9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ | ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 8 ᠰᠠᠷ᠎ᠠ ᠶᠢᠨ | 31 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ | ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ︔ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠤᠯᠪᠣᠭᠳᠠᠯ ᠪᠦᠬᠦᠢ ᠲᠤᠰᠬᠠᠶ | ᠲᠥᠯᠥᠪᠵᠢᠭᠦᠯᠭᠡ ᠵᠡᠷᠭᠡ ᠵᠦᠢᠯ ᠢ ᠰᠤᠳᠤᠯᠪᠠ᠃ | ᠬᠤᠷᠠᠯ ᠠᠴᠠ᠂ 8 ᠰᠠᠷ᠎ᠠ ᠶᠢᠨ 31 ᠤ ᠡᠳᠦᠷ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠡᠨᠡ ᠵᠢᠯ ᠤᠨ 11 ᠰᠠᠷ᠎ᠠ ᠳᠤ ᠪᠡᠭᠡᠵᠢᠩ ᠳᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ ᠨᠠᠮ ᠤᠨ ᠵᠠᠭᠤᠨ ᠵᠢᠯ ᠤᠨ ᠲᠡᠮᠡᠴᠡᠯ ᠤᠨ | ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠤᠳᠤᠯᠵᠥ ᠪᠥᠬᠦ ᠲᠠᠯ᠎ᠠ ᠪᠠᠷ ᠳ᠋ᠦᠩᠨᠡᠬᠦ ᠪᠠᠷ | ᠲᠣᠭᠲᠠᠭᠰᠠᠨ ᠨᠢ ᠣᠨᠴᠠ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠣᠳᠠᠰᠴᠢ ᠲᠡᠦᠬᠡ ᠶᠢᠨ ᠦᠵᠡᠯᠲᠡ ᠪᠣᠯᠤᠨ ᠨᠠᠮ ᠤᠨ ᠲᠡᠦᠬᠡ ᠶᠢᠨ ᠵᠦᠪ ᠦᠵᠡᠯᠲᠡ ᠶᠢ ᠪᠠᠷᠢᠮᠲᠠᠯᠠᠵᠤ᠂ ᠮᠠᠨ ᠤ | ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠡᠭᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠷᠢᠳᠡ ᠪᠠᠲᠤ ᠴᠡᠭᠡᠵᠢᠯᠡᠵᠤ ᠮᠠᠰᠢ ᠨᠠᠨᠳᠢᠩᠨᠠᠵᠤ᠂ | ᠲᠡᠦᠬᠡ ᠪᠠᠷ ᠲᠣᠯᠢ ᠪᠣᠯᠭᠠᠵᠤ᠂ ᠨᠠᠮ ᠢᠶᠠᠷ ᠢᠷᠠᠭᠤ ᠠᠯᠳᠠᠷ ᠪᠣᠯᠭᠠᠵᠤ᠂ ᠤᠯᠠᠮ ᠴᠢᠨᠠᠭᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠲᠡᠦᠬᠡ ᠶᠢ ᠰᠤᠷᠤᠯᠴᠠᠵᠦ ᠶᠣᠰᠣ ᠶᠢ ᠣᠶᠢᠯᠠᠭᠠᠬᠤ᠂ ᠲᠡᠦᠬᠡ ᠶᠢ | ᠰᠤᠷᠤᠯᠴᠠᠵᠦ ᠢᠳᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ ᠶᠢ | ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠠᠵᠢᠯ ᠢ ᠲᠤᠪᠤᠶᠢᠯᠭᠠᠨ ᠰᠠᠶᠢᠲᠤᠷ ᠠᠳᠬᠤᠵᠤ᠂ ︽ᠤᠯᠠᠨ ᠲᠦᠮᠡᠨ ᠳᠤ | ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠭᠤᠣᠯ ᠭᠠᠷᠳᠠᠴᠠ ᠪᠣᠯᠭᠠᠵᠤ᠂ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ | ᠠᠰᠠᠭᠤᠳᠠᠯ ᠪᠣᠯᠤᠨ ᠤᠯᠠᠨ ᠲᠦᠮᠡᠨ ᠤ ︽ᠪᠠᠴᠢᠮᠲᠠᠵᠦ ᠬᠦᠴᠢᠷᠳᠡᠵᠦ ᠵᠤᠪᠠᠨᠢᠵᠦ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ | ᠴᠢᠭᠯᠡᠯ ᠢ ᠪᠠᠲᠤ ᠡᠵᠡᠮᠳᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ | ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠠᠭᠤᠯᠤᠭᠳᠠᠬᠤᠨ ᠲᠠᠢ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ | ᠴᠢᠬᠤᠯᠠ ᠶᠠᠷᠢᠶ᠎ᠠ ᠳᠠᠭᠠᠨ ᠵᠠᠯᠠᠭᠤ ᠺᠠᠳ᠋ᠷᠴᠤᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠴᠢᠬᠤᠯᠠ ᠱᠠᠭᠠᠷᠳᠠᠯᠭ᠎ᠠ ᠳᠤᠷᠠᠳᠴᠠᠶ᠃ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ | ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠪᠣᠳᠠᠲᠠᠢ ᠶᠢ ᠴᠢᠬᠤᠯᠠᠴᠢᠯᠠᠵᠤ᠂ | ᠦᠨᠡᠨ ᠠᠴᠠ ᠵᠥᠪ ᠢ ᠡᠷᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠴᠢᠳᠠᠮᠠᠭᠠᠢ ᠪᠠᠷ ᠠᠵᠢᠯᠯᠠᠵᠤ᠂ ᠵᠠᠷᠴᠢᠮ ᠢ ᠪᠠᠷᠢᠮᠲᠠᠯᠠᠵᠤ᠂ ᠵᠣᠷᠢᠭᠲᠠᠢ ᠪᠠᠷ ᠲᠡᠮᠡᠴᠡᠵᠤ᠂ | ᠶᠣᠰᠣ ᠲᠦᠷᠢᠮ ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠢ ᠦᠯᠦ ᠳᠠᠪᠠᠵᠤ᠂ ᠰᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠴᠢᠳᠠᠪᠤᠷᠢ ᠪᠠᠨ | ᠳᠡᠭᠡᠭᠰᠢᠯᠡᠭᠦᠯᠬᠦ ᠶᠢ ᠪᠠᠶᠠᠯᠡᠬᠦᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠭᠠᠪᠢᠶ᠎ᠠ | ᠪᠠᠶᠢᠭᠤᠯᠵᠤ ᠦᠢᠯᠡᠰ ᠪᠤᠰᠬᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠲᠥᠪ ᠤᠨ ᠡᠳ᠋ ᠤᠨ ᠵᠠᠰᠠᠭ ᠠᠵᠤ | ᠠᠬᠤᠶ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠂ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠤᠷᠤᠯᠴᠠᠨ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ | ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠠᠰᠠᠭᠤᠳᠠᠯ ᠳᠤ ᠠᠩᠬᠠᠷᠤᠯ ᠲᠦᠪᠯᠡᠷᠡᠬᠦᠯᠦᠨ ᠪᠣᠳᠠᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠶ ᠤᠷᠤᠭᠰᠢᠯᠠᠬᠤ ᠬᠡᠷᠡᠭᠲᠡᠶ᠃ ᠬᠦᠨᠳᠦ | ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠵᠠᠩᠭᠢᠯᠠᠭ᠎ᠠ ᠶᠢ | ᠠᠳᠬᠤᠵᠤ᠂ ᠭᠡᠮ ᠰᠣᠭᠤᠭ ᠢ ᠠᠷᠢᠯᠭᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ | ᠰᠠᠬᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃365赢多少钱会被限额_国内有真正的365平台吗_365bet博彩官网 | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠢᠭᠡᠳᠦᠯᠲᠡᠶ ᠨᠡᠶᠢᠭᠡᠮ ᠤᠨ | ᠢᠲᠡᠭᠡᠮᠵᠢ ᠶᠢᠨ ᠣᠷᠣᠯᠠᠬᠤ ᠨᠣᠮᠧᠷ ᠤᠨ ᠬᠠᠮᠢᠶᠠᠷᠤᠯᠲᠠ ᠶᠢᠨ ᠠᠷᠭ᠎ᠠ ︵ᠲᠥᠰᠦᠯ︶︾ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ | ᠣᠶ ᠰᠢᠭᠤᠶ ᠨᠤᠳᠤᠭ ᠪᠡᠯᠴᠢᠭᠡᠷ ᠤᠨ ᠬᠥᠭᠵᠢᠯᠲᠡ ᠵᠡᠷᠭᠡ ᠲᠤᠰᠬᠠᠶ ᠲᠥᠯᠥᠪᠵᠢᠭᠦᠯᠭᠡ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |