内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        365赢多少钱会被限额_国内有真正的365平台吗_365bet博彩官网

        ᠬᠠᠤᠯᠢ ᠴᠠᠭᠠᠵᠠ ᠶᠢᠨ ᠵᠥᠪᠯᠡᠭᠴᠢ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠰᠣᠩᠭᠤᠨ ᠤᠷᠢᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠷᠯᠠᠯ
        ᠨᠡᠶᠢᠲᠡᠯᠡᠭᠰᠡᠨ ᠴᠠᠭ᠄
        2022/1/6
              ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠪᠠ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠥᠷᠢᠰᠥᠯᠳᠦᠭᠡᠨ ᠤ ᠴᠢᠨᠠᠷᠲᠠᠶ ᠠᠷᠭ᠎ᠠ ᠪᠠᠷ ᠳᠠᠮᠵᠢᠭᠤᠯᠤᠨ 2 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠢᠯᠡ ᠪᠠᠷ ᠰᠣᠩᠭᠤᠨ ᠤᠷᠢᠬᠤ ᠪᠠᠷ ᠪᠤᠢ᠃ ᠡᠳᠦᠭᠡ ᠰᠣᠩᠭᠤᠨ ᠤᠷᠢᠬᠤ ᠲᠥᠰᠦᠯ ᠢ ᠳᠣᠣᠷᠠᠬᠢ ᠮᠡᠲᠦ ᠨᠡᠶᠢᠲᠡᠯᠡᠪᠡ᠂ ᠰᠠᠨᠠᠭᠠᠴᠢᠯᠠᠭ᠎ᠠ ᠲᠠᠢ ᠪᠠᠷ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠥᠷᠢᠰᠥᠯᠳᠦᠭᠡᠨ ᠳᠤ ᠣᠷᠣᠯᠴᠠᠬᠤ ᠶᠢ ᠪᠠᠶᠠᠷᠯᠠᠨ ᠤᠭᠲᠤᠨᠠᠮ᠃      ᠨᠢᠭᠡ᠂ ᠬᠠᠤᠯᠢ ᠴᠠᠭᠠᠵᠠ ᠶᠢᠨ ᠵᠥᠪᠯᠡᠭᠴᠢ ᠶᠢᠨ ᠡᠭᠦᠷᠭᠡ ᠬᠠᠷᠢᠭᠤᠴᠠᠯᠭ᠎ᠠ      ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠵᠢᠴᠢ ᠪᠤᠰᠤᠳ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠲᠤᠭᠤᠷᠪᠢᠬᠤ ᠳᠤ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠵᠤ᠂ ᠬᠠᠤᠯᠢ ᠶᠣᠰᠣᠴᠢ ᠨᠤᠲᠠᠯᠠᠯᠲᠠ ᠬᠢᠵᠦ᠂ ᠬᠠᠤᠯᠢ ᠴᠠᠭᠠᠵᠠ ᠶᠢᠨ ᠰᠠᠨᠠᠯ ᠭᠠᠷᠭᠠᠨ᠎ᠠ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠴᠢᠬᠤᠯᠠ ᠶᠡᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠬᠠᠤᠯᠢ ᠶᠣᠰᠣᠴᠢ ᠨᠤᠲᠠᠯᠠᠯᠲᠠ ᠪᠤᠶᠤ ᠬᠠᠤᠯᠢ ᠴᠠᠭᠠᠵᠠ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠵᠦ᠂ ᠬᠠᠤᠯᠢ ᠴᠠᠭᠠᠵᠠ ᠶᠢᠨ ᠰᠠᠨᠠᠯ ᠭᠠᠷᠭᠠᠨ᠎ᠠ︔      ︵ᠭᠤᠷᠪᠠ︶ ᠬᠠᠤᠯᠢᠴᠢ ᠶᠢᠨ ᠭᠠᠵᠠᠷ ᠨᠢᠭᠡᠪᠦᠷᠢ 1 ᠬᠠᠤᠯᠢᠴᠢ ᠶᠢ ᠰᠣᠩᠭᠤᠨ ᠲᠤᠬᠠᠶ ᠶᠢᠨ ᠲᠠᠯᠠᠪᠤᠷ ᠲᠤ ᠰᠠᠭᠤᠭ᠎ᠠ ᠬᠠᠤᠯᠢᠴᠢ ᠪᠠᠷ ᠲᠣᠮᠢᠯᠠᠵᠤ᠂ ᠪᠠᠶᠢᠭ᠎ᠠ ᠬᠠᠤᠯᠢᠴᠢ ᠶᠢᠨ ᠭᠠᠵᠠᠷ ᠲᠠᠢ ᠪᠠᠨ ᠨᠡᠪᠲᠡᠷᠡᠯᠴᠡᠵᠦ ᠬᠠᠷᠢᠯᠴᠠᠬᠤ ᠠᠵᠢᠯ ᠢ ᠬᠠᠷᠢᠭᠤᠴᠠᠭᠤᠯᠤᠨ᠎ᠠ︔ ᠲᠤᠬᠠᠶ ᠶᠢᠨ ᠲᠠᠯᠠᠪᠤᠷ ᠲᠤ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠭᠦᠢᠴᠡᠳᠬᠡᠨ᠎ᠡ᠂ ᠡᠭᠦᠨ ᠳᠤ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ᠂ ᠬᠤᠯᠪᠣᠭᠳᠠᠯ ᠪᠥᠬᠦᠶ ᠡᠬᠡ ᠪᠢᠴᠢᠭ ᠢ ᠲᠤᠭᠤᠷᠪᠢᠬᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠨ ᠰᠢᠢᠳᠪᠦᠷᠢᠯᠡᠭᠦᠯᠦᠭᠰᠡᠨ ᠪᠤᠰᠤᠳ ᠵᠦᠢᠯᠡᠰ ᠵᠡᠷᠭᠡ ᠶᠢ ᠪᠠᠭᠲᠠᠭᠠᠨ᠎ᠠ︔      ︵ᠳᠥᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠷᠢᠶ᠎ᠠ ᠨᠢᠭᠡᠴᠢ ᠪᠠᠷ ᠭᠠᠳᠠᠭᠠᠳᠤ ᠯᠤᠭ᠎ᠠ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠯᠡᠯᠴᠡᠭᠡᠷ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠭᠡᠷ᠎ᠡ ᠵᠡᠷᠭᠡ ᠴᠢᠬᠤᠯᠠ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠲᠤᠭᠤᠷᠪᠢᠵᠤ᠂ ᠬᠢᠨᠠᠨ ᠪᠠᠶᠢᠴᠠᠭᠠᠵᠤ᠂ ᠵᠠᠰᠠᠪᠤᠷᠢ ᠣᠷᠣᠭᠤᠯᠵᠤ᠂ ᠬᠠᠤᠯᠢ ᠴᠠᠭᠠᠵᠠ ᠶᠢᠨ ᠰᠠᠨᠠᠯ ᠭᠠᠷᠭᠠᠨ᠎ᠠ︔      ︵ᠲᠠᠪᠤ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠱᠠᠭᠠᠷᠳᠠᠯᠭ᠎ᠠ ᠪᠠᠷ ᠵᠠᠬᠢᠳᠠᠯ ᠰᠤᠷᠪᠤᠯᠵᠢᠯᠠᠯ ᠤᠨ ᠬᠡᠷᠡᠭ ᠪᠠ ᠬᠦᠨᠳᠦ ᠶᠡᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠣᠷᠣᠯᠴᠠᠵᠤ᠂ ᠬᠠᠤᠯᠢ ᠴᠠᠭᠠᠵᠠ ᠶᠢᠨ ᠰᠠᠨᠠᠯ ᠭᠠᠷᠭᠠᠨ᠎ᠠ︔      ︵ᠵᠢᠷᠭᠤᠭ᠎ᠠ︶ ᠲᠤᠰᠬᠠᠶ ᠮᠡᠷᠭᠡᠵᠢᠯ ᠢᠶᠠᠷ ᠨᠢ ᠢᠯᠭᠠᠨ ᠮᠡᠷᠭᠡᠵᠢᠯᠲᠡᠳ ᠤᠨ ᠪᠦᠯᠬᠦᠮ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠱᠠᠭᠠᠷᠳᠠᠯᠭ᠎ᠠ ᠪᠠᠷ᠂ ᠵᠣᠬᠢᠬᠤ ᠮᠡᠷᠭᠡᠵᠢᠯ ᠤᠨ ᠬᠠᠤᠯᠢᠴᠢ ᠶᠢ ᠲᠣᠮᠢᠯᠠᠨ ᠬᠤᠯᠪᠣᠭᠳᠠᠯ ᠪᠥᠬᠦᠶ ᠬᠤᠷᠠᠯ ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠤᠰᠤᠳ ᠠᠵᠢᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠯᠠᠪᠯᠠᠭ᠎ᠠ ᠥᠭᠬᠦ᠂ ᠪᠠᠶᠢᠴᠠᠭᠠᠯᠲᠠ ᠬᠢᠬᠦ᠂ ᠨᠤᠲᠠᠯᠠᠯᠲᠠ ᠬᠢᠬᠦ ᠵᠡᠷᠭᠡ ᠦᠢᠯᠡᠴᠢᠯᠡᠭᠡ ᠬᠠᠩᠭᠠᠨ᠎ᠠ︔      ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠶᠢᠳᠠᠭᠰᠠᠨ ᠪᠤᠰᠤᠳ ᠬᠠᠤᠯᠢ ᠴᠠᠭᠠᠵᠠ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠨ᠎ᠡ︔      ︵ᠨᠠᠢᠮᠠ︶ ᠵᠠᠷᠭᠤᠯᠳᠤᠬᠤ ᠪᠠ ᠬᠥᠨᠳᠡᠯᠡᠨ ᠠᠴᠠ ᠲᠠᠰᠤᠯᠬᠤ ᠬᠡᠷᠡᠭ ᠢ ᠣᠷᠣᠯᠠᠨ ᠬᠢᠨ᠎ᠡ︔      ︵ᠶᠢᠰᠦ︶ ᠬᠠᠤᠯᠢᠵᠢᠯ ᠤᠨ ᠤᠬᠠᠭᠤᠯᠭ᠎ᠠ ᠶᠢ ᠬᠠᠮᠵᠢᠨ ᠬᠢᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠯ ᠬᠢᠨ᠎ᠡ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠥᠷᠢᠰᠥᠯᠳᠦᠨ ᠤᠷᠢᠭᠳᠠᠭᠠᠳ ᠠᠮᠵᠢᠯᠲᠠ ᠣᠯᠤᠭᠰᠠᠨ ᠬᠠᠤᠯᠢᠴᠢ ᠶᠢᠨ ᠭᠠᠵᠠᠷ ᠯᠤᠭ᠎ᠠ 1 ᠵᠢᠯ ᠤᠨ ᠬᠤᠭᠤᠴᠠᠭᠠᠨ ᠤ ᠭᠡᠷ᠎ᠡ ᠲᠣᠭᠲᠠᠵᠤ᠂ ᠡᠷᠬᠡ ᠣᠯᠭᠤᠭᠰᠠᠨ ᠬᠡᠪᠴᠢᠶᠡᠨ ᠳᠣᠲᠣᠷ᠎ᠠ ᠲᠣᠰ ᠬᠠᠤᠯᠢᠴᠢ ᠶᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠨᠡᠷ᠎ᠡ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠶᠢᠳᠠᠭᠰᠠᠨ ᠤᠴᠢᠷ ᠶᠠᠪᠤᠳᠠᠯ ᠢ ᠰᠢᠢᠳᠪᠦᠷᠢᠯᠡᠨ᠎ᠡ᠂ ᠭᠡᠬᠦ ᠳᠤ ᠪᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠦᠷᠢ ᠲᠥᠷᠬᠦ ᠪᠠ ᠠᠰᠢᠭ ᠲᠤᠰᠠ ᠶᠢ ᠬᠤᠬᠢᠷᠠᠭᠤᠯᠵᠤ ᠪᠣᠯᠬᠤ ᠥᠬᠡᠶ᠃ ᠡᠷᠬᠡ ᠣᠯᠭᠤᠭᠰᠠᠨ ᠥᠬᠡᠶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠨᠡᠷ᠎ᠡ ᠪᠠᠷ ᠪᠤᠰᠤᠳ ᠠᠵᠢᠯᠯᠠᠭ᠎ᠠ ᠬᠢᠵᠦ ᠪᠣᠯᠬᠤ ᠦᠭᠡᠢ᠃ ᠬᠠᠮᠲᠤᠷᠠᠯᠴᠠᠭ᠎ᠠ ᠳᠠᠭᠤᠰᠤᠭᠰᠠᠨ ᠤ ᠳᠠᠷᠠᠭᠠᠬᠢ ᠭᠤᠷᠪᠠᠨ ᠵᠢᠯ ᠤᠨ ᠳᠣᠲᠣᠷ᠎ᠠ᠂ ᠨᠥᠭᠦᠭᠡ ᠡᠲᠡᠭᠡᠳ ᠤᠨ ᠨᠠᠶᠢᠳᠠᠭᠰᠠᠨ ᠣᠷᠣᠯᠠᠭᠴᠢ ᠶᠢᠨ ᠬᠤᠪᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠭᠤᠶᠤᠴᠢᠯᠠᠭᠳᠠᠭᠴᠢ ᠪᠠᠨ ᠪᠣᠯᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ᠂ ᠬᠥᠨᠳᠡᠯᠡᠨ ᠠᠴᠠ ᠲᠠᠰᠤᠯᠬᠤ ᠬᠡᠷᠡᠭ ᠪᠤᠶᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠢᠶᠠᠷ ᠵᠠᠭᠠᠯᠳᠤᠭᠳᠠᠭᠴᠢ ᠪᠣᠯᠭᠠᠭᠰᠠᠨ ᠵᠠᠷᠭᠤ ᠶᠢᠨ ᠬᠡᠷᠡᠭ ᠢ ᠣᠷᠣᠯᠠᠵᠤ ᠪᠣᠯᠬᠤ ᠥᠬᠡᠶ᠃      ᠬᠠᠤᠯᠢ ᠴᠠᠭᠠᠵᠠ ᠶᠢᠨ ᠵᠥᠪᠯᠡᠭᠴᠢ ᠶᠢᠨ ᠪᠣᠳᠠᠲᠠᠶ ᠡᠷᠬᠡ ᠡᠭᠦᠷᠭᠡ ᠶᠢ ᠭᠡᠷ᠎ᠡ ᠪᠠᠷ ᠵᠢᠩᠬᠢᠨᠢ ᠪᠠᠷ ᠲᠣᠭᠲᠠᠭᠠᠨ᠎ᠠ᠃      ᠬᠤᠶᠠᠷ᠂ ᠤᠷᠢᠯᠭ᠎ᠠ ᠳᠤ ᠣᠷᠣᠯᠴᠠᠬᠤ ᠨᠥᠬᠦᠴᠡᠯ ᠤᠨ ᠱᠠᠭᠠᠷᠳᠠᠯᠭ᠎ᠠ      ︵ᠨᠢᠭᠡ︶ ᠤᠷᠢᠯᠭ᠎ᠠ ᠳᠤ ᠣᠷᠣᠯᠴᠠᠬᠤ ᠬᠠᠤᠯᠢᠴᠢ ᠶᠢᠨ ᠭᠠᠵᠠᠷ ᠲᠤ ᠲᠠᠯᠪᠢᠬᠤ ᠱᠠᠭᠠᠷᠳᠠᠯᠭ᠎ᠠ      ᠵᠠᠰᠠᠭ ᠵᠠᠬᠢᠷᠭᠠᠨ ᠤ ᠬᠠᠤᠯᠢ᠂ ᠢᠷᠭᠡᠨ ᠤ ᠪᠠ ᠬᠤᠳᠠᠯᠳᠤᠭᠠᠨ ᠤ ᠬᠠᠤᠯᠢ᠂ ᠵᠠᠷᠭᠤ ᠶᠢᠨ ᠬᠠᠤᠯᠢ ᠵᠡᠷᠭᠡ ᠬᠦᠷᠢᠶᠡᠨ ᠳᠤ ᠨᠡᠯᠢᠶᠡᠳ ᠴᠢᠩᠭ᠎ᠠ ᠦᠢᠯᠡᠴᠢᠯᠡᠭᠡᠨ ᠤ ᠴᠢᠳᠠᠪᠤᠷᠢ ᠲᠠᠢ᠂ ᠠᠵᠢᠯ ᠲᠦᠷᠦᠯ ᠤᠨ ᠬᠡᠪᠴᠢᠶᠡᠨ ᠳᠤ ᠰᠠᠶᠢᠨ ᠰᠠᠶᠢᠬᠠᠨ ᠨᠡᠶᠢᠭᠡᠮ ᠤᠨ ᠨᠡᠷ᠎ᠡ ᠬᠦᠨᠳᠦ ᠲᠠᠢ ᠪᠠᠶᠢᠬᠤ︔ ᠭᠡᠷ᠎ᠡ ᠶᠢᠨ ᠬᠤᠭᠤᠴᠠᠭᠠᠨ ᠳᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠣᠬᠢᠴᠠᠩᠭᠤᠶ ᠡᠭᠦᠷᠭᠡ ᠪᠠᠨ ᠭᠦᠢᠴᠡᠳᠬᠡᠬᠦ ᠶᠢ ᠪᠠᠲᠤᠯᠠᠬᠤ ᠶᠢᠨ ᠬᠠᠮᠲᠤ ᠠᠯᠢ ᠴᠢᠳᠠᠬᠤ ᠪᠠᠷ ᠴᠢᠨᠠᠷᠯᠢᠭ ᠦᠢᠯᠡᠴᠢᠯᠡᠭᠡ ᠬᠠᠩᠭᠠᠵᠤ ᠳᠡᠶᠢᠯᠬᠦ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠤᠨ ᠲᠣᠬᠢᠷᠠᠭᠤᠯᠤᠯᠲᠠ ᠶᠢ ᠳᠠᠭᠠᠵᠤ᠂ ᠤᠯᠤᠰ ᠤᠨ ᠨᠢᠭᠤᠴᠠ ᠪᠠ ᠠᠵᠢᠯ ᠤᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠣᠭᠲᠠᠬᠤ︔ ᠦᠢᠯᠡᠴᠢᠯᠡᠭᠡᠨ ᠤ ᠪᠦᠯᠬᠦᠮ ᠤᠨ ᠬᠠᠷᠢᠭᠤᠴᠠᠯᠭᠠᠲᠠᠨ ᠪᠠ ᠲᠤᠬᠠᠶ ᠶᠢᠨ ᠲᠠᠯᠠᠪᠤᠷ ᠲᠤ ᠰᠠᠭᠤᠭ᠎ᠠ ᠬᠠᠤᠯᠢᠴᠢᠳ ᠬᠤᠯᠪᠣᠭᠳᠠᠯ ᠪᠥᠬᠦᠶ ᠬᠤᠷᠠᠯ ᠳᠤ ᠴᠠᠭ ᠲᠤᠬᠠᠶ ᠳᠤ ᠨᠢ ᠣᠷᠣᠯᠴᠠᠬᠤ ᠪᠠ ᠬᠤᠯᠪᠣᠭᠳᠠᠯ ᠪᠥᠬᠦᠶ ᠦᠢᠯᠡᠴᠢᠯᠡᠭᠡ ᠬᠠᠩᠭᠠᠬᠤ ᠶᠢ ᠪᠠᠲᠤᠯᠠᠵᠤ᠂ ᠭᠡᠷ᠎ᠡ ᠶᠢᠨ ᠬᠤᠭᠤᠴᠠᠭᠠᠨ ᠳᠤ ᠬᠠᠤᠯᠢᠴᠢ ᠶᠢᠨ ᠭᠠᠵᠠᠷ ᠤᠨ ᠰᠢᠯᠲᠠᠭᠠᠨ ᠠᠴᠠ ᠪᠣᠯᠵᠣ ᠠᠵᠢᠯᠲᠠᠨ ᠢᠶᠠᠨ ᠰᠣᠯᠢᠬᠤ ᠥᠬᠡᠶ ᠪᠠᠶᠢᠬᠤ ᠶᠢ ᠪᠠᠲᠤᠯᠠᠬᠤ︔ ᠵᠠᠷᠴᠢᠮ ᠳᠡᠭᠡᠷ᠎ᠡ ᠪᠠᠨ ᠲᠠᠯᠠᠪᠤᠷ ᠲᠤ ᠰᠠᠭᠤᠭ᠎ᠠ ᠬᠠᠤᠯᠢᠴᠢ ᠳᠤ ᠭᠡᠷ᠎ᠡ ᠳᠤ ᠪᠣᠯᠵᠣᠨ ᠲᠣᠭᠲᠠᠭᠰᠠᠨ ᠠᠵᠢᠯ ᠤᠨ ᠬᠡᠪᠴᠢᠶ᠎ᠡ ᠠᠴᠠ ᠳᠠᠪᠠᠭᠰᠠᠨ ᠪᠤᠰᠤᠳ ᠠᠵᠢᠯ ᠢ ᠲᠣᠬᠢᠷᠠᠭᠤᠯᠬᠤ ᠪᠠᠶᠢᠬᠤ︔ ᠪᠠᠶᠢᠭᠤᠯᠤᠭᠳᠠᠭᠰᠠᠨ ᠴᠠᠭ ᠨᠢ 3 ᠵᠢᠯ ᠠᠴᠠ ᠳᠡᠭᠡᠭᠰᠢ ︵ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠢᠶᠠᠷ ᠬᠢᠵᠠᠭᠠᠷᠯᠠᠨ᠎ᠠ︶᠂ ᠰᠠᠭᠤᠭ᠎ᠠ ᠭᠠᠵᠠᠷ ᠨᠢ ᠬᠥᠬᠡᠬᠤᠲᠠ ᠳᠤ ᠪᠠᠶᠢᠬᠤ︔ ᠣᠶᠢᠷ᠎ᠠ ᠶᠢᠨ 3 ᠵᠢᠯ ᠳᠤ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ᠂ ᠠᠵᠢᠯ ᠲᠥᠷᠥᠯ ᠤᠨ ᠰᠢᠢᠳᠬᠡᠯ ᠵᠡᠷᠭᠡ ᠮᠠᠭᠤ ᠲᠡᠮᠳᠡᠭᠯᠡᠯ ᠦᠭᠡᠢ ᠪᠠᠶᠢᠬᠤ ᠬᠡᠷᠡᠭᠲᠡᠢ᠃      ︵ᠬᠤᠶᠠᠷ︶ ᠦᠢᠯᠡᠴᠢᠯᠡᠭᠡᠨ ᠤ ᠪᠦᠯᠬᠦᠮ ᠨᠡᠶᠢᠲᠡ ᠶᠢᠨ ᠬᠠᠷᠢᠭᠤᠴᠠᠯᠭᠠᠲᠠᠨ ᠳᠤ ᠲᠠᠯᠪᠢᠬᠤ ᠱᠠᠭᠠᠷᠳᠠᠯᠭ᠎ᠠ      ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ

        365赢多少钱会被限额_国内有真正的365平台吗_365bet博彩官网

        ᠬᠦᠷᠢᠶᠡᠯᠡᠵᠦ᠂ 5 ᠵᠢᠯ ᠠᠴᠠ ᠳᠡᠭᠡᠭᠰᠢ ᠠᠵᠢᠯ ᠡᠷᠬᠢᠯᠡᠭᠰᠡᠨ ᠲᠤᠷᠰᠢᠯᠭ᠎ᠠ ᠲᠠᠢ᠂ ᠲᠤᠰᠬᠠᠶ ᠮᠡᠷᠭᠡᠵᠢᠯ ᠤᠨ ᠴᠢᠳᠠᠪᠤᠷᠢ ᠪᠠᠷ ᠴᠢᠩᠭ᠎ᠠ ᠪᠠᠶᠢᠬᠤ ᠬᠡᠷᠡᠭᠲᠡᠢ︔ ᠡᠷᠡᠭᠦᠦ ᠶᠢᠨ ᠰᠢᠢᠳᠬᠡᠯ ᠣᠯᠤᠭᠰᠠᠨ ᠦᠭᠡᠢ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠬᠡᠯ ᠣᠯᠤᠭᠰᠠᠨ ᠦᠭᠡᠢ᠂ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠪᠤᠶᠤ ᠠᠵᠢᠯ ᠲᠦᠷᠦᠯ ᠤᠨ ᠰᠢᠢᠳᠬᠡᠯ ᠣᠯᠤᠭᠰᠠᠨ ᠦᠭᠡᠢ ᠪᠠᠶᠢᠬᠤ︔ ᠤᠯᠤᠰ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠤᠯᠤᠰ ᠤᠨ ᠨᠢᠭᠤᠴᠠ ᠪᠠ ᠠᠵᠢᠯ ᠤᠨ ᠨᠢᠭᠤᠴᠠ ᠶᠢ ᠴᠢᠩᠭ᠎ᠠ ᠬᠠᠮᠠᠭᠠᠯᠠᠬᠤ︔ ᠵᠠᠰᠠᠭ ᠵᠠᠬᠢᠷᠭᠠᠨ ᠤ ᠬᠠᠤᠯᠢ ᠶᠢᠨ ᠣᠨᠣᠯ ᠪᠠ ᠪᠣᠳᠠᠲᠤ ᠶᠠᠪᠤᠳᠠᠯ ᠢ ᠰᠠᠶᠢᠲᠤᠷ ᠣᠶᠢᠯᠠᠭᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠤᠯᠢ ᠴᠠᠭᠠᠵᠠ ᠶᠢᠨ ᠵᠥᠪᠯᠡᠭᠴᠢ ᠪᠣᠯᠬᠤ ᠵᠡᠷᠭᠡ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠶ᠃      ︵ᠭᠤᠷᠪᠠ︶ ᠲᠠᠯᠠᠪᠤᠷ ᠲᠤ ᠰᠠᠭᠤᠭ᠎ᠠ ᠬᠠᠤᠯᠢᠴᠢ ᠳᠤ ᠲᠠᠯᠪᠢᠬᠤ ᠱᠠᠭᠠᠷᠳᠠᠯᠭ᠎ᠠ      ᠪᠦᠬᠦᠯᠢ 45 ᠨᠠᠰᠤᠨ ᠠᠴᠠ ᠳᠣᠷᠣᠭᠰᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠬᠠᠷᠠᠭᠠᠯᠵᠠᠭᠰᠠᠨ ᠡᠷᠳᠡᠮ ᠤᠨ ᠴᠣᠯᠠ ᠣᠯᠣᠭᠰᠠᠨ ᠪᠠᠶᠢᠬᠤ ᠬᠡᠷᠡᠭᠲᠡᠢ᠃ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠬᠦᠷᠢᠶᠡᠯᠡᠬᠦ ᠬᠡᠷᠡᠭᠲᠡᠢ᠃ ᠬᠤᠶᠠᠷ ᠵᠢᠯ ᠠᠴᠠ ᠳᠡᠭᠡᠭᠰᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠤᠷᠰᠢᠯᠭ᠎ᠠ ᠲᠠᠢ ᠪᠠᠶᠢᠵᠤ᠂ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ︵A ᠲᠥᠷᠥᠯ︶ ᠳᠤ ᠪᠠᠲᠤᠯᠠᠭᠳᠠᠭᠰᠠᠨ᠂ ᠨᠡᠯᠢᠶᠡᠳ ᠴᠢᠩᠭ᠎ᠠ ᠮᠡᠷᠭᠡᠵᠢᠯ ᠤᠨ ᠲᠦᠪᠰᠢᠨ ᠪᠠ ᠶᠡᠷᠦᠩᠬᠡᠶ ᠬᠡᠪ ᠪᠣᠯᠪᠠᠰᠤᠷᠠᠯ ᠲᠠᠢ ᠪᠠᠶᠢᠵᠤ᠂ ᠨᠠᠷᠢᠨ ᠬᠢᠨᠠᠮᠠᠭᠠᠶ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠬᠠᠤᠯᠢᠴᠢ ᠶᠢᠨ ᠠᠵᠢᠯ ᠡᠷᠭᠢᠯᠡᠬᠦ ᠦᠨᠡᠮᠯᠡᠯ ᠣᠯᠤᠭᠰᠠᠨ ᠪᠠᠶᠢᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠤᠨ ᠲᠣᠬᠢᠷᠠᠭᠤᠯᠤᠯᠲᠠ ᠶᠢ ᠳᠠᠭᠠᠵᠤ᠂ ᠤᠯᠤᠰ ᠤᠨ ᠨᠢᠭᠤᠴᠠ ᠪᠠ ᠠᠵᠢᠯ ᠤᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ︔ ᠡᠷᠡᠭᠦᠦ ᠶᠢᠨ ᠰᠢᠢᠳᠬᠡᠯ ᠣᠯᠤᠭᠰᠠᠨ ᠦᠭᠡᠢ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠬᠡᠯ ᠢ ᠣᠯᠤᠭᠰᠠᠨ ᠦᠭᠡᠢ᠂ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠪᠤᠶᠤ ᠠᠵᠢᠯ ᠲᠦᠷᠦᠯ ᠤᠨ ᠰᠢᠢᠳᠬᠡᠯ ᠢ ᠣᠯᠤᠭᠰᠠᠨ ᠦᠭᠡᠢ︔ ᠭᠡᠷ᠎ᠡ ᠶᠢᠨ ᠬᠤᠭᠤᠴᠠᠭᠠᠨ ᠳᠤ ᠲᠤᠰ ᠬᠥᠮᠦᠨ ᠤ ᠰᠢᠯᠲᠠᠭᠠᠨ ᠠᠴᠠ ᠪᠤᠯᠵᠤ ᠬᠥᠮᠦᠨ ᠰᠣᠯᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃      ᠬᠡᠷᠪᠡ ᠲᠠᠯᠠᠪᠠᠢ ᠳᠤ ᠰᠠᠭᠤᠭ᠎ᠠ ᠬᠠᠤᠯᠢᠴᠢ ᠠᠵᠢᠯ ᠤᠨ ᠱᠠᠭᠠᠷᠳᠠᠯᠭ᠎ᠠ ᠳᠤ ᠲᠤᠬᠢᠷᠠᠬᠤ ᠥᠭᠡᠢ ᠪᠠᠶᠢᠬᠤ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠵᠢᠯᠳᠠᠨ ᠰᠣᠯᠢᠬᠤ ᠱᠠᠭᠠᠷᠳᠠᠯᠭ᠎ᠠ ᠪᠠᠨ ᠳᠤᠷᠠᠳᠴᠤ ᠪᠣᠯᠤᠨ᠎ᠠ᠃      ᠭᠤᠷᠪᠠ᠂ ᠤᠷᠢᠯᠭ᠎ᠠ ᠳᠤ ᠣᠷᠣᠯᠴᠠᠬᠤ ᠳᠤ ᠬᠡᠷᠡᠭᠰᠡᠬᠦ ᠮᠠᠲ᠋ᠧᠷᠢᠶᠠᠯ      ︵ᠨᠢᠭᠡ︶ ᠬᠠᠤᠯᠢᠴᠢ ᠶᠢᠨ ᠭᠠᠵᠠᠷ ᠤᠨ ᠦᠨᠳᠦᠰᠦᠨ ᠪᠠᠶᠢᠳᠠᠯ︔      ︵ᠬᠤᠶᠠᠷ︶ ᠥᠩᠭᠡᠷᠡᠭᠰᠡᠨ ᠤ ᠠᠵᠢᠯ ᠤᠨ ᠪᠦᠲᠦᠮᠵᠢ᠂ ᠢᠯᠠᠩᠭᠤᠶ᠎ᠠ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠡᠷᠬᠢᠯᠡᠭᠰᠡᠨ ᠠᠵᠢᠯ ᠤᠨ ᠪᠦᠲᠦᠮᠵᠢ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠳᠠᠮᠠᠭᠠᠶ ᠴᠢᠭᠯᠡᠯ ᠵᠢᠴᠢ ᠬᠦᠷᠢᠶ᠎ᠡ ᠴᠠᠷᠠᠭ᠎ᠠ︔      ︵ᠭᠤᠷᠪᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠴᠢᠯᠡᠭᠡᠨ ᠤ ᠪᠦᠯᠬᠦᠮ ᠤᠨ ᠦᠨᠳᠦᠰᠦᠨ ᠪᠠᠶᠢᠳᠠᠯ ᠵᠢᠴᠢ ᠪᠦᠯᠬᠦᠮ ᠪᠣᠯᠬᠤ ᠪᠦᠷᠢᠯᠳᠦᠬᠦᠨ ᠤ ᠲᠣᠪᠴᠢ ᠨᠠᠮᠲᠠᠷ︔      ︵ᠳᠥᠷᠪᠡ︶ ᠲᠣᠰ ᠲᠥᠰᠦᠯ ᠳᠠᠬᠢ ᠬᠠᠤᠯᠢ ᠴᠠᠭᠠᠵᠠ ᠶᠢᠨ ᠵᠥᠪᠯᠡᠭᠴᠢ ᠶᠢᠨ ᠡᠭᠦᠷᠭᠡ ᠬᠠᠷᠢᠭᠤᠴᠠᠯᠭ᠎ᠠ ᠵᠢᠴᠢ ᠤᠷᠢᠨ ᠬᠡᠷᠡᠭᠯᠡᠬᠦ ᠳᠤ ᠣᠷᠣᠯᠴᠠᠬᠤ ᠨᠥᠬᠦᠴᠡᠯ ᠱᠠᠭᠠᠷᠳᠠᠯᠭ᠎ᠠ ᠶᠢ ᠦᠨᠳᠦᠰᠦᠯᠡᠨ᠂ ᠵᠣᠬᠢᠬᠤ ᠦᠨ᠎ᠡ ᠮᠡᠳᠡᠭᠦᠯᠬᠦ᠂ ᠠᠵᠢᠯᠯᠠᠬᠤ ᠠᠷᠭ᠎ᠠ ᠪᠣᠯᠤᠨ ᠠᠵᠢᠯ ᠤᠨ ᠬᠡᠮᠵᠢᠶ᠎ᠡ ᠶᠢ ᠳᠤᠷᠠᠳᠤᠨ᠎ᠠ︔      ︵ᠲᠠᠪᠤ︶ ᠬᠠᠤᠯᠢᠴᠢ ᠶᠢᠨ ᠭᠠᠵᠠᠷ ᠣᠶᠢᠷ᠎ᠠ ᠶᠢᠨ 3 ᠵᠢᠯ ᠳᠤ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ᠂ ᠠᠵᠢᠯ ᠲᠥᠷᠥᠯ ᠤᠨ ᠰᠢᠢᠳᠬᠡᠯ ᠵᠡᠷᠭᠡ ᠮᠠᠭᠤ ᠲᠡᠮᠳᠡᠭᠯᠡᠯ ᠥᠬᠡᠶ᠂ ᠦᠢᠯᠡᠴᠢᠯᠡᠭᠡᠨ ᠤ ᠪᠦᠯᠬᠦᠮ ᠤᠨ ᠬᠠᠷᠢᠭᠤᠴᠠᠯᠭᠠᠲᠠᠨ᠂ ᠲᠠᠯᠠᠪᠤᠷ ᠲᠤ ᠰᠠᠭᠤᠭ᠎ᠠ ᠬᠠᠤᠯᠢᠴᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠬᠡᠯ ᠣᠯᠤᠭᠰᠠᠨ ᠥᠬᠡᠶ᠂ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠪᠤᠶᠤ ᠠᠵᠢᠯ ᠲᠥᠷᠥᠯ ᠤᠨ ᠰᠢᠢᠳᠬᠡᠯ ᠣᠯᠤᠭᠰᠠᠨ ᠥᠬᠡᠶ ᠪᠠᠶᠢᠬᠤ ᠲᠣᠳᠣᠷᠬᠠᠶᠢᠯᠠᠯᠲᠠ ᠪᠠᠶᠢᠬᠤ ᠬᠡᠷᠡᠭᠲᠡᠢ᠃      ᠳᠥᠷᠪᠡ᠂ ᠰᠣᠩᠭᠤᠨ ᠤᠷᠢᠬᠤ ᠠᠵᠢᠯ ᠤᠨ ᠠᠷᠭ᠎ᠠ ᠮᠠᠶ᠋ᠢᠭ      ᠰᠣᠩᠭᠤᠨ ᠤᠷᠢᠬᠤ ᠠᠵᠢᠯ ᠢ ᠥᠷᠢᠰᠥᠯᠳᠦᠭᠡᠨ ᠤ ᠴᠢᠨᠠᠷᠲᠠᠶ ᠠᠷᠭ᠎ᠠ ᠪᠠᠷ ᠶᠠᠪᠤᠭᠳᠠᠭᠤᠯᠤᠨ᠎ᠠ᠃ ᠣᠷᠣᠯᠴᠠᠬᠤ ᠰᠠᠨᠠᠭ᠎ᠠ ᠲᠠᠢ ᠬᠠᠤᠯᠢᠴᠢ ᠶᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠤᠷᠠᠳᠤᠭᠰᠠᠨ ᠨᠥᠬᠦᠴᠡᠯ ᠢ ᠦᠨᠳᠦᠰᠦᠯᠡᠨ᠂ ᠬᠤᠯᠪᠣᠭᠳᠠᠯ ᠪᠥᠬᠦᠶ ᠮᠠᠲ᠋ᠧᠷᠢᠶᠠᠯ ᠢ ᠤᠷᠢᠳ ᠢᠶᠠᠷ ᠪᠡᠯᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠥᠷᠢᠰᠥᠯᠳᠦᠨ ᠤᠷᠢᠬᠤ ᠮᠠᠲ᠋ᠧᠷᠢᠶᠠᠯ ᠢ ᠬᠤᠷᠢᠶᠠᠩᠭᠤᠶᠢᠯᠠᠬᠤ ᠶᠢᠨ ᠬᠠᠮᠲᠤ ᠬᠤᠯᠪᠣᠭᠳᠠᠯ ᠪᠥᠬᠦᠶ ᠨᠢᠭᠡᠴᠢ ᠲᠠᠢ ᠬᠠᠮᠲᠤᠷᠠᠨ ᠬᠠᠤᠯᠢᠴᠢ ᠶᠢᠨ ᠭᠠᠵᠠᠷ ᠤᠨ ᠦᠨᠳᠦᠰᠦᠨ ᠪᠠᠶᠢᠳᠠᠯ᠂ ᠥᠩᠭᠡᠷᠡᠭᠰᠡᠨ ᠤ ᠠᠵᠢᠯ ᠤᠨ ᠠᠮᠵᠢᠯᠲᠠ ᠪᠦᠲᠦᠮᠵᠢ᠂ ᠦᠢᠯᠡᠴᠢᠯᠡᠭᠡᠨ ᠤ ᠪᠦᠯᠬᠦᠮ ᠤᠨ ᠪᠠᠶᠢᠳᠠᠯ᠂ ᠠᠮᠠᠯᠳᠠᠭᠰᠠᠨ ᠠᠵᠢᠯ ᠤᠨ ᠬᠡᠮᠵᠢᠶ᠎ᠡ ᠪᠠ ᠮᠡᠳᠡᠭᠦᠯᠦᠭᠰᠡᠨ ᠦᠨ᠎ᠡ ᠵᠡᠷᠭᠡ ᠶᠢ ᠦᠨᠳᠦᠰᠦᠯᠡᠨ ᠰᠢᠯᠭᠠᠷᠠᠭᠤᠯᠤᠨ᠎ᠠ᠃ ᠴᠢᠬᠤᠯᠠᠲᠠᠶ ᠦᠶ᠎ᠡ ᠳᠤ᠂ ᠵᠢᠱᠢᠭᠳᠡᠭᠰᠡᠨ ᠬᠠᠤᠯᠢᠴᠢ ᠶᠢᠨ ᠭᠠᠵᠠᠷ ᠤᠨ ᠲᠥᠯᠥᠭᠡᠯᠡᠭᠴᠢ ᠶᠢ ᠤᠷᠢᠵᠤ ᠲᠤᠬᠠᠶ ᠶᠢᠨ ᠲᠠᠯᠠᠪᠤᠷ ᠲᠤ ᠥᠷᠢᠰᠥᠯᠳᠦᠨ ᠤᠷᠢᠭᠳᠠᠬᠤ ᠲᠣᠭᠠᠴᠢᠯᠲᠠ ᠬᠢᠯᠭᠡᠵᠦ ᠪᠣᠯᠤᠨ᠎ᠠ᠃      ᠲᠠᠪᠤ᠂ ᠴᠠᠭ ᠤᠨ ᠲᠣᠬᠢᠷᠠᠭᠤᠯᠤᠯᠲᠠ      ᠰᠠᠨᠠᠭᠠᠴᠢᠯᠠᠭ᠎ᠠ ᠲᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ 2022 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠷᠢᠰᠦᠯᠳᠦᠨ ᠤᠷᠢᠭᠳᠠᠬᠤ ᠮᠠᠲ᠋ᠧᠷᠢᠶᠠᠯ ᠢᠶᠠᠨ 15 ᠬᠤᠪᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠭᠠᠵᠠᠷ ᠲᠤ ᠢᠯᠡᠭᠡᠭᠡᠷᠡᠶ᠃      ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠭᠠᠵᠠᠷ︔     ᠬᠠᠷᠢᠯᠴᠠᠬᠤ ᠬᠥᠮᠥᠨ᠄ ᠬᠤ᠋ ᠱᠢ ᠪᠥᠸᠧ     ᠬᠠᠷᠢᠯᠴᠠᠬᠤ ᠤᠲᠠᠰᠤ᠄ 0471-4824510     ᠳᠠᠭᠠᠯᠳᠤᠭᠤᠯᠤᠯ᠄ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠭᠦᠳᠡᠯ ᠤᠨ ᠬᠦᠰᠦᠨᠦᠭᠲᠦ
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ