ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ﹇2021﹈ 21 ᠳ᠋ᠦ᠋ᠭᠡᠷ ᠲᠣᠭᠠᠲᠤ | | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣ᠋ᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢᠨ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠪᠣᠬᠢᠷᠲᠤᠯ ᠦᠭᠡᠢ ᠪᠠᠷ᠂ ᠨᠡᠭᠦᠷᠡᠰᠦᠲᠥ᠋ᠷᠥᠭᠴᠢ ᠪᠠᠭᠠᠲᠠᠢ ᠪᠠ ᠦᠷᠭᠦᠯᠵᠢᠯᠡᠬᠦ ᠬᠥᠭᠵᠢᠯᠲᠡ ᠪᠠᠷ ᠭᠤᠤᠯ ᠱᠤᠭᠤᠮ ᠪᠣᠯᠭᠠᠵᠤ᠂ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠬᠤ᠂ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ ᠪᠠᠷ ᠠᠷᠭ᠎ᠠ | ᠪᠠᠷᠢᠯ ᠪᠣᠯᠭᠠᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠳᠤ ︽ᠬᠤᠶᠠᠷ ᠢ | ᠬᠢᠵᠠᠭᠠᠷᠯᠠᠬᠤ︾ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠬᠢ ᠪᠠᠶᠠᠯᠢᠭ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠤᠷᠤᠰᠢᠨ ᠰᠠᠭᠤᠬᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | --- ᠬᠠᠤᠯᠢ ᠶᠣᠰᠣᠭᠠᠷ ᠠᠬᠢᠭᠤᠯᠵᠤ᠂ ᠵᠢᠷᠤᠮᠵᠢᠭᠤᠯᠤᠨ ᠬᠠᠮᠢᠶᠠᠷᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ | ᠪᠣᠳᠣᠯᠭ᠎ᠠ ᠶᠢᠨ ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ ᠮᠡᠷᠭᠡᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ ᠤᠨ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠳᠠᠷᠠᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ | --- ᠭᠤᠤᠯᠳᠠᠯᠭ᠎ᠠ ᠪᠠᠨ ᠲᠣᠪᠤᠶᠢᠯᠭᠠᠵᠤ᠂ ᠪᠦᠬᠦ ᠲᠠᠯ᠎ᠠ ᠪᠠᠷ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠬᠦ ᠪᠠᠷ ᠭᠤᠣᠯ ᠱᠤᠭᠤᠮ ᠪᠣᠯᠭᠠᠨ᠂ | ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ᠂ ᠤᠭᠰᠠᠷᠠᠮᠠᠯ ᠬᠡᠯᠪᠡᠷᠢ ᠪᠦᠬᠦᠢ | ᠪᠠᠷᠢᠯᠭ᠎ᠠ ᠶᠢ ᠬᠥᠭᠵᠢᠭᠦᠯᠬᠦ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂ ᠳᠠᠬᠢᠨ ᠡᠭᠦᠰᠴᠦ ᠪᠣᠯᠬᠤ ᠡᠨᠧᠷᠭᠢ ᠶᠢ | ᠬᠡᠷᠡᠭᠯᠡᠬᠦ᠂ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢ ᠨᠢᠭᠡ ᠴᠤᠭᠴᠠᠵᠢᠭᠤᠯᠤᠨ ᠬᠡᠷᠡᠭᠯᠡᠬᠦ᠂ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ | ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠬᠥᠭᠵᠢᠭᠦᠯᠬᠦ ᠪᠠ ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | | --- ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠵᠤ ᠵᠢᠭᠠᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠲᠦᠪᠰᠢᠨ᠂ ᠡᠬᠢ ᠪᠠᠶᠠᠯᠢᠭ ᠠᠭᠤᠷ ᠠᠮᠢᠰᠬᠤᠯ ᠤᠨ ᠨᠥᠬᠦᠴᠡᠯ ᠪᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠠᠢ | ᠤᠶᠠᠯᠳᠤᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠬᠦ ᠬᠠᠷᠠᠯᠲᠠ ᠪᠣᠯᠤᠨ ᠠᠷᠭ᠎ᠠ ᠪᠣᠳᠣᠯᠭ᠎ᠠ ᠶᠢ ᠡᠮᠬᠢ ᠵᠢᠷᠤᠮ ᠲᠠᠢ | ᠨᠠᠶᠢᠳᠠᠪᠤᠷᠢᠵᠢᠭᠤᠯᠵᠤ᠂ ᠠᠷᠠᠳ ᠣᠯᠠᠨ ᠤ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠨ᠎ᠠ᠃ | --- ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ︽ᠳᠥᠷᠪᠡᠨ ᠰᠢᠨ᠎ᠡ ᠮᠡᠷᠭᠡᠵᠢᠯ︾ ︵ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ︶ | ᠤᠨ ᠬᠡᠷᠡᠭᠯᠡᠭᠡᠨ ᠢ ᠠᠬᠢᠭᠤᠯᠤᠨ᠂ ᠬᠤᠴᠣᠷᠤᠩᠭᠤᠶ ᠮᠡᠷᠭᠡᠵᠢᠯ ᠪᠠ ᠦᠢᠯᠡᠳᠬᠦᠨ ᠢ ᠲᠦᠷᠭᠡᠳᠬᠡᠨ ᠰᠢᠭᠰᠢᠭᠳᠡᠭᠦᠯᠵᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃ | ︵ᠭᠤᠷᠪᠠ︶ ᠭᠤᠣᠯ ᠬᠠᠷᠠᠯᠲᠠ᠃ 2022 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠪᠣᠬᠢᠷᠲᠤᠯ | ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 60% ᠪᠣᠯᠭᠠᠨ᠎ᠠ︔ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠪᠣᠯᠭᠠᠬᠤ ᠪᠠᠷ | ᠴᠢᠷᠮᠠᠶᠢᠨ᠎ᠠ︔ ᠡᠯ᠎ᠡ ᠠᠶᠢᠮᠠᠭ ᠬᠤᠲᠠ ᠨᠢ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠬᠦ ᠬᠡᠷᠡᠭᠲᠡᠶ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ | 500 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠲᠠᠯᠠᠪᠠᠶ ᠶᠢ 700 ᠲᠦᠮᠡᠨ ᠲᠡᠭᠰᠢ | ᠳᠥᠷᠪᠡᠯᠵᠢᠨ ᠮᠧᠲᠷ ᠪᠣᠯᠭᠠᠨ᠎ᠠ︔ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢᠨ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ ᠬᠠᠷᠢᠴᠠᠯ ᠢ 10% ᠪᠣᠯᠭᠠᠨ᠎ᠠ︔ ᠠᠷᠠᠳ ᠤᠨ ᠬᠡᠷᠡᠭᠴᠡᠬᠡᠨ ᠤ ᠪᠠᠷᠢᠯᠭ᠎ᠠ ᠳᠤ ᠬᠡᠷᠡᠭᠯᠡᠬᠦ ᠳᠠᠬᠢᠨ ᠡᠭᠦᠰᠴᠦ ᠪᠣᠯᠬᠤ | ᠡᠨᠧᠷᠭᠢ ᠶᠢᠨ ᠬᠠᠷᠢᠴᠠᠯ ᠢ 10% ᠪᠣᠯᠭᠠᠨ᠎ᠠ᠃ 2025 ᠣᠨ ᠪᠣᠯᠬᠤ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ | ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠪᠠ ᠪᠣᠬᠢᠷᠲᠤᠯ ᠥᠬᠡᠶ | ᠠᠮᠢ ᠠᠬᠤᠶ ᠶᠢᠨ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠂ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ | ᠣᠳᠣᠨ ᠲᠠᠰ ᠲᠠᠢ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 30% ᠠᠴᠠ ᠳᠠᠪᠠᠭᠤᠯᠤᠨ᠎ᠠ︔ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠲᠠᠯᠠᠪᠠᠢ | ᠪᠦᠷᠢ ᠳᠠᠬᠢ ᠡᠵᠡᠯᠡᠬᠦ ᠬᠠᠷᠢᠴᠠᠯ ᠢ 30% ᠪᠣᠯᠭᠠᠬᠤ ᠪᠠᠷ ᠴᠢᠷᠮᠠᠶᠢᠨ᠎ᠠ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠳᠤ | 1000 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠪᠠᠨ | ᠳᠡᠭᠡᠭᠰᠢᠯᠡᠭᠦᠯᠬᠦ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ︔ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠪᠠᠨ 1000 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠭᠡᠵᠦ᠂ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ | ᠡᠵᠡᠯᠡᠬᠦ ᠬᠠᠷᠢᠴᠠᠯ ᠢ ᠨᠢ 30% ᠠᠴᠠ ᠳᠡᠭᠡᠭᠰᠢ ᠪᠣᠯᠭᠠᠨ᠂ ᠠᠷᠠᠳ ᠤᠨ ᠬᠡᠷᠡᠭᠴᠡᠬᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠬᠦ ᠬᠠᠷᠢᠴᠠᠯ ᠢ | 30% ᠪᠣᠯᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ ᠴᠢᠩᠭᠠᠳᠬᠠᠨ᠎ᠠ᠃ | 1 . ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ | ᠪᠠᠶᠢᠭᠤᠯᠬᠤ ᠪᠠᠷᠢᠯᠭ᠎ᠠ ᠳᠤ ︽ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-35-2019︶ | ᠪᠠ ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-27-2017︶ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠠᠷᠢᠯᠭ᠎ᠠ ᠶᠢᠨ ᠡᠭᠦᠳᠡ ᠴᠣᠩᠬᠤ᠂ ᠭᠠᠳᠠᠷ ᠬᠡᠷᠡᠮ ᠤᠨ ᠳᠤᠯᠠᠭᠠᠨ ᠪᠠᠶᠢᠯᠭᠠᠬᠤ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠬᠡᠰᠡᠭ ᠪᠣᠯᠬᠤ ᠤᠭᠰᠠᠷᠠᠮᠠᠯ | ᠪᠡᠯᠡᠨ ᠦᠢᠯᠡᠳᠬᠦᠨ ᠤ ᠡᠨᠧᠷᠭᠢ ᠠᠷᠪᠢᠯᠠᠬᠤ ᠴᠢᠳᠠᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ | ᠪᠠᠶᠢᠴᠠᠭᠠᠨ ᠰᠢᠯᠭᠠᠬᠤ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠭᠤᠭᠴᠣᠭᠠᠨ ᠳᠠᠬᠢ ᠡᠨᠧᠷᠭᠢ ᠠᠷᠪᠢᠯᠠᠬᠤ ᠶᠠᠰᠤ ᠴᠢᠨᠠᠷ ᠤᠨ | ᠬᠠᠮᠢᠶᠠᠷᠤᠯᠲᠠ ᠶᠢ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠱᠠᠭᠠᠷᠳᠠᠵᠤ ᠡᠨᠧᠷᠭᠢ ᠶᠢᠨ ᠬᠤᠷᠣᠭᠳᠠᠯ ᠪᠠᠷᠤᠭ ᠯᠡ ᠦᠭᠡᠶ᠂ ᠡᠨᠧᠷᠭᠢ ᠶᠢᠨ ᠬᠤᠷᠣᠭᠳᠠᠯ | ᠥᠴᠥᠬᠡᠨ ᠴᠦ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ | ᠳᠣᠷᠣᠭᠰᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭᠠᠵᠤ | ᠲᠤᠳᠤᠷᠬᠠᠶᠢᠯᠠᠬᠤ ᠥᠬᠡᠶ︶ | 2 . ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠬᠠᠮᠢᠶ᠎ᠠ ᠪᠥᠬᠦᠶ ᠵᠢᠷᠤᠭ ᠲᠥᠯᠥᠪᠯᠡᠭᠡ᠂ | ᠮᠠᠲ᠋ᠧᠷᠢᠶᠠᠯ ᠤᠨ ᠬᠡᠷᠡᠭᠯᠡᠭᠡᠨ ᠤ ᠮᠡᠷᠭᠡᠵᠢᠯ ᠤᠨ ᠵᠦᠭᠯᠡᠭᠦᠷ ᠪᠠ ᠪᠠᠷᠢᠯᠭ᠎ᠠ ᠪᠠᠷᠢᠬᠤ ᠮᠡᠷᠭᠡᠵᠢᠯ ᠤᠨ ᠳᠦᠷᠢᠮᠯᠠᠯ ᠢ ᠨᠠᠶᠢᠷᠠᠭᠤᠯᠤᠨ ᠵᠣᠬᠢᠶᠠᠵᠤ᠂ ᠮᠡᠷᠭᠡᠵᠢᠯ ᠤᠨ | ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠶᠢᠨ ᠬᠤᠷᠣᠭᠳᠠᠯ᠂ ᠡᠨᠧᠷᠭᠢ ᠶᠢᠨ ᠬᠤᠷᠣᠭᠳᠠᠯ | ᠪᠠᠷᠤᠭ ᠯᠡ ᠦᠭᠡᠢ ᠮᠡᠷᠭᠡᠵᠢᠯ ᠤᠨ ᠰᠤᠳᠤᠯᠤᠯ ᠪᠠ ᠬᠤᠷᠠᠭᠤᠯᠵᠤ ᠰᠢᠨ᠎ᠡ ᠶᠢ ᠡᠭᠦᠳᠬᠦ ᠶᠢ ᠰᠠᠶᠢᠲᠤᠷ ᠬᠢᠵᠦ᠂ ᠠᠵᠤ ᠦᠢᠯᠡᠰ ᠤᠨ ᠬᠠᠩᠭᠠᠯᠭ᠎ᠠ ᠪᠠ ᠮᠡᠷᠭᠡᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠷᠤᠭ | ᠯᠡ ᠦᠭᠡᠢ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ | ᠬᠤᠷᠣᠭᠳᠠᠯ ᠲᠠᠢ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶ | 3 . ᠪᠠᠷᠢᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠥᠷᠢᠨᠰᠢᠭᠦᠯᠦᠨ᠎ᠡ᠃ ᠡᠨᠧᠷᠭᠢ ᠶᠢᠨ ᠠᠰᠢᠭᠯᠠᠮᠵᠢ ᠶᠢ ᠰᠢᠯᠭᠠᠨ | ᠲᠣᠭᠲᠠᠭᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠢᠯᠡᠳᠬᠡᠬᠦ ᠲᠡᠮᠳᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠᠨ ᠠᠬᠢᠭᠤᠯᠤᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ | ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠠᠯᠪᠠᠨ ᠪᠠᠶᠢᠭᠤᠯᠭ᠎ᠠ ᠶᠢᠨ ᠠᠯᠪᠠᠯᠠᠬᠤ ᠭᠠᠵᠠᠷ ᠤᠨ ᠪᠠᠷᠢᠯᠭ᠎ᠠ ᠪᠠ ᠣᠯᠠᠨ ᠨᠡᠶᠢᠲᠡ ᠶᠢᠨ ᠲᠣᠮᠣ | ᠬᠡᠯᠪᠡᠷᠢ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠶᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠶᠢ ᠠᠬᠢᠭᠤᠯᠤᠨ᠎ᠠ᠂ ᠨᠥᠬᠦᠴᠡᠯ ᠲᠠᠢ ᠭᠠᠵᠠᠷ ᠣᠷᠣᠨ ᠨᠢ ᠣᠯᠠᠨ | ᠨᠡᠶᠢᠲᠡ ᠶᠢᠨ ᠪᠤᠰᠤᠳ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ ᠬᠦᠷᠲᠡᠯ᠎ᠡ ᠤᠭᠰᠠᠷᠠᠵᠦ᠂ ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ ᠲᠥᠷᠥᠯ ᠬᠤᠪᠢᠶᠠᠬᠤ ᠪᠠ ᠵᠦᠢᠯ | ᠬᠤᠪᠢᠶᠠᠨ ᠬᠡᠮᠵᠢᠬᠦ ᠪᠣᠯᠭᠠᠨ᠎ᠠ᠃ ᠣᠯᠠᠨ ᠨᠡᠶᠢᠲᠡ ᠶᠢᠨ ᠪᠠᠷᠢᠯᠭ᠎ᠠ ᠳᠠᠬᠢ ᠡᠨᠧᠷᠭᠢ ᠵᠣᠬᠢᠰᠲᠠᠶ ᠬᠡᠷᠡᠭᠯᠡᠬᠦ᠂ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ᠂ ᠪᠠᠷᠢᠯᠭ᠎ᠠ ᠶᠢᠨ | ᠲᠥᠷᠥᠯ ᠬᠤᠪᠢᠶᠠᠨ ᠡᠨᠧᠷᠭᠢ ᠬᠡᠷᠡᠭᠯᠡᠬᠦ ᠶᠢᠨ ᠵᠢᠱᠢᠶᠡᠯᠡᠪᠦᠷᠢ ᠵᠡᠷᠭᠡ ᠳᠦᠷᠢᠮ ᠢ ᠪᠠᠶᠢᠭᠤᠯᠤᠨ᠎ᠠ᠃ ᠡᠨᠧᠷᠭᠢ ᠶᠢᠨ ᠬᠤᠷᠣᠭᠳᠠᠯ ᠢ ᠪᠦᠷᠢᠳᠬᠡᠬᠦ᠂ ᠡᠨᠧᠷᠭᠢ ᠶᠢ ᠬᠢᠨᠠᠨ | ᠪᠣᠳᠣᠬᠤ᠂ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ᠂ ᠡᠨᠧᠷᠭᠢ ᠶᠢᠨ ᠠᠰᠢᠭᠯᠠᠮᠵᠢ ᠶᠢ ᠢᠯᠡ ᠨᠡᠶᠢᠲᠡᠯᠡᠬᠦ ᠵᠡᠷᠭᠡ ᠠᠵᠢᠯ ᠢᠶᠠᠨ ᠠᠬᠢᠭᠤᠯᠵᠤ᠂ | ᠪᠠᠷᠢᠯᠭ᠎ᠠ ᠶᠢᠨ ᠠᠵᠢᠯᠯᠠᠭᠠᠨ ᠤ ᠱᠠᠲᠤᠨ ᠳᠠᠬᠢ ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ | ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 4 . ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢ ᠬᠥᠲᠥᠯᠥᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ | ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ | ᠣᠷᠣᠨ ᠤ ᠡᠯ᠎ᠡ ᠲᠥᠷᠥᠯ ᠤᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠪᠣᠬᠢᠷᠲᠤᠯ ᠥᠬᠡᠶ ᠡᠨᠧᠷᠭᠢ ᠠᠷᠪᠢᠯᠠᠬᠤ | ᠮᠡᠷᠭᠡᠵᠢᠯ ᠢ ᠰᠣᠩᠭᠤᠨ ᠬᠡᠷᠡᠭᠯᠡᠬᠦ ᠶᠢ ᠨᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢ ︽ᠮᠠᠯᠵᠢᠬᠤ ᠲᠠᠷᠢᠶᠠᠯᠠᠬᠤ | ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-78-2017︶ ᠶᠣᠰᠣᠭᠠᠷ | ᠵᠢᠷᠤᠭᠯᠠᠨ ᠲᠥᠯᠥᠪᠯᠡᠬᠦ ᠪᠠ ᠪᠠᠶᠢᠭᠤᠯᠬᠤ ᠶᠢ ᠠᠬᠢᠭᠤᠯᠤᠨ᠎ᠠ᠃ ᠬᠤᠳᠠ ᠬᠥᠳᠡᠭᠡ ᠶᠢᠨ ᠠᠭᠤᠯᠵᠠᠷ ᠬᠡᠰᠡᠭ ᠲᠠᠬᠢ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ | ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠪᠠ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ ᠴᠢᠩᠭᠠᠳᠬᠠᠨ᠎ᠠ᠃ | ᠲᠠᠷᠢᠶᠠᠴᠢᠨ ᠤ ᠭᠡᠷ ᠪᠠᠶᠢᠰᠢᠩ ᠤᠨ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠴᠡᠪᠡᠷ ᠳᠤᠯᠠᠭᠠᠯᠠᠭ᠎ᠠ ᠶᠢ ᠳᠡᠯᠭᠡᠷᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ ᠴᠡᠪᠡᠷᠰᠢᠭᠦᠯᠬᠦ᠂ ᠨᠡᠭᠦᠷᠡᠰᠦ ᠦᠭᠡᠢ ᠪᠣᠯᠭᠠᠬᠤ ᠶᠢ ᠨᠢ ᠬᠥᠲᠥᠯᠥᠨ ᠵᠢᠯᠣᠭᠤᠳᠴᠤ᠂ ᠣᠷᠣᠨ | ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠡᠩ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ | 1 . ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠪᠠᠨ ᠥᠷᠭᠡᠳᠬᠡᠨ᠎ᠡ᠃ ᠪᠣᠬᠢᠷᠲᠤᠯ ᠦᠭᠡᠶ ᠪᠠᠷᠢᠯᠭ᠎ᠠ ᠶᠢ ᠠᠬᠢᠭᠤᠯᠬᠤ ᠳᠤ ᠳᠠᠩ | ᠴᠣᠭᠴᠠ᠂ ᠪᠦᠯᠬᠦᠮ ᠲᠠᠢ ᠬᠥᠭᠵᠢᠵᠦ ᠪᠠᠶᠢᠭᠰᠠᠨ ᠠᠴᠠ ᠰᠠᠭᠤᠭᠠᠯᠢ ᠲᠣᠭᠤᠷᠢᠭ ᠲᠡᠶᠢᠰᠢ᠂ ᠣᠷᠣᠨ ᠪᠦᠰᠡ ᠲᠡᠶᠢᠰᠢ ᠬᠥᠭᠵᠢᠭᠦᠯᠬᠦ ᠪᠣᠯᠭᠠᠵᠤ᠂ ᠪᠣᠬᠢᠷᠲᠤᠯ ᠦᠭᠡᠶ ᠠᠮᠢ | ᠠᠬᠤᠶ ᠶᠢᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠬᠡᠬᠤᠲᠠ᠂ ᠪᠤᠭᠤᠲᠤ ᠬᠤᠲᠠ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ | ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠤᠰᠤᠳ ᠭᠠᠵᠠᠷ ᠣᠷᠣᠨ ᠢ ᠵᠣᠷᠢᠭᠵᠢᠭᠤᠯᠤᠨ ᠪᠣᠬᠢᠷᠲᠤᠯ ᠦᠭᠡᠶ ᠪᠠᠷᠢᠯᠭ᠎ᠠ ᠶᠢᠨ | ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠡᠯ᠎ᠡ ᠭᠠᠵᠠᠷ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠤᠨ ᠬᠥᠭᠵᠢᠯᠲᠡ ᠶᠢᠨ | ᠲᠥᠯᠥᠪᠵᠢᠭᠦᠯᠭᠡ ᠲᠣᠭᠲᠠᠭᠠᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠶᠢᠭᠤᠯᠤᠯ ᠲᠣᠭᠲᠠᠴᠠ ᠳᠤ ᠰᠢᠨ᠎ᠡ ᠶᠢ | ᠡᠭᠦᠳᠦᠨ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ | 2 . ᠥᠨᠳᠥᠷ ᠣᠳᠣᠨ ᠲᠠᠰ ᠤᠨ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾ | ᠤᠨ ᠠᠷᠠᠳ ᠤᠨ ᠬᠡᠷᠡᠭᠴᠡᠬᠡᠨ ᠤ ᠪᠠᠷᠢᠯᠭ᠎ᠠ ᠶᠢ ᠨᠢᠭᠡ ᠣᠳᠣᠨ ᠳᠡᠰ ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ | ᠪᠠᠶᠢᠭᠤᠯᠤᠨ᠎ᠠ᠃ ᠪᠠᠷᠢᠯᠭ᠎ᠠ᠂ ᠪᠦᠲᠦᠴᠡ᠂ ᠮᠠᠰᠢᠨ ᠴᠠᠬᠢᠯᠭᠠᠨ᠂ ᠵᠠᠰᠠᠵᠤ ᠴᠢᠮᠡᠭᠯᠡᠬᠦ ᠵᠡᠷᠭᠡ ᠲᠤᠰᠬᠠᠶ ᠮᠡᠷᠭᠡᠵᠢᠯ ᠢᠶᠠᠷ ᠬᠠᠮᠵᠢᠯᠴᠠᠬᠤ ᠵᠢᠴᠢ ᠵᠢᠷᠤᠭᠯᠠᠨ ᠲᠥᠯᠥᠪᠯᠡᠬᠦ᠂ | ᠦᠢᠯᠡᠳᠪᠦᠷᠢᠯᠡᠬᠦ᠂ ᠬᠤᠳᠠᠯᠳᠤᠨ ᠠᠪᠬᠤ ᠪᠦᠬᠦ ᠶᠠᠪᠤᠴᠠ ᠶᠢ ᠨᠢ ᠨᠢᠭᠡᠳᠦᠯᠲᠡᠶ ᠲᠥᠯᠥᠪᠯᠡᠭᠰᠡᠨ ᠪᠣᠬᠢᠷᠲᠤᠯ ᠦᠭᠡᠶ ᠪᠠᠷᠢᠯᠭ᠎ᠠ ᠶᠢᠨ ᠮᠡᠷᠭᠡᠵᠢᠯ ᠤᠨ ᠬᠤᠷᠠᠮᠠᠯ ᠬᠡᠷᠡᠭᠯᠡᠭᠡᠨ ᠢ | ᠳᠡᠯᠭᠡᠷᠡᠭᠦᠯᠵᠦ᠂ ᠪᠤᠰᠤᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠳᠤ ᠥᠨᠳᠥᠷ ᠣᠳᠣᠨ ᠲᠠᠰ ᠤᠨ ᠪᠣᠬᠢᠷᠲᠤᠯ ᠦᠭᠡᠶ | ᠪᠠᠷᠢᠯᠭ᠎ᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠂ ᠨᠢᠭᠡ ᠪᠦᠯᠦᠭ ᠣᠳᠣᠨ ᠲᠠᠰ ᠲᠠᠢ ᠪᠣᠬᠢᠷᠲᠤᠯ ᠦᠭᠡᠶ ᠪᠠᠷᠢᠯᠭ᠎ᠠ᠂ ᠪᠣᠬᠢᠷᠲᠤᠯ ᠦᠭᠡᠶ ᠠᠮᠢ ᠠᠬᠤᠶ ᠶᠢᠨ | ᠰᠠᠭᠤᠭᠠᠯᠢ ᠲᠣᠭᠤᠷᠢᠭ ᠢ ᠲᠥᠪᠯᠡᠷᠡᠭᠦᠯᠦᠨ ᠵᠠᠯᠭᠠᠯᠳᠤᠭᠤᠯᠵᠤ ᠪᠦᠲᠦᠭᠡᠨ ᠪᠠᠶᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ ᠶᠢᠨ ᠲᠡᠮᠳᠡᠭ ᠢ ᠱᠠᠲᠤ ᠬᠤᠪᠢᠶᠠᠨ | ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠤᠰ ᠲᠤᠰ ᠭᠤᠷᠪᠠᠨ ᠣᠳᠣᠨ᠂ ᠬᠤᠶᠠᠷ ᠣᠳᠣᠨ᠂ ᠨᠢᠭᠡ ᠣᠳᠣᠨ ᠲᠡᠰ ᠤᠨ ᠪᠣᠬᠢᠷᠲᠤᠯ ᠦᠭᠡᠶ ᠪᠠᠷᠢᠯᠭ᠎ᠠ ᠶᠢᠨ | ᠲᠡᠮᠳᠡᠭ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | 3 . ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠪᠣᠬᠢᠷᠲᠤᠯ ᠥᠬᠡᠶ ᠣᠷᠣᠨ ᠰᠠᠭᠤᠴᠠ ᠬᠤᠳᠠᠯᠳᠤᠨ ᠠᠪᠤᠭᠴᠢ ᠶᠢᠨ ᠭᠡᠷ ᠪᠠᠶᠢᠰᠢᠩ ᠢ ᠰᠢᠯᠭᠠᠬᠤ ᠵᠦᠭᠯᠡᠭᠦᠷ︾ | ᠪᠠ ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠬᠢᠷᠲᠤᠯ | ᠥᠬᠡᠶ ᠣᠷᠣᠨ ᠰᠠᠭᠤᠴᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠠᠶᠢᠰᠢᠩ ᠬᠤᠳᠠᠯᠳᠤᠨ | ᠠᠪᠤᠭᠴᠢ ᠲᠠᠢ ᠬᠠᠮᠵᠢᠯᠴᠠᠨ ᠭᠡᠷ ᠪᠠᠶᠢᠰᠢᠩ ᠢ ᠨᠢ ᠰᠢᠯᠭᠠᠬᠤ ᠠᠵᠢᠯ ᠢ ᠰᠠᠶᠢᠲᠤᠷ ᠬᠢᠯᠭᠡᠨ᠎ᠡ᠃ ᠡᠯ᠎ᠡ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠣᠷᠣᠨ | ᠰᠠᠭᠤᠴᠠ ᠶᠢᠨ ᠪᠣᠬᠢᠷᠲᠤᠯ ᠥᠬᠡᠶ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠲᠠᠸᠠᠷ ᠤᠨ ᠭᠡᠷ ᠪᠠᠶᠢᠰᠢᠩ | ᠬᠤᠳᠠᠯᠳᠤᠭᠠᠯᠠᠬᠤ ᠭᠡᠷ᠎ᠡ᠂ ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠪᠠ ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠤ | ᠣᠷᠣᠭᠤᠯᠵᠤ᠂ ᠶᠠᠰᠤ ᠴᠢᠨᠠᠷ ᠤᠨ ᠵᠠᠰᠠᠵᠤ ᠪᠠᠲᠤᠯᠠᠬᠤ ᠬᠠᠷᠢᠭᠤᠴᠠᠯᠭ᠎ᠠ ᠪᠠ ᠵᠢᠭᠤᠷᠠᠯᠳᠤᠭᠠᠨ ᠢ ᠰᠢᠢᠳᠪᠦᠷᠢᠡᠯᠬᠦ ᠠᠷᠭ᠎ᠠ ᠮᠠᠶ᠋ᠢᠭ ᠢ ᠨᠢ ᠲᠣᠳᠣᠷᠬᠠᠶ ᠲᠣᠭᠲᠠᠭᠠᠨ᠎ᠠ᠃ | ᠨᠢᠭᠡ ᠪᠦᠯᠦᠭ ᠣᠷᠣᠨ ᠰᠠᠭᠤᠴᠠ ᠳᠤ ᠡᠷᠡᠭᠦᠯ ᠡᠩᠬᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ ᠣᠷᠣᠨ ᠰᠠᠭᠤᠴᠠ ᠶᠢᠨ ᠡᠷᠡᠭᠦᠯ ᠡᠩᠬᠡ ᠶᠢᠨ | ᠴᠢᠳᠠᠮᠵᠢ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭᠠᠷᠠᠭᠤᠯᠤᠨ᠂ ᠪᠠᠷᠢᠯᠭ᠎ᠠ ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠵᠤ᠂ ᠪᠣᠬᠢᠷᠲᠤᠯ | ᠥᠬᠡᠶ ᠡᠷᠡᠭᠦᠯ ᠡᠩᠬᠡ ᠶᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠠᠵᠤ ᠦᠢᠯᠡᠳᠪᠦᠷᠢᠵᠢᠭᠰᠡᠨ ᠬᠥᠭᠵᠢᠯᠲᠡ ᠶᠢ ᠠᠬᠢᠭᠤᠯᠤᠨ᠎ᠠ᠃ | 1 . ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢ ᠦᠷᠭᠦᠯᠵᠢᠯᠡᠨ ᠬᠥᠭᠵᠢᠭᠦᠯᠦᠨ᠎ᠡ᠃ ᠪᠠᠷᠢᠮᠵᠢᠶᠠᠲᠤ ᠪᠡᠯᠡᠨ ᠤᠭᠰᠠᠷᠠᠮᠠᠯ ᠦᠢᠯᠡᠳᠬᠦᠨ ᠢᠶᠠᠷ ᠰᠠᠭᠤᠷᠢ | ᠪᠣᠯᠭᠠᠭᠰᠠᠨ ᠲᠤᠰᠬᠠᠶᠢᠵᠢᠭᠰᠠᠨ᠂ ᠬᠡᠪᠴᠢᠶᠡᠵᠢᠭᠰᠡᠨ᠂ ᠮᠡᠳᠡᠭᠡ ᠵᠠᠩᠭᠢᠵᠢᠭᠰᠠᠨ ᠦᠢᠯᠡᠳᠪᠦᠷᠢᠯᠡᠯ ᠤᠨ ᠲᠣᠭᠲᠠᠯᠴᠠᠭ᠎ᠠ ᠶᠢ ᠪᠠᠶᠢᠭᠤᠯᠵᠤ᠂ ᠤᠭᠰᠠᠷᠠᠮᠠᠯ ᠬᠡᠯᠪᠡᠷᠢ ᠪᠦᠬᠦᠢ | ᠪᠠᠷᠢᠯᠭ᠎ᠠ ᠶᠢᠨ ᠠᠵᠤ ᠦᠢᠯᠡᠰ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠪᠠᠶᠢᠷᠢᠰᠢᠭᠤᠯᠤᠨ᠂ ᠤᠭᠰᠠᠷᠠᠮᠠᠯ ᠬᠡᠯᠪᠡᠷᠢ ᠪᠦᠬᠦᠢ | ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠭᠰᠠᠷᠠᠮᠠᠯ ᠬᠡᠯᠪᠡᠷᠢ ᠪᠦᠬᠦᠢ | ᠪᠧᠲ᠋ᠤᠨ ᠤ ᠪᠦᠲᠦᠴᠡ ᠶᠢᠨ ᠲᠥᠷᠥᠯ ᠵᠦᠢᠯ ᠳᠤ ᠳᠣᠲᠣᠷ᠎ᠠ ᠭᠠᠳᠠᠨᠠᠬᠢ ᠬᠡᠷᠡᠮ ᠤᠨ ᠬᠠᠪᠲᠠᠰᠤ᠂ ᠠᠰᠠᠷ ᠤᠨ ᠬᠠᠪᠲᠠᠰᠤ᠂ ᠠᠰᠠᠷ ᠤᠨ ᠱᠠᠲᠤ ᠵᠡᠷᠭᠡ ᠪᠡᠯᠡᠨ ᠤᠨᠨᠰᠠᠷᠠᠮᠠᠯ | ᠲᠣᠨᠤᠭ ᠢ ᠤᠷᠢᠳ ᠢᠶᠠᠷ ᠬᠡᠷᠡᠭᠯᠡᠨ᠂ ᠳᠠᠬᠢᠭᠠᠳ ᠠᠯᠬᠤᠮ ᠠᠯᠬᠤᠮ ᠢᠶᠠᠷ ᠪᠣᠰᠤᠭ᠎ᠠ ᠲᠣᠨᠣᠭᠯᠠᠭᠠᠰᠤ ᠶᠢ ᠬᠡᠷᠡᠭᠯᠡᠬᠦ ᠪᠣᠯᠭᠠᠨ ᠬᠥᠭᠵᠢᠭᠦᠯᠵᠦ᠂ ᠤᠭᠰᠠᠷᠠᠬᠤ ᠨᠣᠷᠮ᠎ᠠ ᠶᠢᠨ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠠᠯᠪᠠᠯᠠᠬᠤ ᠠᠰᠠᠷ᠂ ᠡᠮᠨᠡᠯᠭᠡ ᠶᠢᠨ ᠬᠤᠷᠢᠶ᠎ᠠ᠂ | ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠠᠷᠠᠳ ᠤᠨ ᠬᠡᠷᠡᠭᠴᠡᠭᠡᠨ ᠤ | ᠪᠠᠷᠢᠯᠭ᠎ᠠ ᠳᠤ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ ᠬᠡᠷᠡᠭᠯᠡᠬᠦ ᠶᠢ ᠠᠬᠢᠭᠤᠯᠵᠤ᠂ ᠨᠡᠭᠡᠭᠡᠨ ᠬᠥᠭᠵᠢᠭᠦᠯᠵᠦ ᠪᠠᠶᠢᠭ᠎ᠠ ᠬᠤᠳᠠᠯᠳᠤᠭᠠᠴᠢᠨ ᠢ ᠬᠥᠲᠥᠯᠥᠨ | ᠵᠢᠯᠣᠭᠤᠳᠴᠤ ᠪᠠᠶᠢᠭᠠᠳ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠳᠦᠴᠡ ᠲᠠᠢ ᠣᠷᠣᠨ ᠰᠠᠭᠤᠴᠠ ᠶᠢ ᠪᠥᠲᠥᠭᠡᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ | ᠣᠷᠣᠨ᠂ ᠴᠡᠴᠡᠷᠯᠢᠭ ᠤᠨ ᠦᠵᠡᠮᠵᠢ᠂ ᠥᠪᠡᠰᠦᠪᠡᠨ ᠲᠡᠷᠭᠡ ᠵᠢᠯᠣᠭᠤᠳᠴᠤ ᠵᠤᠭᠠᠴᠠᠭᠰᠠᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠳᠠᠬᠢ | ᠰᠢᠨ᠎ᠡ ᠪᠠᠷᠢᠯᠭ᠎ᠠ ᠳᠤ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠤᠳᠤ ᠦᠶ᠎ᠡ ᠶᠢᠨ ᠤᠭᠰᠠᠷᠠᠮᠠᠯ ᠬᠡᠯᠪᠡᠷᠢ ᠪᠦᠬᠦᠢ ᠮᠣᠳᠣᠨ ᠪᠦᠲᠦᠴᠡ ᠶᠢ | ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2 . ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠲᠥᠷᠥᠯ | ᠵᠦᠢᠯ ᠢ ᠠᠬᠢᠭᠤᠯᠬᠤ ᠳᠤ ᠪᠠᠷᠢᠯᠭ᠎ᠠ ᠪᠠᠨ ᠶᠡᠷᠦᠩᠬᠡᠶᠢᠯᠡᠨ ᠳᠠᠭᠠᠭᠠᠴᠢᠯᠠᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠤ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ | ᠪᠠᠷᠢᠯᠭ᠎ᠠ ᠪᠠᠷᠢᠬᠤ ᠪᠠᠨ ᠨᠢᠭᠡ ᠴᠣᠠᠠᠴᠠᠵᠢᠭᠤᠯᠬᠤ ᠶᠢ ᠪᠡᠶᠡᠯᠡᠭᠦᠯᠦᠨ᠎ᠡ᠃ ᠲᠣᠪᠶᠤᠭ ᠮᠠᠶ᠋ᠢᠭ ᠤᠨ ᠰᠣᠩᠭᠤᠯᠲᠠ ᠲᠠᠢ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠥᠪᠡᠷᠮᠢᠴᠡ | ᠣᠨᠴᠠᠯᠢᠭ ᠲᠠᠢ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠨ᠎ᠠ᠃ ᠬᠠᠭᠤᠷᠠᠶ ᠪᠠᠷ ᠤᠭᠰᠠᠷᠠᠭᠰᠠᠨ ᠠᠰᠠᠷ ︵ᠱᠠᠯᠠ︶ ᠤᠨ ᠥᠩᠭᠡᠨ ᠲᠠᠯ᠎ᠠ᠂ ᠨᠢᠭᠡᠳᠬᠡᠯ ᠴᠢᠳᠠᠮᠵᠢ ᠲᠠᠢ | ᠲᠣᠭᠤᠭᠠᠨ ᠬᠡᠷ᠂ ᠨᠢᠭᠡᠳᠬᠡᠯ ᠴᠢᠳᠠᠮᠵᠢ ᠲᠠᠢ ᠠᠷᠢᠭᠤᠨ ᠴᠡᠪᠡᠷ ᠤᠨ ᠲᠠᠰᠤᠯᠭ᠎ᠠ᠂ ᠬᠤᠭᠤᠯᠠᠶ ᠭᠤᠤᠷᠰᠤ ᠤᠲᠠᠰᠤ ᠵᠡᠷᠭᠡ ᠶᠢ ᠤᠭᠰᠠᠷᠠᠮᠠᠯ ᠠᠷᠭ᠎ᠠ ᠪᠠᠷ ᠵᠠᠰᠠᠵᠤ ᠴᠢᠮᠡᠭᠯᠡᠨ | ᠤᠭᠰᠠᠷᠠᠵᠤ ᠪᠠᠶᠢᠭᠤᠯᠬᠤ ᠶᠢ ᠨᠢ ᠠᠬᠢᠭᠤᠯᠤᠨ᠎ᠠ᠃ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠳᠤ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ | ᠪᠣᠷᠣᠯᠠᠭᠤᠯᠤᠨ ᠬᠤᠳᠠᠯᠳᠤᠬᠤ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠡᠯᠡᠨ ᠣᠷᠣᠨ ᠰᠠᠭᠤᠴᠠ ᠶᠢ ᠵᠠᠰᠠᠵᠤ ᠴᠢᠮᠡᠭᠯᠡᠬᠦ᠂ ᠣᠷᠴᠢᠨ ᠲᠣᠭᠤᠷᠢᠨ ᠢ ᠬᠠᠮᠠᠭᠠᠯᠠᠬᠤ | ᠪᠠ ᠬᠡᠷ ᠳᠣᠲᠣᠷᠠᠬᠢ ᠣᠷᠴᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠲᠥᠪ ᠪᠣᠯᠬᠤ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ | ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ ᠪᠠᠷᠢᠯᠭ᠎ᠠ ᠶᠢᠨ ᠪᠦᠷᠢᠨ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠡᠯᠡᠨ ᠭᠡᠷ ᠪᠠᠶᠢᠰᠢᠩ ᠤᠨ ᠠᠷᠠᠯᠵᠢᠶ᠎ᠠ ᠶᠢ | ᠪᠡᠶᠡᠯᠡᠭᠦᠯᠦᠨ᠎ᠡ︔ ᠪᠤᠰᠤᠳ ᠣᠷᠣᠨ ᠪᠦᠰᠡ ᠳᠠᠬᠢ ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠬᠦ ᠪᠠ ᠪᠡᠯᠡᠨ ᠭᠡᠷ ᠪᠠᠶᠢᠰᠢᠩ ᠢᠶᠠᠨ | ᠲᠤᠰᠢᠶᠠᠬᠤ ᠳᠤ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠶᠢ ᠨᠡᠶᠢᠳᠡᠮ | ᠪᠦᠷᠬᠦᠭᠦᠯᠬᠦ ᠪᠠᠷ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ | ᠬᠠᠷᠢᠭᠤᠴᠠᠨ᠎ᠠ︶ | ︵ᠳᠥᠷᠪᠡ︶ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ | ᠠᠬᠢᠭᠤᠯᠤᠨ᠎ᠠ᠃ | 1 . ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ | ᠠᠬᠢᠭᠤᠯᠤᠨ᠎ᠠ᠃ ᠬᠤᠲᠠ ᠶᠢᠨ ᠬᠤᠤᠰ ᠵᠠᠰᠠᠯᠲᠠ᠂ ᠴᠡᠪᠡᠷ ᠳᠤᠯᠠᠭᠠᠯᠠᠯᠭ᠎ᠠ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ | ᠵᠡᠷᠭᠡ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠᠷ ᠬᠥᠲᠥᠯᠦᠨ ᠵᠢᠯᠣᠭᠤᠳᠬᠤ᠂ ᠥᠮᠴᠢᠲᠡᠨ ᠤ ᠪᠠᠶᠢᠭ᠎ᠠ ᠨᠢᠭᠡᠴᠢ ᠪᠠ ᠢᠯᠴᠢ | ᠬᠠᠩᠭᠠᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠬᠤᠭᠤᠯᠠᠶ ᠭᠤᠤᠷᠰᠤ ᠤᠳᠠᠰᠤᠨ ᠤ ᠠᠵᠢᠯ ᠤᠨ ᠨᠢᠭᠡᠴᠢ ᠲᠠᠢ ᠬᠠᠮᠲᠤᠷᠠᠵᠤ ᠪᠠᠶᠢᠭᠤᠯᠤᠭᠰᠠᠨ᠂ | ᠣᠷᠣᠨ ᠰᠠᠭᠤᠴᠠ ᠶᠢᠨ ᠰᠡᠯᠪᠢᠨ ᠵᠠᠰᠠᠬᠤ ᠰᠠᠭᠤᠷᠢ ᠮᠥᠩᠭᠦ ᠪᠠᠷ ᠨᠥᠬᠦᠪᠦᠷᠢᠯᠡᠬᠦ᠂ ᠠᠰᠢᠭ ᠭᠥᠷᠳᠡᠭᠰᠡᠨ ᠰᠠᠭᠤᠭᠠᠯᠢ ᠠᠷᠠᠳ ᠤᠨ ᠣᠷᠣᠯᠴᠠᠭᠰᠠᠨ ᠣᠯᠠᠨ ᠡᠰᠢᠵᠢᠯ ᠤᠨ | ᠪᠡᠯᠡ ᠬᠤᠷᠠᠮᠳᠤᠭᠤᠯᠭ᠎ᠠ ᠶᠢᠨ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠨᠢ ᠥᠭᠡᠷᠡᠴᠢᠯᠡᠨ ᠰᠠᠶᠢᠵᠢᠷᠠᠭᠤᠯᠬᠤ ᠵᠠᠭᠪᠤᠷ ᠢ | ᠢᠳᠡᠪᠬᠢᠲᠡᠶ ᠳᠡᠯᠭᠡᠷᠡᠭᠦᠯᠦᠨ᠎ᠡ᠃ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠳᠤ ᠪᠣᠬᠢᠷᠲᠤᠯ ᠥᠬᠡᠶ ᠪᠣᠯᠭᠠᠨ ᠥᠭᠡᠷᠡᠴᠢᠯᠡᠵᠦ ᠰᠠᠶᠢᠵᠢᠷᠠᠭᠤᠯᠬᠤ ᠶᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠬᠠᠷᠢᠭᠤᠴᠠᠨ᠎ᠠ︶ | 2 . ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠦᠢᠯᠡᠰ ᠬᠢᠭᠡᠳ ᠮᠥᠩᠭᠦᠨ ᠭᠦᠢᠯᠭᠡᠭᠡ ᠶᠢᠨ ᠤᠶᠠᠯᠳᠤᠬᠤ ᠪᠠ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠴᠦ ᠦᠢᠯᠡᠴᠢᠯᠡᠬᠦ ᠶᠢ ᠨᠢ ᠠᠬᠢᠭᠤᠯᠤᠨ᠎ᠠ᠃ ᠠᠯᠪᠠᠨ ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ᠂ ᠵᠠᠰᠠᠭ ᠤᠨ ᠣᠷᠳᠣᠨ ᠠᠴᠠ | ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠶᠢ ᠤᠷᠢᠳ ᠢᠶᠠᠷ ᠡᠨᠧᠷᠭᠢ ᠠᠷᠪᠢᠯᠠᠬᠤ ᠪᠣᠯᠭᠠᠨ | ᠥᠭᠡᠷᠡᠴᠢᠯᠡᠨ ᠰᠠᠶᠢᠵᠢᠷᠠᠭᠤᠯᠵᠤ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠶᠢ ᠬᠡᠷᠡᠭᠯᠡᠨ ᠡᠨᠧᠷᠭᠢ ᠠᠷᠪᠢᠯᠠᠬᠤ ᠠᠵᠢᠯᠯᠠᠭᠠᠨ ᠤ ᠬᠠᠮᠢᠶᠠᠷᠤᠯᠲᠠ ᠶᠢ | ᠬᠡᠷᠡᠭᠵᠢᠭᠦᠯᠬᠦ ᠶᠢ ᠨᠢ ᠵᠣᠷᠢᠭᠵᠢᠭᠤᠯᠤᠨ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠶᠣᠰᠣᠭᠠᠷ ᠡᠨᠧᠷᠭᠢ ᠠᠷᠪᠢᠯᠠᠬᠤ ᠦᠢᠯᠡᠴᠢᠯᠡᠭᠡᠨ ᠤ ᠺᠣᠮᠫᠠᠨᠢ ᠳᠤ | ᠥᠭᠭᠦᠭᠰᠡᠨ ᠵᠠᠷᠤᠯᠭ᠎ᠠ ᠶᠢ ᠨᠢ ᠡᠨᠧᠷᠭᠢ ᠶᠢᠨ ᠵᠠᠷᠤᠳᠠᠯ ᠤᠨ ᠵᠠᠷᠤᠯᠭ᠎ᠠ ᠲᠠᠢ ᠠᠳᠠᠯᠢ ᠪᠠᠷ ᠦᠵᠡᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠥᠬᠡᠬᠤᠲᠠ᠂ ᠪᠤᠭᠤᠲᠤ ᠬᠤᠲᠠ ᠨᠢ ᠣᠯᠠᠨ ᠨᠡᠶᠢᠲᠡ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠭᠠᠨ ᠤ ᠬᠠᠮᠢᠶᠠᠷᠤᠯᠲᠠ ᠶᠢᠨ ᠳᠦᠷᠢᠮ ᠢᠶᠠᠨ | ᠲᠡᠭᠦᠯᠳᠡᠷᠵᠢᠭᠦᠯᠵᠦ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠬᠢᠭᠡᠳ ᠭᠡᠷ᠎ᠡ ᠲᠠᠢ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠦᠨ᠂ ᠪᠤᠰᠤᠳ ᠠᠶᠢᠮᠠᠭ | ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢᠶᠠᠨ ᠢᠳᠡᠪᠬᠢᠲᠡᠶ ᠠᠬᠢᠭᠤᠯᠬᠤ ᠬᠡᠷᠡᠭᠲᠡᠶ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ | ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | ︵ᠲᠠᠪᠤ︶ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ | 1 . ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ ᠨᠢᠭᠲᠠ ᠴᠢᠩᠭᠠᠯᠢᠭ ᠰᠢᠷᠪᠥᠰᠥ ᠪᠣᠯᠣᠳ᠂ ᠴᠢᠳᠠᠮᠵᠢ | ᠰᠠᠶᠢᠲᠠᠢ ᠪᠧᠲ᠋ᠤᠨ᠂ ᠴᠢᠳᠠᠮᠵᠢ ᠰᠠᠶᠢᠲᠠᠢ ᠦᠷᠦᠮᠡᠯ ᠮᠠᠲ᠋ᠧᠷᠢᠶᠠᠯ᠂ ᠳᠤᠯᠠᠭᠠᠨ ᠪᠠᠶᠢᠯᠭᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠬᠡᠷᠡᠮ ᠤᠨ ᠬᠠᠪᠲᠠᠰᠤ ᠵᠡᠷᠭᠡ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠶᠡᠭᠡ ᠪᠠᠷ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠦᠢᠯᠡᠳᠬᠦᠨ ᠪᠠ | ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠭᠡᠷᠡᠴᠢᠯᠡᠯ ᠤᠨ ᠲᠦᠷᠢᠮ ᠢ | ᠬᠡᠷᠡᠭᠵᠢᠭᠦᠯᠬᠦ ᠶᠢ ᠨᠢ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠦᠢᠯᠡᠳᠪᠦᠷᠢᠯᠡᠬᠦ᠂ ᠭᠡᠷᠡᠴᠢᠯᠡᠬᠦ᠂ ᠮᠡᠳᠡᠭᠡ ᠵᠠᠩᠭᠢ ᠴᠤᠭᠯᠠᠭᠤᠯᠵᠤ | ᠬᠡᠷᠡᠭᠯᠡᠬᠦ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ | ᠲᠣᠭᠲᠠᠯᠴᠠᠭ᠎ᠠ ᠶᠢ ᠪᠦᠷᠢᠨᠰᠢᠬᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠪᠣᠬᠢᠷᠲᠤᠯ ᠥᠬᠡᠶ ᠦᠢᠯᠡᠳᠬᠦᠨ ᠤ ᠬᠡᠷᠡᠭᠯᠡᠭᠡ ᠶᠢ ᠬᠥᠲᠥᠯᠦᠨ ᠵᠢᠯᠣᠭᠤᠳᠴᠤ᠂ | ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠪᠣᠬᠢᠷᠲᠤᠯ | ᠦᠭᠡᠶ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠡᠯᠡ | ᠮᠥᠩᠭᠦ ᠶᠢ ᠬᠡᠷᠡᠭᠯᠡᠵᠦ ᠪᠦᠲᠦᠭᠡᠨ ᠪᠠᠶᠢᠭᠤᠯᠬᠤ ᠲᠥᠷᠥᠯ ᠵᠦᠢᠯ ᠵᠢᠴᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠯᠠᠨ ᠨᠡᠶᠢᠲᠡ ᠶᠢᠨ | ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠭᠡᠷᠡᠴᠢᠯᠡᠯ ᠣᠯᠤᠭᠰᠠᠨ | ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠡᠩ ᠲᠡᠷᠢᠭᠦᠨ ᠳᠤ ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | 2 . ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠳᠤ ᠨᠢᠭᠡ ᠴᠣᠭᠴᠠᠵᠢᠭᠤᠯᠬᠤ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ | ᠪᠦᠲᠦᠴᠡ ᠳᠤ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ ᠠᠵᠢᠯ ᠤᠨ ᠲᠥᠰᠦᠯ ᠢ ᠲᠣᠭᠲᠠᠭᠠᠵᠤ᠂ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠦᠢᠯᠡᠳᠪᠦᠷᠢᠯᠡᠬᠦ ᠠᠵᠤ ᠠᠬᠤᠶᠢᠯᠠᠯ ᠤᠨ ᠨᠢᠭᠡ ᠴᠣᠭᠴᠠᠵᠢᠭᠤᠯᠤᠭᠰᠠᠨ ᠮᠡᠷᠭᠡᠵᠢᠯ ᠢ | ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠬᠤ ᠶᠢ ᠬᠥᠲᠥᠯᠥᠨ ᠵᠢᠯᠣᠭᠤᠳᠴᠤ᠂ ᠭᠠᠷ ᠤᠷᠠᠯᠠᠯ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠂ ᠶᠠᠰᠤ ᠴᠢᠨᠠᠷ ᠢ ᠨᠢ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠮᠡᠷᠭᠡᠵᠢᠯ ᠲᠠᠢ ᠦᠢᠯᠡᠳᠬᠦᠨ ᠤ ᠶᠠᠰᠤ | ᠴᠢᠨᠠᠷ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ᠎ᠠ᠃ ᠨᠢᠭᠡ ᠴᠣᠭᠴᠠᠵᠢᠭᠤᠯᠤᠭᠰᠠᠨ ᠮᠡᠷᠭᠡᠵᠢᠯ ᠳᠤ ᠰᠢᠯᠢᠨ ᠰᠣᠩᠭᠤᠬᠤ ᠠᠵᠢᠯ ᠢ ᠥᠷᠨᠢᠭᠦᠯᠵᠦ᠂ ᠪᠦᠷᠢᠨ | ᠲᠡᠭᠦᠯᠳᠡᠷ ᠮᠡᠷᠭᠡᠵᠢᠯ ᠤᠨ ᠲᠤᠯᠭᠠᠭᠤᠷᠢᠯᠠᠯ ᠲᠠᠢ ᠲᠣᠭᠲᠠᠯᠴᠠᠭ᠎ᠠ ᠶᠢ ᠪᠠᠶᠢᠭᠤᠯᠤᠨ᠎ᠠ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠪᠣᠬᠢᠷᠲᠤᠯ | ᠦᠭᠡᠶ ᠪᠠᠷᠢᠯᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠳᠤ ᠨᠢᠭᠡ | ᠴᠣᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠤᠨ ᠰᠢᠨ᠎ᠡ ᠪᠠᠶᠢᠭᠤᠯᠬᠤ ᠪᠠᠷᠢᠯᠭ᠎ᠠ ᠳᠤ | ᠤᠷᠢᠳ ᠢᠶᠠᠷ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠬᠡᠷᠡᠭᠯᠡᠵᠦ᠂ ᠪᠤᠰᠤᠳ ᠠᠶᠢᠮᠠᠭ ᠬᠤᠲᠠ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶ | 3 . ︽ᠳᠥᠷᠪᠡᠨ ᠰᠢᠨ᠎ᠡ︾ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ | ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠶᠢ ᠨᠢ | ᠬᠢᠵᠠᠭᠠᠷᠯᠠᠨ ᠬᠤᠷᠢᠭᠯᠠᠬᠤ ᠮᠡᠷᠭᠡᠵᠢᠯ ᠤᠨ ᠭᠠᠷᠴᠠᠭ ᠢ ᠴᠠᠭ ᠲᠤᠬᠠᠶ ᠳᠤ ᠨᠢ ᠰᠢᠨᠡᠳᠬᠡᠨ ᠨᠡᠶᠢᠲᠡᠯᠡᠨ᠎ᠡ᠃ ᠠᠶᠠᠨᠳᠠᠭᠠᠨ ᠨᠠᠷᠠᠨ ᠤ ᠬᠡᠷᠡᠯ ᠲᠤᠰᠬᠤ᠂ ᠰᠠᠯᠬᠢ ᠨᠡᠪᠲᠡᠷᠡᠬᠦ᠂ | ᠪᠣᠷᠣᠭᠠᠨ ᠤ ᠤᠰᠤ ᠴᠤᠭᠯᠠᠭᠤᠯᠬᠤ᠂ ᠴᠡᠪᠡᠷᠵᠢᠭᠦᠨ ᠤᠰᠤ ᠶᠢ ᠠᠰᠢᠭᠯᠠᠬᠤ᠂ ᠤᠰᠤ ᠠᠷᠪᠢᠯᠠᠬᠤ᠂ ᠲᠠᠭᠤ ᠬᠥᠨᠳᠡᠶᠢᠷᠡᠭᠦᠯᠬᠦ ᠵᠡᠷᠭᠡ ᠪᠣᠯᠪᠠᠰᠤᠷᠠᠩᠭᠤᠶ ᠪᠣᠯᠤᠭᠰᠠᠨ | ᠮᠡᠷᠭᠡᠵᠢᠯ ᠤᠨ ᠦᠢᠯᠡᠳᠬᠦᠨ ᠢ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂ | ᠨᠤᠨᠲᠠᠭ ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠲᠦᠭᠦᠬᠡᠶ ᠮᠠᠲ᠋ᠧᠷᠢᠶᠠᠯ | ᠪᠣᠯᠭᠠᠵᠤ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ | ᠬᠠᠷᠢᠭᠤᠴᠠᠨ᠎ᠠ︶ | ︵ᠵᠢᠷᠭᠤᠭ᠎ᠠ︶ ᠲᠠᠬᠢᠨ ᠡᠭᠦᠰᠴᠤ ᠪᠣᠯᠬᠤ ᠡᠨᠧᠷᠬᠢ ᠶᠢᠨ ᠪᠠᠷᠢᠯᠭ᠎ᠠ ᠳᠤ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠪᠠᠷᠢᠯᠭ᠎ᠠ ᠳᠤ ᠳᠠᠬᠢᠨ ᠡᠭᠦᠰᠴᠦ ᠪᠣᠯᠬᠤ | ᠡᠨᠧᠷᠭᠢ ᠶᠢ ᠬᠡᠷᠡᠭᠯᠡᠬᠦ ᠪᠠᠨ ᠴᠢᠩᠭᠠᠳᠬᠠᠨ᠎ᠠ᠃ ᠨᠡᠷᠡᠨ ᠤ ᠡᠨᠧᠷᠭᠢ᠂ ᠭᠦᠢᠬᠡᠨ ᠳᠠᠪᠬᠤᠷᠭ᠎ᠠ ᠳᠠᠬᠢ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ | ᠰᠢᠨ᠎ᠡ ᠡᠨᠧᠷᠭᠢ ᠶᠢ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠷᠢᠯᠭ᠎ᠠ ᠳᠤ ᠬᠡᠷᠡᠭᠯᠡᠬᠦ ᠶᠢ ᠠᠬᠢᠭᠤᠯᠵᠤ᠂ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ | ᠡᠩ ᠤᠨ ᠡᠨᠧᠷᠭᠢ ᠶᠢᠨ ᠬᠡᠷᠡᠭᠯᠡᠯᠲᠡ ᠶᠢ ᠪᠠᠭᠠᠰᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢ ᠪᠠᠷᠢᠯᠭ᠎ᠠ ᠳᠤ ᠬᠡᠷᠡᠭᠯᠡᠬᠦ ᠢᠨᠵᠧᠨᠧᠷᠢᠩ ᠤᠨ ᠲᠥᠯᠥᠪᠵᠢᠭᠦᠯᠭᠡ᠂ ᠵᠢᠷᠤᠭ | ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠷᠡᠨ ᠤ ᠡᠨᠧᠷᠭᠢ ᠪᠠᠷ ᠤᠰᠤ | ᠬᠠᠯᠠᠭᠠᠬᠤ ᠪᠠᠷᠢᠯᠭ᠎ᠠ ᠶᠢᠨ ᠨᠢᠭᠡ ᠴᠣᠭᠴᠠᠵᠢᠭᠤᠯᠬᠤ ᠰᠢᠰᠲ᠋ᠧᠮ ᠢ ᠶᠡᠭᠡ ᠪᠠᠷ ᠬᠥᠭᠵᠢᠭᠦᠯᠵᠦ᠂ 12 ᠳᠠᠪᠬᠤᠷᠯᠢᠭ ᠬᠦᠷᠬᠦ ᠦᠭᠡᠢ ᠣᠷᠣᠨ ᠰᠠᠭᠤᠴᠠ ᠶᠢᠨ ᠪᠠᠷᠢᠯᠭ᠎ᠠ ᠪᠠ | ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠥᠷᠥᠭᠡ ᠵᠡᠷᠭᠡ ᠣᠯᠠᠨ | ᠨᠡᠶᠢᠲᠡ ᠶᠢᠨ ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠢᠯᠴᠢ ᠬᠡᠷᠡᠭᠯᠡᠬᠦ ᠪᠠᠷᠢᠯᠭ᠎ᠠ ᠶᠢᠨ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠠᠬᠢᠭᠤᠯᠤᠨ᠎ᠠ᠃ ᠬᠤᠲᠠ | ᠪᠠᠯᠭᠠᠰᠤᠨ ᠤ ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠴᠡᠨᠡᠭ ᠤᠨ ᠲᠠᠷᠬᠠᠯᠲᠠ ᠶᠢᠨ ᠬᠡᠯᠪᠡᠷᠢ ᠲᠠᠢ᠂ ᠨᠢᠭᠡ ᠴᠣᠭᠴᠠᠵᠢᠭᠤᠯᠤᠨ ᠬᠡᠷᠡᠭᠯᠡᠬᠦ ᠶᠢ ᠳᠡᠯᠭᠡᠷᠡᠭᠦᠯᠵᠦ᠂ | ᠲᠤᠬᠠᠶ ᠶᠢᠨ ᠭᠠᠵᠠᠷ ᠲᠤ ᠨᠢ ᠦᠢᠯᠡᠳᠪᠦᠷᠢᠯᠡᠬᠦ ᠪᠠ ᠠᠪᠴᠤ ᠬᠡᠷᠡᠭᠯᠡᠬᠦ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ | ᠲᠣᠪᠴᠢᠶ᠎ᠠ ᠬᠠᠷᠢᠭᠤᠴᠠᠨ᠎ᠠ︶ | ︵ᠳᠣᠯᠤᠭ᠎ᠠ︶ ᠪᠣᠬᠢᠷᠲᠤᠯ ᠥᠬᠡᠶ ᠪᠠᠷᠢᠯᠭ᠎ᠠ ᠪᠠᠷᠢᠬᠤ ᠠᠵᠢᠯ ᠢ ᠠᠬᠢᠭᠤᠯᠤᠨ᠎ᠠ᠃ ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠪᠠ ᠠᠮᠤᠷ ᠲᠦᠪᠰᠢᠨ | ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠠᠬᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠪᠠᠷᠢᠬᠤ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ | ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠲᠡᠷᠢᠭᠦᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠬᠤᠭ ᠲᠣᠭᠤᠰᠣ ᠶᠢ ᠵᠠᠰᠠᠬᠤ᠂ ᠤᠰᠤ | ᠠᠷᠪᠢᠯᠠᠵᠤ ᠬᠤᠷᠣᠭᠳᠠᠯ ᠢ ᠪᠠᠭᠠᠰᠬᠠᠬᠤ᠂ ᠰᠢᠭᠠᠷᠤ ᠰᠢᠷᠣᠶ ᠶᠢᠨ ᠲᠡᠭᠡᠭᠡᠪᠦᠷᠢ᠂ ᠱᠤᠤᠬᠢᠶᠠᠨ ᠤ ᠪᠣᠬᠢᠷᠲᠤᠯ᠂ ᠵᠠᠳᠠᠯᠤᠨ ᠰᠠᠯᠭᠠᠵᠤ ᠡᠷᠭᠢᠯᠳᠦᠭᠦᠯᠦᠨ ᠠᠰᠢᠭᠯᠠᠬᠤ ᠵᠡᠷᠭᠡ | ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠳᠥᠷᠪᠡ ᠶᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ︾ ︵ᠡᠨᠧᠷᠭᠢ ᠠᠷᠪᠢᠯᠠᠬᠤ᠂ ᠭᠠᠵᠠᠷ ᠰᠢᠷᠣᠶ | ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ︶ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠶᠡᠭᠡ | ᠬᠡᠮᠵᠢᠶ᠎ᠡ ᠪᠠᠷ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠤᠨ᠂ ᠪᠠᠷᠢᠯᠭ᠎ᠠ ᠶᠢᠨ ᠭᠠᠵᠠᠷ ᠤᠨ ᠪᠣᠬᠢᠷᠲᠤᠯ ᠥᠬᠡᠶ ᠪᠠᠷᠢᠯᠭ᠎ᠠ ᠪᠠᠷᠢᠬᠤ ᠪᠠ ᠣᠷᠴᠢᠨ ᠲᠣᠭᠤᠷᠢᠨ ᠢ | ᠬᠠᠮᠠᠭᠠᠯᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | ︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠣᠭᠲᠠᠯᠴᠠᠭ᠎ᠠ ᠶᠢ ᠪᠠᠶᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠨᠡᠶᠢᠲᠡᠯᠢᠭ ᠴᠢᠨᠠᠷ ᠪᠠ ᠵᠠᠩᠭᠢᠯᠠᠭ᠎ᠠ ᠶᠢᠨ ᠮᠡᠷᠭᠡᠵᠢᠯ ᠤᠨ | ᠰᠤᠳᠤᠯᠤᠨ ᠨᠡᠭᠡᠭᠡᠬᠦ ᠵᠢᠴᠢ ᠬᠡᠷᠡᠭᠯᠡᠬᠦ ᠶᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠤᠳᠤᠯᠬᠤ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂ | ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ᠂ ᠮᠡᠷᠭᠡᠵᠢᠯ᠂ ᠮᠠᠲ᠋ᠧᠷᠢᠶᠠᠯ᠂ | ᠲᠥᠬᠦᠭᠡᠷᠦᠮᠵᠢ ᠵᠡᠷᠭᠡ ᠪᠠᠨ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠳᠡᠮᠵᠢᠬᠦ ᠬᠦᠷᠢᠶᠡᠨ ᠳᠤ ᠵᠢᠭᠰᠠᠭᠠᠨ ᠣᠷᠣᠭᠤᠯᠬᠤ ᠶᠢ | ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠠᠪᠴᠢᠷᠠᠬᠤ᠂ | ᠬᠡᠷᠡᠭᠯᠡᠬᠦ ᠪᠠ ᠰᠢᠩᠭᠡᠭᠡᠨ ᠠᠪᠴᠤ᠂ ᠲᠤᠰ ᠭᠠᠵᠠᠷ ᠣᠷᠣᠨ ᠤ ᠪᠠᠨ ᠪᠣᠳᠠᠲᠠᠢ ᠳᠤ ᠨᠡᠶᠢᠴᠡᠭᠰᠡᠨ ᠲᠥᠬᠦᠷ ᠦᠢᠯᠡᠳᠬᠦᠨ ᠪᠠ ᠰᠢᠨ᠎ᠡ ᠮᠡᠷᠭᠡᠵᠢᠯ ᠢ ᠬᠥᠭᠵᠢᠭᠦᠯᠦᠨ᠂ | ᠲᠡᠷᠢᠭᠦᠨ ᠤ ᠪᠣᠯᠪᠠᠰᠤᠷᠠᠩᠭᠤᠶ ᠮᠡᠷᠭᠡᠵᠢᠯ ᠤᠨ ᠦᠢᠯᠡᠳᠬᠦᠨ ᠢ ᠠᠵᠤ ᠦᠢᠯᠡᠰᠵᠢᠭᠦᠯᠬᠦ ᠠᠬᠢᠴᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ | ᠦᠭᠡᠶ ᠪᠠᠷᠢᠯᠭ᠎ᠠ ᠶᠢᠨ ᠬᠥᠭᠵᠢᠯᠲᠡ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ | ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠲᠣᠬᠢᠷᠠᠭᠤᠯᠵᠤ᠂ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠲᠤᠰ | ᠰᠠᠨᠠᠯ ᠢ ᠪᠠᠭᠤᠯᠭᠠᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ᠂ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠠᠯᠲᠠ ᠡᠭᠦᠷᠭᠡ ᠪᠠᠨ | ᠨᠠᠷᠢᠯᠢᠭᠵᠢᠭᠤᠯᠤᠨ᠂ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠵᠤ᠂ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠠᠷᠢᠶ᠎ᠠ ᠪᠦᠬᠦᠢ ᠬᠤᠰᠢᠭᠤ | ᠰᠢᠶᠠᠨ ︵ᠬᠤᠲᠠ᠂ ᠲᠣᠭᠤᠷᠢᠭ︶ ᠢ ᠵᠢᠭᠠᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠶᠢᠨ ᠲᠣᠭᠲᠠᠴᠠ ᠶᠢ ᠨᠢ ᠪᠦᠷᠢᠨᠰᠢᠭᠦᠯᠵᠦ᠂ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠵᠡᠷᠭᠡ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠨ᠎ᠠ︶ | ︵ᠬᠤᠶᠠᠷ︶ ᠪᠦᠲᠦᠭᠡᠨ ᠪᠠᠶᠢᠭᠤᠯᠬᠤ ᠪᠠᠷᠢᠯᠭ᠎ᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ | ᠵᠡᠷᠭᠡ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠭᠠᠵᠠᠷ | ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠢ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ᠂ ᠰᠢᠯᠭᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ ᠳᠤ | ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠠᠮᠢᠶ᠎ᠠ ᠪᠥᠬᠦᠶ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ ᠢ ᠬᠡᠷᠡᠭᠵᠢᠭᠦᠯᠬᠦ ᠳᠤ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠭᠯᠠᠨ | ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠥᠲᠥᠭᠡᠨ ᠪᠠᠶᠢᠭᠤᠯᠬᠤ ᠡᠯ᠎ᠡ | ᠲᠠᠯ᠎ᠠ ᠶᠢᠨ ᠬᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠱᠠᠲᠤᠨ ᠳᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ | ᠳᠠᠷᠠᠭᠠᠯᠠᠯ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ | ᠪᠦᠷᠢᠳᠬᠡᠨ ᠳᠠᠩᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ︽ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠪᠣᠯᠭᠠᠬᠤ︾ ᠪᠠ | ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠶᠣᠰᠣᠭᠠᠷ᠂ ᠡᠳᠦᠷ ᠲᠤᠲᠤᠮ ᠤᠨ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠰᠢᠯᠭᠠᠬᠤ ᠶᠢ | ᠤᠶᠠᠯᠳᠤᠭᠤᠯᠤᠭᠰᠠᠨ ᠪᠠᠶᠢᠴᠠᠭᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠡᠯ᠎ᠡ ᠲᠠᠯ᠎ᠠ ᠶᠢᠨ ᠬᠢᠨ ᠤ ᠭᠤᠤᠯ ᠴᠣᠭᠴᠠ ᠶᠢᠨ ᠬᠡᠷᠡᠭᠵᠢᠭᠦᠯᠵᠦ ᠪᠠᠶᠢᠭ᠎ᠠ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠪᠠᠷᠢᠮᠵᠢᠶ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠵᠢᠷᠤᠭ | ᠲᠥᠯᠥᠪᠯᠡᠭᠡᠨ ᠤ ᠲᠤᠰᠬᠠᠶ ᠬᠠᠭᠤᠳᠠᠰᠤ᠂ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠶᠠᠰᠤ ᠴᠢᠨᠠᠷ ᠤᠨ ᠬᠢᠨᠠᠨ ᠪᠠᠶᠢᠴᠠᠭᠠᠯᠲᠠ᠂ ᠲᠤᠰᠬᠠᠶ | ᠪᠠᠷᠢᠯᠭ᠎ᠠ ᠶᠢᠨ ᠮᠡᠷᠭᠡᠵᠢᠯ ᠤᠨ ᠲᠥᠰᠦᠯ᠂ ᠲᠤᠰᠬᠠᠶ ᠬᠢᠨᠠᠨ ᠬᠠᠮᠢᠶᠠᠷᠬᠤ ᠨᠠᠷᠢᠨ ᠲᠦᠷᠢᠮ ᠵᠡᠷᠭᠡ ᠶᠢ ᠨᠠᠶᠢᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠶᠢᠳᠠᠯ ᠳᠤ | ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠶᠠᠰᠤ ᠴᠢᠨᠠᠷ ᠤᠨ ᠠᠵᠢᠯᠯᠠᠭ᠎ᠠ ᠳᠤ ᠡᠯ᠎ᠡ | ᠲᠠᠯ᠎ᠠ ᠶᠢᠨ ᠬᠢᠨ ᠤ ᠭᠤᠣᠯ ᠴᠣᠭᠴᠠ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠡᠯ᠎ᠡ ᠵᠦᠢᠯ ᠤᠨ ᠱᠠᠭᠠᠷᠳᠠᠯᠭ᠎ᠠ ᠪᠠᠨ ᠪᠣᠲᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | ︵ᠭᠤᠷᠪᠠ︶ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠠᠵᠤ | ᠦᠢᠯᠡᠰ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠲᠠᠢ ᠤᠶᠠᠯᠳᠤᠭᠤᠯᠤᠨ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠ ᠡᠨᠧᠷᠭᠢ ᠶᠢᠨ ᠬᠤᠷᠣᠭᠳᠠᠯ ᠪᠠᠷᠤᠭ ᠯᠡ | ᠦᠭᠡᠢ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ᠂ ᠣᠳᠣᠨ ᠲᠠᠰ ᠲᠠᠢ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ | ᠪᠠᠷᠢᠯᠭ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠯᠲᠡ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠡᠨᠧᠷᠭᠢ ᠶᠢᠨ ᠭᠡᠷ᠎ᠡ ᠲᠠᠢ ᠬᠠᠮᠢᠶᠠᠷᠤᠯᠲᠠ ᠶᠢᠨ ᠲᠥᠷᠥᠯ ᠵᠦᠢᠯ᠂ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠷᠥᠯ ᠵᠦᠢᠯ᠂ ᠰᠠᠭᠤᠷᠢ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠭᠤᠤᠯᠳᠠᠯᠭ᠎ᠠ ᠲᠠᠢ | ᠴᠢᠩᠭᠠᠷᠠᠭᠤᠯᠤᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠪᠤᠶᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠤᠭᠰᠠᠷᠠᠮᠠᠯ ᠬᠡᠯᠪᠡᠷᠢ ᠪᠦᠬᠦᠢ᠂ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ | ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠬᠤ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠣᠳᠣᠯᠭ᠎ᠠ ᠶᠢ ᠬᠦᠷᠲᠡᠭᠡᠨ᠎ᠡ︔ ᠪᠣᠬᠢᠷᠲᠤᠯ ᠦᠭᠡᠶ ᠪᠠᠷᠢᠯᠭ᠎ᠠ ᠶᠢ | ᠦᠨᠡᠯᠡᠬᠦ ᠲᠡᠮᠳᠡᠭ ᠲᠠᠢ ᠲᠥᠷᠥᠯ ᠵᠦᠢᠯ ᠳᠤ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠠ ᠰᠢᠯᠢᠳᠡᠭ ᠢ ᠨᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ | ᠲᠥᠷᠥ ᠶᠢᠨ ᠪᠣᠳᠣᠯᠭ᠎ᠠ ᠶᠢ ᠬᠦᠷᠲᠡᠭᠡᠬᠦ ᠠᠵᠢᠯ ᠢᠶᠠᠨ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ | ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠮᠵᠢᠵᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠳᠤ | ᠨᠡᠶᠢᠴᠡᠭᠦᠯᠦᠭᠰᠡᠨ ᠤᠷᠢᠲᠠᠯ ᠳᠤᠤᠷ᠎ᠠ᠂ ᠬᠤᠳᠠᠯᠳᠤᠨ ᠠᠪᠤᠭᠴᠢ ᠳᠤ ᠵᠢᠭᠡᠯᠡᠯᠭᠡ ᠶᠢᠨ ᠵᠣᠭᠤᠰᠤᠨ ᠤ ᠲᠤᠭ᠎ᠠ ᠪᠤᠶᠤ ᠬᠦᠦ ᠶᠢᠨ ᠨᠣᠷᠮ᠎ᠠ ᠶᠢᠨ ᠬᠠᠷᠠᠭᠠᠯᠵᠠᠯ ᠦᠵᠡᠭᠦᠯᠵᠤ᠂ | ᠨᠣᠭᠤᠭᠠᠨ ᠮᠥᠩᠭᠦᠨ ᠭᠦᠢᠯᠭᠡᠭᠡᠨ ᠢᠶᠠᠷ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠨᠢ ᠳᠡᠮᠵᠢᠬᠦ ᠶᠢ ᠠᠬᠢᠭᠤᠯᠤᠨ᠂ | ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠠᠷᠭ᠎ᠠ ᠬᠡᠯᠪᠡᠷᠢ ᠶᠢ ᠬᠡᠷᠡᠭᠯᠡᠬᠦ ᠶᠢ ᠨᠢ ᠵᠣᠷᠢᠭᠵᠢᠭᠤᠯᠵᠤ ᠪᠠᠶᠢᠭᠠᠳ ᠠᠵᠢᠯ ᠢᠶᠠᠨ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ | ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠳᠥᠷᠪᠡ︶ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢᠶᠠᠨ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠠᠬᠢᠭᠤᠯᠬᠤ | ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠪᠣᠯ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠨᠢᠭᠡᠳᠦᠭᠡᠷ ᠳᠠᠭᠠᠭᠠᠨ ᠡᠭᠦᠷᠭᠡᠯᠡᠬᠦ ᠰᠠᠯᠠᠭ᠎ᠠ | ᠮᠥᠴᠢᠷ ᠪᠣᠯᠬᠤᠷ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠵᠡᠷᠭᠡ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ | ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶ ᠲᠣᠭᠲᠠᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ | ᠨᠠᠷᠢᠯᠢᠬᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠴᠠᠭ ᠲᠤᠬᠠᠶ ᠳᠤ ᠨᠢ ᠳ᠋ᠦᠩᠨᠡᠨ᠂ ᠣᠨ ᠤ ᠮᠡᠳᠡᠭᠦᠯᠦᠯᠲᠡ ᠶᠢ | ᠪᠢᠴᠢᠵᠦ᠂ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠳᠤ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ 365赢多少钱会被限额_国内有真正的365平台吗_365bet博彩官网 | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠴᠠᠭ ᠲᠤ ᠨᠢ ᠲᠤᠬᠢᠷᠠᠭᠤᠯᠤᠨ ᠡᠯ᠎ᠡ ᠭᠠᠵᠠᠷ ᠣᠷᠣᠨ ᠢ ᠬᠥᠳᠡᠯᠦᠩᠭᠦᠶ ᠵᠢᠭᠠᠨ ᠵᠢᠯᠣᠭᠤᠳᠬᠤ᠂ ᠬᠢᠨᠠᠯᠲᠠ | ᠲᠠᠯᠪᠢᠵᠤ ᠰᠢᠯᠭᠠᠨ ᠬᠢᠨᠠᠬᠤ ᠪᠠ ᠦᠷ᠎ᠡ ᠪᠦᠲᠦᠮᠵᠢ ᠶᠢ ᠨᠢ ᠦᠨᠡᠯᠡᠨ ᠵᠢᠱᠢᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ | ᠬᠠᠷᠢᠭᠤᠴᠠᠨ᠎ᠠ︶ | 2021 ᠣᠨ ᠤ 4 ᠳ᠋ᠣᠭᠡᠷ ᠰᠠᠷ᠎ᠠ ᠶᠢᠨ 15 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ | ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 365赢多少钱会被限额_国内有真正的365平台吗_365bet博彩官网 2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ |