ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ | ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠂ | ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ | ᠡᠯᠭᠦᠨ᠎ᠡ᠃ | ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠶᠠᠪᠤᠴᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠲᠤᠭᠤᠷᠪᠢᠵᠤ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠬᠤ ᠪᠠ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠳᠡᠩᠰᠡᠯᠡᠨ ᠲᠡᠮᠳᠡᠭᠯᠡᠬᠦ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ | ᠲᠠᠷᠢᠶᠠᠴᠢᠨ ᠮᠠᠯᠴᠢᠳ ᠤᠨ ᠲᠤᠰᠬᠠᠶ ᠬᠤᠷᠰᠢᠶᠠᠵᠢᠯ ᠪᠣᠯᠤᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠤᠯᠤᠰ ︵ᠭᠠᠵᠠᠷ ᠣᠷᠣᠨ︶ ᠤᠨ ᠠᠵᠤ ᠠᠬᠤᠶᠢᠯᠠᠯ ᠤᠨ ᠪᠠᠶᠢᠩᠭᠤ | ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠠ ᠬᠠᠮᠲᠤ ᠳᠤ ᠪᠠᠨ ᠭᠥᠷᠳᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ | ᠬᠠᠤᠯᠢ ᠶᠣᠰᠣᠭᠠᠷ ᠵᠠᠷᠯᠠᠨ ᠨᠡᠶᠢᠲᠡᠯᠡᠬᠦ ᠪᠠ ᠬᠠᠮᠲᠤ ᠳᠤ ᠪᠠᠨ ᠭᠥᠷᠳᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ | ᠵᠢᠯᠣᠭᠤᠳᠬᠤ ᠶᠢ ᠬᠠᠷᠢᠭᠤᠴᠠᠨ᠎ᠠ᠃ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ | ᠡᠮᠬᠢᠯᠡᠨ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠂ ᠣᠷᠣᠨ ᠪᠦᠰᠡ ᠠᠯᠤᠰᠯᠠᠭᠰᠠᠨ ᠬᠠᠤᠯᠢ ᠠᠴᠠ | ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠵᠦ ᠰᠢᠮᠳᠠᠭᠤᠯᠤᠨ ᠰᠢᠢᠳᠪᠦᠷᠢᠯᠡᠬᠦ ᠶᠢ ᠵᠣᠬᠢᠴᠠᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠲᠦᠷᠪᠡ︶ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠨᠢᠭᠡᠳᠦᠯᠲᠡᠢ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ | ᠬᠡᠷᠡᠭᠵᠢᠭᠦᠯᠦᠨ᠎ᠡ᠃ ᠡᠵᠡᠩᠨᠡᠭᠴᠢᠳ ᠢ ᠲᠥᠪᠯᠡᠷᠡᠭᠦᠯᠬᠦ ᠦᠢᠯᠡ ᠠᠵᠢᠯᠯᠠᠭ᠎ᠠ ᠳᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ ᠪᠠᠶᠢᠴᠠᠭᠠᠯᠲᠠ ᠶᠢ ᠬᠠᠤᠯᠢ ᠶᠣᠰᠣᠭᠠᠷ | ᠶᠠᠪᠤᠭᠤᠯᠵᠤ᠂ ᠭᠠᠭᠴᠠᠭᠠᠷ ᠡᠵᠡᠮᠰᠢᠯ ᠤᠨ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠳᠤᠷ᠎ᠠ ᠪᠠᠷ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠪᠠᠨ | ᠳᠤᠷ᠎ᠠ ᠪᠠᠷ ᠬᠡᠷᠡᠭᠯᠡᠵᠦ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠶᠢ | ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ | ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠶᠯᠡᠴᠢᠯᠡᠭᠡᠨ ᠤ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠲᠠᠯ᠎ᠠ ᠪᠠᠷ ᠬᠠᠤᠯᠢ ᠲᠣᠭᠲᠠᠭᠠᠯ ᠶᠢ ᠵᠥᠷᠢᠴᠡᠭᠰᠡᠨ ᠠᠵᠢᠯᠯᠠᠭ᠎ᠠ᠂ ᠵᠦᠢ ᠪᠤᠰᠤ | ᠥᠷᠢᠰᠦᠯᠳᠦᠭᠡᠨ᠂ ᠬᠠᠤᠯᠢ ᠶᠢ ᠵᠥᠷᠢᠴᠡᠭᠰᠡᠨ ᠰᠢᠭᠤᠳ ᠪᠣᠷᠣᠯᠠᠭᠤᠯᠭ᠎ᠠ᠂ ᠳᠠᠮᠵᠢᠭᠤᠯᠤᠨ ᠪᠣᠷᠣᠯᠠᠭᠤᠯᠭ᠎ᠠ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ | ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠬᠠᠮᠢᠶ᠎ᠠ ᠪᠦᠬᠦᠢ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠶᠢᠨ | ᠡᠷᠬᠡ ᠶᠢ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠵᠢᠷᠭᠤᠭ᠎ᠠ︶ ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠲᠦᠷᠢᠮ ᠪᠠ ᠠᠷᠭ᠎ᠠ ᠬᠡᠮᠵᠢᠶ᠎ᠡ ᠶᠢ | ᠲᠤᠭᠤᠷᠪᠢᠨ ᠬᠡᠷᠡᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ | ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠬᠤ ᠶᠢᠨ ᠬᠠᠮᠲᠤ | ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠳᠣᠯᠤᠭ᠎ᠠ︶ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠪᠦᠬᠦ ᠣᠷᠣᠨ ᠤ ᠦᠢᠯᠡᠳᠬᠦᠨ ᠤ | ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠨᠡᠬᠡᠮᠵᠢᠯᠡᠬᠦ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠣᠯᠤᠨ ᠰᠢᠷᠬᠡᠭ ᠤᠨ ᠶᠠᠰᠤ | ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠨᠠᠶᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ | ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠣᠭᠳᠠᠯ ᠶᠡᠭᠡ ᠣᠨᠴᠠ | ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠵᠤᠤᠬ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ 365赢多少钱会被限额_国内有真正的365平台吗_365bet博彩官网 | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ | ︵ᠶᠢᠰᠦ︶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠮᠤᠷ | ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ | ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ | ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠ︶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ | ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠪᠠᠶᠢᠴᠠᠭᠠᠯᠲᠠ ᠶᠢᠨ ᠳᠦᠷᠢᠮ ᠪᠣᠯᠤᠨ ᠳᠠᠯᠳᠠ ᠭᠡᠮ ᠢ ᠢᠯᠭᠠᠨ ᠪᠠᠶᠢᠴᠠᠭᠠᠵᠤ ᠵᠠᠰᠠᠯᠲᠠ ᠬᠢᠬᠦ ᠲᠣᠭᠲᠠᠴᠠ ᠶᠢ ᠪᠠᠶᠢᠭᠤᠯᠬᠤ | ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠲᠦᠭᠰᠢᠭᠦᠷᠢ ᠶᠢ | ᠰᠡᠷᠭᠡᠶᠢᠯᠡᠨ᠎ᠡ᠃ ᠢᠳᠡᠭᠡᠨ ᠤ ᠵᠦᠢᠯ ᠦᠢᠯᠡᠳᠪᠦᠷᠢᠯᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢᠨ | ᠪᠠᠶᠢᠭᠤᠯᠤᠯᠲᠠ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠮᠥᠷᠳᠡᠨ ᠨᠡᠬᠡᠮᠵᠢᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ | ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠰᠢᠨᠵᠢᠯᠡᠬᠦ᠂ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠬᠦ ᠪᠠ ᠲᠦᠭᠰᠢᠭᠦᠷᠢ ᠶᠢ | ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ | ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠵᠥᠪᠰᠢᠶᠡᠷᠡᠯ᠂ ᠪᠦᠷᠢᠳᠬᠡᠨ ᠳᠠᠩᠰᠠᠯᠠᠭᠤᠯᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠠᠷᠪᠠᠨ ᠨᠢᠭᠡ︶ ᠬᠡᠮᠵᠢᠯᠲᠡ ᠶᠢᠨ ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ | ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠬᠦᠨ ᠢ | ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ | ᠬᠢᠨᠠᠯᠲᠠ ᠲᠠᠯᠪᠢᠨ᠎ᠠ᠃ | ︵ᠠᠷᠪᠠᠨ ᠬᠤᠶᠠᠷ︶ ᠪᠦᠬᠦ ᠣᠷᠣᠨ ᠤ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ | ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ | ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠣᠰᠣᠭᠠᠷ | ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠭᠤᠷᠪᠠ︶ ᠰᠢᠯᠭᠠᠨ ᠪᠠᠶᠢᠴᠠᠭᠠᠵᠤ ᠰᠢᠨᠵᠢᠯᠡᠬᠦ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ ᠰᠢᠯᠭᠠᠨ ᠪᠠᠶᠢᠴᠠᠭᠠᠵᠤ ᠰᠢᠨᠵᠢᠯᠡᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠯᠭᠠᠨ ᠪᠠᠶᠢᠴᠠᠭᠠᠵᠤ ᠰᠢᠨᠵᠢᠯᠡᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ ᠰᠢᠯᠭᠠᠨ ᠪᠠᠶᠢᠴᠠᠭᠠᠵᠤ ᠰᠢᠨᠵᠢᠯᠡᠬᠦ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠰᠢᠨᠵᠢᠯᠡᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠳᠥᠷᠪᠡ︶ ᠪᠦᠬᠦ ᠣᠷᠣᠨ ᠤ ᠭᠡᠷᠡᠴᠢᠯᠡᠵᠦ ᠨᠤᠲᠠᠯᠠᠬᠤ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ | ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠠᠮᠢᠶ᠎ᠠ ᠪᠦᠬᠦᠢ ᠭᠡᠷᠡᠴᠢᠯᠡᠵᠦ ᠨᠤᠲᠠᠯᠠᠬᠤ ᠪᠠ ᠬᠢᠷᠢ ᠲᠡᠩᠴᠡᠭᠰᠡᠨ ᠢ ᠦᠨᠡᠯᠡᠨ ᠲᠣᠭᠲᠠᠭᠠᠵᠤ | ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ | ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ | ᠪᠣᠳᠣᠯᠭ᠎ᠠ ᠶᠢ ᠲᠤᠭᠤᠷᠪᠢᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠥᠰᠦᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ | ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ | ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠪᠠᠯᠠ ᠮᠥᠩᠭᠦ ᠶᠢ ᠬᠠᠮᠢᠶᠠᠷᠴᠤ᠂ ᠴᠢᠬᠤᠯᠠ | ᠶᠡᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠬᠤ ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ | ᠡᠶᠡᠳᠡᠭᠦᠯᠦᠨ ᠰᠢᠶᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ | ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠳᠣᠯᠤᠭ᠎ᠠ︶ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ | ᠡᠯ᠎ᠡ ᠭᠠᠵᠠᠷ ᠤᠨ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠨᠠᠶᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠢᠶᠠᠷᠤᠨ᠎ᠠ᠃ | ︵ᠬᠤᠷᠢ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠷᠢᠨ ᠨᠢᠭᠡ︶ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ | 1. ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠤᠨ᠎ᠠ᠃ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ | ᠪᠡᠯᠡᠳᠬᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠦᠨ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠠᠯ ᠢ ᠠᠯᠪᠠᠲᠠᠨ ᠮᠡᠳᠡᠭᠦᠯᠬᠦ | ᠲᠦᠷᠢᠮ ᠵᠢᠴᠢ ᠡᠵᠡᠩᠨᠡᠭᠴᠢ ᠠᠴᠠ ᠤᠷᠢᠳ ᠢᠶᠠᠷ ᠠᠰᠠᠭᠤᠬᠤ ᠪᠠ ᠤᠷᠢᠳ ᠢᠶᠠᠷ ᠲᠥᠯᠥᠪᠦᠷᠢ ᠥᠭᠬᠦ ᠲᠦᠷᠢᠮ ᠢ ᠨᠠᠶᠢᠳᠠᠪᠤᠷᠢᠵᠢᠭᠤᠯᠵᠤ᠂ ᠭᠤᠷᠪᠠᠳᠠᠬᠢ ᠡᠲᠡᠭᠡᠳ ᠤᠨ | ᠶᠠᠰᠤ ᠴᠢᠨᠠᠷ ᠤᠨ ᠦᠨᠡᠯᠡᠯᠲᠡ ᠳᠤ ᠰᠢᠨ᠎ᠡ ᠶᠢ ᠡᠭᠦᠳᠴᠦ᠂ ᠦᠢᠯᠡᠳᠪᠦᠷᠢᠯᠡᠭᠴᠢ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ | ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠶᠯᠡᠳᠬᠦᠨ ᠬᠢᠭᠡᠳ ᠦᠶᠯᠡᠴᠢᠯᠡᠭᠡᠨ ᠤ ᠪᠠᠷᠢᠮᠵᠢᠶ᠎ᠠ ᠶᠢᠨ | ᠥᠪᠡᠷ ᠢᠶᠠᠨ ᠢᠯᠡᠷᠬᠡᠶᠢᠯᠡᠨ ᠢᠯᠡ ᠪᠣᠯᠭᠠᠬᠤ ᠪᠠ ᠬᠢᠨᠠᠯᠲᠠ ᠲᠠᠯᠪᠢᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠡᠷᠢᠭᠦᠨ ᠤ ᠮᠡᠷᠭᠡᠵᠢᠯ ᠲᠠᠢ ᠪᠦᠯᠬᠦᠮ ᠨᠡᠶᠢᠲᠡ | ᠶᠢᠨ ᠪᠠᠷᠢᠮᠵᠢᠶ᠎ᠠ ᠶᠢ ᠪᠣᠶᠢᠵᠢᠭᠤᠯᠤᠨ ᠬᠥᠭᠵᠢᠭᠦᠯᠵᠦ᠂ ᠪᠠᠷᠢᠮᠵᠢᠶᠠᠵᠢᠭᠤᠯᠤᠯᠲᠠ ᠪᠠᠷ ᠶᠠᠰᠤ ᠴᠢᠨᠠᠷ ᠬᠦᠴᠦᠷᠬᠡᠭ ᠣᠷᠣᠨ ᠤ ᠪᠠᠶᠢᠭᠤᠯᠤᠯᠲᠠ ᠶᠢ ᠠᠬᠢᠭᠤᠯᠤᠨ᠎ᠠ᠃ | 2. ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠶ ᠠᠬᠢᠭᠤᠯᠤᠨ᠎ᠠ᠃ ᠬᠤᠳᠠᠯᠳᠤᠭ᠎ᠠ ᠶᠢᠨ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠵᠡᠷᠭᠡ | ᠲᠦᠷᠢᠮ ᠳᠤ ᠥᠭᠡᠷᠡᠴᠢᠯᠡᠯᠲᠡ ᠬᠢᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠦᠨᠡᠮᠯᠡᠯ ᠣᠯᠭᠤᠭᠰᠠᠨ ᠤ ᠳᠠᠷᠠᠭ᠎ᠠ | ᠭᠡᠷᠡᠴᠢ ᠶᠢ ᠬᠠᠰᠤᠬᠤ︾ ᠶᠢ ᠠᠬᠢᠭᠤᠯᠵᠤ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠢ ᠪᠠᠭᠠᠰᠬᠠᠨ᠎ᠠ᠃ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠵᠠᠬ᠎ᠠ | ᠳᠡᠯᠭᠡᠭᠦᠷᠴᠢᠯᠡᠬᠦ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠬᠦ᠂ ᠮᠠᠭᠠᠳᠯᠠᠨ ᠲᠣᠭᠲᠠᠭᠠᠵᠤ | ᠱᠠᠩᠨᠠᠬᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠶᠯᠡᠰ ᠢ ᠪᠠᠭᠠᠰᠬᠠᠨ᠂ ᠠᠵᠤ ᠦᠶᠯᠡᠳᠪᠦᠷᠢ ᠶᠢᠨ ᠦᠶᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ | 3. ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ | ᠬᠠᠮᠤᠭ ᠤᠨ ᠴᠢᠩᠭ᠎ᠠ ᠰᠢᠢᠳᠬᠡᠯ ᠲᠣᠷᠭᠠᠭᠤᠯᠢ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠤ ᠠᠮᠤᠷ | ᠲᠦᠪᠰᠢᠨ᠂ ᠠᠵᠤ ᠦᠶᠯᠡᠳᠪᠦᠷᠢ ᠶᠢᠨ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠰᠢᠶᠳᠬᠡᠵᠦ᠂ ᠰᠢᠰᠲ᠋ᠧᠮᠲᠦ ᠴᠢᠨᠠᠷᠲᠠᠶ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠢ ᠰᠠᠨᠠᠭ᠎ᠠ ᠠᠮᠤᠷ | ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠬᠡᠷᠡᠭᠯᠡᠭᠦᠯᠵᠦ᠂ ᠰᠠᠨᠠᠭ᠎ᠠ ᠠᠮᠤᠷ ᠢᠳᠡᠭᠦᠯᠦᠨ᠎ᠡ᠃ | 4. ᠠᠵᠢᠯ ᠳᠤᠮᠳᠠᠬᠢ ᠪᠠ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ | ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠢᠯᠭᠠᠨ ᠴᠡᠪᠡᠷᠯᠡᠵᠦ ᠬᠦᠴᠦᠨ ᠦᠭᠡᠢ ᠪᠣᠯᠭᠠᠬᠤ ᠶᠢ ᠲᠦᠷᠭᠡᠳᠬᠡᠵᠦ᠂ | ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠨᠢᠭᠡᠳᠦᠯᠲᠡᠢ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠪᠠᠷ | ᠬᠢᠨᠠᠨ ᠬᠠᠮᠢᠶᠠᠷᠬᠤ ᠶᠢ ᠴᠢᠩᠭᠠᠷᠠᠭᠤᠯᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠ | ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ | ᠭᠥᠷᠳᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠤᠯ | ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | 5. ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ᠂ ᠢᠳᠡᠭᠡᠨ ᠪᠠ ᠡᠮ ᠤᠨ ᠵᠦᠢᠯ ᠤᠨ ᠵᠠᠭᠠᠯᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ | ᠢᠯᠡᠴᠢᠯᠡᠵᠦ ᠮᠡᠳᠡᠭᠦᠯᠬᠦ ᠲᠤᠰᠬᠠᠶ ᠱᠤᠭᠤᠮ ᠢ ᠡᠮᠬᠢᠳᠬᠡᠨ ᠨᠡᠶᠢᠯᠡᠭᠦᠯᠬᠦ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ | ᠣᠷᠣᠭᠤᠯᠬᠤ ᠠᠴᠠ ᠤᠬᠤᠷᠢᠨ ᠭᠠᠷᠬᠤ ᠬᠦᠷᠲᠡᠯᠡᠬᠢ ᠪᠥᠬᠦ ᠶᠠᠪᠤᠴᠠ ᠶᠢ ᠳᠥᠭᠦᠮᠴᠢᠯᠡᠬᠦ ᠶᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠰᠢᠨ᠎ᠡ ᠠᠵᠤ | ᠦᠶᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠬᠥᠭᠵᠢᠯᠲᠡ ᠳᠤ ᠦᠶᠯᠡᠴᠢᠯᠡᠵᠦ᠂ ᠶᠡᠭᠡ ᠳ᠋ᠠᠶᠢᠲ᠋ᠠ ᠶᠢ ᠠᠰᠢᠭᠯᠠᠨ ᠵᠠᠬ᠎ᠠ ᠳᠡᠯᠭᠡᠭᠦᠷ ᠤᠨ ᠭᠤᠤᠯ | ᠴᠣᠭᠴᠠ ᠳᠠᠬᠢ ᠦᠶᠯᠡᠴᠢᠯᠡᠭᠡ ᠶᠢ ᠴᠢᠩᠭᠠᠳᠬᠠᠵᠤ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠪᠠ | ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ᠢᠳᠡᠪᠬᠢᠲᠡᠶ ᠦᠶᠯᠡᠴᠢᠯᠡᠵᠦ᠂ ᠣᠯᠠᠨ ᠲᠦᠮᠡᠨ ᠤ ᠦᠶᠯᠡᠰ ᠴᠣᠭᠴᠠᠯᠠᠵᠤ᠂ ᠰᠢᠨ᠎ᠡ ᠶᠢ ᠡᠭᠦᠳᠬᠦ ᠶᠢ ᠠᠬᠢᠭᠤᠯᠤᠨ᠎ᠠ᠃ | 6. ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠢ | ᠲᠦᠷᠭᠡᠳᠬᠡᠨ ᠪᠠᠶᠢᠭᠤᠯᠵᠤ᠂ ᠪᠥᠬᠦ ᠪᠥᠮᠪᠥᠷᠴᠡᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠬᠤᠷᠠᠮᠳᠤᠭᠤᠯᠤᠨ᠂ ᠠᠵᠤ | ᠦᠢᠯᠡᠰ ᠤᠨ ᠬᠦᠷᠢᠶ᠎ᠡ ᠴᠠᠷᠠᠭ᠎ᠠ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠮᠴᠢᠯᠠᠬᠤ ᠶᠢ ᠴᠢᠩᠭᠠᠳᠬᠠᠵᠤ᠂ ᠠᠳᠠᠯ ᠦᠶᠯᠡᠰ ᠴᠣᠭᠴᠠᠯᠠᠵᠤ ᠰᠢᠨ᠎ᠡ | ᠶᠢ ᠡᠭᠦᠳᠬᠦ ᠳᠤ ᠳᠥᠭᠦᠮ ᠳᠥᠲᠡ ᠪᠠᠶᠢᠴᠠᠭᠠᠨ ᠯᠠᠪᠯᠠᠬᠤ ᠪᠠ ᠠᠰᠠᠭᠤᠨ ᠯᠠᠪᠯᠠᠬᠤ ᠵᠡᠷᠭᠡ ᠦᠶᠯᠡᠴᠢᠯᠡᠭᠡᠨ ᠬᠠᠩᠭᠠᠵᠤ᠂ ᠮᠡᠳᠡᠭᠡ ᠵᠠᠩᠭᠢ ᠶᠢ ᠰᠦᠶᠳᠬᠡᠯ ᠬᠤᠷᠢᠶᠠᠬᠤ | ᠥᠬᠡᠶ ᠪᠤᠶᠤ ᠳᠣᠣᠷ᠎ᠠ ᠥᠷᠲᠡᠭ ᠢᠶᠠᠷ ᠨᠡᠭᠡᠭᠡᠬᠦ ᠶᠢ ᠪᠡᠶᠡᠯᠡᠭᠦᠯᠦᠨ᠂ ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ | ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠲᠠᠸᠠᠷ ᠤᠨ ᠲᠡᠮᠳᠡᠭ ᠢ ᠵᠠᠪᠳᠤᠨ ᠳᠠᠩᠰᠠᠯᠠᠭᠤᠯᠬᠤ᠂ ᠬᠡᠪ ᠤᠨ ᠪᠤᠰᠤ ᠲᠤᠰᠬᠠᠶ ᠠᠰᠢᠭ ᠢ | ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠳᠠᠩᠰᠠᠯᠠᠭᠤᠯᠬᠤ ᠪᠠ ᠲᠤᠰᠬᠠᠶ | ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠬᠤᠷᠢᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 1. ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠲᠣᠭᠲᠠᠴᠠ ᠶᠢ | ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭ ᠲᠠᠢ ᠬᠡᠷᠡᠭ ᠢ ᠣᠯᠵᠤ | ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠢ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠠᠷᠤᠢ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ ᠬᠡᠷᠡᠭ ᠪᠣᠯᠭᠠᠨ ᠳᠠᠩᠰᠠᠯᠠᠬᠤ ᠪᠤᠶᠤ ᠬᠡᠷᠡᠭ ᠪᠣᠯᠭᠠᠨ ᠳᠠᠩᠰᠠᠯᠠᠬᠤ | ᠦᠭᠡᠢ ᠲᠣᠭᠲᠠᠭᠠᠯ ᠢ ᠬᠠᠤᠯᠢ ᠶᠣᠰᠣᠭᠠᠷ ᠭᠠᠷᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠢᠶᠠᠷ ᠰᠢᠯᠭᠠᠨ ᠪᠠᠶᠢᠴᠠᠭᠠᠯᠭᠠᠬᠤ᠂ ᠬᠢᠨᠠᠨ ᠲᠣᠭᠲᠠᠭᠠᠯᠭᠠᠬᠤ᠂ ᠦᠨᠡᠮᠰᠢᠭᠦᠯᠬᠦ ᠵᠡᠷᠭᠡ ᠲᠠᠯ᠎ᠠ ᠪᠠᠷ ᠬᠠᠮᠵᠢᠭᠤᠯᠬᠤ ᠪᠠᠷ ᠳᠡᠪᠰᠢᠭᠦᠯᠪᠡᠯ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠬᠤ ᠬᠡᠷᠡᠭᠲᠡᠶ᠃ | 2. ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠯᠦᠭᠡ ᠶᠢᠨ ᠬᠤᠯᠪᠣᠭᠳᠠᠯ | ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠨᠢ ᠢᠳᠡᠰᠢᠨ ᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠳᠠᠷᠢᠵᠤ ᠲᠡᠵᠢᠭᠡᠵᠦ ᠦᠷᠡᠵᠢᠭᠦᠯᠬᠦ ᠭᠤᠭᠴᠤᠭ᠎ᠠ ᠠᠴᠠ ᠪᠥᠭᠡᠮ ᠢᠶᠠᠷ | ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠬᠦᠷᠬᠦ ᠠᠴᠠ ᠡᠮᠦᠨᠡᠬᠢ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠪᠥᠭᠡᠮ ᠢᠶᠠᠷ ᠬᠤᠳᠠᠯᠳᠤᠬᠤ᠂ | ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ ᠲᠠᠯᠪᠢᠵᠤ ᠬᠠᠮᠢᠶᠠᠷᠤᠨ᠎ᠠ᠃ ︵2︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠨ ᠬᠤᠷᠢᠭᠯᠠᠬᠤ᠂ ᠮᠠᠯ ᠵᠢᠭᠦᠷᠲᠡᠨ ᠢ | ᠨᠢᠲᠤᠯᠬᠤ ᠭᠤᠭᠴᠤᠭ᠎ᠠ᠂ ᠲᠦᠭᠦᠬᠡᠶ ᠰᠢᠨ᠎ᠡ ᠰᠦ ᠬᠤᠳᠠᠯᠳᠤᠨ ᠠᠪᠬᠤ ᠭᠤᠭᠴᠤᠭ᠎ᠠ ᠳᠠᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ︵3︶ ᠬᠤᠶᠠᠷ ᠰᠠᠯᠠᠭ᠎ᠠ ᠮᠥᠴᠢᠷ ᠢᠳᠡᠭᠡᠨ ᠤ ᠠᠮᠤᠷ ᠲᠦᠪᠰᠢᠨ ᠤ ᠭᠠᠷᠤᠯᠲᠠ ᠶᠢᠨ ᠣᠷᠣᠨ ᠠᠴᠠ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠪᠠ ᠮᠥᠷᠳᠡᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠢᠶᠠᠨ ᠵᠣᠯᠭᠠᠭᠤᠯᠬᠤ ᠶᠢ | ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | 3. ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ | ᠵᠢᠱᠢᠬᠦ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠬᠦ ᠪᠤᠶᠤ ᠢᠯᠡᠴᠢᠯᠡᠨ ᠮᠡᠳᠡᠭᠦᠯᠦᠭᠰᠡᠨ ᠢ | ᠬᠦᠯᠢᠶᠡᠨ ᠠᠪᠬᠤ ᠪᠠᠷ ᠳᠠᠮᠵᠢᠭᠠᠳ ᠢᠳᠡᠭᠡᠨ ᠳᠤ ᠠᠮᠤᠷ ᠲᠦᠪᠰᠢᠨ ᠪᠤᠰᠤ ᠭᠡᠮ ᠰᠣᠭᠤᠭ ᠣᠷᠣᠰᠢᠵᠤ ᠮᠡᠳᠡᠬᠦ ᠶᠢ ᠣᠯᠵᠤ ᠮᠡᠳᠡᠪᠡᠯ ᠲᠡᠷᠡ ᠳᠠᠷᠤᠶ ᠳᠤ ᠨᠢ ᠰᠢᠯᠭᠠᠨ | ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ | ᠲᠤᠬᠠᠶ ᠳᠤ ᠨᠢ ᠮᠡᠳᠡᠭᠳᠡᠵᠦ᠂ ᠠᠮᠤᠷ ᠲᠦᠪᠰᠢᠨ ᠪᠤᠰᠤ ᠳ᠋ᠦᠩ ᠭᠠᠷᠭᠠᠭᠰᠠᠨ ᠢᠳᠡᠭᠡᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠶ ᠳᠤ ᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ | ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤ ᠨᠢ | ᠰᠠᠨᠠᠭᠤᠯᠭ᠎ᠠ ᠳᠤᠷᠠᠳᠬᠤ ᠬᠡᠷᠡᠭᠲᠡᠶ᠃ | 4. ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠬᠤᠭᠤᠷᠣᠨᠳᠤ ᠪᠠᠨ | ᠲᠣᠭᠲᠠᠴᠠ ᠪᠠᠶᠢᠭᠤᠯᠵᠤ᠂ ᠡᠯ᠎ᠡ ᠲᠥᠷᠥᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠪᠣᠯᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠢᠳᠡᠭᠡᠨ᠂ ᠵᠠᠰᠠᠯ ᠴᠢᠮᠡᠭ ᠤᠨ ᠡᠳ᠋ ᠢ ᠳᠠᠪᠬᠤᠷᠳᠠᠭᠤᠯᠤᠨ ᠰᠢᠯᠭᠠᠨ ᠪᠠᠶᠢᠴᠠᠭᠠᠬᠤ᠂ ᠳᠠᠪᠬᠤᠷᠳᠠᠭᠤᠯᠤᠨ ᠰᠦᠶᠳᠬᠡᠯ ᠬᠤᠷᠢᠶᠠᠬᠤ᠂ | ᠳᠠᠪᠬᠤᠷᠳᠠᠭᠤᠯᠤᠨ ᠰᠢᠢᠳᠬᠡᠨ ᠲᠣᠷᠭᠠᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ︵2︶ ᠪᠣᠭᠤᠮᠲᠠ ᠶᠢᠨ ᠰᠠᠯᠠᠭ᠎ᠠ ᠮᠥᠴᠢᠷ | ᠭᠠᠳᠠᠭᠠᠳᠤ ᠠᠴᠠ ᠣᠷᠣᠭᠤᠯᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠵᠢᠴᠢ | ᠢᠳᠡᠭᠡᠨ ᠳᠤ ᠬᠤᠯᠪᠣᠭᠳᠠᠬᠤ ᠪᠦᠲᠦᠭᠡᠭᠳᠡᠬᠦᠨ ᠨᠢ ᠮᠠᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ | ᠃ ᠬᠢᠯᠢ ᠶᠢᠨ ᠭᠠᠳᠠᠨ᠎ᠠ ᠡᠭᠦᠰᠦᠭᠰᠡᠨ ᠢᠳᠡᠭᠡᠨ ᠤ ᠠᠮᠤᠷ ᠲᠦᠪᠰᠢᠨ ᠤ ᠬᠡᠷᠡᠭ ᠨᠢ ᠮᠠᠨ ᠤ ᠤᠯᠤᠰ ᠤᠨ ᠬᠢᠯᠢ ᠶᠢᠨ ᠳᠣᠲᠣᠷ᠎ᠠ ᠨᠥᠯᠥᠭᠡ ᠭᠠᠷᠭᠠᠬᠤ᠂ ᠡᠰᠡᠬᠦᠯ᠎ᠡ | ᠭᠠᠳᠠᠭᠠᠳᠤ ᠠᠴᠠ ᠣᠷᠣᠭᠤᠯᠤᠭᠰᠠᠨ ᠢᠳᠡᠭᠡᠨ ᠳᠣᠲᠣᠷ᠎ᠠ ᠠᠴᠠ ᠢᠳᠡᠭᠡᠨ ᠤ ᠠᠮᠤᠷ ᠲᠦᠪᠰᠢᠨ ᠤ ᠬᠦᠨᠳᠦ ᠨᠣᠴᠢᠲᠠᠢ ᠠᠰᠠᠭᠤᠳᠠᠯ ᠢ ᠣᠯᠵᠤ ᠮᠡᠳᠡᠭᠰᠡᠨ ᠪᠠᠶᠢᠪᠠᠯ᠂ | ᠪᠣᠭᠤᠮᠲᠠ ᠶᠢᠨ ᠰᠠᠯᠠᠭ᠎ᠠ ᠮᠥᠴᠢᠷ ᠴᠠᠭ ᠲᠤᠬᠠᠢ ᠳᠤ ᠨᠢ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠤᠶᠤ ᠬᠤᠷᠢᠭᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠠᠭ | ᠲᠤᠬᠠᠢ ᠳᠤ ᠨᠢ ᠲᠣᠬᠢᠷᠠᠮᠵᠢᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃ ︵3︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠠ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠬᠤᠭᠤᠷᠣᠨᠳᠤ ᠪᠠᠨ ᠭᠠᠳᠠᠭᠠᠳᠤ ᠠᠴᠠ ᠣᠷᠣᠭᠤᠯᠤᠭᠰᠠᠨ ᠦᠶᠯᠡᠳᠬᠦᠨ ᠤ ᠬᠡᠮ ᠰᠣᠭᠤᠭ ᠤᠨ ᠮᠡᠳᠡᠭᠡ | ᠵᠠᠩᠭᠢ ᠶᠢ ᠮᠡᠳᠡᠭᠦᠯᠬᠦ ᠪᠠ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠪᠣᠭᠤᠮᠲᠠ ᠶᠢᠨ ᠰᠠᠯᠠᠭ᠎ᠠ ᠮᠥᠴᠢᠷ ᠤᠳ ᠪᠣᠭᠤᠮᠲᠠ ᠶᠢᠨ ᠰᠢᠯᠭᠠᠨ ᠪᠠᠶᠢᠴᠠᠭᠠᠵᠤ | ᠬᠢᠨᠠᠨ ᠬᠠᠮᠢᠶᠠᠷᠬᠤ ᠶᠠᠪᠤᠴᠠ ᠳᠤ ᠬᠢᠷᠢ ᠲᠡᠩᠴᠡᠭᠰᠡᠨ ᠦᠭᠡᠶ ᠪᠤᠶᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠠᠳᠠᠭᠠᠳᠤ ᠠᠴᠠ ᠣᠷᠣᠭᠤᠯᠤᠭᠰᠠᠨ | ᠦᠢᠯᠡᠳᠬᠦᠨ ᠢ ᠣᠯᠵᠤ ᠮᠡᠳᠡᠪᠡᠯ᠂ ᠮᠡᠷᠭᠡᠵᠢᠯ ᠤᠨ ᠰᠢᠶᠳᠪᠦᠷᠢᠯᠡᠯᠲᠡ ᠬᠢᠬᠦ᠂ ᠪᠤᠴᠠᠭᠠᠵᠤ ᠲᠡᠭᠡᠭᠡᠪᠦᠷᠢᠯᠡᠬᠦ᠂ ᠤᠰᠠᠳᠬᠠᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢᠨ | ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠷᠯᠠᠨ ᠮᠡᠳᠡᠭᠳᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠬᠤᠷᠢᠶᠠᠬᠤ ᠠᠵᠢᠯ ᠢ ᠨᠢᠭᠡᠳᠦᠯᠲᠡᠶ ᠬᠠᠮᠢᠶᠠᠷᠴᠤ᠂ ᠬᠡᠷᠡᠭᠯᠡᠭᠴᠢᠳ ᠤᠨ ᠮᠡᠳᠡᠭᠦᠯᠦᠯᠲᠡ᠂ ᠠᠳᠡᠯ | ᠤᠨ ᠪᠠᠶᠢᠴᠠᠭᠠᠯᠲᠠ᠂ ᠭᠡᠮᠲᠦᠯ ᠢ ᠬᠢᠨᠠᠨ ᠰᠢᠨᠵᠢᠯᠡᠬᠦ ᠵᠡᠷᠭᠡ ᠪᠠᠷ ᠳᠠᠮᠵᠢᠭᠤᠯᠤᠨ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠳᠤ ᠭᠡᠮ ᠰᠣᠭᠤᠭ ᠣᠷᠣᠰᠢᠵᠤ | ᠪᠠᠶᠢᠬᠤ ᠶᠢ ᠣᠯᠵᠤ ᠮᠡᠳᠡᠪᠡᠯ᠂ ᠡᠭᠡᠭᠦᠯᠦᠨ ᠪᠤᠴᠠᠭᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ︔ ᠡᠭᠡᠭᠦᠯᠦᠨ ᠪᠤᠴᠠᠭᠠᠬᠤ ᠡᠭᠦᠷᠭᠡ ᠪᠠᠨ | ᠭᠦᠢᠴᠡᠳᠬᠡᠬᠦ ᠶᠢ ᠲᠡᠪᠴᠢᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠶᠢᠨ ᠰᠠᠯᠠᠭ᠎ᠠ ᠮᠥᠴᠢᠷ ᠲᠤ ᠵᠠᠷᠯᠠᠨ | ᠮᠡᠳᠡᠭᠳᠡᠵᠦ᠂ ᠪᠣᠭᠤᠮᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠲᠣᠬᠢᠷᠠᠮᠵᠢᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃ | 5. ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ᠂ | ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠡᠳ᠋ ᠦᠢᠯᠡᠳᠪᠦᠷᠢᠯᠡᠬᠦ ᠭᠤᠭᠴᠤᠭ᠎ᠠ ᠶᠢᠨ ᠵᠥᠪᠰᠢᠶᠡᠷᠡᠯ᠂ ᠪᠠᠶᠢᠴᠠᠭᠠᠯᠲᠠ ᠪᠠ ᠰᠢᠢᠳᠬᠡᠯ ᠲᠣᠷᠭᠠᠭᠤᠯᠢ᠂ ᠵᠢᠴᠢ | ᠡᠮ ᠤᠨ ᠵᠦᠢᠯ ᠢ ᠪᠥᠭᠡᠮ ᠢᠶᠠᠷ ᠬᠤᠳᠠᠯᠳᠤᠬᠤ ᠵᠥᠪᠰᠢᠶᠡᠷᠡᠯ᠂ ᠵᠢᠵᠢᠭᠯᠡᠨ ᠬᠤᠳᠠᠯᠳᠤᠬᠤ ᠬᠡᠯᠬᠢᠶ᠎ᠡ ᠶᠢᠨ ᠶᠡᠷᠦᠩᠬᠡᠶ ᠬᠡᠯᠲᠡᠰ ᠤᠨ ᠵᠥᠪᠰᠢᠶᠡᠷᠡᠯ᠂ ᠢᠨᠲ᠋ᠧᠷ ᠰᠦᠯᠵᠢᠶ᠎ᠡ | ᠪᠠᠷ ᠪᠣᠷᠣᠯᠠᠭᠤᠯᠬᠤ ᠭᠤᠷᠪᠠᠳᠠᠬᠢ ᠡᠲᠡᠭᠡᠳ ᠤᠨ ᠲᠠᠪᠴᠠᠩ ᠤᠨ ᠳᠠᠩᠰᠠᠯᠠᠭᠤᠯᠬᠤ ᠵᠢᠴᠢ ᠪᠠᠶᠢᠴᠠᠭᠠᠬᠤ ᠪᠠ ᠰᠢᠢᠳᠬᠡᠨ ᠲᠣᠷᠭᠠᠬᠤ ᠶᠢ ᠬᠠᠷᠢᠭᠤᠴᠠᠨ᠎ᠠ᠃ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠮ ᠤᠨ ᠵᠦᠢᠯ ᠢ ᠵᠢᠵᠢᠭᠯᠡᠨ | ᠬᠤᠳᠠᠯᠳᠤᠬᠤ᠂ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠶᠢᠨ ᠵᠥᠪᠰᠢᠶᠡᠷᠡᠯ᠂ ᠪᠠᠶᠢᠴᠠᠭᠠᠯᠲᠠ ᠪᠠ ᠲᠣᠷᠭᠠᠭᠤᠯᠢ ᠵᠢᠴᠢ ᠵᠠᠰᠠᠯ ᠴᠢᠮᠡᠭ ᠤᠨ ᠡᠳ᠋ ᠡᠵᠡᠩᠨᠡᠬᠦ ᠪᠠ | ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠬᠡᠷᠡᠭᠯᠡᠬᠦ ᠭᠤᠭᠴᠤᠭ᠎ᠠ ᠶᠢᠨ ᠶᠠᠰᠤ ᠴᠢᠨᠠᠷ ᠤᠨ ᠪᠠᠶᠢᠴᠠᠭᠠᠯᠲᠠ ᠪᠠ ᠲᠣᠷᠭᠠᠭᠤᠯᠢ ᠶᠢ ᠬᠠᠷᠢᠭᠤᠴᠠᠨ᠎ᠠ᠃ | 6. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ︵1︶ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠭᠠᠳᠠᠭᠠᠳᠤ ᠳᠤ ᠬᠤᠯᠪᠣᠭᠳᠠᠬᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠪᠤᠳᠠᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠵᠤ ᠠᠬᠤᠶ ᠠᠷᠠᠯᠵᠢᠶ᠎ᠠ ᠯᠤᠭ᠎ᠠ ᠬᠤᠯᠪᠣᠭᠳᠠᠬᠤ ᠣᠯᠠᠨ ᠲᠠᠯᠠᠲᠤ ᠪᠠ ᠬᠤᠶᠠᠷ ᠲᠠᠯᠠᠲᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠢ ᠭᠠᠳᠠᠭᠠᠳᠤ ᠯᠤᠭ᠎ᠠ ᠶᠢᠨ ᠬᠡᠯᠡᠯᠴᠡᠭᠡ᠂ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠶᠢᠨ ᠬᠠᠮᠲᠤᠷᠠᠯᠴᠠᠭ᠎ᠠ ᠶᠢᠨ ᠵᠥᠪᠳᠡᠯᠴᠡᠬᠦ ᠲᠣᠭᠲᠠᠴᠠ ᠵᠡᠷᠭᠡ ᠶᠢ ᠬᠠᠷᠢᠭᠤᠴᠠᠨ᠎ᠠ᠃ ︵2︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠬᠤ ᠵᠡᠷᠭᠡ ᠵᠠᠬ᠎ᠠ | ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠤᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠠᠷᠢᠬᠢᠨ ᠤ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ | ᠪᠣᠯᠤᠨ ᠲᠥᠷᠥ ᠶᠢᠨ ᠪᠣᠳᠣᠯᠭ᠎ᠠ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ︵3︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠢ ᠲᠥᠪᠯᠡᠷᠡᠭᠦᠯᠦᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ | ᠠᠵᠢᠯ ᠢ ᠡᠭᠦᠷᠭᠡᠯᠡᠵᠦ᠂ ᠠᠷᠢᠬᠢᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠠᠷᠢᠬᠢ ᠢᠳᠡᠭᠡᠨ ᠤ ᠠᠮᠤᠷ ᠲᠦᠪᠰᠢᠨ ᠢ ᠬᠠᠷᠢᠭᠤᠴᠠᠨ᠎ᠠ᠃ | 7. ᠥᠪᠡᠷᠲᠡᠭᠡᠨ ᠵᠠᠰᠠᠬᠤ ᠣᠷᠣᠨ ᠤ ᠬᠡᠪᠯᠡᠯ ᠤᠨ ᠡᠷᠬᠡ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠯᠪᠣᠭᠳᠠᠯ ᠪᠦᠬᠦᠢ ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢᠨ ᠲᠤᠬᠠᠶ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠣᠭᠲᠠᠭᠠᠯ ᠶᠣᠰᠣᠭᠠᠷ ᠠᠵᠢᠯ ᠢᠶᠠᠨ ᠬᠤᠪᠢᠳᠠᠨ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠣᠲᠣᠭᠠᠳᠤ ᠳᠤ ᠳᠣᠣᠷᠠᠬᠢ | ᠮᠡᠲᠦ ᠪᠠᠶᠢᠭᠤᠯᠤᠮᠵᠢ ᠲᠣᠬᠢᠷᠠᠭᠤᠯᠪᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠲᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠵᠡᠷᠭᠡ ᠶᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ | ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠬᠤᠶᠠᠷ︶ ᠶᠡᠷᠦᠩᠬᠡᠶᠢᠯᠡᠭᠰᠡᠨ ᠲᠥᠯᠥᠪᠵᠢᠭᠦᠯᠭᠡ ᠬᠢᠭᠡᠳ ᠰᠣᠨᠢᠨ ᠮᠡᠳᠡᠭᠡ ᠤᠬᠠᠭᠤᠯᠬᠤ ᠭᠠᠵᠠᠷ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠪᠠ | ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠪᠠ ᠤᠷᠲᠤ ᠬᠤᠭᠤᠴᠠᠭᠠᠨ | ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠴᠢᠬᠤᠯᠠ ᠶᠡᠷᠦᠩᠬᠡᠶᠢᠯᠡᠭᠰᠡᠨ ᠴᠢᠨᠠᠷᠲᠠᠶ ᠪᠢᠴᠢᠭ | ᠮᠠᠲ᠋ᠧᠷᠢᠶᠠᠯ᠂ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ | ᠠᠵᠢᠯ ᠢ ᠡᠭᠦᠷᠭᠡᠯᠡᠬᠦ ᠶᠢᠨ ᠬᠠᠮᠲᠤ ᠵᠢᠯᠣᠭᠤᠳᠤᠨ᠎ᠠ᠃ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠶᠯᠡᠴᠢᠯᠡᠭᠡᠨ ᠤ ᠬᠥᠭᠵᠢᠯᠲᠡ | ᠵᠡᠷᠭᠡ ᠭᠤᠤᠯᠳᠠᠯᠭ᠎ᠠ ᠲᠠᠢ ᠡᠭᠦᠷᠭᠡ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠤᠭᠤᠷᠪᠢᠨ ᠲᠣᠭᠲᠠᠭᠠᠵᠤ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠯᠡᠬᠦ᠂ ᠵᠠᠳᠠᠯᠬᠤ | ᠪᠠ ᠵᠣᠬᠢᠴᠠᠭᠤᠯᠤᠨ ᠰᠢᠶᠳᠪᠦᠷᠢᠯᠡᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ | ︵ᠭᠤᠷᠪᠠ︶ ᠬᠠᠤᠯᠢ ᠲᠣᠭᠲᠠᠭᠠᠯ ᠤᠨ ᠭᠠᠵᠠᠷ᠃ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠲᠦᠷᠢᠮ ᠲᠣᠭᠲᠠᠭᠠᠯ ᠤᠨ ᠡᠬᠡ ᠨᠣᠣᠷᠠᠭ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠠᠤᠯᠢ ᠲᠣᠭᠲᠠᠭᠠᠯ ᠶᠣᠰᠣᠭᠠᠷ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠭᠯᠠᠨ | ᠲᠥᠯᠥᠪᠯᠡᠬᠦ᠂ ᠴᠢᠯᠥᠭᠡᠲᠦ ᠲᠠᠰᠤᠯᠤᠯᠲᠠ ᠶᠢᠨ ᠡᠷᠬᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ ᠠᠵᠢᠯ ᠢ ᠡᠭᠦᠷᠭᠡᠯᠡᠬᠦ | ᠪᠤᠶᠤ ᠣᠷᠣᠯᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠳᠥᠷᠪᠡ︶ ᠬᠠᠤᠯᠢ ᠬᠡᠷᠡᠭᠵᠢᠭᠦᠯᠦᠯᠲᠡ ᠶᠢ ᠴᠠᠭᠳᠠᠨ ᠪᠠᠶᠢᠴᠠᠭᠠᠬᠤ ᠲᠣᠪᠴᠢᠶ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠦᠯᠲᠡ ᠵᠢᠴᠢ ᠴᠠᠭᠳᠠᠨ ᠪᠠᠶᠢᠴᠠᠭᠠᠵᠤ ᠬᠡᠷᠡᠭ ᠰᠢᠢᠳᠪᠦᠷᠢᠯᠡᠬᠦ ᠲᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ᠂ ᠦᠶᠯᠡᠳᠪᠦᠷᠢᠯᠡᠬᠦ᠂ ᠡᠵᠡᠩᠨᠡᠬᠦ᠂ ᠰᠣᠯᠢᠯᠴᠠᠬᠤ | ᠶᠠᠪᠤᠴᠠ ᠳᠠᠬᠢ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃ ᠪᠦᠬᠦ | ᠣᠷᠣᠨ ᠤ ᠴᠢᠨᠠᠷᠲᠠᠶ ᠨᠥᠯᠥᠭᠡ ᠪᠦᠬᠦᠢ ᠪᠤᠶᠤ ᠠᠶᠢᠮᠠᠭ ᠬᠤᠲᠠ ᠠᠯᠤᠰᠯᠠᠭᠰᠠᠨ ᠲᠣᠮᠣ ᠬᠡᠷᠡᠭ ᠴᠢᠬᠤᠯᠠ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠶᠳᠪᠦᠷᠢᠯᠡᠬᠦ᠂ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠲᠠᠪᠤ︶ ᠪᠦᠷᠢᠳᠬᠡᠨ ᠳᠠᠩᠰᠠᠯᠠᠬᠤ ᠲᠣᠪᠴᠢᠶ᠎ᠠ ︵ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠲᠤᠰᠬᠠᠶ | ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ︶᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ | ᠪᠠ ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ ᠣᠯᠭᠤᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢᠨ ᠡᠯᠧᠺᠲᠷᠣᠨᠴᠢᠯᠠᠯᠲᠠ ᠶᠢ ᠵᠢᠯᠣᠭᠤᠳᠬᠤ ᠶᠢ ᠬᠠᠷᠢᠭᠤᠴᠠᠨ᠎ᠠ᠃ ᠪᠦᠷᠢᠳᠬᠡᠨ ᠳᠠᠩᠰᠠᠯᠠᠭᠤᠯᠤᠭᠰᠠᠨ | ᠮᠡᠳᠡᠭᠡ ᠵᠠᠩᠭᠢ ᠶᠢ ᠵᠠᠳᠠᠯᠤᠨ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠶᠢᠵᠤ ᠯᠠᠪᠯᠠᠬᠤ ᠦᠶᠯᠡᠴᠢᠯᠡᠭᠡ | ᠬᠠᠩᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ | ᠰᠢᠶᠳᠪᠦᠷᠢᠯᠡᠬᠦ᠂ ᠬᠤᠪᠢᠶᠠᠨ ᠥᠭᠬᠦ ᠵᠢᠴᠢ ᠦᠨᠡᠮᠯᠡᠯ ᠠᠪᠬᠤ ᠠᠵᠢᠯ ᠢ ᠵᠢᠯᠣᠭᠤᠳᠤᠨ᠎ᠠ᠃ ᠬᠤᠪᠢ ᠪᠠᠷ ᠢᠶᠠᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ | ᠲᠡᠳᠬᠦᠵᠦ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠢ ᠡᠭᠦᠷᠭᠡᠯᠡᠨ᠎ᠡ᠃ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ | ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠠᠷᠭ᠎ᠠ ᠬᠡᠮᠵᠢᠶ᠎ᠡ | ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ | ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠢᠲᠡᠭᠡᠮᠵᠢ ᠶᠢ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ | ᠵᠠᠩᠭᠢ ᠶᠢ ᠢᠯᠡ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠵᠢᠴᠢ ᠰᠠᠯᠠᠭ᠎ᠠ ᠮᠥᠴᠢᠷ ᠤᠳ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠪᠠ ᠬᠠᠮᠢᠶᠠᠷᠤᠯᠲᠠ | ᠶᠢᠨ ᠠᠵᠢᠯ ᠢ ᠡᠭᠦᠷᠭᠡᠯᠡᠨ᠎ᠡ᠃ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠲᠡᠮᠳᠡᠭᠯᠡᠯ ᠪᠠ ︽ᠬᠠᠷ᠎ᠠ ᠲᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠳᠤ ᠪᠠᠨ ᠭᠥᠷᠳᠡᠬᠦ᠂ ᠬᠤᠯᠪᠣᠭᠠᠯᠠᠨ | ᠵᠠᠯᠬᠠᠭᠠᠬᠤ ᠶᠢ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ | ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠳᠦᠷᠢᠮ ᠢ ᠪᠠᠶᠢᠭᠤᠯᠤᠨ᠎ᠠ᠃ | ︵ᠳᠣᠯᠤᠭ᠎ᠠ︶ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ᠃ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠬᠡᠷᠡᠭᠯᠡᠭᠴᠢᠳ ᠤᠨ ᠠᠰᠠᠭᠤᠨ ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ | ᠠᠪᠴᠤ ᠰᠢᠶᠳᠪᠦᠷᠢᠯᠡᠬᠦ ᠪᠠ ᠰᠦᠯᠵᠢᠶᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠵᠢᠯᠣᠭᠤᠳᠤᠨ᠎ᠠ᠃ ᠬᠡᠷᠡᠭᠯᠡᠭᠴᠢᠳ ᠤᠨ ᠡᠷᠬᠡ ᠠᠰᠢᠭ ᠤᠨ ᠵᠠᠰᠠᠭ ᠵᠠᠬᠢᠷᠭᠠᠨ ᠤ | ᠬᠠᠮᠠᠭᠠᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ | ᠵᠢᠯᠣᠭᠤᠳᠤᠨ᠎ᠠ᠃ | ︵ᠨᠠᠢᠮᠠ︶ ᠦᠨ᠎ᠡ ᠬᠠᠩᠰᠢ ᠶᠢ ᠬᠢᠨᠠᠵᠤ ᠪᠠᠶᠢᠴᠠᠭᠠᠬᠤ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠲᠣᠪᠴᠢᠶ᠎ᠠ ︵ᠭᠠᠭᠴᠠᠭᠠᠷ ᠡᠵᠡᠮᠰᠢᠯ ᠢ ᠡᠰᠡᠷᠭᠦᠴᠡᠬᠦ | ᠲᠣᠪᠴᠢᠶ᠎ᠠ︶᠃ ᠦᠨ᠎ᠡ ᠬᠠᠩᠰᠢ ᠰᠦᠢᠳᠬᠡᠯ ᠬᠤᠷᠢᠶᠠᠯᠲᠠ ᠶᠢᠨ ᠲᠤᠬᠠᠢ ᠬᠢᠨᠠᠯᠲᠠ ᠪᠠᠶᠢᠴᠠᠭᠠᠯᠲᠠ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠪᠠ ᠭᠠᠭᠴᠠᠭᠠᠷ | ᠡᠵᠡᠮᠰᠢᠯ ᠢ ᠡᠰᠡᠷᠭᠦᠴᠡᠬᠦ ᠲᠤᠬᠠᠢ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ | ᠵᠢᠴᠢ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠦᠨ᠎ᠡ ᠬᠠᠩᠰᠢ ᠰᠦᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ ᠢ ᠵᠥᠷᠢᠴᠡᠭᠰᠡᠨ ᠪᠠ ᠵᠦᠢ ᠪᠤᠰᠤ ᠥᠷᠢᠰᠥᠯᠳᠦᠭᠡᠨ ᠤ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ | ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠭ᠎ᠠ ᠳᠤ ᠴᠣᠬᠢᠯᠲᠠ ᠥᠭᠬᠦ ᠠᠵᠢᠯ ᠢ ᠡᠭᠦᠷᠭᠡᠯᠡᠨ᠎ᠡ᠃ ᠭᠠᠭᠴᠠᠭᠠᠷ | ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠰᠦᠯᠵᠢᠶᠡᠨ ᠤ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠥᠬᠦᠶ | ᠦᠶᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠬᠡᠷᠡᠭᠵᠢᠭᠦᠯᠦᠨ᠎ᠡ᠃ ᠰᠦᠯᠵᠢᠶᠡᠨ ᠤ ᠠᠷᠠᠯᠵᠢᠶᠠᠨ ᠤ ᠲᠠᠪᠴᠠᠩ ᠪᠠ | ᠰᠦᠯᠵᠢᠶᠡᠨ ᠤ ᠡᠵᠡᠩᠨᠡᠯᠲᠡ ᠶᠢᠨ ᠭᠤᠤᠯ ᠴᠣᠭᠴᠠ ᠶᠢ ᠵᠢᠷᠤᠮᠵᠢᠭᠤᠯᠤᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠦᠯᠵᠢᠶᠡᠨ ᠤ ᠵᠠᠬ᠎ᠠ | ᠳᠡᠯᠭᠡᠭᠦᠷ ᠢ ᠬᠢᠨᠠᠨ ᠰᠢᠨᠵᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡ ᠠᠵᠢᠯᠯᠠᠭ᠎ᠠ | ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷ᠎ᠡ ᠪᠠ ᠦᠨ᠎ᠡ ᠬᠠᠶᠠᠵᠤ ᠬᠤᠳᠠᠯᠳᠤᠬᠤ | ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ ᠬᠦᠷᠦᠩᠭᠡ ᠶᠢᠨ ᠪᠠᠷᠢᠴᠠᠭᠠᠨ ᠤ ᠡᠳ᠋ ᠢ ᠳᠠᠩᠰᠠᠯᠠᠭᠤᠯᠬᠤ ᠶᠢ | ᠬᠠᠮᠢᠶᠠᠷᠤᠨ᠎ᠠ᠃ | ︵ᠠᠷᠪᠠ︶ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ | ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠡᠮᠴᠢᠯᠡᠭᠡᠨ ᠤ ᠮᠠᠰᠢᠨ ᠪᠠᠭᠠᠵᠢ᠂ ᠠᠨᠠᠭᠠᠬᠤ | ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠵᠠᠷ ᠮᠡᠳᠡᠭᠡ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠡᠯ᠎ᠡ | ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ ᠪᠠᠶᠢᠳᠠᠯ ᠢ ᠬᠢᠨᠠᠨ ᠰᠢᠨᠵᠢᠬᠦ ᠶᠢ ᠵᠣᠬᠢᠶᠠᠨ ᠪᠠᠶᠢᠭᠤᠯᠤᠨ᠎ᠠ᠃ ᠵᠠᠷ ᠮᠡᠳᠡᠭᠡ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠪᠠ ᠵᠠᠷ ᠮᠡᠳᠡᠭᠡᠨ ᠤ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠶᠠᠰᠤ ᠴᠢᠨᠠᠷ ᠤᠨ ᠬᠥᠭᠵᠢᠭᠦᠯᠦᠯᠲᠡ ᠶᠢᠨ ᠲᠣᠪᠴᠢᠶ᠎ᠠ᠃ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ | ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠠᠮᠵᠢᠯᠴᠠᠭᠰᠠᠨ ᠦᠶᠯᠡᠴᠢᠯᠡᠭᠡ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠤᠨ ᠤᠷᠮᠠᠰᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠨ | ᠮᠡᠳᠡᠭᠦᠯᠬᠦ ᠳᠦᠷᠢᠮ᠂ ᠵᠡᠷᠡᠮᠳᠡᠭ ᠦᠢᠯᠡᠳᠬᠦᠨ ᠢ ᠡᠭᠡᠭᠦᠯᠦᠨ ᠪᠤᠴᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠣᠯᠤᠨ ᠦᠢᠯᠡᠳᠬᠦᠨ ᠤ ᠬᠤᠳᠠᠯ ᠬᠠᠭᠤᠷᠮᠠᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠰᠢᠨᠵᠢᠯᠡᠬᠦ ᠪᠠ ᠶᠠᠰᠤ ᠴᠢᠨᠠᠷ ᠤᠨ ᠪᠠᠶᠢᠳᠠᠯ ᠳᠤ ᠵᠠᠳᠠᠯᠤᠯᠲᠠ ᠬᠢᠬᠦ ᠶᠢ ᠥᠷᠨᠢᠭᠦᠯᠵᠦ᠂ ᠬᠦᠨᠳᠦ ᠶᠡᠭᠡ | ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠬᠤᠶᠠᠷ︶ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠬᠢᠨᠠᠯᠲᠠ ᠲᠠᠯᠪᠢᠬᠤ ᠦᠢᠯᠡᠳᠬᠦᠨ ᠤ ᠭᠠᠷᠴᠠᠭ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠦᠶᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ᠂ ᠰᠤᠭᠤᠴᠢᠨ ᠪᠠᠶᠢᠴᠠᠭᠠᠬᠤ᠂ ᠰᠤᠭᠤᠴᠢᠨ ᠰᠢᠯᠭᠠᠬᠤ᠂ ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ | ᠬᠤᠪᠢᠶᠠᠨ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠦᠢᠯᠡᠳᠬᠦᠨ ᠤ ᠶᠠᠰᠤ ᠴᠢᠨᠠᠷ ᠲᠤ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ | ᠴᠢᠨᠠᠷᠲᠠᠶ ᠬᠢᠨᠠᠯᠲᠠ ᠲᠠᠯᠪᠢᠬᠤ ᠶᠢ ᠵᠢᠯᠣᠭᠤᠳᠤᠨ ᠵᠣᠬᠢᠴᠠᠭᠤᠯᠤᠨ᠎ᠠ᠃ ᠠᠶᠢᠮᠠᠭ ᠬᠤᠲᠠ ᠶᠢᠨ ᠵᠣᠬᠢᠶᠠᠨ ᠪᠠᠶᠢᠭᠤᠯᠤᠭᠰᠠᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ | ᠲᠠᠯᠪᠢᠬᠤ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠣᠯᠤᠨ ᠢᠳᠡᠭᠡᠨ ᠤ ᠬᠠᠮᠢᠶ᠎ᠠ | ᠪᠦᠬᠦᠢ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠥᠪᠥᠩ ᠵᠡᠷᠭᠡ ᠰᠢᠷᠬᠡᠭ ᠤᠨ ᠶᠠᠰᠤ ᠴᠢᠨᠠᠷ | ᠲᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ︵ᠠᠷᠪᠠᠨ ᠭᠤᠷᠪᠠ︶ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠪᠠ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠭᠠᠵᠠᠷ᠃ ᠢᠳᠡᠭᠡᠨ ᠤ ᠠᠮᠤᠷ | ᠲᠦᠪᠰᠢᠨ ᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠵᠤ ᠬᠥᠳᠡᠯᠦᠯᠴᠡᠬᠦ | ᠲᠣᠭᠲᠠᠴᠠ ᠶᠢ ᠲᠣᠭᠲᠠᠭᠠᠬᠤ ᠵᠡᠷᠭᠡ ᠠᠵᠢᠯ ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ | ᠲᠡᠩᠴᠡᠬᠦ ᠦᠭᠡᠶ ᠢᠳᠡᠭᠡᠨ ᠢ ᠬᠠᠷᠭᠤᠭᠤᠯᠤᠨ ᠪᠠᠶᠢᠴᠠᠭᠠᠬᠤ᠂ ᠰᠢᠶᠳᠪᠦᠷᠢᠯᠡᠬᠦ᠂ ᠡᠭᠡᠭᠦᠯᠦᠨ ᠪᠤᠴᠠᠭᠠᠬᠤ ᠶᠢ ᠰᠢᠮᠳᠠᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ | ᠲᠦᠪᠰᠢᠨ ᠤ ᠦᠨᠡᠯᠡᠯᠲᠡ ᠶᠢᠨ ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠰᠣᠯᠢᠯᠴᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠭᠰᠢᠭᠦᠷᠢ ᠶᠢ ᠬᠢᠨᠠᠨ ᠰᠢᠨᠵᠢᠯᠡᠬᠦ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠳᠠᠭᠠᠭᠠᠨ ᠭᠦᠶᠴᠡᠳᠬᠡᠨ᠎ᠡ᠃ | ︵ᠠᠷᠪᠠᠨ ᠳᠥᠷᠪᠡ︶ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠭᠠᠵᠠᠷ᠃ ᠦᠶᠯᠡᠳᠪᠦᠷᠢᠯᠡᠯ ᠤᠨ ᠬᠦᠷᠢᠶᠡᠨ | ᠤ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ | ᠦᠶᠯᠡᠳᠪᠦᠷᠢᠯᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠢᠳᠡᠭᠡᠨ ᠤ ᠠᠮᠤᠷ ᠲᠦᠪᠰᠢᠨ ᠤ ᠮᠥᠷᠳᠡᠨ ᠨᠡᠬᠡᠮᠵᠢᠯᠡᠵᠦ ᠪᠣᠯᠬᠤᠶᠢᠴᠠ ᠲᠣᠭᠲᠠᠯᠴᠠᠭ᠎ᠠ ᠶᠢ ᠪᠠᠶᠢᠭᠤᠯᠤᠨ | ᠪᠦᠷᠢᠨᠰᠢᠭᠦᠯᠦᠨ᠎ᠡ᠃ | ︵ᠠᠷᠪᠠᠨ ᠲᠠᠪᠤ︶ ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠭᠦᠢᠯᠭᠡᠭᠡᠨ ᠤ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡᠨ᠂ ᠵᠠᠬ᠎ᠠ ᠳᠡᠯᠭᠡᠭᠦᠷ ᠤᠨ ᠪᠣᠷᠣᠯᠠᠭᠤᠯᠤᠨ ᠬᠤᠳᠠᠯᠳᠤᠬᠤ ᠢᠳᠡᠭᠡᠨ ᠳᠤ ᠬᠡᠷᠡᠭᠯᠡᠬᠦ ᠲᠠᠷᠢᠶᠠᠯᠠᠩ | ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢᠨ ᠬᠠᠮᠲᠤ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠢᠳᠡᠭᠡᠨ ᠤᠮᠳᠠᠭᠠᠨ ᠤ ᠦᠶᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠢᠳᠡᠭᠡᠨ ᠤᠮᠳᠠᠭᠠᠨ ᠤ ᠦᠢᠯᠡᠴᠢᠯᠡᠭᠡᠨ ᠤ | ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ | ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ | ᠥᠷᠨᠢᠭᠦᠯᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ᠎ᠠ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ᠃ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠲᠤᠯᠤᠭ᠎ᠠ︶ ᠣᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠡᠷᠡᠭᠦᠯᠵᠢᠯ ᠤᠨ ᠢᠳᠡᠭᠡᠨ᠂ ᠠᠨᠠᠭᠠᠬᠤ | ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠨᠢᠷᠠᠢ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠵᠡᠷᠭᠡ ᠣᠨᠴᠠᠭᠠᠢ ᠢᠳᠡᠭᠡᠨ ᠤ | ᠬᠦᠷᠢᠶᠡᠨ ᠳᠠᠬᠢ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠣᠨᠴᠠᠭᠠᠢ ᠢᠳᠡᠭᠡᠨ ᠢ ᠵᠥᠪᠰᠢᠶᠡᠷᠡᠬᠦ᠂ ᠳᠠᠩᠰᠠᠯᠠᠬᠤ᠂ ᠬᠢᠨᠠᠵᠤ ᠬᠠᠮᠢᠶᠠᠷᠬᠤ ᠠᠵᠢᠯ ᠢ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠢᠳᠡᠰᠢᠨ ᠤ ᠳᠠᠪᠤᠰᠤᠨ ᠤ ᠦᠶᠯᠡᠳᠪᠦᠷᠢᠯᠡᠯ᠂ ᠡᠵᠡᠩᠨᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ | ︵ᠠᠷᠪᠠᠨ ᠨᠠᠶᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ᠃ ᠪᠦᠬᠦ ᠣᠷᠣᠨ ᠤ ᠣᠨᠴᠠ ᠲᠥᠷᠥᠯ | ᠤᠨ ᠲᠥᠬᠦᠭᠡᠷᠦᠮᠵᠢ ᠶᠢ ᠠᠮᠤᠷ ᠲᠦᠪᠰᠢᠨ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ | ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ᠂ ᠠᠭᠤᠷ ᠤᠨ ᠵᠤᠤᠬ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠣᠨᠴᠠ ᠲᠥᠷᠥᠯ ᠤᠨ ᠲᠥᠬᠦᠭᠡᠷᠦᠮᠵᠢ ᠶᠢᠨ ᠠᠳᠡᠯ ᠢ ᠵᠣᠬᠢᠶᠠᠨ | ᠪᠠᠶᠢᠭᠤᠯᠤᠨ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ ᠪᠦᠷᠢᠳᠬᠡᠨ ᠵᠠᠳᠠᠯᠤᠨ᠎ᠠ᠃ ᠣᠨᠴᠠ ᠲᠦᠷᠦᠯ ᠤᠨ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠰᠢᠨᠵᠢᠯᠡᠬᠦ | ᠪᠠᠶᠢᠭᠤᠯᠤᠮᠵᠢ ᠪᠠ ᠰᠢᠯᠭᠠᠨ ᠪᠠᠶᠢᠴᠠᠭᠠᠵᠤ ᠰᠢᠨᠵᠢᠯᠡᠬᠦ ᠠᠵᠢᠯᠳᠠᠨ᠂ ᠠᠵᠢᠯᠯᠠᠭᠴᠢ ᠶᠢ ᠬᠢᠨᠠᠵᠤ ᠬᠠᠮᠢᠶᠠᠷᠤᠨ᠎ᠠ᠃ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ | ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠠᠬᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ | ︵ᠠᠷᠪᠠ ᠶᠢᠰᠦ︶ ᠬᠡᠮᠵᠢᠯᠲᠡ ᠶᠢᠨ ᠭᠠᠵᠠᠷ᠃ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠳᠦᠷᠢᠮ ᠢ | ᠬᠡᠷᠡᠭᠵᠢᠭᠦᠯᠵᠦ᠂ ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ | ᠡᠭᠦᠷᠭᠡᠯᠡᠵᠦ᠂ ᠬᠡᠮᠵᠢᠭᠳᠡᠬᠦᠨ ᠢ ᠳᠠᠮᠵᠢᠭᠤᠯᠵᠤ ᠡᠬᠢ ᠦᠨᠳᠦᠰᠦ ᠶᠢ ᠨᠢ ᠮᠥᠷᠳᠡᠬᠦ ᠪᠠ ᠬᠡᠮᠵᠢᠵᠦ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨ ᠲᠣᠭᠲᠠᠯᠴᠠᠭ᠎ᠠ ᠶᠢ ᠪᠠᠶᠢᠭᠤᠯᠬᠤ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ | ᠲᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ ᠰᠢᠯᠭᠠᠨ ᠲᠣᠭᠲᠠᠭᠠᠬᠤ ᠪᠠ ᠬᠡᠮᠵᠢᠯᠲᠡ | ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠳ᠋ᠠᠶᠢᠲ᠋ᠠ ᠶᠢᠨ ᠬᠡᠷᠡᠭᠯᠡᠯᠲᠡ ᠶᠢ | ᠵᠢᠷᠤᠮᠵᠢᠭᠤᠯᠤᠨ᠎ᠠ᠃ | ︵ᠬᠤᠷᠢ︶ ᠪᠠᠷᠢᠮᠵᠢᠶᠠᠵᠢᠭᠤᠯᠤᠯᠲᠠ ᠶᠢᠨ ᠭᠠᠵᠠᠷ᠃ ᠪᠠᠷᠢᠮᠵᠢᠶᠠᠵᠢᠭᠤᠯᠬᠤ ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ᠃ ᠣᠷᠣᠨ ᠨᠤᠲᠤᠭ ᠤᠨ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠵᠦ᠂ ᠪᠦᠯᠬᠦᠮ ᠨᠡᠶᠢᠲᠡ ᠶᠢᠨ | ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ ᠤᠨ | ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ᠂ ᠲᠠᠸᠠᠷ ᠤᠨ ᠵᠢᠷᠤᠭᠠᠰᠤᠨ | ᠺᠣᠳ᠋ ᠵᠢᠴᠢ ᠢᠯᠭᠠᠬᠤ ᠲᠡᠮᠳᠡᠭ ᠪᠣᠯᠤᠨ ᠪᠥᠬᠦ ᠣᠷᠣᠨ ᠤ ᠲᠤᠰᠬᠠᠶ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠭᠡᠷᠡᠴᠢᠯᠡᠵᠦ ᠵᠥᠪᠰᠢᠶᠡᠷᠡᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠯᠡᠬᠦ ᠶᠢ ᠬᠢᠨᠠᠵᠤ ᠬᠠᠮᠢᠶᠠᠷᠬᠤ ᠭᠠᠵᠠᠷ᠃ ᠭᠡᠷᠡᠴᠢᠯᠡᠵᠦ | ᠵᠥᠪᠰᠢᠶᠡᠷᠡᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠯᠡᠬᠦ ᠶᠢ ᠬᠢᠨᠠᠵᠤ ᠬᠠᠮᠢᠶᠠᠷᠬᠤ ᠲᠦᠷᠢᠮ ᠢ ᠲᠤᠭᠤᠷᠪᠢᠵᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ᠃ | ᠰᠠᠶᠢᠨ ᠳᠤᠷ᠎ᠠ ᠶᠢᠨ ᠴᠢᠨᠠᠷᠲᠠᠶ ᠭᠡᠷᠡᠴᠢᠯᠡᠬᠦ ᠪᠠ ᠠᠯᠪᠠᠳᠠᠯᠭ᠎ᠠ ᠶᠢᠨ ᠴᠢᠨᠠᠷᠲᠠᠶ ᠦᠶᠯᠡᠳᠬᠦᠨ ᠤ ᠭᠡᠷᠡᠴᠢᠯᠡᠬᠦ ᠠᠵᠢᠯ ᠢ ᠬᠢᠨᠠᠨ ᠬᠠᠮᠢᠶᠠᠷᠴᠤ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠭᠡᠷᠡᠴᠢᠯᠡᠵᠦ ᠵᠥᠪᠰᠢᠶᠡᠷᠡᠬᠦ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠡᠬᠢ | ᠪᠠᠶᠠᠯᠢᠭ ᠢ ᠨᠡᠶᠢᠯᠡᠭᠦᠯᠦᠨ ᠨᠢᠭᠡᠳᠬᠡᠬᠦ ᠪᠠ ᠥᠭᠡᠷᠡᠴᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠬᠤᠷᠢᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠭᠠᠵᠠᠷ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠨ᠎ᠡ᠃ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠮᠠᠰᠢᠭᠤᠯᠵᠤ ᠬᠥᠬᠢᠭᠦᠯᠬᠦ᠂ ᠡᠭᠦᠳᠦᠨ ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ | ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠳᠠᠨᠵᠢᠯᠠᠵᠤ ᠪᠡᠯᠡ ᠲᠣᠬᠢᠷᠠᠭᠤᠯᠬᠤ᠂ ᠳᠠᠯᠳᠠ ᠡᠳ᠋ ᠬᠥᠷᠥᠩᠭᠡ ᠶᠢ ᠦᠨᠡᠯᠡᠨ ᠵᠢᠱᠢᠬᠦ ᠵᠢᠴᠢ ᠠᠶᠢᠮᠠᠭ ᠬᠤᠲᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠬᠤᠷᠢᠨ ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠭᠠᠵᠠᠷ᠃ ᠲᠠᠸᠠᠷ ᠤᠨ ᠲᠡᠮᠳᠡᠭ ᠪᠣᠯᠤᠨ ᠲᠤᠰᠬᠠᠶ ᠠᠰᠢᠭ ᠤᠨ | ᠬᠠᠮᠠᠭᠠᠯᠠᠯᠲᠠ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠨᠣᠣᠷᠠᠭ ᠵᠢᠴᠢ ᠬᠤᠯᠪᠣᠭᠳᠠᠯ ᠪᠦᠬᠦᠢ ᠳᠦᠷᠢᠮ᠂ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ | ᠤ ᠥᠮᠴᠢᠯᠡᠬᠦ ᠡᠷᠬᠡ ᠶᠢ ᠬᠠᠮᠠᠭᠠᠯᠠᠬᠤ᠂ ᠬᠠᠮᠢᠶᠠᠷᠬᠤ ᠪᠠ ᠦᠶᠯᠡᠴᠢᠯᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ | ᠲᠦᠭᠦᠬᠡᠢ ᠡᠳ᠋ ᠤᠨ ᠭᠠᠷᠤᠯᠲᠠ ᠶᠢᠨ ᠭᠠᠵᠠᠷ ᠤᠨ ᠭᠠᠵᠠᠷ ᠵᠦᠢ ᠶᠢᠨ ᠲᠡᠮᠳᠡᠭ ᠵᠡᠷᠭᠡ ᠠᠯᠪᠠᠨ ᠤ ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ | ᠰᠢᠶᠳᠪᠦᠷᠢᠯᠡᠬᠦ ᠵᠡᠷᠭᠡ ᠠᠵᠢᠯ ᠢ ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠨ | ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠣᠭᠲᠠᠯᠴᠠᠭ᠎ᠠ ᠪᠠ ᠬᠠᠤᠯᠢ ᠬᠡᠷᠡᠭᠵᠢᠭᠦᠯᠦᠨ ᠬᠠᠮᠵᠢᠯᠴᠠᠬᠤ ᠲᠣᠭᠲᠠᠴᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠭᠠᠵᠠᠷ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠠᠭᠤᠷᠢ ᠪᠡᠯᠡᠳᠬᠡᠮᠵᠢ ᠵᠡᠷᠭᠡ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ | ᠰᠢᠪᠲᠤᠯᠬᠤ᠂ ᠬᠠᠮᠲᠤᠷᠠᠯᠴᠠᠨ ᠰᠣᠯᠢᠯᠴᠠᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ ᠠᠵᠢᠯ ᠢ | ᠡᠭᠦᠷᠭᠡᠯᠡᠨ᠎ᠡ᠃ | ︵ᠬᠤᠷᠢᠨ ᠲᠠᠪᠤ︶ ᠡᠳ᠋ ᠤᠨ ᠶᠠᠪᠤᠳᠠᠯ ᠤᠨ ᠭᠠᠵᠠᠷ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠶᠴᠡᠳᠬᠡᠯ᠂ ᠭᠠᠶᠢᠯᠢ ᠶᠢᠨ | ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠤᠳᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠦᠨᠳᠦᠰᠦᠨ ᠪᠥᠲᠥᠭᠡᠨ ᠪᠠᠶᠢᠭᠤᠯᠤᠯᠲᠠ ᠪᠠ ᠡᠯ᠎ᠡ | ᠲᠥᠷᠥᠯ ᠤᠨ ᠪᠠᠯᠠ ᠮᠥᠩᠭᠦ᠂ ᠲᠤᠰᠬᠠᠶ ᠬᠡᠷᠡᠭᠯᠡᠬᠦ ᠰᠠᠭᠤᠷᠢ ᠮᠥᠩᠭᠦ ᠵᠢᠴᠢ ᠦᠶᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ | ᠤᠨ ᠪᠡᠯᠡ ᠮᠥᠩᠭᠦ ᠶᠢᠨ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠲᠥᠬᠦᠭᠡᠷᠦᠮᠵᠢ ᠲᠣᠬᠢᠷᠠᠭᠤᠯᠬᠤ ᠠᠵᠢᠯ ᠢ ᠵᠢᠯᠣᠭᠤᠳᠤᠨ᠎ᠠ᠃ | ︵ᠬᠤᠷᠢᠨ ᠵᠢᠷᠭᠤᠭ᠎ᠠ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ | ᠬᠥᠳᠡᠯᠮᠦᠷᠢ ᠴᠠᠯᠢᠩ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠭᠤᠯᠤᠯ ᠪᠣᠯᠤᠨ ᠭᠠᠳᠠᠭᠠᠳᠤ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠨᠢᠭᠡᠴᠢ | ᠶᠢᠨ ᠢᠶᠠᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ | ᠠᠵᠢᠯ ᠢ ᠬᠠᠷᠢᠭᠤᠴᠠᠨ᠎ᠠ᠃ | ᠠᠵᠢᠯ ᠠᠴᠠ ᠳᠠᠷᠬᠠᠯᠠᠭᠳᠠᠭᠰᠠᠳ ᠪᠠ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ | ᠳᠠᠷᠬᠠᠯᠠᠭᠳᠠᠭᠰᠠᠳ ᠪᠠ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 206 ᠬᠥᠮᠦᠨ ᠲᠠᠢ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 4 ᠬᠥᠮᠥᠨ ︵ᠡᠭᠦᠨ ᠳᠤ 1 ᠬᠥᠮᠥᠨ ᠨᠢ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶ | ᠢ ᠲᠣᠬᠢᠷᠠᠭᠤᠯᠪᠠ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ 73 ᠬᠥᠮᠥᠨ ﹇35 ᠭᠠᠵᠠᠷ ᠤᠨ ᠳᠡᠰ ᠤᠨ ᠳᠠᠷᠤᠭ᠎ᠠ ︵ᠢᠳᠡᠭᠡᠨ ᠤ ᠠᠮᠤᠷ ᠲᠦᠪᠰᠢᠨ ᠤ | ᠶᠡᠷᠦᠩᠬᠡᠶ ᠬᠢᠨᠠᠭᠴᠢ᠂ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ ᠠᠴᠠ ᠪᠠᠨ | ᠳᠠᠷᠬᠠᠯᠠᠭᠳᠠᠭᠰᠠᠳ ᠪᠠ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 1 ᠬᠥᠮᠥᠨ᠂ ᠵᠠᠬ᠎ᠠ ᠳᠡᠯᠭᠡᠭᠦᠷ ᠤᠨ ᠴᠠᠭᠳᠠᠨ ᠪᠠᠶᠢᠴᠠᠭᠠᠬᠤ ᠲᠤᠰᠬᠠᠶ | ᠲᠤᠰᠢᠶᠠᠯᠲᠠᠨ 5 ᠬᠥᠮᠥᠨ ᠪᠠᠭᠲᠠᠨ᠎ᠠ︶ 38 ᠳᠡᠳ᠋ ᠭᠠᠵᠠᠷ ᠤᠨ ᠳᠡᠰ ᠤᠨ ᠳᠠᠷᠤᠭ᠎ᠠ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ | ᠠᠵᠢᠯ ᠠᠴᠠ ᠪᠠᠨ ᠳᠠᠷᠬᠠᠯᠠᠭᠳᠠᠭᠰᠠᠳ ᠪᠠ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ ᠪᠠᠭᠲᠠᠨ᠎ᠠ︶﹈ ᠪᠤᠢ᠃ | ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠶᠯᠡᠰ ᠤᠨ | ᠨᠢᠭᠡᠴᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤ ᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠭᠦᠢᠴᠡᠳᠬᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ | ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ | ᠨᠠᠶᠮᠠᠳᠤᠭᠠᠷ ᠵᠦᠶᠯ ᠲᠣᠰ ᠲᠣᠭᠲᠠᠭᠠᠯ ᠢ 2018 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠬᠥᠬᠡᠬᠤᠲᠠ ᠶᠢᠨ ᠵᠢᠨᠴᠢᠶᠤᠤ ᠨᠡᠭᠡᠭᠡᠯᠲᠡ ᠶᠢᠨ ᠣᠷᠣᠨ ᠤ ᠱᠢ ᠵᠢᠶ ᠳᠥᠷᠪᠡᠳᠦᠭᠡᠷ ᠵᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-12᠄ 00 14᠄ 00-17᠄ 30 | ᠤᠲᠠᠰᠤ᠄ 0471-6628923 | ᠬᠠᠷᠢᠭᠤᠴᠠᠯᠭᠠᠲᠠᠨ᠄ ᠪᠠᠶ ᠴᠢᠩ ᠶᠤᠸᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠳᠠᠷᠤᠭ᠎ᠠ | |