内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ​ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 250 ᠳ᠋ᠤᠭᠠᠷ ᠲᠤᠭᠠᠲᠤ
        ᠨᠡᠶᠢᠲᠡᠯᠡᠭᠰᠡᠨ ᠴᠠᠭ᠄
        2022/1/12
                         ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 250 ᠳ᠋ᠤᠭᠠᠷ ᠲᠤᠭᠠᠲᠤ      ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ 2021 ᠣᠨ ᠤ 8 ᠳ᠋ᠤᠭᠠᠷ ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                   ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ  ᠸᠠᠩ ᠯᠢ ᠰᠢᠶᠠ                                    2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠳᠤ ᠲᠤᠰ ᠲᠣᠭᠲᠠᠭᠠᠯ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃      ᠭᠤᠷᠪᠠᠳᠤᠭᠠᠷ ᠵᠦᠢᠯ  ᠲᠤᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠵᠦᠪᠳᠡᠯᠴᠡᠨ ᠲᠣᠭᠲᠠᠭᠠᠵᠤ ᠰᠢᠯᠭᠠᠨ

        365赢多少钱会被限额_国内有真正的365平台吗_365bet博彩官网

        ᠬᠢᠨᠠᠬᠤ ᠠᠵᠢᠯ ᠢ ᠥᠷᠨᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠬᠤ ᠳᠦᠷᠢᠮ ᠢ ᠵᠢᠭᠠᠵᠤ ᠪᠤᠶ᠃      ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠬᠢᠵᠠᠭᠠᠷᠯᠠᠬᠤ ᠪᠠ ᠤᠷᠮᠠᠰᠢᠭᠤᠯᠬᠤ ᠶᠢ ᠵᠡᠷᠭᠡ ᠳᠤ ᠨᠢ ᠴᠢᠬᠤᠯᠠᠴᠢᠯᠠᠬᠤ᠂ ᠵᠠᠯᠬᠠᠭᠠᠨ ᠴᠡᠭᠡᠷᠯᠡᠭᠦᠯᠬᠦ ᠪᠠ ᠰᠤᠷᠭᠠᠨ ᠬᠥᠮᠦᠵᠢᠭᠦᠯᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃      ᠲᠠᠪᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ ᠠᠬᠢᠭᠤᠯᠬᠤ ᠬᠡᠷᠡᠭᠲᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠤᠨ ᠬᠡᠷᠡᠭᠵᠢᠭᠦᠯᠦᠯᠲᠡ ᠶᠢ ᠬᠠᠷᠢᠭᠤᠴᠠᠵᠤ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠬᠡᠷᠡᠭᠲᠡᠢ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠬᠡᠷᠩᠵᠢᠭᠦᠯᠣᠯᠳᠡ ᠳᠤ ᠬᠠᠤᠯᠢ ᠶᠣᠰᠣᠭᠠᠷ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠬᠡᠷᠡᠭᠲᠡᠢ᠃      ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ ᠲᠦᠷᠦ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠳᠤᠯᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠤᠰ ᠭᠠᠵᠠᠷ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠢᠯ ᠪᠦᠷᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃      ᠨᠠᠢᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠬᠤᠯᠪᠣᠭᠳᠠᠯ ᠪᠦᠬᠦᠶ ᠲᠣᠭᠲᠠᠭᠠᠯ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠦᠷ᠎ᠡ ᠪᠦᠲᠦᠮᠵᠢ ᠪᠠᠷ ᠲᠤᠪᠤᠶᠢᠮ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠥᠬᠢᠭᠦᠯᠵᠦ ᠱᠠᠩᠨᠠᠬᠤ ᠬᠡᠷᠡᠭᠲᠡᠶ᠃      ᠬᠤᠶᠠᠳᠤᠭᠠᠷ ᠪᠦᠯᠦᠭ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠷᠢᠭᠤᠴᠠᠯᠭ᠎ᠠ      ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠬᠡᠪᠴᠢᠶᠡᠨ ᠳᠤ ᠪᠠᠨ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠶ᠃      ᠠᠷᠪᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠢᠬᠦ ᠠᠵᠢᠯ ᠥᠷᠨᠢᠭᠦᠯᠬᠦ ᠶᠢᠨ ᠬᠠᠮᠲᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃      ᠠᠷᠪᠠᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠦᠨᠳᠦᠰᠦᠯᠡᠨ᠂ ᠲᠤᠰ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠲᠠᠢ ᠪᠠᠨ ᠤᠶᠠᠯᠳᠤᠭᠤᠯᠵᠤ᠂ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢᠶᠠᠨ ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠬᠤᠪᠢᠶᠠᠷᠢᠯᠠᠬᠤ ᠬᠡᠷᠡᠭᠲᠡᠶ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠬᠤ ᠳᠤ ᠰᠢᠨᠵᠢᠯᠡᠬᠦ ᠤᠬᠠᠭᠠᠨᠴᠢ ᠪᠦᠭᠡᠳ ᠵᠦᠶ ᠵᠣᠬᠢᠰᠲᠠᠶ ᠪᠠᠶᠢᠯᠭᠠᠵᠤ᠂ ᠠᠳᠠᠯᠢ ᠪᠤᠰᠤ ᠱᠠᠲᠤ ᠳᠡᠰ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠡᠷᠬᠡ ᠲᠤᠰᠢᠶᠠᠯ ᠢ ᠪᠣᠳᠠᠲᠠᠶ ᠪᠦᠭᠡᠳ ᠲᠤᠳᠤᠷᠬᠠᠢ ᠲᠣᠭᠲᠠᠭᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠳᠤᠷ᠎ᠠ ᠪᠠᠷ ᠢᠶᠠᠨ ᠨᠡᠮᠡᠬᠦ ᠪᠤᠶᠤ ᠬᠠᠰᠤᠵᠤ ᠪᠣᠯᠬᠤ ᠦᠭᠡᠶ᠃      ᠠᠷᠪᠠᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ ᠲᠤᠰ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠳᠠᠢ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠬᠡᠷᠩᠳᠠᠢ᠃      ᠠᠷᠪᠠᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠠᠳᠠᠯᠢ ᠪᠤᠰᠤ ᠲᠦᠷᠦᠯ ᠬᠡᠯᠪᠡᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠵᠦᠢᠯᠡᠰ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠡᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠵᠣᠬᠢᠬᠤ ᠬᠡᠯᠪᠡᠷᠢ ᠪᠠᠷ ᠨᠡᠶᠢᠭᠡᠮ ᠳᠤ ᠢᠯᠡ ᠪᠣᠯᠭᠠᠬᠤ ᠶᠢᠨ ᠬᠠᠮᠲᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ᠃ ᠠᠳᠠᠯᠢ ᠪᠤᠰᠤ ᠡᠷᠬᠡ ᠶᠢᠨ ᠲᠥᠷᠥᠯ ᠬᠡᠯᠪᠡᠷᠢ ᠶᠢ ᠦᠨᠳᠦᠰᠦᠯᠡᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠪᠠ ᠠᠵᠢᠯᠯᠠᠭᠠᠨ ᠤ ᠴᠤᠪᠤᠷᠠᠯ ᠵᠢᠷᠤᠭ ᠢ ᠲᠣᠭᠲᠠᠭᠠᠵᠤ᠂ ᠬᠠᠤᠯᠢ ᠶᠣᠰᠣᠭᠠᠷ ᠴᠠᠭ ᠲᠤᠬᠠᠶ ᠳᠤ ᠨᠢ ᠬᠥᠳᠡᠯᠦᠩᠭᠦᠶ ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠲᠡ ᠳᠤ ᠵᠠᠷᠯᠠᠬᠤ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠳᠠᠯᠠᠵᠤ᠂ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠣᠭᠠᠨ ᠲᠣᠭᠲᠠᠭᠠᠯᠲᠠ ᠶᠢᠨ ᠡᠷᠬᠡ ᠶᠢᠨ ᠲᠦᠷᠢᠮ ᠢ ᠪᠦᠷᠢᠨᠰᠢᠬᠦᠯᠵᠦ᠂ ᠣᠨᠣᠭᠠᠨ ᠲᠣᠭᠲᠠᠭᠠᠯᠲᠠ ᠶᠢᠨ ᠬᠡᠪᠴᠢᠶ᠎ᠡ᠂ ᠲᠦᠷᠦᠯ ᠪᠠ ᠬᠡᠮᠵᠢᠶᠡᠯᠡᠯ ᠢ ᠵᠦᠶ ᠵᠣᠬᠢᠰᠲᠠᠶ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠯᠦᠭᠡᠲᠦ ᠣᠨᠣᠭᠠᠨ ᠲᠣᠭᠲᠠᠭᠠᠯᠲᠠ ᠶᠢᠨ ᠡᠷᠬᠡ ᠶᠢᠨ ᠬᠡᠷᠡᠭᠯᠡᠯᠲᠡ ᠶᠢ ᠵᠢᠷᠣᠮᠵᠢᠭᠤᠯᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠦᠨᠳᠦ ᠶᠡᠭᠡ ᠰᠢᠢᠳᠭᠡᠯ ᠲᠣᠷᠭᠠᠭᠤᠯᠢ ᠶᠢᠨ ᠪᠦᠷᠢᠳᠬᠡᠨ ᠳᠠᠩᠰᠠᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃      ᠦᠢᠯᠡ ᠪᠠᠶᠢᠳᠠᠯ ᠨᠢ ᠪᠤᠳᠤᠯᠢᠶᠠᠨᠲᠠᠶ ᠪᠤᠶᠤ ᠬᠠᠤᠯᠢ ᠠᠴᠠ ᠵᠥᠷᠢᠴᠡᠭᠰᠡᠨ ᠬᠦᠨᠳᠦ ᠰᠦᠷᠡᠬᠡᠢ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠥᠭᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠪᠠᠨ ᠰᠠᠶᠢᠵᠢᠷᠠᠭᠤᠯᠤᠨ ᠰᠢᠨᠡᠴᠢᠯᠡᠵᠦ᠂ ᠵᠠᠰᠠᠭ ᠵᠠᠬᠢᠷᠭᠠᠨ ᠤ ᠵᠢᠭᠠᠨ ᠵᠢᠯᠣᠭᠤᠳᠬᠤ᠂ ᠵᠠᠰᠠᠭ ᠵᠠᠬᠢᠷᠭᠠᠨ ᠤ ᠱᠠᠩᠨᠠᠵᠤ ᠬᠥᠬᠢᠭᠦᠯᠬᠦ᠂ ᠵᠠᠰᠠᠭ ᠵᠠᠬᠢᠷᠭᠠᠨ ᠢᠶᠠᠷ ᠡᠶᠡᠳᠡᠭᠦᠯᠬᠦ᠂ ᠰᠠᠨᠠᠭᠤᠯᠵᠣ ᠣᠬᠠᠭᠤᠯᠣᠨ ᠭᠦᠮᠣᠵᠢᠭᠦᠯᠭᠦ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ ᠵᠡᠷᠭᠡ ᠠᠯᠪᠠᠳᠠᠯᠭ᠎ᠠ ᠶᠢᠨ ᠪᠤᠰᠤ ᠵᠠᠰᠠᠭ ᠵᠠᠬᠢᠷᠭᠠᠨ ᠤ ᠠᠷᠭ᠎ᠠ ᠪᠠᠷᠢᠯ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠵᠢᠭᠠᠨ ᠵᠢᠯᠣᠭᠤᠳᠬᠤ ᠲᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠭᠰᠢᠭᠦᠷᠢ ᠶᠢ ᠨᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ ᠪᠦᠷᠢᠨᠰᠢᠭᠦᠯᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠂ ᠬᠡᠷᠡᠭ ᠢᠶᠠᠷ ᠵᠢᠱᠢᠶ᠎ᠡ ᠪᠤᠯᠭᠠᠵᠦ ᠬᠠᠤᠯᠢ ᠶᠢ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠲᠣᠰ ᠰᠠᠯᠠᠭ᠎ᠠ ᠮᠥᠴᠢᠷ ᠤᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠲᠦᠷᠢᠮ ᠢ ᠥᠷᠭᠡᠨ ᠢᠶᠠᠷ ᠤᠬᠠᠭᠤᠯᠬᠤ ᠬᠡᠷᠡᠭᠲᠡᠢ᠃      ᠠᠷᠪᠠ ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠬᠠᠷᠭᠤᠭᠤᠯᠤᠨ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ᠃      ᠬᠤᠷᠢᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠲᠤᠰ ᠠᠵᠢᠯ ᠤᠨ ᠪᠠᠶᠢᠷᠢ ᠶᠢᠨ ᠬᠡᠷᠡᠭᠵᠢᠭᠦᠯᠵᠦ ᠪᠠᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠠᠶᠢᠳᠤᠷ ᠤᠶᠢᠯᠠᠭᠠᠵᠦ᠂ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠮᠡᠳᠡᠯᠭᠡ ᠶᠢ ᠡᠵᠡᠮᠰᠢᠨ᠂ ᠲᠤᠰ ᠰᠠᠯᠠᠭ᠎ᠠ ᠮᠥᠴᠢᠷ ᠪᠠ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠳᠤ ᠣᠷᠣᠯᠴᠠᠬᠤ ᠬᠡᠷᠩᠳᠠᠢ᠃      ᠬᠤᠷᠢᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠠᠵᠢᠯ ᠤᠨ ᠲᠣᠮᠳᠡ ᠪᠠᠨ ᠣᠯᠵᠣ ᠮᠡᠳᠡᠭᠰᠡᠨ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠮᠠᠲ᠋ᠧᠷᠢᠶᠠᠯ ᠪᠤᠶᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠴᠠ ᠪᠤᠰᠤᠳ ᠵᠣᠷᠢᠯᠭ᠎ᠠ ᠪᠠᠷ ᠬᠡᠷᠡᠭᠯᠡᠵᠦ ᠪᠣᠯᠬᠤ ᠦᠭᠡᠶ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠤᠪᠢ ᠶᠢᠨ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠬᠤ᠂ ᠬᠤᠪᠢᠷᠠᠭᠤᠯᠬᠤ ᠪᠠ ᠬᠠᠤᠯᠢ ᠪᠤᠰᠤ ᠪᠠᠷ ᠪᠤᠰᠤᠳ ᠲᠤ ᠬᠠᠩᠭᠠᠵᠤ ᠪᠣᠯᠬᠤ ᠦᠭᠡᠶ᠃      ᠭᠤᠷᠪᠠᠳᠤᠭᠠᠷ ᠪᠦᠯᠦᠭ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ      ᠬᠤᠷᠢᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠳᠤ ᠢᠯᠡ ᠲᠣᠳᠤ᠂ ᠡᠷᠬᠡ ᠲᠡᠭᠰᠢ᠂ ᠲᠦᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ᠵᠦᠪᠳᠡᠯᠴᠡᠨ ᠲᠣᠭᠲᠠᠭᠠᠵᠤ ᠰᠢᠯᠭᠠᠨ ᠬᠢᠨᠠᠭᠰᠠᠨ ᠪᠠᠶᠢᠳᠠᠯ ᠢ ᠵᠣᠬᠢᠰᠲᠠᠶ ᠠᠷᠭ᠎ᠠ ᠬᠡᠯᠪᠡᠷᠢ ᠪᠠᠷ ᠢᠯᠡ ᠪᠣᠯᠭᠠᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠪᠣᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠳᠣᠣᠷᠠᠳᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠠᠵᠢᠯ ᠢ ᠬᠠᠷᠢᠭᠤᠴᠠᠬᠤ ᠬᠡᠷᠩᠳᠡᠢ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠷᠢᠶ᠎ᠠ ᠪᠣᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠭᠤᠤᠯ ᠠᠭᠤᠯᠭ᠎ᠠ ᠳᠤ ᠳᠣᠣᠷᠠᠬᠢ ᠵᠦᠢᠯ ᠢ ᠪᠠᠭᠲᠠᠭᠠᠪᠠᠯ ᠵᠣᠬᠢᠨ᠎ᠠ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠨᠢ ᠬᠠᠤᠯᠢ ᠳᠤ ᠨᠡᠶᠢᠴᠡᠬᠦ ᠡᠰᠡᠬᠦ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠬᠠᠤᠯᠢ ᠳᠤ ᠨᠡᠶᠢᠴᠡᠬᠦ ᠪᠠ ᠵᠣᠬᠢᠰᠲᠠᠶ ᠪᠠᠶᠢᠬᠤ ᠡᠰᠡᠬᠦ︔      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠳᠤ ᠬᠥᠳᠡᠯᠦᠩᠭᠦᠶ ᠲᠣᠬᠢᠷᠠᠭᠤᠯᠤᠯᠲᠠ ᠬᠢᠭᠰᠡᠨ ᠡᠰᠡᠬᠦ︔      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠬᠤᠪᠢᠶᠠᠷᠢᠯᠠᠭᠰᠠᠨ ᠡᠰᠡᠬᠦ︔      ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠬᠦᠷᠲᠡᠯ᠎ᠡ ᠲᠤᠳᠤᠷᠬᠠᠢ ᠲᠣᠭᠲᠠᠭᠠᠭᠰᠠᠨ ᠡᠰᠡᠬᠦ︔      ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠡᠶᠢᠲᠡ ᠳᠤ ᠵᠠᠷᠯᠠᠬᠤ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ︔      ︵ᠨᠠᠢᠮᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠵᠢᠷᠤᠮᠵᠢᠭᠤᠨ ᠪᠠᠶᠢᠬᠤ ᠡᠰᠡᠬᠦ︔      ︵ᠶᠢᠰᠦ︶ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠴᠢᠬᠤᠯᠨ ᠲᠠᠢ ᠪᠤᠰᠤᠳ ᠠᠭᠤᠯᠭ᠎ᠠ᠃      ᠬᠤᠷᠢᠨ ᠲᠠᠪᠤᠳᠤᠭᠠᠷ ᠵᠦᠢᠯ  ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠳᠤ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠢ ᠬᠡᠷᠡᠭᠯᠡᠵᠦ᠂ ᠡᠳᠦᠷ ᠲᠤᠲᠤᠮ ᠤᠨ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠪᠠ ᠣᠨ ᠤ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠯᠤᠭ᠎ᠠ ᠤᠶᠠᠯᠳᠤᠭᠤᠯᠬᠤ᠂ ᠥᠪᠡᠰᠦᠪᠡᠨ ᠪᠠᠶᠢᠴᠠᠭᠠᠬᠤ ᠪᠠ ᠬᠠᠷᠢᠯᠴᠠᠨ ᠦᠨᠡᠯᠡᠬᠦ ᠶᠢ ᠤᠶᠠᠯᠳᠤᠭᠤᠯᠬᠤ᠂ ᠳᠣᠲᠣᠭᠠᠳᠤ ᠳᠤ ᠪᠠᠨ ᠵᠦᠪᠳᠡᠯᠴᠡᠨ ᠲᠣᠭᠲᠠᠭᠠᠬᠤ ᠪᠠ ᠭᠠᠳᠠᠨ᠎ᠠ ᠲᠠᠯ᠎ᠠ ᠶᠢᠨ ᠵᠦᠪᠳᠡᠯᠴᠡᠨ ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠬᠡᠷᠩᠳᠠᠢ᠃      ᠬᠤᠷᠢᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠷᠣᠨ ᠢᠶᠠᠨ ᠬᠠᠤᠯᠢ ᠶᠣᠰᠣᠭᠠᠷ ᠵᠠᠰᠠᠬᠤ ᠰᠢᠯᠭᠠᠨ ᠬᠢᠨᠠᠬᠤ ᠠᠵᠢᠯ ᠳᠤ ᠣᠷᠤᠭᠤᠯᠬᠤ ᠬᠡᠷᠡᠭᠲᠡᠢ᠃      ᠳᠦᠷᠪᠡᠳᠦᠭᠡᠷ ᠪᠦᠯᠦᠭ  ᠬᠠᠷᠢᠭᠤᠴᠠᠯᠭ᠎ᠠ ᠨᠡᠬᠡᠮᠵᠢᠯᠡᠬᠦ      ᠬᠤᠷᠢᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠲᠤᠰ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠶ ᠪᠣᠯ᠂ ᠬᠢᠨᠠᠯᠲᠠ ᠲᠠᠯᠪᠢᠵᠤ ᠬᠠᠮᠢᠶᠠᠷᠬᠤ ᠪᠠᠶᠢᠭᠤᠯᠭ᠎ᠠ ᠨᠢ ᠵᠠᠯᠠᠷᠠᠭᠤᠯᠬᠤ ᠪᠠᠷ ᠵᠠᠷᠯᠢᠭᠳᠠᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠰᠡᠨ ᠪᠠᠢᠲᠠᠯ᠎ᠠ ᠵᠠᠯᠠᠷᠠᠭᠤᠯᠤᠭᠰᠠᠨ ᠦᠭᠡᠶ ᠪᠣᠯ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠬᠤ ᠠᠵᠢᠯᠲᠠᠨ ᠳᠤ ᠨᠢ ᠬᠠᠤᠯᠢ ᠶᠣᠰᠣᠭᠠᠷ ᠰᠢᠢᠳᠭᠡᠯ ᠦᠭᠭᠦ ᠬᠡᠷᠩᠳᠠᠢ᠃      ᠬᠤᠷᠢᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠭᠡᠢ᠂ ᠵᠤᠬᠢᠰ ᠦᠭᠡᠢ ᠬᠦᠢᠴᠡᠳᠬᠡᠬᠦ ᠪᠤᠶᠤ ᠬᠠᠤᠯᠢ ᠠᠴᠠ ᠵᠥᠷᠢᠴᠡᠵᠦ ᠬᠦᠢᠴᠡᠳᠬᠡᠭᠰᠡᠨ ᠪᠠᠶᠢᠪᠠᠯ᠂ ᠠᠵᠢᠯᠯᠠᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠪᠠᠶᠢᠳᠠᠯ ᠢ ᠨᠢ ᠦᠨᠳᠦᠰᠦᠯᠡᠨ ᠵᠣᠬᠢᠬᠤ ᠬᠡᠮᠵᠢᠶ᠎ᠡ ᠪᠠᠷ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠶᠣᠰᠣᠭᠠᠷ ᠰᠢᠢᠳᠭᠡᠯ ᠦᠭᠭᠦᠨ᠎ᠡ︔ ᠶᠠᠯ᠎ᠠ ᠬᠢᠭᠰᠡᠨ ᠳᠤ ᠲᠣᠭᠠᠴᠠᠭᠳᠠᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠩᠳᠠᠢ᠃      ᠬᠤᠷᠢ ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰᠢᠶᠠᠯ ᠢᠶᠠᠨ ᠬᠦᠢᠴᠡᠳᠭᠡᠭᠰᠡᠨ ᠳᠤ ᠬᠠᠷᠢᠭᠤᠴᠠᠯᠭ᠎ᠠ ᠶᠢ ᠨᠢ ᠬᠡᠯᠲᠦᠷᠢᠭᠦᠯᠬᠦ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠳᠤ ᠦᠨᠡᠯᠡᠨ ᠮᠠᠭᠠᠳᠯᠠᠬᠤ ᠪᠠᠷᠢᠮᠵᠢᠶ᠎ᠠ ᠶᠢ ᠨᠢ ᠲᠣᠳᠣᠷᠬᠠᠢ ᠲᠣᠭᠲᠠᠭᠠᠨ᠂ ᠨᠥᠬᠦᠴᠡᠯ ᠳᠤ ᠨᠡᠶᠢᠴᠡᠭᠰᠡᠨ ᠪᠠᠶᠢᠪᠠᠯ ᠬᠠᠷᠢᠭᠤᠴᠠᠯᠭ᠎ᠠ ᠠᠴᠠ ᠨᠢ ᠬᠡᠯᠲᠦᠷᠢᠭᠦᠯᠵᠦ ᠪᠣᠯᠤᠨ᠎ᠠ᠃      ᠭᠤᠴᠢᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠤ ᠪᠠᠨ᠂ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠶᠠᠪᠤᠴᠠ ᠶᠢ ᠵᠦᠷᠢᠴᠡᠬᠦ ᠪᠤᠶᠤ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠱᠠᠭᠠᠷᠳᠠᠯᠭ᠎ᠠ ᠶᠢ ᠨᠢ ᠲᠡᠪᠴᠢᠬᠦ ᠡᠷᠬᠡ ᠲᠠᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠭᠠᠷ ᠲᠦᠷᠦᠭᠰᠡᠨ ᠪᠠᠶᠢᠳᠠᠯ ᠢ ᠦᠨᠡᠨ ᠮᠥᠨ ᠢᠶᠠᠷ ᠨᠢ ᠲᠡᠮᠲᠡᠭᠯᠡᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠠᠴᠠ ᠪᠤᠯᠵᠤ ᠦᠨᠡᠨ ᠪᠣᠳᠠᠲᠠᠶ ᠪᠤᠰᠤ ᠪᠠᠷ ᠢᠯᠡᠴᠢᠯᠡᠨ ᠮᠡᠳᠡᠭᠦᠯᠣᠭ᠍ᠳᠡᠭᠦ᠂ ᠬᠦᠣᠡᠭᠡᠭᠳᠡᠨ ᠵᠠᠭᠠᠯᠳᠤᠭᠳᠠᠬᠤ ᠵᠢᠴᠢ ᠭᠦᠳᠭᠡᠭᠳᠡᠭᠰᠡᠨ᠂ ᠳᠤᠷᠤᠮᠵᠢᠯᠠᠭᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠴᠠᠭ ᠲᠤᠬᠠᠶ ᠳᠤ ᠨᠢ ᠦᠨᠡᠨ ᠪᠣᠳᠠᠳᠠᠢ ᠪᠠᠶᠢᠳᠠᠯ ᠢ ᠨᠢ ᠲᠣᠳᠣᠷᠬᠠᠶᠢᠯᠠᠨ᠂ ᠮᠠᠭᠤ ᠨᠥᠯᠥᠭᠡ ᠶᠢ ᠨᠢ ᠠᠷᠢᠯᠭᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠬᠡᠷᠡᠭᠲᠡᠢ᠃      ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ      ᠭᠤᠴᠢᠨ ᠬᠤᠶᠠᠳᠤᠭᠠᠷ ᠵᠦᠢᠯ  ᠲᠤᠰ ᠲᠣᠭᠲᠠᠭᠠᠯ ᠢ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 1999 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 98 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃      ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ᠃      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                    2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ ᠳᠠᠷᠤᠮᠠᠯᠯᠠᠨ ᠲᠠᠷᠬᠠᠭᠠᠪᠠ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ

        365赢多少钱会被限额_国内有真正的365平台吗_365bet博彩官网