ᠥᠪᠥᠷ ᠵᠠᠰᠠᠭ ᠠᠯᠪᠠᠨ ᠲᠠᠷᠬᠠᠭᠠᠭᠰᠠᠨ ﹇2021﹈ 17 ᠳ᠋ᠤᠭᠠᠷ ᠲᠣᠭᠠᠲᠤ | | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭᠠᠨ | ︵2019 — — 2030 ᠣᠨ︶︾ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠥᠪᠥᠷ ᠮᠣᠩᠭᠤᠯ ᠤᠨ | ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠬᠡᠷᠡᠭᠵᠢᠭᠦᠯᠬᠦ ᠶᠢ ᠨᠢ ᠠᠬᠢᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠣᠯᠠᠨ ᠳᠡᠰ ᠳᠠᠪᠬᠤᠷᠭ᠎ᠠ ᠶᠢᠨ᠂ ᠣᠯᠠᠨ ᠶᠠᠩᠵᠤ ᠶᠢᠨ ᠡᠷᠡᠭᠦᠯ | ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠂ ᠪᠥᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ | ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠡᠮᠡᠭᠲᠡᠶᠢᠴᠦᠳ ᠬᠡᠦᠬᠡᠳ ᠤᠨ ᠠᠵᠢᠯ ᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠨᠡᠶᠢᠲᠡ ᠶᠢᠨ | ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠨᠢ ᠰᠢᠢᠳᠪᠦᠷᠢᠯᠡᠬᠦ ᠶᠢ ᠠᠬᠢᠭᠤᠯᠵᠤ᠂ ᠪᠦᠬᠦ | ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠡᠷᠡᠭᠦᠯ ᠡᠩᠬᠡ ᠥᠪᠥᠷ | ᠮᠣᠩᠭᠤᠯ ᠤᠨ ᠪᠠᠶᠢᠭᠤᠯᠤᠯᠲᠠ ᠳᠤ ᠰᠠᠭᠤᠷᠢ ᠲᠠᠯᠪᠢᠨ᠎ᠠ᠃ | ︵ᠬᠤᠶᠠᠷ︶ ᠦᠨᠳᠦᠰᠦᠨ ᠵᠠᠷᠴᠢᠮ᠃ ︽ᠡᠷᠡᠭᠦᠯᠵᠢᠯ ᠢᠶᠠᠷ ᠭᠤᠤᠯ ᠪᠣᠯᠭᠠᠬᠤ ᠪᠠ ᠦᠷᠡᠵᠢᠯ ᠤᠨ ᠡᠷᠡᠭᠦᠯ ᠢ ᠪᠠᠲᠤᠯᠠᠬᠤ ᠪᠠᠷ ᠵᠣᠷᠢᠯᠭ᠎ᠠ ᠪᠣᠯᠭᠠᠨ᠂ ᠡᠷᠡᠭᠦᠯᠵᠢᠯ | ᠬᠢᠭᠡᠳ ᠡᠮᠴᠢᠯᠡᠭᠡᠨ ᠢ ᠤᠶᠠᠯᠳᠤᠭᠤᠯᠵᠤ᠂ ᠨᠡᠶᠢᠲᠡ ᠣᠯᠠᠨ ᠳᠤ ᠬᠠᠨᠳᠤᠭᠤᠯᠬᠤ᠂ ᠦᠨᠳᠦᠰᠦᠨ ᠱᠠᠲᠤᠨ ᠳᠤ ᠴᠢᠭᠯᠡᠭᠦᠯᠬᠦ ᠪᠠ ᠰᠡᠷᠭᠡᠶᠢᠯᠡᠬᠦ ᠪᠠᠷ ᠭᠤᠤᠯ ᠪᠣᠯᠭᠠᠬᠤ︾ | ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠤᠨ ᠴᠢᠭᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠡᠭᠦᠯᠵᠢᠯ ᠬᠢᠭᠡᠳ ᠡᠮᠴᠢᠯᠡᠭᠡᠨ ᠢ ᠤᠶᠠᠯᠳᠤᠭᠤᠯᠬᠤ᠂ | ᠪᠣᠳᠠᠭᠠᠯᠢ ᠪᠡᠶ᠎ᠡ ᠬᠢᠭᠡᠳ ᠨᠡᠶᠢᠲᠡ ᠣᠯᠠᠨ ᠢ ᠤᠶᠠᠯᠳᠤᠭᠤᠯᠬᠤ᠂ ᠬᠢᠲᠠᠳ ᠡᠮᠨᠡᠯᠭᠡ ᠬᠢᠭᠡᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ | ︵ᠭᠤᠷᠪᠠ︶ ᠬᠥᠭᠵᠢᠯᠲᠡ ᠶᠢᠨ ᠬᠠᠷᠠᠯᠲᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠷᠠᠳ ᠤᠨ | ᠠᠮᠢᠳᠤᠷᠠᠯ ᠤᠨ ᠴᠢᠬᠤᠯᠠ ᠶᠡᠭᠡ ᠠᠵᠢᠯ ᠦᠢᠯᠡᠰ ᠪᠣᠯᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠣᠷᠣᠨ | ᠨᠤᠲᠤᠭ ᠤᠨ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠦᠢᠯᠡᠰ ᠤᠨ ᠲᠥᠯᠥᠪᠵᠢᠭᠦᠯᠭᠡ ᠳᠤ ᠣᠷᠣᠭᠤᠯᠵᠤ᠂ ᠳᠡᠮᠵᠢᠬᠦ ᠪᠠ ᠪᠥᠲᠥᠭᠡᠨ | ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠪᠠᠷ ᠭᠤᠤᠯ ᠪᠣᠯᠭᠠᠭᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠯᠲᠠ ᠶᠢᠨ | ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠭᠰᠠᠨ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠪᠠᠷ ᠨᠥᠬᠦᠪᠥᠷᠢ ᠪᠣᠯᠭᠠᠭᠰᠠᠨ᠂ ᠡᠷᠡᠭᠦᠯᠵᠢᠯ ᠬᠢᠭᠡᠳ | ᠡᠮᠴᠢᠯᠡᠭᠡ ᠶᠢ ᠤᠶᠠᠯᠳᠤᠭᠤᠯᠤᠭᠰᠠᠨ᠂ ᠪᠥᠬᠦ ᠣᠷᠣᠨ ᠢ ᠬᠠᠮᠤᠷᠤᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠦ᠂ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠳᠤ ᠴᠥᠮ ᠡᠬᠡ ᠨᠢᠯᠬᠠᠰ ᠤᠨ ᠡᠷᠡᠭᠦᠯᠵᠢᠯ ᠤᠨ ᠪᠠᠷᠢᠮᠵᠢᠶᠠᠵᠢᠭᠰᠠᠨ | ᠪᠠᠶᠢᠭᠤᠯᠤᠮᠵᠢ ᠶᠢ 1 ᠪᠠᠶᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠲᠤᠤᠷ | ᠰᠦᠯᠵᠢᠶ᠎ᠡ ᠶᠢᠨ ᠰᠠᠭᠤᠷᠢ ᠪᠠ ᠰᠢᠯᠵᠢᠭᠦᠯᠦᠨ ᠡᠮᠨᠡᠭᠦᠯᠬᠦ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠡᠬᠡ ᠨᠢᠯᠬᠠᠰ ᠤᠨ ᠡᠷᠡᠭᠦᠯ ᠡᠩᠬᠡ ᠶᠢᠨ ᠬᠠᠮ ᠬᠡᠯᠪᠡᠷᠢ ᠪᠦᠬᠦᠢ | ᠴᠢᠳᠠᠪᠤᠷᠢᠲᠠᠨ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠡᠬᠡ ᠪᠠᠷᠢᠬᠤ ᠠᠵᠢᠯ ᠵᠡᠷᠭᠡ ᠳᠤ ᠪᠠᠴᠢᠮ ᠬᠡᠷᠡᠭᠴᠡᠭᠡ ᠲᠠᠢ ᠪᠥᠭᠡᠳ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠨ᠎ᠠ᠃ | ᠬᠤᠶᠠᠷ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ | ︵ᠨᠢᠭᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ | ᠬᠦ ᠡᠭᠦᠷᠭᠡᠯᠡᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠬᠦ ᠠᠭᠤᠯᠭ᠎ᠠ ᠪᠣᠯᠭᠠᠨ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ︵ᠪᠠᠶᠢᠭᠤᠯᠤᠯᠲᠠ ᠪᠠᠷᠢᠮᠵᠢᠶ᠎ᠠ ﹇2017﹈ | 248 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠡᠬᠡ ᠨᠢᠯᠬᠠᠰ ᠤᠨ ᠡᠷᠡᠭᠦᠯᠵᠢᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ | ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠵᠦ ᠬᠡᠷᠡᠭᠵᠢᠭᠦᠯᠦᠨ᠂ ᠪᠥᠬᠦ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠶᠢ ᠲᠥᠯᠥᠪᠯᠡᠭᠡ ᠲᠠᠢ ᠠᠬᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ | ᠪᠡᠯᠡᠳᠬᠡᠮᠵᠢ ᠶᠢᠨ ᠬᠤᠴᠣᠷᠤᠩᠭᠤᠶ ᠪᠠᠶᠢᠬᠤ ᠲᠣᠪᠤᠶᠢᠮ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | ︵ᠬᠤᠶᠠᠷ︶ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠭᠠᠵᠠᠷ ᠣᠷᠣᠨ ᠨᠢ | ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠲᠤᠰ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠭᠡ ᠳᠤ ᠣᠷᠣᠭᠤᠯᠵᠤ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ᠪᠠ ︽ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢᠨ ᠲᠤᠬᠠᠶ ᠵᠢᠯᠣᠭᠤᠳᠬᠤ ᠰᠠᠨᠠᠯ︾ | ︵ᠤᠯᠤᠰ ᠡᠷᠡᠭᠦᠯ ᠡᠬᠡ ᠨᠢᠯᠬᠠᠰ ᠲᠠᠷᠬᠠᠭᠠᠭᠰᠠᠨ ﹇2015﹈ 54 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ 365赢多少钱会被限额_国内有真正的365平台吗_365bet博彩官网 | ᠡᠬᠡ ᠨᠢᠯᠬᠠᠰ ᠤᠨ ᠭᠤᠷᠪᠠᠳᠤᠭᠠᠷ ᠳᠡᠰ ᠤᠨ᠂ ᠬᠤᠶᠠᠳᠤᠭᠠᠷ ᠳᠡᠰ ᠤᠨ ᠡᠷᠡᠭᠦᠯᠵᠢᠯ ᠤᠨ ᠬᠤᠷᠢᠶ᠎ᠠ ᠪᠠᠶᠢᠭᠤᠯᠬᠤ ᠪᠠᠷᠢᠮᠵᠢᠶ᠎ᠠ ᠶᠣᠰᠣᠭᠠᠷ ᠲᠣᠰ ᠲᠣᠰ ᠲᠤ ᠨᠢ | ᠲᠥᠯᠥᠪᠵᠢᠭᠦᠯᠦᠨ ᠪᠠᠶᠢᠷᠢᠯᠠᠭᠤᠯᠵᠤ᠂ ᠨᠥᠬᠦᠴᠡᠯ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠡᠬᠡ ᠨᠢᠯᠬᠠᠰ ᠤᠨ ᠡᠷᠡᠭᠦᠯᠵᠢᠯ ᠤᠨ ᠭᠤᠷᠪᠠᠳᠤᠭᠠᠷ ᠳᠡᠰ ᠤᠨ | ᠪᠠᠶᠢᠭᠤᠯᠤᠮᠵᠢ ᠶᠢ ᠪᠠᠶᠢᠭᠤᠯᠵᠤ ᠪᠣᠯᠤᠨ᠎ᠠ᠃ | ︵ᠭᠤᠷᠪᠠ︶ ᠡᠮᠡᠭᠲᠡᠶ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ ᠪᠠ ᠬᠡᠦᠬᠡᠳ ᠤᠨ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠴᠢᠩᠭᠠᠳᠬᠠᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ ︵ᠮᠣᠩᠭᠤᠯ ᠡᠮᠨᠡᠯᠭᠡ ᠶᠢᠨ ᠬᠤᠷᠢᠶ᠎ᠠ︶᠂ ᠲᠤᠰᠬᠠᠶ | ᠡᠮᠨᠡᠯᠭᠡ ᠶᠢᠨ ᠬᠤᠷᠢᠶ᠎ᠠ ᠵᠢᠴᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢᠨ ᠡᠮᠡᠭᠲᠡᠶ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ ᠪᠠ | ᠬᠡᠦᠬᠡᠳ ᠤᠨ ᠡᠮᠨᠡᠯᠭᠡ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠳᠤ ᠣᠷᠣᠭᠤᠯᠤᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠤᠯᠴᠢᠯᠠᠨ ᠬᠠᠮᠢᠶᠠᠷᠴᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ | ᠲᠦᠷᠦᠭᠦᠯᠡᠨ ᠬᠠᠷᠢᠭᠤᠴᠬᠠᠰᠠᠨ ᠣᠷᠣᠨ ᠪᠦᠰᠡ ᠶᠢᠨ ᠡᠬᠡ ᠨᠢᠯᠬᠠᠰ ᠤᠨ ᠡᠷᠡᠭᠦᠯᠵᠢᠯ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠡᠬᠡ | ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠲᠣᠰ ᠭᠠᠵᠠᠷ ᠣᠷᠣᠨ ᠤ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠬᠠᠮᠲᠤ ᠪᠠᠷ ᠰᠠᠶᠢᠲᠤᠷ ᠬᠢᠨ᠎ᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠬᠡ ᠪᠠᠷᠢᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠣᠶ ᠪᠥᠬᠦᠶ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠴᠥᠮ ᠨᠢᠷᠠᠶ ᠬᠡᠦᠬᠡᠳ ᠤᠨ ᠡᠮᠨᠡᠯᠭᠡ ᠶᠢᠨ ᠰᠠᠯᠠᠭ᠎ᠠ | ︵ᠲᠠᠰᠤᠭ︶ ᠲᠣᠬᠢᠷᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠨᠢ ᠨᠠᠭᠠᠳᠤ ᠵᠠᠬ᠎ᠠ ᠳᠤ ᠪᠠᠨ 1 ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠲᠡᠨ ᠤ ᠥᠷᠥᠭᠡ ᠲᠠᠢ ᠬᠡᠦᠬᠡᠳ ᠤᠨ ᠡᠮᠨᠡᠯᠭᠡ ᠶᠢᠨ ᠰᠠᠯᠠᠭ᠎ᠠ ᠭᠠᠷᠭᠠᠵᠤ᠂ ᠪᠣᠶ ᠪᠥᠬᠦᠶ ᠬᠤᠰᠢᠭᠤ ᠰᠢᠶᠠᠨ ᠤ | ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ | ᠭᠠᠷᠭᠠᠨ᠎ᠠ︔ ᠬᠥᠩᠭᠡᠵᠢᠬᠦ ᠡᠮᠡᠭᠲᠡᠢ ᠶᠢᠨ ᠮᠢᠩᠭᠠᠨ ᠬᠥᠮᠥᠨ ᠪᠦᠷᠢ ᠳᠤ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠳᠠᠬᠢ ᠡᠪᠡᠳᠴᠢᠲᠡᠨ ᠤ ᠣᠷᠣ ᠶᠢ 17 ᠪᠣᠯᠭᠠᠵᠤ᠂ | ᠡᠮᠨᠡᠯᠭᠡ ᠳᠤ ᠡᠮᠨᠡᠭᠦᠯᠬᠦ ᠮᠢᠩᠭᠠᠨ ᠬᠡᠦᠬᠡᠳ ᠪᠦᠷᠢ ᠳᠤ ᠡᠪᠡᠳᠴᠢᠲᠡᠨ ᠤ ᠣᠷᠣ ᠶᠢ 2.2 ᠪᠣᠯᠭᠠᠬᠤ ᠪᠠᠨ ᠪᠠᠲᠤᠯᠠᠨ᠎ᠠ᠃ | ︵ᠳᠥᠷᠪᠡ︶ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠰᠠᠭᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠮᠡᠷᠭᠡᠵᠢᠯ ᠤᠨ | ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ ᠪᠠᠨ ᠴᠢᠩᠭᠠᠳᠬᠠᠵᠤ᠂ ᠡᠬᠡ ᠨᠢᠯᠬᠠᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠨ᠎ᠡ︔ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠠᠵᠢᠯ ᠳᠤ ᠣᠷᠣᠭᠤᠯᠤᠯᠲᠠ ᠪᠠᠨ | ᠨᠡᠮᠡᠭᠳᠡᠭᠦᠯᠵᠦ᠂ ᠡᠬᠡ ᠨᠢᠯᠬᠠᠰ ᠤᠨ ᠡᠯ᠎ᠡ ᠵᠦᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠰᠠᠶᠢᠲᠤᠷ | ᠨᠠᠶᠢᠳᠠᠪᠤᠷᠢᠵᠢᠭᠤᠯᠬᠤ ᠪᠠᠶᠢᠭᠤᠯᠤᠮᠵᠢ ᠲᠠᠢ᠂ ᠠᠵᠢᠯᠲᠠᠨ ᠲᠠᠢ᠂ ᠴᠢᠳᠠᠪᠤᠷᠢ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠰᠤᠮᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ | ᠮᠡᠷᠭᠡᠵᠢᠯ ᠤᠨ ᠠᠵᠢᠯᠲᠠᠨ ᠢ ᠭᠦᠢᠴᠡᠳ ᠲᠣᠬᠢᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠠᠵᠢᠯ ᠢ ᠲᠤᠰᠬᠠᠶ ᠬᠢᠯᠭᠡᠨ᠎ᠡ᠃ | ᠭᠤᠷᠪᠠ᠂ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠎ᠠ | ︵ᠲᠠᠪᠤ︶ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ | ᠪᠥᠬᠦ ᠣᠷᠣᠨ ᠤ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢᠲᠠ ᠳᠤ ᠪᠣᠯᠪᠠᠰᠣᠷᠠᠯ ᠭᠦᠷᠳᠡᠬᠡᠬᠦ ᠲᠥᠯᠥᠪᠵᠢᠭᠦᠯᠭᠡ ᠶᠢ ᠰᠤᠳᠤᠯᠤᠨ | ᠲᠣᠭᠲᠠᠭᠠᠵᠤ᠂ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢᠶᠠᠨ ᠲᠥᠯᠥᠪᠯᠡᠭᠡ ᠶᠣᠰᠣᠭᠠᠷ ᠲᠠᠰ ᠳᠠᠪᠬᠤᠷᠭ᠎ᠠ ᠬᠤᠪᠢᠶᠠᠨ ᠭᠤᠤᠯᠳᠠᠯᠭ᠎ᠠ ᠲᠠᠢ ᠵᠣᠬᠢᠶᠠᠨ ᠪᠠᠶᠢᠭᠤᠯᠵᠦ | ᠥᠷᠨᠢᠭᠦᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠭᠤᠤᠯᠳᠠᠯᠭ᠎ᠠ ᠲᠠᠢ ᠶᠡᠭᠡ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ᠂ ᠰᠤᠳᠤᠯᠤᠯ ᠤᠨ | ᠪᠠᠶᠢᠭᠤᠯᠤᠮᠵᠢ ᠳᠤ ᠳᠡᠭᠡᠳᠦ ᠳᠡᠰ ᠤᠨ ᠰᠤᠷᠪᠤᠯᠵᠢᠯᠠᠬᠤ ᠡᠷᠳᠡᠮᠲᠡᠨ ᠢ ᠰᠣᠩᠭᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ | ᠪᠠ ᠡᠮᠴᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ᠎ᠡ︔ ᠣᠬᠤᠷ ᠬᠤᠭᠤᠴᠠᠭᠠᠨ ᠤ ᠳᠠᠪᠲᠠᠨ ᠪᠣᠯᠪᠠᠰᠤᠷᠠᠬᠤ᠂ ᠠᠵᠢᠯ ᠤᠨ ᠪᠠᠶᠢᠷᠢ ᠶᠢ ᠨᠢ ᠰᠣᠯᠢᠵᠦ | ᠪᠤᠯᠪᠠᠰᠤᠷᠠᠯ ᠭᠦᠷᠳᠡᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠭᠤᠤᠯᠯᠠᠭᠴᠢ ᠴᠢᠳᠠᠪᠤᠷᠢᠲᠠᠨ ᠢ | ᠬᠥᠮᠦᠵᠢᠭᠦᠯᠦᠨ᠎ᠡ︔ ᠡᠷᠳᠡᠮ ᠰᠢᠨᠵᠢᠯᠡᠭᠡᠨ ᠤ ᠬᠤᠷᠠᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠠᠵᠢᠯ ᠲᠥᠷᠥᠯ ᠤᠨ ᠮᠡᠷᠭᠡᠵᠢᠯ ᠢᠶᠠᠷ ᠬᠠᠪᠰᠤᠷᠤᠨ ᠲᠡᠳᠬᠦᠵᠦ ᠵᠢᠭᠠᠨ | ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠲᠠᠨ ᠤ ᠮᠡᠷᠭᠡᠵᠢᠯ ᠤᠨ ᠬᠢᠷᠢ ᠲᠦᠪᠰᠢᠨ ᠪᠠ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ | ᠲᠤᠭ᠎ᠠ ᠶᠢᠨ ᠪᠠᠷᠢᠮᠵᠢᠶ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠳᠠᠬᠢ | ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠨᠤᠭᠤᠳ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ ᠬᠢᠭᠡᠳ ᠬᠡᠦᠬᠡᠳ ᠤᠨ | ᠡᠮᠨᠡᠯᠭᠡ ᠶᠢᠨ ᠡᠮᠴᠢ᠂ ᠡᠬᠡ ᠪᠠᠷᠢᠭᠴᠢ ᠵᠡᠷᠭᠡ ᠦᠨᠳᠦᠰᠦᠨ ᠱᠠᠲᠤᠨ ᠳᠤ ᠪᠠᠴᠢᠮ ᠱᠠᠭᠠᠷᠳᠠᠭᠳᠠᠬᠤ ᠡᠬᠡ ᠨᠢᠯᠬᠠᠰ ᠤᠨ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ | ᠴᠢᠳᠠᠪᠤᠷᠢᠲᠠᠨ ᠢᠶᠠᠷ ᠰᠤᠷᠤᠭᠴᠢ ᠡᠯᠰᠡᠬᠦ ᠬᠡᠪᠴᠢᠶ᠎ᠡ ᠪᠠᠨ ᠨᠡᠮᠡᠭᠳᠡᠭᠦᠯᠵᠦ᠂ ᠦᠨᠳᠦᠰᠦᠨ ᠱᠠᠲᠤᠨ ᠤ ᠪᠣᠳᠠᠲᠠᠢ ᠬᠡᠷᠡᠭᠯᠡᠭᠡᠨ ᠤ ᠬᠡᠯᠪᠡᠷᠢ ᠪᠦᠬᠦᠢ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠦᠨᠳᠦᠰᠦᠨ | ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢᠲᠠᠨ ᠢᠯᠠᠩᠭᠤᠶ᠎ᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ | ᠡᠮᠨᠡᠯᠭᠡ ᠶᠢᠨ ᠡᠮᠴᠢ᠂ ᠡᠬᠡ ᠪᠠᠷᠢᠭᠴᠢ ᠵᠡᠷᠭᠡ ᠪᠠᠴᠢᠮ ᠳᠤᠲᠠᠭᠳᠠᠵᠤ ᠪᠠᠶᠢᠭ᠎ᠠ ᠬᠥᠮᠦᠰ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮ ᠬᠡᠯᠪᠡᠷᠢ ᠪᠦᠬᠦᠢ | ᠴᠢᠳᠠᠪᠤᠷᠢᠲᠠᠨ ᠪᠠ ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠬᠥᠮᠦᠵᠢᠭᠦᠯᠦᠨ᠂ ᠨᠠᠩ ᠣᠯᠠᠨ ᠡᠮᠴᠢ ᠶᠢᠨ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ | ᠰᠠᠯᠭ᠎ᠠ ᠬᠢᠭᠡᠳ ᠬᠡᠦᠬᠡᠳ ᠤᠨ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯ ᠡᠷᠬᠢᠯᠡᠬᠦ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠬᠤ ᠬᠡᠷᠡᠭᠲᠡᠶ᠃ | ︵ᠵᠢᠷᠭᠤᠭ᠎ᠠ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠨ᠂ ᠣᠷᠣᠨ ᠲᠤᠭ᠎ᠠ ᠶᠢᠨ ᠦᠯᠡᠳᠡᠭᠳᠡᠵᠦ ᠪᠠᠶᠢᠭ᠎ᠠ ᠶᠢ ᠨᠢ ᠴᠢᠯᠥᠭᠡᠲᠡᠶ ᠪᠣᠯᠭᠠᠬᠤ᠂ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ | ᠪᠠᠶᠢᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ | ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠭᠴᠢ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠪᠣᠳᠠᠲᠠᠶ ᠲᠠᠢ ᠪᠠᠨ ᠤᠶᠠᠯᠳᠤᠭᠤᠯᠤᠨ ᠡᠬᠡ | ᠨᠢᠯᠬᠠᠰ ᠤᠨ ᠡᠷᠡᠭᠦᠯᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠢᠳᠡᠪᠬᠢᠲᠡᠶ ᠪᠠᠷ ᠨᠥᠬᠦᠴᠡᠯ | ᠪᠦᠷᠢᠯᠳᠦᠭᠦᠯᠦᠨ᠂ ᠤᠷᠢᠵᠤ ᠡᠯᠰᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠥᠪᠡᠰᠦᠪᠡᠨ ᠡᠵᠡᠨ ᠮᠡᠳᠡᠵᠦ | ᠤᠷᠢᠨ ᠡᠯᠰᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠴᠠᠯᠢᠩ ᠣᠯᠭᠤᠮᠵᠢ ᠪᠠᠨ ᠳᠡᠭᠡᠭᠰᠢᠯᠡᠭᠦᠯᠬᠦ᠂ ᠣᠷᠣᠨ | ᠰᠠᠭᠤᠴᠠ ᠲᠥᠪᠬᠢᠨᠡᠭᠦᠯᠬᠦ ᠨᠥᠬᠦᠪᠦᠷᠢ ᠥᠭᠬᠦ᠂ ᠪᠠᠷᠢᠮᠵᠢᠶ᠎ᠠ ᠪᠠᠨ ᠵᠣᠬᠢᠰᠲᠠᠶ ᠪᠠᠭᠤᠷᠠᠭᠤᠯᠬᠤ ᠵᠡᠷᠭᠡ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠡᠷᠡᠭᠯᠡᠨ᠂ ᠰᠢᠯᠢᠳᠡᠭ ᠴᠢᠳᠠᠪᠤᠷᠢᠲᠠᠨ ᠢᠯᠠᠩᠭᠤᠶ᠎ᠠ ᠲᠤᠰ ᠭᠠᠵᠠᠷ ᠤᠨ ᠡᠷᠦᠬᠡ ᠠᠮᠠ ᠲᠠᠢ ᠰᠢᠯᠢᠳᠡᠭ ᠴᠢᠳᠠᠪᠤᠷᠢᠲᠠᠨ ᠢ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠳᠤ ᠲᠠᠲᠠᠵᠤ ᠠᠪᠴᠢᠷᠠᠨ ᠠᠵᠢᠯᠯᠠᠭᠤᠯᠬᠤ ᠶᠢ ᠨᠢ ᠵᠣᠷᠢᠭᠵᠢᠭᠤᠯᠬᠤ ᠬᠡᠷᠡᠭᠲᠡᠶ᠃ | ︵ᠳᠣᠯᠤᠭ᠎ᠠ︶ ᠴᠠᠯᠢᠩ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠤᠨ᠎ᠠ᠃ ︽ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠬᠡᠷᠡᠭᠵᠢᠭᠦᠯᠵᠦ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠪᠠ ᠤᠯᠤᠰ ᠤᠨ ᠲᠠᠪᠤᠨ ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ | ︽ᠬᠥᠩᠭᠡᠵᠢᠬᠦ ᠪᠥᠬᠦ ᠶᠠᠪᠤᠴᠠ ᠳᠠᠬᠢ ᠦᠨᠳᠦᠰᠦᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ ᠴᠢᠩᠭᠠᠳᠬᠠᠬᠤ ᠲᠤᠬᠠᠶ ᠰᠠᠨᠠᠯ ᠤᠳ︾ ︵ᠤᠯᠤᠰ ᠡᠷᠡᠭᠦᠯ ᠡᠬᠡ | ᠨᠢᠯᠬᠠᠰ ᠲᠠᠷᠬᠠᠭᠠᠭᠰᠠᠨ﹇2016﹈ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ | ᠪᠦᠲᠦᠮᠵᠢ ᠶᠢ ᠦᠨᠡᠯᠡᠬᠦ ᠪᠠ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠨᠢ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠴᠠᠯᠢᠩ ᠤᠨ ᠳᠣᠲᠣᠭᠠᠳᠤ ᠳᠠᠬᠢ | ᠬᠤᠪᠢᠶᠠᠷᠢᠯᠠᠯᠲᠠ ᠵᠡᠷᠭᠡ ᠲᠠᠯ᠎ᠠ ᠪᠠᠷ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠭᠴᠢ᠂ ᠰᠤᠪᠢᠯᠠᠭᠴᠢ | ᠵᠡᠷᠭᠡ ᠳᠤ ᠵᠣᠬᠢᠰᠲᠠᠶ ᠬᠠᠷᠠᠭᠠᠯᠵᠠᠯ ᠦᠵᠡᠭᠦᠯᠵᠦ᠂ ᠡᠮᠴᠢ ᠰᠤᠪᠢᠯᠠᠭᠴᠢ ᠶᠢᠨ ᠣᠯᠭᠤᠮᠵᠢ ᠶᠢ ᠰᠠᠶᠢᠵᠢᠷᠠᠭᠤᠯᠤᠨ᠂ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ | ᠴᠢᠩᠭᠠᠷᠠᠭᠤᠯᠤᠨ᠎ᠠ᠃ | ᠳᠥᠷᠪᠡ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ | ︵ᠨᠠᠢᠮᠠ︶ ᠪᠠᠴᠢᠮ ᠲᠥᠭᠰᠢᠭᠦᠷᠢ ᠬᠦᠨᠳᠦ ᠭᠡᠮ ᠲᠠᠢ ᠡᠪᠡᠳᠴᠢᠲᠠᠨ ᠢ ᠠᠪᠤᠷᠠᠨ ᠡᠮᠨᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠤᠨ ︽ᠬᠦᠨᠳᠦ | ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ᠂ ᠬᠦᠩᠭᠡᠵᠢᠭᠴᠢ ᠬᠢᠭᠡᠳ ᠨᠢᠷᠠᠶ ᠬᠡᠦᠬᠡᠳ ᠢ ᠠᠪᠤᠷᠠᠨ ᠡᠮᠨᠡᠬᠦ ᠲᠥᠪ ᠤᠨ ᠪᠦᠲᠦᠭᠡᠨ ᠪᠠᠶᠢᠭᠤᠯᠤᠯᠲᠠ ᠬᠢᠭᠡᠳ | ᠬᠠᠮᠢᠶᠠᠷᠤᠯᠲᠠ ᠶᠢᠨ ᠵᠦᠭᠯᠡᠭᠦᠷ︾ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ᠂ ᠬᠦᠩᠭᠡᠵᠢᠭᠴᠢ᠂ | ᠨᠢᠷᠠᠶ ᠬᠡᠦᠬᠡᠳ ᠢ ᠰᠢᠯᠵᠢᠭᠦᠯᠦᠨ ︵ᠬᠠᠮᠲᠤᠷᠠᠨ︶ ᠣᠨᠣᠰᠢᠯᠠᠬᠤ ᠪᠠ ᠠᠪᠤᠷᠠᠨ ᠡᠮᠨᠡᠬᠦ ᠲᠤᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠷᠮᠦᠰᠦᠨ ᠡᠮᠡᠭᠲᠡᠶ | ᠪᠠ ᠬᠦᠩᠭᠡᠵᠢᠭᠴᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠳᠤ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠵᠢᠷᠤᠮᠵᠢᠯᠲᠠᠢ | ᠪᠠᠷᠢᠮᠵᠢᠶ᠎ᠠ ᠶᠣᠰᠣᠭᠠᠷ᠂ ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ ᠪᠠ ᠬᠦᠩᠭᠡᠵᠢᠭᠴᠢ᠂ ᠬᠦᠨᠳᠦ ᠲᠥᠭᠰᠢᠭᠦᠷᠢ ᠡᠪᠡᠳᠴᠢᠨ ᠲᠠᠢ ᠨᠢᠷᠠᠶ ᠬᠡᠦᠬᠡᠳ᠂ | ᠬᠦᠨᠳᠦ ᠲᠥᠭᠰᠢᠭᠦᠷᠢ ᠡᠪᠡᠳᠴᠢᠨ ᠲᠠᠢ ᠬᠡᠦᠬᠡᠳ ᠢ ᠠᠪᠤᠷᠠᠨ ᠡᠮᠨᠡᠬᠦ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠷᠤᠳᠠᠯ ᠤᠨ ᠣᠷᠣᠭᠤᠯᠤᠯᠲᠠ ᠪᠠᠨ | ᠨᠡᠮᠡᠭᠳᠡᠭᠦᠯᠦᠨ᠂ ᠠᠪᠤᠷᠠᠨ ᠡᠮᠨᠡᠬᠦ ᠴᠢᠳᠠᠪᠤᠷᠢ ᠪᠠᠨ ᠭᠦᠢᠴᠡᠳ ᠳᠣᠭᠢᠷᠠᠭᠤᠯᠵᠤ᠂ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠥᠨ᠂ ᠪᠠᠴᠢᠮ ᠲᠥᠭᠰᠢᠭᠦᠷᠢ ᠬᠦᠨᠳᠦ | ᠭᠡᠮ ᠲᠠᠢ ᠡᠪᠡᠳᠴᠢᠲᠠᠨ ᠢ ᠠᠪᠤᠷᠠᠨ ᠡᠮᠨᠡᠬᠦ ᠳᠤ ᠰᠠᠭᠠᠳ ᠥᠬᠡᠶ ᠨᠡᠪᠲᠡᠷᠡᠬᠦ ᠵᠠᠮ ᠢ ᠨᠢ ᠰᠢᠯᠤᠭᠤᠳᠬᠠᠨ᠎ᠠ᠃ | ︵ᠶᠢᠰᠦ︶ ᠡᠬᠡ ᠨᠢᠯᠬᠠᠰ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠨᠢ ᠲᠤᠰ ᠭᠠᠵᠠᠷ ᠤᠨ ᠪᠣᠳᠠᠲᠤ | ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ | ᠡᠮᠴᠢᠯᠡᠭᠡᠨ ᠤ ᠣᠨᠣᠰᠢᠯᠠᠨ ᠡᠮᠨᠡᠬᠦ ᠴᠢᠳᠠᠮᠵᠢ ᠶᠢ ᠴᠢᠩᠭᠠᠷᠠᠭᠤᠯᠵᠤ᠂ ᠡᠪᠡᠳᠴᠢᠲᠡᠨ ᠤ ᠣᠷᠣ ᠶᠢ ᠨᠡᠶᠢᠳᠡᠮ ᠲᠣᠬᠢᠷᠠᠭᠤᠯᠤᠨ᠂ ᠡᠮᠴᠢᠯᠡᠭᠡᠨ ᠤ ᠦᠢᠯᠡᠴᠢᠯᠡᠭᠡ ᠥᠷᠨᠢᠭᠦᠯᠵᠦ᠂ | ᠣᠷᠣᠨ ᠪᠦᠰᠡ ᠳᠠᠬᠢ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠷᠡᠭᠦᠯᠵᠢᠯ ᠤᠨ ᠦᠢᠯᠡᠴᠢᠯᠡᠭᠡᠨ ᠤ ᠠᠵᠢᠯ ᠳᠤ ᠰᠠᠶᠢᠨ ᠰᠠᠶᠢᠬᠠᠨ ᠰᠠᠭᠤᠷᠢ ᠶᠢ | ᠲᠠᠯᠪᠢᠬᠤ ᠬᠡᠷᠡᠭᠲᠡᠶ᠃ ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠰᠡᠨ ᠪᠠᠶᠢᠪᠠᠯ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠵᠡᠷᠭᠡ | ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠶ ᠥᠷᠭᠡᠳᠬᠡᠵᠦ᠂ ᠰᠡᠷᠭᠡᠶᠢᠯᠡᠬᠦ ᠪᠠ ᠡᠮᠨᠡᠬᠦ ᠪᠠᠨ ᠨᠢᠭᠡ ᠴᠣᠭᠴᠠᠵᠢᠭᠤᠯᠬᠤ ᠶᠢ ᠪᠠᠷᠢᠮᠲᠠᠯᠠᠨ᠂ ᠡᠷᠡᠭᠦᠯᠵᠢᠯ ᠬᠢᠭᠡᠳ | ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ︔ ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠡᠳᠦᠶ ᠪᠠᠶᠢᠪᠠᠯ | ᠲᠥᠯᠥᠪᠯᠡᠭᠡ ᠲᠣᠭᠲᠠᠭᠠᠵᠤ ᠨᠥᠬᠦᠴᠡᠯ ᠪᠦᠷᠢᠯᠳᠦᠭᠦᠯᠵᠦ ᠪᠠᠶᠢᠭᠠᠳ ᠡᠮᠴᠢᠯᠡᠭᠡᠨ ᠤ ᠦᠢᠯᠡᠴᠢᠯᠡᠭᠡ ᠶᠢ ᠡᠷᠲᠡᠬᠡᠨ ᠥᠷᠨᠢᠭᠦᠯᠬᠦ ᠪᠠᠷ ᠴᠢᠷᠮᠠᠶᠢᠬᠤ ᠬᠡᠷᠡᠭᠲᠡᠶ᠃ | ︵ᠠᠷᠪᠠ︶ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠬᠦᠷᠢᠶ᠎ᠡ ᠪᠠ ᠠᠭᠤᠯᠤᠭᠳᠠᠬᠤᠨ ᠢ ᠢᠳᠡᠪᠬᠢᠲᠡᠶ ᠥᠷᠭᠡᠳᠬᠡᠵᠦ᠂ ᠨᠢᠷᠠᠶ ᠬᠡᠦᠬᠡᠳ ᠤᠨ ᠡᠷᠡᠭᠦᠯᠵᠢᠯ᠂ ᠬᠡᠦᠬᠡᠳ ᠤᠨ ᠠᠩᠬᠠᠨ ᠤ ᠪᠤᠶᠢᠵᠢᠯᠲᠠ᠂ | ᠬᠡᠦᠬᠡᠳ ᠤᠨ ᠥᠰᠥᠯᠲᠡ᠂ ᠵᠠᠯᠠᠭᠤ ᠨᠠᠰᠤᠨ ᠤ ᠡᠷᠡᠭᠦᠯᠵᠢᠯ᠂ ᠴᠡᠪᠡᠷᠰᠢᠬᠦ ᠬᠤᠭᠤᠴᠠᠭᠠᠨ ᠤ ᠡᠷᠡᠭᠦᠯᠵᠢᠯ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠯ ᠵᠡᠷᠭᠡ | ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠠᠯ᠎ᠠ ᠪᠠᠷ | ᠦᠷᠭᠦᠯᠵᠢᠯᠡᠭᠰᠡᠨ᠂ ᠶᠡᠷᠦᠩᠬᠡᠶᠢᠯᠡᠭᠰᠡᠨ᠂ ᠬᠠᠯᠠᠮᠵᠢᠯᠠᠭᠰᠠᠨ ᠦᠢᠯᠡᠴᠢᠯᠡᠭᠡ ᠶᠢ ᠬᠠᠩᠭᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠪᠠ | ᠦᠨ᠎ᠡ ᠬᠠᠩᠰᠢ ᠶᠢ ᠵᠣᠬᠢᠰᠲᠠᠶ ᠲᠣᠭᠲᠠᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠬᠡᠷᠡᠭᠲᠡᠶ᠃ ᠡᠯ᠎ᠡ ᠱᠠᠲᠤᠨ ᠤ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠦᠨᠳᠦᠰᠦᠨ ᠴᠢᠳᠠᠮᠵᠢ ᠶᠢᠨ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠣᠰ | ᠪᠡᠶ᠎ᠡ ᠶᠢᠨ ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ᠂ ᠳᠠᠪᠠᠭᠤᠯᠢᠭ ᠬᠦᠷᠢᠶ᠎ᠡ ᠴᠠᠷᠠᠭ᠎ᠠ ᠶᠢ ᠰᠣᠩᠭᠤᠵᠤ ᠪᠠᠶᠢᠭᠠᠳ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ | ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠮᠡᠷᠭᠡᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ᠂ ᠡᠬᠡ | ᠨᠢᠯᠬᠠᠰ ᠤᠨ ᠡᠷᠡᠭᠦᠯᠵᠢᠯ ᠤᠨ ᠲᠤᠰᠬᠠᠶ ᠰᠠᠯᠠᠭ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠠᠷᠪᠠᠨ ᠨᠢᠭᠡ︶ ᠡᠮᠡᠭᠲᠡᠶᠢᠴᠦᠳ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠶᠢᠨ | ᠬᠥᠮᠦᠵᠢᠯ ᠪᠠ ᠡᠷᠡᠭᠦᠯ ᠮᠡᠨᠳᠦ ᠶᠢᠨ ᠠᠬᠢᠭᠤᠯᠤᠯᠲᠠ ᠶᠢ ᠴᠢᠩᠭᠠᠳᠬᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠡᠮᠨᠡᠬᠦ ᠮᠡᠳᠡᠯᠭᠡ ᠶᠢ | ᠲᠦᠭᠡᠮᠡᠯᠵᠢᠭᠦᠯᠦᠨ᠎ᠡ᠃ ᠵᠢᠷᠮᠦᠰᠦᠯᠡᠭᠰᠡᠨ ᠪᠠ ᠬᠥᠩᠭᠡᠵᠢᠭᠰᠡᠨ ᠡᠮᠡᠭᠲᠡᠢ ᠬᠢᠭᠡᠳ ᠬᠡᠦᠬᠡᠳ ᠲᠤ ᠢᠳᠡᠭᠡᠨ ᠤᠮᠳᠠᠭᠠᠨ ᠢ ᠨᠢ ᠵᠣᠬᠢᠰᠲᠠᠢ ᠲᠣᠬᠢᠷᠠᠭᠤᠯᠬᠤ ᠶᠢ ᠵᠢᠭᠠᠨ | ᠵᠢᠯᠣᠭᠤᠳᠬᠤ ᠪᠠᠨ ᠴᠢᠩᠭᠠᠳᠬᠠᠵᠤ᠂ ᠴᠢᠰᠤ ᠳᠤᠲᠠᠬᠤ᠂ ᠰᠢᠮ᠎ᠡ ᠲᠡᠵᠢᠭᠡᠯ ᠳᠤᠲᠠᠭᠳᠠᠬᠤ᠂ ᠮᠠᠷᠢᠶᠠᠯᠠᠬᠤ ᠵᠡᠷᠭᠡ ᠰᠢᠮ᠎ᠡ ᠲᠡᠵᠢᠭᠡᠯ ᠤᠨ ᠴᠢᠨᠠᠷᠲᠠᠢ ᠡᠪᠡᠳᠴᠢᠨ ᠡᠮᠭᠡᠭ ᠢ | ᠰᠡᠷᠭᠡᠶᠢᠯᠡᠬᠦ ᠪᠠ ᠬᠤᠷᠢᠭᠯᠠᠨ᠎ᠠ᠃ ᠡᠮᠡᠭᠲᠡᠶᠢᠴᠦᠳ ᠬᠡᠦᠬᠡᠳ ᠤᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠰᠠᠭᠤᠨ ᠯᠠᠪᠯᠠᠬᠤ ᠦᠢᠯᠡᠴᠢᠯᠡᠭᠡ ᠵᠢᠴᠢ ᠬᠡᠦᠬᠡᠳ ᠤᠨ | ᠨᠢᠳᠦᠨ ᠤ ᠡᠷᠡᠭᠦᠯ ᠮᠡᠨᠳᠦ ᠶᠢᠨ ᠠᠵᠢᠯ ᠢ ᠥᠷᠨᠢᠭᠦᠯᠵᠦ᠂ ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠪᠤᠬᠢᠨᠢᠳᠤᠬᠤ ᠭᠡᠮ ᠰᠠᠭᠤᠬᠤ ᠪᠠ ᠬᠡᠦᠬᠡᠳ ᠤᠨ ᠵᠣᠵᠢᠭ | ᠭᠡᠮ ᠲᠠᠢ ᠪᠣᠯᠬᠤ ᠶᠢ ᠰᠡᠷᠭᠡᠶᠢᠯᠡᠬᠦ᠂ ᠡᠷᠲᠡ ᠢᠯᠡᠷᠡᠭᠦᠯᠬᠦ ᠵᠢᠴᠢ ᠬᠠᠮᠢᠶᠠᠷᠬᠤ ᠠᠵᠢᠯ ᠢ ᠰᠠᠶᠢᠲᠤᠷ ᠬᠢᠨ᠎ᠡ᠃ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ | ᠡᠪᠡᠳᠴᠢᠨ ᠢ ᠲᠣᠭᠲᠠᠮᠠᠯ ᠬᠤᠭᠤᠴᠠᠭ᠎ᠠ ᠲᠠᠢ ᠰᠢᠭᠰᠢᠨ ᠪᠠᠶᠢᠴᠠᠭᠠᠬᠤ ᠲᠦᠷᠢᠮ ᠢ ᠪᠠᠶᠢᠭᠤᠯᠵᠤ᠂ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ | ᠥᠮᠡᠨ ᠢ ᠲᠥᠯᠥᠪᠦᠷᠢ ᠥᠬᠡᠶ ᠪᠠᠷ ᠪᠠᠶᠢᠴᠠᠭᠠᠬᠤ ᠬᠡᠪᠴᠢᠶ᠎ᠡ ᠶᠢ ᠨᠢ ᠥᠷᠭᠡᠳᠬᠡᠵᠦ᠂ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠢᠭᠰᠢᠨ | ᠪᠠᠶᠢᠴᠠᠭᠠᠬᠤ ᠨᠣᠷᠮ᠎ᠠ ᠪᠠ ᠡᠷᠲᠡ ᠣᠨᠣᠰᠢᠯᠠᠵᠤ ᠡᠷᠲᠡ ᠡᠮᠨᠡᠬᠦ ᠨᠣᠷᠮ᠎ᠠ ᠶᠢ ᠳᠡᠭᠡᠭᠰᠢᠯᠡᠭᠦᠯᠦᠨ᠎ᠡ︔ ᠬᠡᠦᠬᠡᠳ ᠤᠨ ᠨᠡᠷᠪᠡᠭᠳᠡᠭᠰᠡᠨ ᠬᠦᠨᠳᠦ ᠬᠡᠴᠡᠭᠦᠦ ᠡᠪᠡᠳᠴᠢᠨ ᠡᠮᠭᠡᠭ ᠢ | ᠡᠮᠨᠡᠬᠦ ᠪᠠᠨ ᠴᠢᠩᠭᠠᠳᠬᠠᠵᠤ᠂ ᠠᠶᠢᠽ ᠡᠪᠡᠳᠴᠢᠨ ᠪᠠ ᠪᠡᠯᠭᠡ ᠶᠢᠨ ᠡᠪᠡᠳᠴᠢᠨ ᠢ ᠰᠡᠷᠭᠡᠶᠢᠯᠡᠨ ᠡᠮᠨᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠲᠤ | ᠠᠶᠢᠽ ᠡᠪᠡᠳᠴᠢᠨ᠂ ᠲᠡᠮᠪᠦᠤ᠂ ᠡᠯᠢᠭᠡᠨ ᠤ B ᠦᠷᠪᠢᠰᠦᠯ ᠬᠠᠯᠳᠠᠪᠤᠷᠢᠯᠠᠬᠤ ᠶᠢ ᠰᠡᠷᠭᠡᠶᠢᠯᠡᠬᠦ ᠪᠠ ᠪᠠᠭᠠᠰᠬᠠᠵᠤ᠂ ︽ᠠᠶᠢᠽ ᠡᠪᠡᠳᠴᠢᠨ ᠳᠤ ᠨᠢᠭᠡ ᠴᠦ ᠬᠡᠦᠬᠡᠳ | ᠨᠡᠷᠪᠡᠭᠳᠡᠬᠦ ᠦᠭᠡᠶ︾ ᠪᠠᠶᠢᠯᠭᠠᠬᠤ ᠬᠠᠷᠠᠯᠲᠠ ᠶᠢ ᠪᠠᠲᠤᠯᠠᠨ᠎ᠠ᠃ | ︵ᠠᠷᠪᠠᠨ ᠬᠤᠶᠠᠷ︶ ᠡᠷᠡᠮᠳᠡᠭ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠵᠦ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠪᠠ ᠥᠪᠡᠷᠲᠡᠭᠡᠨ | ᠵᠠᠰᠠᠬᠤ ᠣᠷᠣᠨ ᠤ ᠨᠡᠶᠢᠲᠡᠯᠡᠭᠰᠡᠨ ᠡᠷᠡᠮᠳᠡᠭ ᠵᠡᠷᠡᠮᠳᠡᠭ ᠲᠦᠷᠦᠭᠦ ᠶᠢ ᠰᠡᠷᠭᠡᠶᠢᠯᠡᠨ ᠡᠮᠨᠡᠬᠦ ᠳᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠷᠡᠮᠳᠡᠭ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠵᠦ ᠡᠮᠨᠡᠬᠦ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ | ᠵᠢᠷᠮᠦᠰᠦᠨ ᠪᠠᠶᠢᠭ᠎ᠠ ᠦᠶ᠎ᠡ᠂ ᠨᠢᠷᠠᠢ ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠳᠠᠬᠢ ᠡᠷᠡᠮᠳᠡᠭ ᠵᠡᠷᠡᠮᠳᠡᠭ ᠢ ᠨᠢ ᠰᠡᠷᠭᠡᠶᠢᠯᠡᠵᠦ ᠡᠮᠨᠡᠬᠦ ᠲᠣᠭᠲᠠᠯᠴᠠᠭ᠎ᠠ ᠶᠢ | ᠪᠠᠶᠢᠭᠤᠯᠵᠤ᠂ ᠡᠷᠡᠮᠳᠡᠭ ᠵᠡᠷᠡᠮᠳᠡᠭ ᠢ ᠰᠡᠷᠭᠡᠶᠢᠯᠡᠵᠦ ᠡᠮᠨᠡᠬᠦ ᠲᠠᠯ᠎ᠠ ᠳᠤ ᠡᠷᠬᠡ ᠲᠡᠭᠰᠢ ᠪᠠᠶᠢᠬᠤ᠂ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠦᠨᠳᠦᠰᠦᠨ | ᠦᠢᠯᠡᠴᠢᠯᠡᠭᠡ ᠬᠠᠩᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠷᠡᠮᠳᠡᠭ ᠵᠡᠷᠡᠮᠳᠡᠭ ᠢ ᠰᠢᠭᠰᠢᠨ ᠪᠠᠶᠢᠴᠠᠭᠠᠬᠤ | ᠲᠣᠣᠷ ᠰᠦᠯᠵᠢᠶ᠎ᠡ ᠪᠠᠷ ᠪᠣᠶ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠢ ᠬᠠᠮᠤᠷᠬᠤ ᠪᠣᠯᠭᠠᠨ᠎ᠠ᠃ | ︵ᠠᠷᠪᠠᠨ ᠭᠤᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠤᠨ | ᠪᠠᠶᠢᠭᠤᠯᠤᠯᠲᠠ ᠶᠢ ᠴᠢᠩᠭᠠᠳᠬᠠᠵᠤ᠂ ᠵᠢᠷᠮᠦᠰᠦᠯᠡᠬᠦ ᠪᠣᠶᠢᠵᠢᠭᠤᠯᠬᠤ ᠲᠣᠬᠢᠷᠠᠭᠤᠯᠬᠤ ᠠᠰᠠᠷᠠᠬᠤ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠬᠦ᠂ ᠬᠡᠦᠬᠡᠳ ᠤᠨ ᠡᠷᠡᠭᠦᠯᠵᠢᠯ | ᠵᠡᠷᠭᠡ ᠲᠠᠯ᠎ᠠ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠡᠷᠡᠭᠯᠡᠯᠲᠡ ᠶᠢ ᠥᠷᠭᠡᠳᠬᠡᠨ᠎ᠡ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ | ᠬᠠᠩᠭᠠᠬᠤ ᠡᠮᠴᠢᠯᠡᠭᠡᠨ ᠤ ᠪᠠᠶᠢᠭᠤᠯᠤᠮᠵᠢ ᠨᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠪᠠ ᠠᠷᠭ᠎ᠠ ᠶᠢ ᠢᠳᠡᠪᠬᠢᠲᠡᠶ ᠳᠡᠯᠭᠡᠷᠡᠭᠦᠯᠦᠨ | ᠬᠡᠷᠡᠭᠯᠡᠵᠦ᠂ ᠬᠢᠲᠠᠳ ᠡᠮ ︵ᠮᠣᠩᠭᠤᠯ ᠡᠮ︶ ᠢ ᠵᠣᠬᠢᠰᠲᠠᠶ ᠬᠡᠷᠡᠭᠯᠡᠬᠦ ᠪᠠ ᠠᠵᠢᠯᠲᠠᠨ ᠢᠶᠠᠨ ᠪᠣᠯᠪᠠᠰᠤᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠡᠮᠡᠭᠲᠡᠶᠢᠴᠦᠳ | ᠬᠡᠦᠬᠡᠳ ᠤᠨ ᠡᠪᠡᠳᠴᠢᠨ ᠡᠮᠭᠡᠭ ᠢ ᠣᠨᠣᠰᠢᠯᠠᠨ ᠡᠮᠨᠡᠬᠦ ᠳᠤ ᠬᠢᠲᠠᠳ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ ᠬᠦᠴᠢᠷ ᠲᠦᠪᠡᠭᠲᠡᠢ | ᠡᠪᠡᠳᠴᠢᠨ᠂ ᠪᠠᠴᠢᠮ ᠲᠥᠭᠰᠢᠭᠦᠷᠢᠲᠡᠢ ᠬᠦᠨᠳᠦ ᠡᠪᠡᠳᠴᠢᠨ ᠢ ᠣᠨᠣᠰᠢᠯᠠᠨ ᠡᠮᠨᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠨᠢ ᠴᠥᠮ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠬᠡᠷᠡᠭᠯᠡᠨ ᠡᠮᠡᠭᠲᠡᠶ ᠶᠢᠨ ᠡᠮᠨᠡᠯᠭᠡ᠂ ᠬᠡᠦᠬᠡᠳ ᠤᠨ ᠡᠮᠨᠡᠯᠭᠡ ᠵᠢᠴᠢ ᠪᠤᠰᠤᠳ ᠬᠠᠮᠢᠶ᠎ᠠ ᠪᠥᠬᠦᠶ ᠡᠮᠴᠢᠯᠡᠭᠡᠨ ᠤ ᠦᠢᠯᠡᠴᠢᠯᠡᠭᠡ ᠶᠢ | ᠥᠷᠨᠢᠭᠦᠯᠬᠦ ᠬᠡᠷᠡᠭᠲᠡᠢ᠃ | ᠲᠠᠪᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠷᠠᠭᠤᠯᠤᠨ᠎ᠠ | ︵ᠠᠷᠪᠠᠨ ᠳᠥᠷᠪᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠶᠢ ᠬᠢᠨᠠᠨ ᠲᠣᠭᠲᠠᠭᠠᠬᠤ ᠪᠠᠷ ᠭᠠᠷᠳᠠᠴᠠ ᠪᠣᠯᠭᠠᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠠᠬᠢ | ᠥᠭᠡᠷᠡᠴᠢᠯᠡᠯᠲᠡ ᠶᠢ ᠠᠬᠢᠭᠤᠯᠵᠤ᠂ ᠵᠢᠷᠮᠦᠰᠦᠨ ᠪᠠ ᠬᠥᠩᠭᠡᠵᠢᠬᠦ ᠡᠮᠡᠭᠲᠡᠢ ᠶᠢᠨ ᠡᠷᠡᠭᠦᠯᠵᠢᠯ ᠤᠨ ᠬᠡᠯᠲᠡᠰ᠂ ᠬᠡᠦᠬᠡᠳ ᠤᠨ ᠡᠷᠡᠭᠦᠯᠵᠢᠯ ᠤᠨ ᠬᠡᠯᠲᠡᠰ᠂ | ᠡᠮᠡᠭᠲᠡᠶᠢᠴᠦᠳ ᠤᠨ ᠡᠷᠡᠭᠦᠯᠵᠢᠯ ᠤᠨ ᠬᠡᠯᠲᠡᠰ ᠪᠠ ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠬᠡᠯᠲᠡᠰ ︵ᠰᠠᠯᠠᠭ᠎ᠠ᠂ ᠲᠠᠰᠤᠭ︶ ᠢ | ᠵᠢᠷᠤᠮᠵᠢᠭᠤᠯᠤᠨ ᠪᠠᠶᠢᠷᠢᠯᠠᠭᠤᠯᠵᠤ᠂ ᠡᠷᠡᠭᠦᠯᠵᠢᠯ ᠬᠢᠭᠡᠳ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠳᠠᠲᠠᠢ ᠠᠭᠤᠰᠤᠯᠴᠠᠯ ᠢ ᠪᠡᠶᠡᠯᠡᠭᠦᠯᠦᠨ᠎ᠡ᠃ ᠡᠬᠡ ᠨᠢᠯᠬᠠᠰ ᠤᠨ | ᠡᠷᠡᠭᠦᠯᠵᠢᠯ ᠳᠤ ᠮᠡᠷᠭᠡᠵᠢᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠂ ᠪᠠᠶᠢᠭᠤᠯᠤᠮᠵᠢ᠂ ᠠᠵᠢᠯᠲᠠᠨ ᠤ ᠵᠥᠪᠰᠢᠶᠡᠷᠡᠨ ᠣᠷᠣᠭᠤᠯᠬᠤ ᠶᠢ | ᠴᠢᠩᠳᠠᠯᠠᠵᠤ᠂ ᠡᠬᠡ ᠨᠢᠯᠬ᠎ᠠ ᠶᠢᠨ ᠡᠷᠡᠭᠦᠯ ᠮᠡᠨᠳᠦ ᠯᠦᠭᠡ ᠬᠠᠮᠢᠶ᠎ᠠ ᠲᠠᠢ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ᠎ᠠ᠃ | ︵ᠠᠷᠪᠠᠨ ᠲᠠᠪᠤ︶ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠶᠠᠰᠤ ᠴᠢᠨᠠᠷ ᠲᠤ ᠦᠨᠡᠯᠡᠬᠦ ᠲᠦᠷᠢᠮ ᠪᠠ ᠲᠣᠭᠲᠠᠮᠠᠯ ᠬᠤᠭᠤᠴᠠᠭ᠎ᠠ ᠲᠠᠢ ᠰᠢᠯᠭᠠᠨ ᠬᠢᠨᠠᠬᠤ ᠲᠦᠷᠢᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ᠂ ᠨᠢᠷᠠᠢ ᠬᠡᠦᠬᠡᠳ ᠤᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ ᠲᠥᠪ ᠲᠤ ᠲᠦᠰᠢᠭᠯᠡᠨ᠂ | ᠪᠦᠬᠦ ᠣᠷᠣᠨ ᠤ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠪᠠ ᠨᠢᠷᠠᠢ ᠬᠡᠦᠬᠡᠳ ᠤᠨ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠠᠮᠤᠷ | ᠲᠦᠪᠰᠢᠨ ᠢ ᠵᠢᠭᠠᠨ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃ ᠡᠬᠡ ᠪᠠᠷᠢᠬᠤ ᠮᠡᠷᠭᠡᠵᠢᠯ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ | ᠣᠨᠣᠰᠢᠯᠠᠬᠤ᠂ ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠤᠷᠤᠭᠯᠠᠬᠤ ᠶᠢᠨ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠪᠠ ᠬᠥᠮᠦᠨ | ᠲᠥᠷᠥᠯᠬᠢᠲᠡᠨ ᠤ ᠲᠤᠰᠠᠯᠠᠬᠤ ᠦᠷᠡᠵᠢᠯ ᠵᠡᠷᠭᠡ ᠮᠡᠷᠭᠡᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠡᠵᠡᠮᠳᠡᠬᠦ ᠪᠠᠨ ᠭᠤᠤᠯᠳᠠᠯᠭ᠎ᠠ ᠲᠠᠢ ᠴᠢᠩᠭᠠᠷᠠᠭᠤᠯᠵᠤ᠂ | ᠦᠢᠯᠡᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ︵ᠠᠷᠪᠠᠨ ᠵᠢᠷᠭᠤᠭ᠎ᠠ︶ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ | ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ | ᠲᠥᠯᠥᠪᠵᠢᠭᠦᠯᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠡᠮᠡᠭᠲᠡᠶᠢᠴᠦᠳ᠂ ᠬᠡᠦᠬᠡᠳ ᠤᠨ ᠠᠳᠠᠯᠢ ᠪᠤᠰᠤ ᠴᠠᠭ ᠬᠤᠭᠤᠴᠠᠭᠠᠨ ᠳᠠᠬᠢ ᠡᠷᠡᠭᠦᠯ ᠮᠡᠨᠳᠦ ᠶᠢᠨ ᠬᠠᠮᠢᠶᠠᠷᠤᠯᠲᠠ᠂ ᠦᠢᠯᠡᠴᠢᠯᠡᠭᠡᠨ ᠤ ᠮᠡᠳᠡᠭᠡ ᠵᠠᠩᠭᠢ ᠳᠤ ᠴᠢᠭᠯᠡᠭᠦᠯᠵᠦ | ᠬᠥᠳᠡᠯᠦᠩᠭᠦᠶ ᠪᠠᠷ ᠴᠤᠭᠯᠠᠭᠤᠯᠬᠤ᠂ ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠪᠠ ᠶᠡᠷᠦᠩᠬᠡᠶᠢᠯᠡᠨ ᠵᠠᠳᠠᠯᠬᠤ ᠶᠢ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ | ᠬᠠᠮᠢᠶᠠᠷᠤᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾ ᠶᠢᠨ ᠦᠢᠯᠡᠴᠢᠯᠡᠭᠡᠨ ᠤ | ᠵᠠᠭᠪᠤᠷ ᠢ ᠬᠡᠷᠡᠭᠵᠢᠭᠦᠯᠵᠦ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠨ᠂ ᠠᠯᠤᠰ ᠡᠵᠡᠮᠰᠢᠯ ᠢᠶᠠᠷ ᠬᠠᠮᠲᠤᠷᠠᠨ | ᠣᠨᠣᠰᠢᠯᠠᠬᠤ᠂ ᠰᠦᠯᠵᠢᠶ᠎ᠡ ᠪᠠᠷ ᠣᠨᠣᠰᠢᠯᠠᠨ ᠡᠮᠨᠡᠬᠦ᠂ ᠪᠣᠯᠵᠣᠵᠤ ᠣᠨᠣᠰᠢᠯᠠᠨ ᠡᠮᠨᠡᠬᠦ᠂ ᠮᠡᠷᠭᠡᠵᠢᠯ ᠤᠨ ᠪᠤᠯᠪᠠᠰᠤᠷᠠᠯ ᠭᠦᠷᠳᠡᠬᠡᠬᠦ ᠪᠠ ᠲᠤᠬᠠᠶᠢᠯᠠᠭᠰᠠᠨ ᠠᠵᠢᠯ ᠤᠨ | ᠵᠢᠭᠠᠨ ᠵᠢᠯᠣᠭᠤᠳᠬᠤ ᠵᠡᠷᠭᠡ ᠠᠵᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠡᠮᠴᠢᠯᠡᠭᠡ ᠡᠷᠡᠭᠦᠯᠵᠢᠯ ᠤᠨ ᠡᠯᠪᠡᠭ ᠪᠠᠶᠠᠯᠢᠭ᠂ ᠳᠥᠭᠦᠮ ᠳᠥᠲᠡ᠂ ᠬᠠᠯᠠᠭᠤᠨ | ᠳᠣᠲᠣᠨᠣ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ | ︵ᠠᠷᠪᠠᠨ ᠳᠣᠯᠤᠭ᠎ᠠ︶ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ | ᠣᠷᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠲᠤᠰᠬᠠᠶ ᠡᠮᠴᠢᠯᠡᠭᠡᠨ ᠤ | ᠬᠤᠯᠪᠣᠭ᠎ᠠ ᠶᠢ ᠵᠣᠬᠢᠶᠠᠨ ᠪᠠᠶᠢᠭᠤᠯᠬᠤ ᠪᠠ ᠠᠯᠤᠰ ᠡᠵᠡᠮᠰᠢᠯᠲᠦ ᠡᠮᠴᠢᠯᠡᠭᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠲᠤᠬᠠᠶᠢᠯᠠᠭᠰᠠᠨ ᠠᠵᠢᠯ ᠢ | ᠨᠠᠶᠢᠳᠠᠨ ᠬᠠᠮᠢᠶᠠᠷᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ | ᠱᠠᠲᠤᠨ ᠳᠤ ᠪᠠᠭᠤᠯᠭᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠢᠭᠡᠳ ᠬᠤᠰᠢᠭᠤ | ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠢᠭᠡᠳ ᠰᠤᠮᠤ ᠰᠢᠶᠠᠩ ᠪᠠᠯᠭᠠᠰᠤᠨ ︵ᠨᠡᠶᠢᠭᠡᠮ | ᠲᠣᠭᠤᠷᠢᠭ︶ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠡᠭᠡᠳᠦ ᠳᠣᠣᠷᠠᠳᠤ ᠱᠠᠲᠤ ᠪᠠᠷ ᠬᠤᠯᠪᠣᠭᠠᠯᠠᠬᠤ ᠶᠢ ᠵᠣᠷᠢᠭᠵᠢᠭᠤᠯᠵᠤ᠂ ᠬᠤᠯᠪᠣᠭᠠᠲᠤ | ᠴᠣᠭᠴᠠ ᠶᠢᠨ ᠳᠣᠲᠣᠭᠠᠳᠤ ᠳᠤ ᠪᠠᠨ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠮᠡᠷᠭᠡᠵᠢᠯ ᠤᠨ ᠵᠢᠭᠠᠨ ᠵᠢᠯᠣᠭᠤᠳᠬᠤ᠂ ᠲᠤᠬᠠᠶᠢᠯᠠᠭᠰᠠᠨ ᠠᠵᠢᠯ ᠤᠨ | ᠪᠤᠯᠪᠠᠰᠤᠷᠠᠯ ᠭᠦᠷᠳᠡᠬᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠬᠡ ᠨᠢᠯᠬᠠᠰ ᠤᠨ | ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠨᠢ ᠢᠳᠡᠪᠬᠢᠲᠡᠶ ᠠᠬᠢᠭᠤᠯᠤᠨ᠎ᠠ | ︵ᠠᠷᠪᠠᠨ ᠨᠠᠢᠮᠠ︶ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠨᠢ ᠠᠬᠢᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠪᠠ ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠬᠤ ᠠᠵᠢᠯ ᠢ ᠢᠳᠡᠪᠬᠢᠲᠡᠶ ᠠᠬᠢᠭᠤᠯᠵᠤ᠂ ᠲᠤᠷᠰᠢᠯᠭ᠎ᠠ ᠪᠠᠨ ᠴᠠᠭ | ᠲᠤᠬᠠᠶ ᠳᠤ ᠨᠢ ᠳ᠋ᠦᠩᠨᠡᠵᠦ ᠳᠡᠯᠭᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠨᠢ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠶᠠᠮᠠᠷᠪᠠ ᠬᠡᠯᠪᠡᠷᠢ ᠪᠠᠷ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠲᠡᠭᠡᠳ ᠤᠨ ᠬᠢᠷᠢ ᠬᠡᠮ ᠪᠠ ᠥᠮᠴᠢᠯᠡᠬᠦ ᠡᠷᠬᠡ ᠶᠢᠨ ᠰᠢᠨᠵᠢ ᠴᠢᠨᠠᠷ ᠵᠢᠴᠢ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠲᠤᠰᠠᠭᠠᠷ ᠲᠣᠭᠠᠴᠠᠭ᠎ᠠ ᠬᠢᠬᠦ ᠲᠦᠷᠢᠮ ᠢ ᠬᠤᠪᠢᠷᠠᠭᠤᠯᠵᠤ ᠪᠣᠯᠬᠤ ᠥᠬᠡᠶ᠂ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠢ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ᠂ ᠲᠦᠷᠢᠶᠡᠰᠦᠯᠡᠭᠦᠯᠵᠦ ︵ᠵᠢᠭᠡᠯᠡᠨ ᠥᠭᠴᠦ︶ | ᠪᠣᠯᠬᠤ ᠥᠬᠡᠶ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠢᠮᠠᠭᠲᠠ | ᠪᠠᠲᠤᠯᠠᠨ᠎ᠠ᠃ | ︵ᠠᠷᠪᠠ ᠶᠢᠰᠦ︶ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠬᠤᠶᠠᠷ ᠢ ᠵᠥᠪᠰᠢᠶᠡᠷᠡᠬᠦ︾ | ︵ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠤᠨ | ᠡᠵᠡᠮᠰᠢᠬᠦ ᠬᠢᠷᠢ ᠬᠡᠮᠵᠢᠶ᠎ᠡ ᠠᠴᠠ ᠳᠠᠪᠠᠭᠤᠯᠬᠤ ᠶᠢ ᠨᠢ ᠵᠥᠪᠰᠢᠶᠡᠷᠡᠬᠦ᠂ ᠡᠮᠴᠢᠯᠡᠭᠡᠨ ᠤ ᠦᠢᠯᠡᠴᠢᠯᠡᠭᠡ ᠶᠢᠨ ᠣᠷᠣᠯᠭ᠎ᠠ ᠠᠴᠠ ᠥᠪᠡᠷ ᠤᠨ ᠥᠷᠲᠡᠭ ᠢ ᠰᠠᠭᠤᠯᠭᠠᠨ | ᠠᠪᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠤᠯᠳᠠᠭᠤ ᠠᠵᠢᠯᠲᠠᠨ ᠢ ᠱᠠᠩᠨᠠᠬᠤ ᠳᠤ | ᠬᠡᠷᠡᠭᠯᠡᠬᠦ ᠶᠢ ᠨᠢ ᠵᠥᠪᠰᠢᠶᠡᠷᠡᠬᠦ︶ ᠲᠤᠬᠠᠶ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠲᠤᠰ | ᠭᠠᠵᠠᠷ ᠤᠨ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠡᠳ᠋ ᠤᠨ ᠵᠠᠰᠠᠭ ᠤᠨ ᠪᠥᠬᠦ ᠲᠤᠭ᠎ᠠ ᠪᠠᠷ ᠪᠠᠲᠤᠯᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠮᠥᠷᠲᠡᠭᠡᠨ ︽ᠬᠤᠶᠠᠷ ᠢ ᠵᠥᠪᠰᠢᠶᠡᠷᠡᠬᠦ︾ ᠱᠠᠭᠠᠷᠳᠠᠯᠭ᠎ᠠ ᠶᠣᠰᠣᠭᠠᠷ᠂ ᠪᠠᠲᠤᠯᠠᠬᠤ ᠪᠠ ᠤᠷᠮᠠᠰᠢᠭᠤᠯᠬᠤ ᠶᠢ ᠤᠶᠠᠯᠳᠤᠭᠤᠯᠤᠭᠰᠠᠨ | ᠠᠵᠢᠯᠯᠠᠭᠠᠨ ᠤ ᠰᠢᠨ᠎ᠡ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠶᠢ ᠨᠢ ᠵᠥᠪᠰᠢᠶᠡᠷᠡᠨ᠎ᠡ᠃ | ᠳᠣᠯᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ | ︵ᠬᠤᠷᠢ︶ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠤ | ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠢ | ᠲᠣᠪᠦ᠋ᠮ᠎ᠠ ᠪᠠᠶᠢᠷᠢᠨ ᠳᠤ ᠲᠠᠯᠪᠢᠵᠤ᠂ ︽ᠡᠷᠡᠭᠦᠯ ᠡᠩᠬᠡ ᠥᠪᠥᠷ ᠮᠣᠩᠭᠤᠯ︾ ᠤᠨ ᠬᠠᠷᠠᠯᠲᠠ ᠲᠠᠢ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ | ᠣᠷᠣᠭᠤᠯᠤᠨ᠂ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠲᠣᠳᠣᠷᠬᠠᠶ ᠲᠣᠭᠲᠠᠭᠠᠵᠤ᠂ ᠰᠢᠯᠭᠠᠨ ᠬᠢᠨᠠᠬᠤ ᠡᠷᠴᠢᠮ ᠢ | ᠴᠢᠩᠭᠠᠷᠠᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠮᠡᠭᠲᠡᠶᠢᠴᠦᠳ ᠬᠡᠦᠬᠡᠳ ᠤᠨ ᠡᠷᠡᠭᠦᠯ | ᠮᠡᠨᠳᠦ ᠶᠢᠨ ᠡᠯ᠎ᠡ ᠵᠦᠢᠯ ᠤᠨ ᠬᠠᠷᠠᠯᠲᠠ ᠪᠣᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︵ᠬᠤᠷᠢᠨ ᠨᠢᠭᠡ︶ ᠬᠠᠤᠯᠢ ᠶᠣᠰᠣᠭᠠᠷ ᠠᠬᠢᠭᠤᠯᠬᠤ ᠶᠢ ᠪᠠᠷᠢᠮᠲᠠᠯᠠᠨ᠎ᠠ᠃ ᠡᠯ᠎ᠡ ᠱᠠᠲᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠥᠪᠡᠷᠲᠡᠭᠡᠨ | ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠡᠯ᠎ᠡ ᠵᠦᠢᠯ ᠤᠨ ᠱᠠᠭᠠᠷᠳᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ | ᠡᠭᠦᠷᠭᠡ ᠪᠠᠨ ᠪᠣᠯᠭᠠᠵᠤ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠬᠠᠮᠢᠶ᠎ᠠ ᠪᠥᠬᠦᠶ ᠨᠢᠭᠡᠴᠢ ᠶᠢᠨ ᠡᠮᠡᠭᠲᠡᠶᠢᠴᠦᠳ | ᠬᠡᠦᠬᠡᠳ ᠲᠤ ᠬᠤᠯᠪᠣᠭᠳᠠᠬᠤ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠬᠡᠷᠡᠭᠵᠢᠭᠦᠯᠬᠦ ᠶᠢ ᠨᠢ ᠠᠬᠢᠭᠤᠯᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ | ᠴᠢᠳᠠᠪᠤᠷᠢ ᠶᠢᠨ ᠪᠠᠶᠢᠭᠤᠯᠤᠯᠲᠠ ᠳᠠᠬᠢ ᠭᠤᠤᠯᠳᠠᠯᠭ᠎ᠠ ᠪᠣᠯᠬᠤ ᠪᠥᠭᠡᠳ ᠲᠦᠪᠡᠭᠲᠡᠶ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ | ︵ᠬᠤᠷᠢᠨ ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠥᠬᠦ ᠣᠷᠣᠨ ᠤ ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ | ᠡᠷᠬᠡ ᠶᠢᠨ ᠬᠠᠷᠢᠶᠠᠯᠠᠯ ᠢ ᠨᠢ ᠭᠦᠢᠴᠡᠳᠬᠡᠬᠦ ᠶᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ | ᠪᠠᠷᠢᠬᠤ ᠶᠢ ᠬᠢᠨᠠᠨ ᠵᠥᠪᠰᠢᠶᠡᠷᠡᠬᠦ᠂ ᠶᠠᠰᠤ ᠴᠢᠨᠠᠷ ᠠᠮᠤᠷ ᠲᠦᠪᠰᠢᠨ ᠢ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠪᠠ ᠪᠦᠷᠢᠳᠬᠡᠨ | ᠳᠠᠩᠰᠠᠯᠠᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠶᠢ ᠦᠨᠳᠦᠰᠦᠯᠡᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤᠷᠢᠵᠤ ᠡᠯᠰᠡᠬᠦ᠂ | ᠮᠡᠷᠭᠡᠵᠢᠯ ᠤᠨ ᠴᠣᠯᠠ ᠳᠡᠪᠰᠢᠬᠦ᠂ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠳᠤ ᠡᠳ᠋ ᠤᠨ | ᠵᠠᠰᠠᠭ ᠠᠴᠠ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠬᠤ ᠬᠡᠷᠡᠭᠲᠡᠢ︔ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠪᠠᠷ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠴᠢᠳᠠᠪᠤᠷᠢᠲᠠᠨ ᠬᠥᠮᠦᠵᠢᠭᠦᠯᠬᠦ ᠲᠥᠯᠥᠪᠵᠢᠭᠦᠯᠭᠡ ᠲᠣᠭᠲᠠᠭᠠᠯᠭᠠᠬᠤ ᠶᠢ ᠬᠠᠷᠢᠭᠤᠴᠠᠨ ᠵᠢᠭᠠᠨ ᠵᠢᠯᠣᠭᠤᠳᠴᠤ᠂ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ︔ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠬᠥᠳᠡᠯᠦᠩᠭᠦᠶ ᠲᠣᠬᠢᠷᠠᠭᠤᠯᠬᠤ | ᠲᠣᠭᠲᠠᠴᠠ ᠪᠠᠶᠢᠭᠤᠯᠬᠤ ᠶᠢ ᠬᠠᠷᠢᠭᠤᠴᠠᠵᠤ᠂ ᠡᠮᠡᠭᠲᠡᠢ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠶᠢᠨ ᠡᠮᠴᠢᠯᠡᠭᠡᠨ ᠤ | ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠠᠮᠢᠶ᠎ᠠ ᠪᠥᠬᠦᠶ ᠲᠤᠰᠬᠠᠶ | ᠲᠥᠯᠥᠪᠵᠢᠭᠦᠯᠭᠡ ᠳᠤ ᠣᠷᠣᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠬᠢᠭᠡᠳ | ᠵᠢᠷᠤᠮᠵᠢᠭᠰᠠᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠶ᠃ | 2021 ᠣᠨ ᠤ 3 ᠳ᠋ᠤᠭᠠᠷ ᠰᠠᠷ᠎ᠠ ᠶᠢᠨ 30 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |