ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 6 ᠳ᠋ᠤᠭᠠᠷ ᠲᠣᠭᠠᠲᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ | ᠬᠦᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ | ᠬᠥᠳᠡᠯᠦᠯᠴᠡᠬᠦ ᠲᠣᠭᠲᠠᠴᠠ ︵ᠳᠣᠷᠣᠭᠰᠢ ᠬᠠᠮᠲᠤᠷᠠᠨ ᠬᠥᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ︶ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠨᠢ ᠪᠠᠷᠠᠭᠠᠨ ᠤ | ᠦᠨ᠎ᠡ ᠶᠢᠨ ᠥᠰᠥᠯᠲᠡ ᠶᠢᠨ ᠨᠥᠯᠥᠭᠡ ᠶᠢ ᠨᠠᠮᠳᠠᠭᠤᠯᠬᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠴᠢᠬᠤᠯᠠ ᠦᠢᠯᠡᠳᠦᠯ ᠲᠠᠢ | ᠶᠤᠮ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠵᠡᠮᠰᠢᠨ᠂ ᠬᠥᠲᠥᠯᠥᠨ ᠳᠠᠭᠠᠭᠤᠯᠵᠤ᠂ | ᠣᠳᠣᠬᠠᠨ ᠤ ᠦᠨ᠎ᠡ ᠬᠠᠩᠰᠢ ᠶᠢᠨ ᠠᠵᠢᠯᠯᠠᠭᠠᠨ ᠤ ᠰᠢᠨ᠎ᠡ ᠣᠨᠴᠠᠯᠢᠭ᠂ ᠰᠢᠨ᠎ᠡ ᠬᠤᠪᠢᠷᠠᠯᠲᠠ ᠶᠢ ᠪᠦᠲᠦᠮᠵᠢᠲᠡᠶ ᠠᠷᠭᠠᠴᠠᠭᠠᠵᠤ᠂ ᠬᠠᠮᠲᠤᠷᠠᠨ ᠬᠥᠳᠡᠯᠦᠯᠴᠡᠬᠦ | ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠳᠠᠬᠢ ᠪᠠᠷᠠᠭᠠᠨ ᠤ ᠦᠨ᠎ᠡ ᠥᠰᠦᠭᠰᠡᠨ ᠠᠴᠠ ᠪᠣᠯᠵᠤ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠦᠪᠰᠢᠨ ᠤ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠵᠦ᠂ ᠳᠤᠤᠷᠠᠬᠢ ᠳᠤᠷ᠎ᠠ ᠶᠢᠨ ᠨᠢᠭᠡ ᠨᠥᠬᠦᠴᠡᠯ ᠢ | ᠬᠠᠩᠭᠠᠪᠠᠯ ᠳᠠᠷᠤᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄ | ︵ᠨᠢᠭᠡ︶ ᠠᠶᠢᠮᠠᠭ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠶᠢᠨ ᠭᠠᠭᠴᠠ ᠰᠠᠷ᠎ᠠ ᠶᠢᠨ | ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ ᠶᠢ 3 % ᠳᠤ ᠬᠦᠷᠭᠡᠨ᠎ᠡ᠃ | ︵ᠬᠤᠶᠠᠷ︶ ᠠᠶᠢᠮᠠᠭ ᠬᠤᠲᠠ ᠶᠢᠨ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ ᠶᠢ 6 % ᠳᠤ ᠬᠦᠷᠭᠡᠨ᠎ᠡ᠃ | ᠬᠤᠶᠠᠷ᠂ ᠪᠠᠲᠤᠯᠠᠭ᠎ᠠ ᠬᠦᠷᠲᠡᠬᠦ ᠡᠲᠡᠭᠡᠳ | ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ | ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ | ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠠᠭᠲᠠᠨ᠎ᠠ᠃ | ᠭᠤᠷᠪᠠ᠂ ᠨᠡᠮᠡᠭᠦᠷᠢ ᠥᠭᠬᠦ ᠪᠠᠷᠢᠮᠵᠢᠶ᠎ᠠ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ | ᠬᠡᠷᠡᠭᠵᠢᠭᠦᠯᠦᠨ᠎ᠡ᠃ ᠨᠡᠮᠡᠭᠦᠷᠢ ᠶᠢᠨ ᠪᠠᠷᠢᠮᠵᠢᠶ᠎ᠠ ᠶᠢ ᠳᠣᠣᠷᠠᠬᠢ ᠲᠣᠮᠢᠶ᠎ᠠ ᠶᠣᠰᠣᠭᠠᠷ ᠰᠠᠷ᠎ᠠ ᠪᠠᠷ ᠵᠢᠱᠢᠵᠦ ᠪᠣᠳᠣᠨ᠎ᠠ᠄ | ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ = ᠠᠶᠢᠮᠠᠭ ᠬᠤᠲᠠ ᠳᠠᠬᠢ ᠬᠤᠲᠠ ᠶᠢᠨ ᠠᠮᠢᠳᠤᠷᠠᠯ ᠤᠨ ᠨᠠᠭᠠᠳᠤ | ᠵᠠᠬ᠎ᠠ ᠶᠢ ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ | ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ | ᠬᠡᠮᠵᠢᠶ᠎ᠡ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠳᠠᠬᠢ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ = ᠠᠶᠢᠮᠠᠭ ᠬᠤᠲᠠ ᠳᠠᠬᠢ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢ ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ | ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃ | ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠡᠮᠡᠭᠦᠷᠢ ᠨᠢ 30 ᠲᠥᠭᠦᠷᠢᠭ ᠲᠤ ᠬᠦᠷᠬᠦ ᠦᠭᠡᠶ ᠪᠠᠶᠢᠪᠠᠯ 30 ᠲᠥᠭᠦᠷᠢᠭ ᠢᠶᠠᠷ ᠣᠯᠭᠤᠵᠣ᠂ 30 | ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠶᠢᠨ | ᠨᠡᠮᠡᠭᠦᠷᠢ ᠨᠢ 15 ᠲᠥᠭᠦᠷᠢᠭ ᠲᠤ ᠬᠦᠷᠬᠦ ᠦᠭᠡᠶ ᠪᠠᠶᠢᠪᠠᠯ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠠᠢ ᠪᠠᠶᠢᠳᠠᠯ ᠢ ᠨᠢ | ᠦᠨᠳᠦᠰᠦᠯᠡᠨ ᠣᠯᠭᠤᠨ᠎ᠠ᠃ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ | ᠪᠠᠶᠢᠭᠤᠯᠤᠮᠵᠢ ᠶᠢᠨ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠳᠡᠭᠡᠳᠦ | ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠥᠭᠬᠦ ᠨᠡᠮᠡᠭᠦᠷᠢ ᠶᠢᠨ ᠪᠠᠷᠢᠮᠵᠢᠶ᠎ᠠ ᠶᠢ ᠬᠤᠲᠠ ᠶᠢᠨ ᠦᠨ᠎ᠡ | ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ | ᠳᠥᠷᠪᠡ᠂ ᠪᠡᠯᠡ ᠮᠥᠩᠭᠦᠨ ᠤ ᠢᠷᠡᠯᠲᠡ | ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ | ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠳᠡᠭᠡᠳᠦ | ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ | ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠭᠤᠤᠯᠳᠠᠭᠤ | ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠲᠤᠷᠠᠨ ᠬᠥᠳᠡᠯᠦᠯᠴᠡᠬᠦ ᠨᠡᠮᠡᠭᠦᠷᠢ ᠶᠢᠨ | ᠪᠠᠯᠠ ᠮᠥᠩᠭᠦ ᠳᠤ ᠨᠢ ᠨᠥᠬᠦᠪᠥᠷᠢ ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ | ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠪᠣᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ | ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠲᠡᠩᠭᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠠᠴᠠ ᠭᠠᠷᠭᠠᠵᠤ ᠪᠣᠯᠤᠨ᠎ᠠ᠃ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠨᠢ ᠠᠵᠢᠯ | ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ᠃ | ᠲᠠᠪᠤ᠂ ᠨᠡᠮᠡᠭᠦᠷᠢ ᠥᠭᠬᠦ ᠠᠷᠭ᠎ᠠ ᠮᠠᠶ᠋ᠢᠭ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠳᠤ ︽ᠰᠠᠷ᠎ᠠ ᠪᠠᠷ ᠵᠢᠱᠢᠨ ᠪᠣᠳᠣᠵᠤ᠂ ᠰᠠᠷ᠎ᠠ ᠪᠠᠷ ᠣᠯᠭᠤᠬᠤ︾ ᠠᠷᠭ᠎ᠠ ᠶᠢ ᠠᠪᠴᠤ᠂ ᠡᠬᠢᠯᠡᠭᠦᠯᠬᠦ | ᠨᠥᠬᠦᠴᠡᠯ ᠳᠤ ᠬᠦᠷᠦᠭᠰᠡᠨ ᠠᠶᠢᠮᠠᠭ ᠬᠤᠲᠠ ᠨᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠲᠣᠭᠲᠠᠭᠠᠭᠠᠳ ᠨᠡᠶᠢᠲᠡᠯᠡᠭᠰᠡᠨ ᠤ ᠳᠠᠷᠠᠭ᠎ᠠ ᠬᠠᠮᠲᠤᠷᠠᠨ ᠬᠥᠳᠡᠯᠦᠯᠴᠡᠬᠦ 365赢多少钱会被限额_国内有真正的365平台吗_365bet博彩官网 | ᠲᠣᠭᠲᠠᠴᠠ ᠶᠢ ᠴᠠᠭ ᠲᠤᠬᠠᠶ ᠳᠤ ᠨᠢ ᠡᠬᠢᠯᠡᠭᠦᠯᠬᠦ ᠶᠢᠨ ᠬᠠᠮᠲᠤ᠂ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ ᠡᠳᠦᠷ ᠲᠤ ᠦᠨ᠎ᠡ ᠬᠠᠩᠰᠢ ᠶᠢᠨ | ᠲᠦᠷ ᠴᠠᠭ ᠤᠨ ᠨᠡᠮᠡᠭᠦᠷᠢ ᠣᠯᠭᠤᠬᠤ ᠠᠵᠢᠯ ᠢᠶᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠣᠳᠣ ᠶᠢᠨ ᠪᠠᠶᠢᠭ᠎ᠠ ᠠᠷᠭ᠎ᠠ ᠵᠠᠮ ᠢᠶᠠᠷ ᠳᠠᠮᠵᠢᠭᠤᠯᠤᠨ | ᠬᠦᠴᠢᠷᠳᠡᠯᠲᠡᠶ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠳᠤ ᠪᠠᠨ᠂ ᠣᠯᠭᠤᠭᠰᠠᠨ ᠨᠡᠮᠡᠭᠦᠷᠢ ᠶᠢ ᠪᠠᠨ ︽ᠦᠨ᠎ᠡ ᠬᠠᠩᠰᠢ ᠶᠢᠨ | ᠲᠦᠷ ᠴᠠᠭ ᠤᠨ ᠨᠡᠮᠡᠭᠦᠷᠢ︾ ᠭᠡᠵᠦ ᠲᠣᠳᠣᠷᠬᠠᠶᠢᠯᠠᠬᠤ ᠬᠡᠷᠡᠭᠲᠡᠶ᠃ ᠲᠣᠰ ᠰᠠᠷ᠎ᠠ ᠶᠢᠨ ᠠᠯᠢᠪᠠ ᠡᠬᠢᠯᠡᠭᠦᠯᠬᠦ ᠨᠥᠬᠦᠴᠡᠯ ᠨᠢ ᠴᠥᠮ ᠬᠠᠨᠤᠮᠵᠢ ᠥᠬᠡᠶ ᠪᠠᠶᠢᠪᠠᠯ ᠳᠠᠷᠤᠢ | ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠠᠨ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠠᠵᠢᠯ ᠢᠶᠠᠨ ᠵᠣᠭᠰᠣᠭᠠᠨ᠎ᠠ᠃ | ᠵᠢᠷᠭᠤᠭ᠎ᠠ᠂ ᠠᠵᠢᠯ ᠤᠨ ᠲᠣᠭᠲᠠᠴᠠ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠳᠤ ᠬᠡᠷᠡᠭᠵᠢᠭᠦᠯᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ 365赢多少钱会被限额_国内有真正的365平台吗_365bet博彩官网 | ᠮᠥᠴᠢᠷ ᠤᠳ ᠲᠠᠢ ᠬᠠᠮᠲᠤᠷᠠᠯᠴᠠᠨ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠠᠵᠢᠯ ᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠳᠤ ᠦᠵᠡᠭᠦᠯᠬᠦ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠨᠢᠭᠲᠠ ᠠᠩᠬᠠᠷᠬᠤ ᠬᠡᠷᠡᠭᠲᠡᠶ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶᠠᠨ ᠤ ᠡᠯ᠎ᠡ ᠬᠤᠲᠠ ᠶᠢᠨ ᠳᠡᠰ ᠤᠨ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ | ᠲᠤᠬᠠᠶ ᠳᠤ ᠨᠢ ᠬᠠᠩᠭᠠᠵᠤ ᠥᠭᠬᠦ ᠬᠡᠷᠡᠭᠲᠡᠶ︔ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠢᠭᠠᠯᠲᠠ ᠲᠤᠭ᠎ᠠ ᠶᠢᠨ ᠬᠤᠪᠢᠷᠠᠵᠤ | ᠪᠠᠶᠢᠭ᠎ᠠ ᠪᠠᠶᠢᠳᠠᠯ ᠢ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤ ᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ | ᠴᠠᠭ ᠤᠨ ᠨᠡᠮᠡᠭᠦᠷᠢ ᠶᠢᠨ ᠪᠠᠷᠢᠮᠵᠢᠶ᠎ᠠ ᠶᠢ ᠣᠨᠣᠪᠴᠢᠲᠠᠶ ᠵᠢᠱᠢᠨ ᠪᠤᠳᠤᠬᠤ ᠬᠡᠷᠡᠭᠲᠡᠶ︔ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠦᠨ᠎ᠡ ᠬᠠᠩᠰᠢ ᠶᠢᠨ | ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ | ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ ᠲᠣᠰ ᠨᠢᠭᠡᠴᠢ ᠶᠢᠨ ᠪᠠᠲᠤᠯᠠᠭ᠎ᠠ ᠬᠦᠷᠲᠡᠭᠡᠬᠦ ᠡᠲᠡᠭᠡᠳ ᠲᠤ ᠦᠨ᠎ᠡ | ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠶᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ | ᠲᠤᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠤᠶᠤ | ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠳᠤ ᠴᠠᠭ | ᠲᠤᠬᠠᠶ ᠳᠤ ᠨᠢ ᠮᠡᠳᠡᠭᠳᠡᠬᠦ ᠬᠡᠷᠡᠭᠲᠡᠶ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ ᠲᠤ ᠦᠨ᠎ᠡ | ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠲᠤᠯᠠᠭ᠎ᠠ ᠬᠦᠷᠲᠡᠬᠦ ᠡᠲᠡᠭᠡᠳ ᠲᠤ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ | ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠪᠣᠯᠤᠨ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠠᠶᠢᠮᠠᠭ ᠬᠤᠲᠠ ᠵᠢᠴᠢ ᠬᠤᠰᠢᠭᠤ ᠰᠢᠶᠠᠨ ᠤ ᠱᠠᠲᠤᠨ ᠤ ᠪᠠᠲᠤᠯᠠᠭ᠎ᠠ | ᠬᠦᠷᠲᠡᠬᠦ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠢ᠃ | ︵ᠭᠤᠷᠪᠠ︶ ᠡᠯ᠎ᠡ ᠠᠶᠢᠮᠠᠭ ᠬᠤᠲᠠ ᠨᠢ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠬᠡᠪᠴᠢᠶ᠎ᠡ ᠪᠠ ᠬᠦᠷᠲᠡᠬᠦ ᠡᠲᠡᠭᠡᠳ ᠲᠤ | ᠨᠡᠮᠡᠭᠦᠷᠢ ᠣᠯᠭᠤᠬᠤ ᠠᠵᠢᠯ ᠢ ᠴᠢᠩᠳᠠᠯᠠᠵᠤ᠂ ᠪᠠᠲᠤᠯᠠᠭ᠎ᠠ ᠬᠦᠷᠲᠡᠬᠦ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ᠂ ︽ᠪᠠᠲᠤᠯᠠᠪᠠᠰᠤ | ᠵᠣᠬᠢᠬᠤ ᠶᠢ ᠨᠢ ᠪᠦᠬᠦᠨ ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠳᠤ ᠨᠢ ᠪᠦᠬᠦᠨ ᠢ ᠨᠥᠬᠦᠪᠥᠷᠢᠯᠡᠬᠦ︾ ᠶᠢ ᠭᠦᠢᠴᠡᠳᠬᠡᠭᠰᠡᠨ ᠪᠠᠶᠢᠬᠤ ᠬᠡᠷᠡᠭᠲᠡᠶ᠃ | ︵ᠳᠥᠷᠪᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠲᠦᠷ | ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠰᠠᠷ᠎ᠠ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠡᠯ᠎ᠡ ᠠᠶᠢᠮᠠᠭ ᠬᠤᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ | ᠠᠵᠢᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠪᠠᠨ ᠦᠨᠡᠨ ᠪᠣᠳᠠᠲᠠᠶ ᠮᠡᠳᠡᠭᠦᠯᠵᠦ ᠬᠦᠷᠭᠡᠭᠰᠡᠨ ᠦᠭᠡᠢ᠂ ᠴᠠᠭ ᠲᠤᠬᠠᠶ ᠳᠤ ᠨᠢ ᠨᠡᠮᠡᠭᠦᠷᠢ ᠣᠯᠭᠤᠭᠰᠠᠨ ᠦᠭᠡᠢ | ᠠᠶᠢᠮᠠᠭ ᠬᠤᠲᠠ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃ | ︵ᠲᠠᠪᠤ︶ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ | ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2017﹈ 15 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | 2021 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ | |