内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
        ᠨᠡᠶᠢᠲᠡᠯᠡᠭᠰᠡᠨ ᠴᠠᠭ᠄
        2021/9/17
                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ            ᠥᠪᠥᠷ ᠵᠠᠰᠠᠭ ᠠᠯᠪᠠᠨ ᠲᠠᠷᠬᠠᠭᠠᠭᠰᠠᠨ ﹇2021﹈ 29 ᠳ᠋ᠦ᠋ᠭᠡᠷ ᠲᠣᠭᠠᠲᠤ      ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 20 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ︵ᠳᠣᠷᠣᠭᠰᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠭᠡᠵᠦ ᠲᠣᠪᠴᠢᠯᠠᠨ᠎ᠠ︶ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠯᠴᠠᠭ᠎ᠠ᠂ ᠲᠦᠷᠢᠮ ᠤᠨ ᠲᠣᠭᠲᠠᠯᠴᠠᠭ᠎ᠠ᠂ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠪᠠ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠪᠠ᠃      ᠨᠢᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠶ      ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠨᠠᠮ ᠤᠨ ᠤᠳᠤᠷᠢᠳᠤᠯᠭ᠎ᠠ ᠶᠢ ᠡᠮᠴᠢᠯᠡᠭᠡ ᠪᠠ ᠡᠮᠴᠢᠯᠡᠭᠡᠨ ᠤ ᠪᠠᠲᠤᠯᠠᠭ᠎ᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠢ᠃ ᠬᠠᠷᠢᠶ᠎ᠠ ᠪᠥᠬᠦᠶ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠨᠢ ᠦᠨᠡᠨ ᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠤᠳᠤᠷᠢᠳᠬᠤ ᠪᠠᠭ ᠪᠠ ᠤᠳᠤᠷᠢᠳᠬᠤ ᠬᠥᠮᠦᠰ ᠢᠯᠠᠩᠭᠤᠶ᠎ᠠ ᠭᠤᠤᠯ ᠬᠠᠷᠢᠭᠤᠴᠠᠯᠭᠠᠲᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠳᠡᠨ ᠤ ᠤᠯᠤᠰ ᠲᠥᠷᠥ ᠶᠢᠨ ᠬᠠᠷᠢᠭᠤᠴᠠᠯᠭ᠎ᠠ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠬᠡᠯᠡᠯᠴᠡᠬᠦ ᠶᠢ ᠨᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠬᠤᠶᠠᠷ︶ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢᠵᠢᠯ ᠤᠨ ᠪᠠᠶᠢᠭᠤᠯᠤᠯᠲᠠ᠂ ᠪᠠᠷᠢᠮᠵᠢᠶ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠵᠡᠷᠭᠡ ᠲᠠᠯ᠎ᠠ ᠳᠠᠬᠢ ᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠤᠷᠠᠯᠳᠤᠭᠤᠯᠤᠭᠴᠢ ᠪᠣᠯᠭᠠᠭᠰᠠᠨ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠣᠷᠣᠯᠴᠠᠭᠰᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠠᠵᠢᠯᠯᠠᠭᠠᠨ᠂ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠨᠠᠨ ᠪᠤᠳᠤᠬᠤ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠵᠣᠬᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ

        365赢多少钱会被限额_国内有真正的365平台吗_365bet博彩官网

        ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠨᠠᠨ ᠪᠤᠳᠤᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠭᠤᠷᠪᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠪᠠ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠬᠠᠷᠢᠭᠤᠴᠠᠵᠤ᠂ ᠡᠮᠴᠢᠯᠡᠭᠡᠨ ᠤ ᠪᠠᠶᠢᠭᠤᠯᠤᠮᠵᠢ ᠵᠢᠴᠢ ᠲᠡᠳᠡᠭᠡᠷ ᠤᠨ ᠡᠮᠨᠡᠯᠭᠡ ᠶᠢᠨ ᠠᠵᠢᠯᠲᠠᠳ ᠤᠨ ᠡᠮᠴᠢᠯᠡᠭᠡᠨ ᠤ ᠦᠢᠯᠡᠴᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠡᠮ ᠤᠨ ᠵᠦᠢᠯ ᠤᠨ ᠭᠦᠢᠯᠭᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠡᠮ ᠤᠨ ᠵᠦᠢᠯ ᠤᠨ ᠡᠵᠡᠩᠨᠡᠯᠲᠡ ᠶᠢᠨ ᠠᠵᠢᠯᠯᠠᠭ᠎ᠠ ᠪᠠ ᠠᠵᠢᠯ ᠡᠷᠬᠢᠯᠡᠬᠦ ᠡᠮ ᠨᠠᠶᠢᠷᠠᠭᠴᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ ᠬᠠᠮᠢᠶᠠᠷᠤᠯᠲᠠ ᠪᠠ ᠪᠠᠯᠠ ᠣᠷᠣᠭᠤᠯᠵᠤ ᠡᠵᠡᠩᠨᠡᠨ ᠠᠵᠢᠯᠯᠠᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠵᠦ ᠬᠢᠨᠠᠨ ᠪᠤᠳᠤᠬᠤ ᠲᠠᠯ᠎ᠠ ᠪᠠᠷ ᠴᠢᠩᠭᠠᠳᠬᠠᠬᠤ ᠶᠢ ᠬᠠᠷᠢᠭᠤᠴᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ ᠬᠡᠷᠡᠭᠯᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠡᠯ᠎ᠡ ᠲᠥᠷᠥᠯ ᠤᠨ ᠳᠠᠭᠠᠳᠬᠠᠯ ᠮᠡᠬᠡᠯᠡᠨ ᠠᠪᠬᠤ ᠠᠰᠠᠭᠤᠳᠠᠯ ᠢ ᠦᠷᠭᠦᠯᠵᠢᠯᠡᠨ ᠠᠩᠬᠠᠷᠬᠤ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠵᠦ ᠠᠪᠤᠭᠰᠠᠨ ᠰᠡᠵᠢᠭᠯᠡᠯᠲᠡᠶ ᠬᠡᠷᠡᠭ ᠢ ᠴᠠᠭ ᠲᠤᠬᠠᠶ ᠳᠤ ᠨᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ ᠬᠡᠷᠡᠭᠲᠡᠢ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠦᠷᠦᠭᠦᠯᠡᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠢ ᠤᠯᠠᠮ ᠨᠢᠭᠡ ᠠᠯᠬᠤᠮ ᠨᠠᠷᠢᠯᠢᠬᠵᠢᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠨᠠᠨ ᠪᠤᠳᠤᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠳᠥᠷᠪᠡ︶ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠶᠢ ᠨᠢ ᠠᠬᠢᠭᠤᠯᠬᠤ ᠬᠡᠷᠡᠭᠲᠡᠢ᠃ ᠠᠵᠢᠯ ᠲᠥᠷᠥᠯ ᠤᠨ ᠵᠢᠷᠤᠮᠵᠢᠯ᠂ ᠮᠡᠷᠭᠡᠵᠢᠯ ᠤᠨ ᠪᠠᠷᠢᠮᠵᠢᠶ᠎ᠠ᠂ ᠠᠵᠢᠯ ᠡᠷᠬᠢᠯᠡᠬᠦ ᠠᠵᠢᠯᠯᠠᠭ᠎ᠠ᠂ ᠬᠠᠮᠢᠶᠠᠷᠤᠯᠲᠠ ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠪᠠᠶᠢᠭᠤᠯᠤᠯᠲᠠ ᠵᠡᠷᠭᠡ ᠲᠠᠯ᠎ᠠ ᠪᠠᠷ ᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠢᠳᠡᠪᠬᠢ ᠦᠢᠯᠡᠳᠦᠯ ᠢ ᠨᠢ ᠪᠠᠳᠠᠷᠠᠭᠤᠯᠬᠤ ᠶᠢ ᠢᠳᠡᠪᠬᠢᠲᠡᠶ ᠠᠬᠢᠭᠤᠯᠵᠤ᠂ ᠠᠵᠢᠯ ᠲᠥᠷᠥᠯ ᠤᠨ ᠵᠢᠷᠤᠮᠵᠢᠯ ᠪᠠ ᠥᠪᠡᠷ ᠢ ᠪᠠᠨ ᠬᠢᠵᠠᠭᠠᠷᠯᠠᠬᠤ ᠶᠢ ᠨᠢ ᠠᠬᠢᠭᠤᠯᠬᠤ ᠬᠡᠷᠡᠭᠲᠡᠶ᠃ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠨᠢ ᠬᠠᠤᠯᠢᠵᠢᠯ ᠤᠨ ᠦᠵᠡᠯ ᠤᠬᠠᠮᠰᠠᠷ ᠢᠶᠠᠨ ᠦᠨᠡᠨ ᠬᠦ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠵᠣᠬᠢᠰᠲᠠᠶ ᠬᠡᠷᠡᠭᠯᠡᠵᠦ᠂ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠭᠦᠢᠴᠡᠳᠬᠡᠨ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠪᠠ ᠠᠵᠢᠯ ᠬᠢᠭᠰᠡᠳ ᠤᠨ ᠥᠪᠡᠷ ᠢ ᠪᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ᠂ ᠬᠥᠮᠦᠨ ᠤ ᠬᠦᠴᠦᠨ ᠤ ᠡᠬᠢ ᠪᠠᠶᠠᠯᠢᠭ᠂ ᠡᠳ᠋ ᠤᠨ ᠶᠠᠪᠤᠳᠠᠯ᠂ ᠡᠳ᠋ ᠬᠥᠷᠥᠩᠭᠡ᠂ ᠠᠮᠵᠢᠯᠲᠠ ᠪᠦᠲᠦᠮᠵᠢ᠂ ᠰᠢᠰᠲ᠋ᠧᠮ ᠤᠨ ᠠᠮᠤᠷ ᠲᠦᠪᠰᠢᠨ ᠵᠡᠷᠭᠡ ᠳᠣᠲᠣᠭᠠᠳᠤ ᠳᠠᠬᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠨ᠂ ᠳᠠᠭᠠᠳᠬᠠᠯ ᠳᠤ ᠣᠷᠣᠯᠴᠠᠭᠰᠠᠳ ᠲᠤ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠬᠤᠶᠠᠷ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠶ      ︵ᠲᠠᠪᠤ︶ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠪᠦᠷᠢᠨᠰᠢᠭᠦᠯᠬᠦ ᠬᠡᠷᠡᠭᠲᠡᠶ᠃ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠤᠯᠪᠣᠭᠠᠯᠠᠵᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯᠲᠠᠨ ᠪᠠ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠶᠢ ᠪᠠᠶᠢᠭᠤᠯᠤᠨ᠂ ᠰᠤᠭᠤᠴᠢᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠬᠥᠳᠡᠯᠦᠩᠭᠦᠶ ᠪᠠᠷ ᠬᠠᠮᠠᠭᠠᠯᠠᠨ ᠪᠠᠲᠤᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠡᠳᠦᠷ ᠲᠤᠲᠤᠮ ᠤᠨ ᠪᠠᠶᠢᠴᠠᠭᠠᠯᠲᠠ ᠪᠠᠨ ᠨᠡᠶᠢᠳᠡᠮ ᠪᠥᠷᠬᠦᠭᠦᠯᠬᠦ ᠶᠢ ᠪᠡᠶᠡᠯᠡᠭᠦᠯᠦᠨ᠎ᠡ︔ ᠬᠠᠷᠢᠴᠠᠯ ᠶᠣᠰᠣᠭᠠᠷ ᠭᠡᠨᠡᠳᠡᠭᠦᠯᠵᠦ ᠮᠥᠷᠳᠡᠨ ᠪᠠᠶᠢᠴᠠᠭᠠᠬᠤ ᠪᠠ ᠠᠶᠢᠮᠠᠭ ᠬᠤᠲᠠ ᠬᠤᠭᠤᠷᠣᠨᠳᠤ ᠪᠠᠨ ᠬᠠᠷᠢᠯᠴᠠᠨ ᠪᠠᠶᠢᠴᠠᠭᠠᠨ᠎ᠠ︔ ᠤᠯᠤᠰ ᠤᠨ ᠲᠤᠰᠬᠠᠶ ᠪᠠᠶᠢᠴᠠᠭᠠᠯᠲᠠ᠂ ᠭᠤᠤᠯᠳᠠᠯᠭ᠎ᠠ ᠲᠠᠢ ᠪᠠᠶᠢᠴᠠᠭᠠᠯᠲᠠ᠂ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠵᠡᠷᠭᠡ ᠶᠢ ᠤᠶᠠᠯᠳᠤᠭᠤᠯᠤᠭᠰᠠᠨ ᠣᠯᠠᠨ ᠬᠡᠯᠪᠡᠷᠢ ᠪᠠᠷ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ︔ ᠣᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ᠂ ᠵᠠᠭᠤᠴᠢᠯᠠᠭᠤᠷ ᠢᠶᠠᠷ ᠢᠯᠡᠴᠢᠯᠡᠭᠰᠡᠨ ᠪᠠ ᠪᠤᠰᠤᠳ ᠰᠠᠯᠠᠭ᠎ᠠ ᠮᠥᠴᠢᠷ ᠤᠨ ᠰᠢᠯᠵᠢᠭᠦᠯᠦᠨ ᠲᠤᠰᠢᠶᠠᠭᠰᠠᠨ ᠰᠦᠪᠡᠭᠴᠢ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠬᠡ ᠮᠡᠳᠡᠯ᠂ ᠲᠠᠰ ᠳᠠᠷᠠᠭᠠᠯᠠᠯ᠂ ᠰᠢᠢᠳᠬᠡᠨ ᠲᠣᠷᠭᠠᠬᠤ ᠪᠠᠷᠢᠮᠵᠢᠶ᠎ᠠ ᠵᠡᠷᠭᠡ ᠶᠢ ᠵᠢᠷᠤᠮᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠵᠡᠷᠭᠡ ᠬᠠᠮᠢᠶ᠎ᠠ ᠪᠥᠬᠦᠶ ᠲᠦᠷᠢᠮ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠢᠯᠡ ᠲᠣᠳᠣ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠬᠢᠷᠢ ᠬᠡᠮ ᠲᠠᠢ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠬᠢ ᠡᠲᠡᠭᠡᠳ ᠤᠨ ᠬᠦᠴᠦᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠤᠨ᠂ ᠬᠢᠨᠠᠯᠲᠠ ᠬᠠᠮᠢᠶᠠᠷᠤᠯᠲᠠ ᠶᠢᠨ ᠲᠤᠰᠬᠠᠶ ᠮᠡᠷᠬᠡᠵᠢᠯ ᠤᠨ ᠴᠢᠨᠠᠷ᠂ ᠣᠨᠣᠪᠴᠢᠲᠤ ᠴᠢᠨᠠᠷ᠂ ᠦᠷ᠎ᠡ ᠠᠰᠢᠭᠲᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠪᠠᠷ ᠰᠦᠢᠳᠬᠡᠯ ᠲᠤᠰᠢᠶᠠᠬᠤ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠵᠢᠷᠭᠤᠭ᠎ᠠ︶ ᠣᠶᠤᠨᠴᠢ ᠪᠠᠷ ᠬᠢᠨᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢ ᠪᠠᠷᠢᠮᠵᠢᠶᠠᠵᠢᠭᠤᠯᠬᠤ ᠪᠠ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠪᠠ ᠮᠡᠷᠭᠡᠵᠢᠯ ᠤᠨ ᠪᠠᠷᠢᠮᠵᠢᠶ᠎ᠠ ᠶᠢ ᠨᠢᠭᠡᠳᠬᠡᠨ᠂ ᠪᠥᠬᠦ ᠣᠷᠣᠨ ᠤ ᠨᠢᠭᠡᠳᠦᠯᠲᠡᠶ᠂ ᠥᠨᠳᠥᠷ ᠦᠷ᠎ᠡ ᠪᠦᠲᠦᠮᠵᠢᠲᠡᠶ᠂ ᠪᠠᠭᠲᠠᠭᠠᠮᠵᠢᠲᠠᠶ᠂ ᠳᠥᠭᠦᠮ ᠳᠥᠲᠡ᠂ ᠠᠮᠤᠷ ᠲᠦᠪᠰᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠪᠥᠬᠦ ᠶᠠᠪᠤᠴᠠ ᠪᠠᠨ ᠮᠡᠳᠡᠭᠡ ᠵᠠᠩᠭᠢᠴᠢᠯᠠᠬᠤ ᠶᠢ ᠪᠡᠶᠡᠯᠡᠭᠦᠯᠬᠦ ᠬᠡᠷᠡᠭᠲᠡᠢ᠃ ᠤᠯᠤᠰ ᠤᠨ ᠣᠶᠣᠨᠴᠢ ᠪᠠᠷ ᠬᠢᠨᠠᠨ ᠡᠵᠡᠮᠳᠡᠬᠦ ᠰᠢᠰᠲ᠋ᠧᠮ ᠯᠦᠭᠡ ᠨᠢᠭᠲᠠ ᠵᠣᠯᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠶᠣᠨᠴᠢ ᠪᠠᠷ ᠬᠢᠨᠠᠨ ᠡᠵᠡᠮᠳᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠨ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠬᠥᠮᠦᠨ ᠤ ᠬᠦᠴᠦ ᠪᠠᠷ ᠬᠠᠭᠤᠳᠠᠰᠤ ᠰᠤᠭᠤᠯᠵᠤ ᠬᠢᠨᠠᠨ ᠬᠠᠷᠭᠤᠭᠤᠯᠵᠤ ᠪᠠᠶᠢᠭᠰᠠᠨ ᠠᠴᠠ ᠲᠣᠮᠣ ᠳ᠋ᠠᠶᠢᠲ᠋ᠠ ᠪᠠᠷ ᠪᠥᠬᠦ ᠲᠠᠯ᠎ᠠ᠂ ᠪᠥᠬᠦ ᠶᠠᠪᠤᠴᠠ᠂ ᠪᠥᠬᠦ ᠭᠤᠭᠴᠣᠭᠠᠨ ᠤ ᠣᠶᠣᠨᠴᠢ ᠪᠠᠷ ᠬᠢᠨᠠᠨ ᠡᠵᠡᠮᠳᠡᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠶᠢ ᠬᠥᠲᠥᠯᠥᠨ ᠵᠢᠯᠣᠭᠤᠳᠬᠤ᠂ ᠵᠢᠷᠤᠮᠵᠢᠭᠤᠯᠬᠤ ᠪᠠ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠠᠵᠢᠯ ᠶᠠᠪᠤᠳᠠᠯ ᠤᠨ ᠡᠮᠦᠨᠡᠬᠢ ᠪᠠ ᠠᠵᠢᠯ ᠶᠠᠪᠤᠳᠠᠯ ᠤᠨ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠡᠮ ᠤᠨ ᠵᠦᠢᠯ᠂ ᠣᠨᠣᠰᠢᠯᠠᠨ ᠡᠮᠨᠡᠬᠦ ᠲᠥᠷᠥᠯ ᠵᠦᠢᠯ ᠪᠠ ᠡᠮᠴᠢᠯᠡᠬᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢᠨ ᠰᠠᠭᠤᠷᠢ ᠮᠡᠳᠡᠭᠡ ᠵᠠᠩᠭᠢ ᠶᠢᠨ ᠪᠠᠷᠢᠮᠵᠢᠶᠠᠲᠤ ᠬᠥᠮᠥᠷᠭᠡ ᠪᠠ ᠡᠮᠴᠢᠯᠡᠭᠡᠨ ᠤ ᠵᠦᠭᠯᠡᠭᠦᠷ ᠵᠡᠷᠭᠡ ᠠᠨᠠᠭᠠᠬᠤ ᠤᠬᠠᠭᠠᠨ ᠤ ᠮᠡᠳᠡᠯᠭᠡ ᠶᠢᠨ ᠬᠥᠮᠥᠷᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠶᠤᠨᠴᠢ ᠪᠠᠷ ᠬᠢᠨᠠᠨ ᠡᠵᠡᠮᠳᠡᠬᠦ ᠲᠦᠷᠢᠮ ᠢ ᠲᠡᠭᠦᠯᠳᠡᠷᠵᠢᠭᠦᠯᠦᠨ᠂ ᠬᠢᠨᠠᠨ ᠡᠵᠡᠮᠳᠡᠬᠦ ᠭᠦᠢᠴᠡᠳᠬᠡᠯ ᠲᠤᠭ᠎ᠠ ᠪᠠ ᠣᠶᠤᠨᠴᠢ ᠪᠠᠷ ᠬᠢᠨᠠᠨ ᠡᠵᠡᠮᠳᠡᠬᠦ ᠮᠡᠳᠡᠯᠭᠡ ᠶᠢᠨ ᠬᠥᠮᠥᠷᠭᠡ ᠶᠢ ᠨᠠᠷᠢᠯᠢᠬᠵᠢᠭᠤᠯᠵᠤ᠂ ᠣᠶᠤᠨᠴᠢ ᠪᠠᠷ ᠬᠢᠨᠠᠨ ᠡᠵᠡᠮᠳᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠣᠷᠣᠭᠤᠯᠬᠤ ᠪᠣᠷᠣᠯᠠᠭᠤᠯᠬᠤ ᠬᠠᠳᠠᠭᠠᠯᠠᠬᠤ ᠠᠵᠢᠯ ᠳᠤ ᠴᠠᠭ ᠲᠤᠬᠠᠶ ᠳᠤ ᠨᠢ ᠬᠠᠮᠢᠶᠠᠷᠤᠯᠲᠠ ᠬᠢᠬᠦ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠸᠢᠳᠢᠣ᠋ ᠪᠠᠷ ᠬᠢᠨᠠᠨ ᠡᠵᠡᠮᠳᠡᠬᠦ᠂ ᠠᠮᠢᠳᠤ ᠪᠣᠳᠠᠰ ᠤᠨ ᠣᠨᠴᠠᠯᠢᠭ ᠢᠶᠠᠷ ᠢᠯᠭᠠᠨ ᠲᠠᠨᠢᠬᠤ ᠵᠡᠷᠭᠡ ᠮᠡᠷᠭᠡᠵᠢᠯ ᠤᠨ ᠬᠡᠷᠡᠭᠯᠡᠯᠲᠡ ᠶᠢ ᠲᠤᠷᠰᠢᠯᠲᠡ ᠶᠢᠨ ᠴᠡᠭ ᠰᠣᠩᠭᠤᠵᠦ ᠳᠡᠯᠭᠡᠷᠡᠭᠦᠯᠬᠦ ᠬᠡᠷᠡᠭᠲᠡᠢ᠃ ᠤᠨᠳᠤᠤ ᠭᠠᠵᠠᠷ ᠲᠤ ᠡᠮᠨᠡᠭᠦᠯᠬᠦ᠂ ᠡᠮ ᠬᠤᠳᠠᠯᠳᠤᠨ ᠠᠪᠤᠪᠠᠯ ᠴᠠᠭ ᠲᠤ ᠨᠢ ᠲᠣᠭᠠᠴᠠᠭ᠎ᠠ ᠬᠢᠬᠦ᠂ ᠲᠣᠭᠠᠴᠠᠭ᠎ᠠ ᠬᠢᠭᠰᠡᠨ ᠲᠤᠭ᠎ᠠ ᠪᠠᠷᠢᠮᠲᠠ ᠪᠠᠨ ᠪᠦᠬᠦᠨ ᠢ ᠰᠦᠯᠵᠢᠶᠡᠨ ᠳᠤ ᠭᠠᠷᠭᠠᠬᠤ ᠶᠢ ᠨᠢ ᠠᠬᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠳᠣᠯᠤᠭ᠎ᠠ︶ ᠢᠯᠡᠴᠢᠯᠡᠨ ᠮᠡᠳᠡᠭᠦᠯᠦᠭᠰᠡᠨ ᠢ ᠨᠢ ᠱᠠᠩᠨᠠᠨ ᠭᠦᠬᠢᠭᠦᠯᠬᠦ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠨᠢ ᠱᠠᠩᠨᠠᠨ ᠭᠥᠬᠢᠭᠦᠯᠬᠦ ᠲᠦᠷᠢᠮ ᠢ ᠲᠡᠭᠦᠯᠳᠡᠷᠵᠢᠭᠦᠯᠵᠦ᠂ ᠢᠯᠡᠴᠢᠯᠡᠨ ᠮᠡᠳᠡᠭᠦᠯᠪᠡᠯ ᠱᠠᠩᠨᠠᠨ ᠭᠥᠬᠢᠭᠦᠯᠬᠦ ᠬᠡᠪᠴᠢᠶ᠎ᠡ᠂ ᠨᠥᠬᠦᠴᠡᠯ᠂ ᠲᠠᠰ ᠳᠠᠷᠠᠭᠠᠯᠠᠯ᠂ ᠪᠠᠷᠢᠮᠵᠢᠶ᠎ᠠ ᠶᠢ ᠴᠠᠭ ᠲᠤ ᠨᠢ ᠳᠣᠭᠢᠷᠠᠭᠤᠯᠤᠨ ᠪᠠᠶᠢᠵᠦ ᠳᠣᠭᠢᠷᠠᠭᠤᠯᠬᠤ ᠪᠠ ᠵᠢᠷᠤᠮᠵᠢᠭᠤᠯᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠱᠠᠩᠨᠠᠨ ᠭᠦᠬᠢᠭᠦᠯᠬᠦ ᠪᠠᠨ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠱᠠᠩᠨᠠᠯ ᠤᠨ ᠮᠥᠩᠭᠦ ᠪᠠᠨ ᠴᠠᠭ ᠲᠤᠬᠠᠶ ᠳᠤ ᠨᠢ ᠣᠯᠭᠤᠵᠤ᠂ ᠣᠯᠠᠨ ᠲᠦᠮᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ᠃ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠵᠠᠮ ᠮᠥᠷ ᠢ ᠰᠢᠯᠤᠭᠤᠳᠬᠠᠵᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠪᠠᠷ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠵᠢᠷᠤᠮᠵᠢᠭᠤᠯᠤᠨ᠂ ᠪᠥᠬᠦ ᠣᠷᠣᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠪᠠᠷ ᠪᠠᠶᠢᠴᠠᠭᠠᠨ ᠰᠢᠢᠳᠪᠦᠷᠢᠯᠡᠬᠦ ᠨᠢᠭᠡᠳᠦᠯᠲᠡᠶ ᠲᠠᠪᠴᠠᠩ ᠢ ᠪᠠᠶᠢᠭᠤᠯᠵᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠬᠠᠤᠯᠢ ᠶᠣᠰᠣᠭᠠᠷ ᠪᠠᠶᠢᠴᠠᠭᠠᠬᠤ᠂ ᠲᠣᠭᠲᠠᠭᠠᠯ ᠶᠣᠰᠣᠭᠠᠷ ᠰᠢᠢᠳᠪᠦᠷᠢᠯᠡᠬᠦ᠂ ᠦᠷ᠎ᠡ ᠳ᠋ᠦᠩ ᠢ ᠨᠢ ᠬᠠᠷᠢᠭᠤ ᠲᠤᠰᠬᠠᠬᠤ ᠲᠠᠯ᠎ᠠ ᠶᠢᠨ ᠴᠥᠷᠭᠡᠯᠡᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ︔ ᠢᠯᠡᠴᠢᠯᠡᠨ ᠮᠡᠳᠡᠭᠦᠯᠦᠭᠰᠡᠨ ᠰᠦᠪᠡᠭᠴᠢ ᠪᠠᠷ ᠰᠢᠮᠳᠠᠭᠤᠯᠤᠨ ᠰᠢᠢᠳᠪᠦᠷᠢᠯᠡᠵᠦ ᠭᠦᠢᠴᠡᠳᠬᠡᠬᠦ ᠶᠢ ᠴᠢᠩᠳᠠᠯᠠᠨ᠂ ᠬᠢᠨᠠᠵᠤ ᠬᠠᠷᠭᠤᠭᠤᠯᠤᠭᠰᠠᠨ ᠠᠰᠠᠭᠤᠳᠠᠯ ᠢ ᠴᠢᠩᠭ᠎ᠠ ᠰᠢᠢᠳᠪᠦᠷᠢᠯᠡᠬᠦ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ︶      ︵ᠨᠠᠢᠮᠠ︶ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠦᠢᠯᠡᠴᠢᠯᠡᠭᠡᠨ ᠤ ᠵᠥᠪᠯᠡᠯᠴᠡᠭᠡᠷ ᠶᠣᠰᠣᠭᠠᠷ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠮᠡᠳᠡᠭᠦᠯᠬᠦ ᠳᠦᠷᠢᠮ ᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠮᠡᠳᠡᠭᠦᠯᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠬᠦᠨ ᠤ ᠬᠢᠨᠠᠯᠲᠠ ᠬᠠᠮᠢᠶᠠᠷᠤᠯᠲᠠ ᠳᠠᠬᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ᠂ ᠭᠦᠢᠴᠡᠳᠬᠡᠬᠦ ᠪᠠᠷ ᠳᠠᠩᠰᠠᠯᠠᠨ ᠲᠡᠮᠳᠡᠭᠯᠡᠬᠦ᠂ ᠬᠢᠷᠢ ᠴᠢᠳᠠᠮᠵᠢ ᠶᠢ ᠬᠢᠨᠠᠨ ᠬᠠᠷᠭᠤᠭᠤᠯᠬᠤ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠡᠳᠦᠷ ᠲᠤᠲᠤᠮ ᠤᠨ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠵᠦ ᠪᠠᠶᠢᠴᠠᠭᠠᠬᠤ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠪᠥᠬᠦ ᠶᠠᠪᠤᠴᠠ ᠶᠢ ᠬᠠᠮᠤᠷᠤᠭᠰᠠᠨ ᠪᠠᠶᠢᠬᠤ ᠬᠡᠷᠡᠭᠲᠡᠢ᠃ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠶᠡᠭᠡ ᠡᠮᠴᠢ ︵ᠡᠮ ᠨᠠᠶᠢᠷᠠᠭᠴᠢ︶ ᠪᠠ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ᠢᠲᠡᠭᠡᠮᠵᠢ ᠶᠢᠨ ᠦᠨᠡᠯᠡᠯᠲᠡ ᠶᠢᠨ ᠳᠦᠷᠢᠮ ᠪᠠ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠴᠦ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠶᠡᠷᠦᠩᠬᠡᠶ ᠠᠮᠵᠢᠯᠲᠠ ᠪᠦᠲᠦᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ ᠢ ᠲᠥᠰᠦᠪ ᠤᠨ ᠬᠠᠮᠢᠶᠠᠷᠤᠯᠲᠠ᠂ ᠰᠦᠢᠳᠬᠡᠯ ᠲᠤᠰᠢᠶᠠᠭᠰᠠᠨ ᠢ ᠨᠢ ᠲᠤᠯᠭᠠᠨ ᠬᠠᠷᠭᠤᠭᠤᠯᠬᠤ᠂ ᠲᠣᠭᠲᠠᠭᠰᠠᠨ ᠴᠡᠭ ᠤᠨ ᠵᠥᠪᠯᠡᠯᠴᠡᠭᠡᠷ ᠢᠶᠠᠷ ᠬᠠᠮᠢᠶᠠᠷᠬᠤ ᠵᠢᠴᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠰᠢᠯᠵᠢᠭᠦᠯᠦᠨ ᠥᠭᠬᠦ ᠯᠦᠭᠡ ᠬᠤᠯᠪᠣᠭᠳᠠᠭᠤᠯᠤᠭᠰᠠᠨ ᠪᠠᠶᠢᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ ᠡᠲᠡᠭᠡᠳ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠬᠠᠤᠯᠢ ᠪᠠ ᠲᠣᠭᠲᠠᠭᠠᠯ ᠶᠣᠰᠣᠭᠠᠷ ᠴᠢᠩᠭᠠᠳᠬᠠᠨ ᠵᠢᠷᠤᠮᠵᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠶᠢᠰᠦ︶ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠳᠤ ᠲᠦᠰᠢᠭᠯᠡᠨ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠠᠮᠵᠢᠯᠴᠠᠬᠤ᠂ ᠬᠠᠮᠵᠢᠯᠴᠠᠨ ᠬᠢᠨᠠᠵᠤ ᠬᠠᠮᠢᠶᠠᠷᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠤᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠦᠯᠬᠦ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ ᠰᠢᠰᠲ᠋ᠧᠮ ᠤᠨ ᠲᠠᠪᠴᠠᠩ ᠳᠤ ᠲᠦᠰᠢᠭᠯᠡᠵᠦ᠂ ᠣᠯᠠᠨ ᠰᠠᠯᠠᠭ᠎ᠠ ᠮᠥᠴᠢᠷ ᠤᠨ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ᠂ ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ ᠨᠡᠶᠢᠯᠡᠮᠡᠯ ᠬᠦᠴᠦᠨ ᠢ ᠴᠢᠩᠭᠠᠷᠠᠭᠤᠯᠬᠤ ᠬᠡᠷᠡᠭᠲᠡᠢ᠃ ᠳᠠᠭᠠᠳᠬᠠᠯ ᠮᠡᠬᠡᠯᠡᠵᠦ ᠠᠪᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠣᠭᠠᠳ ᠲᠡᠭᠦᠨ ᠯᠦᠭᠡ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠡᠭᠦᠷᠬᠡ ᠬᠠᠷᠢᠭᠤᠴᠠᠯᠭ᠎ᠠ ᠡᠷᠬᠡ ᠮᠡᠳᠡᠯ ᠶᠤᠰᠤᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠯᠤᠭ᠎ᠠ ᠵᠣᠯᠭᠠᠭᠤᠯᠬᠤ ᠠᠷᠭ᠎ᠠ ᠶᠢ ᠲᠣᠭᠲᠠᠭᠠᠵᠤ᠂ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠣᠬᠢᠯᠲᠠ ᠥᠭᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠯᠤᠭ᠎ᠠ ᠵᠣᠯᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠠᠷᠪᠠ︶ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠴᠠ ᠶᠢ ᠪᠦᠷᠢᠨᠰᠢᠬᠦᠯᠵᠦ᠂ ᠬᠢᠨᠠᠯᠲᠠ ᠲᠠᠯᠪᠢᠬᠤ ᠵᠠᠮ ᠮᠥᠷ ᠢ ᠥᠷᠭᠡᠳᠬᠡᠨ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠬᠤ ᠬᠡᠷᠡᠭᠲᠡᠶ᠃ ᠬᠠᠤᠯᠢ ᠲᠦᠭᠡᠮᠡᠯᠵᠢᠭᠦᠯᠬᠦ ᠬᠥᠮᠦᠵᠢᠯ ᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠣᠯᠠᠨ ᠨᠡᠶᠢᠲᠡ ᠶᠢᠨ ᠤᠬᠠᠮᠰᠠᠷ ᠢ ᠨᠢ ᠴᠢᠩᠭᠠᠷᠠᠭᠤᠯᠬᠤ ᠬᠡᠷᠡᠭᠲᠡᠢ᠃ ᠮᠡᠳᠡᠭᠡ ᠵᠠᠩᠭᠢ ᠶᠢᠨ ᠢᠯᠡ ᠨᠡᠶᠢᠲᠡᠯᠡᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠵᠢᠯ ᠪᠦᠷᠢ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ ᠦᠯᠡᠳᠡᠪᠦᠷᠢ ᠪᠠ ᠠᠰᠢᠭ ᠣᠷᠣᠯᠭ᠎ᠠ ᠶᠢᠨ ᠪᠠᠶᠢᠳᠠᠯ ᠢ ᠨᠡᠶᠢᠭᠡᠮ ᠳᠤ ᠵᠠᠷᠯᠠᠨ ᠨᠡᠶᠢᠲᠡᠯᠡᠵᠦ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠬᠠᠤᠯᠢ ᠪᠠ ᠲᠣᠭᠲᠠᠭᠠᠯ ᠶᠣᠰᠣᠭᠠᠷ ᠡᠮ ᠡᠮᠨᠡᠯᠭᠡ ᠶᠢᠨ ᠵᠠᠷᠤᠳᠠᠯ ᠵᠢᠴᠢ ᠵᠠᠷᠤᠳᠠᠯ ᠤᠨ ᠪᠦᠲᠦᠴᠡ ᠪᠠᠨ ᠢᠯᠡ ᠪᠣᠯᠭᠠᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ᠂ ᠨᠡᠶᠢᠭᠡᠮ ᠤᠨ ᠬᠢᠨᠠᠯᠲᠠ ᠲᠠᠯᠪᠢᠭᠴᠢ ᠶᠢ ᠰᠠᠨᠠᠭᠠᠴᠢᠯᠠᠭ᠎ᠠ ᠠᠴᠠ ᠪᠠᠨ ᠤᠷᠢᠵᠤ ᠭᠡᠨᠡᠳᠡᠭᠦᠯᠦᠨ ᠮᠥᠷᠳᠡᠵᠦ ᠪᠠᠶᠢᠴᠠᠭᠠᠬᠤ᠂ ᠲᠤᠰᠬᠠᠶ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠳᠤ ᠣᠷᠣᠯᠴᠠᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠭᠤᠴᠢᠯᠠᠭᠤᠷ ᠤᠨ ᠪᠠᠶᠢᠳᠠᠯ ᠢᠶᠠᠨ ᠮᠡᠳᠡᠯᠴᠡᠬᠦ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠳᠠᠭᠠᠳᠬᠠᠯ ᠮᠡᠬᠡᠯᠡᠵᠦ ᠠᠪᠤᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠭᠦᠭᠰᠡᠨ ᠨᠡᠶᠢᠲᠡᠯᠢᠭ ᠬᠡᠷᠡᠭ ᠢ ᠨᠡᠶᠢᠲᠡᠯᠡᠬᠦ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠢ ᠭᠦᠢᠴᠡᠳ ᠠᠰᠢᠭᠯᠠᠵᠤ ᠥᠷᠭᠡᠨ ᠳᠡᠯᠭᠡᠷ ᠤᠬᠠᠭᠤᠯᠬᠤ ᠠᠵᠢᠯ ᠢ ᠥᠷᠨᠢᠭᠦᠯᠵᠦ᠂ ᠤᠬᠠᠭᠤᠯᠬᠤ ᠰᠡᠳᠬᠢᠮᠵᠢ ᠪᠠ ᠠᠷᠭ᠎ᠠ ᠬᠡᠯᠪᠡᠷᠢ ᠠᠷᠭ᠎ᠠ ᠪᠠᠷᠢᠯ ᠢᠶᠠᠨ ᠲᠠᠰᠤᠷᠠᠯᠲᠠ ᠥᠬᠡᠶ ᠪᠠᠶᠠᠯᠢᠭᠵᠢᠭᠤᠯᠤᠨ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠥᠪ ᠲᠠᠨᠢᠭᠤᠯᠬᠤ ᠪᠠ ᠲᠡᠭᠦᠨ ᠳᠤ ᠰᠠᠨᠠᠭᠠᠴᠢᠯᠠᠭ᠎ᠠ ᠠᠴᠠ ᠨᠢ ᠣᠷᠣᠯᠴᠠᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ᠭᠤᠷᠪᠠ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ      ︵ᠠᠷᠪᠠᠨ ᠨᠢᠭᠡ︶ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢᠵᠢᠯ ᠤᠨ ᠲᠦᠷᠢᠮ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ︾ ᠵᠢᠴᠢ ᠲᠡᠭᠦᠨ ᠯᠦᠭᠡ ᠲᠦᠬᠦᠷᠵᠢᠭᠦᠯᠦᠭᠰᠡᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠡᠷᠬᠡ ᠮᠡᠳᠡᠯ᠂ ᠲᠠᠰ ᠳᠠᠷᠠᠭᠠᠯᠠᠯ ᠪᠠ ᠰᠢᠢᠳᠬᠡᠨ ᠲᠣᠷᠭᠠᠬᠤ ᠪᠠᠷᠢᠮᠵᠢᠶ᠎ᠠ ᠵᠡᠷᠭᠡ ᠶᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠵᠢᠷᠤᠮᠯᠠᠬᠤ ᠠᠴᠠ ᠬᠠᠤᠯᠢ ᠲᠠᠢ ᠪᠠᠶᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠠᠬᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠵᠥᠪᠯᠡᠯᠴᠡᠭᠡᠷ ᠢᠶᠠᠷ ᠬᠠᠮᠢᠶᠠᠷᠬᠤ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠬᠢᠭᠡᠳ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠭᠤᠷᠣᠨᠳᠣ ᠪᠠᠨ ᠵᠥᠪᠳᠡᠯᠴᠡᠨ ᠬᠡᠯᠡᠯᠴᠡᠬᠦ ᠲᠣᠭᠲᠠᠴᠠ ᠶᠢ ᠪᠦᠷᠢᠨᠰᠢᠭᠦᠯᠦᠨ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠬᠥᠳᠡᠯᠦᠩᠭᠦᠶ ᠬᠠᠮᠢᠶᠠᠷᠤᠯᠲᠠ ᠶᠢ ᠪᠠᠶᠢᠭᠤᠯᠵᠤ᠂ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ ᠦᠢᠯᠡᠴᠢᠯᠡᠬᠦ ᠠᠵᠢᠯᠯᠠᠭ᠎ᠠ ᠳᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠤᠭᠤᠯᠬᠤ ᠡᠲᠡᠭᠡᠳ ᠢ ᠨᠢ ᠡᠮᠴᠢᠯᠡᠭᠡᠨ ᠤ ᠪᠠᠶᠢᠭᠤᠯᠤᠮᠵᠢ ᠠᠴᠠ ᠡᠮᠨᠡᠯᠭᠡ ᠶᠢᠨ ᠠᠵᠢᠯᠲᠠᠨ ᠬᠦᠷᠲᠡᠯ᠎ᠡ ᠤᠷᠲᠤᠳᠬᠠᠵᠤ᠂ ᠬᠢᠨᠠᠨ ᠬᠠᠮᠢᠶᠠᠷᠬᠤ ᠭᠤᠤᠯᠳᠠᠯᠭ᠎ᠠ ᠪᠠᠨ ᠡᠮᠴᠢᠯᠡᠭᠡᠨ ᠤ ᠵᠠᠷᠤᠳᠠᠯ ᠢ ᠡᠵᠡᠮᠳᠡᠬᠦ ᠠᠴᠠ ᠡᠮᠴᠢᠯᠡᠭᠡᠨ ᠤ ᠵᠠᠷᠤᠳᠠᠯ ᠪᠠ ᠡᠮᠴᠢᠯᠡᠭᠡᠨ ᠤ ᠦᠢᠯᠡᠴᠢᠯᠡᠭᠡᠨ ᠤ ᠠᠮᠵᠢᠯᠲᠠ ᠪᠦᠲᠦᠮᠵᠢ ᠬᠤᠶᠠᠷ ᠢ ᠨᠢ ᠡᠵᠡᠮᠳᠡᠬᠦ ᠲᠡᠢᠰᠢ ᠬᠤᠪᠢᠷᠠᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠣᠨᠣᠰᠢᠯᠠᠨ ᠡᠮᠨᠡᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠡᠮ ᠨᠠᠶᠢᠷᠠᠭᠴᠢ᠂ ᠵᠣᠷ ᠲᠤ ᠦᠨᠡᠯᠡᠯᠲᠡ ᠬᠢᠬᠦ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠡᠷᠡᠭᠯᠡᠯᠲᠡ ᠪᠠ ᠦᠨᠡᠯᠡᠯᠲᠡ ᠵᠡᠷᠭᠡ ᠶᠢᠨ ᠪᠠᠷᠢᠮᠵᠢᠶ᠎ᠠ ᠶᠢ ᠵᠢᠷᠤᠮᠵᠢᠭᠤᠯᠤᠨ ᠬᠡᠷᠡᠭᠯᠡᠬᠦ ᠪᠠᠨ ᠴᠢᠩᠭᠠᠷᠠᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶      ︵ᠠᠷᠪᠠᠨ ᠬᠤᠶᠠᠷ︶ ᠰᠠᠭᠤᠷᠢ ᠮᠥᠩᠭᠦᠨ ᠤ ᠬᠢᠨᠠᠯᠲᠠ ᠲᠠᠯᠪᠢᠵᠤ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯᠲᠠᠨ ᠤ ᠬᠦᠴᠦᠨ ᠢ ᠴᠢᠩᠭᠠᠷᠠᠭᠤᠯᠤᠨ᠂ ᠮᠡᠷᠭᠡᠵᠢᠯ ᠤᠨ ᠠᠷᠭ᠎ᠠ ᠪᠠᠷᠢᠯ ᠢ ᠴᠢᠩᠭᠠᠷᠠᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠂ ᠠᠵᠢᠯ ᠶᠠᠪᠤᠳᠠᠯ ᠤᠨ ᠡᠷᠬᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠤᠨ ᠬᠡᠪᠴᠢᠶ᠎ᠡ ᠶᠢ ᠲᠣᠳᠣᠷᠬᠠᠶ ᠲᠣᠭᠲᠠᠭᠠᠬᠤ ᠬᠡᠷᠡᠭᠲᠡᠢ︔ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠵᠥᠪᠯᠡᠯᠴᠡᠭᠡᠷ ᠢᠶᠠᠷ ᠬᠠᠮᠢᠶᠠᠷᠬᠤ ᠬᠠᠷᠢᠴᠠᠭ᠎ᠠ ᠶᠢ ᠰᠢᠯᠤᠭᠤᠳᠬᠠᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠭᠠᠷᠲᠠᠨ ᠭᠦᠢᠴᠡᠳᠬᠡᠬᠦ ᠶᠢᠨ ᠲᠤᠯᠭᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠲᠣᠳᠣᠷᠬᠠᠶᠢᠯᠠᠨ᠂ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠶ᠃ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠵᠥᠪᠯᠡᠯᠴᠡᠭᠡᠷ ᠢᠶᠠᠷ ᠬᠠᠮᠢᠶᠠᠷᠬᠤ᠂ ᠵᠠᠷᠤᠳᠠᠯ ᠢ ᠬᠢᠨᠠᠨ ᠡᠵᠡᠮᠳᠡᠬᠦ᠂ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠮᠥᠷᠳᠡᠨ ᠦᠷ᠎ᠡ ᠪᠦᠲᠦᠮᠵᠢ ᠶᠢ ᠨᠢ ᠲᠤᠯᠭᠠᠨ ᠨᠢᠭᠲᠠᠯᠠᠵᠤ᠂ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠳᠣᠲᠣᠭᠠᠳᠤ ᠶᠢᠨ ᠲᠦᠭᠰᠢᠭᠦᠷᠢ ᠪᠠᠨ ᠡᠵᠡᠮᠳᠡᠬᠦ ᠳᠤ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠯᠲᠡ ᠬᠢᠵᠦ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠣᠲᠣᠭᠠᠳᠤ ᠳᠠᠬᠢ ᠰᠡᠷᠭᠡᠶᠢᠯᠡᠨ ᠡᠵᠡᠮᠳᠡᠬᠦ ᠱᠤᠭᠤᠮ ᠢ ᠨᠢ ᠪᠠᠬᠢᠵᠢᠭᠦᠯᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠨ᠂ ᠡᠮᠴᠢᠯᠡᠭᠡ᠂ ᠺᠣᠮᠫᠢᠦ᠋ᠲ᠋ᠧᠷ᠂ ᠨᠢᠭᠲᠠᠯᠠᠨ ᠪᠤᠳᠤᠬᠤ᠂ ᠬᠢᠨᠠᠨ ᠪᠤᠳᠤᠬᠤ ᠵᠡᠷᠭᠡ ᠲᠠᠯ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠲᠡᠢ︔ ᠭᠠᠷᠴᠤ ᠶᠠᠪᠤᠵᠤ ᠪᠣᠯᠪᠠᠰᠤᠷᠠᠭᠤᠯᠬᠤ ᠪᠠ ᠪᠣᠳᠠᠲᠠᠶ ᠪᠠᠶᠢᠴᠠᠭᠠᠯᠲᠠ ᠳᠤ ᠣᠷᠣᠯᠴᠠᠨ ᠪᠠᠶᠢᠴᠠᠭᠠᠬᠤ ᠪᠠᠷ ᠪᠣᠯᠪᠠᠰᠤᠷᠠᠭᠤᠯᠬᠤ ᠶᠢ

        365赢多少钱会被限额_国内有真正的365平台吗_365bet博彩官网

        ᠣᠷᠣᠯᠠᠭᠤᠯᠵᠤ᠂ ᠬᠢᠨᠠᠨ ᠬᠠᠮᠢᠶᠠᠷᠬᠤ ᠡᠩᠨᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠳᠤ ᠪᠠᠨ ᠬᠡᠷᠡᠭᠰᠡᠬᠦ ᠠᠵᠢᠯᠲᠠᠨ᠂ ᠲᠥᠬᠦᠭᠡᠷᠦᠮᠵᠢ ᠪᠠ ᠬᠠᠮᠢᠶ᠎ᠠ ᠪᠦᠬᠦᠢ ᠪᠡᠯᠡᠳᠬᠡᠮᠵᠢ ᠬᠠᠩᠭᠠᠵᠤ ᠥᠭᠬᠦ ᠶᠢ ᠪᠠᠲᠤᠯᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ︵ᠠᠷᠪᠠᠨ ᠭᠤᠷᠪᠠ︶ ᠳᠠᠭᠠᠳᠬᠠᠯ ᠮᠡᠬᠡᠯᠡᠵᠦ ᠠᠪᠤᠭᠰᠠᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠦᠷᠢᠮ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠯᠳᠠᠰᠢ ᠭᠠᠷᠬᠤ ᠶᠢ ᠬᠤᠷᠢᠭᠯᠠᠬᠤ ᠪᠥᠭᠡᠳ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠳᠠᠭᠠᠳᠬᠠᠯ ᠮᠡᠬᠡᠯᠡᠵᠦ ᠠᠪᠤᠭᠰᠠᠨ ᠳᠤ ᠴᠣᠬᠢᠯᠲᠠ ᠥᠭᠴᠦ ᠲᠤᠰᠬᠠᠶᠢᠯᠠᠨ ᠵᠠᠰᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠬᠡᠷᠡᠭ ᠢ ᠬᠤᠯᠪᠣᠭᠠᠯᠠᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠪᠠᠷᠢᠮᠵᠢᠶ᠎ᠠ ᠪᠠ ᠴᠤᠪᠤᠷᠠᠯ ᠢ ᠲᠡᠭᠦᠯᠳᠡᠷᠵᠢᠭᠦᠯᠦᠨ᠂ ᠵᠥᠪᠯᠡᠯᠴᠡᠭᠡᠷ᠂ ᠵᠠᠰᠠᠭ ᠵᠠᠬᠢᠷᠭᠠᠨ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠳᠠᠭᠠᠳᠬᠠᠯ ᠮᠡᠬᠡᠯᠡᠵᠦ ᠠᠪᠤᠭᠰᠠᠨ ᠨᠢᠭᠡᠴᠢ ᠪᠠ ᠬᠤᠪᠢ ᠬᠥᠮᠦᠨ ᠢ ᠴᠢᠩᠭ᠎ᠠ ᠰᠢᠢᠳᠬᠡᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠴᠢᠮ ᠢᠶᠠᠨ ᠬᠠᠤᠯᠢ ᠪᠠ ᠲᠣᠭᠲᠠᠭᠠᠯ ᠶᠣᠰᠣᠭᠠᠷ ᠴᠢᠩᠭᠠᠷᠠᠭᠤᠯᠵᠤ᠂ ᠶᠠᠯ᠎ᠠ ᠳᠤ ᠬᠦᠷᠦᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠠᠶᠢᠴᠠᠭᠠᠨ ᠳᠣᠲᠣᠯᠠᠭᠠᠳ ᠳᠠᠭᠠᠳᠬᠠᠯ ᠮᠡᠬᠡᠯᠡᠵᠦ ᠠᠪᠤᠭᠰᠠᠨ ᠦᠢᠯᠡ ᠪᠠᠶᠢᠳᠠᠯ ᠨᠢ ᠣᠨᠴᠠ ᠬᠦᠨᠳᠦ ᠨᠣᠴᠢᠲᠠᠶ ᠪᠠᠶᠢᠭ᠎ᠠ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠵᠥᠪᠯᠡᠯᠴᠡᠭᠡᠷ ᠢᠶᠠᠨ ᠬᠦᠴᠦᠨ ᠥᠬᠡᠶ ᠪᠣᠯᠭᠠᠵᠤ᠂ ᠲᠡᠳᠡᠨ ᠤ ᠬᠠᠷᠢᠭᠤᠴᠠᠭᠴᠢ ᠡᠮᠴᠢ ᠶᠢᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠬᠢᠷᠢ ᠬᠡᠮ ᠢ ᠨᠢ ᠬᠠᠤᠯᠢ ᠶᠣᠰᠣᠭᠠᠷ ᠲᠦᠷ ᠵᠣᠭᠰᠣᠭᠠᠬᠤ ᠬᠡᠷᠡᠭᠲᠡᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠢ ᠨᠢ ᠵᠣᠭᠰᠣᠭᠠᠨ ᠴᠡᠭᠴᠡᠯᠡᠬᠦ᠂ ᠠᠵᠢᠯ ᠡᠷᠭᠢᠯᠡᠬᠦ ︵ᠡᠵᠡᠩᠨᠡᠬᠦ︶ ᠬᠢᠷᠢ ᠬᠡᠮ ᠢ ᠨᠢ ᠬᠦᠴᠦᠨ ᠥᠬᠡᠶ ᠪᠣᠯᠭᠠᠬᠤ᠂ ᠠᠵᠢᠯ ᠡᠷᠭᠢᠯᠡᠬᠦ ᠶᠢ ᠨᠢ ᠬᠢᠵᠠᠭᠠᠷᠯᠠᠬᠤ ᠵᠡᠷᠭᠡ ᠰᠢᠢᠳᠬᠡᠯ ᠲᠣᠷᠭᠠᠭᠤᠯᠢ ᠥᠭᠬᠦ ᠶᠢ ᠬᠠᠤᠯᠢ ᠶᠣᠰᠣᠭᠠᠷ ᠲᠣᠭᠲᠠᠭᠠᠵᠤ᠂ ᠵᠠᠯᠬᠠᠭᠠᠨ ᠰᠢᠢᠳᠬᠡᠬᠦ ᠰᠦᠷ ᠬᠦᠴᠦᠨ ᠢ ᠴᠢᠩᠭᠠᠷᠠᠭᠤᠯᠬᠤ ᠬᠡᠷᠡᠭᠲᠡᠶ᠃ ᠳᠠᠭᠠᠳᠬᠠᠯ ᠮᠡᠬᠡᠯᠡᠵᠦ ᠠᠪᠤᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠨᠢᠭᠡᠴᠢ ᠪᠠ ᠬᠤᠪᠢ ᠬᠥᠮᠦᠨ ᠢ ᠪᠣᠯ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠡᠲᠡᠭᠡᠳ ᠤᠨ ᠨᠡᠷᠡᠰ ᠲᠤ ᠣᠷᠣᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠳᠥᠷᠪᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠶ      ︵ᠠᠷᠪᠠᠨ ᠳᠥᠷᠪᠡ︶ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠥᠬᠦᠶ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠪᠦᠷᠢᠳᠬᠡᠨ ᠬᠤᠪᠢ ᠲᠣᠭᠲᠠᠭᠠᠬᠤ ᠠᠷᠭ᠎ᠠ ᠶᠢᠨ ᠶᠡᠷᠦᠩᠬᠡᠶ ᠲᠣᠭᠠᠨ ᠤ ᠲᠥᠰᠦᠪ ᠪᠠ ᠡᠪᠡᠳᠴᠢᠨ ᠤ ᠲᠥᠷᠥᠯ ᠤᠨ ᠨᠣᠭᠳᠠᠭᠰᠠᠨ ᠥᠷᠲᠡᠭ ᠢᠶᠠᠷ ᠰᠦᠢᠳᠬᠡᠯ ᠲᠤᠰᠢᠶᠠᠬᠤ ︵DIP︶᠂ ᠶᠡᠷᠦᠩᠬᠡᠶ ᠲᠣᠭᠠᠨ ᠤ ᠡᠵᠡᠮᠰᠢᠯ ᠳᠠᠬᠢ ᠡᠪᠡᠳᠴᠢᠨ ᠡᠮᠭᠡᠭ ᠤᠨ ᠣᠨᠣᠰᠢᠯ ᠢᠶᠠᠷ ᠨᠢ ᠬᠠᠮᠢᠶ᠎ᠠ ᠪᠥᠬᠦᠶ ᠪᠠᠭ ᠬᠤᠪᠢᠶᠠᠨ ᠰᠦᠢᠳᠬᠡᠯ ᠲᠤᠰᠢᠶᠠᠬᠤ ︵DRG︶ ᠪᠠᠷ ᠭᠤᠤᠯ ᠪᠣᠯᠭᠠᠭᠰᠠᠨ ᠲᠣᠭᠠᠴᠠᠭ᠎ᠠ ᠬᠢᠬᠦ ᠣᠯᠠᠨ ᠡᠰᠢᠲᠦ ᠬᠠᠮ ᠠᠷᠭ᠎ᠠ ᠬᠡᠯᠪᠡᠷᠢ ᠶᠢ ᠬᠡᠷᠡᠭᠵᠢᠭᠦᠯᠦᠨ᠂ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠲᠤᠷᠠᠭᠤᠯᠤᠨ ᠰᠦᠢᠳᠬᠡᠯ ᠲᠤᠰᠢᠶᠠᠬᠤ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠢ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠶᠡᠷᠦᠩᠬᠡᠶ ᠲᠣᠭᠠᠨ ᠤ ᠲᠥᠰᠦᠪ ᠤᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠰᠠᠭᠤᠷᠢ ᠮᠥᠩᠭᠦᠨ ᠤ ᠤᠷᠲᠤᠪᠲᠤᠷ ᠪᠠ ᠣᠷᠳᠣ ᠬᠤᠭᠤᠴᠠᠭᠠᠨ ᠤ ᠨᠠᠷᠢᠯᠢᠭ ᠲᠣᠭᠠᠴᠠᠭ᠎ᠠ ᠶᠢ ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢᠯᠡᠬᠦ ᠲᠣᠭᠲᠠᠴᠠ ᠪᠠ ᠰᠠᠭᠤᠷᠢ ᠮᠥᠩᠭᠦᠨ ᠤ ᠠᠵᠢᠯᠯᠠᠭᠠᠨ ᠤ ᠲᠦᠭᠰᠢᠭᠦᠷᠢ ᠶᠢ ᠦᠨᠡᠯᠡᠨ ᠵᠢᠱᠢᠬᠦ᠂ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠨᠳᠦᠰᠦᠨ ᠲᠣᠭᠠᠴᠠᠭ᠎ᠠ ᠬᠢᠬᠦ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠭᠤᠤᠯᠴᠢ ᠪᠥᠭᠡᠳ ᠵᠣᠬᠢᠮᠵᠢᠲᠠᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠭᠠᠵᠠᠷ ᠣᠷᠣᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠰᠢᠯᠢᠳᠡᠭᠵᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠠᠷᠪᠠᠨ ᠲᠠᠪᠤ︶ ᠡᠮ ᠡᠮᠨᠡᠯᠭᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠳᠤ ᠬᠢᠨᠠᠨ ᠰᠢᠨᠵᠢᠬᠦ ᠶᠢ ᠴᠢᠩᠭᠠᠳᠬᠠᠵᠤ᠂ ᠡᠮ ᠡᠮᠨᠡᠯᠭᠡ ᠶᠢᠨ ᠦᠨ᠎ᠡ ᠬᠠᠩᠰᠢ ᠶᠢᠨ ᠮᠡᠳᠡᠭᠡ ᠵᠠᠩᠭᠢ᠂ ᠠᠵᠤ ᠦᠢᠯᠡᠰ ᠤᠨ ᠬᠥᠭᠵᠢᠯᠲᠡ ᠶᠢᠨ ᠵᠢᠭᠠᠯᠲᠠ ᠲᠤᠭ᠎ᠠ ᠶᠢ ᠬᠢᠨᠠᠨ ᠰᠢᠨᠵᠢᠬᠦ ᠪᠠ ᠢᠯᠡ ᠨᠡᠶᠢᠲᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠦᠨ᠎ᠡ ᠬᠠᠩᠰᠢ ᠳᠤ ᠵᠠᠬᠢᠳᠠᠯ ᠢᠶᠠᠷ ᠠᠰᠠᠭᠤᠬᠤ᠂ ᠪᠣᠯᠵᠣᠨ ᠶᠠᠷᠢᠯᠴᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠶᠢ ᠦᠷᠭᠦᠯᠵᠢᠯᠡᠨ ᠠᠬᠢᠭᠤᠯᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠪᠠᠭᠤᠷᠠᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠ ᠳᠠᠭᠠᠭᠠᠴᠢᠯᠠᠯᠲᠠ ᠵᠠᠷᠯᠠᠨ ᠬᠤᠳᠠᠯᠳᠤᠵᠤ ᠠᠪᠬᠤ ᠦᠨ᠎ᠡ ᠬᠠᠩᠰᠢ ᠳᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠠᠬᠢᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ ᠰᠢᠯᠤᠭᠤᠳᠬᠠᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠡᠩ ᠤᠨ ᠡᠪᠡᠳᠴᠢᠨ ᠪᠠ ᠡᠷᠡᠭᠦᠯ ᠴᠢᠭᠢᠷᠠᠭ ᠤᠨ ᠠᠰᠠᠭᠤᠳᠠᠯ ᠤᠨ ᠲᠣᠭᠤᠷᠢᠨ ᠳᠤ᠂ ᠲᠣᠬᠢᠷᠠᠬᠤ ᠡᠮᠴᠢᠯᠡᠭᠡᠨ ᠤ ᠮᠡᠷᠭᠡᠵᠢᠯ ᠢ ᠵᠢᠷᠤᠮᠵᠢᠭᠤᠯᠤᠨ ᠳᠡᠯᠭᠡᠷᠡᠭᠦᠯᠬᠦ ᠬᠡᠷᠡᠭᠲᠡᠢ᠃ ᠡᠮ ᠡᠮᠨᠡᠯᠭᠡ ᠶᠢᠨ ᠠᠵᠢᠯ ᠲᠥᠷᠥᠯ ᠤᠨ ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠬᠡᠶ ᠥᠰᠬᠦ ᠶᠢ ᠨᠢ ᠲᠤᠰᠬᠠᠶᠢᠯᠠᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ ᠨᠢᠭᠡᠳᠦᠯᠲᠡᠶ ᠪᠠᠶᠢᠷᠢᠯᠠᠭᠤᠯᠵᠤ ᠵᠣᠬᠢᠴᠠᠭᠤᠯᠤᠨ ᠠᠬᠢᠭᠤᠯᠬᠤ ᠬᠡᠷᠡᠭᠲᠡᠶ᠃ ᠤᠷᠮᠠᠰᠢᠭᠤᠯᠤᠨ ᠵᠣᠷᠢᠭᠵᠢᠭᠤᠯᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠳᠠᠭᠠᠳᠬᠠᠯ ᠮᠡᠬᠡᠯᠡᠵᠦ ᠠᠪᠤᠭᠰᠠᠨ ᠳᠤ ᠴᠣᠬᠢᠯᠲᠠ ᠥᠭᠬᠦ ᠠᠵᠢᠯ ᠢ ᠬᠠᠮᠢᠶ᠎ᠠ ᠪᠦᠬᠦᠢ ᠠᠵᠢᠯ ᠤᠨ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠵᠣᠬᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠮᠡᠳᠡᠭᠡ ᠵᠠᠩᠭᠢ ᠶᠢᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ᠂ ᠰᠠᠯᠠᠭ᠎ᠠ ᠮᠥᠴᠢᠷ ᠤᠳ ᠤᠨ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠶ ᠪᠠᠷ ᠬᠠᠷᠢᠭᠤ ᠥᠭᠴᠦ᠂ ᠬᠤᠯᠪᠣᠭᠠᠯᠠᠨ ᠬᠥᠳᠡᠯᠦᠯᠴᠡᠵᠦ ᠴᠤᠤᠷᠢᠶᠠᠳᠤᠨ ᠳᠠᠭᠠᠬᠤ ᠶᠢ ᠪᠡᠶᠡᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ᠃                                                                              2021 ᠣᠨ ᠤ 6 ᠳ᠋ᠤᠭᠠᠷ ᠰᠠᠷ᠎ᠠ ᠶᠢᠨ 23 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2021 ᠣᠨ ᠤ 6 ᠳ᠋ᠤᠭᠠᠷ ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ