6 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠡᠨᠡ ᠵᠢᠯ ᠤᠨ | ᠬᠤᠶᠠᠳᠤᠭᠠᠷ ᠤᠯᠠᠷᠢᠯ ᠤᠨ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠤᠨ ᠲᠤᠰᠬᠠᠶ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯ ᠰᠡᠳᠦᠪᠲᠦ ᠨᠡᠶᠢᠲᠡᠯᠡᠯ ᠬᠢᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ | ᠣᠷᠣᠯᠴᠠᠭᠰᠠᠨ ᠪᠥᠭᠡᠳ ᠲᠤᠬᠠᠶ ᠶᠢᠨ ᠲᠠᠯᠠᠪᠠᠢ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ 2021 ᠣᠨ ᠤ ᠴᠠᠭᠠᠨ ᠰᠠᠷ᠎ᠠ ᠶᠢᠨ ᠠᠮᠠᠷᠠᠯᠲᠠ ᠠᠴᠠ ᠳᠠᠷᠠᠭᠠᠬᠢ ᠠᠵᠢᠯ ᠳᠤ ᠭᠠᠷᠤᠭᠰᠠᠨ ᠨᠢᠭᠡᠳᠦᠭᠡᠷ ᠡᠳᠦᠷ ᠲᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ | ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠨᠥᠬᠦᠷ ᠴᠢᠬᠤᠯᠠ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠳ | ᠠᠵᠢᠯ ᠤᠨ ᠬᠠᠮᠲᠤᠷᠠᠯ ᠤᠨ ᠬᠦᠴᠦᠨ ᠢᠶᠠᠨ ᠭᠦᠢᠴᠡᠳ ᠨᠢᠭᠲᠠᠷᠠᠭᠤᠯᠤᠨ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠠᠮᠵᠢᠯᠴᠠᠵᠤ᠂ ᠪᠦᠬᠦ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠡᠯ᠎ᠡ ᠠᠶᠢᠮᠠᠭ ᠬᠤᠲᠠ ᠨᠤᠭᠤᠳ ᠪᠦᠲᠦᠴᠡ ᠶᠢᠨ | ᠴᠢᠨᠠᠷᠲᠠᠶ ᠲᠣᠬᠢᠷᠠᠭᠤᠯᠤᠯᠲᠠ ᠪᠠᠨ ᠴᠢᠩᠭᠠᠳᠬᠠᠵᠤ᠂ ᠪᠦᠬᠦᠨ ᠢᠶᠠᠷ ᠢᠶᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ | ᠪᠠᠶᠢᠭᠤᠯᠤᠮᠵᠢ ᠶᠢ ᠪᠠᠶᠢᠭᠤᠯᠵᠤ᠂ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠪᠦᠷᠢᠨᠰᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠪᠠ᠃ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠶ ᠲᠣᠭᠲᠠᠭᠠᠯ︾ ︽ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾ ᠵᠡᠷᠭᠡ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢᠨ ᠲᠣᠭᠲᠠᠯᠴᠠᠭ᠎ᠠ ᠶᠢᠨ ᠬᠥᠭᠵᠢᠯᠲᠡ ᠶᠢᠨ ᠴᠢᠭᠯᠡᠯ ᠢ ᠵᠢᠷᠤᠭᠯᠠᠵᠠᠢ᠃ ᠡᠯ᠎ᠡ ᠠᠶᠢᠮᠠᠭ ᠬᠤᠳᠠ ᠶᠢ ᠵᠢᠯᠣᠭᠤᠳᠤᠨ ᠠᠯᠢ ᠤᠯᠠᠨ ᠪᠣᠳᠠᠲᠠᠢ ᠶᠢ ᠡᠷᠬᠢᠮᠯᠡᠭᠰᠡᠨ | ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠣᠷᠣᠨ ᠤ 12 ᠠᠶᠢᠮᠠᠭ ᠬᠤᠲᠠ ᠨᠤᠭᠤᠳ ᠴᠥᠮ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ | ᠠᠷᠭ᠎ᠠ ᠬᠡᠮᠵᠢᠶ᠎ᠡ ᠨᠦᠭᠦᠳ ︵ᠬᠡᠷᠡᠭᠵᠢᠭᠦᠯᠬᠦ ᠲᠥᠰᠦᠯ᠂ ᠠᠵᠢᠯᠯᠠᠭᠠᠨ ᠤ ᠲᠥᠰᠦᠯ ᠪᠤᠶᠤ ᠲᠣᠭᠲᠠᠭᠠᠯ︶ ᠵᠡᠷᠭᠡ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ︽ᠲᠦᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠬᠠᠮᠲᠤᠪᠠᠷ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠪᠠᠲᠤᠯᠠᠭ᠎ᠠ ᠲᠠᠢ᠂ ᠨᠠᠶᠢᠳᠠᠪᠤᠷᠢᠲᠠᠢ᠂ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠪᠠ᠃ | ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠤ ᠳᠡᠭᠡᠳᠦ ᠳᠣᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠣᠳᠣᠬᠠᠨ ᠳᠤ ᠪᠥᠬᠦ ᠣᠷᠣᠨ ᠤ | ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠦᠷᠭᠦᠯᠵᠢᠯᠡᠨ ᠰᠠᠶᠢᠵᠢᠷᠠᠪᠠ᠃ ᠠᠵᠤ ᠠᠬᠤᠶᠢᠯᠠᠯ ᠡᠷᠭᠢᠯᠡᠬᠦ ᠲᠠᠯ᠎ᠠ ᠪᠠᠷ᠂ ᠡᠷᠭᠢᠯᠡᠬᠦ ᠶᠠᠪᠤᠴᠠ ᠶᠢ ᠦᠷᠭᠦᠯᠵᠢᠯᠡᠨ | ᠴᠣᠮᠬᠠᠳᠬᠠᠵᠤ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠪᠠ ᠠᠵᠤ ᠠᠬᠤᠶᠢᠯᠠᠯ ᠪᠠᠶᠢᠭᠤᠯᠬᠤ ᠳᠡᠩᠰᠡᠯᠡᠯᠲᠡ ᠶᠢ ᠨᠢᠭᠡ ᠭᠤᠭᠴᠤᠭ᠎ᠠ ᠪᠣᠯᠭᠠᠨ ᠨᠡᠶᠢᠯᠡᠭᠦᠯᠵᠦ᠂ ᠠᠵᠤ | ᠠᠬᠤᠶᠢᠯᠠᠯ ᠪᠠᠶᠢᠭᠤᠯᠬᠤ ᠳᠡᠩᠰᠡᠯᠡᠯᠲᠡ ᠪᠠ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ᠂ ᠲᠠᠮᠠᠭ᠎ᠠ ᠰᠡᠶᠢᠯᠦᠨ ᠦᠢᠯᠡᠳᠬᠦ᠂ ᠪᠠᠷᠢᠮᠲᠠ ᠭᠤᠶᠤᠴᠢᠯᠠᠨ ᠠᠪᠬᠤ ᠵᠡᠷᠭᠡ | ᠶᠠᠪᠤᠳᠠᠯ ᠢ 1 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠪᠦᠭᠡᠳ ᠪᠣᠶ ᠪᠥᠬᠦᠶ ᠵᠠᠰᠠᠭ ᠵᠠᠬᠢᠷᠭᠠᠨ ᠤ | ᠰᠦᠢᠳᠬᠡᠯ ᠬᠤᠷᠢᠶᠠᠯᠲᠠ ᠶᠢ ᠬᠦᠴᠦᠨ ᠥᠬᠡᠶ ᠪᠣᠯᠭᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ 8 ᠪᠠᠩᠬᠢ ᠯᠤᠭ᠎ᠠ ᠵᠠᠰᠠᠭ | ᠪᠠᠩᠬᠢ ᠶᠢᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ᠂ ᠪᠥᠬᠦ ᠣᠷᠣᠨ ᠤ ᠬᠡᠪᠴᠢᠶᠡᠨ ᠳᠤ ᠪᠠᠩᠬᠢ ᠶᠢᠨ ᠰᠦᠢᠳᠬᠡᠯ ᠬᠤᠷᠢᠶᠠᠬᠤ | ᠥᠬᠡᠶ ᠪᠠᠷ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠪᠡ᠃ ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠬᠡᠬᠦ ᠲᠠᠯ᠎ᠠ ᠪᠠᠷ᠂ ᠪᠥᠬᠦ ᠣᠷᠣᠨ ᠤ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠳᠢᠭᠯᠡᠬᠦ ᠶᠢ ᠨᠢᠭᠡᠨᠲᠡ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠦᠢᠯᠡᠰ ᠢ ᠨᠢᠭᠡᠨᠲᠡ ᠢᠨᠵᠧᠨᠧᠷᠢᠩ ᠤᠨ ᠥᠭᠡᠷᠡᠴᠢᠯᠡᠯᠲᠡ ᠶᠢᠨ ᠰᠢᠰᠲ᠋ᠧᠮ ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠪᠠ ᠥᠪᠡᠷᠲᠡᠭᠡᠨ ᠵᠠᠰᠠᠬᠤ ᠣᠷᠣᠨ ᠤ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ ᠤᠨ ᠰᠢᠰᠲ᠋ᠧᠮ ᠨᠢ ᠬᠠᠷᠢᠯᠴᠠᠨ ᠬᠤᠯᠪᠣᠭᠠᠯᠠᠨ | ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠮᠲᠤᠪᠠᠷ ᠭᠥᠷᠳᠡᠬᠦ ᠶᠢ ᠪᠡᠶᠡᠯᠡᠭᠦᠯᠪᠡ᠃ ᠭᠠᠶᠢᠯᠢ ᠲᠤᠰᠢᠶᠠᠬᠤ ᠲᠠᠯ᠎ᠠ ᠪᠠᠷ᠂ ᠭᠠᠶᠢᠯᠢ | ᠲᠤᠰᠢᠶᠠᠬᠤ ᠤᠳᠠᠭ᠎ᠠ ᠶᠢ ᠴᠥᠬᠡᠳᠬᠡᠬᠦ ᠪᠠ ᠴᠠᠭ ᠢ ᠪᠣᠭᠤᠨᠢᠰᠬᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠴᠢᠳᠠᠮᠵᠢ ᠶᠢ ᠪᠦᠷᠢᠨᠰᠢᠭᠦᠯᠦᠨ᠂ ︽ | ᠥᠯᠥ ᠣᠶᠢᠷᠠᠲᠤᠯᠴᠠᠬᠤ ᠬᠡᠯᠪᠡᠷᠢ︾ ᠶᠢᠨ ᠭᠠᠶᠢᠯᠢ ᠲᠤᠰᠢᠶᠠᠬᠤ ᠠᠷᠭ᠎ᠠ ᠮᠠᠶ᠋ᠢᠭ ᠢ ᠢᠳᠡᠪᠬᠢᠲᠡᠶ ᠥᠷᠭᠡᠳᠬᠡᠵᠦ᠂ ᠭᠠᠶᠢᠯᠢ ᠲᠤᠰᠢᠶᠠᠭᠴᠢ ᠶᠢᠨ 90% ᠠᠴᠠ ᠳᠡᠭᠡᠭᠰᠢᠬᠢ | ᠭᠤᠤᠯ ᠪᠣᠯᠬᠤ ᠭᠠᠶᠢᠯᠢ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠭᠠᠶᠢᠯᠢ ᠶᠢᠨ ᠶᠠᠪᠤᠳᠠᠯ ᠤᠨ | ᠳᠡᠩᠰᠡᠯᠡᠯᠲᠡ ᠵᠡᠷᠭᠡ 6 ᠲᠥᠷᠥᠯ ᠤᠨ ᠵᠦᠢᠯᠡᠰ ᠢ ᠪᠥᠬᠦ ᠣᠷᠣᠨ ᠳᠤ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ᠃ ᠭᠡᠷ᠎ᠡ ᠶᠢ ᠭᠦᠢᠴᠡᠳᠬᠡᠬᠦ ᠲᠠᠯ᠎ᠠ ᠪᠠᠷ᠂ ᠦᠨᠳᠦᠰᠦᠨ | ᠱᠠᠲᠤᠨ ᠤ ᠠᠷᠠᠳ ᠤᠨ ᠰᠢᠭᠦᠬᠦ ᠬᠤᠷᠢᠶ᠎ᠠ ᠠᠴᠠ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠬᠦᠷᠲᠡᠯᠡᠬᠢ ᠣᠷᠣᠨ ᠪᠦᠰᠡ ᠠᠯᠤᠰᠯᠠᠨ ᠬᠡᠷᠡᠭ ᠪᠣᠯᠭᠠᠨ | ᠳᠠᠩᠰᠠᠯᠠᠬᠤ ᠴᠢᠳᠠᠮᠵᠢ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠪᠦᠬᠦ ᠣᠷᠣᠨ ᠤ 50 ᠰᠢᠭᠦᠬᠦ ᠬᠤᠷᠢᠶ᠎ᠠ ᠳᠤ ᠶᠠᠷᠰᠢᠭ ᠲᠦᠪᠡᠭᠲᠡᠶ ᠪᠠ ᠬᠢᠯᠪᠠᠷ ᠢ ᠬᠤᠪᠢᠶᠠᠷᠢᠯᠠᠬᠤ | ᠵᠢᠴᠢ ᠲᠦᠷᠭᠡᠨ ᠲᠠᠰᠤᠯᠬᠤ ᠲᠠᠪᠴᠠᠩ ᠤᠨ ᠰᠢᠰᠲ᠋ᠧᠮ ᠢ ᠪᠠᠶᠢᠭᠤᠯᠵᠤ᠂ ᠶᠠᠷᠰᠢᠭ ᠲᠦᠪᠡᠭᠲᠡᠶ ᠪᠠ ᠬᠢᠯᠪᠠᠷ ᠢ ᠲᠦᠷᠭᠡᠨ ᠰᠢᠭᠦᠬᠦ᠂ ᠶᠠᠷᠰᠢᠭ ᠲᠦᠪᠡᠭᠲᠡᠶ ᠬᠡᠷᠡᠭ ᠢ ᠨᠠᠷᠢᠯᠢᠭ | ᠰᠢᠭᠦᠬᠦ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠠᠢ ᠢᠵᠢᠯᠢ ᠠᠯᠬᠤᠮ ᠢᠶᠠᠷ ᠤᠷᠤᠭᠰᠢᠯᠠᠨ᠂ | ᠢᠵᠢᠯᠢ ᠴᠢᠭᠯᠡᠯ ᠢᠶᠠᠷ ᠬᠦᠴᠦᠯᠡᠵᠦ᠂ ᠲᠥᠷᠥ ᠶᠢᠨ ᠪᠣᠳᠣᠯᠭ᠎ᠠ ᠶᠢᠨ ᠲᠦᠪᠡᠭᠲᠡᠢ ᠵᠦᠢᠯ᠂ ᠦᠢᠯᠡᠴᠢᠯᠡᠭᠡᠨ ᠤ ᠡᠮᠵᠡᠭ ᠲᠠᠢ ᠲᠠᠯ᠎ᠠ᠂ ᠰᠢᠯᠢᠳᠡᠭᠵᠢᠭᠦᠯᠦᠯᠲᠡ ᠶᠢᠨ | ᠬᠦᠴᠢᠷᠲᠡᠢ ᠠᠰᠠᠭᠤᠳᠠᠯ ᠪᠠ ᠶᠠᠷᠢᠶ᠎ᠠ ᠬᠡᠯᠡᠯᠴᠡᠭᠡᠨ ᠤ ᠲᠥᠪᠯᠡᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠬᠦ ᠣᠷᠣᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃ 365赢多少钱会被限额_国内有真正的365平台吗_365bet博彩官网 |