ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠵᠠᠷᠤᠯᠭ᠎ᠠ ᠶᠢᠨ | ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠲᠥᠷᠥᠯ | ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠢ ᠵᠢᠷᠤᠮᠵᠢᠭᠤᠯᠤᠨ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠶᠠᠰᠤ | ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ | ᠲᠠᠷᠬᠠᠭᠠᠭᠰᠠᠨ ﹇︹ 2018﹈ 34 ᠳ᠋ᠦ᠋ᠭᠡᠷ ᠲᠣᠭᠠᠲᠤ︶᠂ ︽︿ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠥᠰᠦᠪ ﹇2020﹈ 10 ᠳ᠋ᠤᠭᠠᠷ | ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠲᠣᠭᠲᠠᠭᠠᠯ ᠳᠦᠷᠢᠮ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ᠂ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢᠶᠠᠷ ᠳᠣᠭᠢᠷᠠᠭᠤᠯᠤᠭᠰᠠᠨ ᠲᠥᠷᠥᠯ ᠵᠦᠢᠯ ᠤᠨ ᠵᠠᠷᠤᠯᠭ᠎ᠠ ᠳᠤ ᠲᠣᠬᠢᠷᠠᠭᠤᠯᠤᠨ ᠬᠡᠷᠡᠭᠯᠡᠵᠦ᠂ | ᠲᠥᠰᠦᠪ ᠤᠨ ᠪᠠᠯᠠ ᠮᠥᠩᠭᠦ ᠵᠢᠴᠢ ᠬᠠᠮᠢᠶ᠎ᠠ ᠪᠥᠬᠦᠶ ᠠᠵᠢᠯᠯᠠᠭ᠎ᠠ ᠲᠠᠢ ᠬᠤᠯᠪᠣᠭᠳᠠᠬᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠡᠷᠬᠡ | ᠮᠡᠳᠡᠯᠲᠦ ᠡᠳ᠋ ᠬᠥᠷᠥᠩᠭᠡ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶᠂ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠥᠷᠥᠯ ᠵᠦᠢᠯ ᠵᠡᠷᠭᠡ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠲᠣᠰ | ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ᠭᠤᠷᠪᠠᠳᠤᠭᠠᠷ ᠵᠦᠢᠯ ᠲᠥᠷᠥᠯ ᠵᠦᠢᠯ ᠤᠨ ᠵᠠᠷᠤᠯᠭ᠎ᠠ ᠪᠣᠯ ᠰᠠᠯᠠᠭ᠎ᠠ ᠮᠥᠴᠢᠷ ᠤᠨ ᠵᠠᠷᠤᠯᠭ᠎ᠠ ᠶᠢᠨ ᠪᠦᠷᠢᠯᠳᠦᠬᠦᠨ ᠬᠡᠰᠡᠭ ᠪᠣᠯᠬᠤ ᠪᠥᠭᠡᠳ ᠡᠯ᠎ᠡ ᠰᠠᠯᠠᠭ᠎ᠠ | ᠮᠥᠴᠢᠷ ᠪᠤᠶᠤ ᠨᠢᠭᠡᠴᠢ ᠶᠢᠨ ᠣᠨᠴᠠ ᠲᠣᠭᠲᠠᠭᠰᠠᠨ ᠵᠠᠰᠠᠭ ᠵᠠᠬᠢᠷᠭᠠᠨ ᠤ ᠠᠵᠢᠯ ᠤᠨ ᠡᠭᠦᠷᠭᠡ ᠪᠤᠶᠤ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠪᠠᠨ | ᠪᠡᠶᠡᠯᠡᠭᠦᠯᠬᠦ ᠶᠢᠨ ᠲᠤᠰᠠᠳᠠ᠂ ᠦᠨᠳᠦᠰᠦᠨ ᠵᠠᠷᠤᠯᠭ᠎ᠠ ᠠᠴᠠ ᠭᠠᠳᠠᠨ᠎ᠠ ᠨᠠᠶᠢᠷᠠᠭᠤᠯᠵᠤ ᠵᠣᠬᠢᠶᠠᠭᠰᠠᠨ ᠣᠨ ᠤ ᠲᠥᠷᠥᠯ ᠵᠦᠢᠯ ᠤᠨ ᠵᠠᠷᠤᠯᠭ᠎ᠠ ᠪᠣᠯᠤᠨ᠎ᠠ᠃ ᠡᠭᠦᠨ ᠳᠤ | ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠤᠯᠪᠣᠭᠳᠠᠯ ᠪᠦᠬᠦᠢ ᠠᠵᠢᠯ ᠦᠢᠯᠡᠰ ᠤᠨ ᠬᠥᠭᠵᠢᠯᠲᠡ ᠶᠢᠨ ᠲᠤᠰᠬᠠᠢ ᠲᠥᠯᠥᠪᠯᠡᠭᠡ᠂ ᠢᠨᠵᠧᠨᠧᠷᠢᠩ᠂ | ᠰᠠᠭᠤᠷᠢ ᠮᠥᠩᠭᠦᠨ ᠤ ᠲᠦᠷᠦᠯ ᠵᠦᠢᠯ᠂ ᠲᠤᠰᠬᠠᠢ ᠲᠤᠬᠠᠶᠢᠯᠠᠭᠰᠠᠨ ᠠᠵᠢᠯ ᠤᠨ ᠲᠦᠷᠦᠯ ᠵᠦᠢᠯ᠂ ᠲᠤᠮᠤ ᠬᠡᠪᠴᠢᠶᠡᠨ ᠤ ᠰᠡᠯᠪᠢᠨ ᠵᠠᠰᠠᠯᠲᠠ᠂ ᠶᠡᠭᠡ ᠬᠡᠮᠵᠢᠶ᠎ᠡ ᠪᠠᠷ | ᠬᠤᠳᠠᠯᠳᠤᠨ ᠠᠪᠬᠤ᠂ ᠲᠤᠮᠤ ᠬᠡᠪᠴᠢᠶᠡᠨ ᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠦᠯ ᠵᠦᠢᠯ᠂ ᠲᠠᠷᠢᠶᠠᠯᠠᠩ ᠤᠨ ᠶᠡᠷᠦᠩᠬᠡᠶᠢᠯᠡᠭᠰᠡᠨ | ᠨᠡᠭᠡᠭᠡᠨ ᠬᠥᠭᠵᠢᠯᠲᠡ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠨᠡᠮᠡᠭᠦᠷᠢ᠂ ᠭᠠᠳᠠᠭᠠᠳᠤ ᠳᠤ ᠲᠤᠰᠠᠯᠠᠮᠵᠢ ᠦᠵᠡᠭᠦᠯᠬᠦ᠂ ᠬᠥᠭᠵᠢᠭᠡᠳᠦᠢ ᠭᠠᠵᠠᠷ ᠣᠷᠣᠨ ᠢ ᠲᠤᠰᠠᠯᠠᠬᠤ | ᠵᠡᠷᠭᠡ ᠲᠥᠷᠥᠯ ᠵᠦᠢᠯ ᠪᠠᠭᠲᠠᠨ᠎ᠠ᠃ | ᠳᠥᠷᠪᠡᠳᠦᠭᠡᠷ ᠵᠦᠢᠯ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ︵ᠳᠣᠷᠣᠭᠰᠢ ᠠᠮᠵᠢᠯᠲᠠ ᠪᠦᠲᠦᠮᠵᠢ ᠶᠢᠨ ᠦᠨᠡᠯᠡᠯᠲᠡ | ᠭᠡᠵᠦ ᠲᠣᠪᠴᠢᠯᠠᠨ᠎ᠠ︶ ᠭᠡᠳᠡᠭ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠥᠰᠦᠪ ᠬᠢᠵᠦ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠣᠭᠲᠠᠭᠠᠭᠰᠠᠨ | ᠠᠮᠵᠢᠯᠲᠠ ᠪᠦᠲᠦᠮᠵᠢ ᠶᠢᠨ ᠬᠠᠷᠠᠯᠲᠠ ᠪᠠᠨ ᠦᠨᠳᠦᠰᠦᠯᠡᠨ᠂ ᠲᠥᠷᠥᠯ ᠵᠦᠢᠯ ᠤᠨ ᠵᠠᠷᠤᠯᠭ᠎ᠠ ᠶᠢᠨ ᠠᠵᠤ ᠠᠬᠤᠢ ᠶᠢᠨ ᠴᠢᠨᠠᠷ᠂ ᠦᠷ᠎ᠡ ᠪᠦᠲᠦᠮᠵᠢ ᠶᠢᠨ ᠴᠢᠨᠠᠷ᠂ ᠦᠷ᠎ᠡ | ᠠᠰᠢᠭ ᠤᠨ ᠴᠢᠨᠠᠷ ᠪᠠ ᠡᠷᠬᠡ ᠲᠡᠭᠰᠢ ᠶᠢᠨ ᠴᠢᠨᠠᠷ ᠢ ᠪᠤᠰᠤᠳᠴᠢ ᠪᠥᠭᠡᠳ ᠭᠤᠣᠯᠴᠢ ᠪᠠᠷ ᠬᠡᠮᠵᠢᠬᠦ᠂ ᠵᠠᠳᠠᠯᠬᠤ ᠪᠠ ᠦᠨᠡᠯᠡᠬᠦ ᠶᠢ ᠵᠢᠭᠠᠵᠤ ᠪᠤᠶ᠃ | ᠲᠠᠪᠤᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠮᠵᠢᠯᠲᠠ ᠪᠦᠲᠦᠮᠵᠢ ᠶᠢᠨ ᠦᠨᠡᠯᠡᠯᠲᠡ ᠳᠤ ᠨᠢᠭᠡᠴᠢ ᠶᠢᠨ ᠥᠪᠡᠷᠰᠡᠳ ᠤᠨ ᠦᠨᠡᠯᠡᠯᠲᠡ᠂ ᠰᠠᠯᠠᠭ᠎ᠠ | ᠮᠥᠴᠢᠷ ᠤᠨ ᠦᠨᠡᠯᠡᠯᠲᠡ ᠪᠠ ᠡᠳ᠋ ᠤᠨ ᠵᠠᠰᠠᠭ ᠤᠨ ᠦᠨᠡᠯᠡᠯᠲᠡ ᠪᠠᠭᠲᠠᠨ᠎ᠠ᠃ ᠨᠢᠭᠡᠴᠢ ᠶᠢᠨ ᠥᠪᠡᠷᠰᠡᠳ ᠤᠨ ᠦᠨᠡᠯᠡᠯᠲᠡ ᠭᠡᠳᠡᠭ ᠪᠣᠯ ᠲᠥᠷᠥᠯ ᠵᠦᠢᠯ ᠤᠨ | ᠨᠢᠭᠡᠴᠢ ᠨᠢ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠳᠤ ᠪᠠᠨ | ᠥᠪᠡᠷᠰᠡᠳ ᠢᠶᠠᠨ ᠦᠨᠡᠯᠡᠯᠲᠡ ᠬᠢᠬᠦ ᠶᠢ ᠵᠢᠭᠠᠵᠤ ᠪᠤᠶ᠃ ᠰᠠᠯᠠᠭ᠎ᠠ ᠮᠥᠴᠢᠷ ᠤᠨ ᠦᠨᠡᠯᠡᠯᠲᠡ ᠭᠡᠳᠡᠭ ᠪᠣᠯ ᠡᠯ᠎ᠡ ᠱᠠᠲᠤᠨ ᠤ ᠲᠥᠰᠦᠪ ᠬᠢᠵᠦ ᠪᠦᠬᠦᠢ ᠰᠠᠯᠠᠭ᠎ᠠ | ᠮᠥᠴᠢᠷ ᠨᠢ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ ᠭᠦᠢᠴᠡᠳᠬᠡᠯ | ᠲᠤᠭ᠎ᠠ᠂ ᠦᠨᠡᠯᠡᠬᠦ ᠪᠠᠷᠢᠮᠵᠢᠶ᠎ᠠ ᠪᠠ ᠦᠨᠡᠯᠡᠬᠦ ᠠᠷᠭ᠎ᠠ ᠶᠢ ᠬᠡᠷᠡᠭᠯᠡᠨ ᠲᠤᠰ ᠰᠠᠯᠠᠭ᠎ᠠ ᠮᠥᠴᠢᠷ ᠤᠨ ᠲᠥᠷᠥᠯ ᠵᠦᠢᠯ ᠳᠤ ᠪᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠢᠭᠠᠵᠤ ᠪᠤᠶ᠃ ᠡᠳ᠋ ᠤᠨ ᠵᠠᠰᠠᠭ ᠤᠨ ᠦᠨᠡᠯᠡᠯᠲᠡ ᠭᠡᠳᠡᠭ ᠪᠣᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠥᠰᠦᠪ | ᠬᠢᠵᠦ ᠪᠦᠬᠦᠢ ᠰᠠᠯᠠᠭ᠎ᠠ ᠮᠥᠴᠢᠷ ᠤᠨ ᠲᠥᠷᠥᠯ ᠵᠦᠢᠯ ᠳᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠢᠭᠠᠵᠤ ᠪᠤᠶ᠃ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠬᠢᠵᠦ ᠪᠦᠬᠦᠢ ᠨᠢᠭᠡᠴᠢ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ | ︵ᠭᠤᠣᠯᠴᠢᠯᠠᠨ ᠬᠠᠮᠢᠶᠠᠷᠬᠤ︶ ᠶᠢ ᠭᠦᠢᠴᠡᠳᠬᠡᠬᠦ ᠰᠠᠯᠠᠭ᠎ᠠ ᠮᠥᠴᠢᠷ ᠨᠢ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠲᠥᠷᠥᠯ ᠵᠦᠢᠯ ᠳᠤ ᠵᠣᠬᠢᠶᠠᠨ ᠪᠠᠶᠢᠭᠤᠯᠵᠤ | ᠥᠷᠨᠢᠭᠦᠯᠦᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠰᠠᠯᠠᠭ᠎ᠠ ᠮᠥᠴᠢᠷ ᠤᠨ ᠦᠨᠡᠯᠡᠯᠲᠡ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ᠵᠢᠷᠭᠤᠳᠤᠭᠠᠷ ᠵᠦᠢᠯ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠤᠭᠤᠴᠠᠭ᠎ᠠ ᠬᠢᠵᠠᠭᠠᠷ ᠲᠤ᠂ ᠤᠷᠲᠤᠪᠲᠤᠷ ᠬᠤᠭᠤᠴᠠᠭ᠎ᠠ ᠵᠢᠴᠢ ᠲᠥᠷᠥᠯ | ᠵᠦᠢᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠴᠠᠭ ᠬᠤᠭᠤᠴᠠᠭ᠎ᠠ ᠶᠢ ᠪᠠᠭᠲᠠᠭᠠᠨ᠎ᠠ︔ 5 ᠵᠢᠯ ︵ᠪᠠᠭᠲᠠᠨ᠎ᠠ︶ ᠠᠴᠠ ᠤᠷᠲᠤ ᠬᠡᠷᠡᠭᠵᠢᠭᠦᠯᠬᠦ | ᠬᠤᠭᠤᠴᠠᠭ᠎ᠠ ᠲᠠᠢ ᠲᠥᠷᠥᠯ ᠵᠦᠢᠯ ᠳᠤ ᠤᠷᠲᠤᠪᠲᠤᠷ ᠬᠤᠭᠤᠴᠠᠭᠠᠨ ᠤ ᠪᠠ ᠬᠡᠷᠡᠭᠵᠢᠭᠦᠯᠦᠭᠰᠡᠨ ᠬᠤᠭᠤᠴᠠᠭᠠᠨ ᠤ ᠳᠠᠷᠠᠭᠠᠬᠢ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠴᠠᠭ ᠲᠤ ᠨᠢ ᠲᠣᠬᠢᠷᠠᠭᠤᠯᠤᠨ ᠥᠷᠨᠢᠭᠦᠯᠬᠦ ᠬᠡᠷᠡᠭᠲᠡᠶ᠃ | | | ᠬᠤᠶᠠᠳᠤᠭᠠᠷ ᠪᠦᠯᠦᠭ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠵᠠᠷᠴᠢᠮ᠂ ᠦᠨᠳᠦᠰᠦᠯᠡᠯ ᠪᠠ ᠪᠠᠷᠢᠮᠵᠢᠶ᠎ᠠ | ᠳᠣᠯᠣᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠳᠤ ᠳᠣᠤᠷᠠᠬᠢ ᠦᠨᠳᠦᠰᠦᠨ ᠵᠠᠷᠴᠢᠮ ᠢ ᠵᠢᠷᠤᠮᠯᠠᠬᠤ ᠬᠡᠷᠡᠭᠲᠡᠶ᠄ | ︵ᠨᠢᠭᠡ︶ ᠰᠢᠨᠵᠢᠯᠡᠬᠦ ᠤᠬᠠᠭᠠᠨᠴᠢ ᠪᠥᠭᠡᠳ ᠲᠥᠪ ᠭᠤᠣᠯᠴᠢ ᠪᠠᠶᠢᠬᠤ᠃ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠨᠵᠢᠯᠡᠬᠦ ᠤᠬᠠᠭᠠᠨᠴᠢ ᠵᠦᠢ | ᠵᠣᠬᠢᠰᠲᠠᠶ ᠠᠷᠭ᠎ᠠ ᠶᠢ ᠬᠡᠷᠡᠭᠯᠡᠨ᠂ ᠵᠢᠷᠤᠮᠵᠢᠭᠰᠠᠨ ᠳᠡᠰ ᠳᠠᠷᠠᠭᠠᠯᠠᠯ ᠶᠣᠰᠣᠭᠠᠷ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠪᠤᠰᠤᠳᠴᠢ ᠪᠥᠭᠡᠳ ᠭᠤᠣᠯᠴᠢ ᠪᠠᠷ | ᠲᠤᠰᠬᠠᠬᠤ ᠬᠡᠷᠡᠭᠲᠡᠶ︔ | ︵ᠬᠤᠶᠠᠷ︶ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠃ ᠨᠢᠭᠡᠴᠢ ᠶᠢᠨ ᠥᠪᠡᠷᠰᠡᠳ ᠤᠨ ᠦᠨᠡᠯᠡᠯᠲᠡ᠂ ᠰᠠᠯᠠᠭ᠎ᠠ ᠮᠥᠴᠢᠷ ᠪᠠ ᠡᠳ᠋ ᠤᠨ | ᠵᠠᠰᠠᠭ ᠤᠨ ᠦᠨᠡᠯᠡᠯᠲᠡ ᠳᠤ ᠡᠭᠦᠷᠭᠡ ᠬᠠᠷᠢᠭᠤᠴᠠᠯᠭ᠎ᠠ ᠶᠢ ᠨᠢ ᠲᠣᠳᠣᠷᠬᠠᠢ ᠲᠣᠭᠲᠠᠭᠠᠨ᠂ ᠲᠤᠰ ᠲᠤᠰ ᠲᠤ ᠨᠢ ᠭᠤᠣᠯᠳᠠᠯᠭ᠎ᠠ ᠲᠠᠢ ᠪᠠᠶᠢᠯᠭᠠᠵᠤ᠂ ᠬᠠᠷᠢᠯᠴᠠᠨ | ᠵᠣᠯᠭᠠᠯᠳᠤᠭᠤᠯᠬᠤ ᠬᠡᠷᠡᠭᠲᠡᠢ᠃ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢ ᠪᠣᠯ ᠲᠥᠷᠥᠯ ᠵᠦᠢᠯ ᠤᠨ ᠨᠢᠭᠡᠴᠢ ᠨᠢ ᠥᠪᠡᠷᠰᠡᠳ ᠢᠶᠠᠨ ᠪᠡᠶ᠎ᠡ ᠪᠠᠨ ᠳᠠᠭᠠᠭᠠᠵᠤ | ᠬᠡᠷᠡᠭᠵᠢᠭᠦᠯᠬᠦ ᠬᠡᠷᠡᠭᠲᠡᠶ᠂ ᠰᠠᠯᠠᠭ᠎ᠠ ᠮᠥᠴᠢᠷ ᠤᠨ ᠦᠨᠡᠯᠡᠯᠲᠡ ᠪᠠ ᠡᠳ᠋ ᠤᠨ ᠵᠠᠰᠠᠭ ᠤᠨ ᠦᠨᠡᠯᠡᠯᠲᠡ ᠶᠢ ᠪᠣᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ | ᠰᠠᠭᠤᠷᠢᠨ ᠳᠡᠭᠡᠷ᠎ᠡ ᠥᠷᠨᠢᠭᠦᠯᠬᠦ ᠬᠡᠷᠡᠭᠲᠡᠶ᠂ ᠴᠢᠬᠤᠯᠠᠲᠠᠶ ᠦᠶ᠎ᠡ ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠬᠡᠷᠡᠭᠵᠢᠭᠦᠯᠵᠦ ᠪᠣᠯᠤᠨ᠎ᠠ︔ | ︵ᠭᠤᠷᠪᠠ︶ ᠤᠷᠮᠠᠰᠢᠭᠤᠯᠬᠤ ᠪᠠ ᠬᠢᠵᠠᠭᠠᠷᠯᠠᠬᠤ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠬᠢᠭᠡᠳ ᠲᠥᠰᠦᠪ ᠤᠨ ᠲᠣᠬᠢᠷᠠᠭᠤᠯᠤᠯᠲᠠ᠂ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠠᠯᠠᠨ ᠰᠠᠶᠢᠵᠢᠷᠠᠭᠤᠯᠬᠤ ᠬᠠᠮᠢᠶᠠᠷᠤᠯᠲᠠ ᠶᠢᠨ ᠮᠥᠨ ᠴᠢᠨᠠᠷ ᠯᠤᠭ᠎ᠠ ᠬᠤᠯᠪᠣᠭᠳᠠᠭᠤᠯᠵᠤ᠂ ᠰᠠᠶᠢᠨ ᠢ ᠨᠢ ᠱᠠᠩᠨᠠᠵᠤ | ᠠᠨᠠᠢ ᠶᠢ ᠨᠢ ᠲᠣᠷᠭᠠᠬᠤ ᠪᠠ ᠤᠷᠮᠠᠰᠢᠭᠤᠯᠬᠤ ᠪᠠᠨ ᠵᠣᠬᠢᠴᠠᠯᠳᠤᠭᠤᠯᠤᠭᠰᠠᠨ ᠤᠳᠤᠷᠢᠳᠤᠮᠵᠢ ᠶᠢ ᠢᠯᠡᠷᠡᠭᠦᠯᠦᠨ᠂ ᠦᠷ᠎ᠡ ᠪᠦᠲᠦᠮᠵᠢ ᠲᠠᠢ ᠪᠣᠯ ᠲᠣᠬᠢᠷᠠᠭᠤᠯᠵᠤ᠂ ᠦᠷ᠎ᠡ | ᠪᠦᠲᠦᠮᠵᠢ ᠨᠢ ᠳᠣᠣᠷ᠎ᠠ ᠪᠣᠯ ᠪᠠᠭᠠᠰᠬᠠᠵᠤ᠂ ᠦᠷ᠎ᠡ ᠪᠦᠲᠦᠮᠵᠢ ᠦᠭᠡᠶ ᠪᠣᠯ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ︔ | ︵ᠳᠥᠷᠪᠡ︶ ᠢᠯᠡ ᠲᠣᠳᠣ ᠪᠠᠶᠢᠯᠭᠠᠬᠤ᠃ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠠᠤᠯᠢ ᠲᠣᠭᠲᠠᠭᠠᠯ ᠶᠣᠰᠣᠭᠠᠷ ᠢᠯᠡ | ᠪᠣᠯᠭᠠᠬᠤ ᠶᠢᠨ ᠬᠠᠮᠲᠤ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ | ᠨᠠᠢᠮᠠᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠭᠤᠣᠯ ᠦᠨᠳᠦᠰᠦᠯᠡᠯ᠄ | ︵ᠨᠢᠭᠡ︶ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ︔ | ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ︔ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ᠂ ᠭᠤᠣᠯᠳᠠᠯᠭ᠎ᠠ ᠲᠠᠢ ᠡᠭᠦᠷᠭᠡ ᠱᠠᠭᠠᠷᠳᠠᠯᠭ᠎ᠠ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ︔ | ︵ᠭᠤᠷᠪᠠ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠠᠮᠢᠶ᠎ᠠ ᠪᠦᠬᠦᠢ ᠲᠣᠭᠲᠠᠭᠠᠯ︔ | ︵ᠳᠥᠷᠪᠡ︶ ᠬᠠᠮᠢᠶ᠎ᠠ ᠪᠦᠬᠦᠢ ᠠᠵᠢᠯ ᠲᠥᠷᠥᠯ ᠤᠨ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠪᠠᠷᠢᠮᠵᠢᠶ᠎ᠠ᠂ ᠠᠵᠢᠯ ᠲᠥᠷᠥᠯ ᠤᠨ ᠲᠥᠯᠥᠪᠵᠢᠭᠦᠯᠭᠡ | ᠵᠢᠴᠢ ᠲᠤᠰᠬᠠᠶ ᠮᠡᠷᠭᠡᠵᠢᠯ ᠤᠨ ᠵᠢᠷᠤᠮᠵᠢᠯ︔ | ︵ᠲᠠᠪᠤ︶ ᠲᠥᠰᠦᠪ ᠤᠨ ᠬᠠᠮᠢᠶᠠᠷᠤᠯᠲᠠ ᠶᠢᠨ ᠳᠦᠷᠢᠮ ᠵᠢᠴᠢ ᠠᠷᠭ᠎ᠠ᠂ ᠲᠥᠷᠥᠯ ᠵᠦᠢᠯ ᠵᠢᠴᠢ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ᠂ ᠡᠳ᠋ ᠤᠨ | ᠶᠠᠪᠤᠳᠠᠯ ᠪᠠ ᠨᠢᠭᠲᠠᠯᠠᠨ ᠪᠣᠳᠣᠬᠤ ᠶᠢᠨ ᠮᠠᠲ᠋ᠧᠷᠢᠶᠠᠯ︔ | ︵ᠵᠢᠷᠭᠤᠭ᠎ᠠ︶ ᠲᠥᠷᠥᠯ ᠵᠦᠢᠯ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠠ ᠬᠠᠷᠠᠯᠲᠠ᠂ ᠲᠥᠷᠥᠯ ᠵᠦᠢᠯ ᠢ ᠴᠣᠬᠤᠯᠠᠪᠤᠷᠢᠯᠠᠭᠰᠠᠨ ᠪᠢᠴᠢᠭ | ᠮᠠᠲ᠋ᠧᠷᠢᠶᠠᠯ᠂ ᠲᠥᠰᠦᠪ ᠢ ᠭᠦᠢᠴᠡᠳᠬᠡᠭᠰᠡᠨ ᠪᠠᠶᠢᠳᠠᠯ᠂ ᠣᠨ ᠤ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ᠂ ᠲᠥᠷᠥᠯ ᠵᠦᠢᠯ ᠤᠨ ᠲᠥᠰᠦᠪ ᠤᠨ ᠭᠦᠢᠴᠡᠳᠬᠡᠯ | ᠪᠤᠶᠤ ᠰᠢᠯᠭᠠᠨ ᠬᠤᠷᠢᠶᠠᠵᠤ ᠠᠪᠤᠭᠰᠠᠨ ᠬᠤᠷᠢᠶᠠᠭᠰᠠᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ︔ | ︵ᠳᠤᠯᠤᠭ᠎ᠠ︶ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ᠂ ᠬᠢᠨᠠᠨ | ᠪᠤᠳᠤᠭᠰᠠᠨ ᠮᠡᠳᠡᠭᠦᠯᠦᠯᠲᠡ ᠵᠢᠴᠢ ᠲᠣᠭᠲᠠᠭᠠᠯ᠂ ᠡᠳ᠋ ᠤᠨ ᠵᠠᠰᠠᠭ ᠤᠨ ᠬᠢᠨᠠᠵᠤ ᠲᠤᠯᠭᠠᠨ ᠬᠠᠷᠭᠤᠭᠤᠯᠤᠭᠰᠠᠨ ᠮᠡᠳᠡᠭᠦᠯᠦᠯᠲᠡ ᠵᠡᠷᠭᠡ︔ | ︵ᠨᠠᠢᠮᠠ︶ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃ | ᠶᠢᠰᠦᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠪᠠᠷᠢᠮᠵᠢᠶ᠎ᠠ ᠶᠢ ᠭᠤᠤᠯᠳᠠᠭᠤ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ ᠢ ᠬᠠᠷᠢᠴᠠᠭᠤᠯᠬᠤ ᠳᠤ ᠬᠡᠷᠡᠭᠯᠡᠨ᠎ᠡ᠂ ᠡᠭᠦᠨ ᠳᠤ ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠲᠥᠯᠥᠪᠯᠡᠭᠡ ᠶᠢᠨ ᠪᠠᠷᠢᠮᠵᠢᠶ᠎ᠠ᠃ ᠡᠨᠡ ᠨᠢ ᠤᠷᠢᠳᠴᠢᠯᠠᠵᠤ ᠲᠣᠭᠲᠠᠭᠠᠭᠰᠠᠨ ᠬᠠᠷᠠᠯᠲᠠ᠂ ᠲᠥᠯᠥᠪᠯᠡᠭᠡ᠂ ᠲᠥᠰᠦᠪ᠂ ᠲᠣᠭᠲᠠᠭᠰᠠᠨ ᠨᠣᠷᠮ᠎ᠠ | ᠵᠡᠷᠭᠡ ᠪᠠᠷ ᠦᠨᠡᠯᠡᠯᠲᠡ ᠶᠢᠨ ᠪᠠᠷᠢᠮᠵᠢᠶ᠎ᠠ ᠪᠣᠯᠭᠠᠬᠤ ᠶᠢ ᠵᠢᠭᠠᠵᠤ ᠪᠠᠶᠢᠨ᠎ᠠ︔ | ︵ᠬᠤᠶᠠᠷ︶ ᠠᠵᠢᠯ ᠲᠥᠷᠥᠯ ᠤᠨ ᠪᠠᠷᠢᠮᠵᠢᠶ᠎ᠠ᠃ ᠤᠯᠤᠰ ᠠᠴᠠ ᠨᠡᠶᠢᠲᠡᠯᠡᠭᠰᠡᠨ ᠠᠵᠢᠯ ᠲᠥᠷᠥᠯ ᠤᠨ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠪᠠᠷ ᠯᠠᠪᠯᠠᠯᠲᠠ | ᠪᠣᠯᠭᠠᠵᠤ ᠲᠣᠭᠲᠠᠭᠠᠭᠰᠠᠨ ᠦᠨᠡᠯᠡᠯᠲᠡ ᠶᠢᠨ ᠪᠠᠷᠢᠮᠵᠢᠶ᠎ᠠ ᠶᠢ ᠵᠢᠭᠠᠵᠤ ᠪᠠᠶᠢᠨ᠎ᠠ︔ | ︵ᠭᠤᠷᠪᠠ︶ ᠥᠩᠭᠡᠷᠡᠭᠰᠡᠨ ᠤ ᠪᠠᠷᠢᠮᠵᠢᠶ᠎ᠠ᠃ ᠥᠩᠭᠡᠷᠡᠭᠰᠡᠨ ᠤ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ ᠲᠣᠭᠲᠠᠭᠠᠭᠰᠠᠨ ᠦᠨᠡᠯᠡᠯᠲᠡ ᠶᠢᠨ ᠪᠠᠷᠢᠮᠵᠢᠶ᠎ᠠ ᠶᠢ | ᠵᠢᠭᠠᠵᠤ ᠪᠣᠢ᠂ ᠠᠮᠵᠢᠯᠲᠠ ᠪᠦᠲᠦᠮᠵᠢ ᠶᠢᠨ ᠰᠠᠶᠢᠵᠢᠷᠠᠯᠲᠠ ᠶᠢ ᠢᠯᠡᠳᠬᠡᠬᠦ ᠶᠢᠨ ᠵᠠᠷᠴᠢᠮ ᠢ ᠢᠯᠡᠳᠬᠡᠬᠦ ᠶᠢᠨ ᠲᠣᠰᠠᠳᠠ᠂ ᠪᠡᠶᠡᠯᠡᠭᠦᠯᠵᠦ ᠪᠣᠯᠬᠤ ᠨᠥᠬᠦᠴᠡᠯ ᠳᠤ | ᠬᠠᠷᠢᠴᠠᠩᠭᠤᠶ ᠨᠡᠯᠢᠶᠡᠳ ᠥᠨᠳᠥᠷ ᠦᠨᠡᠯᠡᠯᠲᠡ ᠶᠢᠨ ᠪᠠᠷᠢᠮᠵᠢᠶ᠎ᠠ ᠲᠣᠭᠲᠠᠭᠠᠪᠠᠰᠤ ᠵᠣᠬᠢᠨ᠎ᠠ︔ | ︵ᠳᠥᠷᠪᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠨᠤᠲᠠᠯᠠᠭᠰᠠᠨ ᠪᠤᠶᠤ ᠵᠥᠪᠰᠢᠶᠡᠷᠡᠭᠰᠡᠨ ᠪᠤᠰᠤᠳ ᠪᠠᠷᠢᠮᠵᠢᠶ᠎ᠠ᠃ | | | ᠭᠤᠷᠪᠠᠳᠤᠭᠠᠷ ᠪᠦᠯᠦᠭ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠠᠷᠪᠠᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠬᠢᠬᠦ ᠡᠲᠡᠭᠡᠳ ᠲᠤ ᠵᠠᠰᠠᠭ ᠤᠨ ᠣᠷᠳᠣᠨ ᠤ ᠲᠥᠰᠦᠪ ᠤᠨ ᠬᠠᠮᠢᠶᠠᠷᠤᠯᠲᠠ ᠳᠤ | ᠣᠷᠣᠭᠤᠯᠤᠭᠰᠠᠨ ᠪᠤᠶ ᠪᠦᠬᠦᠢ ᠲᠥᠷᠥᠯ ᠵᠦᠢᠯ ᠤᠨ ᠵᠠᠷᠤᠯᠭ᠎ᠠ ᠶᠢ ᠪᠠᠭᠲᠠᠭᠠᠨ᠎ᠠ᠂ ︽ᠬᠡᠨ ᠵᠠᠷᠤᠴᠠᠭᠤᠯᠪᠠᠯ ᠲᠡᠷᠡ ᠥᠪᠡᠷᠰᠡᠳ ᠢᠶᠠᠨ ᠦᠨᠡᠯᠡᠬᠦ︾ ᠵᠠᠷᠴᠢᠮ ᠶᠣᠰᠣᠭᠠᠷ᠂ | ᠥᠪᠡᠷᠰᠡᠳ ᠤᠨ ᠦᠨᠡᠯᠡᠯᠲᠡ ᠶᠢᠨ ᠠᠵᠢᠯ ᠢ ᠲᠥᠷᠥᠯ ᠵᠦᠢᠯ ᠤᠨ ᠨᠢᠭᠡᠴᠢ ᠨᠢ ᠪᠣᠳᠠᠲᠠᠶ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠠᠭᠤᠯᠭ᠎ᠠ ᠳᠤ ᠭᠤᠣᠯᠳᠠᠭᠤ᠄ ᠲᠥᠷᠥᠯ ᠵᠦᠢᠯ ᠤᠨ ᠶᠡᠷᠦᠩᠬᠡᠶ ᠠᠮᠵᠢᠯᠲᠠ | ᠪᠦᠲᠦᠮᠵᠢ ᠶᠢᠨ ᠬᠠᠷᠠᠯᠲᠠ᠂ ᠡᠯ᠎ᠡ ᠵᠦᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠲᠥᠰᠦᠪ ᠢ ᠭᠦᠢᠴᠡᠳᠬᠡᠭᠰᠡᠨ | ᠪᠠᠶᠢᠳᠠᠯ ᠪᠠᠭᠲᠠᠨ᠎ᠠ᠃ ᠠᠮᠵᠢᠯᠲᠠ ᠪᠦᠲᠦᠮᠵᠢ ᠶᠢᠨ ᠬᠠᠷᠠᠯᠲᠠ ᠪᠠᠨ ᠪᠡᠶᠡᠯᠡᠭᠦᠯᠦᠭᠰᠡᠨ ᠦᠭᠡᠶ ᠪᠤᠶᠤ ᠠᠮᠵᠢᠯᠲᠠ ᠪᠦᠲᠦᠮᠵᠢ ᠶᠢᠨ ᠬᠠᠷᠠᠯᠲᠠ ᠠᠴᠠ ᠪᠠᠨ ᠨᠡᠯᠢᠶᠡᠳ ᠶᠡᠭᠡ | ᠵᠠᠶᠢᠳᠠᠭᠰᠠᠨ ᠲᠥᠷᠥᠯ ᠵᠦᠢᠯ ᠳᠤ ᠰᠢᠯᠲᠠᠭᠠᠨ ᠢ ᠨᠢ ᠵᠠᠳᠠᠯᠬᠤ ᠶᠢᠨ ᠬᠠᠮᠲᠤ ᠲᠡᠭᠦᠨ ᠢ ᠲᠣᠳᠣᠷᠬᠠᠶᠢᠯᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠠᠨ | ᠰᠤᠳᠤᠯᠤᠨ ᠳᠤᠷᠠᠳᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠪᠣᠯ ᠲᠥᠰᠦᠪ ᠢ ᠴᠣᠬᠤᠯᠠᠪᠤᠷᠢᠯᠠᠬᠤ ᠳᠤ ᠲᠣᠭᠲᠠᠭᠠᠭᠰᠠᠨ | ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠤᠶᠤ ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢ ᠭᠤᠶᠤᠴᠢᠯᠠᠬᠤ ᠳᠤ ᠲᠣᠭᠲᠠᠭᠠᠭᠰᠠᠨ ᠠᠮᠵᠢᠯᠲᠠ | ᠪᠦᠲᠦᠮᠵᠢ ᠶᠢᠨ ᠭᠦᠢᠴᠡᠳᠬᠡᠯ ᠲᠤᠭ᠎ᠠ ᠪᠣᠯᠤᠨ᠎ᠠ᠂ ᠡᠭᠦᠨ ᠳᠤ ᠲᠥᠷᠥᠯ ᠵᠦᠢᠯ ᠤᠨ ᠦᠢᠯᠡᠳᠪᠦᠷᠢᠯᠡᠵᠦ ᠭᠠᠷᠭᠠᠭᠰᠠᠨ ᠬᠡᠮᠵᠢᠶ᠎ᠡ᠂ ᠶᠠᠰᠤ ᠴᠢᠨᠠᠷ᠂ ᠬᠦᠴᠦᠨ ᠲᠠᠢ | ᠬᠤᠭᠤᠴᠠᠭ᠎ᠠ᠂ ᠥᠪᠡᠷ ᠤᠨ ᠥᠷᠲᠡᠭ ᠵᠢᠴᠢ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ᠂ | ᠦᠷᠭᠦᠯᠵᠢᠯᠡᠬᠦᠶᠢᠴᠡ ᠨᠥᠯᠥᠭᠡᠯᠡᠯ᠂ ᠦᠢᠯᠡᠴᠢᠯᠡᠭᠡ ᠬᠦᠷᠲᠡᠭᠰᠡᠳ ᠤᠨ ᠰᠡᠳᠬᠢᠯ ᠬᠠᠨᠤᠮᠵᠢᠲᠡᠢ ᠪᠠᠶᠢᠬᠤ ᠪᠠᠶᠢᠳᠠᠯ ᠵᠡᠷᠭᠡ ᠪᠠᠭᠲᠠᠨ᠎ᠠ᠃ | ᠠᠷᠪᠠᠨ ᠭᠤᠷᠪᠠᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ ᠡᠯ᠎ᠡ ᠨᠢᠭᠡᠴᠢ ᠨᠢ ᠲᠥᠷᠥᠯ | ᠵᠦᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠵᠠᠷᠴᠢᠮ ᠳᠡᠭᠡᠷ᠎ᠡ ᠪᠠᠨ ᠲᠥᠰᠦᠪ ᠢ ᠭᠦᠢᠴᠡᠳᠬᠡᠭᠰᠡᠨ ᠨᠣᠷᠮ᠎ᠠ ᠪᠠ ᠨᠢᠭᠡᠳᠦᠭᠡᠷ ᠳᠡᠰ ᠤᠨ | ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ᠄ ᠲᠥᠰᠦᠪ ᠢ ᠭᠦᠢᠴᠡᠳᠬᠡᠭᠰᠡᠨ ᠨᠣᠷᠮ᠎ᠠ 10 %᠂ ᠦᠢᠯᠡᠳᠪᠦᠷᠢᠯᠡᠵᠦ ᠭᠠᠷᠭᠠᠭᠰᠠᠨ ᠭᠦᠢᠴᠡᠳᠬᠡᠯ ᠲᠤᠭ᠎ᠠ 50 %᠂ | ᠦᠷ᠎ᠡ ᠠᠰᠢᠭ ᠤᠨ ᠭᠦᠢᠴᠡᠳᠬᠡᠯ ᠲᠤᠭ᠎ᠠ 30 %᠂ ᠦᠢᠯᠡᠴᠢᠯᠡᠭᠡ ᠬᠦᠷᠲᠡᠭᠰᠡᠳ ᠤᠨ ᠰᠡᠳᠬᠢᠯ ᠬᠠᠨᠤᠮᠵᠢᠲᠡᠢ ᠪᠠᠶᠢᠬᠤ ᠪᠠᠶᠢᠳᠠᠯ ᠤᠨ ᠭᠦᠢᠴᠡᠳᠬᠡᠯ ᠲᠤᠭ᠎ᠠ | 10 % ᠪᠠᠷ ᠨᠢᠭᠡᠳᠦᠯᠲᠡᠢ ᠲᠣᠭᠲᠠᠭᠠᠪᠠ᠃ ᠣᠨᠴᠠᠭᠠᠶ ᠪᠠᠶᠢᠳᠠᠯ ᠲᠠᠢ ᠪᠣᠯ᠂ ᠨᠢᠭᠡᠳᠦᠭᠡᠷ ᠳᠡᠰ ᠤᠨ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ ᠨᠢ ᠵᠣᠬᠢᠰᠲᠠᠶ | ᠲᠣᠬᠢᠷᠠᠭᠤᠯᠵᠤ ᠪᠣᠯᠤᠨ᠎ᠠ᠃ ᠬᠤᠶᠠᠷ᠂ ᠭᠤᠷᠪᠠᠳᠤᠭᠠᠷ ᠳᠡᠰ ᠤᠨ ᠭᠦᠢᠴᠡᠳᠬᠡᠯ ᠲᠤᠭ᠎ᠠ ᠶᠢ ᠭᠦᠢᠴᠡᠳᠬᠡᠯ ᠲᠣᠭᠠᠨ ᠤ ᠴᠢᠬᠤᠯᠠ ᠶᠢᠨ ᠬᠡᠮᠵᠢᠶ᠎ᠡ᠂ ᠲᠥᠷᠥᠯ ᠵᠦᠢᠯ ᠢ | ᠬᠡᠷᠡᠭᠵᠢᠭᠦᠯᠬᠦ ᠱᠠᠲᠤ ᠦᠶ᠎ᠡ ᠵᠡᠷᠭᠡ ᠬᠦᠴᠦᠨ ᠵᠦᠢᠯ ᠢ ᠦᠨᠳᠦᠰᠦᠯᠡᠨ ᠶᠡᠷᠦᠩᠬᠡᠶᠢᠯᠡᠨ ᠲᠣᠭᠲᠠᠭᠠᠵᠤ᠂ ᠲᠥᠷᠥᠯ ᠵᠦᠢᠯ ᠤᠨ ᠦᠢᠯᠡᠳᠪᠦᠷᠢᠯᠡᠵᠦ ᠭᠠᠷᠭᠠᠭᠰᠠᠨ ᠬᠡᠮᠵᠢᠶ᠎ᠡ | ᠪᠠ ᠦᠷ᠎ᠡ ᠠᠰᠢᠭ ᠢ ᠣᠨᠣᠪᠴᠢᠲᠠᠶ ᠲᠤᠰᠬᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ | ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠳᠤ ᠲᠣᠭᠲᠠᠮᠠᠯ ᠬᠡᠮᠵᠢᠶ᠎ᠡ ᠬᠢᠭᠡᠳ ᠲᠣᠭᠲᠠᠮᠠᠯ ᠴᠢᠨᠠᠷ ᠤᠨ ᠦᠨᠡᠯᠡᠯᠲᠡ ᠶᠢ | ᠤᠶᠠᠯᠳᠤᠭᠤᠯᠤᠭᠰᠠᠨ ᠠᠳᠠᠯᠢᠳᠬᠠᠬᠤ ᠠᠷᠭ᠎ᠠ ᠶᠢ ᠬᠡᠷᠡᠭᠯᠡᠵᠦ᠂ ᠶᠡᠷᠦᠩᠬᠡᠶ ᠬᠤᠪᠢ ᠶᠢ ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠣᠯᠤᠭᠰᠠᠨ ᠬᠤᠪᠢ ᠶᠢ | ᠬᠤᠷᠢᠶᠠᠩᠭᠤᠶᠢᠯᠠᠭᠠᠳ ᠲᠣᠭᠲᠠᠭᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠣᠭᠲᠠᠮᠠᠯ ᠬᠡᠮᠵᠢᠶᠡᠨ ᠤ ᠭᠦᠢᠴᠡᠳᠬᠡᠯ ᠲᠤᠭ᠎ᠠ ᠳᠤ ᠣᠯᠤᠭᠰᠠᠨ ᠣᠯᠭᠤᠬᠤ ᠬᠤᠪᠢ ᠶᠢ ᠳᠣᠣᠷᠠᠬᠢ ᠠᠷᠭ᠎ᠠ ᠪᠠᠷ ᠦᠨᠡᠯᠡᠨ | ᠲᠣᠭᠲᠠᠭᠠᠨ᠎ᠠ᠄ | ︵ᠨᠢᠭᠡ︶ ᠵᠢᠯ ᠤᠨ ᠡᠬᠢᠨ ᠤ ᠪᠤᠶᠤ ᠲᠥᠷᠥᠯ ᠵᠦᠢᠯ ᠳᠤ ᠲᠣᠭᠲᠠᠭᠠᠭᠰᠠᠨ ᠭᠦᠢᠴᠡᠳᠬᠡᠯ ᠲᠣᠭᠠᠨ ᠤ ᠬᠡᠮᠵᠢᠭᠳᠡᠯ ᠲᠠᠢ ᠬᠠᠷᠢᠴᠠᠭᠤᠯᠵᠤ᠂ ᠭᠦᠢᠴᠡᠳᠬᠡᠯ | ᠲᠣᠭᠠᠨ ᠤ ᠬᠡᠮᠵᠢᠭᠳᠡᠯ ᠢ ᠪᠡᠶᠡᠯᠡᠭᠦᠯᠦᠭᠰᠡᠨ ᠪᠠᠶᠢᠪᠠᠯ᠂ ᠲᠣᠰ ᠭᠦᠢᠴᠡᠳᠬᠡᠯ ᠲᠤᠭ᠎ᠠ ᠳᠤ ᠣᠨᠣᠭᠳᠠᠭᠰᠠᠨ ᠪᠥᠬᠦ ᠬᠤᠪᠢ ᠶᠢᠨ ᠬᠡᠮᠵᠢᠭᠳᠡᠯ ᠢ ᠲᠡᠮᠳᠡᠭᠯᠡᠬᠦ ᠬᠡᠷᠡᠭᠲᠡᠶ︔ | ︵ᠬᠤᠶᠠᠷ︶ ᠪᠡᠶᠡᠯᠡᠭᠦᠯᠦᠭᠰᠡᠨ ᠬᠡᠮᠵᠢᠭᠳᠡᠯ ᠨᠢ ᠭᠦᠢᠴᠡᠳᠬᠡᠯ ᠲᠣᠭᠠᠨ ᠤ ᠬᠡᠮᠵᠢᠭᠳᠡᠯ ᠠᠴᠠ ᠨᠡᠯᠢᠶᠡᠳ ᠶᠡᠭᠡ ᠪᠠᠶᠢᠪᠠᠯ᠂ ᠰᠢᠯᠲᠠᠭᠠᠨ ᠢ ᠨᠢ ᠵᠠᠳᠠᠯᠬᠤ ᠬᠡᠷᠡᠭᠲᠡᠶ᠂ | ᠬᠡᠷᠪᠡ ᠵᠢᠯ ᠤᠨ ᠡᠬᠢᠨ ᠤ ᠪᠤᠶᠤ ᠲᠥᠷᠥᠯ ᠵᠦᠢᠯ ᠤᠨ ᠭᠦᠢᠴᠡᠳᠬᠡᠯ ᠲᠣᠭᠠᠨ ᠤ ᠬᠡᠮᠵᠢᠭᠳᠡᠯ ᠢ ᠢᠯᠡᠷᠬᠡᠶ ᠪᠠᠭ᠎ᠠ ᠲᠣᠭᠲᠠᠭᠠᠭᠰᠠᠨ ᠠᠴᠠ ᠪᠣᠯᠤᠭᠰᠠᠨ ᠪᠠᠶᠢᠪᠠᠯ᠂ | ᠵᠠᠶᠢᠳᠠᠭᠰᠠᠨ ᠬᠡᠮᠵᠢᠶ᠎ᠡ ᠶᠢ ᠦᠵᠡᠵᠦ ᠪᠠᠶᠢᠭᠠᠳ ᠬᠤᠪᠢ ᠶᠢᠨ ᠬᠡᠮᠵᠢᠭᠳᠡᠯ ᠢ ᠨᠢ ᠵᠣᠬᠢᠰᠲᠠᠶ ᠲᠣᠬᠢᠷᠠᠭᠤᠯᠤᠨ ᠬᠠᠰᠤᠬᠤ ᠬᠡᠷᠡᠭᠲᠡᠶ︔ | ︵ᠭᠤᠷᠪᠠ︶ ᠭᠦᠢᠴᠡᠳᠬᠡᠯ ᠲᠣᠭᠠᠨ ᠤ ᠬᠡᠮᠵᠢᠭᠳᠡᠯ ᠢ ᠪᠡᠶᠡᠯᠡᠭᠦᠯᠦᠭᠰᠡᠨ ᠦᠭᠡᠢ ᠪᠠᠶᠢᠪᠠᠯ᠂ ᠪᠡᠶᠡᠯᠡᠭᠦᠯᠦᠭᠰᠡᠨ ᠬᠡᠮᠵᠢᠭᠳᠡᠯ ᠪᠠ ᠭᠦᠢᠴᠡᠳᠬᠡᠯ ᠲᠣᠭᠠᠨ ᠤ | ᠬᠡᠮᠵᠢᠭᠳᠡᠯ ᠤᠨ ᠬᠠᠷᠢᠴᠠᠯ ᠢᠶᠠᠷ ᠬᠤᠪᠢ ᠶᠢ ᠨᠢ ᠲᠡᠮᠳᠡᠭᠯᠡᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠣᠭᠲᠠᠮᠠᠯ ᠴᠢᠨᠠᠷ ᠤᠨ ᠭᠦᠢᠴᠡᠳᠬᠡᠯ ᠲᠤᠭ᠎ᠠ ᠳᠤ ᠣᠯᠤᠭᠰᠠᠨ ᠣᠯᠭᠤᠬᠤ ᠬᠤᠪᠢ ᠶᠢ ᠳᠣᠣᠷᠠᠬᠢ ᠠᠷᠭ᠎ᠠ ᠪᠠᠷ ᠦᠨᠡᠯᠡᠨ | ᠲᠣᠭᠲᠠᠭᠠᠨ᠎ᠠ᠄ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠨᠢ ᠦᠨᠳᠦᠰᠦᠯᠡᠨ ᠣᠨ ᠤ ᠲᠣᠬᠢᠷᠠᠯᠴᠠᠬᠤ ᠭᠦᠢᠴᠡᠳᠬᠡᠯ ᠲᠤᠭ᠎ᠠ᠂ ᠣᠨ ᠤ ᠲᠣᠬᠢᠷᠠᠯᠴᠠᠬᠤ | ᠬᠡᠰᠡᠭ ᠭᠦᠢᠴᠡᠳᠬᠡᠯ ᠲᠤᠭ᠎ᠠ ᠪᠥᠭᠡᠳ ᠵᠣᠬᠢᠬᠤ ᠦᠷ᠎ᠡ ᠪᠦᠲᠦᠮᠵᠢ ᠲᠠᠢ᠂ ᠣᠨ ᠤ ᠥᠯᠥ ᠲᠣᠬᠢᠷᠠᠯᠴᠠᠬᠤ ᠭᠦᠢᠴᠡᠳᠬᠡᠯ ᠲᠤᠭ᠎ᠠ ᠮᠥᠷᠲᠡᠭᠡᠨ ᠦᠷ᠎ᠡ ᠪᠦᠲᠦᠮᠵᠢ ᠪᠠᠷ | ᠨᠡᠯᠢᠶᠡᠳ ᠠᠨᠠᠶ ᠭᠤᠷᠪᠠᠨ ᠳᠡᠰ ᠬᠤᠪᠢᠶᠠᠨ᠎ᠠ᠂ ᠲᠤᠰ ᠭᠦᠢᠴᠡᠳᠬᠡᠯ ᠲᠤᠭ᠎ᠠ ᠲᠠᠢ ᠬᠠᠷᠠᠭᠠᠯᠵᠠᠬᠤ ᠬᠤᠪᠢ ᠶᠢᠨ ᠬᠡᠮᠵᠢᠭᠳᠡᠯ ᠤᠨ ᠣᠷᠣᠨ ᠢ 100 % — 80 % | ︵ᠪᠠᠭᠲᠠᠨ᠎ᠠ︶᠂ 80 % — 60 % ︵ᠪᠠᠭᠲᠠᠨ᠎ᠠ︶᠂ 60 % — 0 % ᠪᠠᠷ ᠬᠤᠪᠢᠶᠠᠷᠢ ᠬᠡᠮᠵᠢᠭᠳᠡᠯ ᠢ ᠨᠢ ᠲᠤᠰ ᠲᠤᠰ ᠵᠣᠬᠢᠰᠲᠠᠶ ᠲᠣᠭᠲᠠᠭᠠᠬᠤ | ᠬᠡᠷᠡᠭᠲᠡᠢ᠃ | ᠠᠷᠪᠠᠨ ᠳᠣᠯᠣᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢ ᠪᠣᠯ ᠭᠤᠤᠯᠳᠠᠭᠤ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ | ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠬᠦᠰᠦᠨᠦᠭᠲᠦ ᠪᠠ ᠥᠪᠡᠷᠰᠡᠳ ᠤᠨ ᠦᠨᠡᠯᠡᠯᠲᠡ ᠶᠢᠨ ᠮᠡᠳᠡᠭᠦᠯᠦᠯᠲᠡ ᠶᠢᠨ ᠬᠡᠯᠪᠡᠷᠢ ᠮᠠᠶ᠋ᠢᠭ ᠢᠶᠠᠷ ᠳᠠᠮᠵᠢᠭᠤᠯᠤᠨ | ᠲᠤᠰᠬᠠᠵᠤ᠂ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠳᠤ ᠠᠭᠤᠯᠭ᠎ᠠ ᠶᠢ ᠨᠢ ᠪᠦᠷᠢᠨ ᠪᠦᠲᠦᠨ᠂ ᠡᠵᠡᠯᠡᠬᠦ ᠬᠤᠪᠢᠳᠠᠯ ᠢ ᠨᠢ ᠵᠦᠶ ᠵᠣᠬᠢᠰᠲᠠᠶ᠂ ᠲᠤᠭ᠎ᠠ | ᠪᠠᠷᠢᠮᠲᠠ ᠶᠢ ᠨᠢ ᠦᠨᠡᠨ ᠪᠣᠳᠠᠲᠠᠶ᠂ ᠦᠷ᠎ᠡ ᠳ᠋ᠦᠩ ᠢ ᠨᠢ ᠪᠤᠰᠤᠳᠴᠢ ᠪᠠᠶᠢᠯᠭᠠᠬᠤ ᠬᠡᠷᠡᠭᠲᠡᠶ᠃ ᠲᠥᠷᠥᠯ ᠵᠦᠢᠯ ᠤᠨ ᠨᠢᠭᠡᠴᠢ ᠨᠢ ᠥᠪᠡᠷᠰᠡᠳ ᠤᠨ ᠦᠨᠡᠯᠡᠯᠲᠡ ᠶᠢᠨ | ᠦᠷ᠎ᠡ ᠳ᠋ᠦᠩ ᠤᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠢ ᠰᠤᠭᠤᠴᠢᠨ ᠪᠠᠶᠢᠴᠠᠭᠠᠵᠤ ᠬᠠᠷᠭᠤᠭᠤᠯᠤᠨ ᠰᠢᠯᠭᠠᠬᠤ ᠬᠡᠷᠡᠭᠲᠡᠢ᠃ | ᠰᠤᠭᠤᠴᠢᠨ ᠪᠠᠶᠢᠴᠠᠭᠠᠵᠤ ᠬᠠᠷᠭᠤᠭᠤᠯᠤᠨ ᠰᠢᠯᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠲᠥᠷᠥᠯ ᠵᠦᠢᠯ ᠤᠨ ᠨᠢᠭᠡᠴᠢ ᠨᠢ ᠴᠠᠭ ᠲᠤᠬᠠᠶ ᠳᠤ ᠨᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ | | | ᠳᠥᠷᠪᠡᠳᠦᠭᠡᠷ ᠪᠦᠯᠦᠭ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠠᠷᠪᠠ ᠶᠢᠰᠦᠳᠦᠭᠡᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠳᠤ ᠣᠨ ᠤ ᠲᠥᠯᠥᠪᠯᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠵᠢᠯ ᠤᠨ ᠡᠬᠢᠨ ᠳᠤ ᠲᠥᠰᠦᠪ ᠬᠢᠵᠦ ᠪᠦᠬᠦᠢ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠶᠢᠨ ᠠᠵᠢᠯ ᠤᠨ ᠲᠥᠯᠥᠪᠯᠡᠭᠡ ᠶᠢ ᠨᠢᠭᠡᠳᠦᠯᠲᠡᠶ ᠲᠥᠯᠥᠪᠯᠡᠵᠦ ᠰᠤᠳᠤᠯᠤᠨ ᠲᠣᠭᠲᠠᠭᠠᠵᠤ᠂ ᠲᠥᠰᠦᠪ ᠬᠢᠵᠦ ᠪᠦᠬᠦᠢ ᠰᠠᠯᠠᠭ᠎ᠠ ᠮᠥᠴᠢᠷ ᠨᠢ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠲᠥᠯᠥᠪᠯᠡᠭᠡ ᠪᠠᠨ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠶ᠃ | ᠬᠤᠷᠢᠳᠤᠭᠠᠷ ᠵᠦᠢᠯ ᠠᠵᠢᠯ ᠤᠨ ᠬᠡᠷᠡᠭᠴᠡᠭᠡ ᠶᠢ ᠪᠠᠨ ᠦᠨᠳᠦᠰᠦᠯᠡᠨ᠂ ᠦᠨᠡᠯᠡᠯᠲᠡ ᠬᠢᠬᠦ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠶᠡᠭᠡ ᠥᠭᠡᠷᠡᠴᠢᠯᠡᠯᠲᠡ ᠬᠥᠭᠵᠢᠯᠲᠡ ᠶᠢᠨ ᠲᠥᠷᠥᠯ ᠵᠦᠢᠯ ᠢ ᠦᠨᠡᠯᠡᠯᠲᠡ ᠬᠢᠯᠭᠡᠬᠦ ᠡᠲᠡᠭᠡᠳ ᠢᠶᠠᠷ ᠡᠩ ᠲᠡᠷᠢᠭᠦᠨ ᠳᠤ | ᠰᠣᠩᠭᠤᠵᠤ᠂ ᠵᠠᠷᠴᠢᠮ ᠳᠡᠭᠡᠷ᠎ᠡ ᠪᠠᠨ 5 ᠵᠢᠯ ᠢᠶᠠᠷ ᠦᠶᠡᠯᠡᠬᠦ ᠬᠤᠭᠤᠴᠠᠭ᠎ᠠ ᠪᠣᠯᠭᠠᠨ᠂ ᠰᠠᠯᠠᠭ᠎ᠠ ᠮᠥᠴᠢᠷ ᠤᠨ ᠦᠨᠡᠯᠡᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ | ᠪᠥᠬᠦᠨ ᠢ ᠬᠠᠮᠤᠷᠴᠤ ᠪᠠᠭᠲᠠᠭᠠᠭᠰᠠᠨ ᠪᠠᠶᠢᠬᠤ ᠬᠡᠷᠡᠭᠲᠡᠢ᠂ ᠡᠩ ᠤᠨ ᠴᠢᠨᠠᠷᠲᠠᠢ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠲᠠᠰᠢᠷᠠᠮ ᠢᠶᠠᠷ ᠰᠤᠭᠤᠴᠢᠨ ᠰᠣᠩᠭᠤᠵᠤ | ᠪᠣᠯᠣᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠴᠢᠭᠯᠡᠯᠲᠡ ᠲᠥᠷᠥ ᠶᠢᠨ | ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠷᠥᠯ ᠵᠦᠢᠯ ᠵᠢᠴᠢ ᠬᠠᠮᠤᠷᠬᠤ ᠬᠡᠪᠴᠢᠶ᠎ᠡ ᠨᠢ ᠥᠷᠭᠡᠨ᠂ ᠨᠥᠯᠥᠭᠡᠯᠡᠬᠦ ᠬᠦᠴᠦᠨ ᠢᠶᠠᠷ ᠶᠡᠭᠡ᠂ | ᠨᠡᠶᠢᠭᠡᠮ ᠤᠨ ᠬᠢᠨ ᠤ ᠠᠩᠬᠠᠷᠤᠯ ᠢ ᠲᠠᠲᠠᠬᠤ ᠭᠡᠮᠵᠢᠶ᠎ᠠ ᠨᠢ ᠶᠡᠭᠡ᠂ ᠬᠡᠷᠡᠭᠵᠢᠭᠦᠯᠬᠦ ᠬᠤᠭᠤᠴᠠᠭ᠎ᠠ ᠨᠢ ᠤᠷᠲᠤ ᠪᠠᠶᠢᠭ᠎ᠠ ᠲᠥᠷᠥᠯ ᠵᠦᠢᠯ ᠢ ᠦᠨᠡᠯᠡᠯᠲᠡ ᠬᠢᠯᠭᠡᠬᠦ ᠲᠥᠷᠥᠯ | ᠵᠦᠢᠯ ᠢᠶᠠᠷ ᠡᠩ ᠲᠡᠷᠢᠭᠦᠨ ᠳᠤ ᠰᠣᠩᠭᠤᠬᠤ ᠬᠡᠷᠡᠭᠲᠡᠶ᠃ ᠭᠤᠣᠯᠳᠠᠯᠭ᠎ᠠ ᠲᠠᠢ ᠲᠥᠷᠥᠯ ᠵᠦᠢᠯ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠦᠶᠡᠯᠡᠯ ᠤᠨ | ᠴᠢᠨᠠᠷᠲᠠᠶ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠵᠣᠬᠢᠬᠤ ᠲᠣᠭᠠᠨ ᠤ ᠰᠠᠯᠠᠭ᠎ᠠ ᠮᠥᠴᠢᠷ ᠤᠨ ᠦᠨᠡᠯᠡᠯᠲᠡ ᠶᠢᠨ ᠲᠥᠷᠥᠯ ᠵᠦᠢᠯ ᠢ ᠵᠢᠯ ᠪᠦᠷᠢ ᠰᠤᠭᠤᠴᠢᠨ ᠠᠪᠴᠤ᠂ ᠦᠨᠡᠯᠡᠯᠲᠡ ᠶᠢᠨ | ᠦᠷ᠎ᠡ ᠳ᠋ᠦᠩ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠵᠡᠷᠭᠡ ᠶᠢ ᠨᠢ ᠳᠠᠬᠢᠨ ᠬᠢᠨᠠᠵᠤ ᠬᠠᠷᠭᠤᠭᠤᠯᠵᠣ᠂ ᠦᠨᠡᠯᠡᠯᠲᠡ ᠶᠢᠨ ᠦᠷ᠎ᠡ ᠳ᠋ᠦᠩ ᠤᠨ ᠪᠤᠰᠤᠳᠴᠢ | ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠳᠠᠬᠢᠨ ᠬᠢᠨᠠᠬᠤ ᠬᠠᠷᠭᠤᠭᠤᠯᠬᠤ ᠠᠵᠢᠯ ᠢ ᠭᠤᠤᠯᠳᠠᠭᠤ ᠡᠳᠦᠷ ᠲᠤᠲᠤᠮ ᠤᠨ ᠡᠵᠡᠮᠰᠢᠭᠰᠡᠨ ᠪᠠᠶᠢᠳᠠᠯ ᠲᠠᠢ ᠤᠶᠠᠯᠳᠤᠭᠤᠯᠤᠨ᠂ | ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠪᠤᠶᠤ ᠦᠨᠡᠯᠡᠯᠲᠡ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠯᠭᠠᠭᠤᠷᠢᠯᠠᠬᠤ ᠡᠬᠡ ᠲᠠᠩᠰᠠ ᠶᠢᠨ | ᠮᠠᠲ᠋ᠧᠷᠢᠶᠠᠯ ᠢ ᠪᠠᠶᠢᠴᠠᠭᠠᠨ ᠦᠵᠡᠬᠦ᠂ ᠵᠠᠩᠭᠢᠯᠠᠭ᠎ᠠ ᠶᠢᠨ ᠭᠦᠢᠴᠡᠳᠬᠡᠯ ᠲᠣᠭᠠᠨ ᠤ ᠪᠡᠶᠡᠯᠡᠭᠦᠯᠦᠭᠰᠡᠨ ᠪᠠᠶᠢᠳᠠᠯ ᠢ ᠪᠣᠳᠠᠲᠠᠶ ᠭᠠᠵᠠᠷ ᠲᠤ ᠨᠢ ᠭᠦᠨᠵᠡᠭᠡᠶᠢᠷᠡᠭᠦᠯᠦᠨ ᠬᠢᠨᠠᠵᠤ | ᠭᠦᠨᠵᠡᠭᠡᠶᠢᠷᠡᠭᠦᠯᠦᠨ ᠬᠠᠷᠭᠤᠭᠤᠯᠵᠣ ᠲᠣᠭᠳᠠᠭᠠᠬᠤ ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠵᠦ᠂ ᠰᠤᠭᠤᠴᠢᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠰᠠᠯᠠᠭ᠎ᠠ | ᠮᠥᠴᠢᠷ ᠲᠤ ᠴᠠᠭ ᠲᠤᠬᠠᠶ ᠳᠤ ᠨᠢ ᠬᠠᠷᠢᠭᠤ ᠲᠤᠰᠬᠠᠵᠤ ᠬᠢᠨᠠᠨ ᠬᠠᠷᠭᠤᠭᠤᠯᠵᠤ ᠬᠠᠷᠭᠤᠭᠤᠯᠣᠨ ᠲᠣᠭᠳᠠᠭᠠᠵᠣ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ | ᠬᠡᠷᠡᠭᠵᠢᠭᠦᠯᠬᠦ ᠳᠤ᠂ ᠬᠤᠯᠪᠣᠭᠳᠠᠯ ᠪᠦᠬᠦᠢ ᠳᠦᠷᠢᠮ ᠪᠠ ᠠᠷᠭ᠎ᠠ ᠶᠢᠨ ᠶᠣᠰᠣᠭᠠᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠵᠢᠴᠢ ᠠᠵᠢᠯ ᠤᠨ ᠶᠠᠰᠤ ᠴᠢᠨᠠᠷ ᠲᠤ | ᠠᠵᠢᠯ ᠶᠠᠪᠤᠳᠠᠯ ᠤᠨ ᠡᠮᠦᠨᠡᠬᠢ᠂ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠳᠠᠷᠠᠭᠠᠬᠢ ᠪᠦᠬᠦ ᠶᠠᠪᠤᠴᠠ ᠶᠢ ᠨᠢ ᠬᠢᠨᠠᠨ ᠬᠠᠮᠢᠶᠠᠷᠬᠤ ᠶᠢᠨ ᠬᠠᠮᠲᠤ᠂ | ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠭᠠᠷᠭᠠᠭᠰᠠᠨ ᠦᠨᠡᠯᠡᠯᠲᠡ ᠶᠢᠨ ᠮᠡᠳᠡᠭᠦᠯᠦᠯᠲᠡ ᠳᠤ ᠬᠢᠨᠠᠨ ᠲᠣᠭᠲᠠᠭᠠᠬᠤ ᠳᠦᠷᠢᠮ ᠢ ᠪᠠᠶᠢᠭᠤᠯᠵᠤ᠂ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢᠨ ᠠᠭᠤᠯᠭ᠎ᠠ ᠳᠤ ᠭᠤᠣᠯᠳᠠᠭᠤ᠄ ᠲᠥᠷᠥᠯ ᠵᠦᠢᠯ ᠪᠠᠶᠢᠭᠤᠯᠤᠭᠰᠠᠨ | ᠪᠠᠶᠢᠳᠠᠯ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠲᠣᠭᠲᠠᠭᠠᠭᠰᠠᠨ ᠪᠠᠶᠢᠳᠠᠯ᠂ ᠪᠡᠯᠡ ᠮᠥᠩᠭᠦᠨ ᠤ | ᠬᠠᠮᠢᠶᠠᠷᠤᠯᠲᠠ ᠪᠠ ᠬᠡᠷᠡᠭᠯᠡᠭᠰᠡᠨ ᠪᠠᠶᠢᠳᠠᠯ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢᠨ ᠪᠦᠷᠢᠨ ᠲᠡᠭᠦᠯᠳᠡᠷ ᠴᠢᠨᠠᠷ ᠵᠢᠴᠢ ᠬᠡᠷᠡᠭᠵᠢᠭᠦᠯᠦᠭᠰᠡᠨ | ᠪᠠᠶᠢᠳᠠᠯ᠂ ᠪᠡᠶᠡᠯᠡᠭᠦᠯᠤᠭ᠍ᠰᠡᠨ ᠪᠡᠶᠡᠯᠡᠭᠦᠯᠦᠭᠡᠳ ᠪᠠᠶᠢᠭ᠎ᠠ ᠦᠢᠯᠡᠳᠪᠦᠷᠢᠯᠡᠵᠦ ᠭᠠᠷᠭᠠᠭᠰᠠᠨ ᠪᠠᠶᠢᠳᠠᠯ᠂ ᠣᠯᠣᠭᠠᠳ ᠪᠠᠶᠢᠭ᠎ᠠ ᠣᠯᠣᠭᠰᠠᠨ ᠦᠷ᠎ᠡ ᠠᠰᠢᠭ ᠤᠨ ᠪᠠᠶᠢᠳᠠᠯ᠂ | ᠦᠢᠯᠡᠴᠢᠯᠡᠭᠡ ᠬᠦᠷᠲᠡᠭᠰᠡᠳ ᠤᠨ ᠰᠡᠳᠬᠢᠯ ᠬᠠᠨᠤᠮᠵᠢᠲᠠᠢ ᠪᠠᠶᠢᠬᠤ ᠪᠠᠶᠢᠳᠠᠯ᠂ ᠪᠤᠰᠤᠳ ᠬᠠᠮᠢᠶ᠎ᠠ ᠪᠦᠬᠦᠢ ᠠᠭᠤᠯᠭ᠎ᠠ ᠵᠡᠷᠭᠡ ᠪᠠᠭᠲᠠᠨ᠎ᠠ᠃ | ᠬᠤᠷᠢᠨ ᠳᠥᠷᠪᠡᠳᠦᠭᠡᠷ ᠵᠦᠢᠯ ᠦᠨᠡᠯᠡᠯᠲᠡ ᠶᠢᠨ ᠠᠵᠢᠯ ᠳᠤ ᠭᠤᠤᠯᠳᠠᠭᠤ ᠳᠣᠤᠷᠠᠬᠢ ᠲᠠᠯ᠎ᠠ ᠶᠢ ᠪᠠᠭᠲᠠᠭᠠᠨ᠎ᠠ᠄ | ︵ᠨᠢᠭᠡ︶ ᠠᠮᠵᠢᠯᠲᠠ ᠪᠦᠲᠦᠮᠵᠢ ᠶᠢᠨ ᠦᠨᠡᠯᠡᠯᠲᠡ ᠬᠢᠯᠭᠡᠬᠦ ᠡᠲᠡᠭᠡᠳ ᠪᠠ ᠬᠡᠪᠴᠢᠶ᠎ᠡ ᠶᠢ ᠲᠣᠭᠲᠠᠭᠠᠬᠤ︔ | ︵ᠬᠤᠶᠠᠷ︶ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠮᠡᠳᠡᠭᠳᠡᠯ ᠪᠠᠭᠤᠯᠭᠠᠬᠤ︔ | ︵ᠭᠤᠷᠪᠠ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠲᠥᠰᠦᠯ ᠢ ᠰᠤᠳᠤᠯᠤᠨ ᠲᠣᠭᠲᠠᠭᠠᠬᠤ︔ | ︵ᠳᠥᠷᠪᠡ︶ ᠬᠠᠮᠢᠶ᠎ᠠ ᠪᠦᠬᠦᠢ ᠲᠤᠭ᠎ᠠ ᠪᠠᠷᠢᠮᠲᠠ ᠮᠠᠲ᠋ᠧᠷᠢᠶᠠᠯ ᠢ ᠴᠤᠭᠯᠠᠭᠤᠯᠬᠤ ᠶᠢᠨ ᠬᠠᠮᠲᠤ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠬᠤ᠂ | ᠰᠠᠭᠤᠳᠠᠯ ᠤᠨ ᠬᠤᠷᠠᠯ ᠬᠢᠬᠦ︔ | ︵ᠲᠠᠪᠤ︶ ᠬᠤᠯᠪᠣᠭᠳᠠᠯ ᠪᠦᠬᠦᠢ ᠪᠠᠶᠢᠳᠠᠯ ᠢ ᠬᠢᠨᠠᠨ ᠬᠠᠷᠭᠤᠭᠤᠯᠵᠤ᠂ ᠵᠠᠳᠠᠯᠤᠯᠲᠠ ᠬᠢᠵᠦ ᠠᠩᠬ᠎ᠠ ᠠᠯᠬᠤᠮ ᠤᠨ ᠳ᠋ᠦᠩᠨᠡᠯᠲᠡ ᠭᠠᠷᠭᠠᠬᠤ︔ | ︵ᠵᠢᠷᠭᠤᠭ᠎ᠠ︶ ᠦᠨᠡᠯᠡᠯᠲᠡ ᠬᠢᠯᠭᠡᠭᠰᠡᠨ ᠰᠠᠯᠠᠭ᠎ᠠ ᠮᠥᠴᠢᠷ ︵ᠨᠢᠭᠡᠴᠢ︶ ᠲᠠᠢ ᠰᠠᠨᠠᠯ ᠢᠶᠠᠨ ᠰᠣᠯᠢᠯᠴᠠᠬᠤ︔ | ︵ᠳᠣᠯᠤᠭ᠎ᠠ︶ ᠶᠡᠷᠦᠩᠬᠡᠶᠢᠯᠡᠨ ᠵᠠᠳᠠᠯᠤᠯᠲᠠ ᠬᠢᠬᠦ ᠶᠢᠨ ᠬᠠᠮᠲᠤ ᠡᠴᠦᠰ ᠤᠨ ᠳ᠋ᠦᠩᠨᠡᠯᠲᠡ ᠭᠠᠷᠭᠠᠬᠤ︔ | ︵ᠨᠠᠢᠮᠠ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠲᠤᠰᠢᠶᠠᠬᠤ︔ | ︵ᠶᠢᠰᠦ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠳᠠᠩᠰᠠ ᠡᠪᠬᠡᠮᠡᠯ ᠢ ᠪᠠᠶᠢᠭᠤᠯᠬᠤ᠃ | ᠬᠤᠷᠢᠨ ᠲᠠᠪᠤᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠮᠡᠳᠡᠭᠳᠡᠯ ᠳᠤ ᠦᠨᠡᠯᠡᠯᠲᠡ ᠶᠢᠨ ᠡᠭᠦᠷᠭᠡ᠂ ᠦᠨᠡᠯᠡᠯᠲᠡ ᠬᠢᠯᠭᠡᠬᠦ ᠡᠲᠡᠭᠡᠳ᠂ | ᠦᠨᠡᠯᠡᠯᠲᠡ ᠶᠢᠨ ᠠᠭᠤᠯᠭ᠎ᠠ᠂ ᠦᠨᠡᠯᠡᠯᠲᠡ ᠶᠢᠨ ᠠᠵᠢᠯ ᠤᠨ ᠠᠬᠢᠴᠠ ᠶᠢᠨ ᠲᠣᠬᠢᠷᠠᠭᠤᠯᠤᠯᠲᠠ᠂ ᠲᠥᠷᠥᠯ ᠵᠦᠢᠯ ᠤᠨ ᠨᠢᠭᠡᠴᠢ ᠶᠢᠨ ᠬᠠᠩᠭᠠᠬᠤ ᠴᠢᠬᠤᠯᠠᠲᠠᠶ ᠮᠠᠲ᠋ᠧᠷᠢᠶᠠᠯ | ᠵᠡᠷᠭᠡ ᠶᠢ ᠲᠣᠳᠣᠷᠬᠠᠢ ᠲᠣᠭᠲᠠᠭᠠᠵᠤ᠂ ᠦᠨᠡᠯᠡᠯᠳᠡ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠴᠠ ᠡᠮᠦᠨ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ | ᠨᠢᠭᠡᠴᠢ ᠳᠤ ᠪᠠᠭᠤᠯᠭᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠦᠨᠡᠯᠡᠯᠲᠡ ᠶᠢᠨ ᠠᠵᠢᠯ ᠤᠨ ᠲᠥᠰᠦᠯ ᠢ ᠨᠢ ᠪᠣᠯᠤᠮᠵᠢᠲᠤ ᠴᠢᠨᠠᠷ᠂ ᠪᠦᠬᠦ ᠲᠠᠯ᠎ᠠ ᠶᠢᠨ ᠴᠢᠨᠠᠷ ᠪᠠ ᠲᠣᠪᠴᠢ ᠲᠣᠳᠣᠷᠬᠠᠢ | ᠴᠢᠨᠠᠷ ᠤᠨ ᠵᠠᠷᠴᠢᠮ ᠳᠤ ᠨᠡᠶᠢᠴᠡᠭᠦᠯᠦᠭᠰᠡᠨ ᠪᠠᠶᠢᠵᠤ᠂ ᠦᠨᠡᠯᠡᠯᠲᠡ ᠶᠢᠨ ᠠᠭᠤᠯᠭ᠎ᠠ᠂ ᠠᠷᠭ᠎ᠠ᠂ ᠠᠯᠬᠤᠮ ᠳᠠᠷᠠᠭ᠎ᠠ ᠪᠠ ᠴᠠᠭ ᠤᠨ ᠵᠠᠩᠭᠢᠶᠠᠰᠤ ᠶᠢᠨ | ᠲᠣᠬᠢᠷᠠᠭᠤᠯᠤᠯᠲᠠ ᠪᠠᠨ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠶᠢᠯᠭᠠᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠡᠳ᠋ ᠤᠨ ᠵᠠᠰᠠᠭ ᠪᠠ ᠰᠠᠯᠠᠭ᠎ᠠ ᠮᠥᠴᠢᠷ ᠤᠨ ᠦᠨᠡᠯᠡᠯᠲᠡ ᠶᠢ ᠬᠡᠷᠡᠭᠴᠡᠭᠡ ᠪᠠᠨ ᠦᠨᠳᠦᠰᠦᠯᠡᠨ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠳᠤ ᠨᠠᠶᠢᠳᠠᠬᠤ ᠪᠤᠶᠤ ᠬᠠᠮᠢᠶ᠎ᠠ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠨ ᠢ ᠣᠷᠣᠯᠴᠠᠭᠤᠯᠵᠤ ᠪᠣᠯᠤᠨ᠎ᠠ᠃ ᠬᠠᠮᠢᠶ᠎ᠠ ᠪᠥᠬᠦᠶ ᠬᠦᠷᠢᠶᠡᠨ ᠤ ᠲᠤᠰᠬᠠᠶ | ᠮᠡᠷᠭᠡᠵᠢᠯᠲᠡᠨ ᠨᠢ ᠲᠥᠷᠥᠯ ᠵᠦᠢᠯ ᠳᠤ ᠬᠤᠯᠪᠣᠭᠳᠠᠬᠤ ᠬᠦᠷᠢᠶ᠎ᠡ ᠴᠠᠷᠠᠭᠠᠨ ︵ᠠᠵᠢᠯ ᠲᠥᠷᠥᠯ︶ ᠤ ᠲᠤᠰᠬᠠᠶ ᠮᠡᠷᠭᠡᠵᠢᠯᠲᠡᠨ᠂ ᠡᠳ᠋ ᠤᠨ ᠶᠠᠪᠤᠳᠠᠯ ︵ᠡᠳ᠋ ᠤᠨ ᠵᠠᠰᠠᠭ︶ | ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠵᠡᠷᠭᠡ ᠶᠢ ᠪᠠᠭᠲᠠᠭᠠᠨ᠎ᠠ᠃ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠪᠠ ᠲᠤᠰᠬᠠᠶ ᠮᠡᠷᠭᠡᠵᠢᠯᠲᠡᠨ ᠤ ᠲᠤᠭ᠎ᠠ᠂ ᠲᠤᠰᠬᠠᠶ ᠮᠡᠷᠭᠡᠵᠢᠯ ᠤᠨ ᠪᠦᠲᠦᠴᠡ ᠵᠢᠴᠢ ᠲᠤᠬᠠᠶᠢᠯᠠᠭᠰᠠᠨ ᠠᠵᠢᠯ ᠤᠨ ᠴᠢᠳᠠᠪᠤᠷᠢ ᠨᠢ | ᠦᠨᠡᠯᠡᠯᠲᠡ ᠶᠢᠨ ᠠᠵᠢᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠠᠰᠢᠭ ᠲᠤᠰᠠ ᠶᠢᠨ ᠬᠠᠷᠢᠴᠠᠭ᠎ᠠ ᠲᠠᠢ ᠬᠥᠮᠥᠰ ᠢ ᠵᠠᠶᠢᠯᠠᠭᠤᠯᠬᠤ᠂ ᠪᠦᠷᠢᠯᠳᠦᠬᠦᠨ ᠤ | ᠲᠣᠭᠲᠠᠪᠤᠷᠢᠲᠤ ᠴᠢᠨᠠᠷ ᠵᠡᠷᠭᠡ ᠡᠯᠧᠮᠧᠨ᠋ᠲ ᠢ ᠭᠦᠢᠴᠡᠳ ᠪᠣᠳᠣᠯᠬᠢᠯᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠤᠶᠤ ᠲᠤᠰᠬᠠᠶ ᠮᠡᠷᠭᠡᠵᠢᠯᠲᠡᠨ ᠨᠢ ᠲᠥᠷᠥᠯ ᠵᠦᠢᠯ ᠤᠨ ᠨᠢᠭᠡᠴᠢ ᠯᠦᠭᠡ ᠭᠦᠢᠴᠡᠳ | ᠨᠡᠪᠲᠡᠷᠡᠯᠴᠡᠭᠰᠡᠨ ᠰᠠᠭᠤᠷᠢᠨ ᠳᠡᠭᠡᠷ᠎ᠡ᠂ ᠪᠦᠷᠢᠨ ᠪᠦᠲᠦᠨ ᠴᠢᠨᠠᠷ᠂ ᠴᠢᠬᠤᠯᠠ ᠴᠢᠨᠠᠷ᠂ ᠬᠤᠯᠪᠣᠭᠳᠠᠬᠤ ᠴᠢᠨᠠᠷ᠂ ᠬᠠᠷᠢᠴᠠᠭᠤᠯᠵᠤ ᠪᠣᠯᠬᠤᠶᠢᠴᠠ ᠴᠢᠨᠠᠷ᠂ ᠪᠣᠯᠤᠮᠵᠢᠲᠤ | ᠴᠢᠨᠠᠷ ᠪᠠ ᠠᠵᠤ ᠠᠬᠤᠶ ᠶᠢᠨ ᠴᠢᠨᠠᠷ᠂ ᠪᠦᠲᠦᠮᠵᠢᠲᠦ ᠴᠢᠨᠠᠷ ᠵᠡᠷᠭᠡ ᠡᠯᠧᠮᠧᠨ᠋ᠲ ᠢ ᠪᠣᠳᠣᠯᠬᠢᠯᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ | ᠲᠣᠭᠠᠨ ᠤ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ ᠵᠦᠶ ᠵᠣᠬᠢᠰᠲᠠᠶ | ᠬᠤᠪᠢᠶᠠᠷᠢᠯᠠᠨ᠂ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠪᠠᠶᠢᠳᠠᠯ ᠵᠢᠴᠢ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠭᠦᠢᠴᠡᠳ | ᠢᠯᠡᠷᠡᠭᠦᠯᠬᠦ ᠪᠠ ᠪᠤᠰᠤᠳᠴᠢ ᠪᠠᠷ ᠲᠤᠰᠬᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠦᠨᠡᠯᠡᠯᠲᠡ ᠶᠢᠨ ᠭᠦᠢᠴᠡᠳᠬᠡᠯ ᠲᠤᠭ᠎ᠠ ᠨᠢ ᠳᠣᠤᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠦᠨᠡᠯᠡᠯᠲᠡ ᠬᠢᠯᠭᠡᠬᠦ ᠡᠲᠡᠭᠡᠳ ᠯᠦᠭᠡ ᠨᠢᠭᠲᠠ ᠬᠤᠯᠪᠣᠭ᠎ᠠ ᠲᠠᠢ ᠪᠠᠶᠢᠯᠭᠠᠵᠤ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ᠂ ᠲᠥᠷᠥᠯ ᠵᠦᠢᠯ ᠪᠠ | ᠪᠡᠯᠡ ᠮᠥᠩᠭᠦᠨ ᠤ ᠬᠠᠮᠢᠶᠠᠷᠤᠯᠲᠠ᠂ ᠦᠢᠯᠡᠳᠪᠦᠷᠢᠯᠡᠵᠦ ᠭᠠᠷᠭᠠᠬᠤ ᠪᠠ ᠦᠷ᠎ᠡ ᠠᠰᠢᠭ ᠢ ᠪᠦᠬᠦ ᠲᠠᠯ᠎ᠠ ᠪᠠᠷ ᠲᠤᠰᠬᠠᠨ᠎ᠠ︔ | ︵ᠬᠤᠶᠠᠷ︶ ᠬᠠᠮᠤᠭ ᠤᠨ ᠲᠥᠯᠥᠭᠡᠯᠡᠬᠦ ᠴᠢᠨᠠᠷᠲᠠᠢ᠂ ᠦᠢᠯᠡᠳᠪᠦᠷᠢᠯᠡᠵᠦ ᠭᠠᠷᠭᠠᠬᠤ ᠪᠠ ᠦᠷ᠎ᠡ ᠠᠰᠢᠭ ᠢ ᠬᠠᠮᠤᠭ ᠠᠴᠠ ᠰᠢᠭᠤᠳ ᠲᠤᠰᠬᠠᠵᠤ ᠴᠢᠳᠠᠬᠤ | ᠭᠤᠣᠯᠯᠠᠬᠤ ᠭᠦᠢᠴᠡᠳᠬᠡᠯ ᠲᠤᠭ᠎ᠠ ᠶᠢ ᠤᠷᠢᠳ ᠢᠶᠠᠷ ᠰᠣᠩᠭᠤᠵᠤ᠂ ᠴᠣᠮᠬᠠᠳᠬᠠᠨ ᠪᠣᠳᠠᠲᠠᠢ ᠬᠡᠷᠡᠭᠯᠡᠬᠦ ᠪᠣᠯᠭᠠᠨ᠎ᠠ︔ | ︵ᠭᠤᠷᠪᠠ︶ ᠭᠦᠢᠴᠡᠳᠬᠡᠯ ᠲᠣᠭᠠᠨ ᠤ ᠠᠭᠤᠯᠤᠭᠳᠠᠬᠤᠨ ᠢ ᠲᠣᠳᠣᠷᠬᠠᠢ᠂ ᠪᠣᠳᠠᠲᠠᠢ᠂ ᠬᠡᠮᠵᠢᠵᠦ ᠪᠣᠯᠬᠤ ᠪᠠᠷ ᠲᠣᠭᠲᠠᠭᠠᠵᠤ᠂ ᠲᠤᠭ᠎ᠠ ᠪᠠᠷᠢᠮᠲᠠ ᠵᠢᠴᠢ | ᠭᠡᠷᠡᠴᠢᠯᠡᠬᠦ ᠮᠠᠲ᠋ᠧᠷᠢᠶᠠᠯ ᠢ ᠴᠤᠭᠯᠠᠭᠤᠯᠵᠤ᠂ ᠣᠯᠵᠤ ᠪᠣᠯᠬᠤ ᠪᠣᠯᠭᠠᠨ᠎ᠠ︔ | ︵ᠳᠥᠷᠪᠡ︶ ᠠᠳᠠᠯᠢ ᠲᠥᠷᠥᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠪᠠ ᠪᠠᠷᠢᠮᠵᠢᠶ᠎ᠠ ᠶᠢ ᠨᠢᠭᠡᠳᠦᠯᠲᠡᠶ | ᠪᠠᠶᠢᠯᠭᠠᠬᠤ ᠨᠢ ᠨᠢᠭᠡᠳᠣᠯᠳᠣ ᠴᠢᠨᠠᠷᠳᠠᠢ᠂ ᠦᠨᠡᠯᠡᠭᠰᠡᠨ ᠦᠷ᠎ᠡ ᠳ᠋ᠦᠩ ᠢ ᠬᠠᠷᠢᠯᠴᠠᠨ ᠬᠠᠷᠢᠴᠠᠭᠤᠯᠬᠤ ᠳᠤ ᠲᠥᠬᠦᠮ ᠪᠣᠯᠭᠠᠨ᠎ᠠ᠃ | ᠭᠤᠴᠢᠳᠤᠭᠠᠷ ᠵᠦᠢᠯ ᠦᠨᠡᠯᠡᠬᠦ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ ᠦᠨᠡᠯᠡᠯᠲᠡ ᠶᠢᠨ ᠰᠢᠰᠲ᠋ᠧᠮ ᠳᠠᠬᠢ ᠡᠯ᠎ᠡ ᠵᠦᠢᠯ ᠤᠨ ᠭᠦᠢᠴᠡᠳᠬᠡᠯ ᠲᠣᠭᠠᠨ ᠤ | ᠴᠢᠬᠤᠯᠠ ᠪᠠᠶᠢᠬᠤ ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠂ ᠦᠷ᠎ᠡ ᠳ᠋ᠦᠩ ᠤᠨ ᠤᠳᠤᠷᠢᠳᠤᠮᠵᠢ ᠶᠢ ᠳᠣᠪᠣᠶᠢᠯᠭᠠᠵᠤ᠂ ᠵᠠᠷᠴᠢᠮ ᠳᠡᠭᠡᠷ᠎ᠡ ᠪᠠᠨ ᠦᠢᠯᠡᠳᠪᠦᠷᠢᠯᠡᠵᠦ | ᠭᠠᠷᠭᠠᠬᠤ᠂ ᠦᠷ᠎ᠡ ᠠᠰᠢᠭ ᠤᠨ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ 60 % ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠣᠨᠴᠠᠭᠠᠢ ᠪᠠᠶᠢᠳᠠᠯ ᠳᠤ | ᠵᠣᠬᠢᠰᠲᠠᠢ ᠲᠤᠬᠢᠷᠠᠭᠤᠯᠤᠯᠳᠠ ᠬᠢᠵᠦ ᠪᠣᠯᠤᠨ᠎ᠠ᠃ ᠲᠥᠷᠥᠯ ᠵᠦᠢᠯ ᠨᠢ ᠠᠳᠠᠯᠢ ᠪᠤᠰᠤ ᠬᠡᠷᠡᠭᠵᠢᠭᠦᠯᠬᠦ ᠱᠠᠲᠤ ᠦᠶ᠎ᠡ ᠳᠤ ᠪᠠᠶᠢᠪᠠᠯ᠂ ᠭᠦᠢᠴᠡᠳᠬᠡᠯ ᠲᠣᠭᠠᠨ ᠤ ᠡᠵᠡᠯᠡᠬᠦ | ᠬᠤᠪᠢᠳᠠᠯ ᠨᠢ ᠵᠥᠷᠢᠶᠡᠲᠦ ᠴᠢᠨᠠᠷ ᠢ ᠢᠯᠡᠷᠡᠭᠦᠯᠦᠭᠰᠡᠨ ᠪᠠᠶᠢᠬᠤ ᠬᠡᠷᠡᠭᠲᠡᠢ᠂ ᠡᠭᠦᠨ ᠳᠤ ᠬᠡᠷᠡᠭᠵᠢᠭᠦᠯᠬᠦ ᠬᠤᠭᠤᠴᠠᠭᠠᠨ ᠳᠠᠬᠢ ᠦᠨᠡᠯᠡᠯᠲᠡ ᠨᠢ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠶᠠᠪᠤᠴᠠ ᠪᠠ ᠦᠢᠯᠡᠳᠪᠦᠷᠢᠯᠡᠵᠦ ᠭᠠᠷᠭᠠᠬᠤ ᠶᠢ ᠨᠡᠩ ᠢᠯᠡᠭᠦᠦ ᠴᠢᠬᠤᠯᠠᠴᠢᠯᠠᠵᠤ᠂ ᠬᠡᠷᠡᠭᠵᠢᠭᠦᠯᠬᠦ ᠬᠤᠭᠤᠴᠠᠭ᠎ᠠ ᠳᠠᠭᠤᠰᠤᠭᠰᠠᠨ ᠤ ᠳᠠᠷᠠᠭᠠᠬᠢ | ᠦᠨᠡᠯᠡᠯᠲᠡ ᠳᠤ ᠦᠢᠯᠡᠳᠪᠦᠷᠢᠯᠡᠵᠦ ᠭᠠᠷᠭᠠᠬᠤ ᠪᠠ ᠦᠷ᠎ᠡ ᠠᠰᠢᠭ ᠢ ᠨᠠᠩ ᠢᠯᠡᠭᠦᠤ ᠴᠢᠬᠤᠯᠠᠴᠢᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠳᠤ ᠵᠠᠷᠴᠢᠮ ᠳᠡᠭᠡᠷ᠎ᠡ ᠪᠠᠨ ᠠᠬᠤᠢ ᠲᠠᠯᠠᠪᠠᠶ ᠪᠠ ᠠᠬᠤᠢ ᠲᠠᠯᠠᠪᠠᠶ ᠶᠢᠨ ᠪᠤᠰᠤ | ᠦᠨᠡᠯᠡᠯᠲᠡ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠶ᠃ | ︵ᠨᠢᠭᠡ︶ ᠠᠬᠤᠢ ᠲᠠᠯᠠᠪᠠᠶ ᠶᠢᠨ ᠦᠨᠡᠯᠡᠯᠲᠡ ᠭᠡᠳᠡᠭ ᠨᠢ ᠦᠨᠡᠯᠡᠯᠲᠡ ᠬᠢᠬᠦ ᠠᠵᠢᠯᠲᠠᠳ ᠲᠥᠷᠥᠯ ᠵᠦᠢᠯ ᠤᠨ ᠠᠬᠤᠢ ᠲᠠᠯᠠᠪᠠᠶ ᠳᠤ ᠬᠦᠷᠴᠦ ᠬᠠᠶᠢᠨ | ᠪᠠᠶᠢᠴᠠᠭᠠᠬᠤ᠂ ᠠᠰᠠᠭᠤᠨ ᠯᠠᠪᠯᠠᠬᠤ᠂ ᠳᠠᠬᠢᠨ ᠬᠢᠨᠠᠬᠤ ᠬᠠᠷᠭᠤᠭᠤᠯᠬᠤ ᠪᠤᠶᠤ ᠲᠥᠷᠥᠯ ᠵᠦᠢᠯ ᠤᠨ ᠨᠢᠭᠡᠴᠢ ᠲᠠᠢ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ | ᠬᠤᠯᠪᠣᠭᠳᠠᠯ ᠪᠥᠬᠦᠶ ᠪᠠᠶᠢᠳᠠᠯ ᠢ ᠬᠠᠷᠭᠤᠭᠤᠯᠬᠤ᠂ ᠡᠵᠡᠮᠰᠢᠭᠰᠡᠨ ᠮᠠᠲ᠋ᠧᠷᠢᠶᠠᠯ ᠳᠤ ᠵᠠᠳᠠᠯᠤᠯᠲᠠ ᠬᠢᠬᠦ᠂ ᠲᠥᠷᠥᠯ ᠵᠦᠢᠯ ᠳᠤ ᠦᠨᠡᠯᠡᠯᠲᠡ ᠬᠢᠬᠦ ᠶᠠᠪᠤᠴᠠ ᠶᠢ ᠵᠢᠭᠠᠵᠤ ᠪᠣᠶ᠃ | ᠠᠬᠤᠢ ᠲᠠᠯᠠᠪᠠᠶ ᠶᠢᠨ ᠦᠨᠡᠯᠡᠯᠲᠡ ᠶᠢᠨ ᠬᠡᠪᠴᠢᠶ᠎ᠡ ᠶᠢ ᠨᠠᠶᠢᠳᠠᠭᠰᠠᠨ ᠲᠠᠯ᠎ᠠ ᠶᠢᠨ ᠱᠠᠭᠠᠷᠳᠠᠯᠭ᠎ᠠ ᠶᠢ ᠨᠢ ᠦᠨᠳᠦᠰᠦᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠪᠣᠳᠠᠲᠠᠶ | ᠲᠥᠷᠥᠯ ᠵᠦᠢᠯ ᠤᠨ ᠨᠢᠭᠡᠴᠢ ︵ᠪᠤᠶᠤ ᠲᠥᠷᠥᠯ ᠵᠦᠢᠯ ᠤᠨ ᠲᠤᠭ᠎ᠠ︶ ᠶᠢᠨ ᠶᠡᠷᠦᠩᠬᠡᠶ ᠲᠣᠭᠠᠨ ᠤ 30 %᠂ ᠲᠥᠷᠥᠯ ᠵᠦᠢᠯ ᠤᠨ ᠲᠥᠰᠦᠪ ᠤᠨ ᠶᠡᠷᠦᠩᠬᠡᠶ | ᠲᠣᠭᠠᠨ ᠤ 30 % ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ | ︵ᠬᠤᠶᠠᠷ︶ ᠠᠬᠤᠢ ᠲᠠᠯᠠᠪᠠᠶ ᠶᠢᠨ ᠪᠤᠰᠤ ᠦᠨᠡᠯᠡᠯᠲᠡ ᠭᠡᠳᠡᠭ ᠨᠢ ᠦᠨᠡᠯᠡᠯᠲᠡ ᠬᠢᠬᠦ ᠠᠵᠢᠯᠲᠠᠳ ᠲᠥᠷᠥᠯ ᠵᠦᠢᠯ ᠤᠨ ᠨᠢᠭᠡᠴᠢ ᠶᠢᠨ ᠬᠠᠩᠭᠠᠭᠰᠠᠨ ᠲᠥᠷᠥᠯ | ᠵᠦᠢᠯ ᠤᠨ ᠬᠠᠮᠢᠶ᠎ᠠ ᠪᠥᠬᠦᠶ ᠮᠠᠲ᠋ᠧᠷᠢᠶᠠᠯ ᠪᠠ ᠡᠯ᠎ᠡ ᠵᠦᠢᠯ ᠤᠨ ᠢᠯᠡ ᠪᠠᠶᠢᠯᠭᠠᠵᠤ ᠪᠠᠶᠢᠭ᠎ᠠ ᠲᠤᠭ᠎ᠠ ᠪᠠᠷᠢᠮᠲᠠ ᠶᠢᠨ ᠮᠠᠲ᠋ᠧᠷᠢᠶᠠᠯ ᠳᠤ ᠲᠥᠷᠥᠯ ᠬᠤᠪᠢᠶᠠᠬᠤ᠂ | ᠬᠤᠷᠢᠶᠠᠩᠭᠤᠶᠢᠯᠠᠬᠤ ᠪᠠ ᠵᠠᠳᠠᠯᠤᠯᠲᠠ ᠬᠢᠵᠦ᠂ ᠲᠥᠷᠥᠯ ᠵᠦᠢᠯ ᠳᠤ ᠦᠨᠡᠯᠡᠯᠲᠡ ᠬᠢᠬᠦ ᠶᠠᠪᠤᠴᠠ ᠶᠢ ᠵᠢᠭᠠᠵᠤ ᠪᠣᠶ᠃ ᠠᠬᠤᠢ ᠲᠠᠯᠠᠪᠠᠶ ᠶᠢᠨ ᠪᠤᠰᠤ ᠦᠨᠡᠯᠡᠯᠲᠡ ᠶᠢ | ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠬᠡᠷᠡᠭᠵᠢᠭᠦᠯᠬᠦ ᠳᠤ ᠬᠤᠯᠪᠣᠭᠳᠠᠬᠤ ᠪᠣᠶ ᠪᠥᠬᠦᠶ ᠨᠢᠭᠡᠴᠢ ᠪᠠ ᠲᠥᠷᠥᠯ ᠵᠦᠢᠯ ᠳᠤ ᠣᠷᠣᠭᠤᠯᠤᠭᠰᠠᠨ ᠪᠠᠯᠠ ᠮᠥᠩᠭᠦ ᠶᠢ | ᠬᠠᠮᠤᠷᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠦᠨᠡᠯᠡᠯᠲᠡ ᠶᠢᠨ ᠠᠷᠭ᠎ᠠ ᠳᠤ ᠭᠤᠣᠯᠳᠠᠭᠤ ᠥᠪᠡᠷ ᠤᠨ ᠥᠷᠲᠡᠭ ᠦᠷ᠎ᠡ ᠠᠰᠢᠭ ᠢ ᠵᠠᠳᠠᠯᠬᠤ ᠠᠷᠭ᠎ᠠ᠂ ᠬᠠᠷᠢᠴᠠᠭᠤᠯᠬᠤ ᠠᠷᠭ᠎ᠠ᠂ | ᠡᠯᠧᠮᠧᠨ᠋ᠲ ᠢ ᠵᠠᠳᠠᠯᠬᠤ ᠠᠷᠭ᠎ᠠ᠂ ᠬᠠᠮᠤᠭ ᠤᠨ ᠳᠣᠣᠷ᠎ᠠ ᠥᠪᠡᠷ ᠤᠨ ᠥᠷᠲᠡᠭ ᠤᠨ ᠠᠷᠭ᠎ᠠ᠂ ᠨᠡᠶᠢᠲᠡ ᠣᠯᠠᠨ ᠤ ᠦᠨᠡᠯᠡᠨ ᠮᠠᠭᠠᠳᠯᠠᠬᠤ ᠠᠷᠭ᠎ᠠ᠂ ᠬᠡᠪ ᠳᠠᠭᠤᠷᠢᠶᠠᠯ ᠤᠨ | ᠬᠠᠮᠢᠶᠠᠷᠤᠯᠲᠠ ᠶᠢᠨ ᠠᠷᠭ᠎ᠠ ᠵᠡᠷᠭᠡ ᠪᠠᠭᠲᠠᠨ᠎ᠠ᠃ ᠦᠨᠡᠯᠡᠯᠲᠡ ᠬᠢᠯᠭᠡᠬᠦ ᠡᠲᠡᠭᠡᠳ ᠤᠨ ᠪᠣᠳᠠᠲᠤ ᠪᠠᠶᠢᠳᠠᠯ ᠢ ᠦᠨᠳᠦᠰᠦᠯᠡᠨ᠂ ᠨᠢᠭᠡ ᠵᠦᠢᠯ ᠤᠨ ᠪᠤᠶᠤ ᠣᠯᠠᠨ ᠵᠦᠢᠯ ᠤᠨ | ᠠᠷᠭ᠎ᠠ ᠶᠢ ᠬᠡᠷᠡᠭᠯᠡᠵᠦ ᠪᠣᠯᠤᠨ᠎ᠠ᠃ | ︵ᠨᠢᠭᠡ︶ ᠥᠪᠡᠷ ᠤᠨ ᠥᠷᠲᠡᠭ ᠦᠷ᠎ᠡ ᠠᠰᠢᠭ ᠢ ᠵᠠᠳᠠᠯᠬᠤ ᠠᠷᠭ᠎ᠠ᠃ ᠡᠨᠡ ᠨᠢ ᠣᠷᠣᠭᠤᠯᠤᠯᠲᠠ ᠬᠢᠭᠡᠳ ᠦᠢᠯᠡᠳᠪᠦᠷᠢᠯᠡᠵᠦ ᠭᠠᠷᠭᠠᠬᠤ᠂ ᠦᠷ᠎ᠡ ᠠᠰᠢᠭ ᠲᠤ | ᠬᠤᠯᠪᠣᠭᠳᠠᠭᠰᠠᠨ ᠢ ᠬᠤᠯᠪᠣᠭᠳᠠᠭᠤᠯᠤᠨ ᠵᠠᠳᠠᠯᠤᠯᠲᠠ ᠬᠢᠬᠦ ᠠᠷᠭ᠎ᠠ ᠶᠢ ᠵᠢᠭᠠᠵᠤ ᠪᠣᠢ︔ | ︵ᠬᠤᠶᠠᠷ︶ ᠬᠠᠷᠢᠴᠠᠭᠤᠯᠬᠤ ᠠᠷᠭ᠎ᠠ᠃ ᠡᠨᠡ ᠨᠢ ᠬᠡᠷᠡᠭᠵᠢᠭᠦᠯᠦᠭᠰᠡᠨ ᠪᠠᠶᠢᠳᠠᠯ ᠬᠢᠭᠡᠳ ᠠᠮᠵᠢᠯᠲᠠ ᠪᠦᠲᠦᠮᠵᠢ ᠶᠢᠨ ᠬᠠᠷᠠᠯᠲᠠ᠂ ᠥᠩᠭᠡᠷᠡᠭᠰᠡᠨ ᠤ ᠪᠠᠶᠢᠳᠠᠯ᠂ | ᠠᠳᠠᠯᠢ ᠪᠤᠰᠤ ᠰᠠᠯᠠᠭ᠎ᠠ ᠮᠥᠴᠢᠷ ᠪᠠ ᠭᠠᠵᠠᠷ ᠣᠷᠣᠨ ᠤ ᠠᠳᠠᠯᠢ ᠲᠦᠷᠦᠯ ᠤᠨ ᠵᠠᠷᠤᠯᠭ᠎ᠠ ᠶᠢᠨ ᠪᠠᠶᠢᠳᠠᠯ ᠲᠠᠢ ᠬᠠᠷᠢᠴᠠᠭᠤᠯᠬᠤ ᠠᠷᠭ᠎ᠠ ᠶᠢ ᠵᠢᠭᠠᠵᠤ ᠪᠣᠢ︔ | ︵ᠭᠤᠷᠪᠠ︶ ᠡᠯᠧᠮᠧᠨ᠋ᠲ ᠢ ᠵᠠᠳᠠᠯᠬᠤ ᠠᠷᠭ᠎ᠠ᠃ ᠡᠨᠡ ᠨᠢ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠬᠦ᠂ ᠬᠡᠷᠡᠭᠵᠢᠭᠦᠯᠦᠭᠰᠡᠨ ᠤ ᠦᠷ᠎ᠡ | ᠪᠦᠲᠦᠮᠵᠢ ᠶᠢ ᠨᠢ ᠨᠥᠯᠥᠭᠡᠯᠡᠬᠦ ᠳᠣᠲᠣᠭᠠᠳᠤ ᠭᠠᠳᠠᠭᠠᠳᠤ ᠲᠠᠯ᠎ᠠ ᠶᠢᠨ ᠡᠯᠧᠮᠧᠨ᠋ᠲ ᠲᠤ ᠶᠡᠷᠦᠩᠬᠡᠶᠢᠯᠡᠭᠰᠡᠨ ᠵᠠᠳᠠᠯᠤᠯᠲᠠ ᠬᠢᠬᠦ ᠠᠷᠭ᠎ᠠ ᠶᠢ ᠵᠢᠭᠠᠵᠤ ᠪᠤᠶ︔ | ︵ᠳᠥᠷᠪᠡ︶ ᠬᠠᠮᠤᠭ ᠤᠨ ᠳᠣᠤᠷ᠎ᠠ ᠥᠪᠡᠷ ᠤᠨ ᠥᠷᠲᠡᠭ ᠤᠨ ᠠᠷᠭ᠎ᠠ᠃ ᠡᠨᠡ ᠨᠢ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠤᠷᠢᠲᠠᠯ | ᠳᠣᠣᠷ᠎ᠠ᠂ ᠥᠪᠡᠷ ᠤᠨ ᠥᠷᠲᠡᠭ ᠢᠶᠠᠷ ᠬᠠᠮᠤᠭ ᠤᠨ ᠪᠠᠭ᠎ᠠ ᠶᠢ ᠨᠢ ᠰᠠᠶᠢᠨ ᠭᠡᠵᠦ ᠦᠨᠡᠯᠡᠬᠦ ᠠᠷᠭ᠎ᠠ ᠶᠢ ᠵᠢᠭᠠᠵᠤ ᠪᠤᠶ︔ | ︵ᠲᠠᠪᠤ︶ ᠨᠡᠶᠢᠲᠡ ᠣᠯᠠᠨ ᠤ ᠦᠨᠡᠯᠡᠨ ᠮᠠᠭᠠᠳᠯᠠᠬᠤ ᠠᠷᠭ᠎ᠠ᠃ ᠲᠤᠰᠬᠠᠶ ᠮᠡᠷᠭᠡᠵᠢᠯᠲᠡᠨ ᠤ ᠦᠨᠡᠯᠡᠨ ᠵᠢᠱᠢᠬᠦ᠂ ᠨᠡᠶᠢᠲᠡ ᠣᠯᠠᠨ ᠢᠶᠠᠷ ᠠᠰᠠᠭᠤᠯᠲᠠ | ᠬᠠᠷᠢᠭᠤᠯᠬᠤ ᠵᠢᠴᠢ ᠥᠯᠢᠭᠡᠷ ᠠᠪᠴᠤ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠯᠡᠯᠲᠡ ᠬᠢᠬᠦ ᠠᠷᠭ᠎ᠠ ᠶᠢ ᠵᠢᠭᠠᠵᠤ ᠪᠣᠢ︔ | ︵ᠵᠢᠷᠭᠤᠭ᠎ᠠ︶ ᠬᠡᠪ ᠳᠠᠭᠤᠷᠢᠶᠠᠯ ᠤᠨ ᠬᠠᠮᠢᠶᠠᠷᠤᠯᠲᠠ ᠶᠢᠨ ᠠᠷᠭ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠳᠠᠯᠢ ᠠᠵᠢᠯ ᠲᠥᠷᠥᠯ ᠤᠨ ᠳᠣᠲᠣᠷᠠᠬᠢ | ᠨᠡᠯᠢᠶᠡᠳ ᠥᠨᠳᠥᠷ ᠠᠮᠵᠢᠯᠲᠠ ᠪᠦᠲᠦᠮᠵᠢ ᠶᠢᠨ ᠬᠢᠷᠢ ᠬᠡᠮᠵᠢᠶ᠎ᠡ ᠪᠠᠷ ᠬᠡᠪ ᠳᠠᠭᠤᠷᠢᠶᠠᠯ ᠪᠣᠯᠭᠠᠵᠤ ᠦᠨᠡᠯᠡᠨ ᠮᠠᠭᠠᠳᠯᠠᠬᠤ ᠠᠷᠭ᠎ᠠ ᠶᠢ ᠵᠢᠭᠠᠵᠤ ᠪᠤᠶ︔ | ︵ᠳᠣᠯᠤᠭ᠎ᠠ︶ ᠦᠨᠡᠯᠡᠯᠲᠡ ᠶᠢᠨ ᠪᠤᠰᠤᠳ ᠠᠷᠭ᠎ᠠ᠃ | ᠭᠤᠴᠢᠨ ᠭᠤᠷᠪᠠᠳᠤᠭᠠᠷ ᠵᠦᠢᠯ ᠦᠨᠡᠯᠡᠯᠲᠡ ᠶᠢᠨ ᠠᠵᠢᠯ ᠤᠨ ᠳᠤᠭᠤᠶᠢᠯᠠᠩ ᠨᠢ ᠠᠬᠤᠢ ᠲᠠᠯᠠᠪᠠᠶ ᠶᠢᠨ ᠦᠨᠡᠯᠡᠯᠲᠡ ᠪᠠ ᠠᠬᠤᠢ ᠲᠠᠯᠠᠪᠠᠶ ᠶᠢᠨ ᠪᠤᠰᠤ | ᠦᠨᠡᠯᠡᠯᠲᠡ ᠶᠢᠨ ᠪᠠᠶᠢᠳᠠᠯ ᠢ ᠡᠮᠬᠢᠯᠡᠨ ᠬᠤᠷᠢᠶᠠᠩᠭᠤᠶᠢᠯᠠᠵᠤ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ᠂ ᠲᠥᠷᠥᠯ ᠵᠦᠢᠯ ᠤᠨ ᠶᠡᠷᠦᠩᠬᠡᠶ ᠪᠠᠶᠢᠳᠠᠯ ᠳᠤ ᠶᠡᠷᠦᠩᠬᠡᠶᠢᠯᠡᠭᠰᠡᠨ | ᠦᠨᠡᠯᠡᠯᠲᠡ ᠬᠢᠵᠦ᠂ ᠦᠨᠡᠯᠡᠯᠲᠡ ᠶᠢᠨ ᠦᠷ᠎ᠡ ᠳ᠋ᠦᠩ ᠢ ᠭᠠᠷᠭᠠᠬᠤ ᠶᠢᠨ ᠬᠠᠮᠲᠤ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠲᠤᠭᠤᠷᠪᠢᠬᠤ | ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠦᠨᠡᠯᠡᠯᠲᠡ ᠶᠢᠨ ᠦᠷ᠎ᠡ ᠳ᠋ᠦᠩ ᠳᠤ ᠬᠤᠪᠢ ᠲᠣᠭᠲᠠᠭᠠᠬᠤ ᠪᠠ ᠳᠡᠰ ᠲᠣᠭᠲᠠᠭᠠᠬᠤ ᠶᠢ ᠤᠶᠠᠯᠳᠤᠭᠤᠯᠤᠭᠰᠠᠨ ᠠᠷᠭ᠎ᠠ ᠮᠠᠶ᠋ᠢᠭ ᠢ | ᠬᠡᠷᠡᠭᠯᠡᠨ᠂ ᠪᠣᠳᠠᠲᠠᠶ ᠬᠤᠪᠢ ᠶᠢᠨ ᠬᠡᠮᠵᠢᠭᠳᠡᠯ ᠪᠠ ᠵᠡᠷᠭᠡ ᠳᠡᠰ ᠢ ᠨᠢ ᠠᠳᠠᠯᠢ ᠪᠤᠰᠤ ᠦᠨᠡᠯᠡᠯᠲᠡ ᠶᠢᠨ ᠠᠭᠤᠯᠭ᠎ᠠ ᠶᠢ ᠦᠨᠳᠦᠰᠦᠯᠡᠨ ᠲᠣᠭᠲᠠᠭᠠᠵᠤ ᠪᠣᠯᠤᠨ᠎ᠠ᠃ | ᠶᠡᠷᠦᠩᠬᠡᠶ ᠬᠤᠪᠢ ᠶᠢ ᠶᠡᠷᠦ ᠳᠤ ᠪᠠᠨ 100 ᠬᠤᠪᠢ ᠪᠠᠷ ᠲᠣᠭᠲᠠᠭᠠᠵᠤ᠂ ᠵᠡᠷᠭᠡ ᠳᠡᠰ ᠢ ᠨᠢ ᠶᠡᠷᠦ ᠳᠤ ᠪᠠᠨ ᠳᠥᠷᠪᠡᠨ ᠳᠡᠰ ᠬᠤᠪᠢᠶᠠᠨ᠎ᠠ᠄ 90 ︵ᠪᠠᠭᠲᠠᠨ᠎ᠠ︶ — | 100 ᠬᠤᠪᠢ ᠲᠠᠢ ᠨᠢ ᠰᠢᠯᠢᠳᠡᠭ᠂ 80 ︵ᠪᠠᠭᠲᠠᠨ᠎ᠠ︶ — 90 ᠬᠤᠪᠢ ᠲᠠᠢ ᠨᠢ ᠰᠠᠶᠢᠨ᠂ 60 ︵ᠪᠠᠭᠲᠠᠨ᠎ᠠ︶ — 80 ᠬᠤᠪᠢ ᠲᠠᠢ ᠨᠢ ᠳᠤᠮᠳᠠ ᠶᠢᠨ᠂ | 60 ᠬᠤᠪᠢ ᠠᠴᠠ ᠪᠠᠭ᠎ᠠ ᠬᠤᠪᠢ ᠲᠠᠢ ᠶᠢ ᠨᠢ ᠠᠨᠠᠶ ᠭᠡᠵᠦ ᠬᠤᠪᠢᠶᠠᠨ᠎ᠠ᠃ | ᠭᠤᠴᠢᠨ ᠲᠠᠪᠤᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠳᠤ ᠦᠨᠡᠯᠡᠯᠲᠡ ᠬᠢᠭᠰᠡᠨ ᠲᠥᠷᠥᠯ ᠵᠦᠢᠯ ᠤᠨ ᠦᠨᠳᠦᠰᠦᠨ | ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠶᠢᠯᠠᠨ ᠪᠢᠴᠢᠵᠦ᠂ ᠦᠨᠡᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠠᠶᠢᠳᠠᠯ ᠢᠶᠠᠨ ᠲᠣᠳᠣᠷᠬᠠᠶᠢᠯᠠᠬᠤ ᠶᠢᠨ ᠬᠠᠮᠲᠤ᠂ | ᠪᠦᠬᠦ ᠲᠠᠯ᠎ᠠ ᠪᠠᠷ ᠵᠠᠳᠠᠯᠵᠣ ᠳ᠋ᠦᠩᠨᠡᠯᠲᠡ ᠦᠨᠡᠯᠡᠯᠲᠡ ᠬᠢᠭᠰᠡᠨ ᠰᠠᠭᠤᠷᠢᠨ ᠳᠡᠭᠡᠷ᠎ᠡ᠂ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ᠲᠠᠢ ᠬᠠᠷᠢᠴᠠᠭᠤᠯᠤᠭᠠᠳ | ᠪᠣᠳᠠᠲᠠᠶ ᠠᠮᠵᠢᠯᠲᠠ ᠪᠦᠲᠦᠮᠵᠢ ᠶᠢᠨ ᠵᠠᠳᠠᠯᠤᠯᠲᠠ ᠪᠠ ᠳ᠋ᠦᠩᠨᠡᠯᠲᠡ ᠭᠠᠷᠭᠠᠬᠤ ᠬᠡᠷᠡᠭᠲᠡᠶ᠃ ᠲᠥᠷᠥᠯ ᠵᠦᠢᠯ ᠤᠨ ᠠᠮᠵᠢᠯᠲᠠ ᠪᠦᠲᠦᠮᠵᠢ᠂ ᠭᠤᠤᠯ ᠪᠣᠯᠬᠤ | ᠠᠰᠠᠭᠤᠳᠠᠯ ᠤᠨ ᠵᠠᠳᠠᠯᠤᠯᠲᠠ ᠵᠡᠷᠭᠡ ᠳᠤ ᠲᠤᠭ᠎ᠠ ᠪᠠᠷᠢᠮᠲᠠ ᠨᠢ ᠦᠨᠡᠨ ᠪᠣᠳᠠᠲᠠᠶ᠂ ᠠᠭᠤᠯᠭ᠎ᠠ ᠨᠢ ᠪᠦᠷᠢᠨ ᠲᠡᠭᠦᠯᠳᠡᠷ᠂ ᠬᠡᠷᠡᠭ ᠤᠨ ᠵᠢᠱᠢᠶ᠎ᠡ ᠨᠢ ᠨᠠᠷᠢᠨ ᠪᠣᠳᠠᠲᠠᠶ᠂ | ᠦᠨᠳᠦᠰᠦᠯᠡᠯ ᠨᠢ ᠪᠦᠷᠢᠨ ᠭᠦᠢᠴᠡᠳ᠂ ᠵᠠᠳᠠᠯᠤᠯᠲᠠ ᠨᠢ ᠨᠡᠪᠲᠡᠷᠬᠡᠶ᠂ ᠳ᠋ᠦᠩᠨᠡᠯᠲᠡ ᠨᠢ ᠣᠨᠣᠪᠴᠢᠲᠠᠶ ᠪᠠᠶᠢᠵᠦ᠂ ᠳᠤᠷᠠᠳᠤᠭᠰᠠᠨ ᠰᠠᠨᠠᠭᠤᠯᠭ᠎ᠠ ᠨᠢ ᠬᠠᠨᠳᠤᠯᠭᠠᠲᠤ ᠴᠢᠨᠠᠷ | ᠪᠠ ᠪᠣᠯᠤᠮᠵᠢᠲᠤ ᠴᠢᠨᠠᠷ ᠲᠠᠢ ᠪᠠᠶᠢᠬᠤ ᠬᠡᠷᠡᠭᠲᠡᠶ᠃ | | | ᠲᠠᠪᠤᠳᠤᠭᠠᠷ ᠪᠦᠯᠦᠭ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠬᠦ ᠵᠢᠴᠢ ᠲᠡᠭᠦᠨ ᠢ ᠢᠯᠡ ᠪᠣᠯᠭᠠᠬᠤ | ᠭᠤᠴᠢᠨ ᠵᠢᠷᠭᠤᠳᠤᠭᠠᠷ ᠵᠦᠢᠯ ᠲᠥᠷᠥᠯ ᠵᠦᠢᠯ ᠤᠨ ᠨᠢᠭᠡᠴᠢ ᠨᠢ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠢᠶᠠᠨ ᠡᠮᠬᠢᠯᠡᠨ ᠳᠢᠭᠯᠡᠬᠦ ᠪᠠ | ᠵᠠᠳᠠᠯᠤᠯᠲᠠ ᠬᠢᠬᠦ ᠶᠢ ᠦᠨᠡᠨ ᠬᠦ ᠴᠢᠩᠭᠠᠳᠬᠠᠵᠤ᠂ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠢ ᠲᠣᠰ ᠨᠢᠭᠡᠴᠢ ᠶᠢᠨ ᠲᠥᠷᠥ ᠶᠢᠨ ᠪᠣᠳᠣᠯᠭ᠎ᠠ᠂ ᠲᠦᠷᠢᠮ ᠢᠶᠠᠨ | ᠲᠡᠭᠦᠯᠳᠡᠷᠵᠢᠭᠦᠯᠬᠦ ᠪᠠ ᠬᠠᠮᠢᠶᠠᠷᠤᠯᠲᠠ ᠪᠠᠨ ᠰᠠᠶᠢᠵᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠲᠥᠰᠦᠪ ᠢ ᠭᠦᠢᠴᠡᠳᠬᠡᠭᠰᠡᠨ ᠨᠣᠷᠮ᠎ᠠ ᠨᠢ ᠳᠣᠣᠷ᠎ᠠ᠂ | ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠨᠢ ᠨᠡᠯᠢᠶᠡᠳ ᠠᠨᠠᠶ ᠪᠠᠢᠭ᠎ᠠ ᠲᠥᠷᠥᠯ ᠵᠦᠢᠯ ᠳᠤ ᠪᠠᠨ ᠰᠢᠯᠲᠠᠭᠠᠨ ᠢ ᠨᠢ ᠠᠰᠲᠠᠭᠠᠨ ᠲᠣᠳᠣᠷᠬᠠᠶᠢᠯᠠᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠦᠨᠡᠯᠡᠯᠲᠡ ᠬᠢᠭᠰᠡᠨ | ᠲᠠᠯ᠎ᠠ ᠨᠢ ᠦᠨᠡᠯᠡᠯᠲᠡ ᠶᠢᠨ ᠦᠷ᠎ᠡ ᠳ᠋ᠦᠩ ᠢᠶᠠᠨ ᠦᠨᠡᠯᠡᠯᠲᠡ ᠬᠢᠯᠭᠡᠭᠰᠡᠨ ᠡᠲᠡᠭᠡᠳ ᠲᠤ ᠴᠠᠭ ᠲᠤᠬᠠᠶ ᠳᠤ ᠨᠢ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠴᠠᠭ ᠤᠨ ᠬᠢᠵᠠᠭᠠᠷ ᠢ ᠨᠢ ᠲᠣᠳᠣᠷᠬᠠᠶ ᠲᠣᠭᠲᠠᠭᠠᠵᠤ ᠥᠭᠬᠦ ᠬᠡᠷᠡᠭᠲᠡᠶ᠃ ᠦᠨᠡᠯᠡᠯᠲᠡ ᠬᠢᠯᠭᠡᠭᠰᠡᠨ ᠡᠲᠡᠭᠡᠳ ᠨᠢ ᠱᠠᠭᠠᠷᠳᠠᠯᠭ᠎ᠠ ᠶᠣᠰᠣᠭᠠᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠦᠨᠡᠯᠡᠯᠲᠡ ᠶᠢᠨ ᠦᠷ᠎ᠡ ᠳ᠋ᠦᠩ ᠬᠢᠭᠡᠳ ᠥᠪᠡᠷᠰᠡᠳ ᠤᠨ ᠦᠨᠡᠯᠡᠯᠲᠡ ᠶᠢᠨ | ᠦᠷ᠎ᠡ ᠳ᠋ᠦᠩ ᠨᠢ ᠨᠡᠯᠢᠶᠡᠳ ᠶᠡᠭᠡ ᠵᠥᠷᠢᠶ᠎ᠡ ᠲᠠᠢ ᠪᠠᠶᠢᠪᠠᠯ᠂ ᠵᠥᠷᠢᠶ᠎ᠡ ᠭᠠᠷᠤᠭᠰᠠᠨ ᠰᠢᠯᠲᠠᠭᠠᠨ ᠳᠤ ᠨᠢ ᠭᠦᠨᠵᠡᠭᠡᠶ ᠵᠠᠳᠠᠯᠤᠯᠲᠠ ᠬᠢᠵᠦ᠂ ᠬᠠᠮᠢᠶ᠎ᠠ ᠪᠥᠬᠦᠶ ᠠᠵᠢᠯ ᠢᠶᠠᠨ | ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠶ᠃ ᠦᠨᠡᠯᠡᠯᠲᠡ ᠬᠢᠭᠰᠡᠨ ᠰᠠᠯᠠᠭ᠎ᠠ ᠮᠥᠴᠢᠷ ᠨᠢ ᠱᠠᠭᠠᠷᠳᠠᠯᠭ᠎ᠠ ᠶᠣᠰᠣᠭᠠᠷ ᠰᠠᠯᠠᠭ᠎ᠠ ᠮᠥᠴᠢᠷ ᠤᠨ ᠦᠨᠡᠯᠡᠯᠲᠡ ᠶᠢᠨ | ᠦᠷ᠎ᠡ ᠳ᠋ᠦᠩ ᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠭᠰᠡᠨ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠪᠦᠬᠦ ᠲᠠᠯ᠎ᠠ ᠪᠠᠷ ᠬᠢᠨᠠᠨ ᠬᠠᠷᠭᠤᠭᠤᠯᠬᠤ ᠶᠢᠨ | ᠬᠠᠮᠲᠤ᠂ ᠬᠡᠰᠡᠭ ᠲᠥᠷᠥᠯ ᠵᠦᠢᠯ ᠢ ᠨᠢ ᠭᠤᠣᠯᠳᠠᠯᠭ᠎ᠠ ᠲᠠᠢ ᠰᠣᠩᠭᠤᠨ ᠭᠠᠷᠭᠠᠵᠤ ᠲᠤᠰᠬᠠᠶ ᠬᠢᠨᠠᠨ ᠪᠠᠶᠢᠴᠠᠭᠠᠵᠦ᠂ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ | ᠰᠢᠮᠳᠠᠭᠤᠯᠤᠨ ᠴᠢᠩᠭᠠᠳᠬᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠰᠠᠯᠠᠭ᠎ᠠ ᠮᠥᠴᠢᠷ ᠤᠨ ᠦᠨᠡᠯᠡᠯᠲᠡ ᠶᠢᠨ ᠦᠷ᠎ᠡ ᠳ᠋ᠦᠩ ᠢ ᠲᠤᠰ ᠰᠠᠯᠠᠭ᠎ᠠ ᠮᠥᠴᠢᠷ ᠤᠨ ᠲᠥᠰᠦᠪ ᠢ ᠲᠣᠬᠢᠷᠠᠭᠤᠯᠬᠤ᠂ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠬᠠᠮᠢᠶᠠᠷᠤᠯᠲᠠ ᠶᠢ ᠰᠠᠶᠢᠵᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ︔ ᠡᠳ᠋ ᠤᠨ ᠵᠠᠰᠠᠭ ᠤᠨ | ᠦᠨᠡᠯᠡᠯᠲᠡ ᠶᠢᠨ ᠦᠷ᠎ᠡ ᠳ᠋ᠦᠩ ᠢ ᠵᠠᠰᠠᠭ ᠤᠨ ᠣᠷᠳᠣᠨ ᠤ ᠲᠥᠰᠦᠪ ᠢ ᠲᠣᠬᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠬᠠᠮᠢᠶᠠᠷᠤᠯᠲᠠ ᠶᠢ | ᠰᠠᠶᠢᠵᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠦᠨᠡᠯᠡᠯᠲᠡ ᠶᠢᠨ ᠵᠡᠷᠭᠡ ᠳᠡᠰ ᠨᠢ ᠰᠢᠯᠢᠳᠡᠭ ᠪᠣᠶᠣ ᠰᠠᠶᠢᠨ ᠪᠠᠶᠢᠪᠠᠯ᠂ | ᠪᠠᠶᠢᠳᠠᠯ ᠢ ᠨᠢ ᠦᠨᠳᠦᠰᠦᠯᠡᠨ ᠳᠡᠮᠵᠢᠯᠭᠡ ᠦᠵᠡᠭᠦᠯᠦᠨ᠎ᠡ︔ ᠦᠨᠡᠯᠡᠯᠲᠡ ᠶᠢᠨ ᠵᠡᠷᠭᠡ ᠳᠡᠰ ᠨᠢ ᠳᠤᠮᠳᠠ ᠪᠣᠶᠣ ᠠᠨᠠᠢ ᠪᠠᠶᠢᠪᠠᠯ᠂ ᠲᠦᠷᠦ ᠶᠢᠨ ᠪᠤᠳᠤᠯᠭ᠎ᠠ ᠪᠠᠨ | ᠲᠡᠭᠦᠯᠳᠡᠷᠵᠢᠭᠦᠯᠦᠨ᠂ ᠬᠠᠮᠢᠶᠠᠷᠤᠯᠲᠠ ᠪᠠᠨ ᠰᠠᠶᠢᠵᠢᠷᠠᠭᠤᠯᠵᠤ᠂ ᠪᠠᠶᠢᠳᠠᠯ ᠢ ᠨᠢ ᠦᠨᠳᠦᠰᠦᠯᠡᠨ ᠲᠥᠰᠦᠪ ᠢ ᠬᠠᠷᠭᠤᠭᠤᠯᠤᠨ ᠬᠠᠰᠤᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠦᠭᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠶ ᠪᠠᠶᠢᠪᠠᠯ᠂ ᠪᠠᠶᠢᠳᠠᠯ ᠢ ᠨᠢ ᠦᠨᠳᠦᠰᠦᠯᠡᠨ ᠲᠥᠰᠦᠪ ᠢ | ᠵᠣᠬᠢᠴᠠᠩᠭᠤᠶ ᠪᠠᠷ ᠲᠣᠬᠢᠷᠠᠭᠤᠯᠤᠨ ᠬᠠᠰᠤᠬᠤ ᠪᠤᠶᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠳᠠᠬᠢᠨ ᠲᠣᠬᠢᠷᠠᠭᠤᠯᠵᠤ ᠥᠭᠬᠦ ᠬᠡᠷᠡᠭᠲᠡᠶ᠃ | ᠳᠥᠴᠢᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠪᠠ ᠦᠷ᠎ᠡ ᠳ᠋ᠦᠩ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠢᠨᠠᠨ | ᠪᠣᠳᠣᠬᠤ ᠪᠠ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠦᠯᠢᠶᠡᠬᠦ ᠬᠡᠷᠡᠭᠲᠡᠢ᠃ | ᠳᠥᠴᠢᠨ ᠨᠢᠭᠡᠳᠦᠭᠡᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ᠂ ᠰᠠᠯᠠᠭ᠎ᠠ ᠮᠥᠴᠢᠷ ᠤᠨ ᠦᠨᠡᠯᠡᠯᠲᠡ ᠪᠠ ᠡᠳ᠋ ᠤᠨ ᠵᠠᠰᠠᠭ ᠤᠨ | ᠦᠨᠡᠯᠡᠯᠲᠡ ᠶᠢᠨ ᠦᠷ᠎ᠡ ᠳ᠋ᠦᠩ ᠢ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠲᠥᠰᠦᠪ ᠤᠨ ᠭᠦᠢᠴᠡᠳᠬᠡᠯ ᠪᠠ ᠲᠤᠰ ᠰᠠᠯᠠᠭ᠎ᠠ ᠮᠥᠴᠢᠷ ᠤᠨ ᠲᠥᠰᠦᠪ ᠤᠨ | ᠭᠦᠢᠴᠡᠳᠬᠡᠯ ᠳᠤ ᠨᠠᠶᠢᠷᠠᠭᠤᠯᠤᠨ ᠣᠷᠣᠭᠤᠯᠵᠤ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︵ᠠᠵᠢᠯᠯᠠᠬᠤ | ᠬᠤᠷᠢᠶ᠎ᠠ︶ ᠳᠤ ᠮᠡᠳᠡᠭᠦᠯᠦᠨ ᠬᠦᠷᠭᠡᠬᠦ ᠶᠢᠨ ᠬᠠᠮᠲᠤ᠂ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ᠃ | | | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠬᠤᠶᠠᠳᠤᠭᠠᠷ ᠵᠦᠢᠯ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠡᠳ ᠦᠷ᠎ᠡ ᠠᠰᠢᠭ ᠣᠯᠣᠭᠰᠠᠨ ᠢᠶᠠᠷ ᠰᠦᠷᠡᠬᠡᠢ ᠪᠠᠭ᠎ᠠ ᠪᠠ ᠦᠴᠦᠬᠡᠨ ᠴᠤ | ᠦᠷ᠎ᠡ ᠠᠰᠢᠭ ᠣᠯᠣᠭᠰᠠᠨ ᠦᠭᠡᠢ ᠪᠥᠭᠡᠳ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ ᠲᠠᠢ ᠬᠥᠮᠥᠨ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠠᠪᠤᠴᠠ ᠳᠤ ᠢᠯᠡᠷᠡᠭᠦᠯᠦᠭᠰᠡᠨ ᠡᠳ᠋ ᠤᠨ | ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠡᠳ᠋ ᠤᠨ | ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ᠂ ᠪᠡᠯᠡ ᠮᠥᠩᠭᠦ ᠬᠡᠷᠡᠭᠯᠡᠭᠰᠡᠨ ᠨᠢᠭᠡᠴᠢ ᠪᠠ ᠬᠤᠪᠢ ᠬᠥᠮᠦᠨ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠰᠠᠬᠢᠯᠭ᠎ᠠ ᠪᠠᠲᠤ ᠪᠠ ᠬᠠᠤᠯᠢ | ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ | ᠲᠤᠬᠠᠢ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠥᠰᠦᠪ ᠬᠢᠵᠦ ᠪᠥᠬᠦᠶ ᠰᠠᠯᠠᠭ᠎ᠠ ᠮᠥᠴᠢᠷ ᠪᠠ ᠨᠢᠭᠡᠴᠢ ᠵᠢᠴᠢ | ᠲᠡᠳᠡᠭᠡᠷ ᠤᠨ ᠠᠵᠢᠯᠲᠠᠳ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠳᠤ ᠲᠣᠰ ᠠᠷᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠡᠷᠬᠡ | ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ | ᠵᠡᠷᠭᠡ ᠬᠠᠤᠯᠢ ᠪᠠ ᠰᠠᠬᠢᠯᠭ᠎ᠠ ᠪᠠᠲᠤ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠦᠪ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠢᠨᠠᠨ ᠪᠠᠶᠢᠴᠠᠭᠠᠬᠤ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠢᠳᠬᠡᠬᠦ ᠲᠦᠷᠢᠮ︾ ᠵᠡᠷᠭᠡ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠵᠣᠬᠢᠬᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠬᠡᠯᠬᠡᠬᠦ ᠬᠡᠷᠡᠭᠲᠡᠢ᠃ | | | ᠳᠣᠯᠣᠳᠤᠭᠠᠷ ᠪᠦᠯᠦᠭ ᠳᠠᠭᠠᠯᠳᠤᠭᠤᠯᠤᠯ ᠲᠦᠷᠢᠮ | ᠳᠥᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃365赢多少钱会被限额_国内有真正的365平台吗_365bet博彩官网 | ᠳᠥᠴᠢᠨ ᠲᠠᠪᠤᠳᠤᠭᠠᠷ ᠵᠦᠢᠯ ᠰᠢᠨ᠎ᠡ ᠪᠠᠷ ᠨᠡᠮᠡᠭᠳᠡᠭᠰᠡᠨ ᠰᠢᠨ᠎ᠡ ᠲᠥᠷᠥᠯ ᠵᠦᠢᠯ ︵ᠲᠥᠷᠥ ᠶᠢᠨ ᠪᠣᠳᠣᠯᠭ᠎ᠠ︶ ᠪᠤᠶᠤ ᠲᠥᠷᠥᠯ ᠵᠦᠢᠯ ︵ᠲᠥᠷᠥ ᠶᠢᠨ | ᠪᠣᠳᠣᠯᠭ᠎ᠠ︶ ᠤᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠶ ᠪᠣᠯ᠂ ᠠᠵᠢᠯ ᠶᠠᠪᠤᠳᠠᠯ ᠤᠨ ᠡᠮᠦᠨᠡᠬᠢ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠬᠤᠯᠪᠣᠭᠳᠠᠯ ᠪᠥᠬᠦᠶ ᠠᠷᠭ᠎ᠠ ᠪᠠᠷ ᠯᠠᠪᠯᠠᠯᠲᠠ ᠪᠣᠯᠭᠠᠵᠤ ᠠᠵᠢᠯ ᠶᠠᠪᠤᠳᠠᠯ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ | ᠦᠨᠡᠯᠡᠯᠲᠡ ᠶᠢᠨ ᠦᠷ᠎ᠡ ᠳ᠋ᠦᠩ ᠢ ᠲᠥᠰᠦᠪ ᠭᠤᠶᠤᠴᠢᠯᠠᠬᠤ ᠳᠤ ᠵᠠᠪᠠᠯ ᠪᠦᠷᠢᠳᠦᠭᠦᠯᠬᠦ ᠨᠥᠬᠦᠴᠡᠯ ᠪᠠ ᠲᠥᠰᠦᠪ ᠤᠨ ᠲᠣᠬᠢᠷᠠᠭᠤᠯᠤᠯᠲᠠ ᠶᠢᠨ ᠴᠢᠬᠤᠯᠠ ᠯᠠᠪᠯᠠᠬᠤ | ᠦᠨᠳᠦᠰᠦᠯᠡᠯ ᠪᠣᠯᠭᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇︹ 2016﹈ ︺ 171 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | ᠳᠠᠭᠠᠯᠳᠤᠭᠤᠯᠤᠯ᠄ 1. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠬᠦᠰᠦᠨᠦᠭᠲᠦ | 2. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢᠨ | ᠪᠣᠷᠣ ᠲᠥᠰᠥᠪ ︵ᠯᠠᠪᠯᠠᠬᠤ︶ | 3. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ︵ᠯᠠᠪᠯᠠᠬᠤ ᠲᠣᠪᠴᠢᠯᠠᠯ︶ | 4. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠮᠡᠳᠡᠭᠦᠯᠦᠯᠲᠡ | ︵ᠯᠠᠪᠯᠠᠬᠤ ᠲᠣᠪᠴᠢᠯᠠᠯ︶ | | ᠳᠠᠭᠠᠯᠳᠤᠭᠤᠯᠤᠯ 1 | ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠬᠦᠰᠦᠨᠦᠭᠲᠦ | ᠳᠠᠭᠠᠯᠳᠤᠭᠤᠯᠤᠯ 2 | ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢᠨ ᠪᠣᠷᠣ ᠲᠥᠰᠥᠪ ︵ᠯᠠᠪᠯᠠᠬᠤ︶ | ᠳᠠᠭᠠᠯᠳᠤᠭᠤᠯᠤᠯ 3 | ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ︵ᠯᠠᠪᠯᠠᠬᠤ ᠲᠣᠪᠴᠢᠯᠠᠯ︶ | ᠨᠢᠭᠡ᠂ ᠦᠨᠳᠦᠰᠦᠨ ᠪᠠᠶᠢᠳᠠᠯ | ︵ᠨᠢᠭᠡ︶ ᠲᠥᠷᠥᠯ ᠵᠦᠢᠯ ᠤᠨ ᠲᠦᠢᠮᠣ ᠪᠠᠶᠢᠳᠠᠯ᠃ ᠡᠭᠦᠨ ᠳᠤ ᠲᠥᠷᠥᠯ ᠵᠦᠢᠯ ᠤᠨ ᠠᠬᠤᠶ ᠪᠠᠶᠢᠳᠠᠯ᠂ ᠭᠤᠣᠯ ᠠᠭᠤᠯᠭ᠎ᠠ ᠬᠢᠭᠡᠳ ᠬᠡᠷᠡᠭᠵᠢᠭᠦᠯᠦᠭᠰᠡᠨ | ᠪᠠᠶᠢᠳᠠᠯ᠂ ᠪᠡᠯᠡ ᠮᠥᠩᠭᠦ ᠣᠷᠣᠭᠤᠯᠤᠭᠰᠠᠨ ᠪᠠ ᠬᠡᠷᠡᠭᠯᠡᠭᠰᠡᠨ ᠪᠠᠶᠢᠳᠠᠯ ᠵᠡᠷᠭᠡ ᠪᠠᠭᠲᠠᠨ᠎ᠠ᠃ | ︵ᠬᠤᠶᠠᠷ︶ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠃ ᠡᠭᠦᠨ ᠳᠤ ᠶᠡᠷᠦᠩᠬᠡᠶ ᠬᠠᠷᠠᠯᠲᠠ ᠪᠠ ᠱᠠᠲᠤ ᠦᠶ᠎ᠡ ᠶᠢᠨ ᠴᠢᠨᠠᠷᠲᠠᠶ ᠬᠠᠷᠠᠯᠲᠠ | ᠪᠠᠭᠲᠠᠨ᠎ᠠ᠃ | ᠬᠤᠶᠠᠷ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ | ︵ᠨᠢᠭᠡ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠵᠣᠷᠢᠯᠭ᠎ᠠ᠂ ᠡᠲᠡᠭᠡᠳ ᠪᠠ ᠬᠡᠪᠴᠢᠶ᠎ᠡ᠃ | ︵ᠬᠤᠶᠠᠷ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠵᠠᠷᠴᠢᠮ᠂ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ︵ᠳᠠᠭᠠᠯᠳᠤᠭᠤᠯᠤᠯ | ᠬᠦᠰᠦᠨᠦᠭᠲᠦ ᠶᠢᠨ ᠲᠣᠳᠣᠷᠬᠠᠶᠢᠯᠠᠯᠲᠠ︶᠂ ᠦᠨᠡᠯᠡᠯᠲᠡ ᠶᠢᠨ ᠠᠷᠭ᠎ᠠ᠂ ᠦᠨᠡᠯᠡᠯᠲᠡ ᠶᠢᠨ ᠪᠠᠷᠢᠮᠵᠢᠶ᠎ᠠ ᠵᠡᠷᠭᠡ᠃ | ︵ᠭᠤᠷᠪᠠ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠶᠠᠪᠤᠴᠠ᠃ ᠡᠭᠦᠨ ᠳᠤ ᠡᠬᠢᠨ ᠤ ᠬᠤᠭᠤᠴᠠᠭᠠᠨ ᠳᠠᠬᠢ ᠪᠡᠯᠡᠳᠬᠡᠯ᠂ ᠵᠣᠬᠢᠶᠠᠨ | ᠪᠠᠶᠢᠭᠤᠯᠵᠤ ᠬᠡᠷᠡᠭᠵᠢᠭᠦᠯᠬᠦ ᠪᠠ ᠦᠨᠡᠯᠡᠯᠲᠡ ᠬᠢᠵᠦ ᠵᠠᠳᠠᠯᠬᠤ᠂ ᠣᠶᠢᠯᠠᠭᠠᠨ ᠨᠡᠪᠲᠡᠷᠡᠯᠴᠡᠵᠦ ᠬᠠᠷᠢᠭᠤ ᠲᠤᠰᠬᠠᠬᠤ ᠵᠡᠷᠭᠡ ᠪᠠᠭᠲᠠᠨ᠎ᠠ᠃ | ᠭᠤᠷᠪᠠ᠂ ᠶᠡᠷᠦᠩᠬᠡᠶᠢᠯᠡᠭᠰᠡᠨ ᠦᠨᠡᠯᠡᠯᠲᠡ ᠬᠢᠵᠦ ᠵᠠᠳᠠᠯᠤᠭᠰᠠᠨ ᠪᠠᠶᠢᠳᠠᠯ ᠵᠢᠴᠢ ᠦᠨᠡᠯᠡᠯᠲᠡ ᠶᠢᠨ ᠳ᠋ᠦᠩᠨᠡᠯᠲᠡ ︵ᠬᠠᠮᠢᠶ᠎ᠠ ᠪᠥᠬᠦᠶ ᠬᠤᠪᠢ ᠲᠣᠭᠲᠠᠭᠠᠬᠤ | ᠬᠦᠰᠦᠨᠦᠭᠲᠦ ᠶᠢ ᠳᠠᠭᠠᠯᠳᠤᠭᠤᠯᠪᠠ︶ | ᠳᠥᠷᠪᠡ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ ᠲᠣᠭᠠᠨ ᠤ ᠵᠠᠳᠠᠯᠤᠯᠲᠠ ︵ᠦᠨᠡᠯᠡᠯᠲᠡ ᠶᠢᠨ ᠭᠦᠢᠴᠡᠳᠬᠡᠯ ᠲᠣᠭᠠᠨ ᠤ | ᠲᠣᠭᠲᠠᠯᠴᠠᠭ᠎ᠠ ᠲᠠᠢ ᠤᠶᠠᠯᠳᠤᠭᠤᠯᠤᠨ ᠵᠠᠳᠠᠯᠤᠯᠲᠠ ᠬᠢᠨ᠎ᠠ︶ | ︵ᠨᠢᠭᠡ︶ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠳᠠᠯ᠃ | ︵ᠬᠤᠶᠠᠷ︶ ᠲᠥᠷᠥᠯ ᠵᠦᠢᠯ ᠤᠨ ᠶᠠᠪᠤᠴᠠ ᠶᠢᠨ ᠪᠠᠶᠢᠳᠠᠯ᠃ | ︵ᠭᠤᠷᠪᠠ︶ ᠲᠥᠷᠥᠯ ᠵᠦᠢᠯ ᠤᠨ ᠦᠢᠯᠡᠳᠪᠦᠷᠢᠯᠡᠵᠦ ᠭᠠᠷᠭᠠᠭᠰᠠᠨ ᠪᠠᠶᠢᠳᠠᠯ᠃ | ︵ᠳᠥᠷᠪᠡ︶ ᠲᠥᠷᠥᠯ ᠵᠦᠢᠯ ᠤᠨ ᠦᠷ᠎ᠡ ᠠᠰᠢᠭ ᠤᠨ ᠪᠠᠶᠢᠳᠠᠯ᠃ | ᠲᠠᠪᠤ᠂ ᠭᠤᠣᠯ ᠪᠣᠯᠬᠤ ᠲᠤᠷᠰᠢᠯᠭ᠎ᠠ ᠬᠢᠭᠡᠳ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠡᠭᠦᠨ ᠤ ᠰᠢᠯᠲᠠᠭᠠᠨ ᠤ ᠵᠠᠳᠠᠯᠤᠯᠲᠠ | ᠵᠢᠷᠭᠤᠭ᠎ᠠ᠂ ᠬᠤᠯᠪᠤᠨᠨᠳᠠᠯ ᠪᠦᠬᠦᠢ ᠰᠠᠨᠠᠭᠤᠯᠭ᠎ᠠ | ᠲᠤᠯᠤᠭ᠎ᠠ᠂ ᠲᠣᠳᠣᠷᠬᠠᠶᠢᠯᠠᠬᠤ ᠴᠢᠬᠤᠯᠠᠲᠠᠢ ᠪᠤᠰᠤᠳ ᠠᠰᠠᠭᠤᠳᠠᠯ | ᠳᠠᠭᠠᠯᠳᠤᠭᠤᠯᠤᠯ 4 | ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠮᠡᠳᠡᠭᠦᠯᠦᠯᠲᠡ ︵ᠯᠠᠪᠯᠠᠬᠤ ᠲᠣᠪᠴᠢᠯᠠᠯ︶ | ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ | ︵ᠨᠢᠭᠡ︶ ᠲᠥᠷᠥᠯ ᠵᠦᠢᠯ ᠤᠨ ᠦᠨᠳᠦᠰᠦᠨ ᠪᠠᠶᠢᠳᠠᠯ ᠤᠨ ᠲᠣᠪᠴᠢ ᠲᠠᠨᠢᠯᠴᠠᠭᠤᠯᠭ᠎ᠠ᠃ | ︵ᠬᠤᠶᠠᠷ︶ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠵᠢᠴᠢ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠃ | ᠬᠤᠶᠠᠷ᠂ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠠᠵᠢᠯ ᠤᠨ ᠪᠠᠶᠢᠳᠠᠯ | ︵ᠨᠢᠭᠡ︶ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠬᠠᠷᠠᠯᠲᠠ᠃ | ︵ᠬᠤᠶᠠᠷ︶ ᠲᠥᠷᠥᠯ ᠵᠦᠢᠯ ᠤᠨ ᠪᠡᠯᠡ ᠮᠥᠩᠭᠦ ᠣᠷᠣᠭᠤᠯᠤᠭᠰᠠᠨ ᠪᠠᠶᠢᠳᠠᠯ᠃ | ︵ᠭᠤᠷᠪᠠ︶ ᠲᠥᠷᠥᠯ ᠵᠦᠢᠯ ᠤᠨ ᠪᠡᠯᠡ ᠮᠥᠩᠭᠦᠨ ᠤ ᠦᠢᠯᠡᠳᠪᠦᠷᠢᠯᠡᠵᠦ ᠭᠠᠷᠭᠠᠭᠰᠠᠨ ᠪᠠᠶᠢᠳᠠᠯ᠃ | ︵ᠳᠥᠷᠪᠡ︶ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠪᠠᠶᠢᠳᠠᠯ᠃ | ᠭᠤᠷᠪᠠ᠂ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠪᠠᠶᠢᠳᠠᠯ | ︵ᠨᠢᠭᠡ︶ ᠦᠢᠯᠡᠳᠪᠦᠷᠢᠯᠡᠵᠦ ᠭᠠᠷᠭᠠᠬᠤ ᠭᠦᠢᠴᠡᠳᠬᠡᠯ ᠲᠤᠭ᠎ᠠ ᠪᠠᠨ ᠪᠡᠶᠡᠯᠡᠭᠦᠯᠦᠭᠰᠡᠨ ᠪᠠᠶᠢᠳᠠᠯ᠃ | ︵ᠬᠤᠶᠠᠷ︶ ᠦᠷ᠎ᠡ ᠠᠰᠢᠭ ᠤᠨ ᠭᠦᠢᠴᠡᠳᠬᠡᠯ ᠲᠤᠭ᠎ᠠ ᠪᠠᠨ ᠪᠡᠶᠡᠯᠡᠭᠦᠯᠦᠭᠰᠡᠨ ᠪᠠᠶᠢᠳᠠᠯ᠃ | ︵ᠭᠤᠷᠪᠠ︶ ᠥᠪᠡᠷᠰᠡᠳ ᠤᠨ ᠦᠨᠡᠯᠡᠯᠲᠡ ᠶᠢᠨ ᠣᠯᠤᠭᠰᠠᠨ ᠬᠤᠪᠢ ᠶᠢᠨ ᠪᠠᠶᠢᠳᠠᠯ᠃ | ᠳᠦᠷᠪᠡ᠂ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠲᠥᠷᠥᠯ ᠵᠦᠢᠯ ᠪᠠᠶᠢᠭᠤᠯᠬᠤ᠂ ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ᠃ | ︵ᠬᠤᠶᠠᠷ︶ ᠪᠡᠯᠡ ᠮᠥᠩᠭᠦᠨ ᠤ ᠬᠠᠮᠢᠶᠠᠷᠤᠯᠲᠠ ᠪᠠ ᠬᠡᠷᠡᠭᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ᠃ | ᠲᠠᠪᠤ᠂ ᠲᠣᠳᠣᠷᠬᠠᠶᠢᠯᠠᠬᠤ ᠴᠢᠬᠤᠯᠠᠲᠠᠢ ᠪᠤᠰᠤᠳ ᠠᠰᠠᠭᠤᠳᠠᠯ | ︵ᠨᠢᠭᠡ︶ ᠬᠤᠶᠢᠰᠢᠳᠠ ᠦᠷᠭᠦᠯᠵᠢᠯᠡᠭᠦᠯᠬᠦ ᠠᠵᠢᠯ ᠤᠨ ᠲᠥᠯᠥᠪᠯᠡᠭᠡ᠃ | ︵ᠬᠤᠶᠠᠷ︶ ᠠᠷᠭ᠎ᠠ ᠬᠡᠮᠵᠢᠶ᠎ᠡ ᠬᠢᠭᠡᠳ ᠠᠷᠭ᠎ᠠ᠃ | | | | | | | | 365赢多少钱会被限额_国内有真正的365平台吗_365bet博彩官网