ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ | ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠵᠡᠮᠳᠡᠭᠴᠦᠳ ᠢ ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠤ ᠪᠤᠢ᠃ ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ︽ᠠᠷᠠᠳ ᠣᠯᠠᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ | ᠦᠢᠯᠡᠰ ᠢ ᠵᠠᠪᠠᠯ ᠦᠷᠭᠦᠯᠵᠢᠯᠡᠨ ᠠᠬᠢᠭᠤᠯᠬᠤ ᠬᠡᠷᠡᠭᠲᠡᠶ︾᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ | ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ ᠬᠤᠴᠣᠷᠭᠠᠵᠤ ᠪᠣᠯᠬᠤ ᠥᠬᠡᠶ ᠭᠡᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ | ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠦᠨᠢᠷ ᠪᠦᠲᠦᠭᠡᠯ ᠦᠯᠡᠮᠵᠢ ᠠᠮᠵᠢᠯᠲᠠ ᠣᠯᠪᠠ᠃ ᠵᠡᠮᠳᠡᠭᠴᠦᠳ ᠢ ᠶᠠᠳᠠᠭᠤ ᠠᠴᠠ | ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠵᠤ᠂ 11.2 ᠲᠦᠮᠡᠨ ᠳᠠᠩᠰᠠ ᠺᠠᠷᠲ ᠲᠠᠢ ᠶᠠᠳᠠᠭᠤ | ᠬᠦᠴᠢᠷᠳᠡᠯᠲᠡᠢ ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠵᠡᠮᠳᠡᠭᠴᠦᠳ ᠢ ᠨᠢᠭᠡ ᠶᠢ | ᠴᠦ ᠣᠷᠬᠢᠭᠳᠠᠭᠤᠯᠬᠤ ᠦᠭᠡᠢ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ 31 ᠲᠦᠮᠡᠨ ᠬᠦᠴᠢᠷᠳᠡᠯᠲᠡᠢ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ 28.5 ᠲᠦᠮᠡᠨ ᠬᠦᠨᠳᠦ ᠳᠡᠰ ᠤᠨ | ᠵᠡᠮᠳᠡᠭᠴᠦᠳ ᠲᠤ ᠰᠤᠪᠢᠯᠠᠯᠲᠠ ᠶᠢᠨ ᠨᠥᠬᠦᠪᠥᠷᠢ ᠣᠯᠭᠤᠵᠤ᠂ 17.5 ᠲᠦᠮᠡᠨ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ | ᠣᠷᠣᠯᠠᠨ ᠲᠤᠰᠢᠶᠠᠵᠤ᠂ ᠵᠡᠮᠳᠡᠭᠴᠦᠳ ᠤᠨ ᠬᠡᠨᠡᠳᠲᠡ ᠶᠢᠨ ᠰᠢᠷᠬᠠᠲᠤᠯ ᠤᠨ ᠳᠠᠭᠠᠳᠬᠠᠯ ᠢ ᠨᠡᠶᠢᠳᠡᠮ ᠳᠤ ᠨᠢ ᠬᠠᠮᠤᠷᠤᠭᠤᠯᠬᠤ ᠶᠢ ᠪᠡᠶᠡᠯᠡᠭᠦᠯᠵᠦ᠂ ᠵᠡᠮᠳᠡᠭᠴᠦᠳ ᠤᠨ | ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠥᠮᠦᠨ ᠤ ᠲᠤᠭ᠎ᠠ 40.1 ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭᠴᠦᠳ ᠤᠨ ᠲᠤᠰᠠᠯᠠᠬᠤ ᠪᠠᠭᠠᠵᠢ | ᠬᠡᠷᠡᠭᠰᠡᠯ ᠤᠨ ᠳᠣᠭᠢᠷᠠᠭᠤᠯᠤᠨ ᠦᠢᠯᠡᠴᠢᠯᠡᠬᠦ ᠬᠥᠮᠦᠨ ᠤ ᠲᠤᠭ᠎ᠠ 20.3 ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭ ᠬᠡᠤᠬᠡᠳ ᠪᠠᠭᠠᠴᠤᠳ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ 95.3% ᠳᠤ ᠬᠦᠷᠴᠦ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ | ᠲᠣᠭᠲᠠᠪᠤᠷᠢᠲᠠᠶ ᠠᠵᠢᠯ ᠣᠯᠣᠭᠰᠠᠨ ᠬᠥᠮᠦᠨ ᠤ ᠲᠤᠭ᠎ᠠ ᠲᠣᠰ ᠲᠣᠰ 1.5 ᠲᠦᠮᠡ ᠪᠠ 12.8 ᠲᠦᠮᠡ ᠳᠤ ᠬᠦᠷᠴᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ | ᠦᠢᠯᠡᠴᠢᠯᠡᠭᠡ ᠬᠦᠷᠲᠡᠭᠰᠡᠨ ᠬᠥᠮᠦᠨ ᠤ ᠲᠤᠭ᠎ᠠ 1.3 ᠲᠦᠮᠡ ᠳᠤ ᠬᠦᠷᠴᠦ᠂ ᠪᠥᠬᠦ ᠣᠷᠣᠨ ᠳᠤ ᠵᠡᠮᠳᠡᠭᠴᠦᠳ ᠤᠨ ᠪᠡᠶ᠎ᠡ ᠴᠢᠬᠢᠷᠠᠭᠵᠢᠭᠤᠯᠵᠤ ᠵᠢᠱᠢᠶ᠎ᠡ ᠦᠵᠡᠭᠦᠯᠬᠦ | ᠨᠡᠶᠢᠭᠡᠮ ᠲᠣᠭᠤᠷᠢᠭ ᠢ 290 ᠪᠠᠶᠢᠭᠤᠯᠵᠤ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠤᠭᠰᠠᠨ ᠬᠥᠮᠦᠨ ᠤ ᠲᠤᠭ᠎ᠠ 3.8 | ᠲᠦᠮᠡ ᠳᠤ ᠬᠦᠷᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ | ᠳᠠᠪᠰᠢᠯᠲᠠ ᠶᠢ ᠬᠦᠴᠦᠲᠡᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ | ᠴᠢᠬᠤᠯᠠ ᠦᠢᠯᠡᠳᠦᠯ ᠦᠵᠡᠭᠦᠯᠪᠡ᠃ | ᠬᠤᠶᠠᠷ᠂ ︽ᠲᠥᠯᠥᠪᠵᠢᠭᠦᠯᠭᠡ︾ ᠶᠢᠨ ᠦᠨᠳᠦᠰᠦᠨ ᠪᠦᠳᠦᠭᠦᠪᠴᠢ ᠲᠥᠰᠥᠪ ᠪᠠ ᠭᠤᠣᠯ ᠠᠭᠤᠯᠭ᠎ᠠ | ︽ᠲᠥᠯᠥᠪᠵᠢᠭᠦᠯᠭᠡ︾ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠴᠠ ᠡᠭᠦᠰᠴᠦ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠪᠠᠶᠢᠳᠠᠯ ᠡᠭᠦᠷᠭᠡ ᠶᠢ ᠪᠥᠬᠦ ᠲᠠᠯ᠎ᠠ ᠪᠠᠷ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠶᠡᠷᠦᠩᠬᠡᠶ ᠰᠡᠳᠬᠢᠴᠡ᠂ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ ᠨᠠᠶᠢᠳᠠ ᠲᠦᠷᠪᠡᠨ ᠬᠡᠰᠡᠭ ᠬᠤᠪᠢᠶᠠᠪᠠ᠄ | ᠨᠢᠭᠡᠳᠦᠭᠡᠷ ᠬᠡᠰᠡᠭ ᠨᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ᠃ ᠭᠤᠣᠯᠳᠠᠭᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠠᠵᠢᠯ ᠢ ᠳ᠋ᠦᠩᠨᠡᠨ ᠡᠷᠭᠢᠴᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠠᠵᠠ ᠲᠣᠬᠢᠶᠠᠯ ᠢ ᠵᠠᠳᠠᠯᠪᠠ᠃ | ᠬᠤᠶᠠᠳᠤᠭᠠᠷ ᠬᠡᠰᠡᠭ ᠨᠢ ᠶᠡᠷᠦᠩᠬᠡᠶ ᠱᠠᠭᠠᠷᠳᠠᠯᠭ᠎ᠠ᠃ ᠡᠭᠦᠨ ᠳᠤ ᠭᠤᠣᠯᠳᠠᠭᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ | ᠵᠡᠷᠭᠡ ᠭᠤᠷᠪᠠᠨ ᠲᠠᠯ᠎ᠠ ᠶᠢ ᠪᠠᠭᠲᠠᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠠᠮᠢᠳᠤᠷᠠᠯ ᠢ | ᠪᠠᠲᠤᠯᠠᠬᠤ᠂ ᠵᠡᠮᠳᠡᠭᠴᠦᠳ ᠤᠨ ᠬᠥᠭᠵᠢᠯᠲᠡ ᠶᠢ ᠠᠬᠢᠭᠤᠯᠬᠤ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠭᠤᠯᠭ᠎ᠠ ᠶᠢᠨ ᠲᠠᠯ᠎ᠠ ᠪᠠᠷ ᠴᠢᠨᠠᠷᠯᠢᠭ | ᠬᠥᠭᠵᠢᠯᠲᠡ ᠶᠢᠨ ᠭᠤᠣᠯ ᠰᠡᠳᠦᠪ ᠢ ᠲᠤᠭᠤᠰᠢᠯᠠᠭᠤᠯᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠵᠡᠮᠳᠡᠭᠴᠦᠳ ᠤᠨ ᠪᠦᠬᠦ ᠲᠠᠯ᠎ᠠ ᠶᠢᠨ | ᠬᠥᠭᠵᠢᠯᠲᠡ ᠪᠣᠯᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠭᠤᠣᠯ ᠱᠤᠭᠤᠮ ᠢ ᠲᠤᠪᠤᠶᠢᠯᠭᠠᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠦᠨᠳᠦᠰᠦᠨ ᠵᠦᠢᠯ ᠢ ᠪᠠᠲᠤᠯᠠᠬᠤ ᠪᠠ ᠬᠤᠷᠢᠭ᠎ᠠ ᠱᠤᠭᠤᠮ ᠢ ᠪᠠᠲᠤᠯᠠᠬᠤ ᠶᠢ ᠪᠠᠷᠢᠮᠲᠠᠯᠠᠬᠤ᠂ ᠰᠠᠭᠤᠷᠢ ᠶᠢ 365赢多少钱会被限额_国内有真正的365平台吗_365bet博彩官网 | ᠪᠠᠲᠤᠳᠬᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠬᠤ᠂ ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠬᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠪᠠᠷᠢᠮᠲᠠᠯᠠᠬᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠵᠢᠷᠭᠤᠭᠠᠨ ᠵᠠᠷᠴᠢᠮ ᠢ ᠲᠣᠳᠣᠷᠬᠠᠶᠢᠯᠠᠪᠠ᠃ 2025 ᠣᠨ ᠪᠣᠯᠬᠤ ᠳᠤ᠂ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠴᠢᠨᠠᠷᠯᠢᠭ ᠬᠥᠭᠵᠢᠭᠦᠯᠬᠦ ᠬᠠᠷᠠᠯᠲᠠ ᠶᠢ | ᠪᠡᠶᠡᠯᠡᠭᠦᠯᠬᠦ ᠪᠠᠷ ᠲᠣᠭᠲᠠᠭᠠᠪᠠ᠃ 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ | ᠪᠡᠶᠡᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠠᠯᠤᠰ ᠬᠡᠲᠦ ᠶᠢᠨ ᠬᠠᠷᠠᠯᠲᠠ ᠯᠤᠭ᠎ᠠ ᠲᠣᠬᠢᠷᠠᠯᠴᠠᠭᠤᠯᠤᠨ᠎ᠠ᠃ | ᠭᠤᠷᠪᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠠ ᠭᠤᠣᠯ ᠠᠷᠭ᠎ᠠ ᠬᠡᠮᠵᠢᠶ᠎ᠡ᠃ ᠡᠭᠦᠨ ᠳᠤ ᠭᠤᠣᠯᠳᠠᠭᠤ ᠲᠤᠯᠤᠭᠠᠨ ᠲᠠᠯ᠎ᠠ ᠶᠢ ᠪᠠᠭᠲᠠᠭᠠᠨ᠎ᠠ᠄ ᠨᠢᠭᠡ ᠳᠤ᠂ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠭᠤᠨ ᠪᠥᠭᠡᠳ ᠨᠠᠶᠢᠳᠠᠪᠤᠷᠢᠲᠠᠶ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ︔ ᠬᠤᠶᠠᠷ ᠲᠤ᠂ ᠰᠠᠶᠢᠨ ᠰᠠᠶᠢᠬᠠᠨ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠵᠤ᠂ | ᠵᠡᠮᠳᠡᠭᠴᠦᠳ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠤᠷᠪᠠ ᠳᠤ᠂ ᠡᠷᠡᠭᠦᠯᠵᠢᠯ ᠤᠨ ᠦᠢᠯᠡᠴᠢᠯᠡᠭᠡᠨ ᠤ | ᠬᠠᠩᠭᠠᠯᠭ᠎ᠠ ᠶᠢ ᠰᠠᠶᠢᠵᠢᠷᠠᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ︔ ᠲᠦᠷᠪᠡ ᠳᠤ᠂ ᠵᠡᠮᠳᠡᠭᠴᠦᠳ ᠤᠨ ᠰᠤᠷᠭᠠᠨ ᠬᠥᠮᠦᠵᠢᠯ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ︔ ᠲᠠᠪᠤ ᠳᠤ᠂ ᠬᠠᠤᠯᠢ ᠪᠠᠷ | ᠵᠠᠰᠠᠬᠤ ᠪᠠ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ ᠤᠨ ᠠᠳᠠᠯᠢ ᠲᠡᠭᠰᠢ ᠡᠷᠬᠡ ᠡᠳ᠋ᠯᠡᠬᠦ ᠶᠢ ᠪᠠᠲᠤᠯᠠᠨ᠎ᠠ︔ ᠵᠢᠷᠭᠤᠭ᠎ᠠ ᠳᠤ᠂ | ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠳᠤ ᠰᠠᠶᠢᠨ ᠰᠠᠶᠢᠬᠠᠨ | ᠨᠥᠬᠦᠴᠡᠯ ᠪᠦᠷᠢᠯᠳᠦᠭᠦᠯᠵᠦ ᠥᠭᠭᠦᠨ᠎ᠡ︔ ᠲᠤᠯᠤᠭ᠎ᠠ ᠳᠤ᠂ ᠴᠢᠩᠭ᠎ᠠ ᠬᠦᠴᠦᠲᠡᠢ ᠲᠤᠯᠭᠠᠭᠤᠷᠢᠯᠠᠯ ᠤᠨ ᠲᠣᠭᠲᠠᠴᠯᠠᠭᠠ ᠶᠢ ᠪᠠᠶᠢᠭᠤᠯᠵᠤ᠂ ᠵᠡᠮᠳᠡᠭᠴᠦᠳ ᠤᠨ | ᠠᠭᠤᠰᠤᠯᠴᠠᠨ ᠪᠦᠬᠦ ᠲᠠᠯ᠎ᠠ ᠪᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ ᠵᠡᠮᠳᠡᠭᠴᠦᠳ ᠤᠨ ᠠᠵᠢᠯ ᠤᠨ ᠵᠥᠪᠯᠡᠯ | ᠪᠣᠯᠤᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠷᠤᠳᠠᠯ | ᠪᠣᠯᠤᠨ ᠪᠤᠰᠤᠳ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠭᠤᠣᠯ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠣᠭᠲᠠᠭᠠᠵᠤ᠂ | ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠢᠨᠠᠨ ᠰᠢᠨᠵᠢᠯᠡᠯᠲᠡ ᠪᠠ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠬᠡᠷᠡᠭᠵᠢᠭᠦᠯᠬᠦ ᠲᠥᠰᠦᠯ | ᠲᠣᠭᠲᠠᠭᠠᠬᠤ ᠪᠠ ᠡᠯ᠎ᠡ ᠠᠶᠢᠮᠠᠭ ᠬᠤᠳᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠱᠠᠭᠠᠷᠳᠠᠯᠭ᠎ᠠ ᠳᠤᠷᠠᠳᠪᠠ᠃ | ᠭᠤᠷᠪᠠ᠂ ︽ᠲᠥᠯᠥᠪᠵᠢᠭᠦᠯᠭᠡ︾ ᠶᠢᠨ ᠭᠤᠣᠯ ᠣᠨᠴᠠᠯᠢᠭ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠣᠨ᠎ᠠ᠃ ᠰᠢᠨ᠎ᠡ ᠠᠶᠠᠨ ᠵᠠᠮ ᠤᠨ ᠠᠩᠬᠠᠳᠤᠭᠠᠷ ᠲᠠᠪᠤᠨ ᠵᠢᠯ ᠤᠨ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠨᠢ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ᠂ ᠵᠡᠮᠳᠡᠭᠴᠦᠳ ᠤᠨ | ᠠᠭᠤᠰᠤᠯᠴᠠᠨ ᠬᠥᠭᠵᠢᠬᠦ ᠪᠠ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︽ᠲᠥᠯᠥᠪᠵᠢᠭᠦᠯᠭᠡ︾ ᠨᠢ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ | ᠨᠢᠭᠡ ᠳᠤ᠂ ᠬᠠᠷᠠᠯᠲᠠ ᠲᠣᠳᠣᠷᠬᠠᠶ᠃ ︽ᠲᠥᠯᠥᠪᠵᠢᠭᠦᠯᠭᠡ︾ ᠳᠤ ᠪᠠᠭᠲᠠᠭᠠᠭᠰᠠᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ 6 ᠵᠦᠢᠯ ᠪᠠᠶᠢᠵᠤ᠂ | ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ 5 ᠵᠦᠢᠯ ᠪᠤᠢ᠃ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠳᠤ ᠭᠤᠤᠯᠳᠠᠭᠤ ᠨᠥᠬᠦᠴᠡᠯ ᠳᠤ ᠨᠡᠶᠢᠴᠡᠭᠰᠡᠨ | ᠵᠡᠮᠳᠡᠭᠴᠦᠳ ᠢ 100% ᠪᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠨ᠎ᠠ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ | ᠨᠥᠬᠦᠪᠥᠷᠢ ᠶᠢ ᠬᠠᠮᠤᠷᠤᠭᠤᠯᠬᠤ ᠨᠤᠷᠮ᠎ᠠ ᠶᠢ 100% ᠳᠤ ᠬᠦᠷᠦᠭᠦᠯᠦᠨ᠎ᠡ︔ ᠬᠦᠨᠳᠦ ᠳᠡᠰ ᠤᠨ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ ᠶᠢᠨ | ᠬᠠᠮᠤᠷᠤᠭᠤᠯᠬᠤ ᠨᠣᠷᠮ᠎ᠠ ᠶᠢ 100% ᠳᠤ ᠬᠦᠷᠦᠭᠦᠯᠦᠨ᠎ᠡ︔ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠠᠮᠤᠷᠤᠭᠤᠯᠬᠤ ᠨᠣᠷᠮ᠎ᠠ ᠶᠢ | 90% ᠠᠴᠠ ᠳᠡᠭᠡᠭᠰᠢ ᠪᠠᠶᠢᠯᠭᠠᠨ᠎ᠠ︔ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠬᠠᠩᠭᠠᠬᠤ ᠨᠣᠷᠮ᠎ᠠ ᠶᠢ 90% ᠠᠴᠠ ᠳᠡᠭᠡᠭᠰᠢ | ᠪᠠᠶᠢᠯᠭᠠᠨ᠎ᠠ︔ 3 ᠲᠦᠮᠡᠨ ᠡᠷᠦᠬᠡ ᠠᠴᠠ ᠳᠡᠭᠡᠭᠰᠢ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠤᠨ ᠬᠡᠷ ᠪᠦᠯᠢ ᠳᠤ ᠬᠠᠷᠰᠢ ᠰᠠᠭᠠᠳ ᠥᠬᠡᠶ | ᠥᠭᠡᠷᠡᠴᠢᠯᠡᠯᠲᠡ ᠶᠢᠨ ᠠᠵᠢᠯ ᠢ ᠥᠷᠨᠢᠭᠦᠯᠦᠨ᠎ᠡ᠃ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ ᠳᠤ ᠭᠤᠤᠯᠳᠠᠭᠤ ᠵᠡᠮᠳᠡᠭᠴᠦᠳ ᠤᠨ ᠬᠡᠷ ᠪᠦᠯᠢ ᠶᠢᠨ ᠬᠥᠮᠦᠨ | ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ 7.5% ᠠᠴᠠ ᠳᠡᠭᠡᠭᠰᠢ ᠨᠡᠮᠡᠭᠳᠡᠭᠦᠯᠦᠨ᠎ᠡ︔ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠬᠤᠲᠠ ᠬᠥᠳᠡᠭᠡ ᠶᠢᠨ 4 ᠲᠦᠮᠡ ᠠᠴᠠ ᠳᠡᠭᠡᠭᠰᠢ ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠬᠦᠷᠲᠡᠭᠡᠨ᠎ᠡ︔ ᠵᠡᠮᠳᠡᠭᠴᠦᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ︔ | ᠵᠡᠮᠳᠡᠭᠴᠦᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠪᠠᠶᠢᠯᠭᠠᠨ᠎ᠠ︔ ᠵᠡᠮᠳᠡᠭ ᠬᠡᠦᠬᠡᠳ ᠪᠠᠭᠠᠴᠤᠳ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ 97% ᠠᠴᠠ ᠳᠡᠭᠡᠭᠰᠢ ᠪᠠᠶᠢᠯᠭᠠᠨ᠎ᠠ᠃ | ᠬᠤᠶᠠᠷ ᠲᠤ᠂ ᠠᠭᠤᠯᠭ᠎ᠠ ᠪᠦᠷᠢᠨ᠃ ︽ᠲᠥᠯᠥᠪᠵᠢᠭᠦᠯᠭᠡ︾ ᠨᠢ 7 ᠲᠠᠯ᠎ᠠ᠂ 31 ᠪᠣᠳᠠᠲᠠᠶ ᠡᠭᠦᠷᠭᠡ᠂ 7 ᠲᠤᠰᠬᠠᠶ ᠪᠤᠯᠤᠩ ᠢᠶᠠᠷ ᠵᠡᠮᠳᠡᠭᠴᠦᠳ ᠤᠨ | ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠴᠣᠭᠴᠠᠯᠠᠯᠲᠠ᠂ ᠡᠷᠡᠭᠦᠯᠵᠢᠯ ᠤᠨ ᠬᠡᠷᠡᠭᠴᠡᠭᠡ᠂ ᠰᠣᠶᠣᠯ ᠪᠡᠶ᠎ᠡ ᠶᠢᠨ ᠲᠠᠮᠢᠷ᠂ ᠬᠠᠤᠯᠢᠵᠢᠯᠲᠠ᠂ ᠬᠠᠷᠰᠢ | ᠰᠠᠭᠠᠳ ᠥᠬᠡᠶ ᠪᠥᠲᠥᠭᠡᠨ ᠪᠠᠶᠢᠭᠤᠯᠤᠯᠲᠠ᠂ ᠴᠢᠨᠠᠷᠯᠢᠭ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ᠂ | ᠠᠷᠭ᠎ᠠ ᠬᠡᠮᠵᠢᠶ᠎ᠡ ᠪᠣᠯᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠣᠳᠣᠷᠬᠠᠶ᠂ ᠪᠣᠳᠠᠲᠠᠶ ᠪᠥᠭᠡᠳ ᠨᠠᠷᠢᠯᠢᠭ ᠪᠠᠶᠢᠵᠤ᠂ ︽ᠬᠠᠭᠤᠷᠠᠶ ᠬᠦᠨᠡᠰᠦ︾ 365赢多少钱会被限额_国内有真正的365平台吗_365bet博彩官网 | ᠠᠷᠪᠢᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠣᠯᠤᠨ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠡᠯ᠎ᠡ ᠬᠦᠷᠢᠶ᠎ᠡ᠂ ᠡᠯ᠎ᠡ ᠭᠤᠭᠴᠤᠭ᠎ᠠ ᠶᠢ ᠬᠠᠮᠤᠷᠴᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ | ᠰᠢᠨ᠎ᠡ ᠠᠶᠠᠨ ᠤ ᠠᠩᠬᠠᠳᠤᠭᠠᠷ ᠲᠠᠪᠤᠨ ᠵᠢᠯ ᠤᠨ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠬᠠᠮᠤᠭ ᠤᠨ ᠳᠡᠭᠡᠳᠦ ᠳᠠᠪᠬᠤᠷᠭ᠎ᠠ ᠶᠢᠨ ᠵᠢᠷᠤᠭ | ᠲᠥᠯᠥᠪᠯᠡᠭᠡ᠂ ᠵᠠᠮ ᠱᠤᠭᠤᠮ ᠤᠨ ᠵᠢᠷᠤᠭ ᠪᠠ ᠬᠠᠮᠲᠤ ᠶᠢᠨ ᠠᠵᠢᠯᠯᠠᠭᠠᠨ ᠤ ᠵᠦᠭᠯᠡᠭᠦᠷ ᠪᠣᠯᠤᠨ᠎ᠠ᠃ | ᠭᠤᠷᠪᠠ ᠳᠤ᠂ ᠬᠠᠷᠢᠭᠤᠴᠠᠯᠭ᠎ᠠ ᠲᠣᠳᠣᠷᠬᠠᠢ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ | ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ | ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ ᠪᠠᠷᠢᠮᠲᠠᠯᠠᠵᠤ᠂ ︽ᠲᠥᠯᠥᠪᠵᠢᠭᠦᠯᠭᠡ︾ ᠳᠠᠬᠢ ᠡᠭᠦᠷᠭᠡ ᠨᠢᠭᠡᠪᠦᠷᠢ ᠶᠢᠨ | ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ | ᠴᠢᠩᠭᠠᠷᠠᠭᠤᠯᠤᠭᠰᠠᠨ ᠨᠢ ᠵᠡᠮᠳᠡᠭᠴᠦᠳ ᠤᠨ ᠠᠵᠢᠯ ᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠠ ᠬᠠᠷᠠᠯᠲᠠᠲᠤ | ᠬᠠᠮᠢᠶᠠᠷᠤᠯᠲᠠ ᠳᠤ ᠣᠷᠣᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠶᠢ | ᠬᠠᠮᠲᠤ ᠪᠠᠷ ᠠᠬᠢᠭᠤᠯᠬᠤ ᠳᠤ ᠠᠰᠢᠭᠲᠠᠶ ᠶᠤᠮ᠃ |