ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 10 ᠳ᠋ᠤᠭᠠᠷ ᠲᠣᠭᠠᠲᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ᠂ ᠠᠮᠢ ᠠᠬᠤᠶ ᠶᠢᠨ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ | ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ | ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 2 ᠳ᠋ᠤᠭᠠᠷ ᠰᠠᠷ᠎ᠠ ᠶᠢᠨ 8 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠣᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ | ︽ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠲᠥᠪ ᠤᠨ ᠬᠢᠬᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠤᠨ᠂ ᠡᠳᠦᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠤᠬᠠᠶ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠶᠡᠷᠦᠩᠬᠡᠶ | ᠪᠠᠶᠢᠷᠢᠯᠠᠭᠤᠯᠤᠯᠲᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠬᠤᠪᠢᠶᠠᠷᠢᠯᠠᠵᠤ᠂ ᠣᠲᠣ ᠦᠶ᠎ᠡ ᠶᠢᠨ | ᠡᠳ᠋ ᠤᠨ ᠵᠠᠰᠠᠭ ᠤᠨ ᠲᠦᠷᠢᠮ ᠲᠠᠢ ᠵᠣᠬᠢᠴᠠᠯᠳᠤᠭᠰᠠᠨ᠂ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠶᠣᠰᠣᠭᠠᠷ ᠵᠢᠷᠤᠮᠵᠢᠭᠰᠠᠨ᠂ ᠡᠷᠬᠡ ᠪᠠ ᠬᠠᠷᠢᠭᠤᠴᠠᠯᠭ᠎ᠠ ᠨᠢ ᠵᠣᠬᠢᠴᠠᠯᠳᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ 365赢多少钱会被限额_国内有真正的365平台吗_365bet博彩官网 | ᠪᠠᠲᠤᠯᠠᠭ᠎ᠠ ᠨᠢ ᠬᠦᠴᠦᠲᠡᠶ ᠪᠠᠶᠢᠬᠤ ᠬᠤᠪᠢᠶᠠᠷᠢᠯᠠᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠨ᠂ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ᠂ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ᠂ ᠠᠷᠠᠳ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | — ᠠᠷᠠᠳ ᠲᠦᠮᠡᠨ ᠢᠶᠠᠷ ᠭᠤᠣᠯ ᠪᠤᠯᠭᠠᠨᠨᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠤᠨ ᠵᠠᠮ ᠬᠠᠷᠢᠯᠴᠠᠭ᠎ᠠ ᠶᠢ ᠠᠷᠠᠳ | ᠲᠦᠮᠡᠨ ᠳᠤ ᠦᠢᠯᠡᠴᠢᠯᠡᠭᠦᠯᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠡᠬᠢᠯᠡᠯᠲᠡ ᠪᠠ ᠵᠤᠨᠨᠰᠤᠴᠠ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠲᠠᠯ᠎ᠠ ᠳᠠᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠦᠷᠢᠶᠡᠨ ᠳᠠᠬᠢ ᠬᠥᠭᠵᠢᠯᠲᠡ ᠲᠡᠩᠴᠡᠬᠦᠨ ᠪᠤᠰᠤ ᠭᠦᠢᠴᠡᠳ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | — ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠢᠯᠡᠷᠡᠭᠦᠯᠦᠨ᠎ᠡ᠃ | ᠲᠥᠪ ᠠᠴᠠ ᠣᠯᠭᠤᠭᠰᠠᠨ ᠡᠷᠬᠡ ᠶᠢᠨ ᠬᠡᠪᠴᠢᠶᠡᠨ ᠳᠣᠲᠣᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ | ᠭᠥᠷᠳᠡᠬᠦ ᠬᠡᠪᠴᠢᠶ᠎ᠡ ᠶᠢ ᠦᠨᠳᠦᠰᠦᠯᠡᠨ ᠡᠯ᠎ᠡ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠵᠣᠬᠢᠰᠲᠠᠶ ᠲᠣᠭᠲᠠᠭᠠᠵᠤ ᠪᠠᠶᠢᠭᠠᠳ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ ᠬᠥᠷᠳᠡᠬᠦ ᠬᠡᠪᠴᠢᠶ᠎ᠡ ᠶᠢ ᠵᠠᠰᠠᠭ ᠤᠨ ᠣᠷᠳᠣᠨ ᠤ ᠬᠠᠷᠢᠶ᠎ᠠ ᠣᠷᠣᠨ ᠪᠦᠰᠡ ᠯᠦᠭᠡ ᠨᠢᠭᠡᠳᠦᠯᠲᠡᠶ ᠪᠠᠶᠢᠯᠭᠠᠵᠤ᠂ | ᠠᠰᠢᠭ ᠬᠥᠷᠳᠡᠬᠦ ᠬᠡᠪᠴᠢᠶ᠎ᠡ ᠨᠢ ᠪᠥᠬᠦ ᠣᠷᠣᠨ ᠢ ᠬᠠᠮᠤᠷᠤᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠥᠪᠡᠷᠲᠡᠭᠡᠨ | ᠵᠠᠰᠠᠬᠤ ᠣᠷᠣᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠳᠠᠬᠢ ᠣᠷᠣᠨ ᠪᠦᠰᠡ ︵ᠠᠶᠢᠮᠠᠭ ᠬᠤᠳᠠ︶ ᠠᠯᠤᠰᠯᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠦᠪᠡᠷᠳᠡᠬᠡᠨ ᠵᠠᠰᠠᠬᠤ ᠣᠷᠣᠨ ᠬᠢᠭᠡᠳ ᠠᠶᠢᠮᠠᠭ ᠬᠤᠳᠠ ᠬᠠᠮᠳᠣ ᠪᠠᠷ ᠬᠠᠷᠢᠭᠤᠴᠠᠨ᠂ ᠭᠠᠵᠠᠷ ᠣᠷᠣᠨ ᠤ | ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠠᠶᠢᠮᠠᠭ ᠬᠤᠳᠠ ᠬᠠᠷᠢᠭᠤᠴᠠᠨ᠎ᠠ᠃ | — ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠎ᠠ᠃ ᠠᠵᠢᠯ ᠲᠥᠷᠥᠯ ᠤᠨ ᠬᠥᠭᠵᠢᠯᠲᠡ ᠶᠢᠨ | ᠵᠢᠮ᠎ᠡ ᠶᠣᠰᠣ ᠪᠠ ᠣᠨᠴᠠᠯᠢᠭ ᠢ ᠭᠦᠢᠴᠡᠳ ᠪᠣᠳᠣᠯᠬᠢᠯᠠᠨ᠂ ᠠᠵᠢᠯᠯᠠᠭᠠᠨ ᠤ ᠪᠠᠶᠢᠳᠠᠯ ᠨᠢ ᠰᠠᠶᠢᠨ᠂ ᠬᠠᠮᠢᠶᠠᠷᠤᠯᠲᠠ ᠨᠢ ᠪᠦᠲᠦᠮᠵᠢᠲᠠᠢ᠂ ᠵᠠᠮ ᠬᠠᠷᠢᠯᠴᠠᠭᠠᠨ ᠤ | ᠬᠥᠭᠵᠢᠯᠲᠡ ᠶᠢᠨ ᠪᠤᠳᠠᠳᠠᠢ ᠳᠤ ᠨᠡᠢᠴᠡᠭᠰᠡᠨ ᠵᠦᠢᠯ ᠢ ᠳ᠋ᠦᠩᠨᠡᠵᠦ ᠨᠣᠲᠠᠯᠠᠨ ᠲᠣᠭᠲᠠᠭᠠᠵᠤ᠂ ᠰᠢᠨ᠎ᠡ ᠴᠠᠭ ᠤᠨ ᠪᠠᠶᠢᠳᠠᠯ ᠳᠤ ᠥᠯᠥ ᠲᠤᠬᠢᠷᠠᠬᠤ ᠪᠠ ᠲᠣᠳᠣᠷᠬᠠᠶ ᠪᠤᠰᠤ | ᠵᠦᠢᠯ ᠢ ᠲᠤᠬᠢᠷᠠᠭᠤᠯᠵᠦ ᠲᠡᠭᠦᠯᠳᠡᠷᠵᠢᠭᠦᠯᠦᠨ᠂ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠠᠬᠠᠨ ᠪᠤᠯᠪᠠᠰᠤᠷᠠᠭᠠᠳᠤᠢ ᠵᠦᠢᠯ ᠢ ᠠᠯᠬᠤᠮ ᠠᠯᠬᠤᠮ ᠢᠶᠠᠷ ᠲᠣᠬᠢᠷᠠᠭᠤᠯᠬᠤ | ᠪᠠ ᠲᠡᠭᠦᠯᠳᠡᠷᠵᠢᠭᠦᠯᠵᠦ᠂ ᠬᠠᠮᠢᠶ᠎ᠠ ᠪᠥᠬᠦᠢ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠬᠤᠶᠠᠷ᠂ ᠭᠤᠣᠯ ᠠᠭᠤᠯᠭ᠎ᠠ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠣᠨᠴᠠᠯᠢᠭ ᠢ ᠦᠨᠳᠦᠰᠦᠯᠡᠨ᠂ ᠵᠠᠰᠠᠮᠠᠯ ᠵᠠᠮ᠂ ᠤᠰᠤᠨ | ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠵᠡᠷᠭᠡ ᠵᠢᠷᠭᠤᠭᠠᠨ ᠲᠠᠯ᠎ᠠ ᠪᠠᠷ ᠬᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | 1. ᠵᠠᠰᠠᠮᠠᠯ ᠵᠠᠮ᠃ | ︵1︶ ᠤᠯᠤᠰ ᠤᠨ ᠳᠡᠭᠡᠲᠦ ᠬᠤᠷᠳᠤ ᠶᠢᠨ ᠵᠠᠰᠠᠮᠠᠯ ᠵᠠᠮ᠃ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠲᠠᠨ᠎ᠠ︶ ᠠᠴᠠ | ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ | ᠡᠵᠡᠩᠨᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ ᠪᠣᠳᠠᠲᠠᠶ ᠵᠣᠬᠢᠶᠠᠨ | ᠪᠠᠶᠢᠭᠤᠯᠤᠨ ᠭᠡᠷᠡᠭᠵᠢᠬᠦᠯᠵᠦ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠠᠬᠢ ᠲᠥᠪ ᠤᠨ ᠡᠳ᠋ ᠤᠨ ᠵᠠᠰᠠᠭ ᠤᠨ ᠭᠠᠷᠭᠠᠬᠤ | ᠪᠠᠯᠠ ᠠᠴᠠ ᠭᠠᠳᠠᠨᠠᠬᠢ ᠪᠤᠰᠤᠳ ᠪᠠᠯᠠ ᠮᠥᠩᠭᠦ ᠴᠤᠭᠯᠠᠭᠤᠯᠬᠤ ᠶᠢ ᠬᠠᠷᠢᠭᠤᠴᠠᠨ᠎ᠠ᠃ | ︵2︶ ᠤᠯᠤᠰ ᠤᠨ ᠡᠩ ᠤᠨ ᠵᠠᠮ᠃ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠳᠠᠨ᠎ᠠ︶ ᠠᠴᠠ ᠤᠯᠤᠰ ᠤᠨ ᠡᠩ ᠤᠨ | ᠵᠠᠮ ᠤᠨ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠬᠤ ᠬᠡᠰᠡᠭ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ | ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠵᠣᠬᠢᠬᠤ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠡᠰᠡᠭ ᠴᠢᠬᠤᠯᠠ ᠶᠡᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ | ᠪᠠᠭᠳᠠᠨ᠎ᠠ︶ ᠠᠴᠠ ᠬᠠᠷᠢᠭᠤᠴᠠᠵᠦ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵3︶ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠃ ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠤᠨ ᠳᠡᠭᠡᠳᠦ ᠬᠤᠷᠳᠤ ᠶᠢᠨ | ᠵᠠᠰᠠᠮᠠᠯ ᠵᠠᠮ ᠤᠨ ᠬᠤᠷᠸ᠎ᠠ ᠬᠠᠮᠢᠶᠠᠷᠤᠯᠲᠠ᠂ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ | ᠬᠠᠷᠢᠭᠤᠴᠠᠬᠤ ᠬᠡᠰᠡᠭ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠲᠥᠭᠡᠨ | ᠪᠠᠢᠭᠤᠯᠬᠤ ᠬᠥᠷᠥᠩᠭᠡ ᠮᠦᠩᠬᠦᠨ ᠤ ᠲᠠᠯ᠎ᠠ ᠪᠠᠷ ᠬᠢ ᠵᠣᠬᠢᠬᠤ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠡᠰᠡᠭ | ᠴᠢᠬᠤᠯᠠ ᠶᠡᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠢ ᠪᠠᠭᠲᠠᠭᠠᠨ᠎ᠠ︶ ᠠᠴᠠ ᠬᠠᠷᠢᠭᠤᠴᠠᠵᠦ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ︵4︶ ᠮᠤᠵᠢ ᠶᠢᠨ ᠡᠩ ᠤᠨ ᠵᠠᠮ᠃ ᠥᠪᠡᠷᠲᠡᠭᠡᠨ ᠵᠠᠰᠠᠬᠤ ᠣᠷᠣᠨ ᠠᠴᠠ ᠮᠤᠵᠢ ᠶᠢᠨ ᠡᠩ ᠤᠨ ᠵᠠᠮ ᠤᠨ ᠲᠤᠰᠬᠠᠶ ᠲᠥᠯᠥᠪᠵᠢᠭᠦᠯᠭᠡ᠂ ᠲᠥᠷᠥ ᠶᠢᠨ | ᠪᠤᠳᠤᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠳᠥᠭᠡᠨ ᠪᠠᠶᠢᠭᠤᠯᠬᠤ᠂ ᠠᠷᠠᠴᠢᠯᠠᠨ | ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠤᠬᠢᠬᠤ ᠡᠭᠦᠷᠭᠡ ᠬᠠᠷᠢᠭᠤᠴᠠᠯᠭ᠎ᠠ ᠵᠢᠴᠢ | ᠵᠤᠬᠢᠬᠤ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ | ︵5︶ ᠤᠯᠤᠰ ᠤᠨ ᠣᠷᠣᠨ ᠪᠦᠰᠡ ᠶᠢᠨ ᠴᠢᠨᠠᠷᠲᠠᠶ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ | ᠪᠠᠷᠠᠭᠠᠨ ᠤ ᠨᠥᠭᠡᠴᠡ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠲᠤᠰᠬᠠᠶ ᠲᠥᠯᠥᠪᠵᠢᠭᠦᠯᠭᠡ ᠶᠢ ᠦᠨᠳᠦᠰᠦᠯᠡᠨ ᠤᠯᠤᠰ ᠤᠨ ᠣᠷᠣᠨ ᠪᠦᠰᠡ ᠶᠢᠨ ᠴᠢᠨᠠᠷᠲᠠᠶ | ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠨᠥᠭᠡᠴᠡᠯᠡᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ ᠬᠠᠷᠢᠭᠤᠴᠠᠵᠦ ᠵᠣᠬᠢᠶᠠᠨ ᠪᠠᠢᠭᠤᠯᠵᠦ ᠬᠡᠷᠡᠭᠵᠢᠬᠦᠯᠦᠨ᠎ᠡ᠃ ᠥᠪᠡᠷᠲᠡᠭᠡᠨ ᠵᠠᠰᠠᠬᠤ ᠣᠷᠣᠨ ᠨᠢ ᠲᠥᠪ ᠤᠨ | ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ | 2. ᠤᠰᠤᠨ ᠵᠠᠮ᠃ ᠮᠤᠵᠢ ᠠᠯᠤᠰᠯᠠᠭᠰᠠᠨ ᠤᠰᠤᠨ ᠳᠡᠬᠡᠷᠡᠭᠢ ᠠᠶᠠᠯᠠᠬᠤ ᠵᠠᠮ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠤᠨ ᠭᠦᠢᠴᠡᠳᠬᠡᠨ ᠬᠡᠷᠡᠭᠵᠢᠬᠦᠯᠬᠦ ᠶᠢ ᠳᠠᠭᠠᠭᠠᠨ ᠡᠭᠦᠷᠬᠡᠯᠡᠨ᠎ᠡ᠃ | ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 3. ᠲᠡᠮᠦᠷ ᠵᠠᠮ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠲᠦ ᠪᠣᠳᠣᠯᠭ᠎ᠠ ᠪᠠᠷ ᠳᠤᠨᠨᠲᠠᠭᠠᠨᠨᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠡᠭᠡᠭᠡᠪᠦᠷᠢ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ ᠪᠥᠬᠦᠶ | ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠲᠤ ᠥᠪᠡᠷᠲᠡᠭᠡᠨ ᠵᠠᠰᠠᠬᠤ ᠣᠷᠣᠨ ᠠᠴᠠ | ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 4. ᠠᠷᠠᠳ ᠤᠨ ᠠᠭᠠᠷ ᠤᠨ ᠲᠡᠭᠡᠭᠡᠪᠦᠷᠢ᠃ | ︵1︶ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠪᠠ | ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ | ᠣᠷᠣᠨ ᠠᠴᠠ ᠬᠡᠷᠡᠭᠵᠢᠭᠦᠯᠦᠨ᠎ᠡ᠃ | ︵2︶ ᠪᠥᠬᠦ ᠤᠯᠤᠰ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠪᠠ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠦᠨᠳᠦᠰᠦᠯᠡᠨ᠂ ᠪᠥᠬᠦ ᠣᠷᠣᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠬᠤ ᠲᠥᠯᠥᠪᠵᠢᠭᠦᠯᠭᠡ ᠶᠢ ᠲᠣᠭᠲᠠᠭᠠᠨ᠎ᠠ᠃ | ︵3︶ ᠪᠥᠬᠦ ᠣᠷᠣᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠪᠠ ᠲᠥᠯᠥᠪᠵᠢᠭᠦᠯᠭᠡ ᠶᠢ ᠲᠣᠭᠲᠠᠭᠠᠨ᠎ᠠ᠃ | ︵4︶ ᠴᠢᠬᠤᠯᠠ ᠶᠡᠭᠡ ᠪᠠ ᠪᠠᠴᠢᠮ ᠪᠠᠶᠢᠳᠠᠯ ᠤᠨ ᠠᠭᠠᠷ ᠤᠨ ᠲᠡᠭᠡᠭᠡᠪᠦᠷᠢ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠲᠣᠭᠲᠠᠭᠠᠬᠤ᠂ | ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ | ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠳᠠᠨ᠎ᠠ︶ ᠠᠴᠠ ᠬᠡᠷᠡᠭᠵᠢᠭᠦᠯᠦᠨ᠎ᠡ᠃ | ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠦᠷᠢᠶᠡᠨ ᠤ ᠵᠦᠢᠯᠡᠰ ᠲᠤ ᠥᠪᠡᠷᠲᠡᠭᠡᠨ ᠵᠠᠰᠠᠬᠤ ᠣᠷᠣᠨ ᠠᠴᠠ ᠵᠣᠬᠢᠬᠤ ᠵᠠᠷᠤᠯᠭ᠎ᠠ ᠶᠢᠨ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 5. ᠰᠢᠦᠳᠠᠨ ᠤ ᠶᠠᠪᠤᠳᠠᠯ᠃ | ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠥᠪᠡᠷᠲᠡᠭᠡᠨ ᠵᠠᠰᠠᠬᠤ | ᠣᠷᠣᠨ ᠠᠴᠠ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠣᠳᠠᠲᠠᠶ ᠭᠦᠢᠴᠡᠳᠭᠡᠬᠦ | ᠵᠦᠢᠯᠡᠰ ᠤᠨ ᠬᠡᠷᠡᠭᠵᠢᠭᠦᠯᠦᠯᠲᠡ ᠶᠢ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ | ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵2︶ ᠰᠢᠦᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ ᠥᠪᠡᠷᠲᠡᠭᠡᠨ ᠵᠠᠰᠠᠬᠤ ᠣᠷᠣᠨ ᠠᠴᠠ ᠰᠢᠤᠳᠠᠨ ᠤ ᠲᠦᠭᠡᠮᠡᠯ ᠦᠢᠯᠡᠴᠢᠯᠡᠭᠡ᠂ ᠤᠨᠴᠠᠭᠠᠢ | ᠦᠢᠯᠡᠴᠢᠯᠡᠭᠡ᠂ ᠲᠦᠷᠭᠡᠨ ᠢᠯᠡᠭᠡᠬᠦ ᠵᠦᠢᠯ ᠢ ᠬᠢᠯᠢ ᠪᠠᠷ ᠣᠷᠣᠭᠤᠯᠵᠤ ᠭᠠᠷᠭᠠᠬᠤ ᠪᠠ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠦᠢᠯᠡᠴᠢᠯᠡᠭᠦᠷ ᠤᠨ ᠦᠵᠦᠭᠦᠷ ᠤᠨ | ᠰᠠᠭᠤᠷᠢ ᠪᠡᠯᠡᠳᠬᠡᠮᠵᠢ᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠴᠡᠭᠴᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ᠳᠡᠭᠡᠷ᠎ᠡ ᠳᠤᠷᠠᠳᠤᠭᠰᠠᠨ ᠵᠦᠢᠯᠡᠰ ᠢ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ | ᠲᠠᠯᠪᠢᠵᠤ ᠦᠨᠡᠯᠡᠬᠦ ᠶᠢᠨ ᠪᠣᠳᠠᠲᠠᠶ ᠨᠠᠶᠢᠳᠠᠪᠤᠷᠢᠵᠢᠭᠤᠯᠵᠤ ᠬᠡᠷᠡᠭᠵᠢᠬᠦᠯᠬᠦ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵ᠬᠤᠶᠠᠷ︶ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ᠃ | 1. ᠵᠠᠰᠠᠮᠠᠯ ᠵᠠᠮ᠃ | ︵1︶ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠯ᠎ᠡ ᠱᠠᠲᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢᠨ ᠨᠦᠬᠡᠴᠡ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ | ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠠᠶᠢᠮᠠᠭ ᠬᠤᠲᠠ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | ︵2︶ ᠵᠠᠮ ᠲᠡᠭᠡᠭᠡᠪᠦᠷᠢ ᠶᠢᠨ ᠥᠷᠲᠡᠭᠡ ᠲᠠᠯᠠᠪᠤᠷ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ | ᠲᠡᠭᠡᠭᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠣᠡᠭᠡᠨ ᠬᠡᠷᠩᠵᠢᠭᠦᠯᠭᠦ ᠶᠢ ᠠᠶᠢᠮᠠᠭ ᠬᠤᠲᠠ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | ︵3︶ ᠵᠠᠮ ᠲᠡᠭᠡᠭᠡᠪᠦᠷᠢ ᠶᠢᠨ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ | ᠂ ᠬᠢᠨᠠᠯᠲᠠ ᠲᠠᠯᠪᠢᠵᠤ ᠦᠨᠡᠯᠡᠬᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠵᠦᠢᠯᠡᠰ ᠢ ᠭᠦᠢᠴᠡᠳᠬᠡᠨ | ᠬᠡᠷᠡᠭᠵᠢᠬᠦᠯᠬᠦ ᠶᠢ ᠠᠶᠢᠮᠠᠭ ᠬᠤᠲᠠ ᠳᠠᠭᠠᠭᠠᠨ ᠡᠭᠦᠷᠬᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ | ᠳᠠᠭᠠᠭᠠᠨ ᠡᠭᠦᠷᠭᠡᠯᠡᠨ᠎ᠡ᠃ | 2. ᠤᠰᠤᠨ ᠵᠠᠮ᠃ | ︵1︶ ᠤᠰᠤᠨ ᠵᠠᠮ ᠤᠨ ᠲᠡᠭᠡᠭᠡᠪᠦᠷᠢ ᠶᠢᠨ ᠪᠣᠬᠢᠷᠲᠤᠯ ᠥᠬᠡᠶ ᠬᠦᠭᠵᠢᠯᠲᠡ᠃ ᠥᠪᠡᠷᠲᠡᠭᠡᠨ ᠵᠠᠰᠠᠬᠤ ᠣᠷᠣᠨ ᠨᠢ ᠲᠥᠪ ᠤᠨ ᠲᠥᠯᠥᠪᠵᠢᠭᠦᠯᠭᠡ ᠶᠢ | ᠦᠨᠳᠦᠰᠦᠯᠡᠨ ᠵᠣᠬᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠠᠶᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | ︵2︶ ᠥᠪᠡᠷᠲᠡᠭᠡᠨ ᠵᠠᠰᠠᠬᠤ ᠣᠷᠣᠨ ᠤ ᠬᠠᠮᠢᠶᠠᠷᠴᠤ ᠪᠠᠶᠢᠭ᠎ᠠ ᠤᠰᠤᠨ ᠣᠷᠣᠨ ᠳᠤ ᠬᠠᠶᠢᠨ ᠠᠪᠤᠷᠠᠬᠤ ᠪᠠ ᠣᠩᠭᠤᠴᠠ ᠰᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠶᠢᠨ ᠲᠤᠨᠨᠳᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ | ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠠᠶᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ | ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | 3. ᠲᠡᠮᠦᠷ ᠵᠠᠮ᠃ | ︵1︶ ᠭᠤᠣᠯ ᠱᠤᠭᠤᠮ ᠤᠨ ᠲᠡᠮᠦᠷ ᠵᠠᠮ᠃ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠬᠢᠭᠡᠳ ᠮᠠᠨ ᠤ ᠣᠷᠣᠨ ᠠᠴᠠ ᠭᠤᠣᠯ ᠱᠤᠭᠤᠮ ᠤᠨ | ᠲᠡᠮᠥᠷ ᠵᠠᠮ ᠤᠨ ᠲᠠᠯ᠎ᠠ ᠪᠠᠷ ᠬᠢ ᠵᠣᠬᠢᠶᠠᠨ ᠪᠠᠶᠢᠭᠤᠯᠬᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠂ ᠡᠭᠦᠨ ᠳᠤ ᠪᠥᠳᠥᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠭᠡᠭᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠪᠠᠭᠲᠠᠨ᠎ᠠ᠃ | ︵2︶ ᠬᠤᠳᠠ ᠶᠢᠨ ᠬᠤᠭᠤᠷᠣᠨᠳᠣᠬᠢ ᠲᠡᠮᠤᠷ ᠵᠠᠮ᠃ ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶᠢᠮᠠᠭ ᠬᠤᠲᠠ ᠨᠢ ᠬᠤᠲᠠ ᠶᠢᠨ ᠬᠤᠭᠤᠷᠣᠨᠳᠣᠬᠢ | ᠲᠡᠮᠦᠷ ᠵᠠᠮ ᠤᠨ ᠲᠠᠯ᠎ᠠ ᠪᠠᠷ ᠬᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠂ ᠡᠭᠦᠨ ᠳᠤ ᠪᠥᠲᠥᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠭᠡᠬᠦ ᠵᠦᠢᠯᠡᠰ ᠪᠠᠭᠲᠠᠨ᠎ᠠ᠃ | ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠭᠦᠷᠢᠶᠡᠨ ᠤ ᠵᠦᠢᠯᠡᠰ ᠲᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | 4. ᠠᠷᠠᠳ ᠤᠨ ᠠᠭᠠᠷ ᠤᠨ ᠲᠡᠭᠡᠭᠡᠪᠦᠷᠢ᠃ | ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠱᠤᠭᠤᠮ ᠤᠨ ᠲᠡᠭᠡᠭᠡᠪᠦᠷᠢ᠃ | ᠡᠭᠦᠨ ᠳᠤ᠂ ᠥᠪᠡᠷᠲᠡᠭᠡᠨ ᠵᠠᠰᠠᠬᠤ ᠣᠷᠣᠨ ᠠᠴᠠ ᠰᠢᠭᠤᠳ ᠬᠠᠮᠢᠶᠠᠷᠴᠤ ᠪᠠᠶᠢᠭ᠎ᠠ ᠬᠥᠬᠡᠬᠤᠲᠠ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠣᠯᠠᠨ | ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠢᠶᠠᠷ ᠭᠤᠤᠯ ᠪᠣᠯᠭᠠᠨ | ᠬᠡᠷᠡᠭᠵᠢᠭᠦᠯᠦᠨ᠎ᠡ᠃ | ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠤᠯᠲᠠ ᠪᠠ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠣᠶᠢᠷ᠎ᠠ | ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠠᠵᠢᠯᠯᠠᠬᠤ ᠲᠥᠷᠥᠯ ᠵᠦᠢᠯ᠃ | ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠦᠷᠢᠶᠡᠨ ᠤ ᠵᠦᠢᠯᠡᠰ ᠲᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠣᠬᠢᠬᠤ | ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | 5. ᠰᠢᠦᠳᠠᠨ ᠤ ᠶᠠᠪᠤᠳᠠᠯ᠃ | ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠨᠢ ᠬᠠᠮᠳᠤ ᠪᠠᠷ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠪᠣᠳᠠᠲᠠᠶ ᠬᠡᠷᠡᠭᠵᠢᠭᠦᠯᠬᠦ ᠵᠦᠢᠯᠡᠰ ᠢ ᠳᠠᠭᠠᠭᠠᠨ ᠡᠭᠦᠷᠭᠡᠯᠡᠨ᠎ᠡ᠃ | ︵2︶ ᠰᠢᠦᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠬᠠᠮᠳᠤ ᠪᠠᠷ ᠰᠢᠤᠳᠠᠨ ᠤ | ᠲᠦᠭᠡᠮᠡᠯ ᠦᠢᠯᠡᠴᠢᠯᠡᠭᠡ᠂ ᠤᠨᠴᠠᠭᠠᠢ ᠦᠢᠯᠡᠴᠢᠯᠡᠭᠡ ᠪᠠ ᠤᠶᠤᠨᠴᠢ ᠲᠦᠷᠭᠡᠨ ᠢᠯᠡᠭᠡᠯᠲᠡ ᠶᠢᠨ ᠵᠦᠢᠯ ᠤᠨ ᠬᠠᠶᠢᠷᠴᠠᠭ ︵ᠵᠠᠬᠢᠳᠠᠯ ᠪᠠ ᠪᠣᠭᠤᠳᠠᠯ ᠤᠨ ᠬᠠᠶᠢᠷᠴᠠᠭ︶ | ᠵᠡᠷᠭᠡ ᠰᠠᠭᠤᠷᠢ ᠪᠡᠯᠡᠳᠬᠡᠮᠵᠢ᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠵᠡᠷᠭᠡ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠳᠠᠭᠠᠭᠠᠨ | ᠡᠭᠦᠷᠭᠡᠯᠡᠨ᠎ᠡ᠃ | ᠳᠡᠭᠡᠷ᠎ᠡ ᠳᠤᠷᠠᠳᠤᠭᠰᠠᠨ ᠵᠦᠢᠯᠡᠰ ᠲᠤ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ | ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠠᠶᠢᠮᠠᠭ ᠬᠤᠳᠠ ᠨᠢ ᠪᠣᠳᠠᠲᠠᠶ ᠵᠦᠢᠯᠡᠰ ᠤᠨ ᠭᠦᠢᠴᠡᠳᠬᠡᠨ ᠬᠡᠷᠡᠭᠵᠢᠭᠦᠯᠬᠦ ᠶᠢ | ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | 6. ᠶᠡᠷᠦᠩᠬᠡᠶᠢᠯᠡᠭᠰᠡᠨ ᠵᠠᠮ ᠬᠠᠷᠢᠯᠴᠠᠭ᠎ᠠ᠃ | ︵1︶ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ᠃ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠲᠡᠭᠡᠭᠡᠪᠦᠷᠢ ᠶᠢᠨ ᠪᠦᠲᠦᠴᠡ ᠶᠢᠨ | ᠲᠣᠬᠢᠷᠠᠭᠤᠯᠤᠯᠲᠠ ᠶᠢᠨ ᠲᠥᠰᠦᠯ ᠢ ᠲᠣᠭᠲᠠᠭᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ | ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠬᠠᠮᠳᠤ ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ︵ᠣᠷᠣᠨ ᠤ | ᠬᠠᠷᠢᠶ᠎ᠠ ᠠᠵᠤ ᠠᠬᠤᠶᠢᠯᠠᠯ ᠪᠠᠭᠲᠠᠨ᠎ᠠ︶ ᠪᠠ ᠠᠶᠢᠮᠠᠭ ᠬᠤᠲᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | | ︵2︶ ᠪᠦᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠬᠢᠭᠡᠣᠨ ᠲᠥᠪᠯᠡᠷᠡᠭᠦᠯᠬᠦ ᠶᠠᠪᠤᠭᠤᠯᠬᠤ ᠲᠡᠭᠡᠭᠡᠪᠦᠷᠢᠯᠡᠬᠦ ᠲᠣᠭᠲᠠᠯᠴᠠᠭ᠎ᠠ᠃ | ᠲᠥᠪ ᠤᠨ ᠲᠤᠰᠬᠠᠶ ᠲᠥᠯᠥᠪᠵᠢᠭᠦᠯᠭᠡ ᠶᠢ ᠦᠨᠳᠦᠰᠦᠯᠡᠵᠦ᠂ ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠬᠢᠭᠡᠳ ᠲᠥᠪᠯᠡᠷᠡᠭᠦᠯᠬᠦ | ᠶᠠᠪᠤᠭᠤᠯᠬᠤ ᠲᠡᠭᠡᠭᠡᠪᠦᠷᠢᠯᠡᠬᠦ ᠲᠣᠨᠨᠳᠠᠯᠴᠠᠭ᠎ᠠ ᠶᠢᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ | ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠨᠢ ᠬᠠᠮᠳᠣ ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ | ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | ︵3︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ | ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠴᠡᠷᠢᠭ ᠠᠷᠠᠳ ᠤᠨ | ᠬᠡᠷᠡᠭᠴᠡᠭᠡ ᠶᠢᠨ ᠠᠭᠤᠰᠤᠯᠴᠠᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠳᠠᠶᠢᠴᠢᠯᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠬᠢᠭᠡᠳ | ᠬᠠᠮᠢᠶᠠᠷᠤᠯᠲᠠ᠂ ᠤᠯᠤᠰ ᠤᠨ ᠣᠨᠴᠠᠭᠠᠢ ᠭᠤᠤᠯᠳᠠᠯᠭ᠎ᠠ ᠲᠠᠢ ᠡᠳ᠋ ᠪᠠᠷᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ | ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ | ᠳᠠᠭᠠᠭᠠᠨ ᠡᠭᠦᠷᠭᠡᠯᠡᠨ᠎ᠡ᠃ | ︵4︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯ ᠲᠦᠷᠦᠯ ᠤᠨ ᠬᠠᠮᠢᠶᠠᠷᠤᠯᠲᠠ ᠶᠢᠨ ᠮᠡᠳᠡᠭᠡ ᠵᠠᠩᠬᠢᠴᠢᠯᠠᠯᠲᠠ᠃ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠬᠤᠳᠠ ᠨᠢ ᠪᠥᠳᠥᠭᠡᠨ ᠪᠠᠶᠢᠭᠤᠯᠬᠤ᠂ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠤᠨ | ᠬᠡᠷᠡᠭᠵᠢᠭᠦᠯᠦᠯᠲᠡ ᠶᠢ ᠬᠠᠮᠳᠤ ᠪᠠᠷ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ | ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ 365赢多少钱会被限额_国内有真正的365平台吗_365bet博彩官网 | ︵ᠭᠤᠷᠪᠠ︶ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ᠃ | 1. ᠵᠠᠰᠠᠮᠠᠯ ᠵᠠᠮ᠃ | ︵1︶ ᠤᠯᠤᠰ ᠤᠨ ᠡᠩ ᠤᠨ ᠵᠠᠮ᠃ ᠠᠶᠢᠮᠠᠭ ᠬᠤᠳᠠ ᠨᠢ ᠤᠯᠤᠰ ᠤᠨ ᠡᠩ ᠤᠨ ᠵᠠᠮ ᠤᠨ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ | ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠣᠬᠢᠬᠤ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠤᠯᠤᠰ ᠤᠨ ᠡᠩ ᠤᠨ ᠵᠠᠮ ᠤᠨ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ | ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠬᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ | ᠭᠠᠳᠠᠨᠠᠬᠢ ᠪᠤᠰᠤᠳ ᠵᠠᠷᠤᠯᠭ᠎ᠠ ︵ᠵᠢᠱᠢᠶᠡᠯᠡᠪᠡᠯ ᠭᠠᠵᠠᠷ ᠳᠠᠲᠠᠪᠤᠷᠢᠯᠠᠬᠤ ᠳᠤ ᠨᠤᠷᠠᠭᠠᠵᠦ ᠨᠡᠭᠦᠯᠭᠡᠬᠦ ᠵᠡᠷᠭᠡ︶ ᠶᠢ ᠳᠠᠭᠠᠭᠠᠨ ᠡᠭᠦᠷᠭᠡᠯᠡᠨ᠎ᠡ᠃ | ︵2︶ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠃ ᠠᠶᠢᠮᠠᠭ ᠬᠤᠲᠠ ︵ᠬᠠᠷᠢᠶ᠎ᠠ ᠪᠥᠬᠦᠶ ᠠᠵᠤ ᠠᠬᠤᠶᠢᠯᠠᠯ ᠪᠠᠭᠲᠠᠨ᠎ᠠ︶ ᠨᠢ ᠣᠷᠣᠨ | ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ | ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ | ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠪᠠᠯᠠ ᠭᠠᠷᠭᠠᠭᠰᠠᠨ ᠠᠴᠠ ᠭᠠᠳᠠᠨᠠᠬᠢ ᠪᠤᠰᠤᠳ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ | ︵3︶ ᠮᠤᠵᠢ ᠶᠢᠨ ᠡᠩ ᠤᠨ ᠵᠠᠮ᠃ ᠠᠶᠢᠮᠠᠭ ᠬᠤᠳᠠ ᠨᠢ ᠮᠤᠵᠢ ᠶᠢᠨ ᠡᠩ ᠤᠨ ᠵᠠᠮ ᠤᠨ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ | ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠣᠬᠢᠬᠤ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠡᠯᠡ ᠭᠠᠷᠭᠠᠭᠰᠠᠨ ᠠᠴᠠ ᠭᠠᠳᠠᠨᠠᠬᠢ ᠪᠤᠰᠤᠳ ᠵᠠᠷᠤᠯᠭ᠎ᠠ ᠶᠢ ᠳᠠᠭᠠᠭᠠᠨ | ᠡᠭᠦᠷᠭᠡᠯᠡᠨ᠎ᠡ᠃ | ︵4︶ ᠬᠥᠳᠡᠭᠡ ᠲᠣᠰᠬᠤᠨ ᠤ ᠵᠠᠰᠠᠮᠠᠯ ᠵᠠᠮ᠃ ᠠᠶᠢᠮᠠᠭ ᠬᠤᠲᠠ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠰᠬᠠᠶ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠪᠣᠳᠠᠲᠠᠶ | ᠭᠦᠢᠴᠡᠳᠭᠡᠬᠦ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠳᠤ ᠵᠠᠷᠤᠯᠭ᠎ᠠ ᠶᠢᠨ ᠬᠠᠷᠢᠭᠤᠴᠠᠯᠭ᠎ᠠ ᠶᠢ | ᠠᠶᠢᠮᠠᠭ ᠬᠤᠲᠠ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢ ᠨᠢ ᠦᠵᠡᠵᠦ ᠪᠠᠶᠢᠭᠠᠳ | ᠪᠥᠲᠥᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠲᠠᠯ᠎ᠠ ᠪᠠᠷ ᠵᠣᠬᠢᠬᠤ ᠪᠠᠯᠠ ᠮᠥᠩᠭᠦ ᠶᠢᠨ ᠳᠡᠮᠵᠢᠯᠭᠡ ᠦᠵᠡᠬᠦᠯᠦᠨ᠎ᠡ᠃ | 2. ᠤᠰᠤᠨ ᠵᠠᠮ᠃ | ︵1︶ ᠳᠣᠲᠣᠭᠠᠳᠤ ᠭᠤᠣᠯ ᠮᠥᠷᠡᠨ ᠤ ᠪᠤᠰᠤᠳ ᠠᠶᠠᠯᠠᠯ ᠤᠨ ᠵᠠᠮ᠃ ᠠᠶᠢᠮᠠᠭ ᠬᠤᠲᠠ ᠨᠢ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵2︶ ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠠᠶᠤᠯ ᠥᠬᠡᠶ ᠶᠢ ᠪᠠᠶᠢᠴᠠᠭᠠᠨ ᠰᠢᠯᠭᠠᠬᠤ ᠪᠡᠯᠡᠳᠬᠡᠮᠵᠢ᠂ ᠬᠥᠳᠡᠭᠡ ᠲᠣᠰᠬᠤᠨ ᠤ ᠤᠰᠤᠨ ᠵᠠᠮ | ᠳᠡᠭᠡᠷᠡᠬᠢ ᠠᠶᠠᠨᠴᠢᠳ ᠤᠨ ᠵᠦᠬᠡᠬᠡᠪᠦᠷᠢ ᠲᠡᠭᠡᠭᠡᠪᠦᠷᠢ ᠶᠢᠨ ᠬᠠᠮᠢᠶᠠᠷᠤᠯᠲᠠ᠃ ᠠᠶᠢᠮᠠᠭ ᠬᠤᠲᠠ ᠨᠢ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵3︶ ᠥᠪᠡᠷᠲᠡᠭᠡᠨ ᠵᠠᠰᠠᠬᠤ ᠣᠷᠣᠨ ᠠᠴᠠ ᠬᠠᠮᠢᠶᠠᠷᠬᠤ ᠤᠰᠤᠨ ᠣᠷᠣᠨ ᠤ ᠤᠰᠤᠨ ᠵᠠᠮ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ᠃ ᠠᠶᠢᠮᠠᠭ ᠬᠤᠲᠠ ᠨᠢ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠬᠦᠯᠬᠦ ᠶᠢ ᠳᠠᠭᠠᠭᠠᠨ ᠡᠭᠦᠷᠬᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 3. ᠲᠡᠮᠦᠷ ᠵᠠᠮ᠃ | ︵1︶ ᠬᠤᠲᠠ ᠶᠢᠨ ᠴᠠᠷᠠᠭᠠᠨ ︵ᠲᠡᠭᠦᠷᠭᠡ︶ ᠳᠠᠬᠢ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ᠂ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠶᠢ ᠪᠠᠭᠲᠠᠭᠠᠭᠰᠠᠨ ᠪᠣᠳᠠᠲᠠᠢ ᠭᠦᠢᠴᠡᠳᠭᠡᠬᠦ ᠵᠦᠢᠯᠡᠰ ᠢ | ᠡᠯ᠎ᠡ ᠠᠶᠢᠮᠠᠭ ᠬᠤᠲᠠ ᠬᠡᠷᠡᠭᠵᠢᠭᠦᠯᠬᠦ ᠪᠤᠶᠤ ᠥᠪᠡᠷᠲᠡᠭᠡᠨ ᠵᠠᠰᠠᠬᠤ ᠣᠷᠣᠨ ᠳᠠᠬᠢ ᠲᠡᠮᠦᠷ ᠵᠠᠮ ᠤᠨ ᠲᠣᠪᠴᠢᠶ᠎ᠠ ᠳᠤ ᠨᠠᠶᠢᠳᠠᠵᠤ ᠬᠡᠷᠡᠭᠵᠢᠭᠦᠯᠦᠨ᠎ᠡ᠃ | ︵2︶ ᠲᠡᠮᠦᠷ ᠵᠠᠮ ᠳᠠᠭᠠᠤ ︵ᠤᠯᠠᠭᠠᠨ ᠱᠤᠭᠤᠮ ᠠᠴᠠ ᠭᠠᠳᠠᠨᠠᠬᠢ︶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠ ᠲᠡᠮᠦᠷ ᠵᠠᠮ ᠳᠠᠭᠠᠤ ᠶᠢᠨ | ᠠᠮᠤᠷ ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ᠂ ᠤᠯᠤᠰ ᠤᠨ ᠲᠡᠮᠦᠷ ᠵᠠᠮ᠂ ᠤᠯᠤᠰ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ | ᠠᠬᠤᠶᠢᠯᠠᠯ ᠤᠨ ᠪᠤᠳᠠᠳᠠᠢ ᠬᠠᠮᠢᠶᠠᠷᠴᠤ ᠪᠠᠶᠢᠭ᠎ᠠ ᠪᠠᠯᠠ ᠨᠡᠶᠢᠯᠡᠭᠦᠯᠦᠭᠰᠡᠨ ᠲᠡᠮᠦᠷ ᠵᠠᠮ ᠠᠴᠠ ᠭᠠᠳᠠᠨ᠎ᠠ ᠪᠤᠰᠤᠳ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠶᠢ ᠠᠶᠢᠮᠠᠭ ᠬᠤᠲᠠ ᠬᠠᠷᠢᠭᠤᠴᠠᠨ᠎ᠠ᠃ | ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠬᠦᠷᠢᠶᠡᠨ ᠤ ᠵᠦᠢᠯᠡᠰ ᠲᠤ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ | ᠃ | 4. ᠠᠷᠠᠳ ᠤᠨ ᠠᠭᠠᠷ ᠤᠨ ᠲᠡᠭᠡᠭᠡᠪᠦᠷᠢ᠃ | ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠬᠤ᠂ ᠬᠠᠮᠠᠭᠠᠯᠠᠬᠤ᠂ ᠲᠡᠬᠡᠬᠡᠪᠦᠷᠢᠯᠡᠨ ᠡᠵᠡᠩᠨᠡᠬᠦ ᠪᠠ ᠣᠯᠠᠨ ᠨᠡᠶᠢᠲᠡ ᠶᠢᠨ ᠠᠭᠠᠷ ᠤᠨ | ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠪᠣᠳᠠᠲᠠᠶ ᠵᠦᠢᠯᠡᠰ ᠢ ᠭᠦᠢᠴᠳᠭᠡᠨ ᠬᠡᠷᠡᠭᠵᠢᠭᠦᠯᠦᠨ᠎ᠡ᠃ | ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ᠂ ᠬᠠᠮᠠᠭᠠᠯᠠᠯᠲᠠ᠂ ᠡᠵᠡᠩᠨᠡᠯᠲᠡ ᠪᠠ ᠨᠡᠶᠢᠳᠡᠮ ᠬᠡᠷᠡᠭᠯᠡᠭᠡᠨ ᠤ ᠠᠭᠠᠷ ᠤᠨ | ᠠᠶᠠᠯᠠᠯ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯᠯᠠᠭᠠᠨ ᠤ ᠲᠥᠷᠥᠯ ᠵᠦᠢᠯ ᠤᠨ | ᠪᠣᠳᠠᠲᠠᠶ ᠭᠦᠢᠴᠡᠳᠭᠡᠬᠦ ᠵᠦᠢᠯᠡᠰ ᠢ ᠬᠡᠷᠡᠭᠵᠢᠭᠦᠯᠦᠨ᠎ᠡ᠃ | ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠦᠷᠢᠶᠡᠨ ᠤ ᠵᠦᠢᠯᠡᠰ ᠲᠤ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ | ᠳᠠᠭᠠᠭᠠᠨ ᠡᠭᠦᠷᠭᠡᠯᠡᠨ᠎ᠡ᠃ | 5. ᠰᠢᠦᠳᠠᠨ ᠤ ᠶᠠᠪᠤᠳᠠᠯ᠃ | ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠠᠶᠢᠮᠠᠭ ᠬᠤᠳᠠ ᠨᠢ ᠰᠢᠦᠳᠠᠨ ᠤ | ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ ᠲᠣᠭᠲᠠᠯᠴᠠᠭ᠎ᠠ᠂ ᠭᠤᠪᠢᠭᠤᠯᠵᠦ ᠢᠯᠡᠭᠡᠬᠦ ᠶᠢᠨ ᠠᠮᠤᠷ ᠲᠦᠪᠰᠢᠨ ᠢ ᠪᠠᠲᠤᠯᠠᠬᠤ ᠪᠠ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠣᠳᠠᠲᠠᠶ ᠵᠦᠢᠯᠡᠰ ᠢ ᠭᠦᠢᠴᠡᠳᠭᠡᠨ ᠬᠡᠷᠡᠭᠵᠢᠬᠦᠯᠬᠦ ᠶᠢ ᠳᠠᠭᠠᠭᠠᠨ ᠡᠭᠦᠷᠭᠡᠯᠡᠵᠦ᠂ ᠠᠶᠢᠮᠠᠭ ᠬᠤᠳᠠ ᠶᠢᠨ | ᠰᠢᠦᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵2︶ ᠰᠢᠦᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ ᠠᠶᠢᠮᠠᠭ ᠬᠤᠲᠠ ᠨᠢ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠲᠦᠭᠡᠮᠡᠯ | ᠦᠢᠯᠡᠴᠢᠯᠡᠭᠡ᠂ ᠤᠨᠴᠠᠭᠠᠢ ᠦᠢᠯᠡᠴᠢᠯᠡᠭᠡ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ | ᠪᠣᠬᠢᠷᠲᠤᠯ ᠢ ᠵᠠᠰᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ᠳᠡᠭᠡᠷ᠎ᠡ ᠳᠤᠷᠠᠳᠤᠭᠰᠠᠨ ᠵᠦᠢᠯᠡᠰ ᠲᠤ ᠠᠶᠢᠮᠠᠭ ᠬᠤᠲᠠ ᠨᠢ ᠪᠥᠲᠥᠭᠡᠨ ᠪᠠᠶᠢᠭᠤᠯᠬᠤ᠂ ᠬᠠᠮᠠᠭᠠᠯᠠᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ | ᠭᠦᠢᠴᠡᠳᠭᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 6. ᠶᠡᠷᠦᠩᠬᠡᠶᠢᠯᠡᠭᠰᠡᠨ ᠵᠠᠮ ᠬᠠᠷᠢᠯᠴᠠᠭ᠎ᠠ᠃ ᠡᠩ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ᠃ ᠠᠶᠢᠮᠠᠭ ᠬᠤᠲᠠ ᠨᠢ ᠡᠩ ᠤᠨ ᠴᠢᠨᠠᠷᠲᠠᠶ | ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠶᠢᠨ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ | ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠬᠠᠮᠠᠭᠠᠯᠠᠬᠤ ︵ᠠᠷᠠᠴᠢᠯᠠᠨ ᠬᠠᠮᠠᠭᠠᠯᠠᠬᠤ︶᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ | ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠡᠩ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠳᠤ | ᠵᠠᠷᠤᠯᠭ᠎ᠠ ᠶᠢᠨ ᠬᠠᠷᠢᠭᠤᠴᠠᠯᠭ᠎ᠠ ᠶᠢ ᠠᠶᠢᠮᠠᠭ ᠬᠤᠲᠠ ᠨᠢ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠣᠳᠠᠲᠤ | ᠪᠠᠶᠢᠳᠠᠯ ᠢ ᠨᠢ ᠦᠵᠡᠵᠦ ᠪᠠᠶᠢᠭᠠᠳ ᠵᠣᠬᠢᠬᠤ ᠬᠡᠮᠵᠢᠶᠡᠨ ᠤ ᠪᠥᠲᠥᠭᠡᠨ ᠪᠠᠶᠢᠭᠤᠯᠬᠤ ᠪᠡᠯᠡ ᠮᠦᠩᠬᠦᠨ ᠤ ᠳᠡᠮᠵᠢᠯᠭᠡ ᠦᠵᠡᠬᠦᠯᠦᠨ᠎ᠡ᠃ | ᠡᠭᠦᠨ ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠦᠳᠠᠨ ᠤ ᠶᠠᠪᠤᠳᠠᠯ᠂ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ | ᠪᠠᠶᠢᠭᠤᠯᠤᠯᠲᠠ ᠳᠤ ᠭᠤᠤᠯᠳᠠᠭᠤ ᠬᠠᠮᠢᠶ᠎ᠠ ᠪᠥᠬᠦᠶ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠥᠷᠨᠢᠭᠦᠯᠦᠭᠰᠡᠨ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠ ᠪᠠᠷᠠᠯᠠᠯᠲᠠ ᠴᠢᠨᠠᠷᠲᠠᠶ | ᠴᠢᠬᠤᠯᠠ ᠶᠡᠭᠡ ᠠᠰᠠᠭᠤᠳᠠᠯ ᠤᠨ ᠰᠣᠳᠣᠯᠣᠯ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠰᠢᠪᠲᠤᠯᠤᠯᠲᠠ ᠪᠠ ᠦᠷ᠎ᠡ | ᠪᠦᠲᠦᠭᠡᠯ ᠢ ᠣᠯᠠᠷᠢᠭᠤᠯᠬᠤ ᠵᠢᠴᠢ ᠴᠢᠬᠤᠯᠠ ᠶᠡᠭᠡ ᠲᠤᠰᠬᠠᠶ ᠵᠦᠢᠯ ᠤᠨ ᠠᠵᠢᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠲᠣᠭᠲᠠᠭᠠᠬᠤ ; ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠬᠤ ; ᠠᠵᠢᠯ ᠲᠥᠷᠥᠯ ᠤᠨ ᠲᠤᠭ᠎ᠠ ᠪᠦᠷᠢᠳᠬᠡᠯ ᠬᠢᠬᠡᠳ ᠠᠵᠢᠯᠯᠠᠭᠠᠨ ᠤ ᠬᠢᠨᠠᠨ ᠰᠢᠨᠵᠢᠯᠲᠡ ; ᠪᠠᠴᠢᠮ ᠪᠠᠶᠢᠳᠠᠯ ᠢ ᠠᠷᠭᠠᠴᠠᠭᠠᠬᠤ | ᠴᠢᠨᠠᠷᠲᠠᠶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠦᠢᠯᠡᠰ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠠᠶᠢᠮᠠᠭ ᠬᠤᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ | ᠠᠶᠢᠮᠠᠭ ᠬᠤᠲᠠ ᠨᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ᠭᠤᠷᠪᠠ᠂ ᠲᠥᠬᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠢᠭᠤᠯᠵᠦ ᠤᠳᠤᠷᠢᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠡᠯ᠎ᠡ | ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ︽ᠳᠥᠷᠪᠡᠨ ᠦᠵᠡᠯ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠦᠨ᠂ ᠵᠣᠬᠢᠶᠠᠨ ᠪᠠᠶᠢᠭᠤᠯᠵᠤ ᠣᠳᠣᠷᠢᠳᠬᠤ ᠪᠠ ᠵᠣᠬᠢᠴᠠᠭᠤᠯᠤᠨ ᠬᠠᠮᠵᠢᠯᠴᠠᠬᠤ ᠪᠠᠨ ᠦᠨᠡᠨ ᠬᠦ ᠴᠢᠩᠭᠠᠳᠬᠠᠵᠤ᠂ ᠲᠣᠰ ᠲᠥᠰᠦᠯ ᠳᠤ ᠲᠣᠳᠣᠷᠬᠠᠢ | ᠲᠣᠨᠨᠳᠠᠭᠠᠨᠨᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠢ ᠦᠨᠳᠦᠰᠦᠯᠡᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢᠨ ᠠᠬᠢᠴᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠦᠨᠡᠯᠡᠨ ᠵᠢᠱᠢᠬᠦ ᠪᠠᠨ | ᠴᠢᠩᠭᠠᠷᠠᠭᠤᠯᠤᠨ᠂ ᠥᠭᠡᠷᠡᠴᠢᠯᠡᠯᠲᠡ ᠠᠴᠠ ᠪᠣᠯᠤᠭᠰᠠᠨ ᠬᠦᠴᠢᠷᠳᠡᠯ ᠪᠠ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠲᠡᠶ᠃ ᠡᠯ᠎ᠡ ᠠᠶᠢᠮᠠᠭ ᠬᠤᠲᠠ ᠨᠢ ᠥᠪᠥᠷ | ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠪᠣᠳᠠᠳᠠᠢ ᠲᠠᠢ ᠪᠠᠨ | ᠤᠶᠠᠯᠳᠤᠭᠤᠯᠤᠨ᠂ ᠠᠶᠢᠮᠠᠭ ᠬᠤᠲᠠ ᠠᠴᠠ ᠳᠣᠷᠣᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠠᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢᠶᠠᠨ ᠲᠣᠭᠲᠠᠭᠠᠵᠤ᠂ ᠵᠣᠬᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠭᠡᠨ᠂ ᠥᠭᠡᠷᠡᠴᠢᠯᠡᠯᠲᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ᠲᠣᠰ ᠲᠥᠰᠦᠯ ᠢ ᠦᠨᠳᠦᠰᠦᠯᠡᠨ᠂ ᠲᠣᠭᠲᠠᠭᠠᠯ ᠶᠣᠰᠣᠭᠠᠷ | ᠲᠥᠰᠦᠪ ᠤᠨ ᠲᠣᠬᠢᠷᠠᠭᠤᠯᠤᠯᠲᠠ ᠪᠠ ᠪᠠᠯᠠ ᠣᠷᠣᠭᠤᠯᠤᠯᠲᠠ ᠶᠢᠨ ᠲᠥᠯᠥᠪᠯᠡᠭᠡ ᠪᠠᠨ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠬᠤ ᠬᠡᠷᠡᠭᠲᠡᠶ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠬᠠᠷᠢᠶᠠᠯᠠᠭᠳᠠᠬᠤ ᠶᠢ ᠵᠠᠷᠴᠢᠮ ᠳᠡᠭᠡᠷ᠎ᠡ ᠪᠠᠨ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠦᠪᠡᠷᠰᠡᠳ ᠤᠨ ᠡᠳ᠋ ᠤᠨ ᠬᠦᠴᠦᠨ ᠤ ᠲᠣᠬᠢᠷᠠᠭᠤᠯᠤᠯᠲᠠ ᠪᠠᠷ ᠳᠠᠮᠵᠢᠭᠤᠯᠤᠨ᠂ ᠠᠶᠢᠮᠠᠭ | ᠬᠤᠲᠠ ᠶᠢᠨ ᠳᠠᠭᠠᠭᠠᠨ ᠡᠭᠦᠷᠭᠡᠯᠡᠭᠰᠡᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠨ ᠦᠨᠡᠨ ᠬᠦ ᠪᠠᠳᠤᠯᠠᠬᠤ ᠬᠡᠷᠡᠭᠳᠡᠢ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠭᠦᠢᠴᠡᠳᠬᠡᠬᠦ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠤᠰᠤ ᠴᠠᠭ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠪᠠ ᠠᠶᠢᠮᠠᠭ | ᠬᠤᠲᠠ ᠶᠢᠨ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠵᠣᠬᠢᠬᠤ ᠬᠡᠮᠵᠢᠶᠡᠨ ᠤ ᠪᠠᠯᠠ ᠮᠦᠩᠭᠦᠨ ᠤ ᠳᠡᠮᠵᠢᠯᠭᠡ ᠥᠭᠴᠦ | ᠪᠣᠯᠤᠨ᠎ᠠ᠃ | ︵ᠭᠤᠷᠪᠠ︶ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠶᠢᠨ ᠰᠠᠢᠬᠠᠨ ᠬᠠᠷᠢᠯᠴᠠᠨ ᠭᠦᠳᠡᠯᠦᠯᠴᠡᠬᠦ ᠪᠣᠯᠭᠠᠨ᠎ᠠ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠤ ᠴᠢᠬᠤᠯᠠ ᠶᠡᠭᠡ ᠥᠭᠡᠷᠡᠴᠢᠯᠡᠯᠲᠡ ᠯᠦᠭᠡ ᠣᠷᠭᠠᠨᠢᠭ ᠢᠶᠠᠷ ᠵᠤᠯᠭᠠᠭᠤᠯᠤᠨ᠂ | ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠶᠢᠨ ᠰᠠᠢᠬᠠᠨ ᠬᠠᠷᠢᠯᠴᠠᠨ ᠭᠦᠳᠡᠯᠦᠯᠴᠡᠬᠦ ᠪᠣᠯᠭᠠᠨ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ | ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠥᠭᠡᠷᠡᠴᠢᠯᠡᠯᠲᠡ ᠶᠢᠨ ᠠᠬᠢᠴᠠ ᠪᠠ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ | ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠤ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠠᠭ ᠲᠤ ᠨᠢ ᠲᠤᠬᠢᠷᠠᠭᠤᠯᠵᠦ ᠪᠦᠷᠢᠨᠰᠢᠬᠦᠯᠦᠨ ᠲᠡᠭᠦᠯᠳᠡᠷᠵᠢᠭᠦᠯᠵᠦ᠂ | ᠬᠥᠳᠡᠯᠦᠩᠭᠦᠶ ᠪᠠᠷ ᠳᠣᠭᠢᠷᠠᠭᠤᠯᠤᠨ᠂ ᠰᠠᠶᠢᠨ ᠰᠠᠶᠢᠬᠠᠨ ᠬᠠᠷᠢᠯᠴᠠᠨ ᠭᠦᠳᠡᠯᠦᠯᠴᠡᠬᠦ ᠪᠠ ᠬᠠᠮᠵᠢᠯᠴᠠᠨ ᠠᠬᠢᠭᠤᠯᠬᠤ ᠪᠠᠶᠢᠳᠠᠯ ᠢ ᠪᠣᠶ ᠪᠣᠯᠭᠠᠨ᠎ᠠ᠃ ᠲᠥᠰᠦᠪ ᠤᠨ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠦᠯᠡᠳᠡᠭᠡᠯ | ᠪᠡᠯᠡ ᠮᠥᠩᠭᠦ ᠶᠢ ᠭᠦᠢᠯᠭᠡᠭᠡᠯᠡᠵᠣ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠵᠠᠮ ᠲᠡᠭᠡᠭᠡᠪᠦᠷᠢ ᠶᠢᠨ ᠭᠦᠷᠢᠶᠡᠨ ᠳᠠᠬᠢ ᠪᠡᠯᠡ ᠮᠥᠩᠭᠦ ᠶᠢᠨ | ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ | ︵ᠳᠥᠷᠪᠡ︶ ᠲᠦᠬᠦᠷ ᠲᠦᠷᠢᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠠᠵᠢᠯᠯᠠᠭᠠᠨ ᠢ ᠠᠬᠢᠭᠤᠯᠤᠨ᠎ᠠ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠲᠠᠯ᠎ᠠ ᠪᠠᠷ ᠬᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ | ᠲᠦᠷᠢᠮ ᠵᠢᠴᠢ ᠲᠦᠷᠢᠮ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠳᠤ ᠱᠠᠯᠠᠪᠳᠠᠨ | ᠵᠠᠰᠠᠪᠤᠷᠢ ᠣᠷᠣᠭᠤᠯᠵᠤ᠂ ᠬᠠᠮᠢᠶ᠎ᠠ ᠪᠥᠬᠦᠶ ᠬᠠᠤᠯᠢ ᠲᠣᠭᠲᠠᠭᠠᠯ᠂ ᠲᠣᠭᠲᠠᠭᠠᠯ ᠲᠦᠷᠢᠮ ᠢ ᠲᠡᠭᠦᠯᠳᠡᠷᠵᠢᠭᠦᠯᠬᠦ ᠪᠠᠨ ᠠᠬᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠠᠤᠯᠢ ᠪᠠᠷ ᠵᠠᠰᠠᠬᠤ ᠪᠠ | ᠵᠢᠷᠤᠮᠵᠢᠭᠤᠯᠬᠤ ᠪᠠᠨ ᠠᠯᠬᠤᠮ ᠠᠯᠬᠤᠮ ᠢᠶᠠᠷ ᠪᠡᠶᠡᠯᠡᠬᠦᠯᠬᠦ ᠬᠡᠷᠡᠭᠳᠡᠢ᠃ | ᠲᠣᠰ ᠲᠥᠰᠦᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ | | | ︽ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠲᠥᠪ ᠤᠨ ᠬᠢᠬᠡᠳ ᠤᠷᠤᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠳᠤ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠭᠡᠬᠦ ᠣᠨᠣᠯᠵᠢᠬᠤᠨ ᠢ ᠪᠠᠷᠢᠮᠲᠠᠯᠠᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ | ᠦᠭᠡᠶ ᠪᠠᠷ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠵᠠᠰᠠᠭ ᠤᠨ ᠣᠷᠳᠣᠨ ᠤ | ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠠ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ | ᠡᠳ᠋ ᠤᠨ ᠬᠦᠴᠦᠨ ᠨᠢ ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠂ ᠲᠣᠨᠨᠳᠠᠪᠤᠷᠢ ᠪᠦᠭᠦᠢ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ | ᠬᠠᠷᠢᠭᠤᠴᠠᠯᠭ᠎ᠠ ᠪᠠ ᠡᠳ᠋ ᠤᠨ ᠬᠦᠴᠦᠨ ᠨᠢ ᠬᠠᠷᠢᠯᠴᠠᠨ ᠵᠣᠬᠢᠴᠠᠯᠳᠤᠭᠰᠠᠨ ᠲᠦᠷᠢᠮ ᠢ ᠪᠤᠢ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠬᠦ ᠶᠢ ᠡᠷᠡᠰ ᠳᠡᠮᠵᠢᠨ᠂ ᠠᠮᠢ ᠠᠬᠤᠶ ᠶᠢᠨ ᠪᠣᠯᠪᠠᠰᠤᠨ ᠤ ᠲᠣᠭᠲᠠᠯᠴᠠᠭ᠎ᠠ ᠶᠢ ᠲᠦᠷᠬᠡᠳᠬᠡᠨ ᠪᠠᠶᠢᠭᠤᠯᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠠ | ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠲᠡᠶ ᠲᠣᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ᠃ | — ᠪᠦᠷᠢᠨ ᠲᠡᠭᠦᠯᠳᠡᠷ ᠠᠵᠢᠯ ᠶᠠᠪᠤᠳᠠᠯ ᠤᠨ ᠡᠷᠬᠡ ᠶᠢᠨ ᠪᠣᠷᠣ ᠲᠥᠰᠥᠪ ᠢ ᠪᠠᠶᠢᠭᠤᠯᠵᠤ᠂ ᠡᠯ᠎ᠡ ᠱᠠᠲᠤᠨ ᠤ ᠡᠷᠬᠡ ᠪᠠ ᠬᠠᠷᠢᠭᠤᠴᠠᠯᠭ᠎ᠠ ᠶᠢᠨ | ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠪᠣᠳᠠᠲᠠᠶ ᠳᠤ ᠰᠠᠭᠤᠷᠢᠯᠠᠬᠤ ᠶᠢ | ᠤᠶᠠᠯᠳᠤᠭᠤᠯᠬᠤ ᠪᠠᠨ ᠪᠠᠷᠢᠮᠳᠠᠯᠠᠨ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠪᠣᠷᠣ ᠲᠥᠰᠥᠪ ᠢ ᠵᠢᠷᠤᠮᠯᠠᠵᠤ᠂ ᠪᠥᠬᠦ ᠲᠠᠯ᠎ᠠ ᠪᠠᠷ ᠡᠮᠬᠢᠯᠡᠵᠤ ᠨᠠᠷᠢᠯᠢᠭᠵᠢᠭᠤᠯᠤᠨ᠂ ᠪᠥᠬᠦ ᠲᠠᠯ᠎ᠠ ᠶᠢ | ᠬᠠᠮᠤᠷᠤᠭᠰᠠᠨ᠂ ᠲᠠᠰ ᠱᠠᠳᠣ ᠨᠢ ᠲᠣᠳᠣᠷᠬᠠᠶ ᠪᠠᠶᠢᠬᠤ ᠠᠵᠢᠯ ᠶᠠᠪᠤᠳᠠᠯ ᠤᠨ ᠡᠷᠬᠡ ᠶᠢᠨ ᠪᠣᠷᠣ ᠲᠥᠰᠥᠪ ᠢ ᠪᠦᠷᠢᠯᠳᠦᠭᠦᠯᠦᠨ᠎ᠡ᠃ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠬᠢᠬᠡᠳ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠶᠠᠯᠳᠤᠭᠤᠯᠬᠤ ᠪᠠᠨ ᠪᠠᠷᠢᠮᠲᠠᠯᠠᠵᠤ᠂ ᠲᠡᠦᠬᠡ ᠶᠢᠨ ᠤᠯᠠᠷᠢᠯ ᠬᠤᠪᠢᠰᠤᠯᠲᠠ ᠶᠢ | ᠬᠦᠨᠳᠦᠳᠭᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠯᠤᠭ᠎ᠠ ᠵᠣᠯᠭᠠᠭᠤᠯᠬᠤ ᠶᠢ ᠴᠢᠬᠤᠯᠠᠴᠢᠯᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ | ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠵᠦᠢᠯᠡᠰ ᠢ ᠨᠤᠲᠠᠯᠠᠨ ᠲᠣᠭᠲᠠᠭᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ | ᠵᠦᠢ ᠵᠤᠬᠢᠰ ᠦᠭᠡᠢ ᠵᠦᠢᠯᠡᠰ ᠲᠤ ᠲᠤᠬᠢᠷᠠᠭᠤᠯᠤᠯᠳᠠ ᠬᠢᠵᠦ᠂ ᠥᠭᠡᠷᠡᠴᠢᠯᠡᠯᠲᠡ ᠶᠢᠨ ᠨᠥᠬᠦᠴᠡᠯ ᠬᠠᠷᠠᠬᠠᠨ ᠪᠦᠷᠢᠯᠳᠦᠭᠡᠳᠦᠢ ᠪᠠᠶᠢᠪᠠᠯ ᠤᠳᠤ ᠶᠢᠨ ᠬᠡᠷᠡᠭᠵᠢᠭᠦᠯᠵᠦ | ᠪᠠᠶᠢᠭ᠎ᠠ ᠬᠤᠪᠢᠶᠠᠷᠢᠯᠠᠯ ᠢᠶᠠᠨ ᠲᠦᠷ ᠦᠷᠭᠦᠯᠵᠢᠯᠡᠭᠦᠯᠵᠦ᠂ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠪᠣᠷᠣ ᠲᠥᠰᠥᠪ ᠪᠠ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠢ ᠳᠤ ᠨᠢ ᠲᠣᠭᠲᠠᠭᠤᠨ | ᠪᠠᠶᠢᠯᠭᠠᠬᠤ ᠶᠢ ᠪᠠᠲᠤᠯᠠᠨ᠎ᠠ᠃ | — ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠦᠯᠦᠪᠯᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠴᠢᠬᠤᠯᠠ ᠶᠡᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠪᠠ | ᠬᠠᠮᠠᠭᠠᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠬᠤᠯᠪᠣᠭᠳᠠᠭᠰᠠᠨ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠤ ᠵᠦᠢᠯᠡᠰ ᠢ ᠨᠢᠭᠡᠳᠦᠯᠲᠡᠶ | ᠲᠥᠯᠥᠪᠯᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠷᠤᠯᠭ᠎ᠠ ᠶᠢᠨ ᠳᠠᠷᠤᠭᠠᠰᠤ ᠶᠢ ᠬᠦᠩᠭᠡᠷᠡᠭᠦᠯᠦᠨ᠂ ᠰᠢᠨ᠎ᠡ ᠶᠢ ᠡᠭᠦᠳᠬᠦ ᠬᠥᠭᠵᠢᠯᠲᠡ ᠶᠢᠨ | ᠣᠨᠣᠯᠵᠢᠬᠤᠨ ᠢ ᠡᠵᠡᠮᠳᠡᠨ᠂ ᠲᠦᠷᠢᠮ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ | ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠲᠡ | ᠤᠯᠠᠨ ᠢᠶᠠᠷ ᠢᠶᠠᠨ ᠣᠷᠣᠯᠴᠠᠭᠰᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠬᠤ ᠪᠠᠨ ᠲᠦᠷᠭᠡᠳᠬᠡᠨ ᠠᠬᠢᠭᠤᠯᠵᠤ᠂ ᠠᠷᠠᠳ | ᠤᠯᠠᠨ ᠤ ᠠᠮᠢ ᠠᠬᠤᠢ ᠣᠷᠴᠢᠨ ᠲᠣᠭᠤᠷᠢᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ | — ᠠᠶᠢᠮᠠᠭ ᠬᠤᠲᠠ ᠶᠢᠨ ᠬᠠᠮᠢᠶᠠᠷᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠬᠠᠮᠵᠢᠯᠴᠬᠠᠰᠠᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠰᠢᠯᠢᠳᠡᠭᠵᠢᠭᠦᠯᠦᠨ | ᠲᠣᠬᠢᠷᠠᠭᠤᠯᠵᠤ᠂ ᠠᠶᠢᠮᠠᠭ ᠬᠤᠲᠠ ᠶᠢᠨ ᠳᠠᠪᠠᠭᠤᠯᠢᠭ ᠢ ᠪᠠᠳᠠᠷᠠᠭᠤᠯᠤᠨ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ | ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠡᠯ᠎ᠡ | ᠲᠥᠷᠥᠯ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠲᠣᠭᠲᠠᠭᠠᠵᠤ᠂ ᠡᠷᠬᠡ᠂ ᠬᠠᠷᠢᠭᠤᠴᠠᠯᠭ᠎ᠠ᠂ | ᠠᠰᠢᠭ ᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ ᠵᠠᠰᠠᠭ | ᠵᠠᠬᠢᠷᠭᠠᠨ ᠤ ᠦᠷ᠎ᠡ ᠪᠦᠲᠦᠮᠵᠢ ᠶᠢ ᠨᠠᠩ ᠰᠠᠶᠢᠲᠤᠷ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠦᠷᠭᠦᠯᠵᠢᠯᠡᠬᠦ ᠶᠢ ᠦᠨᠡᠨ ᠬᠦ ᠪᠠᠲᠤᠯᠠᠨ᠎ᠠ᠃ ᠠᠶᠢᠮᠠᠭ ᠬᠤᠲᠠ ᠶᠢᠨ | ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠣᠳᠠᠲᠤ ᠪᠠᠶᠢᠳᠠᠯ ᠤᠨ ᠬᠡᠷᠡᠭᠴᠡᠭᠡ ᠶᠢ ᠨᠢ | ᠦᠨᠳᠦᠰᠦᠯᠡᠨ᠂ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠲᠠᠢ ᠨᠢ ᠤᠶᠠᠯᠳᠤᠭᠤᠯᠤᠨ ᠨᠥᠬᠦᠪᠥᠷᠢ ᠥᠭᠴᠦ᠂ ᠠᠶᠢᠮᠠᠭ ᠬᠤᠲᠠ ᠶᠢᠨ | ᠢᠳᠡᠪᠬᠢᠵᠢᠯ ᠢ ᠭᠦᠢᠴᠡᠳ ᠳᠠᠶᠢᠴᠢᠯᠠᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ ᠶᠢᠨ ᠲᠦᠷᠢᠮ ᠢ ᠲᠣᠭᠲᠠᠭᠠᠨ᠎ᠠ᠃ | 1. ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ᠂ ᠣᠷᠣᠨ ᠪᠦᠰᠡ ᠠᠯᠤᠰᠯᠠᠭᠰᠠᠨ ᠠᠮᠢ ᠠᠬᠤᠶ ᠣᠷᠴᠢᠨ | ᠲᠣᠭᠤᠷᠢᠨ ᠤ ᠲᠥᠯᠥᠪᠵᠢᠭᠦᠯᠭᠡ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ᠂ ᠨᠥᠯᠥᠭᠡ ᠪᠠᠷ ᠨᠡᠯᠢᠶᠡᠳ ᠶᠡᠭᠡ | ᠪᠣᠯᠬᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ ᠪᠠ ᠪᠦᠬᠦ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠲᠥᠯᠥᠪᠵᠢᠭᠦᠯᠭᠡ ᠵᠢᠴᠢ ᠠᠵᠢᠯ ᠤᠨ ᠲᠥᠰᠦᠯ᠂ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠪᠣᠬᠢᠷᠲᠤᠯ ᠥᠬᠡᠶ | ᠪᠦᠬᠡᠳ ᠨᠡᠭᠦᠷᠡᠰᠣᠳᠦ᠋ᠷᠦᠭᠴᠢ ᠪᠠᠭᠠᠳᠠᠢ ᠬᠥᠭᠵᠢᠯᠲᠡ ᠶᠢ ᠠᠬᠢᠭᠤᠯᠬᠤ ᠶᠢᠨ ᠲᠥᠷᠥ ᠶᠢᠨ ᠪᠣᠳᠣᠯᠭ᠎ᠠ ᠲᠤᠬᠲᠠᠭᠠᠬᠤ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠬᠤ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ | ᠡᠭᠦᠷᠭᠡᠯᠡᠨ᠎ᠡ᠃ | 2. ᠠᠮᠢ ᠠᠬᠤᠶ ᠣᠷᠴᠢᠨ ᠲᠣᠭᠤᠷᠢᠨ ᠤ ᠪᠤᠰᠤᠳ ᠲᠥᠯᠥᠪᠵᠢᠭᠦᠯᠭᠡ ᠲᠣᠭᠲᠠᠭᠠᠬᠤ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠᠷ ᠨᠤᠲᠠᠯᠠᠨ ᠲᠣᠭᠲᠠᠭᠠᠵᠣ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵ᠬᠤᠶᠠᠷ︶ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠵᠦ ᠬᠠᠤᠯᠢ ᠬᠡᠷᠡᠭᠵᠢᠭᠦᠯᠦᠨ᠎ᠡ᠃ | 1. ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠢᠨᠠᠨ ᠰᠢᠨᠵᠢᠬᠦ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠬᠢᠭᠡᠳ | ᠠᠵᠢᠯᠯᠠᠭᠠᠨ ᠤ ᠬᠠᠮᠠᠭᠠᠯᠠᠯᠲᠠ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠵᠦᠢᠯᠡᠰ ᠬᠢᠬᠡᠳ | ᠠᠮᠢ ᠠᠬᠤᠶ ᠣᠷᠴᠢᠨ ᠲᠣᠭᠤᠷᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠠᠮᠢ | ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ᠂ ᠪᠥᠬᠦ ᠣᠷᠣᠨ ᠤ | ᠴᠢᠨᠠᠷᠲᠠᠶ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠦᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ | ᠃ | 2. ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠨ ᠰᠢᠨᠵᠢᠬᠦ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡ ᠶᠢᠨ | ᠴᠢᠳᠠᠪᠤᠷᠢ ᠶᠢᠨ ᠪᠠᠶᠢᠭᠤᠯᠤᠯᠲᠠ ᠵᠡᠷᠭᠡ ᠵᠦᠢᠯᠡᠰ ᠵᠢᠴᠢ ᠠᠮᠢ ᠠᠬᠤᠶ ᠣᠷᠴᠢᠨ ᠲᠣᠭᠤᠷᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ᠂ ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠦᠨ | ᠪᠠᠶᠢᠴᠠᠭᠠᠬᠤ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 3. ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠳᠠᠬᠢ ᠤᠯᠤᠰ ᠠᠴᠠ ᠡᠵᠡᠮᠳᠡᠬᠦ᠂ ᠣᠷᠣᠨ ᠠᠴᠠ ᠡᠵᠡᠮᠳᠡᠵᠦ ᠪᠠᠶᠢᠭ᠎ᠠ ᠠᠮᠢ ᠠᠬᠤᠶ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠥᠷᠲᠡᠭᠡ ᠴᠡᠭ ᠤᠨ ᠠᠵᠢᠯᠯᠠᠭᠠᠨ ᠤ ᠰᠠᠭᠤᠷᠢ ᠨᠥᠬᠦᠴᠡᠯ ᠤᠨ ᠪᠠᠲᠤᠯᠠᠭ᠎ᠠ ᠶᠢ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠬᠡᠯᠡᠵᠦ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠵᠢᠭᠦᠯᠦᠨ ᠲᠦᠯᠦᠬᠦ ᠶᠢ ᠨᠢᠭᠡᠳᠦᠯᠲᠡᠶ ᠲᠥᠯᠥᠪᠯᠡᠬᠦ ᠪᠠᠷ ᠳᠠᠮᠵᠢᠭᠤᠯᠵᠦ ᠳᠡᠮᠵᠢᠯᠭᠡ ᠦᠵᠡᠭᠦᠯᠦᠨ᠎ᠡ᠃ | ︵ᠭᠤᠷᠪᠠ︶ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠯᠲᠠ ᠶᠢᠨ ᠶᠠᠪᠤᠳᠠᠯ ᠬᠢᠭᠡᠳ ᠴᠢᠳᠠᠪᠤᠷᠢ ᠶᠢᠨ ᠪᠠᠶᠢᠭᠤᠯᠤᠯᠲᠠ᠃ | 1. ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠵᠦ ᠪᠠᠶᠢᠭ᠎ᠠ ᠲᠥᠯᠥᠪᠵᠢᠭᠦᠯᠭᠡ ᠪᠠ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ ᠬᠠᠮᠢᠶᠠᠷᠬᠤ ᠵᠢᠴᠢ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠣᠷᠣᠨ ᠵᠠᠶ ᠶᠢᠨ ᠠᠮᠢ ᠠᠬᠤᠶ ᠣᠷᠴᠢᠨ ᠲᠣᠭᠤᠷᠢᠨ ᠤ ᠦᠨᠡᠯᠡᠯᠲᠡ᠂ | ᠪᠦᠬᠦ ᠣᠷᠣᠨ ᠤ ᠭᠤᠣᠯᠳᠠᠯᠭ᠎ᠠ ᠲᠠᠢ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ | ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠨᠡᠭᠦᠷᠡᠰᠦᠲᠥ᠋ᠷᠥᠭᠴᠢ ᠪᠠᠭᠠᠲᠠᠢ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ ᠰᠢᠯᠭᠠᠨ ᠬᠢᠨᠠᠬᠤ᠂ ᠪᠦᠬᠦ ᠣᠷᠣᠨ ᠤ ᠭᠤᠣᠯ ᠮᠦᠷᠡᠨ ᠤᠷᠤᠭᠤ ᠪᠣᠬᠢᠷᠲᠤᠯ ᠪᠣᠳᠠᠰ | ᠭᠠᠳᠠᠭᠰᠢᠯᠠᠭᠤᠯᠬᠤ ᠭᠠᠵᠠᠷ ᠲᠣᠬᠢᠷᠠᠭᠤᠯᠵᠣ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠠᠬᠢ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠬᠢᠵᠠᠭᠠᠷᠯᠠᠬᠤ ᠵᠥᠪᠰᠢᠶᠡᠷᠡᠯ ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ ᠠᠷᠠᠯᠵᠢᠶᠠᠯᠠᠬᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠨᠢᠭᠡᠳᠦᠯᠲᠡᠶ ᠬᠢᠨᠠᠯᠲᠠ ᠲᠠᠯᠪᠢᠵᠦ ᠬᠠᠮᠢᠶᠠᠷᠬᠤ᠂ ᠪᠦᠬᠦ ᠣᠷᠣᠨ ᠤ ᠴᠢᠨᠠᠷᠲᠠᠶ ᠠᠮᠢ ᠠᠬᠤᠢ | ᠣᠷᠴᠢᠨ ᠲᠣᠭᠤᠷᠢᠨ ᠢ ᠨᠡᠶᠢᠳᠡᠮ ᠪᠠᠢᠴᠠᠭᠠᠬᠤ᠂ ᠪᠦᠷᠢᠳᠬᠡᠬᠦ᠂ ᠲᠤᠰᠬᠠᠶ ᠪᠠᠶᠢᠴᠠᠭᠠᠵᠤ ᠦᠨᠡᠯᠡᠨ ᠵᠢᠱᠢᠬᠦ ᠪᠠ ᠠᠵᠢᠭᠯᠠᠨ ᠰᠢᠨᠵᠢᠬᠦ᠂ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠰᠠᠭᠤᠷᠢ ᠰᠤᠳᠤᠯᠤᠯ᠂ ᠲᠣᠭᠠᠴᠠᠭᠠᠯᠠᠵᠤ ᠳᠠᠬᠢᠨ ᠪᠤᠳᠤᠬᠤ ᠵᠢᠴᠢ ᠴᠢᠳᠠᠪᠤᠷᠢ ᠶᠢᠨ ᠪᠠᠶᠢᠭᠤᠯᠤᠯᠲᠠ᠂ ᠪᠥᠬᠦ ᠲᠠᠯ᠎ᠠ ᠶᠢᠨ | ᠴᠢᠨᠠᠷᠲᠠᠶ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠴᠢ ᠬᠤᠯᠪᠣᠭᠳᠠᠯ ᠪᠦᠭᠦᠢ ᠠᠮᠢ ᠠᠬᠤᠶ ᠶᠢᠨ ᠠᠰᠢᠭ ᠭᠥᠷᠳᠡᠬᠦ ᠬᠡᠪᠴᠢᠶ᠎ᠡ ᠪᠠᠷ ᠥᠷᠭᠡᠨ ᠳᠡᠯᠭᠡᠷ ᠠᠮᠢ | ᠠᠬᠤᠶ ᠶᠢ ᠬᠠᠮᠠᠭᠠᠯᠠᠨ ᠦᠩᠵᠢᠬᠦᠯᠬᠦ ᠶᠢ ᠵᠢᠭᠠᠨ ᠵᠢᠯᠤᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠬᠤ᠂ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ᠂ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ᠂ ᠪᠥᠬᠦ ᠣᠷᠣᠨ ᠤ ᠣᠷᠴᠢᠨ ᠲᠣᠭᠤᠷᠢᠨ ᠤ ᠴᠢᠬᠤᠯᠠ ᠶᠡᠭᠡ | ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠬᠦ ᠵᠡᠷᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | 2. ᠠᠶᠢᠮᠠᠭ ᠬᠤᠲᠠ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ | ᠬᠠᠮᠢᠶᠠᠷᠬᠤ ᠵᠢᠴᠢ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ᠂ ᠠᠶᠢᠮᠠᠭ ᠬᠤᠲᠠ ᠶᠢᠨ ᠣᠷᠣᠨ ᠪᠦᠰᠡ ᠶᠢᠨ ᠣᠷᠣᠨ | ᠵᠠᠶ ᠶᠢᠨ ᠠᠮᠢ ᠠᠬᠤᠶ ᠣᠷᠴᠢᠨ ᠲᠣᠭᠤᠷᠢᠨ ᠤ ᠦᠨᠡᠯᠡᠯᠲᠡ᠂ ᠣᠷᠣᠨ ᠨᠤᠲᠤᠭ ᠤᠨ ᠴᠢᠨᠠᠷᠲᠠᠶ ᠭᠤᠣᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ | ᠪᠠᠭᠠᠰᠬᠠᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ | ᠨᠡᠭᠦᠷᠡᠰᠦᠲᠥ᠋ᠷᠥᠭᠴᠢ ᠪᠠᠭᠠᠲᠠᠢ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ | ᠰᠢᠯᠭᠠᠨ ᠬᠢᠨᠠᠬᠤ᠂ ᠣᠷᠣᠨ ᠨᠤᠲᠤᠭ ᠤᠨ ᠭᠤᠣᠯ ᠮᠦᠷᠡᠨ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠭᠠᠵᠠᠷ ᠲᠣᠬᠢᠷᠠᠭᠤᠯᠵᠣ ᠬᠠᠮᠢᠶᠠᠷᠬᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠬᠢᠵᠠᠭᠠᠷᠯᠠᠬᠤ ᠵᠥᠪᠰᠢᠶᠡᠷᠡᠯ ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ ᠠᠷᠠᠯᠵᠢᠶᠠᠯᠠᠬᠤ᠂ | ᠠᠮᠢ ᠠᠬᠤᠶ ᠣᠷᠴᠢᠨ ᠲᠣᠭᠤᠷᠢᠨ ᠢ ᠨᠡᠶᠢᠳᠡᠮ ᠪᠠᠶᠢᠴᠠᠭᠠᠬᠤ᠂ ᠪᠦᠷᠢᠳᠬᠡᠬᠦ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ | ᠲᠣᠭᠠᠴᠠᠭᠠᠯᠠᠵᠤ ᠬᠠᠷᠭᠤᠭᠤᠯᠤᠨ ᠪᠠᠶᠢᠴᠠᠭᠠᠬᠤ ᠵᠢᠴᠢ ᠲᠥᠷᠥᠯ ᠵᠦᠢᠯ ᠤᠨ ᠬᠠᠮᠢᠶᠠᠷᠤᠯᠲᠠ ᠶᠢᠨ ᠣᠷᠣᠨ ᠨᠤᠲᠤᠭ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ | ᠠᠰᠢᠭ ᠭᠥᠷᠳᠡᠬᠦ ᠬᠡᠪᠴᠢᠶᠡᠨ ᠤ ᠣᠷᠣᠨ ᠪᠦᠰᠡ ᠶᠢᠨ ᠴᠢᠨᠠᠷ ᠢᠶᠠᠷ ᠨᠡᠯᠢᠶᠡᠳ ᠴᠢᠩᠭ᠎ᠠ ᠪᠦᠬᠦᠢ ᠣᠷᠣᠨ ᠨᠤᠲᠤᠭ ᠤᠨ ᠠᠮᠢ ᠠᠬᠤᠶ ᠶᠢ ᠬᠠᠮᠠᠭᠠᠯᠠᠨ ᠦᠩᠵᠢᠬᠦᠯᠬᠦ ᠶᠢ | ᠵᠢᠭᠠᠨ ᠵᠢᠯᠤᠭᠤᠳᠴᠣ ᠵᠣᠬᠢᠴᠠᠭᠤᠯᠬᠤ ᠪᠠ ᠬᠢᠨᠠᠯᠲᠠ ᠲᠠᠯᠪᠢᠬᠤ᠂ ᠣᠷᠣᠨ ᠨᠤᠲᠤᠭ ᠤᠨ ᠴᠢᠨᠠᠷᠲᠠᠶ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ | ᠣᠷᠣᠨ ᠨᠤᠲᠤᠭ ᠤᠨ ᠴᠢᠨᠠᠷᠲᠠᠶ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ᠂ ᠣᠷᠣᠨ ᠨᠤᠲᠤᠭ ᠤᠨ ᠣᠷᠴᠢᠨ ᠲᠣᠭᠤᠷᠢᠨ ᠤ ᠮᠡᠳᠡᠭᠡ ᠵᠠᠩᠭᠢ | ᠨᠡᠶᠢᠲᠡᠯᠡᠬᠦ᠂ ᠣᠷᠣᠨ ᠨᠤᠲᠤᠭ ᠤᠨ ᠵᠠᠰᠠᠭ ᠵᠠᠬᠢᠷᠭᠠᠨ ᠤ ᠣᠷᠣᠨ ᠳᠠᠬᠢ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ ᠵᠦᠢᠯᠡᠰ ᠢ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠳᠠᠭᠠᠭᠠᠨ ᠡᠭᠦᠷᠭᠡᠯᠡᠨ᠎ᠡ᠃ | ︵ᠲᠥᠷᠪᠡ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠃ | 1. ᠠᠶᠢᠮᠠᠭ ᠬᠤᠲᠠ ᠨᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠤᠨ ᠰᠠᠭᠤᠷᠢᠨ ᠳᠡᠭᠡᠷ᠎ᠡ᠂ | ᠰᠠᠴᠤᠷᠠᠭ ᠤᠨ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠬᠡᠬᠤᠲᠠ ᠪᠤᠭᠤᠲᠤ ᠣᠷᠳᠣᠰ ᠪᠠᠶᠠᠨᠨᠠᠭᠤᠷ᠂ ᠦᠬᠠᠶ ᠬᠤᠳᠠ ᠵᠢᠴᠢ ᠡᠷᠬᠢᠨ ᠲᠣᠭᠤᠷᠢᠨ ᠤ ᠭᠠᠵᠠᠷ | ᠣᠷᠣᠨ ᠵᠡᠷᠭᠡ ᠨᠥᠯᠥᠭᠡ ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠠᠳᠤᠨ | ᠭᠤᠣᠯ᠂ ᠬᠥᠯᠥᠨ ᠨᠠᠭᠤᠷ᠂ ᠲᠠᠭ᠎ᠠ ᠶᠢᠨ ᠨᠠᠭᠤᠷ᠂ ᠤᠯᠠᠭᠠᠨᠰᠤᠬᠠᠢ ᠵᠡᠷᠭᠡ ᠭᠤᠣᠯᠳᠠᠯᠭ᠎ᠠ ᠲᠠᠢ ᠨᠠᠭᠤᠷ ᠴᠦᠬᠦᠷᠦᠮ ᠤᠨ ᠰᠠᠪᠠ ᠭᠠᠵᠠᠷ᠂ ᠨᠥᠯᠥᠭᠡ ᠪᠠᠷ ᠨᠡᠯᠢᠶᠡᠳ ᠶᠡᠭᠡ | ᠪᠣᠯᠬᠤ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠳᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠳᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ | 2. ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠢᠮᠢ ᠶᠢᠨ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠳᠣᠤᠷᠠᠬᠢ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠵᠢᠴᠢ ᠪᠤᠰᠤᠳ ᠠᠶᠢᠮᠠᠭ ᠬᠤᠲᠠ ᠶᠢᠨ ᠠᠭᠠᠷ ᠮᠠᠨᠳᠠᠯ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠵᠢᠭᠦᠯᠦᠨ ᠲᠦᠯᠦᠬᠦ ᠶᠢ ᠨᠢᠭᠡᠳᠦᠯᠲᠡᠶ ᠲᠥᠯᠥᠪᠯᠡᠬᠦ ᠪᠠᠷ ᠳᠠᠮᠵᠢᠭᠤᠯᠵᠦ ᠳᠡᠮᠵᠢᠯᠭᠡ ᠦᠵᠡᠭᠦᠯᠦᠨ᠎ᠡ᠃ | 3. ᠱᠤᠤᠭᠢᠶᠠᠨ᠂ ᠬᠡᠷᠡᠯ᠂ ᠦᠮᠡᠬᠡᠶ ᠦᠨᠦᠷ᠂ ᠴᠠᠬᠢᠯᠭᠠᠨ ᠰᠣᠷᠢᠨᠵᠢᠨ ᠰᠠᠴᠤᠷᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠶᠢ ᠠᠶᠢᠮᠠᠭ ᠬᠤᠲᠠ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ︵ᠲᠠᠪᠤ︶ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠪᠤᠰᠤᠳ ᠵᠦᠢᠯᠡᠰ᠃ | 1. ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠣᠷᠣᠨ | ᠨᠤᠲᠤᠭ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠰᠤᠳᠤᠯᠤᠨ ᠲᠣᠭᠲᠠᠭᠠᠬᠤ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ | ᠃ | 2. ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠣᠷᠣᠨ | ᠨᠤᠲᠤᠭ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠰᠤᠳᠤᠯᠤᠨ ᠲᠣᠭᠲᠠᠭᠠᠬᠤ ᠵᠡᠷᠭᠡ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ | ᠭᠤᠷᠪᠠ᠂ ᠲᠥᠬᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ | ︽ᠳᠥᠷᠪᠡᠨ ᠦᠵᠡᠯ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠵᠣᠬᠢᠶᠠᠨ ᠪᠠᠢᠭᠤᠯᠵᠦ ᠤᠳᠤᠷᠢᠳᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠢᠭᠲᠠ ᠵᠤᠬᠢᠴᠠᠭᠤᠯᠵᠦ | ᠬᠠᠮᠵᠢᠯᠴᠠᠨ᠂ ᠥᠭᠡᠷᠡᠴᠢᠯᠡᠯᠲᠡ ᠶᠢᠨ ᠠᠵᠢᠯ ᠢᠶᠠᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ ᠨᠢ ᠠᠮᠢ ᠠᠬᠤᠶ ᠣᠷᠴᠢᠨ ᠲᠣᠭᠤᠷᠢᠨ ᠢᠶᠠᠨ ᠡᠳ᠋ ᠤᠨ | ᠵᠠᠰᠠᠭ ᠤᠨ ᠵᠠᠷᠤᠯᠭ᠎ᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠣᠰ ᠲᠥᠰᠦᠯ ᠳᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ | ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠶ᠃ ᠪᠡᠯᠡ | ᠮᠥᠩᠭᠦ ᠬᠡᠷᠡᠭᠯᠡᠬᠦ ᠴᠢᠭᠯᠡᠯ ᠢᠶᠠᠨ ᠲᠤᠬᠢᠷᠠᠭᠤᠯᠤᠨ ᠰᠢᠯᠢᠳᠡᠭᠵᠢᠭᠦᠯᠵᠦ᠂ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠳᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠳᠡᠮᠵᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢ | ᠠᠬᠤᠢ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ | ︵ᠭᠤᠷᠪᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠬᠤᠯᠠᠴᠢᠯᠠᠨ᠎ᠠ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ | ᠲᠣᠰ ᠲᠥᠰᠦᠯ ᠤᠨ ᠵᠣᠷᠢᠭ ᠰᠠᠨᠠᠭ᠎ᠠ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠲᠦᠷᠢᠮ ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ | ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠨᠢᠭᠡᠳᠦᠯᠲᠡᠢ ᠲᠦᠯᠦᠪᠯᠡᠵᠦ ᠨᠡᠶᠢᠲᠡ ᠳᠤ ᠨᠢ ᠬᠠᠷᠠᠭᠠᠯᠵᠠᠬᠤ ᠪᠠ ᠵᠣᠬᠢᠴᠠᠯᠳᠤᠨ | ᠬᠠᠮᠵᠢᠯᠴᠠᠬᠤ ᠶᠢ ᠴᠢᠬᠤᠯᠠᠴᠢᠯᠠᠨ᠂ ᠠᠵᠢᠯ ᠤᠨ ᠨᠡᠢᠯᠡᠮᠡᠯ ᠬᠦᠴᠦᠨ ᠢ ᠪᠦᠷᠢᠯᠳᠦᠭᠦᠯᠵᠦ᠂ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠵᠢᠷᠤᠮᠵᠢᠭᠤᠯᠤᠨ ᠠᠵᠢᠯᠯᠠᠭᠤᠯᠬᠤ ᠪᠠᠨ ᠴᠢᠨᠠᠷ ᠰᠠᠶᠢᠲᠠᠢ᠂ ᠠᠶᠢᠵᠠᠮ | ᠶᠠᠪᠤᠴᠠ ᠲᠠᠢ ᠪᠠᠷ ᠠᠬᠢᠭᠤᠯᠬᠤ ᠬᠡᠷᠡᠭᠲᠡᠢ᠃ | ︵ᠳᠥᠷᠪᠡ︶ ᠥᠭᠡᠷᠡᠴᠢᠯᠡᠯᠲᠡ ᠶᠢ ᠵᠣᠬᠢᠴᠠᠯᠳᠤᠭᠤᠯᠤᠨ ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠮᠢ | ᠠᠬᠤᠢ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠪᠠᠨ ᠢᠳᠡᠪᠬᠢᠲᠡᠢ ᠪᠦᠭᠡᠳ ᠯᠠᠪᠳᠠᠭᠤᠨ ᠢᠶᠠᠷ ᠨᠢᠭᠡᠳᠦᠯᠲᠡᠢ ᠲᠦᠯᠦᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠳᠠᠬᠢ | ᠤᠳᠤ ᠶᠢᠨ ᠴᠢᠬᠤᠯᠠ ᠶᠡᠭᠡ ᠥᠭᠡᠷᠡᠴᠢᠯᠡᠯᠲᠡ ᠯᠦᠭᠡ ᠣᠷᠭᠠᠨᠢᠭ ᠢᠶᠠᠷ ᠵᠣᠯᠭᠠᠭᠤᠯᠵᠤ᠂ ᠪᠦᠬᠦᠯᠢ ᠴᠣᠭᠴᠠ ᠪᠠᠷ ᠨᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ | ᠬᠡᠷᠡᠭᠲᠡᠢ᠃ ᠦᠵᠤ ᠵᠢᠷᠤᠭ ᠲᠥᠯᠥᠪᠯᠡᠭᠡ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠴᠠᠭ ᠲᠣᠬᠢᠶᠠᠯ᠂ ᠡᠷᠴᠢᠮ ᠪᠠ | ᠠᠶᠢᠵᠠᠮ ᠶᠠᠪᠤᠴᠠ ᠶᠢ ᠣᠨᠣᠪᠴᠢᠲᠠᠢ ᠡᠵᠡᠮᠳᠡᠨ᠂ ᠰᠠᠶᠢᠨ ᠰᠠᠶᠢᠬᠠᠨ ᠢᠶᠠᠷ ᠬᠠᠷᠢᠯᠴᠠᠨ ᠭᠦᠳᠡᠯᠦᠯᠴᠡᠭᠰᠡᠨ᠂ ᠵᠤᠬᠢᠴᠠᠯᠳᠤᠭᠤᠯᠵᠦ ᠠᠬᠢᠭᠤᠯᠤᠭᠰᠠᠨ ᠪᠠᠶᠢᠳᠠᠯ ᠢ ᠪᠤᠢ | ᠪᠣᠯᠭᠠᠬᠤ ᠬᠡᠷᠡᠭᠲᠡᠢ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠦᠷᠦᠩᠭᠡ ᠮᠦᠩᠭᠦ | ᠠᠬᠤᠶᠢᠯᠠᠬᠤ ᠶᠢ ᠲᠦᠷᠬᠡᠳᠬᠡᠨ ᠠᠬᠢᠭᠤᠯᠬᠤ ᠬᠡᠷᠡᠭᠲᠡᠶ᠃ | ᠲᠣᠰ ᠲᠥᠰᠦᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ | ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠣᠮᠠᠯᠯᠠᠨ ᠲᠠᠷᠬᠠᠭᠠᠪᠠ |