1 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠰᠠᠶᠢᠳ ᠯᠢ ᠺᠧ | ᠴᠢᠶᠠᠩ ᠤᠨ ᠬᠢᠨᠠᠨ ᠪᠤᠳᠤᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠥᠪᠡᠷᠲᠡᠭᠡᠨ ᠵᠠᠰᠠᠬᠤ ᠣᠷᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠳᠤ ᠦᠢᠯᠡᠴᠢᠯᠡᠨ ᠪᠠᠲᠤᠯᠠᠭ᠎ᠠ ᠬᠠᠩᠭᠠᠬᠤ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ 365赢多少钱会被限额_国内有真正的365平台吗_365bet博彩官网 | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠬᠢᠨᠠᠨ | ᠪᠤᠳᠤᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠣᠷᠣᠨ ᠤ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠤᠨ | ᠬᠢᠨ ᠡᠷᠬᠡᠪᠰᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠢᠨᠠᠨ ᠪᠤᠳᠤᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠶᠯᠡᠴᠢᠯᠡᠵᠦ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠲᠡᠶ ᠬᠢᠨᠠᠨ ᠪᠤᠳᠤᠬᠤ ᠪᠠᠲᠤᠯᠠᠭ᠎ᠠ ᠬᠠᠩᠭᠠᠬᠤ ᠬᠡᠷᠡᠭᠲᠡᠶ᠃ ᠭᠤᠤᠯᠳᠠᠯᠭ᠎ᠠ ᠶᠢ ᠳᠣᠪᠣᠶᠢᠯᠭᠠᠵᠤ᠂ ᠬᠢᠨᠠᠨ ᠪᠤᠳᠤᠬᠤ ᠠᠵᠢᠯ ᠤᠨ ᠤᠯᠤᠰ 365赢多少钱会被限额_国内有真正的365平台吗_365bet博彩官网 | ᠲᠥᠷᠥ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠲᠠᠢ ᠤᠶᠠᠯᠳᠤᠭᠤᠯᠤᠨ ᠬᠢᠨᠠᠨ | ᠪᠤᠳᠤᠯᠲᠠ ᠥᠷᠨᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢᠯᠠᠩᠭᠤᠶ᠎ᠠ ᠦᠨᠳᠦᠰᠦᠨ ᠠᠷᠠᠳ ᠤᠨ ᠠᠮᠢᠳᠤᠷᠠᠯ ᠢ | ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠲᠣᠭᠤᠷᠢᠨ ᠳᠤ ᠬᠢᠨᠠᠨ ᠪᠤᠳᠤᠯᠲᠠ ᠶᠢᠨ | ᠬᠢᠨᠠᠯᠲᠠ ᠶᠢ ᠴᠢᠩᠭᠠᠳᠬᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠠᠭᠠᠷᠳᠠᠯᠭ᠎ᠠ ᠲᠠᠢ ᠬᠠᠷᠭᠤᠭᠤᠯᠵᠤ᠂ ᠡᠯ᠎ᠡ ᠲᠥᠷᠥᠯ ᠤᠨ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ︽ᠡᠷᠬᠢᠨ ᠬᠠᠷᠠᠬᠤ︾ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠶᠢᠨ ᠪᠡᠶ᠎ᠡ ᠶᠢᠨ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠡᠪᠡᠳᠴᠢᠨ ᠡᠮᠭᠡᠭ ᠢ ᠨᠢ | ᠵᠠᠰᠠᠵᠤ ᠡᠪᠡᠳᠴᠢᠨ ᠢ ᠰᠡᠷᠭᠡᠶᠢᠯᠡᠨ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠪᠠᠲᠤᠯᠠᠨ ᠬᠡᠷᠡᠭᠵᠢᠭᠦᠯᠬᠦ᠂ ᠬᠥᠭᠵᠢᠯᠲᠡ ᠶᠢ ᠠᠬᠢᠭᠤᠯᠬᠤ ᠦᠶᠯᠡᠳᠦᠯ ᠢ ᠨᠠᠩ | ᠰᠠᠶᠢᠲᠤᠷ ᠪᠠᠳᠠᠷᠠᠭᠤᠯᠬᠤ ᠬᠡᠷᠡᠭᠲᠡᠶ᠃ ᠡᠷᠳᠡᠮ ᠴᠢᠳᠠᠪᠤᠷᠢ ᠪᠠᠨ ᠰᠠᠶᠢᠲᠤᠷ ᠪᠣᠯᠪᠠᠰᠤᠷᠠᠭᠤᠯᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ | ᠭᠦᠶᠴᠡᠳᠭᠡᠵᠦ᠂ ᠪᠥᠬᠦ ᠬᠦᠴᠦᠨ ᠢᠶᠠᠷ ᠢᠶᠠᠨ ᠭᠤᠤᠯ ᠠᠵᠢᠯ ᠳᠤ ᠦᠶᠯᠡᠴᠢᠯᠡᠵᠦ᠂ ᠬᠢᠨᠠᠨ ᠪᠤᠳᠤᠬᠤ ᠲᠤᠰᠬᠠᠶ ᠮᠡᠷᠭᠡᠵᠢᠯ ᠤᠨ ᠴᠢᠳᠠᠪᠤᠷᠢ ᠪᠠᠨ ᠤᠯᠠᠮ ᠴᠢᠨᠠᠭᠰᠢᠳᠠ | ᠳᠡᠭᠡᠭᠰᠢᠯᠡᠭᠦᠯᠵᠦ᠂ ︽ᠣᠶᠤᠨᠴᠢ ᠬᠢᠨᠠᠨ ᠪᠤᠳᠤᠯᠲᠠ︾ ᠶᠢᠨ ᠪᠠᠶᠢᠭᠤᠯᠤᠯᠲᠠ ᠶᠢ ᠲᠦᠷᠭᠡᠳᠭᠡᠵᠦ᠂ ᠬᠢᠨᠠᠨ ᠪᠤᠳᠤᠬᠤ ᠪᠦᠷᠬᠦᠴᠡ ᠶᠢ ᠥᠷᠭᠡᠳᠭᠡᠬᠦ᠂ ᠬᠢᠨᠠᠨ ᠪᠤᠳᠤᠬᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠪᠣᠯ ᠨᠠᠮ ᠪᠣᠯᠤᠨ ᠤᠯᠤᠰ ᠤᠨ ᠶᠡᠭᠡ ᠶᠠᠪᠤᠳᠠᠯ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ | ᠵᠣᠬᠢᠶᠠᠨ ᠪᠠᠶᠢᠭᠤᠯᠬᠤ ᠺᠣᠮᠢᠰ ᠤᠨ ᠵᠢᠯᠣᠭᠤᠳᠣᠯᠭ᠎ᠠ ᠳᠤᠤᠷ᠎ᠠ᠂ ︽ᠪᠤᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠭᠡᠴᠢ ᠣᠯᠢᠮᠫᠢᠺ ᠤᠨ | ᠲᠠᠮᠢᠷ ᠤᠨ ᠴᠤᠭᠯᠠᠭᠠᠨ ᠡᠷᠭᠢᠯᠡᠬᠦ︾ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠦᠶᠯᠡᠳᠦᠯᠭᠡᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠨᠢᠭᠡ ᠬᠤᠭᠤᠴᠠᠭᠠᠨ ᠤ ︽ᠠᠷᠪᠢᠴᠢ ᠭᠠᠮᠲᠠᠢ᠂ ᠠᠮᠤᠷ ᠲᠦᠪᠰᠢᠨ᠂ ᠭᠤᠶᠢᠳᠠ ᠰᠠᠶᠢᠬᠠᠨ︾ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠭᠢᠯᠡᠬᠦ ᠳᠤ ᠥᠪᠥᠷ ᠮᠣᠩᠭᠤᠯ ᠤᠨ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |