠠ ᠰᠡᠷᠭᠡᠶᠢᠯᠡᠬᠦ | ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠶ ᠶᠢ ᠪᠦᠲᠦᠮᠵᠢᠲᠡᠶ ᠳᠡᠮᠵᠢᠬᠦ | ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠰᠲ᠋ᠧᠮᠲᠦᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠭᠡᠭᠡᠯᠳᠡ ᠬᠢᠬᠦ ᠲᠠᠯ᠎ᠠ ᠪᠠᠷ᠂ | ᠪᠦᠬᠦ ᠲᠠᠯ᠎ᠠ ᠶᠢᠨ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠪᠲᠡᠷᠡᠬᠦ ᠵᠠᠮ ᠤᠨ ᠠᠵᠤ ᠠᠬᠤᠢ ᠶᠢ ᠪᠣᠳᠠᠲᠠᠶᠢᠵᠢᠭᠰᠠᠨ ᠠᠵᠤ ᠠᠬᠤᠢ ᠲᠡᠶᠢᠰᠢ | ᠬᠤᠪᠢᠷᠠᠭᠤᠯᠬᠤ ᠶᠢ ᠠᠬᠢᠭᠤᠯᠤᠨ᠎ᠠ᠃ ᠮᠠᠨᠵᠤᠤᠷ ᠵᠡᠷᠭᠡ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ | ᠰᠢᠨ᠎ᠡ ᠶᠢ ᠡᠭᠦᠳᠦᠨ ᠬᠥᠭᠵᠢᠬᠦ ᠶᠢ ᠬᠦᠴᠦᠯᠡᠨ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳᠣᠯᠣᠳᠤᠭᠠᠷ ᠭᠤᠣᠯᠳᠠᠯᠭ᠎ᠠ ᠲᠠᠢ ᠠᠵᠢᠯ ᠪᠣᠯ ᠠᠮᠢ ᠠᠬᠤᠢ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠠᠪᠤᠳᠠᠯ ᠪᠣᠯᠤᠨ᠎ᠠ᠃ ︽13 · 5︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ | ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠯᠢ ᠣᠯᠠᠨ | ᠠᠷᠭ᠎ᠠ ᠬᠡᠮᠵᠢᠶ᠎ᠡ ᠠᠪᠴᠤ ᠪᠠᠶᠢᠭᠠᠳ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠪᠠᠷ ᠪᠣᠢ᠃ ᠡᠭᠦᠨ ᠳᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠤᠢ ᠰᠢᠭᠤᠢ ᠶᠢᠨ ᠳᠠᠷᠤᠭ᠎ᠠ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠬᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠬᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ ᠪᠠᠭᠲᠠᠨ᠎ᠠ᠃ ᠪᠠᠰᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠠᠷᠢᠯᠢᠭᠵᠢᠭᠤᠯᠤᠭᠰᠠᠨ ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠦᠬᠡ | ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠠᠴᠠ ᠳᠣᠷᠣᠭᠰᠢᠯᠠᠭᠤᠯᠬᠤ ᠬᠠᠷᠠᠯᠲᠠ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠥ | ᠭᠠᠳᠠᠭᠰᠢᠯᠠᠭᠤᠯᠬᠤ ᠬᠦᠰᠡᠯ ᠪᠣᠳᠣᠯ ᠪᠣᠯ ᠮᠠᠨ ᠤ ᠤᠯᠤᠰ ᠤᠨ ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠮᠠᠨ ᠤ ᠣᠷᠣᠨ ᠤ ᠡᠨᠧᠷᠭᠢ ᠶᠢᠨ | ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠂ ᠡᠨᠡ ᠵᠢᠯ ᠡᠨᠧᠷᠭᠢ ᠶᠢ ᠠᠷᠪᠢᠯᠠᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠪᠠᠭᠠᠰᠬᠠᠬᠤ ᠶᠢ ᠵᠣᠬᠢᠴᠠᠭᠤᠯᠤᠨ ᠠᠬᠢᠭᠤᠯᠵᠤ᠂ ᠨᠢᠭᠡᠨᠲᠡ ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠢ ᠤᠯᠤᠰ ᠤᠨ ᠡᠨᠧᠷᠭᠢ ᠶᠢᠨ | ᠬᠤᠷᠣᠭᠳᠠᠭᠤᠯᠭ᠎ᠠ ᠶᠢᠨ ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠬᠦᠳᠦᠯᠥᠨ ᠳᠠᠭᠠᠭᠤᠯᠬᠤ ᠬᠡᠷᠡᠭᠲᠡᠢ᠃ ᠨᠠᠢᠮᠠᠳᠤᠭᠠᠷ ᠭᠤᠣᠯᠳᠠᠯᠭ᠎ᠠ ᠲᠠᠢ ᠠᠵᠢᠯ ᠪᠣᠯ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠬᠤ ᠶᠠᠪᠤᠳᠠᠯ ᠪᠣᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠡᠭᠡ ᠣᠷᠣᠨᠴᠢ ᠦᠵᠡᠯ ᠤᠨ | ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ | ᠲᠤᠪᠤᠶᠢᠯᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠪᠡᠯᠭᠡᠯᠡᠬᠦ ᠴᠢᠬᠤᠯᠠ ᠶᠡᠭᠡ ᠴᠠᠭ ᠵᠠᠩᠭᠢᠶᠠᠰᠤ ᠶᠢᠨ | ᠲᠣᠭᠤᠷᠢᠨ ᠳᠤ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠥᠷᠨᠢᠭᠦᠯᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠶᠢᠰᠦᠳᠦᠭᠡᠷ ᠭᠤᠣᠯᠳᠠᠯᠭ᠎ᠠ ᠲᠠᠢ | ᠠᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ | ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠡᠨᠡ ᠵᠢᠯ ᠮᠠᠨ ᠤ ᠣᠷᠣᠨ ᠤ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠰᠤᠷᠭᠠᠨ ᠬᠥᠮᠦᠵᠢᠯ᠂ ᠨᠡᠶᠢᠭᠡᠮ ᠤᠨ ᠵᠠᠰᠠᠯᠲᠠ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ ᠡᠭᠦᠰᠦᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ | ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠬᠦᠷᠲᠡᠭᠡᠮᠵᠢᠲᠦ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠨ᠎ᠠ᠃ ᠤᠢᠢᠷ᠎ᠠ ᠶᠢᠨ | ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠤᠯᠠᠨ ᠭᠠᠵᠠᠷ ᠲᠤ ᠵᠠᠯᠭᠠᠭ᠎ᠠ ᠪᠠᠷ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠶᠡᠷᠦᠩᠬᠡᠢ ᠳᠤ ᠨᠢ | ᠠᠪᠴᠤ ᠦᠵᠡᠪᠡᠯ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠴᠦ ᠬᠦᠨᠳᠦ ᠬᠡᠴᠡᠭᠦᠦ ᠪᠠᠶᠢᠨ᠎ᠠ᠃ 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠢᠯ ᠤᠨ ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ | ᠰᠡᠷᠭᠡᠶᠢᠯᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠰᠠᠶᠢᠲᠤᠷ | ᠠᠳᠬᠤᠬᠤ ᠬᠡᠷᠡᠭᠲᠡᠢ᠃ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠰᠢᠢᠳᠪᠦᠷᠢᠯᠡᠬᠦ᠂ ᠬᠢᠯᠢ ᠶᠢᠨ | ᠪᠣᠭᠤᠮᠲᠠ ᠶᠢ ᠰᠡᠷᠭᠡᠶᠢᠯᠡᠨ ᠡᠵᠡᠮᠳᠡᠬᠦ᠂ ᠨᠡᠶᠢᠭᠡᠮ ᠲᠣᠭᠤᠷᠢᠭ ᠢ ᠲᠣᠤᠷᠵᠢᠭᠤᠯᠤᠨ ᠬᠠᠮᠢᠶᠠᠷᠬᠤ ᠪᠠ ᠸᠠᠺᠼᠢᠨ ᠤ ᠲᠠᠷᠢᠯᠭ᠎ᠠ ᠳᠠᠷᠢᠬᠤ ᠵᠡᠷᠭᠡ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠪᠣᠯᠭᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠬᠥᠲᠥᠯᠥᠭᠴᠢ᠄ | 2021 ᠣᠨ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ ᠤᠨ | ᠠᠮᠢᠳᠤᠷᠠᠯ ᠤᠨ ᠶᠠᠮᠠᠷ ᠶᠠᠮᠠᠷ ᠪᠣᠳᠠᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖ | ᠯᠸᠢ ᠵᠢᠶ ᠫᠧᠩ᠄ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠲᠠᠢ ᠬᠤᠯᠪᠣᠭᠳᠠᠬᠤ ᠠᠭᠤᠯᠭ᠎ᠠ ᠨᠢ ᠮᠥᠨ ᠯᠡ ᠬᠠᠮᠤᠭ ᠤᠨ ᠶᠡᠭᠡ | ᠬᠠᠭᠤᠳᠠᠰᠤ ᠬᠡᠮᠵᠢᠶ᠎ᠡ ᠶᠢ ᠡᠵᠡᠯᠡᠭᠰᠡᠨ ᠶᠤᠮ᠂ ᠡᠨᠡ ᠨᠢ ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠷᠠᠳ ᠤᠯᠠᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠳᠤ ᠨᠡᠩ ᠢᠯᠡᠭᠦᠦ ᠠᠩᠬᠠᠷᠤᠯ ᠢᠶᠠᠨ ᠬᠠᠨᠳᠤᠭᠤᠯᠵᠤ ᠪᠠ ᠬᠠᠷᠢᠭᠤᠯᠲᠠ ᠥᠭᠭᠦᠭᠰᠡᠨ ᠢ ᠭᠦᠢᠴᠡᠳ | ᠬᠠᠷᠠᠭᠤᠯᠵᠤ ᠪᠠᠶᠢᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠴᠤ ᠮᠠᠨ ᠤ ᠣᠷᠣᠨ ᠤ ︽14·5︾ | ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠳᠠᠬᠤ ᠪᠣᠯᠤᠨ᠎ᠠ᠃ ᠡᠩ ᠲᠡᠷᠢᠭᠦᠨ ᠳᠤ ᠠᠵᠢᠯ | ᠣᠯᠭᠤᠯᠲᠠ ᠶᠢᠨ ᠲᠤᠬᠠᠶ ᠶᠠᠷᠢᠶ᠎ᠠ᠃ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠡᠨᠡ ᠵᠢᠯ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ | ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠂ ᠡᠲᠡᠭᠡᠷ ᠬᠦᠮᠦᠰ ᠤᠨ | ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠴᠢᠬᠡᠪᠡᠯ᠂ ᠪᠥᠬᠦ ᠣᠷᠣᠨ ᠤ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠴᠤ ᠬᠠᠷᠢᠴᠠᠩᠭᠤᠶ ᠪᠠᠷ ᠲᠣᠭᠲᠠᠭᠤᠨ | ᠪᠣᠯᠤᠨ᠎ᠠ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠣᠯᠠᠨ ᠠᠷᠭ᠎ᠠ | ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠂ ᠡᠨᠡ ᠪᠣᠯ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠨᠥᠯᠥᠭᠡ ᠶᠢ ᠠᠷᠢᠯᠭᠠᠬᠤ᠂ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠪᠠᠰᠠ | ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ ᠰᠦᠯᠵᠢᠶᠡᠨ ᠤ ᠭᠠᠳᠠᠨᠠᠬᠢ ᠪᠠ ᠰᠦᠯᠵᠢᠶᠡᠨ ᠳᠡᠭᠡᠷᠡᠬᠢ | ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠶᠢ ᠠᠬᠢᠭᠤᠯᠵᠤ᠂ ᠨᠡᠶᠢᠭᠡᠮ ᠤᠨ ᠠᠵᠢᠯ ᠡᠷᠢᠬᠦ᠂ ᠠᠵᠢᠯᠲᠠᠨ ᠤᠷᠢᠬᠤ᠂ ᠦᠢᠯᠡᠰ ᠪᠤᠰᠬᠠᠬᠤ | ᠵᠡᠷᠭᠡ ᠤᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠡᠷᠡᠭᠦᠯ ᠡᠩᠬᠡ ᠥᠪᠥᠷ ᠮᠣᠩᠭᠤᠯ ᠢ ᠪᠥᠲᠥᠭᠡᠨ ᠪᠠᠶᠢᠭᠤᠯᠬᠤ ᠲᠠᠯ᠎ᠠ ᠪᠠᠷ᠃ ᠡᠨᠡ ᠵᠢᠯ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠰᠢᠢᠳᠪᠦᠷᠢᠯᠡᠬᠦ ᠠᠴᠠ ᠭᠠᠷᠳᠠᠵᠤ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠨᠡᠶᠢᠭᠡᠮ ᠤᠨ | ᠬᠦᠴᠦᠨ ᠠᠴᠠ ᠡᠮᠨᠡᠯᠭᠡ ᠶᠢᠨ ᠬᠤᠷᠢᠶ᠎ᠠ ᠡᠷᠭᠢᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ᠂ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠵᠠᠯᠠᠭᠤᠴᠤᠳ ᠪᠠᠭᠠᠴᠤᠳ ᠤᠨ ᠨᠢᠳᠦᠨ ᠬᠠᠷᠠᠭᠠᠶ ᠶᠢᠨ ᠡᠷᠡᠭᠦᠯ ᠮᠡᠨᠳᠦ ᠳᠠᠬᠢ ᠠᠩᠬᠠᠷᠤᠯ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠪᠠ ᠪᠥᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ | ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠪᠠ | ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠠᠯᠳᠠᠭᠰᠠᠨ ᠳᠠᠭᠠᠳᠬᠠᠯ ᠢ ᠥᠪᠡᠷᠲᠡᠭᠡᠨ ᠵᠠᠰᠠᠬᠤ | ᠣᠷᠣᠨ ᠤ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠰᠢᠨ᠎ᠡ ᠴᠠᠭ ᠤᠨ ᠪᠠᠶᠢᠳᠠᠯ ᠳᠣᠤᠷᠠᠬᠢ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ | ᠡᠵᠡᠩᠨᠡᠯᠲᠡ ᠶᠢᠨ ᠪᠠᠶᠢᠳᠠᠯ ᠤᠨ ᠠᠵᠢᠯ ᠬᠢᠭᠰᠡᠳ᠂ ᠡᠷᠦᠬᠡ ᠠᠴᠠ ᠪᠠᠨ ᠰᠠᠯᠵᠤ ᠭᠠᠳᠠᠨ᠎ᠠ ᠬᠦᠴᠦ ᠶᠠᠪᠤᠭᠰᠠᠳ ᠵᠡᠷᠭᠡ ᠬᠦᠮᠦᠰ ᠤᠨ ᠳᠠᠭᠠᠳᠬᠠᠯ ᠳᠤ ᠣᠷᠣᠯᠴᠠᠬᠤ | ᠠᠰᠠᠭᠤᠳᠠᠯ ᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠬᠦᠨᠳᠦ ᠡᠪᠡᠳᠴᠢᠨ᠂ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡ ᠶᠢᠨ ᠳᠠᠭᠠᠳᠬᠠᠯ ᠪᠠ | ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠵᠤ᠂ ᠠᠷᠠᠳ | ᠤᠯᠠᠨ ᠳᠤ ᠨᠡᠩ ᠤᠯᠠᠨ ᠪᠣᠳᠠᠲᠤ ᠠᠰᠢᠭ ᠪᠠ ᠲᠦᠬᠦᠮ ᠦᠵᠡᠭᠦᠯᠦᠨ᠎ᠡ᠃ ᠠᠮᠢᠳᠤᠷᠠᠯ ᠨᠢ ᠬᠦᠴᠢᠷᠳᠡᠯᠲᠡᠶ ᠠᠵᠢᠯ ᠠᠯᠳᠠᠭᠰᠠᠳ ᠵᠢᠴᠢ ᠬᠡᠷ ᠪᠦᠯᠢ ᠶᠢᠨ ᠬᠢᠨ ᠴᠠᠭ | ᠲᠤᠬᠠᠶ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠶᠢᠨ ᠬᠡᠪᠴᠢᠶᠡᠨ ᠳᠤ ᠣᠷᠣᠭᠤᠯᠵᠤ᠂ ᠣᠯᠠᠨ | ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠰᠠᠶᠢᠲᠤᠷ ᠰᠢᠢᠳᠪᠦᠷᠢᠯᠡᠨ᠎ᠡ᠃ ᠨᠠᠰᠤᠵᠢᠯ ᠤᠨ | ᠠᠰᠠᠷᠠᠮᠵᠢ᠂ ᠬᠡᠤᠬᠡᠳ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ︽ᠨᠢᠭᠡ ᠨᠠᠰᠤᠲᠠᠨ ᠨᠢᠭᠡ ᠨᠢᠯᠬ᠎ᠠ︾ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠰᠤᠷᠭᠠᠨ ᠬᠥᠮᠦᠵᠢᠯ ᠤᠨ ᠲᠠᠯ᠎ᠠ ᠪᠠᠷ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠦᠷᠭᠦᠯᠵᠢᠯᠡᠨ | ᠶᠡᠭᠡ ᠪᠠᠷ ᠬᠥᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠪᠠ ᠲᠦᠭᠡᠮᠡᠯ ᠬᠠᠷᠠᠭᠠᠯᠵᠠᠯ ᠤᠨ | ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠠᠷ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢ | ᠨᠢᠭᠡ ᠴᠤᠭᠴᠠᠵᠢᠭᠤᠯᠬᠤ ᠶᠢ ᠠᠬᠢᠭᠤᠯᠵᠤ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ | ᠨᠠᠶᠢᠳᠠᠪᠤᠷᠢᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ︽ᠶᠠᠮᠤᠨ ᠣᠷᠣᠨ ᠬᠠᠮᠲᠤᠷᠠᠨ ᠪᠠᠶᠢᠭᠤᠯᠬᠤ︾ ᠬᠡᠯᠡᠯᠴᠡᠭᠡᠷ ᠢ ᠨᠠᠶᠢᠳᠠᠪᠤᠷᠢᠵᠢᠭᠤᠯᠤᠨ᠂ | ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ︽ᠬᠤᠤᠰ ᠲᠡᠷᠢᠭᠦᠨ︾ ᠤ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠶᠡᠭᠡ ᠬᠦᠴᠦ ᠣᠷᠣᠭᠤᠯᠵᠤ ᠪᠠᠶᠢᠭᠠᠳ ᠥᠪᠡᠷ ᠤᠨ ᠴᠢᠳᠠᠪᠤᠷᠢᠲᠠᠨ ᠢᠶᠠᠨ ᠰᠠᠶᠢᠲᠤᠷ ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠯ᠎ᠠ ᠪᠠᠷ᠃ ᠦᠷᠭᠦᠯᠵᠢᠯᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠵᠠᠰᠠᠬᠤ ᠪᠠᠷ ᠭᠠᠷᠳᠠᠴᠠ ᠪᠣᠯᠭᠠᠨ ᠬᠤᠳᠠ ᠶᠢᠨ ᠰᠢᠨᠡᠴᠢᠯᠡᠯᠲᠡ ᠶᠢ ᠠᠬᠢᠭᠤᠯᠤᠨ ᠥᠷᠨᠢᠭᠦᠯᠵᠦ᠂ ᠬᠤᠳᠠ ᠶᠢᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠡᠶᠢᠮᠡᠬᠡᠢ | ᠬᠤᠲᠠ᠂ ᠤᠶᠤᠨᠲᠤ ᠬᠤᠲᠠ ᠶᠢ ᠪᠥᠲᠥᠭᠡᠨ ᠪᠠᠶᠢᠭᠤᠯᠤᠨ᠎ᠠ᠃ ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠲᠦᠷᠦ ᠶᠢᠨ ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠬᠠᠩᠭᠠᠯᠭ᠎ᠠ ᠶᠢ ᠥᠷᠭᠡᠳᠬᠡᠨ᠎ᠡ᠃ | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠪᠠᠶᠢᠳᠠᠯ ᠲᠤᠯᠭᠠᠷᠠᠵᠤ ᠪᠠᠶᠢᠬᠤ ᠪᠣᠶ︖ ᠶᠠᠮᠠᠷ ᠶᠠᠮᠠᠷ ᠬᠦᠴᠢᠷᠳᠡᠯ ᠪᠠ | ᠠᠰᠠᠭᠤᠳᠠᠯ ᠳᠤ ᠲᠤᠯᠭᠠᠷᠠᠭᠰᠠᠨ ᠪᠤᠢ︖ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠶᠠᠮᠠᠷ ᠶᠠᠮᠠᠷ ᠮᠠᠭᠠᠳᠯᠠᠯᠲᠠ ᠭᠠᠷᠭᠠᠭᠰᠠᠨ ᠪᠣᠶ︖ | ᠯᠸᠢ ᠵᠢᠶ ᠫᠧᠩ᠄ | ᠡᠨᠡ ᠵᠢᠯ ᠤᠨ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠃ ᠳᠡᠯᠡᠬᠡᠢ ᠳ᠋ᠠᠬᠢᠨ ᠶᠠᠭ | ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠰᠡᠷᠭᠦᠯᠲᠡ | ᠲᠣᠭᠲᠠᠭᠤᠨ ᠪᠤᠰᠤ ᠪᠥᠭᠡᠳ ᠲᠡᠩᠴᠡᠭᠦᠷᠢ ᠦᠭᠡᠢ ᠪᠠᠶᠢᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ ᠤᠯᠠᠨ | ᠲᠣᠭᠲᠠᠪᠤᠷᠢ ᠦᠭᠡᠢ ᠰᠢᠨᠵᠢ ᠴᠢᠨᠠᠷ ᠣᠷᠣᠰᠢᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠣᠯᠣᠭᠠᠳᠤᠢ᠂ | ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠯᠡ ᠲᠤᠪᠤᠶᠢᠮ᠎ᠠ ᠪᠠᠶᠢᠵᠤ᠂ ᠬᠢᠵᠢᠭ ᠤᠨ ᠪᠠᠶᠢᠳᠠᠯ ᠤᠨ ᠨᠥᠯᠥᠭᠡ ᠮᠥᠨ ᠯᠡ ᠦᠷᠭᠦᠯᠵᠢᠯᠡᠵᠦ᠂ | ᠡᠯ᠎ᠡ ᠲᠦᠷᠦᠯ ᠤᠨ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ ᠮᠠᠨ ᠤ ᠣᠷᠣᠨ ᠤ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ ᠬᠦᠴᠦᠨ | ᠨᠡᠯᠢᠶᠡᠳ ᠪᠠᠭᠤᠷᠠᠶ ᠪᠠᠶᠢᠵᠤ᠂ ᠰᠡᠷᠭᠦᠯᠲᠡ ᠶᠢᠨ ᠬᠤᠷᠳᠤᠴᠠ ᠬᠠᠷᠢᠴᠠᠩᠭᠤᠶ ᠪᠠᠷ ᠤᠳᠠᠭᠠᠨ ᠪᠠᠶᠢᠨ᠎ᠠ᠃ ᠵᠠᠷᠢᠮ ᠤᠷᠳᠤ ᠬᠤᠭᠤᠴᠠᠭ᠎ᠠ ᠪᠠᠷ ᠣᠷᠣᠰᠢᠭᠰᠠᠭᠠᠷ ᠢᠷᠡᠭᠰᠡᠨ | ᠭᠦᠨ ᠲᠡᠰ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠠᠰᠠᠭᠤᠳᠠᠯ ᠪᠣᠯᠤᠨ ᠪᠠᠶᠢᠭᠤᠯᠤᠮᠵᠢ ᠶᠢᠨ ᠴᠢᠨᠠᠷᠲᠠᠢ ᠵᠥᠷᠢᠴᠡᠯ ᠢ ᠬᠠᠷᠠᠬᠠᠨ ᠰᠢᠢᠳᠪᠦᠷᠢᠯᠡᠭᠡᠳᠦᠢ ᠪᠠᠶᠢᠵᠤ᠂ | ᠢᠯᠠᠩᠭᠤᠶ᠎ᠠ ᠤᠯᠠᠮᠵᠢᠯᠠᠯᠲᠤ ᠬᠥᠭᠵᠢᠯᠲᠡ ᠶᠢᠨ ᠠᠷᠭ᠎ᠠ ᠵᠠᠮ ᠳᠠᠬᠢ ᠲᠦᠰᠢᠭᠯᠡᠯ᠂ ᠠᠵᠤ ᠦᠢᠯᠡᠰ ᠤᠨ ᠪᠦᠲᠦᠴᠡ ᠳᠠᠬᠢ ᠲᠦᠰᠢᠭᠯᠡᠯ᠂ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ᠂ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠵᠡᠷᠭᠡ ᠨᠢ ᠲᠥᠪᠯᠡᠷᠡᠨ ᠮᠦᠷᠭᠦᠯᠳᠦᠵᠦ᠂ ᠮᠠᠨ ᠤ ᠣᠷᠣᠨ ᠤ ᠠᠵᠤ | ᠠᠬᠤᠢ ᠶᠢᠨ ᠦᠷᠭᠦᠯᠵᠢᠯᠡᠨ ᠰᠡᠷᠭᠦᠬᠦ ᠪᠠ ᠴᠢᠨᠠᠷᠯᠢᠭ ᠢᠶᠠᠷ ᠬᠥᠭᠵᠢᠬᠦ ᠶᠢ ᠬᠢᠵᠠᠭᠠᠷᠯᠠᠨ ᠨᠥᠯᠥᠭᠡᠯᠡᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠮᠠᠰᠢ ᠤᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠪᠦ᠋ ᠰᠢᠶᠤᠤ ᠯᠢᠨ ᠲᠡᠷᠢᠭᠦᠯᠡᠭᠴᠢ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠪᠠᠨ ᠳ᠋ᠦᠩᠨᠡᠯᠲᠡ ᠬᠢᠵᠡᠢ᠃ ᠡᠭᠦᠨ ᠳᠤ ᠭᠤᠣᠯᠳᠠᠭᠤ᠄ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠬᠤ ᠠᠰᠠᠭᠤᠳᠠᠯ ᠲᠤᠪᠤᠶᠢᠮ᠎ᠠ ᠪᠠᠶᠢᠨ᠎ᠠ︔ ᠡᠨᠧᠷᠭᠢ ᠶᠢᠨ | ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠨᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠵᠦ ᠴᠢᠳᠠᠭ᠎ᠠ ᠦᠭᠡᠢ᠂ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠳᠤ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ | ᠬᠦᠴᠢᠷᠳᠡᠯ ᠲᠠᠢ ᠪᠠᠶᠢᠨ᠎ᠠ︔ ᠬᠡᠰᠡᠭ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠨᠡᠶᠢᠭᠡᠮ ᠠᠷᠠᠳ ᠤᠨ | ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ ᠪᠣᠯᠤᠨ᠎ᠠ᠃ ᠡᠭᠦᠨ ᠤ ᠬᠠᠮᠲᠤ᠂ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠮᠥᠨ | ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ 2020 ᠣᠨ ᠳᠤ ᠮᠠᠨ ᠤ ᠤᠯᠤᠰ ᠪᠣᠯ ᠪᠦᠬᠦ ᠪᠥᠮᠪᠥᠷᠴᠡᠭ ᠤᠨ ᠴᠤᠷ ᠤᠨ ᠭᠠᠭᠴᠠ | ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ ᠠᠬᠤᠢ ᠶᠢᠨ ᠴᠣᠭᠴᠠ ᠪᠠᠶᠢᠵᠤ᠂ ᠴᠠᠭ ᠪᠠ ᠪᠠᠶᠢᠳᠠᠯ ᠮᠠᠨ ᠤ ᠲᠠᠯ᠎ᠠ ᠳᠤ ᠪᠠᠶᠢᠨ᠎ᠠ᠂ ᠡᠨᠡ ᠪᠣᠯ | ᠮᠠᠨ ᠤ ᠲᠣᠭᠲᠠᠯ ᠬᠦᠴᠦᠨ ᠪᠠ ᠢᠳᠡ ᠬᠦᠴᠦᠨ ᠮᠥᠨ᠂ ᠪᠠᠰᠠ ᠴᠤ ᠮᠠᠨ ᠤ ᠡᠷᠡᠰ ᠵᠣᠷᠢᠭ ᠪᠠ ᠢᠲᠡᠭᠡᠯ ᠵᠣᠷᠢᠭ ᠮᠥᠨ ᠭᠡᠳᠡᠭ ᠢ ᠪᠢᠳᠡ ᠪᠠᠰᠠ ᠲᠠᠨᠢᠵᠤ ᠮᠡᠳᠡᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠲᠠᠨᠢᠨ ᠡᠵᠡᠮᠳᠡᠵᠦ᠂ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠡᠷᠬᠡᠪᠰᠢ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠡᠵᠡᠮᠳᠡᠨ᠂ | ᠥᠷᠢᠰᠥᠯᠳᠦᠭᠡᠨ ᠢ ᠠᠷᠭᠠᠴᠠᠭᠠᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠡᠯ᠎ᠡ ᠵᠦᠢᠯ ᠤᠨ | ᠠᠵᠢᠯ ᠢᠶᠠᠨ ᠰᠠᠶᠢᠲᠤᠷ ᠬᠢᠬᠦ ᠬᠡᠷᠡᠭᠲᠡᠢ᠃ 365赢多少钱会被限额_国内有真正的365平台吗_365bet博彩官网 | ᠬᠥᠲᠥᠯᠥᠭᠴᠢ᠄ | ᠲᠤᠭᠤᠷᠪᠢᠨ ᠪᠢᠴᠢᠬᠦ ᠳᠤᠭᠤᠶᠢᠯᠠᠩ ᠤᠨ ᠭᠤᠣᠯ ᠭᠡᠰᠢᠭᠦᠨ ᠪᠣᠯᠤᠭᠰᠠᠨ ᠤ ᠬᠤᠪᠢ ᠳᠤ᠂ ᠲᠠᠨ ᠤ ᠦᠵᠡᠬᠦ ᠪᠠᠷ᠂ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠣᠶᠢᠯᠠᠭᠠᠵᠤ᠂ 2021 ᠣᠨ ᠤ ᠠᠵᠢᠯ ᠢ ᠰᠠᠶᠢᠲᠤᠷ ᠬᠢᠬᠦ ᠳᠤ ᠡᠵᠡᠮᠳᠡᠬᠦ ᠴᠢᠬᠤᠯᠠᠲᠠᠢ ᠴᠢᠭᠯᠡᠯ ᠪᠣᠯᠤᠨ ᠭᠤᠣᠯᠳᠠᠯᠭ᠎ᠠ ᠨᠢ ᠶᠠᠭᠤ ᠪᠤᠢ︖ | ᠯᠸᠢ ᠵᠢᠶ ᠫᠧᠩ᠄ | ᠡᠨᠡ ᠵᠢᠯ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠥᠨ ᠴᠤ ᠮᠠᠨ ᠤ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠦᠭᠰᠡᠨ ᠠᠩᠬᠠᠨ ᠤ ᠵᠢᠯ ᠪᠣᠯᠬᠤ ᠪᠠᠷ ᠪᠠᠷᠠᠬᠤ ᠦᠭᠡᠢ᠂ ᠪᠠᠰᠠ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠪᠣᠯᠤᠨ᠎ᠠ ᠭᠡᠵᠦ ᠪᠢ ᠳᠡᠭᠡᠷ᠎ᠡ ᠳᠤᠷᠠᠳᠴᠤ ᠥᠩᠭᠡᠷᠡᠭᠰᠡᠨ ᠪᠢᠯᠡ᠃ | ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠡᠭᠦᠨ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠰᠠᠶᠢᠲᠤᠷ | ᠡᠵᠡᠮᠳᠡᠬᠦ ᠬᠡᠷᠡᠭᠲᠡᠶ᠄ ᠨᠢᠭᠡ ᠳᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠶ ᠡᠵᠡᠮᠳᠡᠨ᠎ᠡ᠃ ᠬᠤᠪᠢᠰᠤᠩᠭᠤᠢ ᠰᠡᠳᠬᠢᠬᠦᠢ ᠪᠠᠷ ᠰᠢᠨ᠎ᠡ ᠬᠥᠭᠵᠢᠯᠲᠡ ᠶᠢᠨ | ᠱᠠᠲᠤᠨ ᠳᠠᠬᠢ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ | ᠴᠢᠩᠭᠠᠳᠬᠠᠵᠤ᠂ ᠬᠤᠪᠢᠷᠠᠯᠲᠠ ᠶᠢ ᠣᠨᠣᠪᠴᠢᠲᠠᠢ ᠲᠠᠨᠢᠬᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ ᠪᠠ ᠰᠠᠨᠠᠭᠠᠴᠢᠯᠠᠭ᠎ᠠ ᠠᠴᠠ ᠪᠠᠨ | ᠰᠢᠨᠡᠴᠢᠯᠡᠯᠲᠡ ᠬᠢᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠲᠠᠨᠢᠨ ᠮᠡᠳᠡᠵᠦ᠂ ᠬᠤᠪᠢᠷᠠᠯᠲᠠ ᠶᠢᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦᠯᠢ ᠴᠣᠭᠴᠠ ᠪᠠ ᠭᠤᠤᠯᠳᠠᠯᠭ᠎ᠠ ᠶᠢ ᠨᠢᠭᠡᠳᠦᠯᠲᠡᠶ ᠲᠥᠯᠥᠪᠯᠡᠨ᠂ | ᠣᠳᠣᠬᠠᠨ ᠤ ᠪᠠᠶᠢᠳᠠᠯ ᠪᠠ ᠠᠯᠤᠰ ᠬᠡᠲᠦ ᠶᠢᠨ ᠲᠥᠯᠥᠪᠯᠡᠭᠡ ᠶᠢ ᠬᠠᠮᠲᠤ ᠳᠤ ᠨᠢ ᠬᠠᠷᠠᠭᠠᠯᠵᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠰᠠᠶᠢᠲᠤᠷ | ᠠᠳᠬᠤᠵᠤ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ | ᠲᠣᠭᠲᠠᠭᠤᠨ ᠢᠶᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽14·5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠨᠠᠷᠯᠢᠭ ᠬᠥᠭᠵᠢᠯᠲᠡ ᠶᠢ | ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠬᠤᠶᠠᠷ ᠲᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠣᠶᠢᠯᠠᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠥᠭᠵᠢᠯᠲᠡ ᠶᠢᠨ ᠣᠨᠣᠯᠵᠢᠬᠤᠨ᠂ ᠬᠥᠭᠵᠢᠯᠲᠡ ᠶᠢᠨ ᠠᠷᠭ᠎ᠠ ᠵᠠᠮ᠂ | ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ ᠬᠠᠷᠠᠯᠲᠠ ᠠᠴᠠ ᠶᠡᠷᠦᠩᠬᠡᠢ ᠱᠦᠵᠢ ᠶᠢᠨ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠯᠲᠠ | ᠬᠠᠷᠢᠴᠠᠭᠤᠯᠤᠯ ᠬᠢᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ | ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ | ᠵᠠᠮᠨᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠠᠵᠢᠯ ᠢᠶᠠᠨ ᠥᠷᠨᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠢ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠨ ᠴᠢᠩᠭᠠᠳᠬᠠᠵᠤ᠂ | ᠲᠦᠭᠵᠢᠷᠡᠯ ᠢ ᠨᠡᠪᠲᠡᠷᠡᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠵᠡᠷᠭᠡ ᠡᠯ᠎ᠡ ᠭᠤᠭᠴᠤᠭ᠎ᠠ ᠶᠢ | ᠨᠡᠪᠲᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠤᠳᠤ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ ᠪᠡᠯᠡ | ᠣᠷᠣᠭᠤᠯᠤᠯᠲᠠ ᠪᠠ ᠬᠡᠷᠡᠭᠯᠡᠭᠡ ᠶᠢᠨ ᠣᠷᠣᠨ ᠵᠠᠢ ᠶᠢ ᠥᠷᠭᠡᠳᠬᠡᠬᠦ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ ᠬᠦᠴᠦᠯᠡᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ | ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠥᠨᠳᠥᠷ ᠬᠢᠷᠢ ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠤᠨ ᠳᠣᠲᠣᠭᠠᠳᠤ ᠶᠢᠨ ᠲᠤᠮᠤ | ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ᠂ ᠤᠯᠠᠨ ᠤᠯᠤᠰ ᠤᠨ ᠬᠤᠣᠰ ᠣᠷᠴᠢᠯ ᠳᠤ ᠨᠡᠩ ᠰᠠᠶᠢᠨ ᠠᠭᠤᠰᠤᠯᠴᠠᠨ᠎ᠠ᠃ ᠲᠦᠷᠪᠡ ᠳᠤ᠂ ᠠᠷᠠᠳ ᠲᠦᠮᠡᠨ ᠢᠶᠠᠷ | ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠬᠦ ᠪᠠ ᠬᠥᠮᠦᠨ ᠤ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠪᠠᠷ ᠠᠯᠢᠪᠠ ᠠᠵᠢᠯ ᠤᠨ ᠢᠶᠠᠨ ᠡᠭᠦᠰᠭᠡᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ | ᠡᠭᠦᠳᠴᠦ᠂ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠠᠵᠢᠯ ᠣᠯᠭᠤᠯᠲᠠ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠡᠮᠴᠢᠯᠡᠭᠡ᠂ | ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠢ ᠦᠨᠡᠨ ᠪᠣᠳᠠᠲᠤ ᠬᠦᠷᠲᠡᠭᠡᠮᠵᠢᠲᠦ ᠲᠦᠷᠦᠭᠳᠡᠯ ᠲᠠᠢ ᠪᠣᠯᠭᠠᠨ᠎ᠠ᠃ | ᠲᠠᠪᠤ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ | ᠶᠠᠪᠤᠴᠠ ᠳᠤ ᠲᠤᠭᠤᠰᠢᠯᠠᠭᠤᠯᠵᠤ᠂ ᠵᠣᠪᠠᠨᠢᠬᠤᠢ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠲᠦᠷᠦᠯ ᠤᠨ ᠬᠦᠨᠳᠦ | ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ ᠠᠰᠠᠭᠤᠳᠠᠯ ᠢ ᠰᠣᠶᠣᠭᠠᠯᠠᠯ ᠤᠨ ᠦᠶ᠎ᠡ᠂ ᠭᠠᠮᠰᠢᠭ ᠪᠣᠯᠣᠨ | ᠪᠦᠷᠢᠯᠳᠦᠬᠦ ᠠᠴᠠ ᠡᠮᠦᠨ᠎ᠡ ᠦᠨᠡᠨ ᠬᠦ ᠰᠢᠢᠳᠪᠦᠷᠢᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ | ᠬᠥᠲᠥᠯᠥᠭᠴᠢ᠄ | ᠯᠸᠢ ᠡᠷᠬᠢᠯᠡᠭᠴᠢ ᠶᠢᠨ ᠨᠠᠷᠢᠯᠢᠭ ᠲᠠᠶᠢᠯᠪᠤᠷᠢᠯᠠᠭᠰᠠᠨ ᠳᠤ ᠪᠠᠶᠠᠷᠯᠠᠯ᠎ᠠ᠂ 2021 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠤᠨ ᠲᠤᠬᠠᠶ ᠬᠠᠮᠢᠶ᠎ᠠ ᠪᠥᠬᠦᠶ ᠶᠠᠷᠢᠶᠠᠨ ᠤ ᠰᠡᠳᠦᠪ ᠮᠥᠨ ᠬᠦ ᠮᠠᠰᠢ ᠣᠯᠠᠨ ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠣᠯᠵᠣ᠂ | ᠥᠨᠥᠳᠦᠷ ᠤᠨ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠤ ᠠᠨᠳᠠ ᠨᠠᠷ ᠲᠠᠢ ᠪᠠᠨ ᠶᠠᠷᠢᠯᠴᠠᠬᠤ ᠵᠠᠪᠰᠢᠶᠠᠨ ᠲᠠᠢ | ᠪᠣᠯᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠦᠯᠵᠢᠶᠡᠨ ᠠᠨᠳᠠ ᠨᠠᠷ ᠤᠨ ᠲᠤᠰ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠭᠰᠡᠨ ᠳᠤ | ᠪᠠᠶᠠᠷᠯᠠᠯ᠎ᠠ︕ ᠪᠠᠶᠠᠷᠲᠠᠢ︕ | ᠯᠸᠢ ᠵᠢᠶ ᠫᠧᠩ᠄ | ᠪᠠᠶᠠᠷᠲᠠᠶ︕ |