2020 ᠣᠨ ᠳᠤ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠪᠣᠯᠤᠨ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ | ᠲᠤᠭᠤᠰᠢᠯᠠᠭᠤᠯᠵᠤ᠂ ᠬᠠᠤᠯᠢ ᠶᠣᠰᠣᠭᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠬᠦᠴᠦᠯᠡᠨ ᠴᠢᠩᠭᠠᠳᠬᠠᠵᠤ᠂ | ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠲᠠᠰᠤᠷᠠᠯᠳᠠ ᠥᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠠᠰᠠᠭ ᠤᠨ | ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠪᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠤᠳᠠᠭ᠎ᠠ ᠪᠦᠷᠢ ᠶᠢᠨ ᠲᠤᠰᠬᠠᠶ ᠰᠡᠳᠦᠪᠲᠦ ᠬᠤᠷᠠᠯ ᠳᠤ ᠵᠥᠪᠯᠡᠬᠦ ᠰᠡᠳᠦᠪ ᠲᠤ | ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠢᠨᠠᠮᠠᠭᠠᠶ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠬᠢᠨᠠᠮᠠᠭᠠᠢ ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠤᠯᠠᠨ ᠤᠳᠠᠭ᠎ᠠ ᠵᠢᠭᠠᠪᠤᠷᠢ | ᠴᠣᠬᠤᠯᠠᠪᠤᠷᠢ ᠥᠭᠴᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠠᠬᠢ | ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠲᠤᠬᠢᠷᠠᠭᠤᠯᠵᠤ ᠰᠢᠮᠳᠠᠭᠤᠯᠤᠨ ᠭᠦᠢᠴᠡᠳᠬᠡᠬᠦ ᠶᠢ | ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠵᠠᠮ ᠢᠶᠠᠷ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠨ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠤᠨ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ | ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠵᠤ᠂ ᠪᠥᠬᠦ | ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 144 ᠵᠦᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ | ᠳᠣᠲᠣᠷᠠᠬᠢ ᠦᠵᠦ ᠲᠥᠯᠥᠪᠯᠡᠭᠡ ᠶᠢ ᠬᠢᠬᠦ ᠪᠠᠷ ᠪᠠᠶᠢᠭ᠎ᠠ 3 ᠵᠦᠢᠯ ᠠᠴᠠ ᠭᠠᠳᠠᠨ᠎ᠠ᠂ ᠪᠤᠰᠤᠳ ᠡᠭᠦᠷᠭᠡ ᠶᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠪᠡ᠃ | ᠬᠤᠶᠠᠷ᠂ ᠬᠠᠤᠯᠢ ᠪᠠᠷ ᠵᠠᠰᠠᠵᠢᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢ ᠬᠠᠤᠯᠢ ᠶᠣᠰᠣᠭᠠᠷ ᠠᠬᠢᠭᠤᠯᠪᠠ | ᠨᠢᠭᠡ ᠳᠤ᠂ ᠬᠠᠤᠯᠢ ᠪᠠᠷ ᠵᠠᠰᠠᠵᠢᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠪᠠ᠃ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 722 | ᠳ᠋ᠤᠭᠠᠷ ᠲᠣᠭᠠᠲᠤ︶᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠪᠠ ︽ᠥᠪᠡᠷᠲᠡᠭᠡᠨ ᠵᠠᠰᠠᠬᠤ ᠣᠷᠣᠨ ᠤ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 9 ᠳ᠋ᠦ᠋ᠭᠡᠷ ᠲᠣᠭᠠᠲᠤ︶ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ 30 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠬᠤᠶᠠᠷ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠤᠯᠤᠰ ᠪᠠ 20 ᠣᠷᠣᠨ ᠤ ᠡᠭᠴᠡ ᠪᠠᠷ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠲᠠᠢ ᠵᠣᠯᠭᠠᠭᠤᠯᠬᠤ ᠶᠢ ᠪᠡᠶᠡᠯᠡᠭᠦᠯᠵᠦ᠂ | ᠳᠠᠩᠰᠠᠯᠠᠭᠤᠯᠤᠭᠰᠠᠨ ᠬᠡᠷᠡᠭᠯᠡᠭᠴᠢ 1400 ᠭᠠᠷᠤᠶ ᠲᠦᠮᠡᠨ ᠬᠥᠮᠦᠨ ᠳᠤ ᠬᠦᠷᠴᠦ᠂ 69 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ︽ᠮᠤᠵᠢ ᠠᠯᠤᠰᠯᠠᠨ | ᠨᠡᠶᠢᠳᠡᠮ ᠳᠤ ᠨᠢ ᠭᠦᠢᠴᠡᠳᠬᠡᠬᠦ︾ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | 32 ᠰᠠᠯᠠᠭ᠎ᠠ ᠮᠥᠴᠢᠷ ᠣᠷᠣᠵᠤ ᠠᠵᠢᠯᠯᠠᠨ᠂ 548 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ | ᠭᠦᠢᠴᠡᠳᠬᠡᠵᠦ ᠪᠣᠯᠤᠨ᠎ᠠ᠂ ᠪᠥᠬᠦ ᠣᠷᠣᠨ ᠤ 120 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠢᠶ᠎ᠡ ᠴᠠᠷᠠᠭ᠎ᠠ ᠬᠤᠪᠢᠶᠠᠨ ︽ᠨᠢᠭᠡ | ᠴᠣᠩᠬᠤᠪᠴᠢ ᠪᠠᠷ ᠨᠡᠶᠢᠳᠡᠮ ᠳᠤ ᠨᠢ ᠭᠦᠢᠴᠡᠳᠬᠡᠬᠦ︾ ᠶᠢ ᠬᠡᠷᠡᠭᠵᠢᠭᠦᠯᠦᠭᠰᠡᠨ ᠤ ᠬᠠᠮᠲᠤ ᠦᠢᠯᠡᠴᠢᠯᠡᠭᠡᠨ ᠤ ᠬᠡᠯᠬᠢᠶ᠎ᠡ ᠶᠢ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠤ ᠱᠠᠲᠤᠨ ᠳᠤ ᠬᠦᠷᠲᠡᠯ᠎ᠡ ᠤᠷᠲᠤᠳᠬᠠᠪᠠ᠃ ᠠᠵᠤ ᠠᠬᠤᠶᠢᠯᠠᠯ ᠪᠠᠶᠢᠭᠤᠯᠤᠨ ᠡᠷᠬᠢᠯᠡᠬᠦ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠢ | ᠰᠦᠯᠵᠢᠶᠡᠨ ᠳᠤ ᠨᠡᠪᠲᠡᠷᠡᠭᠦᠯᠦᠨ ᠠᠵᠢᠯᠯᠠᠭᠤᠯᠵᠤ᠂ ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠤᠨ ᠬᠢᠵᠠᠭᠠᠷ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ | ᠪᠣᠭᠤᠨᠢᠰᠬᠠᠵᠤ᠂ ᠬᠢᠯᠪᠠᠷ ᠳᠥᠭᠦᠮ ᠬᠦᠴᠦᠨ ᠥᠬᠡᠶ ᠪᠣᠯᠭᠠᠬᠤ ᠪᠠᠷ ᠵᠠᠷᠯᠠᠬᠤ ᠴᠠᠭ ᠢ 45 ᠡᠳᠦᠷ ᠪᠠᠶᠢᠭᠰᠠᠨ ᠠᠴᠠ 20 ᠡᠳᠦᠷ ᠪᠣᠯᠭᠠᠨ ᠪᠣᠭᠤᠨᠢᠰᠬᠠᠪᠠ᠃ | ᠭᠤᠷᠪᠠ ᠳᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠪᠥᠬᠦ ᠣᠷᠣᠨ ᠤ ᠨᠢᠭᠡᠳᠦᠯᠲᠡᠶ ︽ | ᠬᠤᠶᠠᠷ ᠢ ᠲᠠᠰᠢᠷᠠᠮ ᠳᠤ ᠨᠢ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠡᠯ᠎ᠡ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ 454 ᠲᠦᠮᠡ ᠭᠠᠷᠤᠶ ᠵᠤᠷᠪᠤᠰ ᠴᠤᠭᠯᠠᠭᠤᠯᠤᠨ ᠳᠡᠭᠡᠭᠰᠢ ᠮᠡᠳᠡᠭᠦᠯᠪᠡ᠃ ᠣᠨ ᠤ ᠳᠣᠲᠣᠷ᠎ᠠ ᠡᠯ᠎ᠡ ᠱᠠᠲᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠬᠤᠶᠠᠷ ᠢ ᠲᠠᠰᠢᠷᠠᠮ ᠳᠤ ᠨᠢ ᠪᠠᠶᠢᠴᠠᠭᠠᠬᠤ︾ 6098 ᠪᠦᠯᠦᠭ | ᠤᠳᠠᠭ᠎ᠠ ᠶᠢᠨ ᠰᠤᠭᠤᠴᠢᠨ ᠪᠠᠶᠢᠴᠠᠭᠠᠯᠲᠠ ᠶᠢ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠨ 581 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠯᠲᠠ ᠶᠢ | ᠥᠷᠨᠢᠭᠦᠯᠪᠡ᠃ ᠲᠦᠷᠪᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠪᠡ᠃ ᠬᠠᠤᠯᠢ ᠶᠣᠰᠣᠭᠠᠷ ᠰᠡᠷᠭᠡᠶᠢᠯᠡᠨ | ᠡᠵᠡᠮᠳᠡᠬᠦ᠂ ᠬᠠᠤᠯᠢ ᠶᠣᠰᠣᠭᠠᠷ ᠵᠠᠰᠠᠯᠲᠠ ᠬᠢᠬᠦ ᠶᠢ ᠪᠠᠷᠢᠮᠲᠠᠯᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠣᠭᠲᠠᠭᠠᠯ ᠳᠤ ᠦᠯᠦ ᠨᠡᠶᠢᠴᠡᠬᠦ ᠲᠦᠷ ᠴᠠᠭ ᠤᠨ ᠴᠢᠨᠠᠷᠲᠠᠶ ᠨᠡᠶᠢᠳᠡ 154 ᠵᠤᠷᠪᠤᠰ ᠱᠠᠭᠠᠷᠳᠠᠯᠭ᠎ᠠ ᠶᠢ ᠢᠯᠭᠠᠨ ᠴᠡᠪᠡᠷᠯᠡᠵᠦ᠂ 10 ᠬᠦᠷᠢᠶᠡᠨ ᠳᠠᠬᠢ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠯᠣᠭᠤᠳᠬᠤ ᠰᠠᠨᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠲᠠᠰ ᠲᠤ | ᠲᠣᠬᠢᠷᠠᠭᠤᠯᠤᠯᠲᠠ ᠬᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ | ᠲᠠᠯ᠎ᠠ ᠪᠠᠷ ᠠᠬᠢᠭᠤᠯᠬᠤ ᠲᠤᠬᠠᠶ ᠮᠡᠳᠡᠭᠳᠡᠯ︾ ︵ᠥᠪᠥᠷ ᠰᠡᠷᠭᠡᠶᠢᠯᠡᠬᠦ ᠵᠢᠯᠣᠭᠤᠳᠬᠤ ᠴᠠᠬᠢᠯᠭᠠᠨ ﹇2020﹈ 16 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠵᠢᠷᠭᠤᠭᠠᠨ ᠶᠡᠭᠡ ᠲᠥᠪᠯᠡᠷᠡᠩᠭᠦᠶ ᠠᠵᠢᠯᠯᠠᠭ᠎ᠠ︾ ᠶᠢ ᠯᠠᠪᠳᠠᠭᠤᠨ ᠢᠶᠠᠷ ᠠᠬᠢᠭᠤᠯᠪᠠ᠃ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠠᠴᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ | ᠳᠢᠭᠯᠢᠮ ᠢ ᠰᠡᠷᠭᠦᠭᠡᠬᠦ ᠶᠢ ᠳᠡᠮᠵᠢᠬᠦ ᠲᠡᠶᠢᠰᠢ ᠬᠤᠪᠢᠷᠠᠭᠤᠯᠬᠤ ᠶᠢ ᠠᠬᠢᠭᠤᠯᠪᠠ᠃ | ᠭᠤᠷᠪᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ | ᠨᠢᠭᠡ ᠳᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2020 ᠣᠨ ᠳᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠤᠷᠠᠳᠤᠨ ᠳᠡᠪᠰᠢᠭᠦᠯᠵᠦ 9 ᠬᠤᠪᠢ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠵᠤ᠂ 11 ᠬᠤᠪᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ 4 ᠬᠤᠪᠢ ᠬᠠᠤᠯᠢ ᠲᠣᠭᠲᠠᠭᠠᠯ ᠢ ᠬᠦᠴᠦᠨ ᠥᠬᠡᠶ | ᠪᠣᠯᠭᠠᠪᠠ︔ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ 2 ᠬᠤᠪᠢ ᠲᠣᠭᠲᠠᠭᠠᠵᠤ᠂ 3 ᠬᠤᠪᠢ ᠳᠤ ᠵᠠᠰᠠᠪᠤᠷᠢ ᠣᠷᠣᠭᠤᠯᠵᠤ᠂ 6 ᠬᠤᠪᠢ ᠶᠢ ᠬᠦᠴᠦᠨ ᠦᠭᠡᠢ | ᠪᠣᠯᠭᠠᠵᠤ᠂ ᠰᠠᠶᠢᠨ ᠬᠠᠤᠯᠢ ᠳᠤ ᠲᠦᠰᠢᠭᠯᠡᠨ ᠠᠰᠢᠭᠲᠠᠢ ᠵᠠᠰᠠᠯᠲᠠ ᠶᠢ ᠪᠡᠶᠡᠯᠡᠭᠦᠯᠪᠡ᠃ ᠬᠤᠶᠠᠷ ᠲᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ | ᠵᠦᠢᠯ ᠢᠶᠠᠷ ᠢᠯᠭᠠᠷᠠᠭᠤᠯᠬᠤ ᠠᠵᠢᠯ ᠢ ᠠᠬᠢᠭᠤᠯᠪᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠬᠡᠷᠡᠭᠯᠡᠬᠦ᠂ ︽ᠢᠷᠭᠡᠨ ᠤ ᠬᠠᠤᠯᠢ ᠶᠢᠨ ᠪᠢᠴᠢᠭ︾ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠵᠦᠢᠯ ᠢᠶᠠᠷ ᠢᠯᠭᠠᠷᠠᠭᠤᠯᠤᠨ ᠲᠢᠭᠯᠡᠬᠦ ᠠᠵᠢᠯ ᠢ ᠥᠷᠨᠢᠭᠦᠯᠵᠦ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 461 ᠬᠤᠪᠢ ᠢᠯᠭᠠᠷᠠᠭᠤᠯᠤᠨ ᠲᠢᠭᠯᠡᠵᠦ᠂ 43 ᠬᠤᠪᠢ ᠶᠢ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ | ᠪᠣᠯᠣᠭᠰᠠᠨ ᠢ ᠵᠠᠷᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠳᠤ | ᠬᠤᠯᠪᠣᠭᠳᠠᠭᠰᠠᠨ 49 ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠭᠰᠠᠨ ᠪᠠ ᠬᠦᠴᠦᠨ ᠥᠬᠡᠶ ᠪᠣᠯᠣᠭᠰᠠᠨ ᠢ ᠵᠠᠷᠯᠠᠪᠠ᠃ ᠣᠳᠣᠬᠠᠨ ᠳᠤ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ 179 ᠵᠦᠢᠯ᠂ | ᠵᠠᠰᠠᠭ ᠤᠨ ᠣᠷᠳᠣᠨ ᠤ ᠲᠦᠷᠢᠮ ᠲᠣᠭᠲᠠᠭᠠᠯ 106 ᠵᠦᠢᠯ ᠪᠠᠶᠢᠨ᠎ᠠ᠃ | ᠳᠦᠷᠪᠡ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠵᠠᠰᠠᠭ ᠤᠨ ᠣᠷᠳᠣᠨ ᠤ ᠲᠤᠰᠢᠶᠠᠯ 365赢多少钱会被限额_国内有真正的365平台吗_365bet博彩官网 | ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠤᠯᠢ ᠪᠠᠷ ᠵᠠᠰᠠᠵᠢᠬᠤ ᠬᠢᠷᠢ ᠲᠦᠪᠰᠢᠨ ᠢ ᠳᠡᠭᠡᠭᠰᠢᠯᠡᠭᠦᠯᠪᠡ | ᠨᠢᠭᠡ ᠳᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ | ︵ᠥᠪᠥᠷ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ︶ ᠢ ᠨᠡᠶᠢᠲᠡᠯᠡᠵᠦ᠂ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ | ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠪᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠣᠶᠤᠨᠯᠢᠭ ᠬᠥᠮᠥᠷᠭᠡ ᠶᠢ ᠪᠦᠷᠢᠨᠰᠢᠭᠦᠯᠵᠦ᠂ ᠰᠢᠢᠳᠪᠦᠷᠢᠲᠦ ᠪᠤᠳᠤᠯᠭ᠎ᠠ ᠬᠡᠷᠡᠭᠵᠢᠭᠦᠯᠬᠦ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠠᠷ ᠲᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠪᠠ᠃ 2020 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠲᠣᠭᠲᠠᠭᠠᠨ ᠲᠠᠷᠬᠠᠭᠠᠭᠰᠠᠨ 509 ᠬᠤᠪᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ︵ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠪᠠ ᠭᠡᠷ᠎ᠡ ᠶᠢᠨ ᠵᠥᠪᠯᠡᠯᠴᠡᠭᠡᠷ ᠵᠡᠷᠭᠡ ᠪᠠᠭᠲᠠᠨ᠎ᠠ︶ ᠳᠤ | ᠴᠥᠮ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠪᠠ︔ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠥᠮ ᠴᠠᠭ 365赢多少钱会被限额_国内有真正的365平台吗_365bet博彩官网 | ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠳᠠᠩᠰᠠᠯᠠᠭᠤᠯᠵᠤ᠂ | ᠮᠡᠳᠡᠭᠦᠯᠦᠨ ᠳᠠᠩᠰᠠᠯᠠᠭᠤᠯᠤᠭᠰᠠᠨ ᠨᠤᠷᠮ᠎ᠠ ᠪᠠ ᠴᠠᠭ ᠲᠤᠬᠠᠢ ᠳᠤ ᠨᠢ ᠰᠢᠢᠳᠪᠦᠷᠢᠯᠡᠭᠰᠡᠨ ᠨᠣᠷᠮ᠎ᠠ ᠨᠢ ᠴᠥᠮ 100 % ᠬᠦᠷᠪᠡ᠃ | ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠨ ᠪᠥᠭᠡᠳ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠯᠠᠪᠳᠠᠭᠤᠨ ᠢᠶᠠᠷ ᠠᠬᠢᠭᠤᠯᠪᠠ | ᠨᠢᠭᠡ ᠳᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠳᠤ ᠵᠥᠪᠬᠡᠨ ᠵᠠᠮ ᠬᠠᠷᠢᠯᠴᠠᠭ᠎ᠠ ᠲᠡᠭᠡᠭᠡᠪᠦᠷᠢ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ 2 ᠰᠠᠯᠠᠭ᠎ᠠ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠦᠯᠡᠳᠡᠭᠡᠵᠦ᠂ ᠠᠶᠢᠮᠠᠭ ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ 426 | ᠪᠠᠶᠢᠭᠰᠠᠨ ᠠᠴᠠ 144 ᠪᠣᠯᠭᠠᠨ ᠬᠠᠰᠤᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢ ᠶᠢ 2436 ᠪᠠᠶᠢᠭᠰᠠᠨ ᠠᠴᠠ 852 ᠪᠣᠯᠭᠠᠨ ᠬᠠᠰᠤᠪᠠ᠃ | ᠬᠤᠶᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠬᠠᠤᠯᠢ ᠬᠡᠷᠡᠭᠵᠢᠭᠦᠯᠬᠦ ᠭᠤᠤᠯ ᠴᠣᠭᠴᠠ ᠶᠢ | ᠢᠯᠭᠠᠷᠠᠭᠤᠯᠤᠨ ᠨᠡᠶᠢᠲᠡᠯᠡᠬᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠨ ᠰᠢᠯᠭᠠᠬᠤ ᠠᠵᠢᠯ ᠢ ᠥᠷᠨᠢᠭᠦᠯᠵᠦ᠂ ᠡᠯᠧᠺᠲᠷᠣᠨ ᠬᠡᠪᠯᠡᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠪᠥᠬᠦ ᠲᠠᠯ᠎ᠠ ᠪᠠᠷ ᠡᠬᠢᠯᠡᠭᠦᠯᠦᠨ ᠬᠡᠷᠡᠭᠯᠡᠪᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ | ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠵᠤ᠂ ︽ᠬᠤᠶᠠᠷ ᠬᠠᠤᠯᠢ︾ ᠶᠢ ᠵᠣᠯᠭᠠᠭᠤᠯᠬᠤ | ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠪᠠ᠃ ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠦᠷᠢᠮ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠪᠠ ᠬᠠᠤᠯᠢ | ᠲᠦᠷᠢᠮ ᠢ ᠬᠢᠨᠠᠨ ᠬᠠᠷᠭᠤᠭᠤᠯᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 244 ᠳ᠋ᠦ᠋ᠭᠡᠷ ᠲᠣᠭᠠᠲᠤ︶ ᠶᠢ | ᠨᠡᠶᠢᠲᠡᠯᠡᠨ ᠬᠡᠷᠡᠭᠵᠢᠭᠦᠯᠪᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ︽ᠵᠠᠰᠠᠭ ᠵᠠᠬᠢᠷᠭᠠᠨ ᠤ ᠵᠢᠯᠣᠭᠤᠳᠬᠤ ᠠᠵᠢᠯ ᠢ ᠬᠡᠷᠡᠭᠵᠢᠭᠦᠯᠬᠦ ᠲᠤᠬᠠᠶ ᠰᠠᠨᠠᠯ︾ ︵ᠥᠪᠥᠷ ᠬᠠᠤᠯᠢ ᠲᠠᠷᠬᠠᠭᠠᠭᠰᠠᠨ ﹇2020﹈ 46 | ᠳ᠋ᠤᠭᠠᠷ ᠲᠣᠭᠠᠲᠤ︶ ᠪᠠ ︽︿ᠣᠨᠳᠣᠤ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠠᠮᠵᠢᠯᠴᠠᠬᠤ ᠲᠦᠷᠢᠮ ᠢ ᠪᠠᠶᠢᠭᠤᠯᠬᠤ ᠲᠤᠬᠠᠶ ᠵᠢᠯᠣᠭᠤᠳᠬᠤ | ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠠᠤᠯᠢ ᠮᠡᠳᠡᠭᠳᠡᠯ ﹇2020﹈ 99 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠲᠦᠷᠪᠡ ᠳᠤ᠂ ᠦᠨᠳᠦᠰᠦᠨ ᠱᠠᠲᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾ ᠢ ᠨᠡᠶᠢᠲᠡᠯᠡᠵᠦ᠂ ᠪᠥᠬᠦ ᠤᠯᠤᠰ ᠲᠤ ᠤᠷᠢᠳ ᠢᠶᠠᠷ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ | ᠴᠣᠭᠴᠠ ᠶᠢᠨ ᠬᠢᠷᠢ ᠬᠡᠮ ᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠷᠬᠡ ᠣᠯᠭᠤᠬᠤ ᠨᠠᠷᠢᠨ ᠬᠠᠭᠤᠳᠠᠰᠤ ᠶᠢᠨ ᠬᠡᠯᠪᠡᠷᠢ ᠪᠠᠷ | 99 ᠵᠦᠢᠯ ᠤᠨ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠨ ᠱᠠᠲᠤᠨ ᠳᠤ ᠪᠠᠭᠤᠯᠭᠠᠪᠠ᠃ | ᠵᠢᠷᠭᠤᠭ᠎ᠠ᠂ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠪᠠ | ᠨᠢᠭᠡ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ ᠨᠢ | 100% ᠬᠦᠷᠪᠡ᠃ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ᠂ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠪᠡ᠃ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ᠂ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠦᠭᠰᠡᠨ ᠪᠠᠶᠢᠳᠠᠯ ᠪᠠ ᠴᠢᠬᠤᠯᠠ ᠶᠡᠭᠡ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠪᠠ᠃ ᠬᠤᠶᠠᠷ ᠲᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠠᠬᠢᠭᠤᠯᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠰᠲ᠋ᠧᠮᠵᠢᠭᠦᠯᠬᠦ ᠪᠠᠷᠢᠮᠵᠢᠶ᠎ᠠ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠤᠨ | ᠵᠢᠷᠤᠮᠵᠢᠯ︾ ᠵᠡᠷᠭᠡ 8 ᠵᠦᠢᠯ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ 161 ᠤᠳᠠᠭ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ | ᠰᠣᠨᠢᠨ ᠮᠡᠳᠡᠭᠡ ᠨᠡᠶᠢᠲᠡᠯᠡᠬᠦ ᠪᠠᠶᠢᠩᠭᠤᠵᠢᠭᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢ | ᠲᠠᠰ ᠳᠡᠪᠰᠢᠭᠦᠯᠦᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ | ᠳᠣᠭᠢᠷᠠᠭᠤᠯᠤᠨ᠂ ᠡᠯ᠎ᠡ ᠲᠥᠷᠥᠯ ᠤᠨ ᠮᠡᠳᠡᠭᠡ ᠵᠠᠩᠭᠢ ᠶᠢ 3 ᠲᠦᠮᠡ ᠭᠠᠷᠤᠶ ᠨᠡᠶᠢᠲᠡᠯᠡᠪᠡ᠃ ᠭᠤᠷᠪᠠ ᠳᠤ᠂ ᠬᠠᠤᠯᠢ ᠴᠠᠭᠠᠵᠠ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠡᠯ᠎ᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2020﹈ 77 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠡᠯᠡᠵᠦ᠂ 2020 ᠣᠨ ᠳᠤ ᠪᠥᠬᠦ | ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ ᠨᠢ ᠳᠡᠭᠡᠷ᠎ᠡ ᠵᠢᠯ ᠤᠨ ᠬᠢ ᠠᠴᠠ | ᠨᠢᠭᠡ ᠳᠠᠬᠢᠨ ᠰᠢᠬᠠᠮ ᠢᠶᠠᠷ ᠳᠡᠭᠡᠭᠰᠢᠯᠡᠵᠦ᠂ ᠵᠠᠰᠠᠭ ᠵᠠᠬᠢᠷᠭᠠᠨ ᠤ ᠵᠠᠷᠭᠤ ᠶᠢᠨ ᠢᠯᠠᠭᠳᠠᠭᠰᠠᠨ ᠨᠣᠷᠮ᠎ᠠ ᠶᠢ 16% ᠪᠣᠯᠲᠠᠯ᠎ᠠ ᠪᠠᠭᠤᠷᠠᠭᠤᠯᠪᠠ᠃ | ᠲᠤᠯᠤᠭ᠎ᠠ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠪᠠ | ᠨᠢᠭᠡ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠢᠳᠡᠪᠬᠢᠲᠡᠶ ᠪᠠᠷ ᠠᠬᠢᠭᠤᠯᠪᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ | ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠳᠠᠬᠢᠨ ᠵᠥᠪᠯᠡᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠰᠦᠯᠵᠢᠶᠡᠨ ᠳᠡᠭᠡᠷ᠎ᠡ ᠠᠵᠢᠯᠯᠠᠭᠤᠯᠬᠤ | ᠲᠠᠪᠴᠠᠩ ᠭᠠᠷᠭᠠᠵᠤ᠂ ᠣᠨ ᠤ ᠳᠣᠲᠣᠷ᠎ᠠ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ 5217 ᠬᠡᠷᠡᠭ ᠢ ᠰᠢᠢᠳᠪᠦᠷᠢᠯᠡᠵᠦ᠂ ᠡᠭᠦᠨ ᠳᠤ | ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ ᠨᠢ 2633 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠪᠡ᠃ ᠬᠤᠶᠠᠷ ᠲᠤ᠂ ︽ᠶᠡᠭᠡ | ᠡᠶᠡᠳᠡᠭᠦᠯᠭᠡ︾ ᠶᠢᠨ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠪᠠ᠃ ᠲᠣᠮᠢᠯᠠᠭᠰᠠᠨ ᠰᠠᠯᠪᠤᠷᠢ ᠪᠠ ᠬᠠᠤᠯᠢ ᠴᠠᠭᠠᠵᠠ ᠶᠢᠨ ᠭᠠᠵᠠᠷ ᠤᠨ ︽ᠬᠤᠶᠠᠷ ᠭᠠᠵᠠᠷ ᠤᠨ | ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠵᠤ᠂ ᠠᠷᠠᠳ ᠤᠨ ᠡᠶᠡᠳᠡᠭᠦᠯᠭᠡ ᠬᠢᠭᠡᠳ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ | ᠡᠶᠡᠳᠡᠭᠦᠯᠭᠡ ᠶᠢᠨ ᠵᠣᠬᠢᠴᠠᠯᠳᠤᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠣᠨ ᠤ ᠳᠣᠲᠣᠷ᠎ᠠ ᠨᠡᠶᠢᠳᠡ 8.5 ᠲᠦᠮᠡ ᠭᠠᠷᠤᠶ ᠵᠥᠷᠢᠴᠡᠯ ᠵᠢᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠵᠦ᠂ ᠡᠶᠡᠳᠡᠭᠦᠯᠦᠨ ᠰᠢᠢᠳᠪᠦᠷᠢᠯᠡᠵᠦ ᠠᠮᠵᠢᠯᠲᠠ ᠣᠯᠤᠭᠰᠠᠨ ᠨᠤᠷᠮ᠎ᠠ ᠨᠢ 96% ᠳᠤ ᠬᠦᠷᠴᠡᠶ᠃ ᠭᠤᠷᠪᠠ ᠳᠤ᠂ ᠵᠠᠬᠢᠳᠠᠯ | ᠰᠤᠷᠪᠤᠯᠵᠢᠯᠠᠯ ᠤᠨ ᠬᠠᠤᠯᠢ ᠪᠠᠷ ᠵᠠᠰᠠᠵᠢᠬᠤ ᠪᠠᠶᠢᠭᠤᠯᠤᠯᠲᠠ ᠶᠢ ᠴᠢᠩᠭᠠᠳᠬᠠᠪᠠ᠃ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠬᠢᠨ ᠪᠠᠶᠢᠴᠠᠭᠠᠵᠤ ᠳᠠᠬᠢᠨ ᠬᠠᠷᠭᠤᠭᠤᠯᠬᠤ | ᠪᠠ ᠵᠠᠬᠢᠳᠠᠯ ᠰᠤᠷᠪᠤᠯᠵᠢᠯᠠᠯ ᠤᠨ ᠭᠤᠮᠣᠳᠠᠯ ᠲᠣᠭᠠᠴᠢᠯᠲᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ ᠲᠤᠬᠠᠶ ᠲᠣᠭᠲᠠᠭᠠᠯ ᠤᠨ ᠱᠠᠭᠠᠷᠳᠠᠯᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠢᠯᠭᠠᠷᠠᠭᠤᠯᠤᠨ ᠪᠠᠶᠢᠴᠠᠭᠠᠵᠤ ᠨᠠᠮᠳᠠᠭᠠᠬᠤ ᠠᠵᠢᠯ ᠢ ᠴᠢᠩᠭᠠᠳᠬᠠᠵᠤ᠂ ᠣᠨ ᠤ ᠳᠣᠲᠣᠷ᠎ᠠ | ᠤᠳᠤᠷᠢᠳᠤᠯᠭ᠎ᠠ ᠶᠢᠨ ᠳᠠᠭᠠᠭᠠᠴᠢᠯᠠᠭᠰᠠᠨ 5132 ᠬᠡᠷᠡᠭ ᠢ ᠨᠠᠶᠢᠳᠠᠪᠤᠷᠢᠵᠢᠭᠤᠯᠵᠤ᠂ 2841 ᠬᠡᠷᠡᠭ ᠢ ᠬᠠᠤᠯᠢ ᠶᠣᠰᠣᠭᠠᠷ ᠨᠠᠮᠳᠠᠭᠠᠨ ᠰᠢᠢᠳᠪᠦᠷᠢᠯᠡᠪᠡ᠃ ᠲᠦᠷᠪᠡ ᠳᠤ᠂ | ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠠᠬᠢᠭᠤᠯᠪᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠠᠪᠴᠠᠩ ᠢ 95% ᠶᠢᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠬᠠᠮᠤᠷᠤᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ | ᠨᠠᠩ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ ︽ᠬᠢᠲᠠᠳ ᠮᠣᠩᠭᠤᠯ ᠬᠠᠤᠯᠢ ᠴᠠᠭᠠᠵᠠ ᠶᠢᠨ ᠬᠡᠷᠡᠭᠯᠡᠭᠡᠨ ᠤ ᠲᠣᠯᠢ ᠪᠢᠴᠢᠭ︾ ᠢ | ᠨᠠᠶᠢᠷᠠᠭᠤᠯᠤᠨ ᠪᠢᠴᠢᠵᠦ ᠳᠠᠭᠤᠰᠬᠠᠭᠠᠳ᠂ ᠤᠯᠤᠰ ᠤᠨ ᠳᠣᠲᠣᠭᠠᠳᠤ ᠶᠢᠨ ᠬᠤᠭᠤᠰᠣᠨ ᠢ ᠨᠥᠬᠦᠪᠡ᠃ | ᠨᠠᠢᠮᠠ᠂ ᠬᠠᠤᠯᠢ ᠪᠠᠷ ᠵᠠᠰᠠᠬᠤ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠪᠡ | ᠨᠢᠭᠡ ᠳᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠰᠤᠷᠤᠯᠴᠠᠯᠭ᠎ᠠ ᠤᠬᠠᠭᠤᠯᠭ᠎ᠠ ᠶᠢᠨ ᠪᠣᠯᠪᠠᠰᠤᠷᠠᠯ ᠢ ᠰᠠᠶᠢᠲᠤᠷ ᠠᠳᠬᠤᠪᠠ᠃ ᠣᠨ ᠤ ᠳᠣᠲᠣᠷ᠎ᠠ | 1.7 ᠲᠦᠮᠡ ᠭᠠᠷᠤᠶ ᠨᠠᠮ ᠵᠠᠰᠠᠭ ᠤᠨ ᠪᠠᠶᠢᠭᠤᠯᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠡᠶᠢᠲᠡ 71.9 ᠲᠦᠮᠡᠨ ᠬᠥᠮᠦᠨ ᠰᠦᠯᠵᠢᠶᠡᠨ | ᠳᠡᠭᠡᠷ᠎ᠡ ᠬᠠᠤᠯᠢ ᠴᠠᠭᠠᠵᠠ ᠰᠤᠷᠬᠤ ᠪᠠ ᠰᠢᠯᠭᠠᠯᠲᠠ ᠳᠤ ᠣᠷᠣᠯᠴᠠᠵᠤ᠂ ᠬᠢᠷᠢ ᠲᠡᠩᠴᠡᠭᠰᠡᠨ ᠨᠣᠷᠮ᠎ᠠ ᠨᠢ 79.41% ᠬᠦᠷᠴᠡᠶ︔ ︽12•4︾ ᠤ ᠤᠯᠤᠰ ᠤᠨ | ᠦᠨᠳᠦᠰᠦᠨ ᠬᠠᠤᠯᠢ ᠶᠢᠨ ᠡᠳᠦᠷ ᠲᠤ ᠠᠩᠬᠠᠳᠤᠭᠠᠷ ᠬᠤᠭᠤᠴᠠᠭᠠᠨ ᠤ ︽ᠬᠠᠤᠯᠢ ᠴᠠᠭᠠᠵᠠ ᠶᠢᠨ ᠰᠠᠶᠢᠨ ᠳᠠᠭᠤᠨ︾ ᠤ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ | ᠠᠮᠵᠢᠯᠲᠠ ᠲᠠᠢ ᠡᠷᠬᠢᠯᠡᠵᠦ᠂ 130 ᠲᠦᠮᠡ ᠰᠢᠬᠠᠮ ᠦᠵᠡᠭᠴᠢᠳ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ᠃ ᠬᠤᠶᠠᠷ ᠲᠤ᠂ | ︽ᠢᠷᠭᠡᠨ ᠤ ᠬᠠᠤᠯᠢ ᠶᠢᠨ ᠪᠢᠴᠢᠭ︾ ᠤᠨ ᠰᠤᠷᠤᠯᠴᠠᠯᠭ᠎ᠠ ᠤᠬᠠᠭᠤᠯᠭ᠎ᠠ ᠶᠢ ᠰᠠᠶᠢᠲᠤᠷ ᠠᠳᠬᠤᠪᠠ᠃ ︽ᠢᠷᠭᠡᠨ ᠤ ᠬᠠᠤᠯᠢ ᠶᠢᠨ ᠪᠢᠴᠢᠭ︾ ᠤᠨ ᠰᠤᠷᠤᠯᠴᠠᠯᠭ᠎ᠠ ᠶᠢ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ | ᠲᠥᠯᠥᠪᠯᠡᠭᠡ ᠪᠠ ᠡᠯ᠎ᠡ ᠲᠦᠷᠦᠯ ᠤᠨ ᠰᠤᠷᠭᠠᠭᠤᠯᠢ ᠶᠢᠨ ᠬᠠᠤᠯᠢ ᠪᠠᠷ ᠵᠠᠰᠠᠬᠤ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠤᠯᠠᠨ ᠵᠦᠢᠯ ᠤᠨ ᠬᠡᠯᠪᠡᠷᠢ ᠪᠠᠷ | ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠪᠡ᠃ ᠭᠤᠷᠪᠠ ᠳᠤ᠂ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠬᠠᠤᠯᠢ ᠲᠦᠭᠡᠮᠡᠯᠵᠢᠭᠦᠯᠬᠦ ᠨᠡᠷᠡᠲᠦ ᠲᠡᠮᠳᠡᠭᠲᠦ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠬᠠᠤᠯᠢ ᠪᠠᠷ ᠵᠠᠰᠠᠬᠤ ᠤᠯᠠᠭᠠᠨᠮᠥ᠋ᠴᠢᠷ ᠤᠨ ᠰᠢᠷᠢᠰ ᠤᠬᠠᠭᠤᠯᠭ᠎ᠠ ᠶᠢᠨ ᠹᠢᠯᠢᠮ ᠢ ᠨᠡᠶᠢᠳᠡ 300 ᠭᠠᠷᠤᠢ ᠬᠤᠭᠤᠴᠠᠭ᠎ᠠ | ᠦᠢᠯᠡᠳᠴᠦ᠂ ᠰᠢᠷᠢᠰ ᠺᠠᠷᠲ᠋ᠣᠨ ᠵᠦᠴᠦᠭᠡ ︽ᠪᠢᠴᠢᠬᠠᠨ ᠬᠠᠤᠯᠢᠴᠢ ᠢᠷᠡᠯ᠎ᠡ︾ ᠨᠢ ᠲᠥᠪ ᠤᠨ ᠤᠬᠠᠭᠤᠯᠬᠤ ᠬᠡᠯᠲᠡᠰ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠵᠢᠴᠢ ᠬᠠᠤᠯᠢ ᠴᠠᠭᠠᠵᠠ ᠶᠢᠨ ᠶᠠᠮᠤᠨ ᠤ ᠨᠢᠭᠡᠳᠦᠭᠡᠷ ᠳᠡᠰ ᠤᠨ ᠱᠠᠩᠨᠠᠯ ᠢ ᠬᠦᠷᠳᠡᠵᠡᠢ᠃ ᠲᠦᠷᠪᠡ ᠳᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠠᠬᠢᠭᠤᠯᠪᠠ᠃ ︽7•5︾ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽8•5︾ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ | ᠥᠨᠳᠥᠷ ᠡᠬᠢᠯᠡᠯᠲᠡ ᠶᠢᠨ ᠴᠡᠭ ᠤᠬᠠᠭᠤᠯᠤᠨ ᠲᠥᠯᠥᠪᠯᠡᠵᠦ᠂ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠰᠤᠷᠤᠯᠴᠠᠬᠤ᠂ ᠵᠢᠱᠢᠶᠡᠴᠢ ᠪᠠᠷ ᠬᠠᠤᠯᠢ ᠰᠠᠬᠢᠬᠤ ᠶᠢ | ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠬᠤ ᠵᠠᠩᠭᠢᠯᠠᠭ᠎ᠠ ᠪᠣᠯᠭᠠᠵᠤ᠂ ᠪᠦᠬᠦ ᠤᠯᠤᠰ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠤᠨ ᠠᠯᠪᠠᠨ ᠭᠡᠷ ᠤᠨ ᠭᠦᠢᠴᠡᠳ ᠨᠤᠲᠠᠯᠠᠯᠲᠠ ᠶᠢ ᠤᠯᠪᠠ᠃ | ᠶᠢᠰᠦ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠪᠠ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ | ᠨᠢᠭᠡ ᠳᠤ᠂ ᠬᠢᠨᠠᠨ ᠰᠢᠯᠭᠠᠯᠲᠠ ᠶᠢᠨ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠣᠷᠣᠨ ᠢᠶᠠᠨ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠬᠤᠷᠢᠶ᠎ᠠ ᠶᠢᠨ ᠠᠯᠪᠠᠨ ᠬᠡᠷ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠢᠶᠠᠨ | ᠬᠠᠤᠯᠢ ᠪᠠᠷ ᠵᠠᠰᠠᠬᠤ ᠰᠢᠯᠭᠠᠷᠠᠭᠤᠯᠬᠤ ᠺᠣᠮᠢᠰ ᠤᠨ ᠲᠤᠰᠬᠠᠶ ᠮᠡᠷᠭᠡᠵᠢᠯᠲᠡᠨ ᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ︵ᠥᠪᠥᠷ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶᠂ ︽︿2020 ᠣᠨ ᠤ ᠠᠶᠢᠮᠠᠭ | ᠬᠤᠲᠠ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ ᠶᠢᠨ ᠣᠷᠣᠨ ᠢᠶᠠᠨ ᠬᠠᠤᠯᠢ ᠪᠠᠷ ᠵᠠᠰᠠᠬᠤ ᠶᠢ ᠰᠢᠯᠭᠠᠨ ᠬᠢᠨᠠᠵᠤ ᠦᠨᠡᠯᠡᠬᠦ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠣᠷᠣᠨ ᠢᠶᠠᠨ ᠬᠠᠤᠯᠢ ᠪᠠᠷ ᠵᠠᠰᠠᠬᠤ ᠠᠯᠪᠠᠨ ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠢ | ᠲᠣᠭᠲᠠᠭᠠᠨ ᠨᠡᠶᠢᠲᠡᠯᠡᠵᠦ᠂ ᠰᠢᠯᠭᠠᠷᠠᠭᠤᠯᠬᠤ ᠺᠣᠮᠢᠰ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠰᠢᠯᠭᠠᠨ ᠦᠨᠡᠯᠡᠬᠦ ᠲᠤᠰᠬᠠᠶ ᠮᠡᠷᠭᠡᠵᠢᠯ ᠤᠨ | ᠴᠢᠨᠠᠷ᠂ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ ᠶᠢ ᠰᠢᠯᠭᠠᠨ ᠦᠨᠡᠯᠡᠬᠦ | ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠶᠠᠷ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠰᠬᠠᠶ ᠵᠦᠢᠯ ᠤᠨ | ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠪᠡ᠃ ᠣᠨ ᠤ ᠳᠣᠲᠣᠷ᠎ᠠ 10 ᠠᠶᠢᠮᠠᠭ ᠬᠤᠲᠠ᠂ 8 ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠰᠢᠮᠳᠠᠭᠤᠯᠤᠨ | ᠪᠠᠶᠢᠴᠠᠭᠠᠯᠲᠠ ᠬᠢᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠵᠦ᠂ ᠠᠵᠢᠯ ᠤᠨ ᠡᠬᠡ ᠲᠠᠩᠰᠠ ᠪᠠᠶᠢᠭᠤᠯᠤᠨ᠂ ᠦᠷᠭᠦᠯᠵᠢᠯᠡᠨ ᠰᠢᠮᠳᠠᠭᠤᠯᠵᠤ | ᠴᠡᠭᠴᠡᠯᠡᠨ ᠰᠠᠶᠢᠵᠢᠷᠠᠭᠤᠯᠪᠠ᠃ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ | ᠮᠠᠨ ᠤ ᠣᠷᠣᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠭᠰᠡᠨ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠲᠤ ᠨᠢ ᠰᠢᠮᠳᠠᠭᠤᠯᠤᠨ | ᠪᠠᠶᠢᠴᠠᠭᠠᠬᠤ ᠪᠠᠶᠢᠴᠠᠭᠠᠯᠲᠠ ᠶᠢ ᠤᠭᠲᠤᠬᠤ ᠠᠵᠢᠯ ᠢ ᠬᠠᠮᠵᠢᠨ ᠪᠡᠶᠡᠯᠡᠭᠦᠯᠪᠡ᠃ ᠭᠤᠷᠪᠠ ᠳᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ | ᠠᠬᠢᠭᠤᠯᠪᠠ᠃ ᠪᠥᠬᠦ ᠣᠷᠣᠨ ᠤ ᠬᠤᠶᠠᠳᠤᠭᠠᠷ ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 5 ᠵᠢᠱᠢᠶ᠎ᠡ ᠦᠵᠡᠭᠦᠯᠬᠦ ᠠᠶᠢᠮᠠᠭ ᠬᠤᠲᠠ᠂ 5 ᠵᠢᠱᠢᠶ᠎ᠡ ᠦᠵᠡᠭᠦᠯᠬᠦ ᠰᠠᠯᠠᠭ᠎ᠠ ᠮᠥᠴᠢᠷ ᠪᠠ 20 | ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠲᠣᠭᠲᠠᠭᠠᠵᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ | 2020 ᠣᠨ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠤ ᠬᠡᠳᠦ᠋ᠢᠪᠡᠷ ᠵᠣᠬᠢᠬᠤ ᠠᠮᠵᠢᠯᠲᠠ ᠣᠯᠤᠭᠰᠠᠨ ᠪᠣᠯᠪᠠᠴᠤ | ᠮᠥᠨ ᠯᠡ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠂ ᠨᠢᠭᠡ ᠳᠤ᠂ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠬᠥᠲᠥᠯᠪᠦᠷᠢ ︵2015 — 2020 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠪ ᠲᠠᠷᠬᠠᠭᠠᠭᠰᠠᠨ ﹇2015﹈ 36 ᠳ᠋ᠤᠭᠠᠷ ᠲᠣᠭᠠᠲᠤ︶ ᠳᠤ ᠲᠣᠭᠲᠠᠭᠠᠭᠰᠠᠨ ᠬᠠᠷᠠᠯᠲᠠ | ᠡᠭᠦᠷᠭᠡ ᠶᠢ ᠶᠡᠷᠦᠩᠬᠡᠶ ᠳᠤ ᠨᠢ ᠪᠡᠶᠡᠯᠡᠭᠦᠯᠦᠭᠰᠡᠨ ᠪᠣᠯᠪᠠᠴᠤ ᠭᠠᠵᠠᠷ ᠣᠷᠣᠨ ᠤ ᠠᠬᠢᠴᠠ ᠨᠢ ᠲᠡᠩᠴᠡᠭᠦᠷᠢ ᠦᠭᠡᠢ᠃ ᠬᠤᠶᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠬᠡᠷᠡᠭᠵᠢᠭᠦᠯᠦᠭᠰᠡᠨ ᠨᠢ ᠴᠢᠩᠭ᠎ᠠ ᠪᠤᠰᠤ᠂ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ | ᠴᠢᠬᠤᠯᠠᠲᠠᠶ᠃ ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠪᠤᠴᠠ ᠳᠤ ᠮᠥᠨ ᠬᠦ ︽ᠪᠣᠳᠠᠲᠤ ᠴᠣᠭᠴᠠ ᠶᠢ ᠴᠢᠬᠤᠯᠠᠴᠢᠯᠠᠵᠤ ᠲᠠᠰ | ᠳᠠᠷᠠᠭᠠᠯᠠᠯ ᠢ ᠬᠥᠩᠭᠡᠪᠴᠢᠯᠡᠬᠦ︾ ︽ᠰᠢᠢᠳᠬᠡᠯ ᠲᠣᠷᠭᠠᠭᠤᠯᠢ ᠶᠢ ᠴᠢᠬᠤᠯᠠᠴᠢᠯᠠᠵᠤ ᠠᠯᠳᠠᠭ᠎ᠠ ᠵᠠᠯᠠᠷᠠᠭᠤᠯᠬᠤ ᠶᠢ ᠬᠥᠩᠭᠡᠪᠴᠢᠯᠡᠬᠦ︾ ︽ᠨᠢᠭᠡ ᠯᠡ ᠪᠠᠷᠢᠮᠵᠢᠶ᠎ᠠ ᠪᠠᠷ | ᠬᠡᠷᠡᠭᠵᠢᠭᠦᠯᠬᠦ︾ ᠮᠠᠶ᠋ᠢᠭ ᠢᠶᠠᠷ ᠬᠠᠤᠯᠢ ᠬᠡᠷᠡᠭᠵᠢᠭᠦᠯᠬᠦ᠂ ᠬᠥᠳᠡᠯᠭᠡᠭᠡᠨ ᠤ ᠮᠠᠶ᠋ᠢᠭ ᠤᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠳᠥᠷᠪᠡ ᠳᠤ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ | ᠪᠣᠳᠠᠲᠠᠶ ᠪᠠᠷ ᠰᠢᠢᠳᠪᠦᠷᠢᠯᠡᠬᠦ ᠪᠠ ᠡᠬᠢ ᠡᠭᠦᠰᠦᠯ ᠠᠴᠠ ᠨᠢ ᠵᠠᠰᠠᠬᠤ ᠱᠠᠭᠠᠷᠳᠠᠯᠭ᠎ᠠ ᠯᠤᠭ᠎ᠠ ᠵᠥᠷᠢᠶ᠎ᠡ ᠲᠠᠢ ᠪᠠᠶᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠷᠭᠡᠳᠬᠡᠨ ᠠᠬᠢᠭᠤᠯᠬᠤ ᠴᠢᠬᠤᠯᠠᠲᠠᠶ᠃ ᠲᠠᠪᠤ ᠳᠤ᠂ ᠬᠠᠤᠯᠢ ᠪᠠᠷ ᠵᠠᠰᠠᠵᠢᠬᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ | ᠣᠷᠣᠨ ᠵᠠᠶ ᠪᠠᠶᠢᠨ᠎ᠠ᠃ ᠵᠢᠷᠭᠤᠭ᠎ᠠ ᠳᠤ᠂ ᠬᠡᠰᠡᠭ ᠭᠠᠵᠠᠷ ᠣᠷᠣᠨ ᠳᠤ ᠬᠠᠤᠯᠢ ᠪᠠᠷ ᠵᠠᠰᠠᠬᠤ ᠠᠵᠢᠯ ᠤᠨ ᠪᠠᠶᠢᠭᠤᠯᠤᠮᠵᠢ ᠲᠡᠭᠦᠯᠳᠡᠷᠵᠢᠭᠡᠳᠦᠶ᠂ ᠲᠤᠰᠬᠠᠶ ᠮᠡᠷᠭᠡᠵᠢᠯ ᠤᠨ | ᠠᠵᠢᠯᠳᠠᠨ ᠳᠤᠲᠠᠭᠳᠠᠵᠤ ᠪᠠᠶᠢᠬᠤ ᠠᠰᠠᠭᠤᠳᠠᠯ ᠣᠷᠣᠰᠢᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ᠂ ᠵᠠᠷᠤᠳᠠᠯ ᠤᠨ ᠪᠠᠲᠤᠯᠠᠭ᠎ᠠ | ᠵᠡᠷᠭᠡ ᠨᠢ ᠲᠡᠭᠦᠨ ᠤ ᠡᠭᠦᠷᠭᠡᠯᠡᠵᠦ ᠪᠠᠶᠢᠭ᠎ᠠ ᠲᠤᠰᠢᠶᠠᠯ ᠬᠠᠷᠢᠭᠤᠴᠠᠯᠭ᠎ᠠ ᠯᠤᠭ᠎ᠠ ᠵᠣᠬᠢᠴᠠᠯᠳᠤᠬᠤ ᠦᠭᠡᠢ ᠪᠠᠶᠢᠨ᠎ᠠ᠃ | 2021 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ | ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ | ᠬᠤᠷᠢᠶᠠᠨ ᠤ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠨᠠᠷᠢᠨ ᠬᠢᠨᠠᠮᠠᠭᠠᠶ ᠪᠠᠷᠢᠮᠵᠢᠶᠠᠯᠠᠨ ᠬᠠᠷᠭᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠶᠠᠰᠤ ᠴᠢᠨᠠᠷ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ | ᠬᠠᠤᠯᠢ ᠶᠣᠰᠣᠭᠠᠷ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠵᠤ᠂ ᠵᠥᠷᠢᠴᠡᠯ | ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠨ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠮᠡᠳᠡᠭᠡ | ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠠᠬᠢ ᠬᠡᠷᠡᠭᠯᠡᠯᠲᠡ ᠶᠢ ᠪᠠᠳᠠᠷᠠᠭᠤᠯᠤᠨ᠂ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠥᠬᠦ | ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2021 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ |