7 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠠᠵᠢᠯᠳᠠᠨ ᠤ ᠳᠦᠷᠢᠮ ︵ᠲᠥᠰᠦᠯ︶︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ | ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠵᠡᠷᠭᠡ ᠵᠦᠢᠯ ᠢ ᠰᠤᠳᠤᠯᠵᠤ᠂ ᠦᠶᠡᠷ ᠢ ᠰᠡᠷᠭᠡᠶᠢᠯᠡᠬᠦ ᠪᠡᠯᠡᠳᠬᠡᠯ ᠪᠠ ᠭᠠᠩ ᠬᠠᠭᠰᠠᠷᠠᠭᠠᠨ ᠲᠠᠢ ᠲᠡᠮᠡᠴᠡᠵᠦ | ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠠᠪᠴᠠᠯ ᠢ ᠲᠤᠬᠢᠷᠠᠭᠤᠯᠤᠨ ᠨᠠᠶᠢᠳᠠᠪᠤᠷᠢᠵᠢᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠳᠣᠬᠠᠨ ᠤ ᠦᠶᠡᠷ ᠢ ᠰᠡᠷᠭᠡᠶᠢᠯᠡᠬᠦ ᠪᠡᠯᠡᠳᠬᠡᠯ ᠪᠠ ᠭᠠᠩ ᠬᠠᠭᠰᠠᠷᠠᠭᠠᠨ ᠲᠠᠢ | ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ | ᠭᠤᠣᠯ ᠪᠣᠯᠭᠠᠭᠰᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠦᠨ᠎ᠡ ᠹᠷᠣᠨᠲ ᠤᠨ | ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠠᠯᠳᠠ ᠭᠡᠮ ᠢ ᠦᠷᠭᠦᠯᠵᠢᠯᠡᠨ ᠭᠦᠨᠵᠡᠭᠡᠶ ᠵᠢᠬᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠴᠢᠬᠤᠯᠠ ᠪᠠᠷᠢᠯᠭ᠎ᠠ᠂ ᠠᠶᠤᠯᠳᠠᠢ ᠪᠠᠷᠢᠯᠭ᠎ᠠ ᠶᠢᠨ ᠬᠡᠰᠡᠭ᠂ ᠠᠭᠤᠯᠠᠨ ᠦᠶᠡᠷ ᠭᠠᠵᠠᠷ ᠤᠨ ᠭᠠᠢ ᠭᠠᠮᠰᠢᠭ ᠤᠨ ᠠᠶᠤᠯ ᠲᠠᠢ ᠣᠷᠣᠨ ᠪᠣᠯᠤᠨ ᠳᠠᠯᠳᠠ ᠭᠡᠮ ᠤᠨ | ᠴᠡᠭ᠂ ᠬᠤᠲᠠ ᠪᠠᠯᠭᠠᠰᠤ ᠶᠢᠨ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠳᠤ ᠳᠠᠬᠢᠨ ᠵᠢᠬᠰᠠᠭᠠᠨ | ᠪᠠᠶᠢᠴᠠᠭᠠᠵᠤ᠂ ᠳᠠᠬᠢᠨ ᠨᠠᠶᠢᠳᠠᠪᠤᠷᠢᠵᠢᠭᠤᠯᠵᠤ᠂ ᠳᠠᠬᠢᠨ ᠴᠡᠭᠴᠡᠯᠡᠨ ᠵᠠᠰᠠᠵᠦ᠂ ᠲᠦᠭᠰᠢᠭᠦᠷᠢ ᠶᠢᠨ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠶ᠃ ᠴᠠᠭ ᠠᠭᠤᠷ᠂ | ᠤᠰᠤᠨ ᠵᠦᠶ ᠶᠢᠨ ᠬᠢᠨᠠᠨ ᠰᠢᠨᠵᠢᠵᠦ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠷᠣᠭᠠᠨ ᠤ | ᠪᠠᠶᠢᠳᠠᠯ ᠤᠰᠤᠨ ᠤ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠵᠥᠪᠳᠡᠯᠴᠡᠨ ᠰᠤᠳᠤᠯᠤᠨ ᠮᠠᠭᠠᠳᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠲᠡᠯᠡᠨ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠠᠶᠤᠯ ᠠᠴᠠ ᠠᠪᠤᠷᠠᠨ ᠲᠤᠰᠠᠯᠠᠬᠤ ᠳᠤ ᠴᠠᠭ ᠢ ᠲᠡᠮᠡᠴᠡᠨ ᠣᠯᠭᠤᠬᠤ ᠬᠡᠷᠡᠭᠳᠡᠢ᠃ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠠᠶᠤᠯ ᠠᠴᠠ ᠠᠪᠤᠷᠠᠨ ᠲᠤᠰᠠᠯᠠᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠲᠥᠷᠥᠯ ᠤᠨ ᠪᠡᠯᠡᠳᠬᠡᠯ ᠲᠥᠰᠦᠯ ᠢ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠶᠤᠯ ᠠᠴᠠ ᠠᠪᠤᠷᠠᠨ ᠭᠠᠮᠰᠢᠭ ᠠᠴᠠ ᠠᠪᠤᠷᠬᠠᠤ ᠡᠳ᠋ ᠪᠣᠳᠠᠰ ᠢ ᠭᠦᠢᠴᠡᠳ ᠪᠡᠯᠡᠳᠬᠡᠨ᠂ ᠡᠩᠨᠡᠭᠡᠨ ᠤ ᠰᠣᠷᠢᠯᠲᠠ ᠶᠢ | ᠴᠢᠩᠭᠠᠳᠬᠠᠵᠤ᠂ ᠠᠪᠤᠷᠠᠨ ᠲᠤᠰᠠᠯᠠᠬᠤ ᠬᠦᠴᠦᠨ ᠢ ᠤᠷᠢᠳᠴᠢᠯᠠᠨ ᠲᠣᠬᠢᠷᠠᠭᠤᠯᠬᠤ ᠬᠡᠷᠡᠭᠳᠡᠢ︔ 24 ᠴᠠᠭ ᠢᠶᠠᠷ ᠪᠠᠴᠢᠮ ᠪᠠᠶᠢᠳᠠᠯ ᠢ ᠠᠷᠭᠠᠴᠠᠭᠠᠬᠤ ᠪᠠᠷ ᠵᠢᠵᠢᠭᠦᠷᠯᠡᠨ | ᠰᠠᠬᠢᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ᠂ ᠪᠠᠭᠤᠷᠠᠢ ᠭᠤᠭᠴᠤᠭ᠎ᠠ᠂ ᠠᠶᠤᠯᠳᠠᠢ ᠪᠠᠷᠢᠯᠭ᠎ᠠ ᠶᠢᠨ ᠬᠡᠰᠡᠭ ᠲᠤ | ᠲᠣᠭᠤᠷᠢᠨ ᠪᠠᠶᠢᠴᠠᠭᠠᠵᠤ ᠴᠠᠭᠳᠠᠨ ᠰᠡᠷᠭᠡᠶᠢᠯᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠡᠭᠦᠰᠬᠦ ᠳᠤ ᠬᠦᠷᠪᠡᠯ᠂ ᠲᠠᠷᠤᠢ ᠲᠦᠷᠭᠡᠨ ᠬᠦᠴᠦᠨ ᠢᠶᠠᠨ ᠲᠤᠬᠢᠷᠠᠭᠤᠯᠵᠤ | ᠠᠶᠤᠯ ᠠᠴᠠ ᠠᠪᠤᠷᠠᠨ ᠲᠤᠰᠠᠯᠠᠵᠤ᠂ ᠪᠦᠬᠦ ᠬᠦᠴᠦᠨ ᠢᠶᠠᠷ ᠭᠠᠮᠰᠢᠭ ᠤᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠭᠡᠬᠦ ᠬᠡᠷᠡᠭᠳᠡᠢ᠃ ᠠᠶᠤᠯ | ᠲᠦᠭᠰᠢᠭᠦᠷᠢ ᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ | ᠠᠶᠤᠯ ᠲᠦᠭᠰᠢᠭᠦᠷᠢ ᠲᠣᠬᠢᠶᠠᠯᠳᠤᠪᠠᠯ ᠠᠶᠤᠯ ᠲᠦᠭᠰᠢᠭᠦᠷᠢ ᠲᠠᠢ ᠭᠠᠵᠠᠷ ᠣᠷᠣᠨ ᠤ ᠣᠯᠠᠨ ᠲᠦᠮᠡᠨ ᠢ ᠡᠷᠡᠰ ᠰᠢᠭᠤᠷᠬᠠᠶ ᠪᠠᠷ ᠰᠢᠯᠵᠢᠭᠦᠯᠬᠦ ᠬᠡᠷᠡᠭᠳᠡᠢ᠃ ᠭᠡᠨᠡᠳᠲᠡ ᠶᠢᠨ 365赢多少钱会被限额_国内有真正的365平台吗_365bet博彩官网 | ᠡᠬᠦᠰᠦᠭᠰᠡᠨ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠳᠡᠭᠡᠨ᠂ ᠬᠥᠮᠦᠨ ᠢ ᠠᠪᠤᠷᠠᠬᠤ ᠶᠢ ᠵᠠᠪᠠᠯ ᠲᠡᠷᠢᠭᠦᠨ ᠳᠤ ᠲᠠᠯᠪᠢᠵᠤ᠂ ᠤᠯᠠᠨ ᠲᠦᠮᠡᠨ ᠤ ᠠᠮᠢ ᠨᠠᠰᠤᠨ ᠤ | ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠲᠤᠬᠢᠷᠠᠭᠤᠯᠪᠠ᠃ | ᠬᠤᠷᠠᠯ ᠠᠴᠠ᠂ ᠮᠠᠨ ᠤ ᠣᠷᠣᠨ ᠤ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠦᠷᠭᠦᠯᠵᠢᠯᠡᠭᠰᠡᠨ ᠪᠣᠳᠠᠲᠤ ᠪᠠᠶᠢᠳᠠᠯ ᠳᠤ ᠴᠢᠭᠯᠡᠭᠦᠯᠦᠨ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠵᠢᠯᠣᠭᠤᠳᠤᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠭᠠᠩ ᠬᠠᠭᠰᠠᠷᠠᠭᠠᠨ ᠦᠶᠡᠷ ᠤᠰᠤᠲᠤᠯ ᠬᠡᠨᠡᠳᠳᠡ ᠬᠡᠴᠡᠬᠦᠳᠡᠬᠦ᠂ | ᠣᠯᠠᠨ ᠭᠠᠮᠰᠢᠭ ᠵᠡᠷᠭᠡ ᠪᠠᠷ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠬᠠᠮᠲᠤ ᠭᠠᠩᠳᠠᠭᠰᠠᠨ ᠭᠠᠵᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠠᠮᠢᠳᠤᠷᠠᠯ ᠳᠤ ᠬᠡᠷᠡᠭᠯᠡᠬᠦ ᠤᠰᠤ᠂ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠪᠣᠯᠤᠨ ᠠᠮᠢ ᠠᠬᠤᠶ ᠳᠤ ᠬᠡᠷᠡᠭᠯᠡᠬᠦ ᠤᠰᠤ ᠶᠢ | ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠭᠤᠤᠯᠳᠠᠯᠭ᠎ᠠ ᠲᠠᠢ ᠭᠠᠵᠠᠷ | ᠣᠷᠣᠨ᠂ ᠴᠢᠬᠤᠯᠠ ᠬᠤᠲᠠ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠡᠢ ᠭᠡᠵᠦ | ᠲᠤᠬᠢᠷᠠᠭᠤᠯᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠠᠵᠢᠯᠳᠠᠨ ᠤ ᠳᠦᠷᠢᠮ ︵ᠲᠥᠰᠦᠯ︶︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠵᠠᠷᠴᠢᠮ ᠳᠡᠭᠡᠷ᠎ᠡ ᠪᠠᠨ ᠪᠠᠲᠤᠯᠠᠵᠤ᠂ ᠥᠪᠡᠷᠲᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠢ ᠲᠡᠰ ᠲᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠳᠠᠭᠠᠭᠠᠯᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |