内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
        ᠨᠡᠶᠢᠲᠡᠯᠡᠭᠰᠡᠨ ᠴᠠᠭ᠄
        2022/1/13
              ︽ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                                             ᠥᠪᠥᠷ ᠵᠠᠰᠠᠭ ᠦᠢᠯᠡᠴᠢᠯᠡᠭᠡᠨ ᠲᠠᠷᠬᠠᠭᠠᠭᠰᠠᠨ ︹ 2021 ︺ 102 ᠳ᠋ᠤᠭᠠᠷ ᠲᠣᠭᠠᠲᠤ      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠠᠶᠢᠮᠠᠭ ᠬᠤᠲᠠ ᠶᠢᠨ ᠡᠯ᠎ᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ᠄      2021 ᠣᠨ ᠤ 7 ᠳ᠋ᠤᠭᠠᠷ ᠰᠠᠷ᠎ᠠ ᠶᠢᠨ 1 ᠤ ᠡᠳᠦᠷ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠲᠤᠰᠬᠠᠶ ᠰᠡᠳᠦᠪᠲᠦ ᠬᠤᠷᠠᠯ ᠤᠨ ᠱᠠᠭᠠᠷᠳᠠᠯᠭ᠎ᠠ ᠶᠣᠰᠣᠭᠠᠷ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠠᠵᠢᠯ ᠢ ᠥᠷᠨᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠲᠠᠢ ᠬᠠᠮᠲᠤᠷᠠᠨ ︽ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ ᠲᠤᠭᠤᠷᠪᠢᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠯ ᠬᠤᠷᠢᠶᠠᠪᠠ᠃ ᠡᠲᠦᠭᠡ ︽ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ                                                        2021 ᠣᠨ ᠤ 12 ᠳ᠋ᠤᠭᠠᠷ ᠰᠠᠷ᠎ᠠ ᠶᠢᠨ 15      ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ       ︽ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ︾ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ〔 2019 〕 11 ᠳ᠋ᠦ᠋ᠭᠡᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔 2020 〕 19 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠬᠡᠨ ᠪᠤᠲᠠᠲᠠᠶᠢᠵᠢᠬᠤ ᠶᠢ ᠠᠬᠢᠭᠤᠯᠬᠤ ᠶᠢᠨ ᠲᠤᠰᠠᠳᠠ᠂ ᠡᠳᠦᠭᠡ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠬᠦ ᠠᠵᠢᠯ ᠢ ᠥᠷᠨᠢᠭᠦᠯᠬᠦ ᠲᠤᠬᠠᠶ ᠳᠣᠤᠷᠠᠬᠢ ᠮᠡᠲᠦ ᠰᠠᠨᠠᠯ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠬᠦ ᠠᠵᠢᠯ ᠢ ᠲᠦᠷᠭᠡᠳᠬᠡᠨ ᠠᠬᠢᠭᠤᠯᠵᠤ᠂ ᠬᠠᠩᠭᠠᠬᠤ ᠪᠠᠷ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠤ ᠬᠤᠯᠪᠣᠭᠳᠠᠬᠤ ᠤᠷᠢᠳᠠᠴᠢ ᠴᠢᠨᠠᠷᠲᠠᠶ ᠦᠨᠡᠯᠡᠨ ᠵᠢᠱᠢᠬᠦ ᠠᠵᠢᠯ ᠢ ᠤᠷᠢᠳᠴᠢᠯᠠᠨ ᠪᠡᠶᠡᠯᠡᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠳᠤ ᠣᠷᠣᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠨ᠎ᠡ ᠲᠦᠯᠦᠪᠦᠷᠢ ᠥᠬᠡᠶ ᠪᠠᠷ ᠬᠡᠷᠡᠭᠯᠡᠭᠦᠯᠬᠦ ᠶᠢ ᠬᠠᠮᠲᠤ ᠳᠤ ᠨᠢ ᠬᠦᠷᠲᠡᠭᠡᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠶ᠎ᠡ ᠳᠤ ᠭᠤᠶᠤᠴᠢᠯᠠᠬᠤ ᠮᠠᠲ᠋ᠧᠷᠢᠶᠠᠯ ᠢ ᠳᠥᠭᠦᠮᠴᠢᠯᠡᠬᠦ ᠪᠤᠶᠤ ᠳᠠᠬᠢᠨᠲᠠ ᠦᠨᠡᠯᠡᠨ ᠵᠢᠱᠢᠬᠦ ᠥᠬᠡᠶ ᠪᠠᠶᠢᠵᠤ᠂ ᠣᠳᠣᠬᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨᠡᠯᠡᠨ ᠵᠢᠱᠢᠯᠲᠡ ᠶᠢᠨ ᠭᠠᠷᠳᠠᠮ ᠣᠯᠠᠨ᠂ ᠬᠤᠭᠤᠴᠠᠭ᠎ᠠ ᠣᠷᠳᠣ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠠᠷᠪᠢᠯᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ᠎ᠡ᠃      ᠬᠤᠶᠠᠷ᠂ ᠬᠡᠷᠡᠭᠵᠢᠭᠦᠯᠬᠦ ᠬᠡᠪᠴᠢᠶ᠎ᠡ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠢᠨᠠᠨ ᠬᠠᠷᠭᠤᠭᠤᠯᠬᠤ ᠠᠯᠪᠠᠨ ᠵᠠᠷ ᠤᠨ ᠭᠠᠷᠴᠠᠭ︾ ᠲᠤ ᠵᠠᠷᠯᠠᠨ ᠨᠡᠶᠢᠲᠡᠯᠡᠭᠰᠡᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠪᠠᠭᠲᠠᠨ᠎ᠠ︶ ︵ᠳᠣᠷᠣᠭᠰᠢ ︽ᠨᠡᠭᠡᠭᠡᠯᠲᠡ ᠶᠢᠨ ᠲᠣᠭᠤᠷᠢᠭ︾ ᠭᠡᠵᠦ ᠲᠣᠪᠴᠢᠯᠠᠨ᠎ᠠ︶ ᠲᠤ ᠣᠷᠣᠨ ᠪᠦᠰᠡ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ᠃      ᠭᠠᠵᠠᠷ ᠵᠦᠢ ᠶᠢᠨ ᠭᠠᠶ ᠭᠠᠮᠰᠢᠭ ᠤᠨ ᠠᠶᠤᠯᠲᠤ ᠴᠢᠨᠠᠷ ᠤᠨ ᠦᠨᠡᠯᠡᠨ ᠵᠢᠱᠢᠯᠲᠡ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ᠂ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠴᠢᠨᠠᠷ ᠤᠨ ᠦᠨᠡᠯᠡᠯᠲᠡ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠦᠨᠡᠯᠡᠨ ᠵᠢᠱᠢᠯᠲᠡ᠂ ᠳᠠᠷᠤᠬᠤ ᠰᠡᠷᠭᠦᠭᠡᠬᠦ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠦᠨᠡᠯᠡᠨ ᠵᠢᠱᠢᠯᠲᠡ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠨᠤᠲᠠᠯᠠᠯᠲᠠ᠂ ᠦᠶᠡᠷ ᠤᠨ ᠨᠥᠯᠥᠭᠡ ᠶᠢᠨ ᠦᠨᠡᠯᠡᠯᠲᠡ ᠵᠡᠷᠭᠡ 9 ᠵᠦᠢᠯ ᠤᠨ ᠦᠨᠡᠯᠡᠨ ᠵᠢᠱᠢᠬᠦ ᠵᠦᠢᠯᠡᠰ ᠢ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠤᠨ ᠨᠠᠷᠢᠨ ᠳᠠᠩᠰᠠ ᠶᠢᠨ ᠬᠡᠪᠴᠢᠶᠡᠨ ᠳᠤ ᠣᠷᠣᠭᠤᠯᠤᠨ᠎ᠠ︔ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠲᠤᠷᠰᠢᠯᠲᠠ ᠶᠢᠨ ᠬᠡᠯᠪᠡᠷᠢ ᠪᠠᠷ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠤᠨ ᠨᠠᠷᠢᠨ ᠳᠠᠩᠰᠠ ᠶᠢᠨ ᠬᠡᠪᠴᠢᠶᠡᠨ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠬᠡᠪᠴᠢᠶ᠎ᠡ ᠶᠢ ᠲᠣᠭᠲᠠᠭᠠᠨ᠎ᠠ᠃      ᠭᠤᠷᠪᠠ᠂ ᠭᠤᠣᠯ ᠡᠭᠦᠷᠭᠡ      ︵ᠨᠢᠭᠡ︶ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠭᠦᠨᠵᠡᠭᠡᠶ ᠦᠷᠨᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠨᠡᠭᠡᠭᠡᠯᠲᠡ ᠶᠢᠨ ᠲᠣᠭᠤᠷᠢᠭ ᠤᠨ ᠣᠷᠣᠨ ᠪᠦᠰᠡ ᠶᠢᠨ ᠨᠥᠬᠦᠴᠡᠯ ᠢ ᠦᠨᠳᠦᠰᠦᠯᠡᠨ ᠰᠣᠩᠭᠤᠯᠲᠠ ᠶᠢᠨ ᠴᠢᠨᠠᠷᠲᠠᠶ ᠣᠷᠣᠨ ᠪᠦᠰᠡ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠂ ︽ᠨᠢᠭᠡᠯᠡ ᠠᠳᠠᠯᠢ ᠪᠠᠶᠢᠯᠭᠠᠵᠤ︾ ᠭᠡᠵᠦ ᠥᠬᠡᠶ᠂ ᠦᠨᠡᠯᠡᠨ ᠵᠢᠱᠢᠬᠦ ᠵᠦᠢᠯᠡᠰ ᠤᠨ ᠬᠦᠷᠢᠶ᠎ᠡ ᠬᠡᠪᠴᠢᠶ᠎ᠡ ᠶᠢ ᠰᠣᠬᠤᠷ ᠪᠠᠯᠠᠶ ᠪᠠᠷ ᠥᠷᠭᠡᠳᠬᠡᠬᠦ ᠥᠬᠡᠶ ᠪᠠᠶᠢᠵᠤ᠂ ᠵᠠᠰᠠᠭ ᠵᠠᠬᠢᠷᠭᠠᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠶ︔ ᠣᠷᠣᠨ ᠪᠦᠰᠡ ᠶᠢᠨ ᠨᠥᠬᠦᠴᠡᠯ ᠢ ᠦᠨᠳᠦᠰᠦᠯᠡᠨ ᠦᠨᠡᠯᠡᠨ ᠵᠢᠱᠢᠬᠦ ᠵᠦᠢᠯᠡᠰ ᠢ ᠥᠷᠨᠢᠭᠦᠯᠬᠦ ᠴᠢᠬᠤᠯᠠ ᠥᠬᠡᠶ ᠪᠣᠯ᠂ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠭᠡᠭᠡᠯᠲᠡ ᠶᠢᠨ ᠲᠣᠭᠤᠷᠢᠭ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠮᠡᠳᠡᠭᠳᠡᠬᠦ ᠬᠡᠷᠡᠭᠲᠡᠶ᠃ ᠣᠷᠣᠨ ᠪᠦᠰᠡ ᠶᠢᠨ ᠦᠨᠡᠯᠡᠨ ᠵᠢᠱᠢᠬᠦ ᠵᠠᠷᠤᠳᠠᠯ ᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠡᠭᠦᠷᠭᠡᠯᠡᠵᠦ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠵᠦ᠂ ᠨᠡᠭᠡᠭᠡᠯᠲᠡ ᠶᠢᠨ ᠣᠷᠣᠨ ᠤ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠭᠦᠯᠬᠦ ᠬᠡᠷᠡᠭᠲᠡᠢ᠃      ︵ᠬᠤᠶᠠᠷ︶ ᠣᠷᠣᠨ ᠪᠦᠰᠡ ᠶᠢᠨ ᠦᠨᠡᠯᠡᠨ ᠵᠢᠱᠢᠬᠦ ᠮᠡᠷᠭᠡᠵᠢᠯ ᠤᠨ ᠪᠠᠷᠢᠮᠵᠢᠶ᠎ᠠ ᠶᠢ ᠨᠢᠭᠡᠳᠦᠯᠲᠡᠶ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠡᠷᠡᠭᠵᠢᠭᠦᠯᠦᠭᠦᠰᠢᠲᠡᠢ ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ ᠢ ᠴᠠᠭ ᠲᠤᠬᠠᠶ ᠳᠤ ᠨᠢ ᠲᠣᠭᠲᠠᠭᠠᠬᠤ ᠪᠤᠶᠤ ᠡᠰᠢᠯᠡᠨ ᠬᠡᠷᠡᠭᠯᠡᠵᠦ᠂ ᠴᠤᠪᠤᠷᠠᠯ ᠪᠠ ᠦᠢᠯᠡᠴᠢᠯᠡᠭᠡᠨ ᠤ ᠵᠦᠭᠯᠡᠭᠦᠷ ᠢ ᠳᠥᠭᠦᠮᠴᠢᠯᠡᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠨᠢᠭᠡᠳᠦᠯᠲᠡᠶ ᠮᠡᠷᠭᠡᠵᠢᠯ ᠤᠨ ᠪᠠᠷᠢᠮᠵᠢᠶ᠎ᠠ ᠶᠢ ᠵᠢᠷᠤᠮᠵᠢᠭᠤᠯᠤᠨ ᠬᠡᠷᠡᠭᠵᠢᠭᠦᠯᠵᠦ᠂ ᠨᠠᠵᠠᠭᠠᠶ ᠲᠠᠯ᠎ᠠ ᠶᠢᠨ ᠨᠠᠷᠢᠨ ᠳᠠᠩᠰᠠᠨ ᠳᠤ ᠵᠢᠭᠰᠠᠭᠠᠨ ᠣᠷᠣᠭᠤᠯᠤᠭᠰᠠᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠤᠯᠢ ᠲᠣᠭᠲᠠᠭᠠᠯ ᠶᠣᠰᠣᠭᠠᠷ ᠵᠣᠬᠢᠬᠤ ᠬᠢᠨᠠᠨ ᠵᠥᠪᠰᠢᠶᠡᠷᠡᠬᠦ ᠵᠦᠢᠯᠡᠰ ᠲᠤ ᠠᠰᠳᠠᠭᠠᠨ ᠲᠤᠰᠬᠠᠶ ᠵᠦᠢᠯ ᠤᠨ ᠦᠨᠡᠯᠡᠨ ᠵᠢᠱᠢᠯᠲᠡ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠬᠤᠯᠪᠣᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ ᠶᠢ ᠲᠣᠳᠣᠷᠬᠠᠶᠢᠯᠠᠭᠰᠠᠨ ᠥᠬᠡᠶ ᠪᠤᠶᠤ ᠲᠣᠭᠲᠠᠭᠠᠭᠰᠠᠨ ᠥᠬᠡᠶ ᠠᠴᠠ ᠪᠣᠯᠵᠣ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠭᠳᠡᠬᠦ ᠶᠢ ᠨᠦᠯᠦᠭᠡᠯᠡᠵᠦ ᠪᠠᠶᠢᠪᠠᠯ᠂ ᠡᠯ᠎ᠡ ᠭᠠᠵᠠᠷ ᠣᠷᠣᠨ ᠨᠤᠭᠤᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ ᠪᠣᠳᠠᠲᠠᠶ ᠳᠤ ᠨᠡᠶᠢᠴᠡᠭᠰᠡᠨ ᠮᠡᠷᠭᠡᠵᠢᠯ ᠤᠨ ᠪᠠᠷᠢᠮᠵᠢᠶ᠎ᠠ ᠶᠢ ᠰᠦᠪᠡᠭᠴᠢᠯᠡᠨ ᠬᠡᠷᠡᠭᠵᠢᠭᠦᠯᠵᠦ ᠪᠣᠯᠤᠨ᠎ᠠ᠃      ︵ᠭᠤᠷᠪᠠ︶ ᠦᠨᠡᠯᠡᠨ ᠵᠢᠱᠢᠯᠲᠡ ᠶᠢᠨ ᠵᠦᠪ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ 8 ᠲᠦᠷᠦᠯ 31 ᠵᠦᠢᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ ᠶᠢ ᠲᠣᠭᠲᠠᠭᠠᠪᠠ᠂ ᠡᠭᠦᠨ ᠳᠤ ᠭᠠᠵᠠᠷ ᠵᠦᠢ ᠶᠢᠨ ᠭᠠᠶ ᠭᠠᠮᠰᠢᠭ ᠤᠨ ᠠᠶᠤᠯᠲᠤ ᠴᠢᠨᠠᠷ ᠤᠨ ᠦᠨᠡᠯᠡᠨ ᠵᠢᠱᠢᠯᠲᠡ 5 ᠵᠦᠢᠯ᠂ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠴᠢᠨᠠᠷ ᠤᠨ ᠦᠨᠡᠯᠡᠯᠲᠡ 4 ᠵᠦᠢᠯ᠂ ᠦᠶᠡᠷ ᠤᠨ ᠨᠥᠯᠥᠭᠡ ᠶᠢᠨ ᠦᠨᠡᠯᠡᠯᠲᠡ 8 ᠵᠦᠢᠯ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠣᠲᠠᠯᠠᠯᠲᠠ 1 ᠵᠦᠢᠯ᠂ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠨᠤᠲᠠᠯᠠᠯᠲᠠ 4 ᠵᠦᠢᠯ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠦᠨᠡᠯᠡᠨ ᠵᠢᠱᠢᠯᠲᠡ 4 ᠵᠦᠢᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ 5 ᠵᠦᠢᠯ ᠢ ᠪᠠᠭᠲᠠᠭᠠᠵᠤ᠂ ᠦᠨᠡᠯᠡᠨ ᠵᠢᠱᠢᠬᠦ ᠴᠢᠬᠤᠯᠠᠲᠠᠶ ᠲᠥᠷᠥᠯ ᠵᠦᠢᠯ ᠤᠨ ᠬᠡᠪᠴᠢᠶ᠎ᠡ ᠶᠢ ᠲᠣᠳᠤᠷᠬᠠᠶᠢᠯᠠᠪᠠ᠃ ᠨᠠᠵᠠᠭᠠᠶ ᠲᠠᠯ᠎ᠠ ᠶᠢᠨ ᠨᠠᠷᠢᠨ ᠳᠠᠩᠰᠠ ᠪᠠᠶᠢᠭᠤᠯᠬᠤ ᠳᠤ ᠪᠡᠷᠬᠡᠲᠡᠶ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ︵1 ᠵᠦᠢᠯ︶ ᠪᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠤᠨ ︵32 ᠵᠦᠢᠯ︶ ᠵᠦᠢᠯᠡᠰ ᠲᠤ ᠵᠥᠪ ᠲᠠᠯ᠎ᠠ ᠶᠢᠨ ᠨᠠᠷᠢᠨ ᠳᠠᠩᠰᠠ ᠳᠤᠷᠠᠳᠴᠤ᠂ ᠬᠢᠨᠠᠨ ᠵᠥᠪᠰᠢᠶᠡᠷᠡᠬᠦ ᠶᠠᠪᠤᠴᠠ ᠶᠢ ᠳᠦᠭᠦᠮᠵᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ᠂ ᠴᠠᠭ ᠲᠤᠬᠠᠶ ᠳᠤ ᠨᠢ ᠪᠣᠳᠠᠲᠠᠶ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠢ ᠬᠢᠨᠠᠨ ᠵᠥᠪᠰᠢᠶᠡᠷᠡᠬᠦ ᠵᠥᠪ ᠪᠠ ᠨᠠᠵᠠᠭᠠᠶ ᠲᠠᠯ᠎ᠠ ᠶᠢᠨ ᠨᠠᠷᠢᠨ ᠳᠠᠩᠰᠠ ᠶᠢ ᠲᠣᠭᠲᠠᠭᠠᠬᠤ ᠬᠡᠷᠡᠭᠲᠡᠢ᠃ ᠨᠠᠵᠠᠭᠠᠢ ᠲᠠᠯ᠎ᠠ ᠶᠢᠨ ᠨᠠᠷᠢᠨ ᠳᠠᠩᠰᠠᠨ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠢ ᠭᠠᠷᠭᠠᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠴᠤᠪᠤᠷᠠᠯ ᠪᠠ ᠭᠤᠭᠴᠤᠭ᠎ᠠ ᠶᠢ ᠳᠥᠭᠦᠮᠴᠢᠯᠡᠵᠦ᠂ ︽ᠠᠮᠠᠯᠠᠯᠲᠠ ᠪᠠᠨ ᠮᠡᠳᠡᠭᠳᠡᠬᠦ ᠲᠦᠷᠢᠮ︾ ᠪᠤᠶᠤ ︽ᠳᠠᠩᠰᠠᠯᠠᠭᠤᠯᠬᠤ ᠲᠦᠷᠢᠮ︾ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ᠂ ᠠᠮᠠᠯᠠᠯᠲᠠ ᠶᠢᠨ ᠪᠢᠴᠢᠭ ᠪᠤᠶᠤ ᠳᠠᠩᠰᠠᠯᠠᠭᠤᠯᠬᠤ ᠪᠢᠴᠢᠭ ︵ᠬᠦᠰᠦᠨᠦᠭᠲᠦ︶ ᠤᠨ ᠵᠠᠭᠪᠤᠷ ᠢ ᠴᠠᠭ ᠲᠤᠬᠠᠶ ᠳᠤ ᠨᠢ ᠲᠣᠭᠲᠠᠭᠠᠬᠤ ᠬᠡᠷᠡᠭᠲᠡᠶ᠃ ᠬᠢᠨᠠᠨ ᠵᠥᠪᠰᠢᠶᠡᠷᠡᠬᠦ ᠴᠣᠪᠤᠷᠠᠯ᠂ ᠵᠥᠪ ᠪᠠ ᠨᠠᠵᠠᠭᠠᠶ ᠲᠠᠯ᠎ᠠ ᠶᠢᠨ ᠨᠠᠷᠢᠨ ᠲᠠᠩᠰᠠ᠂ ᠠᠮᠠᠯᠠᠯᠲᠠ ᠶᠢᠨ ᠪᠢᠴᠢᠭ ᠪᠠ ᠳᠠᠩᠰᠠᠯᠠᠭᠤᠯᠬᠤ ᠪᠢᠴᠢᠭ ︵ᠬᠦᠰᠦᠨᠦᠭᠲᠦ︶ ᠢ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃       ︵ᠳᠥᠷᠪᠡ︶ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠬᠦ ᠶᠢ ᠲᠦᠷᠭᠡᠳᠬᠡᠨ᠎ᠡ᠃ ᠡᠯ᠎ᠡ ᠭᠠᠵᠠᠷ ᠣᠷᠣᠨ ᠨᠤᠭᠤᠳ ᠵᠦᠪᠰᠢᠶᠡᠷᠡᠭᠦᠯᠦᠭᠰᠡᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢᠶᠠᠨ ᠨᠡᠶᠢᠭᠡᠮ ᠨᠡᠶᠢᠲᠡ ᠳᠤ ᠴᠠᠭ ᠲᠤᠬᠠᠶ ᠳᠤ ᠨᠢ ᠢᠯᠡ ᠨᠡᠶᠢᠲᠡᠯᠡᠵᠦ᠂ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠡᠷᠡᠭᠯᠡᠭᠦᠯᠬᠦ ᠬᠡᠷᠡᠭᠲᠡᠢ᠃ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠡᠵᠡᠮᠳᠡᠬᠦ ᠴᠢᠨᠠᠷᠲᠠᠶ ᠨᠠᠷᠢᠨ ᠲᠥᠯᠥᠪᠵᠢᠭᠦᠯᠭᠡ ᠳᠠᠬᠢ ᠲᠥᠯᠥᠪᠵᠢᠭᠦᠯᠭᠡ ᠶᠢᠨ ᠭᠠᠵᠠᠷ ᠤᠨ ᠬᠡᠰᠡᠭ ᠯᠦᠭᠡ ᠬᠤᠯᠪᠣᠭᠳᠠᠭᠤᠯᠤᠨ᠂

        365赢多少钱会被限额_国内有真正的365平台吗_365bet博彩官网

        ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠲᠤ ᠳᠤ ᠪᠠᠨ ᠬᠦᠷᠲᠡᠵᠦ ᠬᠡᠷᠡᠭᠯᠡᠬᠦ ᠳᠤ ᠬᠠᠩᠭᠠᠵᠤ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠠᠵᠠᠷ ᠰᠢᠷᠣᠶ ᠶᠢ ᠰᠢᠯᠵᠢᠭᠦᠯᠦᠨ ᠥᠭᠬᠦ ᠪᠤᠶᠤ ᠬᠤᠪᠢᠶᠠᠷᠢᠯᠠᠨ ᠰᠠᠯᠭᠠᠬᠤ ᠠᠴᠠ ᠪᠠᠨ ᠡᠮᠦᠨ᠎ᠡ ᠪᠥᠲᠥᠭᠡᠨ ᠪᠠᠶᠢᠭᠤᠯᠤᠯᠲᠠ ᠶᠢᠨ ᠨᠢᠭᠡᠴᠢ ᠳᠤ ᠬᠠᠮᠢᠶ᠎ᠠ ᠪᠥᠬᠦᠶ ᠱᠠᠭᠠᠷᠳᠠᠯᠭ᠎ᠠ ᠶᠢ ᠮᠡᠳᠡᠭᠳᠡᠬᠦ ᠬᠡᠷᠡᠭᠲᠡᠶ᠃ ᠨᠡᠭᠡᠭᠡᠯᠲᠡ ᠶᠢᠨ ᠲᠣᠭᠤᠷᠢᠭ ᠤᠨ ᠳᠣᠲᠤᠷᠠᠬᠢ ᠨᠠᠵᠠᠭᠠᠶ ᠲᠠᠯ᠎ᠠ ᠶᠢᠨ ᠨᠠᠷᠢᠨ ᠳᠠᠩᠰᠠ ᠠᠴᠠ ᠭᠠᠳᠠᠨᠠᠬᠢ ᠲᠥᠷᠥᠯ ᠵᠦᠢᠯ ᠳᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠠᠶᠠᠨᠳᠠᠭᠠᠨ ᠣᠯᠵᠤ ᠪᠣᠯᠬᠤ ᠪᠣᠯᠭᠠᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠮᠲᠤ ᠳᠤ ᠨᠢ ᠬᠡᠷᠡᠭᠯᠡᠭᠦᠯᠵᠦ᠂ ᠭᠤᠶᠤᠴᠢᠯᠠᠭᠴᠢ ᠨᠢ ᠳᠠᠭᠢᠵᠤ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠴᠢᠬᠤᠯᠠ ᠥᠬᠡᠶ ᠪᠣᠯᠭᠠᠬᠤ ᠶᠢ ᠪᠠᠲᠤᠯᠠᠬᠤ ᠬᠡᠷᠡᠭᠲᠡᠢ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠨᠤᠭᠤᠳ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠬᠦ ᠠᠵᠢᠯ ᠢ ᠦᠨᠡᠨ ᠬᠦ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠠᠵᠢᠯ ᠤᠨ ᠲᠣᠭᠲᠠᠴᠠ ᠪᠠᠶᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠ ᠡᠭᠦᠷᠭᠡ ᠶᠢᠨ ᠬᠤᠪᠢᠶᠠᠷᠢᠯᠠᠯ ᠢ ᠨᠠᠷᠢᠯᠢᠬᠵᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠡᠷᠭᠡᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠪᠠᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠬᠦ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠬᠦ ᠪᠠ ᠬᠡᠷᠡᠭᠵᠢᠭᠦᠯᠬᠦ ᠬᠡᠷᠡᠭᠲᠡᠶ᠃ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠬᠠᠮᠢᠶ᠎ᠠ ᠪᠥᠬᠦᠶ ᠦᠷ᠎ᠡ ᠪᠦᠲᠦᠭᠡᠯ ᠢ ᠴᠠᠭ ᠲᠤᠬᠠᠶ ᠳᠤ ᠨᠢ ᠢᠯᠡ ᠨᠡᠶᠢᠲᠡᠯᠡᠵᠦ᠂ ᠨᠡᠶᠢᠭᠡᠮ ᠬᠢᠨᠠᠯᠲᠠ ᠶᠢ ᠬᠦᠯᠢᠶᠡᠬᠦ ᠬᠡᠷᠡᠭᠲᠡᠶ᠃      ︵ᠬᠤᠶᠠᠷ︶ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠰᠢᠰᠲ᠋ᠧᠮ ᠤᠨ ᠢᠶᠠᠨ ᠲᠤᠬᠠᠶᠢᠯᠠᠭᠰᠠᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠡᠯ᠎ᠡ ᠭᠠᠵᠠᠷ ᠣᠷᠣᠨ ᠳᠤ ᠣᠷᠣᠨ ᠪᠦᠰᠡ ᠶᠢᠨ ᠦᠨᠡᠯᠡᠨ ᠵᠢᠱᠢᠯᠲᠡ ᠬᠢᠬᠦ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠬᠦ᠂ ᠠᠮᠠᠯᠠᠯᠲᠠ ᠪᠠᠨ ᠮᠡᠳᠡᠭᠳᠡᠬᠦ ᠪᠤᠶᠤ ᠳᠠᠩᠰᠠᠯᠠᠭᠤᠯᠬᠤ ᠵᠡᠷᠭᠡ ᠠᠵᠢᠯ ᠤᠨ ᠲᠤᠬᠠᠶᠢᠯᠠᠭᠰᠠᠨ

        365赢多少钱会被限额_国内有真正的365平台吗_365bet博彩官网

        ᠠᠵᠢᠯ ᠤᠨ ᠵᠢᠯᠣᠭᠤᠳᠣᠯᠭ᠎ᠠ ᠶᠢ ᠴᠢᠩᠭᠠᠷᠠᠭᠤᠯᠬᠤ ᠶᠢᠨ ᠬᠠᠮᠲᠤ᠂ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠲᠠᠬᠢ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃      ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠣᠷᠣᠨ ᠪᠦᠰᠡ ᠶᠢᠨ ᠦᠨᠡᠯᠡᠨ ᠵᠢᠱᠢᠯᠲᠡ ᠶᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠳᠤ ᠣᠷᠣᠭᠤᠯᠵᠤ᠂ ᠡᠯ᠎ᠡ ᠭᠠᠵᠠᠷ ᠣᠷᠣᠨ ᠢ ᠦᠨᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠷᠣᠨ ᠪᠦᠰᠡ ᠶᠢᠨ ᠦᠨᠡᠯᠡᠨ ᠵᠢᠱᠢᠯᠲᠡ ᠶᠢ ᠬᠦᠴᠦᠨ ᠴᠢᠳᠠᠪᠤᠷᠢ ᠶᠢᠨ ᠬᠠᠷᠠᠯᠲᠠ ᠶᠢᠨ ᠰᠢᠯᠭᠠᠨ ᠬᠢᠨᠠᠬᠤ ᠲᠣᠭᠲᠠᠯᠴᠠᠭ᠎ᠠ ᠳᠤ ᠣᠷᠣᠭᠤᠯᠵᠤ᠂ ᠣᠨ ᠤ ᠴᠢᠬᠤᠯᠠ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠵᠢᠭᠰᠠᠭᠠᠨ ᠣᠷᠤᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠶ᠃      ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠴᠠᠭ ᠲᠤᠬᠠᠶ ᠳᠤ ᠨᠢ ᠤᠬᠠᠭᠤᠯᠵᠤ᠂ ᠣᠷᠣᠨ ᠪᠦᠰᠡ ᠶᠢᠨ ᠦᠨᠡᠯᠡᠨ ᠵᠢᠱᠢᠬᠦ ᠥᠭᠡᠷᠡᠴᠢᠯᠡᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ ᠥᠭᠬᠦ ᠬᠡᠷᠡᠭᠲᠡᠢ᠂ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠨᠡᠶᠢᠲᠡᠯᠢᠭ ᠠᠷᠭ᠎ᠠ ᠬᠢᠳᠡᠯ ᠢ ᠢᠳᠡᠪᠬᠢᠲᠡᠢ ᠳᠡᠯᠭᠡᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ  ᠨᠢ ᠬᠠᠷᠢᠭᠤᠯᠲᠠ ᠥᠭᠴᠦ᠂ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ ᠥᠭᠬᠦ ᠬᠡᠷᠡᠭᠲᠡᠢ᠃      ᠳᠠᠭᠠᠯᠳᠤᠭᠤᠯᠤᠯ᠄ 1.ᠦᠪᠡᠷᠲᠡᠭᠡᠨ ᠵᠠᠰᠠᠬᠤ ᠣᠷᠤᠨ ᠤ ᠣᠷᠤᠨ ᠪᠦᠰᠡ ᠶᠢᠨ ᠦᠨᠡᠯᠡᠨ ᠵᠢᠱᠢᠯᠲᠡ ᠶᠢᠨ ᠵᠦᠢᠯᠡᠰ ᠤᠨ ᠨᠠᠷᠢᠨ ᠳᠠᠩᠰᠠ ᠶᠢᠨ ᠬᠤᠷᠢᠶᠠᠩᠭᠤᠢ ᠬᠦᠰᠦᠨᠦᠭᠲᠦ

                             2.ᠦᠪᠡᠷᠲᠡᠭᠡᠨ ᠵᠠᠰᠠᠬᠤ ᠣᠷᠤᠨ ᠤ ᠣᠷᠤᠨ ᠪᠦᠰᠡ ᠶᠢᠨ ᠦᠨᠡᠯᠡᠨ ᠵᠢᠱᠢᠯᠲᠡ ᠶᠢᠨ ᠵᠦᠪ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ

         

        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ