内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2021/5/19

             5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ

        ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂

        ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋

        ᠳᠠᠷᠤᠭ᠎ᠠ ᠪᠠ ᠯᠢ ᠫᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ

        ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠷᠢᠭᠲᠤ ᠭᠤᠣᠯ ᠰᠡᠳᠦᠪᠲᠦ ᠨᠡᠶᠢᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ

        ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠲᠦᠭᠰᠢᠭᠦᠷᠢ ᠶᠢ ᠬᠢᠨᠠᠨ ᠰᠢᠨᠵᠢᠯᠡᠬᠦ ᠪᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠭᠠᠵᠠᠷ ᠤᠨ ᠬᠠᠷᠢᠭᠤᠴᠠᠯᠭᠠᠲᠠᠨ

        ᠢᠦᠢ ᠵᠢᠶᠦ᠋ᠨ ᠶᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠬᠢᠨᠠᠨ ᠰᠢᠨᠵᠢᠯᠡᠵᠦ ᠤᠷᠢᠳᠴᠢᠯᠠᠨ

        ᠮᠡᠳᠡᠭᠡᠯᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠤᠨ ᠡᠷᠬᠢᠯᠡᠭᠴᠢ ᠸᠠᠩ ᠶᠢᠨ ᠪᠦᠸᠧ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ

        ᠬᠥᠳᠡᠯᠦᠯᠲᠡ ᠶᠢᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠯᠧᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠤ ᠬᠠᠮᠲᠤ

        ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃

             

             ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ

              ᠤᠬᠠᠭᠤᠯᠭ᠎ᠠ  ᠶᠢᠨ ᠠᠵᠢᠯᠯᠠᠭ᠎ᠠ  ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ  ᠤᠨ ᠨᠡᠶᠢᠲᠡᠯᠡᠯ

                  ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ

                  ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ          ᠪᠠ ᠯᠢ ᠫᠢᠩ

             

             ᠲᠠ ᠪᠦᠬᠦᠨ ᠰᠠᠶᠢᠨ ᠪᠠᠶᠢᠨ᠎ᠠ ᠦᠦ︖ ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ᠂ ᠥᠪᠡᠷᠲᠡᠭᠡᠨ ᠵᠠᠰᠠᠬᠤ

        ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠡᠮᠦᠨ᠎ᠡ ᠠᠴᠠ ᠤᠷᠲᠤ ᠬᠤᠭᠤᠴᠠᠭᠠᠨ ᠤ ᠲᠤᠷᠰᠢ ᠪᠠᠴᠢᠮ ᠪᠠᠶᠢᠳᠠᠯ ᠢ ᠠᠷᠭᠠᠴᠠᠭᠠᠬᠤ

        ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠣᠨᠢᠨ ᠮᠡᠳᠡᠭᠡᠨ ᠤ

        ᠵᠠᠭᠤᠴᠢᠯᠠᠭᠤᠷ ᠪᠠ ᠰᠤᠷᠪᠤᠯᠵᠢᠯᠠᠭᠴᠢ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃

             ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠠᠶᠢᠭᠤᠯᠤᠭᠳᠠᠭᠰᠠᠨ ᠠᠴᠠ ᠨᠠᠭᠠᠰᠢ᠂ ᠪᠢᠳᠡ ᠵᠣᠬᠢᠶᠠᠨ ᠪᠠᠶᠢᠭᠤᠯᠬᠤ ᠶᠢᠨ ᠳᠠᠭᠠᠤ

        ᠲᠡᠭᠦᠯᠳᠡᠷᠵᠢᠭᠦᠯᠬᠦ ᠵᠠᠷᠴᠢᠮ ᠳᠤ ᠰᠠᠭᠤᠷᠢᠯᠠᠨ᠂ ᠠᠶᠤᠯᠭᠦᠢ ᠦᠢᠯᠡᠳᠪᠦᠷᠢᠯᠡᠯ ᠢᠶᠠᠷ ᠦᠨᠳᠦᠰᠦᠨ ᠴᠢᠭᠯᠡᠯ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ

        ᠬᠠᠮᠢᠶᠠᠷᠤᠯᠲᠠ ᠶᠢᠨ ᠰᠢᠨ᠎ᠡ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠰᠢᠯᠤᠭᠤᠳᠬᠠᠨ ᠪᠠᠶᠢᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠨᠢ

        ᠭᠤᠣᠯᠳᠠᠭᠤ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠭᠡᠬᠦ

        4 ᠶᠡᠭᠡ ᠲᠥᠷᠥᠯ ᠤᠨ ᠭᠡᠨᠡᠳᠲᠡ ᠶᠢᠨ ᠬᠡᠷᠡᠭ ᠤᠨ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠲᠥᠷᠥᠯ ᠪᠠ ᠪᠠᠶᠢᠭᠠᠯᠢ ᠶᠢᠨ ᠭᠠᠮᠰᠢᠭ ᠤᠨ ᠲᠥᠷᠥᠯ ᠤᠨ ᠬᠠᠮᠢᠶ᠎ᠠ

        ᠪᠦᠬᠦᠢ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠵᠤ᠂ ᠪᠠᠶᠢᠩᠭᠤ ᠲᠣᠬᠢᠷᠠᠭᠤᠯᠤᠭᠰᠠᠨ ᠬᠡᠷᠡᠭ ᠶᠠᠪᠤᠳᠠᠯ ᠵᠥᠪᠯᠡᠨ ᠵᠣᠬᠢᠴᠠᠭᠤᠯᠬᠤ 5 ᠪᠠᠶᠢᠭᠤᠯᠤᠮᠵᠢ ︵ᠥᠪᠡᠷᠲᠡᠭᠡᠨ

        ᠵᠠᠰᠠᠬᠤ ᠣᠷᠣᠨ ᠤ ᠠᠮᠤᠷ ᠲᠦᠪᠰᠢᠨ ᠤ ᠵᠥᠪᠯᠡᠯ᠂ ᠭᠠᠮᠰᠢᠭ ᠢ ᠪᠠᠭᠠᠰᠬᠠᠬᠤ ᠵᠥᠪᠯᠡᠯ᠂ ᠦᠶᠡᠷ ᠤᠰᠤᠲᠠᠯ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ

        ᠵᠢᠯᠣᠭᠤᠳᠬᠤ ᠭᠠᠵᠠᠷ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠪᠠ ᠭᠠᠵᠠᠷ ᠬᠥᠳᠡᠯᠦᠯᠲᠡ ᠶᠢ ᠡᠰᠡᠷᠭᠦᠴᠡᠨ

        ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ︶ ᠶᠢᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠶᠠᠪᠤᠳᠠᠯ ᠢ ᠡᠭᠦᠷᠭᠡᠯᠡᠵᠦ ᠪᠠᠶᠢᠨ᠎ᠠ᠃

             ᠮᠠᠨ ᠤ ᠣᠷᠣᠨ ᠤ ᠭᠧᠣᠯᠣᠭᠢ ᠶᠢᠨ ᠨᠥᠬᠦᠴᠡᠯ ᠨᠡᠯᠢᠶᠡᠳ ᠬᠡᠪᠡᠷᠡᠭ᠂ ᠪᠠᠶᠢᠭᠠᠯᠢ ᠶᠢᠨ ᠭᠠᠮᠰᠢᠭ ᠤᠨ ᠲᠥᠷᠥᠯ ᠵᠦᠢᠯ ᠣᠯᠠᠨ᠂ ᠰᠢᠷᠦᠭᠦᠨ ᠪᠣᠷᠣᠭᠠᠨ ᠦᠶᠡᠷ

        ᠤᠰᠤᠲᠠᠯ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠭᠧᠣᠯᠣᠭᠢ ᠶᠢᠨ ᠭᠠᠮᠰᠢᠭ᠂ ᠥᠨᠳᠥᠷ ᠬᠦᠢᠲᠡᠨ ᠭᠠᠵᠠᠷ ᠮᠥᠰᠥ ᠴᠠᠰᠤ ᠵᠡᠷᠭᠡ ᠶᠢᠨ

        ᠰᠡᠷᠭᠡᠶᠢᠯᠡᠨ ᠵᠠᠰᠠᠬᠤ ᠡᠭᠦᠷᠭᠡ ᠬᠠᠷᠢᠴᠠᠩᠭᠤᠢ ᠬᠦᠨᠳᠦ ᠨᠦᠰᠡᠷ ᠪᠠᠶᠢᠵᠤ᠂ ᠪᠠᠷᠤᠭ ᠵᠢᠯ ᠪᠦᠷᠢ ᠬᠦᠨᠳᠦ ᠶᠡᠭᠡ ᠪᠠᠶᠢᠭᠠᠯᠢ ᠶᠢᠨ ᠭᠠᠮᠰᠢᠭ ᠡᠭᠦᠰᠦᠨ᠂ ᠲᠤᠶᠢᠯ ᠤᠨ ᠠᠭᠤᠷ

        ᠠᠮᠢᠰᠬᠤᠯ ᠴᠠᠭ ᠠᠭᠠᠷ ᠤᠨ ᠬᠡᠷᠡᠭ ᠪᠠᠶᠢᠨ ᠳᠠᠶᠢᠨ ᠡᠭᠦᠰᠴᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠᠶᠢᠳᠠᠯ ᠪᠤᠳᠤᠯᠢᠶᠠᠨᠲᠠᠢ ᠮᠥᠷᠲᠡᠭᠡᠨ ᠬᠦᠨᠳᠦ

        ᠨᠣᠴᠢᠲᠠᠢ ᠪᠠᠶᠢᠳᠠᠭ᠃

             ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠪᠠᠴᠢᠮ ᠪᠠᠶᠢᠳᠠᠯ ᠢ

        ᠠᠷᠭᠠᠴᠠᠭᠠᠬᠤ ᠬᠠᠮᠢᠶᠠᠷᠤᠯᠲᠠ ᠶᠢᠨ ᠠᠵᠢᠯ ᠨᠢ ᠠᠷᠠᠳ ᠲᠦᠮᠡᠨ ᠤ ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠢ ᠪᠠᠲᠤᠯᠠᠬᠤ ᠪᠠᠷ ᠭᠤᠣᠯᠳᠠᠯᠭ᠎ᠠ ᠪᠣᠯᠭᠠᠵᠤ᠂

        ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠦᠬᠦ ᠣᠷᠣᠨ ᠤ ᠪᠠᠶᠢᠭᠠᠯᠢ ᠶᠢᠨ

        ᠭᠠᠮᠰᠢᠭ ᠢ ᠰᠡᠷᠭᠡᠶᠢᠯᠡᠬᠦ ᠠᠵᠢᠯ ᠨᠢ ᠶᠡᠷᠦᠩᠬᠡᠢ ᠳᠤ ᠪᠠᠨ ᠲᠣᠭᠲᠠᠭᠤᠨ ᠪᠠᠶᠢᠳᠠᠯ ᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠨ ᠪᠠᠲᠤᠯᠠᠬᠤ

        ᠦᠢᠯᠡᠳᠦᠯ ᠨᠢ ᠶᠠᠪᠤᠬᠤ ᠲᠤᠲᠤᠮ ᠢᠯᠡᠷᠬᠡᠢ ᠪᠣᠯᠵᠤ ᠪᠠᠶᠢᠨ᠎ᠠ᠃

             ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠭᠤᠷᠪᠠᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠨ

        ᠭᠠᠮᠰᠢᠭ ᠠᠴᠠ ᠠᠪᠤᠷᠠᠬᠤ ᠡᠳᠦᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ

        ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ︽ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ

        ᠪᠠᠲᠤ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂

        ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠤᠷᠢᠭ᠎ᠠ ᠱᠤᠭᠤᠮ ᠤᠨ ᠰᠡᠳᠬᠢᠬᠦᠢ ᠪᠠ ᠲᠦᠭᠰᠢᠭᠦᠷᠢ ᠶᠢᠨ ᠤᠬᠠᠮᠰᠠᠷ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠪᠣᠭᠤᠮᠲᠠ

        ᠵᠠᠩᠭᠢᠯᠠᠭ᠎ᠠ ᠶᠢ ᠤᠷᠤᠭᠰᠢ ᠰᠢᠯᠵᠢᠭᠦᠯᠬᠦ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠲᠦᠭᠰᠢᠭᠦᠷᠢ ᠶᠢ ᠡᠬᠢ

        ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠶᠢ ᠬᠥᠮᠥᠵᠢᠭᠦᠯᠦᠨ ᠰᠠᠨᠠᠭᠤᠯᠵᠤ᠂ ᠨᠠᠮ

        ᠪᠠᠶᠢᠭᠤᠯᠤᠭᠳᠠᠭᠰᠠᠨ 100 ᠵᠢᠯ ᠤᠨ ᠣᠢ ᠶᠢ ᠪᠠᠶᠠᠷᠯᠠᠨ ᠤᠭᠲᠤᠬᠤ ᠳᠤ ᠬᠦᠴᠦᠨ ᠪᠦᠬᠦᠢ ᠪᠠᠲᠤᠯᠠᠭ᠎ᠠ ᠬᠠᠩᠭᠠᠨ᠎ᠠ᠃

             2018 ᠣᠨ ᠤ 10 ᠳ᠋ᠤᠭᠠᠷ ᠰᠠᠷ᠎ᠠ ᠶᠢᠨ 10 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ

        ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠠᠰᠠᠭᠤᠳᠠᠯ ᠳᠤ

        ᠰᠤᠳᠤᠯᠤᠯᠲᠠ ᠬᠢᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ 9 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂

        ᠭᠠᠮᠰᠢᠭ ᠤᠨ ᠲᠦᠭᠰᠢᠭᠦᠷᠢ ᠳᠤ ᠪᠠᠶᠢᠴᠠᠭᠠᠯᠲᠠ ᠬᠢᠬᠦ ᠪᠠ ᠭᠤᠣᠯᠳᠠᠯᠭ᠎ᠠ ᠲᠠᠢ ᠳᠠᠯᠳᠠ ᠭᠡᠮ ᠢ ᠢᠯᠠᠭᠠᠨ ᠪᠠᠶᠢᠴᠠᠭᠠᠬᠤ ᠢᠨᠵᠧᠨᠧᠷᠢᠩ ᠢ ᠬᠡᠷᠡᠭᠵᠢᠭᠦᠯᠦᠨ᠂ ᠲᠦᠭᠰᠢᠭᠦᠷᠢ

        ᠪᠠ ᠳᠠᠯᠳᠠ ᠭᠡᠮ ᠤᠨ ᠰᠠᠭᠤᠷᠢ ᠲᠤᠭ᠎ᠠ ᠶᠢ ᠡᠵᠡᠮᠰᠢᠵᠦ᠂ ᠲᠡᠭᠦᠨ ᠢᠶᠠᠷ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ 9 ᠵᠦᠢᠯ ᠤᠨ ᠢᠨᠵᠧᠨᠧᠷᠢᠩ ᠤᠨ ᠲᠡᠷᠢᠭᠦᠨ

        ᠴᠢᠬᠤᠯᠠ ᠡᠭᠦᠷᠭᠡ ᠪᠣᠯᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠢ ᠶᠢᠨ

        ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂

        ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 2020 — 2022 ᠣᠨ ᠳᠤ ᠠᠩᠬᠠᠳᠤᠭᠠᠷ

        ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠵᠠᠢ᠃

             ᠮᠠᠨ ᠤ ᠣᠷᠣᠨ ᠤ ᠪᠠᠶᠢᠭᠠᠯᠢ ᠶᠢᠨ ᠭᠠᠮᠰᠢᠭ ᠤᠨ ᠲᠥᠷᠥᠯ ᠵᠦᠢᠯ ᠤᠨ ᠲᠠᠷᠬᠠᠯᠲᠠ᠂ ᠨᠥᠯᠥᠭᠡᠯᠡᠬᠦ ᠬᠡᠮᠵᠢᠶ᠎ᠡ ᠪᠠ ᠣᠨᠴᠠᠯᠢᠭ ᠢ ᠦᠨᠳᠦᠰᠦᠯᠡᠨ᠂ ᠲᠤᠰ

        ᠤᠳᠠᠭᠠᠨ ᠤ ᠨᠡᠶᠢᠳᠡᠮ ᠪᠠᠶᠢᠴᠠᠭᠠᠯᠲᠠ ᠳᠤ ᠬᠤᠯᠪᠣᠭᠳᠠᠭᠰᠠᠨ ᠪᠠᠶᠢᠭᠠᠯᠢ ᠶᠢᠨ ᠭᠠᠮᠰᠢᠭ ᠤᠨ ᠲᠥᠷᠥᠯ ᠬᠡᠯᠪᠡᠷᠢ ᠳᠤ ᠭᠤᠣᠯᠳᠠᠭᠤ ᠭᠠᠵᠠᠷ ᠬᠥᠳᠡᠯᠦᠯᠲᠡ ᠶᠢᠨ ᠭᠠᠮᠰᠢᠭ᠂

        ᠭᠧᠣᠯᠣᠭᠢ ᠶᠢᠨ ᠭᠠᠮᠰᠢᠭ᠂ ᠴᠠᠭ ᠠᠭᠤᠷ ᠤᠨ ᠭᠠᠮᠰᠢᠭ᠂ ᠦᠶᠡᠷ ᠤᠰᠤᠲᠠᠯ ᠭᠠᠩ ᠬᠠᠭᠰᠠᠷᠠᠭᠠᠨ ᠤ ᠭᠠᠮᠰᠢᠭ᠂ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ

        ᠭᠠᠮᠰᠢᠭ ᠵᠡᠷᠭᠡ ᠪᠠᠶᠢᠳᠠᠭ᠃ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠭᠤᠣᠯᠳᠠᠭᠤ ᠪᠠᠶᠢᠭᠠᠯᠢ ᠶᠢᠨ ᠭᠠᠮᠰᠢᠭ ᠡᠭᠦᠰᠬᠡᠬᠦ ᠨᠥᠬᠦᠴᠡᠯ ᠤᠨ ᠪᠠᠶᠢᠴᠠᠭᠠᠯᠲᠠ ᠬᠢᠭᠡᠳ

        ᠦᠨᠡᠯᠡᠨ ᠵᠢᠱᠢᠯᠲᠡ᠂ ᠬᠥᠮᠥᠨ ᠠᠮᠠ᠂ ᠭᠡᠷ ᠪᠠᠶᠢᠰᠢᠩ᠂ ᠰᠠᠭᠤᠷᠢ ᠪᠡᠯᠡᠳᠬᠡᠮᠵᠢ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠪᠡᠯᠡᠳᠬᠡᠮᠵᠢ᠂ ᠠᠭᠤᠷᠬᠠᠢ ︵ᠨᠡᠭᠦᠷᠡᠰᠦᠨ

        ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ︶᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂

        ᠭᠤᠷᠪᠠᠳᠠᠬᠢ ᠠᠵᠤ ᠦᠢᠯᠡᠰ᠂ ᠡᠬᠢ ᠪᠠᠶᠠᠯᠢᠭ ᠪᠠ ᠣᠷᠴᠢᠨ ᠲᠣᠭᠤᠷᠢᠨ ᠵᠡᠷᠭᠡ ᠭᠠᠮᠰᠢᠭ ᠢ ᠠᠴᠢᠶᠠᠯᠠᠬᠤ ᠴᠣᠭᠴᠠ ᠶᠢᠨ ᠪᠠᠶᠢᠴᠠᠭᠠᠯᠲᠠ᠂ ᠲᠡᠦᠬᠡᠨ ᠭᠠᠢ ᠭᠠᠮᠰᠢᠭ ᠤᠨ

        ᠪᠠᠶᠢᠴᠠᠭᠠᠯᠲᠠ ᠬᠢᠭᠡᠳ ᠦᠨᠡᠯᠡᠨ ᠵᠢᠱᠢᠯᠲᠡ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠡᠬᠢ ᠪᠠᠶᠠᠯᠢᠭ ︵ᠴᠢᠳᠠᠪᠤᠷᠢ︶ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ᠂

        ᠪᠠᠶᠢᠭᠠᠯᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠭᠡᠮ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ᠂ ᠭᠤᠣᠯ ᠪᠣᠯᠬᠤ ᠪᠠᠶᠢᠭᠠᠯᠢ ᠶᠢᠨ ᠭᠠᠮᠰᠢᠭ ᠤᠨ

        ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ ᠣᠷᠣᠨ ᠬᠤᠪᠢᠶᠠᠷᠢᠯᠠᠯ ᠵᠢᠴᠢ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠨ ᠵᠢᠱᠢᠯᠲᠡ

        ᠬᠢᠭᠡᠳ ᠣᠷᠣᠨ ᠬᠤᠪᠢᠶᠠᠷᠢᠯᠠᠯ ᠪᠠᠭᠲᠠᠵᠤ ᠪᠠᠶᠢᠨ᠎ᠠ᠃

             ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠪᠣᠯ ᠪᠠᠶᠢᠭᠠᠯᠢ ᠶᠢᠨ ᠭᠠᠮᠰᠢᠭ ᠤᠨ ᠬᠦᠷᠢᠶ᠎ᠡ ᠴᠠᠷᠠᠭᠠᠨ ᠤ ᠨᠢᠭᠡ ᠤᠳᠠᠭᠠᠨ ᠤ ᠡᠭᠦᠳᠦᠨ ᠨᠡᠭᠡᠭᠡᠯᠲᠡ ᠶᠢᠨ ᠴᠢᠨᠠᠷᠲᠠᠢ

        ᠠᠵᠢᠯ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠵᠣᠬᠢᠴᠠᠭᠤᠯᠤᠨ

        ᠬᠠᠮᠵᠢᠯᠴᠠᠬᠤ ᠡᠭᠦᠷᠭᠡ ᠬᠦᠨᠳᠦ᠂ ᠠᠵᠢᠯ ᠤᠨ ᠬᠦᠴᠢᠷᠳᠡᠯ ᠶᠡᠭᠡ ᠪᠠᠶᠢᠳᠠᠭ᠃ ᠳᠠᠷᠠᠭᠠᠴᠢ ᠶᠢᠨ ᠠᠯᠬᠤᠮ ᠳᠤ᠂ ᠪᠢᠳᠡ ᠲᠤᠷᠰᠢᠯᠲᠠ ᠶᠢᠨ ᠴᠡᠭ ᠲᠤ ᠨᠡᠶᠢᠳᠡᠮ

        ᠪᠠᠶᠢᠴᠠᠭᠠᠯᠲᠠ ᠬᠢᠬᠦ ᠠᠵᠢᠯ ᠢ ᠳ᠋ᠦᠩᠨᠡᠬᠦ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠤᠶᠠᠷ ᠵᠦᠢᠯ ᠤᠨ ᠭᠤᠣᠯ ᠠᠵᠢᠯ ᠢ

        ᠪᠡᠶᠡᠯᠡᠭᠦᠯᠬᠦ ᠶᠢᠨ ᠲᠣᠭᠤᠷᠢᠨ ᠳᠤ ᠭᠤᠣᠯᠳᠠᠯᠭ᠎ᠠ ᠲᠠᠢ ᠨᠢᠭᠲᠠᠷᠠᠵᠤ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠥᠷᠨᠢᠯᠲᠡ ᠶᠢ ᠠᠬᠢᠭᠤᠯᠤᠨ᠎ᠠ᠃

             ᠡᠯ᠎ᠡ ᠵᠠᠭᠤᠴᠢᠯᠠᠭᠤᠷ ᠤᠨ ᠨᠥᠬᠦᠳ ᠡ᠂ ᠣᠶᠢᠷ᠎ᠠ ᠶᠢᠨ ᠵᠢᠯ ᠤᠳ ᠲᠤ᠂ ᠪᠦᠬᠦ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ

        ᠠᠪᠤᠷᠠᠬᠤ ᠠᠵᠢᠯ ᠤᠨ ᠣᠯᠣᠭᠰᠠᠨ ᠠᠮᠵᠢᠯᠲᠠ ᠪᠦᠲᠦᠮᠵᠢ ᠨᠢ ᠲᠡᠶᠢᠮᠦ ᠬᠢᠯᠪᠠᠷ ᠢᠶᠠᠷ ᠢᠷᠡᠭᠰᠡᠨ ᠪᠢᠰᠢ᠂ ᠡᠨᠡ ᠨᠢ ᠥᠷᠭᠡᠨ ᠣᠯᠠᠨ ᠰᠣᠨᠢᠨ ᠮᠡᠳᠡᠭᠡᠨ ᠤ ᠵᠠᠭᠤᠴᠢᠯᠠᠭᠤᠷ᠂

        ᠰᠤᠷᠪᠤᠯᠵᠢᠯᠠᠭᠴᠢ ᠨᠥᠬᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠡᠭᠡ ᠬᠦᠴᠦᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ᠃ ᠠᠳᠡ ᠪᠢ ᠥᠪᠡᠷᠲᠡᠭᠡᠨ

        ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠤᠨ ᠡᠮᠦᠨ᠎ᠡ ᠠᠴᠠ ᠴᠢᠩ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ᠃ ᠡᠭᠦᠨ ᠤ

        ᠬᠠᠮᠲᠤ᠂ ᠣᠯᠠᠨ ᠢᠶᠠᠷ ᠢᠶᠠᠨ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ

        ᠠᠵᠢᠯ ᠢ ᠬᠠᠷᠠᠭᠠᠯᠵᠠᠨ ᠳᠡᠮᠵᠢᠵᠦ᠂ ᠪᠢᠳᠡᠨ ᠳᠤ ᠡᠷᠬᠢᠮ ᠰᠠᠨᠠᠯ ᠢᠶᠠᠨ ᠳᠡᠪᠰᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨᠠᠯᠲᠠ ᠲᠠᠯᠪᠢᠬᠤ

        ᠤᠳᠤᠷᠢᠳᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠦᠷᠢᠯᠳᠦᠭᠦᠯᠬᠦ ᠳᠤ ᠨᠡᠩ ᠶᠡᠭᠡ ᠨᠡᠮᠡᠷᠢ

        ᠬᠠᠨᠳᠢᠪ ᠢᠶᠠᠨ ᠡᠷᠭᠦᠬᠦ ᠶᠢ ᠬᠦᠰᠡᠵᠦ ᠪᠠᠶᠢᠨ᠎ᠠ᠃

             

              ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ

              ᠤᠬᠠᠭᠤᠯᠭ᠎ᠠ  ᠶᠢᠨ ᠠᠵᠢᠯᠯᠠᠭ᠎ᠠ  ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ  ᠤᠨ ᠨᠡᠶᠢᠲᠡᠯᠡᠯ

             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶᠠᠨ ᠤ

                 ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠠᠷᠤᠭ᠎ᠠ     ᠵᠣᠷᠢᠭᠲᠤ

             

        365赢多少钱会被限额_国内有真正的365平台吗_365bet博彩官网

             ᠪᠦᠭᠦᠳᠡᠭᠡᠷ ᠰᠠᠶᠢᠨ ᠪᠠᠶᠢᠨ᠎ᠠ ᠦᠦ︖ ᠡᠩ ᠲᠡᠷᠢᠭᠦᠨ ᠳᠤ ᠪᠢ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶᠠᠨ ᠤ ᠡᠮᠦᠨ᠎ᠡ ᠠᠴᠠ

        ᠲᠠ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠭᠲᠤᠵᠤ ᠪᠠᠶᠢᠭ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ᠂ ᠲᠠ ᠣᠯᠠᠨ ᠤ ᠣᠯᠠᠨ ᠵᠢᠯ ᠤᠨ ᠲᠤᠷᠰᠢ ᠮᠠᠨ ᠤ

        ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠴᠢᠩ ᠰᠡᠳᠬᠢᠯ ᠠᠴᠠ ᠪᠠᠨ

        ᠪᠠᠶᠠᠷᠯᠠᠨ ᠲᠠᠯᠠᠷᠬᠠᠵᠤ ᠪᠠᠶᠢᠨ᠎ᠠ︕

             ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ᠂ ᠮᠥᠨ ᠴᠤ ᠳᠤᠮᠳᠠᠳᠤ ᠤᠯᠤᠰ ᠤᠨ ᠭᠠᠵᠠᠷ

        ᠬᠥᠳᠡᠯᠦᠯᠲᠡ ᠶᠢᠨ ᠲᠣᠪᠴᠢᠶ᠎ᠠ ᠪᠠᠶᠢᠭᠤᠯᠤᠭᠳᠠᠭᠰᠠᠨ 50 ᠵᠢᠯ ᠤᠨ ᠣᠢ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ

        ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ ᠳᠡᠭᠡᠳᠦ

        ᠬᠡᠮᠵᠢᠶ᠎ᠡ ᠪᠠᠷ ᠴᠢᠳᠬᠤᠯᠠᠭᠰᠠᠭᠠᠷ ᠢᠷᠡᠭᠰᠡᠨ ᠤ ᠬᠠᠮᠲᠤ ᠠᠯᠢ ᠣᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠭᠰᠡᠨ ᠶᠤᠮ᠃ 2016 ᠣᠨ ᠤ 7 ᠳ᠋ᠤᠭᠠᠷ ᠰᠠᠷ᠎ᠠ ᠶᠢᠨ

        28 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠶᠠᠷᠢᠶ᠎ᠠ

        ᠲᠠᠯᠪᠢᠵᠤ᠂ ᠰᠢᠨ᠎ᠡ ᠴᠠᠭ ᠬᠤᠭᠤᠴᠠᠭᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠤᠨ ︽ᠬᠤᠶᠠᠷ ᠢ ᠪᠠᠷᠢᠮᠲᠠᠯᠠᠬᠤ︾    

        ︽ᠭᠤᠷᠪᠠ ᠶᠢ ᠬᠤᠪᠢᠷᠠᠭᠤᠯᠬᠤ︾ ᠰᠢᠨ᠎ᠡ ᠣᠨᠣᠯᠵᠢᠬᠤᠨ ᠢ ᠳᠤᠷᠠᠳᠤᠨ ᠭᠠᠷᠭᠠᠪᠠ᠃ ᠸᠧᠨᠴᠤᠸᠠᠨ ᠤ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠠᠷᠪᠠᠨ

        ᠵᠢᠯ ᠤᠨ ᠣᠢ ᠶᠢᠨ ᠣᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠳᠤ ᠵᠠᠬᠢᠳᠠᠯ ᠢᠯᠡᠭᠡᠨ ᠴᠢᠬᠤᠯᠠᠴᠢᠯᠠᠬᠤ ᠳᠤ ᠪᠠᠨ᠂ ᠭᠠᠮᠰᠢᠭ ᠡᠭᠦᠰᠬᠦ ᠵᠢᠮ᠎ᠡ ᠶᠣᠰᠣ ᠶᠢ

        ᠰᠢᠨᠵᠢᠯᠡᠬᠦ ᠤᠬᠠᠭᠠᠨᠴᠢ ᠪᠠᠷ ᠲᠠᠨᠢᠵᠤ᠂ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠢ ᠪᠠᠭᠠᠰᠬᠠᠵᠤ᠂ ᠬᠥᠮᠥᠨ ᠬᠢᠭᠡᠳ ᠪᠠᠶᠢᠭᠠᠯᠢ ᠶᠢᠨ ᠵᠣᠬᠢᠴᠠᠩᠭᠤᠢ ᠪᠠᠷ ᠬᠠᠮᠲᠤ

        ᠣᠷᠣᠰᠢᠬᠤ ᠶᠢ ᠪᠡᠶᠡᠯᠡᠭᠦᠯᠦᠨ᠂ ᠭᠠᠮᠰᠢᠭ ᠢ ᠪᠠᠭᠠᠰᠬᠠᠬᠤ ᠣᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ᠂ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ

        ᠪᠠᠭᠠᠰᠬᠠᠬᠤ ᠪᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ

        ᠭᠡᠵᠡᠢ᠃ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ

         ᠨᠢ ᠤᠯᠤᠰ ᠤᠨ ᠪᠣᠳᠣᠯᠭ᠎ᠠ ᠠᠷᠠᠳ ᠤᠨ ᠠᠮᠢᠳᠤᠷᠠᠯ ᠳᠤ ᠬᠤᠯᠪᠣᠭᠳᠠᠵᠤ ᠪᠠᠶᠢᠭ᠎ᠠ ᠪᠣᠯᠬᠤᠷ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠥᠨᠳᠥᠷ ᠪᠦᠲᠦᠮᠵᠢ ᠲᠠᠢ

        ᠪᠥᠭᠡᠳ ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠠᠶᠢᠭᠤᠯᠤᠨ᠂ ᠨᠡᠶᠢᠭᠡᠮ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂

        ᠠᠷᠠᠳ ᠲᠦᠮᠡᠨ ᠤ ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠪᠦᠬᠦᠢ ᠪᠠᠲᠤᠯᠠᠭ᠎ᠠ

        ᠬᠠᠩᠭᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠠᠢ᠃

             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠧᠣᠯᠣᠭᠢ ᠶᠢᠨ ᠲᠣᠭᠲᠠᠴᠠ ᠪᠤᠳᠤᠯᠢᠶᠠᠨᠲᠠᠢ᠂ ᠬᠥᠳᠡᠯᠭᠡᠭᠡᠨᠲᠦ ᠵᠥᠷᠢᠭᠳᠡᠯ ᠤᠨ ᠪᠦᠰᠡ ᠬᠥᠨᠳᠡᠯᠡᠨ

        ᠭᠤᠯᠳᠤ ᠰᠦᠯᠵᠢᠯᠳᠦᠵᠦ᠂ ᠰᠢᠨ᠎ᠡ ᠲᠣᠭᠲᠠᠴᠠ ᠶᠢᠨ ᠠᠵᠢᠯᠯᠠᠭ᠎ᠠ ᠬᠤᠷᠴᠠ ᠰᠢᠷᠦᠭᠦᠨ ᠪᠠᠶᠢᠵᠤ᠂ ᠮᠠᠨ ᠤ ᠤᠯᠤᠰ ᠤᠨ ᠭᠠᠵᠠᠷ ᠬᠥᠳᠡᠯᠦᠯᠲᠡ ᠶᠢᠨ ᠭᠠᠮᠰᠢᠭ ᠣᠯᠠᠨ

        ᠡᠭᠦᠰᠬᠦ ᠮᠤᠵᠢ ᠣᠷᠣᠨ ᠤ ᠨᠢᠭᠡ ᠪᠣᠯᠣᠨ᠎ᠠ᠃ ᠲᠡᠦᠬᠡᠨ ᠳᠡᠭᠡᠷ᠎ᠡ ᠨᠡᠶᠢᠲᠡ ᠶᠢᠨ ᠣᠨ ᠲᠣᠭᠠᠯᠠᠯ ᠤᠨ 849 ᠣᠨ ᠤ ᠪᠤᠭᠤᠲᠤ ᠶᠢᠨ 7.0 ᠳᠡᠰ ᠤᠨ ᠭᠠᠵᠠᠷ

        ᠬᠥᠳᠡᠯᠦᠯᠲᠡ᠂ 1290 ᠣᠨ ᠤ ᠨᠢᠩᠴᠧᠩ ᠤᠨ 6.8 ᠳᠡᠰ ᠤᠨ ᠭᠠᠵᠠᠷ ᠬᠥᠳᠡᠯᠦᠯᠲᠡ᠂ 1954 ᠣᠨ ᠤ ᠠᠯᠠᠱᠠ ᠪᠠᠷᠠᠭᠤᠨ ᠬᠤᠰᠢᠭᠤᠨ ᠤ 7.3 ᠳᠡᠰ ᠤᠨ

        ᠭᠠᠵᠠᠷ ᠬᠥᠳᠡᠯᠦᠯᠲᠡ᠂ 1976 ᠣᠨ ᠤ ᠬᠤᠷᠢᠨᠭᠡᠷ ᠤᠨ 6.3 ᠳᠡᠰ ᠤᠨ ᠭᠠᠵᠠᠷ ᠬᠥᠳᠡᠯᠦᠯᠲᠡ᠂ 1996 ᠣᠨ ᠤ ᠪᠤᠭᠤᠲᠤ ᠶᠢᠨ ᠪᠠᠷᠠᠭᠤᠨ ᠬᠡᠰᠡᠭ ᠤᠨ 6.4

        ᠳᠡᠰ ᠤᠨ ᠭᠠᠵᠠᠷ ᠬᠥᠳᠡᠯᠦᠯᠲᠡ ᠵᠡᠷᠭᠡ ᠣᠯᠠᠨ ᠤᠳᠠᠭᠠᠨ ᠤ ᠡᠪᠳᠡᠯᠭᠡ ᠶᠢᠨ ᠴᠢᠨᠠᠷᠲᠠᠢ ᠭᠠᠵᠠᠷ ᠬᠥᠳᠡᠯᠦᠯᠲᠡ ᠡᠭᠦᠰᠴᠦ᠂ ᠬᠥᠮᠥᠨ ᠦᠬᠦᠵᠦ ᠰᠢᠷᠬᠠᠲᠤᠭᠰᠠᠨ ᠪᠠ ᠠᠵᠤ

        ᠠᠬᠤᠢ ᠬᠤᠬᠢᠷᠠᠯ ᠳᠤ ᠤᠴᠠᠷᠠᠭᠰᠠᠨ ᠬᠦᠨᠳᠦ ᠨᠣᠴᠢᠲᠠᠢ ᠪᠠᠶᠢᠳᠠᠯ ᠢ ᠪᠣᠢ ᠪᠣᠯᠭᠠᠪᠠ᠃ ᠮᠠᠨ ᠤ ᠣᠷᠣᠨ ᠤ 103 ᠬᠤᠰᠢᠭᠤ ᠰᠢᠶᠠᠨ ᠲᠣᠭᠤᠷᠢᠭ ᠲᠤ ᠨᠡᠶᠢᠲᠡ 1010

        ᠵᠡᠭᠡᠯᠢ ᠭᠤᠳᠤᠮᠵᠢ ᠰᠢᠶᠠᠩ ᠪᠠᠯᠭᠠᠰᠤ ᠰᠤᠮᠤ ᠪᠠᠶᠢᠵᠤ᠂ ᠲᠠᠪᠤᠳᠠᠬᠢ ᠦᠶ᠎ᠡ ᠶᠢᠨ ︽ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠫᠠᠷᠠᠮᠧᠲᠷ ᠤᠨ ᠣᠷᠣᠨ

        ᠬᠤᠪᠢᠶᠠᠷᠢᠯᠠᠯᠲᠠ ᠶᠢᠨ ᠵᠢᠷᠤᠭ︾ ᠶᠣᠰᠣᠭᠠᠷ ᠬᠤᠪᠢᠶᠠᠷᠢᠯᠠᠨ ᠰᠠᠯᠭᠠᠪᠠᠯ᠂ 220 ᠭᠠᠵᠠᠷ ᠨᠢⅧ ᠳᠡᠰ ᠤᠨ ᠣᠷᠣᠨ ᠳᠤ ᠪᠠᠶᠢᠷᠢᠯᠠᠨ᠂ 280 ᠭᠠᠵᠠᠷ ᠨᠢ Ⅶ

        ᠳᠡᠰ ᠤᠨ ᠣᠷᠣᠨ ᠳᠤ ᠪᠠᠶᠢᠷᠢᠯᠠᠵᠤ᠂ 50% ᠶᠢᠨ ᠭᠠᠵᠠᠷ ᠣᠷᠣᠨ ᠨᠢ ᠥᠨᠳᠥᠷ ᠳᠤᠷᠭᠢᠴᠠ ᠶᠢᠨ ᠣᠷᠣᠨ ᠳᠤ ᠪᠠᠶᠢᠷᠢᠯᠠᠵᠤ ᠪᠠᠶᠢᠳᠠᠭ᠃

             1953 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠤᠷᠢᠳ ᠬᠤᠵᠢᠳ ᠪᠤᠭᠤᠲᠤ ᠳᠤ ᠭᠠᠵᠠᠷ ᠬᠥᠳᠡᠯᠦᠯᠲᠡ ᠶᠢ ᠬᠢᠨᠠᠨ

        ᠰᠢᠨᠵᠢᠯᠡᠬᠦ ᠬᠤᠷᠢᠶ᠎ᠠ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠡᠬᠢᠯᠡᠨ    

        ᠶᠠᠪᠤᠭᠳᠠᠵᠤ᠂ 1971 ᠣᠨ ᠳᠤ ᠥᠪᠡᠷᠲᠡᠭᠡᠨ ᠵᠠᠰᠠᠬᠤ ᠣᠷᠣᠨ ᠠᠴᠠ ᠲᠤᠰᠬᠠᠶᠢᠯᠠᠨ ᠭᠠᠵᠠᠷ ᠬᠥᠳᠡᠯᠦᠯᠲᠡ ᠶᠢᠨ ᠠᠵᠢᠯ ᠤᠨ ᠪᠠᠶᠢᠭᠤᠯᠤᠮᠵᠢ ᠲᠣᠬᠢᠷᠠᠭᠤᠯᠤᠭᠰᠠᠨ ᠠᠴᠠ

        ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠵᠢᠯ ᠪᠦᠬᠦ ᠲᠠᠯ᠎ᠠ ᠳᠤ ᠬᠥᠭᠵᠢᠵᠦ ᠡᠬᠢᠯᠡᠪᠡ᠃ ᠣᠯᠠᠨ ᠵᠢᠯ ᠤᠨ ᠲᠤᠷᠰᠢ᠂ ᠥᠪᠡᠷᠲᠡᠭᠡᠨ ᠵᠠᠰᠠᠬᠤ

        ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠵᠥᠪ ᠤᠳᠤᠷᠢᠳᠤᠯᠭ᠎ᠠ ᠳᠣᠣᠷ᠎ᠠ᠂

        ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠨᠢ ᠲᠠᠰᠤᠷᠠᠯᠲᠠ ᠦᠭᠡᠢ ᠬᠥᠭᠵᠢᠵᠦ᠃ ᠭᠠᠵᠠᠷ

        ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠢᠯᠡᠳᠲᠡ ᠳᠡᠭᠡᠭᠰᠢᠯᠡᠵᠦ᠂

        ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠬᠦᠴᠦᠨ ᠪᠦᠬᠦᠢ ᠭᠠᠵᠠᠷ

        ᠬᠥᠳᠡᠯᠦᠯᠲᠡ ᠶᠢᠨ ᠠᠮᠤᠷ ᠲᠦᠪᠰᠢᠨ ᠤ ᠪᠠᠲᠤᠯᠠᠭ᠎ᠠ ᠬᠠᠩᠭᠠᠵᠠᠢ᠃

              ᠣᠯᠠᠨ ᠵᠢᠯ ᠤᠨ ᠬᠥᠭᠵᠢᠯᠲᠡ ᠪᠠᠷ ᠳᠠᠮᠵᠢᠭᠠᠳ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠨᠢ ᠨᠢᠭᠡᠨᠲᠡ ᠠᠵᠤ ᠠᠬᠤᠢ

        ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠨ ᠣᠷᠣᠪᠠ᠃ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ᠂ ᠭᠠᠵᠠᠷ

        ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠳᠤ ᠰᠢᠨ᠎ᠡ ᠶᠢ

        ᠡᠭᠦᠳᠬᠦ᠂ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠪᠠᠶᠢᠭᠤᠯᠤᠯᠲᠠ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠂ ᠬᠢᠨᠠᠨ

        ᠰᠢᠨᠵᠢᠯᠡᠬᠦ ᠴᠢᠳᠠᠪᠤᠷᠢ ᠶᠡᠭᠡ ᠬᠡᠮᠵᠢᠶ᠎ᠡ ᠪᠠᠷ ᠳᠡᠭᠡᠭᠰᠢᠯᠡᠨ᠂ ᠪᠦᠬᠦ ᠣᠷᠣᠨ ᠤ ᠬᠥᠬᠡᠬᠤᠲᠠ ᠪᠤᠭᠤᠲᠤ ᠣᠷᠳᠣᠰ ᠣᠷᠣᠨ ᠤ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ

        ᠴᠢᠳᠠᠪᠤᠷᠢ ᠨᠢ 2.0 ᠳᠡᠰ ᠲᠤ ᠬᠦᠷᠴᠦ᠂ ᠤᠯᠤᠰ ᠤᠨ ᠳᠣᠲᠣᠭᠠᠳᠤ ᠶᠢᠨ ᠭᠠᠵᠠᠷ ᠬᠥᠳᠡᠯᠦᠯᠲᠡ ᠶᠢ 2 ᠮᠢᠨᠦ᠋ᠲ ᠳᠤ ᠠᠦ᠋ᠲ ᠢᠶᠠᠷ ᠲᠦᠷᠭᠡᠨ ᠮᠡᠳᠡᠭᠡᠯᠡᠬᠦ ᠶᠢ

        ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠪᠦᠬᠦ ᠤᠯᠤᠰ ᠤᠨ ︽ᠬᠤᠶᠠᠷ ᠬᠤᠷᠠᠯ︾᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70

        ᠵᠢᠯ ᠤᠨ ᠣᠢ ᠶᠢ ᠪᠠᠶᠠᠷᠯᠠᠨ ᠪᠡᠯᠭᠡᠯᠡᠬᠦ ᠵᠡᠷᠭᠡ ᠴᠢᠬᠤᠯᠠ ᠶᠡᠭᠡ ᠠᠵᠢᠯᠯᠠᠭ᠎ᠠ ᠳᠠᠬᠢ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠡᠭᠦᠷᠭᠡ ᠶᠢ

        ᠠᠮᠵᠢᠯᠲᠠ ᠲᠠᠢ ᠪᠡᠶᠡᠯᠡᠭᠦᠯᠵᠡᠢ᠃ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠢᠨᠵᠧᠨᠧᠷᠢᠩ ᠢ ᠢᠳᠡᠪᠬᠢᠲᠡᠢ ᠠᠬᠢᠭᠤᠯᠵᠤ᠂

        ᠪᠠᠶᠢᠭᠤᠯᠤᠯᠲᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠭᠠᠵᠠᠷ ᠬᠥᠳᠡᠯᠦᠯᠲᠡ ᠶᠢᠨ

        ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠵᠠᠰᠠᠬᠤ ᠠᠵᠢᠯ ᠢ ᠬᠡᠷᠡᠭᠵᠢᠭᠦᠯᠪᠡ᠃ ᠬᠤᠲᠠ ᠬᠥᠳᠡᠭᠡ ᠶᠢᠨ ᠭᠠᠵᠠᠷ ᠬᠥᠳᠡᠯᠦᠯᠲᠡ ᠶᠢ ᠡᠰᠡᠷᠭᠦᠴᠡᠨ ᠰᠡᠷᠭᠡᠶᠢᠯᠡᠯᠲᠡ

        ᠲᠣᠬᠢᠷᠠᠭᠤᠯᠬᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠭᠠᠵᠠᠷ ᠬᠥᠳᠡᠯᠦᠯᠲᠡ ᠶᠢᠨ ᠣᠷᠣᠨ ᠬᠤᠪᠢᠶᠠᠷᠢᠯᠠᠯ ᠤᠨ ᠵᠢᠷᠤᠭ ᠤᠨ ᠤᠬᠠᠭᠤᠯᠤᠨ

        ᠲᠤᠭᠤᠰᠢᠯᠠᠭᠤᠯᠬᠤ ᠠᠵᠢᠯ ᠢ ᠴᠢᠩᠭᠠᠳᠬᠠᠪᠠ᠃ ᠬᠥᠬᠡᠬᠤᠲᠠ᠂ ᠪᠤᠭᠤᠲᠤ᠂ ᠦᠬᠠᠢ ᠵᠡᠷᠭᠡ ᠬᠥᠳᠡᠯᠭᠡᠭᠡᠨᠲᠦ ᠣᠭᠲᠣᠯᠣᠭᠠᠰᠤ ᠳᠠᠪᠬᠤᠷᠭ᠎ᠠ ᠶᠢᠨ ᠬᠠᠶᠢᠨ ᠰᠢᠨᠵᠢᠯᠡᠯᠲᠡ

        ᠠᠮᠢᠳᠤ ᠣᠭᠲᠣᠯᠣᠭᠠᠰᠤ ᠳᠠᠪᠬᠤᠷᠭ᠎ᠠ ᠶᠢᠨ ᠬᠠᠶᠢᠨ ᠰᠢᠨᠵᠢᠯᠡᠯᠲᠡ ᠵᠢᠴᠢ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠪᠠ᠃ ᠬᠤᠲᠠ ᠬᠥᠳᠡᠭᠡ ᠶᠢᠨ

        ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠢᠨᠠᠨ ᠪᠠᠶᠢᠴᠠᠭᠠᠬᠤ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠯᠡᠭᠦᠰᠢᠲᠡᠢ ᠴᠢᠨᠠᠷ ᠲᠤ ᠨᠤᠲᠠᠯᠠᠯᠲᠠ ᠬᠢᠬᠦ ᠵᠡᠷᠭᠡ ᠪᠠᠷ

        ᠲᠠᠪᠴᠠᠩ ᠪᠣᠯᠭᠠᠵᠤ᠂ ᠭᠤᠣᠯᠳᠠᠯᠭ᠎ᠠ ᠲᠠᠢ ᠢᠨᠵᠧᠨᠧᠷᠢᠩ᠂ ᠠᠮᠢᠨ ᠰᠤᠳᠠᠰᠤ ᠶᠢᠨ ᠢᠨᠵᠧᠨᠧᠷᠢᠩ ᠪᠠ ᠬᠦᠨᠳᠦ ᠨᠣᠴᠢᠲᠠᠢ ᠡᠭᠦᠰᠦᠮᠡᠯ ᠭᠠᠮᠰᠢᠭ ᠠᠮᠠᠷᠬᠠᠨ ᠡᠭᠦᠰᠬᠦ

        ᠢᠨᠵᠧᠨᠧᠷᠢᠩ ᠤᠨ ᠭᠠᠵᠠᠷ ᠬᠥᠳᠡᠯᠦᠯᠲᠡ ᠶᠢ ᠡᠰᠡᠷᠭᠦᠴᠡᠵᠦ ᠰᠡᠷᠭᠡᠶᠢᠯᠡᠯᠲᠡ ᠲᠣᠬᠢᠷᠠᠭᠤᠯᠬᠤ ᠠᠵᠢᠯ ᠤᠨ ᠬᠢᠨᠠᠨ ᠪᠠᠶᠢᠴᠠᠭᠠᠯᠲᠠ ᠶᠢ ᠤᠯᠠᠮ ᠨᠢᠭᠡ ᠠᠯᠬᠤᠮ    

        ᠴᠢᠩᠭᠠᠳᠬᠠᠵᠤ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠢᠨᠵᠧᠨᠧᠷᠢᠩ ᠤᠨ ᠭᠠᠵᠠᠷ ᠬᠥᠳᠡᠯᠦᠯᠲᠡ ᠶᠢ ᠡᠰᠡᠷᠭᠦᠴᠡᠵᠦ ᠰᠡᠷᠭᠡᠶᠢᠯᠡᠯᠲᠡ ᠲᠣᠬᠢᠷᠠᠭᠤᠯᠬᠤ ᠠᠵᠢᠯ ᠳᠤ

        ᠬᠢᠨᠠᠯᠲᠠ ᠪᠠᠶᠢᠴᠠᠭᠠᠯᠲᠠ ᠬᠢᠭᠰᠡᠨ ᠨᠣᠷᠮ᠎ᠠ ᠨᠢ 100% ᠳᠤ ᠬᠦᠷᠴᠡᠢ᠃ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠤᠯᠢ ᠶᠢ

        ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ

        ᠲᠣᠭᠲᠠᠭᠠᠯ ᠤᠨ ᠬᠠᠤᠯᠢ ᠲᠣᠭᠲᠠᠭᠠᠯ ᠬᠠᠤᠯᠢ ᠳᠦᠷᠢᠮ ᠤᠨ ᠲᠣᠭᠲᠠᠯᠴᠠᠭ᠎ᠠ ᠲᠠᠰᠤᠷᠠᠯᠲᠠ ᠦᠭᠡᠢ ᠪᠦᠷᠢᠨᠰᠢᠵᠦ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ

        ᠪᠠᠭᠠᠰᠬᠠᠬᠤ ᠦᠢᠯᠡᠰ ᠤᠨ ᠴᠢᠨᠠᠷᠯᠢᠭ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

        ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢᠨ

        ᠠᠷᠭ᠎ᠠ︾ ᠶᠢ ᠵᠢᠩᠬᠢᠨᠢ ᠪᠠᠷ ᠨᠡᠶᠢᠲᠡᠯᠡᠵᠦ᠂ ᠨᠢᠭᠡᠨᠲᠡ 2020 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃

             ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ

        ᠨᠡᠶᠢᠲᠡᠯᠡᠨ ᠬᠡᠷᠡᠭᠵᠢᠭᠦᠯᠪᠡ᠃ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠣᠳᠣᠬᠢᠴᠢᠯᠠᠯᠲᠠ ᠶᠢᠨ ᠪᠠᠶᠢᠭᠤᠯᠤᠯᠲᠠ ᠶᠢ

        ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠨᠢ ᠠᠯᠢ ᠣᠯᠠᠨ ᠰᠢᠨ᠎ᠡ ᠶᠢ ᠡᠭᠦᠳᠬᠦ ᠬᠡᠯᠪᠡᠷᠢ ᠶᠢᠨ ᠦᠷ᠎ᠡ

        ᠪᠦᠲᠦᠭᠡᠯ ᠣᠯᠵᠤ᠂ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠵᠠᠭᠪᠤᠷ ᠤᠨ ᠡᠷᠴᠢᠮᠵᠢᠭᠦᠯᠦᠭᠰᠡᠨ ᠰᠢᠨ᠎ᠡ ᠡᠭᠦᠳᠦᠯᠲᠡ᠂ ᠰᠡᠷᠡᠮᠵᠢᠯᠡᠭᠦᠯᠦᠯ ᠪᠠ

        ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠬᠤᠲᠠ ᠶᠢᠨ ᠪᠦᠯᠦᠭᠵᠢᠯ ᠤᠨ ᠭᠠᠵᠠᠷ

        ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠮᠡᠷᠭᠡᠵᠢᠯ ᠢ ᠳᠡᠯᠭᠡᠷᠡᠭᠦᠯᠦᠨ ᠵᠢᠱᠢᠶ᠎ᠡ ᠦᠵᠡᠭᠦᠯᠬᠦ ᠪᠠ ᠭᠤᠣᠯᠳᠠᠯᠭ᠎ᠠ ᠲᠠᠢ ᠬᠥᠳᠡᠯᠭᠡᠭᠡᠨᠲᠦ ᠵᠥᠷᠢᠭᠳᠡᠯ ᠤᠨ

        ᠨᠥᠯᠥᠭᠡ ᠶᠢ ᠦᠨᠡᠯᠡᠨ ᠵᠢᠱᠢᠬᠦ ︽ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠬᠥᠳᠡᠯᠦᠯᠲᠡ ᠶᠢ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠮᠡᠷᠭᠡᠵᠢᠯ ᠤᠨ

        ᠰᠤᠳᠤᠯᠤᠯᠲᠠ ᠬᠢᠵᠦ ᠨᠡᠭᠡᠭᠡᠨ ᠬᠥᠭᠵᠢᠭᠦᠯᠬᠦ ᠬᠢᠭᠡᠳ ᠳᠡᠯᠭᠡᠷᠡᠭᠦᠯᠦᠨ ᠵᠢᠱᠢᠶ᠎ᠡ ᠦᠵᠡᠭᠦᠯᠬᠦ︾ ᠲᠥᠷᠥᠯ ᠵᠦᠢᠯ ᠢ ᠥᠷᠨᠢᠭᠦᠯᠦᠭᠰᠡᠨ ᠤ ᠬᠠᠮᠲᠤ᠂ ᠰᠢᠯᠭᠠᠨ ᠬᠤᠷᠢᠶᠠᠨ

        ᠠᠪᠬᠤ ᠳᠤ ᠰᠢᠯᠢᠳᠡᠭ ᠦᠷ᠎ᠡ ᠪᠦᠲᠦᠮᠵᠢ ᠣᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠤᠷᠢᠳ

        ᠬᠤᠵᠢᠳ ᠤᠯᠤᠰ ᠤᠨ ᠭᠠᠵᠠᠷ ᠬᠥᠳᠡᠯᠦᠯᠲᠡ ᠶᠢᠨ ᠳᠣᠷᠭᠢᠴᠠ ᠶᠢ ᠲᠦᠷᠭᠡᠨ ᠮᠡᠳᠡᠭᠡᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ ᠤᠨ ᠲᠥᠷᠥᠯ ᠵᠦᠢᠯ᠂

        ᠰᠢᠨᠵᠢᠯᠡᠬᠦ ᠤᠬᠠᠭᠠᠨ ᠤ ᠲᠠᠪᠴᠠᠩ ᠪᠠᠬᠢᠯᠡᠯᠲᠡ ᠶᠢᠨ ᠲᠥᠷᠥᠯ ᠵᠦᠢᠯ᠂ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠬᠤᠷᠢᠶ᠎ᠠ ᠲᠣᠣᠷ ᠤᠨ ᠪᠠᠶᠢᠭᠤᠯᠤᠯᠲᠠ ᠶᠢᠨ ᠲᠥᠷᠥᠯ

        ᠵᠦᠢᠯ᠂ ᠡᠪᠦᠯ ᠤᠨ ᠤᠯᠠᠷᠢᠯ ᠤᠨ ᠣᠯᠧᠮᠫᠢᠺ ᠤᠨ ᠴᠤᠭᠯᠠᠭᠠᠨ ᠤ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ ᠴᠢᠳᠠᠪᠤᠷᠢ ᠶᠢ ᠳᠡᠭᠡᠭᠰᠢᠯᠡᠭᠦᠯᠦᠨ ᠪᠠᠲᠤᠯᠠᠬᠤ ᠲᠥᠷᠥᠯ

        ᠵᠦᠢᠯ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠬᠠᠢ ᠵᠦᠢᠯ ᠤᠨ ᠬᠢᠨᠠᠨ ᠰᠢᠨᠵᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ

        ᠵᠡᠷᠭᠡ ᠶᠢ ᠡᠭᠦᠷᠭᠡᠯᠡᠪᠡ᠃ ᠳᠡᠭᠡᠷ᠎ᠡ ᠶᠠᠷᠢᠭᠰᠠᠨ ᠲᠥᠷᠥᠯ ᠵᠦᠢᠯ ᠢ ᠪᠠᠶᠢᠭᠤᠯᠤᠨ ᠬᠡᠷᠡᠭᠵᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ

        ᠬᠢᠨᠠᠨ ᠰᠢᠨᠵᠢᠯᠡᠬᠦ ᠬᠤᠷᠢᠶ᠎ᠠ ᠲᠣᠣᠷ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠭᠠᠵᠠᠷ

        ᠬᠥᠳᠡᠯᠦᠯᠲᠡ ᠶᠢᠨ ᠪᠠᠶᠢᠳᠠᠯ ᠢ ᠬᠢᠨᠠᠨ ᠠᠵᠢᠭᠯᠠᠬᠤ ᠴᠢᠳᠠᠪᠤᠷᠢ ᠬᠢᠷᠢ ᠲᠦᠪᠰᠢᠨ ᠢ ᠳᠡᠭᠡᠭᠰᠢᠯᠡᠭᠦᠯᠦᠨ ᠴᠢᠩᠭᠠᠳᠬᠠᠭᠰᠠᠨ ᠢᠶᠠᠷ ᠪᠠᠷᠠᠬᠤ ᠦᠭᠡᠢ᠂ ᠥᠪᠡᠷᠲᠡᠭᠡᠨ ᠵᠠᠰᠠᠬᠤ

        ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠪᠦᠲᠦᠮᠵᠢᠲᠡᠢ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠦᠢᠯᠡᠴᠢᠯᠡᠭᠡ ᠬᠠᠩᠭᠠᠬᠤ ᠪᠣᠯᠣᠨ᠎ᠠ᠃

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠ ᠭᠠᠵᠠᠷ ᠬᠥᠳᠡᠯᠦᠯᠲᠡ ᠶᠢ ᠬᠢᠨᠠᠨ

        ᠰᠢᠨᠵᠢᠯᠡᠵᠦ ᠰᠡᠷᠡᠮᠵᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ

        ︽14 · 5︾ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠵᠤ᠂ ᠬᠤᠷᠢᠨᠭᠡᠷ ᠰᠢᠨ᠎ᠡ ᠲᠣᠭᠤᠷᠢᠭ ᠲᠤ ︽ᠥᠪᠥᠷ ᠮᠣᠩᠭᠤᠯ ᠤᠨ ᠭᠠᠮᠰᠢᠭ ᠢ

        ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠲᠤᠷᠰᠢᠯᠲᠠ ᠶᠢᠨ ᠰᠠᠭᠤᠷᠢᠨ︾ ᠤ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠢ᠃

             ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ᠂ ᠮᠥᠨ ᠴᠤ ︽14 · 5︾ ᠤᠨ ᠲᠥᠯᠥᠪᠵᠢᠭᠦᠯᠭᠡ ᠶᠢ

        ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ ᠵᠢᠭᠠᠬᠤ ᠳᠤ ᠪᠠᠨ᠂ ᠪᠠᠶᠢᠭᠠᠯᠢ ᠶᠢᠨ ᠭᠠᠮᠰᠢᠭ ᠲᠠᠢ ᠲᠡᠮᠡᠴᠡᠬᠦ ᠪᠣᠯ ᠬᠥᠮᠥᠨ

        ᠲᠥᠷᠥᠯᠬᠢᠲᠡᠨ ᠤ ᠣᠷᠣᠰᠢᠨ ᠬᠥᠭᠵᠢᠬᠦ ᠥᠨᠢᠳᠡ ᠶᠢᠨ ᠰᠡᠳᠦᠪ ᠪᠣᠯᠣᠨ᠎ᠠ᠃ ᠪᠢᠳᠡ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ

        ᠪᠠᠭᠠᠰᠬᠠᠬᠤ ᠦᠢᠯᠡᠰ ᠢ ᠪᠠᠶᠢᠭᠤᠯᠬᠤ ᠠᠶᠠᠨ ᠵᠠᠮ ᠳᠤ ᠪᠠᠨ ᠡᠷᠬᠡᠪᠰᠢ ᠨᠡᠩ ᠣᠷᠭᠢᠯᠤᠮ᠎ᠠ ᠰᠡᠳᠬᠢᠯᠭᠡ ᠪᠠᠷ ᠯᠠᠪᠳᠠᠭᠤᠨ ᠪᠠᠲᠤᠲᠠᠢ ᠠᠵᠢᠯᠯᠠᠵᠤ᠂ ᠨᠡᠩ ᠪᠠᠶᠠᠯᠢᠭ ᠦᠷ᠎ᠡ

        ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠶᠢ ᠡᠰᠡᠷᠭᠦᠴᠡᠨ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠵᠤ᠂

        ᠭᠠᠵᠠᠷ ᠬᠥᠳᠡᠯᠦᠯᠲᠡ ᠶᠢᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠡᠢ᠃

             ᠡᠨᠡ ᠬᠦ ᠲᠣᠬᠢᠶᠠᠯ ᠢᠶᠠᠷ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠠᠭᠠᠯᠵᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ

        ᠡᠲᠡᠭᠡᠳ ᠤᠨ ᠬᠢᠨ ᠪᠠ ᠰᠤᠷᠪᠤᠯᠵᠢᠯᠠᠭᠴᠢ ᠨᠥᠬᠦᠳ ᠲᠤ ᠳᠠᠬᠢᠨᠲᠠ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠣᠯᠠᠨ ᠢᠶᠠᠷ ᠢᠶᠠᠨ

        ᠥᠩᠭᠡᠷᠡᠭᠰᠡᠨ ᠲᠠᠢ ᠪᠠᠨ ᠠᠳᠠᠯᠢ ᠪᠠᠷ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠳᠡᠮᠵᠢᠬᠦ ᠶᠢ ᠬᠦᠰᠡᠵᠦ ᠪᠠᠶᠢᠨ᠎ᠠ︕

             

             ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ  ᠶᠢᠨ ᠰᠣᠨᠢᠨ ᠮᠡᠳᠡᠭᠡ

        ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢᠨ ᠬᠠᠷᠢᠭᠤᠯᠲᠠ

             ᠥᠪᠥᠷ ᠮᠣᠩᠭᠤᠯ ᠤᠨ ᠡᠳᠦᠷ ᠤᠨ ᠰᠣᠨᠢᠨ᠄ ᠮᠢᠨᠤ ᠣᠶᠢᠯᠠᠭᠠᠭᠰᠠᠨ ᠢᠶᠠᠷ ᠡᠨᠡ ᠵᠢᠯ ᠪᠣᠯ ᠠᠷᠪᠠᠨ ᠭᠤᠷᠪᠠᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠨ

        ᠭᠠᠮᠰᠢᠭ ᠢ ᠪᠠᠭᠠᠰᠬᠠᠬᠤ ᠡᠳᠦᠷ ᠪᠠᠶᠢᠵᠤ᠂ ᠭᠤᠣᠯ ᠰᠡᠳᠦᠪ ᠨᠢ ︽ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ

        ᠰᠠᠭᠤᠷᠢ ᠶᠢ ᠪᠠᠲᠤ ᠴᠣᠭᠴᠠᠯᠠᠶ᠎ᠠ︾ ᠪᠣᠯᠣᠨ᠎ᠠ᠃ ᠲᠡᠭᠡᠪᠡᠯ ᠡᠨᠡ ᠵᠢᠯ ᠤᠨ ᠭᠠᠮᠰᠢᠭ ᠢ ᠰᠡᠷᠭᠡᠶᠢᠯᠡᠬᠦ ᠡᠳᠦᠷ ᠲᠤ ᠶᠠᠮᠠᠷ ᠶᠠᠮᠠᠷ ᠤᠬᠠᠭᠤᠯᠭ᠎ᠠ ᠶᠢᠨ ᠠᠵᠢᠯᠯᠠᠭ᠎ᠠ ᠪᠠᠶᠢᠬᠤ    

        ᠪᠣᠢ︖

             ᠢᠦᠢ ᠵᠢᠶᠦ᠋ᠨ ᠶᠦᠩ᠄ ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠭᠤᠷᠪᠠᠳᠠᠬᠢ ᠪᠦᠬᠦ ᠤᠯᠤᠰ ᠤᠨ ᠭᠠᠮᠰᠢᠭ ᠢ

        ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠠᠶᠢᠵᠤ᠂ ᠭᠤᠣᠯ ᠰᠡᠳᠦᠪ ᠨᠢ ︽ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ

        ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠶ᠎ᠠ︾ ᠪᠣᠯᠣᠨ᠎ᠠ᠃ 5 ᠳ᠋ᠤᠭᠠᠷ ᠰᠠᠷ᠎ᠠ ᠶᠢᠨ 8 ᠤ ᠡᠳᠦᠷ ᠠᠴᠠ 14 ᠤ ᠡᠳᠦᠷ ᠪᠣᠯᠲᠠᠯ᠎ᠠ ᠭᠠᠮᠰᠢᠭ ᠢ ᠰᠡᠷᠭᠡᠶᠢᠯᠡᠨ

        ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠣᠯᠣᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠲᠤᠬᠠᠢ ᠰᠢ ᠶᠢᠨ ᠫᠢᠩ

        ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ

        ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠡᠨᠡ ᠵᠢᠯ ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠡᠯ᠎ᠡ ᠵᠦᠢᠯ ᠤᠨ ᠠᠵᠢᠯ ᠢ

        ᠰᠠᠶᠢᠲᠤᠷ ᠬᠢᠵᠦ᠂ ᠤᠯᠤᠰ ᠤᠨ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠤᠨ ᠱᠠᠭᠠᠷᠳᠠᠯᠭ᠎ᠠ ᠶᠢ ᠦᠨᠳᠦᠰᠦᠯᠡᠨ᠂ 6 ᠲᠠᠯ᠎ᠠ ᠪᠠᠷ ᠪᠦᠬᠦ ᠣᠷᠣᠨ ᠤ ᠬᠠᠮᠢᠶ᠎ᠠ

        ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠭᠠᠮᠰᠢᠭ ᠢ

        ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪ ᠢ ᠲᠣᠪᠣᠶᠢᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯᠯᠠᠭ᠎ᠠ ᠶᠢ ᠯᠠᠪᠳᠠᠭᠤᠨ

        ᠪᠠᠲᠤᠲᠠᠢ ᠥᠷᠨᠢᠭᠦᠯᠦᠨ᠎ᠡ︔ ᠬᠤᠶᠠᠷ ᠲᠤ᠂ ᠤᠬᠠᠭᠤᠯᠭ᠎ᠠ ᠬᠥᠮᠥᠵᠢᠯ ᠤᠨ ᠬᠡᠯᠪᠡᠷᠢ ᠶᠢ ᠪᠠᠶᠠᠯᠢᠭᠵᠢᠭᠤᠯᠤᠨ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠦᠬᠦ

        ᠠᠷᠠᠳ ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ︔ ᠭᠤᠷᠪᠠ ᠳᠤ᠂ ᠲᠦᠭᠰᠢᠭᠦᠷᠢ ᠶᠢ ᠡᠬᠢ ᠢᠷᠡᠯᠲᠡ ᠠᠴᠠ

         ᠨᠢ ᠬᠠᠮᠢᠶᠠᠷᠤᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠭᠠᠮᠰᠢᠭ ᠤᠨ ᠲᠦᠭᠰᠢᠭᠦᠷᠢ ᠳᠠᠯᠳᠠ ᠭᠡᠮ ᠢ ᠢᠯᠭᠠᠨ ᠪᠠᠶᠢᠴᠠᠭᠠᠵᠤ ᠵᠠᠰᠠᠯᠲᠠ ᠬᠢᠬᠦ ᠶᠢ

        ᠥᠷᠨᠢᠭᠦᠯᠦᠨ᠎ᠡ︔ ᠳᠥᠷᠪᠡ ᠳᠤ᠂ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠭᠰᠢᠭᠦᠷᠢ ᠶᠢ ᠬᠢᠨᠠᠨ ᠰᠢᠨᠵᠢᠯᠡᠵᠦ

        ᠰᠡᠷᠡᠮᠵᠢᠯᠡᠭᠦᠯᠬᠦ ᠶᠢ ᠴᠢᠩᠭᠠᠷᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ︔ ᠲᠠᠪᠤ ᠳᠤ᠂ ᠭᠠᠮᠰᠢᠭ ᠢ ᠠᠷᠭᠠᠴᠠᠭᠠᠬᠤ ᠠᠷᠭ᠎ᠠ

        ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠮᠰᠢᠭ ᠢ

        ᠬᠦᠴᠦᠨ ᠲᠠᠢ ᠪᠥᠭᠡᠳ ᠳᠡᠰ ᠳᠠᠷᠠᠭᠠᠯᠠᠯ ᠲᠠᠢ ᠪᠠᠷ ᠪᠦᠲᠦᠮᠵᠢᠲᠡᠢ ᠠᠷᠭᠠᠴᠠᠭᠠᠨ᠎ᠠ︔ ᠵᠢᠷᠭᠤᠭ᠎ᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠪ ᠢ ᠵᠠᠰᠠᠨ

        ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠰᠣᠷᠢᠯᠲᠠ ᠶᠢ ᠥᠷᠭᠡᠨ ᠳᠡᠯᠭᠡᠷ ᠥᠷᠨᠢᠭᠦᠯᠦᠨ᠎ᠡ᠃

             5 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠬᠢᠩᠭᠠᠨ ᠠᠶᠢᠮᠠᠭ ᠤᠨ

        ᠭᠠᠮᠰᠢᠭ ᠢ ᠪᠠᠭᠠᠰᠬᠠᠬᠤ ᠵᠥᠪᠯᠡᠯ ᠲᠠᠢ ᠬᠤᠯᠪᠣᠭᠠᠯᠠᠨ ᠤᠯᠠᠭᠠᠨᠬᠤᠲᠠ ᠳᠤ ᠪᠦᠬᠦ ᠣᠷᠣᠨ ᠤ 2021 ᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ

        ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠡᠭᠦᠨ ᠳᠤ ︽ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ

        ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠤᠬᠠᠭᠤᠯᠭ᠎ᠠ ᠲᠠᠶᠢᠯᠤᠮᠵᠢ

        ᠬᠢᠬᠦ ᠶᠢ ᠴᠢᠩᠭᠠᠷᠠᠭᠤᠯᠤᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷ ᠠᠪᠤᠯᠭ᠎ᠠ ᠶᠢ ᠨᠠᠶᠢᠷᠠᠭᠤᠯᠤᠨ ᠵᠣᠬᠢᠶᠠᠬᠤ ᠪᠠ ᠳᠠᠷᠤᠮᠠᠯᠯᠠᠨ

        ᠲᠠᠷᠬᠠᠭᠠᠵᠤ᠂ ᠤᠬᠠᠭᠤᠯᠭ᠎ᠠ ᠶᠢᠨ ᠬᠤᠷᠢᠶ᠎ᠠ ᠲᠣᠬᠢᠷᠠᠭᠤᠯᠤᠨ᠂ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠤᠭᠰᠠᠷᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ

        ᠪᠠᠭᠠᠰᠬᠠᠵᠤ ᠭᠠᠮᠰᠢᠭ ᠠᠴᠠ ᠠᠪᠤᠷᠠᠬᠤ ᠪᠡᠯᠡᠳᠬᠡᠮᠵᠢ ᠲᠣᠨᠣᠭᠯᠠᠯ ᠤᠨ ᠳᠡᠯᠭᠡᠨ ᠦᠵᠡᠭᠦᠯᠭᠡ ᠶᠢ ᠥᠷᠨᠢᠭᠦᠯᠵᠦ᠂ ᠠᠪᠤᠷᠠᠨ ᠲᠤᠰᠠᠯᠠᠬᠤ ᠬᠢᠭᠡᠳ ᠪᠠᠴᠢᠮ ᠠᠪᠤᠷᠠᠯᠲᠠ ᠬᠢᠬᠦ

        ᠮᠡᠳᠡᠯᠭᠡ ᠶᠢᠨ ᠪᠣᠳᠠᠲᠠᠢ ᠪᠠᠷ ᠠᠵᠢᠯᠯᠠᠭᠤᠯᠬᠤ ᠰᠣᠷᠢᠯᠲᠠ ᠪᠠ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠡᠢ᠃

             5 ᠳ᠋ᠤᠭᠠᠷ ᠰᠠᠷ᠎ᠠ ᠶᠢᠨ 10 — 11 ᠤ ᠡᠳᠦᠷ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

        ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠵᠡᠷᠭᠡ ᠵᠢᠷᠭᠤᠭᠠᠨ ᠭᠠᠵᠠᠷ ᠬᠥᠳᠡᠯᠦᠯᠲᠡ ᠶᠢᠨ ᠲᠣᠪᠴᠢᠶ᠎ᠠ ᠬᠠᠮᠲᠤ ᠪᠠᠷ ᠭᠤᠣᠯᠯᠠᠨ ᠡᠷᠬᠢᠯᠡᠵᠦ᠂ ᠥᠪᠥᠷ

        ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ

        ᠬᠥᠮᠥᠵᠢᠯ ᠤᠨ ᠰᠠᠭᠤᠷᠢᠨ ᠵᠡᠷᠭᠡ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ 7 ᠲᠠᠯᠠᠪᠠᠢ

        ᠣᠷᠳᠣᠨ ᠠᠴᠠ ᠳᠠᠭᠠᠭᠠᠨ ᠭᠦᠢᠴᠡᠳᠬᠡᠭᠰᠡᠨ ᠪᠦᠬᠦ ᠤᠯᠤᠰ ᠤᠨ ᠤᠯᠤᠰ ᠤᠨ ᠳᠡᠰ ᠤᠨ 8 ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ

        ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠥᠵᠢᠯ ᠤᠨ ᠰᠠᠭᠤᠷᠢᠨ ᠣᠷᠣᠯᠴᠠᠭᠰᠠᠨ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ︽ᠭᠠᠵᠠᠷ

        ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠣᠷᠳᠣᠨ ᠤ ᠡᠭᠦᠯᠡᠨ ᠲᠣᠭᠤᠷᠢᠯᠲᠠ︾ ᠶᠢᠨ ᠰᠢᠭᠤᠳ

        ᠨᠡᠪᠲᠡᠷᠡᠭᠦᠯᠭᠡ ᠶᠢᠨ ᠠᠵᠢᠯᠯᠠᠭ᠎ᠠ ᠳᠤ ︽ᠭᠠᠵᠠᠷ ᠬᠥᠳᠡᠯᠦᠯᠲᠡ ᠲᠠᠢ ᠣᠶᠢᠷᠠᠲᠤᠨ ᠣᠶᠢᠯᠠᠭᠠᠵᠤ᠂ ᠲᠦᠭᠰᠢᠭᠦᠷᠢ ᠠᠴᠠ ᠵᠠᠶᠢᠯᠠᠬᠤ︾ ᠪᠠᠷ ᠭᠤᠣᠯ ᠰᠡᠳᠦᠪ ᠪᠣᠯᠭᠠᠭᠰᠠᠨ  

          ︽ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠣᠷᠳᠣᠨ ᠤ ᠡᠭᠦᠯᠡᠨ ᠲᠣᠭᠤᠷᠢᠯᠲᠠ︾ ᠶᠢ

        ᠡᠷᠬᠢᠯᠡᠵᠦ᠂ ᠲᠤᠰ ᠠᠵᠢᠯᠯᠠᠭ᠎ᠠ ᠶᠢ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠤᠨ ᠳᠠᠩᠰᠠᠨ ᠳ᠋ᠤᠭᠠᠷ ᠢᠶᠠᠷ ᠵᠡᠷᠭᠡ ᠳᠤ ᠨᠢ ᠰᠢᠭᠤᠳ ᠨᠡᠪᠲᠡᠷᠡᠭᠦᠯᠭᠡ ᠬᠢᠪᠡ᠃

        ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠣᠨᠣᠯᠵᠢᠬᠤᠨ ᠪᠠ ᠭᠠᠵᠠᠷ ᠬᠥᠳᠡᠯᠦᠯᠲᠡ ᠶᠢ ᠡᠰᠡᠷᠭᠦᠴᠡᠨ ᠭᠠᠮᠰᠢᠭ ᠠᠴᠠ ᠠᠪᠤᠷᠠᠬᠤ ᠵᠣᠷᠢᠭ ᠰᠠᠨᠠᠭ᠎ᠠ ᠶᠢ ᠶᠡᠭᠡ ᠪᠠᠷ

        ᠤᠬᠠᠭᠤᠯᠤᠨ ᠪᠠᠳᠠᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠪᠠ ᠮᠡᠷᠭᠡᠵᠢᠯ ᠴᠢᠳᠠᠪᠤᠷᠢ ᠶᠢ

        ᠲᠦᠭᠡᠮᠡᠯᠵᠢᠭᠦᠯᠪᠡ᠃

             ᠥᠪᠥᠷ ᠮᠣᠩᠭᠤᠯ ᠤᠨ ᠲᠧᠯᠸᠢᠰ ᠬᠤᠷᠢᠶ᠎ᠠ᠄ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠳᠤ ᠨᠡᠶᠢᠳᠡᠮ ᠪᠠᠶᠢᠴᠠᠭᠠᠯᠲᠠ

        ᠬᠢᠬᠦ ᠠᠵᠢᠯ ᠤᠨ ᠪᠣᠳᠠᠲᠠᠢ ᠠᠭᠤᠯᠭ᠎ᠠ ᠨᠢ ᠶᠠᠭᠤ ᠪᠣᠢ︖

             ᠢᠦᠢ ᠶᠦᠩ ᠵᠢᠶᠦ᠋ᠨ᠄ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ

        ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ᠂ ᠮᠥᠨ ᠴᠤ ᠪᠠᠶᠢᠭᠠᠯᠢ ᠶᠢᠨ ᠭᠠᠮᠰᠢᠭ ᠢ

        ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠰᠠᠭᠤᠷᠢ ᠴᠢᠨᠠᠷᠲᠠᠢ ᠠᠵᠢᠯ ᠪᠣᠯᠣᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂

        ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠪᠠ ᠳᠠᠯᠳᠠ ᠭᠡᠮ ᠤᠨ ᠰᠠᠭᠤᠷᠢ ᠲᠤᠭ᠎ᠠ ᠶᠢ ᠣᠶᠢᠯᠠᠭᠠᠨ ᠲᠣᠳᠣᠯᠠᠵᠤ᠂ ᠭᠤᠣᠯᠳᠠᠯᠭ᠎ᠠ ᠲᠠᠢ ᠭᠠᠵᠠᠷ

        ᠣᠷᠣᠨ ᠤ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠲᠣᠳᠣᠷᠬᠠᠶᠢᠯᠠᠵᠤ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ

        ᠲᠦᠭᠰᠢᠭᠦᠷᠢ ᠶᠢᠨ ᠬᠢᠷᠢ ᠬᠡᠮᠵᠢᠶ᠎ᠡ ᠶᠢ ᠪᠤᠰᠤᠳᠴᠢ ᠪᠠᠷ ᠲᠠᠨᠢᠬᠤ ᠨᠢ ᠮᠠᠨ ᠤ ᠣᠷᠣᠨ ᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ

        ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠢᠨᠵᠢᠯᠡᠬᠦ ᠤᠬᠠᠭᠠᠴᠢ ᠪᠥᠭᠡᠳ ᠪᠦᠲᠦᠮᠵᠢᠲᠡᠢ ᠥᠷᠨᠢᠭᠦᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠬᠦᠶᠢᠴᠡ

        365赢多少钱会被限额_国内有真正的365平台吗_365bet博彩官网

        ᠬᠥᠭᠵᠢᠯᠲᠡ ᠶᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

             ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ ᠪᠠᠶᠢᠭᠠᠯᠢ ᠶᠢᠨ ᠭᠠᠮᠰᠢᠭ ᠲᠠᠢ ᠬᠠᠮᠢᠶ᠎ᠠ ᠪᠦᠬᠦᠢ ᠪᠠᠶᠢᠭᠠᠯᠢ ᠪᠠ ᠬᠥᠮᠥᠨ ᠰᠣᠶᠣᠯ ᠭᠠᠵᠠᠷ ᠵᠦᠢ ᠶᠢᠨ ᠴᠢᠬᠤᠯᠠ

        ᠬᠦᠴᠦᠨ ᠵᠦᠢᠯ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ

        ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂

        ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ᠂ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ

        ᠵᠣᠬᠢᠶᠠᠨ ᠪᠠᠶᠢᠭᠤᠯᠤᠯᠲᠠ᠂ ᠬᠡᠰᠡᠭ ᠰᠠᠭᠤᠭᠠᠯᠢ ᠠᠷᠠᠳ ᠵᠡᠷᠭᠡ ᠶᠢ ᠪᠠᠭᠲᠠᠭᠠᠵᠤ᠂ ᠨᠡᠶᠢᠳᠡᠮ ᠪᠠᠶᠢᠴᠠᠭᠠᠯᠲᠠ ᠨᠢ ᠪᠦᠬᠦ ᠣᠷᠣᠨ ᠢ ᠬᠠᠮᠤᠷᠴᠤ ᠪᠠᠶᠢᠳᠠᠭ᠃

             ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠ ᠠᠭᠤᠯᠭ᠎ᠠ᠄ ᠨᠢᠭᠡ ᠳᠤ᠂ ᠭᠠᠮᠰᠢᠭ ᠢ ᠡᠭᠦᠰᠬᠡᠬᠦ ᠭᠤᠣᠯ ᠨᠥᠬᠦᠴᠡᠯ ᠤᠨ ᠪᠠᠶᠢᠴᠠᠭᠠᠯᠲᠠ ᠬᠢᠭᠡᠳ ᠦᠨᠡᠯᠡᠨ

        ᠵᠢᠱᠢᠯᠲᠡ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠭᠠᠮᠰᠢᠭ᠂ ᠭᠧᠣᠯᠣᠭᠢ ᠶᠢᠨ ᠭᠠᠮᠰᠢᠭ᠂ ᠴᠠᠭ ᠠᠭᠤᠷ ᠤᠨ ᠭᠠᠮᠰᠢᠭ᠂

        ᠦᠶᠡᠷ ᠤᠰᠤᠲᠠᠯ ᠭᠠᠩ ᠬᠠᠭᠰᠠᠷᠠᠭᠠᠨ ᠤ ᠭᠠᠮᠰᠢᠭ᠂ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠪᠠᠶᠢᠭᠠᠯᠢ ᠶᠢᠨ ᠭᠠᠮᠰᠢᠭ ᠤᠨ

        ᠲᠦᠭᠰᠢᠭᠦᠷᠢ ᠶᠢᠨ ᠴᠢᠬᠤᠯᠠ ᠬᠦᠴᠦᠨ ᠵᠦᠢᠯ ᠤᠨ ᠮᠡᠳᠡᠭᠡ ᠵᠠᠩᠭᠢ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠨ᠎ᠡ︔ ᠬᠤᠶᠠᠷ ᠲᠤ᠂ ᠭᠠᠮᠰᠢᠭ ᠢ ᠠᠴᠢᠶᠠᠯᠠᠭᠴᠢ ᠶᠢᠨ

        ᠪᠠᠶᠢᠴᠠᠭᠠᠯᠲᠠ ᠪᠠ ᠦᠨᠡᠯᠡᠨ ᠵᠢᠱᠢᠯᠲᠡ ᠶᠢ ᠥᠷᠨᠢᠭᠦᠯᠦᠨ᠂ ᠭᠡᠷ ᠪᠠᠶᠢᠰᠢᠩ᠂ ᠰᠠᠭᠤᠷᠢ ᠪᠡᠯᠡᠳᠬᠡᠮᠵᠢ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠪᠡᠯᠡᠳᠬᠡᠮᠵᠢ᠂

        ᠠᠭᠤᠷᠬᠠᠢ ︵ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ︶᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠣᠯᠠᠨ ᠨᠡᠶᠢᠲᠡ ᠶᠢᠨ

        ᠦᠢᠯᠡᠴᠢᠯᠡᠭᠡᠨ ᠤ ᠰᠢᠰᠲ᠋ᠧᠮ᠂ ᠭᠤᠷᠪᠠᠳᠠᠬᠢ ᠠᠵᠤ ᠦᠢᠯᠡᠰ᠂ ᠡᠬᠢ ᠪᠠᠶᠠᠯᠢᠭ ᠬᠢᠭᠡᠳ ᠣᠷᠴᠢᠨ ᠲᠣᠭᠤᠷᠢᠨ ᠵᠡᠷᠭᠡ ᠴᠢᠬᠤᠯᠠ ᠭᠠᠮᠰᠢᠭ ᠢ ᠠᠴᠢᠶᠠᠯᠠᠭᠴᠢ ᠶᠢᠨ ᠣᠷᠣᠨ

        ᠵᠠᠢ ᠪᠠᠶᠢᠷᠢᠰᠢᠯ ᠤᠨ ᠮᠡᠳᠡᠭᠡ ᠵᠠᠩᠭᠢ ᠪᠠ ᠭᠠᠮᠰᠢᠭ ᠤᠨ ᠬᠠᠷᠢᠶᠠᠲᠤ ᠴᠢᠨᠠᠷ ᠤᠨ ᠮᠡᠳᠡᠭᠡ ᠵᠠᠩᠭᠢ ᠶᠢ ᠣᠯᠵᠠᠯᠠᠨ᠎ᠠ︔ ᠭᠤᠷᠪᠠ ᠳᠤ᠂ ᠲᠡᠦᠬᠡᠨ ᠭᠠᠮᠰᠢᠭ ᠤᠨ ᠪᠠᠶᠢᠴᠠᠭᠠᠯᠲᠠ

        ᠬᠢᠭᠡᠳ ᠦᠨᠡᠯᠡᠨ ᠵᠢᠱᠢᠯᠲᠡ ᠶᠢ ᠥᠷᠨᠢᠭᠦᠯᠵᠦ᠂ 1978 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠡᠯ᠎ᠡ ᠰᠢᠶᠠᠨ ᠤ ᠳᠡᠰ ᠤᠨ ᠵᠠᠰᠠᠭ ᠵᠠᠬᠢᠷᠭᠠᠨ ᠤ

        ᠣᠷᠣᠨ ᠤ ᠣᠨ ᠤ ᠪᠠᠶᠢᠭᠠᠯᠢ ᠶᠢᠨ ᠭᠠᠮᠰᠢᠭ ᠤᠨ ᠪᠠᠶᠢᠳᠠᠯ ᠢ ᠪᠦᠷᠢᠳᠬᠡᠭᠰᠡᠨ ᠲᠤᠭ᠎ᠠ ᠪᠠᠷᠢᠮᠲᠠ ᠵᠢᠴᠢ 1949 ᠣᠨ ᠠᠴᠠ ᠨᠠᠭᠠᠰᠢᠬᠢ ᠬᠦᠨᠳᠦ ᠶᠡᠭᠡ ᠪᠠᠶᠢᠭᠠᠯᠢ ᠶᠢᠨ

        ᠭᠠᠮᠰᠢᠭ ᠤᠨ ᠬᠡᠷᠡᠭ ᠶᠠᠪᠤᠳᠠᠯ ᠢ ᠪᠦᠬᠦ ᠲᠠᠯ᠎ᠠ ᠪᠠᠷ ᠪᠠᠶᠢᠴᠠᠭᠠᠬᠤ᠂ ᠡᠮᠬᠢᠯᠡᠬᠦ ᠪᠠ ᠬᠤᠷᠢᠶᠠᠩᠭᠤᠶᠢᠯᠠᠨ᠎ᠠ︔ ᠳᠥᠷᠪᠡ ᠳᠤ᠂ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ

        ᠴᠢᠳᠠᠪᠤᠷᠢ ᠶᠢᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ ᠶᠢ ᠥᠷᠨᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂

        ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ ᠭᠡᠷ ᠪᠦᠯᠢ ᠶᠢᠨ ᠭᠠᠮᠰᠢᠭ ᠢ ᠰᠡᠷᠭᠡᠶᠢᠯᠡᠬᠦ᠂ ᠭᠠᠮᠰᠢᠭ ᠢ

        ᠪᠠᠭᠠᠰᠬᠠᠬᠤ ᠪᠠ ᠭᠠᠮᠰᠢᠭ ᠠᠴᠠ ᠠᠪᠤᠷᠠᠬᠤ ᠲᠠᠯ᠎ᠠ ᠶᠢᠨ ᠴᠢᠳᠠᠪᠤᠷᠢ ᠶᠢᠨ ᠢᠯᠡᠷᠡᠯ ᠬᠢᠷᠢ ᠲᠦᠪᠰᠢᠨ ᠳᠤ ᠪᠠᠶᠢᠴᠠᠭᠠᠯᠲᠠ ᠬᠢᠵᠦ ᠦᠨᠡᠯᠡᠨ ᠵᠢᠱᠢᠨ᠎ᠡ︔ ᠲᠠᠪᠤ ᠳᠤ᠂

        ᠪᠠᠶᠢᠭᠠᠯᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠭᠡᠮ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ ᠶᠢ ᠥᠷᠨᠢᠭᠦᠯᠵᠦ᠂ ᠪᠦᠬᠦ ᠣᠷᠣᠨ ᠤ ᠪᠠᠶᠢᠭᠠᠯᠢ ᠶᠢᠨ

        ᠭᠠᠮᠰᠢᠭ ᠢ ᠡᠭᠦᠰᠬᠡᠬᠦ ᠭᠤᠣᠯ ᠨᠥᠬᠦᠴᠡᠯ ᠪᠠ ᠰᠡᠷᠭᠡᠶᠢᠯᠡᠯᠲᠡ ᠲᠣᠬᠢᠷᠠᠭᠤᠯᠤᠭᠰᠠᠨ ᠭᠤᠣᠯᠳᠠᠯᠭ᠎ᠠ ᠲᠠᠢ ᠳᠠᠯᠳᠠ ᠭᠡᠮ ᠳᠤ ᠪᠠᠶᠢᠴᠠᠭᠠᠯᠲᠠ ᠬᠢᠵᠦ ᠦᠨᠡᠯᠡᠨ ᠵᠢᠱᠢᠬᠦ ᠶᠢᠨ

        ᠬᠠᠮᠲᠤ᠂ ᠪᠦᠬᠦ ᠣᠷᠣᠨ ᠤ ᠭᠤᠣᠯ ᠪᠣᠯᠬᠤ ᠪᠠᠶᠢᠭᠠᠯᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠭᠡᠮ ᠪᠠ ᠴᠢᠬᠤᠯᠠ ᠬᠦᠴᠦᠨ ᠵᠦᠢᠯ ᠳᠤ ᠶᠡᠷᠦᠩᠬᠡᠶᠢᠯᠡᠭᠰᠡᠨ

        ᠵᠠᠳᠠᠯᠤᠯᠲᠠ ᠪᠠ ᠪᠦᠷᠢᠳᠬᠡᠯᠲᠡ ᠵᠢᠱᠢᠯᠲᠡ ᠬᠢᠨ᠎ᠡ︔ ᠵᠢᠷᠭᠤᠭ᠎ᠠ ᠳᠤ᠂ ᠭᠤᠣᠯ ᠪᠣᠯᠬᠤ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠪᠠ

        ᠣᠷᠣᠨ ᠬᠤᠪᠢᠶᠠᠷᠢᠯᠠᠯ ᠢ ᠥᠷᠨᠢᠭᠦᠯᠵᠦ᠂ ᠭᠠᠵᠠᠷ ᠬᠥᠳᠡᠯᠦᠯᠲᠡ ᠶᠢᠨ ᠭᠠᠮᠰᠢᠭ᠂ ᠭᠧᠣᠯᠣᠭᠢ ᠶᠢᠨ ᠭᠠᠮᠰᠢᠭ᠂ ᠴᠠᠭ ᠠᠭᠤᠷ ᠤᠨ ᠭᠠᠮᠰᠢᠭ᠂ ᠣᠢ ᠰᠢᠭᠤᠢ ᠪᠠ ᠨᠤᠲᠤᠭ

        ᠪᠡᠯᠴᠢᠭᠡᠷ ᠤᠨ ᠭᠠᠯ ᠤᠨ ᠭᠠᠮᠰᠢᠭ ᠵᠡᠷᠭᠡ ᠭᠤᠣᠯ ᠪᠣᠯᠬᠤ ᠪᠠᠶᠢᠭᠠᠯᠢ ᠶᠢᠨ ᠭᠠᠮᠰᠢᠭ ᠲᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠵᠦ᠂ ᠪᠦᠬᠦ ᠣᠷᠣᠨ ᠤ ᠭᠤᠣᠯ

        ᠪᠣᠯᠬᠤ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ ᠣᠷᠣᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠨ᠎ᠠ︔

        ᠳᠣᠯᠤᠭ᠎ᠠ ᠳᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ ᠣᠷᠣᠨ ᠬᠤᠪᠢᠶᠠᠷᠢᠯᠠᠯ ᠢ ᠥᠷᠨᠢᠭᠦᠯᠵᠦ᠂ ᠪᠦᠬᠦ

        ᠣᠷᠣᠨ ᠪᠠ ᠭᠤᠣᠯᠳᠠᠯᠭ᠎ᠠ ᠲᠠᠢ ᠬᠤᠲᠠ ᠰᠢᠶᠠᠨ ᠳᠤ ᠭᠠᠮᠰᠢᠭ ᠤᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ

        ᠶᠡᠷᠦᠩᠬᠡᠶᠢᠯᠡᠭᠰᠡᠨ ᠲᠦᠭᠰᠢᠭᠦᠷᠢ ᠶᠢᠨ ᠣᠷᠣᠨ ᠬᠤᠪᠢᠶᠠᠷᠢᠯᠠᠯ ᠪᠠ ᠰᠡᠷᠭᠡᠶᠢᠯᠡᠨ ᠵᠠᠰᠠᠬᠤ ᠣᠷᠣᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ᠣᠷᠣᠨ

        ᠪᠦᠰᠡ ᠶᠢᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭᠠᠴᠠᠭᠠᠬᠤ ᠪᠣᠳᠣᠯᠭ᠎ᠠ ᠶᠢ ᠳᠤᠷᠠᠳᠤᠨ ᠭᠠᠷᠭᠠᠨ᠎ᠠ᠃

             ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠠ ᠴᠠᠭ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ  

        ᠪᠣᠯᠣᠨ᠎ᠠ᠃ 2020 ᠣᠨ ᠪᠣᠯ ᠨᠡᠶᠢᠳᠡᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠬᠢᠭᠡᠳ ᠲᠤᠷᠰᠢᠯᠲᠠ ᠶᠢᠨ ᠴᠡᠭ ᠤᠨ ᠱᠠᠲᠤ ᠦᠶ᠎ᠡ ᠪᠠᠶᠢᠵᠤ᠂

        ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠠ ᠡᠩᠨᠡᠭᠡ ᠶᠢ

        ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠪᠣᠯᠪᠠᠰᠤᠷᠠᠯ ᠢ ᠥᠷᠨᠢᠭᠦᠯᠦᠨ᠎ᠡ᠃ 2021 ᠣᠨ ᠠᠴᠠ 2022 ᠣᠨ ᠪᠣᠯ ᠮᠠᠨ ᠤ ᠣᠷᠣᠨ ᠤ ᠪᠠᠶᠢᠭᠠᠯᠢ ᠶᠢᠨ

        ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠲᠠᠯ᠎ᠠ ᠪᠠᠷ ᠪᠠᠶᠢᠴᠠᠭᠠᠬᠤ᠂ ᠦᠨᠡᠯᠡᠨ ᠵᠢᠱᠢᠬᠦ ᠬᠢᠭᠡᠳ ᠣᠷᠣᠨ ᠬᠤᠪᠢᠶᠠᠷᠢᠯᠠᠬᠤ

        ᠱᠠᠲᠤ ᠦᠶ᠎ᠡ ᠪᠠᠶᠢᠵᠤ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠪᠠᠶᠢᠴᠠᠭᠠᠯᠲᠠ ᠪᠠ ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠶᠢ

        ᠪᠡᠶᠡᠯᠡᠭᠦᠯᠵᠦ᠂ ᠭᠠᠮᠰᠢᠭ ᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠣᠷᠣᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ᠨᠡᠶᠢᠳᠡᠮ ᠪᠠᠶᠢᠴᠠᠭᠠᠯᠲᠠ ᠶᠢᠨ

        ᠦᠷ᠎ᠡ ᠪᠦᠲᠦᠭᠡᠯ ᠢ ᠬᠤᠷᠢᠶᠠᠩᠭᠤᠶᠢᠯᠠᠨ ᠳ᠋ᠦᠩᠨᠡᠨ᠎ᠡ᠃

             ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠡᠪᠴᠢᠶ᠎ᠡ ᠥᠷᠭᠡᠨ᠂

        ᠣᠷᠣᠯᠴᠠᠬᠤ ᠰᠠᠯᠠᠭ᠎ᠠ ᠮᠥᠴᠢᠷ ᠣᠯᠠᠨ᠂ ᠬᠠᠮᠵᠢᠯᠴᠠᠬᠤ ᠡᠭᠦᠷᠭᠡ ᠬᠦᠨᠳᠦ᠂ ᠠᠵᠢᠯ ᠤᠨ ᠬᠦᠴᠢᠷᠳᠡᠯ ᠶᠡᠭᠡ ᠪᠠᠶᠢᠳᠠᠭ᠃ ᠵᠣᠬᠢᠶᠠᠨ ᠪᠠᠶᠢᠭᠤᠯᠤᠯᠲᠠ ᠶᠢᠨ

        ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠤᠳᠠᠭᠠᠨ ᠤ ᠪᠦᠬᠦ ᠤᠯᠤᠰ ᠤᠨ

        ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ

        ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠳᠤ ᠰᠤᠳᠤᠯᠤᠯᠲᠠ ᠬᠢᠬᠦ ᠪᠠ ᠰᠢᠢᠳᠪᠦᠷᠢᠲᠦ ᠪᠣᠳᠣᠯᠭ᠎ᠠ

        ᠲᠣᠭᠲᠠᠭᠠᠬᠤ ᠠᠵᠢᠯ ᠢ ᠬᠠᠷᠢᠭᠤᠴᠠᠭᠤᠯᠪᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ

        ᠬᠠᠮᠢᠶᠠᠷᠤᠯᠲᠠ ᠶᠢᠨ ᠲᠢᠩᠬᠢᠮ ᠳᠤ ᠲᠣᠬᠢᠷᠠᠭᠤᠯᠤᠨ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ

        ᠲᠤᠬᠠᠶᠢᠯᠠᠭᠰᠠᠨ ᠠᠵᠢᠯ ᠳᠤ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠭᠤᠯᠪᠠ᠃ ᠨᠡᠶᠢᠳᠡᠮ ᠪᠠᠶᠢᠴᠠᠭᠠᠯᠲᠠ ᠶᠢᠨ ᠠᠵᠢᠯ

         ᠢ ︽ᠪᠦᠬᠦ ᠣᠷᠣᠨ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠬᠤ᠂ ᠡᠯ᠎ᠡ ᠭᠠᠵᠠᠷ ᠤᠨ ᠬᠢᠨ ᠳᠡᠰ

        ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ︾ ᠵᠠᠷᠴᠢᠮ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠤᠳᠤᠷᠢᠳᠬᠤ

        ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠠᠴᠠ ᠥᠪᠡᠷ ᠥᠪᠡᠷ ᠤᠨ ᠲᠤᠰᠢᠶᠠᠯ ᠢᠶᠠᠨ ᠭᠦᠢᠴᠡᠳᠬᠡᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂

        ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠨᠠᠷᠢᠨ ᠨᠢᠭᠲᠠ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃

             ᠥᠪᠥᠷ ᠮᠣᠩᠭᠤᠯ ᠤᠨ ᠷᠠᠳᠢᠣ᠋ ᠬᠤᠷᠢᠶ᠎ᠠ᠄ ᠣᠳᠣᠬᠠᠨ ᠳᠤ ᠮᠠᠨ ᠤ ᠣᠷᠣᠨ ᠤ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠤᠷᠢᠳᠴᠢᠯᠠᠨ ᠰᠢᠨᠵᠢᠯᠡᠬᠦ ᠪᠠ

        ᠤᠷᠢᠳᠴᠢᠯᠠᠨ ᠰᠡᠷᠡᠮᠵᠢᠯᠡᠭᠦᠯᠬᠦ ᠨᠢ ᠶᠠᠮᠠᠷ ᠬᠢᠷᠢ ᠲᠦᠪᠰᠢᠨ ᠳᠤ ᠬᠦᠷᠦᠭᠰᠡᠨ ᠪᠣᠢ︖

             ᠸᠠᠩ ᠶᠢᠨ ᠪᠦᠸᠧ᠄ ᠣᠳᠣᠬᠠᠨ ᠳᠤ ᠮᠠᠨ ᠤ ᠣᠷᠣᠨ ᠤ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ ᠰᠢᠰᠲ᠋ᠧᠮ ᠳᠤ ᠨᠡᠶᠢᠲᠡ 200 ᠭᠠᠷᠤᠢ ᠢᠵᠢ ᠪᠠᠭᠠᠵᠢ

        ᠲᠥᠬᠦᠭᠡᠷᠦᠮᠵᠢ᠂ 94 ᠬᠢᠨᠠᠨ ᠰᠢᠨᠵᠢᠯᠡᠬᠦ ᠴᠡᠭ ᠪᠠᠶᠢᠵᠤ᠂ ᠬᠥᠬᠡᠬᠤᠲᠠ ᠪᠤᠭᠤᠲᠤ ᠣᠷᠳᠣᠰ ᠣᠷᠣᠨ ᠤ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ ᠴᠢᠳᠠᠪᠤᠷᠢ ᠨᠢ  

        2.0 ᠳᠡᠰ ᠠᠴᠠ ᠳᠡᠭᠡᠭᠰᠢ᠂ ᠪᠤᠰᠤᠳ ᠭᠠᠵᠠᠷ ᠣᠷᠣᠨ ᠤ ᠬᠢᠨᠠᠨ ᠰᠢᠨᠵᠢᠯᠡᠬᠦ ᠴᠢᠳᠠᠪᠤᠷᠢ ᠨᠢ 2.5 ᠳᠡᠰ ᠠᠴᠠ ᠳᠡᠭᠡᠭᠰᠢ ᠬᠦᠷᠴᠦ᠂ ᠭᠠᠵᠠᠷ ᠬᠥᠳᠡᠯᠦᠯᠲᠡ ᠶᠢᠨ

        ᠬᠢᠨᠠᠨ ᠰᠢᠨᠵᠢᠯᠡᠬᠦ ᠪᠠᠯᠠᠢ ᠣᠷᠣᠨ ᠢ ᠦᠨᠳᠦᠰᠦᠨ ᠳᠤ ᠪᠠᠨ ᠤᠰᠠᠳᠬᠠᠪᠠ᠃ ᠭᠠᠵᠠᠷ ᠬᠥᠳᠡᠯᠦᠯᠲᠡ ᠶᠢᠨ ᠠᠦ᠋ᠲ ᠢᠶᠠᠷ ᠲᠦᠷᠭᠡᠨ ᠮᠡᠳᠡᠭᠡᠯᠡᠬᠦ ᠰᠢᠰᠲ᠋ᠧᠮ ᠤᠨ ᠲᠥᠷᠥᠯ

        ᠵᠦᠢᠯ ᠢ ᠪᠠᠶᠢᠭᠤᠯᠤᠨ ᠳᠠᠭᠤᠰᠬᠠᠵᠤ᠂ ᠮᠠᠨ ᠤ ᠣᠷᠣᠨ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ 4.0 ᠳᠡᠰ ᠠᠴᠠ ᠳᠡᠭᠡᠭᠰᠢᠬᠢ ᠭᠠᠵᠠᠷ ᠬᠥᠳᠡᠯᠦᠯᠲᠡ ᠶᠢᠨ

        ᠦᠨᠳᠦᠰᠦᠨ ᠫᠠᠷᠠᠮᠧᠲᠷ ᠢ ᠠᠦ᠋ᠲ ᠢᠶᠠᠷ ᠰᠢᠨᠵᠢᠯᠡᠨ ᠲᠣᠭᠲᠠᠭᠠᠵᠤ ᠴᠢᠳᠠᠬᠤ ᠪᠣᠯᠵᠤ᠂ ᠭᠠᠵᠠᠷ ᠬᠥᠳᠡᠯᠦᠯᠲᠡ ᠶᠢᠨ ᠲᠦᠷᠭᠡᠨ ᠮᠡᠳᠡᠭᠡᠯᠡᠬᠦ ᠴᠠᠭ ᠢ ᠶᠡᠭᠡ ᠬᠡᠮᠵᠢᠶ᠎ᠡ ᠪᠠᠷ

        ᠪᠣᠭᠤᠨᠢᠰᠬᠠᠵᠤ᠂ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ ᠪᠠ ᠲᠦᠷᠭᠡᠨ ᠲᠤᠰᠬᠠᠯ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠪᠡ᠃ ᠪᠦᠬᠦ ᠣᠷᠣᠨ ᠤ ᠤᠯᠤᠰ ᠤᠨ

        ᠡᠬᠡ ᠬᠠᠭᠤᠷᠠᠢ ᠶᠢᠨ ᠲᠣᠭᠲᠠᠴᠠ ᠶᠢᠨ ᠬᠢᠨᠠᠨ ᠰᠢᠨᠵᠢᠯᠡᠬᠦ ᠲᠣᠣᠷ ᠰᠦᠯᠵᠢᠶ᠎ᠡ ᠶᠢᠨ 17 ᠪᠠᠷᠢᠮᠵᠢᠶᠠᠲᠤ ᠥᠷᠲᠡᠭᠡ ᠶᠢᠨ ᠪᠠᠶᠢᠭᠤᠯᠤᠯᠲᠠ ᠪᠠ ᠤᠲᠠᠰᠤ ᠶᠢ ᠵᠠᠯᠭᠠᠨ

        ᠣᠷᠣᠭᠤᠯᠬᠤ ᠠᠵᠢᠯ ᠢ ᠪᠡᠶᠡᠯᠡᠭᠦᠯᠦᠭᠰᠡᠨ ᠤ ᠬᠠᠮᠲᠤ᠂ ᠪᠦᠬᠦ ᠤᠯᠤᠰ ᠤᠨ ᠭᠧᠣᠯᠣᠭᠢ ᠶᠢᠨ ᠲᠣᠭᠲᠠᠴᠠ ᠶᠢᠨ ᠣᠷᠴᠢᠨ ᠲᠣᠭᠤᠷᠢᠨ ᠢ ᠬᠢᠨᠠᠨ ᠰᠢᠨᠵᠢᠯᠡᠬᠦ ᠪᠠ ᠵᠠᠳᠠᠯᠤᠯᠲᠠ

        ᠬᠢᠵᠦ ᠤᠷᠢᠳᠴᠢᠯᠠᠨ ᠮᠡᠳᠡᠭᠡᠯᠡᠬᠦ ᠳᠤ ᠬᠡᠷᠡᠭᠯᠡᠪᠡ︔ ᠤᠷᠢᠳᠴᠢᠯᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠲᠥᠷᠥᠯ ᠵᠦᠢᠯ ᠤᠨ 17 ᠠᠵᠢᠭᠯᠠᠨ ᠰᠢᠨᠵᠢᠯᠡᠬᠦ

        ᠬᠤᠳᠳᠤᠭ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠪᠡ︔ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ

        ᠡᠰᠡᠷᠭᠦᠴᠡᠨ ᠭᠠᠮᠰᠢᠭ ᠠᠴᠠ ᠠᠪᠤᠷᠠᠵᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠮᠡᠷᠭᠡᠵᠢᠯ ᠤᠨ ᠰᠢᠰᠲ᠋ᠧᠮ ᠵᠢᠴᠢ ᠭᠠᠵᠠᠷ ᠬᠥᠳᠡᠯᠦᠯᠲᠡ ᠶᠢᠨ ᠮᠡᠳᠡᠭᠡ

        ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠤᠨ 1 ᠮᠤᠵᠢ ᠶᠢᠨ ᠳᠡᠰ ᠤᠨ ᠵᠠᠩᠭᠢᠶᠠᠰᠤ᠂ 28 ᠠᠶᠢᠮᠠᠭ ᠬᠤᠲᠠ᠂ ᠬᠤᠷᠢᠶ᠎ᠠ ᠥᠷᠲᠡᠭᠡᠨ ᠤ ᠵᠠᠩᠭᠢᠶᠠᠰᠤ ᠶᠢᠨ

        ᠪᠠᠶᠢᠭᠤᠯᠤᠯᠲᠠ ᠶᠢ ᠪᠡᠶᠡᠯᠡᠭᠦᠯᠪᠡ᠃ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠲᠣᠭᠲᠠᠴᠠ ᠳᠤ ᠪᠠᠨ ᠰᠢᠨ᠎ᠡ ᠶᠢ ᠡᠭᠦᠳᠴᠦ᠂ ᠭᠠᠵᠠᠷ ᠬᠥᠳᠡᠯᠦᠯᠲᠡ ᠶᠢᠨ

        ᠪᠠᠶᠢᠳᠠᠯ ᠤᠨ ᠵᠢᠵᠢᠭᠦᠷᠯᠡᠯ ᠢᠶᠠᠨ ᠴᠢᠩᠭᠠᠳᠬᠠᠨ᠂ ᠡᠭᠡᠯᠵᠢᠯᠡᠨ ᠵᠥᠪᠳᠡᠯᠴᠡᠬᠦ ᠪᠠ ᠬᠤᠯᠪᠣᠭᠠᠯᠠᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠬᠥᠷᠰᠢ ᠵᠡᠷᠭᠡᠯᠡᠳᠡᠭᠡ

        ᠮᠤᠵᠢ ᠣᠷᠣᠨ ᠪᠠ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠬᠤᠷᠢᠶ᠎ᠠ ᠲᠣᠣᠷ ᠲᠥᠪ ᠲᠠᠢ ᠬᠤᠯᠪᠣᠭᠠᠯᠠᠵᠤ᠂ ᠭᠠᠵᠠᠷ ᠬᠥᠳᠡᠯᠦᠯᠲᠡ ᠶᠢᠨ

        ᠪᠠᠶᠢᠳᠠᠯ ᠢ ᠬᠥᠳᠡᠯᠦᠩᠭᠦᠢ ᠪᠠᠷ ᠮᠥᠷᠳᠡᠨ ᠳᠠᠭᠠᠬᠤ ᠪᠠ ᠰᠤᠳᠤᠯᠤᠨ ᠮᠠᠭᠠᠳᠯᠠᠬᠤ ᠶᠢ ᠬᠠᠮᠲᠤ ᠪᠠᠷ ᠥᠷᠨᠢᠭᠦᠯᠵᠦ ᠪᠠᠶᠢᠨ᠎ᠠ᠃

             ᠤᠯᠤᠰ ᠤᠨ ᠭᠠᠵᠠᠷ ᠬᠥᠳᠡᠯᠦᠯᠲᠡ ᠶᠢᠨ ᠳᠣᠷᠭᠢᠯᠲᠡ ᠶᠢ ᠲᠦᠷᠭᠡᠨ ᠮᠡᠳᠡᠭᠡᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ

        ᠮᠠᠨ ᠤ ᠣᠷᠣᠨ ᠳᠠᠬᠢ 459 ᠥᠷᠲᠡᠭᠡ ᠴᠡᠭ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂

        ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠳᠤ ᠭᠠᠵᠠᠷ ᠬᠥᠳᠡᠯᠦᠯᠲᠡ ᠶᠢᠨ ᠪᠠᠷᠢᠮᠵᠢᠶᠠᠲᠤ ᠥᠷᠲᠡᠭᠡ ᠴᠡᠭ ᠢᠶᠠᠷ ᠭᠤᠣᠯ ᠪᠣᠯᠭᠠᠭᠰᠠᠨ

        ᠭᠠᠵᠠᠷ ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠨᠢᠷᠤᠭᠤᠪᠴᠢ ᠬᠤᠷᠢᠶ᠎ᠠ ᠲᠣᠣᠷ ᠢ ᠪᠠᠶᠢᠭᠤᠯᠵᠤ᠂ ᠲᠤᠰ ᠭᠠᠵᠠᠷ ᠣᠷᠣᠨ ᠤ ᠡᠪᠳᠡᠯᠭᠡ ᠶᠢᠨ ᠴᠢᠨᠠᠷᠲᠠᠢ ᠭᠠᠵᠠᠷ

        ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠪᠦᠷᠢᠯᠳᠦᠭᠦᠯᠦᠨ᠎ᠡ︔ ᠪᠦᠬᠦ ᠤᠯᠤᠰ ᠤᠨ ᠪᠣᠢ ᠪᠦᠬᠦᠢ ᠰᠢᠶᠠᠨ ᠤ ᠳᠡᠰ ᠤᠨ ᠵᠠᠰᠠᠭ ᠵᠠᠬᠢᠷᠭᠠᠨ ᠤ

        ᠣᠷᠣᠨ ᠬᠤᠪᠢᠶᠠᠷᠢᠯᠠᠯ ᠤᠨ ᠨᠢᠭᠡᠴᠢ ᠳᠤ ᠭᠠᠵᠠᠷ ᠬᠥᠳᠡᠯᠦᠯᠲᠡ ᠶᠢᠨ ᠦᠨᠳᠦᠰᠦᠨ ᠥᠷᠲᠡᠭᠡ ᠪᠠᠷ ᠭᠤᠣᠯ ᠪᠣᠯᠭᠠᠭᠰᠠᠨ ᠭᠠᠵᠠᠷ ᠬᠥᠳᠡᠯᠦᠯᠲᠡ ᠶᠢᠨ ᠳᠣᠷᠭᠢᠯᠲᠡ ᠶᠢ

        ᠲᠦᠷᠭᠡᠨ ᠮᠡᠳᠡᠭᠡᠯᠡᠬᠦ ᠨᠢᠷᠤᠭᠤᠪᠴᠢ ᠬᠤᠷᠢᠶ᠎ᠠ ᠲᠣᠣᠷ ᠢ ᠪᠠᠶᠢᠭᠤᠯᠵᠤ᠂ ᠪᠦᠬᠦ ᠣᠷᠣᠨ ᠤ ᠬᠡᠪᠴᠢᠶᠡᠨ ᠤ ᠭᠠᠵᠠᠷ ᠬᠥᠳᠡᠯᠦᠯᠲᠡ ᠶᠢᠨ ᠳᠣᠷᠭᠢᠯᠲᠡ ᠶᠢ ᠲᠦᠷᠭᠡᠨ ᠮᠡᠳᠡᠭᠡᠯᠡᠬᠦ

        ᠴᠢᠳᠠᠪᠤᠷᠢ ᠶᠢ ᠪᠦᠷᠢᠯᠳᠦᠭᠦᠯᠦᠨ᠎ᠡ︔ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠭᠠᠵᠠᠷ ᠬᠥᠳᠡᠯᠦᠯᠲᠡ ᠶᠢᠨ ᠫᠠᠷᠠᠮᠧᠲᠷ ᠢ ᠣᠯᠵᠠᠯᠠᠬᠤ ᠪᠠ ᠭᠠᠵᠠᠷ

        ᠬᠥᠳᠡᠯᠦᠯᠲᠡ ᠶᠢᠨ ᠭᠤᠯᠣᠮᠲᠠ ᠶᠢᠨ ᠫᠠᠷᠠᠮᠧᠲᠷ ᠢ ᠲᠦᠷᠭᠡᠨ ᠮᠡᠳᠡᠭᠡᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠠᠮᠰᠢᠭ ᠤᠨ ᠪᠠᠶᠢᠳᠠᠯ ᠢ ᠲᠦᠷᠭᠡᠨ ᠦᠨᠡᠯᠡᠨ

        ᠵᠢᠱᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠶᠢᠨ ᠳᠣᠲᠣᠷᠠᠬᠢ ᠵᠠᠰᠠᠭ ᠤᠨ ᠣᠷᠳᠣᠨ ᠤ ᠪᠠᠴᠢᠮ ᠪᠠᠶᠢᠳᠠᠯ ᠢ

        ᠠᠷᠭᠠᠴᠠᠭᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠣᠯᠠᠨ ᠨᠡᠶᠢᠲᠡ ᠶᠢ ᠠᠮᠢ ᠵᠢᠭᠤᠲᠠᠭᠤᠯᠤᠨ ᠠᠶᠤᠯ ᠠᠴᠠ ᠵᠠᠶᠢᠯᠠᠭᠤᠯᠬᠤ᠂ ᠴᠢᠬᠤᠯᠠ ᠶᠡᠭᠡ ᠢᠨᠵᠧᠨᠧᠷᠢᠩ ᠤᠨ

        ᠭᠠᠵᠠᠷ ᠬᠥᠳᠡᠯᠦᠯᠲᠡ ᠶᠢ ᠪᠠᠴᠢᠮ ᠰᠢᠢᠳᠪᠦᠷᠢᠯᠡᠬᠦ᠂ ᠳᠡᠯᠡᠬᠡᠢ ᠶᠢᠨ ᠪᠥᠮᠪᠥᠷᠴᠡᠭ ᠲᠤ ᠰᠢᠨᠵᠢᠯᠡᠬᠦ ᠤᠬᠠᠭᠠᠨ ᠤ ᠰᠤᠳᠤᠯᠤᠯᠲᠠ ᠬᠢᠬᠦ ᠳᠤ ᠭᠠᠵᠠᠷ ᠬᠥᠳᠡᠯᠦᠯᠲᠡ ᠶᠢᠨ ᠠᠮᠤᠷ

        ᠲᠦᠪᠰᠢᠨ ᠤ ᠦᠢᠯᠡᠴᠢᠯᠡᠭᠡᠨ ᠪᠠ ᠲᠤᠬᠠᠢ ᠶᠢᠨ ᠴᠠᠭ ᠤᠨ ᠭᠦᠢᠴᠡᠳ ᠲᠤᠭ᠎ᠠ ᠪᠠᠷᠢᠮᠲᠠ ᠶᠢ ᠬᠠᠩᠭᠠᠨ᠎ᠠ᠃

             ᠤᠮᠠᠷᠠᠲᠤ ᠶᠢᠨ ᠰᠢᠨ᠎ᠡ ᠰᠣᠨᠢᠨ᠄ ᠰᠠᠶ᠋ᠢᠬᠠᠨ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ

        ᠰᠠᠭᠤᠷᠢᠨ ᠤ ᠲᠥᠷᠥᠯ ᠵᠦᠢᠯ ᠤᠨ ᠪᠠᠶᠢᠳᠠᠯ ᠢ ᠳᠤᠷᠠᠳᠪᠠ᠃ ᠲᠡᠭᠡᠪᠡᠯ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠠ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ

        ᠮᠠᠨ ᠤ ᠦᠢᠯᠡᠳᠪᠦᠷᠢᠯᠡᠯ ᠠᠮᠢᠳᠤᠷᠠᠯ ᠳᠤ ᠶᠠᠮᠠᠷ ᠶᠠᠮᠠᠷ ᠨᠥᠯᠥᠭᠡ ᠦᠵᠡᠭᠦᠯᠬᠦ ᠲᠤᠬᠠᠢ ᠶᠠᠷᠢᠭᠠᠳ ᠥᠭᠭᠦᠨ᠎ᠡ ᠦᠦ︖

             ᠸᠠᠩ ᠱᠢ ᠯᠧᠢ᠄ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ

        ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

        ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ

        ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠵᠦ

        ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠬᠤ ᠶᠢᠨ ᠲᠤᠰᠠᠳᠠ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ︽14 · 5︾ ᠤᠨ ᠬᠥᠭᠵᠢᠯᠲᠡ ᠶᠢᠨ

        ᠲᠥᠯᠥᠪᠵᠢᠭᠦᠯᠭᠡ ᠲᠠᠢ ᠤᠶᠠᠯᠳᠤᠭᠤᠯᠤᠨ᠂ ᠨᠢᠭᠡᠳᠦᠯᠲᠡᠢ ᠤᠬᠠᠭᠠᠯᠠᠨ ᠲᠥᠯᠥᠪᠯᠡᠬᠦ ᠪᠠ ᠬᠢᠨᠠᠮᠠᠭᠠᠢ ᠰᠤᠳᠤᠯᠤᠯᠲᠠ ᠬᠢᠬᠦ ᠪᠠᠷ ᠳᠠᠮᠵᠢᠭᠤᠯᠵᠤ᠂ ᠬᠤᠷᠢᠨᠭᠡᠷ ᠰᠢᠨ᠎ᠡ

        ᠲᠣᠭᠤᠷᠢᠭ ᠲᠤ ︽ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ︾ ᠤ ᠲᠥᠷᠥᠯ ᠵᠦᠢᠯ ᠢ

        ᠪᠠᠶᠢᠭᠤᠯᠬᠤ ᠪᠠᠷ ᠲᠥᠯᠥᠪᠯᠡᠵᠦ ᠪᠣᠢ᠃ ᠲᠥᠷᠥᠯ ᠵᠦᠢᠯ ᠨᠢ ᠬᠤᠷᠢᠨᠭᠡᠷ ᠰᠢᠨ᠎ᠡ ᠲᠣᠭᠤᠷᠢᠭ ᠤᠨ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂

        ᠲᠣᠮᠣ ᠳ᠋ᠠᠶᠢᠲ᠋ᠠ ᠪᠠ ᠡᠭᠦᠯᠡᠨ ᠪᠣᠳᠣᠯᠲᠠ ᠶᠢᠨ ᠰᠠᠭᠤᠷᠢᠨ ᠤ ᠳᠠᠪᠠᠭᠤᠯᠢᠭ ᠢ ᠭᠦᠢᠴᠡᠳ ᠠᠰᠢᠭᠯᠠᠵᠤ᠂ ︽ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ

        ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠤ ᠲᠥᠷᠥᠯ ᠵᠦᠢᠯ︾ ᠤᠨ ᠪᠠᠶᠢᠭᠤᠯᠤᠯᠲᠠ ᠶᠢ ᠥᠷᠨᠢᠭᠦᠯᠵᠦ᠂ ᠡᠭᠦᠨ ᠳᠤ ᠭᠤᠣᠯᠳᠠᠭᠤ ᠥᠪᠥᠷ

        ᠮᠣᠩᠭᠤᠯ ᠤᠨ ᠭᠠᠵᠠᠷ ᠬᠥᠳᠡᠯᠦᠯᠲᠡ ᠶᠢᠨ ᠬᠤᠷᠢᠶ᠎ᠠ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠲᠥᠪ᠂ ᠭᠠᠵᠠᠷ

        ᠬᠥᠳᠡᠯᠦᠯᠲᠡ ᠶᠢᠨ ᠠᠵᠢᠭᠯᠠᠨ ᠰᠢᠨᠵᠢᠯᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠲᠠᠯᠠᠪᠠᠢ᠂ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ

        ᠰᠢᠨᠵᠢᠯᠡᠬᠦ ᠤᠬᠠᠭᠠᠨ ᠢ ᠤᠯᠠᠮᠵᠢᠯᠠᠬᠤ ᠬᠢᠭᠡᠳ ᠪᠡᠶᠡᠴᠢᠯᠡᠨ ᠲᠤᠷᠰᠢᠬᠤ ᠣᠷᠳᠣᠨ ᠵᠡᠷᠭᠡ ᠪᠡᠯᠡᠳᠬᠡᠮᠵᠢ ᠶᠢ ᠪᠠᠶᠢᠭᠤᠯᠬᠤ ᠲᠥᠷᠥᠯ ᠵᠦᠢᠯ ᠪᠠᠭᠲᠠᠨ᠎ᠠ᠃

             ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠢᠭᠡᠨᠲᠡ ᠲᠤᠰ ᠲᠥᠷᠥᠯ ᠵᠦᠢᠯ ᠤᠨ

        ᠪᠠᠶᠢᠭᠤᠯᠤᠯᠲᠠ ᠶᠢ ᠵᠠᠷᠴᠢᠮ ᠤᠨ ᠲᠠᠯ᠎ᠠ ᠪᠠᠷ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠥᠬᠡᠬᠤᠲᠠ ᠶᠢᠨ ᠨᠠᠮ ᠤᠨ ᠬᠤᠷᠢᠶ᠎ᠠ

        ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ᠂

        ᠣᠢ ᠰᠢᠭᠤᠢ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠲᠢᠩᠬᠢᠮ ᠲᠣᠪᠴᠢᠶ᠎ᠠ ᠠᠴᠠ ᠲᠤᠰ ᠲᠥᠷᠥᠯ ᠵᠦᠢᠯ ᠳᠤ ᠶᠡᠭᠡ ᠬᠦᠴᠦᠨ ᠤ ᠳᠡᠮᠵᠢᠯᠭᠡ ᠦᠵᠡᠭᠦᠯᠵᠦ ᠪᠠᠶᠢᠨ᠎ᠠ᠃

        ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠶᠢᠨ ᠵᠥᠪᠯᠡᠯ ᠤᠨ ᠳᠣᠯᠣᠳᠤᠭᠠᠷ

        ᠤᠳᠠᠭᠠᠨ ᠤ ᠬᠤᠷᠠᠯ ᠠᠴᠠ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠤ ᠲᠥᠷᠥᠯ

        ᠵᠦᠢᠯ ᠤᠨ ᠣᠷᠣᠨ ᠪᠠᠶᠢᠷᠢ ᠶᠢ ᠰᠣᠩᠭᠤᠬᠤ ᠵᠢᠴᠢ ᠡᠷᠬᠡ ᠶᠢ ᠬᠠᠷᠢᠶᠠᠯᠠᠭᠤᠯᠬᠤ ᠲᠥᠯᠥᠪᠵᠢᠭᠦᠯᠭᠡ ᠶᠢᠨ ᠨᠥᠬᠦᠴᠡᠯ ᠢ ᠪᠠᠲᠤᠯᠠᠪᠠ᠃ ᠪᠠᠶᠢᠭᠤᠯᠵᠤ ᠳᠠᠭᠤᠰᠬᠠᠭᠰᠠᠨ ᠤ

        ᠳᠠᠷᠠᠭᠠᠬᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠤ ᠣᠯᠠᠨ ᠭᠠᠮᠰᠢᠭ ᠤᠨ ᠲᠥᠷᠥᠯ᠂ ᠣᠯᠠᠨ ᠰᠢᠨᠵᠢᠯᠡᠬᠦ

        ᠤᠬᠠᠭᠠᠨ᠂ ᠠᠵᠢᠭᠯᠠᠨ ᠰᠢᠨᠵᠢᠯᠡᠬᠦ ᠣᠯᠠᠨ ᠠᠷᠭ᠎ᠠ ᠪᠠᠷᠢᠯ ᠢ ᠨᠢᠭᠡ ᠴᠣᠭᠴᠠᠵᠢᠭᠤᠯᠤᠭᠰᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ

        ᠴᠢᠨᠠᠷᠲᠠᠢ ᠲᠠᠪᠴᠠᠩ ᠢ ᠪᠠᠶᠢᠭᠤᠯᠵᠤ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠵᠠᠰᠠᠬᠤ᠂ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠤᠷᠢᠳᠴᠢᠯᠠᠨ

        ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠂ ᠲᠠᠰᠤᠯᠳᠠᠩᠭᠤᠢ ᠭᠠᠵᠠᠷ ᠬᠥᠳᠡᠯᠦᠯᠲᠡ ᠶᠢ ᠪᠠᠭᠠᠰᠬᠠᠬᠤ ᠮᠡᠷᠭᠡᠵᠢᠯ ᠤᠨ ᠰᠤᠳᠤᠯᠤᠯᠲᠠ᠂ ᠪᠠᠶᠢᠭᠠᠯᠢ ᠶᠢᠨ ᠪᠤᠰᠤ ᠭᠠᠵᠠᠷ

        ᠬᠥᠳᠡᠯᠦᠯᠲᠡ ᠶᠢᠨ ᠰᠤᠳᠤᠯᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠴᠢᠳᠠᠮᠵᠢ ᠶᠢ

        ᠪᠡᠶᠡᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠲᠥᠯᠥᠪᠵᠢᠭᠦᠯᠭᠡ ᠳᠤ ᠰᠢᠨᠵᠢᠯᠡᠬᠦ ᠤᠬᠠᠭᠠᠨᠴᠢ ᠪᠥᠭᠡᠳ ᠬᠠᠪᠰᠤᠷᠤᠭᠴᠢ ᠰᠢᠢᠳᠪᠦᠷᠢᠲᠦ ᠪᠣᠳᠣᠯᠭ᠎ᠠ ᠶᠢᠨ

        ᠦᠨᠳᠦᠰᠦᠯᠡᠯ ᠬᠠᠩᠭᠠᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠨᠡᠨ ᠪᠣᠳᠠᠲᠠᠢ ᠦᠢᠯᠡᠳᠬᠦᠨ ᠤ ᠦᠢᠯᠡᠴᠢᠯᠡᠭᠡ ᠬᠠᠩᠭᠠᠵᠤ᠂ ᠪᠦᠬᠦ

        ᠣᠷᠣᠨ ᠤ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃

             

        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ