ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ | ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ | ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ | ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠠᠶᠢᠵᠤ᠂ ᠲᠢᠩᠬᠢᠮ ᠤᠨ ᠲᠠᠰ ᠤᠨ ᠨᠢᠭᠡᠴᠢ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠥᠪᠳᠡᠭᠴᠢ ᠶᠢᠨ ᠲᠠᠰᠤᠭ ᠤᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠨᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ | ᠬᠠᠷᠢᠭᠤᠴᠠᠯᠭ᠎ᠠ ᠨᠢ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠤᠨ | ᠪᠠᠶᠢᠴᠠᠭᠠᠨ ᠰᠤᠳᠤᠯᠤᠯᠲᠠ ᠪᠠ ᠰᠢᠶᠳᠪᠦᠷᠢᠲᠦ ᠪᠣᠳᠣᠯᠭ᠎ᠠ ᠶᠢᠨ ᠯᠠᠪᠯᠠᠯᠭ᠎ᠠ ᠶᠢ ᠬᠠᠷᠢᠭᠤᠴᠠᠨ ᠵᠣᠬᠢᠶᠠᠨ ᠪᠠᠶᠢᠭᠤᠯᠬᠤ ᠪᠤᠶᠤ ᠣᠷᠣᠯᠴᠠᠵᠤ᠂ ᠲᠥᠷᠥ ᠶᠢᠨ ᠪᠣᠳᠣᠯᠭ᠎ᠠ ᠶᠢᠨ | ᠴᠢᠨᠠᠷᠲᠠᠶ ᠰᠠᠨᠠᠭᠤᠯᠭ᠎ᠠ ᠪᠠ ᠯᠠᠪᠯᠠᠯᠭ᠎ᠠ ᠶᠢᠨ ᠰᠠᠨᠠᠯ ᠳᠤᠷᠠᠳᠤᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠪᠤᠶᠤ ᠬᠤᠷᠠᠯ ᠤᠨ ᠮᠠᠲ᠋ᠧᠷᠢᠶᠠᠯ | ᠢ ᠲᠤᠭᠤᠷᠪᠢᠬᠤ᠂ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠵᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠤᠯᠭ᠎ᠠ | ᠶᠢᠨ ᠶᠠᠷᠢᠶ᠎ᠠ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠬᠤ ᠠᠵᠢᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠡᠬᠡ ᠨᠣᠣᠷᠠᠭ ᠢ ᠲᠤᠭᠤᠷᠪᠢᠬᠤ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠴᠢᠬᠤᠯᠠ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠳᠬᠡᠬᠦ ᠪᠠ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠭ᠎ᠠ ᠶᠢᠨ ᠰᠠᠨᠠᠭᠤᠯᠭ᠎ᠠ ᠬᠠᠩᠭᠠᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ | ᠰᠤᠷᠤᠯᠴᠠᠵᠤ᠂ ᠵᠠᠰᠠᠭ ᠤᠨ ᠣᠷᠳᠣᠨ ᠢᠶᠠᠷ ᠭᠤᠣᠯᠯᠠᠭᠰᠠᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠨᠡᠶᠢᠭᠡᠮ | ᠤᠨ ᠪᠠᠶᠢᠳᠠᠯ ᠠᠷᠠᠳ ᠤᠨ ᠬᠦᠰᠡᠯ ᠢ ᠲᠤᠰᠬᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠬᠤ᠂ ᠤᠯᠤᠰ ᠤᠨ ᠶᠡᠭᠡ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠢᠭᠡᠳᠦᠮᠡᠯ ᠹᠷᠣᠨᠲ ᠤᠨ ᠨᠥᠬᠦᠷᠯᠡᠯ ᠢ ᠪᠠᠶᠢᠭᠤᠯᠤᠨ᠎ᠠ︔ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠬᠤᠯᠪᠣᠭᠳᠠᠯ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ | ᠲᠥᠰᠦᠯ ᠵᠢᠴᠢ ᠴᠢᠬᠤᠯᠠ ᠪᠢᠴᠢᠭ ᠮᠠᠲ᠋ᠧᠷᠢᠶᠠᠯ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ | ᠶᠢ ᠰᠣᠩᠭᠤᠨ ᠤᠷᠢᠬᠤ ᠠᠵᠢᠯ ᠳᠤ ᠣᠷᠣᠯᠴᠠᠵᠤ᠂ ᠵᠥᠪᠳᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠲᠤᠯᠠᠭ᠎ᠠ ᠪᠠ ᠦᠢᠯᠡᠴᠢᠯᠡᠭᠡ ᠬᠠᠩᠭᠠᠨ᠎ᠠ᠃ | ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠣᠶᠤᠨ ᠤ ᠬᠥᠮᠥᠷᠭᠡ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ | ᠴᠢᠩᠭᠠᠳᠬᠠᠵᠤ᠂ ᠡᠯ᠎ᠡ ᠲᠥᠷᠥᠯ ᠤᠨ ᠣᠶᠤᠨ ᠤ ᠬᠥᠮᠥᠷᠭᠡ ᠶᠢ ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠲᠤ ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠲᠣᠬᠢᠷᠠᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ | ᠬᠠᠮᠠᠭᠠᠯᠠᠬᠤ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠴᠢᠯᠠᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯᠲᠠᠨ | ᠤ ᠶᠠᠪᠤᠳᠠᠯ ᠪᠣᠯᠤᠨ ᠪᠠᠶᠢᠭᠤᠯᠤᠮᠵᠢ ᠶᠢᠨ ᠣᠷᠣᠨ ᠲᠣᠭᠠᠨ ᠤ ᠠᠵᠢᠯ ᠢ ᠳᠠᠭᠠᠭᠠᠴᠢᠯᠠᠨ ᠭᠦᠢᠴᠡᠳᠬᠡᠨ᠎ᠡ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡ᠂ ᠠᠵᠢᠯ | ᠠᠴᠠ ᠪᠠᠨ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ᠂ ᠰᠣᠩᠭᠤᠨ ᠲᠣᠮᠢᠯᠠᠬᠤ ᠳᠦᠷᠢᠮ ᠤᠨ ᠵᠥᠪᠳᠡᠭᠴᠢ᠂ ᠨᠥᠭᠴᠢᠭᠰᠡᠨ ᠵᠥᠪᠳᠡᠭᠴᠢ ᠶᠢᠨ ᠭᠡᠷ ᠪᠦᠯᠢ | ᠶᠢᠨ ᠬᠢᠨ ᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ︵ᠬᠤᠶᠠᠷ︶ ᠶᠡᠷᠦᠩᠬᠡᠶᠢᠯᠡᠭᠰᠡᠨ ᠰᠤᠳᠤᠯᠭᠠᠨ ᠤ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠳᠤᠮᠳᠠ ᠪᠠ ᠤᠷᠲᠤ ᠬᠤᠭᠤᠴᠠᠭᠠᠨ | ᠤ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠬᠤᠲᠠ ᠬᠥᠳᠡᠭᠡ | ᠶᠢᠨ ᠪᠦᠲᠦᠭᠡᠨ ᠪᠠᠶᠢᠭᠤᠯᠤᠯᠲᠠ᠂ ᠦᠷᠭᠦᠯᠵᠢᠯᠡᠬᠦᠶᠢᠴᠡ ᠬᠥᠭᠵᠢᠯᠲᠡ ᠵᠢᠴᠢ ᠠᠵᠤ ᠠᠬᠤᠶ ᠠᠮᠢ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠲᠠᠯ᠎ᠠ ᠶᠢᠨ | ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠶ ᠶᠢᠨ ᠪᠠᠶᠢᠳᠠᠯ ᠳᠤ | ᠵᠠᠳᠠᠯᠤᠯᠲᠠ ᠬᠢᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠣᠷᠣᠨ ᠤ ᠳᠣᠲᠣᠨ᠎ᠠ ᠭᠠᠳᠠᠨᠠᠬᠢ ᠡᠯ᠎ᠡ ᠲᠥᠷᠥᠯ ᠤᠨ ᠣᠶᠤᠨ ᠤ ᠬᠥᠮᠥᠷᠭᠡ ᠲᠠᠢ | ᠬᠠᠷᠢᠯᠴᠠᠨ᠎ᠠ᠃ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠰᠤᠳᠤᠯᠭᠠᠨ ᠤ ᠭᠠᠵᠠᠷ᠃ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ | ᠬᠥᠭᠵᠢᠯᠲᠡ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠲᠠᠷᠢᠶᠠᠴᠢᠨ ᠮᠠᠯᠴᠢᠨ ᠤ ᠣᠷᠣᠯᠭ᠎ᠠ᠂ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ | ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠳᠥᠷᠪᠡ︶ ᠠᠵᠤ ᠦᠢᠯᠡᠳᠪᠦᠷᠢ ᠠᠷᠠᠯᠵᠢᠶ᠎ᠠ ᠬᠤᠳᠠᠯᠳᠤᠭᠠᠨ ᠤ ᠰᠤᠳᠤᠯᠭᠠᠨ ᠤ ᠭᠠᠵᠠᠷ᠃ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠡᠳ᠋ ᠤᠨ ᠶᠠᠪᠤᠳᠠᠯ | ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠠᠷᠠᠯᠵᠢᠶ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠭᠠᠳᠠᠭᠠᠳᠤ ᠨᠡᠭᠡᠭᠡᠯᠲᠡ᠂ ᠠᠵᠤ ᠦᠢᠯᠡᠰ ᠤᠨ ᠲᠥᠷᠥ ᠶᠢᠨ | ᠪᠣᠳᠣᠯᠭ᠎ᠠ᠂ ᠠᠵᠤ ᠠᠬᠤᠶᠢᠯᠠᠯ ᠤᠨ ᠬᠥᠭᠵᠢᠯᠲᠡ᠂ ᠴᠡᠷᠢᠭ ᠠᠷᠠᠳ ᠤᠨ ᠬᠡᠷᠡᠭᠴᠡᠭᠡ ᠶᠢᠨ ᠠᠭᠤᠰᠤᠯᠴᠠᠯ᠂ ᠠᠶᠤᠯ ᠦᠭᠡᠢ ᠦᠢᠯᠡᠳᠪᠦᠷᠢᠯᠡᠯ ᠵᠡᠷᠭᠡ ᠲᠠᠯ᠎ᠠ ᠶᠢᠨ | ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠲᠠᠪᠤ︶ ᠨᠡᠶᠢᠭᠡᠮ ᠤᠨ ᠬᠥᠭᠵᠢᠯᠲᠡ ᠶᠢᠨ ᠰᠤᠳᠤᠯᠭᠠᠨ ᠤ ᠭᠠᠵᠠᠷ᠃ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ᠂ ᠣᠯᠠᠨ ᠨᠡᠶᠢᠲᠡ ᠶᠢᠨ | ᠠᠮᠤᠷ ᠲᠦᠪᠰᠢᠨ᠂ ᠠᠵᠢᠯ ᠣᠯᠭᠤᠯᠲᠠ ᠬᠢᠭᠡᠳ ᠨᠡᠶᠢᠭᠡᠮ ᠤᠨ ᠪᠠᠲᠤᠯᠠᠭ᠎ᠠ᠂ ᠣᠷᠣᠯᠭ᠎ᠠ ᠶᠢᠨ ᠬᠤᠪᠢᠶᠠᠷᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠨᠡᠶᠢᠭᠡᠮ ᠤᠨ | ᠲᠣᠭᠲᠠᠭᠤᠨ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ | ᠠᠷᠠᠳ ᠤᠨ ᠶᠠᠪᠤᠳᠠᠯ᠂ ᠵᠡᠮᠳᠡᠭᠴᠦᠳ ᠤᠨ ᠦᠶᠯᠡᠰ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠵᠢᠷᠭᠤᠭ᠎ᠠ︶ ᠮᠡᠳᠡᠭᠡ ᠵᠠᠩᠭᠢ ᠶᠢᠨ ᠰᠤᠳᠤᠯᠭᠠᠨ ᠤ ᠭᠠᠵᠠᠷ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠭᠡ ᠵᠠᠩᠭᠢᠴᠢᠯᠠᠬᠤ ᠵᠡᠷᠭᠡ | ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠮᠡᠳᠡᠭᠡ ᠵᠠᠩᠭᠢ ᠶᠢᠨ ᠬᠥᠳᠡᠯᠦᠩᠭᠦᠢ ᠪᠠᠶᠢᠳᠠᠯ ᠢ ᠴᠤᠭᠯᠠᠭᠤᠯᠬᠤ᠂ ᠵᠠᠳᠠᠯᠬᠤ᠂ ᠡᠮᠬᠢᠳᠬᠡᠬᠦ ᠪᠠ ᠮᠡᠳᠡᠭᠦᠯᠵᠦ ᠬᠦᠷᠭᠡᠨ᠎ᠡ᠃ | ᠳ᠋ᠠᠶᠢᠲ᠋ᠠ ᠮᠠᠲ᠋ᠧᠷᠢᠶᠠᠯ ᠤᠨ ᠬᠥᠮᠥᠷᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ᠂ ᠬᠠᠮᠢᠶ᠎ᠠ ᠪᠥᠬᠦᠶ ᠬᠡᠪᠯᠡᠭᠳᠡᠬᠦᠨ ᠢ ᠨᠠᠶᠢᠷᠠᠭᠤᠯᠬᠤ ᠪᠠ ᠳᠠᠷᠤᠮᠠᠯᠯᠠᠨ ᠲᠠᠷᠬᠠᠭᠠᠬᠤ ᠶᠢ | ᠬᠠᠷᠢᠭᠤᠴᠠᠨ᠎ᠠ᠃ | ︵ᠲᠤᠯᠤᠭ᠎ᠠ︶ ᠵᠥᠪᠳᠡᠭᠴᠢ ᠶᠢᠨ ᠠᠵᠢᠯ ᠤᠨ ᠭᠠᠵᠠᠷ᠃ ᠵᠥᠪᠳᠡᠭᠴᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ᠂ ᠦᠷ᠎ᠡ ᠪᠦᠲᠦᠭᠡᠯ ᠢ | ᠡᠮᠬᠢᠳᠬᠡᠬᠦ ᠪᠠ ᠵᠥᠪᠳᠡᠭᠴᠢ ᠶᠢᠨ ᠰᠠᠨᠠᠭᠤᠯᠭ᠎ᠠ ᠶᠢ ᠴᠤᠬᠤᠯᠠᠪᠤᠷᠢᠯᠠᠨ ᠭᠦᠢᠴᠡᠳᠬᠡᠭᠰᠡᠨ ᠪᠠᠶᠢᠳᠠᠯ ᠢ ᠮᠥᠷᠳᠡᠨ ᠬᠠᠷᠢᠭᠤ ᠲᠤᠰᠬᠠᠬᠤ ᠶᠢ ᠬᠠᠷᠢᠭᠤᠴᠠᠨ᠎ᠠ᠃ ᠵᠥᠪᠳᠡᠭᠴᠢ | ᠶᠢᠨ ᠪᠠᠶᠢᠴᠠᠭᠠᠨ ᠰᠤᠳᠤᠯᠬᠤ ᠲᠥᠯᠥᠪᠯᠡᠭᠡ ᠪᠠ ᠰᠡᠳᠦᠪ ᠰᠣᠩᠭᠤᠬᠤ ᠰᠠᠨᠠᠭᠤᠯᠭ᠎ᠠ ᠶᠢ ᠳᠤᠷᠠᠳᠴᠤ᠂ ᠵᠥᠪᠳᠡᠭᠴᠢ ᠶᠢ ᠬᠠᠮᠵᠢᠨ ᠪᠠᠶᠢᠴᠠᠭᠠᠨ ᠰᠤᠳᠤᠯᠤᠯᠲᠠ 365赢多少钱会被限额_国内有真正的365平台吗_365bet博彩官网 | ᠥᠷᠨᠢᠭᠦᠯᠵᠦ᠂ ︽ᠵᠥᠪᠳᠡᠭᠴᠢ ᠶᠢᠨ ᠰᠠᠨᠠᠭᠤᠯᠭ᠎ᠠ︾ ᠶᠢ ᠲᠤᠭᠤᠷᠪᠢᠨ᠎ᠠ᠃ ᠵᠥᠪᠳᠡᠭᠴᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ | ᠲᠣᠭᠲᠠᠭᠠᠯ ᠤᠨ ᠡᠬᠡ ᠨᠣᠣᠷᠠᠭ ᠵᠢᠴᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠰᠠᠨᠠᠯ ᠪᠠ ᠰᠠᠨᠠᠭᠤᠯᠭ᠎ᠠ ᠳᠤᠷᠠᠳᠬᠤ ᠶᠢ ᠵᠣᠬᠢᠶᠠᠨ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ ᠶᠢ ᠰᠣᠩᠭᠤᠨ ᠤᠷᠢᠬᠤ ᠠᠵᠢᠯ ᠳᠤ ᠣᠷᠣᠯᠴᠠᠵᠤ᠂ ᠵᠥᠪᠳᠡᠭᠴᠢ ᠶᠢᠨ ᠡᠭᠦᠷᠭᠡ ᠬᠠᠷᠢᠭᠤᠴᠠᠯᠭ᠎ᠠ | ᠪᠠᠨ ᠭᠦᠢᠴᠡᠳᠬᠡᠬᠦ ᠳᠤ ᠪᠠᠲᠤᠯᠠᠭ᠎ᠠ ᠪᠠ ᠦᠢᠯᠡᠴᠢᠯᠡᠭᠡ ᠬᠠᠩᠭᠠᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ | ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠳᠤ 37 ᠬᠥᠮᠦᠨ | ᠪᠤᠢ᠃ 1 ᠡᠷᠬᠢᠯᠡᠭᠴᠢ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠭᠴᠢ ᠶᠢᠨ ᠲᠠᠰᠤᠭ ᠤᠨ ᠡᠷᠬᠢᠯᠡᠭᠴᠢ ᠶᠢᠨ ᠲᠤᠰᠢᠶᠠᠯ ᠢ | ᠬᠠᠪᠰᠤᠷᠭᠠᠨ ᠬᠠᠷᠢᠭᠤᠴᠠᠨ᠎ᠠ︶᠂ 3 ᠳᠡᠳ᠋ ᠡᠷᠬᠢᠯᠡᠭᠴᠢ ᠲᠣᠬᠢᠷᠠᠭᠤᠯᠤᠨ᠎ᠠ︔ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠳᠤ 16 ᠬᠥᠮᠥᠨ ﹇8 ᠭᠠᠵᠠᠷ ᠤᠨ | ᠳᠡᠰ ︵ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠥᠮᠥᠨ ᠢ ᠪᠠᠭᠲᠠᠭᠠᠨ᠎ᠠ︶ 8 ᠳᠡᠳ᠋ ᠭᠠᠵᠠᠷ ᠤᠨ ᠳᠡᠰ ︵ᠪᠠᠶᠢᠭᠤᠯᠭ᠎ᠠ | ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ ᠢ ᠪᠠᠭᠲᠠᠭᠠᠨ᠎ᠠ︶﹈ ᠪᠤᠢ᠃ | ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ | ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤ ᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠳᠤ ᠲᠠᠶᠢᠯᠪᠤᠷᠢᠯᠠᠭᠰᠠᠨ ᠭᠦᠢᠴᠡᠳᠬᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 365赢多少钱会被限额_国内有真正的365平台吗_365bet博彩官网 | ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ | ᠨᠠᠶᠮᠠᠳᠤᠭᠠᠷ ᠵᠦᠶᠯ ᠲᠣᠰ ᠲᠣᠭᠲᠠᠭᠠᠯ ᠢ 2018 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠬᠥᠬᠡᠬᠤᠲᠠ ᠶᠢᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ ᠨᠠᠮ ᠵᠠᠰᠠᠭ ᠤᠨ ᠠᠯᠪᠠᠨ ᠠᠰᠠᠷ | ᠤᠲᠠᠰᠤ᠄ 0471-4824598 | | |